ᠠᠯᠢᠮ᠎ᠠ

ᠬᠡᠯᠡ ᠪᠢᠴᠢᠭ ᠪᠣᠯ ᠪᠤᠶ ᠪᠦᠬᠦᠢ ᠬᠢᠴᠢᠶᠡᠯ ᠲᠥᠷᠥᠯ᠎ᠤᠨ ᠰᠠᠭᠤᠷᠢ ᠮᠥᠨ᠃ ᠠᠭᠤᠯᠭ᠎ᠠ ᠵᠢᠨ ᠬᠠᠮᠤᠷᠬᠤ ᠬᠡᠪᠴᠢᠶ᠎ᠡ ᠥᠷᠭᠡᠨ ᠪᠠᠶ᠋ᠢᠳᠠᠭ ᠵᠶ᠋ᠠᠷ ᠪᠠᠷᠠᠭ᠍ᠤ ᠦᠭᠡᠶ᠂ ᠪᠠᠰᠠ ᠶᠡᠬᠡᠭᠡᠨ ᠴᠠᠭ ᠪᠠ ᠬᠦᠴᠦ ᠣᠷᠣᠭᠤᠯᠵᠣ ᠰᠤᠷᠤᠯᠴᠠᠭ᠍ᠤ ᠵᠢ ᠱᠠᠭ᠋ᠠᠷᠳᠠᠳᠠᠭ᠃ ᠲᠡᠭᠡᠬᠦ ᠮᠥᠷᠲᠡᠭᠡᠨ ᠬᠡᠯᠡ ᠪᠢᠴᠢᠭ ᠰᠤᠷᠬᠤ ᠴᠢᠳᠠᠪᠤᠷᠢ ᠪᠤᠯ ᠶᠠᠮᠠᠷ ᠨᠢᠭᠡᠨ ᠳᠦᠭᠦᠮ ᠠᠷᠭ᠎ᠠ᠎ᠪᠠᠷ ᠣᠬᠤᠷᠬᠠᠨ ᠬᠤᠭᠤᠴᠠᠭ᠋ᠠᠨ᠎ᠳᠤ ᠲᠦᠷᠭᠡᠨ ᠳᠡᠭᠡᠭᠰᠢᠯᠡᠭᠦᠯᠵᠦ ᠳᠡᠶ᠋ᠢᠯᠬᠦ ᠵᠦᠢ᠍ᠯ ᠪᠢᠰᠢ᠂ ᠲᠡᠷᠡ᠎ᠨᠢ ᠤᠷᠲᠤ ᠬᠤᠭᠤᠴᠠᠭ᠋ᠠᠨ᠎ᠤ ᠬᠤᠷᠠᠮᠳᠤᠭᠤᠯᠤᠯ ᠪᠠ ᠪᠠᠷᠢᠮᠳᠠᠯᠠᠯ ᠵᠶ᠋ᠠᠷ ᠰᠠᠶᠢ ᠪᠣᠯᠪᠠᠰᠤᠷᠠᠨ ᠴᠠᠭ᠋ᠠᠷᠠᠵᠤ ᠴᠢᠳᠠᠨ᠎ᠠ᠃ ᠭᠡᠯᠡ ᠪᠢᠴᠢᠭ᠎ᠤᠨ ᠬᠢᠴᠢᠶᠡᠯ ᠵᠶ᠋ᠠᠷ ᠠᠪᠴᠤ ᠭᠡᠯᠡᠪᠡᠯ ᠤᠩᠰᠢᠵᠤ ᠣᠶ᠋ᠢᠯᠠᠭ᠋ᠠᠬᠤ ᠲᠠᠯ᠎ᠠ᠎ᠪᠠᠷ ᠴᠤ᠌ ᠲᠡᠷᠡ᠂ ᠵᠣᠬᠢᠶᠠᠨ ᠪᠢᠴᠢᠬᠦ ᠲᠠᠯ᠎ᠠ᠎ᠪᠠᠷ ᠴᠤ᠌ ᠲᠡᠷᠡ᠂ ᠤᠩᠰᠢᠯᠭ᠎ᠠ ᠪᠣᠯ ᠬᠠᠮᠤᠭ ᠦᠨᠳᠦᠰᠦᠨ ᠴᠢᠳᠠᠪᠤᠷᠢ ᠮᠥᠨ᠃ ᠠ᠋ᠶ᠋ᠢᠮᠦ᠎ᠠᠴᠠ ᠪᠠᠭᠰᠢ ᠵᠢᠭ᠋ᠠᠨ ᠰᠤᠷᠭ᠋ᠠᠯᠲᠠ ᠵᠢᠨ ᠶᠠᠪᠤᠴᠠ ᠳᠤᠮᠳᠠ᠎ᠪᠠᠨ ᠳᠡᠭᠡᠳᠦ ᠳᠤᠮᠳᠠᠳᠤ ᠵᠢᠨ ᠰᠤᠷᠤᠭᠴᠢ ᠵᠢᠨ ᠬᠡᠯᠡ ᠪᠢᠴᠢᠭ᠎ᠤᠨ ᠤᠩᠰᠢᠯᠭ᠎ᠠ ᠵᠢᠨ ᠳᠤᠷ᠎ᠠ ᠰᠣᠨᠢᠷᠬᠠᠯ᠎ᠢ ᠰᠠᠢ᠍ᠢ᠍ᠳᠤᠷ ᠬᠥᠮᠦᠵᠢᠭᠦᠯᠬᠦ ᠬᠡᠷᠡᠭᠲᠡᠶ᠃ ᠲᠡᠭᠡᠪᠡᠯ ᠤᠩᠰᠢᠯᠭ᠎ᠠ ᠵᠢᠨ ᠤᠷᠮ᠎ᠠ ᠪᠠᠬ᠎ᠠ ᠵᠢ ᠬᠡᠷᠬᠢᠨ ᠳᠡᠭᠡᠭᠰᠢᠯᠡᠭᠦᠯᠬᠦ ᠪᠣᠶ?
ᠨᠢᠭᠡ᠂ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠦᠵᠡᠯ ᠰᠠᠨᠠᠭ᠎ᠠ᠂ ᠤᠶ᠋ᠢᠯᠠᠭ᠋ᠠᠭᠳᠠᠭ᠍ᠤᠨᠢ ᠬᠤᠪᠢᠷᠠᠭᠤᠯᠬᠤ
ᠰᠢᠯᠭ᠋ᠠᠯᠲᠠ ᠵᠢ ᠠᠷᠭ᠋ᠠᠴᠠᠭ᠋ᠠᠭ᠍ᠤ ᠰᠤᠷᠭ᠋ᠠᠨ ᠬᠥᠮᠦᠵᠢᠯ᠎ᠨᠢ ᠶᠡᠭᠡ ᠵᠠᠢ ᠠᠪᠴᠤ ᠪᠠᠶ᠋ᠢᠭ᠎ᠠ ᠥᠨᠥᠳᠦᠷ᠂ ᠰᠤᠷᠤᠭᠴᠢᠳ᠎ᠤᠨ ᠤᠩᠰᠢᠵᠤ ᠣᠶ᠋ᠢᠯᠠᠭ᠋ᠠᠬᠤ ᠪᠠ ᠵᠣᠬᠢᠶᠠᠨ ᠪᠢᠴᠢᠬᠦ᠎ᠳᠤ ᠬᠡᠷᠬᠢᠨ ᠨᠠᠩ ᠥᠨᠳᠥᠷ ᠬᠤᠪᠢ ᠣᠯᠭᠤᠭᠤᠯᠬᠤ ᠵᠢ ᠠᠩᠬᠠᠷᠴᠤ᠂ ᠰᠤᠷᠤᠭᠴᠢᠳ᠎ᠤᠨ ᠬᠡᠯᠡ ᠪᠢᠴᠢᠭ᠎ᠤᠨ ᠤᠩᠰᠢᠯᠭ᠎ᠠ ᠵᠢᠨ ᠤᠷᠮ᠎ᠠ ᠪᠠᠬ᠎ᠠ ᠵᠢ ᠬᠥᠮᠦᠵᠢᠭᠦᠯᠬᠦ ᠵᠢ ᠣᠮᠲᠣᠭ᠋ᠠᠶ᠋ᠢᠯᠠᠵᠤ᠂ ᠬᠡᠯᠡ ᠪᠢᠴᠢᠭ᠎ᠤᠨ ᠤᠩᠰᠢᠯᠭ᠎ᠠ ᠵᠢᠨ ᠴᠢᠳᠠᠪᠤᠷᠢ ᠵᠢᠨ ᠳᠡᠭᠡᠭᠰᠢᠯᠡᠯᠲᠡ ᠵᠢ ᠬᠥᠩᠭᠡᠪᠴᠢᠯᠡᠵᠡᠢ᠃ ᠠ᠋ᠶ᠋ᠢᠮᠦ ᠠᠴᠠ᠂ ᠳᠡᠭᠡᠳᠦ ᠳᠤᠮᠳᠠᠳᠤ ᠵᠢᠨ ᠰᠤᠷᠤᠭᠴᠢᠳ᠎ᠤᠨ ᠬᠡᠯᠡ ᠪᠢᠴᠢᠭ᠎ᠤᠨ ᠤᠩᠰᠢᠯᠭ᠎ᠠ ᠵᠢᠨ ᠤᠷᠮ᠎ᠠ ᠪᠠᠬ᠎ᠠ ᠵᠢ ᠳᠡᠭᠡᠭᠰᠢᠯᠡᠭᠦᠯᠬᠦ᠎ᠳᠤ ᠠ᠋ᠩ ᠲᠡᠷᠢᠭᠦᠨ᠎ᠳᠤ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠦᠵᠡᠯ ᠰᠠᠨᠠᠭ᠎ᠠ᠂ ᠤᠶ᠋ᠢᠯᠠᠭ᠋ᠠᠭᠳᠠᠭ᠍ᠤᠨᠢ ᠬᠤᠪᠢᠷᠠᠭᠤᠯᠬᠤ ᠬᠡᠷᠡᠭᠲᠡᠢ᠃ ᠵᠢᠱ᠌ᠢᠶᠡᠯᠡᠪᠡᠯ᠂ ᠵᠣᠬᠢᠶᠠᠯ᠎ᠳᠤ ᠵᠠᠷᠢᠮ ᠰᠤᠷᠤᠭᠴᠢᠳ᠎ᠤᠨ ᠥᠪᠡᠷ ᠵᠶ᠋ᠠᠨ ᠣᠶ᠋ᠢᠯᠠᠭ᠋ᠠᠵᠤ ᠳᠡᠶ᠋ᠢᠯᠬᠦ ᠦᠭᠡᠢ ᠦᠭᠡ ᠥᠭᠦᠯᠡᠪᠦᠷᠢ ᠢᠯᠡᠷᠡᠪᠡᠯ ᠪᠠᠭᠰᠢ᠎ᠠᠴᠠ ᠳᠦᠭᠦᠮ ᠳᠦᠲᠡ ᠣᠶ᠋ᠢᠯᠠᠭ᠋ᠠᠭᠤᠯᠬᠤ ᠵᠠᠮ᠎ᠢ ᠠ᠋ᠷᠢᠵᠦ ᠲᠠᠶ᠋ᠢᠯᠪᠦᠷᠢᠯᠡᠵᠦ ᠥᠭᠬᠦ ᠭᠡᠷᠡᠭᠲᠡᠢ᠃ ᠠ᠋ᠭᠦᠨ᠎ᠤ ᠤᠯᠠᠮ ᠵᠶ᠋ᠠᠷ ᠪᠠᠭᠰᠢ ᠵᠢᠨ ᠵᠥᠪ ᠵᠢᠯᠣᠭᠤᠳᠤᠯᠭ᠎ᠠ ᠵᠢᠨ ᠳᠤᠤᠷ᠎ᠠ᠂ ᠰᠤᠷᠤᠭᠴᠢᠳ᠎ᠤᠨ ᠤᠩᠰᠢᠯᠭ᠎ᠠ ᠵᠢᠨ ᠤᠷᠮ᠎ᠠ ᠵᠢ ᠠᠭ᠋ᠠᠵᠢᠮ ᠵᠶ᠋ᠠᠷ ᠬᠥᠮᠦᠵᠢᠭᠦᠯᠦᠨ᠎ᠡ᠃
ᠬᠤᠶᠠᠷ᠂ ᠰᠤᠷᠤᠭᠴᠢᠳ᠎ᠤᠨ ᠠᠰᠠᠭᠤᠳᠠᠯ᠎ᠢ ᠬᠠᠨᠳᠤᠯᠭ᠋ᠠᠲᠤ ᠴᠢᠨᠠᠷᠲᠠᠶ᠎ᠪᠠᠷ ᠰᠢᠢ᠍ᠳᠪᠦᠷᠢᠯᠡᠵᠦ᠂ ᠤᠩᠰᠢᠯᠭ᠎ᠠ ᠵᠢᠨ ᠳᠠᠳᠬᠠᠯ᠎ᠢ ᠬᠥᠮᠦᠵᠢᠭᠦᠯᠦᠨ᠎ᠡ
1. ᠳᠡᠭᠡᠳᠦ ᠳᠤᠮᠳᠠᠳᠤ ᠵᠢᠨ ᠰᠤᠷᠤᠭᠴᠢᠳ ᠬᠢᠴᠢᠶᠡᠯ ᠰᠤᠷᠤᠯᠭ᠎ᠠ ᠵᠢᠨ ᠳᠠᠷᠤᠭ᠋ᠠᠰᠤ ᠶᠡᠭᠡ᠂ ᠰᠤᠷᠤᠯᠴᠠᠭ᠍ᠤ ᠤᠷᠮ᠎ᠠ ᠠᠨᠠᠢ ᠪᠠᠶ᠋ᠢᠳᠠᠭ᠃ ᠰᠤᠷᠤᠭᠴᠢᠳ ᠣᠩᠰᠢᠯᠭ᠎ᠠ ᠵᠢᠨ ᠶᠠᠪᠤᠴᠠ᠎ᠳᠤ ᠲᠣᠬᠢᠶᠠᠯᠳᠤᠭᠰᠠᠨ ᠠᠰᠠᠭᠤᠳᠠᠯ᠎ᠢ ᠥᠪᠡᠷ ᠵᠶ᠋ᠠᠨ ᠰᠢᠢ᠍ᠳᠪᠦᠷᠢᠯᠡᠵᠦ ᠴᠢᠳᠠᠭ᠍ᠤ ᠦᠭᠡᠢ᠎ᠠᠴᠠ ᠪᠣᠯᠵᠤ᠂ ᠤᠷᠮ᠎ᠠ ᠦᠭᠡᠶ᠋ᠢᠳᠡᠨ ᠵᠣᠷᠢᠭ ᠬᠠᠷᠢᠵᠤ᠂ ᠨᠣᠮ ᠤᠩᠰᠢᠬᠤ ᠤᠷᠮ᠎ᠠ ᠪᠠᠬ᠎ᠠ ᠪᠠ ᠲᠡᠰᠪᠦᠷᠢ ᠲᠡᠪᠴᠢᠶᠡᠷᠢ ᠦᠭᠡᠶ ᠪᠣᠯᠳᠠᠭ᠃ ᠠ᠋ᠨᠡ ᠠᠰᠠᠭᠤᠳᠠᠯ᠎ᠳᠤ ᠴᠢᠭᠯᠡᠭᠦᠯᠦᠨ᠂ ᠪᠠᠭᠰᠢ᠎ᠠᠴᠠ ᠰᠤᠷᠤᠭᠴᠢ ᠨᠢᠭᠡᠪᠦᠷᠢ ᠵᠢᠨ ᠤᠩᠰᠢᠯᠭ᠎ᠠ ᠵᠢᠨ ᠪᠠᠶ᠋ᠢᠳᠠᠯ᠎ᠢ ᠴᠠᠭ ᠲᠤᠬᠠᠢᠳᠤᠨᠢ ᠣᠶ᠋ᠢᠯᠠᠭ᠋ᠠᠨ ᠵᠠᠳᠠᠯᠵᠤ᠂ ᠰᠤᠷᠤᠭᠴᠢᠳ᠎ᠲᠤ᠎ᠪᠠᠨ ᠠᠰᠠᠭᠤᠳᠠᠯ ᠬᠠᠮᠢᠭ᠎ᠠ ᠣᠷᠤᠰᠢᠵᠦ ᠪᠠᠶ᠋ᠢᠭ᠎ᠠ᠂ ᠬᠡᠷᠬᠢᠨ ᠰᠢᠢ᠍ᠳᠪᠦᠷᠢᠯᠡᠪᠡᠯ ᠵᠣᠬᠢᠬᠤ ᠵᠢ ᠵᠢᠯᠣᠭᠤᠳᠤᠨ᠎ᠠ᠃ ᠵᠢᠱ᠌ᠢᠶᠡᠯᠡᠪᠡᠯ᠂ ᠵᠠᠷᠢᠮ ᠰᠤᠷᠤᠭᠴᠢ ᠵᠢᠨ ᠨᠣᠮ ᠤᠩᠰᠢᠬᠤ ᠶᠠᠪᠤᠴᠠ᠎ᠳᠤ ᠲᠣᠬᠢᠶᠠᠯᠳᠤᠭᠰᠠᠨ ᠬᠦᠨᠳᠦ ᠦᠭᠡᠰ ᠳᠡᠩᠳᠡᠭᠦᠦ ᠣᠯᠠᠨ᠃ ᠠ᠋ᠶ᠋ᠢᠮᠦᠷᠬᠦᠦ ᠪᠠᠶ᠋ᠢᠳᠠᠯ᠎ᠳᠤ ᠴᠢᠭᠯᠡᠭᠦᠯᠦᠨ᠂ ᠪᠠᠭᠰᠢ᠎ᠨᠢ ᠰᠤᠷᠤᠭᠴᠢᠳ᠎ᠤᠨ ᠨᠣᠮ ᠤᠩᠰᠢᠬᠤ ᠲᠡᠪᠴᠢᠶᠡᠷᠢ ᠵᠢ ᠢᠯᠡᠭᠦᠬᠡᠨ ᠬᠥᠮᠦᠵᠢᠭᠦᠯᠬᠦ ᠵᠢᠨ ᠬᠠᠮᠲᠤ᠂ ᠰᠤᠷᠤᠭᠴᠢᠳ᠎ᠲᠤ᠎ᠪᠠᠨ ᠲᠣᠯᠢ ᠪᠢᠴᠢᠭ᠎ᠤᠨ ᠦᠢ᠍ᠯᠡᠳᠦᠯ᠎ᠢ ᠮᠡᠳᠡᠭᠦᠯᠦᠨ᠂ ᠵᠥᠪ ᠬᠡᠷᠡᠭᠯᠡᠬᠦ ᠵᠢ ᠵᠢᠭ᠋ᠠᠨ ᠵᠢᠯᠣᠭᠤᠳᠬᠤ ᠬᠡᠷᠡᠭᠲᠡᠶ᠃ ᠪᠠᠰᠠ ᠵᠢᠱ᠌ᠢᠶᠡᠯᠡᠪᠡᠯ᠂ ᠵᠠᠷᠢᠮ ᠰᠤᠷᠤᠭᠴᠢ ᠶᠠᠮᠠᠷ ᠨᠣᠮ ᠤᠩᠰᠢᠬᠤ᠎ᠪᠠᠨ ᠮᠡᠳᠡᠬᠦ ᠦᠭᠡᠢ᠃ ᠠ᠋ᠨᠡ ᠦᠶ᠎ᠡ᠎ᠳᠤ ᠪᠠᠭᠰᠢ᠎ᠠᠴᠠ ᠰᠣᠩᠭᠤᠳᠠᠭ ᠨᠣᠮ ᠵᠣᠬᠢᠶᠠᠯ᠎ᠢ ᠲᠠᠨᠢᠯᠴᠠᠭᠤᠯᠵᠤ ᠪᠣᠯᠤᠨ᠎ᠠ᠃ ᠢᠩᠭᠢᠪᠡᠯ ᠰᠤᠷᠤᠭᠴᠢᠳ᠎ᠤᠨ ᠨᠣᠮ ᠤᠩᠰᠢᠬᠤ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠪᠠᠷᠠᠭ᠍ᠤ ᠥᠬᠡᠶ᠂ ᠰᠤᠷᠤᠭᠴᠢᠳ᠎ᠤᠨ ᠨᠣᠮ ᠤᠩᠰᠢᠬᠤ ᠤᠷᠮ᠎ᠠ ᠪᠠᠬ᠎ᠠ ᠵᠢ ᠬᠥᠮᠦᠵᠢᠭᠦᠯᠬᠦ᠎ᠳᠤ ᠴᠦ᠍ ᠶᠡᠭᠡ ᠲᠤᠰᠠ ᠪᠣᠯᠵᠤ ᠪᠣᠯᠤᠨ᠎ᠠ᠃
2. ᠰᠤᠷᠤᠭᠴᠢᠳ᠎ᠤᠨ ᠤᠩᠰᠢᠯᠭ᠎ᠠ ᠵᠢᠨ ᠤᠷᠮ᠎ᠠ ᠪᠠᠬ᠎ᠠ ᠪᠠ ᠤᠩᠰᠢᠯᠭ᠎ᠠ ᠵᠢᠨ ᠦᠷ᠎ᠡ ᠪᠦᠲᠦᠮᠵᠢᠲᠦ ᠴᠢᠨᠠᠷ᠎ᠢ ᠳᠡᠭᠡᠭᠰᠢᠯᠡᠭᠦᠯᠬᠦ ᠵᠢᠨ ᠲᠥᠯᠥᠭᠡ ᠪᠠᠭᠰᠢ᠎ᠨᠢ ᠬᠢᠴᠢᠶᠡᠯ ᠳᠡᠭᠡᠷ᠎ᠡ ᠤᠩᠰᠢᠯᠭ᠎ᠠ ᠵᠢᠨ ᠴᠠᠭ᠎ᠢ ᠨᠡᠮᠡᠵᠦ ᠲᠣᠬᠢᠷᠠᠭᠤᠯᠪᠠᠯ ᠰᠠᠶ᠋ᠢᠨ᠃ ᠢᠩᠬᠢᠪᠡᠯ ᠰᠤᠷᠤᠭᠴᠢᠳ ᠨᠣᠮ ᠤᠩᠰᠢᠭᠰᠠᠨ᠎ᠤ ᠳᠠᠷᠠᠭ᠎ᠠ ᠬᠠᠮᠲᠤ ᠰᠤᠷᠤᠭᠴᠢ ᠪᠠ ᠪᠠᠭᠰᠢ᠎ᠲᠠᠢ ᠴᠠᠭ ᠲᠤᠬᠠᠢᠳᠤᠨᠢ ᠣᠶ᠋ᠢᠯᠠᠭ᠋ᠠᠯᠴᠠᠵᠤ ᠪᠤᠯᠤᠨ᠎ᠠ᠃ ᠲᠡᠭᠡᠬᠦ ᠮᠥᠷᠲᠡᠭᠡᠨ ᠰᠤᠷᠤᠭᠴᠢᠳ᠎ᠲᠤ᠎ᠪᠠᠨ ᠥᠪᠡᠷ᠎ᠢ᠎ᠪᠠᠨ ᠢᠯᠡᠷᠡᠭᠦᠯᠬᠦ ᠲᠠᠪᠴᠠᠩ ᠬᠠᠩᠭ᠋ᠠᠵᠤ᠂ ᠰᠤᠷᠤᠭᠴᠢᠳ᠎ᠤᠨ ᠢᠲᠡᠭᠡᠯ᠎ᠢ ᠨᠡᠮᠡᠭᠳᠡᠭᠦᠯᠵᠦ᠂ ᠬᠥᠭᠵᠢᠶᠡᠨᠲᠡᠢ᠂ ᠰᠠᠶ᠋ᠢᠨ ᠰᠠᠶ᠋ᠢᠬᠠᠨ ᠤᠩᠰᠢᠯᠭ᠎ᠠ ᠵᠢᠨ ᠠᠭᠤᠷ ᠠᠮᠢᠰᠬᠤᠯ᠎ᠢ ᠬᠠᠩᠭ᠋ᠠᠨ ᠥᠭᠴᠦ ᠪᠣᠯᠤᠨ᠎ᠠ᠃ ᠰᠤᠷᠤᠭᠴᠢᠳ᠎ᠢ ᠬᠢᠴᠢᠶᠡᠯ ᠳᠡᠭᠡᠷ᠎ᠡ ᠰᠡᠳᠬᠢᠯ ᠲᠠᠶ᠋ᠢᠪᠤᠭᠤᠨ ᠵᠶ᠋ᠠᠷ ᠨᠣᠮ ᠤᠩᠰᠢᠭᠤᠯᠵᠤ᠂ ᠵᠣᠬᠢᠶᠠᠯ᠎ᠤᠨ ᠠᠭᠤᠯᠭ᠎ᠠ ᠪᠠ ᠰᠠᠨᠠᠭ᠎ᠠ ᠠᠬᠤᠶ ᠵᠢ ᠦᠨᠡᠨ ᠬᠦ᠌ ᠮᠡᠳᠡᠷᠡᠭᠦᠯᠵᠦ᠂ ᠰᠤᠷᠤᠭᠴᠢᠳ᠎ᠤᠨ ᠬᠡᠯᠡ ᠪᠢᠴᠢᠭ᠎ᠤᠨ ᠤᠩᠰᠢᠯᠭ᠎ᠠ ᠵᠢᠨ ᠤᠷᠮ᠎ᠠ ᠪᠠᠬ᠎ᠠ ᠪᠠ ᠤᠩᠰᠢᠯᠭ᠎ᠠ ᠵᠢᠨ ᠴᠢᠳᠠᠪᠤᠷᠢ ᠵᠢ ᠴᠥᠮ ᠪᠦᠲᠦᠮᠵᠢᠲᠡᠶ ᠳᠡᠭᠡᠭᠰᠢᠯᠡᠭᠦᠯᠵᠦ ᠪᠣᠯᠤᠨ᠎ᠠ᠃
3. ᠤᠩᠰᠢᠯᠭ᠎ᠠ ᠵᠢᠨ ᠳᠠᠳᠬᠠᠯ᠎ᠢ ᠬᠥᠮᠦᠵᠢᠭᠦᠯᠦᠨ᠎ᠡ᠃ ᠰᠤᠷᠤᠭᠴᠢᠳ᠎ᠤᠨ ᠤᠩᠰᠢᠯᠭ᠎ᠠ ᠵᠢᠨ ᠤᠷᠮ᠎ᠠ ᠪᠠᠬ᠎ᠠ ᠵᠢ ᠤᠩᠰᠢᠯᠭ᠎ᠠ ᠵᠢᠨ ᠳᠠᠳᠬᠠᠯ᠎ᠢ ᠬᠥᠮᠦᠵᠢᠭᠦᠯᠬᠦ᠎ᠪᠠᠷ ᠳᠠᠮᠵᠢᠨ ᠪᠡᠶᠡᠯᠡᠭᠦᠯᠵᠦ ᠪᠣᠯᠤᠨ᠎ᠠ᠃ ᠪᠠᠭᠰᠢ᠎ᠠᠴᠠ ᠰᠤᠷᠤᠭᠴᠢᠳ᠎ᠲᠤ᠎ᠪᠠᠨ ᠠ᠋ᠳᠦᠷ ᠪᠦᠷᠢ ᠨᠢᠭᠡ ᠬᠤᠪᠢ ᠠ᠋ᠳᠦᠷ᠎ᠤᠨ ᠲᠡᠮᠳᠡᠭᠯᠡᠯ ᠪᠢᠴᠢᠬᠦ ᠵᠢ ᠰᠠᠨᠠᠭᠤᠯᠵᠤ᠂ ᠥᠪᠡᠷ᠎ᠤᠨ ᠨᠢᠭᠡ ᠠ᠋ᠳᠦᠷ᠎ᠤᠨ ᠰᠣᠨᠢᠷᠬᠠᠯᠲᠠᠶ ᠤᠴᠢᠷ ᠵᠶ᠋ᠠᠨ ᠲᠡᠮᠳᠡᠭᠯᠡᠵᠦ᠂ ᠰᠠᠶ᠋ᠢᠨ ᠰᠠᠶ᠋ᠢᠬᠠᠨ ᠵᠣᠬᠢᠶᠠᠨ ᠪᠢᠴᠢᠬᠦ ᠳᠠᠳᠬᠠᠯ᠎ᠲᠠᠢ ᠪᠣᠯᠬᠤ ᠵᠢ ᠱᠠᠭ᠋ᠠᠷᠳᠠᠵᠤ ᠪᠣᠯᠤᠨ᠎ᠠ᠃ ᠠ᠋ᠶ᠋ᠢᠮᠦ ᠮᠠᠶᠢᠭ ᠵᠶ᠋ᠠᠷ ᠤᠷᠲᠤ ᠬᠤᠭᠤᠴᠠᠭ᠎ᠠ᠎ᠪᠠᠷ ᠪᠠᠷᠢᠮᠳᠠᠯᠠᠪᠠᠯ ᠰᠤᠷᠤᠭᠴᠢᠳ ᠠ᠋ᠳᠦᠷ᠎ᠤᠨ ᠲᠡᠮᠳᠡᠭᠯᠡᠯ ᠪᠢᠴᠢᠬᠦ ᠳᠤᠷᠠᠲᠠᠶ ᠪᠣᠯᠵᠤ᠂ ᠪᠠᠰᠠ ᠠ᠋ᠳᠦᠷ᠎ᠤᠨ ᠲᠡᠮᠳᠡᠭᠯᠡᠯ᠎ᠳᠤ᠎ᠪᠠᠨ ᠥᠪᠡᠷ᠎ᠤᠨ ᠰᠡᠳᠬᠢᠯᠭᠡ᠎ᠪᠠᠨ ᠲᠡᠮᠳᠡᠭᠯᠡᠵᠦ ᠴᠢᠳᠠᠨ᠎ᠠ᠃ ᠢᠡᠭᠬᠢᠵᠦ ᠬᠢᠬᠦ᠎ᠨᠢ ᠰᠤᠷᠤᠭᠴᠢᠳ᠎ᠤᠨ ᠨᠣᠮ ᠤᠩᠰᠢᠬᠤ᠎ᠳᠤ ᠳᠤᠷ᠎ᠠ ᠦᠭᠡᠶ᠋ᠢᠴᠡᠬᠦ ᠰᠡᠳᠬᠢᠯᠭᠡ ᠵᠢ ᠦᠭᠡᠶ᠋ᠢᠰᠬᠡᠵᠦ ᠴᠢᠳᠠᠨ᠎ᠠ᠃ ᠤᠩᠰᠢᠯᠭ᠎ᠠ ᠵᠢᠨ ᠳᠤᠮᠳᠠ ᠪᠠᠭᠰᠢ᠎ᠠᠴᠠ ᠰᠤᠷᠤᠭᠴᠢᠳ᠎ᠢ ᠨᠣᠮ ᠤᠩᠰᠢᠭᠰᠠᠨ ᠲᠡᠮᠳᠡᠭᠯᠡᠯ ᠬᠢᠯᠭᠡᠵᠦ᠂ ᠰᠣᠩᠭᠤᠳᠠᠭ ᠤᠷᠠᠨ ᠦᠭᠡ ᠥᠭᠦᠯᠡᠪᠦᠷᠢ ᠵᠢ ᠲᠡᠮᠳᠡᠭᠯᠡᠬᠦ ᠵᠢ ᠵᠣᠷᠢᠬ᠍ᠵᠢᠭᠤᠯᠬᠤ ᠬᠡᠷᠡᠭᠲᠡᠶ᠃ ᠢᠩᠭᠢᠬᠦ᠎ᠨᠢ ᠰᠤᠷᠤᠭᠴᠢᠳ᠎ᠤᠨ ᠵᠣᠬᠢᠶᠠᠨ ᠪᠢᠴᠢᠯᠭᠡ᠎ᠳᠤ ᠪᠠᠶᠠᠯᠢᠭ ᠪᠣᠷᠣ ᠮᠠᠲ᠋ᠧᠷᠢᠶᠠᠯ ᠬᠤᠷᠠᠮᠳᠤᠭᠤᠯᠤᠭᠰᠠᠨ ᠵᠶ᠋ᠠᠷ ᠪᠠᠷᠠᠭ᠍ᠤ ᠦᠭᠡᠶ᠂ ᠪᠠᠰᠠ ᠰᠤᠷᠤᠭᠴᠢᠳ᠎ᠤᠨ ᠰᠣᠨᠢᠷᠬᠠᠬᠤ ᠴᠢᠳᠠᠪᠤᠷᠢ ᠵᠢ ᠳᠡᠭᠡᠭᠰᠢᠯᠡᠭᠦᠯᠵᠦ᠂ ᠭᠠᠷ ᠬᠥᠳᠡᠯᠵᠦ᠂ ᠪᠢᠷ ᠬᠥᠳᠡᠯᠭᠡᠬᠦ ᠰᠠᠶ᠋ᠢᠨ ᠰᠠᠶ᠋ᠢᠬᠠᠨ ᠳᠠᠳᠬᠠᠯ᠎ᠲᠠᠢ ᠪᠣᠯᠭ᠋ᠠᠳᠠᠭ᠃ ᠤᠩᠰᠢᠯᠭ᠎ᠠ ᠪᠠ ᠵᠣᠬᠢᠶᠠᠨ ᠪᠢᠴᠢᠯᠭᠡ ᠵᠢ ᠤᠶᠠᠯᠳᠤᠭᠤᠯᠵᠤ᠂ ᠤᠩᠰᠢᠯᠭ᠎ᠠ ᠵᠢᠨ ᠵᠣᠬᠢᠶᠠᠨ ᠪᠢᠴᠢᠯᠭᠡ᠎ᠳᠤ ᠦᠵᠡᠭᠦᠯᠬᠦ ᠨᠥᠯᠥᠭᠡ ᠵᠢ ᠮᠠᠳᠠᠭᠦᠯᠦᠨ᠂ ᠤᠩᠰᠢᠬᠤ ᠵᠢᠨ ᠴᠢᠬᠤᠯᠠ ᠴᠢᠨᠠᠷ᠎ᠢ ᠣᠶ᠋ᠢᠯᠠᠭ᠋ᠠᠭᠤᠯᠤᠨ᠂ ᠰᠤᠷᠤᠭᠴᠢᠳ᠎ᠤᠨ ᠤᠩᠰᠢᠬᠤ ᠤᠷᠮ᠎ᠠ ᠵᠢ ᠬᠥᠭᠵᠢᠭᠡᠵᠦ ᠪᠣᠯᠤᠨ᠎ᠠ᠃ ᠠ᠋ᠭᠦᠨ᠎ᠠᠴᠠ ᠭᠠᠳᠠᠨ᠎ᠠ ᠪᠠᠰᠠ ᠬᠢᠴᠢᠶᠡᠯ᠎ᠤᠨ ᠭᠡᠷ᠎ᠲᠤ ᠨᠣᠮ᠎ᠤᠨ ᠪᠤᠯᠤᠩ ᠭᠠᠷᠭ᠋ᠠᠬᠤ᠂ ᠥᠪᠡᠷ᠎ᠤᠨ ᠤᠩᠰᠢᠵᠤ ᠥᠩᠭᠡᠷᠡᠭᠰᠡᠨ ᠰᠢᠯᠢᠳᠡᠭ ᠨᠣᠮ ᠵᠶ᠋ᠠᠨ ᠬᠤᠪᠢᠶᠠᠯᠴᠠᠭ᠍ᠤ ᠵᠡᠷᠭᠡ ᠠᠷᠭ᠎ᠠ᠎ᠪᠠᠷ ᠬᠠᠮᠲᠤ᠎ᠪᠠᠷ ᠳᠠᠪᠰᠢᠵᠤ ᠪᠣᠯᠤᠨ᠎ᠠ᠃
ᠳᠡᠭᠡᠳᠦ ᠳᠤᠮᠳᠠᠳᠤ ᠵᠢᠨ ᠰᠤᠷᠤᠭᠴᠢᠳ᠎ᠤᠨ ᠬᠡᠯᠡ ᠪᠢᠴᠢᠭ᠎ᠤᠨ ᠤᠩᠰᠢᠯᠭ᠎ᠠ ᠵᠢᠨ ᠤᠷᠮ᠎ᠠ ᠪᠠᠬ᠎ᠠ ᠵᠢ ᠬᠥᠮᠦᠵᠢᠭᠦᠯᠵᠦ᠂ ᠰᠤᠷᠤᠭᠴᠢᠳ᠎ᠤᠨ ᠬᠡᠯᠡ ᠪᠢᠴᠢᠭ᠎ᠤᠨ ᠤᠩᠰᠢᠯᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠵᠦ᠂ ᠬᠡᠯᠡ ᠪᠢᠴᠢᠭ᠎ᠤᠨ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢ ᠥᠨᠳᠥᠷ ᠪᠦᠲᠦᠮᠵᠢᠲᠡᠶ ᠥᠷᠨᠢᠭᠦᠯᠬᠦ ᠵᠢᠨ ᠲᠥᠯᠥᠭᠡ᠂ ᠠ᠋ᠩ ᠲᠡᠷᠢᠭᠦᠨ᠎ᠳᠤ ᠪᠠᠭᠰᠢ ᠵᠢᠨ ᠵᠢᠭ᠋ᠠᠨ ᠰᠤᠷᠭ᠋ᠠᠯᠲᠠ ᠵᠢᠨ ᠣᠶ᠋ᠢᠯᠠᠭ᠋ᠠᠭᠳᠠᠭ᠍ᠤᠨ᠎ᠢ ᠬᠤᠪᠢᠷᠠᠭᠤᠯᠵᠤ᠂ ᠰᠤᠷᠤᠭᠴᠢᠳ᠎ᠤᠨ ᠪᠡᠶ᠎ᠡ᠎ᠪᠠᠨ ᠳᠠᠭ᠋ᠠᠭ᠋ᠠᠵᠤ ᠰᠤᠷᠤᠯᠴᠠᠭ᠍ᠤ ᠳᠤᠮᠳᠠ ᠤᠩᠰᠢᠯᠭ᠎ᠠ ᠵᠢᠨ ᠴᠢᠳᠠᠪᠤᠷᠢ ᠵᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠠᠭᠰᠢ ᠵᠢᠨ ᠵᠥᠪ ᠵᠢᠯᠣᠭᠤᠳᠣᠯᠭ᠎ᠠ ᠳᠤᠤᠷ᠎ᠠ᠂ ᠰᠤᠷᠤᠭᠴᠢᠳ᠎ᠤᠨ ᠤᠩᠰᠢᠯᠭ᠎ᠠ ᠵᠢᠨ ᠤᠷᠮ᠎ᠠ ᠪᠠᠬ᠎ᠠ ᠵᠢ ᠬᠥᠮᠦᠵᠢᠭᠦᠯᠬᠦ ᠬᠡᠷᠡᠭᠲᠡᠶ᠃ ᠠ᠋ᠭᠦᠨ᠎ᠠᠴᠠ ᠭᠠᠳᠠᠨ᠎ᠠ ᠪᠠᠭᠰᠢ ᠪᠠᠰᠠ ᠰᠤᠷᠤᠭᠴᠢᠳ᠎ᠤᠨ ᠠᠰᠠᠭᠤᠳᠠᠯ᠎ᠢ ᠬᠠᠨᠳᠤᠯᠭ᠋ᠠᠲᠤ ᠴᠢᠨᠠᠷᠲᠠᠶ᠎ᠪᠠᠷ ᠰᠢᠢ᠍ᠳᠪᠦᠷᠢᠯᠡᠵᠦ᠂ ᠰᠤᠷᠤᠭᠴᠢᠳ᠎ᠤᠨ ᠨᠣᠮ ᠤᠩᠰᠢᠬᠤ ᠶᠠᠪᠤᠴᠠ᠎ᠳᠠᠬᠢ ᠪᠤᠬᠢᠨᠢᠳᠤᠯᠢ ᠰᠢᠢ᠍ᠳᠪᠦᠷᠢᠯᠡᠬᠦ ᠬᠡᠷᠡᠭᠲᠡᠶ᠃ ᠪᠠᠭᠰᠢ ᠪᠠᠰᠠ ᠬᠢᠴᠢᠶᠡᠯ ᠳᠡᠭᠡᠷ᠎ᠡ ᠤᠩᠰᠢᠯᠭ᠎ᠠ ᠵᠢᠨ ᠬᠢᠴᠢᠶᠡᠯ ᠨᠡᠮᠡᠵᠦ᠂ ᠰᠤᠷᠤᠭᠴᠢᠳ᠎ᠲᠤ᠎ᠪᠠᠨ ᠰᠣᠯᠢᠯᠴᠠᠭ᠍ᠤ ᠪᠠ ᠥᠪᠡᠷ᠎ᠢ᠎ᠪᠠᠨ ᠢᠯᠡᠷᠡᠭᠦᠯᠬᠦ ᠲᠠᠪᠴᠠᠩ ᠬᠠᠩᠭ᠋ᠠᠵᠤ᠂ ᠨᠣᠮ ᠤᠩᠰᠢᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠰᠤᠷᠤᠭᠴᠢᠳ᠎ᠤᠨ ᠰᠠᠶ᠋ᠢᠨ ᠰᠠᠶ᠋ᠢᠬᠠᠨ ᠨᠣᠮ ᠤᠩᠰᠢᠬᠤ ᠳᠠᠳᠬᠠᠯ᠎ᠢ ᠬᠥᠮᠦᠵᠢᠭᠦᠯᠵᠦ᠂ ᠨᠣᠮ ᠤᠩᠰᠢᠬᠤ ᠶᠠᠪᠤᠴᠠ᠎ᠪᠠᠷ ᠲᠠᠮᠵᠢᠭᠤᠯᠤᠨ ᠵᠣᠬᠢᠶᠠᠨ ᠪᠢᠴᠢᠯᠭᠡ᠎ᠳᠤ ᠪᠠᠶᠠᠯᠢᠭ ᠪᠣᠷᠣ ᠮᠠᠲ᠋ᠧᠷᠢᠶᠠᠯ ᠬᠤᠷᠠᠮᠳᠤᠭᠤᠯᠤᠨ᠂ ᠰᠣᠨᠢᠷᠬᠠᠬᠤ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠭᠠᠷ ᠬᠥᠳᠡᠯᠵᠦ ᠪᠢᠷ ᠬᠥᠳᠡᠯᠭᠡᠬᠦ ᠰᠠᠶ᠋ᠢᠨ ᠰᠠᠶ᠋ᠢᠬᠠᠨ ᠳᠠᠳᠬᠠᠯ᠎ᠲᠠᠢ ᠪᠣᠯᠭ᠋ᠠᠵᠤ᠂ ᠰᠤᠷᠤᠭᠴᠢᠳ᠎ᠲᠤ ᠤᠩᠰᠢᠯᠭ᠎ᠠ ᠵᠢᠨ ᠴᠢᠬᠤᠯᠠ ᠴᠢᠨᠠᠷ᠎ᠢ ᠮᠡᠳᠡᠭᠦᠯᠵᠦ᠂ ᠰᠤᠷᠤᠭᠴᠢᠳ᠎ᠤᠨ ᠤᠩᠰᠢᠯᠭ᠎ᠠ ᠵᠢᠨ ᠤᠷᠮ᠎ᠠ ᠵᠢ ᠴᠢᠩᠭ᠋ᠠᠳᠬᠠᠵᠤ ᠪᠣᠯᠤᠨ᠎ᠠ᠃
ᠠᠵᠢᠯᠯᠠᠵᠤ ᠪᠠᠢ᠍ᠢ᠍ᠭ᠎ᠠ ᠪᠠᠢ᠍ᠢ᠍ᠭᠤᠯᠭ᠎ᠠ᠄ ᠣᠩᠨᠢᠭᠤᠳ ᠬᠤᠰᠢᠭᠤᠨ᠎ᠤ ᠪᠣᠷᠤᠬᠤᠳᠠ ᠮᠣᠩᠭᠤᠯ
ᠦᠨᠳᠤᠰᠤᠲᠠᠨ᠎ᠤ ᠳᠤᠮᠳᠠᠳᠤ ᠰᠤᠷᠭ᠋ᠠᠭᠤᠯᠢ
(ᠠᠯᠳᠠᠨᠰᠦᠢ᠍ᠭᠡ ᠨᠠᠢ᠍ᠢ᠍ᠷᠠᠭᠤᠯᠪᠠ)