ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠤᠷ᠎ᠤᠨ ᠲᠠᠪᠴᠠᠩ   -   ᠠᠩᠭᠢ᠎ᠶᠢᠨ ᠠᠵᠢᠯ
ᠳᠡᠭᠡᠳᠤ ᠳᠤᠮᠳᠠᠳᠤ ᠵᠢᠨ ᠠᠩᠭᠢ ᠵᠢᠨ ᠬᠠᠮᠢᠶᠠᠷᠤᠯᠲᠠ ᠵᠢᠨ ᠲᠤᠬᠠᠢ
ᠨᠡᠶ᠋ᠢᠲᠡᠯᠡᠭᠰᠡᠨ ᠴᠠᠭ᠄ 2021-02-19

                                            ᠬᠠᠰᠭᠤᠸ᠎ᠠ


      ᠰᠤᠷᠭ᠋ᠠᠨ ᠬᠥᠮᠦᠵᠢᠯ᠎ᠤᠨ ᠣᠶ᠋ᠢᠯᠠᠭ᠋ᠠᠭᠳᠠᠭ᠍ᠤᠨ᠎ᠢ ᠪᠥᠬᠦ ᠲᠠᠯ᠎ᠠ᠎ᠪᠠᠷ ᠥᠭᠡᠷᠡᠴᠢᠯᠡᠵᠦ ᠪᠠᠶ᠋ᠢᠭ᠎ᠠ ᠰᠢᠨ᠎ᠡ ᠴᠠᠭ ᠠ᠋ᠷᠢᠨ᠎ᠳᠤ ᠳᠡᠭᠡᠳᠦ ᠳᠤᠮᠳᠠᠳᠤ ᠵᠢᠨ ᠠᠩᠭᠢ ᠵᠢᠨ ᠬᠠᠮᠢᠶᠠᠷᠤᠯᠲᠠ ᠵᠢᠨ ᠠᠵᠢᠯ ᠴᠤ᠌ ᠴᠠᠭ ᠦᠶ᠎ᠡ ᠵᠢᠨ ᠠᠯᠬᠤᠭ᠎ᠠ ᠵᠢ᠎ᠲᠠᠭᠠᠨ ᠤᠷᠤᠭᠰᠢᠯᠠᠭ᠍ᠤ ᠴᠢᠬᠤᠯᠠᠲᠠᠶ ᠶᠤᠮ᠃ ᠬᠥᠮᠥᠨ ᠵᠶ᠋ᠠᠷ ᠦᠨᠳᠦᠰᠦ ᠪᠣᠯᠭ᠋ᠠᠬᠤ ᠦᠵᠡᠯᠲᠡ ᠵᠢ ᠳᠡᠭᠡᠳᠤ ᠳᠤᠮᠳᠠᠳᠤ ᠵᠢᠨ ᠠᠩᠭᠢ ᠵᠢᠨ ᠬᠠᠮᠢᠶᠠᠷᠤᠯᠲᠠ᠎ᠳᠤ ᠲᠤᠭᠤᠰᠢᠯᠠᠭᠤᠯᠬᠤ᠎ᠨᠢ ᠠᠨᠭ᠌ᠬᠢ ᠵᠢᠨ ᠬᠠᠮᠢᠶᠠᠷᠤᠯᠳᠠ ᠵᠢᠨ ᠠᠵᠢᠯ᠎ᠤᠨ ᠴᠢᠨᠠᠷ ᠴᠢᠨᠰᠠᠭ᠎ᠠ ᠵᠢ ᠰᠠᠶ᠋ᠢᠵᠢᠷᠠᠭᠤᠯᠬᠤ᠂ ᠦᠷ᠎ᠡ ᠪᠦᠳᠦᠮᠵᠢ ᠵᠢ ᠳᠡᠭᠡᠭᠰᠢᠯᠡᠭᠦᠯᠬᠦ ᠪᠠ ᠠᠨᠭ᠌ᠬᠢ ᠵᠢᠨ ᠬᠠᠮᠢᠶᠠᠷᠤᠯᠲᠠ ᠵᠢᠨ ᠠᠵᠢᠯ᠎ᠤᠨ ᠤᠷᠤᠭᠰᠢᠲᠠᠶ ᠶᠠᠪᠤᠭᠳᠠᠭ᠍ᠤ᠎ᠳᠤ ᠪᠦᠷ ᠠᠰᠢᠭᠲᠠᠢ ᠪᠠᠶ᠋ᠢᠳᠠᠭ᠃
      ᠨᠢᠭᠡ᠂ ᠠᠨᠭ᠌ᠬᠢ ᠵᠢᠨ ᠬᠠᠮᠢᠶᠠᠷᠤᠯᠳᠠ ᠵᠢᠨ ᠠᠵᠢᠯ᠎ᠳᠤ ᠭᠦᠮᠦᠨ ᠵᠶ᠋ᠠᠷ ᠦᠨᠳᠤᠰᠤ ᠪᠤᠯᠭ᠋ᠠᠬᠤ
            ᠦᠵᠠᠯᠳᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠭᠡᠷᠡᠭᠵᠢᠭᠦᠯᠭᠦ ᠵᠢᠨ ᠠᠴᠢ ᠬᠤᠯᠪᠤᠭᠳᠠᠯ

      ᠠᠩᠭᠢ ᠵᠢᠨ ᠠ᠋ᠷᠬᠢᠯᠡᠭᠴᠢ᠎ᠨᠢ ᠠᠩᠭᠢ ᠵᠢᠨ ᠬᠠᠮᠢᠶᠠᠷᠤᠯᠲᠠ ᠵᠢᠨ ᠠᠵᠢᠯᠯᠠᠭ᠋ᠠᠨ ᠳᠤᠮᠳᠠᠬᠢ ᠭᠤᠤᠯᠯᠠᠭ᠍ᠤ ᠬᠦᠴᠦᠨ ᠪᠣᠯᠣᠭᠰᠠᠨ᠎ᠤ ᠬᠤᠪᠢ᠎ᠳᠤ ᠵᠥᠪᠬᠡᠨ ᠨᠢᠭᠡ ᠠᠩᠭᠢ ᠵᠢᠨ ᠳᠢᠭᠯᠢᠮ ᠵᠢᠷᠤᠮ᠎ᠢ ᠬᠠᠮᠢᠶᠠᠷᠤᠭᠴᠢ ᠲᠡᠳᠦᠢ ᠪᠢᠰᠢ᠂ ᠮᠦᠨ ᠰᠣᠷᠣᠭᠴᠢᠳ᠎ᠤᠨ ᠪᠡᠶ᠎ᠡ ᠰᠠᠳᠬᠢᠯ᠎ᠤᠨ ᠠ᠋ᠷᠡᠭᠦᠯ ᠰᠠᠷᠠᠭᠤᠯ ᠵᠶ᠋ᠠᠷ ᠥᠰᠦᠨ ᠬᠥᠮᠥᠵᠢᠭᠳᠡᠬᠦ ᠵᠢᠨ ᠬᠥᠲᠥᠴᠢ ᠪᠠᠶ᠋ᠢᠵᠤ᠂ ᠰᠣᠷᠣᠭᠴᠢᠳ᠎ᠤᠨ ᠬᠤᠵᠢᠮ ᠢᠷᠡᠭᠡᠳᠦᠢ ᠵᠢᠨ ᠬᠥᠭᠵᠢᠯᠲᠡ᠂ ᠠᠯᠤᠰ ᠬᠤᠯᠠ ᠵᠢᠨ ᠠᠶᠠᠨ᠎ᠳᠤ᠎ᠨᠢ ᠲᠠᠭ᠋ᠠᠭ᠋ᠠᠮᠠᠭ᠋ᠠᠢ ᠨᠥᠯᠥᠭᠡ ᠲᠤᠰᠬᠠᠯ᠎ᠢ ᠣᠯᠭᠤᠳᠠᠭ᠃ ᠠᠩᠭᠢ ᠵᠢᠨ ᠠ᠋ᠷᠬᠢᠯᠡᠭᠴᠢ᠎ᠠᠴᠠ ᠬᠥᠮᠥᠨ ᠵᠶ᠋ᠠᠷ ᠦᠨᠳᠦᠰᠦ ᠪᠣᠯᠭ᠋ᠠᠬᠤ ᠦᠵᠡᠯᠲᠡ ᠵᠢ ᠳᠡᠭᠡᠳᠦ ᠳᠤᠮᠳᠠᠳᠤ ᠵᠢᠨ ᠠᠩᠭᠢ ᠵᠢᠨ ᠬᠠᠮᠢᠶᠠᠷᠤᠯᠲᠠ᠎ᠳᠤ᠎ᠪᠠᠨ ᠬᠡᠷᠡᠭᠵᠢᠭᠦᠯᠬᠦ᠎ᠨᠢ ᠰᠣᠷᠣᠭᠴᠢ᠎ᠪᠠᠷ ᠰᠠᠭᠤᠷᠢ ᠪᠣᠯᠭ᠋ᠠᠨ᠂ ᠰᠣᠷᠣᠭᠴᠢ ᠵᠢᠨ ᠬᠥᠭᠵᠢᠯᠲᠡ ᠵᠢᠨ ᠵᠣᠷᠢᠯᠭ᠎ᠠ ᠵᠢ ᠬᠠᠩᠭ᠋ᠠᠭᠰᠠᠨ ᠠᠩᠭᠢ ᠵᠢᠨ ᠬᠠᠮᠢᠶᠠᠷᠤᠯᠲᠠ ᠵᠢᠨ ᠰᠢᠨ᠎ᠡ ᠣᠶ᠋ᠢᠯᠠᠭ᠋ᠠᠭᠳᠠᠭ᠍ᠤᠨ᠎ᠢ ᠪᠠᠶ᠋ᠢᠭᠤᠯᠬᠤ ᠤᠴᠢᠷ ᠪᠣᠯᠣᠨ᠎ᠠ᠃ ᠬᠥᠮᠥᠨ ᠵᠶ᠋ᠠᠷ ᠦᠨᠳᠦᠰᠦ ᠪᠣᠯᠭ᠋ᠠᠭᠰᠠᠨ ᠠᠩᠭᠢ ᠵᠢᠨ ᠬᠠᠮᠢᠶᠠᠷᠤᠯᠲᠠ᠎ᠨᠢ ᠰᠤᠷᠤᠭᠴᠢᠳ᠎ᠤᠨ ᠥᠪᠡᠷᠮᠢᠴᠡ ᠴᠢᠨᠠᠷ᠂ ᠳᠠᠷᠣᠢ ᠴᠢᠳᠠᠪᠦᠷᠢ ᠵᠢ ᠬᠦᠮᠦᠵᠢᠭᠦᠯᠬᠦ᠂ ᠦᠵᠡᠯ ᠤᠬᠠᠮᠰᠠᠷ᠎ᠢ ᠲᠡᠭᠡᠭᠰᠢᠯᠡᠭᠦᠯᠬᠦ᠂ ᠦᠵᠡᠯ ᠰᠠᠨᠠᠭ᠋ᠠᠨ᠎ᠤ ᠵᠦᠷᠢᠴᠡᠯ᠎ᠢ ᠪᠠᠭ᠋ᠠᠰᠬᠠᠬᠤ ᠵᠡᠷᠭᠡ ᠪᠡᠶ᠎ᠡ ᠰᠠᠳᠬᠢᠯ᠎ᠤᠨ ᠠ᠋ᠷᠡᠭᠦᠯ ᠰᠠᠷᠠᠭᠤᠯ ᠭᠦᠭᠵᠢᠯᠳᠡ ᠵᠢᠨ ᠱᠠᠭ᠋ᠠᠷᠳᠠᠯᠭ᠎ᠠ᠎ᠲᠠᠢ ᠨᠡᠶ᠋ᠢᠴᠡᠳᠡᠭ ᠵᠶ᠋ᠠᠷ ᠵᠶ᠋ᠠᠨ ᠳᠡᠭᠡᠳᠤ ᠳᠤᠮᠳᠠᠳᠤ ᠵᠢᠨ ᠠᠩᠭᠢ ᠵᠢᠨ ᠠ᠋ᠷᠬᠢᠯᠡᠭᠴᠢ ᠵᠢᠨ ᠠᠩᠭᠢ ᠵᠢᠨ ᠬᠠᠮᠢᠶᠠᠷᠤᠯᠲᠠ ᠵᠢᠨ ᠠᠵᠢᠯ᠎ᠳᠤ ᠴᠢᠬᠤᠯᠠ ᠦᠨ᠎ᠡ ᠥᠷᠲᠡᠭ᠎ᠲᠠᠢ ᠪᠠᠶ᠋ᠢᠳᠠᠭ᠃
      ᠬᠥᠮᠥᠨ ᠵᠶ᠋ᠠᠷ ᠦᠨᠳᠦᠰᠦ ᠪᠣᠯᠭ᠋ᠠᠬᠤ ᠬᠠᠮᠢᠶᠠᠷᠤᠯᠳᠠ ᠵᠢᠨ ᠦᠵᠠᠯᠳᠠ᠎ᠨᠢ ᠬᠥᠮᠥᠨ ᠵᠶ᠋ᠠᠷ ᠭᠤᠣᠯ ᠴᠦᠮ᠎ᠡ᠂ ᠭᠤᠣᠯ ᠴᠣᠭᠴᠠ ᠪᠣᠯᠭ᠋ᠠᠭᠰᠠᠨ ᠰᠠᠭᠤᠷᠢᠨ ᠳᠡᠭᠡᠷ᠎ᠡ ᠪᠠᠶ᠋ᠢᠭᠤᠯᠤᠭᠳᠠᠳᠠᠭ᠃ ᠠᠩᠭᠢ ᠵᠢᠨ ᠠ᠋ᠷᠬᠢᠯᠡᠭᠴᠢ ᠵᠢᠨ ᠠᠩᠭᠢ ᠵᠢᠨ ᠬᠠᠮᠢᠶᠠᠷᠤᠯᠲᠠ᠎ᠪᠠᠷ ᠠᠪᠴᠤ ᠬᠡᠯᠡᠬᠦ᠎ᠳᠤ᠂ ᠬᠥᠮᠥᠨ ᠵᠶ᠋ᠠᠷ ᠦᠨᠳᠦᠰᠦ ᠪᠣᠯᠭ᠋ᠠᠬᠤ ᠦᠵᠡᠯᠲᠡ᠎ᠨᠢ ᠰᠣᠷᠣᠭᠴᠢ ᠵᠢᠨ ᠥᠪᠡᠷᠮᠢᠴᠡ ᠣᠨᠴᠠᠯᠢᠭ᠎ᠲᠤ ᠲᠤᠯᠭ᠋ᠠᠭᠤᠷᠢᠯᠠᠭᠤᠯᠵᠤ᠂ ᠰᠣᠷᠣᠭᠴᠢ ᠵᠢᠨ ᠱᠠᠭ᠋ᠠᠷᠳᠠᠯᠭ᠎ᠠ ᠬᠡᠷᠡᠭᠴᠡᠭᠡ ᠵᠢ ᠬᠦᠨᠳᠦᠳᠬᠡᠬᠦ᠎ᠪᠠᠷ ᠦᠨᠳᠦᠰᠦ ᠪᠣᠯᠭ᠋ᠠᠭᠰᠠᠨ᠂ ᠰᠣᠷᠣᠭᠴᠢ ᠵᠢᠨ ᠥᠪᠡᠷᠮᠢᠴᠡ ᠴᠢᠨᠠᠷ᠎ᠢ ᠬᠥᠭᠵᠢᠭᠦᠯᠬᠦ᠎ᠪᠠᠷ ᠵᠣᠷᠢᠯᠭ᠎ᠠ ᠪᠣᠯᠭ᠋ᠠᠭᠰᠠᠨ ᠠᠩᠭᠢ ᠵᠢᠨ ᠬᠠᠮᠢᠶᠠᠷᠤᠯᠲᠠ ᠵᠢᠨ ᠠᠷᠭ᠎ᠠ ᠬᠡᠯᠪᠡᠷᠢ᠎ᠪᠠᠷ ᠪᠤᠳᠠᠳᠤ ᠲᠤᠰᠬᠠᠯ ᠵᠶ᠋ᠠᠨ ᠤᠯᠳᠠᠬ᠃
      ᠬᠥᠮᠥᠨ ᠵᠶ᠋ᠠᠷ ᠦᠨᠳᠦᠰᠦ ᠪᠣᠯᠭ᠋ᠠᠬᠤ ᠦᠵᠡᠯᠲᠡ ᠵᠢᠨ ᠰᠤᠷᠭ᠋ᠠᠨ ᠬᠥᠮᠦᠵᠢᠯ᠎ᠤᠨ ᠠᠷᠭ᠎ᠠ ᠮᠠᠶᠢᠭ᠎ᠨᠢ ᠰᠤᠷᠤᠭᠴᠢᠳ᠎ᠤᠨ ᠰᠤᠷᠭ᠋ᠠᠨ ᠬᠥᠮᠥᠵᠢᠯ ᠬᠦᠷᠲᠡᠬᠦ ᠶᠠᠪᠤᠴᠠ᠎ᠳᠤ᠎ᠬᠢ ᠪᠡᠶᠡᠴᠢ ᠴᠣᠭᠴᠠᠲᠤ ᠴᠢᠨᠠᠷ᠎ᠢ᠎ᠨᠢ ᠴᠢᠬᠤᠯᠠᠴᠢᠯᠠᠵᠤ᠂ ᠰᠤᠷᠤᠭᠴᠢᠳ᠎ᠤᠨ ᠥᠪᠡᠷᠮᠢᠴᠡ ᠴᠢᠨᠠᠷ᠎ᠤᠨ ᠬᠥᠭᠵᠢᠯᠲᠡ᠎ᠳᠤ ᠴᠢᠭᠯᠡᠭᠦᠯᠦᠨ᠂ ᠦᠰᠦᠨ ᠪᠤᠶ᠋ᠢᠵᠢᠬᠤ ᠱᠠᠭ᠋ᠠᠷᠳᠠᠯᠭ᠎ᠠ ᠬᠡᠷᠡᠭᠴᠡᠭᠡ ᠵᠢ᠎ᠨᠢ ᠬᠠᠩᠭ᠋ᠠᠨ ᠥᠭᠴᠦ᠂ ᠳᠡᠭᠡᠳᠦ ᠳᠤᠮᠳᠠᠳᠤ ᠵᠢᠨ ᠰᠤᠷᠤᠭᠴᠢᠳ᠎ᠲᠤ ᠲᠤᠰ ᠪᠡᠶ᠎ᠡ᠎ᠨᠢ ᠠᠩᠭᠢ ᠵᠢᠨ ᠬᠠᠮᠢᠶᠠᠷᠤᠯᠲᠠ᠎ᠳᠤ ᠦᠵᠡᠭᠦᠯᠵᠦ ᠪᠠᠶ᠋ᠢᠭ᠎ᠠ ᠦᠢ᠍ᠯᠡᠳᠦᠯ᠎ᠢ᠎ᠨᠢ ᠲᠠᠨᠢᠭᠤᠯᠵᠤ᠂ ᠳᠡᠭᠡᠳᠦ ᠳᠤᠮᠳᠠᠳᠤ ᠵᠢᠨ ᠰᠤᠷᠤᠭᠴᠢᠳ᠎ᠤᠨ ᠬᠠᠷᠢᠭᠤᠴᠠᠯᠭ᠋ᠠᠲᠤ ᠰᠡᠳᠬᠢᠯᠭᠡ ᠪᠣᠯᠣᠨ ᠬᠡᠪ ᠴᠢᠨᠠᠷ᠎ᠢ᠎ᠨᠢ ᠬᠥᠮᠦᠵᠢᠭᠦᠯᠵᠦ᠂ ᠣᠨᠴᠠ ᠴᠢᠳᠠᠪᠤᠷᠢ ᠵᠢ᠎ᠨᠢ ᠪᠠᠳᠠᠷᠠᠭᠤᠯᠵᠤ᠂ ᠰᠤᠷᠤᠭᠴᠢᠳ᠎ᠤᠨ ᠪᠠᠶ᠎ᠠ᠎ᠪᠠᠨ ᠬᠠᠮᠢᠶᠠᠷᠬᠤ ᠤᠬᠠᠮᠰᠠᠷ᠎ᠤᠨ ᠪᠦᠷᠢᠯᠳᠦᠬᠦ ᠵᠢ ᠠᠬᠢᠭᠤᠯᠬᠤ᠎ᠳᠤ ᠪᠦᠷ ᠴᠤ᠌ ᠠᠰᠢᠭᠲᠠᠶ ᠶᠤᠮ᠃ ᠬᠥᠮᠥᠨ ᠵᠶ᠋ᠠᠷ ᠦᠨᠳᠦᠰᠦ ᠪᠣᠯᠭ᠋ᠠᠬᠤ ᠦᠵᠡᠯᠲᠡ᠎ᠨᠢ ᠳᠡᠭᠡᠳᠤ ᠳᠤᠮᠳᠠᠳᠤ ᠵᠢᠨ ᠠᠩᠭᠢ ᠵᠢᠨ ᠬᠠᠮᠢᠶᠠᠷᠤᠯᠲᠠ ᠵᠢᠨ ᠠᠵᠢᠯ ᠳᠤᠮᠳᠠᠬᠢ ᠥᠩᠭᠡᠷᠡᠭᠰᠡᠨ᠎ᠤ ᠤᠯᠠᠮᠵᠢᠯᠠᠯᠲᠤ ᠠᠷᠭ᠎ᠠ ᠬᠡᠯᠪᠡᠷᠢ᠎ᠳᠤ ᠣᠷᠣᠰᠢᠵᠤ ᠪᠠᠶ᠋ᠢᠭᠰᠠᠨ ᠬᠦᠷᠦᠯᠴᠡᠬᠦ ᠦᠭᠡᠢ ᠵᠦᠢ᠍ᠯ᠎ᠢ᠎ᠨᠢ ᠨᠥᠬᠦᠪᠦᠷᠢᠯᠡᠵᠦ᠂ ᠣᠯᠠᠨ ᠶᠠᠩᠵᠤᠳᠤ᠂ ᠥᠪᠡᠷᠮᠢᠴᠡ ᠴᠢᠨᠠᠷᠲᠤ ᠠᠩᠭᠢ ᠵᠢᠨ ᠬᠠᠮᠢᠶᠠᠷᠤᠯᠲᠠ ᠵᠢᠨ ᠰᠢᠨ᠎ᠡ ᠵᠠᠭᠪᠤᠷ᠎ᠢ ᠱᠤᠭᠤᠵᠤ ᠦᠭᠭᠦ ᠪᠤᠯᠤᠨ᠎ᠠ᠃
      ᠬᠤᠶᠠᠷ᠂ ᠳᠡᠭᠡᠳᠤ ᠳᠤᠮᠳᠠᠳᠤ ᠵᠢᠨ ᠠᠩᠭᠢ ᠵᠢᠨ ᠬᠠᠮᠢᠶᠠᠷᠤᠯᠲᠠ ᠵᠢᠨ ᠠᠵᠢᠯ᠎ᠳᠤ ᠭᠦᠮᠦᠨ ᠵᠶ᠋ᠠᠷ ᠦᠨᠳᠤᠰᠤ
              ᠪᠤᠯᠭ᠋ᠠᠬᠤ ᠦᠵᠠᠯᠳᠠ ᠵᠢ ᠲᠤᠭᠤᠰᠢᠯᠠᠭᠤᠯᠤᠨ ᠭᠡᠷᠡᠭᠵᠢᠭᠦᠯᠭᠦ ᠪᠣᠳᠠᠲᠠᠢ ᠠᠷᠭ᠎ᠠ ᠪᠣᠳᠣᠯᠭ᠎ᠠ

     1. ᠠ᠋ᠶ᠎ᠡ ᠵᠣᠬᠢᠴᠠᠨᠭ᠌ᠭᠤᠢ᠂ ᠠᠷᠠᠳᠴᠢᠯᠠᠯᠳᠤ ᠠᠩᠭᠢ ᠵᠢᠨ ᠬᠠᠮᠢᠶᠠᠷᠤᠯᠲᠠ ᠵᠢᠨ ᠠᠭᠤᠷ ᠠᠮᠢᠰᠬᠤᠯ᠎ᠢ ᠪᠣᠶ ᠪᠣᠯᠭ᠋ᠠᠬᠤ
      ᠬᠥᠮᠥᠨ ᠵᠶ᠋ᠠᠷ ᠦᠨᠳᠦᠰᠦ ᠪᠣᠯᠭ᠋ᠠᠬᠤ ᠦᠵᠡᠯᠲᠡ ᠵᠢ ᠳᠡᠭᠡᠳᠦ ᠳᠤᠮᠳᠠᠳᠤ ᠵᠢᠨ ᠠᠩᠭᠢ ᠵᠢᠨ ᠠ᠋ᠷᠬᠢᠯᠡᠭᠴᠢ ᠵᠢᠨ ᠬᠠᠮᠢᠶᠠᠷᠤᠯᠲᠠ ᠵᠢᠨ ᠠᠵᠢᠯ᠎ᠳᠤ ᠲᠤᠭᠤᠰᠢᠯᠠᠭᠤᠯᠤᠨ ᠭᠡᠷᠡᠭᠵᠢᠭᠦᠯᠭᠦ ᠵᠢᠨ ᠵᠠᠩᠭᠢᠯᠠᠭ᠎ᠠ᠎ᠨᠢ ᠠᠩᠭᠢ ᠵᠢᠨ ᠰᠢᠨ᠎ᠠ ᠠᠭᠤᠷ ᠠᠮᠢᠰᠬᠤᠯ᠎ᠢ ᠪᠤᠢ ᠪᠤᠯᠭ᠋ᠠᠬᠤ᠎ᠳᠤ ᠪᠠᠢ᠍ᠢ᠍ᠵᠤ᠂ ᠠ᠋ᠶ᠎ᠡ ᠵᠣᠬᠢᠴᠠᠨᠭ᠌ᠭᠤᠢ᠂ ᠠᠷᠠᠳᠴᠢᠯᠠᠯᠳᠤ ᠠᠩᠭᠢ ᠵᠢᠨ ᠬᠠᠮᠢᠶᠠᠷᠤᠯᠲᠠ ᠵᠢᠨ ᠠᠭᠤᠷ ᠠᠮᠢᠰᠬᠤᠯ ᠳᠣᠣᠷ᠎ᠠ ᠰᠣᠷᠣᠭᠴᠢᠳ ᠰᠠᠶᠢ ᠥᠪᠡᠷ᠎ᠤᠨ ᠰᠠᠨᠠᠯ ᠵᠥᠪᠯᠡᠯᠭᠡ᠎ᠪᠠᠨ ᠴᠢᠯᠦᠭᠡᠲᠡᠢ᠎ᠪᠠᠷ ᠳᠤᠷᠠᠳᠴᠤ᠂ ᠲᠡᠳᠡᠨ᠎ᠤ ᠪᠡᠶᠡᠴᠢ ᠴᠣᠭᠴᠠ ᠵᠢᠨ ᠪᠠᠶ᠋ᠢᠷᠢ ᠰᠠᠭᠤᠷᠢ᠎ᠨᠢ ᠴᠦ᠍ ᠳᠡᠭᠡᠭᠰᠢᠯᠡᠵᠦ᠂ ᠪᠠᠭᠰᠢ ᠰᠤᠷᠤᠭᠴᠢ ᠵᠢᠨ ᠬᠤᠭᠤᠷᠣᠨᠳᠤᠬᠢ ᠬᠠᠷᠢᠴᠠᠭ᠎ᠠ ᠵᠢ ᠤᠯᠠᠮ ᠰᠠᠶ᠋ᠢᠵᠢᠷᠠᠭᠤᠯᠵᠤ᠂ ᠠᠷᠠᠳᠴᠢᠯᠠᠯᠲᠤ ᠬᠠᠮᠢᠶᠠᠷᠤᠯᠲᠠ᠎ᠪᠠᠷ ᠳᠠᠮᠵᠢᠭᠰᠠᠨ ᠡᠪ ᠨᠢᠭᠡᠳᠦᠯᠲᠠᠢ ᠠᠩᠭᠢ ᠨᠢᠭᠡᠴᠢ ᠵᠢ ᠪᠠᠢ᠍ᠢ᠍ᠭᠤᠯᠬᠤ᠎ᠳᠤ ᠠᠰᠢᠭᠲᠠᠢ ᠪᠠᠶ᠋ᠢᠳᠠᠭ᠃
     2. ᠰᠣᠷᠣᠭᠴᠢ ᠵᠢ ᠬᠦᠨᠳᠦᠳᠬᠡᠬᠦ
      ᠳᠡᠭᠡᠳᠤ ᠳᠤᠮᠳᠠᠳᠤ ᠵᠢᠨ ᠰᠣᠷᠣᠭᠴᠢ ᠵᠢᠨ ᠪᠡᠶ᠎ᠡ ᠰᠡᠳᠬᠢᠯ᠎ᠤᠨ ᠬᠥᠭᠵᠢᠯᠲᠡ᠎ᠨᠢ ᠵᠠᠩᠭᠢᠯᠠᠭ᠎ᠠ ᠵᠢᠨ ᠴᠠᠭ ᠦᠶ᠎ᠡ᠎ᠳᠤ ᠣᠷᠣᠰᠢᠵᠤ᠂ ᠲᠡᠳᠡ ᠨᠠᠷ᠎ᠲᠤ ᠪᠡᠶ᠎ᠠ᠎ᠪᠠᠨ ᠬᠦᠨᠳᠦᠳᠬᠡᠬᠦ ᠰᠡᠳᠬᠢᠯ ᠴᠢᠩᠭ᠎ᠠ ᠪᠠᠶ᠋ᠢᠵᠦ᠂ ᠪᠤᠰᠤᠳ᠎ᠤᠨ ᠬᠦᠨᠳᠦᠳᠬᠡᠯ᠎ᠢ ᠣᠯᠬᠤ ᠵᠢ ᠦᠷᠭᠦᠯᠵᠢ ᠬᠦᠰᠡᠳᠡᠭ᠃ ᠠᠩᠭᠢ ᠵᠢᠨ ᠠ᠋ᠷᠬᠢᠯᠡᠭᠴᠢ᠎ᠠᠴᠠ ᠰᠤᠷᠤᠭᠴᠢᠳ᠎ᠤᠨ ᠠ᠋ᠨᠡ ᠬᠦ᠌ ᠰᠡᠳᠬᠢᠴᠡ ᠵᠢᠨ ᠬᠥᠳᠡᠯᠦᠯ ᠪᠠᠷᠢᠯ᠎ᠢ ᠠᠳᠬᠤᠵᠤ᠂ ᠲᠥᠪ ᠭᠤᠣᠯᠴᠢ᠂ ᠦᠨᠡᠨᠴᠢ ᠰᠡᠳᠬᠢᠯ ᠵᠶ᠋ᠠᠷ ᠰᠣᠷᠣᠭᠴᠢ ᠨᠢᠭᠡ ᠪᠦᠷᠢ ᠵᠢᠨ ᠥᠪᠡᠷᠮᠢᠴᠡ ᠴᠢᠨᠠᠷ᠎ᠤᠨ ᠬᠥᠭᠵᠢᠯᠲᠡ ᠵᠢ ᠬᠦᠨᠳᠦᠳᠬᠡᠭᠰᠡᠨ ᠪᠠᠶ᠋ᠢᠪᠠᠯ ᠰᠣᠷᠣᠭᠴᠢᠳ ᠰᠠᠶᠢ ᠪᠡᠶ᠎ᠡ᠎ᠪᠠᠨ ᠳᠠᠭ᠋ᠠᠭ᠋ᠠᠵᠤ ᠠᠩᠭᠢ ᠵᠢᠨ ᠬᠠᠮᠢᠶᠠᠷᠤᠯᠲᠠ ᠵᠢᠨ ᠠᠵᠢᠯ᠎ᠳᠤ ᠣᠷᠣᠯᠴᠠᠵᠤ᠂ ᠠᠩᠭᠢ ᠵᠢᠨ ᠠ᠋ᠷᠬᠢᠯᠡᠭᠴᠢ ᠵᠢᠨ ᠠᠵᠢᠯ᠎ᠤᠨ ᠤᠷᠤᠭᠰᠢᠲᠠᠶ ᠶᠠᠪᠤᠭᠳᠠᠭ᠍ᠤ᠎ᠳᠤ ᠲᠤᠰᠠ ᠪᠣᠯᠵᠤ ᠴᠢᠳᠠᠨ᠎ᠠ᠃ ᠰᠤᠷᠤᠭᠴᠢᠳ᠎ᠤᠨ ᠳᠡᠮᠵᠢᠯᠭᠡ ᠵᠢ ᠤᠯᠬᠤ ᠪᠣᠯ ᠠᠩᠭᠢ ᠵᠢᠨ ᠬᠠᠮᠢᠶᠠᠷᠤᠯᠲᠠ ᠵᠢᠨ ᠠᠵᠢᠯ᠎ᠢ ᠠ᠋ᠷᠴᠢᠮᠲᠡᠢ ᠥᠷᠨᠢᠭᠦᠯᠬᠦ ᠵᠢ ᠠᠬᠢᠭᠤᠯᠬᠤ ᠬᠠᠮᠤᠭ᠎ᠤᠨ ᠰᠢᠭᠤᠳ ᠮᠥᠷᠲᠡᠭᠡᠨ ᠪᠦᠲᠦᠮᠵᠢᠲᠡᠶ ᠠᠷᠭ᠎ᠠ ᠬᠡᠯᠪᠡᠷᠢ ᠪᠣᠯᠣᠨ᠎ᠠ᠃ ᠪᠤᠳᠠᠳᠠᠢ᠎ᠪᠠᠷ ᠭᠡᠯᠡᠪᠡᠯ᠂ ᠰᠣᠷᠣᠭᠴᠢᠳ ᠠᠯᠳᠠᠭ᠎ᠠ ᠪᠤᠷᠤᠭᠤ ᠭᠠᠷᠭ᠋ᠠᠬᠤ ᠦᠶ᠎ᠡ᠎ᠳᠤ ᠠᠩᠭᠢ ᠵᠢᠨ ᠠ᠋ᠷᠬᠢᠯᠡᠭᠴᠢ᠎ᠠᠴᠠ ᠨᠢᠭᠡ ᠯᠠ ᠬᠥᠭ ᠵᠶ᠋ᠠᠷ ᠰᠢᠭᠦᠮᠵᠢᠯᠡᠨ ᠪᠤᠷᠤᠭᠤᠳᠬᠠᠬᠤ ᠪᠣᠶᠣ ᠨᠡᠩ ᠴᠠᠭ᠋ᠠᠰᠢᠯᠠᠨ ᠬᠠᠷᠠᠳᠠᠯ ᠦᠵᠡᠭᠦᠯᠵᠦ ᠪᠣᠯᠬᠤ ᠦᠭᠡᠢ᠃ ᠪᠢᠳᠡ ᠵᠠᠪᠠᠯ 《ᠵᠢᠷᠦᠬᠡ ᠰᠡᠳᠬᠢᠯ᠎ᠢ᠎ᠨᠢ ᠬᠥᠨᠳᠡᠵᠦ᠂ ᠵᠥᠪ ᠰᠠᠨᠠᠭ᠎ᠠ ᠤᠷᠭᠤᠭᠤᠯᠵᠤ ᠥᠭᠬᠦ》᠎ᠪᠠᠷ ᠬᠢᠴᠢᠶᠡᠵᠦ᠂ ᠰᠣᠷᠣᠭᠴᠢ ᠵᠢᠨ ᠪᠡᠶ᠎ᠡ᠎ᠪᠠᠨ ᠬᠦᠨᠳᠦᠳᠬᠡᠬᠦ ᠰᠡᠳᠬᠢᠯᠭᠡ ᠵᠢ᠎ᠨᠢ ᠬᠠᠮᠠᠭ᠋ᠠᠯᠠᠭ᠍ᠤ ᠵᠢ ᠠᠩᠬᠠᠷᠴᠤ᠂ ᠰᠣᠷᠣᠭᠴᠢ᠎ᠲᠠᠢ᠎ᠪᠠᠨ ᠠ᠋ᠶᠡᠯᠳᠡᠭ ᠰᠠᠢ᠍ᠢ᠍ᠬᠠᠨ ᠶᠠᠷᠢᠯᠴᠠᠵᠤ᠂ ᠦᠨᠡᠨ ᠰᠡᠳᠬᠢᠯ ᠵᠶ᠋ᠠᠷ ᠪᠠᠭᠰᠢ ᠰᠣᠷᠣᠭᠴᠢ ᠵᠢᠨ ᠰᠣᠯᠢᠯᠴᠠᠭ᠋ᠠᠨ᠎ᠤ ᠭᠦᠦᠷ᠎ᠢ ᠨᠡᠪᠲᠡᠷᠡᠭᠦᠯᠵᠦ᠂ ᠰᠣᠷᠣᠭᠴᠢ ᠵᠢ ᠦᠨᠡᠨ ᠰᠡᠳᠬᠢᠯ᠎ᠠᠴᠠ᠎ᠪᠠᠨ ᠠᠯᠳᠠᠭ᠎ᠠ ᠪᠤᠷᠤᠭᠤ᠎ᠪᠠᠨ ᠲᠠᠨᠢᠬᠤ᠎ᠳᠤ ᠬᠦᠷᠭᠡᠨ᠎ᠡ᠃ ᠰᠣᠷᠣᠭᠴᠢᠳ᠎ᠢ ᠢᠯᠡᠭᠦᠬᠡᠨ ᠵᠣᠷᠢᠬ᠍ᠵᠢᠭᠤᠯᠵᠤ᠂ ᠲᠡᠳᠡ ᠨᠠᠷ᠎ᠢ ᠥᠪᠡᠷ᠎ᠤᠨ ᠢᠲᠡᠭᠡᠯ ᠵᠶ᠋ᠠᠷ᠎ᠨᠢ ᠤᠷᠮᠠᠰᠢᠭᠤᠯᠬᠤ ᠵᠢᠨ ᠤᠯᠠᠮ ᠵᠶ᠋ᠠᠷ ᠳᠠᠪᠰᠢᠯᠲᠠ ᠬᠥᠭᠵᠢᠯᠲᠡ ᠵᠢ᠎ᠨᠢ ᠠᠬᠢᠭᠤᠯᠵᠤ ᠪᠠᠶ᠋ᠢᠬᠤ     ᠬᠡᠷᠡᠭᠲᠡᠢ᠃
     3. ᠰᠤᠷᠤᠭᠴᠢ ᠵᠢ ᠣᠶ᠋ᠢᠯᠠᠭ᠋ᠠᠵᠤ᠂ ᠠᠪᠢᠶᠠᠰ ᠴᠢᠳᠠᠪᠤᠷᠢ᠎ᠳᠤ᠎ᠨᠢ ᠵᠣᠬᠢᠴᠠᠭᠤᠯᠤᠨ ᠵᠢᠭ᠋ᠠᠬᠤ
      ᠰᠣᠷᠣᠭᠴᠢ ᠨᠢᠭᠡ ᠪᠦᠷᠢ᠎ᠳᠤ ᠦᠪᠠᠷᠮᠢᠴᠠ ᠴᠢᠨᠠᠷ ᠪᠠᠶ᠋ᠢᠳᠠᠭ᠃ ᠬᠥᠮᠦᠨ ᠵᠶ᠋ᠠᠷ ᠦᠨᠳᠦᠰᠦ ᠪᠣᠯᠭ᠋ᠠᠭᠰᠠᠨ ᠠᠩᠭᠢ ᠵᠢᠨ ᠬᠠᠮᠢᠶᠠᠷᠤᠯᠲᠠ ᠵᠢᠨ ᠠᠵᠢᠯ᠎ᠳᠤ ᠰᠣᠷᠣᠭᠴᠢᠳ᠎ᠤᠨ ᠵᠥᠷᠢᠶᠡᠲᠦ ᠴᠢᠨᠠᠷ᠎ᠢ ᠭᠦᠨᠵᠡᠭᠡᠶ ᠣᠶ᠋ᠢᠯᠠᠭ᠋ᠠᠬᠤ ᠴᠢᠬᠤᠯᠠ᠎ᠲᠠᠢ᠃ ᠳᠡᠭᠡᠳᠤ ᠳᠤᠮᠳᠠᠳᠤ ᠵᠢᠨ ᠠᠩᠭᠢ ᠵᠢᠨ ᠠ᠋ᠷᠬᠢᠯᠡᠭᠴᠢ᠎ᠠᠴᠠ ᠠᠩᠭᠢ ᠵᠢᠨ ᠬᠠᠮᠢᠶᠠᠷᠤᠯᠲᠠ ᠵᠢᠨ ᠠᠵᠢᠯ ᠳᠤᠮᠳᠠ ᠠᠪᠢᠶᠠᠰ ᠴᠢᠳᠠᠪᠤᠷᠢ ᠵᠢ᠎ᠨᠢ ᠠᠶᠠᠨᠳᠠᠭ᠋ᠠᠨ ᠪᠠᠳᠠᠷᠠᠭᠤᠯᠬᠤ᠎ᠨᠢ ᠰᠤᠷᠤᠭᠴᠢᠳ᠎ᠤᠨ ᠳᠠᠯᠳᠠ ᠬᠦᠴᠦᠨ ᠴᠢᠳᠠᠯ᠎ᠢ ᠢᠯᠡᠷᠡᠭᠦᠯᠵᠦ᠂ ᠰᠣᠷᠣᠭᠴᠢ ᠨᠢᠭᠡ ᠪᠦᠷᠢ ᠵᠢᠨ ᠶᠡᠷᠦᠩᠬᠡᠶ᠋ᠢᠯᠡᠭᠰᠡᠨ ᠬᠡᠪ ᠴᠢᠨᠠᠷ᠎ᠤᠨ ᠳᠡᠭᠡᠭᠰᠢᠯᠡᠯᠲᠡ ᠵᠢ ᠠᠬᠢᠭᠤᠯᠬᠤ᠎ᠳᠤ ᠠᠰᠢᠭᠲᠠᠢ ᠪᠠᠶ᠋ᠢᠳᠠᠭ ᠶᠤᠮ᠃ ᠠᠩᠭᠢ ᠵᠢᠨ ᠠ᠋ᠷᠬᠢᠯᠡᠭᠴᠢ ᠪᠣᠯᠣᠨ ᠰᠣᠷᠣᠭᠴᠢᠳ᠎ᠤᠨ ᠬᠤᠭᠤᠷᠣᠨᠳᠤ ᠢᠳᠡᠪᠬᠢᠲᠡᠢ᠎ᠪᠠᠷ ᠨᠡᠪᠲᠡᠷᠡᠯᠴᠡᠬᠦ᠂ ᠰᠣᠷᠣᠭᠴᠢᠳ᠎ᠤᠨ ᠳᠤᠷ᠎ᠠ ᠰᠣᠨᠢᠷᠬᠠᠯ᠎ᠢ ᠳᠠᠮᠵᠢᠨ ᠰᠣᠷᠣᠭᠴᠢᠳ᠎ᠤᠨ ᠠᠩᠭᠢ ᠵᠢᠨ ᠠ᠋ᠷᠬᠢᠯᠡᠭᠴᠢ᠎ᠠᠴᠠ ᠵᠠᠶ᠋ᠢᠳᠠᠭᠤ ᠪᠠᠶ᠋ᠢᠬᠤ ᠪᠤᠶᠤ ᠵᠠᠢ᠍ᠢ᠍ᠳᠠᠬᠤ ᠰᠡᠳᠬᠢᠯᠭᠡᠨ᠎ᠢ ᠠᠷᠢᠯᠭ᠋ᠠᠵᠤ᠂ ᠠ᠋ᠷᠬᠡ ᠲᠡᠭᠰᠢ ᠪᠠᠭᠰᠢ ᠰᠣᠷᠣᠭᠴᠢ ᠵᠢᠨ ᠬᠠᠷᠢᠴᠠᠭ᠋ᠠᠨ᠎ᠤ ᠰᠠᠭᠤᠷᠢᠨ᠎ᠳᠤ ᠠᠩᠭᠢ ᠵᠢᠨ ᠠ᠋ᠷᠬᠢᠯᠡᠭᠴᠢ ᠪᠣᠯᠣᠨ ᠰᠣᠷᠣᠭᠴᠢᠳ᠎ᠤᠨ ᠬᠤᠭᠤᠷᠣᠨᠳᠤᠬᠢ ᠭᠦᠨ ᠭᠦᠨᠵᠡᠭᠡᠢ ᠣᠶ᠋ᠢᠯᠠᠭ᠋ᠠᠯᠲᠠ᠎ᠪᠠᠨ ᠨᠡᠮᠡᠭᠳᠡᠭᠦᠯᠦᠨ᠎ᠡ᠃ ᠠᠩᠭᠢ ᠵᠢᠨ ᠠ᠋ᠷᠬᠢᠯᠡᠭᠴᠢ᠎ᠠᠴᠠ ᠰᠣᠷᠣᠭᠴᠢᠳ᠎ᠤᠨ ᠰᠣᠷᠣᠯᠭ᠎ᠠ᠂ ᠠᠮᠢᠳᠣᠷᠠᠯ᠎ᠳᠤ ᠲᠤᠬᠢᠶᠠᠯᠳᠣᠭᠰᠠᠨ ᠬᠦᠴᠢᠷᠳᠡᠯ᠎ᠢ᠎ᠨᠢ ᠰᠢᠢ᠍ᠳᠪᠦᠷᠢᠯᠡᠵᠦ᠂ ᠪᠠᠭᠰᠢ ᠮᠢᠨᠢ ᠪᠠᠶ᠋ᠢᠭ᠎ᠠ ᠪᠣᠯᠬᠤᠷ ᠶᠠᠭᠤᠨ᠎ᠠᠴᠠ ᠴᠤ᠌ ᠠ᠋ᠮᠢᠶᠡᠬᠦ ᠦᠭᠡᠢ ᠭᠡᠰᠡᠨ ᠵᠣᠷᠢᠭ᠎ᠢ᠎ᠨᠢ ᠬᠥᠪᠴᠢᠯᠡᠵᠦ᠂ ᠦᠷᠭᠦᠯᠵᠢ ᠰᠠᠳᠬᠢᠯ᠎ᠤᠨ ᠬᠠᠨᠢ᠎ᠨᠢ ᠪᠣᠯᠵᠦ ᠴᠢᠳᠠᠭ᠍ᠤ ᠬᠡᠷᠡᠭᠲᠡᠢ᠃ ᠠ᠋ᠭᠦᠨ᠎ᠤ ᠬᠠᠮᠲᠤ ᠠᠩᠭᠢ ᠵᠢᠨ ᠠ᠋ᠷᠬᠢᠯᠡᠭᠴᠢ᠎ᠠᠴᠠ ᠮᠦᠨ ᠵᠥᠪ ᠣᠨᠣᠪᠴᠢᠲᠠᠢ ᠠᠩᠭᠢ ᠵᠢᠨ ᠬᠠᠮᠢᠶᠠᠷᠤᠯᠲᠠ ᠵᠢᠨ ᠣᠶ᠋ᠢᠯᠠᠭ᠋ᠠᠭᠳᠠᠭ᠍ᠤᠨ᠎ᠢ ᠪᠣᠢ ᠪᠣᠯᠭ᠋ᠠᠨ᠂ ᠬᠥᠮᠥᠨ ᠵᠶ᠋ᠠᠷ ᠦᠨᠳᠦᠰᠦ ᠪᠣᠯᠭ᠋ᠠᠬᠤ ᠦᠵᠡᠯᠲᠡ ᠵᠢ ᠪᠠᠷᠢᠮᠲᠠᠯᠠᠵᠤ᠂ ᠰᠣᠷᠣᠭᠴᠢᠳ᠎ᠤᠨ ᠥᠪᠡᠷᠮᠢᠴᠡ ᠣᠨᠴᠠᠯᠢᠭ ᠪᠣᠯᠣᠨ ᠰᠡᠳᠬᠢᠴᠡ ᠵᠢᠨ ᠱᠠᠭ᠋ᠠᠷᠳᠠᠯᠭ᠎ᠠ ᠵᠢ ᠭᠦᠨᠵᠡᠭᠡᠢ ᠤᠶ᠋ᠢᠯᠠᠭ᠋ᠠᠵᠦ᠂ ᠰᠣᠷᠣᠭᠴᠢᠳ᠎ᠤᠨ ᠪᠣᠳᠠᠭ᠋ᠠᠯᠢ ᠪᠡᠶ᠎ᠡ ᠵᠢᠨ ᠢᠯᠭ᠋ᠠᠭ᠎ᠠ ᠵᠥᠷᠢᠶ᠎ᠡ ᠵᠢ ᠬᠦᠨᠳᠦᠳᠬᠡᠵᠦ᠂ ᠰᠣᠷᠣᠭᠴᠢ ᠨᠢᠭᠡ ᠪᠦᠷᠢ ᠵᠢᠨ ᠪᠡᠶ᠎ᠠ ᠰᠡᠳᠬᠢᠯ᠎ᠤᠨ ᠠ᠋ᠷᠡᠭᠦᠯ ᠭᠦᠭᠵᠢᠯᠳᠠ᠎ᠳᠤ ᠭᠦᠷᠤᠯᠴᠠᠭᠦᠢ᠍ᠢ᠍ᠴᠡ ᠴᠢᠯᠦᠭᠡᠳᠤ ᠤᠷᠤᠨ ᠵᠠᠢ ᠵᠢ ᠬᠠᠨᠭ᠌ᠭ᠋ᠠᠵᠤ ᠦᠭᠪᠡᠯ ᠵᠤᠬᠢᠨ᠎ᠠ᠃
     4. ᠬᠥᠮᠥᠨ ᠵᠶ᠋ᠠᠷ ᠦᠨᠳᠦᠰᠦ ᠪᠣᠯᠭ᠋ᠠᠬᠤ ᠦᠵᠡᠯᠲᠡ᠎ᠲᠠᠢ ᠠᠩᠭᠢ ᠵᠢᠨ ᠬᠠᠮᠢᠶᠠᠷᠤᠯᠲᠠ ᠵᠢᠨ ᠳᠦᠷᠢᠮ ᠲᠣᠭᠲᠠᠭ᠋ᠠᠯ᠎ᠢ ᠪᠠᠶ᠋ᠢᠭᠤᠯᠬᠤ
      ᠠᠩᠭᠢ ᠵᠢᠨ ᠬᠠᠮᠢᠶᠠᠷᠤᠯᠲᠠ ᠵᠢᠨ ᠳᠦᠷᠢᠮ ᠲᠣᠭᠲᠠᠭ᠋ᠠᠯ᠎ᠢ ᠪᠠᠶ᠋ᠢᠭᠤᠯᠬᠤ᠎ᠳᠤ ᠶᠠᠭᠤᠨ᠎ᠤ ᠠ᠋ᠮᠦᠨ᠎ᠡ ᠬᠥᠮᠥᠨ ᠵᠶ᠋ᠠᠷ ᠦᠨᠳᠦᠰᠦ ᠪᠣᠯᠭ᠋ᠠᠬᠤ ᠦᠵᠡᠯᠲᠡ ᠵᠢ ᠪᠠᠷᠢᠮᠲᠠᠯᠠᠵᠤ᠂ ᠳᠡᠭᠡᠳᠤ ᠳᠤᠮᠳᠠᠳᠤ ᠵᠢᠨ ᠠᠩᠭᠢ ᠵᠢᠨ ᠠ᠋ᠷᠬᠢᠯᠡᠭᠴᠢ ᠵᠢᠨ ᠠᠩᠭᠢ ᠵᠢᠨ ᠬᠠᠮᠢᠶᠠᠷᠤᠯᠲᠠ ᠵᠢᠨ ᠪᠠᠶ᠋ᠢᠳᠠᠯ᠂ ᠰᠣᠷᠣᠭᠴᠢᠳ᠎ᠤᠨ ᠦᠪᠡᠷ᠎ᠤᠨ ᠬᠠᠮᠢᠶᠠᠷᠤᠯᠲᠠ ᠵᠢᠨ ᠤᠬᠠᠮᠰᠠᠷ ᠵᠡᠷᠭᠡ᠎ᠲᠠᠢ ᠬᠤᠯᠪᠣᠭᠳᠠᠭᠤᠯᠤᠨ᠂ ᠰᠣᠷᠣᠭᠴᠢ᠎ᠪᠠᠷ ᠭᠤᠣᠯ ᠪᠣᠯᠭ᠋ᠠᠭᠰᠠᠨ ᠠᠩᠭᠢ ᠵᠢᠨ ᠬᠠᠮᠢᠶᠠᠷᠤᠯᠲᠠ ᠵᠢᠨ ᠳᠦᠷᠢᠮ ᠲᠣᠭᠲᠠᠭ᠋ᠠᠯ᠎ᠢ ᠪᠠᠶ᠋ᠢᠭᠤᠯᠵᠤ᠂ ᠰᠣᠷᠣᠭᠴᠢᠳ᠎ᠤᠨ ᠬᠤᠵᠢᠮ ᠢᠷᠡᠭᠡᠳᠦᠢ ᠲᠡᠶ᠋ᠢᠰᠢ ᠲᠡᠮᠡᠦᠯᠦᠭᠰᠡᠨ ᠬᠥᠭᠵᠢᠯᠲᠡ ᠵᠢ ᠠᠬᠢᠭᠤᠯᠬᠤ ᠴᠢᠬᠤᠯᠠ᠎ᠲᠠᠢ ᠪᠢᠯᠡ᠃ ᠬᠥᠮᠥᠨ ᠵᠶ᠋ᠠᠷ ᠦᠨᠳᠦᠰᠦ ᠪᠣᠯᠭ᠋ᠠᠬᠤ ᠦᠵᠡᠯᠲᠡ᠎ᠪᠠᠷ ᠳᠠᠮᠵᠢᠵᠤ ᠪᠠᠶ᠋ᠢᠭᠤᠯᠤᠭᠰᠠᠨ ᠠᠩᠭᠢ ᠵᠢᠨ ᠬᠠᠮᠢᠶᠠᠷᠤᠯᠲᠠ ᠵᠢᠨ ᠳᠦᠷᠢᠮ ᠲᠣᠭᠲᠠᠭ᠋ᠠᠯ᠎ᠨᠢ ᠰᠣᠷᠣᠭᠴᠢᠳ᠎ᠤᠨ ᠪᠡᠶ᠎ᠡ᠎ᠪᠠᠨ ᠳᠠᠭ᠋ᠠᠭ᠋ᠠᠵᠤ ᠬᠢᠴᠢᠶᠡᠯ᠎ᠤᠨ ᠠ᠋ᠮᠬᠢ ᠳᠢᠭᠯᠢᠮ᠎ᠢ ᠬᠠᠮᠠᠭ᠋ᠠᠯᠠᠭ᠍ᠤ᠂ ᠰᠠᠶ᠋ᠢᠨ ᠰᠠᠶ᠋ᠢᠬᠠᠨ ᠬᠢᠴᠢᠶᠡᠯ᠎ᠤᠨ ᠲᠠᠩᠬᠢᠮ᠎ᠤᠨ ᠳᠠᠳᠬᠠᠯ᠂ ᠰᠤᠷᠤᠯᠴᠠᠭ᠍ᠤ ᠳᠠᠳᠬᠠᠯ᠂ ᠰᠠᠬᠢᠯᠭ᠎ᠠ ᠪᠠᠲᠣᠴᠢ ᠴᠢᠨᠠᠷ᠎ᠲᠠᠢ ᠬᠥᠮᠥᠵᠢᠭᠳᠡᠬᠦ᠎ᠳᠤ ᠠᠰᠢᠭᠲᠠᠢ ᠪᠠᠶ᠋ᠢᠳᠠᠭ᠃ ᠠ᠋ᠭᠦᠨ᠎ᠠᠴᠠ ᠭᠠᠳᠠᠨ᠎ᠠ ᠠᠩᠭᠢ ᠵᠢᠨ ᠬᠠᠮᠢᠶᠠᠷᠤᠯᠲᠠ ᠵᠢᠨ ᠳᠦᠷᠢᠮ ᠲᠣᠭᠲᠠᠭ᠋ᠠᠯ᠎ᠢ ᠪᠠᠶ᠋ᠢᠭᠤᠯᠬᠤ᠎ᠳᠤ ᠬᠢᠴᠢᠶᠡᠯᠯᠡᠭᠡ᠎ᠪᠠᠷ ᠰᠠᠭᠤᠷᠢ ᠪᠣᠯᠭ᠋ᠠᠨ᠂ ᠬᠢᠴᠢᠶᠡᠯ ᠲᠥᠷᠥᠯ᠎ᠤᠨ ᠪᠠᠭᠰᠢ ᠪᠣᠯᠣᠨ ᠠᠩᠭᠢ ᠵᠢᠨ ᠠ᠋ᠷᠬᠢᠯᠡᠭᠴᠢ ᠵᠢᠨ ᠢᠳᠡᠪᠬᠢ᠎ᠲᠠᠢ ᠬᠠᠮᠲᠤᠷᠠᠯᠴᠠᠭ᠎ᠠ ᠵᠢ ᠰᠦᠪᠡᠭᠴᠢᠯᠡᠵᠦ᠂ ᠪᠥᠬᠦ ᠲᠠᠯ᠎ᠠ ᠵᠢᠨ ᠠᠩᠭᠢ ᠵᠢᠨ ᠬᠠᠮᠢᠶᠠᠷᠤᠯᠲᠠ ᠵᠢᠨ ᠰᠤᠷᠭ᠋ᠠᠨ ᠬᠥᠮᠥᠵᠢᠯ᠎ᠢ ᠬᠡᠷᠡᠭᠵᠢᠭᠦᠯᠵᠦ᠂ ᠳᠡᠭᠡᠳᠤ ᠳᠤᠮᠳᠠᠳᠤ ᠵᠢᠨ ᠰᠣᠷᠣᠭᠴᠢᠳ᠎ᠤᠨ ᠥᠪᠡᠷ᠎ᠢ᠎ᠪᠠᠨ ᠬᠠᠮᠢᠶᠠᠷᠬᠤ ᠴᠢᠳᠠᠪᠤᠷᠢ ᠵᠢᠨ ᠳᠡᠭᠡᠭᠰᠢᠯᠡᠯᠲᠡ ᠵᠢ ᠠᠬᠢᠭᠤᠯᠬᠤ ᠱᠠᠭ᠋ᠠᠷᠳᠠᠯᠭ᠎ᠠ᠎ᠲᠠᠢ᠃ ᠠ᠋ᠭᠦᠨ᠎ᠤ ᠵᠡᠷᠭᠡ᠎ᠪᠠᠷ ᠳᠡᠭᠡᠳᠤ ᠳᠤᠮᠳᠠᠳᠤ ᠵᠢᠨ ᠠᠩᠭᠢ ᠵᠢᠨ ᠠ᠋ᠷᠬᠢᠯᠡᠭᠴᠢ ᠵᠢᠨ ᠠᠨᠭ᠌ᠬᠢ ᠵᠢᠨ ᠬᠠᠮᠢᠶᠠᠷᠤᠯᠳᠠ ᠵᠢᠨ ᠠᠵᠢᠯ᠎ᠳᠤ᠎ᠪᠠᠨ ᠠ᠋ᠶ᠎ᠡ ᠵᠣᠬᠢᠴᠠᠨᠭ᠌ᠭᠤᠢ ᠰᠤᠷᠭ᠋ᠠᠭᠤᠯᠢ ᠵᠢᠨ ᠬᠦᠷᠢᠶᠡᠨ᠎ᠤ ᠰᠣᠶᠣᠯ᠎ᠢ ᠠ᠋ᠭᠦᠳᠦᠨ ᠪᠦᠲᠦᠭᠡᠭᠦ ᠠᠭᠤᠯᠭ᠎ᠠ ᠵᠢ ᠠᠮᠢᠳᠤᠯᠢᠬ ᠵᠶ᠋ᠠᠷ ᠰᠢᠮᠡᠳᠭᠡᠭᠰᠡᠨ ᠪᠠᠶ᠋ᠢᠪᠠᠯ ᠵᠣᠬᠢᠨ᠎ᠠ᠃ ᠵᠢᠱ᠌ᠢᠶᠡᠯᠡᠪᠡᠯ᠂ ᠠᠩᠭᠢ ᠨᠡᠶ᠋ᠢᠲᠡ ᠵᠢᠨ ᠬᠦᠳᠡᠯᠭᠡᠭᠡᠨ ᠵᠶ᠋ᠠᠷ ᠲᠠᠮᠵᠢᠨ᠂ ᠡᠯ᠎ᠡ ᠵᠦᠢ᠍ᠯ᠎ᠤᠨ ᠣᠷᠣᠯᠳᠣᠭ᠋ᠠᠨ᠎ᠢ ᠵᠤᠬᠢᠶᠠᠨ ᠪᠠᠶ᠋ᠢᠭᠤᠯᠵᠦ᠂ ᠤᠷᠣᠯᠳᠣᠭ᠋ᠠᠨ᠎ᠳᠤ ᠤᠷᠤᠯᠴᠠᠭᠰᠠᠨ᠂ ᠭᠠᠪᠰᠢᠭ᠋ᠠᠶ᠋ᠢᠯᠠᠭᠰᠠᠨ᠂ ᠠᠮᠵᠢᠯᠲᠠ ᠪᠦᠲᠦᠭᠡᠯ ᠭᠠᠷᠭ᠋ᠠᠭᠰᠠᠨ ᠰᠣᠷᠣᠭᠴᠢᠳ᠎ᠲᠤ ᠵᠣᠬᠢᠬᠤ ᠬᠡᠮᠵᠢᠶᠡᠨ᠎ᠤ ᠱᠠᠩᠨᠠᠯ ᠬᠥᠬᠢᠭᠦᠯᠦᠯ ᠣᠯᠭᠤᠵᠤ᠂ ᠤᠯᠠᠨ᠎ᠤ ᠠ᠋ᠮᠦᠨ᠎ᠡ ᠮᠠᠭᠲᠠᠨ ᠵᠤᠷᠢᠬ᠍ᠵᠢᠭᠤᠯᠵᠤ᠂ ᠰᠣᠷᠣᠭᠴᠢᠳ᠎ᠤᠨ ᠢᠳᠡᠪᠬᠢ ᠥᠭᠡᠳᠡᠷᠬᠡᠭ ᠰᠡᠳᠬᠢᠯᠭᠡ ᠵᠢ ᠤᠷᠮᠠᠰᠢᠭᠤᠯᠵᠤ ᠪᠣᠯᠣᠨ᠎ᠠ᠃
      ᠬᠤᠷᠢᠶᠠᠩᠭᠤᠶ᠋ᠢᠯᠠᠪᠠᠯ᠂ ᠠᠩᠭᠢ ᠵᠢᠨ ᠠ᠋ᠷᠬᠢᠯᠡᠭᠴᠢ᠎ᠠᠴᠠ ᠠᠩᠭᠢ ᠵᠢᠨ ᠬᠠᠮᠢᠶᠠᠷᠤᠯᠲᠠ ᠵᠢᠨ ᠠᠵᠢᠯ ᠳᠤᠮᠳᠠ ᠵᠥᠪᠬᠡᠨ ᠠᠩᠭᠢ ᠵᠢᠨ ᠠ᠋ᠮᠬᠢ ᠳᠢᠭᠯᠢᠮ ᠵᠶ᠋ᠠᠨ ᠬᠠᠮᠢᠶᠠᠷᠬᠤ ᠲᠡᠳᠦᠢ ᠪᠢᠰᠢ᠂ ᠬᠠᠷᠢᠨ ᠠ᠋ᠭᠦᠨ᠎ᠤ ᠵᠡᠷᠭᠡ᠎ᠪᠠᠷ ᠰᠣᠷᠣᠭᠴᠢᠳ᠎ᠤᠨ ᠣᠶᠣᠨ ᠤᠬᠠᠭ᠋ᠠᠨ᠂ ᠰᠤᠶᠤᠯ ᠮᠡᠳᠡᠯᠭᠡ ᠵᠢᠨ ᠰᠤᠷᠭ᠋ᠠᠨ ᠬᠥᠮᠥᠵᠢᠯ᠂ ᠶᠣᠰᠣ ᠰᠤᠷᠲᠠᠭ᠍ᠤᠨ᠎ᠤ ᠰᠤᠷᠭ᠋ᠠᠨ ᠬᠥᠮᠥᠵᠢᠯ᠎ᠤᠨ ᠬᠦᠨᠳᠦ ᠠ᠋ᠭᠦᠷᠭᠡ ᠵᠢ ᠠ᠋ᠭᠦᠷᠭᠡᠯᠡᠳᠡᠭ᠃ ᠠ᠋ᠢ᠍ᠢ᠍ᠮᠦ᠎ᠠᠴᠠ ᠳᠡᠭᠡᠳᠤ ᠳᠤᠮᠳᠠᠳᠤ ᠵᠢᠨ ᠠᠩᠭᠢ ᠵᠢᠨ ᠠ᠋ᠷᠬᠢᠯᠡᠭᠴᠢ᠎ᠠᠴᠠ ᠬᠥᠮᠥᠨ ᠵᠶ᠋ᠠᠷ ᠦᠨᠳᠦᠰᠦ ᠪᠣᠯᠭ᠋ᠠᠬᠤ ᠠᠩᠭᠢ ᠵᠢᠨ ᠬᠠᠮᠢᠶᠠᠷᠤᠯᠲᠠ ᠵᠢᠨ ᠵᠠᠭᠪᠤᠷ᠎ᠢ ᠪᠠᠷᠢᠮᠲᠠᠯᠠᠵᠤ᠂ ᠠᠩᠭᠢ ᠵᠢᠨ ᠠ᠋ᠷᠬᠢᠯᠡᠭᠴᠢ ᠵᠢᠨ ᠬᠥᠮᠥᠨ ᠵᠶ᠋ᠠᠷ ᠦᠨᠳᠦᠰᠦ ᠪᠣᠯᠭ᠋ᠠᠬᠤ ᠣᠶ᠋ᠢᠯᠠᠭ᠋ᠠᠭᠳᠠᠭ᠍ᠤᠨ᠎ᠤ ᠲᠠᠨᠢᠯᠲᠠ ᠵᠢ ᠳᠡᠭᠡᠭᠰᠢᠯᠡᠭᠦᠯᠵᠦ᠂ ᠬᠥᠮᠥᠨ ᠵᠶ᠋ᠠᠷ ᠦᠨᠳᠦᠰᠦ ᠪᠣᠯᠭ᠋ᠠᠬᠤ ᠣᠶ᠋ᠢᠯᠠᠭ᠋ᠠᠭᠳᠠᠭ᠍ᠤᠨ᠎ᠢ ᠳᠡᠭᠡᠳᠦ ᠳᠤᠮᠳᠠᠳᠤ ᠵᠢᠨ ᠠᠩᠭᠢ ᠵᠢᠨ ᠠ᠋ᠷᠬᠢᠯᠡᠭᠴᠢ ᠵᠢᠨ ᠠᠵᠢᠯ᠎ᠳᠤ ᠪᠦᠭᠦ ᠲᠠᠯ᠎ᠠ᠎ᠪᠠᠷ ᠲᠤᠭᠤᠰᠢᠯᠠᠭᠤᠯᠤᠨ ᠭᠡᠷᠡᠭᠵᠢᠭᠦᠯᠵᠤ᠂ ᠠ᠋ᠭᠦᠨ ᠵᠶ᠋ᠠᠷ ᠳᠠᠮᠵᠢᠨ᠂ ᠠᠩᠭᠢ ᠵᠢᠨ ᠠ᠋ᠷᠬᠢᠯᠡᠭᠴᠢ ᠵᠢᠨ ᠬᠠᠮᠢᠶᠠᠷᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠂ ᠰᠣᠷᠣᠭᠴᠢᠳ᠎ᠤᠨ ᠪᠥᠬᠦ ᠲᠠᠯ᠎ᠠ ᠵᠢᠨ ᠬᠥᠭᠵᠢᠯᠲᠡ ᠵᠢ ᠠᠬᠢᠭᠤᠯᠪᠠᠯ ᠵᠤᠬᠢᠨ᠎ᠠ᠃


                  ᠬᠠᠶᠢᠬ᠄ ᠬᠦᠬᠡᠬᠤᠲᠠ ᠵᠢᠨ ᠮᠤᠩᠭᠤᠯ ᠰᠤᠷᠭ᠋ᠠᠭᠤᠯᠢ
                            (ᠠᠯᠳᠠᠨᠰᠦᠢ᠍ᠭᠡ ᠨᠠᠢ᠍ᠢ᠍ᠷᠠᠭᠤᠯᠪᠠ)
                            2020 ᠣᠨ᠎ᠤ 5 ᠳ᠋ᠤᠭ᠋ᠠᠷ ᠬᠤᠭᠤᠴᠠᠭ᠎ᠠ


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠠᠩᠬ᠎ᠠ ᠳᠤᠮᠳᠠᠳᠤ ᠵᠢᠨ ᠰᠤᠷᠤᠭᠴᠢ ᠵᠢᠨ ᠰᠥᠷᠬᠦ ᠰᠡᠳᠬᠢᠴᠡ᠎ᠳᠤ ᠬᠡᠷᠬᠢᠨ ᠬᠠᠨᠳᠤᠬᠤ ᠪᠤᠢ
ᠠᠯᠢᠪᠠ ᠴᠢᠷᠮᠠᠶ᠋ᠢᠯᠭ᠎ᠠ ᠴᠦᠮ ᠬᠠᠶ᠋ᠢᠷ᠎ᠠ ᠪᠠ ᠬᠠᠷᠢᠭᠤᠴᠠᠯᠭ᠎ᠠ ᠮᠦᠨ
ᠬᠤᠴᠣᠷᠣᠩᠭᠤᠢ ᠰᠣᠷᠣᠭᠴᠢ ᠵᠢ ᠬᠡᠷᠬᠢᠨ ᠲᠠᠪᠰᠢᠭᠤᠯᠬᠤ ᠳᠣᠬᠠᠢ ᠮᠦᠴᠢᠳ ᠦᠭᠦᠯᠡᠬᠦ᠎ᠨᠢ
ᠠᠩᠬᠢ ᠵᠢᠨ ᠠ᠋ᠷᠬᠢᠯᠡᠭᠴᠢ ᠵᠢᠨ ᠠ᠋ᠬᠦᠷᠬᠡ ᠬᠠᠷᠢᠭᠤᠴᠠᠯᠭ᠎ᠠ ᠵᠢ ᠬᠡᠷᠬᠢᠨ ᠬᠦᠢ᠍ᠴᠡᠳᠬᠡᠬᠦ ᠲᠤᠬᠠᠢ ᠲᠦᠬᠦᠮ ᠦᠬᠦᠯᠡᠬᠦ᠎ᠨᠢ
ᠠᠩᠬ᠎ᠠ ᠲᠤᠮᠳᠠᠳᠤ ᠵᠢᠨ ᠠᠩᠬᠢ ᠵᠢᠨ ᠠ᠋ᠷᠬᠢᠯᠡᠭᠴᠢ᠎ᠳᠤ ᠲᠠᠯᠪᠢᠬᠤ ᠮᠦᠴᠢᠳᠬᠡᠨ ᠰᠠᠨᠠᠭᠤᠯᠤᠮᠵᠢ
 
             蒙ICP备05000248号