ᠰᠤᠷᠤᠨ᠎ᠠ
ᠬᠡᠤᠬᠡᠳ᠎ᠤᠨ ᠬᠦᠮᠦᠵᠢᠯ ᠪᠤᠯ ᠰᠤᠷᠭ᠋ᠠᠨ ᠬᠦᠮᠦᠵᠢᠯ᠎ᠤᠨ ᠠᠯᠢᠪᠠ ᠦᠢ᠍ᠯᠡ ᠠᠵᠢᠯᠯᠠᠭ᠋ᠠᠨ᠎ᠤ ᠰᠠᠭᠤᠷᠢ ᠵᠢᠨ ᠰᠠᠭᠤᠷᠢ ᠪᠤᠯᠤᠨ᠎ᠠ᠃ ᠲᠡᠶ᠋ᠢᠮᠦ᠎ᠠᠴᠠ ᠮᠠᠨ᠎ᠤ ᠣᠯᠣᠰ᠎ᠨᠢ ᠬᠡᠤᠬᠡᠳ᠎ᠤᠨ ᠰᠣᠷᠭ᠋ᠠᠨ ᠬᠦᠮᠦᠵᠢᠯ᠎ᠢ ᠳᠡᠭᠡᠲᠦ ᠬᠡᠮᠵᠢᠶ᠎ᠡ᠎ᠪᠠᠷ ᠴᠢᠬᠤᠯᠠᠴᠢᠯᠠᠵᠤ᠂ ᠳᠡᠷᠡ ᠳᠤᠰᠤᠮ ᠵᠶ᠋ᠠᠨ ᠴᠡᠴᠡᠷᠯᠢᠭ᠎ᠤᠨ ᠵᠢᠭ᠋ᠠᠨ ᠰᠤᠷᠭ᠋ᠠᠯᠳᠠ ᠵᠢᠨ ᠳᠠᠯ᠎ᠠ᠎ᠪᠠᠷ ᠮᠠᠰᠢ ᠤᠯᠠᠨ ᠦᠭᠡᠷᠡᠴᠢᠯᠡᠯᠲᠡ ᠬᠢᠵᠤ᠂ ᠴᠡᠴᠡᠷᠯᠢᠭ᠎ᠤᠨ ᠪᠠᠭᠰᠢ ᠨᠠᠷ᠎ᠤᠨ ᠲᠤᠰᠬᠠᠢ ᠠᠵᠢᠯ᠎ᠤᠨ ᠬᠡᠪ ᠴᠢᠨᠠᠷ᠎ᠢ ᠤᠯᠠᠮ ᠴᠢᠩᠭ᠋ᠠᠳᠬᠠᠭᠰᠠᠨ ᠪᠠᠶ᠋ᠢᠨ᠎ᠠ᠃ ᠳᠤᠬᠠᠶ᠋ᠢᠯᠠᠪᠠᠯ᠂ ᠶᠡᠷᠦᠩᠬᠡᠶ ᠱᠦᠵᠢ ᠰᠢ ᠵᠢᠨ ᠫᠢᠩ᠄ 《ᠨᠢᠭᠡ ᠬᠥᠮᠦᠨ ᠰᠠᠶ᠋ᠢᠨ ᠪᠠᠭᠰᠢ᠎ᠲᠠᠢ ᠲᠠᠭ᠋ᠠᠷᠠᠭ᠍ᠤ ᠪᠣᠯ ᠬᠥᠮᠦᠨ᠎ᠤ ᠠᠮᠢᠳᠤᠷᠠᠯ᠎ᠤᠨ ᠠᠵᠠ ᠵᠠᠪᠰᠢᠶᠠᠨ ᠮᠥᠨ᠂ ᠨᠢᠭᠡ ᠰᠤᠷᠭ᠋ᠠᠭᠤᠯᠢ᠎ᠳᠤ ᠰᠠᠶ᠋ᠢᠨ ᠪᠠᠭᠰᠢ᠎ᠲᠠᠢ ᠪᠠᠶ᠋ᠢᠬᠤ ᠪᠣᠯ ᠰᠤᠷᠭ᠋ᠠᠭᠤᠯᠢ ᠵᠢᠨ ᠢᠷᠠᠭᠤ ᠠᠯᠳᠠᠷ ᠮᠥᠨ᠂ ᠨᠢᠭᠡ ᠦᠨᠳᠦᠰᠦᠲᠡᠨ᠎ᠠᠴᠠ ᠲᠠᠰᠤᠷᠠᠯᠲᠠ ᠥᠬᠡᠶ ᠨᠢᠭᠡ ᠪᠦᠯᠦᠭ ᠰᠠᠶ᠋ᠢᠨ ᠪᠠᠭᠰᠢ ᠴᠣᠯᠭᠤᠷᠠᠨ ᠭᠠᠷᠬᠤ ᠪᠣᠯ ᠦᠨᠳᠦᠰᠦᠲᠡᠨ᠎ᠤ ᠬᠦᠰᠡᠯ ᠠ᠋ᠷᠡᠮᠡᠯᠵᠡᠯ ᠮᠥᠨ》 ᠬᠡᠮᠡᠨ ᠵᠢᠭ᠋ᠠᠵᠤ ᠭᠠᠷᠭ᠋ᠠᠭᠰᠠᠨ ᠪᠠᠶ᠋ᠢᠳᠠᠭ᠃ ᠠ᠋ᠶ᠋ᠢᠮᠦ᠎ᠠᠴᠠ ᠪᠢᠳᠡ ᠥᠪᠡᠷ᠎ᠤᠨ ᠲᠤᠰᠬᠠᠢ ᠮᠡᠷᠭᠡᠵᠢᠯ᠎ᠤᠨ ᠵᠶ᠋ᠠᠨ ᠬᠡᠪ ᠪᠣᠯᠪᠠᠰᠤᠷᠠᠯ ᠵᠶ᠋ᠠᠨ ᠲᠠᠰᠣᠷᠠᠯᠲᠠ ᠦᠭᠡᠢ ᠳᠡᠭᠡᠭᠰᠢᠯᠡᠭᠦᠯᠵᠦ᠂ ᠬᠡᠦᠬᠡᠳ ᠪᠠᠭ᠋ᠠᠴᠤᠳ᠎ᠲᠤ᠎ᠪᠠᠨ ᠰᠠᠶ᠋ᠢᠨ ᠰᠠᠶ᠋ᠢᠬᠠᠨ ᠰᠤᠷᠤᠯᠴᠠᠭ᠍ᠤ ᠣᠷᠴᠢᠨ ᠲᠣᠭᠤᠷᠢᠨ᠎ᠢ ᠪᠦᠷᠢᠯᠳᠦᠬᠦᠯᠦᠨ ᠦᠭᠴᠦ᠂ ᠬᠡᠤᠬᠡᠳ᠎ᠤᠨ ᠦᠰᠦᠨ ᠪᠤᠶ᠋ᠢᠵᠢᠯᠳᠠ ᠵᠢ ᠠ᠋ᠷᠡᠬᠦᠯ ᠵᠶ᠋ᠠᠷ ᠨᠦᠯᠦᠬᠡᠯᠡᠬᠦ᠂ ᠳᠡᠳᠡᠨ᠎ᠤ ᠪᠡᠶ᠎ᠡ ᠰᠡᠳᠬᠢᠴᠡ ᠵᠢᠨ ᠬᠦᠭᠵᠢᠯᠳᠡ᠎ᠳᠤ ᠴᠢᠬᠤᠯᠠ ᠠᠴᠢ ᠬᠤᠯᠪᠤᠭᠳᠠᠯ᠎ᠲᠠᠢ ᠰᠤᠷᠭ᠋ᠠᠨ ᠬᠦᠮᠦᠵᠢᠯ᠎ᠤᠨ ᠲᠤᠭᠳᠠᠯᠴᠠᠭ᠎ᠠ ᠵᠢ ᠪᠤᠢ ᠪᠤᠯᠭ᠋ᠠᠬᠤ᠎ᠨᠢ ᠮᠠᠰᠢ ᠴᠢᠬᠤᠯᠠ ᠶᠤᠮ᠃ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠴᠢ ᠮᠧᠶ᠄ 《ᠤᠯᠠᠮᠵᠢᠯᠠᠯᠲᠤ ᠰᠣᠶᠣᠯ᠎ᠢ ᠰᠤᠷᠭ᠋ᠠᠭᠤᠯᠢ ᠵᠢᠨ ᠵᠢᠭ᠋ᠠᠨ ᠰᠣᠷᠭ᠋ᠠᠯᠲᠠ᠎ᠲᠠᠢ ᠠᠭᠤᠰᠤᠯᠴᠠᠭᠤᠯᠤᠨ ᠨᠡᠪᠲᠡᠷᠡᠭᠦᠯᠬᠦ᠎ᠨᠢ ᠭᠤᠣᠯᠳᠠᠯᠭ᠎ᠠ ᠪᠣᠯᠤᠨ᠎ᠠ》 ᠭᠡᠰᠡᠨ ᠪᠠ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ ᠯᠢᠶᠣᠤ ᠬᠤᠸᠠ ᠭ᠋ᠸ᠄ 《ᠰᠣᠶᠣᠯ᠎ᠤᠨ ᠢᠲᠡᠭᠡᠯ᠎ᠢ ᠪᠠᠲᠤᠳᠬᠠᠬᠤ᠎ᠳᠤ ᠵᠠᠯᠠᠭᠤᠴᠤᠳ ᠪᠠᠭ᠋ᠠᠴᠤᠳ᠎ᠠᠴᠠ ᠠ᠋ᠬᠢᠯᠡᠨ ᠠᠳᠬᠤᠵᠤ᠂ ᠬᠡᠦᠬᠡᠳ᠎ᠤᠨ ᠴᠡᠴᠡᠷᠯᠢᠭ᠂ ᠪᠠᠭ᠎ᠠ ᠰᠤᠷᠭ᠋ᠠᠭᠤᠯᠢ᠂ ᠳᠤᠮᠳᠠᠳᠤ ᠰᠤᠷᠭ᠋ᠠᠭᠤᠯᠢ᠎ᠠᠴᠠ ᠶᠡᠭᠡ ᠰᠤᠷᠭ᠋ᠠᠭᠤᠯᠢ ᠬᠦᠷᠲᠡᠯ᠎ᠡ ᠤᠯᠠᠮᠵᠢᠯᠠᠯᠲᠤ ᠰᠣᠶᠣᠯ ᠰᠤᠷᠭ᠋ᠠᠨ ᠬᠥᠮᠦᠵᠢᠯ᠎ᠤᠨ ᠪᠦᠷᠬᠦᠴᠡ ᠵᠢ ᠨᠡᠮᠡᠭᠳᠡᠭᠦᠯᠬᠦ ᠬᠡᠷᠡᠭᠲᠡᠢ》 ᠭᠡᠬᠦ ᠮᠡᠳᠦ ᠵᠢᠨ ᠴᠢᠬᠤᠯᠠ ᠰᠠᠨᠠᠯ ᠳᠤᠷᠠᠳᠤᠯᠭ᠎ᠠ ᠲᠠᠯᠪᠢᠭᠰᠠᠨ ᠪᠠᠶ᠋ᠢᠳᠠᠭ᠃ ᠮᠤᠩᠭᠤᠯ ᠴᠡᠴᠡᠷᠯᠢᠭ᠎ᠤᠨ ᠵᠢᠭ᠋ᠠᠨ ᠰᠤᠷᠭ᠋ᠠᠯᠲᠠ᠎ᠳᠤ᠎ᠪᠠᠨ ᠬᠡᠤᠬᠡᠯᠲᠡᠢ ᠵᠦᠴᠦᠭᠡ ᠵᠢ ᠠᠰᠢᠭᠯᠠᠭ᠍ᠤ᠎ᠨᠢ ᠬᠡᠤᠬᠡᠳ᠎ᠤᠨ ᠬᠦᠮᠦᠵᠢᠯ᠎ᠳᠤ ᠤᠯᠠᠨ ᠳᠠᠯ᠎ᠠ ᠵᠢᠨ ᠠᠰᠢᠭᠲᠠᠢ ᠮᠦᠷᠳᠡᠬᠡᠨ ᠤᠳᠤᠬᠢ ᠰᠤᠷᠭ᠋ᠠᠨ ᠬᠦᠮᠦᠵᠢᠯ᠎ᠤᠨ ᠦᠬᠡᠷᠡᠴᠢᠯᠡᠯᠳᠡ ᠪᠠ ᠱᠠᠭ᠋ᠠᠷᠳᠠᠯᠭ᠎ᠠ᠎ᠲᠠᠢ ᠴᠤ᠌ ᠨᠡᠶ᠋ᠢᠴᠡᠵᠤ ᠪᠠᠶ᠋ᠢᠬᠤ ᠶᠤᠮ᠃ ᠡ᠊ᠨᠳᠡ ᠪᠢ ᠳᠠᠷᠠᠭ᠋ᠠᠬᠢ ᠮᠡᠳᠦ ᠭᠤᠷᠪᠠᠨ ᠳᠠᠯ᠎ᠠ᠎ᠪᠠᠷ ᠬᠡᠤᠬᠡᠯᠳᠡᠢ ᠵᠦᠴᠦᠬᠡ ᠵᠢ ᠴᠡᠴᠡᠷᠯᠢᠭ᠎ᠤᠨ ᠵᠢᠭ᠋ᠠᠨ ᠰᠤᠷᠭ᠋ᠠᠯᠳᠠ᠎ᠳᠤ ᠬᠡᠷᠬᠢᠨ ᠤᠶᠠᠯᠳᠤᠭᠤᠯᠬᠤ ᠳᠤᠬᠠᠢ ᠲᠦᠬᠦᠮ ᠦᠬᠦᠯᠡᠶ᠎ᠡ᠃
ᠨᠢᠭᠡ᠂ ᠴᠡᠴᠡᠷᠯᠢᠭ᠎ᠤᠨ ᠬᠡᠤᠬᠡᠳ᠎ᠤᠨ ᠤᠨᠴᠠᠯᠢᠭ ᠪᠠ ᠬᠡᠤᠬᠡᠯᠳᠡᠢ ᠵᠦᠴᠦᠬᠡ ᠵᠢᠨ ᠦᠢ᠍ᠯᠡᠳᠦᠯ
《ᠨᠢᠷᠣᠭᠤ ᠪᠣᠯᠬᠤ ᠮᠣᠳᠣ ᠵᠢ ᠨᠠᠶ᠋ᠢᠯᠵᠠᠭᠤᠷᠠᠴᠠᠨᠢ ᠵᠠᠰᠠᠳᠠᠭ》 ᠭᠡᠳᠡᠭᠴᠢᠯᠡᠨ ᠬᠦᠮᠦᠨ ᠪᠣᠯᠬᠤ ᠬᠦᠮᠦᠵᠢᠯ᠎ᠢ ᠴᠦ᠍ ᠴᠡᠴᠡᠷᠯᠢᠭ᠎ᠤᠨ ᠦᠶ᠎ᠡ᠎ᠠᠴᠠ᠎ᠨᠢ ᠠ᠋ᠬᠢᠯᠡᠨ ᠰᠠᠶ᠋ᠢᠳᠣᠷ ᠬᠢᠬᠦ ᠭᠡᠷᠡᠭᠳᠡᠢ ᠪᠠᠶ᠋ᠢᠳᠠᠭ᠃ ᠴᠡᠴᠡᠷᠯᠢᠭ᠎ᠤᠨ ᠬᠡᠣᠭᠡᠳ᠎ᠨᠢ ᠭᠤᠤᠯᠳᠠᠭᠤ 3 ~ 6 ᠨᠠᠰᠣᠨ᠎ᠤ ᠣᠷᠴᠢᠮ ᠪᠠᠶ᠋ᠢᠵᠣ᠂ ᠠ᠋ᠨᠡ ᠬᠦ᠌ ᠨᠠᠰᠣᠨ᠎ᠤ ᠦᠶ᠎ᠡ ᠵᠢᠨ ᠬᠡᠣᠭᠡᠳ᠎ᠤᠨ ᠬᠦᠮᠦᠵᠢᠯ ᠪᠣᠯ ᠠᠯᠢᠪᠠ ᠰᠣᠷᠭ᠋ᠠᠨ ᠬᠦᠮᠦᠵᠢᠯ᠎ᠤᠨ ᠴᠢᠬᠤᠯᠠ ᠪᠦᠷᠢᠯᠳᠦᠬᠦᠨ ᠬᠡᠰᠡᠭ ᠪᠤᠯᠤᠨ᠎ᠠ᠃ ᠠ᠋ᠨᠡ ᠦᠶ᠎ᠡ᠎ᠳᠤ ᠬᠡᠤᠬᠡᠳ᠎ᠤᠨ ᠪᠡᠶ᠎ᠡ ᠮᠠᠭ᠍ᠠᠪᠣᠳ᠂ ᠣᠶᠣᠨ ᠣᠬᠠᠭ᠋ᠠᠨ᠂ ᠶᠣᠰᠣ ᠮᠣᠷᠠᠯ᠂ ᠭᠤᠸ᠎ᠠ ᠰᠠᠶ᠋ᠢᠬᠠᠨ ᠵᠡᠷᠭᠡ ᠪᠦᠬᠦ ᠲᠠᠯ᠎ᠠ ᠵᠢᠨ ᠬᠦᠮᠦᠵᠢᠯ᠎ᠢ ᠰᠠᠶ᠋ᠢᠳᠤᠷ ᠬᠢᠵᠤ᠂ ᠳᠡᠳᠡᠨ᠎ᠤ ᠪᠡᠶ᠎ᠡ ᠰᠡᠳᠬᠢᠯ᠎ᠢ ᠠ᠋ᠷᠡᠬᠦᠯ ᠵᠶ᠋ᠠᠷ ᠪᠣᠶ᠋ᠢᠵᠢᠭᠤᠯᠵᠣ᠂ ᠰᠣᠷᠭ᠋ᠠᠭᠤᠯᠢ᠎ᠳᠤ ᠣᠷᠣᠵᠣ ᠠᠯᠪᠠᠨ ᠵᠢᠷᠤᠮ᠎ᠤᠨ ᠰᠤᠷᠭ᠋ᠠᠨ ᠬᠦᠮᠦᠵᠢᠯ ᠬᠦᠷᠳᠡᠵᠤ᠂ ᠰᠢᠨ᠎ᠡ ᠬᠦᠮᠦᠨ ᠪᠣᠯᠣᠨ ᠲᠦᠯᠦᠪᠰᠢᠬᠦ᠎ᠳᠤ ᠪᠠᠳᠤ ᠰᠠᠭᠤᠷᠢ ᠵᠢ ᠳᠠᠯᠪᠢᠵᠤ ᠦᠭᠬᠦ ᠬᠡᠷᠡᠭᠳᠡᠢ ᠶᠤᠮ᠃ ᠠ᠋ᠶ᠋ᠢᠮᠦ᠎ᠠᠴᠠ ᠴᠡᠴᠡᠷᠯᠢᠭ᠎ᠤᠨ ᠵᠢᠭ᠋ᠠᠨ ᠰᠤᠷᠭ᠋ᠠᠯᠳᠠ ᠬᠡᠳᠡᠭ ᠪᠤᠯ ᠵᠦᠪᠬᠡᠨ ᠬᠡᠤᠬᠡᠳ ᠪᠠᠭ᠋ᠠᠴᠤᠳ᠎ᠢ ᠠ᠋ᠳᠦᠷᠵᠢᠨ ᠢᠳᠡᠬᠦᠯᠵᠤ ᠤᠤᠭᠤᠯᠭ᠋ᠠᠭ᠋ᠠᠳ᠂ ᠨᠠᠭ᠋ᠠᠳᠤᠭᠤᠯᠤᠭ᠋ᠠᠳ ᠯᠠ ᠪᠠᠶ᠋ᠢᠬᠤ ᠶᠠᠪᠤᠳᠠᠯ ᠪᠢᠰᠢ᠂ ᠬᠠᠷᠢᠨ ᠬᠡᠤᠬᠡᠳ᠎ᠤᠨ ᠤᠨᠴᠠᠯᠢᠭ᠂ ᠪᠡᠶ᠎ᠡ ᠰᠡᠳᠬᠢᠴᠡ ᠵᠢᠨ ᠬᠦᠭᠵᠢᠯᠳᠡ ᠵᠢᠨ ᠪᠠᠶ᠋ᠢᠳᠠᠯ᠎ᠢ᠎ᠨᠢ ᠨᠠᠷᠢᠯᠢᠬ ᠰᠤᠳᠤᠯᠤᠭᠰᠠᠨ ᠪᠠᠶ᠋ᠢᠬᠤ ᠬᠡᠷᠡᠭᠳᠡᠢ᠃ ᠶᠡᠷᠦ᠎ᠨᠢ ᠠ᠋ᠨᠡ ᠨᠠᠰᠤᠨ᠎ᠤ ᠬᠡᠤᠬᠡᠳ ᠪᠤᠯ ᠨᠣᠮ ᠪᠢᠴᠢᠭ ᠤᠩᠰᠢᠭ᠋ᠠᠳ ᠮᠡᠳᠡᠯᠬᠡ ᠬᠤᠷᠠᠮᠳᠤᠭᠤᠯᠬᠤ ᠪᠢᠰᠢ᠂ ᠶᠡᠭᠡ ᠬᠡᠮᠵᠢᠶᠡᠨ᠎ᠤ ᠬᠡᠶ᠋ᠢᠰᠪᠦᠷᠢ ᠳᠤᠬᠢᠶ᠎ᠠ ᠲᠡᠮᠳᠡᠭ᠎ᠢ ᠠᠯᠪᠠ᠎ᠪᠠᠷ ᠴᠡᠬᠡᠵᠢᠯᠡᠵᠤ ᠮᠡᠳᠡᠯᠬᠡ ᠰᠤᠷᠬᠤ ᠶᠠᠪᠤᠳᠠᠯ ᠴᠤ᠌ ᠪᠢᠰᠢ᠂ ᠬᠠᠷᠢᠨ ᠪᠤᠳᠠᠳᠤ ᠥᠢ᠍ᠯᠡᠳᠦᠯᠭᠡᠳᠤ ᠤᠷᠤᠯᠴᠠᠵᠤ᠂ ᠪᠡᠶᠡᠴᠢᠯᠡᠨ ᠥᠢ᠍ᠯᠡᠳᠬᠦ ᠶᠤᠮ ᠤᠤ ᠳᠠᠭᠤᠷᠢᠶᠠᠨ ᠬᠢᠬᠦ ᠵᠢᠨ ᠳᠤᠮᠳᠠ ᠰᠤᠷᠤᠯᠴᠠᠭ᠍ᠤ ᠶᠠᠪᠤᠳᠠᠯ ᠪᠤᠯᠤᠨ᠎ᠠ᠃ ᠠ᠋ᠨᠡ ᠨᠠᠰᠤᠨ᠎ᠤ ᠬᠡᠤᠬᠡᠳ᠎ᠤᠨ ᠤᠨᠴᠠᠯᠢᠭ᠎ᠨᠢ ᠳᠠᠷᠤᠢ 《ᠬᠢᠬᠦ ᠵᠢᠨ ᠳᠤᠮᠲᠠ ᠰᠣᠷᠬᠤ》᠂ 《ᠨᠠᠭ᠋ᠠᠳᠬᠤ ᠵᠢᠨ ᠲᠤᠮᠲᠠ ᠰᠣᠷᠬᠤ》 《ᠠᠮᠢᠳᠣᠷᠠᠯ᠎ᠤᠨ ᠲᠤᠮᠲᠠ ᠰᠤᠷᠬᠤ》 ᠠᠷᠭ᠎ᠠ᠎ᠪᠠᠷ ᠳᠠᠮᠵᠢᠭᠤᠯᠤᠨ ᠦᠪᠡᠷ᠎ᠤᠨ ᠥᠢ᠍ᠯᠠᠭ᠋ᠠᠯᠲᠠ ᠪᠠ ᠲᠠᠨᠢᠯᠲᠠ᠎ᠪᠠᠨ ᠠᠯᠬᠤᠮ ᠠᠯᠬᠤᠮ ᠵᠶ᠋ᠠᠷ ᠪᠦᠷᠢᠯᠳᠦᠬᠦᠯᠬᠦ ᠶᠠᠪᠤᠴᠠ ᠶᠤᠮ᠃ ᠶᠠᠭ ᠠ᠋ᠶ᠋ᠢᠮᠦ ᠤᠴᠢᠷ᠎ᠠᠴᠠ ᠬᠡᠤᠬᠡᠳ᠎ᠤᠳ᠎ᠲᠤ ᠠᠪᠴᠤ ᠬᠡᠯᠡᠪᠡᠯ ᠲᠤᠭᠯᠠᠭ᠋ᠠᠮ ᠪᠣᠯ ᠬᠠᠮᠤᠭ᠎ᠤᠨ ᠠᠴᠢ ᠬᠤᠯᠪᠤᠭᠳᠠᠯ᠎ᠲᠠᠢ ᠰᠣᠷᠣᠯᠴᠠᠯᠭ᠎ᠠ ᠵᠢᠨ ᠶᠠᠪᠤᠴᠠ ᠪᠦᠬᠡᠳ ᠰᠣᠷᠣᠯᠴᠠᠯᠭ᠎ᠠ ᠵᠢᠨ ᠠᠷᠭ᠎ᠠ ᠮᠠᠶᠢᠭ ᠪᠤᠯᠤᠨ᠎ᠠ᠃ ᠬᠡᠤᠬᠡᠳ ᠳᠤᠭᠯᠠᠵᠤ ᠨᠠᠭ᠋ᠠᠳᠤᠭ᠋ᠠᠳ ᠪᠠᠶᠠᠷᠯᠠᠵᠤ ᠪᠠᠶ᠋ᠢᠭ᠎ᠠ᠎ᠨᠢ ᠳᠡᠳᠡ ᠵᠦᠪᠬᠡᠨ ᠨᠠᠭ᠋ᠠᠳᠴᠤ ᠪᠠᠶ᠋ᠢᠭ᠎ᠠ ᠪᠢᠰᠢ᠂ ᠬᠠᠷᠢᠨ ᠨᠠᠭ᠋ᠠᠳᠬᠤ ᠳᠤᠮᠳᠠ᠎ᠪᠠᠨ ᠶᠠᠮᠠᠷ ᠨᠢᠬᠡᠨ ᠭᠡᠷᠡᠭ ᠪᠤᠳᠠᠰ ᠪᠤᠶᠤ ᠦᠢ᠍ᠯᠡ ᠶᠠᠪᠤᠳᠠᠯ᠎ᠤᠨ ᠲᠤᠬᠠᠢ ᠦᠯᠦ ᠮᠠᠳᠡᠭ᠎ᠤᠨ ᠳᠤᠮᠳᠠ ᠤᠶ᠋ᠢᠯᠠᠭ᠋ᠠᠵᠤ ᠤᠬᠠᠭ᠋ᠠᠷᠠᠵᠤ ᠪᠠᠶ᠋ᠢᠳᠠᠭ᠃ ᠳᠡᠶ᠋ᠢᠮᠦ᠎ᠠᠴᠠ ᠴᠡᠴᠡᠷᠯᠢᠭ᠎ᠤᠨ ᠰᠣᠷᠭ᠋ᠠᠨ ᠬᠦᠮᠦᠵᠢᠯ᠎ᠳᠤ ᠨᠠᠭ᠋ᠠᠳᠣᠮ ᠲᠣᠭᠯᠠᠭ᠋ᠠᠮ ᠪᠠ ᠬᠡᠤᠬᠡᠯᠲᠡᠢ ᠵᠦᠴᠦᠬᠡ ᠵᠢ ᠵᠦᠪ ᠤᠨᠤᠪᠴᠢᠳᠠᠢ᠎ᠪᠠᠷ ᠠᠰᠢᠭᠯᠠᠭ᠍ᠤ ᠪᠤᠯ ᠬᠠᠮᠤᠭ᠎ᠠᠴᠠ ᠦᠷ᠎ᠡ ᠪᠦᠲᠦᠮᠵᠢ᠎ᠲᠠᠢ ᠵᠢᠭ᠋ᠠᠨ ᠰᠤᠷᠭ᠋ᠠᠯᠳᠠ ᠵᠢᠨ ᠠᠷᠭ᠎ᠠ ᠬᠡᠯᠪᠡᠷᠢ ᠵᠢᠨ ᠨᠢᠬᠡ ᠪᠤᠯᠬᠤ ᠶᠤᠮ᠃ ᠬᠡᠤᠬᠡᠯᠳᠡᠢ ᠵᠦᠴᠦᠬᠡ ᠵᠢ ᠴᠡᠴᠡᠷᠯᠢᠭ᠎ᠤᠨ ᠵᠢᠭ᠋ᠠᠨ ᠰᠤᠷᠭ᠋ᠠᠯᠳᠠ᠎ᠳᠤ ᠠᠰᠢᠭᠯᠠᠭ᠍ᠤ᠎ᠨᠢ ᠬᠡᠤᠬᠡᠳ᠎ᠤᠨ ᠪᠡᠶ᠎ᠡ ᠰᠡᠳᠬᠢᠴᠡ ᠵᠢᠨ ᠤᠨᠴᠠᠯᠢᠭ᠎ᠠᠴᠠ ᠭᠠᠷᠳᠠᠵᠤ᠂ ᠵᠢᠭ᠋ᠠᠨ ᠰᠤᠷᠭ᠋ᠠᠯᠳᠠ ᠵᠢᠨ ᠠᠷᠭ᠎ᠠ ᠮᠠᠶᠢᠭ ᠵᠶ᠋ᠠᠨ ᠳᠤᠬᠢᠷᠠᠭᠤᠯᠵᠤ ᠪᠠᠶ᠋ᠢᠭ᠎ᠠ ᠶᠠᠪᠤᠳᠠᠯ ᠶᠤᠮ᠃ ᠮᠦᠨ ᠴᠤ᠌ ᠬᠡᠤᠬᠡᠳ᠎ᠤᠨ ᠰᠤᠨᠢᠷᠬᠠᠯ᠎ᠢ ᠲᠠᠳᠠᠨ ᠲᠠᠭ᠋ᠠᠭᠤᠯᠬᠤ᠎ᠪᠠᠷ ᠲᠠᠮᠵᠢᠭᠤᠯᠵᠤ ᠳᠡᠳᠡᠨ᠎ᠤ ᠠᠬᠤᠢ ᠠᠮᠢᠳᠣᠷᠠᠯ᠎ᠢ ᠠᠵᠢᠭᠯᠠᠭ᠍ᠤ ᠴᠢᠳᠠᠪᠤᠷᠢ᠂ ᠳᠦᠷᠰᠦᠯᠡᠨ ᠪᠤᠳᠤᠬᠤ ᠴᠢᠳᠠᠪᠤᠷᠢ᠂ ᠰᠡᠳᠬᠢᠬᠦ ᠴᠢᠳᠠᠪᠤᠷᠢ ᠵᠢ ᠬᠦᠮᠦᠵᠢᠬᠦᠯᠬᠦ ᠶᠠᠪᠤᠳᠠᠯ ᠮᠦᠨ᠃
ᠬᠡᠣᠬᠡᠯᠲᠡᠢ ᠵᠦᠴᠦᠭᠡ ᠪᠣᠯ ᠮᠠᠨ᠎ᠤ ᠤᠯᠤᠰ᠎ᠤᠨ ᠣᠯᠠᠮᠵᠢᠯᠠᠯᠲᠦ ᠣᠷᠠᠯᠢᠭ᠎ᠤᠨ ᠨᠢᠭᠡ ᠲᠦᠷᠦᠯ ᠪᠤᠯᠬᠤ ᠮᠦᠷᠲᠡᠭᠡᠨ ᠥᠨᠢ ᠤᠳᠠᠭ᠋ᠠᠨ ᠲᠡᠦᠭᠡ᠎ᠲᠠᠢ ᠪᠠᠶ᠋ᠢᠳᠠᠭ᠃ ᠬᠡᠦᠬᠡᠯᠳᠡᠢ ᠵᠢᠨ ᠬᠡᠯᠪᠡᠷᠢ ᠳᠦᠷᠰᠦ ᠪᠠ ᠡᠵᠡᠮᠳᠡᠬᠦ ᠠᠷᠭ᠎ᠠ ᠮᠡᠷᠭᠡᠵᠢᠯ᠎ᠤᠨ ᠠᠳᠠᠯᠢ ᠪᠤᠰᠤ ᠵᠢ ᠦᠨᠳᠦᠰᠦᠯᠡᠨ᠂ ᠪᠦᠰ ᠤᠭᠤᠲᠠᠲᠤ ᠬᠡᠦᠬᠡᠯᠳᠡᠢ᠂ ᠲᠠᠶᠠᠭᠲᠣ ᠬᠡᠦᠬᠡᠯᠳᠡᠢ᠂ ᠣᠳᠠᠰᠣᠲᠦ ᠬᠡᠦᠬᠡᠯᠳᠡᠢ᠂ ᠲᠡᠮᠦᠷ ᠤᠲᠠᠰᠤᠨ ᠬᠡᠦᠬᠡᠯᠳᠡᠢ ᠬᠡᠬᠦ ᠮᠡᠳᠦ ᠬᠡᠳᠦᠨ ᠲᠦᠷᠦᠯ ᠵᠦᠢ᠍ᠯ᠎ᠳᠤ ᠬᠤᠪᠢᠶᠠᠳᠠᠭ᠃
ᠬᠤᠷᠢᠳᠤᠭ᠋ᠠᠷ ᠵᠠᠭᠤᠨ᠎ᠳᠤ ᠲᠧᠯᠸᠢᠰ ᠬᠡᠣᠬᠡᠯᠲᠡᠢ ᠵᠦᠴᠦᠭᠡ ᠳᠡᠮᠡᠢ ᠪᠠᠶ᠋ᠢᠭ᠎ᠠ ᠦᠬᠡᠢ ᠤᠴᠢᠷ᠎ᠠᠴᠠ ᠵᠦᠪᠬᠡᠨ ᠲᠣᠭᠳᠠᠭᠰᠠᠨ ᠴᠠᠭ᠎ᠲᠤ ᠲᠣᠭᠳᠠᠭᠰᠠᠨ ᠭᠠᠵᠠᠷ᠎ᠲᠤ ᠬᠥᠮᠦᠰ᠎ᠢ ᠴᠣᠭᠯᠠᠭᠤᠯᠣᠨ ᠬᠡᠰᠡᠭ ᠲᠣᠭᠯᠠᠭᠴᠢᠳ ᠣᠯᠠᠨ ᠲᠦᠷᠦᠯ᠎ᠤᠨ ᠬᠡᠣᠬᠡᠯᠲᠡᠢ ᠵᠢ ᠠᠰᠢᠭᠯᠠᠨ ᠵᠦᠴᠦᠭᠡ ᠲᠤᠭᠯᠠᠨ ᠰᠤᠨᠢᠷᠬᠠᠭᠤᠯᠳᠠᠭ᠃ ᠤᠳᠤᠬᠠᠨ᠎ᠳᠤ ᠬᠡᠣᠬᠡᠳ᠎ᠤᠳ ᠭᠡᠷ᠎ᠲᠤ᠎ᠪᠠᠨ ᠰᠠᠭᠤᠵᠤ᠂ ᠠ᠋ᠯᠳᠡᠪ ᠵᠦᠢ᠍ᠯ᠎ᠤᠨ ᠬᠡᠣᠬᠡᠯᠲᠡᠢ ᠵᠦᠴᠦᠭᠡ ᠰᠤᠨᠢᠷᠬᠠᠬᠤ ᠪᠤᠯᠤᠮᠵᠢ᠎ᠲᠠᠢ ᠪᠤᠯᠤᠭᠰᠠᠨ ᠪᠠᠶ᠋ᠢᠨ᠎ᠠ᠂ ᠬᠡᠪᠡᠴᠦ ᠮᠤᠩᠭᠤᠯ ᠬᠡᠤᠬᠡᠯᠳᠠᠢ ᠲᠤᠩ ᠴᠦᠬᠡᠨ ᠪᠠᠶ᠋ᠢᠵᠦ᠂ ᠭᠡᠤᠭᠡᠳ᠎ᠤᠨ ᠱᠠᠭ᠋ᠠᠷᠳᠠᠯᠭ᠎ᠠ ᠵᠢ ᠬᠠᠩᠭ᠋ᠠᠵᠦ ᠴᠢᠳᠠᠭ᠍ᠤ ᠦᠭᠡᠢ ᠪᠠᠶ᠋ᠢᠨ᠎ᠠ᠃ ᠬᠡᠣᠬᠡᠯᠲᠡᠢ ᠵᠦᠴᠦᠬᠡ ᠵᠢ ᠴᠡᠴᠡᠷᠯᠢᠭ᠎ᠤᠨ ᠵᠢᠭ᠋ᠠᠨ ᠰᠤᠷᠭ᠋ᠠᠯᠳᠠ᠎ᠲᠠᠢ ᠤᠶᠠᠯᠳᠤᠭᠤᠯᠤᠨ ᠵᠢᠭ᠋ᠠᠬᠤ᠎ᠨᠢ ᠤᠯᠠᠮᠵᠢᠯᠠᠯᠳᠤ ᠰᠤᠶᠤᠯ ᠵᠶ᠋ᠠᠨ ᠬᠦᠭᠵᠢᠬᠦᠯᠬᠦ᠎ᠳᠤ ᠠᠰᠢᠭᠲᠠᠢᠪᠠᠷ ᠪᠠᠷᠠᠭ᠍ᠤ ᠦᠬᠡᠢ᠂ ᠤᠯᠠᠮᠵᠢᠯᠠᠯᠳᠤ ᠰᠤᠶᠤᠯ ᠵᠶ᠋ᠠᠨ ᠬᠡᠤᠬᠡᠯᠳᠡᠢ ᠵᠦᠴᠦᠬᠡ ᠵᠢᠨ ᠬᠡᠯᠪᠡᠷᠢ᠎ᠪᠠᠷ ᠬᠡᠤᠬᠡᠳ ᠪᠠᠭ᠋ᠠᠴᠤᠳ᠎ᠲᠤ᠎ᠪᠠᠨ ᠳᠠᠨᠢᠭᠤᠯᠬᠤ᠎ᠳᠤ ᠪᠦᠷ ᠴᠤ᠌ ᠠᠰᠢᠭᠲᠠᠢ ᠶᠤᠮ᠃ ᠵᠢᠱ᠌ᠢᠶᠡᠯᠡᠪᠡᠯ᠄ ᠢᠯᠡᠳᠬᠡᠬᠦ ᠴᠢᠳᠠᠪᠤᠷᠢ᠂ ᠤᠷᠠᠯᠢᠭ᠎ᠤᠨ ᠭᠤᠸ᠎ᠠ ᠲᠠᠭ᠋ᠠᠰᠢᠶᠠᠯ ᠬᠦᠷᠳᠡᠬᠦ ᠴᠢᠳᠠᠪᠤᠷᠢ᠂ ᠨᠡᠶ᠋ᠢᠭᠡᠮ᠎ᠤᠨ ᠬᠠᠮᠲᠤᠷᠠᠯᠴᠠᠭ᠋ᠠᠨ᠎ᠤ ᠴᠢᠳᠠᠪᠤᠷᠢ ᠵᠢᠴᠢ ᠬᠤᠷᠤᠭᠤᠨ᠎ᠤ ᠬᠦᠳᠡᠯᠬᠡᠬᠡᠨ᠂ ᠬᠥᠳᠡᠯᠭᠡᠭᠡᠨ᠎ᠤ ᠡᠪᠰᠡᠯ ᠵᠡᠷᠭᠡ ᠵᠢ ᠳᠡᠬᠡᠭᠰᠢᠯᠡᠬᠦᠯᠬᠦ᠎ᠳᠤ ᠪᠦᠷ ᠠᠰᠢᠭᠲᠠᠢ ᠪᠠᠶ᠋ᠢᠳᠠᠭ᠃ ᠶᠡᠷᠦ᠎ᠨᠢ ᠴᠡᠴᠡᠷᠯᠢᠭ᠎ᠤᠨ ᠰᠣᠷᠭ᠋ᠠᠨ ᠬᠥᠮᠦᠵᠢᠯ᠎ᠳᠤ ᠪᠠᠶ᠋ᠢᠭ᠋ᠠᠯᠢ ᠵᠢᠨ ᠣᠷᠴᠢᠨ ᠲᠣᠭᠤᠷᠢᠨ᠎ᠤ ᠣᠬᠢ ᠵᠦᠢ᠍ᠯ ᠪᠠ ᠨᠡᠶ᠋ᠢᠭᠡᠮ᠎ᠤᠨ ᠰᠣᠷᠭ᠋ᠠᠨ ᠬᠥᠮᠦᠵᠢᠯ᠎ᠤᠨ ᠣᠬᠢ ᠰᠣᠷᠪᠣᠯᠵᠢ ᠵᠢ ᠭᠦᠢ᠍ᠴᠡᠳ ᠠᠰᠢᠭᠯᠠᠭ᠍ᠤ ᠬᠡᠷᠡᠭᠲᠡᠢ᠃ ᠬᠡᠤᠬᠡᠯᠳᠡᠢ ᠵᠦᠴᠦᠬᠡ ᠪᠤᠯ ᠬᠡᠤᠬᠡᠳ᠎ᠤᠳ ᠠᠮᠠᠷᠬᠠᠨ ᠬᠦᠯᠢᠶᠡᠨ ᠠᠪᠲᠠᠭ ᠨᠢᠭᠡ ᠵᠦᠢ᠍ᠯ᠎ᠤᠨ ᠲᠣᠭᠯᠠᠭ᠋ᠠᠮ᠎ᠤᠨ ᠬᠡᠯᠪᠡᠷᠢ ᠪᠦᠬᠦᠢ ᠵᠢᠭ᠋ᠠᠨ ᠰᠤᠷᠭ᠋ᠠᠯᠲᠠ ᠵᠢᠨ ᠠᠷᠭ᠎ᠠ ᠮᠠᠶᠢᠭ ᠳᠤᠯᠠ ᠠ᠋ᠬᠦᠨ᠎ᠢ ᠴᠡᠴᠡᠷᠯᠢᠭ᠎ᠤᠨ ᠵᠢᠭ᠋ᠠᠨ ᠰᠣᠷᠭ᠋ᠠᠯᠲᠠ᠎ᠲᠠᠢ ᠣᠶᠠᠯᠳᠣᠭᠤᠯᠣᠨ ᠠᠰᠢᠭᠯᠠᠭ᠍ᠤ᠎ᠨᠢ ᠮᠠᠰᠢ ᠰᠠᠶ᠋ᠢᠨ ᠦᠷ᠎ᠡ ᠠᠰᠢᠭᠲᠠᠢ ᠮᠦᠷᠳᠡᠬᠡᠨ ᠬᠡᠤᠬᠡᠳ᠎ᠤᠨ ᠰᠤᠨᠢᠷᠬᠠᠯ᠎ᠢ ᠳᠠᠳᠠᠵᠤ ᠴᠢᠳᠠᠭ᠍ᠤ᠎ᠨᠢ ᠮᠡᠳᠡᠬᠡᠵᠢ ᠶᠤᠮ᠃ ᠭᠡᠲᠡᠯ᠎ᠡ ᠣᠳᠣᠬᠠᠨ᠎ᠤ ᠴᠡᠴᠡᠷᠯᠢᠭ᠎ᠤᠨ ᠵᠢᠭ᠋ᠠᠨ ᠰᠣᠷᠭ᠋ᠠᠯᠲᠠ᠎ᠳᠤ ᠬᠡᠦᠬᠡᠯᠳᠡᠢ ᠵᠦᠴᠦᠭᠡ ᠵᠢᠨ ᠬᠡᠷᠡᠭᠯᠡᠯᠲᠡ ᠬᠠᠷᠢᠴᠠᠩᠭᠤᠶ ᠴᠥᠭᠡᠨ ᠪᠠᠶ᠋ᠢᠵᠤ᠂ ᠬᠢᠵᠠᠭ᠋ᠠᠷᠲᠠᠶ ᠬᠡᠷᠡᠭᠯᠡᠯᠲᠡ ᠵᠢᠨ ᠳᠤᠮᠳᠠ ᠪᠠᠰᠠ ᠵᠠᠷᠢᠮ ᠰᠢᠢ᠍ᠳᠪᠦᠷᠢᠯᠡᠬᠦ ᠴᠢᠬᠤᠯᠠᠲᠠᠢ ᠠᠰᠠᠭᠤᠳᠠᠯ ᠴᠤ᠌ ᠣᠷᠣᠰᠢᠵᠤ ᠪᠠᠶ᠋ᠢᠨ᠎ᠠ᠃ ᠠ᠋ᠶ᠋ᠢᠮᠦ᠎ᠠᠴᠠ ᠴᠡᠴᠡᠷᠯᠢᠭ᠎ᠤᠨ ᠵᠢᠭ᠋ᠠᠨ ᠰᠤᠷᠭ᠋ᠠᠯᠲᠠ ᠵᠢ ᠨᠠᠩ ᠠᠮᠢᠳᠣᠯᠢᠭ ᠰᠣᠨᠢᠷᠬᠠᠯᠲᠠᠢ ᠪᠣᠯᠭ᠋ᠠᠬᠤ ᠵᠢᠨ ᠲᠥᠯᠥᠭᠡ ᠬᠡᠦᠬᠡᠯᠳᠡᠢ ᠵᠦᠴᠦᠭᠡ ᠵᠢ ᠵᠢᠭ᠋ᠠᠨ ᠰᠤᠷᠭ᠋ᠠᠯᠲᠠᠲᠠᠢᠪᠠᠨ ᠬᠡᠷᠬᠢᠨ ᠤᠶᠠᠯᠳᠤᠭᠤᠯᠬᠤ ᠠᠷᠭ᠎ᠠ ᠮᠠᠶᠢᠭ᠎ᠢ ᠢᠯᠡᠬᠦᠬᠡᠨ ᠰᠦᠪᠡᠭᠴᠢᠯᠡᠬᠦ᠎ᠨᠢ ᠴᠢᠬᠤᠯᠠ ᠶᠤᠮ᠃
ᠬᠡᠣᠬᠡᠳ᠎ᠤᠨ ᠬᠦᠮᠦᠵᠢᠯ ᠪᠣᠯ ᠨᠢᠭᠡᠨ ᠪᠥᠬᠦᠯᠢ ᠴᠤᠭᠴᠠ ᠮᠦᠨ᠃ ᠰᠣᠷᠭ᠋ᠠᠨ ᠬᠥᠮᠦᠵᠢᠯ᠎ᠤᠨ ᠡᠴᠤᠰ᠎ᠤᠨ ᠬᠠᠷᠠᠯᠲᠠ ᠪᠣᠯ ᠬᠡᠣᠬᠡᠳ᠎ᠤᠨ ᠪᠥᠬᠦ ᠲᠠᠯ᠎ᠠ ᠵᠢᠨ ᠬᠦᠭᠵᠢᠯᠲᠡ ᠵᠢ ᠠᠬᠢᠭᠤᠯᠬᠤ ᠶᠠᠪᠤᠳᠠᠯ ᠮᠦᠨ᠃ ᠳᠡᠶ᠋ᠢᠮᠦ᠎ᠠᠴᠠ ᠬᠡᠣᠬᠡᠳ᠎ᠤᠨ ᠦᠭᠡ ᠬᠡᠯᠡᠨ᠎ᠤ ᠬᠥᠭᠵᠢᠯᠲᠡ᠎ᠨᠢ ᠴᠡᠴᠡᠷᠯᠢᠭ᠎ᠤᠨ ᠵᠢᠭ᠋ᠠᠨ ᠰᠣᠷᠭ᠋ᠠᠯᠲᠠ ᠵᠢᠨ ᠡᠯ᠎ᠠ ᠬᠦᠷᠢᠶ᠎ᠠ ᠴᠠᠷᠠᠭ᠎ᠠ᠎ᠳᠤ ᠴᠦᠮ ᠬᠤᠯᠪᠤᠭᠳᠠᠵᠤ᠂ ᠪᠣᠰᠣᠳ ᠳᠠᠯ᠎ᠠ ᠵᠢᠨ ᠬᠦᠮᠦᠵᠢᠯ᠎ᠢ᠎ᠨᠢ ᠨᠦᠯᠦᠬᠡᠯᠡᠳᠡᠭ᠃ ᠬᠡᠦᠬᠡᠯᠳᠡᠢ ᠵᠦᠴᠦᠭᠡ᠎ᠨᠢ ᠦᠭᠡ ᠬᠡᠯᠡᠨ᠎ᠤ ᠵᠢᠭ᠋ᠠᠨ ᠰᠤᠷᠭ᠋ᠠᠯᠲᠠ ᠵᠢᠨ ᠴᠢᠬᠤᠯᠠ ᠠᠷᠭ᠎ᠠ ᠬᠡᠯᠪᠡᠷᠢ ᠪᠣᠯᠤᠭᠰᠠᠨ᠎ᠤ ᠬᠤᠪᠢ᠎ᠳᠤ᠂ ᠦᠵᠡᠵᠦ ᠰᠣᠨᠢᠷᠬᠠᠬᠤ ᠶᠠᠪᠤᠴᠠ᠎ᠳᠤ᠎ᠪᠠᠨ ᠠ᠋ᠯᠪᠡᠭ ᠪᠠᠶᠠᠯᠢᠭ ᠦᠭᠡ ᠬᠡᠯᠡᠨ᠎ᠤ ᠮᠡᠳᠡᠯᠭᠡ ᠵᠢ ᠡᠵᠡᠮᠰᠢᠵᠤ ᠪᠤᠯᠬᠤ ᠮᠥᠷᠲᠡᠭᠡᠨ ᠳᠥᠭᠦᠮᠬᠡᠨ ᠦᠯᠢᠭᠡᠷ ᠵᠶ᠋ᠠᠷ ᠳᠠᠮᠵᠢᠭᠤᠯᠤᠨ ᠨᠡᠶ᠋ᠢᠭᠡᠮ ᠠᠮᠢᠳᠤᠷᠠᠯ ᠳᠤᠮᠳᠠᠬᠢ ᠶᠣᠰᠣ ᠤᠴᠢᠷ᠎ᠢ ᠥᠢ᠍ᠯᠠᠭ᠋ᠠᠭᠤᠯᠤᠨ ᠲᠠᠨᠢᠭᠤᠯᠵᠤ ᠪᠤᠯᠳᠠᠭ᠃ ᠬᠡᠦᠬᠡᠯᠳᠡᠢ ᠵᠦᠴᠦᠭᠡ᠎ᠨᠢ ᠦᠢ᠍ᠯᠡᠳᠦᠯᠭᠡ ᠵᠢᠨ ᠬᠢᠴᠢᠶᠡᠯ᠎ᠤᠨ ᠲᠠᠩᠬᠢᠮ ᠪᠤᠯᠵᠤ᠂ ᠴᠡᠴᠡᠷᠯᠢᠭ᠎ᠤᠨ ᠵᠢᠭ᠋ᠠᠨ ᠰᠣᠷᠭ᠋ᠠᠯᠲᠠᠳᠤᠬᠢ ᠴᠢᠬᠤᠯᠠ ᠬᠡᠰᠡᠭ ᠪᠤᠯᠵᠤ ᠪᠣᠯᠬᠤ ᠶᠤᠮ᠃
ᠬᠤᠶᠡᠷ᠂ ᠬᠡᠤᠬᠡᠯᠳᠡᠢ ᠵᠦᠴᠦᠬᠡ ᠵᠢ ᠵᠢᠭ᠋ᠠᠨ ᠰᠤᠷᠭ᠋ᠠᠯᠳᠠ᠎ᠳᠤ ᠠᠰᠢᠭᠯᠠᠭ᠍ᠤ ᠵᠢᠨ ᠴᠢᠬᠤᠯᠠ ᠴᠢᠨᠠᠷ
ᠴᠡᠴᠡᠷᠯᠢᠭ᠎ᠤᠨ ᠵᠢᠭ᠋ᠠᠨ ᠰᠣᠷᠭ᠋ᠠᠯᠲᠠ᠎ᠨᠢ ᠦᠭᠡ ᠬᠡᠯᠡ᠂ ᠨᠡᠶ᠋ᠢᠭᠡᠮ᠂ ᠰᠢᠨᠵᠢᠯᠡᠬᠦ ᠤᠬᠠᠭ᠋ᠠᠨ᠂ ᠠ᠋ᠷᠡᠭᠦᠯ ᠠ᠋ᠩᠬᠡ᠂ ᠤᠷᠠᠯᠢᠭ ᠵᠡᠷᠭᠡ ᠳᠠᠪᠤᠨ ᠲᠦᠷᠦᠯ᠎ᠢ ᠬᠠᠮᠤᠷᠴᠤ ᠪᠠᠶ᠋ᠢᠳᠠᠭ᠃ ᠠ᠋ᠶ᠋ᠢᠮᠦ᠎ᠠᠴᠠ ᠬᠡᠤᠬᠡᠯᠳᠡᠢ ᠵᠦᠴᠦᠬᠡ ᠵᠢ ᠠᠰᠢᠭᠯᠠᠨ ᠬᠡᠣᠬᠡᠳ᠎ᠤᠳ᠎ᠲᠤ ᠰᠤᠷᠭ᠋ᠠᠮᠵᠢ᠎ᠳᠤ ᠦᠯᠢᠭᠡᠷ᠂ ᠠᠮᠣᠷ ᠲᠦᠪᠰᠢᠨ᠎ᠤ ᠲᠣᠬᠠᠢ ᠮᠡᠳᠡᠭᠡᠯᠡᠯ᠂ ᠴᠠᠭ ᠠᠭᠤᠷ᠎ᠤᠨ ᠮᠡᠳᠡᠭᠡᠯᠡᠯ᠂ ᠦᠨᠳᠣᠰᠣᠳᠡᠨ᠎ᠤ ᠵᠠᠩ ᠵᠠᠩᠰᠢᠯ᠂ ᠶᠣᠰᠤ ᠰᠣᠷᠳᠠᠭ᠍ᠣᠨ᠂ ᠭᠠᠷ ᠣᠷᠠᠯᠠᠯ᠂ ᠠᠮᠢᠳᠣᠷᠠᠯ᠎ᠤᠨ ᠵᠠᠩ ᠲᠠᠳᠬᠠᠯ ᠵᠡᠷᠭᠡ ᠵᠢ ᠤᠶ᠋ᠢᠯᠠᠭ᠋ᠠᠭᠤᠯᠬᠤ᠎ᠳᠤ ᠠᠰᠢᠭᠯᠠᠵᠤ ᠪᠤᠯᠤᠨ᠎ᠠ᠃ ᠴᠡᠴᠡᠷᠯᠢᠭ᠎ᠤᠨ ᠵᠢᠭ᠋ᠠᠨ ᠰᠤᠷᠭ᠋ᠠᠯᠲᠠ᠎ᠳᠤ ᠬᠡᠦᠬᠡᠯᠳᠡᠢ ᠵᠦᠴᠦᠭᠡ ᠵᠢ ᠠᠰᠢᠭᠯᠠᠭ᠍ᠤ᠎ᠨᠢ ᠳᠠᠩ ᠴᠤᠯᠭᠤᠶ ᠵᠢᠭ᠋ᠠᠨ ᠰᠤᠷᠭ᠋ᠠᠯᠲᠠ ᠵᠢᠨ ᠠᠭᠤᠯᠭ᠎ᠠ᠂ ᠬᠡᠯᠪᠡᠷᠢ ᠮᠠᠶᠢᠭ᠎ᠢ ᠤᠯᠠᠮ ᠪᠠᠶᠠᠯᠢᠬ᠍ᠵᠢᠭᠤᠯᠤᠨ᠂ ᠬᠡᠣᠬᠡᠳ᠎ᠤᠨ ᠲᠠᠨᠢᠨ ᠮᠡᠳᠡᠬᠦᠢ ᠵᠢ ᠦᠷᠭᠡᠳᠭᠡᠳᠡᠭ᠃ ᠳᠡᠷᠡᠴᠢᠯᠡᠨ ᠣᠯᠠᠨ ᠣᠳᠠᠭ᠋ᠠᠨ᠎ᠤ ᠲᠤᠷᠰᠢᠯᠲᠠ᠂ ᠰᠦᠪᠡᠭᠴᠢᠯᠡᠯᠲᠡ ᠵᠢᠨ ᠦᠷ᠎ᠡ ᠳ᠋ᠦᠩ᠎ᠠᠴᠠ ᠠᠵᠢᠭᠯᠠᠭ᠍ᠤ᠎ᠳᠤ ᠬᠡᠦᠬᠡᠯᠳᠡᠢ ᠵᠦᠴᠦᠭᠡ ᠵᠢ ᠠᠰᠢᠭᠯᠠᠵᠤ᠂ ᠵᠢᠭ᠋ᠠᠨ ᠰᠤᠷᠭ᠋ᠠᠯᠲᠠ ᠦᠷᠨᠢᠭᠦᠯᠬᠦ᠎ᠨᠢ ᠬᠡᠤᠬᠡᠳ᠎ᠤᠨ ᠰᠤᠨᠢᠷᠬᠠᠯ᠎ᠢ ᠲᠠᠳᠠᠵᠦ᠂ ᠰᠣᠷᠣᠯᠴᠠᠭ᠍ᠤ ᠤᠷᠮ᠎ᠠ ᠪᠠᠬ᠎ᠠ ᠵᠢ ᠬᠦᠭᠵᠢᠬᠡᠵᠦ᠂ ᠲᠡᠳᠡᠨ᠎ᠳᠤ ᠭᠦᠨ ᠰᠡᠭᠤᠭᠳᠠᠯ ᠦᠯᠡᠳᠡᠭᠡᠳᠡᠭ ᠮᠦᠷᠳᠡᠭᠡᠨ ᠠᠭᠤᠯᠭ᠎ᠠ ᠵᠢ ᠨᠡᠩ ᠬᠢᠯᠪᠠᠷᠬᠠᠨ ᠡᠵᠡᠮᠰᠢᠬᠦᠯᠳᠡᠭ᠃
1. ᠬᠡᠦᠬᠡᠯᠳᠡᠢ ᠵᠦᠴᠦᠭᠡ᠎ᠨᠢ ᠬᠡᠣᠬᠡᠳ᠎ᠤᠨ ᠪᠡᠶ᠎ᠡ ᠰᠡᠳᠬᠢᠴᠡ ᠵᠢᠨ ᠣᠨᠴᠠᠯᠢᠭᠲᠤ ᠳᠣᠭᠢᠷᠠᠳᠠᠭ ᠮᠦᠷᠳᠡᠬᠡᠨ ᠰᠡᠳᠬᠢᠴᠡ ᠵᠢᠨ ᠠ᠋ᠷᠡᠭᠦᠯ ᠮᠡᠨᠳᠦ ᠵᠢᠨ ᠬᠥᠮᠦᠵᠢᠯ ᠬᠢᠬᠦ᠎ᠳᠤ ᠴᠢᠬᠤᠯᠠ ᠠᠷᠭ᠎ᠠ ᠮᠠᠶᠢᠭ ᠪᠤᠯᠳᠠᠭ᠃ ᠬᠡᠤᠬᠡᠯᠳᠡᠢ ᠵᠢᠨ ᠳᠦᠷᠢ ᠲᠥᠷᠬᠦ᠎ᠨᠢ ᠰᠢᠭᠤᠳ ᠲᠣᠳᠣᠬᠠᠨ ᠤᠴᠢᠷ᠎ᠠᠴᠠ ᠬᠡᠣᠬᠡᠳ᠎ᠤᠳ ᠵᠦᠴᠦᠭᠡ ᠰᠣᠨᠢᠷᠬᠠᠬᠤᠳᠤᠪᠠᠨ ᠰᠡᠳᠬᠢᠯᠭᠡ᠎ᠨᠢ ᠢᠳᠡᠪᠬᠢᠲᠡᠶ᠂ ᠲᠠᠶ᠋ᠢᠪᠤᠭᠤ᠂ ᠪᠠᠶᠠᠷ ᠬᠥᠷ᠎ᠲᠠᠢ ᠪᠠᠶ᠋ᠢᠵᠦ᠂ ᠠ᠋ᠳᠡᠭᠡᠷ᠎ᠨᠢ ᠴᠦᠮ ᠦᠨᠡᠨ ᠰᠡᠳᠬᠢᠯ᠎ᠠᠴᠠ᠎ᠪᠠᠨ ᠠ᠋ᠬᠦᠰᠳᠡᠭ ᠳᠤᠯᠠ ᠬᠡᠦᠬᠡᠳ᠎ᠤᠨ ᠰᠤᠷᠤᠯᠴᠠᠭ᠍ᠤ ᠤᠷᠮ᠎ᠠ ᠪᠠᠬ᠎ᠠ ᠵᠢ ᠬᠦᠭᠵᠢᠭᠡᠵᠦ ᠴᠢᠳᠠᠳᠠᠭ᠃ ᠬᠡᠦᠬᠡᠯᠳᠡᠢ ᠵᠦᠴᠦᠭᠡ᠎ᠳᠤ ᠭᠠᠳᠠᠭ᠋ᠠᠳᠤ ᠣᠷᠴᠢᠨ᠎ᠤ ᠳᠠᠷᠤᠯᠲᠠ ᠪᠠ ᠠᠯᠪᠠᠳᠠᠯᠭ᠎ᠠ ᠪᠠᠶ᠋ᠢᠬᠤ ᠥᠬᠡᠶ᠂ ᠠᠯᠪᠠ᠎ᠪᠠᠷ ᠪᠡᠶᠡᠯᠡᠭᠦᠯᠬᠦ ᠵᠣᠷᠢᠯᠭ᠎ᠠ ᠥᠬᠡᠶ᠂ ᠳᠡᠶ᠋ᠢᠮᠦ᠎ᠠᠴᠠ ᠪᠠᠴᠢᠮᠳᠠᠵᠤ ᠰᠠᠨᠳᠤᠷᠬᠤ ᠮᠡᠳᠦ ᠵᠢᠨ ᠰᠡᠳᠬᠢᠴᠡ ᠵᠢᠨ ᠳᠠᠷᠤᠯᠲᠠ ᠬᠡᠵᠤ ᠦᠬᠡᠢ ᠪᠠᠶ᠋ᠢᠵᠤ᠂ ᠬᠡᠦᠬᠡᠯᠳᠡᠢ ᠵᠦᠴᠦᠭᠡ ᠵᠢᠨ ᠠᠭᠤᠯᠭ᠎ᠠ᠎ᠨᠢ ᠨᠡᠶ᠋ᠢᠭᠡᠮ᠎ᠤᠨ ᠡᠯ᠎ᠡ ᠲᠠᠯ᠎ᠠ ᠵᠢ ᠲᠤᠰᠬᠠᠳᠠᠭ ᠳᠤᠯᠠ ᠬᠡᠣᠬᠡᠳ ᠡᠯ᠎ᠡ ᠵᠦᠢ᠍ᠯ᠎ᠤᠨ ᠳᠦᠷᠢ ᠵᠢ ᠲᠣᠭᠯᠠᠭ᠍ᠤ ᠵᠢᠨ ᠬᠠᠮᠲᠤ ᠬᠠᠶ᠋ᠢᠷ᠎ᠠ ᠰᠡᠳᠬᠢᠯᠭᠡ ᠵᠢᠨ ᠮᠡᠳᠡᠷᠡᠮᠵᠢ᠎ᠨᠢ ᠤᠯᠠᠮ ᠪᠠᠶᠠᠯᠢᠬ᠍ᠵᠢᠳᠠᠭ᠃ ᠳᠡᠶ᠋ᠢᠮᠦ᠎ᠠᠴᠠ ᠬᠡᠤᠬᠡᠯᠳᠡᠢ ᠵᠦᠴᠦᠬᠡ᠎ᠨᠢ ᠬᠡᠤᠬᠡᠳ᠎ᠤᠨ ᠠ᠋ᠷᠡᠭᠦᠯ ᠥᠭᠡᠳᠡᠷᠬᠡᠭ᠂ ᠪᠠᠶᠠᠰᠤᠩᠭᠤᠶ ᠰᠡᠳᠬᠢᠴᠡ᠎ᠲᠠᠢ ᠪᠤᠯᠭ᠋ᠠᠬᠤ᠎ᠳᠤ ᠮᠠᠰᠢ ᠶᠡᠭᠡ ᠨᠦᠯᠦᠭᠡ ᠦᠵᠡᠭᠦᠯᠳᠡᠭ᠃
2. ᠠᠩᠬᠠᠷᠤᠯ ᠲᠦᠪᠯᠡᠷᠡᠬᠦ ᠪᠠ ᠴᠡᠭᠡᠵᠢᠯᠡᠬᠦᠶ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠬᠡᠯᠡᠨ᠎ᠤ ᠬᠥᠭᠵᠢᠯᠲᠡ ᠵᠢ ᠠᠬᠢᠭᠤᠯᠳᠠᠭ᠃ ᠬᠡᠦᠬᠡᠯᠳᠡᠢ ᠵᠦᠴᠦᠭᠡ ᠵᠢ ᠰᠤᠷᠤᠯᠴᠠᠭ᠍ᠤ ᠶᠠᠪᠤᠴᠠ᠎ᠳᠤ ᠪᠠᠭᠰᠢ ᠪᠣᠯᠤᠭᠰᠠᠳ ᠬᠡᠣᠬᠡᠳ᠎ᠤᠨ ᠠᠩᠬᠠᠷᠤᠯ ᠲᠦᠪᠯᠡᠷᠡᠬᠦ ᠴᠡᠭ᠎ᠢ ᠬᠥᠲᠥᠯᠥᠨ ᠵᠢᠯᠣᠭᠤᠳᠴᠤ᠂ ᠠᠩᠬᠠᠷᠭ᠍ᠣ ᠣᠭ ᠰᠠᠨᠠᠭ᠎ᠠ ᠵᠢ ᠬᠦᠭᠵᠢᠬᠦᠯᠬᠦ ᠬᠡᠷᠡᠭᠲᠡᠶ᠃ ᠬᠡᠤᠬᠡᠳ᠎ᠤᠨ ᠡᠯ᠎ᠡ ᠱᠠᠳᠤᠨ᠎ᠳᠤ᠎ᠬᠢ ᠠᠩᠬᠠᠷᠤᠯ ᠲᠥᠪᠯᠡᠷᠡᠭᠦ ᠴᠠᠭ᠎ᠢ ᠦᠨᠳᠦᠰᠦᠯᠡᠨ᠂ ᠬᠡᠦᠬᠡᠯᠳᠡᠢ ᠵᠦᠴᠦᠭᠡ ᠵᠢ ᠰᠣᠩᠭᠤᠬᠤ᠎ᠳᠤ᠎ᠪᠠᠨ ᠳᠦᠭᠦᠮ ᠠᠪᠰᠠᠷᠬᠠᠨ᠂ ᠬᠡᠯᠡ ᠶᠠᠷᠢᠶ᠎ᠠ᠎ᠨᠢ ᠥᠢ᠍ᠯᠠᠭ᠋ᠠᠮᠵᠢᠳᠠᠢ᠂ ᠭᠤᠣᠯ ᠠᠭᠤᠯᠭ᠎ᠠ᠎ᠨᠢ ᠲᠣᠪᠣᠶ᠋ᠢᠮ᠎ᠠ ᠪᠠᠶ᠋ᠢᠬᠤ ᠵᠢ ᠠᠩᠬᠠᠷᠬᠤ ᠬᠡᠷᠡᠭᠲᠡᠢ᠃ ᠬᠡᠤᠬᠡᠳ ᠦᠪᠡᠰᠦᠪᠡᠨ ᠬᠡᠦᠬᠡᠯᠳᠡᠢ ᠵᠦᠴᠦᠭᠡ ᠳᠤᠷᠰᠢᠨ ᠲᠤᠭᠯᠠᠵᠤ ᠰᠣᠷᠬᠤ᠎ᠪᠠᠷ ᠳᠠᠮᠵᠢᠭ᠋ᠠᠳ ᠠᠩᠬᠠᠷᠤᠯ ᠲᠦᠪᠯᠡᠷᠡᠬᠦᠯᠬᠦ ᠴᠢᠳᠠᠪᠤᠷᠢ᠂ ᠠᠵᠢᠭᠯᠠᠭ᠍ᠤ ᠴᠢᠳᠠᠪᠤᠷᠢ᠂ ᠴᠡᠭᠡᠵᠢᠯᠡᠬᠦ ᠴᠢᠳᠠᠪᠤᠷᠢ ᠵᠢᠴᠢ ᠰᠡᠳᠬᠢᠬᠦ ᠴᠢᠳᠠᠪᠤᠷᠢ ᠵᠢᠴᠢ ᠣᠶᠤᠨ ᠴᠢᠳᠠᠪᠤᠷᠢ ᠵᠢᠨ ᠬᠢᠷᠢ ᠲᠦᠪᠰᠢᠨ ᠲᠡᠭᠡᠭᠰᠢᠯᠡᠵᠤ᠂ ᠲᠠᠨᠢᠨ ᠮᠡᠳᠡᠬᠦᠢ᠎ᠨᠢ ᠰᠢᠯᠢᠳᠡᠭᠵᠢᠨ᠂ ᠬᠡᠣᠬᠡᠯᠳᠠᠢ ᠵᠦᠴᠦᠭᠡ ᠵᠢᠨ ᠲᠣᠭᠯᠠᠯᠲᠠ᠎ᠳᠤ ᠣᠷᠣᠯᠴᠠᠭ᠍ᠤ ᠳᠤᠷ᠎ᠠ ᠰᠣᠨᠢᠷᠬᠠᠯ᠎ᠨᠢ ᠬᠦᠭᠵᠢᠵᠦ ᠪᠣᠯᠤᠨ᠎ᠠ᠃ ᠨᠡᠩ ᠴᠢᠬᠤᠯᠠ᠎ᠨᠢ ᠬᠡᠦᠬᠡᠳ᠎ᠤᠨ ᠬᠠᠶ᠋ᠢᠨ ᠰᠦᠪᠡᠭᠴᠢᠯᠡᠬᠦ ᠴᠢᠳᠠᠪᠤᠷᠢ᠂ ᠢᠯᠡᠷᠡᠭᠦᠯᠬᠦ ᠴᠢᠳᠠᠪᠤᠷᠢ ᠪᠠ ᠪᠦᠲᠦᠭᠡᠯᠴᠢ ᠴᠢᠳᠠᠪᠤᠷᠢ ᠵᠢ ᠳᠡᠭᠡᠭᠰᠢᠯᠡᠬᠦᠯᠬᠦ ᠵᠢᠨ ᠬᠠᠮᠲᠦ ᠵᠦᠴᠦᠬᠡ ᠰᠣᠨᠢᠷᠬᠠᠬᠤ᠂ ᠵᠦᠴᠦᠭᠡ ᠲᠤᠭᠯᠠᠭ᠍ᠤ᠂ ᠵᠦᠴᠦᠭᠡ ᠵᠤᠬᠢᠶᠠᠨ ᠪᠦᠲᠦᠭᠡᠭᠦ᠎ᠪᠠᠷ ᠳᠠᠮᠵᠢᠭ᠋ᠠᠳ ᠪᠠᠭᠰᠢ ᠨᠠᠷ ᠬᠡᠣᠬᠡᠳ᠎ᠤᠨ ᠣᠨᠴᠠᠯᠢᠭ᠂ ᠵᠦᠷᠢᠶᠡᠲᠥ ᠴᠢᠨᠠᠷ ᠵᠡᠷᠭᠡ ᠵᠢ ᠭᠦᠢ᠍ᠴᠡᠳ ᠥᠢ᠍ᠯᠠᠭ᠋ᠠᠵᠤ ᠴᠢᠳᠠᠭ᠍ᠤ ᠪᠤᠯᠤᠮᠵᠢ ᠤᠯᠵᠤ ᠪᠤᠯᠤᠨ᠎ᠠ᠃
3. ᠬᠡᠯᠡ ᠶᠠᠷᠢᠶᠠᠨ᠎ᠤ ᠬᠦᠮᠦᠵᠢᠯ ᠤᠯᠭᠤᠬᠤ᠎ᠳᠤ ᠠᠰᠢᠭᠲᠠᠢ ᠪᠠᠶ᠋ᠢᠳᠠᠭ᠃ ᠴᠡᠴᠡᠷᠯᠢᠭ᠎ᠤᠨ ᠬᠡᠣᠬᠡᠳ᠎ᠲᠤ ᠠᠪᠴᠤ ᠬᠡᠯᠡᠪᠡᠯ᠂ ᠬᠡᠯᠡ ᠶᠠᠷᠢᠶᠠᠨ᠎ᠤ ᠬᠦᠮᠦᠵᠢᠯ ᠮᠠᠰᠢ ᠴᠢᠬᠤᠯᠠ ᠪᠠᠶ᠋ᠢᠳᠠᠭ᠃ ᠬᠡᠤᠬᠡᠯᠲᠡᠢ ᠵᠦᠴᠦᠭᠡ ᠵᠢ ᠵᠢᠭ᠋ᠠᠨ ᠰᠣᠷᠭ᠋ᠠᠯᠲᠠ᠎ᠳᠤ ᠠᠰᠢᠭᠯᠠᠭ᠍ᠤ᠎ᠨᠢ ᠬᠡᠣᠬᠡᠳ᠎ᠤᠨ ᠦᠭᠡ ᠬᠡᠯᠡᠨ᠎ᠤ ᠬᠥᠭᠵᠢᠯᠲᠡ᠎ᠳᠤ ᠬᠠᠮᠤᠭ᠎ᠤᠨ ᠴᠢᠬᠤᠯᠠ ᠨᠦᠯᠦᠭᠡ᠎ᠲᠠᠢ ᠪᠠᠶ᠋ᠢᠳᠠᠭ᠄ ᠲᠠᠷᠤᠢ ᠬᠥᠮᠦᠰ᠎ᠤᠨ ᠬᠤᠭᠤᠷᠣᠨᠳᠣᠬᠢ ᠶᠠᠷᠢᠵᠤ ᠬᠠᠷᠢᠯᠴᠠᠭ᠍ᠤ ᠴᠢᠳᠠᠪᠣᠷᠢ᠂ ᠪᠣᠰᠣᠳ᠎ᠢ ᠤᠶ᠋ᠢᠯᠠᠭ᠋ᠠᠬᠤ ᠪᠣᠯᠣᠨ ᠬᠠᠷᠢᠯᠴᠠᠭ᠍ᠤ ᠦᠶ᠎ᠡ ᠵᠢᠨ ᠰᠡᠳᠬᠢᠯᠭᠡ ᠵᠢᠨ ᠪᠠᠶ᠋ᠢᠳᠠᠯ᠎ᠢ ᠮᠠᠭ᠋ᠠᠳᠯᠠᠭ᠍ᠤ ᠴᠢᠳᠠᠪᠣᠷᠢ᠂ ᠪᠣᠳᠣᠭᠰᠠᠨ ᠰᠠᠨᠠᠭᠰᠠᠨ ᠵᠶ᠋ᠠᠨ ᠵᠤᠷᠢᠭᠲᠠᠢ᠎ᠪᠠᠷ ᠶᠠᠷᠢᠵᠦ ᠢᠯᠡᠳᠭᠡᠬᠦ ᠴᠢᠳᠠᠪᠤᠷᠢ ᠵᠡᠷᠬᠡ ᠵᠢ ᠬᠥᠭᠵᠢᠬᠦᠯᠬᠦ᠎ᠳᠤ ᠠᠰᠢᠭᠲᠠᠢ᠃ ᠵᠦᠴᠦᠭᠡ ᠵᠢᠨ ᠲᠤᠬᠠᠶ ᠣᠶ᠋ᠢᠯᠠᠭ᠋ᠠᠯᠲᠠ᠎ᠳᠤᠨᠢ ᠴᠢᠭᠯᠡᠭᠦᠯᠦᠨ᠂ ᠬᠠᠮᠲᠦ᠎ᠪᠠᠷ ᠶᠠᠷᠢᠯᠴᠠᠭ᠍ᠤ᠎ᠨᠢ ᠪᠠᠭᠰᠢ ᠪᠠ ᠬᠡᠤᠬᠡᠳ᠎ᠤᠨ ᠬᠠᠷᠢᠯᠴᠠᠨ ᠶᠠᠷᠢᠯᠴᠠᠭ᠋ᠠᠨ᠎ᠠᠴᠠ ᠠᠭᠤᠵᠢᠭᠤ ᠲᠠᠯᠪᠢᠭᠤ ᠬᠡᠯᠡᠨ᠎ᠤ ᠣᠷᠴᠢᠨ ᠲᠣᠭᠤᠷᠢᠨ᠎ᠢ ᠬᠠᠩᠭ᠋ᠠᠵᠤ᠂ ᠬᠡᠣᠬᠡᠳ᠎ᠢ ᠵᠤᠷᠢᠭᠲᠠᠢ᠎ᠪᠠᠷ ᠬᠡᠯᠡᠬᠦ᠂ ᠶᠠᠷᠢᠬᠤ ᠳᠤᠷᠠᠲᠠᠢ ᠪᠤᠯᠭ᠋ᠠᠵᠤ᠂ ᠬᠡᠦᠬᠡᠯᠳᠡᠢ ᠵᠢᠨ ᠠᠮᠢᠳᠤ ᠴᠣᠪᠣᠭᠤᠯᠢᠭ ᠳᠦᠷᠢ ᠲᠥᠷᠬᠦ ᠵᠢᠴᠢ ᠲᠦᠷᠢ ᠵᠢᠨ ᠬᠤᠭᠤᠷᠤᠨᠳᠤᠬᠢ ᠶᠠᠷᠢᠯᠴᠠᠭ᠎ᠠ᠎ᠨᠢ ᠦᠭᠡ ᠵᠢᠨ ᠬᠤᠷᠠᠮᠳᠤᠭᠤᠯᠤᠯ᠎ᠢ ᠨᠡᠮᠡᠭᠳᠡᠬᠦᠯᠵᠦ᠂ ᠦᠭᠡᠰ᠎ᠤᠨ ᠰᠡᠩᠢ ᠪᠠᠶᠠᠯᠢᠬ᠍ᠵᠢᠭᠤᠯᠤᠨ᠎ᠠ᠃ ᠬᠡᠦᠬᠡᠯᠳᠠᠢ ᠵᠦᠴᠦᠭᠡ ᠵᠢᠨ ᠲᠣᠭᠯᠠᠯᠲᠠ ᠵᠢᠨ ᠶᠠᠪᠤᠴᠠ᠎ᠳᠤ ᠬᠤᠶᠠᠷ ᠪᠤᠶᠤ ᠣᠯᠠᠨ ᠬᠡᠣᠬᠡᠳ᠎ᠤᠨ ᠬᠠᠮᠲᠤᠷᠠᠯᠴᠠᠭ᠎ᠠ ᠵᠢ ᠱᠠᠭ᠋ᠠᠷᠳᠠᠵᠤ᠂ ᠶᠠᠷᠢᠯᠴᠠᠭ᠋ᠠᠨ᠎ᠤ ᠳᠤᠮᠳᠠ ᠰᠤᠷᠤᠯᠴᠠᠵᠤ᠂ ᠢᠯᠡᠳᠬᠡᠬᠦ ᠴᠢᠳᠠᠪᠤᠷᠢ ᠵᠢ᠎ᠨᠢ ᠬᠥᠭᠵᠢᠭᠦᠯᠬᠦ᠎ᠪᠠᠷ ᠪᠠᠷᠠᠭ᠍ᠤ ᠥᠬᠡᠶ ᠬᠠᠮᠳᠣᠷᠠᠯᠴᠠᠭ᠍ᠤ᠂ ᠳᠣᠭᠤᠶ᠋ᠢᠯᠠᠩ ᠵᠶ᠋ᠠᠷ ᠠᠵᠢᠯᠯᠠᠭ᠍ᠤ ᠬᠠᠪᠤ ᠴᠡᠩᠭᠡᠯ᠎ᠢ ᠥᠢ᠍ᠯᠠᠭ᠋ᠠᠵᠦ ᠴᠢᠳᠠᠳᠠᠭ᠃ ᠬᠡᠦᠬᠡᠯᠳᠡᠢ ᠵᠦᠴᠦᠭᠡ᠎ᠳᠤ ᠬᠡᠷᠡᠭᠯᠡᠳᠡᠭ ᠳᠠᠪᠠᠭᠤᠯᠤᠯ᠎ᠤᠨ ᠠᠷᠭ᠎ᠠ᠎ᠨᠢ ᠥᠪᠡᠷᠮᠢᠴᠡ ᠰᠣᠨᠢᠷᠬᠠᠯᠲᠠᠢ᠂ ᠬᠤᠱ᠌ᠣᠩ ᠱᠤᠭᠤᠨ ᠣᠨᠴᠠᠯᠢᠭ᠎ᠲᠠᠢ ᠪᠠᠶ᠋ᠢᠳᠠᠭ ᠳᠤᠯᠠ ᠠ᠋ᠨᠡ᠎ᠨᠢ ᠬᠡᠯᠡᠨ᠎ᠤ ᠬᠠᠷᠰᠢ ᠰᠠᠭ᠋ᠠᠳ᠎ᠲᠠᠢ ᠬᠡᠦᠬᠡᠳ᠎ᠲᠤ ᠠᠪᠴᠤ ᠬᠡᠯᠡᠪᠡᠯ᠂ ᠲᠡᠭᠦᠨ᠎ᠤ ᠶᠡᠭᠡ ᠲᠠᠷᠢᠬᠢᠨ᠎ᠤ ᠬᠡᠯᠡᠨ᠎ᠤ ᠲᠥᠪ᠎ᠲᠤ ᠠᠮᠠᠷᠬᠠᠨ ᠰᠡᠳᠡᠯᠲᠡ ᠥᠭᠴᠦ᠂ ᠰᠤᠷᠤᠯᠴᠠᠭ᠍ᠤ ᠳᠤᠷ᠎ᠠ ᠰᠣᠨᠢᠷᠬᠠᠯ᠎ᠢ᠎ᠨᠢ ᠢᠯᠡᠬᠦᠤ ᠲᠠᠲᠠᠵᠤ᠂ ᠠᠮᠠᠷᠬᠠᠨ ᠬᠡᠯᠡ᠎ᠳᠤ ᠤᠷᠤᠭᠤᠯᠳᠠᠭ᠃
4. ᠣᠷᠠᠯᠢᠭ᠎ᠤᠨ ᠮᠡᠳᠡᠷᠡᠮᠵᠢ᠎ᠲᠠᠢ ᠪᠤᠯᠭ᠋ᠠᠬᠤ᠎ᠳᠤ ᠠᠰᠢᠭᠲᠠᠢ᠃ ᠬᠡᠣᠬᠡᠯᠲᠡᠢ ᠵᠦᠴᠦᠭᠡ ᠲᠣᠭᠯᠠᠭ᠍ᠤ ᠬᠡᠯᠪᠡᠷᠢ᠎ᠨᠢ ᠬᠡᠣᠬᠡᠳ᠎ᠤᠨ ᠣᠷᠠᠯᠢᠭ᠎ᠤᠨ ᠭᠤᠸ᠎ᠠ ᠰᠠᠶ᠋ᠢᠬᠠᠨ᠎ᠤ ᠮᠡᠳᠡᠷᠡᠮᠵᠢ ᠵᠢᠨ ᠴᠢᠳᠠᠪᠣᠷᠢ ᠵᠢ ᠬᠥᠭᠵᠢᠬᠦᠯᠬᠦ᠂ ᠦᠪᠡᠷ᠎ᠢ᠎ᠪᠠᠨ ᠢᠯᠡᠷᠡᠬᠦᠯᠬᠦ᠂ ᠪᠣᠰᠣᠳ᠎ᠤᠨ ᠠ᠋ᠮᠣᠨᠠ ᠵᠤᠷᠢᠭᠲᠠᠢ ᠭᠠᠷᠴᠤ ᠶᠠᠷᠢᠵᠤ ᠢᠯᠡᠳᠬᠡᠬᠦ ᠲᠠᠯ᠎ᠠ᠎ᠪᠠᠷ ᠳᠡᠭᠡᠭᠰᠢᠯᠡᠭᠦᠯᠵᠦ᠂ ᠭᠠᠷ ᠬᠥᠳᠡᠯᠵᠦ ᠣᠷᠣᠯᠳᠣᠬᠤ ᠴᠢᠳᠠᠪᠣᠷᠢ ᠵᠡᠷᠭᠡ ᠵᠢ ᠬᠥᠭᠵᠢᠬᠦᠯᠬᠦ᠎ᠳᠤ ᠮᠠᠰᠢ ᠳᠤᠰᠠ᠎ᠲᠠᠢ ᠪᠠᠶ᠋ᠢᠳᠠᠭ᠃ ᠬᠡᠣᠬᠡᠳ ᠥᠪᠡᠷ᠎ᠤᠨ ᠪᠤᠳᠤᠭᠰᠠᠨ ᠰᠠᠨᠠᠭᠰᠠᠨ ᠵᠶ᠋ᠠᠷ ᠵᠶ᠋ᠠᠨ ᠲᠠᠶ᠋ᠢᠰᠠ᠎ᠪᠠᠨ ᠴᠢᠮᠡᠭᠯᠡᠬᠦ ᠵᠢᠨ ᠬᠠᠮᠲᠤ ᠥᠪᠡᠷ ᠵᠶ᠋ᠠᠨ ᠳᠦᠬᠦᠮ ᠦᠯᠢᠭᠡᠷ ᠵᠣᠬᠢᠶᠠᠵᠤ᠂ ᠬᠡᠦᠬᠡᠯᠳᠡᠢ ᠲᠣᠭᠯᠠᠭ᠋ᠠᠮ ᠥᠢ᠍ᠯᠡᠳᠦᠨ᠂ ᠭᠤᠸ᠎ᠠ ᠰᠠᠶ᠋ᠢᠬᠠᠨ᠎ᠤ ᠰᠡᠳᠬᠢᠯᠭᠡ᠂ ᠲᠦᠷᠰᠦᠯᠢᠭ ᠰᠡᠳᠬᠢᠬᠦᠢ᠎ᠪᠠᠨ ᠬᠦᠭᠵᠢᠬᠦᠯᠵᠦ᠂ ᠠ᠋ᠭᠦᠳᠣᠨ ᠪᠥᠲᠦᠭᠡᠬᠦ ᠴᠢᠳᠠᠪᠤᠷᠢ᠎ᠪᠠᠨ ᠳᠡᠭᠡᠭᠰᠢᠯᠡᠭᠦᠯᠳᠡᠭ ᠵᠶ᠋ᠠᠷ ᠪᠠᠷᠠᠭ᠍ᠤ ᠦᠭᠡᠢ ᠬᠦᠳᠡᠯᠭᠡᠭᠡᠨ᠎ᠳᠤ ᠢᠳᠡᠪᠬᠢᠳᠡᠢ ᠣᠷᠤᠯᠴᠠᠭ᠍ᠤ ᠵᠢ ᠳᠠᠶ᠋ᠢᠴᠢᠯᠠᠵᠦ᠂ ᠪᠠᠶᠠᠷ ᠪᠠᠭ᠍ᠠᠳᠤᠯ ᠤᠯᠭᠤᠳᠠᠭ᠃
5. ᠨᠡᠶ᠋ᠢᠬᠡᠮ᠎ᠤᠨ ᠬᠠᠷᠢᠯᠴᠠᠭ᠋ᠠᠨ᠎ᠤ ᠲᠤᠬᠠᠢ ᠤᠶ᠋ᠢᠯᠠᠭ᠋ᠠᠯᠳᠠ ᠵᠢ ᠤᠯᠭᠤᠳᠠᠭ᠃ ᠬᠡᠤᠬᠡᠯᠲᠡᠢ ᠵᠦᠴᠦᠭᠡ ᠵᠢ ᠵᠢᠭ᠋ᠠᠨ ᠰᠤᠷᠭ᠋ᠠᠯᠲᠠ᠎ᠳᠤ ᠠᠰᠢᠭᠯᠠᠭ᠍ᠤ᠎ᠨᠢ ᠬᠡᠣᠬᠡᠳ᠎ᠤᠨ ᠬᠠᠮᠳᠣᠷᠠᠯᠴᠠᠭ᠍ᠤ᠂ ᠬᠠᠮᠵᠢᠯᠴᠠᠭ᠍ᠤ᠂ ᠪᠣᠰᠣᠳ᠎ᠲᠠᠢ ᠬᠠᠷᠢᠯᠴᠠᠭ᠍ᠤ᠂ ᠣᠷᠴᠢᠨ ᠲᠣᠭᠤᠷᠢᠨ ᠪᠠ ᠨᠡᠶ᠋ᠢᠭᠡᠮ᠎ᠤᠨ ᠪᠠᠶ᠋ᠢᠳᠠᠯ᠎ᠢ ᠠᠭ᠋ᠠᠵᠢᠮ ᠵᠶ᠋ᠠᠷ ᠲᠠᠨᠢᠵᠦ᠂ ᠨᠡᠶ᠋ᠢᠭᠡᠮ᠎ᠤᠨ ᠦᠨᠳᠦᠰᠦᠨ ᠦᠢ᠍ᠯᠠ ᠠᠵᠢᠯᠯᠠᠭ᠋ᠠᠨ᠎ᠤ ᠳᠦᠷᠢᠮᠵᠢᠯ᠎ᠢ ᠵᠢᠷᠤᠮᠯᠠᠨ ᠰᠠᠬᠢᠵᠤ᠂ ᠨᠡᠶ᠋ᠢᠭᠡᠮ᠎ᠤᠨ ᠬᠥᠭᠵᠢᠯᠲᠡ᠎ᠳᠤ ᠵᠣᠬᠢᠴᠠᠳᠠᠭ᠃ ᠬᠡᠦᠬᠡᠯᠳᠡᠢ ᠵᠦᠴᠦᠭᠡ ᠲᠤᠭᠯᠠᠭ᠍ᠤᠳᠤᠪᠠᠨ ᠳᠦᠷᠢ᠎ᠪᠠᠨ ᠬᠤᠪᠢᠶᠠᠯᠴᠠᠭ᠍ᠤ᠂ ᠪᠠᠰᠠ ᠠᠬᠤᠶ ᠦᠵᠡᠭᠳᠡᠯ᠎ᠢ ᠪᠠᠶ᠋ᠢᠷᠢᠯᠠᠭᠤᠯᠬᠤ ᠵᠢᠴᠢ ᠬᠡᠦᠬᠡᠯᠳᠡᠢ ᠵᠢᠨ ᠪᠠᠭ᠋ᠠᠵᠢ ᠵᠢ ᠬᠠᠮᠳᠣᠷᠠᠯᠴᠠᠨ ᠡᠵᠡᠮᠳᠡᠬᠦ᠂ ᠲᠤᠭᠢᠷᠠᠭᠤᠯᠬᠤ ᠵᠡᠷᠭᠡ ᠠᠵᠢᠯ ᠤᠨᠤᠭᠳᠠᠳᠠᠭ᠃ ᠠ᠋ᠶ᠋ᠢᠮᠦ᠎ᠠᠴᠠ ᠵᠦᠴᠦᠭᠡ ᠲᠣᠭᠯᠠᠭ᠍ᠤ ᠶᠠᠪᠤᠴᠠ᠎ᠳᠤ ᠬᠠᠮᠲᠤᠷᠠᠨ ᠠᠵᠢᠯᠯᠠᠭ᠍ᠤ ᠤᠬᠠᠮᠰᠠᠷ᠎ᠢ ᠮᠠᠰᠢ ᠰᠠᠶ᠋ᠢᠨ ᠪᠣᠯᠪᠠᠰᠤᠷᠠᠭᠤᠯᠵᠤ᠂ ᠬᠡᠣᠬᠡᠳ᠎ᠤᠨ ᠬᠤᠭᠤᠷᠣᠨᠳᠣᠬᠢ ᠠ᠋ᠷᠬᠡ ᠲᠡᠭᠰᠢ ᠨᠥᠬᠦᠷᠰᠡᠭ ᠬᠠᠷᠢᠴᠠᠭ᠎ᠠ ᠵᠢ ᠠᠬᠢᠭᠤᠯᠵᠤ᠂ ᠬᠤᠪᠢᠶᠠᠯᠴᠠᠭ᠍ᠤ ᠵᠦᠪᠳᠡᠯᠴᠡᠬᠦ ᠪᠠ ᠬᠠᠷᠢᠯᠴᠠᠨ ᠲᠤᠰᠠᠯᠠᠯᠴᠠᠭ᠍ᠤ ᠵᠡᠷᠭᠡ ᠦᠢ᠍ᠯᠡ ᠠᠵᠢᠯᠯᠠᠭ᠋ᠠᠨ᠎ᠤ ᠬᠡᠯᠪᠡᠷᠢ ᠵᠢ ᠰᠤᠷᠴᠤ᠂ ᠠ᠋ᠶ᠎ᠡ ᠨᠠᠶ᠋ᠢᠷᠲᠠᠢ᠂ ᠪᠦᠯᠬᠦᠮᠳᠡᠯ᠎ᠲᠠᠢ᠂ ᠦᠪᠡᠷ᠎ᠤᠨ ᠬᠡᠰᠡᠨ ᠨᠠᠶ᠋ᠢᠵᠠ ᠨᠦᠬᠦᠳ᠎ᠲᠠᠢ ᠪᠤᠯᠳᠠᠭ᠃ ᠪᠤᠳᠠᠳᠤ ᠲᠦᠷᠰᠦᠯᠢᠭ ᠵᠢᠭ᠋ᠠᠨ ᠰᠣᠷᠭ᠋ᠠᠯᠲᠠ ᠵᠢᠨ ᠠᠷᠭ᠎ᠠ ᠬᠡᠯᠪᠡᠷᠢ᠎ᠨᠢ ᠲᠡᠳᠡᠨ᠎ᠤ ᠠᠩᠬᠠᠷᠤᠯ᠎ᠢ ᠲᠠᠳᠠᠵᠦ᠂ ᠬᠦᠳᠡᠯᠭᠡᠭᠡᠨ᠎ᠳᠤ ᠣᠷᠣᠯᠴᠠᠭ᠍ᠤ ᠣᠷᠮ᠎ᠠ ᠪᠠᠬ᠎ᠠ ᠵᠢ᠎ᠨᠢ ᠬᠦᠭᠵᠢᠭᠡᠨ᠂ ᠰᠢᠨ᠎ᠡ ᠵᠦᠢ᠍ᠯ᠎ᠢ ᠨᠡᠩ ᠬᠢᠯᠪᠠᠷᠬᠠᠨ᠂ ᠪᠦᠲᠦᠮᠵᠢᠲᠠᠢ᠎ᠪᠠᠷ ᠬᠥᠯᠢᠶᠡᠨ ᠠᠪᠴᠤ ᠴᠢᠳᠠᠭ᠍ᠤ ᠪᠤᠯᠤᠨ᠎ᠠ᠃ ᠮᠦᠨ ᠴᠤ᠌ ᠪᠠᠭᠰᠢ ᠪᠣᠯᠤᠨ ᠬᠡᠦᠬᠡᠳ᠎ᠤᠨ ᠬᠤᠭᠤᠷᠣᠨᠳᠣᠬᠢ ᠤᠶ᠋ᠢᠯᠠᠭ᠋ᠠᠯᠴᠠᠯᠢ ᠤᠯᠠᠮ ᠨᠡᠮᠡᠭᠳᠡᠭᠦᠯᠵᠦ᠂ ᠪᠠᠭᠰᠢ᠎ᠠᠴᠠ ᠬᠡᠦᠬᠡᠳ᠎ᠤᠨ ᠰᠡᠳᠬᠢᠴᠡ ᠵᠢᠨ ᠣᠨᠴᠠᠯᠢᠭ ᠰᠢᠨᠵᠢ᠂ ᠲᠤᠯᠭ᠋ᠠᠮ᠎ᠠ ᠬᠡᠷᠡᠭᠴᠡᠭᠡ ᠵᠢ ᠴᠠᠭ ᠲᠤᠬᠠᠢᠳᠤᠨᠢ ᠭᠦᠨᠵᠡᠭᠡᠢ ᠥᠢ᠍ᠯᠨᠭ᠋ᠠᠵᠦ ᠴᠢᠳᠠᠭ᠍ᠤ ᠪᠤᠯᠤᠮᠵᠢ᠎ᠲᠠᠢ ᠶᠤᠮ᠃
ᠭᠤᠷᠪᠠ᠂ ᠬᠡᠤᠬᠡᠯᠳᠡᠢ ᠵᠦᠴᠦᠬᠡ ᠵᠢ ᠴᠡᠴᠡᠷᠯᠢᠭ᠎ᠤᠨ ᠵᠢᠭ᠋ᠠᠨ ᠰᠤᠷᠭ᠋ᠠᠯᠳᠠ᠎ᠲᠠᠢ ᠤᠶᠠᠯᠳᠤᠭᠤᠯᠬᠤ ᠠᠷᠭ᠎ᠠ ᠬᠡᠯᠪᠡᠷᠢ
1. ᠬᠡᠦᠬᠡᠯᠳᠡᠢ ᠵᠦᠴᠦᠭᠡ ᠵᠢᠨ ᠠᠭᠤᠯᠭ᠎ᠠ ᠵᠢ ᠵᠦᠶ ᠵᠣᠬᠢᠰᠲᠠᠶ ᠰᠣᠩᠭᠤᠬᠤ ᠬᠡᠷᠡᠭᠲᠡᠢ᠃ ᠪᠣᠳᠠᠳᠦ ᠪᠠᠶ᠋ᠢᠳᠠᠯ ᠵᠶ᠋ᠠᠨ ᠦᠨᠳᠦᠰᠦᠯᠡᠨ᠂ ᠮᠡᠳᠡᠯᠭᠡ ᠵᠢᠨ ᠴᠢᠨᠠᠷᠲᠠᠢ ᠵᠦᠴᠦᠭᠡ ᠵᠢ ᠵᠢᠭ᠋ᠠᠨ ᠰᠤᠷᠭ᠋ᠠᠯᠲᠠ᠎ᠳᠤ᠎ᠪᠠᠨ ᠤᠶᠠᠯᠳᠤᠭᠤᠯᠤᠨ᠂ ᠬᠡᠤᠬᠡᠳ᠎ᠢ ᠬᠡᠦᠬᠡᠯᠳᠡᠢ ᠵᠦᠴᠦᠬᠡ ᠰᠤᠨᠢᠷᠬᠠᠬᠤ ᠰᠣᠨᠢᠷᠬᠠᠯᠲᠠᠢ ᠪᠣᠯᠭ᠋ᠠᠨ ᠬᠥᠮᠦᠵᠢᠭᠦᠯᠵᠦ ᠪᠣᠯᠤᠨ᠎ᠠ᠃ ᠵᠢᠱ᠌ᠢᠶᠡᠯᠡᠪᠡᠯ᠄ ᠪᠠᠭ᠎ᠠ ᠠᠩᠭᠢ ᠵᠢᠨ ᠨᠢᠭᠡᠳᠦᠭᠡᠷ ᠬᠤᠭᠤᠴᠠᠭ᠋ᠠᠨ᠎ᠳᠤ ᠪᠤᠯ 《ᠪᠠᠶᠠᠷ ᠬᠦᠷ᠎ᠲᠠᠢ ᠴᠡᠴᠡᠷᠯᠢᠭ᠎ᠲᠤ᠎ᠪᠠᠨ ᠣᠴᠢᠶ᠎ᠠ》 ᠭᠡᠬᠦ ᠬᠡᠤᠬᠡᠯᠲᠡᠢ ᠵᠦᠴᠦᠭᠡ ᠵᠢ ᠲᠣᠬᠢᠷᠠᠭᠤᠯᠵᠤ ᠪᠣᠯᠤᠨ᠎ᠠ᠃ ᠠ᠋ᠨᠡ ᠵᠦᠴᠦᠬᠡ᠎ᠳᠤ ᠭᠦᠯᠦᠭᠡ᠂ ᠤᠨᠠᠭ᠎ᠠ᠂ ᠵᠤᠯᠵᠠᠭ᠋ᠠᠨ ᠮᠤᠤᠷ ᠴᠡᠴᠡᠷᠯᠢᠭ᠎ᠲᠤ ᠰᠠᠭᠤᠭᠰᠠᠨ ᠥᠯᠢᠭᠡᠷ᠎ᠢ ᠶᠠᠷᠢᠵᠤ᠂ ᠪᠠᠭ᠎ᠠ ᠠᠩᠭᠢ ᠵᠢᠨ ᠬᠡᠣᠬᠡᠳ᠎ᠲᠤ ᠳᠤᠬᠢᠶᠠᠯᠳᠤᠵᠤ ᠪᠠᠶ᠋ᠢᠭ᠎ᠠ ᠠᠰᠠᠭᠤᠳᠠᠯ᠎ᠢ ᠢᠯᠡᠷᠡᠭᠦᠯᠵᠦ᠂ 《ᠢᠨᠢᠶᠡᠬᠦ》᠂ 《ᠪᠠᠶᠠᠷ ᠬᠥᠷ᠎ᠲᠠᠢ》 ᠵᠡᠷᠬᠡ ᠦᠭᠡᠰ᠎ᠢ ᠬᠡᠷᠡᠭᠯᠡᠭᠰᠡᠨ᠎ᠠᠴᠠ ᠬᠡᠣᠬᠡᠳ᠎ᠤᠳ᠎ᠤᠨ ᠴᠡᠴᠡᠷᠯᠢᠭ᠎ᠲᠤ ᠤᠴᠢᠬᠤ ᠲᠣᠷ᠎ᠠ ᠪᠠᠬ᠎ᠠ᠂ ᠤᠷᠮ᠎ᠠ ᠵᠣᠷᠢᠭ᠎ᠢ᠎ᠨᠢ ᠬᠦᠪᠴᠢᠯᠡᠨ᠎ᠡ᠃ ᠮᠦᠨ ᠠ᠋ᠬᠦᠨ᠎ᠲᠠᠢ ᠠᠳᠠᠯᠢ᠎ᠪᠠᠷ ᠵᠠᠷᠢᠮ ᠬᠡᠦᠬᠡᠳ ᠬᠤᠭᠤᠯᠡ ᠢᠳᠡᠬᠦ᠎ᠳᠤ᠎ᠪᠠᠨ ᠬᠡᠵᠢᠶᠡᠲᠡ ᠠᠰᠬᠠᠵᠤ ᠭᠤᠭᠤᠵᠢᠭᠤᠯᠳᠠᠭ᠂ ᠠ᠋ᠨᠡ ᠬᠦ᠌ ᠪᠠᠶ᠋ᠢᠳᠠᠯ᠎ᠳᠤ ᠴᠢᠭᠯᠡᠭᠦᠯᠦᠨ 《ᠰᠡᠲᠡᠷᠬᠡᠢ ᠠᠮᠠ᠎ᠲᠠᠢ ᠢᠰᠢᠭᠡ》 ᠭᠡᠬᠦ ᠵᠦᠴᠦᠭᠡ᠎ᠪᠠᠷ ᠳᠠᠮᠵᠢᠭᠤᠯᠤᠨ᠂ ᠬᠤᠭᠤᠯᠡ ᠢᠳᠡᠬᠦ᠎ᠳᠤ᠎ᠪᠠᠨ ᠠᠰᠬᠠᠵᠤ ᠭᠤᠭᠤᠵᠢᠭᠤᠯᠬᠤ ᠦᠭᠡᠢ᠂ ᠬᠤᠭᠤᠯᠡ ᠬᠦᠨᠡᠰᠦ᠎ᠪᠠᠨ ᠠᠷᠪᠢᠯᠠᠨ ᠭᠠᠮᠨᠠᠭ᠍ᠤ ᠭᠡᠷᠡᠭᠲᠡᠢ ᠭᠡᠳᠡᠭ ᠮᠡᠳᠡᠯᠬᠡ ᠵᠢ ᠤᠯᠭᠤᠵᠤ ᠪᠤᠯᠳᠠᠭ᠃ ᠰᠡᠳᠬᠢᠴᠠ ᠵᠢᠨ ᠬᠠᠷᠰᠢ ᠰᠠᠭ᠋ᠠᠳ᠎ᠲᠠᠢ ᠬᠡᠦᠬᠡᠳ᠎ᠲᠤ ᠰᠡᠳᠬᠢᠴᠡ ᠵᠢᠨ ᠲᠤᠬᠠᠢ ᠵᠦᠴᠦᠭᠡ ᠰᠤᠨᠢᠷᠬᠠᠭᠤᠯᠵᠤ᠂ ᠬᠡᠦᠬᠡᠳ᠎ᠤᠨ ᠰᠡᠳᠬᠢᠯ᠎ᠤᠨ ᠵᠠᠩᠭᠢᠷᠠᠭ᠎ᠠ ᠵᠢ᠎ᠨᠢ ᠨᠡᠭᠡᠭᠡᠵᠦ᠂ ᠬᠡᠷᠪᠡ ᠬᠡᠦᠬᠡᠳ᠎ᠤᠳ᠎ᠤᠨ ᠬᠤᠭᠤᠷᠣᠨᠳᠣ ᠵᠥᠷᠢᠴᠡᠯ ᠮᠦᠷᠭᠦᠯᠳᠤᠭᠡᠨ ᠭᠠᠷᠪᠠᠯ᠂ ᠪᠠᠭᠰᠢ ᠬᠡᠤᠬᠡᠯᠲᠡᠢ᠎ᠪᠠᠷ ᠤᠴᠢᠷ ᠶᠠᠪᠣᠳᠠᠯ᠎ᠢ᠎ᠨᠢ ᠲᠦᠷᠰᠦᠯᠡᠨ ᠳᠤᠭᠯᠠᠭᠤᠯᠵᠤ᠂ ᠥᠪᠡᠷ᠎ᠤᠨ ᠪᠤᠷᠤᠭᠤ ᠵᠢ᠎ᠨᠢ ᠮᠡᠳᠡᠷᠡᠬᠦᠯᠬᠦ ᠭᠡᠬᠦ ᠮᠡᠳᠤᠴᠢᠯᠡᠨ ᠬᠡᠤᠬᠡᠳ᠎ᠤᠨ ᠣᠨᠴᠠᠯᠢᠭ᠎ᠲᠤ᠎ᠨᠢ ᠲᠣᠬᠢᠷᠠᠭᠤᠯᠤᠨ ᠪᠣᠳᠠᠳᠠᠢ᠎ᠠᠴᠠ ᠠ᠋ᠬᠦᠰᠴᠦ ᠣᠯᠠᠨ ᠠᠷᠪᠢᠨ ᠦᠯᠢᠭᠡᠷ ᠵᠦᠴᠦᠭᠡ ᠳᠤᠭᠯᠠᠭᠤᠯᠬᠤ ᠪᠤᠶᠤ ᠵᠤᠬᠢᠶᠠᠯᠭ᠋ᠠᠵᠤ ᠪᠣᠯᠣᠨ᠎ᠠ᠃
2. ᠬᠡᠦᠬᠡᠯᠳᠡᠢ ᠪᠦᠲᠦᠭᠡᠨ ᠦᠢ᠍ᠯᠡᠳᠬᠦ᠂ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ᠎ᠳᠤ ᠣᠷᠣᠯᠴᠠᠭ᠍ᠤ ᠢᠳᠡᠪᠬᠢᠵᠢᠯ᠎ᠢ ᠳᠡᠭᠡᠭᠰᠢᠯᠡᠬᠦᠯᠬᠦ ᠵᠤᠷᠢᠯᠭ᠎ᠠ᠎ᠪᠠᠷ ᠬᠡᠤᠬᠡᠯᠳᠡᠢ ᠵᠦᠴᠦᠬᠡ ᠵᠢ ᠠᠰᠢᠭᠯᠠᠨ᠎ᠠ᠃ ᠬᠡᠦᠬᠡᠯᠳᠡᠢ ᠵᠢ ᠦᠢ᠍ᠯᠡᠳᠬᠦ ᠶᠠᠪᠤᠴᠠ ᠵᠢ ᠥᠢ᠍ᠯᠠᠭ᠋ᠠᠭᠤᠯᠬᠤ ᠵᠢᠨ ᠲᠥᠯᠥᠭᠡ᠂ ᠶᠠᠭᠤᠨ᠎ᠤ ᠠ᠋ᠮᠦᠨ᠎ᠡ ᠬᠡᠣᠬᠡᠳ᠎ᠤᠨ ᠵᠢᠷᠤᠭ᠎ᠤᠨ ᠵᠣᠷᠢᠯᠭ᠋ᠠᠲᠤ ᠴᠢᠨᠠᠷ ᠪᠠ ᠲᠥᠯᠥᠪᠯᠡᠭᠡᠲᠦ ᠴᠢᠨᠠᠷ᠎ᠢ ᠳᠡᠭᠡᠭᠰᠢᠯᠡᠭᠦᠯᠬᠦ ᠬᠡᠷᠡᠭᠲᠡᠶ᠃ ᠣᠯᠠᠮᠵᠢᠯᠠᠯᠲᠦ ᠣᠳᠠᠰᠣᠲᠦ ᠬᠡᠤᠬᠡᠯᠲᠡᠢ᠎ᠨᠢ ᠠᠷᠪᠢᠨ ᠤᠳᠠᠰᠦ᠎ᠪᠠᠷ ᠬᠤᠯᠪᠤᠭᠰᠠᠨ ᠪᠠᠢ᠍ᠢ᠍ᠳᠠᠬ᠃ ᠭᠠᠷ ᠬᠥᠯ᠎ᠤᠨ ᠬᠡᠰᠡᠭ᠎ᠢ ᠡᠵᠡᠮᠳᠡᠨ ᠬᠦᠳᠡᠯᠭᠡᠬᠦ᠎ᠳᠤ ᠨᠡᠯᠢᠶᠡᠳ ᠪᠤᠳᠤᠯᠢᠶᠠᠨᠲᠠᠢ᠃ ᠠ᠋ᠨᠡ ᠬᠦ᠌ ᠪᠠᠶ᠋ᠢᠳᠠᠯ᠎ᠳᠤ ᠴᠢᠭᠯᠡᠭᠦᠯᠦᠨ ᠵᠢᠵᠢᠭ ᠲᠤᠭ᠎ᠤᠨ ᠠ᠋ᠰᠢ ᠪᠤᠶᠤ ᠰᠦᠯᠢᠶᠣᠣ ᠰᠣᠷᠣᠭᠤᠯ ᠭᠤᠤᠷᠰᠤ᠎ᠪᠠᠷ ᠠᠵᠢᠯᠯᠠᠭ᠍ᠤ ᠠ᠋ᠰᠢ ᠪᠣᠯᠭ᠋ᠠᠵᠤ᠂ ᠬᠡᠣᠬᠡᠳ᠎ᠤᠨ ᠵᠢᠷᠤᠵᠦ ᠪᠦᠲᠦᠭᠡᠭᠰᠡᠨ ᠠᠮᠢᠲᠠᠨ᠎ᠢ ᠭᠤᠣᠯ ᠳᠦᠷᠢ ᠪᠣᠯᠭ᠋ᠠᠨ᠂ ᠠᠵᠢᠯᠯᠠᠭ᠍ᠤ ᠠ᠋ᠰᠢ ᠪᠠ ᠳᠦᠷᠢ ᠵᠢᠨ ᠲᠦᠷᠪᠡᠨ ᠮᠦᠴᠢ ᠵᠢ ᠬᠤᠭᠤᠷᠣᠨᠳᠣ᠎ᠨᠢ ᠲᠦᠷᠪᠡᠨ ᠣᠳᠠᠰᠦ᠎ᠪᠠᠷ ᠬᠤᠯᠪᠤᠵᠤ᠂ ᠬᠡᠤᠬᠡᠳ ᠡᠵᠡᠮᠳᠡᠬᠦ᠎ᠳᠤ ᠳᠦᠭᠦᠮ ᠪᠤᠯᠭ᠋ᠠᠭᠰᠠᠨ ᠵᠶ᠋ᠠᠷ ᠪᠠᠷᠠᠭ᠍ᠤ ᠦᠭᠡᠢ᠂ ᠲᠣᠭᠯᠠᠯᠲᠠ ᠵᠢᠨ ᠬᠡᠷᠡᠭᠴᠡᠭᠡ ᠵᠢ ᠦᠨᠳᠦᠰᠦᠯᠡᠨ ᠬᠡᠤᠬᠡᠯᠲᠡᠢ ᠵᠢᠨ ᠬᠤᠪᠴᠠᠰᠤ ᠬᠤᠨᠠᠷ᠎ᠤᠨ ᠰᠣᠯᠢᠭᠳᠠᠯ ᠬᠢᠵᠦ ᠪᠤᠯᠬᠤ᠎ᠪᠠᠷ ᠬᠠᠯᠠᠨ ᠦᠬᠡᠷᠡᠴᠢᠯᠡᠨ᠎ᠡ᠃ ᠠ᠋ᠶ᠋ᠢᠮᠦᠷᠬᠦᠤ ᠮᠠᠲ᠋ᠧᠷᠢᠶᠠᠯ ᠪᠣᠯᠤᠨ ᠦᠢ᠍ᠯᠡᠳᠬᠦ ᠠᠷᠭ᠎ᠠ ᠮᠠᠶᠢᠭ᠎ᠨᠢ ᠬᠡᠣᠬᠡᠳ᠎ᠢ ᠰᠢᠭᠤᠳ ᠤᠷᠤᠯᠴᠠᠭᠤᠯᠵᠣ ᠳᠡᠶ᠋ᠢᠯᠬᠦ ᠮᠦᠷᠲᠡᠭᠡᠨ ᠬᠦᠳᠡᠯᠭᠡᠭᠡᠨ᠎ᠳᠤ ᠢᠳᠡᠪᠬᠢᠲᠠᠢ ᠤᠷᠤᠯᠴᠠᠭ᠍ᠣ ᠪᠠᠶᠠᠷ ᠪᠠᠭ᠍ᠠᠳᠤᠯ᠎ᠢ ᠣᠯᠭᠤᠳᠠᠭ᠃ ᠬᠡᠦᠬᠡᠯᠳᠡᠢ ᠵᠢᠨ ᠲᠥᠷᠥᠯ ᠵᠦᠢ᠍ᠯ ᠮᠠᠰᠢ ᠣᠯᠠᠨ ᠪᠠᠶ᠋ᠢᠳᠠᠭ ᠳᠤᠯᠠ ᠠᠩᠬ᠎ᠠ ᠠᠯᠬᠤᠮ ᠬᠡᠤᠬᠡᠳ᠎ᠤᠨ ᠨᠠᠰᠤᠨ᠎ᠤ ᠣᠨᠴᠠᠯᠢᠭ ᠵᠢᠴᠢ ᠡᠵᠡᠮᠳᠡᠬᠦ ᠮᠡᠷᠭᠡᠵᠢᠯ᠎ᠳᠤᠨᠢ ᠳᠤᠬᠢᠷᠠᠯᠴᠠᠭᠤᠯᠤᠨ ᠭᠠᠷ ᠬᠡᠦᠬᠡᠯᠳᠡᠢ᠂ ᠤᠳᠠᠰᠣ᠎ᠲᠦ ᠬᠡᠦᠬᠡᠯᠳᠡᠢ᠂ ᠲᠠᠶᠠᠭᠲᠣ ᠬᠡᠦᠬᠡᠯᠳᠡᠢ᠂ ᠬᠤᠷᠤᠭᠤ ᠬᠡᠤᠬᠡᠯᠲᠡᠢ ᠵᠡᠷᠭᠡ ᠵᠢ ᠠᠰᠢᠭᠯᠠᠨ ᠭᠡᠷᠡᠭᠯᠡᠵᠦ ᠪᠣᠯᠣᠨ᠎ᠠ᠃ 3 ~ 6 ᠨᠠᠰᠣᠨ᠎ᠤ ᠬᠡᠣᠬᠡᠳ᠎ᠤᠨ ᠬᠤᠷᠣᠭᠤᠨᠤ ᠪᠤᠯᠴᠢᠩ᠎ᠤᠨ ᠬᠥᠭᠵᠢᠯᠲᠡ ᠪᠠ ᠴᠡᠴᠡᠷᠯᠢᠭ᠎ᠤᠨ ᠲᠣᠭᠯᠠᠭ᠋ᠠᠮ᠎ᠤᠨ ᠣᠨᠴᠠᠯᠢᠭ᠎ᠢ ᠦᠨᠳᠣᠰᠣᠯᠡᠨ᠂ ᠣᠯᠠᠮᠵᠢᠯᠠᠯᠲᠦ ᠬᠡᠤᠬᠡᠯᠲᠡᠢ ᠵᠦᠴᠦᠭᠡ ᠵᠢ ᠦᠭᠡᠷᠡᠴᠢᠯᠡᠯᠲᠡ ᠬᠢᠵᠦ᠂ ᠰᠢᠨ᠎ᠠ᠎ᠪᠠᠷ ᠬᠡᠣᠬᠡᠯᠲᠡᠢ ᠠ᠋ᠭᠦᠳᠴᠦ᠂ ᠲᠦᠷᠦᠯ ᠵᠦᠢ᠍ᠯ᠎ᠢ ᠦᠷᠭᠡᠳᠬᠡᠨ ᠲᠡᠭᠦᠯᠳᠡᠷᠵᠢᠭᠦᠯᠵᠣ ᠪᠤᠯᠤᠨ᠎ᠠ᠃ ᠲᠦᠰᠦᠭᠡᠯᠡᠨ ᠪᠣᠳᠤᠬᠤ ᠪᠠ ᠠ᠋ᠭᠦᠳᠦᠨ ᠪᠦᠲᠦᠭᠡᠬᠦ ᠴᠢᠳᠠᠪᠤᠷᠢ ᠵᠢ ᠬᠥᠭᠵᠢᠭᠦᠯᠬᠦ ᠵᠢᠨ ᠲᠥᠯᠥᠭᠡ᠂ ᠬᠡᠦᠬᠡᠯᠳᠡᠢ ᠵᠢᠨ ᠬᠤᠭᠤᠰᠣᠨ ᠵᠠᠭᠪᠤᠷ᠎ᠢ ᠬᠠᠩᠭ᠋ᠠᠨ ᠥᠭᠴᠦ᠂ ᠡᠯ᠎ᠡ ᠵᠦᠢ᠍ᠯ᠎ᠤᠨ ᠮᠠᠲ᠋ᠧᠷᠢᠶᠠᠯ ᠵᠶ᠋ᠠᠷ ᠬᠡᠦᠬᠡᠯᠳᠡᠢ ᠵᠣᠬᠢᠶᠠᠵᠤ᠂ ᠨᠠᠩ ᠰᠣᠨᠢᠷᠬᠠᠯᠲᠠᠢ᠂ ᠦᠪᠡᠷ᠎ᠤᠨ ᠬᠦᠰᠡᠵᠤ ᠰᠠᠨᠠᠭᠰᠠᠨ ᠬᠡᠦᠬᠡᠯᠳᠡᠢ ᠵᠢᠨ ᠳᠦᠷᠢ ᠵᠢ ᠥᠢ᠍ᠯᠡᠳᠣᠨ ᠪᠦᠲᠦᠭᠡᠵᠦ ᠪᠣᠯᠳᠠᠭ᠃ ᠬᠡᠣᠬᠡᠳ᠎ᠤᠨ ᠨᠠᠰᠣᠨ᠎ᠤ ᠣᠨᠴᠠᠯᠢᠭ᠎ᠲᠤ᠎ᠨᠢ ᠲᠣᠭᠢᠷᠠᠭᠤᠯᠤᠨ᠂ ᠠᠮᠢᠳᠣᠷᠠᠯ ᠲᠣᠮᠳᠡ ᠦᠷᠭᠦᠯᠵᠢ ᠬᠠᠷᠠᠭᠳᠠᠵᠤ ᠭᠡᠷᠡᠭᠯᠡᠭᠳᠡᠳᠡᠭ ᠦᠩᠭᠡᠲᠦ ᠴᠠᠭ᠋ᠠᠰᠤ᠂ ᠪᠦᠰ᠂ ᠪᠡᠭᠡᠯᠠᠢ᠂ ᠬᠠᠶ᠋ᠢᠷᠴᠠᠭ᠂ ᠴᠠᠭ᠋ᠠᠰᠤᠨ ᠴᠤᠮᠤ᠂ ᠰᠦᠯᠢᠶᠣᠣ ᠤᠭᠤᠲᠠ᠂ ᠯᠣᠩᠬᠤᠨ ᠲᠠᠭᠯᠠᠭ᠎ᠠ ᠵᠡᠷᠭᠡ ᠬᠠᠶᠠᠭᠳᠠᠮᠠᠯ ᠪᠣᠳᠠᠰ ᠪᠣᠯᠣᠨ ᠦᠨᠳᠣᠰᠣᠳᠡᠨ᠎ᠤ ᠤᠨᠴᠠᠯᠢᠭ ᠪᠦᠬᠦᠢ ᠠ᠋ᠳ᠋ᠯᠡᠯ ᠬᠡᠷᠡᠭᠰᠡᠯ ᠲᠣᠷᠭ᠎ᠠ ᠳᠤᠷᠳᠤᠩ᠂ ᠢᠰᠡᠭᠡᠢ᠂ ᠠᠷᠠᠰᠤ᠂ ᠱᠠᠭ᠎ᠠ ᠵᠡᠷᠭᠡ ᠵᠢ ᠠᠰᠢᠭᠯᠠᠨ᠂ ᠵᠢᠷᠣᠬᠤ᠂ ᠬᠠᠶ᠋ᠢᠴᠢᠯᠠᠬᠤ᠂ ᠨᠠᠭ᠋ᠠᠬᠤ᠂ ᠬᠠᠳᠠᠭ᠍ᠤ᠂ ᠤᠶᠠᠭ᠍ᠤ ᠠᠷᠭ᠎ᠠ ᠮᠠᠶᠢᠭ ᠵᠶ᠋ᠠᠷ ᠰᠢᠨ᠎ᠠ ᠬᠡᠣᠬᠡᠯᠲᠡᠢ ᠪᠠᠭ᠋ᠠᠵᠢ ᠵᠢ ᠣᠯᠠᠷᠢᠭᠤᠯᠣᠨ ᠰᠢᠨᠡᠳᠭᠡᠯ ᠬᠢᠵᠦ ᠪᠣᠯᠣᠨ᠎ᠠ᠃ ᠵᠢᠱ᠌ᠢᠶᠡᠯᠡᠪᠡᠯ᠄ ᠴᠠᠭ᠋ᠠᠰᠤ᠎ᠪᠠᠷ ᠬᠢᠭᠰᠡᠨ ᠵᠠᠭ᠋ᠠᠨ᠎ᠤ ᠲᠣᠯᠣᠭ᠋ᠠᠶ ᠵᠢᠨ ᠳᠤᠮᠳᠠ ᠨᠢᠭᠡ ᠨᠦᠬᠡ ᠭᠠᠷᠭ᠋ᠠᠨ᠂ ᠳᠤᠯᠢᠶᠠᠪᠤᠷ ᠬᠤᠷᠤᠭᠤ᠎ᠪᠠᠨ ᠭᠠᠷᠭ᠋ᠠᠨ ᠵᠠᠭ᠋ᠠᠨ᠎ᠤ ᠬᠠᠮᠠᠷ ᠪᠤᠯᠭ᠋ᠠᠬᠤ; ᠬᠠᠢ᠍ᠢ᠍ᠷᠴᠠᠭ ᠵᠶ᠋ᠠᠷ ᠬᠢᠭᠰᠡᠨ ᠶᠠᠰᠤᠲᠤ ᠮᠡᠯᠡᠬᠡᠢ ᠵᠢᠨ ᠪᠡᠶ᠎ᠡ ᠵᠢᠨ ᠳᠣᠣᠷ᠎ᠠ ᠬᠡᠰᠡᠭ᠎ᠢ᠎ᠨᠢ ᠬᠤᠶᠠᠷ ᠨᠦᠬᠡᠯᠡᠵᠦ᠂ ᠬᠡᠦᠬᠡᠳ᠎ᠤᠨ ᠳᠤᠯᠢᠶᠠᠪᠤᠷ ᠬᠤᠷᠤᠭᠤ ᠪᠠ ᠳᠤᠮᠳᠠ ᠬᠤᠷᠤᠭᠤ ᠵᠢ᠎ᠨᠢ ᠪᠣᠯᠲᠠᠶ᠋ᠢᠯᠭ᠋ᠠᠨ ᠶᠠᠰᠤᠲᠤ ᠮᠡᠯᠡᠬᠡᠢ ᠵᠢᠨ ᠬᠥᠯ ᠪᠤᠯᠭ᠋ᠠᠬᠤ; ᠴᠠᠭ᠋ᠠᠰᠤᠨ ᠴᠣᠮᠣᠨᠤ ᠬᠠᠭ᠋ᠠᠰ ᠵᠶ᠋ᠠᠷ ᠲᠠᠤᠯᠠᠢ ᠵᠢᠨ ᠲᠣᠯᠣᠭ᠋ᠠᠢ ᠬᠢᠵᠦ᠂ ᠳᠤᠯᠢᠶᠠᠪᠤᠷ ᠬᠤᠷᠤᠭᠤ ᠪᠠ ᠳᠤᠮᠳᠠ ᠬᠤᠷᠤᠭᠤᠨᠳᠤᠪᠠᠨ ᠤᠭᠯᠠᠵᠤ ᠲᠠᠤᠯᠠᠢ ᠵᠢᠨ ᠴᠢᠬᠢ ᠪᠣᠯᠭ᠋ᠠᠬᠤ; ᠠ᠋ᠷᠡᠬᠡᠶ ᠬᠤᠷᠤᠭᠤ ᠪᠠ ᠳᠤᠯᠢᠶᠠᠪᠤᠷ ᠬᠤᠷᠤᠭᠤ᠎ᠪᠠᠷ ᠨᠤᠭᠤᠰᠤᠨ᠎ᠤ ᠠᠮᠠ ᠪᠣᠯᠭ᠋ᠠᠬᠤ ᠵᠡᠷᠭᠡ ᠣᠯᠠᠨ ᠶᠠᠩᠵᠤ᠎ᠪᠠᠷ ᠬᠡᠤᠬᠡᠳ᠎ᠤᠨ ᠰᠤᠨᠢᠷᠬᠠᠯᠳᠤ ᠲᠣᠬᠢᠷᠠᠭᠤᠯᠤᠨ ᠰᠢᠨᠡᠴᠢᠯᠡᠵᠦ ᠪᠣᠯᠣᠨ᠎ᠠ᠃ ᠳᠡᠭᠡᠷᠡᠬᠢ ᠠᠷᠭ᠎ᠠ᠎ᠨᠤᠭᠤᠳ᠎ᠨᠢ ᠬᠡᠣᠬᠡᠳ᠎ᠤᠨ ᠵᠢᠷᠤᠭ ᠵᠢᠷᠤᠬᠤ ᠠᠷᠭ᠎ᠠ ᠮᠠᠶᠢᠭ᠎ᠢ ᠪᠠᠶᠠᠯᠢᠬ᠍ᠵᠢᠭᠤᠯᠵᠤ᠂ ᠵᠢᠷᠤᠵᠤ ᠲᠥᠯᠥᠪᠯᠡᠬᠦ ᠴᠢᠳᠠᠪᠤᠷᠢ ᠪᠠ ᠵᠢᠷᠤᠭ ᠵᠢᠷᠤᠬᠤ ᠤᠷᠮ᠎ᠠ ᠪᠠᠬ᠎ᠠ ᠵᠢ᠎ᠨᠢ ᠳᠡᠭᠡᠭᠰᠢᠯᠡᠭᠦᠯᠵᠦ ᠴᠢᠳᠠᠨ᠎ᠠ᠃ ᠮᠦᠨ ᠴᠤ᠌ ᠭᠠᠷᠠᠭ᠎ᠤᠨ ᠰᠡᠭᠦᠯᠴᠢ ᠪᠤᠶᠤ ᠠᠮᠠᠷᠠᠯᠲᠠ ᠵᠢᠨ ᠬᠤᠭᠤᠴᠠᠭ᠋ᠠᠨ᠎ᠳᠤ᠂ ᠡᠴᠢᠭᠡ ᠠ᠋ᠬᠡᠲᠠᠢᠪᠠᠨ ᠬᠠᠮᠲᠤ ᠬᠡᠤᠬᠡᠯᠲᠡᠢ ᠲᠣᠭᠯᠠᠭ᠋ᠠᠮ ᠥᠢ᠍ᠯᠡᠳᠣᠨ᠂ ᠬᠠᠶ᠋ᠢᠷ᠎ᠠ ᠰᠡᠳᠬᠢᠯᠭᠡ᠎ᠪᠠᠨ ᠰᠣᠯᠢᠯᠴᠠᠭ᠍ᠤ ᠵᠠᠪᠰᠢᠶᠠᠨ ᠣᠯᠭᠤᠳᠠᠭ᠃ ᠮᠠᠲ᠋ᠧᠷᠢᠶᠠᠯ ᠰᠣᠩᠭᠤᠬᠤ᠎ᠠᠴᠠ ᠭᠠᠳᠠᠷ ᠬᠡᠯᠪᠡᠷᠢ ᠵᠢ ᠲᠦᠰᠦᠪᠯᠡᠨ ᠦᠢ᠍ᠯᠡᠳᠬᠦ ᠬᠦᠷᠳᠡᠯ᠎ᠡ ᠬᠠᠮᠳᠤ᠎ᠪᠠᠷ ᠵᠶ᠋ᠠᠨ ᠵᠦᠪᠳᠡᠯᠴᠡᠵᠤ᠂ ᠪᠣᠳᠣᠯ ᠵᠶ᠋ᠠᠨ ᠰᠣᠯᠢᠯᠴᠠᠭ᠍ᠤ ᠴᠢᠬᠤᠯᠠᠲᠠᠢ᠂ ᠪᠦᠬᠦ᠋ᠢ᠍ᠯᠡ ᠶᠠᠪᠤᠴᠠ᠎ᠳᠤ ᠬᠢᠵᠠᠭ᠋ᠠᠷᠯᠠᠰᠢ ᠦᠭᠡᠢ ᠪᠠᠶᠠᠷ ᠪᠠᠭ᠍ᠠᠳᠤᠯ᠎ᠢ ᠣᠯᠵᠤ᠂ ᠠ᠋ᠭᠦᠨ᠎ᠠᠴᠠ ᠬᠡᠦᠬᠡᠳ᠎ᠤᠨ ᠦᠭᠡ ᠬᠡᠯᠡᠨ᠎ᠤ ᠬᠢᠷᠢ ᠲᠦᠪᠰᠢᠨ ᠴᠤ᠌ ᠳᠡᠬᠡᠭᠰᠢᠯᠡᠵᠤ᠂ ᠭᠡᠷ ᠪᠦᠯᠢ ᠵᠢᠨ ᠰᠤᠷᠭ᠋ᠠᠨ ᠬᠥᠮᠦᠵᠢᠯ᠎ᠤᠨ ᠶᠠᠰᠤ ᠴᠢᠨᠠᠷ᠎ᠢ ᠳᠡᠬᠡᠭᠰᠢᠯᠡᠬᠦᠯᠬᠦ ᠮᠦᠷᠳᠡᠬᠡᠨ ᠬᠡᠦᠬᠡᠳ᠎ᠤᠨ ᠠ᠋ᠷᠡᠭᠦᠯ ᠴᠢᠭᠢᠷᠠᠭ᠂ ᠪᠠᠶᠠᠷ ᠪᠠᠶᠠᠰᠬᠤᠯᠠᠩ᠎ᠲᠠᠢ᠎ᠪᠠᠷ ᠦᠰᠦᠨ ᠪᠤᠶ᠋ᠢᠵᠢᠬᠤ᠎ᠳᠤ ᠳᠤᠰᠠᠯᠠᠳᠠᠭ᠃ ᠠ᠋ᠶ᠋ᠢᠮᠦ᠎ᠠᠴᠠ ᠬᠡᠤᠬᠡᠯᠳᠡᠢ ᠵᠢ ᠴᠡᠴᠡᠷᠯᠢᠭ᠎ᠤᠨ ᠵᠢᠭ᠋ᠠᠨ ᠰᠤᠷᠭ᠋ᠠᠯᠳᠠ᠎ᠳᠤ ᠠᠰᠢᠭᠯᠠᠭ᠍ᠤ ᠨᠢᠬᠡᠨ ᠴᠢᠬᠤᠯᠠ ᠠᠷᠭ᠎ᠠ᠎ᠨᠢ ᠳᠠᠷᠤᠢ ᠬᠡᠷ ᠪᠦᠯᠢ ᠵᠢᠨ ᠬᠠᠮᠳᠤᠷᠠᠯᠴᠠᠭ᠎ᠠ ᠵᠢ ᠤᠯᠠᠮ ᠨᠢᠬᠳᠠᠷᠠᠭᠤᠯᠵᠤ᠂ ᠭᠡᠷ᠎ᠤᠨ ᠬᠦᠮᠦᠵᠢᠯ᠂ ᠰᠤᠷᠭ᠋ᠠᠭᠤᠯᠢ ᠵᠢᠨ ᠬᠦᠮᠦᠵᠢᠯ᠎ᠤᠨ ᠤᠶᠠᠯᠳᠤᠭ᠎ᠠ ᠵᠢ ᠳᠡᠬᠦᠯᠳᠡᠷᠵᠢᠬᠦᠯᠬᠦ ᠶᠠᠪᠤᠳᠠᠯ ᠪᠤᠯᠤᠨ᠎ᠠ᠃
3. ᠬᠡᠦᠬᠡᠯᠳᠡᠢ ᠵᠦᠴᠦᠭᠡ ᠵᠢᠨ ᠲᠣᠭᠯᠠᠯᠲᠠ᠎ᠳᠤ ᠬᠡᠣᠬᠡᠳ᠎ᠤᠨ ᠢᠳᠡᠪᠬᠢᠯᠡᠨ ᠣᠷᠣᠯᠴᠠᠭ᠍ᠤ ᠵᠢ ᠵᠣᠷᠢᠬ᠍ᠵᠢᠭᠤᠯᠬᠤ ᠬᠡᠷᠡᠭᠲᠡᠢ᠃ ᠵᠠᠷᠢᠮ ᠬᠡᠣᠬᠡᠳ ᠲᠥᠷᠥᠯᠬᠢ ᠵᠢᠨ ᠳᠤᠭᠯᠠᠭ᠍ᠤ ᠳᠤᠷᠠᠲᠠᠢ ᠪᠠᠶ᠋ᠢᠳᠠᠭ᠃ ᠳᠤᠭᠯᠠᠭ᠋ᠠᠮᠢ ᠰᠠᠨᠠᠭ᠋ᠠᠴᠢᠯᠠᠭ᠎ᠠ᠎ᠠᠴᠠ᠎ᠪᠠᠨ ᠪᠡᠶᠡᠯᠡᠭᠦᠯᠵᠦ ᠴᠢᠳᠠᠳᠠᠭ᠃ ᠭᠡᠪᠡᠴᠦ ᠵᠠᠷᠢᠮ ᠬᠡᠣᠬᠡᠳ ᠥᠪᠡᠷ᠎ᠤᠨ ᠵᠠᠩ ᠠᠷᠠᠨᠰᠢᠨ ᠵᠢᠴᠢ ᠭᠡᠷ ᠪᠦᠯᠢ ᠵᠢᠨ ᠬᠢᠨᠢ ᠣᠷᠴᠢᠨ ᠲᠣᠭᠤᠷᠢᠨ᠎ᠤ ᠨᠥᠯᠥᠭᠡᠯᠡᠯ᠎ᠠᠴᠠ ᠪᠣᠯᠵᠤ᠂ ᠲᠣᠭᠯᠠᠭ᠍ᠤ ᠰᠣᠨᠢᠷᠬᠠᠯᠲᠠᠢ ᠪᠠᠶ᠋ᠢᠭᠰᠠᠨ ᠴᠤ᠌ ᠦᠪᠡᠷ᠎ᠤᠨ ᠳᠤᠲᠤᠭ᠋ᠠᠲᠦ ᠰᠡᠳᠬᠢᠯᠭᠡ᠎ᠪᠠᠨ ᠬᠦᠯᠢᠶᠡᠰᠦᠯᠡᠳᠡᠭ᠃ ᠠ᠋ᠶ᠋ᠢᠮᠦᠷᠬᠦᠤ ᠪᠠᠶ᠋ᠢᠳᠠᠯ᠎ᠨᠢ ᠬᠡᠦᠬᠡᠯᠳᠡᠢ ᠵᠦᠴᠦᠭᠡ ᠳᠤᠭᠯᠠᠭ᠍ᠤ ᠶᠠᠪᠤᠴᠠ᠎ᠳᠤ ᠬᠠᠮᠲᠤᠷᠠᠨ ᠠᠵᠢᠯᠯᠠᠭ᠍ᠤ ᠳᠤᠮᠳᠠ ᠠᠭ᠋ᠠᠵᠢᠮ ᠵᠶ᠋ᠠᠷ ᠦᠭᠡᠷᠡᠴᠢᠯᠡᠭᠳᠡᠨ᠂ ᠬᠠᠷᠢᠯᠴᠠᠨ ᠵᠣᠷᠢᠬ᠍ᠵᠢᠭᠤᠯᠤᠯ᠎ᠤᠨ ᠳᠤᠮᠳᠠ ᠵᠠᠰᠠᠷᠠᠳᠠᠭ᠃ ᠵᠦᠴᠦᠭᠡ ᠲᠤᠭᠯᠠᠭ᠍ᠤ ᠠᠵᠢᠯᠯᠠᠭ᠎ᠠ᠎ᠳᠤ ᠤᠷᠤᠯᠴᠠᠨ᠂ ᠦᠪᠡᠷ᠎ᠤᠨ ᠵᠶ᠋ᠠᠨ ᠠᠪᠢᠶᠠᠰ᠎ᠢ ᠢᠯᠡᠷᠡᠬᠦᠯᠬᠦ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠪᠠᠯ᠂ ᠢᠷᠡᠭᠡᠳᠦᠶ᠎ᠳᠤ ᠤᠯᠠᠮ ᠠᠮᠵᠢᠯᠳᠠ ᠤᠯᠬᠤ᠎ᠳᠤ ᠳᠤᠰᠠᠯᠠᠭ᠍ᠤ ᠪᠤᠯᠤᠨ᠎ᠠ᠃ ᠣᠯᠠᠨ ᠤᠳᠠᠭ᠋ᠠᠨ᠎ᠤ ᠲᠣᠭᠯᠠᠯᠲᠠ ᠵᠢ ᠳᠠᠮᠵᠢᠭ᠋ᠠᠳ ᠬᠡᠣᠬᠡᠳ᠎ᠤᠳ ᠤᠯᠠᠮ ᠵᠤᠷᠢᠭ ᠰᠦᠰᠦᠲᠠᠢ ᠪᠤᠯᠵᠤ᠂ ᠠᠶᠤᠵᠤ ᠰᠤᠴᠢᠬᠤ᠎ᠪᠠᠨ ᠪᠤᠯᠢᠨ᠎ᠠ᠃ ᠴᠠᠭ᠋ᠠᠰᠢᠯᠠᠪᠠᠯ ᠪᠠᠭᠰᠢ ᠵᠢᠨ ᠵᠢᠯᠤᠭᠤᠳᠤᠯᠭ᠎ᠠ᠎ᠪᠠᠷ ᠬᠡᠦᠬᠡᠳ᠎ᠤᠨ ᠢᠳᠡᠪᠬᠢᠲᠡᠢ ᠤᠪᠤᠷ᠂ ᠴᠣᠪᠣᠭᠤ ᠳᠡᠭᠵᠢᠨ ᠥᠪᠡᠷᠮᠢᠴᠡ ᠴᠢᠨᠠᠷ᠎ᠢ ᠠᠭ᠋ᠠᠵᠢᠮ ᠵᠶ᠋ᠠᠷ ᠪᠤᠢ ᠪᠤᠯᠭ᠋ᠠᠵᠤ᠂ ᠪᠣᠳᠠᠲᠤ ᠠᠮᠢᠳᠤᠷᠠᠯ᠎ᠤᠨ ᠳᠤᠮᠳᠠ ᠪᠡᠶᠡᠯᠡᠭᠦᠯᠵᠦ ᠳᠡᠶ᠋ᠢᠯᠬᠦ ᠦᠭᠡᠢ ᠬᠦᠰᠡᠯ ᠮᠦᠷᠦᠬᠡᠳᠦᠯ᠎ᠢ᠎ᠨᠢ ᠨᠥᠬᠦᠪᠥᠷᠢᠯᠡᠵᠦ᠂ ᠠᠮᠢᠳᠤᠷᠠᠯᠳᠤᠨᠢ ᠲᠤᠬᠢᠶᠠᠯᠳᠤᠭᠰᠠᠨ ᠤᠷᠮ᠎ᠠ ᠵᠢ᠎ᠨᠢ ᠬᠤᠭᠤᠯᠤᠭᠰᠠᠨ ᠵᠦᠢ᠍ᠯ᠎ᠢ ᠦᠬᠡᠶ᠋ᠢᠰᠬᠡᠵᠤ᠂ ᠬᠡᠦᠬᠡᠳ᠎ᠤᠨ ᠰᠡᠳᠬᠢᠴᠡ ᠵᠢᠨ ᠠ᠋ᠷᠡᠭᠦᠯ ᠮᠡᠨᠳᠦ ᠵᠢ ᠰᠠᠶ᠋ᠢᠵᠢᠷᠠᠭᠤᠯᠬᠤ᠎ᠳᠤ ᠠᠰᠢᠭᠲᠠᠢ ᠪᠠᠶ᠋ᠢᠳᠠᠭ᠃ ᠳᠡᠶ᠋ᠢᠮᠦ ᠬᠡᠤᠬᠡᠯᠳᠡᠢ ᠵᠦᠴᠦᠬᠡ ᠵᠢ ᠬᠡᠤᠬᠡᠳ᠎ᠤᠨ ᠰᠡᠳᠬᠢᠴᠡ ᠵᠢᠨ ᠬᠦᠮᠦᠵᠢᠯ᠎ᠲᠠᠢ ᠤᠶᠠᠯᠳᠤᠭᠤᠯᠤᠨ ᠬᠡᠷᠡᠭᠯᠡᠵᠤ ᠪᠤᠯᠬᠤ ᠶᠤᠮ᠃ ᠠ᠋ᠨᠡ ᠪᠤᠯ ᠬᠡᠤᠬᠡᠯᠳᠡᠢ ᠵᠦᠴᠦᠬᠡ ᠵᠢ ᠴᠡᠴᠡᠷᠯᠢᠭ᠎ᠤᠨ ᠵᠢᠭ᠋ᠠᠨ ᠰᠤᠷᠭ᠋ᠠᠯᠳᠠ᠎ᠲᠠᠢ ᠤᠶᠠᠯᠳᠤᠭᠤᠯᠬᠤ ᠴᠢᠬᠤᠯᠠ ᠨᠢᠬᠡᠨ ᠠᠷᠭ᠎ᠠ ᠬᠡᠯᠪᠡᠷᠢ ᠪᠤᠯᠤᠨ᠎ᠠ᠃ ᠳᠡᠶ᠋ᠢᠮᠦ᠎ᠠᠴᠠ ᠴᠡᠴᠡᠷᠯᠢᠭ᠎ᠤᠨ ᠵᠢᠭ᠋ᠠᠨ ᠰᠤᠷᠭ᠋ᠠᠯᠲᠠ᠎ᠳᠤ ᠬᠡᠦᠬᠡᠯᠳᠡᠢ ᠵᠦᠴᠦᠭᠡ ᠵᠢ ᠠᠰᠢᠭᠯᠠᠭ᠍ᠤ᠎ᠨᠢ ᠬᠡᠦᠬᠡᠳ᠎ᠤᠨ ᠪᠦᠬᠦ ᠲᠠᠯ᠎ᠠ ᠵᠢᠨ ᠬᠥᠭᠵᠢᠯᠲᠡ ᠵᠢ ᠠ᠋ᠶᠡᠷᠬᠦᠪᠠᠷ ᠨᠦᠯᠦᠬᠡᠯᠡᠵᠤ ᠰᠢᠨ᠎ᠡ ᠴᠠᠭ ᠦᠶ᠎ᠡ ᠵᠢᠨ ᠴᠡᠴᠡᠷᠯᠢᠭ᠎ᠤᠨ ᠵᠢᠭ᠋ᠠᠨ ᠰᠤᠷᠭ᠋ᠠᠯᠳᠠ᠎ᠲᠠᠢ ᠵᠤᠬᠢᠴᠠᠵᠤ᠂ ᠬᠡᠣᠬᠡᠳ᠎ᠤᠨ ᠪᠦᠬᠦ ᠲᠠᠯ᠎ᠠ ᠵᠢᠨ ᠬᠦᠮᠦᠵᠢᠯ᠎ᠢ ᠠᠬᠢᠭᠤᠯᠬᠤ᠎ᠳᠤ ᠠᠰᠢᠭᠲᠠᠢ ᠪᠠᠶ᠋ᠢᠳᠠᠭ ᠶᠤᠮ᠃
ᠬᠠᠶᠢᠬ᠄ ᠰᠦᠨᠢᠳ ᠪᠠᠷᠠᠭᠤᠨ ᠬᠤᠰᠢᠭᠤᠨ᠎ᠤ
ᠨᠠᠷᠠᠨᠪᠤᠯᠠᠭ ᠮᠣᠩᠭᠤᠯ ᠦᠨᠳᠤᠰᠦᠳᠡᠨ᠎ᠤ
ᠬᠡᠣᠬᠡᠳ᠎ᠤᠨ ᠴᠡᠴᠡᠷᠯᠢᠭ
(ᠰᠦᠶ᠎ᠠ ᠨᠠᠢ᠍ᠢ᠍ᠷᠠᠭᠤᠯᠪᠠ)
2020 ᠤᠨ᠎ᠤ 2 ᠳ᠋ᠤᠭ᠋ᠠᠷ ᠬᠤᠭᠤᠴᠠᠭ᠎ᠠ