ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠤᠷ᠎ᠤᠨ ᠲᠠᠪᠴᠠᠩ   -   ᠠᠩᠭᠢ᠎ᠶᠢᠨ ᠠᠵᠢᠯ
ᠶᠠᠭ᠋ᠠᠬᠢᠪᠠᠯ ᠰᠠᠶᠢ ᠰᠤᠷᠤᠭᠴᠢᠳ᠎ᠤᠨ ᠲᠤᠳᠤᠨᠤ ᠬᠠᠨᠢ ᠪᠤᠯᠵᠤ ᠴᠢᠳᠠᠭ᠍ᠤ ᠪᠤᠢ
ᠨᠡᠶ᠋ᠢᠲᠡᠯᠡᠭᠰᠡᠨ ᠴᠠᠭ᠄ 2020-04-10

                      ᠤᠶᠤᠨᠰᠠᠴᠡᠨ


      ᠨᠢᠭᠡ ᠪᠠᠭᠰᠢ ᠬᠦᠮᠤᠨ ᠶᠠᠭ᠋ᠠᠬᠢᠪᠠᠯ ᠰᠡᠶᠢ ᠰᠤᠷᠤᠭᠴᠢᠳ᠎ᠤᠨ ᠵᠢᠩᠭᠢᠨᠢ ᠲᠤᠳᠤᠨᠤ ᠬᠠᠨᠢ ᠪᠤᠯᠵᠤ ᠴᠢᠳᠠᠭ᠍ᠤ   ᠪᠤᠢ? ᠠ᠋ᠨᠡ ᠪᠤᠯ ᠪᠠᠭᠰᠢ ᠪᠤᠯᠤᠭᠰᠠᠳ᠎ᠤᠨ ᠦᠪᠡᠷ᠎ᠤᠨ ᠪᠡᠶ᠎ᠡ᠎ᠪᠠᠨ ᠦᠨᠡᠯᠡᠭᠦ ᠪᠠᠷᠢᠮᠵᠢᠶ᠎ᠠ ᠪᠤᠯᠤᠨ ᠠ᠋ᠬᠦᠷᠭᠡ ᠬᠠᠷᠢᠭᠤᠴᠠᠯᠭ᠎ᠠ ᠪᠤᠯᠤᠨ᠎ᠠ᠃ ᠪᠠᠭᠰᠢ ᠪᠤᠯᠤᠭᠰᠠᠳ ᠬᠢᠴᠢᠶᠡᠯ᠎ᠤᠨ ᠲᠠᠶ᠋ᠢᠰᠠᠨ᠎ᠳᠤ ᠭᠠᠷᠤᠭᠰᠠᠨ ᠲᠡᠷᠡ ᠴᠠᠭ᠎ᠠᠴᠠ ᠠ᠋ᠬᠢᠯᠡᠨ ᠲᠡᠶ᠋ᠢᠰᠠᠨ᠎ᠠᠴᠠ ᠪᠠᠭᠤᠬᠤ ᠦᠶ᠎ᠡ ᠭᠦᠷᠳᠡᠯ᠎ᠡ ᠰᠤᠷᠤᠭᠴᠢᠳ᠎ᠤᠨ ᠵᠶ᠋ᠠᠨ ᠲᠤᠳᠤᠨᠤ ᠬᠠᠨᠢ ᠨᠠᠶ᠋ᠢᠵᠠ᠎ᠨᠢ ᠪᠤᠯᠵᠤ᠂ ᠦᠭᠡᠷ᠎ᠡ ᠪᠤᠰᠤᠳ᠎ᠤᠨ ᠭᠡᠤᠭᠡᠳ᠎ᠢ ᠦᠪᠡᠷ᠎ᠤᠨ ᠦᠷ᠎ᠡ᠎ᠲᠠᠢ᠎ᠪᠠᠨ ᠠᠳᠠᠯᠢ ᠬᠠᠶ᠋ᠢᠷᠠᠯᠠᠨ ᠬᠠᠯᠠᠮᠵᠢᠯᠠᠵᠤ ᠰᠤᠷᠭ᠋ᠠᠨ ᠭᠦᠮᠦᠵᠢᠭᠦᠯᠳᠡᠭ᠃ ᠭᠡᠪᠡᠴᠤ ᠰᠤᠷᠤᠭᠴᠢᠳ᠎ᠤᠨ ᠵᠢᠩᠭᠢᠨᠢ ᠲᠤᠳᠤᠨᠤ ᠬᠠᠨᠢ ᠪᠤᠯᠬᠤ ᠶᠠᠪᠤᠳᠠᠯ ᠲᠠᠶ᠋ᠢᠮᠤ ᠬᠢᠯᠪᠠᠷ ᠶᠠᠪᠤᠳᠠᠯ ᠪᠢᠰᠢ ᠪᠤᠯᠬᠤᠷ ᠤᠯᠠᠩᠭᠢ ᠪᠠᠭᠰᠢ ᠨᠠᠷ ᠠ᠋ᠨᠡ ᠭᠦ᠌ ᠲᠠᠯ᠎ᠠ᠎ᠪᠠᠷ ᠲᠡᠶ᠋ᠢᠮᠤ ᠰᠡᠶ᠋ᠢᠨ ᠠᠮᠵᠢᠯᠳᠠ ᠤᠯᠵᠤ ᠴᠢᠳᠠᠳᠠᠭ ᠦᠭᠡᠢ᠃ ᠠ᠋ᠬᠦᠨ᠎ᠤ ᠭᠤᠤᠯ ᠰᠢᠯᠳᠠᠭ᠋ᠠᠨ ᠪᠤᠯ ᠭᠡᠤᠭᠡᠳ᠎ᠤᠨ ᠠᠳᠠᠯᠢ ᠪᠤᠰᠤ ᠵᠠᠩ ᠠᠷᠠᠨᠰᠢᠨ ᠵᠡᠷᠭᠡ ᠭᠠᠳᠠᠭ᠋ᠠᠳᠤ ᠤᠷᠴᠢᠨ᠎ᠤ ᠰᠢᠯᠳᠠᠭ᠋ᠠᠨ ᠪᠡᠶ᠋ᠢᠬᠤ᠎ᠠᠴᠠ ᠭᠠᠳᠠᠨ᠎ᠠ ᠬᠠᠮᠤᠭ᠎ᠤᠨ ᠦᠨᠳᠤᠰᠤᠨ ᠠᠰᠠᠭᠤᠳᠠᠯ ᠪᠤᠯ ᠪᠠᠭᠰᠢ ᠵᠢᠨ ᠲᠤᠰ ᠪᠡᠶ᠎ᠡ᠎ᠳᠤ ᠪᠤᠢ᠃ ᠲᠠᠷᠤᠢ ᠨᠢᠭᠡ ᠪᠠᠭᠰᠢ ᠬᠦᠮᠤᠨ᠎ᠤ ᠭᠡᠪ ᠪᠤᠯᠪᠠᠰᠤᠷᠠᠯ᠎ᠤᠨ ᠬᠢᠷᠢ ᠲᠦᠪᠰᠢᠨ ᠬᠢᠷᠢ ᠵᠡᠷᠭᠡ ᠪᠡᠶ᠋ᠢᠬᠤ᠎ᠳᠤ ᠪᠤᠢ᠃ ᠠ᠋ᠨᠡᠬᠦ ᠭᠡᠪ ᠪᠤᠯᠪᠠᠰᠤᠷᠠᠯ ᠪᠤᠯ ᠮᠢᠨᠦ ᠦᠵᠡᠭᠦ᠎ᠪᠠᠷ 《ᠬᠠᠶ᠋ᠢᠷ᠎ᠠ᠂ ᠮᠡᠳᠡᠯᠭᠡ᠂ ᠤᠷ᠎ᠠ ᠲᠡᠮ》 ᠮᠦᠨ᠃
      ᠨᠢᠭᠡ᠂ ᠤᠷᠬᠢᠯᠤᠮ᠎ᠠ ᠬᠠᠯᠠᠭᠤᠨ ᠬᠠᠶ᠋ᠢᠷ᠎ᠠ ᠵᠢᠨ ᠠ᠋ᠬᠢ ᠪᠤᠯᠠᠭ᠎ᠲᠠᠢ ᠪᠡᠶ᠋ᠢᠬᠤ ᠭᠡᠷᠡᠭᠳᠡᠢ
    《ᠬᠠᠶ᠋ᠢᠷ᠎ᠠ ᠦᠭᠡᠢ ᠪᠤᠯ ᠰᠤᠷᠭ᠋ᠠᠨ ᠬᠦᠮᠤᠵᠢᠯ ᠪᠡᠶ᠋ᠢᠵᠤ ᠴᠢᠳᠠᠭ᠍ᠤ ᠦᠭᠡᠢ᠂ ᠬᠠᠶ᠋ᠢᠷ᠎ᠠ ᠪᠤᠯ ᠰᠤᠷᠤᠭᠴᠢᠳ᠎ᠢ ᠰᠤᠷᠭ᠋ᠠᠨ ᠬᠦᠮᠤᠵᠢᠬᠦᠯᠬᠦ ᠨᠢᠭᠤᠴᠠ ᠤᠪᠠᠳᠢᠰ ᠮᠦᠨ》 ᠭᠡᠵᠤ ᠰᠤᠷᠭ᠋ᠠᠨ ᠬᠦᠮᠤᠵᠢᠬᠦᠯᠬᠦ ᠤᠬᠠᠭ᠋ᠠᠨᠳᠠᠨ ᠤᠨᠤᠪᠴᠢᠳᠡᠢ ᠰᠡᠶ᠋ᠢᠬᠠᠨ ᠵᠢᠭ᠋ᠠᠵᠤ ᠭᠠᠷᠭ᠋ᠠᠭᠰᠨᠨ ᠪᠢᠯᠡ᠃ ᠨᠢᠭᠡᠨ ᠪᠠᠭᠰᠢ ᠭᠦᠮᠦᠨ ᠶᠠᠭᠤᠨ᠎ᠤ ᠠ᠋ᠮᠤᠨ᠎ᠡ ᠤᠷᠬᠢᠯᠤᠮ᠎ᠠ ᠬᠠᠯᠠᠭᠤᠨ ᠬᠠᠶ᠋ᠢᠷ᠎ᠡ ᠰᠡᠳᠬᠢᠯᠭᠡ᠂ ᠭᠡᠬᠦᠳᠡᠭ ᠲᠦᠬᠦᠷᠡᠩ ᠢᠳᠡᠭᠡᠯ ᠵᠤᠷᠢᠭ ᠵᠶ᠋ᠠᠷ ᠰᠤᠷᠤᠭᠴᠢᠳ ᠵᠶ᠋ᠠᠨ ᠬᠠᠶ᠋ᠢᠷᠠᠯᠠᠨ ᠬᠠᠷᠠᠭ᠋ᠠᠯᠵᠠᠵᠤ᠂ ᠰᠤᠷᠭ᠋ᠠᠨ ᠬᠦᠮᠦᠵᠢᠭᠦᠯᠭᠦ ᠶᠤᠰᠤᠳᠡᠢ᠃ ᠨᠡᠩ ᠢᠯᠠᠩᠭᠤᠶ᠎ᠠ ᠨᠢᠭᠡᠨ ᠵᠠᠯᠠᠭᠤ ᠪᠠᠭᠰᠢ᠎ᠳᠤ ᠠᠪᠴᠤ ᠭᠡᠯᠡᠪᠠᠯ ᠰᠤᠷᠤᠭᠴᠢᠳ ᠵᠶ᠋ᠠᠨ ᠬᠠᠶ᠋ᠢᠷᠠᠯᠠᠭ᠍ᠤ ᠤᠷᠬᠢᠯᠤᠮ᠎ᠠ ᠬᠠᠯᠠᠭᠤᠨ ᠰᠡᠳᠬᠢᠯᠭᠡ ᠪᠡᠶ᠋ᠢᠬᠤ ᠠ᠋ᠰᠡᠭᠦ᠎ᠨᠢ ᠵᠢᠭ᠋ᠠᠨ ᠰᠤᠷᠭ᠋ᠠᠯᠳᠠ ᠵᠢᠨ ᠠᠯᠢᠪᠠ ᠠᠵᠢᠯ᠎ᠢ ᠭᠠᠷᠳᠠᠨ ᠬᠢᠬᠦ ᠵᠢᠨ ᠠ᠋ᠭᠦᠰᠤᠯᠳᠠ ᠵᠢᠨ ᠴᠡᠭ ᠪᠤᠯᠬᠤ ᠶᠤᠮ᠃ ᠪᠠᠭᠰᠢ᠎ᠨᠢ ᠰᠤᠷᠤᠭᠴᠢᠳ ᠵᠶ᠋ᠠᠨ ᠬᠠᠯᠠᠮᠵᠢᠯᠠᠨ ᠬᠠᠶ᠋ᠢᠷᠠᠯᠠᠵᠤ᠂ ᠰᠤᠷᠤᠭᠴᠢᠳ ᠵᠶ᠋ᠠᠨ ᠢᠳᠡᠭᠡᠨ ᠬᠦᠨᠳᠤᠳᠭᠡᠪᠡᠯ ᠲᠡᠳᠡ ᠰᠠᠶᠢ ᠪᠠᠭᠰᠢ᠎ᠪᠠᠨ ᠨᠡᠩ   ᠢᠳᠡᠭᠡᠨ᠂ ᠦᠨᠡᠨ ᠰᠡᠳᠬᠢᠯ᠎ᠠᠴᠠ᠎ᠪᠠᠨ ᠪᠢᠰᠢᠷᠠᠨ ᠬᠦᠨᠳᠤᠳᠭᠡᠬᠦ ᠶᠤᠮ᠃
      ᠪᠠᠭᠰᠢ᠎ᠠᠴᠠ ᠵᠢᠭ᠋ᠠᠨ ᠰᠤᠷᠭ᠋ᠠᠬᠤ ᠠᠵᠢᠯ᠎ᠤᠨ ᠲᠤᠮᠳᠠ᠎ᠪᠠᠨ ᠰᠤᠷᠤᠭᠴᠢᠳ ᠵᠶ᠋ᠠᠨ ᠬᠠᠶ᠋ᠢᠷᠠᠯᠠᠭ᠍ᠤ ᠪᠠ ᠴᠢᠩᠭ᠎ᠠ ᠱᠠᠭ᠋ᠠᠷᠳᠠᠭ᠍ᠤ ᠵᠢ ᠨᠢᠬᠳᠠ ᠤᠶᠠᠯᠳᠤᠭᠤᠯᠬᠤ ᠪᠤᠯ ᠮᠦᠨ ᠴᠤ᠌ ᠪᠠᠭᠰᠢ ᠬᠦᠮᠤᠨ᠎ᠤ ᠵᠠᠪᠠᠯ ᠵᠢᠷᠤᠮᠯᠠᠨ ᠬᠦᠢ᠍ᠴᠡᠳᠭᠡᠬᠦ ᠵᠦᠢ᠍ᠯ ᠮᠦᠨ᠃ ᠠ᠋ᠨᠡᠬᠦ ᠰᠤᠷᠭ᠋ᠠᠨ ᠬᠦᠮᠤᠵᠢᠯ᠎ᠨᠢ ᠬᠠᠯᠠᠭᠤᠨ ᠬᠠᠶ᠋ᠢᠷ᠎ᠠ᠂ ᠴᠢᠩᠭ᠎ᠠ ᠱᠠᠭ᠋ᠠᠷᠳᠠᠯᠭ᠎ᠠ᠎ᠠᠴᠠ ᠰᠠᠯᠵᠤ ᠴᠢᠳᠠᠭ᠍ᠤ ᠦᠭᠡᠢ ᠪᠡᠶ᠋ᠢᠳᠠᠭ ᠵᠶ᠋ᠠᠷ ᠪᠠᠭᠰᠢ ᠪᠤᠯᠤᠭᠰᠠᠳ ᠠ᠋ᠷᠭᠡᠪᠰᠢ ᠬᠦᠨ ᠵᠤᠵᠠᠭ᠋ᠠᠨ ᠬᠠᠶ᠋ᠢᠷ᠎ᠠ ᠰᠡᠳᠬᠢᠯᠭᠡ᠎ᠪᠠᠷ ᠰᠤᠷᠤᠭᠴᠢᠳ᠎ᠲᠤ᠎ᠪᠠᠨ ᠬᠠᠨᠳᠤᠵᠤ᠂ ᠲᠡᠳᠡᠨ᠎ᠤ ᠪᠦᠬᠦ ᠲᠠᠯ᠎ᠠ᠎ᠪᠠᠷ ᠦᠰᠤᠨ ᠪᠦᠢ᠍ᠵᠢᠬᠤ ᠵᠢ ᠠᠩᠬᠠᠷᠴᠤ᠂ ᠰᠤᠶᠤᠯ ᠮᠡᠳᠡᠯᠭᠡ᠎ᠲᠠᠢ᠂ ᠶᠤᠰᠤ ᠰᠤᠷᠳᠠᠭ᠍ᠤᠨ᠎ᠲᠠᠢ᠂ ᠠ᠋ᠷᠡᠬᠦᠯ ᠴᠢᠬᠢᠷᠠᠭ ᠪᠡᠶ᠎ᠡ ᠰᠡᠳᠬᠢᠴᠡ᠎ᠲᠠᠢ᠂ ᠨᠡᠶ᠋ᠢᠭᠡᠮ ᠨᠡᠶ᠋ᠢᠳᠠ᠎ᠳᠤ ᠬᠠᠶ᠋ᠢᠷ᠎ᠠ᠎ᠲᠠᠢ ᠴᠠᠭ ᠦᠶ᠎ᠡ᠎ᠳᠤ ᠲᠤᠬᠢᠷᠠᠭᠰᠠᠨ ᠴᠢᠳᠠᠪᠤᠷᠢᠳᠠᠨ᠎ᠢ ᠬᠦᠮᠤᠵᠢᠬᠦᠯᠤᠨ ᠭᠠᠷᠭ᠋ᠠᠬᠤ᠎ᠳᠤ ᠪᠦᠬᠦ ᠤᠶᠤᠨ ᠰᠠᠨᠠᠭ᠎ᠠ᠂ ᠬᠦᠴᠤᠨ ᠴᠢᠳᠠᠯ ᠵᠶ᠋ᠠᠨ ᠵᠤᠷᠢᠭᠤᠯᠬᠤ ᠭᠡᠷᠡᠭᠳᠡᠢ᠃
      ᠪᠠᠭᠰᠢ ᠬᠦᠮᠤᠨ ᠰᠤᠷᠤᠭᠴᠢᠳ᠎ᠤᠨ ᠲᠤᠳᠤᠨᠤ ᠬᠠᠨᠢ ᠪᠤᠯᠬᠤ᠎ᠳᠤ ᠤᠷᠢᠳ ᠵᠶ᠋ᠠᠷ ᠰᠤᠷᠤᠭᠴᠢᠳ᠎ᠤᠨ ᠪᠡᠶ᠋ᠢᠳᠠᠯ᠎ᠢ ᠠ᠋ᠷᠭᠡᠪᠰᠢ ᠨᠠᠷᠢᠨ ᠲᠤᠳᠤᠷᠬᠠᠢ ᠦᠢ᠍ᠯᠠᠭ᠋ᠠᠬᠤ ᠭᠡᠷᠡᠭᠳᠡᠢ᠃ ᠰᠤᠷᠤᠭᠴᠢ ᠵᠢᠨ ᠪᠡᠶ᠋ᠢᠳᠠᠯ᠎ᠢ ᠦᠢ᠍ᠯᠠᠭ᠋ᠠᠬᠤ᠎ᠳᠤ᠎ᠪᠠᠨ ᠪᠦᠭᠦᠨ᠎ᠢ ᠦᠪᠡᠷ᠎ᠤᠨ ᠨᠢᠳᠤ᠎ᠪᠠᠷ ᠵᠶ᠋ᠠᠨ ᠦᠵᠡᠵᠤ᠂ ᠴᠢᠬᠢ᠎ᠪᠠᠷ ᠵᠶ᠋ᠠᠨ ᠰᠤᠨᠤᠰᠴᠤ ᠪᠡᠶ᠋ᠢᠭ᠋ᠠᠳ ᠬᠦᠢ᠍ᠴᠡᠳᠭᠡᠬᠦ ᠭᠡᠭᠴᠢ ᠪᠡᠶᠡᠯᠡᠭᠳᠡᠰᠢ ᠦᠭᠡᠢ ᠭᠡᠷᠡᠭ ᠤᠴᠢᠷ᠎ᠠᠴᠠ ᠠᠩᠭᠢ ᠵᠢᠨ ᠠ᠋ᠷᠬᠢᠯᠡᠭᠴᠢ᠂ ᠭᠡᠷ᠎ᠤᠨ ᠠᠬᠠᠮᠠᠳ᠂ ᠬᠢᠴᠢᠶᠡᠯᠯᠡᠭᠴᠢ ᠪᠠᠭᠰᠢ ᠪᠠ ᠰᠤᠷᠤᠭᠴᠢᠳ᠎ᠲᠠᠢ ᠢᠯᠡᠬᠦᠤ ᠬᠠᠷᠢᠯᠴᠠᠭ᠍ᠤ᠎ᠪᠠᠷ ᠲᠠᠮᠵᠢᠭᠤᠯᠵᠤ᠂ ᠰᠤᠷᠤᠭᠴᠢᠳ᠎ᠤᠨ ᠪᠡᠶ᠋ᠢᠳᠠᠯ᠎ᠢ ᠨᠠᠷᠢᠨ ᠦᠢ᠍ᠯᠠᠭ᠋ᠠᠭᠰᠠᠨ ᠰᠠᠭᠤᠷᠢᠨ ᠲᠡᠭᠡᠷ᠎ᠡ ᠪᠦᠬᠦ ᠰᠤᠷᠤᠭᠴᠢᠳ᠎ᠢ ᠪᠦᠬᠦ ᠲᠡᠯ᠎ᠠ᠎ᠪᠠᠷ ᠬᠠᠷᠠᠭ᠋ᠠᠯᠵᠠᠵᠤ᠂ ᠵᠠᠷᠢᠮ ᠤᠨᠴᠠᠭ᠋ᠠᠢ ᠰᠤᠷᠤᠭᠴᠢᠳ᠎ᠤᠨ ᠤᠨᠴᠠᠯᠢᠭ᠎ᠢ᠎ᠨᠢ ᠠᠳᠬᠤᠵᠤ᠂ 《ᠡᠪᠡᠳᠴᠢᠨ᠎ᠳᠤ᠎ᠨᠢ ᠲᠤᠬᠢᠷᠠᠭᠤᠯᠵᠤ ᠡᠮ ᠦᠭᠬᠦ》 ᠠᠷᠭ᠎ᠠ ᠵᠢ ᠭᠡᠷᠡᠭᠯᠡᠪᠠᠯ ᠦᠷ᠎ᠡ ᠪᠦᠳᠤᠮᠵᠢ ᠦᠨᠳᠤᠷ ᠮᠦᠷᠳᠡᠭᠡᠨ ᠰᠤᠷᠤᠭᠴᠢᠳ᠎ᠤᠨ ᠢᠳᠡᠭᠡᠯ ᠬᠦᠨᠳᠤᠳᠭᠡᠯ᠎ᠢ ᠤᠯᠵᠤ ᠰᠤᠷᠤᠭᠴᠢᠳ᠎ᠤᠨ ᠢᠳᠡᠭᠡᠯ ᠨᠡᠶ᠋ᠢᠳᠠᠪᠤᠷᠢᠳᠡᠢ ᠰᠡᠳᠬᠢᠯ᠎ᠤᠨ ᠬᠦᠮᠤᠨ᠎ᠨᠢ ᠪᠤᠯᠵᠤ ᠴᠢᠳᠠᠭ᠍ᠤ ᠶᠤᠮ᠃
      ᠬᠤᠶᠡᠷ᠂ ᠦᠷᠭᠡᠨ ᠲᠡᠯᠭᠡᠷ ᠮᠡᠳᠡᠯᠭᠡ ᠴᠢᠳᠠᠪᠤᠷᠢ᠎ᠲᠠᠢ ᠪᠡᠶ᠋ᠢᠬᠤ ᠭᠡᠷᠡᠭᠳᠡᠢ
      ᠪᠠᠭᠰᠢ ᠬᠦᠮᠤᠨ ᠶᠠᠭᠤᠨ᠎ᠤ ᠠ᠋ᠮᠤᠨ᠎ᠠ ᠦᠷᠭᠡᠨ ᠲᠡᠯᠭᠡᠷ ᠠ᠋ᠷᠳᠡᠮ ᠮᠡᠳᠡᠯᠭᠡ᠎ᠲᠠᠢ ᠪᠡᠶ᠋ᠢᠮᠠᠨᠵᠢᠨ ᠰᠠᠶᠢ ᠬᠦᠮᠤᠨ ᠲᠦᠷᠤᠯᠬᠢᠳᠡᠨ᠎ᠤ ᠤᠶᠤᠨ᠎ᠤ ᠢᠠᠵᠸᠨ᠋ᠸᠷ᠎ᠤᠨ ᠲᠠᠷᠬᠠᠨ ᠠ᠋ᠭᠦᠷᠭᠡ᠎ᠪᠠᠨ ᠬᠦᠢ᠍ᠴᠡᠳᠭᠡᠵᠤ ᠴᠢᠳᠠᠭ᠍ᠤ ᠶᠤᠮ᠃ ᠪᠠᠭᠰᠢ ᠵᠢᠨ ᠠ᠋ᠬᠦᠷᠭᠡ ᠬᠠᠷᠢᠭᠤᠴᠠᠯᠭ᠎ᠠ ᠪᠤᠯ 《ᠬᠦᠮᠤᠨ》᠎ᠢ ᠬᠦᠮᠤᠵᠢᠬᠦᠯᠵᠤ᠂ ᠤᠶᠤᠨ ᠰᠠᠨᠠᠭ᠎ᠠ ᠵᠢ᠎ᠨᠢ ᠰᠢᠭᠤᠳ ᠪᠦᠳᠤᠭᠡᠬᠦ᠎ᠳᠤ ᠪᠠᠶ᠋ᠢᠭ᠎ᠠ ᠶᠤᠮ᠃ ᠪᠠᠭᠰᠢ ᠪᠤᠯᠤᠭᠰᠠᠳ ᠵᠢᠭ᠋ᠠᠨ ᠰᠤᠷᠭ᠋ᠠᠬᠤ ᠶᠠᠪᠤᠴᠠ᠎ᠳᠤ᠎ᠪᠠᠨ ᠵᠦᠪᠭᠡᠨ ᠬᠢᠴᠢᠶᠡᠯ᠎ᠤᠨ ᠪᠢᠴᠢᠭ᠎ᠢ ᠵᠢᠭ᠋ᠠᠵᠤ ᠰᠤᠷᠭ᠋ᠠᠬᠤ ᠲᠡᠳᠤᠢ ᠯᠠ ᠪᠢᠰᠢ ᠬᠠᠷᠢᠨ ᠰᠤᠷᠤᠭᠴᠢᠳ᠎ᠤᠨ ᠤᠶᠤᠨ ᠰᠡᠳᠬᠢᠴᠡ ᠵᠢᠨ ᠬᠦᠭᠵᠢᠯᠳᠠ᠂ ᠴᠢᠳᠠᠪᠤᠷᠢ ᠵᠢᠨ ᠬᠦᠭᠵᠢᠯᠳᠠ᠂ ᠶᠡᠷᠳᠢᠨᠴᠤ ᠵᠢᠨ ᠦᠵᠡᠯᠳᠡ᠂ ᠠᠮᠢᠳᠤᠷᠠᠭ᠍ᠤᠢ ᠵᠢᠨ ᠦᠵᠡᠯᠳᠡ ᠵᠡᠷᠭᠡ ᠲᠠᠯ᠎ᠠ ᠵᠢᠨ ᠵᠦᠪ ᠦᠵᠡᠯᠳᠡ ᠵᠢ ᠵᠢᠯᠤᠭᠤᠳᠤᠨ ᠬᠦᠭᠵᠢᠬᠦᠯᠬᠦ ᠴᠢᠬᠤᠯᠠᠳᠡᠢ ᠲᠤᠯᠠ ᠨᠢᠭᠡ ᠪᠠᠭᠰᠢ ᠬᠦᠮᠤᠨ ᠦᠷᠭᠡᠨ ᠲᠡᠯᠭᠡᠷ ᠠ᠋ᠷᠳᠡᠮ ᠮᠡᠳᠡᠯᠭᠡ ᠪᠠ ᠠ᠋ᠯᠪᠡᠭ ᠪᠠᠶᠠᠯᠢᠭ ᠴᠢᠳᠠᠪᠤᠷᠢᠳᠡᠢ ᠪᠠᠶ᠋ᠢᠬᠤ ᠦᠭᠡᠢ ᠪᠤᠯᠬᠤ ᠦᠭᠡᠢ᠃
      ᠪᠠᠭᠰᠢ ᠬᠦᠮᠤᠨ ᠶᠠᠭᠤ ᠪᠦᠬᠦᠨ᠎ᠢ ᠮᠡᠳᠡᠵᠤ᠂ ᠶᠠᠭᠤ ᠪᠦᠬᠦᠨ᠎ᠢ ᠴᠢᠳᠠᠭᠴᠢ ᠪᠢᠰᠢ ᠪᠤᠯᠪᠠᠴᠤ ᠰᠤᠷᠤᠭᠴᠢᠳ᠎ᠤᠨ ᠠ᠋ᠮᠤᠨ᠎ᠠ ᠪᠠᠭᠰᠢ ᠬᠦᠮᠤᠨ ᠠ᠋ᠷᠭᠡᠪᠰᠢ ᠠ᠋ᠯᠪᠡᠭ ᠪᠠᠶᠠᠯᠢᠭ ᠠ᠋ᠷᠳᠡᠮ ᠮᠡᠳᠡᠯᠭᠡ ᠪᠠ ᠴᠢᠳᠠᠪᠤᠷᠢ᠎ᠲᠠᠢ᠂ ᠠ᠋ᠷᠭᠡᠮ ᠲᠡᠭᠡᠳᠤ ᠭᠡᠪ ᠪᠤᠯᠪᠠᠰᠤᠷᠠᠯ᠎ᠲᠠᠢ᠂ ᠠ᠋ᠨᠡᠷᠢᠯ᠎ᠤᠨ ᠶᠡᠭᠡ ᠬᠠᠶ᠋ᠢᠷ᠎ᠠ ᠬᠠᠯᠠᠮᠵᠢ᠎ᠲᠠᠢ ᠠ᠋ᠭᠡ ᠬᠦᠮᠤᠨ᠎ᠤ ᠲᠦᠷᠢ᠎ᠪᠠᠷ ᠢᠯᠡᠷᠡᠵᠤ᠂ ᠰᠤᠷᠤᠭᠴᠢᠳ᠎ᠤᠨ ᠵᠶ᠋ᠠᠨ ᠪᠢᠰᠢᠷᠡᠯ ᠬᠦᠨᠳᠤᠳᠭᠡᠯ᠎ᠢ ᠤᠯᠬᠤ ᠭᠡᠷᠡᠭᠳᠡᠢ᠃ ᠤᠴᠢᠷ᠎ᠨᠢ ᠢᠳᠡᠭᠡᠯ ᠬᠦᠨᠳᠤᠳᠭᠡᠯ ᠪᠠ ᠪᠢᠰᠢᠷᠡᠯ ᠪᠠᠭ᠍ᠠᠷᠬᠠᠯ ᠪᠤᠯ ᠨᠢᠭᠡ ᠤᠴᠢᠷ᠎ᠤᠨ ᠬᠤᠶᠠᠷ ᠲᠠᠯ᠎ᠠ ᠪᠢᠯᠡ᠃ ᠪᠢᠰᠢᠷᠡᠯ ᠪᠠᠭ᠍ᠠᠷᠬᠠᠯ᠎ᠠᠴᠠ ᠢᠳᠡᠭᠡᠯ ᠬᠦᠨᠳᠤᠳᠭᠡᠯ ᠲᠦᠷᠦᠭᠳᠡᠵᠤ᠂ ᠢᠳᠡᠭᠡᠯ ᠬᠦᠨᠳᠤᠳᠭᠡᠯ᠎ᠠᠴᠠ ᠪᠢᠰᠢᠷᠡᠯ ᠪᠠᠭ᠍ᠠᠷᠬᠠᠯ ᠪᠤᠢ ᠪᠤᠯᠳᠠᠭ᠎ᠠᠴᠠ ᠰᠤᠷᠤᠭᠴᠢᠳ᠎ᠤᠨ ᠵᠶ᠋ᠠᠨ ᠢᠳᠡᠭᠡᠯ ᠪᠢᠰᠢᠷᠡᠯ᠎ᠢ ᠤᠯᠬᠤ ᠲᠤᠳᠤᠮ ᠰᠤᠷᠤᠭᠴᠢᠳ ᠴᠢᠨᠢ ᠴᠢᠮ᠎ᠠ᠎ᠲᠠᠢ ᠤᠯᠠᠮ ᠦᠢ᠍ᠷᠠᠳᠴᠤ᠂ ᠦᠨᠠᠨ ᠬᠦ᠌ ᠪᠠᠭᠰᠢ ᠰᠤᠷᠤᠭᠴᠢᠳ ᠬᠠᠷᠢᠯᠴᠠᠨ ᠢᠳᠡᠭᠡᠯ ᠨᠡᠶ᠋ᠢᠳᠠᠪᠤᠷᠢ᠎ᠲᠠᠢ ᠪᠤᠯᠵᠤ᠂ ᠬᠠᠮᠳᠤ ᠵᠢᠨ ᠲᠤᠳᠤᠨᠤ ᠬᠠᠷᠢᠴᠠᠭ᠎ᠠ ᠵᠢ ᠪᠠᠢ᠍ᠢ᠍ᠭᠤᠯᠵᠤ ᠴᠢᠳᠠᠨ᠎ᠠ᠃ ᠪᠠᠭᠰᠢ ᠪᠤᠯᠤᠭᠰᠠᠳ ᠰᠤᠷᠤᠭᠴᠢᠳ᠎ᠤᠨ ᠠ᠋ᠮᠤᠨ᠎ᠠ 《ᠰᠢᠳᠢ ᠦᠵᠡᠬᠦᠯᠬᠦ ᠭᠡᠳ ᠰᠢᠪᠰᠢᠭ ᠦᠵᠡᠬᠦᠯᠬᠦ》᠎ᠠᠴᠠ ᠵᠠᠶ᠋ᠢᠯᠠᠰᠬᠢᠬᠦ ᠭᠡᠷᠡᠭᠳᠡᠢ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠲᠦᠷᠭᠡᠨ ᠬᠦᠭᠵᠢᠵᠤ ᠪᠠᠶ᠋ᠢᠭ᠎ᠠ ᠦᠨᠤᠳᠤᠷ ᠪᠠᠭᠰᠢ ᠵᠢᠨ ᠮᠡᠳᠡᠯᠭᠡ ᠵᠢᠨ ᠬᠠᠳᠠᠭ᠋ᠠᠯᠠᠮᠵᠢ᠎ᠨᠢ ᠰᠤᠷᠤᠭᠴᠢ ᠵᠢᠨ᠎ᠬᠢ᠎ᠠᠴᠠ ᠠᠷᠪᠢᠨ ᠪᠢᠰᠢ ᠪᠡᠶ᠋ᠢᠵᠤ ᠮᠡᠳᠡᠨ᠎ᠠ᠃ ᠰᠤᠷᠤᠭᠴᠢᠳ ᠠ᠋ᠳᠤᠷ ᠲᠤᠳᠤᠮ᠎ᠤᠨ ᠠᠮᠢᠳᠤᠷᠠᠯ ᠲᠤᠮᠳᠠ᠎ᠪᠠᠨ ᠰᠢᠨ᠎ᠡ ᠭᠡᠷᠡᠭ ᠪᠤᠳᠠᠰ᠎ᠯᠤᠭ᠎ᠠ ᠦᠢ᠍ᠷᠠᠳᠬᠤ ᠲᠤᠬᠢᠶᠠᠯ ᠲᠤᠩ ᠤᠯᠠᠨ ᠪᠡᠶ᠋ᠢᠵᠤ᠂ ᠪᠠᠭᠰᠢ ᠵᠢᠨ ᠮᠡᠳᠡᠬᠦ ᠦᠭᠡᠢ ᠶᠠᠭᠤᠮ᠎ᠠ ᠵᠢ ᠴᠤ᠌ ᠰᠤᠷᠴᠤ ᠠᠪᠳᠠᠭ᠃ ᠠ᠋ᠶ᠋ᠢᠮᠤ᠎ᠠᠴᠠ ᠪᠠᠭᠰᠢ ᠪᠤᠯᠤᠭᠰᠠᠳ ᠴᠠᠭ ᠦᠷᠬᠦᠯᠵᠢ ᠰᠤᠷᠤᠯᠴᠠᠯᠭ᠎ᠠ ᠬᠢᠵᠤ ᠦᠪᠡᠷ᠎ᠤᠨ   ᠮᠡᠳᠡᠯᠭᠡ᠂ ᠦᠵᠡᠯᠳᠡ ᠲᠠᠨᠢᠯᠳᠠ᠎ᠪᠠᠨ ᠰᠢᠨᠡᠳᠭᠡᠨ ᠲᠡᠭᠡᠭᠰᠢᠯᠡᠬᠦᠯᠬᠦ ᠦᠭᠡᠢ ᠪᠤᠯ ᠰᠤᠷᠭ᠋ᠠᠨ ᠬᠦᠮᠤᠵᠢᠯ᠎ᠤᠨ ᠬᠦᠭᠵᠢᠯᠳᠡ ᠱᠠᠭ᠋ᠠᠷᠳᠠᠯᠭ᠎ᠠ᠂ ᠭᠡᠷᠡᠭᠴᠡᠭᠡ᠎ᠠᠴᠠ ᠬᠤᠴᠤᠷᠴᠤ᠂ ᠪᠠᠭᠰᠢ ᠵᠢᠨ ᠭᠢᠷᠢ ᠭᠡᠮ ᠵᠶ᠋ᠠᠨ ᠴᠤ᠌ ᠠᠶᠠᠨᠳᠠᠭ᠋ᠠᠨ ᠠᠯᠳᠠᠭ᠍ᠤ᠎ᠳᠤ ᠬᠦᠷᠤᠨ᠎ᠡ᠃ ᠠ᠋ᠶ᠋ᠢᠮᠤ᠎ᠠᠴᠠ ᠪᠠᠭᠰᠢ ᠪᠤᠯᠤᠭᠰᠠᠳ ᠵᠠᠪᠠᠯ ᠲᠠᠰᠤᠷᠠᠯ ᠦᠭᠡᠢ ᠰᠤᠷᠤᠯᠴᠠᠬᠤ ᠭᠡᠷᠡᠭᠳᠠᠢ᠃
      ᠭᠤᠷᠪᠠ᠂ ᠪᠠᠭᠰᠢ ᠪᠤᠯᠤᠭᠰᠠᠳ ᠰᠤᠷᠤᠭᠴᠢᠳ᠎ᠤᠨ ᠲᠤᠳᠤᠨᠤ ᠬᠠᠨᠢ ᠪᠤᠯᠬᠤ᠎ᠳᠤ ᠤᠷᠠᠨ ᠠᠷᠭ᠎ᠠ ᠪᠠᠷᠢᠯ ᠪᠠᠶ᠋ᠢᠬᠤ ᠭᠡᠷᠡᠭᠳᠡᠢ
     《ᠭᠦᠴᠤ᠎ᠪᠠᠷ ᠵᠠᠭᠤᠨ ᠵᠢᠩ ᠠ᠋ᠷᠬᠦᠬᠦ᠎ᠳᠤ ᠠᠷᠭ᠎ᠠ᠎ᠪᠠᠷ ᠮᠢᠩᠭ᠋ᠠᠨ ᠵᠢᠩ ᠠ᠋ᠷᠬᠦᠨ᠎ᠠ》 ᠭᠡᠳᠡᠭᠴᠢᠯᠠᠨ ᠪᠠᠭᠰᠢ ᠬᠦᠮᠤᠨ ᠵᠦᠪᠭᠡᠨ ᠠ᠋ᠨᠡᠷᠢᠩᠬᠦᠢ ᠲᠤᠳᠤᠨᠤ ᠬᠠᠶ᠋ᠢᠷ᠎ᠠ᠂ ᠦᠷᠭᠡᠨ ᠲᠡᠯᠭᠡᠷ ᠮᠡᠳᠡᠯᠭᠡ ᠴᠢᠳᠠᠪᠤᠷᠢ ᠪᠠᠶ᠋ᠢᠭ᠋ᠠᠳ ᠪᠠᠰᠠ ᠪᠤᠯᠬᠤ ᠦᠭᠡᠢ᠂ ᠨᠠᠩ ᠴᠢᠬᠤᠯᠠ᠎ᠨᠢ ᠠ᠋ᠨᠡ ᠬᠦ᠌ ᠤᠷᠬᠢᠯᠤᠮ᠎ᠠ ᠬᠠᠯᠠᠭᠤᠨ ᠬᠠᠶ᠋ᠢᠷ᠎ᠠ ᠪᠠ ᠠ᠋ᠷᠳᠡᠮ ᠮᠡᠳᠡᠯᠭᠡ᠎ᠪᠠᠨ ᠰᠤᠷᠤᠭᠴᠢᠳ᠎ᠲᠤ ᠬᠦᠷᠳᠡᠭᠡᠵᠤ ᠴᠢᠳᠠᠭ᠍ᠤ ᠤᠷᠠᠨ ᠠᠷᠭ᠎ᠠ ᠪᠠᠷᠢᠯ ᠪᠡᠶ᠋ᠢᠬᠤ ᠭᠡᠷᠡᠭᠳᠡᠢ᠃ ᠵᠠᠷᠢᠮ ᠪᠠᠭᠰᠢ ᠬᠢᠴᠢᠶᠡᠯ ᠵᠢᠭ᠋ᠠᠬᠤ᠎ᠳᠤ᠎ᠪᠠᠨ ᠨᠡᠯᠢᠶᠡᠳ ᠬᠦᠴᠢᠷ ᠲᠦᠪᠡᠭᠳᠡᠢ ᠠᠭᠤᠯᠭ᠎ᠠ ᠵᠢ ᠴᠤ᠌ ᠴᠦᠭᠡᠨ ᠭᠡᠳᠤᠨ ᠦᠭᠡ᠎ᠪᠠᠷ ᠲᠡᠶ᠋ᠢᠯᠪᠤᠷᠢᠯᠠᠨ ᠦᠢ᠍ᠯᠠᠭ᠋ᠠᠭᠤᠯᠵᠤ ᠰᠤᠷᠤᠭᠴᠢ ᠵᠢᠨ ᠢᠳᠡᠭᠡᠯ᠎ᠢ ᠤᠯᠵᠤ ᠴᠢᠳᠠᠬᠤ ᠪᠡᠶ᠋ᠢᠳᠠᠯ᠎ᠠ ᠵᠠᠷᠢᠮ ᠪᠠᠭᠰᠢ ᠠᠳᠠᠯᠢᠬᠠᠨ ᠨᠢᠭᠡ ᠠᠭᠤᠯᠭ᠎ᠠ ᠵᠢ ᠦᠰᠤ᠎ᠪᠠᠨ ᠲᠡᠬᠦᠵᠤ᠂ ᠦᠢ᠍ᠯᠡ᠎ᠪᠠᠨ ᠪᠠᠷᠠᠳᠠᠯ᠎ᠠ ᠶᠠᠷᠢᠭ᠋ᠠᠳ ᠮᠦᠨ ᠦᠷ᠎ᠡ ᠪᠦᠳᠤᠮᠵᠢ ᠤᠯᠳᠠᠭ ᠦᠭᠡᠢ᠎ᠲᠠᠢ ᠠᠳᠠᠯᠢ᠎ᠪᠠᠷ ᠪᠠᠭᠰᠢ ᠬᠦᠮᠤᠨ ᠰᠤᠷᠤᠭᠴᠢᠳ᠎ᠤᠨ ᠵᠶ᠋ᠠᠨ ᠲᠤᠳᠤᠨᠤ ᠬᠠᠨᠢ ᠪᠤᠯᠬᠤ᠎ᠳᠤ ᠠᠷᠭ᠎ᠠ ᠲᠡᠮ᠎ᠨᠢ ᠲᠠᠭ᠋ᠠᠷᠠᠭ᠍ᠤ ᠦᠭᠡᠢ ᠪᠤᠯ ᠭᠡᠳᠤᠢ ᠬᠦᠨ ᠵᠤᠵᠠᠭ᠋ᠠᠨ ᠬᠠᠶ᠋ᠢᠷ᠎ᠠ ᠰᠡᠳᠬᠢᠯᠭᠡ᠂ ᠭᠡᠳᠤᠢ ᠦᠷᠭᠡᠨ ᠲᠡᠯᠭᠡᠷ ᠠ᠋ᠷᠳᠡᠮ ᠮᠡᠳᠡᠯᠭᠡ ᠪᠡᠶ᠋ᠢᠯ᠎ᠠ ᠭᠡᠰᠡᠨ ᠴᠦ᠍ ᠵᠢᠩᠭᠢᠨᠢ ᠦᠢ᠍ᠯᠡᠳᠤᠯ ᠵᠶ᠋ᠠᠨ ᠪᠠᠳᠠᠷᠠᠭᠤᠯᠵᠤ ᠴᠢᠳᠠᠬᠤ ᠦᠭᠡᠢ᠃ ᠪᠠᠭᠰᠢ ᠪᠤᠯᠤᠭᠰᠠᠳ ᠰᠤᠷᠤᠭᠴᠢᠳ᠎ᠤᠨ ᠲᠤᠳᠤᠨᠤ ᠬᠠᠨᠢ ᠪᠤᠯᠬᠤ᠎ᠳᠤ ᠲᠤᠤᠷᠠᠬᠢ ᠮᠡᠳᠦ ᠭᠤᠷᠪᠠᠨ ᠵᠦᠢ᠍ᠯ᠎ᠤᠨ ᠠᠷᠭ᠎ᠠ ᠪᠠᠷᠢᠯ᠎ᠲᠠᠢ ᠪᠠᠢ᠍ᠢ᠍ᠬᠤ ᠭᠡᠷᠡᠭᠳᠠᠢ᠃
     1. ᠲᠤᠬᠢᠳᠡᠢ ᠰᠡᠶ᠋ᠢᠬᠠᠨ ᠠᠷᠭ᠎ᠠ ᠪᠠᠷᠢᠯ ᠵᠶ᠋ᠠᠷ ᠪᠠᠭᠰᠢ ᠰᠤᠷᠤᠭᠴᠢᠳ᠎ᠤᠨ ᠬᠠᠶ᠋ᠢᠷ᠎ᠠ ᠰᠡᠳᠬᠢᠯᠭᠡ ᠵᠢᠨ ᠠᠭᠤᠰᠤᠯᠴᠠᠯ᠎ᠢ ᠪᠡᠶᠡᠯᠡᠬᠦᠯᠬᠦ ᠭᠡᠷᠡᠭᠳᠡᠢ᠃ ᠪᠠᠭᠰᠢ ᠪᠤᠯᠤᠭᠰᠳ ᠰᠤᠷᠤᠭᠴᠢ᠎ᠪᠠᠨ ᠦᠪᠡᠷ᠎ᠤᠨ ᠦᠷ᠎ᠡ ᠭᠡᠤᠭᠡᠳ ᠵᠶ᠋ᠠᠨ ᠰᠢᠭ ᠬᠠᠶ᠋ᠢᠷᠠᠯᠠᠨ ᠬᠠᠷᠠᠭ᠋ᠠᠯᠵᠠᠭ᠍ᠤ ᠭᠡᠷᠡᠭᠳᠡᠢ᠃ ᠰᠤᠷᠤᠭᠴᠢ᠎ᠪᠠᠨ ᠵᠦᠪ ᠵᠶ᠋ᠠᠷ ᠦᠢ᠍ᠯᠠᠭ᠋ᠠᠵᠤ᠂ ᠵᠦᠪ ᠵᠶ᠋ᠠᠷ ᠦᠨᠡᠯᠡᠵᠤ᠂ ᠲᠡᠳᠡᠨ᠎ᠤ ᠤᠴᠢᠷ ᠶᠠᠪᠤᠳᠠᠯ ᠪᠦᠬᠦᠨ᠎ᠢ ᠴᠢᠬᠤᠯᠠᠴᠢᠯᠠᠨ ᠦᠵᠡᠵᠤ ᠵᠤᠬᠢᠰᠳᠡᠢ ᠰᠢᠢ᠍ᠳᠪᠤᠷᠢᠯᠡᠵᠤ᠂ ᠲᠡᠳᠡᠨ᠎ᠢ ᠵᠦᠪ ᠵᠶ᠋ᠠᠷ ᠬᠦᠮᠤᠵᠢᠬᠦᠯᠬᠦ ᠦᠨᠠᠨᠴᠢ ᠬᠠᠯᠠᠭᠤᠨ ᠬᠠᠶ᠋ᠢᠷ᠎ᠠ ᠰᠡᠳᠬᠢᠯᠭᠡ᠎ᠲᠠᠢ ᠪᠠᠢ᠍ᠢ᠍ᠬᠤ ᠭᠡᠷᠡᠭᠳᠡᠢ᠃ ᠢᠩᠬᠢᠮᠠᠨᠵᠢᠨ ᠪᠠᠭᠰᠢ ᠰᠤᠷᠤᠭᠴᠢ ᠵᠢᠨ ᠬᠠᠶ᠋ᠢᠷ᠎ᠠ ᠵᠢ ᠬᠤᠯᠪᠤᠵᠤ᠂ ᠰᠤᠷᠤᠭᠴᠢᠳ᠎ᠤᠨ ᠤᠶᠤᠨᠴᠢ ᠰᠡᠷᠡᠯ᠂ ᠶᠤᠰᠤ ᠰᠤᠷᠳᠠᠭ᠍ᠤᠨ᠎ᠤ ᠰᠡᠷᠡᠯ ᠬᠢᠭᠡᠳ ᠭᠤᠸ᠎ᠠ ᠰᠡᠶ᠋ᠢᠬᠠᠨ᠎ᠤ ᠲᠠᠭ᠋ᠠᠰᠢᠶᠠᠯ᠎ᠢ ᠠ᠋ᠭᠦᠰᠭᠡᠨ ᠬᠠᠶ᠋ᠢᠷ᠎ᠠ ᠬᠦᠨᠳᠤᠳᠭᠡᠯ᠎ᠤᠨ ᠰᠠᠭᠤᠷᠢᠨ ᠲᠡᠭᠡᠷ᠎ᠡ ᠬᠠᠮᠳᠤᠪᠠᠷ ᠲᠠᠪᠰᠢᠬᠤ ᠬᠠᠮᠳᠤᠴᠢ ᠬᠠᠷᠢᠴᠠᠭ᠎ᠠ ᠵᠢ ᠪᠤᠢ ᠪᠤᠯᠭ᠋ᠠᠵᠤ ᠴᠢᠳᠠᠨ᠎ᠠ᠃
     2. ᠰᠤᠷᠤᠭᠴᠢᠳ᠎ᠲᠠᠢ ᠢᠯᠡᠬᠦᠤ ᠦᠢ᠍ᠷᠠᠳᠬᠤ᠎ᠪᠠᠷ ᠲᠠᠮᠵᠢᠨ᠂ ᠦᠪᠡᠷ᠎ᠢ᠎ᠪᠠᠨ ᠰᠤᠷᠤᠭᠴᠢᠳ᠎ᠲᠤ ᠦᠢ᠍ᠯᠠᠭ᠋ᠠᠭᠤᠯᠬᠤ ᠭᠡᠷᠡᠭᠳᠡᠢ᠃ ᠪᠠᠭᠰᠢ ᠪᠤᠯᠤᠭᠰᠠᠳ ᠰᠤᠷᠤᠭᠴᠢᠳ᠎ᠤᠨ ᠲᠤᠳᠤᠨᠤ ᠬᠠᠨᠢ ᠪᠤᠯᠬᠤ᠎ᠳᠤ ᠵᠦᠪᠭᠡᠨ ᠰᠤᠷᠤᠭᠴᠢᠳ ᠵᠶ᠋ᠠᠨ ᠦᠢ᠍ᠯᠠᠭ᠋ᠠᠭ᠋ᠠᠳ ᠪᠤᠯᠬᠤ ᠪᠢᠰᠢ᠂ ᠨᠡᠩ ᠴᠢᠬᠤᠯᠠ᠎ᠨᠢ ᠦᠪᠡᠷ᠎ᠢ᠎ᠪᠠᠨ ᠵᠠᠪᠠᠯ ᠰᠤᠷᠤᠭᠴᠢᠳ᠎ᠲᠤ ᠰᠡᠶ᠋ᠢᠳᠤᠷ ᠦᠢ᠍ᠯᠠᠭ᠋ᠠᠭᠤᠯᠬᠤ ᠭᠡᠷᠡᠭᠳᠡᠢ᠃ ᠰᠤᠷᠤᠭᠴᠢᠳ᠎ᠲᠠᠢ ᠬᠠᠮᠳᠤ ᠨᠠᠭ᠋ᠠᠳᠬᠤ᠂ ᠦᠯᠢᠭᠡᠷ ᠶᠠᠷᠢᠬᠤ᠂ ᠬᠠᠮᠳᠤ ᠵᠢᠨ ᠠᠵᠢᠯᠯᠠᠭ᠎ᠠ᠎ᠳᠤ ᠤᠷᠤᠯᠴᠠᠭ᠍ᠤ᠂ ᠶᠠᠷᠢᠯᠴᠠᠭ᠍ᠤ ᠵᠡᠷᠭᠡ ᠠᠵᠠ ᠲᠤᠬᠢᠶᠠᠯ᠎ᠢ ᠠᠰᠢᠭᠯᠠᠵᠤ ᠪᠡᠶ᠋ᠢᠭ᠋ᠠᠳ ᠲᠤᠬᠢᠳᠡᠢ ᠠᠷᠭ᠎ᠠ ᠪᠡᠷᠢᠯ ᠵᠶ᠋ᠠᠷ ᠪᠤᠳᠤᠯ ᠰᠠᠨᠠᠯ ᠵᠶ᠋ᠠᠨ ᠰᠤᠯᠢᠯᠴᠠᠨ᠂ ᠦᠪᠠᠷ᠎ᠢ᠎ᠪᠠᠨ ᠰᠤᠷᠤᠭᠴᠢᠳ᠎ᠲᠤ ᠤᠢ᠍ᠢ᠍ᠯᠠᠭ᠋ᠠᠭᠤᠯᠤᠨ᠎ᠠ᠃ 《ᠬᠡᠤᠭᠡᠳ᠎ᠤᠨ ᠪᠡᠶ᠎ᠡ ᠲᠡᠭᠡᠷ᠎ᠡ᠎ᠠᠴᠠ ᠠᠷᠪᠠᠨ ᠵᠦᠢ᠍ᠯ᠎ᠤᠨ ᠰᠢᠯᠢᠳᠡᠭ ᠲᠡᠯ᠎ᠠ ᠵᠢ ᠤᠯᠵᠤ ᠬᠠᠷᠠᠪᠠᠯ ᠰᠢᠯᠢᠳᠡᠭ ᠡᠵᠢ᠂ ᠲᠠᠪᠤᠨ ᠵᠦᠢ᠍ᠯ᠎ᠤᠨ ᠰᠢᠯᠢᠳᠡᠭ ᠲᠠᠯ᠎ᠠ ᠵᠢ ᠤᠯᠵᠤ ᠬᠠᠷᠠᠪᠠᠯ ᠬᠢᠷᠢ ᠲᠠᠩᠴᠡᠭᠰᠡᠨ ᠡᠵᠢ᠂ ᠲᠠᠪᠤᠨ ᠵᠦᠢ᠍ᠯ᠎ᠤᠨ ᠰᠢᠯᠢᠳᠡᠭ ᠲᠠᠯ᠎ᠠ ᠵᠢ ᠴᠦ᠍ ᠤᠯᠵᠤ ᠲᠡᠶ᠋ᠢᠯᠬᠦ ᠦᠭᠡᠢ ᠪᠤᠯ ᠬᠢᠷᠢ ᠲᠡᠩᠴᠡᠬᠦ ᠦᠭᠡᠢ ᠡᠵᠢ》 ᠭᠡᠳᠡᠭ ᠮᠡᠷᠭᠡᠨ ᠦᠭᠡ᠎ᠪᠠᠷ ᠦᠪᠡᠷ᠎ᠤᠨ ᠠᠵᠢᠯᠯᠠᠭ᠋ᠠᠨ᠎ᠤ ᠵᠦᠭᠯᠡᠬᠦᠷ ᠪᠤᠯᠭ᠋ᠠᠵᠤ᠂ ᠮᠦᠨ ᠴᠦ᠍ ᠰᠤᠷᠤᠭᠴᠢᠳ᠎ᠤᠨ ᠲᠤᠮᠳᠠ ᠦᠷᠬᠦᠯᠵᠢ ᠬᠦᠨᠵᠡᠭᠡᠶ᠋ᠢᠷᠡᠬᠦ ᠪᠠ ᠭᠡᠷ᠎ᠤᠨ ᠠᠬᠠᠮᠠᠳ᠎ᠲᠠᠢ ᠢᠯᠡᠬᠦᠤ ᠬᠠᠷᠢᠯᠴᠠᠭ᠍ᠤ᠎ᠪᠠᠷ ᠲᠡᠮᠵᠢᠨ᠂ ᠰᠤᠷᠤᠭᠴᠢᠳ ᠵᠶ᠋ᠠᠨ ᠦᠢ᠍ᠯᠠᠭ᠋ᠠᠬᠤ ᠵᠢᠨ ᠬᠠᠮᠳᠤ ᠪᠡᠶ᠎ᠡ᠎ᠪᠠᠨ ᠦᠢ᠍ᠯᠠᠭ᠋ᠠᠭᠤᠯᠬᠤ ᠭᠡᠷᠡᠭᠳᠡᠢ᠃
     3. ᠲᠠᠭᠤᠷᠢᠶᠠᠯ᠎ᠤᠨ ᠦᠢ᠍ᠯᠡᠳᠤᠯ᠎ᠢ ᠪᠠᠳᠠᠷᠠᠭᠤᠯᠵᠤ᠂ ᠰᠤᠷᠤᠭᠴᠢᠳ᠎ᠢ ᠴᠢᠩᠭ᠎ᠠ ᠱᠠᠭ᠋ᠠᠷᠳᠠᠭ᠍ᠤ᠎ᠪᠠᠷ ᠪᠠᠭᠰᠢ ᠰᠤᠷᠤᠭᠴᠢᠳ᠎ᠤᠨ ᠲᠤᠳᠤᠨᠤ ᠬᠠᠷᠢᠴᠠᠭ᠎ᠠ᠎ᠪᠠᠨ ᠴᠢᠩᠭ᠋ᠠᠳᠬᠠᠬᠤ ᠭᠡᠷᠡᠭᠳᠡᠢ᠃ 《ᠪᠡᠶ᠎ᠡ ᠲᠦᠪ ᠪᠤᠯᠪᠠᠰᠤ ᠲᠠᠭᠤᠷᠢᠶᠠᠯ ᠪᠤᠯᠵᠤ᠂ ᠮᠡᠳᠡᠯᠭᠡ ᠬᠦᠨ ᠪᠤᠯᠪᠠᠰᠤ ᠪᠠᠭᠰᠢ ᠪᠤᠯᠤᠮᠤᠢ》 ᠭᠡᠳᠡᠭᠴᠢᠯᠡᠨ ᠦᠯᠢᠭᠡᠷ ᠲᠠᠭᠤᠷᠢᠶᠠᠯ᠎ᠤᠨ ᠬᠦᠴᠤᠨ ᠪᠤᠯ ᠬᠢᠵᠠᠭ᠋ᠠᠷ ᠦᠭᠡᠢ ᠶᠡᠭᠡ᠃ ᠪᠠᠭᠰᠢ ᠬᠦᠮᠤᠨ ᠦᠪᠡᠷ᠎ᠤᠨ ᠦᠢ᠍ᠯᠡ ᠠᠵᠢᠯᠯᠠᠭ᠎ᠠ᠎ᠪᠠᠷ ᠵᠶ᠋ᠠᠨ ᠰᠤᠷᠤᠭᠴᠢᠳ᠎ᠲᠤ᠎ᠪᠠᠨ ᠰᠡᠶ᠋ᠢᠨ ᠰᠡᠶ᠋ᠢᠬᠠᠨ ᠭᠡᠪ ᠪᠤᠯᠪᠠᠰᠤᠷᠠᠯ᠎ᠤᠨ ᠲᠠᠭᠤᠷᠢᠶᠠᠯ ᠦᠵᠡᠬᠦᠯᠬᠦ᠎ᠪᠠᠷ ᠲᠡᠮᠵᠢᠭᠤᠯᠵᠤ᠂ ᠲᠡᠳᠡᠨ᠎ᠤ ᠠ᠋ᠳᠤᠷ ᠲᠤᠳᠤᠮ᠎ᠤᠨ ᠰᠤᠷᠤᠯᠭ᠎ᠠ ᠠᠮᠢᠳᠤᠷᠠᠯ᠎ᠤᠨ ᠶᠡᠷᠤ ᠵᠢᠨ ᠵᠠᠩ ᠲᠠᠳᠬᠠᠯ᠎ᠢ ᠲᠠᠳᠬᠠᠰᠢᠭᠤᠯᠬᠤ ᠭᠡᠷᠡᠭᠳᠡᠢ᠃ ᠪᠠᠭᠰᠢ ᠪᠤᠯᠤᠭᠰᠠᠳ ᠦᠪᠡᠷ᠎ᠤᠨ ᠪᠡᠶ᠎ᠡ᠎ᠪᠠᠷ ᠵᠶ᠋ᠠᠨ ᠬᠦᠮᠤᠨ᠎ᠤ ᠠᠮᠢᠳᠤᠷᠠᠯ᠎ᠤᠨ ᠠ᠋ᠷᠬᠢᠮ ᠲᠡᠭᠡᠳᠤ ᠪᠤᠯᠪᠠᠰᠤᠨ ᠭᠡᠪ ᠪᠤᠯᠪᠠᠰᠤᠷᠠᠯ ᠵᠶ᠋ᠠᠷ ᠵᠶ᠋ᠠᠨ ᠰᠤᠷᠤᠭᠴᠢᠳ᠎ᠲᠤ ᠬᠦᠮᠤᠨ ᠪᠤᠯᠬᠤ ᠵᠢᠨ ᠬᠠᠮᠤᠭ ᠠᠩᠬᠠᠨ᠎ᠤ ᠶᠤᠰᠤ ᠤᠴᠢᠷ᠎ᠢ ᠦᠢ᠍ᠯᠠᠭ᠋ᠠᠭᠤᠯᠵᠤ᠂ ᠲᠡᠳᠡᠨ᠎ᠳᠤ ᠬᠦᠮᠤᠨ ᠪᠤᠯᠬᠤ ᠵᠢᠨ ᠶᠤᠰᠤ᠂ ᠠᠮᠢᠳᠤᠷᠠᠭ᠍ᠤᠢ ᠵᠢᠨ ᠤᠬᠠᠭ᠋ᠠᠨ ᠪᠠ ᠵᠦᠪ ᠶᠢᠷᠳᠢᠨᠴᠤ ᠵᠢᠨ ᠦᠵᠡᠯᠲᠡ ᠵᠢ ᠬᠦᠮᠤᠵᠢᠭᠦᠯᠬᠦ ᠭᠡᠷᠡᠭᠳᠡᠢ᠃ ᠭᠡᠤᠭᠡᠳ ᠪᠠᠭ᠋ᠠᠴᠤᠳ᠎ᠢ ᠶᠠᠷᠤᠳᠡᠭᠡᠨ ᠨᠢᠭᠡᠨ ᠴᠡᠪᠡᠷ ᠴᠤᠯᠭᠤᠢ ᠴᠠᠭ᠋ᠠᠨ ᠴᠠᠭ᠋ᠠᠰᠤ ᠠᠳᠠᠯᠢ ᠭᠡᠳᠡᠭ ᠤᠴᠢᠷ᠎ᠠᠴᠠ ᠠ᠋ᠨᠡ ᠴᠠᠭ᠋ᠠᠰᠤᠨ ᠲᠡᠭᠡᠷᠡᠭᠢ ᠠᠩᠬᠠᠨ᠎ᠤ ᠵᠢᠷᠤᠭ᠋ᠠᠰᠤ ᠵᠢ ᠶᠠᠭ᠋ᠠᠬᠢᠵᠤ ᠵᠢᠷᠤᠵᠤ ᠠ᠋ᠬᠢᠯᠡᠬᠦᠯᠬᠦ ᠪᠤᠯ ᠵᠠᠩᠭᠢᠯᠠᠭ᠎ᠠ᠃ ᠶᠠᠭ ᠠ᠋ᠶ᠋ᠢᠮᠤ᠎ᠠᠴᠠ ᠪᠠᠭᠰᠢ ᠪᠤᠯᠤᠭᠰᠠᠳ ᠰᠤᠷᠤᠭᠴᠢᠳ ᠵᠶ᠋ᠠᠨ ᠬᠦᠮᠤᠵᠢᠬᠦᠯᠵᠤ ᠰᠤᠷᠭ᠋ᠠᠬᠤ᠎ᠳᠤ᠎ᠪᠠᠨ ᠦᠪᠡᠷ᠎ᠤᠨ ᠪᠡᠶ᠎ᠡ᠎ᠪᠠᠨ ᠦᠷᠬᠦᠯᠵᠢ ᠴᠢᠩᠭ᠎ᠠ ᠱᠠᠭ᠋ᠠᠷᠳᠠᠵᠤ᠂ ᠰᠤᠷᠤᠭᠴᠢᠳ᠎ᠲᠤ ᠠᠮᠢᠳᠤᠷᠠᠯ ᠰᠤᠷᠤᠯᠴᠠᠯᠭ᠎ᠠ ᠵᠢᠨ ᠲᠠᠯ᠎ᠠ᠎ᠪᠠᠷ ᠰᠠᠶ᠋ᠢᠨ ᠰᠠᠶ᠋ᠢᠬᠠᠨ ᠲᠠᠭᠤᠷᠢᠶᠠᠯ ᠦᠵᠡᠬᠦᠯᠬᠦ ᠵᠢᠨ ᠲᠠᠭ᠋ᠠᠤ᠎ᠳᠤ ᠰᠤᠷᠤᠭᠴᠢᠳ ᠵᠶ᠋ᠠᠨ ᠮᠦᠨ ᠴᠢᠩᠭ᠎ᠠ ᠱᠠᠭ᠋ᠠᠷᠳᠠᠭ᠍ᠤ ᠭᠡᠷᠡᠭᠳᠡᠢ᠃ ᠶᠠᠷᠤᠳᠡᠭᠡᠨ 《ᠴᠢᠨᠭᠭ᠎ᠠ ᠪᠠᠭᠰᠢ᠎ᠠᠴᠠ ᠴᠢᠳᠠᠪᠤᠷᠢ᠎ᠲᠠᠢ ᠱᠠᠪᠢ ᠬᠦᠮᠤᠵᠢᠭ᠌ᠳᠡᠨ᠎ᠠ》 ᠭᠡᠳᠡᠭ ᠵᠶ᠋ᠠᠷ ᠪᠠᠭᠰᠢ ᠵᠢᠨ ᠴᠢᠩᠭ᠎ᠠ ᠱᠠᠭ᠋ᠠᠷᠳᠠᠯᠭ᠎ᠠ᠎ᠨᠢ ᠰᠤᠷᠤᠭᠴᠢᠳ᠎ᠤᠨ ᠠ᠋ᠷᠡᠬᠦᠯ ᠴᠢᠬᠢᠷᠠᠭ ᠦᠰᠤᠨ ᠪᠦᠢ᠍ᠵᠢᠯᠳᠠ ᠪᠠ ᠬᠦᠭᠵᠢᠯᠳᠡ᠎ᠳᠤ ᠲᠤᠩ ᠴᠢᠬᠤᠯᠠ ᠦᠢ᠍ᠯᠡᠳᠤᠯ ᠦᠵᠡᠬᠦᠯᠵᠤ᠂ ᠨᠢᠭᠡ ᠭᠡᠤᠭᠡᠳ᠎ᠤᠨ ᠨᠢᠭᠡ ᠨᠠᠰᠤᠨ᠎ᠤ ᠠᠵᠤ ᠠᠮᠢᠳᠤᠷᠠᠯ᠎ᠳᠤ᠎ᠪᠠᠨ ᠬᠠᠨᠳᠤᠬᠤ ᠭᠡᠪ ᠪᠤᠯᠪᠠᠰᠤᠷᠠᠯ᠎ᠢ ᠲᠤᠭᠳᠠᠭ᠋ᠠᠵᠤ ᠪᠠᠶ᠋ᠢᠭ᠎ᠠ ᠶᠠᠪᠤᠳᠠᠯ ᠪᠤᠯᠬᠤ   ᠶᠤᠮ᠃ ᠠ᠋ᠬᠦᠨ᠎ᠠᠴᠠ ᠪᠢᠳᠠ ᠪᠠᠭᠰᠢ ᠬᠦᠮᠤᠨ᠎ᠤ ᠰᠤᠷᠤᠭᠴᠢᠳ᠎ᠲᠤ᠎ᠪᠠᠨ ᠦᠵᠡᠬᠦᠯᠬᠦ ᠭᠡᠪ ᠪᠤᠯᠪᠠᠰᠤᠷᠠᠯ ᠪᠠ ᠰᠤᠷᠤᠭᠴᠢᠳ᠎ᠲᠤ᠎ᠪᠠᠨ ᠲᠠᠯᠪᠢᠬᠤ ᠴᠢᠩᠭ᠎ᠠ ᠱᠠᠭ᠋ᠠᠷᠳᠠᠯᠭ᠎ᠠ ᠭᠡᠳᠤᠢ ᠴᠢᠬᠤᠯᠠ ᠭᠡᠳᠡᠭ᠎ᠢ ᠲᠤᠳᠤᠷᠬᠠᠢ ᠦᠢ᠍ᠯᠠᠭ᠋ᠠᠵᠤ ᠪᠤᠯᠤᠨ᠎ᠠ᠃
      ᠶᠠᠷᠤᠩᠭᠡᠢ᠎ᠳᠤ᠎ᠨᠢ ᠠᠪᠴᠤ ᠭᠡᠯᠡᠪᠠᠯ᠂ ᠨᠢᠭᠡ ᠪᠠᠭᠰᠢ ᠬᠦᠮᠤᠨ ᠤᠷᠬᠢᠯᠤᠮ᠎ᠠ ᠬᠠᠯᠠᠭᠤᠨ ᠬᠠᠶ᠋ᠢᠷ᠎ᠠ ᠰᠡᠳᠬᠢᠯᠭᠡ᠂ ᠦᠷᠭᠡᠨ ᠲᠡᠯᠭᠡᠷ ᠠ᠋ᠷᠳᠡᠮ ᠴᠢᠳᠠᠪᠤᠷᠢ᠂ ᠠ᠋ᠯᠪᠡᠭ ᠪᠠᠶᠠᠯᠢᠭ ᠤᠷᠠᠨ ᠠᠷᠭ᠎ᠠ ᠪᠠᠷᠢᠯ ᠵᠶ᠋ᠠᠷ ᠰᠤᠷᠤᠭᠴᠢᠳ᠎ᠢ ᠨᠦᠯᠤᠭᠡᠯᠡᠵᠤ᠂ ᠰᠤᠷᠤᠭᠴᠢ ᠵᠢᠨ ᠵᠶ᠋ᠠᠨ ᠵᠢᠩᠭᠢᠨᠢ ᠲᠤᠳᠤᠨᠤ ᠬᠠᠨᠢ ᠪᠤᠯᠵᠤ ᠴᠢᠳᠠᠭ᠍ᠤ᠎ᠳᠤ ᠬᠦᠷᠪᠠᠯ ᠰᠤᠷᠭ᠋ᠠᠶ᠎ᠠ ᠭᠡᠰᠡᠨ ᠪᠠᠭᠰᠢ ᠵᠢᠨ ᠵᠦᠳᠡᠷᠡᠯ᠂ ᠰᠤᠷᠤᠶ᠎ᠠ ᠭᠡᠰᠡᠨ ᠰᠤᠷᠤᠭᠴᠢ ᠵᠢᠨ ᠴᠢᠷᠮᠠᠶ᠋ᠢᠯᠭ᠎ᠠ᠎ᠳᠤ ᠠᠮᠵᠢᠯᠳᠠ ᠵᠢᠨ ᠤᠴᠢ ᠬᠢᠯᠠᠯᠵᠠᠭ᠍ᠤ᠎ᠳᠤ ᠲᠤᠩ ᠬᠢᠯᠪᠠᠷᠬᠠᠨ ᠶᠤᠮ᠃
        ᠬᠠᠶᠢᠬ᠄ ᠦᠤᠰᠢᠨ ᠬᠤᠰᠢᠭᠤᠨ᠎ᠤ ᠮᠤᠩᠭᠤᠯ ᠦᠨᠳᠦᠰᠦᠲᠡᠨ᠎ᠤ
                  ᠳᠤᠷᠰᠢᠯᠲᠠ ᠵᠢᠨ ᠪᠠᠭ᠎ᠠ ᠰᠤᠷᠭ᠋ᠠᠭᠤᠯᠢ
                     (ᠴᠢᠶᠠᠨ ᠴᠦᠨ ᠵᠢᠶᠸ ᠨᠠᠢ᠍ᠢ᠍ᠷᠠᠭᠤᠯᠪᠠ)
                       9   ᠳ᠋ᠤᠭ᠋ᠠᠷ ᠬᠤᠭᠤᠴᠠᠭ᠎ᠠ

ᠢᠷᠡᠯᠲᠡ᠄ ᠥᠪᠥᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠣᠷᠭ᠋ᠠᠨ ᠬᠦᠮᠦᠵᠢᠯ᠎ᠤᠨ ᠲᠢᠩᠬᠡᠮ
          
ᠬᠠᠮᠢᠶ᠎ᠡ ᠪᠦᠬᠦᠢ ᠰᠣᠨᠢᠨ
ᠨᠢᠭᠡᠨ ᠰᠠᠢ᠍ᠢ᠍ᠨ ᠠᠨᠭ᠌ᠬᠢ ᠵᠢᠨ ᠠ᠋ᠷᠬᠢᠯᠡᠭᠴᠢ ᠪᠤᠯᠬᠤ᠎ᠳᠤ
ᠨᠢᠭᠡᠨ ᠰᠢᠯᠢᠳᠡᠭ ᠠᠩᠬᠢ ᠵᠢᠨ ᠠ᠋ᠷᠬᠢᠯᠡᠭᠴᠢ ᠪᠠᠭᠰᠢ ᠵᠢᠨ ᠪᠦᠷᠢᠯᠳᠦᠬᠦᠯᠬᠦ ᠴᠢᠬᠤᠯᠠ᠎ᠲᠠᠢ ᠬᠡᠪ ᠴᠢᠨᠡᠷ
ᠠᠩᠬᠢ ᠵᠢᠨ ᠬᠠᠮᠢᠶᠠᠷᠤᠯᠳᠠ ᠵᠢᠨ ᠠᠵᠢᠯ᠎ᠤᠨ ᠳᠤᠬᠠᠢ ᠵᠦᠪᠯᠡᠮᠵᠢ
ᠤᠳᠤᠬᠠᠨ᠎ᠤ ᠭᠡᠤᠭᠡᠳ᠎ᠤᠳ᠎ᠤᠨ ᠪᠠᠶ᠎ᠡ ᠳᠡᠭᠡᠷ᠎ᠡ ᠢᠯᠠᠷᠠᠵᠦ ᠪᠠᠢ᠍ᠢ᠍ᠭ᠎ᠠ ᠲᠤᠳᠠᠭᠳᠠᠯ᠎ᠲᠠᠢ ᠲᠠᠯ᠎ᠠ ᠪᠤᠯᠤᠨ ᠲᠡᠭᠦᠨ᠎ᠤ ᠦᠨᠳᠤᠰᠤ ᠰᠤᠷᠪᠤᠯᠵᠢ
《ᠬᠠᠷᠠᠮᠴᠢ》 ᠠᠩᠭᠢ ᠵᠢᠨ ᠠ᠋ᠷᠬᠢᠯᠡᠭᠴᠢ ᠪᠤᠯᠬᠤ ᠵᠢᠨ ᠤᠴᠢᠷ ᠶᠤᠰᠣᠨ
 
             蒙ICP备05000248号