ᠦᠵᠦᠮ᠎ᠡ
ᠪᠠᠭ᠋ᠠᠴᠤᠳ᠎ᠤᠨ ᠬᠤᠰᠢᠭᠤᠴᠢ ᠠᠩᠬᠢ ᠪᠤᠯ ᠪᠠᠭ᠎ᠠ ᠰᠤᠷᠭ᠋ᠠᠭᠤᠯᠢ ᠵᠢᠨ ᠮᠤᠷᠠᠯ᠎ᠤᠨ ᠠᠵᠢᠯ᠎ᠳᠤ᠎ᠬᠢ ᠬᠠᠮᠤᠭ᠎ᠤᠨ ᠴᠤᠭ ᠵᠤᠯᠪᠤᠭ᠋ᠠᠲᠠᠢ ᠬᠦᠴᠦᠨ ᠪᠤᠯᠤᠨ᠎ᠠ᠃ ᠮᠦᠨ ᠴᠤ᠌ ᠪᠦᠬᠦᠶ᠋ᠢᠯᠡ ᠰᠤᠷᠭ᠋ᠠᠭᠤᠯᠢ ᠵᠢᠨ ᠠᠵᠢᠯ᠎ᠤᠨ ᠱᠠᠭ᠋ᠠᠷᠳᠠᠯᠭ᠎ᠠ ᠪᠠ ᠪᠠᠶ᠋ᠢᠷᠢᠯᠠᠭᠤᠯᠤᠯᠲᠠ ᠪᠤᠯᠬᠤ ᠮᠦᠷᠲᠡᠭᠡᠨ ᠰᠤᠷᠤᠭᠴᠢᠳ᠎ᠢ ᠬᠠᠷᠠᠭ᠍ᠠᠨ ᠪᠠᠭ᠎ᠠ᠎ᠠᠴᠠ᠎ᠨᠢ ᠬᠦᠰᠡᠯᠡᠩ᠎ᠲᠠᠢ᠂ ᠶᠤᠰᠦ ᠮᠤᠷᠠᠯ᠎ᠲᠠᠢ᠂ ᠠ᠋ᠷᠳᠡᠮ ᠴᠢᠳᠠᠪᠤᠷᠢ᠎ᠲᠠᠢ᠂ ᠠ᠋ᠷᠡᠬᠦᠯ ᠰᠠᠷᠠᠭᠤᠯ ᠰᠡᠳᠬᠢᠴᠡ᠎ᠲᠠᠢ ᠪᠦᠬᠦ ᠲᠠᠯ᠎ᠡ᠎ᠪᠠᠷ ᠬᠦᠭᠵᠢᠭᠰᠡᠨ ᠬᠦᠮᠦᠨ ᠪᠤᠯᠭ᠋ᠠᠨ ᠬᠦᠮᠦᠵᠢᠬᠦᠯᠬᠦ᠎ᠳᠤ ᠴᠢᠬᠤᠯᠡ ᠰᠠᠭᠤᠷᠢᠨ᠎ᠢ ᠪᠤᠯᠳᠠᠭ᠃ ᠠ᠋ᠶ᠋ᠢᠮᠦ᠎ᠠᠴᠠ ᠪᠠᠭ᠋ᠠᠴᠤᠳ᠎ᠤᠨ ᠬᠤᠰᠢᠭᠤᠴᠢ ᠠᠩᠬᠢ ᠵᠢᠨ ᠬᠦᠳᠡᠯᠭᠡᠭᠡᠨ᠎ᠤ ᠠᠭᠤᠯᠭ᠎ᠠ᠎ᠪᠠᠨ ᠪᠠᠶᠠᠯᠢᠬ᠍ᠵᠢᠭᠤᠯᠵᠦ᠂ ᠬᠡᠤᠬᠡᠳ ᠪᠠᠭ᠋ᠠᠴᠤᠳ᠎ᠤᠨ ᠠ᠋ᠷᠡᠬᠦᠯ ᠵᠶ᠋ᠠᠷ ᠦᠰᠦᠨ ᠪᠤᠶ᠋ᠢᠵᠢᠬᠤ᠎ᠳᠤᠨᠢ ᠰᠠᠶ᠋ᠢᠨ ᠰᠠᠶ᠋ᠢᠬᠠᠨ ᠨᠦᠬᠦᠴᠡᠯ ᠪᠦᠷᠢᠯᠳᠦᠬᠦᠯᠦᠨ ᠦᠭᠬᠦ ᠮᠦᠷᠳᠡᠭᠡᠨ ᠬᠡᠷᠬᠢᠨ ᠬᠦᠮᠦᠵᠢᠯ ᠤᠯᠭᠤᠬᠤ ᠲᠤᠬᠠᠢ ᠰᠠᠨᠠᠭ᠋ᠠᠴᠢᠯᠠᠭ᠍ᠤ ᠴᠢᠬᠤᠯᠠᠲᠠᠢ᠃ ᠳᠤᠤᠷ᠎ᠡ ᠪᠢ ᠪᠠᠭ᠋ᠠᠴᠤᠳ᠎ᠤᠨ ᠬᠤᠰᠢᠭᠤᠴᠢ ᠠᠩᠬᠢ ᠵᠢᠨ ᠭᠦᠳᠡᠯᠭᠡᠭᠡᠨ ᠵᠶ᠋ᠠᠷ ᠪᠡᠭ᠋ᠠᠴᠤᠳ ᠬᠡᠤᠬᠡᠳ᠎ᠲᠤ ᠬᠡᠷᠬᠢᠨ ᠬᠦᠮᠦᠵᠢᠯ ᠬᠢᠬᠦ ᠲᠤᠬᠠᠢ ᠦᠪᠡᠷ᠎ᠤᠨ ᠲᠦᠬᠦᠮ ᠤᠶ᠋ᠢᠯᠠᠭ᠋ᠠᠯᠲᠠ᠎ᠪᠠᠨ ᠳᠤᠷᠠᠳᠤᠶ᠎ᠠ᠃
ᠨᠢᠬᠡ᠂ ᠪᠠᠭ᠋ᠠᠴᠤᠳ᠎ᠤᠨ ᠬᠤᠰᠢᠭᠤᠴᠢ ᠠᠩᠬᠢ ᠵᠢᠨ ᠲᠤᠬᠠᠢ ᠲᠠᠨᠢᠯᠲᠠ ᠤᠶ᠋ᠢᠯᠠᠭ᠋ᠠᠯᠲᠠᠠᠴᠠᠨᠢ ᠭᠠᠷᠳᠠᠨ ᠰᠤᠷᠤᠭᠴᠢᠳ᠎ᠲᠤ ᠦᠵᠡᠯ ᠰᠠᠨᠠᠭ᠋ᠠᠨ᠎ᠤ ᠬᠦᠮᠦᠵᠢᠯ ᠬᠢᠬᠦ
ᠨᠢᠭᠡᠳᠦᠭᠡᠷ ᠤᠨ᠎ᠤ ᠰᠤᠷᠤᠭᠴᠢᠳ᠎ᠢ ᠬᠤᠰᠢᠭᠤᠴᠢ ᠠᠩᠬᠢ᠎ᠳᠤ ᠠ᠋ᠯᠰᠡᠭᠳᠡᠬᠦᠠᠴᠠ ᠠ᠋ᠮᠦᠨ᠎ᠡ ᠬᠤᠰᠢᠭᠤᠴᠢ ᠠᠩᠬᠢ ᠵᠢᠨ ᠲᠤᠬᠠᠢ ᠠᠩᠬᠠᠨ᠎ᠤ ᠲᠠᠨᠢᠯᠲᠠ᠎ᠲᠠᠢ ᠪᠤᠯᠭ᠋ᠠᠵᠦ᠂ ᠬᠤᠰᠢᠭᠤᠴᠢ ᠠᠩᠬᠢ ᠵᠢᠨ ᠶᠡᠷᠦ ᠵᠢᠨ ᠮᠡᠳᠡᠯᠭᠡ ᠵᠢ ᠲᠠᠨᠢᠭᠤᠯᠬᠤ᠂ ᠰᠤᠨᠢᠷᠬᠠᠭᠤᠯᠬᠤ᠂ ᠵᠢᠯᠤᠭᠤᠳᠤᠨ ᠰᠤᠷᠤᠯᠴᠠᠭᠤᠯᠬᠤ ᠵᠡᠷᠭᠡ ᠠᠷᠭ᠎ᠠ᠎ᠪᠠᠷ ᠰᠤᠷᠤᠭᠴᠢᠳ᠎ᠲᠤ ᠦᠵᠡᠯ ᠰᠠᠨᠠᠭ᠋ᠠᠨ᠎ᠤ ᠬᠦᠮᠦᠵᠢᠯ ᠬᠢᠨ᠎ᠡ᠃ ᠵᠢᠱ᠌ᠢᠶᠡᠯᠡᠪᠡᠯ᠄ ᠬᠤᠰᠢᠭᠤᠴᠢ ᠠᠩᠬᠢ ᠵᠢᠨ ᠰᠢᠨᠵᠢ ᠴᠢᠨᠠᠷ᠎ᠢ ᠪᠠᠭᠰᠢ᠎ᠠᠴᠠ ᠶᠠᠷᠢᠵᠦ ᠮᠡᠳᠡᠭᠦᠯᠬᠦ᠂ ᠬᠤᠰᠢᠭᠤᠴᠢ ᠠᠩᠬᠢ ᠵᠢᠨ ᠨᠡᠷ᠎ᠡ ᠵᠢ ᠰᠠᠮᠪᠠᠷᠠᠯᠠᠨ ᠤᠩᠰᠢᠭᠤᠯᠬᠤ᠂ ᠬᠤᠰᠢᠭᠤᠴᠢ ᠠᠩᠬᠢ ᠵᠢᠨ ᠲᠤᠭ᠂ ᠬᠤᠰᠢᠭᠤᠴᠢ ᠠᠩᠬᠢ ᠵᠢᠨ ᠲᠡᠮᠳᠡᠭ᠎ᠢ ᠵᠢᠷᠤᠭ ᠵᠶ᠋ᠠᠷ ᠦᠵᠡᠬᠦᠯᠬᠦ ᠪᠤᠶᠤ ᠪᠤᠳᠠᠲᠠᠢ ᠪᠤᠳᠠᠰ᠎ᠢ ᠦᠵᠡᠬᠦᠯᠦᠨ ᠲᠠᠨᠢᠭᠤᠯᠬᠤ᠂ ᠬᠤᠰᠢᠭᠤᠴᠢ ᠠᠩᠬᠢ ᠵᠢᠨ ᠶᠤᠰᠦ ᠵᠢ ᠲᠦᠷᠢᠮᠴᠢᠯᠡᠨ ᠬᠢᠵᠦ ᠦᠵᠡᠬᠦᠯᠬᠦ᠂ ᠤᠯᠠᠭ᠋ᠠᠨ ᠪᠦᠴᠡ᠎ᠪᠠᠨ ᠵᠦᠪ ᠵᠡᠬᠦᠵᠦ ᠴᠢᠳᠠᠭ᠍ᠤ᠂ ᠬᠤᠰᠢᠭᠤᠴᠢ ᠠᠩᠬᠢ ᠵᠢᠨ ᠳᠠᠭᠤᠤ ᠰᠢᠩᠭᠡᠭᠡᠯᠲᠡ ᠵᠢ ᠦᠵᠡᠬᠦᠯᠵᠦ ᠰᠤᠨᠢᠷᠬᠠᠭᠤᠯᠬᠤ᠂ ᠤᠷᠢᠶ᠎ᠠ ᠬᠠᠰᠬᠢᠷᠴᠤ ᠲᠦᠷᠢᠮᠴᠢᠯᠡᠬᠦ ᠵᠡᠷᠭᠡ ᠲᠡᠯ᠎ᠡ᠎ᠪᠠᠷ ᠲᠤᠰᠬᠠᠢ ᠬᠢᠴᠢᠶᠡᠯ ᠤᠷᠤᠵᠦ ᠪᠤᠳᠠᠲᠠᠢ ᠵᠢᠯᠤᠭᠤᠳᠤᠯᠭ᠎ᠠ ᠬᠢᠵᠦ ᠰᠤᠷᠤᠯᠴᠠᠭᠤᠯᠤᠨ᠂ ᠨᠢᠭᠡᠳᠦᠭᠡᠷ ᠤᠨ᠎ᠤ ᠰᠤᠷᠤᠭᠴᠢᠳ᠎ᠲᠤ ᠬᠤᠰᠢᠭᠤᠴᠢ ᠠᠩᠬᠢ ᠵᠢᠨ ᠲᠤᠬᠠᠢ ᠠᠩᠬᠠᠨ᠎ᠤ ᠲᠠᠨᠢᠯᠲᠠ᠎ᠲᠠᠢ ᠪᠤᠯᠭ᠋ᠠᠨ᠎ᠠ᠃
ᠪᠠᠭ᠋ᠠᠴᠤᠳ᠎ᠤᠨ ᠬᠤᠰᠢᠭᠤᠴᠢ ᠠᠩᠬᠢ᠎ᠳᠤ ᠠ᠋ᠯᠰᠡᠭᠳᠡᠭᠰᠡᠨᠤ ᠳᠠᠷᠠᠭ᠎ᠠ ᠰᠠᠶ᠋ᠢᠨ ᠬᠦᠮᠦᠨ᠎ᠤ ᠰᠠᠶ᠋ᠢᠨ ᠦᠢ᠍ᠯᠡ ᠠᠵᠢᠯᠯᠠᠭ᠎ᠠ᠂ ᠪᠤᠯᠪᠠᠰᠤᠨ ᠶᠤᠰᠤᠷᠬᠠᠭ ᠪᠠᠶ᠋ᠢᠬᠤ᠂ ᠪᠠᠭᠰᠢ ᠠᠬᠠᠮᠠᠳ ᠵᠶ᠋ᠠᠨ ᠬᠦᠨᠳᠦᠳᠬᠡᠬᠦ᠂ ᠨᠡᠶ᠋ᠢᠲᠡ ᠵᠢᠨ ᠠ᠋ᠳ᠋ ᠬᠤᠭᠰᠢᠯᠢ ᠬᠠᠶ᠋ᠢᠷᠠᠯᠠᠭ᠍ᠤ ᠁ 《ᠪᠠᠭ᠎ᠠ ᠰᠤᠷᠭ᠋ᠠᠭᠤᠯᠢ ᠵᠢᠨ ᠰᠤᠷᠤᠭᠴᠢ ᠵᠢᠨ ᠰᠠᠬᠢᠬᠤ ᠲᠦᠷᠢᠮ》 ᠪᠠ 《ᠪᠠᠭ᠎ᠠ ᠰᠤᠷᠭ᠋ᠠᠭᠤᠯᠢ ᠵᠢᠨ ᠠ᠋ᠳᠦᠷ ᠲᠤᠲᠤᠮ᠎ᠤᠨ ᠠᠵᠢᠯᠯᠠᠭ᠋ᠠᠨ᠎ᠤ ᠲᠦᠷᠢᠮᠵᠢᠯ》᠎ᠲᠠᠢ ᠤᠶᠠᠯᠳᠤᠭᠤᠯᠤᠨ ᠰᠤᠷᠤᠭᠴᠢᠳ᠎ᠤᠨ ᠬᠤᠰᠢᠭᠤᠴᠢ ᠠᠩᠬᠢ ᠵᠢᠨ ᠲᠤᠬᠠᠢ ᠦᠵᠡᠯᠲᠡ ᠲᠠᠨᠢᠯᠲᠠ ᠵᠢ᠎ᠨᠢ ᠳᠡᠭᠡᠭᠰᠢᠯᠡᠬᠦᠯᠪᠡᠯ ᠬᠢᠷᠢ ᠲᠡᠩᠴᠡᠭᠰᠡᠨ ᠪᠠᠭ᠋ᠠᠴᠤᠳ᠎ᠤᠨ ᠬᠤᠰᠢᠭᠤᠴᠢ ᠠᠩᠬᠢ ᠵᠢᠨ ᠬᠡᠰᠢᠬᠦᠨ ᠪᠤᠯᠭ᠍ᠤ ᠤᠷᠮ᠎ᠠ ᠵᠢ᠎ᠨᠢ ᠬᠦᠪᠴᠢᠯᠡᠵᠦ᠂ ᠢᠳᠡᠪᠬᠢᠵᠢᠯ᠎ᠢ᠎ᠨᠢ ᠳᠠᠶ᠋ᠢᠴᠢᠯᠠᠵᠤ ᠴᠢᠳᠠᠨ᠎ᠠ᠃
ᠬᠤᠶᠠᠷ᠂ ᠭᠤᠤᠯ ᠰᠡᠲᠤᠪᠲᠤ ᠳᠤᠮᠳᠠ ᠠᠩᠬᠢ ᠵᠢᠨ ᠬᠦᠳᠡᠯᠭᠡᠭᠡᠨ ᠵᠶ᠋ᠠᠷ ᠰᠤᠷᠤᠭᠴᠢᠳ᠎ᠤᠨ ᠪᠦᠬᠦ ᠲᠠᠯ᠎ᠡ ᠵᠢᠨ ᠠᠪᠢᠶᠠᠰ᠎ᠢ᠎ᠨᠢ ᠬᠦᠭᠵᠢᠬᠦᠯᠵᠦ ᠶᠤᠰᠦ ᠰᠤᠷᠲᠠᠭ᠍ᠤᠨ᠎ᠤ ᠬᠦᠮᠦᠵᠢᠯ ᠬᠢᠬᠦ
ᠭᠤᠤᠯ ᠰᠡᠳᠤᠪᠲᠤ ᠳᠤᠮᠳᠠ ᠠᠩᠬᠢ ᠵᠢᠨ ᠬᠦᠳᠡᠯᠭᠡᠭᠡᠨ ᠪᠤᠯ ᠬᠤᠰᠢᠭᠤᠴᠢ ᠠᠩᠬᠢ ᠵᠢᠨ ᠠᠵᠢᠯ᠎ᠤᠨ ᠴᠢᠬᠤᠯᠠ ᠨᠢᠭᠡᠨ ᠠᠭᠤᠯᠭ᠎ᠠ ᠮᠦᠨ᠃ ᠭᠤᠤᠯ ᠰᠡᠲᠤᠪᠲᠤ ᠳᠤᠮᠳᠠ ᠠᠩᠬᠢ ᠵᠢᠨ ᠬᠦᠳᠡᠯᠭᠡᠭᠡᠨ ᠦᠷᠨᠢᠬᠦᠯᠵᠦ ᠰᠤᠷᠤᠭᠴᠢᠳ᠎ᠤᠨ ᠶᠠᠷᠢᠵᠦ ᠢᠯᠡᠳᠬᠡᠬᠦ ᠴᠢᠳᠠᠪᠤᠷᠢ᠂ ᠳᠠᠭᠤᠯᠠᠵᠦ ᠪᠦᠵᠢᠭᠯᠡᠬᠦ ᠵᠡᠷᠬᠡ ᠤᠯᠠᠨ ᠲᠠᠯ᠎ᠠ ᠵᠢᠨ ᠴᠢᠳᠡᠪᠤᠷᠢ᠂ ᠮᠡᠳᠡᠯᠭᠡ ᠵᠢ᠎ᠨᠢ ᠨᠡᠮᠡᠭᠳᠡᠬᠦᠯᠪᠡᠯ ᠰᠤᠷᠤᠭᠴᠢᠳ᠎ᠲᠤ ᠶᠤᠰᠦ ᠰᠤᠷᠲᠠᠭ᠍ᠤᠨ᠎ᠤ ᠬᠦᠮᠦᠵᠢᠯ ᠤᠯᠭᠤᠵᠦ ᠴᠢᠳᠠᠨ᠎ᠠ᠃ ᠵᠢᠱ᠌ᠢᠶᠡᠯᠡᠪᠡᠯ᠄ ᠯᠧᠢ ᠹᠧᠩ᠎ᠠᠴᠠ᠎ᠲᠠᠭᠠᠨ ᠰᠤᠷᠤᠯᠴᠠᠭ᠍ᠤ ᠠᠵᠢᠯᠯᠠᠭ᠎ᠠ᠂ 《10 · 1》᠎ᠤ ᠤᠯᠤᠰ ᠪᠠᠶ᠋ᠢᠭᠤᠯᠤᠭᠳᠠᠭᠰᠠᠨ ᠪᠠᠶᠠᠷ᠎ᠤᠨ ᠠ᠋ᠳᠦᠷ᠂ 《6 · 1》᠎ᠤ ᠳᠡᠯᠡᠭᠡᠢ ᠵᠢᠨ ᠬᠡᠤᠭᠡᠳ᠎ᠤᠨ ᠪᠠᠶᠠᠷ᠂ 《9 · 10》᠎ᠤ ᠪᠠᠭᠰᠢ ᠵᠢᠨ ᠪᠠᠶᠠᠷ᠂ 《3 · 8》᠎ᠤ ᠠ᠋ᠮᠡᠭᠲᠡᠶ᠋ᠢᠴᠤᠳᠤᠨ ᠪᠠᠶᠠᠷ ᠵᠡᠷᠬᠡ ᠪᠠᠶᠠᠷ ᠲᠤᠷᠠᠰᠬᠠᠯᠲᠤ ᠠ᠋ᠳᠦᠷᠢ ᠳᠤᠷᠠᠰᠬᠠᠬᠤ ᠭᠤᠤᠯ ᠰᠡᠲᠤᠪᠲᠤ ᠳᠤᠮᠳᠠ ᠠᠩᠬᠢ ᠵᠢᠨ ᠠᠵᠢᠯᠯᠠᠭ᠋ᠠᠨ᠎ᠢ ᠦᠷᠨᠢᠬᠦᠯᠵᠦ᠂ ᠪᠠᠶᠠᠷ ᠳᠤᠷᠠᠰᠬᠠᠯ᠎ᠤᠨ ᠠ᠋ᠳᠦᠷ᠎ᠤᠨ ᠢᠷᠡᠯᠲᠡ ᠵᠢ ᠤᠶ᠋ᠢᠯᠠᠭ᠋ᠠᠭᠤᠯᠵᠦ᠂ ᠬᠢᠯᠠᠯᠵᠠᠭᠰᠠᠨ ᠠᠮᠵᠢᠯᠲᠠ ᠪᠦᠲᠦᠬᠡᠯ᠂ ᠬᠡᠷᠡᠯᠲᠤ ᠲᠡᠤᠭᠡ ᠵᠢᠨ ᠤᠯᠠ ᠮᠦᠷ᠎ᠢ᠎ᠨᠢ ᠮᠡᠳᠡᠬᠦᠯᠬᠦ᠎ᠪᠠᠷ ᠳᠠᠮᠵᠢᠨ ᠪᠠᠭ᠋ᠠᠴᠤᠳ᠎ᠤᠨ ᠬᠤᠰᠢᠭᠤᠴᠢ ᠠᠩᠬᠢ ᠵᠢᠨ ᠬᠤᠪᠢᠰᠬᠠᠯᠲᠤ ᠴᠢᠨᠠᠷ᠎ᠢ ᠲᠠᠨᠢᠭᠤᠯᠵᠦ᠂ ᠪᠠᠭ᠋ᠠᠴᠤᠳ ᠬᠡᠤᠭᠡᠳ᠎ᠤᠨ ᠦᠵᠡᠯᠲᠡ ᠲᠠᠨᠢᠯᠲᠠ ᠵᠢ ᠨᠡᠮᠡᠭᠳᠡᠬᠦᠯᠵᠦ᠂ ᠶᠤᠰᠤ ᠰᠤᠷᠲᠠᠭ᠍ᠤᠨ᠎ᠤ ᠬᠦᠮᠦᠵᠢᠯ ᠤᠯᠭᠤᠵᠤ ᠪᠤᠯᠤᠨ᠎ᠠ᠃ ᠵᠢᠱ᠌ᠢᠶᠠᠯᠡᠪᠡᠯ᠄ ᠤᠯᠤᠰ ᠪᠠᠶ᠋ᠢᠭᠤᠯᠤᠭᠳᠠᠭᠰᠠᠨ ᠪᠠᠶᠡᠷᠢ ᠳᠤᠷᠠᠰᠬᠠᠨ ᠪᠡᠯᠭᠡᠯᠡᠬᠦ᠎ᠪᠠᠷ ᠭᠤᠤᠯ ᠰᠡᠳᠦᠪ ᠪᠤᠯᠭ᠋ᠠᠵᠦ᠂ ᠠ᠋ᠬᠡ ᠤᠯᠤᠰ ᠵᠶ᠋ᠠᠨ ᠬᠠᠶ᠋ᠢᠷᠠᠯᠠᠭ᠍ᠤ ᠬᠦᠮᠦᠵᠢᠯ ᠵᠶ᠋ᠠᠷ ᠵᠤᠷᠢᠯᠭ᠎ᠠ᠎ᠪᠠᠨ ᠪᠤᠯᠭ᠋ᠠᠭᠰᠠᠨ ᠳᠤᠮᠲᠡ ᠠᠩᠬᠢ ᠵᠢᠨ ᠠᠵᠢᠯᠯᠠᠭ᠋ᠠᠨ᠎ᠢ ᠵᠤᠬᠢᠶᠠᠨ ᠪᠠᠶ᠋ᠢᠭᠤᠯᠤᠨ᠂ ᠰᠤᠷᠤᠭᠴᠢᠳ᠎ᠢ ᠰᠢᠯᠦᠭ᠂ ᠳᠠᠭᠤᠤ ᠵᠡᠷᠭᠡ ᠵᠢ ᠪᠡᠯᠡᠳᠭᠡᠯᠭᠡᠵᠦ ᠤᠯᠠᠨ ᠶᠠᠩᠵᠦ ᠵᠢᠨ ᠠᠵᠢᠯᠯᠠᠭ᠋ᠠᠨ᠎ᠢ ᠦᠷᠨᠢᠭᠦᠯᠦᠨ ᠲᠡᠳᠡᠨ᠎ᠳᠤ 1949 ᠤᠨ᠎ᠤ 10 ᠰᠡᠷ᠎ᠡ ᠵᠢᠨ 1᠎ᠤ ᠠ᠋ᠳᠦᠷ ᠮᠠᠨ᠎ᠤ ᠠ᠋ᠬᠡ ᠤᠯᠤᠰ ᠪᠠᠶ᠋ᠢᠭᠤᠯᠤᠭᠳᠠᠬᠤ᠎ᠳᠤ᠂ ᠶᠠᠮᠠᠷ ᠬᠠᠲᠠᠭᠤ ᠪᠡᠷᠬᠡᠰᠢᠶᠡᠯ᠎ᠲᠤ ᠴᠠᠭ ᠦᠶ᠎ᠡ ᠵᠢ ᠦᠩᠬᠡᠷᠡᠬᠦᠯᠵᠤ᠂ ᠬᠡᠴᠢᠨᠡᠨ ᠤᠯᠠᠨ ᠬᠦᠮᠦᠨ᠎ᠤ ᠴᠢᠰᠦ ᠬᠦᠯᠦᠰᠦ᠎ᠪᠠᠷ ᠦᠨᠦᠳᠦᠷ᠎ᠤᠨ ᠵᠤᠯ ᠵᠢᠷᠭ᠋ᠠᠯᠲᠤ ᠠᠮᠢᠳᠤᠷᠠᠯ᠎ᠢ ᠰᠤᠯᠢᠵᠦ ᠠᠪᠴᠢᠷᠠᠭᠰᠠ᠎ᠨᠢ ᠮᠡᠳᠡᠬᠦᠯᠵᠦ᠂ ᠠ᠋ᠬᠦᠨ ᠵᠶ᠋ᠠᠷ ᠳᠠᠮᠵᠢᠨ ᠰᠤᠷᠤᠭᠴᠢᠳ᠎ᠤᠨ ᠠ᠋ᠬᠡ ᠤᠯᠤᠰ ᠵᠶ᠋ᠠᠨ ᠬᠠᠶ᠋ᠢᠷᠠᠯᠠᠭ᠍ᠤ᠂ ᠠᠮᠢᠳᠤᠷᠠᠯ ᠵᠶ᠋ᠠᠨ ᠨᠠᠨᠳᠢᠩᠨᠠᠭ᠍ᠤ᠂ ᠠ᠋ᠬᠡ ᠤᠯᠤᠰ᠎ᠤᠨ ᠵᠶ᠋ᠠᠨ ᠢᠷᠡᠬᠦ ᠮᠠᠷᠭ᠋ᠠᠰᠢ ᠵᠢᠨ ᠴᠡᠴᠡᠭᠯᠡᠨ ᠬᠦᠭᠵᠢᠯᠲᠡ᠎ᠳᠤ ᠬᠤᠪᠢ ᠨᠡᠮᠡᠷᠢ᠎ᠪᠠᠨ ᠦᠵᠡᠬᠦᠯᠬᠦ᠎ᠪᠠᠷ ᠴᠢᠷᠮᠠᠶ᠋ᠢᠬᠤ ᠵᠤᠷᠢᠭ᠎ᠢ᠎ᠨᠢ ᠬᠦᠪᠴᠢᠯᠡᠵᠦ᠂ ᠰᠤᠷᠤᠭᠴᠢᠳ᠎ᠤᠨ ᠤᠯᠤᠰ ᠵᠶ᠋ᠠᠨ ᠬᠠᠶ᠋ᠢᠷᠠᠯᠠᠭ᠍ᠤ ᠦᠵᠡᠯᠲᠡ ᠲᠠᠨᠢᠯᠲᠠ ᠵᠢ᠎ᠨᠢ ᠳᠡᠭᠡᠭᠰᠢᠯᠡᠭᠦᠯᠦᠨ᠎ᠠ᠃
ᠭᠤᠷᠪᠠ᠂ ᠬᠢᠴᠢᠶᠡᠯ᠎ᠤᠨ ᠭᠠᠳᠠᠨᠠᠬᠢ ᠪᠠᠭ᠋ᠠᠴᠤᠳ᠎ᠤᠨ ᠬᠤᠰᠢᠭᠤᠴᠢ ᠠᠩᠬᠢ ᠵᠢᠨ ᠬᠦᠳᠡᠯᠭᠡᠭᠡᠨ ᠵᠶ᠋ᠠᠷ ᠰᠤᠷᠤᠭᠴᠢᠳ᠎ᠢ ᠦᠢ᠍ᠯᠡᠳᠦᠯᠭᠡ ᠬᠦᠳᠡᠯᠪᠦᠷᠢ᠎ᠳᠤ ᠤᠷᠤᠯᠴᠠᠭᠤᠯᠬᠤ
ᠬᠢᠴᠢᠶᠡᠯ᠎ᠤᠨ ᠭᠠᠳᠠᠨᠠᠬᠢ ᠪᠠᠭ᠋ᠠᠴᠤᠳ᠎ᠤᠨ ᠬᠤᠰᠢᠭᠤᠴᠢ ᠠᠩᠬᠢ ᠵᠢᠨ ᠬᠦᠳᠡᠯᠭᠡᠭᠡᠨ᠎ᠤ ᠠᠭᠤᠯᠭ᠎ᠠ᠎ᠪᠠᠨ ᠪᠠᠶᠠᠯᠢᠭ᠂ ᠤᠯᠠᠨ ᠶᠠᠩᠵᠦ ᠵᠢᠨ᠂ ᠰᠢᠨᠡᠷᠭᠡᠤ ᠬᠡᠯᠪᠡᠷᠢ᠎ᠪᠠᠷ ᠰᠢᠨ᠎ᠡ ᠰᠤᠷᠭᠤᠭ ᠵᠶ᠋ᠠᠷ ᠵᠤᠬᠢᠶᠠᠨ ᠪᠠᠶ᠋ᠢᠭᠤᠯᠵᠦ᠂ ᠰᠤᠷᠤᠭᠴᠢᠳ᠎ᠢ ᠡᠯ᠎ᠡ ᠵᠦᠢ᠍ᠯ᠎ᠤᠨ ᠬᠦᠳᠡᠯᠭᠡᠭᠡᠨ᠎ᠳᠤ ᠤᠷᠤᠯᠴᠠᠭᠤᠯᠤᠨ᠂ ᠤᠷᠮ᠎ᠠ ᠵᠢ᠎ᠨᠢ ᠬᠦᠭᠵᠢᠭᠡᠨ᠂ ᠪᠠᠶᠠᠴᠢ ᠦᠢ᠍ᠯᠡᠳᠦᠯᠭᠡ ᠵᠢᠨ ᠬᠦᠮᠦᠵᠢᠯ ᠤᠯᠭᠤᠬᠤ᠎ᠪᠠᠷ ᠴᠢᠷᠮᠠᠶ᠋ᠢᠨ᠎ᠠ᠃ ᠵᠢᠱ᠌ᠢᠶᠠᠯᠡᠪᠡᠯ᠄ ᠪᠠᠭ᠋ᠠᠴᠤᠳ᠎ᠤᠨ ᠬᠤᠰᠢᠭᠤᠴᠢ ᠠᠩᠬᠢ ᠵᠢᠨ ᠠ᠋ᠩᠨᠡᠭᠡ᠎ᠪᠠᠨ ᠦᠷᠭᠡᠳᠬᠡᠬᠦ ᠠᠵᠢᠯᠯᠠᠭ᠎ᠠ᠂ ᠪᠤᠰᠤᠳ᠎ᠢ ᠬᠠᠪᠰᠤᠷᠬᠤ᠎ᠪᠠᠷ ᠵᠢᠷᠭ᠋ᠠᠯ ᠵᠶ᠋ᠠᠨ ᠪᠤᠯᠭ᠋ᠠᠬᠤ ᠵᠢ ᠰᠤᠷᠲᠠᠯᠴᠢᠯᠠᠭᠰᠠᠨ ᠠᠵᠢᠯᠯᠠᠭ᠎ᠠ᠂ ᠠᠩᠬᠢ ᠵᠢᠨ ᠬᠤᠭᠤᠷᠤᠨᠳᠤᠬᠢ ᠠᠷᠢᠭᠤᠨ ᠴᠡᠪᠡᠷ᠎ᠤᠨ ᠬᠢᠨᠠᠨ ᠪᠠᠶ᠋ᠢᠴᠠᠭ᠋ᠠᠯᠲᠠ ᠬᠢᠵᠦ ᠰᠠᠶ᠋ᠢᠨᠲᠠᠢ ᠲᠠᠯ᠎ᠡ ᠪᠠ ᠬᠦᠷᠦᠯᠴᠡᠬᠦ ᠦᠭᠡᠢ ᠲᠠᠯ᠎ᠡ ᠵᠢ ᠳᠠᠷᠤᠢ᠎ᠳᠤ᠎ᠨᠢ ᠳᠤᠷᠠᠳᠤᠨ ᠭᠠᠷᠭ᠋ᠠᠬᠤ᠂ ᠡᠯ᠎ᠡ ᠵᠦᠢ᠍ᠯ᠎ᠤᠨ ᠲᠤᠰᠬᠠᠢ ᠰᠡᠳᠦᠪ᠎ᠲᠤ ᠶᠠᠷᠢᠶᠠᠨ᠎ᠤ ᠤᠷᠤᠯᠳᠤᠭ᠋ᠠᠨ᠂ ᠦᠯᠢᠭᠡᠷ᠎ᠤᠨ ᠤᠷᠤᠯᠳᠤᠭ᠋ᠠᠨ᠂ ᠰᠢᠯᠦᠭ᠎ᠤᠨ ᠤᠷᠤᠯᠳᠤᠭ᠋ᠠᠨ᠂ ᠲᠠᠭᠤᠨ᠎ᠤ ᠤᠷᠤᠯᠳᠤᠭ᠋ᠠᠨ᠂ ᠴᠡᠪᠡᠷ ᠪᠢᠴᠢᠯᠭᠡ ᠵᠢᠨ ᠦᠵᠡᠬᠦᠯᠭᠡ᠂ ᠵᠤᠬᠢᠶᠠᠨ ᠪᠢᠴᠢᠯᠭᠡ ᠵᠢᠨ ᠤᠷᠤᠯᠳᠤᠭ᠋ᠠᠨ᠂ ᠠᠮᠢ ᠠᠬᠤᠢ ᠵᠢ ᠬᠠᠶ᠋ᠢᠷᠠᠯᠠᠵᠦ ᠬᠠᠮᠠᠭ᠋ᠠᠯᠠᠭ᠍ᠤ ᠭᠠᠷ ᠪᠢᠴᠢᠮᠡᠯ ᠰᠤᠨᠢᠨ᠎ᠤ ᠦᠵᠡᠬᠦᠯᠭᠡ᠂ ᠬᠠᠨ᠎ᠠ ᠵᠢᠨ ᠰᠤᠨᠢᠨ᠂ ᠭᠤᠳᠤᠮᠵᠢ ᠵᠢᠨ ᠰᠤᠨᠢᠨ ᠵᠡᠷᠬᠡ ᠵᠢ ᠦᠷᠬᠦᠯᠵᠢ ᠲᠤᠭᠳᠠᠭᠰᠠᠨ ᠬᠤᠭᠤᠴᠠᠭ᠎ᠠ᠎ᠲᠠᠢ ᠲᠤᠰᠬᠠᠢ ᠰᠡᠳᠦᠪ ᠵᠶ᠋ᠠᠷ ᠭᠠᠷᠭ᠋ᠠᠬᠤ ᠵᠢᠨ ᠬᠠᠮᠳᠤ ᠴᠠᠭ᠎ᠤᠨ ᠪᠠᠶ᠋ᠢᠳᠠᠯ ᠤᠯᠤᠰ ᠲᠦᠷᠦ ᠵᠢᠨ ᠬᠦᠮᠦᠵᠢᠯ ᠬᠢᠵᠦ᠂ ᠴᠠᠭ ᠦᠶ᠎ᠡ᠎ᠲᠠᠢ ᠴᠤᠭ ᠵᠶ᠋ᠠᠷ ᠲᠠᠪᠰᠢᠬᠤ ᠪᠠ ᠦᠨᠳᠦᠰᠦᠲᠠᠨᠤ ᠦᠪᠡᠷᠮᠢᠴᠡ ᠤᠨᠴᠠᠯᠢᠭ᠎ᠲᠠᠢ ᠴᠠᠭ᠋ᠠᠨ ᠢᠳᠡᠭᠡ᠂ ᠵᠠᠩ ᠠᠷᠠᠨᠰᠢᠨ᠂ ᠠᠮᠢᠳᠤᠷᠠᠯ᠎ᠤᠨ ᠠ᠋ᠳ᠋ᠯᠡᠯ ᠬᠡᠷᠡᠭᠰᠡᠯ᠂ ᠬᠤᠪᠴᠠᠰᠦ ᠵᠠᠰᠠᠯ ᠵᠡᠷᠬᠡ ᠵᠢ ᠰᠤᠷᠤᠭᠴᠢᠳ᠎ᠲᠤ ᠤᠶ᠋ᠢᠯᠠᠭ᠋ᠠᠭᠤᠯᠵᠦ ᠮᠡᠳᠡᠬᠦᠯᠬᠦ ᠠᠵᠢᠯᠯᠠᠭ᠎ᠠ ᠵᠡᠷᠭᠡ ᠶᠠᠮᠠᠷ ᠨᠢᠭᠡᠨ ᠤᠳᠬ᠎ᠠ ᠰᠠᠨᠠᠭ᠎ᠠ ᠵᠢ ᠬᠠᠷᠠᠭᠤᠯᠤᠭᠰᠠᠨ ᠬᠦᠮᠦᠵᠢᠯ᠎ᠤᠨ ᠰᠢᠨᠵᠢ᠎ᠲᠠᠢ ᠠᠭᠤᠯᠭ᠎ᠠ᠎ᠪᠠᠷ ᠰᠡᠳᠦᠪᠯᠡᠨ ᠰᠤᠷᠤᠭᠴᠢᠳ᠎ᠢ ᠲᠦᠯᠦᠪᠯᠡᠭᠡ᠎ᠲᠠᠢ᠂ ᠠᠯᠬᠤᠮ ᠳᠠᠷᠠᠭ᠎ᠠ᠎ᠲᠠᠢ ᠵᠤᠬᠢᠶᠠᠨ ᠪᠠᠶ᠋ᠢᠭᠤᠯᠵᠦ᠂ ᠪᠤᠳᠠᠲᠠᠢ ᠦᠢ᠍ᠯᠡᠳᠦᠯᠭᠡ᠎ᠳᠤ ᠤᠷᠤᠯᠴᠠᠭᠤᠯᠪᠡᠯ ᠰᠤᠷᠤᠭᠴᠢᠳ᠎ᠲᠤ ᠦᠨᠡᠨ ᠬᠦ᠌ ᠬᠦᠮᠦᠵᠢᠯ ᠤᠯᠭᠤᠵᠦ ᠴᠢᠳᠡᠨ᠎ᠠ᠃ ᠤᠳᠤᠬᠠᠨ᠎ᠳᠤ ᠰᠤᠷᠤᠭᠴᠢᠳ ᠦᠪᠡᠷ᠎ᠤᠨ ᠦᠨᠳᠦᠰᠦᠲᠡᠨ᠎ᠤ ᠵᠠᠩ ᠳᠠᠳᠬᠠᠯ᠂ ᠶᠤᠰᠤ ᠠᠷᠠᠨᠰᠢᠨ ᠵᠶ᠋ᠠᠨ ᠮᠡᠳᠡᠬᠦ᠎ᠨᠢ ᠴᠦᠬᠡᠨ ᠪᠠᠶ᠋ᠢᠵᠦ᠂ ᠲᠡᠷᠡᠴᠢᠯᠡᠨ ᠵᠠᠷᠢᠮ ᠭᠡᠷ᠎ᠤᠨ ᠠᠬᠠᠮᠠᠳ ᠴᠤ᠌ ᠮᠡᠳᠡᠬᠦ ᠦᠭᠡᠢ ᠪᠤᠯᠬᠤᠷ ᠬᠡᠤᠬᠡᠳ᠎ᠲᠤ᠎ᠪᠠᠨ ᠤᠯᠠᠮᠵᠢᠯᠠᠵᠤ ᠴᠢᠳᠠᠬᠤ ᠦᠭᠡᠢ᠂ ᠠ᠋ᠳᠦᠷ᠎ᠤᠨ ᠤᠳᠠᠭ᠋ᠠᠨ᠎ᠳᠤ᠎ᠪᠠᠨ ᠮᠠᠷᠲᠠᠭᠳᠠᠵᠤ ᠪᠠᠢ᠍ᠢ᠍ᠭ᠎ᠠ ᠪᠤᠳᠠᠲᠠᠢ ᠪᠠᠶ᠋ᠢᠳᠠᠯ᠎ᠳᠤ ᠬᠠᠨᠳᠤᠭᠤᠯᠤᠨ᠂ ᠰᠤᠷᠭ᠋ᠠᠭᠤᠯᠢ ᠵᠢᠨ ᠬᠦᠷᠢᠶᠠᠨ᠎ᠳᠤ ᠬᠦᠮᠦᠨ᠎ᠢ ᠬᠦᠨᠳᠦᠯᠡᠬᠦ ᠶᠤᠰᠤᠨ᠂ ᠮᠤᠷᠢ ᠠ᠋ᠮᠡᠭᠡᠯᠯᠡᠬᠦ ᠶᠤᠰᠦᠨ ᠵᠡᠷᠬᠡ ᠵᠢ ᠮᠡᠳᠡᠬᠦᠯᠬᠦ ᠦᠨᠳᠤᠰᠤᠳᠠᠨ᠎ᠤ ᠤᠨᠴᠠᠯᠢᠭ᠎ᠲᠠᠢ ᠪᠠᠭ᠋ᠠᠴᠤᠳ᠎ᠤᠨ ᠬᠤᠰᠢᠭᠤᠴᠢ ᠠᠩᠬᠢ ᠵᠢᠨ ᠠᠵᠢᠯᠯᠠᠭ᠎ᠠ ᠵᠢ ᠦᠷᠨᠢᠬᠦᠯᠵᠦ᠂ ᠰᠤᠷᠤᠭᠴᠢᠳ᠎ᠲᠤ ᠦᠨᠡᠨ ᠪᠤᠳᠠᠲᠠᠢ᠎ᠪᠠᠷ ᠦᠵᠡᠬᠦᠯᠦᠨ ᠲᠠᠨᠢᠭᠤᠯᠵᠤ ᠪᠡᠶ᠎ᠡ᠎ᠪᠠᠷ᠎ᠨᠢ ᠤᠷᠤᠯᠴᠠᠭᠤᠯᠪᠠᠯ ᠪᠤᠳᠠᠲᠠᠢ ᠰᠠᠭᠤᠭᠳᠠᠯ᠎ᠨᠢ ᠬᠦᠨ ᠪᠠᠢ᠍ᠢ᠍ᠵᠤ᠂ ᠮᠠᠷᠳᠠᠭᠳᠠᠵᠦ ᠤᠷᠬᠢᠭᠳᠠᠭᠰᠠᠨ ᠠ᠋ᠰᠡᠬᠦᠯ᠎ᠡ ᠮᠡᠳᠡᠬᠦ ᠦᠭᠡᠢ ᠤᠯᠠᠨ ᠵᠠᠩ ᠳᠠᠳᠬᠠᠯ᠂ ᠶᠤᠰᠦ ᠵᠠᠩᠰᠢᠯ ᠵᠶ᠋ᠠᠨ ᠰᠡᠷᠭᠦᠭᠡᠨ ᠤᠯᠠᠮᠵᠢᠯᠠᠳᠠᠬ ᠪᠠᠶ᠋ᠢᠨ᠎ᠠ᠃
ᠪᠠᠭ᠋ᠠᠴᠤᠳ᠎ᠤᠨ ᠬᠤᠰᠢᠭᠤᠴᠢ ᠠᠩᠬᠢ ᠵᠢᠨ ᠠᠵᠢᠯᠯᠠᠭ᠎ᠠ᠎ᠪᠠᠨ ᠤᠯᠠᠮ ᠴᠢᠨᠠᠷᠵᠢᠭᠤᠨ ᠦᠷᠨᠢᠬᠦᠯᠵᠦ᠂ ᠪᠠᠭ᠋ᠠᠴᠤᠳ ᠬᠡᠤᠬᠡᠳ᠎ᠤᠨ ᠦᠵᠡᠯᠲᠡ ᠲᠠᠨᠢᠯᠲᠡ ᠵᠢ᠎ᠨᠢ ᠨᠡᠮᠡᠭᠳᠡᠬᠦᠯᠤᠨ᠂ ᠡᠯ᠎ᠡ ᠵᠦᠢ᠍ᠯ᠎ᠤᠨ ᠠᠵᠢᠯᠯᠠᠭ᠎ᠠ᠂ ᠦᠢ᠍ᠯᠡᠳᠦᠯᠭᠡ᠎ᠪᠠᠷ ᠰᠤᠷᠤᠭᠴᠢᠳ᠎ᠤᠨ ᠴᠢᠳᠠᠪᠤᠷᠢ ᠵᠢ ᠬᠦᠭᠵᠢᠬᠦᠯᠦᠨ᠂ ᠮᠡᠳᠡᠯᠬᠡ ᠮᠠᠳ᠎ᠡᠴᠡ ᠵᠢ᠎ᠨᠢ ᠨᠡᠮᠡᠭᠳᠡᠭᠦᠯᠵᠦ᠂ ᠤᠯᠠᠨ ᠲᠠᠯ᠎ᠡ ᠵᠢᠨ ᠬᠦᠮᠦᠵᠢᠯ ᠤᠯᠭᠤᠪᠠᠯ ᠰᠤᠷᠤᠭᠴᠢᠳ᠎ᠤᠨ ᠬᠡᠪ ᠴᠢᠨᠠᠷ᠎ᠢ ᠳᠡᠬᠡᠭᠰᠢᠯᠡᠬᠦᠯᠵᠦ᠂ ᠪᠦᠬᠦ ᠲᠡᠯ᠎ᠡ ᠵᠢᠨ ᠬᠦᠭᠵᠢᠯᠲᠡ ᠵᠢ ᠠᠬᠢᠭᠤᠯᠵᠦ ᠴᠢᠳᠠᠨ᠎ᠠ᠃
ᠬᠠᠶᠢᠬ᠄ ᠠ᠋ᠧᠡᠩᠬᠢ ᠦᠨᠳᠦᠰᠦᠲᠡᠨ᠎ᠤ ᠦᠪᠡᠷᠳᠡᠭᠡᠨ ᠵᠠᠰᠠᠭ᠍ᠤ ᠬᠤᠰᠢᠭᠤᠨ᠎ᠤ
ᠨᠢᠭᠡᠳᠦᠭᠡᠷ ᠲᠤᠷᠰᠢᠯᠲᠠ ᠵᠢᠨ ᠪᠠᠭ᠎ᠠ ᠰᠤᠷᠭ᠋ᠠᠭᠤᠯᠢ
(ᠴ᠊ · ᠲᠤᠭᠳᠠᠭᠤᠨ ᠨᠠᠢ᠍ᠢ᠍ᠷᠠᠭᠤᠯᠪᠠ)
8 ᠳ᠋ᠤᠭ᠋ᠠᠷ ᠬᠤᠭᠤᠴᠠᠭ᠎ᠠ