ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠤᠷ᠎ᠤᠨ ᠲᠠᠪᠴᠠᠩ   -   ᠠᠩᠭᠢ᠎ᠶᠢᠨ ᠠᠵᠢᠯ
ᠠᠩᠬ᠎ᠠ ᠲᠤᠮᠳᠠᠳᠤ ᠵᠢᠨ ᠠᠩᠬᠢ ᠵᠢᠨ ᠠ᠋ᠷᠬᠢᠯᠡᠭᠴᠢ᠎ᠳᠤ ᠲᠠᠯᠪᠢᠬᠤ ᠮᠦᠴᠢᠳᠬᠡᠨ ᠰᠠᠨᠠᠭᠤᠯᠤᠮᠵᠢ
ᠨᠡᠶ᠋ᠢᠲᠡᠯᠡᠭᠰᠡᠨ ᠴᠠᠭ᠄ 2021-08-10


                        ᠮᠸᠡᠭ ᠴᠢᠤᠸᠠᠨ ᠰᠢ   ᠤᠷᠠᠨᠵᠠᠶᠠᠭ᠎ᠠ


      ᠠᠩᠬ᠎ᠠ ᠲᠤᠮᠳᠠᠳᠤ ᠵᠢᠨ ᠱᠠᠳᠤ ᠦᠶ᠎ᠡ ᠪᠤᠯ ᠨᠢᠭᠡ ᠬᠦᠮᠦᠨ᠎ᠤ ᠠᠮᠢᠳᠤᠷᠠᠭ᠍ᠤᠢ ᠵᠢᠨ ᠠ᠋ᠷᠭᠢᠯᠳᠡ ᠵᠢᠨ ᠴᠢᠬᠤᠯᠠ ᠴᠠᠭ ᠦᠶ᠎ᠡ ᠪᠠᠶ᠋ᠢᠵᠤ᠂ ᠰᠤᠷᠤᠬ᠍ᠴᠢᠳ᠎ᠤᠨ ᠰᠤᠶᠤᠯ᠎ᠤᠨ ᠬᠡᠪ ᠴᠢᠨᠠᠷ᠎ᠤᠨ ᠬᠦᠭᠵᠢᠯᠳᠡ ᠵᠢᠨ ᠰᠢᠵᠢᠷ ᠠᠯᠳᠠᠨ ᠴᠠᠭ ᠦᠶ᠎ᠡ ᠪᠤᠯᠬᠤ᠎ᠪᠠᠷ ᠪᠠᠷᠠᠭ᠍ᠤ ᠦᠭᠡᠢ ᠠᠮᠢᠳᠤᠷᠠᠭ᠍ᠤᠢ ᠵᠢᠨ ᠦᠵᠡᠯᠳᠡ᠂ ᠦᠷᠳᠡᠭ᠎ᠤᠨ ᠦᠵᠡᠯᠳᠡ᠂ ᠶᠢᠷᠳᠢᠨᠴᠦ ᠵᠢᠨ ᠦᠵᠡᠯᠳᠡ ᠠᠩᠬ᠎ᠠ ᠪᠦᠷᠢᠯᠳᠦᠬᠦ ᠦᠶ᠎ᠡ ᠪᠤᠯᠤᠨ᠎ᠠ᠃ ᠮᠦᠨ ᠴᠦ᠍ ᠠ᠋ᠨᠡᠬᠦ ᠱᠠᠳᠤᠨ᠎ᠤ ᠬᠡᠤᠬᠡᠳ ᠶᠠᠭ ᠰᠠᠶᠢᠬᠠᠨ ᠤᠷᠢ ᠨᠠᠰᠤᠨ᠎ᠳᠤ ᠪᠠᠶ᠋ᠢᠵᠤ᠂ ᠪᠡᠶ᠎ᠡ ᠰᠡᠳᠭᠢᠴᠡ ᠵᠢᠨ ᠬᠦᠭᠵᠢᠯᠳᠡ᠎ᠨᠢ ᠬᠠᠷᠠᠭ᠍ᠠᠨ ᠪᠤᠯᠪᠠᠰᠤᠷᠠᠭ᠋ᠠᠳᠤᠢ᠂ ᠵᠦᠪ ᠪᠤᠷᠤᠭᠤ ᠵᠢ ᠢᠯᠭ᠋ᠠᠨ ᠲᠠᠨᠢᠬᠤ ᠴᠢᠳᠠᠪᠤᠷᠢ ᠠᠨᠠᠢ᠂ ᠤᠷᠮ᠎ᠠ ᠰᠡᠳᠭᠢᠯᠭᠡ ᠵᠢᠨ ᠬᠡᠯᠪᠡᠯᠵᠢᠯ ᠶᠡᠭᠡ᠂ ᠲᠤᠬᠳᠠᠭᠤᠨ ᠪᠤᠰᠤ ᠵᠡᠷᠭᠡ ᠤᠷᠢ ᠨᠠᠰᠤᠨ᠎ᠤ ᠵᠦᠷᠢᠴᠡᠯᠳᠦ ᠰᠡᠳᠬᠢᠴᠡ᠎ᠪᠠᠷ ᠲᠦᠭᠦᠷᠡᠩ 《ᠠᠶᠤᠯᠳᠤ ᠬᠤᠭᠤᠴᠠᠭ᠎ᠠ》᠎ᠳᠤ ᠪᠠᠶ᠋ᠢᠳᠠᠭ᠃ ᠶᠠᠭ ᠠ᠋ᠨᠡᠬᠦ ᠱᠠᠳᠤᠨ᠎ᠤ ᠬᠡᠦᠬᠡᠳ᠎ᠤᠨ ᠪᠡᠶ᠎ᠡ ᠰᠡᠳᠭᠢᠴᠡ ᠵᠢᠨ ᠠ᠋ᠷᠡᠭᠦᠯ ᠰᠠᠷᠠᠭᠤᠯ ᠦᠰᠦᠨ ᠪᠤᠶ᠋ᠢᠵᠢᠯᠳᠡ ᠪᠠ ᠬᠦᠮᠦᠨ ᠪᠤᠯᠤᠨ ᠬᠦᠮᠦᠵᠢᠭᠳᠡᠬᠦ᠎ᠲᠠᠢ ᠰᠢᠭᠤᠳ ᠬᠤᠯᠪᠤᠬᠳᠠᠭ᠍ᠤ ᠬᠦᠮᠦᠨ᠎ᠤ ᠨᠢᠭᠡ ᠪᠤᠯ ᠠᠩᠬᠢ ᠵᠢᠨ ᠠ᠋ᠷᠬᠢᠯᠡᠭᠴᠢ ᠪᠤᠯᠤᠨ᠎ᠠ᠃ ᠠ᠋ᠶ᠋ᠢᠮᠦ᠎ᠠᠴᠠ ᠠᠩᠬ᠎ᠠ ᠲᠤᠮᠳᠠᠳᠤ ᠵᠢᠨ ᠠᠩᠬᠢ ᠵᠢᠨ ᠠ᠋ᠷᠬᠢᠯᠡᠭᠴᠢ ᠵᠢᠨ ᠠᠵᠢᠯ ᠲᠦᠢ᠍ᠯ᠎ᠤᠨ ᠬᠦᠨᠳᠦ ᠴᠢᠬᠤᠯᠠ ᠮᠦᠷᠳᠡᠭᠡᠨ ᠵᠦᠳᠡᠷᠡᠯ᠎ᠲᠠᠢ ᠪᠠᠶ᠋ᠢᠳᠠᠭ᠃
      ᠨᠢᠭᠡ᠂ ᠬᠡᠪ ᠪᠤᠯᠪᠠᠰᠤᠷᠠᠯ ᠵᠶ᠋ᠠᠨ ᠲᠡᠭᠡᠭᠰᠢᠯᠡᠭᠦᠯᠵᠦ᠂ ᠬᠡᠪ ᠲᠠᠭᠤᠷᠢᠶᠠᠯ ᠪᠤᠯᠬᠤ
     1. 《ᠪᠡᠶ᠎ᠡ ᠲᠦᠪ ᠪᠤᠯᠪᠠᠰᠤ ᠠ᠋ᠰᠡ ᠵᠠᠷᠯᠢᠬᠳᠠᠪᠠᠴᠤ ᠲᠠᠭ᠋ᠠᠮᠤᠢ᠂ ᠪᠡᠶ᠎ᠡ ᠲᠦᠪ ᠪᠤᠰᠤ ᠪᠤᠯᠪᠠᠰᠤ ᠵᠠᠷᠯᠢᠬᠳᠠᠪᠠᠴᠤ ᠠ᠋ᠰᠡ ᠲᠠᠭ᠋ᠠᠮᠤᠢ》 ᠭᠡᠭᠴᠢ᠎ᠪᠠᠷ ᠪᠠᠭᠰᠢ ᠵᠢᠨ ᠠᠯᠢᠪᠠ ᠪᠦᠬᠦᠨ ᠰᠤᠷᠤᠬ᠍ᠴᠢ᠎ᠳᠤ ᠲᠤᠯᠢ ᠪᠤᠯᠵᠤ᠂ ᠰᠢᠭᠤᠳ ᠪᠤᠶᠤ ᠲᠠᠮ ᠵᠶ᠋ᠠᠷ ᠨᠦᠯᠦᠭᠡᠯᠡᠳᠡᠭ᠂ ᠨᠡᠩ ᠴᠦ᠍ ᠠᠩᠬ᠎ᠠ ᠲᠤᠮᠳᠠᠳᠤ ᠵᠢᠨ ᠠᠩᠬᠢ ᠵᠢᠨ ᠠ᠋ᠷᠬᠢᠯᠡᠭᠴᠢ᠎ᠨᠢ ᠪᠠᠭ᠎ᠠ ᠰᠤᠷᠭ᠋ᠠᠭᠤᠯᠢ᠂ ᠦᠨᠳᠤᠷ ᠲᠤᠮᠳᠠᠳᠤ ᠵᠢᠨ ᠠᠩᠬᠢ ᠵᠢᠨ ᠠ᠋ᠷᠬᠢᠯᠡᠭᠴᠢ᠎ᠲᠠᠢ ᠬᠠᠷᠢᠴᠠᠭᠤᠯᠪᠠᠯ ᠰᠤᠷᠤᠬ᠍ᠴᠢ ᠵᠢ ᠨᠦᠯᠦᠭᠡᠯᠡᠬᠦ ᠬᠦᠴᠦᠨ᠎ᠨᠢ ᠲᠤᠩ ᠶᠡᠭᠡ ᠪᠠᠶ᠋ᠢᠳᠠᠭ᠃ ᠠ᠋ᠶ᠋ᠢᠮᠦ᠎ᠠᠴᠠ ᠠᠩᠬ᠎ᠠ ᠲᠤᠮᠳᠠᠳᠤ ᠵᠢᠨ ᠠᠨᠭ᠌ᠬᠢ ᠵᠢᠨ ᠠ᠋ᠷᠬᠢᠯᠡᠭᠴᠢ ᠠ᠋ᠷᠬᠡᠪᠰᠢ ᠦᠪᠡᠷ᠎ᠤᠨ ᠪᠡᠶ᠎ᠡ᠎ᠳᠤ᠎ᠪᠠᠨ ᠦᠨᠳᠦᠷ ᠱᠠᠭ᠋ᠠᠷᠳᠠᠯᠭ᠎ᠠ ᠲᠤᠷᠠᠳᠴᠤ ᠬᠡᠪ ᠪᠤᠯᠪᠠᠰᠤᠷᠠᠯ ᠵᠶ᠋ᠠᠨ ᠲᠡᠭᠡᠭᠰᠢᠯᠡᠭᠦᠯᠦᠨ ᠦᠪᠡᠷ᠎ᠤᠨ ᠦᠭᠡ ᠶᠡᠷᠢᠶ᠎ᠠ᠂ ᠦᠢ᠍ᠯᠡ ᠠᠵᠢᠯᠯᠠᠭ᠎ᠠ᠂ ᠦᠵᠡᠯ ᠰᠡᠳᠭᠢᠯᠭᠡ᠂ ᠲᠦᠷᠢ ᠲᠦᠷᠬᠦ ᠵᠡᠷᠭᠡ ᠲᠠᠯ᠎ᠠ᠎ᠠᠴᠠ ᠰᠤᠷᠤᠬ᠍ᠴᠢᠳ᠎ᠲᠤ ᠬᠡᠪ ᠲᠠᠭᠤᠷᠢᠶᠠᠯ ᠪᠤᠯᠬᠤ ᠬᠡᠷᠡᠭᠳᠡᠢ᠂ ᠬᠠᠷᠢᠨ ᠵᠦᠪ ᠪᠤᠰᠤ ᠦᠵᠡᠯ ᠰᠡᠳᠬᠢᠯᠭᠡ ᠪᠠ ᠲᠤᠬᠢᠷᠠᠮᠵᠢ ᠦᠭᠡᠢ ᠠ᠋ᠮᠦᠰᠭᠡᠯ ᠵᠠᠰᠠᠯ᠂ ᠪᠤᠯᠪᠠᠰᠤᠨ ᠪᠤᠰᠤ ᠦᠭᠡ ᠠᠵᠢᠯᠯᠠᠭ᠎ᠠ᠎ᠪᠠᠷ ᠵᠶ᠋ᠠᠨ ᠰᠤᠷᠤᠬ᠍ᠴᠢᠳ᠎ᠲᠤ ᠵᠦᠪ ᠪᠤᠰᠤ ᠨᠦᠯᠦᠭᠡ ᠦᠵᠡᠭᠦᠯᠵᠦ ᠨᠠᠵᠠᠭ᠋ᠠᠢ ᠲᠡᠰᠢ ᠬᠦᠳᠦᠯᠬᠦ᠎ᠠᠴᠠ ᠵᠠᠶ᠋ᠢᠯᠡᠰᠭᠢᠬᠦ ᠬᠡᠷᠡᠭᠳᠡᠢ᠃
     2. 《ᠰᠤᠷᠤᠬᠰᠠᠨ ᠬᠦᠨ ᠪᠤᠯᠪᠠᠰᠤ ᠪᠠᠭᠰᠢ ᠪᠤᠯᠤᠮᠤᠢ》 ᠭᠡᠳᠡᠭ ᠵᠶ᠋ᠠᠷ ᠪᠠᠭᠰᠢ ᠵᠢᠨ ᠦᠷᠭᠡᠨ ᠲᠡᠯᠭᠡᠷ ᠮᠡᠳᠡᠯᠭᠡ᠎ᠨᠢ ᠰᠤᠷᠤᠬ᠍ᠴᠢᠳ᠎ᠤᠨ ᠤᠷᠮ᠎ᠠ ᠰᠡᠳᠭᠢᠯᠭᠡ ᠵᠢ ᠨᠦᠯᠦᠭᠡᠯᠡᠵᠦ᠂ ᠲᠡᠳᠡᠨ᠎ᠤ ᠪᠢᠰᠢᠷᠠᠯ ᠬᠦᠨᠳᠦᠳᠭᠡᠯ᠎ᠢ ᠤᠯᠬᠤ ᠠᠶᠠᠨᠳᠠᠭ᠋ᠠᠨ᠎ᠤ ᠰᠡᠳᠭᠢᠯᠭᠡ ᠵᠢᠨ ᠬᠤᠯᠪᠤᠭ᠋ᠠᠰᠤ ᠵᠢ ᠪᠤᠢ ᠪᠤᠯᠭ᠋ᠠᠵᠤ᠂ ᠪᠠᠭᠰᠢ᠎ᠪᠠᠨ ᠪᠠᠭ᠍ᠠᠷᠬᠠᠵᠤ᠂ ᠪᠠᠭᠰᠢ᠎ᠪᠠᠨ ᠬᠦᠨᠳᠦᠯᠡᠨ᠂ ᠪᠠᠭᠰᠢ᠎ᠪᠠᠨ ᠢᠳᠡᠭᠡᠨ ᠪᠢᠰᠢᠷᠡᠬᠦ ᠠᠷᠢᠭᠤᠨ ᠲᠠᠷᠬᠠᠨ ᠰᠡᠳᠭᠢᠯᠭᠡ ᠵᠢ ᠲᠦᠷᠦᠭᠦᠯᠳᠡᠭ᠃ ᠠ᠋ᠶ᠋ᠢᠮᠦ᠎ᠠᠴᠠ ᠠᠩᠬᠢ ᠵᠢᠨ ᠠ᠋ᠷᠬᠢᠯᠡᠭᠴᠢ ᠪᠠᠭᠰᠢ ᠨᠠᠷ ᠲᠠᠰᠤᠷᠠᠯᠳᠠ ᠦᠭᠡᠢ ᠰᠤᠷᠤᠯᠴᠠᠨ ᠦᠪᠡᠷ᠎ᠤᠨ ᠮᠡᠳᠡᠯᠭᠡ ᠮᠡᠳᠡᠴᠡ᠎ᠪᠠᠨ ᠦᠷᠭᠡᠳᠭᠡᠨ ᠲᠤᠬᠠᠶ᠋ᠢᠯᠠᠭᠰᠠᠨ ᠠᠵᠢᠯ᠎ᠳᠤ᠎ᠪᠠᠨ ᠴᠠᠭ᠋ᠠᠷᠠᠭᠰᠠᠨ ᠪᠠᠶ᠋ᠢᠪᠠᠯ ᠰᠠᠶᠢ ᠰᠤᠷᠤᠬ᠍ᠴᠢᠳ᠎ᠤᠨ ᠪᠢᠰᠢᠷᠠᠯ ᠬᠦᠨᠳᠦᠳᠭᠡᠯ᠎ᠢ ᠤᠯᠬᠤ ᠮᠦᠷᠳᠡᠭᠡᠨ ᠲᠡᠳᠡᠨ᠎ᠤ ᠮᠡᠳᠡᠯᠭᠡ ᠠ᠋ᠷᠢᠯᠬᠢᠯᠡᠬᠦ ᠬᠦᠰᠡᠯ ᠵᠤᠷᠢᠯᠳᠠ ᠵᠢ᠎ᠨᠢ ᠬᠦᠪᠴᠢᠯᠡᠵᠦ ᠦᠭᠳᠡᠭ᠃
      ᠬᠤᠶᠠᠷ᠂ ᠬᠠᠶ᠋ᠢᠷ᠎ᠠ᠎ᠪᠠᠷ ᠢᠪᠡᠭᠡᠵᠦ ᠬᠠᠷᠢᠭᠤᠴᠠᠯᠭ᠎ᠠ᠎ᠪᠠᠨ ᠬᠦᠢ᠍ᠴᠡᠳᠭᠡᠬᠦ
     《ᠬᠠᠷᠢᠭᠤᠴᠠᠯᠭ᠎ᠠ ᠪᠠᠶ᠋ᠢᠪᠠᠯ ᠬᠠᠶ᠋ᠢᠷ᠎ᠠ ᠪᠠᠶ᠋ᠢᠵᠤ᠂ ᠬᠠᠶ᠋ᠢᠷ᠎ᠠ ᠪᠠᠶ᠋ᠢᠪᠠᠯ ᠰᠤᠷᠭ᠋ᠠᠨ ᠬᠦᠮᠦᠵᠢᠯ ᠪᠠᠶ᠋ᠢᠳᠠᠭ》 ᠭᠡᠳᠡᠭ ᠵᠶ᠋ᠠᠷ ᠰᠤᠷᠤᠬ᠍ᠴᠢ᠎ᠪᠠᠨ ᠬᠠᠶ᠋ᠢᠷᠠᠯᠠᠭ᠍ᠤ ᠪᠤᠯ ᠠᠩᠬᠢ ᠵᠢᠨ ᠠ᠋ᠷᠬᠢᠯᠡᠭᠴᠢ ᠵᠢᠨ ᠵᠢᠭ᠋ᠠᠨ ᠰᠤᠷᠭ᠋ᠠᠬᠤ ᠠᠵᠢᠯ᠎ᠤᠨ ᠤᠷᠢᠳᠠᠯ ᠪᠠ ᠠ᠋ᠬᠢᠯᠡᠯᠳᠡ ᠮᠦᠨ᠂ ᠪᠠᠭᠰᠢ ᠵᠢᠨ ᠬᠠᠶ᠋ᠢᠷ᠎ᠠ᠎ᠨᠢ ᠰᠤᠷᠤᠬ᠍ᠴᠢ ᠵᠢᠨ ᠰᠡᠳᠭᠢᠯ᠎ᠢ ᠤᠮᠳᠠᠯᠠᠵᠤ᠂ ᠰᠤᠷᠤᠬ᠍ᠴᠢ ᠵᠢᠨ ᠰᠦᠭ ᠰᠦᠨᠡᠰᠦ ᠵᠢ ᠨᠡᠭᠡᠭᠡᠬᠦ ᠲᠦᠯᠬᠢᠭᠦᠷ ᠮᠦᠨ᠂ ᠲᠡᠭᠡᠪᠡᠯ ᠠᠩᠬᠢ ᠵᠢᠨ ᠠ᠋ᠷᠬᠢᠯᠡᠭᠴᠢ ᠰᠤᠷᠤᠬ᠍ᠴᠢ ᠵᠢ ᠬᠠᠶ᠋ᠢᠷᠠᠯᠠᠭ᠍ᠤ᠎ᠳᠤ᠎ᠪᠠᠨ ᠰᠤᠷᠤᠬ᠍ᠴᠢ ᠵᠢᠨ ᠲᠤᠮᠳᠠ ᠢᠯᠡᠭᠦᠬᠡᠨ ᠭᠦᠨᠵᠡᠭᠡᠶ᠋ᠢᠷᠡᠵᠦ᠂ ᠲᠠᠳᠠᠨ᠎ᠲᠠᠢ ᠢᠯᠡᠭᠦᠬᠡᠨ ᠤᠶ᠋ᠢᠷᠡᠳᠴᠦ᠂ ᠠ᠋ᠳᠦᠷ ᠲᠤᠳᠤᠮ᠎ᠤᠨ ᠰᠤᠷᠤᠯᠭ᠎ᠠ ᠠᠮᠢᠳᠤᠷᠠᠯ᠎ᠠᠴᠠ ᠭᠠᠷᠳᠠᠨ ᠢᠳᠡᠵᠦ ᠠ᠋ᠮᠦᠰᠬᠦ ᠬᠦᠷᠳᠡᠯ᠎ᠡ ᠪᠦᠬᠦ ᠲᠠᠯ᠎ᠠ᠎ᠪᠠᠷ ᠬᠠᠷᠠᠭ᠋ᠠᠯᠵᠠᠨ ᠬᠠᠪᠰᠤᠷᠬᠤ ᠬᠡᠷᠡᠭᠳᠡᠢ᠂ ᠨᠡᠩ ᠴᠦ᠍ ᠦᠨᠦᠴᠢᠨ ᠬᠡᠤᠬᠡᠳ ᠪᠤᠶᠤ ᠦᠯᠡᠳᠡᠵᠦ ᠬᠤᠴᠤᠷᠤᠬᠰᠠᠨ ᠬᠡᠤᠬᠡᠳ᠎ᠲᠤ ᠤᠨᠴᠠᠭ᠋ᠠᠢ ᠬᠠᠶ᠋ᠢᠷ᠎ᠠ ᠬᠠᠯᠠᠮᠵᠢ᠎ᠪᠠᠨ ᠬᠦᠷᠳᠡᠭᠡᠵᠦ᠂ ᠦᠭᠬᠢᠶᠠᠮᠤᠷᠴᠢ ᠬᠠᠶ᠋ᠢᠷ᠎ᠠ᠎ᠪᠠᠷ ᠵᠶ᠋ᠠᠨ ᠲᠤᠯᠠᠭ᠋ᠠᠯᠠᠵᠤ ᠶᠠᠪᠤᠪᠠᠯ ᠲᠠᠳᠠ ᠠᠮᠢᠳᠤᠷᠠᠯ᠎ᠳᠤ᠎ᠪᠠᠨ ᠤᠯᠠᠮ ᠰᠠᠶ᠋ᠢᠨ ᠰᠠᠶ᠋ᠢᠬᠠᠨ ᠵᠠᠩ ᠴᠢᠨᠠᠷ᠎ᠲᠠᠢ ᠪᠤᠯᠵᠤ ᠬᠦᠮᠦᠵᠢᠭᠳᠡᠳᠡᠭ᠃ ᠶᠠᠷᠢᠶᠠᠨ ᠦᠭᠡᠢ ᠪᠠᠭᠰᠢ ᠵᠢᠨ ᠬᠠᠶ᠋ᠢᠷ᠎ᠠ ᠠᠯᠠᠭ ᠦᠭᠡᠢ ᠦᠨᠡᠨᠴᠢ ᠪᠠᠶ᠋ᠢᠬᠤ ᠬᠡᠷᠡᠭᠳᠡᠢ᠂ ᠰᠤᠷᠤᠬ᠍ᠴᠢ ᠪᠦᠬᠦᠨ᠎ᠳᠤ ᠠᠳᠠᠯᠢ ᠲᠡᠭᠰᠢ᠎ᠪᠠᠷ ᠬᠠᠨᠳᠤᠵᠤ᠂ ᠠᠩᠬᠢ ᠵᠢᠨ ᠠ᠋ᠷᠬᠢᠯᠡᠭᠴᠢ ᠵᠢᠨ ᠬᠠᠷᠢᠭᠤᠴᠠᠯᠭ᠎ᠠ᠎ᠪᠠᠨ ᠰᠤᠷᠤᠬ᠍ᠴᠢ ᠨᠢᠭᠡᠪᠦᠷᠢ᠎ᠳᠤ ᠬᠦᠢ᠍ᠴᠡᠳᠭᠡᠵᠦ ᠶᠠᠪᠤᠳᠠᠭ ᠯᠠ ᠪᠤᠯ ᠰᠤᠷᠤᠬ᠍ᠴᠢᠳ ᠠᠶᠠᠨᠳᠠᠭ᠋ᠠᠨ ᠪᠠᠭᠰᠢ᠎ᠪᠠᠨ ᠬᠦᠨᠳᠦᠯᠡᠵᠤ ᠠᠳᠠᠯᠢᠬᠠᠨ ᠬᠠᠶ᠋ᠢᠷᠠᠯᠠᠨ᠂ ᠪᠠᠭᠰᠢ ᠵᠢᠨ ᠵᠢᠯᠤᠭᠤᠳᠤᠯᠭ᠎ᠠ ᠵᠢ ᠵᠢᠷᠦᠮᠯᠡᠨ᠂ ᠪᠠᠭᠰᠢ ᠰᠤᠷᠤᠬ᠍ᠴᠢ ᠵᠢᠨ ᠨᠦᠬᠦᠷᠰᠡᠭ ᠬᠠᠷᠢᠴᠠᠭ᠎ᠠ ᠪᠠᠶ᠋ᠢᠭᠤᠯᠤᠬᠳᠠᠵᠤ᠂ ᠠᠩᠬᠢ ᠨᠡᠶ᠋ᠢᠳᠡ᠎ᠳᠤ ᠠ᠋ᠶ᠎ᠡ ᠨᠠᠶ᠋ᠢᠷᠠᠳᠡᠢ ᠦᠭᠡᠳᠡᠯᠡᠨ ᠲᠠᠪᠰᠢᠬᠤ ᠠᠭᠤᠷ ᠠᠮᠢᠰᠬᠤᠯ ᠪᠤᠢ     ᠪᠤᠯᠤᠨ᠎ᠠ᠃
      ᠭᠤᠷᠪᠠ᠂ ᠠᠭᠤᠴᠢᠯᠠᠨ ᠪᠠᠭᠳᠠᠭ᠋ᠠᠵᠤ᠂ ᠬᠦᠯᠢᠴᠡᠩᠭᠦᠢ᠎ᠪᠠᠷ ᠬᠦᠮᠦᠵᠢᠭᠦᠯᠬᠦ
      ᠤᠷᠢ ᠵᠠᠯᠠᠭᠤ ᠨᠠᠰᠤᠨ᠎ᠤ ᠬᠡᠤᠬᠡᠳ᠎ᠢ ᠢᠯᠡᠭᠦᠬᠡᠨ ᠠᠭᠤᠴᠢᠯᠠᠨ ᠪᠠᠭᠳᠠᠭ᠋ᠠᠬᠤ᠎ᠨᠢ ᠪᠠᠭᠰᠢ ᠬᠦᠮᠦᠨ᠂ ᠤᠨᠴᠠᠭ᠋ᠠᠶ᠋ᠢᠯᠠᠨ ᠠᠩᠬᠢ ᠵᠢᠨ ᠠ᠋ᠷᠬᠢᠯᠡᠭᠴᠢ ᠪᠠᠭᠰᠢ᠎ᠳᠤ ᠵᠠᠪᠠᠯ ᠱᠠᠭ᠋ᠠᠷᠳᠠᠭᠳᠠᠭ᠍ᠤ ᠵᠦᠢ᠍ᠯ ᠪᠤᠯᠬᠤ ᠵᠢ ᠮᠡᠳᠡᠬᠦ ᠬᠡᠷᠡᠭᠳᠡᠢ᠃ ᠤᠳᠤ ᠵᠢᠨ ᠬᠡᠤᠬᠡᠳ ᠦᠩᠭᠡᠨ ᠲᠠᠯ᠎ᠠ᠎ᠠᠴᠠ᠎ᠨᠢ ᠦᠵᠡᠬᠦ᠎ᠳᠤ ᠪᠠᠶᠠᠷ ᠪᠠᠶᠠᠰᠤᠯ ᠵᠤᠯ ᠵᠢᠷᠭ᠋ᠠᠯ᠎ᠲᠠᠢ ᠰᠢᠬ ᠪᠤᠯᠪᠠᠴᠤ ᠦᠨᠡᠨ᠎ᠳᠤ᠎ᠪᠠᠨ ᠬᠠᠯᠠ ᠠᠮᠰᠠᠵᠤ ᠬᠠᠳᠠᠭᠤ ᠪᠡᠷᠬᠡ ᠵᠢᠨ ᠲᠤᠮᠳᠠ ᠬᠠᠰᠢᠬᠳᠠᠵᠤ ᠠᠯᠪᠠ᠎ᠪᠠᠷ ᠠ᠋ᠳᠦᠷ ᠦᠩᠭᠡᠷᠡᠭᠦᠯᠵᠦ ᠪᠠᠶ᠋ᠢᠬᠤ ᠬᠡᠤᠬᠡᠳ᠎ᠤᠨ ᠲᠤᠭ᠎ᠠ ᠨᠤᠷᠮ᠎ᠠ ᠨᠡᠯᠢᠶᠡᠳ ᠦᠨᠳᠦᠷ ᠪᠠᠶ᠋ᠢᠳᠠᠭ᠄ ᠵᠢᠱ᠌ᠢᠶᠡᠯᠡᠪᠡᠯ᠂ ① ᠬᠢᠴᠢᠶᠡᠯ ᠲᠦᠷᠦᠯ᠎ᠤᠨ ᠰᠤᠷᠤᠯᠭ᠎ᠠ ᠵᠢᠨ ᠲᠠᠷᠤᠭ᠋ᠠᠰᠤ᠎ᠨᠢ ᠬᠦᠨᠳᠦ; ② ᠭᠡᠷ᠎ᠤᠨ ᠠᠬᠠᠮᠠᠳ ᠬᠡᠤᠬᠡᠳ ᠵᠶ᠋ᠠᠨ ᠯᠤᠤ ᠭᠠᠷᠤᠳᠢ ᠪᠤᠯᠭ᠋ᠠᠬᠤ ᠬᠦᠰᠡᠯ ᠲᠠᠷᠤᠭ᠋ᠠᠰᠤ ᠬᠡᠳᠦ ᠠᠬᠠᠳᠠᠭ᠍ᠤ; ③ ᠨᠡᠶ᠋ᠢᠭᠡᠮ᠎ᠤᠨ ᠵᠠᠷᠢᠮ ᠦᠵᠡᠭᠳᠡᠯ ᠰᠤᠷᠤᠬ᠍ᠴᠢᠳ᠎ᠲᠤ ᠮᠠᠭᠤ ᠮᠠᠭᠤᠬᠠᠢ ᠨᠦᠯᠦᠭᠡ ᠦᠵᠡᠭᠦᠯᠬᠦ; ④ ᠰᠢᠮ᠎ᠡ ᠲᠡᠵᠢᠭᠡᠯ ᠢᠯᠡᠭᠦᠳᠡᠭᠰᠡᠨ᠎ᠠᠴᠠ ᠪᠤᠯᠤᠬᠰᠠᠨ ᠪᠡᠶ᠎ᠡ ᠦᠰᠦᠯᠳᠡ᠎ᠨᠢ ᠰᠡᠳᠭᠢᠴᠡ ᠵᠢᠨ ᠬᠦᠭᠵᠢᠯᠳᠡ᠎ᠠᠴᠠ ᠲᠦᠷᠭᠡᠨ ᠪᠤᠯᠵᠤ᠂ ᠦᠪᠡᠷ᠎ᠢ᠎ᠪᠠᠨ ᠡᠵᠡᠮᠳᠡᠵᠦ ᠴᠢᠳᠠᠭ᠍ᠤ ᠦᠭᠡᠢ᠂ ᠪᠡᠶ᠎ᠡ ᠰᠡᠳᠭᠢᠴᠠ ᠵᠢᠨ ᠬᠦᠭᠵᠢᠯᠳᠡ ᠲᠡᠩᠴᠡᠭᠦᠷᠢ᠎ᠪᠠᠨ ᠠᠯᠳᠠᠵᠤ ᠪᠠᠶ᠋ᠢᠬᠤ; ⑤ ᠰᠤᠷᠭ᠋ᠠᠭᠤᠯᠢ ᠪᠠ ᠪᠠᠭᠰᠢ ᠵᠢᠨ ᠭᠡᠳᠤ ᠴᠢᠩᠭ᠎ᠠ ᠬᠠᠮᠢᠶᠠᠷᠤᠯᠳᠠ᠎ᠨᠢ ᠰᠤᠷᠤᠬ᠍ᠴᠢ ᠵᠢᠨ ᠠ᠋ᠷᠬᠡ ᠴᠢᠯᠦᠭᠡ ᠵᠢ ᠬᠢᠵᠠᠭ᠋ᠠᠷᠯᠠᠵᠤ ᠪᠠᠶ᠋ᠢᠬᠤ; ⑥ ᠬᠡᠳᠦ ᠪᠠᠭ᠎ᠠ᠎ᠠᠴᠠ᠎ᠨᠢ ᠪᠠᠶ᠋ᠢᠷᠢ᠎ᠳᠤ ᠰᠠᠭᠤᠯᠭ᠋ᠠᠬᠰᠠᠨ᠎ᠠᠴᠠ ᠪᠤᠯᠵᠤ ᠭᠡᠷ᠎ᠤᠨ ᠠᠬᠠᠮᠡᠳ ᠪᠤᠯᠤᠨ ᠬᠡᠤᠬᠡᠳ᠎ᠤᠨ ᠬᠤᠭᠤᠷᠤᠨᠳᠤᠬᠢ ᠬᠠᠶ᠋ᠢᠷ᠎ᠠ ᠰᠡᠳᠭᠢᠯᠭᠡ ᠨᠢᠮᠭᠡᠷᠡᠵᠦ ᠭᠡᠷ ᠪᠦᠯᠢ ᠵᠢᠨ ᠰᠤᠷᠭ᠋ᠠᠯ᠎ᠠᠴᠠ ᠵᠠᠶ᠋ᠢᠳᠠᠭ᠍ᠤ ᠪᠤᠯᠤᠬᠰᠠᠨ᠎ᠨᠢ ᠬᠡᠤᠬᠡᠳ᠎ᠤᠨ ᠰᠡᠳᠭᠢᠴᠡ ᠵᠢᠨ ᠠ᠋ᠷᠡᠭᠦᠯ ᠮᠡᠨᠳᠦ᠎ᠳᠤ ᠠᠰᠢᠭ ᠦᠭᠡᠢ ᠮᠦᠷᠳᠡᠭᠡᠨ ᠮᠤᠷᠠᠯ ᠰᠤᠷᠳᠠᠯ᠎ᠤᠨ ᠲᠡᠭᠡᠭᠰᠢᠯᠡᠯᠳᠡ ᠵᠢ᠎ᠨᠢ ᠨᠦᠯᠦᠭᠡᠯᠡᠵᠦ ᠪᠠᠶ᠋ᠢᠬᠤ; ⑦ ᠤᠯᠠᠩᠬᠢ᠎ᠨᠢ ᠭᠡᠷ ᠪᠦᠯᠢ᠎ᠳᠤ᠎ᠪᠠᠨ ᠭᠠᠭᠴᠠᠭ᠍ᠠᠨ ᠬᠡᠤᠬᠡᠳ᠎ᠲᠠᠢ ᠪᠠᠶ᠋ᠢᠵᠤ᠂ ᠡᠴᠢᠭᠡ ᠠ᠋ᠬᠡ᠂ ᠡᠪᠦᠭᠡ ᠠ᠋ᠮᠡᠭᠡ᠂ ᠨᠠᠭ᠋ᠠᠴᠤ ᠡᠪᠦᠭᠡ ᠠ᠋ᠮᠡᠭᠡ ᠵᠡᠷᠭᠡ ᠤᠯᠠᠨ ᠬᠦᠮᠦᠨ᠎ᠤ ᠬᠠᠢ᠍ᠢ᠍ᠷ᠎ᠠ᠎ᠳᠤ ᠤᠮᠪᠠᠵᠤ᠂ ᠬᠠᠶ᠋ᠢᠷ᠎ᠡ ᠬᠡᠳᠦᠷᠡᠵᠦ ᠬᠠᠷᠠᠳᠤᠯᠭ᠎ᠠ ᠪᠠᠭ᠋ᠠᠰᠤᠬᠰᠠᠨ᠎ᠠᠴᠠ ᠭᠡᠷ ᠪᠦᠯᠢ ᠵᠢᠨ 《ᠬᠠᠭ᠋ᠠᠨ》 ᠪᠤᠯᠵᠤ ᠪᠤᠰᠤᠳ᠎ᠲᠤ ᠨᠠᠶ᠋ᠢᠷ ᠲᠠᠯᠪᠢᠬᠤ ᠪᠠ ᠠᠭᠤᠴᠢᠯᠠᠬᠤ ᠵᠢ ᠮᠡᠳᠡᠬᠦ ᠦᠭᠡᠢ᠂ ᠪᠡᠶ᠎ᠡ ᠰᠡᠳᠭᠢᠴᠡ ᠬᠡᠪᠡᠷᠡᠭ᠂ ᠦᠪᠡᠷ᠎ᠢ᠎ᠪᠠᠨ ᠡᠵᠡᠮᠳᠡᠬᠦ ᠴᠢᠳᠠᠪᠤᠷᠢ ᠲᠤᠷᠤᠢ; ⑧ ᠨᠡᠶ᠋ᠢᠭᠡᠮ ᠪᠠ ᠭᠡᠷ ᠪᠦᠯᠢ ᠵᠢᠨ ᠲᠠᠯ᠎ᠠ ᠵᠢᠨ ᠨᠦᠯᠦᠭᠡ᠂ ᠲᠠᠷᠤᠢ ᠡᠵᠢ ᠠᠪᠤ᠎ᠨᠢ ᠤᠷᠤᠭ ᠰᠠᠯᠬᠤ ᠪᠤᠶᠤ ᠭᠠᠳᠠᠭᠰᠢ ᠶᠠᠪᠤᠬᠰᠠᠨ᠎ᠠᠴᠠ ᠦᠨᠦᠴᠢᠨ ᠬᠡᠤᠬᠡᠳ ᠪᠠ ᠦᠯᠡᠳᠡᠵᠦ ᠬᠤᠴᠤᠷᠤᠬᠰᠠᠨ ᠬᠡᠤᠬᠡᠳ᠎ᠤᠨ ᠰᠡᠳᠭᠢᠯ ᠵᠢᠷᠦᠬᠡᠨ᠎ᠳᠤ᠎ᠨᠢ ᠰᠢᠷᠬ᠎ᠠ ᠰᠤᠷᠪᠢ ᠦᠯᠡᠳᠡᠬᠦ ᠁ ᠭᠡᠭᠦ ᠮᠠᠳᠤ ᠤᠯᠠᠨ ᠰᠢᠯᠳᠠᠭ᠋ᠠᠨ᠎ᠠᠴᠠ ᠤᠳᠤᠬᠢ ᠬᠡᠤᠬᠡᠳ ᠰᠦᠰᠦ ᠵᠤᠷᠢᠭ ᠦᠭᠡᠢ᠂ ᠠᠯᠵᠠᠭᠤ ᠵᠠᠯᠬᠠᠭᠤ᠂ ᠪᠡᠶ᠎ᠡ᠎ᠳᠤ᠎ᠪᠠᠨ ᠰᠤᠯᠠ ᠵᠠᠳᠠᠭ᠋ᠠᠢ᠂ ᠬᠤᠪᠢᠨᠴᠢᠷ᠂ ᠪᠤᠰᠤᠳ᠎ᠢ ᠬᠦᠨᠳᠦᠯᠡᠬᠦ ᠵᠢ ᠮᠠᠳᠠᠭᠦ ᠦᠭᠡᠢ᠂ ᠮᠤᠵᠢᠭᠤᠳᠠ ᠵᠦᠷᠢᠭᠦᠳ ᠵᠡᠷᠭᠡ ᠰᠡᠳᠬᠢᠴᠡ ᠵᠢᠨ ᠭᠡᠮ ᠰᠤᠭᠤᠭ᠎ᠲᠠᠢ ᠪᠠᠶ᠋ᠢᠳᠠᠭ᠃ ᠠ᠋ᠶ᠋ᠢᠮᠦ᠎ᠠᠴᠠ ᠠᠩᠬᠢ ᠵᠢᠨ ᠠ᠋ᠷᠬᠢᠯᠡᠭᠴᠢ ᠪᠠᠭᠰᠢ᠎ᠠᠴᠠ ᠰᠤᠷᠤᠬ᠍ᠴᠢ ᠵᠢᠨ ᠪᠠᠶ᠋ᠢᠳᠠᠯ᠎ᠳᠤ ᠲᠤᠬᠢᠷᠠᠭᠤᠯᠤᠨ ᠬᠦᠯᠢᠴᠡᠩᠭᠦᠢ᠎ᠪᠠᠷ ᠬᠦᠮᠦᠵᠢᠭᠦᠯᠦᠨ᠂ ᠵᠦᠪ ᠦᠵᠡᠯ ᠰᠡᠳᠬᠢᠴᠡ ᠵᠢᠨ ᠬᠦᠮᠦᠵᠢᠯ ᠬᠦᠷᠳᠡᠭᠡᠵᠦ᠂ ᠢᠯᠡᠭᠦᠬᠡᠨ ᠠᠭᠤᠴᠢᠯᠠᠨ ᠪᠠᠭᠳᠠᠭ᠋ᠠᠵᠤ᠂ ᠠᠯᠳᠠᠭ᠎ᠠ ᠪᠤᠷᠤᠭᠤ ᠵᠢ᠎ᠨᠢ ᠵᠤᠬᠢᠰᠳᠡᠢ ᠬᠡᠯᠪᠡᠷᠢ᠎ᠪᠠᠷ ᠵᠢᠭ᠋ᠠᠨ ᠰᠤᠷᠭ᠋ᠠᠬᠤ ᠵᠢᠨ ᠬᠠᠮᠳᠤ ᠰᠤᠷᠤᠬ᠍ᠴᠢ ᠵᠢᠨ ᠪᠡᠶ᠎ᠡ ᠲᠡᠭᠡᠷᠡᠬᠢ ᠭᠢᠯᠡᠰ ᠴᠡᠭ᠎ᠢ ᠤᠯᠵᠤ ᠤᠷᠮᠠᠰᠢᠭᠤᠯᠤᠨ ᠵᠤᠷᠢᠬ᠍ᠵᠢᠭᠤᠯᠬᠤ ᠬᠡᠷᠡᠭᠳᠡᠢ᠂ ᠬᠠᠷᠢᠨ ᠰᠤᠷᠤᠬ᠍ᠴᠢᠳ ᠪᠠᠭ᠎ᠠ ᠯᠠ ᠠᠯᠳᠠᠭ᠎ᠠ ᠭᠠᠷᠭ᠋ᠠᠪᠠᠯ ᠲᠡᠳᠡᠨ᠎ᠢ ᠨᠢᠳᠦ ᠦᠵᠡᠵᠦ ᠬᠠᠷᠢᠶᠠᠨ ᠴᠤᠬᠢᠬᠤ ᠴᠢᠨᠠᠭᠰᠢᠯᠠᠭ᠋ᠠᠳ ᠬᠢᠴᠢᠶᠡᠯ ᠵᠤᠬᠰᠤᠭ᠋ᠠᠬᠤ ᠵᠡᠷᠭᠡ ᠵᠠᠯᠬᠠᠭ᠋ᠠᠨ ᠲᠤᠷᠭ᠋ᠠᠬᠤ ᠵᠤᠬᠢᠰ ᠦᠭᠡᠢ ᠠᠷᠭ᠎ᠠ ᠠᠪᠴᠠᠯ᠎ᠨᠢ ᠬᠡᠤᠬᠡᠳ᠎ᠤᠨ ᠠ᠋ᠷᠡᠭᠦᠯ ᠬᠦᠭᠵᠢᠯᠳᠡ᠎ᠳᠤ ᠠᠰᠢᠭ ᠦᠭᠡᠢ᠃
      ᠲᠦᠷᠪᠡ᠂ ᠬᠠᠮᠢᠶᠠᠷᠤᠯᠳᠠ᠎ᠪᠠᠨ ᠴᠢᠩᠭ᠋ᠠᠳᠬᠠᠵᠤ᠂ ᠬᠡᠪ ᠵᠠᠩᠰᠢᠯ᠎ᠢ ᠪᠦᠷᠢᠯᠳᠦᠭᠦᠯᠬᠦ
      ᠠᠩᠬᠢ ᠵᠢᠨ ᠬᠠᠮᠢᠶᠠᠷᠤᠯᠳᠠ ᠪᠤᠯ ᠰᠤᠷᠭ᠋ᠠᠭᠤᠯᠢ ᠵᠢᠨ ᠬᠠᠮᠢᠶᠠᠷᠤᠯᠳᠠ ᠵᠢᠨ ᠴᠢᠬᠤᠯᠠ ᠨᠢᠭᠡᠨ ᠪᠦᠷᠢᠯᠳᠦᠭᠦᠨ ᠪᠠᠶ᠋ᠢᠵᠤ᠂ ᠰᠤᠷᠭ᠋ᠠᠭᠤᠯᠢ ᠵᠢᠨ ᠡᠯ᠎ᠡ ᠵᠦᠢ᠍ᠯ᠎ᠤᠨ ᠠᠵᠢᠯ᠎ᠤᠨ ᠤᠷᠤᠬᠰᠢᠳᠡᠢ ᠶᠠᠪᠤᠬᠳᠠᠭ᠍ᠤ ᠵᠢᠨ ᠰᠠᠭᠤᠷᠢ ᠮᠦᠨ᠃ ᠶᠠᠷᠢᠶᠠᠨ ᠦᠭᠡᠢ ᠠᠩᠬᠢ ᠵᠢᠨ ᠬᠠᠮᠢᠶᠠᠷᠤᠯᠳᠠ᠎ᠨᠢ ᠠᠩᠬᠢ ᠵᠢᠨ ᠠ᠋ᠷᠬᠢᠯᠡᠭᠴᠢ ᠵᠢᠨ ᠤᠷ᠎ᠠ ᠲᠡᠮ ᠪᠠ ᠰᠢᠷᠭ᠋ᠠᠭᠤ ᠬᠦᠳᠡᠯᠮᠦᠷᠢ᠎ᠳᠤ ᠲᠦᠰᠢᠭᠯᠡᠨ᠎ᠡ᠃ ᠠ᠋ᠷᠳᠡᠨ᠎ᠤ ᠦᠭᠡᠨ᠎ᠳᠤ᠄ 《ᠲᠦᠷᠢᠮ ᠶᠤᠰᠤ ᠪᠠᠢ᠍ᠢ᠍ᠬᠤ ᠦᠭᠡᠢ ᠪᠤᠯ ᠬᠡᠪ ᠵᠠᠩᠰᠢᠯ ᠪᠤᠯᠵᠤ ᠲᠡᠶ᠋ᠢᠯᠬᠦ ᠦᠭᠡᠢ》 ᠭᠡᠳᠡᠭ ᠵᠶ᠋ᠠᠷ ᠰᠢᠯᠢᠳᠡᠭ ᠠᠩᠬᠢ ᠨᠡᠶ᠋ᠢᠳᠡ ᠵᠢ ᠪᠠᠶ᠋ᠢᠭᠤᠯᠬᠤ᠎ᠳᠤ ᠠᠩᠬᠢ ᠵᠢᠨ ᠲᠦᠷᠢᠮ ᠲᠤᠬᠳᠠᠭ᠋ᠠᠯ᠎ᠢ ᠨᠠᠷᠢᠯᠢᠬ ᠲᠤᠬᠳᠠᠭ᠋ᠠᠬᠤ ᠮᠦᠷᠳᠡᠭᠡᠨ ᠲᠤᠬᠳᠠᠭ᠋ᠠᠯ ᠶᠤᠰᠤᠭ᠋ᠠᠷ ᠶᠠᠪᠤᠬᠳᠠᠭᠤᠯᠬᠤ ᠬᠡᠷᠡᠭᠳᠡᠢ᠃ ᠠᠩᠬᠢ ᠵᠢᠨ ᠲᠦᠷᠢᠮ ᠲᠤᠬᠳᠠᠭ᠋ᠠᠯ᠎ᠢ ᠲᠤᠬᠳᠠᠭ᠋ᠠᠬᠤ᠎ᠳᠤ᠎ᠪᠠᠨ 《ᠲᠤᠮᠳᠠᠳᠤ ᠰᠤᠷᠭ᠋ᠠᠭᠤᠯᠢ ᠵᠢᠨ ᠰᠤᠷᠤᠬ᠍ᠴᠢ ᠵᠢᠨ ᠰᠠᠬᠢᠬᠤ ᠲᠦᠷᠢᠮ》 ᠪᠠ 《ᠲᠤᠮᠳᠠᠳᠤ ᠰᠤᠷᠭ᠋ᠠᠭᠤᠯᠢ ᠵᠢᠨ ᠰᠤᠷᠤᠬ᠍ᠴᠢ ᠵᠢᠨ ᠠ᠋ᠳᠦᠷ ᠲᠤᠳᠤᠮ᠎ᠤᠨ ᠦᠢ᠍ᠯᠡ ᠠᠵᠢᠯᠯᠠᠭ᠋ᠠᠨ᠎ᠤ ᠲᠦᠷᠢᠮᠵᠢᠯ》᠎ᠢ ᠦᠨᠳᠦᠰᠦᠯᠡᠵᠦ᠂ ᠠᠩᠬᠢ ᠵᠢᠨ ᠪᠤᠳᠠᠳᠤ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ ᠤᠷᠢᠳᠠᠪᠠᠷ ᠠᠩᠬᠢ ᠵᠢᠨ ᠺᠠᠳ᠋ᠷ᠎ᠲᠠᠢ᠎ᠪᠠᠨ ᠶᠠᠷᠢᠯᠴᠠᠨ ᠲᠦᠰᠦᠪ ᠭᠠᠷᠭ᠋ᠠᠵᠤ᠂ ᠲᠠᠷᠠᠭ᠎ᠠ᠎ᠨᠢ ᠪᠦᠬᠦ ᠠᠩᠬᠢ ᠵᠢᠨ ᠰᠤᠷᠤᠬ᠍ᠴᠢ ᠬᠠᠮᠳᠤ᠎ᠪᠠᠷ ᠶᠠᠷᠢᠯᠴᠠᠨ ᠲᠤᠬᠳᠠᠭ᠋ᠠᠨ᠎ᠠ᠃ ᠲᠠᠷᠤᠢ ᠲᠦᠷᠢᠮ ᠲᠤᠬᠳᠠᠭ᠋ᠠᠯ᠎ᠢ ᠰᠤᠷᠤᠬ᠍ᠴᠢ ᠲᠤᠬᠳᠠᠭ᠋ᠠᠵᠤ᠂ ᠰᠤᠷᠤᠬ᠍ᠴᠢ ᠬᠦᠢ᠍ᠴᠡᠳᠭᠡᠨ᠂ ᠰᠤᠷᠤᠬ᠍ᠴᠢ᠎ᠪᠠᠷ ᠬᠢᠨᠠᠯᠳᠠ ᠲᠠᠯᠪᠢᠭᠤᠯᠵᠤ᠂ ᠰᠤᠷᠤᠬ᠍ᠴᠢ ᠦᠪᠡᠷᠳᠡᠭᠡᠨ ᠬᠠᠮᠢᠶᠠᠷᠤᠨ᠎ᠠ᠃ ᠮᠦᠨ ᠴᠦ᠍ ᠤᠳᠤᠬᠢ ᠰᠤᠷᠤᠬ᠍ᠴᠢᠳ᠎ᠤᠨ ᠬᠠᠷᠢᠭᠤᠴᠠᠯᠭ᠋ᠠᠳᠤ ᠰᠡᠳᠬᠢᠯᠭᠡ ᠲᠤᠳᠠᠮᠠᠭ ᠪᠠᠶ᠋ᠢᠬᠤ ᠤᠨᠴᠠᠯᠢᠭ᠎ᠠᠴᠠ ᠠ᠋ᠭᠦᠰᠴᠦ ᠠᠩᠬᠢ ᠵᠢᠨ ᠵᠠᠷᠢᠮ ᠠᠵᠢᠯ᠎ᠳᠤ ᠲᠠᠭ᠋ᠠᠭ᠋ᠠᠴᠢᠯᠠᠯᠳᠠ ᠵᠢᠨ ᠲᠦᠷᠢᠮ᠎ᠢ ᠬᠡᠷᠡᠭᠵᠢᠭᠦᠯᠵᠦ ᠪᠤᠯᠤᠨ᠎ᠠ᠂ ᠵᠢᠱ᠌ᠢᠶᠠᠯᠠᠪᠠᠯ᠄ ᠠᠩᠬᠢ ᠵᠢᠨ ᠭᠡᠷ᠂ ᠪᠠᠶ᠋ᠢᠷᠢ ᠵᠢᠨ ᠭᠡᠷ᠎ᠤᠨ ᠵᠢᠵᠢᠭᠦᠷᠯᠡᠭᠴᠢ ᠵᠢ ᠭᠠᠷᠭ᠋ᠠᠬᠤ᠎ᠳᠤ᠎ᠪᠠᠨ ᠬᠦᠮᠦᠨ ᠪᠦᠬᠦᠨ᠎ᠳᠤ ᠠᠵᠢᠯ ᠬᠤᠪᠢᠳᠠᠨ ᠦᠭᠴᠦ (ᠱᠠᠯᠠ ᠱᠦᠭᠦᠷᠳᠡᠬᠦ᠂ ᠰᠢᠷᠡᠭᠡ ᠰᠠᠨᠳᠠᠯᠢ ᠵᠢ ᠲᠡᠭᠰᠢᠯᠡᠬᠦ᠂ ᠠ᠋ᠭᠦᠳᠡᠨ ᠰᠢᠯ ᠵᠦᠯᠭᠦᠬᠦ᠂ ᠴᠤᠩᠬᠤᠨ ᠲᠠᠶ᠋ᠢᠰᠠ ᠵᠦᠯᠭᠦᠬᠦ ᠵᠡᠷᠭᠡ ᠁) ᠬᠢᠯᠭᠡᠬᠦ ᠮᠦᠷᠳᠡᠭᠡᠨ ᠠ᠋ᠭᠦᠷᠭᠡ᠎ᠪᠠᠨ ᠭᠦᠢ᠍ᠴᠡᠳᠭᠡᠭᠰᠡᠨ ᠦᠭᠡᠢ ᠪᠤᠯ ᠬᠡᠷᠬᠢᠨ ᠲᠤᠷᠭ᠋ᠠᠬᠤ ᠲᠤᠬᠠᠢ ᠨᠠᠷᠢᠯᠢᠬ ᠲᠤᠬᠳᠠᠭ᠋ᠠᠨ᠎ᠠ᠃ ᠢᠩᠭᠢᠬᠦ᠎ᠨᠢ ᠰᠤᠷᠤᠬ᠍ᠴᠢᠳ᠎ᠤᠨ ᠦᠪᠡᠷ᠎ᠤᠨ ᠠᠵᠢᠯ ᠵᠶ᠋ᠠᠨ ᠦᠪᠡᠷ ᠵᠶ᠋ᠠᠨ ᠬᠢᠬᠦ ᠪᠡᠶ᠎ᠡ᠎ᠪᠠᠨ ᠲᠠᠭ᠋ᠠᠭ᠋ᠠᠬᠤ ᠤᠬᠠᠮᠰᠠᠷ ᠪᠠ ᠬᠠᠷᠢᠭᠤᠴᠠᠯᠭ᠎ᠠ ᠵᠢᠨ ᠤᠬᠠᠮᠰᠠᠷ᠎ᠢ᠎ᠨᠢ ᠨᠡᠮᠡᠭᠳᠡᠭᠦᠯᠬᠦ᠎ᠳᠤ ᠠᠰᠢᠬᠳᠠᠢ᠃ ᠬᠡᠯᠡᠯᠭᠡᠨ ᠦᠭᠡᠢ ᠠᠩᠬᠢ ᠵᠢᠨ ᠬᠠᠮᠢᠶᠠᠷᠤᠯᠳᠠ᠎ᠳᠤ ᠠᠩᠬᠢ ᠵᠢᠨ ᠺᠠᠳ᠋ᠷᠴᠤᠳ᠎ᠤᠨ ᠦᠢ᠍ᠯᠡᠳᠦᠯ᠎ᠢ ᠵᠠᠪᠠᠯ ᠬᠦᠢ᠍ᠴᠡᠳ ᠪᠠᠳᠠᠷᠠᠭᠤᠯᠬᠤ ᠮᠦᠷᠳᠡᠭᠡᠨ ᠲᠡᠳᠡᠨ᠎ᠢ ᠵᠢᠯᠤᠭᠤᠳᠤᠨ ᠠᠵᠢᠯ ᠬᠢᠯᠭᠡᠵᠦ ᠴᠢᠳᠠᠭᠰᠠᠨ ᠪᠠᠶ᠋ᠢᠬᠤ ᠬᠡᠷᠡᠭᠳᠡᠢ᠂ ᠠ᠋ᠨᠡ᠎ᠨᠢ ᠠᠩᠬᠢ ᠵᠢᠨ ᠠ᠋ᠷᠬᠢᠯᠡᠭᠴᠢ ᠵᠢᠨ ᠠᠵᠢᠯ᠎ᠤᠨ ᠲᠠᠷᠤᠭ᠋ᠠᠰᠤ ᠵᠢ ᠬᠦᠩᠭᠡᠷᠡᠭᠦᠯᠵᠦ ᠪᠤᠯᠬᠤ ᠮᠦᠷᠳᠡᠭᠡᠨ ᠰᠤᠷᠤᠬ᠍ᠴᠢᠳ᠎ᠤᠨ ᠬᠠᠮᠢᠶᠠᠷᠤᠯᠳᠠ ᠵᠢᠨ ᠴᠢᠳᠠᠪᠤᠷᠢ ᠵᠢ ᠲᠡᠭᠡᠭᠰᠢᠯᠡᠭᠦᠯᠦᠨ ᠡᠵᠡᠨ ᠬᠦᠮᠦᠨ᠎ᠤ ᠤᠬᠠᠮᠰᠠᠷ᠎ᠢ᠎ᠨᠢ ᠲᠠᠶ᠋ᠢᠴᠢᠯᠠᠵᠤ᠂ ᠪᠡᠶ᠎ᠡ᠎ᠪᠠᠨ ᠪᠠᠷᠢᠬᠤ ᠴᠢᠳᠠᠪᠤᠷᠢ᠂ ᠪᠤᠰᠤᠳ᠎ᠲᠤ ᠦᠢ᠍ᠯᠡᠴᠢᠯᠡᠬᠦ ᠴᠢᠳᠠᠪᠤᠷᠢ ᠵᠢ᠎ᠨᠢ ᠲᠡᠭᠡᠭᠰᠢᠯᠡᠭᠦᠯᠵᠦ ᠴᠢᠳᠠᠨ᠎ᠠ᠃
      ᠶᠡᠷᠦᠩᠬᠡᠶ᠋ᠢᠯᠡᠪᠡᠯ᠂ ᠠᠩᠬ᠎ᠠ ᠲᠤᠮᠳᠠᠳᠤ ᠵᠢᠨ ᠱᠠᠳᠤᠨ᠎ᠤ ᠬᠡᠤᠬᠡᠳ ᠶᠠᠭ ᠰᠠᠶᠢᠬᠠᠨ ᠤᠷᠢ ᠨᠠᠰᠤᠨ᠎ᠤ ᠦᠶ᠎ᠡ᠎ᠳᠤ᠎ᠪᠠᠨ ᠪᠠᠶ᠋ᠢᠵᠤ᠂ ᠪᠦᠷᠢᠮᠤᠰᠤᠨ ᠤᠬᠠᠭ᠋ᠠᠵᠢᠵᠤ ᠲᠤᠮᠤᠭ᠋ᠠᠵᠢᠭ᠋ᠠᠳᠤᠢ᠂ ᠦᠪᠡᠷ᠎ᠤᠨ ᠦᠵᠡᠯᠳᠡ᠎ᠪᠠᠷ ᠴᠢᠩᠭ᠎ᠠ᠂ ᠰᠡᠳᠬᠢᠴᠡ ᠵᠢᠨ ᠬᠡᠯᠪᠡᠯᠵᠡᠯ ᠶᠡᠭᠡ᠂ ᠰᠦᠷᠭᠡᠤ ᠰᠡᠳᠭᠢᠴᠡ ᠠᠮᠠᠷᠬᠠᠨ ᠠ᠋ᠭᠦᠰᠳᠡᠭ ᠪᠤᠯᠬᠤᠷ ᠠᠩᠬᠢ ᠵᠢᠨ ᠠ᠋ᠷᠬᠢᠯᠡᠭᠴᠢᠳ ᠲᠡᠭᠡᠳᠦ ᠬᠡᠮᠵᠢᠶᠡᠨ᠎ᠤ ᠬᠠᠷᠢᠭᠤᠴᠠᠯᠭ᠋ᠠᠳᠤ ᠰᠡᠳᠭᠢᠯᠭᠡ ᠵᠢ ᠡᠪᠦᠷᠯᠡᠨ᠂ ᠬᠠᠶ᠋ᠢᠷ᠎ᠠ᠎ᠪᠠᠨ ᠬᠠᠷᠠᠮ ᠦᠭᠡᠢ ᠭᠦᠷᠳᠡᠭᠡᠵᠦ᠂ ᠠᠵᠢᠯ᠎ᠳᠤ᠎ᠪᠠᠨ ᠨᠠᠷᠢᠨ ᠨᠢᠮᠪᠠᠢ ᠬᠠᠨᠳᠤᠵᠤ᠂ ᠰᠢᠨ᠎ᠡ ᠴᠠᠭ ᠦᠶ᠎ᠡ ᠵᠢᠨ ᠬᠡᠷᠡᠭᠴᠡᠭᠡ᠎ᠳᠤ ᠲᠤᠬᠢᠷᠠᠭᠰᠠᠨ ᠬᠢᠷᠢ ᠲᠡᠩᠴᠡᠭᠰᠡᠨ ᠵᠠᠯᠠᠭᠤᠴᠤᠤᠨ᠎ᠢ ᠬᠦᠮᠦᠵᠢᠭᠦᠯᠬᠦ᠎ᠪᠠᠷ ᠴᠢᠷᠮᠠᠶ᠋ᠢᠪᠠᠯ ᠵᠤᠬᠢᠨ᠎ᠠ᠃

            ᠬᠠᠶᠢᠬ᠄ ᠭᠠᠨᠵᠤᠭ᠎ᠠ᠎ᠳᠤ᠎ᠬᠢ ᠮᠤᠩᠭᠤᠯ ᠦᠨᠳᠦᠰᠦᠲᠡᠨ᠎ᠤ
                      ᠲᠤᠷᠰᠢᠯᠲᠠ ᠵᠢᠨ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ
                                  (ᠠ᠋ᠾᠤᠢ᠍ᠩ ᠮᠸᠢ ᠨᠠᠢ᠍ᠢ᠍ᠷᠠᠭᠤᠯᠪᠠ) 
                                  2020 ᠣᠨ᠎ᠤ12 ᠳ᠋ᠤᠭ᠋ᠠᠷ ᠬᠤᠭᠤᠴᠠᠭ᠎ᠠ


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠠᠩᠭᠢ ᠵᠢᠨ ᠠ᠋ᠷᠬᠢᠯᠡᠭᠴᠢ ᠪᠤᠯᠤᠬᠰᠡᠳ᠎ᠤᠨ ᠪᠦᠷᠢᠯᠳᠤᠭᠦᠯᠪᠠᠰᠤ ᠵᠤᠬᠢᠬᠤ ᠳᠠᠳᠬᠠᠯ᠎ᠤᠨ ᠬᠥᠮᠦᠵᠢᠯ
ᠠᠩᠭᠢ ᠵᠢᠨ ᠠ᠋ᠷᠬᠢᠯᠡᠭᠴᠢ ᠵᠢᠨ ᠠᠵᠢᠯ᠎ᠳᠤ ᠤᠷᠮᠠᠰᠢᠭᠤᠯᠤᠯ᠎ᠤᠨ ᠬᠦᠮᠦᠵᠢᠯ᠎ᠢ ᠬᠢᠬᠦ ᠵᠢᠨ ᠴᠢᠬᠤᠯᠠ ᠴᠢᠨᠠᠷ
ᠠᠩᠭᠢ ᠵᠢᠨ ᠠ᠋ᠷᠬᠢᠯᠡᠭᠴᠢ ᠬᠤᠴᠤᠷᠤᠩᠭᠤᠢ ᠰᠤᠷᠤᠭᠴᠢ ᠵᠢ ᠬᠡᠷᠬᠢᠨ ᠬᠦᠮᠦᠵᠢᠭᠦᠯᠬᠦ ᠲᠣᠬᠠᠢ ᠮᠦᠴᠢᠳ ᠦᠭᠦᠯᠡᠬᠦ᠎ᠨᠢ
ᠠᠩᠭᠢ ᠵᠢᠨ ᠠ᠋ᠷᠬᠢᠯᠡᠭᠴᠢ ᠵᠢᠨ ᠠᠵᠢᠯ᠎ᠢ ᠠ᠋ᠭᠦᠷᠭᠡᠯᠡᠨ ᠪᠡᠶᠡᠯᠡᠭᠦᠯᠦᠭᠰᠡᠨ ᠠᠵᠢᠯ᠎ᠤᠨ ᠲᠤᠷᠰᠢᠯᠭ᠎ᠠ
ᠠᠩᠭᠢ ᠵᠢᠨ ᠠ᠋ᠷᠬᠢᠯᠡᠭᠴᠢ ᠪᠠ ᠳᠡᠭᠡᠳᠤ ᠲᠤᠮᠳᠠᠳᠤ ᠵᠢᠨ ᠰᠤᠷᠤᠭᠴᠢᠳ᠎ᠤᠨ ᠰᠡᠳᠭᠢᠴᠡ ᠵᠢᠨ ᠠ᠋ᠷᠡᠭᠦᠯ ᠮᠡᠨᠳᠦ ᠵᠢᠨ ᠭᠦᠮᠦᠵᠢᠯ
 
             蒙ICP备05000248号