ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠣᠨᠴᠠᠯᠢᠭᠲᠤ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠶ᠎ᠡ — ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ ᠤᠯᠤᠰ᠎ᠤᠨ ᠳᠡᠰ᠎ᠤᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠣᠨᠴᠠᠯᠢᠭᠲᠤ ᠰᠤᠷᠭ᠋ᠠᠭᠤᠯᠢ ᠵᠢᠨ ᠵᠠᠬᠢᠷᠤᠯ᠎ᠢ ᠪᠣᠯᠪᠠᠰᠤᠷᠠᠭᠤᠯᠬᠤ ᠬᠤᠷᠠᠯ᠎ᠢ ᠡᠷᠬᠢᠯᠡᠪᠡ
ᠨᠡᠶ᠋ᠢᠲᠡᠯᠡᠭᠰᠡᠨ ᠴᠠᠭ᠄ 2025-01-15

      1 ᠳ᠋ᠦ᠍ᠭᠡᠷ ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ            ᠲᠢᠩᠬᠢᠮ ᠤᠯᠤᠰ᠎ᠤᠨ ᠳᠡᠰ᠎ᠤᠨ ᠵᠠᠯᠠᠭᠤᠴᠤᠳ ᠪᠠᠭ᠋ᠠᠴᠤᠳ ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠣᠨᠴᠠᠯᠢᠭᠲᠤ ᠰᠤᠷᠭ᠋ᠠᠭᠤᠯᠢ ᠵᠢᠨ ᠵᠠᠬᠢᠷᠤᠯ᠎ᠢ ᠪᠣᠯᠪᠠᠰᠤᠷᠠᠭᠤᠯᠬᠤ ᠬᠤᠷᠠᠯ᠎ᠢ ᠡᠷᠬᠢᠯᠡᠪᠡ᠃


1.png


      ᠡᠨᠡ ᠤᠳᠠᠭ᠋ᠠᠨ᠎ᠤ ᠪᠣᠯᠪᠠᠰᠤᠷᠠᠯ᠎ᠳᠤ ᠰᠦᠵᠧᠦ ᠶᠡᠬᠡ ᠰᠤᠷᠭ᠋ᠠᠭᠤᠯᠢ ᠵᠢᠨ ᠴᠢᠦ ᠯᠢᠨ ᠫᠷᠤᠹᠧᠰᠰᠤᠷ᠎ᠢ           ᠤᠷᠢᠵᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠣᠨᠴᠠᠯᠢᠭᠲᠤ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠲᠤᠬᠠᠢ ᠲᠤᠰᠬᠠᠢ ᠰᠡᠳᠦᠪᠲᠦ ᠮᠡᠳᠡᠭᠦᠯᠦᠯᠲᠡ ᠬᠢᠯᠭᠡᠪᠡ᠂ ᠪᠣᠯᠪᠠᠰᠤᠷᠠᠯ᠎ᠨᠢ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠬᠢᠬᠦ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠣᠨᠴᠠᠯᠢᠭᠲᠤ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢ ᠲᠡᠭᠦᠯᠳᠡᠷᠵᠢᠭᠦᠯᠬᠦ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠬᠥᠮᠦᠨ ᠬᠥᠮᠦᠵᠢᠭᠦᠯᠬᠦ ᠴᠢᠳᠠᠮᠵᠢ  ᠵᠢᠨ ᠥᠷᠲᠡᠭ᠎ᠢ ᠪᠠᠳᠠᠷᠠᠭᠤᠯᠬᠤ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠵᠢᠭ᠋ᠠᠨ ᠰᠤᠷᠭ᠋ᠠᠯᠲᠠ ᠵᠢᠨ ᠪᠣᠯᠪᠠᠰᠤᠷᠠᠯ ᠪᠠ ᠤᠷᠤᠯᠳᠤᠭ᠋ᠠᠨ᠎ᠤ ᠳᠣᠭᠲᠠᠯᠴᠠᠭ᠎ᠠ ᠵᠢ ᠰᠢᠯᠢᠳᠡᠭᠵᠢᠭᠦᠯᠬᠦ ᠵᠡᠷᠭᠡ ᠲᠠᠯ᠎ᠠ᠎ᠪᠠᠷ ᠰᠢᠰᠲ᠋ᠧᠮ᠎ᠲᠠᠢ ᠵᠠᠳᠠᠯᠵᠤ  ᠨᠠᠷᠢᠯᠢᠭ ᠲᠠᠢ᠌ᠯᠪᠤᠷᠢᠯᠠᠪᠠ᠃
      ᠬᠤᠷᠠᠯ ᠳᠡᠭᠡᠷ᠎ᠡ ᠪᠠᠰᠠ ᠮᠠᠨ᠎ᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠣᠨᠴᠠᠯᠢᠭᠲᠤ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠵᠢᠨ ᠣᠯᠤᠭᠰᠠᠨ ᠦᠷ᠎ᠡ ᠪᠦᠲᠦᠭᠡᠯ ᠪᠠ           ᠣᠷᠣᠰᠢᠵᠤ ᠪᠠᠶ᠋ᠢᠭ᠎ᠠ ᠠᠰᠠᠭᠤᠳᠠᠯ᠎ᠢ ᠳ᠋ᠦᠩᠨᠡᠭᠰᠡᠨ᠎ᠤ ᠬᠠᠮᠲᠤ 2025 ᠣᠨ᠎ᠤ ᠰᠤᠷᠭ᠋ᠠᠭᠤᠯᠢ ᠵᠢᠨ ᠬᠦᠷᠢᠶᠡᠨ᠎ᠤ           ᠬᠥᠯ ᠪᠥᠮᠪᠥᠭᠡ ᠵᠢᠨ ᠣᠨᠴᠠᠯᠢᠭᠲᠤ ᠰᠤᠷᠭ᠋ᠠᠭᠤᠯᠢ  ᠵᠢᠨ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠤᠨ           ᠪᠠᠶ᠋ᠢᠷᠢᠯᠠᠭᠤᠯᠪᠠ᠃ ᠬᠥᠬᠡᠬᠣᠲᠠ᠂ ᠪᠤᠭᠤᠲᠤ ᠬᠣᠲᠠ᠂ ᠤᠯᠠᠭ᠋ᠠᠨᠬᠠᠳᠠ ᠬᠣᠲᠠ᠂ ᠣᠷᠳᠣᠰ ᠬᠣᠲᠠ ᠵᠢᠨ ᠬᠡᠰᠡᠭ ᠣᠨᠴᠠᠯᠢᠭᠲᠤ ᠰᠤᠷᠭ᠋ᠠᠭᠤᠯᠢ ᠪᠠ ᠭᠠᠵᠠᠷ ᠣᠷᠣᠨ ᠲᠤᠷᠰᠢᠯᠭ᠎ᠠ᠎ᠪᠠᠨ ᠰᠣᠯᠢᠯᠴᠠᠪᠠ᠃


2.png

3.png

4.png


      ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠰᠤᠷᠭ᠋ᠠᠨ ᠬᠥᠮᠦᠵᠢᠯ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ ᠪᠣᠯᠤᠨ ᠪᠦᠬᠦ ᠣᠷᠣᠨ᠎ᠤ 1288 ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠣᠨᠴᠠᠯᠢᠭᠲᠤ ᠰᠤᠷᠭ᠋ᠠᠭᠤᠯᠢ ᠵᠢᠨ ᠵᠠᠬᠢᠷᠤᠯ ᠪᠣᠯᠪᠠᠰᠤᠷᠠᠯ᠎ᠳᠤ ᠣᠷᠣᠯᠴᠠᠪᠠ᠃


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
 
             蒙ICP备05000248号