ᠵᠤᠤ ᠶᠦᠨ ᠫᠢᠩ

ᠳᠡᠭᠡᠳᠦ ᠳᠤᠮᠳᠠᠳᠤ ᠵᠢᠨ ᠲᠣᠭ᠋ᠠᠨ᠎ᠤ ᠤᠬᠠᠭ᠋ᠠᠨ᠎ᠤ ᠵᠢᠭ᠋ᠠᠨ ᠰᠤᠷᠭ᠋ᠠᠯᠲᠠ ᠵᠢᠨ ᠪᠦᠲᠦᠮᠵᠢᠲᠦ ᠴᠢᠨᠠᠷ ᠭᠡᠳᠡᠭ᠎ᠨᠢ ᠰᠢᠨ᠎ᠡ ᠬᠢᠴᠢᠶᠡᠯ᠎ᠤᠨ ᠵᠢᠭ᠋ᠠᠨ ᠰᠤᠷᠭ᠋ᠠᠯᠳᠠ ᠵᠢᠨ ᠤᠬᠠᠭᠳᠠᠬᠤᠨ᠎ᠤ ᠵᠢᠯᠤᠭᠤᠳᠤᠯᠭ᠎ᠠ ᠳᠣᠣᠷ᠎ᠠ᠂ ᠪᠠᠭᠰᠢ᠎ᠠᠴᠠ ᠪᠦᠲᠦᠮᠵᠢᠲᠡᠢ ᠵᠢᠭ᠋ᠠᠬᠤ ᠠᠷᠭ᠎ᠠ ᠮᠠᠶᠢᠬ ᠵᠶ᠋ᠠᠷ ᠵᠢᠭ᠋ᠠᠨ ᠰᠤᠷᠭ᠋ᠠᠯᠲᠠ ᠵᠢᠨ ᠬᠠᠷᠠᠯᠲᠠ ᠵᠢ ᠪᠡᠶᠡᠯᠡᠭᠦᠯᠵᠦ᠂ ᠰᠤᠷᠤᠭᠴᠢᠳ᠎ᠤᠨ ᠲᠣᠭ᠋ᠠᠨ᠎ᠤ ᠤᠬᠠᠭ᠋ᠠᠨ᠎ᠤ ᠬᠡᠪ ᠪᠣᠯᠪᠠᠰᠤᠷᠠᠯ᠎ᠢ ᠬᠥᠮᠦᠵᠢᠭᠦᠯᠵᠦ᠂ ᠰᠤᠷᠤᠭᠴᠢᠳ᠎ᠤᠨ ᠨᠠᠰᠤᠨ ᠲᠤᠷᠰᠢᠳᠠ ᠵᠢᠨ ᠬᠥᠭᠵᠢᠯᠲᠡ ᠵᠢ ᠠᠬᠢᠭᠤᠯᠬᠤ ᠵᠢ ᠵᠢᠭ᠋ᠠᠵᠤ ᠪᠤᠢ᠃ ᠲᠡᠷᠡ᠎ᠨᠢ ᠥᠩᠭᠡᠷᠡᠭᠰᠡᠨ᠎ᠤ ᠦᠷ᠎ᠡ ᠪᠦᠲᠦᠮᠵᠢ ᠳᠣᠣᠷ᠎ᠠ ᠬᠢᠴᠢᠶᠡᠯ᠎ᠤᠨ ᠲᠠᠩᠬᠢᠮ᠎ᠢ ᠥᠭᠡᠷᠡᠴᠢᠯᠡᠵᠦ᠂ ᠰᠢᠨᠵᠢᠯᠡᠬᠦ ᠤᠬᠠᠭ᠋ᠠᠨᠴᠢ᠂ ᠪᠦᠲᠦᠮᠵᠢᠲᠡᠢ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ ᠵᠢᠨ ᠵᠠᠭᠪᠤᠷ ᠵᠶ᠋ᠠᠷ ᠵᠢᠭ᠋ᠠᠨ ᠰᠤᠷᠭ᠋ᠠᠯᠲᠠ ᠵᠢᠨ ᠬᠠᠷᠠᠯᠲᠠ᠎ᠪᠠᠨ ᠪᠡᠶᠡᠯᠡᠭᠦᠯᠳᠡᠭ᠃ ᠳᠣᠣᠷ᠎ᠠ ᠥᠪᠡᠷ᠎ᠤᠨ ᠵᠢᠭ᠋ᠠᠨ ᠰᠤᠷᠭ᠋ᠠᠯᠲᠠ ᠵᠢᠨ ᠲᠤᠷᠰᠢᠯᠭ᠎ᠠ ᠪᠠᠨ ᠦᠨᠳᠦᠰᠦᠯᠡᠵᠦ᠂ ᠳᠡᠭᠡᠳᠦ ᠳᠤᠮᠳᠠᠳᠤ ᠵᠢᠨ ᠲᠣᠭ᠋ᠠᠨ᠎ᠤ ᠤᠬᠠᠭ᠋ᠠᠨ᠎ᠤ ᠵᠢᠭ᠋ᠠᠨ ᠰᠤᠷᠭ᠋ᠠᠯᠲᠠ ᠵᠢᠨ ᠪᠦᠲᠦᠮᠵᠢᠲᠡᠢ ᠴᠢᠨᠠᠷ᠎ᠢ ᠬᠡᠷᠬᠢᠨ ᠳᠡᠭᠡᠭᠰᠢᠯᠡᠭᠦᠯᠬᠦ ᠲᠤᠬᠠᠢ ᠬᠡᠳᠦᠨ ᠰᠠᠨᠠᠭᠤᠯᠭ᠎ᠠ᠎ᠪᠠᠨ ᠳᠤᠷᠠᠳᠤᠶ᠎ᠠ᠃
ᠨᠢᠭᠡ᠂ ᠤᠯᠠᠮᠵᠢᠯᠠᠯᠲᠤ ᠵᠢᠭ᠋ᠠᠨ ᠰᠤᠷᠭ᠋ᠠᠯᠲᠠ ᠵᠢᠨ ᠵᠠᠭᠪᠤᠷ᠎ᠢ ᠡᠪᠳᠠᠵᠤ᠂ ᠰᠤᠷᠤᠭᠴᠢᠳ᠎ᠤᠨ ᠭᠤᠤᠯ ᠴᠣᠭᠴᠠ ᠵᠢᠨ ᠪᠠᠶ᠋ᠢᠷᠢ ᠰᠠᠭᠤᠷᠢ ᠵᠢ ᠬᠦᠨᠳᠦᠳᠬᠡᠬᠦ ᠬᠡᠷᠡᠭᠲᠡᠶ
ᠤᠤᠯ᠎ᠤᠨ ᠳᠡᠭᠡᠳᠦ ᠳᠤᠮᠳᠠᠳᠤ ᠵᠢᠨ ᠲᠣᠭ᠋ᠠᠨ᠎ᠤ ᠤᠬᠠᠭ᠋ᠠᠨ᠎ᠤ ᠬᠢᠴᠢᠶᠡᠯ᠎ᠤᠨ ᠲᠠᠩᠬᠢᠮ ᠳᠤ᠂ ᠪᠠᠭᠰᠢ ᠨᠠᠷ 《ᠨᠡᠪᠲᠡᠷᠡᠭᠦᠯᠬᠦ ᠮᠠᠶᠢᠭ》᠂ 《ᠳᠦᠭᠦᠷᠭᠡᠬᠦ ᠮᠠᠶᠢᠭ》᠎ᠤᠨ ᠵᠢᠭ᠋ᠠᠬᠤ ᠠᠷᠭ᠎ᠠ ᠵᠢ ᠬᠡᠷᠡᠭᠯᠡᠵᠦ᠂ ᠰᠤᠷᠤᠭᠴᠢᠳ᠎ᠤᠨ ᠭᠣᠣᠯ ᠠ᠋ᠭᠦᠷᠭᠡ ᠪᠣᠯ ᠳᠠᠷᠤᠢ ᠲᠣᠭ᠋ᠠᠨ᠎ᠤ ᠤᠬᠠᠭ᠋ᠠᠨ᠎ᠤ ᠮᠡᠳᠡᠯᠭᠡ ᠪᠠ ᠤᠷ᠎ᠠ ᠴᠢᠳᠠᠪᠤᠷᠢ ᠵᠢ ᠰᠠᠶ᠋ᠢᠲᠤᠷ ᠡᠵᠡᠮᠰᠢᠵᠦ᠂ ᠶᠡᠬᠡ ᠰᠤᠷᠭ᠋ᠠᠭᠤᠯᠢ ᠵᠢᠨ ᠰᠢᠯᠭ᠋ᠠᠯᠲᠠ᠎ᠳᠤ ᠰᠢᠯᠢᠳᠡᠭ ᠬᠢᠷᠢ ᠪᠦᠲᠦᠮᠵᠢ ᠤᠯᠬᠤ ᠶᠠᠪᠤᠳᠠᠯ ᠪᠣᠯᠤᠨ᠎ᠠ ᠭᠡᠵᠦ ᠪᠣᠳᠤᠳᠠᠭ᠃ ᠲᠠᠳᠠ ᠠᠯᠪᠠᠳᠠᠯᠭ᠎ᠠ᠎ᠪᠠᠷ ᠰᠤᠷᠤᠭᠴᠢᠳ᠎ᠲᠤ ᠲᠣᠭ᠋ᠠᠨ᠎ᠤ ᠤᠬᠠᠭ᠋ᠠᠨ᠎ᠤ ᠮᠡᠳᠡᠯᠭᠡ ᠵᠢᠨ ᠴᠡᠭ᠎ᠢ ᠵᠢᠭ᠋ᠠᠨ ᠥᠭᠴᠦ᠂ ᠰᠤᠷᠤᠭᠴᠢᠳ ᠵᠶ᠋ᠠᠷ ᠲᠣᠮᠢᠶ᠎ᠠ ᠪᠠ ᠪᠠᠲᠤᠶᠣᠰᠣ ᠵᠢ ᠢᠯᠡᠭᠦᠦ ᠰᠢᠭ ᠴᠡᠭᠡᠵᠢᠯᠡᠭᠦᠯᠵᠦ᠂ ᠳᠠᠬᠢᠨ ᠠ᠋ᠳᠡᠭᠡᠷ ᠲᠣᠮᠢᠶ᠎ᠠ ᠪᠠᠲᠤᠶᠣᠰᠣ ᠵᠢ ᠬᠡᠷᠡᠭᠯᠡᠨ ᠲᠣᠭ᠋ᠠᠨ᠎ᠤ ᠤᠬᠠᠭ᠋ᠠᠨ᠎ᠤ ᠰᠡᠳᠦᠪ᠎ᠢ ᠵᠠᠳᠠᠯᠵᠦ ᠴᠢᠳᠠᠪᠠᠯ ᠰᠠᠶᠢ ᠵᠢᠭ᠋ᠠᠨ ᠰᠤᠷᠭ᠋ᠠᠯᠲᠠ ᠵᠢᠨ ᠬᠠᠷᠠᠯᠲᠠ᠎ᠳᠤ᠎ᠪᠠᠨ ᠭᠥᠷᠦᠨᠡ ᠭᠡᠵᠦ ᠦᠵᠡᠳᠡᠭ᠃ ᠢᠨᠭᠬᠢᠭᠦᠨᠢ ᠵᠢᠩᠬᠢᠨᠢ ᠲᠣᠭ᠋ᠠᠨ᠎ᠤ ᠤᠬᠠᠭ᠋ᠠᠨ᠎ᠤ ᠮᠡᠳᠡᠯᠭᠡ ᠪᠠ ᠤᠷ᠎ᠠ ᠮᠡᠷᠭᠡᠵᠢᠯ᠎ᠢ ᠡᠵᠡᠮᠰᠢᠵᠤ ᠳᠡᠶ᠋ᠢᠯᠬᠦ ᠦᠭᠡᠢ᠎ᠪᠠᠷ ᠪᠠᠷᠠᠬᠤ ᠦᠭᠡᠢ᠂ ᠤᠳᠠᠭ᠋ᠠᠨ ᠠ᠋ᠳᠦᠷ ᠵᠤᠵᠠᠭ᠋ᠠᠨ ᠬᠣᠨᠤᠭ ᠪᠤᠯᠪᠠᠯ ᠰᠤᠷᠤᠭᠴᠢᠳ ᠲᠣᠭ᠋ᠠᠨ᠎ᠤ ᠤᠬᠠᠭ᠋ᠠᠨ᠎ᠤ ᠰᠤᠷᠤᠯᠴᠠᠯᠭ᠎ᠠ᠎ᠳᠤ ᠳᠤᠷ᠎ᠠ ᠦᠭᠡᠶ᠋ᠢᠴᠡᠳᠡᠭ᠃ ᠰᠢᠨ᠎ᠡ ᠬᠢᠴᠢᠶᠡᠯ᠎ᠤᠨ ᠪᠠᠷᠢᠮᠵᠢᠶ᠎ᠠ᠎ᠳᠤ᠄ 《ᠰᠤᠷᠤᠭᠴᠢ ᠪᠣᠯ ᠲᠣᠭ᠋ᠠᠨ ᠤ ᠤᠬᠠᠭ᠋ᠠᠨ᠎ᠤ ᠰᠤᠷᠤᠯᠴᠠᠯᠭ᠎ᠠ ᠵᠢᠨ ᠡᠵᠡᠨ᠂ ᠪᠠᠭᠰᠢ ᠪᠣᠯ ᠲᠣᠭ᠋ᠠᠨ᠎ᠤ ᠤᠬᠠᠭ᠋ᠠᠨ᠎ᠤ ᠰᠤᠷᠤᠯᠴᠠᠯᠭ᠎ᠠ ᠵᠢᠨ ᠵᠣᠬᠢᠶᠠᠨ ᠪᠠᠶ᠋ᠢᠭᠤᠯᠤᠭᠴᠢ᠂ ᠵᠢᠯᠤᠭᠤᠳᠤᠭᠴᠢ ᠪᠠ ᠣᠷᠣᠯᠴᠠᠭᠴᠢ ᠮᠥᠨ》 ᠭᠡᠵᠡᠢ᠃ ᠠ᠋ᠶ᠋ᠢᠮᠦ᠎ᠠᠴᠠ ᠳᠡᠭᠡᠳᠦ ᠳᠤᠮᠳᠠᠳᠤ ᠵᠢᠨ ᠲᠣᠭ᠋ᠠᠨ᠎ᠤ ᠤᠬᠠᠭ᠋ᠠᠨ᠎ᠤ ᠵᠢᠭ᠋ᠠᠨ ᠰᠤᠷᠭ᠋ᠠᠯᠲᠠ ᠳᠤᠮᠳᠠ ᠪᠠᠭᠰᠢ ᠠ᠋ᠷᠬᠡᠪᠰᠢ 《ᠰᠤᠷᠤᠭᠴᠢ᠎ᠪᠠᠷ ᠭᠤᠤᠯ ᠴᠣᠭᠴᠠ ᠪᠣᠯᠭ᠋ᠠᠭᠰᠠᠨ》 ᠵᠢᠭ᠋ᠠᠨ ᠰᠤᠷᠭ᠋ᠠᠯᠲᠠ ᠵᠢᠨ ᠦᠨᠳᠦᠰᠦᠨ ᠦᠵᠡᠯ ᠰᠠᠨᠠᠭ᠎ᠠ ᠵᠢ ᠪᠤᠢ ᠪᠤᠯᠭ᠋ᠠᠵᠦ᠂ ᠵᠢᠭ᠋ᠠᠬᠤ ᠮᠠᠲ᠋ᠧᠷᠢᠶᠠᠯ᠎ᠤᠨ ᠠᠭᠤᠯᠭ᠎ᠠ᠎ᠪᠠᠨ ᠦᠨᠳᠦᠰᠦᠯᠡᠨ ᠰᠤᠷᠤᠭᠴᠢᠳ᠎ᠤᠨ ᠣᠷᠣᠯᠴᠠᠵᠤ ᠲᠡᠢ᠍ᠢ᠍ᠯᠬᠦ ᠵᠢᠭ᠋ᠠᠨ ᠰᠤᠷᠭ᠋ᠠᠯᠲᠠ ᠵᠢᠨ ᠬᠥᠳᠡᠯᠭᠡᠭᠡᠨ᠎ᠢ ᠢᠳᠡᠪᠬᠢᠲᠡᠶ ᠠ᠋ᠭᠦᠳᠦᠵᠦ᠂ ᠰᠤᠷᠤᠯᠴᠠᠬᠤ ᠠ᠋ᠷᠬᠡ ᠵᠢ ᠰᠤᠷᠤᠭᠴᠢᠳ᠎ᠲᠤ ᠪᠤᠴᠠᠭ᠋ᠠᠨ᠂ ᠰᠤᠷᠤᠭᠴᠢᠳ᠎ᠢ ᠴᠤᠭ ᠵᠢᠪᠬᠤᠭ᠎ᠠ᠎ᠲᠠᠢ᠎ᠪᠠᠷ ᠪᠦᠬᠦ ᠰᠤᠷᠤᠯᠭ᠎ᠠ ᠵᠢᠨ ᠶᠠᠪᠤᠴᠠ᠎ᠳᠤ ᠣᠷᠤᠯᠴᠠᠭᠤᠯᠤᠨ᠎ᠠ᠃ ᠪᠠᠭᠰᠢ ᠵᠢᠨ ᠨᠡᠪᠲᠡᠷᠡᠭᠦᠯᠬᠦ ᠮᠠᠶᠢᠭ᠎ᠤᠨ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ ᠵᠢ ᠰᠤᠷᠤᠭᠴᠢᠳ᠎ᠤᠨ ᠪᠡᠶ᠎ᠡ᠎ᠪᠠᠨ ᠳᠠᠭ᠋ᠠᠭ᠋ᠠᠭᠰᠠᠨ ᠰᠤᠷᠤᠯᠴᠠᠬᠤ ᠠᠵᠢᠯᠯᠠᠭ᠎ᠠ ᠪᠣᠯᠭ᠋ᠠᠨ ᠬᠤᠪᠢᠷᠠᠭᠤᠯᠵᠦ᠂ ᠰᠤᠷᠤᠭᠴᠢᠳ᠎ᠤᠨ ᠬᠢᠴᠢᠶᠡᠯ ᠣᠷᠣᠬᠤ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠳᠠᠢ᠍ᠢ᠍ᠴᠢᠯᠠᠨ᠂ ᠲᠠᠳᠠᠨ᠎ᠢ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ᠎ᠲᠠᠢ᠎ᠪᠠᠷ ᠲᠣᠭ᠋ᠠᠨ᠎ᠤ ᠤᠬᠠᠭ᠋ᠠᠨ᠎ᠤ ᠰᠤᠷᠤᠯᠴᠠᠯᠭ᠎ᠠ᠎ᠳᠤ ᠣᠷᠤᠯᠴᠠᠭᠤᠯᠤᠨ᠎ᠠ᠃
ᠵᠢᠱ᠌ᠢᠶᠡᠯᠡᠪᠡᠯ᠂ 《ᠲᠠᠰᠢᠷᠠᠮ᠎ᠤᠨ ᠶᠠᠩᠵᠤ ᠰᠤᠭᠤᠯᠤᠯᠲᠠ》 ᠭᠡᠬᠦ ᠬᠡᠰᠡᠭ ᠠᠭᠤᠯᠭ᠎ᠠ ᠵᠢ ᠵᠢᠭ᠋ᠠᠬᠤ ᠦᠶᠡᠰ᠂ ᠪᠢ ᠪᠣᠳᠠᠲᠠᠶ ᠲᠣᠭ᠋ᠠᠨ᠎ᠤ ᠤᠬᠠᠭ᠋ᠠᠨ᠎ᠤ ᠤᠬᠠᠭᠳᠠᠬᠤᠨ ᠪᠠ ᠰᠡᠳᠦᠪ ᠵᠠᠳᠠᠯᠬᠤ ᠮᠡᠷᠭᠡᠵᠢᠯ᠎ᠢ ᠰᠤᠷᠤᠭᠴᠢᠳ᠎ᠲᠤ ᠰᠢᠭᠤᠳ ᠶᠠᠷᠢᠭᠰᠠᠨ ᠦᠭᠡᠢ᠂ ᠬᠠᠷᠢᠨ ᠠ᠋ᠳᠡᠭᠡᠷ ᠠᠭᠤᠯᠭ᠎ᠠ ᠵᠢ ᠰᠤᠷᠤᠯᠴᠠᠬᠤ᠎ᠠᠴᠠ ᠠ᠋ᠮᠦᠨ᠎ᠡ ᠰᠤᠷᠤᠭᠴᠢᠳ᠎ᠢ ᠥᠪᠡᠷ᠎ᠤᠨ ᠠᠮᠢᠳᠤᠷᠠᠯ ᠳᠤᠮᠳᠠᠬᠢ ᠵᠠᠷᠢᠮ ᠠᠰᠠᠭᠤᠳᠠᠯ᠎ᠳᠤ ᠪᠦᠷᠢᠳᠬᠡᠯ ᠬᠢᠬᠦ ᠵᠢ ᠱᠠᠭ᠋ᠠᠷᠳᠠᠵᠠᠢ᠃ ᠠ᠋ᠳᠦᠷ ᠪᠦᠷᠢ ᠭᠡᠷ᠎ᠤᠨ ᠳᠠᠰᠬᠠᠯ ᠵᠶ᠋ᠠᠨ ᠪᠡᠶᠡᠯᠡᠭᠦᠯᠬᠦ᠎ᠳᠤ ᠬᠡᠳᠦᠶ ᠴᠠᠭ ᠬᠡᠷᠡᠭᠰᠡᠬᠦ ᠪᠣᠢ᠂ ᠠ᠋ᠳᠦᠷ ᠪᠦᠷᠢ ᠵᠢᠨ ᠲᠠᠮᠢᠷ᠎ᠤᠨ ᠪᠣᠯᠪᠠᠰᠤᠷᠠᠯ᠎ᠳᠤ ᠬᠡᠳᠦᠶ ᠴᠠᠭ ᠬᠡᠷᠡᠭᠰᠡᠬᠦ ᠪᠣᠶ᠂ ᠠᠩᠭᠢ ᠵᠢᠨ ᠰᠤᠷᠤᠭᠴᠢ ᠵᠢᠨ ᠪᠡᠶ᠎ᠡ ᠵᠢᠨ ᠥᠨᠳᠦᠷ ᠶᠠᠮᠠᠷ ᠵᠡᠷᠭᠡ ᠪᠣᠶ ᠭᠡᠭᠦ ᠵᠡᠷᠭᠡ᠃ ᠰᠤᠷᠤᠭᠴᠢᠳ ᠠ᠋ᠳᠡᠭᠡᠷ ᠠᠰᠠᠭᠤᠳᠠᠯ᠎ᠢ ᠪᠦᠷᠢᠳᠬᠡᠭᠰᠡᠨᠤ ᠳᠠᠷᠠᠭ᠎ᠠ᠂ ᠪᠠᠭᠰᠢ ᠬᠢᠴᠢᠶᠡᠯ ᠳᠡᠭᠡᠷ᠎ᠡ ᠰᠤᠷᠤᠭᠴᠢᠳ᠎ᠤᠨ ᠪᠦᠷᠢᠳᠬᠡᠯ᠎ᠤᠨ ᠪᠠᠶ᠋ᠢᠳᠠᠯ᠎ᠢ ᠦᠨᠳᠦᠰᠦᠯᠡᠨ ᠶᠠᠭᠤ ᠵᠢ ᠶᠡᠷᠦᠩᠬᠡᠶ ᠴᠣᠭᠴᠠ ᠭᠡᠬᠦ᠂ ᠶᠠᠭᠤ ᠵᠢ ᠠᠵᠢᠭᠯᠠᠯᠲᠠ ᠵᠢᠨ ᠬᠤᠪᠢᠰᠤᠭᠴᠢ ᠬᠡᠮᠵᠢᠭᠳᠡᠬᠦᠨ ᠭᠡᠬᠦ ᠵᠢ ᠵᠥᠪ ᠵᠶ᠋ᠠᠷ ᠵᠢᠯᠤᠭᠤᠳᠤᠨ ᠭᠠᠷᠭ᠋ᠠᠨ᠎ᠠ᠃ ᠠ᠋ᠨᠡ᠎ᠨᠢ ᠭᠤᠤᠯ ᠴᠣᠭᠴᠠ ᠵᠢ ᠬᠢᠴᠢᠶᠡᠯ᠎ᠤᠨ ᠲᠠᠩᠬᠢᠮ᠎ᠳᠤ ᠣᠷᠣᠯᠴᠠᠭᠤᠯᠬᠤ ᠵᠢ ᠪᠡᠶᠡᠯᠡᠭᠦᠯᠦᠭᠰᠡᠨ ᠪᠥᠭᠡᠳ ᠪᠠᠰᠠ ᠰᠤᠷᠤᠭᠴᠢᠳ᠎ᠤᠨ ᠪᠡᠶ᠎ᠡ᠎ᠪᠠᠨ ᠳᠠᠭ᠋ᠠᠭ᠋ᠠᠵᠤ ᠣᠷᠣᠯᠴᠠᠬᠤ ᠤᠷᠮ᠎ᠠ ᠪᠠᠬ᠎ᠠ ᠵᠢ ᠭᠦᠭᠵᠢᠭᠡᠵᠦ᠂ ᠲᠣᠭ᠋ᠠᠨ᠎ᠤ ᠤᠬᠠᠭ᠋ᠠᠨ᠎ᠤ ᠮᠡᠳᠡᠯᠭᠡ ᠪᠠ ᠪᠣᠳᠠᠲᠤ ᠠᠮᠢᠳᠤᠷᠠᠯ᠎ᠤᠨ ᠵᠠᠶ ᠵᠢ ᠤᠢ᠍ᠢ᠍ᠷᠠᠲᠤᠭᠤᠯᠬᠤ ᠵᠢᠨ ᠬᠠᠮᠲᠤ ᠰᠤᠷᠤᠭᠴᠢᠳ᠎ᠤᠨ ᠪᠦᠷᠢᠳᠬᠡᠯ᠎ᠤᠨ ᠤᠬᠠᠭᠳᠠᠬᠤᠨ᠎ᠤ ᠲᠤᠬᠠᠶ ᠣᠢ᠍ᠢ᠍ᠯᠠᠭ᠋ᠠᠯᠲᠠ ᠵᠢ ᠳᠡᠭᠡᠭᠰᠢᠯᠡᠭᠦᠯᠵᠦ ᠪᠠᠰᠠ ᠲᠣᠰ ᠬᠢᠴᠢᠶᠡᠯ᠎ᠤᠨ ᠳᠠᠷᠠᠭ᠋ᠠᠬᠢ ᠰᠤᠷᠤᠯᠴᠠᠯᠭ᠎ᠠ᠎ᠳᠤ ᠰᠠᠭᠤᠷᠢ ᠲᠠᠯᠪᠢᠵᠦ᠂ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠠᠰᠢᠭᠲᠠᠶ ᠪᠣᠯᠭ᠋ᠠᠭᠰᠠᠨ ᠶᠤᠮ᠃
ᠬᠣᠶᠠᠷ᠂ ᠪᠦᠲᠦᠮᠵᠢᠲᠡᠶ ᠵᠢᠭ᠋ᠠᠨ ᠰᠤᠷᠭ᠋ᠠᠯᠲᠠ ᠵᠢᠨ ᠣᠷᠴᠢᠨ ᠠᠬᠤᠶ ᠵᠢ ᠪᠤᠢ ᠪᠣᠯᠭ᠋ᠠᠵᠤ᠂ ᠰᠤᠷᠤᠭᠴᠢᠳ᠎ᠤᠨ ᠰᠣᠨᠢᠭᠤᠴᠢ ᠰᠡᠳᠬᠢᠯ ᠪᠠ ᠬᠠᠶ᠋ᠢᠨ ᠰᠦᠪᠡᠭᠴᠢᠯᠡᠬᠦ ᠬᠦᠰᠡᠯ᠎ᠢ ᠬᠥᠭᠵᠢᠭᠡᠨ᠎ᠡ
《ᠠ᠋ᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠬᠢᠴᠢᠶᠡᠯ᠎ᠤᠨ ᠪᠠᠷᠢᠮᠵᠢᠶ᠎ᠠ》᠎ᠳᠤ᠄ 《ᠲᠣᠭ᠋ᠠᠨ᠎ᠤ ᠤᠬᠠᠭ᠋ᠠᠨ᠎ᠤ ᠵᠢᠭ᠋ᠠᠨ ᠰᠤᠷᠭ᠋ᠠᠯᠲᠠ ᠵᠢ ᠰᠤᠷᠤᠭᠴᠢᠳ᠎ᠤᠨ ᠠᠮᠢᠳᠤᠷᠠᠯ᠎ᠤᠨ ᠣᠷᠴᠢᠨ ᠲᠣᠭᠣᠷᠢᠨ᠎ᠲᠠᠢ ᠨᠢᠭᠲᠠ ᠤᠶᠠᠯᠳᠤᠭᠤᠯᠤᠨ᠂ ᠰᠤᠷᠤᠭᠴᠢᠳ᠎ᠤᠨ ᠲᠤᠷᠰᠢᠯᠭ᠎ᠠ ᠪᠠ ᠨᠢᠭᠡᠨᠲᠡ ᠰᠤᠷᠤᠭᠰᠠᠨ ᠮᠡᠳᠡᠯᠭᠡ᠎ᠠᠴᠠ ᠠ᠋ᠭᠦᠰᠴᠦ᠂ ᠰᠤᠷᠤᠭᠴᠢᠳ᠎ᠤᠨ ᠪᠡᠶ᠎ᠡ᠎ᠪᠠᠨ ᠳᠠᠭ᠋ᠠᠭ᠋ᠠᠵᠤ ᠰᠤᠷᠤᠯᠴᠠᠬᠤ᠂ ᠬᠠᠮᠲᠤᠷᠠᠯᠴᠠᠨ ᠰᠣᠯᠢᠯᠴᠠᠬᠤ᠎ᠳᠤ ᠠᠰᠢᠭᠲᠠᠢ ᠣᠷᠴᠢᠨ ᠠᠬᠤᠢ ᠵᠢ ᠠ᠋ᠭᠦᠳᠦᠨ ᠪᠠᠶ᠋ᠢᠭᠤᠯᠬᠤ ᠬᠡᠷᠡᠭᠲᠡᠢ》 ᠭᠡᠵᠦ ᠵᠢᠭ᠋ᠠᠵᠦ ᠭᠠᠷᠭ᠋ᠠᠵᠠᠢ᠃ ᠠ᠋ᠨᠡ᠎ᠨᠢ ᠳᠠᠷᠤᠢ ᠪᠢᠳᠡᠨ᠎ᠢ ᠳᠡᠭᠡᠳᠦ ᠳᠤᠮᠳᠠᠳᠤ ᠵᠢᠨ ᠲᠣᠭ᠋ᠠᠨ᠎ᠤ ᠤᠬᠠᠭ᠋ᠠᠨ᠎ᠤ ᠵᠢᠭ᠋ᠠᠨ ᠰᠤᠷᠭ᠋ᠠᠯᠲᠠ ᠳᠤᠮᠳᠠ᠂ ᠵᠢᠭ᠋ᠠᠨ ᠰᠤᠷᠭ᠋ᠠᠯᠲᠠ ᠵᠢᠨ ᠠᠭᠤᠯᠭ᠎ᠠ ᠵᠢ ᠦᠨᠳᠦᠰᠦᠯᠡᠨ ᠰᠤᠷᠤᠭᠴᠢᠳ᠎ᠲᠤ ᠠᠮᠢᠳᠤᠯᠢᠭ ᠪᠣᠳᠠᠲᠠᠢ ᠵᠢᠭ᠋ᠠᠨ ᠰᠤᠷᠭ᠋ᠠᠯᠲᠠ ᠵᠢᠨ ᠠᠬᠤᠢ ᠪᠠᠶ᠋ᠢᠳᠠᠯ ᠪᠠ ᠠᠵᠢᠯᠯᠠᠭ᠋ᠠᠨ᠎ᠤ ᠠᠬᠤᠢ ᠪᠠᠶ᠋ᠢᠳᠠᠯ᠎ᠢ ᠠ᠋ᠭᠦᠳᠦᠨ ᠥᠭᠴᠦ᠂ ᠰᠤᠷᠤᠭᠴᠢᠳ᠎ᠤᠨ ᠰᠤᠷᠤᠯᠴᠠᠬᠤ ᠤᠷᠮ᠎ᠠ ᠪᠠᠬ᠎ᠠ ᠵᠢ ᠬᠥᠭᠵᠢᠭᠡᠬᠦ᠎ᠪᠠᠷ ᠳᠠᠮᠵᠢᠨ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠮᠵᠢ ᠵᠢ ᠤᠯᠬᠤ᠎ᠪᠠᠷ ᠱᠠᠭ᠋ᠠᠷᠳᠠᠵᠤ ᠪᠠᠶ᠋ᠢᠨ᠎ᠠ᠃ ᠠ᠋ᠶ᠋ᠢᠮᠦ᠎ᠠᠴᠠ ᠪᠢᠳᠡ ᠲᠣᠭ᠋ᠠᠨ᠎ᠤ ᠤᠬᠠᠭ᠋ᠠᠨ᠎ᠤ ᠵᠢᠭ᠋ᠠᠬᠤ ᠮᠠᠲ᠋ᠧᠷᠢᠶᠠᠯ᠎ᠤᠨ ᠠᠭᠤᠯᠭ᠎ᠠ ᠵᠢ ᠦᠨᠳᠦᠰᠦᠯᠡᠨ ᠰᠤᠷᠤᠭᠴᠢᠳ᠎ᠲᠤ ᠰᠣᠨᠢᠷᠬᠠᠯᠲᠠᠶ ᠪᠥᠭᠡᠳ ᠥᠷᠢᠰᠥᠯᠳᠦᠭᠡᠨ᠎ᠲᠠᠢ ᠠᠰᠠᠭᠤᠳᠠᠯ᠎ᠤᠨ ᠣᠷᠴᠢᠨ ᠠᠬᠤᠶ ᠵᠢ ᠠ᠋ᠭᠦᠳᠦᠨ ᠥᠭᠴᠦ᠂ ᠰᠤᠷᠤᠭᠴᠢᠳ᠎ᠤᠨ ᠬᠤᠷᠴᠠ ᠴᠢᠩᠭ᠎ᠠ ᠰᠡᠳᠭᠢᠬᠦᠢ ᠵᠢᠨ ᠤᠭ ᠰᠠᠨᠠᠭ᠎ᠠ ᠵᠢ ᠪᠤᠢ ᠪᠤᠯᠭ᠋ᠠᠵᠦ᠂ ᠰᠣᠨᠢᠭᠤᠴᠢ ᠰᠡᠳᠬᠢᠯᠭᠡ ᠪᠠ ᠬᠠᠶ᠋ᠢᠨ ᠰᠦᠪᠡᠭᠴᠢᠯᠡᠬᠦ ᠬᠦᠰᠡᠯ᠎ᠢ ᠬᠥᠭᠵᠢᠭᠡᠬᠦ ᠵᠢᠨ ᠬᠠᠮᠲᠤ ᠰᠤᠷᠤᠭᠴᠢᠳ᠎ᠤᠨ ᠰᠠᠨᠠᠭ᠋ᠠᠴᠢᠯᠠᠭ᠎ᠠ᠎ᠠᠴᠠ᠎ᠪᠠᠨ ᠰᠡᠵᠢᠭᠯᠡᠬᠦ ᠪᠠ ᠬᠠᠶ᠋ᠢᠨ ᠰᠦᠪᠡᠭᠴᠢᠯᠡᠬᠦ ᠳᠠᠳᠬᠠᠯ᠎ᠢ ᠬᠥᠮᠦᠵᠢᠭᠦᠯᠵᠦ᠂ ᠰᠤᠷᠤᠭᠴᠢᠳ᠎ᠤᠨ ᠲᠣᠭ᠋ᠠᠨ᠎ᠤ ᠤᠬᠠᠭ᠋ᠠᠨ᠎ᠤ ᠮᠡᠳᠡᠯᠭᠡ᠎ᠪᠠᠷ ᠠᠰᠠᠭᠤᠳᠠᠯ᠎ᠢ ᠵᠠᠳᠠᠯᠬᠤ ᠪᠠ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃
ᠵᠢᠱ᠌ᠢᠶᠡᠯᠡᠪᠡᠯ᠂ 《ᠴᠤᠪᠤᠭ᠎ᠠ ᠲᠣᠭ᠎ᠠ》᠎ᠳᠠᠬᠢ 《ᠲᠡᠩᠴᠡᠭᠦᠦ ᠬᠠᠷᠢᠴᠠᠯ᠎ᠳᠤ ᠴᠤᠪᠤᠭ᠎ᠠ ᠲᠣᠭ᠋ᠠᠨ᠎ᠤ ᠨᠡᠶ᠋ᠢᠯᠡᠪᠦᠷᠢ ᠵᠢᠨ ᠲᠣᠮᠢᠶ᠎ᠠ》 ᠵᠢ ᠵᠢᠭ᠋ᠠᠬᠤ ᠦᠶ᠎ᠡ᠎ᠳᠤ᠂ ᠪᠢ ᠰᠣᠨᠢᠷᠬᠠᠯᠲᠤ ᠲᠡᠦᠬᠡᠨ ᠦᠯᠢᠭᠡᠷ (ᠠᠹᠠᠨᠲ᠋ᠢ ᠪᠣᠯᠤᠨ ᠤᠯᠤᠰ᠎ᠤᠨ ᠸᠠᠩ᠎ᠤᠨ ᠰᠢᠳᠠᠷ᠎ᠠ ᠲᠠᠯᠪᠢᠭᠰᠠᠨ ᠦᠯᠢᠭᠡᠷ)᠎ᠢ ᠣᠷᠣᠭᠤᠯᠤᠨ ᠰᠤᠷᠤᠭᠴᠢᠳ᠎ᠲᠤ ᠠᠰᠠᠭᠤᠳᠠᠯ᠎ᠤᠨ ᠣᠷᠴᠢᠨ ᠠᠬᠤᠢ ᠵᠢ ᠠ᠋ᠭᠦᠳᠦᠨ ᠥᠭᠴᠡᠢ᠃ ᠥᠩᠭᠡᠷᠡᠭᠰᠡᠨ᠎ᠳᠤ ᠨᠢᠭᠡᠨ ᠤᠯᠤᠰ᠎ᠤᠨ ᠸᠠᠩ ᠰᠢᠲᠠᠷ᠎ᠠ ᠨᠠᠭ᠋ᠠᠳᠬᠤ ᠳᠤᠷᠠᠲᠠᠢ ᠪᠥᠭᠡᠳ ᠲᠡᠭᠦᠨ᠎ᠲᠠᠢ ᠰᠢᠲᠠᠷ᠎ᠠ ᠨᠠᠭ᠋ᠠᠳᠴᠤ ᠥᠩᠭᠡᠷᠡᠭᠰᠡᠨ ᠬᠥᠮᠦᠨ ᠪᠦᠬᠦᠨ ᠲᠡᠭᠦᠨ᠎ᠢ ᠢᠯᠠᠵᠤ ᠥᠩᠭᠡᠷᠡᠭᠰᠡᠨ ᠦᠭᠡᠢ᠂ ᠠ᠋ᠶ᠋ᠢᠮᠦ᠎ᠠᠴᠠ ᠠ᠋ᠨᠡ ᠤᠯᠤᠰ᠎ᠤᠨ ᠸᠠᠩ ᠲᠡᠭᠦᠨ᠎ᠢ ᠢᠯᠠᠵᠤ ᠳᠡᠶ᠋ᠢᠯᠳᠡᠭ ᠯᠡ ᠶᠤᠮ ᠪᠣᠯ ᠲᠡᠭᠦᠨ᠎ᠠᠴᠠ ᠶᠠᠮᠠᠷ ᠴᠤ᠌ ᠱᠠᠩᠨᠠᠯ᠎ᠤᠨ ᠪᠣᠳᠠᠰ ᠪᠦᠷ ᠠᠪᠴᠤ ᠪᠣᠯᠤᠨ᠎ᠠ ᠭᠡᠰᠡᠨ ᠵᠠᠷ ᠨᠠᠭ᠋ᠠᠭᠰᠠᠨ ᠶᠤᠮ᠃ ᠲᠡᠭᠡᠭᠡᠳ ᠠᠹᠠᠨᠲ᠋ᠢ ᠤᠯᠤᠰ᠎ᠤᠨ ᠸᠠᠩ᠎ᠲᠠᠢ ᠰᠢᠲᠠᠷ᠎ᠠ ᠲᠠᠯᠪᠢᠬᠤ ᠵᠢ ᠳᠤᠷᠠᠳᠤᠨ ᠭᠠᠷᠭ᠋ᠠᠭᠰᠠᠨ ᠪᠥᠭᠡᠳ ᠬᠡᠷᠪᠡ ᠲᠡᠷᠡ ᠢᠯᠠᠪᠠᠯ ᠰᠢᠳᠡᠷ᠎ᠠ ᠵᠢᠨ ᠨᠢᠭᠡᠳᠦᠭᠡᠷ ᠳᠥᠷᠪᠡᠯᠵᠢᠨ᠎ᠳᠤ ᠨᠢᠭᠡ ᠪᠣᠭᠣᠳᠠᠶ ᠵᠢᠨ ᠮᠥᠬᠥᠯᠢᠭ ᠲᠠᠯᠪᠢᠵᠤ᠂ ᠬᠣᠶᠠᠳᠤᠭ᠋ᠠᠷ ᠳᠥᠷᠪᠡᠯᠵᠢᠨ᠎ᠳᠤ ᠬᠣᠶᠠᠷ ᠪᠣᠭᠣᠳᠠᠶ ᠵᠢᠨ ᠮᠥᠬᠥᠯᠢᠭ ᠲᠠᠯᠪᠢᠵᠤ᠂ ᠭᠤᠷᠪᠠᠳᠤᠭ᠋ᠠᠷ ᠳᠥᠷᠪᠡᠯᠵᠢᠨ᠎ᠳᠤ ᠳᠥᠷᠪᠡᠨ ᠪᠣᠭᠣᠳᠠᠶ ᠵᠢᠨ ᠮᠥᠬᠥᠯᠢᠭ ᠲᠠᠯᠪᠢᠵᠦ ᠁ ᠠ᠋ᠨᠡ ᠮᠡᠲᠦ᠎ᠪᠠᠷ ᠵᠦᠢ᠍ᠴᠢᠯᠡᠨ ᠪᠣᠭᠣᠳᠠᠶ ᠵᠢᠨ ᠮᠥᠬᠥᠯᠢᠭ ᠲᠠᠯᠪᠢᠨ ᠱᠠᠩᠨᠠᠨ᠎ᠠ᠃ ᠤᠯᠤᠰ᠎ᠤᠨ ᠸᠠᠩ ᠰᠣᠨᠣᠰᠤᠭᠰᠠᠨ᠎ᠤ ᠳᠠᠷᠠᠭ᠎ᠠ ᠮᠠᠰᠢ ᠰᠣᠴᠢᠨ ᠭᠠᠶ᠋ᠢᠬᠠᠵᠤ᠂ ᠨᠢᠳᠦᠨ᠎ᠳᠤ᠎ᠪᠠᠨ ᠬᠠᠪᠴᠢᠭᠰᠠᠨ ᠦᠭᠡᠢ ᠮᠥᠷᠲᠡᠭᠡᠨ ᠰᠢᠭᠤᠳ ᠵᠥᠪᠰᠢᠶᠡᠷᠡᠭᠡᠳ ᠡᠴᠤᠰ᠎ᠲᠡᠭᠡᠨ ᠤᠯᠤᠰ᠎ᠤᠨ ᠸᠠᠩ ᠠ᠋ᠢ᠍ᠢ᠍ᠮᠦ ᠤᠯᠠᠨ ᠪᠤᠭᠤᠳᠠᠢ ᠵᠢᠨ ᠮᠥᠬᠥᠯᠢᠭ᠎ᠢ ᠭᠠᠷᠭ᠋ᠠᠵᠤ ᠲᠡᠢ᠍ᠢ᠍ᠯᠭᠦ ᠦᠭᠡᠢ ᠪᠣᠯᠵᠠᠢ᠃ ᠠ᠋ᠨᠡ ᠬᠦ᠌ ᠦᠯᠢᠭᠡᠷ ᠵᠶ᠋ᠠᠷ ᠳᠠᠮᠵᠢᠨ ᠬᠢᠴᠢᠶᠡᠯ᠎ᠤᠨ ᠠᠭᠤᠯᠭ᠎ᠠ᠎ᠪᠠᠨ ᠳᠠᠲᠠᠨ ᠭᠠᠷᠭ᠋ᠠᠬᠤ᠎ᠨᠢ ᠰᠤᠷᠤᠭᠴᠢᠳ᠎ᠤᠨ ᠲᠣᠭ᠋ᠠᠨ᠎ᠤ ᠤᠬᠠᠭ᠋ᠠᠨ ᠰᠤᠷᠤᠯᠴᠠᠬᠤ ᠤᠷᠮ᠎ᠠ ᠪᠠᠬ᠎ᠠ ᠵᠢ ᠨᠡᠮᠡᠭᠳᠡᠭᠦᠯᠵᠦ᠂ ᠬᠠᠶ᠋ᠢᠨ ᠰᠦᠪᠡᠭᠴᠢᠯᠡᠬᠦ ᠤᠷᠮ᠎ᠠ ᠵᠣᠷᠢᠭ᠎ᠢ ᠬᠥᠭᠵᠢᠭᠡᠵᠦ ᠳᠡᠢ᠍ᠢ᠍ᠯᠦᠨ᠎ᠡ᠂ ᠢᠩᠭᠢᠭᠡᠳ ᠪᠢ ᠠ᠋ᠨᠡ ᠬᠦ᠌ ᠴᠠᠭ ᠲᠣᠬᠢᠶᠠᠯ᠎ᠢ ᠠᠮᠵᠢᠵᠦ᠄ 《ᠬᠠᠮᠲᠤ ᠰᠤᠷᠤᠭᠴᠢᠳ ᠡ᠂ ᠲᠠ ᠨᠠᠷ ᠯᠠᠪᠲᠠᠶ ᠶᠠᠭ᠋ᠠᠬᠢᠭ᠋ᠠᠳ ᠭᠡᠳᠡᠭ᠎ᠢ ᠮᠡᠳᠡᠶ᠎ᠡ ᠭᠡᠵᠦ ᠪᠤᠳᠤᠵᠤ ᠪᠠᠶ᠋ᠢᠨ᠎ᠠ᠂ ᠥᠨᠥᠳᠦᠷ ᠪᠢᠳᠡᠨ᠎ᠤ ᠰᠤᠷᠤᠯᠴᠠᠬᠤ ᠲᠣᠭ᠋ᠠᠨ᠎ᠤ ᠤᠬᠠᠭ᠋ᠠᠨ᠎ᠤ ᠠᠭᠤᠯᠭ᠎ᠠ᠎ᠨᠢ ᠶᠠᠭ ᠰᠠᠶ᠋ᠢᠬᠠᠨ ᠪᠢᠳᠡᠨ᠎ᠢ ᠬᠠᠪᠰᠤᠷᠴᠤ ᠠᠰᠠᠭᠤᠯᠲᠠ ᠵᠢᠨ ᠬᠠᠷᠢᠭᠤᠯᠲᠠ ᠵᠢ ᠠ᠋ᠷᠢᠨ ᠣᠯᠵᠤ ᠳᠡᠢ᠍ᠢ᠍ᠯᠦᠨ᠎ᠡ᠂ ᠲᠠ ᠨᠠᠷ ᠰᠣᠷᠤᠶᠠ ᠭᠡᠵᠦ ᠪᠤᠳᠤᠵᠦ ᠪᠠᠢ᠍ᠢ᠍ᠨ᠎ᠠ ᠦᠦ?》 ᠭᠡᠭᠦ᠎ᠳᠤ ᠰᠤᠷᠤᠭᠴᠢᠳ ᠳᠠᠭᠤᠨ ᠨᠢᠭᠡᠲᠡᠢ᠎ᠪᠠᠷ᠄ 《ᠪᠣᠳᠣᠵᠤ ᠪᠠᠢ᠍ᠢ᠍ᠨ᠎ᠠ!》 ᠭᠡᠵᠦ ᠬᠠᠷᠢᠭᠤᠯᠪᠠ᠃ ᠶᠠᠭ ᠠ᠋ᠨᠡ ᠮᠡᠲᠦ᠎ᠪᠠᠷ᠂ ᠠᠰᠠᠭᠤᠳᠠᠯ᠎ᠤᠨ ᠠᠬᠤᠶ ᠪᠠᠶ᠋ᠢᠳᠠᠯ᠎ᠢ ᠠ᠋ᠭᠦᠳᠦᠨ ᠪᠦᠲᠦᠭᠡᠬᠦ ᠠᠷᠭ᠎ᠠ ᠬᠡᠯᠪᠡᠷᠢ ᠵᠢ ᠠᠰᠢᠭᠯᠠᠨ᠂ ᠰᠤᠷᠤᠭᠴᠢᠳ᠎ᠤᠨ ᠰᠤᠷᠤᠯᠴᠠᠬᠤ ᠳᠣᠲᠣᠭ᠋ᠠᠳᠤ ᠬᠥᠳᠡᠯᠭᠡᠭᠴᠢ ᠭᠦᠴᠦ ᠵᠢ ᠬᠥᠭᠵᠢᠭᠡᠵᠦ᠂ ᠰᠤᠷᠤᠭᠴᠢᠳ᠎ᠤᠨ ᠬᠠᠶ᠋ᠢᠨ ᠰᠢᠨᠵᠢᠯᠡᠬᠦ ᠤᠬᠠᠮᠰᠠᠷ᠎ᠢ ᠳᠡᠭᠡᠭᠰᠢᠯᠡᠭᠦᠯᠬᠦ ᠵᠢᠨ ᠬᠠᠮᠲᠤ ᠪᠠᠰᠠ ᠰᠤᠷᠤᠭᠴᠢᠳ᠎ᠲᠤ ᠲᠣᠭ᠋ᠠᠨ᠎ᠤ ᠤᠬᠠᠭ᠋ᠠᠨ᠎ᠤ ᠬᠢᠵᠠᠭ᠋ᠠᠷ ᠦᠭᠡᠢ ᠷᠢᠳᠢ ᠰᠢᠳᠢ ᠵᠢ ᠵᠢᠩᠬᠢᠨᠢ ᠮᠡᠳᠡᠷᠡᠭᠦᠯᠦᠭᠰᠡᠨ ᠪᠠᠢ᠍ᠢ᠍ᠨ᠎ᠠ᠃
ᠭᠤᠷᠪᠠ᠂ ᠦᠵᠡᠭᠦᠯᠭᠡ ᠵᠢᠨ ᠵᠢᠭ᠋ᠠᠬᠤ ᠠᠷᠭ᠎ᠠ ᠪᠠᠷᠢᠯ᠎ᠢ ᠠᠰᠢᠭᠯᠠᠨ ᠰᠤᠷᠤᠭᠴᠢᠳ᠎ᠤᠨ ᠰᠡᠷᠡᠯ᠎ᠤᠨ ᠲᠠᠨᠢᠯᠲᠠ ᠵᠢ ᠴᠢᠩᠭ᠋ᠠᠳᠬᠠᠬᠤ ᠵᠢ ᠴᠢᠬᠤᠯᠠᠴᠢᠯᠠᠨ᠎ᠠ
ᠤᠯᠠᠮᠵᠢᠯᠠᠯᠲᠤ ᠲᠣᠭ᠋ᠠᠨ᠎ᠤ ᠤᠬᠠᠭ᠋ᠠᠨ᠎ᠤ ᠵᠢᠭ᠋ᠠᠨ ᠰᠤᠷᠭ᠋ᠠᠯᠲᠠ ᠵᠢᠨ ᠬᠢᠴᠢᠶᠡᠯ᠎ᠤᠨ ᠲᠠᠩᠬᠢᠮ᠎ᠳᠤ᠂ ᠪᠠᠭᠰᠢ ᠪᠣᠯᠤᠭᠰᠠᠳ ᠶᠡᠷᠦ᠎ᠨᠢ ᠤᠯᠠᠮᠵᠢᠯᠠᠯᠲᠤ ᠵᠢᠭ᠋ᠠᠬᠤ ᠪᠠᠭ᠋ᠠᠵᠢ᠂ ᠵᠢᠱ᠌ᠢᠶᠡᠯᠡᠪᠡᠯ᠂ ᠤ ᠵᠢᠨ ᠪᠢᠷ ᠪᠠ ᠰᠠᠮᠪᠠᠷ᠎ᠠ ᠵᠢ ᠠᠰᠢᠭᠯᠠᠨ ᠵᠢᠭ᠋ᠠᠨ ᠰᠤᠷᠭ᠋ᠠᠯᠲᠠ᠎ᠪᠠᠨ ᠶᠠᠪᠤᠭᠤᠯᠳᠠᠭ᠂ ᠪᠠᠰᠠ ᠵᠠᠷᠢᠮ᠎ᠳᠤ᠎ᠪᠠᠨ ᠰᠤᠷᠤᠭᠴᠢᠳ᠎ᠢ ᠪᠠᠭᠰᠢ ᠵᠢᠨ ᠲᠠᠶ᠋ᠢᠯᠪᠤᠷᠢᠯᠠᠬᠤ ᠠᠷᠭ᠎ᠠ ᠵᠢ ᠪᠦᠷᠢᠮᠤᠰᠦᠨ ᠤᠬᠠᠵᠦ ᠳᠡᠢ᠍ᠢ᠍ᠯᠬᠦ ᠦᠭᠡᠢ᠎ᠠᠴᠠ ᠪᠤᠯᠵᠦ ᠵᠢᠭ᠋ᠠᠬᠤ ᠮᠠᠲ᠋ᠧᠷᠢᠶᠠᠯ᠎ᠤᠨ ᠠᠭᠤᠯᠭ᠎ᠠ ᠵᠢ ᠵᠥᠪ ᠣᠨᠣᠪᠴᠢᠲᠠᠢ ᠤᠢ᠍ᠢ᠍ᠯᠠᠭ᠋ᠠᠭᠤᠯᠬᠤᠳᠤ ᠪᠡᠷᠬᠡ ᠪᠠᠶ᠋ᠢᠳᠠᠭ᠂ ᠲᠡᠷᠡ ᠮᠥᠷᠲᠡᠭᠡᠨ ᠳᠡᠭᠡᠳᠦ ᠳᠤᠮᠳᠠᠳᠤ ᠵᠢᠨ ᠰᠤᠷᠤᠭᠴᠢᠳ᠎ᠤᠨ ᠰᠤᠷᠤᠯᠭ᠎ᠠ ᠵᠢᠨ ᠳᠠᠷᠤᠭ᠋ᠠᠰᠤ ᠶᠡᠬᠡ ᠪᠣᠯᠬᠣᠷ ᠠᠩᠬᠠᠷᠤᠯ᠎ᠨᠢ ᠰᠤᠯᠠ ᠵᠠᠳᠠᠭ᠋ᠠᠢ᠂ ᠪᠡᠶ᠎ᠡ᠎ᠪᠠᠨ ᠡᠵᠡᠮᠳᠡᠬᠦ ᠴᠢᠳᠠᠪᠤᠷᠢ ᠠᠨᠠᠢ ᠪᠠᠶ᠋ᠢᠳᠠᠯ ᠦᠷᠭᠦᠯᠵᠢ ᠢᠯᠡᠷᠡᠳᠡᠭ᠃ ᠠ᠋ᠢ᠍ᠢ᠍ᠮᠦ ᠠᠴᠠ ᠨᠣᠮ᠎ᠳᠠᠬᠢ ᠦᠬᠦᠮᠡᠯ ᠦᠭᠡ ᠬᠡᠯᠡ ᠦᠰᠦᠭ ᠪᠢᠴᠢᠭ ᠪᠠ ᠪᠠᠭᠰᠢ ᠵᠢᠨ ᠶᠠᠷᠢᠶᠠᠨ᠎ᠤ ᠬᠡᠯᠡᠨ᠎ᠤ ᠵᠢᠭ᠋ᠠᠨ ᠰᠤᠷᠭ᠋ᠠᠯᠲᠠ᠎ᠨᠢ ᠣᠳᠣᠬᠢ ᠰᠤᠷᠤᠭᠴᠢᠳ᠎ᠤᠨ ᠢᠳᠡᠪᠬᠢᠲᠡᠢ ᠰᠡᠳᠬᠢᠴᠡ ᠵᠢᠨ ᠬᠡᠷᠡᠭᠴᠡᠭᠡ ᠵᠢ ᠬᠠᠩᠭ᠋ᠠᠵᠤ ᠳᠡᠢ᠍ᠢ᠍ᠯᠬᠦ ᠦᠭᠡᠢ ᠮᠥᠷᠲᠡᠭᠡᠨ ᠰᠤᠷᠤᠭᠴᠢᠳ᠎ᠤᠨ ᠠᠩᠬᠠᠷᠤᠯ᠎ᠢ ᠪᠠᠰᠠ ᠳᠡᠭᠡᠳᠦ ᠬᠡᠮᠵᠢᠶ᠎ᠡ᠎ᠪᠠᠷ ᠲᠥᠪᠯᠡᠷᠡᠭᠦᠯᠵᠦ ᠳᠡᠢ᠍ᠢ᠍ᠯᠬᠦ ᠦᠭᠡᠢ ᠪᠣᠯᠬᠣᠷ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠮᠵᠢ᠎ᠨᠢ ᠨᠡᠩ ᠴᠤ᠌ ᠬᠥᠮᠦᠨ᠎ᠤ ᠰᠠᠨᠠᠭ᠋ᠠᠨ᠎ᠳᠤ ᠬᠦᠷᠬᠦ ᠦᠭᠡᠢ ᠪᠠᠶ᠋ᠢᠳᠠᠭ᠃ ᠣᠳᠣᠬᠠᠨ᠎ᠳᠤ᠂ ᠮᠠᠨ᠎ᠤ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢ ᠳᠠᠭ᠋ᠠᠯᠳᠤᠨ᠂ ᠨᠢᠭᠡ ᠵᠦᠢ᠍ᠯ᠎ᠤᠨ ᠰᠢᠭᠤᠳ ᠦᠵᠡᠭᠦᠯᠭᠡ ᠵᠢᠨ ᠴᠢᠨᠠᠷᠲᠠᠶ ᠵᠢᠭ᠋ᠠᠨ ᠰᠤᠷᠭ᠋ᠠᠯᠲᠠ ᠵᠢᠨ ᠠᠷᠭ᠎ᠠ ᠪᠠᠷᠢᠯ᠎ᠨᠢ ᠡᠯ᠎ᠡ ᠰᠢᠨᠵᠢᠯᠡᠭᠡᠨ᠎ᠤ ᠰᠠᠯᠠᠭ᠎ᠠ ᠵᠢᠨ ᠵᠢᠭ᠋ᠠᠨ ᠰᠤᠷᠭ᠋ᠠᠯᠲᠠ ᠵᠢᠨ ᠲᠠᠪᠴᠠᠩ ᠳᠡᠭᠡᠷᠡᠬᠢ ᠤᠯᠠᠨ ᠵᠠᠭᠤᠴᠢ᠎ᠳᠤ ᠮᠡᠷᠭᠡᠵᠢᠯ᠎ᠳᠤ ᠠ᠋ᠬᠢᠯᠡᠨ ᠢᠯᠡᠷᠡᠭᠰᠡᠨ ᠪᠠᠶ᠋ᠢᠨ᠎ᠠ᠃ ᠤᠯᠠᠨ ᠵᠠᠭᠤᠴᠢ᠎ᠳᠤ ᠮᠡᠷᠭᠡᠵᠢᠯ᠎ᠨᠢ ᠦᠰᠦᠭ ᠪᠢᠴᠢᠭ᠂ ᠳᠠᠭᠤ᠂ ᠸᠢᠳᠢᠣ᠋᠂ ᠵᠢᠷᠤᠭ ᠳᠦᠷᠰᠦ ᠵᠢ ᠨᠢᠭᠡᠳᠭᠡᠭᠰᠡᠨ ᠪᠥᠭᠡᠳ ᠲᠣᠭ᠋ᠠᠨ᠎ᠤ ᠤᠬᠠᠭ᠋ᠠᠨ᠎ᠤ ᠵᠢᠭ᠋ᠠᠨ ᠰᠤᠷᠭ᠋ᠠᠯᠲᠠ᠎ᠳᠤ ᠠᠪᠴᠤ ᠬᠡᠯᠡᠪᠡᠯ᠂ ᠲᠡᠷᠡ᠎ᠨᠢ ᠬᠡᠶ᠋ᠢᠰᠪᠦᠷᠢ ᠠᠭᠤᠯᠭ᠎ᠠ ᠵᠢ ᠪᠣᠳᠠᠲᠠᠶ᠋ᠢᠵᠢᠭᠤᠯᠵᠤ᠂ ᠪᠤᠳᠤᠯᠢᠶᠠᠨᠲᠠᠢ ᠠᠭᠤᠯᠭ᠎ᠠ ᠵᠢ ᠬᠢᠯᠪᠠᠷᠴᠢᠯᠠᠵᠤ᠂ ᠦᠬᠦᠮᠡᠯ ᠠᠭᠤᠯᠭ᠎ᠠ ᠵᠢ ᠠᠮᠢᠳᠤᠯᠢᠭ ᠪᠣᠯᠭ᠋ᠠᠵᠤ᠂ ᠰᠤᠷᠤᠭᠴᠢᠳ᠎ᠤᠨ ᠲᠣᠭ᠋ᠠᠨ ᠤ ᠤᠬᠠᠭ᠋ᠠᠨ᠎ᠤ ᠮᠡᠳᠡᠯᠭᠡ ᠵᠢᠨ ᠲᠤᠬᠠᠢ ᠣᠶ᠋ᠢᠯᠠᠭ᠋ᠠᠯᠲᠠ ᠵᠢᠨ ᠬᠦᠴᠢᠷᠳᠡᠯ᠎ᠢ ᠪᠠᠭ᠋ᠠᠰᠬᠠᠵᠤ᠂ ᠰᠤᠷᠤᠭᠴᠢᠳ᠎ᠤᠨ ᠰᠡᠷᠡᠯ᠎ᠤᠨ ᠲᠠᠨᠢᠯᠲᠠ ᠵᠢ ᠨᠡᠮᠡᠭᠳᠡᠭᠦᠯᠬᠦ᠎ᠳᠤ ᠠᠰᠢᠭᠲᠠᠢ ᠮᠥᠷᠲᠡᠭᠡᠨ ᠪᠠᠰᠠ ᠪᠢᠳᠡᠨ᠎ᠤ ᠲᠠᠩ ᠴᠤᠯᠭᠤᠢ᠂ ᠦᠬᠦᠮᠡᠯ ᠵᠢᠭ᠋ᠠᠨ ᠰᠤᠷᠭ᠋ᠠᠯᠲᠠ ᠵᠢᠨ ᠠᠷᠭ᠎ᠠ ᠮᠠᠶᠢᠭ᠎ᠲᠤ ᠰᠢᠨ᠎ᠡ ᠠᠮᠢᠵᠢᠷᠠᠯ᠎ᠤᠨ ᠬᠦᠴᠦᠨ ᠪᠠ ᠠᠮᠢᠳᠤᠯᠢᠭ ᠬᠦᠴᠦᠨ᠎ᠢ ᠨᠡᠮᠡᠷᠢᠯᠡᠭᠰᠡᠨ ᠪᠠᠢ᠍ᠢ᠍ᠨ᠎ᠠ᠃
ᠲᠡᠷᠡ ᠮᠥᠷᠲᠡᠭᠡᠨ 《ᠠ᠋ᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠬᠢᠴᠢᠶᠡᠯ᠎ᠤᠨ ᠪᠠᠷᠢᠮᠵᠢᠶ᠎ᠠ》᠎ᠳᠤ᠄ 《ᠮᠡᠳᠡᠭᠡ ᠵᠠᠩᠭᠢ ᠵᠢᠨ ᠮᠡᠷᠭᠡᠵᠢᠯ᠎ᠢ ᠰᠤᠷᠤᠭᠴᠢᠳ᠎ᠤᠨ ᠲᠣᠭ᠋ᠠᠨ᠎ᠤ ᠤᠬᠠᠭ᠋ᠠᠨ᠎ᠢ ᠰᠤᠷᠤᠯᠴᠠᠬᠤ ᠪᠠ ᠠᠰᠠᠭᠤᠳᠠᠯ᠎ᠢ ᠰᠢᠢ᠍ᠳᠪᠦᠷᠢᠯᠡᠬᠦ ᠴᠢᠬᠤᠯᠠ ᠪᠠᠭ᠋ᠠᠵᠢ ᠪᠣᠯᠭ᠋ᠠᠵᠤ᠂ ᠰᠤᠷᠤᠭᠴᠢᠳ᠎ᠤᠨ ᠰᠤᠷᠤᠯᠴᠠᠬᠤ ᠠᠷᠭ᠎ᠠ ᠮᠠᠶᠢᠭ᠎ᠢ ᠬᠤᠪᠢᠷᠠᠭᠤᠯᠬᠤ᠎ᠪᠠᠷ ᠬᠦᠴᠦᠯᠡᠨ ᠴᠢᠷᠮᠠᠶ᠋ᠢᠵᠤ᠂ ᠰᠤᠷᠤᠭᠴᠢᠳ᠎ᠢ ᠬᠠᠶ᠋ᠢᠨ ᠰᠦᠪᠡᠭᠴᠢᠯᠡᠬᠦ ᠴᠢᠨᠠᠷᠲᠠᠢ ᠲᠣᠭ᠋ᠠᠨ᠎ᠤ ᠤᠬᠠᠭ᠋ᠠᠨ᠎ᠤ ᠠᠵᠢᠯᠯᠠᠭ᠎ᠠ᠎ᠳᠤ ᠳᠤᠷᠠᠲᠠᠶ᠎ᠠ ᠣᠷᠣᠯᠴᠠᠬᠤ ᠪᠥᠭᠡᠳ ᠨᠡᠩ ᠤᠯᠠᠨ ᠤᠶᠤᠨ ᠴᠢᠳᠠᠯ᠎ᠲᠠᠢ ᠪᠣᠯᠭ᠋ᠠᠬᠤ ᠬᠡᠷᠡᠭᠲᠡᠢ》 ᠭᠡᠵᠦ ᠵᠢᠭ᠋ᠠᠵᠦ ᠭᠠᠷᠭ᠋ᠠᠵᠠᠢ᠃ ᠠ᠋ᠨᠡ᠎ᠨᠢ ᠤᠯᠠᠨ ᠵᠠᠭᠤᠴᠢ᠎ᠳᠤ ᠮᠡᠷᠭᠡᠵᠢᠯ᠎ᠤᠨ ᠳᠡᠭᠡᠳᠦ ᠳᠤᠮᠳᠠᠳᠤ ᠵᠢᠨ ᠲᠣᠭ᠋ᠠᠨ᠎ᠤ ᠤᠬᠠᠭ᠋ᠠᠨ᠎ᠤ ᠵᠢᠭ᠋ᠠᠨ ᠰᠤᠷᠭ᠋ᠠᠯᠲᠠ᠎ᠳᠤ ᠬᠡᠷᠡᠭᠯᠡᠭᠳᠡᠬᠦ ᠵᠢᠨ ᠴᠢᠬᠤᠯᠠ ᠴᠢᠨᠠᠷ ᠪᠠ ᠵᠠᠶ᠋ᠢᠯᠠᠰᠢ ᠦᠭᠡᠢ ᠴᠢᠨᠠᠷ᠎ᠢ ᠢᠯᠡᠷᠡᠭᠦᠯᠦᠭᠰᠡᠨ ᠪᠠᠶ᠋ᠢᠨ᠎ᠠ᠃ ᠠ᠋ᠶ᠋ᠢᠮᠦ᠎ᠠᠴᠠ ᠪᠢᠳᠡ ᠵᠢᠭ᠋ᠠᠬᠤ ᠮᠠᠲ᠋ᠧᠷᠢᠶᠠᠯ᠎ᠤᠨ ᠠᠭᠤᠯᠭ᠎ᠠ᠎ᠪᠠᠨ ᠦᠨᠳᠦᠰᠦᠯᠡᠨ᠂ ᠣᠯᠠᠨ ᠵᠠᠭᠤᠴᠢᠲᠤ ᠮᠡᠷᠭᠡᠵᠢᠯ᠎ᠢ ᠵᠦᠶ ᠵᠣᠬᠢᠰᠲᠠᠶ ᠣᠷᠣᠭᠤᠯᠤᠨ ᠠᠰᠢᠭᠯᠠᠵᠦ᠂ ᠰᠤᠷᠤᠭᠴᠢᠳ᠎ᠤᠨ ᠰᠤᠷᠤᠯᠴᠠᠬᠤ ᠴᠢᠩᠭ᠎ᠠ ᠬᠦᠰᠡᠯ᠎ᠢ ᠬᠥᠭᠵᠢᠭᠡᠵᠦ᠂ ᠰᠤᠷᠤᠭᠴᠢᠳ᠎ᠤᠨ ᠬᠢᠴᠢᠶᠡᠯ ᠣᠷᠣᠬᠤ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠳᠠᠶ᠋ᠢᠴᠢᠯᠠᠬᠤ ᠬᠡᠷᠡᠭᠲᠡᠶ᠃
ᠵᠢᠱ᠌ᠢᠶᠡᠯᠡᠪᠡᠯ᠂ 《ᠣᠭᠲᠠᠷᠭᠤᠢ ᠵᠢᠨ ᠭᠧᠣᠮᠧᠲᠷᠢ ᠵᠢᠨ ᠪᠡᠶ᠎ᠡ》 ᠳᠣᠲᠣᠷᠠᠬᠢ 《ᠣᠭᠲᠠᠷᠭᠤᠢ ᠵᠢᠨ ᠭᠧᠣᠮᠧᠲᠷᠢ ᠵᠢᠨ ᠪᠡᠶ᠎ᠡ ᠵᠢᠨ ᠪᠦᠲᠦᠴᠡ》 ᠭᠡᠬᠦ ᠠᠭᠤᠯᠭ᠎ᠠ ᠵᠢ ᠵᠢᠭ᠋ᠠᠬᠤ ᠦᠶᠡᠰ᠂ ᠬᠡᠷᠪᠡ ᠵᠥᠪᠬᠡᠨ ᠪᠠᠭᠰᠢ ᠵᠢᠨ ᠶᠠᠷᠢᠶᠠᠨ᠎ᠤ ᠬᠡᠯᠡᠨ᠎ᠤ ᠳᠦᠷᠰᠦᠯᠡᠯ ᠪᠠ ᠣ ᠵᠢᠨ ᠪᠢᠷ ᠵᠶ᠋ᠠᠷ ᠰᠠᠮᠪᠠᠷ᠎ᠠ ᠳᠡᠭᠡᠷ᠎ᠡ ᠵᠢᠷᠤᠭ ᠵᠢᠷᠤᠬᠤ᠎ᠳᠤ ᠲᠦᠰᠢᠭᠯᠡᠪᠡᠯ ᠣᠷᠣᠨ ᠵᠠᠶ ᠵᠢᠨ ᠲᠥᠰᠦᠭᠡᠯᠡᠬᠦ ᠴᠢᠳᠠᠪᠤᠷᠢ ᠠᠨᠠᠢ ᠪᠣᠯᠬᠤ ᠰᠤᠷᠤᠭᠴᠢᠳ᠎ᠲᠤ ᠠᠪᠴᠤ ᠬᠡᠯᠡᠪᠡᠯ ᠣᠢ᠍ᠢ᠍ᠯᠠᠭ᠋ᠠᠬᠤ᠎ᠳᠤ ᠵᠣᠬᠢᠬᠤ ᠬᠡᠮᠵᠢᠶᠡᠨ᠎ᠤ ᠬᠦᠴᠢᠷᠳᠡᠯ᠎ᠲᠠᠢ᠃ ᠲᠡᠭᠡᠭᠡᠳ ᠪᠢ ᠣᠯᠠᠨ ᠵᠠᠭᠤᠴᠢᠲᠤ ᠮᠡᠷᠭᠡᠵᠢᠯ᠎ᠢ ᠠᠰᠢᠭᠯᠠᠨ ᠰᠤᠷᠤᠭᠴᠢᠳ᠎ᠲᠤ ᠶᠡᠬᠡ ᠬᠡᠮᠵᠢᠶᠡᠨ᠎ᠤ ᠤᠯᠠᠨ ᠢᠷᠮᠡᠭᠲᠦ ᠪᠠᠭ᠋ᠠᠨ᠎ᠠ᠂ ᠬᠣᠰᠢᠭᠤᠯᠵᠢᠨ᠂ ᠱᠣᠷᠤᠯᠵᠢᠨ᠂ ᠲᠠᠭ᠋ᠠᠷᠢᠳᠠᠰᠤ ᠪᠡᠶ᠎ᠡ ᠵᠢᠨ ᠪᠦᠲᠦᠴᠡ ᠵᠢᠨ ᠣᠨᠴᠠᠯᠢᠭ᠎ᠲᠠᠢ ᠣᠭᠲᠠᠷᠭᠤᠢ ᠵᠢᠨ ᠪᠣᠳᠠᠰ ᠪᠠ ᠵᠠᠭᠪᠤᠷ᠎ᠢ ᠦᠵᠡᠭᠦᠯᠦᠨ᠂ ᠳᠠᠬᠢᠨ ᠰᠤᠷᠤᠭᠴᠢᠳ ᠵᠶ᠋ᠠᠷ ᠠ᠋ᠳᠡᠭᠡᠷ ᠡᠤᠭᠲᠠᠷᠭᠤᠢ ᠵᠢᠨ ᠪᠡᠶ᠎ᠡ ᠵᠢᠨ ᠭᠧᠣᠮᠧᠲᠷᠢ ᠵᠢᠨ ᠣᠨᠴᠠᠯᠢᠭ᠎ᠢ ᠠᠵᠢᠭᠯᠠᠬᠤ᠎ᠪᠠᠷ ᠳᠠᠮᠵᠢᠨ ᠠᠳᠠᠯᠢ ᠪᠤᠰᠤ ᠣᠭᠲᠠᠷᠭᠤᠢ ᠵᠢᠨ ᠪᠡᠶ᠎ᠡ ᠵᠢᠨ ᠪᠦᠲᠦᠴᠡ ᠵᠢᠨ ᠣᠨᠴᠠᠯᠢᠭ᠎ᠢ ᠳ᠋ᠦᠩᠨᠡᠨ ᠬᠤᠷᠢᠶᠠᠩᠭᠤᠢ᠍ᠢ᠍ᠯᠠᠬᠤᠪᠠᠷ ᠲᠤᠷᠰᠢᠵᠤ ᠪᠠᠢ᠍ᠢ᠍ᠭ᠋ᠠᠳ ᠰᠤᠷᠤᠭᠴᠢᠳ᠎ᠤᠨ ᠣᠷᠣᠨ ᠵᠠᠶ ᠵᠢᠨ ᠲᠥᠰᠦᠭᠡᠯᠡᠨ ᠪᠤᠳᠤᠬᠤ ᠴᠢᠳᠠᠪᠤᠷᠢ ᠪᠠ ᠬᠡᠶ᠋ᠢᠰᠪᠦᠷᠢᠯᠡᠨ ᠬᠤᠷᠢᠶᠠᠩᠭᠤᠶ᠋ᠢᠯᠠᠬᠤ ᠴᠢᠳᠠᠪᠤᠷᠢ᠎ᠳᠤ ᠪᠦᠲᠦᠮᠵᠢᠲᠡᠶ ᠬᠦᠮᠦᠵᠢᠭᠦᠯᠤᠯᠲᠡ ᠬᠢᠵᠦ᠂ ᠠ᠋ᠭᠦᠨ᠎ᠤ ᠳᠠᠭ᠋ᠠᠤ ᠪᠠᠰᠠ ᠰᠤᠷᠤᠭᠴᠢᠳ᠎ᠤᠨ ᠰᠢᠭᠤᠳ ᠰᠡᠷᠡᠯ᠎ᠢ ᠨᠡᠮᠡᠭᠳᠡᠭᠦᠯᠵᠦ᠂ ᠰᠤᠷᠤᠭᠴᠢᠳ᠎ᠤᠨ ᠣᠶ᠋ᠢᠯᠠᠭ᠋ᠠᠬᠤ ᠬᠦᠴᠢᠷᠳᠡᠯ᠎ᠢ ᠪᠠᠭᠤᠷᠠᠭᠤᠯᠬᠤ᠎ᠪᠠᠷ ᠳᠠᠮᠵᠢᠨ ᠰᠤᠷᠤᠭᠴᠢᠳ᠎ᠢ ᠨᠠᠩ ᠢᠳᠡᠪᠬᠢᠲᠡᠶ ᠰᠠᠨᠠᠭ᠋ᠠᠴᠢᠯᠠᠭ᠎ᠠ᠎ᠲᠠᠢ ᠣᠪᠣᠷ ᠵᠶ᠋ᠠᠷ ᠲᠣᠭ᠋ᠠᠨ᠎ᠤ ᠤᠬᠠᠭ᠋ᠠᠨ᠎ᠤ ᠮᠡᠳᠡᠯᠭᠡ ᠵᠢᠨ ᠰᠤᠷᠤᠯᠴᠠᠬᠤ ᠠᠵᠢᠯᠯᠠᠭ᠎ᠠ᠎ᠳᠤ ᠣᠷᠤᠯᠴᠠᠭᠤᠯᠤᠭᠰᠠᠨ ᠪᠠᠢ᠍ᠢ᠍ᠨ᠎ᠠ᠃
ᠪᠦᠲᠦᠮᠵᠢᠲᠡᠢ ᠲᠣᠭ᠋ᠠᠨ᠎ᠤ ᠤᠬᠠᠭ᠋ᠠᠨ᠎ᠤ ᠬᠢᠴᠢᠶᠡᠯ᠎ᠨᠢ ᠵᠥᠪᠬᠡᠨ ᠨᠢᠳᠦᠨ ᠠ᠋ᠮᠦᠨᠡᠬᠢ ᠬᠥᠭᠵᠢᠶᠡᠨ ᠨᠠᠷᠭᠢᠶ᠎ᠠ᠎ᠨᠢ ᠬᠥᠭᠡᠭᠡᠴᠡᠯᠳᠦᠵᠦ ᠪᠣᠯᠬᠤ ᠦᠭᠡᠢ᠂ ᠬᠠᠷᠢᠨ ᠦᠨᠡᠨ ᠪᠣᠳᠠᠲᠠᠶ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ ᠪᠣᠯᠬᠤ ᠶᠤᠮ᠃ ᠬᠠᠮᠤᠭ ᠡᠴᠤᠰ᠎ᠲᠤ᠂ ᠨᠢᠭᠡᠨ ᠳᠡᠭᠡᠳᠦ ᠳᠤᠮᠳᠠᠳᠤ ᠵᠢᠨ ᠲᠣᠭ᠋ᠠᠨ᠎ᠤ ᠤᠬᠠᠭ᠋ᠠᠨ᠎ᠤ ᠪᠠᠭᠰᠢ ᠪᠣᠯᠤᠭᠰᠠᠨ᠎ᠤ ᠬᠤᠪᠢ᠎ᠳᠤ᠂ ᠪᠢᠳᠡ ᠠ᠋ᠷᠬᠡᠪᠰᠢ ᠵᠢᠭ᠋ᠠᠨ ᠰᠤᠷᠭ᠋ᠠᠯᠲᠠ ᠵᠢᠨ ᠳᠤᠮᠳᠠ᠎ᠪᠠᠨ ᠲᠠᠰᠤᠷᠠᠯᠲᠠ ᠦᠭᠡᠢ ᠠ᠋ᠷᠭᠢᠴᠡᠭᠦᠯᠦᠨ ᠲᠤᠩᠭ᠋ᠠᠵᠤ᠂ ᠲᠠᠰᠤᠷᠠᠯᠲᠠ ᠦᠭᠡᠢ ᠰᠦᠪᠡᠭᠴᠢᠯᠡᠵᠦ᠂ ᠲᠠᠰᠤᠷᠠᠯᠲᠠ ᠦᠭᠡᠢ ᠳ᠋ᠦᠩᠨᠡᠵᠦ᠂ ᠰᠢᠨ᠎ᠡ ᠵᠢ ᠠ᠋ᠭᠦᠳᠬᠦ᠎ᠪᠠᠷ ᠳᠠᠮᠵᠢᠨ ᠰᠤᠷᠤᠭᠴᠢᠳ᠎ᠲᠤ ᠦᠨᠡᠨ ᠬᠦ᠌ ᠲᠤᠬᠢᠷᠠᠬᠤ ᠪᠥᠭᠡᠳ ᠰᠤᠷᠤᠭᠴᠢᠳ᠎ᠤᠨ ᠬᠦᠯᠢᠶᠡᠨ ᠠᠪᠴᠤ ᠳᠡᠶ᠋ᠢᠯᠬᠦ ᠲᠣᠭ᠋ᠠᠨ᠎ᠤ ᠤᠬᠠᠭ᠋ᠠᠨ᠎ᠤ ᠵᠢᠭ᠋ᠠᠨ ᠰᠤᠷᠭ᠋ᠠᠯᠲᠠ ᠵᠢᠨ ᠠᠷᠭ᠎ᠠ ᠪᠣᠳᠤᠯᠭ᠎ᠠ ᠵᠢ ᠰᠤᠳᠤᠯᠤᠨ ᠭᠠᠷᠭ᠋ᠠᠵᠤ᠂ ᠳᠡᠭᠡᠳᠦ ᠳᠤᠮᠳᠠᠳᠤ ᠵᠢᠨ ᠲᠣᠭ᠋ᠠᠨ᠎ᠤ ᠤᠬᠠᠭ᠋ᠠᠨ᠎ᠤ ᠬᠢᠴᠢᠶᠡᠯ᠎ᠤᠨ ᠵᠢᠭ᠋ᠠᠨ ᠰᠤᠷᠭ᠋ᠠᠯᠲᠠ ᠵᠢᠨ ᠠᠵᠢᠯ᠎ᠤᠨ ᠤᠷᠤᠭᠰᠢᠲᠠᠢ ᠶᠠᠪᠤᠭᠳᠠᠬᠤ ᠵᠢ ᠠᠬᠢᠭᠤᠯᠬᠤ ᠪᠠᠷ ᠴᠢᠷᠮᠠᠢ᠍ᠢ᠍ᠶᠠ᠃
ᠠᠵᠢᠯᠯᠠᠵᠤ ᠪᠠᠢ᠍ᠢ᠍ᠭ᠎ᠠ ᠪᠠᠢ᠍ᠢ᠍ᠭᠤᠯᠭ᠎ᠠ᠄ ᠬᠥᠬᠡᠬᠣᠲᠠ ᠵᠢᠨ ᠮᠣᠩᠭᠤᠯ ᠦᠨᠳᠦᠰᠦᠲᠡᠨ᠎ᠤ ᠰᠤᠷᠭ᠋ᠠᠭᠤᠯᠢ
(ᠠᠯᠳᠠᠨᠰᠦᠢ᠍ᠭᠡ ᠨᠠᠢ᠍ᠢ᠍ᠷᠠᠭᠤᠯᠪᠠ)