ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠤᠷ᠎ᠤᠨ ᠲᠠᠪᠴᠠᠩ   -   ᠵᠢᠭᠠᠨ ᠰᠣᠷᠭᠠᠯᠲᠠ᠎ᠶᠢᠨ ᠰᠣᠳᠣᠯᠣᠯ
ᠲᠤᠭ᠋ᠠᠨ᠎ᠤ ᠤᠬᠠᠭ᠋ᠠᠨ᠎ᠤ ᠬᠢᠴᠢᠶᠡᠯᠯᠡᠭᠡ᠎ᠳᠤ ᠭᠡᠷᠬᠢᠨ ᠪᠠᠶ᠎ᠠ᠎ᠪᠠᠨ ᠲᠠᠭ᠋ᠠᠭ᠋ᠠᠨ ᠰᠤᠷᠴᠤ ᠰᠤᠳᠤᠯᠬᠤ ᠪᠤᠢ
ᠨᠡᠶ᠋ᠢᠲᠡᠯᠡᠭᠰᠡᠨ ᠴᠠᠭ᠄ 2024-10-28

                          ᠰᠠᠴᠠᠨ


教学研究3.png

 


      ᠪᠡᠶ᠎ᠡ᠎ᠪᠠᠨ ᠲᠠᠭ᠋ᠠᠭ᠋ᠠᠵᠤ ᠰᠤᠷᠴᠤ ᠰᠤᠳᠤᠯᠬᠤ ᠪᠤᠯ ᠰᠤᠷᠤᠭᠴᠢᠳ᠎ᠤᠨ ᠬᠦᠳᠡᠯᠤᠨᠭ᠌ᠬᠦᠢ ᠰᠤᠷᠤᠯᠴᠠᠬᠤ ᠤᠪᠤᠷ ᠮᠦᠨ᠃ ᠰᠤᠷᠤᠭᠴᠢ ᠪᠦᠷᠢ᠎ᠨᠢ ᠦᠪᠡᠷ᠎ᠤᠨ ᠰᠡᠳᠬᠢᠴᠠ᠎ᠲᠠᠢ ᠰᠤᠷᠤᠯᠴᠠᠬᠤ ᠪᠤᠯ ᠲᠡᠳᠡᠨ᠎ᠤ ᠠ᠋ᠬᠦᠷᠭᠡ ᠮᠥᠷᠲᠡᠭᠡᠨ ᠦᠪᠡᠷ᠎ᠤᠨ ᠬᠢᠪᠡᠰᠤ ᠵᠤᠬᠢᠬᠤ ᠶᠠᠪᠤᠳᠠᠯ ᠮᠦᠨ᠃ ᠪᠠᠭᠰᠢ ᠲᠡᠳᠡᠨ᠎ᠢ ᠤᠷᠤᠯᠠᠵᠤ ᠪᠤᠯᠬᠤ ᠦᠭᠡᠢ᠂ ᠤᠷᠤᠯᠠᠵᠤ ᠴᠤ᠌ ᠲᠡᠢ᠍ᠢ᠍ᠯᠬᠦ ᠦᠭᠡᠢ᠂ ᠪᠠᠭᠰᠢ ᠵᠦᠪᠭᠡᠨ ᠲᠡᠳᠡᠨ᠎ᠳᠤ ᠰᠡᠨᠭᠬᠡᠷᠡᠬᠦᠯᠤᠨ ᠵᠢᠯᠤᠭᠤᠳᠬᠤ ᠦᠢ᠍ᠯᠡᠳᠤᠯ ᠦᠵᠡᠭᠦᠯᠵᠤ           ᠪᠠᠢ᠍ᠢ᠍ᠨ᠎ᠠ᠃ ᠪᠠᠶ᠎ᠠ᠎ᠪᠠᠨ ᠲᠠᠭ᠋ᠠᠭ᠋ᠠᠵᠤ ᠰᠤᠷᠴᠤ ᠰᠤᠳᠤᠯᠵᠤ ᠴᠢᠳᠠᠬᠤ ᠰᠤᠷᠤᠭᠴᠢ᠎ᠨᠢ ᠮᠡᠳᠡᠯᠭᠡ ᠵᠢ ᠡᠵᠡᠮᠰᠢᠬᠦ ᠬᠦᠰᠡᠯ ᠠ᠋ᠷᠡᠮᠡᠯᠵᠡᠯ ᠵᠶ᠋ᠠᠷ ᠴᠢᠩᠭ᠎ᠠ ᠮᠥᠷᠲᠡᠭᠡᠨ ᠰᠡᠳᠬᠢᠵᠦ ᠪᠤᠳᠤᠯᠬᠢᠯᠠᠬᠤ ᠲᠤᠷᠠᠳᠠᠢ ᠪᠠᠢ᠍ᠢ᠍ᠵᠤ᠂ ᠠᠰᠠᠭᠤᠯᠳᠠ ᠲᠤᠷᠠᠳᠬᠤ ᠵᠤᠷᠢᠭᠳᠠᠢ ᠪᠠᠢ᠍ᠢ᠍ᠳᠠᠭ᠃
      ᠨᠢᠭᠡ᠂ ᠵᠢᠭ᠋ᠠᠨ ᠰᠤᠷᠭ᠋ᠠᠯᠳᠠ᠎ᠳᠤ ᠤᠷᠤᠰᠢᠵᠤ ᠪᠠᠢ᠍ᠢ᠍ᠭ᠎ᠠ ᠠᠰᠠᠭᠤᠳᠠᠯ
      1. 《ᠪᠡᠶ᠎ᠡ᠎ᠪᠠᠨ ᠲᠠᠭ᠋ᠠᠭ᠋ᠠᠵᠤ ᠰᠤᠷᠴᠤ ᠰᠤᠳᠤᠯᠬᠤ》 ᠵᠢ ᠮᠡᠳᠡᠬᠦ ᠦᠭᠡᠢ᠃ ᠰᠤᠷᠤᠭᠴᠢᠳ ᠪᠡᠶ᠎ᠠ᠎ᠪᠠᠨ ᠲᠠᠭ᠋ᠠᠭ᠋ᠠᠵᠤ ᠰᠤᠷᠴᠤ ᠰᠤᠳᠤᠯᠬᠤ ᠠᠷᠭ᠎ᠠ ᠠᠪᠴᠠᠯ ᠵᠶ᠋ᠠᠨ ᠤᠯᠬᠤ ᠦᠭᠡᠢ ᠪᠠᠢ᠍ᠢ᠍ᠳᠠᠯ ᠢᠯᠠᠷᠡᠨ᠂ ᠨᠢᠭᠡ ᠪᠦᠯᠦᠭ ᠰᠤᠷᠤᠭᠴᠢ ᠨᠢᠭᠡᠨᠳᠠ ᠬᠡᠪᠰᠢᠮᠡᠯ ᠵᠢᠭ᠋ᠠᠨ ᠰᠤᠷᠭ᠋ᠠᠯᠳᠠ ᠵᠢᠨ ᠠᠷᠭ᠎ᠠ᠎ᠳᠤ ᠲᠠᠰᠤᠭᠰᠠᠨ ᠲᠤᠯᠠ᠂ ᠪᠠᠭᠰᠢ ᠵᠢᠨ ᠠᠮᠠ ᠵᠢ ᠬᠠᠷᠠᠵᠤ᠂ ᠶᠠᠷᠢᠵᠤ ᠦᠭᠬᠦ ᠵᠢ ᠬᠦᠯᠢᠶᠡᠨ ᠰᠠᠭᠤᠬᠤ ᠦᠵᠡᠭᠳᠡᠯ ᠬᠦᠨᠳᠤ ᠨᠤᠴᠢᠳᠠᠢ ᠤᠷᠤᠰᠢᠵᠤ ᠪᠠᠢ᠍ᠢ᠍ᠨ᠎ᠠ᠃ ᠪᠠᠰᠠ ᠵᠠᠷᠢᠮ ᠰᠤᠷᠤᠭᠴᠢ ᠦᠪᠡᠷ᠎ᠤᠨ ᠪᠠᠢ᠍ᠢ᠍ᠳᠠᠯ ᠵᠶ᠋ᠠᠨ ᠰᠠᠢ᠍ᠢ᠍ᠨ ᠤᠢ᠍ᠢ᠍ᠯᠠᠭ᠋ᠠᠬᠤ ᠦᠭᠡᠢ᠂ ᠪᠠᠭᠰᠢ᠎ᠠᠴᠠ ᠲᠡᠳᠡᠨ᠎ᠳᠤ ᠬᠤᠪᠢᠨ᠎ᠤ ᠪᠠᠷᠢᠮᠵᠢᠶ᠎ᠠ ᠦᠭᠬᠦ ᠵᠢ ᠬᠦᠯᠢᠶᠡᠨ ᠰᠠᠭᠤᠳᠠᠭ᠃ ᠰᠤᠷᠤᠭᠴᠢᠳ ᠦᠪᠡᠷ᠎ᠤᠨ ᠲᠦᠯᠤᠪᠯᠡᠭᠡ ᠦᠭᠡᠢ᠂ ᠪᠠᠭᠰᠢ᠎ᠠᠴᠠ ᠲᠦᠯᠤᠪᠯᠡᠵᠤ ᠦᠭᠬᠦ ᠵᠢ ᠬᠦᠯᠢᠶᠡᠨ ᠰᠠᠭᠤᠬᠤ ᠦᠵᠡᠭᠳᠡᠯ ᠴᠤ᠌ ᠵᠥᠩᠳᠡᠭᠡᠨ ᠬᠠᠷᠠᠭᠳᠠᠨ᠎ᠠ᠃
      2. 《ᠨᠢᠭᠡ ᠪᠦᠯᠦᠭ ᠰᠤᠷᠤᠭᠴᠢ ᠪᠠᠶ᠎ᠠ᠎ᠪᠠᠨ ᠲᠠᠭ᠋ᠠᠭ᠋ᠠᠵᠤ ᠰᠤᠷᠴᠤ ᠰᠤᠳᠤᠯᠬᠤ》 ᠳᠤᠷ᠎ᠠ ᠦᠭᠡᠢ           ᠪᠠᠢ᠍ᠢ᠍ᠳᠠᠬ᠃ ᠰᠤᠷᠤᠭᠴᠢᠳ᠎ᠤᠨ ᠰᠤᠷᠤᠯᠴᠠᠬᠤ ᠤᠬᠠᠮᠰᠠᠷᠳᠤ ᠴᠢᠨᠠᠷ ᠳᠣᠣᠷ᠎ᠠ ᠎ᠠᠴᠠ ᠪᠤᠯᠵᠤ᠂ ᠪᠤᠳᠠᠳᠤ ᠰᠡᠳᠤᠪ ᠪᠣᠯᠪᠠᠰᠤᠷᠠᠯ᠎ᠳᠤ ᠭᠠᠷ ᠲᠦᠷᠢᠵᠤ ᠴᠢᠳᠠᠬᠤ ᠦᠭᠡᠢ᠂ ᠦᠪᠡᠷ᠎ᠤᠨ ᠪᠡᠶ᠎ᠡ᠎ᠪᠠᠨ ᠬᠠᠶᠠᠵᠤ᠂ ᠪᠡᠶ᠎ᠡ᠎ᠪᠠᠨ ᠴᠢᠩᠭ᠎ᠠ ᠱᠠᠭ᠋ᠠᠷᠳᠠᠬᠤ ᠲᠠᠯ᠎ᠠ᠎ᠪᠠᠷ ᠳᠤᠲᠠᠮᠠᠭ ᠪᠠᠢ᠍ᠢ᠍ᠵᠤ᠂ ᠵᠠᠷᠢᠮ ᠰᠤᠷᠤᠭᠴᠢ 《ᠪᠠᠷᠰ᠎ᠤᠨ ᠲᠣᠯᠤᠭ᠋ᠠᠢ᠎ᠪᠠᠷ ᠠ᠋ᠬᠢᠯᠡᠭᠦᠯᠵᠤ᠂ ᠮᠤᠭ᠋ᠠᠢ ᠵᠢᠨ ᠰᠡᠭᠦᠯ ᠵᠶ᠋ᠠᠷ ᠲᠡᠭᠦᠰᠭᠡᠬᠦ》 ᠪᠠᠢ᠍ᠢ᠍ᠳᠠᠯ ᠴᠤ᠌ ᠵᠦᠨᠭᠳᠡᠭᠡᠨ ᠢᠯᠡᠷᠡᠵᠤ ᠪᠠᠢ᠍ᠢ᠍ᠳᠠᠬ᠃ ᠰᠤᠷᠤᠭᠴᠢ ᠵᠢᠨ ᠰᠤᠷᠤᠯᠴᠠᠬᠤ ᠵᠣᠷᠢᠯᠭ᠎ᠠ ᠲᠤᠳᠤᠷᠬᠠᠢ ᠪᠢᠰᠢ᠂ ᠡᠴᠦᠰ᠎ᠲᠤᠨᠢ ᠲᠤᠯᠲᠠᠯ᠎ᠠ ᠤᠳᠠᠭ᠋ᠠᠨ ᠲᠠᠭ᠋ᠠᠭ᠋ᠠᠮᠠᠭ᠋ᠠᠢ᠎ᠪᠠᠷ ᠪᠠᠷᠢᠮᠳᠠᠯᠠᠬᠤ ᠦᠵᠡᠯ ᠰᠠᠨᠠᠭ᠎ᠠ ᠲᠤᠳᠠᠮᠠᠬ᠎ᠠᠴᠠ ᠪᠤᠯᠵᠤ᠂ ᠪᠡᠶ᠎ᠡ᠎ᠪᠠᠨ ᠲᠠᠭ᠋ᠠᠭ᠋ᠠᠵᠤ ᠰᠡᠳᠬᠢᠬᠦ ᠳᠤᠷ᠎ᠠ ᠦᠭᠡᠢ ᠪᠣᠯᠴᠢᠬᠠᠳᠠᠭ᠃
      ① ᠬᠢᠴᠢᠶᠡᠯ᠎ᠤᠨ ᠲᠠᠨᠭ᠌ᠬᠢᠮ᠎ᠤᠨ ᠠᠭᠤᠷ ᠠᠮᠢᠰᠬᠤᠯ᠎ᠢ ᠬᠦᠷ ᠬᠥᠭᠵᠢᠶᠡᠨ᠎ᠲᠠᠢ ᠪᠠᠢ᠍ᠢ᠍ᠯᠭ᠋ᠠᠵᠤ᠂ ᠰᠤᠷᠤᠭᠴᠢᠳ᠎ᠤᠨ ᠰᠡᠳᠬᠢᠯ᠎ᠤᠨ ᠲᠠᠷᠤᠭ᠋ᠠᠰᠤ ᠵᠢ ᠬᠦᠨᠭᠬᠡᠯᠡᠵᠤ᠂ ᠲᠡᠳᠡᠨ᠎ᠤ ᠪᠡᠶ᠎ᠡ᠎ᠪᠠᠨ ᠲᠠᠭ᠋ᠠᠭ᠋ᠠᠬᠤ ᠴᠢᠨᠠᠷ ᠪᠤᠯᠤᠨ ᠬᠦᠳᠡᠯᠤᠨᠭ᠌ᠬᠦᠢ ᠴᠢᠨᠡᠷ᠎ᠢ ᠲᠠᠢ᠍ᠢ᠍ᠴᠢᠯᠡᠵᠤ᠂ ᠪᠠᠭᠰᠢ ᠪᠠ ᠰᠤᠷᠤᠭᠴᠢ᠂ ᠰᠤᠷᠤᠭᠴᠢ ᠪᠠ ᠰᠤᠷᠤᠭᠴᠢ ᠬᠠᠮᠵᠢᠯᠴᠠᠬᠤ᠎ᠪᠠᠷ ᠲᠠᠮᠵᠢᠨ ᠶᠠᠷᠢᠯᠴᠠᠬᠤ᠂ ᠰᠦᠪᠡᠭᠴᠢᠯᠡᠬᠦ᠂ ᠰᠤᠳᠤᠯᠬᠤ ᠠᠵᠢᠯᠯᠠᠭ᠎ᠠ ᠵᠢ ᠪᠡᠶᠡᠯᠡᠬᠦᠯᠤᠨ᠂ ᠲᠠᠳᠠᠨ᠎ᠤ ᠬᠠᠮᠵᠢᠯᠴᠠᠬᠤ᠂ ᠬᠠᠷᠢᠯᠴᠠᠨ ᠰᠤᠷᠤᠯᠴᠠᠬᠤ ᠦᠵᠡᠯ ᠤᠬᠠᠮᠰᠠᠷ᠎ᠢ ᠲᠡᠭᠡᠭᠰᠢᠯᠡᠭᠦᠯᠦᠭᠰᠡᠨ ᠪᠠᠢ᠍ᠢ᠍ᠨ᠎ᠠ᠃
      ② ᠲᠤᠰ ᠰᠤᠳᠤᠯᠭ᠋ᠠᠨ᠎ᠢ ᠶᠠᠪᠤᠭᠳᠠᠭᠤᠯᠤᠭᠰᠠᠨ᠎ᠤ ᠦᠷ᠎ᠠ ᠳ᠋ᠦᠩ᠎ᠳᠤ᠂ ᠰᠤᠷᠤᠭᠴᠢᠳ᠎ᠤᠨ ᠪᠡᠶ᠎ᠡ᠎ᠪᠠᠨ ᠲᠠᠭ᠋ᠠᠭ᠋ᠠᠵᠤ ᠰᠤᠷᠴᠤ ᠰᠤᠳᠤᠯᠬᠤ ᠵᠢ ᠬᠦᠳᠦᠯᠵᠤ ᠴᠢᠳᠠᠭᠰᠠᠨ ᠪᠠᠢ᠍ᠢ᠍ᠨ᠎ᠠ᠃ ᠠ᠋ᠨᠡ᠎ᠨᠢ ᠰᠤᠷᠤᠭᠴᠢᠳ᠎ᠤᠨ ᠪᠤᠰᠤᠳ ᠲᠥᠷᠦᠯ᠎ᠤᠨ ᠬᠢᠴᠢᠶᠡᠯ᠎ᠢ ᠰᠤᠷᠬᠤ᠎ᠳᠤ ᠯᠠᠪᠯᠠᠯᠳᠠ᠂ ᠦᠯᠢᠭᠡᠷ ᠵᠢᠱ᠌ᠢᠶ᠎ᠡ ᠪᠤᠯᠬᠤ ᠶᠤᠮ ᠬᠡᠵᠤ ᠪᠤᠳᠤᠭᠳᠠᠨ᠎ᠠ᠃ ᠡ᠊ᠨᠡ ᠭᠦ᠌ ᠠᠷᠭ᠎ᠠ ᠪᠠᠷᠢᠯ᠎ᠢ ᠪᠠᠭᠰᠢ ᠲᠠᠢ᠍ᠢ᠍ᠯᠪᠤᠷᠢᠯᠠᠵᠤ᠂ ᠰᠤᠷᠤᠭᠴᠢ ᠰᠤᠨᠤᠰᠬᠤ᠎ᠲᠠᠢ ᠬᠠᠷᠢᠴᠠᠭᠤᠯᠪᠡᠯ᠂ ᠰᠤᠷᠤᠭᠴᠢ ᠵᠢᠨ ᠢᠳᠡᠪᠬᠢᠵᠢᠯ᠎ᠢ ᠤᠯᠠᠮ ᠨᠢᠭᠡ ᠠᠯᠬᠤᠮ ᠲᠠᠢ᠍ᠢ᠍ᠴᠢᠯᠠᠵᠤ ᠴᠢᠳᠠᠬᠤ ᠵᠢᠨ ᠬᠠᠮᠳᠤ ᠲᠠᠳᠠᠨ᠎ᠤ ᠵᠤᠷᠢᠭᠳᠠᠢ᠂ ᠠᠮᠢᠳᠤᠯᠢᠭ ᠵᠶ᠋ᠠᠷ ᠰᠡᠳᠤᠪ ᠵᠠᠳᠠᠯᠵᠤ ᠴᠢᠳᠠᠬᠤ ᠪᠤᠯᠭ᠋ᠠᠭᠰᠠᠨ ᠪᠠᠢ᠍ᠢ᠍ᠨ᠎ᠠ᠃ ᠲᠤᠷᠰᠢᠯᠳᠠ ᠵᠢᠨ ᠠᠨᠭ᠌ᠬᠢ ᠵᠢᠨ ᠰᠤᠷᠤᠭᠴᠢ ᠵᠢᠨ ᠳᠣᠲᠤᠷ᠎ᠠ ᠥᠷᠯᠦᠭ᠂ ᠴᠠᠨ᠎ᠠ᠂ ᠡᠵᠡᠨ ᠵᠡᠷᠭᠡ ᠵᠢᠨ ᠰᠤᠷᠤᠭᠴᠢ ᠨᠡᠯᠢᠶᠡᠳ ᠬᠦᠴᠢᠷ ᠰᠡᠳᠦᠪ᠎ᠢ ᠲᠤᠢ᠍ᠢ᠍ᠯ᠎ᠤᠨ ᠲᠦᠬᠦᠮ ᠠᠷᠭ᠎ᠠ᠎ᠪᠠᠷ ᠬᠢᠵᠦ ᠴᠢᠳᠠᠭᠰᠠᠨ ᠤᠳᠠᠭ᠎ᠠ ᠵᠦᠨᠭᠳᠡᠭᠡᠨ ᠪᠤᠢ᠃ ᠲᠤᠰ ᠠᠷᠭ᠎ᠠ᠎ᠪᠠᠷ ᠬᠢᠴᠢᠶᠡᠯᠯᠡᠬᠦ᠎ᠨᠢ ᠨᠢᠭᠡ ᠲᠠᠯ᠎ᠠ᠎ᠪᠠᠷ ᠰᠤᠷᠤᠭᠴᠢᠳ᠎ᠤᠨ ᠪᠡᠶ᠎ᠡ᠎ᠪᠠᠨ ᠲᠠᠭ᠋ᠠᠭ᠋ᠠᠵᠤ ᠰᠡᠳᠭᠢᠬᠦ ᠴᠢᠳᠠᠪᠤᠷᠢ ᠵᠢ ᠬᠦᠮᠤᠵᠢᠬᠦᠯᠬᠦ᠎ᠪᠠᠷ ᠪᠡᠷᠠᠬᠤ ᠦᠭᠡᠢ᠂ ᠨᠦᠭᠦᠭᠡ ᠲᠠᠯ᠎ᠠ᠎ᠪᠠᠷ ᠲᠡᠳᠡᠨ᠎ᠤ ᠪᠤᠰᠤᠳ᠎ᠲᠠᠢ ᠬᠠᠮᠵᠢᠯᠴᠠᠬᠤ ᠦᠵᠡᠯ ᠰᠠᠨᠠᠭ᠎ᠠ ᠵᠢ ᠪᠤᠢ ᠪᠤᠯᠭ᠋ᠠᠭᠰᠨᠨ᠎ᠠᠴᠠ ᠲᠡᠳᠡᠨ᠎ᠤ ᠰᠤᠷᠤᠯᠴᠠᠬᠤ ᠦᠷ᠎ᠠ ᠠᠰᠢᠭ ᠦᠨᠳᠤᠷ ᠪᠤᠯᠵᠤ᠂ ᠲᠡᠳᠡᠨ᠎ᠤ ᠰᠡᠳᠬᠢᠴᠠ᠎ᠨᠢ ᠦᠷᠭᠡᠨ ᠳᠡᠯᠭᠡᠷᠡᠩᠭᠦᠢ᠂ ᠭᠦᠨᠵᠡᠭᠡᠢ ᠪᠤᠯᠵᠤ᠂ ᠤᠯᠠᠮ ᠨᠢᠭᠡ ᠠᠯᠬᠤᠮ ᠬᠡᠪ ᠴᠢᠨᠠᠷ᠎ᠤᠨ ᠰᠤᠷᠭ᠋ᠠᠨ ᠬᠦᠮᠤᠵᠢᠯ᠎ᠢ ᠲᠦᠯᠬᠢᠨ ᠠᠬᠢᠭᠤᠯᠤᠭᠰᠠᠨ ᠪᠠᠢ᠍ᠢ᠍ᠨ᠎ᠠ᠃
      ᠬᠤᠶᠠᠷ᠂ ᠰᠢᠢ᠍ᠳᠪᠤᠷᠢᠯᠡᠭᠦ ᠠᠯᠬᠤᠮ ᠲᠠᠷᠠᠭ᠎ᠠ
      ᠰᠤᠷᠤᠭᠴᠢ ᠵᠢᠨ ᠪᠡᠶ᠎ᠡ᠎ᠪᠠᠨ ᠲᠠᠭ᠋ᠠᠭ᠋ᠠᠵᠤ ᠰᠤᠷᠤᠯᠴᠠᠬᠤ ᠵᠢ ᠵᠢᠯᠤᠭᠤᠳᠴᠤ᠂ ᠶᠠᠭᠤᠨ᠎ᠤ ᠤᠴᠢᠷ᠎ᠠᠴᠠ ᠪᠡᠶ᠎ᠡ᠎ᠪᠠᠨ ᠲᠠᠭ᠋ᠠᠭ᠋ᠠᠵᠤ ᠰᠤᠷᠤᠯᠴᠠᠬᠤ ᠵᠢ ᠲᠤᠳᠤᠷᠬᠠᠢ ᠲᠠᠨᠢᠭᠤᠯᠤᠨ᠂ ᠰᠤᠷᠤᠭᠴᠢᠳ᠎ᠤᠨ 《ᠪᠡᠶ᠎ᠡ᠎ᠪᠠᠨ ᠲᠠᠭ᠋ᠠᠭ᠋ᠠᠵᠤ ᠰᠡᠳᠭᠢᠬᠦ᠂ ᠵᠤᠷᠢᠭᠳᠠᠢ ᠰᠦᠪᠡᠭᠴᠢᠯᠡᠬᠦ᠂ ᠳᠤᠷ᠎ᠠ᠎ᠲᠠᠢ ᠤᠷᠤᠯᠳᠤᠬᠤ》 ᠰᠢᠰᠲ᠋ᠧᠮ᠎ᠢ ᠪᠠᠢ᠍ᠢ᠍ᠭᠤᠯᠵᠠᠢ᠂ ᠪᠤᠳᠠᠳᠠᠢ ᠠᠯᠬᠤᠮ ᠲᠠᠷᠠᠭ᠎ᠠ᠎ᠨᠢ ᠳᠣᠣᠷᠠᠬᠢ ᠮᠡᠳᠤ᠄
      1. ᠤᠪᠤᠷ ᠰᠡᠳᠬᠢᠯᠭᠡ ᠵᠢᠨ ᠲᠠᠯ᠎ᠠ᠎ᠪᠠᠷ
      ᠬᠦᠮᠦᠨ ᠪᠦᠷᠢ᠎ᠳᠤ ᠠᠳᠠᠯᠢ ᠲᠡᠭᠰᠢ ᠤᠪᠤᠷ ᠵᠶ᠋ᠠᠷ ᠬᠠᠨᠳᠤᠵᠤ᠂ ᠪᠠᠭᠰᠢ ᠰᠤᠷᠤᠭᠴᠢ ᠵᠢᠨ ᠬᠠᠷᠢᠴᠠᠭ᠎ᠠ ᠵᠢ ᠰᠠᠢ᠍ᠢ᠍ᠳᠤᠷ ᠪᠠᠢ᠍ᠢ᠍ᠭᠤᠯᠵᠤ᠂ ᠶᠡᠷᠦ ᠵᠢᠨ ᠴᠠᠭ᠎ᠲᠤ ᠰᠤᠷᠤᠭᠴᠢ᠎ᠲᠠᠢ ᠤᠢ᠍ᠢ᠍ᠷᠠᠳᠤᠨ᠂ ᠰᠤᠷᠤᠭᠴᠢ᠎ᠪᠠᠨ ᠤᠢ᠍ᠢ᠍ᠯᠠᠭ᠋ᠠᠨ᠂ ᠰᠤᠷᠤᠭᠴᠢ᠎ᠪᠠᠨ ᠬᠠᠢ᠍ᠢ᠍ᠷᠠᠯᠠᠵᠤ᠂ ᠬᠢᠴᠢᠶᠡᠯᠯᠡᠭᠡ ᠵᠢᠨ ᠶᠠᠪᠤᠴᠠ ᠲᠤᠮᠳᠠ᠎ᠪᠠᠨ ᠴᠢᠳᠠᠬᠤ ᠵᠢᠨ ᠬᠢᠷᠢ᠎ᠪᠠᠷ ᠰᠤᠷᠤᠭᠴᠢ᠎ᠳᠤ ᠦᠪᠡᠷ᠎ᠢ᠎ᠪᠠᠨ ᠬᠦᠭᠵᠢᠬᠦᠯᠵᠤ᠂ ᠰᠡᠳᠬᠢᠬᠦ᠂ ᠤᠷᠤᠯᠳᠤᠬᠤ ᠵᠠᠪᠰᠢᠶᠠᠨ᠎ᠢ ᠤᠯᠭᠤᠵᠤ᠂ ᠬᠦᠴᠢᠷ ᠲᠤᠯᠭ᠋ᠠᠷᠠᠬᠤ ᠦᠶᠡᠰ ᠬᠦᠳᠡᠯᠤᠨᠭ᠌ᠬᠦᠢ᠎ᠪᠠᠷ ᠬᠠᠪᠰᠤᠷᠤᠯᠭ᠎ᠠ ᠦᠵᠡᠬᠦᠯᠵᠤ ᠴᠢᠳᠠᠪᠠ᠃ ᠲᠠᠰᠬᠠᠯ ᠳᠠᠭ᠋ᠠᠭ᠋ᠠᠯᠭ᠋ᠠᠪᠤᠷᠢ ᠦᠯᠡᠳᠡᠭᠡᠬᠦ᠎ᠳᠤ᠎ᠪᠠᠨ ᠠᠳᠠᠯᠢ ᠪᠤᠰᠤ ᠵᠢᠨ ᠲᠤᠭ᠋ᠠᠨ᠎ᠤ ᠤᠬᠠᠭ᠋ᠠᠨ᠎ᠤ ᠬᠢᠷᠢ ᠪᠦᠳᠤᠮᠵᠢ᠎ᠲᠠᠢ ᠰᠤᠷᠤᠭᠴᠢ᠎ᠳᠤ᠂ ᠠᠳᠠᠯᠢ ᠪᠤᠰᠤ ᠵᠢᠨ ᠬᠦᠴᠢᠷ᠎ᠤᠨ ᠬᠡᠮᠵᠢᠶ᠎ᠡ᠎ᠲᠠᠢ ᠰᠡᠳᠤᠪ᠎ᠢ ᠲᠤᠬᠢᠷᠠᠭᠤᠯᠵᠤ᠂ ᠰᠤᠷᠤᠭᠴᠢ ᠪᠤᠯᠭ᠋ᠠᠨ᠎ᠢ ᠰᠡᠳᠬᠢᠬᠦᠯᠬᠦ ᠵᠢ ᠴᠢᠬᠤᠯᠠᠴᠢᠯᠠᠵᠤ᠂ ᠲᠡᠳᠡᠨ᠎ᠤ ᠢᠳᠡᠪᠬᠢᠵᠢᠯ᠎ᠢ ᠪᠠᠳᠠᠷᠠᠭᠤᠯᠪᠠ᠃
      2. ᠬᠢᠴᠢᠶᠡᠯ᠎ᠤᠨ ᠠ᠋ᠮᠤᠨᠡᠬᠢ ᠪᠡᠯᠡᠳᠭᠡᠯ᠎ᠤᠨ ᠲᠠᠯ᠎ᠠ᠎ᠪᠠᠷ
      ᠬᠢᠴᠢᠶᠡᠯ᠎ᠤᠨ ᠠ᠋ᠮᠤᠨᠡᠬᠢ ᠪᠡᠯᠡᠳᠭᠡᠯ᠎ᠢ ᠨᠠᠷᠢᠯᠢᠬ ᠬᠢᠵᠤ᠂ ᠰᠤᠷᠤᠭᠴᠢ᠎ᠪᠠᠨ ᠬᠢᠨᠠᠮᠠᠭ᠋ᠠᠢ ᠪᠡᠯᠡᠳᠭᠡᠪᠡ᠃ ᠢᠯᠡᠨᠭᠭᠤᠶ᠎ᠠ ᠲᠤᠭ᠋ᠠᠨ᠎ᠤ ᠤᠬᠠᠭ᠋ᠠᠨ᠎ᠳᠤ᠎ᠪᠠᠨ ᠬᠦᠴᠢᠷᠳᠡᠵᠤ ᠪᠠᠢ᠍ᠢ᠍ᠭ᠎ᠠ ᠰᠤᠷᠤᠭᠴᠢ ᠵᠢᠨ ᠰᠠᠭᠤᠷᠢ᠎ᠨᠢ ᠠᠨᠠᠢ ᠲᠤᠯᠠ ᠪᠠᠭᠰᠢ ᠵᠢᠨ ᠵᠢᠯᠤᠭᠤᠳᠤᠯᠭ᠎ᠠ ᠲᠤᠢ᠍ᠢ᠍ᠯ᠎ᠤᠨ ᠴᠢᠬᠤᠯᠠ ᠪᠠᠢ᠍ᠢ᠍ᠵᠤ᠂ ᠪᠠᠭᠰᠢ᠎ᠠᠴᠠ ᠭᠠᠷᠭ᠋ᠠᠭᠰᠠᠨ ᠰᠡᠳᠤᠪ᠎ᠤᠨ ᠬᠦᠴᠢᠷ᠎ᠤᠨ ᠬᠡᠮᠵᠢᠶ᠎ᠡ ᠵᠠᠪᠠᠯ ᠲᠡᠳᠡᠨ᠎ᠤ ᠪᠠᠢ᠍ᠢ᠍ᠳᠠᠯ᠎ᠳᠤ ᠲᠤᠬᠢᠷᠠᠭᠰᠠᠨ ᠪᠠᠢ᠍ᠢ᠍ᠬᠤ ᠬᠡᠷᠡᠭᠳᠠᠢ᠃ ᠤᠷᠢᠳ ᠵᠶ᠋ᠠᠷ ᠲᠡᠳᠡᠨ᠎ᠤ ᠬᠢᠴᠢᠶᠡᠯ᠎ᠠᠴᠠ ᠠ᠋ᠮᠤᠨ᠎ᠠ ᠰᠤᠷᠬᠤ ᠪᠢᠴᠢᠭ ᠵᠶ᠋ᠠᠨ ᠰᠠᠢ᠍ᠢ᠍ᠨ ᠤᠨᠭ᠌ᠰᠢᠨ ᠤᠢ᠍ᠢ᠍ᠯᠠᠭ᠋ᠠᠬᠤ ᠲᠠᠳᠬᠠᠯ᠎ᠢ ᠬᠦᠮᠦᠵᠢᠬᠦᠯᠪᠡ᠃
      3. ᠬᠢᠴᠢᠶᠡᠯᠯᠡᠬᠦ ᠶᠡᠪᠤᠴᠠ ᠵᠢᠨ ᠲᠠᠯ᠎ᠠ᠎ᠪᠠᠷ
      ① ᠤᠷᠢᠳ ᠵᠶ᠋ᠠᠷ ᠲᠤᠭᠤᠢ᠍ᠢ᠍ᠯᠠᠩ ᠵᠶ᠋ᠠᠷ ᠵᠶ᠋ᠠᠨ ᠰᠠᠭᠤᠵᠤ᠂ ᠬᠢᠴᠢᠶᠡᠯ᠎ᠤᠨ ᠠ᠋ᠮᠤᠨ᠎ᠠ ᠪᠡᠶ᠎ᠡ᠎ᠪᠠᠨ ᠲᠠᠭ᠋ᠠᠭ᠋ᠠᠵᠤ ᠨᠣᠮ ᠵᠶ᠋ᠠᠨ ᠤᠨᠭ᠌ᠰᠢᠭᠰᠠᠨ ᠰᠠᠭᠤᠷᠢᠨ ᠳᠡᠭᠡᠷ᠎ᠡ ᠲᠤᠯᠭ᠋ᠠᠷᠠᠵᠤ ᠪᠠᠢ᠍ᠢ᠍ᠭ᠎ᠠ ᠠᠰᠠᠭᠤᠳᠠᠯ᠎ᠢ ᠰᠢᠢ᠍ᠳᠪᠦᠷᠢᠯᠡᠬᠦ ᠵᠢᠨ ᠲᠠᠭ᠋ᠠᠤ ᠪᠠᠭᠰᠢ ᠵᠢᠨ ᠰᠤᠷᠬᠤ ᠬᠦᠳᠤᠯᠪᠤᠷᠢ ᠳᠡᠭᠡᠷ᠎ᠡ ᠥᠭᠭᠦᠭᠰᠡᠨ ᠠᠰᠠᠭᠤᠯᠲᠠ ᠵᠢ ᠬᠠᠮᠳᠤ᠎ᠳᠤ᠎ᠪᠠᠨ ᠰᠢᠢ᠍ᠳᠪᠦᠷᠢᠯᠡᠨ᠎ᠡ᠃ ᠡ᠊ᠨᠡ ᠭᠦ᠌ ᠶᠠᠪᠤᠴᠠ᠎ᠨᠢ ᠰᠤᠷᠤᠭᠴᠢ ᠵᠢᠨ ᠬᠣᠭᠤᠷᠤᠨᠳᠤᠬᠢ ᠬᠠᠷᠢᠴᠠᠭ᠎ᠠ ᠵᠢ ᠰᠠᠢ᠍ᠢ᠍ᠵᠢᠷᠠᠭᠤᠯᠬᠤ᠎ᠪᠠᠷ ᠪᠠᠷᠠᠬᠤ ᠦᠭᠡᠢ ᠲᠡᠳᠡᠨ᠎ᠤ ᠬᠠᠷᠢᠯᠴᠠᠨ ᠬᠠᠪᠰᠤᠷᠤᠯᠴᠠᠬᠤ᠂ ᠬᠠᠮᠳᠤ᠎ᠳᠤ᠎ᠪᠠᠨ ᠲᠠᠪᠰᠢᠬᠤ ᠦᠵᠡᠯ ᠰᠠᠨᠠᠭ᠎ᠠ ᠵᠢ ᠪᠤᠢ ᠪᠤᠯᠭ᠋ᠠᠭᠰᠠᠨ ᠪᠠᠢ᠍ᠢ᠍ᠨ᠎ᠠ᠃
      ② ᠲᠤᠭᠤᠢ᠍ᠢ᠍ᠯᠠᠩ ᠪᠦᠷᠢ᠎ᠠᠴᠠ ᠰᠤᠷᠤᠭᠴᠢ ᠭᠠᠷᠭ᠋ᠠᠵᠤ᠂ ᠠᠰᠠᠭᠤᠯᠲᠠ᠎ᠪᠠᠨ ᠬᠡᠷᠬᠢᠨ ᠰᠢᠢ᠍ᠳᠪᠦᠷᠢᠯᠡᠭᠰᠡᠨ ᠰᠡᠳᠬᠢᠴᠠ᠎ᠪᠠᠨ ᠲᠠᠢ᠍ᠢ᠍ᠰᠠᠨ᠎ᠳᠤ ᠭᠠᠷᠭ᠋ᠠᠵᠤ ᠶᠠᠷᠢᠭᠤᠯᠪᠠ᠃ ᠪᠠᠭᠰᠢ᠎ᠠᠴᠠ ᠵᠢᠯᠤᠭᠤᠳᠤᠯᠭ᠎ᠠ ᠦᠭᠴᠦ᠂ ᠲᠡᠳᠡᠨ᠎ᠤ ᠰᠢᠢ᠍ᠳᠪᠦᠷᠢᠯᠡᠵᠦ ᠲᠡᠢ᠍ᠢ᠍ᠯᠤᠭᠡᠳᠤᠢ ᠮᠡᠳᠡᠯᠭᠡ ᠵᠢᠨ ᠴᠡᠭ᠎ᠢ ᠨᠦᠬᠦᠵᠤ ᠬᠡᠯᠡᠵᠤ ᠰᠠᠨᠠᠭᠤᠯᠤᠭᠰᠠᠨ ᠪᠠᠢ᠍ᠢ᠍ᠨ᠎ᠠ᠃
      ③ 10 ᠮᠢᠨᠦ᠋ᠲ᠎ᠤᠨ ᠴᠠᠭ᠎ᠢ ᠬᠡᠷᠡᠭᠯᠡᠵᠤ᠂ ᠦᠪᠡᠷ᠎ᠢ᠎ᠪᠠᠨ ᠪᠠᠢ᠍ᠢ᠍ᠴᠠᠭ᠋ᠠᠬᠤ ᠰᠡᠳᠤᠪ᠎ᠢ ᠬᠢᠭᠰᠡᠨ᠎ᠤ ᠲᠠᠷᠠᠭ᠎ᠠ᠂ ᠰᠤᠷᠤᠭᠴᠢ ᠵᠢᠨ ᠡᠵᠡᠮᠰᠢᠭᠰᠡᠨ ᠪᠠᠢ᠍ᠢ᠍ᠳᠠᠯ᠎ᠢ ᠲᠠᠷᠤᠢ᠎ᠳᠤ᠎ᠨᠢ ᠲᠤᠰᠬᠠᠵᠤ᠂ ᠲᠠᠷᠤᠢ᠎ᠳᠤ᠎ᠨᠢ ᠵᠠᠯᠠᠷᠠᠭᠤᠯᠵᠤ᠂ ᠠ᠋ᠬᠦᠨ ᠵᠶ᠋ᠠᠷ ᠲᠠᠮᠵᠢᠨ ᠲᠤᠭᠤᠢ᠍ᠢ᠍ᠯᠠᠩ ᠪᠦᠷᠢ᠎ᠠᠴᠠ ᠤᠷᠤᠰᠢᠵᠤ ᠪᠠᠢ᠍ᠢ᠍ᠭ᠎ᠠ ᠠᠰᠠᠭᠤᠳᠠᠯ᠎ᠢ ᠢᠯᠡᠷᠡᠬᠦᠯᠵᠤ᠂ ᠠᠯᠢ ᠲᠠᠯ᠎ᠠ᠎ᠪᠠᠷ ᠠᠨᠭ᠌ᠬᠠᠷᠬᠤ ᠴᠢᠬᠤᠯᠠ᠎ᠲᠠᠢ ᠭᠡᠳᠡᠭ᠎ᠢ ᠰᠤᠷᠤᠭᠴᠢ ᠨᠢᠭᠡᠪᠤᠷᠢ᠎ᠳᠤ᠎ᠨᠢ ᠲᠤᠰᠬᠠᠵᠤ ᠦᠭᠪᠡ᠃
      ④ ᠬᠢᠴᠢᠶᠡᠯ᠎ᠤᠨ 45 ᠮᠢᠨᠦ᠋ᠲ᠎ᠤᠨ ᠴᠠᠭ᠎ᠢ ᠠᠰᠢᠭᠯᠠᠵᠤ᠂ ᠬᠢᠴᠢᠶᠡᠯ᠎ᠤᠨ ᠠᠭᠤᠯᠭ᠎ᠠ᠎ᠪᠠᠨ ᠲᠤᠭᠤᠢ᠍ᠢ᠍ᠯᠠᠩ ᠳᠣᠲᠤᠷ᠎ᠠ᠎ᠪᠠᠨ ᠳ᠋ᠦᠩᠨᠡᠯᠲᠡ ᠬᠢᠯᠬᠡᠵᠤ᠂ ᠲᠤᠭᠤᠢ᠍ᠢ᠍ᠯᠠᠩ᠎ᠤᠨ ᠳ᠋ᠦᠩᠨᠡᠯᠲᠡ᠎ᠪᠠᠨ ᠶᠠᠷᠢᠭᠤᠯᠤᠭᠰᠠᠨ ᠪᠠᠢ᠍ᠢ᠍ᠨ᠎ᠠ᠃ ᠬᠠᠮᠤᠭ ᠰᠡᠬᠦᠯ᠎ᠳᠤ ᠪᠠᠭᠰᠢ᠎ᠠᠴᠠ ᠲᠤᠪᠴᠢ ᠳ᠋ᠦᠩᠨᠡᠯᠲᠡ ᠬᠢᠵᠤ᠂ ᠤᠷᠤᠰᠢᠵᠤ ᠪᠠᠢ᠍ᠢ᠍ᠭ᠎ᠠ ᠠᠰᠠᠭᠤᠳᠠᠯ᠎ᠢ ᠨᠦᠬᠦᠪᠤᠷᠢᠯᠡᠨ ᠬᠡᠯᠡᠵᠤ ᠥᠭᠭᠦ ᠪᠠᠢ᠍ᠢ᠍ᠩᠭᠤ ᠲᠠᠳᠬᠠᠯ᠎ᠢ ᠪᠤᠢ ᠪᠤᠯᠭ᠋ᠠᠭᠰᠠᠨ ᠪᠠᠢ᠍ᠢ᠍ᠨ᠎ᠠ᠃
      ⑤ ᠬᠢᠴᠢᠶᠡᠯ᠎ᠤᠨ ᠳᠠᠷᠠᠭ᠋ᠠᠬᠢ ᠲᠠᠰᠬᠠᠯ᠎ᠢ ᠭᠤᠷᠪᠠᠨ ᠲᠡᠰ ᠬᠤᠪᠢᠶᠠᠵᠤ᠂ ᠰᠤᠷᠤᠭᠴᠢ ᠵᠢᠨ ᠬᠢᠷᠢ ᠬᠡᠮᠵᠢᠶᠡᠨ᠎ᠤ ᠪᠤᠳᠠᠳᠤ ᠪᠠᠢ᠍ᠢ᠍ᠳᠠᠯ᠎ᠳᠤ᠎ᠨᠢ ᠲᠤᠬᠢᠷᠠᠭᠤᠯᠤᠨ ᠲᠠᠰᠬᠠᠯ ᠦᠯᠡᠳᠡᠭᠡᠨ᠂ ᠴᠢᠳᠠᠬᠤ ᠵᠢᠨ ᠬᠢᠷᠢ᠎ᠪᠠᠷ ᠰᠤᠷᠤᠭᠴᠢ ᠪᠦᠷᠢ ᠪᠡᠶ᠎ᠡ᠎ᠪᠠᠨ ᠲᠠᠭ᠋ᠠᠭ᠋ᠠᠬᠤ ᠬᠢᠵᠤ ᠳᠡᠢ᠍ᠢ᠍ᠯᠬᠦ᠎ᠪᠠᠷ ᠤᠷᠤᠯᠳᠤᠳᠠᠭ᠃
      ᠭᠤᠷᠪᠠ᠂ ᠰᠢᠢ᠍ᠳᠪᠤᠷᠢᠯᠡᠭᠰᠡᠨ ᠶᠠᠪᠤᠴᠠ
      1. ᠦᠯᠡᠳᠡᠭᠡᠭᠰᠡᠨ ᠭᠡᠷ᠎ᠤᠨ ᠲᠠᠰᠬᠠᠯ᠎ᠢ ᠨᠠᠷᠢᠨ ᠬᠢᠨᠠᠮᠠᠭ᠋ᠠᠢ ᠬᠢᠨᠠᠵᠤ᠂ ᠲᠠᠰᠬᠠᠯ ᠵᠶ᠋ᠠᠨ ᠪᠡᠶ᠎ᠡ᠎ᠪᠠᠨ ᠲᠠᠭ᠋ᠠᠭ᠋ᠠᠵᠤ ᠪᠡᠶᠡᠯᠡᠭᠦᠯᠦᠭᠰᠡᠨ ᠠ᠋ᠰᠡᠬᠦ ᠵᠢ ᠪᠦᠷᠢᠳᠭᠡᠪᠡ᠃ ᠬᠡᠷᠪᠡ ᠲᠠᠰᠬᠠᠯ᠎ᠳᠤ ᠠᠯᠪᠡ ᠬᠠᠰᠢᠭᠰᠨᠨ ᠪᠠᠢ᠍ᠢ᠍ᠳᠠᠯ ᠢᠯᠡᠷᠡᠪᠡᠯ ᠲᠠᠷᠤᠢ᠎ᠳᠤ ᠲᠠᠭᠤᠳᠠᠵᠤ᠂ ᠲᠠᠬᠢᠵᠤ ᠬᠢᠯᠭᠡᠬᠦ ᠪᠤᠶᠤ ᠬᠡᠯᠡᠵᠤ ᠰᠤᠷᠭ᠋ᠠᠭᠰᠠᠨ ᠪᠠᠢ᠍ᠢ᠍ᠨ᠎ᠠ᠃ ᠴᠢᠳᠠᠬᠤ ᠵᠢᠨ ᠬᠢᠷᠢ᠎ᠪᠠᠷ ᠠ᠋ᠳᠤᠷ᠎ᠤᠨ ᠲᠠᠰᠬᠠᠯ ᠵᠶ᠋ᠠᠨ ᠠ᠋ᠳᠤᠷ᠎ᠲᠤ᠎ᠨᠢ ᠬᠢᠨᠠᠵᠤ᠂ ᠲᠠᠷᠠᠭ᠎ᠠ ᠬᠢᠴᠢᠶᠡᠯ ᠪᠤᠯᠬᠤ᠎ᠳᠤ᠂ ᠲᠠᠰᠬᠠᠯ ᠪᠡᠶᠡᠯᠡᠬᠦᠯᠦᠭᠰᠡᠨ ᠪᠠᠢ᠍ᠢ᠍ᠳᠠᠯ᠎ᠢ ᠲᠤᠳᠤᠷᠬᠠᠢ ᠲᠤᠰᠬᠠᠵᠤ᠂ ᠲᠡᠳᠡᠨ᠎ᠤ ᠪᠡᠶ᠎ᠡ᠎ᠪᠠᠨ ᠲᠡᠭ᠋ᠠᠭ᠋ᠠᠵᠤ ᠬᠢᠨᠠᠮᠠᠭ᠋ᠠᠢ ᠪᠡᠶᠡᠯᠡᠭᠦᠯᠬᠦ ᠵᠢ ᠵᠤᠷᠢᠬ᠍ᠵᠢᠭᠤᠯᠤᠭᠰᠠᠨ           ᠪᠠᠢ᠍ᠢ᠍ᠨ᠎ᠠ᠃
      2. ᠬᠢᠴᠢᠶᠡᠯ᠎ᠤᠨ ᠲᠠᠷᠠᠭ᠎ᠠ ᠰᠤᠷᠤᠭᠴᠢ ᠵᠢᠨ ᠬᠤᠪᠢ ᠬᠦᠮᠦᠨ᠎ᠤ ᠦᠵᠡᠯ ᠰᠠᠨᠠᠭ᠋ᠠᠨ᠎ᠤ ᠠᠵᠢᠯ᠎ᠢ ᠦᠷᠬᠦᠯᠵᠢ ᠵᠢᠨ ᠴᠢᠨᠠᠷᠳᠠᠢ ᠬᠢᠵᠤ᠂ ᠲᠡᠳᠡᠨ᠎ᠳᠤ ᠰᠤᠷᠬᠤ ᠵᠢᠨ ᠴᠢᠬᠤᠯᠠ ᠴᠢᠨᠠᠷ᠂ ᠬᠡᠷᠬᠢᠨ ᠵᠦᠪ ᠬᠥᠮᠦᠨ ᠪᠤᠯᠬᠤ᠂ ᠬᠣᠢ᠍ᠢ᠍ᠰᠢᠳᠠ ᠨᠠᠢ᠍ᠢ᠍ᠭᠡᠮ ᠨᠡᠢ᠍ᠢ᠍ᠳᠠ᠎ᠳᠤ ᠲᠤᠰᠠ᠎ᠲᠠᠢ ᠬᠥᠮᠦᠨ ᠪᠤᠯᠬᠤ ᠵᠢ ᠵᠤᠷᠢᠬ᠍ᠵᠢᠭᠤᠯᠤᠨ᠂ ᠤᠳᠤ᠎ᠠᠴᠠ ᠦᠪᠡᠷ᠎ᠤᠨ ᠵᠣᠷᠢᠯᠲᠠ ᠬᠠᠷᠠᠯᠳᠠ᠎ᠲᠠᠢ ᠪᠤᠯᠬᠤ ᠵᠢ ᠰᠠᠨᠠᠭᠤᠯᠤᠭᠰᠠᠨ ᠪᠠᠢ᠍ᠢ᠍ᠨ᠎ᠠ᠃
      3. ᠬᠢᠴᠢᠶᠡᠯ᠎ᠤᠨ ᠲᠠᠷᠠᠭ᠎ᠠ ᠲᠤᠭᠤᠢ᠍ᠢ᠍ᠯᠠᠩ ᠪᠦᠷᠢ ᠦᠪᠡᠰᠤᠪᠡᠨ ᠰᠡᠳᠤᠪ ᠨᠠᠢ᠍ᠢ᠍ᠷᠠᠭᠤᠯᠬᠤ ᠵᠢ ᠵᠤᠷᠢᠬ᠍ᠵᠢᠭᠤᠯᠵᠤ᠂ ᠬᠢᠴᠢᠶᠡᠯ᠎ᠤᠨ ᠨᠤᠮ ᠪᠤᠶᠤ ᠬᠢᠴᠢᠶᠡᠯ᠎ᠤᠨ ᠭᠠᠳᠠᠨᠠᠬᠢ ᠨᠤᠮ ᠵᠢᠴᠢ ᠰᠦᠯᠵᠢᠶ᠎ᠡ ᠵᠢ ᠠᠰᠢᠭᠯᠠᠵᠤ ᠰᠡᠳᠤᠪ ᠨᠠᠢ᠍ᠢ᠍ᠷᠠᠭᠤᠯᠬᠤ᠂ ᠵᠠᠷᠢᠮ ᠨᠠᠯᠢᠶᠠᠳ ᠦᠨ᠎ᠡ ᠥᠷᠲᠡᠭ᠎ᠲᠠᠢ ᠰᠡᠳᠤᠪ᠎ᠢ ᠬᠠᠮᠳᠤ᠎ᠳᠤ᠎ᠪᠠᠨ ᠤᠷᠤᠯᠳᠤᠵᠤ᠂ ᠰᠤᠷᠤᠭᠴᠢᠳ᠎ᠤᠨ ᠰᠡᠳᠤᠪ ᠭᠠᠷᠭ᠋ᠠᠬᠤ ᠤᠷᠮᠠᠰᠢᠯ᠎ᠢ ᠨᠡᠮᠡᠭᠳᠡᠭᠦᠯᠦᠭᠰᠡᠨ ᠪᠠᠢ᠍ᠢ᠍ᠨ᠎ᠠ᠃

      ᠬᠤᠶᠠᠷ ᠵᠢᠯ᠎ᠤᠨ ᠴᠢᠷᠮᠠᠢ᠍ᠢ᠍ᠯᠭ᠎ᠠ᠎ᠪᠠᠷ ᠰᠤᠷᠤᠭᠴᠢᠳ᠎ᠤᠨ ᠲᠣᠭ᠎ᠠ ᠰᠤᠷᠬᠤ ᠤᠷᠮ᠎ᠠ ᠮᠡᠳᠡᠭᠳᠡᠬᠦᠢ᠍ᠢ᠍ᠴᠡ ᠲᠡᠭᠡᠭᠰᠢᠯᠡᠵᠤ᠂ ᠲᠡᠳᠡᠨ᠎ᠤ ᠬᠢᠷᠢ ᠪᠦᠲᠦᠮᠵᠢ᠎ᠨᠢ ᠲᠤᠭᠳᠠᠪᠤᠷᠢᠳᠠᠢ ᠪᠦᠭᠡᠳ ᠲᠡᠭᠡᠭᠰᠢᠯᠡᠯᠳᠠ᠎ᠲᠠᠢ ᠪᠤᠯᠵᠤ᠂ ᠵᠡᠷᠭᠡᠴᠡᠭᠡ ᠠᠨᠭ᠌ᠬᠢ᠎ᠲᠠᠢ ᠬᠠᠷᠢᠴᠠᠭᠤᠯᠪᠠᠯ ᠬᠢᠷᠢ ᠪᠦᠳᠦᠮᠢ᠎ᠨᠢ ᠢᠯᠡᠷᠬᠡᠢ ᠲᠡᠭᠡᠭᠰᠢᠯᠡᠭᠰᠡᠨ ᠪᠠᠢ᠍ᠢ᠍ᠨ᠎ᠠ᠃
      ᠠᠵᠢᠯᠯᠠᠵᠤ ᠪᠠᠢ᠍ᠢ᠍ᠭ᠎ᠠ ᠪᠠᠢ᠍ᠢ᠍ᠭᠤᠯᠭ᠎ᠠ᠄ ᠤᠷᠠᠳ᠎ᠤᠨ ᠲᠤᠮᠳᠠᠳᠤ ᠬᠤᠰᠢᠭᠤᠨ᠎ᠤ 
                                ᠲᠤᠷᠰᠢᠯᠳᠠ ᠵᠢᠨ ᠰᠤᠷᠭ᠋ᠠᠭᠤᠯᠢ
                               (ᠮᠦᠨᠭᠭᠦᠨᠴᠢᠮᠡᠭ ᠨᠠᠢ᠍ᠢ᠍ᠷᠠᠭᠤᠯᠪᠠ)


 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠡᠶ᠎ᠡ᠎ᠪᠠᠨ ᠳᠠᠭ᠋ᠠᠭ᠋ᠠᠨ ᠰᠣᠷᠤᠯᠴᠠᠬᠤ ᠵᠢᠭ᠋ᠠᠨ ᠰᠤᠷᠭ᠋ᠠᠯᠲᠠ ᠵᠢᠨ ᠵᠠᠭᠪᠤᠷ᠎ᠢ ᠠᠩᠬ᠎ᠠ ᠳᠤᠮᠳᠠᠳᠤ ᠵᠢᠨ ᠬᠢᠮᠢ ᠵᠢᠨ ᠬᠢᠴᠢᠶᠡᠯ᠎ᠳᠤ ᠬᠡᠷᠡᠭᠵᠢᠭᠦᠯᠦᠭᠰᠡᠨ᠎ᠨᠢ
ᠪᠠᠭ᠎ᠠ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠬᠢᠴᠢᠶᠡᠯᠯᠡᠭᠡ ᠪᠣᠯᠤᠨ ᠪᠣᠯᠪᠠᠰᠤᠷᠠᠯ ᠳᠠᠪᠲᠠᠯᠭ᠎ᠠ
ᠳᠡᠭᠡᠳᠦ ᠳᠤᠮᠳᠠᠳᠤ ᠵᠢᠨ ᠲᠣᠭ᠋ᠠᠨ᠎ᠤ ᠤᠬᠠᠭ᠋ᠠᠨ᠎ᠤ ᠬᠢᠴᠢᠶᠡᠯ᠎ᠤᠨ ᠪᠦᠲᠦᠮᠵᠢᠲᠡᠶ ᠵᠢᠭ᠋ᠠᠨ ᠰᠤᠷᠭ᠋ᠠᠯᠲᠠ ᠵᠢᠨ ᠠᠷᠭ᠎ᠠ ᠪᠣᠳᠣᠯᠭ᠎ᠠ ᠵᠢᠨ ᠰᠤᠳᠤᠯᠤᠯ
ᠪᠠᠭ᠎ᠠ ᠰᠤᠷᠭ᠋ᠠᠭᠤᠯᠢ ᠵᠢᠨ ᠲᠤᠭ᠋ᠠᠨ᠎ᠤ ᠤᠬᠠᠭ᠋ᠠᠨ᠎ᠤ ᠵᠢᠭ᠋ᠠᠨ ᠰᠤᠷᠭ᠋ᠠᠯᠳᠠ᠎ᠳᠠᠬᠢ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠲᠤᠬᠠᠢ ᠦᠭᠦᠯᠡᠬᠦ᠎ᠨᠢ
ᠳᠡᠭᠡᠳᠦ ᠳᠤᠮᠳᠠᠳᠤ ᠵᠢᠨ ᠰᠤᠷᠤᠭᠴᠢᠳ᠎ᠤᠨ ᠬᠡᠯᠡ ᠪᠢᠴᠢᠭ᠎ᠤᠨ ᠤᠩᠰᠢᠯᠭ᠎ᠠ ᠵᠢᠨ ᠤᠷᠮ᠎ᠠ ᠪᠠᠬ᠎ᠠ ᠵᠢ ᠬᠡᠷᠬᠢᠨ ᠳᠡᠭᠡᠭᠰᠢᠯᠡᠭᠦᠯᠬᠦ ᠲᠤᠬᠠᠶ ᠳᠥᠭᠦᠮ ᠦᠭᠦᠯᠠᠭᠦ᠎ᠨᠢ
 
             蒙ICP备05000248号