ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠤᠷ᠎ᠤᠨ ᠲᠠᠪᠴᠠᠩ   -   ᠠᠩᠭᠢ᠎ᠶᠢᠨ ᠠᠵᠢᠯ
ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠰᠤᠷᠭ᠋ᠠᠭᠤᠯᠢ᠎ᠳᠤ ᠭᠠᠷ ᠤᠲᠠᠰᠤ ᠬᠡᠷᠡᠭᠯᠡᠬᠦ ᠵᠢᠨ ᠠᠰᠢᠭ ᠬᠤᠤᠷ᠎ᠤᠨ ᠲᠤᠬᠠᠢ ᠭᠦᠶᠦᠭᠡᠨ ᠦᠭᠦᠯᠡᠭᠦ᠎ᠨᠢ
ᠨᠡᠶ᠋ᠢᠲᠡᠯᠡᠭᠰᠡᠨ ᠴᠠᠭ᠄ 2020-05-22

                                                  ᠰᠤᠨᠤᠷ


      ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢ ᠳᠠᠭ᠋ᠠᠯᠳᠤᠨ᠂ ᠭᠠᠷ ᠤᠲᠠᠰᠤ ᠨᠢᠭᠡᠨᠲᠡ ᠮᠠᠨ᠎ᠤ ᠠᠮᠢᠳᠤᠷᠠᠯ᠎ᠤᠨ ᠡᠯ᠎ᠡ ᠲᠠᠯ᠎ᠠ᠎ᠳᠤ ᠨᠡᠪᠴᠢᠨ ᠣᠷᠣᠪᠠ᠃ ᠢᠯᠠᠩᠭᠤᠶ᠎ᠠ ᠤᠶᠤᠨᠴᠢ ᠭᠠᠷ ᠤᠲᠠᠰᠤᠨ᠎ᠤ ᠪᠣᠶ ᠪᠣᠯᠬᠤ ᠵᠢ ᠳᠠᠭ᠋ᠠᠯᠳᠤᠨ᠂ ᠭᠠᠷ ᠤᠲᠠᠰᠤ ᠵᠦᠪᠬᠡᠨ ᠨᠢᠭᠡ ᠵᠦᠢ᠍ᠯ᠎ᠤᠨ ᠠ᠋ᠩ᠎ᠤᠨ ᠮᠡᠳᠡᠭᠡ ᠬᠤᠯᠪᠣᠭ᠋ᠠᠨ᠎ᠤ ᠪᠠᠭ᠋ᠠᠵᠢ ᠲᠡᠳᠦᠢ ᠪᠢᠰᠢ ᠪᠣᠯᠵᠠᠶ᠃ ᠲᠡᠭᠦᠨ᠎ᠤ ᠴᠢᠳᠠᠮᠵᠢ᠎ᠨᠢ ᠤᠯᠠᠮ᠎ᠠᠴᠠ ᠤᠯᠠᠮ ᠠᠷᠪᠢᠳᠠᠵᠤ᠂ ᠬᠥᠮᠦᠰ᠎ᠤᠨ ᠠᠵᠢᠯ ᠠᠮᠢᠲᠤᠷᠠᠯ᠎ᠤᠨ ᠲᠠᠯ᠎ᠠ ᠪᠦᠷᠢ᠎ᠳᠤ ᠳᠤᠰᠠ ᠲᠦᠬᠦᠮ ᠦᠵᠡᠭᠦᠯᠬᠦ ᠪᠤᠯᠪᠠ᠃ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠲᠤ ᠠᠪᠴᠤ ᠭᠡᠯᠡᠪᠡᠯ ᠭᠠᠷ ᠤᠲᠠᠰᠤ ᠬᠡᠷᠡᠭᠯᠡᠬᠦ᠎ᠨᠢ ᠲᠡᠳᠡᠨ᠎ᠳᠤ ᠤᠯᠠᠨ ᠲᠠᠯ᠎ᠠ᠎ᠪᠠᠷ ᠳᠤᠰᠠ ᠲᠥᠭᠦᠮ ᠦᠵᠡᠭᠦᠯᠳᠡᠭ᠃ ᠭᠡᠪᠡᠴᠦ ᠳᠤᠮᠳᠠᠳᠤ ᠰᠤᠷᠭ᠋ᠠᠭᠤᠯᠢ ᠵᠢᠨ ᠰᠤᠷᠤᠭᠴᠢᠳ ᠰᠣᠨᠢᠭᠤᠴᠢ ᠰᠡᠳᠬᠢᠯᠭᠡ ᠶᠡᠬᠡᠲᠡᠢ᠂ ᠵᠠᠩ ᠴᠢᠨᠠᠷ᠎ᠨᠢ ᠲᠤᠭᠳᠠᠪᠤᠷᠢᠵᠤ ᠲᠡᠢ᠍ᠢ᠍ᠯᠦᠭᠡ ᠦᠭᠡᠢ᠂ ᠤᠶᠤᠨ ᠤᠬᠠᠭ᠋ᠠᠨ᠎ᠨᠢ ᠪᠦᠷᠢᠮᠦᠰᠦᠨ ᠪᠤᠯᠪᠠᠰᠤᠷᠠᠵᠤ ᠲᠦᠯᠦᠪᠰᠢᠭᠡᠳᠦᠢ᠂ ᠥᠪᠡᠷ᠎ᠢ᠎ᠪᠠᠨ ᠡᠵᠡᠮᠳᠡᠵᠦ ᠠ᠋ᠷᠭᠡᠰᠢᠶᠡᠬᠦ ᠴᠢᠳᠠᠪᠤᠷᠢ᠎ᠨᠢ ᠬᠠᠷᠠᠭ᠍ᠠᠨ ᠳᠤᠷᠤᠢ ᠪᠠᠶ᠋ᠢᠳᠠᠭ᠎ᠠᠴᠠ ᠪᠤᠯᠵᠤ᠂ ᠲᠡᠳᠡ ᠲᠤᠩ ᠬᠢᠯᠪᠠᠷᠬᠠᠨ ᠵᠶ᠋ᠠᠷ ᠮᠠᠭᠤ ᠲᠠᠯ᠎ᠠ ᠵᠢᠨ ᠪᠤᠶᠤ ᠠ᠋ᠷᠡᠭᠦᠯ ᠪᠤᠰᠤ ᠵᠦᠢ᠍ᠯᠡᠰ᠎ᠤᠨ ᠥᠳᠥᠭᠡᠯᠭᠡ᠎ᠳᠤ ᠳᠠᠲᠠᠭᠳᠠᠵᠤ᠂ ᠭᠠᠷ ᠤᠲᠠᠰᠤ ᠵᠢ ᠪᠤᠰᠤᠳᠴᠢ᠎ᠪᠠᠷ᠂ ᠵᠦᠢ ᠵᠤᠬᠢᠰᠲᠠᠢ᠎ᠪᠠᠷ ᠬᠡᠷᠡᠭᠯᠡᠵᠦ ᠴᠢᠳᠠᠭ᠍ᠤ ᠦᠭᠡᠢ ᠪᠠᠶ᠋ᠢᠳᠠᠯ ᠭᠠᠷᠴᠤ ᠪᠤᠢ᠃ ᠲᠡᠭᠡᠪᠡᠯ ᠳᠤᠮᠳᠠᠳᠤ ᠰᠤᠷᠭ᠋ᠠᠭᠤᠯᠢ ᠵᠢᠨ ᠰᠤᠷᠤᠭᠴᠢᠳ ᠰᠤᠷᠭ᠋ᠠᠭᠤᠯᠢ ᠵᠢᠨ ᠬᠦᠷᠢᠶᠠᠨ᠎ᠳᠤ ᠭᠠᠷ ᠤᠲᠠᠰᠤ ᠬᠡᠷᠡᠭᠯᠡᠬᠦ ᠵᠢᠨ ᠠᠰᠢᠭ ᠬᠤᠤᠷ᠎ᠤᠨ ᠠᠯᠢ᠎ᠨᠢ ᠶᠡᠭᠡ ᠪᠤᠢ? ᠰᠤᠷᠭ᠋ᠠᠭᠤᠯᠢ᠎ᠨᠢ ᠰᠤᠷᠤᠭᠴᠢᠳ᠎ᠤᠨ ᠰᠤᠷᠭ᠋ᠠᠭᠤᠯᠢ ᠵᠢᠨ ᠬᠦᠷᠢᠶᠠᠨ᠎ᠳᠤ ᠭᠠᠷ ᠤᠲᠠᠰᠤ ᠬᠡᠷᠡᠭᠯᠡᠬᠦ ᠠᠰᠠᠭᠤᠳᠠᠯ᠎ᠳᠤ ᠬᠡᠷᠬᠢᠨ ᠬᠠᠨᠳᠤᠬᠤ᠂ ᠠ᠋ᠭᠦᠨ᠎ᠢ ᠰᠤᠷᠭ᠋ᠠᠭᠤᠯᠢ ᠵᠢᠨ ᠵᠶ᠋ᠠᠨ ᠲᠦᠷᠢᠮ ᠲᠣᠭᠲᠠᠭ᠋ᠠᠯ᠎ᠳᠤ ᠣᠷᠣᠭᠤᠯᠬᠤ ᠴᠢᠬᠤᠯᠠ᠎ᠲᠠᠢ ᠤᠤ ᠥᠬᠡᠶ ᠤᠤ? ᠬᠡᠷᠪᠡᠵᠢᠶ᠎ᠡ ᠤᠷᠤᠭᠤᠯᠬᠤ ᠴᠢᠬᠤᠯᠠ᠎ᠲᠠᠢ ᠪᠤᠯ ᠶᠠᠭ᠋ᠠᠬᠢᠵᠤ᠂ ᠶᠠᠮᠠᠷ ᠠᠭᠤᠯᠭ᠎ᠠ ᠵᠤᠷᠪᠤᠰ ᠵᠶ᠋ᠠᠷ ᠤᠷᠤᠭᠤᠯᠬᠤ ᠵᠡᠷᠭᠡ᠎ᠨᠢ ᠴᠦᠮ ᠰᠤᠷᠭ᠋ᠠᠭᠤᠯᠢ᠂ ᠪᠠᠭᠰᠢ᠂ ᠰᠤᠷᠤᠭᠴᠢ ᠪᠠ ᠭᠡᠷ᠎ᠤᠨ ᠠᠬᠠᠮᠠᠳ᠎ᠤᠨ ᠬᠠᠮᠲᠤ᠎ᠪᠠᠷ ᠪᠣᠳᠣᠯᠬᠢᠯᠠᠭ᠍ᠤ ᠴᠢᠬᠤᠯᠠᠲᠠᠢ ᠠᠰᠠᠭᠤᠳᠠᠯ ᠪᠤᠯᠤᠭ᠋ᠠᠳ ᠪᠤᠢ᠃
      ᠮᠠᠨ᠎ᠤ ᠰᠤᠷᠭ᠋ᠠᠭᠤᠯᠢ᠎ᠳᠤ ᠨᠡᠶ᠋ᠢᠳᠡ ᠬᠤᠶᠠᠷ ᠮᠢᠩᠭ᠎ᠠ ᠭᠠᠷᠤᠶ ᠰᠤᠷᠤᠭᠴᠢ᠎ᠲᠠᠢ᠃ ᠠ᠋ᠭᠦᠨ᠎ᠳᠤ᠂ ᠳᠤᠮᠳᠠᠲᠤ ᠰᠤᠷᠭ᠋ᠠᠭᠤᠯᠢ ᠵᠢᠨ ᠰᠤᠷᠤᠭᠴᠢ 1000 ᠢᠯᠡᠬᠦᠦ ᠪᠤᠢ᠃ ᠲᠣᠰ ᠤᠳᠠᠭ᠋ᠠᠨ᠎ᠤ ᠪᠠᠶ᠋ᠢᠴᠠᠭ᠋ᠠᠯᠲᠠ ᠵᠢ ᠭᠤᠤᠯᠳᠠᠭᠤ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠳᠤᠮᠳᠠ ᠶᠠᠪᠤᠭᠳᠠᠭᠤᠯᠪᠠ᠃ ᠮᠠᠨ᠎ᠤ ᠰᠤᠷᠭ᠋ᠠᠭᠤᠯᠢ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ ᠵᠠᠭᠤᠨ᠎ᠤ ᠵᠠᠭᠤ᠎ᠪᠠᠷ ᠪᠦᠷ ᠭᠠᠷ ᠤᠲᠠᠰᠤ᠎ᠲᠠᠢ᠃ ᠪᠠᠶ᠋ᠢᠷᠢ᠎ᠳᠤ ᠰᠠᠭᠤᠭ᠎ᠠ ᠰᠣᠷᠣᠭᠴᠢ ᠪᠠᠷᠤᠭ 75% ᠵᠢ ᠡᠵᠡᠯᠡᠨ᠎ᠡ᠃ ᠮᠠᠨ᠎ᠤ ᠰᠤᠷᠭ᠋ᠠᠭᠤᠯᠢ᠎ᠨᠢ ᠰᠤᠷᠤᠭᠴᠢᠳ᠎ᠤᠨ ᠰᠤᠷᠭ᠋ᠠᠭᠤᠯᠢ ᠵᠢᠨ ᠬᠦᠷᠢᠶᠡᠨ᠎ᠳᠤ ᠭᠠᠷ ᠤᠲᠠᠰᠤ ᠬᠡᠷᠡᠭᠯᠡᠬᠦ ᠳᠤᠬᠠᠢ ᠴᠢᠩᠭ᠎ᠠ ᠳᠦᠷᠢᠮ ᠲᠣᠭᠲᠠᠭ᠋ᠠᠯ᠎ᠲᠠᠢ᠃ ᠰᠣᠷᠣᠭᠴᠢᠳ ᠰᠤᠷᠭ᠋ᠠᠭᠤᠯᠢ᠎ᠳᠤ᠎ᠪᠠᠨ ᠪᠠᠶ᠋ᠢᠬᠤ ᠬᠤᠭᠤᠴᠠᠭ᠋ᠠᠨ᠎ᠳᠤ ᠴᠥᠮ ᠭᠠᠷ ᠤᠲᠠᠰᠤ ᠬᠡᠷᠡᠭᠯᠡᠵᠦ ᠪᠣᠯᠬᠤ ᠥᠬᠡᠶ ᠭᠡᠰᠡᠨ ᠴᠢᠩᠭ᠎ᠠ ᠳᠤᠭᠲᠠᠭ᠋ᠠᠯ᠎ᠲᠠᠢ᠃ ᠠ᠋ᠭᠦᠨ᠎ᠳᠤ ᠭᠡᠷ᠎ᠠᠴᠠ᠎ᠪᠠᠨ ᠶᠠᠪᠤᠵᠤ ᠰᠠᠭᠤᠵᠤ ᠪᠠᠶ᠋ᠢᠭ᠎ᠠ ᠰᠤᠷᠤᠭᠴᠢ᠂ ᠲᠤᠬᠠᠶ᠋ᠢᠯᠠᠪᠠᠯ ᠪᠠᠶ᠋ᠢᠷᠢ᠎ᠳᠤ ᠰᠠᠭᠤᠬᠤ ᠥᠬᠡᠶ ᠰᠣᠷᠣᠭᠴᠢ ᠭᠠᠷ ᠤᠲᠠᠰᠤ᠎ᠪᠠᠨ ᠠᠪᠴᠤ ᠰᠤᠷᠭ᠋ᠠᠭᠤᠯᠢ᠎ᠳᠤ ᠢᠷᠡᠵᠦ ᠪᠣᠯᠤᠨ᠎ᠠ᠃ ᠭᠡᠪᠡᠴᠦ ᠰᠤᠷᠭ᠋ᠠᠭᠤᠯᠢ᠎ᠳᠤ ᠢᠷᠡᠭᠰᠡᠨ᠎ᠤ ᠳᠠᠷᠠᠭ᠎ᠠ᠂ ᠴᠥᠮ ᠭᠠᠷ ᠤᠲᠠᠰᠤ᠎ᠪᠠᠨ ᠬᠠᠭ᠋ᠠᠬᠤ ᠵᠢᠨ ᠬᠠᠮᠲᠤ ᠠᠩᠭᠢ ᠵᠢᠨ ᠠ᠋ᠷᠬᠢᠯᠡᠭᠴᠢ᠎ᠳᠤ᠎ᠪᠠᠨ ᠲᠤᠰᠢᠶᠠᠵᠤ ᠬᠠᠮᠢᠶᠠᠷᠤᠭᠤᠯᠤᠨ᠎ᠠ᠃ ᠦᠳᠡ ᠵᠢᠨ ᠬᠤᠶ᠋ᠢᠨ᠎ᠠ ᠵᠢᠨ ᠬᠠᠮᠤᠭ ᠰᠡᠭᠦᠯᠴᠢ ᠵᠢᠨ ᠬᠢᠴᠢᠶᠡᠯ ᠪᠠᠭᠤᠵᠤ ᠰᠤᠷᠭ᠋ᠠᠭᠤᠯᠢ ᠳᠠᠷᠬᠠᠬᠤ ᠦᠶ᠎ᠡ᠎ᠳᠤ ᠰᠠᠶᠢ ᠠᠩᠭᠢ ᠵᠢᠨ ᠠ᠋ᠷᠬᠢᠯᠡᠭᠴᠢ᠎ᠠᠴᠠ ᠰᠤᠷᠤᠭᠴᠢᠳ᠎ᠲᠤ ᠭᠠᠷ ᠤᠲᠠᠰᠤ ᠵᠢ᠎ᠨᠢ ᠪᠤᠴᠠᠭ᠋ᠠᠵᠤ ᠦᠭᠭᠦᠨ᠎ᠡ᠃ ᠪᠠᠶ᠋ᠢᠷᠢ᠎ᠳᠤ ᠰᠠᠭᠤᠭ᠎ᠠ ᠰᠤᠷᠤᠭᠴᠢᠳ᠎ᠨᠢ ᠰᠤᠷᠭ᠋ᠠᠭᠤᠯᠢ᠎ᠳᠤ ᠪᠠᠶ᠋ᠢᠬᠤ ᠬᠤᠭᠤᠴᠠᠭ᠋ᠠᠨ᠎ᠳᠤ ᠭᠠᠷ ᠤᠲᠠᠰᠤ᠎ᠪᠠᠨ ᠴᠦᠮ ᠠᠩᠭᠢ ᠵᠢᠨ ᠠ᠋ᠷᠬᠢᠯᠡᠭᠴᠢ᠎ᠳᠤ᠎ᠪᠠᠨ ᠬᠠᠳᠠᠭ᠋ᠠᠯᠠᠭᠤᠯᠵᠤ᠂ ᠭᠠᠷᠠᠭ᠎ᠤᠨ ᠵᠢᠷᠭᠤᠭ᠋ᠠᠨ᠎ᠤ ᠦᠳᠡ ᠵᠢᠨ ᠬᠤᠶ᠋ᠢᠨ᠎ᠠ ᠲᠤᠰ ᠬᠥᠮᠦᠨ᠎ᠳᠤ᠎ᠨᠢ ᠪᠤᠴᠠᠭ᠋ᠠᠨ ᠥᠭᠴᠦ᠂ ᠭᠠᠷᠠᠭ᠎ᠤᠨ ᠰᠡᠭᠦᠯᠴᠢ᠎ᠳᠤ ᠨᠢᠭᠡ ᠠ᠋ᠳᠦᠷ ᠬᠡᠷᠡᠭᠯᠡᠬᠦ ᠵᠢ ᠵᠦᠪᠰᠢᠶᠡᠷᠡᠨ᠂ ᠭᠠᠷᠠᠭ᠎ᠤᠨ ᠠ᠋ᠳᠦᠷ᠎ᠤᠨ ᠣᠷᠣᠶ ᠵᠢᠨ ᠳᠠᠪᠲᠠᠯᠭ᠎ᠠ᠎ᠳᠤ ᠳᠠᠬᠢᠨ ᠠᠩᠭᠢ ᠵᠢᠨ ᠠ᠋ᠷᠬᠢᠯᠡᠭᠴᠢ᠎ᠳᠤ ᠲᠤᠰᠢᠶᠠᠵᠤ ᠬᠠᠳᠠᠭ᠋ᠠᠯᠠᠭᠤᠯᠤᠨ᠎ᠠ᠃ ᠬᠡᠷᠪᠡ ᠬᠡᠨ ᠨᠢᠭᠡ᠎ᠨᠢ ᠳᠦᠷᠢᠮ ᠳᠤᠭᠳᠠᠭ᠋ᠠᠯ᠎ᠠᠴᠠ ᠵᠦᠷᠢᠴᠡᠪᠡᠯ᠂ ᠭᠠᠷ ᠤᠲᠠᠰᠤ ᠵᠢ᠎ᠨᠢ ᠳᠠᠷᠤᠶ᠋ᠢᠬᠠᠨ ᠬᠤᠷᠢᠶᠠᠨ ᠠᠪᠬᠤ ᠵᠢᠨ ᠬᠠᠮᠲᠤ ᠵᠣᠬᠢᠬᠤ ᠰᠢᠢ᠍ᠳᠬᠡᠯ ᠤᠯᠭᠤᠨ᠎ᠠ᠃ ᠠ᠋ᠨᠡ ᠪᠤᠯ ᠤᠳᠤᠬᠠᠨ᠎ᠳᠤ᠎ᠪᠠᠨ ᠮᠠᠨ᠎ᠤ ᠰᠤᠷᠭ᠋ᠠᠭᠤᠯᠢ ᠵᠢᠨ ᠠᠪᠴᠤ ᠪᠠᠶ᠋ᠢᠭ᠎ᠠ ᠭᠤᠤᠯ ᠠᠷᠭ᠎ᠠ ᠪᠤᠯᠬᠤ ᠶᠤᠮ᠃ ᠬᠡᠳᠦ᠋ᠢ᠍ᠪᠡᠷ ᠰᠤᠷᠭ᠋ᠠᠭᠤᠯᠢ᠎ᠳᠤ᠎ᠪᠠᠨ ᠭᠠᠷ ᠤᠲᠠᠰᠤ ᠬᠡᠷᠡᠭᠯᠡᠵᠦ ᠪᠣᠯᠬᠤ ᠦᠭᠡᠢ ᠭᠡᠰᠡᠨ ᠲᠣᠳᠣᠷᠬᠠᠶ ᠲᠣᠭᠲᠠᠭ᠋ᠠᠯ᠎ᠲᠠᠢ ᠪᠤᠯᠪᠠᠴᠤ ᠭᠠᠷ ᠤᠲᠠᠰᠤ ᠵᠢ ᠨᠢᠭᠤᠵᠦ (ᠨᠢᠭᠤᠴᠠ᠎ᠪᠠᠷ) ᠬᠡᠷᠡᠭᠯᠡᠬᠦ᠂ ᠴᠠᠭ᠋ᠠᠰᠢᠯᠠᠪᠠᠯ ᠨᠢᠭᠡ ᠬᠥᠮᠦᠨ ᠬᠤᠶᠠᠷ ᠭᠠᠷ ᠤᠲᠠᠰᠤ ᠠᠪᠴᠢᠷᠠᠵᠤ ᠨᠢᠭᠡ ᠵᠢ᠎ᠨᠢ ᠲᠤᠰᠢᠶᠠᠵᠤ ᠨᠢᠭᠡ ᠵᠢ᠎ᠨᠢ ᠦᠯᠡᠳᠡᠭᠡᠵᠦ ᠵᠠᠷᠤᠬᠤ ᠵᠡᠷᠭᠡ ᠶᠠᠪᠤᠳᠠᠯ ᠤᠳᠠᠭ᠎ᠠ ᠳᠠᠷᠠᠭ᠋ᠠᠯᠠᠨ ᠭᠠᠷᠴᠤ ᠪᠤᠢ᠃ ᠰᠤᠷᠤᠭᠴᠢᠳ᠎ᠤᠨ ᠭᠠᠷ ᠤᠲᠠᠰᠤ ᠬᠡᠷᠡᠭᠯᠡᠬᠦ ᠠᠰᠠᠭᠤᠳᠠᠯ᠎ᠠᠴᠠ ᠪᠣᠯᠵᠣ ᠰᠤᠷᠭ᠋ᠠᠭᠤᠯᠢ ᠵᠢᠨ ᠬᠠᠮᠢᠶ᠎ᠠ ᠪᠥᠬᠦᠶ ᠬᠠᠮᠢᠶᠠᠷᠤᠯᠲᠠ ᠵᠢᠨ ᠪᠠᠭᠰᠢ ᠪᠣᠯᠤᠨ ᠰᠣᠷᠣᠭᠴᠢ ᠵᠢᠨ ᠳᠤᠮᠲᠠ ᠴᠤ᠌ ᠦᠷᠭᠦᠯᠵᠢ ᠠ᠋ᠯᠳᠡᠪ ᠵᠦᠢ᠍ᠯ᠎ᠤᠨ ᠵᠦᠷᠢᠴᠡᠯ ᠮᠦᠷᠭᠦᠯᠳᠦᠭᠡᠨ ᠠ᠋ᠭᠦᠰᠳᠡᠭ᠃ ᠠ᠋ᠨᠡ ᠪᠤᠯ ᠰᠤᠷᠤᠭᠴᠢᠳ᠎ᠤᠨ ᠭᠠᠷ ᠤᠲᠠᠰᠤ ᠬᠡᠷᠡᠭᠯᠡᠬᠦ ᠲᠠᠯ᠎ᠠ᠎ᠪᠠᠷ ᠨᠡᠶ᠋ᠢᠳᠡᠮ ᠤᠷᠤᠰᠢᠵᠤ ᠪᠠᠶ᠋ᠢᠭ᠎ᠠ ᠠᠰᠠᠭᠤᠳᠠᠯ ᠪᠤᠯᠤᠨ᠎ᠠ᠃ ᠪᠠᠶ᠋ᠢᠴᠠᠭ᠋ᠠᠯᠲᠠ᠎ᠪᠠᠷ ᠳᠡᠮᠵᠢᠨ᠂ ᠳᠤᠮᠳᠠᠳᠤ ᠰᠤᠷᠭ᠋ᠠᠭᠤᠯᠢ ᠵᠢᠨ ᠰᠤᠷᠤᠭᠴᠢᠳ ᠰᠤᠷᠭ᠋ᠠᠭᠤᠯᠢ ᠵᠢᠨ ᠬᠦᠷᠢᠶᠠᠨ᠎ᠳᠤ ᠭᠠᠷ ᠤᠲᠠᠰᠤ ᠬᠡᠷᠡᠭᠯᠡᠬᠦ᠎ᠨᠢ ᠳᠤᠤᠷᠠᠬᠢ ᠬᠡᠳᠦᠨ ᠲᠠᠯ᠎ᠠ ᠵᠢᠨ ᠠᠰᠢᠭᠲᠠᠢ ᠲᠠᠯ᠎ᠠ ᠪᠣᠯᠤᠨ ᠨᠠᠵᠠᠭ᠋ᠠᠢ ᠲᠠᠯ᠎ᠠ ᠪᠠᠢ᠍ᠢ᠍ᠳᠠᠬ᠃
      ᠨᠢᠭᠡ᠂ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠭᠠᠷ ᠤᠲᠠᠰᠤ ᠬᠡᠷᠡᠭᠯᠡᠬᠦ ᠵᠢᠨ ᠠᠰᠢᠭᠲᠠᠢ ᠲᠠᠯ᠎ᠠ
      ᠭᠠᠷ ᠤᠲᠠᠰᠤᠨ᠎ᠤ ᠴᠢᠮᠡᠭᠡ ᠲᠠᠮᠵᠢᠭᠤᠯᠭ᠎ᠠ ᠪᠤᠯᠤᠨ ᠨᠡᠶ᠋ᠢᠭᠡᠮ᠎ᠤᠨ ᠬᠠᠷᠢᠯᠴᠠᠭ᠋ᠠᠨ᠎ᠤ ᠲᠤᠬᠠᠢ ᠤᠯᠠᠨ ᠴᠢᠳᠠᠮᠵᠢ᠎ᠨᠢ ᠰᠤᠷᠤᠭᠴᠢᠳ᠎ᠤᠨ ᠨᠡᠶ᠋ᠢᠭᠡᠮ᠎ᠤᠨ ᠬᠠᠷᠢᠯᠴᠠᠭ᠋ᠠᠨ᠎ᠤ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠳᠤ ᠠᠰᠢᠭᠲᠠᠢ᠃ ᠥᠰᠪᠦᠷᠢ ᠦᠶ᠎ᠡ ᠵᠢᠨ ᠵᠠᠯᠠᠭᠤ ᠪᠠᠭ᠋ᠠᠴᠤᠳ (ᠰᠤᠷᠤᠭᠴᠢᠳ) ᠡᠯ᠎ᠡ ᠵᠦᠢ᠍ᠯ᠎ᠤᠨ ᠬᠠᠷᠢᠯᠴᠠᠭ᠎ᠠ ᠬᠤᠯᠪᠤᠭ᠎ᠠ᠎ᠪᠠᠷ ᠳᠠᠮᠵᠢᠨ᠂ ᠭᠡᠷ᠎ᠤᠨ ᠬᠦᠮᠦᠰ ᠪᠤᠶᠤ ᠪᠠᠭᠰᠢ᠂ ᠨᠠᠶ᠋ᠢᠵᠢ ᠨᠦᠬᠦᠳ᠎ᠲᠠᠢ᠎ᠪᠠᠨ ᠳᠣᠲᠣᠨᠣ ᠬᠠᠷᠢᠴᠠᠭ᠎ᠠ ᠵᠢ ᠪᠠᠶ᠋ᠢᠭᠤᠯᠬᠤ ᠪᠠ ᠠ᠋ᠨᠡᠬᠦ ᠪᠠᠶ᠋ᠢᠭᠤᠯᠤᠭᠰᠠᠨ ᠬᠠᠷᠢᠴᠠᠭ᠎ᠠ᠎ᠪᠠᠨ ᠬᠠᠮᠠᠭ᠋ᠠᠯᠠᠵᠤ ᠪᠠᠬᠢᠵᠢᠭᠦᠯᠬᠦ ᠴᠢᠩᠭ᠎ᠠ ᠬᠦᠰᠡᠯ ᠵᠤᠷᠢᠯᠭ᠎ᠠ᠎ᠲᠠᠢ ᠪᠠᠶ᠋ᠢᠳᠠᠭ᠃ ᠭᠠᠷ ᠤᠲᠠᠰᠤ ᠪᠤᠯ ᠤᠳᠤᠬᠢ ᠨᠡᠶ᠋ᠢᠭᠡᠮ ᠨᠡᠶ᠋ᠢᠳᠡ ᠵᠢᠨ ᠬᠠᠷᠢᠯᠴᠠᠭ᠋ᠠᠨ᠎ᠳᠤ᠎ᠬᠢ ᠬᠠᠮᠤᠭ᠎ᠤᠨ ᠳᠥᠭᠦᠮ ᠳᠥᠲᠡ ᠬᠠᠷᠢᠯᠴᠠᠭ᠎ᠠ ᠬᠤᠯᠪᠤᠭ᠋ᠠᠨ᠎ᠤ ᠪᠠᠭ᠋ᠠᠵᠢ ᠪᠤᠯᠬᠤᠷ ᠲᠡᠷᠡ᠎ᠨᠢ ᠲᠡᠳᠡᠨ᠎ᠤ ᠭᠡᠷ᠎ᠤᠨ ᠬᠥᠮᠦᠰ ᠪᠤᠶᠤ ᠨᠠᠶ᠋ᠢᠵᠢ ᠨᠦᠬᠦᠳ᠎ᠤᠨ ᠵᠶ᠋ᠠᠨ ᠬᠤᠭᠤᠷᠤᠨᠳᠤᠬᠢ ᠬᠠᠶ᠋ᠢᠷ᠎ᠠ ᠰᠡᠳᠬᠢᠯᠭᠡ ᠪᠠ ᠨᠥᠬᠦᠷᠯᠡᠯ᠎ᠢ ᠠᠬᠢᠭᠤᠯᠬᠤ᠎ᠳᠤ ᠳᠤᠬᠢᠷᠠᠭ᠍ᠤ ᠬᠠᠮᠤᠭ᠎ᠤᠨ ᠳᠦᠭᠦᠮ ᠲᠦᠲᠡ ᠪᠠᠭ᠋ᠠᠵᠢ ᠬᠡᠷᠡᠭᠯᠡᠭᠦᠷ ᠪᠤᠯᠵᠠᠢ᠃ ᠲᠠᠬᠢᠭ᠋ᠠᠳ ᠬᠡᠯᠡᠪᠡᠯ᠂ ᠭᠠᠷ ᠤᠲᠠᠰᠤ᠎ᠨᠢ ᠥᠰᠥᠭ ᠪᠢᠴᠢᠭ᠂ ᠵᠢᠷᠤᠭ ᠳᠦᠷᠰᠦ᠂ ᠸᠢᠳᠢᠣ᠋ ᠵᠡᠷᠭᠡ ᠣᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠨᠡᠪᠲᠡᠷᠡᠯᠴᠡᠵᠦ ᠪᠤᠯᠬᠤ ᠬᠠᠷᠢᠯᠴᠠᠭ᠋ᠠᠨ᠎ᠤ ᠴᠢᠳᠠᠮᠵᠢ᠎ᠲᠠᠢ ᠪᠠᠭ᠋ᠠᠵᠢ ᠬᠡᠷᠡᠭᠯᠡᠭᠦᠷ ᠪᠠᠶ᠋ᠢᠭ᠎ᠠ ᠤᠴᠢᠷ᠎ᠠᠴᠠ ᠳᠡᠭᠦᠨ᠎ᠤ ᠨᠦᠯᠦᠭᠡᠯᠡᠬᠦ ᠪᠤᠶᠤ ᠳᠠᠲᠠᠭ᠍ᠤ ᠬᠦᠴᠦ᠎ᠨᠢ ᠳᠤᠶ᠋ᠢᠯ᠎ᠤᠨ ᠶᠡᠭᠡ ᠪᠠᠶ᠋ᠢᠳᠠᠬ᠃ ᠠ᠋ᠭᠦᠨ᠎ᠢ ᠬᠡᠨ ᠴᠤ᠌ ᠦᠭᠡᠶ᠋ᠢᠰᠬᠡᠵᠦ ᠴᠢᠳᠠᠭ᠍ᠤ ᠥᠬᠡᠶ᠃ ᠲᠡᠷᠡᠴᠢᠯᠡᠨ ᠭᠠᠷ ᠤᠲᠠᠰᠤ ᠦᠭᠡᠢ ᠪᠤᠯ ᠬᠦᠮᠦᠰ ᠭᠠᠳᠠᠨᠠᠬᠢ ᠶᠢᠷᠳᠢᠨᠴᠤ᠎ᠲᠠᠢ ᠬᠠᠷᠢᠯᠴᠠᠵᠤ ᠲᠡᠶ᠋ᠢᠯᠬᠦ ᠦᠬᠡᠢ ᠬᠡᠮᠡᠷ ᠪᠤᠯᠴᠢᠬᠠᠵᠠᠢ᠃ ᠠ᠋ᠨᠡ᠎ᠨᠢ ᠬᠥᠮᠦᠰ᠎ᠤᠨ ᠬᠠᠷᠢᠯᠴᠠᠭ᠋ᠠᠨ᠎ᠤ ᠶᠠᠪᠤᠴᠠ᠎ᠳᠤ ᠭᠠᠷ ᠤᠲᠠᠰᠤ ᠮᠠᠰᠢ ᠴᠢᠬᠤᠯᠠ ᠪᠠᠶ᠋ᠢᠷᠢ ᠰᠠᠭᠤᠷᠢ ᠪᠤᠶᠤ ᠠᠰᠢᠭ ᠦᠢ᠍ᠯᠡᠳᠦᠯ᠎ᠢ ᠦᠵᠡᠭᠦᠯᠵᠦ ᠪᠠᠶ᠋ᠢᠭ᠎ᠠ ᠭᠡᠰᠡᠨ᠎ᠢ ᠬᠠᠷᠠᠭᠤᠯᠵᠤ ᠪᠠᠶ᠋ᠢᠭ᠎ᠠ ᠶᠤᠮ᠃ ᠮᠠᠨ᠎ᠤ ᠰᠤᠷᠭ᠋ᠠᠭᠤᠯᠢ᠎ᠪᠠᠷ ᠵᠢᠱ᠌ᠢᠶᠡᠯᠡᠬᠦ᠎ᠳᠤ᠂ ᠪᠠᠶ᠋ᠢᠷᠢ ᠵᠢᠨ ᠰᠤᠷᠤᠭᠴᠢ ᠮᠠᠰᠢ ᠣᠯᠠᠨ᠃ ᠨᠢᠭᠡ ᠲᠠᠯ᠎ᠠ᠎ᠪᠠᠷ ᠴᠥᠭᠡᠨ ᠪᠤᠰᠤ ᠰᠣᠷᠣᠭᠴᠢ ᠨᠢᠭᠡ ᠭᠠᠷᠠᠭ᠂ ᠨᠢᠭᠡ ᠰᠠᠷ᠎ᠠ ᠴᠠᠭ᠋ᠠᠰᠢᠯᠠᠪᠠᠯ ᠨᠢᠭᠡ ᠰᠤᠷᠤᠯᠭ᠎ᠠ ᠵᠢᠨ ᠬᠤᠭᠤᠴᠠᠭ᠎ᠠ ᠪᠣᠯᠪᠠᠯ ᠰᠠᠶᠢ ᠬᠡᠷ᠎ᠲᠤ᠎ᠪᠠᠨ ᠬᠠᠷᠢᠬᠤ ᠪᠤᠶᠤ ᠡᠵᠢ ᠠᠪᠤ᠎ᠲᠠᠢ᠎ᠪᠠᠨ ᠠᠭᠤᠯᠵᠠᠨ᠎ᠠ᠃ ᠰᠤᠷᠤᠭᠴᠢᠳ ᠠ᠋ᠶ᠋ᠢᠮᠦ ᠤᠷᠲᠤ ᠬᠤᠭᠤᠴᠠᠭ᠎ᠠ᠎ᠪᠠᠷ ᠭᠡᠷ᠎ᠤᠨ ᠭᠦᠮᠦᠰ᠎ᠲᠠᠢ᠎ᠪᠠᠨ ᠤᠯᠵᠣ ᠠᠭᠤᠯᠵᠠᠭ᠍ᠤ ᠦᠭᠡᠢ ᠲᠤᠯᠠ ᠰᠠᠨᠠᠵᠤ ᠲᠤᠷᠠᠰᠬᠤ᠎ᠨᠢ ᠶᠠᠷᠢᠶᠠᠨ ᠥᠬᠡᠶ᠃ ᠠ᠋ᠨᠡ ᠦᠶ᠎ᠡ᠎ᠳᠤ ᠬᠡᠷᠪᠡ ᠰᠤᠷᠤᠭᠴᠢᠳ ᠭᠠᠷ ᠤᠲᠠᠰᠤ᠎ᠪᠠᠷ ᠭᠡᠷ᠎ᠤᠨ ᠭᠦᠮᠦᠰ᠎ᠲᠠᠢ᠎ᠪᠠᠨ ᠬᠤᠯᠪᠤᠭ᠎ᠠ ᠪᠠᠷᠢᠵᠤ ᠪᠤᠳᠤᠯ ᠰᠡᠳᠬᠢᠯᠭᠡ᠎ᠪᠠᠨ ᠰᠤᠯᠢᠯᠴᠠᠪᠠᠯ ᠬᠡᠷ ᠵᠶ᠋ᠠᠨ ᠰᠠᠨᠠᠭ᠍ᠤ ᠰᠡᠳᠬᠢᠯᠭᠡ᠎ᠪᠠᠨ ᠨᠠᠮᠳᠠᠭᠤᠯᠬᠤ ᠵᠢᠨ ᠬᠠᠮᠲᠤ ᠪᠠᠰᠠ ᠥᠪᠠᠷ᠎ᠤᠨ ᠵᠶ᠋ᠠᠨ ᠰᠤᠷᠤᠯᠭ᠎ᠠ ᠠᠮᠢᠳᠤᠷᠠᠯ᠎ᠤᠨ ᠪᠠᠶ᠋ᠢᠳᠠᠯ᠎ᠢ ᠴᠠᠭ ᠲᠤᠬᠠᠶ᠎ᠳᠤ᠎ᠨᠢ ᠭᠡᠷ᠎ᠤᠨ ᠭᠦᠮᠦᠰ᠎ᠲᠤ᠎ᠪᠠᠨ ᠮᠡᠳᠡᠭᠦᠯᠵᠦ ᠤᠶ᠋ᠢᠯᠠᠭ᠋ᠠᠭᠤᠯᠵᠤ       ᠴᠢᠲᠠᠨ᠎ᠠ᠃ ᠨᠥᠭᠦᠭᠡ ᠲᠠᠯ᠎ᠠ᠎ᠪᠠᠷ ᠳᠤᠮᠳᠠᠳᠤ ᠰᠤᠷᠭ᠋ᠠᠭᠤᠯᠢ ᠵᠢᠨ ᠰᠤᠷᠤᠭᠴᠢᠳ ᠭᠠᠷ ᠤᠲᠠᠰᠤ᠎ᠪᠠᠷ ᠨᠠᠶ᠋ᠢᠵᠠ ᠨᠦᠬᠦᠳ᠎ᠲᠠᠢ᠎ᠪᠠᠨ ᠬᠠᠷᠢᠯᠴᠠᠵᠤ ᠶᠠᠷᠢᠯᠴᠠᠵᠤ ᠨᠥᠬᠦᠷᠯᠡᠯ ᠵᠶ᠋ᠠᠨ ᠵᠤᠵᠠᠭ᠋ᠠᠳᠬᠠᠵᠤ ᠪᠣᠯᠤᠨ᠎ᠠ᠃ ᠮᠠᠳᠠᠭ᠎ᠲᠠᠢ ᠠᠰᠠᠭᠤᠳᠠᠯ ᠲᠣᠬᠢᠶᠠᠯᠳᠤᠪᠠᠯ ᠭᠠᠷ ᠤᠲᠠᠰᠤ᠎ᠪᠠᠷ ᠶᠠᠷᠢᠯᠴᠠᠵᠤ᠂ ᠰᠠᠨᠠᠯ ᠵᠶ᠋ᠠᠨ ᠰᠤᠯᠢᠯᠴᠠᠵᠤ ᠴᠤ᠌ ᠪᠣᠯᠤᠨ᠎ᠠ᠃ ᠪᠠᠰᠠ ᠪᠠᠭᠰᠢ᠎ᠲᠠᠢ᠎ᠪᠠᠨ ᠢᠯᠡᠭᠦᠦ ᠬᠠᠷᠢᠯᠴᠠᠵᠤ ᠪᠠᠭᠰᠢ ᠰᠤᠷᠤᠭᠴᠢᠳ᠎ᠤᠨ ᠬᠤᠭᠤᠷᠣᠨᠳᠣᠬᠢ ᠬᠠᠶ᠋ᠢᠷ᠎ᠠ ᠰᠡᠳᠬᠢᠯᠭᠡ᠎ᠪᠠᠨ ᠨᠡᠮᠡᠭᠳᠡᠭᠦᠯᠵᠦ ᠪᠣᠯᠤᠨ᠎ᠠ᠃ ᠠ᠋ᠲᠡᠭᠡᠷ᠎ᠨᠢ ᠴᠥᠮ ᠰᠤᠷᠤᠭᠴᠢᠳ᠎ᠤᠨ ᠦᠰᠦᠨ ᠪᠤᠶ᠋ᠢᠵᠢᠬᠤ᠎ᠳᠤ ᠠᠰᠢᠭᠲᠠᠶ ᠶᠤᠮ᠃ ᠨᠡᠶ᠋ᠢᠭᠡᠮ᠎ᠤᠨ ᠬᠠᠷᠢᠯᠴᠠᠭ᠋ᠠᠨ᠎ᠤ ᠴᠢᠳᠠᠮᠵᠢ᠎ᠠᠴᠠ ᠭᠠᠳᠠᠨ᠎ᠠ᠂ ᠭᠠᠷ ᠤᠲᠠᠰᠤᠨ᠎ᠤ ᠵᠤᠭ᠎ᠠ ᠴᠡᠩᠭᠡᠯ᠎ᠤᠨ ᠴᠢᠳᠠᠮᠵᠢ᠂ ᠵᠢᠱ᠌ᠢᠶᠡᠯᠡᠪᠡᠯ᠂ ᠰᠡᠭᠦᠳᠡᠷ ᠳᠦᠷᠰᠦ ᠰᠢᠩᠭᠡᠭᠡᠯᠲᠡ᠂ ᠳᠠᠭᠤᠤ ᠬᠥᠭᠵᠢᠮ᠂ ᠵᠤᠭ᠎ᠠ ᠴᠡᠩᠭᠡᠯ᠎ᠤᠨ ᠲᠣᠭᠯᠠᠭ᠋ᠠᠮ ᠵᠡᠷᠭᠡ ᠵᠥᠭᠡᠯᠡᠨ ᠲᠣᠨᠤᠭ᠎ᠨᠢ ᠴᠤ᠌ ᠰᠤᠷᠤᠭᠴᠢᠳ᠎ᠲᠤ ᠤᠷᠮ᠎ᠠ ᠰᠡᠳᠬᠢᠯᠭᠡ᠎ᠪᠠᠨ ᠵᠤᠬᠢᠴᠠᠭᠤᠯᠬᠤ ᠵᠠᠪᠰᠢᠶᠠᠨ ᠲᠤᠬᠢᠶᠠᠯ᠎ᠢ ᠬᠠᠩᠭ᠋ᠠᠵᠤ᠂ ᠵᠣᠬᠢᠬᠤ ᠬᠡᠮᠵᠢᠶᠡᠨ ᠳᠡᠭᠡᠷ᠎ᠡ ᠰᠤᠷᠤᠭᠴᠢᠳ᠎ᠤᠨ ᠰᠤᠷᠤᠯᠴᠠᠯᠭ᠎ᠠ ᠵᠢᠨ ᠳᠠᠷᠤᠯᠲᠠ ᠵᠢ ᠬᠥᠩᠭᠡᠷᠡᠭᠦᠯᠵᠦ ᠴᠢᠳᠠᠨ᠎ᠠ᠃ ᠰᠤᠷᠤᠯᠴᠠᠭ᠍ᠤ ᠲᠠᠯ᠎ᠠ᠎ᠪᠠᠷ ᠠᠪᠴᠤ ᠦᠵᠡᠪᠡᠯ᠂ ᠭᠠᠷ ᠤᠲᠠᠰᠤ᠎ᠪᠠᠷ ᠳᠠᠮᠵᠢᠭᠤᠯᠤᠨ ᠰᠤᠷᠤᠯᠴᠠᠭ᠍ᠤ ᠵᠥᠭᠡᠯᠡᠨ ᠲᠣᠨᠤᠭ ᠠ᠋ᠷᠢᠬᠦ᠂ ᠰᠣᠨᠢᠨ ᠮᠡᠳᠡᠭᠡᠨ᠎ᠤ ᠵᠥᠭᠡᠯᠡᠨ ᠲᠣᠨᠤᠭ᠎ᠢ ᠬᠡᠷᠡᠭᠯᠡᠬᠦ᠎ᠨᠢ ᠴᠤ᠌ ᠠᠰᠢᠭᠲᠠᠢ᠎ᠪᠠᠷ ᠪᠠᠷᠠᠭ᠍ᠤ ᠦᠭᠡᠢ ᠲᠡᠳᠡᠨ᠎ᠳᠤ ᠬᠢᠴᠢᠶᠡᠯ᠎ᠤᠨ ᠭᠠᠳᠠᠨᠠᠬᠢ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠡᠵᠡᠮᠰᠢᠭᠦᠯᠵᠦ᠂ ᠲᠡᠳᠡᠨ᠎ᠤ ᠰᠤᠷᠤᠯᠴᠠᠭ᠍ᠤ ᠬᠡᠷᠡᠭᠴᠡᠭᠡ ᠵᠢ ᠬᠠᠩᠭ᠋ᠠᠵᠤ᠂ ᠪᠣᠳᠠᠲᠤ ᠬᠡᠷᠡᠭ᠎ᠢ ᠤᠶ᠋ᠢᠯᠠᠭ᠋ᠠᠭᠤᠯᠤᠨ᠂ ᠰᠢᠨ᠎ᠡ ᠮᠡᠳᠡᠯᠭᠡ ᠵᠢ       ᠨᠡᠮᠡᠭᠳᠡᠭᠦᠯᠦᠨ᠂ ᠬᠠᠷᠠᠭ᠎ᠠ ᠵᠢ᠎ᠨᠢ ᠦᠷᠭᠡᠳᠬᠡᠬᠦ᠎ᠳᠤ ᠠᠰᠢᠭᠲᠠᠢ᠃
      ᠬᠤᠶᠠᠷ᠂ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠭᠠᠷ ᠤᠲᠠᠰᠤ ᠬᠡᠷᠡᠭᠯᠡᠬᠦ ᠵᠢᠨ ᠨᠠᠵᠠᠭ᠋ᠠᠢ ᠲᠠᠯ᠎ᠠ
     1. ᠰᠤᠷᠤᠭᠴᠢᠳ᠎ᠤᠨ ᠦᠪᠡᠷ᠎ᠢ᠎ᠪᠠᠨ ᠡᠵᠡᠮᠳᠡᠵᠦ ᠠ᠋ᠷᠭᠡᠰᠢᠶᠡᠬᠦ ᠴᠢᠳᠠᠪᠤᠷᠢ ᠵᠢ ᠬᠦᠮᠦᠵᠢᠭᠦᠯᠵᠦ ᠪᠤᠢ ᠪᠤᠯᠭ᠋ᠠᠬᠤ᠎ᠳᠤ ᠠᠰᠢᠭ ᠦᠭᠡᠢ᠃
      ᠰᠤᠷᠭ᠋ᠠᠭᠤᠯᠢ᠎ᠳᠤ ᠭᠠᠷ ᠤᠲᠠᠰᠤ ᠬᠡᠷᠡᠭᠯᠡᠬᠦ ᠵᠢ ᠵᠤᠬᠢᠰᠲᠠᠢ ᠬᠤᠷᠢᠭᠯᠠᠵᠤ ᠬᠢᠵᠠᠭ᠋ᠠᠷᠯᠠᠭ᠍ᠤ ᠦᠭᠡᠢ ᠪᠤᠯ᠂ ᠰᠤᠷᠤᠭᠴᠢᠳ ᠭᠠᠷ ᠤᠳᠠᠰᠤᠨ᠎ᠳᠤ᠎ᠪᠠᠨ ᠭᠡᠳᠤᠷᠭᠡᠢ ᠰᠢᠨᠤᠬᠤ ᠪᠤᠶᠤ ᠠᠯᠢᠪᠠ ᠪᠦᠬᠦᠨ᠎ᠢ ᠭᠠᠷ ᠤᠲᠠᠰᠤᠨ᠎ᠳᠤ ᠨᠠᠶ᠋ᠢᠳᠠᠵᠤ᠂ ᠭᠠᠷ ᠤᠳᠠᠰᠤᠨ᠎ᠤ ᠰᠢᠨᠤᠯ᠎ᠲᠠᠢ ᠪᠤᠯᠴᠢᠬᠠᠳᠠᠭ᠃ ᠨᠠᠷᠢᠨ ᠠᠵᠢᠭᠯᠠᠯᠲᠠ ᠬᠢᠪᠡᠯ᠂ ᠤᠯᠠᠩᠬᠢ ᠰᠤᠷᠤᠭᠴᠢᠳ 《ᠰᠤᠷᠭ᠋ᠠᠭᠤᠯᠢ᠎ᠳᠤ ᠭᠠᠷ ᠤᠲᠠᠰᠤ ᠬᠡᠷᠡᠭᠯᠡᠬᠦ᠎ᠨᠢ ᠭᠠᠭᠴᠠ ᠰᠤᠷᠤᠯᠴᠠᠯᠭ᠎ᠠ᠎ᠳᠤ ᠠᠰᠢᠭᠯᠠᠭ᠍ᠤ ᠯᠠ ᠲᠠᠳᠤᠢ ᠪᠢᠰᠢ᠂ ᠦᠭᠡᠷ᠎ᠡ ᠪᠠᠰᠠ ᠤᠯᠠᠨ ᠲᠠᠯ᠎ᠠ ᠵᠢᠨ ᠦᠢ᠍ᠯᠡᠳᠦᠯ ᠬᠡᠷᠡᠭᠴᠡᠭᠡ ᠪᠤᠢ᠃ ᠠ᠋ᠭᠦᠨ᠎ᠢ ᠰᠤᠷᠭ᠋ᠠᠭᠤᠯᠢ᠎ᠠᠴᠠ ᠭᠡᠳᠤᠷᠭᠡᠢ ᠬᠠᠰᠢᠨ ᠬᠤᠷᠢᠭᠯᠠᠵᠤ ᠪᠤᠢ》 ᠭᠡᠵᠦ ᠦᠵᠡᠳᠡᠭ᠃ ᠲᠠᠷᠠᠴᠢᠯᠡᠨ 《ᠭᠠᠷ ᠤᠳᠠᠰᠤ ᠵᠢ ᠬᠡᠷᠡᠭᠯᠡᠭᠦᠯᠦᠭᠰᠡᠨ ᠦᠭᠡᠢ ᠪᠤᠶᠤ ᠬᠠᠩᠭ᠋ᠠᠮᠵᠢ᠎ᠲᠠᠢ ᠬᠡᠷᠡᠭᠯᠡᠭᠦᠯᠦᠭᠰᠡᠨ ᠦᠭᠡᠢ》᠂ 《ᠭᠠᠷ ᠤᠳᠠᠰᠤ ᠵᠢ ᠬᠡᠷᠡᠭᠯᠡᠭᠦᠯᠦᠭᠰᠡᠨ ᠦᠭᠡᠢ ᠪᠤᠶᠤ ᠬᠠᠩᠭ᠋ᠠᠮᠵᠢ᠎ᠲᠠᠢ ᠬᠡᠷᠡᠭᠯᠡᠭᠦᠯᠦᠭᠰᠡᠨ ᠦᠭᠡᠢ᠎ᠠᠴᠠ ᠪᠤᠯᠵᠤ ᠤᠯᠠᠨ ᠶᠠᠭᠤᠮ᠎ᠠ ᠵᠢ ᠬᠢᠵᠦ ᠪᠦᠲᠦᠭᠡᠵᠦ ᠠᠮᠵᠢᠭᠰᠠᠨ       ᠦᠭᠡᠢ᠂ ᠴᠢᠳᠠᠭᠰᠠᠨ ᠦᠭᠡᠢ》 ᠭᠡᠵᠦ ᠴᠤ᠌ ᠪᠤᠳᠤᠵᠤ ᠰᠡᠳᠬᠢᠵᠦ ᠠᠭᠤᠷᠯᠠᠵᠤ ᠤᠴᠠᠭ᠋ᠠᠷᠳᠠᠳᠠᠭ᠃ ᠠ᠋ᠭᠦᠨ᠎ᠠᠴᠠ ᠪᠤᠯᠵᠤ᠂ ᠲᠡᠳᠡᠨ᠎ᠤ ᠠᠩᠬᠠᠷᠤᠯ᠎ᠨᠢ ᠰᠤᠷᠤᠯᠭ᠎ᠠ ᠬᠢᠴᠢᠶᠡᠯ᠎ᠳᠤ ᠲᠦᠪᠯᠡᠷᠡᠭᠦ ᠦᠭᠡᠢ᠂ ᠠ᠋ᠰᠡᠨ ᠪᠤᠰᠤᠨ ᠶᠠᠭᠤᠮ᠎ᠠ ᠪᠤᠳᠤᠵᠤ ᠰᠡᠳᠬᠢᠵᠦ ᠠ᠋ᠮᠬᠢ ᠵᠠᠮᠪᠠᠷᠠᠭ᠎ᠠ᠎ᠪᠠᠨ ᠠᠯᠳᠠᠵᠤ ᠠ᠋ᠭᠡᠷᠡᠵᠦ ᠰᠠᠭ᠋ᠠᠷᠠᠭ᠋ᠠᠳ ᠶᠠᠪᠤᠴᠢᠬᠠᠳᠠᠭ᠃ ᠠ᠋ᠨᠡ᠎ᠨᠢ ᠠ᠋ᠷᠭᠢᠭᠡᠳ ᠡᠯ᠎ᠡ ᠲᠠᠯ᠎ᠠ ᠵᠢᠨ ᠴᠢᠳᠠᠪᠤᠷᠢ ᠰᠡᠳᠬᠢᠴᠡ᠎ᠳᠤ᠎ᠨᠢ ᠬᠠᠷᠰᠢ ᠰᠠᠭ᠋ᠠᠳ ᠪᠤᠯᠵᠤ᠂ ᠴᠠᠭ᠋ᠠᠰᠢᠯᠠᠨ ᠦᠪᠡᠷ᠎ᠢ᠎ᠪᠠᠨ ᠦᠪᠡᠷ ᠵᠶ᠋ᠠᠨ ᠡᠵᠡᠮᠳᠡᠵᠦ ᠠ᠋ᠷᠭᠡᠰᠢᠶᠡᠬᠦ ᠵᠠᠩ ᠰᠡᠳᠬᠢᠴᠡ᠂ ᠲᠠᠳᠬᠠᠯ᠂ ᠴᠢᠳᠠᠪᠤᠷᠢ ᠵᠢᠨ ᠬᠢᠨᠢ ᠪᠤᠯᠪᠠᠰᠤᠷᠠᠯ ᠲᠦᠯᠦᠪᠵᠢᠯ᠎ᠢ ᠰᠢᠭᠤᠳ ᠨᠦᠯᠦᠭᠡᠯᠡᠵᠦ ᠬᠠᠷᠰᠢᠯᠠᠳᠠᠭ᠃ ᠤᠯᠠᠩᠬᠢ ᠰᠤᠷᠤᠭᠴᠢᠳ ᠭᠠᠷ ᠤᠲᠠᠰᠤᠨ᠎ᠤ ᠦᠨᠡᠨ ᠭᠦ᠌ ᠦᠢ᠍ᠯᠡᠳᠦᠯ ᠬᠡᠷᠡᠭᠴᠡᠭᠡ ᠵᠢ ᠪᠦᠷᠢᠨ ᠭᠦᠢ᠍ᠴᠡᠳ ᠤᠶ᠋ᠢᠯᠠᠭ᠋ᠠᠭ᠎ᠠ ᠦᠭᠡᠢ᠂ ᠬᠠᠷᠢᠨ ᠭᠠᠷ ᠤᠲᠠᠰᠤᠨ᠎ᠤ ᠪᠤᠰᠤᠳ ᠴᠢᠳᠠᠮᠵᠢ᠎ᠳᠤ ᠲᠠᠲᠠᠭᠳᠠᠨ᠂ ᠭᠠᠷ ᠤᠲᠠᠰᠤ᠎ᠪᠠᠷ ᠨᠠᠭ᠋ᠠᠳᠴᠤ ᠲᠤᠭᠯᠠᠭ᠍ᠤ ᠵᠢ ᠯᠡ ᠠ᠋ᠷᠬᠢᠮ ᠪᠤᠯᠭ᠋ᠠᠵᠤ ᠪᠤᠢ᠃ ᠤᠯᠠᠩᠬᠢ ᠰᠤᠷᠤᠭᠴᠢ ᠨᠠᠭ᠋ᠠᠳᠬᠤ᠎ᠪᠠᠷ ᠵᠤᠷᠢᠯᠭ᠎ᠠ ᠪᠤᠯᠭ᠋ᠠᠵᠤ᠂ ᠵᠢᠩᠬᠢᠨᠢ ᠦᠨ᠎ᠡ ᠦᠷᠲᠡᠭ ᠪᠦᠬᠦᠢ ᠴᠢᠮᠡᠭᠡ ᠨᠡᠪᠲᠡᠷᠡᠯᠭᠡ ᠪᠤᠶᠤ ᠰᠤᠷᠠᠭ ᠵᠠᠩᠬᠢ ᠵᠢᠨ ᠴᠢᠳᠠᠪᠬᠢ ᠵᠢ᠎ᠨᠢ ᠠᠰᠢᠭᠯᠠᠵᠤ ᠭᠡᠷᠡᠭᠯᠡᠭᠦ᠎ᠪᠠᠷ ᠮᠠᠰᠢ ᠠᠨᠠᠢ ᠪᠠᠶ᠋ᠢᠳᠠᠭ᠃ ᠥᠭᠡᠷ᠎ᠡ᠎ᠪᠠᠷ ᠬᠡᠯᠡᠪᠡᠯ᠂ ᠰᠤᠷᠤᠯᠴᠠᠯᠭ᠎ᠠ᠂ ᠬᠢᠴᠢᠶᠡᠯᠯᠡᠭᠡ᠂ ᠪᠤᠯᠪᠠᠰᠤᠷᠠᠯ᠂ ᠲᠠᠰᠬᠠᠯ᠎ᠳᠤ᠎ᠪᠠᠨ ᠠᠰᠢᠭᠯᠠᠬᠤ᠎ᠨᠢ ᠲᠤᠶ᠋ᠢᠯ᠎ᠤᠨ ᠬᠤᠪᠤᠷ ᠪᠠᠶ᠋ᠢᠳᠠᠭ᠃
     2. ᠭᠠᠷ ᠤᠲᠠᠰᠤ ᠬᠡᠲᠦ ᠬᠡᠷᠡᠭᠯᠡᠪᠡᠯ ᠰᠤᠷᠤᠭᠴᠢᠳ᠎ᠤᠨ ᠰᠤᠷᠤᠯᠭ᠎ᠠ ᠬᠢᠴᠢᠶᠡᠯ᠎ᠢ ᠰᠢᠭᠤᠳ ᠨᠦᠯᠦᠭᠡᠯᠡᠨ᠎ᠡ᠃
      ᠬᠡᠤᠬᠡᠳ ᠲᠡᠩᠳᠡᠭᠦᠦ ᠠ᠋ᠷᠲᠡ᠂ ᠬᠡᠲᠦ ᠣᠯᠠᠨ ᠤᠳᠠᠭ᠎ᠠ ᠠ᠋ᠯᠧᠺᠲᠷᠣᠨ ᠪᠦᠲᠦᠭᠡᠭᠳᠡᠬᠦᠨ᠎ᠲᠠᠢ ᠣᠶ᠋ᠢᠷᠠᠳᠬᠤ᠎ᠨᠢ ᠬᠡᠤᠬᠡᠳ᠎ᠤᠨ ᠴᠢᠳᠠᠪᠤᠷᠢ᠂ ᠰᠡᠳᠬᠢᠴᠡ ᠵᠢᠨ ᠡᠯ᠎ᠡ ᠲᠠᠯ᠎ᠠ ᠵᠢᠨ ᠪᠤᠶ᠋ᠢᠵᠢᠯᠲᠠ ᠵᠢ ᠨᠥᠯᠥᠭᠡᠯᠡᠨ᠎ᠡ᠃ ᠵᠢᠱ᠌ᠢᠶᠡᠯᠡᠪᠡᠯ᠂ ᠲᠠᠨᠢᠨ ᠮᠡᠳᠡᠭᠦᠢ ᠵᠢᠨ ᠴᠢᠳᠠᠪᠤᠷᠢ᠂ ᠲᠥᠰᠦᠭᠡᠯᠡᠨ ᠪᠤᠳᠤᠬᠤ ᠴᠢᠳᠠᠪᠤᠷᠢ ᠪᠠ ᠠ᠋ᠭᠦᠳᠦᠨ ᠪᠦᠲᠦᠭᠡᠬᠦ ᠴᠢᠳᠠᠪᠤᠷᠢ ᠵᠡᠷᠭᠡ ᠵᠢ᠎ᠨᠢ ᠰᠢᠭᠤᠳ ᠨᠥᠯᠥᠭᠡᠯᠡᠨ᠎ᠡ᠃ ᠠ᠋ᠳᠡᠭᠡᠷ ᠴᠢᠳᠠᠪᠤᠷᠢ᠎ᠨᠢ ᠨᠦᠯᠦᠭᠡᠯᠡᠭᠳᠡᠪᠡᠯ᠂ ᠬᠡᠦᠬᠡᠳ᠎ᠤᠨ ᠰᠤᠷᠤᠯᠴᠠᠭ᠍ᠤ ᠰᠠᠶ᠋ᠢᠨ ᠰᠠᠶ᠋ᠢᠬᠠᠨ ᠳᠠᠳᠬᠠᠯ ᠰᠤᠷᠲᠠᠯ᠎ᠢ ᠪᠦᠷᠢᠯᠳᠦᠭᠦᠯᠵᠦ ᠪᠤᠢ ᠪᠤᠯᠭ᠋ᠠᠬᠤ᠎ᠳᠤ ᠠᠰᠢᠭ ᠦᠭᠡᠢ ᠶᠤᠮ᠃ ᠠ᠋ᠭᠦᠨ᠎ᠠᠴᠠ ᠭᠠᠳᠠᠨ᠎ᠠ᠂ ᠤᠳᠠᠭ᠋ᠠᠨ ᠰᠠᠭᠤᠭ᠋ᠠᠳ ᠬᠥᠳᠡᠯᠬᠦ ᠥᠬᠡᠶ᠎ᠪᠠᠷ ᠠ᠋ᠯᠧᠺᠲᠷᠣᠨ ᠪᠦᠲᠦᠭᠡᠭᠳᠡᠬᠦᠨ ᠤᠷᠤᠯᠳᠤᠬᠤ᠎ᠨᠢ ᠪᠠᠰᠠ ᠣᠯᠠᠨ ᠵᠤᠶ᠋ᠢᠯ᠎ᠤᠨ ᠮᠠᠭᠤ ᠦᠷ᠎ᠠ ᠨᠥᠯᠥᠭᠡ ᠵᠢ ᠪᠣᠶ ᠪᠤᠯᠭ᠋ᠠᠳᠠᠭ᠃ ᠵᠢᠱ᠌ᠢᠶᠡᠯᠡᠪᠡᠯ᠂ ᠪᠡᠶ᠎ᠡ ᠵᠢᠨ ᠥᠰᠥᠯᠲᠡ᠂ ᠪᠡᠶ᠎ᠡ ᠮᠠᠭ᠍ᠠᠪᠤᠳ᠎ᠤᠨ ᠪᠤᠶ᠋ᠢᠵᠢᠯᠲᠠ ᠪᠠ ᠨᠢᠳᠦᠨ᠎ᠤ ᠬᠠᠷᠠᠭ᠎ᠠ ᠵᠢ ᠨᠦᠯᠦᠭᠡᠯᠡᠨ᠎ᠡ᠃ ᠬᠥᠳᠡᠯᠭᠡᠭᠡᠨ ᠳᠤᠲᠠᠭᠳᠠᠭᠰᠠᠨ᠎ᠠᠴᠠ ᠪᠤᠯᠵᠤ ᠬᠡᠲᠦ ᠮᠠᠷᠢᠶᠠᠯᠠᠭ᠍ᠤ ᠪᠠᠶ᠋ᠢᠳᠠᠯ ᠢᠯᠡᠷᠡᠨ᠎ᠡ᠃ ᠠ᠋ᠳᠡᠭᠡᠷ ᠪᠤᠯ ᠠ᠋ᠯᠧᠺᠲᠷᠣᠨ ᠪᠦᠳᠦᠭᠡᠭᠳᠡᠭᠦᠨ᠎ᠠᠴᠠ ᠰᠤᠷᠤᠭᠴᠢ ᠵᠢᠨ ᠪᠡᠶ᠎ᠡ ᠰᠡᠳᠬᠢᠴᠡ᠎ᠳᠤ ᠤᠴᠠᠷᠠᠭᠤᠯᠵᠤ ᠪᠠᠶ᠋ᠢᠳᠠᠭ ᠬᠤᠤᠷ ᠨᠦᠯᠦᠭᠡ ᠵᠢᠨ ᠭᠡᠰᠡᠭ ᠲᠠᠯ᠎ᠠ ᠪᠤᠯᠤᠨ᠎ᠠ᠃ ᠲᠠᠬᠢᠭ᠋ᠠᠳ ᠬᠡᠯᠡᠪᠡᠯ᠂ ᠨᠢᠭᠡᠨ ᠰᠠᠶ᠋ᠢᠨ ᠰᠠᠶ᠋ᠢᠬᠠᠨ ᠰᠤᠷᠤᠯᠴᠠᠭ᠍ᠤ ᠳᠠᠳᠬᠠᠯ᠎ᠢ ᠪᠣᠶ ᠪᠣᠯᠭ᠋ᠠᠬᠤ᠎ᠳᠤ ᠵᠤᠬᠢᠬᠤ ᠴᠠᠭ ᠬᠤᠭᠤᠴᠠᠭ᠎ᠠ ᠬᠡᠷᠡᠭᠰᠡᠳᠡᠭ᠃ ᠬᠡᠷᠪᠡ ᠲᠠᠰᠤᠯᠳᠠᠭᠤᠯᠬᠤ ᠪᠤᠶᠤ ᠵᠣᠭᠰᠣᠭ᠋ᠠᠬᠤ᠎ᠳᠤ ᠬᠦᠷᠪᠡᠯ᠂ ᠠ᠋ᠨᠡ ᠬᠦ᠌ ᠳᠠᠳᠬᠠᠯ᠎ᠨᠢ ᠮᠠᠰᠢ ᠠᠮᠠᠷᠬᠠᠨ ᠰᠤᠯᠠᠷᠠᠭ᠍ᠤ ᠪᠤᠶᠤ ᠠᠷᠢᠯᠬᠤ ᠪᠣᠯᠤᠨ᠎ᠠ᠃ ᠠ᠋ᠯᠧᠺᠲᠷᠣᠨ ᠪᠦᠲᠦᠭᠡᠭᠳᠡᠬᠦᠨ ᠪᠤᠶᠤ ᠭᠠᠷ ᠤᠲᠠᠰᠤ ᠵᠢ ᠤᠷᠲᠤ ᠬᠤᠭᠤᠴᠠᠭ᠎ᠠ᠎ᠪᠠᠷ ᠤᠷᠤᠯᠳᠤᠵᠤ ᠨᠠᠭ᠋ᠠᠳᠤᠭᠰᠠᠨ ᠰᠤᠷᠤᠭᠴᠢ ᠨᠠᠮ ᠳᠥᠯᠭᠡᠨ ᠪᠦᠭᠡᠳ ᠲᠣᠭᠲᠠᠭᠤᠨ ᠪᠣᠳᠠᠲᠤ ᠠᠮᠢᠳᠤᠷᠠᠯ᠎ᠤᠨ ᠤᠷᠴᠢᠨ ᠲᠣᠭᠤᠷᠢᠨ᠎ᠳᠤ ᠠᠩᠬᠠᠷᠤᠯ ᠵᠶ᠋ᠠᠨ ᠲᠦᠪᠯᠡᠷᠡᠭᠦᠯᠬᠦ᠎ᠳᠤ ᠬᠠᠷᠢᠴᠠᠩᠭᠤᠶ᠎ᠪᠠᠷ ᠬᠦᠴᠢᠷᠲᠡᠢ ᠪᠠᠶ᠋ᠢᠳᠠᠭ᠃ ᠵᠠᠷᠢᠮ ᠰᠤᠷᠤᠭᠴᠢ ᠭᠠᠷ ᠤᠲᠠᠰᠤ ᠬᠠᠵᠠᠭᠤ᠎ᠳᠤ᠎ᠨᠢ ᠪᠠᠶ᠋ᠢᠪᠠᠯ ᠠ᠋ᠳᠦᠷᠵᠢᠨ ᠰᠡᠳᠬᠢᠯ ᠰᠠᠨᠠᠭ᠎ᠠ ᠠᠮᠤᠷ ᠲᠤᠭᠲᠠᠪᠤᠷᠢ ᠦᠭᠡᠢ ᠪᠠᠶ᠋ᠢᠵᠤ᠂ ᠭᠠᠷ ᠤᠲᠠᠰᠤ᠎ᠪᠠᠷ ᠨᠠᠭ᠋ᠠᠳᠬᠤ ᠪᠤᠶᠤ ᠭᠠᠷ ᠤᠲᠠᠰᠤ᠎ᠪᠠᠨ ᠭᠠᠷᠭ᠋ᠠᠵᠤ ᠦᠵᠡᠬᠦ ᠭᠡᠳ ᠪᠠᠶ᠋ᠢᠳᠠᠭ᠃ ᠰᠡᠳᠬᠢᠯ ᠰᠠᠨᠠᠭ᠎ᠠ᠎ᠪᠠᠨ ᠬᠢᠴᠢᠶᠡᠯ ᠰᠤᠷᠤᠯᠴᠠᠯᠭ᠎ᠠ ᠲᠡᠭᠡᠷ᠎ᠡ᠎ᠪᠠᠨ ᠲᠠᠯᠪᠢᠬᠤ᠎ᠨᠢ ᠴᠥᠭᠡᠨ ᠪᠤᠯᠵᠤ᠂ ᠪᠠᠭᠰᠢ ᠵᠢᠨ ᠶᠠᠷᠢᠬᠤ ᠵᠢ ᠰᠡᠳᠬᠢᠯ ᠲᠠᠯᠪᠢᠨ ᠰᠣᠨᠣᠰᠴᠤ ᠲᠡᠶ᠋ᠢᠯᠬᠦ ᠦᠭᠡᠢ ᠪᠤᠯᠳᠠᠭ᠃ ᠤᠨᠴᠠᠭ᠋ᠠᠶ᠋ᠢᠯᠠᠨ ᠪᠠᠶ᠋ᠢᠷᠢ᠎ᠳᠤ ᠰᠠᠭᠤᠭ᠎ᠠ ᠰᠤᠷᠤᠭᠴᠢᠳ᠎ᠤᠨ ᠵᠠᠷᠢᠮ᠎ᠨᠢ ᠮᠠᠰᠢ ᠣᠷᠣᠢ ᠪᠣᠯᠲᠠᠯ᠎ᠠ ᠭᠠᠷ ᠤᠲᠠᠰᠤ ᠤᠷᠤᠯᠳᠤᠵᠤ᠂ ᠳᠠᠷᠠᠭ᠎ᠠ ᠠ᠋ᠳᠦᠷ᠎ᠤᠨ ᠬᠢᠴᠢᠶᠡᠯ ᠰᠤᠷᠤᠯᠴᠠᠯᠭ᠎ᠠ᠎ᠪᠠᠨ ᠨᠥᠯᠥᠭᠡᠯᠡᠳᠡᠭ᠃ ᠲᠡᠳᠡ 《ᠢᠩᠭᠢᠵᠦ ᠬᠢᠬᠦ᠎ᠨᠢ ᠵᠣᠬᠢᠰ ᠦᠭᠡᠢ》᠂ 《ᠢᠩᠭᠢᠵᠦ ᠬᠢᠬᠦ᠎ᠨᠢ ᠲᠡᠭᠦᠨ᠎ᠳᠤ ᠳᠡᠮᠡᠶ ᠶᠡᠭᠡ ᠠᠰᠢᠭ ᠦᠭᠡᠢ》 ᠭᠡᠳᠡᠭ᠎ᠢ ᠮᠡᠳᠡᠵᠦ ᠪᠠᠶ᠋ᠢᠪᠠᠴᠤ ᠪᠡᠶ᠎ᠡ᠎ᠪᠠᠨ ᠪᠠᠷᠢᠵᠤ ᠴᠢᠳᠠᠯ ᠦᠭᠡᠢ ᠭᠠᠷ ᠤᠲᠠᠰᠤ᠎ᠪᠠᠷ ᠵᠶ᠋ᠠᠨ ᠨᠠᠭ᠋ᠠᠳᠴᠤ ᠲᠤᠭᠯᠠᠳᠠᠬ᠃ ᠠ᠋ᠶ᠋ᠢᠮᠦ ᠶᠤᠮ ᠴᠢᠨᠢ ᠰᠤᠷᠤᠭᠴᠢᠳ ᠬᠡᠷᠬᠢᠨ ᠰᠡᠳᠬᠢᠯ ᠲᠤᠭᠳᠠᠭᠤᠨ᠂ ᠢᠲᠡᠬᠡᠯ ᠪᠡᠷᠳᠠᠮ ᠵᠶ᠋ᠠᠷ ᠬᠢᠴᠢᠶᠡᠯ ᠰᠤᠷᠤᠯᠭ᠎ᠠ᠎ᠳᠤ᠎ᠪᠠᠨ ᠰᠢᠮᠳᠠᠵᠤ ᠵᠢᠳᠬᠦᠵᠦ ᠴᠢᠳᠠᠭ᠍ᠤ ᠪᠢᠯᠡ᠃ ᠠ᠋ᠳᠡᠭᠡᠷ ᠪᠤᠯ ᠭᠠᠷ ᠤᠲᠠᠰᠤ᠎ᠠᠴᠠ ᠰᠤᠷᠤᠭᠴᠢᠳ᠎ᠲᠤ ᠪᠤᠶᠤ ᠰᠤᠷᠤᠭᠴᠢᠳ᠎ᠤᠨ ᠬᠢᠴᠢᠶᠡᠯ ᠰᠤᠷᠤᠯᠭ᠎ᠠ᠎ᠳᠤ ᠦᠭᠬᠦ ᠰᠢᠭᠤᠳ ᠨᠦᠯᠦᠭᠡ᠂ ᠰᠢᠭᠤᠷᠬᠠᠢ ᠳᠤᠰᠬᠠᠯ ᠪᠠᠶ᠋ᠢᠭ᠎ᠠ ᠶᠤᠮ᠃ ᠪᠠᠭᠰᠢ᠂ ᠭᠡᠷ᠎ᠤᠨ ᠠᠬᠠᠮᠠᠳ ᠠᠩᠬᠠᠷᠤᠯ᠎ᠳᠤ᠎ᠪᠠᠨ ᠠᠪᠤᠪᠠᠯ ᠵᠤᠬᠢᠬᠤ ᠵᠦᠢ᠍ᠯᠡᠰ᠂ ᠠ᠋ᠷᠲᠡ᠎ᠠᠴᠠ ᠪᠠᠷᠢᠵᠤ ᠠᠳᠬᠤᠵᠤ᠂ ᠵᠠᠰᠠᠵᠤ ᠵᠦᠭᠰᠢᠷᠠᠭᠦᠯᠭᠦ ᠵᠦᠢ᠍ᠯᠡᠰ ᠪᠤᠯᠬᠤ ᠶᠤᠮ᠃
     3. ᠭᠠᠷ ᠤᠲᠠᠰᠤ᠎ᠨᠢ ᠵᠠᠷᠢᠮ ᠰᠤᠷᠤᠭᠴᠢᠳ᠎ᠤᠨ ᠭᠡᠷ ᠪᠦᠯᠢ ᠵᠢᠨ᠎ᠬᠢᠨ᠎ᠳᠤ᠎ᠪᠠᠨ ᠠᠵᠤ ᠠᠬᠤᠶ ᠪᠠ ᠰᠡᠳᠬᠢᠯ ᠰᠠᠨᠠᠭ᠋ᠠᠨ᠎ᠤ ᠳᠠᠷᠤᠭ᠋ᠠᠰᠤ ᠵᠢ ᠨᠡᠮᠡᠭᠳᠡᠭᠦᠯᠭᠦ ᠭᠤᠤᠯ ᠠ᠋ᠯᠸᠮᠸᠨ᠋ᠲ᠎ᠤᠨ ᠨᠢᠭᠡ ᠪᠤᠯᠪᠠ᠃
      ᠪᠠᠶ᠋ᠢᠴᠠᠭ᠋ᠠᠯᠳᠠ ᠵᠢ ᠦᠨᠳᠦᠰᠦᠯᠡᠪᠡᠯ᠂ ᠮᠠᠨ᠎ᠤ ᠰᠤᠷᠭ᠋ᠠᠭᠤᠯᠢ ᠵᠢᠨ ᠰᠤᠷᠤᠭᠴᠢᠳ᠎ᠤᠨ ᠣᠯᠠᠩᠬᠢ᠎ᠨᠢ ᠬᠤᠲᠠ ᠣᠷᠣᠵᠤ ᠠᠵᠢᠯ ᠬᠥᠳᠡᠯᠮᠦᠷᠢ ᠬᠢᠭᠰᠡᠳ᠎ᠤᠨ ᠦᠷ᠎ᠡ ᠬᠡᠤᠬᠡᠳ ᠪᠥᠭᠡᠳ ᠭᠡᠷ ᠪᠦᠯᠢ ᠵᠢᠨ ᠠᠵᠤ ᠠᠬᠤᠢ ᠵᠢᠨ ᠨᠥᠬᠦᠴᠡᠯ ᠪᠤᠯᠤᠯᠴᠠᠭ᠎ᠠ᠎ᠨᠢ ᠴᠤ᠌ ᠲᠡᠶ᠋ᠢᠮᠦ ᠰᠠᠶ᠋ᠢᠨ ᠪᠢᠰᠢ ᠪᠠᠶ᠋ᠢᠳᠠᠭ᠃ ᠭᠡᠲᠡᠯ᠎ᠡ ᠣᠳᠣ ᠵᠢᠨ ᠭᠠᠷ ᠤᠲᠠᠰᠤ ᠬᠢᠮᠳᠠ᠎ᠳᠤ᠎ᠪᠠᠨ ᠬᠡᠳᠦᠨ ᠵᠠᠭᠤᠨ ᠲᠦᠭᠦᠷᠢᠭ᠂ ᠦᠨ᠎ᠡ᠎ᠲᠠᠢ᠎ᠨᠢ ᠬᠡᠳᠦᠨ ᠮᠢᠩᠭ᠋ᠠᠨ ᠲᠦᠭᠦᠷᠢᠭ ᠬᠦᠷᠳᠡᠭ᠃ ᠵᠠᠷᠢᠮ ᠰᠤᠷᠤᠭᠴᠢᠳ ᠰᠤᠷᠭ᠋ᠠᠭᠤᠯᠢ ᠪᠠ ᠪᠠᠭᠰᠢ ᠵᠢᠨ ᠵᠶ᠋ᠠᠨ 《ᠳᠡᠭᠡᠭᠰᠢ ᠲᠤᠰᠢᠶᠠᠭ᠍ᠤ》 ᠠ᠋ᠭᠦᠷᠭᠡ ᠵᠢ ᠠᠷᠭ᠋ᠠᠴᠠᠭ᠋ᠠᠭ᠍ᠤ ᠵᠢᠨ ᠲᠦᠯᠦᠭᠡ ᠬᠤᠶᠠᠷ ᠭᠤᠷᠪᠠᠨ ᠭᠠᠷ ᠤᠲᠠᠰᠤ ᠠᠪᠬᠤ ᠪᠤᠶᠤ ᠪᠠᠰᠠ ᠵᠠᠷᠢᠮ ᠰᠤᠷᠤᠭᠴᠢᠳ᠎ᠨᠢ ᠴᠠᠭ᠎ᠤᠨ ᠤᠷᠤᠰᠬᠠᠯ᠎ᠢ ᠲᠠᠭ᠋ᠠᠬᠤ ᠵᠢᠨ ᠲᠥᠯᠥᠭᠡ ᠪᠠᠶ᠋ᠢᠨ ᠳᠠᠬᠢᠨ ᠭᠠᠷ ᠤᠲᠠᠰᠤ᠎ᠪᠠᠨ ᠰᠤᠯᠢᠵᠤ ᠯᠠ ᠪᠠᠶ᠋ᠢᠳᠠᠭ᠃ ᠠ᠋ᠭᠦᠨ᠎ᠠᠴᠠ ᠭᠠᠳᠠᠨ᠎ᠠ᠂ ᠰᠠᠷ᠎ᠠ ᠪᠦᠷᠢ ᠵᠢᠨ ᠭᠠᠷ ᠤᠲᠠᠰᠤ ᠨᠡᠪᠳᠠᠷᠠᠭᠦ ᠰᠦᠢ᠍ᠳᠬᠡᠯ᠎ᠨᠢ ᠴᠦ᠍ ᠴᠢᠬᠤᠯᠠ ᠵᠠᠷᠤᠳᠠᠯ᠎ᠤᠨ ᠨᠢᠭᠡ ᠪᠤᠯᠵᠤ᠂ ᠪᠠᠭ᠎ᠠ᠎ᠳᠤ᠎ᠪᠠᠨ ᠬᠡᠳᠦᠨ ᠠᠷᠪᠠᠨ ᠲᠥᠭᠦᠷᠢᠭ᠂ ᠴᠠᠭ᠋ᠠᠰᠢᠯᠠᠪᠠᠯ ᠨᠢᠭᠡ ᠬᠤᠶᠠᠷ ᠵᠠᠭᠤᠨ ᠲᠥᠭᠦᠷᠢᠭ ᠪᠤᠶᠤ ᠬᠡᠳᠦᠨ ᠵᠠᠭᠤᠨ ᠲᠦᠭᠦᠷᠢᠭ ᠴᠤ᠌ ᠤᠷᠤᠳᠠᠭ᠃ ᠵᠠᠷᠢᠮ ᠦᠶᠠᠰ ᠵᠠᠷᠤᠳᠠᠯ ᠶᠡᠭᠡ ᠤᠷᠤᠳᠠᠭ᠎ᠨᠢ ᠭᠡᠷ ᠪᠦᠯᠢ᠎ᠲᠠᠢ᠎ᠪᠠᠨ ᠬᠠᠷᠢᠯᠴᠠᠭᠰᠠᠨ᠎ᠤ ᠪᠢᠰᠢ᠂ ᠬᠠᠷᠢᠨ ᠲᠣᠭᠯᠠᠭ᠋ᠠᠮ ᠨᠠᠭ᠋ᠠᠳᠬᠤ᠂ ᠣᠬᠤᠷ ᠮᠡᠳᠡᠭᠡ ᠲᠠᠷᠬᠠᠭ᠋ᠠᠬᠤ᠂ ᠳᠠᠭᠤᠤ ᠰᠣᠨᠣᠰᠬᠤ᠂ ᠸᠢᠳᠢᠣ᠋ ᠦᠵᠡᠬᠦ ᠵᠡᠷᠭᠡ ᠲᠠᠯ᠎ᠠ᠎ᠳᠤ ᠵᠠᠷᠤᠴᠠᠭᠤᠯᠳᠠᠭ᠃ ᠭᠠᠷ ᠤᠲᠠᠰᠤ ᠬᠡᠷᠡᠭᠯᠡᠬᠦ ᠵᠢᠨ ᠲᠥᠯᠥᠭᠡ᠂ ᠵᠠᠷᠢᠮ ᠰᠤᠷᠤᠭᠴᠢᠳ ᠠᠷᠭ᠎ᠠ ᠪᠦᠬᠦᠨ᠎ᠢ ᠰᠦᠪᠡᠭᠴᠢᠯᠡᠨ ᠭᠡᠷ᠎ᠤᠨ ᠠᠬᠠᠮᠠᠳ᠎ᠠᠴᠠ᠎ᠪᠠᠨ ᠢᠯᠡᠭᠦᠬᠡᠨ ᠰᠢᠭ ᠵᠣᠭᠤᠰ ᠮᠦᠩᠭᠦ ᠠᠪᠬᠤ ᠵᠢ ᠪᠢᠰᠢᠯᠭ᠋ᠠᠳᠠᠭ᠃ ᠵᠠᠷᠢᠮ ᠰᠤᠷᠤᠭᠴᠢ ᠦᠪᠡᠷ᠎ᠤᠨ ᠢᠳᠡᠵᠦ ᠤᠤᠭᠤᠬᠤ᠎ᠪᠠᠨ 《ᠠᠷᠪᠢᠯᠠᠨ ᠭᠠᠮᠨᠠᠵᠤ》᠂ ᠭᠠᠷ ᠤᠲᠠᠰᠤᠨ᠎ᠤ ᠰᠦᠢ᠍ᠳᠬᠡᠯ ᠦᠯᠡᠳᠡᠭᠡᠳᠡᠭ᠂ ᠨᠡᠩ ᠴᠠᠭ᠋ᠠᠰᠢᠯᠠᠪᠠᠯ ᠵᠠᠷᠢᠮ ᠰᠤᠷᠤᠭᠴᠢ ᠬᠠᠭᠤᠷᠤᠨ ᠮᠡᠬᠡᠯᠡᠬᠦ᠂ ᠬᠤᠳᠠᠯ ᠬᠡᠯᠡᠬᠦ᠎ᠪᠠᠷ ᠭᠡᠷ᠎ᠤᠨ ᠠᠬᠠᠮᠠᠳ᠎ᠠᠴᠠ᠎ᠪᠠᠨ ᠵᠣᠭᠤᠰ ᠮᠦᠩᠭᠦ ᠠᠪᠳᠠᠭ᠃ ᠠ᠋ᠳᠡᠭᠡᠷ᠎ᠨᠢ ᠤᠳᠤᠬᠠᠨ᠎ᠳᠤ ᠭᠡᠷ ᠪᠦᠯᠢ ᠵᠢᠨ ᠠᠵᠤ ᠠᠬᠤᠢ ᠵᠢᠨ ᠳᠠᠷᠤᠭ᠋ᠠᠰᠤ ᠪᠠ ᠭᠡᠷ᠎ᠤᠨ ᠠᠬᠠᠮᠠᠳ᠎ᠤᠨ ᠰᠡᠳᠬᠢᠯ ᠰᠠᠨᠠᠭ᠋ᠠᠨ᠎ᠤ ᠳᠠᠷᠤᠭ᠋ᠠᠰᠤ ᠵᠢ ᠬᠦᠨᠳᠦᠷᠡᠭᠦᠯᠬᠦ ᠭᠤᠤᠯ ᠠ᠋ᠯᠸᠮᠸᠨ᠋ᠲ᠎ᠤᠨ ᠨᠢᠭᠡ᠎ᠨᠢ ᠪᠤᠯᠤᠭ᠋ᠠᠳ ᠪᠤᠢ᠃
     4. ᠰᠤᠷᠤᠭᠴᠢᠳ᠎ᠤᠨ ᠳᠤᠮᠳᠠ 《ᠬᠡᠪ᠎ᠤᠨ ᠪᠤᠰᠤ ᠠᠳᠠᠯᠢᠳᠬᠠᠨ ᠮᠦᠴᠡᠭᠡᠷᠬᠡᠬᠦ》 ᠪᠠᠶ᠋ᠢᠳᠡᠯ᠎ᠢ ᠪᠤᠢ ᠪᠤᠯᠭ᠋ᠠᠳᠠᠭ᠃
      ᠬᠥᠮᠦᠰ᠎ᠤᠨ ᠥᠪᠡᠷ᠎ᠤᠨ ᠵᠶ᠋ᠠᠨ ᠲᠤᠬᠠᠢ ᠦᠨᠡᠯᠡᠯᠲᠡ᠎ᠨᠢ ᠣᠯᠠᠩᠬᠢ᠎ᠳᠤ᠎ᠪᠠᠨ ᠪᠤᠰᠤᠳ ᠬᠥᠮᠦᠰ ᠵᠶ᠋ᠠᠷ ᠯᠠᠪᠯᠠᠯᠲᠠ ᠪᠤᠯᠭ᠋ᠠᠭᠰᠠᠨ ᠶᠡᠭᠡ ᠲᠠᠷᠢᠬᠢᠨ᠎ᠤ ᠮᠠᠭ᠋ᠠᠳᠯᠠᠯᠲᠠ ᠳ᠋ᠦᠩᠨᠡᠯᠲᠡ ᠪᠤᠯᠬᠤ ᠶᠤᠮ᠃ ᠬᠥᠮᠦᠰ ᠶᠠᠮᠠᠷ ᠨᠢᠭᠡᠨ ᠬᠥᠮᠦᠨ᠎ᠤ ᠢᠯᠡᠷᠡᠯ ᠪᠠ ᠪᠠᠶ᠋ᠢᠳᠠᠯ᠎ᠢ ᠦᠨᠡᠯᠡᠬᠦ ᠦᠶ᠎ᠡ᠎ᠳᠤ᠎ᠪᠠᠨ᠂ ᠳᠠᠩᠳᠠ ᠲᠡᠭᠦᠨ᠎ᠢ ᠥᠪᠡᠷ᠎ᠤᠨ ᠪᠡᠶ᠎ᠡ᠎ᠲᠠᠢ᠎ᠪᠠᠨ ᠠᠳᠠᠯᠢᠳᠬᠠᠳᠠᠭ᠃ ᠠ᠋ᠶ᠋ᠢᠮᠦ᠎ᠠᠴᠠ ᠭᠠᠵᠠᠷ ᠪᠤᠯᠭ᠋ᠠᠨ᠎ᠳᠤ᠎ᠪᠠᠨ 《ᠠᠳᠠᠯᠢᠳᠬᠠᠬᠤ᠂ ᠮᠦᠴᠡᠭᠡᠷᠭᠡᠬᠦ》 ᠦᠵᠡᠭᠳᠡᠯ ᠭᠠᠷᠳᠠᠭ᠃ ᠬᠥᠮᠦᠰ ᠥᠪᠡᠷ᠎ᠤᠨ ᠠ᠋ᠳ᠋ᠯᠡᠵᠦ ᠪᠠᠶ᠋ᠢᠭ᠎ᠠ ᠶᠠᠭᠤᠮ᠎ᠠ᠎ᠪᠠᠨ ᠠᠳᠠᠯᠢᠳᠬᠠᠬᠤ ᠪᠥᠭᠡᠳ ᠥᠪᠡᠷ᠎ᠲᠠᠢ᠎ᠪᠠᠨ ᠬᠤᠯᠪᠤᠭᠳᠠᠯ᠎ᠲᠠᠢ ᠶᠠᠭᠤᠮ᠎ᠠ ᠪᠦᠬᠦᠨ᠎ᠢ ᠠᠳᠠᠯᠢᠳᠬᠠᠳᠠᠭ᠃ ᠬᠡᠷᠡᠭᠯᠡᠭᠡᠨ᠎ᠤ ᠰᠡᠳᠬᠢᠴᠡ ᠵᠦᠢ ᠵᠢᠨ ᠲᠠᠯ᠎ᠠ᠎ᠠᠴᠠ ᠦᠵᠡᠪᠡᠯ᠂ ᠠ᠋ᠩ᠎ᠤᠨ ᠪᠠᠶ᠋ᠢᠳᠠᠯ ᠳᠣᠣᠷ᠎ᠠ ᠵᠥᠪ ᠴᠢᠨᠠᠷᠲᠤ ᠠᠳᠠᠯᠢᠳᠬᠠᠯ ᠪᠣᠯ ᠨᠢᠭᠡ ᠵᠦᠢ᠍ᠯ᠎ᠤᠨ ᠢᠳᠡᠪᠬᠢᠲᠡᠢ ᠬᠠᠷᠢᠴᠠᠭᠤᠯᠤᠯ ᠪᠤᠯᠬᠤ ᠶᠤᠮ᠃ ᠮᠦᠨ ᠴᠦ᠍ ᠤᠶᠤᠨᠴᠢ ᠤᠬᠠᠮᠰᠠᠷ ᠲᠣᠣᠷᠠᠬᠢ ᠵᠦᠢ ᠶᠣᠰᠣᠨ᠎ᠤ ᠥᠷᠢᠰᠥᠯᠳᠦᠭᠡᠨ ᠪᠤᠯᠬᠤ ᠶᠤᠮ᠃ ᠲᠡᠷᠡ᠎ᠨᠢ ᠪᠣᠳᠠᠭ᠋ᠠᠯᠢ ᠪᠡᠶ᠎ᠡ ᠵᠢᠨ ᠢᠳᠡᠪᠬᠢᠲᠡᠶ ᠥᠷᠢᠰᠥᠯᠳᠦᠭᠡᠨ᠎ᠤ ᠬᠦᠰᠡᠯ᠎ᠢ ᠠ᠋ᠭᠦᠰᠭᠡᠵᠦ᠂ ᠬᠦᠴᠢᠷ ᠪᠡᠷᠬᠡᠰᠢᠶᠡᠯ᠎ᠢ ᠢᠯᠠᠨ ᠳᠠᠪᠠᠭ᠍ᠤ ᠬᠥᠳᠡᠯᠭᠡᠬᠦ ᠬᠦᠴᠦᠨ᠎ᠢ ᠠᠬᠢᠭᠤᠯᠳᠠᠭ᠃ ᠭᠡᠪᠡᠴᠦ ᠨᠠᠵᠠᠭ᠋ᠠᠢ ᠴᠢᠨᠠᠷᠲᠤ ᠠᠳᠠᠯᠢᠳᠬᠠᠯ ᠪᠤᠯ ᠵᠦᠪ ᠪᠤᠰᠤ ᠪᠤᠶᠤ ᠤᠷᠮ᠎ᠠ ᠰᠡᠳᠬᠢᠯᠭᠡ ᠵᠢᠨ ᠬᠠᠷᠰᠢ᠎ᠲᠠᠢ ᠬᠠᠷᠢᠴᠠᠭᠤᠯᠤᠯ ᠪᠤᠯᠬᠤ ᠶᠤᠮ᠃ ᠲᠡᠷᠡ᠎ᠨᠢ ᠪᠣᠳᠠᠭ᠋ᠠᠯᠢ ᠪᠡᠶ᠎ᠡ ᠵᠢ ᠰᠡᠳᠬᠢᠬᠦᠶ ᠵᠢᠨ ᠮᠤᠬᠤᠷ ᠪᠤᠯᠤᠩ᠎ᠳᠤ ᠣᠷᠣᠭᠤᠯᠵᠤ᠂ ᠯᠤᠲᠤ ᠶᠡᠭᠡ ᠤᠶᠤᠨ ᠰᠠᠨᠠᠭ᠋ᠠᠨ᠎ᠤ ᠳᠠᠷᠤᠯᠲᠠ ᠵᠢ ᠠᠪᠴᠢᠷᠠᠨ᠂ ᠥᠪᠡᠷ᠎ᠤᠨ ᠵᠶ᠋ᠠᠨ ᠲᠤᠬᠠᠢ ᠳᠡᠩᠳᠡᠭᠦᠦ ᠬᠡᠳᠦᠷᠡᠭᠦᠯᠦᠭᠰᠡᠨ ᠨᠤᠲᠠᠯᠠᠯ ᠪᠤᠶᠤ ᠦᠭᠡᠶ᠋ᠢᠰᠬᠡᠯ᠎ᠢ ᠠ᠋ᠭᠦᠰᠭᠡᠵᠦ᠂ ᠬᠥᠮᠦᠰ᠎ᠢ ᠠᠳᠠᠯᠢᠳᠬᠠᠯ ᠮᠦᠴᠡᠭᠡᠷᠭᠡᠯ᠎ᠳᠤ᠎ᠪᠠᠨ ᠨᠢᠭᠡ ᠯᠡ ᠬᠥᠭ ᠵᠶ᠋ᠠᠷ ᠰᠢᠨᠤᠭᠤᠯᠤᠨ᠂ ᠥᠪᠡᠷ᠎ᠤᠨ ᠪᠡᠶ᠎ᠡ ᠪᠤᠶᠤ ᠪᠤᠰᠤᠳ᠎ᠲᠤ ᠪᠦᠷ ᠠᠰᠢᠭ ᠦᠭᠡᠢ ᠪᠠᠶ᠋ᠢᠳᠠᠯ᠎ᠢ ᠪᠤᠢ ᠪᠤᠯᠭ᠋ᠠᠳᠠᠭ᠃
      ᠣᠲᠣ ᠵᠢᠨ ᠣᠶᠤᠨᠯᠢᠭ ᠭᠠᠷ ᠤᠲᠠᠰᠤᠨ᠎ᠤ ᠲᠥᠷᠥᠯ ᠵᠦᠢ᠍ᠯ ᠮᠠᠰᠢ ᠣᠯᠠᠨ᠂ ᠰᠢᠨ᠎ᠡ ᠦᠢ᠍ᠯᠡᠳᠬᠦᠨ ᠦᠢ᠍ᠯᠡᠳᠪᠤᠷᠢᠯᠡᠭᠦ ᠬᠤᠷᠳᠤᠴᠠ᠎ᠨᠢ ᠴᠦ᠍ ᠠ᠋ᠳᠦᠷ᠎ᠠᠴᠠ ᠠ᠋ᠳᠦᠷ ᠳᠦᠷᠭᠡᠰᠴᠦ᠂ ᠬᠠᠩᠰᠢ᠎ᠨᠢ ᠴᠦ᠍ ᠠᠳᠠᠯᠢ ᠥᠬᠡᠶ ᠪᠤᠯᠵᠤ ᠪᠤᠢ᠃ ᠭᠠᠷ ᠤᠲᠠᠰᠤᠨ᠎ᠤ ᠬᠡᠯᠪᠡᠷᠢ ᠮᠠᠶᠢᠭ᠂ ᠬᠡᠷᠡᠭᠯᠡᠭᠡ ᠴᠢᠳᠠᠪᠬᠢ᠎ᠨᠢ ᠴᠤ᠌ ᠲᠠᠰᠤᠷᠠᠯᠲᠠ ᠥᠬᠡᠶ ᠰᠢᠨᠡᠳᠴᠦ᠂ ᠶᠡᠷᠦᠩᠬᠡᠶ ᠴᠢᠳᠠᠮᠵᠢ᠎ᠨᠢ ᠲᠠᠰᠤᠷᠠᠯᠲᠠ ᠥᠬᠡᠶ ᠴᠢᠩᠭ᠋ᠠᠷᠠᠵᠤ᠂ ᠭᠠᠷ ᠤᠲᠠᠰᠤ᠎ᠨᠢ ᠵᠥᠪᠬᠡᠨ ᠲᠥᠬᠦᠮ ᠮᠡᠳᠡᠭᠡᠯᠡᠯ᠎ᠤᠨ ᠪᠠᠭ᠋ᠠᠵᠢ ᠲᠡᠳᠦᠢ ᠪᠢᠰᠢ ᠪᠤᠯᠤᠭ᠋ᠠᠳ᠂ ᠰᠤᠷᠭ᠋ᠠᠭᠤᠯᠢ ᠵᠢᠨ ᠬᠦᠷᠢᠶᠡᠨ᠎ᠳᠤ ᠰᠤᠷᠤᠭᠴᠢᠳ᠎ᠤᠨ ᠳᠤᠮᠳᠠᠬᠢ ᠨᠢᠭᠡ ᠵᠦᠢ᠍ᠯ᠎ᠤᠨ 《ᠪᠡᠶ᠎ᠡ ᠵᠢᠨ ᠭᠠᠷᠤᠯ》᠎ᠤᠨ ᠪᠡᠯᠭᠡ ᠲᠡᠮᠳᠡᠭ ᠪᠣᠯᠵᠠᠶ᠃ ᠪᠡᠶ᠎ᠡ᠎ᠪᠠᠨ ᠪᠠᠷᠢᠬᠤ ᠴᠢᠳᠠᠪᠤᠷᠢ ᠴᠢᠩᠭ᠎ᠠ ᠪᠢᠰᠢ᠂ ᠪᠤᠰᠤᠳᠴᠢ ᠦᠵᠡᠯᠲᠡ ᠳᠠᠨᠢᠯᠳᠠ᠎ᠪᠠᠷ ᠳᠤᠲᠠᠮᠠᠭ ᠰᠤᠷᠤᠭᠴᠢᠳ ᠠᠮᠠᠷᠬᠠᠨ 《ᠨᠠᠵᠠᠭ᠋ᠠᠢ ᠴᠢᠨᠠᠷᠲᠤ ᠠᠳᠠᠯᠢᠳᠬᠠᠯ》᠎ᠤᠨ ᠬᠤᠶ᠋ᠢᠯᠠᠷᠠᠭ᠋ᠠᠨ᠎ᠳᠤ ᠤᠨᠠᠳᠠᠭ᠃ 《ᠪᠠᠶᠠᠨ ᠴᠢᠨᠡᠭᠡᠯᠢᠭ》 ᠪᠠᠶ᠋ᠢᠬᠤ᠎ᠪᠠᠨ ᠢᠯᠡᠷᠡᠭᠦᠯᠬᠦ ᠵᠢᠨ ᠲᠥᠯᠥᠭᠡ ᠪᠤᠶᠤ ᠴᠠᠭ᠎ᠤᠨ ᠥᠩᠭᠡ ᠵᠢ ᠬᠥᠭᠡᠭᠡᠴᠡᠯᠳᠦᠬᠦ ᠵᠢᠨ ᠲᠥᠯᠥᠭᠡ᠂ ᠵᠠᠷᠢᠮ ᠰᠤᠷᠤᠭᠴᠢ ᠨᠢᠭᠡ ᠵᠢᠯ᠎ᠤᠨ ᠳᠣᠲᠣᠷ᠎ᠠ ᠣᠯᠠᠨ ᠲᠠᠬᠢᠨ ᠭᠠᠷ ᠤᠲᠠᠰᠤ᠎ᠪᠠᠨ ᠰᠣᠯᠢᠳᠠᠭ᠃ ᠵᠠᠷᠢᠮ ᠰᠤᠷᠤᠭᠴᠢᠳ ᠥᠪᠡᠷ᠎ᠤᠨ ᠭᠠᠷ ᠤᠲᠠᠰᠤᠨ᠎ᠤ ᠦᠨ᠎ᠡ ᠬᠠᠩᠰᠢ᠎ᠨᠢ ᠬᠢᠮᠳᠠ᠎ᠠᠴᠠ ᠪᠤᠯᠵᠤ ᠤᠯᠠᠨ᠎ᠤ ᠳᠤᠮᠳᠠ 《ᠨᠢᠭᠤᠷ ᠭᠠᠷᠭ᠋ᠠᠬᠤ》 ᠵᠢᠨ ᠠᠷᠭ᠎ᠠ ᠦᠭᠡᠢ ᠪᠤᠯᠤᠭ᠋ᠠᠳ᠂ ᠠᠪᠤ ᠡᠵᠢ᠎ᠪᠠᠨ ᠨᠠᠩ ᠦᠨᠡᠲᠡᠶ ᠨᠠᠩ ᠰᠠᠶ᠋ᠢᠨ ᠭᠠᠷ ᠤᠲᠠᠰᠤ ᠠᠪᠴᠤ ᠥᠭᠬᠦ ᠵᠢ ᠱᠠᠭ᠋ᠠᠷᠳᠠᠳᠠᠭ᠃ ᠵᠠᠷᠢᠮ ᠦᠶ᠎ᠡ᠎ᠳᠤ ᠠᠪᠤ ᠡᠵᠢ᠎ᠨᠢ ᠴᠤ᠌ ᠠᠷᠭ᠎ᠠ ᠠᠭ᠋ᠠᠰᠢ ᠠᠯᠳᠠᠷᠠᠵᠤ᠂ ᠠᠷᠭ᠎ᠠ ᠪᠤᠰᠤ ᠠᠪᠴᠤ ᠦᠭᠳᠡᠭ᠃ ᠢᠩᠭᠢᠭᠰᠡᠭᠡᠷ ᠪᠠᠶ᠋ᠢᠵᠤ ᠰᠤᠷᠤᠭᠴᠢᠳ᠎ᠤᠨ ᠳᠤᠮᠳᠠ ᠠᠲᠠᠭ᠋ᠠᠷᠬᠠᠨ ᠮᠦᠴᠡᠭᠡᠷᠬᠡᠬᠦ᠂ ᠠᠳᠠᠯᠢᠳᠬᠠᠬᠤ ᠮᠠᠭᠤ ᠰᠤᠷᠲᠠᠯ ᠢᠯᠡᠷᠡᠵᠤ᠂ ᠤᠤᠯ᠎ᠤᠨ ᠢᠳᠡᠵᠦ ᠠ᠋ᠮᠦᠰᠬᠦ᠎ᠪᠠᠨ ᠠᠳᠠᠯᠢᠳᠬᠠᠳᠠᠭ ᠪᠠᠶ᠋ᠢᠭᠰᠠᠨ᠎ᠠᠴᠠ᠎ᠪᠠᠨ ᠤᠳᠤ ᠭᠠᠷ ᠤᠲᠠᠰᠤ᠎ᠪᠠᠨ ᠠᠳᠠᠯᠢᠳᠬᠠᠬᠤ ᠪᠠᠶ᠋ᠢᠳᠠᠯ ᠪᠤᠢ ᠪᠤᠯᠵᠤ᠂ ᠠᠲᠠᠭ᠋ᠠᠷᠬᠠᠨ ᠠᠳᠠᠯᠢᠳᠬᠠᠬᠤ ᠪᠠᠶ᠋ᠢᠳᠠᠯ᠎ᠢ ᠨᠡᠮᠡᠭᠳᠡᠭᠦᠯᠵᠦ᠂ ᠰᠤᠷᠤᠭᠴᠢᠳ᠎ᠤᠨ ᠰᠤᠷᠤ᠋ ᠊ᠯᠴᠠᠭ᠍ᠤ ᠤᠷᠮ᠎ᠠ ᠵᠣᠷᠢᠭ᠎ᠢ ᠨᠥᠯᠥᠭᠡᠯᠡᠵᠦ᠂ ᠰᠤᠷᠭ᠋ᠠᠭᠤᠯᠢ ᠵᠢᠨ ᠶᠤᠰᠤ ᠳᠢᠭᠯᠢᠮ ᠪᠤᠶᠤ ᠮᠤᠷᠠᠯ ᠰᠤᠷᠲᠠᠭ᠍ᠤᠨ᠎ᠤ ᠬᠥᠮᠦᠵᠢᠯ᠎ᠢ ᠤᠷᠤᠭᠰᠢᠲᠠᠢ ᠶᠠᠪᠤᠭᠳᠠᠭᠤᠯᠬᠤ᠎ᠳᠤ ᠬᠠᠷᠰᠢ ᠰᠠᠭ᠋ᠠᠳ ᠪᠤᠯᠪᠡ᠃
      ᠭᠤᠷᠪᠠ᠂ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠰᠤᠷᠭ᠋ᠠᠭᠤᠯᠢ᠎ᠳᠤ᠎ᠪᠠᠨ ᠭᠠᠷ ᠤᠲᠠᠰᠤ ᠬᠡᠷᠡᠭᠯᠡᠬᠦ᠎ᠳᠤ ᠦᠭᠬᠦ ᠬᠡᠳᠦᠨ ᠰᠠᠨᠠᠭᠤᠯᠭ᠎ᠠ
      ᠬᠡᠳᠦ᠋ᠢ᠍ᠪᠡᠷ ᠭᠠᠷ ᠤᠲᠠᠰᠤ ᠬᠡᠷᠡᠭᠯᠡᠬᠦ᠎ᠨᠢ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠲᠤ ᠵᠣᠬᠢᠬᠤ ᠬᠡᠮᠵᠢᠶᠡᠨ᠎ᠤ ᠠᠰᠢᠭᠲᠠᠶ ᠲᠠᠯ᠎ᠠ᠎ᠲᠠᠢ ᠪᠣᠯᠪᠠᠴᠤ ᠣᠳᠣᠬᠠᠨ᠎ᠳᠤ᠎ᠪᠠᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠪᠡᠶ᠎ᠡ ᠰᠡᠳᠬᠢᠯ ᠴᠥᠮ ᠪᠦᠷᠢᠮᠦᠰᠦᠨ ᠪᠤᠶ᠋ᠢᠵᠢᠵᠤ ᠪᠦᠷᠢᠨᠰᠢᠭᠡᠳᠦᠢ᠂ ᠪᠡᠶ᠎ᠡ᠎ᠪᠠᠨ ᠠ᠋ᠷᠬᠡᠰᠢᠶᠡᠵᠦ ᠡᠵᠡᠮᠳᠡᠬᠦ ᠴᠢᠳᠠᠪᠤᠷᠢ ᠠᠨᠠᠶ᠂ ᠠᠰᠠᠭᠤᠳᠠᠯ᠎ᠢ ᠪᠤᠰᠤᠳᠴᠢ᠎ᠪᠠᠷ ᠰᠢᠢ᠍ᠳᠪᠦᠷᠢᠯᠡᠵᠦ ᠳᠡᠶ᠋ᠢᠯᠬᠦ ᠥᠬᠡᠶ ᠵᠡᠷᠭᠡ ᠪᠠᠶ᠋ᠢᠳᠠᠯ᠎ᠠᠴᠠ ᠦᠵᠡᠪᠡᠯ᠂ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠢ ᠰᠤᠷᠭ᠋ᠠᠭᠤᠯᠢ᠎ᠳᠤ᠎ᠪᠠᠨ ᠭᠠᠷ ᠤᠲᠠᠰᠤ ᠬᠤᠷᠢᠭ᠎ᠠ ᠦᠭᠡᠢ ᠬᠡᠷᠡᠭᠯᠡᠭᠦᠯᠬᠦ᠎ᠨᠢ ᠨᠡᠯᠢᠶᠡᠳ ᠶᠡᠭᠡ ᠨᠠᠵᠠᠭ᠋ᠠᠶ ᠨᠦᠯᠦᠭᠡ᠎ᠲᠠᠢ ᠪᠠᠶ᠋ᠢᠬᠤ᠎ᠨᠢ ᠢᠯᠡᠳᠲᠡ ᠪᠠᠶ᠋ᠢᠨ᠎ᠠ᠃ ᠭᠠᠷ ᠤᠲᠠᠰᠤ ᠵᠢ ᠬᠡᠷᠡᠭᠯᠡᠬᠦ᠎ᠨᠢ ᠤᠳᠤᠬᠢ ᠴᠠᠭ ᠦᠶ᠎ᠡ ᠵᠢᠨ ᠬᠡᠷᠡᠭᠯᠡᠭᠡ᠂ ᠬᠦᠭᠵᠢᠯᠲᠡ ᠵᠢᠨ ᠵᠠᠶ᠋ᠢᠯᠠᠰᠢ ᠦᠭᠡᠢ ᠬᠠᠨᠳᠤᠰᠢ ᠪᠣᠯᠤᠭᠰᠠᠨ ᠪᠠᠶ᠋ᠢᠳᠠᠯ ᠳᠣᠣᠷ᠎ᠠ ᠭᠠᠭᠴᠠ ᠬᠦ᠌ ᠰᠤᠷᠭ᠋ᠠᠭᠤᠯᠢ᠂ ᠭᠡᠷ᠎ᠤᠨ ᠠᠬᠠᠮᠠᠳ ᠪᠣᠯᠤᠨ ᠰᠤᠷᠤᠭᠴᠢᠳ ᠬᠠᠮᠲᠤ᠎ᠪᠠᠷ ᠴᠢᠷᠮᠠᠶ᠋ᠢᠪᠠᠯ ᠰᠠᠶᠢ ᠰᠤᠷᠤᠭᠴᠢᠳ᠎ᠤᠨ ᠠᠯᠢᠪᠠ ᠬᠢᠳᠡᠯ᠎ᠢ ᠲᠦᠷᠢᠮᠵᠢᠭᠦᠯᠦᠨ ᠬᠡᠪᠰᠢᠭᠦᠯᠵᠦ᠂ ᠲᠡᠳᠡᠨ᠎ᠤ ᠪᠡᠶ᠎ᠡ ᠰᠡᠳᠬᠢᠴᠡ ᠵᠢ ᠠ᠋ᠷᠡᠭᠦᠯ ᠵᠶ᠋ᠠᠷ ᠬᠦᠭᠵᠢᠬᠦ ᠵᠢ ᠪᠠᠳᠤᠯᠠᠵᠤ ᠴᠢᠳᠠᠨ᠎ᠠ᠃ ᠠ᠋ᠶ᠋ᠢᠮᠦ᠎ᠠᠴᠠ ᠰᠤᠷᠭ᠋ᠠᠭᠤᠯᠢ ᠵᠢᠨ ᠬᠦᠷᠢᠶᠡᠨ᠎ᠳᠤ ᠰᠤᠷᠤᠭᠴᠢᠳ᠎ᠤᠨ ᠭᠠᠷ ᠤᠲᠠᠰᠤ ᠬᠡᠷᠡᠭᠯᠡᠬᠦ ᠪᠠᠶ᠋ᠢᠳᠠᠯ᠎ᠢ ᠬᠡᠷᠬᠢᠨ ᠵᠥᠪ ᠵᠶ᠋ᠠᠷ ᠵᠢᠯᠣᠭᠤᠳᠤᠨ ᠬᠢᠨᠠᠭ᠍ᠤ ᠲᠤᠬᠠᠢ ᠰᠤᠷᠭ᠋ᠠᠭᠤᠯᠢ ᠵᠢᠨ ᠬᠠᠮᠢᠶᠠᠷᠤᠯᠲᠠ ᠪᠤᠶᠤ ᠰᠡᠳᠬᠢᠴᠡ ᠵᠦᠢ ᠵᠢᠨ ᠲᠠᠯ᠎ᠠ᠎ᠠᠴᠠ ᠳᠣᠣᠷᠠᠬᠢ ᠬᠡᠳᠦᠨ ᠰᠠᠨᠠᠭᠤᠯᠭ᠎ᠠ ᠵᠢ ᠳᠤᠷᠠᠳᠤᠶ᠎ᠠ᠃
     1. ᠰᠢᠨᠵᠢᠯᠡᠬᠦ ᠤᠬᠠᠭ᠋ᠠᠨᠴᠢ ᠬᠠᠮᠢᠶᠠᠷᠤᠯᠲᠠ ᠵᠢᠨ ᠳᠦᠷᠢᠮ᠎ᠢ ᠲᠣᠭᠲᠠᠭ᠋ᠠᠨ ᠲᠤᠭᠤᠰᠢᠯᠠᠭᠤᠯᠵᠤ᠂ ᠰᠤᠷᠭ᠋ᠠᠭᠤᠯᠢ ᠵᠢᠨ ᠳᠦᠷᠢᠮ᠎ᠠᠴᠠ ᠵᠥᠷᠢᠴᠡᠭᠰᠡᠨ ᠰᠤᠷᠤᠭᠴᠢᠳ᠎ᠢ ᠵᠥᠪ ᠰᠤᠷᠭ᠋ᠠᠨ ᠬᠦᠮᠦᠵᠢᠭᠦᠯᠬᠦ ᠠᠷᠭ᠎ᠠ ᠵᠢ ᠠᠪᠬᠤ ᠬᠡᠷᠡᠭᠳᠡᠢ᠃
      ᠰᠤᠷᠭ᠋ᠠᠭᠤᠯᠢ ᠵᠢ ᠪᠦᠲᠦᠮᠵᠢᠲᠡᠶ ᠬᠠᠮᠢᠶᠠᠷᠬᠤ᠎ᠳᠤ᠎ᠪᠠᠨ ᠠ᠋ᠷᠬᠡᠪᠰᠢ ᠰᠢᠨᠵᠢᠯᠡᠬᠦ ᠤᠬᠠᠭ᠋ᠠᠨᠴᠢ ᠳᠦᠷᠢᠮᠵᠢᠭᠰᠡᠨ ᠬᠠᠮᠢᠶᠠᠷᠤᠯᠲᠠ ᠵᠢᠨ ᠠᠷᠭ᠎ᠠ ᠪᠠᠶ᠋ᠢᠬᠤ ᠬᠡᠷᠡᠭᠲᠡᠶ᠃ ᠠ᠋ᠶ᠋ᠢᠮᠦ᠎ᠠᠴᠠ ᠭᠠᠷ ᠤᠲᠠᠰᠤᠨ᠎ᠤ ᠳᠤᠬᠠᠢ ᠬᠠᠮᠢᠶᠠᠷᠤᠯᠲᠠ ᠵᠢᠨ ᠲᠦᠷᠢᠮ ᠳᠤᠭᠳᠠᠭ᠋ᠠᠯ᠎ᠢ ᠰᠤᠷᠭ᠋ᠠᠭᠤᠯᠢ ᠵᠢᠨ ᠲᠦᠷᠢᠮ ᠲᠣᠭᠲᠠᠭ᠋ᠠᠯ᠎ᠳᠤ᠎ᠪᠠᠨ ᠣᠷᠣᠭᠤᠯᠬᠤ ᠬᠡᠷᠡᠭᠲᠡᠶ ᠭᠡᠵᠦ ᠦᠵᠠᠵᠤ ᠪᠤᠢ᠃ ᠲᠡᠷᠡᠴᠢᠯᠡᠨ ᠬᠠᠮᠢᠶ᠎ᠠ ᠪᠦᠬᠦᠢ ᠳᠦᠷᠢᠮ ᠲᠣᠭᠲᠠᠭ᠋ᠠᠯ᠎ᠢ ᠠ᠋ᠮᠬᠢᠯᠡᠵᠦ ᠨᠠᠷᠢᠯᠢᠬ᠍ᠵᠢᠭᠤᠯᠬᠤ ᠵᠢᠨ ᠬᠠᠮᠲᠤ ᠪᠦᠬᠦ ᠰᠤᠷᠭ᠋ᠠᠭᠤᠯᠢ ᠵᠢᠨ ᠪᠠᠭᠰᠢ ᠰᠤᠷᠤᠭᠴᠢᠳ᠎ᠲᠤ ᠭᠦᠢ᠍ᠴᠡᠳ ᠦᠢ᠍ᠯᠠᠭ᠋ᠠᠭᠤᠯᠬᠤ ᠬᠡᠷᠡᠭᠲᠡᠶ᠃ ᠢᠯᠠᠩᠭᠤᠶ᠎ᠠ ᠰᠤᠷᠭ᠋ᠠᠭᠤᠯᠢ ᠵᠢᠨ ᠬᠦᠷᠢᠶᠡᠨ᠎ᠳᠤ ᠰᠤᠷᠤᠭᠴᠢᠳ᠎ᠤᠨ ᠭᠠᠷ ᠤᠲᠠᠰᠤ ᠬᠡᠷᠡᠭᠯᠡᠬᠦ ᠲᠦᠷᠢᠮ ᠳᠤᠭᠳᠠᠭ᠋ᠠᠯ᠎ᠠᠴᠠ ᠵᠥᠷᠢᠴᠡᠭᠰᠡᠨ ᠰᠣᠷᠣᠭᠴᠢ ᠵᠢ ᠰᠢᠢ᠍ᠳᠬᠡᠬᠦ ᠦᠶ᠎ᠡ᠎ᠳᠤ ᠬᠠᠮᠢᠶ᠎ᠠ ᠪᠦᠬᠦᠢ ᠬᠦᠮᠦᠰ ᠦᠵᠡᠯ ᠲᠠᠨᠢᠯᠲᠠ᠎ᠪᠠᠨ ᠨᠢᠭᠡᠳᠬᠡᠵᠦ᠂ ᠵᠦᠢ ᠵᠤᠬᠢᠰᠲᠠᠢ᠎ᠪᠠᠷ ᠰᠢᠢ᠍ᠳᠪᠦᠷᠢᠯᠡᠬᠦ ᠠᠷᠭ᠎ᠠ ᠵᠢ ᠠᠪᠤᠪᠠᠯ ᠵᠤᠬᠢᠯᠲᠠᠢ᠃ ᠳᠤᠷ᠎ᠠ ᠵᠣᠷᠢᠭ ᠵᠶ᠋ᠠᠷ ᠵᠶ᠋ᠠᠨ ᠰᠢᠢ᠍ᠳᠭᠡᠬᠦ ᠪᠤᠶᠤ ᠰᠣᠬᠤᠷ ᠪᠠᠯᠠᠶ᠎ᠪᠠᠷ᠂ ᠬᠠᠰᠢ ᠶᠠᠰᠢ᠎ᠪᠠᠷ ᠰᠢᠢ᠍ᠳᠭᠡᠬᠦ ᠵᠢ ᠠ᠋ᠷᠡᠰ ᠲᠡᠪᠴᠢᠵᠦ᠂ ᠲᠦᠷᠢᠮ ᠵᠢᠷᠤᠮ᠎ᠢ ᠴᠢᠩᠭ᠎ᠠ ᠪᠠᠷᠢᠮᠲᠠᠯᠠᠭ᠍ᠤ ᠬᠡᠷᠡᠭᠳᠡᠢ᠃
      ᠳᠦᠷᠢᠮ ᠲᠣᠭᠲᠠᠭ᠋ᠠᠯ᠎ᠢ ᠵᠥᠷᠢᠴᠡᠭᠰᠡᠨ ᠰᠤᠷᠤᠭᠴᠢᠳ᠎ᠢ ᠬᠡᠷᠬᠢᠨ ᠵᠣᠬᠢᠰᠲᠠᠶ ᠰᠢᠢ᠍ᠳᠬᠡᠬᠦ ᠪᠠ ᠰᠤᠷᠭ᠋ᠠᠨ ᠬᠥᠮᠦᠵᠢᠭᠦᠯᠬᠦ᠎ᠨᠢ ᠮᠥᠨ ᠴᠦ᠍ ᠰᠤᠷᠤᠭᠴᠢᠳ᠎ᠤᠨ ᠰᠤᠷᠭ᠋ᠠᠭᠤᠯᠢ ᠵᠢᠨ ᠬᠦᠷᠢᠶᠡᠨ᠎ᠳᠤ ᠭᠠᠷ ᠤᠲᠠᠰᠤ ᠬᠡᠷᠡᠭᠯᠡᠬᠦ ᠠᠰᠠᠭᠤᠳᠠᠯ᠎ᠤᠨ ᠭᠤᠤᠯ ᠲᠥᠪᠯᠡᠷᠡᠯ᠎ᠤᠨ ᠴᠡᠭ᠎ᠤᠨ ᠨᠢᠭᠡ ᠪᠤᠯᠬᠤ ᠶᠤᠮ᠃ ᠬᠤᠯᠪᠣᠭᠳᠠᠯ ᠪᠦᠬᠦᠢ ᠬᠠᠮᠢᠶᠠᠷᠤᠯᠲᠠ ᠵᠢᠨ ᠠᠵᠢᠯᠲᠠᠳ ᠰᠤᠷᠤᠭᠴᠢᠳ᠎ᠤᠨ ᠳᠦᠷᠢᠮ ᠲᠣᠭᠲᠠᠭ᠋ᠠᠯ᠎ᠠᠴᠠ ᠵᠥᠷᠢᠴᠡᠭᠰᠡᠨ᠎ᠢ ᠣᠯᠵᠤ ᠮᠡᠳᠡᠪᠡᠯ᠂ ᠨᠢᠭᠡ ᠯᠡ ᠬᠥᠭ ᠵᠶ᠋ᠠᠷ ᠪᠦᠳᠦᠭᠦᠯᠢᠭ ᠵᠶ᠋ᠠᠷ ᠰᠢᠢ᠍ᠳᠪᠦᠷᠢᠯᠡᠬᠦ᠎ᠠᠴᠠ ᠣᠨᠴᠠᠭ᠋ᠠᠶ᠋ᠢᠯᠠᠨ ᠵᠠᠶ᠋ᠢᠯᠠᠰᠬᠢᠬᠦ ᠬᠡᠷᠡᠭᠲᠡᠶ᠃ ᠤᠴᠢᠷ᠎ᠨᠢ         ᠭᠡᠳᠤᠷᠭᠡᠢ 《ᠬᠤᠷᠴᠠ ᠰᠢᠷᠦᠭᠦᠨ》 ᠠᠷᠭ᠎ᠠ ᠠᠪᠴᠠᠯ᠎ᠨᠢ ᠵᠠᠷᠢᠮ ᠦᠶ᠎ᠡ᠎ᠳᠤ ᠰᠤᠷᠤᠭᠴᠢᠳ᠎ᠤᠨ ᠰᠥᠷᠬᠦ ᠰᠡᠳᠬᠢᠴᠡ ᠵᠢ ᠠᠮᠠᠷᠬᠠᠨ ᠬᠥᠭᠵᠢᠭᠡᠵᠦ᠂ ᠰᠤᠷᠭ᠋ᠠᠭᠤᠯᠢ ᠵᠢᠨ ᠬᠥᠮᠦᠨ ᠬᠥᠮᠦᠵᠢᠭᠦᠯᠬᠦ ᠠᠩᠬᠠᠨ᠎ᠤ ᠵᠣᠷᠢᠯᠲᠠ᠎ᠠᠴᠠ ᠲᠡᠷᠰᠯᠡᠬᠦ ᠵᠢᠨ ᠬᠠᠮᠲᠤ ᠪᠠᠰᠠ ᠠ᠋ᠰᠡᠷᠭᠦ ᠴᠢᠭᠯᠡᠯ᠎ᠤᠨ ᠦᠢ᠍ᠯᠡᠳᠦᠯ ᠭᠠᠷᠭ᠋ᠠᠵᠤ ᠮᠡᠳᠡᠭᠦ ᠶᠤᠮ᠂ ᠠ᠋ᠭᠦᠨ᠎ᠢ ᠬᠢᠴᠢᠶᠡᠯᠲᠡᠢ ᠪᠢᠯᠠ᠃
     2. ᠭᠠᠷ ᠤᠲᠠᠰᠤ ᠬᠡᠷᠡᠭᠯᠡᠬᠦ ᠵᠢ ᠬᠢᠵᠠᠭ᠋ᠠᠷᠯᠠᠭ᠍ᠤ ᠵᠢᠨ ᠠᠴᠢ ᠬᠤᠯᠪᠣᠭᠳᠠᠯ᠎ᠢ ᠰᠤᠷᠤᠭᠴᠢᠳ᠎ᠲᠤ ᠦᠨᠡᠨ ᠬᠦ᠌ ᠰᠠᠶ᠋ᠢᠲᠤᠷ ᠣᠶ᠋ᠢᠯᠠᠭ᠋ᠠᠭᠤᠯᠬᠤ ᠬᠡᠷᠡᠭᠲᠡᠶ᠃
      ᠶᠣᠰᠣ ᠰᠤᠷᠲᠠᠭ᠍ᠤᠨ᠎ᠤ ᠬᠢᠴᠢᠶᠡᠯ ᠪᠤᠶᠤ ᠠᠩᠬᠢ ᠵᠢᠨ ᠬᠤᠷᠠᠯ᠎ᠢ ᠠᠰᠢᠭᠯᠠᠨ᠂ ᠭᠠᠷ ᠤᠳᠠᠰᠤ ᠵᠢ ᠵᠦᠪ ᠵᠶ᠋ᠠᠷ ᠠᠰᠢᠭᠯᠠᠭ᠍ᠤ ᠳᠤᠬᠠᠢ ᠬᠦᠳᠦᠯᠦᠨ ᠵᠢᠯᠣᠭᠤᠳᠬᠤ ᠪᠠ ᠰᠤᠷᠭ᠋ᠠᠨ ᠬᠥᠮᠦᠵᠢᠭᠦᠯᠬᠦ ᠵᠢ ᠴᠢᠩᠭ᠋ᠠᠳᠬᠠᠵᠤ᠂ ᠰᠤᠷᠤᠭᠴᠢᠳ᠎ᠢ ᠶᠠᠷᠢᠯᠴᠠᠭᠤᠯᠵᠤ᠂ ᠰᠤᠷᠤᠭᠴᠢᠳ᠎ᠲᠤ ᠭᠠᠷ ᠤᠲᠠᠰᠤᠨ᠎ᠤ ᠠᠰᠢᠭ ᠬᠤᠣᠷ᠎ᠢ ᠭᠦᠢ᠍ᠴᠡᠳ ᠲᠠᠨᠢᠭᠤᠯᠵᠤ᠂ ᠰᠤᠷᠤᠭᠴᠢᠳ᠎ᠤᠨ ᠤᠶ᠋ᠢᠯᠠᠭ᠋ᠠᠯᠲᠠ ᠲᠠᠨᠢᠪᠤᠷᠢ ᠵᠢ ᠵᠦᠪᠳᠡᠬᠡᠵᠦ ᠦᠵᠡᠯ ᠰᠠᠨᠠᠭ᠋ᠠᠨ ᠳᠡᠭᠡᠷᠡᠬᠢ ᠭᠡᠮ ᠠᠷᠬᠠᠭ᠎ᠢ᠎ᠨᠢ ᠪᠦᠷᠢᠮᠤᠰᠦᠨ ᠠᠷᠢᠯᠭ᠋ᠠᠵᠤ ᠴᠡᠪᠡᠷᠰᠢᠭᠦᠯᠬᠦ ᠴᠢᠬᠤᠯᠠᠲᠠᠢ᠃ ᠭᠡᠬᠦ᠎ᠳᠤ᠎ᠪᠠᠨ ᠬᠥᠮᠦᠨᠯᠢᠭ ᠬᠠᠮᠢᠶᠠᠷᠤᠯᠲᠠ ᠵᠢᠨ     ᠰᠡᠳᠬᠢᠬᠦᠢ (ᠠᠷᠭ᠎ᠠ)᠎ᠪᠠᠷ ᠰᠤᠷᠤᠭᠴᠢᠳ᠎ᠤᠨ ᠭᠠᠷ ᠤᠲᠠᠰᠤᠨ᠎ᠳᠤ ᠵᠥᠪ ᠵᠶ᠋ᠠᠷ ᠬᠠᠨᠳᠤᠬᠤ᠂ ᠵᠥᠪ ᠵᠶ᠋ᠠᠷ ᠬᠡᠷᠡᠭᠯᠡᠬᠦ ᠵᠢ ᠬᠥᠲᠥᠯᠥᠨ ᠵᠢᠯᠣᠭᠤᠳᠬᠤ ᠵᠢᠨ ᠬᠠᠮᠲᠤ ᠪᠠᠰᠠ ᠰᠤᠷᠭ᠋ᠠᠭᠤᠯᠢ ᠵᠢᠨ ᠬᠠᠮᠢᠶ᠎ᠠ ᠪᠦᠬᠦᠢ ᠬᠠᠮᠢᠶᠠᠷᠤᠯᠲᠠ ᠵᠢᠨ ᠳᠦᠷᠢᠮ ᠶᠣᠰᠣᠭ᠋ᠠᠷ ᠴᠢᠩᠭ᠎ᠠ ᠬᠠᠮᠢᠶᠠᠷᠴᠤ ᠰᠢᠢ᠍ᠳᠪᠦᠷᠢᠯᠡᠬᠦ ᠬᠡᠷᠡᠭᠲᠡᠢ᠃ ᠢᠩᠭᠢᠪᠡᠯ ᠰᠠᠶᠢ ᠰᠤᠷᠭ᠋ᠠᠭᠤᠯᠢ ᠵᠢᠨ ᠳᠦᠷᠢᠮ ᠲᠣᠭᠲᠠᠭ᠋ᠠᠯ᠎ᠤᠨ ᠠ᠋ᠷᠬᠡ ᠰᠦᠷᠲᠦ ᠴᠢᠨᠠᠷ᠎ᠢ ᠪᠠᠳᠤᠯᠠᠵᠤ᠂ ᠪᠠᠳᠤᠳᠬᠠᠵᠤ ᠴᠢᠳᠠᠭ᠍ᠤ ᠵᠢᠨ ᠬᠠᠮᠲᠤ ᠪᠠᠰᠠ ᠰᠤᠷᠤᠭᠴᠢᠳ᠎ᠲᠤ ᠥᠪᠡᠷ᠎ᠤᠨ ᠠᠯᠳᠠᠭ᠎ᠠ ᠠ᠋ᠮᠵᠡᠭ᠎ᠢ᠎ᠨᠢ ᠦᠨᠡᠨ ᠬᠦ᠌ ᠣᠶ᠋ᠢᠯᠠᠭ᠋ᠠᠭᠤᠯᠵᠤ ᠳᠠᠨᠢᠭᠤᠯᠵᠤ᠂ ᠵᠦᠪ ᠵᠶ᠋ᠠᠷ ᠬᠠᠯᠠᠭᠤᠯᠵᠤ ᠵᠠᠰᠠᠭᠤᠯᠵᠤ᠂ ᠲᠡᠳᠡᠨ᠎ᠢ ᠵᠦᠢ᠎ᠲᠠᠢ ᠵᠢᠷᠤᠮ᠎ᠲᠠᠢ ᠵᠠᠮ ᠵᠶ᠋ᠠᠷ ᠵᠠᠮᠨᠠᠭᠤᠯᠵᠤ ᠶᠠᠪᠤᠭᠤᠯᠵᠤ ᠴᠢᠳᠠᠭ᠍ᠤ ᠶᠤᠮ᠃      3. ᠰᠤᠷᠤᠭᠴᠢᠳ᠎ᠲᠤ ᠴᠢᠬᠤᠯᠠ ᠪᠥᠬᠦᠶ ᠴᠢᠮᠡᠭᠡ ᠨᠡᠪᠳᠡᠷᠡᠯᠴᠡᠭᠡ ᠵᠢᠨ ᠨᠥᠬᠦᠴᠡᠯ ᠪᠤᠯᠤᠮᠵᠢ ᠵᠢ ᠭᠦᠢ᠍ᠴᠡᠳ ᠬᠠᠩᠭ᠋ᠠᠬᠤ ᠬᠡᠷᠡᠭᠳᠡᠢ᠃
      ᠰᠤᠷᠭ᠋ᠠᠭᠤᠯᠢ᠎ᠠᠴᠠ ᠰᠤᠷᠤᠭᠴᠢᠳ᠎ᠤᠨ ᠪᠤᠳᠠᠳᠤ ᠪᠠᠶ᠋ᠢᠳᠠᠯ᠎ᠢ ᠭᠦᠢ᠍ᠴᠡᠳ ᠤᠶ᠋ᠢᠯᠠᠭ᠋ᠠᠵᠤ ᠬᠦᠨᠳᠦᠳᠬᠡᠵᠦ᠂ ᠴᠢᠬᠤᠯᠠᠴᠢᠯᠠᠨ ᠦᠵᠡᠵᠦ᠂ ᠲᠡᠳᠡᠨ᠎ᠳᠤ ᠴᠢᠮᠡᠭᠡ ᠨᠡᠪᠳᠡᠷᠡᠯᠴᠡᠭᠡ ᠵᠢᠨ ᠳᠠᠯ᠎ᠠ᠎ᠪᠠᠷ᠎ᠬᠢ ᠵᠦᠶ ᠵᠣᠬᠢᠰᠲᠠᠶ ᠬᠡᠷᠡᠭᠯᠡᠭᠡ ᠪᠤᠯᠤᠮᠵᠢ ᠵᠢ ᠪᠦᠷᠢᠨ ᠬᠠᠩᠭ᠋ᠠᠵᠤ ᠦᠭᠬᠦ ᠬᠡᠷᠡᠭᠳᠡᠢ᠃ ᠢᠯᠠᠩᠭᠤᠶ᠎ᠠ ᠪᠠᠶ᠋ᠢᠷᠢ᠎ᠳᠤ ᠰᠠᠭᠤᠭ᠎ᠠ ᠰᠤᠷᠤᠭᠴᠢᠳ᠎ᠤᠨ ᠴᠢᠬᠤᠯᠠ ᠪᠦᠬᠦᠢ ᠴᠢᠮᠡᠭᠡ ᠨᠡᠪᠲᠡᠷᠡᠯᠭᠡ ᠵᠢᠨ ᠲᠠᠯ᠎ᠠ᠎ᠪᠠᠷ᠎ᠬᠢ ᠬᠡᠷᠡᠭᠴᠡᠭᠡ (ᠬᠡᠷᠡᠭᠯᠡᠭᠡ) ᠪᠠ ᠱᠠᠭ᠋ᠠᠷᠳᠠᠯᠭ᠎ᠠ ᠵᠢ ᠭᠦᠢ᠍ᠴᠡᠳ ᠬᠦᠨᠳᠦᠳᠬᠡᠨ ᠦᠵᠡᠵᠦ᠂ ᠪᠤᠯᠤᠯᠴᠠᠭ᠎ᠠ ᠪᠦᠬᠦᠢ ᠨᠡᠪᠲᠡᠷᠡᠯᠴᠡᠭᠡ ᠵᠢ ᠭᠦᠢ᠍ᠴᠡᠳ ᠬᠠᠩᠭ᠋ᠠᠵᠤ ᠦᠭᠬᠦ     ᠬᠡᠷᠡᠭᠲᠡᠶ᠃ ᠰᠤᠷᠭ᠋ᠠᠭᠤᠯᠢ ᠪᠣᠯᠤᠨ ᠪᠠᠭᠰᠢ ᠨᠠᠷ ᠴᠢᠬᠤᠯᠠᠴᠢᠯᠠᠭ᠎ᠠ᠎ᠲᠠᠢ ᠦᠶ᠎ᠡ᠎ᠳᠤ ᠰᠤᠷᠤᠭᠴᠢᠳ᠎ᠤᠨ ᠥᠪᠡᠷ᠎ᠤᠨ ᠭᠠᠷ ᠤᠲᠠᠰᠤ᠎ᠪᠠᠨ ᠪᠤᠴᠠᠭ᠋ᠠᠨ ᠠᠪᠴᠤ ᠬᠡᠷᠡᠭᠯᠡᠬᠦ ᠵᠢ ᠵᠦᠪᠰᠢᠶᠡᠷᠡᠬᠦ ᠬᠡᠷᠡᠭᠳᠡᠢ᠃ ᠲᠡᠷᠡᠴᠢᠯᠡᠨ ᠰᠤᠷᠭ᠋ᠠᠭᠤᠯᠢ ᠵᠢᠨ ᠬᠦᠷᠢᠶ᠎ᠡ᠂ ᠪᠠᠶ᠋ᠢᠷᠢ ᠵᠢᠨ ᠲᠣᠭᠤᠷᠢᠭ᠎ᠲᠤ ᠪᠠᠴᠢᠮ ᠤᠲᠠᠰᠤ ᠵᠡᠷᠭᠡ ᠲᠥᠬᠦᠭᠡᠷᠦᠮᠵᠢ ᠤᠭᠰᠠᠷᠠᠭ᠍ᠤ ᠵᠢᠨ ᠬᠠᠮᠲᠤ ᠪᠠᠭᠰᠢ ᠵᠢᠨ ᠠᠯᠪᠠᠨ ᠭᠡᠷ᠎ᠤᠨ ᠤᠲᠠᠰᠤ ᠵᠢ ᠨᠡᠭᠡᠭᠡᠵᠦ᠂ ᠰᠤᠷᠤᠭᠴᠢᠳ᠎ᠲᠤ ᠬᠡᠷᠡᠭᠯᠡᠭᠦᠯᠵᠦ᠂ ᠲᠡᠲᠡᠨ᠎ᠤ ᠬᠡᠪ᠎ᠤᠨ ᠬᠠᠷᠢᠯᠴᠠᠭ᠋ᠠᠨ᠎ᠤ ᠬᠡᠷᠡᠭᠴᠡᠭᠡ ᠵᠢ ᠬᠠᠩᠭ᠋ᠠᠵᠤ᠂ ᠲᠡᠳᠡᠨ᠎ᠳᠤ ᠳᠦᠭᠦᠮ ᠦᠵᠡᠭᠦᠯᠬᠦ ᠬᠡᠷᠡᠭᠳᠡᠢ᠃ ᠠ᠋ᠳᠡᠭᠡᠷ ᠪᠤᠯ ᠰᠤᠷᠭ᠋ᠠᠭᠤᠯᠢ ᠵᠢᠨ ᠰᠤᠷᠤᠭᠴᠢᠳ᠎ᠤᠨ ᠬᠠᠮᠢᠶᠠᠷᠤᠯᠲᠠ᠂ ᠤᠨᠴᠠᠭ᠋ᠠᠶ᠋ᠢᠯᠠᠨ ᠰᠤᠷᠤᠭᠴᠢᠳ ᠰᠤᠷᠭ᠋ᠠᠭᠤᠯᠢ ᠵᠢᠨ ᠬᠦᠷᠢᠶᠡᠨ᠎ᠳᠤ ᠭᠠᠷ ᠤᠲᠠᠰᠤ ᠬᠡᠷᠡᠭᠯᠡᠬᠦ ᠪᠤᠶᠤ ᠬᠡᠷᠡᠭᠯᠡᠭᠦᠯᠬᠦ ᠵᠢ ᠬᠠᠮᠢᠶᠠᠷᠬᠤ ᠭᠤᠤᠯ ᠠᠷᠭ᠎ᠠ ᠠᠪᠴᠠᠯ᠎ᠨᠤᠭᠤᠳ᠎ᠤᠨ ᠨᠢᠭᠡ ᠭᠡᠰᠡᠭ ᠪᠤᠯᠤᠨ᠎ᠠ᠃
     4. ᠬᠡᠷ᠎ᠤᠨ ᠠᠬᠠᠮᠠᠳ᠎ᠤᠨ ᠤᠶ᠋ᠢᠯᠠᠭ᠋ᠠᠯᠴᠠᠭ᠎ᠠ ᠪᠠ ᠳᠡᠮᠵᠢᠯᠭᠡ ᠵᠢ ᠤᠯᠬᠤ ᠴᠢᠬᠤᠯᠠᠲᠠᠢ᠃
      ᠰᠤᠷᠭ᠋ᠠᠭᠤᠯᠢ ᠵᠢᠨ ᠠᠵᠢᠯ᠎ᠨᠢ ᠭᠡᠷ᠎ᠤᠨ ᠠᠬᠠᠮᠠᠳ᠎ᠤᠨ ᠤᠶ᠋ᠢᠯᠠᠭ᠋ᠠᠯᠴᠠᠭ᠎ᠠ ᠪᠠ ᠳᠡᠮᠵᠢᠯᠭᠡ᠎ᠠᠴᠠ ᠰᠠᠯᠵᠤ ᠴᠢᠳᠠᠭ᠍ᠤ ᠦᠭᠡᠢ᠃ ᠭᠡᠷ᠎ᠤᠨ ᠠᠬᠠᠮᠠᠳ᠎ᠤᠨ ᠣᠪᠣᠷ ᠪᠠ ᠲᠠᠨᠢᠯᠲᠠ᠎ᠨᠢ ᠰᠤᠷᠤᠭᠴᠢᠳ᠎ᠤᠨ ᠲᠠᠨᠢᠯᠲᠠ ᠪᠠ ᠰᠤᠷᠭ᠋ᠠᠭᠤᠯᠢ ᠵᠢᠨ ᠠᠵᠢᠯ᠎ᠳᠤ ᠮᠠᠰᠢ ᠶᠡᠭᠡ ᠨᠥᠯᠥᠭᠡ ᠦᠵᠡᠭᠦᠯᠳᠡᠭ᠃ ᠰᠤᠷᠭ᠋ᠠᠭᠤᠯᠢ᠎ᠳᠤ ᠪᠠᠶ᠋ᠢᠬᠤ ᠬᠤᠭᠤᠴᠠᠭ᠋ᠠᠨ᠎ᠳᠤ ᠭᠠᠷ ᠤᠲᠠᠰᠤ ᠬᠡᠷᠡᠭᠯᠡᠬᠦ ᠵᠢ ᠬᠤᠷᠢᠭᠯᠠᠭ᠍ᠤ ᠠᠵᠢᠯ᠎ᠢ ᠤᠷᠤᠭᠰᠢᠲᠠᠶ ᠥᠷᠨᠢᠭᠦᠯᠬᠦ᠎ᠳᠤ ᠠ᠋ᠷᠬᠡᠪᠰᠢ ᠰᠤᠷᠤᠭᠴᠢᠳ᠎ᠤᠨ ᠭᠡᠷ᠎ᠤᠨ ᠠᠬᠠᠮᠠᠳ᠎ᠤᠨ ᠣᠶ᠋ᠢᠯᠠᠭ᠋ᠠᠯᠲᠠ ᠪᠠ ᠳᠡᠮᠵᠢᠯᠭᠡ ᠵᠢ ᠤᠯᠬᠤ ᠬᠡᠷᠡᠭᠲᠡᠶ᠃ ᠰᠤᠷᠭ᠋ᠠᠭᠤᠯᠢ ᠭᠡᠷ᠎ᠤᠨ ᠠᠬᠠᠮᠠᠳ᠎ᠤᠨ ᠬᠤᠷᠠᠯ ᠬᠤᠷᠠᠯᠳᠤᠭᠤᠯᠬᠤ ᠪᠤᠶᠤ ᠠᠩᠭᠢ ᠵᠢᠨ ᠠ᠋ᠷᠬᠢᠯᠡᠭᠴᠢ᠎ᠠᠴᠠ ᠭᠡᠷ᠎ᠤᠨ ᠠᠬᠠᠮᠠᠳ᠎ᠤᠨ ᠬᠤᠯᠪᠤᠭ᠋ᠠᠨ᠎ᠳᠤ ᠮᠡᠳᠡᠭᠳᠡᠯ ᠶᠠᠪᠤᠭᠤᠯᠬᠤ ᠵᠡᠷᠭᠡ ᠠᠷᠭ᠎ᠠ᠎ᠪᠠᠷ ᠳᠠᠮᠵᠢᠭᠤᠯᠤᠨ ᠰᠤᠷᠭ᠋ᠠᠭᠤᠯᠢ ᠵᠢᠨ ᠬᠠᠮᠢᠶ᠎ᠠ ᠪᠦᠬᠦᠢ ᠲᠣᠭᠲᠠᠭ᠋ᠠᠯ᠎ᠢ ᠭᠡᠷ᠎ᠤᠨ ᠠᠬᠠᠮᠠᠳ᠎ᠲᠤ ᠬᠡᠯᠡᠵᠦ ᠥᠭᠴᠦ ᠪᠣᠯᠤᠨ᠎ᠠ᠃ ᠠ᠋ᠭᠦᠨ᠎ᠠᠴᠠ ᠭᠠᠳᠠᠨ᠎ᠠ ᠭᠡᠷ᠎ᠤᠨ ᠠᠬᠠᠮᠠᠳ ᠵᠶ᠋ᠠᠷ ᠰᠤᠷᠭ᠋ᠠᠭᠤᠯᠢ ᠵᠢᠨ ᠬᠦᠷᠢᠶᠡᠨ᠎ᠳᠤ ᠭᠠᠷ ᠤᠲᠠᠰᠤ ᠬᠡᠷᠡᠭᠯᠡᠵᠦ ᠪᠣᠯᠬᠤ ᠦᠭᠡᠢ ᠭᠡᠰᠡᠨ ᠦᠨᠳᠦᠰᠦᠯᠡᠯ ᠪᠠᠷᠢᠮᠳᠠᠯᠠᠯ ᠪᠠ ᠲᠠᠨᠢᠯᠲᠠ ᠤᠶ᠋ᠢᠯᠠᠭ᠋ᠠᠯᠲᠠ᠂ ᠠᠷᠭ᠎ᠠ ᠪᠠᠷᠢᠯ᠎ᠢ ᠶᠠᠷᠢᠯᠴᠠᠭᠤᠯᠵᠤ᠂ ᠭᠡᠷ᠎ᠤᠨ ᠠᠬᠠᠮᠠᠳ ᠪᠠ ᠰᠤᠷᠭ᠋ᠠᠭᠤᠯᠢ ᠠᠳᠠᠯᠢ ᠨᠢᠭᠡᠨ ᠦᠵᠡᠯᠲᠡ ᠲᠠᠨᠢᠯᠲᠠ᠎ᠲᠠᠢ ᠪᠤᠯᠬᠤ᠎ᠪᠠᠷ ᠴᠢᠷᠮᠠᠶ᠋ᠢᠵᠤ᠂ ᠠ᠋ᠭᠦᠨ᠎ᠤ ᠤᠯᠠᠮ᠎ᠠᠴᠠ ᠰᠤᠷᠭ᠋ᠠᠭᠤᠯᠢ ᠵᠢᠨ ᠬᠠᠮᠢᠶ᠎ᠠ ᠪᠦᠬᠦᠢ ᠲᠦᠷᠢᠮ ᠲᠣᠭᠲᠠᠭ᠋ᠠᠯ᠎ᠢ ᠬᠡᠷᠡᠭᠵᠢᠭᠦᠯᠦᠨ ᠲᠤᠭᠤᠰᠢᠯᠠᠭᠤᠯᠬᠤ ᠦᠶ᠎ᠡ ᠵᠢᠨ ᠠᠯᠢᠪᠠ ᠬᠠᠷᠰᠢ ᠰᠠᠭ᠋ᠠᠳ᠎ᠢ ᠬᠥᠩᠭᠡᠷᠡᠭᠦᠯᠵᠦ         ᠪᠣᠯᠤᠨ᠎ᠠ᠃


                                      ᠬᠠᠶᠢᠬ᠄ ᠬᠦᠬᠡᠬᠤᠲᠠ ᠵᠢᠨ ᠮᠤᠩᠭᠤᠯ ᠦᠨᠳᠦᠰᠦᠲᠡᠨ᠎ᠤ

                                              ᠰᠤᠷᠭ᠋ᠠᠭᠤᠯᠢ
                                             (ᠰᠦᠶ᠎ᠠ ᠨᠠᠢ᠍ᠢ᠍ᠷᠠᠭᠤᠯᠪᠠ)        
                                             2020 ᠤᠨ᠎ᠤ 2 ᠳ᠋ᠤᠭ᠋ᠠᠷ ᠬᠤᠭᠤᠴᠠᠭ᠎ᠠ

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠠᠩᠭᠢ ᠵᠢᠨ ᠠ᠋ᠷᠬᠢᠯᠡᠭᠴᠢ ᠵᠢᠨ ᠠᠵᠢᠯ᠎ᠤᠨ ᠠᠮᠵᠢᠯᠲᠠ ᠤᠯᠬᠤ ᠵᠢᠨ ᠤᠷᠢᠳᠠᠯ᠎ᠨᠢ ᠬᠠᠶ᠋ᠢᠷ᠎ᠠ ᠮᠦᠨ
ᠠᠩᠬᠢ ᠵᠢᠨ ᠠ᠋ᠷᠬᠢᠯᠡᠭᠴᠢ ᠵᠢᠨ ᠠᠵᠢᠯ᠎ᠤᠨ ᠳᠤᠬᠠᠢ ᠤᠯᠤᠯᠳᠠ ᠤᠶ᠋ᠢᠯᠠᠭ᠋ᠠᠯᠳᠠ
ᠪᠠᠭ᠎ᠠ ᠰᠤᠷᠭ᠋ᠠᠭᠤᠯᠢ ᠵᠢᠨ ᠠᠩᠭᠢ ᠵᠢᠨ ᠠ᠋ᠷᠬᠢᠯᠡᠭᠴᠢ ᠵᠢᠨ ᠠᠵᠢᠯ᠎ᠢ ᠰᠠᠶ᠋ᠢᠨ ᠬᠢᠬᠦ᠎ᠳᠤ
ᠠᠩᠭᠢ ᠵᠢᠨ ᠠ᠋ᠷᠬᠢᠯᠡᠭᠴᠢ ᠪᠠᠭᠰᠢ ᠵᠢᠨ ᠠᠵᠢᠯᠯᠠᠭ᠋ᠠᠨ᠎ᠢ ᠭᠡᠷᠬᠢᠨ ᠦᠷᠨᠢᠭᠦᠯᠬᠦ ᠲᠤᠬᠠᠢ
ᠠᠩᠬᠢ ᠵᠢᠨ ᠠ᠋ᠷᠬᠢᠯᠡᠭᠴᠢ ᠵᠢᠨ ᠠᠵᠢᠯ᠎ᠤᠨ ᠠᠷᠭ᠎ᠠ ᠲᠤᠷᠰᠢᠯᠭ᠎ᠠ
 
             蒙ICP备05000248号