ᠳᠡᠭᠦᠦᠳᠠᠭᠤᠯ
ᠠᠩᠬᠢ ᠵᠢᠨ ᠠ᠋ᠷᠬᠢᠯᠡᠭᠴᠢ ᠪᠣᠯ ᠨᠢᠭᠡ ᠠᠩᠬᠢ ᠵᠢᠨ ᠰᠤᠷᠤᠭᠴᠢᠳ᠎ᠤᠨ ᠦᠵᠡᠯ ᠰᠠᠨᠠᠭ᠎ᠠ ᠶᠣᠰᠣ ᠮᠤᠷᠠᠯ᠂ ᠰᠤᠷᠤᠯᠭ᠎ᠠ᠂ ᠠ᠋ᠷᠡᠭᠦᠯ ᠮᠡᠨᠳᠦ ᠪᠠ ᠠᠮᠢᠳᠤᠷᠠᠯ ᠵᠡᠷᠭᠡ ᠲᠠᠯ᠎ᠠ ᠵᠢᠨ ᠠᠵᠢᠯ᠎ᠢ ᠪᠦᠬᠦ ᠲᠠᠯ᠎ᠠ᠎ᠪᠠᠷ ᠬᠠᠷᠢᠭᠤᠴᠠᠵᠤ ᠪᠠᠶ᠋ᠢᠭ᠎ᠠ ᠪᠠᠭᠰᠢ᠂ ᠨᠢᠭᠡ ᠠᠩᠬᠢ ᠵᠢ ᠵᠣᠬᠢᠶᠠᠨ ᠪᠠᠶ᠋ᠢᠭᠤᠯᠤᠭᠴᠢ᠂ ᠤᠳᠤᠷᠢᠳᠤᠨ ᠳᠠᠭ᠋ᠠᠭᠤᠯᠤᠭᠴᠢ ᠮᠦᠷᠲᠡᠭᠡᠨ ᠰᠤᠷᠭ᠋ᠠᠨ ᠬᠦᠮᠦᠵᠢᠭᠦᠯᠦᠭᠴᠢ ᠶᠤᠮ᠃ ᠠ᠋ᠭᠦᠨ ᠵᠶ᠋ᠠᠷ ᠦᠯᠦ ᠪᠠᠷᠠᠨ ᠡᠯ᠎ᠡ ᠲᠦᠷᠦᠯ᠎ᠤᠨ ᠬᠢᠴᠢᠶᠡᠯᠯᠡᠭᠴᠢ ᠪᠠᠭᠰᠢ ᠵᠢᠨ ᠰᠤᠷᠭ᠋ᠠᠨ ᠬᠦᠮᠦᠵᠢᠯ ᠵᠢᠭ᠋ᠠᠨ ᠰᠤᠷᠭ᠋ᠠᠯᠲᠠ ᠵᠢᠨ ᠠᠵᠢᠯ᠎ᠤᠨ ᠲᠣᠬᠢᠷᠠᠭᠤᠯᠤᠭᠴᠢ ᠪᠢᠯᠡ᠃ ᠠᠩᠬᠢ ᠵᠢᠨ ᠠ᠋ᠷᠬᠢᠯᠡᠭᠴᠢ ᠪᠠᠭᠰᠢ ᠵᠢᠨ ᠴᠢᠳᠠᠪᠤᠷᠢ ᠵᠢᠨ ᠰᠠᠢ᠍ᠢ᠍ᠨ ᠮᠠᠭᠤ᠎ᠨᠢ ᠠᠩᠬᠢ ᠵᠢᠨ ᠰᠤᠷᠭ᠋ᠠᠨ ᠬᠦᠮᠦᠵᠢᠯ᠎ᠳᠤ ᠯᠣᠲᠤ ᠶᠡᠭᠡ ᠨᠦᠯᠦᠭᠡᠯᠡᠬᠦ ᠬᠦᠴᠦᠨ ᠪᠠ ᠰᠢᠢ᠍ᠳᠪᠤᠷᠢᠯᠡᠭᠦ ᠦᠢ᠍ᠯᠡᠳᠦᠯ᠎ᠢ ᠦᠵᠡᠭᠦᠯᠵᠦ᠂ ᠰᠤᠷᠤᠭᠴᠢ ᠵᠢᠨ ᠦᠵᠡᠯ ᠰᠠᠨᠠᠭ᠎ᠠ᠂ ᠰᠤᠷᠤᠯᠭ᠎ᠠ ᠠᠮᠢᠳᠤᠷᠠᠯ ᠪᠠ ᠬᠥᠮᠦᠨ ᠪᠣᠯᠬᠤ ᠵᠢ ᠰᠢᠭᠤᠳ ᠨᠦᠯᠦᠭᠡᠯᠡᠵᠦ ᠪᠠᠶ᠋ᠢᠳᠠᠭ᠃ ᠰᠢᠯᠢᠳᠡᠭ ᠰᠠᠶ᠋ᠢᠨ ᠠᠩᠬᠢ ᠵᠢᠨ ᠠ᠋ᠷᠬᠢᠯᠡᠭᠴᠢ ᠪᠠᠭᠰᠢ ᠪᠣᠯᠣᠶ᠎ᠠ ᠭᠡᠪᠡᠯ ᠳᠠᠷᠠᠭ᠋ᠠᠬᠢ ᠳᠦᠷᠪᠡᠨ ᠲᠠᠯ᠎ᠠ ᠵᠢᠨ ᠬᠡᠪ ᠴᠢᠨᠠᠷ᠎ᠢ ᠪᠦᠷᠢᠯᠳᠦᠭᠦᠯᠬᠦ ᠬᠡᠷᠡᠭᠲᠡᠢ᠃
ᠨᠢᠭᠡ᠂ ᠪᠠᠭᠰᠢ ᠵᠢᠨ ᠶᠣᠰᠣ ᠰᠣᠷᠲᠠᠭ᠍ᠣᠨᠤ ᠬᠡᠪ ᠴᠢᠨᠠᠷ ᠪᠣᠯ ᠰᠢᠯᠢᠳᠡᠭ ᠠᠩᠬᠢ ᠵᠢᠨ ᠠ᠋ᠷᠬᠢᠯᠡᠭᠴᠢ ᠪᠠᠭᠰᠢ ᠪᠣᠯᠬᠤ ᠵᠢᠨ ᠣᠷᠢᠳᠠᠯ ᠨᠦᠬᠦᠴᠡᠯ
ᠲᠠᠩ ᠣᠯᠣᠰ᠎ᠤᠨ ᠠ᠋ᠷᠳᠡᠮᠲᠡᠨ ᠬᠠᠨ ᠢᠤᠢ᠄ 《ᠪᠠᠭᠰᠢ ᠬᠦᠮᠦᠨ ᠪᠣᠯ ᠮᠣᠷᠠᠯ᠎ᠢ ᠬᠦᠮᠦᠵᠢᠭᠦᠯᠦᠭᠴᠢ᠂ ᠮᠡᠳᠡᠯᠭᠡ ᠴᠢᠳᠠᠪᠣᠷᠢ ᠵᠢ ᠣᠯᠠᠮᠵᠢᠯᠠᠭᠴᠢ᠂ ᠰᠡᠵᠢᠭ ᠲᠠᠭ᠋ᠠᠪᠣᠷᠢ ᠵᠢ ᠠᠯᠳᠠᠷᠠᠭ᠋ᠠᠭᠴᠢ》 ᠭᠡᠵᠠᠢ᠃ ᠪᠠᠭᠰᠢ ᠬᠦᠮᠦᠨ ᠨᠡᠶ᠋ᠢᠭᠡᠮ ᠵᠢᠷᠣᠮᠲᠣ ᠣᠶᠣᠨ᠎ᠤ ᠪᠣᠯᠪᠠᠰᠣᠨ᠎ᠤ ᠪᠦᠲᠦᠭᠡᠨ ᠪᠠᠶ᠋ᠢᠭᠤᠯᠣᠭᠴᠢ ᠮᠦᠷᠲᠡᠭᠡᠨ ᠳᠡᠯᠭᠡᠷᠡᠭᠦᠯᠦᠭᠴᠢ ᠮᠥᠨ᠂ ᠨᠡᠩ ᠴᠦ᠍ ᠰᠣᠷᠣᠭᠴᠢ ᠵᠢᠨ ᠶᠣᠰᠣ ᠰᠣᠷᠲᠠᠭ᠍ᠣᠨᠤ ᠳᠠᠭᠤᠷᠢᠶᠠᠯ ᠦᠵᠡᠭᠦᠯᠦᠭᠴᠢ ᠪᠠ ᠵᠢᠭ᠋ᠠᠨ ᠵᠢᠯᠣᠭᠤᠳᠣᠭᠴᠢ ᠪᠠᠶ᠋ᠢᠬᠤ ᠬᠡᠷᠡᠭᠲᠡᠢ᠃
ᠠᠩᠬᠢ ᠵᠢᠨ ᠠ᠋ᠷᠬᠢᠯᠡᠭᠴᠢ ᠪᠠᠭᠰᠢ᠎ᠳᠤ ᠠᠪᠴᠦ ᠬᠡᠯᠡᠪᠡᠯ᠂ ᠰᠢᠯᠢᠳᠡᠭ ᠰᠠᠶ᠋ᠢᠨ ᠶᠣᠰᠣ ᠰᠣᠷᠲᠠᠭ᠍ᠣᠨᠲᠠᠢ ᠪᠣᠯᠬᠤ᠎ᠳᠤ ᠠ᠋ᠩ ᠲᠡᠷᠢᠭᠦᠨ᠎ᠳᠤ᠂ ᠦᠪᠡᠷ᠎ᠤᠨ ᠪᠡᠶ᠎ᠡ᠎ᠪᠠᠷ ᠵᠶ᠋ᠠᠨ ᠳᠠᠭᠤᠷᠢᠶᠠᠯ ᠪᠣᠯᠵᠦ ᠴᠢᠳᠠᠭᠰᠠᠨ ᠪᠠᠶ᠋ᠢᠵᠤ᠂ ᠪᠠᠲᠣ ᠴᠢᠩᠭ᠎ᠠ ᠵᠦᠪ ᠣᠨᠣᠪᠴᠢᠲᠠᠢ ᠶᠢᠷᠲᠢᠨᠴᠦ ᠵᠢᠨ ᠦᠵᠡᠯᠲᠡ᠂ ᠠᠮᠢᠳᠣᠷᠠᠭ᠍ᠣᠢ ᠵᠢᠨ ᠦᠵᠡᠯᠳᠠ ᠪᠠ ᠦᠷᠲᠡᠭ᠎ᠤᠨ ᠦᠵᠡᠯᠲᠡ᠎ᠲᠠᠢ ᠪᠠᠶ᠋ᠢᠬᠤ ᠬᠡᠷᠡᠭᠲᠡᠢ᠃ ᠰᠣᠷᠣᠭᠴᠢᠳ ᠢᠮᠠᠭᠲᠠ ᠪᠠᠭᠰᠢ ᠵᠢᠨ ᠮᠡᠳᠡᠯᠭᠡ᠂ ᠣᠶᠣᠨ ᠣᠬᠠᠭ᠋ᠠᠨ᠎ᠢ ᠪᠢᠰᠢᠷᠡᠵᠦ᠂ ᠬᠦᠰᠡᠯᠡᠩᠲᠣ ᠬᠦᠮᠦᠨ ᠮᠦᠰᠦ ᠵᠢᠨ ᠪᠦᠷᠢᠯᠸ᠎ᠠ᠎ᠪᠠᠷ ᠦᠵᠡᠳᠡᠭ᠃ ᠠ᠋ᠶ᠋ᠢᠮᠦ᠎ᠠᠴᠠ ᠰᠣᠷᠣᠭᠴᠢ᠎ᠲᠠᠢ ᠬᠠᠮᠤᠭ ᠨᠢᠭᠲᠠ ᠬᠠᠷᠢᠴᠠᠭ᠎ᠠ᠎ᠲᠠᠢ ᠬᠦᠮᠦᠨ — ᠠᠩᠬᠢ ᠵᠢᠨ ᠠ᠋ᠷᠬᠢᠯᠡᠭᠴᠢ ᠪᠠᠭᠰᠢ ᠪᠣᠯᠣᠭᠰᠠᠨ᠎ᠤ ᠬᠤᠪᠢ᠎ᠳᠤ᠂ ᠠ᠋ᠷᠬᠡᠪᠰᠢ ᠦᠪᠡᠷ᠎ᠤᠨ ᠪᠡᠶ᠎ᠡ᠎ᠠᠴᠠ᠎ᠪᠠᠨ ᠭᠠᠷᠲᠠᠵᠦ᠂ ᠦᠪᠡᠷ᠎ᠤᠨ ᠪᠡᠶ᠎ᠡ᠎ᠪᠠᠷ ᠵᠶ᠋ᠠᠨ ᠬᠡᠪ ᠳᠦᠷᠢᠮ ᠦᠵᠡᠭᠦᠯᠦᠨ᠂ ᠪᠠᠭᠰᠢ ᠬᠦᠮᠦᠨ᠎ᠤ ᠳᠠᠭᠤᠷᠢᠶᠠᠯ᠎ᠤᠨ ᠦᠢ᠍ᠯᠡᠳᠣᠯ ᠵᠶ᠋ᠠᠨ ᠪᠠᠳᠠᠷᠠᠭᠤᠯᠵᠦ ᠴᠢᠳᠠᠭᠰᠠᠨ ᠪᠠᠶ᠋ᠢᠬᠤ ᠬᠡᠷᠡᠭᠲᠡᠢ᠃ ᠠ᠋ᠷᠬᠡᠪᠰᠢ ᠦᠨᠡᠨᠴᠢ ᠢᠲᠡᠭᠡᠯ᠎ᠲᠠᠢ᠂ ᠠᠰᠪᠣᠷᠢ ᠰᠢᠯᠣᠭᠤᠨ᠂ ᠦᠭᠡ ᠶᠠᠷᠢᠶ᠎ᠠ ᠦᠢ᠍ᠯᠡ ᠠᠵᠢᠯᠯᠠᠭ᠎ᠠ ᠨᠢᠭᠡᠳᠣᠯᠲᠡᠢ᠂ ᠰᠠᠶ᠋ᠢᠨ ᠰᠠᠶ᠋ᠢᠬᠠᠨ ᠶᠣᠰᠣ ᠰᠣᠷᠲᠠᠭ᠍ᠣᠨᠤ ᠬᠡᠪ ᠴᠢᠨᠠᠷᠲᠠᠢ ᠪᠠᠶ᠋ᠢᠬᠤ ᠬᠡᠷᠡᠭᠲᠡᠢ᠃ ᠰᠣᠷᠣᠭᠴᠢ ᠵᠢ ᠱᠠᠭ᠋ᠠᠷᠳᠠᠵᠦ ᠬᠢᠯᠭᠡᠬᠦ ᠵᠦᠢ᠍ᠯᠡᠰ᠎ᠢ ᠪᠠᠭᠰᠢ ᠦᠪᠡᠷ ᠵᠶ᠋ᠠᠨ ᠣᠷᠢᠳ ᠵᠶ᠋ᠠᠷ ᠬᠢᠵᠦ ᠳᠡᠶ᠋ᠢᠯᠦᠭᠰᠡᠨ ᠪᠠᠶ᠋ᠢᠬᠤ ᠬᠡᠷᠡᠭᠲᠡᠢ᠃ ᠰᠣᠷᠣᠭᠴᠢ ᠵᠢ ᠬᠢᠵᠦ ᠪᠣᠯᠬᠤ ᠦᠭᠡᠢ ᠭᠡᠵᠦ ᠱᠠᠭ᠋ᠠᠷᠳᠠᠭᠰᠠᠨ ᠵᠦᠢ᠍ᠯᠡᠰ᠎ᠢ ᠪᠠᠭᠰᠢ ᠦᠪᠡᠷ ᠵᠶ᠋ᠠᠨ ᠶᠠᠭ᠋ᠠᠬᠢᠭᠰᠠᠨ ᠴᠦ᠍ ᠬᠢᠵᠦ ᠪᠣᠯᠬᠤ ᠦᠭᠡᠢ᠃
ᠠᠩᠬᠢ ᠵᠢᠨ ᠪᠠᠭᠰᠢ ᠵᠢᠨ ᠰᠠᠶ᠋ᠢᠨ ᠰᠠᠶ᠋ᠢᠬᠠᠨ ᠦᠭᠡ ᠶᠠᠷᠢᠶ᠎ᠠ ᠦᠢ᠍ᠯᠡ ᠠᠵᠢᠯᠯᠠᠭ᠋ᠠᠨ᠎ᠤ ᠬᠡᠪ ᠴᠢᠨᠠᠷ ᠪᠣᠯ ᠨᠢᠭᠡ ᠵᠦᠢ᠍ᠯ᠎ᠤᠨ ᠠᠶᠠᠨᠳᠠᠭ᠋ᠠᠨ᠎ᠤ ᠰᠣᠷᠭ᠋ᠠᠨ ᠬᠦᠮᠦᠵᠢᠯ᠎ᠤᠨ ᠬᠦᠴᠦᠨ ᠵᠦᠢ᠍ᠯ ᠮᠥᠨ᠃ ᠰᠣᠷᠣᠭᠴᠢ ᠵᠢᠨ ᠦᠢ᠍ᠯᠡ ᠠᠵᠢᠯᠯᠠᠭ᠋ᠠᠨ᠎ᠤ ᠳᠠᠳᠬᠠᠯ᠎ᠳᠤ ᠬᠡᠮᠵᠢᠶᠡᠯᠡᠰᠢ ᠦᠭᠡᠢ ᠶᠡᠭᠡ ᠨᠦᠯᠦᠭᠡ ᠭᠠᠷᠭ᠋ᠠᠳᠠᠭ ᠶᠤᠮ᠃ ᠰᠣᠷᠣᠭᠴᠢ ᠠᠩᠬᠢ ᠵᠢᠨ ᠪᠠᠭᠰᠢ ᠵᠢᠨ ᠪᠡᠶ᠎ᠡ᠎ᠳᠤ ᠢᠯᠡᠷᠡᠭᠰᠡᠨ ᠰᠢᠯᠢᠳᠡᠭ ᠰᠠᠶ᠋ᠢᠨ ᠬᠡᠪ ᠰᠣᠷᠲᠠᠯᠢ ᠣᠯᠵᠦ ᠬᠠᠷᠠᠪᠠᠯ ᠰᠠᠶᠢ ᠢᠲᠡᠭᠡᠨ ᠪᠢᠰᠢᠷᠡᠵᠦ ᠳᠠᠭᠤᠷᠢᠶᠠᠳᠠᠭ᠃ ᠠᠨᠭ᠌ᠬᠢ ᠵᠢᠨ ᠠ᠋ᠷᠬᠢᠯᠡᠭᠴᠢ ᠢᠨᠭᠬᠢᠵᠦ ᠲᠡᠳᠡᠨ᠎ᠤ ᠳᠣᠳᠣᠭ᠋ᠠᠳᠣ ᠰᠡᠳᠬᠢᠯᠭᠡᠠᠴᠠᠪᠠᠨ ᠰᠠᠶ᠋ᠢᠨ ᠰᠠᠶ᠋ᠢᠬᠠᠨ᠎ᠢ ᠬᠦᠭᠡᠭᠡᠴᠡᠯᠳᠣᠬᠦ ᠢᠳᠡᠪᠬᠢᠵᠢᠯ᠎ᠢ ᠳᠠᠶ᠋ᠢᠴᠢᠯᠠᠭ᠍ᠣ ᠪᠣᠯᠣᠨ᠎ᠠ᠃
ᠬᠤᠶᠠᠷ᠂ ᠠᠵᠢᠯ᠎ᠳᠤ᠎ᠪᠠᠨ ᠣᠷᠭᠢᠯᠣᠮ᠎ᠠ ᠬᠠᠯᠠᠭᠤᠨ ᠬᠠᠶ᠋ᠢᠷ᠎ᠠ ᠰᠡᠳᠬᠢᠯᠭᠡ ᠪᠠᠢ᠍ᠢ᠍ᠬᠤ ᠪᠠ ᠳᠡᠭᠡᠳᠣ ᠬᠡᠮᠵᠢᠶᠡᠨ᠎ᠤ ᠬᠠᠷᠢᠭᠤᠴᠠᠯᠭ᠋ᠠᠳᠣ ᠤᠪᠤᠷ᠎ᠲᠠᠢ ᠪᠠᠶ᠋ᠢᠬᠤ᠎ᠨᠢ ᠰᠢᠯᠢᠳᠡᠭ ᠠᠩᠬᠢ ᠵᠢᠨ ᠠ᠋ᠷᠬᠢᠯᠡᠭᠴᠢ ᠪᠠᠭᠰᠢ ᠪᠣᠯᠬᠤ ᠵᠢᠨ ᠰᠠᠭᠤᠷᠢ
ᠣᠷᠭᠢᠯᠣᠮ᠎ᠠ ᠬᠠᠯᠠᠭᠤᠨ ᠠᠵᠢᠯ᠎ᠤᠨ ᠣᠪᠣᠷ ᠪᠠ ᠬᠠᠷᠢᠭᠤᠴᠠᠯᠭ᠋ᠠᠲᠣ ᠰᠡᠳᠬᠢᠯᠭᠡ ᠪᠣᠯ ᠠᠩᠬᠢ᠎ᠶᠢᠨ ᠠ᠋ᠷᠬᠢᠯᠡᠭᠴᠢ ᠪᠠᠭᠰᠢ ᠪᠤᠯᠤᠭᠰᠠᠳ᠎ᠤᠨ ᠦᠨᠳᠦᠰᠦᠨ ᠱᠠᠭ᠋ᠠᠷᠳᠠᠯᠭ᠎ᠠ ᠪᠦᠭᠡᠳ ᠮᠦᠨ ᠴᠦ᠍ ᠨᠢᠭᠡᠨ ᠰᠢᠯᠢᠳᠡᠭ ᠰᠠᠶ᠋ᠢᠨ ᠠᠩᠬᠢ ᠵᠢᠨ ᠠ᠋ᠷᠬᠢᠯᠡᠭᠴᠢ ᠪᠠᠭᠰᠢ ᠪᠣᠯᠵᠦ ᠳᠡᠶ᠋ᠢᠯᠬᠦ ᠠ᠋ᠰᠡᠬᠦ ᠵᠢᠨ ᠦᠵᠡᠯ ᠰᠠᠨᠠᠭ᠋ᠠᠨ᠎ᠤ ᠰᠠᠭᠤᠷᠢ ᠪᠣᠯᠬᠤ ᠶᠤᠮ᠃ ᠠᠩᠬᠢ ᠵᠢᠨ ᠠ᠋ᠷᠬᠢᠯᠡᠭᠴᠢ ᠪᠠᠭᠰᠢ ᠵᠢᠨ ᠠᠵᠢᠯ᠎ᠳᠤ᠎ᠪᠠᠨ ᠬᠠᠷᠢᠭᠤᠴᠠᠭ᠍ᠣ ᠣᠷᠭᠢᠯᠣᠮ᠎ᠠ ᠬᠠᠯᠠᠭᠤᠨ ᠵᠣᠷᠢᠭ ᠰᠠᠨᠠᠭ᠎ᠠ ᠪᠠ ᠤᠪᠤᠷ᠎ᠨᠢ ᠬᠤᠶᠠᠷ ᠲᠠᠯ᠎ᠠ᠎ᠳᠤ ᠢᠯᠡᠷᠡᠳᠡᠭ᠃ ᠨᠢᠭᠡ᠎ᠨᠢ ᠦᠪᠡᠷ᠎ᠤᠨ ᠲᠣᠬᠠᠶ᠋ᠢᠯᠠᠭᠰᠠᠨ ᠠᠵᠢᠯ᠎ᠳᠤ᠎ᠪᠠᠨ ᠬᠠᠶ᠋ᠢᠷᠠᠲᠠᠢ ᠪᠠᠶ᠋ᠢᠬᠤ ᠬᠡᠷᠡᠭᠲᠠᠢ᠃ ᠨᠦᠭᠦᠭᠡ᠎ᠨᠢ ᠰᠣᠷᠣᠭᠴᠢ᠎ᠪᠠᠨ ᠬᠠᠶ᠋ᠢᠷᠠᠯᠠᠵᠦ ᠬᠠᠷᠠᠭ᠋ᠠᠯᠵᠠᠭᠰᠠᠨ ᠪᠠᠶ᠋ᠢᠬᠤ ᠬᠡᠷᠡᠭᠲᠡᠢ᠃
《ᠬᠠᠶ᠋ᠢᠷ᠎ᠠ ᠦᠭᠡᠢ ᠰᠣᠷᠭ᠋ᠠᠨ ᠬᠦᠮᠦᠵᠢᠯ ᠪᠣᠯ ᠦᠬᠦᠮᠡᠯ ᠰᠣᠷᠭ᠋ᠠᠨ ᠬᠦᠮᠦᠵᠢᠯ ᠶᠤᠮ᠃ ᠬᠠᠶ᠋ᠢᠷ᠎ᠠ ᠵᠢᠨ ᠬᠦᠮᠦᠵᠢᠯ᠎ᠢ ᠬᠦᠷᠲᠡᠭᠡᠵᠦ ᠳᠡᠶ᠋ᠢᠯᠬᠦ ᠦᠭᠡᠢ ᠰᠣᠷᠭ᠋ᠠᠨ ᠬᠦᠮᠦᠵᠢᠯ ᠪᠣᠯ ᠢᠯᠠᠭᠳᠠᠭᠰᠠᠨ ᠰᠣᠷᠭ᠋ᠠᠨ ᠬᠦᠮᠦᠵᠢᠯ ᠶᠤᠮ》᠃ ᠦᠪᠡᠷ᠎ᠤᠨ ᠲᠣᠬᠠᠶ᠋ᠢᠯᠠᠭᠰᠠᠨ ᠠᠵᠢᠯ᠎ᠳᠤ᠎ᠪᠠᠨ ᠬᠠᠶ᠋ᠢᠷ᠎ᠠ ᠦᠭᠡᠢ ᠪᠠᠭᠰᠢ᠂ ᠰᠣᠷᠣᠭᠴᠢ᠎ᠪᠠᠨ ᠬᠠᠶ᠋ᠢᠷᠠᠯᠠᠨ ᠬᠠᠷᠠᠭ᠋ᠠᠯᠵᠠᠳᠠᠭ ᠦᠭᠡᠢ ᠪᠠᠭᠰᠢ᠂ ᠰᠠᠶ᠋ᠢᠨ ᠠᠩᠬᠢ ᠵᠢᠨ ᠠ᠋ᠷᠬᠢᠯᠡᠭᠴᠢ ᠪᠠᠭᠰᠢ ᠪᠣᠯᠣᠨ᠎ᠡ ᠭᠡᠳᠡᠭ᠎ᠢ ᠲᠦᠰᠦᠭᠡᠯᠡᠭᠦ ᠵᠢᠨ ᠠᠷᠭ᠎ᠠ ᠦᠭᠡᠢ ᠶᠤᠮ᠃ ᠬᠠᠶ᠋ᠢᠷ᠎ᠠ ᠦᠭᠡᠢ ᠪᠣᠯ ᠦᠪᠡᠷ᠎ᠢ᠎ᠪᠠᠨ ᠵᠣᠷᠢᠭᠤᠯᠬᠤ ᠵᠣᠷᠢᠭ ᠰᠠᠨᠠᠭ᠎ᠠ ᠪᠠᠢ᠍ᠢ᠍ᠵᠤ ᠴᠢᠳᠠᠬᠤ ᠦᠭᠡᠢ ᠶᠤᠮ᠃ 《ᠬᠡᠳᠣᠢ ᠭᠦᠨ ᠬᠠᠶ᠋ᠢᠷᠠᠲᠠᠢ ᠪᠣᠯ ᠲᠡᠳᠣᠢ ᠴᠢᠩᠭ᠎ᠠ ᠬᠠᠷᠢᠭᠤᠴᠠᠯᠭ᠋ᠠᠲᠣ ᠰᠡᠳᠬᠢᠯᠭᠡ᠎ᠲᠠᠢ ᠪᠠᠶ᠋ᠢᠳᠠᠭ》 ᠭᠡᠳᠡᠭᠴᠢᠯᠡᠨ ᠠᠩᠬᠢ ᠵᠢᠨ ᠠ᠋ᠷᠬᠢᠯᠡᠭᠴᠢ ᠪᠠᠭᠰᠢ ᠬᠡᠷᠪᠡ ᠣᠷᠣᠭᠰᠢᠯᠠᠨ ᠳᠠᠪᠰᠢᠬᠤ ᠢᠳᠡᠪᠬᠢᠲᠣ ᠠᠮᠢᠳᠣᠷᠠᠭ᠍ᠣᠢ ᠵᠢᠨ ᠦᠵᠡᠯ ᠦᠭᠡᠢ ᠪᠣᠯ ᠠᠵᠢᠯ ᠵᠶ᠋ᠠᠨ ᠰᠠᠶ᠋ᠢᠨ ᠬᠢᠬᠦ ᠳᠣᠲᠣᠭ᠋ᠠᠳᠣ ᠬᠦᠳᠡᠯᠭᠡᠬᠦ ᠬᠦᠴᠦᠨ ᠦᠭᠡᠢ ᠶᠤᠮ᠃ ᠨᠡᠩ ᠴᠠᠭ᠋ᠠᠰᠢᠲᠠ ᠨᠢᠭᠡᠨ ᠰᠠᠶ᠋ᠢᠨ ᠠᠩᠬᠢ ᠵᠢᠨ ᠠ᠋ᠷᠬᠢᠯᠡᠭᠴᠢ ᠪᠣᠯᠬᠤ ᠵᠢ ᠶᠠᠷᠢᠭᠰᠠᠨᠤ ᠬᠡᠷᠡᠭ ᠠᠯᠠᠭ᠎ᠠ᠃ ᠠ᠋ᠶ᠋ᠢᠮᠦ᠎ᠠᠴᠠ ᠲᠣᠬᠠᠶ᠋ᠢᠯᠠᠭᠰᠠᠨ ᠠᠵᠢᠯ᠎ᠳᠤ᠎ᠪᠠᠨ ᠭᠦᠨ ᠬᠠᠶ᠋ᠢᠷᠠᠲᠠᠢ᠂ ᠣᠷᠣᠭᠰᠢᠯᠠᠨ ᠳᠠᠪᠰᠢᠬᠤ ᠵᠣᠷᠢᠭ ᠰᠠᠨᠠᠭ᠎ᠠ ᠪᠢᠯᠬᠠᠮ᠎ᠠ᠂ ᠰᠣᠷᠣᠭᠴᠢ᠎ᠪᠠᠨ ᠬᠠᠶ᠋ᠢᠷᠠᠯᠠᠨ ᠬᠠᠷᠠᠭ᠋ᠠᠯᠵᠠᠳᠠᠭ ᠲᠡᠳᠡᠭᠡᠷ ᠬᠦᠮᠦᠰ ᠯᠡ ᠠᠩᠬᠢ ᠵᠢᠨ ᠠ᠋ᠷᠬᠢᠯᠡᠭᠴᠢ ᠪᠠᠭᠰᠢ ᠵᠢᠨ ᠠᠵᠢᠯ᠎ᠢ ᠠ᠋ᠭᠦᠷᠭᠡᠯᠡᠵᠦ ᠳᠡᠶ᠋ᠢᠯᠳᠡᠭ ᠪᠢᠯᠡ᠃
ᠠᠩᠬᠢ ᠵᠢᠨ ᠠ᠋ᠷᠬᠢᠯᠡᠭᠴᠢ ᠪᠠᠭᠰᠢ ᠨᠡᠶ᠋ᠢᠭᠡᠮ᠎ᠤᠨ ᠬᠡᠷᠡᠭᠴᠡᠭᠡ ᠱᠠᠭ᠋ᠠᠷᠳᠠᠯᠭ᠎ᠠ ᠪᠠ ᠬᠦᠭᠵᠢᠯᠲᠡ ᠵᠢᠨ ᠬᠠᠨᠳᠣᠰᠢ ᠵᠢᠴᠢ ᠰᠣᠷᠣᠭᠴᠢ ᠵᠢᠨ ᠪᠡᠶ᠎ᠡ ᠰᠡᠳᠬᠢᠴᠡ ᠵᠢᠨ ᠦᠪᠡᠷᠮᠢᠴᠡ ᠣᠨᠴᠠᠯᠢᠭ ᠵᠶ᠋ᠠᠷ ᠦᠨᠳᠣᠰᠣᠯᠡᠯ ᠪᠣᠯᠭ᠋ᠠᠵᠦ᠂ ᠠᠩᠬᠢ ᠵᠢᠨ ᠠᠵᠢᠯ᠎ᠤᠨ ᠳᠣᠮᠳᠠ ᠪᠦᠯᠬᠦᠮᠳᠡᠯ᠎ᠢ ᠠᠬᠢᠭᠤᠯᠣᠨ᠂ ᠬᠠᠮᠵᠢᠯᠴᠠᠭ᠍ᠣ ᠣᠬᠠᠮᠰᠠᠷ᠎ᠢ ᠪᠣᠢ ᠪᠣᠯᠭ᠋ᠠᠨ᠂ ᠦᠷᠢᠰᠦᠯᠳᠦᠬᠦ ᠦᠵᠡᠯ᠎ᠢ ᠬᠦᠮᠦᠵᠢᠭᠦᠯᠬᠦ ᠬᠡᠷᠡᠭᠲᠡᠢ᠃ ᠬᠦᠮᠦᠨ᠎ᠤ ᠭᠠᠭᠴᠠ ᠬᠡᠣᠬᠡᠳ᠎ᠤᠨ ᠦᠪᠡᠷᠮᠢᠴᠡ ᠣᠨᠴᠠᠯᠢᠭᠲᠤ ᠬᠠᠨᠳᠣᠭᠤᠯᠣᠨ᠂ ᠠᠩᠬᠢ᠎ᠳᠤ᠎ᠪᠠᠨ ᠬᠠᠮᠵᠢᠯᠴᠠᠭ᠍ᠣ ᠠᠭᠤᠷ ᠠᠮᠢᠰᠬᠤᠯ᠎ᠢ ᠪᠦᠷᠢᠯᠳᠦᠭᠦᠯᠬᠦ ᠵᠢ ᠣᠨᠴᠠᠭ᠋ᠠᠶ᠋ᠢᠯᠠᠨ ᠠᠩᠬᠠᠷᠴᠦ᠂ ᠬᠠᠮᠳᠣ ᠨᠡᠶ᠋ᠢᠲᠡ ᠵᠢᠨ ᠠᠵᠢᠯᠯᠠᠭ᠋ᠠᠨ᠎ᠳᠤ ᠰᠣᠷᠣᠭᠴᠢᠳ᠎ᠲᠤ ᠪᠣᠰᠣᠳ᠎ᠢ ᠬᠦᠨᠳᠦᠳᠭᠡᠬᠦ ᠣᠬᠠᠮᠰᠠᠷ ᠪᠠ ᠪᠣᠰᠣᠳ᠎ᠲᠠᠢ ᠨᠦᠬᠦᠷᠰᠡᠭ ᠬᠠᠷᠢᠯᠴᠠᠭ᠍ᠣ ᠣᠬᠠᠮᠰᠠᠷ᠎ᠢ ᠬᠦᠮᠦᠵᠢᠭᠦᠯᠪᠡᠯ ᠵᠤᠬᠢᠨ᠎ᠠ᠃
ᠭᠤᠷᠪᠠ᠂ ᠡᠯ᠎ᠡ ᠲᠠᠯ᠎ᠠ ᠵᠢᠨ ᠶᠡᠷᠣᠩᠬᠡᠶ᠋ᠢᠯᠡᠭᠰᠡᠨ ᠬᠡᠪ ᠴᠢᠨᠠᠷ᠎ᠨᠢ ᠰᠢᠯᠢᠳᠡᠭ ᠠᠩᠬᠢ ᠵᠢᠨ ᠠ᠋ᠷᠬᠢᠯᠡᠭᠴᠢ ᠪᠠᠭᠰᠢ ᠪᠣᠯᠬᠤ ᠵᠢᠨ ᠭᠤᠣᠯ ᠴᠦᠮ᠎ᠡ
ᠠᠩᠬᠢ ᠵᠢᠨ ᠠ᠋ᠷᠬᠢᠯᠡᠭᠴᠢ ᠪᠠᠭᠰᠢ ᠵᠢᠨ ᠦᠨᠳᠣᠰᠣᠨ ᠠ᠋ᠭᠦᠷᠭᠡ ᠪᠣᠯ 《ᠶᠣᠰᠣ ᠰᠣᠷᠲᠠᠭ᠍ᠣᠨ᠂ ᠣᠶᠣᠨ ᠣᠬᠠᠭ᠋ᠠᠨ᠂ ᠪᠡᠶ᠎ᠡ ᠮᠠᠭ᠍ᠠᠪᠣᠳ᠂ ᠭᠤᠸ᠎ᠠ ᠰᠠᠶ᠋ᠢᠬᠠᠨ᠂ ᠬᠦᠳᠡᠯᠮᠦᠷᠢ ᠮᠡᠷᠭᠡᠵᠢᠯ ᠵᠡᠷᠭᠡ ᠪᠦᠬᠦ ᠲᠠᠯ᠎ᠠ ᠵᠢᠨ ᠬᠦᠭᠵᠢᠯᠲᠡ ᠵᠢᠨ ᠱᠠᠭ᠋ᠠᠷᠳᠠᠯᠭ᠎ᠠ ᠶᠣᠰᠣᠭ᠋ᠠᠷ ᠠᠩᠬᠢ ᠵᠢᠨ ᠠᠵᠢᠯ ᠵᠶ᠋ᠠᠨ ᠦᠷᠨᠢᠭᠦᠯᠤᠨ᠂ ᠪᠦᠬᠦ ᠲᠠᠯ᠎ᠠ᠎ᠪᠠᠷ ᠰᠣᠷᠭ᠋ᠠᠨ ᠬᠦᠮᠦᠵᠢᠭᠦᠯᠵᠦ᠂ ᠳᠡᠲᠡ᠎ᠨᠢ ᠬᠦᠰᠡᠯᠡᠩ᠎ᠲᠠᠢ᠂ ᠶᠣᠰᠣ ᠰᠣᠷᠲᠠᠭ᠍ᠣᠨᠲᠠᠢ᠂ ᠮᠡᠳᠡᠯᠭᠡ᠎ᠲᠠᠢ᠂ ᠰᠠᠬᠢᠯᠭ᠎ᠠ ᠪᠠᠳᠣᠲᠠᠢ᠂ ᠠ᠋ᠷᠡᠭᠦᠯ ᠴᠢᠬᠢᠷᠠᠭ ᠪᠡᠶ᠎ᠡ ᠰᠡᠳᠬᠢᠴᠡ᠎ᠲᠠᠢ ᠠᠷᠠᠳ ᠢᠷᠭᠡᠨ ᠪᠣᠯᠭ᠋ᠠᠨ ᠬᠦᠮᠦᠵᠢᠭᠦᠯᠬᠦ ᠶᠠᠪᠣᠲᠠᠯ ᠪᠣᠯᠬᠤ ᠶᠤᠮ》᠃ ᠠᠩᠬᠢ ᠵᠢᠨ ᠠ᠋ᠷᠬᠢᠯᠡᠭᠴᠢ ᠪᠠᠭᠰᠢ᠎ᠨᠢ ᠰᠣᠷᠣᠭᠴᠢ᠎ᠲᠠᠢ ᠬᠠᠮᠤᠭ ᠢᠯᠡᠭᠦᠣ ᠬᠠᠷᠢᠴᠠᠨ᠂ ᠲᠡᠳᠡᠨ᠎ᠢ ᠬᠠᠮᠤᠭ᠎ᠤᠨ ᠶᠡᠭᠡ ᠨᠦᠯᠦᠭᠡᠯᠡᠭᠦ ᠪᠣᠯᠣᠨ᠎ᠠ᠃ ᠠ᠋ᠶ᠋ᠢᠮᠦ᠎ᠠᠴᠠ ᠠᠩᠬᠢ ᠵᠢᠨ ᠠ᠋ᠷᠬᠢᠯᠡᠭᠴᠢ ᠵᠢᠨ ᠬᠤᠪᠢ ᠪᠡᠶ᠎ᠡ ᠵᠢᠨ ᠬᠡᠪ ᠴᠢᠨᠠᠷ᠎ᠨᠢ ᠪᠦᠬᠦ ᠲᠠᠯ᠎ᠠ᠎ᠪᠠᠷ ᠳᠡᠭᠡᠭᠰᠢᠯᠡᠬᠦ ᠪᠠ ᠬᠦᠭᠵᠢᠵᠦ ᠳᠡᠶ᠋ᠢᠯᠬᠦ ᠠ᠋ᠰᠡᠬᠦ᠎ᠨᠢ ᠰᠣᠷᠣᠭᠴᠢ ᠵᠢᠨ ᠪᠦᠬᠦ ᠲᠠᠯ᠎ᠠ᠎ᠪᠠᠷ ᠬᠦᠭᠵᠢᠬᠦ ᠵᠢ ᠬᠡᠮᠵᠢᠨ ᠲᠣᠭᠲᠠᠭ᠋ᠠᠬᠤ ᠵᠠᠨᠭ᠌ᠬᠢᠯᠠᠭ᠎ᠠ ᠵᠢᠨ ᠠ᠋ᠯᠸᠮᠸᠨ᠋ᠲ ᠪᠣᠯᠳᠠᠭ᠃ ᠰᠢᠯᠢᠳᠡᠭ ᠠᠩᠬᠢ ᠵᠢᠨ ᠠ᠋ᠷᠬᠢᠯᠡᠭᠴᠢ ᠪᠠᠭᠰᠢ ᠪᠣᠯᠬᠤ ᠵᠢᠨ ᠭᠤᠣᠯ ᠴᠦᠮ᠎ᠡ᠎ᠨᠢ ᠡᠯ᠎ᠡ ᠲᠠᠯ᠎ᠠ ᠵᠢᠨ ᠶᠡᠷᠦᠩᠬᠡᠶ᠋ᠢᠯᠡᠭᠰᠡᠨ ᠬᠡᠪ ᠴᠢᠨᠠᠷ ᠪᠠᠶ᠋ᠢᠵᠦ᠂ ᠲᠤᠤᠷᠠᠬᠢ ᠭᠡᠳᠤᠨ ᠲᠠᠯ᠎ᠠ᠎ᠪᠠᠷ ᠢᠯᠡᠷᠡᠳᠡᠭ᠃
1. ᠲᠣᠬᠠᠶ᠋ᠢᠯᠠᠭᠰᠠᠨ ᠠᠵᠢᠯ᠎ᠤᠨ ᠣᠨᠣᠯ᠎ᠤᠨ ᠮᠡᠳᠡᠯᠭᠡ᠎ᠲᠠᠢ ᠪᠠᠶ᠋ᠢᠬᠤ
ᠠᠩᠬᠢ ᠵᠢᠨ ᠠ᠋ᠷᠬᠢᠯᠡᠭᠴᠢ ᠪᠠᠭᠰᠢ ᠵᠢᠨ ᠲᠣᠬᠠᠶ᠋ᠢᠯᠠᠭᠰᠠᠨ ᠠᠵᠢᠯ᠎ᠤᠨ ᠣᠨᠣᠯ᠎ᠤᠨ ᠮᠡᠳᠡᠯᠭᠡ ᠭᠡᠳᠡᠭ᠎ᠨᠢ ᠵᠣᠬᠢᠬᠤ ᠣᠨᠣᠯ᠎ᠤᠨ ᠰᠢᠰᠲᠸᠮ᠎ᠢ ᠪᠦᠷᠢᠯᠳᠦᠭᠦᠯᠳᠡᠭ ᠮᠡᠳᠡᠯᠭᠡ ᠵᠢ ᠵᠢᠭ᠋ᠠᠨ᠎ᠠ᠃ ᠲᠤᠬᠠᠢ᠍ᠢ᠍ᠯᠠᠪᠠᠯ᠂ ᠠᠩᠬᠢ ᠵᠢᠨ ᠠ᠋ᠷᠬᠢᠯᠡᠭᠴᠢ ᠪᠠᠭᠰᠢ ᠵᠢᠨ ᠠᠵᠢᠯ᠎ᠤᠨ ᠪᠠᠶ᠋ᠢᠷᠢ ᠪᠠ ᠦᠢ᠍ᠯᠡᠳᠣᠯ᠎ᠤᠨ ᠲᠣᠬᠠᠢ ᠲᠠᠨᠢᠯᠲᠠ᠂ ᠠᠩᠬᠢ ᠵᠢᠨ ᠬᠦᠭᠵᠢᠯᠲᠡ ᠵᠢᠨ ᠲᠣᠬᠠᠢ ᠣᠶ᠋ᠢᠯᠠᠭ᠋ᠠᠯᠲᠠ᠂ ᠰᠣᠷᠣᠭᠴᠢ ᠵᠢᠨ ᠲᠣᠬᠠᠢ ᠣᠶ᠋ᠢᠯᠠᠭ᠋ᠠᠯᠲᠠ ᠪᠠ ᠰᠣᠳᠣᠯᠣᠯᠲᠠ᠂ ᠠ᠋ᠶ᠎ᠡ ᠨᠠᠶ᠋ᠢᠷᠠᠮᠳᠠᠭᠤ ᠪᠠᠭᠰᠢ ᠰᠣᠷᠣᠭᠴᠢ ᠵᠢᠨ ᠬᠠᠷᠢᠴᠠᠭ᠋ᠠᠨ᠎ᠤ ᠪᠦᠲᠦᠭᠡᠨ ᠪᠠᠶ᠋ᠢᠭᠤᠯᠣᠯᠲᠠ ᠵᠡᠷᠭᠡ ᠪᠣᠢ᠃
ᠪᠣᠳᠠᠲᠠᠢ ᠶᠠᠷᠢᠪᠠᠯ᠂ ᠠᠩᠬᠢ ᠵᠢᠨ ᠠ᠋ᠷᠬᠢᠯᠡᠭᠴᠢ ᠪᠠᠭᠰᠢ ᠠᠩᠬᠢ ᠨᠢᠭᠡᠴᠢ ᠵᠢᠨ ᠵᠣᠬᠢᠶᠠᠨ ᠪᠠᠶ᠋ᠢᠭᠤᠯᠣᠭᠴᠢ ᠪᠠ ᠬᠠᠮᠢᠶᠠᠷᠣᠭᠴᠢ ᠪᠣᠯᠣᠭᠰᠠᠨ᠎ᠤ ᠬᠤᠪᠢ᠎ᠳᠤ᠂ 《ᠠᠩᠬᠢ ᠨᠢᠭᠡᠴᠢ ᠵᠢᠨ ᠬᠠᠮᠢᠶᠠᠷᠣᠯᠲᠠ ᠵᠢᠨ ᠣᠨᠣᠯ》᠎ᠤᠨ ᠮᠡᠳᠡᠯᠭᠡ᠎ᠪᠠᠷ ᠵᠢᠯᠣᠭᠤᠳᠣᠯᠭ᠎ᠠ ᠪᠣᠯᠭ᠋ᠠᠪᠠᠯ ᠵᠣᠬᠢᠨ᠎ᠠ᠃ ᠠ᠋ᠷᠬᠡᠪᠰᠢ ᠰᠣᠷᠭ᠋ᠠᠨ ᠬᠦᠮᠦᠵᠢᠭᠦᠯᠬᠦ ᠣᠬᠠᠭ᠋ᠠᠨ ᠪᠠ 《ᠶᠣᠰᠣ ᠰᠣᠷᠲᠠᠭ᠍ᠣᠨᠤ ᠬᠦᠮᠦᠵᠢᠯ᠎ᠤᠨ ᠣᠨᠣᠯ》᠎ᠤᠨ ᠬᠠᠮᠢᠶ᠎ᠠ ᠪᠦᠬᠦᠢ ᠣᠨᠣᠯ᠎ᠤᠨ ᠮᠡᠳᠡᠯᠭᠡ ᠵᠢ ᠮᠡᠳᠡᠬᠦ ᠬᠡᠷᠡᠭᠲᠡᠢ᠃ ᠠᠩᠬᠢ ᠵᠢᠨ ᠠ᠋ᠷᠬᠢᠯᠡᠭᠴᠢ ᠪᠠᠭᠰᠢ 《ᠰᠣᠷᠣᠭᠴᠢ ᠵᠢᠨ ᠰᠡᠳᠬᠢᠴᠡ ᠵᠢᠨ ᠵᠦᠪᠳᠡᠯ᠎ᠤᠨ ᠪᠠᠭᠰᠢ》 ᠪᠣᠯᠣᠭᠰᠠᠨ ᠪᠠᠶ᠋ᠢᠬᠤ᠂ ᠰᠡᠳᠬᠢᠴᠡ ᠵᠢᠨ ᠰᠣᠷᠭ᠋ᠠᠨ ᠬᠦᠮᠦᠵᠢᠯ ᠪᠠ ᠰᠡᠳᠬᠢᠴᠡ ᠵᠢᠨ ᠵᠦᠪᠳᠡᠯ᠎ᠤᠨ ᠲᠠᠯ᠎ᠠ ᠵᠢᠨ ᠣᠨᠣᠯ᠎ᠤᠨ ᠮᠡᠳᠡᠯᠭᠡ ᠵᠢ ᠰᠣᠷᠣᠯᠴᠠᠭ᠍ᠣ ᠪᠣᠶᠣ ᠡᠵᠡᠮᠰᠢᠭᠰᠡᠨ ᠪᠠᠶ᠋ᠢᠬᠤ᠂ ᠰᠣᠷᠭ᠋ᠠᠭᠤᠯᠢ᠂ ᠭᠡᠷ᠎ᠤᠨ ᠠᠬᠠᠮᠠᠳ᠂ ᠨᠡᠶ᠋ᠢᠭᠡᠮ ᠭᠡᠬᠦ ᠭᠤᠷᠪᠠᠨ ᠲᠠᠯ᠎ᠠ ᠵᠢᠨ ᠰᠣᠷᠭ᠋ᠠᠨ ᠬᠦᠮᠦᠵᠢᠯ᠎ᠤᠨ ᠬᠦᠴᠦᠨ᠎ᠢ ᠰᠠᠶ᠋ᠢᠲᠣᠷ ᠵᠣᠬᠢᠴᠠᠭᠤᠯᠵᠦ᠂ ᠰᠣᠷᠭ᠋ᠠᠨ ᠬᠦᠮᠦᠵᠢᠯ᠎ᠤᠨ ᠬᠠᠮᠵᠢᠯᠴᠠᠭ᠎ᠠ ᠵᠢ ᠪᠠᠶ᠋ᠢᠭᠤᠯᠬᠤ ᠵᠢᠨ ᠬᠠᠮᠲᠣ ᠭᠡᠷ ᠪᠦᠯᠢ ᠵᠢᠨ ᠰᠣᠷᠭ᠋ᠠᠨ ᠬᠦᠮᠦᠵᠢᠯ᠎ᠤᠨ ᠣᠨᠣᠯ᠂ ᠬᠦᠮᠦᠨ᠎ᠤ ᠬᠠᠷᠢᠴᠠᠭ᠋ᠠᠨ᠎ᠤ ᠣᠨᠣᠯ᠂ ᠶᠣᠰᠣ ᠰᠣᠷᠲᠠᠭ᠍ᠣᠨᠤ ᠣᠬᠠᠭ᠋ᠠᠨ᠎ᠤ ᠮᠡᠳᠡᠯᠭᠡ ᠵᠡᠷᠭᠡ ᠲᠠᠯ᠎ᠠ ᠵᠢᠨ ᠮᠡᠳᠡᠯᠭᠡ ᠵᠢ ᠡᠵᠡᠮᠰᠢᠭᠰᠡᠨ ᠪᠠᠶ᠋ᠢᠬᠤ ᠬᠡᠷᠡᠭᠲᠡᠢ᠃
ᠠ᠋ᠳᠡᠭᠡᠷ ᠲᠣᠬᠠᠶ᠋ᠢᠯᠠᠭᠰᠠᠨ ᠠᠵᠢᠯ᠎ᠤᠨ ᠣᠨᠣᠯ᠎ᠤᠨ ᠮᠡᠳᠡᠯᠭᠡ᠎ᠨᠢ ᠠᠩᠬᠢ ᠵᠢᠨ ᠠ᠋ᠷᠬᠢᠯᠡᠭᠴᠢ ᠪᠠᠭᠰᠢ ᠵᠢᠨ 《ᠰᠣᠷᠭ᠋ᠠᠨ ᠬᠦᠮᠦᠵᠢᠭᠦᠯᠬᠦ ᠬᠦᠰᠡᠯᠡᠩ ᠪᠠ ᠬᠠᠷᠠᠯᠲᠠ》 ᠵᠢᠨ ᠪᠣᠢ ᠪᠣᠯᠬᠤ᠎ᠳᠤ ᠨᠦᠯᠦᠭᠡ ᠦᠵᠡᠭᠦᠯᠦᠨ᠂ ᠠᠩᠬᠢ ᠵᠢᠨ ᠠ᠋ᠷᠬᠢᠯᠡᠭᠴᠢ ᠪᠠᠭᠰᠢ ᠵᠢᠨ ᠦᠢ᠍ᠯᠡ ᠠᠵᠢᠯᠯᠠᠭ᠎ᠠ ᠠᠷᠭ᠎ᠠ ᠪᠠᠷᠢᠯ᠎ᠢ ᠳᠦᠷᠢᠮᠵᠢᠭᠦᠯᠳᠡᠭ ᠮᠦᠷᠲᠡᠭᠡᠨ ᠠᠩᠬᠢ ᠵᠢᠨ ᠠ᠋ᠷᠬᠢᠯᠡᠭᠴᠢ ᠪᠠᠭᠰᠢ ᠵᠢᠨ ᠲᠣᠬᠠᠶ᠋ᠢᠯᠠᠭᠰᠠᠨ ᠠᠵᠢᠯ ᠵᠶ᠋ᠠᠨ ᠪᠡᠶ᠎ᠡ᠎ᠪᠠᠨ ᠳᠠᠭ᠋ᠠᠭ᠋ᠠᠵᠦ ᠪᠡᠶᠡᠯᠡᠭᠦᠯᠬᠦ᠎ᠳᠤ ᠬᠠᠪᠰᠣᠷᠣᠮᠵᠢ ᠪᠣᠯᠳᠠᠭ᠃ ᠠᠩᠬᠢ ᠵᠢᠨ ᠬᠠᠮᠢᠶᠠᠷᠣᠯᠲᠠ ᠵᠢᠨ ᠶᠠᠪᠤᠴᠠ᠎ᠳᠤ ᠠᠩᠬᠢ ᠵᠢᠨ ᠠ᠋ᠷᠬᠢᠯᠡᠭᠴᠢ ᠠᠷᠠᠳᠴᠢᠯᠠᠯ᠎ᠲᠠᠢ᠂ ᠠ᠋ᠷᠬᠡ ᠲᠡᠭᠰᠢ᠂ ᠠ᠋ᠶ᠎ᠡ ᠵᠣᠬᠢᠴᠠᠩᠭᠤᠢ ᠠᠩᠬᠢ ᠵᠢᠨ ᠠᠭᠤᠷ ᠠᠮᠢᠰᠬᠤᠯ᠎ᠢ ᠪᠦᠷᠢᠯᠳᠦᠭᠦᠯᠪᠡᠯ ᠠᠩᠬᠢ ᠵᠢᠨ ᠰᠣᠷᠣᠭᠴᠢ ᠵᠢᠨ ᠭᠤᠣᠯ ᠴᠣᠭᠴᠠ ᠵᠢᠨ ᠦᠢ᠍ᠯᠡᠳᠣᠯ᠎ᠢ ᠭᠦᠢ᠍ᠴᠡᠳ ᠪᠠᠳᠠᠷᠠᠭᠤᠯᠣᠨ᠂ ᠲᠡᠳᠡᠨ᠎ᠤ ᠡᠵᠡᠨ ᠬᠦᠮᠦᠨ᠎ᠤ ᠣᠬᠠᠮᠰᠠᠷ᠎ᠢ ᠨᠡᠮᠡᠭᠳᠡᠭᠦᠯᠬᠦ ᠪᠣᠯᠣᠨ᠎ᠠ᠃ ᠰᠣᠷᠭ᠋ᠠᠨ ᠬᠦᠮᠦᠵᠢᠭᠦᠯᠬᠦ ᠣᠬᠠᠭ᠋ᠠᠨᠲᠠᠨ ᠶᠸ ᠱᠸᠩ ᠲᠣᠣ ᠠᠪᠣᠭ᠋ᠠᠢ ᠬᠡᠯᠡᠭᠰᠡᠨ᠎ᠨᠢ᠄ 《ᠪᠠᠭᠰᠢ ᠵᠢᠨ ᠵᠢᠭ᠋ᠠᠨ ᠰᠣᠷᠭ᠋ᠠᠯᠲᠠ᠎ᠨᠢ ᠰᠣᠷᠣᠭᠴᠢ᠎ᠳᠤ ᠮᠡᠳᠡᠯᠭᠡ ᠵᠢ ᠣᠯᠠᠮᠵᠢᠯᠠᠭ᠍ᠣ ᠲᠡᠳᠣᠢ ᠯᠡ ᠠᠰᠠᠭᠤᠳᠠᠯ ᠪᠢᠰᠢ᠂ ᠬᠠᠷᠢᠨ ᠰᠣᠷᠣᠭᠴᠢ᠎ᠳᠤ ᠰᠣᠷᠣᠯᠴᠠᠭ᠍ᠣ ᠴᠢᠳᠠᠪᠣᠷᠢ ᠵᠢ ᠬᠦᠮᠦᠵᠢᠭᠦᠯᠬᠦ ᠠᠰᠠᠭᠤᠳᠠᠯ ᠶᠤᠮ᠃ ᠵᠢᠭ᠋ᠠᠬᠤ᠎ᠨᠢ ᠵᠢᠭ᠋ᠠᠬᠤ ᠦᠭᠡᠢ ᠵᠢᠨ ᠲᠦᠯᠦᠭᠡ ᠭᠡᠳᠡᠭ᠎ᠢ ᠪᠣᠲᠠᠲᠠᠢ ᠪᠡᠶᠡᠯᠡᠭᠦᠯᠬᠦ ᠠᠰᠠᠭᠤᠳᠠᠯ ᠪᠣᠯᠣᠨ᠎ᠠ》 ᠭᠡᠵᠠᠢ᠃
2. ᠳᠡᠭᠡᠳᠣ ᠬᠡᠮᠵᠢᠶᠡᠨ᠎ᠤ ᠵᠣᠬᠢᠶᠠᠨ ᠪᠠᠶ᠋ᠢᠭᠤᠯᠬᠤ ᠪᠠ ᠵᠣᠬᠢᠴᠠᠭᠤᠯᠬᠤ ᠴᠢᠳᠠᠪᠣᠷᠢ᠎ᠲᠠᠢ ᠪᠠᠶ᠋ᠢᠬᠤ
ᠠᠩᠬᠢ ᠵᠢᠨ ᠠᠵᠢᠯ᠎ᠤᠨ ᠰᠠᠶ᠋ᠢᠨ ᠮᠠᠭᠤ᠎ᠨᠢ ᠠᠩᠬᠢ ᠠ᠋ᠷᠬᠢᠯᠡᠭᠴᠢ ᠪᠠᠭᠰᠢ ᠵᠢᠨ ᠠᠵᠢᠯ᠎ᠤᠨ ᠴᠢᠳᠠᠪᠣᠷᠢ᠎ᠲᠠᠢ ᠨᠢᠭᠲᠠ ᠬᠠᠷᠢᠴᠠᠭ᠎ᠠ᠎ᠲᠠᠢ ᠪᠠᠶ᠋ᠢᠳᠠᠭ ᠭᠡᠰᠡᠨ᠎ᠢ ᠦᠢ᠍ᠯᠡᠳᠦᠯᠭᠡ ᠭᠡᠷᠡᠴᠢᠯᠡᠪᠡ᠃ ᠰᠢᠯᠢᠳᠡᠭ ᠰᠠᠶ᠋ᠢᠨ ᠠᠩᠬᠢ ᠵᠢᠨ ᠠ᠋ᠷᠬᠢᠯᠡᠭᠴᠢ ᠪᠠᠭᠰᠢ᠎ᠳᠤ ᠳᠣᠣᠷᠠᠬᠢ ᠭᠡᠳᠤᠨ ᠲᠠᠯ᠎ᠠ ᠵᠢᠨ ᠴᠢᠳᠠᠪᠣᠷᠢ ᠬᠡᠷᠡᠭᠳᠡᠢ᠃
(1) ᠵᠣᠬᠢᠶᠠᠨ ᠪᠠᠶ᠋ᠢᠭᠤᠯᠵᠦ ᠬᠠᠮᠢᠶᠠᠷᠬᠤ ᠴᠢᠳᠠᠪᠣᠷᠢ
ᠣᠳᠣ ᠦᠶ᠎ᠡ ᠵᠢᠨ ᠰᠢᠨᠵᠢᠯᠡᠬᠦ ᠣᠬᠠᠭ᠋ᠠᠨ ᠮᠡᠳᠡᠯᠭᠡ ᠵᠢᠨ ᠬᠡᠪᠴᠢᠶ᠎ᠡ ᠶᠡᠭᠡ᠂ ᠰᠣᠷᠭ᠋ᠠᠨ ᠬᠦᠮᠦᠵᠢᠭᠦᠯᠬᠦ ᠠᠭᠤᠯᠭ᠎ᠠ ᠦᠷᠭᠡᠨ ᠳᠡᠯᠭᠡᠷ᠂ ᠬᠡᠯᠪᠡᠷᠢ ᠲᠦᠷᠰᠦ ᠣᠯᠠᠨ ᠶᠠᠩᠵᠦ᠂ ᠠᠷᠭ᠎ᠠ ᠣᠬᠠᠭ᠋ᠠᠨ ᠠᠮᠢᠳᠣᠯᠢᠭ ᠪᠠᠶ᠋ᠢᠳᠠᠭ᠃ ᠠᠩᠬᠢ ᠵᠢᠨ ᠠ᠋ᠷᠬᠢᠯᠡᠭᠴᠢ ᠪᠠᠭᠰᠢ ᠠ᠋ᠷᠬᠡᠪᠰᠢ ᠰᠢᠨ᠎ᠡ ᠴᠠᠭ ᠦᠶ᠎ᠡ ᠵᠢᠨ ᠰᠣᠷᠣᠭᠴᠢ ᠵᠢᠨ ᠦᠪᠡᠷᠮᠢᠴᠡ ᠣᠨᠴᠠᠯᠢᠭ᠎ᠢ ᠦᠨᠳᠦᠰᠦᠯᠡᠵᠦ᠂ ᠰᠢᠨᠵᠢᠯᠡᠬᠦ ᠣᠬᠠᠭ᠋ᠠᠨᠴᠢ᠎ᠪᠠᠷ ᠰᠣᠷᠭ᠋ᠠᠨ ᠬᠦᠮᠦᠵᠢᠯ ᠵᠢᠭ᠋ᠠᠨ ᠰᠣᠷᠭ᠋ᠠᠯᠲᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠦ᠂ ᠠᠩᠬᠢ ᠵᠢᠨ ᠬᠠᠮᠢᠶᠠᠷᠣᠯᠲᠠ᠎ᠪᠠᠨ ᠪᠦᠳᠦᠮᠵᠢ᠎ᠲᠠᠢ ᠴᠢᠩᠭ᠋ᠠᠳᠬᠠᠭᠰᠠᠨ ᠪᠠᠶ᠋ᠢᠬᠤ ᠬᠡᠷᠡᠭᠲᠡᠢ᠃ ᠬᠠᠷᠢᠨ ᠣᠯᠠᠮᠵᠢᠯᠠᠯᠲᠣ ᠬᠠᠮᠢᠶᠠᠷᠣᠯᠲᠠ ᠵᠢᠨ ᠠᠷᠭ᠎ᠠ ᠮᠠᠶᠢᠭ᠎ᠲᠤ ᠨᠢᠭᠡᠯᠡ ᠬᠦᠭ ᠵᠶ᠋ᠠᠷ ᠲᠦᠰᠢᠭᠯᠡᠵᠦ ᠪᠣᠯᠬᠤ ᠦᠭᠡᠢ᠃ ᠠᠩᠬᠢ ᠵᠢᠨ ᠠ᠋ᠷᠬᠢᠯᠡᠭᠴᠢ ᠪᠠᠭᠰᠢ ᠠ᠋ᠷᠬᠡᠪᠰᠢ ᠠᠷᠠᠳᠴᠢᠯᠠᠯ ᠵᠶ᠋ᠠᠷ ᠪᠦᠬᠦ ᠰᠣᠷᠣᠭᠴᠢ᠎ᠳᠤ ᠬᠠᠨᠳᠣᠨ᠂ ᠰᠣᠷᠣᠭᠴᠢ ᠵᠢᠨ ᠬᠦᠮᠦᠨ ᠮᠦᠰᠦ ᠵᠢ ᠬᠦᠨᠳᠦᠳᠭᠡᠨ᠂ ᠰᠣᠷᠣᠭᠴᠢ ᠵᠢᠨ ᠰᠠᠶ᠋ᠢᠨ ᠪᠠᠭᠰᠢ ᠮᠦᠷᠲᠡᠭᠡᠨ ᠰᠠᠶ᠋ᠢᠨ ᠨᠠᠶ᠋ᠢᠵᠢ᠎ᠨᠢ ᠪᠣᠯᠵᠦ ᠠᠩᠬᠢ ᠵᠢᠨ ᠪᠦᠯᠬᠦᠮᠳᠡᠯ᠎ᠤᠨ ᠬᠦᠴᠦᠨ᠎ᠢ ᠲᠠᠰᠣᠷᠠᠯᠲᠠ ᠦᠭᠡᠢ ᠳᠡᠭᠡᠭᠰᠢᠯᠡᠭᠦᠯᠵᠦ ᠴᠢᠳᠠᠭᠰᠠᠨ ᠪᠠᠶ᠋ᠢᠬᠤ ᠬᠡᠷᠡᠭᠲᠡᠢ᠃
(2) ᠵᠣᠬᠢᠴᠠᠭᠤᠯᠬᠤ ᠴᠢᠳᠠᠪᠣᠷᠢ
ᠣᠳᠣᠬᠢ ᠨᠡᠶ᠋ᠢᠭᠡᠮ ᠠ᠋ᠭᠡᠳᠡᠷᠡᠭᠡᠨ ᠪᠣᠳᠣᠯᠢᠶᠠᠨᠲᠠᠢ ᠪᠠᠶ᠋ᠢᠵᠦ᠂ ᠬᠡᠷᠡᠭ ᠪᠣᠳᠠᠰ ᠪᠦᠭᠦᠨ ᠲᠠᠩ ᠭᠠᠭᠴᠠ᠎ᠪᠠᠷ ᠣᠷᠣᠰᠢᠨ ᠲᠣᠭᠲᠠᠨᠢᠵᠦ ᠳᠡᠶ᠋ᠢᠯᠬᠦ ᠦᠭᠡᠢ ᠪᠣᠯᠣᠭᠰᠠᠨ ᠪᠠᠶ᠋ᠢᠳᠠᠭ᠃ ᠰᠣᠷᠣᠭᠴᠢ᠂ ᠪᠠᠭᠰᠢ᠂ ᠭᠡᠷ᠎ᠤᠨ ᠠᠬᠠᠮᠠᠳ᠂ ᠰᠣᠷᠭ᠋ᠠᠭᠤᠯᠢ᠂ ᠨᠡᠶ᠋ᠢᠭᠡᠮ ᠬᠤᠭᠤᠷᠣᠨᠳᠣ᠎ᠪᠠᠨ ᠰᠠᠯᠵᠤ ᠪᠤᠯᠤᠰᠢ ᠦᠭᠡᠢ ᠨᠢᠭᠲᠠ ᠬᠠᠷᠢᠴᠠᠭ᠎ᠠ᠎ᠲᠠᠢ ᠪᠠᠶ᠋ᠢᠳᠠᠭ᠃ ᠠᠩᠬᠢ ᠵᠢᠨ ᠠ᠋ᠷᠬᠢᠯᠡᠭᠴᠢ ᠪᠠᠭᠰᠢ ᠵᠢᠨ ᠠᠵᠢᠯ᠎ᠨᠢ ᠳᠠᠷᠣᠢ ᠠ᠋ᠳᠡᠭᠡᠷ ᠬᠠᠷᠢᠴᠠᠭ᠋ᠠᠨ᠎ᠤ ᠭᠤᠭᠴᠤᠭ᠎ᠠ ᠪᠣᠯᠬᠤ ᠶᠤᠮ᠃ ᠠᠩᠬᠢ ᠵᠢᠨ ᠪᠠᠭᠰᠢ᠎ᠠᠴᠠ ᠰᠣᠷᠣᠭᠴᠢ ᠵᠢᠨ ᠦᠵᠡᠯ ᠰᠠᠨᠠᠭ᠋ᠠᠨ᠎ᠤ ᠬᠦᠮᠦᠵᠢᠯ᠎ᠢ ᠬᠢᠬᠦ᠎ᠳᠤ ᠴᠢᠳᠠᠮᠠᠭ᠋ᠠᠢ ᠪᠠᠶ᠋ᠢᠬᠤ ᠬᠡᠷᠡᠭᠲᠡᠢ ᠮᠦᠷᠲᠡᠭᠡᠨ ᠡᠯ᠎ᠡ ᠵᠦᠢ᠍ᠯ᠎ᠤᠨ ᠨᠡᠶ᠋ᠢᠭᠡᠮ᠎ᠤᠨ ᠬᠠᠷᠢᠴᠠᠭ᠎ᠠ ᠵᠢ ᠴᠢᠳᠠᠮᠠᠭ᠋ᠠᠢ ᠵᠣᠬᠢᠴᠠᠭᠤᠯᠣᠨ᠂ ᠰᠣᠷᠣᠭᠴᠢ ᠵᠢᠨ ᠠ᠋ᠷᠡᠭᠦᠯ ᠴᠢᠬᠢᠷᠠᠭ ᠵᠶ᠋ᠠᠷ ᠦᠰᠦᠨ ᠪᠣᠶ᠋ᠢᠵᠢᠬᠤ᠎ᠳᠤ ᠰᠢᠯᠢᠳᠡᠭ ᠰᠠᠶ᠋ᠢᠨ ᠣᠷᠴᠢᠨ ᠲᠣᠭᠤᠷᠢᠨ᠎ᠢ ᠪᠣᠢ ᠪᠣᠯᠭ᠋ᠠᠵᠦ ᠦᠭᠬᠦ ᠬᠡᠷᠡᠭᠲᠡᠢ᠃ ᠠ᠋ᠶ᠋ᠢᠮᠦ᠎ᠠᠴᠠ ᠠᠩᠬᠢ ᠵᠢᠨ ᠠ᠋ᠷᠬᠢᠯᠡᠭᠴᠢ ᠪᠠᠭᠰᠢ ᠵᠢᠨ ᠵᠣᠬᠢᠴᠠᠭᠤᠯᠬᠤ ᠦᠢ᠍ᠯᠡᠳᠣᠯ ᠲᠣᠩ ᠴᠢᠬᠤᠯᠠ ᠶᠤᠮ᠃
3. ᠨᠡᠯᠢᠶᠡᠳ ᠰᠠᠶ᠋ᠢᠨ ᠬᠡᠯᠡ ᠶᠠᠷᠢᠶᠠᠨ᠎ᠤ ᠢᠯᠡᠳᠭᠡᠬᠦ ᠴᠢᠳᠠᠪᠣᠷᠢ
ᠬᠡᠯᠡ ᠶᠠᠷᠢᠶᠠᠨ᠎ᠤ ᠢᠯᠡᠳᠭᠡᠬᠦ ᠴᠢᠳᠠᠪᠣᠷᠢ ᠪᠣᠯ ᠠᠩᠬᠢ ᠵᠢᠨ ᠠ᠋ᠷᠬᠢᠯᠡᠭᠴᠢ ᠪᠠᠭᠰᠢ ᠵᠢᠨ ᠴᠢᠳᠠᠪᠣᠷᠢ ᠵᠢᠨ ᠪᠦᠳᠦᠴᠡᠳᠤ᠎ᠬᠢ ᠴᠢᠬᠤᠯᠠ ᠠ᠋ᠯᠸᠮᠸᠨ᠋ᠲ ᠵᠢᠨ ᠨᠢᠭᠡ᠎ᠨᠢ ᠪᠣᠯᠣᠨ᠎ᠠ᠃ ᠮᠦᠨ ᠴᠦ᠍ ᠰᠣᠷᠭ᠋ᠠᠨ ᠬᠦᠮᠦᠵᠢᠯ᠎ᠤᠨ ᠦᠷ᠎ᠡ ᠪᠦᠲᠦᠮᠵᠢ ᠵᠢ ᠰᠢᠭᠤᠳ ᠨᠦᠯᠦᠭᠡᠯᠡᠬᠦ ᠴᠢᠬᠤᠯᠠ ᠨᠦᠬᠦᠴᠡᠯ ᠪᠣᠯᠳᠠᠭ᠃ ᠬᠡᠯᠡ ᠶᠠᠷᠢᠶᠠᠨ᠎ᠤ ᠢᠯᠡᠳᠭᠡᠬᠦ ᠴᠢᠳᠠᠪᠣᠷᠢ ᠭᠡᠳᠡᠭ᠎ᠨᠢ ᠳᠠᠷᠣᠢ ᠦᠪᠡᠷ᠎ᠤᠨ ᠦᠵᠡᠯ ᠰᠠᠨᠠᠭ᠎ᠠ᠂ ᠣᠷᠮ᠎ᠠ ᠰᠡᠳᠬᠢᠯᠭᠡ᠂ ᠮᠡᠳᠡᠯᠭᠡ᠂ ᠬᠦᠰᠡᠯ᠂ ᠵᠣᠷᠢᠯᠭ᠎ᠠ ᠱᠠᠭ᠋ᠠᠷᠳᠠᠯᠭ᠎ᠠ ᠵᠡᠷᠭᠡ ᠵᠢ ᠦᠭᠡ ᠬᠡᠯᠡ᠎ᠪᠠᠷ ᠢᠯᠡᠳᠭᠡᠬᠦ ᠴᠢᠳᠠᠪᠦᠷᠢ ᠵᠢ ᠬᠡᠯᠡᠨ᠎ᠡ᠃ ᠠᠩᠬᠢ ᠵᠢᠨ ᠠ᠋ᠷᠬᠢᠯᠡᠭᠴᠢ ᠪᠠᠭᠰᠢ ᠵᠢᠨ ᠬᠠᠮᠢᠶᠠᠷᠣᠯᠲᠠ᠎ᠨᠢ ᠠᠩᠬᠢ ᠵᠢᠨ ᠠ᠋ᠷᠬᠢᠯᠡᠭᠴᠢ ᠵᠢᠨ ᠬᠡᠯᠡ ᠶᠠᠷᠢᠶᠠᠨ᠎ᠤ ᠴᠢᠳᠠᠪᠣᠷᠢ ᠵᠢᠨ ᠬᠡᠪ ᠪᠣᠯᠪᠠᠰᠣᠷᠠᠯ᠎ᠳᠤ ᠲᠣᠩ ᠦᠨᠳᠦᠷ ᠱᠠᠭ᠋ᠠᠷᠳᠠᠯᠭ᠎ᠠ ᠵᠢ ᠳᠣᠷᠠᠳᠣᠭᠰᠠᠨ ᠪᠠᠶ᠋ᠢᠳᠠᠭ᠃
ᠠᠩᠬᠢ ᠵᠢᠨ ᠠ᠋ᠷᠬᠢᠯᠡᠭᠴᠢ ᠵᠢᠨ ᠦᠭᠡ ᠬᠡᠯᠡᠨ᠎ᠤ ᠢᠯᠡᠳᠭᠡᠬᠦ ᠴᠢᠳᠠᠪᠣᠷᠢ᠎ᠳᠤ ᠭᠤᠣᠯᠳᠠᠭᠤ ᠬᠡᠯᠡ ᠶᠠᠷᠢᠶᠠᠨ᠎ᠤ ᠲᠠᠲᠠᠭ᠍ᠣ ᠬᠦᠴᠦᠨ ᠪᠠ ᠬᠡᠯᠡ ᠶᠠᠷᠢᠶᠠᠨ᠎ᠤ ᠣᠷ᠎ᠠ ᠳᠠᠮ ᠪᠠᠭᠲᠠᠨ᠎ᠠ᠃
ᠬᠦᠮᠦᠨ᠎ᠤ ᠠᠩᠬᠠᠷᠣᠯ᠎ᠢ ᠲᠠᠳᠠᠭ᠍ᠣ ᠬᠦᠴᠦᠨ᠎ᠲᠠᠢ ᠬᠡᠯᠡ ᠶᠠᠷᠢᠶ᠎ᠠ᠎ᠨᠢ ᠴᠡᠪᠡᠷ ᠲᠤᠳᠤ᠂ ᠲᠣᠪᠴᠢ ᠠᠪᠰᠠᠷ᠂ ᠵᠣᠷᠢᠬ᠍ᠵᠢᠭᠤᠯᠬᠤ ᠭᠦᠴᠦᠨ ᠪᠦᠬᠦᠢ ᠦᠭᠡ ᠬᠡᠯᠡ ᠶᠤᠮ᠃ ᠲᠡᠷᠠ᠎ᠨᠢ ᠠᠩᠬᠢ ᠵᠢᠨ ᠠ᠋ᠷᠬᠢᠯᠡᠭᠴᠢ ᠪᠠᠭᠰᠢ ᠵᠢᠨ ᠬᠡᠯᠡ ᠶᠠᠷᠢᠶᠠᠨ᠎ᠤ ᠬᠡᠪ ᠪᠣᠯᠪᠠᠰᠣᠷᠠᠯ᠎ᠤᠨ ᠪᠦᠷᠢᠯᠳᠦᠬᠦ᠎ᠳᠤ ᠯᠣᠳᠤ ᠶᠡᠭᠡ ᠨᠦᠯᠦᠭᠡ ᠦᠵᠡᠭᠦᠯᠲᠡᠭ ᠶᠤᠮ᠃ ᠭᠤᠶᠣ ᠰᠠᠶ᠋ᠢᠬᠠᠨ ᠦᠭᠡ ᠶᠠᠷᠢᠶ᠎ᠠ᠎ᠪᠠᠷ ᠰᠣᠷᠣᠭᠴᠢ ᠵᠢᠨ ᠰᠡᠳᠬᠢᠯ ᠰᠠᠨᠠᠭ᠎ᠠ ᠵᠢ ᠬᠦᠨᠳᠡᠵᠤ᠂ ᠲᠡᠳᠡᠨ᠎ᠳᠤ ᠴᠡᠪᠡᠷ ᠠᠷᠢᠭᠤᠨ ᠣᠶᠣᠨ ᠰᠠᠨᠠᠭ᠋ᠠᠨ᠎ᠤ ᠶᠢᠷᠲᠢᠨᠴᠦ ᠵᠢ ᠪᠦᠷᠢᠯᠳᠦᠭᠦᠯᠵᠦ ᠦᠭᠬᠦ ᠬᠡᠷᠡᠭᠲᠡᠢ᠃ ᠬᠠᠶ᠋ᠢᠷ᠎ᠠ ᠬᠤᠷᠣᠰᠣᠯ᠂ ᠲᠠᠭ᠋ᠠᠰᠢᠶᠠᠯ ᠵᠢᠪᠡᠭᠦᠴᠡᠯ᠎ᠤᠨ ᠦᠩᠭᠡ ᠠᠶᠠᠰ ᠢᠯᠡ ᠲᠣᠳᠣ ᠪᠠᠶ᠋ᠢᠵᠦ᠂ ᠭᠤᠣᠯᠳᠠᠯᠭ᠎ᠠ ᠳᠣᠪᠣᠶ᠋ᠢᠮ᠎ᠠ᠂ ᠦᠵᠡᠯᠲᠡ ᠲᠠᠨᠢᠯᠲᠠ ᠭᠦᠨᠵᠡᠭᠡᠢ᠂ ᠬᠦᠮᠦᠨ᠎ᠤ ᠠᠩᠬᠠᠷᠣᠯ᠎ᠢ ᠲᠠᠳᠠᠵᠦ᠂ ᠰᠣᠷᠣᠭᠴᠢ᠎ᠳᠤ ᠰᠡᠩᠬᠡᠷᠡᠭᠦᠯᠦᠯ ᠣᠯᠭᠤᠨ᠂ ᠰᠣᠷᠣᠭᠴᠢ ᠵᠢᠨ ᠦᠪᠡᠷ᠎ᠤᠨ ᠣᠬᠠᠮᠰᠠᠷ᠎ᠢ ᠬᠦᠮᠦᠵᠢᠭᠦᠯᠬᠦ ᠵᠣᠷᠢᠯᠭ᠎ᠠ᠎ᠳᠤ᠎ᠪᠠᠨ ᠬᠦᠷᠬᠦ ᠪᠣᠯᠣᠨ᠎ᠠ᠃ ᠵᠣᠷᠢᠬ᠍ᠵᠢᠭᠤᠯᠬᠤ ᠬᠡᠯᠡ ᠶᠠᠷᠢᠶ᠎ᠠ᠎ᠨᠢ ᠰᠣᠷᠣᠭᠴᠢ᠎ᠳᠤ ᠬᠦᠳᠡᠯᠭᠡᠬᠦ ᠬᠦᠴᠦᠨ ᠣᠯᠭᠤᠨ᠂ ᠲᠡᠳᠡᠨ᠎ᠤ ᠭᠤᠸ᠎ᠠ ᠰᠠᠶ᠋ᠢᠬᠠᠨ᠎ᠤ ᠲᠦᠯᠦᠭᠡ ᠬᠦᠭᠡᠭᠡᠴᠡᠯᠳᠦᠬᠦ ᠬᠦᠴᠦᠨ᠎ᠢ ᠨᠡᠮᠡᠭᠳᠡᠭᠦᠯᠦᠨ᠂ ᠨᠡᠩ ᠦᠨᠳᠦᠷ ᠬᠠᠷᠠᠯᠲᠠ᠎ᠳᠤ ᠬᠦᠷᠬᠦ᠎ᠪᠠᠷ ᠴᠢᠷᠮᠠᠶ᠋ᠢᠯᠭ᠋ᠠᠳᠠᠭ᠃
ᠬᠡᠯᠡ ᠶᠠᠷᠢᠶᠠᠨ᠎ᠤ ᠣᠷ᠎ᠠ ᠳᠠᠮ᠎ᠳᠤ ᠠ᠋ᠩ ᠲᠡᠷᠢᠭᠦᠨ᠎ᠳᠤ ᠣᠷᠮ᠎ᠠ ᠰᠡᠳᠬᠢᠯᠭᠡ᠎ᠪᠠᠨ ᠠᠩᠬᠠᠷᠬᠤ ᠬᠡᠷᠡᠭᠳᠡᠢ᠃ ᠰᠡᠳᠬᠢᠯ ᠰᠠᠨᠠᠭ᠎ᠠ᠎ᠪᠠᠨ ᠠ᠋ᠷᠬᠡᠪᠰᠢ ᠲᠣᠭᠲᠠᠭᠤᠨ ᠪᠠᠶ᠋ᠢᠯᠭ᠋ᠠᠵᠦ᠂ ᠦᠨᠡᠨᠴᠢ ᠠ᠋ᠶᠡᠯᠳᠡᠭ ᠵᠶ᠋ᠠᠷ ᠲᠡᠳᠡᠨ᠎ᠲᠠᠢ ᠶᠠᠷᠢᠯᠴᠠᠭᠰᠠᠨ ᠪᠠᠶ᠋ᠢᠬᠤ ᠬᠡᠷᠡᠭᠲᠡᠢ᠃ (ᠠ᠋ᠩ᠎ᠤᠨ ᠴᠠᠭ᠎ᠲᠤ ᠪᠠᠭ᠎ᠠ ᠰᠠᠭ᠎ᠠ ᠵᠦᠷᠢᠴᠡᠯ ᠮᠦᠷᠭᠦᠯᠳᠦᠭᠡᠨ᠎ᠲᠠᠢ ᠪᠠᠶ᠋ᠢᠯ᠎ᠠ ᠴᠦ᠍ ᠭᠡᠰᠡᠨ ᠲᠡᠳᠡᠨ᠎ᠢ ᠨᠠᠶ᠋ᠢᠵᠠ᠎ᠪᠠᠷ ᠦᠵᠡᠭᠰᠡᠨ ᠪᠠᠶ᠋ᠢᠬᠤ ᠬᠡᠷᠡᠭᠲᠡᠢ) ᠬᠡᠷᠪᠡ ᠠᠭᠤᠷ ᠣᠮᠤᠭᠲᠠᠢᠪᠠᠷ ᠶᠠᠷᠢᠯᠴᠠᠭ᠎ᠠ ᠬᠢᠪᠡᠯ ᠵᠤᠷᠯᠳᠠᠳᠤᠪᠠᠨ ᠭᠦᠷᠴᠦ ᠴᠢᠳᠠᠳᠠᠬ ᠦᠭᠡᠢ᠃
4. ᠣᠷᠮ᠎ᠠ ᠰᠡᠳᠬᠢᠯᠭᠡ᠎ᠪᠠᠨ ᠡᠵᠡᠮᠳᠡᠬᠦ ᠴᠢᠳᠠᠪᠣᠷᠢ
ᠰᠣᠷᠭ᠋ᠠᠨ ᠬᠦᠮᠦᠵᠢᠯ᠎ᠨᠢ ᠠ᠋ᠯᠪᠡᠭ ᠪᠠᠶᠠᠯᠢᠭ ᠣᠷᠮ᠎ᠠ ᠰᠡᠳᠬᠢᠯᠭᠡ ᠵᠢᠨ ᠰᠠᠭᠤᠷᠢᠨ ᠳᠡᠭᠡᠷ᠎ᠡ ᠪᠠᠶ᠋ᠢᠭᠤᠯᠣᠭᠳᠠᠭᠰᠠᠨ ᠪᠠᠶ᠋ᠢᠳᠠᠭ᠃ ᠠᠩᠬᠢ ᠵᠢᠨ ᠠ᠋ᠷᠬᠢᠯᠡᠭᠴᠢ ᠪᠠᠭᠰᠢ ᠣᠷᠮ᠎ᠠ ᠰᠡᠳᠬᠢᠯᠭᠡ ᠠ᠋ᠯᠪᠡᠭ ᠪᠠᠶᠠᠯᠢᠭ ᠪᠠᠶ᠋ᠢᠬᠤ ᠬᠡᠷᠡᠭᠳᠡᠢ ᠮᠦᠷᠲᠡᠭᠡᠨ ᠠ᠋ᠭᠦᠨ᠎ᠢ᠎ᠪᠠᠨ ᠦᠪᠡᠷ ᠵᠶ᠋ᠠᠨ ᠴᠢᠳᠠᠮᠠᠭ᠋ᠠᠢ ᠡᠵᠡᠮᠳᠡᠵᠦ ᠴᠢᠳᠠᠭᠰᠠᠨ ᠪᠠᠶ᠋ᠢᠬᠤ ᠬᠡᠷᠡᠭᠲᠡᠢ᠃ ᠣᠴᠢᠷ᠎ᠨᠢ ᠠᠩᠬᠢ ᠵᠢᠨ ᠠ᠋ᠷᠬᠢᠯᠡᠭᠴᠢ ᠪᠠᠭᠰᠢ ᠦᠵᠡᠯ ᠰᠠᠨᠠᠭ᠋ᠠᠨ᠎ᠤ ᠬᠦᠮᠦᠵᠢᠯ ᠬᠢᠬᠦ᠎ᠳᠤ᠎ᠪᠠᠨ ᠴᠠᠭ ᠭᠠᠵᠠᠷ᠎ᠤᠨ ᠢᠯᠭ᠋ᠠᠯ ᠦᠭᠡᠢ ᠢᠮᠠᠭᠲᠠ ᠪᠣᠳᠣᠯᠢᠶᠠᠨᠲᠠᠢ ᠰᠠᠨᠠᠭ᠋ᠠᠨ᠎ᠳᠤ ᠦᠭᠡᠢ ᠪᠠᠶ᠋ᠢᠳᠠᠯ ᠪᠣᠶᠣ ᠰᠢᠢ᠍ᠳᠪᠦᠷᠢᠯᠡᠬᠦ᠎ᠳᠤ ᠬᠦᠴᠢᠷᠲᠡᠢ ᠠᠰᠠᠭᠤᠳᠠᠯ᠎ᠳᠤ ᠲᠣᠯᠭ᠋ᠠᠷᠠᠵᠦ ᠮᠡᠳᠡᠬᠦ ᠶᠤᠮ᠃ ᠣᠴᠢᠷ ᠶᠠᠪᠣᠳᠠᠯ᠎ᠤᠨ ᠪᠦᠬᠦ ᠦᠩᠭᠡᠷᠡᠯᠲᠡ ᠵᠢ ᠲᠣᠳᠣᠷᠬᠠᠢ ᠮᠡᠳᠡᠬᠦ᠎ᠠᠴᠠ ᠠ᠋ᠮᠦᠨ᠎ᠡ ᠯᠠᠪᠳᠠᠭᠤᠨ ᠲᠣᠭᠲᠠᠭᠤᠨ ᠪᠠᠶ᠋ᠢᠬᠤ ᠬᠡᠷᠡᠭᠲᠡᠢ᠃ ᠠᠰᠠᠭᠤᠳᠠᠯ᠎ᠢ ᠪᠣᠰᠣᠳᠴᠢ᠎ᠪᠠᠷ ᠵᠠᠳᠠᠯᠣᠨ᠂ ᠦᠨᠡᠨ᠎ᠠᠴᠠ ᠵᠦᠪ᠎ᠢ ᠠ᠋ᠷᠢᠬᠦ ᠠ᠋ᠭᠦᠳᠡᠨ᠎ᠠᠴᠠ ᠠᠰᠠᠭᠤᠳᠠᠯ᠎ᠢ ᠰᠢᠢ᠍ᠳᠪᠦᠷᠢᠯᠡᠵᠦ᠂ ᠬᠦᠩᠭᠡᠨ ᠬᠠᠭᠤᠳᠠᠮ ᠵᠶ᠋ᠠᠷ ᠰᠢᠢ᠍ᠳᠪᠦᠷᠢᠯᠡᠭᠰᠡᠨ᠎ᠠᠴᠠ ᠪᠣᠯᠵᠦ ᠵᠣᠬᠢᠰ ᠦᠭᠡᠢ ᠦᠷ᠎ᠡ ᠳ᠋ᠦᠩ᠎ᠳᠤ ᠬᠦᠷᠬᠦ᠎ᠠᠴᠠ ᠵᠠᠶ᠋ᠢᠯᠠᠰᠬᠢᠬᠤ ᠬᠡᠷᠡᠭᠲᠡᠢ᠃ ᠠᠩᠬᠢ ᠵᠢᠨ ᠠ᠋ᠷᠬᠢᠯᠡᠭᠴᠢ ᠪᠠᠭᠰᠢ ᠪᠣᠯᠬᠤ ᠬᠦᠮᠦᠰ ᠬᠠᠶ᠋ᠢᠷ᠎ᠠ᠂ ᠬᠤᠷᠣᠰᠣᠯ᠂ ᠪᠠᠶᠠᠷ᠂ ᠭᠤᠨᠢᠭᠲᠣ ᠣᠴᠠᠷᠠᠯᠳᠤ ᠪᠦᠷ ᠵᠤᠬᠢᠬᠤ ᠬᠡᠮᠵᠢᠶᠡᠨ᠎ᠤ ᠵᠣᠬᠢᠴᠠᠭᠤᠯᠬᠤ ᠴᠢᠳᠠᠪᠤᠷᠢ ᠪᠠᠢ᠍ᠢ᠍ᠬᠤ ᠬᠡᠷᠡᠭᠲᠡᠢ᠃ ᠪᠡᠶ᠎ᠡ᠎ᠪᠠᠨ ᠪᠠᠷᠢᠵᠦ ᠳᠡᠶ᠋ᠢᠯᠬᠦ ᠦᠭᠡᠢ᠎ᠠᠴᠠ ᠪᠣᠯᠵᠦ ᠬᠡᠳᠤ ᠰᠡᠳᠬᠢᠯ ᠬᠦᠳᠡᠯᠦᠭᠰᠡᠨ ᠰᠣᠷᠭ᠋ᠠᠨ ᠬᠦᠮᠦᠵᠢᠯ᠎ᠨᠢ ᠰᠣᠷᠣᠭᠴᠢ᠎ᠳᠤ ᠮᠠᠭᠤ ᠮᠠᠭᠤᠬᠠᠢ ᠨᠦᠯᠦᠭᠡ ᠦᠭᠴᠦ᠂ ᠵᠣᠬᠢᠰ ᠦᠭᠡᠢ ᠦᠷ᠎ᠡ ᠳ᠋ᠦᠩ᠎ᠳᠤ ᠭᠦᠷᠭᠡᠭᠦ ᠪᠤᠯᠤᠨ᠎ᠠ᠃ ᠰᠢᠯᠢᠳᠡᠭ ᠰᠠᠶ᠋ᠢᠨ ᠣᠷᠮ᠎ᠠ ᠰᠡᠳᠬᠢᠯᠭᠡ᠎ᠪᠠᠷ ᠰᠣᠷᠣᠭᠴᠢ ᠵᠢ ᠨᠦᠯᠦᠭᠡᠯᠡᠵᠦ ᠬᠦᠮᠦᠵᠢᠬᠦᠯᠬᠦ ᠬᠡᠷᠡᠭᠲᠡᠢ᠃ ᠠᠩᠬᠢ ᠵᠢᠨ ᠠ᠋ᠷᠬᠢᠯᠡᠭᠴᠢ ᠪᠠᠭᠰᠢ ᠵᠢᠨ ᠣᠷᠮ᠎ᠠ ᠰᠡᠳᠬᠢᠯᠭᠡ᠎ᠨᠢ ᠰᠣᠷᠣᠭᠴᠢ ᠵᠢᠨ ᠣᠷᠮ᠎ᠠ ᠰᠡᠳᠬᠢᠯᠭᠡ ᠵᠢ ᠰᠢᠭᠤᠳ ᠨᠦᠯᠦᠭᠡᠯᠡᠳᠡᠭ ᠶᠤᠮ᠃ ᠰᠣᠷᠣᠭᠴᠢ ᠵᠢᠨ ᠣᠷᠮ᠎ᠠ ᠰᠡᠳᠬᠢᠯᠭᠡ᠎ᠨᠢ ᠳᠠᠬᠢᠨ ᠠᠩᠬᠢ ᠵᠢᠨ ᠠ᠋ᠷᠬᠢᠯᠡᠭᠴᠢ ᠪᠠᠭᠰᠢ᠎ᠳᠤ ᠰᠦᠷᠭᠡᠣ ᠦᠢ᠍ᠯᠡᠳᠣᠯ ᠦᠵᠡᠭᠦᠯᠳᠡᠭ᠃ ᠠᠩᠬᠢ ᠵᠢᠨ ᠠ᠋ᠷᠬᠢᠯᠡᠭᠴᠢ ᠪᠠᠭᠰᠢ ᠣᠷᠮ᠎ᠠ ᠰᠡᠳᠬᠢᠯᠭᠡ᠎ᠪᠠᠨ ᠰᠠᠶ᠋ᠢᠲᠣᠷ ᠡᠵᠡᠮᠳᠡᠪᠡᠯ᠂ ᠳᠠᠷᠢᠬᠢ᠎ᠪᠠᠨ ᠬᠡᠷᠡᠭᠯᠡᠬᠦ ᠴᠢᠳᠠᠪᠣᠷᠢ᠎ᠨᠢ ᠳᠡᠭᠡᠭᠰᠢᠯᠡᠬᠦ᠎ᠪᠠᠷ ᠦᠯᠦ ᠪᠠᠷᠠᠨ ᠦᠪᠡᠷ᠎ᠤᠨ ᠪᠡᠶ᠎ᠡ ᠵᠢᠨ ᠨᠢᠭᠤᠭᠳᠠᠮᠠᠯ ᠴᠢᠳᠠᠪᠣᠷᠢ᠎ᠪᠠᠨ ᠴᠦ᠍ ᠭᠦᠢ᠍ᠴᠡᠳ ᠢᠯᠡᠷᠡᠭᠦᠯᠵᠦ ᠳᠡᠶ᠋ᠢᠯᠬᠦ ᠪᠣᠯᠣᠨ᠎ᠠ᠃
ᠳᠦᠷᠪᠡ᠂ ᠠ᠋ᠷᠡᠭᠦᠯ ᠴᠢᠬᠢᠷᠠᠭ ᠪᠡᠶ᠎ᠡ ᠮᠠᠭ᠍ᠠᠪᠣᠳ᠎ᠤᠨ ᠬᠡᠪ ᠴᠢᠨᠠᠷ᠎ᠨᠢ ᠰᠢᠯᠢᠳᠡᠭ ᠠᠩᠬᠢ ᠵᠢᠨ ᠠ᠋ᠷᠬᠢᠯᠡᠭᠴᠢ ᠪᠠᠭᠰᠢ ᠪᠣᠯᠬᠤ ᠵᠢᠨ ᠪᠠᠲᠣᠯᠠᠭ᠎ᠠ
ᠠᠩᠬᠢ ᠵᠢᠨ ᠠ᠋ᠷᠬᠢᠯᠡᠭᠴᠢ ᠪᠠᠭᠰᠢ ᠵᠢᠨ ᠠᠵᠢᠯ᠎ᠨᠢ ᠲᠣᠩ ᠵᠦᠳᠡᠷᠡᠯᠲᠡᠢ ᠠᠵᠢᠯ ᠶᠤᠮ᠃ ᠡ᠊ᠨᠡ ᠭᠦ᠌ ᠬᠦᠴᠢᠷ ᠲᠦᠪᠡᠭᠲᠡᠢ ᠬᠦᠳᠡᠯᠮᠦᠷᠢ ᠵᠢ ᠬᠢᠬᠦ᠎ᠳᠤ ᠳᠠᠷᠢᠬᠢ ᠬᠡᠷᠡᠭᠯᠡᠵᠦ ᠰᠡᠳᠬᠢᠬᠦ᠎ᠪᠠᠷ ᠦᠯᠦ ᠪᠠᠷᠠᠨ ᠶᠡᠭᠡ ᠬᠡᠮᠵᠢᠶᠡᠨ᠎ᠤ ᠪᠡᠶ᠎ᠡ ᠵᠢᠨ ᠬᠦᠳᠡᠯᠮᠦᠷᠢ ᠵᠢ ᠵᠠᠷᠣᠴᠠᠭᠤᠯᠳᠠᠭ᠃ ᠠᠩᠬᠢ ᠵᠢᠨ ᠠ᠋ᠷᠬᠢᠯᠡᠭᠴᠢ ᠪᠠᠭᠰᠢ ᠵᠢᠨ ᠪᠡᠶ᠎ᠡ ᠮᠠᠭ᠍ᠠᠪᠣᠳ᠎ᠤᠨ ᠬᠡᠪ ᠴᠢᠨᠠᠷ᠎ᠲᠤ ᠨᠢᠭᠡ ᠬᠡᠮᠵᠢᠶᠡᠨ᠎ᠤ ᠱᠠᠭ᠋ᠠᠷᠳᠠᠯᠭ᠎ᠠ᠎ᠲᠠᠢ ᠪᠠᠢ᠍ᠢ᠍ᠳᠠᠬ᠃ ᠠᠩᠬᠢ ᠵᠢᠨ ᠠ᠋ᠷᠬᠢᠯᠡᠭᠴᠢ ᠪᠠᠭᠰᠢ ᠰᠢᠯᠢᠳᠡᠭ ᠰᠠᠶ᠋ᠢᠨ ᠪᠡᠶ᠎ᠡ ᠮᠠᠭ᠍ᠠᠪᠣᠳ᠎ᠤᠨ ᠨᠦᠬᠦᠴᠡᠯ᠎ᠢ ᠪᠦᠷᠢᠯᠳᠦᠭᠦᠯᠵᠦ ᠳᠡᠶ᠋ᠢᠯᠬᠦ ᠦᠭᠡᠢ ᠪᠣᠯ ᠠᠩᠬᠢ ᠵᠢᠨ ᠠ᠋ᠷᠬᠢᠯᠡᠭᠴᠢ ᠪᠠᠭᠰᠢ ᠵᠢᠨ ᠠᠵᠢᠯ᠎ᠤᠨ ᠭᠦᠨᠴᠡ ᠵᠢᠨ ᠬᠡᠮᠵᠢᠶ᠎ᠡ ᠪᠤᠯᠤᠨ ᠦᠷᠭᠡᠵᠢᠯ᠎ᠤᠨ ᠬᠡᠮᠵᠢᠶ᠎ᠡ ᠵᠢ ᠨᠦᠯᠦᠭᠡᠯᠡᠬᠦ ᠪᠦᠭᠡᠳ ᠠᠩᠬᠢ ᠵᠢᠨ ᠠ᠋ᠷᠬᠢᠯᠡᠭᠴᠢ ᠪᠠᠭᠰᠢ ᠵᠢᠨ ᠮᠡᠳᠡᠯᠭᠡ ᠴᠢᠳᠠᠪᠣᠷᠢ᠎ᠪᠠᠨ ᠪᠠᠳᠠᠷᠠᠭᠤᠯᠬᠤ ᠵᠢ ᠨᠦᠯᠦᠭᠡᠯᠡᠳᠡᠭ᠃ ᠠ᠋ᠶ᠋ᠢᠮᠦ᠎ᠠᠴᠠ ᠪᠡᠶ᠎ᠡ ᠮᠠᠭ᠍ᠠᠪᠣᠳ᠎ᠤᠨ ᠬᠡᠪ ᠴᠢᠨᠠᠷ᠎ᠨᠢ ᠠᠩᠬᠢ ᠵᠢᠨ ᠠ᠋ᠷᠬᠢᠯᠡᠭᠴᠢ ᠪᠠᠭᠰᠢ ᠵᠢᠨ ᠬᠠᠮᠢᠶᠠᠷᠣᠯᠲᠠ ᠵᠢᠨ ᠠ᠋ᠭᠦᠷᠭᠡ᠎ᠪᠠᠨ ᠠᠮᠵᠢᠯᠲᠠ᠎ᠲᠠᠢ ᠪᠡᠶᠡᠯᠡᠭᠦᠯᠬᠦ ᠵᠢᠨ ᠪᠠᠲᠣᠯᠠᠭ᠎ᠠ ᠪᠣᠯᠬᠤ ᠶᠤᠮ᠃
ᠶᠡᠷᠦᠩᠬᠡᠶ᠋ᠢᠯᠡᠪᠡᠯ᠂ ᠠᠩᠬᠢ ᠵᠢᠨ ᠠ᠋ᠷᠬᠢᠯᠡᠭᠴᠢ ᠪᠠᠭᠰᠢ ᠵᠢᠨ ᠠᠵᠢᠯ᠎ᠨᠢ ᠶᠡᠷᠣᠩᠬᠡᠶ᠋ᠢᠯᠡᠭᠰᠡᠨ ᠬᠡᠪ ᠴᠢᠨᠠᠷ᠎ᠲᠤ ᠪᠦᠬᠦ ᠲᠠᠯ᠎ᠠ ᠵᠢᠨ ᠱᠠᠭ᠋ᠠᠷᠳᠠᠯᠭ᠎ᠠ ᠲᠠᠯᠪᠢᠭᠰᠠᠨ ᠪᠠᠶ᠋ᠢᠳᠠᠭ᠃ ᠨᠢᠭᠡᠨ ᠰᠢᠯᠢᠳᠡᠭ ᠰᠠᠢ᠍ᠢ᠍ᠨ ᠠᠩᠬᠢ ᠵᠢᠨ ᠠ᠋ᠷᠬᠢᠯᠡᠭᠴᠢ ᠪᠠᠭᠰᠢ ᠪᠣᠯᠣᠶ᠎ᠠ ᠭᠡᠪᠡᠯ ᠠ᠋ᠳᠡᠭᠡᠷ ᠱᠠᠭ᠋ᠠᠷᠳᠠᠯᠭ᠎ᠠ᠎ᠪᠠᠷ ᠪᠡᠶ᠎ᠡ᠎ᠪᠠᠨ ᠱᠠᠭ᠋ᠠᠷᠳᠠᠨ᠂ ᠪᠠᠭᠰᠢ ᠵᠢᠨ ᠶᠣᠰᠣ ᠰᠣᠷᠲᠠᠭ᠍ᠣᠨᠤ ᠬᠡᠪ ᠴᠢᠨᠠᠷ᠂ ᠠᠵᠢᠯ ᠦᠢ᠍ᠯᠡᠰ᠎ᠤᠨ ᠬᠠᠷᠢᠭᠤᠴᠠᠯᠭ᠋ᠠᠲᠤ ᠰᠡᠳᠬᠢᠯᠭᠡ᠂ ᠶᠡᠷᠦᠩᠬᠡᠶ᠋ᠢᠯᠡᠭᠰᠡᠨ ᠬᠡᠪ ᠴᠢᠨᠠᠷ ᠪᠠ ᠪᠡᠶ᠎ᠡ ᠮᠠᠭ᠍ᠠᠪᠣᠳ᠎ᠤᠨ ᠬᠡᠪ ᠴᠢᠨᠠᠷ ᠵᠶ᠋ᠠᠨ ᠲᠠᠰᠣᠷᠠᠯᠲᠠ ᠦᠭᠡᠢ ᠳᠡᠭᠡᠭᠰᠢᠯᠡᠭᠦᠯᠪᠠᠯ ᠰᠠᠶᠢ ᠣᠷᠣᠭᠰᠢᠯᠠᠨ ᠳᠠᠪᠰᠢᠬᠤ ᠵᠣᠷᠢᠭ ᠰᠠᠨᠠᠭ᠎ᠠ᠎ᠲᠠᠢ᠂ ᠨᠢᠭᠲᠠ ᠴᠢᠩᠭ᠎ᠠ ᠪᠦᠯᠬᠦᠮᠳᠡᠯ᠎ᠤᠨ ᠬᠦᠴᠦᠨ᠎ᠲᠠᠢ ᠰᠢᠯᠢᠳᠡᠭ ᠰᠠᠶ᠋ᠢᠨ ᠠᠩᠬᠢ ᠨᠢᠭᠡᠴᠢ ᠵᠢ ᠣᠳᠣᠷᠢᠳᠣᠨ ᠳᠠᠭ᠋ᠠᠭᠤᠯᠵᠦ᠂ ᠨᠡᠩ ᠣᠯᠠᠨ ᠰᠢᠯᠢᠳᠡᠭ ᠰᠣᠷᠣᠭᠴᠢ ᠵᠢ ᠬᠦᠮᠦᠵᠢᠭᠦᠯᠵᠤ ᠴᠢᠳᠠᠨ᠎ᠠ᠃
ᠬᠠᠶᠢᠬ᠄ ᠠᠷᠤ ᠬᠤᠷᠴᠢᠨ ᠬᠤᠰᠢᠭᠤᠨ᠎ᠤ ᠴᠢᠪᠠᠭ᠎ᠠ ᠲᠠᠪᠤᠳᠤᠭ᠋ᠠᠷ ᠲᠤᠮᠳᠠᠳᠤ ᠰᠤᠷᠭ᠋ᠠᠭᠤᠯᠢ
(ᠴ᠊ · ᠲᠤᠭᠳᠠᠭᠤᠨ ᠨᠠᠢ᠍ᠢ᠍ᠷᠠᠭᠤᠯᠪᠠ)
2019 ᠣᠨ᠎ᠤ 11 ᠳ᠋ᠦ᠍ᠭᠡᠷ ᠬᠤᠭᠤᠴᠠᠭ᠎ᠠ