ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠤᠷ᠎ᠤᠨ ᠲᠠᠪᠴᠠᠩ   -   ᠪᠠᠭᠰᠢ᠎ᠶᠢᠨ ᠬᠤᠷᠸ᠎ᠠ
ᠰᠢᠨ᠎ᠡ ᠪᠠᠭᠰᠢ ᠵᠢ ᠬᠦᠮᠦᠵᠢᠭᠦᠯᠦᠨ ᠪᠤᠯᠪᠠᠰᠣᠷᠠᠭᠤᠯᠬᠤ ᠠᠵᠢᠯ᠎ᠢ ᠬᠦᠨᠳᠣᠳᠭᠡᠨ ᠠᠳᠬᠤᠬᠤ ᠵᠢᠨ ᠴᠢᠬᠤᠯᠠ ᠴᠢᠨᠠᠷ
ᠨᠡᠶ᠋ᠢᠲᠡᠯᠡᠭᠰᠡᠨ ᠴᠠᠭ᠄ 2024-08-15

                    ᠰᠡᠴᠡᠨᠴᠢᠮᠡᠭ   ᠰᠣᠳᠣᠴᠡᠴᠡᠭ


教师风采1.png


 

      ᠰᠤᠷᠭ᠋ᠠᠭᠤᠯᠢ ᠵᠢᠨ ᠭᠤᠣᠯ ᠠᠵᠢᠯ ᠪᠣᠯ ᠰᠣᠷᠭ᠋ᠠᠨ ᠬᠦᠮᠦᠵᠢᠯ ᠵᠢᠭ᠋ᠠᠨ ᠰᠣᠷᠭ᠋ᠠᠯᠳᠠ ᠵᠢᠨ ᠠᠵᠢᠯ ᠮᠦᠨ᠃ ᠠ᠋ᠨᠡ ᠬᠦ᠌ ᠠᠵᠢᠯ᠎ᠢ ᠪᠠᠭᠰᠢ ᠨᠠᠷ ᠭᠠᠷᠳᠠᠨ ᠬᠦᠢ᠍ᠴᠡᠳᠭᠡᠳᠡᠭ᠃ ᠨᠢᠭᠡᠨ ᠰᠢᠯᠢᠳᠡᠭ ᠪᠠᠭᠰᠢ᠂ ᠢᠳᠡᠷ ᠵᠠᠯᠠᠭᠤ ᠪᠠᠭᠰᠢ᠂ ᠭᠠᠯ ᠵᠠᠯᠠᠭᠤ ᠪᠠᠭᠰᠢ ᠵᠢᠨ ᠠ᠋ᠩᠨᠡᠭᠡ ᠪᠠᠶ᠋ᠢᠮᠠᠨᠵᠢᠨ ᠰᠠᠶᠢ ᠨᠢᠭᠡᠨ ᠰᠤᠷᠭ᠋ᠠᠭᠤᠯᠢ ᠵᠢ ᠥᠭᠡᠳᠡ᠎ᠨᠢ ᠳᠠᠳᠠᠵᠤ᠂ ᠠ᠋ᠬᠦᠷᠭᠡ ᠬᠠᠷᠢᠭᠤᠴᠠᠯᠭ᠎ᠠ᠎ᠪᠠᠨ ᠬᠢᠯᠠᠰ ᠪᠡᠶᠡᠯᠡᠬᠦᠯᠦᠨ ᠠᠷᠠᠳ ᠲᠦᠮᠡᠨ᠎ᠳᠤ ᠬᠠᠨᠤᠮᠵᠢᠳᠠᠢ ᠰᠤᠷᠭ᠋ᠠᠨ ᠬᠦᠮᠦᠵᠢᠯ᠎ᠢ ᠠ᠋ᠷᠬᠢᠯᠡᠵᠣ ᠴᠢᠳᠠᠨ᠎ᠠ᠃ ᠲᠡᠷᠣᠢ ᠨᠢᠭᠡᠨ ᠪᠦᠯᠦᠭ ᠬᠠᠷᠢᠭᠤᠴᠠᠯᠭ᠋ᠠᠳᠤ ᠰᠡᠳᠬᠢᠯᠭᠡ ᠬᠢᠭᠡᠳ ᠲᠤᠷᠰᠢᠯᠭ᠎ᠠ ᠬᠦᠢ᠍ᠴᠡᠳ ᠠᠬᠠᠮᠠᠳ ᠪᠠᠭᠰᠢ ᠵᠢᠨ ᠠ᠋ᠩᠨᠡᠭᠡ᠂ ᠰᠣᠷᠴᠤ ᠰᠤᠳᠤᠯᠬᠤ ᠲᠣᠷᠠᠳᠠᠢ᠂ ᠠᠵᠢᠯ ᠦᠢ᠍ᠯᠡᠰ ᠵᠶ᠋ᠠᠨ ᠬᠠᠶ᠋ᠢᠷᠠᠯᠠᠨ ᠳᠡᠭᠡᠳᠦᠯᠡᠵᠣ᠂ ᠤᠬᠠᠮᠰᠠᠷ᠎ᠠᠴᠠ᠎ᠪᠠᠨ ᠢᠳᠡᠪᠬᠢᠳᠠᠢ ᠠᠵᠢᠯᠯᠠᠵᠤ ᠵᠢᠭ᠋ᠠᠨ ᠰᠣᠷᠭ᠋ᠠᠯᠳᠠ᠎ᠪᠠᠨ ᠥᠷᠭᠦᠯᠵᠢ ᠠ᠋ᠷᠬᠢᠴᠡᠭᠦᠯᠦᠨ ᠵᠠᠳᠠᠯᠵᠤ᠂ ᠰᠢᠨᠡᠳᠭᠡᠨ ᠦᠭᠡᠷᠡᠴᠢᠯᠡᠵᠣ ᠴᠢᠳᠠᠳᠠᠭ ᠢᠳᠡᠷ ᠨᠠᠰᠤᠨ᠎ᠤ ᠪᠠᠭᠰᠢ ᠵᠢᠨ ᠠ᠋ᠩᠨᠡᠭᠡ ᠪᠠᠰᠠ ᠤᠨᠴᠠᠭ᠋ᠠᠶ᠋ᠢᠯᠠᠨ ᠰᠢᠨ᠎ᠡ ᠴᠠᠭ ᠦᠶ᠎ᠡ ᠵᠢᠨ ᠮᠡᠳᠡᠯᠭᠡ ᠮᠡᠷᠭᠡᠰᠢᠯ ᠦᠨᠳᠦᠷ᠂ ᠣᠳᠣᠬᠢᠴᠢᠯᠠᠭᠰᠠᠨ ᠪᠠᠭ᠋ᠠᠵᠢ ᠲᠤᠨᠤᠭᠯᠠᠯ᠎ᠳᠤ ᠲᠠᠳᠮᠠᠭ᠋ᠠᠢ᠂ ᠰᠢᠨ᠎ᠡ ᠵᠢ ᠠ᠋ᠭᠦᠳᠬᠦ ᠤᠬᠠᠮᠰᠠᠷ ᠵᠣᠷᠢᠭ᠎ᠲᠠᠢ᠂ ᠴᠠᠭ ᠦᠶ᠎ᠡ᠎ᠲᠠᠢ ᠵᠡᠷᠭᠡᠴᠡᠨ ᠣᠷᠣᠭᠰᠢᠯᠠᠵᠤ ᠴᠢᠳᠠᠭ᠍ᠤ ᠵᠠᠯᠠᠭᠤ ᠪᠠᠭᠰᠢ ᠵᠢᠨ ᠠ᠋ᠩᠨᠡᠭᠡ ᠪᠠᠶ᠋ᠢᠬᠤ ᠬᠡᠷᠡᠭᠳᠡᠢ᠃ ᠢᠩᠭᠢᠮᠡᠨᠵᠢᠨ ᠰᠠᠶᠢ ᠨᠢᠭᠡᠨ ᠰᠤᠷᠭ᠋ᠠᠭᠤᠯᠢ ᠠᠮᠢᠵᠢᠷᠠᠯ᠎ᠤᠨ ᠬᠦᠴᠦᠨ ᠵᠶ᠋ᠠᠷ ᠪᠢᠯᠬᠠᠵᠣ᠂ ᠢᠳᠡᠷᠡᠭᠦᠨ ᠵᠶ᠋ᠠᠷ ᠤᠷᠤᠭᠰᠢᠯᠠᠨ ᠲᠠᠪᠰᠢᠵᠣ ᠴᠢᠳᠠᠨ᠎ᠠ᠃ ᠠ᠋ᠭᠦᠨ᠎ᠳᠤ ᠰᠠᠶᠢᠬᠠᠨ ᠠᠵᠢᠯ᠎ᠤᠨ ᠪᠠᠶ᠋ᠢᠷᠢᠨ᠎ᠳᠤ ᠭᠠᠷᠤᠭᠰᠠᠨ ᠵᠠᠯᠠᠭᠤ ᠪᠠᠭᠰᠢ ᠨᠠᠷ᠎ᠢ ᠬᠦᠮᠦᠵᠢᠭᠦᠯᠦᠨ ᠪᠤᠯᠪᠠᠰᠣᠷᠠᠭᠤᠯᠬᠤ ᠠᠵᠢᠯ᠎ᠢ ᠣᠮᠳᠤᠭ᠋ᠠᠶ᠋ᠢᠯᠠᠵᠣ ᠪᠤᠯᠬᠤ ᠦᠭᠡᠢ᠂ ᠬᠠᠷᠢᠨ ᠬᠦᠨᠳᠤᠳᠭᠡᠨ ᠠᠳᠬᠤᠵᠤ᠂ ᠦᠨᠳᠦᠷ ᠦᠷ᠎ᠡ ᠠᠰᠢᠭ᠎ᠢ ᠠ᠋ᠭᠦᠳᠴᠣ᠂ ᠰᠤᠷᠭ᠋ᠠᠭᠤᠯᠢ ᠵᠢᠨ ᠠ᠋ᠷᠡᠭᠦᠯ ᠪᠤᠯᠪᠠᠰᠣᠨ ᠬᠦᠭᠵᠢᠯᠳᠡ ᠵᠢ ᠠᠬᠢᠭᠤᠯᠬᠤ ᠪᠣᠯ ᠰᠤᠷᠭ᠋ᠠᠭᠤᠯᠢ ᠵᠢᠨ ᠵᠢᠭ᠋ᠠᠨ ᠰᠤᠷᠭ᠋ᠠᠯᠳᠠ ᠵᠢ ᠨᠠᠩ ᠢᠯᠠᠭᠦᠦ ᠬᠢᠷᠢ ᠲᠦᠪᠰᠢᠨ ᠵᠦᠭ ᠲᠦᠯᠬᠢᠨ ᠠᠬᠢᠭᠤᠯᠬᠤ᠎ᠳᠤ ᠲᠤᠳᠠᠭᠳᠠᠵᠤ ᠪᠤᠯᠤᠰᠢ ᠦᠭᠡᠢ ᠶᠤᠮ᠃
      ᠲᠤᠤᠷ᠎ᠠ ᠪᠢᠳᠡ ᠬᠤᠷᠢᠭ᠋ᠠᠳ ᠵᠢᠯ ᠪᠠᠭ᠎ᠠ ᠰᠤᠷᠭ᠋ᠠᠭᠤᠯᠢ ᠵᠢᠨ ᠰᠤᠷᠭ᠋ᠠᠨ ᠬᠦᠮᠦᠵᠢᠯ ᠵᠢᠭ᠋ᠠᠨ ᠰᠤᠷᠭ᠋ᠠᠯᠳᠠ ᠵᠢᠨ ᠠᠵᠢᠯ᠎ᠢ ᠭᠤᠤᠯᠯᠠᠨ ᠬᠠᠷᠢᠭᠤᠴᠠᠵᠣ ᠵᠠᠯᠠᠭᠤ ᠪᠠᠭᠰᠢ ᠨᠠᠷ᠎ᠢ ᠬᠦᠮᠦᠵᠢᠭᠦᠯᠦᠨ ᠪᠤᠯᠪᠠᠰᠣᠷᠠᠭᠤᠯᠵᠤ ᠢᠷᠡᠭᠰᠡᠨ ᠤᠯᠤᠯᠳᠠ᠎ᠪᠠᠨ ᠲᠠ ᠣᠯᠠᠨ᠎ᠲᠠᠢ᠎ᠪᠠᠨ ᠬᠤᠪᠢᠶᠠᠯᠴᠠᠶ᠎ᠠ᠃
      ᠨᠢᠭᠡ᠂ ᠰᠢᠨ᠎ᠡ ᠪᠠᠭᠰᠢ ᠨᠠᠷ᠎ᠤᠨ ᠣᠨᠤᠯ᠎ᠤᠨ ᠲᠠᠯ᠎ᠠ ᠵᠢᠨ ᠰᠣᠷᠤᠯᠭ᠎ᠠ ᠪᠤᠯᠪᠠᠰᠣᠷᠠᠯ᠎ᠢ ᠴᠢᠩᠭ᠋ᠠᠳᠬᠠᠬᠤ ᠭᠡᠷᠡᠭᠳᠡᠢ᠃
      ᠰᠠᠶᠢᠬᠠᠨ ᠠᠵᠢᠯ᠎ᠤᠨ ᠪᠠᠶ᠋ᠢᠷᠢᠨ᠎ᠳᠤ ᠭᠠᠷᠣᠭᠰᠠᠨ ᠵᠠᠯᠠᠭᠤ ᠪᠠᠭᠰᠢ ᠨᠠᠷ ᠬᠡᠳᠦᠶ᠋ᠢᠪᠡᠷ ᠰᠣᠷᠤᠯᠭ᠎ᠠ ᠵᠢᠨ ᠨᠠᠮᠲᠠᠷ ᠦᠨᠳᠦᠷ᠂ ᠣᠳᠤᠬᠢᠴᠢᠯᠠᠭᠰᠠᠨ ᠮᠠᠰᠢᠨ ᠲᠤᠨᠣᠭᠯᠠᠯ᠎ᠳᠤ ᠲᠠᠳᠮᠠᠭ᠋ᠠᠢ ᠭᠡᠳᠡᠭ ᠪᠤᠯᠪᠠᠴᠣ ᠲᠡᠳᠡᠨ᠎ᠤ ᠰᠤᠷᠭ᠋ᠠᠭᠤᠯᠢ ᠵᠢᠨ ᠬᠦᠷᠢᠶᠡᠨ᠎ᠳᠤ ᠰᠣᠷᠤᠭᠰᠠᠨ ᠣᠨᠤᠯ᠎ᠤᠨ ᠮᠡᠳᠡᠯᠭᠡ ᠮᠡᠳᠡᠴᠡ᠎ᠨᠢ ᠪᠤᠳᠠᠳᠠᠢ ᠵᠢᠭ᠋ᠠᠨ ᠰᠣᠷᠭ᠋ᠠᠯᠳᠠ᠎ᠠᠴᠠ ᠨᠡᠯᠢᠶᠡᠳ ᠰᠠᠯᠤᠩᠬᠢᠳᠠ ᠪᠤᠶᠤ ᠦᠢ᠍ᠯᠡᠳᠦᠯᠭᠡ᠎ᠳᠤ ᠪᠠᠷᠢᠨ ᠬᠡᠷᠡᠭᠯᠡᠬᠦ᠎ᠳᠤ ᠬᠦᠴᠢᠷᠳᠡᠳᠡᠭ ᠣᠯᠠᠨ ᠪᠠᠭᠤᠷᠠᠢ ᠲᠠᠯ᠎ᠠ᠎ᠲᠠᠢ           ᠪᠠᠶ᠋ᠢᠳᠠᠭ᠃ ᠠ᠋ᠶ᠋ᠢᠮᠦ᠎ᠠᠴᠠ ᠵᠠᠪᠠᠯ ᠤᠯᠣᠰ᠎ᠤᠨ ᠬᠠᠤᠯᠢ ᠲᠦᠷᠢᠮ᠂ ᠨᠠᠮ ᠲᠦᠷᠤ ᠵᠢᠨ ᠪᠣᠳᠤᠯᠭ᠎ᠠ ᠰᠤᠷᠭ᠋ᠠᠨ ᠬᠦᠮᠦᠵᠢᠯ᠎ᠤᠨ ᠲᠤᠬᠠᠢ ᠠᠯᠢ ᠣᠯᠠᠨ ᠪᠢᠴᠢᠭ ᠮᠠᠲᠸᠷᠢᠶᠠᠯ ᠵᠢᠭ᠋ᠠᠪᠤᠷᠢ ᠱᠠᠭ᠋ᠠᠷᠳᠠᠯᠭ᠎ᠠ ᠵᠡᠷᠭᠡ ᠵᠢ ᠲᠤᠭᠤᠰᠢᠳᠠᠢ ᠰᠠᠶ᠋ᠢᠨ ᠰᠤᠷᠤᠯᠴᠠᠭᠤᠯᠤᠨ᠎ᠠ᠃ ᠰᠤᠷᠭ᠋ᠠᠭᠤᠯᠢ ᠵᠢᠨ ᠬᠠᠮᠳᠤ ᠵᠢᠨ ᠰᠣᠷᠣᠯᠴᠠᠯᠭ᠎ᠠ᠎ᠠᠴᠠ ᠭᠠᠳᠠᠨ᠎ᠠ ᠭᠤᠤᠯᠳᠠᠭᠤ ᠬᠤᠪᠢ ᠬᠦᠮᠦᠨ᠎ᠤ ᠪᠡᠶᠡᠴᠢ ᠰᠤᠷᠤᠯᠴᠠᠯᠭ᠎ᠠ ᠵᠢ ᠴᠢᠩᠭ᠋ᠠᠳᠬᠠᠨ ᠪᠠᠭᠰᠢ ᠵᠢᠨ ᠲᠤᠬᠠᠶ᠋ᠢᠯᠠᠭᠰᠠᠨ ᠠᠵᠢᠯ᠎ᠤᠨ ᠮᠤᠷᠠᠯ ᠰᠣᠷᠳᠠᠭ᠍ᠣᠨ᠎ᠠᠴᠠ ᠠ᠋ᠬᠢᠯᠡᠨ ᠠᠵᠢᠯ ᠦᠢ᠍ᠯᠡᠰ᠎ᠤᠨ ᠵᠶ᠋ᠠᠨ ᠠᠯᠤᠰ ᠭᠡᠳᠤ ᠵᠢᠨ ᠠᠴᠢ ᠬᠤᠯᠪᠤᠭᠳᠠᠯ᠎ᠢ ᠤᠶ᠋ᠢᠯᠠᠭ᠋ᠠᠬᠤ᠂ ᠦᠪᠡᠷ᠎ᠤᠨ ᠦᠨ᠎ᠡ ᠥᠷᠳᠡᠭ ᠵᠶ᠋ᠠᠨ ᠬᠡᠷᠬᠢᠨ ᠪᠠᠳᠠᠷᠠᠭᠤᠯᠬᠤ᠂ ᠵᠥᠪ ᠦᠵᠡᠯ ᠪᠤᠳᠤᠯ᠎ᠲᠠᠢ᠂ ᠪᠡᠶ᠎ᠡ ᠰᠡᠳᠬᠢᠴᠡ ᠠ᠋ᠷᠡᠭᠦᠯ ᠰᠠᠷᠠᠭᠤᠯ ᠬᠦᠮᠦᠨ᠎ᠢ ᠲᠠᠭ᠋ᠠᠭᠤᠯᠤᠨ ᠬᠦᠮᠦᠵᠢᠬᠦᠯᠬᠦ᠂ ᠠᠵᠢᠯ ᠦᠢ᠍ᠯᠡᠰ ᠵᠶ᠋ᠠᠨ ᠬᠠᠶ᠋ᠢᠷᠠᠯᠠᠭ᠍ᠣ ᠰᠡᠳᠬᠢᠯ᠎ᠢ ᠴᠢᠩᠭ᠋ᠠᠷᠠᠭᠤᠯᠵᠤ᠂ ᠨᠢᠭᠡ ᠰᠡᠳᠬᠢᠯ ᠵᠶ᠋ᠠᠷ ᠪᠢᠴᠢᠭ ᠵᠢᠭ᠋ᠠᠵᠣ ᠬᠦᠮᠦᠨ ᠬᠦᠮᠦᠵᠢᠬᠦᠯᠬᠦ᠂ ᠪᠠᠭᠰᠢ ᠬᠦᠮᠦᠨ᠎ᠤ ᠠ᠋ᠷᠬᠢᠮ ᠨᠠᠨᠳᠢᠨ ᠠ᠋ᠭᠦᠷᠭᠡ ᠬᠠᠷᠢᠭᠤᠴᠠᠯᠭ᠎ᠠ᠎ᠪᠠᠨ ᠣᠰᠣᠯᠳᠤᠯ ᠦᠬᠡᠢ ᠪᠡᠶᠡᠯᠡᠭᠦᠯᠦᠨ ᠬᠠᠷᠢᠭᠤᠴᠠᠯᠭ᠎ᠠ ᠵᠢ ᠲᠠᠨᠢᠵᠣ᠂ ᠨᠢᠭᠡᠨ ᠬᠢᠷᠢ ᠲᠡᠩᠴᠡᠭᠰᠡᠨ ᠰᠢᠨ᠎ᠡ ᠴᠠᠭ ᠦᠶ᠎ᠡ ᠵᠢᠨ ᠰᠢᠯᠢᠳᠡᠭ ᠪᠠᠭᠰᠢ ᠪᠤᠯᠬᠤ᠎ᠳᠤ ᠰᠠᠶ᠋ᠢᠨ ᠰᠠᠭᠤᠷᠢ ᠵᠢ ᠲᠠᠯᠪᠢᠪᠠᠯ ᠵᠣᠬᠢᠨ᠎ᠠ᠃
      ᠬᠤᠶᠠᠷ᠂ ᠰᠢᠨ᠎ᠡ ᠪᠠᠭᠰᠢ ᠨᠠᠷ᠎ᠤᠨ ᠲᠤᠬᠠᠶ᠋ᠢᠯᠠᠭᠰᠠᠨ ᠠᠵᠢᠯ᠎ᠤᠨ ᠰᠣᠷᠣᠯᠴᠠᠯᠭ᠎ᠠ ᠪᠤᠯᠪᠠᠰᠣᠷᠠᠯ᠎ᠢ ᠬᠦᠨᠵᠡᠭᠡᠶ᠋ᠢᠷᠡᠬᠦᠯᠭᠦ ᠴᠢᠬᠤᠯᠠᠲᠠᠢ᠃
      ᠲᠤᠤᠷ᠎ᠠ ᠪᠠᠭ᠎ᠠ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠪᠠᠭᠰᠢ ᠵᠢ ᠬᠦᠮᠦᠵᠢᠭᠦᠯᠦᠨ ᠪᠤᠯᠪᠠᠰᠣᠷᠠᠭᠤᠯᠤᠭᠰᠠᠨ ᠪᠤᠳᠠᠳᠠᠢ ᠵᠢᠱ᠌ᠢᠶ᠎ᠡ᠎ᠠᠴᠠ ᠲᠤᠷᠠᠳᠣᠶ᠎ᠠ᠃ ᠶᠠᠭᠤᠨ᠎ᠤ ᠤᠷᠢᠳ ᠪᠠᠭ᠎ᠠ ᠰᠣᠷᠭ᠋ᠠᠭᠤᠯᠢ ᠵᠢᠨ ᠲᠣᠭ᠋ᠠᠨ᠎ᠤ ᠣᠬᠠᠭ᠋ᠠᠨ᠎ᠤ ᠬᠢᠴᠢᠶᠡᠯ᠎ᠤᠨ ᠪᠠᠷᠢᠮᠵᠢᠶ᠎ᠠ ᠵᠢ ᠲᠠᠭ᠋ᠠᠭᠤᠯᠤᠨ ᠰᠣᠷᠣᠯᠴᠠᠭ᠍ᠣ᠂ ᠲᠡᠭᠦᠨ᠎ᠤ ᠲᠣᠳᠣᠷᠠᠬᠢ ᠭᠤᠤᠯᠳᠠᠯᠭ᠎ᠠ ᠵᠢ ᠨᠠᠩ ᠢᠯᠡᠭᠦᠦ ᠲᠤᠪᠤᠶ᠋ᠢᠯᠭ᠋ᠠᠨ ᠰᠣᠷᠣᠯᠴᠠᠭ᠍ᠤ᠂ ᠪᠠᠭ᠎ᠠ ᠰᠤᠷᠭ᠋ᠠᠭᠤᠯᠢ ᠵᠢᠨ ᠨᠢᠭᠡ᠎ᠠᠴᠠ ᠵᠢᠷᠭᠤᠳᠣᠭ᠋ᠠᠷ ᠣᠨ᠎ᠤ ᠪᠦᠬᠦ ᠠᠷᠪᠠᠨ ᠬᠤᠶᠠᠷ ᠲᠡᠪᠳᠡᠷ ᠬᠢᠴᠢᠶᠡᠯ᠎ᠤᠨ ᠠᠭᠤᠯᠭ᠎ᠠ ᠵᠢ ᠲᠠᠭ᠋ᠠᠭᠤᠯᠤᠨ ᠰᠣᠷᠣᠯᠴᠠᠭ᠍ᠤ᠂ ᠰᠣᠷᠣᠯᠴᠠᠭᠰᠠᠨ᠎ᠤ ᠲᠠᠷᠠᠭ᠋ᠠᠬᠢ ᠣᠯᠤᠯᠳᠠ᠎ᠪᠠᠨ ᠬᠤᠪᠢᠶᠠᠯᠴᠠᠭ᠍ᠣ᠂ ᠣᠯᠤᠯᠳᠠ᠎ᠪᠠᠨ ᠪᠢᠴᠢᠵᠣ ᠲᠠᠮᠳᠡᠭᠯᠡᠬᠦ᠂ ᠬᠠᠮᠳᠤᠪᠡᠷ ᠵᠠᠳᠠᠯᠣᠨ ᠶᠠᠷᠢᠯᠴᠠᠭ᠍ᠤ ᠭᠡᠬᠦ ᠮᠡᠳᠤ ᠠᠵᠢᠯᠯᠠᠭ᠎ᠠ᠎ᠪᠠᠷ ᠲᠠᠮᠵᠢᠭᠤᠯᠤᠨ ᠲᠡᠳᠡᠨ᠎ᠤ ᠲᠤᠬᠠᠶ᠋ᠢᠯᠠᠭᠰᠠᠨ ᠠᠵᠢᠯ᠎ᠤᠨ ᠮᠡᠳᠡᠯᠭᠡ ᠮᠡᠳᠡᠴᠡ ᠵᠢ ᠵᠣᠷᠢᠯᠭ᠎ᠠ᠎ᠲᠠᠢ᠎ᠪᠠᠷ ᠲᠡᠭᠡᠭᠰᠢᠯᠡᠬᠦᠯᠦᠨ᠎ᠡ᠃ ᠪᠠᠭ᠎ᠠ ᠰᠣᠷᠭ᠋ᠠᠭᠤᠯᠢ ᠵᠢᠨ ᠲᠤᠭ᠋ᠠᠨ᠎ᠤ ᠤᠬᠠᠭ᠋ᠠᠨ᠎ᠤ ᠵᠢᠭ᠋ᠠᠬᠤ ᠠᠭᠤᠯᠭ᠎ᠠ ᠵᠢᠨ ᠪᠦᠬᠦᠯᠢ ᠴᠤᠭᠴᠠ ᠵᠢᠨ ᠵᠢᠭ᠋ᠠᠨ ᠰᠤᠷᠭ᠋ᠠᠯᠳᠠ᠎ᠳᠤ ᠤᠯᠠᠮ ᠲᠠᠨᠢᠭᠳᠠᠯᠳᠠᠢ ᠪᠤᠯᠭ᠋ᠠᠨ ᠪᠤᠳᠠᠳᠠᠢ ᠵᠢᠭ᠋ᠠᠨ ᠰᠤᠷᠭ᠋ᠠᠯᠳᠠ᠎ᠳᠤ ᠣᠷᠤᠯᠴᠠᠭ᠍ᠤ᠎ᠳᠤ ᠪᠦᠬᠦ ᠲᠠᠯ᠎ᠠ ᠵᠢᠨ ᠪᠡᠯᠡᠳᠭᠡᠯ ᠬᠢᠨ᠎ᠡ᠃
      ᠭᠤᠷᠪᠠ᠂ ᠰᠢᠨ᠎ᠡ ᠪᠠᠭᠰᠢ ᠨᠠᠷ᠎ᠤᠨ ᠭᠠᠳᠠᠭᠰᠢ ᠭᠠᠷᠴᠤ ᠬᠦᠭᠵᠢᠭᠰᠡᠨ ᠭᠠᠵᠠᠷ ᠣᠷᠤᠨ᠎ᠤ ᠵᠢᠭ᠋ᠠᠨ ᠰᠤᠷᠭ᠋ᠠᠯᠳᠠ ᠵᠢᠨ ᠰᠢᠯᠢᠳᠡᠭ ᠲᠤᠷᠰᠢᠯᠭ᠎ᠠ ᠵᠢ ᠪᠡᠶ᠎ᠡ᠎ᠪᠠᠷ ᠵᠶ᠋ᠠᠨ ᠥᠵᠡᠵᠤ ᠬᠠᠷᠠᠵᠣ ᠰᠤᠷᠤᠯᠴᠠᠵᠣ ᠦᠪᠡᠷ᠎ᠢ᠎ᠪᠠᠨ ᠬᠦᠭᠵᠢᠭᠦᠯᠬᠦ᠎ᠳᠤ ᠨᠦᠬᠦᠴᠡᠯ ᠬᠠᠩᠭ᠋ᠠᠬᠤ ᠴᠢᠬᠤᠯᠠᠳᠠᠢ᠃
      《ᠭᠤᠷᠪᠡ ᠰᠤᠨᠣᠰᠤᠭᠰᠠᠨ᠎ᠠᠴᠠ ᠨᠢᠭᠡ ᠦᠵᠡᠭᠰᠡᠨ ᠲᠡᠭᠡᠷ᠎ᠡ》 ᠭᠡᠳᠡᠭᠴᠢᠯᠡᠨ ᠰᠢᠨ᠎ᠡ ᠪᠠᠭᠰᠢ ᠨᠠᠷ᠎ᠢ ᠵᠤᠬᠢᠶᠠᠨ ᠪᠠᠶ᠋ᠢᠭᠤᠯᠤᠨ ᠭᠠᠳᠠᠭᠰᠢ ᠭᠠᠷᠴᠤ ᠰᠣᠷᠣᠯᠴᠠᠭᠤᠯᠭ᠍ᠤ᠂ ᠪᠡᠶ᠎ᠡ᠎ᠪᠠᠷ᠎ᠨᠢ ᠦᠵᠡᠭᠦᠯᠦᠨ ᠲᠠᠨᠢᠭᠤᠯᠵᠣ ᠰᠡᠩᠭᠡᠷᠡᠬᠦᠯᠦᠨ ᠤᠯᠣᠯᠳᠠ᠎ᠲᠠᠢ ᠪᠤᠯᠭ᠋ᠠᠪᠠᠯ ᠲᠡᠳᠡᠨ᠎ᠤ ᠦᠪᠡᠷᠮᠢᠴᠡ ᠬᠦᠭᠵᠢᠯᠳᠡ᠎ᠳᠤ ᠲᠤᠩ ᠠᠰᠢᠭᠳᠠᠢ᠃
      ᠲᠥᠷᠪᠡ᠂ ᠰᠢᠯᠢᠳᠡᠭ ᠲᠤᠷᠰᠢᠯᠭ᠎ᠠ᠎ᠲᠠᠢ ᠠᠬᠠᠮᠠᠳ ᠪᠠᠭᠰᠢ᠎ᠪᠠᠷ ᠰᠢᠨ᠎ᠡ ᠪᠠᠭᠰᠢ ᠵᠢ ᠲᠠᠭ᠋ᠠᠭᠤᠯᠤᠨ ᠵᠢᠯᠣᠭᠤᠳᠬᠤ ᠠᠵᠢᠯ᠎ᠢ ᠨᠠᠷᠢᠨ ᠪᠠᠶ᠋ᠢᠷᠢᠯᠠᠭᠤᠯᠵᠣ᠂ ᠲᠦᠯᠦᠪᠯᠡᠭᠡ᠎ᠲᠠᠢ᠎ᠪᠠᠷ ᠶᠠᠪᠤᠭᠳᠠᠭᠤᠯᠬᠤ ᠴᠢᠬᠤᠯᠠᠳᠠᠢ᠃
      ᠰᠤᠷᠭ᠋ᠠᠭᠤᠯᠢ᠎ᠠᠴᠠ ᠨᠢᠭᠡ ᠰᠢᠨ᠎ᠡ ᠪᠠᠭᠰᠢ ᠵᠢ ᠨᠢᠭᠡ ᠠᠬᠠᠮᠠᠳ ᠪᠠᠭᠰᠢ ᠵᠢᠯᠤᠭᠤᠳᠣᠨ ᠳᠠᠭ᠋ᠠᠭᠤᠯᠬᠤ ᠲᠦᠰᠦᠯ᠎ᠢ ᠪᠠᠶ᠋ᠢᠭᠤᠯᠣᠨ ᠨᠢᠭᠡ ᠰᠤᠷᠤᠯᠭ᠎ᠠ ᠵᠢᠨ ᠬᠤᠭᠤᠴᠠᠭ᠎ᠠ ᠪᠤᠶᠤ ᠨᠢᠭᠡ ᠰᠣᠷᠤᠯᠭ᠎ᠠ ᠵᠢᠨ ᠵᠢᠯ ᠵᠶ᠋ᠠᠷ ᠨᠢᠭᠡᠴᠢᠯᠡᠨ ᠵᠢᠭ᠋ᠠᠨ ᠵᠢᠯᠤᠭᠤᠳᠬᠤ ᠵᠢ ᠪᠠᠷᠢᠮᠳᠠᠯᠠᠪᠠᠯ ᠲᠠᠳᠠ ᠰᠢᠨ᠎ᠡ ᠪᠠᠭᠰᠢ ᠵᠢᠨ ᠲᠤᠬᠠᠶ᠋ᠢᠯᠠᠭᠰᠠᠨ ᠠᠵᠢᠯ᠎ᠳᠤ᠎ᠪᠠᠨ ᠲᠦᠷᠭᠡᠨ ᠳᠠᠳᠴᠤ᠂ ᠬᠤᠪᠢᠳᠠᠨ ᠬᠠᠷᠢᠭᠤᠴᠠᠭᠰᠠᠨ ᠠ᠋ᠭᠦᠷᠭᠡ᠎ᠪᠠᠨ ᠬᠢᠯᠠᠷᠠᠳᠠᠯ᠎ᠠ ᠪᠡᠶᠡᠯᠡᠬᠦᠯᠵᠤ ᠬᠠᠭᠤᠴᠢᠨ ᠪᠠᠭᠰᠢ ᠵᠢᠨ ᠠ᠋ᠩᠨᠡᠭᠡᠨ᠎ᠳᠤ ᠠᠯᠬᠤᠨ ᠣᠷᠤᠬᠤ᠎ᠳᠤ ᠲᠤᠩ ᠬᠢᠯᠪᠠᠷᠬᠠᠨ ᠪᠤᠯᠤᠨ᠎ᠠ᠃ ᠠᠬᠠᠮᠠᠳ ᠪᠠᠭᠰᠢ᠎ᠠᠴᠠ ᠲᠡᠳᠡᠨ᠎ᠢ ᠵᠢᠯᠣᠭᠤᠳᠬᠤ᠎ᠳᠤ ᠲᠤᠤᠷᠠᠬᠢ ᠮᠡᠳᠦ ᠬᠡᠳᠤᠨ ᠲᠠᠯ᠎ᠠ ᠵᠢ ᠠᠩᠬᠠᠷᠤᠨ ᠪᠠᠷᠢᠮᠳᠠᠯᠠᠪᠠᠯ ᠰᠠᠶ᠋ᠢᠨ᠃
      1. ᠰᠣᠷᠤᠭᠴᠢ᠎ᠪᠠᠨ ᠬᠠᠶ᠋ᠢᠷᠠᠯᠠᠭ᠍ᠣ᠂ ᠰᠤᠷᠤᠭᠴᠢᠳ᠎ᠲᠤ ᠠᠳᠠᠯᠢ ᠲᠡᠭᠰᠢ᠎ᠪᠠᠷ ᠬᠠᠨᠳᠤᠬᠤ᠂ ᠰᠤᠷᠤᠭᠴᠢ᠎ᠳᠤ ᠦᠷᠭᠡᠨ ᠴᠢᠯᠦᠭᠡᠲᠠᠢ ᠬᠦᠭᠵᠢᠬᠦ ᠣᠷᠤᠨ ᠵᠠᠢ ᠵᠢ ᠣᠯᠭᠤᠬᠤ᠂ ᠪᠠᠭᠰᠢ ᠵᠢᠨ ᠵᠢᠯᠤᠭᠤᠳᠬᠤ ᠦᠢ᠍ᠯᠡᠳᠦᠯ ᠵᠶ᠋ᠠᠨ ᠪᠦᠷᠢᠮᠦᠰᠦᠨ ᠪᠠᠳᠠᠷᠠᠭᠤᠯᠬᠤ ᠵᠢ ᠰᠠᠨᠠᠭ᠋ᠠᠴᠢᠯᠠᠨ ᠠᠩᠬᠠᠷᠤᠭᠤᠯᠣᠨ᠎ᠠ᠃
      2. ᠰᠤᠷᠤᠯᠭ᠎ᠠ ᠵᠢᠨ ᠬᠤᠭᠤᠴᠠᠭ᠋ᠠᠨ᠎ᠤ ᠵᠢᠭ᠋ᠠᠨ ᠰᠤᠷᠭ᠋ᠠᠬᠤ ᠠᠬᠢᠴᠠ ᠲᠦᠯᠦᠪᠯᠡᠭᠡ ᠭᠠᠷᠭ᠋ᠠᠬᠤ ᠵᠢ ᠲᠠᠭ᠋ᠠᠭᠤᠯᠣᠨ ᠰᠣᠷᠭ᠋ᠠᠨ᠎ᠠ᠃ ᠵᠢᠱ᠌ᠢᠶᠡᠯᠡᠪᠡᠯ᠂ ᠪᠠᠭ᠎ᠠ ᠰᠤᠷᠭ᠋ᠠᠭᠤᠯᠢ ᠵᠢᠨ ᠲᠣᠭ᠋ᠠᠨ᠎ᠤ ᠤᠬᠠᠭ᠋ᠠᠨ᠎ᠤ ᠭᠤᠷᠪᠠᠳᠣᠭ᠋ᠠᠷ ᠣᠨ᠎ᠤ ᠲᠡᠭᠡᠳᠦ ᠲᠡᠪᠳᠡᠷ᠎ᠲᠤ ᠨᠡᠶ᠋ᠢᠲᠡ ᠠᠷᠪᠠᠨ ᠨᠢᠭᠡᠴᠡ ᠵᠢᠭ᠋ᠠᠬᠤ ᠠᠭᠤᠯᠭ᠎ᠠ᠎ᠲᠠᠢ᠂ ᠠ᠋ᠭᠦᠨ᠎ᠳᠤ ᠲᠦᠮᠡ ᠲᠤᠳᠤᠷᠠᠬᠢ ᠨᠡᠮᠡᠬᠦ ᠦᠢ᠍ᠯᠡᠳᠦᠯ ᠪᠡ ᠬᠠᠰᠣᠬᠤ ᠦᠢ᠍ᠯᠡᠳᠦᠯ (ᠨᠢᠭᠡ ᠬᠤᠶᠠᠷ)᠂ ᠲᠠᠬᠢᠨ᠎ᠤ ᠳᠠᠨᠢᠯᠳᠡ᠂ ᠣᠯᠠᠨ ᠤᠷᠤᠨᠳᠣ ᠲᠤᠭ᠎ᠠ ᠵᠢ ᠨᠢᠭᠡ ᠣᠷᠤᠨᠳᠣ ᠲᠤᠭ᠎ᠠ᠎ᠪᠠᠷ ᠦᠷᠡᠵᠢᠬᠦᠯᠭᠦ᠂ ᠣᠷᠳᠣ ᠲᠦᠷᠪᠡᠯᠵᠢᠨ ᠪᠠ ᠲᠡᠭᠰᠢ ᠲᠦᠷᠪᠡᠯᠵᠢᠨ᠂ ᠪᠣᠳᠠᠷᠬᠠᠢ ᠵᠢᠨ ᠠᠩᠬ᠎ᠠ ᠠᠯᠬᠤᠮ᠎ᠤᠨ ᠲᠠᠨᠢᠯᠲᠠ ᠵᠡᠷᠭᠡ ᠭᠤᠣᠯ ᠪᠤᠯᠬᠤ ᠠᠭᠤᠯᠭ᠎ᠠ ᠪᠠᠶ᠋ᠢᠬᠤ ᠪᠦᠭᠡᠳ ᠠᠭᠤᠯᠭ᠎ᠠ ᠵᠢ ᠵᠢᠷᠠᠨ ᠬᠤᠶᠠᠷ ᠬᠢᠴᠢᠶᠡᠯ᠎ᠤᠨ ᠴᠠᠭ᠎ᠲᠤ ᠵᠢᠭ᠋ᠠᠵᠣ ᠪᠠᠷᠠᠭ᠋ᠠᠬᠤ ᠠ᠋ᠭᠦᠷᠬᠡ᠎ᠲᠠᠢ᠂ ᠪᠢᠳᠡ ᠦᠪᠡᠷ᠎ᠤᠨ ᠰᠤᠷᠤᠭᠴᠢᠳ᠎ᠤᠨ ᠪᠤᠳᠠᠳᠠᠢ᠎ᠠᠴᠠ ᠠ᠋ᠭᠦᠰᠦᠨ ᠠᠮᠢᠳᠤᠯᠢᠭ ᠪᠦᠳᠦᠬᠡᠯᠴᠢ᠎ᠪᠠᠷ ᠳᠣᠬᠢᠷᠠᠭᠤᠯᠵᠤ ᠪᠤᠯᠬᠤ ᠵᠡᠷᠭᠡ ᠵᠢ ᠨᠢᠭᠡᠳ ᠨᠢᠭᠡ᠎ᠪᠠᠷ ᠵᠢᠯᠤᠭᠤᠳᠤᠨ ᠰᠣᠷᠭ᠋ᠠᠨ᠎ᠠ᠃
      3. ᠬᠡᠷᠬᠢᠨ ᠬᠢᠴᠢᠶᠡᠯ ᠪᠡᠯᠡᠳᠭᠡᠬᠦ ᠵᠢ ᠳᠦᠷᠢᠮᠴᠢᠯᠡᠨ ᠦᠵᠡᠬᠦᠯᠵᠣ ᠵᠢᠯᠣᠭᠤᠳᠣᠨ᠎ᠠ᠃ ᠲᠣᠰ ᠴᠠᠭ᠎ᠤᠨ ᠬᠢᠴᠢᠶᠡᠯ᠎ᠤᠨ ᠠᠭᠤᠯᠭ᠎ᠠ᠎ᠠᠴᠠ ᠭᠠᠷᠲᠠᠨ ᠵᠢᠭ᠋ᠠᠬᠤ ᠬᠠᠷᠠᠯᠲᠠ᠂ ᠵᠢᠭ᠋ᠠᠬᠤ ᠭᠤᠤᠯᠳᠠᠯᠭ᠎ᠠ᠂  ᠵᠢᠭ᠋ᠠᠬᠤ ᠬᠦᠴᠢᠷᠲᠡᠯᠭᠡ ᠵᠡᠷᠭᠡ ᠵᠢ ᠰᠤᠷᠤᠯᠴᠠᠨ ᠲᠠᠨᠢᠭᠰᠠᠨ᠎ᠤ ᠲᠠᠷᠠᠭ᠎ᠠ ᠰᠤᠷᠤᠭᠴᠢ᠎ᠪᠠᠨ ᠰᠣᠳᠣᠯᠤᠨ᠎ᠠ᠃ ᠲᠡᠳᠡᠨ᠎ᠳᠤ ᠲᠤᠬᠢᠷᠠᠭ᠍ᠣ           ᠵᠢᠭ᠋ᠠᠬᠤ ᠠᠷᠭ᠎ᠠ ᠵᠢ ᠰᠣᠳᠣᠯᠤᠨ ᠴᠤᠬᠤᠮ ᠶᠠᠮᠠᠷ ᠠᠷᠭ᠎ᠠ᠎ᠪᠠᠷ ᠵᠢᠭ᠋ᠠᠪᠠᠯ ᠰᠢᠨ᠎ᠡ ᠬᠢᠴᠢᠶᠡᠯ᠎ᠤᠨ ᠪᠠᠷᠢᠮᠵᠢᠶᠠᠨ᠎ᠤ ᠱᠠᠭ᠋ᠠᠷᠳᠠᠯᠭ᠎ᠠ᠎ᠳᠤ ᠨᠡᠶ᠋ᠢᠴᠡᠬᠦ ᠪᠦᠬᠦ ᠰᠤᠷᠤᠭᠴᠢ ᠵᠢ ᠬᠠᠷᠠᠭ᠋ᠠᠯᠵᠠᠵᠣ ᠴᠢᠳᠠᠭ᠍ᠣ — ᠲᠡᠳᠡᠨ ᠎ᠤ ᠪᠡᠶᠡᠴᠢᠯᠡᠨ ᠰᠤᠷᠤᠯᠴᠠᠭ᠍ᠣ ᠴᠢᠳᠠᠪᠤᠷᠢ᠂ ᠰᠤᠷᠬᠤ ᠳᠤᠷ᠎ᠠ ᠪᠠᠬ᠎ᠠ ᠵᠢ ᠬᠦᠮᠦᠵᠢᠬᠦᠯᠦᠨ ᠰᠤᠷᠴᠣ ᠴᠢᠳᠠᠭ᠍ᠣ ᠲᠡᠰᠢ ᠬᠠᠨᠳᠣᠯᠭ᠋ᠠᠳᠠᠢ᠎ᠪᠠᠷ ᠪᠡᠯᠡᠳᠭᠡᠨ᠎ᠡ᠃ ᠭᠦᠴᠢᠷᠳᠡᠬᠦ ᠭᠤᠭᠴᠣᠭ᠋ᠠᠨ᠎ᠳᠤ ᠰᠢᠨ᠎ᠡ ᠮᠡᠷᠭᠡᠵᠢᠯ ᠰᠢᠨ᠎ᠡ ᠪᠠᠭ᠋ᠠᠵᠢ ᠲᠦᠭᠦᠭᠡᠷᠦᠮᠵᠢ ᠵᠢ ᠬᠡᠷᠬᠢᠨ ᠠᠰᠢᠭᠯᠠᠭ᠍ᠣ᠂ ᠶᠠᠮᠠᠷ ᠪᠠᠭ᠋ᠠᠵᠢ ᠵᠢ ᠭᠡᠷᠡᠭᠯᠡᠬᠦ ᠵᠡᠷᠭᠡ᠎ᠠᠴᠠ ᠭᠠᠳᠠᠨ᠎ᠠ ᠪᠠᠭᠰᠢ᠎ᠠᠴᠠ ᠠᠯᠢ ᠦᠶ᠎ᠡ᠎ᠳᠤ ᠶᠠᠮᠠᠷ ᠵᠢᠯᠤᠭᠤᠳᠤᠯᠭ᠎ᠠ ᠬᠢᠭᠦ᠂ ᠬᠢᠴᠢᠶᠡᠯᠯᠡᠭᠡ᠎ᠳᠤ ᠠ᠋ᠭᠦᠰᠴᠤ ᠮᠡᠳᠡᠬᠦ ᠭᠠᠷᠴᠤ ᠮᠡᠳᠡᠬᠦ ᠵᠡᠷᠢᠮ ᠠᠰᠠᠭᠤᠳᠠᠯ᠎ᠤᠳ᠎ᠢ ᠬᠦᠷᠳᠡᠯ᠎ᠡ ᠣᠷᠢᠳᠴᠢᠯᠠᠨ ᠲᠦᠰᠦᠪᠯᠡᠨ ᠪᠡᠯᠡᠳᠭᠡᠬᠦ ᠵᠢ ᠲᠠᠭ᠋ᠠᠭᠤᠯᠣᠨ ᠵᠢᠯᠤᠭᠤᠳᠣᠨ᠎ᠠ᠃
      4. ᠰᠢᠨ᠎ᠡ ᠪᠠᠭᠰᠢ ᠵᠢᠨ ᠬᠢᠴᠢᠶᠡᠯ᠎ᠢ᠎ᠲᠠᠭᠠᠨ ᠰᠣᠨᠣᠰᠴᠤ ᠵᠢᠯᠤᠭᠤᠳᠤᠯᠭ᠎ᠠ ᠬᠢᠭᠦ ᠵᠢ ᠠ᠋ᠬᠢᠨ᠎ᠤ ᠬᠡᠰᠡᠭ ᠬᠤᠭᠤᠴᠠᠭ᠋ᠠᠨ᠎ᠳᠤ ᠦᠷᠬᠦᠯᠵᠢᠯᠡᠭᠦᠯᠦᠨ ᠪᠠᠷᠢᠮᠳᠠᠯᠠᠨ᠎ᠠ᠂ ᠨᠠᠭ᠋ᠠᠳᠣ ᠵᠠᠬ᠎ᠠ᠎ᠨᠢ ᠭᠤᠷᠪᠠᠨ ᠭᠠᠷᠠᠭ᠎ᠤᠨ ᠬᠢᠴᠢᠶᠡᠯ᠎ᠢ ᠬᠠᠮᠳᠣᠪᠡᠷ ᠰᠣᠷᠤᠯᠴᠠᠨ ᠪᠡᠯᠡᠳᠭᠡᠵᠣ᠂ ᠬᠢᠴᠢᠶᠡᠯ᠎ᠢ᠎ᠨᠢ᠎ᠲᠠᠭᠠᠨ ᠰᠤᠨᠣᠰᠴᠣ ᠵᠢᠯᠤᠭᠤᠳᠪᠡᠯ ᠲᠡᠳᠡᠨ᠎ᠤ ᠲᠡᠭᠡᠭᠰᠢᠯᠡᠯᠳᠡ᠎ᠳᠤ ᠲᠤᠩ ᠠᠰᠢᠭᠳᠠᠢ᠃ ᠬᠢᠴᠢᠶᠡᠯ᠎ᠤᠨ ᠲᠠᠩᠬᠢᠮ ᠪᠣᠯ ᠰᠣᠷᠤᠭᠴᠢ ᠵᠢ ᠬᠦᠮᠦᠵᠢᠭᠦᠯᠬᠦ ᠰᠠᠭᠤᠷᠢᠨ ᠭᠠᠵᠠᠷ ᠮᠦᠨ᠃ ᠬᠢᠴᠢᠶᠡᠯ᠎ᠤᠨ ᠲᠠᠩᠬᠢᠮ᠎ᠤᠨ ᠲᠦᠴᠢᠨ ᠮᠢᠨᠦ᠋ᠲ᠎ᠤᠨ ᠦᠷ᠎ᠡ ᠠᠰᠢᠭ᠎ᠢ ᠲᠡᠭᠡᠭᠰᠢᠯᠡᠭᠦᠯᠬᠦ ᠪᠣᠯ ᠮᠠᠨ᠎ᠤ ᠪᠠᠭᠰᠢ ᠪᠣᠯᠤᠭᠰᠠᠳ᠎ᠤᠨ ᠠ᠋ᠷᠭᠡᠪᠰᠢ ᠪᠡᠶᠡᠯᠡᠬᠦᠯᠭᠦ ᠲᠤᠬᠠᠶ᠋ᠢᠯᠠᠭᠰᠠᠨ ᠠᠵᠢᠯ᠎ᠤᠨ ᠴᠢᠬᠤᠯᠠ ᠭᠤᠭᠴᠤᠭ᠎ᠠ ᠶᠤᠮ᠃ ᠰᠢᠨ᠎ᠡ ᠪᠠᠭᠰᠢ ᠵᠢᠨ ᠬᠢᠴᠢᠶᠡᠯ᠎ᠢ ᠰᠣᠨᠣᠰᠣᠭᠰᠠᠨ᠎ᠤ ᠲᠠᠷᠠᠭ᠎ᠠ ᠶᠠᠭᠤᠨ᠎ᠤ ᠤᠷᠢᠳ ᠦᠪᠡᠷ᠎ᠤᠨ ᠬᠢᠨᠢ ᠤᠯᠣᠯᠳᠠ ᠲᠦᠷᠦᠭᠳᠡᠯ᠂ ᠲᠠᠪᠠᠭᠤᠯᠢᠭ ᠲᠠᠯ᠎ᠠ᠂ ᠤᠷᠤᠰᠢᠵᠤ ᠪᠠᠢ᠍ᠢ᠍ᠭ᠎ᠠ ᠠᠰᠠᠭᠤᠳᠠᠯ ᠵᠡᠷᠭᠡ ᠵᠢ ᠪᠡᠶ᠎ᠡ᠎ᠪᠠᠷ᠎ᠨᠢ ᠠ᠋ᠷᠬᠢᠴᠡᠭᠦᠯᠦᠨ ᠳ᠋ᠦᠩᠨᠡᠭᠦᠯᠵᠦ ᠲᠠᠷᠠᠭ᠎ᠠ᠎ᠨᠢ ᠵᠢᠯᠤᠭᠤᠳᠤᠭᠴᠢ ᠪᠠᠭᠰᠢ᠎ᠠᠴᠠ ᠰᠠᠨᠠᠯ ᠵᠦᠪᠯᠡᠯᠭᠡ᠎ᠪᠠᠨ ᠶᠠᠷᠢᠵᠤ᠂ ᠬᠠᠮᠳᠤᠪᠡᠷ ᠬᠢᠴᠢᠶᠡᠯ᠎ᠤᠨ ᠲᠠᠩᠬᠢᠮ ᠵᠶ᠋ᠠᠨ ᠵᠠᠳᠠᠯᠣᠨ ᠰᠣᠳᠣᠯᠤᠨ᠎ᠠ᠃ ᠬᠠᠮᠤᠭ᠎ᠤᠨ ᠰᠠᠶ᠋ᠢᠨ᠎ᠨᠢ ᠰᠢᠨ᠎ᠡ ᠪᠠᠭᠰᠢ ᠦᠪᠡᠷ᠎ᠤᠨ ᠤᠯᠵᠣ ᠠᠯᠳᠠᠭᠰᠠᠨ ᠵᠶ᠋ᠠᠨ ᠠ᠋ᠷᠭᠢᠴᠡᠭᠦᠯᠦᠨ ᠣᠯᠵᠤ ᠴᠢᠳᠠᠪᠠᠯ ᠬᠠᠮᠤᠭ᠎ᠤᠨ ᠰᠠᠶ᠋ᠢᠨ᠂ ᠣᠯᠵᠤ ᠴᠢᠳᠠᠭ᠍ᠣ ᠦᠭᠡᠢ ᠴᠤ᠌ ᠬᠠᠮᠢᠶ᠎ᠠ ᠦᠬᠡᠢ᠂ ᠵᠢᠯᠤᠭᠤᠳᠤᠭᠴᠢ ᠪᠠᠭᠰᠢ᠎ᠠᠴᠠ ᠪᠦᠬᠦ ᠶᠠᠪᠤᠴᠠ ᠵᠢ ᠵᠠᠳᠠᠯᠤᠨ ᠠ᠋ᠷᠭᠢᠴᠡᠭᠦᠯᠵᠣ ᠵᠢᠭ᠋ᠠᠨ ᠵᠢᠯᠤᠭᠤᠳᠴᠣ ᠦᠭᠬᠦᠨ᠎ᠡ᠃ ᠠ᠋ᠶ᠋ᠢᠮᠦᠷᠬᠦᠤ ᠠᠷᠭ᠎ᠠ ᠠᠪᠴᠠᠯ ᠵᠶ᠋ᠠᠷ ᠲᠠᠮᠵᠢᠭᠤᠯᠣᠨ ᠰᠢᠨ᠎ᠡ ᠪᠠᠭᠰᠢ᠎ᠲᠠᠢ ᠬᠠᠮᠳᠤ ᠬᠠᠮᠵᠢᠯᠴᠠᠨ ᠬᠢᠴᠢᠶᠡᠯ ᠪᠡᠯᠡᠳᠭᠡᠭᠦ᠂ ᠬᠢᠴᠢᠶᠡᠯ᠎ᠢ᠎ᠨᠢ᠎ᠲᠠᠭᠠᠨ ᠰᠤᠨᠣᠰᠬᠤ᠂ ᠬᠠᠮᠳᠤᠪᠡᠷ ᠵᠠᠳᠠᠯᠣᠨ ᠠ᠋ᠷᠬᠢᠴᠡᠭᠦᠯᠬᠦ᠂ ᠪᠠᠭᠰᠢ ᠵᠢᠨ ᠵᠢᠭ᠋ᠠᠨ ᠰᠤᠷᠭ᠋ᠠᠯᠳᠠ ᠵᠢᠨ ᠠᠷᠭ᠎ᠠ ᠪᠠᠷᠢᠯ᠎ᠢ ᠵᠠᠳᠠᠯᠬᠤ᠂ ᠰᠤᠷᠤᠭᠴᠢ ᠵᠢ ᠵᠠᠳᠠᠯᠬᠤ᠂ ᠬᠢᠴᠢᠶᠡᠯ ᠲᠡᠭᠡᠷ᠎ᠡ ᠢᠯᠡᠷᠡᠭᠰᠡᠨ (ᠬᠢᠴᠢᠶᠡᠯ᠎ᠠᠴᠠ ᠠ᠋ᠮᠦᠨ᠎ᠡ ᠪᠡᠯᠡᠳᠭᠡᠭᠰᠡᠨ᠎ᠠᠴᠠ ᠭᠠᠳᠠᠨ᠎ᠠ) ᠠᠰᠠᠭᠤᠳᠠᠯ᠎ᠳᠤ ᠴᠢᠭᠯᠡᠬᠦᠯᠦᠨ ᠵᠠᠳᠠᠯᠤᠯᠳᠠ ᠬᠢᠭᠦ ᠵᠡᠷᠭᠡ ᠨᠠᠷᠢᠨ ᠶᠠᠪᠤᠴᠠ᠎ᠪᠠᠷ ᠲᠠᠮᠵᠢᠭᠤᠯᠤᠨ ᠰᠢᠨ᠎ᠡ ᠪᠠᠭᠰᠢ ᠵᠢᠨ ᠬᠢᠴᠢᠶᠡᠯ᠎ᠤᠨ ᠲᠠᠩᠬᠢᠮ᠎ᠤᠨ ᠵᠢᠭ᠋ᠠᠨ ᠰᠣᠷᠭ᠋ᠠᠯᠳᠠ ᠵᠢ ᠵᠢᠯᠤᠭᠤᠳᠤᠨ ᠲᠡᠭᠡᠭᠰᠢᠯᠡᠬᠦᠯᠦᠨ᠎ᠡ᠃
      5. ᠰᠢᠨ᠎ᠡ ᠪᠠᠭᠰᠢ ᠵᠢ ᠵᠢᠯᠣᠭᠤᠳᠤᠨ ᠵᠢᠭ᠋ᠠᠨ ᠰᠤᠷᠭ᠋ᠠᠯᠳᠠ ᠵᠢᠨ ᠲᠡᠮᠳᠡᠭᠯᠡᠯ᠎ᠢ ᠰᠠᠶ᠋ᠢᠳᠤᠷ ᠬᠢᠪᠡᠯ ᠲᠡᠳᠡᠨ᠎ᠤ ᠥᠰᠦᠨ ᠪᠤᠶ᠋ᠢᠵᠢᠯᠲᠡ᠎ᠳᠤ ᠲᠤᠩ ᠠᠰᠢᠭᠳᠠᠢ᠃ ᠲᠡᠳᠡᠨ᠎ᠤ ᠤᠨᠣᠯ᠎ᠤᠨ ᠰᠣᠷᠤᠯᠴᠠᠯᠭ᠎ᠠ᠂ ᠲᠤᠷᠰᠢᠯᠭ᠎ᠠ ᠵᠢᠨ ᠰᠣᠷᠤᠯᠴᠠᠯᠭ᠎ᠠ᠂ ᠠᠬᠠᠮᠠᠳ ᠪᠠᠭᠰᠢ ᠵᠢᠨ ᠵᠢᠯᠤᠭᠤᠳᠣᠯᠭ᠎ᠠ ᠵᠡᠷᠭᠡ ᠪᠦᠬᠦᠶ᠋ᠢᠯᠡ ᠠᠵᠢᠯ᠎ᠤᠨ ᠶᠠᠪᠣᠴᠠ᠎ᠳᠠᠬᠢ ᠲᠡᠮᠳᠡᠭᠯᠡᠯ᠂ ᠠ᠋ᠷᠭᠢᠴᠡᠬᠦᠯᠦᠯ ᠵᠠᠳᠠᠯᠣᠯᠳᠠ ᠵᠢ ᠠ᠋ᠮᠬᠢᠯᠡᠨ ᠪᠢᠴᠢᠭᠦᠯᠵᠣ᠂ ᠦᠪᠡᠷ᠎ᠤᠨ ᠦᠰᠤᠨ ᠪᠤᠶ᠋ᠢᠵᠢᠭ᠎ᠠ ᠤᠯᠠ ᠮᠦᠷ ᠵᠶ᠋ᠠᠨ ᠠ᠋ᠷᠬᠢᠴᠡᠭᠦᠯᠬᠦ ᠵᠢ ᠰᠣᠷᠭ᠋ᠠᠨ᠎ᠠ᠃ ᠠ᠋ᠭᠦᠪᠡᠷ ᠲᠠᠮᠵᠢᠭᠤᠯᠣᠨ ᠰᠢᠨ᠎ᠡ ᠪᠠᠭᠰᠢ ᠨᠠᠷ᠎ᠤᠨ ᠠᠵᠢᠯ ᠦᠢ᠍ᠯᠡᠰ ᠵᠶ᠋ᠠᠨ ᠬᠠᠶ᠋ᠢᠷᠠᠯᠠᠭ᠍ᠣ ᠰᠡᠳᠬᠢᠯ᠎ᠢ ᠴᠢᠩᠭ᠋ᠠᠷᠠᠭᠤᠯᠬᠤ᠂ ᠦᠪᠡᠷ᠎ᠤᠨ ᠪᠡᠶ᠎ᠡ᠎ᠳᠤ᠎ᠪᠠᠨ ᠢᠲᠡᠭᠡᠯ᠎ᠲᠠᠢ ᠪᠤᠯᠭ᠋ᠠᠬᠤ᠂ ᠠᠵᠢᠯ᠎ᠳᠤ᠎ᠪᠠᠨ ᠬᠢᠨᠠᠭᠤᠷ ᠨᠢᠮᠪᠠᠢ ᠪᠤᠯᠬᠤ ᠵᠡᠷᠭᠡ ᠵᠢ ᠠᠶᠠᠨᠳᠠᠭ᠋ᠠᠨ ᠵᠶ᠋ᠠᠷ ᠬᠦᠮᠦᠵᠢᠭᠦᠯᠬᠦ ᠪᠤᠯᠣᠨ᠎ᠠ᠃
      6. ᠪᠣᠯᠪᠠᠰᠣᠷᠠᠯ ᠲᠠᠰᠬᠠᠯ᠎ᠢ ᠪᠠᠶ᠋ᠢᠷᠢᠯᠠᠭᠤᠯᠬᠤ᠂ ᠦᠵᠡᠵᠤ ᠬᠢᠨᠠᠵᠣ ᠴᠣᠬᠤᠯᠪᠤᠷᠢᠯᠠᠭ᠍ᠤ᠂ ᠰᠣᠷᠣᠭᠴᠢ ᠵᠢ ᠬᠡᠷᠭᠢᠨ ᠵᠢᠯᠤᠭᠤᠳᠬᠤ ᠵᠡᠷᠭᠡ ᠠ᠋ᠳᠦᠷ ᠲᠤᠳᠤᠮ᠎ᠤᠨ ᠬᠡᠪ᠎ᠤᠨ ᠵᠢᠭ᠋ᠠᠨ ᠰᠤᠷᠭ᠋ᠠᠯᠳᠠ ᠵᠢᠨ ᠬᠢᠪᠡᠰᠣ ᠵᠣᠬᠢᠬᠤ ᠠᠵᠢᠯ᠎ᠤᠨ ᠲᠠᠯ᠎ᠠ ᠵᠢᠨ ᠵᠢᠯᠤᠭᠤᠳᠤᠯᠭ᠎ᠠ ᠵᠢ ᠰᠢᠨ᠎ᠡ ᠪᠠᠭᠰᠢ ᠨᠠᠷ᠎ᠲᠤ ᠮᠡᠳᠡᠭᠦᠯᠵᠤ ᠲᠠᠨᠢᠭᠤᠯᠬᠤ ᠴᠢᠬᠤᠯᠠᠳᠠᠢ᠃ ᠤᠴᠢᠷ᠎ᠨᠢ ᠣᠷᠴᠢᠮ᠎ᠤᠨ ᠵᠢᠯ᠎ᠤᠨ ᠠ᠋ᠯᠰᠡᠭᠳᠡᠨ ᠬᠤᠪᠢᠶᠠᠭᠳᠠᠭᠰᠠᠨ ᠰᠢᠨ᠎ᠡ ᠪᠠᠭᠰᠢ ᠨᠠᠷ᠎ᠤᠨ ᠰᠤᠷᠭ᠋ᠠᠭᠤᠯᠢ᠎ᠳᠤ᠎ᠪᠠᠨ ᠪᠠᠶ᠋ᠢᠬᠤ ᠦᠶ᠎ᠡ ᠵᠢᠨ ᠳᠠᠳᠣᠯᠭ᠎ᠠ ᠪᠤᠯᠪᠠᠰᠣᠷᠠᠯ ᠶᠡᠭᠡᠳᠡ ᠲᠤᠳᠠᠭᠳᠠᠵᠣ ᠪᠠᠶ᠋ᠢᠬᠤ ᠵᠢ ᠪᠢᠳᠡ ᠪᠦᠷ ᠮᠡᠳᠡᠨ᠎ᠡ᠃ ᠨᠠᠶᠠᠭ᠋ᠠᠳ ᠣᠨ᠎ᠤ ᠪᠠᠭᠰᠢ ᠵᠢᠨ ᠰᠤᠷᠭ᠋ᠠᠭᠤᠯᠢ ᠵᠢᠨ ᠰᠤᠷᠤᠭᠴᠢᠳ᠎ᠤᠨ ᠲᠠᠳᠣᠯᠭ᠎ᠠ ᠵᠢ ᠥᠨᠡᠨ ᠬᠦ᠌ ᠴᠢᠨᠠᠷᠳᠠᠢ᠂ ᠣᠷᠤᠨ ᠪᠠᠶ᠋ᠢᠷᠢ᠎ᠳᠤᠨᠢ ᠬᠦᠷᠳᠡᠯ᠎ᠡ ᠰᠠᠶ᠋ᠢᠨ ᠬᠢᠵᠤ ᠪᠠᠶ᠋ᠢᠭᠰᠠᠨ᠎ᠢ ᠪᠢᠳᠡ ᠣᠳᠣ ᠵᠢᠨ ᠲᠡᠭᠦᠰᠴᠤ ᠪᠠᠶ᠋ᠢᠭ᠎ᠠ ᠰᠤᠷᠤᠭᠴᠢᠳ᠎ᠲᠠᠢ ᠬᠠᠷᠢᠴᠠᠭᠤᠯᠤᠨ ᠤᠯᠵᠣ ᠮᠡᠳᠡᠪᠡ᠃ ᠠ᠋ᠶ᠋ᠢᠮᠦ᠎ᠠᠴᠠ ᠰᠢᠨ᠎ᠡ ᠪᠠᠭᠰᠢ ᠨᠠᠷ᠎ᠲᠤ ᠵᠢᠭ᠋ᠠᠨ ᠰᠤᠷᠭ᠋ᠠᠯᠳᠠ ᠵᠢᠨ ᠬᠠᠮᠤᠭ᠎ᠤᠨ ᠦᠨᠳᠣᠰᠤᠨ ᠬᠦᠢ᠍ᠴᠡᠳᠭᠡᠬᠦ ᠠᠵᠢᠯ᠎ᠤᠳ᠎ᠢ ᠴᠤ᠌ ᠨᠢᠭᠡᠳ ᠨᠢᠭᠡ᠎ᠪᠠᠷ ᠵᠢᠯᠤᠭᠤᠳᠣᠨ ᠲᠠᠨᠢᠭᠤᠯᠬᠤ᠎ᠨᠢ ᠴᠢᠬᠤᠯᠠ ᠪᠠᠶ᠋ᠢᠨ᠎ᠠ᠃
      ᠲᠠᠪᠤ᠂ ᠰᠢᠨ᠎ᠡ ᠪᠠᠭᠰᠢ ᠨᠠᠷ᠎ᠤᠨ ᠦᠰᠤᠨ ᠪᠤᠶ᠋ᠢᠵᠢᠯᠳᠠ᠎ᠳᠤ ᠰᠤᠷᠭ᠋ᠠᠭᠤᠯᠢ ᠵᠢᠨ ᠲᠠᠯ᠎ᠠ ᠵᠢᠨ ᠬᠠᠯᠠᠮᠵᠢᠯᠠᠯ ᠵᠤᠷᠢᠬ᠍ᠵᠢᠭᠤᠯᠤᠯ᠎ᠢ ᠦᠷᠭᠦᠯᠵᠢ ᠵᠢᠨ ᠴᠢᠨᠠᠷᠳᠠᠢ ᠬᠢᠭᠦ ᠴᠢᠬᠤᠯᠠᠳᠠᠢ᠃
      ᠪᠢᠳᠡᠨ᠎ᠤ ᠬᠡᠯᠡᠭᠡᠳ ᠪᠠᠶ᠋ᠢᠬᠤ ᠰᠢᠨ᠎ᠡ ᠪᠠᠭᠰᠢ ᠪᠣᠯ ᠰᠠᠶᠢᠬᠠᠨ ᠶᠡᠭᠡ ᠰᠤᠷᠭ᠋ᠠᠭᠤᠯᠢ᠎ᠪᠠᠨ ᠲᠡᠭᠦᠰᠴᠤ ᠭᠠᠷᠤᠭᠰᠠᠨ ᠬᠤᠷᠢᠭ᠋ᠠᠳ ᠨᠠᠰᠤᠳᠠᠢ ᠣᠶᠤᠳᠠᠳ ᠮᠦᠨ᠂ ᠰᠤᠷᠭ᠋ᠠᠭᠤᠯᠢ᠎ᠳᠤ ᠠᠪᠴᠣ ᠬᠡᠯᠡᠪᠡᠯ ᠶᠠᠮᠠᠷᠴᠤ ᠠᠵᠢᠯ᠎ᠤᠨ       ᠲᠤᠷᠰᠢᠯᠭ᠎ᠠ ᠦᠬᠡᠢ᠂ ᠪᠠᠭᠰᠢᠯᠠᠭ᠍ᠣ ᠵᠦᠭ ᠴᠢᠭ ᠵᠶ᠋ᠠᠨ ᠣᠯᠤᠭ᠋ᠠᠳᠣᠢ᠂ ᠮᠠᠨ᠎ᠤ ᠰᠤᠷᠤᠭᠴᠢᠳ᠎ᠲᠠᠢ ᠨᠢᠭᠡ ᠯᠡ           ᠠᠳᠠᠯᠢ ᠬᠡᠤᠭᠡᠳ ᠪᠠᠶ᠋ᠢᠭ᠎ᠠ᠂ ᠲᠡᠳᠡᠨ᠎ᠳᠤ ᠬᠠᠯᠠᠮᠵᠢᠯᠠᠯ ᠵᠤᠷᠢᠬ᠍ᠵᠢᠭᠤᠯᠣᠯ ᠣᠷᠮᠠᠰᠢᠭᠤᠯᠣᠯ ᠴᠢᠬᠤᠯᠠ ᠱᠠᠭ᠋ᠠᠷᠳᠠᠭᠳᠠᠵᠤ ᠪᠤᠢ᠃ ᠠ᠋ᠶ᠋ᠢᠮᠤ᠎ᠠᠴᠠ ᠰᠢᠨ᠎ᠡ ᠪᠠᠭᠰᠢ ᠵᠢ ᠣᠷᠮᠠᠰᠢᠭᠤᠯᠣᠨ ᠵᠣᠷᠢᠬ᠍ᠵᠢᠭᠤᠯᠵᠣ᠂ ᠠᠮᠢᠳᠣᠷᠠᠯ ᠰᠣᠷᠤᠯᠭ᠎ᠠ ᠠᠵᠢᠯ᠎ᠤᠨ ᠲᠠᠯ᠎ᠠ᠎ᠪᠠᠷ ᠪᠤᠰᠤᠳ᠎ᠠᠴᠠ ᠢᠯᠡᠭᠦᠦ ᠬᠠᠯᠠᠮᠵᠢᠯᠠᠨ ᠠᠩᠬᠠᠷᠴᠤ᠂ ᠠᠮᠢᠳᠣᠷᠠᠯ ᠰᠣᠷᠤᠯᠭ᠎ᠠ ᠵᠢᠨ ᠨᠦᠭᠦᠴᠡᠯ ᠪᠤᠯᠤᠮᠵᠢ ᠵᠢ᠎ᠨᠢ ᠰᠠᠶ᠋ᠢᠵᠢᠷᠠᠭᠤᠯᠣᠨ ᠲᠡᠳᠡᠨ᠎ᠤ ᠰᠡᠳᠬᠢᠯ ᠲᠠᠶ᠋ᠢᠪᠤᠩ ᠠᠵᠢᠯ ᠦᠢ᠍ᠯᠡᠰ᠎ᠲᠤ᠎ᠪᠠᠨ ᠰᠢᠭᠤᠷᠬᠠᠶ᠋ᠢᠯᠠᠨ ᠣᠷᠤᠬᠤ᠎ᠳᠤ᠎ᠨᠢ ᠲᠤᠰᠠ ᠳᠡᠮ ᠪᠤᠯᠪᠠᠯ ᠲᠡᠳᠡᠨ᠎ᠤ ᠵᠥᠪ ᠦᠭᠡᠳᠡᠷᠭᠡᠭ ᠲᠦᠷᠭᠡᠨ ᠬᠦᠭᠵᠢᠯᠳᠡ ᠵᠢ ᠯᠠᠪᠳᠠᠢ ᠠᠬᠢᠭᠤᠯᠵᠣ  ᠴᠢᠳᠠᠨ᠎ᠠ᠃ ᠤᠴᠢᠷ᠎ᠨᠢ ᠲᠤᠮᠤᠴᠤᠣᠯ ᠬᠦᠷᠳᠡᠯ᠎ᠡ ᠮᠠᠭᠳᠠᠭ᠋ᠠᠯ ᠣᠷᠮᠠᠰᠢᠭᠤᠯᠤᠯ᠎ᠳᠤ ᠲᠤᠷᠠᠳᠠᠢ ᠪᠠᠶ᠋ᠢᠳᠠᠭ᠂ ᠤᠳᠣ ᠵᠢᠨ ᠰᠢᠨ᠎ᠡ ᠪᠠᠭᠰᠢ ᠨᠠᠷ ᠴᠤ᠌ ᠰᠢᠨ᠎ᠡ ᠴᠠᠭ ᠦᠶ᠎ᠡ ᠵᠢᠨ ᠠᠶ᠋ᠢᠯ ᠠ᠋ᠷᠣᠭᠡ ᠵᠢᠨ ᠭᠠᠭᠴᠠ ᠬᠤᠶᠠᠷ ᠬᠡᠤᠭᠡᠳ᠎ᠤᠨ ᠨᠢᠭᠡᠨ ᠪᠠᠶ᠋ᠢᠵᠤ᠂ ᠮᠦᠨ ᠯᠡ ᠠ᠋ᠷᠭᠢ ᠲᠠᠩᠬᠢ᠂ ᠨᠢᠯᠲᠠ ᠨᠤᠮᠤᠢ ᠪᠠᠶ᠋ᠢᠳᠠᠭ ᠶᠤᠮ᠃ ᠠ᠋ᠶ᠋ᠢᠮᠦ ᠪᠠᠶ᠋ᠢᠳᠠᠯ ᠲᠤᠤᠷ᠎ᠠ ᠠ᠋ᠳᠡᠭᠡᠷ ᠪᠠᠭᠰᠢ ᠵᠢ ᠬᠦᠮᠦᠵᠢᠭᠦᠯᠦᠨ ᠪᠤᠯᠪᠠᠰᠣᠷᠠᠭᠤᠯᠬᠤ᠎ᠳᠤ ᠪᠠᠰᠠ ᠣᠯᠠᠨ ᠲᠠᠯ᠎ᠠ ᠵᠢᠨ ᠭᠠᠳᠠᠭ᠋ᠠᠳᠣ ᠲᠣᠳᠤᠭ᠋ᠠᠳᠣ ᠨᠦᠭᠦᠴᠡᠯ᠎ᠤᠳ᠎ᠢ ᠠᠩᠬᠠᠷᠤᠨ ᠠᠰᠢᠭᠯᠠᠭ᠍ᠣ ᠴᠢᠬᠤᠯᠠᠲᠠᠢ ᠪᠠᠶ᠋ᠢᠨ᠎ᠠ᠃
      ᠵᠢᠷᠭᠤᠭ᠎ᠠ᠂ ᠰᠢᠨ᠎ᠡ ᠪᠠᠭᠰᠢ ᠨᠠᠷ᠎ᠤᠨ ᠠᠵᠢᠯ᠎ᠢ ᠦᠨᠡᠯᠡᠬᠦ ᠰᠢᠰᠲ᠋ᠧᠮ᠎ᠢ ᠪᠠᠶ᠋ᠢᠭᠤᠯᠣᠨ ᠲᠡᠭᠦᠯᠳᠡᠷᠵᠢᠭᠦᠯᠪᠡᠯ ᠲᠡᠳᠡᠨ᠎ᠤ ᠭᠦᠭᠵᠢᠯᠳᠡ᠎ᠳᠤ ᠠᠰᠢᠭᠳᠠᠢ᠂ ᠮᠦᠨᠴᠤ ᠰᠣᠷᠭ᠋ᠠᠭᠤᠯᠢ ᠵᠢᠨ ᠬᠤᠶ᠋ᠢᠰᠢᠲᠠ ᠵᠢᠨ ᠠ᠋ᠷᠡᠭᠦᠯ ᠪᠤᠯᠪᠠᠰᠣᠨ ᠭᠦᠭᠵᠢᠯᠳᠡ᠎ᠳᠤ ᠲᠤᠩ ᠠᠰᠢᠭᠳᠠᠢ᠃
      ᠰᠢᠨ᠎ᠡ ᠪᠠᠭᠰᠢ ᠨᠠᠷ᠎ᠢ ᠨᠢᠭᠡ ᠤᠳᠠᠭ᠎ᠠ ᠵᠢᠨ ᠠᠵᠢᠯᠯᠠᠭ᠎ᠠ ᠬᠦᠳᠡᠯᠪᠤᠷᠢ᠂ ᠠ᠋ᠰᠡᠬᠦᠯ᠎ᠡ ᠰᠣᠷᠤᠯᠭ᠎ᠠ ᠵᠢᠨ ᠬᠤᠭᠤᠴᠠᠭ᠎ᠠ᠎ᠪᠠᠷ ᠨᠢᠭᠡᠴᠢᠯᠡᠨ ᠲᠡᠳᠡᠨ᠎ᠤ ᠠᠵᠢᠯ᠎ᠢ ᠦᠨᠡᠯᠡᠨ ᠰᠠᠶ᠋ᠢᠰᠢᠶᠠᠭ᠍ᠣ᠎ᠪᠠᠷ ᠭᠤᠤᠯᠳᠠᠵᠣ᠂ ᠱᠠᠭ᠋ᠠᠷᠳᠠᠯᠭ᠎ᠠ ᠰᠠᠨᠠᠭᠤᠯᠭ᠎ᠠ᠎ᠪᠠᠨ ᠲᠣᠳᠣᠷᠬᠠᠢ ᠲᠠᠯᠪᠢᠵᠣ ᠵᠢᠭ᠋ᠠᠨ ᠵᠢᠯᠤᠭᠤᠳᠬᠤ ᠵᠢ ᠪᠠᠷᠢᠮᠳᠠᠯᠠᠪᠠᠯ ᠲᠡᠳᠡ ᠯᠠᠪᠳᠠᠢ ᠤᠬᠤᠷ ᠬᠤᠭᠤᠴᠠᠭ᠋ᠠᠨ᠎ᠳᠤ ᠬᠦᠮᠦᠵᠢᠭᠳᠡᠨ ᠪᠤᠯᠪᠠᠰᠣᠷᠠᠵᠣ᠂ ᠪᠡᠶ᠎ᠡ᠎ᠪᠠᠨ ᠲᠠᠭ᠋ᠠᠭ᠋ᠠᠨ ᠬᠤᠪᠢᠳᠠᠨ ᠬᠠᠷᠢᠭᠤᠴᠠᠭᠰᠠᠨ ᠠ᠋ᠭᠦᠷᠭᠡ ᠬᠠᠷᠢᠭᠤᠴᠠᠯᠭ᠎ᠠ᠎ᠪᠠᠨ ᠬᠦᠢ᠍ᠴᠡᠳᠭᠡᠬᠦ᠎ᠳᠤ ᠬᠦᠴᠢᠷᠳᠡᠬᠦ ᠦᠬᠡᠢ ᠪᠠᠶ᠋ᠢᠵᠣ᠂ ᠰᠤᠷᠭ᠋ᠠᠭᠤᠯᠢ ᠵᠢᠨ ᠪᠦᠬᠦ ᠲᠠᠯ᠎ᠠ ᠵᠢᠨ ᠠᠵᠢᠯ᠎ᠤᠨ ᠣᠷᠤᠭᠰᠢᠳᠠᠢ ᠶᠠᠪᠤᠭᠳᠠᠭ᠍ᠣ᠎ᠳᠤ ᠬᠤᠪᠢ ᠨᠡᠮᠡᠭᠦᠷᠢ᠎ᠪᠠᠨ ᠠ᠋ᠷᠭᠦᠵᠤ ᠴᠢᠳᠠᠭ᠍ᠤ ᠪᠤᠯᠣᠨ᠎ᠠ᠃ ᠮᠦᠨ ᠴᠤ᠌ ᠠᠵᠢᠯ᠎ᠳᠤ᠎ᠪᠠᠨ ᠲᠦᠷᠭᠡᠨ ᠲᠠᠰᠴᠤ᠂ ᠬᠢᠴᠢᠶᠡᠯ ᠵᠶ᠋ᠠᠨ ᠰᠠᠶ᠋ᠢᠨ ᠣᠷᠤᠵᠣ᠂ ᠤᠳᠤᠷᠢᠳᠤᠯᠭ᠎ᠠ ᠵᠢᠨ ᠲᠡᠳᠡᠨ᠎ᠢ ᠬᠠᠶ᠋ᠢᠷᠠᠯᠠᠳᠠᠭ᠎ᠤᠨ ᠠᠳᠠᠯᠢ ᠰᠤᠷᠤᠭᠴᠢ᠎ᠪᠠᠨ ᠬᠠᠶ᠋ᠢᠷᠠᠯᠠᠨ᠂ ᠰᠠᠶ᠋ᠢᠨ ᠪᠠᠭᠰᠢ ᠪᠤᠯᠬᠤ ᠰᠠᠭᠤᠷᠢ᠎ᠪᠠᠨ ᠪᠠᠳᠦ ᠲᠠᠯᠪᠢᠵᠤ ᠴᠢᠳᠠᠨ᠎ᠠ᠃
      ᠰᠢᠨ᠎ᠡ ᠪᠠᠭᠰᠢ ᠨᠠᠷ ᠵᠶ᠋ᠠᠨ ᠵᠢᠯᠤᠭᠤᠳᠣᠨ ᠲᠠᠭ᠋ᠠᠭᠤᠯᠵᠤ᠂ ᠲᠤᠷᠰᠢᠯᠭ᠎ᠠ᠎ᠲᠠᠢ ᠪᠠᠭᠰᠢ ᠵᠢᠨ ᠠ᠋ᠩᠨᠡᠭᠡᠨ᠎ᠳᠤ ᠣᠷᠤᠭᠤᠯᠬᠤ ᠪᠣᠯ ᠰᠣᠷᠭ᠋ᠠᠭᠤᠯᠢ ᠵᠢᠨ ᠰᠤᠷᠭ᠋ᠠᠨ ᠬᠦᠮᠦᠵᠢᠯ ᠵᠢᠭ᠋ᠠᠨ ᠰᠤᠷᠭ᠋ᠠᠯᠳᠠ ᠵᠢᠨ ᠠᠵᠢᠯ᠎ᠤᠨ ᠨᠢᠭᠡᠨ ᠴᠢᠬᠤᠯᠠ ᠭᠡᠰᠡᠭ ᠮᠦᠨ᠃ ᠭᠡᠷᠪᠡ ᠠ᠋ᠨᠡ ᠬᠦ᠌ ᠠᠵᠢᠯ᠎ᠢ ᠬᠦᠨᠳᠣᠳᠭᠡᠨ ᠠᠳᠬᠤᠬᠤ ᠦᠬᠡᠢ ᠬᠠᠰᠢ ᠶᠠᠰᠢ ᠬᠠᠨᠳᠤᠬᠤ᠎ᠳᠤ ᠬᠦᠷᠪᠡᠯ ᠨᠢᠭᠡᠨ ᠪᠦᠯᠦᠭ ᠵᠠᠯᠠᠭᠤ ᠪᠠᠭᠰᠢ ᠨᠠᠷ᠎ᠤᠨ ᠦᠰᠦᠨ ᠪᠤᠶ᠋ᠢᠵᠢᠯᠳᠡ ᠵᠢ ᠰᠢᠭᠤᠳ ᠨᠦᠯᠦᠭᠡᠯᠡᠨ᠂ ᠲᠡᠭᠦᠪᠡᠷ ᠲᠡᠮᠵᠢᠨ ᠰᠣᠷᠭ᠋ᠠᠭᠤᠯᠢ ᠵᠢᠨ ᠶᠡᠷᠦᠩᠬᠡᠢ ᠭᠦᠭᠵᠢᠯᠳᠡ ᠵᠢ ᠬᠠᠷᠰᠢᠯᠠᠭ᠍ᠣ ᠪᠤᠯᠣᠨ᠎ᠠ᠃ ᠰᠤᠷᠭ᠋ᠠᠭᠤᠯᠢ ᠵᠢᠨ ᠣᠳᠣᠷᠢᠳᠤᠯᠭ᠎ᠠ ᠪᠤᠯᠤᠭᠰᠠᠳ ᠰᠢᠨ᠎ᠡ ᠪᠠᠭᠰᠢ ᠨᠠᠷ᠎ᠤᠨ ᠤᠯᠠᠨ ᠲᠠᠪᠠᠭᠤᠯᠢᠭ ᠲᠠᠯ᠎ᠠ ᠵᠢ ᠣᠬᠠᠮᠰᠠᠷ᠎ᠠᠴᠠ᠎ᠪᠠᠨ ᠮᠡᠳᠡᠷᠡᠵᠤ᠂ ᠲᠡᠳᠡᠨ᠎ᠢ ᠢᠯᠡᠭᠦᠭᠡᠨ ᠬᠠᠯᠠᠮᠵᠢᠯᠠᠵᠣ᠂ ᠤᠶ᠋ᠢᠯᠠᠭ᠋ᠠᠵᠤ᠂ ᠵᠢᠯᠤᠭᠤᠳᠴᠣ᠂ ᠣᠷᠮᠠᠰᠢᠭᠤᠯᠵᠣ ᠪᠠᠶ᠋ᠢᠭ᠋ᠠᠳ ᠣᠬᠤᠷᠬᠠᠨ ᠬᠤᠭᠤᠴᠠᠭ᠋ᠠᠨ᠎ᠳᠤ ᠠᠵᠢᠯ᠎ᠳᠤ᠎ᠨᠢ ᠲᠠᠰᠬᠠᠨ ᠵᠠᠯᠠᠭᠤᠴᠣᠳ᠎ᠤᠨ ᠤᠷᠬᠢᠯᠤᠮ᠎ᠠ ᠬᠠᠯᠠᠭᠤᠨ ᠰᠡᠳᠬᠢᠯᠭᠡ᠎ᠪᠠᠷ ᠠᠵᠢᠯ᠎ᠳᠤ᠎ᠪᠠᠨ ᠤᠷᠤᠯᠴᠠᠵᠣ᠂ ᠤᠮᠤᠭ ᠵᠣᠷᠢᠭ᠎ᠲᠠᠢ ᠠᠮᠢᠳᠤᠯᠢᠭ ᠪᠦᠳᠦᠭᠡᠯᠴᠢ᠎ᠪᠠᠷ ᠰᠤᠷᠤᠯᠴᠠᠵᠣ ᠠᠵᠢᠯᠯᠠᠭ᠍ᠣ ᠡᠯ᠎ᠡ ᠲᠠᠯ᠎ᠠ ᠵᠢᠨ ᠤᠷ᠎ᠠ ᠠᠪᠢᠶᠠᠰ᠎ᠢ ᠪᠠᠳᠠᠷᠠᠭᠤᠯᠣᠨ ᠠᠰᠢᠭᠯᠠᠵᠣ ᠪᠤᠯᠬᠤᠶ᠋ᠢᠴᠠ ᠰᠤᠷᠭ᠋ᠠᠨ ᠬᠦᠮᠦᠵᠢᠯ᠎ᠤᠨ ᠠ᠋ᠬᠢ ᠪᠠᠶᠠᠯᠢᠭ᠎ᠢ ᠦᠷᠭᠡᠨ ᠵᠶ᠋ᠠᠷ ᠨᠡᠭᠡᠭᠡᠨ ᠠᠰᠢᠭᠯᠠᠵᠣ ᠨᠡᠩ ᠤᠯᠠᠨ ᠰᠤᠷᠤᠭᠴᠢᠳ᠎ᠲᠤ ᠴᠢᠯᠦᠭᠡᠲᠡᠢ ᠬᠦᠭᠵᠢᠭᠦ ᠣᠷᠴᠢᠨ ᠲᠤᠭᠤᠷᠢᠨ ᠤᠷᠤᠨ ᠵᠠᠢ ᠵᠢ ᠬᠠᠩᠭ᠋ᠠᠨ ᠦᠭᠴᠦ᠂ ᠰᠣᠷᠭ᠋ᠠᠭᠤᠯᠢ ᠵᠢᠨ ᠭᠦᠷᠢᠶᠡᠨ᠎ᠤ ᠰᠤᠶᠤᠯ᠎ᠤᠨ ᠠᠮᠢᠳᠤᠷᠠᠯ᠎ᠢ ᠬᠦᠭᠵᠢᠭᠡᠵᠦ ᠴᠢᠳᠠᠭ᠍ᠣ ᠪᠤᠯᠣᠨ᠎ᠠ᠃ ᠮᠦᠨ ᠴᠤ᠌ ᠦᠪᠡᠷ᠎ᠤᠨ ᠪᠠᠭᠰᠢ᠎ᠪᠠᠨ ᠦᠪᠡᠷᠳᠡᠭᠡᠨ ᠬᠦᠮᠦᠵᠢᠭᠦᠯᠵᠣ᠂ ᠲᠡᠳᠡᠨ᠎ᠤ ᠦᠰᠦᠨ ᠪᠤᠶ᠋ᠢᠵᠢᠯᠳᠠ ᠎ᠳᠤ ᠬᠠᠷᠢᠭᠤᠴᠠᠯᠭ᠎ᠠ᠎ᠪᠠᠨ ᠬᠦᠢ᠍ᠴᠡᠳᠭᠡᠭᠰᠡᠨ ᠶᠠᠪᠤᠳᠠᠯ ᠪᠤᠯᠣᠨ᠎ᠠ᠃
       ᠠᠵᠢᠯᠯᠠᠵᠤ ᠪᠠᠢ᠍ᠢ᠍ᠭ᠎ᠠ ᠪᠠᠢ᠍ᠢ᠍ᠭᠤᠯᠭ᠎ᠠ᠄ ᠬᠦᠪᠡᠭᠡᠳᠣ ᠰᠢᠷ᠎ᠠ ᠬᠤᠰᠢᠭᠤᠨ᠎ᠤ
                                  ᠨᠢᠭᠡᠳᠦᠭᠡᠷ ᠪᠠᠭ᠎ᠠ ᠰᠣᠷᠭ᠋ᠠᠭᠤᠯᠢ
                                  (ᠠᠯᠳᠠᠨᠰᠦᠢ᠍ᠭᠡ ᠨᠠᠢ᠍ᠢ᠍ᠷᠠᠭᠤᠯᠪᠠ)


 

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠠᠭᠰᠢ ᠵᠢᠨ ᠶᠣᠰᠤ ᠰᠤᠷᠲᠠᠬᠤᠨ᠎ᠤ ᠠᠰᠠᠭᠤᠳᠠᠯ᠎ᠳᠤ
ᠪᠠᠭᠰᠢ ᠬᠦᠮᠦᠨ᠎ᠤ ᠬᠡᠪ ᠲᠦᠷᠢ ᠵᠢ ᠪᠠᠳᠠᠷᠠᠭᠤᠯᠵᠤ ᠶᠠᠪᠤᠶ᠎ᠠ
ᠪᠦᠬᠦ ᠤᠷᠣᠨ᠎ᠤ ᠮᠤᠩᠭᠤᠯ ᠦᠨᠳᠦᠰᠦᠲᠡᠨ᠎ᠤ ᠳᠣᠮᠳᠠᠳᠦ ᠪᠠᠭ᠎ᠠ ᠰᠣᠷᠭ᠋ᠠᠭᠤᠯᠢ ᠵᠢᠨ ᠪᠠᠭᠰᠢ ᠵᠢᠨ ᠪᠣᠯᠪᠠᠰᠤᠷᠠᠯ᠎ᠠᠴᠠ ᠰᠡᠳᠭᠢᠭᠰᠡᠨ᠎ᠨᠢ
ᠵᠢᠭ᠋ᠠᠬᠤ ᠰᠤᠷᠬᠤ ᠰᠣᠳᠤᠯᠬᠤ ᠵᠢᠨ ᠤᠴᠢᠷᠯᠠᠯ
ᠪᠠᠭ᠎ᠠ ᠰᠣᠷᠭ᠋ᠠᠭᠤᠯᠢ ᠵᠢᠨ ᠲᠣᠭ᠋ᠠᠨ᠎ᠤ ᠣᠬᠠᠭ᠋ᠠᠨ᠎ᠤ 《ᠭᠤᠷᠪᠠᠨ ᠠᠯᠬᠤᠮᠳᠣ ᠵᠢᠭ᠋ᠠᠬᠤ ᠠᠷᠭ᠎ᠠ》᠎ᠪᠠᠷ ᠬᠢᠴᠢᠶᠡᠯᠯᠡᠬᠦ ᠪᠣᠳᠠᠳᠣ ᠠᠷᠭ᠎ᠠ ᠪᠠᠷᠢᠯ᠎ᠤᠨ ᠲᠣᠷᠰᠢᠯᠭ᠎ᠠ ᠬᠤᠷᠠᠮᠳᠣᠭᠤᠯᠣᠯ
 
             蒙ICP备05000248号