ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠤᠷ᠎ᠤᠨ ᠲᠠᠪᠴᠠᠩ   -   ᠠᠩᠭᠢ᠎ᠶᠢᠨ ᠠᠵᠢᠯ
ᠠᠩᠬᠢ ᠵᠢᠨ ᠬᠠᠮᠢᠶᠠᠷᠤᠯᠲᠠ ᠪᠤᠯᠤᠨ ᠬᠦᠮᠦᠨ᠎ᠢ ᠬᠦᠮᠦᠵᠢᠭᠦᠯᠬᠦ
ᠨᠡᠶ᠋ᠢᠲᠡᠯᠡᠭᠰᠡᠨ ᠴᠠᠭ᠄ 2020-01-20

                              ᠴᠧᠨ ᠭᠦᠢ ᠿᠦᠩ


      ᠠᠩᠬᠢ ᠵᠢᠨ ᠠ᠋ᠷᠬᠢᠯᠡᠭᠴᠢ ᠪᠤᠯ ᠠᠩᠬᠢ ᠵᠢᠨ ᠵᠤᠬᠢᠶᠠᠨ ᠪᠠᠶ᠋ᠢᠭᠤᠯᠤᠭᠴᠢ ᠪᠠ ᠬᠠᠮᠢᠶᠠᠷᠤᠭᠴᠢ ᠮᠦᠷᠳᠡᠭᠡᠨ ᠨᠢᠭᠡ ᠠᠩᠬᠢ ᠵᠢᠨ ᠰᠦᠭ ᠰᠦᠨᠡᠰᠦ ᠮᠦᠨ᠃ ᠶᠠᠭ᠋ᠠᠬᠢᠪᠠᠯ ᠠᠩᠬᠢ᠎ᠪᠠᠨ ᠰᠠᠶ᠋ᠢᠨ ᠬᠠᠮᠢᠶᠠᠷᠤᠨ᠎ᠠ ᠭᠡᠳᠡᠭ ᠪᠤᠯ ᠠᠩᠬᠢ ᠵᠢᠨ ᠠ᠋ᠷᠬᠢᠯᠡᠭᠴᠢ ᠨᠢᠭᠡᠪᠦᠷᠢ ᠵᠢᠨ ᠦᠷᠬᠦᠯᠵᠢ ᠰᠡᠳᠬᠢᠳᠡᠭ ᠠᠰᠠᠭᠤᠳᠠᠯ ᠪᠤᠯᠤᠨ᠎ᠠ᠃ ᠬᠤᠪᠢ ᠬᠦᠮᠦᠨ᠎ᠤ ᠦᠢ᠍ᠯᠡᠳᠦᠯᠭᠡ ᠵᠢᠨ ᠲᠤᠷᠰᠢᠯᠭ᠎ᠠ᠎ᠠᠴᠠ ᠦᠵᠡᠬᠦ᠎ᠳᠤ᠂ ᠠᠩᠬᠢ ᠵᠢᠨ ᠠ᠋ᠷᠬᠢᠯᠡᠭᠴᠢ ᠵᠢᠨ ᠠ᠋ᠳᠦᠷ ᠲᠤᠳᠤᠮ᠎ᠤᠨ ᠬᠠᠮᠢᠶᠠᠷᠤᠯᠳᠠ ᠲᠤᠮᠳᠠ ᠬᠤᠶᠠᠷ᠎ᠢ ᠠᠳᠬᠤᠬᠤ ᠴᠢᠭᠯᠡᠯᠳᠡ ᠵᠢ ᠪᠠᠷᠢᠮᠳᠠᠯᠠᠭ᠍ᠤ ᠬᠡᠷᠡᠭᠳᠡᠢ᠃ ᠲᠠᠷᠤᠢ᠂ ᠬᠠᠮᠢᠶᠠᠷᠤᠯᠳᠠ ᠵᠢ ᠠᠳᠬᠤᠵᠤ᠂ ᠬᠦᠮᠦᠨ᠎ᠢ ᠬᠦᠮᠦᠵᠢᠭᠦᠯᠦᠨ᠎ᠡ᠃ ᠬᠠᠮᠢᠶᠠᠷᠤᠯᠳᠠ ᠵᠢᠨ ᠳᠤᠮᠳᠠ ᠬᠦᠮᠦᠨ᠎ᠢ ᠬᠦᠮᠦᠵᠢᠭᠦᠯᠵᠦ᠂ ᠬᠦᠮᠦᠨ᠎ᠢ ᠬᠦᠮᠦᠵᠢᠭᠦᠯᠬᠦ᠎ᠪᠠᠷ ᠲᠠᠮᠵᠢᠨ ᠬᠠᠮᠢᠶᠠᠷᠤᠯᠳᠠ᠎ᠪᠠᠨ ᠴᠢᠩᠭ᠋ᠠᠳᠬᠠᠬᠤ ᠶᠠᠪᠤᠳᠠᠯ ᠪᠤᠯᠤᠨ᠎ᠠ᠃

      ᠨᠢᠭᠡ᠂ ᠬᠦᠮᠦᠨ᠎ᠢ ᠬᠦᠮᠦᠵᠢᠭᠦᠯᠬᠦ ᠠᠵᠢᠯ᠎ᠨᠢ ᠲᠦᠪ ᠴᠢᠩᠭ᠎ᠠ ᠬᠠᠮᠢᠶᠠᠷᠤᠯᠳᠠ᠎ᠳᠤ ᠰᠠᠭᠤᠷᠢᠯᠠᠨ᠎ᠠ᠃
      ᠰᠤᠷᠤᠭᠴᠢ ᠵᠢ ᠬᠠᠮᠢᠶᠠᠷᠬᠤ ᠪᠠ ᠬᠦᠮᠦᠵᠢᠭᠦᠯᠬᠦ ᠪᠤᠯ ᠨᠢᠬᠳᠠ ᠬᠤᠯᠪᠤᠭ᠎ᠠ᠎ᠲᠠᠢ ᠪᠦᠭᠡᠳ ᠬᠠᠷᠢᠯᠴᠠᠨ ᠨᠦᠬᠦᠪᠦᠷᠢᠯᠡᠬᠦ ᠦᠢ᠍ᠯᠡᠳᠦᠯ᠎ᠲᠠᠢ᠃ ᠶᠠᠭ ᠠ᠋ᠶ᠋ᠢᠮᠦ᠎ᠠᠴᠠ ᠮᠢᠨᠦ ᠠᠩᠬᠢ ᠬᠠᠮᠢᠶᠠᠷᠬᠤ ᠵᠢᠯᠤᠭᠤᠳᠬᠤ ᠦᠵᠡᠯ ᠰᠠᠨᠠᠭ᠎ᠠ ᠪᠤᠯ 《ᠤᠷᠢᠳᠠᠪᠠᠷ ᠬᠦᠮᠦᠨ ᠪᠤᠯᠬᠤ ᠵᠢ ᠰᠤᠷᠭ᠋ᠠᠵᠤ᠂ ᠲᠠᠷᠠᠭ᠎ᠠ᠎ᠨᠢ ᠮᠡᠳᠡᠯᠭᠡ ᠰᠤᠷᠭ᠋ᠠᠬᠤ》 ᠪᠤᠯᠤᠨ᠎ᠠ᠃ ᠰᠢᠨ᠎ᠡ ᠬᠤᠭᠤᠴᠠᠭ᠎ᠠ ᠠ᠋ᠬᠢᠯᠡᠬᠦ ᠪᠦᠷᠢ ᠤᠷᠢᠳᠠᠪᠠᠷ ᠰᠤᠷᠭ᠋ᠠᠭᠤᠯᠢ ᠵᠢᠨ ᠶᠡᠷᠦᠩᠬᠡᠢ ᠲᠤᠬᠢᠷᠠᠭᠤᠯᠭ᠎ᠠ᠎ᠲᠠᠢ ᠤᠶᠠᠯᠳᠤᠭᠤᠯᠵᠤ ᠠᠩᠬᠢ ᠵᠢᠨ ᠪᠤᠳᠠᠳᠠᠢ ᠪᠠᠶ᠋ᠢᠳᠠᠯ ᠵᠶ᠋ᠠᠨ ᠦᠨᠳᠦᠰᠦᠯᠡᠵᠦ᠂ ᠰᠢᠨ᠎ᠡ ᠰᠤᠷᠤᠯᠭ᠎ᠠ ᠵᠢᠨ ᠬᠤᠭᠤᠴᠠᠭ᠋ᠠᠨ᠎ᠤ ᠠᠩᠬᠢ ᠵᠢᠨ ᠠ᠋ᠷᠬᠢᠯᠡᠭᠴᠢ ᠵᠢᠨ ᠠᠵᠢᠯ᠎ᠤᠨ ᠬᠠᠷᠠᠯᠳᠠ ᠠ᠋ᠭᠦᠷᠭᠡ᠂ ᠵᠢᠯᠤᠭᠤᠳᠬᠤ ᠦᠵᠡᠯ ᠰᠠᠨᠠᠭ᠎ᠠ ᠵᠢ ᠲᠦᠯᠦᠪᠯᠡᠨ ᠲᠤᠭᠳᠠᠭ᠋ᠠᠨ᠎ᠠ᠃ ᠬᠠᠮᠢᠶᠠᠷᠤᠯᠳᠠ ᠵᠢᠨ ᠳᠤᠮᠳᠠ ᠬᠦᠮᠦᠨ᠎ᠢ ᠬᠦᠮᠦᠵᠢᠭᠦᠯᠬᠦ ᠪᠤᠯ ᠤᠨᠤᠯ᠎ᠤᠨ ᠠᠰᠠᠭᠤᠳᠠᠯ ᠪᠦᠭᠡᠳ ᠦᠢ᠍ᠯᠡᠳᠦᠯᠭᠡ ᠵᠢᠨ ᠠᠰᠠᠭᠤᠳᠠᠯ ᠮᠦᠨ᠂ ᠮᠦᠨ ᠴᠦ᠍ ᠠᠵᠢᠯ᠎ᠤᠨ ᠠᠷᠭ᠎ᠠ ᠠᠪᠴᠠᠯ᠎ᠤᠨ ᠠᠰᠠᠭᠤᠳᠠᠯ ᠪᠦᠭᠡᠳ ᠦᠵᠡᠯ ᠰᠠᠨᠠᠭ᠋ᠠᠨ᠎ᠤ ᠲᠠᠨᠢᠯᠳᠠ ᠵᠢᠨ ᠠᠰᠠᠭᠤᠳᠠᠯ ᠮᠦᠨ᠃ ᠨᠢᠭᠡ ᠰᠤᠷᠭ᠋ᠠᠭᠤᠯᠢ᠎ᠨᠢ ᠤᠯᠠᠨ ᠠᠩᠬᠢ᠎ᠲᠠᠢ ᠪᠠᠶ᠋ᠢᠳᠠᠭ᠃ ᠠ᠋ᠳᠡᠭᠡᠷ ᠠᠩᠬᠢ ᠵᠢᠨ ᠲᠤᠮᠳᠠ᠎ᠠᠴᠠ ᠴᠤᠯᠭᠤᠷᠠᠨ ᠭᠠᠷᠬᠤ ᠭᠡᠪᠡᠯ ᠵᠠᠪᠠᠯ ᠰᠤᠷᠭ᠋ᠠᠭᠤᠯᠢ ᠪᠠ ᠨᠡᠶ᠋ᠢᠭᠡᠮ᠎ᠳᠤ ᠴᠦᠮ ᠮᠡᠳᠡᠷᠡᠭᠳᠡᠭᠰᠡᠨ ᠤᠷᠤᠭᠰᠢᠯᠠᠭᠰᠠᠨ ᠠᠩᠬᠢ ᠨᠢᠭᠡᠴᠢ ᠵᠢ ᠪᠦᠳᠦᠭᠡᠨ ᠪᠠᠶ᠋ᠢᠭᠤᠯᠤᠭᠰᠠᠨ ᠪᠠᠶ᠋ᠢᠬᠤ ᠬᠡᠷᠡᠭᠳᠡᠢ᠃ ᠠ᠋ᠭᠦᠨ᠎ᠳᠤ᠄

      ᠬᠠᠮᠤᠭ᠎ᠤᠨ ᠲᠦᠷᠦᠭᠦᠨ᠎ᠳᠤ᠂ ᠠᠩᠬᠢ ᠵᠢᠨ ᠠ᠋ᠷᠬᠢᠯᠡᠭᠴᠢ ᠵᠢᠨ ᠲᠤᠰ ᠪᠡᠶ᠎ᠡ ᠠᠩᠬᠢ ᠵᠢᠨ ᠬᠠᠮᠢᠶᠠᠷᠤᠯᠳᠠ ᠵᠢᠨ ᠠᠵᠢᠯ ᠪᠤᠯᠤᠨ ᠬᠦᠮᠦᠨ᠎ᠢ ᠬᠦᠮᠦᠵᠢᠭᠦᠯᠬᠦ ᠠᠵᠢᠯ᠎ᠤᠨ ᠬᠤᠪᠢᠰᠤᠩᠭᠤᠢ ᠬᠤᠯᠪᠤᠭᠳᠠᠯ᠎ᠳᠤ ᠭᠦᠢ᠍ᠴᠡᠳ ᠲᠠᠨᠢᠯᠳᠠ᠎ᠲᠠᠢ ᠪᠠᠶ᠋ᠢᠪᠡᠯ ᠵᠤᠬᠢᠨ᠎ᠠ᠃ ᠠᠩᠬᠢ ᠵᠢᠨ ᠬᠠᠮᠢᠶᠠᠷᠤᠯᠳᠠ ᠵᠢᠨ ᠲᠤᠮᠳᠠ ᠬᠦᠮᠦᠨ᠎ᠢ ᠬᠦᠮᠦᠵᠢᠭᠦᠯᠬᠦ ᠦᠵᠡᠯ ᠰᠠᠨᠠᠭ᠎ᠠ ᠵᠢ ᠨᠡᠪᠴᠢᠭᠡᠨ᠂ ᠬᠦᠮᠦᠨ᠎ᠢ ᠬᠦᠮᠦᠵᠢᠭᠦᠯᠬᠦ ᠲᠤᠮᠳᠠ ᠠᠩᠬᠢ ᠵᠢᠨ ᠬᠠᠮᠢᠶᠠᠷᠤᠯᠳᠠ ᠵᠢ ᠴᠢᠩᠭ᠋ᠠᠳᠬᠠᠵᠤ᠂ ᠬᠠᠮᠢᠶᠠᠷᠬᠤ ᠪᠤᠯᠤᠨ ᠬᠦᠮᠦᠵᠢᠭᠦᠯᠬᠦ ᠵᠢ ᠠᠳᠠᠯᠢ᠎ᠪᠠᠷ ᠦᠵᠡᠵᠦ᠂ ᠨᠢᠭᠡ ᠵᠢ᠎ᠨᠢ ᠠᠳᠬᠤᠵᠤ ᠨᠦᠭᠦᠭᠡ ᠵᠢ᠎ᠨᠢ ᠤᠮᠳᠤᠭ᠋ᠠᠢ᠍ᠢ᠍ᠯᠠᠬᠤ᠎ᠠᠴᠠ ᠬᠢᠴᠢᠶᠡᠨ᠎ᠡ᠃

      ᠲᠠᠷᠠᠭ᠋ᠠᠯᠠᠪᠠᠯ᠂ ᠬᠠᠮᠢᠶᠠᠷᠤᠯᠳᠠ ᠵᠢᠨ ᠠᠵᠢᠯ ᠵᠶ᠋ᠠᠷ ᠲᠦᠪ ᠪᠤᠯᠭ᠋ᠠᠨ᠂ ᠬᠦᠮᠦᠨ᠎ᠢ ᠬᠦᠮᠦᠵᠢᠭᠦᠯᠬᠦ᠎ᠪᠠᠷ ᠬᠦᠳᠦᠯᠦᠮᠵᠢ ᠪᠤᠯᠭ᠋ᠠᠵᠤ᠂ ᠠᠩᠬᠢ ᠵᠢᠨ ᠠᠵᠢᠯ᠎ᠤᠨ ᠬᠠᠷᠠᠯᠳᠠ ᠪᠠ ᠠ᠋ᠭᠦᠷᠭᠡ ᠵᠢ ᠲᠤᠭᠳᠠᠭ᠋ᠠᠨ᠎ᠠ᠃ ᠠᠩᠬᠢ ᠪᠦᠷᠢ ᠵᠢᠨ ᠪᠤᠳᠠᠳᠤ ᠪᠠᠶ᠋ᠢᠳᠠᠯ ᠠᠳᠠᠯᠢ ᠪᠤᠰᠤ᠎ᠠᠴᠠ ᠪᠤᠯᠵᠤ ᠠᠩᠬᠢ ᠵᠢᠨ ᠠ᠋ᠷᠬᠢᠯᠡᠭᠴᠢ᠎ᠠᠴᠠ ᠲᠤᠰ ᠠᠩᠬᠢ ᠵᠢᠨ ᠤᠨᠴᠠᠯᠢᠭ᠎ᠲᠤ᠎ᠪᠠᠨ ᠲᠤᠬᠢᠷᠠᠭᠤᠯᠵᠤ᠂ ᠬᠠᠷᠠᠯᠳᠠ᠎ᠲᠠᠢ᠂ ᠭᠤᠤᠯᠳᠠᠯᠭ᠎ᠠ᠎ᠲᠠᠢ᠂ ᠴᠢᠭᠯᠡᠯᠳᠠ ᠴᠢᠨᠠᠷᠳᠠᠢ᠎ᠪᠠᠷ ᠡᠯ᠎ᠡ ᠵᠦᠢ᠍ᠯ᠎ᠤᠨ ᠠᠳᠠᠯᠢ ᠪᠤᠰᠤ ᠵᠢᠨ ᠬᠡᠯᠪᠡᠷᠢ ᠪᠠ ᠠᠷᠭ᠎ᠠ᠎ᠪᠠᠷ ᠬᠠᠮᠢᠶᠠᠷᠤᠯᠳᠠ᠎ᠪᠠᠨ ᠶᠠᠪᠤᠭᠳᠠᠭᠤᠯᠵᠤ᠂ ᠠᠩᠬᠢ ᠵᠢᠨ ᠬᠠᠮᠢᠶᠠᠷᠤᠯᠳᠠ ᠵᠢᠨ ᠪᠤᠳᠠᠳᠤ ᠦᠷ᠎ᠡ ᠠᠰᠢᠭ᠎ᠢ ᠲᠡᠭᠡᠭᠰᠢᠯᠡᠭᠦᠯᠦᠨ᠂ ᠬᠠᠮᠢᠶᠠᠷᠤᠯᠳᠠ᠎ᠨᠢ ᠲᠠᠬᠢᠨ ᠬᠦᠮᠦᠨ᠎ᠢ ᠬᠦᠮᠦᠵᠢᠭᠦᠯᠬᠦ ᠠᠵᠢᠯ᠎ᠳᠤ ᠨᠡᠩ ᠰᠠᠶ᠋ᠢᠨ ᠦᠢ᠍ᠯᠡᠴᠢᠯᠡᠬᠦ ᠵᠢ ᠠᠬᠢᠭᠤᠯᠤᠨ᠎ᠠ᠃

      ᠪᠠᠰᠠ ᠬᠠᠮᠢᠶᠠᠷᠤᠯᠳᠠ᠎ᠪᠠᠷ ᠬᠦᠮᠦᠨ᠎ᠢ ᠬᠦᠮᠦᠵᠢᠭᠦᠯᠬᠦ ᠠᠵᠢᠯ᠎ᠤᠨ ᠠᠬᠢᠭᠤᠯᠬᠤ ᠦᠢ᠍ᠯᠡᠳᠦᠯ᠎ᠢ ᠢᠳᠡᠪᠬᠢᠳᠡᠢ ᠪᠠᠳᠠᠷᠠᠭᠤᠯᠬᠤ ᠬᠡᠷᠡᠭᠳᠡᠢ᠃ ᠠᠩᠬᠢ ᠵᠢᠨ ᠬᠠᠮᠢᠶᠠᠷᠤᠯᠳᠠ ᠵᠢ ᠴᠢᠩᠭ᠋ᠠᠳᠬᠠᠬᠤ᠎ᠪᠠᠷ ᠲᠠᠮᠵᠢᠨ ᠬᠦᠮᠦᠨ᠎ᠢ ᠬᠦᠮᠦᠵᠢᠭᠦᠯᠬᠦ ᠦᠷ᠎ᠡ ᠪᠦᠳᠦᠮᠵᠢ ᠵᠢ ᠨᠡᠩ ᠰᠠᠶ᠋ᠢᠨ ᠳᠡᠭᠡᠭᠰᠢᠯᠡᠭᠦᠯᠵᠦ᠂ ᠬᠦᠮᠦᠨ᠎ᠢ ᠬᠦᠮᠦᠵᠢᠭᠦᠯᠬᠦ ᠠᠵᠢᠯ᠎ᠢ ᠨᠡᠩ ᠦᠨᠳᠦᠷ ᠲᠦᠪᠰᠢᠨ᠎ᠳᠤ ᠬᠦᠷᠭᠡᠵᠦ᠂ ᠤᠯᠤᠰ᠎ᠤᠨ ᠶᠢᠰᠦᠨ ᠵᠢᠯ᠎ᠤᠨ ᠲᠦᠷᠢᠮᠳᠦ ᠰᠤᠷᠭ᠋ᠠᠨ ᠬᠦᠮᠦᠵᠢᠯ᠎ᠤᠨ ᠴᠢᠭᠯᠡᠯᠳᠡ᠂ ᠲᠦᠷᠦ ᠵᠢᠨ ᠪᠤᠳᠤᠯᠭ᠎ᠠ ᠵᠢ ᠰᠠᠶ᠋ᠢᠳᠤᠷ ᠲᠤᠭᠤᠰᠢᠯᠠᠭᠤᠯᠤᠨ ᠰᠤᠷᠤᠭᠴᠢᠳ᠎ᠤᠨ ᠠ᠋ᠷᠡᠭᠦᠯ ᠴᠢᠬᠢᠷᠠᠭ ᠵᠶ᠋ᠠᠷ ᠦᠰᠦᠨ ᠪᠤᠢ᠍ᠢ᠍ᠵᠢᠬᠤ ᠵᠢ ᠠᠬᠢᠭᠤᠯᠤᠨ᠎ᠠ᠃

      ᠬᠤᠶᠠᠷ᠂ ᠬᠠᠮᠢᠶᠠᠷᠤᠯᠳᠠ᠎ᠪᠠᠨ ᠴᠢᠩᠭ᠋ᠠᠳᠬᠠᠵᠤ ᠬᠦᠮᠦᠨ᠎ᠢ ᠬᠦᠮᠦᠵᠢᠭᠦᠯᠬᠦ ᠰᠢᠯᠢᠳᠡᠭ ᠠᠷᠭ᠎ᠠ ᠠᠪᠴᠠᠯ᠎ᠢ ᠲᠠᠰᠤᠷᠠᠯᠳᠠ ᠦᠭᠡᠢ ᠰᠦᠪᠡᠭᠴᠢᠯᠡᠨ᠎ᠡ᠃

     (ᠨᠢᠭᠡ) ᠠᠩᠭᠢ ᠵᠢᠨ ᠠ᠋ᠷᠬᠢᠯᠡᠭᠴᠢ ᠵᠢᠨ ᠠᠵᠢᠯ᠎ᠳᠤ ᠬᠣᠯᠪᠤᠭᠳᠠᠬᠤ ᠵᠤᠢ᠍ᠢ᠍ᠯ ᠤᠯᠠᠨ ᠠᠷᠪᠢᠨ ᠪᠥᠭᠡᠳ ᠶᠠᠷᠰᠢᠭ ᠪᠤᠳᠤᠯᠢᠶᠠᠨᠳᠠᠢ ᠪᠠᠢ᠍ᠵᠤ᠂ ᠪᠢᠴᠢᠭ ᠵᠢᠭ᠋ᠠᠵᠤ ᠬᠥᠮᠦᠨ᠎ᠢ ᠬᠥᠮᠦᠵᠢᠭᠦᠯᠬᠦ᠎ᠪᠠᠷ ᠪᠠᠷᠠᠬᠤ ᠦᠭᠡᠢ ᠪᠠᠰᠠ ᠠᠩᠭᠢ ᠵᠢᠨ ᠠ᠋ᠷᠡᠭᠦᠯ ᠬᠠᠮᠠᠭ᠋ᠠᠯᠠᠯ᠂ ᠪᠠᠢ᠍ᠢ᠍ᠷᠢᠨ᠎ᠤ ᠬᠠᠮᠢᠶᠠᠷᠤᠯᠳᠠ᠂ ᠠ᠋ᠷᠳᠡ ᠣᠷᠤᠢ ᠵᠢᠨ ᠲᠠᠪᠳᠠᠯᠭ᠎ᠠ᠂ ᠡᠯ᠎ᠡ ᠵᠦᠢ᠍ᠯ᠎ᠤᠨ ᠬᠦᠰᠦᠨᠦᠭᠳᠦ ᠲᠠᠭᠯᠠᠬᠤ ᠠᠵᠢᠯ ᠭᠡᠬᠦ ᠮᠡᠳᠦ ᠵᠢᠨ ᠪᠠᠢ᠍ᠢ᠍ᠳᠠᠯ᠎ᠳᠤ ᠴᠢᠭᠯᠡᠭᠦᠯᠦᠨ᠂ ᠡᠯ᠎ᠡ ᠲᠠᠯ᠎ᠠ ᠵᠢᠨ ᠠᠵᠢᠯ᠎ᠢ ᠰᠤᠷᠤᠭᠴᠢᠳ᠎ᠲᠤ ᠲᠠᠭ᠋ᠠᠭ᠋ᠠᠴᠢᠯᠠᠨ ᠥᠭᠴᠦ ᠬᠠᠮᠢᠶᠠᠷᠤᠭᠤᠯᠤᠨ᠎ᠠ᠂ ᠪᠠᠰᠠ ᠬᠤᠪᠢ ᠲᠡᠮᠳᠡᠭᠯᠡᠬᠦ ᠠᠷᠭ᠎ᠠ ᠵᠢ ᠠᠪᠴᠦ ᠰᠠᠢ᠍ᠢ᠍ᠨ ᠪᠣᠯ ᠬᠤᠪᠢ ᠨᠡᠮᠡᠵᠦ᠂ ᠮᠠᠭᠤ ᠪᠣᠯ ᠬᠤᠪᠢ ᠬᠠᠰᠤᠵᠤ᠂ ᠬᠤᠭᠤᠴᠠᠭ᠋ᠠᠨ ᠡᠴᠦᠰ᠎ᠤᠨ ᠰᠢᠯᠢᠳᠡᠭ ᠰᠤᠷᠤᠭᠴᠢ ᠵᠢ ᠰᠢᠯᠭ᠋ᠠᠷᠠᠭᠤᠯᠬᠤ᠎ᠶᠢᠨ ᠦᠨᠳᠦᠰᠦᠯᠡᠯ ᠪᠣᠯᠭ᠋ᠠᠨ᠎ᠠ᠃ ᠢᠩᠭᠢᠪᠡᠯ ᠬᠥᠮᠦᠨ ᠪᠦᠬᠦᠨ ᠬᠢᠬᠦ᠎ᠠᠴᠠ ᠠᠵᠢᠯ᠎ᠲᠠᠢ ᠪᠤᠯᠬᠤ ᠮᠦᠷᠳᠡᠭᠡᠨ᠂ ᠲᠦᠷᠢᠮ ᠲᠤᠭᠳᠠᠭ᠋ᠠᠯ᠎ᠢ ᠤᠬᠠᠮᠰᠠᠷ᠎ᠠᠴᠠ᠎ᠪᠠᠨ ᠰᠠᠬᠢᠨ ᠡᠯ᠎ᠡ ᠲᠠᠯ᠎ᠠ ᠵᠢᠨ ᠠᠵᠢᠯ ᠪᠠ ᠬᠥᠳᠡᠯᠭᠡᠭᠡᠨ᠎ᠳᠤ ᠤᠷᠤᠯᠴᠠᠬᠤ ᠢᠳᠡᠪᠬᠢᠵᠢᠯ ᠪᠠ ᠬᠠᠮᠳᠤ ᠨᠡᠢ᠍ᠢ᠍ᠳᠡ ᠵᠢᠨ ᠦᠵᠡᠯ ᠤᠬᠠᠮᠰᠠᠷ ᠴᠦ᠍ ᠠᠶᠠᠨᠳᠠᠭ᠋ᠠᠨ ᠲᠡᠭᠡᠭᠰᠢᠯᠡᠬᠦ ᠪᠤᠯᠤᠨ᠎ᠠ᠃

     (ᠬᠤᠶᠠᠷ) ᠠᠩᠭᠢ ᠵᠢᠨ ᠺᠠᠳ᠋ᠷ᠎ᠤᠨ ᠠᠵᠢᠯ᠎ᠤᠨ ᠴᠢᠳᠠᠪᠤᠷᠢ ᠵᠢ ᠬᠥᠮᠦᠵᠢᠭᠦᠯᠬᠦ ᠵᠢ ᠠᠩᠬᠠᠷᠴᠤ᠂ ᠠᠩᠭᠢ᠎ᠶᠢᠨ ᠺᠠᠳ᠋ᠷ᠎ᠤᠨ ᠲᠠᠭᠤᠷᠢᠶᠠᠯ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠠᠩᠭᠢ ᠵᠢᠨ ᠺᠠᠳ᠋ᠷ ᠪᠣᠯ ᠠᠩᠭᠢ᠎ᠶᠢᠨ ᠭᠣᠣᠯ ᠴᠣᠭᠴᠠ ᠪᠥᠭᠡᠳ ᠠᠩᠭᠢ ᠵᠢᠨ ᠠ᠋ᠷᠬᠢᠯᠡᠭᠴᠢ ᠵᠢᠨ ᠴᠢᠬᠤᠯᠠ ᠬᠠᠪᠰᠤᠷᠤᠭᠴᠢ ᠮᠥᠨ᠂ ᠠᠩᠭᠢ ᠵᠢᠨ ᠺᠠᠳ᠋ᠷ᠎ᠤᠨ ᠲᠤᠰ ᠪᠡᠶ᠎ᠡ ᠵᠢᠨ ᠬᠡᠪ ᠴᠢᠨᠠᠷ᠂ ᠠᠵᠢᠯ᠎ᠤᠨ ᠴᠢᠳᠠᠪᠤᠷᠢ᠎ᠨᠢ ᠠᠩᠭᠢ ᠵᠢᠨ ᠠᠵᠢᠯ᠎ᠤᠨ ᠰᠤᠷᠭ᠋ᠠᠭᠤᠯᠢ ᠵᠢᠨ ᠱᠠᠭ᠋ᠠᠷᠳᠠᠯᠭ᠎ᠠ ᠶᠣᠰᠣᠭ᠋ᠠᠷ ᠶᠠᠪᠤᠭᠳᠠᠬᠤ᠎ᠲᠠᠢ ᠰᠢᠭᠤᠳ ᠬᠣᠯᠪᠤᠭᠳᠠᠨ᠎ᠠ᠃ ᠠ᠋ᠢ᠍ᠢ᠍ᠮᠦ᠎ᠠᠴᠠ ᠠᠩᠭᠢ ᠵᠢᠨ ᠺᠠᠳ᠋ᠷ᠎ᠢ ᠵᠣᠬᠢᠶᠠᠨ ᠪᠠᠢ᠍ᠢ᠍ᠭᠤᠯᠵᠤ ᠬᠥᠮᠦᠵᠢᠭᠦᠯᠬᠦ᠎ᠨᠢ ᠠᠩᠭᠢ ᠵᠢᠨ ᠠ᠋ᠷᠬᠢᠯᠡᠭᠴᠢ ᠵᠢᠨ ᠬᠠᠮᠢᠶᠠᠷᠤᠯᠳᠠ ᠵᠢᠨ ᠠᠵᠢᠯ᠎ᠤᠨ ᠭᠣᠣᠯᠳᠠᠯᠭ᠎ᠠ ᠪᠣᠯᠤᠨ᠎ᠠ᠂ ᠠᠩᠭᠢ ᠵᠢᠨ ᠺᠠᠳ᠋ᠷ᠎ᠢ ᠲᠤᠬᠢᠷᠠᠮᠵᠢᠳᠠᠢ ᠬᠠᠮᠢᠶᠠᠷᠴᠤ ᠪᠠᠢ᠍ᠢ᠍ᠪᠠᠯ ᠰᠠᠶᠢ ᠲᠡᠳᠡᠨᠡᠷ᠎ᠤᠨ ᠵᠢᠱ᠌ᠢᠶᠡᠴᠢ ᠦᠢ᠍ᠯᠡᠳᠦᠯ᠎ᠢ ᠨᠡᠩ ᠰᠠᠶ᠋ᠢᠨ ᠵᠶ᠋ᠠᠷ ᠪᠠᠳᠠᠷᠠᠭᠤᠯᠵᠤ ᠲᠡᠶ᠋ᠢᠯᠦᠨ᠎ᠡ᠃ ᠬᠠᠮᠤᠭ᠎ᠤᠨ ᠲᠦᠷᠦᠭᠦᠨ᠎ᠳᠤ᠂ ᠬᠤᠭᠤᠴᠠᠭ᠋ᠠᠨ ᠠ᠋ᠬᠢᠨ᠎ᠳᠤ ᠠᠩᠭᠢ ᠵᠢᠨ ᠠ᠋ᠷᠬᠢᠯᠡᠭᠴᠢ᠎ᠠᠴᠠ ᠰᠤᠷᠭ᠋ᠠᠭᠤᠯᠢ ᠵᠢᠨ ᠠᠵᠢᠯ᠎ᠤᠨ ᠶᠡᠷᠦᠩᠬᠡᠢ ᠲᠣᠬᠢᠷᠠᠭᠤᠯᠭ᠎ᠠ᠎ᠲᠠᠢ ᠤᠶᠠᠯᠳᠤᠭᠤᠯᠵᠤ᠂ ᠠᠩᠭᠢ ᠵᠢᠨ ᠺᠠᠳ᠋ᠷ᠎ᠢ ᠰᠣᠩᠭᠤᠨ ᠬᠥᠮᠦᠵᠢᠭᠦᠯᠵᠦ᠂ ᠲᠡᠳᠡᠨ᠎ᠤ ᠵᠢᠱ᠌ᠢᠶᠡᠴᠢ ᠵᠢᠨ ᠦᠢ᠍ᠯᠡᠳᠦᠯ᠎ᠢ ᠴᠢᠩᠭ᠋ᠠᠳᠬᠠᠨ᠎ᠠ᠃ ᠪᠠᠢ᠍ᠢ᠍ᠷᠢᠯᠠᠵᠤ ᠪᠠᠢ᠍ᠢ᠍ᠭ᠎ᠠ ᠰᠤᠷᠤᠭᠴᠢᠳ᠎ᠲᠤ ᠠᠪᠴᠤ ᠬᠡᠯᠡᠪᠡᠯ᠂ ᠰᠤᠷᠤᠭᠴᠢᠳ ᠨᠢᠭᠡ ᠭᠠᠷᠠᠭ᠎ᠤᠨ ᠠᠮᠠᠷᠠᠯᠳᠠ ᠵᠢᠨ ᠬᠤᠶᠠᠷ ᠠ᠋ᠳᠦᠷ᠎ᠠᠴᠠ ᠪᠤᠰᠤᠳ ᠠ᠋ᠳᠦᠷ᠎ᠨᠢ ᠴᠥᠮ ᠰᠤᠷᠭ᠋ᠠᠭᠤᠯᠢ᠎ᠳᠤ ᠪᠠᠢ᠍ᠢ᠍ᠵᠤ᠂ ᠠᠩᠭᠢ ᠵᠢᠨ ᠠ᠋ᠷᠬᠢᠯᠡᠭᠴᠢ᠎ᠠᠴᠠ ᠠ᠋ᠳᠦᠷ ᠪᠦᠷᠢ ᠰᠠᠯᠤᠯ ᠦᠭᠡᠢ ᠮᠥᠷᠳᠡᠨ ᠲᠠᠭ᠋ᠠᠬᠤ ᠵᠢᠨ ᠠᠷᠭ᠎ᠠ ᠦᠭᠡᠢ᠂ ᠠᠩᠭᠢ᠎ᠳᠤ ᠦᠷᠭᠦᠯᠵᠢ ᠬᠥᠮᠦᠰ᠎ᠤᠨ ᠰᠠᠨᠠᠭ᠋ᠠᠨ᠎ᠠᠴᠠ ᠭᠠᠳᠠᠭᠤᠷ ᠭᠡᠨᠡᠳᠳᠡ ᠵᠢᠨ ᠤᠴᠢᠷ ᠲᠣᠬᠢᠶᠠᠯᠳᠤᠳᠠᠭ ᠪᠠ ᠪᠠᠰᠠ ᠵᠠᠷᠢᠮ ᠤᠴᠢᠷ ᠶᠠᠪᠤᠳᠠᠯ᠎ᠤᠨ ᠠ᠋ᠭᠦᠰᠬᠦ ᠵᠢ ᠠᠩᠭᠢ ᠵᠢᠨ ᠠ᠋ᠷᠬᠢᠯᠡᠭᠴᠢ᠎ᠠᠴᠠ ᠤᠷᠢᠳᠴᠢᠯᠠᠨ ᠮᠡᠳᠡᠬᠦ ᠵᠢᠨ ᠠᠷᠭ᠎ᠠ ᠦᠭᠡᠢ ᠪᠥᠭᠡᠳ ᠠᠩᠭᠢ ᠵᠢᠨ ᠠ᠋ᠷᠬᠢᠯᠡᠭᠴᠢ ᠲᠡᠷᠡ ᠲᠠᠷᠤᠢ᠎ᠳᠤ᠎ᠨᠢ ᠲᠤᠬᠠᠢ ᠵᠢᠨ ᠭᠠᠵᠠᠷ᠎ᠲᠤ᠎ᠨᠢ ᠬᠦᠷᠴᠦ ᠲᠡᠢ᠍ᠢ᠍ᠯᠬᠦ ᠦᠭᠡᠢ ᠦᠶᠡᠰ᠎ᠲᠤ ᠴᠠᠭ ᠲᠤᠬᠠᠢ᠎ᠳᠤ᠎ᠨᠢ ᠲᠤᠬᠢᠷᠠᠮᠵᠢᠳᠠᠢ ᠰᠢᠢ᠍ᠳᠪᠦᠷᠢᠯᠡᠬᠦ ᠭᠡᠪᠡᠯ ᠠᠩᠭᠢ ᠵᠢᠨ ᠺᠠᠳ᠋ᠷ᠎ᠲᠤ ᠯᠡ ᠲᠦᠰᠢᠭᠯᠡᠨ᠎ᠡ᠃ ᠠ᠋ᠨᠡ᠎ᠨᠢ ᠮᠥᠨ ᠴᠦ᠍ ᠠᠩᠭᠢ ᠵᠢᠨ ᠺᠠᠳ᠋ᠷ ᠨᠠᠷ᠎ᠤᠨ ᠵᠢᠱ᠌ᠢᠶᠡᠴᠢ ᠦᠢ᠍ᠯᠡᠳᠦᠯ᠎ᠢ ᠪᠠᠳᠠᠷᠠᠭᠤᠯᠵᠤ ᠠᠵᠢᠯ᠎ᠤᠨ ᠴᠢᠳᠠᠪᠤᠷᠢ ᠵᠢ᠎ᠨᠢ ᠬᠥᠮᠦᠵᠢᠭᠦᠯᠬᠦ ᠬᠠᠮᠤᠭ᠎ᠤᠨ ᠰᠠᠢ᠍ᠢ᠍ᠨ ᠲᠣᠬᠢᠶᠠᠯ ᠪᠣᠯᠤᠨ᠎ᠠ᠃ ᠲᠠᠷᠠᠭ᠋ᠠᠯᠠᠪᠠᠯ᠂ ᠠᠩᠭᠢ ᠵᠢᠨ ᠺᠠᠳ᠋ᠷ᠎ᠤᠨ ᠵᠥᠪᠯᠡᠭᠴᠢ ᠵᠢᠨ ᠦᠢ᠍ᠯᠡᠳᠦᠯ᠎ᠢ ᠰᠠᠢ᠍ᠢ᠍ᠳᠤᠷ ᠠᠰᠢᠭᠯᠠᠨ᠎ᠠ᠃ ᠠᠩᠭᠢ ᠵᠢᠨ ᠠ᠋ᠷᠬᠢᠯᠡᠭᠴᠢ ᠵᠢᠨ ᠬᠠᠮᠢᠶᠠᠷᠤᠯᠳᠠ ᠪᠣᠯ ᠰᠤᠷᠭ᠋ᠠᠭᠤᠯᠢ ᠵᠢᠨ ᠬᠥᠮᠦᠨ᠎ᠢ ᠬᠥᠮᠦᠵᠢᠭᠦᠯᠬᠦ ᠴᠢᠭᠯᠡᠯᠳᠡ ᠵᠢᠨ ᠲᠣᠭᠤᠷᠢᠨ᠎ᠳᠤ ᠶᠠᠪᠤᠭᠳᠠᠳᠠᠭ ᠨᠢᠭᠡᠨ ᠰᠢᠰᠲ᠋ᠧᠮ ᠲ᠋ᠠᠢ ᠬᠠᠮᠢᠶᠠᠷᠤᠯᠳᠠ ᠪᠣᠯᠤᠨ᠎ᠠ᠂ ᠬᠠᠮᠢᠶᠠᠷᠤᠯᠳᠠ ᠵᠢᠨ ᠲᠦᠷᠢᠮ᠎ᠢ ᠲᠤᠭᠳᠠᠭ᠋ᠠᠬᠤ ᠪᠠ ᠪᠤᠳᠠᠳᠠᠢ ᠲᠡᠭᠡᠷ᠎ᠠ ᠬᠡᠷᠡᠭᠵᠢᠭᠦᠯᠬᠦ ᠦᠶ᠎ᠡ᠎ᠳᠤ ᠪᠦᠬᠦ ᠠᠩᠭᠢ ᠵᠢᠨ ᠰᠤᠷᠤᠭᠴᠢᠳ᠎ᠤᠨ ᠰᠠᠨᠠᠯ᠎ᠢ ᠠᠪᠬᠤ᠂ ᠣᠨᠴᠠᠭ᠋ᠠᠢ᠍ᠢ᠍ᠯᠠᠨ ᠠᠩᠭᠢ᠎ᠶᠢᠨ ᠺᠠᠳ᠋ᠷ ᠨᠠᠷ᠎ᠤᠨ ᠰᠠᠨᠠᠯ᠎ᠢ ᠬᠦᠯᠢᠶᠡᠨ ᠠᠪᠴᠤ᠂ ᠲᠡᠳᠡᠨ᠎ᠤ ᠵᠥᠪᠯᠡᠭᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠪᠠᠰᠠ᠂ ᠠᠩᠭᠢ ᠵᠢᠨ ᠺᠠᠳ᠋ᠷ ᠨᠠᠷ᠎ᠤᠨ ᠳᠠᠭ᠋ᠠᠭᠤᠯᠬᠤ ᠦᠢ᠍ᠯᠡᠳᠦᠯ ᠦᠵᠡᠭᠦᠯᠬᠦ ᠵᠢ ᠱᠠᠭ᠋ᠠᠷᠳᠠᠨ᠎ᠠ᠃ ᠠᠩᠭᠢ ᠵᠢᠨ ᠠ᠋ᠷᠬᠢᠯᠡᠭᠴᠢ ᠵᠢᠨ ᠬᠠᠮᠢᠶᠠᠷᠤᠯᠳᠠ᠎ᠨᠢ ᠰᠤᠷᠤᠭᠴᠢ ᠪᠦᠷᠢ᠎ᠲᠠᠢ ᠬᠣᠯᠪᠤᠭᠳᠠᠵᠤ᠂ ᠠᠩᠭᠢ ᠵᠢᠨ ᠺᠠᠳ᠋ᠷ᠎ᠤᠨ ᠬᠦᠳᠠᠯᠦᠯ ᠪᠦᠷᠢ᠎ᠨᠢ ᠪᠦᠬᠦ ᠠᠩᠭᠢ ᠵᠢᠨ ᠰᠤᠷᠤᠭᠴᠢ᠎ᠳᠤ ᠲᠤᠩ ᠶᠡᠬᠡ ᠨᠥᠯᠦᠭᠡ ᠲᠤᠰᠬᠠᠯ ᠦᠵᠡᠭᠦᠯᠳᠡᠭ᠃ ᠠ᠋ᠢ᠍ᠢ᠍ᠮᠦ᠎ᠠᠴᠠ ᠠ᠋ᠳᠦᠷ ᠲᠤᠳᠤᠮ᠎ᠤᠨ ᠠᠵᠢᠯ᠎ᠤᠨ ᠲᠤᠮᠳᠠ ᠠᠩᠭᠢ ᠵᠢᠨ ᠺᠠᠳ᠋ᠷ ᠨᠠᠷ᠎ᠢ ᠥᠪᠡᠷ᠎ᠢ᠎ᠪᠠᠨ ᠴᠢᠩᠭ᠎ᠠ ᠱᠠᠭ᠋ᠠᠷᠳᠠᠵᠤ᠂ ᠬᠠᠮᠳᠤ ᠨᠦᠭᠦᠳ᠎ᠤᠨ ᠬᠢᠵᠦ ᠲᠡᠢ᠍ᠢ᠍ᠯᠬᠦ ᠵᠢ ᠦᠪᠡᠷᠳᠡᠭᠡᠨ ᠤᠷᠢᠳᠠᠪᠠᠷ ᠬᠢᠵᠦ ᠲᠡᠢ᠍ᠢ᠍ᠯᠬᠦ᠎ᠪᠠᠷ ᠱᠠᠭ᠋ᠠᠷᠳᠠᠨ᠂ ᠪᠦᠬᠦ ᠠᠩᠭᠢ ᠵᠢᠨ ᠲᠠᠭᠤᠷᠢᠶᠠᠯ ᠪᠣᠯᠬᠤ ᠵᠢ ᠤᠷᠢᠶᠠᠯᠠᠨ᠎ᠠ᠃

     (ᠭᠤᠷᠪᠠ) ᠰᠡᠳᠬᠢᠯ ᠵᠶ᠋ᠠᠷ ᠵᠶ᠋ᠠᠨ ᠰᠤᠷᠤᠭᠴᠢᠳ᠎ᠲᠠᠢ ᠬᠠᠷᠢᠯᠴᠠᠵᠦ᠂ ᠦᠪᠡᠷ᠎ᠤᠨ ᠠᠵᠢᠯᠯᠠᠭ᠎ᠠ᠎ᠪᠠᠷ ᠵᠶ᠋ᠠᠨ ᠰᠤᠷᠭ᠋ᠠᠨ ᠬᠦᠮᠦᠵᠢᠯ᠎ᠤᠨ ᠠᠵᠢᠯ ᠵᠶ᠋ᠠᠨ ᠭᠦᠨᠵᠡᠭᠡᠶ᠋ᠢᠷᠡᠭᠦᠯᠦᠨ᠎ᠡ᠃ ᠠᠩᠬᠢ ᠵᠢᠨ ᠬᠠᠮᠢᠶᠠᠷᠤᠯᠳᠠ᠎ᠨᠢ ᠵᠦᠪᠬᠡᠨ ᠲᠦᠪ ᠴᠢᠩᠭ᠎ᠠ ᠶᠤᠰᠤ ᠲᠦᠷᠢᠮ ᠪᠠ ᠠᠷᠭ᠎ᠠ ᠠᠪᠴᠠᠯ ᠪᠠᠶ᠋ᠢᠭ᠋ᠠᠳ ᠯᠠ ᠪᠤᠯᠬᠤ ᠪᠢᠰᠢ᠂ ᠬᠠᠷᠢᠨ ᠰᠤᠷᠤᠭᠴᠢᠳ᠎ᠲᠠᠢ ᠰᠡᠳᠬᠢᠯ ᠵᠶ᠋ᠠᠷ ᠵᠶ᠋ᠠᠨ ᠬᠠᠷᠢᠯᠴᠠᠵᠦ᠂ ᠦᠪᠡᠷ᠎ᠤᠨ ᠠᠵᠢᠯᠯᠠᠭ᠎ᠠ᠎ᠪᠠᠷ ᠵᠶ᠋ᠠᠨ ᠰᠤᠷᠤᠭᠴᠢᠳ᠎ᠢ ᠨᠦᠯᠦᠭᠡᠯᠡᠵᠦ᠂ ᠰᠤᠷᠤᠭᠴᠢᠳ᠎ᠤᠨ ᠰᠡᠳᠬᠢᠯ᠎ᠢ ᠬᠦᠳᠡᠯᠭᠡᠪᠡᠯ᠂ ᠰᠤᠷᠤᠭᠴᠢᠳ ᠰᠠᠶᠢ ᠰᠡᠳᠬᠢᠯ᠎ᠤᠨ ᠤᠭ᠎ᠠᠴᠠ᠎ᠪᠠᠨ ᠦᠪᠡᠷ᠎ᠤᠨ ᠶᠠᠭᠤ ᠬᠢᠪᠡᠰᠦ ᠵᠤᠬᠢᠬᠤ᠎ᠪᠠᠨ ᠮᠡᠳᠡᠵᠦ᠂ ᠠᠩᠬᠢ᠎ᠳᠤ᠎ᠪᠠᠨ ᠦᠢ᠍ᠯᠡᠴᠢᠯᠡᠵᠦ᠂ ᠠᠩᠬᠢ ᠵᠢᠨ ᠬᠠᠮᠢᠶᠠᠷᠤᠯᠳᠠ ᠵᠢᠨ ᠵᠤᠷᠢᠯᠭ᠎ᠠ᠎ᠳᠤ᠎ᠪᠠᠨ ᠬᠦᠷᠴᠦ ᠲᠡᠶ᠋ᠢᠯᠦᠨ᠎ᠡ᠃ ᠪᠠᠭᠰᠢ᠎ᠠᠴᠠ ᠶᠡᠷᠦ᠎ᠳᠤ᠎ᠪᠠᠨ ᠵᠤᠷᠢᠯᠭ᠎ᠠ᠎ᠲᠠᠢ᠎ᠪᠠᠷ ᠰᠤᠷᠤᠭᠴᠢᠳ᠎ᠤᠨ ᠰᠡᠳᠬᠢᠯ᠎ᠢ᠎ᠨᠢ ᠬᠦᠳᠡᠯᠭᠡᠵᠦ ᠪᠠᠶ᠋ᠢᠪᠠᠯ᠂ ᠪᠠᠭᠰᠢ ᠰᠤᠷᠤᠭᠴᠢ ᠵᠢᠨ ᠰᠡᠳᠬᠢᠯ᠎ᠳᠤ ᠨᠦᠯᠦᠭᠡᠯᠡᠯ ᠶᠡᠭᠡ ᠪᠤᠯᠵᠦ᠂ ᠠ᠋ᠭᠦᠨ᠎ᠤ ᠤᠯᠠᠮ᠎ᠠᠴᠠ ᠦᠪᠡᠷ᠎ᠤᠨ ᠠᠵᠢᠯᠯᠠᠭ᠎ᠠ ᠵᠢᠨ ᠨᠦᠯᠦᠭᠡᠯᠡᠯ ᠵᠶ᠋ᠠᠷ ᠰᠤᠷᠤᠭᠴᠢᠳ᠎ᠢ ᠬᠦᠮᠦᠵᠢᠭᠦᠯᠬᠦ ᠵᠤᠷᠢᠯᠭ᠎ᠠ᠎ᠳᠤ᠎ᠪᠠᠨ ᠬᠦᠷᠴᠦ ᠲᠡᠶ᠋ᠢᠯᠦᠨ᠎ᠡ᠃

     (ᠲᠦᠷᠪᠡ) ᠠᠩᠬᠢ ᠵᠢᠨ ᠠ᠋ᠷᠬᠢᠯᠡᠭᠴᠢ ᠵᠠᠪᠠᠯ ᠬᠡᠯᠡᠪᠡᠯ ᠬᠡᠯᠡᠭᠰᠡᠨ᠎ᠳᠤ᠎ᠪᠠᠨ ᠬᠦᠷᠴᠦ᠂ ᠰᠤᠷᠤᠭᠴᠢᠳ᠎ᠲᠤ ᠠᠳᠠᠯᠢ ᠲᠡᠭᠰᠢ᠎ᠪᠠᠷ ᠬᠠᠨᠳᠤᠬᠤ ᠬᠡᠷᠡᠭᠳᠡᠢ᠃ ᠠᠩᠬᠢ ᠵᠢᠨ ᠬᠠᠮᠢᠶᠠᠷᠤᠯᠳᠠ ᠵᠢᠨ ᠠᠵᠢᠯ᠎ᠤᠨ ᠲᠤᠮᠳᠠ ᠠ᠋ᠷᠬᠡ ᠲᠡᠭᠰᠢ ᠵᠢ ᠵᠢᠷᠤᠮᠯᠡᠵᠦ᠂ ᠰᠤᠷᠭ᠋ᠠᠭᠤᠯᠢ ᠵᠢᠨ ᠶᠤᠰᠤ ᠲᠦᠷᠢᠮ᠎ᠢ ᠠ᠋ᠷᠡᠰ ᠵᠢᠷᠤᠮᠯᠡᠨ᠎ᠡ᠃ ᠠᠩᠬᠢ ᠵᠢᠨ ᠠ᠋ᠷᠬᠢᠯᠡᠭᠴᠢᠳ ᠰᠤᠷᠤᠯᠭ᠎ᠠ᠂ ᠶᠤᠰᠤ ᠮᠤᠷᠠᠯ ᠰᠠᠶ᠋ᠢᠨ ᠰᠤᠷᠤᠭᠴᠢᠳ᠎ᠢ ᠠ᠋ᠷᠬᠡ ᠲᠤᠷ᠎ᠠ᠎ᠪᠠᠷ᠎ᠨᠢ ᠲᠠᠯᠪᠢᠵᠦ ᠪᠤᠯᠬᠤ ᠦᠭᠡᠢ ᠮᠦᠷᠳᠡᠭᠡᠨ ᠶᠤᠰᠤ ᠮᠤᠷᠠᠯ ᠠᠨᠠᠢ ᠰᠤᠷᠤᠭᠴᠢᠳ᠎ᠢ ᠴᠦ᠍ ᠢᠯᠡᠬᠦᠦ ᠦᠵᠡᠵᠦ ᠪᠤᠯᠬᠤ ᠦᠭᠡᠢ᠃ ᠠ᠋ᠰᠡ ᠪᠤᠯ ᠰᠤᠷᠤᠭᠴᠢᠳ᠎ᠤᠨ ᠲᠤᠮᠳᠠ ᠠᠩᠬᠢ ᠵᠢᠨ ᠠ᠋ᠷᠬᠢᠯᠡᠭᠴᠢ ᠢᠳᠡᠭᠡᠯ ᠦᠭᠡᠢ ᠪᠤᠯᠵᠦ᠂ ᠠᠩᠬᠢ ᠵᠢᠨ ᠬᠠᠮᠢᠶᠠᠷᠤᠯᠳᠠ ᠵᠢᠨ ᠠᠵᠢᠯ ᠤᠷᠤᠭᠰᠢᠳᠠᠢ ᠶᠠᠪᠤᠭᠳᠠᠵᠦ ᠴᠢᠳᠠᠭ᠍ᠤ ᠦᠭᠡᠢ ᠪᠤᠯᠤᠨ᠎ᠠ᠃

      ᠭᠤᠷᠪᠠ᠂ ᠬᠠᠮᠢᠶᠠᠷᠤᠯᠳᠠ ᠵᠢᠨ ᠲᠤᠮᠳᠠ ᠬᠦᠴᠢᠷᠳᠡᠯ᠎ᠲᠠᠢ ᠰᠤᠷᠤᠭᠴᠢ ᠵᠢ ᠬᠦᠮᠦᠵᠢᠭᠦᠯᠬᠦ᠎ᠪᠠᠷ ᠰᠢᠪᠲᠤᠯᠤᠯᠳᠠ ᠵᠢᠨ ᠴᠡᠭ ᠵᠶ᠋ᠠᠨ ᠪᠤᠯᠭ᠋ᠠᠨ᠎ᠠ᠃
      ᠵᠠᠷᠢᠮ ᠰᠤᠷᠤᠭᠴᠢ ᠵᠢᠨ ᠬᠢᠨᠢ ᠭᠡᠷ᠎ᠤᠨ ᠠᠮᠢᠳᠤᠷᠠᠯ᠎ᠤᠨ ᠨᠦᠬᠦᠴᠡᠯ ᠰᠠᠶ᠋ᠢᠨ᠂ ᠠ᠋ᠭᠦᠨ᠎ᠤ ᠬᠠᠮᠳᠤ ᠭᠡᠷ᠎ᠤᠨ ᠬᠦᠮᠦᠵᠢᠯ ᠲᠤᠳᠠᠮᠠᠭ᠎ᠠᠴᠠ ᠪᠤᠯᠵᠦ᠂ ᠰᠤᠷᠤᠯᠭ᠎ᠠ᠎ᠳᠤ᠎ᠪᠠᠨ ᠴᠢᠷᠮᠠᠶ᠋ᠢᠬᠤ ᠦᠭᠡᠢ᠎ᠪᠠᠷ ᠪᠠᠷᠠᠭ᠍ᠤ ᠦᠭᠡᠢ ᠶᠤᠰᠤ ᠮᠤᠷᠠᠯ ᠵᠶ᠋ᠠᠷ ᠪᠠᠰᠠ ᠠᠨᠠᠢ ᠪᠠᠶ᠋ᠢᠵᠤ᠂ ᠠᠩᠬᠢ ᠵᠢᠨ ᠠ᠋ᠳᠦᠷ ᠲᠤᠲᠤᠮ᠎ᠤᠨ ᠠ᠋ᠮᠬᠢ ᠲᠢᠭᠯᠢᠮ᠎ᠢ ᠡᠪᠳᠡᠳᠡᠭ᠎ᠨᠢ ᠬᠠᠮᠤᠭ᠎ᠤᠨ ᠲᠤᠯᠤᠭ᠋ᠠᠢ ᠵᠢ ᠡᠪᠡᠳᠭᠡᠳᠡᠭ ᠤᠴᠢᠷ ᠪᠤᠯᠤᠨ᠎ᠠ᠃ ᠠ᠋ᠨᠡ ᠠᠰᠠᠭᠤᠳᠠᠯ᠎ᠢ ᠬᠦᠩᠭᠡᠪᠴᠢᠯᠡᠵᠦ ᠪᠤᠯᠬᠤ ᠦᠭᠡᠢ᠂ ᠠᠩᠬᠢ ᠵᠢᠨ ᠪᠤᠳᠠᠳᠠᠢ ᠪᠠᠶ᠋ᠢᠳᠠᠯ ᠵᠶ᠋ᠠᠨ ᠦᠨᠳᠦᠰᠦᠯᠡᠵᠦ᠂ ᠤᠨᠴᠠᠯᠢᠭ᠎ᠲᠤ᠎ᠨᠢ ᠲᠤᠬᠢᠷᠠᠭᠤᠯᠵᠦ᠂ ᠰᠤᠷᠤᠭᠴᠢ ᠵᠢ ᠬᠦᠮᠦᠵᠢᠬᠦᠯᠬᠦ ᠠᠵᠢᠯ᠎ᠤᠨ ᠰᠢᠪᠲᠤᠯᠤᠯᠳᠠ ᠵᠢᠨ ᠴᠡᠭ᠎ᠢ ᠠ᠋ᠷᠢᠨ ᠤᠯᠪᠠᠯ᠂ ᠬᠠᠷᠠᠯᠳᠠ᠎ᠲᠠᠢ᠎ᠪᠠᠷ ᠠᠩᠬᠢ ᠵᠢᠨ ᠬᠠᠮᠢᠶᠠᠷᠤᠯᠳᠠ ᠪᠠ ᠬᠦᠮᠦᠨ᠎ᠢ ᠬᠦᠮᠦᠵᠢᠬᠦᠯᠬᠦ ᠠᠵᠢᠯ ᠵᠶ᠋ᠠᠨ ᠶᠠᠪᠤᠭᠳᠠᠭᠤᠯᠵᠦ᠂ ᠪᠦᠬᠦ ᠲᠠᠯ᠎ᠠ᠎ᠪᠠᠷ ᠬᠦᠮᠦᠨ᠎ᠢ ᠬᠦᠮᠦᠵᠢᠬᠦᠯᠬᠦ ᠵᠤᠷᠢᠯᠭ᠎ᠠ᠎ᠳᠤ᠎ᠪᠠᠨ ᠬᠦᠷᠦᠨ᠎ᠡ᠃ ᠠᠩᠬᠢ ᠵᠢᠨ ᠬᠤᠷᠠᠯ᠎ᠤᠨ ᠴᠠᠭ᠎ᠢ ᠠᠰᠢᠭᠯᠠᠵᠦ ᠰᠤᠷᠤᠭᠴᠢᠳ᠎ᠲᠤ ᠦᠵᠡᠯ ᠰᠠᠨᠠᠭ᠋ᠠᠨ᠎ᠤ ᠬᠦᠮᠦᠵᠢᠯ ᠬᠢᠵᠦ᠂ ᠰᠤᠷᠤᠭᠴᠢᠳ᠎ᠲᠤ ᠰᠤᠷᠤᠯᠴᠠᠯᠭ᠎ᠠ ᠵᠢᠨ ᠴᠢᠬᠤᠯᠠ ᠴᠢᠨᠠᠷ᠎ᠢ ᠮᠡᠳᠡᠭᠦᠯᠵᠦ᠂ ᠨᠠᠮ᠎ᠠ ᠵᠢ ᠰᠤᠷᠭ᠋ᠠᠬᠤ ᠪᠠ ᠪᠢ ᠰᠤᠷᠬᠤ ᠵᠢᠨ ᠢᠯᠭ᠋ᠠᠭ᠎ᠠ ᠵᠢ ᠲᠠᠨᠢᠵᠦ᠂ ᠰᠤᠷᠤᠯᠴᠠᠯᠭ᠎ᠠ ᠵᠢᠨ ᠢᠳᠡᠪᠬᠢ ᠴᠢᠨᠠᠷ᠎ᠢ ᠲᠡᠭᠡᠭᠰᠢᠯᠡᠭᠦᠯᠦᠨ᠎ᠡ᠃ ᠰᠤᠷᠤᠯᠴᠠᠯᠭ᠎ᠠ ᠵᠢᠨ ᠢᠳᠡᠪᠬᠢ ᠴᠢᠨᠠᠷ᠎ᠤᠨ ᠲᠡᠭᠡᠭᠰᠢᠯᠡᠯᠳᠡ᠎ᠨᠢ ᠠᠩᠬᠢ ᠵᠢᠨ ᠬᠠᠮᠢᠶᠠᠷᠤᠯᠳᠠ ᠵᠢᠨ ᠠᠵᠢᠯ᠎ᠤᠨ ᠬᠦᠳᠡᠯᠭᠡᠬᠦ ᠬᠦᠴᠦᠨ ᠶᠣᠮ᠃ ᠠᠩᠬᠢ ᠵᠢᠨ ᠬᠠᠮᠢᠶᠠᠷᠤᠯᠳᠠ ᠵᠢᠨ ᠠᠵᠢᠯ᠎ᠤᠨ ᠠᠷᠭ᠎ᠠ ᠬᠡᠯᠪᠡᠷᠢ᠎ᠨᠢ ᠬᠤᠪᠢᠷᠠᠰᠢ ᠦᠭᠡᠢ ᠪᠢᠰᠢ᠂ ᠬᠠᠷᠢᠨ ᠤᠯᠠᠨ ᠵᠦᠢ᠍ᠯ᠎ᠤᠨ ᠪᠠᠶ᠋ᠢᠳᠠᠭ᠃ ᠠᠩᠬᠢ ᠵᠢᠨ ᠬᠠᠮᠢᠶᠠᠷᠤᠯᠳᠠ ᠵᠢᠨ ᠠᠵᠢᠯ᠎ᠤᠨ ᠲᠤᠮᠳᠠ᠂ ᠰᠤᠷᠤᠭᠴᠢᠳ᠎ᠤᠨ ᠤᠨᠴᠠᠯᠢᠭ᠎ᠲᠤ᠎ᠨᠢ ᠲᠤᠬᠢᠷᠠᠭᠤᠯᠵᠤ᠂ ᠬᠠᠮᠢᠶᠠᠷᠤᠯᠳᠠ ᠵᠢᠨ ᠠᠷᠭ᠎ᠠ ᠠᠪᠴᠠᠯ ᠵᠶ᠋ᠠᠨ ᠠᠮᠢᠳᠤᠯᠢᠭ ᠪᠠᠶ᠋ᠢᠯᠭ᠋ᠠᠵᠤ᠂ ᠶᠠᠮᠠᠷ ᠬᠦᠴᠢᠷ ᠲᠤᠯᠭ᠋ᠠᠷᠠᠭᠰᠠᠨ ᠴᠦ᠍᠂ ᠠᠵᠢᠯ᠎ᠳᠤ᠎ᠪᠠᠨ ᠬᠠᠷᠢᠭᠤᠴᠠᠭ᠍ᠤ ᠰᠡᠳᠬᠢᠯ᠎ᠢ   ᠪᠠᠷᠢᠵᠦ᠂ ᠦᠨᠡᠨ ᠰᠡᠳᠬᠢᠯ ᠵᠶ᠋ᠠᠷ ᠵᠶ᠋ᠠᠨ ᠰᠤᠷᠤᠭᠴᠢᠳ᠎ᠲᠠᠢ ᠬᠠᠷᠢᠯᠴᠠᠪᠠᠯ ᠯᠠᠪᠳᠠᠢ ᠰᠠᠶ᠋ᠢᠨ ᠰᠠᠶ᠋ᠢᠬᠠᠨ ᠦᠷ᠎ᠡ ᠪᠦᠳᠤᠮᠵᠢ᠎ᠲᠠᠢ ᠪᠤᠯᠬᠤ ᠶᠣᠮ᠃

          ᠬᠠᠶᠢᠬ᠄ ᠬᠣᠷᠴᠢᠨ ᠵᠡᠭᠦᠨ ᠭᠠᠷᠤᠨ ᠬᠤᠢ᠍ᠢ᠍ᠳᠤ ᠬᠣᠰᠢᠭᠤᠨ᠎ᠤ ᠮᠣᠩᠭᠤᠯ ᠦᠨᠳᠦᠰᠦᠳᠡᠨ᠎ᠤ
                  ᠲᠤᠷᠰᠢᠯᠳᠠ ᠵᠢᠨ ᠠᠩᠬ᠎ᠠ ᠵᠡᠷᠭᠡ ᠵᠢᠨ ᠲᠤᠮᠳᠠᠳᠤ ᠰᠤᠷᠭ᠋ᠠᠭᠤᠯᠢ
                                      (ᠲᠤ᠋ · ᠦᠯᠵᠡᠢ᠍ᠢ᠍ᠰᠠᠩ ᠨᠠᠢ᠍ᠢ᠍ᠷᠠᠭᠤᠯᠪᠠ)

                                    2019 ᠣᠨ᠎ᠤ 4 ᠳ᠋ᠤᠭ᠋ᠠᠷ ᠬᠤᠭᠤᠴᠠᠭ᠎ᠠ

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠬᠠᠶ᠋ᠢᠷ᠎ᠠ ᠪᠣᠯ ᠠᠩᠭᠢ ᠨᠢᠭᠡᠴᠢ ᠵᠢᠨ ᠠᠮᠢᠵᠢᠷᠠᠯ ᠬᠠᠷᠢᠭᠤᠴᠠᠯᠭ᠎ᠠ ᠪᠣᠯ ᠪᠠᠭᠰᠢ ᠬᠥᠮᠦᠨ᠎ᠤ ᠪᠠᠷᠢᠮᠳᠠᠯᠠᠯ
ᠠᠨᠭ᠌ᠬᠢ ᠵᠢᠨ ᠠ᠋ᠷᠬᠢᠯᠡᠭᠴᠢ ᠵᠢᠨ ᠠᠵᠢᠯ᠎ᠤᠨ ᠲᠤᠬᠠᠢ ᠮᠦᠴᠢᠳ ᠦᠭᠦᠯᠡᠭᠦ᠎ᠨᠢ
ᠠᠩᠭᠢ ᠵᠢᠨ ᠠ᠋ᠷᠬᠢᠯᠡᠭᠴᠢ ᠵᠢᠨ ᠠᠵᠢᠯ᠎ᠳᠤ᠎ᠬᠢ ᠰᠤᠷᠤᠭᠴᠢ ᠵᠢᠨ ᠬᠠᠮᠢᠶᠠᠷᠤᠯᠳᠠ ᠵᠢᠨ ᠠᠷᠭ᠎ᠠ ᠪᠠᠷᠢᠯ
ᠶᠠᠭ᠋ᠠᠬᠢᠪᠠᠯ ᠰᠠᠶᠢ ᠰᠤᠷᠤᠭᠴᠢᠳ᠎ᠤᠨ ᠲᠤᠳᠤᠨᠤ ᠬᠠᠨᠢ ᠪᠤᠯᠵᠤ ᠴᠢᠳᠠᠭ᠍ᠤ ᠪᠤᠢ
ᠨᠢᠭᠡᠨ ᠰᠠᠢ᠍ᠢ᠍ᠨ ᠠᠨᠭ᠌ᠬᠢ ᠵᠢᠨ ᠠ᠋ᠷᠬᠢᠯᠡᠭᠴᠢ ᠪᠤᠯᠬᠤ᠎ᠳᠤ
 
             蒙ICP备05000248号