ᠲᠠᠩ ᠴᠠᠩ ᠾᠧ
ᠠᠷᠠᠳ᠎ᠤᠨ ᠪᠠᠭᠰᠢ ᠪᠤᠯᠤᠭ᠋ᠠᠳ 20 ᠵᠢᠯ᠎ᠤᠨ ᠨᠢᠭᠤᠷ᠎ᠢ ᠦᠵᠡᠵᠦ ᠪᠠᠶ᠋ᠢᠭ᠎ᠠ ᠮᠢᠨᠤ ᠬᠤᠪᠢ᠎ᠳᠤ 15 ᠵᠢᠯ ᠠᠩᠭᠢ ᠠ᠋ᠷᠬᠢᠯᠡᠵᠦ᠂ ᠠᠶ᠋ᠢᠯ᠎ᠤᠨ ᠬᠡᠤᠬᠡᠳ᠎ᠢ ᠦᠪᠡᠷ᠎ᠤᠨ ᠭᠡᠤᠭᠡᠳᠠᠴᠠᠪᠠᠨ ᠢᠯᠡᠭᠦᠦ ᠪᠤᠳᠤᠨ᠂ ᠠᠷᠤ ᠭᠡᠷ᠂ ᠰᠠᠳᠤᠨ ᠲᠦᠷᠦᠯ ᠵᠶ᠋ᠠᠨ ᠭᠤᠮᠤᠳᠠᠭ᠋ᠠᠵᠤ ᠶᠠᠪᠤᠭᠰᠠᠨ ᠴᠤ᠌ ᠤᠳᠠᠭ᠎ᠠ᠎ᠲᠠᠢ᠃ ᠭᠡᠪᠡᠴᠦ ᠠᠩᠭᠢ ᠵᠢᠨ ᠪᠠᠭᠰᠢ ᠵᠢᠨ ᠬᠤᠪᠢ᠎ᠠᠴᠠ ᠳᠡᠭᠳᠡᠭᠡᠬᠡᠢ ᠮᠡᠲᠦ ᠬᠦᠭᠡᠷᠦᠬᠦᠨ ᠰᠤᠷᠤᠭᠴᠢ᠎ᠪᠠᠨ ᠦᠵᠡᠬᠦ ᠪᠦᠷᠢ᠂ ᠶᠡᠬᠡ ᠰᠤᠷᠭ᠋ᠠᠭᠤᠯᠢ᠎ᠳᠤ᠎ᠪᠠᠨ ᠮᠠᠷᠠ᠎ᠶ᠋ᠢᠨ ᠴᠢᠷᠮᠠᠶ᠋ᠢᠨ ᠰᠤᠷᠤᠯᠴᠠᠵᠤ ᠪᠠᠶ᠋ᠢᠭ᠎ᠠ ᠵᠢ ᠰᠤᠨᠤᠰᠬᠤ ᠪᠦᠷᠢ᠂ ᠠᠵᠢᠯ᠎ᠤᠨ ᠪᠠᠶ᠋ᠢᠷᠢᠨ᠎ᠳᠤ᠎ᠪᠠᠨ ᠭᠢᠯᠠᠷᠠᠭᠤᠯᠵᠤ ᠪᠠᠶ᠋ᠢᠬᠤ ᠵᠢ᠎ᠨᠢ ᠲᠤᠭᠤᠯᠬᠤ ᠪᠤᠯᠭ᠋ᠠᠨ ᠴᠢᠷᠮᠠᠶ᠋ᠢᠭᠰᠠᠨ ᠮᠢᠨᠢ ᠲᠠᠯᠠᠭ᠋ᠠᠷ ᠪᠤᠯᠤᠭᠰᠠᠨ ᠦᠭᠡᠢ ᠭᠡᠬᠦ ᠪᠤᠳᠤᠯ ᠪᠦᠬᠦ ᠪᠡᠶ᠎ᠡ ᠵᠢ ᠳᠤᠯᠠᠭ᠋ᠠᠯᠠᠵᠤ᠂ ᠰᠡᠳᠭᠢᠯ ᠬᠠᠩᠬᠤᠯᠤᠭᠤᠨ ᠲᠠᠭ᠋ᠠᠯᠠᠮᠵᠢᠲᠠᠢ ᠪᠤᠯᠳᠠᠭ᠃
ᠴᠢᠷᠮᠠᠶ᠋ᠢᠯᠭ᠎ᠠ ᠬᠦᠮᠦᠨ᠎ᠢ ᠭᠤᠮᠤᠳᠠᠭ᠋ᠠᠬᠤ ᠦᠭᠡᠢ ᠭᠡᠳᠡᠭ ᠵᠶ᠋ᠠᠷ᠂ ᠬᠦᠴᠦ ᠬᠦᠯᠦᠰᠦ᠎ᠪᠠᠨ ᠤᠷᠤᠰᠬᠠᠨ ᠤᠶᠤᠨ ᠤᠬᠠᠭ᠋ᠠᠨ ᠵᠶ᠋ᠠᠨ ᠰᠢᠪᠬᠠᠨ ᠬᠠᠶ᠋ᠢᠷ᠎ᠠ ᠰᠡᠳᠭᠢᠯ ᠵᠶ᠋ᠠᠨ ᠵᠤᠷᠢᠭᠤᠯᠤᠭᠰᠠᠨ᠎ᠠᠴᠠ᠂ ᠰᠤᠷᠭ᠋ᠠᠭᠤᠯᠢ ᠵᠢᠨ᠂ ᠬᠤᠰᠢᠭᠤᠨ᠎ᠤ᠂ ᠬᠤᠳᠠ ᠵᠢᠨ ᠲᠡᠰ᠎ᠤᠨ ᠶᠡᠬᠡ ᠪᠠᠭ᠎ᠠ ᠱᠠᠩᠨᠠᠯ᠎ᠢ ᠤᠯᠠᠨᠲᠠ ᠲᠤᠰᠴᠤ᠂ ᠨᠡᠶ᠋ᠢᠲᠡ ᠤᠯᠠᠨ᠎ᠳᠤ᠎ᠪᠠᠨ ᠮᠡᠳᠡᠷᠡᠭᠳᠡᠵᠤ ᠶᠠᠪᠤᠯ᠎ᠠ᠃ ᠠ᠋ᠢ᠍ᠢ᠍ᠨ ᠭᠦ᠌ ᠤᠯᠤᠯᠳᠠ ᠲᠤᠷᠰᠢᠯᠭ᠎ᠠ ᠭᠡᠮᠠᠷ ᠵᠦᠢ᠍ᠯᠠᠰ ᠵᠶ᠋ᠠᠨ ᠡ᠊ᠨᠳᠠ ᠰᠠᠢ᠍ᠢ᠍ᠷᠠᠭᠦᠯᠪᠡ᠃
1. ᠦᠵᠡᠯ ᠪᠤᠳᠤᠯ ᠵᠶ᠋ᠠᠨ ᠲᠦᠪ ᠪᠤᠯᠭ᠋ᠠᠨ᠂ ᠤᠯᠵᠤ ᠠᠯᠳᠠᠬᠤ ᠵᠢ ᠬᠦᠭᠡᠭᠡᠴᠡᠯᠳᠦᠬᠦ ᠦᠭᠡᠢ ᠪᠠᠶ᠋ᠢᠬᠤ ᠬᠡᠷᠡᠭᠲᠡᠢ᠃
ᠠᠩᠭᠢ ᠵᠢᠨ ᠪᠠᠭᠰᠢ ᠵᠢᠨ ᠬᠤᠪᠢ᠎ᠳᠤ᠂ ᠰᠤᠷᠭ᠋ᠠᠭᠤᠯᠢ᠎ᠳᠠᠭᠠᠨ ᠪᠤᠯ ᠰᠤᠷᠤᠭᠴᠢ ᠵᠢᠨ ᠡᠴᠢᠭᠡ ᠠ᠋ᠬᠡ᠎ᠲᠠᠢ ᠠ᠋ᠭᠡᠭᠡ ᠠᠳᠠᠯᠢᠬᠠᠨ᠃ ᠭᠡᠷ᠎ᠤᠨ ᠠᠬᠠᠮᠠᠳ᠎ᠠᠴᠠ ᠭᠠᠭᠴᠠ ᠨᠢᠭᠡ ᠬᠡᠤᠬᠡᠳ ᠵᠶ᠋ᠠᠨ ᠬᠠᠮᠢᠶᠠᠷᠴᠤ ᠲᠠᠢ᠍ᠢ᠍ᠯᠭᠦ ᠦᠭᠡᠢ ᠴᠠᠭ᠎ᠲᠤ᠂ 30~40 ᠬᠡᠤᠬᠡᠳ᠎ᠢ ᠬᠦᠨᠵᠡᠭᠡᠢ ᠨᠠᠷᠢᠯᠢᠬ ᠤᠶ᠋ᠢᠯᠠᠭ᠋ᠠᠵᠤ᠂ ᠦᠵᠡᠯ ᠰᠠᠨᠠᠭ᠎ᠠ᠂ ᠰᠤᠷᠤᠯᠭ᠎ᠠ ᠠᠮᠢᠳᠤᠷᠠᠯ᠎ᠤᠨ ᠲᠠᠯ᠎ᠠ᠎ᠪᠠᠷ ᠰᠠᠶ᠋ᠢᠨ ᠵᠢᠯᠤᠭᠤᠳᠤᠯᠭ᠎ᠠ ᠬᠢᠨ᠎ᠡ ᠭᠡᠳᠡᠭ ᠴᠢᠨᠢ ᠦᠨᠡᠨ᠎ᠳᠡᠭᠡᠨ ᠲᠦᠪᠡᠭ᠎ᠠᠴᠠ ᠲᠦᠪᠡᠭ ᠠᠵᠢᠯ᠃ ᠠᠵᠢᠯ᠎ᠤᠨ ᠬᠦᠨᠳᠦ᠎ᠠᠴᠠ ᠠᠶᠤᠬᠤ᠂ ᠬᠠᠰᠢ ᠶᠠᠰᠢ ᠠᠯᠪᠠ ᠬᠠᠰᠢᠬᠤ᠂ ᠠᠯᠳᠠᠵᠤ ᠤᠨᠤᠬᠤ ᠳᠠᠩᠰᠠ ᠲᠤᠭ᠋ᠠᠴᠠᠬᠤ᠎ᠨᠢ ᠠᠩᠭᠢ ᠵᠢᠨ ᠪᠠᠭᠰᠢ ᠵᠢᠨ ᠠᠵᠢᠯ᠎ᠤᠨ ᠴᠢᠨᠡᠷ ᠴᠢᠨᠰᠠᠭ᠎ᠠ ᠵᠢ ᠬᠦᠨᠳᠦ ᠨᠤᠴᠢᠲᠠᠢ ᠨᠦᠯᠦᠭᠡᠯᠡᠨ᠂ ᠠᠵᠢᠯ᠎ᠤᠨ ᠤᠷᠮᠠᠰᠢᠯ᠎ᠢ ᠬᠤᠭᠤᠷᠠᠭᠤᠯᠵᠤ᠂ ᠪᠠᠭᠰᠢ ᠵᠢᠨ ᠠᠵᠢᠯ᠎ᠨᠢ ᠵᠦᠪᠬᠡᠨ ᠨᠢᠭᠡ ᠵᠦᠢ᠍ᠯ᠎ᠤᠨ ᠠᠮᠢᠳᠤᠷᠠᠬᠤ ᠵᠢᠨ ᠠᠷᠭ᠎ᠠ᠂ ᠠᠵᠤ ᠠᠬᠤᠢ ᠵᠢᠨ ᠢᠷᠡᠯᠳᠡ ᠪᠤᠯᠵᠤ ᠬᠤᠪᠢᠷᠠᠬᠤ᠎ᠠᠴᠠ ᠪᠤᠯᠵᠤ᠂ ᠠᠵᠢᠯ᠎ᠤᠨ ᠤᠷᠮ᠎ᠠ ᠪᠠᠭᠤᠷᠠᠵᠤ᠂ ᠠ᠋ᠩᠨᠡᠭᠡᠠᠴᠠᠪᠠᠨ ᠬᠠᠶᠠᠭᠳᠠᠬᠤ ᠬᠡᠮᠵᠢᠶ᠎ᠡ ᠬᠦᠷᠦᠨ᠎ᠡ᠃ ᠠ᠋ᠶ᠋ᠢᠮᠦ᠎ᠠᠴᠠ ᠠᠩᠭᠢ ᠬᠠᠮᠢᠶᠠᠷᠬᠤ᠎ᠠᠴᠠ ᠠ᠋ᠮᠦᠨ᠎ᠡ ᠠ᠋ᠳᠡᠭᠡᠷ᠎ᠢ ᠪᠤᠳᠤᠯᠬᠢᠯᠠᠪᠠᠯ᠂ ᠬᠦᠴᠢᠷ ᠪᠡᠷᠬᠡ ᠵᠢᠨ ᠳᠤᠮᠳᠠ ᠦᠵᠡᠯ ᠰᠠᠨᠠᠭ᠎ᠠ ᠭᠤᠶ᠋ᠢᠪᠢᠬᠤ ᠦᠭᠡᠢ᠂ ᠬᠠᠷᠢᠭᠤᠴᠠᠯᠭ᠎ᠠ ᠠᠯᠳᠠᠬᠤ ᠦᠭᠡᠢ᠂ ᠰᠤᠷᠭ᠋ᠠᠭᠤᠯᠢ ᠪᠠ ᠰᠤᠷᠤᠭᠴᠢ ᠵᠢᠨ ᠭᠡᠷ᠎ᠤᠨ ᠠᠬᠠᠮᠠᠳ᠎ᠤᠨ ᠬᠦᠰᠡᠯ ᠨᠠᠶ᠋ᠢᠳᠠᠯᠭ᠎ᠠ ᠵᠢ ᠬᠦᠰᠡᠷᠳᠡᠭᠦᠯᠬᠦ ᠦᠭᠡᠢ᠂ ᠦᠪᠡᠷ᠎ᠤᠨ ᠪᠡᠶ᠎ᠡ᠎ᠳᠡᠭᠡᠨ ᠤᠰᠤᠯᠳᠠᠬᠤ ᠦᠭᠡᠢ ᠪᠤᠯᠤᠨ᠎ᠠ᠃ ᠠ᠋ᠶ᠋ᠢᠮᠦ᠎ᠠᠴᠠ 《ᠪᠠᠭᠰᠢ ᠬᠦᠮᠦᠨ᠎ᠳᠤ ᠯᠠ ᠵᠢᠨ ᠵᠤᠷᠢᠭ ᠰᠠᠨᠠᠭ᠎ᠠ ᠪᠠᠶ᠋ᠢᠬᠤ ᠬᠡᠷᠡᠭᠲᠡᠢ》 ᠭᠡᠳᠡᠭ᠎ᠨᠢ ᠵᠤᠬᠢᠬᠤ ᠭᠡᠮᠵᠢᠶᠡᠨ᠎ᠳᠤ ᠵᠦᠢ ᠶᠤᠰᠤᠲᠠᠢ ᠪᠢᠯᠠ᠃
2. ᠰᠤᠷᠤᠭᠴᠢ᠎ᠪᠠᠨ ᠤᠶ᠋ᠢᠯᠠᠭ᠋ᠠᠬᠤ ᠵᠢᠨ ᠬᠠᠮᠲᠤ ᠲᠡᠳᠡᠨ᠎ᠤ ᠭᠡᠷ ᠪᠦᠯᠢ ᠵᠢᠨ ᠪᠠᠶ᠋ᠢᠳᠠᠯ᠎ᠢ᠎ᠨᠢ ᠭᠦᠨᠵᠡᠭᠡᠢ ᠤᠶ᠋ᠢᠯᠠᠭ᠋ᠠᠬᠤ ᠪᠤᠯ ᠵᠦᠪ ᠵᠢᠯᠤᠭᠤᠳᠤᠯᠭ᠎ᠠ ᠬᠢᠬᠦ ᠵᠢᠨ ᠤᠷᠢᠳᠠᠯ ᠰᠠᠭᠤᠷᠢ ᠪᠤᠯᠤᠨ᠎ᠠ᠃
ᠠᠩᠭᠢ ᠵᠢᠨ ᠪᠠᠭᠰᠢ ᠵᠢᠨ ᠭᠤᠤᠯ ᠠᠵᠢᠯ᠎ᠨᠢ ᠰᠤᠷᠤᠭᠴᠢᠳ᠎ᠲᠤ ᠦᠵᠡᠯ ᠰᠠᠨᠠᠭ᠎ᠠ᠂ ᠰᠡᠳᠭᠢᠴᠡ᠂ ᠰᠤᠷᠤᠯᠴᠠᠬᠤ ᠠᠷᠭ᠎ᠠ ᠵᠢᠨ ᠵᠢᠯᠤᠭᠤᠳᠤᠯᠭ᠎ᠠ ᠬᠢᠬᠦ ᠵᠢᠨ ᠬᠠᠮᠲᠤ ᠰᠤᠷᠤᠭᠴᠢ ᠵᠢᠨ ᠬᠤᠭᠤᠷᠤᠨᠳᠤᠬᠢ ᠵᠦᠷᠢᠴᠡᠯ᠎ᠢ ᠰᠢᠢ᠍ᠳᠪᠦᠷᠢᠯᠡᠬᠦ ᠮᠡᠲᠦ ᠵᠢᠨ ᠤᠯᠠᠨ ᠠᠷᠪᠢᠨ ᠦᠵᠡᠯ ᠰᠠᠨᠠᠭ᠋ᠠᠨ᠎ᠤ ᠰᠤᠯᠢᠯᠴᠠᠭ᠎ᠠ᠂ ᠶᠠᠷᠢᠯᠴᠠᠭ᠎ᠠ ᠪᠠᠶ᠋ᠢᠳᠠᠭ᠂ ᠨᠡᠩ ᠢᠯᠠᠩᠭᠤᠶ᠎ᠠ ᠦᠵᠡᠯ ᠰᠠᠨᠠᠭ᠎ᠠ ᠦᠢ᠍ᠯᠡ ᠠᠵᠢᠯᠯᠠᠭ᠎ᠠ ᠳᠡᠭᠡᠷ᠎ᠡ᠎ᠪᠠᠨ ᠠᠰᠠᠭᠤᠳᠠᠯ᠎ᠲᠠᠢ ᠰᠤᠷᠤᠭᠴᠢ᠎ᠲᠠᠢ ᠶᠠᠷᠢᠯᠴᠠᠭ᠎ᠠ ᠬᠢᠬᠦ᠎ᠨᠢ ᠲᠤᠩ ᠠᠷᠪᠢᠨ᠃ ᠭᠡᠳᠡᠯ᠎ᠡ ᠤᠯᠠᠩᠬᠢ ᠵᠠᠯᠠᠭᠤ ᠪᠠᠭᠰᠢ ᠰᠤᠷᠤᠭᠴᠢᠳ᠎ᠲᠠᠢ ᠬᠡᠴᠢᠨᠡᠨ ᠶᠠᠷᠢᠯᠴᠠᠭᠰᠠᠨ ᠴᠦ᠍ ᠦᠷ᠎ᠡ ᠠᠰᠢᠭ᠎ᠨᠢ ᠪᠠᠭ᠎ᠠ᠂ ᠴᠢᠨᠠᠭᠰᠢᠯᠠᠨ ᠪᠠᠭᠰᠢ ᠰᠤᠷᠤᠭᠴᠢ ᠵᠢᠨ ᠵᠦᠷᠢᠴᠡᠯ ᠬᠤᠷᠴᠠᠳᠴᠤ᠂ ᠬᠤᠶᠠᠷ ᠠ᠋ᠳᠡᠭᠡᠳ᠎ᠤᠨ ᠬᠠᠷᠢᠴᠠᠭ᠎ᠠ ᠠᠨᠠᠢ ᠪᠤᠯᠬᠤ ᠦᠵᠡᠭᠳᠡᠯ ᠴᠦ᠍ ᠪᠠᠶ᠋ᠢᠨ᠎ᠠ᠃ ᠠ᠋ᠭᠦᠨ᠎ᠤ ᠭᠤᠤᠯ ᠰᠢᠯᠲᠠᠭ᠋ᠠᠨ᠎ᠨᠢ ᠪᠠᠭᠰᠢ᠎ᠠᠴᠠ ᠰᠤᠷᠤᠭᠴᠢ ᠵᠢᠨ ᠲᠤᠰ ᠬᠦᠮᠦᠨ ᠵᠢᠴᠢ ᠭᠡᠷ ᠪᠦᠯᠢ ᠵᠢᠨ ᠪᠠᠶ᠋ᠢᠳᠠᠯ᠎ᠳᠤ ᠭᠦᠨᠵᠡᠭᠡᠢ ᠤᠶ᠋ᠢᠯᠠᠭ᠋ᠠᠯᠳᠠ ᠬᠢᠭᠰᠡᠨ ᠦᠭᠡᠢ᠂ ᠤᠴᠢᠷ ᠶᠠᠪᠤᠳᠠᠯ᠎ᠤᠨ ᠵᠢᠩᠭᠢᠨᠢ ᠰᠢᠯᠲᠠᠭ᠋ᠠᠨ᠎ᠢ᠎ᠨᠢ ᠮᠡᠳᠡᠬᠦ ᠦᠭᠡᠢ᠂ ᠤᠶ᠋ᠢᠯᠠᠭ᠋ᠠᠬᠤ ᠦᠭᠡᠢ ᠪᠠᠶ᠋ᠢᠳᠠᠯ ᠲᠤᠤᠷ᠎ᠠ᠂ ᠭᠠᠭᠴᠠ ᠲᠠᠯ᠎ᠠ᠎ᠠᠴᠠ ᠶᠠᠷᠢᠵᠤ ᠰᠢᠭᠦᠮᠵᠢᠯᠡᠭᠰᠡᠨ᠎ᠠᠴᠠ ᠰᠤᠷᠤᠭᠴᠢ ᠵᠢᠨ ᠰᠡᠳᠭᠢᠯ᠎ᠢ ᠬᠦᠳᠡᠯᠭᠡᠵᠤ ᠳᠡᠶ᠋ᠢᠯᠬᠦ ᠦᠭᠡᠢ᠂ ᠰᠤᠷᠤᠭᠴᠢᠳ᠎ᠲᠤ ᠪᠢᠰᠢᠷᠡᠭᠳᠡᠬᠦ ᠦᠭᠡᠢ᠂ ᠰᠤᠷᠤᠭᠴᠢᠳ᠎ᠲᠤ ᠲᠠᠭ᠋ᠠᠰᠢᠶᠠᠭᠳᠠᠬᠤ ᠦᠭᠡᠢ᠂ ᠠ᠋ᠰᠡᠷᠭᠦ᠎ᠪᠠᠷ ᠬᠠᠷᠢᠨ ᠰᠤᠷᠤᠭᠴᠢ ᠵᠢᠨ ᠰᠡᠳᠭᠢᠯ᠎ᠢ ᠭᠦᠨᠳᠠᠵᠤ᠂ ᠡᠴᠦᠰ᠎ᠲᠤ᠎ᠪᠠᠨ ᠪᠠᠭᠰᠢ ᠵᠢᠨ ᠦᠭᠡ ᠵᠢ ᠠᠪᠬᠤ ᠦᠭᠡᠢ ᠪᠤᠯᠵᠤ᠂ ᠨᠡᠩ ᠴᠢᠨᠠᠭᠰᠢᠯᠠᠨ ᠠ᠋ᠰᠡᠷᠭᠦᠴᠡᠯᠳᠦᠬᠦ ᠪᠠᠶ᠋ᠢᠳᠠᠯ ᠢᠯᠡᠷᠡᠳᠡᠭ ᠪᠠᠶ᠋ᠢᠨ᠎ᠠ᠃ ᠠ᠋ᠶ᠋ᠢᠮᠦ᠎ᠠᠴᠠ ᠨᠢᠭᠡ ᠰᠤᠷᠤᠭᠴᠢ᠎ᠲᠠᠢ ᠶᠠᠷᠢᠯᠴᠠᠭ᠎ᠠ ᠬᠢᠬᠦ᠎ᠠᠴᠠ ᠠ᠋ᠮᠤᠨ᠎ᠡ ᠪᠡᠯᠡᠳᠭᠡᠯ ᠠᠵᠢᠯ ᠵᠶ᠋ᠠᠨ ᠭᠦᠢ᠍ᠴᠡᠳ ᠬᠢᠬᠦ᠎ᠨᠢ ᠰᠤᠷᠤᠭᠴᠢ᠎ᠲᠠᠢ ᠰᠡᠳᠭᠢᠯ ᠵᠶ᠋ᠠᠨ ᠰᠤᠯᠢᠯᠴᠠᠨ ᠪᠤᠳᠠᠳᠤ ᠠᠰᠠᠭᠤᠳᠠᠯ᠎ᠢ ᠰᠢᠢ᠍ᠳᠪᠦᠷᠢᠯᠡᠬᠦ ᠵᠢᠨ ᠤᠷᠢᠳᠠᠯ ᠪᠠ ᠰᠠᠭᠤᠷᠢ ᠪᠤᠯᠵᠤ ᠪᠠᠶ᠋ᠢᠳᠠᠭ᠃ ᠠᠩᠭᠢ ᠵᠢᠨ ᠪᠠᠭᠰᠢ ᠵᠢᠨ ᠬᠢᠷᠢ ᠲᠦᠪᠰᠢᠨ ᠶᠠᠮᠠᠷ ᠵᠡᠷᠭᠡ ᠪᠠᠶ᠋ᠢᠬᠤ᠎ᠨᠢ ᠰᠤᠷᠤᠭᠴᠢ ᠵᠢᠨ ᠰᠡᠳᠭᠢᠴᠡ ᠵᠢ ᠵᠠᠳᠠᠯᠵᠤ᠂ ᠰᠡᠳᠭᠢᠯ᠎ᠤᠨ ᠰᠤᠯᠢᠯᠴᠠᠭ᠎ᠠ ᠬᠢᠵᠦ ᠲᠡᠶ᠋ᠢᠯᠬᠦ ᠠ᠋ᠰᠡᠬᠦ᠎ᠲᠠᠢ ᠰᠢᠭᠤᠳ ᠬᠤᠯᠪᠤᠭ᠋ᠠᠲᠠᠢ ᠪᠠᠶ᠋ᠢᠳᠠᠭ᠂ ᠠ᠋ᠶ᠋ᠢᠮᠦ᠎ᠠᠴᠠ ᠪᠠᠭᠰᠢ ᠨᠠᠷ᠎ᠢ ᠰᠡᠳᠭᠢᠴᠡ ᠵᠢᠨ ᠵᠦᠪᠯᠡᠭᠴᠢ ᠵᠢᠨ ᠬᠢᠷᠢ ᠬᠡᠮ᠎ᠲᠠᠢ ᠪᠤᠯᠬᠤ ᠵᠢ ᠱᠠᠭ᠋ᠠᠷᠳᠠᠬᠤ᠎ᠨᠢ ᠴᠦ᠍ ᠮᠠᠰᠢ ᠵᠦᠪ ᠤᠴᠢᠷ ᠪᠢᠯᠠ᠃
3. ᠪᠡᠶ᠎ᠡ᠎ᠪᠠᠷ ᠵᠶ᠋ᠠᠨ ᠳᠠᠭᠤᠷᠢᠶᠠᠯ ᠪᠤᠯᠵᠤ᠂ ᠬᠡᠯᠡᠬᠦ ᠬᠢᠬᠦ᠎ᠪᠠᠨ ᠨᠢᠭᠡᠳᠭᠡᠨ᠂ ᠵᠦᠪ ᠳᠦᠷᠢ ᠳᠦᠷᠬᠦ ᠵᠢ ᠪᠦᠷᠢᠯᠳᠦᠭᠦᠯᠦᠭᠰᠡᠨ ᠪᠠᠶ᠋ᠢᠬᠤ ᠬᠡᠷᠡᠭᠲᠡᠢ᠃
ᠰᠤᠷᠠᠭ ᠵᠠᠩᠬᠢ᠂ ᠲᠤᠤᠷ ᠰᠦᠯᠵᠢᠶ᠎ᠡ ᠬᠦᠭᠵᠢᠭᠰᠡᠨ ᠤᠳᠤ ᠴᠠᠭ᠎ᠲᠤ᠂ ᠬᠡᠢ ᠬᠤᠭᠤᠰᠤᠨ᠂ ᠶᠡᠬᠡ ᠦᠭᠡ ᠬᠡᠯᠡᠭᠡᠳ ᠪᠤᠰᠤᠳ᠎ᠢ ᠪᠢᠰᠢᠷᠡᠭᠦᠯᠵᠦ ᠲᠡᠶ᠋ᠢᠯᠬᠦ᠎ᠪᠠᠨ ᠪᠤᠯᠢᠵᠠᠢ᠃ ᠬᠠᠷᠢᠨ ᠬᠡᠯᠡᠭᠰᠡᠨᠤ ᠳᠠᠷᠠᠭ᠎ᠠ ᠭᠡᠷᠬᠢᠨ ᠪᠡᠶᠡᠯᠡᠭᠦᠯᠵᠦ ᠪᠠᠶ᠋ᠢᠬᠤ ᠠ᠋ᠰᠡᠬᠦ ᠵᠢ ᠦᠵᠡᠵᠦ ᠠᠩᠬᠠᠷᠬᠤ ᠮᠦᠷᠳᠡᠭᠡᠨ ᠦᠨᠡᠯᠡᠯᠳᠡ ᠬᠢᠬᠦ ᠵᠢ ᠴᠢᠬᠤᠯᠠᠴᠢᠯᠠᠬᠤ ᠬᠡᠷᠡᠭᠲᠡᠢ᠃ ᠠ᠋ᠶ᠋ᠢᠮᠦ᠎ᠠᠴᠠ ᠠᠩᠭᠢ ᠵᠢᠨ ᠪᠠᠭᠰᠢ ᠪᠤᠯᠤᠭᠰᠠᠨ᠎ᠤ ᠬᠤᠪᠢ᠎ᠳᠤ 《ᠮᠡᠳᠡᠯᠭᠡ ᠭᠦᠨ ᠪᠤᠯᠪᠠᠰᠤ ᠪᠠᠭᠰᠢ᠂ ᠰᠤᠷᠲᠠᠯ ᠲᠦᠪ ᠪᠤᠯᠪᠠᠰᠤ ᠳᠠᠭᠤᠷᠢᠶᠠᠯ》 ᠭᠡᠳᠡᠭ ᠦᠭᠡ ᠵᠢ ᠪᠠᠳᠦ ᠴᠡᠭᠡᠵᠢᠯᠡᠵᠤ᠂ ᠰᠤᠷᠤᠯᠴᠠᠯᠭ᠎ᠠ ᠪᠠ ᠪᠤᠯᠪᠠᠰᠤᠷᠠᠯ᠎ᠢ ᠬᠦᠨᠳᠦᠳᠭᠡᠨ᠂ ᠲᠤᠰᠬᠠᠢ ᠮᠡᠷᠭᠡᠵᠢᠯ ᠪᠠ ᠮᠡᠳᠡᠯᠭᠡ ᠵᠢᠨ ᠬᠦᠷᠢᠶ᠎ᠡ ᠬᠡᠪᠴᠢᠶ᠎ᠡ᠂ ᠲᠠᠮᠢᠷ ᠤᠷᠠᠯᠢᠭ ᠵᠡᠷᠭᠡ ᠡᠯ᠎ᠠ ᠲᠠᠯ᠎ᠠ᠎ᠪᠠᠷ ᠦᠪᠡᠷ᠎ᠢ᠎ᠪᠠᠨ ᠲᠠᠰᠤᠷᠠᠯᠳᠠ ᠦᠭᠡᠢ ᠳᠡᠭᠡᠭᠰᠢᠯᠡᠭᠦᠯᠬᠦ᠎ᠪᠠᠷ ᠪᠠᠷᠠᠬᠤ ᠦᠭᠡᠢ᠂ ᠬᠠᠮᠢᠶᠠᠷᠤᠯᠳᠠ ᠵᠢᠨ ᠬᠢᠷᠢ ᠲᠦᠪᠰᠢᠨ ᠵᠶ᠋ᠠᠨ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠪᠤᠳᠠᠳᠤ ᠠᠵᠢᠯᠯᠠᠭ᠎ᠠ᠎ᠪᠠᠷ ᠵᠶ᠋ᠠᠨ ᠲᠦᠷᠢᠮ ᠦᠵᠡᠭᠦᠯᠵᠦ᠂ ᠬᠡᠯᠡᠬᠦ ᠬᠢᠬᠦ᠎ᠪᠠᠨ ᠨᠢᠭᠡᠳᠦᠯᠲᠡᠢ ᠪᠠᠶ᠋ᠢᠯᠭ᠋ᠠᠬᠤ ᠬᠡᠷᠡᠭᠲᠡᠢ᠃ ᠢᠩᠭᠢᠪᠡᠯ ᠰᠡᠶᠢ ᠰᠤᠷᠤᠭᠴᠢ ᠵᠢᠨ ᠰᠡᠳᠭᠢᠯ᠎ᠳᠤ ᠪᠠᠶ᠋ᠢᠷᠢ ᠰᠠᠭᠤᠷᠢ᠎ᠲᠠᠢ ᠪᠤᠯᠵᠤ᠂ ᠰᠤᠷᠤᠭᠴᠢ ᠵᠢᠨ ᠪᠢᠰᠢᠷᠡᠯ ᠬᠦᠨᠳᠦᠳᠭᠡᠯ᠎ᠲᠠᠢ ᠪᠠᠭᠰᠢ ᠪᠤᠯᠵᠤ ᠴᠢᠳᠠᠨ᠎ᠠ᠃
4. ᠰᠤᠷᠤᠭᠴᠢ ᠵᠢᠨ ᠨᠡᠷ᠎ᠡ ᠲᠦᠷᠦ ᠵᠢ ᠬᠠᠮᠠᠭ᠋ᠠᠯᠠᠵᠤ᠂ ᠨᠢᠭᠤᠴᠠ ᠵᠢ ᠵᠠᠳᠠᠷᠠᠭᠤᠯᠬᠤ ᠦᠭᠡᠢ ᠪᠠᠶ᠋ᠢᠬᠤ ᠬᠡᠷᠡᠭᠲᠡᠢ᠃
ᠶᠠᠮᠠᠷᠪᠠ ᠬᠦᠮᠦᠨ ᠴᠦ᠍ ᠪᠦᠷ ᠲᠡᠭᠦᠨ᠎ᠤ ᠲᠠᠪᠠᠭᠤᠯᠢᠭ ᠲᠠᠯ᠎ᠠ ᠪᠠ ᠬᠦᠷᠦᠯᠴᠡᠬᠦ ᠦᠭᠡᠢ ᠲᠠᠯ᠎ᠠ ᠪᠠᠶ᠋ᠢᠳᠠᠭ᠂ ᠬᠦᠮᠦᠨ ᠪᠦᠬᠦᠨ ᠦᠪᠡᠷ᠎ᠤᠨ ᠳᠠᠪᠠᠭᠤᠯᠢᠭ ᠲᠠᠯ᠎ᠠ᠎ᠪᠠᠨ ᠪᠤᠰᠤᠳ᠎ᠲᠤ ᠮᠡᠳᠡᠷᠡᠭᠳᠡᠵᠦ᠂ ᠬᠦᠷᠦᠯᠴᠡᠬᠦ ᠦᠭᠡᠢ ᠲᠠᠯ᠎ᠠ᠎ᠪᠠᠨ ᠮᠡᠳᠡᠭᠳᠡᠬᠦ ᠦᠭᠡᠢ ᠵᠢ ᠬᠢᠴᠢᠶᠡᠳᠡᠭ᠃ ᠠ᠋ᠶ᠋ᠢᠮᠦ᠎ᠠᠴᠠ ᠰᠤᠷᠤᠭᠴᠢ ᠵᠢᠨ ᠬᠢᠭᠰᠡᠨ ᠪᠤᠷᠤᠭᠤ ᠶᠠᠪᠤᠳᠠᠯ᠎ᠢ ᠰᠢᠢ᠍ᠳᠪᠦᠷᠢᠯᠡᠬᠦ᠎ᠳᠤ ᠠᠪᠬᠤ ᠠᠷᠭ᠎ᠠ ᠠᠪᠴᠠᠯ ᠪᠠ ᠬᠡᠮᠵᠢᠶ᠎ᠡ ᠲᠤᠮᠵᠢᠶ᠎ᠠ᠎ᠪᠠᠨ ᠲᠡᠩᠴᠡᠭᠦᠯᠵᠦ᠂ ᠬᠦᠮᠦᠨ᠎ᠢ ᠬᠦᠮᠦᠵᠢᠭᠦᠯᠬᠦ ᠵᠠᠷᠴᠢᠮ ᠲᠤᠤᠷ᠎ᠠ ᠰᠢᠢ᠍ᠳᠪᠦᠷᠢᠯᠡᠭᠰᠡᠨ ᠪᠠᠶ᠋ᠢᠬᠤ ᠬᠡᠷᠡᠭᠲᠡᠢ᠃ ᠬᠠᠷᠢᠨ ᠠᠩᠭᠢ ᠵᠢᠨ ᠬᠢᠨᠡᠨ ᠲᠤᠭ᠋ᠠᠴᠠᠯᠳᠠᠠᠴᠠ ᠬᠤᠪᠢ ᠬᠠᠰᠤᠭᠤᠯᠤᠭᠰᠠᠨ ᠪᠤᠶᠤ ᠪᠠᠭᠰᠢ ᠵᠢᠨ ᠨᠡᠷ᠎ᠡ ᠨᠢᠭᠤᠷ᠎ᠢ ᠪᠠᠷᠠᠭᠰᠠᠨ ᠭᠡᠬᠦ ᠮᠡᠲᠦ ᠦᠩᠭᠡᠨ ᠲᠠᠯ᠎ᠠ ᠵᠢᠨ ᠵᠢᠵᠢᠭ ᠤᠴᠢᠷ᠎ᠠᠴᠠ ᠰᠤᠷᠤᠭᠴᠢ ᠵᠢ ᠶᠠᠯᠠᠯᠠᠬᠤ᠂ ᠬᠡᠲᠦ ᠰᠢᠭᠦᠮᠵᠢᠯᠡᠬᠦ ᠵᠢ ᠬᠢᠴᠢᠶᠡᠪᠡᠯ ᠵᠤᠬᠢᠰᠲᠠᠢ᠃ ᠨᠡᠩ ᠢᠯᠠᠩᠭᠤᠶ᠎ᠠ ᠬᠤᠯᠠᠭ᠋ᠠᠢ ᠬᠢᠬᠦ ᠮᠡᠲᠦ ᠰᠤᠷᠤᠭᠴᠢ ᠵᠢᠨ ᠨᠡᠷ᠎ᠡ ᠲᠦᠷᠦ ᠵᠢ ᠬᠦᠨᠳᠦ ᠨᠤᠴᠢᠲᠠᠢ ᠨᠦᠯᠦᠭᠡᠯᠡᠬᠦ ᠶᠠᠪᠤᠳᠠᠯ᠎ᠢ ᠰᠢᠢ᠍ᠳᠪᠦᠷᠢᠯᠡᠬᠦ᠎ᠳᠤ ᠤᠴᠢᠷ ᠶᠠᠪᠤᠳᠠᠯ᠎ᠤᠨ ᠠ᠋ᠭᠦᠰᠦᠯ ᠭᠠᠷᠤᠯ ᠵᠡᠷᠭᠡ ᠵᠢ ᠨᠠᠷᠢᠯᠢᠬ ᠤᠶ᠋ᠢᠯᠠᠭ᠋ᠠᠭᠰᠠᠨ ᠰᠠᠭᠤᠷᠢᠨ ᠳᠡᠭᠡᠷ᠎ᠡ ᠯᠠᠪᠳᠠᠭᠤᠨ ᠬᠢᠴᠢᠶᠡᠮᠵᠢ᠎ᠲᠠᠢ ᠰᠢᠢ᠍ᠳᠪᠦᠷᠢᠯᠡᠨ᠂ ᠬᠠᠪᠰᠤᠷᠤᠮᠵᠢ ᠦᠭᠬᠦ ᠮᠦᠷᠲᠡᠭᠡᠨ ᠪᠤᠰᠤᠳ᠎ᠲᠤ ᠮᠡᠳᠡᠭᠳᠡᠬᠦ ᠵᠢ ᠬᠢᠴᠢᠶᠡᠨ᠂ ᠨᠡᠷ᠎ᠡ ᠨᠢᠭᠤᠷ᠎ᠢ᠎ᠨᠢ ᠬᠠᠮᠠᠭ᠋ᠠᠯᠠᠵᠤ᠂ ᠬᠤᠵᠢᠮ᠎ᠤᠨ ᠬᠦᠭᠵᠢᠯᠳᠡ᠎ᠳᠤ ᠰᠠᠭ᠋ᠠᠳ ᠪᠤᠯᠬᠤ᠎ᠠᠴᠠ ᠬᠢᠴᠢᠶᠡᠨ᠎ᠡ᠃ ᠠ᠋ᠶ᠋ᠢᠮᠦᠷᠬᠦᠤ ᠬᠡᠤᠬᠡᠳ ᠨᠠᠰᠤᠨ ᠲᠤᠷᠰᠢᠳᠠ ᠪᠠᠭᠰᠢ ᠵᠢᠨ ᠬᠦᠮᠦᠵᠢᠭᠦᠯᠦᠭᠰᠡᠨ ᠠᠴᠢ ᠵᠢ ᠪᠤᠳᠤᠵᠤ᠂ ᠲᠠᠯᠠᠷᠬᠠᠵᠤ ᠶᠠᠪᠤᠳᠠᠭ ᠤᠴᠢᠷ᠎ᠲᠠᠢ᠃
5. ᠳᠦᠷᠢᠮ ᠲᠤᠭᠲᠠᠭ᠋ᠠᠯ᠎ᠢ ᠲᠤᠳᠤᠷᠬᠠᠢ ᠪᠤᠯᠭ᠋ᠠᠨ᠂ ᠰᠤᠷᠤᠭᠴᠢ ᠪᠤᠯᠭ᠋ᠠᠨ᠎ᠳᠤ ᠠᠳᠠᠯᠢ ᠲᠡᠭᠰᠢ᠎ᠪᠠᠷ ᠬᠠᠨᠳᠤᠬᠤ ᠵᠢ ᠠᠩᠬᠠᠷᠤᠨ᠎ᠠ᠃
《ᠰᠤᠷᠤᠯᠭ᠎ᠠ ᠰᠠᠶ᠋ᠢᠨ ᠪᠤᠯ ᠰᠠᠶ᠋ᠢᠨ ᠰᠤᠷᠤᠭᠴᠢ》 ᠭᠡᠬᠦ ᠦᠨᠡᠯᠡᠯᠳᠡ᠎ᠨᠢ ᠤᠳᠤ ᠴᠦ᠍ ᠶᠡᠭᠡ ᠬᠤᠪᠢᠷᠠᠯᠳᠠ ᠦᠭᠡᠢ᠃ ᠭᠡᠲᠡᠯ᠎ᠡ ᠠ᠋ᠨᠡ ᠭᠦ᠌ ᠦᠨᠡᠯᠡᠬᠦ ᠠᠷᠭ᠎ᠠ᠎ᠨᠢ ᠰᠤᠷᠤᠯᠭ᠎ᠠ᠎ᠳᠤ᠎ᠪᠠᠨ ᠠᠨᠠᠢ ᠰᠤᠷᠤᠭᠴᠢ ᠵᠢᠨ ᠢᠳᠡᠪᠬᠢᠵᠢᠯ᠎ᠢ ᠰᠤᠯᠠᠷᠠᠭᠤᠯᠵᠤ᠂ ᠵᠦᠷᠢᠭᠦᠳᠯᠡᠬᠦ ᠠᠵᠢᠯᠯᠠᠭ᠎ᠠ ᠬᠢᠯᠭᠡᠳᠡᠭ ᠮᠦᠷᠳᠡᠭᠡᠨ ᠰᠤᠷᠤᠯᠭ᠎ᠠ ᠰᠠᠶ᠋ᠢᠨ ᠰᠤᠷᠤᠭᠴᠢ᠎ᠳᠤ ᠴᠦ᠍ ᠨᠠᠵᠠᠭ᠋ᠠᠢ ᠵᠠᠩ ᠰᠤᠷᠭ᠋ᠠᠳᠠᠭ᠃ ᠠ᠋ᠶ᠋ᠢᠮᠦ᠎ᠠᠴᠠ ᠳᠦᠷᠢᠮ ᠲᠤᠭᠲᠠᠭ᠋ᠠᠯ᠎ᠤᠨ ᠠ᠋ᠮᠦᠨ᠎ᠡ᠂ ᠰᠤᠷᠤᠭᠴᠢ ᠪᠤᠯᠭ᠋ᠠᠨ᠎ᠳᠤ ᠠᠳᠠᠯᠢ ᠲᠡᠭᠰᠢ ᠪᠠᠶ᠋ᠢᠬᠤ ᠵᠢ ᠪᠠᠳᠤᠯᠠᠵᠤ᠂ ᠳᠦᠷᠢᠮ᠎ᠢ ᠵᠦᠷᠢᠴᠡᠭᠰᠡᠨ ᠪᠠᠶ᠋ᠢᠪᠠᠯ ᠲᠤᠭᠲᠠᠭ᠋ᠠᠯ ᠶᠤᠰᠤᠭ᠋ᠠᠷ ᠰᠢᠢ᠍ᠳᠪᠦᠷᠢᠯᠡᠵᠦ᠂ ᠰᠤᠷᠤᠯᠭ᠎ᠠ ᠰᠠᠶ᠋ᠢᠨ ᠮᠠᠭᠤ᠎ᠪᠠᠷ ᠢᠯᠭ᠋ᠠᠬᠤ ᠦᠭᠡᠢ ᠪᠠᠶ᠋ᠢᠬᠤ ᠬᠡᠷᠡᠭᠲᠡᠢ᠃ ᠠ᠋ᠭᠦᠨ᠎ᠤ ᠳᠠᠭ᠋ᠠᠤ ᠰᠤᠷᠤᠭᠴᠢ ᠪᠤᠯᠭ᠋ᠠᠨ᠎ᠤ ᠳᠠᠪᠠᠭᠤᠯᠢᠭ ᠲᠠᠯ᠎ᠠ ᠵᠢ ᠠᠳᠬᠤᠨ ᠵᠤᠷᠢᠬ᠍ᠵᠢᠭᠤᠯᠵᠤ᠂ ᠢᠲᠡᠭᠡᠯ ᠤᠯᠭᠤᠵᠤ᠂ ᠤᠷᠤᠭᠰᠢ ᠲᠠᠪᠰᠢᠬᠤ ᠵᠤᠷᠢᠭᠲᠠᠢ ᠪᠤᠯᠭ᠋ᠠᠨ᠎ᠠ᠃ ᠬᠡᠤᠬᠡᠳ ᠪᠤᠯᠭ᠋ᠠᠨ᠎ᠤ ᠨᠢᠭᠤᠭᠳᠠᠮᠠᠯ ᠬᠦᠴᠦᠨ ᠬᠢᠵᠠᠭ᠋ᠠᠯᠠᠰᠢ ᠦᠭᠡᠢ᠂ ᠶᠠᠮᠠᠷ ᠦᠶ᠎ᠡ᠎ᠳᠤ ᠴᠦ᠍ ᠬᠦᠩᠭᠡᠨ ᠬᠠᠭᠤᠳᠠᠮ ᠵᠶ᠋ᠠᠷ ᠰᠠᠶ᠋ᠢᠨ ᠮᠠᠭᠤ ᠭᠡᠵᠦ ᠳ᠋ᠦᠩᠨᠡᠯᠳᠡ ᠬᠢᠵᠦ ᠪᠤᠯᠬᠤ ᠦᠭᠡᠢ ᠭᠡᠳᠡᠭ᠎ᠢ ᠤᠢ᠍ᠢ᠍ᠯᠠᠭ᠋ᠠᠪᠠᠯ ᠵᠤᠬᠢᠨ᠎ᠠ᠃
6. ᠠᠯᠢᠪᠠ ᠴᠢᠷᠮᠠᠶ᠋ᠢᠯᠭ᠎ᠠ ᠴᠦᠮ ᠬᠠᠶ᠋ᠢᠷ᠎ᠠ ᠪᠠ ᠬᠠᠷᠢᠭᠤᠴᠠᠯᠭ᠎ᠠ ᠮᠦᠨ᠃
ᠠᠵᠢᠯ ᠪᠠ ᠦᠢ᠍ᠯᠡᠰ᠎ᠤᠨ ᠢᠯᠭ᠋ᠠᠭ᠎ᠠ᠎ᠨᠢ ᠤᠷᠭᠢᠯᠤᠮ᠎ᠠ ᠬᠠᠯᠠᠭᠤᠨ ᠰᠡᠳᠭᠢᠯ᠂ ᠬᠠᠶ᠋ᠢᠷ᠎ᠠ ᠰᠢᠩᠭᠡᠭᠰᠡᠨ ᠠ᠋ᠰᠡᠬᠦ᠎ᠳᠤ ᠪᠠᠶ᠋ᠢᠨ᠎ᠠ᠃ ᠠᠩᠭᠢ ᠵᠢᠨ ᠪᠠᠭᠰᠢ ᠵᠢᠨ ᠬᠤᠪᠢ᠎ᠳᠤ᠂ ᠦᠭᠡ ᠶᠠᠷᠢᠶ᠎ᠠ᠂ ᠦᠢ᠍ᠯᠡ ᠠᠵᠢᠯᠯᠠᠭ᠎ᠠ᠎ᠨᠢ ᠨᠢᠭᠡ ᠠᠩᠭᠢ ᠵᠢᠨ ᠰᠤᠷᠤᠭᠴᠢᠳ᠎ᠤᠨ ᠬᠦᠭᠵᠢᠯᠳᠡ ᠵᠢᠨ ᠴᠢᠭᠯᠡᠯ᠎ᠢ ᠵᠢᠭ᠋ᠠᠵᠤ᠂ ᠦᠷᠳᠡᠭ᠎ᠤᠨ ᠦᠵᠡᠯᠳᠡ᠂ ᠠᠮᠢᠳᠤᠷᠠᠭ᠍ᠤᠢ ᠵᠢᠨ ᠦᠵᠡᠯᠳᠡ᠎ᠳᠤ ᠴᠢᠬᠤᠯᠠ ᠨᠦᠯᠦᠭᠡ ᠦᠵᠡᠭᠦᠯᠵᠦ ᠪᠠᠶ᠋ᠢᠳᠠᠭ᠃ ᠬᠡᠤᠬᠡᠳ᠎ᠤᠨ ᠬᠦᠭᠵᠢᠯᠳᠡ᠎ᠳᠤ ᠵᠦᠪ ᠠ᠋ᠨᠧᠷᠬᠢ ᠤᠯᠭᠤᠵᠤ᠂ ᠬᠦᠮᠦᠨ ᠪᠤᠯᠬᠤ ᠶᠤᠰᠤ ᠵᠢ ᠵᠢᠭ᠋ᠠᠨ᠂ ᠵᠦᠪ ᠵᠠᠮ ᠵᠶ᠋ᠠᠷ ᠬᠦᠳᠦᠯᠬᠦ᠎ᠨᠢ ᠰᠤᠷᠭ᠋ᠠᠨ ᠬᠦᠮᠦᠵᠢᠯ᠎ᠤᠨ ᠵᠢᠩᠭᠢᠨᠢ ᠤᠳᠬ᠎ᠠ ᠠᠭᠤᠯᠭ᠎ᠠ ᠮᠦᠨ᠃ ᠠ᠋ᠶ᠋ᠢᠮᠦ᠎ᠠᠴᠠ ᠠᠩᠭᠢ ᠵᠢᠨ ᠪᠠᠭᠰᠢ ᠦᠨᠡᠨ ᠬᠠᠶ᠋ᠢᠷ᠎ᠠ᠂ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠳᠤ ᠰᠡᠳᠭᠢᠯ ᠵᠶ᠋ᠠᠷ ᠠᠵᠢᠯ ᠦᠢ᠍ᠯᠡᠰ ᠵᠶ᠋ᠠᠨ ᠳᠡᠭᠡᠳᠦᠯᠡᠵᠦ᠂ ᠰᠤᠷᠤᠭᠴᠢ᠎ᠪᠠᠨ ᠬᠡᠤᠬᠡᠳ᠎ᠲᠠᠢ᠎ᠪᠠᠨ ᠠᠳᠠᠯᠢ ᠬᠠᠶ᠋ᠢᠷᠠᠯᠠᠵᠤ᠂ ᠪᠦᠬᠦ ᠰᠡᠳᠭᠢᠯ ᠪᠦᠬᠦ ᠵᠤᠷᠢᠭ ᠵᠶ᠋ᠠᠷ ᠵᠶ᠋ᠠᠨ ᠬᠡᠤᠬᠡᠳ᠎ᠤᠨ ᠢᠷᠡᠭᠡᠳᠦᠢ ᠵᠢᠨ ᠲᠦᠯᠦᠭᠡ ᠴᠢᠷᠮᠠᠶ᠋ᠢᠪᠠᠯ ᠵᠤᠬᠢᠨ᠎ᠠ᠂ ᠲᠡᠭᠡᠪᠡᠯ ᠰᠠᠶᠢ ᠬᠡᠤᠬᠡᠳ᠎ᠲᠤ ᠤᠰᠤᠯᠳᠠᠬᠤ ᠦᠭᠡᠢ᠂ ᠦᠪᠡᠷ᠎ᠤᠨ ᠪᠡᠶ᠎ᠡ᠎ᠳᠤ᠎ᠪᠠᠨ ᠬᠠᠷᠠᠮᠰᠠᠯ ᠦᠯᠡᠳᠡᠭᠡᠬᠦ ᠦᠭᠡᠢ᠂ ᠠᠵᠢᠯ᠎ᠤᠨ ᠪᠠᠶᠠᠷ ᠪᠠᠬᠠᠳᠤᠯ᠎ᠢ ᠠ᠋ᠳ᠋ᠯᠡᠵᠦ᠂ ᠦᠢ᠍ᠯᠡᠰ᠎ᠤᠨ ᠵᠢᠷᠭ᠋ᠠᠯᠳᠤ ᠱᠤᠩᠪᠠᠬᠤ ᠶᠤᠮ᠃
ᠠᠩᠭᠢ ᠵᠢᠨ ᠠ᠋ᠷᠬᠢᠯᠡᠭᠴᠢ ᠪᠤᠯ ᠵᠡᠷᠭᠡ ᠭᠡᠷᠬᠡᠮ ᠵᠶ᠋ᠠᠷ ᠳᠡᠯᠡᠬᠡᠢ ᠳᠡᠭᠡᠷᠡᠬᠢ ᠬᠠᠮᠤᠭ᠎ᠤᠨ ᠪᠠᠭ᠎ᠠ ᠠ᠋ᠷᠬᠢᠯᠡᠭᠴᠢ᠂ ᠭᠡᠲᠡᠯ᠎ᠡ ᠠ᠋ᠭᠦᠷᠭᠡ ᠬᠠᠷᠢᠭᠤᠴᠠᠯᠭ᠎ᠠ᠎ᠨᠢ ᠬᠠᠮᠤᠭ᠎ᠤᠨ ᠶᠡᠭᠡ ᠠ᠋ᠷᠬᠢᠯᠡᠭᠴᠢ ᠭᠡᠵᠦ ᠪᠢ ᠪᠠᠶ᠋ᠢᠩᠭᠤ ᠪᠤᠳᠤᠵᠤ ᠶᠠᠪᠤᠨ᠎ᠠ᠃
ᠬᠠᠶᠢᠬ᠄ ᠤᠷᠳᠤᠰ ᠬᠤᠳᠠ ᠵᠢᠨ ᠮᠤᠩᠭᠤᠯ ᠦᠨᠳᠦᠰᠦᠲᠡᠨ᠎ᠤ ᠳᠤᠮᠳᠠᠳᠤ ᠰᠤᠷᠭ᠋ᠠᠭᠤᠯᠢ
(ᠠ᠋ᠾᠤᠢ᠍ᠩ ᠮᠸᠢ ᠨᠠᠢ᠍ᠢ᠍ᠷᠠᠭᠤᠯᠪᠠ)
2020 ᠣᠨ᠎ᠤ 7 ᠳ᠋ᠤᠭ᠋ᠠᠷ ᠬᠤᠭᠤᠴᠠᠭ᠎ᠠ