ᠴᠤᠯᠮᠤᠨ ᠬᠠᠢ ᠰᠢᠶᠠ

ᠵᠦᠪ ᠳᠦᠷᠢᠮᠵᠢᠭᠦᠨ ᠪᠢᠴᠢᠯᠭᠡ᠎ᠨᠢ ᠦᠵᠡᠯ ᠰᠡᠳᠭᠢᠯᠭᠡ ᠵᠢ ᠪᠤᠯᠪᠠᠰᠤᠷᠠᠭᠤᠯᠬᠤ᠂ ᠭᠤᠸ᠎ᠠ ᠰᠠᠶ᠋ᠢᠬᠠᠨ᠎ᠤ ᠰᠡᠷᠡᠭᠳᠡᠯᠢ ᠬᠦᠮᠦᠵᠢᠭᠦᠯᠬᠦ᠂ ᠰᠤᠶᠤᠯ᠎ᠤᠨ ᠲᠦᠪᠰᠢᠨ᠎ᠢ ᠳᠡᠭᠡᠭᠰᠢᠯᠡᠭᠦᠯᠬᠦ ᠶᠠᠪᠤᠴᠠ ᠪᠤᠯᠤᠨ᠎ᠠ ᠭᠡᠵᠦ 《ᠲᠤᠮᠳᠠᠳᠤ ᠪᠠᠭ᠎ᠠ ᠰᠤᠷᠭ᠋ᠠᠭᠤᠯᠢ ᠵᠢᠨ ᠠᠯᠪᠠᠨ ᠵᠢᠷᠤᠮ᠎ᠤᠨ ᠰᠤᠷᠭ᠋ᠠᠨ ᠭᠦᠮᠦᠵᠢᠯ᠎ᠤᠨ ᠮᠤᠨᠭ᠌ᠭᠤᠯ ᠭᠡᠯᠡ ᠪᠢᠴᠢᠭ᠎ᠤᠨ ᠬᠢᠴᠢᠶᠡᠯ᠎ᠤᠨ ᠪᠠᠷᠢᠮᠵᠢᠶ᠎ᠠ》᠎ᠳᠤ ᠲᠤᠳᠤᠷᠬᠠᠢ ᠳᠤᠷᠠᠳᠤᠭᠰᠠᠨ ᠪᠠᠢ᠍ᠢ᠍ᠨ᠎ᠠ᠃ ᠲᠤᠤᠷ᠎ᠠ ᠮᠤᠩᠭᠤᠯ ᠬᠡᠯᠡ ᠪᠢᠴᠢᠭ᠎ᠤᠨ ᠵᠦᠪ ᠳᠦᠷᠢᠮᠵᠢᠭᠦᠨ ᠪᠢᠴᠢᠯᠭᠡ ᠵᠢᠨ ᠵᠢᠭ᠋ᠠᠨ ᠰᠤᠷᠭ᠋ᠠᠯᠲᠠ ᠳᠤᠮᠳᠠ ᠤᠷᠤᠰᠢᠵᠤ ᠪᠠᠶ᠋ᠢᠭ᠎ᠠ ᠠᠰᠠᠭᠤᠳᠠᠯ᠎ᠳᠤ ᠴᠢᠭᠯᠡᠭᠦᠯᠵᠦ᠂ 2019-2022 ᠤᠨ ᠬᠦᠷᠲᠡᠯᠡᠬᠢ ᠭᠤᠷᠪᠠᠨ ᠵᠢᠯ᠎ᠤᠨ ᠬᠤᠭᠤᠴᠠᠭ᠋ᠠᠨ᠎ᠳᠤ᠂ ᠪᠠᠭ᠋ᠠᠷᠢᠨ ᠵᠠᠭᠦᠨ ᠬᠤᠰᠢᠭᠤᠨ᠎ᠤ ᠤᠯᠠᠭ᠋ᠠᠨᠳᠠᠪᠠᠭᠠ ᠮᠤᠨᠭ᠌ᠭᠤᠯ ᠦᠨᠳᠤᠰᠤᠳᠠᠨ᠎ᠤ ᠪᠠᠭ᠎ᠠ ᠰᠤᠷᠭ᠋ᠠᠭᠤᠯᠢ᠎ᠳᠤ 《ᠵᠦᠪ ᠳᠦᠷᠢᠮᠵᠢᠭᠦᠨ ᠪᠢᠴᠢᠯᠭᠡ》 ᠵᠢᠨ ᠲᠤᠷᠰᠢᠯᠲᠠ ᠵᠢᠨ ᠰᠤᠳᠤᠯᠭ᠋ᠠᠨ ᠬᠢᠵᠦ᠂ ᠵᠦᠪ ᠳᠦᠷᠢᠮᠵᠢᠭᠦᠨ ᠪᠢᠴᠢᠯᠭᠡ ᠵᠢ ᠰᠠᠶ᠋ᠢᠵᠢᠷᠠᠭᠤᠯᠬᠤ ᠠᠷᠭ᠎ᠠ ᠠᠪᠴᠠᠯ᠎ᠢ ᠰᠢᠨᠵᠢᠯᠡᠭᠰᠡᠨ ᠵᠶ᠋ᠠᠨ ᠲᠠᠯᠭᠡᠨ ᠶᠠᠷᠢᠶ᠎ᠠ᠃
ᠨᠢᠭᠡ᠂ ᠵᠦᠪ ᠳᠦᠷᠢᠮᠵᠢᠭᠦᠨ ᠪᠢᠴᠢᠯᠭᠡ ᠵᠢ ᠰᠠᠶ᠋ᠢᠵᠢᠷᠠᠭᠤᠯᠬᠤ ᠵᠢᠨ ᠴᠢᠬᠤᠯᠠ ᠴᠢᠨᠠᠷ
1. ᠦᠰᠦᠭ᠎ᠢ ᠵᠦᠪ ᠳᠦᠷᠢᠮᠵᠢᠭᠦᠨ ᠪᠢᠴᠢᠬᠦ᠎ᠨᠢ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠱᠠᠲᠤᠨ᠎ᠳᠤ᠎ᠬᠢ ᠰᠤᠷᠤᠭᠴᠢᠳ᠎ᠤᠨ ᠪᠦᠷᠢᠯᠳᠦᠭᠦᠯᠪᠡᠰᠦ ᠵᠤᠬᠢᠬᠤ ᠴᠢᠳᠠᠪᠤᠷᠢ ᠪᠤᠯᠬᠤ ᠮᠦᠷᠲᠡᠭᠡᠨ ᠬᠡᠯᠡ ᠪᠢᠴᠢᠭ ᠪᠠ ᠪᠤᠰᠤᠳ ᠬᠢᠴᠢᠶᠡᠯ ᠲᠥᠷᠦᠯ᠎ᠢ ᠰᠤᠷᠤᠯᠴᠠᠭ᠍ᠤ ᠵᠢᠴᠢ ᠨᠠᠰᠤᠨ ᠲᠤᠷᠰᠢᠲᠠ ᠰᠤᠷᠤᠯᠴᠠᠭ᠍ᠤ ᠴᠢᠳᠠᠪᠤᠷᠢ ᠵᠢ ᠪᠦᠷᠢᠯᠳᠦᠭᠦᠯᠬᠦ ᠵᠢᠨ ᠰᠠᠭᠤᠷᠢ ᠮᠦᠨ᠃ ᠵᠦᠪ ᠳᠦᠷᠢᠮᠵᠢᠭᠦᠨ ᠪᠢᠴᠢᠬᠦ᠎ᠨᠢ ᠰᠤᠷᠤᠭᠴᠢᠳ᠎ᠤᠨ ᠠᠩᠬᠠᠷᠤᠯ ᠵᠶ᠋ᠠᠨ ᠲᠥᠪᠯᠡᠷᠡᠭᠦᠯᠬᠦ ᠴᠢᠳᠠᠪᠤᠷᠢ ᠵᠢᠨ ᠪᠦᠷᠢᠯᠳᠦᠯ ᠪᠠ ᠰᠠᠶ᠋ᠢᠨ ᠰᠠᠶ᠋ᠢᠬᠠᠨ ᠰᠤᠷᠤᠯᠴᠠᠭ᠍ᠤ ᠳᠠᠳᠬᠠᠯ ᠵᠢᠴᠢ ᠤᠪᠤᠷ᠎ᠢ ᠬᠦᠮᠦᠵᠢᠭᠦᠯᠬᠦ᠎ᠳᠤ ᠠᠰᠢᠭᠲᠠᠢ ᠮᠦᠷᠲᠡᠭᠡᠨ ᠭᠤᠸ᠎ᠠ ᠲᠠᠭ᠋ᠠᠰᠢᠶᠠᠯ᠎ᠤᠨ ᠮᠡᠳᠡᠷᠡᠮᠵᠢ᠂ ᠰᠠᠶ᠋ᠢᠨ ᠰᠠᠶ᠋ᠢᠬᠠᠨ ᠥᠪᠡᠷᠮᠢᠴᠡ ᠴᠢᠨᠠᠷ᠎ᠤᠨ ᠪᠦᠷᠢᠯᠳᠦᠯ᠎ᠳᠤ ᠠᠰᠢᠭᠲᠠᠢ ᠪᠠᠶ᠋ᠢᠳᠠᠭ᠃
2. ᠵᠦᠪ ᠳᠦᠷᠢᠮᠵᠢᠭᠦᠨ ᠪᠢᠴᠢᠯᠭᠡ ᠵᠢ ᠰᠠᠶ᠋ᠢᠵᠢᠷᠠᠭᠤᠯᠬᠤ᠎ᠨᠢ ᠰᠤᠷᠤᠭᠴᠢᠳ᠎ᠤᠨ ᠰᠤᠷᠤᠯᠭ᠎ᠠ ᠵᠢᠨ ᠬᠢᠷᠢ ᠪᠦᠲᠦᠮᠵᠢ ᠪᠠ ᠶᠡᠷᠦᠩᠬᠡᠢ ᠬᠡᠪ ᠴᠢᠨᠠᠷ᠎ᠢ ᠳᠡᠭᠡᠭᠰᠢᠯᠡᠭᠦᠯᠦᠨ᠎ᠡ᠃ ᠲᠤᠰ ᠤᠳᠠᠭ᠋ᠠᠨ᠎ᠤ ᠰᠤᠳᠤᠯᠭ᠋ᠠᠨ᠎ᠨᠢ ᠪᠠᠭ᠋ᠠᠷᠢᠨ ᠵᠡᠭᠦᠨ ᠬᠤᠰᠢᠭᠤᠨ᠎ᠤ ᠤᠯᠠᠭ᠋ᠠᠨᠳᠠᠪᠠᠭᠠ ᠮᠤᠩᠭᠤᠯ ᠦᠨᠳᠦᠰᠦᠲᠡᠨ᠎ᠤ ᠪᠠᠭ᠎ᠠ ᠰᠤᠷᠭ᠋ᠠᠭᠤᠯᠢ ᠵᠢᠨ ᠵᠢᠭ᠋ᠠᠨ ᠰᠤᠷᠭ᠋ᠠᠯᠲᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠎ᠳᠤ ᠠᠰᠢᠭᠲᠠᠢ ᠮᠦᠷᠲᠡᠭᠡᠨ ᠨᠡᠶ᠋ᠢᠭᠡᠮ ᠨᠡᠶ᠋ᠢᠲᠡ᠎ᠳᠤ ᠥᠭᠡᠳᠡᠷᠬᠡᠭ ᠨᠥᠯᠦᠭᠡ ᠳᠤᠰᠬᠠᠯ ᠥᠭᠳᠡᠭ᠃ ᠮᠦᠨ ᠴᠦ᠍ ᠠᠯᠪᠠᠨ ᠵᠢᠷᠤᠮ᠎ᠤᠨ ᠱᠠᠲᠤᠨ᠎ᠤ ᠰᠤᠷᠭ᠋ᠠᠨ ᠬᠦᠮᠦᠵᠢᠯ᠎ᠤᠨ ᠥᠭᠡᠷᠡᠴᠢᠯᠡᠯᠲᠡ ᠵᠢ ᠠᠬᠢᠭᠤᠯᠵᠤ᠂ ᠰᠤᠷᠭ᠋ᠠᠭᠤᠯᠢ᠎ᠳᠤ ᠰᠤᠷᠭ᠋ᠠᠨ ᠬᠦᠮᠦᠵᠢᠯ᠎ᠤᠨ ᠠ᠋ᠬᠢ ᠪᠠᠶᠠᠯᠢᠭ ᠪᠠ ᠵᠢᠭ᠋ᠠᠨ ᠰᠤᠷᠭ᠋ᠠᠯᠲᠠ ᠵᠢᠨ ᠠᠷᠭ᠎ᠠ ᠵᠢ ᠬᠠᠩᠭ᠋ᠠᠨ ᠦᠭᠴᠦ᠂ ᠰᠤᠷᠤᠭᠴᠢᠳ᠎ᠤᠨ ᠪᠦᠬᠦ ᠲᠠᠯ᠎ᠠ ᠵᠢᠨ ᠬᠦᠭᠵᠢᠯᠲᠡ᠎ᠳᠤ ᠨᠡᠩ ᠶᠡᠭᠡ ᠵᠠᠪᠰᠢᠶᠠᠨ ᠪᠠ ᠤᠷᠤᠨ ᠵᠠᠢ ᠵᠢ ᠬᠠᠩᠭ᠋ᠠᠨ ᠥᠭᠬᠦ᠎ᠳᠤ ᠠᠰᠢᠭᠲᠠᠢ ᠶᠤᠮ᠃
ᠬᠤᠶᠠᠷ᠂ ᠵᠦᠪ ᠳᠦᠷᠢᠮᠵᠢᠭᠦᠨ ᠪᠢᠴᠢᠯᠭᠡ ᠵᠢ ᠰᠠᠶ᠋ᠢᠵᠢᠷᠠᠭᠤᠯᠬᠤ᠎ᠳᠤ ᠤᠷᠤᠰᠢᠵᠤ ᠪᠠᠶ᠋ᠢᠭ᠎ᠠ ᠠᠰᠠᠭᠤᠳᠠᠯ
ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠲᠠᠰᠤᠷᠠᠯᠲᠠ ᠦᠭᠡᠢ ᠬᠦᠭᠵᠢᠬᠦ ᠵᠢ ᠳᠠᠭ᠋ᠠᠯᠳᠤᠨ᠂ ᠺᠤᠮᠫᠢᠤᠢ᠍ᠲᠸᠷ᠂ ᠭᠠᠷ ᠤᠳᠠᠰᠤ ᠵᠡᠷᠭᠡ ᠠ᠋ᠯᠸᠺᠲᠷᠣᠨ ᠦᠢ᠍ᠯᠡᠳᠬᠦᠨ᠎ᠨᠢ ᠰᠤᠷᠤᠭᠴᠢᠳ᠎ᠤᠨ ᠠᠮᠢᠳᠤᠷᠠᠯ᠎ᠲᠠᠢ ᠨᠢᠭᠲᠠ ᠬᠠᠷᠢᠴᠠᠭ᠎ᠠ᠎ᠲᠠᠢ ᠪᠤᠯᠤᠭᠰᠠᠨ᠎ᠠᠴᠠ ᠭᠠᠷ ᠵᠶ᠋ᠠᠷ ᠦᠰᠦᠭ ᠪᠢᠴᠢᠬᠦ ᠴᠠᠭ ᠵᠠᠪᠰᠢᠶᠠᠨ ᠴᠥᠬᠡᠷᠡᠵᠦ᠂ ᠪᠢᠷ ᠪᠠᠷᠢᠩᠭᠤᠲᠠ ᠦᠰᠦᠭ ᠵᠶ᠋ᠠᠨ ᠮᠠᠷᠲᠠᠭ᠍ᠤ ᠦᠵᠡᠭᠳᠡᠯ ᠵᠦᠩᠳᠡᠭᠡᠨ ᠢᠯᠡᠷᠡᠬᠦ ᠪᠤᠯᠵᠠᠢ᠃ ᠪᠠᠶ᠋ᠢᠴᠠᠭ᠋ᠠᠯᠲᠠ᠎ᠠᠴᠠ ᠦᠵᠡᠪᠡᠯ᠂ ᠭᠤᠷᠪᠠᠳᠤᠭ᠋ᠠᠷ ᠤᠨ᠎ᠤ ᠰᠤᠷᠤᠭᠴᠢᠳ ᠪᠤᠯᠤᠳ ᠪᠢᠷ ᠵᠶ᠋ᠠᠷ ᠮᠤᠩᠭᠤᠯ ᠦᠰᠦᠭ ᠪᠢᠴᠢᠭᠰᠡᠨᠤ ᠰᠡᠭᠦᠯᠡᠷ᠂ ᠦᠰᠦᠭ ᠪᠢᠴᠢᠯᠭᠡ᠎ᠨᠢ ᠵᠦᠪ ᠳᠦᠷᠢᠮᠵᠢᠭᠦᠨ ᠪᠤᠰᠤ᠂ ᠪᠤᠷᠤᠭᠤ ᠦᠰᠦᠭ ᠤᠯᠠᠨ ᠮᠦᠷᠲᠡᠭᠡᠨ ᠤᠯᠠᠨᠲᠠ ᠪᠠᠯᠠᠯᠠᠭ᠍ᠤ ᠦᠵᠡᠭᠳᠡᠯ ᠤᠷᠤᠰᠢᠵᠤ ᠪᠠᠶ᠋ᠢᠳᠠᠭ᠂ ᠪᠠᠷᠤᠭ 80% ᠵᠢᠨ ᠰᠤᠷᠤᠭᠴᠢ ᠵᠢᠨ ᠦᠰᠦᠭ ᠪᠢᠴᠢᠯᠭᠡ᠎ᠨᠢ ᠳᠦᠷᠢᠮᠵᠢᠭᠦᠨ ᠪᠤᠰᠤ᠂ ᠴᠡᠪᠡᠷ ᠲᠡᠭᠰᠢ ᠪᠢᠰᠢ ᠦᠵᠡᠭᠳᠡᠯ ᠤᠷᠤᠰᠢᠵᠤ ᠪᠠᠶ᠋ᠢᠨ᠎ᠠ᠃
ᠤᠳᠤᠬᠠᠨ᠎ᠤ ᠪᠠᠭ᠎ᠠ ᠰᠤᠷᠭ᠋ᠠᠭᠤᠯᠢ ᠵᠢᠨ ᠰᠤᠷᠤᠭᠴᠢ ᠪᠠ ᠭᠡᠷ᠎ᠤᠨ ᠠᠬᠠᠮᠠᠳ ᠵᠦᠪ ᠳᠦᠷᠢᠮᠵᠢᠭᠦᠨ ᠪᠢᠴᠢᠯᠭᠡ ᠵᠢᠨ ᠲᠤᠬᠠᠢ ᠤᠪᠤᠷ ᠲᠠᠨᠢᠯᠲᠠ ᠳᠤᠲᠠᠮᠠᠭ ᠪᠠᠶ᠋ᠢᠵᠤ᠂ ᠴᠢᠬᠤᠯᠠᠴᠢᠯᠠᠵᠤ ᠦᠵᠡᠬᠦ ᠲᠠᠯ᠎ᠠ᠎ᠪᠠᠷ ᠠᠨᠠᠢ᠎ᠠᠴᠠ ᠵᠦᠪ ᠳᠦᠷᠢᠮᠵᠢᠭᠦᠨ ᠪᠢᠴᠢᠯᠭᠡ ᠵᠢᠨ ᠲᠠᠯ᠎ᠠ᠎ᠳᠤ ᠠ᠋ᠳᠦᠢ ᠲᠡᠳᠦᠢ ᠠᠰᠠᠭᠤᠳᠠᠯ ᠤᠷᠤᠰᠢᠵᠤ᠂ ᠰᠤᠷᠤᠭᠴᠢᠳ᠎ᠤᠨ ᠪᠢᠴᠢᠯᠭᠡ ᠵᠢᠨ ᠬᠢᠷᠢ ᠲᠦᠪᠰᠢᠨ᠎ᠢ ᠨᠥᠯᠦᠭᠡᠯᠡᠵᠤ ᠪᠠᠢ᠍ᠢ᠍ᠭ᠎ᠠ ᠮᠦᠷᠲᠡᠭᠡᠨ ᠰᠤᠷᠤᠭᠴᠢᠳ᠎ᠤᠨ ᠪᠦᠬᠦ ᠲᠠᠯ᠎ᠠ ᠵᠢᠨ ᠬᠦᠭᠵᠢᠯᠲᠡ ᠵᠢ ᠴᠦ᠍ ᠨᠦᠯᠦᠭᠡᠯᠡᠵᠦ ᠪᠠᠶ᠋ᠢᠳᠠᠭ᠎ᠠᠴᠠ ᠰᠤᠳᠤᠯᠭ᠋ᠠᠨ᠎ᠤ ᠪᠠᠶ᠋ᠢᠴᠠᠭ᠋ᠠᠯᠲᠠ᠎ᠪᠠᠷ ᠳᠠᠮᠵᠢᠨ ᠳᠤᠤᠷᠠᠬᠢ ᠪᠤᠳᠠᠲᠠᠢ ᠠᠰᠠᠭᠤᠳᠠᠯ᠎ᠤᠳ᠎ᠢ ᠢᠯᠡᠷᠡᠭᠦᠯᠦᠭᠰᠡᠨ ᠪᠠᠶ᠋ᠢᠨ᠎ᠠ᠃
(ᠨᠢᠭᠡ) ᠪᠠᠭᠰᠢ ᠨᠠᠷ᠎ᠤᠨ ᠵᠢᠭ᠋ᠠᠨ ᠰᠤᠷᠭ᠋ᠠᠯᠲᠠ᠎ᠳᠤ ᠤᠷᠤᠰᠢᠵᠤ ᠪᠠᠶ᠋ᠢᠭ᠎ᠠ ᠠᠰᠠᠭᠤᠳᠠᠯ
ᠵᠠᠷᠢᠮ ᠪᠠᠭᠰᠢ ᠵᠦᠪ ᠳᠦᠷᠢᠮᠵᠢᠭᠦᠨ ᠪᠢᠴᠢᠯᠭᠡ ᠵᠢᠨ ᠵᠢᠭ᠋ᠠᠨ ᠰᠤᠷᠭ᠋ᠠᠯᠲᠠ ᠵᠢ ᠴᠢᠬᠤᠯᠠᠴᠢᠯᠠᠵᠤ ᠦᠵᠡᠬᠦ ᠲᠠᠯ᠎ᠠ᠎ᠪᠠᠷ ᠳᠤᠲᠠᠮᠠᠭ ᠪᠠᠶ᠋ᠢᠨ᠎ᠠ᠃ ᠵᠦᠪ ᠳᠦᠷᠢᠮᠵᠢᠭᠦᠨ ᠪᠢᠴᠢᠯᠭᠡ ᠵᠢᠨ ᠵᠢᠯᠤᠭᠤᠳᠤᠯᠭ᠎ᠠ ᠵᠢ ᠤᠮᠳᠤᠭ᠋ᠠᠶ᠋ᠢᠯᠠᠵᠤ᠂ ᠵᠦᠪ ᠳᠦᠷᠢᠮᠵᠢᠭᠦᠨ ᠪᠢᠴᠢᠯᠭᠡ ᠵᠢᠨ ᠬᠢᠴᠢᠶᠡᠯ᠎ᠤᠨ ᠲᠠᠩᠬᠢᠮ᠎ᠨᠢ ᠬᠡᠯᠪᠡᠷᠢ ᠵᠢᠨ ᠲᠡᠳᠦᠢ ᠪᠤᠯᠵᠤ ᠪᠠᠶ᠋ᠢᠨ᠎ᠠ᠃ ᠤᠷᠲᠤ ᠬᠤᠭᠤᠴᠠᠭ᠋ᠠᠨ᠎ᠤ ᠲᠤᠷᠰᠢ ᠰᠢᠯᠭ᠋ᠠᠯᠲᠠ ᠵᠢ ᠠᠷᠭ᠋ᠠᠴᠠᠭ᠋ᠠᠬᠤ ᠰᠤᠷᠭ᠋ᠠᠨ ᠬᠦᠮᠦᠵᠢᠯ᠎ᠤᠨ ᠨᠥᠯᠦᠭᠡᠯᠡᠯ᠎ᠠᠴᠠ ᠪᠤᠯᠵᠤ᠂ ᠮᠤᠨᠭ᠌ᠭᠤᠯ ᠬᠡᠯᠡ ᠪᠢᠴᠢᠭ᠎ᠤᠨ ᠪᠠᠭᠰᠢ ᠨᠠᠷ ᠵᠦᠪᠬᠡᠨ ᠰᠤᠷᠤᠭᠴᠢᠳ᠎ᠤᠨ ᠦᠭᠡ ᠬᠡᠯᠡ ᠦᠰᠦᠭ ᠪᠢᠴᠢᠭ ᠤᠨ ᠲᠤᠬᠠᠢ ᠤᠶ᠋ᠢᠯᠠᠭ᠋ᠠᠯᠲᠠ ᠪᠠ ᠢᠯᠡᠳᠭᠡᠬᠦ ᠴᠢᠳᠠᠪᠤᠷᠢ ᠵᠢ ᠳᠡᠭᠡᠭᠰᠢᠯᠡᠬᠦᠯᠬᠦ ᠵᠢ ᠥᠷᠦᠭᠡᠰᠦᠯ ᠵᠶ᠋ᠠᠷ ᠴᠢᠬᠤᠯᠠᠴᠢᠯᠠᠵᠤ᠂ ᠵᠦᠪ ᠳᠦᠷᠢᠮᠵᠢᠭᠦᠨ ᠪᠢᠴᠢᠯᠭᠡ ᠵᠢᠨ ᠪᠤᠯᠪᠠᠰᠤᠷᠠᠯ᠎ᠢ ᠤᠮᠳᠤᠭ᠋ᠠᠶ᠋ᠢᠯᠠᠭ᠍ᠤ ᠦᠵᠡᠭᠳᠡᠯ ᠤᠷᠤᠰᠢᠵᠤ ᠪᠠᠶ᠋ᠢᠨ᠎ᠠ᠃
ᠵᠠᠷᠢᠮ ᠪᠠᠭᠰᠢ ᠵᠢᠨ ᠵᠦᠪ ᠳᠦᠷᠢᠮᠵᠢᠭᠦᠨ ᠪᠢᠴᠢᠯᠭᠡ ᠵᠢᠨ ᠲᠤᠬᠠᠢ ᠱᠠᠭ᠋ᠠᠷᠳᠠᠯᠭ᠎ᠠ ᠴᠢᠩᠭ᠎ᠠ ᠪᠢᠰᠢ ᠪᠠᠶ᠋ᠢᠨ᠎ᠠ᠃ ᠤᠯᠠᠩᠬᠢ ᠪᠠᠭᠰᠢ ᠵᠢᠭ᠋ᠠᠨ ᠰᠤᠷᠭ᠋ᠠᠯᠲᠠ ᠵᠢᠨ ᠶᠠᠪᠤᠴᠠ᠎ᠳᠤ᠎ᠪᠠᠨ᠂ ᠬᠢᠴᠢᠶᠡᠯ᠎ᠤᠨ ᠠᠭᠤᠯᠭ᠎ᠠ ᠵᠢ ᠡᠵᠡᠮᠰᠢᠭᠰᠡᠨ ᠠ᠋ᠰᠡᠬᠦ ᠵᠢᠨ ᠲᠤᠬᠠᠢ ᠠᠩᠬᠠᠷᠤᠯ ᠲᠠᠯᠪᠢᠬᠤ᠎ᠠᠴᠠ ᠪᠢᠰᠢ ᠵᠦᠪ ᠳᠦᠷᠢᠮᠵᠢᠭᠦᠨ ᠪᠢᠴᠢᠯᠭᠡ ᠵᠢᠨ ᠲᠤᠬᠠᠢ ᠱᠠᠭ᠋ᠠᠷᠳᠠᠯᠭ᠎ᠠ ᠵᠢ ᠲᠡᠳᠦᠶ ᠶᠡᠭᠡ ᠠᠩᠬᠠᠷᠬᠤ ᠦᠭᠡᠢ ᠪᠠᠶ᠋ᠢᠳᠠᠭ᠃ ᠲᠡᠶ᠋ᠢᠮᠦ ᠮᠦᠷᠲᠡᠭᠡᠨ ᠰᠤᠷᠤᠭᠴᠢᠳ᠎ᠲᠤ ᠬᠠᠨᠳᠤᠭᠤᠯᠤᠭᠰᠠᠨ ᠵᠦᠪ ᠳᠦᠷᠢᠮᠵᠢᠭᠦᠨ ᠪᠢᠴᠢᠯᠭᠡ ᠵᠢᠨ ᠡᠯ᠎ᠡ ᠱᠠᠲᠤᠨ᠎ᠤ ᠱᠠᠭ᠋ᠠᠷᠳᠠᠯᠭ᠎ᠠ ᠪᠠ ᠬᠠᠷᠠᠯᠲᠠ ᠲᠤᠳᠤᠷᠬᠠᠢ ᠦᠭᠡᠢ ᠲᠤᠯᠠ ᠵᠦᠪ ᠳᠦᠷᠢᠮᠵᠢᠭᠦᠨ ᠪᠢᠴᠢᠯᠭᠡ ᠵᠢᠨ ᠪᠤᠯᠪᠠᠰᠤᠷᠠᠯ᠎ᠤᠨ ᠰᠢᠰᠲ᠋ᠧᠮ ᠰᠢᠰᠲ᠋ᠧᠮᠵᠢᠭᠡᠳᠦᠢ ᠪᠠᠶ᠋ᠢᠨ᠎ᠠ᠃
ᠪᠠᠭᠰᠢ ᠨᠠᠷ ᠵᠢᠭ᠋ᠠᠨ ᠰᠤᠷᠭ᠋ᠠᠯᠲᠠ ᠵᠢᠨ ᠶᠠᠪᠤᠴᠠ᠎ᠳᠤ᠎ᠪᠠᠨ᠂ ᠵᠦᠪ ᠳᠦᠷᠢᠮᠵᠢᠭᠦᠨ ᠪᠢᠴᠢᠯᠭᠡ ᠵᠢᠨ ᠲᠤᠬᠠᠢ ᠭᠤᠤᠯᠳᠠᠯᠭ᠎ᠠ᠎ᠲᠠᠢ᠂ ᠲᠤᠳᠤᠷᠬᠠᠢ᠂ ᠰᠢᠰᠲ᠋ᠧᠮ᠎ᠲᠠᠢ ᠵᠢᠯᠤᠭᠤᠳᠤᠯᠭ᠎ᠠ ᠬᠢᠵᠦ ᠳᠡᠶ᠋ᠢᠯᠬᠦ ᠦᠭᠡᠢ ᠪᠠᠶ᠋ᠢᠨ᠎ᠠ᠃ ᠵᠠᠷᠢᠮ ᠦᠶ᠎ᠡ᠎ᠳᠤ ᠴᠠᠭ᠎ᠤᠨ ᠬᠢᠵᠠᠭ᠋ᠠᠷᠯᠠᠯ᠎ᠠᠴᠠ ᠪᠤᠯᠵᠤ ᠰᠤᠷᠤᠭᠴᠢ ᠨᠢᠭᠡᠪᠦᠷᠢ᠎ᠳᠤ ᠬᠢᠨᠠᠯᠲᠠ ᠲᠠᠯᠪᠢᠵᠤ ᠠᠮᠵᠢᠬᠤ ᠦᠭᠡᠢ᠂ ᠴᠠᠭ ᠲᠤᠬᠠᠢᠳᠤᠨᠢ ᠦᠨᠡᠯᠡᠯᠲᠡ ᠬᠢᠵᠦ ᠲᠡᠶ᠋ᠢᠯᠬᠦ ᠦᠭᠡᠢ ᠦᠵᠡᠭᠳᠡᠯ ᠤᠷᠤᠰᠢᠵᠤ ᠪᠠᠶ᠋ᠢᠨ᠎ᠠ᠃
ᠪᠦᠷᠢᠳᠭᠡᠯ᠎ᠢ ᠦᠨᠳᠦᠰᠦᠯᠡᠪᠡᠯ᠂ 72%᠎ᠤᠨ ᠪᠠᠭᠰᠢ᠂ ᠰᠤᠷᠤᠭᠴᠢ ᠵᠢᠨ ᠵᠦᠪ ᠳᠦᠷᠢᠮᠵᠢᠭᠦᠨ ᠪᠢᠴᠢᠯᠭᠡ ᠵᠢᠨ ᠲᠤᠬᠠᠢ ᠭᠡᠷ᠎ᠤᠨ ᠠᠬᠠᠮᠠᠳ᠎ᠲᠤ ᠲᠤᠰᠬᠠᠵᠤ ᠦᠩᠭᠡᠷᠡᠭᠰᠡᠨ ᠦᠭᠡᠢ᠃ ᠠ᠋ᠭᠦᠨ᠎ᠠᠴᠠ ᠪᠤᠯᠵᠤ ᠨᠢᠭᠡ ᠪᠦᠯᠦᠭ ᠭᠡᠷ᠎ᠤᠨ ᠠᠬᠠᠮᠠᠳ ᠰᠤᠷᠤᠭᠴᠢ ᠵᠢᠨ ᠵᠦᠪ ᠳᠦᠷᠢᠮᠵᠢᠭᠦᠨ ᠪᠢᠴᠢᠯᠭᠡ᠎ᠳᠤ ᠠᠩᠬᠠᠷᠤᠯ ᠵᠶ᠋ᠠᠨ ᠬᠠᠨᠳᠤᠭᠤᠯᠬᠤ ᠦᠭᠡᠢ ᠪᠤᠯᠵᠠᠢ᠃
(ᠬᠤᠶᠠᠷ) ᠰᠤᠷᠤᠭᠴᠢᠳ᠎ᠤᠨ ᠰᠤᠷᠤᠯᠴᠠᠯᠭ᠎ᠠ᠎ᠳᠤ ᠤᠷᠤᠰᠢᠵᠤ ᠪᠠᠶ᠋ᠢᠭ᠎ᠠ ᠠᠰᠠᠭᠤᠳᠠᠯ
ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ ᠵᠢᠨ ᠪᠤᠳᠠᠲᠤ ᠪᠠᠶ᠋ᠢᠳᠠᠯ᠎ᠠᠴᠠ ᠠᠪᠴᠤ ᠦᠵᠡᠪᠡᠯ᠂ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ ᠵᠢᠨ ᠶᠠᠪᠤᠴᠠ ᠳᠤᠮᠳᠠ ᠨᠡᠯᠢᠶᠡᠳ ᠠᠰᠠᠭᠤᠳᠠᠯ ᠤᠷᠤᠰᠢᠵᠤ ᠪᠠᠶ᠋ᠢᠨ᠎ᠠ᠃
ᠵᠠᠷᠢᠮ ᠰᠤᠷᠤᠭᠴᠢ ᠵᠢᠨ ᠪᠢᠷ ᠠᠳᠬᠤᠬᠤ ᠪᠠᠶ᠋ᠢᠳᠠᠯ ᠪᠠ ᠰᠠᠭᠤᠵᠤ ᠪᠠᠶ᠋ᠢᠭ᠎ᠠ ᠪᠠᠶ᠋ᠢᠳᠠᠯ ᠳᠦᠷᠢᠮᠵᠢᠭᠦᠨ ᠪᠤᠰᠤ᠂ ᠴᠠᠭ᠋ᠠᠨ ᠲᠤᠯᠤᠭ᠋ᠠᠢ ᠵᠢᠨ ᠵᠢᠷᠤᠯᠭ᠎ᠠ ᠵᠢᠨ ᠳᠦᠷᠢᠮ ᠶᠤᠰᠤᠭ᠋ᠠᠷ ᠴᠡᠪᠡᠷ ᠲᠡᠭᠰᠢ᠂ ᠵᠢᠭᠳᠡ ᠪᠢᠴᠢᠵᠦ ᠴᠢᠳᠠᠬᠤ ᠦᠭᠡᠢ ᠪᠠᠶ᠋ᠢᠳᠠᠯ ᠤᠷᠤᠰᠢᠵᠤ ᠪᠠᠶ᠋ᠢᠨ᠎ᠠ᠃
ᠰᠤᠷᠤᠭᠴᠢᠳ ᠵᠦᠪ ᠳᠦᠷᠢᠮᠵᠢᠭᠦᠨ ᠪᠢᠴᠢᠯᠭᠡ ᠵᠢᠨ ᠴᠢᠬᠤᠯᠠ ᠴᠢᠨᠠᠷ᠎ᠢ ᠤᠶ᠋ᠢᠯᠠᠭ᠋ᠠᠬᠤ ᠪᠠᠷ ᠠᠨᠠᠢ ᠪᠠᠶ᠋ᠢᠵᠤ᠂ ᠵᠦᠪ ᠳᠦᠷᠢᠮᠵᠢᠭᠦᠨ ᠪᠢᠴᠢᠯᠭᠡ ᠵᠢ ᠬᠦᠩᠭᠡᠪᠴᠢᠯᠡᠬᠦ ᠦᠵᠡᠭᠳᠡᠯ ᠤᠷᠤᠰᠢᠵᠤ ᠪᠠᠶ᠋ᠢᠨ᠎ᠠ᠃ ᠳᠦᠷᠢᠮᠵᠢᠭᠦᠨ ᠪᠢᠴᠢᠭᠰᠡᠨ ᠠ᠋ᠰᠡᠬᠦ᠎ᠨᠢ ᠰᠤᠷᠤᠭᠴᠢᠳ᠎ᠤᠨ ᠰᠢᠯᠭ᠋ᠠᠯᠲᠠ ᠵᠢᠨ ᠦᠷ᠎ᠡ ᠪᠦᠲᠦᠮᠵᠢ ᠵᠢ ᠨᠥᠯᠦᠭᠡᠯᠡᠬᠦ ᠦᠭᠡᠢ ᠤᠴᠢᠷ᠎ᠠᠴᠠ ᠰᠤᠷᠤᠭᠴᠢᠳ ᠵᠦᠪ ᠳᠦᠷᠢᠮᠵᠢᠭᠦᠨ ᠪᠢᠴᠢᠭᠰᠡᠨ ᠠ᠋ᠰᠡᠬᠦ᠎ᠪᠠᠨ ᠠᠩᠬᠠᠷᠤᠯ᠎ᠳᠤ᠎ᠪᠠᠨ ᠠᠪᠬᠤ ᠦᠭᠡᠢ ᠦᠵᠡᠭᠳᠡᠯ ᠤᠷᠤᠰᠢᠵᠤ ᠪᠠᠶ᠋ᠢᠨ᠎ᠠ᠃ ᠰᠤᠷᠤᠭᠴᠢᠳ᠎ᠤᠨ ᠬᠢᠴᠢᠶᠡᠯ᠎ᠤᠨ ᠴᠠᠭ ᠪᠠ ᠬᠢᠴᠢᠶᠡᠯ᠎ᠤᠨ ᠭᠠᠳᠠᠨᠠᠬᠢ ᠵᠦᠪ ᠳᠦᠷᠢᠮᠵᠢᠭᠦᠨ ᠪᠢᠴᠢᠯᠭᠡ ᠵᠢᠨ ᠴᠠᠭ ᠤᠬᠤᠷ ᠪᠠᠶ᠋ᠢᠵᠤ᠂ ᠵᠦᠪ ᠳᠦᠷᠢᠮᠵᠢᠭᠦᠨ ᠪᠢᠴᠢᠯᠭᠡ ᠵᠢᠨ ᠦᠷ᠎ᠡ ᠪᠦᠲᠦᠮᠵᠢ ᠳᠤᠤᠷ᠎ᠠ᠂ ᠪᠢᠴᠢᠯᠭᠡ ᠵᠢᠨ ᠪᠤᠯᠪᠠᠰᠤᠷᠠᠯ ᠦᠩᠭᠡᠪᠴᠢ ᠲᠡᠳᠦᠢ ᠪᠤᠯᠵᠤ ᠪᠠᠶ᠋ᠢᠨ᠎ᠠ᠃ ᠪᠠᠶ᠋ᠢᠴᠠᠭ᠋ᠠᠯᠲᠠ᠎ᠠᠴᠠ ᠠᠵᠢᠭᠯᠠᠪᠠᠯ᠂ ᠰᠤᠷᠤᠭᠴᠢᠳ᠎ᠤᠨ ᠦᠰᠦᠭ ᠪᠢᠴᠢᠯᠭᠡ ᠵᠢᠨ ᠪᠤᠯᠪᠠᠰᠤᠷᠠᠯ᠎ᠤᠨ ᠳᠠᠳᠬᠠᠯ ᠪᠤᠯᠪᠠᠰᠤᠷᠠᠩᠭᠤᠢ ᠪᠤᠰᠤ ᠪᠠᠶ᠋ᠢᠵᠤ᠂ ᠦᠰᠦᠭᠯᠡᠵᠦ ᠪᠢᠴᠢᠬᠦ ᠳᠠᠳᠬᠠᠯ ᠬᠠᠷᠠᠭ᠍ᠠᠨ ᠪᠦᠷᠢᠯᠳᠦᠭᠡᠳᠦᠢ ᠮᠦᠷᠲᠡᠭᠡᠨ ᠬᠢᠴᠢᠶᠡᠯ᠎ᠤᠨ ᠭᠠᠳᠠᠨ᠎ᠠ ᠦᠷᠭᠦᠯᠵᠢ ᠵᠢᠨ ᠴᠢᠨᠠᠷᠲᠠᠢ ᠵᠦᠪ ᠳᠦᠷᠢᠮᠵᠢᠭᠦᠨ ᠪᠢᠴᠢᠯᠭᠡ ᠵᠢᠨ ᠪᠤᠯᠪᠠᠰᠤᠷᠠᠯ ᠬᠢᠬᠦ ᠤᠬᠠᠮᠰᠠᠷ ᠳᠤᠲᠠᠮᠠᠭ᠎ᠠᠴᠠ ᠵᠦᠪᠬᠡᠨ ᠬᠢᠴᠢᠶᠡᠯ᠎ᠤᠨ ᠴᠠᠭ᠎ᠤᠨ ᠵᠦᠪ ᠳᠦᠷᠢᠮᠵᠢᠭᠦᠨ ᠪᠢᠴᠢᠯᠭᠡ ᠵᠢᠨ ᠪᠤᠯᠪᠠᠰᠤᠷᠠᠯ᠎ᠳᠤ᠎ᠪᠠᠨ ᠵᠤᠭᠰᠤᠩᠭᠤᠶ᠋ᠢᠷᠠᠵᠤ᠂ ᠬᠢᠴᠢᠶᠡᠯ᠎ᠤᠨ ᠭᠠᠳᠠᠨᠠᠬᠢ ᠪᠡᠶ᠎ᠡ᠎ᠪᠠᠨ ᠳᠠᠭ᠋ᠠᠭ᠋ᠠᠭᠰᠠᠨ ᠭᠦᠨᠵᠡᠭᠡᠶ᠋ᠢᠷᠡᠭᠦᠯᠦᠯ ᠪᠠ ᠬᠤᠷᠠᠮᠳᠤᠭᠤᠯᠤᠯ ᠬᠢᠬᠦ ᠦᠭᠡᠢ ᠪᠠᠶ᠋ᠢᠨ᠎ᠠ᠃ ᠭᠠᠷᠠᠭ᠎ᠤᠨ ᠬᠤᠶᠠᠷ ᠠ᠋ᠳᠦᠷ᠎ᠤᠨ ᠠᠮᠠᠷᠠᠯᠲᠠ᠎ᠳᠤ᠂ ᠠ᠋ᠳᠦᠷ ᠪᠦᠷᠢ 20-30 ᠮᠢᠨᠦ᠋ᠲ᠎ᠤᠨ ᠴᠠᠭ᠎ᠢ ᠵᠠᠷᠤᠴᠠᠭᠤᠯᠵᠤ ᠵᠦᠪ ᠳᠦᠷᠢᠮᠵᠢᠭᠦᠨ ᠪᠢᠴᠢᠯᠭᠡ ᠵᠢᠨ ᠪᠤᠯᠪᠠᠰᠤᠷᠠᠯ ᠬᠢᠵᠦ ᠪᠠᠶ᠋ᠢᠭ᠎ᠠ ᠰᠤᠷᠤᠭᠴᠢ ᠵᠦᠪᠬᠡᠨ 40% ᠵᠢ ᠯᠠ ᠡᠵᠡᠯᠡᠵᠦ᠂ ᠠ᠋ᠳᠦᠷ ᠪᠦᠷᠢ 1 ᠴᠠᠭ ᠵᠦᠪ ᠳᠦᠷᠢᠮᠵᠢᠭᠦᠨ ᠪᠢᠴᠢᠯᠭᠡ ᠵᠢᠨ ᠪᠤᠯᠪᠠᠰᠤᠷᠠᠯ ᠬᠢᠵᠦ ᠪᠠᠶ᠋ᠢᠭ᠎ᠠ ᠰᠤᠷᠤᠭᠴᠢ ᠵᠢᠨ ᠡᠵᠡᠯᠡᠬᠦ ᠨᠤᠷᠮ᠎ᠠ ᠨᠡᠩ ᠳᠤᠤᠷ᠎ᠠ ᠪᠠᠢ᠍ᠢ᠍ᠳᠠᠬ᠃ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ ᠵᠢᠨ ᠪᠤᠯᠪᠠᠰᠤᠷᠠᠯ ᠬᠢᠵᠦ ᠪᠠᠶ᠋ᠢᠭ᠎ᠠ ᠬᠡᠮᠵᠢᠶ᠎ᠡ ᠲᠤᠩ ᠪᠠᠭ᠎ᠠ ᠪᠠᠶ᠋ᠢᠨ᠎ᠠ᠃
(ᠭᠤᠷᠪᠠ) ᠰᠤᠷᠭ᠋ᠠᠭᠤᠯᠢ ᠵᠢᠨ ᠲᠠᠯ᠎ᠠ᠎ᠳᠤ ᠤᠷᠤᠰᠢᠵᠤ ᠪᠠᠶ᠋ᠢᠭ᠎ᠠ ᠠᠰᠠᠭᠤᠳᠠᠯ
ᠤᠷᠲᠤ ᠬᠤᠭᠤᠴᠠᠭ᠋ᠠᠨ᠎ᠤ ᠵᠦᠪ ᠳᠦᠷᠢᠮᠵᠢᠭᠦᠨ ᠪᠢᠴᠢᠯᠭᠡ ᠵᠢᠨ ᠵᠢᠭ᠋ᠠᠨ ᠰᠤᠷᠭ᠋ᠠᠯᠲᠠ ᠳᠤᠮᠳᠠ᠂ ᠰᠤᠷᠭ᠋ᠠᠭᠤᠯᠢ᠎ᠨᠢ ᠬᠡᠲᠦᠶ᠋ᠢᠪᠡᠷ ᠵᠦᠪ ᠳᠦᠷᠢᠮᠵᠢᠭᠦᠨ ᠪᠢᠴᠢᠯᠭᠡ ᠵᠢᠨ ᠤᠷ᠎ᠠ ᠴᠢᠳᠠᠪᠤᠷᠢ ᠵᠢᠨ ᠬᠦᠮᠦᠵᠢᠯ ᠵᠶ᠋ᠠᠨ ᠴᠢᠩᠭ᠋ᠠᠷᠠᠭᠤᠯᠵᠤ᠂ ᠡᠯ᠎ᠡ ᠵᠦᠢ᠍ᠯ᠎ᠤᠨ ᠬᠦᠳᠡᠯᠭᠡᠭᠡᠨ ᠠᠵᠢᠯᠯᠠᠭ᠋ᠠᠨ ᠬᠢᠳᠡᠭ ᠪᠤᠯᠪᠠᠴᠤ ᠵᠦᠪ ᠳᠦᠷᠢᠮᠵᠢᠭᠦᠨ ᠪᠢᠴᠢᠯᠭᠡ ᠵᠢᠨ ᠦᠨᠡᠯᠡᠯᠲᠡ᠎ᠨᠢ ᠳᠤᠲᠠᠮᠠᠭ ᠪᠤᠶᠤ ᠬᠡᠯᠪᠡᠷᠢ ᠵᠢᠨ ᠲᠡᠳᠦᠢ ᠪᠤᠯᠵᠤ᠂ ᠵᠦᠪ ᠳᠦᠷᠢᠮᠵᠢᠭᠦᠨ ᠪᠢᠴᠢᠯᠭᠡ ᠵᠢᠨ ᠪᠦᠲᠦᠮᠵᠢᠲᠡᠢ ᠬᠦᠭᠵᠢᠯᠲᠡ ᠵᠢ ᠪᠠᠲᠤᠯᠠᠵᠤ ᠴᠢᠳᠠᠭ᠍ᠤ ᠦᠭᠡᠢ ᠪᠠᠶ᠋ᠢᠨ᠎ᠠ᠃
ᠭᠤᠷᠪᠠ᠂ ᠵᠦᠪ ᠳᠦᠷᠢᠮᠵᠢᠭᠦᠨ ᠪᠢᠴᠢᠯᠭᠡ ᠵᠢ ᠰᠠᠶ᠋ᠢᠵᠢᠷᠠᠭᠤᠯᠬᠤ ᠠᠷᠭ᠎ᠠ ᠠᠪᠴᠠᠯ
ᠪᠠᠭ᠎ᠠ ᠰᠤᠷᠭ᠋ᠠᠭᠤᠯᠢ ᠵᠢᠨ ᠳᠤᠤᠷ᠎ᠠ ᠤᠨ ᠪᠤᠯ ᠪᠠᠭ᠎ᠠ ᠰᠤᠷᠭ᠋ᠠᠭᠤᠯᠢ ᠵᠢᠨ ᠰᠤᠷᠤᠭᠴᠢ ᠵᠢᠨ ᠦᠰᠦᠭ ᠪᠢᠴᠢᠯᠭᠡ ᠵᠢᠨ ᠵᠢᠭ᠋ᠠᠨ ᠰᠤᠷᠭ᠋ᠠᠯᠲᠠ ᠵᠢᠨ ᠵᠠᠩᠭᠢᠯᠠᠭ᠎ᠠ ᠵᠢᠨ ᠬᠤᠭᠤᠴᠠᠭ᠎ᠠ ᠮᠦᠨ᠃ ᠰᠤᠷᠤᠭᠴᠢ ᠰᠤᠷᠭ᠋ᠠᠭᠤᠯᠢ᠎ᠳᠤ ᠤᠷᠤᠮᠠᠭᠴᠠ ᠦᠰᠦᠭ ᠪᠢᠴᠢᠯᠭᠡ ᠵᠢᠨ ᠪᠤᠯᠪᠠᠰᠤᠷᠠᠯ ᠬᠢᠳᠡᠭ᠂ ᠪᠠᠭᠰᠢ ᠨᠠᠷ ᠪᠦᠲᠦᠮᠵᠢᠲᠡᠢ ᠵᠢᠭ᠋ᠠᠨ ᠰᠤᠷᠭ᠋ᠠᠯᠲᠠ᠎ᠪᠠᠷ ᠳᠠᠮᠵᠢᠭᠤᠯᠤᠨ ᠰᠤᠷᠤᠭᠴᠢᠳ᠎ᠤᠨ ᠪᠢᠴᠢᠯᠭᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠬᠡᠷᠡᠭᠲᠡᠢ᠃
(ᠨᠢᠭᠡ) ᠰᠠᠶ᠋ᠢᠨ ᠰᠠᠶ᠋ᠢᠬᠠᠨ ᠵᠦᠪ ᠳᠦᠷᠢᠮᠵᠢᠭᠦᠨ ᠪᠢᠴᠢᠯᠭᠡ ᠵᠢᠨ ᠳᠠᠳᠬᠠᠯ᠎ᠢ ᠪᠤᠢ ᠪᠤᠯᠭ᠋ᠠᠬᠤ
ᠪᠠᠭᠰᠢ ᠨᠠᠷ ᠠ᠋ᠩ᠎ᠤᠨ ᠦᠶ᠎ᠡ ᠵᠢᠨ ᠵᠢᠭ᠋ᠠᠨ ᠰᠤᠷᠭ᠋ᠠᠯᠲᠠ ᠳᠤᠮᠳᠠ᠎ᠪᠠᠨ ᠵᠦᠪ ᠳᠦᠷᠢᠮᠵᠢᠭᠦᠨ ᠪᠢᠴᠢᠯᠭᠡ ᠵᠢᠨ ᠬᠦᠮᠦᠵᠢᠯ᠎ᠢ ᠴᠢᠬᠤᠯᠠᠴᠢᠯᠠᠵᠤ᠂ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ ᠵᠢᠨ ᠰᠠᠶ᠋ᠢᠨ ᠰᠠᠶ᠋ᠢᠬᠠᠨ ᠳᠠᠳᠬᠠᠯ᠎ᠢ ᠬᠦᠮᠦᠵᠢᠭᠦᠯᠬᠦ ᠬᠡᠷᠡᠭᠲᠡᠢ᠃
ᠠ᠋ᠩ ᠲᠡᠷᠢᠭᠦᠨ᠎ᠳᠤ᠂ ᠲᠥᠪᠯᠡᠬᠦᠨ ᠰᠠᠭᠤᠬᠤ ᠪᠠ ᠵᠦᠪ ᠪᠢᠷ ᠪᠠᠷᠢᠬᠤ ᠳᠠᠳᠬᠠᠯ᠎ᠢ ᠪᠤᠢ ᠪᠤᠯᠭ᠋ᠠᠬᠤ ᠬᠡᠷᠡᠭᠲᠡᠢ᠃ ᠰᠤᠷᠤᠭᠴᠢᠳ ᠪᠠᠭ᠎ᠠ ᠰᠤᠷᠭ᠋ᠠᠭᠤᠯᠢ ᠵᠢᠨ ᠨᠢᠭᠡᠳᠦᠭᠡᠷ ᠤᠨ᠎ᠳᠤ ᠤᠷᠤᠬᠤ᠎ᠲᠠᠢ ᠵᠡᠷᠭᠡ ᠬᠢᠴᠢᠶᠡᠯᠯᠡᠭᠴᠢ ᠪᠠᠭᠰᠢ ᠨᠠᠷ᠎ᠠᠴᠠ ᠲᠥᠪᠯᠡᠬᠦᠨ ᠰᠠᠭᠤᠬᠤ ᠪᠠ ᠵᠦᠪ ᠪᠢᠷ ᠪᠠᠷᠢᠬᠤ ᠳᠠᠳᠬᠠᠯ᠎ᠢ ᠪᠤᠢ ᠪᠤᠯᠭ᠋ᠠᠬᠤ ᠬᠡᠷᠡᠭᠲᠡᠢ᠃ ᠠ᠋ᠭᠦᠨ᠎ᠳᠤ᠂ ᠵᠢᠷᠤᠭ ᠳᠦᠷᠰᠦ ᠪᠤᠶᠤ ᠰᠢᠩᠭᠡᠭᠡᠯᠲᠠ᠎ᠪᠠᠷ ᠲᠥᠪᠯᠡᠬᠦᠨ ᠰᠠᠭᠤᠬᠤ ᠪᠠ ᠵᠦᠪ ᠪᠢᠷ ᠠᠳᠬᠤᠬᠤ ᠪᠠᠶ᠋ᠢᠳᠠᠯ᠎ᠢ ᠰᠤᠷᠤᠭᠴᠢᠳ᠎ᠲᠤ ᠦᠵᠡᠭᠦᠯᠬᠦ᠎ᠨᠢ ᠤᠶ᠋ᠢᠯᠠᠭ᠋ᠠᠬᠤ᠎ᠳᠤ ᠳᠦᠭᠦᠮ᠂ ᠲᠠᠭᠤᠷᠢᠶᠠᠭ᠍ᠤ᠎ᠳᠤ ᠠᠮᠠᠷᠬᠠᠨ ᠮᠦᠷᠲᠡᠭᠡᠨ ᠥᠪᠡᠷ᠎ᠤᠨ ᠰᠠᠭᠤᠵᠤ ᠪᠠᠶ᠋ᠢᠭ᠎ᠠ ᠪᠠᠶ᠋ᠢᠳᠠᠯ ᠪᠠ ᠪᠢᠷ ᠠᠳᠬᠤᠵᠤ ᠪᠠᠶ᠋ᠢᠭ᠎ᠠ ᠪᠠᠶ᠋ᠢᠳᠠᠯ ᠵᠶ᠋ᠠᠨ ᠬᠠᠷᠢᠴᠠᠭᠤᠯᠵᠤ ᠵᠠᠯᠠᠷᠠᠭᠤᠯᠬᠤ᠎ᠳᠤ ᠠᠮᠠᠷᠬᠠᠨ ᠪᠠᠶ᠋ᠢᠳᠠᠭ᠃
ᠳᠠᠷᠠᠭ᠎ᠠ᠎ᠨᠢ᠂ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ ᠵᠢᠨ ᠵᠢᠯᠤᠭᠤᠳᠤᠯᠭ᠎ᠠ ᠵᠢ ᠴᠢᠩᠭ᠋ᠠᠳᠬᠠᠨ᠎ᠠ᠃ ᠵᠦᠪ ᠳᠦᠷᠢᠮᠵᠢᠭᠦᠨ ᠪᠢᠴᠢᠯᠭᠡ᠎ᠨᠢ ᠪᠠᠭ᠎ᠠ ᠰᠤᠷᠭ᠋ᠠᠭᠤᠯᠢ ᠵᠢᠨ ᠬᠡᠯᠡ ᠪᠢᠴᠢᠭ᠎ᠤᠨ ᠰᠤᠷᠤᠯᠴᠠᠯᠭ᠎ᠠ᠎ᠳᠤ ᠲᠤᠶ᠋ᠢᠯ᠎ᠤᠨ ᠴᠢᠬᠤᠯᠠ ᠪᠠᠶ᠋ᠢᠳᠠᠭ᠃ ᠵᠦᠪ ᠳᠦᠷᠢᠮᠵᠢᠭᠦᠨ ᠪᠢᠴᠢᠯᠭᠡ ᠵᠢᠨ ᠬᠢᠷᠢ ᠬᠡᠮᠵᠢᠶ᠎ᠡ᠎ᠨᠢ ᠬᠡᠯᠡ ᠪᠢᠴᠢᠭ᠎ᠤᠨ ᠬᠡᠪ ᠪᠤᠯᠪᠠᠰᠤᠷᠠᠯ᠎ᠢ ᠰᠢᠭᠤᠳ ᠨᠥᠯᠦᠭᠡᠯᠡᠳᠡᠭ᠎ᠠᠴᠠ ᠵᠦᠪ ᠳᠦᠷᠢᠮᠵᠢᠭᠦᠨ ᠪᠢᠴᠢᠯᠭᠡ ᠵᠢᠨ ᠵᠢᠯᠤᠭᠤᠳᠤᠯᠭ᠎ᠠ ᠵᠢ ᠰᠠᠶ᠋ᠢᠲᠤᠷ ᠬᠢᠬᠦ ᠬᠡᠷᠡᠭᠲᠡᠢ᠃ ᠵᠦᠪ ᠳᠦᠷᠢᠮᠵᠢᠭᠦᠨ ᠪᠢᠴᠢᠯᠭᠡ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠳᠤ ᠰᠢᠨᠵᠢᠯᠡᠬᠦ ᠤᠬᠠᠭ᠋ᠠᠨᠴᠢ ᠵᠦᠪ ᠳᠦᠷᠢᠮᠵᠢᠭᠦᠨ ᠪᠢᠴᠢᠯᠭᠡ ᠵᠢᠨ ᠠᠷᠭ᠎ᠠ ᠠᠪᠴᠠᠯ᠎ᠢ ᠬᠡᠷᠡᠭᠯᠡᠬᠦ ᠬᠡᠷᠡᠭᠲᠡᠢ᠃ ᠠ᠋ᠩ ᠲᠡᠷᠢᠭᠦᠨ᠎ᠳᠤ᠂ ᠪᠠᠭᠰᠢ ᠨᠠᠷ ᠠ᠋ᠳᠦᠷ ᠳᠤᠲᠤᠮ᠎ᠤᠨ ᠵᠢᠭ᠋ᠠᠨ ᠰᠤᠷᠭ᠋ᠠᠯᠲᠠ᠎ᠳᠤ᠎ᠪᠠᠨ ᠵᠦᠪ ᠳᠦᠷᠢᠮᠵᠢᠭᠦᠨ ᠪᠢᠴᠢᠯᠭᠡ ᠵᠢᠨ ᠵᠢᠭ᠋ᠠᠨ ᠵᠢᠯᠤᠭᠤᠳᠤᠯᠭ᠎ᠠ ᠵᠢ ᠴᠢᠬᠤᠯᠠᠴᠢᠯᠠᠵᠤ᠂ ᠪᠠᠭᠰᠢ ᠵᠢᠨ ᠳᠦᠷᠢᠮᠲᠦ ᠪᠢᠴᠢᠯᠭᠡ ᠪᠤᠶᠤ ᠪᠤᠰᠤᠳ ᠳᠦᠷᠢᠮᠲᠦ ᠪᠢᠴᠢᠯᠭᠡ ᠵᠢᠨ ᠮᠠᠲ᠋ᠧᠷᠢᠶᠠᠯ ᠵᠶ᠋ᠠᠷ ᠦᠯᠢᠭᠡᠷ ᠵᠢᠱ᠌ᠢᠶ᠎ᠡ ᠦᠵᠡᠭᠦᠯᠬᠦ ᠠᠷᠭ᠎ᠠ ᠠᠪᠴᠠᠯ᠎ᠢ ᠬᠡᠷᠡᠭᠯᠡᠵᠦ᠂ ᠰᠤᠷᠤᠭᠴᠢᠳ ᠤᠨ ᠵᠦᠪ ᠤᠨᠤᠪᠴᠢᠲᠠᠢ ᠵᠦᠪ ᠳᠦᠷᠢᠮᠵᠢᠭᠦᠨ ᠪᠢᠴᠢᠯᠭᠡ ᠵᠢᠨ ᠭᠤᠸ᠎ᠠ ᠰᠠᠶ᠋ᠢᠬᠠᠨ᠎ᠤ ᠮᠡᠳᠡᠷᠡᠮᠵᠢ ᠵᠢ᠎ᠨᠢ ᠳᠡᠭᠡᠭᠰᠢᠯᠡᠭᠦᠯᠵᠦ᠂ ᠳᠠᠬᠢᠨ ᠳᠠᠪᠲᠠᠨ ᠪᠤᠯᠪᠠᠰᠤᠷᠠᠭᠤᠯᠬᠤ᠎ᠪᠠᠷ ᠳᠠᠮᠵᠢᠨ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠠ᠋ᠨᠡ ᠬᠦ᠌ ᠶᠠᠪᠤᠴᠠ᠎ᠳᠤ᠂ ᠪᠠᠭᠰᠢ ᠨᠠᠷ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ᠎ᠳᠤ ᠤᠷᠤᠰᠢᠵᠤ ᠪᠠᠶ᠋ᠢᠭ᠎ᠠ ᠠᠰᠠᠭᠤᠳᠠᠯ᠎ᠳᠤ ᠴᠠᠭ ᠲᠤᠬᠠᠢᠳᠤᠨᠢ ᠵᠠᠰᠠᠨ ᠵᠠᠯᠠᠷᠠᠭᠤᠯᠤᠯᠲᠠ ᠬᠢᠨ᠎ᠡ᠃ ᠵᠠᠷᠢᠮ ᠲᠥᠪᠯᠡᠷᠡᠩᠭᠦᠢ ᠤᠷᠤᠰᠢᠵᠤ ᠪᠠᠶ᠋ᠢᠭ᠎ᠠ ᠠᠰᠠᠭᠤᠳᠠᠯ᠎ᠳᠤ ᠭᠤᠤᠯᠳᠠᠯᠭ᠎ᠠ᠎ᠲᠠᠢ ᠲᠠᠶ᠋ᠢᠯᠪᠤᠷᠢᠯᠠᠯᠲᠠ ᠬᠢᠬᠦ ᠬᠡᠷᠡᠭᠲᠡᠢ᠃ ᠪᠠᠭᠰᠢ ᠨᠠᠷ ᠬᠢᠴᠢᠶᠡᠯ ᠪᠤᠯᠭ᠋ᠠᠨ᠎ᠳᠤ᠎ᠪᠠᠨ ᠴᠠᠭ᠋ᠠᠨ ᠲᠤᠯᠤᠭ᠋ᠠᠢ ᠵᠢᠨ ᠵᠢᠷᠤᠯᠭ᠎ᠠ ᠵᠢᠨ ᠳᠦᠷᠢᠮ ᠶᠤᠰᠤᠭ᠋ᠠᠷ ᠰᠠᠮᠪᠠᠷᠠᠯᠠᠭ᠍ᠤ ᠮᠦᠷᠲᠡᠭᠡᠨ ᠵᠤᠬᠢᠰᠲᠠᠢ ᠵᠢᠭ᠋ᠠᠨ ᠵᠢᠯᠤᠭᠤᠳᠤᠯᠭ᠎ᠠ ᠬᠢᠵᠦ᠂ ᠰᠤᠷᠤᠭᠴᠢᠳ᠎ᠢ ᠱᠠᠭ᠋ᠠᠷᠳᠠᠵᠤ ᠦᠰᠦᠭᠯᠡᠵᠦ ᠪᠢᠴᠢᠬᠦ ᠪᠤᠯᠪᠠᠰᠤᠷᠠᠯ ᠬᠢᠯᠭᠡᠨ᠎ᠡ᠃ 1-2 ᠤᠨ᠎ᠤ ᠱᠠᠲᠤᠨ᠎ᠳᠤ ᠴᠠᠭ᠋ᠠᠨ ᠲᠤᠯᠤᠭ᠋ᠠᠢ ᠵᠢᠨ ᠵᠢᠷᠤᠯᠭ᠎ᠠ ᠵᠢᠨ ᠳᠦᠷᠢᠮ ᠶᠤᠰᠤᠭ᠋ᠠᠷ ᠬᠠᠷᠠᠨᠳᠠ᠎ᠪᠠᠷ ᠲᠠᠪᠤᠨ ᠱᠤᠭᠤᠮ᠎ᠤᠨ ᠵᠠᠢ᠎ᠳᠤ ᠴᠡᠪᠡᠷ ᠲᠡᠭᠰᠢ᠂ ᠵᠢᠭᠳᠡ ᠪᠢᠴᠢᠵᠦ ᠴᠢᠳᠠᠭ᠍ᠤ ᠪᠦᠭᠡᠳ ᠲᠥᠪᠯᠡᠭᠦᠨ ᠰᠠᠭᠤᠵᠤ᠂ ᠪᠢᠷ ᠵᠶ᠋ᠠᠨ ᠵᠦᠪ ᠠᠳᠬᠤᠬᠤ ᠳᠠᠳᠬᠠᠯ᠎ᠲᠠᠢ ᠪᠤᠯᠭ᠋ᠠᠨ᠎ᠠ᠃ ᠭᠤᠷᠪᠠᠳᠤᠭ᠋ᠠᠷ ᠤᠨ᠎ᠤ ᠳᠡᠭᠡᠳᠦ ᠬᠤᠭᠤᠴᠠᠭ᠎ᠠ᠎ᠠᠴᠠ ᠠ᠋ᠬᠢᠯᠡᠨ᠂ ᠭᠤᠷᠪᠠᠨ ᠱᠤᠭᠤᠮ᠎ᠤᠨ ᠵᠠᠢ᠎ᠳᠤ ᠪᠤᠯᠤᠳ ᠪᠢᠷ ᠵᠶ᠋ᠠᠷ ᠴᠡᠪᠡᠷ ᠲᠡᠭᠰᠢ᠂ ᠵᠤᠬᠢᠬᠤ ᠬᠤᠷᠳᠤᠴᠠ᠎ᠲᠠᠢ ᠪᠢᠴᠢᠵᠦ ᠰᠤᠷᠭ᠋ᠠᠨ᠎ᠠ᠃ ᠲᠠᠪᠤᠳᠤᠭ᠋ᠠᠷ ᠤᠨ᠎ᠠᠴᠠ ᠠ᠋ᠬᠢᠯᠡᠨ ᠬᠤᠶᠠᠷ ᠱᠤᠭᠤᠮ᠎ᠤᠨ ᠵᠠᠢ᠎ᠳᠤ ᠪᠤᠯᠤᠳ ᠪᠢᠷ ᠵᠶ᠋ᠠᠷ ᠴᠡᠪᠡᠷ ᠲᠡᠭᠰᠢ᠂ ᠨᠡᠯᠢᠶᠡᠳ ᠬᠤᠷᠳᠤᠨ ᠪᠢᠴᠢᠵᠦ ᠴᠢᠳᠠᠭᠤᠯᠬᠤ ᠪᠦᠭᠡᠳ ᠦᠰᠦᠭ᠎ᠤᠨ ᠵᠢᠷᠤᠯᠭ᠎ᠠ ᠳᠦᠷᠢᠮᠵᠢᠭᠦᠨ᠂ ᠪᠢᠴᠢᠯᠭᠡ ᠤᠷᠤᠰᠤᠮ᠎ᠠ ᠰᠢᠯᠤᠭᠤᠨ ᠪᠠᠶ᠋ᠢᠯᠭ᠋ᠠᠨ᠎ᠠ᠃ ᠰᠤᠳᠤᠯᠭ᠋ᠠᠨ ᠤ ᠬᠤᠭᠤᠴᠠᠭ᠋ᠠᠨ᠎ᠳᠤ ᠬᠢᠴᠢᠶᠡᠯ ᠳᠡᠭᠡᠷᠡᠬᠢ ᠪᠠ ᠬᠢᠴᠢᠶᠡᠯ᠎ᠤᠨ ᠭᠠᠳᠠᠨᠠᠬᠢ ᠵᠦᠪ ᠳᠦᠷᠢᠮᠵᠢᠭᠦᠨ ᠪᠢᠴᠢᠯᠭᠡ ᠵᠢᠨ ᠵᠢᠯᠤᠭᠤᠳᠤᠯᠭ᠎ᠠ ᠪᠠ ᠪᠤᠯᠪᠠᠰᠤᠷᠠᠯ᠎ᠢ ᠴᠢᠩᠭ᠎ᠠ ᠠᠳᠬᠤᠭᠰᠠᠨ᠎ᠠᠴᠠ ᠵᠦᠪ ᠳᠦᠷᠢᠮᠵᠢᠭᠦᠨ ᠪᠢᠴᠢᠯᠭᠡ ᠵᠢᠨ ᠬᠢᠷᠢ ᠬᠡᠮᠵᠢᠶ᠎ᠡ ᠴᠦ᠍ ᠢᠯᠡᠳᠲᠡ ᠳᠡᠭᠡᠭᠰᠢᠯᠡᠭᠰᠡᠨ ᠪᠠᠶ᠋ᠢᠨ᠎ᠠ᠃
ᠭᠤᠷᠪᠠᠳᠤᠭ᠋ᠠᠷ᠎ᠲᠤ᠂ ᠵᠢᠭ᠋ᠠᠨ ᠰᠤᠷᠭ᠋ᠠᠯᠲᠠ ᠵᠢᠨ ᠶᠠᠪᠤᠴᠠ ᠳᠤᠮᠳᠠ᠎ᠪᠠᠨ ᠳᠦᠷᠢᠮᠵᠢᠭᠦᠨ ᠪᠢᠴᠢᠯᠭᠡ ᠵᠢᠨ ᠪᠤᠯᠪᠠᠰᠤᠷᠠᠯ᠎ᠢ ᠠᠭᠤᠰᠤᠯᠴᠠᠭᠤᠯᠤᠨ᠎ᠠ᠃ ᠵᠦᠪ ᠳᠦᠷᠢᠮᠵᠢᠭᠦᠨ ᠪᠢᠴᠢᠯᠭᠡ ᠵᠢᠨ ᠪᠤᠯᠪᠠᠰᠤᠷᠠᠯ᠎ᠤᠨ ᠶᠠᠪᠤᠴᠠ᠎ᠳᠤ᠂ ᠪᠠᠭᠰᠢ᠎ᠠᠴᠠ ᠲᠤᠰᠬᠠᠢ ᠪᠢᠴᠢᠯᠭᠡ ᠵᠢᠨ ᠪᠤᠯᠪᠠᠰᠤᠷᠠᠯ ᠬᠢᠯᠭᠡᠬᠦ᠎ᠠᠴᠠ ᠭᠠᠳᠠᠨ᠎ᠠ᠂ ᠪᠠᠰᠠ ᠤᠩᠰᠢᠯᠭ᠎ᠠ ᠵᠢᠨ ᠵᠢᠭ᠋ᠠᠨ ᠰᠤᠷᠭ᠋ᠠᠯᠲᠠ᠂ ᠵᠤᠬᠢᠶᠠᠨ ᠪᠢᠴᠢᠯᠭᠡ ᠵᠢᠨ ᠵᠢᠭ᠋ᠠᠨ ᠰᠤᠷᠭ᠋ᠠᠯᠲᠠ ᠪᠠ ᠬᠡᠯᠡ ᠶᠠᠷᠢᠶᠠᠨ᠎ᠤ ᠵᠢᠭ᠋ᠠᠨ ᠰᠤᠷᠭ᠋ᠠᠯᠲᠠ ᠵᠢᠨ ᠶᠠᠪᠤᠴᠠ᠎ᠳᠤ᠎ᠪᠠᠨ ᠵᠦᠪ ᠳᠦᠷᠢᠮᠵᠢᠭᠦᠨ ᠪᠢᠴᠢᠯᠭᠡ ᠵᠢᠨ ᠵᠢᠯᠤᠭᠤᠳᠤᠯᠭ᠎ᠠ ᠵᠢ ᠵᠤᠬᠢᠰᠲᠠᠢ ᠠᠭᠤᠰᠤᠯᠴᠠᠭᠤᠯᠬᠤ ᠬᠡᠷᠡᠭᠲᠡᠢ᠃ ᠤᠴᠢᠷ᠎ᠨᠢ ᠠ᠋ᠳᠡᠭᠡᠷ ᠵᠢᠭ᠋ᠠᠨ ᠰᠤᠷᠭ᠋ᠠᠯᠲᠠ᠎ᠨᠢ ᠪᠦᠷ ᠬᠠᠷᠢᠯᠴᠠᠨ ᠠᠭᠤᠰᠤᠯᠴᠠᠵᠤ ᠬᠠᠷᠢᠯᠴᠠᠨ ᠨᠥᠬᠦᠪᠦᠷᠢᠯᠡᠵᠦ ᠬᠠᠷᠢᠯᠴᠠᠨ ᠠᠬᠢᠭᠤᠯᠵᠤ ᠪᠠᠶ᠋ᠢᠳᠠᠭ᠎ᠠᠴᠠ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ ᠵᠢᠨ ᠵᠢᠭ᠋ᠠᠨ ᠰᠤᠷᠭ᠋ᠠᠯᠲᠠ ᠵᠢᠨ ᠪᠤᠯᠪᠠᠰᠤᠷᠠᠯ᠎ᠤᠨ ᠳᠠᠭ᠋ᠠᠤ ᠤᠩᠰᠢᠯᠭ᠎ᠠ᠂ ᠵᠤᠬᠢᠶᠠᠨ ᠪᠢᠴᠢᠯᠭᠡ ᠪᠠ ᠬᠡᠯᠡ ᠶᠠᠷᠢᠶᠠᠨ᠎ᠤ ᠬᠢᠷᠢ ᠪᠦᠲᠦᠮᠵᠢ ᠵᠢ᠎ᠨᠢ ᠴᠦ᠍ ᠳᠡᠭᠡᠭᠰᠢᠯᠡᠭᠦᠯᠵᠦ ᠪᠤᠯᠤᠨ᠎ᠠ᠃ ᠪᠤᠳᠠᠲᠠᠢ᠎ᠪᠠᠷ ᠠᠪᠴᠤ ᠬᠡᠯᠡᠪᠡᠯ᠂ ᠤᠩᠰᠢᠯᠭ᠎ᠠ ᠵᠢᠨ ᠵᠢᠭ᠋ᠠᠨ ᠰᠤᠷᠭ᠋ᠠᠯᠲᠠ ᠵᠢᠨ ᠶᠠᠪᠤᠴᠠ᠎ᠳᠤ ᠰᠤᠷᠤᠭᠴᠢᠳ ᠵᠶ᠋ᠠᠷ ᠭᠤᠤᠯᠳᠠᠯᠭ᠎ᠠ᠎ᠲᠠᠢ ᠬᠡᠰᠡᠭ ᠪᠤᠶᠤ ᠭᠤᠶ᠋ᠢᠲᠠ ᠰᠠᠶ᠋ᠢᠬᠠᠨ ᠦᠭᠡ ᠦᠭᠦᠯᠡᠪᠦᠷᠢ ᠵᠢ ᠬᠠᠭᠤᠯᠤᠨ ᠪᠢᠴᠢᠭᠦᠯᠵᠦ ᠪᠤᠯᠤᠨ᠎ᠠ᠃ ᠵᠢᠱ᠌ᠢᠶᠡᠯᠡᠪᠡᠯ᠂ ᠰᠤᠳᠤᠯᠭ᠋ᠠᠨ᠎ᠤ ᠶᠠᠪᠤᠴᠠ᠎ᠳᠤ᠂ ᠪᠦᠲᠦᠨ ᠨᠤᠮ᠎ᠤᠨ ᠤᠩᠰᠢᠯᠭ᠎ᠠ ᠵᠢᠨ ᠳᠠᠭ᠋ᠠᠤ 《ᠰᠠᠷᠠᠭᠤᠯ ᠤᠬᠠᠭ᠋ᠠᠨ᠎ᠠᠴᠠ ᠢᠯᠡᠭᠦᠦ ᠰᠠᠶ᠋ᠢᠨ ᠨᠥᠬᠦᠷ ᠪᠠᠶ᠋ᠢᠳᠠᠭ ᠦᠭᠡᠢ᠂ ᠮᠤᠩᠬᠠᠭ ᠬᠢᠯᠢᠩ᠎ᠠᠴᠠ ᠢᠯᠡᠭᠦᠦ ᠮᠠᠭᠤ ᠳᠠᠶ᠋ᠢᠰᠤᠨ ᠪᠠᠶ᠋ᠢᠳᠠᠭ ᠦᠭᠡᠢ》᠂ 《ᠠᠭᠤᠯᠠ ᠮᠡᠲᠦ ᠦᠨᠳᠦᠷ ᠪᠦᠦ ᠠᠪᠤᠷᠢᠯᠠᠭᠲᠤᠨ᠂ ᠠᠭᠤᠯᠠ ᠬᠡᠳᠦᠢ᠎ᠪᠠᠷ ᠦᠨᠳᠦᠷ ᠪᠤᠯᠪᠠᠴᠤ᠂ ᠠᠮᠢᠲᠠᠨ ᠳᠡᠭᠡᠷ᠎ᠡ ᠢᠨᠦ ᠭᠠᠷᠤᠶᠤ᠂ ᠳᠠᠯᠠᠢ ᠮᠡᠲᠦ ᠭᠦᠨ ᠠᠭᠤᠤ ᠰᠡᠳᠭᠢᠯᠲᠦ ᠪᠤᠯᠪᠠᠰᠤ ᠳᠡᠭᠡᠷ᠎ᠡ ᠬᠦᠮᠦᠨ ᠦᠯᠦ ᠳᠠᠪᠠᠶᠤ᠂ ᠬᠦᠮᠦᠨᠳᠤᠷ ᠦᠯᠦ ᠳᠠᠪᠠᠭᠳᠠᠭ᠍ᠤ ᠪᠤᠯᠪᠠᠰᠤ ᠬᠦᠮᠦᠨ ᠲᠥᠷᠦᠭᠰᠡᠨᠤ ᠪᠡᠯᠭᠡ ᠲᠡᠷᠡ ᠪᠤᠶᠤ》 ᠭᠡᠬᠦ ᠮᠡᠲᠦ ᠵᠢᠨ ᠰᠤᠷᠭ᠋ᠠᠯ ᠦᠭᠡ ᠵᠢ ᠬᠠᠭᠤᠯᠤᠨ ᠪᠢᠴᠢᠭᠦᠯᠵᠦ᠂ ᠤᠩᠰᠢᠯᠭ᠎ᠠ ᠵᠢᠨ ᠳᠠᠭ᠋ᠠᠤ ᠪᠢᠴᠢᠯᠭᠡ ᠵᠢ᠎ᠨᠢ ᠪᠤᠯᠪᠠᠰᠤᠷᠠᠭᠤᠯᠪᠠ᠃ ᠢᠩᠭᠢᠬᠦ᠎ᠨᠢ ᠤᠩᠰᠢᠯᠭ᠎ᠠ ᠪᠢᠴᠢᠯᠭᠡ ᠵᠢᠨ ᠪᠤᠯᠪᠠᠰᠤᠷᠠᠯ᠎ᠢ ᠳᠡᠭᠡᠭᠰᠢᠯᠡᠭᠦᠯᠦᠭᠰᠡᠨ ᠵᠶ᠋ᠠᠷ ᠪᠠᠷᠠᠭ᠍ᠤ ᠦᠭᠡᠢ ᠬᠡᠯᠡᠨ᠎ᠤ ᠬᠤᠷᠠᠮᠳᠤᠭᠤᠯᠤᠯ᠎ᠢ᠎ᠨᠢ ᠴᠦ᠍ ᠨᠡᠮᠡᠭᠳᠡᠭᠦᠯᠵᠦ᠂ ᠵᠤᠬᠢᠶᠠᠨ ᠪᠢᠴᠢᠯᠭᠡ᠎ᠳᠤᠨᠢ ᠲᠤᠰᠠᠯᠠᠵᠤ᠂ ᠰᠤᠷᠤᠭᠴᠢ ᠵᠢᠨ ᠪᠦᠬᠦ ᠲᠠᠯ᠎ᠠ ᠵᠢᠨ ᠬᠦᠭᠵᠢᠯᠲᠡ ᠵᠢ ᠠᠬᠢᠭᠤᠯᠤᠭᠰᠠᠨ ᠪᠠᠶ᠋ᠢᠨ᠎ᠠ᠃
(ᠬᠤᠶᠠᠷ) ᠤᠯᠠᠨ ᠬᠡᠯᠪᠡᠷᠢ ᠵᠢᠨ ᠵᠦᠪ ᠳᠦᠷᠢᠮᠵᠢᠭᠦᠨ ᠪᠢᠴᠢᠯᠭᠡ ᠵᠢᠨ ᠠᠵᠢᠯᠯᠠᠭ᠎ᠠ ᠵᠢ ᠦᠷᠨᠢᠭᠦᠯᠵᠦ᠂ ᠵᠦᠪ ᠳᠦᠷᠢᠮᠵᠢᠭᠦᠨ ᠪᠢᠴᠢᠯᠭᠡ ᠵᠢᠨ ᠤᠷᠮ᠎ᠠ ᠪᠠᠬ᠎ᠠ ᠵᠢ᠎ᠨᠢ ᠬᠦᠭᠵᠢᠭᠦᠯᠬᠦ
ᠪᠢᠴᠢᠯᠭᠡ ᠵᠢᠨ ᠪᠤᠯᠪᠠᠰᠤᠷᠠᠯ ᠪᠤᠯ ᠮᠡᠳᠡᠯᠭᠡ ᠤᠯᠬᠤ ᠴᠢᠬᠤᠯᠠ ᠠᠷᠭ᠎ᠠ ᠵᠠᠮ ᠶᠤᠮ᠂ ᠵᠦᠪ ᠳᠦᠷᠢᠮᠵᠢᠭᠦᠨ ᠪᠢᠴᠢᠯᠭᠡ ᠵᠢᠨ ᠶᠠᠪᠤᠴᠠ ᠳᠤᠮᠳᠠ ᠮᠡᠳᠡᠯᠭᠡ ᠵᠢᠨ ᠰᠢᠰᠲ᠋ᠧᠮ ᠵᠶ᠋ᠠᠨ ᠲᠠᠰᠤᠷᠠᠯᠲᠠ ᠦᠭᠡᠢ ᠪᠠᠶᠠᠯᠢᠬ᠍ᠵᠢᠭᠤᠯᠵᠤ᠂ ᠪᠢᠴᠢᠯᠭᠡ ᠵᠢᠨ ᠴᠢᠳᠠᠪᠤᠷᠢ᠎ᠪᠠᠨ ᠳᠡᠭᠡᠭᠰᠢᠯᠡᠭᠦᠯᠦᠨ᠂ ᠪᠤᠰᠤᠳ ᠮᠡᠳᠡᠯᠭᠡ ᠵᠢ ᠤᠯᠬᠤ᠎ᠳᠤ ᠬᠠᠪᠰᠤᠷᠤᠮᠵᠢ ᠪᠤᠯᠳᠠᠭ᠃ ᠵᠢᠭ᠋ᠠᠨ ᠰᠤᠷᠭ᠋ᠠᠯᠲᠠ ᠳᠤᠮᠳᠠ ᠪᠠᠭᠰᠢ᠎ᠠᠴᠠ ᠡᠯ᠎ᠡ ᠵᠦᠢ᠍ᠯ᠎ᠤᠨ ᠵᠦᠪ ᠳᠦᠷᠢᠮᠵᠢᠭᠦᠨ ᠪᠢᠴᠢᠯᠭᠡ ᠵᠢᠨ ᠠᠷᠭ᠎ᠠ ᠠᠪᠴᠠᠯ᠎ᠢ ᠬᠡᠷᠡᠭᠯᠡᠵᠦ ᠰᠤᠷᠤᠭᠴᠢᠳ᠎ᠢ ᠵᠢᠯᠤᠭᠤᠳᠤᠨ᠂ ᠪᠢᠴᠢᠯᠭᠡ ᠵᠢᠨ ᠴᠢᠳᠠᠪᠤᠷᠢ᠎ᠲᠠᠢ ᠪᠤᠯᠭ᠋ᠠᠵᠤ᠂ ᠡᠴᠦᠰ ᠲᠤ᠎ᠪᠠᠨ ᠪᠡᠶ᠎ᠡ᠎ᠪᠠᠨ ᠳᠠᠭ᠋ᠠᠭ᠋ᠠᠨ ᠡᠯ᠎ᠡ ᠵᠦᠢ᠍ᠯ᠎ᠤᠨ ᠨᠤᠮ ᠵᠤᠬᠢᠶᠠᠯ᠎ᠠᠴᠠ ᠬᠤᠷᠠᠮᠳᠤᠭᠤᠯᠤᠯ ᠬᠢᠬᠦ ᠮᠦᠷᠲᠡᠭᠡᠨ ᠠᠮᠢᠳᠤᠷᠠᠯ ᠳᠤᠮᠳᠠ ᠬᠡᠷᠡᠭᠯᠡᠵᠦ ᠴᠢᠳᠠᠭᠤᠯᠬᠤ᠎ᠳᠤ ᠪᠤᠢ᠃
ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠤᠯᠠᠨ ᠶᠠᠩᠵᠤ ᠵᠢᠨ ᠵᠦᠪ ᠳᠦᠷᠢᠮᠵᠢᠭᠦᠨ ᠪᠢᠴᠢᠯᠭᠡ ᠵᠢᠨ ᠠᠵᠢᠯᠯᠠᠭ᠎ᠠ᠎ᠪᠠᠷ ᠰᠠᠭᠤᠷᠢ ᠪᠤᠯᠭ᠋ᠠᠳᠠᠭ᠃ ᠤᠯᠠᠨ ᠬᠡᠯᠪᠡᠷᠢ ᠵᠢᠨ ᠵᠦᠪ ᠳᠦᠷᠢᠮᠵᠢᠭᠦᠨ ᠪᠢᠴᠢᠯᠭᠡ ᠵᠢᠨ ᠠᠵᠢᠯᠯᠠᠭ᠋ᠠᠨ᠂ ᠤᠷᠤᠯᠳᠤᠭ᠋ᠠᠨ᠎ᠤ ᠠᠵᠢᠯᠯᠠᠭ᠎ᠠ ᠵᠢ ᠦᠷᠨᠢᠭᠦᠯᠬᠦ᠎ᠪᠠᠷ ᠳᠠᠮᠵᠢᠭᠤᠯᠤᠨ᠂ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ ᠵᠢᠨ ᠤᠷᠮ᠎ᠠ ᠪᠠᠬ᠎ᠠ ᠵᠢ ᠬᠦᠭᠵᠢᠭᠡᠵᠦ᠂ ᠰᠠᠶ᠋ᠢᠨ ᠰᠠᠶ᠋ᠢᠬᠠᠨ ᠪᠢᠴᠢᠯᠭᠡ ᠵᠢᠨ ᠤᠷᠴᠢᠨ᠎ᠢ ᠪᠤᠢ ᠪᠤᠯᠭ᠋ᠠᠵᠤ᠂ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ ᠵᠢᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃
ᠵᠦᠪ ᠳᠦᠷᠢᠮᠵᠢᠭᠦᠨ ᠪᠢᠴᠢᠯᠭᠡ ᠵᠢ ᠰᠠᠶ᠋ᠢᠵᠢᠷᠠᠭᠤᠯᠬᠤ᠎ᠨᠢ ᠦᠷᠭᠦᠯᠵᠢᠲᠡ ᠵᠢᠨ ᠴᠢᠨᠠᠷᠲᠠᠢ ᠠᠵᠢᠯᠯᠠᠭ᠎ᠠ ᠮᠦᠨ᠃ ᠰᠤᠳᠤᠯᠭ᠋ᠠᠨ᠎ᠤ ᠪᠤᠳᠠᠲᠠᠢ ᠠᠵᠢᠯᠯᠠᠭ᠋ᠠᠨ ᠵᠶ᠋ᠠᠷ ᠵᠢᠱ᠌ᠢᠶᠡᠯᠡᠪᠡᠯ᠂ ᠲᠤᠰ ᠰᠤᠷᠭ᠋ᠠᠭᠤᠯᠢ ᠵᠢᠨ ᠮᠤᠩᠭᠤᠯ ᠬᠡᠯᠡ ᠪᠢᠴᠢᠭ᠎ᠤᠨ ᠪᠠᠭᠰᠢ ᠨᠠᠷ ᠬᠢᠴᠢᠶᠡᠯᠯᠡᠭᠡ ᠵᠢᠨ ᠵᠢᠭ᠋ᠠᠨ ᠰᠤᠷᠭ᠋ᠠᠯᠲᠠ ᠵᠢᠨ ᠶᠠᠪᠤᠴᠠ ᠳᠤᠮᠳᠠ᠎ᠪᠠᠨ ᠴᠦ᠍ ᠵᠦᠪ ᠳᠦᠷᠢᠮᠵᠢᠭᠦᠨ ᠪᠢᠴᠢᠯᠭᠡ ᠵᠢᠨ ᠪᠤᠯᠪᠠᠰᠤᠷᠠᠯ᠎ᠢ ᠴᠢᠩᠭ᠎ᠠ ᠠᠳᠬᠤᠵᠤ᠂ ᠲᠤᠰᠬᠠᠢ 《ᠵᠦᠪ ᠳᠦᠷᠢᠮᠵᠢᠭᠦᠨ ᠪᠢᠴᠢᠯᠭᠡ ᠵᠢᠨ ᠳᠠᠰᠬᠠᠯ》 ᠬᠢᠯᠭᠡᠵᠦ᠂ ᠲᠤᠰ ᠳᠠᠰᠬᠠᠯᠳᠤᠪᠠᠨ ᠭᠤᠤᠯᠳᠠᠯᠭ᠎ᠠ᠎ᠲᠠᠢ ᠦᠭᠡ ᠦᠭᠦᠯᠡᠪᠦᠷᠢ᠂ ᠨᠤᠮ ᠵᠤᠬᠢᠶᠠᠯ ᠤᠨ ᠬᠤᠷᠠᠮᠳᠤᠭᠤᠯᠤᠯ ᠪᠠ ᠰᠤᠨᠤᠰᠤᠨ ᠪᠢᠴᠢᠯᠭᠡ ᠬᠢᠳᠡᠭ᠃ ᠭᠡᠬᠦ ᠮᠦᠷᠲᠡᠭᠡᠨ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ᠎ᠳᠤ ᠴᠠᠭ ᠲᠤᠬᠠᠢᠳᠤᠨᠢ ᠦᠨᠡᠯᠡᠯᠲᠡ ᠥᠭᠬᠦ ᠮᠦᠷᠲᠡᠭᠡᠨ ᠠᠩᠭᠢ ᠨᠢᠭᠡᠴᠢ ᠵᠢᠨ ᠳᠤᠲᠤᠷᠠᠬᠢ 《ᠵᠦᠪ ᠳᠦᠷᠢᠮᠵᠢᠭᠦᠨ ᠪᠢᠴᠢᠯᠭᠡ ᠵᠢᠨ ᠤᠳᠤᠨ》 ᠴᠤᠭᠯᠠᠭᠤᠯᠵᠤ᠂ ᠠ᠋ᠭᠦᠨ᠎ᠳᠤ᠎ᠪᠠᠨ ᠰᠠᠭᠤᠷᠢᠯᠠᠨ ᠬᠤᠭᠤᠴᠠᠭ᠋ᠠᠨ ᠡᠴᠦᠰ᠎ᠲᠤ ᠤᠳᠤᠨ ᠴᠤᠭᠯᠠᠭᠤᠯᠤᠭᠰᠠᠨ ᠲᠤᠭ᠎ᠠ᠎ᠪᠠᠷ ᠱᠠᠩᠨᠠᠨ ᠬᠦᠬᠢᠭᠦᠯᠳᠡᠭ᠃
ᠲᠤᠰ ᠰᠤᠷᠭ᠋ᠠᠭᠤᠯᠢ ᠵᠢᠨ ᠤᠨ ᠵᠶ᠋ᠠᠷ ᠨᠢᠭᠡᠴᠢᠯᠡᠭᠰᠡᠨ ᠰᠠᠷ᠎ᠠ ᠪᠦᠷᠢ ᠵᠢᠨ ᠮᠤᠩᠭᠤᠯ ᠬᠡᠯᠡ ᠪᠢᠴᠢᠭ᠎ᠤᠨ ᠳᠤᠭᠤᠶ᠋ᠢᠯᠠᠩ᠎ᠤᠨ ᠠ᠋ᠷᠬᠢᠯᠡᠨ ᠶᠠᠪᠤᠭᠳᠠᠭᠤᠯᠳᠠᠭ 《ᠪᠢᠴᠢᠯᠭᠡ ᠵᠢᠨ ᠮᠠᠩᠯᠠᠢ》 ᠰᠢᠯᠭ᠋ᠠᠷᠠᠭᠤᠯᠬᠤ ᠤᠷᠤᠯᠳᠤᠭ᠋ᠠᠨ᠎ᠨᠢ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ ᠵᠢᠨ ᠢᠳᠡᠪᠬᠢᠵᠢᠯ᠎ᠢ ᠳᠠᠶ᠋ᠢᠴᠢᠯᠠᠵᠤ᠂ ᠬᠢᠴᠢᠶᠡᠯ᠎ᠤᠨ ᠳᠤᠲᠤᠨ᠎ᠠ ᠭᠠᠳᠠᠨᠠᠬᠢ ᠵᠦᠪ ᠳᠦᠷᠢᠮᠵᠢᠭᠦᠨ ᠪᠢᠴᠢᠯᠭᠡ ᠵᠢᠨ ᠪᠤᠯᠪᠠᠰᠤᠷᠠᠯ᠎ᠢ ᠠᠶᠠᠨᠳᠠᠭ᠋ᠠᠨ ᠴᠢᠩᠭ᠋ᠠᠷᠠᠭᠤᠯᠵᠤ᠂ ᠵᠦᠪ ᠳᠦᠷᠢᠮᠵᠢᠭᠦᠨ ᠪᠢᠴᠢᠯᠭᠡ ᠵᠢᠨ ᠬᠢᠷᠢ ᠪᠦᠲᠦᠮᠵᠢ ᠳᠡᠭᠡᠭᠰᠢᠯᠡᠵᠡᠢ᠃ ᠰᠠᠷ᠎ᠠ ᠪᠦᠷᠢ ᠵᠢᠨ 《ᠪᠢᠴᠢᠯᠭᠡ ᠵᠢᠨ ᠮᠠᠩᠯᠠᠢ》᠎ᠳᠤ ᠰᠢᠯᠭ᠋ᠠᠷᠠᠭᠤᠯᠤᠭᠳᠠᠭᠰᠠᠳ ᠲᠤᠰ ᠨᠢᠭᠡ ᠬᠤᠭᠤᠴᠠᠭ᠋ᠠᠨ᠎ᠤ 《ᠪᠢᠴᠢᠯᠭᠡ ᠵᠢᠨ ᠮᠠᠩᠯᠠᠢ》᠎ᠪᠠᠷ ᠰᠢᠯᠭ᠋ᠠᠷᠠᠭᠤᠯᠤᠭᠳᠠᠭ᠍ᠤᠪᠠᠷ ᠴᠢᠷᠮᠠᠶ᠋ᠢᠬᠤ ᠪᠤᠯᠵᠠᠢ᠃ ᠠ᠋ᠢ᠍ᠢ᠍ᠮᠦᠷᠭᠦᠦ ᠬᠦᠳᠡᠯᠭᠡᠭᠡᠨ᠎ᠨᠢ ᠦᠷᠭᠦᠯᠵᠢ ᠵᠢᠨ ᠴᠢᠨᠠᠷᠲᠠᠢ ᠪᠤᠯᠬᠤᠷ ᠰᠤᠷᠤᠭᠴᠢᠳ᠎ᠤᠨ ᠵᠦᠪ ᠳᠦᠷᠢᠮᠵᠢᠭᠦᠨ ᠵᠶ᠋ᠠᠷ ᠪᠢᠴᠢᠬᠦ ᠵᠢ ᠦᠷᠭᠦᠯᠵᠢ ᠪᠤᠯᠪᠠᠰᠤᠷᠠᠭᠤᠯᠬᠤ᠎ᠳᠤ ᠠᠰᠢᠭᠲᠠᠢ ᠪᠠᠶ᠋ᠢᠳᠠᠭ᠎ᠠᠴᠠ ᠵᠦᠪ ᠳᠦᠷᠢᠮᠵᠢᠭᠦᠨ ᠪᠢᠴᠢᠯᠭᠡ ᠵᠢᠨ ᠬᠢᠷᠢ ᠲᠥᠪᠰᠢᠨ ᠢᠯᠡᠳᠲᠡ ᠳᠡᠭᠡᠭᠰᠢᠯᠡᠭᠰᠡᠨ ᠪᠠᠶ᠋ᠢᠨ᠎ᠠ᠃
ᠲᠤᠰ ᠰᠤᠷᠭ᠋ᠠᠭᠤᠯᠢ᠎ᠨᠢ ᠭᠠᠷᠠᠭ ᠪᠦᠷᠢ ᠰᠤᠷᠭ᠋ᠠᠭᠤᠯᠢ ᠵᠢᠨ ᠬᠡᠪᠴᠢᠶᠡᠨ᠎ᠤ ᠵᠦᠪ ᠳᠦᠷᠢᠮᠵᠢᠭᠦᠨ ᠪᠢᠴᠢᠯᠭᠡ ᠵᠢᠨ ᠦᠵᠡᠭᠦᠯᠭᠡ ᠵᠢᠨ ᠲᠠᠪᠴᠠᠩ᠎ᠢ ᠬᠠᠩᠭ᠋ᠠᠵᠤ᠂ ᠭᠠᠷᠠᠭ ᠪᠦᠷᠢ ᠠᠩᠭᠢ ᠪᠤᠯᠭ᠋ᠠᠨ᠎ᠠᠴᠠ ᠵᠦᠪ ᠮᠦᠷᠲᠡᠭᠡᠨ ᠳᠦᠷᠢᠮᠵᠢᠭᠦᠨ ᠪᠢᠴᠢᠭᠰᠡᠨ ᠰᠤᠷᠤᠭᠴᠢᠳ᠎ᠤᠨ ᠪᠢᠴᠢᠯᠭᠡ ᠵᠢ ᠦᠵᠡᠭᠦᠯᠭᠡ ᠵᠢᠨ ᠲᠠᠪᠴᠠᠩ᠎ᠳᠤ ᠭᠠᠷᠭ᠋ᠠᠵᠤ᠂ ᠦᠷᠭᠦᠯᠵᠢ ᠵᠢᠨ ᠴᠢᠨᠠᠷᠲᠠᠢ ᠰᠢᠨᠡᠳᠭᠡᠨ᠎ᠡ᠃ ᠠ᠋ᠨᠡ ᠬᠦ᠌ ᠵᠦᠪ ᠳᠦᠷᠢᠮᠵᠢᠭᠦᠨ ᠪᠢᠴᠢᠯᠭᠡ ᠵᠢᠨ ᠦᠵᠡᠭᠦᠯᠭᠡ ᠵᠢᠨ ᠲᠠᠪᠴᠠᠩ᠎ᠨᠢ ᠦᠷᠭᠦᠯᠵᠢᠲᠡ ᠵᠢᠨ ᠴᠢᠨᠠᠷᠲᠠᠢ᠂ ᠰᠢᠨᠡᠳᠭᠡᠬᠦ᠎ᠨᠢ ᠬᠤᠷᠳᠤᠨ ᠪᠤᠯᠬᠤᠷ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ ᠵᠢᠨ ᠪᠤᠯᠪᠠᠰᠤᠷᠠᠯ᠎ᠤᠨ ᠴᠠᠭ᠎ᠨᠢ ᠨᠡᠮᠡᠭᠳᠡᠵᠦ᠂ ᠬᠢᠷᠢ ᠪᠦᠲᠦᠮᠵᠢ᠎ᠨᠢ ᠢᠯᠡᠳᠲᠡ ᠳᠡᠭᠡᠭᠰᠢᠯᠡᠭᠰᠡᠨ ᠮᠦᠷᠲᠡᠭᠡᠨ ᠵᠦᠪ ᠳᠦᠷᠢᠮᠵᠢᠭᠦᠨ ᠪᠢᠴᠢᠯᠭᠡ ᠵᠢᠨ ᠪᠤᠯᠪᠠᠰᠤᠷᠠᠯ᠎ᠤᠨ ᠢᠳᠡᠪᠬᠢᠵᠢᠯ ᠨᠡᠮᠡᠭᠳᠡᠵᠦ᠂ ᠵᠤᠷᠢᠭᠲᠠᠢ᠎ᠪᠠᠷ ᠥᠪᠡᠷ᠎ᠢ᠎ᠪᠠᠨ ᠢᠯᠡᠷᠡᠭᠦᠯᠵᠦ᠂ ᠪᠦᠬᠦ ᠲᠠᠯ᠎ᠠ ᠵᠢᠨ ᠬᠦᠭᠵᠢᠯᠲᠡ᠎ᠳᠤ ᠴᠦ᠍ ᠠᠰᠢᠭᠲᠠᠢ ᠪᠤᠯᠵᠠᠢ᠃
(ᠭᠤᠷᠪᠠ) ᠴᠠᠭ ᠲᠤᠬᠠᠢᠳᠤᠨᠢ ᠬᠠᠷᠢᠭᠤ ᠳᠤᠰᠬᠠᠯ ᠥᠭᠴᠦ᠂ ᠵᠤᠬᠢᠰᠲᠠᠢ ᠦᠨᠡᠯᠡᠯᠲᠡ ᠬᠢᠬᠦ
ᠵᠢᠭ᠋ᠠᠨ ᠰᠤᠷᠭ᠋ᠠᠯᠲᠠ ᠵᠢᠨ ᠦᠨᠡᠯᠡᠯᠲᠡ ᠪᠤᠯ ᠵᠢᠭ᠋ᠠᠨ ᠰᠤᠷᠭ᠋ᠠᠯᠲᠠ ᠵᠢᠨ ᠶᠠᠪᠤᠴᠠ᠎ᠳᠤ᠎ᠬᠢ ᠴᠢᠬᠤᠯᠠ ᠨᠢᠭᠡᠨ ᠭᠤᠭᠴᠤᠭ᠎ᠠ ᠪᠠᠶ᠋ᠢᠵᠤ᠂ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠲᠤᠶ᠋ᠢᠯ᠎ᠤᠨ ᠴᠢᠬᠤᠯᠠ ᠨᠥᠯᠦᠭᠡ᠎ᠲᠠᠢ ᠶᠤᠮ᠃ ᠵᠢᠭ᠋ᠠᠨ ᠰᠤᠷᠭ᠋ᠠᠯᠲᠠ ᠵᠢᠨ ᠦᠨᠡᠯᠡᠯᠲᠡ᠎ᠪᠠᠷ ᠳᠠᠮᠵᠢᠨ᠂ ᠨᠢᠭᠡ ᠲᠠᠯ᠎ᠠ᠎ᠪᠠᠷ ᠰᠤᠷᠤᠭᠴᠢᠳ᠎ᠲᠤ ᠥᠪᠡᠷ᠎ᠤᠨ ᠰᠤᠷᠤᠯᠴᠠᠯᠭ᠎ᠠ ᠵᠢᠨ ᠶᠠᠪᠤᠴᠠ᠎ᠳᠤ ᠤᠷᠤᠰᠢᠵᠤ ᠪᠠᠶ᠋ᠢᠭ᠎ᠠ ᠰᠤᠷᠤᠯᠴᠠᠭ᠍ᠤ ᠤᠪᠤᠷ᠂ ᠰᠤᠷᠤᠯᠴᠠᠭ᠍ᠤ ᠰᠡᠳᠭᠢᠴᠡ᠂ ᠰᠤᠷᠤᠯᠴᠠᠭ᠍ᠤ ᠠᠷᠭ᠎ᠠ ᠪᠠᠷᠢᠯ ᠪᠠ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠪᠠᠭᠲᠠᠭ᠋ᠠᠭᠰᠠᠨ ᠡᠯ᠎ᠡ ᠲᠠᠯ᠎ᠠ ᠵᠢᠨ ᠠᠰᠠᠭᠤᠳᠠᠯ᠎ᠢ᠎ᠨᠢ ᠤᠶ᠋ᠢᠯᠠᠭ᠋ᠠᠭᠤᠯᠵᠤ᠂ ᠥᠪᠡᠷ᠎ᠤᠨ ᠳᠠᠪᠠᠭᠤᠯᠢᠭ ᠲᠠᠯ᠎ᠠ ᠪᠠ ᠳᠤᠲᠠᠮᠠᠭ ᠲᠠᠯ᠎ᠠ ᠵᠢ᠎ᠨᠢ ᠲᠤᠳᠤᠷᠬᠠᠢ ᠲᠠᠨᠢᠭᠤᠯᠬᠤ ᠵᠢᠨ ᠬᠠᠮᠲᠤ ᠪᠠᠭᠰᠢ ᠵᠢᠨ ᠵᠢᠯᠤᠭᠤᠳᠤᠯᠭ᠎ᠠ ᠰᠠᠨᠠᠭᠤᠯᠭ᠎ᠠ ᠳᠤᠤᠷ᠎ᠠ ᠬᠤᠶ᠋ᠢᠰᠢᠲᠠ ᠵᠢᠨ ᠰᠤᠷᠤᠯᠴᠠᠭ᠍ᠤ ᠴᠢᠭᠯᠡᠯ ᠪᠠ ᠵᠠᠯᠠᠷᠠᠭᠤᠯᠬᠤ ᠵᠦᠢ᠍ᠯ ᠵᠶ᠋ᠠᠨ ᠲᠤᠳᠤᠷᠬᠠᠢ ᠪᠤᠯᠭ᠋ᠠᠵᠤ ᠪᠤᠯᠤᠨ᠎ᠠ᠃ ᠨᠥᠭᠦᠭᠡ ᠲᠠᠯ᠎ᠠ᠎ᠪᠠᠷ᠂ ᠪᠠᠭᠰᠢ ᠵᠢᠭ᠋ᠠᠨ ᠰᠤᠷᠭ᠋ᠠᠯᠲᠠ ᠵᠢᠨ ᠦᠨᠡᠯᠡᠯᠲᠡ ᠵᠢᠨ ᠶᠠᠪᠤᠴᠠ ᠳᠤᠮᠳᠠ᠂ ᠰᠤᠷᠤᠭᠴᠢᠳ᠎ᠤᠨ ᠬᠠᠷᠢᠭᠤ ᠲᠤᠰᠬᠠᠯ᠎ᠢ ᠦᠨᠳᠦᠰᠦᠯᠡᠵᠦ᠂ ᠥᠪᠡᠷ᠎ᠤᠨ ᠵᠢᠭ᠋ᠠᠨ ᠰᠤᠷᠭ᠋ᠠᠯᠲᠠ ᠵᠢᠨ ᠠᠷᠭ᠎ᠠ ᠠᠪᠴᠠᠯ᠂ ᠵᠢᠭ᠋ᠠᠨ ᠰᠤᠷᠭ᠋ᠠᠯᠲᠠ ᠵᠢᠨ ᠶᠠᠪᠤᠴᠠ᠎ᠳᠤ ᠤᠷᠤᠰᠢᠵᠤ ᠪᠠᠶ᠋ᠢᠭ᠎ᠠ ᠠᠰᠠᠭᠤᠳᠠᠯ ᠵᠶ᠋ᠠᠨ ᠨᠡᠩ ᠪᠤᠰᠤᠳᠴᠢ᠂ ᠨᠡᠩ ᠤᠨᠤᠪᠴᠢᠲᠠᠢ᠎ᠪᠠᠷ ᠳ᠋ᠦᠩᠨᠡᠵᠦ᠂ ᠬᠤᠶ᠋ᠢᠰᠢᠲᠠ ᠵᠢᠭ᠋ᠠᠨ ᠰᠤᠷᠭ᠋ᠠᠯᠲᠠ ᠵᠢᠨ ᠲᠥᠰᠦᠪ ᠵᠶ᠋ᠠᠨ ᠨᠡᠩ ᠲᠡᠭᠦᠯᠳᠡᠷᠵᠢᠭᠦᠯᠵᠦ᠂ ᠵᠢᠭ᠋ᠠᠨ ᠰᠤᠷᠭ᠋ᠠᠯᠲᠠ ᠵᠢᠨ ᠶᠠᠪᠤᠴᠠ᠎ᠪᠠᠨ ᠤᠯᠠᠮ ᠰᠠᠶ᠋ᠢᠲᠤᠷ ᠲᠤᠭᠤᠰᠢᠯᠠᠭᠤᠯᠵᠤ᠂ ᠵᠢᠭ᠋ᠠᠨ ᠰᠤᠷᠭ᠋ᠠᠯᠲᠠ ᠵᠢᠨ ᠦᠷ᠎ᠡ ᠪᠦᠲᠦᠮᠵᠢ᠎ᠪᠠᠨ ᠳᠡᠭᠡᠭᠰᠢᠯᠡᠭᠦᠯᠦᠨ᠎ᠡ᠃ ᠠ᠋ᠶ᠋ᠢᠮᠦ᠎ᠠᠴᠠ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ ᠵᠢᠨ ᠴᠢᠳᠠᠪᠤᠷᠢ ᠵᠢ ᠬᠦᠮᠦᠵᠢᠭᠦᠯᠬᠦ᠎ᠳᠤ᠎ᠪᠠᠨ ᠠ᠋ᠳᠡᠭᠡᠷ ᠪᠠᠶ᠋ᠢᠳᠠᠯ᠎ᠢ ᠦᠨᠳᠦᠰᠦᠯᠡᠨ ᠵᠢᠭ᠋ᠠᠨ ᠰᠤᠷᠭ᠋ᠠᠯᠲᠠ ᠵᠢᠨ ᠦᠨᠡᠯᠡᠯᠲᠡ ᠵᠢᠨ ᠪᠠᠷᠢᠮᠵᠢᠶ᠎ᠠ᠎ᠪᠠᠨ ᠲᠤᠬᠢᠷᠠᠭᠤᠯᠬᠤ ᠬᠡᠷᠡᠭᠲᠡᠢ᠃
ᠠ᠋ᠩ ᠲᠡᠷᠢᠭᠦᠨ᠎ᠳᠤ᠂ ᠵᠦᠪ ᠳᠦᠷᠢᠮᠵᠢᠭᠦᠨ ᠪᠢᠴᠢᠯᠭᠡ ᠵᠢ ᠰᠢᠯᠭ᠋ᠠᠬᠤ ᠠᠭᠤᠯᠭ᠎ᠠ ᠵᠢᠨ ᠨᠢᠭᠡ ᠬᠡᠰᠡᠭ ᠪᠤᠯᠭ᠋ᠠᠵᠤ᠂ ᠰᠤᠷᠤᠭᠴᠢᠳ᠎ᠤᠨ ᠠ᠋ᠳᠦᠷ ᠲᠤᠳᠤᠮ᠎ᠤᠨ ᠠᠮᠢᠳᠤᠷᠠᠯ ᠰᠤᠷᠤᠯᠭ᠎ᠠ ᠳᠤᠮᠳᠠ᠎ᠪᠠᠨ ᠨᠠᠷᠢᠨ ᠬᠢᠨᠠᠮᠠᠭ᠋ᠠᠢ ᠪᠠᠢ᠍ᠢ᠍ᠵᠤ᠂ ᠵᠦᠪ ᠳᠦᠷᠢᠮᠵᠢᠭᠦᠨ ᠦᠰᠦᠭ ᠪᠢᠴᠢᠬᠦ ᠪᠠ ᠦᠰᠦᠭ ᠪᠤᠯᠪᠠᠰᠤᠷᠠᠭ᠍ᠤ ᠵᠢ ᠠᠬᠢᠭᠤᠯᠵᠤ᠂ ᠤᠬᠠᠮᠰᠠᠷ᠎ᠠᠴᠠ᠎ᠪᠠᠨ ᠵᠦᠪ ᠳᠦᠷᠢᠮᠵᠢᠭᠦᠨ ᠪᠢᠴᠢᠬᠦ ᠴᠢᠳᠠᠪᠤᠷᠢ ᠵᠢ᠎ᠨᠢ ᠪᠤᠯᠪᠠᠰᠤᠷᠠᠭᠤᠯᠵᠤ᠂ ᠰᠤᠷᠤᠭᠴᠢᠳ᠎ᠢ ᠵᠦᠪ ᠳᠦᠷᠢᠮᠵᠢᠭᠦᠨ ᠪᠢᠴᠢᠬᠦ ᠳᠠᠳᠬᠠᠯ᠎ᠲᠠᠢ ᠪᠤᠯᠭ᠋ᠠᠬᠤ ᠵᠢᠨ ᠬᠠᠮᠲᠤ ᠠ᠋ᠳᠦᠷ ᠤᠳᠠᠭ᠋ᠠᠨ᠎ᠤ ᠪᠤᠯᠪᠠᠰᠤᠷᠠᠯ ᠳᠤᠮᠳᠠ᠎ᠪᠠᠨ ᠵᠦᠪ ᠳᠦᠷᠢᠮᠵᠢᠭᠦᠨ ᠪᠢᠴᠢᠯᠭᠡ ᠵᠢᠨ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃ ᠳᠠᠷᠠᠭ᠎ᠠ᠎ᠨᠢ᠂ ᠨᠢᠭᠡ ᠲᠠᠯ᠎ᠠ᠎ᠪᠠᠷ ᠪᠠᠭᠰᠢ ᠨᠠᠷ ᠶᠠᠪᠤᠴᠠ ᠵᠢᠨ ᠦᠨᠡᠯᠡᠯᠲᠡ ᠵᠢ ᠴᠢᠩᠭ᠋ᠠᠳᠬᠠᠵᠤ᠂ ᠰᠤᠷᠤᠭᠴᠢᠳ᠎ᠤᠨ ᠬᠢᠴᠢᠶᠡᠯ᠎ᠤᠨ ᠴᠠᠭ ᠪᠢᠴᠢᠭᠰᠡᠨ ᠦᠰᠦᠭ ᠪᠠ ᠬᠢᠴᠢᠶᠡᠯ᠎ᠤᠨ ᠳᠠᠷᠠᠭ᠎ᠠ ᠳᠠᠰᠬᠠᠯ ᠪᠤᠯᠪᠠᠰᠤᠷᠠᠯ᠎ᠳᠤ ᠪᠢᠴᠢᠭᠰᠡᠨ ᠦᠰᠦᠭ᠎ᠤᠨ ᠵᠦᠪ ᠳᠦᠷᠢᠮᠵᠢᠭᠦᠨ ᠪᠠᠶ᠋ᠢᠳᠠᠯ᠎ᠢ ᠨᠠᠷᠢᠨ ᠬᠢᠨᠠᠮᠠᠭ᠋ᠠᠢ ᠪᠠᠶ᠋ᠢᠴᠠᠭ᠋ᠠᠵᠤ᠂ ᠱᠠᠩᠨᠠᠵᠤ ᠲᠤᠷᠭ᠋ᠠᠬᠤ ᠳᠦᠷᠢᠮ ᠵᠶ᠋ᠠᠷ ᠰᠤᠷᠤᠭᠴᠢᠳ᠎ᠢ ᠵᠤᠬᠢᠬᠤ ᠬᠡᠮᠵᠢᠶ᠎ᠡ᠎ᠪᠠᠷ ᠦᠨᠡᠯᠡᠵᠦ᠂ ᠰᠠᠶ᠋ᠢᠰᠢᠶᠠᠵᠤ ᠰᠢᠭᠦᠮᠵᠢᠯᠡᠬᠦ ᠬᠡᠷᠡᠭᠲᠡᠢ᠃ ᠨᠥᠭᠦᠭᠡ ᠲᠠᠯ᠎ᠠ᠎ᠪᠠᠷ ᠮᠤᠩᠭᠤᠯ ᠬᠡᠯᠡ ᠪᠢᠴᠢᠭ᠎ᠤᠨ ᠰᠢᠯᠭ᠋ᠠᠯᠲᠠ᠎ᠳᠤ ᠵᠦᠪ ᠳᠦᠷᠢᠮᠵᠢᠭᠦᠨ ᠪᠢᠴᠢᠯᠭᠡ ᠵᠢᠨ ᠰᠡᠳᠦᠪ᠎ᠤᠨ ᠡᠵᠡᠯᠡᠬᠦ ᠬᠠᠷᠢᠴᠠᠯ᠎ᠢ ᠨᠡᠮᠡᠭᠳᠡᠭᠦᠯᠦᠨ᠎ᠡ᠃ ᠤᠨᠴᠠᠭ᠋ᠠᠶ᠋ᠢᠯᠠᠨ ᠳᠤᠤᠷ᠎ᠠ ᠤᠨ᠎ᠤ ᠮᠤᠩᠭᠤᠯ ᠬᠡᠯᠡ ᠪᠢᠴᠢᠭ᠎ᠤᠨ ᠰᠢᠯᠭ᠋ᠠᠯᠲᠠ ᠵᠢᠨ ᠵᠦᠪ ᠳᠦᠷᠢᠮᠵᠢᠭᠦᠨ ᠪᠢᠴᠢᠯᠭᠡ ᠵᠢᠨ ᠰᠡᠳᠦᠪ᠎ᠤᠨ ᠬᠡᠮᠵᠢᠶ᠎ᠡ ᠵᠢ ᠨᠡᠮᠡᠵᠦ ᠪᠤᠯᠤᠨ᠎ᠠ᠃ ᠬᠠᠮᠤᠭ ᠰᠡᠭᠦᠯ᠎ᠳᠤ᠎ᠨᠢ᠂ ᠪᠠᠭᠰᠢ᠎ᠠᠴᠠ ᠰᠤᠷᠤᠭᠴᠢᠳ᠎ᠲᠤ ᠪᠦᠲᠦᠮᠵᠢᠲᠡᠢ ᠵᠦᠪ ᠳᠦᠷᠢᠮᠵᠢᠭᠦᠨ ᠪᠢᠴᠢᠯᠭᠡ ᠵᠢᠨ ᠵᠢᠭ᠋ᠠᠨ ᠵᠢᠯᠤᠭᠤᠳᠤᠯᠭ᠎ᠠ ᠬᠢᠵᠦ᠂ ᠪᠢᠴᠢᠭᠰᠡᠨ ᠦᠰᠦᠭ᠎ᠨᠢ ᠬᠠᠮᠢᠭ᠎ᠠ᠎ᠨᠢ ᠵᠠᠯᠠᠷᠠᠭᠤᠯᠬᠤ ᠴᠢᠬᠤᠯᠠᠲᠠᠢ᠂ ᠬᠡᠷᠬᠢᠨ ᠵᠠᠯᠠᠷᠠᠭᠤᠯᠬᠤ ᠵᠢ ᠬᠡᠯᠡᠵᠦ ᠦᠭᠴᠦ᠂ ᠬᠦᠲᠦᠯᠦᠨ ᠵᠢᠯᠤᠭᠤᠳᠬᠤ ᠦᠢ᠍ᠯᠡᠳᠦᠯ ᠵᠶ᠋ᠠᠨ ᠰᠠᠶ᠋ᠢᠲᠤᠷ ᠪᠠᠳᠠᠷᠠᠭᠤᠯᠬᠤ ᠬᠡᠷᠡᠭᠲᠡᠢ᠃ ᠵᠢᠱ᠌ᠢᠶᠡᠯᠡᠪᠡᠯ᠂ ᠬᠢᠴᠢᠶᠡᠯ᠎ᠤᠨ ᠲᠠᠩᠬᠢᠮ᠎ᠳᠤ ᠵᠦᠪ ᠳᠦᠷᠢᠮᠵᠢᠭᠦᠨ ᠪᠢᠴᠢᠯᠭᠡ ᠵᠢ ᠪᠤᠯᠪᠠᠰᠤᠷᠠᠭᠤᠯᠬᠤ ᠦᠶ᠎ᠡ᠎ᠳᠤ᠂ ᠪᠠᠭᠰᠢ᠎ᠠᠴᠠ ᠳᠤᠰᠬᠠᠯᠲᠠ ᠵᠢᠨ ᠮᠠᠰᠢᠨ ᠵᠶ᠋ᠠᠷ ᠰᠤᠷᠤᠭᠴᠢ ᠵᠢᠨ ᠪᠢᠴᠢᠭᠰᠡᠨ ᠦᠰᠦᠭ᠎ᠢ ᠶᠡᠬᠡᠰᠬᠡᠵᠦ᠂ ᠤᠷᠢᠳᠠᠪᠠᠷ ᠰᠤᠷᠤᠭᠴᠢᠳ᠎ᠤᠨ ᠲᠤᠰ ᠪᠡᠶ᠎ᠡ᠎ᠪᠠᠷ ᠥᠪᠡᠷ ᠪᠡᠶ᠎ᠡ ᠵᠢᠨ ᠦᠨᠡᠯᠡᠯᠲᠡ ᠬᠢᠯᠭᠡᠵᠦ᠂ ᠳᠠᠬᠢᠨ ᠪᠠᠭᠰᠢ᠎ᠠᠴᠠ ᠵᠤᠬᠢᠰᠲᠠᠢ ᠵᠢᠭ᠋ᠠᠨ ᠵᠢᠯᠤᠭᠤᠳᠤᠯᠭ᠎ᠠ ᠬᠢᠨ᠎ᠡ᠃ ᠴᠡᠪᠡᠷ ᠳᠦᠷᠢᠮᠵᠢᠭᠦᠨ ᠪᠢᠴᠢᠭᠰᠡᠨ ᠰᠤᠷᠤᠭᠴᠢᠳ᠎ᠢ ᠴᠠᠭ ᠲᠤᠬᠠᠢᠳᠤᠨᠢ ᠰᠠᠶ᠋ᠢᠰᠢᠶᠠᠨ ᠵᠤᠷᠢᠬ᠍ᠵᠢᠭᠤᠯᠵᠤ᠂ ᠬᠦᠷᠦᠯᠴᠡᠬᠦ ᠦᠭᠡᠢ ᠲᠠᠯ᠎ᠠ ᠵᠢ᠎ᠨᠢ ᠴᠠᠭ ᠲᠤᠬᠠᠢᠳᠤᠨᠢ ᠵᠢᠯᠤᠭᠤᠳᠤᠯᠭ᠎ᠠ ᠬᠢᠵᠦ᠂ ᠳᠠᠪᠠᠭᠤᠯᠢᠭ ᠲᠠᠯ᠎ᠠ ᠪᠠ ᠬᠦᠷᠦᠯᠴᠡᠬᠦ ᠦᠭᠡᠢ ᠲᠠᠯ᠎ᠠ ᠵᠢ᠎ᠨᠢ ᠨᠡᠩ ᠲᠤᠳᠤᠷᠬᠠᠢ ᠮᠡᠳᠡᠭᠦᠯᠬᠦ ᠬᠡᠷᠡᠭᠲᠡᠢ᠃ ᠵᠦᠪ ᠳᠦᠷᠢᠮᠵᠢᠭᠦᠨ ᠪᠢᠴᠢᠬᠦ ᠲᠠᠯ᠎ᠠ᠎ᠪᠠᠷ ᠤᠳᠠᠭ᠋ᠠᠯᠢᠭ ᠰᠢᠬ ᠰᠤᠷᠤᠭᠴᠢ᠎ᠳᠤ ᠶᠥᠮᠦᠷᠯᠢᠭ ᠰᠢᠭ ᠦᠭᠡ᠎ᠪᠠᠷ ᠦᠨᠡᠯᠡᠯᠲᠡ ᠬᠢᠵᠦ᠂ ᠵᠦᠪ ᠳᠦᠷᠢᠮᠵᠢᠭᠦᠨ ᠪᠢᠴᠢᠬᠦ ᠤᠷᠮ᠎ᠠ ᠪᠠᠬ᠎ᠠ ᠵᠢ᠎ᠨᠢ ᠬᠦᠭᠵᠢᠭᠡᠨ᠎ᠡ᠃ ᠲᠡᠶ᠋ᠢᠮᠦ ᠮᠦᠷᠲᠡᠭᠡᠨ ᠦᠨᠡᠯᠡᠬᠦ ᠪᠠᠷᠢᠮᠵᠢᠶ᠎ᠠ᠎ᠪᠠᠨ ᠨᠠᠷᠢᠯᠢᠬ᠍ᠵᠢᠭᠤᠯᠵᠤ᠂ ᠦᠨᠡᠯᠡᠯᠲᠡ ᠵᠢᠨ ᠰᠢᠰᠲ᠋ᠧᠮ ᠵᠶ᠋ᠠᠨ ᠲᠡᠭᠦᠯᠳᠡᠷᠵᠢᠭᠦᠯᠦᠨ᠎ᠡ᠃ ᠦᠰᠦᠭ᠎ᠤᠨ ᠡᠯ᠎ᠡ ᠵᠢᠷᠤᠯᠭ᠎ᠠ ᠵᠢ ᠵᠦᠪ᠂ ᠳᠦᠷᠢᠮᠵᠢᠭᠦᠨ᠂ ᠴᠡᠪᠡᠷ ᠲᠡᠭᠰᠢ ᠪᠢᠴᠢᠭᠰᠡᠨᠢ ᠦᠨᠡᠯᠡᠬᠦ᠎ᠪᠠᠷ ᠪᠠᠷᠠᠭ᠍ᠤ ᠦᠭᠡᠢ᠂ ᠴᠠᠭ᠋ᠠᠰᠤ ᠨᠢᠭᠤᠷ᠎ᠤᠨ ᠴᠡᠪᠡᠷᠬᠡᠨ ᠠ᠋ᠰᠡᠬᠦ᠂ ᠪᠢᠷ ᠠᠳᠬᠤᠵᠤ ᠪᠡᠶ᠋ᠢᠬᠤ ᠵᠦᠪ ᠠ᠋ᠰᠡᠬᠦ ᠪᠠ ᠲᠥᠪᠯᠡᠭᠦᠨ ᠰᠠᠭᠤᠵᠤ ᠪᠠᠶ᠋ᠢᠬᠤ ᠠ᠋ᠰᠡᠬᠦ᠎ᠳᠤ ᠪᠦᠷ ᠦᠨᠡᠯᠡᠯᠲᠡ ᠬᠢᠨ᠎ᠡ᠃ ᠪᠠᠭᠰᠢ ᠨᠠᠷ ᠵᠢᠭ᠋ᠠᠨ ᠰᠤᠷᠭ᠋ᠠᠯᠲᠠ ᠳᠤᠮᠳᠠ᠎ᠪᠠᠨ ᠴᠠᠭ ᠲᠤᠬᠠᠢᠳᠤᠨᠢ ᠦᠨᠡᠯᠡᠯᠲᠡ ᠥᠭᠬᠦ ᠮᠦᠷᠲᠡᠭᠡᠨ ᠪᠦᠲᠦᠮᠵᠢᠲᠡᠢ ᠦᠨᠡᠯᠡᠯᠲᠡ ᠵᠢᠨ ᠰᠢᠰᠲ᠋ᠧᠮ᠎ᠢ ᠪᠤᠢ ᠪᠤᠯᠭ᠋ᠠᠨ᠎ᠠ᠃ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ᠎ᠳᠤ ᠴᠠᠭ ᠲᠤᠬᠠᠢᠳᠤᠨᠢ ᠬᠠᠷᠢᠭᠤ ᠳᠤᠰᠬᠠᠯ ᠦᠭᠴᠦ᠂ ᠵᠤᠬᠢᠰᠲᠠᠢ ᠦᠨᠡᠯᠡᠯᠲᠡ ᠬᠢᠬᠦ᠎ᠨᠢ ᠰᠤᠷᠤᠭᠴᠢ ᠵᠢᠨ ᠳᠠᠪᠠᠭᠤᠯᠢᠭ ᠲᠠᠯ᠎ᠠ ᠪᠠ ᠳᠤᠲᠠᠭᠳᠠᠯ᠎ᠲᠠᠢ ᠲᠠᠯ᠎ᠠ᠎ᠪᠠᠨ ᠰᠡᠷᠡᠨ ᠮᠡᠳᠡᠷᠡᠬᠦ ᠪᠠ ᠵᠦᠪ ᠳᠦᠷᠢᠮᠵᠢᠭᠦᠨ ᠪᠢᠴᠢᠯᠭᠡ ᠵᠢᠨ ᠬᠢᠷᠢ ᠲᠥᠪᠰᠢᠨ᠎ᠢ᠎ᠨᠢ ᠳᠡᠭᠡᠭᠰᠢᠯᠡᠭᠦᠯᠬᠦ᠎ᠪᠠᠷ ᠪᠠᠷᠠᠭ᠍ᠤ ᠦᠭᠡᠢ ᠪᠠᠭᠰᠢ ᠵᠢᠨ ᠵᠦᠪ ᠳᠦᠷᠢᠮᠵᠢᠭᠦᠨ ᠪᠢᠴᠢᠯᠭᠡ ᠵᠢᠨ ᠵᠢᠭ᠋ᠠᠨ ᠰᠤᠷᠭ᠋ᠠᠯᠲᠠ ᠵᠢᠨ ᠦᠷ᠎ᠡ ᠠᠰᠢᠭ᠂ ᠠᠷᠭ᠎ᠠ ᠠᠪᠴᠠᠯ᠎ᠳᠤ ᠴᠦ᠍ ᠮᠠᠰᠢ ᠴᠢᠬᠤᠯᠠ ᠨᠥᠯᠦᠭᠡ᠎ᠲᠠᠢ ᠪᠠᠶ᠋ᠢᠳᠠᠭ᠃ ᠢᠩᠭᠢᠵᠦ ᠬᠢᠭᠰᠡᠨ᠎ᠤ ᠦᠷ᠎ᠡ ᠳ᠋ᠦᠩ᠎ᠳᠤ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ ᠵᠢᠨ ᠬᠢᠷᠢ ᠬᠡᠮᠵᠢᠶ᠎ᠡ ᠢᠯᠡᠳᠲᠡ ᠳᠡᠭᠡᠭᠰᠢᠯᠡᠭᠰᠡᠨ ᠵᠶ᠋ᠠᠷ ᠪᠠᠷᠠᠭ᠍ᠤ ᠦᠭᠡᠢ ᠰᠤᠷᠤᠭᠴᠢᠳ ᠵᠦᠪ ᠳᠦᠷᠢᠮᠵᠢᠭᠦᠨ ᠪᠢᠴᠢᠯᠭᠡ ᠵᠢᠨ ᠲᠤᠬᠠᠢ ᠵᠦᠪ ᠤᠪᠤᠷ ᠲᠠᠨᠢᠯᠲᠠ᠎ᠲᠠᠢ ᠪᠤᠯᠤᠭᠰᠠᠨ ᠪᠠᠶ᠋ᠢᠨ᠎ᠠ᠃ ᠠ᠋ᠭᠦᠨ᠎ᠤ ᠬᠠᠮᠲᠤ ᠪᠠᠭᠰᠢ ᠨᠠᠷ᠎ᠤᠨ ᠵᠦᠪ ᠳᠦᠷᠢᠮᠵᠢᠭᠦᠨ ᠪᠢᠴᠢᠯᠭᠡ ᠵᠢᠨ ᠵᠢᠭ᠋ᠠᠨ ᠰᠤᠷᠭ᠋ᠠᠯᠲᠠ ᠵᠢᠨ ᠦᠨᠡᠯᠡᠯᠲᠡ ᠵᠢᠨ ᠰᠢᠰᠲ᠋ᠧᠮ ᠴᠦ᠍ ᠤᠯᠠᠮ ᠲᠡᠭᠦᠯᠳᠡᠷᠵᠢᠭᠰᠡᠨ ᠶᠤᠮ᠃
ᠰᠤᠳᠤᠯᠭ᠋ᠠᠨ᠎ᠤ ᠦᠷ᠎ᠡ ᠳ᠋ᠦᠩ᠎ᠠᠴᠠ ᠠᠪᠴᠤ ᠦᠵᠡᠪᠡᠯ᠂ ᠵᠦᠪ ᠳᠦᠷᠢᠮᠵᠢᠭᠦᠨ ᠪᠢᠴᠢᠯᠭᠡ᠎ᠨᠢ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠦᠵᠡᠯ ᠰᠡᠳᠬᠢᠯᠭᠡ ᠵᠢᠨ ᠬᠦᠮᠦᠵᠢᠯ᠂ ᠵᠦᠪ ᠦᠷᠲᠡᠭ᠎ᠤᠨ ᠦᠵᠡᠯᠲᠡ ᠵᠢᠨ ᠪᠦᠷᠢᠯᠳᠦᠯ᠂ ᠮᠤᠩᠭᠤᠯ ᠬᠡᠯᠡ ᠪᠢᠴᠢᠭ᠎ᠤᠨ ᠭᠤᠤᠯᠯᠠᠭ᠍ᠤ ᠬᠡᠪ ᠪᠤᠯᠪᠠᠰᠤᠷᠠᠯ᠎ᠤᠨ ᠳᠡᠭᠡᠭᠰᠢᠯᠡᠯᠲᠡ᠎ᠳᠤ ᠳᠤᠲᠠᠭᠳᠠᠵᠤ ᠪᠤᠯᠤᠰᠢ ᠦᠭᠡᠢ ᠦᠢ᠍ᠯᠡᠳᠦᠯ ᠦᠵᠡᠭᠦᠯᠵᠦ ᠪᠤᠢ᠃ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ ᠱᠠᠲᠤᠨ᠎ᠳᠠᠬᠢ ᠵᠦᠪ ᠳᠦᠷᠢᠮᠵᠢᠭᠦᠨ ᠪᠢᠴᠢᠯᠭᠡ ᠵᠢ ᠰᠠᠶ᠋ᠢᠵᠢᠷᠠᠭᠤᠯᠬᠤ᠎ᠨᠢ ᠪᠠᠭᠰᠢ ᠨᠠᠷ᠎ᠤᠨ ᠠ᠋ᠳᠦᠷ ᠳᠤᠲᠤᠮ᠎ᠤᠨ ᠵᠢᠭ᠋ᠠᠨ ᠰᠤᠷᠭ᠋ᠠᠯᠲᠠ ᠵᠢᠨ ᠴᠢᠬᠤᠯᠠ ᠨᠢᠭᠡᠨ ᠠᠭᠤᠯᠭ᠎ᠠ ᠪᠤᠯᠵᠤ ᠪᠠᠶ᠋ᠢᠨ᠎ᠠ᠃ 《ᠬᠢᠴᠢᠶᠡᠯ᠎ᠤᠨ ᠪᠠᠷᠢᠮᠵᠢᠶ᠎ᠠ》᠎ᠳᠤ ᠮᠤᠩᠭᠤᠯ ᠬᠡᠯᠡ ᠪᠢᠴᠢᠭ᠎ᠤᠨ ᠪᠢᠴᠢᠯᠭᠡ ᠵᠢᠨ ᠱᠠᠭ᠋ᠠᠷᠳᠠᠯᠭ᠎ᠠ ᠵᠢ ᠡᠯ᠎ᠡ ᠱᠠᠲᠤᠨ᠎ᠤ ᠬᠠᠷᠠᠯᠲᠠ᠎ᠳᠤ ᠮᠠᠰᠢ ᠲᠤᠳᠤᠷᠬᠠᠢ ᠲᠤᠭᠲᠠᠭ᠋ᠠᠭᠰᠠᠨ ᠲᠤᠯᠠ ᠬᠠᠷᠠᠯᠲᠠ ᠲᠤᠳᠤᠷᠬᠠᠢ᠂ ᠭᠤᠤᠯᠳᠠᠯᠭ᠎ᠠ ᠳᠤᠪᠤᠶ᠋ᠢᠮ᠎ᠠ ᠵᠢᠭ᠋ᠠᠨ ᠰᠤᠷᠭ᠋ᠠᠬᠤ ᠶᠠᠪᠤᠴᠠ᠎ᠪᠠᠨ ᠰᠢᠨᠵᠢᠯᠡᠬᠦ ᠤᠬᠠᠭ᠋ᠠᠨᠴᠢ᠎ᠪᠠᠷ ᠲᠥᠰᠦᠪᠯᠡᠵᠦ᠂ ᠠ᠋ᠳᠦᠷ ᠳᠤᠲᠤᠮ᠎ᠤᠨ ᠵᠢᠭ᠋ᠠᠨ ᠰᠤᠷᠭ᠋ᠠᠯᠲᠠ᠎ᠪᠠᠷ ᠳᠠᠮᠵᠢᠨ ᠵᠦᠪ ᠳᠦᠷᠢᠮᠵᠢᠭᠦᠨ ᠪᠢᠴᠢᠯᠭᠡ ᠵᠢ ᠰᠠᠶ᠋ᠢᠵᠢᠷᠠᠭᠤᠯᠬᠤ᠎ᠨᠢ ᠰᠤᠷᠤᠭᠴᠢᠳ᠎ᠤᠨ ᠵᠦᠪ ᠳᠦᠷᠢᠮᠵᠢᠭᠦᠨ ᠪᠢᠴᠢᠯᠭᠡ ᠵᠢᠨ ᠲᠤᠬᠠᠢ ᠵᠦᠪ ᠲᠠᠨᠢᠯᠲᠠ᠎ᠲᠠᠢ ᠪᠤᠯᠬᠤ᠂ ᠵᠦᠪ ᠳᠦᠷᠢᠮᠵᠢᠭᠦᠨ ᠪᠢᠴᠢᠯᠭᠡ ᠵᠢᠨ ᠤᠷ᠎ᠠ ᠳᠡᠮ᠎ᠢ ᠤᠯᠵᠤ᠂ ᠵᠦᠪ ᠳᠦᠷᠢᠮᠵᠢᠭᠦᠨ ᠪᠢᠴᠢᠯᠭᠡ ᠵᠢᠨ ᠬᠢᠷᠢ ᠪᠦᠲᠦᠮᠵᠢ ᠳᠡᠭᠡᠭᠰᠢᠯᠡᠬᠦ ᠮᠦᠷᠲᠡᠭᠡᠨ ᠵᠦᠪ ᠰᠤᠷᠤᠯᠴᠠᠯᠭ᠎ᠠ ᠵᠢᠨ ᠳᠠᠳᠬᠠᠯ᠎ᠢ ᠪᠦᠷᠢᠯᠳᠤᠭᠦᠯᠵᠤ᠂ ᠰᠡᠳᠭᠢᠬᠦᠢ᠎ᠨᠢ ᠬᠦᠭᠵᠢᠵᠦ᠂ ᠬᠡᠯᠡᠨ ᠤ ᠮᠡᠳᠡᠷᠡᠮᠵᠢ᠎ᠨᠢ ᠰᠠᠶ᠋ᠢᠵᠢᠷᠠᠵᠤ᠂ ᠬᠡᠯᠡᠨ᠎ᠤ ᠬᠤᠷᠠᠮᠳᠤᠭᠤᠯᠤᠯ᠎ᠨᠢ ᠨᠡᠮᠡᠭᠳᠡᠵᠦ᠂ ᠬᠡᠯᠡ ᠪᠢᠴᠢᠭ᠎ᠤᠨ ᠭᠤᠤᠯᠯᠠᠭ᠍ᠤ ᠬᠡᠪ ᠪᠤᠯᠪᠠᠰᠤᠷᠠᠯ᠎ᠨᠢ ᠢᠯᠡᠳᠲᠡ ᠳᠡᠭᠡᠭᠰᠢᠯᠡᠬᠦ ᠶᠤᠮ᠃
ᠠᠰᠢᠭᠯᠠᠭᠰᠠᠨ ᠮᠠᠲᠸᠷᠢᠶᠠᠯ
[1] ᠳᠤᠮᠳᠠᠳᠤ ᠪᠠᠭ᠎ᠠ ᠰᠤᠷᠭ᠋ᠠᠭᠤᠯᠢ ᠵᠢᠨ ᠠᠯᠪᠠᠨ ᠵᠢᠷᠤᠮ᠎ᠤᠨ ᠰᠤᠷᠭ᠋ᠠᠨ ᠬᠦᠮᠦᠵᠢᠯ᠎ᠤᠨ 《ᠮᠤᠩᠭᠤᠯ ᠬᠡᠯᠡ ᠪᠢᠴᠢᠭ᠎ᠤᠨ ᠬᠢᠴᠢᠶᠡᠯ᠎ᠤᠨ ᠪᠠᠷᠢᠮᠵᠢᠶ᠎ᠠ》᠂ ᠥᠪᠦᠷ ᠮᠤᠩᠭᠤᠯ᠎ᠤᠨ ᠬᠡᠪᠯᠡᠯ᠎ᠤᠨ ᠪᠦᠯᠦᠭᠯᠡᠯ᠂ ᠥᠪᠦᠷ ᠮᠤᠩᠭᠤᠯ᠎ᠤᠨ ᠰᠤᠷᠭ᠋ᠠᠨ ᠬᠦᠮᠦᠵᠢᠯ᠎ᠤᠨ ᠬᠡᠪᠯᠡᠯ᠎ᠤᠨ ᠬᠤᠷᠢᠶ᠎ᠠ᠂ 2013 ᠤᠨ᠎ᠤ ᠬᠡᠪᠯᠡᠯ᠃
[2] ᠯᠢ ᠵᠢᠶᠤᠸᠠᠨ᠂ ᠡᠥ ᠴᠢᠥ ᠶᠠᠨ᠄ 《ᠪᠠᠭ᠎ᠠ ᠰᠤᠷᠭ᠋ᠠᠭᠤᠯᠢ ᠵᠢᠨ ᠳᠤᠤᠷ᠎ᠠ ᠤᠨ᠎ᠤ ᠬᠡᠯᠡ ᠪᠢᠴᠢᠭ᠎ᠤᠨ ᠬᠢᠴᠢᠶᠡᠯ᠎ᠤᠨ ᠲᠠᠩᠭᠢᠮ᠎ᠳᠤ ᠵᠦᠪ ᠳᠦᠷᠢᠮᠵᠢᠭᠦᠨ ᠪᠢᠴᠢᠯᠭᠡ ᠵᠢᠨ ᠵᠢᠭ᠋ᠠᠨ ᠰᠤᠷᠭ᠋ᠠᠯᠲᠠ ᠵᠢᠨ ᠬᠠᠶ᠋ᠢᠨ ᠰᠦᠪᠡᠭᠴᠢᠯᠡᠯᠲᠡ ᠬᠢᠬᠦ ᠲᠤᠬᠠᠢ》᠂ 《ᠳᠤᠮᠳᠠᠳᠤ ᠤᠯᠤᠰ᠎ᠤᠨ ᠤᠯᠠᠨ ᠵᠠᠭᠤᠴᠢᠯᠠᠭᠤᠷ ᠪᠠ ᠰᠦᠯᠵᠢᠶᠡᠨ᠎ᠤ ᠵᠢᠭ᠋ᠠᠨ ᠰᠤᠷᠭ᠋ᠠᠯᠲᠠ ᠵᠢᠨ ᠠ᠋ᠷᠳᠡᠮ ᠰᠢᠨᠵᠢᠯᠡᠭᠡᠨ᠎ᠤ ᠰᠤᠨᠢᠨ》᠂ 2021 ᠤᠨ᠎ᠤ 4 ᠳ᠋ᠤᠭᠡᠷ ᠰᠠᠷ᠎ᠠ᠂ 42-45 ᠳ᠋ᠤᠭ᠋ᠠᠷ ᠨᠢᠭᠤᠷ᠎ᠲᠤ᠃
[3] ᠸᠠᠩ ᠰᠢᠲᠠᠢ᠄ 《ᠵᠦᠪ ᠳᠦᠷᠢᠮᠵᠢᠭᠦᠨ ᠬᠢᠲᠠᠳ ᠦᠰᠦᠭ᠎ᠤᠨ ᠭᠤᠸ᠎ᠠ ᠰᠠᠶ᠋ᠢᠬᠠᠨ᠎ᠤ ᠲᠤᠬᠠᠢ ᠰᠦᠪᠡᠭᠴᠢᠯᠡᠯ》᠂ 《ᠰᠢᠨ᠎ᠡ ᠬᠢᠴᠢᠶᠡᠯ》᠂ 2021 ᠤᠨ᠎ᠤ 41 ᠳ᠋ᠤᠭᠡᠷ ᠬᠤᠭᠤᠴᠠᠭ᠎ᠠ᠂ 6-7 ᠳ᠋ᠤᠭ᠋ᠠᠷ ᠨᠢᠭᠤᠷ᠎ᠲᠤ᠃
[4] ᠰᠠᠩ ᠱᠸᠩ ᠳ᠋ᠧ᠄ 《ᠪᠠᠭ᠎ᠠ ᠰᠤᠷᠭ᠋ᠠᠭᠤᠯᠢ ᠵᠢᠨ ᠬᠡᠯᠡ ᠪᠢᠴᠢᠭ᠎ᠤᠨ ᠬᠢᠴᠢᠶᠡᠯ᠎ᠤᠨ ᠬᠢᠲᠠᠳ ᠦᠰᠦᠭ᠎ᠢ ᠳᠦᠷᠢᠮᠵᠢᠭᠦᠯᠦᠨ ᠪᠢᠴᠢᠬᠦ ᠠᠷᠭ᠎ᠠ ᠠᠪᠴᠠᠯ᠎ᠤᠨ ᠲᠤᠬᠠᠢ ᠰᠢᠨᠠᠴᠢᠯᠡᠯ》᠂ 《ᠳᠤᠮᠳᠠᠳᠤ ᠤᠯᠤᠰ᠎ᠤᠨ ᠪᠠᠷᠢᠮᠵᠢᠶᠠᠵᠢᠭᠤᠯᠤᠯᠲᠠ》᠂ 2023 ᠤᠨ᠎ᠤ 6 ᠳ᠋ᠤᠭ᠋ᠠᠷ ᠰᠠᠷ᠎ᠠ ᠵᠢᠨ 633 ᠳ᠋ᠤᠭ᠋ᠠᠷ ᠬᠤᠭᠤᠴᠠᠭ᠎ᠠ᠂ 215-217 ᠳ᠋ᠤᠭ᠋ᠠᠷ ᠨᠢᠭᠤᠷ᠎ᠲᠤ᠃
[5] ᠳ᠋ᠤᠸᠠᠨ ᠯᠢ ᠮᠢᠨ᠄ 《ᠪᠠᠭ᠎ᠠ ᠰᠤᠷᠭ᠋ᠠᠭᠤᠯᠢ ᠵᠢᠨ ᠬᠡᠯᠡ ᠪᠢᠴᠢᠭ᠎ᠤᠨ ᠬᠢᠴᠢᠶᠡᠯ᠎ᠤᠨ ᠲᠡᠩᠬᠢᠮ᠎ᠤᠨ ᠵᠢᠭ᠋ᠠᠨ ᠰᠤᠷᠭ᠋ᠠᠯᠲᠠ᠎ᠳᠤ ᠰᠤᠷᠤᠭᠴᠢᠳ᠎ᠢ ᠵᠦᠪ ᠳᠦᠷᠢᠮᠵᠢᠭᠦᠨ ᠪᠢᠴᠢᠭᠦᠯᠬᠦ ᠠᠷᠭ᠎ᠠ ᠵᠢᠨ ᠵᠢᠯᠤᠭᠤᠳᠤᠮᠵᠢ》᠂ 《ᠰᠢᠯᠭ᠋ᠠᠯᠲᠠ ᠵᠢᠨ ᠰᠡᠳᠦᠪ ᠬᠢᠭᠡᠳ ᠰᠤᠳᠤᠯᠤᠯ》᠂ 2021 ᠤᠨ᠎ᠤ 22 ᠳ᠋ᠤᠭ᠋ᠠᠷ ᠬᠤᠭᠤᠴᠠᠭ᠎ᠠ᠂ 59 - 60 ᠳ᠋ᠤᠭ᠋ᠠᠷ ᠨᠢᠭᠤᠷ᠎ᠲᠤ᠃
ᠠᠵᠢᠯᠯᠠᠵᠤ ᠪᠠᠢ᠍ᠢ᠍ᠭ᠎ᠠ ᠪᠠᠢ᠍ᠢ᠍ᠭᠤᠯᠭ᠎ᠠ᠄ ᠤᠯᠠᠭ᠋ᠠᠠᠭ᠍ᠠᠳᠠ ᠳᠡᠭᠡᠳᠦ ᠰᠤᠷᠭ᠋ᠠᠭᠤᠯᠢ ᠵᠢᠨ
ᠮᠤᠩᠭᠤᠯ ᠰᠤᠳᠤᠯᠤᠯ᠎ᠤᠨ ᠳᠡᠭᠡᠳᠦ ᠰᠤᠷᠭ᠋ᠠᠭᠤᠯᠢ
ᠵᠢᠨᠢᠩ᠎ᠤᠨ ᠪᠠᠭᠰᠢ ᠵᠢᠨ ᠲᠠᠭᠡᠳᠤ ᠰᠤᠷᠭ᠋ᠠᠭᠤᠯᠢ ᠵᠢᠨ
ᠮᠤᠨᠭ᠌ᠭᠤᠯ ᠰᠤᠳᠤᠯᠤᠯ᠎ᠤᠨ ᠲᠡᠭᠡᠳᠤ ᠰᠤᠷᠭ᠋ᠠᠭᠤᠯᠢ
(ᠮᠦᠨᠭᠭᠦᠨᠴᠢᠮᠡᠭ ᠨᠠᠢ᠍ᠢ᠍ᠷᠠᠭᠤᠯᠪᠠ)