ᠬᠦᠪᠴᠢᠨ
ᠠᠩᠭᠢ ᠪᠤᠯ ᠪᠠᠭ᠎ᠠ ᠰᠤᠷᠭ᠋ᠠᠭᠤᠯᠢ ᠵᠢᠨ ᠰᠤᠷᠭ᠋ᠠᠨ ᠬᠦᠮᠦᠵᠢᠯ᠎ᠤᠨ ᠵᠢᠭ᠋ᠠᠨ ᠰᠤᠷᠭ᠋ᠠᠬᠤ ᠠᠵᠢᠯ᠎ᠳᠤ᠎ᠬᠢ ᠬᠠᠮᠤᠭ᠎ᠤᠨ ᠦᠨᠳᠦᠰᠦᠨ ᠵᠤᠬᠢᠶᠠᠨ ᠪᠠᠶ᠋ᠢᠭᠤᠯᠬᠤ ᠨᠢᠭᠡᠴᠢ ᠮᠦᠨ᠃ ᠠ᠋ᠭᠦᠨ᠎ᠳᠤ ᠠᠩᠭᠢ ᠵᠢᠨ ᠠ᠋ᠷᠬᠢᠯᠡᠭᠴᠢ ᠪᠤᠯ ᠨᠢᠭᠡ ᠠᠩᠭᠢ ᠨᠢᠭᠡᠴᠡ ᠵᠢᠨ ᠭᠤᠣᠯ ᠵᠤᠬᠢᠶᠠᠨ ᠪᠠᠶ᠋ᠢᠭᠤᠯᠤᠭᠴᠢ᠂ ᠬᠠᠮᠢᠶᠠᠷᠤᠭᠴᠢ ᠮᠦᠨ᠃ ᠰᠤᠷᠤᠭᠴᠢᠳ᠎ᠲᠤ ᠮᠡᠳᠡᠯᠭᠡ ᠤᠯᠠᠮᠵᠢᠯᠠᠨ᠂ ᠦᠵᠡᠯ ᠰᠠᠨᠠᠭ᠋ᠠᠨ᠎ᠤ ᠬᠦᠮᠦᠵᠢᠯ ᠬᠦᠷᠳᠡᠭᠡᠬᠦ ᠭᠤᠤᠯ ᠲᠤᠯᠭ᠋ᠠᠭᠤᠷᠢ ᠬᠦᠴᠦᠨ ᠮᠦᠨ᠃ ᠠᠩᠭᠢ ᠵᠢᠨ ᠠ᠋ᠷᠬᠢᠯᠡᠭᠴᠢ ᠪᠤᠯ ᠰᠤᠷᠭ᠋ᠠᠭᠤᠯᠢ᠎ᠳᠤ ᠤᠯᠤᠰ᠎ᠤᠨ ᠰᠤᠷᠭ᠋ᠠᠨ ᠬᠦᠮᠦᠵᠢᠯ᠎ᠤᠨ ᠴᠢᠭᠯᠡᠯᠳᠡ ᠪᠤᠯᠤᠨ ᠬᠦᠮᠦᠵᠢᠭᠦᠯᠬᠦ ᠬᠠᠷᠠᠯᠳᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠬᠡᠪ ᠴᠢᠨᠠᠷ᠎ᠤᠨ ᠰᠤᠷᠭ᠋ᠠᠨ ᠬᠦᠮᠦᠵᠢᠯ᠎ᠢ ᠲᠦᠯᠬᠢᠨ ᠠᠬᠢᠭᠤᠯᠬᠤ ᠵᠢ ᠪᠠᠳᠤᠳᠬᠠᠬᠤ ᠦᠢ᠍ᠯᠡᠳᠦᠯ᠎ᠲᠠᠢ᠃ ᠪᠠᠭ᠎ᠠ ᠰᠤᠷᠭ᠋ᠠᠭᠤᠯᠢ ᠵᠢᠨ ᠠᠩᠭᠢ ᠵᠢᠨ ᠠ᠋ᠷᠬᠢᠯᠡᠭᠴᠢ ᠪᠤᠯ ᠨᠢᠭᠡᠨ ᠮᠠᠰᠢ ᠢᠷᠠᠭᠤ ᠠᠯᠳᠠᠷᠲᠠᠢ᠂ ᠬᠦᠳᠡᠯᠮᠦᠷᠢᠴᠢ᠂ ᠤᠯᠠᠨ ᠲᠠᠯ᠎ᠠ ᠵᠢᠨ ᠠᠪᠢᠶᠠᠰ᠎ᠢ ᠬᠤᠷᠠᠮᠳᠤᠭᠤᠯᠤᠭᠰᠠᠨ ᠴᠢᠳᠠᠪᠤᠷᠢᠳᠠᠨ᠂ ᠰᠤᠷᠤᠭᠴᠢᠳ᠎ᠲᠤ ᠠ᠋ᠶᠡᠯᠰᠡᠭ ᠲᠤᠯᠠᠭ᠋ᠠᠨ ᠡᠵᠢ ᠵᠢᠨ ᠬᠠᠶ᠋ᠢᠷ᠎ᠠ ᠵᠢ ᠬᠦᠷᠳᠡᠭᠡᠭᠴᠢ᠂ ᠰᠤᠷᠤᠭᠴᠢ ᠵᠢᠨ ᠠᠯᠳᠠᠭ᠎ᠠ ᠲᠤᠳᠠᠭᠳᠠᠯ᠎ᠢ ᠠ᠋ᠷᠢᠨ ᠭᠠᠷᠭ᠋ᠠᠵᠤ᠂ ᠴᠠᠭ ᠲᠤᠬᠠᠢᠳᠤᠨᠢ ᠬᠠᠪᠰᠤᠷᠤᠨ ᠵᠠᠯᠠᠷᠠᠭᠤᠯᠬᠤ ᠬᠠᠲᠠᠭᠤ ᠴᠢᠩᠭ᠎ᠠ ᠪᠠᠭᠰᠢ ᠮᠦᠨ᠃ ᠰᠤᠷᠭ᠋ᠠᠭᠤᠯᠢ᠎ᠳᠤ ᠠᠩᠭᠢ ᠵᠢᠨ ᠠ᠋ᠷᠬᠢᠯᠡᠭᠴᠢ ᠰᠤᠷᠤᠭᠴᠢ᠎ᠲᠠᠢ ᠬᠠᠮᠤᠭ᠎ᠤᠨ ᠤᠷᠳᠤ ᠬᠤᠭᠤᠴᠠᠭ᠎ᠠ ᠬᠠᠷᠢᠯᠴᠠᠵᠤ᠂ ᠬᠠᠮᠤᠭ᠎ᠤᠨ ᠠᠷᠪᠢᠨ ᠰᠤᠷᠭ᠋ᠠᠨ ᠬᠦᠮᠦᠵᠢᠭᠦᠯᠬᠦ ᠠᠵᠢᠯᠯᠠᠭ᠋ᠠᠨ ᠦᠷᠨᠢᠭᠦᠯᠵᠦ᠂ ᠰᠤᠷᠤᠭᠴᠢᠳ᠎ᠲᠤ ᠦᠭᠬᠦ ᠨᠦᠯᠦᠭᠡ ᠲᠤᠰᠬᠠᠯ ᠬᠠᠮᠤᠭ᠎ᠤᠨ ᠭᠦᠨ ᠪᠠᠶ᠋ᠢᠳᠠᠭ᠃ ᠠᠩᠭᠢ ᠨᠢᠭᠡᠴᠡ ᠪᠤᠯ ᠪᠦᠬᠦ ᠠᠩᠭᠢ ᠵᠢᠨ ᠰᠤᠷᠤᠭᠴᠢᠳ᠎ᠤᠨ ᠠ᠋ᠷᠡᠭᠦᠯ ᠵᠶ᠋ᠠᠷ ᠦᠰᠦᠨ ᠪᠤᠶ᠋ᠢᠵᠢᠵᠤ᠂ ᠪᠠᠶᠠᠷ ᠬᠦᠷ᠎ᠲᠠᠢ ᠰᠤᠷᠤᠯᠴᠠᠭ᠍ᠤ ᠲᠠᠯᠠᠪᠤᠷ ᠮᠦᠨ᠃ ᠬᠢᠴᠢᠶᠡᠯᠯᠡᠭᠴᠢ ᠪᠠᠭᠰᠢ ᠨᠠᠷ᠎ᠤᠨ ᠪᠠᠶᠠᠰᠤᠩᠭᠤᠢ᠎ᠪᠠᠷ ᠮᠡᠳᠡᠯᠭᠡ ᠴᠢᠳᠠᠪᠤᠷᠢ᠎ᠪᠠᠨ ᠪᠠᠳᠠᠷᠠᠭᠤᠯᠬᠤ ᠲᠤᠭᠯᠠᠯᠳᠠ ᠵᠢᠨ ᠲᠠᠶ᠋ᠢᠰᠠ ᠪᠢᠯᠡ᠃ ᠠ᠋ᠭᠦᠨ᠎ᠳᠤ ᠠᠩᠭᠢ ᠵᠢᠨ ᠠ᠋ᠷᠬᠢᠯᠡᠭᠴᠢ ᠵᠢᠨ ᠠᠵᠢᠯ᠎ᠨᠢ ᠬᠦᠨᠳᠦ ᠬᠦᠡᠭᠭᠡᠨᠢ ᠭᠦᠢ᠍ᠴᠡᠳ ᠲᠤᠬᠢᠷᠠᠭᠤᠯᠬᠤ ᠦᠢ᠍ᠯᠡᠳᠦᠯ᠎ᠲᠠᠢ᠃
ᠨᠢᠭᠡ᠂ ᠠᠩᠭᠢ ᠵᠢᠨ ᠠ᠋ᠷᠬᠢᠯᠡᠭᠴᠢ ᠵᠢᠨ ᠠᠵᠢᠯ᠎ᠳᠤ᠎ᠪᠠᠨ ᠲᠤᠷ᠎ᠠ ᠪᠠᠬᠠᠲᠠᠢ ᠪᠠᠢ᠍ᠢ᠍ᠬᠤ
ᠳᠤᠷ᠎ᠠ ᠪᠠᠬ᠎ᠠ ᠪᠤᠯ ᠤᠷᠮ᠎ᠠ ᠪᠠᠬ᠎ᠠ ᠵᠢᠨ ᠠ᠋ᠬᠢ ᠰᠤᠷᠪᠤᠯᠵᠢ ᠪᠤᠯᠠᠢ᠃ ᠬᠡᠷᠪᠡ ᠨᠢᠭᠡ ᠬᠦᠮᠦᠨ ᠶᠠᠮᠠᠷ ᠨᠢᠭᠡᠨ ᠬᠡᠷᠡᠭ ᠪᠤᠳᠠᠰ ᠪᠤᠶᠤ ᠶᠠᠮᠠᠷ ᠨᠢᠭᠡᠨ ᠤᠴᠢᠷ ᠶᠠᠪᠤᠳᠠᠯ᠎ᠳᠤ ᠲᠤᠷ᠎ᠠ ᠪᠠᠬ᠎ᠠ ᠦᠭᠡᠢ ᠪᠤᠯ ᠬᠠᠯᠠᠭᠤᠮᠰᠤᠭ ᠵᠶ᠋ᠠᠷ ᠬᠠᠨᠳᠤᠵᠤ ᠳᠡᠶ᠋ᠢᠯᠬᠦ ᠦᠭᠡᠢ᠂ ᠨᠡᠩ ᠢᠯᠠᠩᠭᠤᠶ᠎ᠠ ᠲᠡᠷᠡ ᠠᠵᠢᠯ᠎ᠢ ᠰᠠᠶ᠋ᠢᠨ ᠬᠢᠵᠤ ᠲᠡᠶ᠋ᠢᠯᠬᠦ ᠦᠭᠡᠢ ᠶᠤᠮ᠃ ᠠ᠋ᠭᠦᠨ᠎ᠲᠠᠢ ᠠᠳᠠᠯᠢ᠎ᠪᠠᠷ ᠬᠡᠷᠪᠡ ᠨᠢᠭᠡ ᠠᠩᠭᠢ ᠵᠢᠨ ᠠ᠋ᠷᠬᠢᠯᠡᠭᠴᠢ ᠦᠪᠡᠷ᠎ᠤᠨ ᠠᠵᠢᠯ᠎ᠳᠤ᠎ᠪᠠᠨ ᠲᠤᠷ᠎ᠠ ᠪᠠᠬ᠎ᠠ ᠦᠭᠡᠢ ᠪᠤᠯ ᠲᠡᠷᠡ ᠠᠩᠭᠢ ᠵᠢᠨ ᠠ᠋ᠷᠬᠢᠯᠡᠭᠴᠢ ᠵᠢᠨ ᠠᠵᠢᠯ᠎ᠢ ᠰᠠᠶ᠋ᠢᠳᠤᠷ ᠬᠢᠵᠦ ᠲᠡᠶ᠋ᠢᠯᠬᠦ ᠪᠤᠯᠤᠯᠴᠠᠭ᠎ᠠ ᠦᠭᠡᠢ ᠶᠤᠮ᠃ ᠠ᠋ᠶ᠋ᠢᠮᠦ᠎ᠠᠴᠠ ᠠᠩᠭᠢ ᠵᠢᠨ ᠠ᠋ᠷᠬᠢᠯᠡᠭᠴᠢ ᠵᠢᠨ ᠠᠵᠢᠯ᠎ᠳᠤ᠎ᠪᠠᠨ ᠲᠤᠷ᠎ᠠ ᠪᠠᠬᠠᠲᠠᠢ ᠪᠠᠢ᠍ᠢ᠍ᠬᠤ ᠪᠤᠯ ᠰᠢᠯᠢᠳᠡᠭ ᠠᠩᠭᠢ ᠵᠢᠨ ᠠ᠋ᠷᠬᠢᠯᠡᠭᠴᠢ ᠵᠢᠨ ᠠᠵᠢᠯ᠎ᠤᠨ ᠤᠷᠢᠳᠠᠯ ᠨᠦᠭᠦᠴᠡᠯ ᠮᠦᠨ᠃ ᠶᠠᠷᠤ ᠵᠢᠨ ᠦᠭᠡᠨ᠎ᠳᠤ 《ᠬᠢᠬᠦ ᠦᠭᠡᠢ ᠪᠤᠯ ᠬᠢᠬᠦ ᠦᠭᠡᠢ᠂ ᠬᠢᠪᠡᠯ ᠵᠠᠪᠠᠯ ᠬᠠᠮᠤᠭ᠎ᠤᠨ ᠰᠠᠶ᠋ᠢᠨ ᠬᠢᠬᠦ ᠬᠡᠷᠡᠭᠳᠡᠢ》 ᠭᠡᠳᠡᠭ᠃ ᠠ᠋ᠨᠡ ᠪᠤᠯ ᠲᠠᠷᠤᠢ ᠮᠢᠨᠤ ᠠᠵᠢᠯ᠎ᠤᠨ ᠠ᠋ᠷᠬᠢᠮ ᠵᠤᠷᠢᠯᠳᠠ ᠮᠦᠨ᠃ ᠠᠷᠪᠠᠭ᠋ᠠᠳ ᠵᠢᠯ᠎ᠤᠨ ᠲᠤᠷᠰᠢ ᠪᠢ ᠬᠠᠮᠳᠤ ᠠᠵᠢᠯᠯᠠᠭᠰᠠᠳ᠎ᠲᠠᠢ᠎ᠪᠠᠨ ᠠᠩᠭᠢ ᠵᠢᠨ ᠬᠠᠮᠢᠶᠠᠷᠤᠯᠳᠠ ᠵᠢᠨ ᠠᠵᠢᠯ᠎ᠤᠨ ᠲᠤᠬᠠᠢ ᠠᠷᠭ᠎ᠠ ᠵᠢ ᠢᠳᠡᠪᠬᠢᠳᠡᠢ ᠰᠦᠪᠡᠭᠴᠢᠯᠡᠨ ᠰᠤᠳᠤᠯᠵᠤ᠂ ᠠᠵᠢᠯ᠎ᠤᠨ ᠲᠤᠷᠰᠢᠯᠭ᠎ᠠ᠎ᠪᠠᠨ ᠰᠤᠯᠢᠯᠴᠠᠳᠠᠭ᠃ ᠠᠬᠠᠮᠠᠳ ᠪᠠᠭᠰᠢ ᠨᠠᠷ᠎ᠠᠴᠠ ᠲᠠᠷᠤᠤ ᠬᠢᠴᠢᠶᠡᠩᠭᠦᠢ᠎ᠪᠠᠷ ᠰᠤᠷᠤᠯᠴᠠᠵᠤ᠂ ᠲᠤᠷᠰᠢᠯᠭ᠎ᠠ ᠰᠤᠷᠭ᠋ᠠᠮᠵᠢ᠎ᠲᠠᠢ ᠠᠩᠭᠢ ᠵᠢᠨ ᠠ᠋ᠷᠬᠢᠯᠡᠭᠴᠢ ᠨᠠᠷ ᠵᠶ᠋ᠠᠷ ᠵᠢᠭ᠋ᠠᠨ ᠵᠢᠯᠤᠭᠤᠳᠤᠭᠤᠯᠵᠤ᠂ ᠲᠤᠤᠷ ᠰᠦᠯᠵᠢᠶᠡᠨ᠎ᠠᠴᠠ 《ᠠᠩᠭᠢ ᠵᠢᠨ ᠠ᠋ᠷᠬᠢᠯᠡᠭᠴᠢ ᠵᠢᠨ ᠠ᠋ᠷᠳᠡᠨᠢ ᠵᠢᠨ ᠲᠤᠯᠢ》 ᠭᠡᠬᠦ ᠨᠤᠮ᠎ᠢ ᠲᠠᠬᠢᠨ ᠲᠠᠪᠳᠠᠨ ᠤᠡᠭᠰᠢᠨ ᠬᠠᠮᠢᠶᠠᠷᠤᠯᠳᠠ ᠵᠢᠨ ᠠᠷᠭ᠎ᠠ ᠮᠠᠶᠢᠭ᠎ᠤᠨ ᠰᠤᠳᠤ ᠵᠢ᠎ᠨᠢ ᠰᠢᠯᠢᠨ ᠰᠤᠷᠤᠯᠴᠠᠵᠤ᠂ ᠦᠪᠡᠷ᠎ᠤᠨ ᠲᠤᠬᠠᠶ᠋ᠢᠯᠠᠭᠰᠠᠨ ᠠᠵᠢᠯ᠎ᠤᠨ ᠬᠢᠷᠢ ᠲᠦᠪᠰᠢᠨ ᠵᠶ᠋ᠠᠨ ᠲᠠᠰᠤᠷᠠᠯᠳᠠ ᠦᠭᠡᠢ ᠲᠡᠭᠡᠭᠰᠢᠯᠡᠭᠦᠯᠳᠡᠭ ᠪᠠᠶ᠋ᠢᠯ᠎ᠠ᠃ ᠠᠵᠢᠯ᠎ᠤᠨ ᠲᠤᠮᠳᠠ ᠰᠤᠷᠤᠭᠴᠢᠳ᠎ᠲᠠᠢ ᠬᠠᠮᠳᠤ᠎ᠳᠤ᠎ᠪᠠᠨ ᠰᠤᠷᠤᠯᠴᠠᠵᠤ᠂ ᠬᠠᠮᠳᠤ᠎ᠳᠤ᠎ᠪᠠᠨ ᠲᠤᠭᠯᠠᠵᠤ᠂ ᠰᠤᠷᠤᠭᠴᠢᠳ᠎ᠲᠠᠢ ᠪᠠᠶᠠᠷ ᠵᠢᠷᠭ᠋ᠠᠯ ᠵᠶ᠋ᠠᠨ ᠬᠠᠮᠳᠤᠳᠬᠠᠵᠠᠢ᠃
ᠬᠤᠶᠠᠷ᠂ ᠰᠤᠷᠭ᠋ᠠᠭᠤᠯᠢ ᠵᠢᠨ ᠭᠠᠳᠠᠨ᠎ᠠ ᠲᠤᠳᠤᠨᠠᠬᠢ ᠠᠵᠢᠯ᠎ᠳᠤ ᠲᠤᠬᠢᠷᠠᠮᠵᠢᠳᠠᠢ ᠲᠤᠬᠢᠷᠠᠭᠤᠯᠤᠯᠳᠠ ᠬᠢᠬᠦ
ᠰᠤᠷᠤᠭᠴᠢᠳ ᠦᠰᠦᠨ ᠪᠤᠶ᠋ᠢᠵᠢᠯᠳᠠ ᠵᠢᠨ ᠶᠠᠪᠤᠴᠠ᠎ᠳᠤ᠎ᠪᠠᠨ ᠰᠤᠷᠭ᠋ᠠᠭᠤᠯᠢ᠂ ᠭᠡᠷ ᠪᠦᠯᠢ᠂ ᠨᠡᠶ᠋ᠢᠭᠡᠮ ᠵᠡᠷᠭᠡ ᠤᠯᠠᠨ ᠲᠠᠯ᠎ᠠ ᠵᠢᠨ ᠨᠦᠯᠦᠭᠡ ᠲᠤᠰᠬᠠᠯ ᠪᠠ ᠤᠯᠠᠨ ᠵᠤᠶ᠋ᠢᠯ᠎ᠤᠨ ᠰᠤᠷᠭ᠋ᠠᠨ ᠬᠦᠮᠦᠵᠢᠭᠦᠯᠬᠦ ᠬᠦᠴᠦᠨ᠎ᠤ ᠶᠡᠷᠦᠩᠬᠡᠶ᠋ᠢᠯᠡᠭᠰᠡᠨ ᠴᠢᠨᠠᠷᠲᠠᠢ ᠦᠷ᠎ᠡ ᠠᠰᠢᠭ᠎ᠤᠨ ᠦᠢ᠍ᠯᠡᠳᠦᠯ᠎ᠢ ᠬᠦᠷᠳᠡᠳᠡᠭ᠃ ᠬᠡᠷᠪᠡ ᠡᠯ᠎ᠡ ᠲᠠᠯ᠎ᠠ ᠵᠢᠨ ᠰᠤᠷᠭ᠋ᠠᠨ ᠬᠦᠮᠦᠵᠢᠭᠦᠯᠬᠦ ᠬᠦᠴᠦᠨ᠎ᠢ ᠵᠦᠢ ᠵᠤᠬᠢᠰᠲᠠᠢ ᠪᠠᠶ᠋ᠢᠯᠭ᠋ᠠᠵᠤ᠂ ᠰᠤᠷᠤᠭᠴᠢᠳ᠎ᠲᠤ ᠨᠢᠭᠡᠳᠦᠯᠳᠡᠢ ᠢᠳᠡᠪᠬᠢᠳᠦ ᠴᠢᠨᠠᠷᠲᠠᠢ ᠰᠤᠷᠭ᠋ᠠᠨ ᠬᠦᠮᠦᠵᠢᠯ᠎ᠤᠨ ᠨᠦᠯᠦᠭᠡ ᠲᠤᠰᠬᠠᠯ ᠦᠭᠴᠦ᠂ ᠬᠦᠮᠦᠨ ᠪᠦᠷᠢ ᠰᠤᠷᠤᠭᠴᠢ ᠵᠢᠨ ᠡᠪᠯᠡᠯ᠎ᠤᠨ ᠦᠵᠡᠯ ᠤᠬᠠᠮᠰᠠᠷ᠎ᠲᠠᠢ ᠪᠤᠯᠤᠭᠰᠠᠭ᠋ᠠᠷ ᠰᠤᠷᠤᠭᠴᠢ ᠵᠢᠨ ᠦᠰᠦᠨ ᠪᠦᠢ᠍ᠵᠢᠯᠳᠠ ᠨᠡᠩ ᠤᠷᠤᠭᠰᠢᠳᠠᠢ ᠪᠤᠯᠤᠨ᠎ᠠ᠃
ᠠᠩᠭᠢ ᠵᠢᠨ ᠠ᠋ᠷᠬᠢᠯᠡᠭᠴᠢ᠎ᠠᠴᠠ ᠬᠦᠳᠡᠯᠦᠩᠭᠦᠢ᠎ᠪᠠᠷ ᠰᠤᠷᠤᠭᠴᠢᠳ᠎ᠤᠨ ᠪᠠᠶ᠋ᠢᠳᠠᠯ ᠪᠠ ᠤᠷᠤᠰᠢᠵᠤ ᠪᠦᠬᠦᠢ ᠠᠰᠠᠭᠤᠳᠠᠯ᠎ᠢ ᠡᠯ᠎ᠡ ᠬᠢᠴᠢᠶᠡᠯ ᠲᠦᠷᠦᠯ᠎ᠤᠨ ᠪᠠᠭᠰᠢ ᠨᠠᠷ᠎ᠲᠤ ᠲᠠᠨᠢᠯᠴᠠᠭᠤᠯᠤᠨ ᠦᠭᠴᠦ᠂ ᠲᠡᠳᠡᠨ᠎ᠤ ᠰᠤᠷᠤᠭᠴᠢᠳ᠎ᠤᠨ ᠲᠤᠬᠠᠢ ᠦᠵᠡᠯᠳᠡ ᠲᠠᠨᠢᠯᠳᠠ ᠪᠠ ᠰᠠᠨᠠᠭᠤᠯᠭ᠎ᠠ ᠵᠢ ᠬᠢᠨᠠᠮᠠᠭ᠋ᠠᠢ ᠰᠤᠨᠤᠰᠴᠤ᠂ ᠬᠠᠷᠢᠯᠴᠠᠨ ᠰᠠᠨᠠᠯ ᠵᠶ᠋ᠠᠨ ᠰᠤᠯᠢᠯᠴᠠᠨ᠂ ᠲᠠᠨᠢᠯᠳᠠ᠎ᠪᠠᠨ ᠨᠢᠭᠡᠳᠭᠡᠵᠦ᠂ ᠰᠤᠷᠭ᠋ᠠᠨ ᠬᠦᠮᠦᠵᠢᠭᠦᠯᠬᠦ ᠱᠠᠭ᠋ᠠᠷᠳᠠᠯᠭ᠎ᠠ᠎ᠪᠠᠨ ᠨᠢᠭᠡᠳᠭᠡᠨ᠎ᠡ᠃
ᠰᠤᠷᠤᠭᠴᠢᠳ᠎ᠲᠤ᠎ᠪᠠᠨ ᠡᠯ᠎ᠡ ᠰᠢᠨᠵᠢᠯᠡᠭᠡᠨ᠎ᠤ ᠪᠠᠭᠰᠢ ᠨᠠᠷ ᠵᠶ᠋ᠠᠨ ᠬᠦᠨᠳᠦᠳᠭᠡᠬᠦ ᠵᠢ ᠰᠤᠷᠭ᠋ᠠᠵᠤ᠂ ᠠᠩᠭᠢ ᠵᠢᠨ ᠭᠤᠤᠯ ᠬᠦᠳᠡᠯᠭᠡᠭᠡᠨ᠎ᠳᠤ ᠡᠯ᠎ᠡ ᠰᠢᠨᠵᠢᠯᠡᠭᠡᠨ᠎ᠤ ᠪᠠᠭᠰᠢ ᠨᠠᠢ ᠵᠶ᠋ᠠᠨ ᠤᠷᠢᠨ ᠵᠠᠯᠠᠵᠤ ᠵᠢᠭ᠋ᠠᠨ ᠵᠢᠯᠤᠭᠤᠳᠤᠭᠤᠯᠤᠨ᠎ᠠ᠃ ᠠ᠋ᠭᠦᠨ᠎ᠤ ᠬᠠᠮᠳᠤ ᠠᠩᠭᠢ ᠵᠢᠨ ᠠ᠋ᠷᠬᠢᠯᠡᠭᠴᠢ ᠦᠪᠡᠷ ᠵᠶ᠋ᠠᠨ ᠡᠯ᠎ᠡ ᠬᠢᠴᠢᠶᠡᠯ ᠲᠦᠷᠦᠯ᠎ᠤᠨ ᠪᠠᠭᠰᠢ ᠨᠠᠷ᠎ᠤᠨ ᠬᠤᠭᠤᠷᠤᠨᠳᠤ᠎ᠪᠠᠨ ᠪᠦᠯᠬᠦᠮᠳᠡᠵᠦ᠂ ᠪᠠᠭᠰᠢ ᠰᠤᠷᠤᠭᠴᠢ ᠵᠢᠨ ᠬᠤᠭᠤᠷᠤᠨᠳᠤ᠎ᠪᠠᠨ ᠴᠦ᠍ ᠪᠦᠯᠬᠦᠮᠳᠡᠯ ᠵᠶ᠋ᠠᠨ ᠴᠢᠩᠭ᠋ᠠᠳᠬᠠᠨ᠎ᠠ᠃ ᠠ᠋ᠩ ᠲᠡᠷᠢᠭᠦᠨ᠎ᠳᠤ ᠠᠩᠭᠢ ᠵᠢᠨ ᠠ᠋ᠷᠬᠢᠯᠡᠭᠴᠢ᠎ᠠᠴᠠ ᠠᠩᠭᠢ ᠵᠢᠨ ᠺᠠᠳ᠋ᠷ᠎ᠤᠨ ᠠ᠋ᠩᠨᠡᠭᠡ ᠵᠢ ᠬᠦᠮᠦᠵᠢᠭᠦᠯᠬᠦ ᠲᠡᠭᠡᠷ᠎ᠡ ᠬᠦᠴᠦ ᠲᠠᠯᠪᠢᠵᠦ᠂ ᠲᠡᠳᠡᠨ᠎ᠢ ᠮᠡᠳᠡᠯᠭᠡ ᠲᠤᠷᠰᠢᠯᠭ᠎ᠠ ᠵᠢᠨ ᠲᠠᠯ᠎ᠠ᠎ᠪᠠᠷ ᠬᠠᠪᠰᠤᠷᠤᠨ ᠵᠢᠯᠤᠭᠤᠳᠤᠨ᠎ᠠ᠃ ᠲᠠᠷᠠᠭ᠎ᠠ᠎ᠳᠤᠨᠢ ᠠᠩᠭᠢ ᠵᠢᠨ ᠠ᠋ᠷᠬᠢᠯᠡᠭᠴᠢ᠎ᠠᠴᠠ ᠭᠡᠷ᠎ᠤᠨ ᠠᠬᠠᠮᠠᠳ᠎ᠲᠠᠢ ᠰᠠᠶ᠋ᠢᠳᠤᠷ ᠬᠠᠷᠢᠯᠴᠠᠵᠤ᠂ ᠭᠡᠷ᠎ᠤᠨ ᠠᠬᠠᠮᠠᠳ᠎ᠤᠨ ᠲᠡᠮᠵᠢᠯᠭᠡ ᠪᠠ ᠬᠠᠮᠵᠢᠯᠴᠠᠭ᠎ᠠ ᠵᠢ ᠤᠯᠵᠤ᠂ ᠠᠩᠭᠢ ᠵᠢᠨ ᠠ᠋ᠷᠬᠢᠯᠡᠭᠴᠢ ᠵᠢᠨ ᠠᠵᠢᠯ ᠪᠠ ᠭᠡᠷ᠎ᠤᠨ ᠠᠬᠠᠮᠠᠳ᠎ᠤᠨ ᠰᠤᠷᠭ᠋ᠠᠨ ᠬᠦᠮᠦᠵᠢᠯ᠎ᠢ ᠬᠠᠷᠢᠯᠴᠠᠨ ᠤᠶᠠᠯᠳᠤᠭᠤᠯᠬᠤ ᠬᠡᠷᠡᠭᠳᠡᠢ᠃ ᠠᠩᠭᠢ ᠵᠢᠨ ᠠ᠋ᠷᠬᠢᠯᠡᠭᠴᠢ᠎ᠠᠴᠠ ᠭᠡᠷ᠎ᠤᠨ ᠠᠬᠠᠮᠠᠳ᠎ᠲᠠᠢ ᠦᠷᠬᠦᠯᠵᠢ ᠬᠠᠷᠢᠯᠴᠠᠭ᠍ᠤ ᠵᠢ ᠪᠠᠷᠢᠮᠳᠠᠯᠠᠵᠤ᠂ ᠭᠡᠷ᠎ᠲᠤ᠎ᠨᠢ ᠤᠴᠢᠵᠤ ᠰᠤᠷᠪᠤᠯᠵᠢᠯᠠᠭ᠍ᠤ᠂ ᠤᠳᠠᠰᠤ ᠠᠪᠴᠤ ᠰᠤᠷᠪᠤᠯᠵᠢᠯᠠᠭ᠍ᠤ ᠵᠡᠷᠭᠡ ᠠᠷᠭ᠎ᠠ ᠬᠡᠯᠪᠡᠷᠢ᠎ᠪᠠᠷ ᠰᠤᠷᠤᠭᠴᠢᠳ᠎ᠤᠨ ᠭᠡᠷ ᠪᠦᠯᠢ᠎ᠳᠤ᠎ᠬᠢ ᠲᠡᠩᠰᠡ ᠡᠪᠬᠡᠮᠡᠯ᠎ᠢ ᠪᠦᠷᠢᠳᠭᠡᠵᠦ᠂ ᠰᠤᠷᠤᠭᠴᠢ᠎ᠶᠢᠨ ᠭᠡᠷ ᠪᠦᠯᠢ᠎ᠳᠤ᠎ᠬᠢ ᠪᠠᠶ᠋ᠢᠳᠠᠯ᠂ ᠰᠤᠷᠤᠯᠴᠠᠭ᠍ᠤ ᠨᠦᠭᠦᠴᠡᠯ ᠪᠠ ᠭᠡᠷ᠎ᠤᠨ ᠠᠬᠠᠮᠠᠳ᠎ᠤᠨ ᠬᠡᠤᠬᠡᠳ ᠵᠶ᠋ᠠᠨ ᠰᠤᠷᠭ᠋ᠠᠨ ᠬᠦᠮᠦᠵᠢᠭᠦᠯᠬᠦ ᠤᠪᠤᠷ ᠪᠠᠶ᠋ᠢᠳᠠᠯ᠎ᠢ ᠤᠶ᠋ᠢᠯᠠᠭ᠋ᠠᠨ᠂ ᠭᠡᠷ᠎ᠤᠨ ᠠᠬᠠᠮᠠᠳ᠎ᠲᠤ ᠰᠤᠷᠤᠭᠴᠢ ᠵᠢᠨ ᠰᠤᠷᠭ᠋ᠠᠭᠤᠯᠢ᠎ᠳᠤ᠎ᠬᠢ ᠢᠯᠡᠷᠡᠯ᠎ᠢ ᠮᠡᠳᠡᠭᠳᠡᠨ᠎ᠡ᠃ ᠠᠩᠭᠢ ᠵᠢᠨ ᠠ᠋ᠷᠬᠢᠯᠡᠭᠴᠢ᠎ᠠᠴᠠ ᠭᠡᠷ᠎ᠤᠨ ᠠᠬᠠᠮᠠᠳ᠎ᠤᠨ ᠰᠠᠭᠤᠳᠠᠯ᠎ᠤᠨ ᠬᠤᠷᠠᠯ᠎ᠢ ᠠ᠋ᠷᠬᠢᠯᠡᠵᠦ᠂ ᠤᠷᠴᠢᠮ᠎ᠤᠨ ᠠᠩᠭᠢ᠎ᠳᠤ᠎ᠬᠢ ᠬᠠᠨᠳᠤᠰᠢ᠎ᠲᠠᠢ ᠠᠰᠠᠭᠤᠳᠠᠯ ᠪᠤᠯᠤᠨ ᠠᠩᠬᠠᠷᠤᠭᠤᠰᠢᠳᠠᠢ ᠤᠴᠢᠷ ᠶᠠᠪᠤᠳᠠᠯ᠎ᠢ ᠭᠡᠷ᠎ᠤᠨ ᠠᠬᠠᠮᠠᠳ᠎ᠲᠤ ᠲᠠᠨᠢᠯᠴᠠᠭᠤᠯᠵᠤ᠂ ᠰᠤᠷᠭ᠋ᠠᠭᠤᠯᠢ ᠪᠤᠯᠤᠨ ᠠᠩᠭᠢ ᠵᠢᠨ ᠦᠨᠳᠦᠰᠦᠨ ᠪᠠᠶ᠋ᠢᠳᠠᠯ᠎ᠢ ᠤᠶ᠋ᠢᠯᠠᠭ᠋ᠠᠭᠤᠯᠵᠤ᠂ ᠰᠤᠷᠭ᠋ᠠᠨ ᠬᠦᠮᠦᠵᠢᠯ᠎ᠤᠨ ᠦᠵᠡᠯ ᠪᠤᠯᠤᠨ ᠠᠷᠭ᠎ᠠ ᠠᠪᠴᠠᠯ᠎ᠢ ᠤᠬᠠᠭᠤᠯᠵᠤ᠂ ᠠ᠋ᠭᠦᠨ᠎ᠤ ᠬᠠᠮᠳᠤ ᠰᠢᠯᠢᠳᠡᠭ ᠭᠡᠷ᠎ᠤᠨ ᠠᠬᠠᠮᠠᠳ᠎ᠢ ᠤᠷᠢᠨ᠂ ᠰᠢᠯᠢᠳᠡᠭ ᠰᠤᠷᠭ᠋ᠠᠨ ᠬᠦᠮᠦᠵᠢᠭᠦᠯᠬᠦ ᠲᠤᠷᠰᠢᠯᠭ᠎ᠠ ᠰᠤᠷᠭ᠋ᠠᠮᠵᠢᠠᠴᠠᠨᠢ ᠶᠠᠷᠢᠶ᠎ᠠ ᠢᠯᠡᠳᠭᠡᠯ ᠬᠢᠯᠭᠡᠵᠦ᠂ ᠪᠤᠰᠤᠳ ᠭᠡᠷ᠎ᠤᠨ ᠠᠬᠠᠮᠠᠳ᠎ᠲᠤ ᠰᠤᠷᠭ᠋ᠠᠮᠵᠢ ᠪᠤᠯᠭ᠋ᠠᠨ᠎ᠠ᠃ ᠮᠦᠨ ᠴᠦ᠍ ᠭᠡᠷ᠎ᠤᠨ ᠠᠬᠠᠮᠠᠳ᠎ᠠᠴᠠ ᠰᠤᠷᠭ᠋ᠠᠭᠤᠯᠢ ᠪᠤᠯᠤᠨ ᠠᠩᠭᠢ᠎ᠳᠤ ᠲᠤᠷᠠᠳᠬᠤ ᠰᠠᠨᠠᠭᠤᠯᠭ᠎ᠠ ᠵᠢ ᠬᠦᠯᠢᠶᠡᠨ ᠠᠪᠴᠦ᠂ ᠬᠠᠮᠳᠤ᠎ᠳᠤ᠎ᠪᠠᠨ ᠰᠤᠷᠭ᠋ᠠᠨ ᠬᠦᠮᠦᠵᠢᠭᠦᠯᠬᠦ ᠠᠷᠭ᠎ᠠ ᠠᠪᠴᠠᠯ ᠪᠤᠯᠤᠨ ᠠᠷᠭ᠎ᠠ ᠪᠤᠳᠤᠯᠭ᠎ᠠ ᠵᠢ ᠰᠤᠳᠤᠯᠤᠨ᠎ᠠ᠃
ᠭᠤᠷᠪᠠ᠂ ᠰᠤᠷᠤᠭᠴᠢ ᠵᠢ ᠦᠨᠡᠯᠡᠬᠦ ᠠᠵᠢᠯ᠎ᠢ ᠰᠠᠶ᠋ᠢᠳᠤᠷ ᠬᠢᠬᠦ
ᠰᠤᠷᠤᠭᠴᠢ ᠰᠤᠷᠭ᠋ᠠᠭᠤᠯᠢ᠎ᠳᠤ ᠪᠠᠶ᠋ᠢᠬᠤ ᠬᠤᠭᠤᠴᠠᠭ᠋ᠠᠨ᠎ᠳᠤ᠎ᠪᠠᠨ ᠠᠩᠭᠢ ᠵᠢᠨ ᠠ᠋ᠷᠬᠢᠯᠡᠭᠴᠢ᠎ᠠᠴᠠ ᠲᠡᠭᠦᠨ᠎ᠳᠤ ᠬᠠᠨᠳᠤᠬᠤ ᠤᠪᠤᠷ ᠦᠵᠡᠯᠳᠡ ᠵᠢ ᠲᠤᠩ ᠴᠢᠬᠤᠯᠠᠴᠢᠯᠠᠳᠠᠭ᠃ ᠠ᠋ᠷᠬᠡ ᠲᠡᠭᠰᠢ᠎ᠪᠠᠷ ᠰᠤᠷᠤᠭᠴᠢ ᠵᠢ ᠦᠨᠡᠯᠡᠪᠡᠯ ᠰᠠᠶᠢ ᠪᠦᠳᠦᠮᠵᠢᠳᠡᠢ ᠦᠷ᠎ᠡ ᠳ᠋ᠦᠩ᠎ᠢ ᠤᠯᠵᠤ ᠲᠡᠶ᠋ᠢᠯᠦᠨ᠎ᠡ᠃
ᠰᠤᠷᠤᠭᠴᠢ ᠵᠢᠨ ᠬᠤᠭᠤᠴᠠᠭ᠎ᠠ ᠪᠦᠷᠢ ᠵᠢᠨ ᠮᠤᠷᠠᠯ ᠰᠤᠷᠲᠠᠯ᠂ ᠴᠢᠳᠠᠪᠦᠷᠢ᠂ ᠪᠡᠶ᠎ᠡ ᠮᠠᠭ᠍ᠠᠪᠤᠳ᠂ ᠭᠤᠸ᠎ᠠ ᠰᠠᠶ᠋ᠢᠬᠠᠨ᠂ ᠬᠦᠳᠡᠯᠮᠦᠷᠢ ᠵᠡᠷᠭᠡ ᠪᠦᠬᠦ ᠲᠠᠯ᠎ᠠ ᠵᠢᠨ ᠶᠡᠷᠦᠩᠬᠡᠶ᠋ᠢᠯᠡᠭᠰᠡᠨ ᠴᠢᠨᠡᠷ᠎ᠲᠠᠢ ᠦᠨᠡᠯᠡᠯᠳᠡ ᠬᠢᠬᠦ᠎ᠳᠤ᠎ᠪᠠᠨ ᠠᠩᠭᠢ ᠵᠢᠨ ᠠ᠋ᠷᠬᠢᠯᠡᠭᠴᠢ ᠵᠠᠪᠠᠯ ᠰᠤᠷᠤᠭᠴᠢ ᠪᠦᠷᠢ ᠵᠢᠨ ᠠ᠋ᠳᠦᠷ ᠲᠤᠳᠤᠮ᠎ᠤᠨ ᠠ᠋ᠩ᠎ᠤᠨ ᠪᠠᠶ᠋ᠢᠳᠠᠯ᠎ᠳᠤ᠎ᠬᠢ ᠦᠵᠡᠯ ᠰᠠᠨᠠᠭ᠎ᠠ ᠶᠤᠰᠤ ᠮᠤᠷᠠᠯ᠎ᠤᠨ ᠲᠤᠬᠠᠢ ᠦᠨᠡᠯᠡᠭᠰᠡᠨ ᠲᠡᠮᠳᠡᠭᠯᠡᠯ ᠪᠤᠯᠬᠤ ᠮᠠᠲᠸᠷᠢᠶᠠᠯ᠎ᠢ ᠠᠩᠬᠠᠷᠤᠨ ᠴᠤᠭᠯᠠᠭᠤᠯᠬᠤ᠎ᠪᠠᠷ ᠦᠨᠳᠦᠰᠦ ᠪᠤᠯᠭ᠋ᠠᠵᠤ᠂ ᠮᠦᠨ ᠠᠩᠭᠢ ᠵᠢᠨ ᠠ᠋ᠷᠬᠢᠯᠡᠭᠴᠢ᠎ᠠᠴᠠ ᠡᠯ᠎ᠡ ᠰᠢᠨᠵᠢᠯᠡᠭᠡᠨ᠎ᠤ ᠪᠠᠭᠰᠢ ᠨᠠᠷ ᠪᠤᠯᠤᠨ ᠠᠩᠭᠢ ᠵᠢᠨ ᠺᠠᠳ᠋ᠷ᠎ᠤᠨ ᠰᠠᠨᠠᠭᠤᠯᠭ᠎ᠠ ᠵᠢ ᠠᠪᠤᠭᠰᠠᠨ᠎ᠤ ᠳᠠᠷᠠᠭ᠎ᠠ ᠰᠤᠷᠤᠭᠴᠢ ᠵᠢᠨ ᠪᠤᠳᠠᠳᠠᠢ ᠢᠯᠡᠷᠡᠯ ᠪᠠᠶ᠋ᠢᠳᠠᠯ ᠵᠶ᠋ᠠᠷ ᠠᠩᠭᠢ ᠵᠢᠨ ᠠ᠋ᠷᠬᠢᠯᠡᠭᠴᠢ᠎ᠠᠴᠠ ᠦᠨᠡᠯᠡᠯᠲᠡ ᠪᠢᠴᠢᠨ᠎ᠡ᠃ ᠦᠨᠡᠯᠡᠯᠳᠡ ᠵᠢ ᠪᠢᠴᠢᠬᠦ ᠦᠶᠡᠰ ᠠ᠋ᠷᠬᠡᠪᠰᠢ ᠦᠨᠡᠨ ᠪᠤᠳᠠᠲᠠᠢ ᠪᠠᠶ᠋ᠢᠵᠤ᠂ ᠬᠤᠭᠤᠰᠤᠨ ᠶᠠᠷᠢᠵᠤ ᠲᠤᠷ᠎ᠠ᠎ᠪᠠᠷ ᠵᠤᠬᠢᠶᠠᠵᠤ ᠪᠤᠯᠬᠤ ᠦᠭᠡᠢ᠂ ᠭᠤᠤᠯᠳᠠᠯᠭ᠎ᠠ ᠵᠢ᠎ᠨᠢ ᠠᠳᠬᠤᠵᠤ᠂ ᠬᠠᠨᠳᠤᠯᠭ᠎ᠠ᠎ᠲᠠᠢ᠎ᠪᠠᠷ ᠰᠤᠷᠤᠭᠴᠢ ᠵᠢᠨ ᠪᠦᠬᠦ ᠲᠠᠯ᠎ᠠ ᠵᠢᠨ ᠢᠯᠡᠷᠡᠯ᠎ᠢ ᠬᠠᠷᠢᠭᠤ ᠮᠡᠳᠡᠭᠦᠯᠵᠦ᠂ ᠮᠠᠭᠳᠠᠨ ᠰᠠᠶ᠋ᠢᠰᠢᠶᠠᠭ᠍ᠤ᠎ᠪᠠᠷ ᠭᠤᠤᠯ ᠪᠤᠯᠭ᠋ᠠᠨ᠂ ᠰᠤᠷᠤᠭᠴᠢ ᠵᠢᠨ ᠭᠤᠤᠯ ᠪᠤᠯᠬᠤ ᠲᠤᠲᠠᠭᠳᠠᠯ᠎ᠢ ᠲᠤᠬᠢᠷᠠᠮᠵᠢᠳᠠᠢ ᠵᠢᠭ᠋ᠠᠨ ᠭᠠᠷᠭ᠋ᠠᠵᠤ᠂ ᠦᠷᠬᠦᠯᠵᠢᠯᠡᠨ ᠴᠢᠷᠮᠠᠶ᠋ᠢᠬᠤ ᠴᠢᠭᠯᠡᠯ᠎ᠢ᠎ᠨᠢ ᠵᠢᠭ᠋ᠠᠨ ᠲᠤᠳᠤᠯᠠᠨ᠎ᠠ᠃
ᠲᠦᠷᠪᠡ᠂ ᠭᠡᠷ ᠪᠦᠯᠢ ᠪᠠ ᠰᠤᠷᠭ᠋ᠠᠭᠤᠯᠢ ᠵᠢᠨ ᠬᠠᠷᠢᠯᠴᠠᠨ ᠤᠶ᠋ᠢᠯᠠᠭ᠋ᠠᠯᠴᠠᠭ᠍ᠤ ᠠᠵᠢᠯ᠎ᠢ ᠰᠠᠶ᠋ᠢᠳᠤᠷ ᠬᠢᠬᠦ
ᠰᠤᠷᠤᠭᠴᠢᠳ᠎ᠢ ᠮᠤᠷᠠᠯ᠂ ᠮᠡᠳᠡᠯᠭᠡ ᠴᠢᠳᠠᠪᠤᠷᠢ᠂ ᠪᠡᠶ᠎ᠡ ᠲᠠᠮᠢᠷ᠂ ᠭᠤᠸ᠎ᠠ ᠰᠠᠶ᠋ᠢᠬᠠᠨ ᠪᠠ ᠬᠦᠳᠡᠯᠮᠦᠷᠢ ᠵᠡᠷᠭᠡ ᠪᠦᠬᠦ ᠲᠠᠯ᠎ᠠ᠎ᠪᠠᠷ ᠬᠦᠭᠵᠢᠭᠦᠯᠬᠦ᠎ᠳᠤ ᠵᠦᠪᠬᠡᠨ ᠰᠤᠷᠭ᠋ᠠᠭᠤᠯᠢ ᠵᠢᠨ ᠰᠤᠷᠭ᠋ᠠᠨ ᠬᠦᠮᠦᠵᠢᠯ᠎ᠳᠤ ᠲᠦᠰᠢᠭᠯᠡᠬᠦ᠎ᠨᠢ ᠭᠦᠢ᠍ᠴᠡᠳ ᠪᠤᠰᠤ ᠶᠤᠮ᠃ ᠪᠠᠭ᠎ᠠ ᠰᠤᠷᠭ᠋ᠠᠭᠤᠯᠢ ᠵᠢᠨ ᠰᠤᠷᠤᠭᠴᠢᠳ ᠭᠠᠷᠠᠭ᠎ᠤᠨ ᠠᠮᠠᠷᠠᠯᠳᠠ᠂ ᠪᠠᠶᠠᠷ ᠲᠤᠷᠠᠰᠬᠠᠯ᠎ᠤᠨ ᠠ᠋ᠳᠦᠷ ᠪᠤᠯᠤᠨ ᠡᠪᠦᠯ ᠵᠤᠨ᠎ᠤ ᠠᠮᠠᠷᠠᠯᠳᠠ ᠵᠢᠨ ᠠ᠋ᠳᠦᠷᠤᠳᠲᠤ ᠪᠦᠷ ᠭᠡᠷ ᠪᠦᠯᠢ ᠪᠤᠯᠤᠨ ᠨᠡᠶ᠋ᠢᠭᠡᠮ᠎ᠲᠠᠢ ᠬᠠᠷᠢᠯᠴᠠᠵᠤ ᠪᠠᠶ᠋ᠢᠳᠠᠭ᠃ ᠬᠡᠤᠬᠡᠳ᠎ᠤᠨ ᠦᠰᠦᠨ ᠪᠤᠶ᠋ᠢᠵᠢᠯᠳᠠ᠎ᠨᠢ ᠨᠡᠶ᠋ᠢᠭᠡᠮ᠎ᠤᠨ ᠰᠤᠷᠭ᠋ᠠᠨ ᠬᠦᠮᠦᠵᠢᠯ ᠪᠤᠯᠤᠨ ᠭᠡᠷ ᠪᠦᠯᠢ ᠵᠢᠨ ᠰᠤᠷᠭ᠋ᠠᠨ ᠬᠦᠮᠦᠵᠢᠯ᠎ᠤᠨ ᠨᠦᠯᠦᠭᠡ ᠲᠤᠰᠬᠠᠯ᠎ᠠᠴᠠ ᠰᠠᠯᠵᠤ ᠲᠡᠶ᠋ᠢᠯᠬᠦ ᠦᠭᠡᠢ᠃ ᠮᠠᠨ᠎ᠤ ᠰᠤᠷᠭ᠋ᠠᠭᠤᠯᠢ ᠵᠢᠨ ᠰᠤᠷᠤᠭᠴᠢᠳ ᠪᠦᠷ ᠬᠦᠳᠡᠭᠡ ᠲᠤᠰᠬᠤᠨ᠎ᠤ ᠬᠡᠤᠬᠡᠳ ᠪᠢᠯᠡ᠃ ᠭᠡᠷ᠎ᠤᠨ ᠠᠬᠠᠮᠠᠳ᠎ᠤᠨ ᠮᠠᠯ ᠲᠠᠷᠢᠶᠠᠨ᠎ᠤ ᠠᠵᠢᠯ ᠠᠷᠪᠢᠨ ᠪᠦᠭᠡᠳ ᠪᠠᠰᠠ ᠵᠠᠷᠢᠮ᠎ᠨᠢ ᠭᠠᠳᠠᠨ᠎ᠠ ᠬᠦᠯᠦᠰᠦᠨ ᠠᠵᠢᠯ ᠬᠢᠵᠦ ᠬᠡᠤᠬᠡᠳ ᠵᠶ᠋ᠠᠨ ᠬᠠᠮᠢᠶᠠᠷᠴᠤ ᠲᠡᠶ᠋ᠢᠯᠬᠦ ᠦᠭᠡᠢ᠃ ᠮᠦᠨ ᠴᠦ᠍ ᠭᠡᠷ ᠪᠦᠯᠢ ᠵᠢᠨ ᠰᠤᠶᠤᠯ᠎ᠤᠨ ᠬᠢᠷᠢ ᠲᠦᠪᠰᠢᠨ ᠬᠠᠷᠢᠴᠠᠩᠭᠤᠢ ᠲᠤᠤᠷ᠎ᠠ ᠪᠠᠶ᠋ᠢᠵᠤ᠂ ᠭᠡᠷ᠎ᠤᠨ ᠠᠬᠠᠮᠠᠳ ᠰᠤᠷᠭ᠋ᠠᠨ ᠬᠦᠮᠦᠵᠢᠯ᠎ᠤᠨ ᠬᠠᠮᠢᠶᠠᠷᠤᠯᠳᠠ ᠵᠢᠨ ᠤᠨᠤᠯ᠎ᠤᠨ ᠲᠠᠯ᠎ᠠ᠎ᠪᠠᠷ ᠲᠤᠳᠠᠮᠠᠭ ᠪᠠᠶ᠋ᠢᠳᠠᠭ᠃ ᠶᠠᠭ ᠠ᠋ᠶ᠋ᠢᠮᠦ᠎ᠠᠴᠠ ᠬᠦᠳᠡᠭᠡ ᠲᠤᠰᠬᠤᠨ᠎ᠤ ᠪᠠᠭ᠎ᠠ ᠰᠤᠷᠭ᠋ᠠᠭᠤᠯᠢ ᠵᠢᠨ ᠠᠩᠭᠢ ᠵᠢᠨ ᠠ᠋ᠷᠬᠢᠯᠡᠭᠴᠢ ᠠ᠋ᠷᠬᠡᠪᠰᠢ ᠰᠤᠷᠤᠭᠴᠢ ᠵᠢᠨ ᠭᠡᠷ ᠪᠦᠯᠢ᠎ᠳᠤ ᠭᠦᠨᠵᠡᠭᠡᠶ᠋ᠢᠷᠡᠵᠦ᠂ ᠦᠷᠬᠦᠯᠵᠢ ᠭᠡᠷ᠎ᠤᠨ ᠠᠬᠠᠮᠠᠳ᠎ᠤᠨ ᠰᠠᠭᠤᠳᠠᠯ᠎ᠤᠨ ᠬᠤᠷᠠᠯ᠎ᠢ ᠬᠤᠷᠠᠯᠳᠤᠭᠤᠯᠵᠤ᠂ ᠰᠤᠷᠤᠭᠴᠢ ᠵᠢᠨ ᠭᠡᠷ᠎ᠤᠨ ᠠᠬᠠᠮᠠᠳ᠎ᠠᠴᠠ ᠰᠤᠷᠤᠭᠴᠢ ᠵᠢᠨ ᠭᠡᠷ᠎ᠲᠤ᠎ᠪᠠᠨ ᠪᠠᠶ᠋ᠢᠬᠤ ᠦᠶᠡᠰ᠎ᠤᠨ ᠢᠯᠡᠷᠡᠯ᠎ᠢ ᠴᠠᠭ ᠲᠤᠬᠠᠢᠳᠤᠨᠢ ᠤᠶ᠋ᠢᠯᠠᠭ᠋ᠠᠵᠤ᠂ ᠮᠦᠨ ᠰᠤᠷᠤᠭᠴᠢ ᠵᠢᠨ ᠰᠤᠷᠭ᠋ᠠᠭᠤᠯᠢ᠎ᠳᠤ᠎ᠬᠢ ᠪᠠᠶ᠋ᠢᠳᠠᠯ᠎ᠢ ᠭᠡᠷ᠎ᠤᠨ ᠠᠬᠠᠮᠠᠳ᠎ᠲᠤ ᠮᠡᠳᠡᠭᠳᠡᠵᠦ᠂ ᠭᠡᠷ ᠪᠦᠯᠢ ᠪᠤᠯᠤᠨ ᠰᠤᠷᠭ᠋ᠠᠭᠤᠯᠢ ᠬᠠᠮᠳᠤ᠎ᠳᠤ᠎ᠪᠠᠨ ᠬᠡᠤᠬᠡᠳ᠎ᠢ ᠬᠠᠮᠢᠶᠠᠷᠤᠨ᠎ᠠ᠃ ᠠᠩᠭᠢ ᠵᠢᠨ ᠠ᠋ᠷᠬᠢᠯᠡᠭᠴᠢ᠎ᠠᠴᠠ 《ᠭᠡᠷ᠎ᠤᠨ ᠠᠬᠠᠮᠠᠳ᠎ᠤᠨ ᠰᠤᠷᠭ᠋ᠠᠭᠤᠯᠢ》 ᠭᠡᠬᠦ ᠲᠠᠪᠴᠠᠩ᠎ᠢ ᠠᠰᠢᠭᠯᠠᠵᠤ᠂ ᠰᠤᠷᠤᠭᠴᠢᠳ᠎ᠤᠨ ᠭᠡᠷ᠎ᠤᠨ ᠠᠬᠠᠮᠠᠳ᠎ᠲᠤ ᠤᠳᠤᠬᠢ ᠰᠢᠨ᠎ᠡ ᠰᠤᠷᠭ᠋ᠠᠨ ᠬᠦᠮᠦᠵᠢᠯ᠎ᠤᠨ ᠤᠨᠤᠯ ᠪᠤᠯᠤᠨ ᠰᠤᠷᠭ᠋ᠠᠨ ᠬᠦᠮᠦᠵᠢᠯ᠎ᠤᠨ ᠠᠷᠭ᠎ᠠ ᠮᠠᠶᠢᠭ᠎ᠠᠴᠠ ᠲᠠᠶ᠋ᠢᠯᠪᠤᠷᠢᠯᠠᠨ ᠦᠭᠴᠦ᠂ ᠭᠡᠷ᠎ᠤᠨ ᠠᠬᠠᠮᠠᠳ ᠨᠠᠷ᠎ᠠᠴᠠ ᠬᠡᠤᠬᠡᠳ ᠵᠶ᠋ᠠᠨ ᠰᠢᠨᠵᠢᠯᠡᠬᠦ ᠤᠬᠠᠭ᠋ᠠᠨᠴᠢ᠎ᠪᠠᠷ ᠰᠤᠷᠭ᠋ᠠᠨ ᠬᠦᠮᠦᠵᠢᠭᠦᠯᠦᠨ ᠬᠠᠮᠢᠶᠠᠷᠬᠤ ᠪᠤᠯᠭ᠋ᠠᠨ᠎ᠠ᠃ ᠠ᠋ᠭᠦᠨ᠎ᠠᠴᠠ ᠭᠠᠳᠠᠨ᠎ᠠ ᠠᠩᠭᠢ ᠵᠢᠨ ᠠ᠋ᠷᠬᠢᠯᠡᠭᠴᠢ ᠭᠡᠷ᠎ᠤᠨ ᠠᠬᠠᠮᠠᠳ᠎ᠠᠴᠠ ᠰᠤᠷᠭ᠋ᠠᠭᠤᠯᠢ ᠪᠠ ᠡᠯ᠎ᠡ ᠰᠢᠨᠵᠢᠯᠡᠭᠡᠨ᠎ᠤ ᠪᠠᠭᠰᠢ ᠨᠠᠷ᠎ᠲᠤ ᠲᠤᠷᠠᠳᠤᠭᠰᠠᠨ ᠰᠠᠨᠠᠯ᠎ᠢ ᠬᠦᠯᠢᠴᠡᠩᠭᠦᠢ᠎ᠪᠠᠷ ᠰᠤᠨᠤᠰᠴᠤ᠂ ᠬᠤᠵᠢᠮ᠎ᠤᠨ ᠠᠵᠢᠯ᠎ᠳᠤ᠎ᠪᠠᠨ ᠦᠭᠡᠷᠡᠴᠢᠯᠡᠯᠳᠡ ᠬᠢᠵᠦ᠂ ᠨᠡᠩ ᠲᠤᠬᠢᠷᠠᠮᠵᠢᠳᠠᠢ ᠰᠤᠷᠭ᠋ᠠᠨ ᠬᠦᠮᠦᠵᠢᠯ᠎ᠤᠨ ᠠᠷᠭ᠎ᠠ ᠠᠪᠴᠠᠯ᠎ᠢ ᠰᠤᠳᠤᠯᠤᠨ ᠭᠠᠷᠭ᠋ᠠᠨ᠎ᠠ᠃
ᠪᠠᠭ᠎ᠠ ᠰᠤᠷᠭ᠋ᠠᠭᠤᠯᠢ ᠵᠢᠨ ᠠᠩᠭᠢ ᠵᠢᠨ ᠠ᠋ᠷᠬᠢᠯᠡᠭᠴᠢ ᠵᠢᠨ ᠠᠵᠢᠯ ᠪᠤᠯ ᠨᠢᠭᠡᠨ ᠬᠠᠳᠠᠭᠤᠵᠢᠯᠳᠠᠢ᠂ ᠪᠤᠳᠤᠯᠢᠶᠠᠨᠳᠠᠢ ᠠᠵᠢᠯ ᠮᠦᠨ᠃ ᠨᠢᠭᠡ ᠠᠩᠭᠢ ᠬᠡᠤᠬᠡᠳ᠎ᠢ ᠬᠠᠮᠢᠶᠠᠷᠤᠨ ᠰᠤᠷᠭ᠋ᠠᠨ ᠬᠦᠮᠦᠵᠢᠭᠦᠯᠬᠦ ᠭᠡᠭᠴᠢ ᠨᠡᠬᠡᠷᠡᠨ ᠬᠢᠯᠪᠡᠷ ᠪᠤᠰᠤ ᠪᠢᠯᠡ᠃ ᠪᠠᠭᠰᠢ ᠨᠠᠷ ᠭᠡᠴᠢᠨᠡᠨ ᠬᠦᠴᠢᠷ ᠪᠡᠷᠬᠡᠰᠢᠶᠡᠯ ᠲᠤᠯᠭ᠋ᠠᠷᠠᠪᠠᠴᠤ ᠬᠡᠵᠢᠶᠡᠳᠡ ᠬᠤᠶ᠋ᠢᠰᠢ ᠤᠬᠤᠷᠢᠳᠠᠭ ᠦᠭᠡᠢ ᠪᠡᠶ᠎ᠡ᠎ᠳᠤ᠎ᠪᠠᠨ ᠢᠳᠡᠭᠡᠯ᠎ᠲᠠᠢ ᠠᠵᠢᠯᠯᠠᠵᠤ ᠴᠢᠷᠮᠠᠶ᠋ᠢᠪᠠᠯ ᠵᠤᠬᠢᠨ᠎ᠠ᠃ ᠰᠤᠷᠤᠭᠴᠢᠳ᠎ᠲᠤ᠎ᠪᠠᠨ ᠬᠠᠶ᠋ᠢᠷᠠᠲᠠᠢ᠂ ᠬᠠᠶ᠋ᠢᠷ᠎ᠠ ᠵᠢᠨ ᠬᠦᠴᠦᠨ ᠵᠶ᠋ᠠᠷ ᠬᠠᠶ᠋ᠢᠷ᠎ᠠ ᠵᠢ᠎ᠨᠢ ᠲᠠᠲᠠᠵᠤ᠂ ᠤᠶᠤᠨ ᠤᠬᠠᠭ᠋ᠠᠨ ᠵᠶ᠋ᠠᠷ ᠵᠶ᠋ᠠᠨ ᠤᠢ ᠪᠢᠯᠢᠭ᠎ᠢ᠎ᠨᠢ ᠱᠤᠭᠤᠵᠤ᠂ ᠰᠤᠷᠤᠭᠴᠢ ᠪᠦᠷᠢ ᠵᠢ ᠠ᠋ᠷᠡᠭᠦᠯ ᠰᠠᠷᠠᠭᠤᠯ ᠪᠠᠶᠠᠷ ᠬᠦᠷ᠎ᠲᠠᠢ ᠰᠢᠨ᠎ᠡ ᠨᠢᠭᠡᠨ ᠦᠶ᠎ᠡ ᠵᠢᠨ ᠬᠠᠲᠠᠭᠤᠵᠢᠯᠳᠠᠢ ᠠ᠋ᠭᠦᠳᠦᠨ ᠪᠦᠳᠦᠭᠡᠭᠴᠢ ᠪᠤᠯᠭ᠋ᠠᠨ ᠬᠦᠮᠦᠵᠢᠭᠦᠯᠬᠦ ᠪᠠᠳᠤ ᠢᠳᠡᠭᠡᠯ᠎ᠲᠠᠢ ᠪᠠᠢ᠍ᠢ᠍ᠪᠠᠯ ᠵᠤᠬᠢᠨ᠎ᠠ᠃ ᠪᠢᠳᠡ ᠪᠤᠳᠠᠳᠠᠢ ᠪᠠᠶ᠋ᠢᠳᠠᠯ᠎ᠠᠴᠠ ᠠ᠋ᠭᠦᠰᠴᠦ ᠰᠤᠷᠭ᠋ᠠᠨ ᠬᠦᠮᠦᠵᠢᠯ᠎ᠤᠨ ᠦᠢ᠍ᠯᠡᠳᠦᠯᠭᠡ ᠲᠤᠮᠳᠠ ᠲᠠᠰᠤᠷᠠᠯᠳᠠ ᠦᠭᠡᠢ ᠲᠤᠷᠰᠢᠯᠭ᠎ᠠ᠎ᠪᠠᠨ ᠬᠤᠷᠠᠮᠳᠤᠭᠤᠯᠵᠤ᠂ ᠲᠠᠰᠤᠷᠠᠯᠳᠠ ᠦᠭᠡᠢ ᠳ᠋ᠦᠩᠨᠡᠵᠦ᠂ ᠤᠶᠤᠨ ᠪᠢᠯᠢᠭ᠂ ᠬᠠᠶ᠋ᠢᠷ᠎ᠠ ᠰᠡᠳᠭᠢᠯ ᠪᠤᠯᠤᠨ ᠬᠦᠴᠦ ᠬᠦᠯᠦᠰᠦ᠎ᠪᠠᠷ ᠵᠶ᠋ᠠᠨ ᠰᠤᠷᠭ᠋ᠠᠨ ᠬᠦᠮᠦᠵᠢᠯ᠎ᠤᠨ ᠦᠢ᠍ᠯᠡᠰ᠎ᠲᠤ ᠵᠢᠳᠭᠦᠪᠡᠯ ᠬᠡᠮᠡᠷᠯᠢᠭ᠎ᠲᠤ ᠬᠤᠸᠠᠷ ᠴᠡᠴᠡᠭ ᠲᠡᠯᠭᠡᠷᠡᠭᠦᠯᠵᠦ᠂ ᠠᠩᠭᠢ ᠵᠢᠨ ᠬᠠᠮᠢᠶᠠᠷᠤᠯᠳᠠ ᠵᠢᠨ ᠠᠵᠢᠯ ᠯᠠᠪᠲᠠᠢ ᠰᠢᠨ᠎ᠡ ᠨᠢᠭᠡᠨ ᠲᠡᠭᠳᠡᠷ᠎ᠲᠤ ᠲᠡᠪᠰᠢᠨ᠂ ᠤᠯᠠᠮ ᠳᠠᠳᠮᠠᠭ᠋ᠠᠢ ᠪᠤᠯᠵᠤ ᠴᠢᠳᠠᠨ᠎ᠠ᠃
ᠬᠠᠶᠢᠬ᠄ ᠬᠤᠷᠴᠢᠨ ᠪᠠᠷᠠᠭᠤᠨ ᠭᠠᠷᠤᠨ ᠲᠤᠮᠲᠠᠲᠦ ᠬᠤᠰᠢᠭᠤᠨ᠎ᠤ ᠪᠠᠶᠠᠨᠨᠠᠭᠤᠷ ᠭᠤᠤᠯ ᠪᠠᠭ᠎ᠠ ᠰᠤᠷᠭ᠋ᠠᠭᠤᠯᠢ
(ᠪᠠᠭ᠋ᠠᠨ᠎ᠠ ᠨᠠᠢ᠍ᠢ᠍ᠷᠠᠭᠤᠯᠪᠠ)
2020 ᠣᠨ᠎ᠤ 3 ᠳ᠋ᠤᠭ᠋ᠠᠷ ᠬᠤᠭᠤᠴᠠᠭ᠎ᠠ