ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠤᠷ᠎ᠤᠨ ᠲᠠᠪᠴᠠᠩ   -   ᠪᠠᠭᠰᠢ᠎ᠶᠢᠨ ᠬᠤᠷᠸ᠎ᠠ
ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠪᠦᠲᠦᠭᠡᠨ ᠪᠠᠶ᠋ᠢᠭᠤᠯᠣᠯᠲᠠ ᠲᠣᠮᠳᠠ ᠣᠷᠤᠰᠢᠵᠤ ᠪᠠᠶ᠋ᠢᠭ᠎ᠠ ᠠᠰᠠᠭᠤᠳᠠᠯ ᠵᠢᠴᠢ ᠰᠢᠢ᠍ᠳᠪᠤᠷᠢᠯᠡᠭᠦ ᠠᠷᠭ᠎ᠠ ᠪᠣᠳᠣᠯᠭ᠎ᠠ
ᠨᠡᠶ᠋ᠢᠲᠡᠯᠡᠭᠰᠡᠨ ᠴᠠᠭ᠄ 2019-01-11

                                                          ᠪᠣᠤ ᠬᠠᠢ ᠶᠠᠨ


      ᠬᠢᠴᠢᠶᠡᠯ ᠲᠦᠷᠦᠯ᠎ᠤᠨ ᠦᠢ᠍ᠯᠡᠴᠢᠯᠡᠭᠡᠨ ᠭᠡᠳᠡᠭ᠎ᠨᠢ ᠲᠡᠭᠡᠳᠦ ᠰᠣᠷᠭ᠋ᠠᠭᠤᠯᠢ ᠵᠢᠨ ᠬᠢᠴᠢᠶᠡᠯ ᠲᠦᠷᠦᠯ᠎ᠤᠨ ᠪᠦᠲᠦᠭᠡᠨ ᠪᠠᠶ᠋ᠢᠭᠤᠯᠣᠯᠲᠠ ᠵᠢᠨ ᠬᠦᠭᠵᠢᠯᠲᠡ ᠵᠢᠨ ᠬᠡᠷᠡᠭᠴᠡᠭᠡᠨ᠎ᠳᠤ ᠰᠠᠭᠤᠷᠢᠯᠠᠵᠤ᠂ ᠬᠢᠴᠢᠶᠡᠯ ᠲᠦᠷᠦᠯ᠎ᠤᠨ ᠨᠤᠮ᠎ᠤᠨ ᠰᠠᠩᠴᠢ᠎ᠪᠠᠷ ᠲᠦᠪ ᠪᠣᠯᠭ᠋ᠠᠨ᠂ ᠲᠡᠭᠡᠳᠦ ᠰᠣᠷᠭ᠋ᠠᠭᠤᠯᠢ ᠵᠢᠨ ᠨᠤᠮ᠎ᠤᠨ ᠰᠠᠩ᠎ᠤᠨ ᠡᠯ᠎ᠡ ᠲᠦᠷᠦᠯ᠎ᠤᠨ ᠠ᠋ᠬᠢ ᠰᠣᠷᠪᠤᠯᠵᠢ᠎ᠪᠠᠷ ᠦᠢ᠍ᠯᠡᠴᠢᠯᠡᠭᠡᠨ᠎ᠤ ᠠᠴᠢᠶᠠᠯᠠᠭᠴᠢ ᠪᠣᠯᠭ᠋ᠠᠵᠤ᠂ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ ᠵᠶ᠋ᠠᠷ ᠲᠦᠰᠢᠭ ᠪᠣᠯᠭ᠋ᠠᠨ᠂ ᠬᠢᠴᠢᠶᠡᠯ ᠲᠦᠷᠦᠯ᠎ᠤᠨ ᠬᠡᠷᠡᠭᠯᠡᠭᠴᠢᠳ᠎ᠤᠨ ᠬᠡᠷᠡᠭᠴᠡᠭᠡ ᠵᠢ ᠬᠠᠩᠭ᠋ᠠᠬᠤ᠎ᠪᠠᠷ ᠬᠠᠷᠠᠯᠲᠠ ᠪᠣᠯᠭ᠋ᠠᠭᠰᠠᠨ᠂ ᠡᠯ᠎ᠡ ᠵᠦᠢ᠍ᠯ᠎ᠤᠨ ᠠᠷᠭ᠎ᠠ ᠮᠠᠶᠢᠭ ᠵᠶ᠋ᠠᠷ ᠲᠠᠮᠵᠢᠨ ᠬᠢᠴᠢᠶᠡᠯ ᠲᠦᠷᠦᠯ᠎ᠤᠨ ᠬᠡᠷᠡᠭᠯᠡᠭᠴᠢᠳ᠎ᠲᠤ ᠲᠣᠰᠬᠠᠶ᠋ᠢᠵᠢᠭᠰᠠᠨ᠂ ᠦᠪᠡᠷᠮᠢᠴᠡ ᠪᠠ ᠮᠡᠳᠡᠯᠭᠡᠵᠢᠭᠰᠡᠨ ᠦᠢ᠍ᠯᠡᠴᠢᠯᠡᠭᠡᠨ ᠬᠠᠩᠭ᠋ᠠᠬᠤ ᠵᠢ ᠬᠡᠯᠡᠨ᠎ᠡ᠃ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠢ ᠦᠷᠨᠢᠭᠦᠯᠬᠦ ᠪᠤᠯ ᠲᠡᠭᠡᠳᠦ ᠰᠣᠷᠭ᠋ᠠᠭᠤᠯᠢ ᠵᠢᠨ ᠨᠤᠮ᠎ᠤᠨ ᠰᠠᠩ᠎ᠤᠨ ᠦᠢ᠍ᠯᠡᠴᠢᠯᠡᠭᠡᠨ᠎ᠤ ᠰᠢᠨᠡᠴᠢᠯᠡᠯᠲᠡ ᠦᠭᠡᠷᠡᠴᠢᠯᠡᠯᠲᠡ ᠪᠦᠭᠡᠳ ᠲᠤᠰ ᠪᠡᠶ᠎ᠡ ᠵᠢᠨ ᠦᠨ᠎ᠡ ᠦᠷᠳᠡᠭ ᠵᠶ᠋ᠠᠨ ᠲᠡᠭᠡᠭᠰᠢᠯᠡᠭᠦᠯᠬᠦ ᠴᠢᠬᠤᠯᠠ ᠴᠢᠭᠯᠡᠯ ᠮᠦᠨ᠃ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ ᠪᠣᠯ ᠬᠢᠴᠢᠶᠡᠯ ᠲᠦᠷᠦᠯ᠎ᠤᠨ ᠨᠤᠮ᠎ᠤᠨ ᠰᠠᠩᠴᠢ᠎ᠠᠴᠠ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠢ ᠶᠠᠪᠤᠭᠳᠠᠭᠤᠯᠬᠤ ᠲᠣᠣᠷ ᠰᠦᠯᠵᠢᠶᠡᠨ᠎ᠤ ᠲᠠᠪᠴᠠᠩ ᠪᠠᠶ᠋ᠢᠵᠤ᠂ ᠬᠢᠴᠢᠶᠡᠯ ᠲᠦᠷᠦᠯ᠎ᠤᠨ ᠨᠣᠮ᠎ᠤᠨ ᠰᠠᠩᠴᠢ ᠪᠠ ᠬᠢᠴᠢᠶᠡᠯ ᠲᠦᠷᠦᠯ᠎ᠤᠨ ᠬᠡᠷᠡᠭᠯᠡᠭᠴᠢᠳ᠎ᠢ ᠬᠤᠯᠪᠤᠭ᠋ᠠᠯᠠᠭ᠍ᠤ ᠴᠢᠬᠤᠯᠠ ᠵᠠᠭᠤᠴᠢ ᠮᠦᠷᠳᠡᠭᠡᠨ ᠪᠠᠰᠠ ᠬᠢᠴᠢᠶᠡᠯ ᠲᠦᠷᠦᠯ᠎ᠤᠨ ᠨᠤᠮ᠎ᠤᠨ ᠰᠠᠩᠴᠢ ᠵᠢᠨ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠢ ᠦᠷᠨᠢᠭᠦᠯᠬᠦ ᠴᠢᠬᠤᠯᠠ ᠲᠦᠰᠢᠭ ᠲᠣᠯᠭ᠋ᠠᠭᠤᠷᠢ ᠪᠣᠯᠤᠨ᠎ᠠ᠃ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠨᠢ ᠰᠣᠷᠭ᠋ᠠᠭᠤᠯᠢ ᠵᠢᠨ ᠵᠢᠭ᠋ᠠᠨ ᠰᠣᠷᠭ᠋ᠠᠯᠲᠠ ᠪᠠ ᠰᠢᠨᠵᠢᠯᠡᠭᠡ ᠰᠣᠳᠣᠯᠭ᠋ᠠᠨ᠎ᠤ ᠬᠡᠷᠡᠭᠴᠡᠭᠡ᠎ᠳᠤ ᠲᠣᠬᠢᠷᠠᠯᠴᠠᠭ᠍ᠤ ᠵᠢᠨ ᠲᠣᠰᠠᠲᠠ ᠪᠠᠶ᠋ᠢᠭᠤᠯᠤᠭᠰᠠᠨ ᠬᠢᠴᠢᠶᠡᠯ ᠲᠦᠷᠦᠯ᠎ᠤᠨ ᠰᠣᠷᠠᠭ ᠵᠠᠩᠬᠢ ᠪᠣᠯᠤᠨ ᠦᠢ᠍ᠯᠡᠴᠢᠯᠡᠭᠡᠨ᠎ᠤ ᠰᠣᠯᠢᠯᠴᠠᠭ᠎ᠠ ᠵᠢᠨ ᠲᠠᠪᠴᠠᠩ ᠪᠠᠶ᠋ᠢᠵᠤ᠂ ᠬᠢᠴᠢᠶᠡᠯ ᠲᠦᠷᠦᠯ᠎ᠤᠨ ᠠ᠋ᠬᠢ ᠰᠣᠷᠪᠣᠯᠵᠢ ᠵᠢ ᠨᠡᠯᠢᠶᠡᠳ ᠪᠦᠬᠦ ᠲᠠᠯ᠎ᠠ᠎ᠪᠠᠷ ᠨᠢᠭᠡᠳᠭᠡᠭᠰᠡᠨ ᠪᠠ ᠬᠢᠴᠢᠶᠡᠯ ᠲᠦᠷᠦᠯ᠎ᠤᠨ ᠮᠠᠲᠸᠷᠢᠶᠠᠯ ᠮᠡᠳᠡᠭᠡ ᠵᠢ ᠭᠦᠢ᠍ᠴᠡᠳ ᠨᠡᠪᠴᠢᠭᠦᠯᠵᠦ᠂ ᠰᠢᠨᠵᠢᠯᠡᠭᠡ ᠰᠣᠳᠣᠯᠭ᠋ᠠᠨ᠎ᠤ ᠦᠷ᠎ᠡ ᠪᠦᠲᠦᠭᠡᠯ᠎ᠢ ᠴᠠᠭ ᠲᠣᠬᠠᠢ᠎ᠳᠤ᠎ᠨᠢ ᠲᠡᠯᠭᠡᠨ ᠦᠵᠡᠭᠦᠯᠦᠭᠰᠡᠨ ᠪᠦᠭᠡᠳ ᠲᠡᠭᠡᠳᠦ ᠰᠣᠷᠭ᠋ᠠᠭᠤᠯᠢ ᠵᠢᠨ ᠪᠠᠭᠰᠢ ᠰᠣᠷᠣᠭᠴᠢᠳ᠎ᠤᠨ ᠰᠣᠷᠣᠯᠭ᠎ᠠ ᠪᠠ ᠰᠢᠨᠵᠢᠯᠡᠭᠡ ᠰᠣᠳᠣᠯᠭ᠋ᠠᠨ᠎ᠢ ᠲᠡᠮᠵᠢᠬᠦ ᠵᠢᠨ ᠲᠣᠰᠠᠳᠠ᠂ ᠥᠪᠡᠷᠮᠢᠴᠡ ᠣᠨᠴᠠᠯᠢᠭ ᠪᠦᠬᠦᠢ ᠪᠦᠬᠦ ᠲᠠᠯ᠎ᠠ ᠵᠢᠨ ᠬᠢᠴᠢᠶᠡᠯ ᠲᠦᠷᠦᠯ᠎ᠤᠨ ᠠ᠋ᠬᠢ ᠰᠣᠷᠪᠣᠯᠵᠢ ᠵᠢ ᠬᠠᠩᠭ᠋ᠠᠳᠠᠭ᠃
      ᠨᠢᠭᠡ᠂ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠲᠡᠭᠡᠳᠦ ᠰᠣᠷᠭ᠋ᠠᠭᠤᠯᠢ ᠵᠢᠨ ᠬᠢᠴᠢᠶᠡᠯ ᠲᠦᠷᠦᠯ᠎ᠤᠨ ᠬᠦᠭᠵᠢᠯᠲᠡ᠎ᠳᠤ᠎ᠬᠢ ᠤᠳᠬ᠎ᠠ ᠠᠭᠤᠯᠭ᠎ᠠ
     1. ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ ᠪᠣᠯ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠰᠠᠭᠤᠷᠢ ᠮᠦᠨ᠃ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠨᠢ ᠨᠣᠮ᠎ᠤᠨ ᠰᠠᠩ᠎ᠤᠨ ᠬᠢᠴᠢᠶᠡᠯ ᠲᠦᠷᠦᠯ᠎ᠤᠨ ᠦᠢ᠍ᠯᠡᠴᠢᠯᠡᠭᠡᠨ ᠦᠷᠨᠢᠭᠦᠯᠬᠦ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ᠎ᠤ ᠬᠤᠪᠢ᠎ᠳᠤ᠂ ᠬᠢᠴᠢᠶᠡᠯ ᠲᠦᠷᠦᠯ᠎ᠤᠨ ᠬᠡᠷᠡᠭᠯᠡᠭᠴᠢ᠂ ᠬᠢᠴᠢᠶᠡᠯ ᠲᠦᠷᠦᠯ᠎ᠤᠨ ᠨᠣᠮ᠎ᠤᠨ ᠰᠠᠩᠴᠢ ᠪᠠ ᠬᠢᠴᠢᠶᠡᠯ ᠲᠦᠷᠦᠯ᠎ᠤᠨ ᠠ᠋ᠬᠢ ᠰᠣᠷᠪᠣᠯᠵᠢ ᠵᠢ ᠲᠤᠬᠢᠷᠠᠮᠵᠢᠲᠠᠢ ᠵᠤᠬᠢᠶᠠᠨ ᠪᠠᠶ᠋ᠢᠭᠤᠯᠵᠤ᠂ ᠬᠢᠴᠢᠶᠡᠯ ᠲᠦᠷᠦᠯ᠎ᠤᠨ ᠬᠡᠷᠡᠭᠯᠡᠭᠴᠢ ᠪᠣᠯᠤᠨ ᠨᠣᠮ᠎ᠤᠨ ᠰᠠᠩᠴᠢ᠂ ᠬᠢᠴᠢᠶᠡᠯ ᠲᠦᠷᠦᠯ᠎ᠤᠨ ᠬᠡᠷᠡᠭᠯᠡᠭᠴᠢ ᠪᠣᠯᠤᠨ ᠬᠢᠴᠢᠶᠡᠯ ᠲᠦᠷᠦᠯ᠎ᠤᠨ ᠠ᠋ᠬᠢ ᠪᠠᠶᠠᠯᠢᠭ᠂ ᠬᠢᠴᠢᠶᠡᠯ ᠲᠦᠷᠦᠯ᠎ᠤᠨ ᠰᠠᠩᠴᠢ ᠪᠣᠯᠤᠨ ᠬᠢᠴᠢᠶᠡᠯ ᠲᠦᠷᠦᠯ᠎ᠤᠨ ᠠ᠋ᠬᠢ ᠪᠠᠶᠠᠯᠢᠭ᠎ᠤᠨ ᠠᠭᠤᠰᠬᠤ ᠵᠢ ᠪᠡᠶᠡᠯᠡᠭᠦᠯᠵᠦ ᠴᠢᠳᠠᠳᠠᠭ᠃
     2. ᠬᠢᠴᠢᠶᠡᠯ ᠲᠦᠷᠦᠯ᠎ᠤᠨ ᠵᠠᠩᠬᠢ ᠵᠢᠨ ᠰᠣᠷᠪᠤᠯᠵᠢ ᠵᠢ ᠣᠷᠳᠤ ᠬᠤᠭᠤᠴᠠᠭ᠎ᠠ᠎ᠪᠠᠷ ᠬᠠᠳᠠᠭ᠋ᠠᠯᠠᠭ᠍ᠤ ᠪᠠ ᠬᠠᠮᠢᠶᠠᠷᠴᠤ᠂ ᠬᠢᠴᠢᠶᠡᠯ ᠲᠦᠷᠦᠯ᠎ᠤᠨ ᠮᠡᠳᠡᠯᠭᠡ ᠵᠢᠨ ᠬᠤᠷᠠᠮᠳᠣᠯ᠎ᠤᠨ ᠲᠦᠪ᠎ᠢ ᠪᠦᠷᠢᠯᠳᠦᠭᠦᠯᠦᠨ᠎ᠡ᠃ ᠬᠢᠴᠢᠶᠡᠯ ᠲᠦᠷᠦᠯ᠎ᠤᠨ ᠲᠠᠪᠴᠠᠩ᠎ᠤᠨ ᠲᠣᠳᠣᠷ᠎ᠠ ᠲᠡᠭᠡᠳᠦ ᠰᠣᠷᠭ᠋ᠠᠭᠤᠯᠢ᠎ᠯᠤᠭ᠎ᠠ ᠦᠪᠡᠷᠮᠢᠴᠡ ᠲᠤᠬᠢᠷᠠᠯᠴᠠᠭ᠍ᠤ ᠬᠢᠴᠢᠶᠡᠯ ᠲᠦᠷᠦᠯ᠎ᠤᠨ ᠲᠤᠭ᠎ᠠ ᠪᠠᠷᠢᠮᠲᠠ ᠵᠢᠨ ᠬᠦᠮᠦᠷᠭᠡ ᠵᠢ ᠪᠦᠳᠦᠭᠡᠨ ᠪᠠᠶ᠋ᠢᠭᠤᠯᠣᠨ᠎ᠠ᠃ ᠨᠢᠭᠡ ᠲᠠᠯ᠎ᠠ᠎ᠪᠠᠷ᠂ ᠲᠤᠭ᠎ᠠ ᠪᠠᠷᠢᠮᠲᠠ ᠵᠢᠨ ᠬᠦᠮᠦᠷᠭᠡ ᠵᠢᠨ ᠠᠷᠠᠯᠵᠢᠶᠠᠴᠢᠳ᠎ᠤᠨ ᠠ᠋ᠷᠳᠡᠮ ᠰᠢᠨᠵᠢᠯᠡᠭᠡᠨ᠎ᠤ ᠠ᠋ᠬᠢ ᠰᠣᠷᠪᠣᠯᠵᠢ᠎ᠳᠤ᠎ᠬᠢ ᠭᠠᠭᠴᠠᠭ᠋ᠠᠷ ᠡᠵᠡᠮᠰᠢᠯ᠎ᠢ ᠦᠭᠡᠶ᠋ᠢᠰᠭᠡᠨ᠂ ᠬᠠᠳᠠᠭ᠋ᠠᠯᠠᠭᠰᠠᠨ ᠬᠢᠴᠢᠶᠡᠯ ᠲᠦᠷᠦᠯ᠎ᠤᠨ ᠰᠣᠷᠪᠣᠯᠵᠢ᠎ᠪᠠᠨ ᠲᠡᠭᠡᠳᠦ ᠰᠣᠷᠭ᠋ᠠᠭᠤᠯᠢ ᠵᠢᠨ ᠬᠢᠴᠢᠶᠡᠯ ᠲᠦᠷᠦᠯ᠎ᠤᠨ ᠬᠡᠷᠡᠭᠯᠡᠭᠴᠢᠳ᠎ᠲᠤ ᠣᠷᠳᠣ ᠬᠤᠭᠤᠴᠠᠭ᠎ᠠ᠎ᠪᠠᠷ ᠬᠡᠷᠡᠭᠯᠡᠭᠦᠯᠬᠦ ᠵᠢᠨ ᠣᠯᠠᠮ ᠵᠶ᠋ᠠᠷ᠂ ᠲᠡᠭᠡᠳᠦ ᠰᠣᠷᠭ᠋ᠠᠭᠤᠯᠢ ᠵᠢᠨ ᠨᠣᠮ᠎ᠤᠨ ᠰᠠᠩ᠎ᠤᠨ ᠶᠡᠭᠡ ᠬᠡᠮᠵᠢᠶᠡᠨ᠎ᠤ ᠪᠦᠲᠦᠭᠡᠨ ᠪᠠᠶ᠋ᠢᠭᠤᠯᠣᠯᠲᠠ ᠵᠢᠨ ᠪᠡᠯᠡ ᠮᠦᠩᠬᠦ ᠵᠢ ᠠᠷᠪᠢᠯᠠᠭᠤᠯᠤᠨ᠎ᠠ; ᠨᠦᠭᠦᠭᠡ ᠲᠠᠯ᠎ᠠ᠎ᠪᠠᠷ᠂ ᠬᠢᠴᠢᠶᠡᠯ ᠲᠦᠷᠦᠯ᠎ᠤᠨ ᠵᠠᠩᠬᠢ ᠵᠢᠨ ᠰᠣᠷᠪᠣᠯᠵᠢ ᠵᠢᠨ ᠲᠦᠪᠯᠠᠷᠠᠩᠭᠦᠢ ᠬᠠᠮᠢᠶᠠᠷᠣᠯᠲᠠ ᠵᠢ ᠪᠡᠶᠠᠯᠡᠭᠦᠯᠬᠦ ᠵᠢᠨ ᠣᠯᠠᠮ ᠵᠶ᠋ᠠᠷ᠂ ᠲᠡᠭᠡᠳᠦ ᠰᠣᠷᠭ᠋ᠠᠭᠤᠯᠢ ᠵᠢᠨ ᠬᠢᠴᠢᠶᠡᠯ ᠲᠦᠷᠦᠯ᠎ᠤᠨ ᠰᠣᠷᠪᠣᠯᠵᠢ ᠵᠢᠨ ᠬᠤᠷᠠᠮᠳᠤᠯ᠎ᠤᠨ ᠲᠦᠪ᠎ᠢ ᠪᠦᠷᠢᠯᠳᠦᠭᠦᠯᠵᠦ᠂ ᠲᠡᠭᠡᠳᠦ ᠰᠣᠷᠭ᠋ᠠᠭᠤᠯᠢ ᠵᠢᠨ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠦᠨᠳᠦᠷ ᠠᠰᠢᠬᠲᠦ ᠦᠷᠨᠢᠯᠲᠡ᠎ᠳᠤ ᠪᠠᠲᠤᠯᠠᠪᠤᠷᠢ ᠪᠠ ᠲᠡᠮᠵᠢᠯᠭᠡ ᠬᠠᠩᠭ᠋ᠠᠬᠤ ᠮᠦᠷᠲᠡᠭᠡᠨ ᠠ᠋ᠷᠳᠡᠮ ᠰᠢᠨᠵᠢᠯᠡᠭᠡᠨ᠎ᠤ ᠰᠣᠷᠪᠣᠯᠵᠢ ᠵᠢᠨ ᠬᠡᠷᠡᠭᠯᠡᠯᠲᠡ ᠪᠠ ᠰᠣᠯᠢᠯᠴᠠᠭ᠎ᠠ ᠵᠢ ᠠᠬᠢᠭᠤᠯᠣᠨ᠂ ᠠ᠋ᠷᠳᠡᠮ ᠰᠢᠨᠵᠢᠯᠡᠭᠡᠨ᠎ᠤ ᠰᠣᠷᠪᠤᠯᠵᠢ ᠵᠢᠨ ᠨᠦᠯᠦᠭᠡᠯᠡᠬᠦ ᠴᠢᠳᠠᠪᠬᠢ ᠵᠢ ᠲᠡᠭᠡᠭᠰᠢᠯᠡᠭᠦᠯᠦᠨ᠎ᠡ᠃
     3. ᠬᠢᠴᠢᠶᠡᠯ ᠲᠦᠷᠦᠯ᠎ᠤᠨ ᠣᠨᠴᠠᠯᠢᠬ᠍ᠵᠢᠭᠰᠠᠨ᠂ ᠨᠡᠶ᠋ᠢᠳᠡᠮᠵᠢᠭᠰᠡᠨ ᠦᠢ᠍ᠯᠡᠴᠢᠯᠡᠭᠡ ᠵᠢ ᠪᠣᠯᠣᠯᠴᠠᠭ᠎ᠠ᠎ᠲᠠᠢ ᠪᠣᠯᠭ᠋ᠠᠨ᠎ᠠ᠃ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠢ ᠠᠰᠢᠭᠯᠠᠵᠤ᠂ ᠲᠣᠣᠷ ᠰᠦᠯᠵᠢᠶ᠎ᠡ ᠲᠡᠭᠡᠷᠡᠬᠢ ᠡᠯ᠎ᠡ ᠲᠦᠷᠦᠯ᠎ᠤᠨ ᠠ᠋ᠬᠢ ᠰᠣᠷᠪᠤᠯᠵᠢ ᠵᠢ ᠰᠢᠯᠢᠳᠡᠭᠵᠢᠭᠦᠯᠬᠦ ᠪᠠ ᠬᠠᠮᠳᠣᠴᠢᠯᠠᠭ᠍ᠤ᠎ᠳᠤ ᠲᠦᠭᠦᠮ ᠪᠤᠯᠭ᠋ᠠᠵᠤ᠂ ᠬᠢᠴᠢᠶᠡᠯ ᠲᠦᠷᠦᠯ᠎ᠤᠨ ᠠ᠋ᠬᠢ ᠰᠣᠷᠪᠤᠯᠵᠢ ᠵᠢ ᠲᠡᠭᠡᠳᠦ ᠬᠡᠮᠵᠢᠶ᠎ᠡ᠎ᠪᠠᠷ ᠨᠢᠭᠡᠳᠭᠡᠭᠰᠡᠨ ᠠ᠋ᠬᠢ ᠰᠣᠷᠪᠣᠯᠵᠢ ᠵᠢ ᠪᠦᠷᠢᠯᠳᠦᠭᠦᠯᠬᠦ ᠵᠢᠨ ᠣᠯᠠᠮ ᠵᠶ᠋ᠠᠷ᠂ ᠬᠡᠷᠡᠭᠯᠡᠭᠴᠢᠳ᠎ᠤᠨ ᠬᠡᠷᠡᠭᠴᠡᠭᠡ ᠵᠢ ᠦᠨᠳᠦᠰᠦᠯᠡᠨ ᠠ᠋ᠬᠢ ᠰᠣᠷᠪᠤᠯᠵᠢ᠎ᠳᠤ ᠨᠢᠭᠡᠳᠦᠯᠳᠡᠢ ᠲᠣᠬᠢᠷᠠᠭᠤᠯᠣᠯᠲᠠ ᠬᠢᠵᠦ᠂ ᠮᠡᠳᠡᠯᠭᠡ ᠵᠢᠨ ᠬᠠᠮᠳᠤ᠎ᠪᠠᠷ ᠠ᠋ᠳ᠋ᠯᠡᠬᠦ ᠪᠠ ᠲᠠᠬᠢᠨᠲᠠ ᠬᠡᠷᠡᠭᠯᠡᠬᠦ ᠵᠢ ᠪᠡᠶᠡᠯᠡᠭᠦᠯᠬᠦ ᠪᠣᠯᠣᠨ᠎ᠠ᠃ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠢ ᠠᠰᠢᠭᠯᠠᠵᠤ᠂ ᠬᠡᠷᠡᠭᠯᠡᠭᠴᠢᠳ᠎ᠤᠨ ᠦᠢ᠍ᠯᠡ ᠠᠵᠢᠯᠯᠠᠭ᠎ᠠ ᠵᠢ ᠠᠰᠢᠭᠲᠠᠢ ᠲᠡᠮᠳᠡᠭᠯᠡᠵᠦ᠂ ᠬᠡᠷᠡᠭᠯᠡᠭᠴᠢᠳ᠎ᠤᠨ ᠲᠣᠷ᠎ᠠ ᠰᠣᠨᠢᠷᠬᠠᠯ᠎ᠢ ᠵᠠᠳᠠᠯᠤᠨ᠂ ᠬᠡᠷᠡᠭᠯᠡᠭᠴᠢᠳ᠎ᠤᠨ ᠬᠡᠷᠡᠭᠴᠡᠭᠡ᠎ᠲᠠᠢ ᠣᠶᠠᠯᠳᠣᠭᠤᠯᠵᠤ᠂ ᠵᠢᠩᠬᠢᠨᠢ ᠣᠳᠬ᠎ᠠ ᠠᠭᠤᠯᠭ᠎ᠠ ᠲᠡᠭᠡᠷᠡᠬᠢ ᠬᠢᠴᠢᠶᠡᠯ ᠲᠦᠷᠦᠯ᠎ᠤᠨ ᠬᠡᠷᠡᠭᠯᠡᠭᠴᠢᠳ᠎ᠤᠨ ᠥᠪᠡᠷᠮᠢᠴᠡ ᠮᠡᠳᠡᠯᠭᠡ ᠵᠢᠨ ᠦᠢ᠍ᠯᠡᠴᠢᠯᠡᠭᠡ ᠵᠢ ᠪᠡᠶᠡᠯᠡᠭᠦᠯᠦᠨ᠎ᠡ᠃
     4. ᠲᠡᠭᠡᠳᠦ ᠰᠣᠷᠭ᠋ᠠᠭᠤᠯᠢ ᠵᠢᠨ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠶᠡᠷᠦᠩᠬᠡᠶ᠋ᠢᠯᠡᠭᠰᠡᠨ ᠦᠷᠢᠰᠦᠯᠳᠦᠬᠦ ᠴᠢᠳᠠᠪᠣᠷᠢ ᠵᠢ ᠳᠡᠭᠡᠭᠰᠢᠯᠡᠭᠦᠯᠦᠨ᠎ᠡ᠃ ᠬᠡᠷᠡᠭᠯᠡᠭᠴᠢᠳ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ ᠵᠶ᠋ᠠᠷ ᠲᠠᠮᠵᠢᠨ ᠬᠡᠷᠡᠭᠴᠡᠭᠡ ᠪᠦᠬᠦᠢ ᠬᠢᠴᠢᠶᠡᠯ ᠲᠦᠷᠦᠯ᠎ᠤᠨ ᠠ᠋ᠬᠢ ᠰᠣᠷᠪᠤᠯᠵᠢ ᠪᠠ ᠮᠡᠳᠡᠯᠭᠡ ᠵᠢ ᠬᠤᠷᠳᠤᠨ ᠲᠦᠷᠭᠡᠨ ᠵᠶ᠋ᠠᠷ ᠣᠯᠵᠤ ᠴᠢᠳᠠᠨ᠎ᠠ᠂ ᠠ᠋ᠨᠡ᠎ᠨᠢ ᠠ᠋ᠬᠢ ᠰᠣᠷᠪᠣᠯᠵᠢ ᠪᠠ ᠮᠡᠳᠡᠯᠭᠡ ᠵᠢᠨ ᠬᠤᠷᠳᠣᠨ ᠲᠦᠷᠭᠡᠨ ᠵᠶ᠋ᠠᠷ ᠲᠠᠮᠵᠢᠭᠳᠠᠵᠤ᠂ ᠰᠣᠯᠢᠯᠴᠠᠨ᠂ ᠬᠤᠪᠢᠷᠠᠯᠲᠠ ᠭᠠᠷᠬᠤ ᠵᠢᠴᠢ ᠰᠢᠨ᠎ᠡ ᠵᠢ ᠠ᠋ᠭᠦᠳᠬᠦ ᠵᠢ ᠠᠬᠢᠭᠤᠯᠬᠤ ᠵᠢᠨ ᠬᠠᠮᠳᠤ᠂ ᠪᠠᠰᠠ ᠲᠡᠭᠡᠳᠦ ᠰᠣᠷᠭ᠋ᠠᠭᠤᠯᠢ ᠵᠢᠨ ᠨᠣᠮ᠎ᠤᠨ ᠰᠠᠩ᠎ᠤᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠪᠠ ᠦᠷ᠎ᠡ ᠠᠰᠢᠭ᠎ᠢ ᠲᠡᠭᠡᠭᠰᠢᠯᠡᠭᠦᠯᠬᠦ ᠵᠢᠨ ᠣᠯᠠᠮ ᠵᠶ᠋ᠠᠷ ᠲᠡᠭᠡᠳᠦ ᠰᠣᠷᠭ᠋ᠠᠭᠤᠯᠢ ᠵᠢᠨ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠶᠡᠷᠦᠩᠬᠡᠶ᠋ᠢᠯᠡᠭᠰᠡᠨ ᠦᠷᠢᠰᠦᠯᠳᠦᠭᠡᠨ᠎ᠤ ᠴᠢᠳᠠᠪᠣᠷᠢ ᠵᠢ ᠲᠡᠭᠡᠭᠰᠢᠯᠡᠭᠦᠯᠵᠠᠢ᠃
      ᠬᠤᠶᠠᠷ᠂ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠬᠦᠭᠵᠢᠯᠲᠡ ᠵᠢᠨ ᠣᠳᠣᠬᠢ ᠪᠠᠶ᠋ᠢᠳᠠᠯ
v ᠮᠠᠨ᠎ᠤ ᠣᠯᠣᠰ᠎ᠤᠨ ᠬᠡᠰᠡᠭ ᠲᠦᠯᠦᠭᠡᠯᠡᠬᠦ ᠴᠢᠨᠠᠷᠲᠠᠢ ᠲᠡᠭᠡᠳᠦ ᠰᠣᠷᠭ᠋ᠠᠭᠤᠯᠢ ᠵᠢᠨ ᠨᠣᠮ᠎ᠤᠨ ᠰᠠᠩ᠎ᠤᠨ ᠲᠣᠭ᠋ᠠᠴᠠᠯᠠᠭᠰᠠᠨ ᠨᠣᠮ᠎ᠤᠨ ᠰᠠᠩ᠎ᠤᠨ ᠨᠸᠲ ᠦᠷᠳᠡᠭᠡ᠂ ᠲᠠᠷᠣᠢ 2017 ᠤᠨ᠎ᠤ ᠵᠦᠭᠡᠯᠡᠨ ᠰᠢᠨᠵᠢᠯᠡᠬᠦ ᠣᠬᠠᠭ᠋ᠠᠨ᠎ᠤ ᠳᠡᠯᠡᠬᠡᠢ ᠵᠢᠨ ᠶᠡᠭᠡ ᠰᠣᠷᠭ᠋ᠠᠭᠤᠯᠢ ᠵᠢᠨ ᠠ᠋ᠷᠳᠡᠮ ᠰᠢᠨᠵᠢᠯᠡᠭᠡᠨ᠎ᠤ ᠲᠠᠷᠠᠭ᠋ᠠᠯᠠᠯ᠎ᠳᠤ᠎ᠬᠢ ᠮᠠᠨ᠎ᠤ ᠣᠯᠣᠰ᠎ᠤᠨ ᠠ᠋ᠮᠦᠨ᠎ᠡ 20 ᠨᠠᠷᠡᠰ᠎ᠲᠤ ᠵᠢᠭᠰᠠᠭ᠋ᠠᠭᠳᠠᠨ ᠲᠡᠭᠡᠳᠦ ᠰᠣᠷᠭ᠋ᠠᠭᠤᠯᠢ ᠵᠢᠨ ᠨᠣᠮ᠎ᠤᠨ ᠰᠠᠩ᠎ᠤᠨ ᠨᠸᠲ ᠨᠢᠭᠤᠷ᠎ᠲᠤ ᠦᠨᠳᠦᠰᠦᠨ ᠪᠠᠶ᠋ᠢᠳᠠᠯ᠎ᠤᠨ ᠪᠠᠶ᠋ᠢᠴᠠᠭ᠋ᠠᠯᠲᠠ ᠬᠢᠭᠡᠳ ᠢᠯᠡᠷᠡᠭᠦᠯᠦᠭᠰᠡᠨ᠎ᠨᠢ (2017 ᠣᠨ᠎ᠤ 3 ᠰᠠᠷ᠎ᠠ ᠵᠢᠨ 20᠎ᠤ ᠠ᠋ᠳᠦᠷ ᠬᠦᠷᠳᠡᠯ᠎ᠡ)᠄ (1) ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ ᠪᠠᠶ᠋ᠢᠭᠤᠯᠣᠭᠰᠠᠨ ᠲᠡᠭᠡᠳᠦ ᠰᠣᠷᠭ᠋ᠠᠭᠤᠯᠢ᠎ᠨᠢ 13 ᠰᠠᠭᠤᠷᠢ᠂ 65 % ᠵᠢ ᠡᠵᠡᠯᠡᠵᠦ ᠪᠣᠢ᠂ ᠲᠣᠰᠪᠣᠷᠢ ᠪᠡᠭᠡᠵᠢᠩ ᠶᠡᠭᠡ ᠰᠣᠷᠭ᠋ᠠᠭᠤᠯᠢ᠂ ᠴᠢᠩᠬᠤᠸᠠ ᠶᠡᠭᠡ ᠰᠣᠷᠭ᠋ᠠᠭᠤᠯᠢ᠂ ᠱᠠᠩᠬᠠᠢ ᠵᠢᠨ ᠵᠠᠮ ᠬᠠᠷᠢᠯᠴᠠᠭ᠋ᠠᠨ᠎ᠤ ᠶᠡᠭᠡ ᠰᠣᠷᠭ᠋ᠠᠭᠤᠯᠢ᠂ ᠬᠤᠸᠠ ᠵᠦᠩ ᠰᠢᠨᠵᠢᠯᠡᠭᠡ ᠲᠸᠭᠨᠢᠭ᠎ᠤᠨ ᠶᠡᠭᠡ ᠰᠣᠷᠭ᠋ᠠᠭᠤᠯᠢ᠂ ᠲᠦᠩ ᠵᠢᠢ ᠶᠡᠭᠡ ᠰᠣᠷᠭ᠋ᠠᠭᠤᠯᠢ᠂ ᠵᠡᠭᠦᠨ ᠠ᠋ᠮᠦᠨᠡᠳᠦ ᠵᠢᠨ ᠶᠡᠭᠡ ᠰᠣᠷᠭ᠋ᠠᠭᠤᠯᠢ᠂ ᠦᠬᠠᠨ ᠶᠡᠭᠡ ᠰᠣᠷᠭ᠋ᠠᠭᠤᠯᠢ᠂ ᠪᠡᠭᠡᠵᠢᠩ᠎ᠤᠨ ᠪᠠᠭᠰᠢ ᠵᠢᠨ ᠶᠡᠭᠡ ᠰᠣᠷᠭ᠋ᠠᠭᠤᠯᠢ᠂ ᠵᠸᠵᠢᠶᠠᠩ ᠶᠡᠭᠡ ᠰᠣᠷᠭ᠋ᠠᠭᠤᠯᠢ᠂ ᠹᠦ᠋ ᠳ᠋ᠠᠨ ᠶᠡᠭᠡ ᠰᠣᠷᠭ᠋ᠠᠭᠤᠯᠢ᠂ ᠬᠠᠷᠪᠢᠨ᠎ᠤ ᠠᠵᠤ ᠦᠢ᠍ᠯᠡᠳᠪᠦᠷᠢ ᠵᠢᠨ ᠶᠡᠭᠡ ᠰᠣᠷᠭ᠋ᠠᠭᠤᠯᠢ᠂ ᠰᠸᠴᠤᠸᠠᠨ ᠶᠡᠭᠡ ᠰᠣᠷᠭ᠋ᠠᠭᠤᠯᠢ᠂ ᠨᠠᠨ ᠺᠠᠢ ᠶᠡᠭᠡ ᠰᠣᠷᠭ᠋ᠠᠭᠤᠯᠢ (2) ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ ᠪᠠᠶ᠋ᠢᠭᠤᠯᠣᠭᠰᠠᠨ ᠦᠭᠡᠢ ᠰᠣᠷᠭ᠋ᠠᠭᠤᠯᠢ᠎ᠨᠢ 7 ᠪᠠᠶ᠋ᠢᠵᠤ᠂ 35% ᠵᠢ ᠡᠵᠡᠯᠡᠨ᠎ᠡ᠃
      ᠳᠡᠭᠡᠷᠡᠬᠢ ᠰᠣᠷᠭ᠋ᠠᠭᠤᠯᠢ᠎ᠨᠤᠭᠤᠳ᠎ᠠᠴᠠ ᠲᠠᠬᠢᠨᠲᠠ ᠪᠡᠭᠡᠵᠢᠩ ᠶᠡᠭᠡ ᠰᠣᠷᠭ᠋ᠠᠭᠤᠯᠢ᠂ ᠴᠢᠩᠬᠤᠸᠠ ᠶᠡᠭᠡ ᠰᠣᠷᠭ᠋ᠠᠭᠤᠯᠢ᠂ ᠱᠠᠩᠬᠠᠢ ᠵᠢᠨ ᠵᠠᠮ ᠬᠠᠷᠢᠯᠴᠠᠭ᠋ᠠᠨ᠎ᠤ ᠶᠡᠭᠡ ᠰᠣᠷᠭ᠋ᠠᠭᠤᠯᠢ᠂ ᠹᠦ᠋ ᠳ᠋ᠠᠨ ᠶᠡᠭᠡ ᠰᠣᠷᠭ᠋ᠠᠭᠤᠯᠢ᠂ ᠬᠤᠸᠠ ᠵᠦᠩ ᠰᠢᠨᠵᠢᠯᠡᠭᠡ ᠲᠸᠭᠨᠢᠭ᠎ᠤᠨ ᠶᠡᠭᠡ ᠰᠣᠷᠭ᠋ᠠᠭᠤᠯᠢ᠂ ᠲᠦᠩ ᠵᠢᠢ ᠶᠡᠭᠡ ᠰᠣᠷᠭ᠋ᠠᠭᠤᠯᠢ᠂ ᠵᠡᠭᠦᠨ ᠠ᠋ᠮᠦᠨᠡᠳᠦ ᠵᠢᠨ ᠶᠡᠭᠡ ᠰᠣᠷᠭ᠋ᠠᠭᠤᠯᠢ᠂ ᠦᠬᠠᠨ ᠶᠡᠭᠡ ᠰᠣᠷᠭ᠋ᠠᠭᠤᠯᠢ᠂ ᠨᠠᠨ ᠺᠠᠢ ᠶᠡᠭᠡ ᠰᠣᠷᠭ᠋ᠠᠭᠤᠯᠢ ᠵᠡᠷᠭᠡ 10 ᠰᠠᠭᠤᠷᠢ ᠨᠡᠶ᠋ᠢᠳᠡᠯᠢᠭ ᠰᠣᠷᠭ᠋ᠠᠭᠤᠯᠢ ᠵᠢ ᠰᠣᠩᠭᠤᠨ᠂ ᠡᠯ᠎ᠡ ᠰᠣᠷᠭ᠋ᠠᠭᠤᠯᠢ᠎ᠤᠳ᠎ᠤᠨ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠳᠤ ᠨᠠᠷᠢᠯᠢᠬ ᠪᠠᠶ᠋ᠢᠴᠠᠭ᠋ᠠᠯᠲᠠ ᠬᠢᠬᠡᠳ ᠲᠣᠣᠷᠠᠬᠢ ᠦᠷ᠎ᠡ ᠳ᠋ᠦᠩ᠎ᠢ ᠣᠯᠵᠠᠢ᠄ (1) 10 ᠰᠠᠭᠤᠷᠢ ᠨᠡᠶ᠋ᠢᠳᠡᠯᠢᠭ ᠲᠡᠭᠡᠳᠦ ᠰᠣᠷᠭ᠋ᠠᠭᠤᠯᠢ ᠵᠢᠨ ᠲᠣᠮᠳᠠ᠂ ᠡᠯ᠎ᠡ ᠰᠣᠷᠭ᠋ᠠᠭᠤᠯᠢ᠎ᠨᠤᠭᠤᠳ ᠬᠢᠴᠢᠶᠡᠯ ᠲᠦᠷᠦᠯ᠎ᠤᠨ ᠲᠣᠬᠢᠷᠠᠭᠤᠯᠣᠯᠲᠠ᠎ᠪᠠᠨ ᠦᠨᠳᠦᠰᠦᠯᠡᠨ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠪᠦᠲᠦᠭᠡᠨ ᠪᠠᠶ᠋ᠢᠭᠤᠯᠣᠯᠲᠠ ᠬᠢᠵᠦ᠂ ᠲᠠᠪᠴᠠᠩ᠎ᠤᠨ ᠲᠤᠭ᠎ᠠ ᠬᠡᠮᠵᠢᠶ᠎ᠡ᠎ᠨᠢ ᠠᠷᠪᠢᠨ᠂ ᠬᠠᠮᠤᠷᠣᠭᠰᠠᠨ ᠬᠢᠴᠢᠶᠡᠯ ᠲᠦᠷᠦᠯ᠎ᠤᠨ ᠬᠦᠷᠢᠶ᠎ᠡ ᠬᠡᠪᠴᠢᠶ᠎ᠡ᠎ᠨᠢ ᠦᠷᠭᠡᠨ ᠪᠠᠶ᠋ᠢᠨ᠎ᠠ᠃ (2) ᠳᠡᠭᠡᠷᠡᠬᠢ ᠲᠡᠭᠡᠳᠦ ᠰᠣᠷᠭ᠋ᠠᠭᠤᠯᠢ ᠵᠢᠨ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ ᠪᠠᠶ᠋ᠢᠭᠤᠯᠣᠭᠰᠠᠨ ᠠᠷᠭ᠎ᠠ ᠬᠡᠯᠪᠡᠷᠢ᠎ᠠᠴᠠ᠎ᠨᠢ ᠦᠵᠡᠪᠡᠯ᠂ ᠶᠡᠭᠡ ᠲᠦᠯᠦᠪ ᠠᠷᠠᠯᠵᠢᠶᠠᠨ᠎ᠤ ᠲᠣᠰᠬᠠᠢ ᠮᠡᠷᠭᠡᠵᠢᠯ᠎ᠤᠨ ᠬᠢᠴᠢᠶᠡᠯ ᠲᠦᠷᠦᠯ᠎ᠤᠨ ᠠᠶᠠᠯᠠᠯ᠎ᠤᠨ ᠵᠠᠯᠠᠭᠤᠷ ᠲᠠᠪᠴᠠᠩ᠂ ᠥᠪᠡᠷᠮᠢᠴᠡ ᠲᠤᠭ᠎ᠠ ᠪᠠᠷᠢᠮᠲᠠ ᠵᠢᠨ ᠬᠦᠮᠦᠷᠭᠡ ᠵᠢᠨ ᠬᠡᠯᠪᠡᠷᠢ᠎ᠪᠠᠷ ᠥᠪᠡᠷᠳᠡᠭᠡᠨ ᠪᠠᠶ᠋ᠢᠭᠤᠯᠤᠭᠰᠠᠨ᠂ ᠣᠯᠠᠨ ᠲᠦᠷᠦᠯ᠎ᠤᠨ ᠬᠡᠯᠪᠡᠷᠢ᠎ᠪᠠᠷ ᠬᠤᠯᠢᠯᠳᠣᠨ ᠪᠠᠶ᠋ᠢᠭᠤᠯᠤᠭᠰᠠᠨ ᠵᠡᠷᠭᠡ ᠲᠦᠷᠦᠯ ᠬᠤᠪᠢᠶᠠᠵᠤ ᠪᠣᠯᠣᠨ᠎ᠠ᠃ ᠠ᠋ᠭᠦᠨ᠎ᠤ ᠲᠤᠮᠳᠠ᠂ ᠡᠯ᠎ᠡ ᠲᠡᠭᠡᠳᠦ ᠰᠣᠷᠭ᠋ᠠᠭᠤᠯᠢ ᠵᠢᠨ ᠪᠠᠶ᠋ᠢᠭᠤᠯᠤᠭᠰᠠᠨ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠨᠢ ᠠᠮᠸᠷᠢᠺᠠ ᠣᠯᠣᠰ᠎ᠤᠨ Spring Share ᠺᠣᠮᠫᠠᠨᠢ ᠵᠢᠨ ᠬᠠᠩᠭ᠋ᠠᠭᠰᠠᠨ Lib Guides ᠠᠷᠠᠯᠵᠢᠶᠠᠨ᠎ᠤ ᠲᠣᠰᠬᠠᠢ ᠮᠡᠷᠭᠡᠵᠢᠯ᠎ᠤᠨ ᠬᠢᠴᠢᠶᠡᠯ ᠲᠦᠷᠦᠯ᠎ᠤᠨ ᠠᠶᠠᠯᠠᠯ᠎ᠤᠨ ᠵᠠᠯᠠᠭᠤᠷ᠎ᠤᠨ ᠲᠠᠪᠴᠠᠩ ᠵᠶ᠋ᠠᠷ ᠭᠤᠣᠯ ᠪᠣᠯᠭ᠋ᠠᠵᠠᠢ᠃ (3) ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠬᠤᠪᠢᠶᠠᠷᠢ ᠲᠠᠪᠴᠠᠩ᠎ᠤᠨ ᠰᠣᠷᠪᠣᠯᠵᠢᠯᠠᠭ᠍ᠤ ᠬᠡᠮᠵᠢᠶ᠎ᠡ ᠪᠣᠯᠤᠨ ᠰᠢᠨᠡᠴᠢᠯᠡᠭᠰᠡᠨ ᠴᠠᠭ᠎ᠨᠢ ᠬᠠᠷᠢᠯᠴᠠᠨ ᠨᠦᠯᠦᠭᠡᠯᠡᠵᠦ᠂ ᠬᠠᠷᠢᠯᠴᠠᠨ ᠬᠤᠯᠪᠣᠭ᠎ᠠ ᠬᠠᠷᠢᠴᠠᠭ᠎ᠠ ᠣᠷᠣᠰᠢᠵᠤ᠂ ᠲᠠᠷᠣᠢ ᠭᠤᠣᠯ ᠠᠭᠤᠯᠭ᠎ᠠ ᠵᠢᠨ ᠰᠢᠨᠡᠴᠢᠯᠡᠬᠦ ᠬᠤᠷᠳᠣᠴᠠ᠎ᠨᠢ ᠬᠠᠷᠢᠴᠠᠩᠭᠤᠢ ᠬᠤᠷᠳᠣᠨ ᠬᠤᠪᠢᠶᠠᠷᠢ ᠲᠠᠪᠴᠠᠩ᠎ᠤᠨ ᠰᠣᠷᠪᠣᠯᠵᠢᠯᠠᠭ᠍ᠤ ᠬᠡᠮᠵᠢᠶ᠎ᠡ᠎ᠨᠢ ᠠᠳᠠᠯᠢ ᠨᠢᠭᠡ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ ᠲᠣᠮᠳᠠᠬᠢ ᠬᠤᠪᠢᠶᠠᠷᠢ ᠲᠠᠪᠴᠠᠩ᠎ᠤᠨ ᠰᠣᠷᠪᠤᠯᠵᠢᠯᠠᠭ᠍ᠤ ᠬᠡᠮᠵᠢᠶᠡᠨ᠎ᠤ ᠲᠠᠷᠠᠭ᠋ᠠᠯᠠᠯ᠎ᠤᠨ ᠠ᠋ᠮᠦᠨᠡᠭᠦᠷ᠎ᠨᠢ ᠪᠠᠶ᠋ᠢᠳᠠᠭ᠃
      ᠭᠤᠷᠪᠠ᠂ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠠᠰᠠᠭᠤᠳᠠᠯ ᠵᠢᠴᠢ ᠠᠷᠭ᠎ᠠ ᠪᠣᠳᠣᠯᠭ᠎ᠠ
     1. ᠬᠢᠴᠢᠶᠡᠯ ᠲᠦᠷᠦᠯ᠎ᠤᠨ ᠬᠤᠭᠤᠷᠣᠨᠳᠣᠬᠢ ᠣᠶᠠᠯᠳᠣᠬᠤ ᠬᠡᠮᠵᠢᠶ᠎ᠡ ᠪᠠ ᠬᠦᠷᠢᠶ᠎ᠡ ᠬᠡᠪᠴᠢᠶ᠎ᠡ᠎ᠨᠢ ᠬᠦᠷᠦᠯᠴᠡᠬᠦ ᠦᠭᠡᠢ ᠪᠦᠭᠡᠳ ᠠᠭᠤᠯᠭ᠎ᠠ ᠵᠢᠨ ᠰᠢᠨᠡᠴᠢᠯᠡᠯᠲᠡ᠎ᠨᠢ ᠴᠠᠭ ᠲᠣᠬᠠᠢ᠎ᠳᠤ᠎ᠨᠢ ᠪᠢᠰᠢ᠂ ᠠ᠋ᠶ᠋ᠢᠮᠦ᠎ᠠᠴᠠ 《ᠰᠢᠮᠡᠳᠭᠡᠨ ᠣᠷᠣᠭᠤᠯᠬᠤ ᠬᠢᠴᠢᠶᠡᠯ ᠲᠦᠷᠦᠯ》᠎ᠤᠨ ᠠ᠋ᠬᠢ ᠰᠣᠷᠪᠤᠯᠵᠢ ᠵᠢᠨ ᠪᠠᠶ᠋ᠢᠭᠤᠯᠣᠯᠲᠠ ᠵᠢ ᠴᠢᠩᠭ᠋ᠠᠳᠬᠠᠪᠠᠯ ᠵᠣᠬᠢᠨ᠎ᠠ᠃
      ᠬᠢᠴᠢᠶᠡᠯ ᠲᠦᠷᠦᠯ᠎ᠤᠨ ᠨᠣᠮ᠎ᠤᠨ ᠰᠠᠩᠴᠢ ᠵᠢᠨ ᠬᠦᠮᠦᠨ᠎ᠤ ᠲᠣᠭ᠋ᠠᠨ᠎ᠤ ᠬᠢᠵᠠᠭ᠋ᠠᠷᠯᠠᠯ᠎ᠠᠴᠠ ᠪᠣᠯᠵᠤ᠂ ᠣᠳᠤᠬᠠᠨ᠎ᠤ ᠰᠢᠮᠡᠳᠭᠡᠨ ᠣᠷᠣᠭᠤᠯᠬᠤ ᠬᠡᠯᠪᠡᠷᠢ ᠵᠢᠨ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠨᠢ ᠵᠦᠪᠬᠡᠨ ᠨᠢᠭᠡ ᠪᠦᠯᠦᠭ ᠭᠤᠣᠯᠳᠠᠯᠭ᠎ᠠ᠎ᠲᠠᠢ ᠬᠢᠴᠢᠶᠡᠯ ᠲᠦᠷᠦᠯ᠎ᠳᠤ ᠬᠢᠵᠠᠭ᠋ᠠᠷᠯᠠᠭᠳᠠᠵᠤ᠂ ᠦᠷᠭᠡᠨ ᠬᠡᠪᠴᠢᠶᠡᠨ᠎ᠤ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠢ ᠬᠠᠩᠭ᠋ᠠᠵᠤ ᠴᠢᠳᠠᠭ᠍ᠤ ᠦᠭᠡᠢ ᠪᠠᠶ᠋ᠢᠳᠠᠭ᠃ ᠵᠠᠷᠢᠮ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠭᠤᠣᠯ ᠠᠭᠤᠯᠭ᠎ᠠ᠎ᠨᠢ ᠪᠣᠰᠣᠳ᠎ᠤᠨ᠎ᠬᠢ ᠵᠢ ᠤᠤᠯ ᠬᠡᠪ ᠵᠶ᠋ᠠᠷ᠎ᠨᠢ ᠬᠠᠭᠤᠯᠤᠨ ᠪᠠᠭᠤᠯᠭ᠋ᠠᠭᠰᠠᠨ ᠪᠠ ᠴᠠᠭ ᠲᠣᠬᠠᠢ᠎ᠳᠤ᠎ᠨᠢ ᠰᠢᠨᠡᠴᠢᠯᠡᠯᠲᠡ ᠬᠢᠬᠦ ᠦᠭᠡᠢ ᠵᠡᠷᠭᠡ ᠠᠰᠠᠭᠤᠳᠠᠯ ᠨᠡᠶ᠋ᠢᠳᠡᠮ ᠣᠷᠤᠰᠢᠵᠤ᠂ ᠴᠢᠭᠯᠡᠯᠲᠦ ᠴᠢᠨᠠᠷ᠎ᠲᠠᠢ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠢ ᠬᠠᠩᠭ᠋ᠠᠵᠤ ᠴᠢᠳᠠᠭ᠍ᠤ ᠦᠭᠡᠢ᠃ ᠠ᠋ᠶ᠋ᠢᠮᠦ᠎ᠠᠴᠠ᠂ ᠬᠢᠴᠢᠶᠡᠯ ᠲᠦᠷᠦᠯ᠎ᠳᠤ ᠰᠢᠮᠡᠳᠭᠡᠨ ᠣᠷᠣᠭᠤᠯᠬᠤ ᠠ᠋ᠬᠢ ᠪᠠᠶᠠᠯᠢᠭ᠎ᠤᠨ ᠪᠠᠶ᠋ᠢᠭᠤᠯᠤᠯᠲᠠ ᠵᠢ ᠴᠢᠩᠭ᠋ᠠᠳᠬᠠᠪᠠᠯ ᠲᠠᠭ᠋ᠠᠷᠠᠨ᠎ᠠ᠃ 《ᠰᠢᠮᠡᠳᠭᠡᠨ ᠣᠷᠣᠭᠤᠯᠬᠤ ᠬᠢᠴᠢᠶᠡᠯ ᠲᠦᠷᠦᠯ》᠎ᠤᠨ ᠠ᠋ᠬᠢ ᠪᠠᠶᠠᠯᠢᠭ᠎ᠤᠨ ᠪᠠᠶ᠋ᠢᠭᠤᠯᠤᠯᠲᠠ ᠭᠡᠳᠡᠭ᠎ᠨᠢ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠠ᠋ᠬᠢ ᠪᠠᠶᠠᠯᠢᠭ᠎ᠢ ᠲᠣᠰᠬᠠᠢ ᠮᠡᠷᠭᠡᠵᠢᠯ᠎ᠤᠨ ᠵᠢᠭ᠋ᠠᠨ ᠰᠣᠷᠭ᠋ᠠᠯᠲᠠ᠎ᠳᠤ ᠰᠢᠮᠡᠳᠭᠡᠨ ᠣᠷᠣᠭᠤᠯᠬᠤ ᠵᠢ ᠬᠡᠯᠡᠵᠦ ᠪᠠᠶ᠋ᠢᠨ᠎ᠠ᠃ ᠰᠢᠮᠡᠳᠭᠡᠨ ᠣᠷᠣᠭᠤᠯᠬᠤ ᠬᠡᠯᠪᠡᠷᠢ ᠵᠢᠨ ᠬᠢᠴᠢᠶᠡᠯ ᠲᠦᠷᠦᠯ᠎ᠤᠨ ᠦᠢ᠍ᠯᠡᠴᠢᠯᠡᠭᠡᠨ ᠪᠣᠯ ᠬᠡᠷᠡᠭᠯᠡᠭᠴᠢ ᠵᠢᠨ ᠬᠡᠷᠡᠭᠴᠡᠭᠡ᠎ᠪᠠᠷ ᠲᠦᠪ ᠪᠣᠯᠭ᠋ᠠᠵᠤ᠂ ᠬᠡᠷᠡᠭᠯᠡᠭᠴᠢᠳ᠎ᠲᠤ ᠲᠣᠰᠬᠠᠶ᠋ᠢᠵᠢᠭᠰᠠᠨ᠂ ᠦᠪᠡᠷᠮᠢᠴᠡ᠂ ᠬᠠᠨᠳᠤᠯᠭ᠋ᠠᠲᠤ ᠴᠢᠨᠠᠷ᠎ᠲᠠᠢ ᠦᠢ᠍ᠯᠡᠴᠢᠯᠡᠭᠡ ᠬᠠᠩᠭ᠋ᠠᠨ᠎ᠠ᠃ ᠠ᠋ᠭᠦᠨ᠎ᠤ ᠬᠠᠮᠳᠣ᠂ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠠᠭᠤᠯᠭ᠎ᠠ ᠵᠢᠨ ᠰᠢᠨᠡᠴᠢᠯᠡᠯᠲᠡ ᠵᠢ ᠴᠢᠩᠭ᠋ᠠᠳᠬᠠᠬᠤ ᠵᠢᠨ ᠣᠯᠠᠮ ᠵᠶ᠋ᠠᠷ᠂ ᠨᠡᠩ ᠢᠯᠡᠭᠦᠦ ᠬᠡᠷᠡᠭᠯᠡᠭᠴᠢᠳ᠎ᠤᠨ ᠲᠠᠪᠴᠠᠩ᠎ᠢ ᠬᠡᠷᠡᠭᠯᠡᠵᠦ ᠰᠣᠷᠣᠯᠴᠠᠭ᠍ᠤ ᠪᠠ ᠰᠢᠨᠵᠢᠯᠡᠭᠡ ᠰᠣᠳᠤᠯᠭ᠋ᠠᠨ ᠬᠢᠬᠦ ᠵᠢ ᠣᠷᠮᠠᠰᠢᠭᠤᠯᠣᠨ᠎ᠠ᠃
     2. ᠬᠢᠴᠢᠶᠡᠯ ᠲᠦᠷᠦᠯ᠎ᠤᠨ ᠨᠣᠮ᠎ᠤᠨ ᠰᠠᠩᠴᠢ ᠵᠢᠨ ᠮᠡᠳᠡᠯᠭᠡ ᠵᠢᠨ ᠬᠢᠷᠢ ᠲᠦᠪᠰᠢᠨ᠂ ᠬᠡᠪ ᠪᠣᠯᠪᠠᠰᠣᠷᠠᠯ᠎ᠢ ᠲᠡᠭᠡᠭᠰᠢᠯᠡᠭᠦᠯᠬᠦ ᠴᠢᠬᠤᠯᠠᠲᠠᠢ᠃
      ᠣᠳᠤᠬᠠᠨ᠎ᠳᠤ᠂ ᠡᠯ᠎ᠡ ᠲᠡᠭᠡᠳᠦ ᠰᠣᠷᠭ᠋ᠠᠭᠤᠯᠢ ᠵᠢᠨ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠢ ᠦᠨᠳᠦᠰᠦᠨ᠎ᠳᠤ᠎ᠪᠠᠨ ᠨᠣᠮ᠎ᠤᠨ ᠰᠠᠩ᠎ᠤᠨ ᠬᠢᠴᠢᠶᠡᠯ ᠲᠦᠷᠦᠯ᠎ᠤᠨ ᠰᠠᠩᠴᠢ ᠲᠠᠭ᠋ᠠᠭ᠋ᠠᠴᠢᠯᠠᠳᠠᠭ᠃ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠭᠦᠨᠵᠡᠭᠡᠢ ᠬᠦᠭᠵᠢᠯᠲᠡ᠎ᠳᠤ ᠵᠠᠪᠠᠯ ᠬᠢᠴᠢᠶᠡᠯ ᠲᠦᠷᠦᠯ᠎ᠤᠨ ᠰᠠᠩᠴᠢ ᠵᠢᠨ ᠬᠡᠪ ᠴᠢᠨᠠᠷ᠎ᠢ ᠲᠡᠭᠡᠭᠰᠢᠯᠡᠭᠦᠯᠬᠦ ᠠᠰᠠᠭᠤᠳᠠᠯ ᠲᠤᠯᠭ᠋ᠠᠮ᠎ᠠ ᠱᠠᠭ᠋ᠠᠷᠳᠠᠭᠳᠠᠵᠤ ᠪᠤᠢ᠃ ᠲᠡᠭᠡᠳᠦ ᠰᠣᠷᠭ᠋ᠠᠭᠤᠯᠢ ᠣᠳᠣ ᠪᠠᠶ᠋ᠢᠭ᠎ᠠ ᠪᠠᠭᠰᠢ ᠵᠢᠨ ᠠ᠋ᠩᠨᠡᠭᠡᠨ᠎ᠤ ᠪᠣᠯᠪᠠᠰᠣᠷᠠᠭᠤᠯᠣᠯ᠂ ᠴᠢᠳᠠᠪᠣᠷᠢᠲᠠᠨ ᠣᠷᠢᠬᠤ᠎ᠠᠴᠠ ᠭᠠᠷᠳᠠᠨ᠂ ᠪᠠᠭᠰᠢ ᠵᠢᠨ ᠠ᠋ᠩᠨᠡᠭᠡᠨ᠎ᠤ ᠪᠦᠲᠦᠴᠡ ᠵᠢ ᠰᠢᠯᠢᠳᠡᠭᠵᠢᠭᠦᠯᠦᠨ᠎ᠡ᠃ ᠨᠢᠭᠡ ᠲᠠᠯ᠎ᠠ᠎ᠪᠠᠷ᠂ ᠪᠠᠭᠰᠢᠨᠠᠷ᠎ᠤᠨ ᠢᠳᠡᠪᠬᠢᠲᠠᠢ ᠪᠣᠯᠪᠠᠰᠣᠷᠠᠭᠤᠯᠣᠯ ᠪᠠ ᠲᠠᠪᠲᠠᠨ ᠪᠣᠯᠪᠠᠰᠣᠷᠠᠭ᠍ᠤ᠎ᠳᠤ ᠣᠷᠤᠯᠴᠠᠵᠤ᠂ ᠠ᠋ᠷᠳᠡᠮ ᠰᠢᠨᠵᠢᠯᠡᠭᠡᠨ᠎ᠤ ᠬᠠᠷᠠᠭ᠎ᠠ᠎ᠪᠠᠨ ᠦᠷᠭᠡᠳᠭᠡᠨ᠂ ᠪᠠᠭᠰᠢᠨᠠᠷ ᠪᠣᠯᠤᠨ ᠣᠯᠣᠰ᠎ᠤᠨ ᠲᠣᠳᠣᠨ᠎ᠠ ᠭᠠᠳᠠᠨᠠᠬᠢ ᠡᠯ᠎ᠡ ᠶᠡᠭᠡ ᠲᠡᠭᠡᠳᠦ ᠰᠣᠷᠭ᠋ᠠᠭᠤᠯᠢ᠎ᠲᠠᠢ ᠠ᠋ᠷᠳᠡᠮ ᠰᠢᠨᠵᠢᠯᠡᠭᠡᠨ᠎ᠤ ᠰᠣᠯᠢᠯᠴᠠᠭ᠎ᠠ ᠬᠢᠬᠦ ᠵᠢ ᠵᠣᠷᠢᠬ᠍ᠵᠢᠭᠤᠯᠵᠤ᠂ ᠣᠯᠣᠰ᠎ᠤᠨ ᠲᠣᠳᠣᠨ᠎ᠠ ᠭᠠᠳᠠᠨᠠᠬᠢ ᠠ᠋ᠷᠳᠡᠮ ᠰᠢᠨᠵᠢᠯᠡᠭᠡᠨ᠎ᠤ ᠬᠤᠰᠢᠭᠤᠷᠠᠯ ᠴᠢᠮᠡᠭᠡ ᠵᠠᠩᠬᠢ ᠵᠢ ᠴᠠᠭ ᠲᠣᠬᠠᠢ᠎ᠳᠤ᠎ᠨᠢ ᠡᠵᠡᠮᠰᠢᠨ᠎ᠡ; ᠨᠦᠭᠦᠭᠡ ᠲᠠᠯ᠎ᠠ᠎ᠪᠠᠷ᠂ ᠦᠨᠳᠦᠷ ᠰᠣᠷᠣᠯᠭ᠎ᠠ ᠵᠢᠨ ᠨᠠᠮᠲᠠᠷ᠎ᠲᠠᠢ ᠴᠢᠳᠠᠪᠣᠷᠢᠲᠠᠨ ᠣᠷᠢᠨ ᠣᠷᠤᠭᠤᠯᠬᠤ ᠵᠢ ᠴᠢᠩᠭ᠋ᠠᠳᠬᠠᠵᠤ᠂ ᠪᠠᠭᠰᠢ ᠵᠢᠨ ᠠ᠋ᠩᠨᠡᠭᠡᠨ᠎ᠤ ᠦᠨᠳᠦᠷ ᠰᠣᠷᠤᠯᠭ᠎ᠠ ᠵᠢᠨ ᠨᠠᠮᠲᠠᠷ᠎ᠤᠨ ᠬᠠᠷᠢᠴᠠᠯ᠎ᠢ ᠲᠡᠭᠡᠭᠰᠢᠯᠡᠭᠦᠯᠵᠦ᠂ ᠪᠠᠭᠰᠢ ᠵᠢᠨ ᠠ᠋ᠩᠨᠡᠭᠡᠨ᠎ᠤ ᠪᠦᠲᠦᠴᠡ ᠵᠢ ᠰᠢᠯᠢᠳᠡᠭᠵᠢᠭᠦᠯᠦᠨ᠂ ᠪᠠᠭᠰᠢ ᠵᠢᠨ ᠠ᠋ᠩᠨᠡᠭᠡᠨ᠎ᠤ ᠬᠡᠪ ᠴᠢᠨᠠᠷ᠎ᠢ ᠰᠠᠶ᠋ᠢᠵᠢᠷᠠᠭᠤᠯᠣᠨ᠎ᠠ᠃ ᠠ᠋ᠭᠦᠨ᠎ᠠᠴᠠ ᠭᠠᠳᠠᠨ᠎ᠠ᠂ ᠨᠣᠮ᠎ᠤᠨ ᠰᠠᠩ᠎ᠨᠢ ᠬᠠᠮᠢᠶ᠎ᠠ ᠪᠦᠬᠦᠢ ᠣᠷᠮᠠᠰᠢᠭᠤᠯᠤᠨ ᠵᠣᠷᠢᠬ᠍ᠵᠢᠭᠤᠯᠬᠤ ᠲᠣᠭᠲᠠᠴᠠ ᠪᠠ ᠦᠨᠡᠯᠡᠬᠦ ᠪᠠᠷᠢᠮᠵᠢᠶ᠎ᠠ ᠲᠣᠭᠳᠠᠭ᠋ᠠᠵᠤ᠂ ᠬᠢᠴᠢᠶᠡᠯ ᠲᠦᠷᠦᠯ᠎ᠤᠨ ᠰᠠᠩᠴᠢ ᠵᠢᠨ ᠰᠢᠨ᠎ᠡ ᠵᠢ ᠠ᠋ᠭᠦᠳᠬᠦ ᠵᠢ ᠵᠣᠷᠢᠬ᠍ᠵᠢᠭᠤᠯᠣᠨ᠂ ᠠᠵᠢᠯ᠎ᠤᠨ ᠢᠳᠡᠪᠬᠢᠵᠢᠯ᠎ᠢ᠎ᠨᠢ ᠲᠡᠭᠡᠭᠰᠢᠯᠡᠭᠦᠯᠦᠨ᠎ᠡ᠃ ᠦᠨᠳᠦᠷ ᠬᠡᠪ ᠪᠣᠯᠪᠠᠰᠣᠷᠠᠯ᠎ᠲᠠᠢ ᠬᠢᠴᠢᠶᠡᠯ ᠲᠦᠷᠦᠯ᠎ᠤᠨ ᠰᠠᠩᠴᠢ ᠵᠢᠨ ᠠ᠋ᠩᠨᠡᠭᠡ᠂ ᠦᠨᠳᠦᠷ ᠬᠢᠷᠢ ᠲᠦᠪᠰᠢᠨ᠎ᠲᠠᠢ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ ᠪᠠᠶ᠋ᠢᠭᠤᠯᠵᠤ᠂ ᠬᠡᠷᠡᠭᠯᠡᠭᠴᠢᠳ᠎ᠤᠨ ᠬᠡᠷᠡᠭᠴᠡᠭᠡ᠎ᠳᠤ ᠨᠡᠶ᠋ᠢᠴᠡᠭᠰᠡᠨ ᠦᠢ᠍ᠯᠡᠴᠢᠯᠡᠭᠡ ᠬᠠᠩᠭ᠋ᠠᠨ᠎ᠠ᠃
     3. ᠰᠢᠨ᠎ᠡ ᠵᠠᠭᠤᠴᠢ ᠵᠢᠨ ᠬᠤᠭᠤᠷᠣᠨᠳᠣᠬᠢ ᠣᠶᠠᠯᠳᠣᠯ᠎ᠤᠨ ᠬᠡᠮᠵᠢᠶ᠎ᠡ ᠭᠦᠢ᠍ᠴᠡᠳ ᠦᠭᠡᠢ᠂ ᠰᠢᠨ᠎ᠡ ᠵᠠᠭᠤᠴᠢ᠎ᠯᠤᠭ᠎ᠠ ᠵᠢᠨ ᠬᠠᠷᠢᠯᠴᠠᠨ ᠣᠶᠠᠯᠳᠣᠯ᠎ᠢ ᠬᠦᠨᠳᠦᠳᠭᠡᠪᠡᠯ ᠵᠣᠬᠢᠨ᠎ᠠ᠃
      ᠲᠣᠣᠷ ᠰᠦᠯᠵᠢᠶᠡᠨ᠎ᠤ ᠮᠡᠷᠭᠡᠵᠢᠯ᠎ᠤᠨ ᠬᠦᠭᠵᠢᠯᠲᠡ᠎ᠠᠴᠠ ᠸᠢᠴᠠᠲ᠂ ᠪᠢᠴᠢᠯ ᠪᠦᠷᠬᠡ ᠵᠡᠷᠭᠡ ᠰᠢᠨ᠎ᠡ ᠵᠠᠭᠤᠴᠢ ᠲᠠᠯᠭᠡᠷᠡᠨ ᠬᠦᠭᠵᠢᠵᠦ᠂ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠠᠷᠭ᠎ᠠ ᠬᠡᠷᠡᠭᠯᠡᠭᠦᠷ᠎ᠢ ᠰᠢᠨᠡᠴᠢᠯᠡᠵᠠᠢ᠃ ᠣᠳᠤᠬᠠᠨ᠎ᠳᠤ᠂ ᠸᠢᠴᠠᠲ᠂ ᠪᠢᠴᠢᠯ ᠪᠦᠷᠬᠡ ᠵᠡᠷᠭᠡ ᠰᠢᠨ᠎ᠡ ᠵᠠᠭᠤᠴᠢ᠎ᠨᠢ ᠰᠠᠶ᠎ᠠ ᠳ᠋ᠦᠩᠰᠢᠭᠤᠷ ᠲᠣᠭ᠋ᠠᠨ᠎ᠤ ᠬᠡᠷᠡᠭᠯᠡᠭᠴᠢ᠎ᠲᠠᠢ ᠪᠣᠯᠵᠤ᠂ ᠲᠡᠷᠡ᠎ᠨᠢ ᠣᠯᠠᠮᠵᠢᠯᠠᠯᠲᠣ ᠵᠠᠭᠤᠴᠢ᠎ᠲᠠᠢ ᠬᠠᠷᠢᠴᠠᠭᠤᠯᠪᠠᠯ ᠬᠡᠷᠡᠭᠯᠡᠭᠴᠢᠳ᠎ᠤᠨ ᠤᠷᠮᠠᠰᠢᠯ᠎ᠤᠨ ᠬᠡᠮᠵᠢᠶ᠎ᠡ᠎ᠨᠢ ᠨᠡᠩ ᠦᠨᠳᠦᠷ ᠪᠠᠶ᠋ᠢᠳᠠᠭ᠃ ᠸᠢᠴᠠᠲ ᠵᠶ᠋ᠠᠷ ᠵᠢᠱ᠌ᠢᠶᠡᠯᠡᠪᠡᠯ᠂ ᠲᠡᠭᠦᠨ᠎ᠤ ᠲᠡᠯᠭᠡᠷᠡᠭᠦᠯᠦᠭᠰᠡᠨ ᠣᠯᠠᠨ ᠨᠡᠶ᠋ᠢᠲᠡ ᠵᠢᠨ ᠲᠠᠪᠴᠠᠩ᠎ᠨᠢ ᠴᠠᠭ ᠲᠣᠬᠠᠢ᠎ᠳᠤ᠎ᠨᠢ ᠬᠠᠷᠢᠯᠴᠠᠨ ᠰᠣᠯᠢᠯᠴᠠᠭ᠍ᠤ ᠴᠢᠳᠠᠪᠬᠢ᠎ᠲᠠᠢ᠂ ᠪᠠᠰᠠ ᠰᠦᠷᠦᠭᠯᠡᠨ ᠲᠠᠷᠬᠠᠭ᠋ᠠᠬᠤ ᠴᠢᠳᠠᠪᠬᠢ᠂ ᠲᠦᠯᠭᠡᠨ ᠬᠦᠷᠭᠡᠬᠦ ᠴᠢᠳᠠᠪᠬᠢ᠂ ᠦᠪᠡᠷᠳᠡᠭᠡᠨ ᠬᠠᠷᠢᠭᠤᠯᠲᠠ ᠦᠭᠬᠦ ᠵᠡᠷᠭᠡ ᠲᠠᠮᠵᠢᠭᠤᠯᠬᠤ ᠴᠢᠳᠠᠪᠬᠢ᠎ᠲᠠᠢ ᠪᠠᠶ᠋ᠢᠳᠠᠭ᠃ ᠬᠡᠷᠡᠭᠯᠡᠭᠴᠢᠳ ᠰᠢᠯᠵᠢᠮᠡᠯ ᠰᠦᠯᠵᠢᠶ᠎ᠡ᠎ᠪᠠᠷ ᠲᠠᠮᠵᠢᠨ ᠬᠠᠷᠢᠯᠴᠠᠨ ᠰᠣᠯᠢᠯᠴᠠᠭ᠎ᠠ ᠬᠢᠬᠦ ᠵᠢ ᠪᠡᠶᠡᠯᠡᠭᠦᠯᠵᠦ ᠪᠣᠯᠣᠨ᠎ᠠ᠃ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠪᠦᠲᠦᠭᠡᠨ ᠪᠠᠶ᠋ᠢᠭᠤᠯᠤᠯᠲᠠ᠎ᠨᠢ ᠸᠢᠴᠠᠲ᠂ ᠪᠢᠴᠢᠯ ᠪᠦᠷᠬᠡ ᠵᠡᠷᠭᠡ ᠰᠢᠨ᠎ᠡ ᠵᠠᠭᠤᠴᠢ᠎ᠲᠠᠢ ᠣᠶᠠᠯᠳᠣᠵᠤ᠂ ᠬᠢᠴᠢᠶᠡᠯ ᠲᠦᠷᠦᠯ᠎ᠤᠨ ᠵᠠᠩᠬᠢ ᠵᠢᠨ ᠠᠶᠠᠯᠠᠯ᠎ᠤᠨ ᠵᠠᠯᠠᠭᠤᠷ᠂ ᠭᠤᠣᠯ ᠠᠭᠤᠯᠭ᠎ᠠ ᠵᠢᠨ ᠬᠠᠮᠢᠶᠠᠷᠣᠯᠲᠠ᠎ᠪᠠᠨ ᠬᠡᠷᠡᠭᠯᠡᠭᠴᠢᠳ᠎ᠤᠨ ᠦᠵᠦᠭᠦᠷ ᠰᠢᠰᠲᠸᠮ ᠬᠦᠷᠲᠡᠯ᠎ᠡ ᠦᠷᠭᠡᠳᠭᠡᠪᠡᠯ ᠲᠠᠭ᠋ᠠᠷᠠᠨ᠎ᠠ᠃ ᠰᠢᠨ᠎ᠡ ᠵᠠᠭᠤᠴᠢ᠎ᠳᠤ ᠰᠠᠭᠤᠷᠢᠯᠠᠭᠰᠠᠨ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠨᠢ ᠭᠤᠣᠯ ᠠᠭᠤᠯᠭ᠎ᠠ ᠵᠢᠨ ᠨᠡᠭᠡᠭᠡᠯᠲᠡ ᠵᠢ ᠴᠢᠬᠤᠯᠠᠴᠢᠯᠠᠨ᠂ ᠠᠳᠠᠯᠢ ᠪᠣᠰᠤ ᠬᠢᠴᠢᠶᠡᠯ ᠲᠦᠷᠦᠯ᠎ᠤᠨ ᠬᠡᠷᠡᠭᠯᠡᠭᠴᠢᠳ᠎ᠤᠨ ᠠ᠋ᠩᠨᠡᠭᠡ᠎ᠳᠤ ᠬᠠᠨᠳᠣᠭᠤᠯᠵᠤ᠂ ᠣᠯᠠᠨ ᠠ᠋ᠰᠢᠴᠢᠯᠡᠭᠰᠡᠨ ᠵᠠᠩᠬᠢ ᠵᠢᠨ ᠬᠡᠯᠪᠡᠷᠢ ᠵᠢ ᠠᠪᠴᠦ᠂ ᠥᠪᠡᠷᠮᠢᠴᠡ ᠬᠢᠴᠢᠶᠡᠯ ᠲᠦᠷᠦᠯ᠎ᠤᠨ ᠦᠢ᠍ᠯᠡᠴᠢᠯᠡᠭᠡᠨ ᠬᠦᠷᠭᠡᠨ᠂ ᠪᠠᠶᠠᠯᠢᠭ ᠠᠮᠢᠳᠤᠯᠢᠭ ᠭᠤᠣᠯ ᠠᠭᠤᠯᠭ᠎ᠠ᠎ᠪᠠᠷ ᠬᠡᠷᠡᠭᠯᠡᠭᠴᠢᠳ᠎ᠢ ᠲᠠᠲᠠᠭ᠍ᠤ ᠬᠦᠴᠦᠨ᠎ᠢ ᠴᠢᠩᠭ᠋ᠠᠳᠬᠠᠨ᠎ᠠ᠃
     4. ᠬᠡᠷᠡᠭᠯᠡᠭᠴᠢᠳ᠎ᠤᠨ ᠬᠢᠴᠢᠶᠡᠯ ᠲᠦᠷᠦᠯ᠎ᠤᠨ ᠠᠰᠠᠭᠤᠨ ᠯᠠᠪᠯᠠᠯᠲᠠ ᠵᠢᠨ ᠦᠢ᠍ᠯᠡᠴᠢᠯᠡᠭᠡᠨ᠎ᠤ ᠲᠠᠪᠳᠠᠮᠵᠢ ᠵᠢ ᠨᠡᠮᠡᠭᠳᠡᠭᠦᠯᠭᠦ ᠵᠢ ᠠᠨᠭ᠌ᠬᠠᠷᠴᠤ ᠬᠡᠷᠡᠭᠯᠡᠭᠴᠢᠳ᠎ᠲᠠᠢ ᠬᠠᠷᠢᠯᠴᠠᠭ᠎ᠠ᠎ᠪᠠᠨ ᠴᠢᠩᠭ᠋ᠠᠳᠬᠠᠪᠠᠯ ᠵᠣᠬᠢᠨ᠎ᠠ᠃
     2011 ᠣᠨ᠎ᠤ 6 ᠰᠠᠷ᠎ᠠ᠎ᠳᠤ᠂ OCLC ᠵᠢᠨ ᠮᠡᠳᠡᠭᠡᠯᠡᠭᠰᠡᠨ ᠨᠢᠭᠡᠨ ᠰᠣᠳᠣᠯᠭ᠋ᠠᠨ᠎ᠤ ᠮᠡᠳᠡᠭᠦᠯᠦᠯᠲᠡ — 《ᠢᠵᠢᠯ ᠠᠯᠬᠤᠮᠲᠣ ᠴᠢᠨᠠᠷ᠎ᠢ ᠠᠬᠢᠭᠤᠯᠬᠤ᠄ ᠬᠡᠶ᠋ᠢᠰᠪᠦᠷᠢ ᠠᠰᠠᠭᠤᠨ ᠯᠠᠪᠯᠠᠯᠲᠠ ᠵᠢᠨ ᠰᠡᠩᠭᠡᠷᠡᠭᠦᠯᠦᠯ ᠪᠣᠯᠤᠨ ᠰᠠᠨᠠᠭᠤᠯᠭ᠎ᠠ》᠎ᠳᠤ ᠪᠠᠶ᠋ᠢᠴᠠᠭ᠋ᠠᠨ ᠰᠣᠳᠣᠯᠣᠯᠲᠠ ᠬᠢᠭᠡᠳ ᠮᠡᠳᠡᠭᠰᠡᠨ᠎ᠨᠢ᠄ ᠨᠣᠮ᠎ᠤᠨ ᠰᠠᠩᠴᠢ ᠠᠰᠠᠭᠤᠨ ᠯᠠᠪᠯᠠᠭ᠍ᠤ ᠲᠠᠯ᠎ᠠ᠎ᠪᠠᠷ ᠭᠤᠣᠯᠳᠠᠭᠤ ᠰᠣᠳᠣᠯᠭ᠋ᠠᠨ᠎ᠤ ᠠ᠋ᠮᠤᠨᠡᠬᠢ ᠬᠤᠭᠤᠴᠠᠭ᠋ᠠᠨ᠎ᠳᠤ ᠠᠷᠪᠢᠨ ᠣᠷᠣᠯᠴᠠᠳᠠᠭ᠂ ᠬᠠᠷᠢᠨ ᠦᠩᠭᠡᠷᠡᠯᠲᠠ ᠪᠣᠯᠤᠨ ᠰᠡᠭᠦᠯᠴᠢ ᠬᠤᠭᠤᠴᠠᠭ᠋ᠠᠨ᠎ᠳᠤ ᠳᠡᠮᠡᠢ ᠣᠷᠣᠯᠴᠠᠳᠠᠭ ᠦᠭᠡᠢ᠃ ᠪᠠᠰᠠ ᠬᠡᠶ᠋ᠢᠰᠪᠦᠷᠢ ᠠᠰᠠᠭᠤᠨ ᠯᠠᠪᠯᠠᠯᠲᠠ ᠵᠢᠨ ᠠᠮᠵᠢᠯᠲᠠ ᠣᠯᠣᠭᠰᠠᠨ ᠦᠭᠡᠢ ᠴᠢᠬᠤᠯᠠ ᠰᠢᠯᠳᠠᠭ᠋ᠠᠨ᠎ᠨᠢ ᠬᠡᠷᠡᠭᠯᠡᠭᠴᠢᠳ᠎ᠤᠨ ᠠᠰᠠᠭᠤᠯᠲᠠ ᠪᠠ ᠨᠣᠮ᠎ᠤᠨ ᠰᠠᠩᠴᠢ ᠵᠢᠨ ᠠᠰᠠᠭᠤᠨ ᠯᠠᠪᠯᠠᠯᠲᠠ᠎ᠨᠢ ᠠᠳᠠᠯᠢ ᠨᠢᠭᠡᠨ ᠲᠦᠷᠦᠯ᠎ᠤᠨ ᠪᠢᠰᠢ ᠭᠡᠰᠡᠨ᠎ᠢ ᠮᠡᠳᠡᠵᠡᠢ᠃ ᠠ᠋ᠶ᠋ᠢᠮᠦ᠎ᠠᠴᠠ᠂ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠪᠦᠲᠦᠭᠡᠨ ᠪᠠᠶ᠋ᠢᠭᠤᠯᠣᠯᠲᠠ ᠵᠢᠨ ᠶᠠᠪᠣᠴᠠ᠎ᠳᠤ᠂ ᠬᠡᠷᠡᠭᠯᠡᠭᠴᠢ᠎ᠲᠠᠢ ᠴᠠᠭ ᠢᠮᠠᠭᠲᠠ ᠵᠢᠨ ᠬᠠᠷᠢᠯᠴᠠᠭ᠎ᠠ᠎ᠪᠠᠨ ᠴᠢᠩᠭ᠋ᠠᠳᠬᠠᠨ᠎ᠠ᠃ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠢ ᠠᠰᠢᠭᠯᠠᠵᠤ᠂ ᠶᠡᠭᠡ ᠬᠡᠮᠵᠢᠶᠡᠨ᠎ᠤ ᠬᠡᠷᠡᠭᠯᠡᠭᠴᠢᠳ᠎ᠤᠨ ᠵᠠᠩᠬᠢ ᠣᠯᠵᠤ᠂ ᠲᠠᠪᠴᠠᠩ᠎ᠤᠨ ᠰᠤᠯᠢᠯᠴᠠᠭ᠋ᠠᠨ᠎ᠤ ᠴᠢᠳᠠᠪᠬᠢ᠎ᠪᠠᠷ ᠲᠠᠮᠵᠢᠭᠤᠯᠵᠤ᠂ ᠬᠡᠷᠡᠭᠯᠡᠭᠴᠢᠳ᠎ᠤᠨ ᠬᠤᠭᠤᠷᠣᠨᠳᠣᠬᠢ ᠠ᠋ᠷᠳᠡᠮ ᠰᠢᠨᠵᠢᠯᠡᠭᠡᠨ᠎ᠤ ᠰᠣᠯᠢᠯᠴᠠᠭ᠎ᠠ ᠵᠢ ᠴᠢᠩᠭ᠋ᠠᠳᠬᠠᠨ᠎ᠠ᠃ ᠠ᠋ᠭᠦᠨ᠎ᠠᠴᠠ ᠭᠠᠳᠠᠨ᠎ᠠ᠂ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠨᠢ ᠪᠠᠰᠠ ᠬᠡᠷᠡᠭᠯᠡᠭᠴᠢᠳ᠎ᠤᠨ ᠨᠡᠭᠡᠭᠡᠯᠲᠡ ᠵᠢ ᠴᠢᠬᠤᠯᠠᠴᠢᠯᠠᠨ᠂ ᠲᠡᠭᠦᠪᠡᠷ ᠲᠠᠮᠵᠢᠨ ᠬᠡᠷᠡᠭᠯᠡᠭᠴᠢᠳ᠎ᠤᠨ ᠬᠤᠭᠤᠷᠣᠨᠳᠣᠬᠢ ᠠ᠋ᠷᠳᠡᠮ ᠰᠢᠨᠵᠢᠯᠡᠭᠡᠨ᠎ᠤ ᠰᠣᠯᠢᠯᠴᠠᠭ᠎ᠠ ᠵᠢ ᠠᠬᠢᠭᠤᠯᠣᠨ᠎ᠠ᠃
      ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠨᠢ ᠮᠠᠨ᠎ᠤ ᠣᠯᠣᠰ᠎ᠲᠤ ᠨᠢᠭᠡᠨᠲᠡ ᠠᠷᠪᠠᠭ᠋ᠠᠳ ᠵᠢᠯ᠎ᠤᠨ ᠬᠦᠭᠵᠢᠯᠲᠡ ᠵᠢ ᠦᠩᠭᠡᠷᠡᠭᠡᠭᠰᠡᠨ ᠪᠠᠶ᠋ᠢᠨ᠎ᠠ᠃ ᠭᠡᠳᠡᠯ᠎ᠡ᠂ ᠣᠷᠣᠰᠢᠵᠣ ᠪᠠᠶ᠋ᠢᠭ᠎ᠠ ᠠᠰᠠᠭᠤᠳᠠᠯ᠎ᠤᠳ᠎ᠨᠢ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠬᠦᠭᠵᠢᠯᠲᠡ ᠵᠢ ᠬᠦᠯᠢᠶᠡᠰᠦᠯᠡᠵᠦ᠂ ᠬᠡᠷᠡᠭᠯᠡᠭᠴᠢᠳ᠎ᠤᠨ ᠲᠠᠪᠴᠠᠩ᠎ᠢ ᠬᠡᠷᠡᠭᠯᠡᠬᠦ ᠲᠠᠪᠳᠠᠮᠵᠢ᠎ᠨᠢ ᠨᠡᠯᠢᠶᠡᠳ ᠲᠣᠣᠷ᠎ᠠ ᠪᠠᠶ᠋ᠢᠵᠦ᠂ ᠢᠳᠡᠪᠬᠢᠵᠢᠯ ᠦᠨᠳᠦᠷ ᠪᠢᠰᠢ ᠪᠠᠶ᠋ᠢᠨ᠎ᠠ᠃ ᠠ᠋ᠭᠦᠨ᠎ᠤ ᠲᠣᠰᠠᠳᠠ᠂ 《ᠬᠢᠴᠢᠶᠡᠯ ᠲᠦᠷᠦᠯ᠎ᠳᠤ ᠰᠢᠮᠡᠳᠭᠡᠨ ᠣᠷᠣᠭᠤᠯᠬᠤ》 ᠠ᠋ᠬᠢ ᠪᠠᠶᠠᠯᠢᠭ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠭᠤᠣᠯ ᠠᠭᠤᠯᠭ᠎ᠠ᠎ᠪᠠᠨ ᠴᠠᠭ ᠲᠣᠬᠠᠢ᠎ᠳᠤ᠎ᠨᠢ ᠰᠢᠨᠡᠳᠭᠡᠨ᠎ᠡ; ᠬᠢᠴᠢᠶᠡᠯ ᠲᠦᠷᠦᠯ᠎ᠤᠨ ᠨᠣᠮ᠎ᠤᠨ ᠰᠠᠩᠴᠢ ᠵᠢᠨ ᠬᠡᠪ ᠴᠢᠨᠠᠷ᠎ᠢ ᠲᠡᠭᠡᠭᠰᠢᠯᠡᠭᠦᠯᠵᠦ᠂ ᠦᠨᠳᠦᠷ ᠬᠢᠷᠢ ᠲᠦᠪᠰᠢᠨ᠎ᠲᠠᠢ ᠬᠢᠴᠢᠶᠡᠯ ᠲᠦᠷᠦᠯ᠎ᠤᠨ ᠰᠠᠩᠴᠢ ᠵᠢᠨ ᠪᠦᠯᠬᠦᠮ ᠨᠡᠶ᠋ᠢᠲᠡ ᠵᠢ ᠪᠠᠶ᠋ᠢᠭᠤᠯᠣᠨ᠎ᠠ; ᠰᠢᠨ᠎ᠠ ᠵᠠᠭᠤᠴᠢ᠎ᠯᠤᠭ᠎ᠠ ᠵᠢᠨ ᠣᠶᠠᠯᠳᠣᠯ ᠵᠶ᠋ᠠᠨ ᠴᠢᠩᠭ᠋ᠠᠳᠬᠠᠵᠤ᠂ ᠰᠢᠯᠵᠢᠮᠡᠯ ᠰᠦᠯᠵᠢᠶᠡᠨ᠎ᠤ ᠦᠵᠦᠭᠦᠷ᠎ᠤᠨ ᠬᠡᠷᠡᠭᠯᠡᠭᠴᠢᠳ᠎ᠤᠨ ᠠ᠋ᠩᠨᠡᠭᠡ᠎ᠪᠠᠨ ᠦᠷᠭᠡᠳᠭᠡᠨ᠎ᠡ; ᠬᠡᠷᠡᠭᠯᠡᠭᠴᠢᠳ᠎ᠯᠦᠭᠡ ᠵᠢᠨ ᠬᠠᠷᠢᠯᠴᠠᠭ᠎ᠠ᠎ᠪᠠᠨ ᠴᠢᠩᠭ᠋ᠠᠳᠬᠠᠵᠤ᠂ ᠠ᠋ᠷᠳᠡᠮ ᠰᠢᠨᠵᠢᠯᠡᠭᠡᠨ᠎ᠤ ᠰᠣᠯᠢᠯᠴᠠᠭ᠎ᠠ ᠵᠢ ᠠᠬᠢᠭᠤᠯᠬᠤ ᠵᠡᠷᠭᠡ ᠠᠷᠭ᠎ᠠ ᠪᠣᠳᠣᠯᠭ᠎ᠠ᠎ᠠᠴᠠ ᠭᠠᠷᠳᠠᠨ᠂ ᠦᠨᠳᠦᠷ ᠬᠢᠷᠢ ᠲᠦᠪᠰᠢᠨ᠎ᠲᠠᠢ᠂ ᠦᠨᠳᠦᠷ ᠴᠢᠨᠠᠷ ᠴᠢᠨᠰᠠᠭ᠎ᠠ᠎ᠲᠠᠢ ᠬᠢᠴᠢᠶᠡᠯ ᠲᠦᠷᠦᠯ᠎ᠤᠨ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠣᠨ᠎ᠠ᠃


      ᠬᠠᠶᠢᠬ᠄ ᠥᠪᠦᠷ ᠮᠣᠩᠭᠤᠯ᠎ᠤᠨ ᠠᠨᠠᠭ᠋ᠠᠬᠤ ᠣᠬᠠᠭ᠋ᠠᠨ᠎ᠤ ᠶᠡᠭᠡ ᠰᠣᠷᠭ᠋ᠠᠭᠤᠯᠢ
                   (ᠮᠦᠨᠭᠭᠦᠨᠴᠢᠮᠡᠭ ᠨᠠᠢ᠍ᠢ᠍ᠷᠠᠭᠤᠯᠪᠠ)

                   2018 ᠣᠨ᠎ᠤ 6 ᠳ᠋ᠤᠭ᠋ᠠᠷ ᠬᠤᠭᠤᠴᠠᠭ᠎ᠠ

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠰᠤᠷᠭ᠋ᠠᠭᠤᠯᠢ ᠵᠢᠨ ᠲᠡᠰ᠎ᠤᠨ ᠵᠠᠯᠠᠭᠤ ᠪᠠᠭᠰᠢ》 ᠵᠢ ᠪᠤᠯᠪᠠᠰᠤᠷᠠᠭᠤᠯᠬᠤ ᠠᠵᠢᠯᠯᠠᠭ᠋ᠠᠨ᠎ᠤ ᠠ᠋ᠷᠭᠢᠴᠡᠭᠦᠯᠦᠯ
《ᠣᠷᠤᠯᠳᠤᠯᠭ᠎ᠠ᠎ᠪᠠᠷ ᠲᠦᠷᠢ ᠪᠦᠲᠦᠭᠡᠬᠦ》 ᠵᠢᠭ᠋ᠠᠬᠤ ᠠᠷᠭ᠎ᠠ ᠵᠢ ᠪᠤᠳᠠᠳᠦ ᠬᠢᠴᠢᠶᠡᠯᠯᠡᠭᠡ᠎ᠳᠤ ᠦᠢ᠍ᠯᠡᠳᠦᠯᠭᠡᠵᠢᠭᠦᠯᠦᠭᠰᠡᠨ ᠶᠠᠪᠣᠴᠠ
ᠲᠠᠢ᠍ᠢ᠍ᠯᠤᠭᠳᠠᠰᠢ ᠦᠭᠡᠢ ᠰᠡᠳᠬᠢᠯ᠎ᠤᠨ ᠵᠠᠨᠭ᠌ᠬᠢᠷᠠᠭ᠎ᠠ
ᠠ᠋ᠷᠢᠯᠭᠢᠯᠠᠯ
ᠪᠠᠭᠰᠢ ᠭᠦᠮᠤᠨ᠎ᠤ ᠠ᠋ᠳᠤᠷ ᠲᠤᠵᠢ ᠬᠢᠭᠦ ᠭᠤᠷᠪᠠᠨ ᠴᠢᠬᠤᠯᠠ ᠶᠠᠪᠤᠳᠠᠯ
 
             蒙ICP备05000248号