ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠤᠷ᠎ᠤᠨ ᠲᠠᠪᠴᠠᠩ   -   ᠬᠡᠣᠬᠡᠳ᠎ᠤᠨ ᠬᠦᠮᠦᠵᠢᠯ
ᠰᠤᠷᠤᠯᠭ᠎ᠠ ᠬᠤᠴᠤᠷᠤᠩᠭᠤᠢ ᠰᠤᠷᠤᠭᠴᠢ ᠵᠢ ᠬᠦᠮᠦᠵᠢᠭᠦᠯᠬᠦ ᠠᠵᠢᠯ᠎ᠤᠨ ᠲᠤᠬᠠᠢ
ᠨᠡᠶ᠋ᠢᠲᠡᠯᠡᠭᠰᠡᠨ ᠴᠠᠭ᠄ 2023-11-17

                              ᠮᠦᠴᠢᠷ


幼儿教育1.png


      《ᠠᠪᠦ ᠵᠢᠨ ᠬᠦᠦ ᠠᠳᠠᠯᠢ ᠦᠭᠡᠢ᠂ ᠠᠷᠪᠠᠨ ᠬᠤᠷᠤᠭᠤ ᠲᠡᠭᠰᠢ ᠦᠭᠡᠢ》 ᠭᠡᠳᠡᠭᠴᠢᠯᠡᠨ᠂ ᠵᠢᠭ᠋ᠠᠨ ᠰᠤᠷᠭ᠋ᠠᠯᠳᠠ ᠵᠢᠨ ᠶᠠᠪᠤᠴᠠ᠎ᠳᠤ ᠰᠤᠷᠤᠭᠴᠢᠳ᠎ᠤᠨ ᠰᠤᠷᠤᠯᠭ᠎ᠠ ᠵᠢᠨ ᠬᠢᠷᠢ ᠲᠦᠪᠰᠢᠨ᠎ᠤ ᠲᠠᠯ᠎ᠠ᠎ᠪᠠᠷ᠎ᠬᠢ ᠵᠦᠷᠢᠶ᠎ᠡ ᠵᠥᠩᠳᠡᠭᠡᠨ ᠢᠯᠡᠷᠡᠵᠤ᠂ ᠤᠨᠴᠠ ᠵᠠᠷᠢᠮ ᠠᠨᠭ᠌ᠬᠢ ᠨᠢᠭᠡᠴᠢ᠎ᠨᠢ ᠰᠤᠷᠤᠯᠭ᠎ᠠ ᠵᠢᠨ ᠲᠠᠯ᠎ᠠ᠎ᠪᠠᠷ ᠬᠤᠶᠠᠷ ᠲᠤᠶ᠋ᠢᠯᠰᠢᠷᠠᠨ᠂ ᠠᠨᠭ᠌ᠬᠢ ᠨᠢᠭᠡᠴᠢ ᠵᠢᠨ ᠪᠦᠬᠦᠯᠢ ᠴᠤᠭᠴᠠ ᠵᠢᠨ ᠰᠤᠷᠤᠯᠭ᠎ᠠ ᠵᠢᠨ ᠶᠠᠰᠤ ᠴᠢᠨᠠᠷ᠎ᠢ ᠨᠦᠯᠦᠭᠡᠯᠡᠳᠡᠭ᠃ ᠠ᠋ᠶ᠋ᠢᠮᠦ᠎ᠠᠴᠠ ᠨᠢᠭᠡᠨ ᠠᠨᠭ᠌ᠬᠢ ᠨᠢᠭᠡᠴᠢ ᠵᠢᠨ ᠰᠤᠷᠤᠯᠭ᠎ᠠ ᠵᠢᠨ ᠶᠠᠰᠤ ᠴᠢᠨᠠᠷ᠎ᠢ ᠪᠦᠬᠦᠯᠢ ᠴᠤᠭᠴᠠ ᠵᠢᠨ ᠲᠠᠯ᠎ᠠ᠎ᠠᠴᠠ ᠰᠢᠯᠢᠳᠡᠭᠵᠢᠭᠦᠯᠦᠶ᠎ᠡ ᠬᠡᠪᠡᠯ ᠬᠤᠶᠠᠷ ᠲᠤᠶ᠋ᠢᠯ᠎ᠤᠨ ᠰᠤᠷᠤᠭᠴᠢ ᠵᠢ ᠬᠠᠷᠠᠭ᠋ᠠᠯᠵᠠᠭ᠍ᠤ ᠵᠢ ᠤᠨᠴᠠ ᠠᠩᠬᠠᠷᠬᠤ ᠬᠡᠷᠩᠳᠠᠢ᠃ ᠤᠨᠴᠠᠭ᠋ᠠᠶ᠋ᠢᠯᠠᠨ ᠰᠤᠷᠤᠯᠭ᠎ᠠ ᠬᠤᠴᠤᠷᠤᠩᠭᠤᠢ ᠰᠤᠷᠤᠭᠴᠢ ᠵᠢ ᠬᠠᠪᠰᠤᠷᠴᠤ ᠳᠡᠭᠡᠭᠰᠢᠯᠡᠭᠦᠯᠬᠦ ᠠᠵᠢᠯ᠎ᠢ ᠨᠡᠩ ᠴᠢᠬᠤᠯᠠᠴᠢᠯᠠᠨ ᠠᠳᠬᠤᠬᠤ ᠴᠢᠬᠤᠯᠠᠲᠠᠢ᠃ ᠡ᠊ᠨᠳᠠ ᠪᠢ ᠠᠵᠢᠯ᠎ᠤᠨ ᠲᠤᠮᠳᠠᠬᠢ ᠤᠯᠤᠯᠳᠠ ᠲᠦᠷᠦᠭᠳᠡᠯ ᠵᠶ᠋ᠠᠨ ᠠ᠋ᠷᠬᠢᠴᠡᠭᠦᠯᠦᠨ ᠰᠤᠷᠤᠯᠭ᠎ᠠ ᠬᠤᠴᠤᠷᠤᠩᠭᠤᠢ ᠰᠤᠷᠤᠭᠴᠢ ᠵᠢ ᠬᠠᠪᠰᠤᠷᠴᠤ ᠲᠡᠭᠡᠭᠰᠢᠯᠡᠭᠦᠯᠬᠦ ᠠᠵᠢᠯ᠎ᠢ ᠬᠡᠷᠬᠢᠨ ᠬᠢᠪᠡᠯ ᠵᠤᠬᠢᠬᠤ ᠲᠤᠬᠠᠢ ᠮᠦᠴᠢᠳᠬᠡᠨ ᠦᠬᠦᠯᠡᠶ᠎ᠡ᠃
      ᠨᠢᠭᠡ᠂ ᠰᠤᠷᠤᠯᠭ᠎ᠠ ᠬᠤᠴᠤᠷᠤᠩᠭᠤᠢ ᠰᠤᠷᠤᠭᠴᠢ ᠵᠢᠨ ᠪᠤᠰᠤᠳ᠎ᠠᠴᠠ ᠬᠤᠴᠤᠷᠴᠤ ᠪᠠᠶ᠋ᠢᠭ᠎ᠠ ᠰᠢᠯᠳᠠᠭ᠋ᠠᠨ᠎ᠢ ᠵᠠᠳᠠᠯᠬᠤ᠎ᠠᠴᠠ ᠠᠵᠢᠯ᠎ᠤᠨ ᠠ᠋ᠬᠢᠯᠡᠯᠲᠡ ᠪᠤᠯᠭ᠋ᠠᠵᠦ ᠪᠤᠯᠤᠨ᠎ᠠ᠃
      ᠰᠤᠷᠤᠯᠭ᠎ᠠ ᠬᠤᠴᠤᠷᠤᠩᠭᠤᠢ ᠰᠤᠷᠤᠭᠴᠢ ᠵᠢᠨ ᠪᠡᠶ᠎ᠡ ᠰᠡᠳᠬᠢᠴᠡ ᠵᠡᠷᠭᠡ ᠲᠠᠯ᠎ᠠ᠎ᠳᠤ ᠵᠡᠳᠡᠯᠤᠯᠲᠠ ᠬᠢᠵᠦ ᠰᠢᠯᠳᠠᠭ᠋ᠠᠨ᠎ᠢ᠎ᠨᠢ ᠤᠯᠪᠠᠯ ᠰᠠᠶᠢ ᠬᠦᠮᠦᠵᠢᠭᠦᠯᠬᠦ ᠵᠤᠬᠢᠰᠲᠠᠢ ᠠᠷᠭ᠎ᠠ ᠵᠢ ᠰᠤᠩᠭᠤᠵᠦ᠂ ᠬᠦᠮᠦᠵᠢᠭᠦᠯᠵᠦ ᠲᠡᠭᠡᠭᠰᠢᠯᠡᠭᠦᠯᠬᠦ ᠬᠠᠷᠠᠯᠲᠠ᠎ᠳᠤ᠎ᠪᠠᠨ ᠬᠦᠷᠴᠦ ᠴᠢᠳᠠᠨ᠎ᠠ᠃ ᠰᠤᠷᠤᠯᠭ᠎ᠠ᠎ᠪᠠᠷ ᠪᠤᠰᠤᠳ᠎ᠠᠴᠠ ᠬᠤᠴᠤᠷᠴᠤ ᠪᠠᠶ᠋ᠢᠭ᠎ᠠ ᠰᠤᠷᠤᠭᠴᠢ ᠵᠢᠨ ᠰᠢᠯᠲᠠᠭ᠋ᠠᠨ᠎ᠨᠢ ᠪᠡᠶ᠎ᠡ᠎ᠳᠤ᠎ᠪᠠᠨ ᠢᠳᠡᠭᠡᠯ ᠦᠭᠡᠢ᠂ ᠭᠡᠷ᠎ᠤᠨ ᠬᠦᠮᠦᠵᠢᠯ᠎ᠤᠨ ᠳᠤᠲᠠᠭᠤᠳᠠᠯ᠂ ᠭᠡᠷ ᠪᠦᠯᠢ ᠵᠢᠨ ᠵᠠᠳᠠᠷᠠᠯ᠂ ᠭᠤᠳᠤᠷᠠᠩᠭᠤᠢ ᠦᠵᠡᠯ᠎ᠲᠠᠢ᠂ ᠠᠩᠬᠠᠷᠤᠯ ᠲᠦᠪᠯᠡᠷᠡᠭᠦᠯᠬᠦ ᠦᠭᠡᠢ᠂ ᠬᠡᠳᠦ ᠠᠯᠢᠶ᠎ᠡ ᠲᠤᠶ᠋ᠢᠳᠭᠡᠷ ᠵᠡᠷᠭᠡ           ᠪᠠᠶ᠋ᠢᠳᠠᠭ᠃ ᠠ᠋ᠶ᠋ᠢᠮᠦ᠎ᠠᠴᠠ ᠪᠢᠳᠡ ᠬᠤᠴᠤᠷᠴᠤ ᠪᠠᠶ᠋ᠢᠭ᠎ᠠ ᠰᠢᠯᠳᠠᠭ᠋ᠠᠨ᠎ᠢ᠎ᠨᠢ ᠠ᠋ᠷᠢᠵᠤ ᠤᠯᠤᠭᠰᠠᠨ ᠰᠠᠭᠤᠷᠢᠨ᠎ᠳᠤ ᠬᠦᠮᠦᠵᠢᠭᠦᠯᠦᠨ ᠲᠡᠭᠡᠭᠰᠢᠯᠡᠭᠦᠯᠬᠦ ᠠᠷᠭ᠎ᠠ ᠠᠪᠴᠠᠯ ᠵᠶ᠋ᠠᠨ 《ᠡᠪᠡᠳᠴᠢᠨ᠎ᠳᠤ᠎ᠨᠢ ᠲᠤᠬᠢᠷᠠᠭᠤᠯᠤᠨ ᠡᠮ ᠵᠠᠷᠤᠬᠤ》᠎ᠳᠤ ᠰᠠᠭᠤᠷᠢᠯᠠᠭ᠍ᠤ ᠮᠦᠷᠳᠡᠭᠡᠨ ᠰᠤᠷᠭ᠋ᠠᠨ ᠬᠦᠮᠦᠵᠢᠭᠦᠯᠬᠦ ᠠᠷᠭ᠎ᠠ ᠵᠢᠨ ᠰᠢᠯᠢᠯᠲᠠ ᠤᠬᠢᠵᠢᠭᠤᠯᠤᠯᠲᠠ ᠵᠢ ᠠᠩᠬᠠᠷᠪᠠᠯ ᠨᠡᠩ ᠦᠷ᠎ᠡ ᠪᠦᠳᠦᠮᠵᠢ᠎ᠲᠠᠢ ᠪᠤᠯᠵᠦ ᠴᠢᠳᠠᠨ᠎ᠠ᠃ ᠵᠢᠱ᠌ᠢᠶᠡᠯᠡᠪᠡᠯ᠂ ᠰᠤᠷᠤᠯᠭ᠎ᠠ᠎ᠠᠴᠠ ᠤᠶ᠋ᠢᠳᠴᠤ ᠰᠤᠷᠤᠯᠭ᠎ᠠ ᠬᠤᠴᠤᠷᠤᠩᠭᠤᠢ ᠪᠤᠯᠤᠭᠰᠠᠨ ᠰᠤᠷᠤᠭᠴᠢ ᠵᠢ ᠪᠤᠯ ᠦᠵᠡᠯ ᠰᠠᠨᠠᠭ᠋ᠠᠨ᠎ᠤ ᠬᠦᠮᠦᠵᠢᠯ ᠬᠢᠬᠦ᠎ᠠᠴᠠ ᠭᠠᠷᠳᠠᠵᠤ ᠬᠠᠪᠰᠤᠷᠴᠤ ᠳᠡᠭᠡᠭᠰᠢᠯᠡᠭᠦᠯᠵᠦ ᠪᠤᠯᠤᠨ᠎ᠠ᠃ ᠤᠳᠠᠭ᠋ᠠᠯᠢᠭ ᠪᠢᠳᠠᠭᠤᠯᠢᠭ᠎ᠠᠴᠠ ᠪᠤᠯᠵᠤ ᠰᠤᠷᠤᠯᠭ᠎ᠠ ᠬᠤᠴᠤᠷᠤᠩᠭᠤᠢ ᠪᠤᠯᠤᠭᠰᠠᠨ ᠰᠤᠷᠤᠭᠴᠢ ᠵᠢ ᠪᠤᠯ ᠬᠦᠯᠢᠴᠡᠩᠭᠦᠢ ᠳᠠᠭ᠋ᠠᠭ᠋ᠠᠮᠠᠭ᠋ᠠᠢ ᠵᠢᠭ᠋ᠠᠨ ᠵᠢᠯᠤᠭᠤᠳᠴᠤ᠂ ᠤᠷᠮᠠᠰᠢᠭᠤᠯᠤᠨ ᠵᠤᠷᠢᠬ᠍ᠵᠢᠭᠤᠯᠬᠤ ᠬᠡᠯᠪᠡᠷᠢ᠎ᠪᠠᠷ ᠬᠠᠪᠰᠤᠷᠴᠤ ᠪᠤᠯᠤᠨ᠎ᠠ᠃
      ᠬᠤᠶᠠᠷ᠂ 《ᠪᠠᠭ᠎ᠠ ᠠᠮᠵᠢᠯᠲᠠ》᠎ᠠᠴᠠ ᠰᠤᠷᠬᠤ ᠵᠢᠨ ᠪᠠᠬ᠎ᠠ᠎ᠳᠤ ᠤᠷᠤᠭᠤᠯᠤᠨ᠎ᠠ᠃
      ᠰᠤᠷᠤᠯᠭ᠎ᠠ ᠬᠤᠴᠤᠷᠤᠩᠭᠤᠢ ᠰᠤᠷᠤᠭᠴᠢ ᠵᠢᠨ ᠤᠯᠠᠩᠬᠢ᠎ᠨᠢ ᠰᠤᠷᠬᠤ᠎ᠳᠤ ᠢᠳᠡᠪᠬᠢ ᠦᠭᠡᠢ᠎ᠠᠴᠠ ᠪᠤᠯᠵᠤ ᠴᠢᠳᠠᠭ᠍ᠤ ᠦᠭᠡᠢ᠂ ᠮᠡᠳᠡᠬᠦ ᠦᠭᠡᠢ ᠵᠤᠶ᠋ᠢᠯ᠎ᠨᠢ ᠤᠯᠡᠰᠢᠷᠠᠵᠦ᠂ ᠤᠯᠠᠰᠢᠷᠠᠭ᠍ᠤ ᠲᠤᠳᠤᠮ ᠠᠭ᠋ᠠᠵᠢᠮ ᠵᠶ᠋ᠠᠷ ᠤᠯᠠᠨ᠎ᠠᠴᠠ ᠬᠤᠴᠤᠷᠴᠤ ᠪᠡᠶ᠎ᠡ᠎ᠳᠤ᠎ᠪᠠᠨ ᠢᠳᠡᠭᠡᠯ ᠦᠭᠡᠢ ᠪᠤᠯᠵᠦ ᠰᠤᠷᠬᠤ᠎ᠠᠴᠠ ᠬᠠᠯᠠᠰᠢᠷᠠᠳᠠᠭ᠃ 《ᠲᠤᠷ᠎ᠠ ᠪᠠᠬ᠎ᠠ ᠪᠤᠯ ᠬᠠᠮᠤᠭ᠎ᠤᠨ ᠰᠠᠶ᠋ᠢᠨ ᠪᠠᠭᠰᠢ》 ᠬᠡᠳᠡᠭ ᠵᠶ᠋ᠠᠷ ᠪᠢᠳᠡ ᠰᠤᠷᠤᠯᠭ᠎ᠠ ᠬᠤᠴᠤᠷᠤᠩᠭᠤᠢ ᠰᠤᠷᠤᠭᠴᠢᠳ᠎ᠲᠤ ᠰᠠᠨᠠᠭ᠋ᠠᠴᠢᠯᠠᠭ᠎ᠠ᠎ᠲᠠᠢ᠎ᠪᠠᠷ ᠲᠤᠷ᠎ᠠ ᠪᠠᠬ᠎ᠠ ᠵᠢᠨ ᠬᠦᠮᠦᠵᠢᠯ ᠬᠢᠬᠦ᠎ᠨᠢ ᠳᠡᠳᠡᠨ᠎ᠢ ᠰᠤᠷᠤᠯᠭ᠎ᠠ ᠵᠢᠨ ᠲᠠᠯ᠎ᠠ᠎ᠪᠠᠷ ᠬᠠᠪᠰᠤᠷᠴᠤ ᠳᠡᠭᠡᠭᠰᠢᠯᠡᠭᠦᠯᠬᠦ᠎ᠳᠤ ᠶᠡᠬᠡᠬᠡᠨ ᠤᠶ᠋ᠢᠯᠡᠳᠤᠯ ᠦᠵᠡᠭᠦᠯᠳᠡᠭ᠃ ᠠ᠋ᠭᠦᠨ᠎ᠳᠤ ᠬᠠᠮᠤᠭ᠎ᠤᠨ ᠳᠦᠭᠦᠮ ᠳᠦᠳᠡ ᠵᠤᠶ᠋ᠢᠯ᠎ᠢ ᠤᠷᠤᠯᠳᠤᠭᠤᠯᠵᠤ ᠡᠵᠡᠮᠰᠢᠭᠦᠯᠬᠦ᠎ᠠᠴᠠ ᠭᠠᠷᠳᠠᠨ ᠠᠮᠵᠢᠯᠲᠠ ᠵᠢᠨ ᠪᠠᠶᠠᠷ ᠪᠠᠭ᠍ᠠᠳᠤᠯ᠎ᠢ ᠤᠯᠭᠤᠵᠦ᠂ ᠪᠡᠶ᠎ᠡ᠎ᠳᠤ᠎ᠪᠠᠨ ᠢᠳᠡᠭᠡᠬᠦ ᠰᠡᠳᠬᠢᠯᠭᠡ ᠵᠢ᠎ᠨᠢ ᠨᠡᠮᠡᠭᠳᠡᠬᠦᠯᠦᠨ᠂ ᠲᠤᠷ᠎ᠠ ᠪᠠᠬ᠎ᠠ ᠵᠢ᠎ᠨᠢ ᠳᠠᠶ᠋ᠢᠴᠢᠯᠠᠭᠰᠠᠨ᠎ᠤ ᠳᠠᠷᠠᠭ᠎ᠠ ᠢᠳᠡᠭ ᠢᠳᠡᠭ ᠵᠶ᠋ᠠᠷ ᠬᠦᠨᠴᠡ ᠵᠢᠨ ᠬᠡᠮᠵᠢᠶ᠎ᠡ ᠵᠢ ᠲᠤᠬᠢᠷᠠᠭᠤᠯᠵᠦ ᠬᠠᠮᠳᠦ ᠨᠦᠭᠦᠳ᠎ᠤᠨ ᠠ᠋ᠩᠨᠡᠭᠡᠨ᠎ᠳᠤ ᠤᠶ᠋ᠢᠷᠠᠳᠤᠭᠤᠯᠵᠦ ᠤᠷᠤᠭᠤᠯᠬᠤ ᠵᠢ ᠤᠷᠤᠯᠳᠤᠵᠦ ᠪᠤᠯᠤᠨ᠎ᠠ᠃ ᠮᠢᠨᠤ ᠬᠢᠴᠢᠶᠡᠯᠯᠡᠵᠤ ᠪᠠᠶ᠋ᠢᠭ᠎ᠠ ᠠᠩᠬᠢ ᠵᠢᠨ ᠰᠤᠷᠤᠭᠴᠢ ᠵᠢᠨ ᠲᠤᠳᠤᠷ᠎ᠠ ᠬᠦᠯᠢᠶᠡᠨ ᠠᠪᠬᠤ ᠴᠢᠳᠠᠪᠦᠷᠢ᠎ᠨᠢ ᠠᠨᠠᠢ᠎ᠠᠴᠠ ᠪᠤᠯᠵᠦ ᠪᠤᠰᠤᠳ᠎ᠠᠴᠠ ᠰᠤᠷᠤᠯᠭ᠎ᠠ ᠵᠢᠨ ᠲᠠᠯ᠎ᠠ᠎ᠪᠠᠷ ᠬᠤᠴᠤᠷᠤᠭᠰᠠᠨ ᠰᠤᠷᠤᠭᠴᠢ ᠪᠠᠶ᠋ᠢᠳᠠᠭ᠃ ᠲᠠᠭᠡᠭᠡᠳ ᠴᠢᠳᠠᠭ᠍ᠤ ᠦᠬᠡᠢ ᠪᠤᠯᠬᠤ ᠲᠤᠳᠤᠮ ᠤᠷᠤᠯᠳᠤᠬᠤ ᠦᠬᠡᠢ ᠪᠤᠯᠵᠦ᠂ ᠬᠦᠴᠢᠷᠳᠡᠬᠦ ᠲᠤᠳᠤᠮ ᠰᠤᠷᠤᠯᠭ᠎ᠠ᠎ᠠᠴᠠ ᠤᠶ᠋ᠢᠳᠬᠤ ᠦᠵᠡᠭᠳᠡᠯ ᠢᠯᠡᠷᠡᠭᠰᠡᠨ ᠪᠠᠶ᠋ᠢᠨ᠎ᠠ᠃ ᠠ᠋ᠶ᠋ᠢᠮᠦ ᠪᠠᠶ᠋ᠢᠳᠠᠯ᠎ᠳᠤ ᠲᠤᠰᠬᠠᠢ ᠴᠠᠭ ᠭᠠᠷᠭ᠋ᠠᠵᠦ ᠲᠡᠭᠦᠨ᠎ᠤ ᠭᠦᠢ᠍ᠴᠡᠳᠭᠡᠵᠦ ᠴᠢᠳᠠᠭ᠍ᠤ ᠬᠡᠪᠴᠢᠶᠡᠨ᠎ᠤ ᠰᠡᠳᠤᠪ᠎ᠢ ᠲᠡᠭᠦᠨ᠎ᠳᠤ ᠵᠢᠯᠤᠭᠤᠳᠤᠨ ᠲᠠᠬᠢᠨ ᠬᠢᠴᠢᠶᠡᠯ᠎ᠳᠤ ᠲᠤᠰ ᠬᠡᠯᠪᠡᠷᠢ ᠵᠢᠨ ᠰᠡᠳᠤᠪ᠎ᠢ ᠬᠢᠯᠭᠡᠬᠦ᠎ᠳᠤ ᠲᠡᠷᠡ ᠰᠤᠷᠤᠭᠴᠢ ᠬᠠᠮᠤᠭ ᠎ᠤᠨ ᠲᠡᠷᠢᠭᠦᠨ᠎ᠳᠤ ᠢᠳᠡᠪᠬᠢᠲᠠᠢ ᠭᠠᠷ ᠠ᠋ᠷᠭᠦᠨ ᠵᠦᠪ ᠬᠠᠷᠢᠭᠤᠯᠵᠦ ᠪᠤᠰᠤᠳ ᠨᠦᠭᠦᠳ᠎ᠤᠨ  ᠵᠶ᠋ᠠᠨ ᠵᠤᠷᠢᠬ᠍ᠵᠢᠭᠤᠯᠤᠯ ᠮᠠᠭᠳᠠᠭ᠋ᠠᠯ᠎ᠢ ᠤᠯᠵᠦ ᠴᠢᠳᠠᠭᠰᠠᠨ᠎ᠠᠴᠠ ᠲᠤᠰ ᠬᠢᠴᠢᠶᠡᠯ ᠳᠡᠭᠡᠷ᠎ᠡ ᠲᠡᠷᠡ ᠬᠦᠴᠢᠷᠲᠠᠢ ᠰᠡᠳᠤᠪ᠎ᠢ ᠴᠤ᠌ ᠬᠠᠷᠢᠭᠤᠯᠬᠤ ᠬᠡᠵᠦ ᠤᠷᠤᠯᠳᠤᠭᠰᠠᠨ ᠪᠠᠶ᠋ᠢᠨ᠎ᠠ᠃ ᠠᠮᠵᠢᠯᠲᠠ ᠵᠢᠨ ᠤᠷᠮ᠎ᠠ ᠪᠠᠬ᠎ᠠ ᠬᠡᠵᠦ ᠠ᠋ᠶ᠋ᠢᠮᠦ ᠪᠠᠶ᠋ᠢᠳᠠᠭ ᠪᠠᠶ᠋ᠢᠬ᠎ᠠ᠃
      ᠭᠤᠷᠪᠠ᠂ ᠰᠤᠷᠬᠤ ᠠᠷᠭ᠎ᠠ ᠵᠢᠨ ᠵᠢᠯᠤᠭᠤᠳᠤᠯᠭ᠎ᠠ ᠵᠢ ᠴᠢᠩᠭ᠋ᠠᠳᠬᠠᠨ ᠰᠤᠷᠤᠯᠭ᠎ᠠ ᠵᠢᠨ ᠬᠢᠷᠢ ᠬᠡᠮᠵᠢᠶ᠎ᠡ ᠵᠢ᠎ᠨᠢ ᠳᠡᠭᠡᠭᠰᠢᠯᠡᠭᠦᠯᠵᠦ ᠪᠤᠯᠤᠨ᠎ᠠ᠃
      ᠰᠤᠷᠤᠯᠴᠠᠭ᠍ᠤ ᠠᠷᠭ᠎ᠠ ᠵᠤᠬᠢᠰᠲᠠᠢ ᠪᠠᠶ᠋ᠢᠬᠤ᠎ᠨᠢ ᠰᠤᠷᠤᠯᠭ᠎ᠠ ᠵᠢᠨ ᠬᠢᠷᠢ ᠪᠦᠳᠦᠮᠵᠢ ᠵᠢ ᠲᠡᠭᠡᠭᠰᠢᠯᠡᠭᠦᠯᠬᠦ ᠵᠠᠩᠭᠢᠯᠠᠭ᠎ᠠ ᠪᠤᠯᠳᠠᠭ᠃ ᠰᠤᠷᠤᠯᠭ᠎ᠠ ᠬᠤᠴᠤᠷᠤᠩᠭᠤᠢ ᠰᠤᠷᠤᠭᠴᠢ᠎ᠳᠤ ᠠᠪᠴᠤ ᠬᠡᠯᠡᠪᠡᠯ ᠰᠤᠷᠤᠯᠴᠠᠭ᠍ᠤ ᠠᠷᠭ᠎ᠠ ᠵᠢ ᠰᠤᠷᠭ᠋ᠠᠬᠤ᠎ᠨᠢ ᠰᠤᠷᠤᠯᠭ᠎ᠠ᠎ᠳᠤ᠎ᠨᠢ ᠠ᠋ᠷᠬᠢᠯᠳᠡ ᠵᠢᠨ ᠴᠢᠨᠠᠷᠲᠠᠢ ᠦᠢ᠍ᠯᠡᠳᠤᠯ ᠦᠵᠡᠭᠦᠯᠳᠡᠭ᠃ ᠰᠤᠷᠬᠤ ᠠᠷᠭ᠎ᠠ ᠵᠢ ᠡᠵᠡᠮᠰᠢᠬᠦ ᠦᠭᠡᠢ ᠪᠤᠯ ᠲᠦᠭᠦᠮ ᠦᠨᠳᠦᠰᠦᠨ ᠮᠡᠳᠡᠯᠭᠡ ᠵᠢᠨ ᠰᠡᠳᠤᠪ᠎ᠢ ᠴᠤ᠌ ᠵᠦᠪ ᠭᠦᠢ᠍ᠴᠡᠳᠭᠡᠵᠦ ᠴᠢᠳᠠᠭ᠍ᠤ ᠦᠬᠡᠢ ᠪᠤᠯᠤᠨ᠎ᠠ᠃ ᠰᠤᠷᠤᠭᠴᠢ × ×᠎ᠳᠤ ᠰᠡᠳᠤᠪ ᠪᠤᠳᠤᠬᠤ ᠠᠷᠭ᠎ᠠ ᠵᠢ ᠡᠵᠡᠮᠰᠢᠭᠦᠯᠬᠦ᠎ᠪᠠᠷ ᠬᠢᠭᠰᠡᠨ ᠤᠷᠤᠯᠳᠤᠯᠭ᠎ᠠ᠎ᠠᠴᠠ ᠦᠵᠡᠪᠡᠯ᠂ ᠲᠤᠰ ᠰᠤᠷᠤᠭᠴᠢ ᠦᠷᠡᠵᠢᠭᠦᠯᠬᠦ ᠦᠢ᠍ᠯᠡᠳᠤᠯ᠎ᠤᠨ ᠠᠮᠠᠨ ᠤᠩᠰᠢᠯᠭ᠎ᠠ ᠵᠢ ᠦᠨᠳᠦᠰᠦᠯᠡᠨ ᠬᠤᠪᠢᠶᠠᠭ᠍ᠤ ᠦᠢ᠍ᠯᠡᠳᠤᠯ᠎ᠤᠨ ᠨᠤᠭᠳᠠᠪᠦᠷᠢ ᠵᠢ ᠤᠯᠬᠤ ᠪᠤᠳᠤᠯᠭ᠎ᠠ ᠵᠢᠨ ᠰᠡᠳᠤᠪ᠎ᠤᠨ ᠨᠤᠭᠳᠠᠪᠦᠷᠢ ᠵᠢ ᠤᠯᠬᠤ᠎ᠳᠤ ᠬᠠᠷᠢᠨ ᠬᠤᠪᠢᠶᠠᠭᠳᠠᠭᠴᠢ᠂ ᠬᠤᠪᠢᠶᠠᠭᠴᠢ ᠵᠢ ᠦᠷᠡᠵᠢᠭᠦᠯᠦᠭᠰᠡᠨ ᠦᠷᠡᠵᠢᠪᠦᠷᠢ ᠵᠢ ᠪᠢᠴᠢᠵᠦ ᠪᠠᠶ᠋ᠢᠳᠠᠭ᠃ ᠨᠤᠭᠳᠠᠪᠦᠷᠢ ᠵᠢ ᠤᠯᠬᠤ ᠠᠷᠭ᠎ᠠ ᠵᠢ ᠲᠤᠰ ᠰᠤᠷᠤᠭᠴᠢ᠎ᠳᠤ ᠲᠤᠰ ᠴᠠᠭ᠎ᠲᠤ᠎ᠨᠢ ᠡᠵᠡᠮᠰᠢᠭᠦᠯᠵᠦ ᠴᠢᠳᠠᠭᠰᠠᠨ ᠦᠬᠡᠢ᠎ᠠᠴᠠ ᠪᠤᠯᠵᠤ ᠬᠡᠳᠤᠨ ᠠ᠋ᠳᠤᠷ᠎ᠤᠨ ᠲᠤᠷᠰᠢ ᠨᠤᠭᠳᠠᠪᠦᠷᠢ ᠵᠢ ᠤᠯᠵᠦ ᠴᠢᠳᠠᠭ᠍ᠤ ᠦᠭᠡᠢ ᠪᠠᠶ᠋ᠢᠳᠠᠯ ᠢᠯᠡᠷᠡᠪᠡ᠃ ᠠ᠋ᠨᠡ ᠪᠠᠶ᠋ᠢᠳᠠᠯ᠎ᠳᠤ ᠦᠷᠡᠵᠢᠭᠦᠯᠬᠦ ᠦᠢ᠍ᠯᠡᠳᠤᠯ᠎ᠤᠨ ᠤᠩᠰᠢᠯᠭ᠎ᠠ ᠵᠢ ᠬᠡᠷᠡᠭᠯᠡᠬᠦ ᠪᠠ ᠵᠢᠷᠤᠭ ᠳᠦᠷᠰᠦ ᠬᠠᠪᠰᠤᠷᠭ᠋ᠠᠬᠤ ᠠᠷᠭ᠎ᠠ ᠵᠢ ᠬᠡᠷᠡᠭᠯᠡᠨ ᠨᠤᠭᠳᠠᠪᠦᠷᠢ ᠵᠢ ᠤᠯᠬᠤ ᠠᠷᠭ᠎ᠠ ᠵᠢ ᠡᠵᠡᠮᠰᠢᠭᠦᠯᠤᠭᠡᠳ ᠰᠠᠶᠢ ᠠᠮᠠᠨ ᠤᠩᠰᠢᠯᠭ᠎ᠠ ᠵᠢ ᠬᠡᠷᠡᠭᠯᠡᠨ ᠨᠤᠭᠳᠠᠪᠦᠷᠢ ᠵᠢ ᠤᠯᠬᠤ ᠲᠦᠭᠦᠮ ᠪᠤᠳᠤᠯᠭ᠎ᠠ ᠵᠢ ᠬᠦᠢ᠍ᠴᠡᠳᠭᠡᠵᠦ ᠴᠢᠳᠠᠭ᠍ᠤ ᠪᠤᠯᠪᠠ᠃ ᠰᠡᠳᠤᠪ ᠪᠤᠳᠤᠬᠤ᠎ᠳᠤ ᠰᠡᠳᠬᠢᠬᠦ ᠠᠷᠭ᠎ᠠ ᠵᠢ ᠡᠵᠡᠮᠰᠢᠬᠦᠯᠬᠦ᠎ᠨᠢ ᠵᠠᠩᠭᠢᠯᠠᠭ᠎ᠠ ᠵᠢᠨ ᠠᠰᠠᠭᠤᠳᠠᠯ ᠪᠤᠯᠬᠤ᠎ᠪᠠᠷ ᠪᠠᠷᠠᠭ᠍ᠤ ᠦᠭᠡᠢ ᠰᠤᠷᠤᠭᠴᠢᠳ᠎ᠤᠨ ᠰᠤᠷᠬᠤ ᠵᠠᠳᠠᠯᠬᠤ ᠠᠷᠭ᠎ᠠ ᠵᠢ ᠰᠢᠯᠢᠳᠡᠭᠵᠢᠭᠦᠯᠬᠦ ᠭᠤᠤᠯ ᠠᠷᠭ᠎ᠠ ᠵᠠᠮ ᠮᠦᠨ᠃
      ᠲᠦᠷᠪᠡ᠂ ᠪᠠᠷᠢᠮᠳᠠᠯᠠᠯ᠎ᠲᠠᠢ᠂ ᠬᠠᠯᠠᠰᠢᠷᠠᠯ ᠦᠭᠡᠢ ᠬᠦᠯᠢᠴᠡᠩᠭᠦᠢ ᠤᠪᠤᠷ ᠵᠶ᠋ᠠᠷ ᠰᠤᠷᠤᠯᠭ᠎ᠠ ᠬᠤᠴᠤᠷᠤᠩᠭᠤᠢ ᠰᠤᠷᠤᠭᠴᠢ᠎ᠳᠤ ᠬᠠᠨᠳᠤᠪᠠᠯ ᠰᠠᠶᠢ ᠬᠦᠮᠦᠵᠢᠭᠦᠯᠬᠦ ᠬᠠᠷᠠᠯᠳᠠ᠎ᠳᠤ᠎ᠪᠠᠨ ᠬᠦᠷᠴᠤ ᠴᠢᠳᠠᠨ᠎ᠠ᠃
      《ᠪᠠᠷᠢᠮᠳᠠᠯᠠᠯ ᠪᠤᠯ ᠠᠮᠵᠢᠯᠳᠠ》 ᠬᠡᠳᠡᠭ ᠵᠶ᠋ᠠᠷ ᠰᠤᠷᠤᠯᠭ᠎ᠠ ᠬᠤᠴᠤᠷᠤᠩᠭᠤᠢ ᠰᠤᠷᠤᠭᠴᠢ ᠵᠢ ᠬᠦᠮᠦᠵᠢᠭᠦᠯᠬᠦ᠎ᠳᠤ ᠪᠠᠭᠰᠢ ᠪᠤᠯᠤᠭᠰᠠᠳ ᠬᠠᠯᠠᠰᠢᠷᠠᠯ ᠦᠭᠡᠢ ᠬᠦᠯᠢᠴᠡᠩᠭᠦᠢ ᠤᠪᠤᠷ ᠵᠶ᠋ᠠᠷ ᠬᠠᠨᠳᠤᠬᠤ ᠮᠦᠷᠳᠡᠭᠡᠨ ᠬᠢᠴᠢᠶᠡᠯ᠎ᠤᠨ ᠴᠠᠭ ᠪᠦᠷᠢ᠂ ᠠ᠋ᠳᠤᠷ ᠪᠦᠷᠢ ᠲᠠᠰᠤᠷᠠᠯ ᠦᠭᠡᠢ ᠪᠠᠷᠢᠮᠳᠠᠯᠠᠯ᠎ᠲᠠᠢ ᠤᠷᠤᠯᠳᠤᠪᠠᠯ ᠰᠠᠶᠢ ᠠᠬᠢᠯᠳᠠ ᠳᠠᠪᠰᠢᠯᠳᠠ ᠵᠢ ᠪᠤᠢ ᠪᠤᠯᠭ᠋ᠠᠵᠤ ᠴᠢᠳᠠᠨ᠎ᠠ᠃ ᠰᠤᠷᠤᠯᠭ᠎ᠠ ᠬᠤᠴᠤᠷᠤᠩᠭᠤᠢ ᠰᠤᠷᠤᠭᠴᠢ᠎ᠳᠤ ᠠᠪᠴᠤ ᠬᠡᠯᠡᠪᠡᠯ ᠨᠦᠬᠦᠳ᠎ᠲᠠᠢ᠎ᠪᠠᠨ ᠵᠡᠷᠭᠡᠴᠡᠨ ᠰᠢᠨ᠎ᠡ ᠰᠤᠷᠬᠤ ᠠᠭᠤᠯᠭ᠎ᠠ᠎ᠪᠠᠨ ᠡᠵᠡᠮᠰᠢᠬᠦ᠂ ᠪᠠᠭᠰᠢ ᠵᠢᠨ ᠵᠢᠭ᠋ᠠᠨ ᠵᠢᠯᠤᠭᠤᠳᠤᠯᠭ᠎ᠠ ᠵᠢ ᠴᠠᠭ ᠲᠤᠬᠠᠢ᠎ᠳᠤ᠎ᠨᠢ ᠬᠦᠯᠢᠶᠠᠨ ᠠᠪᠬᠤ ᠵᠡᠷᠭᠡ᠎ᠳᠤ ᠴᠦᠮ ᠤᠨᠴᠠ ᠬᠦᠴᠢᠷᠳᠡᠳᠡᠭ ᠪᠠᠶ᠋ᠢᠳᠠᠯ᠎ᠳᠤ ᠪᠠᠭᠰᠢ᠎ᠨᠢ ᠬᠡᠷᠪᠡ ᠬᠦᠯᠢᠴᠡᠩᠭᠦᠢ ᠪᠤᠰᠤ ᠪᠤᠶᠤ ᠵᠢᠯᠤᠭᠤᠳᠬᠤ᠎ᠠᠴᠠ ᠬᠠᠯᠠᠰᠢᠷᠠᠭ᠍ᠤ᠎ᠳᠤ ᠬᠦᠷᠪᠡᠯ ᠰᠤᠷᠤᠭᠴᠢ ᠵᠢᠨ ᠤᠷᠮ᠎ᠠ ᠵᠢ ᠬᠤᠭᠤᠯᠵᠤ᠂ ᠢᠳᠡᠭᠡᠯ᠎ᠢ᠎ᠨᠢ ᠠᠯᠳᠠᠭᠤᠯᠵᠤ ᠰᠤᠷᠭ᠋ᠠᠵᠤ ᠬᠦᠮᠦᠵᠢᠬᠦᠯᠬᠦ ᠬᠠᠷᠠᠯᠳᠠ᠎ᠳᠤ᠎ᠪᠠᠨ ᠬᠦᠷᠴᠤ ᠴᠢᠳᠠᠭ᠍ᠤ ᠦᠭᠡᠢ           ᠪᠤᠯᠤᠨ᠎ᠠ᠃ ᠮᠦᠨ ᠴᠤ᠌ ᠠᠵᠢᠯ᠎ᠤᠨ ᠶᠠᠭ᠋ᠠᠷᠠᠤ᠎ᠠᠴᠠ ᠪᠤᠯᠵᠤ ᠰᠤᠷᠤᠯᠭ᠎ᠠ ᠬᠤᠴᠤᠷᠤᠩᠭᠤᠢ ᠰᠤᠷᠤᠭᠴᠢ ᠵᠢ ᠵᠢᠯᠤᠭᠤᠳᠬᠤ  ᠵᠢ ᠲᠠᠶᠠᠭᠳᠠᠪᠠᠯ ᠠᠵᠢᠯ ᠨᠡᠩ ᠴᠤ᠌ ᠠᠬᠢᠴᠠ ᠦᠭᠡᠢ ᠪᠤᠯᠵᠤ ᠮᠡᠳᠡᠨ᠎ᠡ᠃ ᠪᠠᠭᠰᠢ ᠪᠤᠯᠤᠭᠰᠠᠳ ᠵᠢᠭ᠋ᠠᠨ ᠰᠤᠷᠭ᠋ᠠᠬᠤ ᠶᠠᠪᠤᠴᠠ ᠲᠤᠮᠳᠠ ᠰᠤᠷᠤᠯᠭ᠎ᠠ᠎ᠳᠤ᠎ᠪᠠᠨ ᠬᠦᠴᠢᠷᠳᠡᠵᠤ ᠪᠠᠶ᠋ᠢᠭ᠎ᠠ ᠰᠤᠷᠤᠭᠴᠢᠳ᠎ᠲᠤ ᠵᠠᠪᠠᠯ ᠬᠠᠯᠠᠰᠢᠷᠠᠯ ᠦᠭᠡᠢ ᠬᠦᠯᠢᠴᠡᠩᠭᠦᠢ ᠤᠪᠤᠷ ᠵᠶ᠋ᠠᠷ ᠬᠠᠨᠳᠤᠬᠤ ᠬᠡᠷᠡᠭᠳᠡᠢ᠃ ᠠ᠋ᠰᠡ ᠲᠡᠭᠡᠪᠡᠯ ᠰᠤᠷᠤᠭᠴᠢ ᠵᠢᠨ ᠲᠤᠷ᠎ᠠ ᠦᠭᠡᠶ᠋ᠢᠴᠡᠯ᠎ᠢ ᠭᠦᠷᠭᠡᠵᠦ ᠬᠡᠳᠡᠷᠭᠦ ᠦᠢ᠍ᠯᠡᠳᠤᠯ ᠦᠵᠡᠭᠦᠯᠵᠤ ᠮᠡᠳᠡᠨ᠎ᠡ᠃ 《ᠲᠤᠰᠤᠯ᠎ᠢ ᠬᠤᠷᠢᠶᠠᠪᠠᠯ ᠲᠠᠯᠠᠢ》 ᠬᠡᠳᠡᠭ ᠵᠶ᠋ᠠᠷ ᠪᠢᠳᠠ ᠰᠠᠭᠤᠷᠢ ᠮᠡᠳᠡᠯᠭᠡ ᠵᠢ ᠡᠵᠡᠮᠰᠢᠭᠦᠯᠬᠦ᠎ᠠᠴᠠ ᠠ᠋ᠬᠢᠯᠡᠵᠤ ᠮᠡᠳᠡᠯᠭᠡ ᠵᠢᠨ ᠬᠦᠨᠴᠡ ᠵᠢ ᠠᠭ᠋ᠠᠵᠢᠮ ᠵᠶ᠋ᠠᠷ ᠨᠡᠮᠡᠭᠳᠡᠭᠦᠯᠵᠤ 《ᠶᠠᠨᠳᠠᠷ᠎ᠤᠨ ᠤᠰᠤ ᠴᠢᠯᠠᠭᠤ ᠵᠢ ᠴᠤᠭᠤᠯᠳᠠᠭ》 ᠰᠢᠬ ᠵᠶ᠋ᠠᠷ ᠤᠷᠤᠯᠳᠤᠯᠭ᠎ᠠ ᠪᠠᠷᠢᠮᠳᠠᠯᠠᠯ ᠬᠢᠵᠤ ᠠ᠋ᠩᠨᠡᠭᠡᠨ᠎ᠤ ᠨᠦᠭᠦᠳ᠎ᠲᠠᠢ᠎ᠨᠢ ᠮᠦᠷᠤ ᠵᠡᠷᠭᠡᠴᠡᠭᠦᠯᠬᠦ᠎ᠪᠠᠷ ᠬᠠᠯᠠᠰᠢᠷᠠᠯ ᠦᠭᠡᠢ ᠴᠢᠷᠮᠠᠶ᠋ᠢᠪᠠᠯ ᠰᠠᠶᠢ ᠰᠤᠷᠤᠯᠭ᠎ᠠ ᠬᠤᠴᠤᠷᠤᠩᠭᠤᠢ ᠰᠤᠷᠤᠭᠴᠢ ᠵᠢ ᠦᠨᠡᠨ ᠬᠦ᠌ ᠲᠠᠪᠰᠢᠯᠳᠠ᠎ᠲᠠᠢ ᠪᠤᠯᠭ᠋ᠠᠵᠤ ᠴᠢᠳᠠᠨ᠎ᠠ᠃
      ᠲᠠᠪᠤ᠂ ᠤᠷᠮᠠᠰᠢᠭᠤᠯᠤᠯ ᠵᠤᠷᠢᠬ᠍ᠵᠢᠭᠤᠯᠤᠯ ᠵᠶ᠋ᠠᠷ ᠤᠷᠤᠭᠰᠢ ᠲᠠᠪᠰᠢᠬᠤ ᠬᠦᠴᠤᠨ ᠪᠤᠯᠭ᠋ᠠᠨ᠎ᠠ᠃
      ᠮᠤᠩᠭᠤᠯ᠎ᠤᠨ ᠰᠠᠶ᠋ᠢᠬᠠᠨ ᠦᠭᠡᠨ᠎ᠳᠤ ᠬᠡᠤᠬᠡᠳ᠎ᠲᠤ᠎ᠪᠠᠨ 《ᠪᠤᠷᠠᠮ ᠬᠠᠶ᠋ᠢᠷᠠᠯᠠᠭ᠍ᠤ᠎ᠪᠠᠷ ᠤᠷᠮ᠎ᠠ           ᠬᠠᠶ᠋ᠢᠷᠠᠯᠠ》 ᠭᠡᠳᠡᠭ ᠵᠶ᠋ᠠᠷ ᠪᠢᠳᠡ ᠦᠷᠭᠦᠯᠵᠢ ᠬᠡᠤᠬᠡᠳ᠎ᠲᠤ᠎ᠪᠠᠨ ᠤᠷᠮ᠎ᠠ ᠬᠠᠶ᠋ᠢᠷᠠᠯᠠᠵᠤ ᠪᠠᠶ᠋ᠢᠪᠠᠯ ᠰᠠᠶᠢ ᠲᠠᠳᠠᠨ᠎ᠤ ᠲᠠᠯᠳᠠ ᠬᠦᠴᠤᠨ᠎ᠨᠢ ᠨᠡᠮᠡᠭᠳᠡᠵᠤ᠂ ᠤᠷᠮ᠎ᠠ ᠵᠤᠷᠢᠭ᠎ᠨᠢ ᠬᠦᠪᠴᠢᠯᠡᠭᠳᠡᠵᠤ ᠴᠢᠳᠠᠨ᠎ᠠ᠃ ᠤᠷᠠᠮᠰᠢᠭᠤᠯᠤᠨ ᠵᠤᠷᠢᠬ᠍ᠵᠢᠭᠤᠯᠬᠤ ᠵᠢᠨ ᠬᠦᠴᠤᠨ ᠲᠤᠩ ᠶᠡᠭᠡ ᠪᠠᠶ᠋ᠢᠳᠠᠭ᠃ ᠠ᠋ᠨᠡ ᠶᠡᠭᠡ ᠬᠦᠴᠤᠨ᠎ᠳᠤ ᠰᠤᠷᠤᠯᠭ᠎ᠠ ᠬᠤᠴᠤᠷᠤᠩᠭᠤᠢ ᠰᠤᠷᠤᠭᠴᠢ ᠵᠢᠨ ᠪᠡᠶ᠎ᠡ᠎ᠳᠤ ᠎ᠪᠠᠨ ᠢᠳᠡᠭᠡᠬᠦ ᠰᠡᠳᠬᠢᠯᠭᠡ᠎ᠨᠢ ᠨᠡᠮᠡᠭᠳᠡᠵᠤ ᠤᠮᠤᠭ ᠵᠤᠷᠢᠭ᠎ᠨᠢ ᠪᠠᠳᠠᠷᠠᠵᠤ ᠰᠤᠷᠬᠤ ᠢᠳᠡᠪᠬᠢᠵᠢᠯ᠎ᠨᠢ ᠠᠶᠠᠨᠳᠠᠭ᠋ᠠᠨ ᠲᠡᠭᠡᠭᠰᠢᠯᠡᠳᠡᠭ᠃ ᠰᠤᠷᠤᠯᠭ᠎ᠠ ᠬᠤᠴᠤᠷᠤᠩᠭᠤᠢ ᠰᠤᠷᠤᠭᠴᠢ ᠶᠡᠷᠤ᠎ᠳᠤ ᠎ᠪᠠᠨ ᠰᠤᠷᠤᠯᠴᠠᠭ᠍ᠤ ᠢᠳᠡᠪᠬᠢᠵᠢᠯ᠎ᠨᠢ ᠲᠤᠤᠷ᠎ᠠ᠂ ᠬᠢᠴᠢᠶᠡᠯ᠎ᠤᠨ ᠴᠠᠭ᠎ᠲᠤ ᠬᠦᠳᠡᠯᠦᠩᠭᠦᠢ ᠪᠤᠰᠤ ᠪᠠᠶ᠋ᠢᠳᠠᠭ᠃ ᠬᠡᠳᠡᠯ᠎ᠡ ᠶᠡᠷᠤ ᠵᠢᠨ ᠦᠶ᠎ᠡ᠎ᠳᠤ ᠵᠢᠭ᠋ᠠᠬᠠᠨ ᠠᠮᠵᠢᠯᠳᠠ᠎ᠳᠤ᠎ᠨᠢ ᠤᠷᠮᠠᠰᠢᠭᠤᠯᠵᠤ ᠵᠤᠷᠢᠬ᠍ᠵᠢᠭᠤᠯᠵᠤ ᠪᠠᠶ᠋ᠢᠪᠠᠯ ᠪᠠᠶᠠᠷ᠎ᠤᠨ ᠮᠦᠰᠢᠶᠡᠳᠤ ᠴᠢᠷᠠᠢ᠎ᠳᠤ᠎ᠨᠢ ᠲᠤᠳᠤᠷᠠᠨ ᠲᠤᠩ ᠬᠦᠳᠡᠯᠤᠩᠭᠦᠢ ᠪᠤᠯᠵᠤ᠂ ᠰᠡᠳᠤᠪ᠎ᠢ ᠵᠦᠪ ᠪᠤᠳᠤᠬᠤ ᠤᠨᠤᠪᠴᠢ ᠵᠢᠨ ᠬᠡᠮᠵᠢᠶ᠎ᠡ᠎ᠨᠢ ᠴᠤ᠌ ᠨᠡᠮᠡᠭᠳᠡᠵᠤ ᠠᠰᠠᠭᠤᠯᠳᠠ ᠪᠤᠯᠭ᠋ᠠᠨ᠎ᠳᠤ ᠭᠠᠷ ᠠ᠋ᠷᠭᠦᠵᠤ ᠵᠤᠷᠢᠬ᠍ᠵᠢᠭᠤᠯᠤᠯ ᠦᠭᠬᠦ ᠦᠭᠡᠢ ᠪᠠᠶ᠋ᠢᠳᠠᠯ ᠳᠤᠤᠷ᠎ᠠ ᠴᠦ᠍ ᠤᠷᠮ᠎ᠠ᠎ᠲᠠᠢ ᠰᠠᠶ᠋ᠢᠨ ᠰᠤᠷᠴᠤ ᠴᠢᠳᠠᠳᠠᠭ᠃ ᠠ᠋ᠶ᠋ᠢᠮᠦ᠎ᠠᠴᠠ ᠪᠢᠳᠡ ᠰᠤᠷᠤᠭᠴᠢᠳ ᠎ᠲᠤ᠎ᠪᠠᠨ ᠤᠷᠮ᠎ᠠ ᠬᠠᠶ᠋ᠢᠷᠠᠯᠠᠨ ᠢᠳᠡᠪᠬᠢ ᠬᠦᠴᠤᠨ᠎ᠢ᠎ᠨᠢ ᠲᠠᠶ᠋ᠢᠴᠢᠯᠠᠵᠤ᠂ ᠰᠤᠷᠤᠯᠭ᠎ᠠ᠎ᠪᠠᠷ ᠪᠤᠰᠤᠳ᠎ᠠᠴᠠ ᠬᠤᠴᠤᠷᠬᠤ ᠪᠠᠶ᠋ᠢᠳᠠᠯ᠎ᠠᠴᠠ ᠠᠩᠬᠢᠵᠢᠷᠠᠭᠤᠯᠬᠤ᠎ᠳᠤ ᠤᠷᠠᠮᠰᠢᠭᠤᠯᠤᠯ ᠮᠠᠭᠳᠠᠭ᠋ᠠᠯ ᠵᠶ᠋ᠠᠷ ᠠᠨᠢᠰᠤ ᠪᠤᠯᠭ᠋ᠠᠵᠤ ᠪᠤᠯᠤᠨ᠎ᠠ᠃
      ᠶᠡᠷᠤᠩᠭᠡᠶ᠋ᠢᠯᠡᠪᠡᠯ᠂ ᠰᠤᠷᠤᠯᠭ᠎ᠠ ᠬᠤᠴᠤᠷᠤᠩᠭᠤᠢ ᠰᠤᠷᠤᠭᠴᠢ ᠵᠢ ᠬᠦᠮᠦᠵᠢᠭᠦᠯᠬᠦ ᠠᠵᠢᠯ᠎ᠨᠢ ᠵᠢᠭ᠋ᠠᠨ ᠰᠤᠷᠭ᠋ᠠᠬᠤ ᠠᠵᠢᠯ᠎ᠤᠨ ᠴᠢᠬᠤᠯᠠ᠎ᠠᠴᠠ ᠴᠢᠬᠤᠯᠠ ᠨᠢᠭᠡ ᠬᠡᠰᠡᠭ ᠪᠣᠯᠤᠨ᠎ᠠ᠂ ᠭᠡᠬᠦ᠎ᠳᠤ᠎ᠪᠠᠨ ᠪᠢᠳᠡ ᠤᠷᠤᠯᠳᠤᠯᠭ᠎ᠠ ᠰᠦᠪᠡᠭᠴᠢᠯᠡᠯ᠎ᠲᠠᠢ᠂ ᠲᠡᠰᠪᠦᠷᠢ ᠲᠡᠪᠴᠢᠶᠡᠷᠢ᠎ᠲᠠᠢ᠂ ᠴᠦᠬᠦᠷᠡᠯ ᠦᠭᠡᠢ ᠬᠠᠪᠰᠤᠷᠴᠤ ᠵᠢᠯᠤᠭᠤᠳᠬᠤ ᠵᠢ ᠪᠠᠷᠢᠮᠳᠠᠯᠠᠭ᠍ᠤ ᠵᠢᠨ ᠬᠠᠮᠳᠤ ᠵᠢᠭ᠋ᠠᠨ ᠰᠤᠷᠭ᠋ᠠᠬᠤ ᠠᠷᠭ᠎ᠠ ᠪᠠᠷᠢᠯ ᠵᠶ᠋ᠠᠨ ᠴᠠᠭ ᠦᠷᠭᠦᠯᠵᠢ ᠦᠭᠡᠷᠡᠴᠢᠯᠡᠨ ᠰᠠᠶ᠋ᠢᠵᠢᠷᠠᠭᠤᠯᠪᠠᠯ ᠰᠠᠶᠢ ᠰᠤᠷᠤᠯᠭ᠎ᠠ ᠬᠤᠴᠤᠷᠤᠩᠭᠤᠢ ᠰᠤᠷᠤᠭᠴᠢ ᠵᠢᠨ ᠲᠠᠪᠰᠢᠯᠳᠠ ᠵᠢ ᠪᠤᠢ ᠪᠤᠯᠭ᠋ᠠᠵᠤ᠂ ᠵᠢᠭ᠋ᠠᠨ ᠰᠤᠷᠭ᠋ᠠᠯᠳᠠ ᠵᠢᠨ ᠵᠢᠩᠬᠢᠨᠢ ᠦᠷ᠎ᠡ ᠠᠰᠢᠭ᠎ᠢ ᠠ᠋ᠭᠦᠳᠴᠤ ᠳᠡᠶ᠋ᠢᠯᠤᠨ᠎ᠠ᠃
      ᠠᠵᠢᠯᠯᠠᠵᠤ ᠪᠠᠢ᠍ᠢ᠍ᠭ᠎ᠠ ᠪᠠᠢ᠍ᠢ᠍ᠭᠤᠯᠭ᠎ᠠ᠄ ᠤᠡᠭᠨᠢᠭᠤᠳ ᠬᠤᠰᠢᠭᠤᠨ᠎ᠤ ᠰᠢᠨᠡᠰᠦ᠋ᠮ᠎ᠡ
                                  ᠰᠤᠮᠤ ᠵᠢᠨ ᠭᠤᠤᠯ ᠪᠠᠭ᠎ᠠ ᠰᠤᠷᠭ᠋ᠠᠭᠤᠯᠢ
                                  (ᠠᠯᠳᠠᠨᠰᠦᠢ᠍ᠭᠡ ᠨᠠᠢ᠍ᠢ᠍ᠷᠠᠭᠤᠯᠪᠠ)
                                  2023.3 ᠳ᠋ᠤᠭ᠋ᠠᠷ ᠬᠤᠭᠤᠴᠠᠭ᠎ᠠ


 

ᠢᠷᠡᠯᠲᠡ᠄
          
ᠬᠠᠮᠢᠶ᠎ᠡ ᠪᠦᠬᠦᠢ ᠰᠣᠨᠢᠨ
ᠬᠡᠥᠬᠡᠳ᠎ᠤᠨ ᠭᠦᠮᠦᠵᠢᠯ᠎ᠳᠠᠬᠢ ᠭᠡᠷ᠎ᠤᠨ ᠠᠬᠠᠮᠠᠳ᠎ᠤᠨ ᠬᠠᠷᠢᠭᠤᠴᠠᠯᠭ᠎ᠠ
ᠣᠯᠠᠮᠵᠢᠯᠠᠯᠲᠦ ᠱᠠᠭ᠎ᠠ ᠲᠣᠭᠯᠠᠭ᠋ᠠᠮ ᠵᠶ᠋ᠠᠷ ᠬᠡᠣᠬᠡᠳ᠎ᠤᠨ ᠣᠢ ᠪᠢᠯᠢᠭ᠎ᠢ ᠨᠡᠭᠡᠭᠡᠬᠦ ᠲᠣᠬᠠᠢ
ᠬᠡᠷ ᠪᠦᠯᠢ ᠵᠢᠨ ᠬᠦᠮᠦᠵᠢᠯ᠎ᠳᠠᠬᠢ ᠤᠮᠳᠤᠭ᠋ᠠᠶ᠋ᠢᠯᠠᠵᠤ ᠪᠤᠯᠤᠰᠢ ᠦᠬᠡᠢ ᠬᠡᠳᠦᠨ ᠠᠰᠠᠭᠤᠳᠠᠯ
ᠬᠡᠣᠬᠡᠳ᠎ᠲᠤ ᠬᠦᠰᠡᠯᠡᠩ᠎ᠤᠨ ᠬᠦᠮᠦᠵᠢᠯ ᠬᠢᠬᠦ ᠴᠢᠬᠤᠯᠠ ᠴᠢᠨᠠᠷ᠎ᠤᠨ ᠲᠤᠬᠠᠢ
ᠭᠡᠤᠭᠡᠳ᠎ᠢ ᠵᠦᠪ ᠬᠠᠢ᠍ᠢ᠍ᠷᠠᠯᠠᠬᠤ ᠵᠢᠨ ᠤᠴᠢᠷ᠎ᠲᠤ
 
             蒙ICP备05000248号