ᠰᠠᠷᠠᠨ᠎ᠠ

ᠲᠣᠭ᠋ᠠᠨ᠎ᠤ ᠤᠬᠠᠭ᠋ᠠᠨ ᠪᠣᠯ ᠪᠠᠭ᠎ᠠ ᠰᠤᠷᠭ᠋ᠠᠭᠤᠯᠢ ᠵᠢᠨ ᠬᠢᠴᠢᠶᠡᠯ ᠲᠦᠷᠤᠯ ᠲᠤᠳᠤᠷᠠᠬᠢ ᠬᠠᠮᠤᠭ᠎ᠤᠨ ᠴᠢᠬᠤᠯᠠ ᠮᠥᠷᠲᠡᠭᠡᠨ ᠬᠠᠮᠤᠭ᠎ᠤᠨ ᠬᠦᠴᠢᠷ᠎ᠲᠠᠢ ᠨᠢᠭᠡ ᠲᠥᠷᠥᠯ ᠭᠡᠬᠦ᠎ᠳᠤ ᠠᠬᠠᠳᠠᠬᠤ ᠦᠭᠡᠢ ᠶᠤᠮ᠃ ᠣᠨᠴᠠᠭ᠋ᠠᠶ᠋ᠢᠯᠠᠨ ᠮᠠᠨ᠎ᠤ ᠣᠷᠣᠨ᠎ᠤ ᠪᠠᠶ᠋ᠢᠳᠠᠯ ᠵᠶ᠋ᠠᠷ ᠠᠪᠴᠤ ᠦᠵᠡᠬᠦ᠎ᠳᠤ ᠰᠤᠷᠤᠭᠴᠢᠳ᠎ᠤᠨ ᠲᠣᠭ᠋ᠠᠨ᠎ᠤ ᠤᠬᠠᠭ᠋ᠠᠨ᠎ᠤ ᠬᠢᠷᠢ ᠬᠡᠮᠵᠢᠶ᠎ᠡ ᠵᠢ ᠪᠤᠰᠤᠳ ᠬᠢᠴᠢᠶᠡᠯ ᠲᠥᠷᠥᠯ᠎ᠲᠠᠢ ᠬᠠᠷᠢᠴᠠᠭᠤᠯᠪᠠᠯ ᠵᠣᠬᠢᠬᠤ ᠵᠥᠷᠢᠶ᠎ᠡ᠎ᠲᠠᠢ ᠪᠠᠢ᠍ᠢ᠍ᠳᠠᠬ᠃ ᠠ᠋ᠨᠡ᠎ᠨᠢ ᠲᠡᠦᠬᠡ ᠰᠣᠶᠣᠯ᠂ ᠤᠷᠴᠢᠨ ᠲᠤᠭᠤᠷᠢᠨ᠎ᠤ ᠣᠯᠠᠨ ᠲᠠᠯ᠎ᠠ ᠵᠢᠨ ᠰᠢᠯᠲᠠᠭ᠋ᠠᠨ᠎ᠲᠠᠢ ᠪᠠᠢ᠍ᠢ᠍ᠳᠠᠬ ᠪᠣᠯᠪᠠᠴᠤ ᠬᠠᠮᠤᠭ᠎ᠤᠨ ᠦᠨᠳᠦᠰᠦᠨ ᠰᠢᠯᠲᠠᠭ᠋ᠠᠨ ᠪᠣᠯ ᠬᠠᠰᠢ ᠯᠠ ᠵᠢᠭ᠋ᠠᠨ ᠰᠤᠷᠭ᠋ᠠᠯᠲᠠ᠎ᠲᠠᠢ ᠬᠤᠯᠪᠤᠭ᠎ᠠ᠎ᠲᠠᠢ ᠶᠤᠮ᠃ ᠡ᠊ᠨᠡ ᠭᠦ᠌ ᠤᠯᠳᠤᠢ ᠥᠭᠦᠯᠡᠯ ᠵᠶ᠋ᠠᠷ ᠳᠠᠮᠵᠢᠭᠤᠯᠤᠨ ᠪᠢ ᠲᠣᠭ᠋ᠠᠨ᠎ᠤ ᠤᠬᠠᠭ᠋ᠠᠨ᠎ᠤ ᠵᠢᠭ᠋ᠠᠨ ᠰᠤᠷᠭ᠋ᠠᠯᠲᠠ ᠵᠢᠨ ᠲᠤᠬᠠᠢ ᠬᠤᠶᠠᠷ ᠰᠠᠨᠠᠯ ᠵᠶ᠋ᠠᠨ ᠳᠡᠪᠰᠢᠭᠦᠯᠦᠶ᠎ᠡ᠃
ᠨᠢᠭᠡ᠂ ᠪᠠᠭ᠎ᠠ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠬᠢᠴᠢᠶᠡᠯᠯᠡᠭᠡ᠎ᠳᠤ ᠠᠩᠬᠠᠷᠤᠭᠤᠰᠢᠳᠠᠢ ᠬᠡᠳᠦᠨ ᠠᠰᠠᠭᠤᠳᠠᠯ
ᠬᠢᠴᠢᠶᠡᠯᠯᠡᠭᠡ ᠪᠣᠯ ᠵᠢᠭ᠋ᠠᠨ ᠰᠤᠷᠭ᠋ᠠᠯᠲᠠ ᠵᠢᠨ ᠬᠠᠮᠤᠭ᠎ᠤᠨ ᠦᠨᠳᠦᠰᠦᠨ ᠶᠠᠪᠤᠴᠠ ᠮᠥᠨ᠃ ᠠᠯᠢᠪᠠ ᠵᠢᠭ᠋ᠠᠨ ᠰᠤᠷᠭ᠋ᠠᠯᠲᠠ᠎ᠨᠢ ᠪᠦᠷ ᠬᠢᠴᠢᠶᠡᠯᠯᠡᠭᠡ᠎ᠪᠠᠷ ᠲᠠᠮᠵᠢᠨ ᠶᠠᠪᠤᠭᠳᠠᠨ᠎ᠠ᠂ ᠲᠣᠭ᠋ᠠᠨ᠎ᠤ ᠤᠬᠠᠭ᠋ᠠᠨ ᠴᠤ᠌ ᠠᠳᠠᠯᠢᠬᠠᠨ ᠶᠤᠮ᠃ ᠠ᠋ᠶ᠋ᠢᠮᠦ ᠤᠴᠢᠷ᠎ᠠᠴᠠ ᠬᠢᠴᠢᠶᠡᠯᠯᠡᠭᠡ ᠵᠢᠨ ᠦᠷ᠎ᠡ ᠪᠦᠲᠦᠮᠵᠢ ᠰᠠᠶ᠋ᠢᠨ ᠠ᠋ᠰᠡᠬᠦ᠎ᠨᠢ ᠵᠢᠭ᠋ᠠᠨ ᠰᠤᠷᠭ᠋ᠠᠯᠲᠠ ᠵᠢᠨ ᠶᠠᠰᠤ ᠴᠢᠨᠠᠷᠲᠠᠢ ᠰᠢᠭᠤᠳ ᠬᠤᠯᠪᠣᠭᠳᠠᠭ᠍ᠤ ᠶᠤᠮ᠃ ᠨᠢᠭᠡ ᠴᠠᠭ᠎ᠤᠨ ᠬᠢᠴᠢᠶᠡᠯᠯᠡᠭᠡ ᠵᠢᠨ ᠦᠷ᠎ᠡ ᠪᠦᠲᠦᠮᠵᠢ᠎ᠨᠢ ᠣᠯᠠᠨ ᠵᠦᠢ᠍ᠯ᠎ᠤᠨ ᠠ᠋ᠯᠧᠮᠧᠨ᠋ᠲᠠᠴᠠ ᠲᠣᠭᠲᠠᠭ᠋ᠠᠭᠳᠠᠨ᠎ᠠ᠃ ᠪᠠᠭᠰᠢ ᠪᠣᠯ ᠵᠢᠭ᠋ᠠᠨ ᠰᠤᠷᠭ᠋ᠠᠭᠴᠢ᠂ ᠪᠤᠰᠤᠳᠴᠢ ᠪᠡᠶ᠎ᠡ᠎ᠳᠤ ᠬᠠᠷᠢᠶᠠᠯᠠᠭᠳᠠᠨ᠎ᠠ᠃ ᠰᠤᠷᠤᠭᠴᠢ ᠪᠣᠯ ᠰᠤᠷᠭ᠋ᠠᠨ ᠬᠥᠮᠥᠵᠢᠯ᠎ᠢ ᠬᠦᠷᠲᠡᠭᠴᠢ ᠤᠴᠢᠷ᠎ᠠᠴᠠ ᠪᠡᠶᠡᠴᠢ ᠴᠣᠭᠴᠠ᠎ᠳᠤ ᠬᠠᠷᠢᠶᠠᠯᠠᠭᠳᠠᠵᠤ ᠬᠠᠮᠤᠭ᠎ᠤᠨ ᠴᠢᠬᠤᠯᠠ ᠦᠢ᠍ᠯᠡᠳᠦᠯ᠎ᠢ ᠭᠠᠷᠭ᠋ᠠᠨ᠎ᠠ᠃ ᠭᠡᠪᠡᠴᠦ ᠪᠢᠳᠡ ᠥᠨᠥᠳᠥᠷ ᠵᠥᠪᠬᠡᠨ ᠵᠢᠭ᠋ᠠᠨ ᠰᠤᠷᠭ᠋ᠠᠭᠴᠢ ᠵᠢᠨ ᠲᠠᠯ᠎ᠠ᠎ᠠᠴᠠ ᠣᠴᠢᠵᠤ ᠲᠠᠶ᠋ᠢᠯᠪᠤᠷᠢᠯᠠᠨ᠎ᠠ᠃ ᠮᠢᠨᠤ ᠦᠵᠡᠬᠦ᠎ᠪᠠᠷ ᠬᠢᠴᠢᠶᠡᠯᠯᠡᠭᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠵᠢᠭ᠋ᠠᠨ ᠰᠤᠷᠭ᠋ᠠᠯᠲᠠ ᠵᠢᠨ ᠪᠦᠲᠦᠴᠡ ᠵᠢ ᠰᠢᠯᠢᠳᠡᠭᠵᠢᠭᠦᠯᠬᠦ᠂ ᠬᠢᠴᠢᠶᠡᠯᠯᠡᠬᠦ ᠴᠠᠭ ᠵᠶ᠋ᠠᠨ ᠲᠣᠬᠢᠷᠠᠮᠵᠢᠲᠠᠢ ᠬᠤᠪᠢᠶᠠᠷᠢᠯᠠᠭ᠍ᠤ᠂ ᠵᠢᠭ᠋ᠠᠨ ᠰᠤᠷᠭ᠋ᠠᠯᠲᠠ ᠵᠢᠨ ᠠᠷᠭ᠎ᠠ ᠮᠠᠶᠢᠭ ᠵᠶ᠋ᠠᠨ ᠰᠢᠨᠵᠢᠯᠡᠬᠦ ᠣᠬᠠᠭ᠋ᠠᠨᠴᠢᠯᠠᠭ᠍ᠤ᠂ ᠰᠤᠷᠤᠭᠴᠢᠳ᠎ᠤᠨ ᠤᠷᠮ᠎ᠠ ᠵᠢ ᠳᠠᠶ᠋ᠢᠴᠢᠯᠠᠵᠤ ᠴᠢᠳᠠᠭ᠍ᠤ ᠵᠡᠷᠭᠡ ᠲᠠᠯ᠎ᠠ ᠪᠠᠭᠲᠠᠨ᠎ᠠ᠃ ᠠ᠋ᠳᠡᠭᠡᠷ ᠠ᠋ᠯᠧᠮᠧᠨ᠋ᠲᠢ ᠬᠡᠷᠬᠢᠨ ᠵᠦᠢ ᠵᠣᠬᠢᠰᠲᠠᠢ ᠲᠣᠬᠢᠷᠠᠭᠤᠯᠬᠤ ᠪᠣᠢ ᠭᠡᠪᠡᠯ᠄
1. ᠬᠢᠴᠢᠶᠡᠯ᠎ᠤᠨ ᠠᠭᠤᠯᠭ᠎ᠠ ᠵᠢ ᠶᠠᠷᠢᠬᠤ ᠵᠢᠨ ᠤᠷᠢᠳ ᠰᠠᠭᠤᠷᠢ ᠪᠤᠯᠪᠠᠰᠤᠷᠠᠯ᠎ᠢ ᠬᠢᠬᠦ᠃ ᠪᠠᠭᠰᠢ᠎ᠠᠴᠠ ᠬᠢᠴᠢᠶᠡᠯ ᠠ᠋ᠬᠢᠯᠡᠮᠡᠭᠴᠡ᠎ᠪᠠᠨ ᠭᠤᠤᠯ ᠠᠭᠤᠯᠭ᠎ᠠ᠎ᠳᠤ᠎ᠪᠠᠨ ᠰᠢᠭᠤᠳ ᠤᠷᠤᠵᠤ ᠪᠤᠯᠬᠤ ᠦᠬᠡᠢ᠃ ᠮᠠᠨ᠎ᠤ ᠡ᠊ᠨᠳᠠ ᠶᠠᠷᠢᠵᠦ ᠪᠠᠶ᠋ᠢᠭ᠎ᠠ ᠰᠠᠭᠤᠷᠢ ᠪᠤᠯᠪᠠᠰᠤᠷᠠᠯ ᠬᠡᠳᠡᠭ᠎ᠨᠢ ᠨᠢᠬᠡ ᠵᠦᠢ᠍ᠯ᠎ᠤᠨ ᠵᠤᠷᠢᠯᠭ᠎ᠠ᠎ᠲᠠᠢ᠂ ᠰᠠᠨᠠᠭ᠋ᠠᠴᠢᠯᠠᠭ᠎ᠠ᠎ᠲᠠᠢ ᠪᠤᠯᠪᠠᠰᠤᠷᠠᠯ ᠶᠤᠮ᠃ ᠵᠤᠷᠢᠯᠭ᠎ᠠ᠎ᠨᠢ ᠬᠡᠪᠡᠯ᠂ ᠬᠢᠴᠢᠶᠡᠯ᠎ᠤᠨ ᠭᠤᠤᠯᠳᠠᠯᠭ᠎ᠠ᠎ᠪᠠᠨ ᠲᠤᠪᠤᠶ᠋ᠢᠯᠭ᠋ᠠᠵᠤ᠂ ᠬᠦᠴᠢᠷᠳᠡᠯᠬᠡ ᠵᠢ ᠵᠤᠬᠢᠬᠤ ᠬᠡᠮᠵᠢᠶᠡᠨ᠎ᠳᠤ ᠪᠠᠭ᠋ᠠᠰᠬᠠᠬᠤ ᠪᠤᠯᠪᠠᠰᠤᠷᠠᠯ᠎ᠢ ᠵᠢᠭ᠋ᠠᠨ᠎ᠠ᠃ ᠠ᠋ᠶ᠋ᠢᠮᠦ ᠤᠴᠢᠷ᠎ᠠᠴᠠ ᠬᠢᠴᠢᠶᠡᠯ ᠠ᠋ᠬᠢᠯᠡᠮᠡᠭᠴᠡ ᠪᠠᠭᠰᠢ᠎ᠠᠴᠠ ᠬᠢᠴᠢᠶᠡᠯ᠎ᠤᠨ ᠭᠤᠤᠯ ᠠᠭᠤᠯᠭ᠎ᠠ᠎ᠳᠤ ᠬᠠᠨᠳᠤᠭᠤᠯᠤᠭᠰᠠᠨ ᠰᠠᠭᠤᠷᠢ ᠪᠤᠯᠪᠠᠰᠤᠷᠠᠯ᠎ᠢ ᠬᠢᠯᠬᠡᠬᠦ ᠬᠡᠷᠡᠭᠳᠡᠢ᠃ ᠠ᠋ᠨᠡ᠎ᠨᠢ ᠬᠤᠶᠠᠷ ᠴᠢᠬᠤᠯᠠ ᠦᠢ᠍ᠯᠡᠳᠦᠯ᠎ᠲᠠᠢ ᠪᠠᠢ᠍ᠢ᠍ᠳᠠᠬ᠃ ᠶᠠᠭᠤᠨ᠎ᠤ ᠠ᠋ᠮᠦᠨ᠎ᠡ ᠲᠤᠰ ᠠᠯᠬᠤᠮ ᠵᠶ᠋ᠠᠷ ᠲᠠᠮᠵᠢᠨ ᠵᠢᠭ᠋ᠠᠨ ᠰᠤᠷᠭ᠋ᠠᠬᠤ ᠠᠵᠢᠯ᠎ᠢ ᠵᠤᠬᠢᠶᠠᠨ ᠪᠠᠶ᠋ᠢᠭᠤᠯᠵᠤ ᠰᠤᠷᠤᠭᠴᠢᠳ᠎ᠤᠨ ᠤᠷᠮ᠎ᠠ ᠰᠡᠳᠬᠢᠯᠬᠡ ᠵᠢ ᠲᠠᠶ᠋ᠢᠴᠢᠯᠠᠭ᠍ᠤ ᠪᠤᠯᠤᠨ᠎ᠠ᠃ ᠪᠠᠰᠠ ᠨᠢᠬᠡ ᠲᠠᠯ᠎ᠠ᠎ᠪᠠᠷ ᠰᠢᠨ᠎ᠡ ᠰᠤᠷᠬᠤ ᠠᠭᠤᠯᠭ᠎ᠠ᠎ᠳᠤ᠎ᠪᠠᠨ ᠵᠠᠮ ᠲᠡᠪᠢᠰᠬᠦ ᠦᠢ᠍ᠯᠡᠳᠦᠯ᠎ᠲᠠᠢ ᠶᠤᠮ᠃ ᠠ᠋ᠬᠦᠨ᠎ᠤ ᠠ᠋ᠰᠡᠷᠬᠦ᠎ᠪᠠᠷ ᠬᠢᠴᠢᠶᠡᠯ ᠠ᠋ᠬᠢᠯᠡᠮᠡᠭᠴᠡ ᠭᠤᠤᠯ ᠠᠭᠤᠯᠭ᠎ᠠ᠎ᠳᠤ᠎ᠪᠠᠨ ᠰᠢᠭᠤᠳ ᠤᠷᠤᠬᠤ᠎ᠨᠢ ᠰᠤᠷᠤᠭᠴᠢᠳ᠎ᠤᠨ ᠰᠤᠷᠤᠯᠴᠠᠭ᠍ᠤ ᠤᠷᠮ᠎ᠠ ᠪᠠᠬ᠎ᠠ ᠵᠢ ᠲᠠᠶ᠋ᠢᠴᠢᠯᠠᠵᠤ ᠲᠡᠶ᠋ᠢᠯᠬᠦ ᠦᠬᠡᠢ ᠮᠦᠷᠳᠡᠬᠡᠨ ᠠᠩᠬᠠᠷᠤᠯ ᠰᠠᠶ᠋ᠢᠨ ᠲᠦᠪᠯᠡᠷᠡᠬᠡᠳᠦᠢ ᠤᠴᠢᠷ ᠰᠤᠷᠤᠭᠴᠢᠳ ᠬᠦᠯᠢᠶᠡᠨ ᠠᠪᠴᠤ ᠳᠡᠶ᠋ᠢᠯᠬᠦ ᠦᠭᠡᠢ ᠪᠣᠯᠵᠤ ᠦᠷ᠎ᠡ ᠪᠦᠲᠦᠮᠵᠢ᠎ᠪᠠᠷ ᠠᠨᠠᠢ ᠪᠣᠯᠣᠨ᠎ᠠ᠃
2. ᠰᠢᠨ᠎ᠡ ᠠᠭᠤᠯᠭ᠎ᠠ᠎ᠪᠠᠨ ᠰᠦᠪᠡᠭᠴᠢᠯᠡᠭᠦ ᠪᠣᠯ ᠭᠤᠣᠯᠳᠠᠯᠭ᠎ᠠ ᠮᠥᠨ᠃ ᠰᠠᠭᠤᠷᠢ ᠪᠣᠯᠪᠠᠰᠤᠷᠠᠯ᠎ᠢ ᠪᠦᠲᠦᠮᠵᠢᠲᠡᠢ ᠵᠣᠬᠢᠶᠠᠨ ᠪᠠᠶ᠋ᠢᠭᠤᠯᠤᠭᠰᠠᠨ ᠰᠠᠭᠤᠷᠢᠨ ᠳᠡᠭᠡᠷ᠎ᠡ ᠰᠢᠨ᠎ᠡ ᠠᠭᠤᠯᠭ᠎ᠠ᠎ᠳᠤ᠎ᠪᠠᠨ ᠰᠢᠯᠵᠢᠬᠦ ᠬᠡᠷᠡᠭᠲᠡᠢ᠃ ᠲᠤᠰ ᠶᠠᠪᠤᠴᠠ᠎ᠳᠤ ᠬᠡᠲᠦᠷᠬᠡᠢ ᠶᠠᠭ᠋ᠠᠷᠠᠵᠤ ᠪᠣᠯᠬᠤ ᠦᠭᠡᠢ᠂ ᠨᠠᠷᠢᠯᠢᠬ ᠪᠠᠶ᠋ᠢᠬᠤ ᠵᠢ ᠠ᠋ᠷᠬᠢᠮᠯᠡᠨᠡ᠃ ᠵᠢᠭ᠋ᠠᠨ ᠰᠤᠷᠭ᠋ᠠᠬᠤ ᠠᠭᠤᠯᠭ᠎ᠠ᠎ᠪᠠᠨ ᠭᠦᠢ᠍ᠴᠡᠳ ᠳᠡᠯᠭᠡᠭᠰᠡᠨᠤ ᠰᠠᠭᠤᠷᠢᠨ ᠳᠡᠭᠡᠷ᠎ᠡ ᠰᠢᠨᠵᠢᠯᠡᠬᠦ ᠤᠬᠠᠭ᠋ᠠᠨᠴᠢ ᠵᠢᠭ᠋ᠠᠬᠤ ᠠᠷᠭ᠎ᠠ ᠮᠠᠶᠢᠭ ᠢ ᠬᠡᠷᠡᠭᠯᠡᠨ ᠲᠡᠰ ᠳᠠᠷᠠᠭ᠎ᠠ᠂ ᠪᠦᠲᠦᠴᠡ ᠠᠯᠬᠤᠮ᠎ᠢ ᠲᠣᠳᠣᠷᠬᠠᠢ ᠪᠠᠶ᠋ᠢᠯᠭ᠋ᠠᠵᠤ᠂ ᠭᠦᠢ᠍ᠬᠡᠨ ᠠᠴᠠ ᠭᠦᠨ ᠲᠡᠢ᠍ᠢ᠍ᠰᠢ᠂ ᠬᠢᠯᠪᠠᠷ᠎ᠠᠴᠠ ᠪᠣᠳᠣᠯᠢᠶᠠᠨᠲᠠᠢ ᠵᠦᠭ ᠬᠥᠲᠥᠯᠬᠦ ᠬᠡᠷᠡᠭᠲᠡᠢ᠃ ᠰᠤᠷᠤᠭᠴᠢᠳ᠎ᠢ ᠪᠦᠬᠦᠶ ᠯᠡ ᠲᠠᠨᠢᠯᠲᠠ ᠵᠢᠨ ᠶᠠᠪᠤᠴᠠ᠎ᠳᠤ ᠣᠷᠣᠯᠴᠠᠭᠤᠯᠤᠨ᠂ ᠪᠠᠭᠰᠢ᠎ᠠᠴᠠ ᠰᠡᠭᠡᠭᠡᠷᠡᠭᠦᠯᠦᠨ ᠵᠢᠯᠣᠭᠤᠳᠬᠤ᠎ᠪᠠᠷ ᠭᠤᠣᠯ ᠪᠣᠯᠭ᠋ᠠᠨ ᠰᠤᠷᠤᠭᠴᠢᠳ᠎ᠤᠨ ᠣᠶᠣᠨ᠎ᠤ ᠴᠢᠳᠠᠪᠤᠷᠢ ᠵᠢ ᠬᠥᠭᠵᠢᠭᠦᠯᠬᠦ᠎ᠪᠠᠷ ᠵᠣᠷᠢᠯᠭ᠎ᠠ ᠪᠣᠯᠭ᠋ᠠᠨ᠎ᠠ᠃ ᠠ᠋ᠨᠡ ᠶᠠᠪᠤᠴᠠ᠎ᠳᠤ ᠬᠡᠲᠦᠷᠬᠡᠢ ᠶᠠᠭ᠋ᠠᠷᠠᠵᠤ ᠰᠠᠨᠳᠤᠷᠪᠠᠯ ᠵᠢᠭ᠋ᠠᠨ ᠰᠤᠷᠭ᠋ᠠᠯᠲᠠ ᠵᠢᠨ ᠵᠢᠮ᠎ᠡ ᠶᠣᠰᠣ᠎ᠠᠴᠠ ᠵᠥᠷᠢᠴᠡᠵᠦ ᠦᠷ᠎ᠡ ᠪᠦᠲᠦᠮᠵᠢ ᠵᠢ ᠳᠣᠷᠣᠭᠰᠢᠯᠠᠭᠤᠯᠤᠨ᠎ᠠ᠃
3. ᠠᠰᠠᠭᠤᠯᠲᠠ ᠳᠤᠷᠠᠳᠤᠨ ᠵᠢᠯᠣᠭᠤᠳᠬᠤ᠃ ᠠ᠋ᠨᠡ ᠠᠯᠬᠤᠮ ᠲᠦᠢ᠍ᠯ᠎ᠤᠨ ᠴᠢᠬᠤᠯᠠ ᠤᠴᠢᠷ᠎ᠠᠴᠠ ᠠᠰᠠᠭᠤᠯᠲᠠ ᠠᠰᠠᠭᠤᠬᠤ᠎ᠳᠤ᠎ᠪᠠᠨ ᠣᠨᠴᠠᠭ᠋ᠠᠶ᠋ᠢᠯᠠᠨ ᠨᠠᠷᠢᠨ ᠰᠡᠳᠬᠢᠬᠦ ᠬᠡᠷᠡᠭᠲᠡᠢ᠃ ᠠᠰᠠᠭᠤᠯᠲᠠ ᠠᠰᠠᠭᠤᠬᠤ᠎ᠳᠤ᠎ᠪᠠᠨ ᠵᠠᠪᠠᠯ ᠵᠢᠭ᠋ᠠᠨ ᠰᠤᠷᠭ᠋ᠠᠬᠤ ᠭᠤᠣᠯᠳᠠᠯᠭ᠎ᠠ ᠬᠢᠭᠡᠳ ᠬᠦᠴᠢᠷᠳᠡᠯᠭᠡ᠎ᠪᠠᠨ ᠦᠨᠳᠦᠰᠦᠯᠡᠵᠦ᠂ ᠵᠠᠩᠭᠢᠯᠠᠭ᠎ᠠ ᠵᠢᠨ ᠦᠶ᠎ᠡ᠎ᠳᠤ ᠰᠡᠳᠬᠢᠨ ᠪᠣᠳᠣᠭᠤᠰᠢᠲᠠᠢ᠂ ᠰᠡᠭᠡᠬᠡᠷᠡᠭᠦᠯᠬᠦ ᠴᠢᠨᠠᠷᠲᠠᠢ ᠠᠰᠠᠭᠤᠯᠲᠠ ᠵᠢ ᠠᠰᠠᠭᠤᠨ ᠵᠢᠯᠣᠭᠤᠳᠬᠤ ᠳᠡᠭᠡᠷ᠎ᠡ ᠢᠯᠡᠷᠡᠨ᠎ᠡ᠃ ᠠ᠋ᠨᠡ ᠶᠠᠪᠤᠴᠠ᠎ᠳᠤ ᠣᠨᠴᠠ ᠠᠩᠬᠠᠷᠬᠤ᠎ᠨᠢ ᠵᠠᠪᠠᠯ ᠪᠦᠬᠦ ᠰᠤᠷᠤᠭᠴᠢ ᠵᠢ ᠬᠠᠷᠠᠭ᠋ᠠᠯᠵᠠᠭ᠍ᠤ ᠬᠡᠷᠡᠭᠲᠡᠢ᠃ ᠠᠰᠠᠭᠤᠯᠳᠠ ᠠᠰᠠᠭᠤᠬᠤ᠎ᠳᠤ᠎ᠪᠠᠨ ᠣᠯᠠᠩᠬᠢ ᠰᠤᠷᠤᠭᠴᠢ᠎ᠳᠤ ᠪᠣᠳᠣᠯᠬᠢᠯᠠᠭ᠍ᠤ ᠴᠠᠭ ᠵᠠᠪᠰᠢᠶᠠᠨ᠎ᠢ ᠣᠯᠭᠤᠵᠤ ᠥᠭᠬᠦ ᠵᠢᠨ ᠬᠠᠮᠲᠤ ᠪᠠᠭᠰᠢ ᠵᠢᠨ ᠰᠡᠩᠬᠡᠷᠡᠭᠦᠯᠬᠦ᠂ ᠵᠢᠭ᠋ᠠᠬᠤ᠂ ᠳᠣᠬᠢᠬᠤ᠂ ᠰᠡᠳᠬᠢᠭᠦᠯᠬᠦ᠎ᠪᠠᠷ ᠳᠠᠮᠵᠢᠨ ᠰᠤᠷᠤᠭᠴᠢ ᠳᠤ ᠰᠡᠳᠬᠢᠬᠦ ᠠᠷᠭ᠎ᠠ ᠵᠠᠮ ᠣᠯᠭᠤᠵᠤ᠂ ᠤᠯᠠᠮ ᠨᠢᠭᠡ ᠠᠯᠬᠤᠮ ᠭᠦᠨᠵᠡᠭᠡᠢ ᠰᠡᠳᠬᠢᠭᠦᠯᠣᠨᠠ᠃
4. ᠬᠢᠴᠢᠶᠡᠯ᠎ᠤᠨ ᠲᠤᠬᠠᠢ ᠬᠤᠷᠢᠶᠠᠩᠭᠤᠶ᠋ᠢᠯᠠᠯ ᠬᠢᠬᠦ᠃ ᠲᠤᠰ ᠶᠠᠪᠤᠴᠠ ᠮᠥᠨ ᠲᠤᠩ ᠴᠢᠬᠤᠯᠠ ᠶᠤᠮ᠃ ᠠ᠋ᠨᠡ᠎ᠨᠢ ᠨᠢᠭᠡ ᠬᠢᠴᠢᠶᠡᠯ᠎ᠤᠨ ᠵᠢᠭ᠋ᠠᠨ ᠰᠤᠷᠭ᠋ᠠᠯᠲᠠ᠎ᠳᠤ ᠬᠡᠷᠬᠢᠨ ᠪᠦᠲᠦᠮᠵᠢᠲᠡᠢ᠎ᠪᠠᠷ ᠳᠠᠪᠬᠤᠷ ᠴᠡᠭ ᠲᠠᠯᠪᠢᠬᠤ ᠠᠰᠠᠭᠤᠳᠠᠯ ᠪᠣᠯᠣᠨ᠎ᠠ᠃ ᠪᠦᠬᠦ ᠰᠤᠷᠤᠭᠴᠢ᠎ᠳᠤ ᠬᠢᠴᠢᠶᠡᠯᠯᠡᠭᠡ ᠵᠢᠨ ᠶᠠᠪᠤᠴᠠ᠎ᠳᠠᠬᠢ ᠲᠤᠰᠬᠠᠯ᠎ᠢ ᠦᠨᠳᠦᠰᠦᠯᠡᠵᠦ᠂ ᠴᠠᠭ᠎ᠢ ᠠᠮᠵᠢᠨ ᠶᠣᠰᠣ ᠤᠴᠢᠷ᠎ᠢ ᠣᠶ᠋ᠢᠯᠠᠭ᠋ᠠᠭᠤᠯᠵᠤ ᠠᠷᠭ᠎ᠠ ᠮᠠᠶᠢᠭ᠎ᠢ ᠡᠵᠡᠮᠰᠢᠭᠦᠯᠦᠨ᠎ᠡ᠃ ᠬᠢᠴᠢᠶᠡᠯ᠎ᠤᠨ ᠰᠡᠭᠦᠯ᠎ᠳᠤ ᠦᠨᠡᠯᠡᠯᠲᠡ ᠬᠢᠬᠦ᠎ᠨᠢ ᠬᠢᠴᠢᠶᠡᠯ᠎ᠤᠨ ᠭᠤᠣᠯᠳᠠᠯᠭ᠎ᠠ᠎ᠪᠠᠨ ᠳᠣᠪᠣᠶ᠋ᠢᠯᠭ᠋ᠠᠵᠤ ᠴᠢᠳᠠᠭ᠍ᠤ ᠪᠠᠷ ᠪᠠᠷᠠᠭ᠍ᠤ ᠦᠭᠡᠢ ᠰᠤᠷᠤᠭᠴᠢᠳ᠎ᠲᠤ ᠭᠦᠨᠵᠡᠭᠡᠢ ᠰᠠᠭᠤᠭᠳᠠᠯ ᠦᠯᠡᠳᠡᠭᠡᠵᠦ ᠰᠤᠷᠤᠭᠴᠢᠳ᠎ᠤᠨ ᠰᠡᠳᠬᠢᠬᠦᠢ ᠵᠢᠨ ᠵᠠᠮ᠎ᠢ ᠵᠢᠯᠣᠭᠤᠳᠴᠤ᠂ ᠬᠤᠶ᠋ᠢᠰᠢᠳᠠ ᠵᠢᠨ ᠠ᠋ᠷᠭᠢᠴᠡᠭᠦᠯᠦᠨ ᠪᠣᠳᠣᠬᠤ᠎ᠳᠤ ᠣᠷᠣ ᠮᠥᠷ ᠦᠯᠡᠳᠡᠭᠡᠵᠦ ᠳᠡᠶ᠋ᠢᠯᠦᠨ᠎ᠡ᠃ ᠨᠢᠭᠡᠨ ᠤᠳᠠᠭ᠋ᠠᠨ᠎ᠤ ᠪᠦᠲᠦᠮᠵᠢᠲᠡᠢ ᠬᠢᠴᠢᠶᠡᠯᠯᠡᠭᠡ ᠵᠢ ᠳᠡᠭᠡᠷᠡᠬᠢ ᠬᠡᠳᠦᠨ ᠠᠯᠬᠤᠮ ᠵᠶ᠋ᠠᠷ ᠶᠠᠪᠤᠭᠳᠠᠭᠤᠯᠵᠤ ᠪᠣᠯᠬᠤ ᠶᠤᠮ᠃
ᠬᠤᠶᠠᠷ᠂ ᠬᠢᠴᠢᠶᠡᠯ᠎ᠤᠨ ᠭᠠᠳᠠᠨᠠᠬᠢ ᠪᠣᠯᠪᠠᠰᠤᠷᠠᠯ ᠳᠠᠪᠲᠠᠯᠭ᠎ᠠ ᠵᠢ ᠴᠢᠬᠤᠯᠠᠴᠢᠯᠠᠭ᠍ᠤ ᠬᠡᠷᠡᠭᠲᠡᠢ
ᠬᠢᠴᠢᠶᠡᠯᠯᠡᠭᠡ ᠪᠣᠯ ᠵᠢᠭ᠋ᠠᠨ ᠰᠤᠷᠭ᠋ᠠᠯᠲᠠ ᠵᠢᠨ ᠴᠢᠬᠤᠯᠠ ᠲᠠᠯᠠᠪᠤᠷ ᠪᠣᠯᠬᠤ ᠵᠢᠨ ᠠᠳᠠᠯᠢ ᠪᠠᠷ ᠪᠣᠯᠪᠠᠰᠤᠷᠠᠯ ᠳᠠᠪᠲᠠᠯᠭ᠎ᠠ ᠪᠣᠯ ᠮᠥᠨ ᠴᠦ᠍ ᠵᠢᠭ᠋ᠠᠨ ᠰᠤᠷᠭ᠋ᠠᠯᠲᠠ ᠵᠢᠨ ᠴᠢᠬᠤᠯᠠ ᠪᠦᠷᠢᠯᠳᠦᠬᠦᠨ ᠬᠡᠰᠡᠭ ᠮᠥᠨ᠃ ᠰᠤᠷᠤᠭᠴᠢᠳ ᠮᠡᠳᠡᠯᠭᠡ ᠵᠢ ᠦᠨᠡᠨ ᠬᠦ᠌ ᠡᠵᠡᠮᠰᠢᠵᠦ ᠪᠠᠲᠤᠳᠬᠠᠶ᠎ᠠ ᠭᠡᠪᠡᠯ ᠠ᠋ᠷᠬᠡᠪᠰᠢ ᠲᠣᠭᠲᠠᠭᠰᠠᠨ ᠬᠡᠮᠵᠢᠶᠠᠨ᠎ᠤ ᠪᠣᠯᠪᠠᠰᠤᠷᠠᠯ ᠳᠠᠪᠲᠠᠯᠭ᠎ᠠ ᠵᠢ ᠥᠩᠭᠡᠷᠡᠭᠦᠯᠬᠦ ᠴᠢᠬᠤᠯᠠᠲᠠᠢ ᠶᠤᠮ᠃ ᠰᠤᠷᠤᠭᠴᠢᠳ᠎ᠲᠤ ᠮᠡᠳᠡᠯᠭᠡ ᠤᠯᠠᠮᠵᠢᠯᠠᠭ᠍ᠤ᠎ᠳᠤ ᠰᠤᠷᠤᠭᠴᠢᠳ᠎ᠤᠨ ᠮᠡᠳᠡᠯᠭᠡ ᠬᠦᠷᠲᠡᠬᠦ ᠵᠣᠷᠢᠯᠲᠠ᠂ ᠰᠡᠷᠡᠨ ᠮᠡᠳᠡᠬᠦ᠂ ᠳᠦᠷᠢ ᠢᠯᠡᠷᠡᠮᠵᠢ᠂ ᠰᠡᠳᠬᠢᠬᠦᠢ ᠵᠢ ᠴᠢᠬᠤᠯᠠᠴᠢᠯᠠᠨ᠎ᠠ᠃ ᠮᠡᠳᠡᠯᠭᠡ ᠵᠢ ᠡᠵᠡᠮᠰᠢᠨ ᠪᠠᠲᠤᠳᠬᠠᠬᠤ᠎ᠳᠤ ᠪᠣᠯᠪᠠᠰᠤᠷᠠᠯ ᠪᠠᠲᠤᠳᠬᠠᠯ᠂ ᠬᠡᠷᠡᠭᠯᠡᠬᠦ᠂ ᠦᠨᠡᠯᠡᠬᠦ᠂ ᠬᠠᠷᠢᠭᠤ ᠪᠤᠴᠠᠯᠲᠠ ᠵᠡᠷᠭᠡ ᠠᠯᠬᠤᠮ ᠶᠠᠪᠤᠴᠠ ᠵᠢ ᠴᠢᠩᠭ᠋ᠠᠳᠬᠠᠬᠤ ᠬᠡᠷᠡᠭᠲᠡᠢ᠃ ᠵᠢᠱ᠌ᠢᠶᠡᠯᠡᠪᠡᠯ᠂ 20 ᠳᠣᠲᠣᠷᠠᠬᠢ ᠲᠣᠭ᠋ᠠᠨ᠎ᠤ ᠨᠡᠮᠡᠬᠦ ᠬᠠᠰᠤᠬᠤ ᠦᠢ᠍ᠯᠡᠳᠦᠯ᠎ᠢ ᠰᠤᠷᠤᠭᠴᠢᠳ᠎ᠲᠤ ᠰᠢᠭᠤᠳ ᠦᠵᠡᠭᠦᠯᠭᠡ ᠵᠢᠨ ᠵᠢᠭ᠋ᠠᠨ ᠰᠤᠷᠭ᠋ᠠᠯᠲᠠ᠎ᠪᠠᠷ ᠣᠶ᠋ᠢᠯᠠᠭ᠋ᠠᠭᠤᠯᠤᠭᠰᠠᠨᠤ ᠳᠠᠷᠠᠭ᠎ᠠ ᠦᠨᠡᠨ ᠬᠦ᠌ ᠡᠵᠡᠮᠰᠢᠭᠦᠯᠦᠶᠡ ᠭᠡᠪᠡᠯ ᠮᠢᠩᠭ᠎ᠠ ᠭᠠᠷᠤᠢ ᠤᠳᠠᠭ᠋ᠠᠨ᠎ᠤ ᠪᠣᠯᠪᠠᠰᠤᠷᠠᠯ ᠳᠠᠪᠲᠠᠯᠭ᠎ᠠ ᠵᠢ ᠥᠩᠭᠡᠷᠡᠭᠡᠬᠦ ᠬᠡᠷᠡᠭᠲᠡᠢ ᠭᠡᠵᠦ ᠵᠠᠷᠢᠮ ᠲᠤᠷᠰᠢᠯᠭ᠎ᠠ ᠪᠦᠬᠦᠢ ᠰᠤᠳᠤᠯᠤᠭᠴᠢ ᠬᠡᠯᠡᠭᠰᠡᠨ᠎ᠢ ᠦᠨᠡᠮᠰᠢᠬᠦᠰᠢᠲᠡᠢ ᠶᠤᠮ᠃ ᠡ᠊ᠨᠳᠠ ᠶᠠᠷᠢᠵᠤ ᠡᠵᠡᠮᠰᠢᠭᠦᠯᠬᠦ ᠭᠡᠳᠡᠭ᠎ᠨᠢ ᠰᠤᠷᠤᠭᠴᠢᠳ᠎ᠤᠨ ᠰᠡᠳᠦᠪ ᠵᠶ᠋ᠠᠨ ᠦᠵᠡᠮᠡᠭᠴᠡ ᠳ᠋ᠦᠩ᠎ᠢ ᠵᠥᠪ ᠲᠦᠷᠭᠡᠨ ᠭᠠᠷᠭ᠋ᠠᠬᠤ ᠵᠢ ᠵᠢᠭ᠋ᠠᠵᠤ ᠪᠣᠢ᠃ ᠡ᠊ᠨᠡ ᠭᠦ᠌ ᠳ᠋ᠦᠩ᠎ᠢ ᠣᠯᠬᠤ᠎ᠳᠤ ᠪᠣᠯᠪᠠᠰᠤᠷᠠᠯ ᠳᠠᠪᠲᠠᠯᠭ᠎ᠠ ᠵᠢ ᠠ᠋ᠷᠬᠡᠪᠰᠢ ᠳᠠᠮᠵᠢᠬᠤ ᠬᠡᠷᠡᠭᠲᠡᠢ᠃ ᠤᠴᠢᠷ᠎ᠨᠢ ᠪᠣᠯᠪᠠᠰᠤᠷᠠᠯ ᠳᠠᠪᠲᠠᠯᠭ᠎ᠠ᠎ᠨᠢ ᠰᠤᠷᠴᠤ ᠥᠩᠭᠡᠷᠡᠭᠰᠡᠨ ᠮᠡᠳᠡᠯᠭᠡ᠎ᠪᠠᠨ ᠪᠠᠲᠤᠳᠬᠠᠬᠤ᠂ ᠠ᠋ᠭᠦᠨ᠎ᠤ ᠤᠯᠠᠮ᠎ᠠᠴᠠ ᠰᠢᠨ᠎ᠡ ᠮᠡᠳᠡᠯᠭᠡ ᠵᠢ ᠡᠵᠡᠮᠰᠢᠬᠦ᠎ᠳᠤ ᠨᠥᠬᠦᠴᠡᠯ ᠪᠣᠯᠳᠠᠭ ᠶᠤᠮ᠃ ᠠ᠋ᠨᠡ ᠪᠣᠯ ᠤᠷᠲᠤ ᠤᠳᠠᠭ᠋ᠠᠨ᠎ᠤ ᠵᠢᠭ᠋ᠠᠨ ᠰᠤᠷᠭ᠋ᠠᠯᠲᠠ ᠵᠢᠨ ᠶᠠᠪᠤᠴᠠ᠎ᠳᠤ ᠪᠠᠲᠤᠲᠠᠢ ᠭᠡᠷᠡᠴᠢᠯᠡᠭᠳᠡᠭᠰᠡᠨ ᠦᠨᠡᠨ ᠶᠣᠰᠣ ᠮᠥᠨ᠃ ᠠᠯᠪᠠᠨ ᠵᠢᠷᠤᠮ᠎ᠤᠨ ᠰᠤᠷᠭ᠋ᠠᠨ ᠭᠦᠮᠦᠵᠢᠯ᠎ᠤᠨ ᠪᠠᠭ᠎ᠠ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠵᠢᠭ᠋ᠠᠬᠤ ᠫᠷᠣᠭ᠌ᠷᠠᠮ᠎ᠳᠤ 《ᠪᠣᠯᠪᠠᠰᠤᠷᠠᠯ ᠪᠠ ᠳᠠᠪᠲᠠᠯᠭ᠎ᠠ ᠵᠢ ᠪᠦᠲᠦᠮᠵᠢᠲᠡᠢ ᠵᠣᠬᠢᠶᠠᠨ ᠪᠠᠶ᠋ᠢᠭᠤᠯᠬᠤ ᠬᠡᠷᠡᠭᠲᠡᠢ》 ᠭᠡᠳᠡᠭ ᠵᠤᠷᠪᠤᠰ᠎ᠢ ᠨᠡᠮᠡᠨ ᠪᠢᠴᠢᠭᠰᠡᠨ ᠪᠥᠭᠡᠳ 《ᠪᠣᠯᠪᠠᠰᠤᠷᠠᠯ ᠪᠣᠯ ᠰᠤᠷᠤᠭᠴᠢᠳ᠎ᠤᠨ ᠮᠡᠳᠡᠯᠭᠡ ᠡᠵᠡᠮᠰᠢᠬᠦ᠂ ᠮᠡᠷᠭᠡᠵᠢᠯ ᠴᠢᠳᠠᠪᠤᠷᠢ ᠪᠦᠷᠢᠯᠳᠦᠭᠦᠯᠬᠦ᠂ ᠣᠶᠣᠨ ᠠᠪᠢᠶᠠᠰ ᠵᠶ᠋ᠠᠨ ᠬᠥᠭᠵᠢᠭᠦᠯᠬᠦ ᠴᠢᠬᠤᠯᠠ ᠠᠷᠭ᠎ᠠ ᠠᠪᠴᠠᠯ ᠮᠥᠨ》 ᠭᠡᠵᠦ ᠵᠢᠭ᠋ᠠᠵᠤ ᠭᠠᠷᠭ᠋ᠠᠪᠠ᠃ ᠪᠣᠯᠪᠠᠰᠤᠷᠠᠯ ᠳᠠᠪᠲᠠᠯᠭ᠎ᠠ ᠵᠢᠨ ᠴᠢᠬᠤᠯᠠ ᠴᠢᠨᠠᠷ᠎ᠢ ᠠ᠋ᠨᠡ ᠲᠣᠭᠲᠠᠭ᠋ᠠᠯ᠎ᠠᠴᠠ ᠪᠢᠳᠡ ᠦᠵᠡᠵᠦ ᠭᠠᠷᠴᠤ ᠪᠣᠯᠣᠨ᠎ᠠ᠃
ᠪᠢᠳᠡ ᠡ᠊ᠨᠳᠠ ᠭᠤᠣᠯᠳᠠᠭᠤ ᠬᠢᠴᠢᠶᠡᠯ᠎ᠤᠨ ᠭᠠᠳᠠᠨᠠᠬᠢ ᠪᠣᠯᠪᠠᠰᠤᠷᠠᠯ ᠳᠠᠪᠲᠠᠯᠭ᠎ᠠ ᠵᠢ ᠶᠠᠷᠢᠬᠤ ᠪᠣᠯᠣᠨ᠎ᠠ᠃ ᠬᠢᠴᠢᠶᠡᠯ᠎ᠤᠨ ᠭᠠᠳᠠᠨᠠᠬᠢ ᠳᠠᠪᠲᠠᠯᠭ᠎ᠠ ᠪᠣᠯᠪᠠᠰᠤᠷᠠᠯ᠎ᠢ ᠬᠥᠩᠭᠡᠨ ᠬᠠᠭᠤᠳᠠᠮ ᠵᠶ᠋ᠠᠷ ᠦᠵᠡᠵᠦ ᠪᠣᠯᠬᠤ ᠦᠭᠡᠢ᠂ ᠵᠥᠪᠬᠡᠨ ᠪᠣᠯᠪᠠᠰᠤᠷᠠᠭ᠍ᠤ᠂ ᠰᠡᠳᠦᠪ ᠪᠣᠳᠣᠭᠤᠯᠬᠤ ᠲᠡᠳᠦᠢ᠎ᠪᠠᠷ ᠦᠵᠡᠵᠦ ᠪᠣᠯᠬᠤ ᠦᠭᠡᠢ᠂ ᠰᠡᠳᠦᠪ ᠬᠡᠳᠦᠢ ᠠᠷᠪᠢᠨ ᠬᠢᠯᠭᠡᠪᠡᠯ ᠲᠡᠳᠦᠢ ᠰᠠᠶ᠋ᠢᠨ ᠭᠡᠵᠦ ᠦᠵᠡᠵᠦ ᠪᠣᠯᠬᠤ ᠦᠭᠡᠢ ᠶᠤᠮ᠃ ᠮᠥᠨ ᠴᠤ᠌ ᠬᠢᠴᠢᠶᠡᠯᠯᠡᠭᠡ᠎ᠲᠠᠢ ᠠᠳᠠᠯᠢ ᠨᠠᠷᠢᠯᠢᠬ ᠪᠦᠲᠦᠴᠡ᠎ᠲᠠᠢ᠂ ᠭᠦᠢ᠍ᠴᠡᠳ ᠪᠡᠯᠡᠳᠬᠡᠯ ᠬᠢᠵᠦ᠂ ᠨᠠᠷᠢᠨ ᠬᠢᠨᠠᠮᠠᠭ᠋ᠠᠢ ᠬᠢᠬᠦ᠎ᠪᠠᠷ ᠤᠷᠢᠳᠠᠯ ᠪᠣᠯᠭ᠋ᠠᠨ᠎ᠠ᠃ ᠪᠣᠯᠪᠠᠰᠤᠷᠠᠯ ᠬᠢᠬᠦ᠎ᠳᠤ ᠰᠢᠨᠵᠢᠯᠡᠬᠦ ᠤᠬᠠᠭ᠋ᠠᠨᠴᠢ ᠵᠠᠷᠴᠢᠮ᠎ᠢ ᠪᠠᠷᠢᠮᠲᠠᠯᠠᠵᠤ᠂ ᠠᠯᠬᠤᠮ ᠳᠠᠷᠠᠭ᠎ᠠ ᠵᠦᠢ ᠵᠣᠬᠢᠰᠲᠠᠢ᠂ ᠰᠤᠷᠤᠭᠴᠢ ᠪᠦᠬᠦᠨ᠎ᠳᠤ ᠬᠠᠨᠳᠤᠭᠤᠯᠤᠭᠰᠠᠨ ᠪᠠᠶ᠋ᠢᠬᠤ ᠵᠢ ᠣᠨᠴᠠ ᠴᠢᠬᠤᠯᠠᠴᠢᠯᠠᠨ᠎ᠠ᠃ ᠠ᠋ᠭᠦᠨ᠎ᠳᠤ ᠵᠣᠬᠢᠰᠲᠠᠢ ᠬᠤᠪᠢᠶᠠᠷᠢᠯᠠᠭ᠍ᠤ᠂ ᠠᠷᠭ᠎ᠠ ᠠᠪᠴᠠᠯ᠎ᠢ ᠠᠩᠬᠠᠷᠬᠤ᠂ ᠦᠷ᠎ᠡ ᠪᠦᠲᠦᠭᠡᠯ᠎ᠢ ᠴᠢᠬᠤᠯᠠᠴᠢᠯᠠᠭ᠍ᠤ ᠬᠡᠷᠡᠭᠲᠡᠢ ᠶᠤᠮ᠃ ᠴᠢᠩᠭ᠎ᠠ ᠱᠠᠭ᠋ᠠᠷᠳᠠᠭ᠍ᠤ᠂ ᠴᠠᠭ ᠲᠤᠬᠠᠢᠳᠤᠨᠢ ᠪᠠᠶ᠋ᠢᠴᠠᠭ᠋ᠠᠨ ᠵᠠᠰᠠᠵᠤ᠂ ᠰᠢᠯᠲᠠᠭ᠋ᠠᠨ᠎ᠢ ᠠ᠋ᠷᠢᠨ ᠵᠣᠬᠢᠰᠲᠠᠢ ᠵᠢᠯᠣᠭᠤᠳᠬᠤ᠂ ᠰᠤᠷᠤᠭᠴᠢᠳ᠎ᠤᠨ ᠪᠦᠲᠦᠭᠡᠯᠴᠢ ᠴᠢᠳᠠᠪᠤᠷᠢ᠂ ᠪᠡᠶ᠎ᠡ᠎ᠪᠠᠨ ᠳᠠᠭ᠋ᠠᠭ᠋ᠠᠬᠤ ᠴᠢᠳᠠᠪᠤᠷᠢ ᠵᠢ ᠬᠥᠭᠵᠢᠭᠦᠯᠬᠦ᠎ᠳᠤ ᠭᠤᠣᠯᠳᠠᠯᠭ᠎ᠠ᠎ᠪᠠᠨ ᠲᠠᠯᠪᠢᠬᠤ ᠬᠡᠷᠡᠭᠲᠡᠢ᠃
ᠪᠣᠯᠪᠠᠰᠤᠷᠠᠯ ᠳᠠᠪᠲᠠᠯᠭ᠎ᠠ ᠭᠡᠵᠦ ᠶᠠᠷᠢᠬᠤ᠎ᠳᠤ ᠨᠢᠭᠡ ᠯᠡ ᠶᠠᠭᠤᠮ᠎ᠠ ᠰᠢᠬ ᠪᠣᠯᠪᠠᠴᠤ ᠬᠤᠭᠤᠷᠣᠨᠳᠤ᠎ᠪᠠᠨ ᠪᠠᠰᠠ ᠲᠤᠩ ᠢᠯᠭ᠋ᠠᠭ᠎ᠠ᠎ᠲᠠᠢ ᠶᠤᠮ᠃ ᠪᠣᠯᠪᠠᠰᠤᠷᠠᠯ᠎ᠨᠢ ᠳᠠᠪᠲᠠᠯᠭ᠎ᠠ ᠵᠢ ᠪᠣᠳᠣᠪᠠᠯ ᠨᠡᠩ ᠭᠦᠢ᠍ᠬᠡᠨ ᠰᠢᠭ ᠠᠭᠤᠯᠭ᠎ᠠ ᠶᠤᠮ᠃ ᠠ᠋ᠭᠦᠨ᠎ᠤ ᠶᠣᠰᠣᠭ᠋ᠠᠷ ᠳᠠᠪᠲᠠᠯᠭ᠎ᠠ ᠪᠣᠯ ᠪᠣᠯᠪᠠᠰᠤᠷᠠᠯ᠎ᠠᠴᠠ ᠪᠤᠳᠤᠯᠢᠶᠠᠨᠲᠠᠢ᠂ ᠨᠡᠩ ᠥᠨᠳᠥᠷ ᠱᠠᠭ᠋ᠠᠷᠳᠠᠯᠭ᠎ᠠ᠎ᠲᠠᠢ ᠶᠤᠮ᠃ ᠠ᠋ᠳᠦᠷ᠎ᠲᠤ᠎ᠪᠠᠨ ᠰᠡᠳᠦᠪ ᠬᠢᠵᠦ᠂ ᠳᠠᠬᠢᠨ ᠳᠠᠪᠲᠠᠨ ᠬᠢᠬᠦ ᠵᠢ ᠳᠠᠪᠲᠠᠯᠭ᠎ᠠ ᠭᠡᠬᠦ ᠦᠭᠡᠢ ᠶᠤᠮ᠃ ᠲᠠᠭᠦᠨ ᠢ ᠪᠣᠯᠪᠠᠰᠤᠷᠠᠯ ᠭᠡᠵᠦ ᠳᠥᠭᠦᠮ ᠣᠶ᠋ᠢᠯᠠᠭ᠋ᠠᠵᠤ ᠪᠣᠯᠣᠨ᠎ᠠ᠃ ᠠ᠋ᠶ᠋ᠢᠮᠦ ᠳᠠᠪᠲᠠᠯᠭ᠎ᠠ ᠵᠢᠨ ᠱᠠᠭ᠋ᠠᠷᠳᠠᠯᠭ᠎ᠠ ᠨᠡᠩ ᠥᠨᠳᠥᠷ ᠶᠤᠮ᠃ ᠪᠣᠯᠪᠠᠰᠤᠷᠠᠯ᠎ᠤᠨ ᠬᠢᠴᠢᠶᠡᠯᠯᠦᠭᠡ ᠢᠯᠭ᠋ᠠᠭᠳᠠᠭ᠍ᠤ ᠲᠠᠯ᠎ᠠ ᠭᠡᠪᠡᠯ᠂ ᠰᠢᠨ᠎ᠡ ᠬᠠᠭᠤᠴᠢᠨ ᠮᠡᠳᠡᠯᠭᠡ ᠵᠢᠨ ᠬᠤᠭᠤᠷᠣᠨᠳᠤᠬᠢ ᠬᠤᠯᠪᠣᠭᠳᠠᠯ᠎ᠢ ᠨᠡᠪᠲᠡᠷᠡᠭᠦᠯᠬᠦ᠂ ᠰᠤᠷᠤᠭᠰᠠᠨ ᠠᠭᠤᠯᠭ᠎ᠠ᠎ᠪᠠᠨ ᠰᠢᠰᠲ᠋ᠧᠮ᠎ᠲᠠᠢ ᠠ᠋ᠮᠬᠢᠳᠬᠡᠬᠦ ᠪᠦᠭᠡᠳ ᠲᠣᠪᠴᠢ ᠳ᠋ᠦᠩᠨᠡᠯᠲᠡ ᠬᠢᠬᠦ᠂ ᠰᠤᠷᠤᠭᠴᠢᠳ᠎ᠢ ᠬᠠᠪᠰᠤᠷᠤᠨ ᠮᠡᠳᠡᠯᠭᠡ ᠵᠢᠨ ᠮᠥᠴᠢᠳ ᠲᠠᠯ᠎ᠠ ᠵᠢ ᠨᠥᠬᠦᠪᠦᠷᠢᠯᠡᠬᠦ ᠵᠡᠷᠭᠡ ᠪᠣᠯᠣᠨ᠎ᠠ᠃ ᠪᠠᠭᠰᠢ ᠪᠣᠯᠣᠭᠰᠠᠳ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ ᠵᠶ᠋ᠠᠨ ᠳᠡᠭᠡᠭᠰᠢᠯᠡᠭᠦᠯᠬᠦ ᠵᠢᠨ ᠲᠤᠯᠠᠳᠠ ᠳᠠᠪᠲᠠᠯᠭ᠎ᠠ ᠵᠢ ᠵᠣᠬᠢᠶᠠᠨ ᠪᠠᠶ᠋ᠢᠭᠤᠯᠬᠤ᠎ᠳᠤ᠎ᠪᠠᠨ ᠳᠣᠣᠷᠠᠬᠢ ᠬᠡᠳᠦᠨ ᠠᠯᠬᠤᠮ᠎ᠢ ᠠᠪᠴᠤ ᠪᠣᠯᠣᠨ᠎ᠠ᠃
1. ᠨᠢᠭᠡᠨᠲᠡ ᠰᠤᠷᠤᠭᠰᠠᠨ ᠮᠡᠳᠡᠯᠭᠡ᠎ᠪᠠᠨ ᠠ᠋ᠷᠭᠢᠴᠡᠭᠦᠯᠬᠦ ᠵᠢᠨ ᠵᠣᠷᠢᠯᠭ᠎ᠠ᠎ᠠᠴᠠ ᠪᠣᠯᠪᠠᠰᠤᠷᠠᠯ ᠬᠢᠯᠭᠡᠨ᠎ᠡ᠃
2. ᠪᠣᠯᠪᠠᠰᠤᠷᠠᠯ ᠳᠠᠪᠲᠠᠯᠭ᠎ᠠ ᠬᠢᠬᠦ᠎ᠠᠴᠠ ᠠ᠋ᠮᠦᠨ᠎ᠡ ᠬᠤᠯᠪᠣᠭᠳᠠᠯ ᠪᠦᠬᠦᠢ ᠳᠠᠪᠲᠠᠭ᠍ᠤ ᠠᠭᠤᠯᠭ᠎ᠠ᠎ᠪᠠᠨ ᠲᠣᠳᠣᠷᠬᠠᠶ᠋ᠢᠯᠠᠵᠤ᠂ ᠵᠣᠷᠢᠯᠭ᠋ᠠᠲᠤ ᠴᠢᠨᠠᠷᠲᠠᠢ ᠪᠣᠯᠭ᠋ᠠᠨ᠎ᠠ᠃ ᠵᠥᠪᠬᠡᠨ ᠶᠠᠮᠠᠷ ᠴᠤ᠌ ᠲᠣᠳᠣᠷᠬᠠᠶ᠋ᠢᠯᠠᠯ ᠦᠭᠡᠢ᠎ᠪᠠᠷ ᠰᠡᠳᠦᠪ ᠵᠶ᠋ᠠᠨ ᠠᠪᠴᠢᠷᠠᠨ ᠬᠢᠵᠦ ᠪᠣᠯᠬᠤ ᠦᠭᠡᠢ᠂ ᠢᠩᠭᠢᠪᠡᠯ ᠠᠭᠤᠯᠭ᠎ᠠ᠎ᠨᠢ ᠲᠣᠳᠣᠷᠬᠠᠢ ᠦᠭᠡᠢ ᠪᠣᠯᠵᠤ ᠳᠠᠪᠲᠠᠭ᠍ᠤ ᠵᠣᠷᠢᠯᠭ᠎ᠠ᠎ᠳᠤ᠎ᠪᠠᠨ ᠬᠦᠷᠴᠦ ᠳᠡᠶ᠋ᠢᠯᠬᠦ ᠦᠭᠡᠢ ᠪᠣᠯᠣᠨ᠎ᠠ᠃
3. ᠪᠠᠭᠰᠢ᠎ᠠᠴᠠ ᠵᠢᠭ᠋ᠠᠨ ᠵᠢᠯᠣᠭᠤᠳᠬᠤ᠂ ᠰᠡᠩᠬᠡᠷᠡᠭᠦᠯᠬᠦ ᠦᠢ᠍ᠯᠡᠳᠦᠯ ᠦᠵᠡᠭᠦᠯᠬᠦ᠎ᠪᠠᠷ ᠭᠤᠣᠯ ᠪᠣᠯᠭ᠋ᠠᠵᠤ᠂ ᠵᠢᠱ᠌ᠢᠶ᠎ᠡ ᠰᠡᠳᠦᠪ ᠬᠢᠵᠦ ᠥᠭᠬᠦ᠂ ᠠ᠋ᠭᠦᠨ᠎ᠤ ᠤᠯᠠᠮ ᠵᠶ᠋ᠠᠷ ᠰᠤᠷᠤᠭᠴᠢᠳ᠎ᠢ ᠪᠣᠯᠪᠠᠰᠤᠷᠠᠭᠤᠯᠵᠤ ᠵᠠᠮ᠎ᠳᠤ᠎ᠨᠢ ᠣᠷᠣᠭᠤᠯᠬᠤ᠂ ᠰᠡᠳᠬᠢᠬᠦᠢ ᠵᠢ ᠬᠥᠭᠵᠢᠭᠦᠯᠬᠦ ᠦᠢ᠍ᠯᠡᠳᠦᠯ᠎ᠢ ᠴᠢᠬᠤᠯᠠᠴᠢᠯᠠᠨ᠎ᠠ᠃
4. ᠵᠢᠵᠢᠭ ᠳ᠋ᠦᠩᠨᠡᠯᠲᠡ ᠬᠢᠬᠦ᠃ ᠪᠣᠯᠪᠠᠰᠤᠷᠠᠯ᠎ᠤᠨ ᠳᠤᠮᠳᠠᠬᠢ ᠡᠯ᠎ᠡ ᠵᠦᠢ᠍ᠯ᠎ᠤᠨ ᠢᠳᠡᠪᠬᠢ᠂ ᠨᠠᠵᠠᠭ᠋ᠠᠢ ᠠᠰᠠᠭᠤᠳᠠᠯ᠎ᠢ ᠠ᠋ᠷᠢᠨ ᠰᠤᠳᠤᠯᠵᠤ᠂ ᠬᠠᠮᠲᠤ᠎ᠪᠠᠷ ᠶᠠᠷᠢᠯᠴᠠᠨ᠂ ᠰᠢᠢ᠍ᠳᠪᠦᠷᠢᠯᠡᠵᠦ᠂ ᠶᠠᠷᠢᠯᠴᠠᠭ᠋ᠠᠨ᠎ᠤ ᠳᠤᠮᠳᠠ᠎ᠠᠴᠠ ᠵᠢᠮ᠎ᠡ ᠶᠣᠰᠣ ᠵᠢ ᠠ᠋ᠷᠢᠯᠬᠢᠯᠡᠨ ᠠᠰᠠᠭᠤᠯᠲᠠ᠎ᠳᠤ ᠵᠠᠳᠠᠯᠤᠯᠲᠠ ᠬᠢᠬᠦ᠎ᠪᠠᠷ ᠳᠠᠮᠵᠢᠨ ᠦᠷᠭᠦᠯᠵᠢᠯᠡᠨ ᠪᠣᠯᠪᠠᠰᠤᠷᠠᠭᠤᠯᠬᠤ᠎ᠳᠤ ᠰᠠᠭᠤᠷᠢ ᠲᠠᠯᠪᠢᠨ᠎ᠠ᠃
5. ᠳᠠᠰᠬᠠᠯ ᠦᠯᠡᠳᠡᠭᠡᠵᠦ ᠪᠣᠯᠣᠨ᠎ᠠ᠃ ᠪᠣᠯᠪᠠᠰᠤᠷᠠᠯ ᠳᠠᠪᠲᠠᠯᠭ᠎ᠠ ᠬᠢᠬᠦ᠎ᠳᠤ᠎ᠪᠠᠨ ᠪᠣᠳᠠᠳᠤ ᠪᠠᠶ᠋ᠢᠳᠠᠯ᠎ᠢ ᠦᠨᠳᠦᠰᠦᠯᠡᠨ ᠨᠢᠭᠡᠴᠢ ᠵᠢᠨ ᠪᠣᠯᠪᠠᠰᠤᠷᠠᠯ᠂ ᠶᠡᠷᠦᠩᠬᠡᠢ ᠪᠣᠯᠪᠠᠰᠤᠷᠠᠯ ᠭᠡᠵᠦ ᠬᠤᠪᠢᠶᠠᠨ ᠬᠢᠵᠦ ᠪᠣᠯᠣᠨ᠎ᠠ᠃ ᠢᠩᠭᠢᠵᠦ ᠬᠢᠬᠦ᠎ᠨᠢ ᠰᠠᠶ᠋ᠢᠨ ᠪᠦᠲᠦᠮᠵᠢ ᠵᠢ ᠣᠯᠵᠤ ᠪᠣᠯᠣᠨ᠎ᠠ᠃ ᠨᠢᠭᠡᠴᠢ ᠵᠢᠨ ᠪᠣᠯᠪᠠᠰᠤᠷᠠᠯ ᠵᠶ᠋ᠠᠷ ᠳᠠᠮᠵᠢᠨ ᠠᠭᠤᠯᠭ᠎ᠠ᠎ᠪᠠᠨ ᠪᠠᠲᠤᠳᠬᠠᠵᠤ᠂ ᠶᠡᠷᠦᠩᠬᠡᠢ ᠪᠣᠯᠪᠠᠰᠤᠷᠠᠯ ᠵᠶ᠋ᠠᠷ ᠳᠠᠮᠵᠢᠨ ᠮᠡᠳᠡᠯᠭᠡ ᠵᠢᠨ ᠬᠤᠯᠪᠣᠭᠳᠠᠯ᠂ ᠬᠠᠷᠢᠯᠴᠠᠨ ᠬᠤᠯᠪᠣᠯᠳᠤᠬᠤ ᠴᠢᠨᠠᠷ ᠢ ᠠ᠋ᠷᠢᠨ ᠭᠠᠷᠭ᠋ᠠᠵᠤ᠂ ᠮᠡᠳᠡᠯᠭᠡ ᠵᠢ ᠨᠡᠩ ᠰᠢᠰᠲ᠋ᠧᠮ᠎ᠲᠠᠢ ᠪᠦᠬᠦ ᠲᠠᠯ᠎ᠠ᠎ᠪᠠᠷ ᠡᠵᠡᠮᠰᠢᠵᠦ ᠪᠣᠯᠣᠨ᠎ᠠ᠃ ᠢᠩᠭᠢᠬᠦ᠎ᠨᠢ ᠪᠠᠰᠠ ᠨᠢᠭᠡ ᠬᠥᠮᠥᠨ᠎ᠤ ᠬᠤᠷᠢᠶᠠᠩᠭᠤᠶ᠋ᠢᠯᠠᠭ᠍ᠤ᠂ ᠶᠡᠷᠦᠩᠬᠡᠶ᠋ᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠂ ᠰᠡᠳᠬᠢᠬᠦ ᠲᠠᠯ᠎ᠠ᠎ᠪᠠᠷ ᠵᠠᠮ ᠪᠡᠯᠡᠨ ᠪᠣᠯᠵᠤ᠂ ᠵᠠᠳᠠᠯᠬᠤ ᠠᠷᠭ᠎ᠠ ᠵᠢ ᠣᠯᠠᠨ ᠲᠠᠯ᠎ᠠ᠎ᠪᠠᠷ ᠡᠵᠡᠮᠰᠢᠬᠦ᠎ᠳᠤ ᠲᠤᠩ ᠴᠢᠬᠤᠯᠠ ᠦᠢ᠍ᠯᠡᠳᠦᠯ ᠦᠵᠡᠭᠦᠯᠦᠨ᠎ᠡ᠃ ᠢᠩᠭᠢᠵᠦ ᠬᠢᠬᠦ ᠳᠤ ᠠᠩᠬᠠᠷᠬᠤ ᠵᠦᠢ᠍ᠯ ᠭᠡᠪᠡᠯ᠄ ᠪᠣᠯᠪᠠᠰᠤᠷᠠᠯ᠎ᠤᠨ ᠠᠭᠤᠯᠭ᠎ᠠ ᠮᠡᠳᠡᠯᠭᠡ ᠪᠦᠬᠦ ᠲᠠᠯ᠎ᠠ ᠵᠢᠨ ᠪᠠᠶ᠋ᠢᠬᠤ᠂ ᠨᠢᠭᠡᠴᠢ ᠵᠢᠨ ᠠᠭᠤᠯᠭ᠎ᠠ ᠵᠢ ᠵᠥᠪ ᠣᠨᠣᠪᠴᠢᠲᠠᠢ ᠪᠦᠬᠦᠨ᠎ᠢ ᠡᠵᠡᠮᠰᠢᠬᠦ ᠵᠢ ᠱᠠᠭ᠋ᠠᠷᠳᠠᠨ᠎ᠠ᠃ ᠠ᠋ᠰᠡ ᠲᠡᠭᠡᠪᠡᠯ ᠦᠷᠦᠭᠡᠰᠦᠯ ᠬᠥᠭᠵᠢᠯᠲᠡ᠎ᠲᠠᠢ ᠪᠣᠯᠵᠤ ᠰᠤᠷᠤᠭᠴᠢᠳ ᠤᠨ ᠬᠤᠵᠢᠮ᠎ᠤᠨ ᠰᠤᠷᠤᠯᠭ᠎ᠠ᠎ᠳᠤᠨᠢ ᠠᠰᠢᠭ ᠦᠭᠡᠢ ᠪᠣᠯᠣᠨ᠎ᠠ᠃
ᠪᠣᠯᠪᠠᠰᠤᠷᠠᠯ ᠳᠠᠪᠲᠠᠯᠭ᠎ᠠ ᠬᠢᠬᠦ᠎ᠳᠤ ᠪᠠᠰᠠ ᠨᠢᠭᠡᠨ ᠠᠩᠬᠠᠷᠬᠤ ᠴᠢᠬᠤᠯᠠ ᠠᠰᠠᠭᠤᠳᠠᠯ᠎ᠨᠢ ᠴᠠᠭ᠎ᠤᠨ ᠲᠠᠯ᠎ᠠ ᠪᠠᠷ ᠵᠣᠬᠢᠰᠲᠠᠢ ᠲᠣᠬᠢᠷᠠᠭᠤᠯᠬᠤ ᠪᠣᠯᠣᠨ᠎ᠠ᠃ ᠠ᠋ᠨᠡ᠎ᠨᠢ ᠶᠠᠷᠢᠶᠠᠨ ᠦᠭᠡᠢ ᠵᠢᠭ᠋ᠠᠨ ᠰᠤᠷᠭ᠋ᠠᠯᠲᠠ ᠵᠢᠨ ᠪᠣᠳᠠᠲᠤ ᠪᠠᠶ᠋ᠢᠳᠠᠯ ᠲᠠᠢ ᠬᠤᠯᠪᠣᠭᠳᠠᠭ᠍ᠤ ᠶᠤᠮ᠃ ᠮᠥᠨ ᠴᠦ᠍ ᠦᠷ᠎ᠡ ᠪᠦᠲᠦᠮᠵᠢ ᠵᠢ ᠲᠡᠭᠡᠭᠰᠢᠯᠠᠭᠦᠯᠭᠦ᠎ᠳᠤ ᠳᠤᠲᠠᠭᠳᠠᠵᠤ ᠪᠣᠯᠣᠰᠢ ᠦᠭᠡᠢ ᠨᠥᠬᠦᠴᠡᠯ ᠶᠤᠮ᠃ ᠴᠠᠭ ᠨᠢ ᠬᠡᠲᠦᠷᠬᠡᠢ ᠤᠷᠲᠤ ᠪᠣᠯᠪᠠᠯ᠂ ᠰᠤᠨᠵᠢᠷᠠᠭ᠋ᠠᠳ ᠰᠤᠷᠤᠭᠴᠢᠳ᠎ᠤᠨ ᠠᠩᠬᠠᠷᠤᠯ ᠬᠤᠪᠢᠶᠠᠭᠳᠠᠵᠤ᠂ ᠤᠷᠮ᠎ᠠ ᠬᠠᠷᠢᠬᠤ᠂ ᠶᠠᠳᠠᠷᠠᠭ᠍ᠤ ᠵᠡᠷᠭᠡ ᠦᠵᠡᠭᠳᠡᠯ ᠭᠠᠷᠴᠤ ᠨᠠᠵᠠᠭ᠋ᠠᠢ ᠨᠥᠯᠥᠭᠡ ᠠᠪᠴᠢᠷᠠᠨ᠎ᠠ᠃ ᠠ᠋ᠶ᠋ᠢᠮᠦ᠎ᠠᠴᠠ ᠤᠬᠤᠷ ᠠ᠋ᠷᠴᠢᠮᠳᠡᠢ᠂ ᠦᠨᠳᠦᠷ ᠪᠦᠳᠤᠮᠵᠢᠳᠡᠢ ᠪᠠᠶ᠋ᠢᠬᠤ ᠵᠢ ᠠ᠋ᠷᠬᠢᠮᠯᠡᠬᠦ ᠬᠡᠷᠡᠭᠳᠡᠢ᠃ ᠠ᠋ᠬᠦᠨ᠎ᠳᠤ ᠰᠡᠳᠦᠪ᠎ᠤᠨ ᠬᠦᠨᠳᠦᠴᠡ ᠪᠤᠯ ᠮᠦᠨ ᠴᠢᠬᠤᠯᠠ ᠠᠰᠠᠭᠤᠳᠠᠯ ᠪᠤᠯᠤᠨ᠎ᠠ᠃ ᠬᠡᠳᠦᠷᠬᠡᠢ ᠬᠦᠩᠬᠡᠨ᠂ ᠬᠡᠳᠦᠷᠬᠡᠢ ᠬᠦᠨᠳᠦ ᠪᠠᠢ᠍ᠢ᠍ᠬᠤ᠎ᠨᠢ ᠪᠦᠷ ᠵᠤᠬᠢᠰ ᠦᠬᠡᠢ ᠶᠤᠮ᠃
ᠬᠢᠴᠢᠶᠡᠯᠯᠡᠬᠡ ᠪᠤᠯᠤᠨ ᠪᠤᠯᠪᠠᠰᠤᠷᠠᠯ ᠲᠠᠪᠳᠠᠯᠭ᠎ᠠ ᠪᠤᠯ ᠲᠤᠭ᠋ᠠᠨ᠎ᠤ ᠤᠬᠠᠭ᠋ᠠᠨ᠎ᠤ ᠵᠢᠭ᠋ᠠᠨ ᠰᠤᠷᠭ᠋ᠠᠯᠳᠠ᠎ᠳᠤ ᠲᠤᠳᠠᠭᠳᠠᠵᠤ ᠪᠤᠯᠤᠰᠢ ᠦᠬᠡᠢ ᠬᠤᠶᠠᠷ ᠲᠠᠯ᠎ᠠ ᠪᠤᠯᠵᠤ᠂ ᠠ᠋ᠷᠴᠢᠮ᠎ᠲᠠᠢ ᠶᠠᠪᠤᠭᠳᠠᠵᠤ᠂ ᠵᠤᠬᠢᠰᠳᠠᠢ ᠠᠭᠤᠰᠤᠯᠴᠠᠭ᠍ᠤᠨᠢ ᠵᠢᠭ᠋ᠠᠨ ᠰᠤᠷᠭ᠋ᠠᠯᠳᠠ ᠵᠢᠨ ᠬᠢᠷᠢ ᠵᠡᠷᠬᠡ ᠪᠤᠯᠬᠤ᠎ᠲᠠᠢ ᠰᠢᠭᠤᠳ ᠬᠤᠯᠪᠤᠭ᠎ᠠ᠎ᠲᠠᠢ᠃ ᠵᠦᠪᠬᠡᠨ ᠬᠢᠴᠢᠶᠡᠯᠯᠡᠭᠡ ᠵᠢ ᠠᠩᠬᠠᠷᠤᠨ ᠪᠤᠯᠪᠠᠰᠤᠷᠠᠯ ᠲᠠᠪᠳᠠᠯᠭ᠎ᠠ ᠵᠢ ᠤᠮᠳᠤᠭ᠋ᠠᠶ᠋ᠢᠯᠠᠭ᠍ᠤ᠎ᠨᠢ ᠵᠢᠭ᠋ᠠᠨ ᠰᠤᠷᠭ᠋ᠠᠯᠳᠠ ᠵᠢᠨ ᠬᠢᠷᠢ ᠲᠦᠪᠰᠢᠨ᠎ᠢ ᠲᠡᠬᠡᠭᠰᠢᠯᠡᠬᠦᠯᠵᠦ ᠲᠡᠶ᠋ᠢᠯᠬᠦ ᠦᠬᠡᠢ ᠶᠤᠮ᠃ ᠪᠠᠭ᠎ᠠ ᠰᠤᠷᠭ᠋ᠠᠭᠤᠯᠢ ᠵᠢᠨ ᠲᠤᠭ᠋ᠠᠨ᠎ᠤ ᠤᠬᠠᠭ᠋ᠠᠨ᠎ᠤ ᠴᠢᠬᠤᠯᠠ ᠴᠢᠨᠠᠷ᠎ᠢ ᠬᠦᠢ᠍ᠴᠡᠳ ᠲᠠᠨᠢᠵᠤ᠂ ᠵᠢᠭ᠋ᠠᠨ ᠰᠤᠷᠭ᠋ᠠᠯᠳᠠ ᠵᠢᠨ ᠦᠷ᠎ᠡ ᠪᠦᠳᠦᠮᠵᠢ ᠵᠢ ᠲᠡᠬᠡᠭᠰᠢᠯᠡᠬᠦᠯᠬᠦ ᠳᠤ ᠲᠤᠰ ᠬᠤᠶᠠᠷ ᠲᠠᠯ᠎ᠠ ᠵᠢ ᠤᠷᠭ᠋ᠠᠨᠢᠭ ᠵᠶ᠋ᠠᠷ ᠠᠪᠴᠠᠯᠳᠤᠭᠤᠯᠬᠤ ᠬᠡᠷᠡᠭᠳᠡᠢ᠃
ᠠᠵᠢᠯᠯᠠᠵᠤ ᠪᠠᠢ᠍ᠢ᠍ᠭ᠎ᠠ ᠪᠠᠢ᠍ᠢ᠍ᠭᠤᠯᠭ᠎ᠠ᠄ ᠣᠩᠨᠢᠭᠤᠳ ᠬᠤᠰᠢᠭᠤᠨ᠎ᠤ ᠬᠠᠶ᠋ᠢᠯᠠᠰᠤ
ᠮᠣᠩᠭᠤᠯ ᠦᠨᠳᠦᠰᠦᠲᠡᠨ᠎ᠤ ᠰᠤᠷᠭ᠋ᠠᠭᠤᠯᠢ
(ᠠᠯᠳᠠᠨᠰᠦᠢ᠍ᠭᠡ ᠨᠠᠢ᠍ᠢ᠍ᠷᠠᠭᠤᠯᠪᠠ)