ᠣᠯᠠᠭ᠋ᠠᠨᠬᠡᠷᠡᠯ

ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠵᠢᠭ᠋ᠠᠨ ᠰᠤᠷᠭ᠋ᠠᠯᠲᠠ ᠵᠢᠨ ᠵᠠᠭᠪᠤᠷ᠎ᠢ ᠠᠩᠬ᠎ᠠ ᠳᠤᠮᠳᠠᠳᠤ ᠵᠢᠨ ᠬᠢᠮᠢ ᠵᠢᠨ ᠬᠢᠴᠢᠶᠡᠯ᠎ᠤᠨ ᠲᠠᠩᠬᠢᠮ᠎ᠳᠤ ᠬᠡᠷᠡᠭᠯᠡᠬᠦ᠎ᠨᠢ ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠵᠢᠭ᠋ᠠᠨ ᠰᠤᠷᠭ᠋ᠠᠯᠲᠠ ᠵᠢᠨ ᠵᠠᠭᠪᠤᠷ᠎ᠤᠨ ᠲᠡᠷᠢᠭᠦᠨ᠎ᠤ ᠴᠢᠨᠠᠷ ᠪᠠ ᠬᠢᠮᠢ ᠵᠢᠨ ᠵᠢᠭ᠋ᠠᠨ ᠰᠤᠷᠭ᠋ᠠᠯᠲᠠ ᠵᠢᠨ ᠣᠨᠴᠠᠭ᠋ᠠᠶ ᠴᠢᠨᠠᠷ᠎ᠠᠴᠠ ᠲᠣᠭᠳᠠᠭ᠋ᠠᠭᠳᠠᠭᠰᠠᠨ ᠶᠤᠮ᠂ ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠵᠢᠭ᠋ᠠᠨ ᠰᠤᠷᠭ᠋ᠠᠯᠲᠠ ᠵᠢᠨ ᠵᠠᠭᠪᠤᠷ᠎ᠢ ᠠᠩᠬ᠎ᠠ ᠳᠤᠮᠳᠠᠳᠤ ᠵᠢᠨ ᠬᠢᠮᠢ ᠵᠢᠨ ᠬᠢᠴᠢᠶᠡᠯ ᠤᠨ ᠲᠠᠩᠬᠢᠮ᠎ᠳᠤ ᠬᠡᠷᠡᠭᠯᠡᠬᠦ ᠦᠷ᠎ᠡ ᠪᠦᠲᠦᠮᠵᠢ᠎ᠨᠢ ᠮᠠᠰᠢ ᠢᠯᠡᠷᠬᠡᠶ ᠪᠠᠶ᠋ᠢᠵᠤ᠂ ᠠᠩᠬ᠎ᠠ ᠳᠤᠮᠳᠠᠳᠤ ᠵᠢᠨ ᠬᠢᠮᠢ ᠵᠢᠨ ᠬᠢᠴᠢᠶᠡᠯ᠎ᠤᠨ ᠲᠠᠩᠬᠢᠮ᠎ᠤᠨ ᠪᠦᠲᠦᠮᠵᠢᠲᠦ ᠴᠢᠨᠠᠷ᠎ᠤᠨ ᠳᠡᠭᠡᠭᠰᠢᠯᠡᠯᠲᠡ ᠵᠢ ᠠᠬᠢᠭᠤᠯᠵᠤ᠂ ᠠᠩᠬ᠎ᠠ ᠳᠤᠮᠳᠠᠳᠤ ᠵᠢᠨ ᠬᠢᠮᠢ ᠵᠢᠨ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠮᠵᠢ ᠵᠢ ᠨᠡᠩ ᠰᠠᠢ᠍ᠢ᠍ᠨ ᠪᠡᠶᠡᠯᠡᠭᠦᠯᠬᠦ᠎ᠳᠤ ᠠᠰᠢᠭᠲᠠᠶ ᠭᠡᠵᠦ ᠬᠡᠯᠡᠵᠦ ᠪᠣᠯᠤᠨ᠎ᠠ᠃
ᠨᠢᠭᠡ᠂ ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠵᠢᠭ᠋ᠠᠨ ᠰᠤᠷᠭ᠋ᠠᠯᠲᠠ ᠵᠢᠨ ᠲᠣᠶ᠋ᠢᠮᠣᠴᠢᠯᠠᠯ
1. ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠵᠢᠭ᠋ᠠᠨ ᠰᠤᠷᠭ᠋ᠠᠯᠲᠠ᠎ᠨᠢ ᠨᠢᠭᠡ ᠵᠦᠢ᠍ᠯ᠎ᠤᠨ ᠳᠠᠪᠠᠭᠣᠯᠢᠭ ᠵᠢᠭ᠋ᠠᠨ ᠰᠤᠷᠭ᠋ᠠᠯᠲᠠ ᠵᠢᠨ ᠬᠡᠯᠪᠡᠷᠢ ᠪᠣᠯᠤᠭᠰᠠᠨ᠎ᠤ ᠬᠤᠪᠢ᠎ᠳᠤ᠂ ᠲᠡᠷᠡ᠎ᠨᠢ ᠬᠠᠮᠤᠭ ᠲᠡᠷᠢᠭᠦᠨ᠎ᠳᠤ ᠣᠯᠠᠨ ᠵᠦᠢ᠍ᠯ᠎ᠤᠨ ᠲᠡᠷᠢᠭᠦᠨ᠎ᠤ ᠵᠢᠭ᠋ᠠᠨ ᠰᠤᠷᠭ᠋ᠠᠯᠲᠠ ᠵᠢᠨ ᠣᠨᠣᠯ᠎ᠳᠤ ᠨᠡᠢ᠍ᠢ᠍ᠴᠡᠵᠡᠢ᠂ ᠵᠢᠱ᠌ᠢᠶᠡᠯᠡᠪᠡᠯ᠂ ᠪᠦᠲᠦᠭᠡᠭᠦ ᠦᠵᠡᠯ᠎ᠤᠨ ᠰᠤᠷᠤᠯᠴᠠᠯᠭ᠎ᠠ ᠵᠢᠨ ᠤᠨᠤᠯ᠂ ᠬᠦᠮᠦᠨᠯᠢᠭ ᠦᠵᠡᠯ᠎ᠤᠨ ᠰᠤᠷᠤᠯᠴᠠᠯᠭ᠎ᠠ ᠵᠢᠨ ᠤᠨᠤᠯ ᠵᠡᠷᠭᠡ᠃
2. ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠵᠢᠭ᠋ᠠᠨ ᠰᠤᠷᠭ᠋ᠠᠯᠲᠠ᠎ᠨᠢ ᠣᠯᠠᠨ ᠲᠠᠪᠴᠠᠩ᠎ᠤᠨ ᠵᠢᠭ᠋ᠠᠨ ᠰᠤᠷᠭ᠋ᠠᠯᠲᠠ ᠵᠢ ᠠᠭᠤᠰᠬᠠᠵᠠᠢ᠃ ᠠ᠋ᠬᠢ ᠪᠠᠶᠠᠯᠢᠭ᠎ᠢ ᠬᠣᠷᠠᠮᠳᠤᠭᠤᠯᠬᠤ᠎ᠨᠢ ᠣᠯᠠᠨ ᠵᠦᠢ᠍ᠯ᠎ᠤᠨ ᠠᠷᠭ᠎ᠠ ᠵᠠᠮ᠎ᠲᠠᠢ ᠰᠤᠷᠤᠯᠴᠠᠬᠤ ᠠ᠋ᠬᠢ ᠪᠠᠶᠠᠯᠢᠭ᠎ᠤᠨ ᠢᠷᠡᠯᠲᠡ᠎ᠪᠠᠷ ᠪᠡᠶᠡᠯᠡᠭᠳᠡᠨ᠎ᠡ᠃ ᠰᠦᠯᠵᠢᠶ᠎ᠡ ᠪᠣᠯ ᠰᠤᠷᠤᠯᠴᠠᠯᠭ᠎ᠠ ᠵᠢᠨ ᠠ᠋ᠬᠢ ᠪᠠᠶᠠᠯᠢᠭ ᠵᠶ᠋ᠠᠷ ᠬᠠᠮᠤᠭ᠎ᠤᠨ ᠪᠠᠶᠠᠯᠢᠭ ᠣᠳᠣᠬᠢᠴᠢᠯᠠᠭᠰᠠᠨ ᠲᠠᠪᠴᠠᠩ᠂ ᠠ᠋ᠶ᠋ᠢᠮᠦ᠎ᠠᠴᠠ ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠵᠢᠭ᠋ᠠᠨ ᠰᠤᠷᠭ᠋ᠠᠯᠲᠠ᠎ᠨᠢ ᠤᠯᠠᠮᠵᠢᠯᠠᠯᠲᠤ ᠵᠢᠭ᠋ᠠᠨ ᠰᠤᠷᠭ᠋ᠠᠯᠲᠠ᠎ᠳᠤ ᠪᠠᠶ᠋ᠢᠵᠤ ᠳᠡᠶ᠋ᠢᠯᠬᠦ ᠦᠭᠡᠢ ᠳᠠᠪᠠᠭᠤᠯᠢᠭ ᠲᠠᠯ᠎ᠠ᠎ᠲᠠᠢ᠃
3. ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠵᠢᠭ᠋ᠠᠨ ᠰᠤᠷᠭ᠋ᠠᠯᠲᠠ᠎ᠨᠢ ᠤᠯᠠᠮᠵᠢᠯᠠᠯᠲᠤ ᠵᠢᠭ᠋ᠠᠨ ᠰᠤᠷᠭ᠋ᠠᠯᠲᠠ ᠵᠢᠨ ᠬᠢᠴᠢᠶᠡᠯ᠎ᠤᠨ ᠵᠠᠭᠪᠤᠷ᠎ᠠᠴᠠ ᠳᠠᠪᠠᠵᠤ᠂ ᠤᠯᠠᠮᠵᠢᠯᠠᠯᠲᠤ ᠵᠢᠭ᠋ᠠᠨ ᠰᠤᠷᠭ᠋ᠠᠯᠲᠠ ᠵᠢᠨ ᠰᠤᠷᠭ᠋ᠠᠭᠤᠯᠢ ᠵᠢᠨ ᠬᠦᠷᠢᠶᠡᠨ᠎ᠤ ᠣᠷᠴᠢᠨ ᠲᠣᠭᠣᠷᠢᠨ᠎ᠤ ᠬᠢᠵᠠᠭ᠋ᠠᠷ᠎ᠠᠴᠠ ᠳᠠᠪᠠᠵᠠᠶ᠂ ᠠ᠋ᠭᠦᠨ᠎ᠠᠴᠠ ᠪᠣᠯᠵᠤ ᠨᠡᠩ ᠣᠯᠠᠨ ᠣᠷᠴᠢᠨ ᠲᠣᠭᠣᠷᠢᠨ᠎ᠤ ᠠᠭᠤᠷ ᠠᠮᠢᠰᠬᠤᠯ᠎ᠢ ᠨᠡᠮᠡᠭᠰᠡᠨ ᠪᠠᠢ᠍ᠢ᠍ᠨ᠎ᠠ᠃
4. ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠵᠢᠭ᠋ᠠᠨ ᠰᠤᠷᠭ᠋ᠠᠯᠲᠠ᠎ᠨᠢ ᠤᠯᠠᠮᠵᠢᠯᠠᠯᠲᠤ ᠵᠢᠭ᠋ᠠᠨ ᠰᠤᠷᠭ᠋ᠠᠯᠲᠠ ᠵᠢᠨ ᠵᠠᠭᠪᠤᠷ᠎ᠤᠨ ᠥᠭᠡᠷᠡᠴᠢᠯᠡᠯᠲᠡ ᠵᠢ ᠪᠡᠶᠡᠯᠡᠭᠦᠯᠵᠦ᠂ ᠪᠠᠭᠰᠢ ᠵᠢᠨ ᠭᠠᠭᠴᠠᠭ᠋ᠠᠷ ᠵᠶ᠋ᠠᠨ ᠲᠣᠯᠣᠭ᠋ᠠᠶ ᠮᠡᠳᠡᠬᠦ ᠵᠢᠭ᠋ᠠᠨ ᠰᠤᠷᠭ᠋ᠠᠯᠲᠠ ᠵᠢᠨ ᠬᠡᠯᠪᠡᠷᠢ ᠵᠢ ᠡᠪᠳᠡᠵᠤ᠂ ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠶᠠᠪᠣᠴᠠ ᠵᠢᠨ ᠳᠤᠮᠳᠠ ᠤᠯᠠᠨ ᠲᠡᠰ ᠳᠠᠪᠬᠤᠷᠭ᠎ᠠ ᠵᠢᠨ ᠴᠢᠳᠠᠪᠤᠷᠢ ᠵᠢᠨ ᠳᠡᠭᠡᠭᠰᠢᠯᠡᠯᠲᠡ ᠵᠢ ᠣᠯᠤᠨ᠎ᠠ᠃ ᠪᠠᠭᠰᠢ ᠰᠤᠷᠤᠭᠴᠢ ᠵᠢᠨ ᠬᠣᠭᠣᠷᠣᠨᠳᠣᠬᠢ ᠳᠦᠷᠢ ᠵᠢᠨ ᠵᠥᠷᠢᠶ᠎ᠡ ᠵᠢ ᠬᠤᠪᠢᠷᠠᠭᠤᠯᠵᠤ᠂ ᠪᠠᠭᠰᠢ ᠪᠠ ᠰᠤᠷᠤᠭᠴᠢ ᠵᠢ ᠬᠠᠮᠲᠤ ᠪᠠᠶ᠋ᠢᠯᠭ᠋ᠠᠨ᠎ᠠ᠂ ᠬᠠᠮᠲᠤᠷᠠᠯᠴᠠᠨ ᠬᠤᠷᠰᠢᠯᠴᠠᠬᠤ᠂ ᠰᠣᠯᠢᠯᠴᠠᠨ ᠰᠦᠪᠡᠭᠴᠢᠯᠡᠬᠦ ᠨᠥᠬᠥᠷᠰᠡᠭ ᠬᠡᠯᠪᠡᠷᠢ ᠵᠢᠨ ᠬᠠᠮᠲᠤᠷᠠᠯᠴᠠᠭ᠋ᠠᠨ᠎ᠤ ᠬᠠᠨᠢᠲᠠᠨ᠎ᠤ ᠬᠠᠷᠢᠴᠠᠭ᠎ᠠ ᠵᠢ ᠪᠠᠢ᠍ᠢ᠍ᠭᠤᠯᠵᠠᠢ᠃
ᠬᠣᠶᠠᠷ᠂ ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠵᠢᠭ᠋ᠠᠨ ᠰᠤᠷᠭ᠋ᠠᠯᠲᠠ ᠵᠢ ᠪᠣᠳᠠᠲᠠᠶ ᠬᠡᠷᠡᠭᠵᠢᠭᠦᠯᠬᠦ
1. ᠬᠢᠴᠢᠶᠡᠯ᠎ᠠᠴᠠ ᠠ᠋ᠮᠦᠨ᠎ᠡ ᠪᠡᠯᠡᠳᠬᠡᠯ ᠬᠢᠵᠦ᠂ ᠠ᠋ᠭᠦᠷᠭᠡ ᠪᠠᠶ᠋ᠢᠷᠢᠯᠠᠭᠤᠯᠤᠨ᠎ᠠ᠃ ᠠ᠋ᠨᠡ ᠱᠠᠲᠤᠨ᠎ᠳᠤ᠂ ᠲᠤᠰ ᠬᠢᠴᠢᠶᠡᠯ᠎ᠤᠨ ᠰᠤᠷᠤᠯᠴᠠᠬᠤ ᠠᠭᠤᠯᠭ᠎ᠠ᠂ ᠰᠤᠷᠤᠯᠴᠠᠬᠤ ᠬᠠᠷᠠᠯᠲᠠ᠎ᠪᠠᠨ ᠪᠠᠶ᠋ᠢᠷᠢᠯᠠᠭᠤᠯᠤᠨ᠎ᠠ᠂ ᠠ᠋ᠭᠦᠨ᠎ᠳᠤ ᠨᠠᠷᠢᠨ ᠲᠣᠳᠣᠷᠬᠠᠶ ᠣᠷᠬᠢᠭᠳᠠᠭᠤᠯᠬᠤ ᠦᠭᠡᠢ ᠪᠠᠢ᠍ᠢ᠍ᠬᠤ ᠵᠢ ᠠ᠋ᠷᠬᠡᠪᠰᠢ ᠪᠠᠲᠤᠯᠠᠬᠤ ᠬᠡᠷᠡᠭᠲᠡᠶ᠃
2. ᠰᠤᠷᠤᠭᠴᠢᠳ ᠪᠡᠶ᠎ᠡ᠎ᠪᠠᠨ ᠳᠠᠭ᠋ᠠᠭ᠋ᠠᠨ ᠰᠤᠷᠤᠯᠴᠠᠵᠤ᠂ ᠰᠤᠷᠤᠯᠴᠠᠬᠤ ᠠ᠋ᠭᠦᠷᠭᠡ᠎ᠪᠠᠨ ᠪᠡᠶᠡᠯᠡᠭᠦᠯᠦᠨ᠎ᠡ᠃ ᠠ᠋ᠨᠡ ᠱᠡᠳᠦ᠎ᠨᠢ ᠤᠯᠠᠮᠵᠢᠯᠠᠯᠲᠤ ᠮᠠᠶᠢᠭ᠎ᠤᠨ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠱᠠᠲᠤ᠎ᠲᠠᠢ ᠠᠳᠠᠯᠢᠬᠠᠨ᠂ ᠭᠡᠪᠡᠴᠦ ᠠᠳᠠᠯᠢ ᠦᠭᠡᠢ᠎ᠨᠢ ᠰᠤᠷᠤᠯᠴᠠᠬᠤ ᠪᠣᠯᠤᠨ᠎ᠠ᠂ ᠰᠤᠷᠤᠭᠴᠢ ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠮᠠᠶᠢᠭ᠎ᠤᠨ ᠵᠢᠭ᠋ᠠᠨ ᠰᠤᠷᠭ᠋ᠠᠯᠲᠠ ᠵᠢᠨ ᠣᠷᠴᠢᠨ᠎ᠳᠤ ᠪᠠᠭᠰᠢ ᠵᠢᠨ ᠲᠣᠬᠢᠷᠠᠭᠤᠯᠤᠭᠰᠠᠨ ᠠ᠋ᠭᠦᠷᠭᠡ ᠵᠢ ᠦᠨᠳᠦᠰᠦᠯᠡᠨ ᠭᠣᠣᠯᠳᠠᠭᠤ ᠰᠤᠷᠤᠯᠴᠠᠯᠭ᠎ᠠ ᠵᠢᠨ ᠭᠣᠭᠴᠣᠭ᠎ᠠ ᠵᠢ ᠪᠡᠶᠡᠯᠡᠭᠦᠯᠦᠨ᠎ᠡ᠃ ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠮᠠᠶᠢᠭ᠎ᠤᠨ ᠵᠢᠭ᠋ᠠᠨ ᠰᠤᠷᠭ᠋ᠠᠯᠲᠠ ᠵᠢᠨ ᠬᠡᠪ ᠵᠠᠭᠪᠤᠷ᠎ᠨᠢ ᠪᠠᠭᠰᠢ ᠵᠢᠨ ᠬᠢᠴᠢᠶᠡᠯ᠎ᠤᠨ ᠲᠠᠩᠬᠢᠮ᠎ᠤᠨ ᠲᠥᠪ ᠪᠣᠯᠬᠤ ᠪᠠᠶ᠋ᠢᠷᠢ ᠰᠠᠭᠤᠷᠢ ᠵᠢ ᠰᠤᠯᠠᠷᠠᠭᠤᠯᠵᠤ᠂ ᠰᠤᠷᠤᠭᠴᠢᠳ᠎ᠲᠤ ᠨᠠᠩ ᠥᠷᠭᠡᠨ ᠠᠭᠤᠳᠠᠮ ᠬᠠᠶ᠋ᠢᠨ ᠰᠦᠪᠡᠭᠴᠢᠯᠡᠬᠦ ᠣᠷᠣᠨ ᠵᠠᠶ ᠬᠠᠩᠭ᠋ᠠᠵᠤ᠂ ᠰᠤᠷᠤᠭᠴᠢᠳ᠎ᠤᠨ ᠪᠡᠶ᠎ᠡ᠎ᠪᠠᠨ ᠳᠠᠭ᠋ᠠᠭ᠋ᠠᠵᠤ ᠬᠠᠶ᠋ᠢᠨ ᠰᠦᠪᠡᠭᠴᠢᠯᠡᠬᠦ ᠴᠢᠳᠠᠪᠤᠷᠢ ᠵᠢ ᠳᠡᠭᠡᠭᠰᠢᠯᠡᠭᠦᠯᠤᠨ᠎ᠠ᠃
3. ᠪᠠᠭᠰᠢ ᠰᠤᠷᠤᠭᠴᠢᠳ᠎ᠤᠨ ᠰᠤᠷᠤᠯᠴᠠᠯᠭ᠎ᠠ ᠵᠢᠨ ᠮᠡᠳᠡᠭᠦᠯᠦᠯᠲᠡ ᠵᠢ ᠪᠠᠶ᠋ᠢᠴᠠᠭ᠋ᠠᠨ ᠦᠵᠡᠬᠦ ᠵᠢᠨ ᠬᠠᠮᠲᠤ ᠵᠠᠳᠠᠯᠤᠯᠲᠠ ᠬᠢᠨ᠎ᠠ᠃ ᠪᠠᠭᠰᠢ᠎ᠠᠴᠠ ᠰᠣᠷᠣᠭᠴᠢ ᠵᠢᠨ ᠠ᠋ᠭᠦᠷᠭᠡ᠎ᠪᠠᠨ ᠪᠡᠶᠡᠯᠡᠭᠦᠯᠦᠭᠰᠡᠨ ᠪᠠᠶ᠋ᠢᠳᠠᠯ᠎ᠢ ᠦᠨᠳᠦᠰᠦᠯᠡᠨ ᠰᠤᠷᠤᠯᠴᠠᠯᠭ᠎ᠠ ᠵᠢᠨ ᠮᠡᠳᠡᠭᠦᠯᠦᠯᠲᠡ᠎ᠳᠤ ᠵᠠᠳᠠᠯᠤᠯᠲᠠ ᠬᠢᠬᠦ ᠬᠡᠷᠡᠭᠲᠡᠶ᠃
4. ᠪᠠᠭᠰᠢ ᠨᠠᠷ ᠵᠢᠭ᠋ᠠᠨ ᠰᠤᠷᠭ᠋ᠠᠬᠤ ᠠ᠋ᠭᠦᠷᠭᠡ᠎ᠪᠠᠨ ᠲᠣᠬᠢᠷᠠᠭᠤᠯᠵᠤ᠂ ᠰᠤᠷᠤᠭᠴᠢᠳ᠎ᠢ ᠬᠠᠪᠰᠤᠷᠤᠨ ᠵᠢᠯᠣᠭᠣᠳᠤᠨ᠎ᠠ᠃ ᠪᠠᠭᠰᠢ ᠰᠤᠷᠤᠭᠴᠢᠳ᠎ᠤᠨ ᠰᠤᠷᠤᠯᠭ᠎ᠠ ᠵᠢᠨ ᠳᠤᠮᠳᠠ ᠲᠤᠯᠭ᠋ᠠᠷᠠᠭᠰᠠᠨ ᠭᠣᠣᠯ ᠲᠥᠭᠡᠷᠢᠭᠳᠡᠯ ᠳᠤ ᠴᠢᠭᠯᠡᠭᠦᠯᠦᠨ ᠵᠢᠯᠣᠭᠤᠳᠤᠯᠭ᠎ᠠ ᠬᠢᠪᠠᠯ ᠵᠣᠬᠢᠨ᠎ᠠ᠂ ᠢᠯᠠᠩᠭᠤᠶ᠎ᠠ ᠣᠯᠠᠩᠬᠢ ᠰᠤᠷᠤᠭᠴᠢᠳ᠎ᠤᠨ ᠠᠰᠠᠭᠤᠳᠠᠯ ᠭᠠᠷᠬᠤ ᠭᠦᠴᠢᠷᠳᠠᠢ ᠭᠡᠰᠡᠭ᠎ᠢ ᠣᠨᠴᠠᠭ᠋ᠠᠶ᠋ᠢᠯᠠᠨ ᠴᠢᠬᠤᠯᠠᠴᠢᠯᠠᠬᠤ ᠬᠡᠷᠡᠭᠲᠡᠶ᠃ ᠰᠤᠷᠤᠭᠴᠢᠳ᠎ᠢ ᠬᠠᠪᠰᠤᠷᠴᠤ ᠨᠢᠭᠡᠨᠲᠡ ᠰᠤᠷᠤᠭᠰᠠᠨ ᠮᠡᠳᠡᠯᠭᠡ ᠵᠢᠨ ᠣᠶ᠋ᠢᠯᠠᠭ᠋ᠠᠯᠲᠠ ᠵᠢ᠎ᠨᠢ ᠭᠦᠨᠵᠡᠭᠡᠶ᠋ᠢᠷᠡᠭᠦᠯᠵᠦ᠂ ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ᠃ ᠪᠠᠭᠰᠢ ᠪᠠᠰᠠ ᠰᠤᠷᠤᠭᠴᠢ ᠵᠢᠨ ᠲᠤᠰᠬᠠᠭᠰᠠᠨ ᠪᠠᠶ᠋ᠢᠳᠠᠯ᠎ᠢ ᠦᠨᠳᠦᠰᠦᠯᠡᠨ ᠵᠢᠭ᠋ᠠᠨ ᠰᠤᠷᠭ᠋ᠠᠯᠲᠠ ᠵᠢᠨ ᠠᠬᠢᠴᠠ ᠪᠠ ᠬᠦᠴᠢᠷ᠎ᠤᠨ ᠬᠡᠮᠵᠢᠶ᠎ᠡ ᠵᠢ ᠵᠣᠬᠢᠰᠲᠠᠢ ᠲᠣᠬᠢᠷᠠᠭᠤᠯᠵᠤ ᠪᠣᠯᠤᠨ᠎ᠠ᠂ ᠵᠣᠩᠬᠢᠯᠠᠬᠤ ᠤᠯᠠᠨ ᠲᠣᠭ᠋ᠠᠨ᠎ᠤ ᠰᠤᠷᠤᠭᠴᠢᠳ᠎ᠤᠨ ᠰᠤᠷᠤᠯᠭ᠎ᠠ ᠵᠢᠨ ᠦᠷ᠎ᠡ ᠪᠦᠲᠦᠮᠵᠢ ᠵᠢ ᠪᠠᠲᠤᠯᠠᠬᠤ ᠬᠡᠷᠡᠭᠲᠡᠶ᠃ ᠠ᠋ᠭᠦᠨ᠎ᠠᠴᠠ ᠭᠠᠳᠠᠨ᠎ᠠ᠂ ᠠᠳᠠᠯᠢ ᠪᠤᠰᠤ ᠰᠤᠷᠤᠭᠴᠢᠳ᠎ᠤᠨ ᠳᠤᠷᠠᠳᠤᠭᠰᠠᠨ ᠠᠳᠠᠯᠢ ᠪᠤᠰᠤ ᠠᠰᠠᠭᠤᠳᠠᠯ᠎ᠳᠤ ᠪᠠᠭᠰᠢ᠎ᠠᠴᠠ ᠲᠤᠰᠬᠠᠶ ᠵᠢᠯᠣᠭᠣᠳᠣᠯᠭ᠎ᠠ ᠥᠭᠴᠦ᠂ ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠮᠠᠶᠢᠭ᠎ᠤᠨ ᠵᠢᠭ᠋ᠠᠨ ᠰᠤᠷᠭ᠋ᠠᠯᠲᠠ ᠵᠢᠨ ᠴᠢᠨᠠᠷ᠎ᠢ ᠪᠠᠲᠤᠯᠠᠬᠤ ᠬᠡᠷᠡᠭᠲᠡᠶ᠃
ᠠᠩᠬ᠎ᠠ ᠳᠤᠮᠳᠠᠳᠤ ᠵᠢᠨ ᠱᠠᠲᠤᠨ᠎ᠤ ᠬᠢᠮᠢ ᠵᠢᠨ ᠵᠢᠭ᠋ᠠᠨ ᠰᠤᠷᠭ᠋ᠠᠯᠲᠠ ᠬᠢᠭᠡᠳ ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠮᠠᠶᠢᠭ᠎ᠤᠨ ᠵᠢᠭ᠋ᠠᠨ ᠰᠤᠷᠭ᠋ᠠᠯᠲᠠ ᠵᠢᠨ ᠬᠡᠷᠡᠭᠯᠡᠯᠲᠡ᠎ᠨᠢ ᠪᠦᠷᠢᠨ ᠲᠡᠭᠦᠯᠳᠡᠷ ᠤᠶᠠᠯᠳᠤᠵᠤ᠂ ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠮᠠᠶᠢᠭ᠎ᠤᠨ ᠵᠢᠭ᠋ᠠᠨ ᠰᠤᠷᠭ᠋ᠠᠯᠲᠠ ᠪᠠᠷ ᠳᠠᠮᠵᠢᠵᠤ ᠪᠣᠯᠤᠨ᠎ᠠ᠂ ᠪᠠᠭᠰᠢ ᠠᠳᠠᠯᠢ ᠪᠤᠰᠤ ᠰᠤᠷᠤᠭᠴᠢ ᠵᠢᠨ ᠡᠵᠡᠮᠰᠢᠭᠰᠡᠨ ᠪᠠᠢ᠍ᠢ᠍ᠳᠠᠯ᠎ᠳᠤ ᠪᠣᠳᠠᠲᠠᠶ ᠬᠠᠪᠰᠤᠷᠤᠮᠵᠢ ᠦᠵᠡᠭᠦᠯᠵᠦ ᠪᠣᠯᠤᠨ᠎ᠠ᠃ ᠴᠢᠳᠠᠪᠤᠷᠢ᠎ᠳᠤᠨᠢ ᠲᠣᠬᠢᠷᠠᠭᠤᠯᠤᠨ ᠵᠢᠭ᠋ᠠᠬᠤ᠎ᠨᠢ ᠰᠤᠷᠤᠭᠴᠢᠳ᠎ᠤᠨ ᠰᠠᠶ᠋ᠢᠨ ᠰᠠᠶ᠋ᠢᠬᠠᠨ ᠰᠤᠷᠤᠯᠴᠠᠬᠤ ᠰᠡᠳᠬᠢᠴᠡ ᠵᠢ ᠪᠦᠷᠢᠯᠳᠦᠭᠦᠯᠦᠨ᠂ ᠰᠤᠷᠤᠭᠴᠢᠳ᠎ᠤᠨ ᠪᠡᠶ᠎ᠡ᠎ᠪᠠᠨ ᠳᠠᠭ᠋ᠠᠭ᠋ᠠᠵᠤ ᠠ᠋ᠷᠳᠡᠮ ᠮᠡᠳᠡᠯᠭᠡ ᠰᠤᠷᠬᠤ ᠴᠢᠳᠠᠪᠤᠷᠢ ᠵᠢ ᠬᠥᠭᠵᠢᠭᠦᠯᠵᠦ᠂ ᠰᠤᠷᠤᠭᠴᠢᠳ᠎ᠤᠨ ᠬᠢᠮᠢ ᠰᠤᠷᠬᠤ ᠣᠷᠮ᠎ᠠ ᠪᠠᠬ᠎ᠠ ᠵᠢ ᠳᠠᠶ᠋ᠢᠴᠢᠯᠠᠨ᠎ᠠ᠃
ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠬᠢᠮᠢ ᠵᠢᠨ ᠵᠢᠭ᠋ᠠᠨ ᠰᠤᠷᠭ᠋ᠠᠯᠲᠠ᠎ᠳᠤ ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠮᠠᠶᠢᠭ᠎ᠤᠨ ᠵᠢᠭ᠋ᠠᠨ ᠰᠤᠷᠭ᠋ᠠᠯᠲᠠ ᠵᠢᠨ ᠵᠠᠭᠪᠤᠷ᠎ᠤᠨ ᠵᠢᠱ᠌ᠢᠶ᠎ᠡ᠎ᠪᠠᠷ ᠭᠡᠷᠡᠴᠢᠯᠡᠭᠰᠡᠨ᠎ᠨᠢ᠂ ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠮᠠᠶᠢᠭ᠎ᠤᠨ ᠵᠢᠭ᠋ᠠᠨ ᠰᠤᠷᠭ᠋ᠠᠯᠲᠠ᠎ᠨᠢ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠢᠮᠢ ᠵᠢᠨ ᠵᠢᠭ᠋ᠠᠨ ᠰᠤᠷᠭ᠋ᠠᠯᠲᠠ ᠵᠢᠨ ᠬᠢᠷᠢ ᠲᠦᠪᠰᠢᠨ᠎ᠢ ᠲᠡᠭᠡᠭᠰᠢᠯᠠᠭᠦᠯᠭᠦ᠎ᠳᠤ ᠴᠢᠬᠤᠯᠠ ᠠᠴᠢ ᠬᠣᠯᠪᠣᠭᠳᠠᠯ᠎ᠲᠠᠢ᠂ ᠠᠩᠬ᠎ᠠ ᠳᠤᠮᠳᠠᠳᠤ ᠵᠢᠨ ᠬᠢᠮᠢ ᠵᠢᠨ ᠪᠠᠭᠰᠢ ᠵᠣᠷᠢᠭᠲᠠᠶ᠎ᠪᠠᠷ ᠲᠤᠷᠰᠢᠵᠤ᠂ ᠵᠣᠷᠢᠭᠲᠠᠶ᠎ᠪᠠᠷ ᠬᠢᠪᠠᠯ ᠵᠤᠬᠢᠨ᠎ᠠ᠃ ᠰᠢᠨ᠎ᠡ ᠵᠢ ᠠ᠋ᠭᠦᠳᠬᠦ᠎ᠳᠤ᠂ ᠪᠣᠳᠠᠲᠠᠶ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢᠨ ᠳᠤᠮᠳᠠ ᠲᠠᠰᠤᠷᠠᠯᠲᠠ ᠥᠬᠡᠶ ᠳ᠋ᠦᠩᠨᠡᠨ ᠬᠤᠷᠠᠮᠳᠤᠭᠤᠯᠵᠤ᠎ᠨᠢ ᠨᠡᠩ ᠴᠢᠬᠤᠯᠠ ᠪᠠᠢ᠍ᠢ᠍ᠳᠠᠬ᠃
ᠠᠵᠢᠯᠯᠠᠵᠤ ᠪᠠᠢ᠍ᠢ᠍ᠭ᠎ᠠ ᠪᠠᠢ᠍ᠢ᠍ᠭᠤᠯᠭ᠎ᠠ᠄ ᠠᠷᠤ ᠬᠤᠷᠴᠢᠨ ᠬᠤᠰᠢᠭᠤᠨ᠎ᠤ ᠴᠢᠪᠠᠭ᠎ᠠ
ᠲᠠᠪᠣᠳᠣᠭ᠋ᠠᠷ ᠳᠣᠮᠳᠠᠳᠦ ᠰᠣᠷᠭ᠋ᠠᠭᠣᠯᠢ
(ᠮᠦᠨᠭᠭᠦᠨᠴᠢᠮᠡᠭ ᠨᠠᠢ᠍ᠢ᠍ᠷᠠᠭᠤᠯᠪᠠ)