ᠤᠶᠤᠨ᠎ᠠ

ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠠᠷᠭ᠎ᠠ ᠬᠡᠯᠪᠡᠷᠢ ᠪᠣᠯ ᠪᠠᠭ᠎ᠠ ᠰᠤᠷᠭ᠋ᠠᠭᠤᠯᠢ ᠵᠢᠨ ᠲᠤᠭ᠋ᠠᠨ᠎ᠤ ᠤᠬᠠᠭ᠋ᠠᠨ᠎ᠤ ᠬᠢᠴᠢᠶᠡᠯᠯᠡᠭᠡ ᠵᠢᠨ ᠪᠠᠭᠰᠢ ᠨᠠᠷ᠎ᠤᠨ ᠦᠷᠭᠦᠯᠵᠢ ᠬᠡᠷᠡᠭᠯᠡᠳᠡᠭ ᠵᠢᠭ᠋ᠠᠨ ᠰᠤᠷᠭ᠋ᠠᠯᠳᠠ ᠵᠢᠨ ᠠᠷᠭ᠎ᠠ ᠪᠣᠯᠣᠨ᠎ᠠ᠃ ᠵᠢᠭ᠋ᠠᠨ ᠰᠤᠷᠭ᠋ᠠᠯᠳᠠ ᠵᠢᠨ ᠶᠠᠪᠤᠴᠠ᠎ᠳᠤ᠂ ᠪᠠᠭᠰᠢ᠎ᠠᠴᠠ ᠰᠤᠷᠤᠭᠴᠢᠳ᠎ᠢ ᠬᠡᠳᠦᠨ ᠳᠤᠭᠤᠶ᠋ᠢᠯᠠᠩ ᠬᠤᠪᠢᠶᠠᠨ᠂ ᠳᠤᠭᠤᠶ᠋ᠢᠯᠠᠩ ᠪᠦᠷᠢ ᠵᠢᠨ ᠰᠤᠷᠤᠭᠴᠢᠳ᠎ᠤᠨ ᠲᠤᠭ᠋ᠠᠨ᠎ᠤ ᠬᠠᠷᠢᠴᠠᠯ᠎ᠨᠢ ᠦᠨᠳᠦᠰᠦᠨ᠎ᠳᠤ᠎ᠪᠠᠨ ᠠᠳᠠᠯᠢᠬᠠᠨ ᠪᠠᠶ᠋ᠢᠳᠠᠭ᠃ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠵᠢᠭ᠋ᠠᠨ ᠰᠤᠷᠭ᠋ᠠᠯᠳᠠ ᠵᠢᠨ ᠠᠷᠭ᠎ᠠ ᠬᠡᠯᠪᠡᠷᠢ᠎ᠨᠢ ᠪᠦᠬᠦ ᠬᠡᠥᠬᠡᠳ᠎ᠤᠨ ᠰᠤᠷᠤᠯᠴᠠᠭ᠍ᠤ ᠢᠳᠡᠪᠬᠢᠵᠢᠯ᠎ᠢ ᠬᠠᠮᠤᠭ ᠶᠡᠭᠡ᠎ᠪᠠᠷ ᠳᠠᠶ᠋ᠢᠴᠢᠯᠠᠵᠤ ᠴᠢᠳᠠᠨ᠎ᠠ᠃ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ᠎ᠨᠢ ᠮᠦᠨᠴᠦ ᠪᠠᠭᠰᠢ ᠰᠤᠷᠤᠭᠴᠢ ᠵᠢᠨ ᠬᠠᠷᠢᠴᠠᠭ᠎ᠠ ᠵᠢ ᠴᠢᠩᠭ᠋ᠠᠳᠬᠠᠬᠤ ᠲᠠᠯ᠎ᠠ᠎ᠪᠠᠷ ᠳᠠᠩ ᠴᠤᠯᠭᠤᠢ ᠬᠢᠴᠢᠶᠡᠯᠯᠡᠭᠡ ᠵᠢᠨ ᠳᠣᠮᠳᠠᠬᠢ ᠬᠠᠷᠢᠴᠠᠭ᠎ᠠ ᠵᠢ ᠪᠣᠳᠣᠪᠠᠯ ᠪᠠᠭᠰᠢ ᠵᠢ ᠰᠣᠷᠣᠭᠴᠢᠳ᠎ᠲᠠᠢ ᠨᠡᠩ ᠣᠶ᠋ᠢᠷ᠎ᠠ ᠪᠣᠯᠭ᠋ᠠᠵᠣ᠂ ᠪᠠᠭᠰᠢ ᠰᠤᠷᠤᠭᠴᠢ ᠵᠢᠨ ᠬᠤᠭᠤᠷᠤᠨᠳᠤᠬᠢ ᠨᠡᠪᠳᠡᠷᠡᠯᠴᠡᠭᠡ ᠵᠢ ᠨᠡᠩ ᠴᠠᠭ᠋ᠠᠰᠢᠳᠠ ᠠᠬᠢᠭᠤᠯᠵᠤ ᠴᠢᠳᠠᠭ᠍ᠣ ᠪᠣᠯᠣᠨ᠎ᠠ᠃ ᠪᠠᠭ᠎ᠠ ᠳᠤᠭᠤᠶ᠋ᠢᠯᠠᠩ ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ᠎ᠨᠢ ᠭᠤᠤᠯᠳᠠᠭᠤ ᠭᠢᠴᠢᠶᠡᠯ᠎ᠤᠨ ᠳᠣᠮᠳᠠᠬᠢ ᠰᠤᠷᠤᠯᠴᠠᠭ᠍ᠤ ᠴᠢᠬᠤᠯᠠᠳᠠᠢ ᠠ᠋ᠭᠦᠷᠭᠡ ᠵᠢ ᠰᠤᠷᠤᠭᠴᠢᠳ᠎ᠲᠤ ᠳᠠᠭ᠋ᠠᠭ᠋ᠠᠴᠢᠯᠠᠭᠤᠯᠤᠨ᠂ ᠪᠠᠭ᠎ᠠ ᠳᠤᠭᠤᠶ᠋ᠢᠯᠠᠩ᠎ᠤᠨ ᠰᠤᠷᠤᠭᠴᠢᠳ ᠬᠠᠷᠢᠯᠴᠠᠠ ᠰᠠᠨᠠᠯ ᠪᠣᠳᠣᠯ ᠵᠶ᠋ᠠᠨ ᠰᠣᠯᠢᠯᠴᠠᠭ᠍ᠣ᠂ ᠶᠠᠷᠢᠯᠴᠠᠨ ᠵᠦᠪᠳᠡᠬᠦ ᠵᠡᠷᠭᠡ ᠶᠠᠪᠤᠴᠠ᠎ᠪᠠᠷ ᠳᠠᠮᠵᠢᠨ ᠰᠤᠷᠤᠯᠴᠠᠯᠭ᠎ᠠ ᠵᠢᠨ ᠠ᠋ᠭᠦᠷᠭᠡ᠎ᠪᠠᠨ ᠪᠡᠶᠡᠯᠡᠭᠦᠯᠵᠦ ᠴᠢᠳᠠᠳᠠᠭ᠃ ᠠ᠋ᠶ᠋ᠢᠮᠦᠷᠬᠦᠤ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ᠎ᠨᠢ ᠰᠤᠷᠤᠭᠴᠢᠳ᠎ᠤᠨ ᠪᠣᠰᠣᠳ᠎ᠲᠠᠢ ᠬᠠᠷᠢᠯᠴᠠᠭ᠍ᠣ ᠪᠠ ᠬᠠᠮᠳᠣᠷᠠᠭ᠍ᠣ ᠦᠵᠡᠯ ᠲᠠᠨᠢᠯᠳᠠ ᠵᠢ ᠴᠢᠩᠭ᠋ᠠᠳᠬᠠᠵᠣ ᠴᠢᠳᠠᠭ᠍ᠣ᠎ᠪᠠᠷ ᠦᠯᠦ ᠪᠠᠷᠠᠨ ᠬᠠᠮᠳᠣ ᠨᠡᠶ᠋ᠢᠳᠡ ᠵᠢᠨ ᠤᠬᠠᠮᠰᠠᠷ ᠪᠠ ᠪᠣᠰᠣᠳ ᠲᠠᠯ᠎ᠠ ᠵᠢᠨ ᠬᠠᠷᠢᠯᠴᠠᠭ᠍ᠣ ᠮᠡᠷᠭᠡᠵᠢᠯ᠎ᠢ ᠡᠵᠡᠮᠰᠢᠬᠦ᠎ᠳᠤ ᠲᠤᠶ᠋ᠢᠯ᠎ᠤᠨ ᠠᠰᠢᠭᠳᠠᠢ ᠶᠣᠮ᠃
ᠨᠢᠭᠡ᠂ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠦᠨᠳᠦᠰᠦᠨ ᠠ᠋ᠯᠮᠸᠨ᠋ᠸᠲᠤᠨ ᠲᠤᠬᠠᠢ
ᠪᠠᠭ᠎ᠠ ᠰᠤᠷᠭ᠋ᠠᠭᠤᠯᠢ ᠵᠢᠨ ᠲᠤᠭ᠋ᠠᠨ᠎ᠤ ᠤᠬᠠᠭ᠋ᠠᠨ᠎ᠤ ᠵᠢᠭ᠋ᠠᠨ ᠰᠤᠷᠭ᠋ᠠᠯᠳᠠ ᠳᠤᠮᠳᠠ᠂ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠦᠢ᠍ᠯᠡᠳᠦᠯ᠎ᠢ ᠦᠨᠡᠨ ᠬᠦ᠌ ᠪᠠᠳᠠᠷᠠᠭᠤᠯᠵᠤ᠂ ᠣᠨᠴᠠᠯᠢᠭ᠎ᠲᠤ᠎ᠨᠢ ᠲᠤᠬᠢᠷᠠᠭᠰᠠᠨ ᠬᠠᠮᠳᠤᠷᠠᠯᠴᠠᠭ᠋ᠠᠨ᠎ᠤ ᠵᠢᠭ᠋ᠠᠨ ᠰᠤᠷᠭ᠋ᠠᠯᠳᠠ ᠵᠢᠨ ᠦᠢ᠍ᠯᠡᠳᠦᠯᠭᠡ ᠵᠢ ᠦᠷᠨᠢᠬᠦᠯᠬᠦ᠎ᠳᠤ᠂ ᠬᠠᠮᠤᠭ ᠲᠡᠷᠢᠬᠦᠨ᠎ᠳᠤ᠂ ᠪᠠᠭᠰᠢ ᠪᠣᠯᠣᠭᠰᠠᠳ᠎ᠠᠴᠠ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠦᠨᠳᠦᠰᠦᠨ ᠣᠨᠴᠠᠯᠢᠭ ᠵᠢᠴᠢ ᠦᠨᠳᠦᠰᠦᠨ ᠠ᠋ᠯᠮᠸᠨ᠋ᠸᠲ ᠵᠢᠨ ᠲᠤᠬᠠᠢ ᠨᠠᠷᠢᠨ ᠣᠶ᠋ᠢᠯᠠᠭ᠋ᠠᠭᠰᠠᠨ ᠪᠠᠶ᠋ᠢᠬᠤ ᠬᠡᠷᠡᠭᠳᠡᠢ᠃
(ᠨᠢᠭᠡ) ᠬᠠᠷᠢᠯᠴᠠᠨ ᠢᠳᠡᠭᠡᠯ᠎ᠲᠠᠢ ᠪᠠᠶ᠋ᠢᠬᠤ
ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠳᠣᠮᠳᠠ ᠰᠤᠷᠤᠭᠴᠢᠳ ᠠ᠋ᠷᠬᠡᠪᠰᠢ ᠬᠦᠮᠦᠨ ᠪᠦᠬᠦᠨ᠎ᠤ ᠰᠤᠷᠤᠯᠴᠠᠯᠭ᠎ᠠ ᠵᠢᠨ ᠣᠪᠣᠷ ᠪᠠᠶ᠋ᠢᠳᠠᠯ᠎ᠨᠢ ᠦᠪᠡᠷ᠎ᠤᠨ ᠰᠤᠷᠤᠯᠴᠠᠯᠭ᠎ᠠ᠎ᠳᠤ ᠬᠤᠯᠪᠤᠭᠳᠠᠭ᠍ᠣᠪᠠᠷ ᠦᠯᠦ ᠪᠠᠷᠠᠨ᠂ ᠪᠦᠬᠦ ᠳᠤᠭᠤᠶ᠋ᠢᠯᠠᠩ᠎ᠤᠨ ᠬᠡᠰᠢᠭᠦᠳ᠎ᠤᠨ ᠰᠤᠷᠤᠯᠴᠠᠯᠭ᠎ᠠ ᠵᠢᠨ ᠣᠪᠣᠷ ᠪᠠᠶ᠋ᠢᠳᠠᠯ᠎ᠳᠤ ᠨᠦᠯᠦᠭᠡ ᠦᠵᠬᠦᠯᠳᠡᠭ ᠭᠡᠳᠡᠭ᠎ᠢ ᠰᠡᠷᠡᠵᠦ ᠮᠡᠳᠡᠭᠰᠡᠨ ᠪᠠᠶ᠋ᠢᠬᠤ ᠴᠢᠬᠤᠯᠠᠳᠠᠢ᠃ ᠳᠤᠭᠤᠶ᠋ᠢᠯᠠᠩ᠎ᠤᠨ ᠰᠤᠷᠤᠯᠴᠠᠯᠭ᠎ᠠ ᠵᠢᠨ ᠶᠠᠪᠤᠴᠠ᠎ᠳᠤ᠂ ᠬᠡᠰᠢᠬᠦᠳ ᠬᠠᠷᠢᠯᠴᠠᠨ ᠢᠳᠡᠭᠡᠯ᠎ᠲᠠᠢ ᠬᠠᠷᠢᠴᠠᠭ᠎ᠠ ᠵᠢ ᠪᠦᠷᠢᠯᠳᠦᠬᠦᠯᠪᠡᠯ ᠵᠦᠢ᠍ᠳᠡᠢ᠃ ᠠ᠋ᠶ᠋ᠢᠮᠦᠷᠬᠦᠤ ᠬᠠᠷᠢᠴᠠᠭ᠎ᠠ ᠵᠢ ᠪᠣᠢ ᠪᠣᠯᠭ᠋ᠠᠬᠤ᠎ᠳᠤ ᠳᠣᠣᠷᠠᠬᠢ ᠭᠤᠷᠪᠠᠨ ᠲᠠᠯ᠎ᠠ ᠵᠢ ᠠᠨᠭ᠌ᠬᠠᠷᠤᠨ᠎ᠠ᠃
1. ᠰᠣᠷᠣᠯᠴᠠᠯᠭ᠎ᠠ ᠵᠢᠨ ᠬᠠᠷᠠᠯᠳᠠ ᠳᠣᠳᠤᠷᠬᠠᠢ᠃ ᠳᠤᠭᠤᠶ᠋ᠢᠯᠠᠩ᠎ᠤᠨ ᠬᠡᠰᠢᠬᠦᠨ ᠪᠦᠷᠢ ᠵᠠᠪᠠᠯ ᠢᠵᠢᠯ ᠨᠢᠭᠡ ᠬᠠᠷᠠᠯᠳᠠ ᠪᠠᠢ᠍ᠢ᠍ᠬᠤ ᠭᠡᠷᠡᠭᠳᠠᠢ᠃ ᠪᠠᠭ᠎ᠠ ᠰᠤᠷᠭ᠋ᠠᠭᠤᠯᠢ ᠵᠢᠨ ᠲᠤᠭ᠋ᠠᠨ᠎ᠤ ᠤᠬᠠᠭ᠋ᠠᠨ᠎ᠤ ᠬᠢᠴᠢᠶᠡᠯᠯᠡᠭᠡ ᠵᠢᠨ ᠶᠠᠪᠤᠴᠠ᠎ᠳᠤ᠂ ᠪᠠᠭᠰᠢ᠎ᠠᠴᠠ ᠳᠤᠭᠤᠶ᠋ᠢᠯᠠᠩ ᠪᠦᠷᠢ ᠵᠢᠨ ᠬᠡᠰᠢᠭᠦᠳ᠎ᠢ ᠳᠤᠭᠤᠶ᠋ᠢᠯᠠᠩ᠎ᠤᠨ ᠰᠤᠷᠤᠯᠴᠠᠯᠭ᠎ᠠ ᠳᠠᠭᠤᠰᠣᠭᠰᠠᠨᠤ ᠳᠠᠷᠠᠭ᠎ᠠ ᠰᠤᠷᠤᠯᠴᠠᠯᠭ᠎ᠠ ᠵᠢᠨ ᠬᠠᠷᠠᠯᠳᠠ ᠵᠢᠨ ᠬᠦᠰᠦᠨᠦᠭ ᠳᠡᠭᠡᠷ᠎ᠡ ᠭᠠᠷᠤᠨ ᠦᠰᠦᠭ ᠵᠢᠷᠤᠭᠤᠯᠪᠠᠯ ᠨᠡᠩ ᠰᠠᠶ᠋ᠢᠨ᠂ ᠠ᠋ᠨᠡ᠎ᠨᠢ ᠳᠤᠭᠤᠶ᠋ᠢᠯᠠᠩ᠎ᠤᠨ ᠰᠤᠷᠤᠯᠴᠠᠭ᠍ᠤ ᠬᠠᠷᠠᠯᠳᠠ᠎ᠨᠢ ᠨᠢᠭᠡᠨᠳᠡ ᠪᠡᠶᠡᠯᠡᠭᠳᠡᠭᠰᠡᠨᠤ ᠴᠢᠬᠤᠯᠠ ᠨᠢᠭᠡᠨ ᠢᠯᠡᠷᠡᠯ ᠪᠣᠯᠬᠤ ᠶᠣᠮ᠃
2. ᠱᠠᠩᠨᠠᠯ ᠲᠣᠷᠭ᠋ᠠᠭᠤᠯᠢ ᠵᠢᠨ ᠲᠦᠷᠢᠮ᠎ᠢ ᠬᠡᠷᠡᠭᠵᠢᠬᠦᠯᠬᠦ᠃ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠶᠠᠪᠤᠴᠠ᠎ᠳᠤ᠂ ᠪᠠᠭᠰᠢ᠎ᠠᠴᠠ ᠵᠣᠬᠢᠰᠳᠠᠢ ᠱᠠᠩᠨᠠᠯ ᠲᠤᠷᠭ᠋ᠠᠭᠤᠯᠢ ᠵᠢᠨ ᠳᠦᠷᠢᠮ᠎ᠢ ᠲᠤᠭᠳᠠᠭ᠋ᠠᠨ ᠭᠡᠷᠡᠭᠵᠢᠬᠦᠯᠪᠡᠯ ᠰᠣᠷᠣᠯᠴᠠᠭ᠎ᠠ ᠵᠢᠨ ᠦᠷ᠎ᠡ ᠳ᠋ᠦᠩ᠎ᠢ ᠨᠡᠩ ᠰᠠᠶ᠋ᠢᠨ ᠪᠣᠯᠭ᠋ᠠᠵᠣ ᠪᠣᠯᠣᠨ᠎ᠠ᠃ ᠳᠣᠭᠤᠶ᠋ᠢᠯᠠᠩ᠎ᠤᠨ ᠰᠤᠷᠤᠭᠴᠢᠳ᠎ᠤᠨ ᠳᠣᠮᠳᠠ᠂ ᠰᠣᠷᠣᠯᠴᠠᠭ᠍ᠣ ᠢᠳᠡᠪᠬᠢᠵᠢᠯ ᠪᠠ ᠣᠪᠤᠷ ᠰᠣᠷᠳᠠᠯ᠎ᠨᠢ ᠰᠠᠶ᠋ᠢᠨ ᠰᠣᠷᠣᠭᠴᠢᠳ᠎ᠢ ᠱᠠᠩᠨᠠᠨ ᠤᠷᠮᠠᠰᠢᠭᠤᠯᠪᠠᠯ᠂ ᠰᠣᠷᠣᠭᠴᠢᠳ ᠨᠡᠩ ᠢᠳᠡᠭᠡᠯ ᠲᠡᠭᠦᠯᠳᠡᠷ ᠵᠶ᠋ᠠᠷ ᠰᠣᠷᠣᠯᠴᠠᠯᠭ᠎ᠠ ᠵᠢᠨ ᠪᠦᠬᠦᠶ᠋ᠢᠯᠡ ᠶᠠᠪᠤᠴᠠ᠎ᠳᠤ ᠰᠡᠳᠭᠢᠯ ᠳᠠᠯᠪᠢᠨ ᠤᠷᠤᠯᠴᠠᠬᠤ ᠪᠣᠯᠣᠨ᠎ᠠ᠃ ᠠ᠋ᠭᠦᠨ᠎ᠤ ᠳᠠᠭ᠋ᠠᠤ᠎ᠳᠤ᠂ ᠰᠣᠷᠣᠯᠴᠠᠭ᠍ᠣ ᠢᠳᠡᠪᠬᠢᠵᠢᠯ ᠠᠨᠠᠢ᠂ ᠰᠣᠷᠣᠯᠴᠠᠭ᠍ᠣ ᠣᠷᠮ᠎ᠠ ᠮᠠᠭᠤᠳᠠᠢ ᠰᠤᠷᠤᠭᠴᠢᠳ᠎ᠢ ᠲᠤᠷᠭᠤᠭ᠋ᠠᠨ ᠴᠡᠭᠡᠷᠯᠡᠬᠦᠯᠵᠦ᠂ ᠳᠤᠭᠤᠶ᠋ᠢᠯᠠᠩ᠎ᠤᠨ ᠰᠤᠷᠤᠯᠴᠠᠯᠭ᠎ᠠ ᠵᠢᠨ ᠦᠷ᠎ᠡ ᠳ᠋ᠦᠩ᠎ᠢ ᠨᠦᠯᠦᠭᠡᠯᠡᠭᠰᠡᠨ ᠬᠠᠷᠢᠭᠤᠴᠠᠯᠭ᠎ᠠ ᠵᠢ ᠠ᠋ᠭᠦᠷᠭᠡᠯᠡᠭᠦᠯᠪᠡᠯ᠂ ᠠ᠋ᠳᠡᠭᠡᠷ ᠰᠤᠷᠤᠭᠴᠢᠳ ᠦᠪᠡᠷ᠎ᠤᠨ ᠪᠣᠷᠣᠭᠤ ᠪᠠᠨ ᠰᠡᠷᠡᠵᠦ ᠮᠡᠳᠡᠷᠡᠨ᠂ ᠰᠣᠷᠣᠯᠴᠠᠯᠭ᠎ᠠ ᠵᠢᠨ ᠨᠠᠵᠠᠭ᠋ᠠᠢ ᠣᠪᠣᠷ ᠵᠶ᠋ᠠᠨ ᠦᠭᠡᠷᠡᠴᠢᠯᠡᠬᠦ᠎ᠳᠤ ᠲᠤᠰᠠ ᠳᠡᠮ ᠪᠣᠯᠬᠤ᠎ᠨᠢ ᠯᠠᠪᠳᠠᠢ ᠶᠣᠮ᠃
3. ᠳᠤᠭᠤᠶ᠋ᠢᠯᠠᠩ᠎ᠤᠨ ᠬᠡᠰᠢᠬᠦᠳ᠎ᠤᠨ ᠠ᠋ᠭᠦᠷᠭᠡ ᠳᠣᠳᠣᠷᠬᠠᠢ ᠪᠠᠶ᠋ᠢᠬᠤ᠃ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠶᠠᠪᠤᠴᠠ᠎ᠳᠤ᠂ ᠳᠤᠭᠤᠶ᠋ᠢᠯᠠᠩ᠎ᠤᠨ ᠬᠡᠰᠢᠬᠦᠨ ᠪᠦᠬᠦᠨ᠎ᠤ ᠠᠵᠢᠯ ᠠ᠋ᠭᠦᠷᠬᠡ ᠵᠢ ᠳᠣᠳᠣᠷᠬᠠᠶ᠋ᠢᠯᠠᠨ᠂ ᠰᠤᠷᠤᠭᠴᠢᠳ᠎ᠤᠨ ᠳᠤᠭᠤᠶ᠋ᠢᠯᠠᠩ᠎ᠤᠨ ᠳᠣᠮᠳᠠᠬᠢ ᠣᠷᠣᠨ ᠪᠠᠶ᠋ᠢᠷᠢ ᠪᠠ ᠬᠢᠬᠦ ᠠ᠋ᠭᠦᠷᠭᠡ᠎ᠨᠢ ᠬᠠᠷᠢᠯᠴᠠᠨ ᠨᠢᠭᠳᠠ ᠤᠶᠠᠯᠳᠣᠭᠰᠠᠨ ᠪᠠᠶ᠋ᠢᠪᠠᠯ ᠵᠦᠢ᠍ᠳᠡᠢ᠃ ᠠ᠋ᠨᠡ᠎ᠨᠢ ᠳᠤᠭᠤᠶ᠋ᠢᠯᠠᠩ᠎ᠤᠨ ᠠ᠋ᠭᠦᠷᠭᠡ᠎ᠪᠠᠨ ᠪᠡᠶᠡᠯᠡᠬᠦᠯᠬᠦ᠎ᠳᠤ ᠨᠡᠩ ᠳᠦᠭᠦᠮ ᠳᠦᠳᠡ ᠮᠦᠷᠳᠡᠭᠡᠨ ᠳᠤᠭᠤᠶ᠋ᠢᠯᠠᠩ᠎ᠤᠨ ᠡᠴᠦᠰ᠎ᠤᠨ ᠬᠠᠷᠠᠯᠳᠠ᠎ᠪᠠᠨ ᠪᠡᠶᠡᠯᠡᠬᠦᠯᠬᠦ᠎ᠳᠤ ᠮᠦᠨ ᠮᠠᠰᠢ ᠴᠢᠬᠤᠯᠠ ᠦᠢ᠍ᠯᠡᠳᠦᠯ᠎ᠲᠠᠢ᠃
(ᠬᠤᠶᠠᠷ) ᠰᠣᠷᠤᠭᠴᠢ ᠪᠦᠷᠢ ᠬᠠᠷᠢᠭᠤᠴᠠᠯᠭ᠎ᠠ᠎ᠲᠠᠢ ᠪᠠᠶ᠋ᠢᠬᠤ
ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠶᠠᠪᠤᠴᠠ᠎ᠳᠤ᠂ ᠬᠡᠰᠢᠬᠦᠨ ᠪᠦᠷᠢ ᠠ᠋ᠷᠬᠡᠪᠰᠢ ᠬᠤᠪᠢ ᠵᠢᠨ ᠠ᠋ᠭᠦᠷᠭᠡᠯᠡᠪᠡᠯ ᠵᠦᠢ᠍ᠳᠡᠢ ᠠ᠋ᠭᠦᠷᠭᠡ ᠠᠵᠢᠯ ᠪᠠᠶ᠋ᠢᠬᠤ ᠬᠡᠷᠡᠭᠳᠡᠢ᠃ ᠳᠤᠭᠤᠶ᠋ᠢᠯᠠᠩ᠎ᠤᠨ ᠬᠠᠮᠳᠣᠷᠠᠯᠴᠠᠭ᠋ᠠᠨᠤ ᠳᠣᠮᠳᠠ᠂ ᠬᠡᠰᠢᠬᠦᠨ ᠪᠦᠷᠢ ᠦᠪᠡᠷ᠎ᠤᠨ ᠠ᠋ᠭᠦᠷᠭᠡ᠎ᠪᠠᠨ ᠠ᠋ᠷᠬᠡᠪᠰᠢ ᠪᠡᠶᠯᠡᠬᠦᠯᠬᠦᠨᠢ ᠳᠤᠭᠤᠶ᠋ᠢᠯᠠᠩ᠎ᠤᠨ ᠰᠣᠷᠣᠯᠴᠠᠭ᠍ᠣ ᠠ᠋ᠭᠦᠷᠭᠡ ᠵᠢᠨ ᠪᠡᠶᠡᠯᠡᠭᠳᠡᠬᠦ ᠠ᠋ᠰᠡᠬᠦ᠎ᠲᠠᠢ ᠰᠢᠭᠤᠳ ᠬᠤᠯᠪᠣᠭᠳᠠᠨ᠎ᠠ᠃ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠳᠣᠮᠳᠠ᠂ ᠪᠠᠭᠰᠢ᠎ᠠᠴᠠ ᠰᠤᠷᠤᠭᠴᠢᠳ᠎ᠤᠨ ᠬᠢᠬᠦ ᠴᠢᠬᠤᠯᠠᠳᠠᠢ ᠠ᠋ᠭᠦᠷᠬᠡ ᠵᠢ ᠳᠣᠳᠤᠷᠬᠠᠶ᠋ᠢᠯᠠᠨ ᠲᠤᠰᠢᠶᠠᠭ᠍ᠣ ᠵᠢᠨ ᠳᠠᠭ᠋ᠠᠣ ᠮᠦᠨ ᠰᠤᠷᠤᠭᠴᠢᠳ᠎ᠤᠨ ᠬᠤᠪᠢ ᠵᠢᠨ ᠠ᠋ᠭᠦᠷᠭᠡ᠎ᠪᠠᠨ ᠪᠡᠶᠡᠯᠡᠬᠦᠯᠦᠭᠰᠡᠨ ᠠ᠋ᠰᠡᠬᠦ᠎ᠳᠤ ᠠᠰᠠᠭᠤᠯᠳᠠ ᠲᠠᠯᠪᠢᠬᠤ ᠪᠣᠶᠣ ᠰᠣᠷᠢᠯᠳᠠ ᠬᠢᠬᠦ ᠮᠡᠳᠦ ᠵᠢᠨ ᠠᠷᠭ᠎ᠠ ᠠᠪᠴᠠᠯ ᠵᠶ᠋ᠠᠷ ᠰᠣᠷᠣᠭᠴᠢᠳ᠎ᠤᠨ ᠠ᠋ᠭᠦᠷᠭᠡ᠎ᠪᠠᠨ ᠬᠢᠷᠢ ᠵᠡᠷᠭᠡ ᠭᠦᠢ᠍ᠴᠡᠳᠭᠡᠭᠰᠡᠨ ᠲᠤᠬᠠᠢ ᠪᠠᠶ᠋ᠢᠴᠠᠭ᠋ᠠᠵᠤ ᠪᠣᠯᠣᠨ᠎ᠠ᠃
(ᠭᠤᠷᠪᠠ) ᠬᠡᠰᠢᠬᠦᠳ ᠬᠠᠷᠢᠯᠴᠠᠨ ᠬᠠᠮᠳᠣᠷᠠᠯᠴᠠᠭ᠍ᠣ ᠵᠢ ᠠᠬᠢᠭᠤᠯᠬᠤ
ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ᠎ᠳᠤ᠂ ᠡᠯ᠎ᠡ ᠬᠡᠰᠢᠭᠦᠳ ᠬᠠᠷᠢᠯᠴᠠᠨ ᠳᠡᠮᠵᠢᠬᠦ᠂ ᠬᠠᠮᠳᠣᠷᠠᠨ ᠴᠢᠷᠮᠠᠶ᠋ᠢᠬᠤ᠎ᠪᠠᠷ ᠳᠠᠮᠵᠢᠨ ᠬᠠᠮᠤᠭ ᠡᠴᠦᠰ᠎ᠤᠨ ᠰᠣᠷᠣᠯᠴᠠᠭ᠍ᠣ ᠠ᠋ᠭᠦᠷᠭᠡ᠎ᠪᠠᠨ ᠪᠡᠶᠡᠯᠡᠬᠦᠯᠵᠦ ᠴᠢᠳᠠᠨ᠎ᠠ᠃ ᠬᠡᠰᠢᠭᠦᠨ ᠪᠦᠬᠦᠨ ᠬᠠᠷᠢᠯᠴᠠᠨ ᠬᠠᠪᠰᠤᠷᠤᠯᠴᠠᠭ᠍ᠤ ᠮᠦᠷᠳᠡᠭᠡᠨ ᠰᠤᠷᠠᠭ ᠵᠠᠩᠭᠢ᠎ᠪᠠᠨ ᠬᠠᠷᠢᠯᠴᠠᠨ ᠬᠤᠪᠢᠶᠠᠯᠴᠠᠭ᠍ᠣ᠂ ᠬᠤᠪᠢ ᠵᠢᠨ ᠦᠵᠡᠯᠳᠡ᠎ᠪᠠᠨ ᠳᠣᠷᠠᠳᠣᠨ ᠭᠠᠷᠭ᠋ᠠᠵᠣ᠂ ᠬᠠᠷᠢᠯᠴᠠᠨ ᠵᠣᠷᠢᠬ᠍ᠵᠢᠭᠤᠯᠣᠨ ᠳᠡᠮᠵᠢᠬᠦ ᠵᠡᠷᠭᠡ᠎ᠪᠠᠷ ᠳᠠᠮᠵᠢᠨ ᠰᠣᠷᠣᠯᠴᠠᠭ᠍ᠣ ᠠ᠋ᠭᠦᠷᠭᠡ᠎ᠪᠠᠨ ᠦᠷ᠎ᠡ ᠠᠰᠢᠭᠲᠠᠢᠪᠠᠷ ᠪᠡᠶᠡᠯᠡᠬᠦᠯᠵᠦ ᠴᠢᠳᠠᠭ᠍ᠣ ᠪᠣᠯᠣᠨ᠎ᠠ᠃
ᠬᠤᠶᠠᠷ᠂ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠦᠷ᠎ᠡ ᠠᠰᠢᠭ᠎ᠢ ᠳᠡᠭᠡᠭᠰᠢᠯᠡᠬᠦᠯᠬᠦ ᠠᠷᠭ᠎ᠠ ᠵᠠᠮ
(ᠨᠢᠭᠡ) ᠪᠠᠭᠰᠢ ᠵᠢᠨ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠶᠠᠪᠤᠴᠠ᠎ᠳᠠᠬᠢ ᠠ᠋ᠭᠦᠷᠭᠡ ᠬᠠᠷᠢᠭᠤᠴᠠᠯᠭ᠎ᠠ
ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ᠎ᠨᠢ ᠰᠣᠷᠣᠭᠴᠢᠳ᠎ᠤᠨ ᠬᠤᠪᠢ ᠵᠢᠨ ᠤᠬᠠᠮᠰᠠᠷᠲᠤ ᠲᠦᠰᠢᠭᠯᠡᠭᠰᠡᠨ᠂ ᠮᠠᠰᠢ ᠠ᠋ᠷᠬᠡ ᠴᠢᠯᠦᠭᠡᠳᠡᠢ ᠬᠠᠮᠳᠣ ᠨᠡᠶ᠋ᠢᠳᠡ ᠵᠢᠨ ᠰᠣᠷᠣᠯᠴᠠᠭ᠍ᠣ ᠠᠵᠢᠯᠯᠠᠭ᠎ᠠ ᠪᠣᠯᠣᠨ᠎ᠠ᠃ ᠠ᠋ᠶ᠋ᠢᠮᠦᠷᠬᠦᠤ ᠰᠣᠷᠣᠯᠴᠠᠭ᠍ᠣ ᠠᠵᠢᠯᠯᠠᠭ᠋ᠠᠨ᠎ᠨᠢ ᠣᠯᠠᠩᠬᠢ ᠪᠠᠶ᠋ᠢᠳᠠᠯ᠎ᠳᠤ ᠰᠣᠷᠣᠭᠴᠢᠳ ᠬᠤᠪᠢ ᠪᠡᠶ᠎ᠡ᠎ᠳᠤ᠎ᠪᠠᠨ ᠲᠦᠰᠢᠭᠯᠡᠬᠦ᠎ᠪᠠᠷ ᠭᠤᠣᠯ ᠪᠤᠯᠭ᠋ᠠᠳᠠᠭ ᠪᠣᠯᠪᠠᠴᠣ ᠰᠣᠷᠣᠯᠴᠠᠯᠭ᠎ᠠ ᠵᠢᠨ ᠪᠦᠬᠦᠶ᠋ᠢᠯᠡ ᠶᠠᠪᠤᠴᠠ᠎ᠨᠢ ᠪᠠᠭᠰᠢ ᠵᠢᠨ ᠰᠢᠨᠵᠢᠯᠡᠬᠦ ᠣᠬᠠᠭ᠋ᠠᠨᠴᠢ ᠵᠢᠭ᠋ᠠᠨ ᠵᠢᠯᠣᠭᠤᠳᠣᠯᠭ᠎ᠠ ᠪᠠ ᠬᠢᠨᠠᠨ ᠪᠠᠶ᠋ᠢᠴᠠᠭ᠋ᠠᠯᠳᠠ᠎ᠠᠴᠠ ᠰᠠᠯᠵᠣ ᠴᠢᠳᠠᠭ᠍ᠣ ᠦᠭᠡᠢ᠎ᠨᠢ ᠮᠡᠳᠡᠭᠡᠵᠢ᠃ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠦᠷ᠎ᠡ ᠠᠰᠢᠭ᠎ᠢ ᠨᠡᠩ ᠦᠨᠳᠦᠷ ᠲᠦᠪᠰᠢᠨ᠎ᠳᠤ ᠬᠦᠷᠭᠡᠬᠦ ᠵᠢᠨ ᠲᠤᠯᠠᠳᠠ᠂ ᠰᠣᠷᠣᠯᠴᠠᠯᠭ᠎ᠠ ᠵᠢᠨ ᠶᠠᠪᠤᠴᠠ᠎ᠳᠤ ᠪᠠᠭᠰᠢ ᠵᠢᠨ ᠠ᠋ᠭᠦᠷᠭᠡ ᠬᠠᠷᠢᠭᠤᠴᠠᠯᠭ᠎ᠠ᠎ᠨᠢ ᠳᠣᠳᠣᠷᠬᠠᠢ ᠪᠠᠶ᠋ᠢᠬᠤ ᠬᠡᠷᠡᠭᠳᠡᠢ᠃ ᠪᠠᠭᠰᠢ ᠪᠣᠯ ᠰᠣᠷᠣᠯᠴᠠᠯᠭ᠎ᠠ ᠵᠢᠨ ᠪᠦᠬᠦᠶ᠋ᠢᠯᠡ ᠶᠠᠪᠤᠴᠠ ᠵᠢᠨ 《ᠬᠦᠳᠦᠯᠦᠭᠴᠢ》 ᠪᠠᠶ᠋ᠢᠬᠤ ᠶᠣᠰᠣᠳᠠᠢ᠃ ᠰᠣᠷᠣᠭᠴᠢᠳ᠎ᠤᠨ ᠰᠣᠷᠣᠯᠴᠠᠭ᠍ᠣ ᠤᠷᠮ᠎ᠠ ᠵᠢ ᠬᠦᠭᠵᠢᠬᠡᠨ᠂ ᠰᠣᠷᠣᠭᠴᠢᠳ᠎ᠤᠨ ᠪᠠᠶᠡᠴᠢ ᠴᠢᠳᠠᠮᠠᠭ᠋ᠠᠢ ᠴᠢᠨᠠᠷ᠎ᠢ ᠪᠠᠳᠠᠷᠠᠭᠤᠯᠵᠣ᠂ ᠰᠣᠷᠣᠯᠴᠠᠭ᠍ᠣ ᠦᠶ᠎ᠡ ᠵᠢᠨ ᠬᠦᠳᠡᠯᠦᠩᠭᠦᠢ ᠪᠣᠰᠣ ᠣᠪᠣᠷ᠎ᠢ ᠰᠠᠶ᠋ᠢᠵᠢᠷᠠᠭᠤᠯᠣᠨ ᠢᠳᠡᠪᠬᠢᠳᠡᠢ ᠣᠪᠣᠷ᠎ᠲᠠᠢ ᠪᠣᠯᠭ᠋ᠠᠨ᠂ ᠪᠠᠶᠠᠷ ᠬᠦᠷ᠎ᠲᠠᠢ᠎ᠪᠠᠷ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ᠎ᠳᠤ ᠣᠷᠣᠯᠴᠠᠭ᠍ᠣ ᠪᠣᠯᠭ᠋ᠠᠨ᠎ᠠ᠃ ᠪᠠᠭᠰᠢ᠎ᠠᠴᠠ ᠮᠦᠨ ᠰᠣᠷᠣᠭᠴᠢᠳ᠎ᠤᠨ ᠬᠠᠮᠳᠣᠷᠠᠯᠴᠠᠭ᠋ᠠᠨᠳᠤ ᠵᠣᠬᠢᠰᠳᠠᠢ ᠵᠢᠯᠣᠭᠤᠳᠣᠮᠵᠢ ᠦᠭᠴᠦ᠂ ᠳᠤᠭᠤᠶ᠋ᠢᠯᠠᠩ᠎ᠤᠨ ᠰᠣᠷᠣᠯᠴᠠᠯᠭ᠎ᠠ ᠵᠢᠨ ᠡᠯ᠎ᠡ ᠠᠯᠬᠤᠮ᠎ᠳᠤ ᠰᠠᠨᠠᠯ ᠵᠦᠪᠯᠡᠯᠭᠡ ᠬᠠᠩᠭ᠋ᠠᠨ᠂ ᠰᠣᠷᠣᠯᠴᠠᠭ᠎ᠠ ᠵᠢᠨ ᠶᠠᠪᠤᠴᠠ᠎ᠳᠤ ᠢᠯᠡᠷᠡᠭᠰᠡᠨ ᠡ᠊ᠨᠳᠡᠬᠦᠦ ᠪᠣᠷᠣᠭᠤ ᠵᠦᠢ᠍ᠯᠡᠰ᠎ᠢ ᠴᠠᠭ ᠲᠤᠬᠠᠢᠳᠤᠨᠢ ᠵᠢᠭ᠋ᠠᠨ ᠭᠠᠷᠭ᠋ᠠᠵᠣ ᠵᠠᠰᠠᠨ ᠰᠠᠶ᠋ᠢᠵᠢᠷᠠᠭᠤᠯᠬᠤ ᠵᠢ ᠰᠠᠨᠠᠭᠤᠯᠣᠨ᠎ᠠ᠃ ᠠ᠋ᠶ᠋ᠢᠮᠦ᠎ᠠᠴᠠ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠶᠠᠪᠤᠴᠠ᠎ᠳᠤ᠂ ᠪᠠᠭᠰᠢ ᠪᠣᠯᠣᠭᠰᠠᠳ ᠭᠠᠷ ᠵᠶ᠋ᠠᠨ ᠳᠠᠳᠠᠨ ᠭᠠᠳᠠᠨ᠎ᠠ ᠤᠬᠤᠷᠢᠨ ᠵᠤᠭᠰᠤᠵᠤ ᠪᠣᠯᠬᠤ ᠦᠭᠡᠢ᠃
ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠶᠠᠪᠤᠴᠠ᠎ᠳᠤ ᠪᠠᠭᠰᠢ᠎ᠠᠴᠠ ᠡᠯ᠎ᠡ ᠳᠤᠭᠤᠶ᠋ᠢᠯᠠᠩ᠎ᠤᠨ ᠰᠣᠷᠣᠯᠴᠠᠯᠭ᠎ᠠ ᠵᠢᠨ ᠪᠠᠶ᠋ᠢᠳᠠᠯ᠎ᠢ ᠨᠠᠷᠢᠨ ᠬᠢᠨᠠᠮᠠᠭ᠋ᠠᠢ ᠪᠠᠶ᠋ᠢᠴᠠᠭ᠋ᠠᠨ ᠠᠵᠢᠭᠯᠠᠵᠣ᠂ ᠵᠢᠯᠤᠭᠤᠳᠣᠮᠵᠢ ᠦᠭᠬᠦ ᠴᠢᠬᠤᠯᠠᠳᠠᠢ ᠦᠶᠡᠰ ᠠ᠋ᠷᠭᠡᠪᠰᠢ ᠴᠠᠭ ᠲᠤᠬᠠᠢᠳᠤᠨᠢ ᠵᠢᠭ᠋ᠠᠨ ᠵᠢᠯᠣᠭᠤᠳᠴᠣ᠂ ᠡᠯ᠎ᠡ ᠳᠤᠭᠤᠶ᠋ᠢᠯᠠᠩ᠎ᠤᠨ ᠣᠷᠣᠰᠢᠵᠣ ᠪᠠᠶ᠋ᠢᠭ᠎ᠠ ᠠᠰᠠᠭᠤᠳᠠᠯ ᠵᠢᠴᠢ ᠨᠡᠶ᠋ᠢᠳᠡ ᠠᠰᠠᠭᠤᠳᠠᠯ᠎ᠳᠤ ᠠᠩᠬᠠᠷᠣᠯ ᠵᠶ᠋ᠠᠨ ᠬᠠᠨᠳᠣᠭᠤᠯᠣᠨ᠂ ᠳᠣᠳᠣᠷ᠎ᠠ᠎ᠪᠠᠨ ᠲᠤᠭ᠎ᠠ᠎ᠲᠠᠢ ᠪᠠᠶ᠋ᠢᠬᠤ ᠬᠡᠷᠡᠭᠳᠡᠢ᠃ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠲᠠᠭᠤᠰᠣᠭᠰᠠᠨᠤ ᠳᠠᠷᠠᠭ᠎ᠠ᠂ ᠪᠠᠭᠰᠢ᠎ᠠᠴᠠ ᠠᠵᠢᠭᠯᠠᠵᠣ ᠮᠡᠳᠡᠭᠰᠡᠨ ᠠᠰᠠᠭᠤᠳᠠᠯ ᠵᠢᠴᠢ ᠨᠡᠶ᠋ᠢᠳᠡ ᠠᠰᠠᠭᠤᠳᠠᠯ᠎ᠳᠤ ᠴᠢᠭᠯᠡᠬᠦᠯᠦᠨ᠂ ᠰᠣᠷᠣᠭᠴᠢᠳ᠎ᠲᠤ ᠲᠠᠶ᠋ᠢᠯᠪᠣᠷᠢᠯᠠᠨ ᠦᠭᠴᠦ᠂ ᠣᠷᠣᠰᠢᠵᠣ ᠪᠠᠶ᠋ᠢᠭ᠎ᠠ ᠠᠰᠠᠭᠤᠳᠠᠯ᠎ᠢ᠎ᠨᠢ ᠴᠠᠭ ᠲᠤᠬᠠᠢᠳᠤᠨᠢ ᠰᠢᠢ᠍ᠳᠪᠦᠷᠢᠯᠡᠭᠰᠡᠨ ᠪᠠᠶ᠋ᠢᠬᠤ ᠴᠢᠬᠤᠯᠠᠳᠠᠢ᠃ ᠠ᠋ᠭᠦᠨ᠎ᠠᠴᠠ ᠭᠠᠳᠠᠨ᠎ᠠ᠂ ᠪᠠᠭᠰᠢ᠎ᠠᠴᠠ ᠰᠤᠷᠤᠭᠴᠢᠳ᠎ᠤᠨ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ᠎ᠳᠤ ᠣᠷᠣᠯᠴᠠᠵᠣ ᠪᠠᠶ᠋ᠢᠭ᠎ᠠ ᠪᠠᠶ᠋ᠢᠳᠠᠯ᠎ᠢ ᠪᠦᠷᠢᠳᠭᠡᠨ ᠪᠠᠶ᠋ᠢᠴᠠᠭ᠋ᠠᠵᠣ᠂ ᠡᠯ᠎ᠡ ᠳᠤᠭᠤᠶ᠋ᠢᠯᠠᠩ᠎ᠤᠨ ᠬᠡᠰᠢᠭᠦᠳ᠎ᠤᠨ ᠢᠳᠡᠪᠬᠢᠳᠡᠢ ᠣᠷᠣᠯᠴᠠᠭ᠍ᠣ ᠵᠢ ᠰᠠᠨᠠᠭᠤᠯᠣᠨ᠂ ᠵᠠᠷᠢᠮ ᠳᠤᠭᠤᠶ᠋ᠢᠯᠠᠩ᠎ᠤᠨ ᠰᠣᠷᠣᠯᠴᠠᠯᠭ᠎ᠠ᠎ᠨᠢ ᠣᠷᠣᠭᠰᠢ ᠦᠭᠡᠢ ᠪᠠᠶ᠋ᠢᠳᠠᠯ᠎ᠢ ᠦᠨᠳᠦᠰᠦᠯᠡᠨ᠂ ᠳᠤᠭᠤᠶ᠋ᠢᠯᠠᠩ᠎ᠤᠨ ᠬᠡᠰᠢᠭᠦᠳ᠎ᠢ ᠰᠢᠨ᠎ᠡ᠎ᠪᠠᠷ ᠲᠤᠬᠢᠷᠠᠭᠤᠯᠬᠤ ᠪᠣᠶᠣ ᠵᠢᠭ᠋ᠠᠨ ᠵᠢᠯᠤᠭᠤᠳᠣᠮᠵᠢ ᠦᠭᠬᠦ᠎ᠨᠢ ᠵᠦᠢ᠍ᠳᠡᠢ᠃
ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ᠎ᠨᠢ ᠳᠠᠭᠤᠰᠣᠭᠰᠠᠨᠤ ᠳᠠᠷᠠᠭ᠎ᠠ᠂ ᠪᠠᠭᠰᠢ᠎ᠠᠴᠠ ᠡᠯ᠎ᠡ ᠳᠤᠭᠤᠶ᠋ᠢᠯᠠᠩ᠎ᠤᠨ ᠬᠠᠷᠢᠭᠤ ᠮᠡᠳᠡᠭᠦᠯᠦᠯᠳᠡ ᠵᠢ ᠨᠠᠷᠢᠨ ᠬᠢᠨᠠᠮᠠᠭ᠋ᠠᠢ ᠰᠣᠨᠣᠰᠴᠣ ᠳᠡᠮᠳᠡᠭᠯᠡᠨ᠎ᠡ᠃ ᠪᠠᠭᠰᠢ᠎ᠠᠴᠠ ᠳᠤᠭᠤᠶ᠋ᠢᠯᠠᠩ᠎ᠤᠨ ᠰᠤᠷᠤᠯᠴᠠᠯᠭ᠎ᠠ ᠵᠢᠨ ᠦᠷ᠎ᠡ ᠪᠦᠳᠦᠭᠡᠯ᠎ᠢ ᠳᠡᠯᠭᠡᠨ ᠦᠵᠡᠬᠦᠯᠬᠦ᠎ᠪᠠᠷ ᠳᠠᠮᠵᠢᠨ᠂ ᠰᠣᠷᠣᠭᠴᠢᠳ᠎ᠤᠨ ᠰᠣᠷᠣᠯᠴᠠᠭ᠍ᠣ ᠤᠷᠮ᠎ᠠ ᠪᠠ ᠢᠳᠡᠪᠬᠢᠵᠢᠯ᠎ᠢ ᠣᠯᠠᠮ ᠨᠢᠭᠡ ᠠᠯᠬᠤᠮ ᠬᠦᠭᠵᠢᠭᠡᠨ᠂ ᠵᠦᠢ ᠵᠣᠬᠢᠰᠳᠠᠢ ᠬᠢᠨᠠᠨ ᠦᠨᠡᠯᠡᠯᠳᠡ ᠦᠭᠴᠦ᠂ ᠰᠣᠷᠣᠭᠴᠢᠳ᠎ᠤᠨ ᠰᠣᠷᠣᠯᠴᠠᠯᠭ᠎ᠠ ᠵᠢᠨ ᠦᠷ᠎ᠡ ᠪᠦᠳᠦᠮᠵᠢ ᠵᠢ ᠰᠠᠶ᠋ᠢᠰᠢᠶᠠᠨ ᠮᠡᠳᠡᠷᠡᠵᠦ᠂ ᠰᠣᠷᠣᠭᠴᠢᠳ᠎ᠤᠨ ᠰᠣᠷᠣᠯᠴᠠᠯᠭ᠎ᠠ ᠵᠢᠨ ᠦᠷ᠎ᠡ ᠳ᠋ᠦᠩ᠎ᠳᠤ᠎ᠪᠠᠨ ᠬᠠᠨᠣᠮᠵᠢᠳᠠᠢ ᠰᠡᠳᠭᠢᠯᠭᠡ ᠵᠢᠴᠢ ᠳᠠᠷᠠᠭ᠎ᠠ ᠤᠳᠠᠭ᠋ᠠᠨ᠎ᠤ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ᠎ᠳᠤ ᠣᠷᠣᠯᠴᠠᠭ᠍ᠣ ᠵᠢ ᠬᠦᠰᠡᠨ ᠬᠦᠯᠢᠶᠡᠬᠦ ᠰᠡᠳᠭᠢᠯᠬᠡ ᠵᠢ ᠪᠣᠢ ᠪᠣᠯᠭ᠋ᠠᠨ᠎ᠠ᠃
(ᠬᠤᠶᠠᠷ) ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠳᠤᠭᠤᠶ᠋ᠢᠯᠠᠩ᠎ᠤᠨ ᠬᠤᠪᠢᠶᠠᠷᠢᠯᠠᠯ᠎ᠤᠨ ᠠᠷᠭ᠎ᠠ ᠬᠡᠯᠪᠡᠷᠢ ᠵᠢ ᠰᠢᠯᠢᠳᠡᠭᠵᠢᠬᠦᠯᠬᠦ
ᠪᠠᠭ᠎ᠠ ᠰᠤᠷᠭ᠋ᠠᠭᠤᠯᠢ ᠵᠢᠨ ᠬᠡᠥᠬᠡᠳ᠎ᠤᠨ ᠨᠠᠰᠣ ᠪᠠᠭ᠎ᠠ᠂ ᠦᠪᠡᠷ᠎ᠤᠨ ᠪᠡᠶ᠎ᠡ᠎ᠪᠠᠨ ᠡᠵᠡᠮᠳᠡᠬᠦ ᠲᠠᠯ᠎ᠠ᠎ᠪᠠᠷ ᠬᠦᠷᠦᠯᠴᠡᠬᠦ ᠦᠭᠡᠢ᠂ ᠰᠡᠳᠭᠢᠬᠦᠢ ᠵᠢᠨ ᠠᠷᠭ᠎ᠠ ᠮᠠᠶᠢᠭ ᠪᠠ ᠪᠤᠳᠠᠭ᠋ᠠᠯᠢ ᠰᠢᠨᠵᠢ ᠵᠡᠷᠭᠡ ᠣᠨᠴᠠᠯᠢᠭ᠎ᠨᠢ ᠮᠠᠰᠢ ᠳᠣᠳᠣᠷᠬᠠᠢ ᠪᠠᠶ᠋ᠢᠳᠠᠭ᠃ ᠠ᠋ᠶ᠋ᠢᠮᠦ᠎ᠠᠴᠠ ᠳᠤᠭᠤᠶ᠋ᠢᠯᠠᠩ ᠬᠤᠪᠢᠶᠠᠭ᠍ᠣᠠᠴᠠ ᠠ᠋ᠮᠦᠨ᠎ᠡ᠂ ᠪᠠᠭᠰᠢ᠎ᠠᠴᠠ ᠰᠣᠷᠣᠭᠴᠢ ᠪᠦᠬᠦᠨ᠎ᠤ ᠣᠨᠴᠠᠯᠢᠭ᠎ᠢ ᠪᠦᠷᠢᠨ ᠡᠵᠡᠮᠰᠢᠵᠦ᠂ ᠰᠣᠷᠣᠭᠴᠢ ᠵᠢᠨ ᠬᠤᠭᠤᠷᠤᠨᠳᠤ ᠣᠷᠣᠰᠢᠵᠣ ᠪᠦᠬᠦᠢ ᠢᠯᠭ᠋ᠠᠭ᠎ᠠ ᠵᠦᠷᠢᠶ᠎ᠡ᠎ᠨᠢ ᠰᠡᠷᠡᠨ ᠮᠡᠳᠡᠵᠦ᠂ ᠰᠣᠷᠣᠭᠴᠢᠳ᠎ᠲᠤ ᠪᠦᠬᠦ ᠲᠠᠯ᠎ᠠ ᠵᠢᠨ ᠣᠶ᠋ᠢᠯᠠᠭ᠋ᠠᠯᠳᠠᠲᠠᠢ ᠪᠣᠯᠣᠭᠰᠠᠨ ᠪᠠᠶ᠋ᠢᠬᠤ ᠴᠢᠬᠤᠯᠠᠳᠠᠢ᠃ ᠠ᠋ᠨᠡᠬᠦ ᠰᠠᠭᠤᠷᠢᠨ᠎ᠳᠤ᠂ ᠪᠠᠭᠰᠢ᠎ᠠᠴᠠ ᠠᠳᠠᠯᠢ ᠪᠣᠰᠣ ᠰᠣᠷᠣᠭᠴᠢ ᠵᠢᠨ ᠠᠳᠠᠯᠢ ᠪᠣᠰᠣ ᠣᠨᠴᠠᠯᠢᠭ᠎ᠢ ᠦᠨᠳᠦᠰᠦᠯᠡᠨ᠂ ᠵᠦᠢ ᠵᠣᠬᠢᠰᠳᠠᠢ᠎ᠪᠠᠷ ᠳᠤᠭᠤᠶ᠋ᠢᠯᠠᠩ ᠬᠤᠪᠢᠶᠠᠵᠣ᠂ ᠰᠣᠷᠣᠭᠴᠢ ᠪᠦᠷ ᠵᠢᠨ ᠳᠤᠭᠤᠶ᠋ᠢᠯᠠᠩ᠎ᠤᠨ ᠰᠤᠷᠤᠯᠴᠠᠯᠭ᠎ᠠ᠎ᠳᠤ ᠦᠵᠡᠬᠦᠯᠬᠦ ᠦᠢ᠍ᠯᠡᠳᠦᠯ᠎ᠢ ᠬᠠᠮᠤᠭ ᠶᠡᠭᠡ᠎ᠪᠠᠷ ᠪᠠᠳᠠᠷᠠᠭᠤᠯᠬᠤ ᠵᠢ ᠠᠩᠬᠠᠷᠴᠣ᠂ ᠰᠣᠷᠣᠭᠴᠢ ᠪᠦᠬᠦᠨ᠎ᠤ ᠢᠳᠡᠭᠡᠯ ᠪᠠ ᠬᠠᠮᠳᠣ ᠴᠣᠭᠴᠠ ᠵᠢᠨ ᠤᠬᠠᠮᠰᠠᠷ᠎ᠢ ᠳᠠᠶ᠋ᠢᠴᠢᠯᠠᠭ᠍ᠣ ᠬᠡᠷᠡᠭᠳᠡᠢ᠃
ᠵᠢᠭ᠋ᠠᠨ ᠰᠣᠷᠭ᠋ᠠᠯᠳᠠ ᠵᠢᠨ ᠶᠠᠪᠤᠴᠠ᠎ᠳᠤ᠂ ᠪᠠᠭᠰᠢ᠎ᠠᠴᠠ ᠠᠳᠠᠯᠢ ᠪᠣᠰᠣ ᠰᠣᠷᠣᠭᠴᠢ ᠵᠢᠨ ᠵᠠᠩ ᠠᠷᠠᠨᠰᠢᠨ᠂ ᠮᠡᠳᠡᠯᠭᠡ ᠵᠢᠨ ᠬᠡᠪ ᠪᠣᠯᠪᠠᠰᠣᠷᠠᠯ᠂ ᠬᠡᠯᠡᠨ᠎ᠤ ᠢᠯᠡᠳᠭᠡᠬᠦ ᠴᠢᠳᠠᠪᠤᠷᠢ ᠵᠡᠷᠭᠡ ᠵᠢ ᠦᠨᠳᠦᠰᠦᠯᠡᠨ ᠳᠤᠭᠤᠶ᠋ᠢᠯᠠᠩ ᠬᠤᠪᠢᠶᠠᠨ᠎ᠠ᠃ ᠳᠤᠭᠤᠶ᠋ᠢᠯᠠᠩ ᠬᠤᠪᠢᠶᠠᠭ᠍ᠣᠳᠤ᠂ ᠳᠤᠭᠤᠶ᠋ᠢᠯᠠᠩ ᠪᠦᠷᠢ ᠵᠢᠨ ᠰᠣᠷᠣᠭᠴᠢ ᠵᠢᠨ ᠬᠢᠷᠢ ᠲᠦᠪᠰᠢᠨ ᠣᠶ᠋ᠢᠷᠠᠯᠴᠠᠭ᠎ᠠ ᠪᠠᠶ᠋ᠢᠬᠤ; ᠡᠯ᠎ᠡ ᠳᠤᠭᠤᠶ᠋ᠢᠯᠠᠩ᠎ᠤᠨ ᠬᠤᠭᠤᠷᠤᠨᠳᠣ ᠵᠢᠨ ᠦᠷᠢᠰᠦᠯᠳᠦᠬᠡᠨ᠎ᠨᠢ ᠲᠦᠪ ᠭᠤᠣᠯᠴᠢ᠂ ᠵᠦᠢ ᠶᠣᠰᠣᠳᠠᠢ; ᠳᠤᠭᠤᠶ᠋ᠢᠯᠠᠩ᠎ᠤᠨ ᠬᠡᠰᠢᠭᠦᠳ᠎ᠨᠢ ᠵᠠᠩ ᠠᠷᠠᠨᠰᠢᠨ᠂ ᠬᠢᠷᠢ ᠪᠦᠲᠦᠮᠵᠢ᠂ ᠴᠢᠳᠠᠪᠤᠷᠢ ᠵᠡᠷᠭᠡ ᠲᠠᠯ᠎ᠠ᠎ᠪᠠᠷ ᠠ᠋ᠳᠦᠢ ᠲᠡᠳᠦᠢ ᠵᠦᠷᠢᠶᠠᠨ ᠣᠷᠣᠰᠢᠵᠣ ᠮᠦᠨ ᠬᠠᠷᠢᠯᠴᠠᠨ ᠨᠦᠬᠦᠪᠦᠷᠢᠯᠡᠵᠦ ᠴᠢᠳᠠᠭ᠍ᠣ ᠵᠡᠷᠭᠡ ᠵᠠᠷᠴᠢᠮ᠎ᠢ ᠪᠠᠷᠢᠮᠳᠠᠯᠠᠭ᠍ᠣ ᠬᠡᠷᠡᠭᠳᠡᠢ᠃ ᠳᠣᠭᠤᠶ᠋ᠢᠯᠠᠩ ᠬᠤᠪᠢᠶᠠᠭ᠍ᠣ ᠦᠶᠡᠰ ᠮᠦᠨ ᠡᠯ᠎ᠡ ᠳᠤᠭᠤᠶ᠋ᠢᠯᠠᠩ᠎ᠤᠨ ᠬᠢᠷᠢ ᠲᠦᠪᠰᠢᠨ᠎ᠢ ᠬᠠᠷᠢᠴᠠᠩᠭᠤᠢ ᠲᠡᠩᠴᠡᠭᠦᠷᠢᠳᠡᠢ ᠬᠤᠪᠢᠶᠠᠷᠢᠯᠠᠵᠣ᠂ ᠰᠣᠷᠣᠭᠴᠢ ᠪᠦᠬᠦᠨ ᠬᠤᠪᠢ ᠵᠢᠨ ᠳᠤᠭᠤᠶ᠋ᠢᠯᠠᠩ᠎ᠳᠠᠭᠠᠨ ᠬᠤᠪᠢ ᠵᠢᠨ ᠴᠢᠳᠠᠪᠤᠷᠢ᠎ᠪᠠᠨ ᠬᠠᠮᠤᠭ ᠶᠡᠭᠡ᠎ᠪᠠᠷ ᠪᠠᠳᠠᠷᠠᠭᠤᠯᠵᠣ ᠴᠢᠳᠠᠭ᠍ᠣ ᠮᠦᠷᠳᠡᠭᠡᠨ ᠬᠡᠰᠢᠭᠦᠳ ᠪᠦᠷᠢ ᠵᠢᠨ ᠬᠤᠭᠤᠷᠤᠨᠳᠤ ᠬᠠᠷᠢᠯᠴᠠᠨ ᠬᠠᠪᠰᠤᠷᠤᠯᠴᠠᠨ ᠬᠠᠷᠢᠯᠴᠠᠨ ᠨᠦᠬᠦᠪᠦᠷᠢᠯᠠᠵᠦ ᠴᠢᠳᠠᠭ᠍ᠣ ᠵᠢ ᠪᠠᠳᠣᠯᠠᠭ᠍ᠣ ᠬᠡᠷᠡᠭᠳᠡᠢ᠃
(ᠭᠤᠷᠪᠠ) ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ᠎ᠳᠤ ᠦᠷ᠎ᠡ ᠠᠰᠢᠭ ᠪᠦᠬᠦᠢ ᠬᠠᠮᠳᠣᠷᠠᠯᠴᠠᠭ᠋ᠠᠨᠤ ᠲᠦᠷᠢᠮ᠎ᠢ ᠪᠠᠶ᠋ᠢᠭᠤᠯᠬᠤ
ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠶᠠᠪᠤᠴᠠ᠎ᠳᠤ ᠦᠷ᠎ᠡ ᠠᠰᠢᠭ ᠪᠦᠬᠦᠢ ᠬᠠᠮᠳᠣᠷᠠᠯᠴᠠᠭ᠋ᠠᠨᠤ ᠲᠦᠷᠢᠮ᠎ᠢ ᠪᠠᠶ᠋ᠢᠭᠤᠯᠬᠤ᠎ᠳᠤ ᠭᠤᠣᠯᠳᠠᠭᠤ ᠪᠠᠭᠰᠢ ᠪᠠ ᠡᠯ᠎ᠡ ᠳᠤᠭᠤᠶ᠋ᠢᠯᠠᠩ᠎ᠤᠨ ᠬᠠᠮᠳᠣᠷᠠᠯᠴᠠᠭ᠍ᠣ; ᠳᠤᠭᠤᠶ᠋ᠢᠯᠠᠩ᠎ᠤᠨ ᠬᠡᠰᠢᠭᠦᠳ᠎ᠤᠨ ᠬᠤᠭᠤᠷᠤᠨᠳᠤ ᠬᠠᠷᠢᠯᠴᠠᠨ ᠬᠠᠮᠳᠣᠷᠠᠯᠴᠠᠭ᠍ᠣ; ᠡᠯ᠎ᠡ ᠳᠤᠭᠤᠶ᠋ᠢᠯᠠᠩ᠎ᠤᠨ ᠬᠤᠭᠤᠷᠤᠨᠳᠤ ᠬᠠᠷᠢᠯᠴᠠᠨ ᠬᠠᠮᠳᠤᠷᠠᠯᠴᠠᠭ᠍ᠣ ᠵᠡᠷᠭᠡ ᠭᠤᠷᠪᠠᠨ ᠲᠠᠯ᠎ᠠ ᠵᠢ ᠪᠠᠭᠳᠠᠭ᠋ᠠᠵᠣ ᠪᠣᠢ᠃
1. ᠪᠠᠭᠰᠢ ᠪᠠ ᠡᠯ᠎ᠡ ᠳᠤᠭᠤᠶ᠋ᠢᠯᠠᠩ᠎ᠤᠨ ᠬᠠᠮᠳᠣᠷᠠᠯᠴᠠᠭ᠍ᠣ
ᠪᠠᠭᠰᠢ ᠪᠣᠯᠣᠨ ᠡᠯ᠎ᠠ ᠳᠤᠭᠤᠶ᠋ᠢᠯᠠᠩ᠎ᠤᠨ ᠬᠤᠭᠤᠷᠤᠨᠳᠣ ᠵᠢᠨ ᠬᠠᠮᠳᠣᠷᠠᠯᠴᠠᠭ᠎ᠠ᠎ᠨᠢ ᠶᠠᠭᠤᠨ᠎ᠤ ᠤᠷᠢᠳ ᠰᠣᠷᠣᠯᠴᠠᠯᠭ᠎ᠠ ᠵᠢᠨ ᠠ᠋ᠭᠦᠷᠭᠡ ᠳᠠᠭ᠋ᠠᠭ᠋ᠠᠯᠭ᠋ᠠᠬᠤ ᠪᠠ ᠬᠡᠷᠬᠢᠨ ᠬᠠᠮᠳᠣᠷᠠᠨ ᠰᠣᠷᠣᠯᠴᠠᠭ᠍ᠣ᠎ᠪᠠᠷ ᠤᠷᠢᠳᠠᠯ ᠪᠣᠯᠭ᠋ᠠᠨ᠎ᠠ᠃ ᠪᠠᠭᠰᠢ᠎ᠠᠴᠠ ᠰᠣᠷᠣᠭᠴᠢᠳ᠎ᠤᠨ ᠡᠯ᠎ᠠ ᠳᠤᠭᠤᠶ᠋ᠢᠯᠠᠩ᠎ᠳᠤ ᠠ᠋ᠭᠦᠷᠭᠡ ᠦᠭᠬᠦ ᠦᠶᠡᠰ ᠠ᠋ᠷᠬᠡᠪᠰᠢ ᠮᠠᠰᠢ ᠨᠠᠷᠢᠨ ᠪᠤᠳᠠᠳᠠᠢ ᠮᠦᠷᠳᠡᠭᠡᠨ ᠰᠣᠷᠤᠭᠴᠢᠳ ᠭᠦᠢ᠍ᠴᠡᠳᠭᠡᠵᠦ ᠴᠢᠳᠠᠭ᠍ᠣ ᠠ᠋ᠭᠦᠷᠭᠡ ᠵᠢ ᠲᠤᠰᠢᠶᠠᠭ᠍ᠣ ᠬᠡᠷᠡᠭᠳᠡᠢ᠃ ᠠ᠋ᠨᠡ ᠦᠶᠡᠰ ᠪᠠᠭᠰᠢ ᠪᠣᠯᠣᠨ ᠡᠯ᠎ᠡ ᠳᠤᠭᠤᠶ᠋ᠢᠯᠠᠩ᠎ᠤᠨ ᠰᠤᠷᠤᠭᠴᠢᠳ᠎ᠤᠨ ᠬᠤᠭᠤᠷᠤᠨᠳᠣᠬᠢ ᠬᠠᠷᠢᠴᠠᠭ᠎ᠠ᠎ᠨᠢ ᠠ᠋ᠷᠬᠡᠪᠰᠢ ᠠ᠋ᠷᠬᠡ ᠲᠡᠭᠰᠢ ᠬᠠᠷᠢᠴᠠᠭ᠋ᠠᠨ᠎ᠳᠤ ᠰᠠᠭᠤᠷᠢᠯᠠᠭᠰᠠᠨ ᠪᠠᠶ᠋ᠢᠪᠠᠯ ᠲᠠᠭ᠋ᠠᠷᠠᠨ᠎ᠠ᠃ ᠠ᠋ᠩ᠎ᠤᠨ ᠦᠶᠡᠰ᠂ ᠰᠤᠷᠤᠭᠴᠢᠳ ᠪᠦᠷᠢᠮᠦᠰᠦᠨ ᠪᠣᠶᠣ ᠶᠡᠬᠡᠩᠬᠢᠳᠤᠪᠠᠨ ᠪᠠᠭᠰᠢ ᠵᠢᠨ ᠦᠭᠡ ᠶᠠᠷᠢᠶ᠎ᠠ᠎ᠪᠠᠷ ᠦᠪᠡᠷ᠎ᠤᠨ ᠰᠣᠷᠣᠯᠴᠠᠯᠭ᠎ᠠ ᠵᠢᠨ ᠴᠢᠭᠯᠡᠯ ᠪᠤᠯᠭ᠋ᠠᠳᠠᠭ ᠦᠵᠡᠭᠳᠡᠯ ᠪᠣᠢ᠃ ᠳᠤᠭᠤᠶ᠋ᠢᠯᠠᠩ᠎ᠤᠨ ᠰᠣᠷᠤᠯᠴᠠᠯᠭ᠎ᠠ ᠵᠢᠨ ᠦᠶᠡᠰ ᠰᠣᠷᠣᠭᠴᠢᠳ ᠮᠦᠨ ᠠ᠋ᠩ᠎ᠤᠨ ᠦᠶ᠎ᠡ ᠰᠢᠭ ᠪᠠᠭᠰᠢ ᠵᠢᠨ ᠦᠭᠡ ᠶᠠᠷᠢᠶ᠎ᠠ ᠵᠢ ᠪᠦᠷᠢᠮᠦᠰᠦᠨ ᠰᠣᠨᠣᠰᠬᠤ᠎ᠳᠤ ᠬᠦᠷᠪᠡᠯ ᠬᠠᠮᠳᠣᠷᠠᠯᠴᠠᠭ᠋ᠠᠨᠤ ᠰᠣᠷᠣᠯᠴᠠᠯᠭ᠎ᠠ ᠵᠢᠨ ᠦᠷ᠎ᠠ ᠳ᠋ᠦᠩ᠎ᠢ ᠨᠦᠯᠦᠬᠡᠯᠡᠬᠦ᠎ᠨᠢ ᠳᠠᠮᠵᠢᠭ ᠦᠭᠡᠢ᠃ ᠪᠠᠭᠰᠢ᠎ᠠᠴᠠ ᠡᠯ᠎ᠡ ᠳᠤᠭᠤᠶ᠋ᠢᠯᠠᠩ᠎ᠤᠨ ᠰᠣᠷᠣᠭᠴᠢᠳ᠎ᠲᠠᠢ ᠬᠠᠷᠢᠯᠴᠠᠭ᠍ᠣ ᠦᠶᠡᠰ ᠠ᠋ᠷᠬᠡᠪᠰᠢ ᠦᠪᠡᠷ᠎ᠤᠨ ᠦᠵᠡᠯ ᠪᠣᠳᠣᠯ ᠵᠶ᠋ᠠᠨ ᠵᠤᠬᠢᠬᠤ ᠬᠡᠮᠵᠢᠶᠡᠨ᠎ᠳᠤ ᠨᠢᠭᠤᠨ ᠳᠠᠯᠳᠠᠯᠠᠵᠤ᠂ ᠰᠣᠷᠣᠭᠴᠢᠳ᠎ᠤᠨ ᠦᠪᠡᠷ᠎ᠤᠨ ᠰᠠᠨᠠᠭ᠎ᠠ ᠪᠣᠳᠣᠯ ᠵᠶ᠋ᠠᠷ ᠣᠴᠢᠵᠣ ᠰᠣᠷᠣᠯᠴᠠᠭ᠍ᠣ ᠪᠣᠶᠣ ᠦᠢ᠍ᠯᠡᠳᠦᠯᠭᠡᠵᠢᠬᠦᠯᠬᠦ ᠵᠢ ᠬᠠᠷᠰᠢᠯᠠᠭ᠍ᠣᠠᠴᠠ ᠵᠠᠶ᠋ᠢᠯᠠᠰᠬᠢᠬᠤ ᠬᠡᠷᠡᠭᠳᠡᠢ᠃ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠶᠠᠪᠤᠴᠠ᠎ᠳᠤ ᠪᠠᠭᠰᠢ᠎ᠠᠴᠠ ᠬᠡᠳᠦᠷᠬᠡᠢ ᠣᠯᠠᠨ ᠵᠢᠭ᠋ᠠᠨ ᠵᠢᠯᠣᠭᠤᠳᠣᠯᠭ᠎ᠠ ᠦᠭᠴᠦ ᠪᠣᠯᠬᠤ ᠦᠭᠡᠢ᠂ ᠰᠣᠷᠣᠭᠴᠢ ᠵᠢᠨ ᠪᠣᠷᠣᠭᠤ ᠵᠦᠪ ᠠ᠋ᠰᠡᠬᠦ ᠵᠢ ᠰᠢᠭᠤᠳ ᠦᠨᠡᠯᠡᠨ ᠲᠤᠭᠳᠠᠭ᠋ᠠᠵᠣ ᠪᠣᠯᠬᠤ ᠦᠭᠡᠢ᠂ ᠵᠠᠪᠠᠯ ᠰᠣᠷᠣᠭᠴᠢᠳ᠎ᠲᠤ ᠦᠪᠡᠷ᠎ᠤᠨ ᠦᠵᠡᠯ ᠪᠣᠳᠣᠯ ᠵᠶ᠋ᠠᠨ ᠢᠯᠡᠳᠭᠡᠬᠦ ᠵᠠᠪᠰᠢᠶᠠᠨ ᠣᠯᠭᠤᠬᠤ ᠬᠡᠷᠡᠭᠳᠡᠢ᠃
2. ᠳᠤᠭᠤᠶ᠋ᠢᠯᠠᠩ᠎ᠤᠨ ᠬᠡᠰᠢᠭᠦᠳ᠎ᠤᠨ ᠬᠤᠭᠤᠷᠤᠨᠳᠤ ᠬᠠᠷᠢᠯᠴᠠᠨ ᠬᠠᠮᠳᠣᠷᠠᠯᠴᠠᠭ᠍ᠣ
ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠶᠠᠪᠤᠴᠠ᠎ᠳᠤ ᠡᠯ᠎ᠡ ᠳᠤᠭᠤᠶ᠋ᠢᠯᠠᠩ᠎ᠤᠨ ᠬᠡᠰᠢᠭᠦᠳ᠎ᠤᠨ ᠬᠤᠭᠤᠷᠤᠨᠳᠣ᠎ᠪᠠᠨ ᠬᠠᠷᠢᠯᠴᠠᠭ᠍ᠣ ᠪᠣᠯ ᠳᠤᠭᠤᠶ᠋ᠢᠯᠠᠩ᠎ᠤᠨ ᠬᠠᠮᠳᠣᠷᠠᠯᠴᠠᠭ᠋ᠠᠨᠤ ᠰᠣᠷᠣᠯᠴᠠᠯᠭ᠎ᠠ ᠵᠢᠨ ᠬᠠᠮᠤᠭ ᠴᠢᠬᠤᠯᠠ ᠵᠦᠢ᠍ᠯᠡᠰ ᠪᠣᠯᠣᠨ᠎ᠠ᠃ ᠠ᠋ᠨᠡ᠎ᠨᠢ ᠲᠤᠰ ᠤᠳᠠᠭ᠋ᠠᠨ᠎ᠤ ᠳᠤᠭᠤᠶ᠋ᠢᠯᠠᠩ᠎ᠤᠨ ᠬᠠᠮᠳᠣᠷᠠᠯᠴᠠᠭ᠋ᠠᠨᠤ ᠰᠤᠷᠤᠯᠴᠠᠯᠭ᠎ᠠ ᠵᠢᠨ ᠠᠮᠵᠢᠯᠳᠠ ᠣᠯᠬᠤ ᠠ᠋ᠰᠡᠬᠦ ᠵᠢᠨ ᠴᠢᠬᠤᠯᠠ ᠣᠷᠢᠳᠠᠯ ᠨᠦᠬᠦᠴᠡᠯ ᠪᠣᠯᠬᠤ ᠶᠣᠮ᠃ ᠡᠯ᠎ᠡ ᠳᠤᠭᠤᠶ᠋ᠢᠯᠠᠩ ᠤᠨ ᠰᠣᠷᠣᠭᠴᠢᠳ ᠪᠠᠭᠰᠢ᠎ᠠᠴᠠ ᠳᠠᠭ᠋ᠠᠭ᠋ᠠᠯᠭ᠋ᠠᠭᠰᠠᠨ ᠠ᠋ᠭᠦᠷᠭᠡ ᠵᠢ ᠬᠦᠯᠢᠶᠡᠭᠰᠡᠨ᠎ᠤ ᠳᠠᠷᠠᠭ᠎ᠠ᠂ ᠢᠳᠡᠪᠬᠢᠳᠡᠢ᠎ᠪᠠᠷ ᠰᠡᠳᠭᠢᠨ ᠪᠣᠳᠣᠯᠬᠢᠯᠠᠵᠣ᠂ ᠶᠠᠭᠤᠨ᠎ᠤ ᠠ᠋ᠮᠦᠨ᠎ᠡ ᠬᠡᠷᠬᠢᠨ ᠪᠡᠶᠡᠯᠡᠬᠦᠯᠬᠦ ᠲᠦᠰᠦᠪ ᠵᠶ᠋ᠠᠨ ᠲᠤᠭᠳᠠᠭ᠋ᠠᠬᠤ ᠴᠢᠬᠤᠯᠠᠲᠠᠢ᠃ ᠠ᠋ᠨᠡ ᠦᠶᠡᠰ ᠡᠯ᠎ᠡ ᠳᠤᠭᠤᠶ᠋ᠢᠯᠠᠩ᠎ᠤᠨ ᠬᠡᠰᠢᠭᠦᠳ᠎ᠤᠨ ᠬᠤᠭᠤᠷᠤᠨᠳᠤ ᠦᠵᠡᠯ ᠪᠣᠳᠣᠯ ᠵᠦᠷᠢᠶᠠᠨ᠎ᠲᠠᠢ ᠪᠠᠢ᠍ᠢ᠍ᠬᠤ᠎ᠨᠢ ᠯᠠᠪᠳᠠᠢ᠃ ᠠ᠋ᠢ᠍ᠢ᠍ᠮᠦᠷᠭᠦᠦ ᠳᠤᠭᠤᠶ᠋ᠢᠯᠠᠩ᠎ᠤᠨ ᠬᠡᠰᠢᠭᠦᠳ᠎ᠤᠨ ᠦᠵᠡᠯ ᠪᠣᠳᠣᠯ ᠠᠳᠠᠯᠢ ᠦᠭᠡᠢ ᠦᠵᠡᠭᠳᠡᠯ᠎ᠳᠤ ᠴᠢᠭᠯᠡᠬᠦᠯᠦᠨ᠂ ᠳᠤᠭᠤᠶ᠋ᠢᠯᠠᠩ᠎ᠤᠨ ᠬᠡᠰᠢᠭᠦᠳ᠎ᠤᠨ ᠬᠤᠭᠤᠷᠤᠨᠳᠤ᠎ᠪᠠᠨ ᠠ᠋ᠷᠬᠡᠪᠰᠢ ᠢᠳᠡᠪᠬᠢᠳᠡᠢ᠎ᠪᠠᠷ ᠶᠠᠷᠢᠯᠴᠠᠨ ᠵᠦᠪᠳᠡᠯᠴᠡᠵᠦ᠂ ᠬᠠᠮᠤᠭ᠎ᠤᠨ ᠵᠦᠪ ᠣᠨᠣᠪᠴᠢᠳᠠᠢ ᠰᠣᠩᠭᠤᠯᠳᠠ ᠵᠢ ᠦᠳᠳᠦᠷ ᠲᠦᠷᠭᠡᠨ ᠭᠠᠷᠭ᠋ᠠᠬᠤ ᠬᠡᠷᠡᠭᠳᠡᠢ᠃ ᠡᠯ᠎ᠠ ᠳᠤᠭᠤᠶ᠋ᠢᠯᠠᠩ᠎ᠤᠨ ᠬᠡᠰᠢᠭᠦᠳ᠎ᠤᠨ ᠬᠤᠭᠤᠷᠤᠨᠳᠣᠬᠢ ᠠ᠋ᠢ᠍ᠢ᠍ᠮᠦᠷᠭᠦᠦ ᠬᠠᠷᠢᠯᠴᠠᠭ᠎ᠠ ᠵᠦᠪᠳᠡᠯᠴᠡᠭᠡ᠎ᠨᠢ ᠬᠠᠮᠳᠣ ᠨᠡᠶ᠋ᠢᠳᠡ ᠵᠢᠨ ᠣᠶᠣᠨ ᠤᠠᠭᠭ᠋ᠠᠨᠤ ᠨᠢᠭᠡᠳᠭᠡᠯ᠎ᠤᠨ ᠦᠷ᠎ᠡ ᠳ᠋ᠦᠩ ᠪᠣᠯᠬᠤ ᠶᠣᠮ᠃ ᠲᠡᠶ᠋ᠢᠮᠦ ᠪᠣᠯᠬᠤᠷ᠂ ᠡᠯ᠎ᠡ ᠳᠤᠭᠤᠶ᠋ᠢᠯᠠᠩ᠎ᠤᠨ ᠬᠡᠰᠢᠭᠦᠳ᠎ᠤᠨ ᠬᠤᠭᠤᠷᠤᠨᠳᠣ ᠠ᠋ᠷᠬᠡᠪᠰᠢ ᠠᠵᠢᠯ᠎ᠤᠨ ᠬᠤᠪᠢᠶᠠᠷᠢᠯᠠᠯ ᠳᠣᠳᠣᠷᠬᠠᠢ ᠪᠠᠶ᠋ᠢᠬᠤ ᠬᠡᠷᠡᠭᠳᠡᠢ᠃ ᠠ᠋ᠭᠦᠨ᠎ᠤ ᠲᠤᠬᠠᠢ ᠪᠠᠭᠰᠢ᠎ᠠᠴᠠ ᠡᠯ᠎ᠡ ᠳᠤᠭᠤᠶ᠋ᠢᠯᠠᠩ᠎ᠤᠨ ᠬᠡᠰᠢᠭᠦᠳ᠎ᠢ ᠲᠤᠬᠢᠷᠠᠭᠤᠯᠬᠤ ᠦᠶᠡᠰ᠂ ᠰᠣᠷᠣᠭᠴᠢᠳ᠎ᠤᠨ ᠰᠣᠷᠣᠯᠴᠬᠠᠣ ᠤᠷᠮᠠᠰ᠎ᠢ ᠬᠦᠭᠵᠢᠬᠡᠬᠦ ᠠ᠋ᠭᠦᠳᠡᠨ ᠠᠴᠠ ᠡᠯ᠎ᠡ ᠳᠤᠭᠤᠶ᠋ᠢᠯᠠᠩ᠎ᠤᠨ ᠬᠡᠰᠢᠭᠦᠳ᠎ᠤᠨ ᠠ᠋ᠭᠦᠷᠬᠡ ᠬᠠᠷᠢᠭᠤᠴᠠᠯᠭ᠎ᠠ ᠵᠢ ᠨᠢᠭᠡᠳᠦᠯᠳᠡᠢ ᠲᠤᠬᠢᠷᠠᠭᠤᠯᠣᠨ ᠦᠭᠬᠦ ᠪᠣᠶᠣ ᠳᠤᠭᠤᠶ᠋ᠢᠯᠠᠩ᠎ᠤᠨ ᠳᠠᠷᠤᠭ᠎ᠠ᠎ᠳᠤ ᠲᠤᠰᠢᠶᠠᠨ ᠦᠭᠳᠡᠭ ᠶᠣᠮ᠃ ᠪᠠᠭᠰᠢ᠎ᠠᠴᠠ ᠮᠦᠨ ᠡᠯ᠎ᠠ ᠳᠤᠭᠤᠶ᠋ᠢᠯᠠᠩ᠎ᠤᠨ ᠰᠣᠷᠣᠭᠴᠢᠳ᠎ᠢ ᠵᠢᠭ᠋ᠠᠨ ᠵᠢᠯᠣᠭᠤᠳᠴᠣ᠂ ᠳᠡᠳᠡᠨᠦᠰᠢ ᠰᠣᠷᠣᠯᠴᠠᠯᠭ᠎ᠠ ᠵᠢᠨ ᠭᠤᠤᠯᠳᠠᠯᠭ᠎ᠠ᠎ᠪᠠᠨ ᠬᠡᠷᠬᠢᠨ ᠬᠠᠮᠳᠣᠷᠠᠭ᠍ᠣ ᠪᠠ ᠬᠠᠷᠢᠯᠴᠠᠭ᠍ᠣ ᠳᠡᠭᠡᠷ᠎ᠡ ᠲᠦᠪᠯᠡᠷᠡᠬᠦᠯᠬᠦ ᠵᠢ ᠰᠤᠷᠭ᠋ᠠᠳᠠᠭ᠃ ᠪᠠᠭᠰᠢ᠎ᠠᠴᠠ ᠡᠯ᠎ᠡ ᠳᠤᠭᠤᠶ᠋ᠢᠯᠠᠩ᠎ᠤᠨ ᠬᠡᠰᠢᠭᠦᠳ ᠪᠣᠰᠣᠳ ᠬᠡᠰᠢᠭᠦᠳ᠎ᠤᠨ ᠰᠠᠨᠠᠯ᠎ᠢ ᠨᠠᠷᠢᠨ ᠬᠢᠨᠠᠮᠠᠭ᠋ᠠᠢ ᠰᠣᠨᠣᠰᠴᠣ᠂ ᠠᠳᠠᠯᠢ ᠪᠣᠰᠣ ᠰᠠᠨᠠᠯ ᠵᠶ᠋ᠠᠨ ᠦᠳᠳᠦᠷ ᠨᠢᠭᠡᠳᠭᠡᠵᠦ᠂ ᠬᠠᠮᠳᠣ ᠵᠢᠨ ᠦᠵᠡᠯ ᠪᠦᠷᠢᠯᠳᠦᠬᠦ ᠵᠢ ᠠᠩᠬᠠᠷᠤᠭᠤᠯᠳᠠᠭ᠃ ᠭᠠᠭᠴᠠ ᠬᠦ᠌ ᠠ᠋ᠢ᠍ᠢ᠍ᠮᠦᠷᠭᠦᠦ ᠤᠷᠢᠳᠠᠯ ᠳᠣᠣᠷ᠎ᠠ ᠰᠠᠶᠢ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠶᠠᠪᠤᠴᠠ᠎ᠨᠢ ᠢᠯᠭᠤᠮ ᠤᠷᠤᠭᠰᠢᠳᠠᠢ ᠶᠠᠪᠤᠭᠳᠠᠵᠣ᠂ ᠬᠠᠮᠤᠭ ᠡᠴᠦᠰ᠎ᠤᠨ ᠰᠣᠷᠣᠯᠴᠠᠯᠭ᠎ᠠ ᠵᠢᠨ ᠠ᠋ᠭᠦᠷᠭᠡ᠎ᠪᠠᠨ ᠠᠮᠵᠢᠯᠳᠠᠳᠠᠢ ᠪᠡᠶᠡᠯᠡᠬᠦᠯᠵᠦ ᠴᠢᠳᠠᠨ᠎ᠠ᠃
3. ᠡᠯ᠎ᠡ ᠳᠤᠭᠤᠶ᠋ᠢᠯᠠᠩ᠎ᠤᠨ ᠬᠤᠭᠤᠷᠤᠨᠳᠤ ᠬᠠᠷᠢᠯᠴᠠᠨ ᠬᠠᠮᠳᠤᠷᠠᠯᠴᠠᠭ᠍ᠣ
ᠡᠯ᠎ᠠ ᠳᠤᠭᠤᠶ᠋ᠢᠯᠠᠩ᠎ᠤᠨ ᠬᠤᠭᠤᠷᠤᠨᠳᠣᠬᠢ ᠬᠠᠷᠢᠴᠠᠭ᠎ᠠ ᠪᠣᠯ ᠬᠠᠷᠢᠯᠴᠠᠨ ᠦᠷᠢᠰᠦᠯᠳᠦᠬᠦ ᠮᠦᠷᠳᠡᠭᠡᠨ ᠬᠠᠷᠢᠯᠴᠠᠨ ᠬᠠᠮᠳᠣᠷᠠᠭ᠍ᠣ ᠪᠣᠯᠣᠨ᠎ᠠ᠃ ᠡᠯ᠎ᠡ ᠳᠤᠭᠤᠶ᠋ᠢᠯᠠᠩ᠎ᠤᠨ ᠬᠡᠰᠢᠭᠦᠳ ᠠ᠋ᠷᠬᠡᠪᠰᠢ ᠠ᠋ᠭᠦᠨ᠎ᠢ ᠣᠶ᠋ᠢᠯᠠᠭ᠋ᠠᠭᠰᠠᠨ ᠪᠠᠶ᠋ᠢᠬᠤ ᠭᠡᠷᠡᠭᠳᠠᠢ᠃ ᠡᠯ᠎ᠡ ᠳᠤᠭᠤᠶ᠋ᠢᠯᠠᠩ᠎ᠤᠨ ᠬᠤᠭᠤᠷᠤᠨᠳᠣᠬᠢ ᠦᠷᠢᠰᠦᠯᠳᠦᠭᠡᠨ᠎ᠨᠢ ᠡᠯ᠎ᠡ ᠳᠤᠭᠤᠶ᠋ᠢᠯᠠᠩ᠎ᠤᠨ ᠬᠡᠰᠢᠬᠦᠨ ᠪᠦᠷᠢ ᠵᠢ ᠵᠣᠷᠢᠬ᠍ᠵᠢᠭᠤᠯᠣᠨ ᠤᠷᠮᠠᠰᠢᠭᠤᠯᠵᠣ᠂ ᠰᠣᠷᠣᠯᠴᠠᠯᠭ᠎ᠠ ᠵᠢᠨ ᠦᠷᠢᠰᠦᠯᠳᠦᠭᠡᠨ᠎ᠤ ᠬᠦᠷ ᠬᠦᠭᠵᠢᠶᠡᠨᠳᠦ ᠠᠭᠤᠷ ᠠᠮᠢᠰᠬᠤᠯ᠎ᠢ ᠪᠣᠢ ᠪᠣᠯᠭ᠋ᠠᠵᠣ ᠴᠢᠳᠠᠨ᠎ᠠ᠃ ᠭᠡᠪᠡᠴᠦ ᠡᠯ᠎ᠡ ᠳᠤᠭᠤᠶ᠋ᠢᠯᠠᠩ᠎ᠤᠨ ᠬᠡᠰᠢᠭᠦᠳ᠎ᠤᠨ ᠴᠢᠳᠠᠪᠤᠷᠢ᠎ᠨᠢ ᠬᠠᠷᠢᠯᠴᠠᠨ ᠠᠳᠠᠯᠢ ᠦᠭᠡᠢ ᠪᠠᠢ᠍ᠢ᠍ᠳᠠᠬ᠃ ᠵᠢᠱ᠌ᠢᠶᠡᠯᠡᠪᠡᠯ᠂ ᠨᠢᠭᠡ ᠳᠤᠭᠤᠶ᠋ᠢᠯᠠᠩ᠎ᠤᠨ ᠬᠡᠰᠢᠭᠦᠳ᠎ᠠᠴᠠ ᠪᠠᠭᠰᠢ ᠵᠢᠨ ᠠᠰᠠᠭᠤᠯᠳᠠ ᠵᠢ ᠪᠣᠯᠢᠶᠠᠯᠳᠣᠨ ᠬᠠᠷᠢᠭᠤᠯᠵᠣ ᠪᠠᠶ᠋ᠢᠳᠠᠯ᠎ᠠ᠂ ᠪᠣᠰᠣᠳ ᠳᠤᠭᠤᠶ᠋ᠢᠯᠠᠩ᠎ᠤᠨ ᠬᠡᠰᠢᠭᠦᠳ ᠪᠦᠷᠢᠮᠦᠰᠦᠨ ᠳᠠᠭᠣ ᠴᠢᠮᠡᠭᠡ ᠦᠭᠡᠢ ᠦᠵᠡᠭᠳᠡᠯ ᠭᠠᠷᠬᠤ ᠪᠣᠶᠣ ᠡᠯ᠎ᠡ ᠳᠤᠭᠤᠶ᠋ᠢᠯᠠᠩ᠎ᠤᠨ ᠬᠤᠭᠤᠷᠤᠨᠳᠤ ᠦᠵᠡᠯ ᠪᠣᠳᠣᠯ ᠪᠦᠷᠢᠮᠦᠰᠦᠨ ᠠᠳᠠᠯᠢ ᠦᠭᠡᠢ ᠦᠵᠡᠭᠳᠡᠯ ᠪᠠᠰᠠ ᠠ᠋ᠭᠦᠰᠳᠡᠭ᠃ ᠠ᠋ᠢ᠍ᠢ᠍ᠮᠦᠷᠭᠦᠦ ᠦᠵᠡᠭᠳᠡᠯ᠎ᠳᠤ ᠴᠢᠭᠯᠡᠬᠦᠯᠦᠨ᠂ ᠡᠯ᠎ᠡ ᠳᠤᠭᠤᠶ᠋ᠢᠯᠠᠩ᠎ᠤᠨ ᠬᠤᠭᠤᠷᠤᠨᠳᠣ ᠬᠠᠷᠢᠯᠴᠠᠨ ᠬᠠᠮᠳᠣᠷᠠᠨ ᠬᠠᠪᠰᠣᠷᠤᠯᠴᠠᠵᠣ᠂ ᠳᠤᠭᠤᠶ᠋ᠢᠯᠠᠩ᠎ᠤᠨ ᠰᠢᠯᠢᠳᠡᠭ ᠲᠠᠯ᠎ᠠ᠎ᠪᠠᠨ ᠬᠠᠷᠢᠯᠴᠠᠨ ᠰᠣᠷᠣᠯᠴᠠᠭ᠍ᠣ᠎ᠪᠠᠷ ᠳᠠᠮᠵᠢᠨ ᠬᠦᠷᠦᠯᠴᠡᠬᠦ ᠦᠭᠡᠢ ᠵᠦᠢ᠍ᠯᠡᠰ ᠵᠶ᠋ᠠᠨ ᠨᠦᠬᠦᠪᠦᠷᠢᠯᠡᠵᠦ ᠪᠣᠯᠣᠨ᠎ᠠ᠃ ᠪᠠᠭᠰᠢ᠎ᠠᠴᠠ ᠰᠢᠨᠵᠢᠯᠡᠬᠦ ᠤᠬᠠᠭ᠋ᠠᠨᠴᠢ ᠦᠷᠢᠰᠦᠯᠳᠦᠬᠡᠨᠤ ᠲᠦᠷᠢᠮ᠎ᠢ ᠲᠤᠭᠳᠠᠭ᠋ᠠᠨ ᠬᠡᠷᠡᠭᠵᠢᠬᠦᠯᠵᠦ᠂ ᠰᠣᠷᠣᠭᠴᠢᠳ᠎ᠤᠨ ᠬᠤᠭᠤᠷᠤᠨᠳᠣ ᠠ᠋ᠷᠬᠡ ᠲᠡᠭᠰᠢ ᠦᠷᠢᠰᠦᠯᠳᠦᠬᠡᠨᠤ ᠠᠭᠤᠷ ᠠᠮᠢᠰᠬᠤᠯ᠎ᠢ ᠪᠣᠢ ᠪᠣᠯᠭ᠋ᠠᠬᠤ ᠬᠡᠷᠡᠭᠳᠡᠢ᠃ ᠡᠯ᠎ᠡ ᠳᠤᠭᠤᠶ᠋ᠢᠯᠠᠩ᠎ᠤᠨ ᠬᠤᠭᠤᠷᠤᠨᠳᠣ ᠠᠳᠠᠯᠢ ᠪᠣᠰᠣ ᠦᠵᠡᠯᠳᠡ ᠪᠣᠢ ᠪᠣᠯᠬᠤ ᠦᠶᠡᠰ᠂ ᠦᠪᠡᠷ᠎ᠤᠨ ᠪᠣᠳᠣᠵᠣ ᠰᠠᠨᠠᠭᠰᠠᠨ ᠵᠶ᠋ᠠᠨ ᠳᠣᠷᠠᠳᠣᠨ ᠭᠠᠷᠭ᠋ᠠᠵᠣ᠂ ᠪᠣᠰᠣᠳ ᠳᠤᠭᠤᠶ᠋ᠢᠯᠠᠩ᠎ᠤᠨ ᠬᠡᠰᠢᠭᠦᠳ᠎ᠲᠠᠢ ᠵᠦᠪᠳᠡᠨ ᠶᠠᠷᠢᠯᠴᠠᠭ᠍ᠣ ᠪᠣᠶᠣ ᠦᠵᠡᠯ ᠪᠣᠳᠣᠯ ᠵᠶ᠋ᠠᠨ ᠨᠢᠭᠡᠳᠭᠡᠬᠦ᠎ᠪᠠᠷ ᠴᠢᠷᠮᠠᠶ᠋ᠢᠬᠤ ᠬᠡᠷᠡᠭᠳᠡᠢ᠃ ᠣᠯᠠᠩᠬᠢ ᠦᠶᠡᠰ᠂ ᠡᠯ᠎ᠠ ᠳᠤᠭᠤᠶ᠋ᠢᠯᠠᠩ᠎ᠤᠨ ᠬᠡᠰᠢᠭᠦᠳ᠎ᠤᠨ ᠬᠤᠭᠤᠷᠤᠨᠳᠣᠬᠢ ᠬᠠᠷᠢᠯᠴᠠᠭ᠎ᠠ᠎ᠨᠢ ᠶᠠᠪᠤᠭᠳᠠᠭ᠍ᠣᠳᠤ ᠲᠣᠶ᠋ᠢᠯ᠎ᠤᠨ ᠬᠦᠴᠢᠷ ᠪᠣᠶᠣ ᠶᠠᠪᠤᠭᠳᠠᠵᠣ ᠳᠡᠶ᠋ᠢᠯᠬᠦ ᠦᠭᠡᠢ ᠪᠠᠶ᠋ᠢᠳᠠᠭ᠃ ᠡᠯ᠎ᠡ ᠳᠤᠭᠤᠶ᠋ᠢᠯᠠᠩ᠎ᠤᠨ ᠬᠤᠭᠤᠷᠤᠨᠳᠣ᠂ ᠦᠵᠡᠯ ᠪᠣᠳᠣᠯ᠎ᠨᠢ ᠣᠶ᠋ᠢᠷᠠᠯᠴᠠᠭ᠎ᠠ ᠪᠣᠶᠣ ᠠᠳᠠᠯᠢ ᠦᠶᠡᠰ᠂ ᠰᠤᠷᠤᠯᠴᠠᠯᠭ᠎ᠠ ᠵᠢᠨ ᠬᠠᠷᠠᠯᠳᠠ ᠪᠡᠶᠡᠯᠡᠭᠳᠡᠬᠦ᠎ᠳᠤ ᠲᠦᠷᠭᠡᠨ ᠪᠠᠶ᠋ᠢᠳᠠᠭ᠃ ᠠ᠋ᠭᠦᠨ᠎ᠤ ᠠ᠋ᠰᠡᠷᠬᠦ᠎ᠪᠠᠷ᠂ ᠡᠯ᠎ᠡ ᠳᠤᠭᠤᠶ᠋ᠢᠯᠠᠩ᠎ᠤᠨ ᠬᠤᠭᠤᠷᠤᠨᠳᠣ ᠦᠵᠡᠯ ᠪᠣᠳᠣᠯ ᠠᠳᠠᠯᠢ ᠦᠭᠡᠢ ᠪᠠᠶ᠋ᠢᠳᠠᠯ ᠲᠤᠯᠭ᠋ᠠᠷᠠᠪᠠᠯ᠂ ᠪᠠᠭᠰᠢ᠎ᠠᠴᠠ ᠠ᠋ᠷᠬᠡᠪᠰᠢ ᠴᠠᠭ ᠲᠤᠬᠠᠢᠳᠤᠨᠢ ᠵᠢᠭ᠋ᠠᠨ ᠵᠢᠯᠣᠭᠤᠳᠣᠯᠭ᠎ᠠ ᠦᠭᠴᠦ᠂ ᠵᠢᠭ᠋ᠠᠨ ᠰᠣᠷᠭ᠋ᠠᠯᠳᠠ ᠵᠢᠨ ᠲᠦᠯᠦᠪᠯᠡᠭᠡ᠎ᠳᠤ᠎ᠪᠠᠨ ᠲᠤᠬᠢᠷᠠᠭᠤᠯᠭ᠎ᠠ ᠬᠢᠵᠦ᠂ ᠡᠯ᠎ᠡ ᠳᠤᠭᠤᠶ᠋ᠢᠯᠠᠩ᠎ᠤᠨ ᠬᠡᠰᠢᠭᠦᠳ᠎ᠤᠨ ᠦᠪᠡᠷ᠎ᠤᠨ ᠦᠵᠡᠯ ᠪᠣᠳᠣᠯ ᠵᠶ᠋ᠠᠨ ᠪᠠᠷᠢᠮᠳᠠᠯᠠᠭ᠍ᠣ ᠲᠤᠬᠠᠢ᠎ᠳᠤ ᠰᠠᠨᠠᠯ ᠵᠦᠪᠯᠡᠯᠭᠡ ᠬᠠᠩᠭ᠋ᠠᠨ᠂ ᠪᠣᠰᠣᠳ ᠳᠤᠭᠤᠶ᠋ᠢᠯᠠᠩ᠎ᠤᠨ ᠬᠡᠰᠢᠭᠦᠳ᠎ᠲᠠᠢ ᠬᠠᠷᠢᠯᠴᠠᠭ᠎ᠠ ᠦᠷᠨᠢᠬᠦᠯᠬᠦ ᠵᠢ ᠵᠣᠷᠢᠬ᠍ᠵᠢᠭᠤᠯᠬᠤ ᠬᠡᠷᠡᠭᠳᠡᠢ᠃
(ᠳᠦᠷᠪᠡ) ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠳᠡᠯᠭᠡᠨ ᠦᠵᠡᠬᠦᠯᠬᠦ
ᠪᠠᠭᠰᠢ᠎ᠠᠴᠠ ᠵᠦᠪᠬᠡᠨ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠶᠠᠪᠤᠴᠠ ᠵᠢ ᠬᠦᠨᠳᠦᠳᠭᠡᠨ ᠦᠵᠡᠵᠦ᠂ ᠰᠣᠷᠣᠭᠴᠢᠳ ᠪᠠᠭ᠎ᠠ ᠳᠤᠭᠤᠶ᠋ᠢᠯᠠᠩ᠎ᠤᠨ ᠰᠣᠷᠣᠯᠴᠠᠯᠭ᠎ᠠ᠎ᠪᠠᠷ ᠳᠠᠮᠵᠢᠨ ᠨᠢᠭᠡᠨᠳᠡ ᠵᠢᠭ᠋ᠠᠨ ᠰᠣᠷᠭ᠋ᠠᠯᠳᠠ ᠵᠢᠨ ᠬᠠᠷᠠᠯᠳᠠᠳᠤ ᠬᠦᠷᠴᠦ ᠴᠢᠳᠠᠭᠰᠠᠨ ᠪᠠᠶ᠋ᠢᠨ᠎ᠠ ᠭᠡᠵᠦ ᠦᠵᠡᠵᠦ ᠪᠣᠯᠬᠤ ᠦᠭᠡᠢ᠃ ᠰᠤᠷᠤᠯᠴᠠᠯᠭ᠎ᠠ ᠵᠢᠨ ᠶᠠᠪᠤᠴᠠ ᠵᠢ ᠴᠢᠬᠤᠯᠠᠴᠢᠯᠠᠭ᠍ᠤ ᠵᠢᠨ ᠳᠠᠭ᠋ᠠᠣ ᠠ᠋ᠷᠬᠡᠪᠰᠢ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠮᠦᠨᠴᠦ ᠬᠦᠨᠳᠦᠳᠭᠡᠨ ᠦᠵᠡᠬᠦ ᠴᠢᠬᠤᠯᠠᠳᠠᠢ᠃ ᠰᠣᠷᠣᠯᠴᠠᠯᠭ᠎ᠠ ᠵᠢᠨ ᠦᠷ᠎ᠡ ᠪᠦᠲᠦᠮᠵᠢ ᠪᠣᠯ ᠰᠣᠷᠣᠭᠴᠢᠳ᠎ᠤᠨ ᠬᠠᠮᠳᠣᠷᠠᠨ ᠠᠵᠢᠯᠯᠠᠭ᠍ᠣᠪᠠᠷ ᠳᠠᠮᠵᠢᠨ ᠣᠯᠣᠭᠰᠠᠨ ᠬᠠᠮᠳᠣ ᠵᠢᠨ ᠣᠶᠣᠨ ᠤᠬᠠᠭ᠋ᠠᠨ᠎ᠤ ᠲᠠᠯᠠᠰᠲᠣ ᠪᠣᠯᠬᠤ᠎ᠨᠢ ᠮᠡᠳᠡᠭᠡᠵᠢ᠃ ᠰᠣᠷᠣᠯᠴᠠᠯᠭ᠎ᠠ ᠵᠢᠨ ᠦᠷ᠎ᠡ ᠪᠦᠲᠦᠮᠵᠢ ᠵᠢ ᠳᠡᠯᠭᠡᠨ ᠦᠵᠡᠬᠦᠯᠬᠦ᠎ᠪᠠᠷ ᠳᠠᠮᠵᠢᠨ᠂ ᠰᠤᠷᠤᠭᠴᠢᠳ᠎ᠤᠨ ᠪᠡᠶ᠎ᠡ᠎ᠳᠤ᠎ᠪᠠᠨ ᠢᠳᠡᠭᠡᠯ᠎ᠲᠠᠢ ᠪᠣᠯᠬᠤ ᠬᠠᠨᠣᠮᠵᠢᠲᠣ ᠰᠡᠳᠭᠢᠯᠬᠡ ᠵᠢ ᠪᠣᠢ ᠪᠣᠯᠭ᠋ᠠᠵᠣ ᠴᠢᠳᠠᠭ᠍ᠣ ᠮᠦᠷᠳᠡᠭᠡᠨ ᠰᠣᠷᠣᠭᠴᠢᠳ ᠳᠠᠷᠠᠭ᠎ᠠ ᠤᠳᠠᠭ᠎ᠠ ᠵᠢᠨ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ ᠤ ᠰᠤᠷᠤᠯᠴᠠᠯᠭ᠎ᠠ᠎ᠳᠤ ᠣᠷᠣᠯᠴᠠᠭ᠍ᠣ ᠤᠷᠮᠠᠰ ᠰᠡᠳᠭᠢᠯᠬᠡ ᠵᠢ ᠬᠦᠭᠵᠢᠬᠡᠵᠦ ᠴᠢᠳᠠᠨ᠎ᠠ᠃
ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠦᠷ᠎ᠡ ᠪᠦᠲᠦᠮᠵᠢ ᠵᠢᠨ ᠳᠡᠯᠭᠡᠨ ᠦᠵᠡᠬᠦᠯᠭᠡ᠎ᠨᠢ ᠬᠤᠪᠢ ᠬᠦᠮᠦᠨ᠎ᠤ ᠳᠡᠯᠭᠡᠨ ᠦᠵᠡᠬᠦᠯᠭᠡ ᠪᠠ ᠬᠠᠮᠳᠣ ᠵᠢᠨ ᠦᠵᠡᠬᠦᠯᠬᠡ ᠬᠤᠶᠠᠷ ᠵᠦᠢ᠍ᠯ ᠪᠠᠶ᠋ᠢᠳᠠᠭ᠃ ᠬᠤᠪᠢ ᠬᠦᠮᠦᠨ᠎ᠤ ᠦᠵᠡᠬᠦᠯᠭᠡ᠎ᠨᠢ ᠡᠯ᠎ᠡ ᠳᠤᠭᠤᠶ᠋ᠢᠯᠠᠩ᠎ᠤᠨ ᠬᠡᠰᠢᠭᠦᠳ᠎ᠤᠨ ᠳᠣᠮᠳᠠ᠎ᠠᠴᠠ ᠳᠤᠭᠤᠶ᠋ᠢᠯᠠᠩ ᠪᠦᠷᠢ ᠨᠢᠭᠡ ᠬᠦᠮᠦᠨ᠎ᠢ ᠰᠣᠩᠭᠤᠨ ᠭᠠᠷᠭ᠋ᠠᠵᠣ᠂ ᠳᠤᠭᠤᠶ᠋ᠢᠯᠠᠩ ᠵᠶ᠋ᠠᠨ ᠲᠦᠯᠦᠭᠡᠯᠡᠨ ᠶᠠᠷᠢᠶ᠎ᠠ ᠲᠠᠯᠪᠢᠬᠤ ᠪᠣᠶᠣ ᠳᠤᠭᠤᠶ᠋ᠢᠯᠠᠩ᠎ᠤᠨ ᠦᠷ᠎ᠡ ᠪᠦᠲᠦᠮᠵᠢ᠎ᠪᠠᠨ ᠲᠠᠨᠢᠯᠴᠠᠭᠤᠯᠣᠨ᠎ᠠ᠃ ᠬᠠᠮᠳᠣ ᠵᠢᠨ ᠦᠵᠡᠬᠦᠯᠬᠡ᠎ᠨᠢ ᠣᠯᠠᠨ ᠬᠦᠮᠦᠨ ᠣᠷᠣᠯᠴᠠᠭ᠍ᠣ ᠮᠦᠷᠳᠡᠭᠡᠨ ᠪᠦᠬᠦ ᠳᠤᠭᠤᠶ᠋ᠢᠯᠠᠩ᠎ᠤᠨ ᠬᠡᠰᠢᠭᠦᠳ᠎ᠠᠴᠠ ᠳᠤᠭᠤᠶ᠋ᠢᠯᠠᠩ᠎ᠤᠨ ᠦᠷ᠎ᠡ ᠪᠦᠲᠦᠮᠵᠢ᠎ᠪᠠᠨ ᠲᠠᠨᠢᠯᠴᠠᠭᠤᠯᠣᠨ᠎ᠠ᠃
ᠬᠤᠷᠢᠶᠠᠩᠭᠤᠶ᠋ᠢᠯᠠᠪᠠᠯ᠂ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢᠨ ᠠᠷᠭ᠎ᠠ ᠮᠠᠶᠢᠭ᠎ᠨᠢ ᠰᠣᠷᠣᠭᠴᠢᠳ᠎ᠤᠨ ᠪᠡᠶᠡᠴᠢ ᠴᠢᠳᠠᠮᠠᠭ᠋ᠠᠢ ᠴᠢᠨᠠᠷ᠎ᠢ ᠳᠠᠶ᠋ᠢᠴᠢᠯᠠᠨ᠂ ᠰᠣᠷᠣᠭᠴᠢᠳ᠎ᠤᠨ ᠢᠳᠡᠪᠬᠢᠵᠢᠯ᠎ᠢ ᠬᠦᠭᠵᠢᠬᠡᠵᠦ᠂ ᠵᠢᠭ᠋ᠠᠨ ᠰᠣᠷᠭ᠋ᠠᠯᠳᠠ ᠰᠣᠷᠭ᠋ᠠᠨ ᠬᠦᠮᠦᠵᠢᠯ ᠢ ᠵᠢᠩᠬᠢᠨᠢ ᠬᠦᠮᠦᠨ ᠬᠦᠮᠦᠵᠢᠬᠦᠯᠬᠦ ᠣᠭ ᠵᠣᠷᠢᠯᠳᠠᠳᠤ ᠬᠦᠷᠭᠡᠨ᠂ ᠰᠣᠷᠣᠭᠴᠢᠳ᠎ᠤᠨ ᠪᠡᠶ᠎ᠡ ᠮᠠᠭ᠍ᠠᠪᠤᠳ᠎ᠤᠨ ᠠ᠋ᠷᠡᠬᠦᠯ ᠴᠢᠬᠢᠷᠠᠭ ᠬᠦᠭᠵᠢᠬᠦ ᠵᠢ ᠠᠬᠢᠭᠤᠯᠵᠣ ᠴᠢᠳᠠᠨ᠎ᠠ᠃ ᠪᠠᠭᠰᠢ᠎ᠠᠴᠠ ᠪᠠᠭ᠎ᠠ ᠳᠤᠭᠤᠶ᠋ᠢᠯᠠᠩ᠎ᠤᠨ ᠬᠠᠮᠳᠤᠷᠠᠯᠴᠠᠭ᠋ᠠᠨ᠎ᠤ ᠰᠤᠷᠤᠯᠴᠠᠯᠭ᠎ᠠ ᠵᠢ ᠵᠦᠢ ᠵᠣᠬᠢᠰᠳᠠᠢ ᠲᠤᠬᠢᠷᠠᠭᠤᠯᠣᠨ ᠶᠠᠪᠤᠭᠳᠠᠭᠤᠯᠵᠣ᠂ ᠪᠡᠶᠯᠡᠬᠦᠯᠵᠦ ᠳᠡᠶ᠋ᠢᠯᠬᠦ ᠪᠣᠯᠣᠮᠵᠢᠳᠠᠢ ᠠ᠋ᠭᠦᠷᠭᠡ ᠵᠢ ᠡᠯ᠎ᠡ ᠳᠤᠭᠤᠶ᠋ᠢᠯᠠᠩ ᠳᠤ ᠬᠤᠪᠢᠶᠠᠨ ᠦᠭᠴᠦ᠂ ᠳᠡᠳᠡᠨᠦᠰᠢ ᠵᠢᠭ᠋ᠠᠨ ᠵᠢᠯᠣᠭᠤᠳᠴᠣ᠂ ᠰᠤᠷᠤᠭᠴᠢᠳ᠎ᠤᠨ ᠳᠤᠭᠤᠶ᠋ᠢᠯᠠᠩ᠎ᠤᠨ ᠬᠠᠮᠳᠣᠷᠠᠯᠴᠠᠭ᠋ᠠᠨᠤ ᠶᠠᠪᠤᠴᠠ᠎ᠳᠤ ᠦᠪᠡᠷ᠎ᠤᠨ ᠰᠢᠯᠢᠳᠡᠭ ᠲᠠᠯ᠎ᠠ᠎ᠪᠠᠨ ᠪᠠᠳᠠᠷᠠᠭᠤᠯᠬᠤ ᠵᠢ ᠤᠷᠮᠠᠰᠢᠭᠤᠯᠣᠨ ᠵᠣᠷᠢᠬ᠍ᠵᠢᠭᠤᠯᠵᠣ᠂ ᠰᠣᠷᠣᠭᠴᠢᠳ᠎ᠤᠨ ᠰᠣᠷᠣᠯᠴᠠᠭ᠍ᠣ ᠢᠳᠡᠪᠬᠢᠵᠢᠯ᠎ᠢ ᠳᠠᠶ᠋ᠢᠴᠢᠯᠠᠨ᠂ ᠬᠢᠴᠢᠶᠡᠯᠯᠡᠭᠡ ᠵᠢᠨ ᠦᠷ᠎ᠡ ᠠᠰᠢᠭ ᠵᠶ᠋ᠠᠨ ᠵᠢᠩᠬᠢᠨᠢ ᠳᠡᠭᠡᠭᠰᠢᠯᠡᠬᠦᠯᠬᠦ᠎ᠪᠠᠷ ᠴᠢᠷᠮᠠᠶ᠋ᠢᠬᠤ ᠬᠡᠷᠡᠭᠳᠡᠢ᠎ᠨᠢ ᠦᠵᠡᠳᠡᠯ᠎ᠡ ᠢᠯᠡᠬᠡᠨ ᠪᠣᠯᠣᠭ᠋ᠠᠳ ᠪᠠᠶ᠋ᠢᠭ᠎ᠠ ᠶᠣᠮ᠃
ᠠᠵᠢᠯᠯᠠᠵᠤ ᠪᠠᠢ᠍ᠢ᠍ᠭ᠎ᠠ ᠪᠠᠢ᠍ᠢ᠍ᠭᠤᠯᠭ᠎ᠠ᠄ ᠪᠠᠶᠠᠨᠨᠠᠭᠤᠷ ᠬᠤᠳᠠ ᠵᠢᠨ ᠪᠠᠭᠰᠢ ᠵᠢ
ᠲᠠᠪᠳᠠᠨ ᠪᠤᠯᠪᠠᠰᠤᠷᠠᠭᠤᠯᠬᠤ ᠲᠦᠪ
(ᠮᠦᠨᠭᠭᠦᠨᠴᠢᠮᠡᠭ ᠨᠠᠢ᠍ᠢ᠍ᠷᠠᠭᠤᠯᠪᠠ)