ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠤᠷ᠎ᠤᠨ ᠲᠠᠪᠴᠠᠩ   -   ᠠᠩᠭᠢ᠎ᠶᠢᠨ ᠠᠵᠢᠯ
ᠠᠩᠭᠢ ᠵᠢᠨ ᠠ᠋ᠷᠬᠢᠯᠡᠭᠴᠢ ᠵᠢᠨ ᠠᠵᠢᠯ᠎ᠢ ᠭᠡᠷᠬᠢᠨ ᠬᠢᠪᠡᠯ ᠵᠤᠬᠢᠬᠤ ᠪᠤᠢ
ᠨᠡᠶ᠋ᠢᠲᠡᠯᠡᠭᠰᠡᠨ ᠴᠠᠭ᠄ 2020-01-17

                                ᠮᠠ ᠱᠤ᠌ ᠯᠢᠨ


      ᠠᠷᠪᠠᠨ ᠨᠢᠭᠡᠨ ᠵᠢᠯ᠎ᠤᠨ ᠪᠠᠭᠰᠢ ᠵᠢᠨ ᠠᠵᠢᠯ᠎ᠳᠤ᠂ ᠨᠠᠢ᠍ᠮᠠᠨ ᠵᠢᠯ ᠠᠩᠭᠢ ᠵᠢᠨ ᠠ᠋ᠷᠬᠢᠯᠡᠭᠴᠢ ᠵᠢᠨ ᠠᠵᠢᠯ᠎ᠢ ᠲᠠᠭ᠋ᠠᠭ᠋ᠠᠴᠢᠯᠠᠯ᠎ᠠ᠃ ᠠ᠋ᠭᠦᠨ᠎ᠳᠤ ᠪᠠᠭ᠎ᠠ ᠰᠤᠷᠭ᠋ᠠᠭᠤᠯᠢ᠎ᠳᠤ ᠨᠢᠭᠡ ᠵᠢᠯ᠂ ᠲᠤᠮᠳᠠᠳᠤ ᠰᠤᠷᠭ᠋ᠠᠭᠤᠯᠢ᠎ᠳᠤ ᠲᠤᠯᠤᠭ᠋ᠠᠨ ᠵᠢᠯ᠃ ᠠᠳᠠᠯᠢ ᠪᠤᠰᠤ ᠴᠠᠭ ᠬᠤᠭᠤᠴᠠᠭ᠋ᠠᠨ᠎ᠳᠤ ᠠᠳᠠᠯᠢ ᠪᠤᠰᠤ ᠵᠢᠨ ᠤᠯᠤᠯᠲᠠ ᠲᠦᠷᠦᠭᠳᠡᠯ᠎ᠲᠠᠢ ᠶᠤᠮ᠃

      ᠠᠮᠸᠷᠢᠺᠠ ᠵᠢᠨ ᠹᠢᠽᠢᠺ᠎ᠤᠨ ᠤᠬᠠᠭ᠋ᠠᠨᠲᠠᠨ ᠠᠶ᠋ᠢᠨᠰᠲᠸᠨ᠄ 《ᠬᠦᠮᠦᠰ ᠲᠡᠯᠡᠬᠡᠢ ᠵᠢᠨ ᠠᠰᠠᠭᠤᠳᠠᠯ᠎ᠢ ᠰᠢᠢ᠍ᠳᠪᠦᠷᠢᠯᠡᠬᠦ᠎ᠳᠤ᠂ ᠶᠡᠭᠡ ᠲᠠᠷᠢᠬᠢᠨ᠎ᠤ ᠰᠡᠳᠭᠢᠬᠦᠢ ᠪᠤᠯᠤᠨ ᠤᠶᠤᠨ ᠤᠬᠠᠭ᠋ᠠᠨ᠎ᠳᠤ᠎ᠪᠠᠨ ᠲᠦᠰᠢᠭᠯᠡᠭᠰᠡᠨ ᠶᠤᠮ᠂ ᠬᠠᠷᠢᠨ ᠨᠤᠮ ᠪᠢᠴᠢᠭ᠎ᠤᠨ ᠶᠤᠰᠤᠭ᠋ᠠᠷ ᠮᠦᠷᠳᠡᠵᠤ ᠬᠢᠭᠰᠡᠨ ᠦᠭᠡᠢ》 ᠭᠡᠵᠤ ᠦᠭᠦᠯᠡᠭᠰᠡᠨ ᠪᠠᠶ᠋ᠢᠯ᠎ᠠ᠃ ᠪᠤᠲᠠᠲᠠᠢ ᠠᠰᠠᠭᠤᠳᠠᠯ᠎ᠢ ᠰᠢᠢ᠍ᠳᠪᠤᠷᠢᠯᠡᠭᠦ᠎ᠳᠤ ᠠ᠋ᠷᠬᠡᠪᠰᠢ ᠶᠡᠭᠡ ᠲᠠᠷᠢᠬᠢᠨ᠎ᠤ ᠰᠡᠳᠭᠢᠬᠦᠢ ᠪᠤᠯᠤᠨ ᠤᠶᠤᠨ ᠲᠠᠷᠢᠬᠢᠨ᠎ᠳᠤ᠎ᠪᠠᠨ ᠲᠦᠰᠢᠭᠯᠡᠨ ᠬᠡᠷᠡᠭ ᠶᠠᠪᠤᠳᠠᠯ᠎ᠢ ᠲᠤᠬᠢᠷᠠᠮᠵᠢᠲᠠᠢ ᠠᠷᠭ᠎ᠠ᠎ᠪᠠᠷ ᠵᠦᠪ ᠰᠢᠢ᠍ᠳᠪᠤᠷᠢᠯᠡᠪᠡᠯ ᠰᠠᠶᠢ ᠦᠷ᠎ᠡ ᠪᠦᠲᠤᠮᠵᠢ ᠦᠨᠳᠤᠷ ᠪᠢᠯᠡ᠃ ᠠᠩᠬ᠎ᠠ ᠠᠵᠢᠯ᠎ᠤᠨ ᠪᠠᠶ᠋ᠢᠷᠢ᠎ᠳᠤ ᠭᠠᠷᠬᠤ ᠦᠶᠡᠰ ᠰᠤᠷᠤᠭᠴᠢᠳ᠎ᠤᠨ ᠠᠯᠢᠪᠠ ᠠᠯᠳᠠᠭ᠎ᠠ ᠲᠤᠲᠠᠭᠳᠠᠯ ᠴᠦᠮ ᠭᠠᠷᠴᠤ ᠪᠤᠯᠤᠰᠢ ᠦᠭᠡᠢ ᠰᠢᠭ ᠰᠠᠨᠠᠭᠳᠠᠵᠤ᠂ ᠠᠭᠤᠷᠯᠠᠵᠤ ᠵᠠᠡᠭᠨᠠᠵᠤ ᠪᠠᠶ᠋ᠢᠭᠰᠠᠨ ᠪᠤᠯ ᠤᠳᠤ ᠪᠤᠯᠬᠤ᠎ᠳᠤ ᠠᠯᠢᠪᠠ ᠠᠯᠳᠠᠭ᠎ᠠ ᠪᠤᠷᠤᠭᠤ ᠴᠦᠮ ᠭᠠᠷᠬᠤ ᠪᠤᠯᠤᠯᠴᠠᠭ᠎ᠠ ᠪᠠᠶ᠋ᠢᠨ᠎ᠠ ᠭᠡᠳᠡᠭ᠎ᠢ ᠮᠡᠳᠡᠷᠡᠯ᠎ᠡ᠃ ᠤᠴᠢᠷ᠎ᠨᠢ ᠬᠦᠮᠦᠰ ᠶᠡᠷᠤ᠎ᠨᠢ ᠤᠯᠠᠨ ᠤᠴᠢᠷ ᠶᠠᠪᠤᠳᠠᠯ᠎ᠢ ᠦᠡᠭᠭᠡᠷᠡᠭᠦᠯᠦᠭᠰᠡᠨ᠎ᠤ ᠰᠡᠭᠦᠯᠡᠷ ᠲᠤᠷᠰᠢᠯᠭ᠎ᠠ᠎ᠪᠠᠨ ᠬᠤᠷᠢᠶᠠᠩᠭᠤᠶ᠋ᠢᠯᠠᠵᠤ ᠳ᠋ᠦᠡᠭᠨᠡᠵᠤ ᠬᠤᠵᠢᠮ᠎ᠤᠨ ᠤᠶ᠋ᠢᠯᠡᠰ᠎ᠲᠤ᠎ᠪᠠᠨ ᠰᠤᠷᠭ᠋ᠠᠮᠵᠢ ᠪᠤᠯᠭ᠋ᠠᠳᠠᠭ᠃

      ᠨᠢᠭᠡ᠎ᠳᠤ᠂ ᠰᠠᠶ᠋ᠢᠨ ᠠᠩᠭᠢ ᠵᠢᠨ ᠠ᠋ᠷᠬᠢᠯᠡᠭᠴᠢ ᠪᠤᠯᠤᠶ᠎ᠠ ᠭᠡᠪᠡᠯ ᠵᠦᠪᠬᠡᠨ ᠤᠷᠭᠢᠯᠤᠮ᠎ᠠ ᠬᠠᠯᠠᠭᠤᠨ ᠰᠡᠳᠭᠢᠯᠭᠡ ᠵᠢᠴᠢ ᠬᠠᠷᠢᠭᠤᠴᠠᠯᠭ᠋ᠠᠲᠤ ᠰᠡᠳᠭᠢᠯᠭᠡ ᠪᠠᠶ᠋ᠢᠭ᠋ᠠᠳ ᠪᠤᠯᠬᠤ ᠪᠢᠰᠢ᠂ ᠬᠠᠷᠢᠨ ᠲᠡᠭᠡᠳᠤ ᠬᠡᠮᠵᠢᠶᠡᠨ᠎ᠤ ᠲᠤᠰᠬᠠᠢ ᠮᠡᠷᠭᠡᠵᠢᠯ᠎ᠤᠨ ᠴᠢᠳᠠᠪᠤᠷᠢ ᠵᠢᠴᠢ ᠪᠤᠯᠪᠠᠰᠤᠷᠠᠩᠭᠤᠢ ᠰᠡᠳᠭᠢᠴᠡ ᠵᠢᠨ ᠬᠡᠪ ᠴᠢᠨᠠᠷ᠎ᠲᠠᠢ ᠪᠠᠶ᠋ᠢᠬᠤ ᠬᠡᠷᠡᠭᠲᠠᠢ᠃ ᠪᠢ 2003 ᠤᠨ᠎ᠳᠤ ᠰᠤᠷᠭ᠋ᠠᠭᠤᠯᠢ ᠲᠡᠭᠦᠰᠦᠭᠡᠳ ᠢᠯᠡᠯᠲᠡ ᠪᠠᠭ᠎ᠠ ᠰᠤᠷᠭ᠋ᠠᠭᠤᠯᠢ᠎ᠳᠤ ᠠᠵᠢᠯᠯᠠᠭᠰᠠᠨ ᠶᠤᠮ᠃ ᠬᠠᠮᠤᠭ ᠠ᠋ᠬᠢᠨ᠎ᠤ ᠠ᠋ᠷᠬᠢᠯᠡᠭᠰᠡᠨ ᠠᠩᠭᠢ ᠪᠤᠯ ᠭᠤᠷᠪᠠᠳᠤᠭ᠋ᠠᠷ ᠤᠨ ᠪᠤᠯᠤᠨ᠎ᠠ᠃ ᠰᠠᠶᠢ ᠠᠵᠢᠯ᠎ᠤᠨ ᠪᠠᠶ᠋ᠢᠷᠢ᠎ᠳᠤ ᠭᠠᠷᠤᠭᠰᠠᠨ᠎ᠠᠴᠠ ᠲᠡᠷᠡ ᠦᠶᠡᠰ ᠶᠡᠭᠡ ᠯᠡ ᠬᠢᠴᠢᠶᠡᠯ ᠤᠷᠤᠬᠤ ᠲᠤᠷᠠᠲᠠᠢ ᠪᠠᠶ᠋ᠢᠭᠰᠠᠨ᠃ ᠰᠤᠷᠤᠭᠴᠢᠳ ᠤᠴᠢᠷ ᠭᠠᠷᠭ᠋ᠠᠭᠰᠠᠭ᠋ᠠᠷ ᠶᠡᠬᠡᠳᠡ ᠠᠭᠤᠷᠯᠠᠳᠠᠭ᠃ ᠮᠢᠨᠤ ᠴᠡᠭᠡᠵᠢᠯᠡᠵᠤ ᠪᠠᠶ᠋ᠢᠬᠤ᠎ᠪᠠᠷ ᠨᠢᠭᠡ ᠬᠦᠤ ᠰᠤᠷᠤᠭᠴᠢ ᠤᠳᠠᠭ᠎ᠠ ᠲᠠᠷᠠᠭ᠋ᠠᠯᠠᠨ ᠪᠤᠰᠤᠳ᠎ᠤᠨ ᠶᠠᠭᠤᠮ᠎ᠠ ᠵᠢ ᠬᠤᠯᠠᠭ᠋ᠠᠶ᠋ᠢᠯᠠᠭ᠍ᠤ ᠮᠠᠭᠤ ᠵᠠᠩ᠎ᠲᠠᠢ ᠪᠠᠢ᠍ᠢ᠍ᠪᠠ᠂ ᠲᠡᠭᠦᠨ᠎ᠢ ᠪᠢ ᠠᠭᠤᠷᠯᠠᠵᠤ ᠵᠠᠨᠭ᠌ᠨᠠᠵᠤ ᠰᠢᠭᠦᠮᠵᠢᠯᠡᠨ ᠰᠤᠷᠭ᠋ᠠᠵᠤ ᠪᠠᠶ᠋ᠢᠭᠰᠠᠨ ᠶᠤᠮ᠃ ᠮᠢᠨᠤ ᠪᠤᠲᠤᠬᠤ᠎ᠪᠠᠷ ᠠ᠋ᠨᠡ ᠪᠤᠯ ᠲᠠᠷᠤᠢ ᠲᠡᠷᠡ ᠦᠶᠡᠰ ᠲᠤᠷᠰᠢᠯᠭ᠎ᠠ ᠮᠡᠭᠦᠰ ᠰᠡᠳᠭᠢᠴᠡ ᠵᠢᠨ ᠲᠠᠯ᠎ᠠ᠎ᠪᠠᠷ ᠪᠤᠯᠪᠠᠰᠤᠷᠠᠩᠭᠤᠢ ᠪᠤᠯᠤᠭ᠋ᠠᠳᠤᠢ ᠵᠢᠨ ᠢᠯᠡᠷᠡᠯ ᠪᠠᠢ᠍ᠢ᠍ᠭ᠎ᠠ᠃ ᠤᠳᠤ ᠪᠤᠳᠤᠬᠤ᠎ᠪᠠᠷ ᠠᠶᠤᠯᠭ᠋ᠠᠬᠤ ᠪᠢᠰᠢ ᠬᠠᠷᠢᠨ ᠰᠤᠷᠤᠭᠴᠢ᠎ᠳᠤ ᠶᠤᠰᠤ ᠤᠴᠢᠷ᠎ᠢ ᠶᠠᠷᠢᠨ ᠦᠭᠴᠦ᠂ ᠤᠳᠠᠭ᠋ᠠᠨ ᠲᠠᠭ᠋ᠠᠭ᠋ᠠᠮᠠᠭ᠋ᠠᠢ ᠤᠷᠲᠤ ᠬᠤᠭᠤᠴᠠᠭ᠎ᠠ᠎ᠪᠠᠷ ᠲᠡᠭᠦᠨ᠎ᠳᠤ ᠰᠡᠳᠭᠢᠴᠡ ᠵᠢᠨ ᠲᠠᠯ᠎ᠠ᠎ᠪᠠᠷ ᠵᠢᠯᠤᠭᠤᠳᠤᠯᠭ᠎ᠠ ᠬᠢᠭᠰᠡᠨ ᠪᠤᠯ ᠵᠤᠬᠢᠰᠲᠠᠢ᠃ 《ᠠᠭᠤᠷ ᠪᠡᠶ᠎ᠡ ᠵᠢ ᠵᠤᠪᠠᠭ᠋ᠠᠨ᠎ᠠ᠂ ᠠᠭᠤᠯᠠ ᠮᠤᠷᠢ ᠵᠢ ᠵᠤᠪᠠᠭ᠋ᠠᠨ᠎ᠠ》 ᠭᠡᠳᠡᠭ ᠵᠶ᠋ᠠᠷ ᠠᠩᠭᠢ ᠵᠢᠨ ᠠ᠋ᠷᠬᠢᠯᠡᠭᠴᠢ ᠵᠢᠨ ᠠᠵᠢᠯ᠎ᠢ ᠬᠢᠬᠦ ᠲᠤᠮᠳᠠᠬᠢ ᠬᠠᠮᠤᠭ᠎ᠤᠨ ᠶᠡᠭᠡ ᠲᠠᠶ᠋ᠢᠰᠤᠨ ᠪᠤᠯ ᠠᠭᠤᠷᠯᠠᠭ᠍ᠤ ᠶᠠᠪᠤᠳᠠᠯ ᠪᠤᠯᠤᠨ᠎ᠠ ᠭᠡᠳᠡᠭ᠎ᠢ ᠪᠤᠳᠠᠳᠠᠢ ᠦᠢ᠍ᠯᠡᠳᠦᠯᠭᠡ ᠳᠤᠮᠳᠠ᠎ᠠᠴᠠ ᠮᠡᠳᠡᠯ᠎ᠡ᠃

      ᠬᠤᠶᠠᠷ᠎ᠲᠤ᠂ ᠮᠦᠨ ᠠᠶ᠋ᠢᠨᠰᠲᠸᠨ᠎ᠤ ᠦᠭᠡ᠎ᠪᠠᠷ ᠠ᠋ᠰᠢ ᠲᠠᠲᠠᠪᠠᠯ᠂ ᠰᠤᠷᠤᠭᠴᠢᠳ᠎ᠤᠨ ᠪᠠᠭᠰᠢ᠎ᠪᠠᠨ ᠬᠦᠨᠳᠤᠳᠭᠡᠬᠦ ᠴᠤᠷ᠎ᠤᠨ ᠭᠠᠭᠴᠠ ᠠ᠋ᠬᠢ ᠰᠤᠷᠪᠤᠯᠵᠢ ᠪᠤᠯ ᠪᠠᠭᠰᠢ ᠵᠢᠨ ᠶᠤᠰᠤ ᠮᠤᠷᠠᠯ ᠪᠤᠯᠤᠨ ᠠ᠋ᠷᠳᠡᠮ ᠴᠢᠳᠠᠪᠤᠷᠢ ᠪᠤᠯᠤᠨ᠎ᠠ᠃ 2009 ᠤᠨ᠎ᠳᠤ ᠪᠢ ᠲᠤᠮᠳᠠᠳᠤ ᠰᠤᠷᠭ᠋ᠠᠭᠤᠯᠢ᠎ᠳᠤ ᠰᠠᠶᠢ ᠠᠵᠢᠯ ᠰᠢᠯᠵᠢᠭᠡᠳ ᠢᠷᠡᠭᠦ ᠦᠶᠡᠰ ᠮᠢᠨᠤ ᠲᠤᠮᠳᠠᠳᠤ ᠰᠤᠷᠭ᠋ᠠᠭᠤᠯᠢ ᠵᠢᠨ ᠦᠶ᠎ᠡ ᠵᠢᠨ ᠠᠩᠭᠢ ᠵᠢᠨ ᠠ᠋ᠷᠬᠢᠯᠡᠭᠴᠢ ᠲᠤᠷᠰᠢᠯᠲᠠ ᠵᠢᠨ ᠠᠩᠭᠢ ᠵᠢ ᠠᠪᠴᠦ ᠪᠠᠶ᠋ᠢᠵᠠᠢ᠃ ᠲᠡᠭᠦᠨ᠎ᠤ ᠨᠠᠶ᠋ᠢᠳᠠᠯᠭ᠎ᠠ᠎ᠪᠠᠷ ᠨᠢᠭᠡᠨ ᠤᠳᠠᠭ᠎ᠠ ᠴᠡᠪᠡᠷᠯᠡᠭᠡ ᠬᠢᠬᠦ ᠦᠶᠡᠰ ᠪᠢ ᠠᠩᠭᠢ ᠵᠢ᠎ᠨᠢ ᠲᠠᠭ᠋ᠠᠭᠰᠠᠨ᠎ᠳᠤ ᠲᠡᠳᠡᠭᠡᠷ ᠰᠤᠷᠤᠭᠴᠢᠳ ᠶᠡᠭᠡ ᠯᠡ ᠲᠡᠭᠡᠷᠡᠨᠭᠭᠦᠢ ᠵᠠᠩ ᠭᠠᠷᠭ᠋ᠠᠵᠤ᠂ ᠨᠢᠭᠡ ᠬᠡᠯᠡᠪᠡᠯ ᠨᠢᠭᠡ ᠬᠦᠳᠡᠯᠵᠤ᠂ ᠰᠢᠨ᠎ᠠ ᠢᠷᠡᠭᠰᠡᠨ ᠪᠠᠭᠰᠢ ᠶᠠᠭᠤ ᠯᠠ ᠪᠠᠢ᠍ᠢ᠍ᠬᠤᠪ ᠭᠡᠰᠡᠨ ᠰᠢᠭ ᠬᠠᠷᠠᠴᠠ᠎ᠪᠠᠷ ᠬᠠᠷᠠᠵᠤ ᠬᠤᠶᠠᠷ ᠭᠤᠷᠪᠠ᠎ᠪᠠᠷ ᠵᠶ᠋ᠠᠨ ᠰᠠᠮ ᠶᠠᠷᠢᠯᠴᠠᠵᠤ ᠪᠠᠢ᠍ᠢ᠍ᠯ᠎ᠠ᠂ ᠶᠠᠭᠤ ᠨᠢᠭᠡ ᠵᠢ ᠠᠪᠤᠭ᠋ᠠᠳ ᠢᠷ᠎ᠡ ᠭᠡᠬᠦ᠎ᠳᠤ ᠬᠡᠨ᠎ᠢ᠎ᠨᠢ ᠬᠡᠯᠡᠪᠡᠯ ᠬᠡᠨ᠎ᠨᠢ ᠲᠤᠷ᠎ᠠ ᠮᠠᠭᠤᠲᠠᠶ᠋ᠢᠬᠠᠨ ᠪᠠᠢ᠍ᠢ᠍ᠵᠤ ᠬᠦᠳᠡᠯᠬᠦ ᠲᠤᠷ᠎ᠠ ᠦᠭᠡᠢ ᠪᠠᠶ᠋ᠢᠯ᠎ᠠ᠃ ᠲᠡᠮᠡᠢ ᠤᠳᠠᠯ ᠦᠭᠡᠢ ᠤᠤᠯ᠎ᠤᠨ ᠠᠩᠭᠢ ᠵᠢᠨ ᠠ᠋ᠷᠬᠢᠯᠡᠭᠴᠢ᠎ᠨᠢ ᠠᠵᠢᠯ ᠰᠢᠯᠵᠢᠭᠰᠡᠨ ᠪᠤᠯᠬᠤᠷ ᠲᠤᠰ ᠲᠤᠷᠰᠢᠯᠲᠠ ᠵᠢᠨ ᠠᠩᠭᠢ ᠵᠢ ᠪᠢ ᠠ᠋ᠷᠬᠢᠯᠡᠭᠦ ᠪᠤᠯᠤᠭᠰᠠᠨ ᠪᠠᠶ᠋ᠢᠨ᠎ᠠ᠃ ᠠ᠋ᠶ᠋ᠢᠮᠦ ᠵᠠᠪᠰᠢᠶᠠᠨ ᠵᠶ᠋ᠠᠷ ᠠᠩᠬ᠎ᠠ ᠪᠠᠭᠰᠢ ᠵᠢᠨ ᠪᠠᠶ᠋ᠢᠷᠢ᠎ᠳᠤ ᠭᠠᠷᠤᠮᠠᠭᠴᠠ ᠰᠢᠯᠢᠳᠡᠭ ᠠᠩᠭᠢ ᠵᠢ ᠲᠤᠰᠤᠨ ᠠᠪᠬᠤ᠎ᠳᠤ᠎ᠪᠠᠨ ᠪᠢ ᠭᠦᠭᠡᠷᠦᠨ ᠪᠠᠶᠠᠷᠯᠠᠵᠤ᠂ ᠲᠡᠳᠡᠭᠡᠷ ᠰᠠᠢ᠍ᠢ᠍ᠨ ᠰᠤᠷᠤᠯᠭ᠋ᠠᠳᠠᠳ᠎ᠢ 《ᠲᠡᠳᠡᠨ ᠠᠵᠠ ᠪᠤᠰᠤ ᠮᠢᠨᠤ ᠠ᠋ᠷᠬᠡᠨ᠎ᠳᠤ ᠤᠷᠤᠯ᠎ᠠ》 ᠭᠡᠵᠦ ᠰᠡᠮ ᠵᠶ᠋ᠠᠷ ᠪᠤᠳᠤᠵᠤ ᠪᠠᠶ᠋ᠢᠭᠰᠠᠨ᠂ ᠮᠦᠨ ᠴᠦ᠍ ᠠ᠋ᠳᠡᠭᠡᠷ ᠰᠤᠷᠤᠯᠭ᠎ᠠ ᠰᠠᠶ᠋ᠢᠲᠠᠢ ᠪᠠᠷᠳᠠᠮ ᠰᠤᠷᠤᠭᠴᠢᠳ ᠨᠠᠮᠠᠢ᠍ᠢ ᠶᠡᠷᠦ᠎ᠨᠢ ᠨᠢᠭᠡ ᠴᠦ᠍ ᠤᠶ᠋ᠢᠯᠠᠭ᠋ᠠᠬᠤ ᠦᠭᠡᠢ ᠶᠤᠮ ᠴᠢᠨᠢ ᠬᠡᠷᠬᠢᠨ ᠪᠢᠰᠢᠷᠡᠬᠦ ᠪᠢᠯᠡ? ᠭᠡᠵᠦ ᠰᠠᠨᠠᠵᠤ ᠪᠠᠢ᠍ᠢ᠍ᠭᠰᠠᠨ᠃ ᠠ᠋ᠭᠦᠨ᠎ᠳᠤ ᠪᠢ ᠬᠠᠮᠤᠭ᠎ᠤᠨ ᠲᠡᠷᠢᠭᠦᠨ᠎ᠳᠤ ᠰᠤᠷᠤᠭᠴᠢᠳ᠎ᠤᠨ ᠬᠦᠨᠳᠤᠳᠭᠡᠯ ᠪᠢᠰᠢᠷᠡᠯ᠎ᠢ ᠤᠯᠵᠤ᠂ ᠮᠦᠨ ᠰᠤᠷᠤᠭᠴᠢᠳ᠎ᠤᠨ ᠤᠷᠮ᠎ᠠ ᠵᠤᠷᠢᠭ᠎ᠢ ᠠ᠋ᠷᠴᠢᠯᠡᠬᠦ ᠵᠢᠨ ᠲᠦᠯᠦᠭᠡ ᠶᠡᠷᠦ ᠵᠢᠨ ᠴᠠᠭ᠎ᠲᠤ ᠰᠦᠯᠵᠢᠶ᠎ᠡ ᠶᠤᠮ ᠤᠤ᠂ ᠨᠤᠮ ᠪᠢᠴᠢᠭ᠎ᠠᠴᠠ ᠨᠡᠷᠡᠲᠤ ᠬᠦᠮᠦᠰ᠎ᠤᠨ ᠠᠮᠵᠢᠯᠲᠠ ᠤᠯᠤᠭᠰᠠᠨ ᠲᠤᠷᠰᠢᠯᠭ᠎ᠠ ᠰᠤᠷᠭ᠋ᠠᠮᠵᠢ ᠵᠢᠴᠢ ᠭᠦᠨ ᠤᠬᠠᠭ᠋ᠠᠨ᠎ᠤ ᠶᠤᠰᠤ ᠤᠴᠢᠷ ᠵᠶ᠋ᠠᠷ ᠲᠤᠯᠢ ᠪᠤᠯᠭ᠋ᠠᠨ ᠮᠠᠲᠸᠷᠢᠶᠠᠯ ᠴᠤᠭᠯᠠᠭᠤᠯᠵᠤ᠂ ᠤᠯᠠᠨ ᠤᠳᠠᠭ᠎ᠠ ᠶᠠᠷᠢᠶ᠎ᠠ ᠢᠯᠡᠳᠭᠡᠯ ᠬᠢᠵᠤ᠂ ᠦᠪᠡᠷ᠎ᠤᠨ ᠠᠵᠢᠯᠯᠠᠭᠰᠠᠨ ᠦᠡᠭᠭᠡᠷᠡᠯᠲᠡ᠂ ᠬᠡᠷᠬᠢᠨ ᠰᠤᠷᠤᠯᠴᠠᠵᠤ ᠪᠠᠶ᠋ᠢᠭᠰᠠᠨ ᠠᠷᠭ᠎ᠠ ᠰᠠᠮᠪᠠᠭ᠎ᠠ᠎ᠪᠠᠨ ᠲᠡᠳᠡᠨ᠎ᠲᠠᠢ ᠬᠤᠪᠢᠶᠠᠯᠴᠠᠭ᠍ᠤ᠎ᠳᠤ ᠲᠡᠳᠡᠨᠦᠰ ᠨᠠᠳᠠ᠎ᠲᠠᠢ ᠠᠭ᠋ᠠᠵᠢᠮ ᠠᠭ᠋ᠠᠵᠢᠮ ᠵᠶ᠋ᠠᠷ ᠤᠢ᠍ᠢ᠍ᠷᠠᠳᠤᠬᠤ ᠪᠤᠯᠵᠠᠢ᠃

      ᠭᠤᠷᠪᠠ᠎ᠳᠤ᠂ ᠠᠩᠭᠢ ᠵᠢᠨ ᠠ᠋ᠷᠬᠢᠯᠡᠭᠴᠢ ᠪᠤᠯᠤᠭᠰᠠᠨ ᠬᠦᠮᠦᠨ ᠠ᠋ᠷᠬᠡᠪᠰᠢ ᠪᠦᠬᠦ ᠰᠤᠷᠤᠭᠴᠢ᠎ᠳᠤ ᠬᠠᠨᠳᠤᠵᠤ᠂ ᠰᠤᠷᠤᠭᠴᠢ ᠪᠦᠬᠦᠨ᠎ᠳᠤ ᠤᠷᠤᠰᠢᠨ ᠲᠤᠭᠲᠠᠨᠢᠵᠤ ᠪᠠᠶ᠋ᠢᠬᠤ ᠦᠨ᠎ᠡ ᠦᠷᠲᠡᠭ᠎ᠢ ᠮᠡᠳᠡᠭᠦᠯᠵᠤ᠂ ᠬᠢᠴᠢᠶᠡᠯ ᠪᠤᠯᠭ᠋ᠠᠨ᠎ᠳᠤ ᠬᠢᠨᠠᠮᠠᠭ᠋ᠠᠢ ᠬᠠᠨᠳᠤᠵᠤ᠂ ᠬᠢᠴᠢᠶᠡᠯ ᠢᠯᠭ᠋ᠠᠯ ᠦᠭᠡᠢ ᠴᠢᠷᠮᠠᠶ᠋ᠢᠨ ᠰᠤᠷᠬᠤ ᠵᠢ ᠵᠤᠷᠢᠬ᠍ᠵᠢᠭᠤᠯᠤᠨ᠎ᠠ᠃ ᠪᠢ ᠵᠠᠷᠢᠮ᠎ᠳᠤ᠎ᠪᠠᠨ ᠵᠤᠬᠢᠶᠠᠨ ᠪᠢᠴᠢᠬᠦ ᠲᠤᠬᠠᠢ᠂ ᠵᠠᠷᠢᠮ᠎ᠳᠤ᠎ᠪᠠᠨ ᠹᠢᠽᠢᠺ᠂ ᠬᠢᠮᠢ ᠵᠡᠷᠭᠡ ᠡᠯ᠎ᠡ ᠬᠢᠴᠢᠶᠡᠯ ᠲᠦᠷᠦᠯ᠎ᠤᠨ ᠲᠠᠯ᠎ᠠ᠎ᠪᠠᠷ ᠬᠡᠷᠬᠢᠨ ᠰᠤᠷᠤᠯᠴᠠᠭ᠍ᠤ ᠲᠤᠬᠠᠢ ᠰᠤᠷᠤᠭᠴᠢᠳ᠎ᠲᠠᠢ ᠶᠠᠷᠢᠯᠴᠠᠵᠤ ᠤᠷᠮ᠎ᠠ ᠵᠢ᠎ᠨᠢ ᠲᠠᠶ᠋ᠢᠴᠢᠯᠠᠳᠠᠭ᠃ ᠪᠢ ᠶᠡᠷᠦ᠎ᠳᠤ᠎ᠪᠠᠨ ᠶᠠᠪᠤᠳᠠᠯ ᠤᠴᠢᠷ᠎ᠢ ᠨᠠᠷᠢᠯᠢᠬ ᠰᠡᠳᠬᠢᠳᠡᠭ ᠬᠠᠨ ᠴᠦ᠍ ᠢ ᠭᠡᠳᠡᠭ ᠰᠤᠷᠤᠭᠴᠢ ᠵᠢ ᠬᠢᠴᠢᠶᠡᠯ᠎ᠤᠨ ᠲᠦᠯᠦᠭᠡᠯᠡᠭᠴᠢ᠎ᠪᠠᠷ ᠰᠤᠩᠭᠤᠵᠤ ᠭᠡᠷᠡᠭᠯᠡᠪᠡ᠂ ᠲᠤᠮᠳᠠᠳᠤ ᠰᠢᠯᠭ᠋ᠠᠯᠲᠠ᠎ᠳᠤ ᠲᠤᠰ ᠰᠤᠷᠤᠭᠴᠢ ᠠᠩᠭᠢ᠎ᠳᠤ᠎ᠪᠠᠨ 596 ᠬᠤᠪᠢ᠎ᠪᠠᠷ ᠨᠢᠭᠡᠳᠤᠭᠡᠷ ᠰᠢᠯᠭ᠋ᠠᠵᠤ᠂ ᠬᠤᠰᠢᠭᠤᠨ᠎ᠳᠤ ᠠᠷᠪᠠᠨ ᠬᠤᠶᠠᠳᠤᠭ᠋ᠠᠷ ᠰᠢᠯᠭ᠋ᠠᠭᠰᠠᠨ ᠪᠠᠶ᠋ᠢᠨ᠎ᠠ᠃ ᠲᠠᠷᠠ ᠤᠳᠤ ᠦᠪᠦᠷ ᠮᠤᠩᠭᠤᠯ᠎ᠤᠨ ᠪᠠᠭᠰᠢ ᠵᠢᠨ ᠶᠡᠭᠡ ᠰᠤᠷᠭ᠋ᠠᠭᠤᠯᠢ ᠵᠢᠨ ᠲᠤᠭ᠋ᠠᠨ᠎ᠤ ᠰᠠᠯᠪᠤᠷᠢ᠎ᠳᠤ ᠰᠤᠷᠤᠯᠴᠠᠵᠤ᠂ ᠠᠰᠫᠢᠷᠠᠨᠲ᠎ᠤᠨ ᠴᠤᠯᠠ ᠤᠯᠬᠤ᠎ᠪᠠᠷ ᠴᠢᠷᠮᠠᠶ᠋ᠢᠵᠤ ᠪᠠᠶ᠋ᠢᠨ᠎ᠠ᠃ ᠠᠩᠬ᠎ᠠ ᠬᠤᠶᠠᠳᠤᠭ᠋ᠠᠷ ᠤᠨ ᠪᠤᠯᠬᠤ᠎ᠳᠤ ᠹᠢᠽᠢᠺ᠎ᠤᠨ ᠬᠢᠴᠢᠶᠡᠯ ᠨᠡᠮᠡᠭᠳᠡᠵᠤ᠂ ᠪᠠᠶᠠᠨᠲᠠᠯ᠎ᠠ ᠭᠡᠳᠡᠭ ᠰᠤᠷᠤᠭᠴᠢ ᠵᠢ ᠬᠢᠴᠢᠶᠡᠯ᠎ᠤᠨ ᠲᠦᠯᠦᠭᠡᠯᠡᠭᠴᠢ ᠪᠤᠯᠭ᠋ᠠᠵᠠᠢ᠃ ᠲᠡᠷᠡ ᠦᠶᠡᠰ ᠲᠤᠰ ᠰᠤᠷᠤᠭᠴᠢ ᠵᠢᠨ ᠰᠤᠷᠤᠯᠭ᠎ᠠ ᠵᠢᠨ ᠬᠢᠷᠢ ᠪᠦᠳᠦᠮᠵᠢ᠎ᠨᠢ ᠠᠩᠭᠢ᠎ᠳᠤ᠎ᠪᠠᠨ ᠵᠢᠷᠭᠤᠳᠤᠭ᠋ᠠᠷ᠎ᠲᠤ ᠵᠢᠭᠰᠠᠭ᠋ᠠᠵᠤ ᠪᠠᠶ᠋ᠢᠭᠰᠠᠨ᠃ ᠲᠤᠮᠳᠠᠳᠤ ᠰᠢᠯᠭ᠋ᠠᠯᠲᠠ᠎ᠳᠤ ᠠᠩᠭᠢ᠎ᠳᠤ᠎ᠪᠠᠨ 587 ᠬᠤᠪᠢ᠎ᠪᠠᠷ ᠭᠤᠷᠪᠠᠳᠤᠭ᠋ᠠᠷ᠎ᠲᠤ ᠰᠢᠯᠭ᠋ᠠᠵᠠᠢ᠃ ᠤᠳᠤ ᠦᠪᠦᠷ ᠮᠤᠩᠭᠤᠯ᠎ᠤᠨ ᠠ᠋ᠮᠨᠡᠯᠭᠡ ᠵᠢᠨ ᠶᠡᠭᠡ ᠰᠤᠷᠭ᠋ᠠᠭᠤᠯᠢ᠎ᠳᠤ ᠰᠤᠷᠤᠯᠴᠠᠵᠤ ᠪᠠᠶ᠋ᠢᠨ᠎ᠠ᠃ ᠠᠩᠬ᠎ᠠ ᠭᠤᠷᠪᠠᠳᠤᠭ᠋ᠠᠷ ᠤᠨ ᠪᠤᠯᠬᠤ᠎ᠳᠤ ᠬᠢᠮᠢ ᠵᠢᠨ ᠬᠢᠴᠢᠶᠡᠯ ᠲᠦᠷᠦᠯ ᠨᠡᠮᠡᠭᠳᠡᠵᠤ᠂ ᠶᠠ ᠮᠸᠢ ᠭᠡᠳᠡᠭ ᠰᠤᠷᠤᠭᠴᠢ᠎ᠪᠠᠷ ᠬᠢᠴᠢᠶᠡᠯ᠎ᠤᠨ ᠲᠦᠯᠦᠭᠡᠯᠡᠭᠴᠢ ᠲᠠᠯᠪᠢᠵᠠᠢ᠃ ᠲᠤᠰ ᠰᠤᠷᠤᠭᠴᠢ ᠵᠢᠨ ᠰᠤᠷᠤᠯᠭ᠎ᠠ ᠵᠢᠨ ᠬᠢᠷᠢ ᠪᠦᠳᠤᠮᠵᠢ᠎ᠨᠢ ᠠᠨᠭ᠌ᠬᠢ᠎ᠳᠤ᠎ᠪᠠᠨ ᠨᠠᠢ᠍ᠮᠠᠳᠤᠭ᠋ᠠᠷ ᠪᠠᠶ᠋ᠢᠵᠠᠢ᠃ ᠲᠤᠮᠳᠠᠳᠤ ᠰᠢᠯᠭ᠋ᠠᠯᠲᠠ᠎ᠳᠤ 594 ᠬᠤᠪᠢ᠎ᠪᠠᠷ ᠠᠩᠭᠢ᠎ᠳᠤ᠎ᠪᠠᠨ ᠬᠤᠶᠠᠳᠤᠭ᠋ᠠᠷ᠎ᠲᠤ ᠤᠷᠤᠭᠰᠠᠨ ᠪᠠᠶ᠋ᠢᠨ᠎ᠠ᠃ ᠤᠳᠤ ᠪᠤᠯ ᠬᠠᠷᠪᠢᠨ᠎ᠤ ᠵᠡᠭᠦᠨ ᠬᠤᠶ᠋ᠢᠲᠤ ᠵᠢᠨ ᠲᠠᠷᠢᠶᠠᠯᠠᠩ᠎ᠤᠨ ᠶᠡᠭᠡ ᠰᠤᠷᠭ᠋ᠠᠭᠤᠯᠢ᠎ᠠᠴᠠ ᠲᠡᠭᠦᠰᠴᠦ ᠴᠢᠨᠭᠳᠦᠤ ᠵᠢᠨ ᠨᠢᠭᠡᠨ ᠶᠡᠭᠡ ᠰᠤᠷᠭ᠋ᠠᠭᠤᠯᠢ ᠵᠢᠨ ᠰᠤᠳᠤᠯᠬᠤ ᠰᠤᠷᠤᠭᠴᠢ᠎ᠪᠠᠷ ᠰᠤᠷᠤᠯᠴᠠᠵᠤ ᠪᠠᠶ᠋ᠢᠨ᠎ᠠ᠃ ᠠ᠋ᠳᠡᠭᠡᠷ ᠭᠤᠷᠪᠠᠨ ᠰᠤᠷᠤᠭᠴᠢ ᠴᠦᠮ ᠬᠢᠴᠢᠶᠡᠯ᠎ᠤᠨ ᠲᠦᠯᠦᠭᠡᠯᠡᠭᠴᠢ ᠪᠤᠯᠤᠭᠰᠠᠨ᠎ᠤ ᠰᠡᠭᠦᠯᠡᠷ ᠨᠢᠭᠤᠭᠳᠠᠮᠠᠯ ᠬᠦᠴᠦᠨ ᠵᠶ᠋ᠠᠨ ᠭᠦᠢ᠍ᠴᠡᠳ ᠪᠠᠳᠠᠷᠠᠭᠤᠯᠵᠤ ᠴᠢᠳᠠᠵᠠᠢ᠃ ᠲᠤᠰ ᠠᠩᠭᠢ ᠵᠢᠨ ᠰᠤᠷᠤᠭᠴᠢᠳ ᠮᠤᠩᠭᠤᠯ ᠬᠡᠯᠡᠨ᠎ᠤ ᠬᠠᠰᠪᠠᠷᠰ ᠪᠠᠭᠰᠢ ᠵᠢᠨ ᠵᠢᠯᠤᠭᠤᠳᠤᠯᠭ᠎ᠠ ᠲᠤᠤᠷ᠎ᠠ ᠨᠠᠢ᠍ᠮᠠᠨ ᠮᠤᠵᠢ ᠤᠷᠤᠨ᠎ᠤ 《ᠨᠠᠢ᠍ᠮᠠᠨ ᠰᠢᠷᠭ᠎ᠠ》 ᠵᠤᠬᠢᠶᠠᠯ᠎ᠤᠨ ᠤᠷᠤᠯᠳᠤᠭ᠋ᠠᠨ᠎ᠳᠤ ᠨᠢᠭᠡᠳᠤᠭᠡᠷ ᠨᠡᠷᠡᠰ᠎ᠲᠤ ᠨᠢᠭᠡ᠂ ᠬᠤᠶᠠᠳᠤᠭ᠋ᠠᠷ ᠨᠡᠷᠡᠰ᠎ᠲᠤ ᠬᠤᠶᠠᠷ᠂ ᠭᠤᠷᠪᠠᠳᠤᠭ᠋ᠠᠷ ᠨᠡᠷᠡᠰ᠎ᠲᠤ ᠬᠤᠶᠠᠷ᠂ ᠰᠢᠯᠢᠳᠡᠭ ᠨᠡᠷᠡᠰ᠎ᠲᠤ ᠭᠤᠷᠪᠠᠨ ᠬᠦᠮᠦᠨ ᠳᠤᠳᠤᠷᠠᠵᠤ᠂ ᠲᠡᠭᠦᠨ᠎ᠠᠴᠠ ᠪᠤᠯᠵᠤ ᠬᠦᠨᠳᠤᠳᠤ ᠵᠤᠬᠢᠶᠠᠯᠴᠢ ᠯᠢᠭᠳᠡᠨ ᠭᠤᠸᠠᠢ ᠪᠤᠯᠤᠨ ᠬᠡᠳᠤᠨ ᠵᠤᠬᠢᠶᠠᠯᠴᠢᠳ᠎ᠲᠠᠢ ᠬᠠᠮᠲᠤ ᠰᠤᠷᠭ᠋ᠠᠭᠤᠯᠢ᠎ᠳᠤ ᠰᠠᠭ᠋ᠠᠲᠠᠭᠰᠠᠨ᠂ ᠮᠦᠨ ᠦᠪᠤᠷ ᠮᠤᠩᠭᠤᠯ᠎ᠤᠨ ᠲᠸᠯᠸᠢᠰ ᠬᠤᠷᠢᠶᠠᠨ᠎ᠤ᠎ᠬᠢᠨ ᠰᠤᠷᠭ᠋ᠠᠭᠤᠯᠢ᠎ᠳᠤ ᠰᠠᠭ᠋ᠠᠲᠠᠨ ᠰᠤᠷᠪᠤᠯᠵᠢᠯᠠᠨ ᠮᠠᠳᠡᠭᠡᠯᠡᠭᠰᠡᠨ ᠪᠠᠶ᠋ᠢᠨ᠎ᠠ᠃ ᠬᠤᠷᠢᠨ ᠭᠤᠷᠪᠠᠳᠤᠭ᠋ᠠᠷ᠂ ᠬᠤᠷᠢᠨ ᠲᠦᠷᠪᠡᠳᠤᠭᠡᠷ ᠬᠤᠭᠤᠴᠠᠭ᠋ᠠᠨ᠎ᠤ ᠪᠦᠬᠦ ᠤᠯᠤᠰ᠎ᠤᠨ 《ᠬᠦᠰᠡᠯ ᠬᠤᠨᠳᠠᠭ᠋ᠠᠲᠤ》 ᠲᠤᠭ᠋ᠠᠨ᠎ᠤ ᠤᠬᠠᠭ᠋ᠠᠨ᠎ᠤ ᠤᠷᠤᠯᠳᠤᠭ᠋ᠠᠨ᠎ᠳᠤ ᠰᠤᠷᠤᠭᠴᠢ ᠴᠢ ᠲᠠᠨ᠎ᠠ ᠤᠯᠤᠰ᠎ᠤᠨ ᠲᠡᠰ᠎ᠤᠨ ᠨᠢᠭᠡᠳᠤᠭᠡᠷ ᠳᠡᠰ᠂ ᠰᠤᠷᠤᠭᠴᠢ ᠢᠪᠡᠭᠡᠯ ᠤᠯᠤᠰ᠎ᠤᠨ ᠲᠡᠰ᠎ᠤᠨ ᠬᠤᠶᠠᠳᠤᠭ᠋ᠠᠷ ᠲᠡᠰ᠂ ᠰᠤᠷᠤᠭᠴᠢ ᠶᠠ ᠮᠧᠢ ᠤᠷᠤᠨ᠎ᠤ ᠲᠡᠰ᠎ᠤᠨ ᠨᠢᠭᠡᠳᠤᠭᠡᠷ ᠲᠡᠰ᠎ᠲᠤ ᠰᠢᠯᠭ᠋ᠠᠷᠠᠨ ᠭᠠᠷᠴᠦ᠂ ᠪᠠᠭᠰᠢ᠎ᠳᠤ᠎ᠪᠠᠨ 《ᠰᠢᠯᠢᠳᠡᠭ ᠵᠢᠯᠤᠭᠤᠳᠤᠭᠴᠢ》 ᠵᠢᠨ ᠴᠤᠯᠠ ᠵᠢ ᠠᠪᠴᠢᠷᠠᠵᠤ ᠦᠭᠴᠠᠢ᠃᠂ ᠹᠢᠽᠢᠺ᠂ ᠬᠢᠮᠢ᠂ ᠠᠮᠢᠳᠤ ᠪᠤᠳᠠᠰ᠂ ᠲᠠᠭᠤᠤ᠂ ᠲᠠᠮᠢᠷ᠎ᠤᠨ ᠶᠡᠭᠡ ᠤᠷᠤᠯᠳᠤᠭ᠋ᠠᠨ᠎ᠳᠤ ᠴᠦᠮ ᠱᠠᠩᠨᠠᠯ ᠲᠤᠰᠤᠯ᠎ᠠ᠃ ᠲᠤᠮᠳᠠᠳᠤ ᠰᠢᠯᠭ᠋ᠠᠯᠲᠠ᠎ᠳᠤ 500 ᠤᠷᠴᠢᠮ ᠲᠡᠭᠰᠢᠳᠭᠡᠵᠤ 33 ᠬᠦᠮᠦᠨ᠎ᠤ 17 ᠬᠦᠮᠦᠨ 500 ᠬᠤᠪᠢ᠎ᠠᠴᠠ ᠲᠡᠭᠡᠭᠰᠢ ᠬᠢᠷᠢ ᠪᠦᠳᠤᠮᠵᠢ ᠤᠯᠤᠭᠰᠠᠨ ᠶᠤᠮ᠃ ᠠ᠋ᠶ᠋ᠢᠮᠦ᠎ᠠᠴᠠ ᠵᠢᠭ᠋ᠠᠨ ᠰᠤᠷᠭ᠋ᠠᠬᠤ ᠶᠠᠪᠤᠴᠠ᠎ᠳᠤ ᠪᠦᠬᠦ ᠰᠤᠷᠤᠭᠴᠢ ᠵᠢ ᠪᠦᠬᠦ ᠲᠠᠯ᠎ᠠ᠎ᠪᠠᠷ ᠤᠷᠮ᠎ᠠ ᠵᠢ ᠬᠦᠭᠵᠢᠭᠡᠵᠤ ᠴᠢᠳᠠᠭ᠍ᠤ᠎ᠨᠢ ᠲᠤᠶ᠋ᠢᠯ᠎ᠤᠨ ᠴᠢᠬᠤᠯᠠ ᠶᠤᠮ᠃

      ᠲᠦᠷᠪᠡ᠎ᠳᠤ᠂ ᠠᠩᠭᠢ ᠵᠢᠨ ᠠ᠋ᠷᠬᠢᠯᠡᠭᠴᠢ ᠠ᠋ᠷᠬᠡᠪᠰᠢ ᠰᠤᠷᠤᠭᠴᠢᠳ᠎ᠤᠨ ᠠᠮᠢᠳᠤᠷᠠᠯ᠎ᠤᠨ ᠵᠠᠩ ᠲᠠᠳᠬᠠᠯ ᠪᠠ ᠰᠤᠷᠤᠯᠴᠠᠭ᠍ᠤ ᠵᠠᠩ ᠲᠠᠳᠬᠠᠯ᠎ᠢ ᠬᠦᠮᠦᠵᠢᠭᠦᠯᠬᠦ ᠬᠡᠷᠡᠭᠲᠠᠢ᠃ ᠡᠯ᠎ᠠ ᠲᠠᠯ᠎ᠠ ᠵᠢᠨ ᠴᠢᠳᠠᠪᠤᠷᠢ ᠵᠢ ᠲᠠᠪᠲᠠᠨ ᠪᠤᠯᠪᠠᠰᠤᠷᠠᠭᠤᠯᠭ᠍ᠤ ᠬᠡᠷᠡᠭᠲᠠᠢ᠃ ᠭᠠᠭᠴᠠ ᠬᠦ᠌ ᠨᠢᠳᠤᠨ ᠠ᠋ᠮᠦᠨᠡᠬᠢ ᠪᠢᠰᠢ᠂ ᠬᠠᠷᠢᠨ ᠢᠷᠡᠭᠡᠳᠤᠢ᠎ᠳᠤ ᠬᠡᠷᠬᠢᠨ ᠪᠡᠶ᠎ᠡ᠎ᠪᠠᠨ ᠲᠠᠭ᠋ᠠᠭ᠋ᠠᠵᠤ ᠠᠵᠢᠯᠯᠠᠵᠤ ᠰᠤᠷᠤᠯᠴᠠᠭ᠍ᠤ ᠲᠤᠬᠠᠢ ᠴᠢᠳᠠᠪᠤᠷᠢ ᠵᠢ᠎ᠨᠢ ᠬᠦᠮᠦᠵᠢᠭᠦᠯᠦᠨ᠎ᠠ᠃ 《ᠲᠤᠭᠲᠠᠭᠰᠠᠨ ᠴᠠᠭ᠎ᠲᠤ ᠤᠨᠲᠠᠵᠤ᠂ ᠲᠤᠭᠲᠠᠭᠰᠠᠨ ᠴᠠᠭ᠎ᠲᠤ ᠪᠤᠰᠬᠤ》᠂ 《ᠪᠡᠶ᠎ᠡ᠎ᠪᠠᠨ ᠲᠠᠭ᠋ᠠᠭ᠋ᠠᠵᠤ ᠰᠤᠷᠤᠯᠴᠠᠭ᠍ᠤ》 ᠵᠡᠷᠭᠡ ᠵᠠᠩ ᠲᠠᠳᠬᠠᠯ᠎ᠲᠠᠢ ᠪᠤᠯᠴᠢᠬᠠᠪᠡᠯ ᠵᠢᠭ᠋ᠠᠨ ᠰᠤᠷᠭ᠋ᠠᠬᠤ ᠠᠵᠢᠯ ᠠᠶᠠᠨᠳᠠᠭ᠋ᠠᠨ ᠰᠢᠭᠤᠳ ᠰᠢᠯᠤᠭᠤᠨ ᠪᠤᠯᠳᠠᠭ᠃ ᠪᠢ ᠶᠡᠷᠦ᠎ᠨᠢ ᠲᠡᠭᠦᠰᠦᠭᠰᠡᠨ ᠰᠤᠷᠤᠭᠴᠢᠳ᠎ᠤᠨ ᠬᠤᠵᠢᠮ᠎ᠤᠨ ᠬᠦᠭᠵᠢᠯᠲᠠ ᠵᠢ ᠲᠠᠭ᠋ᠠᠵᠤ ᠠᠩᠬᠠᠷᠳᠠᠭ᠃ ᠲᠡᠳᠡᠨ᠎ᠲᠠᠢ ᠬᠠᠮᠲᠤ ᠦᠡᠭᠭᠡᠷᠡᠭᠰᠡᠨ ᠵᠶ᠋ᠠᠨ ᠵᠤᠭᠤᠭ ᠪᠤᠯᠭ᠋ᠠᠨ ᠲᠡᠯᠭᠡᠨ᠂ ᠶᠠᠷᠢᠯᠴᠠᠭ᠋ᠠᠨ᠎ᠤ ᠲᠤᠮᠳᠠ᠎ᠠᠴᠠ ᠦᠪᠡᠷ᠎ᠤᠨ ᠲᠠᠪᠠᠭᠤᠯᠢᠭ ᠲᠠᠯ᠎ᠠ᠂ ᠲᠤᠲᠠᠭᠳᠠᠯ᠎ᠲᠠᠢ ᠲᠠᠯ᠎ᠠ᠎ᠪᠠᠨ ᠦᠵᠡᠵᠤ ᠭᠠᠷᠳᠠᠭ᠃ ᠲᠡᠭᠦᠰᠦᠭᠰᠡᠨ ᠰᠤᠷᠤᠭᠴᠢᠳ ᠤᠴᠠᠷᠠᠭᠰᠠᠭ᠋ᠠᠷ᠄ 《ᠪᠠᠭᠰᠢ ᠵᠢᠨ ᠨᠢᠭᠡ ᠪᠠᠲᠤᠯᠠᠭ᠍ᠤ ᠰᠡᠳᠤᠪ᠎ᠢ ᠶᠠᠷᠢᠶᠠᠨ᠎ᠤ ᠬᠢᠴᠢᠶᠡᠯ ᠪᠤᠯᠭ᠋ᠠᠨ ᠤᠯᠠᠨ ᠰᠤᠷᠤᠭᠴᠢ᠎ᠪᠠᠷ ᠲᠠᠶ᠋ᠢᠯᠪᠤᠷᠢᠯᠠᠭᠤᠯᠬᠤ᠎ᠨᠢ ᠪᠢᠳᠡᠨ᠎ᠳᠤ ᠬᠠᠮᠤᠭ᠎ᠠᠴᠠ ᠭᠦᠨ ᠰᠠᠭᠤᠭᠳᠠᠯ᠎ᠲᠠᠢ》 ᠭᠡᠭᠦ ᠮᠡᠳᠦ᠎ᠪᠠᠷ ᠶᠠᠷᠢᠳᠠᠭ᠃ ᠬᠤᠶᠠᠳᠤᠭ᠋ᠠᠷ ᠤᠳᠠᠭ᠋ᠠᠨ᠎ᠤ ᠠ᠋ᠷᠬᠢᠯᠡᠭᠰᠡᠨ ᠠᠨᠭ᠌ᠬᠢ ᠵᠢᠨ ᠰᠤᠷᠤᠭᠴᠢᠳ ᠠᠮᠵᠢᠯᠲᠠ ᠤᠯᠬᠤ ᠵᠢᠨ ᠭᠤᠷᠪᠠᠨ ᠨᠦᠬᠦᠴᠡᠯ ᠶᠠᠭᠤ ᠶᠠᠭᠤ ᠭᠡᠵᠤ ᠶᠠᠷᠢᠭᠰᠠᠨ ᠦᠭᠡ ᠵᠢ ᠴᠡᠭᠡᠵᠢᠯᠡᠴᠢᠭᠡᠭᠡᠳ ᠬᠤᠯᠪᠤᠭ᠎ᠠ ᠪᠤᠯᠭ᠋ᠠᠨ ᠶᠠᠷᠢᠳᠠᠬ ᠪᠠᠢ᠍ᠢ᠍ᠭᠰᠠᠨ ᠭᠡᠨ᠎ᠠ᠃ ᠪᠢ ᠰᠤᠷᠤᠭᠴᠢ ᠪᠤᠯᠭ᠋ᠠᠨ᠎ᠢ ᠬᠦᠮᠦᠨ᠎ᠤ ᠠ᠋ᠮᠦᠨ᠎ᠠ ᠦᠭᠡ ᠶᠠᠷᠢᠵᠤ ᠴᠢᠳᠠᠭᠤᠯᠬᠤ᠎ᠪᠠᠷ ᠴᠢᠷᠮᠠᠢ᠍ᠢ᠍ᠵᠤ ᠵᠠᠷᠢᠮ᠎ᠳᠤ᠎ᠪᠠᠨ ᠨᠢᠭᠡ ᠬᠢᠴᠢᠶᠡᠯ᠎ᠤᠨ ᠴᠠᠭ ᠨᠢᠭᠡ ᠰᠡᠳᠤᠪ᠎ᠢ ᠰᠤᠷᠤᠭᠴᠢ᠎ᠪᠠᠷ ᠲᠠᠬᠢᠨ ᠲᠠᠪᠲᠠᠨ ᠰᠠᠮᠪᠠᠷ᠎ᠠ᠎ᠳᠤ ᠭᠠᠷᠭ᠋ᠠᠵᠤ ᠲᠠᠶ᠋ᠢᠯᠪᠤᠷᠢᠯᠠᠭᠤᠯᠳᠠᠭ᠃

      ᠲᠠᠪᠤ᠎ᠳᠤ᠂ ᠠᠩᠭᠢ ᠵᠢᠨ ᠠ᠋ᠷᠬᠢᠯᠡᠭᠴᠢ ᠪᠤᠯᠤᠭᠰᠡᠳ ᠠᠩᠭᠢ ᠵᠢᠨ ᠬᠤᠷᠠᠯ᠎ᠤᠨ ᠦᠢ᠍ᠯᠡᠳᠤᠯ᠎ᠢ ᠭᠦᠢ᠍ᠴᠡᠳ ᠪᠠᠳᠠᠷᠠᠭᠤᠯᠬᠤ ᠬᠡᠷᠡᠭᠲᠠᠢ᠃ ᠠᠩᠭᠢ ᠵᠢᠨ ᠬᠤᠷᠠᠯ ᠪᠤᠯ ᠠᠩᠭᠢ ᠵᠢᠨ ᠠ᠋ᠷᠬᠢᠯᠡᠭᠴᠢ ᠵᠢᠨ ᠬᠠᠮᠤᠭ᠎ᠠᠴᠠ ᠢᠯᠡᠭᠦᠦ ᠦᠢ᠍ᠯᠡᠳᠤᠯ ᠵᠶ᠋ᠠᠨ ᠪᠠᠳᠠᠷᠠᠭᠤᠯᠬᠤ ᠲᠠᠯᠠᠪᠤᠷ᠂ ᠨᠢᠭᠡ ᠠᠩᠭᠢ ᠵᠢᠨ᠎ᠬᠢᠨ᠎ᠤ ᠰᠡᠳᠭᠢᠯ ᠰᠠᠨᠠᠭ᠎ᠠ᠎ᠪᠠᠨ ᠰᠤᠯᠢᠯᠴᠠᠭ᠍ᠤ᠂ ᠬᠦᠰᠡᠯ ᠵᠤᠷᠢᠯᠲᠠ ᠵᠢ ᠳᠡᠯᠭᠡᠭᠦ ᠪᠤᠰᠤᠳ ᠬᠢᠴᠢᠶᠡᠯ᠎ᠠᠴᠠ ᠢᠯᠭ᠋ᠠᠭᠳᠠᠭ᠍ᠤ ᠤᠨᠴᠠᠭ᠋ᠠᠢ ᠴᠢᠨᠠᠷ᠎ᠲᠠᠢ ᠬᠢᠴᠢᠶᠡᠯ ᠪᠤᠯᠬᠤ ᠶᠤᠮ᠃ ᠪᠢ ᠭᠠᠷᠠᠭ ᠪᠦᠷᠢ ᠵᠢᠨ ᠠᠩᠭᠢ ᠵᠢᠨ ᠬᠤᠷᠠᠯ᠎ᠢ ᠨᠠᠷᠢᠯᠢᠬ ᠰᠡᠳᠭᠢᠵᠤ᠂ ᠶᠡᠷᠤ ᠵᠢᠨ ᠴᠠᠭ ᠴᠤᠭᠯᠠᠭᠤᠯᠵᠤ ᠬᠤᠷᠠᠮᠳᠤᠭᠤᠯᠤᠭᠰᠠᠨ ᠤᠷᠤᠰᠢᠵᠤ ᠪᠠᠶ᠋ᠢᠭ᠎ᠠ ᠠᠰᠠᠭᠤᠳᠠᠯ᠎ᠢ ᠶᠤᠰᠤ ᠤᠴᠢᠷ ᠵᠶ᠋ᠠᠷ ᠲᠠᠶ᠋ᠢᠯᠪᠤᠷᠢᠯᠠᠭ᠍ᠤ ᠵᠢ ᠰᠦᠪᠡᠭᠴᠢᠯᠡᠵᠤ᠂ ᠰᠤᠷᠤᠯᠴᠠᠯᠭ᠎ᠠ ᠵᠢᠨ ᠲᠠᠯ᠎ᠠ᠎ᠪᠠᠷ᠂ ᠤᠳᠠᠭ᠎ᠠ ᠪᠦᠷᠢ ᠵᠢᠨ ᠰᠢᠯᠭ᠋ᠠᠯᠲᠠ ᠵᠢᠨ ᠲᠠᠷᠠᠭ᠎ᠠ ᠨᠠᠷᠢᠯᠢᠬ ᠵᠠᠳᠠᠯᠤᠯᠲᠠ ᠬᠢᠵᠤ᠂ ᠰᠢᠯᠭ᠋ᠠᠯᠲᠠ ᠵᠢᠨ ᠬᠠᠭᠤᠳᠠᠰᠤ ᠵᠢ ᠤᠯᠠᠨ ᠬᠠᠷᠠᠭ᠋ᠠᠰᠤ᠎ᠠᠴᠠ ᠵᠠᠳᠠᠯᠵᠤ ᠡᠯ᠎ᠡ ᠬᠢᠴᠢᠶᠡᠯ ᠲᠦᠷᠦᠯ᠎ᠤᠨ ᠬᠤᠭᠤᠷᠤᠨᠲᠤ᠂ ᠡᠯ᠎ᠡ ᠠᠩᠭᠢ ᠵᠢᠨ ᠬᠤᠭᠤᠷᠤᠨᠲᠤ᠂ ᠡᠯ᠎ᠡ ᠨᠦᠬᠦᠳ᠎ᠤᠨ ᠬᠤᠭᠤᠷᠤᠨᠲᠤ ᠨᠢᠭᠡ ᠨᠢᠭᠡ ᠰᠤᠷᠤᠭᠴᠢ ᠵᠢ ᠪᠦᠬᠦ ᠲᠠᠯ᠎ᠠ᠎ᠪᠠᠷ ᠨᠡᠪᠲᠡᠷᠡᠲᠡᠯ᠎ᠡ ᠬᠠᠷᠢᠴᠠᠭᠤᠯᠤᠨ᠂ ᠴᠢᠬᠤᠯᠠ᠎ᠲᠠᠢ ᠦᠶᠡᠰ ᠨᠢᠭᠡ ᠨᠢᠭᠡ ᠰᠤᠷᠤᠭᠴᠢ᠎ᠪᠠᠷ ᠲᠠᠭᠤᠳᠠᠵᠤ᠂ ᠦᠪᠡᠷ᠎ᠤᠨ ᠵᠢᠭ᠋ᠠᠵᠤ ᠪᠠᠶ᠋ᠢᠭ᠎ᠠ ᠬᠢᠴᠢᠶᠡᠯ ᠲᠦᠷᠦᠯ ᠵᠶ᠋ᠠᠨ ᠰᠢᠢ᠍ᠳᠪᠤᠷᠢᠯᠡᠬᠦ᠎ᠪᠠᠷ ᠪᠠᠷᠠᠭ᠍ᠤ ᠦᠭᠡᠢ ᠪᠤᠰᠤᠳ ᠬᠢᠴᠢᠶᠡᠯ ᠲᠦᠷᠦᠯ᠎ᠤᠨ ᠲᠠᠯ᠎ᠠ᠎ᠪᠠᠷ ᠪᠠᠰᠠ ᠬᠦᠮᠦᠵᠢᠯ ᠬᠢᠭᠦ ᠵᠢ ᠵᠤᠷᠢᠯ᠎ᠠ᠃ ᠤᠴᠢᠷ᠎ᠨᠢ ᠠᠩᠭᠢ ᠵᠢᠨ ᠠ᠋ᠷᠬᠢᠯᠡᠭᠴᠢ ᠪᠤᠯ ᠨᠢᠭᠡ ᠠᠩᠭᠢ ᠵᠢᠨ ᠡᠵᠡᠨ ᠪᠤᠯᠤᠨ᠎ᠠ᠃ ᠰᠤᠷᠤᠭᠴᠢᠳ ᠤᠯᠠᠩᠬᠢ᠎ᠳᠤ᠎ᠪᠠᠨ ᠠᠩᠭᠢ ᠵᠢᠨ ᠠ᠋ᠷᠬᠢᠯᠡᠭᠴᠢ ᠵᠢᠨ ᠦᠭᠡ ᠵᠢ ᠬᠢᠴᠢᠶᠡᠯ ᠲᠦᠷᠦᠯ᠎ᠤᠨ ᠪᠠᠭᠰᠢ ᠵᠢᠨ ᠦᠭᠡ᠎ᠠᠴᠠ ᠢᠯᠡᠭᠦᠦ ᠰᠡᠳᠭᠢᠯ᠎ᠳᠤ᠎ᠪᠠᠨ ᠠᠪᠳᠠᠭ᠃ ᠠᠩᠭᠢ ᠵᠢᠨ ᠠ᠋ᠷᠬᠢᠯᠡᠭᠴᠢ ᠠᠩᠭᠢ ᠵᠢᠨ ᠬᠤᠷᠠᠯ᠎ᠢ ᠭᠦᠢ᠍ᠴᠡᠳ ᠠᠰᠢᠭᠯᠠᠨ᠂ ᠰᠠᠶ᠋ᠢᠨ ᠰᠢᠯᠭ᠋ᠠᠭᠰᠠᠨ ᠰᠤᠷᠤᠭᠴᠢ ᠵᠢ ᠮᠠᠭᠲᠠᠨ ᠰᠠᠶ᠋ᠢᠰᠢᠶᠠᠵᠤ᠂ ᠪᠤᠰᠤᠳ ᠰᠤᠷᠤᠭᠴᠢ ᠵᠢ ᠰᠤᠷᠤᠯᠭ᠎ᠠ᠎ᠳᠤ᠎ᠪᠠᠨ ᠴᠢᠷᠮᠠᠶ᠋ᠢᠯᠲᠠ᠎ᠲᠠᠢ ᠰᠤᠷᠤᠭᠴᠢ᠎ᠠᠴᠠ᠎ᠲᠠᠭᠠᠨ ᠰᠤᠷᠤᠯᠴᠠᠭ᠍ᠤ ᠵᠢ ᠤᠷᠢᠶᠠᠯᠠᠵᠤ᠂ 《ᠰᠤᠷᠤᠭᠴᠢ ᠬᠦᠮᠦᠨ ᠰᠤᠷᠤᠯᠭ᠎ᠠ᠎ᠳᠤ᠎ᠪᠠᠨ ᠰᠢᠯᠢᠳᠡᠭ ᠬᠢᠷᠢ ᠪᠦᠲᠦᠮᠵᠢ ᠤᠯᠬᠤ》᠎ᠪᠠᠷ ᠢᠷᠠᠭᠤ ᠠᠯᠳᠠᠷ ᠪᠤᠯᠭ᠋ᠠᠨ᠂ ᠵᠦᠷᠢᠶᠡᠨ᠎ᠲᠠᠢ ᠰᠤᠷᠤᠭᠴᠢ ᠪᠦᠬᠦᠨ᠎ᠢ ᠬᠡᠵᠢᠶᠡᠳᠠ ᠬᠦᠰᠡᠯ ᠠ᠋ᠷᠡᠮᠡᠯᠵᠡᠯ ᠲᠠᠰᠤᠷᠠᠯ ᠦᠭᠡᠢ᠂ ᠭᠦᠴᠢᠷ ᠪᠠᠷᠭᠡᠰᠢᠶᠡᠯ᠎ᠤᠨ ᠠ᠋ᠮᠦᠨ᠎ᠡ ᠲᠤᠯᠤᠭ᠋ᠠᠢ ᠪᠦᠬᠦᠶ᠋ᠢᠯ ᠦᠭᠡᠢ᠂ ᠠᠬᠢᠨ ᠲᠠᠬᠢᠨ ᠵᠤᠷᠢᠭ ᠵᠶ᠋ᠠᠨ ᠠ᠋ᠷᠴᠢᠯᠡᠨ ᠬᠦᠰᠡᠯᠡᠭ᠎ᠤᠨ ᠲᠦᠯᠦᠭᠡ ᠨᠢᠯᠪᠤᠰᠤ᠎ᠲᠠᠢ ᠴᠦ᠍ ᠭᠡᠰᠡᠨ ᠤᠷᠤᠭᠰᠢ ᠲᠡᠮᠡᠤᠯᠡᠬᠦ ᠪᠠᠲᠤ ᠴᠢᠩᠭ᠎ᠠ ᠢᠲᠡᠭᠡᠯ ᠵᠤᠷᠢᠭ᠎ᠢ ᠪᠤᠢ ᠪᠤᠯᠭ᠋ᠠᠨ᠎ᠠ᠃

     《ᠮᠤᠳᠤ ᠵᠢ ᠪᠤᠶ᠋ᠢᠵᠢᠭᠤᠯᠬᠤ᠎ᠳᠤ ᠠᠷᠪᠠᠨ ᠵᠢᠯ᠂ ᠬᠦᠮᠦᠨ᠎ᠢ ᠬᠦᠮᠦᠵᠢᠭᠦᠯᠬᠦ᠎ᠳᠤ ᠵᠠᠭᠤᠨ ᠵᠢᠯ》 ᠭᠡᠳᠡᠭ᠃ ᠤᠳᠤ ᠵᠢᠨ ᠰᠤᠷᠭ᠋ᠠᠨ ᠬᠦᠮᠦᠵᠢᠯ ᠰᠤᠷᠤᠭᠴᠢᠳ᠎ᠤᠨ ᠬᠡᠷᠬᠢᠨ ᠲᠤᠲᠤᠭ᠋ᠠᠳᠤ ᠰᠡᠳᠭᠢᠯ᠎ᠠᠴᠠ᠎ᠪᠠᠨ ᠰᠤᠷᠤᠯᠴᠠᠭ᠍ᠤ᠂ ᠦᠪᠡᠷ᠎ᠢ᠎ᠪᠠᠨ ᠤᠶ᠋ᠢᠯᠠᠭ᠋ᠠᠬᠤ᠂ ᠪᠤᠰᠤᠳ᠎ᠢ ᠬᠠᠪᠰᠤᠷᠬᠤ᠂ ᠶᠠᠭ᠋ᠠᠬᠢᠵᠤ ᠠᠮᠢᠳᠤᠯᠢᠭ ᠵᠶ᠋ᠠᠷ ᠬᠦᠮᠦᠰ᠎ᠤᠨ ᠬᠤᠭᠤᠷᠤᠨᠲᠤᠬᠢ ᠬᠠᠷᠢᠴᠠᠭ᠎ᠠ ᠵᠢ ᠰᠶ᠋ᠢᠳᠪᠤᠷᠢᠯᠡᠬᠦ᠂ ᠶᠠᠭ᠋ᠠᠬᠢᠵᠤ ᠠᠮᠢᠳᠤᠷᠠᠯ ᠰᠤᠷᠤᠯᠴᠠᠯᠭ᠎ᠠ ᠲᠤᠮᠳᠠᠬᠢ ᠲᠠᠷᠤᠭ᠋ᠠᠰᠤ ᠵᠢ ᠬᠦᠡᠭᠭᠡᠷᠡᠭᠦᠯᠬᠦ ᠵᠡᠷᠭᠡ ᠰᠤᠷᠤᠭᠴᠢ ᠵᠢᠨ ᠰᠡᠳᠭᠢᠴᠡ ᠵᠢᠨ ᠬᠡᠪ ᠴᠢᠨᠠᠷ᠎ᠢ ᠲᠡᠭᠡᠭᠰᠢᠯᠡᠭᠦᠯᠬᠦ᠎ᠪᠠᠷ ᠭᠤᠤᠯᠳᠠᠵᠤ ᠪᠠᠶ᠋ᠢᠨ᠎ᠠ᠃ ᠠ᠋ᠶ᠋ᠢᠮᠦ᠎ᠠᠴᠠ ᠰᠢᠨ᠎ᠡ ᠠ᠋ᠷᠡᠨ᠎ᠤ ᠲᠤᠮᠳᠠᠳᠤ ᠪᠠᠭ᠎ᠠ ᠰᠤᠷᠭ᠋ᠠᠭᠤᠯᠢ ᠵᠢᠨ ᠠᠩᠭᠢ ᠵᠢᠨ ᠠ᠋ᠷᠬᠢᠯᠡᠭᠴᠢ ᠪᠤᠯᠤᠭᠰᠡᠳ ᠰᠤᠷᠤᠭᠴᠢᠳ᠎ᠤᠨ ᠰᠡᠳᠭᠢᠴᠡ ᠵᠢᠨ ᠪᠠᠶ᠋ᠢᠳᠠᠯ᠎ᠢ ᠴᠠᠭ ᠲᠤᠬᠠᠢ᠎ᠳᠤ᠎ᠨᠢ ᠤᠶ᠋ᠢᠯᠠᠭ᠋ᠠᠵᠤ᠂ ᠪᠦᠬᠦ ᠠᠩᠭᠢ ᠵᠢᠨ ᠰᠤᠷᠤᠭᠴᠢ ᠵᠢᠨ ᠰᠡᠳᠭᠢᠴᠡ ᠵᠢᠨ ᠬᠡᠪ ᠴᠢᠨᠠᠷ᠎ᠢ ᠲᠡᠭᠡᠭᠰᠢᠯᠡᠭᠦᠯᠵᠤ᠂ ᠰᠤᠷᠤᠭᠴᠢ ᠵᠢᠨ ᠪᠦᠬᠦ ᠲᠠᠯ᠎ᠠ᠎ᠪᠠᠷ ᠬᠦᠭᠵᠢᠬᠦ ᠵᠢ ᠠᠬᠢᠭᠤᠯᠵᠤ᠂ 《ᠰᠦᠭ ᠰᠦᠨᠡᠰᠦ᠎ᠲᠠᠢ᠂ ᠲᠤᠮᠳᠠᠳᠤ ᠵᠢᠨ ᠰᠡᠳᠭᠢᠯ᠎ᠲᠠᠢ᠂ ᠲᠡᠯᠡᠬᠡᠢ ᠵᠢᠨ ᠬᠠᠷᠠᠴᠠ᠎ᠲᠠᠢ》 ᠢᠷᠡᠭᠡᠳᠤᠢ ᠵᠢᠨ ᠰᠢᠯᠢᠳᠡᠭ ᠴᠢᠳᠠᠪᠤᠷᠢᠲᠠᠨ᠎ᠢ ᠬᠦᠮᠦᠵᠢᠭᠦᠯᠬᠦ ᠰᠠᠭᠤᠷᠢ ᠵᠢ ᠲᠠᠯᠪᠢᠪᠡᠯ ᠵᠤᠬᠢᠨ᠎ᠠ᠃
          ᠬᠠᠶᠢᠬ᠄ ᠵᠠᠯᠠᠢ᠍ᠢ᠍ᠳ ᠬᠤᠰᠢᠭᠤᠨ᠎ᠤ ᠪᠠᠳᠠᠷᠠᠭ᠍ᠤ ᠭᠤᠤᠯ ᠰᠤᠷᠭ᠋ᠠᠭᠤᠯᠢ
                              (ᠦᠨᠡᠨᠪᠠᠳᠤ ᠨᠠᠢ᠍ᠢ᠍ᠷᠠᠭᠤᠯᠪᠠ)

                             2019 ᠣᠨ᠎ᠤ 3 ᠳ᠋ᠤᠭ᠋ᠠᠷ ᠬᠤᠭᠤᠴᠠᠭ᠎ᠠ        

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠠᠩᠬᠢ ᠵᠢᠨ ᠬᠠᠮᠢᠶᠠᠷᠤᠯᠲᠠ ᠪᠤᠯᠤᠨ ᠬᠦᠮᠦᠨ᠎ᠢ ᠬᠦᠮᠦᠵᠢᠭᠦᠯᠬᠦ
ᠬᠠᠶ᠋ᠢᠷ᠎ᠠ ᠪᠣᠯ ᠠᠩᠭᠢ ᠨᠢᠭᠡᠴᠢ ᠵᠢᠨ ᠠᠮᠢᠵᠢᠷᠠᠯ ᠬᠠᠷᠢᠭᠤᠴᠠᠯᠭ᠎ᠠ ᠪᠣᠯ ᠪᠠᠭᠰᠢ ᠬᠥᠮᠦᠨ᠎ᠤ ᠪᠠᠷᠢᠮᠳᠠᠯᠠᠯ
ᠠᠨᠭ᠌ᠬᠢ ᠵᠢᠨ ᠠ᠋ᠷᠬᠢᠯᠡᠭᠴᠢ ᠵᠢᠨ ᠠᠵᠢᠯ᠎ᠤᠨ ᠲᠤᠬᠠᠢ ᠮᠦᠴᠢᠳ ᠦᠭᠦᠯᠡᠭᠦ᠎ᠨᠢ
ᠠᠩᠭᠢ ᠵᠢᠨ ᠠ᠋ᠷᠬᠢᠯᠡᠭᠴᠢ ᠵᠢᠨ ᠠᠵᠢᠯ᠎ᠳᠤ᠎ᠬᠢ ᠰᠤᠷᠤᠭᠴᠢ ᠵᠢᠨ ᠬᠠᠮᠢᠶᠠᠷᠤᠯᠳᠠ ᠵᠢᠨ ᠠᠷᠭ᠎ᠠ ᠪᠠᠷᠢᠯ
ᠶᠠᠭ᠋ᠠᠬᠢᠪᠠᠯ ᠰᠠᠶᠢ ᠰᠤᠷᠤᠭᠴᠢᠳ᠎ᠤᠨ ᠲᠤᠳᠤᠨᠤ ᠬᠠᠨᠢ ᠪᠤᠯᠵᠤ ᠴᠢᠳᠠᠭ᠍ᠤ ᠪᠤᠢ
 
             蒙ICP备05000248号