ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠤᠷ᠎ᠤᠨ ᠲᠠᠪᠴᠠᠩ   -   ᠠᠩᠭᠢ᠎ᠶᠢᠨ ᠠᠵᠢᠯ
ᠠᠩᠭᠢ ᠵᠢᠨ ᠠ᠋ᠷᠬᠢᠯᠡᠭᠴᠢ ᠬᠤᠴᠤᠷᠤᠩᠭᠤᠢ ᠰᠤᠷᠤᠭᠴᠢ ᠵᠢ ᠬᠡᠷᠬᠢᠨ ᠬᠦᠮᠦᠵᠢᠭᠦᠯᠬᠦ ᠲᠣᠬᠠᠢ ᠮᠦᠴᠢᠳ ᠦᠭᠦᠯᠡᠬᠦ᠎ᠨᠢ
ᠨᠡᠶ᠋ᠢᠲᠡᠯᠡᠭᠰᠡᠨ ᠴᠠᠭ᠄ 2023-10-16

                  ᠪᠠ᠊ · ᠣᠳᠽᠡᠷ 

  

班工作-1.png


      ᠬᠤᠴᠤᠷᠤᠩᠭᠤᠢ ᠰᠤᠷᠤᠭᠴᠢ ᠵᠢ ᠬᠤᠪᠢᠷᠠᠭᠤᠯᠤᠨ ᠳᠡᠭᠡᠭᠰᠢᠯᠡᠭᠦᠯᠬᠦ ᠪᠣᠯ ᠠᠩᠭᠢ ᠵᠢᠨ ᠠ᠋ᠷᠬᠢᠯᠡᠭᠴᠢ ᠵᠢᠨ ᠠᠵᠢᠯ᠎ᠤᠨ ᠭᠤᠣᠯᠳᠠᠯᠭ᠎ᠠ ᠵᠢᠨ ᠨᠢᠭᠡ ᠪᠣᠯᠬᠤ ᠮᠦᠷᠳᠡᠭᠡᠨ ᠰᠤᠷᠭ᠋ᠠᠨ ᠬᠦᠮᠦᠵᠢᠭᠦᠯᠬᠦ ᠬᠠᠷᠠᠯᠲᠠ᠎ᠪᠠᠨ ᠪᠡᠶᠡᠯᠡᠭᠦᠯᠬᠦ ᠵᠢᠨ ᠴᠢᠬᠤᠯᠠ ᠵᠠᠩᠭᠢᠯᠠᠭ᠎ᠠ ᠮᠦᠨ᠃ ᠬᠤᠴᠤᠷᠤᠩᠭᠤᠢ ᠰᠤᠷᠤᠭᠴᠢ ᠵᠢ ᠬᠤᠪᠢᠷᠠᠭᠤᠯᠤᠨ ᠳᠡᠭᠡᠭᠰᠢᠯᠡᠭᠦᠯᠬᠦ᠎ᠳᠤ ᠪᠠᠭᠰᠢ ᠵᠢᠨ ᠬᠠᠶ᠋ᠢᠷ᠎ᠠ ᠬᠠᠯᠠᠮᠵᠢ᠂ ᠤᠷ᠎ᠠ ᠤᠬᠠᠭ᠋ᠠᠨ᠂ ᠮᠡᠳᠡᠯᠭᠡ ᠴᠢᠳᠠᠪᠤᠷᠢ ᠴᠢᠬᠤᠯᠠ ᠱᠠᠭ᠋ᠠᠷᠳᠠᠭᠳᠠᠨ᠎ᠠ᠃ ᠰᠤᠷᠭ᠋ᠠᠨ ᠬᠦᠮᠦᠵᠢᠭᠦᠯᠦᠭᠴᠢ (ᠬᠡᠦᠬᠡᠳ᠎ᠢ ᠰᠤᠷᠭ᠋ᠠᠨ ᠬᠦᠮᠦᠵᠢᠭᠦᠯᠬᠦ ᠪᠣᠯ ᠬᠠᠮᠤᠭ᠎ᠤᠨ ᠦᠨᠳᠦᠷ ᠤᠷᠠᠯᠢᠭ ᠮᠦᠨ) ᠭᠡᠵᠦ ᠦᠵᠡᠵᠦ ᠪᠠᠶ᠋ᠢᠭ᠎ᠠ᠎ᠨᠢ ᠴᠤ᠌ ᠠ᠋ᠭᠦᠨ᠎ᠢ ᠭᠡᠷᠡᠴᠢᠯᠡᠵᠦ ᠪᠣᠢ᠃
      ᠠᠯᠢ ᠴᠤ᠌ ᠠᠩᠭᠢ ᠨᠢᠭᠡᠴᠢ᠎ᠳᠤ ᠰᠤᠷᠤᠯᠭ᠎ᠠ ᠪᠤᠶᠤ ᠶᠣᠰᠤ ᠮᠤᠷᠠᠯ᠎ᠤᠨ ᠲᠠᠯ᠎ᠠ᠎ᠪᠠᠷ ᠬᠤᠴᠤᠷᠤᠩᠭᠤᠢ ᠰᠤᠷᠤᠭᠴᠢ ᠵᠦᠩᠳᠡᠭᠡᠨ ᠪᠠᠶ᠋ᠢᠭ᠋ᠠᠳ ᠯᠠ ᠪᠠᠶ᠋ᠢᠳᠠᠭ ᠶᠤᠮ᠃ ᠬᠡᠳᠦᠶ᠋ᠢᠪᠡᠷ ᠲᠣᠭ᠋ᠠᠨ᠎ᠤ ᠲᠠᠯ᠎ᠠ᠎ᠪᠠᠷ ᠴᠦᠬᠡᠨ ᠪᠣᠯᠪᠠᠴᠤ ᠠᠩᠭᠢ ᠨᠢᠭᠡᠴᠢ ᠵᠢᠨ ᠰᠠᠬᠢᠯᠭ᠎ᠠ ᠪᠠᠲᠦ᠂ ᠶᠣᠰᠤ ᠮᠤᠷᠠᠯ᠂ ᠰᠤᠷᠤᠯᠴᠠᠭ᠍ᠤ ᠰᠤᠷᠲᠠᠯ᠎ᠢ ᠨᠦᠯᠦᠭᠡᠯᠡᠵᠦ᠂ ᠪᠠᠭᠰᠢ ᠨᠠᠷ᠎ᠤᠨ ᠠᠷᠭ᠎ᠠ ᠠᠭ᠋ᠠᠰᠢ ᠵᠢ ᠪᠠᠷᠠᠭᠳᠠᠭᠤᠯᠵᠤ ᠪᠠᠶ᠋ᠢᠳᠠᠭ᠃ ᠠ᠋ᠶ᠋ᠢᠮᠦ᠎ᠠᠴᠠ ᠬᠤᠴᠤᠷᠤᠩᠭᠤᠢ ᠰᠤᠷᠤᠭᠴᠢ ᠵᠢ ᠳᠠᠷᠤᠢ ᠲᠦᠷᠭᠡᠨ ᠰᠠᠶ᠋ᠢᠵᠢᠷᠠᠭᠤᠯᠬᠤ ᠦᠭᠡᠢ ᠪᠣᠯ ᠨᠢᠭᠡ ᠠᠩᠭᠢ ᠨᠢᠭᠡᠴᠢ ᠵᠢᠨ ᠬᠡᠪ ᠴᠢᠨᠠᠷ᠎ᠢ ᠳᠡᠭᠡᠭᠰᠢᠯᠡᠭᠦᠯᠬᠦ᠎ᠳᠤ ᠮᠠᠭᠤ ᠨᠦᠯᠦᠭᠡ ᠳᠤᠰᠬᠠᠯ ᠦᠵᠡᠭᠦᠯᠵᠦ ᠮᠡᠳᠡᠨ᠎ᠡ᠃ ᠲᠡᠶ᠋ᠢᠮᠦ ᠵᠢᠨ ᠲᠤᠯᠠ ᠠᠩᠭᠢ ᠵᠢᠨ ᠠ᠋ᠷᠬᠢᠯᠡᠭᠴᠢ ᠠ᠋ᠷᠬᠡᠪᠰᠢ ᠬᠤᠴᠤᠷᠤᠩᠭᠤᠢ ᠰᠤᠷᠤᠭᠴᠢ ᠵᠢᠨ ᠦᠵᠡᠯ ᠰᠠᠨᠠᠭ᠋ᠠᠨ᠎ᠤ ᠬᠦᠮᠦᠵᠢᠯ᠎ᠢ ᠰᠠᠶ᠋ᠢᠲᠤᠷ ᠬᠢᠵᠦ᠂ ᠲᠠᠳᠠ ᠨᠠᠷ᠎ᠤᠨ ᠰᠠᠬᠢᠯᠭ᠎ᠠ ᠪᠠᠲᠦ᠂ ᠰᠤᠷᠤᠯᠭ᠎ᠠ ᠵᠢᠨ ᠲᠠᠯ᠎ᠠ᠎ᠪᠠᠷ᠎ᠨᠢ ᠴᠢᠩᠭ᠎ᠠ ᠠᠳᠬᠤᠵᠤ᠂ ᠰᠤᠷᠤᠯᠭ᠎ᠠ᠎ᠳᠤ᠎ᠪᠠᠨ ᠴᠢᠷᠮᠠᠶ᠋ᠢᠯᠲᠠ᠎ᠲᠠᠢ ᠪᠣᠯᠭ᠋ᠠᠨ ᠬᠦᠮᠦᠵᠢᠭᠦᠯᠬᠦ ᠪᠣᠯ ᠲᠤᠶ᠋ᠢᠯ᠎ᠤᠨ ᠴᠢᠬᠤᠯᠠ ᠶᠤᠮ᠃ ᠮᠦᠨ ᠬᠦ᠌ ᠠᠩᠭᠢ ᠵᠢᠨ ᠠᠵᠢᠯ᠎ᠤᠨ ᠠᠮᠵᠢᠯᠲᠠ ᠣᠯᠬᠤ᠎ᠳᠤ ᠮᠠᠰᠢ ᠴᠢᠬᠤᠯᠠ ᠠᠨᠢᠰᠤ ᠪᠣᠯᠳᠠᠭ᠃ ᠡ᠊ᠨᠳᠠ ᠪᠢ ᠤᠳᠠᠭ᠋ᠠᠨ ᠵᠢᠯ ᠠᠩᠭᠢ ᠠ᠋ᠷᠬᠢᠯᠡᠵᠦ ᠬᠤᠴᠤᠷᠤᠩᠭᠤᠢ ᠰᠤᠷᠤᠭᠴᠢ ᠵᠢ ᠬᠦᠮᠦᠵᠢᠭᠦᠯᠦᠨ ᠰᠠᠬᠢᠯᠭ᠎ᠠ ᠪᠠᠲᠦ᠂ ᠰᠤᠷᠤᠯᠭ᠎ᠠ ᠵᠢᠨ ᠲᠠᠯ᠎ᠠ᠎ᠪᠠᠷ ᠳᠡᠭᠡᠭᠰᠢᠯᠡᠭᠦᠯᠦᠨ ᠬᠤᠪᠢᠷᠠᠭᠤᠯᠤᠭᠰᠠᠨ ᠲᠣᠷᠰᠢᠯᠭ᠎ᠠ ᠰᠤᠷᠭ᠋ᠠᠮᠵᠢ᠎ᠪᠠᠨ ᠦᠨᠳᠦᠰᠦᠯᠡᠵᠦ ᠥᠪᠡᠷ᠎ᠤᠨ ᠦᠵᠡᠯᠲᠡ᠎ᠪᠠᠨ ᠳᠦᠭᠦᠮ ᠦᠭᠦᠯᠡᠶ᠎ᠡ᠃
      ᠰᠤᠷᠭ᠋ᠠᠨ ᠬᠦᠮᠦᠵᠢᠯ᠎ᠤᠨ ᠵᠢᠳᠭᠦᠯᠲᠡᠨ ᠰᠦᠬᠤᠮᠯᠢᠨ᠋ᠸᠰᠺᠢ᠄ 《ᠪᠠᠭᠰᠢ ᠨᠠᠷ᠎ᠲᠤ ᠦᠭᠭᠦᠭᠰᠡᠨ           ᠰᠠᠨᠠᠭᠤᠯᠭ᠎ᠠ》᠎ᠳᠤ᠎ᠪᠠᠨ᠄ 《ᠲᠠ ᠨᠠᠷ ᠪᠣᠯ ᠵᠦᠪᠬᠡᠨ ᠬᠢᠴᠢᠶᠡᠯ ᠵᠢᠭ᠋ᠠᠭᠴᠢ ᠪᠢᠰᠢ᠂ ᠬᠠᠷᠢᠨ ᠬᠦᠮᠦᠨ ᠬᠦᠮᠦᠵᠢᠭᠦᠯᠦᠭᠴᠢ᠂ ᠠᠮᠢᠳᠤᠷᠠᠯ᠎ᠤᠨ ᠵᠢᠯᠤᠭᠤᠳᠤᠭᠴᠢ᠂ ᠮᠤᠷᠠᠯ᠎ᠤᠨ ᠰᠤᠷᠭ᠋ᠠᠭᠴᠢ ᠮᠦᠨ》 ᠭᠡᠵᠦ ᠦᠭᠦᠯᠡᠭᠰᠡᠨ ᠪᠢᠯᠡ᠃ ᠨᠢᠭᠡ ᠰᠤᠷᠤᠭᠴᠢ ᠵᠢᠨ ᠥᠭᠡᠳᠡᠯᠡᠵᠦ ᠳᠠᠪᠰᠢᠬᠤ᠂ ᠤᠷᠤᠭᠤᠲᠠᠨ ᠳᠣᠷᠤᠶ᠋ᠢᠳᠠᠭ᠍ᠤ᠎ᠳᠤ ᠪᠠᠭᠰᠢ ᠵᠢᠨ ᠬᠦᠮᠦᠵᠢᠯ ᠵᠠᠶ᠋ᠢᠯᠠᠭᠤᠯᠵᠤ ᠪᠣᠯᠤᠰᠢ ᠦᠭᠡᠢ ᠬᠤᠯᠪᠤᠭᠳᠠᠭ᠍ᠤ ᠶᠤᠮ᠃ 《ᠠᠩᠭᠢ ᠵᠢᠨ ᠠ᠋ᠷᠬᠢᠯᠡᠭᠴᠢ ᠰᠤᠷᠭ᠋ᠠᠭᠤᠯᠢ  ᠵᠢᠨ ᠮᠤᠷᠠᠯ᠎ᠤᠨ ᠠᠵᠢᠯ᠎ᠤᠨ ᠭᠤᠣᠯᠯᠠᠭᠴᠢ ᠬᠦᠴᠦᠨ᠂ ᠠᠩᠭᠢ ᠵᠢᠨ ᠠᠵᠢᠯ᠎ᠤᠨ ᠤᠳᠤᠷᠢᠳᠤᠭᠴᠢ᠂ ᠵᠣᠬᠢᠶᠠᠨ ᠪᠠᠶ᠋ᠢᠭᠤᠯᠤᠭᠴᠢ ᠪᠦᠭᠡᠳ ᠰᠤᠷᠤᠭᠴᠢ ᠵᠢᠨ ᠠ᠋ᠷᠡᠭᠦᠯ ᠴᠢᠬᠢᠷᠠᠭ ᠵᠶ᠋ᠠᠷ ᠦᠰᠦᠨ ᠪᠤᠢ᠍ᠢ᠍ᠵᠢᠬᠤ ᠵᠢᠨ ᠳᠠᠭ᠋ᠠᠭᠤᠯᠤᠭᠴᠢ ᠮᠦᠨ》 ᠭᠡᠳᠡᠭ ᠵᠶ᠋ᠠᠷ ᠠᠩᠭᠢ ᠵᠢᠨ ᠠ᠋ᠷᠬᠢᠯᠡᠭᠴᠢ ᠵᠠᠪᠠᠯ 《ᠪᠦᠬᠦ ᠰᠤᠷᠤᠭᠴᠢ᠎ᠳᠤ ᠬᠠᠨᠳᠤᠨ ᠪᠦᠬᠦ ᠲᠠᠯ᠎ᠠ᠎ᠪᠠᠷ ᠬᠦᠮᠦᠵᠢᠭᠦᠯᠬᠦ》 ᠵᠢ ᠪᠡᠶᠡᠯᠡᠭᠦᠯᠬᠦ ᠬᠡᠷᠡᠭᠲᠡᠢ᠃
      ᠬᠤᠴᠤᠷᠤᠩᠭᠤᠢ ᠰᠤᠷᠤᠭᠴᠢ ᠵᠢ ᠬᠤᠪᠢᠷᠠᠭᠤᠯᠤᠨ ᠳᠡᠭᠡᠭᠰᠢᠯᠡᠭᠦᠯᠬᠦ᠎ᠳᠤ 《ᠬᠤᠴᠤᠷᠤᠭᠰᠠᠨ ᠰᠢᠯᠲᠠᠭ᠋ᠠᠨ》᠎ᠢ ᠰᠣᠳᠤᠯᠵᠤ ᠰᠢᠨᠵᠢᠯᠡᠨ ᠵᠦᠪ ᠣᠨᠣᠰᠢᠯᠠᠭ᠍ᠤ ᠬᠡᠷᠡᠭᠲᠡᠢ᠃ ᠬᠤᠴᠤᠷᠤᠩᠭᠤᠢ ᠰᠤᠷᠤᠭᠴᠢ᠎ᠳᠤ ᠯᠠᠪᠲᠠᠢ 《ᠬᠤᠴᠤᠷᠤᠭᠰᠠᠨ ᠰᠢᠯᠲᠠᠭ᠋ᠠᠨ》 ᠪᠠᠶ᠋ᠢᠳᠠᠭ᠃ ᠠ᠋ᠶ᠋ᠢᠮᠦ᠎ᠠᠴᠠ ᠠᠩᠭᠢ ᠵᠢᠨ ᠠ᠋ᠷᠬᠢᠯᠡᠭᠴᠢ ᠵᠠᠪᠠᠯ ᠲᠡᠷᠡ ᠬᠦ᠌ 《ᠬᠤᠴᠤᠷᠤᠭᠰᠠᠨ ᠰᠢᠯᠲᠠᠭ᠋ᠠᠨ》᠎ᠢ ᠠ᠋ᠷᠢᠵᠦ ᠰᠦᠪᠡᠭᠴᠢᠯᠡᠨ 《ᠡᠪᠡᠳᠴᠢᠨ᠎ᠳᠤ᠎ᠨᠢ ᠲᠣᠬᠢᠷᠠᠭᠤᠯᠤᠨ ᠡᠮ ᠬᠡᠷᠡᠭᠯᠡᠬᠦ》 ᠵᠢ ᠣᠨᠴᠠ ᠠᠩᠬᠠᠷᠬᠤ       ᠬᠡᠷᠡᠭᠲᠡᠢ᠃ ᠢᠩᠭᠢᠪᠡᠯ ᠰᠠᠶᠢ ᠬᠤᠴᠤᠷᠤᠩᠭᠤᠢ ᠰᠤᠷᠤᠭᠴᠢ ᠵᠢ ᠬᠤᠪᠢᠷᠠᠭᠤᠯᠤᠨ ᠳᠠᠪᠰᠢᠭᠤᠯᠵᠤ               ᠴᠢᠳᠠᠨ᠎ᠠ᠃ ᠰᠤᠷᠤᠭᠴᠢ ᠵᠢᠨ 《ᠬᠤᠴᠤᠷᠤᠭᠰᠠᠨ ᠰᠢᠯᠲᠠᠭ᠋ᠠᠨ》᠎ᠨᠢ ᠣᠯᠠᠨ ᠵᠦᠢ᠍ᠯ᠎ᠤᠨ ᠪᠠᠶ᠋ᠢᠳᠠᠭ᠃ ᠡ᠊ᠨᠳᠠ ᠨᠡᠶ᠋ᠢᠲᠡᠯᠢᠭ ᠣᠷᠤᠰᠢᠵᠤ ᠪᠦᠬᠦᠢ ᠰᠢᠯᠲᠠᠭ᠋ᠠᠨ᠎ᠠᠴᠠ ᠬᠡᠲᠦ ᠵᠢ ᠵᠠᠳᠠᠯᠤᠶ᠎ᠠ᠃
      1. ᠰᠤᠷᠤᠭᠴᠢ ᠵᠢᠨ ᠬᠤᠪᠢ ᠪᠡᠶ᠎ᠡ ᠵᠢᠨ ᠬᠦᠭᠵᠢᠯᠲᠡ ᠵᠢᠨ ᠰᠢᠯᠲᠠᠭ᠋ᠠᠨ — ᠳᠠᠷᠤᠢ ᠵᠠᠷᠢᠮ ᠬᠡᠦᠬᠡᠳ᠎ᠤᠨ ᠰᠡᠳᠭᠢᠭᠦᠢ ᠲᠦᠷᠦᠯᠬᠢ ᠪᠢᠳᠠᠭᠤᠯᠢᠭ ᠤᠳᠠᠭ᠋ᠠᠯᠢᠭ ᠪᠠᠶ᠋ᠢᠳᠠᠭ᠃ ᠠ᠋ᠨᠡ᠎ᠨᠢ ᠤᠳᠤᠮᠯᠠᠯ᠎ᠤᠨ ᠰᠢᠯᠲᠠᠭ᠋ᠠᠨ ᠪᠣᠶᠤ ᠠ᠋ᠰᠡᠭᠦᠯ᠎ᠡ ᠡᠴᠢᠭᠡ ᠠ᠋ᠬᠡ᠎ᠨᠢ ᠬᠡᠦᠬᠡᠳ᠎ᠤᠨ ᠰᠡᠳᠭᠢᠬᠦᠢ ᠵᠢ ᠨᠡᠭᠡᠭᠡᠭᠳᠡᠭᠦᠯᠬᠦ ᠵᠢ ᠬᠦᠨᠳᠦᠳᠭᠡᠭᠰᠡᠨ ᠦᠭᠡᠢ᠎ᠠᠴᠠ ᠪᠣᠯᠤᠭᠰᠠᠨ ᠪᠠᠶ᠋ᠢᠳᠠᠭ᠃ ᠬᠡᠦᠬᠡᠳ᠎ᠤᠨ ᠰᠡᠳᠭᠢᠬᠦᠢ ᠬᠦᠭᠵᠢᠯᠲᠡ ᠦᠭᠡᠢ᠎ᠠᠴᠠ ᠪᠣᠯᠵᠤ ᠬᠤᠴᠣᠷᠳᠠᠭ᠃ ᠪᠣᠲᠠᠲᠠᠢ᠎ᠪᠠᠷ ᠬᠡᠯᠡᠪᠡᠯ ᠬᠡᠦᠬᠡᠳ᠎ᠤᠨ ᠡᠴᠢᠭᠡ ᠠ᠋ᠬᠡ᠎ᠨᠢ ᠬᠡᠦᠬᠡᠳ᠎ᠢ ᠲᠦᠷᠦᠭᠰᠡᠨ᠎ᠠᠴᠠ᠎ᠨᠢ ᠠ᠋ᠬᠢᠯᠡᠭᠡᠳ ᠦᠭᠡ ᠶᠠᠷᠢᠬᠤ᠂ ᠳᠠᠭᠤᠤ ᠬᠦᠭᠵᠢᠮ ᠰᠣᠨᠤᠰᠬᠠᠬᠤ᠂ ᠶᠠᠭᠤᠮ᠎ᠠ ᠠᠵᠢᠭᠯᠠᠭᠤᠯᠬᠤ ᠵᠡᠷᠭᠡ ᠠᠵᠢᠯᠯᠠᠭ᠎ᠠ ᠪᠣᠶᠤ ᠨᠠᠭ᠋ᠠᠳᠤᠮ ᠲᠣᠭᠯᠠᠭ᠋ᠠᠮ᠎ᠳᠤ ᠣᠷᠤᠯᠴᠠᠭᠤᠯᠤᠨ ᠤᠶᠤᠨ ᠰᠡᠳᠭᠢᠬᠦᠢ ᠵᠢ᠎ᠨᠢ ᠬᠦᠭᠵᠢᠭᠦᠯᠬᠦ ᠠᠵᠢᠯᠯᠠᠭ᠎ᠠ ᠵᠢ ᠤᠮᠳᠤᠭ᠋ᠠᠶ᠋ᠢᠯᠠᠭᠰᠠᠨ᠎ᠠᠴᠠ ᠪᠣᠯᠤᠭᠰᠠᠨ ᠪᠠᠶ᠋ᠢᠳᠠᠭ᠃ ᠨᠡᠩ ᠴᠤ᠌ ᠵᠠᠷᠢᠮ ᠭᠡᠷ᠎ᠤᠨ ᠠᠬᠠᠮᠠᠳ ᠬᠡᠦᠬᠡᠳ ᠵᠶ᠋ᠠᠨ ᠰᠤᠷᠭ᠋ᠠᠭᠤᠯᠢ᠎ᠳᠤ ᠰᠠᠭᠤᠯᠭ᠋ᠠᠪᠠᠯ ᠠᠯᠢᠪᠠ ᠪᠦᠬᠦᠨ᠎ᠢ ᠪᠠᠭᠰᠢ᠎ᠠᠴᠠ ᠰᠤᠷᠴᠤ ᠠᠯᠢᠪᠠ ᠰᠤᠷᠭ᠋ᠠᠬᠤ ᠠᠵᠢᠯ᠎ᠢ ᠪᠠᠭᠰᠢ᠎ᠳᠤ ᠨᠠᠶ᠋ᠢᠲᠠᠵᠤ᠂ ᠭᠡᠷ ᠪᠦᠯᠢ᠎ᠳᠤ᠎ᠪᠠᠨ ᠬᠡᠦᠬᠡᠳ᠎ᠤᠨ ᠤᠶᠤᠨ᠎ᠢ ᠨᠡᠭᠡᠭᠡᠭᠳᠡᠭᠦᠯᠬᠦ ᠶᠠᠮᠠᠷ ᠴᠤ᠌ ᠠᠵᠢᠯᠯᠠᠭ᠎ᠠ ᠬᠢᠬᠦ ᠦᠭᠡᠢ ᠪᠠᠶ᠋ᠢᠳᠠᠭ᠃ ᠠ᠋ᠭᠦᠨ᠎ᠠᠴᠠ ᠪᠣᠯᠵᠤ ᠬᠡᠦᠬᠡᠳ᠎ᠨᠢ ᠪᠣᠰᠤᠳ ᠰᠤᠷᠤᠭᠴᠢᠳ᠎ᠠᠴᠠ ᠬᠤᠴᠤᠷᠴᠤ᠂ ᠰᠤᠷᠤᠯᠴᠠᠭ᠍ᠤ ᠤᠷᠮ᠎ᠠ ᠵᠣᠷᠢᠭ᠎ᠨᠢ ᠪᠠᠭᠤᠷᠠᠵᠤ 《ᠬᠤᠴᠤᠷᠤᠩᠭᠤᠢ》 ᠵᠢᠨ ᠲᠣᠭ᠋ᠠᠨ᠎ᠳᠤ ᠣᠷᠣᠳᠠᠭ᠃
      2. ᠨᠡᠶ᠋ᠢᠭᠡᠮ᠎ᠤᠨ ᠣᠷᠴᠢᠨ ᠲᠣᠭᠤᠷᠢᠨ ᠪᠠ ᠭᠡᠷ ᠪᠦᠯᠢ ᠵᠢᠨ ᠰᠢᠯᠲᠠᠭ᠋ᠠᠨ — ᠨᠡᠶ᠋ᠢᠭᠡᠮ᠎ᠤᠨ ᠠᠮᠢᠳᠤᠷᠠᠯ᠎ᠤᠨ ᠣᠷᠴᠢᠨ ᠲᠣᠭᠤᠷᠢᠨ᠎ᠨᠢ ᠰᠤᠷᠤᠭᠴᠢᠳ᠎ᠤᠨ ᠰᠡᠳᠭᠢᠴᠡ ᠵᠢᠨ ᠬᠦᠭᠵᠢᠯᠲᠡ᠎ᠳᠤ ᠰᠢᠢ᠍ᠳᠪᠦᠷᠢᠯᠡᠬᠦ ᠦᠢ᠍ᠯᠡᠳᠦᠯ ᠦᠵᠡᠭᠦᠯᠳᠡᠭ᠃ ᠭᠡᠲᠡᠯ᠎ᠡ ᠵᠠᠷᠢᠮ ᠬᠡᠦᠬᠡᠳ᠎ᠤᠨ ᠦᠰᠴᠦ ᠲᠦᠷᠦᠭᠰᠡᠨ ᠣᠷᠴᠢᠨ ᠲᠣᠭᠤᠷᠢᠨ᠂ ᠭᠡᠷ ᠪᠦᠯᠢ᠎ᠤᠨ ᠬᠦᠮᠦᠵᠢᠯ᠎ᠨᠢ ᠬᠡᠦᠬᠡᠳ᠎ᠤᠨ ᠰᠡᠳᠭᠢᠬᠦᠢ ᠵᠢᠨ ᠬᠦᠭᠵᠢᠯᠲᠡ᠎ᠳᠤ ᠨᠠᠵᠠᠭ᠋ᠠᠢ ᠦᠢ᠍ᠯᠡᠳᠦᠯ ᠦᠵᠡᠭᠦᠯᠵᠦ         ᠪᠠᠶ᠋ᠢᠳᠠᠭ᠃ ᠵᠠᠷᠢᠮ ᠭᠡᠷ᠎ᠤᠨ ᠠᠬᠠᠮᠠᠳ ᠰᠣᠶᠣᠯ ᠰᠤᠷᠤᠯᠴᠠᠯᠭ᠎ᠠ ᠵᠢ ᠬᠦᠨᠳᠦᠳᠭᠡᠬᠦ ᠦᠭᠡᠢ᠂ ᠮᠤᠷᠠᠯ ᠰᠠᠬᠢᠯᠭ᠎ᠠ ᠵᠢ ᠠᠩᠬᠠᠷᠬᠤ ᠦᠭᠡᠢ᠂ ᠬᠡᠦᠬᠡᠳ᠎ᠤᠨ ᠠ᠋ᠷᠡᠭᠦᠯ ᠰᠠᠷᠠᠭᠤᠯ ᠵᠶ᠋ᠠᠷ ᠦᠰᠦᠨ ᠪᠤᠢ᠍ᠢ᠍ᠵᠢᠬᠤ ᠵᠢ ᠬᠦᠨᠳᠦᠳᠭᠡᠬᠦ ᠦᠭᠡᠢ᠎ᠠᠴᠠ ᠪᠣᠯᠵᠤ ᠬᠡᠦᠬᠡᠳ᠎ᠢ ᠬᠤᠴᠤᠷᠤᠩᠭᠤᠢ ᠪᠣᠯᠭ᠋ᠠᠳᠠᠭ᠃ ᠪᠣᠲᠠᠳᠠᠢ᠎ᠪᠠᠷ ᠲᠤᠷᠠᠳᠪᠠᠯ ᠵᠠᠷᠢᠮ ᠭᠡᠷ᠎ᠤᠨ ᠠᠬᠠᠮᠠᠳ ᠬᠡᠦᠬᠡᠳ᠎ᠤᠨ ᠭᠡᠳᠡᠰᠦ ᠵᠢ᠎ᠨᠢ ᠦᠯᠦᠰᠭᠡᠬᠦ ᠦᠭᠡᠢ᠂ ᠬᠦᠢ᠍ᠲᠡᠨ᠎ᠳᠤ ᠳᠠᠭ᠋ᠠᠷᠠᠭᠤᠯᠵᠤ ᠪᠡᠭᠡᠷᠡᠭᠦᠯᠬᠦ ᠦᠭᠡᠢ ᠵᠢ ᠯᠡ ᠴᠢᠬᠤᠯᠠᠴᠢᠯᠠᠵᠤ᠂ ᠲᠡᠳᠡᠨ᠎ᠤ ᠠ᠋ᠷᠡᠭᠦᠯ ᠰᠠᠷᠠᠭᠤᠯ ᠵᠶ᠋ᠠᠷ ᠦᠰᠦᠨ ᠪᠤᠶ᠋ᠢᠵᠢᠬᠤ᠎ᠳᠤ ᠴᠣᠬᠤᠮ ᠶᠠᠮᠠᠷ ᠶᠠᠮᠠᠷ ᠰᠢᠮ᠎ᠡ ᠲᠡᠵᠢᠭᠡᠯ᠂ ᠬᠦᠨᠡᠰᠦ ᠳᠤᠲᠠᠭᠳᠠᠵᠤ ᠪᠠᠶ᠋ᠢᠳᠠᠭ᠎ᠢ ᠬᠡᠵᠢᠶᠡᠳᠡ ᠰᠠᠨᠠᠭ᠋ᠠᠨ᠎ᠳᠤ᠎ᠪᠠᠨ ᠠᠪᠳᠠᠭ ᠦᠭᠡᠢ᠃ ᠹᠠᠯᠲ᠋ᠣ᠋᠄ 《ᠶᠠᠮᠠᠷ ᠮᠠᠭᠤ ᠬᠦᠮᠦᠨ ᠭᠡᠳ ᠮᠠᠭᠤ ᠬᠦᠮᠦᠨ ᠪᠣᠯᠬᠤ ᠳᠣᠲᠤᠷ᠎ᠠ᠎ᠠᠴᠠ᠎ᠪᠠᠨ ᠳᠤᠷᠠᠲᠠᠢ ᠪᠢᠰᠢ ᠶᠤᠮ᠂ ᠮᠠᠭᠤ ᠬᠦᠮᠦᠨ ᠪᠣᠯᠳᠠᠭ᠎ᠤᠨ ᠣᠯᠠᠩᠬᠢ᠎ᠨᠢ ᠴᠦᠮ ᠠᠪᠤ ᠡᠵᠢ ᠵᠢᠨ᠎ᠬᠢ᠎ᠨᠢ ᠰᠠᠶ᠋ᠢᠬᠠᠨ ᠰᠤᠷᠭ᠋ᠠᠨ ᠬᠦᠮᠦᠵᠢᠭᠦᠯᠦᠭᠰᠡᠨ ᠦᠭᠡᠢ ᠵᠢᠨ ᠮᠠᠭᠤ᠎ᠠᠴᠠ ᠪᠣᠯᠵᠠᠢ》 ᠭᠡᠵᠦ ᠦᠭᠦᠯᠡᠭᠰᠡᠨ᠎ᠨᠢ ᠦᠨᠡᠬᠡᠷ ᠬᠤᠷᠴᠠ ᠣᠨᠤᠪᠴᠢᠲᠠᠢ᠎ᠪᠠᠷ ᠨᠤᠲᠠᠯᠠᠵᠤ ᠲᠣᠳᠤᠷᠬᠠᠶ᠋ᠢᠯᠠᠵᠤ ᠦᠭᠭᠦᠭᠰᠡᠨ ᠶᠤᠮ᠃
      3. ᠰᠤᠷᠭ᠋ᠠᠭᠤᠯᠢ ᠵᠢᠨ ᠰᠤᠷᠭ᠋ᠠᠨ ᠬᠦᠮᠦᠵᠢᠯ ᠪᠠ ᠪᠠᠭᠰᠢ ᠵᠢᠨ ᠬᠦᠮᠦᠵᠢᠯ᠎ᠤᠨ ᠰᠢᠯᠲᠠᠭ᠋ᠠᠨ — ᠴᠸᠷᠨᠢᠰᠸᠸᠰᠺᠢ᠄ 《ᠪᠠᠭᠰᠢ ᠬᠦᠮᠦᠨ ᠰᠤᠷᠤᠭᠴᠢ᠎ᠪᠠᠨ ᠶᠠᠮᠠᠷ ᠮᠠᠶᠢᠭ᠎ᠤᠨ ᠬᠦᠮᠦᠨ ᠪᠣᠯᠭ᠋ᠠᠶ᠎ᠠ ᠭᠡᠪᠡᠯ ᠵᠠᠪᠠᠯ ᠥᠪᠡᠰᠤᠪᠠᠨ ᠳᠠᠷᠤᠢ ᠲᠡᠶ᠋ᠢᠮᠦ ᠮᠠᠶᠢᠭ᠎ᠤᠨ ᠬᠦᠮᠦᠨ ᠪᠠᠶ᠋ᠢᠬᠤ ᠬᠡᠷᠡᠭᠲᠡᠢ》 ᠭᠡᠵᠦ ᠵᠢᠭ᠋ᠠᠭᠰᠠᠨ ᠪᠠᠶ᠋ᠢᠳᠠᠭ᠃ ᠳᠡᠯᠡᠬᠡᠢ ᠳᠡᠭᠡᠷ᠎ᠡ ᠲᠦᠷᠦᠮᠡᠭᠴᠡ᠎ᠪᠠᠨ ᠮᠠᠭᠤ ᠬᠡᠦᠬᠡᠳ ᠭᠡᠵᠦ ᠪᠠᠶ᠋ᠢᠳᠠᠭ ᠦᠭᠡᠢ ᠶᠤᠮ᠃ ᠬᠠᠷᠢᠨ ᠬᠡᠦᠬᠡᠳ᠎ᠢ ᠵᠣᠬᠢᠰ ᠦᠭᠡᠢ ᠬᠦᠮᠦᠵᠢᠭᠦᠯᠦᠭᠰᠡᠨ᠎ᠠᠴᠠ ᠪᠣᠯᠵᠤ ᠮᠠᠭᠤ ᠬᠡᠦᠬᠡᠳ ᠪᠣᠢ ᠪᠣᠯᠳᠠᠭ᠃ ᠰᠤᠷᠭ᠋ᠠᠭᠤᠯᠢ᠎ᠳᠤ ᠣᠷᠤᠭᠰᠠᠨ ᠬᠡᠦᠬᠡᠳ᠎ᠲᠤ ᠠᠪᠴᠤ ᠬᠡᠯᠡᠪᠡᠯ ᠰᠤᠷᠭ᠋ᠠᠭᠤᠯᠢ ᠵᠢᠨ ᠰᠤᠷᠭ᠋ᠠᠨ ᠬᠦᠮᠦᠵᠢᠯ ᠪᠠ ᠪᠠᠭᠰᠢ ᠵᠢᠨ ᠬᠦᠮᠦᠵᠢᠯ᠎ᠨᠢ ᠰᠤᠷᠤᠭᠴᠢ ᠵᠢᠨ ᠬᠦᠮᠦᠵᠢᠯ᠎ᠳᠤ ᠶᠡᠭᠡᠭᠡᠨ ᠨᠦᠯᠦᠭᠡ ᠪᠣᠯᠳᠠᠭ᠃ ᠵᠠᠷᠢᠮ ᠰᠤᠷᠭ᠋ᠠᠭᠤᠯᠢ ᠪᠠ ᠪᠠᠭᠰᠢ ᠵᠢᠨ ᠬᠦᠮᠦᠵᠢᠯ᠎ᠤᠨ ᠵᠣᠬᠢᠰ ᠦᠭᠡᠢ᠎ᠠᠴᠠ ᠪᠣᠯᠵᠤ᠂ ᠬᠤᠴᠤᠷᠤᠩᠭᠤᠢ ᠰᠤᠷᠤᠭᠴᠢ ᠵᠢ ᠪᠣᠢ ᠪᠣᠯᠭ᠋ᠠᠳᠠᠭ᠃ ᠠ᠋ᠭᠦᠨ᠎ᠳᠤ ᠪᠠᠭᠰᠢ ᠵᠢᠨ ᠵᠢᠭ᠋ᠠᠬᠤ ᠤᠷᠮ᠎ᠠ ᠮᠡᠷᠭᠡᠵᠢᠯ ᠪᠠ ᠰᠤᠷᠭ᠋ᠠᠨ ᠬᠦᠮᠦᠵᠢᠭᠦᠯᠬᠦ ᠠᠷᠭ᠎ᠠ ᠠᠪᠴᠠᠯ᠎ᠤᠨ ᠵᠣᠬᠢᠰ ᠦᠭᠡᠢ᠎ᠠᠴᠠ ᠠ᠋ᠭᠦᠰᠦᠭᠰᠡᠨ ᠬᠤᠴᠤᠷᠤᠩᠭᠤᠢ ᠪᠣᠯᠤᠭᠰᠠᠨ ᠰᠢᠯᠲᠠᠭ᠋ᠠᠨ ᠨᠡᠶ᠋ᠢᠲᠡᠮ ᠣᠷᠤᠰᠢᠵᠤ ᠪᠣᠢ᠃ ᠪᠣᠲᠠᠳᠠᠢ᠎ᠪᠠᠷ ᠳᠤᠷᠠᠳᠪᠠᠯ ᠵᠠᠷᠢᠮ ᠪᠠᠭᠰᠢ ᠵᠢᠨ ᠵᠢᠭ᠋ᠠᠬᠤ ᠤᠷ᠎ᠠ ᠮᠡᠷᠭᠡᠵᠢᠯ ᠦᠬᠦᠮᠡᠯ ᠬᠤᠴᠤᠷᠤᠩᠭᠤᠢ ᠪᠠᠶ᠋ᠢᠵᠤ ᠵᠦᠪᠬᠡᠨ ᠵᠢᠭ᠋ᠠᠬᠤ ᠵᠢ ᠮᠡᠳᠡᠬᠦ᠎ᠠᠴᠠ ᠪᠢᠰᠢ ᠰᠤᠷᠭ᠋ᠠᠬᠤ ᠵᠢ ᠤᠮᠳᠤᠭ᠋ᠠᠶ᠋ᠢᠯᠠᠳᠠᠭ᠂ ᠰᠤᠷᠤᠭᠴᠢ ᠵᠢ ᠵᠢᠮᠡᠯᠡᠨ ᠰᠢᠢ᠍ᠳᠭᠡᠵᠥ ᠪᠦᠳᠦᠭᠦᠯᠢᠭ ᠵᠶ᠋ᠠᠷ ᠵᠠᠩᠨᠠᠭ᠍ᠤ ᠵᠢ ᠮᠡᠳᠡᠬᠦ᠎ᠠᠴᠠ ᠪᠢᠰᠢ ᠠ᠋ᠶᠡᠯᠳᠡᠭ ᠰᠠᠶ᠋ᠢᠬᠠᠨ ᠲᠡᠰᠪᠦᠷᠢ ᠬᠦᠯᠢᠴᠡᠩᠭᠦᠢ ᠰᠤᠷᠭ᠋ᠠᠨ ᠬᠦᠮᠦᠵᠢᠭᠦᠯᠬᠦ ᠵᠢ ᠮᠡᠳᠡᠬᠦ ᠦᠭᠡᠢ ᠪᠠᠶ᠋ᠢᠳᠠᠭ᠃ ᠣᠳᠣ ᠵᠢᠨ ᠰᠢᠨ᠎ᠡ ᠬᠢᠴᠢᠶᠡᠯᠯᠡᠭᠡ ᠵᠢᠨ ᠦᠭᠡᠷᠡᠴᠢᠯᠡᠯᠲᠡ᠎ᠳᠤ ᠪᠠᠭᠰᠢ ᠰᠤᠷᠤᠭᠴᠢ ᠵᠢᠨ ᠬᠠᠷᠢᠴᠠᠭ᠎ᠠ ᠠ᠋ᠷᠬᠡ ᠲᠡᠭᠰᠢ ᠪᠠᠶ᠋ᠢᠬᠤ ᠵᠢ ᠣᠨᠴᠠ ᠴᠢᠬᠤᠯᠠᠴᠢᠯᠠᠭᠰᠠᠨ ᠪᠠᠶ᠋ᠢᠳᠠᠭ᠃ 《ᠰᠤᠷᠤᠭᠴᠢ ᠪᠣᠯ ᠪᠡᠶ᠎ᠡ᠎ᠪᠠᠨ ᠳᠠᠭ᠋ᠠᠭ᠋ᠠᠭᠰᠠᠨ ᠬᠦᠮᠦᠨ᠂ ᠬᠦᠭᠵᠢᠯᠲᠡ ᠵᠢᠨ ᠱᠠᠲᠤᠨ᠎ᠳᠤ᠎ᠪᠠᠨ ᠪᠠᠶ᠋ᠢᠭ᠎ᠠ ᠬᠦᠮᠦᠨ》 ᠭᠡᠵᠦ ᠳᠤᠷᠠᠳᠴᠤ᠂ ᠰᠤᠷᠤᠭᠴᠢ ᠵᠢᠨ ᠨᠡᠷ᠎ᠡ ᠬᠦᠨᠳᠦ ᠵᠢ ᠬᠤᠬᠢᠷᠠᠭᠤᠯᠬᠤ᠂ ᠪᠡᠶ᠎ᠡ᠎ᠪᠠᠨ ᠬᠦᠨᠳᠦᠳᠭᠡᠬᠦ ᠰᠡᠳᠭᠢᠯᠭᠡ ᠵᠢ ᠬᠦᠨᠳᠡᠬᠦ ᠵᠡᠷᠭᠡ ᠵᠦᠢ ᠵᠣᠬᠢᠰ ᠦᠭᠡᠢ ᠠᠵᠢᠯᠯᠠᠭ᠎ᠠ ᠵᠢ ᠴᠢᠩᠭ᠎ᠠ ᠴᠡᠭᠡᠷᠯᠡᠵᠦ ᠪᠣᠢ᠃ ᠠᠩᠭᠢ ᠵᠢᠨ ᠪᠠᠭᠰᠢ᠎ᠨᠢ ᠬᠢᠴᠢᠶᠡᠯ ᠵᠢᠭ᠋ᠠᠬᠤ᠎ᠠᠴᠠ ᠭᠠᠳᠠᠨ᠎ᠠ ᠰᠤᠷᠤᠭᠴᠢ ᠵᠢᠨ ᠰᠤᠷᠤᠯᠭ᠎ᠠ᠂ ᠮᠤᠷᠠᠯ᠂ ᠪᠡᠶ᠎ᠡ ᠮᠠᠭ᠍ᠠᠪᠤᠳ᠎ᠢ ᠪᠦᠬᠦ ᠲᠠᠯ᠎ᠠ᠎ᠪᠠᠷ ᠬᠠᠷᠠᠭ᠋ᠠᠯᠵᠠᠵᠤ ᠪᠠᠶ᠋ᠢᠭ᠎ᠠ ᠲᠤᠯᠠ ᠠ᠋ᠨᠡ ᠲᠠᠯ᠎ᠠ᠎ᠪᠠᠷ ᠨᠡᠩ ᠢᠯᠡᠭᠦᠦ ᠠᠩᠬᠠᠷᠬᠤ ᠬᠡᠷᠡᠭᠲᠡᠢ᠃
      4. ᠰᠤᠷᠤᠭᠴᠢᠳ᠎ᠤᠨ ᠰᠡᠳᠭᠢᠯ᠎ᠤᠨ ᠳᠠᠷᠤᠭ᠋ᠠᠰᠤ ᠵᠢᠨ ᠰᠢᠯᠲᠠᠭ᠋ᠠᠨ — ᠵᠠᠷᠢᠮ ᠬᠡᠦᠬᠡᠳ᠎ᠤᠨ ᠭᠡᠷ᠎ᠤᠨ ᠠᠮᠢᠳᠤᠷᠠᠯ ᠬᠦᠴᠢᠷ᠎ᠲᠠᠢ ᠪᠣᠶᠤ ᠭᠡᠷ ᠪᠦᠯᠢ ᠵᠢᠨ ᠵᠦᠷᠢᠴᠡᠯ᠂ ᠠ᠋ᠰᠡᠭᠦᠯ᠎ᠡ ᠥᠨᠦᠴᠢᠨ ᠦᠷᠦᠭᠡᠰᠦᠨ ᠵᠡᠷᠭᠡ ᠰᠢᠯᠲᠠᠭ᠋ᠠᠨ᠎ᠠᠴᠠ ᠪᠣᠯᠵᠤ ᠰᠡᠳᠭᠢᠯ ᠰᠠᠨᠠᠭ᠋ᠠᠨ᠎ᠳᠤ᠎ᠨᠢ ᠶᠡᠬᠡᠬᠡᠨ ᠳᠠᠷᠤᠭ᠋ᠠᠰᠤ᠎ᠲᠠᠢ ᠪᠠᠶ᠋ᠢᠵᠤ ᠰᠤᠷᠤᠯᠭ᠎ᠠ ᠮᠤᠷᠠᠯ᠎ᠤᠨ ᠲᠠᠯ᠎ᠠ᠎ᠪᠠᠷ ᠬᠤᠴᠤᠷᠳᠠᠭ᠃ ᠬᠡᠦᠬᠡᠳ ᠪᠣᠯ ᠦᠨᠡᠨ᠎ᠳᠤ᠎ᠪᠠᠨ 《ᠬᠡᠷᠡᠭᠯᠡᠭᠡ ᠦᠭᠡᠢ ᠴᠠᠭ᠋ᠠᠰᠤ ᠭ᠋ᠭᠢᠷᠲᠦᠭᠡ ᠦᠭᠡᠢ           ᠴᠠᠰᠤ》 ᠮᠡᠲᠦ ᠭᠡᠨᠡᠨ ᠴᠠᠶ᠋ᠢᠯᠭ᠋ᠠᠨ ᠪᠠᠶ᠋ᠢᠳᠠᠭ ᠶᠤᠮ᠃ ᠭᠡᠲᠡᠯ᠎ᠡ ᠭᠡᠷ ᠪᠦᠯᠢ ᠪᠣᠶᠤ ᠨᠡᠶ᠋ᠢᠭᠡᠮ᠎ᠤᠨ ᠰᠢᠯᠲᠠᠭ᠋ᠠᠨ᠎ᠠᠴᠠ ᠪᠣᠯᠵᠤ ᠬᠡᠦᠬᠡᠳ᠎ᠤᠨ ᠰᠡᠳᠭᠢᠯ᠎ᠳᠤ ᠰᠡᠪ ᠰᠠᠭᠤᠯᠭ᠋ᠠᠵᠤ᠂ ᠵᠢᠭ᠋ᠠᠬᠠᠨ ᠬᠡᠦᠬᠡᠳ ᠴᠤ᠌ ᠲᠣᠮᠣ ᠳᠠᠷᠤᠭ᠋ᠠᠰᠤ᠎ᠲᠠᠢ           ᠪᠣᠯᠳᠠᠭ᠃ ᠰᠡᠳᠭᠢᠯ᠎ᠤᠨ ᠳᠠᠷᠤᠭ᠋ᠠᠰᠤ᠎ᠲᠠᠢ ᠬᠡᠦᠬᠡᠳ᠎ᠨᠢ ᠵᠣᠷᠢᠯᠭ᠎ᠠ᠎ᠲᠠᠢ᠎ᠪᠠᠷ ᠰᠡᠳᠭᠢᠯ᠎ᠤᠨ ᠳᠠᠷᠤᠭ᠋ᠠᠰᠤ᠎ᠪᠠᠨ ᠲᠠᠶᠠᠭᠳᠠᠵᠤ ᠳᠡᠶ᠋ᠢᠯᠬᠦ ᠦᠭᠡᠢ ᠲᠤᠯᠠ ᠬᠢᠴᠢᠶᠡᠯ ᠳᠡᠭᠡᠷ᠎ᠡ ᠰᠡᠳᠭᠢᠯ ᠵᠶ᠋ᠠᠨ ᠲᠦᠪᠯᠡᠷᠡᠭᠦᠯᠵᠦ ᠳᠡᠶ᠋ᠢᠯᠬᠦ ᠦᠭᠡᠢ᠂ ᠰᠡᠳᠭᠢᠴᠡ᠎ᠳᠤ᠎ᠨᠢ ᠪᠡᠶ᠎ᠡ᠎ᠪᠠᠨ ᠭᠤᠯᠤᠬᠤ᠂ ᠵᠦᠷᠢᠭᠦᠳᠯᠡᠬᠦ᠂ ᠭᠤᠨᠢᠵᠤ ᠭᠤᠲᠤᠷᠠᠭ᠍ᠤ ᠮᠡᠲᠦ ᠵᠢᠨ ᠪᠠᠶ᠋ᠢᠳᠠᠯ ᠭᠠᠷᠴᠤ ᠮᠤᠷᠠᠯ ᠰᠠᠬᠢᠯᠭ᠎ᠠ᠂ ᠬᠢᠴᠢᠶᠡᠯ ᠰᠤᠷᠤᠯᠭ᠎ᠠ᠎ᠳᠤ᠎ᠪᠠᠨ ᠳᠠᠪᠰᠢᠯᠲᠠ ᠦᠭᠡᠢ ᠪᠣᠯᠳᠠᠭ᠃
      ᠳᠡᠭᠡᠷ᠎ᠡ ᠦᠭᠦᠯᠡᠭᠰᠡᠨ ᠵᠦᠢ᠍ᠯ ᠪᠣᠯ ᠰᠤᠷᠤᠭᠴᠢ ᠵᠢᠨ ᠬᠤᠴᠤᠷᠤᠩᠭᠤᠢ ᠪᠣᠯᠤᠭᠰᠠᠨ ᠰᠢᠯᠲᠠᠭ᠋ᠠᠨ᠎ᠤ ᠨᠢᠭᠡ ᠬᠡᠰᠡᠭ ᠪᠣᠯᠬᠤ ᠶᠤᠮ᠃ ᠠ᠋ᠭᠦᠨ᠎ᠠᠴᠠ ᠭᠠᠳᠠᠨ᠎ᠠ ᠰᠤᠷᠤᠭᠴᠢ ᠵᠢᠨ ᠬᠤᠴᠤᠷᠤᠩᠭᠤᠢ ᠪᠣᠯᠤᠭᠰᠠᠨ ᠰᠢᠯᠲᠠᠭ᠋ᠠᠨ ᠴᠤ᠌ ᠣᠯᠠᠨ ᠣᠯᠠᠨ ᠢᠯᠡᠷᠡᠵᠦ ᠪᠣᠢ᠃ ᠵᠢᠱ᠌ᠢᠶᠡᠯᠡᠪᠡᠯ᠂ ᠨᠠᠭ᠋ᠠᠳᠤᠮ᠎ᠳᠤ ᠰᠢᠨᠤᠬᠤ᠂ ᠨᠦᠬᠦᠳ ᠵᠠᠭᠤᠷ᠎ᠠ᠎ᠪᠠᠨ ᠪᠦᠯᠬᠦᠮᠳᠡᠯ ᠦᠭᠡᠢ ᠪᠣᠯᠬᠤ᠂ ᠡᠪᠡᠳᠴᠢᠨ ᠠᠷᠬᠠᠭ ᠭᠡᠮ᠂ ᠬᠢᠴᠢᠶᠡᠯ᠎ᠤᠨ ᠰᠠᠭ᠋ᠠᠲᠤᠯ᠂ ᠪᠡᠶ᠎ᠡ ᠰᠡᠳᠭᠢᠴᠡ ᠵᠢᠨ ᠬᠤᠪᠢᠷᠠᠯᠲᠠ ᠁ ᠵᠡᠷᠭᠡ᠎ᠨᠢ ᠴᠦᠮ ᠨᠦᠯᠦᠭᠡ ᠪᠣᠯᠳᠠᠭ᠃ ᠪᠠᠭᠰᠢ ᠪᠣᠯᠤᠭᠰᠠᠳ ᠰᠤᠷᠤᠭᠴᠢᠳ᠎ᠤᠨ 《ᠬᠤᠴᠤᠷᠤᠩᠭᠤᠢ ᠪᠣᠯᠤᠭᠰᠠᠨ ᠰᠢᠯᠲᠠᠭ᠋ᠠᠨ》᠎ᠢ ᠠ᠋ᠷᠢᠵᠤ ᠭᠠᠷᠭ᠋ᠠᠭᠰᠠᠨ᠎ᠤ ᠳᠠᠷᠠᠭ᠎ᠠ ᠳᠠᠷᠤᠶ᠋ᠢᠬᠠᠨ ᠠᠷᠭ᠎ᠠ ᠰᠦᠪᠡᠭᠴᠢᠯᠡᠵᠦ ᠬᠤᠪᠢᠷᠠᠭᠤᠯᠤᠨ ᠳᠡᠭᠡᠭᠰᠢᠯᠡᠭᠦᠯᠬᠦ ᠬᠡᠷᠡᠭᠲᠡᠢ᠃ ᠳᠡᠭᠡᠷᠡᠬᠢ ᠬᠡᠲᠦᠨ ᠲᠠᠯ᠎ᠠ ᠵᠢᠨ ᠪᠠᠶ᠋ᠢᠳᠠᠯ᠎ᠳᠤ ᠴᠢᠭᠯᠡᠭᠦᠯᠦᠨ ᠳᠣᠣᠷᠠᠬᠢ ᠮᠡᠲᠦ ᠵᠢᠨ ᠠᠷᠭ᠎ᠠ ᠬᠡᠮᠵᠢᠶ᠎ᠡ ᠵᠢ ᠬᠡᠷᠡᠭᠯᠡᠵᠦ ᠪᠣᠯᠤᠨ᠎ᠠ᠃
      1. ᠬᠤᠴᠤᠷᠤᠩᠭᠤᠢ ᠰᠤᠷᠤᠭᠴᠢ᠎ᠳᠤ ᠬᠠᠶ᠋ᠢᠷ᠎ᠠ ᠬᠠᠯᠠᠮᠵᠢ ᠬᠦᠷᠭᠡᠬᠦ — ᠰᠤᠷᠭ᠋ᠠᠨ ᠬᠦᠮᠦᠵᠢᠯ᠎ᠤᠨ ᠵᠢᠳᠭᠦᠯᠲᠡᠨ ᠰᠦᠬᠤᠮᠯᠢᠰᠺᠢ᠄ 《ᠰᠤᠷᠭ᠋ᠠᠨ ᠬᠦᠮᠦᠵᠢᠭᠦᠯᠬᠦ ᠠᠷᠭ᠎ᠠ ᠮᠡᠷᠭᠡᠵᠢᠯ᠎ᠤᠨ ᠪᠦᠬᠦᠶ ᠯᠡ ᠨᠢᠭᠤᠴᠠ᠎ᠨᠢ ᠳᠠᠷᠤᠢ ᠰᠤᠷᠤᠭᠴᠢᠳ᠎ᠢ ᠬᠡᠷᠬᠢᠨ ᠬᠠᠶ᠋ᠢᠷᠠᠯᠠᠭ᠍ᠤ᠎ᠳᠤ ᠣᠷᠤᠰᠢᠨ᠎ᠠ》 ᠭᠡᠰᠡᠨ ᠪᠢᠯᠡ᠃ ᠰᠤᠷᠤᠭᠴᠢ ᠪᠦᠬᠦᠨ ᠪᠠᠭᠰᠢ ᠵᠢᠨ ᠬᠠᠶ᠋ᠢᠷ᠎ᠠ ᠵᠢ ᠬᠦᠷᠲᠡᠬᠦ ᠵᠢ ᠬᠦᠰᠡᠵᠦ ᠪᠠᠶ᠋ᠢᠳᠠᠭ᠃ ᠬᠤᠴᠤᠷᠤᠩᠭᠤᠢ ᠰᠤᠷᠤᠭᠴᠢᠳ᠎ᠲᠤ ᠪᠠᠭᠰᠢ ᠵᠢᠨ ᠬᠠᠶ᠋ᠢᠷ᠎ᠠ ᠮᠠᠰᠢ ᠴᠢᠬᠤᠯᠠ ᠱᠠᠭ᠋ᠠᠷᠳᠠᠭᠳᠠᠨ᠎ᠠ᠃ ᠪᠠᠭᠰᠢ ᠵᠢᠨ ᠬᠠᠶ᠋ᠢᠷ᠎ᠠ ᠠᠯᠠᠭ ᠪᠠᠶ᠋ᠢᠵᠤ ᠪᠣᠯᠬᠤ ᠦᠭᠡᠢ᠂ ᠰᠤᠷᠤᠭᠴᠢ ᠪᠦᠬᠦᠨ᠎ᠳᠤ ᠠᠳᠠᠯᠢ ᠲᠡᠭᠰᠢ᠎ᠪᠠᠷ ᠬᠠᠨᠳᠤᠬᠤ ᠬᠡᠷᠡᠭᠲᠡᠢ᠃ ᠬᠤᠴᠤᠷᠤᠩᠭᠤᠢ ᠰᠤᠷᠤᠭᠴᠢ᠎ᠨᠢ ᠰᠤᠷᠤᠯᠭ᠎ᠠ᠎ᠳᠤ᠎ᠪᠠᠨ ᠬᠦᠴᠢᠷᠳᠡᠵᠦ᠂ ᠮᠤᠷᠠᠯ ᠰᠠᠬᠢᠯᠭ᠎ᠠ ᠵᠢ ᠡᠪᠳᠡᠳᠡᠭ ᠲᠤᠯᠠ ᠪᠠᠭᠰᠢ ᠵᠢᠨ ᠠᠭᠤᠷ ᠤᠴᠠᠭ᠋ᠠᠷ᠎ᠢ ᠬᠦᠷᠭᠡᠬᠦ᠎ᠨᠢ ᠵᠠᠶ᠋ᠢᠯᠠᠰᠢ ᠦᠭᠡᠢ ᠶᠤᠮ᠃ ᠠ᠋ᠨᠡ ᠪᠠᠶ᠋ᠢᠳᠠᠯ᠎ᠳᠤ ᠪᠠᠭᠰᠢ ᠠ᠋ᠷᠬᠡᠪᠰᠢ ᠬᠦᠯᠢᠴᠡᠩᠭᠦᠢ ᠬᠠᠨᠳᠤᠵᠤ ᠲᠡᠰᠪᠦᠷᠢᠲᠡᠢ ᠤᠳᠠᠭ᠋ᠠᠨ ᠳᠠᠭ᠋ᠠᠭ᠋ᠠᠮᠠᠭ᠋ᠠᠢ᠎ᠪᠠᠷ ᠰᠤᠷᠭ᠋ᠠᠨ ᠬᠦᠮᠦᠵᠢᠭᠦᠯᠬᠦ ᠬᠡᠷᠡᠭᠲᠡᠢ᠃ ᠠᠩᠭᠢ ᠵᠢᠨ ᠠ᠋ᠷᠬᠢᠯᠡᠭᠴᠢ ᠪᠠᠭᠰᠢ᠎ᠠᠴᠠ ᠬᠤᠴᠤᠷᠤᠩᠭᠤᠢ ᠰᠤᠷᠤᠭᠴᠢ᠎ᠲᠠᠢ ᠢᠯᠡᠭᠦᠬᠡᠨ ᠤᠶ᠋ᠢᠷᠠᠳᠴᠤ ᠲᠡᠳᠡᠨ᠎ᠤ ᠰᠤᠷᠤᠯᠭ᠎ᠠ ᠵᠢ ᠬᠠᠯᠠᠮᠵᠢᠯᠠᠵᠤ᠂ ᠲᠡᠳᠡᠨ᠎ᠤ ᠠᠮᠢᠳᠤᠷᠠᠯ᠎ᠢ ᠬᠠᠷᠠᠭ᠋ᠠᠯᠵᠠᠨ             《ᠬᠠᠶ᠋ᠢᠷ᠎ᠠ》 ᠬᠦᠷᠲᠡᠭᠡᠬᠦ ᠬᠡᠷᠡᠭᠲᠡᠢ᠃ ᠠ᠋ᠶ᠋ᠢᠮᠦᠷᠬᠦᠤ ᠰᠤᠷᠤᠭᠴᠢᠳ᠎ᠲᠠᠢ ᠢᠯᠡᠭᠦᠬᠡᠨ ᠰᠡᠳᠭᠢᠯ᠎ᠤᠨ ᠦᠭᠡ᠎ᠪᠠᠨ ᠶᠠᠷᠢᠯᠴᠠᠵᠤ ᠤᠷᠮᠠᠰᠢᠭᠤᠯᠤᠨ ᠵᠣᠷᠢᠬ᠍ᠵᠢᠭᠤᠯᠵᠤ᠂ ᠠᠭᠤᠴᠢᠯᠠᠨ ᠠ᠋ᠨᠡᠷᠢᠬᠦ ᠰᠡᠳᠭᠢᠯ᠎ᠲᠠᠢ ᠪᠠᠶ᠋ᠢᠪᠠᠯ ᠵᠣᠬᠢᠨ᠎ᠠ᠃ ᠴᠸᠨ ᠳ᠋ᠥ᠋ ᠫᠢᠩ᠄ 《ᠬᠦᠮᠦᠨ᠎ᠤ ᠬᠦᠭᠵᠢᠯᠲᠡ ᠪᠣᠯ ᠣᠯᠠᠨ ᠶᠠᠩᠵᠤ ᠵᠢᠨ ᠪᠠᠶ᠋ᠢᠳᠠᠭ᠂ ᠪᠣᠢ ᠪᠦᠬᠦᠢ ᠬᠦᠮᠦᠨ ᠴᠦᠮ ᠵᠢᠭᠳᠡ ᠬᠦᠭᠵᠢᠵᠦ ᠴᠢᠳᠠᠭ᠍ᠤ ᠦᠭᠡᠢ᠂ ᠪᠢᠳᠡᠨ᠎ᠳᠤ ᠰᠤᠷᠤᠭᠴᠢᠳ᠎ᠤᠨ ᠥᠪᠡᠷᠮᠢᠴᠡ ᠴᠢᠨᠠᠷ ᠵᠶ᠋ᠠᠨ ᠨᠡᠩ ᠰᠠᠶ᠋ᠢᠨ ᠪᠠᠳᠠᠷᠠᠭᠤᠯᠵᠤ ᠴᠢᠳᠠᠭᠰᠠᠨ ᠦᠨᠡᠯᠡᠯᠲᠡ ᠵᠢᠨ ᠰᠢᠰᠲᠸᠮ ᠪᠠᠶ᠋ᠢᠪᠠᠯ ᠵᠣᠬᠢᠨ᠎ᠠ》 ᠭᠡᠵᠦ ᠦᠭᠦᠯᠡᠭᠰᠡᠨ ᠪᠠᠶ᠋ᠢᠳᠠᠭ᠃ ᠵᠠᠷᠢᠮ ᠰᠤᠷᠤᠭᠴᠢ ᠵᠢᠨ ᠰᠤᠷᠤᠯᠭ᠎ᠠ ᠠᠨᠠᠢ ᠴᠤ᠌ ᠪᠠᠶ᠎ᠠ ᠵᠢᠨ ᠲᠠᠮᠢᠷ᠎ᠲᠤ᠎ᠪᠠᠨ ᠰᠠᠶ᠋ᠢᠨ ᠪᠣᠶᠤ ᠠᠵᠢᠯ ᠬᠦᠳᠡᠯᠮᠦᠷᠢ᠎ᠳᠤ ᠰᠠᠶ᠋ᠢᠨ ᠪᠠᠶ᠋ᠢᠳᠠᠭ᠃ ᠠ᠋ᠰᠡᠭᠦᠯ᠎ᠡ ᠳᠠᠭᠤᠤ ᠳᠠᠭᠤᠯᠠᠭ᠍ᠤ᠂ ᠪᠦᠵᠢᠭ ᠪᠦᠵᠢᠭᠯᠡᠬᠦ᠂ ᠵᠢᠷᠤᠭ ᠵᠢᠷᠤᠬᠤ᠂ ᠵᠣᠬᠢᠶᠠᠯ ᠪᠢᠴᠢᠬᠦ ᠁ ᠵᠡᠷᠭᠡ ᠲᠠᠯ᠎ᠠ᠎ᠪᠠᠷ ᠠᠪᠢᠶᠠᠰ᠎ᠲᠠᠢ ᠪᠠᠶ᠋ᠢᠳᠠᠭ᠃ ᠬᠤᠴᠤᠷᠤᠩᠭᠤᠢ ᠰᠤᠷᠤᠭᠴᠢ ᠵᠢᠨ 《ᠭᠢᠯᠠᠰ ᠴᠡᠭ》᠎ᠢ ᠦᠵᠡᠵᠦ ᠬᠠᠷᠠᠭ᠋ᠠᠳ ᠮᠠᠭᠲᠠᠨ ᠦᠨᠡᠯᠡᠬᠦ᠎ᠨᠢ ᠮᠠᠰᠢ ᠰᠠᠶ᠋ᠢᠨ ᠦᠢ᠍ᠯᠡᠳᠦᠯ᠎ᠢ ᠦᠵᠡᠭᠦᠯᠳᠡᠭ᠃ ᠲᠡᠳᠡᠨ᠎ᠤ ᠣᠨᠴᠠ ᠠᠪᠢᠶᠠᠰ ᠴᠢᠳᠠᠪᠤᠷᠢ ᠥᠪᠡᠷᠮᠢᠴᠡ ᠴᠢᠳᠠᠪᠤᠷᠢ ᠵᠢ᠎ᠨᠢ ᠦᠨᠡᠯᠡᠨ ᠰᠠᠶ᠋ᠢᠰᠢᠶᠠᠵᠤ ᠵᠣᠷᠢᠬ᠍ᠵᠢᠭᠤᠯᠤᠨ ᠤᠷᠮᠠᠰᠢᠭᠤᠯᠪᠠᠯ ᠮᠠᠰᠢ ᠰᠠᠶ᠋ᠢᠨ ᠦᠷ᠎ᠡ ᠳ᠋ᠦᠩ᠎ᠢ ᠣᠯᠵᠤ ᠴᠢᠳᠠᠨ᠎ᠠ᠃
      2. ᠭᠡᠷ᠎ᠤᠨ ᠠᠬᠠᠮᠠᠳ᠎ᠲᠠᠢ ᠦᠷᠬᠦᠯᠵᠢ ᠬᠠᠷᠢᠯᠴᠠᠨ ᠨᠢᠭᠲᠠ ᠬᠠᠮᠵᠢᠯᠴᠠᠭ᠍ᠤ᠎ᠨᠢ ᠬᠤᠴᠤᠷᠤᠩᠭᠤᠢ ᠰᠤᠷᠤᠭᠴᠢ ᠵᠢ ᠬᠤᠪᠢᠷᠠᠭᠤᠯᠤᠨ ᠰᠠᠶ᠋ᠢᠵᠢᠷᠠᠭᠤᠯᠬᠤ᠎ᠳᠤ ᠮᠠᠰᠢ ᠴᠢᠬᠤᠯᠠ ᠦᠢ᠍ᠯᠡᠳᠦᠯ᠎ᠲᠠᠢ ᠪᠠᠶ᠋ᠢᠳᠠᠭ᠃ ᠭᠡᠷ᠎ᠤᠨ ᠠᠬᠠᠮᠠᠳ ᠪᠣᠯ ᠬᠡᠦᠬᠡᠳ᠎ᠤᠨ ᠬᠠᠮᠤᠭ᠎ᠤᠨ ᠠᠩᠬᠠᠨ᠎ᠤ ᠪᠠᠭᠰᠢ᠎ᠨᠢ ᠪᠣᠯᠬᠤ ᠶᠤᠮ᠃ ᠶᠠᠮᠠᠷ ᠶᠠᠩᠵᠤ ᠵᠢᠨ ᠭᠡᠷ᠎ᠤᠨ ᠠᠬᠠᠮᠠᠳ ᠪᠠᠶ᠋ᠢᠪᠠᠯ ᠲᠡᠶ᠋ᠢᠮᠦᠷᠬᠦᠤ ᠶᠠᠩᠵᠤ ᠵᠢᠨ ᠬᠡᠦᠬᠡᠳ ᠴᠤ᠌ ᠪᠠᠶ᠋ᠢᠳᠠᠭ᠎ᠨᠢ ᠠ᠋ᠭᠦᠨ᠎ᠢ ᠬᠠᠷᠠᠭᠤᠯᠵᠤ ᠪᠣᠢ᠃ 《ᠶᠠᠮᠠᠷᠪᠠ ᠬᠦᠮᠦᠨ ᠴᠦᠮ ᠠ᠋ᠬᠡ᠎ᠠᠴᠠ ᠲᠦᠷᠦᠵᠦ ᠠ᠋ᠬᠡ ᠵᠢᠨ ᠠᠰᠠᠷᠠᠯ ᠳᠣᠣᠷ᠎ᠠ ᠦᠰᠦᠨ ᠪᠤᠶ᠋ᠢᠵᠢᠵᠤ ᠪᠠᠶ᠋ᠢᠳᠠᠭ ᠲᠤᠯᠠ ᠬᠦᠮᠦᠨ ᠲᠦᠷᠦᠯᠬᠢᠲᠡᠨ᠎ᠤ ᠬᠤᠪᠢ ᠵᠠᠶᠠᠭ᠎ᠠ ᠪᠣᠯ ᠠ᠋ᠬᠡ ᠬᠦᠮᠦᠨ᠎ᠤ ᠭᠠᠷ᠎ᠲᠤ ᠡᠵᠡᠮᠰᠢᠭᠳᠡᠵᠦ ᠪᠠᠶ᠋ᠢᠭ᠎ᠠ ᠶᠤᠮ᠃ ᠠ᠋ᠶ᠋ᠢᠮᠦ᠎ᠠᠴᠠ ᠰᠤᠷᠭ᠋ᠠᠨ ᠬᠦᠮᠦᠵᠢᠯ ᠪᠣᠯ ᠴᠣᠬᠤᠮ᠎ᠳᠤ᠎ᠪᠠᠨ ᠠ᠋ᠬᠡ ᠵᠢ ᠦᠭᠡᠷᠡᠴᠢᠯᠡᠬᠦ᠎ᠠᠴᠠ ᠠ᠋ᠬᠢᠯᠡᠬᠦ ᠬᠡᠷᠡᠭᠲᠡᠢ》 ᠭᠡᠳᠡᠭ᠎ᠨᠢ ᠠ᠋ᠭᠦᠨ᠎ᠢ ᠬᠠᠷᠠᠭᠤᠯᠵᠤ ᠪᠣᠢ᠃ ᠠ᠋ᠶ᠋ᠢᠮᠦ᠎ᠠᠴᠠ ᠠᠩᠭᠢ ᠵᠢᠨ ᠪᠠᠭᠰᠢ ᠭᠡᠷ᠎ᠤᠨ ᠠᠬᠠᠮᠠᠳ᠎ᠲᠠᠢ ᠦᠷᠬᠦᠯᠵᠢ ᠬᠠᠷᠢᠯᠴᠠᠨ ᠭᠡᠷ᠎ᠤᠨ ᠬᠦᠮᠦᠵᠢᠯ᠎ᠤᠨ ᠲᠣᠬᠠᠢ ᠰᠣᠳᠣᠯᠣᠨ ᠶᠠᠷᠢᠯᠴᠠᠵᠤ ᠵᠦᠪ ᠣᠨᠣᠪᠴᠢᠲᠠᠢ ᠬᠦᠮᠦᠵᠢᠯ ᠬᠢᠬᠦ ᠵᠢ ᠠ᠋ᠷᠬᠡᠪᠰᠢ ᠬᠦᠨᠳᠦᠳᠭᠡᠬᠦ ᠬᠡᠷᠡᠭᠲᠡᠢ᠃ ᠭᠡᠷ᠎ᠤᠨ ᠠᠬᠠᠮᠠᠳ᠎ᠤᠨ ᠰᠤᠷᠭ᠋ᠠᠯ ᠪᠠ ᠪᠠᠭᠰᠢ ᠵᠢᠨ ᠰᠤᠷᠭ᠋ᠠᠯ ᠠ᠋ᠷᠬᠡᠪᠰᠢ ᠨᠢᠭᠡᠲᠦᠯ᠎ᠲᠠᠢ ᠪᠠᠶ᠋ᠢᠬᠤ             ᠬᠡᠷᠡᠭᠲᠡᠢ᠃ ᠣᠳᠣᠬᠠᠨ᠎ᠳᠤ 《ᠭᠡᠷ᠎ᠤᠨ ᠠᠬᠠᠮᠠᠳ᠎ᠤᠨ ᠰᠤᠷᠭ᠋ᠠᠭᠤᠯᠢ》 ᠵᠢ ᠪᠠᠶ᠋ᠢᠭᠤᠯᠵᠤ᠂ ᠭᠡᠷ᠎ᠤᠨ ᠠᠬᠠᠮᠠᠳ᠎ᠢ ᠰᠤᠷᠭ᠋ᠠᠨ ᠬᠦᠮᠦᠵᠢᠯ᠎ᠤᠨ ᠬᠦᠷᠢᠶᠡᠨ᠎ᠳᠤ ᠲᠠᠲᠠᠨ ᠣᠷᠤᠭᠤᠯᠬᠤ ᠠᠰᠠᠭᠤᠳᠠᠯ᠎ᠢ ᠳᠠᠷᠤᠶ᠋ᠢᠬᠠᠨ ᠪᠡᠶᠡᠯᠡᠭᠦᠯᠪᠡᠯ           ᠵᠣᠬᠢᠨ᠎ᠠ᠃ ᠠ᠋ᠨᠡ ᠲᠠᠯ᠎ᠠ᠎ᠪᠠᠷ ᠠᠩᠭᠢ ᠵᠢᠨ ᠠ᠋ᠷᠬᠢᠯᠡᠭᠴᠢ ᠨᠠᠷ ᠢᠯᠡᠭᠦᠬᠡᠨ ᠪᠣᠳᠤᠯᠬᠢᠯᠠᠵᠤ᠂ ᠢᠯᠡᠭᠦᠬᠡᠨ ᠬᠢᠪᠡᠯ             ᠵᠣᠬᠢᠨ᠎ᠠ᠃
      3. ᠠᠩᠭᠢ ᠵᠢᠨ ᠠ᠋ᠷᠬᠢᠯᠡᠭᠴᠢ ᠪᠠᠭᠰᠢ ᠠ᠋ᠷᠬᠡᠪᠰᠢ ᠬᠢᠴᠢᠶᠡᠯᠯᠡᠭᠴᠢ ᠪᠠᠭᠰᠢ᠎ᠲᠠᠢ ᠨᠢᠭᠲᠠ ᠬᠠᠮᠵᠢᠯᠴᠠᠵᠤ ᠬᠤᠴᠤᠷᠤᠩᠭᠤᠢ ᠰᠤᠷᠤᠭᠴᠢ ᠵᠢ ᠬᠠᠮᠲᠦ᠎ᠪᠠᠷ ᠬᠤᠪᠢᠷᠠᠭᠤᠯᠤᠨ ᠰᠠᠶ᠋ᠢᠵᠢᠷᠠᠭᠤᠯᠬᠤ ᠬᠡᠷᠡᠭᠲᠡᠢ᠃ ᠠᠩᠭᠢ ᠵᠢᠨ ᠠ᠋ᠷᠬᠢᠯᠡᠭᠴᠢ ᠬᠦᠳᠡᠯᠦᠩᠭᠦᠢ᠎ᠪᠠᠷ ᠬᠢᠴᠢᠶᠡᠯᠯᠡᠭᠴᠢ ᠪᠠᠭᠰᠢ᠎ᠲᠠᠢ ᠤᠶ᠋ᠢᠷᠠᠲᠤᠨ᠂ ᠲᠡᠳᠡᠨ᠎ᠤ ᠬᠢᠴᠢᠶᠡᠯ᠎ᠤᠨ ᠴᠠᠭ᠎ᠲᠤ ᠣᠯᠵᠤ ᠮᠡᠳᠡᠭᠰᠡᠨ ᠰᠤᠷᠤᠭᠴᠢ ᠵᠢᠨ ᠲᠣᠬᠠᠢ ᠰᠤᠷᠠᠭ ᠵᠠᠩᠭᠢ ᠵᠢ ᠰᠣᠳᠤᠯᠵᠤ᠂ ᠶᠠᠷᠢᠯᠴᠠᠨ ᠦᠨᠡᠯᠡᠯᠲᠡ ᠬᠢᠪᠡᠯ ᠵᠣᠬᠢᠨ᠎ᠠ᠃ ᠮᠦᠨ ᠰᠤᠷᠤᠭᠴᠢ ᠵᠢ ᠰᠣᠳᠤᠯᠵᠤ᠂ ᠰᠤᠷᠤᠭᠴᠢ ᠵᠢᠨ ᠣᠨᠴᠠᠯᠢᠭ᠎ᠲᠤ ᠲᠣᠬᠢᠷᠠᠭᠰᠠᠨ ᠰᠤᠷᠭ᠋ᠠᠨ ᠬᠦᠮᠦᠵᠢᠭᠦᠯᠬᠦ ᠠᠷᠭ᠎ᠠ ᠠᠪᠴᠠᠯ᠎ᠢ ᠬᠠᠮᠲᠦ᠎ᠪᠠᠷ ᠵᠦᠪᠯᠡᠬᠦ ᠬᠡᠷᠡᠭᠲᠡᠢ᠃ ᠬᠠᠷᠢᠨ ᠨᠢᠭᠡ ᠪᠠᠭᠰᠢ᠎ᠨᠢ ᠨᠢᠭᠡ ᠶᠠᠩᠵᠤ᠎ᠪᠠᠷ ᠬᠡᠯᠡᠵᠦ᠂ ᠬᠠᠷᠢᠯᠴᠠᠨ ᠵᠦᠷᠢᠴᠡᠯᠳᠦᠪᠡᠯ ᠰᠤᠷᠤᠭᠴᠢ ᠵᠢᠨ ᠬᠦᠮᠦᠵᠢᠯ᠎ᠳᠤ ᠮᠠᠭᠤ ᠨᠦᠯᠦᠭᠡ ᠣᠯᠭᠤᠨ᠎ᠠ᠃ ᠢᠤᠢ ᠽᠢ 《ᠭᠠᠭᠴᠠ ᠬᠦ᠌ ᠰᠤᠷᠤᠯᠴᠠᠭ᠍ᠤ᠎ᠳᠤ ᠥᠯᠦ ᠴᠦᠭᠦᠷᠡᠬᠦ ᠪᠠᠭᠰᠢ ᠪᠠᠶ᠋ᠢᠪᠠᠰᠤ ᠰᠠᠶᠢ ᠰᠤᠷᠤᠯᠴᠠᠭ᠍ᠤ᠎ᠳᠤ ᠥᠯᠦ ᠴᠦᠭᠦᠷᠡᠬᠦ ᠰᠤᠷᠤᠭᠴᠢ ᠵᠢ ᠬᠦᠮᠦᠵᠢᠭᠦᠯᠵᠦ ᠴᠢᠳᠠᠨ᠎ᠠ》 ᠭᠡᠵᠦ ᠵᠢᠭ᠋ᠠᠭᠰᠠᠨ ᠪᠠᠶ᠋ᠢᠨ᠎ᠠ᠃ ᠪᠠᠭᠰᠢ ᠨᠠᠷ ᠠ᠋ᠷᠬᠡᠪᠰᠢ ᠰᠤᠷᠤᠭᠴᠢ ᠪᠦᠬᠦᠨ᠎ᠤ ᠰᠤᠷᠤᠯᠴᠠᠭ᠍ᠤ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃
      4. ᠬᠤᠴᠤᠷᠤᠩᠭᠤᠢ ᠰᠤᠷᠤᠭᠴᠢ ᠵᠢ ᠨᠡᠶ᠋ᠢᠲᠡ᠎ᠪᠠᠷ ᠬᠦᠮᠦᠵᠢᠭᠦᠯᠬᠦ ᠵᠢ ᠠᠩᠬᠠᠷᠬᠤ — ᠰᠠᠶ᠋ᠢᠨ ᠰᠠᠶ᠋ᠢᠬᠠᠨ ᠣᠷᠴᠢᠨ ᠲᠣᠭᠤᠷᠢᠨ᠎ᠨᠢ ᠰᠤᠷᠤᠭᠴᠢ ᠵᠢᠨ ᠰᠡᠳᠭᠢᠬᠦᠢ ᠵᠢᠨ ᠬᠦᠭᠵᠢᠯᠲᠡ᠎ᠳᠤ ᠮᠠᠰᠢ ᠴᠢᠬᠤᠯᠠ ᠦᠢ᠍ᠯᠡᠳᠦᠯ ᠦᠵᠡᠭᠦᠯᠳᠡᠭ᠃ ᠠ᠋ᠶ᠋ᠢᠮᠦ᠎ᠠᠴᠠ ᠬᠠᠮᠲᠦ ᠨᠡᠶ᠋ᠢᠲᠡ ᠵᠢᠨ ᠳᠣᠲᠤᠷᠠᠬᠢ ᠢᠳᠡᠪᠬᠢ ᠬᠦᠴᠦᠨ ᠵᠦᠢ᠍ᠯ᠎ᠢ ᠬᠦᠮᠦᠵᠢᠭᠦᠯᠵᠦ᠂ ᠬᠤᠴᠤᠷᠤᠩᠭᠤᠢ ᠰᠤᠷᠤᠭᠴᠢ ᠵᠢᠨ᠎ᠲᠠᠭᠠᠨ ᠰᠤᠷᠤᠯᠴᠠᠭ᠍ᠤ ᠦᠯᠢᠭᠡᠷ ᠵᠢᠱ᠌ᠢᠶ᠎ᠡ ᠪᠣᠯᠭ᠋ᠠᠵᠤ᠂ ᠢᠳᠡᠪᠬᠢᠲᠡᠨ ᠰᠤᠷᠤᠭᠴᠢ᠎ᠪᠠᠷ ᠬᠠᠪᠰᠤᠷᠤᠭᠤᠯᠤᠨ ᠬᠠᠮᠲᠦ ᠨᠡᠶ᠋ᠢᠲᠡ ᠵᠢᠨ ᠬᠠᠶ᠋ᠢᠷ᠎ᠠ ᠬᠠᠯᠠᠮᠵᠢᠯᠠᠯ᠂ ᠨᠦᠬᠦᠷᠯᠡᠯ ᠪᠦᠯᠬᠦᠮᠳᠡᠯ᠎ᠤᠨ ᠬᠠᠯᠠᠮᠵᠢ ᠵᠢ ᠬᠦᠷᠲᠡᠭᠡᠪᠡᠯ ᠵᠣᠬᠢᠨ᠎ᠠ᠃ ᠮᠦᠨ ᠬᠦ᠌ ᠬᠤᠴᠤᠷᠤᠩᠭᠤᠢ ᠰᠤᠷᠤᠭᠴᠢ᠎ᠳᠤ ᠵᠠᠰᠠᠷᠠᠨ ᠰᠠᠶ᠋ᠢᠵᠢᠷᠠᠭ᠍ᠤ ᠳᠣᠬᠢᠶᠠᠯ᠎ᠢ ᠣᠯᠭᠤᠬᠤ ᠬᠡᠷᠡᠭᠲᠡᠢ᠃
      5. ᠬᠤᠴᠤᠷᠤᠩᠭᠤᠢ ᠰᠤᠷᠤᠭᠴᠢ ᠵᠢᠨ ᠪᠡᠶ᠎ᠡ᠎ᠪᠠᠨ ᠳᠠᠭ᠋ᠠᠭ᠋ᠠᠬᠤ ᠤᠬᠠᠮᠰᠠᠷᠲᠤ ᠴᠢᠨᠠᠷ᠎ᠢ ᠴᠢᠩᠭ᠋ᠠᠳᠬᠠᠬᠤ ᠠᠵᠢᠯ᠎ᠢ ᠬᠦᠯᠢᠴᠡᠩᠭᠦᠢ ᠨᠢᠮᠪᠠᠢ ᠬᠢᠵᠦ᠂ ᠠ᠋ᠳᠦᠷ ᠲᠣᠳᠤᠮ᠎ᠤᠨ ᠪᠠᠭ᠎ᠠ ᠠᠵᠢᠯ᠎ᠠᠴᠠ ᠭᠠᠷᠳᠠᠨ ᠲᠡᠳᠡᠨ᠎ᠢ ᠢᠳᠡᠭ ᠢᠳᠡᠭ ᠵᠶ᠋ᠠᠷ ᠪᠡᠶ᠎ᠡ᠎ᠪᠠᠨ ᠳᠠᠭ᠋ᠠᠭ᠋ᠠᠵᠤ ᠠᠰᠠᠭᠤᠳᠠᠯ᠎ᠢ ᠥᠪᠡᠷ ᠵᠶ᠋ᠠᠨ ᠰᠢᠢ᠍ᠳᠪᠦᠷᠢᠯᠡᠬᠦ ᠪᠣᠯᠭ᠋ᠠᠵᠤ᠂ ᠲᠡᠳᠡᠨ᠎ᠤ ᠳᠠᠪᠰᠢᠯᠲᠠ ᠬᠦᠭᠵᠢᠯᠲᠡ ᠵᠢ ᠦᠨᠳᠦᠰᠦᠯᠡᠨ ᠱᠠᠭ᠋ᠠᠷᠳᠠᠯᠭ᠎ᠠ᠎ᠪᠠᠨ ᠠᠯᠬᠤᠮ ᠠᠯᠬᠤᠮ ᠵᠶ᠋ᠠᠷ ᠴᠢᠩᠭ᠋ᠠᠳᠬᠠᠵᠤ᠂ ᠴᠢᠷᠮᠠᠶ᠋ᠢᠯᠲᠠ᠎ᠳᠤ᠎ᠨᠢ ᠬᠠᠯᠠᠭᠤᠨ ᠬᠦᠢ᠍ᠲᠡᠨ᠎ᠲᠠᠢ ᠪᠣᠯᠬᠤ ᠵᠢ ᠬᠢᠴᠢᠶᠡᠨ ᠰᠡᠷᠡᠮᠵᠢᠯᠡᠬᠦ ᠬᠡᠷᠡᠭᠲᠡᠢ᠃ ᠮᠦᠨ ᠵᠦᠪ ᠪᠣᠷᠤᠭᠤ ᠵᠢ ᠢᠯᠭ᠋ᠠᠨ ᠲᠠᠨᠢᠬᠤ ᠬᠦᠮᠦᠵᠢᠯ᠎ᠢ ᠴᠢᠩᠭ᠋ᠠᠳᠬᠠᠨ᠎ᠠ᠃ ᠳᠤᠮᠳᠠᠲᠤ ᠪᠠᠭ᠎ᠠ ᠰᠤᠷᠭ᠋ᠠᠭᠤᠯᠢ ᠵᠢᠨ ᠰᠤᠷᠤᠭᠴᠢᠳ ᠵᠦᠪ ᠪᠣᠷᠤᠭᠤ ᠵᠢ ᠢᠯᠭ᠋ᠠᠨ ᠲᠠᠨᠢᠬᠤ ᠲᠠᠯ᠎ᠠ᠎ᠪᠠᠷ ᠪᠠᠷᠤᠭᠲᠠᠢ ᠲᠤᠯᠠ ᠨᠡᠶ᠋ᠢᠭᠡᠮ ᠳᠡᠭᠡᠷᠡᠬᠢ ᠵᠦᠢ ᠪᠣᠰᠤ ᠦᠵᠡᠭᠳᠡᠯ ᠪᠠ ᠠᠵᠢᠯᠯᠠᠭ᠎ᠠ᠎ᠳᠤ ᠬᠢᠯᠪᠠᠷᠬᠠᠨ ᠨᠦᠯᠦᠭᠡᠯᠡᠭᠳᠡᠨ ᠮᠠᠭᠤ ᠵᠦᠭ᠎ᠲᠤ ᠬᠦᠭᠵᠢᠬᠦ᠎ᠠᠴᠠ ᠰᠡᠷᠭᠡᠶ᠋ᠢᠯᠡᠬᠦ ᠬᠡᠷᠡᠭᠲᠡᠢ᠃ ᠨᠡᠩ ᠴᠤ᠌ ᠬᠤᠴᠤᠷᠤᠩᠭᠤᠢ ᠰᠤᠷᠤᠭᠴᠢᠳ᠎ᠨᠢ ᠠ᠋ᠨᠡ ᠲᠠᠯ᠎ᠠ᠎ᠪᠠᠷ ᠬᠦᠯᠢᠶᠡᠨ ᠠᠪᠬᠤ ᠴᠢᠳᠠᠪᠤᠷᠢ᠎ᠨᠢ ᠬᠤᠷᠴᠠ ᠰᠡᠷᠬᠡᠭ ᠪᠠᠶ᠋ᠢᠵᠤ᠂ ᠮᠠᠭᠤ ᠵᠢ ᠮᠡᠳᠡᠵᠦ ᠬᠢᠬᠦ ᠵᠢ ᠰᠠᠶ᠋ᠢᠨ᠎ᠢ ᠰᠡᠲᠦᠵᠦ ᠬᠢᠬᠦ᠎ᠠᠴᠠ ᠬᠤᠯᠠ ᠰᠤᠷᠭᠤᠭ ᠪᠠᠶ᠋ᠢᠳᠠᠭ᠃ ᠠ᠋ᠶ᠋ᠢᠮᠦ᠎ᠠᠴᠠ ᠠᠩᠭᠢ ᠵᠢᠨ ᠠ᠋ᠷᠬᠢᠯᠡᠭᠴᠢ ᠪᠠᠭᠰᠢ ᠪᠣᠯᠤᠭᠰᠠᠳ ᠭᠡᠷ᠎ᠤᠨ ᠠᠬᠠᠮᠠᠳ᠎ᠲᠠᠢ ᠨᠢᠭᠲᠠ ᠬᠠᠮᠵᠢᠯᠴᠠᠨ ᠣᠷᠤᠰᠢᠵᠤ ᠪᠠᠶ᠋ᠢᠭ᠎ᠠ ᠠᠰᠠᠭᠤᠳᠠᠯ᠎ᠢ ᠦᠨᠡᠨ ᠮᠦᠨ ᠵᠶ᠋ᠠᠷ᠎ᠨᠢ ᠳᠤᠰᠬᠠᠵᠤ᠂ ᠪᠠᠭᠰᠢ ᠪᠠ ᠭᠡᠷ᠎ᠤᠨ ᠠᠬᠠᠮᠠᠳ᠎ᠠᠴᠠ ᠬᠡᠦᠬᠡᠳ᠎ᠢ ᠵᠦᠪ ᠲᠠᠯ᠎ᠠ᠎ᠠᠴᠠ᠎ᠨᠢ ᠬᠦᠯᠢᠴᠡᠩᠭᠦᠢ ᠨᠢᠮᠪᠠᠢ᠎ᠪᠠᠷ ᠰᠤᠷᠭ᠋ᠠᠨ ᠬᠦᠮᠦᠵᠢᠭᠦᠯᠬᠦ ᠠᠷᠭ᠎ᠠ ᠲᠣᠷᠰᠢᠯᠭ᠎ᠠ ᠵᠢ ᠬᠡᠷᠡᠭᠵᠢᠭᠦᠯᠦᠨ᠂ ᠨᠡᠶ᠋ᠢᠭᠡᠮ᠎ᠤᠨ ᠠ᠋ᠷᠡᠭᠦᠯ ᠪᠣᠰᠤ ᠦᠵᠡᠯ ᠰᠠᠨᠠᠭ᠋ᠠᠨ᠎ᠤ ᠨᠦᠯᠦᠭᠡᠯᠡᠯ᠎ᠳᠤ ᠬᠠᠮᠤᠷᠤᠭᠳᠠᠭ᠍ᠤ᠎ᠠᠴᠠ ᠰᠡᠷᠭᠡᠶ᠋ᠢᠯᠡᠬᠦ ᠬᠡᠷᠡᠭᠲᠡᠢ᠃
      ᠬᠤᠷᠢᠶᠠᠩᠭᠤᠶ᠋ᠢᠯᠠᠪᠠᠯ᠂ ᠬᠤᠴᠤᠷᠤᠩᠭᠤᠢ ᠰᠤᠷᠤᠭᠴᠢ ᠵᠢ ᠬᠤᠪᠢᠷᠠᠭᠤᠯᠤᠨ ᠳᠡᠭᠡᠭᠰᠢᠯᠡᠭᠦᠯᠬᠦ ᠪᠣᠯ ᠠᠩᠭᠢ ᠵᠢᠨ ᠠ᠋ᠷᠬᠢᠯᠡᠭᠴᠢ ᠪᠠᠭᠰᠢ ᠵᠢᠨ ᠵᠠᠶ᠋ᠢᠯᠠᠭᠤᠯᠵᠤ ᠪᠣᠯᠤᠰᠢ ᠦᠭᠡᠢ ᠴᠢᠬᠤᠯᠠ ᠬᠠᠷᠢᠭᠤᠴᠠᠯᠭ᠎ᠠ ᠮᠦᠨ᠃ ᠠᠩᠭᠢ ᠵᠢᠨ ᠠᠵᠢᠯ᠎ᠤᠨ ᠠᠮᠵᠢᠯᠲᠠ ᠣᠯᠬᠤ ᠵᠢᠨ ᠵᠠᠩᠭᠢᠯᠠᠭ᠎ᠠ ᠵᠢᠨ ᠠᠰᠠᠭᠤᠳᠠᠯ ᠪᠣᠯᠬᠤ ᠶᠤᠮ᠃ ᠠᠩᠭᠢ ᠵᠢᠨ ᠠ᠋ᠷᠬᠢᠯᠡᠭᠴᠢ ᠠ᠋ᠷᠬᠡᠪᠰᠢ ᠬᠤᠴᠤᠷᠤᠩᠭᠤᠢ ᠰᠤᠷᠤᠭᠴᠢ ᠵᠢ ᠰᠣᠳᠤᠯᠤᠨ ᠰᠢᠨᠵᠢᠯᠡᠬᠦ ᠵᠢᠨ ᠳᠠᠭ᠋ᠠᠤ ᠪᠣᠳᠠᠲᠤ ᠪᠠᠶ᠋ᠢᠳᠠᠯ᠎ᠢ᠎ᠨᠢ ᠦᠨᠳᠦᠰᠦᠯᠡᠨ ᠰᠤᠷᠭ᠋ᠠᠨ ᠬᠦᠮᠦᠵᠢᠭᠦᠯᠬᠦ ᠠᠷᠭ᠎ᠠ ᠠᠪᠴᠠᠯ ᠵᠶ᠋ᠠᠨ ᠲᠣᠭᠳᠠᠭ᠋ᠠᠬᠤ ᠬᠡᠷᠡᠭᠲᠡᠢ᠃ 《ᠠᠯᠢᠪᠠ ᠪᠦᠬᠦᠨ ᠰᠤᠷᠤᠭᠴᠢ ᠵᠢᠨ ᠲᠦᠯᠦᠭᠡ᠂ ᠠᠯᠢᠪᠠ ᠰᠤᠷᠤᠭᠴᠢ ᠵᠢᠨ ᠲᠦᠯᠦᠭᠡ᠂ ᠰᠤᠷᠤᠭᠴᠢ ᠵᠢᠨ ᠠᠯᠢᠪᠠ ᠪᠦᠬᠦᠨ᠎ᠤ ᠲᠦᠯᠦᠭᠡ》 ᠵᠢᠳᠭᠦᠬᠦ᠎ᠨᠢ ᠪᠠᠭᠰᠢ ᠪᠣᠯᠤᠭᠰᠠᠳ᠎ᠤᠨ ᠳᠠᠷᠬᠠᠨ ᠠ᠋ᠭᠦᠷᠭᠡ ᠬᠠᠷᠢᠭᠤᠴᠠᠯᠭ᠎ᠠ ᠪᠣᠯᠬᠤ ᠶᠤᠮ᠃
      ᠠᠵᠢᠯᠯᠠᠵᠤ ᠪᠠᠢ᠍ᠢ᠍ᠭ᠎ᠠ ᠪᠠᠢ᠍ᠢ᠍ᠭᠤᠯᠭ᠎ᠠ᠄ ᠲᠦᠩᠯᠢᠶᠣᠣ ᠬᠤᠲᠠ ᠵᠢᠨ ᠾᠧᠩ ᠬᠦᠢ ᠬᠤᠸᠠ 
                                 ᠴᠧᠩ ᠣᠷᠤᠨ ᠰᠠᠭᠤᠴᠠ ᠵᠢᠨ ᠬᠤᠷᠢᠶ᠎ᠠ 
                                (ᠠᠯᠳᠠᠨᠰᠦᠢ᠍ᠭᠡ ᠨᠠᠢ᠍ᠢ᠍ᠷᠠᠭᠤᠯᠪᠠ)
                                2023.1 ᠳ᠋ᠦ᠍ᠭᠡᠷ ᠬᠤᠭᠤᠴᠠᠭ᠎ᠠ


 

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠥᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠠᠩᠭᠢ ᠵᠢᠨ ᠠ᠋ᠷᠬᠢᠯᠡᠭᠴᠢ ᠵᠢᠨ ᠠᠵᠢᠯ᠎ᠢ ᠠ᠋ᠭᠦᠷᠭᠡᠯᠡᠨ ᠪᠡᠶᠡᠯᠡᠭᠦᠯᠦᠭᠰᠡᠨ ᠠᠵᠢᠯ᠎ᠤᠨ ᠲᠤᠷᠰᠢᠯᠭ᠎ᠠ
ᠠᠩᠭᠢ ᠵᠢᠨ ᠠ᠋ᠷᠬᠢᠯᠡᠭᠴᠢ ᠪᠠ ᠳᠡᠭᠡᠳᠤ ᠲᠤᠮᠳᠠᠳᠤ ᠵᠢᠨ ᠰᠤᠷᠤᠭᠴᠢᠳ᠎ᠤᠨ ᠰᠡᠳᠭᠢᠴᠡ ᠵᠢᠨ ᠠ᠋ᠷᠡᠭᠦᠯ ᠮᠡᠨᠳᠦ ᠵᠢᠨ ᠭᠦᠮᠦᠵᠢᠯ
ᠠᠩᠬᠢ ᠵᠢᠨ ᠠ᠋ᠷᠬᠢᠯᠡᠭᠴᠢ ᠵᠢᠨ ᠠᠵᠢᠯ᠎ᠤᠨ ᠳᠤᠮᠳᠠ ᠠᠩᠬᠠᠷᠪᠠᠰᠤ ᠵᠤᠬᠢᠬᠤ ᠬᠡᠳᠦᠨ ᠠᠰᠠᠭᠤᠳᠠᠯ᠎ᠢ ᠲᠦᠭᠦᠮ ᠦᠭᠦᠯᠡᠬᠦ᠎ᠨᠢ
ᠨᠢᠭᠡᠨ ᠰᠢᠯᠢᠳᠡᠭ ᠠᠩᠬᠢ ᠵᠢᠨ ᠠ᠋ᠷᠬᠢᠯᠡᠭᠴᠢ ᠪᠤᠯᠬᠤ ᠲᠤᠬᠠᠢ ᠮᠦᠴᠢᠳ ᠦᠬᠦᠯᠡᠬᠦ᠎ᠨᠢ
ᠰᠤᠷᠭ᠋ᠠᠭᠤᠯᠢ ᠵᠢᠨ ᠰᠤᠷᠭ᠋ᠠᠨ ᠭᠦᠮᠦᠵᠢᠯ᠎ᠤᠨ ᠲᠤᠬᠠᠢ ᠮᠢᠨᠤ ᠲᠠᠰᠤᠭ ᠪᠣᠰᠠᠭ ᠦᠵᠡᠯᠲᠡ
 
             蒙ICP备05000248号