ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠤᠷ᠎ᠤᠨ ᠲᠠᠪᠴᠠᠩ   -   ᠬᠡᠣᠬᠡᠳ᠎ᠤᠨ ᠬᠦᠮᠦᠵᠢᠯ
ᠴᠡᠴᠡᠷᠯᠢᠭ᠎ᠤᠨ ᠰᠤᠷᠭ᠋ᠠᠨ ᠬᠦᠮᠦᠵᠢᠯ᠎ᠳᠤ ᠬᠦᠨᠳᠦᠳᠬᠡᠬᠦ ᠴᠢᠬᠤᠯᠠ᠎ᠲᠠᠢ ᠬᠡᠳᠦᠨ ᠠᠰᠠᠭᠤᠳᠠᠯ
ᠨᠡᠶ᠋ᠢᠲᠡᠯᠡᠭᠰᠡᠨ ᠴᠠᠭ᠄ 2020-04-09

                                      ᠮᠦᠩᠬᠡᠪᠠᠭ᠋ᠠᠳᠤᠷ


      ᠴᠡᠴᠡᠷᠯᠢᠭ᠎ᠤᠨ ᠬᠦᠮᠦᠵᠢᠯ ᠪᠣᠯ ᠬᠦᠮᠦᠨ᠎ᠤ ᠨᠢᠭᠡ ᠨᠠᠰᠤᠨ᠎ᠤ ᠦᠰᠦᠨ ᠪᠤᠶ᠋ᠢᠵᠢᠯᠳᠠ ᠵᠢᠨ ᠶᠠᠪᠤᠴᠠ᠎ᠳᠤ᠎ᠬᠢ ᠲᠤᠶ᠋ᠢᠯ᠎ᠤᠨ ᠴᠢᠬᠤᠯᠠ ᠬᠦᠮᠦᠵᠢᠯ ᠶᠤᠮ᠃ ᠴᠡᠴᠡᠷᠯᠢᠭ᠎ᠲᠤ ᠰᠠᠭᠤᠬᠤ ᠨᠠᠰᠤᠨ᠎ᠤ ᠬᠡᠣᠬᠡᠳ ᠶᠠᠭ ᠰᠠᠶᠢᠬᠠᠨ ᠨᠢᠯᠬ᠎ᠠ ᠬᠡᠣᠬᠡᠳ᠎ᠤᠨ ᠬᠤᠭᠤᠴᠠᠭ᠎ᠠ᠎ᠠᠴᠠ ᠰᠤᠷᠭ᠋ᠠᠭᠤᠯᠢ ᠵᠢᠨ ᠨᠠᠰᠤᠨ᠎ᠤ ᠠ᠋ᠮᠦᠨᠡᠬᠢ ᠬᠤᠭᠤᠴᠠᠭ᠎ᠠ᠎ᠳᠤ ᠰᠢᠯᠵᠢᠵᠤ ᠤᠷᠴᠢᠨ ᠲᠤᠭᠤᠷᠢᠨ᠎ᠤ ᠬᠡᠷᠡᠭ ᠪᠤᠳᠠᠰ᠎ᠢ ᠠ᠋ᠬᠢᠯᠡᠨ ᠲᠠᠨᠢᠵᠤ ᠪᠡᠶ᠎ᠡ ᠮᠠᠭ᠍ᠠᠪᠤᠳ᠂ ᠰᠡᠳᠬᠢᠴᠡ ᠵᠡᠷᠭᠡ ᠡᠯ᠎ᠡ ᠲᠠᠯ᠎ᠠ ᠵᠢᠨ ᠬᠦᠭᠵᠢᠯᠳᠡ᠎ᠠᠴᠠ ᠪᠣᠯᠵᠤ᠂ ᠨᠡᠶ᠋ᠢᠭᠡᠮ᠎ᠤᠨ ᠦᠢ᠍ᠯᠡᠳᠦᠯᠭᠡ ᠠᠮᠢᠳᠤᠷᠠᠯ᠎ᠳᠤ ᠤᠷᠤᠯᠴᠠᠭ᠍ᠤ ᠬᠦᠰᠡᠯ ᠪᠠ ᠪᠠᠶ᠎ᠠ᠎ᠪᠠᠨ ᠲᠠᠭ᠋ᠠᠭ᠋ᠠᠬᠤ ᠬᠦᠰᠡᠯ᠎ᠨᠢ ᠠᠩᠬ᠎ᠠ ᠠᠯᠬᠤᠮ ᠠ᠋ᠭᠦᠰᠳᠡᠭ᠃ ᠭᠡᠪᠡᠴᠦ ᠲᠠᠳᠡᠨ᠎ᠤ ᠤᠬᠠᠭ᠋ᠠᠨ ᠰᠠᠨᠠᠭ᠎ᠠ ᠬᠦᠴᠦᠨ ᠴᠢᠳᠠᠯ᠎ᠤᠨ ᠬᠢᠵᠠᠭ᠋ᠠᠷᠯᠠᠯ᠎ᠠᠴᠠ ᠪᠣᠯᠵᠤ ᠠᠯᠢᠪᠠ ᠪᠦᠬᠦᠨ ᠲᠡᠳᠡᠨ᠎ᠤ ᠰᠠᠨᠠᠭ᠎ᠠ᠎ᠪᠠᠷ ᠪᠣᠯᠳᠠᠭ ᠦᠭᠡᠢ ᠮᠦᠷᠳᠡᠭᠡᠨ ᠦᠪᠡᠷ᠎ᠤᠨ ᠦᠢ᠍ᠯᠡ ᠠᠵᠢᠯᠯᠠᠭ᠎ᠠ᠎ᠪᠠᠨ ᠲᠠᠳᠤᠢ ᠰᠠᠶ᠋ᠢᠨ ᠡᠵᠡᠮᠳᠡᠵᠦ ᠲᠡᠶ᠋ᠢᠯᠬᠦ ᠦᠭᠡᠢ ᠪᠠᠶ᠋ᠢᠳᠠᠭ᠎ᠠᠴᠠ ᠪᠡᠶ᠎ᠡ᠎ᠪᠠᠨ ᠪᠠᠷᠢᠵᠤ ᠦᠢ᠍ᠯᠡ ᠠᠵᠢᠯᠯᠠᠭ᠎ᠠ᠎ᠪᠠᠨ ᠨᠡᠯᠢᠶᠡᠳ ᠬᠤᠯᠠᠭ᠍ᠠᠨ ᠵᠤᠷᠢᠯᠭ᠎ᠠ᠎ᠳᠤ ᠦᠢ᠍ᠯᠡᠴᠢᠯᠡᠭᠦᠯᠵᠦ ᠴᠢᠳᠠᠳᠠᠬ ᠦᠭᠡᠢ ᠶᠤᠮ᠃ ᠰᠤᠷᠭ᠋ᠠᠭᠤᠯᠢ ᠵᠢᠨ ᠨᠠᠰᠤᠨ᠎ᠠᠴᠠ ᠠ᠋ᠮᠦᠨᠡᠬᠢ ᠬᠡᠣᠬᠡᠳ᠎ᠤᠨ ᠰᠡᠳᠬᠢᠴᠡ ᠵᠢᠨ ᠶᠠᠪᠤᠴᠠ᠎ᠨᠢ ᠰᠠᠨᠠᠭ᠋ᠠᠴᠢᠯᠠᠭ᠎ᠠ ᠦᠭᠡᠢ ᠪᠦᠭᠡᠳ ᠪᠤᠳᠠᠳᠠᠢ ᠲᠦᠷᠰᠦᠯᠢᠭ ᠰᠢᠨᠵᠢ᠎ᠪᠠᠷ ᠨᠡᠯᠢᠶᠡᠳ ᠢᠯᠡᠷᠬᠡᠢ ᠪᠠᠶ᠋ᠢᠵᠤ ᠲᠡᠳᠡᠨ᠎ᠤ ᠬᠡᠶ᠋ᠢᠰᠪᠦᠷᠢᠯᠡᠨ ᠬᠤᠷᠢᠶᠠᠩᠭᠤᠶ᠋ᠢᠯᠠᠭ᠍ᠤ ᠴᠢᠳᠠᠪᠤᠷᠢ ᠪᠠ ᠰᠠᠨᠠᠭ᠋ᠠᠴᠢᠯᠠᠭ᠋ᠠᠳᠤ ᠴᠢᠳᠠᠪᠤᠷᠢ᠎ᠨᠢ ᠰᠠᠶᠢ ᠠ᠋ᠬᠢᠯᠡᠨ ᠬᠦᠭᠵᠢᠬᠦ ᠬᠤᠭᠤᠴᠠᠭ᠎ᠠ ᠪᠤᠯᠤᠨ᠎ᠠ᠃ ᠲᠡᠳᠡ ᠬᠡᠷᠡᠭ ᠪᠤᠳᠠᠰ᠎ᠢ ᠲᠠᠨᠢᠬᠤ᠎ᠳᠤ᠎ᠪᠠᠨ ᠭᠤᠤᠯ᠎ᠨᠢ ᠰᠢᠭᠤᠳ ᠦᠵᠡᠭᠦᠯᠭᠡ ᠵᠢᠨ ᠲᠦᠷᠰᠦᠯᠡᠯ᠎ᠤᠨ ᠬᠡᠯᠪᠡᠷᠢ᠎ᠪᠠᠷ ᠪᠤᠰᠤᠳᠴᠢ ᠬᠡᠷᠡᠭ ᠪᠤᠳᠠᠰ᠎ᠢ ᠲᠠᠨᠢᠳᠠᠭ ᠴᠦ᠍ ᠲᠡᠳᠡ ᠬᠡᠷᠡᠭ ᠪᠣᠳᠠᠰ᠎ᠲᠤ ᠬᠡᠶ᠋ᠢᠰᠪᠦᠷᠢ ᠲᠤᠮᠢᠶ᠎ᠠ ᠦᠭᠴᠦ ᠴᠢᠳᠠᠭ᠍ᠤ ᠦᠭᠡᠢ ᠶᠤᠮ᠃ ᠰᠤᠷᠭ᠋ᠠᠭᠤᠯᠢ ᠵᠢᠨ ᠨᠠᠰᠤᠨ᠎ᠠᠴᠠ ᠠ᠋ᠮᠦᠨᠡᠬᠢ ᠬᠡᠣᠬᠡᠳ ᠮᠡᠳᠡᠯᠭᠡ ᠲᠤᠷᠰᠢᠯᠭ᠎ᠠ ᠲᠤᠳᠠᠮᠠᠭ ᠪᠦᠭᠡᠳ ᠬᠤᠶᠠᠳᠤᠭ᠋ᠠᠷ ᠲᠤᠬᠢᠶᠠᠨ ᠰᠢᠰᠲ᠋ᠧᠮ᠎ᠨᠢ ᠲᠠᠳᠦᠢ ᠰᠠᠶ᠋ᠢᠨ ᠬᠦᠭᠵᠢᠭᠡᠳᠦᠢ ᠪᠣᠯᠬᠤᠷ ᠦᠢ᠍ᠯᠡ ᠠᠵᠢᠯᠯᠠᠭ᠎ᠠ᠎ᠪᠠᠨ ᠰᠠᠨᠠᠭ᠋ᠠᠴᠢᠯᠠᠭ᠎ᠠ᠎ᠲᠠᠢ᠎ᠪᠠᠷ ᠵᠤᠬᠢᠴᠠᠭᠤᠯᠵᠤ ᠴᠢᠳᠠᠭ᠍ᠤ ᠦᠭᠡᠢ᠂ ᠠᠮᠠᠷᠬᠠᠨ ᠪᠣᠬᠢᠨᠢᠳᠤᠬᠤ᠂ ᠭᠠᠴᠢᠭᠳᠠᠭ᠍ᠤ᠂ ᠬᠢᠯᠪᠠᠷ ᠪᠠᠶᠠᠷᠯᠠᠭ᠍ᠤ ᠵᠡᠷᠭᠡ ᠰᠡᠳᠬᠢᠯ᠎ᠤᠨ ᠬᠦᠳᠡᠯᠭᠡᠭᠡᠨ ᠢᠯᠡᠷᠡᠳᠡᠭ᠃
      ᠠ᠋ᠨᠡ ᠨᠠᠰᠤᠨ᠎ᠳᠤ ᠬᠡᠣᠬᠡᠳ᠎ᠤᠨ ᠰᠡᠷᠡᠬᠦᠢ ᠮᠡᠳᠡᠷᠡᠬᠦᠢ ᠵᠢᠨ ᠬᠦᠭᠵᠢᠯᠳᠠ ᠬᠤᠷᠳᠤᠨ ᠪᠠᠢ᠍ᠢ᠍ᠵᠤ᠂ ᠦᠭᠡ ᠬᠡᠯᠡᠨ᠎ᠤ ᠬᠦᠭᠵᠢᠭᠦ ᠴᠢᠬᠤᠯᠠ ᠬᠤᠭᠤᠴᠠᠭ᠎ᠠ᠂ ᠮᠦᠨ ᠴᠦ᠍ ᠲᠠᠷᠢᠬᠢᠨ᠎ᠤ ᠪᠤᠶ᠋ᠢᠵᠢᠯᠳᠠ ᠵᠢᠨ ᠴᠢᠬᠤᠯᠠ ᠴᠠᠭ ᠪᠤᠯᠬᠤ᠎ᠪᠠᠷ ᠪᠠᠷᠠᠬᠤ ᠦᠭᠡᠢ ᠪᠠᠰᠠ ᠲᠦᠷᠪᠡᠨ ᠮᠦᠴᠢ ᠵᠢᠨ ᠬᠦᠳᠡᠯᠭᠡᠭᠡᠨ ᠪᠠ ᠪᠡᠶ᠎ᠡ ᠵᠢᠨ ᠬᠦᠳᠡᠯᠭᠡᠭᠡᠨ᠎ᠤ ᠤᠶᠠᠯᠳᠤᠯ᠎ᠤᠨ ᠵᠤᠬᠢᠴᠠᠯ ᠵᠶ᠋ᠠᠨ ᠤᠯᠬᠤ᠂ ᠲᠤᠷ᠎ᠠ ᠪᠠᠬ᠎ᠠ ᠠᠪᠢᠶᠠᠰ ᠪᠢᠯᠢᠭ᠎ᠤᠨ ᠨᠠᠬᠢᠶᠠᠯᠠᠭ᠍ᠤ᠂ ᠵᠠᠩ ᠲᠠᠳᠬᠠᠯ᠎ᠤᠨ ᠪᠦᠷᠢᠯᠳᠦᠭᠦ᠂ ᠪᠡᠶ᠎ᠡ᠎ᠪᠠᠨ ᠲᠠᠭ᠋ᠠᠭ᠋ᠠᠬᠤ ᠤᠬᠠᠮᠰᠠᠷ ᠠ᠋ᠬᠢᠯᠡᠨ ᠪᠤᠢ ᠪᠣᠯᠬᠤ᠂ ᠪᠣᠰᠣᠳ᠎ᠲᠠᠢ ᠬᠠᠷᠢᠴᠠᠵᠤ ᠬᠠᠮᠳᠤ ᠵᠢᠨ ᠲᠤᠭᠯᠠᠭ᠋ᠠᠮ᠎ᠳᠤ ᠤᠷᠤᠯᠴᠠᠭ᠍ᠤ᠎ᠪᠠᠷ ᠲᠠᠮᠵᠢᠨ ᠬᠦᠳᠡᠯᠭᠡᠭᠡᠨ᠎ᠤ ᠤᠷ᠎ᠠ ᠤᠬᠠᠭ᠋ᠠᠨ᠎ᠢ ᠤᠯᠬᠤ ᠬᠤᠭᠤᠴᠠᠭ᠎ᠠ ᠶᠤᠮ᠃ ᠰᠤᠷᠭ᠋ᠠᠭᠤᠯᠢ ᠵᠢᠨ ᠨᠠᠰᠤᠨ᠎ᠠᠴᠠ ᠠ᠋ᠮᠦᠨᠡᠬᠢ ᠬᠤᠭᠤᠴᠠᠭ᠋ᠠᠨ᠎ᠤ ᠰᠤᠷᠭ᠋ᠠᠨ ᠬᠦᠮᠦᠵᠢᠯ᠎ᠤᠨ ᠨᠦᠯᠦᠭᠡᠯᠡᠯ᠂ ᠲᠠᠷᠢᠬᠢᠨ᠎ᠤ ᠪᠤᠷᠤ ᠲᠠᠪᠬᠤᠷᠭ᠎ᠠ ᠵᠢᠨ ᠬᠦᠭᠵᠢᠯᠳᠡ᠂ ᠬᠤᠶᠠᠳᠤᠭ᠋ᠠᠷ ᠲᠤᠬᠢᠶᠠᠨ ᠰᠢᠰᠲ᠋ᠧᠮ᠎ᠤᠨ ᠠᠩᠬ᠎ᠠ ᠠᠯᠬᠤᠮ᠎ᠤᠨ ᠬᠦᠭᠵᠢᠯᠳᠡ᠎ᠠᠴᠠ ᠪᠣᠯᠵᠤ ᠬᠡᠣᠬᠡᠳ᠎ᠤᠨ ᠦᠢ᠍ᠯᠡ ᠠᠵᠢᠯᠯᠠᠭ᠎ᠠ ᠵᠢᠨ ᠤᠬᠠᠮᠰᠠᠷᠳᠤ ᠴᠢᠳᠠᠪᠤᠷᠢ᠎ᠨᠢ ᠠᠭ᠋ᠠᠵᠢᠮ ᠵᠶ᠋ᠠᠷ ᠬᠦᠭᠵᠢᠨ ᠦᠪᠡᠷ᠎ᠤᠨ ᠠᠵᠢᠯᠯᠠᠭ᠎ᠠ᠎ᠪᠠᠨ ᠬᠤᠯᠠ ᠵᠢᠨ ᠵᠤᠷᠢᠯᠭ᠎ᠠ᠎ᠳᠤ ᠠᠯᠭᠤᠷ ᠵᠶ᠋ᠠᠷ ᠵᠤᠬᠢᠴᠠᠭᠤᠯᠵᠤ ᠴᠢᠳᠠᠭ᠍ᠤ ᠪᠣᠯᠳᠠᠬ᠃ ᠠ᠋ᠨᠡ ᠪᠣᠯ ᠲᠠᠷᠤᠢ ᠬᠡᠣᠬᠡᠳ᠎ᠤᠨ ᠬᠠᠮᠤᠭ ᠠᠩᠬᠠᠨ᠎ᠤ ᠦᠪᠡᠷᠮᠢᠴᠡ ᠴᠢᠨᠠᠷ᠎ᠤᠨ ᠬᠡᠯᠪᠠᠷᠢᠯ᠎ᠤᠨ ᠪᠤᠢ ᠪᠣᠯᠬᠤ ᠵᠢᠨ ᠨᠦᠭᠦᠴᠡᠯ᠎ᠢ ᠬᠠᠩᠭ᠋ᠠᠵᠤ ᠪᠠᠶ᠋ᠢᠬᠤ ᠪᠦᠭᠡᠳ ᠠ᠋ᠨᠡ ᠬᠦ᠌ ᠦᠪᠡᠷᠮᠢᠴᠡ ᠴᠢᠨᠠᠷ᠎ᠤᠨ ᠤᠯᠠ ᠮᠦᠷ᠎ᠨᠢ ᠬᠦᠮᠦᠨ᠎ᠤ ᠨᠢᠭᠡ ᠨᠠᠰᠤᠨ᠎ᠳᠤ   ᠬᠠᠳᠠᠭ᠋ᠠᠯᠠᠭᠳᠠᠳᠠᠬ᠃ ᠠ᠋ᠨᠡ ᠨᠠᠰᠤᠨ᠎ᠤ ᠬᠡᠣᠬᠡᠳ ᠬᠦᠳᠡᠯᠦᠩᠭᠦᠢ᠂ ᠰᠤᠨᠢᠭᠤᠴᠢ᠂ ᠲᠠᠭᠤᠷᠢᠶᠠᠭ᠍ᠤ ᠴᠢᠳᠠᠪᠤᠷᠢ᠎ᠨᠢ   ᠰᠠᠶ᠋ᠢᠨ᠂ ᠶᠡᠭᠡ ᠬᠦᠮᠦᠰ᠎ᠤᠨ ᠦᠭᠡ ᠶᠠᠷᠢᠶ᠎ᠠ ᠦᠢ᠍ᠯᠡ ᠠᠵᠢᠯᠯᠠᠭ᠎ᠠ ᠵᠢ ᠲᠠᠭᠤᠷᠢᠶᠠᠨ ᠰᠤᠷᠬᠤ᠎ᠳᠤ᠎ᠪᠠᠨ ᠴᠢᠳᠠᠮᠠᠭ᠋ᠠᠢ ᠪᠠᠢ᠍ᠢ᠍ᠳᠠᠬ᠃ ᠲᠡᠳᠡ ᠲᠠᠨᠢᠯ ᠭᠠᠵᠠᠷ᠎ᠠᠴᠠ ᠲᠠᠨᠢᠯ ᠪᠤᠰᠤ ᠭᠠᠵᠠᠷ ᠠᠮᠢᠳᠤᠷᠠᠭ᠍ᠤ ᠪᠣᠯᠵᠤ᠂ ᠦᠢ᠍ᠯᠡ ᠠᠵᠢᠯᠯᠠᠭ᠎ᠠ᠂ ᠦᠭᠡ ᠶᠠᠷᠢᠶ᠎ᠠ᠂ ᠢᠳᠡᠵᠤ ᠤᠤᠭᠤᠬᠤ᠂ ᠤᠨᠳᠠᠵᠤ ᠠᠮᠠᠷᠠᠭ᠍ᠤ ᠵᠡᠷᠭᠡ᠎ᠨᠢ ᠲᠤᠭᠳᠠᠭᠰᠠᠨ ᠲᠦᠷᠢᠮᠵᠢᠯ᠎ᠢ ᠲᠠᠭ᠋ᠠᠵᠤ᠂ ᠴᠡᠴᠡᠷᠯᠢᠭ᠎ᠤᠨ ᠲᠤᠭᠳᠠᠭ᠋ᠠᠯ ᠪᠠ ᠪᠠᠭᠰᠢ ᠵᠢᠨ ᠬᠢᠵᠠᠭ᠋ᠠᠷᠯᠠᠯ᠎ᠢ ᠬᠦᠯᠢᠶᠡᠨ ᠪᠠᠭᠰᠢ ᠵᠢᠨ ᠵᠢᠯᠤᠭᠤᠳᠤᠯᠭ᠎ᠠ ᠵᠢ ᠲᠠᠭ᠋ᠠᠬᠤ ᠴᠢᠬᠤᠯᠠ᠎ᠲᠠᠢ ᠪᠤᠯᠬᠤ᠎ᠳᠤ ᠵᠠᠷᠢᠮ ᠭᠡᠷ ᠪᠦᠯᠢ᠎ᠳᠤ᠎ᠪᠠᠨ ᠠ᠋ᠷᠬᠡ ᠲᠠᠩᠬᠢ ᠰᠤᠷᠤᠭᠰᠠᠨ ᠬᠡᠣᠬᠡᠳ᠎ᠨᠢ ᠴᠡᠴᠡᠷᠯᠢᠭ᠎ᠤᠨ ᠠᠮᠢᠳᠤᠷᠠᠯ᠎ᠤᠨ ᠬᠡᠪᠰᠢᠯ ᠵᠤᠷᠰᠢᠯ᠎ᠳᠤ ᠵᠤᠬᠢᠴᠠᠭ᠍ᠤ᠎ᠳᠤ ᠨᠡᠯᠢᠶᠡᠳ ᠤᠳᠠᠭ᠋ᠠᠨ ᠴᠠᠭ ᠵᠠᠷᠤᠴᠠᠭᠤᠯᠬᠤ᠎ᠨᠢ ᠶᠠᠷᠢᠶᠠᠨ ᠦᠭᠡᠢ ᠶᠤᠮ᠃ ᠲᠤᠤᠷ᠎ᠠ ᠴᠡᠴᠡᠷᠯᠢᠭ᠎ᠤᠨ ᠰᠤᠷᠭ᠋ᠠᠨ ᠬᠦᠮᠦᠵᠢᠯ᠎ᠳᠤ ᠶᠠᠮᠠᠷ ᠬᠡᠳᠦᠨ ᠲᠠᠯ᠎ᠠ ᠵᠢᠨ ᠠᠰᠠᠭᠤᠳᠠᠯ᠎ᠢ ᠴᠢᠬᠤᠯᠠᠴᠢᠯᠠᠨ ᠬᠦᠨᠳᠦᠳᠬᠡᠬᠦ ᠲᠤᠬᠠᠢ ᠲᠤᠷᠰᠢᠨ ᠦᠭᠦᠯᠡᠶ᠎ᠡ᠃
      ᠨᠢᠭᠡ᠂ ᠴᠡᠴᠡᠷᠯᠢᠭ᠎ᠤᠨ ᠬᠡᠣᠬᠡᠳ᠎ᠤᠨ ᠠ᠋ᠬᠡ ᠬᠡᠯᠡᠨ᠎ᠤ ᠬᠦᠮᠦᠵᠢᠯ᠎ᠢ ᠬᠦᠨᠳᠦᠳᠬᠡᠵᠦ᠂ ᠦᠭᠡ ᠬᠡᠯᠡᠨ᠎ᠤ ᠴᠢᠳᠠᠪᠤᠷᠢ ᠵᠢᠨ ᠪᠤᠯᠪᠠᠰᠤᠷᠠᠯ᠎ᠢ ᠰᠠᠶ᠋ᠢᠳᠤᠷ ᠬᠢᠬᠦ ᠬᠡᠷᠡᠭᠳᠡᠢ
      ᠠ᠋ᠨᠡ ᠨᠠᠰᠤ ᠪᠤᠯ ᠬᠡᠣᠬᠡᠳ᠎ᠤᠨ ᠦᠭᠡ ᠬᠡᠯᠡᠨ᠎ᠤ ᠴᠢᠳᠠᠪᠤᠷᠢ ᠵᠢᠨ ᠬᠦᠭᠵᠢᠯᠳᠡ ᠵᠢᠨ ᠵᠠᠩᠭᠢᠯᠠᠭ᠎ᠠ ᠵᠢᠨ ᠬᠤᠭᠤᠴᠠᠭ᠎ᠠ ᠮᠦᠨ᠃ ᠦᠨᠡᠨ᠎ᠳᠤ᠎ᠪᠠᠨ ᠬᠡᠣᠬᠡᠳ᠎ᠤᠨ ᠦᠭᠡ ᠬᠡᠯᠡᠨ᠎ᠤ ᠬᠦᠭᠵᠢᠯᠳᠡ᠎ᠨᠢ 1᠎ᠠᠴᠠ 3.5 ᠨᠠᠰᠤᠨ᠎ᠤ ᠬᠤᠭᠤᠷᠤᠨᠳᠤ ᠬᠠᠮᠤᠭ ᠬᠤᠷᠳᠤᠨ ᠪᠠᠢ᠍ᠢ᠍ᠳᠠᠬ᠃ ᠴᠡᠴᠡᠷᠯᠢᠭ᠎ᠲᠤ ᠠᠨᠭ᠌ᠬ᠎ᠠ ᠢᠷᠡᠬᠦ᠎ᠳᠤ ᠬᠡᠣᠬᠡᠳ᠎ᠤᠨ ᠦᠭᠡ ᠬᠡᠯᠡᠨ᠎ᠤ ᠴᠢᠳᠠᠪᠤᠷᠢ᠎ᠨᠢ ᠪᠦᠷ ᠠᠳᠠᠯᠢ ᠦᠭᠡᠢ ᠪᠠᠶ᠋ᠢᠳᠠᠭ᠂ ᠵᠠᠷᠢᠮ᠎ᠨᠢ ᠰᠠᠶ᠋ᠢᠨ᠂ ᠵᠠᠷᠢᠮ᠎ᠨᠢ ᠲᠡᠶ᠋ᠢᠮᠦ ᠨᠡᠶ᠋ᠢᠴᠡᠪᠦᠷᠢᠳᠡᠢ ᠰᠠᠢ᠍ᠢ᠍ᠬᠠᠨ ᠶᠠᠷᠢᠵᠤ ᠢᠯᠡᠳᠬᠡᠵᠦ ᠲᠡᠶ᠋ᠢᠯᠬᠦ ᠦᠭᠡᠢ᠂ ᠵᠠᠷᠢᠮ ᠬᠡᠣᠬᠡᠳ᠎ᠨᠢ ᠬᠢᠳᠠᠳ ᠮᠤᠩᠭᠤᠯ᠎ᠢ ᠬᠤᠳᠬᠤᠵᠤ ᠶᠠᠷᠢᠳᠠᠭ᠃ ᠠ᠋ᠨᠡ᠎ᠨᠢ ᠲᠡᠳᠡᠨ᠎ᠤ ᠭᠡᠷ ᠪᠦᠯᠢ ᠵᠢᠨ ᠤᠷᠴᠢᠨ᠎ᠠᠴᠠ ᠰᠢᠯᠳᠠᠭ᠋ᠠᠯᠠᠭᠳᠠᠳᠠᠭ᠂ ᠭᠡᠷ ᠪᠦᠯᠢ᠎ᠳᠤ᠎ᠪᠠᠨ ᠢᠯᠡᠭᠦᠦ ᠮᠤᠨᠭ᠌ᠭᠤᠯ᠎ᠢᠶᠠᠷ ᠶᠠᠷᠢᠳᠠᠬ ᠬᠡᠣᠬᠡᠳ᠎ᠤᠨ ᠬᠡᠯᠡᠵᠦ ᠶᠡᠷᠢᠬᠤ᠎ᠨᠢ ᠲᠤᠳᠤ᠂ ᠤᠶ᠋ᠢᠯᠠᠭ᠋ᠠᠮᠵᠢᠳᠠᠢ ᠪᠠᠶ᠋ᠢᠬᠤ᠎ᠳᠤ᠂ ᠭᠡᠷ᠎ᠤᠨ ᠠᠬᠠᠮᠠᠳ ᠬᠡᠣᠬᠡᠳ᠎ᠲᠠᠢ᠎ᠪᠠᠨ ᠲᠡᠳᠤᠢ ᠶᠠᠷᠢᠯᠴᠠᠳᠠᠭ ᠦᠭᠡᠢ ᠭᠡᠷ ᠪᠦᠯᠢ ᠵᠢᠨ ᠬᠡᠣᠬᠡᠳ᠎ᠤᠨ ᠬᠡᠯᠡᠵᠦ ᠶᠠᠷᠢᠬᠤ᠎ᠨᠢ ᠤᠶ᠋ᠢᠯᠠᠭ᠋ᠠᠮᠵᠢ ᠦᠭᠡᠢ ᠪᠠᠶ᠋ᠢᠳᠠᠭ ᠵᠶ᠋ᠠᠷ ᠪᠠᠷᠠᠭ᠍ᠤ ᠦᠭᠡᠢ ᠲᠧᠯᠸᠢᠰ ᠪᠠᠶ᠋ᠢᠩᠭᠤ ᠦᠵᠡᠳᠡᠭ᠂ ᠭᠠᠷ ᠤᠳᠠᠰᠤ ᠤᠯᠠᠨ ᠨᠠᠭ᠋ᠠᠳᠳᠠᠭ ᠬᠡᠣᠬᠡᠳ᠎ᠨᠢ ᠬᠢᠳᠠᠳ ᠮᠤᠩᠭᠤᠯ᠎ᠢ ᠬᠤᠳᠬᠤᠵᠤ ᠶᠠᠷᠢᠬᠤ ᠪᠤᠯᠴᠢᠬᠠᠳᠠᠭ᠃ ᠬᠡᠣᠬᠡᠳ᠎ᠤᠨ ᠲᠠᠷᠢᠬᠢ ᠶᠠᠭ ᠰᠢᠩᠭᠡᠭᠡᠯᠳᠡ ᠵᠢᠨ ᠪᠦᠰᠡ ᠰᠢᠭ ᠭᠠᠳᠠᠭ᠋ᠠᠳᠤ ᠤᠷᠴᠢᠨ᠎ᠤ ᠬᠡᠷᠡᠭ ᠤᠴᠢᠷ᠎ᠢ ᠬᠦᠯᠢᠶᠡᠨ ᠰᠢᠩᠭᠡᠭᠡᠵᠦ ᠪᠠᠶ᠋ᠢᠳᠠᠭ᠂ ᠲᠡᠭᠦᠨ᠎ᠳᠤ ᠰᠠᠨᠠᠭ᠋ᠠᠴᠢᠯᠠᠭ᠎ᠠ᠎ᠲᠠᠢ ᠬᠠᠨᠳᠤᠯᠠᠭ᠎ᠠ᠎ᠲᠠᠢ ᠵᠦᠪ ᠶᠠᠭᠤᠮ᠎ᠠ ᠵᠢ ᠰᠢᠩᠭᠡᠭᠡᠬᠦ ᠦᠭᠡᠢ ᠪᠣᠯ ᠲᠠᠯᠳᠠ ᠤᠬᠠᠮᠰᠠᠷ᠎ᠨᠢ ᠠ᠋ᠮᠬᠢ ᠲᠢᠭᠯᠢᠮ ᠦᠭᠡᠢ ᠪᠣᠯᠵᠤ ᠲᠠᠷᠢᠬᠢᠨ᠎ᠤ ᠠ᠋ᠷᠡᠭᠦᠯ ᠪᠤᠶ᠋ᠢᠵᠢᠯᠳᠠ ᠵᠢ ᠨᠦᠯᠦᠭᠡᠯᠡᠬᠦ ᠪᠤᠯᠤᠨ᠎ᠠ᠃ ᠠ᠋ᠶ᠋ᠢᠮᠦ᠎ᠠᠴᠠ ᠪᠢᠳᠡ ᠴᠡᠴᠡᠷᠯᠢᠭ᠎ᠲᠤ ᠤᠷᠤᠭᠰᠠᠨ ᠠ᠋ᠳᠦᠷ᠎ᠠᠴᠠ ᠠ᠋ᠬᠢᠯᠡᠨ ᠭᠡᠤᠭᠡᠳ᠎ᠢ ᠴᠡᠪᠡᠷ ᠮᠤᠩᠭᠤᠯ ᠬᠡᠯᠡ᠎ᠪᠠᠷ ᠶᠠᠷᠢᠬᠤ ᠵᠢ ᠱᠠᠭ᠋ᠠᠷᠳᠠᠵᠤ᠂ ᠲᠡᠳᠡᠨ᠎ᠤ ᠦᠭᠡ ᠬᠡᠯᠡᠨ᠎ᠤ ᠴᠢᠳᠠᠪᠤᠷᠢ᠂ ᠲᠠᠷᠤᠢ ᠬᠡᠯᠡᠵᠦ ᠶᠠᠷᠢᠬᠤ᠂ ᠰᠤᠨᠤᠰᠬᠤ᠂ ᠲᠠᠭᠤᠯᠠᠭ᠍ᠤ᠂ ᠴᠡᠭᠡᠵᠢᠯᠡᠬᠦ ᠵᠡᠷᠭᠡ ᠴᠢᠳᠠᠪᠤᠷᠢ ᠵᠢ ᠰᠠᠨᠠᠭ᠋ᠠᠴᠢᠯᠠᠭ᠎ᠠ᠎ᠲᠠᠢ ᠬᠦᠮᠦᠵᠢᠭᠦᠯᠵᠤ᠂ ᠬᠤᠶ᠋ᠢᠰᠢᠳᠠ ᠵᠢᠨ ᠠ᠋ᠬᠡ ᠬᠡᠯᠡ᠎ᠪᠠᠷ ᠵᠶ᠋ᠠᠨ ᠵᠦᠪ᠂ ᠲᠤᠳᠤ᠂ ᠤᠷᠤᠰᠤᠮ᠎ᠠ᠂ ᠵᠤᠷᠢᠭᠲᠠᠢ ᠶᠠᠷᠢᠵᠤ ᠢᠯᠡᠳᠬᠡᠬᠦ ᠵᠢᠨ ᠰᠠᠭᠤᠷᠢ ᠵᠢ᠎ᠨᠢ ᠲᠠᠯᠪᠢᠳᠠᠬ᠃ ᠠ᠋ᠨᠡ ᠦᠶᠡᠰ ᠪᠠᠭᠰᠢ᠎ᠠᠴᠠ ᠬᠡᠣᠬᠡᠳ᠎ᠤᠨ ᠨᠠᠰᠤᠨ᠎ᠤ ᠤᠨᠴᠠᠯᠢᠭ᠂ ᠬᠡᠯᠡᠨ᠎ᠤ ᠰᠠᠭᠤᠷᠢ᠎ᠳᠤ᠎ᠨᠢ ᠵᠤᠬᠢᠴᠠᠭᠤᠯᠤᠨ ᠦᠯᠢᠭᠡᠷ ᠶᠠᠷᠢᠵᠤ ᠦᠭᠬᠦ᠂ ᠬᠡᠣᠬᠡᠳ ᠵᠶ᠋ᠠᠷ ᠤᠬᠤᠷ ᠦᠯᠢᠭᠡᠷ ᠶᠠᠷᠢᠭᠤᠯᠬᠤ᠂ ᠤᠬᠤᠷ ᠰᠢᠯᠦᠭ ᠴᠡᠭᠡᠵᠢᠯᠡᠭᠦᠯᠬᠦ᠂ ᠴᠡᠭᠡᠵᠢ᠎ᠪᠠᠷ ᠶᠠᠷᠢᠭᠤᠯᠬᠤ᠂ ᠵᠢᠷᠤᠭ ᠦᠵᠡᠵᠦ ᠤᠴᠢᠷ ᠰᠢᠯᠳᠠᠭ᠋ᠠᠨ ᠠᠭᠤᠯᠭ᠎ᠠ ᠵᠢ᠎ᠨᠢ ᠶᠠᠷᠢᠭᠤᠯᠬᠤ᠂ ᠨᠠᠶ᠋ᠢᠵᠢ ᠨᠦᠬᠦᠳ ᠬᠤᠭᠤᠷᠤᠨᠳᠤ᠎ᠨᠢ ᠢᠯᠡᠭᠦᠦ ᠶᠡᠷᠢᠶ᠎ᠡ ᠬᠡᠯᠡᠯᠴᠡᠭᠡᠨ᠎ᠤ ᠰᠤᠯᠢᠯᠴᠠᠭ᠎ᠠ ᠬᠢᠯᠭᠡᠬᠦ᠂ ᠲᠠᠭᠤᠤ ᠲᠠᠭᠤᠯᠠᠭᠤᠯᠬᠤ᠂ ᠬᠡᠯᠡ ᠵᠦᠭᠰᠢᠷᠡᠭᠦᠯᠬᠦ ᠦᠭᠡ᠂ ᠬᠤᠯᠪᠤᠭ᠎ᠠ ᠬᠤᠷᠰᠢᠶ᠎ᠠ ᠦᠭᠡ᠂ ᠲᠠᠭ᠋ᠠᠷᠢᠯᠴᠠᠭ᠎ᠠ᠂ ᠤᠨᠢᠰᠤᠭ᠎ᠠ᠂ ᠵᠦᠢ᠍ᠷ ᠰᠡᠴᠡᠨ ᠦᠭᠡ ᠴᠡᠭᠡᠵᠢᠯᠡᠭᠦᠯᠬᠦ ᠵᠡᠷᠭᠡ ᠠᠷᠭ᠎ᠠ ᠠᠪᠴᠠᠯ ᠵᠶ᠋ᠠᠷ ᠬᠡᠣᠬᠡᠳ᠎ᠤᠨ ᠬᠡᠯᠡᠵᠤ ᠶᠠᠷᠢᠬᠤ ᠴᠢᠳᠠᠪᠤᠷᠢ ᠵᠢᠨ ᠪᠤᠯᠪᠠᠰᠤᠷᠠᠯ᠎ᠢ ᠰᠠᠶ᠋ᠢᠳᠤᠷ ᠬᠢᠪᠡᠯ ᠵᠤᠬᠢᠨ᠎ᠠ᠂ ᠬᠠᠷᠢᠨ ᠴᠡᠴᠡᠷᠯᠢᠭ᠎ᠤᠨ ᠬᠡᠣᠬᠡᠳ᠎ᠲᠤ ᠦᠰᠦᠭ ᠪᠢᠴᠢᠭ ᠵᠢᠭ᠋ᠠᠵᠤ ᠲᠠᠰᠬᠠᠯ ᠦᠯᠡᠳᠡᠭᠡᠨ ᠠ᠋ᠷᠳᠡ᠎ᠠᠴᠠ ᠪᠠᠭ᠎ᠠ ᠰᠤᠷᠭ᠋ᠠᠭᠤᠯᠢ ᠵᠢᠨ ᠵᠢᠭ᠋ᠠᠨ ᠰᠤᠷᠭ᠋ᠠᠬᠤ ᠬᠡᠯᠪᠡᠷᠢ᠎ᠳᠤ ᠤᠷᠤᠬᠤ᠎ᠠᠴᠠ ᠵᠠᠢ᠍ᠢ᠍ᠯᠠᠰᠬᠢᠭᠦ ᠬᠡᠷᠡᠭᠳᠡᠢ᠃
      ᠬᠤᠶᠠᠷ᠂ ᠴᠡᠴᠡᠷᠯᠢᠭ᠎ᠤᠨ ᠬᠡᠣᠬᠡᠳ᠎ᠤᠨ ᠲᠠᠳᠬᠠᠯ᠎ᠤᠨ ᠬᠦᠮᠦᠵᠢᠯ᠎ᠢ ᠰᠠᠶ᠋ᠢᠳᠤᠷ ᠬᠢᠬᠦ ᠬᠡᠷᠡᠭᠳᠡᠢ
      ᠠᠮᠢᠳᠤᠷᠠᠯ᠎ᠤᠨ ᠰᠠᠶ᠋ᠢᠨ ᠰᠠᠶ᠋ᠢᠬᠠᠨ ᠲᠠᠳᠬᠠᠯ᠎ᠢ ᠬᠠᠷᠠᠭ᠍ᠠᠨ ᠪᠠᠭ᠎ᠠ᠎ᠠᠴᠠ᠎ᠨᠢ ᠵᠢᠭ᠋ᠠᠨ ᠵᠢᠯᠤᠭᠤᠳᠴᠤ ᠦᠭᠬᠦ ᠴᠢᠬᠤᠯᠠ᠎ᠲᠠᠢ᠃ ᠵᠠᠷᠢᠮ ᠭᠡᠷ᠎ᠤᠨ ᠠᠬᠠᠮᠠᠳ ᠬᠡᠣᠬᠡᠳ ᠪᠠᠭ᠎ᠠ ᠪᠠᠶ᠋ᠢᠨ᠎ᠠ᠂ ᠲᠡᠳᠤᠢ ᠶᠠᠭᠤᠮ᠎ᠠ ᠮᠡᠳᠡᠬᠦ ᠪᠣᠯᠤᠭ᠋ᠠᠳᠤᠢ᠂ ᠲᠤᠮᠤ ᠪᠣᠯᠪᠠᠯ ᠦᠪᠡᠷᠳᠡᠭᠡᠨ ᠮᠡᠳᠡᠴᠢᠬᠡᠬᠦ ᠪᠠᠶ᠋ᠢᠯᠭᠦᠢ ᠭᠡᠵᠦ ᠬᠡᠣᠬᠡᠳ ᠵᠶ᠋ᠠᠨ ᠠᠶ᠎ᠠ᠎ᠪᠠᠷ᠎ᠨᠢ ᠲᠠᠯᠪᠢᠬᠤ ᠪᠣᠶᠤ ᠠᠯᠢᠪᠠ ᠪᠦᠬᠦᠨ᠎ᠢ᠎ᠨᠢ ᠤᠷᠤᠯᠠᠨ ᠬᠢᠵᠦ ᠦᠭᠳᠡᠭ᠎ᠠᠴᠠ ᠬᠡᠣᠬᠡᠳ᠎ᠨᠢ ᠶᠠᠭᠤ ᠴᠦ᠍ ᠬᠢᠵᠦ ᠴᠢᠳᠠᠭ᠍ᠤ ᠦᠭᠡᠢ ᠮᠦᠷᠳᠡᠭᠡᠨ ᠠᠮᠢᠳᠤᠷᠠᠯ᠎ᠤᠨ ᠬᠡᠪᠰᠢᠯ ᠲᠠᠳᠬᠠᠯ᠎ᠨᠢ ᠴᠦ᠍ ᠠ᠋ᠷᠦᠢ ᠬᠤᠷᠤᠢ ᠦᠭᠡᠢ ᠪᠣᠯᠵᠤ᠂ ᠬᠡᠣᠬᠡᠳ᠎ᠨᠢ ᠪᠣᠰᠤᠳ ᠬᠡᠣᠬᠡᠳ᠎ᠤᠨ ᠬᠢᠵᠦ ᠲᠡᠶ᠋ᠢᠯᠬᠦ ᠶᠠᠭᠤᠮ᠎ᠠ ᠵᠢ ᠬᠢᠵᠦ ᠲᠡᠶ᠋ᠢᠯᠬᠦ ᠦᠭᠡᠢ ᠪᠣᠯᠬᠤ ᠦᠶ᠎ᠡ᠎ᠳᠤ ᠦᠪᠡᠷ᠎ᠤᠨ ᠬᠡᠣᠬᠡᠳ ᠵᠶ᠋ᠠᠨ ᠪᠢᠳᠠᠭᠤ ᠮᠤᠩᠬᠠᠭ ᠭᠡᠵᠦ ᠦᠵᠡᠳᠡᠭ᠃ ᠨᠢᠭᠡ ᠬᠦᠮᠦᠨ᠎ᠤ ᠬᠤᠵᠢᠮ ᠬᠤᠶ᠋ᠢᠰᠢᠳᠠ ᠵᠢᠨ ᠠᠵᠤ ᠠᠮᠢᠳᠤᠷᠠᠯ᠎ᠤᠨ ᠪᠠᠶᠠᠷ ᠵᠢᠷᠭ᠋ᠠᠯ᠎ᠲᠠᠢ ᠪᠠᠶ᠋ᠢᠬᠤ᠂ ᠠᠵᠢᠯ ᠦᠢ᠍ᠯᠡᠰ᠎ᠲᠤ᠎ᠪᠠᠨ ᠠᠮᠵᠢᠯᠳᠠ ᠪᠦᠳᠦᠮᠵᠢ ᠤᠯᠬᠤ᠎ᠨᠢ ᠲᠡᠭᠦᠨ᠎ᠤ ᠪᠠᠭ᠎ᠠ ᠵᠢᠨ ᠦᠶ᠎ᠡ᠎ᠳᠤ ᠪᠦᠷᠢᠯᠳᠦᠭᠰᠡᠨ ᠠᠮᠢᠳᠤᠷᠠᠯ᠎ᠤᠨ ᠲᠠᠳᠬᠠᠯ᠎ᠲᠠᠢ ᠲᠤᠩ ᠶᠡᠭᠡ ᠬᠤᠯᠪᠤᠭ᠎ᠠ᠎ᠲᠠᠢ᠃ ᠨᠤᠪᠧᠯ᠎ᠤᠨ ᠤᠳᠬ᠎ᠠ ᠵᠤᠬᠢᠶᠠᠯ᠎ᠤᠨ ᠱᠠᠩᠨᠠᠯ ᠭᠦᠷᠳᠡᠭᠴᠢ ᠮᠥᠸᠧ ᠶᠠᠨ᠎ᠠᠴᠠ ᠰᠤᠷᠪᠤᠯᠵᠢᠯᠠᠭᠴᠢ᠄ 《ᠲᠠᠨ᠎ᠤ ᠠ᠋ᠶ᠋ᠢᠮᠦ ᠶᠡᠭᠡ ᠠᠮᠵᠢᠯᠳᠠ᠎ᠳᠤ ᠭᠦᠷᠭᠦ᠎ᠳᠤ ᠠᠯᠢ ᠦᠶ᠎ᠡ ᠵᠢᠨ ᠰᠤᠷᠭ᠋ᠠᠨ ᠬᠦᠮᠦᠵᠢᠯ ᠬᠠᠮᠤᠭ ᠶᠡᠭᠡ ᠨᠦᠯᠦᠭᠡ ᠦᠵᠡᠭᠦᠯᠪᠡ?》 ᠭᠡᠭᠦ᠎ᠳᠤ ᠮᠥᠸᠧ ᠶᠠᠨ᠄ 《ᠴᠡᠴᠡᠷᠯᠢᠭ᠎ᠤᠨ ᠬᠦᠮᠦᠵᠢᠯ》 ᠭᠡᠵᠦ ᠬᠠᠷᠢᠭᠤᠯᠤᠭᠰᠠᠨ ᠭᠡᠨ᠎ᠡ᠃ ᠰᠤᠷᠪᠤᠯᠵᠢᠯᠠᠭᠴᠢ ᠭᠠᠶ᠋ᠢᠬᠠᠵᠤ᠄ 《ᠶᠠᠭ᠋ᠠᠬᠢᠭ᠋ᠠᠳ?》 ᠭᠡᠰᠡᠨ᠎ᠳᠤ ᠮᠥᠸᠧ ᠶᠠᠨ᠄ 《ᠪᠢ ᠴᠡᠴᠡᠷᠯᠢᠭ᠎ᠠᠴᠠ ᠠᠮᠢᠳᠤᠷᠠᠯ᠎ᠤᠨ ᠲᠠᠳᠬᠠᠯ᠎ᠢ ᠰᠤᠷᠴᠤ᠂ ᠪᠣᠰᠣᠳ᠎ᠲᠠᠢ ᠨᠠᠭ᠋ᠠᠳᠤᠮ ᠵᠶ᠋ᠠᠨ ᠬᠤᠪᠢᠶᠠᠯᠴᠠᠵᠤ ᠨᠠᠭ᠋ᠠᠳᠬᠤ᠂ ᠪᠤᠰᠤᠳ᠎ᠲᠤ ᠨᠠᠶ᠋ᠢᠷ ᠲᠠᠯᠪᠢᠬᠤ ᠵᠢ ᠰᠤᠷᠤᠭᠰᠠᠨ ᠶᠤᠮ》 ᠭᠡᠵᠠᠢ᠃ ᠠ᠋ᠭᠦᠨ᠎ᠠᠴᠠ ᠨᠢᠭᠡ ᠬᠦᠮᠦᠨ᠎ᠳᠤ ᠴᠡᠴᠡᠷᠯᠢᠭ᠎ᠤᠨ ᠬᠦᠮᠦᠵᠢᠯ ᠭᠡᠳᠤᠢ᠍ᠢ᠍ᠴᠢᠨᠡᠨ ᠴᠢᠬᠤᠯᠠ ᠭᠡᠳᠡᠭ᠎ᠢ ᠮᠡᠳᠡᠵᠦ ᠪᠣᠯᠬᠤ ᠶᠤᠮ᠃ ᠬᠡᠣᠬᠡᠳ ᠪᠣᠯᠭ᠋ᠠᠨ᠎ᠤ ᠲᠠᠳᠬᠠᠯ ᠪᠦᠷ ᠠᠳᠠᠯᠢ ᠦᠭᠡᠢ ᠪᠠᠶ᠋ᠢᠳᠠᠭ᠃ ᠪᠠᠭᠰᠢ᠎ᠠᠴᠠ ᠬᠦᠯᠢᠴᠡᠩᠭᠦᠢ ᠤᠪᠤᠷ ᠵᠶ᠋ᠠᠷ ᠬᠤᠭᠤᠯᠠ ᠢᠳᠡᠬᠦ᠎ᠠᠴᠠ ᠠ᠋ᠮᠦᠨ᠎ᠡ ᠭᠠᠷ ᠵᠶ᠋ᠠᠨ ᠤᠭᠢᠶᠠᠭ᠍ᠤ᠂ ᠬᠤᠪᠴᠠᠰᠤ ᠬᠤᠨᠠᠷ ᠵᠶ᠋ᠠᠨ ᠡᠪᠬᠡᠵᠤ ᠲᠤᠭᠳᠠᠭᠰᠠᠨ ᠤᠷᠤᠨ᠎ᠳᠤ ᠲᠠᠯᠪᠢᠬᠤ᠂ ᠨᠠᠭ᠋ᠠᠳᠤᠮ ᠲᠤᠭᠯᠠᠭ᠋ᠠᠮ ᠵᠶ᠋ᠠᠨ ᠲᠤᠭᠯᠠᠵᠤ ᠪᠠᠷᠠᠪᠠᠯ ᠤᠤᠯ ᠤᠷᠤᠨ᠎ᠳᠤ᠎ᠨᠢ ᠬᠤᠷᠢᠶᠠᠨ ᠲᠠᠯᠪᠢᠬᠤ᠂ ᠲᠤᠭᠳᠠᠭᠰᠠᠨ ᠴᠠᠭ᠎ᠲᠤ ᠤᠨᠳᠠᠵᠤ ᠲᠤᠭᠳᠠᠭᠰᠠᠨ ᠴᠠᠭ᠎ᠲᠤ ᠪᠣᠰᠬᠤ᠂ ᠵᠤᠷᠯᠤᠩ᠎ᠳᠤ ᠤᠷᠤᠭᠰᠠᠨ᠎ᠤ ᠲᠠᠷᠠᠭ᠎ᠠ ᠭᠠᠷ ᠵᠶ᠋ᠠᠨ ᠤᠭᠢᠶᠠᠭ᠍ᠤ᠂ ᠬᠤᠭᠤᠯᠠᠨ᠎ᠤ ᠲᠠᠷᠠᠭ᠎ᠠ ᠠᠮᠠ᠎ᠪᠠᠨ ᠵᠠᠶ᠋ᠢᠯᠠᠭ᠍ᠤ᠂ ᠠᠶᠠᠭ᠎ᠠ ᠰᠠᠪᠬ᠎ᠠ᠎ᠪᠠᠨ ᠤᠭᠢᠶᠠᠵᠤ ᠴᠡᠪᠡᠷᠯᠡᠨ ᠲᠤᠭᠳᠠᠭᠰᠠᠨ ᠤᠷᠤᠨ᠎ᠳᠤ᠎ᠨᠢ ᠲᠠᠯᠪᠢᠬᠤ᠂ ᠬᠠᠮᠳᠤ ᠨᠠᠶ᠋ᠢᠵᠢ᠎ᠲᠠᠢ᠎ᠪᠠᠨ ᠬᠡᠷᠬᠢᠨ ᠠ᠋ᠶ᠎ᠡ ᠨᠠᠶ᠋ᠢᠷ᠎ᠲᠠᠢ ᠬᠠᠷᠢᠴᠠᠭ᠍ᠤ᠂ ᠤᠯᠠᠨ ᠨᠡᠶ᠋ᠢᠳᠡ ᠵᠢᠨ ᠲᠠᠯᠠᠪᠤᠷ᠎ᠲᠤ ᠦᠢ᠍ᠮᠡᠨ ᠱᠤᠤᠭᠢᠯᠳᠤᠬᠤ ᠦᠭᠡᠢ ᠪᠠᠶ᠋ᠢᠬᠤ ᠵᠡᠷᠭᠡ ᠤᠯᠠᠨ ᠲᠠᠯ᠎ᠠ ᠵᠢᠨ ᠵᠢᠵᠢᠭ ᠰᠠᠵᠢᠭ ᠵᠦᠢ᠍ᠯ᠎ᠤᠳ᠎ᠢ ᠰᠠᠨᠠᠭ᠋ᠠᠴᠢᠯᠠᠨ ᠪᠣᠳᠤᠯᠬᠢᠯᠠᠵᠤ ᠬᠡᠣᠬᠡᠳ᠎ᠤᠨ ᠲᠠᠳᠬᠠᠯ᠎ᠤᠨ ᠬᠦᠮᠦᠵᠢᠯ᠎ᠢ ᠰᠠᠶ᠋ᠢᠳᠤᠷ ᠠᠳᠬᠤᠵᠤ ᠬᠢᠪᠡᠯ ᠰᠠᠶ᠋ᠢᠨ ᠪᠠᠶ᠋ᠢᠳᠠᠭ ᠶᠤᠮ᠃
      ᠭᠤᠷᠪᠠ᠂ ᠴᠡᠴᠡᠷᠯᠢᠭ᠎ᠤᠨ ᠬᠦᠮᠦᠵᠢᠯ᠎ᠳᠤ ᠲᠤᠭᠯᠠᠭ᠋ᠠᠮ᠎ᠤᠨ ᠬᠦᠮᠦᠵᠢᠯ᠎ᠢ ᠬᠦᠨᠳᠦᠳᠬᠡᠨ ᠬᠢᠬᠦ ᠴᠢᠬᠤᠯᠠ᠎ᠲᠠᠢ
      ᠨᠠᠭ᠋ᠠᠳᠬᠤ ᠪᠣᠯ ᠬᠡᠣᠬᠡᠳ᠎ᠤᠨ ᠲᠦᠷᠦᠯᠬᠢ ᠴᠢᠨᠠᠷ ᠪᠣᠯᠬᠤ ᠶᠤᠮ᠃ ᠲᠤᠭᠯᠠᠭ᠋ᠠᠮ ᠪᠣᠯ ᠨᠢᠭᠡ ᠵᠦᠢ᠍ᠯ᠎ᠤᠨ ᠤᠨᠴᠠᠭ᠋ᠠᠢ ᠨᠡᠶ᠋ᠢᠭᠡᠮᠴᠢ ᠴᠢᠨᠠᠷ᠎ᠲᠠᠢ ᠠᠵᠢᠯᠯᠠᠭ᠎ᠠ ᠮᠦᠨ᠂ ᠬᠡᠣᠬᠡᠳ ᠤᠯᠠᠩᠬᠢ ᠴᠠᠭ᠎ᠢ ᠨᠠᠭ᠋ᠠᠳᠤᠮ᠎ᠤᠨ ᠲᠤᠮᠳᠠ ᠦᠩᠭᠡᠷᠡᠭᠦᠯᠵᠦ ᠨᠠᠭ᠋ᠠᠳᠤᠮ ᠲᠤᠭᠯᠠᠭ᠋ᠠᠮ᠎ᠠᠴᠠ ᠠᠮᠢᠳᠤᠷᠠᠯ᠎ᠤᠨ ᠲᠠᠨᠢᠯᠳᠠ᠎ᠪᠠᠨ ᠲᠡᠭᠡᠭᠰᠢᠯᠡᠭᠦᠯᠤᠨ ᠲᠤᠷᠰᠢᠯᠭ᠎ᠠ᠎ᠪᠠᠨ ᠨᠡᠮᠡᠭᠳᠡᠭᠦᠯᠵᠦ᠂ ᠤᠷᠴᠢᠨ ᠲᠤᠭᠤᠷᠢᠨ᠎ᠤ ᠬᠡᠷᠡᠭ ᠪᠤᠳᠠᠰ᠎ᠤᠨ ᠲᠤᠬᠠᠢ ᠤᠶ᠋ᠢᠯᠭ᠋ᠠᠯᠳᠠ᠎ᠪᠠᠨ ᠭᠦᠨᠵᠡᠭᠡᠶ᠋ᠢᠷᠡᠭᠦᠯᠵᠦ ᠦᠪᠡᠷ᠎ᠤᠨ ᠪᠡᠶ᠎ᠡ᠎ᠪᠠᠨ ᠲᠡᠭᠦᠯᠳᠡᠷᠵᠢᠭᠦᠯᠤᠨ ᠬᠦᠭᠵᠢᠭᠦᠯᠵᠦ ᠴᠢᠳᠠᠳᠠᠬ᠃ ᠲᠤᠭᠯᠠᠭ᠋ᠠᠮ ᠪᠣᠯ ᠰᠤᠷᠭ᠋ᠠᠭᠤᠯᠢ ᠵᠢᠨ ᠨᠠᠰᠤᠨ᠎ᠠᠴᠠ ᠠ᠋ᠮᠦᠨᠡᠬᠢ ᠬᠡᠣᠬᠡᠳ᠎ᠤᠨ ᠤᠨᠴᠠᠯᠢᠭ᠎ᠲᠤ ᠲᠤᠬᠢᠷᠠᠭᠰᠠᠨ ᠬᠦᠳᠡᠯᠭᠡᠭᠡᠨ᠎ᠤ ᠬᠡᠯᠪᠡᠷᠢ ᠪᠣᠯᠬᠤ ᠮᠦᠷᠳᠡᠭᠡᠨ ᠬᠡᠣᠬᠡᠳ᠎ᠤᠨ ᠰᠡᠳᠬᠢᠴᠡ ᠵᠢᠨ ᠬᠦᠭᠵᠢᠯᠳᠡ ᠵᠢ ᠠᠬᠢᠭᠤᠯᠬᠤ ᠬᠠᠮᠤᠭ᠎ᠤᠨ ᠰᠠᠶ᠋ᠢᠨ ᠬᠦᠳᠡᠯᠭᠡᠭᠡᠨ᠎ᠤ ᠬᠡᠯᠪᠡᠷᠢ ᠶᠤᠮ᠃ ᠡᠪᠳᠡᠢ ᠰᠠᠶ᠋ᠢᠬᠠᠨ ᠵᠤᠬᠢᠶᠠᠨ ᠪᠠᠶ᠋ᠢᠭᠤᠯᠤᠭᠰᠠᠨ ᠲᠤᠭᠯᠠᠭ᠋ᠠᠮ ᠲᠤᠮᠳᠠ ᠬᠡᠣᠬᠡᠳ᠎ᠤᠨ ᠰᠡᠳᠬᠢᠴᠡ ᠵᠢᠨ ᠶᠠᠪᠤᠴᠠ ᠪᠠ ᠦᠪᠡᠷᠮᠢᠴᠡ ᠵᠠᠩ ᠴᠢᠨᠠᠷ᠎ᠨᠢ ᠨᠡᠩ ᠲᠦᠷᠭᠡᠨ᠂ ᠨᠡᠩ ᠰᠠᠶ᠋ᠢᠨ ᠬᠦᠭᠵᠢᠳᠡᠭ᠃
      ᠶᠠᠭᠤᠨ᠎ᠤ ᠠ᠋ᠮᠦᠨ᠎ᠡ᠂ ᠲᠤᠭᠯᠠᠭ᠋ᠠᠮ ᠵᠶ᠋ᠠᠷ ᠬᠡᠣᠬᠡᠳ᠎ᠤᠨ ᠬᠦᠳᠡᠯᠭᠡᠭᠡᠨ᠎ᠤ ᠠ᠋ᠷᠬᠡᠳᠡᠨ ᠪᠠ ᠡᠯ᠎ᠡ ᠰᠡᠷᠡᠯ᠎ᠤᠨ ᠠ᠋ᠷᠬᠡᠳᠡᠨ᠎ᠤ ᠵᠤᠬᠢᠴᠠᠩᠭᠤᠢ ᠬᠦᠭᠵᠢᠯᠳᠡ ᠵᠢ ᠠᠬᠢᠭᠤᠯᠵᠤ ᠴᠢᠳᠠᠳᠠᠬ᠃ ᠲᠤᠭᠯᠠᠬᠤ ᠶᠠᠪᠤᠴᠠ᠎ᠳᠤ᠎ᠪᠠᠨ ᠬᠡᠣᠬᠡᠳ ᠶᠠᠮᠠᠷ ᠨᠢᠭᠡᠨ ᠠ᠋ᠭᠦᠷᠭᠡ ᠵᠢ ᠬᠦᠯᠢᠶᠡᠨ ᠠᠪᠴᠤ ᠠ᠋ᠷᠬᠡᠪᠰᠢ ᠴᠢᠷᠮᠠᠶ᠋ᠢᠨ ᠪᠡᠶᠡᠯᠡᠭᠦᠯᠬᠦ ᠬᠡᠷᠡᠭᠳᠡᠢ ᠪᠠᠶ᠋ᠢᠳᠠᠭ᠎ᠠᠴᠠ ᠲᠡᠳᠡᠨ᠎ᠤ ᠦᠢ᠍ᠯᠡ ᠬᠦᠳᠡᠯᠦᠯ᠎ᠨᠢ ᠨᠡᠩ ᠵᠤᠷᠢᠯᠭ᠎ᠠ᠎ᠲᠠᠢ᠂ ᠢᠳᠡᠪᠬᠢᠳᠡᠢ ᠪᠠᠶ᠋ᠢᠳᠠᠭ᠃ ᠲᠤᠭᠯᠠᠭ᠋ᠠᠮ᠎ᠠᠴᠠ ᠲᠠᠳᠡᠨ᠎ᠤ ᠪᠡᠶ᠎ᠡ ᠮᠠᠭ᠍ᠠᠪᠤᠳ᠎ᠤᠨ ᠬᠦᠳᠡᠯᠭᠡᠭᠡᠨ᠎ᠤ ᠠ᠋ᠷᠬᠡᠳᠡᠨ᠎ᠨᠢ ᠲᠤᠩ ᠰᠠᠶ᠋ᠢᠨ ᠵᠶ᠋ᠠᠷ ᠬᠦᠭᠵᠢᠳᠡᠭ᠃
      ᠲᠠᠷᠠᠭ᠎ᠠ᠎ᠳᠤ᠎ᠨᠢ᠂ ᠲᠤᠭᠯᠠᠭ᠋ᠠᠮ᠎ᠤᠨ ᠲᠤᠮᠳᠠ ᠬᠡᠣᠬᠡᠳ᠎ᠤᠨ ᠡᠯ᠎ᠡ ᠵᠦᠢ᠍ᠯ᠎ᠤᠨ ᠰᠡᠳᠬᠢᠴᠡ ᠵᠢᠨ ᠬᠦᠳᠡᠯᠭᠡᠭᠡᠨ᠎ᠨᠢ ᠪᠠᠰᠠ ᠨᠡᠩ ᠲᠦᠷᠭᠡᠨ᠂ ᠨᠡᠩ ᠰᠠᠶ᠋ᠢᠨ ᠬᠦᠭᠵᠢᠳᠡᠭ᠃ ᠤᠯᠠᠨ ᠲᠠᠯ᠎ᠠ ᠵᠢᠨ ᠰᠣᠳᠤᠯᠤᠯᠳᠠ᠎ᠪᠠᠷ ᠨᠣᠳᠠᠯᠠᠭᠰᠠᠨ ᠵᠶ᠋ᠠᠷ᠂ ᠲᠤᠭᠯᠠᠭ᠋ᠠᠮ᠎ᠤᠨ ᠲᠤᠮᠳᠠ ᠬᠡᠣᠬᠡᠳ᠎ᠤᠨ ᠬᠠᠷᠠᠭ᠋ᠠᠨ᠎ᠤ ᠮᠡᠳᠡᠷᠡᠬᠦᠢ ᠵᠢᠨ ᠰᠤᠷᠭᠤᠭ ᠴᠢᠳᠠᠪᠤᠷᠢ᠎ᠨᠢ ᠬᠦᠭᠵᠢᠵᠦ᠂ ᠬᠠᠷᠠᠭ᠋ᠠᠨ᠎ᠤ ᠮᠡᠳᠡᠷᠡᠬᠦᠢ ᠵᠢᠨ ᠬᠡᠪᠴᠢᠶ᠎ᠡ᠎ᠨᠢ ᠦᠷᠭᠡᠵᠢᠨ᠂ ᠠᠨᠳᠠᠭᠤᠷᠠᠭ᠍ᠤ ᠪᠠᠶ᠋ᠢᠳᠠᠯ᠎ᠨᠢ ᠢᠯᠡᠷᠬᠡᠢ ᠪᠠᠭ᠋ᠠᠰᠤᠨ᠎ᠠ᠃ ᠲᠤᠭᠯᠠᠭ᠋ᠠᠮ᠎ᠤᠨ ᠲᠤᠮᠳᠠ ᠬᠡᠣᠬᠡᠳ ᠠ᠋ᠭᠦᠷᠭᠡ ᠬᠦᠯᠢᠶᠡᠭᠰᠡᠨ᠎ᠠᠴᠠ ᠪᠣᠯᠵᠤ ᠠ᠋ᠷᠬᠡᠪᠰᠢ ᠤᠬᠠᠮᠰᠠᠷ᠎ᠲᠠᠢ᠂ ᠵᠤᠷᠢᠯᠭ᠎ᠠ᠎ᠲᠠᠢ᠂ ᠢᠳᠡᠪᠬᠢᠳᠡᠢ᠎ᠪᠠᠷ ᠠ᠋ᠭᠦᠷᠭᠡ ᠵᠢᠨ ᠴᠢᠬᠤᠯᠠ ᠵᠦᠢ᠍ᠯ᠎ᠢ ᠴᠡᠭᠡᠵᠢᠯᠡᠨ ᠲᠤᠭᠳᠠᠭ᠋ᠠᠬᠤ ᠪᠤᠶᠤ ᠠ᠋ᠷᠭᠢᠴᠡᠭᠦᠯᠦᠨ ᠪᠤᠳᠤᠳᠠᠬ᠎ᠠᠴᠠ ᠴᠡᠭᠡᠵᠢᠯᠡᠬᠦ ᠬᠡᠮᠵᠢᠶ᠎ᠡ ᠪᠠ ᠲᠤᠭᠳᠠᠭ᠋ᠠᠬᠤ ᠪᠠᠶ᠋ᠢᠳᠠᠯ᠎ᠨᠢ ᠶᠡᠷᠦ ᠵᠢᠨ ᠪᠠᠶ᠋ᠢᠳᠠᠯ᠎ᠳᠤ᠎ᠬᠢ ᠴᠡᠭᠡᠵᠢᠯᠡᠯ᠎ᠠᠴᠠ ᠬᠤᠯᠠ ᠤᠯᠠᠨ ᠪᠠᠶ᠋ᠢᠳᠠᠭ᠃ ᠲᠤᠭᠯᠠᠭ᠋ᠠᠮ᠎ᠤᠨ ᠲᠤᠮᠳᠠ ᠬᠡᠣᠬᠡᠳ᠎ᠤᠨ ᠦᠪᠡᠷᠮᠢᠴᠡ ᠴᠢᠨᠠᠷ᠎ᠢ ᠨᠡᠩ ᠰᠠᠶ᠋ᠢᠨ ᠪᠤᠯᠪᠠᠰᠤᠷᠠᠭᠤᠯᠵᠤ᠂ ᠨᠡᠩ ᠰᠠᠶ᠋ᠢᠨ ᠬᠦᠮᠦᠵᠢᠭᠦᠯᠵᠦ ᠪᠤᠯᠤᠨ᠎ᠠ᠃ ᠲᠤᠭᠯᠠᠭ᠋ᠠᠮ᠎ᠤᠨ ᠤᠯᠠᠩᠬᠢ᠎ᠨᠢ ᠬᠠᠮᠳᠤ ᠵᠢᠨ ᠬᠦᠳᠡᠯᠭᠡᠭᠡᠨ ᠪᠠᠶ᠋ᠢᠳᠠᠭ᠎ᠠᠴᠠ ᠬᠦᠳᠡᠯᠭᠡᠭᠡᠨ᠎ᠤ ᠲᠤᠮᠳᠠ ᠬᠡᠣᠬᠡᠳ ᠲᠤᠭᠯᠠᠭ᠋ᠠᠮ᠎ᠤᠨ ᠲᠦᠷᠢᠮ᠎ᠢ ᠰᠠᠬᠢᠬᠤ ᠵᠢ ᠰᠤᠷᠬᠤ ᠪᠦᠭᠡᠳ ᠲᠤᠭᠯᠠᠭ᠋ᠠᠮ᠎ᠤᠨ ᠠ᠋ᠭᠦᠷᠭᠡ᠎ᠪᠠᠨ ᠪᠡᠶᠡᠯᠡᠭᠦᠯᠬᠦ᠎ᠨᠢ ᠬᠡᠣᠬᠡᠳ᠎ᠤᠨ ᠵᠠᠩ ᠠᠷᠠᠨᠰᠢᠨ ᠪᠠ ᠠ᠋ᠷᠴᠢ ᠵᠤᠷᠢᠭ᠂ ᠠᠷᠭ᠎ᠠ ᠰᠠᠮᠪᠠᠭ᠎ᠠ ᠵᠢ ᠬᠦᠮᠦᠵᠢᠭᠦᠯᠳᠡᠭ᠃ ᠲᠤᠭᠯᠠᠭ᠋ᠠᠮ᠎ᠤᠨ ᠶᠠᠪᠤᠴᠠ᠎ᠳᠤ ᠬᠡᠣᠬᠡᠳ᠎ᠤᠨ ᠪᠤᠰᠤᠳ ᠰᠡᠷᠡᠯ᠎ᠤᠨ ᠠ᠋ᠷᠬᠡᠳᠡᠨ᠎ᠨᠢ ᠰᠡᠳᠬᠢᠴᠡ ᠵᠢᠨ ᠬᠦᠳᠡᠯᠭᠡᠭᠡᠨ᠎ᠳᠤ ᠢᠳᠡᠪᠬᠢᠳᠡᠢ ᠤᠷᠤᠯᠴᠠᠨ ᠲᠤᠰ ᠲᠤᠰ᠎ᠤᠨ ᠬᠦᠭᠵᠢᠯᠳᠡ᠎ᠪᠠᠨ ᠤᠯᠵᠤ ᠴᠢᠳᠠᠳᠠᠬ᠃ ᠠ᠋ᠶ᠋ᠢᠮᠦ᠎ᠠᠴᠠ ᠲᠤᠭᠯᠠᠭ᠋ᠠᠮ᠎ᠨᠢ ᠬᠡᠣᠬᠡᠳ᠎ᠤᠨ ᠲᠠᠭᠤ ᠴᠢᠮᠡᠭᠡ ᠵᠢ ᠢᠯᠭ᠋ᠠᠨ ᠲᠠᠨᠢᠬᠤ ᠴᠢᠳᠠᠪᠤᠷᠢ ᠵᠢ ᠠᠬᠢᠭᠤᠯᠬᠤ᠂ ᠦᠭᠡ ᠬᠡᠯᠡᠨ᠎ᠤ ᠰᠤᠯᠢᠯᠴᠠᠭ᠋ᠠᠨ᠎ᠤ ᠴᠢᠳᠠᠪᠤᠷᠢ ᠵᠢ ᠠᠬᠢᠭᠤᠯᠬᠤ᠎ᠪᠠᠷ ᠲᠠᠮᠵᠢᠨ ᠶᠡᠭᠡ ᠲᠠᠷᠢᠬᠢᠨ᠎ᠤ ᠠᠵᠢᠯᠯᠠᠭ᠎ᠠ ᠵᠢ ᠰᠠᠶ᠋ᠢᠵᠢᠷᠠᠭᠤᠯᠵᠤ ᠲᠠᠷᠢᠬᠢᠨ᠎ᠤ ᠪᠤᠶ᠋ᠢᠵᠢᠯᠳᠠ᠎ᠳᠤ ᠲᠤᠩ ᠶᠡᠭᠡ ᠢᠳᠡᠪᠬᠢ ᠦᠢ᠍ᠯᠡᠳᠦᠯ ᠦᠵᠡᠭᠦᠯᠳᠡᠭ᠃ ᠲᠤᠭᠯᠠᠭ᠋ᠠᠮ᠎ᠳᠤ ᠤᠷᠤᠯᠴᠠᠭ᠍ᠤ ᠵᠢ ᠲᠠᠭ᠋ᠠᠯᠳᠤᠨ ᠬᠡᠣᠬᠡᠳ᠎ᠤᠨ ᠰᠡᠳᠬᠢᠭᠦᠢ ᠵᠢᠨ ᠴᠢᠳᠠᠪᠤᠷᠢ᠂ ᠠᠩᠬᠠᠷᠬᠤᠢ ᠵᠢᠨ ᠴᠢᠳᠠᠪᠤᠷᠢ᠂ ᠠ᠋ᠭᠦᠳᠦᠨ ᠪᠦᠳᠦᠭᠡᠬᠦ ᠴᠢᠳᠠᠪᠤᠷᠢ᠂ ᠬᠤᠯᠪᠤᠨ ᠪᠤᠳᠤᠬᠤ ᠴᠢᠳᠠᠪᠤᠷᠢ᠂ ᠬᠤᠷᠰᠢᠨ ᠠᠵᠢᠯᠯᠠᠭ᠍ᠤ ᠴᠢᠳᠠᠪᠤᠷᠢ᠎ᠨᠢ ᠵᠡᠷᠭᠡ᠎ᠪᠠᠷ ᠬᠦᠭᠵᠢᠨ ᠲᠡᠭᠦᠯᠳᠡᠷᠵᠢᠳᠡᠭ ᠪᠦᠭᠡᠳ ᠲᠡᠳᠡᠨ᠎ᠤ ᠲᠤᠷ᠎ᠠ ᠰᠤᠨᠢᠷᠬᠠᠯ᠎ᠤᠨ ᠨᠠᠬᠢᠶᠠᠯᠠᠯ᠂ ᠰᠤᠷᠤᠯᠴᠠᠭ᠍ᠤ ᠰᠤᠨᠢᠷᠬᠠᠯ᠎ᠤᠨ ᠠ᠋ᠭᠦᠰᠦᠯ ᠴᠦ᠍ ᠪᠦᠷ ᠲᠤᠭᠯᠠᠭ᠋ᠠᠮ᠎ᠠᠴᠠ ᠠ᠋ᠬᠢᠯᠡᠨ ᠪᠣᠢ ᠪᠣᠯᠳᠠᠭ ᠶᠤᠮ᠃
      ᠭᠡᠳᠡᠯ᠎ᠡ ᠲᠤᠭᠯᠠᠭ᠋ᠠᠮ᠎ᠤᠨ ᠬᠡᠣᠬᠡᠳ᠎ᠤᠨ ᠪᠡᠶ᠎ᠡ ᠰᠡᠳᠬᠢᠴᠡ ᠵᠢᠨ ᠬᠦᠭᠵᠢᠯᠳᠡ᠎ᠳᠤ ᠦᠵᠡᠭᠦᠯᠬᠦ ᠦᠢ᠍ᠯᠡᠳᠦᠯ᠎ᠨᠢ ᠠᠶᠠᠨᠳᠠᠭ᠋ᠠᠨ ᠪᠡᠶᠡᠯᠡᠭᠳᠡᠴᠢᠬᠡᠬᠦ ᠪᠢᠰᠢ᠂ ᠬᠠᠷᠢᠨ ᠭᠡᠷ᠎ᠤᠨ ᠠᠬᠠᠮᠠᠳ ᠪᠤᠶᠤ ᠪᠠᠭᠰᠢ ᠨᠠᠷ᠎ᠠᠴᠠ ᠰᠠᠨᠠᠭ᠋ᠠᠴᠢᠯᠠᠭ᠎ᠠ᠎ᠲᠠᠢ ᠵᠤᠬᠢᠶᠠᠨ ᠪᠠᠶ᠋ᠢᠭᠤᠯᠬᠤ ᠪᠠ ᠵᠦᠪ ᠤᠨᠤᠪᠴᠢᠳᠤ ᠵᠢᠯᠤᠭᠤᠳᠤᠯᠭ᠎ᠠ᠎ᠲᠠᠢ ᠰᠢᠭᠤᠳ ᠬᠤᠯᠪᠤᠭ᠎ᠠ᠎ᠲᠠᠢ ᠪᠠᠶ᠋ᠢᠳᠠᠭ᠃ ᠲᠠᠷᠤᠢ ᠰᠠᠶ᠋ᠢᠳᠤᠷ ᠲᠦᠰᠦᠪᠯᠡᠨ ᠵᠤᠬᠢᠶᠠᠨ ᠪᠠᠶ᠋ᠢᠭᠤᠯᠤᠭᠰᠠᠨ ᠲᠤᠭᠯᠠᠭ᠋ᠠᠮ᠎ᠨᠢ ᠠ᠋ᠶ᠋ᠢᠮᠦᠷᠬᠦᠤ ᠬᠦᠮᠦᠵᠢᠯ᠎ᠤᠨ ᠵᠤᠷᠢᠯᠭ᠎ᠠ᠎ᠳᠤ ᠬᠦᠷᠴᠦ ᠲᠡᠶ᠋ᠢᠯᠦᠨ᠎ᠡ᠂ ᠭᠡᠬᠦ᠎ᠳᠤ᠎ᠪᠠᠨ ᠲᠤᠮᠤ ᠬᠦᠮᠦᠰ ᠡᠵᠡᠨ ᠮᠡᠳᠡᠵᠦ ᠲᠤᠭᠯᠠᠭᠤᠯᠬᠤ᠂ ᠤᠷᠤᠯᠠᠨ ᠭᠦᠢ᠍ᠴᠡᠳᠬᠡᠬᠦ ᠪᠤᠶᠤ ᠬᠡᠣᠬᠡᠳ᠎ᠤᠨ ᠲᠤᠭᠯᠠᠭ᠋ᠠᠮ᠎ᠢ ᠲᠤᠷ᠎ᠠ ᠲᠠᠪᠠ᠎ᠪᠠᠷ ᠵᠶ᠋ᠠᠨ ᠬᠤᠷᠢᠭᠯᠠᠨ ᠵᠤᠭᠰᠤᠭ᠋ᠠᠵᠤ ᠨᠡᠩ ᠪᠣᠯᠳᠠᠭ ᠦᠭᠡᠢ᠃ ᠤᠳᠤ ᠵᠠᠷᠢᠮ ᠭᠡᠷ᠎ᠤᠨ ᠠᠬᠠᠮᠠᠳ ᠪᠤᠶᠤ ᠪᠠᠭᠰᠢ᠎ᠠᠴᠠ ᠠ᠋ᠷᠳᠡ ᠪᠢᠴᠢᠭ ᠠ᠋ᠷᠳᠡᠮ ᠰᠤᠷᠭ᠋ᠠᠬᠤ ᠭᠡᠵᠦ ᠬᠡᠣᠬᠡᠳ᠎ᠲᠤ ᠪᠠᠭ᠎ᠠ᠎ᠠᠴᠠ᠎ᠨᠢ ᠲᠤᠭ᠎ᠠ ᠵᠢᠭ᠋ᠠᠬᠤ᠂ ᠴᠠᠭ᠋ᠠᠨ ᠲᠤᠯᠤᠭ᠋ᠠᠢ ᠵᠢᠭ᠋ᠠᠬᠤ᠂ ᠠᠩᠭ᠍ᠯᠢ ᠬᠡᠯᠡ ᠰᠤᠷᠭ᠋ᠠᠬᠤ ᠭᠡᠵᠦ ᠦᠢ᠍ᠯᠡ ᠵᠢ᠎ᠨᠢ ᠪᠠᠷᠠᠵᠤ ᠪᠠᠶ᠋ᠢᠬᠤ᠎ᠨᠢ ᠬᠡᠣᠬᠡᠳ᠎ᠤᠨ ᠲᠠᠷᠢᠬᠢᠨ᠎ᠤ ᠬᠦᠭᠵᠢᠯᠳᠡ ᠵᠢ ᠬᠠᠷᠰᠢᠯᠠᠵᠤ ᠪᠠᠶ᠋ᠢᠭ᠎ᠠ ᠶᠠᠪᠤᠳᠠᠯ ᠪᠣᠯᠬᠤ ᠶᠤᠮ᠃ ᠬᠡᠣᠬᠡᠳ᠎ᠲᠤ ᠬᠡᠳᠦ ᠠ᠋ᠷᠳᠡ᠎ᠠᠴᠠ ᠦᠰᠦᠭ ᠪᠢᠴᠢᠭ᠎ᠢ ᠠᠯᠪᠠ᠎ᠪᠠᠷ ᠲᠠᠨᠢᠭᠤᠯᠬᠤ ᠭᠡᠵᠦ ᠣᠷᠤᠯᠳᠤᠬᠤ᠎ᠨᠢ ᠬᠡᠣᠬᠡᠳ᠎ᠤᠨ ᠲᠡᠷᠢᠬᠢ ᠮᠡᠳᠡᠷᠡᠯ᠎ᠤᠨ ᠬᠦᠯᠢᠶᠡᠨ ᠠᠪᠬᠤ ᠵᠢᠮ᠎ᠡ ᠶᠤᠰᠤ ᠪᠠ ᠦᠰᠦᠨ ᠪᠣᠶ᠋ᠢᠵᠢᠯᠳᠠ ᠵᠢᠨ ᠵᠢᠮ᠎ᠡ ᠶᠤᠰᠤ᠎ᠲᠠᠢ ᠨᠡᠶ᠋ᠢᠴᠡᠬᠦ ᠦᠭᠡᠢ ᠠᠵᠢᠯᠯᠠᠭ᠎ᠠ ᠪᠤᠯᠤᠨ᠎ᠠ᠃ ᠬᠠᠷᠢᠨ ᠬᠡᠣᠬᠡᠳ᠎ᠤᠨ ᠨᠠᠰᠤᠨ᠎ᠳᠤ᠎ᠨᠢ ᠲᠤᠬᠢᠷᠠᠭᠰᠠᠨ ᠨᠠᠭ᠋ᠠᠳᠤᠮ ᠲᠤᠭᠯᠠᠭ᠋ᠠᠮ᠎ᠢ ᠰᠤᠩᠭᠤᠨ ᠦᠭᠴᠦ᠂ ᠰᠠᠶ᠋ᠢᠳᠤᠷ ᠨᠠᠭ᠋ᠠᠳᠤᠭᠤᠯᠬᠤ ᠪᠣᠯ ᠰᠠᠶᠢ ᠵᠦᠪ ᠬᠦᠮᠦᠵᠢᠯ᠎ᠤᠨ ᠠᠷᠭ᠎ᠠ ᠠᠪᠴᠠᠯ ᠶᠤᠮ᠃ ᠮᠦᠨ ᠴᠦ᠍ ᠴᠡᠴᠡᠷᠯᠢᠭ᠎ᠤᠨ ᠪᠠᠭᠰᠢ᠎ᠠᠴᠠ ᠰᠠᠨᠠᠭ᠋ᠠᠴᠢᠯᠠᠭ᠎ᠠ᠎ᠲᠠᠢ᠎ᠪᠠᠷ ᠬᠡᠣᠬᠡᠳ᠎ᠤᠨ ᠵᠶ᠋ᠠᠨ ᠨᠠᠰᠤᠨ᠎ᠤ ᠤᠨᠴᠠᠯᠢᠭ᠎ᠢ ᠦᠨᠳᠦᠰᠦᠯᠡᠨ ᠪᠦᠳᠦᠭᠡᠯᠴᠢ ᠴᠢᠨᠠᠷ᠎ᠲᠠᠢ᠂ ᠬᠠᠮᠳᠤᠷᠠᠯᠴᠠᠭ᠋ᠠᠨ᠎ᠤ ᠴᠢᠨᠠᠷ᠎ᠲᠠᠢ᠂ ᠬᠦᠳᠡᠯᠭᠡᠭᠡᠨ᠎ᠤ ᠴᠢᠨᠠᠷ᠎ᠲᠠᠢ ᠤᠯᠠᠨ ᠵᠦᠢ᠍ᠯ᠎ᠤᠨ ᠲᠤᠭᠯᠠᠭ᠋ᠠᠮ᠎ᠢ ᠲᠦᠰᠦᠪᠯᠡᠨ ᠵᠤᠬᠢᠶᠠᠵᠤ᠂ ᠲᠦᠯᠦᠪᠯᠡᠭᠡ᠎ᠲᠠᠢ᠎ᠪᠠᠷ ᠵᠤᠬᠢᠶᠠᠨ ᠪᠠᠶ᠋ᠢᠭᠤᠯᠵᠤ᠂ ᠬᠡᠣᠬᠡᠳ᠎ᠢ ᠬᠠᠨᠳᠠᠯ᠎ᠠ ᠨᠠᠭ᠋ᠠᠳᠤᠭᠤᠯᠬᠤ᠎ᠨᠢ ᠲᠡᠳᠡᠨ᠎ᠤ ᠪᠡᠶ᠎ᠡ ᠮᠠᠭ᠍ᠠᠪᠤᠳ ᠠ᠋ᠷᠡᠭᠦᠯ ᠴᠢᠬᠢᠷᠠᠭ᠂ ᠰᠡᠳᠬᠢᠯ ᠰᠠᠨᠠᠭ᠎ᠠ᠎ᠨᠢ ᠪᠠᠶᠠᠷ ᠬᠦᠷ᠎ᠲᠠᠢ᠎ᠪᠠᠷ ᠦᠰᠦᠨ ᠪᠣᠶ᠋ᠢᠵᠢᠬᠤ᠎ᠳᠤ ᠮᠠᠰᠢ ᠶᠡᠭᠡ ᠲᠤᠰᠠ ᠪᠤᠯᠳᠠᠬ᠃ ᠵᠢᠱ᠌ᠢᠶᠡᠯᠡᠪᠡᠯ᠂ ᠬᠦᠳᠡᠯᠭᠡᠭᠡᠨ᠎ᠤ ᠴᠢᠨᠠᠷ᠎ᠲᠠᠢ ᠲᠤᠭᠯᠠᠭ᠋ᠠᠮ᠎ᠤᠨ ᠲᠤᠮᠳᠠ ᠬᠡᠣᠬᠡᠳ᠎ᠤᠨ ᠠᠯᠬᠤᠬᠤ᠂ ᠭᠦᠶᠦᠬᠦ᠂ ᠦᠰᠦᠷᠬᠦ᠂ ᠠᠪᠠᠷᠢᠬᠤ᠂ ᠰᠢᠳᠡᠬᠦ ᠵᠡᠷᠭᠡ ᠦᠨᠳᠦᠰᠦᠨ ᠬᠦᠳᠡᠯᠦᠯ᠎ᠢ ᠪᠣᠯᠪᠠᠰᠤᠷᠠᠭᠤᠯᠬᠤ᠎ᠪᠠᠷ ᠲᠠᠮᠵᠢᠭᠤᠯᠤᠨ ᠬᠡᠣᠬᠡᠳ᠎ᠤᠨ ᠬᠦᠳᠡᠯᠦᠯ᠎ᠢ ᠨᠡᠩ ᠤᠨᠤᠪᠴᠢᠳᠡᠢ᠂ ᠨᠡᠩ ᠱᠠᠯᠠᠮᠠᠭ᠋ᠠᠢ᠂ ᠨᠡᠩ ᠪᠦᠷᠢᠨ ᠪᠦᠳᠦᠨ ᠪᠣᠯᠭ᠋ᠠᠬᠤ᠎ᠪᠠᠷ ᠪᠠᠷᠠᠭ᠍ᠤ ᠦᠭᠡᠢ ᠬᠡᠣᠬᠡᠳ᠎ᠢ ᠠ᠋ᠷᠡᠯᠬᠡᠭ ᠵᠤᠷᠢᠭ᠎ᠲᠠᠢ᠂ ᠲᠠᠭ᠋ᠠᠭ᠋ᠠᠮᠠᠭ᠋ᠠᠢ ᠵᠠᠩ ᠴᠢᠨᠠᠷ᠎ᠲᠠᠢ᠂ ᠬᠠᠮᠳᠤᠷᠠᠨ ᠬᠤᠷᠰᠢᠬᠤ ᠴᠢᠳᠠᠪᠤᠷᠢ᠎ᠲᠠᠢ ᠪᠤᠯᠭ᠋ᠠᠨ ᠬᠦᠮᠦᠵᠢᠭᠦᠯᠵᠦ ᠲᠡᠶ᠋ᠢᠯᠬᠦ ᠶᠤᠮ᠃
      ᠲᠦᠷᠪᠡ᠂ ᠴᠡᠴᠡᠷᠯᠢᠭ᠎ᠤᠨ ᠬᠦᠮᠦᠵᠢᠯ᠎ᠨᠢ ᠪᠣᠳᠠᠳᠠᠢ ᠠᠮᠢᠳᠤᠷᠠᠯ᠎ᠲᠠᠢ ᠨᠢᠭᠳᠠ ᠤᠶᠠᠯᠳᠤᠬᠤ ᠬᠡᠷᠡᠭᠳᠡᠢ
      ᠶᠠᠮᠠᠷᠪᠠ ᠬᠦᠮᠦᠵᠢᠯ ᠴᠤ᠌ ᠠᠮᠢᠳᠤᠷᠠᠯ᠎ᠲᠠᠢ ᠨᠢᠭᠳᠠ ᠤᠶᠠᠯᠳᠤᠬᠤ ᠴᠢᠬᠤᠯᠠ᠎ᠲᠠᠢ᠂ ᠠᠮᠢᠳᠤᠷᠠᠯ᠎ᠠᠴᠠ ᠰᠠᠯᠤᠨᠭ᠌ᠬᠢᠷᠠᠭᠰᠠᠨ ᠬᠦᠮᠦᠵᠢᠯ᠎ᠨᠢ ᠪᠦᠷᠢᠨ ᠪᠦᠳᠦᠨ ᠬᠦᠮᠦᠵᠢᠯ ᠪᠢᠰᠢ᠃ ᠬᠦᠮᠦᠨ ᠦᠰᠦᠨ ᠪᠣᠶ᠋ᠢᠵᠢᠭ᠋ᠠᠳ ᠡᠴᠦᠰ᠎ᠤᠨ ᠡᠴᠦᠰ᠎ᠲᠤ᠎ᠪᠠᠨ ᠬᠠᠰᠢᠯᠠ ᠪᠣᠳᠠᠳᠡᠢ ᠨᠡᠶ᠋ᠢᠭᠡᠮ᠎ᠤᠨ ᠨᠢᠭᠡᠨ ᠪᠦᠷᠢᠯᠳᠤᠭᠦᠨ᠂ ᠨᠡᠶ᠋ᠢᠭᠡᠮ᠎ᠳᠤ ᠲᠤᠰᠠ᠎ᠲᠠᠢ ᠬᠦᠮᠦᠨ ᠪᠣᠯᠬᠤ ᠬᠡᠷᠡᠭᠳᠡᠢ᠃ ᠣᠳᠤ ᠵᠢᠨ ᠵᠠᠷᠢᠮ ᠭᠡᠷ᠎ᠤᠨ ᠠᠬᠠᠮᠠᠳ ᠬᠡᠣᠬᠡᠳ ᠵᠶ᠋ᠠᠨ ᠲᠤᠮᠤ ᠪᠤᠯᠤᠭ᠋ᠠᠳ ᠠ᠋ᠷᠳᠡᠮ ᠮᠡᠳᠡᠯᠭᠡ᠎ᠲᠠᠢ ᠬᠦᠮᠦᠨ ᠪᠣᠯᠪᠠᠯ ᠪᠣᠯᠴᠢᠬᠠᠨ᠎ᠠ᠂ ᠪᠢᠴᠢᠭ ᠠ᠋ᠷᠳᠡᠮ ᠵᠶ᠋ᠠᠨ ᠰᠠᠶ᠋ᠢᠨ ᠰᠤᠷᠪᠠᠯ ᠪᠤᠰᠤᠳ ᠶᠠᠪᠤᠳᠠᠯ᠎ᠨᠢ ᠬᠠᠮᠢᠶ᠎ᠠ ᠦᠭᠡᠢ ᠭᠡᠵᠦ ᠦᠵᠡᠨ᠂ ᠬᠡᠣᠬᠡᠳ᠎ᠲᠤ᠎ᠪᠠᠨ ᠬᠠᠷᠠᠭ᠍ᠠᠨ ᠪᠠᠭ᠎ᠠ᠎ᠠᠴᠠ᠎ᠨᠢ ᠠᠮᠢᠳᠤᠷᠠᠯ᠎ᠤᠨ ᠠ᠋ᠩ᠎ᠤᠨ ᠮᠡᠳᠡᠯᠭᠡ ᠰᠤᠷᠭ᠋ᠠᠬᠤ ᠵᠢ ᠲᠡᠳᠤᠢ ᠴᠢᠬᠤᠯᠠᠴᠢᠯᠠᠨ ᠦᠵᠡᠳᠡᠭ ᠦᠭᠡᠢ᠎ᠠᠴᠠ ᠦᠨᠳᠦᠷ ᠮᠡᠳᠡᠯᠭᠡ᠎ᠲᠠᠢ ᠪᠣᠯᠪᠠᠴᠤ ᠠᠮᠢᠳᠤᠷᠠᠯ᠎ᠤᠨ ᠴᠢᠳᠠᠪᠤᠷᠢ ᠲᠤᠷᠤᠢ ᠬᠡᠣᠬᠡᠳ ᠮᠠᠰᠢ ᠤᠯᠠᠨ ᠬᠦᠮᠦᠵᠢᠭᠳᠡᠨ ᠭᠠᠷᠴᠠᠢ᠃ ᠵᠠᠷᠢᠮ ᠬᠡᠣᠬᠡᠳ ᠶᠡᠭᠡ ᠰᠤᠷᠭ᠋ᠠᠭᠤᠯᠢ᠎ᠳᠤ ᠤᠷᠤᠴᠢᠬᠠᠭ᠋ᠠᠳ ᠤᠶ᠋ᠢᠮᠤᠰᠤ᠎ᠪᠠᠨ ᠤᠭᠢᠶᠠᠭ᠍ᠤ᠎ᠪᠠᠨ ᠮᠡᠳᠡᠬᠦ ᠦᠭᠡᠢ᠂ ᠭᠡᠷ ᠵᠶ᠋ᠠᠨ ᠴᠡᠪᠡᠷᠯᠡᠵᠦ ᠴᠢᠳᠠᠭ᠍ᠤ ᠦᠭᠡᠢ᠂ ᠤᠷᠤ ᠲᠡᠪᠢᠰᠭᠡᠷ ᠵᠶ᠋ᠠᠨ ᠴᠦ᠍ ᠬᠤᠷᠢᠶᠠᠵᠤ ᠴᠢᠳᠠᠭ᠍ᠤ ᠦᠭᠡᠢ᠂ ᠵᠤᠭᠤᠰ ᠮᠦᠩᠭᠦ᠎ᠪᠠᠨ ᠴᠦ᠍ ᠲᠦᠯᠦᠪᠯᠡᠨ ᠵᠠᠷᠤᠵᠤ ᠴᠢᠳᠠᠭ᠍ᠤ ᠦᠭᠡᠢ ᠪᠠᠶ᠋ᠢᠳᠠᠯ᠎ᠨᠢ ᠬᠦᠮᠦᠰ᠎ᠤᠨ ᠭᠠᠶ᠋ᠢᠬᠠᠰᠢ ᠵᠢ ᠲᠦᠷᠦᠭᠦᠯᠦᠨ᠎ᠡ᠃ ᠠ᠋ᠨᠡ ᠪᠤᠯ ᠰᠤᠷᠭ᠋ᠠᠨ ᠬᠦᠮᠦᠵᠢᠯ᠎ᠨᠢ ᠦᠨᠳᠦᠰᠦ᠎ᠪᠠᠨ ᠠᠯᠳᠠᠭᠰᠠᠨ᠂ ᠣᠷᠤᠰᠢᠨ ᠲᠤᠭᠳᠠᠨᠢᠬᠤ ᠰᠠᠭᠤᠷᠢ᠎ᠪᠠᠨ ᠠᠯᠳᠠᠭᠰᠠᠨ ᠶᠠᠪᠤᠳᠠᠯ ᠪᠤᠯᠤᠨ᠎ᠠ᠃ ᠠ᠋ᠶ᠋ᠢᠮᠦ᠎ᠠᠴᠠ ᠴᠡᠴᠡᠷᠯᠢᠭ᠎ᠤᠨ ᠬᠡᠣᠬᠡᠳ᠎ᠢ ᠠ᠋ᠩ᠎ᠤᠨ ᠠᠮᠢᠳᠤᠷᠠᠯ᠎ᠤᠨ ᠲᠤᠮᠳᠠ ᠲᠠᠪᠳᠠᠨ ᠪᠣᠯᠪᠠᠰᠤᠷᠠᠭᠤᠯᠬᠤ ᠴᠢᠬᠤᠯᠠ᠎ᠲᠠᠢ᠃ ᠴᠡᠴᠡᠷᠯᠢᠭ᠎ᠤᠨ ᠪᠠᠭᠰᠢ᠎ᠠᠴᠠ ᠬᠡᠣᠬᠡᠳ᠎ᠤᠨ ᠪᠠᠶ᠋ᠢᠳᠠᠯ᠎ᠢ ᠨᠠᠷᠢᠨ ᠤᠶ᠋ᠢᠯᠠᠭ᠋ᠠᠭᠰᠠᠨ ᠰᠠᠭᠤᠷᠢᠨ ᠲᠡᠭᠡᠷ᠎ᠡ ᠭᠡᠷ᠎ᠤᠨ ᠠᠬᠠᠮᠠᠳ᠎ᠲᠤ ᠦᠨᠡᠨ ᠮᠦᠨ ᠵᠶ᠋ᠠᠷ᠎ᠨᠢ ᠲᠤᠰᠬᠠᠨ ᠬᠡᠣᠬᠡᠳ᠎ᠢ ᠬᠦᠮᠦᠵᠢᠭᠦᠯᠬᠦ ᠬᠠᠷᠠᠯᠳᠠ ᠵᠢ ᠶᠠᠷᠢᠯᠴᠠᠵᠤ ᠲᠤᠭᠳᠠᠭ᠋ᠠᠨ᠎ᠠ᠃ ᠬᠡᠣᠬᠡᠳ᠎ᠤᠨ ᠲᠠᠪᠠᠭᠤᠯᠢᠭ᠎ᠨᠢ ᠶᠠᠭᠤ ᠪᠠᠶ᠋ᠢᠬᠤ᠂ ᠠᠯᠢ ᠲᠠᠯ᠎ᠠ᠎ᠪᠠᠷ ᠢᠯᠡᠭᠦᠦ ᠠᠩᠬᠠᠷᠤᠯ᠎ᠳᠤ᠎ᠪᠠᠨ ᠠᠪᠴᠤ ᠵᠢᠭ᠋ᠠᠨ ᠵᠢᠯᠤᠭᠤᠳᠬᠤ ᠵᠢ ᠨᠠᠷᠢᠨ ᠨᠢᠮᠪᠠᠢ ᠰᠤᠳᠤᠯᠵᠤ ᠵᠤᠷᠢᠯᠭ᠎ᠠ᠎ᠲᠠᠢ ᠬᠦᠮᠦᠵᠢᠯ ᠬᠢᠪᠡᠯ ᠵᠤᠬᠢᠨ᠎ᠠ᠃ ᠪᠠᠭᠰᠢ᠎ᠠᠴᠠ ᠭᠡᠷ᠎ᠤᠨ ᠠᠬᠠᠮᠠᠳ᠎ᠲᠠᠢ ᠪᠠᠶ᠋ᠢᠩᠭᠤ ᠬᠠᠷᠢᠴᠠᠵᠤ ᠬᠡᠣᠬᠡᠳ᠎ᠤᠨ ᠭᠡᠷ ᠪᠦᠯᠢ᠎ᠳᠤ᠎ᠬᠢ ᠢᠯᠡᠷᠡᠯ᠎ᠢ ᠠᠰᠠᠭᠤᠨ ᠯᠠᠪᠯᠠᠵᠤ ᠬᠦᠮᠦᠵᠢᠭᠦᠯᠬᠦ ᠠᠷᠭ᠎ᠠ ᠮᠠᠶᠢᠭ ᠵᠶ᠋ᠠᠨ ᠰᠦᠪᠡᠭᠴᠢᠯᠡᠨ ᠰᠤᠳᠤᠯᠵᠤ᠂ ᠭᠡᠷ᠎ᠤᠨ ᠠᠬᠠᠮᠠᠳ᠎ᠲᠤ ᠴᠦ᠍ ᠬᠡᠣᠬᠡᠳ᠎ᠢ ᠬᠡᠷᠬᠢᠨ ᠬᠦᠮᠦᠵᠢᠭᠦᠯᠪᠡᠯ ᠰᠠᠶ᠋ᠢᠨ ᠪᠠᠶ᠋ᠢᠬᠤ ᠲᠤᠬᠠᠢ ᠪᠣᠳᠤᠯ ᠰᠠᠨᠠᠯ ᠵᠶ᠋ᠠᠨ ᠰᠠᠶ᠋ᠢᠳᠤᠷ ᠰᠤᠯᠢᠯᠴᠠᠭ᠍ᠤ ᠪᠣᠯ ᠰᠤᠷᠭ᠋ᠠᠨ ᠬᠦᠮᠦᠵᠢᠭᠦᠯᠬᠦ ᠠᠵᠢᠯ᠎ᠢ ᠠᠬᠢᠯᠳᠠ ᠲᠠᠪᠰᠢᠯᠳᠠ᠎ᠲᠠᠢ ᠪᠣᠯᠭ᠋ᠠᠬᠤ ᠰᠠᠶ᠋ᠢᠨ ᠠᠷᠭ᠎ᠠ ᠵᠠᠮ ᠮᠦᠨ᠃ ᠴᠡᠴᠡᠷᠯᠢᠭ᠎ᠤᠨ ᠠᠵᠢᠯᠯᠠᠭ᠋ᠠᠨ ᠬᠦᠳᠡᠯᠭᠡᠭᠡᠨ᠎ᠢ ᠦᠷᠨᠢᠭᠦᠯᠬᠦ᠎ᠳᠤ᠎ᠪᠠᠨ ᠴᠦ᠍ ᠬᠡᠤᠬᠡᠳ᠎ᠤᠨ ᠨᠠᠰᠤᠨ᠎ᠤ ᠤᠨᠴᠠᠯᠢᠭ᠎ᠢ ᠦᠨᠳᠦᠰᠦᠯᠡᠨ ᠠᠭᠤᠷ ᠠᠮᠢᠰᠬᠤᠯ ᠲᠤᠯᠠᠭ᠋ᠠᠨ ᠦᠶ᠎ᠡ᠎ᠳᠤ ᠢᠯᠡᠭᠦᠦ ᠰᠢᠭ ᠭᠠᠳᠠᠨ᠎ᠠ ᠨᠠᠭ᠋ᠠᠳᠤᠭᠤᠯᠵᠤ᠂ ᠡᠪᠡᠰᠦ ᠤᠷᠭᠤᠮᠠᠯ᠂ ᠬᠤᠷᠤᠬᠠᠢ ᠰᠢᠪᠡᠵᠢ ᠵᠢ   ᠠᠵᠢᠭᠯᠠᠭᠤᠯᠤᠨ᠂ ᠴᠢᠯᠠᠭᠤ ᠰᠢᠷᠤᠢ ᠲᠡᠭᠡᠷ᠎ᠡ ᠨᠠᠭ᠋ᠠᠳᠤᠭᠤᠯᠵᠤ᠂ ᠪᠤᠷᠤᠭ᠋ᠠᠨ᠂ ᠰᠠᠯᠬᠢᠨ᠂ ᠰᠢᠭᠦᠳᠡᠷᠢ᠂ ᠴᠠᠰᠤ᠂ ᠬᠢᠷᠠᠭᠤ᠂ ᠣᠰᠤ᠂ ᠮᠦᠰᠦ ᠵᠡᠷᠭᠡ ᠪᠠᠶ᠋ᠢᠭ᠋ᠠᠯᠢ ᠵᠢᠨ ᠪᠤᠳᠠᠰ᠎ᠤᠨ ᠬᠤᠪᠢᠷᠠᠯ ᠦᠵᠡᠭᠳᠡᠯ᠎ᠢ ᠪᠡᠶᠡᠳᠡᠨ ᠲᠠᠨᠢᠭᠤᠯᠬᠤ ᠵᠢ ᠠᠩᠬᠠᠷᠤᠨ ᠬᠡᠣᠬᠡᠳ᠎ᠲᠤ ᠠ᠋ᠬᠡ ᠪᠠᠶ᠋ᠢᠭ᠋ᠠᠯᠢ ᠵᠢᠨ ᠬᠤᠪᠢᠷᠠᠯ᠎ᠤᠨ ᠵᠢᠮ᠎ᠡ᠂ ᠠᠭᠤᠷ ᠠᠮᠢᠰᠬᠤᠯ᠎ᠤᠨ ᠬᠤᠪᠢᠷᠠᠯᠳᠠ ᠵᠢ ᠲᠠᠭ᠋ᠠᠯᠳᠤᠨ ᠤᠷᠭᠤᠮᠠᠯ ᠴᠦ᠍ ᠬᠤᠪᠢᠷᠠᠯᠳᠠ ᠠ᠋ᠭᠦᠰᠬᠦ ᠵᠡᠷᠭᠡ ᠵᠢ ᠦᠵᠡᠭᠦᠯᠦᠨ ᠶᠠᠷᠢᠵᠤ ᠲᠠᠶ᠋ᠢᠯᠪᠦᠷᠢᠯᠡᠵᠦ ᠦᠭᠬᠦ ᠪᠣᠯ ᠲᠤᠶ᠋ᠢᠯ᠎ᠤᠨ ᠶᠡᠭᠡ ᠠᠴᠢ ᠲᠤᠰᠠ᠎ᠲᠠᠢ ᠠᠵᠢᠯᠯᠠᠭ᠎ᠠ ᠶᠤᠮ᠃ ᠨᠦᠭᠦᠴᠡᠯ᠎ᠲᠠᠢ ᠪᠣᠯ ᠬᠦᠳᠡᠭᠡ ᠶᠠᠪᠤᠵᠤ ᠵᠢᠭᠦᠷᠳᠡᠨ ᠠᠮᠢᠳᠠᠨ᠂ ᠲᠠᠪᠤᠨ ᠬᠤᠰᠢᠭᠤ ᠮᠠᠯ᠂ ᠬᠦᠳᠡᠭᠡ ᠵᠢᠨ ᠠᠮᠢᠳᠤᠷᠠᠯ ᠠᠬᠤᠢ᠎ᠳᠤ ᠤᠶ᠋ᠢᠷᠠᠳᠤᠭᠤᠯᠵᠤ᠂ ᠮᠠᠯᠴᠢᠨ ᠠᠷᠠᠳ᠎ᠤᠨ ᠠᠮᠢᠳᠤᠷᠠᠯ᠎ᠢ ᠦᠵᠡᠭᠦᠯᠵᠦ ᠲᠠᠨᠢᠭᠤᠯᠵᠤ ᠪᠠᠶ᠋ᠢᠬᠤ᠎ᠨᠢ ᠬᠡᠣᠬᠡᠳ᠎ᠢ ᠬᠡᠷᠡᠭ ᠪᠤᠳᠠᠰ᠎ᠢ ᠠᠵᠢᠭᠯᠠᠭ᠍ᠤ᠂ ᠴᠡᠭᠡᠵᠢᠯᠡᠬᠦ᠂ ᠠᠩᠬᠠᠷᠬᠤ ᠪᠠ ᠪᠡᠶ᠎ᠡ᠎ᠪᠠᠨ ᠲᠠᠭ᠋ᠠᠭ᠋ᠠᠵᠤ ᠰᠡᠳᠬᠢᠨ ᠪᠤᠳᠤᠯᠬᠢᠯᠠᠭ᠍ᠤ ᠴᠢᠳᠠᠪᠤᠷᠢ᠎ᠲᠠᠢ ᠪᠤᠯᠭ᠋ᠠᠵᠤ᠂ ᠲᠡᠳᠡᠨ᠎ᠤ ᠰᠢᠯᠢᠳᠡᠭ ᠰᠠᠶ᠋ᠢᠨ ᠦᠪᠡᠷᠮᠢᠴᠡ ᠵᠠᠩ ᠴᠢᠨᠠᠷ᠎ᠢ ᠬᠦᠮᠦᠵᠢᠭᠦᠯᠦᠨ᠂ ᠤᠷᠴᠢᠨ ᠪᠠᠶ᠋ᠢᠭ᠋ᠠᠯᠢ ᠵᠢᠨ ᠲᠤᠬᠠᠢ ᠲᠠᠨᠢᠯᠳᠠ ᠵᠢ᠎ᠨᠢ ᠭᠦᠨᠵᠡᠭᠡᠶ᠋ᠢᠷᠡᠭᠦᠯᠦᠨ᠂ ᠠᠮᠢᠳᠤᠷᠠᠯ᠎ᠤᠨ ᠮᠡᠳᠡᠯᠭᠡ ᠲᠤᠷᠰᠢᠯᠭ᠎ᠠ ᠵᠢ᠎ᠨᠢ ᠨᠡᠮᠡᠭᠳᠡᠭᠦᠯᠳᠡᠭ᠃ ᠬᠡᠣᠬᠡᠳ ᠪᠠᠶ᠋ᠢᠭ᠋ᠠᠯᠢ ᠲ᠋ᠠᠢ ᠤᠶ᠋ᠢᠷᠠᠳᠴᠤ ᠢᠷᠡᠬᠦ᠎ᠪᠠᠷ ᠰᠤᠨᠢᠭᠤᠴᠢ ᠰᠡᠳᠬᠢᠯ᠎ᠨᠢ ᠬᠦᠭᠵᠢᠨ ᠪᠠᠳᠠᠷᠠᠵᠤ᠂ ᠠᠮᠢᠳᠤᠯᠢᠭ ᠰᠡᠳᠬᠢᠭᠦᠢ ᠪᠠ ᠠ᠋ᠭᠦᠳᠦᠨ ᠪᠦᠳᠦᠭᠡᠯᠴᠢ ᠰᠡᠳᠬᠢᠭᠦᠢ᠎ᠨᠢ ᠠᠮᠢᠯᠠᠨ ᠬᠦᠭᠵᠢᠳᠡᠭ᠃ ᠭᠡᠤᠭᠡᠳ ᠠ᠋ᠩ᠎ᠤᠨ ᠠᠮᠢᠳᠤᠷᠠᠯ᠎ᠠᠴᠠ ᠬᠦᠮᠦᠨ ᠪᠣᠯᠬᠤ ᠶᠤᠰᠤ ᠤᠴᠢᠷ᠎ᠢ ᠤᠶ᠋ᠢᠯᠠᠭ᠋ᠠᠨ᠂ ᠲᠤᠮᠤ ᠬᠦᠮᠦᠰ᠎ᠢ ᠲᠠᠭᠤᠷᠢᠶᠠᠬᠤ ᠵᠢᠨ ᠲᠤᠮᠳᠠ᠎ᠠᠴᠠ ᠠᠵᠢᠯ ᠬᠦᠳᠡᠯᠮᠦᠷᠢ ᠵᠢᠨ ᠤᠷ᠎ᠠ ᠲᠡᠮ᠎ᠢ ᠰᠤᠷᠴᠤ ᠪᠠᠶ᠋ᠢᠳᠠᠭ ᠭᠡᠳᠡᠭ᠎ᠢ ᠪᠠᠭᠰᠢ᠂ ᠭᠡᠷ᠎ᠤᠨ ᠠᠬᠠᠮᠠᠳ ᠭᠦᠢ᠍ᠴᠡᠳ ᠤᠢ᠍ᠢ᠍ᠯᠠᠭ᠋ᠠᠪᠠᠯ ᠵᠤᠬᠢᠨ᠎ᠠ᠃
        ᠬᠠᠶᠢᠬ᠄ ᠪᠠᠭ᠋ᠠᠷᠢᠨ ᠪᠠᠷᠠᠭᠤᠨ ᠬᠤᠰᠢᠭᠤᠨ᠎ᠤ ᠳ᠋ᠠᠪᠠᠨ᠎ᠤ ᠨᠢᠭᠡᠳᠦᠭᠡᠷ ᠲᠤᠮᠳᠠᠳᠤ ᠰᠤᠷᠭ᠋ᠠᠭᠤᠯᠢ
                             (ᠴ᠊ · ᠲᠤᠭᠳᠠᠭᠤᠨ ᠨᠠᠢ᠍ᠢ᠍ᠷᠠᠭᠤᠯᠪᠠ)
                                8 ᠳ᠋ᠤᠭ᠋ᠠᠷ ᠬᠤᠭᠤᠴᠠᠭ᠎ᠠ

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠪᠠᠭ᠋ᠠᠴᠤᠳ᠎ᠤᠨ ᠬᠤᠰᠢᠭᠤᠴᠢ ᠠᠩᠬᠢ ᠵᠢᠨ ᠬᠦᠳᠡᠯᠭᠡᠭᠡᠨ ᠵᠶ᠋ᠠᠷ ᠰᠤᠷᠤᠭᠴᠢᠳ᠎ᠲᠤ ᠬᠡᠷᠬᠢᠨ ᠬᠦᠮᠦᠵᠢᠯ ᠬᠢᠬᠦ ᠪᠤᠢ
ᠭᠡᠤᠭᠡᠤᠨ᠎ᠤᠨ ᠶᠤᠰᠤ ᠮᠤᠷᠠᠯ᠎ᠤᠨ ᠰᠤᠷᠭ᠋ᠠᠨ ᠭᠦᠮᠤᠵᠢᠯ᠎ᠤᠨ ᠰᠢᠡᠵᠢᠯᠠᠯᠳᠠ
ᠣᠯᠠᠨ ᠵᠠᠭᠤᠴᠢᠳᠥ ᠵᠢᠨ ᠴᠡᠴᠡᠷᠯᠢᠭ᠎ᠤᠨ ᠵᠢᠭ᠋ᠠᠨ ᠰᠣᠷᠭ᠋ᠠᠯᠳᠠ᠎ᠳᠤ᠎ᠬᠢ ᠠᠰᠢᠭᠯᠠᠯᠳᠠ
ᠬᠡᠣᠬᠡᠳ᠎ᠤᠨ ᠪᠠᠶ᠎ᠡ ᠵᠢᠨ ᠲᠠᠮᠢᠷ᠎ᠤᠨ ᠲᠤᠭᠯᠠᠭ᠋ᠠᠮ᠎ᠤᠨ ᠲᠤᠬᠠᠢ ᠲᠦᠬᠦᠮ ᠦᠬᠦᠯᠡᠬᠦ᠎ᠨᠢ
ᠮᠣᠩᠭᠤᠯ ᠦᠨᠳᠣᠰᠣᠳᠡᠨ᠎ᠤ ᠤᠯᠠᠮᠵᠢᠯᠠᠯᠲᠦ ᠨᠠᠭ᠋ᠠᠳᠣᠮ ᠲᠣᠬᠯᠠᠭ᠋ᠠᠮ᠎ᠳᠤ᠎ᠬᠢ ᠰᠣᠷᠭ᠋ᠠᠨ ᠭᠦᠮᠣᠵᠢᠯ᠎ᠢ ᠣᠳᠣᠭᠢ ᠭᠡᠣᠭᠡᠳ᠎ᠤᠨ ᠴᠡᠴᠡᠷᠯᠢᠭ᠎ᠤᠨ ᠰᠤᠷᠭ᠋ᠠᠨ ᠭᠦᠮᠦᠵᠢᠯ᠎ᠳᠤ ᠦᠢ᠍ᠯᠡᠴᠢᠯᠡᠭᠦᠯᠭᠦ᠎ᠨᠢ
 
             蒙ICP备05000248号