ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠤᠷᠭᠠᠨ ᠬᠦᠮᠦᠵᠢᠯ᠎ᠤᠨ ᠬᠠᠨᠲᠤᠯᠭ᠎ᠠ   -   ᠰᠤᠷᠭᠠᠭᠤᠯᠢ᠎ᠶᠢᠨ ᠬᠦᠷᠢᠶᠡᠨ᠎ᠤ ᠬᠥᠯ ᠪᠥᠮᠪᠦᠭᠡ
2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠲᠡᠷᠢᠭᠦᠯᠡᠭᠴᠢ ᠬᠤᠨᠳᠠᠭ᠋ᠠᠲᠤ》 ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠣᠶᠤᠲᠠᠨ᠎ᠤ ᠬᠣᠯᠪᠣᠭ᠋ᠠᠲᠤ ᠤᠷᠤᠯᠳᠤᠭ᠋ᠠᠨ (ᠵᠢᠩᠬᠢᠨᠢ ᠠᠩᠭᠢᠲᠤ ᠶᠡᠬᠡ ᠳᠡᠭᠡᠳᠦ ᠰᠤᠷᠭ᠋ᠠᠭᠤᠯᠢ ᠵᠢᠨ ᠬᠦᠷᠢᠶᠡᠨ᠎ᠤ ᠳᠤᠭᠤᠶ᠋ᠢᠯᠠᠩ) ᠥᠨᠳᠦᠷᠯᠡᠪᠡ
ᠨᠡᠶ᠋ᠢᠲᠡᠯᠡᠭᠰᠡᠨ ᠴᠠᠭ᠄ 2025-06-03

5 ᠳ᠋ᠤᠭ᠋ᠠᠷ ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠭᠣᠣᠯᠯᠠᠨ ᠡᠷᠬᠢᠯᠡᠵᠦ᠂ ᠥᠪᠥᠷ ᠮᠣᠩᠭᠣᠯ᠎ᠤᠨ ᠰᠤᠷᠤᠭᠴᠢᠳ᠎ᠤᠨ ᠪᠡᠶ᠎ᠡ ᠵᠢᠨ ᠲᠠᠮᠢᠷ᠎ᠤᠨ ᠨᠡᠶ᠋ᠢᠭᠡᠮᠯᠢᠭ᠎ᠠᠴᠠ ᠬᠡᠷᠡᠭᠵᠢᠭᠦᠯᠵᠦ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠳᠠᠭ᠋ᠠᠭ᠋ᠠᠴᠢᠯᠠᠨ ᠡᠷᠬᠢᠯᠡᠭᠰᠡᠨ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠲᠡᠷᠢᠭᠦᠯᠡᠭᠴᠢ ᠬᠤᠨᠳᠠᠭ᠋ᠠᠲᠤ》 ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠤᠶᠤᠲᠠᠳ᠎ᠤᠨ ᠬᠣᠯᠪᠣᠭ᠋ᠠᠲᠤ ᠤᠷᠤᠯᠳᠤᠭ᠋ᠠᠨ (ᠵᠢᠩᠬᠢᠨᠢ ᠠᠩᠭᠢᠲᠤ ᠶᠡᠬᠡ ᠳᠡᠭᠡᠳᠦ ᠰᠤᠷᠭ᠋ᠠᠭᠤᠯᠢ ᠵᠢᠨ ᠬᠦᠷᠢᠶᠡᠨ᠎ᠤ ᠳᠤᠭᠤᠶ᠋ᠢᠯᠠᠩ) ᠡᠬᠢᠯᠡᠪᠡ᠃ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ 《ᠲᠡᠷᠢᠭᠦᠯᠡᠭᠴᠢ ᠬᠤᠨᠳᠠᠭ᠋ᠠᠲᠤ》 ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠰᠢᠷᠢᠰ ᠤᠷᠤᠯᠳᠤᠭ᠋ᠠᠨ᠎ᠤ ᠬᠥᠰᠢᠭᠡ  ᠵᠢ ᠨᠡᠭᠡᠭᠡᠭᠰᠡᠨ ᠤᠷᠤᠯᠳᠤᠭ᠋ᠠᠨ ᠪᠣᠯᠤᠭᠰᠠᠨ᠎ᠤ ᠬᠤᠪᠢ᠎ᠳᠤ᠂ ᠪᠦᠬᠦ ᠣᠷᠣᠨ᠎ᠤ ᠡᠯ᠎ᠡ ᠶᠡᠬᠡ ᠳᠡᠭᠡᠳᠦ ᠰᠤᠷᠭ᠋ᠠᠭᠤᠯᠢ ᠵᠢᠨ ᠠᠩᠬᠠᠷᠤᠯ᠎ᠢ ᠥᠷᠭᠡᠨ ᠵᠶ᠋ᠠᠷ ᠲᠠᠲᠠᠪᠠ᠃

 

1.png

 

ᠡᠨᠡ ᠤᠳᠠᠭ᠋ᠠᠨ᠎ᠤ ᠤᠷᠤᠯᠳᠤᠭ᠋ᠠᠨ᠎ᠳᠤ ᠪᠦᠬᠦ ᠣᠷᠣᠨ᠎ᠤ 16 ᠵᠢᠩᠬᠢᠨᠢ ᠠᠩᠭᠢᠲᠤ ᠶᠡᠬᠡ ᠳᠡᠭᠡᠳᠦ ᠰᠤᠷᠭ᠋ᠠᠭᠤᠯᠢ ᠵᠢᠨ 14 ᠡᠷᠡᠭᠲᠡᠢ ᠵᠢᠨ ᠲᠥᠯᠥᠭᠡᠯᠡᠭᠴᠢᠳ᠎ᠤᠨ ᠠᠩᠭᠢ᠂ 11 ᠡᠮᠡᠭᠲᠡᠢ ᠵᠢᠨ ᠲᠥᠯᠥᠭᠡᠯᠡᠭᠴᠢᠳ᠎ᠤᠨ ᠠᠩᠭᠢ ᠵᠢᠨ 600 ᠭᠠᠷᠤᠢ ᠣᠶᠤᠲᠠᠨ ᠲᠠᠮᠢᠷᠴᠢᠨ ᠣᠷᠣᠯᠴᠠᠵᠠᠢ᠃ 7 ᠡᠳᠦᠷ᠎ᠤᠨ ᠤᠷᠤᠯᠳᠤᠭ᠋ᠠᠨ ᠵᠶ᠋ᠠᠷ ᠳᠠᠮᠵᠢᠨ᠂ ᠲᠠᠮᠢᠷᠴᠢᠳ ᠤᠷᠤᠯᠳᠤᠭ᠋ᠠᠨ᠎ᠤ ᠲᠠᠯᠠᠪᠠᠢ᠎ᠳᠤ ᠬᠦᠴᠦᠯᠡᠨ ᠮᠥᠷᠦᠢ᠌ᠴᠡᠵᠦ᠂ ᠪᠦᠯᠬᠦᠮᠳᠡᠨ ᠬᠠᠮᠵᠢᠯᠴᠠᠵᠤ᠂ ᠴᠣᠭ ᠪᠠᠳᠠᠷᠠᠩᠭᠤᠢ ᠲᠡᠮᠡᠴᠡᠯ᠎ᠤᠨ ᠵᠣᠷᠢᠭ᠂ ᠭᠣᠶ᠋ᠢᠳᠠ ᠰᠠᠶ᠋ᠢᠬᠠᠨ ᠪᠥᠮᠪᠥᠭᠡᠨ ᠮᠡᠷᠭᠡᠵᠢᠯ ᠪᠣᠯᠤᠨ ᠡᠰᠡᠷᠭᠦ ᠡᠲᠡᠭᠡᠳ ᠵᠶ᠋ᠠᠨ ᠬᠦᠨᠳᠦᠳᠬᠡᠵᠦ᠂ ᠬᠢᠨᠠᠨ ᠲᠠᠰᠤᠯᠤᠯᠲᠠ ᠵᠢ ᠬᠦᠨᠳᠦᠳᠬᠡᠬᠦ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ᠎ᠪᠠᠷ ᠬᠤᠷᠴᠠ ᠰᠢᠷᠦᠭᠦᠨ᠂ ᠭᠣᠶ᠋ᠢᠳᠠ ᠰᠠᠶ᠋ᠢᠬᠠᠨ ᠬᠥᠯ ᠪᠥᠮᠪᠥᠭᠡ ᠵᠢᠨ ᠦᠪᠡᠳᠡᠭᠰᠢ ᠴᠤᠭᠯᠠᠭ᠋ᠠᠨ᠎ᠢ ᠬᠥᠮᠦᠰ᠎ᠲᠤ ᠬᠠᠷᠠᠭᠤᠯᠪᠠ᠃

 

2.jpg

3.jpg

4.jpg

 

ᠪᠠᠭ᠎ᠠ ᠳᠤᠭᠤᠶ᠋ᠢᠯᠠᠩ᠎ᠤᠨ ᠤᠷᠤᠯᠳᠤᠭ᠋ᠠᠨ ᠪᠠ ᠰᠢᠭᠰᠢᠭᠳᠡᠯ ᠤᠷᠤᠯᠳᠤᠭ᠋ᠠᠨ᠎ᠤ ᠬᠤᠷᠴᠠ ᠰᠢᠷᠦᠭᠦᠨ ᠮᠥᠷᠦᠢ᠌ᠴᠡᠭᠡᠨ ᠵᠶ᠋ᠠᠷ ᠳᠠᠮᠵᠢᠨ᠂ ᠡᠴᠦᠰ᠎ᠲᠤ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠪᠠ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭ᠋ᠠᠭᠤᠯᠢ ᠲᠤᠰ ᠲᠤᠰ ᠡᠷᠡᠭᠲᠡᠢ ᠵᠢᠨ ᠳᠤᠭᠤᠶ᠋ᠢᠯᠠᠩ ᠪᠠ ᠡᠮᠡᠭᠲᠡᠢ ᠵᠢᠨ ᠳᠤᠭᠤᠶ᠋ᠢᠯᠠᠩ᠎ᠤᠨ ᠮᠠᠩᠯᠠᠢ᠎ᠳᠤ ᠲᠣᠳᠣᠷᠠᠪᠠ; ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠡᠷᠡᠭᠲᠡᠢ᠂ ᠡᠮᠡᠭᠲᠡᠢ ᠵᠢᠨ ᠳᠤᠭᠤᠶ᠋ᠢᠯᠠᠩ᠎ᠳᠤ ᠳᠡᠳ᠋ᠯᠡᠵᠦ᠂ ᠣᠷᠳᠣᠰ᠎ᠤᠨ ᠬᠡᠷᠡᠭᠯᠡᠭᠡᠨ᠎ᠤ ᠮᠡᠷᠭᠡᠵᠢᠯ᠎ᠤᠨ ᠳᠡᠭᠡᠳᠦ ᠰᠤᠷᠭ᠋ᠠᠭᠤᠯᠢ ᠪᠠ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠲᠤᠰ ᠲᠤᠰ ᠡᠷᠡᠭᠲᠡᠢ ᠵᠢᠨ ᠳᠤᠭᠤᠶ᠋ᠢᠯᠠᠩ ᠪᠠ ᠡᠮᠡᠭᠲᠡᠢ ᠵᠢᠨ ᠳᠤᠭᠤᠶ᠋ᠢᠯᠠᠩ᠎ᠤᠨ ᠭᠤᠲᠠᠭ᠋ᠠᠷ᠎ᠲᠤ ᠣᠷᠣᠪᠠ᠃

   

5.jpg

6.jpg

7.jpg

8.jpg

 

ᠤᠷᠤᠯᠳᠤᠭ᠋ᠠᠨ᠎ᠤ ᠡᠷᠬᠡ ᠲᠡᠭᠰᠢ ᠲᠥᠪ ᠭᠣᠣᠯᠴᠢ᠂ ᠠᠮᠤᠷ ᠲᠦᠪᠰᠢᠨ ᠡᠮᠬᠢ ᠵᠢᠷᠤᠮ᠎ᠲᠠᠢ ᠪᠠᠶ᠋ᠢᠬᠤ ᠵᠢ ᠪᠠᠲᠤᠯᠠᠬᠤ ᠵᠢᠨ ᠲᠥᠯᠥᠭᠡ᠂ ᠤᠷᠤᠯᠳᠤᠭ᠋ᠠᠨ᠎ᠢ ᠵᠣᠬᠢᠶᠠᠨ ᠪᠠᠶ᠋ᠢᠭᠤᠯᠬᠤ ᠺᠣᠮᠢᠰ ᠤᠷᠤᠯᠳᠤᠭ᠋ᠠᠨ᠎ᠠᠴᠠ ᠡᠮᠦᠨ᠎ᠡ ᠳᠠᠭ᠋ᠠᠭᠤᠯᠤᠭᠴᠢ᠂ ᠰᠤᠷᠭ᠋ᠠᠭᠴᠢ᠂ ᠬᠢᠨᠠᠭᠴᠢ ᠵᠢᠨ ᠬᠠᠮᠲᠤᠷᠠᠭᠰᠠᠨ ᠬᠤᠷᠠᠯ ᠵᠢᠴᠢ ᠳᠠᠭ᠋ᠠᠭᠤᠯᠤᠭᠴᠢ᠂ ᠰᠤᠷᠭ᠋ᠠᠭᠴᠢ᠂ ᠲᠠᠮᠢᠷᠴᠢᠳ᠎ᠤᠨ ᠤᠷᠤᠯᠳᠤᠭ᠋ᠠᠨ ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢ ᠰᠠᠬᠢᠬᠤ ᠲᠤᠰᠬᠠᠢ ᠰᠡᠳᠦᠪᠲᠦ ᠰᠤᠷᠤᠯᠴᠠᠯᠭ᠎ᠠ ᠵᠢᠨ ᠬᠤᠷᠠᠯ᠎ᠢ ᠬᠤᠷᠠᠯᠳᠤᠭᠤᠯᠵᠤ᠂ ᠤᠷᠤᠯᠳᠤᠭ᠋ᠠᠨ᠎ᠤ ᠰᠠᠬᠢᠯᠭ᠎ᠠ ᠪᠠᠲᠤ ᠵᠢ ᠵᠢᠷᠤᠮᠯᠠᠬᠤ᠂ ᠪᠡᠶ᠎ᠡ ᠵᠢᠨ ᠲᠠᠮᠢᠷ᠎ᠤᠨ ᠶᠣᠰᠣ ᠮᠣᠷᠠᠯ᠎ᠢ ᠵᠢᠷᠤᠮᠯᠠᠬᠤ᠂ ᠤᠷᠤᠯᠳᠤᠭ᠋ᠠᠨ᠎ᠤ ᠲᠠᠯᠠᠪᠤᠷ᠎ᠤᠨ ᠡᠮᠬᠢ ᠵᠢᠷᠤᠮ᠎ᠢ ᠬᠠᠮᠠᠭ᠋ᠠᠯᠠᠬᠤ ᠵᠢᠨ ᠴᠢᠬᠤᠯᠠ ᠴᠢᠨᠠᠷ᠎ᠢ ᠭᠣᠣᠯᠳᠠᠯᠭ᠎ᠠ᠎ᠲᠠᠢ ᠴᠢᠬᠤᠯᠠᠴᠢᠯᠠᠵᠤ᠂ ᠪᠦᠬᠦ ᠲᠠᠮᠢᠷᠴᠢᠨ᠂ ᠰᠤᠷᠭ᠋ᠠᠭᠴᠢ᠂ ᠬᠢᠨᠠᠭᠴᠢ ᠵᠢᠴᠢ ᠠᠵᠢᠯᠲᠠᠳ᠎ᠢ ᠦᠵᠡᠯ ᠰᠠᠨᠠᠭ᠎ᠠ᠎ᠪᠠᠨ ᠨᠢᠭᠡᠳᠬᠡᠨ᠂ ᠲᠠᠨᠢᠯᠲᠠ᠎ᠪᠠᠨ ᠳᠡᠭᠡᠭᠰᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ 《ᠶᠣᠰᠣ ᠮᠣᠷᠠᠯ᠎ᠤᠨ ᠠᠯᠲᠠᠨ ᠮᠧᠳᠠᠯ᠂ ᠬᠡᠪ ᠨᠠᠮᠪᠠ ᠵᠢᠨ ᠠᠯᠲᠠᠨ ᠮᠧᠳᠠᠯ᠂ ᠴᠡᠪᠡᠷ ᠠᠯᠲᠠᠨ ᠮᠧᠳᠠᠯ》᠎ᠤᠨ ᠣᠶ᠋ᠢᠯᠠᠭ᠋ᠠᠭᠳᠠᠬᠤᠨ᠎ᠢ ᠢᠮᠠᠭᠲᠠ ᠲᠤᠭᠤᠰᠢᠯᠠᠭᠤᠯᠵᠤ᠂ ᠤᠷᠤᠯᠳᠤᠭ᠋ᠠᠨ᠎ᠢ ᠲᠡᠭᠦᠰ ᠠᠮᠵᠢᠯᠲᠠ᠎ᠲᠠᠢ ᠡᠷᠬᠢᠯᠡᠬᠦ᠎ᠳᠤ ᠪᠠᠲᠤ ᠪᠡᠬᠢ ᠰᠠᠭᠤᠷᠢ ᠲᠠᠯᠪᠢᠬᠤ ᠬᠡᠷᠡᠭᠲᠡᠢ ᠭᠡᠵᠦ ᠱᠠᠭ᠋ᠠᠷᠳᠠᠪᠠ᠃

ᠡᠨᠡ ᠤᠳᠠᠭ᠋ᠠᠨ᠎ᠤ ᠤᠷᠤᠯᠳᠤᠭ᠋ᠠᠨ᠎ᠢ ᠠᠮᠵᠢᠯᠲᠠ᠎ᠲᠠᠢ ᠡᠷᠬᠢᠯᠡᠭᠰᠡᠨ᠎ᠨᠢ ᠮᠠᠨ᠎ᠤ ᠣᠷᠣᠨ᠎ᠤ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠥᠭᠡᠷᠡᠴᠢᠯᠡᠯᠲᠡ ᠬᠥᠭᠵᠢᠭᠦᠯᠦᠯᠲᠡ ᠵᠢ ᠭᠦᠨᠵᠡᠭᠡᠶ᠋ᠢᠷᠡᠭᠦᠯᠬᠦ ᠠᠮᠢᠳᠤᠯᠢᠭ ᠦᠢ᠍ᠯᠡᠳᠦᠯᠭᠡ᠂ ᠰᠤᠷᠤᠭᠴᠢᠳ᠎ᠤᠨ ᠬᠥᠯ ᠪᠥᠮᠪᠥᠭᠡ ᠵᠢᠨ ᠬᠥᠳᠡᠯᠭᠡᠭᠡᠨ᠎ᠳᠤ ᠣᠷᠣᠯᠴᠠᠬᠤ ᠬᠠᠯᠠᠭᠤᠨ ᠰᠡᠳᠬᠢᠯᠭᠡ ᠵᠢ ᠬᠥᠭᠵᠢᠭᠡᠭᠰᠡᠨ ᠵᠶ᠋ᠠᠷ ᠪᠠᠷᠠᠬᠤ ᠦᠭᠡᠢ᠂ ᠨᠡᠩ ᠴᠤ᠌ ᠶᠣᠰᠣ ᠰᠤᠷᠲᠠᠬᠤᠨ᠂ ᠣᠶᠤᠨ ᠤᠬᠠᠭ᠋ᠠᠨ᠂ ᠪᠡᠶ᠎ᠡ ᠮᠠᠬᠠᠪᠣᠳ᠂ ᠭᠤᠸ᠎ᠠ ᠰᠠᠶ᠋ᠢᠬᠠᠨ᠂ ᠬᠥᠳᠡᠯᠮᠦᠷᠢ ᠵᠡᠷᠭᠡ ᠪᠦᠬᠦ ᠲᠠᠯ᠎ᠠ᠎ᠪᠠᠷ ᠬᠥᠭᠵᠢᠭᠰᠡᠨ ᠴᠠᠭ ᠦᠶ᠎ᠡ ᠵᠢᠨ ᠰᠢᠨ᠎ᠡ ᠬᠥᠮᠦᠨ᠎ᠢ ᠬᠥᠮᠦᠵᠢᠭᠦᠯᠵᠦ᠂ ᠨᠠᠷᠠᠨ ᠭᠡᠷᠡᠯᠲᠦ ᠡᠷᠡᠭᠦᠯ ᠰᠠᠷᠠᠭᠤᠯ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠰᠣᠶᠣᠯ᠎ᠤᠨ ᠠᠭᠤᠷ ᠠᠮᠢᠰᠬᠤᠯ᠎ᠢ ᠪᠣᠢ ᠪᠣᠯᠭ᠋ᠠᠬᠤ᠎ᠳᠤ ᠢᠳᠡᠪᠬᠢᠲᠡᠢ ᠳᠠᠭᠤᠷᠢᠶᠠᠯ ᠦᠵᠡᠭᠦᠯᠬᠦ ᠦᠢ᠍ᠯᠡᠳᠦᠯ ᠦᠵᠡᠭᠦᠯᠦᠭᠰᠡᠨ ᠪᠠᠶ᠋ᠢᠨ᠎ᠠ᠃

 

 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠣᠨᠴᠠᠯᠢᠭᠲᠤ ᠰᠤᠷᠭ᠋ᠠᠭᠤᠯᠢ᠎ᠪᠠᠷ ᠥᠪᠥᠷ ᠮᠣᠩᠭᠣᠯ᠎ᠤᠨ 32 ᠰᠤᠷᠭ᠋ᠠᠭᠤᠯᠢ ᠰᠣᠩᠭᠣᠭᠳᠠᠪᠠ
2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《ᠲᠡᠷᠢᠭᠦᠯᠡᠭᠴᠢ ᠬᠤᠨᠳᠠᠭ᠋ᠠᠲᠤ》 ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠥᠭᠡ ᠵᠢᠨ ᠤᠶᠤᠲᠠᠳ᠎ᠤᠨ ᠬᠥᠯ ᠪᠥᠮᠪᠥᠭᠡ ᠵᠢᠨ ᠬᠣᠯᠪᠣᠭ᠋ᠠᠲᠤ ᠤᠷᠤᠯᠳᠤᠭ᠋ᠠᠨ (ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠭᠤᠯᠢ ᠪᠠ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠭ᠋ᠠᠭᠤᠯᠢ ᠵᠢᠨ ᠳᠤᠭᠤᠶ᠋ᠢᠯᠠᠩ)᠎ᠢ ᠡᠷᠬᠢᠯᠡᠪᠡ
ᠬᠦᠯ ᠪᠦᠮᠪᠦᠭᠡ ᠵᠢᠨ ᠦᠢ᠍ᠯᠡᠰ᠎ᠤᠨ ᠴᠣ᠋ ᠰᠢᠨ᠎ᠡ ᠡᠬᠢᠯᠡᠯᠲᠡ
ᠦᠪᠦᠷ ᠮᠣᠨᠭ᠌ᠭᠣᠯ᠎ᠤᠨ ᠵᠠᠯᠠᠭᠣᠴᠣᠳ ᠪᠠᠭ᠋ᠠᠴᠣᠳ᠎ᠤᠨ ᠰᠣᠷᠭ᠋ᠠᠭᠣᠯᠢ ᠵᠢᠨ ᠬᠥᠯ ᠪᠥᠮᠪᠦᠭᠡ 《ᠪᠥᠬᠥ ᠲᠠᠯ᠎ᠠ᠎ᠪᠠᠷ ᠴᠡᠴᠡᠭᠯᠡᠨ ᠲᠡᠯᠭᠡᠷᠡᠪᠡ》
ᠶᠠᠳᠠᠷᠠᠯᠳᠠᠢ ᠪᠣᠯᠪᠠᠴᠣ ᠪᠠᠶᠠᠰᠣᠯᠳᠠᠢ ᠶᠣᠮ
 
             蒙ICP备05000248号