ᠮᠡᠷᠭᠡᠨ
ᠠᠩᠭᠢ ᠵᠢᠨ ᠠ᠋ᠷᠬᠢᠯᠡᠭᠴᠢ ᠪᠠᠭᠰᠢ᠎ᠨᠢ ᠵᠦᠪᠬᠡᠨ ᠠᠩᠭᠢ ᠵᠢᠨ ᠵᠤᠬᠢᠶᠠᠨ ᠪᠠᠶ᠋ᠢᠭᠤᠯᠤᠭᠴᠢ ᠪᠠ ᠬᠠᠮᠢᠶᠠᠷᠤᠭᠴᠢ ᠲᠡᠳᠦᠢ ᠪᠢᠰᠢ᠂ ᠪᠠᠰᠠ ᠰᠤᠷᠤᠭᠴᠢᠳ᠎ᠤᠨ ᠤᠶᠤᠨ ᠰᠠᠨᠠᠭ᠋ᠠᠨ᠎ᠤ ᠬᠠᠯᠠᠮᠵᠢᠯᠠᠭᠴᠢ ᠪᠠ ᠬᠦᠮᠦᠨ ᠮᠦᠰᠦᠨ᠎ᠤ ᠴᠤᠭᠴᠠᠯᠠᠨ ᠪᠠᠶ᠋ᠢᠭᠤᠯᠤᠭᠴᠢ ᠮᠦᠨ᠃ ᠲᠡᠷᠡ᠎ᠨᠢ ᠰᠤᠷᠤᠭᠴᠢᠳ᠎ᠤᠨ ᠦᠰᠦᠨ ᠪᠤᠶ᠋ᠢᠵᠢᠯᠲᠠ᠎ᠳᠤ ᠤᠨᠴᠠᠭ᠋ᠠᠢ ᠳᠠᠭ᠋ᠠᠭᠤᠯᠤᠨ ᠬᠦᠲᠦᠯᠭᠦ ᠦᠢ᠍ᠯᠠᠳᠤᠯ ᠦᠵᠡᠭᠦᠯᠳᠡᠭ᠃ ᠠᠩᠭᠢ ᠵᠢᠨ ᠠ᠋ᠷᠬᠢᠯᠡᠭᠴᠢ ᠪᠠᠭᠰᠢ ᠵᠦᠪᠬᠡᠨ ᠰᠤᠷᠭ᠋ᠠᠭᠤᠯᠢ ᠵᠢᠨ ᠬᠠᠮᠢᠶ᠎ᠠ ᠪᠦᠬᠦᠢ ᠲᠤᠬᠢᠷᠠᠭᠤᠯᠭ᠎ᠠ ᠪᠠ ᠠᠩᠭᠢ ᠵᠢᠨ ᠠᠵᠢᠯ᠎ᠢ ᠬᠠᠷᠢᠯᠴᠠᠨ ᠤᠶᠠᠯᠳᠤᠭᠤᠯᠬᠤ ᠲᠡᠳᠦᠢ ᠦᠭᠡᠢ ᠪᠠᠰᠠ ᠶᠤᠰᠤ ᠰᠤᠷᠲᠠᠭ᠍ᠤᠨ᠎ᠤ ᠰᠤᠷᠭ᠋ᠠᠨ ᠬᠦᠮᠦᠵᠢᠯ᠎ᠢ ᠭᠦᠢ᠍ᠴᠡᠳ ᠪᠦᠭᠡᠳ ᠲᠤᠭᠤᠰᠢᠳᠠᠢ ᠰᠠᠶ᠋ᠢᠬᠠᠨ ᠶᠠᠪᠤᠭᠳᠠᠭᠤᠯᠵᠤ ᠴᠢᠳᠠᠬᠤ ᠭᠡᠷᠡᠭᠳᠠᠢ᠃
ᠠᠩᠭᠢ ᠵᠢᠨ ᠠ᠋ᠷᠬᠢᠯᠡᠭᠴᠢ ᠪᠠᠭᠰᠢ ᠵᠢᠨ ᠶᠤᠰᠤ ᠰᠤᠷᠲᠠᠭ᠍ᠤᠨ᠎ᠤ ᠰᠤᠷᠭ᠋ᠠᠨ ᠬᠦᠮᠦᠵᠢᠯ᠎ᠳᠤ ᠭᠤᠤᠯᠯᠠᠨ ᠳᠠᠭ᠋ᠠᠭᠤᠯᠬᠤ ᠴᠢᠨᠠᠷ᠂ ᠪᠠᠭ᠍ᠠᠷᠠᠭᠤᠯᠤᠨ ᠨᠦᠯᠦᠭᠡᠯᠡᠬᠦ ᠴᠢᠨᠠᠷ᠂ ᠬᠠᠪᠰᠤᠷᠤᠨ ᠵᠢᠯᠤᠭᠤᠳᠬᠤ ᠴᠢᠨᠠᠷ ᠪᠤᠯᠤᠨ ᠳᠦᠷᠢᠮ ᠦᠵᠡᠬᠦᠯᠬᠦ ᠴᠢᠨᠠᠷ ᠵᠡᠷᠭᠡ ᠪᠠᠭᠲᠠᠲᠠᠭ᠃ ᠠᠩᠭᠢ ᠵᠢᠨ ᠪᠠᠭᠰᠢ ᠪᠤᠯᠤᠭᠰᠠᠳ ᠠ᠋ᠷᠬᠡᠪᠰᠢ ᠦᠪᠡᠷ᠎ᠤᠨ ᠦᠪᠡᠷᠮᠢᠴᠡ ᠤᠨᠴᠠᠭ᠋ᠠᠢ ᠴᠢᠨᠠᠷ ᠵᠶ᠋ᠠᠨ ᠭᠦᠢ᠍ᠴᠡᠳ ᠪᠠᠳᠠᠷᠠᠭᠤᠯᠵᠤ᠂ ᠦᠪᠡᠷ᠎ᠤᠨ ᠬᠠᠷᠢᠭᠤᠴᠠᠵᠤ ᠪᠠᠶ᠋ᠢᠭ᠎ᠠ ᠬᠢᠴᠢᠶᠡᠯ ᠲᠦᠷᠦᠯ ᠵᠶ᠋ᠠᠷ ᠵᠶ᠋ᠠᠨ ᠳᠠᠮᠵᠢᠭᠤᠯᠤᠨ ᠰᠤᠷᠤᠭᠴᠢᠳ᠎ᠤᠨ ᠢᠳᠡᠪᠬᠢᠲᠠᠢ ᠦᠷᠳᠡᠭ᠎ᠤᠨ ᠦᠵᠡᠯᠲᠡ ᠵᠢ ᠪᠤᠢ ᠪᠤᠯᠭ᠋ᠠᠨ᠂ ᠤᠳᠬ᠎ᠠ ᠠᠭᠤᠯᠭ᠎ᠠ᠎ᠲᠠᠢ ᠠᠩᠭᠢ ᠵᠢᠨ ᠬᠦᠳᠡᠯᠭᠡᠭᠡᠨ ᠦᠷᠨᠢᠭᠦᠯᠬᠦ᠎ᠪᠠᠷ ᠳᠠᠮᠵᠢᠭᠤᠯᠤᠨ ᠰᠢᠯᠢᠳᠡᠭ ᠬᠦᠮᠦᠨ ᠮᠦᠰᠦ ᠵᠢ ᠬᠦᠮᠦᠵᠢᠭᠦᠯᠭᠦ ᠮᠦᠷᠳᠡᠭᠡᠨ ᠠᠩᠭᠢ ᠨᠢᠭᠡᠴᠡ ᠵᠢᠨ ᠬᠦᠳᠡᠯᠭᠡᠭᠡᠨ ᠵᠤᠬᠢᠶᠠᠨ ᠪᠠᠶ᠋ᠢᠭᠤᠯᠬᠤ᠎ᠪᠠᠷ ᠳᠠᠮᠵᠢᠭᠤᠯᠤᠨ ᠠ᠋ᠶ᠎ᠡ ᠨᠠᠶ᠋ᠢᠷᠲᠠᠢ ᠠᠩᠭᠢ ᠵᠢᠨ ᠤᠷᠴᠢᠨ ᠲᠤᠭᠤᠷᠢᠨ᠎ᠢ ᠪᠠᠶ᠋ᠢᠭᠤᠯᠤᠨ᠎ᠠ᠃ ᠭᠡᠷ᠎ᠤᠨ ᠠᠬᠠᠮᠠᠳ ᠪᠤᠯᠤᠨ ᠰᠤᠷᠭ᠋ᠠᠭᠤᠯᠢ᠎ᠯᠤᠭ᠎ᠠ ᠵᠢᠨ ᠬᠠᠷᠢᠴᠠᠭ᠎ᠠ ᠵᠢ ᠴᠢᠩᠭ᠋ᠠᠳᠬᠠᠨ᠂ ᠪᠦᠬᠦ ᠲᠠᠯ᠎ᠠ᠎ᠪᠠᠷ ᠰᠤᠷᠤᠭᠴᠢ ᠬᠦᠮᠦᠵᠢᠭᠦᠯᠬᠦ ᠵᠤᠷᠢᠯᠭ᠎ᠠ᠎ᠳᠤ ᠬᠦᠷᠬᠦ ᠬᠡᠷᠡᠭᠲᠡᠢ᠃
ᠨᠢᠭᠡ᠂ ᠠᠩᠭᠢ ᠵᠢᠨ ᠠ᠋ᠷᠬᠢᠯᠡᠭᠴᠢ ᠵᠠᠪᠠᠯ ᠰᠤᠷᠭ᠋ᠠᠭᠤᠯᠢ ᠵᠢᠨ ᠶᠤᠰᠤ ᠰᠤᠷᠲᠠᠭ᠍ᠤᠨ᠎ᠤ ᠰᠤᠷᠭ᠋ᠠᠨ ᠬᠦᠮᠦᠵᠢᠯ ᠪᠠ ᠬᠠᠮᠢᠶᠠᠷᠤᠯᠲᠠ ᠳᠤᠮᠳᠠᠬᠢ ᠪᠠᠶ᠋ᠢᠷᠢ ᠰᠠᠭᠤᠷᠢ ᠬᠢᠭᠡᠳ ᠦᠢ᠍ᠯᠡᠳᠦᠯ ᠵᠶ᠋ᠠᠨ ᠵᠦᠪ ᠵᠶ᠋ᠠᠷ ᠤᠶ᠋ᠢᠯᠠᠭ᠋ᠠᠨ ᠲᠠᠨᠢᠵᠤ ᠭᠦᠢ᠍ᠴᠡᠳ ᠪᠠᠳᠠᠷᠠᠭᠤᠯᠬᠤ ᠬᠡᠷᠡᠭᠲᠡᠢ᠃
ᠠᠩᠭᠢ ᠵᠢᠨ ᠠ᠋ᠷᠬᠢᠯᠡᠭᠴᠢ ᠪᠤᠯ ᠠᠩᠭᠢ ᠨᠢᠭᠡᠴᠡ ᠵᠢᠨ ᠬᠠᠮᠢᠶᠠᠷᠤᠭᠴᠢ ᠪᠦᠭᠡᠳ ᠵᠤᠬᠢᠶᠠᠨ ᠪᠠᠶ᠋ᠢᠭᠤᠯᠤᠭᠴᠢ ᠮᠦᠨ᠃ ᠰᠤᠷᠭ᠋ᠠᠭᠤᠯᠢ ᠵᠢᠨ ᠶᠤᠰᠤ ᠰᠤᠷᠲᠠᠭ᠍ᠤᠨ᠎ᠤ ᠰᠤᠷᠭ᠋ᠠᠨ ᠬᠦᠮᠦᠵᠢᠯ ᠳᠤᠮᠳᠠ ᠠᠩᠭᠢ ᠵᠢᠨ ᠠ᠋ᠷᠬᠢᠯᠡᠭᠴᠢ ᠪᠤᠯᠤᠨ ᠰᠤᠷᠤᠭᠴᠢᠳ᠎ᠤᠨ ᠬᠤᠭᠤᠷᠤᠨᠳᠤᠬᠢ ᠬᠠᠷᠢᠯᠴᠠᠭ᠎ᠠ ᠬᠠᠮᠤᠭ᠎ᠤᠨ ᠤᠯᠠᠨ ᠪᠦᠭᠡᠳ ᠠᠩᠭᠢ ᠵᠢᠨ ᠠ᠋ᠷᠬᠢᠯᠡᠭᠴᠢ ᠪᠠᠭᠰᠢ ᠪᠤᠯᠤᠨ ᠰᠤᠷᠤᠭᠴᠢᠳ ᠬᠤᠭᠤᠷᠤᠨᠳᠤ᠎ᠪᠠᠨ ᠬᠠᠮᠤᠭ᠎ᠠᠴᠠ ᠢᠯᠡᠭᠦᠦ ᠤᠢ᠍ᠢ᠍ᠯᠠᠭ᠋ᠠᠯᠴᠠᠳᠠᠬ᠃ ᠤᠯᠠᠩᠬᠢ ᠪᠠᠭᠰᠢ ᠵᠦᠪᠬᠡᠨ ᠬᠤᠪᠢ ᠬᠦᠮᠦᠨ᠎ᠤ ᠤᠮᠤᠭ ᠰᠦᠷ᠎ᠢ ᠪᠠᠳᠠᠷᠠᠭᠤᠯᠬᠤ ᠵᠢ ᠠᠩᠬᠠᠷᠤᠭᠰᠠᠨ᠎ᠠᠴᠠ ᠪᠢᠰᠢ ᠤᠷᠮ᠎ᠠ ᠰᠡᠳᠬᠢᠯᠭᠡ ᠵᠢᠨ ᠲᠠᠯ᠎ᠠ᠎ᠪᠠᠷ ᠤᠮᠳᠤᠭ᠋ᠠᠶ᠋ᠢᠯᠠᠭᠰᠠᠨ ᠪᠠᠶ᠋ᠢᠳᠠᠭ᠂ ᠠ᠋ᠰᠡᠭᠦᠯ᠎ᠡ ᠤᠷᠮ᠎ᠠ ᠰᠡᠳᠬᠢᠯᠭᠡ ᠵᠢᠨ ᠵᠤᠷᠢᠬ᠍ᠵᠢᠭᠤᠯᠤᠯᠢ ᠠᠩᠬᠠᠷᠤᠨ ᠤᠮᠤᠭ ᠰᠦᠷ᠎ᠢ᠎ᠨᠢ ᠪᠠᠳᠠᠷᠠᠭᠤᠯᠬᠤ ᠵᠢ ᠤᠮᠳᠤᠭ᠋ᠠᠶ᠋ᠢᠯᠠᠭᠰᠠᠨ ᠪᠠᠶ᠋ᠢᠳᠠᠭ᠃ ᠪᠤᠳᠠᠳᠤ ᠦᠢ᠍ᠯᠡᠳᠤᠯᠭᠡ ᠲᠤᠮᠳᠠ ᠬᠤᠶᠠᠷ ᠵᠦᠢ᠍ᠯ᠎ᠤᠨ ᠠᠵᠢᠯᠯᠠᠭ᠋ᠠᠨ᠎ᠢ ᠤᠷᠭ᠋ᠠᠨᠢᠭ ᠵᠶ᠋ᠠᠷ ᠤᠶᠠᠯᠳᠤᠭᠤᠯᠵᠤ ᠴᠢᠳᠠᠪᠡᠯ ᠰᠠᠶᠢ ᠠᠩᠭᠢ ᠵᠢᠨ ᠬᠠᠮᠢᠶᠠᠷᠤᠯᠲᠠ ᠵᠢᠨ ᠲᠠᠯ᠎ᠠ᠎ᠳᠤ ᠦᠷ᠎ᠡ ᠪᠦᠲᠦᠮᠵᠢ ᠤᠯᠵᠤ ᠴᠢᠳᠠᠨ᠎ᠠ᠃
ᠠᠩᠭᠢ ᠵᠢᠨ ᠠ᠋ᠷᠬᠢᠯᠡᠭᠴᠢ ᠪᠠᠭᠰᠢ ᠦᠪᠡᠷ᠎ᠤᠨ ᠪᠠᠭ᠍ᠠᠷᠬᠠᠵᠤ ᠰᠤᠨᠢᠷᠬᠠᠳᠠᠭ ᠵᠦᠢ᠍ᠯᠡᠰ ᠵᠶ᠋ᠠᠷ ᠵᠶ᠋ᠠᠨ ᠰᠤᠷᠤᠭᠴᠢᠳ᠎ᠤᠨ ᠤᠷᠮ᠎ᠠ ᠵᠢ ᠳᠠᠲᠠᠭ᠍ᠤ ᠭᠡᠳ ᠪᠠᠶ᠋ᠢᠵᠤ ᠪᠤᠯᠬᠤ ᠦᠭᠡᠢ᠂ ᠵᠦᠪᠭᠡᠨ ᠲᠡᠳᠡᠨ᠎ᠤ ᠪᠡᠶ᠎ᠡ ᠰᠡᠳᠬᠢᠴᠡ᠎ᠳᠤ ᠲᠤᠬᠢᠷᠠᠭ᠍ᠤ ᠵᠦᠢ᠍ᠯᠡᠰ ᠯᠠ ᠰᠠᠶᠢ ᠤᠷᠮ᠎ᠠ ᠵᠢ᠎ᠨᠢ ᠬᠦᠭᠵᠢᠭᠡᠵᠦ ᠴᠢᠳᠠᠨ᠎ᠠ᠃ ᠵᠦᠪᠬᠡᠨ ᠰᠤᠷᠤᠭᠴᠢᠳ᠎ᠤᠨ ᠤᠷᠮ᠎ᠠ ᠪᠠᠬ᠎ᠠ ᠵᠢ ᠲᠠᠳᠠᠵᠤ ᠴᠢᠳᠠᠪᠡᠯ ᠲᠡᠳᠡ ᠰᠠᠶᠢ ᠪᠠᠭᠰᠢ ᠵᠢᠨ ᠦᠭᠡ ᠵᠢ ᠰᠠᠨᠠᠭ᠋ᠠᠨ᠎ᠳᠤ᠎ᠪᠠᠨ ᠠᠪᠴᠤ ᠴᠢᠳᠠᠨ᠎ᠠ᠃ ᠠᠩᠭᠢ ᠵᠢᠨ ᠠ᠋ᠷᠬᠢᠯᠡᠭᠴᠢ ᠪᠠᠭᠰᠢ ᠶᠤᠰᠤ ᠰᠤᠷᠲᠠᠭ᠍ᠤᠨ᠎ᠤ ᠰᠤᠷᠭ᠋ᠠᠨ ᠬᠦᠮᠦᠵᠢᠯ ᠬᠢᠬᠦ᠎ᠳᠤ᠎ᠪᠠᠨ ᠰᠤᠷᠤᠭᠴᠢᠳ᠎ᠤᠨ ᠪᠡᠶ᠎ᠡ ᠰᠡᠳᠬᠢᠴᠡ ᠵᠢᠨ ᠤᠨᠴᠠᠯᠢᠭ᠎ᠲᠤ᠎ᠨᠢ ᠲᠤᠬᠢᠷᠠᠭᠤᠯᠵᠤ ᠪᠠᠶ᠋ᠢᠭ᠋ᠠᠳ ᠦᠨᠳᠦᠰᠦ ᠪᠡᠷᠢᠮᠲᠠ᠂ ᠦᠯᠢᠭᠡᠷ ᠵᠢᠱ᠌ᠢᠶ᠎ᠡ᠎ᠲᠠᠢ ᠶᠠᠷᠢᠵᠤ ᠬᠦᠮᠦᠵᠢᠭᠦᠯᠪᠡᠯ ᠯᠠᠪᠲᠠᠢ ᠰᠤᠬᠤᠷ ᠪᠠᠯᠠᠢ ᠶᠠᠷᠢᠭᠰᠠᠨ᠎ᠠᠴᠠ ᠦᠷ᠎ᠡ ᠪᠦᠳᠦᠮᠵᠢ᠎ᠲᠠᠢ ᠪᠤᠯᠤᠨ᠎ᠠ᠃ ᠠ᠋ᠭᠦᠨ᠎ᠠᠴᠠ ᠭᠠᠳᠠᠨ᠎ᠠ ᠡ᠊ᠨᠡ ᠭᠦ᠌ ᠠᠵᠢᠯᠯᠠᠭ᠋ᠠᠨ ᠵᠶ᠋ᠠᠷ ᠳᠠᠮᠵᠢᠭᠤᠯᠵᠤ ᠪᠠᠭᠰᠢ ᠰᠤᠷᠤᠭᠴᠢ ᠵᠢᠨ ᠬᠠᠷᠢᠴᠠᠭ᠎ᠠ ᠵᠢ ᠤᠯᠠᠮ ᠨᠢᠭᠡ ᠠᠯᠬᠤᠮ ᠤᠶ᠋ᠢᠷᠠᠭ᠍ᠠᠨ ᠪᠤᠯᠭ᠋ᠠᠵᠤ᠂ ᠳᠤᠭᠲᠠᠭᠰᠠᠨ ᠬᠤᠭᠤᠴᠠᠭ᠎ᠠ᠎ᠲᠠᠢ ᠠᠩᠭᠢ ᠵᠢᠨ ᠪᠠᠶ᠋ᠢᠳᠠᠯ᠎ᠢ ᠤᠶ᠋ᠢᠯᠠᠭ᠋ᠠᠬᠤ ᠪᠠ ᠲᠤᠰᠬᠠᠢ ᠶᠠᠷᠢᠯᠴᠠᠭ᠎ᠠ (ᠠᠮᠢᠳᠤᠷᠠᠯ ᠰᠤᠷᠤᠯᠴᠠᠯᠭ᠎ᠠ ᠠ᠋ᠰᠡᠭᠦᠯ᠎ᠡ ᠪᠡᠶ᠎ᠡ ᠰᠡᠳᠬᠢᠴᠡ ᠵᠢᠨ ᠲᠠᠯ᠎ᠠ᠎ᠪᠠᠷ) ᠬᠢᠬᠦ᠎ᠳᠤ ᠳᠦᠭᠦᠮ ᠠᠪᠰᠠᠷ ᠰᠡᠳᠬᠢᠴᠡ ᠵᠢᠨ ᠤᠷᠴᠢᠨ᠎ᠢ ᠪᠠᠶ᠋ᠢᠭᠤᠯᠵᠤ ᠴᠢᠳᠠᠨ᠎ᠠ᠃
ᠶᠠᠷᠢᠶᠠᠨ ᠦᠭᠡᠢ ᠪᠠᠰᠠ ᠠᠩᠭᠢ ᠵᠢᠨ ᠠ᠋ᠷᠬᠢᠯᠡᠭᠴᠢ ᠪᠠᠭᠰᠢ ᠵᠢᠨ ᠤᠮᠤᠭ ᠰᠦᠷ᠎ᠢ ᠪᠠᠲᠤᠯᠠᠭ᠍ᠤ ᠬᠡᠷᠡᠭᠲᠡᠢ᠃ ᠰᠤᠷᠤᠭᠴᠢᠳ᠎ᠠᠴᠠ ᠠᠩᠭᠢ ᠵᠢᠨ ᠠ᠋ᠷᠬᠢᠯᠡᠭᠴᠢ ᠪᠠᠭᠰᠢ ᠵᠢᠨ ᠰᠠᠨᠠᠯ ᠵᠠᠬᠢᠶ᠎ᠠ ᠵᠢ ᠰᠤᠨᠤᠰᠬᠤ ᠮᠦᠷᠳᠡᠭᠡᠨ ᠪᠠᠭᠰᠢ᠎ᠪᠠᠨ ᠭᠦᠨᠳᠤᠳᠭᠡᠭᠦ ᠬᠡᠷᠡᠭᠲᠡᠢ᠃
ᠬᠤᠶᠠᠷ᠂ ᠰᠤᠷᠭ᠋ᠠᠭᠤᠯᠢ᠎ᠠᠴᠠ ᠠᠩᠭᠢ ᠵᠢᠨ ᠠ᠋ᠷᠬᠢᠯᠡᠭᠴᠢ ᠪᠠᠭᠰᠢ ᠵᠢᠨ ᠪᠤᠯᠪᠠᠰᠤᠷᠠᠯ ᠬᠦᠮᠦᠵᠢᠯ᠎ᠢ ᠴᠢᠬᠤᠯᠠᠴᠢᠯᠠᠨ ᠦᠵᠡᠵᠦ᠂ ᠬᠢᠷᠢ ᠲᠡᠩᠴᠡᠭᠰᠡᠨ ᠠᠩᠭᠢ ᠵᠢᠨ ᠠ᠋ᠷᠬᠢᠯᠡᠭᠴᠢ ᠪᠠᠭᠰᠢ ᠵᠢᠨ ᠠ᠋ᠩᠨᠡᠭᠡ ᠵᠢ ᠪᠦᠳᠦᠭᠡᠨ ᠪᠠᠶ᠋ᠢᠭᠤᠯᠬᠤ ᠬᠡᠷᠡᠭᠲᠡᠢ᠃
ᠠᠩᠭᠢ ᠵᠢᠨ ᠠ᠋ᠷᠬᠢᠯᠡᠭᠴᠢ᠎ᠨᠢ ᠤᠳᠠᠭ᠋ᠠᠨ ᠵᠢᠯ᠎ᠤᠨ ᠪᠠᠭᠰᠢ ᠪᠠᠶ᠋ᠢᠵᠤ ᠮᠡᠳᠡᠨ᠎ᠡ᠂ ᠰᠢᠨ᠎ᠡ ᠠᠵᠢᠯ᠎ᠤᠨ ᠪᠠᠶ᠋ᠢᠷᠢᠨ᠎ᠳᠤ ᠭᠠᠷᠤᠭᠰᠠᠨ ᠵᠠᠯᠠᠭᠤ ᠪᠠᠭᠰᠢ ᠴᠦ᠍ ᠪᠠᠶ᠋ᠢᠵᠤ ᠮᠡᠳᠡᠨ᠎ᠡ᠃ ᠲᠡᠳᠡ ᠨᠠᠷ ᠴᠦᠮ ᠦᠪᠡᠷ ᠦᠪᠡᠷ᠎ᠤᠨ ᠵᠶ᠋ᠠᠨ ᠳᠠᠪᠠᠭᠤᠯᠢᠭ ᠲᠠᠯ᠎ᠠ ᠪᠠ ᠳᠤᠳᠠᠭᠳᠠᠯ᠎ᠲᠠᠢ ᠲᠠᠯ᠎ᠡ ᠪᠠᠶ᠋ᠢᠳᠠᠭ᠃ ᠠ᠋ᠳᠡᠭᠡᠷ ᠠᠰᠠᠭᠤᠳᠠᠯ᠎ᠳᠤ ᠴᠢᠭᠯᠡᠭᠦᠯᠦᠨ ᠠᠩᠭᠢ ᠵᠢᠨ ᠠ᠋ᠷᠬᠢᠯᠡᠭᠴᠢ ᠪᠠᠭᠰᠢ ᠨᠠᠷ᠎ᠲᠤ ᠵᠦᠢ ᠵᠤᠬᠢᠰᠲᠠᠢ᠂ ᠬᠦᠮᠦᠵᠢᠯ ᠪᠤᠯᠪᠠᠰᠤᠷᠠᠯ ᠭᠦᠷᠳᠡᠭᠦ ᠴᠢᠬᠤᠯᠠᠲᠠᠢ᠃
1. ᠠᠩᠭᠢ ᠵᠢᠨ ᠠ᠋ᠷᠬᠢᠯᠡᠭᠴᠢ ᠪᠠᠭᠰᠢ ᠵᠢ ᠰᠤᠷᠭ᠋ᠠᠭᠤᠯᠢ᠂ ᠬᠤᠰᠢᠭᠤ᠂ ᠬᠤᠲᠠ᠂ ᠤᠷᠤᠨ᠂ ᠤᠯᠤᠰ᠎ᠤᠨ ᠲᠡᠰ᠎ᠤᠨ ᠠᠩᠭᠢ ᠵᠢᠨ ᠠ᠋ᠷᠬᠢᠯᠡᠭᠴᠢ ᠪᠠᠭᠰᠢ ᠵᠢᠨ ᠪᠤᠯᠪᠠᠰᠤᠷᠠᠯ᠎ᠳᠤ ᠤᠷᠤᠯᠴᠠᠭᠤᠯᠵᠤ᠂ ᠦᠪᠡᠷ᠎ᠢ᠎ᠪᠠᠨ ᠲᠠᠰᠤᠷᠠᠯᠳᠠ ᠦᠭᠡᠢ ᠭᠦᠴᠤᠷᠭᠡᠭᠵᠢᠭᠦᠯᠦᠨ ᠪᠤᠵᠠᠭ᠋ᠠᠢ᠍ᠢ᠍ᠷᠠᠭᠤᠯᠬᠤ ᠬᠡᠷᠡᠭᠲᠡᠢ᠃
《ᠠᠭᠤᠯᠠᠨ᠎ᠠᠴᠠ ᠦᠨᠳᠦᠷ ᠠᠭᠤᠯᠠ ᠪᠠᠶ᠋ᠢᠵᠤ᠂ ᠬᠦᠮᠦᠨ᠎ᠠᠴᠠ ᠰᠡᠴᠡᠨ ᠬᠦᠮᠦᠨ ᠪᠠᠶ᠋ᠢᠳᠠᠭ》᠃ ᠦᠷᠦᠭᠡᠯ ᠪᠤᠰᠤᠳ᠎ᠤᠨ ᠲᠠᠪᠰᠢᠩᠭᠤᠢ ᠤᠨᠤᠯᠵᠢᠬᠤᠨ ᠪᠠ ᠦᠢ᠍ᠯᠡᠳᠦᠯᠭᠡ ᠵᠢᠨ ᠲᠤᠷᠰᠢᠯᠭ᠎ᠠ᠎ᠠᠴᠠ ᠰᠤᠷᠤᠯᠴᠠᠵᠤ᠂ ᠰᠢᠯᠢᠳᠡᠭ᠎ᠢ᠎ᠨᠢ ᠰᠤᠨᠭ᠌ᠭᠤᠵᠤ᠂ ᠰᠢᠭ᠋ᠠᠷᠠᠤ ᠵᠢ᠎ᠨᠢ ᠬᠠᠶᠠᠭ᠋ᠠᠳ᠂ ᠦᠪᠡᠷ᠎ᠢ᠎ᠪᠠᠨ ᠲᠠᠰᠤᠷᠠᠯᠲᠠ ᠦᠭᠡᠢ ᠰᠢᠯᠢᠳᠡᠭᠵᠢᠭᠦᠯᠪᠡᠯ ᠰᠠᠶᠢ ᠨᠡᠩ ᠦᠨᠳᠦᠷ ᠬᠢᠷᠢ ᠲᠦᠪᠰᠢᠨ᠎ᠲᠠᠢ ᠪᠤᠯᠵᠤ ᠴᠢᠳᠠᠨ᠎ᠠ᠃
2. ᠵᠠᠯᠠᠭᠤ ᠪᠠᠭᠰᠢ ᠨᠠᠷ᠎ᠤᠨ ᠠᠩᠭᠢ ᠠ᠋ᠷᠬᠢᠯᠡᠬᠦ ᠵᠢ ᠵᠤᠷᠢᠬ᠍ᠵᠢᠭᠤᠯᠵᠤ᠂ ᠢᠲᠡᠭᠡᠯ ᠵᠤᠷᠢᠭ᠎ᠢ᠎ᠨᠢ ᠬᠦᠪᠴᠢᠯᠡᠨ᠎ᠡ᠃
ᠵᠠᠯᠠᠭᠤ ᠪᠠᠭᠰᠢ ᠨᠠᠷ᠎ᠤᠨ ᠬᠦᠴᠢᠷ᠎ᠠᠴᠠ ᠠᠶᠤᠬᠤ ᠦᠭᠡᠢ᠂ ᠬᠤᠷᠰᠢᠨ ᠠᠵᠢᠯᠯᠠᠭ᠍ᠤ ᠵᠤᠷᠢᠭ ᠰᠠᠨᠠᠭ᠎ᠠ ᠵᠢ ᠵᠤᠷᠢᠬ᠍ᠵᠢᠭᠤᠯᠬᠤ ᠪᠦᠭᠡᠳ ᠲᠡᠳᠡᠨ᠎ᠤ ᠬᠤᠪᠢ ᠪᠡᠶ᠎ᠡ ᠵᠢᠨ ᠰᠢᠨ᠎ᠡ ᠳᠠᠪᠰᠢᠩᠭᠤᠢ ᠰᠤᠷᠭ᠋ᠠᠨ ᠬᠦᠮᠦᠵᠢᠯ᠎ᠤᠨ ᠤᠨᠤᠯ ᠪᠠ ᠠᠵᠢᠯᠯᠠᠭ᠍ᠤ ᠠᠷᠭ᠎ᠠ ᠠᠪᠴᠠᠯ᠎ᠨᠢ ᠴᠦᠮ ᠵᠠᠯᠠᠭᠤ ᠬᠦᠮᠦᠨ᠎ᠤ ᠠᠵᠢᠯ ᠬᠢᠬᠦ ᠳᠠᠪᠠᠭᠤᠯᠢᠭ ᠲᠠᠯ᠎ᠡ ᠪᠤᠯᠤᠨ᠎ᠠ᠃ ᠵᠠᠯᠠᠭᠤ ᠪᠠᠭᠰᠢ ᠬᠢᠭᠡᠳ ᠰᠤᠷᠤᠭᠴᠢᠳ᠎ᠤᠨ ᠨᠠᠰᠤᠨ᠎ᠤ ᠵᠦᠷᠢᠶ᠎ᠡ ᠲᠡᠶ᠋ᠢᠮᠦ ᠶᠡᠭᠡ ᠪᠢᠰᠢ ᠤᠴᠢᠷ᠎ᠠᠴᠠ ᠰᠤᠷᠤᠭᠴᠢᠳ᠎ᠤᠨ ᠤᠷᠮ᠎ᠠ ᠵᠢ ᠳᠠᠲᠠᠭ᠍ᠤ ᠲᠠᠯ᠎ᠡ᠎ᠪᠠᠷ ᠨᠡᠩ ᠢᠯᠡᠭᠦᠦ ᠳᠠᠪᠠᠭᠤᠯᠢᠭ ᠴᠢᠨᠠᠷᠲᠠᠢ ᠪᠠᠶ᠋ᠢᠵᠤ᠂ ᠰᠡᠳᠬᠢᠯ ᠰᠡᠳᠬᠢᠯ ᠵᠶ᠋ᠠᠨ ᠤᠯᠤᠯᠴᠠᠭ᠍ᠤᠳᠤ ᠨᠡᠩ ᠬᠢᠯᠪᠡᠷ ᠪᠠᠶ᠋ᠢᠵᠤ ᠪᠤᠯᠤᠨ᠎ᠠ᠃
3. ᠠᠩᠭᠢ ᠵᠢᠨ ᠠ᠋ᠷᠬᠢᠯᠡᠭᠴᠢ ᠪᠠᠭᠰᠢ ᠵᠢᠨ ᠦᠪᠡᠷᠮᠢᠴᠡ ᠤᠨᠴᠠᠯᠢᠭ᠎ᠲᠠᠢ ᠠᠮᠢᠳᠤᠯᠢᠭ ᠵᠶ᠋ᠠᠷ ᠠᠵᠢᠯᠯᠠᠭ᠋ᠠᠨ ᠠ᠋ᠷᠬᠢᠯᠡᠬᠦ ᠵᠢ ᠵᠤᠷᠢᠬ᠍ᠵᠢᠭᠤᠯᠤᠨ᠎ᠠ᠃
ᠰᠤᠷᠭ᠋ᠠᠭᠤᠯᠢ᠎ᠠᠴᠠ ᠠᠩᠭᠢ ᠵᠢᠨ ᠠ᠋ᠷᠬᠢᠯᠡᠭᠴᠢ ᠪᠠᠭᠰᠢ ᠵᠢᠨ ᠢᠳᠡᠪᠬᠢ ᠴᠢᠨᠠᠷ ᠵᠶ᠋ᠠᠨ ᠪᠠᠳᠠᠷᠠᠭᠤᠯᠬᠤ ᠵᠢ ᠵᠤᠷᠢᠬ᠍ᠵᠢᠭᠤᠯᠬᠤ ᠬᠡᠷᠡᠭᠲᠡᠢ᠃ ᠪᠤᠳᠠᠳᠤ ᠠᠵᠢᠯᠯᠠᠭ᠋ᠠᠨ ᠳᠤᠮᠳᠠ ᠪᠦᠬᠦᠯᠢ ᠴᠤᠭᠴᠠ ᠵᠢ ᠬᠠᠷᠰᠢᠯᠠᠵᠤ ᠨᠦᠯᠦᠭᠡᠯᠡᠬᠦ ᠦᠭᠡᠢ ᠪᠠᠶ᠋ᠢᠳᠠᠯ ᠳᠤᠤᠷ᠎ᠠ ᠠᠯᠳᠠᠭ᠎ᠠ ᠪᠤᠷᠤᠭᠤ ᠵᠢ᠎ᠨᠢ ᠬᠡᠲᠦᠷᠬᠡᠢ ᠴᠢᠩᠭ᠎ᠠ ᠨᠡᠬᠡᠮᠵᠢᠯᠡᠭᠦ ᠦᠭᠡᠢ᠂ ᠬᠤᠶ᠋ᠢᠰᠢᠳᠡ ᠵᠢᠨ ᠠᠵᠢᠯᠯᠠᠭ᠋ᠠᠨ ᠳᠤᠮᠳᠠ᠎ᠪᠠᠨ ᠲᠠᠰᠤᠷᠠᠯᠲᠠ ᠦᠭᠡᠢ ᠵᠠᠰᠠᠨ ᠰᠠᠶ᠋ᠢᠵᠢᠷᠠᠭᠤᠯᠬᠤ᠎ᠳᠤ ᠲᠤᠬᠢᠶᠠᠯ ᠤᠯᠭᠤᠨ᠎ᠠ᠃
4. ᠠᠵᠢᠯ᠎ᠤᠨ ᠶᠠᠷᠢᠯᠴᠠᠭ᠋ᠠᠨᠢ ᠦᠷᠭᠦᠯᠵᠢ ᠦᠷᠨᠢᠭᠦᠯᠵᠤ᠂ ᠠᠩᠭᠢ ᠵᠢᠨ ᠠᠵᠢᠯᠯᠠᠭ᠋ᠠᠨ᠎ᠤ ᠲᠤᠷᠰᠢᠯᠭ᠎ᠠ ᠰᠤᠷᠭ᠋ᠠᠮᠵᠢ᠎ᠪᠠᠨ ᠳᠠᠰᠤᠷᠠᠯᠳᠠ ᠦᠭᠡᠢ ᠰᠤᠯᠢᠯᠴᠠᠵᠤ᠂ ᠳᠠᠷᠠᠭ᠋ᠠᠴᠢ ᠵᠢᠨ ᠠᠵᠢᠯᠯᠠᠭ᠋ᠠᠨ᠎ᠳᠤᠨᠢ ᠲᠤᠷᠰᠢᠯᠭ᠎ᠠ ᠬᠠᠨᠭ᠌ᠭ᠋ᠠᠬᠤ ᠬᠡᠷᠡᠭᠲᠡᠢ᠃
ᠠᠵᠢᠯ᠎ᠤᠨ ᠶᠠᠷᠢᠯᠴᠠᠭ᠋ᠠᠨ ᠦᠷᠨᠢᠭᠦᠯᠬᠦ᠎ᠨᠢ ᠠᠩᠭᠢ ᠵᠢᠨ ᠠ᠋ᠷᠬᠢᠯᠡᠭᠴᠢ ᠪᠠᠭᠰᠢ᠎ᠳᠤ ᠬᠠᠮᠲᠤ᠎ᠪᠠᠷ ᠶᠠᠷᠢᠯᠴᠠᠭ᠍ᠤ ᠵᠠᠪᠰᠢᠶᠡᠨ ᠤᠯᠭᠤᠵᠤ᠂ ᠶᠠᠷᠢᠯᠴᠠᠨ ᠰᠤᠳᠤᠯᠬᠤ᠎ᠪᠠᠷ ᠳᠠᠮᠵᠢᠨ ᠰᠤᠷᠭ᠋ᠠᠨ ᠬᠦᠮᠦᠵᠢᠬᠦᠯᠬᠦ ᠪᠠ ᠠᠩᠭᠢ ᠵᠢᠨ ᠬᠠᠮᠢᠶᠠᠷᠤᠯᠲᠠ ᠵᠢᠨ ᠤᠨᠤᠯᠵᠢᠬᠤᠨ ᠵᠶ᠋ᠠᠨ ᠳᠠᠬᠢᠨ ᠴᠤᠭᠴᠠᠯᠠᠵᠤ᠂ ᠠ᠋ᠩ᠎ᠤᠨ ᠴᠠᠭ᠎ᠤᠨ ᠠᠵᠢᠯᠯᠠᠭ᠋ᠠᠨ ᠳᠤᠮᠳᠠᠬᠢ ᠬᠦᠷᠦᠯᠴᠡᠬᠦ ᠦᠭᠡᠢ ᠲᠠᠯ᠎ᠠ᠎ᠪᠠᠨ ᠰᠡᠷᠡᠨ ᠮᠡᠳᠡᠵᠦ᠂ ᠴᠠᠭ᠋ᠠᠰᠢᠯᠠᠨ ᠨᠡᠩ ᠰᠢᠯᠢᠳᠡᠭ ᠰᠠᠶ᠋ᠢᠨ ᠠᠵᠢᠯᠯᠠᠭ᠋ᠠᠨ᠎ᠤ ᠠᠷᠭ᠎ᠠ ᠠᠪᠴᠠᠯ ᠪᠤᠯᠤᠨ ᠲᠤᠷᠰᠢᠯᠭ᠎ᠠ ᠰᠤᠷᠭ᠋ᠠᠮᠵᠢ ᠵᠢ ᠬᠠᠶ᠋ᠢᠨ ᠰᠦᠪᠡᠭᠴᠢᠯᠡᠬᠦ᠎ᠳᠤ ᠨᠦᠬᠦᠴᠡᠯ ᠬᠠᠩᠭ᠋ᠠᠵᠤ ᠴᠢᠳᠠᠨ᠎ᠡ᠃
ᠰᠤᠷᠭ᠋ᠠᠭᠤᠯᠢ ᠵᠢᠨ ᠠᠵᠢᠯᠯᠠᠭ᠋ᠠᠨ ᠳᠤᠮᠳᠠ ᠦᠷ᠎ᠡ ᠠᠰᠢᠭᠲᠠᠢ ᠶᠠᠷᠢᠯᠴᠠᠭ᠋ᠠᠨ᠎ᠤ ᠬᠦᠳᠡᠯᠭᠡᠭᠡᠨ᠎ᠨᠢ ᠳᠤᠤᠷᠠᠬᠢ ᠬᠡᠳᠦᠨ ᠵᠦᠢ᠍ᠯ ᠪᠠᠶ᠋ᠢᠵᠤ ᠪᠤᠯᠤᠨ᠎ᠠ᠄
(1) ᠠᠩᠭᠢ ᠵᠢᠨ ᠠ᠋ᠷᠬᠢᠯᠡᠭᠴᠢ ᠪᠠᠭᠰᠢ ᠵᠢᠨ ᠰᠠᠷ᠎ᠠ ᠵᠢᠨ ᠬᠤᠷᠠᠯ ᠬᠢᠬᠦ᠃ ᠡ᠊ᠨᠡ ᠭᠦ᠌ ᠬᠤᠷᠠᠯ᠎ᠳᠤ ᠳᠡᠭᠡᠷ᠎ᠡ ᠨᠢᠭᠡ ᠰᠠᠷ᠎ᠠ ᠵᠢᠨ ᠠᠵᠢᠯᠯᠠᠭ᠋ᠠᠨ᠎ᠤ ᠳ᠋ᠦᠩᠨᠡᠯᠲᠡ ᠬᠢᠬᠦ ᠪᠠ ᠲᠤᠰ ᠰᠠᠷ᠎ᠠ ᠵᠢᠨ ᠠᠵᠢᠯᠯᠠᠭ᠋ᠠᠨ᠎ᠤ ᠲᠤᠬᠢᠷᠠᠭᠤᠯᠤᠯᠲᠠ ᠬᠢᠬᠦ᠎ᠪᠠᠷ ᠳᠠᠮᠵᠢᠨ ᠠᠩᠭᠢ ᠵᠢᠨ ᠪᠠᠭᠰᠢ ᠵᠢᠨ ᠠᠵᠢᠯᠯᠠᠭ᠋ᠠᠨ᠎ᠤ ᠳᠦᠷᠢᠮᠵᠢᠲᠦ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠰᠤᠷᠠᠯᠲᠠ ᠦᠭᠡᠢ ᠬᠠᠯᠠᠨ ᠰᠠᠶ᠋ᠢᠵᠢᠷᠠᠭᠤᠯᠬᠤ ᠲᠤᠮᠳᠠ ᠠᠵᠢᠯᠯᠠᠭ᠋ᠠᠨ᠎ᠤ ᠠᠷᠭ᠎ᠠ ᠠᠪᠴᠠᠯ ᠵᠶ᠋ᠠᠨ ᠮᠡᠳᠡᠭᠳᠡᠮ᠎ᠡ ᠰᠠᠶ᠋ᠢᠵᠢᠷᠠᠭᠤᠯᠵᠤ ᠴᠢᠳᠠᠨ᠎ᠠ᠃
(2) ᠠᠩᠭᠢ ᠵᠢᠨ ᠬᠠᠮᠢᠶᠠᠷᠤᠯᠲᠠ ᠵᠢᠨ ᠰᠠᠭᠤᠳᠠᠯ᠎ᠤᠨ ᠬᠤᠷᠠᠯ ᠬᠢᠭᠦ᠃ ᠡ᠊ᠨᠡ ᠭᠦ᠌ ᠬᠡᠯᠪᠡᠷᠢ᠎ᠪᠠᠷ ᠠᠩᠭᠢ ᠵᠢᠨ ᠠ᠋ᠷᠬᠢᠯᠡᠭᠴᠢ ᠪᠠᠭᠰᠢ ᠵᠢᠨ ᠠ᠋ᠳᠦᠷ ᠲᠤᠲᠤᠮ᠎ᠤᠨ ᠠᠵᠢᠯᠯᠠᠭ᠋ᠠᠨ ᠳᠤᠮᠳᠠᠬᠢ ᠶᠤᠰᠤ ᠰᠤᠷᠲᠠᠭ᠍ᠤᠨ᠎ᠤ ᠬᠠᠮᠢᠶᠠᠷᠤᠯᠲᠠ ᠵᠢᠨ ᠳᠤᠬᠠᠢ ᠳ᠋ᠦᠩᠨᠡᠯᠲᠡ ᠬᠢᠵᠦ᠂ ᠶᠤᠰᠤ ᠰᠤᠷᠲᠠᠭ᠍ᠤᠨ᠎ᠤ ᠠᠵᠢᠯᠯᠠᠭ᠋ᠠᠨ᠎ᠤ ᠵᠢᠮ᠎ᠡ ᠶᠤᠰᠤ ᠪᠠ ᠰᠢᠨ᠎ᠡ ᠠᠵᠢᠯᠯᠠᠭ᠍ᠤ ᠠᠷᠭ᠎ᠠ ᠵᠠᠮ᠎ᠢ ᠬᠠᠶ᠋ᠢᠨ ᠰᠦᠪᠡᠭᠴᠢᠯᠡᠨ᠂ ᠶᠤᠰᠤ ᠰᠤᠷᠲᠠᠭ᠍ᠤᠨ᠎ᠤ ᠬᠠᠮᠢᠶᠠᠷᠤᠯᠲᠠ᠎ᠳᠤ᠎ᠬᠢ ᠤᠨᠤᠯ ᠪᠠ ᠦᠢ᠍ᠯᠡᠳᠦᠯᠭᠡ ᠵᠢᠨ ᠬᠠᠮᠤᠭ᠎ᠤᠨ ᠰᠠᠶ᠋ᠢᠨ ᠤᠭᠲᠤᠯᠤᠯᠴᠠᠯ᠎ᠤᠨ ᠴᠡᠭ᠎ᠢ ᠠ᠋ᠷᠢᠵᠦ᠂ ᠠ᠋ᠭᠦᠳᠦᠨ ᠪᠦᠲᠦᠭᠡᠯᠴᠢ ᠴᠢᠨᠠᠷᠲᠠᠢ᠎ᠪᠠᠷ ᠤᠨᠤᠯ ᠵᠶ᠋ᠠᠨ ᠪᠤᠳᠠᠲᠠᠶ᠋ᠢᠵᠢᠭᠤᠯᠤᠨᠠ᠃ ᠲᠡᠭᠦᠨ ᠵᠶ᠋ᠠᠷ ᠳᠠᠮᠵᠢᠭᠤᠯᠵᠤ ᠠᠩᠭᠢ ᠵᠢᠨ ᠠ᠋ᠷᠬᠢᠯᠡᠭᠴᠢ ᠪᠠᠭᠰᠢ ᠵᠢᠨ ᠶᠤᠰᠤ ᠰᠤᠷᠲᠠᠭ᠍ᠤᠨ᠎ᠤ ᠬᠠᠮᠢᠶᠠᠷᠤᠯᠲᠠ ᠵᠢᠨ ᠤᠨᠤᠯ᠎ᠤᠨ ᠬᠢᠷᠢ ᠲᠦᠪᠰᠢᠨ ᠪᠠ ᠦᠢ᠍ᠯᠡᠳᠦᠯᠭᠡᠵᠢᠭᠦᠯᠬᠦ ᠤᠷ᠎ᠠ ᠮᠡᠷᠭᠡᠵᠢᠯ ᠵᠶ᠋ᠠᠨ ᠳᠡᠭᠡᠭᠰᠢᠯᠡᠭᠦᠯᠦᠨ᠎ᠡ᠃
(3) ᠠᠩᠭᠢ ᠵᠢᠨ ᠠ᠋ᠷᠬᠢᠯᠡᠭᠴᠢ ᠪᠠᠭᠰᠢ ᠵᠢᠨ ᠠᠵᠢᠯᠯᠠᠭ᠋ᠠᠨ᠎ᠤ ᠴᠢᠬᠤᠯᠠ ᠪᠠᠶ᠋ᠢᠷᠢ ᠰᠠᠭᠤᠷᠢ ᠵᠢ ᠳᠤᠪᠤᠶ᠋ᠢᠯᠭ᠋ᠠᠬᠤ᠃ ᠰᠤᠷᠭ᠋ᠠᠭᠤᠯᠢ᠎ᠠᠴᠠ ᠰᠠᠨᠠᠭ᠋ᠠᠴᠢᠯᠠᠭ᠎ᠠ᠎ᠲᠠᠢ᠎ᠪᠠᠷ ᠤᠳᠤᠬᠠᠨ᠎ᠤ ᠶᠤᠰᠤ ᠰᠤᠷᠲᠠᠭ᠍ᠤᠨ᠎ᠤ ᠬᠠᠮᠢᠶᠠᠷᠤᠯᠲᠠ ᠳᠤᠮᠳᠠᠬᠢ ᠲᠦᠯᠦᠭᠡᠯᠡᠬᠦ ᠴᠢᠨᠠᠷᠲᠠᠢ ᠠᠰᠠᠭᠤᠳᠠᠯ᠎ᠢ ᠰᠤᠩᠭᠤᠨ ᠭᠠᠷᠭ᠋ᠠᠵᠤ᠂ ᠨᠢᠭᠡᠨ ᠰᠤᠳᠤᠯᠭ᠋ᠠᠨ᠎ᠤ ᠰᠡᠳᠦᠪ ᠪᠤᠯᠭ᠋ᠠᠨ ᠪᠠᠳᠤᠯᠠᠵᠦ᠂ ᠠᠩᠭᠢ ᠵᠢᠨ ᠠ᠋ᠷᠬᠢᠯᠡᠭᠴᠢ ᠪᠠᠭᠰᠢ ᠨᠠᠷ᠎ᠢ ᠵᠤᠬᠢᠶᠠᠨ ᠪᠠᠶ᠋ᠢᠭᠤᠯᠵᠦ ᠬᠠᠷᠠᠭ᠋ᠠᠯᠵᠠᠭᠰᠠᠨ ᠰᠤᠳᠤᠯᠭ᠋ᠠᠨ᠎ᠤ ᠰᠡᠳᠦᠪ ᠠ᠋ᠷᠬᠢᠯᠡᠵᠦ᠂ ᠰᠤᠳᠤᠯᠭ᠋ᠠᠨ᠎ᠤ ᠳᠤᠮᠳᠠ᠎ᠠᠴᠠ ᠤᠨᠤᠯ᠎ᠤᠨ ᠳᠡᠮᠵᠢᠯᠭᠡ ᠪᠠ ᠦᠷ᠎ᠡ ᠪᠦᠲᠦᠮᠵᠢᠲᠦ ᠠᠵᠢᠯᠯᠠᠭ᠋ᠠᠨ᠎ᠤ ᠠᠷᠭ᠎ᠠ ᠪᠠᠷᠢᠯ᠎ᠢ ᠠ᠋ᠷᠢᠨ ᠤᠯᠬᠤ᠎ᠪᠠᠷ ᠴᠢᠷᠮᠠᠶ᠋ᠢᠨ᠎ᠠ᠃
ᠭᠤᠷᠪᠠ᠂ ᠰᠤᠷᠭ᠋ᠠᠭᠤᠯᠢ᠎ᠠᠴᠠ ᠠᠩᠭᠢ ᠵᠢᠨ ᠠ᠋ᠷᠬᠢᠯᠡᠭᠴᠢ ᠪᠠᠭᠰᠢ ᠵᠢᠨ ᠬᠠᠮᠢᠶᠠᠷᠤᠯᠲᠠ ᠵᠢ ᠴᠢᠨᠭ᠌ᠭ᠋ᠠᠳᠬᠠᠬᠤ ᠬᠡᠷᠡᠭᠲᠡᠢ᠃
ᠠᠩᠭᠢ ᠵᠢᠨ ᠠ᠋ᠷᠬᠢᠯᠡᠭᠴᠢ ᠪᠠᠭᠰᠢ ᠵᠢᠨ ᠬᠠᠮᠢᠶᠠᠷᠤᠯᠲᠠ ᠪᠤᠯ ᠰᠤᠷᠭ᠋ᠠᠭᠤᠯᠢ ᠵᠢᠨ ᠬᠠᠮᠢᠶᠠᠷᠤᠯᠲᠠ ᠵᠢᠨ ᠴᠢᠬᠤᠯᠠ ᠨᠢᠭᠡᠨ ᠭᠤᠭᠴᠤᠭ᠎ᠠ ᠮᠦᠨ᠃ ᠠᠩᠭᠢ ᠵᠢᠨ ᠠ᠋ᠷᠬᠢᠯᠡᠭᠴᠢ ᠪᠠᠭᠰᠢ ᠵᠢᠨ ᠬᠠᠮᠢᠶᠠᠷᠤᠯᠲᠠ ᠵᠢ ᠴᠢᠩᠭ᠎ᠠ ᠠᠳᠬᠤᠵᠤ ᠴᠢᠳᠠᠭᠰᠠᠨ ᠪᠤᠯ ᠳᠠᠷᠤᠢ ᠰᠤᠷᠭ᠋ᠠᠭᠤᠯᠢ ᠵᠢᠨ ᠶᠤᠰᠤ ᠰᠤᠷᠲᠠᠭ᠍ᠤᠨ᠎ᠤ ᠬᠠᠮᠢᠶᠠᠷᠤᠯᠲᠠ ᠵᠢ ᠴᠢᠩᠭ᠎ᠠ ᠠᠳᠬᠤᠵᠤ ᠴᠢᠳᠠᠭᠰᠠᠨ᠎ᠲᠠᠢ ᠠᠳᠠᠯᠢ᠃ ᠰᠤᠷᠭ᠋ᠠᠭᠤᠯᠢ᠎ᠠᠴᠠ ᠠᠵᠢᠯ᠎ᠤᠨ ᠲᠦᠯᠦᠪᠯᠡᠭᠡ ᠳᠤᠭᠲᠠᠭ᠋ᠠᠬᠤᠳᠤ ᠠᠩᠭᠢ ᠵᠢᠨ ᠠ᠋ᠷᠬᠢᠯᠡᠭᠴᠢ ᠪᠠᠭᠰᠢ ᠵᠢᠨ ᠬᠠᠮᠢᠶᠠᠷᠤᠯᠲᠠ ᠵᠢ ᠵᠠᠬᠢᠷᠤᠯ᠎ᠤᠨ ᠬᠠᠮᠢᠶᠠᠷᠤᠯᠲᠠ ᠵᠢᠨ ᠬᠡᠪᠴᠢᠶᠡᠨ᠎ᠳᠤ ᠤᠷᠤᠭᠤᠯᠬᠤ᠎ᠨᠢ ᠨᠡᠩ ᠴᠢᠬᠤᠯᠠ ᠪᠠᠶ᠋ᠢᠳᠠᠭ᠃ ᠠ᠋ᠭᠦᠪᠡᠷ ᠳᠠᠮᠵᠢᠭᠤᠯᠵᠤ ᠠᠩᠭᠢ ᠵᠢᠨ ᠠ᠋ᠷᠬᠢᠯᠡᠭᠴᠢ ᠪᠠᠭᠰᠢ ᠵᠢᠨ ᠬᠠᠮᠢᠶᠠᠷᠤᠯᠲᠠ ᠵᠢᠨ ᠴᠢᠬᠤᠯᠠ ᠴᠢᠨᠠᠷ᠎ᠢ ᠳᠤᠪᠤᠶ᠋ᠢᠯᠭ᠋ᠠᠵᠤ ᠪᠤᠯᠤᠨ᠎ᠠ᠃ ᠠᠩᠭᠢ ᠵᠢᠨ ᠠ᠋ᠷᠬᠢᠯᠡᠭᠴᠢ ᠪᠠᠭᠰᠢ ᠵᠢᠨ ᠬᠠᠮᠢᠶᠠᠷᠤᠯᠲᠠ ᠵᠢᠨ ᠠᠵᠢᠯ᠎ᠳᠤ ᠰᠤᠷᠭ᠋ᠠᠭᠤᠯᠢ᠎ᠠᠴᠠ ᠤᠷᠳᠤ ᠬᠤᠭᠤᠴᠠᠭ᠋ᠠᠨ᠎ᠤ ᠲᠦᠯᠦᠪᠯᠡᠭᠡ ᠪᠠ ᠤᠬᠤᠷ ᠬᠤᠭᠤᠴᠠᠭ᠋ᠠᠨ᠎ᠤ ᠵᠤᠷᠢᠯᠲᠠ ᠪᠠᠶ᠋ᠢᠬᠤ ᠬᠡᠷᠡᠭᠲᠡᠢ᠃ ᠲᠦᠯᠦᠪᠯᠡᠭᠡ᠎ᠨᠢ ᠬᠠᠮᠢᠶᠠᠷᠤᠯᠲᠠ ᠵᠢ ᠠ᠋ᠮᠬᠢ ᠵᠠᠮᠪᠠᠷᠠᠭ᠎ᠠ᠎ᠲᠠᠢ ᠪᠠᠶ᠋ᠢᠯᠭ᠋ᠠᠵᠤ᠂ ᠵᠤᠷᠢᠯᠲᠠ᠎ᠨᠢ ᠬᠠᠮᠢᠶᠠᠷᠤᠯᠲᠠ ᠵᠢ ᠪᠤᠳᠠᠲᠠᠶ᠋ᠢᠵᠢᠭᠤᠯᠵᠤ ᠴᠢᠳᠠᠨ᠎ᠠ᠃ ᠠ᠋ᠷᠬᠡᠪᠰᠢ ᠠᠩᠭᠢ ᠵᠢᠨ ᠠ᠋ᠷᠬᠢᠯᠡᠭᠴᠢ ᠪᠠᠭᠰᠢ ᠵᠢ ᠶᠤᠰᠤ ᠰᠤᠷᠲᠠᠭ᠍ᠤᠨ᠎ᠤ ᠬᠠᠮᠢᠶᠠᠷᠤᠯᠲᠠ ᠵᠢᠨ ᠭᠤᠤᠯ ᠴᠤᠭᠴᠠ ᠪᠤᠯᠭ᠋ᠠᠬᠤ ᠬᠡᠷᠡᠭᠲᠡᠢ᠃ ᠲᠡᠳᠡᠭᠡᠷ᠎ᠲᠤ ᠬᠠᠨᠳᠤᠭᠰᠠᠨ ᠤᠪᠤᠷ᠎ᠨᠢ ᠵᠠᠪᠠᠯ ᠦᠩᠭᠡᠨ ᠲᠠᠯ᠎ᠠ ᠵᠢᠨ ᠪᠢᠰᠢ ᠬᠠᠷᠢᠨ ᠦᠨᠡᠨ ᠪᠤᠳᠠᠲᠠᠢ ᠪᠠᠶ᠋ᠢᠬᠤ ᠬᠡᠷᠡᠭᠲᠡᠢ᠃ ᠵᠦᠪᠬᠡᠨ ᠤᠷᠢᠶ᠎ᠠ ᠪᠢᠰᠢ ᠬᠠᠷᠢᠨ ᠰᠢᠨᠵᠢᠯᠡᠬᠦ ᠤᠬᠠᠭ᠋ᠠᠨᠴᠢ ᠲᠦᠯᠦᠪᠯᠡᠭᠡ᠂ ᠦᠨᠡᠨ ᠪᠤᠳᠠᠲᠤ ᠵᠤᠷᠢᠯᠭ᠎ᠠ ᠪᠠ ᠠᠵᠢᠯᠯᠠᠭ᠋ᠠᠨ᠎ᠤ ᠦᠢ᠍ᠯᠡᠳᠦᠯᠭᠡᠵᠢᠭᠦᠯᠭᠡ ᠪᠠᠶ᠋ᠢᠬᠤ ᠬᠡᠷᠡᠭᠲᠡᠢ᠃
ᠵᠢᠱ᠌ᠢᠶᠡᠯᠡᠪᠡᠯ᠄ ᠠᠩᠭᠢ ᠵᠢᠨ ᠠ᠋ᠷᠬᠢᠯᠡᠭᠴᠢ ᠪᠠᠭᠰᠢ᠎ᠳᠤ ᠬᠠᠨᠳᠤᠭᠤᠯᠤᠭᠰᠠᠨ ᠬᠢᠨᠠᠯᠲᠠ ᠪᠠ ᠦᠨᠡᠯᠡᠯᠲᠡ ᠵᠢᠨ ᠲᠤᠭᠲᠠᠯᠴᠠᠭ᠎ᠠ ᠪᠠᠶ᠋ᠢᠭᠤᠯᠵᠤ᠂ ᠲᠡᠭᠦᠨ᠎ᠤ ᠲᠤᠭᠳᠠᠭ᠋ᠠᠯ ᠶᠤᠰᠤᠭ᠋ᠠᠷ ᠰᠠᠷ᠎ᠠ ᠵᠢᠨ ᠬᠢᠨᠠᠯᠲᠠ ᠪᠠ ᠦᠨᠡᠯᠡᠯᠲᠡ ᠬᠢᠵᠦ᠂ ᠨᠦᠬᠦᠪᠦᠷᠢ ᠮᠦᠩᠭᠦ ᠵᠢᠨ ᠲᠠᠯ᠎ᠠ᠎ᠳᠤ ᠱᠠᠩᠨᠠᠯ ᠪᠠ ᠲᠤᠷᠭ᠋ᠠᠭᠤᠯᠢ ᠭᠠᠷᠭ᠋ᠠᠵᠤ ᠵᠦᠷᠢᠶ᠎ᠡ ᠠ᠋ᠭᠦᠰᠭᠡᠵᠦ ᠪᠤᠯᠤᠨ᠎ᠠ᠃ ᠡ᠊ᠨᠡ ᠭᠦ᠌ ᠬᠢᠨᠠᠯᠲᠠ ᠪᠠ ᠦᠨᠡᠯᠡᠯᠲᠡ ᠵᠢ ᠰᠤᠷᠭ᠋ᠠᠭᠤᠯᠢ ᠵᠢᠨ ᠤᠳᠤᠷᠢᠳᠬᠤ ᠪᠠᠭ᠂ ᠪᠠᠭᠰᠢ ᠵᠢᠨ ᠲᠦᠯᠦᠭᠡᠯᠡᠭᠴᠢᠳ᠎ᠤᠨ ᠬᠤᠷᠠᠯ᠂ ᠠᠩᠭᠢ ᠵᠢᠨ ᠠ᠋ᠷᠬᠢᠯᠡᠭᠴᠢ ᠪᠠᠭᠰᠢ ᠪᠠ ᠰᠤᠷᠤᠭᠴᠢ ᠵᠡᠷᠭᠡ ᠤᠯᠠᠨ ᠲᠠᠯ᠎ᠠ᠎ᠠᠴᠠ ᠶᠠᠪᠤᠭᠳᠠᠭᠤᠯᠵᠤ ᠪᠤᠯᠤᠨ᠎ᠠ᠃ ᠢᠩᠭᠢᠵᠤ ᠬᠢᠬᠦ᠎ᠨᠢ ᠠᠩᠭᠢ ᠵᠢᠨ ᠠ᠋ᠷᠬᠢᠯᠡᠭᠴᠢ ᠪᠠᠭᠰᠢ ᠵᠢᠨ ᠠᠵᠢᠯ᠎ᠤᠨ ᠢᠳᠡᠪᠬᠢᠵᠢᠯ᠎ᠢ ᠳᠡᠭᠡᠭᠰᠢᠯᠡᠭᠦᠯᠵᠦ ᠴᠢᠳᠠᠭ᠍ᠤ᠎ᠪᠠᠷ ᠪᠠᠷᠠᠭ᠍ᠤ ᠦᠭᠡᠢ ᠬᠠᠷᠢᠯᠴᠠᠨ ᠦᠷᠢᠰᠦᠯᠳᠦᠨ ᠬᠠᠷᠢᠯᠴᠠᠨ ᠵᠤᠷᠢᠬ᠍ᠵᠢᠭᠤᠯᠤᠨ ᠠᠵᠢᠯᠯᠠᠭ᠍ᠤ ᠤᠪᠤᠷ ᠰᠡᠳᠬᠢᠯᠭᠡ ᠪᠠ ᠤᠷᠴᠢᠨ ᠠᠬᠤᠢ ᠵᠢ ᠪᠤᠢ ᠪᠤᠯᠭ᠋ᠠᠵᠤ᠂ ᠠᠩᠭᠢ ᠵᠢᠨ ᠠ᠋ᠷᠬᠢᠯᠡᠭᠴᠢ ᠪᠠᠭᠰᠢ ᠵᠢᠨ ᠠᠵᠢᠯ᠎ᠤᠨ ᠦᠷ᠎ᠡ ᠪᠦᠲᠦᠮᠵᠢ ᠵᠢ ᠨᠡᠩ ᠰᠠᠶ᠋ᠢᠨ ᠪᠤᠯᠭ᠋ᠠᠵᠤ ᠴᠢᠳᠠᠨ᠎ᠠ᠃
ᠳᠦᠷᠪᠡ᠂ ᠰᠤᠷᠭ᠋ᠠᠭᠤᠯᠢ᠎ᠠᠴᠠ ᠠᠩᠭᠢ ᠵᠢᠨ ᠠ᠋ᠷᠬᠢᠯᠡᠭᠴᠢ ᠪᠠᠭᠰᠢ ᠵᠢᠨ ᠬᠠᠮᠢᠶᠠᠷᠤᠯᠲᠠ᠎ᠳᠤ᠎ᠬᠢ ᠵᠤᠷᠢᠬ᠍ᠵᠢᠭᠤᠯᠤᠯ᠎ᠤᠨ ᠦᠢ᠍ᠯᠡᠳᠦᠯ᠎ᠢ ᠴᠢᠬᠤᠯᠠᠴᠢᠯᠠᠵᠤ᠂ ᠨᠡᠩ ᠦᠨᠳᠦᠷ ᠬᠢᠷᠢ ᠪᠦᠲᠦᠮᠵᠢ᠎ᠲᠠᠢ᠂ ᠨᠡᠩ ᠪᠠᠶᠡᠷ ᠪᠠᠶᠠᠰᠤᠩᠭᠤᠢ᠂ ᠨᠡᠩ ᠪᠦᠯᠬᠦᠮᠳᠡᠨ ᠨᠢᠭᠲᠠᠷᠠᠭᠰᠠᠨ ᠬᠠᠮᠳᠤ ᠨᠢᠭᠡᠴᠡ ᠵᠢ ᠵᠤᠬᠢᠶᠠᠨ ᠪᠠᠶ᠋ᠢᠭᠤᠯᠤᠭᠰᠠᠨ ᠪᠠᠶ᠋ᠢᠬᠤ ᠬᠡᠷᠡᠭᠲᠡᠢ᠃
ᠠᠩᠭᠢ ᠵᠢᠨ ᠠ᠋ᠷᠬᠢᠯᠡᠭᠴᠢ ᠪᠠᠭᠰᠢ᠎ᠨᠢ ᠠᠵᠢᠯ᠎ᠤᠨ ᠳᠤᠮᠳᠠ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨᠴᠢ ᠪᠦᠭᠡᠳ ᠵᠦᠢ ᠵᠤᠬᠢᠰᠲᠠᠢ ᠵᠤᠷᠢᠬ᠍ᠵᠢᠭᠤᠯᠤᠯᠢ ᠬᠡᠷᠡᠭᠰᠡᠨ᠎ᠡ᠃ ᠮᠦᠨ ᠴᠦ᠍ ᠪᠤᠰᠤᠳ᠎ᠤᠨ ᠬᠦᠷᠢᠶᠡᠯᠡᠯ᠎ᠢ ᠤᠯᠬᠤ᠂ ᠪᠤᠰᠤᠳ᠎ᠤᠨ ᠭᠦᠨᠳᠤᠳᠭᠡᠯᠢ ᠤᠯᠬᠤ ᠱᠠᠭ᠋ᠠᠷᠳᠠᠯᠭ᠎ᠠ᠎ᠲᠠᠢ ᠪᠦᠬᠡᠳ ᠠᠮᠵᠢᠯᠲᠠ ᠤᠯᠬᠤ ᠬᠦᠰᠡᠯ ᠠ᠋ᠷᠡᠮᠡᠯᠵᠡᠯ᠎ᠲᠠᠢ ᠪᠠᠶ᠋ᠢᠳᠠᠭ᠃
1. ᠱᠠᠩᠨᠠᠵᠤ ᠬᠦᠬᠢᠭᠦᠯᠬᠦ ᠠᠵᠢᠯᠯᠠᠭ᠋ᠠᠨ᠎ᠤ ᠦᠷ᠎ᠡ ᠪᠦᠲᠦᠮᠵᠢᠲᠦ ᠴᠢᠨᠠᠷ᠎ᠢ ᠠᠩᠬᠠᠷᠬᠤ ᠬᠡᠷᠡᠭᠲᠡᠢ᠃ ᠦᠵᠡᠯ ᠰᠠᠨᠠᠭ᠋ᠠᠨ᠎ᠤ ᠵᠤᠷᠢᠬ᠍ᠵᠢᠭᠤᠯᠤᠯ ᠪᠠ ᠠ᠋ᠳ᠋ ᠪᠤᠳᠠᠰ᠎ᠤᠨ ᠱᠠᠩᠨᠠᠨ ᠬᠦᠬᠢᠭᠦᠯᠦᠯ (ᠵᠤᠷᠢᠬ᠍ᠵᠢᠭᠤᠯᠤᠯ)᠎ᠢ ᠤᠷᠭ᠋ᠠᠨᠢᠭ ᠵᠶ᠋ᠠᠷ ᠤᠶᠠᠯᠳᠤᠭᠤᠯᠬᠤ ᠬᠡᠷᠡᠭᠲᠡᠢ᠃ ᠱᠠᠩᠨᠠᠨ ᠬᠦᠬᠢᠭᠦᠯᠦᠯ ᠪᠤᠯ ᠬᠤᠪᠢ ᠪᠡᠶ᠎ᠡ ᠵᠢᠨ ᠦᠷᠲᠡᠭ᠎ᠤᠨ ᠲᠤᠬᠠᠢ ᠨᠢᠭᠡ ᠶᠤᠰᠤᠨ᠎ᠤ ᠳ᠋ᠦᠨᠭᠨᠠᠯᠳᠠ ᠪᠤᠯᠵᠤ ᠪᠤᠯᠤᠨ᠎ᠠ᠃ ᠵᠤᠬᠢᠬᠤ ᠬᠡᠮᠵᠢᠶᠡᠨ᠎ᠤ ᠱᠠᠩᠨᠠᠨ ᠬᠦᠬᠢᠭᠦᠯᠦᠯ᠎ᠨᠢ ᠪᠠᠭᠰᠢ ᠵᠢᠨ ᠤᠷᠮ᠎ᠠ ᠰᠡᠳᠬᠢᠯᠭᠡ ᠵᠢ ᠭᠦᠭᠵᠢᠭᠡᠵᠦ ᠴᠢᠳᠠᠨ᠎ᠠ᠃
ᠠᠩᠭᠢ ᠵᠢᠨ ᠠ᠋ᠷᠬᠢᠯᠡᠭᠴᠢ ᠪᠠᠭᠰᠢ ᠵᠢᠨ ᠰᠠᠭᠤᠳᠠᠯ᠎ᠤᠨ ᠬᠤᠷᠠᠯ᠂ ᠰᠢᠨ᠎ᠡ ᠵᠢᠯ᠎ᠢ ᠤᠭᠲᠤᠬᠤ ᠦᠳᠡᠰᠢᠯᠡᠭᠡ᠂ ᠪᠠᠭᠰᠢ ᠵᠢᠨ ᠪᠠᠶᠠᠷ᠎ᠤᠨ ᠠ᠋ᠳᠦᠷ ᠪᠠ ᠰᠤᠷᠭ᠋ᠠᠭᠤᠯᠢ ᠵᠢᠨ ᠱᠠᠩᠨᠠᠨ ᠬᠦᠬᠢᠭᠦᠯᠬᠦ ᠶᠤᠰᠤᠯᠠᠯ ᠵᠡᠷᠭᠡ ᠬᠦᠳᠡᠯᠭᠡᠭᠡᠨ᠎ᠳᠤ ᠠᠩᠭᠢ ᠵᠢᠨ ᠠ᠋ᠷᠬᠢᠯᠡᠭᠴᠢ ᠪᠠᠭᠰᠢ ᠵᠢᠨ ᠱᠠᠩᠨᠠᠨ ᠬᠦᠬᠢᠭᠦᠯᠦᠯ᠎ᠢ ᠶᠠᠪᠤᠭᠳᠠᠭᠤᠯᠬᠤ᠎ᠨᠢ ᠪᠡᠶ᠎ᠡ ᠰᠡᠳᠬᠢᠴᠡ ᠵᠢᠨ ᠲᠠᠶ᠋ᠢᠪᠤᠰᠢᠷᠠᠯ ᠪᠠ ᠤᠶᠤᠨ ᠰᠡᠳᠬᠢᠴᠡ ᠵᠢᠨ ᠵᠤᠷᠢᠬ᠍ᠵᠢᠭᠤᠯᠤᠯ ᠪᠤᠯᠬᠤ᠎ᠪᠠᠷ ᠪᠠᠷᠠᠭ᠍ᠤ ᠦᠭᠡᠢ ᠰᠤᠷᠤᠭᠴᠢᠳ᠎ᠲᠤ ᠴᠦ᠍ ᠬᠡᠪ ᠳᠠᠭᠤᠷᠢᠶᠠᠯ ᠪᠤᠯᠵᠠᠢ᠃
2. ᠰᠤᠷᠭ᠋ᠠᠭᠤᠯᠢ᠎ᠠᠴᠠ ᠠᠩᠭᠢ ᠵᠢᠨ ᠠ᠋ᠷᠬᠢᠯᠡᠭᠴᠢ ᠪᠠᠭᠰᠢ᠎ᠳᠤ ᠬᠤᠪᠢ ᠬᠦᠮᠦᠨ᠎ᠤ ᠤᠷ᠎ᠠ ᠴᠢᠳᠠᠪᠤᠷᠢ᠎ᠪᠠᠨ ᠪᠠᠳᠠᠷᠠᠭᠤᠯᠬᠤ ᠨᠦᠬᠦᠴᠡᠯ ᠪᠤᠯᠤᠮᠵᠢ ᠬᠠᠩᠭ᠋ᠠᠵᠤ ᠦᠭᠬᠦ ᠴᠢᠬᠤᠯᠠᠲᠠᠢ᠃
ᠰᠤᠷᠭ᠋ᠠᠭᠤᠯᠢ ᠵᠢᠨ ᠤᠷᠠᠯᠢᠭ᠎ᠤᠨ ᠨᠠᠶ᠋ᠢᠷ᠂ ᠬᠦᠨᠳᠦ ᠬᠦᠩᠭᠡᠨ ᠪᠡᠶ᠎ᠡ ᠲᠠᠮᠢᠷ᠎ᠤᠨ ᠤᠷᠤᠯᠳᠤᠭ᠋ᠠᠨ᠂ ᠰᠢᠨ᠎ᠡ ᠵᠢᠯ᠎ᠢ ᠪᠠᠶᠠᠷᠯᠠᠨ ᠤᠭᠲᠤᠬᠤ ᠦᠳᠡᠰᠢᠯᠡᠭᠡ᠂ ᠪᠠᠭᠰᠢ ᠵᠢᠨ ᠪᠠᠶᠠᠷ᠎ᠤᠨ ᠠ᠋ᠳᠦᠷ᠂ ᠰᠤᠷᠭ᠋ᠠᠭᠤᠯᠢ ᠵᠢᠨ ᠱᠠᠩᠨᠠᠨ ᠬᠦᠬᠢᠭᠦᠯᠬᠦ ᠶᠤᠰᠤᠯᠠᠯ᠂ ᠪᠠᠭᠰᠢ ᠰᠤᠷᠤᠭᠴᠢᠳ᠎ᠤᠨ ᠤᠷ᠎ᠠ ᠠᠪᠢᠶᠠᠰ᠎ᠤᠨ ᠮᠦᠷᠦᠶ᠋ᠢᠴᠡᠭᠡᠨ ᠵᠡᠷᠭᠡ ᠬᠦᠳᠡᠯᠭᠡᠭᠡᠨ ᠵᠶ᠋ᠠᠷ ᠲᠠᠮᠵᠢᠭᠤᠯᠵᠤ ᠠᠩᠭᠢ ᠵᠢᠨ ᠠ᠋ᠷᠬᠢᠯᠡᠭᠴᠢ ᠪᠠᠭᠰᠢ ᠵᠢᠨ ᠤᠷ᠎ᠠ ᠠᠪᠢᠶᠠᠰ᠂ ᠢᠲᠡᠭᠡᠯ ᠵᠤᠷᠢᠭ᠂ ᠤᠷᠮ᠎ᠠ ᠰᠡᠳᠬᠢᠯᠭᠡ ᠵᠢ᠎ᠨᠢ ᠬᠦᠭᠰᠡᠭᠡᠵᠦ᠂ ᠶᠡᠷᠦ ᠵᠢᠨ ᠴᠠᠭ᠎ᠤᠨ ᠠᠵᠢᠯ᠎ᠤᠨ ᠳᠠᠷᠤᠭ᠋ᠠᠰᠤ ᠵᠢ᠎ᠨᠢ ᠭᠦᠨᠭᠭᠡᠷᠡᠭᠦᠯᠦᠨ᠂ ᠬᠤᠪᠢ ᠪᠡᠶ᠎ᠡ ᠵᠢᠨ ᠳᠦᠷᠢᠮ ᠦᠵᠡᠬᠦᠯᠬᠦ ᠴᠢᠨᠠᠷ᠎ᠢ᠎ᠨᠢ ᠪᠠᠳᠠᠷᠠᠭᠤᠯᠵᠤ᠂ ᠳᠠᠷᠠᠭ᠋ᠠᠴᠢ ᠵᠢᠨ ᠠᠵᠢᠯᠯᠠᠭ᠋ᠠᠨ᠎ᠳᠤ ᠰᠠᠭᠤᠷᠢ ᠨᠦᠬᠦᠴᠡᠯ ᠪᠤᠯᠭ᠋ᠠᠵᠤ ᠪᠤᠯᠤᠨ᠎ᠠ᠃
3. ᠰᠢᠯᠢᠳᠡᠭ ᠠᠩᠭᠢ ᠵᠢᠨ ᠠ᠋ᠷᠬᠢᠯᠡᠭᠴᠢ ᠪᠠᠭᠰᠢ ᠵᠢᠨ ᠳᠠᠭᠤᠷᠢᠶᠠᠯ᠎ᠤᠨ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃
ᠠᠩᠭᠢ ᠵᠢᠨ ᠠ᠋ᠷᠬᠢᠯᠡᠭᠴᠢ ᠪᠠᠭᠰᠢ᠎ᠨᠢ ᠦᠭᠡ ᠶᠡᠷᠢᠶ᠎ᠠ᠂ ᠦᠢ᠍ᠯᠡ ᠬᠦᠳᠡᠯᠦᠯ᠂ ᠠ᠋ᠮᠦᠰᠭᠡᠯ ᠵᠠᠰᠠᠯ᠂ ᠠᠭ᠋ᠠᠰᠢ ᠵᠠᠩ᠂ ᠤᠷᠮ᠎ᠠ ᠪᠠᠬ᠎ᠠ᠂ ᠠ᠋ᠬᠦᠷᠭᠡ ᠬᠠᠷᠢᠭᠤᠴᠠᠯᠭ᠎ᠠ ᠵᠡᠷᠭᠡ ᠤᠯᠠᠨ ᠲᠠᠯ᠎ᠠ᠎ᠪᠠᠷ ᠲᠠᠭᠤᠷᠢᠶᠠᠯ ᠪᠤᠯᠵᠤ ᠪᠤᠯᠤᠨ᠎ᠠ᠃ ᠠ᠋ᠩ᠎ᠤᠨ ᠠᠵᠢᠯᠯᠠᠭ᠋ᠠᠨ ᠳᠤᠮᠳᠠ᠎ᠪᠠᠨ ᠠᠯᠢ ᠨᠢᠭᠡ ᠵᠢ᠎ᠨᠢ ᠴᠦ᠍ ᠭᠡᠳ ᠠᠯᠪᠠᠳᠠᠨ ᠳᠠᠭᠤᠷᠢᠶᠠᠯᠭ᠋ᠠᠬᠤ ᠪᠢᠰᠢ᠂ ᠬᠠᠷᠢᠨ ᠦᠯᠦ ᠮᠡᠳᠡᠭᠳᠡᠮ᠎ᠡ ᠨᠦᠯᠦᠭᠡᠯᠡᠬᠦ᠎ᠪᠠᠷ ᠭᠤᠤᠯᠯᠠᠨ᠎ᠠ᠃
4. ᠰᠤᠷᠭ᠋ᠠᠭᠤᠯᠢ ᠵᠢᠨ ᠤᠳᠤᠷᠢᠳᠤᠯᠭ᠎ᠠ ᠵᠢᠨ ᠦᠢ᠍ᠯᠡ ᠠᠵᠢᠯᠯᠠᠭ᠎ᠠ᠎ᠨᠢ ᠴᠤ᠌ ᠨᠢᠭᠡ ᠵᠦᠢ᠍ᠯ᠎ᠤᠨ ᠵᠤᠷᠢᠬ᠍ᠵᠢᠭᠤᠯᠤᠯ ᠪᠤᠯᠬᠤ ᠶᠤᠮ᠃ ᠰᠤᠷᠭ᠋ᠠᠭᠤᠯᠢ ᠵᠢᠨ ᠠᠵᠢᠯᠯᠠᠭ᠋ᠠᠨ ᠳᠤᠮᠳᠠ ᠬᠡᠷᠬᠢᠨ ᠠᠩᠭᠢ ᠵᠢᠨ ᠠ᠋ᠷᠬᠢᠯᠡᠭᠴᠢ ᠪᠠᠭᠰᠢ ᠵᠢ ᠰᠤᠷᠭ᠋ᠠᠨ ᠬᠦᠮᠦᠵᠢᠭᠦᠯᠬᠦ᠎ᠨᠢ ᠨᠢᠭᠡᠨ ᠴᠢᠬᠤᠯᠠ ᠰᠠᠳᠤᠪ ᠪᠤᠯᠬᠤ ᠶᠤᠮ᠂ ᠰᠤᠷᠭ᠋ᠠᠭᠤᠯᠢ ᠵᠢᠨ ᠤᠳᠤᠷᠢᠳᠤᠯᠭ᠎ᠠ ᠠ᠋ᠷᠬᠡᠪᠰᠢ ᠦᠪᠡᠷ ᠵᠶ᠋ᠠᠨ ᠰᠢᠯᠭ᠋ᠠᠷᠠᠨ ᠴᠠᠭ᠋ᠠᠷᠠᠭᠰᠠᠨ ᠬᠠᠮᠢᠶᠠᠷᠤᠯᠲᠠ ᠵᠢᠨ ᠤᠨᠤᠯᠵᠢᠬᠤᠨ ᠪᠠ ᠦᠢ᠍ᠯᠡ ᠠᠵᠢᠯᠯᠠᠭ᠋ᠠᠨ᠎ᠤ ᠲᠦᠷᠢᠮᠵᠢᠯ ᠪᠠᠶ᠋ᠢᠬᠤ ᠬᠡᠷᠡᠭᠲᠡᠢ᠂ ᠢᠩᠭᠢᠮᠡᠨᠵᠢᠨ ᠰᠠᠶᠢ ᠪᠦᠬᠦ ᠲᠠᠯ᠎ᠠ ᠵᠢᠨ ᠠᠵᠢᠯᠯᠠᠭ᠋ᠠᠨ᠎ᠢ ᠬᠠᠮᠲᠤᠷᠠᠨ ᠤᠶᠠᠯᠳᠤᠭᠤᠯᠵᠤ ᠴᠢᠳᠠᠭ᠍ᠤ ᠪᠦᠭᠡᠳ ᠵᠤᠷᠢᠬ᠍ᠵᠢᠭᠤᠯᠤᠨ ᠳᠠᠭ᠋ᠠᠭᠤᠯᠬᠤ ᠦᠢ᠍ᠯᠡᠳᠦᠯ ᠵᠶ᠋ᠠᠨ ᠪᠠᠳᠠᠷᠠᠭᠤᠯᠵᠤ ᠴᠢᠳᠠᠨ᠎ᠠ᠃
ᠰᠤᠷᠭ᠋ᠠᠨ ᠬᠦᠮᠦᠵᠢᠯ᠎ᠳᠤ ᠰᠤᠷᠭ᠋ᠠᠭᠤᠯᠢ ᠵᠢᠨ ᠰᠤᠷᠭ᠋ᠠᠨ ᠬᠦᠮᠦᠵᠢᠯ᠎ᠨᠢ ᠴᠢᠬᠤᠯᠠ ᠦᠢ᠍ᠯᠡᠳᠦᠯ ᠦᠵᠡᠭᠦᠯᠳᠡᠭ᠂ ᠰᠤᠷᠭ᠋ᠠᠭᠤᠯᠢ ᠵᠢᠨ ᠰᠤᠷᠭ᠋ᠠᠨ ᠬᠦᠮᠦᠵᠢᠯ᠎ᠳᠤ ᠠᠩᠭᠢ ᠵᠢᠨ ᠠ᠋ᠷᠬᠢᠯᠡᠭᠴᠢ ᠪᠠᠭᠰᠢ ᠵᠢᠨ ᠠᠵᠢᠯ᠎ᠨᠢ ᠴᠢᠬᠤᠯᠠ ᠪᠦᠭᠡᠳ ᠭᠤᠤᠯᠯᠠᠭ᠍ᠤ ᠪᠠᠶ᠋ᠢᠷᠢ ᠵᠢ ᠡᠵᠡᠯᠡᠳᠡᠭ᠃ ᠠᠩᠭᠢ ᠵᠢᠨ ᠠ᠋ᠷᠬᠢᠯᠡᠭᠴᠢ ᠪᠠᠭᠰᠢ ᠵᠢᠨ ᠠᠵᠢᠯ᠎ᠢ ᠲᠤᠭᠤᠰᠢᠲᠠᠢ ᠰᠠᠶ᠋ᠢᠬᠠᠨ ᠶᠠᠪᠤᠭᠳᠠᠭᠤᠯᠵᠤ ᠴᠢᠳᠠᠭᠰᠠᠨ ᠠ᠋ᠰᠡᠭᠦ᠎ᠨᠢ ᠰᠤᠷᠤᠭᠴᠢᠳ᠎ᠤᠨ ᠪᠦᠷᠢᠨ ᠭᠦᠢ᠍ᠴᠡᠳ ᠪᠦᠭᠡᠳ ᠶᠠᠰᠤ ᠴᠢᠨᠠᠷᠲᠠᠢ ᠰᠤᠷᠭ᠋ᠠᠨ ᠬᠦᠮᠦᠵᠢᠯ ᠬᠦᠷᠳᠡᠵᠦ ᠴᠢᠳᠠᠭᠰᠠᠨ ᠠ᠋ᠰᠡᠭᠦᠯᠦᠭᠡ ᠨᠢᠭᠲᠠ ᠬᠤᠯᠪᠤᠭ᠎ᠠ᠎ᠲᠠᠢ ᠪᠠᠶ᠋ᠢᠳᠠᠭ᠃ ᠠ᠋ᠶ᠋ᠢᠮᠦ᠎ᠠᠴᠠ ᠠᠩᠭᠢ ᠵᠢᠨ ᠠ᠋ᠷᠬᠢᠯᠡᠭᠴᠢ ᠪᠠᠭᠰᠢ ᠵᠢᠨ ᠠᠵᠢᠯᠯᠠᠭ᠋ᠠᠨ᠎ᠢ ᠴᠢᠬᠤᠯᠠᠴᠢᠯᠠᠨ ᠦᠵᠡᠬᠦ ᠪᠦᠭᠡᠳ ᠬᠠᠯᠠᠰᠢᠷᠠᠯ ᠦᠭᠡᠢ ᠭᠦᠮᠦᠵᠢᠭᠦᠯᠦᠨ ᠪᠤᠯᠪᠠᠰᠤᠷᠠᠭᠤᠯᠬᠤ ᠴᠢᠬᠤᠯᠠᠲᠠᠢ᠃
ᠬᠠᠶᠢᠬ᠄ ᠳᠠᠷᠬᠠᠨ ᠮᠤᠤᠮᠢᠩᠭ᠋ᠠᠨ ᠬᠤᠯᠪᠤᠭ᠋ᠠᠲᠤ ᠬᠤᠰᠢᠭᠤᠨ᠎ᠤ
ᠮᠤᠩᠭᠤᠯ ᠦᠨᠳᠦᠰᠦᠲᠡᠨ᠎ᠤ ᠰᠤᠷᠭ᠋ᠠᠭᠤᠯᠢ
(ᠠ᠋ᠾᠤᠢ᠍ᠩ ᠮᠸᠢ ᠨᠠᠢ᠍ᠢ᠍ᠷᠠᠭᠤᠯᠪᠠ)
2020.4 ᠳ᠋ᠦ᠍ᠭᠡᠷ ᠬᠤᠭᠤᠴᠠᠭ᠎ᠠ