ᠠᠯᠲᠠᠨᠴᠡᠴᠡᠭ

ᠠᠩᠭᠢ ᠵᠢᠨ ᠠ᠋ᠷᠬᠢᠯᠡᠭᠴᠢ ᠪᠣᠯ ᠠᠩᠭᠢ ᠨᠢᠭᠡᠴᠢ ᠵᠢᠨ ᠵᠤᠬᠢᠶᠠᠨ ᠪᠠᠶ᠋ᠢᠭᠤᠯᠤᠭᠴᠢ ᠮᠥᠷᠲᠡᠭᠡᠨ ᠤᠳᠤᠷᠢᠳᠤᠭᠴᠢ᠂ ᠵᠢᠯᠤᠭᠤᠳᠤᠭᠴᠢ ᠮᠥᠨ᠃ ᠠᠩᠭᠢ ᠪᠣᠯ ᠰᠤᠷᠭ᠋ᠠᠭᠤᠯᠢ ᠵᠢᠨ ᠰᠤᠷᠭ᠋ᠠᠨ ᠬᠦᠮᠦᠵᠢᠯ᠎ᠤᠨ ᠦᠨᠳᠦᠰᠦᠨ ᠨᠢᠭᠡᠴᠢ᠃ ᠠ᠋ᠶ᠋ᠢᠮᠦ᠎ᠠᠴᠠ ᠠᠩᠭᠢ ᠵᠢᠨ ᠠ᠋ᠷᠬᠢᠯᠡᠭᠴᠢ ᠠᠩᠭᠢ ᠵᠢᠨ ᠠᠵᠢᠯ ᠵᠶ᠋ᠠᠨ ᠰᠠᠶ᠋ᠢᠲᠤᠷ ᠬᠢᠬᠦ᠎ᠨᠢ ᠰᠤᠷᠭ᠋ᠠᠭᠤᠯᠢ ᠵᠢᠨ ᠪᠦᠬᠦ ᠲᠠᠯ᠎ᠠ ᠵᠢᠨ ᠠᠵᠢᠯ ᠤᠷᠤᠭᠰᠢᠲᠠᠢ ᠰᠠᠶ᠋ᠢᠨ ᠶᠠᠪᠤᠭᠳᠠᠭ᠍ᠤ ᠵᠢ ᠪᠠᠲᠤᠯᠠᠵᠤ ᠴᠢᠳᠠᠳᠠᠭ᠃ ᠠᠩᠭᠢ ᠵᠢᠨ ᠠ᠋ᠷᠬᠢᠯᠡᠭᠴᠢ ᠠᠩᠭᠢ ᠨᠢᠭᠡᠴᠢ᠎ᠪᠠᠨ ᠰᠠᠶ᠋ᠢᠨ ᠬᠠᠮᠢᠶᠠᠷᠴᠤ ᠰᠤᠷᠤᠭᠴᠢ ᠨᠢᠭᠡ ᠪᠦᠷᠢ ᠵᠢ ᠠ᠋ᠷᠡᠭᠦᠯ ᠵᠶ᠋ᠠᠷ ᠬᠦᠮᠦᠵᠢᠬᠦᠯᠬᠦ ᠠ᠋ᠭᠦᠷᠭᠡ ᠬᠠᠷᠢᠭᠤᠴᠠᠯᠭ᠎ᠠ᠎ᠲᠠᠢ ᠪᠤᠯᠬᠤᠷ ᠶᠠᠳᠠᠷᠠᠯ ᠵᠥᠳᠡᠷᠡᠯ᠎ᠲᠠᠢ ᠠᠵᠢᠯᠯᠠᠳᠠᠭ ᠮᠥᠷᠲᠡᠭᠡᠨ ᠬᠥᠯᠢᠴᠡᠩᠭᠦᠢ ᠳᠠᠭ᠋ᠠᠭ᠋ᠠᠮᠠᠭ᠋ᠠᠢ ᠣᠪᠤᠷ᠎ᠲᠠᠢ ᠪᠠᠶ᠋ᠢᠬᠤ᠎ᠨᠢ ᠮᠠᠰᠢ ᠴᠢᠬᠤᠯᠠ ᠪᠠᠶ᠋ᠢᠳᠠᠭ᠃
ᠶᠠᠮᠠᠷᠪᠠ ᠠᠵᠢᠯ ᠠ᠋ᠭᠦᠷᠭᠡ ᠵᠢ ᠪᠡᠶᠡᠯᠡᠬᠦᠯᠬᠦ᠎ᠳᠤ ᠬᠠᠶ᠋ᠢᠷ᠎ᠠ ᠬᠠᠷᠢᠭᠤᠴᠠᠯᠭ᠎ᠠ ᠮᠠᠰᠢ ᠴᠢᠬᠤᠯᠠ ᠪᠠᠶ᠋ᠢᠳᠠᠭ᠃ ᠬᠠᠶ᠋ᠢᠷ᠎ᠠ᠎ᠠᠴᠠ ᠬᠠᠷᠢᠭᠤᠴᠠᠯᠭ᠎ᠠ ᠢᠷᠡᠵᠦ ᠬᠠᠷᠢᠭᠤᠴᠠᠯᠭ᠎ᠠ᠎ᠠᠴᠠ ᠬᠠᠶ᠋ᠢᠷ᠎ᠠ ᠢᠪᠢᠯᠳᠡᠭ ᠶᠤᠮ᠃ ᠬᠦᠮᠦᠰ ᠥᠪᠡᠷ᠎ᠤᠨ ᠬᠠᠶ᠋ᠢᠷᠠᠲᠠᠢ ᠪᠠᠬᠠᠲᠠᠢ ᠠᠵᠢᠯ ᠵᠶ᠋ᠠᠨ ᠬᠢᠵᠦ ᠪᠦᠲᠦᠭᠡᠶ᠎ᠡ ᠭᠡᠪᠡᠯ ᠬᠡᠨ ᠴᠦ᠍ ᠲᠡᠭᠦᠨ᠎ᠢ ᠬᠠᠰᠢᠵᠦ ᠬᠤᠷᠢᠭᠯᠠᠵᠤ ᠲᠡᠶ᠋ᠢᠯᠬᠦ ᠦᠭᠡᠢ ᠪᠠᠶ᠋ᠢᠳᠠᠭ᠃ ᠥᠪᠡᠷ ᠤᠨ ᠳᠤᠷ᠎ᠠ ᠪᠠᠬᠠᠲᠠᠢ ᠵᠦᠢ᠍ᠯ ᠵᠶ᠋ᠠᠨ ᠬᠢᠵᠦ ᠪᠦᠲᠦᠭᠡᠬᠦ᠎ᠳᠤ ᠬᠦᠴᠢᠷ ᠪᠡᠷᠬᠡ᠎ᠲᠠᠢ ᠭᠡᠵᠦ ᠪᠤᠳᠤᠳᠠᠭ ᠦᠭᠡᠢ᠂ ᠶᠠᠳᠠᠷᠠᠭ᠎ᠠ ᠵᠥᠳᠡᠷᠡᠭᠡ᠎ᠲᠠᠢ ᠴᠦ᠍ ᠭᠡᠵᠦ ᠰᠠᠨᠠᠳᠠᠭ ᠦᠭᠡᠢ ᠶᠤᠮ᠃ ᠤᠴᠢᠷ᠎ᠨᠢ ᠬᠠᠶ᠋ᠢᠷ᠎ᠠ ᠬᠠᠷᠢᠭᠤᠴᠠᠯᠭ᠎ᠠ ᠪᠣᠯ ᠠᠵᠢᠯ ᠦᠢ᠍ᠯᠡᠰ᠎ᠢ ᠠᠬᠢᠭᠤᠯᠬᠤ ᠠ᠋ᠷᠴᠢ ᠬᠦᠴᠦᠨ ᠪᠣᠯᠳᠠᠭ᠃ ᠨᠡᠩ ᠪᠠᠭᠰᠢ ᠵᠢᠨ ᠠᠵᠢᠯ ᠪᠣᠯ ᠬᠠᠶ᠋ᠢᠷ᠎ᠠ᠎ᠠᠴᠠ ᠰᠠᠯᠵᠤ ᠴᠢᠳᠠᠭ᠍ᠤ ᠦᠭᠡᠢ ᠭᠡᠵᠦ ᠪᠢ ᠦᠵᠡᠳᠡᠭ᠃ ᠠ᠋ᠶ᠋ᠢᠮᠦ᠎ᠠᠴᠠ ᠪᠠᠭᠰᠢ ᠪᠣᠯᠣᠭᠰᠠᠨ ᠪᠢᠳᠡ ᠨᠠᠷ ᠠᠵᠢᠯ ᠦᠢ᠍ᠯᠡᠰ᠎ᠲᠤ᠎ᠪᠠᠨ ᠬᠠᠶ᠋ᠢᠷᠠᠲᠠᠢ᠂ ᠰᠤᠷᠭ᠋ᠠᠭᠤᠯᠢ᠎ᠳᠤ᠎ᠪᠠᠨ ᠬᠠᠶ᠋ᠢᠷᠠᠲᠠᠢ᠂ ᠰᠤᠷᠤᠭᠴᠢ᠎ᠳᠤ᠎ᠪᠠᠨ ᠬᠠᠶ᠋ᠢᠷᠠᠲᠠᠢ ᠪᠠᠶ᠋ᠢᠬᠤ ᠠ᠋ᠶ᠋ᠢᠮᠦᠷᠬᠦᠦ ᠬᠠᠶ᠋ᠢᠷ᠎ᠠ ᠵᠢᠨ ᠰᠡᠳᠬᠢᠯᠭᠡ ᠪᠠᠶ᠋ᠢᠳᠠᠭ ᠯᠠ ᠶᠤᠮ ᠪᠣᠯ ᠠᠩᠭᠢ ᠵᠢᠨ ᠠ᠋ᠷᠬᠢᠯᠡᠭᠴᠢ ᠵᠢᠨ ᠠᠵᠢᠯ ᠢ ᠬᠢᠬᠦ᠎ᠳᠤ ᠲᠡᠶ᠋ᠢᠮᠦ ᠬᠦᠴᠢᠷ ᠭᠡᠵᠦ ᠪᠤᠳᠤᠭᠳᠠᠳᠠᠭ ᠦᠬᠡᠢ᠃ ᠲᠤᠤᠷ᠎ᠠ ᠪᠢ ᠭᠤᠴᠢᠨ ᠵᠢᠯ ᠠᠩᠭᠢ ᠵᠢᠨ ᠠ᠋ᠷᠬᠢᠯᠡᠭᠴᠢ ᠵᠢᠨ ᠠᠵᠢᠯ᠎ᠢ ᠠ᠋ᠭᠦᠷᠭᠡᠯᠡᠵᠦ ᠰᠤᠷᠤᠭᠴᠢ᠎ᠪᠠᠨ ᠬᠠᠶ᠋ᠢᠷᠠᠯᠠᠨ ᠬᠠᠯᠠᠮᠵᠢᠯᠠᠵᠤ ᠰᠤᠷᠭ᠋ᠠᠨ ᠬᠦᠮᠦᠵᠢᠬᠦᠯᠬᠦ᠎ᠳᠤ᠎ᠪᠠᠨ ᠲᠤᠤᠷᠠᠬᠢ ᠬᠡᠳᠦᠨ ᠲᠠᠯ᠎ᠠ᠎ᠪᠠᠷ ᠭᠤᠤᠯᠴᠢᠯᠠᠨ ᠠᠳᠬᠤᠭᠰᠠᠨ ᠲᠤᠷᠰᠢᠯᠭ᠎ᠠ ᠪᠣᠯᠪᠠᠰᠤᠷᠠᠯ ᠵᠶ᠋ᠠᠨ ᠲᠠ ᠨᠠᠷ᠎ᠲᠠᠢ᠎ᠪᠠᠨ ᠬᠤᠪᠢᠶᠠᠯᠴᠠᠶ᠎ᠠ᠃
ᠨᠢᠭᠡ᠂ ᠠᠩᠭᠢ ᠵᠢᠨ ᠠ᠋ᠷᠬᠢᠯᠡᠭᠴᠢ ᠪᠠᠭᠰᠢ᠎ᠠᠴᠠ ᠰᠤᠷᠤᠭᠴᠢ ᠨᠢᠭᠡ ᠪᠦᠷᠢ ᠵᠢ ᠨᠠᠷᠢᠨ ᠨᠢᠮᠪᠠᠢ ᠤᠶ᠋ᠢᠯᠠᠭ᠋ᠠᠬᠤ
ᠰᠤᠷᠤᠭᠴᠢᠳ᠎ᠤᠨ ᠦᠭᠡ ᠶᠠᠷᠢᠶ᠎ᠠ᠂ ᠠᠭ᠋ᠠᠰᠢ ᠵᠠᠩ᠂ ᠦᠢ᠍ᠯᠡ ᠬᠦᠳᠡᠯᠦᠯ᠂ ᠤᠬᠠᠭ᠋ᠠᠨ ᠰᠠᠨᠠᠭ᠎ᠠ᠂ ᠰᠠᠬᠢᠯᠭ᠎ᠠ ᠮᠤᠷᠠᠯ ᠁ ᠮᠡᠲᠦ ᠵᠢᠨ ᠪᠦᠬᠦ ᠲᠠᠯ᠎ᠠ᠎ᠪᠠᠷ ᠨᠠᠷᠢᠨ ᠨᠢᠮᠪᠠᠢ ᠤᠶ᠋ᠢᠯᠠᠭ᠋ᠠᠴᠢᠬᠠᠪᠠᠯ᠂ ᠠᠯᠢ ᠰᠤᠷᠤᠭᠴᠢ ᠵᠢ᠎ᠨᠢ ᠶᠠᠭ᠋ᠠᠬᠢᠵᠦ ᠬᠦᠮᠦᠵᠢᠬᠦᠯᠬᠦ᠂ ᠶᠠᠮᠠᠷ ᠠᠷᠭ᠎ᠠ ᠠᠪᠴᠠᠯ ᠬᠡᠷᠡᠭᠯᠡᠪᠡᠯ ᠵᠤᠬᠢᠰᠲᠠᠢ ᠪᠠᠶ᠋ᠢᠬᠤ ᠵᠡᠷᠭᠡ᠎ᠪᠠᠷ ᠳᠣᠲᠤᠷ᠎ᠠ᠎ᠪᠠᠨ ᠲᠤᠭ᠎ᠠ᠎ᠲᠠᠢ ᠪᠠᠶ᠋ᠢᠵᠤ 《ᠡᠪᠡᠳᠴᠢᠨ᠎ᠳᠤ᠎ᠨᠢ ᠲᠣᠬᠢᠷᠠᠭᠤᠯᠵᠤ ᠡᠮ ᠬᠡᠷᠡᠭᠯᠡᠬᠦ》 ᠠᠷᠭ᠎ᠠ᠎ᠪᠠᠷ ᠰᠤᠷᠭ᠋ᠠᠨ ᠬᠦᠮᠦᠵᠢᠭᠦᠯᠪᠡᠯ ᠦᠷ᠎ᠡ ᠠᠰᠢᠭ᠎ᠨᠢ ᠨᠡᠩ ᠰᠠᠶ᠋ᠢᠨ ᠪᠠᠶ᠋ᠢᠳᠠᠭ᠃ ᠬᠠᠷᠢᠨ ᠪᠥᠭᠦᠳᠡ ᠵᠢ ᠬᠤᠮᠢᠵᠦ ᠬᠡᠷᠡᠭ ᠵᠠᠷᠭᠤ ᠲᠠᠲᠠᠭ᠍ᠤ ᠦᠬᠡᠢ ᠪᠣᠯ ᠪᠣᠯᠴᠢᠬᠠᠨ᠎ᠠ ᠭᠡᠵᠦ ᠬᠦᠩᠭᠡᠨ ᠬᠠᠭᠤᠳᠠᠮ ᠬᠠᠨᠳᠤᠵᠤ ᠪᠣᠯᠬᠤ ᠦᠭᠡᠢ᠃ ᠠᠩᠭᠢ ᠵᠢᠨ ᠠ᠋ᠷᠬᠢᠯᠡᠭᠴᠢ ᠪᠠᠭᠰᠢ ᠠᠩᠭᠢ ᠵᠢᠨ ᠳᠤᠮᠳᠠᠬᠢ ᠵᠢᠵᠢᠭ ᠰᠠᠵᠢᠭ ᠤᠴᠢᠷ᠎ᠢ ᠣᠨᠴᠠ ᠠᠩᠬᠠᠷᠴᠤ᠂ ᠤᠴᠢᠷ ᠶᠠᠪᠤᠳᠠᠯ ᠪᠦᠬᠦᠨ᠎ᠳᠤ ᠨᠠᠷᠢᠨ ᠬᠢᠨᠠᠮᠠᠭ᠋ᠠᠢ ᠬᠠᠨᠳᠤᠵᠤ᠂ ᠥᠪᠡᠷ᠎ᠤᠨ ᠠ᠋ᠮᠦᠰᠴᠦ ᠵᠡᠭᠦᠬᠦ᠂ ᠦᠭᠡ ᠶᠠᠷᠢᠶ᠎ᠠ᠎ᠪᠠᠨ ᠦᠷᠭᠦᠯᠵᠢ ᠠᠩᠬᠠᠷᠴᠤ᠂ ᠢᠳᠡᠪᠬᠢᠲᠡᠢ ᠦᠵᠡᠯ ᠰᠡᠳᠬᠢᠯᠭᠡ᠂ ᠳᠠᠷᠤᠤ ᠬᠢᠴᠢᠶᠡᠩᠬᠦᠢ ᠣᠪᠤᠷ ᠰᠤᠷᠲᠠᠯ ᠵᠶ᠋ᠠᠷ ᠰᠤᠷᠤᠭᠴᠢᠳ᠎ᠲᠤ ᠬᠡᠪ ᠳᠦᠷᠢᠮ ᠪᠣᠯᠵᠤ᠂ ᠰᠤᠷᠤᠭᠴᠢᠳ᠎ᠢ ᠱᠠᠭ᠋ᠠᠷᠳᠠᠭᠰᠠᠨ ᠵᠦᠢ᠍ᠯ᠎ᠢ ᠥᠪᠡᠰᠤᠪᠠᠨ ᠴᠢᠩᠭ᠎ᠠ ᠰᠠᠬᠢᠬᠤ ᠬᠡᠷᠡᠭᠲᠡᠢ᠃
ᠪᠢᠳᠡ ᠠ᠋ᠳᠦᠷ ᠪᠦᠷᠢ ᠰᠤᠷᠤᠭᠴᠢ᠎ᠪᠠᠨ ᠬᠠᠷᠠᠵᠤ ᠬᠠᠷᠠᠭ᠋ᠠᠯᠵᠠᠵᠤ ᠤᠶ᠋ᠢᠯᠠᠭ᠋ᠠᠵᠤ ᠪᠠᠶ᠋ᠢᠳᠠᠭ ᠪᠣᠯ᠂ ᠰᠤᠷᠤᠭᠴᠢ ᠪᠠᠰᠠ ᠮᠠᠨᠢ ᠦᠵᠡᠵᠦ ᠬᠠᠷᠠᠵᠤ ᠤᠶ᠋ᠢᠯᠠᠭ᠋ᠠᠵᠤ ᠪᠠᠶ᠋ᠢᠨ᠎ᠠ ᠰᠢᠦ᠃ ᠲᠡᠳᠡ ᠪᠠᠭᠰᠢ ᠵᠢᠨ ᠬᠡᠯᠡᠵᠦ ᠪᠠᠶ᠋ᠢᠬᠤ᠂ ᠬᠢᠵᠦ ᠪᠠᠶ᠋ᠢᠬᠤ ᠵᠢ ᠴᠠᠭ ᠢᠮᠠᠭᠲᠠ ᠬᠠᠷᠠᠵᠣ ᠠᠵᠢᠭᠯᠠᠵᠤ ᠪᠠᠶ᠋ᠢᠨ᠎ᠠ᠃ ᠴᠢᠮ᠎ᠠ ᠵᠢ ᠳᠠᠭ᠋ᠠᠭ᠋ᠠᠳ ᠬᠢᠵᠦ ᠪᠠᠶ᠋ᠢᠨ᠎ᠠ᠂ ᠰᠤᠷᠴᠤ ᠪᠠᠶ᠋ᠢᠨ᠎ᠠ᠃ 《ᠪᠠᠭᠰᠢ ᠪᠣᠯ ᠰᠤᠷᠤᠭᠴᠢ ᠵᠢᠨ ᠲᠣᠯᠢ》 ᠭᠡᠭᠴᠢ᠎ᠪᠠᠷ ᠪᠠᠭᠰᠢ ᠨᠠᠷ ᠢᠩᠭᠢᠵᠦ ᠠ᠋ᠳᠦᠷ ᠪᠦᠷᠢ ᠰᠤᠷᠤᠭᠴᠢ ᠵᠢᠨ ᠵᠶ᠋ᠠᠨ ᠨᠢᠳᠦᠨ ᠠ᠋ᠮᠦᠨ᠎ᠡ ᠲᠤᠭᠯᠠᠵᠤ ᠪᠠᠶ᠋ᠢᠭ᠎ᠠ ᠲᠣᠭᠯᠠᠭᠴᠢ ᠰᠢᠬ ᠪᠣᠯᠬᠤᠷ ᠪᠠᠭᠰᠢ ᠵᠢᠨ ᠦᠭᠡ ᠶᠠᠷᠢᠶ᠎ᠠ᠂ ᠦᠢ᠍ᠯᠡ ᠬᠦᠳᠡᠯᠦᠯ᠂ ᠠᠭ᠋ᠠᠰᠢ ᠵᠠᠩ᠂ ᠠᠪᠲᠠᠯ ᠬᠢᠳᠡᠯ ᠁ ᠵᠡᠷᠭᠡ ᠵᠢ ᠰᠤᠷᠤᠭᠴᠢᠳ ᠶᠠᠭ ᠲᠡᠷᠡ ᠬᠡᠪ ᠵᠶ᠋ᠠᠷ᠎ᠨᠢ ᠦᠵᠡᠨ ᠰᠤᠷᠴᠤ ᠪᠠᠶ᠋ᠢᠳᠠᠭ᠎ᠠᠴᠠ ᠪᠠᠭᠰᠢ ᠪᠣᠯᠤᠭᠰᠠᠳ ᠰᠤᠷᠤᠭᠴᠢ ᠵᠢᠨ ᠵᠶ᠋ᠠᠨ ᠨᠢᠳᠦᠨ᠎ᠳᠤ ᠲᠤᠳᠤ᠎ᠠᠴᠠ ᠲᠣᠳᠤ ᠬᠠᠷᠠᠭᠳᠠᠵᠤ ᠪᠠᠶ᠋ᠢᠳᠠᠭ᠃ ᠮᠥᠨ ᠴᠦ᠍ 《ᠲᠦᠮᠡ ᠬᠡᠯᠡᠬᠦ᠎ᠪᠠᠷ ᠨᠢᠭᠡ᠎ᠬᠢ》 ᠭᠡᠭᠴᠢ᠎ᠪᠠᠷ ᠠᠩᠭᠢ ᠵᠢᠨ ᠠ᠋ᠷᠬᠢᠯᠡᠭᠴᠢ ᠪᠠᠭᠰᠢ ᠥᠪᠡᠷ᠎ᠤᠨ ᠵᠶ᠋ᠠᠨ ᠬᠦᠮᠦᠨ ᠮᠥᠰᠥ᠎ᠪᠠᠷ ᠵᠶ᠋ᠠᠨ ᠰᠤᠷᠤᠭᠴᠢᠳ ᠵᠶ᠋ᠠᠨ ᠨᠦᠯᠦᠭᠡᠯᠡᠵᠦ ᠬᠡᠯᠡᠵᠦ ᠬᠢᠬᠦ᠎ᠪᠠᠨ ᠨᠢᠭᠡᠳᠭᠡᠵᠦ ᠰᠤᠷᠤᠭᠴᠢ ᠨᠥᠬᠦᠳ᠎ᠲᠤ᠎ᠪᠠᠨ ᠥᠪᠡᠷ᠎ᠤᠨ ᠪᠡᠶ᠎ᠡ᠎ᠪᠠᠷ ᠵᠶ᠋ᠠᠨ ᠬᠡᠪ ᠳᠦᠷᠢᠮ ᠪᠣᠯᠵᠤ ᠰᠤᠷᠤᠭᠴᠢ ᠪᠣᠯᠭ᠋ᠠᠨ᠎ᠳᠤ ᠠ᠋ᠷᠬᠡ ᠲᠡᠭᠰᠢ ᠬᠠᠨᠳᠤᠪᠠᠯ ᠰᠠᠶᠢ ᠪᠠᠭᠰᠢ ᠰᠤᠷᠤᠭᠴᠢ ᠵᠢᠨ ᠬᠠᠷᠢᠴᠠᠭ᠎ᠠ ᠵᠢ ᠨᠢᠭᠲᠠᠷᠠᠭᠤᠯᠵᠤ ᠶᠤᠰᠤ ᠬᠡᠯᠡᠵᠦ ᠶᠠᠩᠰᠢᠭᠰᠠᠨ᠎ᠠᠴᠠ ᠬᠤᠯᠠ ᠢᠯᠡᠬᠦᠦ ᠪᠦᠲᠦᠮᠵᠢ᠎ᠲᠠᠢ ᠪᠠᠶ᠋ᠢᠳᠠᠭ᠃ ᠠ᠋ᠨᠡ ᠲᠠᠯ᠎ᠠ᠎ᠪᠠᠷ ᠪᠢ ᠨᠢᠭᠡ ᠵᠢᠱ᠌ᠢᠶ᠎ᠡ ᠶᠠᠷᠢᠶ᠎ᠠ᠄
2007 ᠣᠨ᠎ᠳᠤ ᠪᠠᠭ᠎ᠠ ᠰᠤᠷᠭ᠋ᠠᠭᠤᠯᠢ ᠲᠡᠭᠦᠰᠦᠭᠰᠡᠨ ᠰᠤᠷᠤᠭᠴᠢ × × ᠮᠣᠩᠭᠤᠯ ᠬᠡᠯᠡᠨ᠎ᠤ ᠵᠤᠬᠢᠶᠠᠯ ᠪᠢᠴᠢᠭᠦ᠎ᠳᠤ᠎ᠪᠠᠨ ᠠᠨᠠᠢ ᠪᠠᠢ᠍ᠢ᠍ᠳᠠᠬ᠃ ᠨᠢᠭᠡ ᠤᠳᠠᠭ᠎ᠠ ᠬᠢᠴᠢᠶᠡᠯ᠎ᠤᠨ ᠵᠠᠪᠰᠠᠷᠯᠠᠭ᠎ᠠ᠎ᠳᠤ ᠪᠦᠮᠪᠦᠭᠡ ᠲᠤᠭᠯᠠᠵᠤ ᠪᠠᠶ᠋ᠢᠭ᠋ᠠᠳ ᠰᠠᠨᠠᠮᠰᠠᠷ ᠦᠭᠡᠢ ᠴᠣᠩᠬᠤᠨ ᠰᠢᠯᠢ ᠬᠠᠭ᠋ᠠᠯᠤᠭᠰᠠᠨ᠎ᠳᠤ ᠪᠠᠭᠰᠢ᠎ᠠᠴᠠ ᠶᠡᠭᠡ ᠬᠡᠷᠡᠭ ᠪᠣᠯᠭ᠋ᠠᠵᠤ ᠣᠯᠠᠨ᠎ᠤ ᠠ᠋ᠮᠦᠨ᠎ᠡ ᠵᠤᠭᠰᠤᠭ᠋ᠠᠨ ᠨᠢᠭᠡ ᠵᠡᠷᠭᠡ ᠰᠢᠭᠦᠮᠵᠢᠯᠡᠵᠦ ᠳᠠᠬᠢᠨ ᠠᠯᠪᠠᠨ ᠭᠡᠷ᠎ᠲᠤ᠎ᠪᠠᠨ ᠠᠪᠠᠴᠢᠵᠤ ᠣᠯᠠᠨ ᠪᠠᠭᠰᠢ ᠵᠢᠨ ᠬᠠᠵᠠᠭᠤ᠎ᠳᠤ ᠰᠤᠷᠭ᠋ᠠᠯ ᠬᠠᠶ᠋ᠢᠷᠠᠯᠠᠨ ᠳᠠᠷᠠᠭ᠎ᠠ ᠭᠠᠷᠠᠭ ᠴᠣᠩᠬᠤᠨ ᠰᠢᠯᠢ ᠲᠥᠯᠦᠭᠦᠯᠬᠦ᠎ᠪᠠᠷ ᠪᠣᠯᠪᠠ᠃ ᠶᠠᠭ ᠳᠠᠷᠠᠭ᠎ᠠ ᠠ᠋ᠳᠦᠷ᠎ᠨᠢ ᠰᠤᠷᠤᠯᠭ᠎ᠠ ᠰᠠᠶ᠋ᠢᠨ ᠰᠤᠷᠤᠭᠴᠢ × × ᠬᠠᠮᠳᠤ ᠨᠥᠬᠦᠳ᠎ᠲᠠᠢ᠎ᠪᠠᠨ ᠲᠤᠭᠯᠠᠵᠤ ᠪᠠᠶ᠋ᠢᠭ᠋ᠠᠳ ᠨᠢᠭᠡ ᠨᠠᠶ᠋ᠢᠵᠠ ᠵᠢᠨ ᠵᠶ᠋ᠠᠨ ᠲᠤᠯᠤᠭ᠋ᠠᠢ ᠵᠢ᠎ᠨᠢ ᠰᠢᠯᠪᠤᠯᠤᠭᠰᠠᠨ ᠪᠠᠶ᠋ᠢᠬᠤ᠎ᠳᠤ ᠪᠠᠭᠰᠢ᠎ᠠᠴᠠ ᠰᠢᠷᠬᠠᠳᠣᠭᠰᠠᠨ ᠰᠤᠷᠤᠭᠴᠢ ᠵᠢ ᠰᠢᠷᠪᠢᠨ ᠬᠠᠷᠠᠭᠰᠠᠨ ᠵᠶ᠋ᠠᠨ᠄ 《ᠵᠦᠭᠡᠷ᠂ ᠭᠠᠳᠠᠨ᠎ᠠ ᠭᠠᠷᠪᠠᠯ ᠮᠠᠯᠠᠭ᠋ᠠᠢ᠎ᠪᠠᠨ ᠵᠡᠬᠦᠴᠢᠭᠡ》 ᠭᠡᠳ ᠠᠯᠪᠠᠨ ᠭᠡᠷ᠎ᠲᠤ᠎ᠪᠠᠨ ᠶᠠᠪᠤᠴᠢᠬᠠᠪᠠ ᠁
ᠰᠤᠷᠤᠭᠴᠢ ᠵᠢᠨ ᠢᠩᠭᠢᠵᠦ ᠪᠢᠴᠢᠭᠰᠡᠨ ᠰᠠᠨᠠᠭ᠎ᠠ᠎ᠨᠢ ᠪᠣᠯ ᠰᠠᠶ᠋ᠢᠨ ᠰᠤᠷᠤᠯᠭ᠎ᠠ᠎ᠲᠠᠢ ᠰᠤᠷᠤᠭᠴᠢ ᠶᠠᠭ᠋ᠠᠬᠢᠭᠰᠠᠨ ᠴᠦ᠍ ᠪᠦᠷ ᠪᠣᠯᠤᠨ᠎ᠠ᠃ ᠮᠠᠭᠤ ᠰᠤᠷᠤᠯᠭ᠎ᠠ᠎ᠲᠠᠢ ᠰᠤᠷᠤᠭᠴᠢ ᠪᠣᠯ ᠬᠡᠵᠢᠶᠡᠳᠡ ᠰᠠᠶ᠋ᠢᠨ ᠵᠶ᠋ᠠᠨ ᠣᠯᠬᠤ ᠦᠭᠡᠢ ᠭᠡᠰᠡᠨ ᠪᠣᠳᠤᠯ᠎ᠠᠴᠠ ᠪᠢᠴᠢᠭᠰᠡᠨ ᠪᠠᠶ᠋ᠢᠵᠠᠢ᠃ ᠠ᠋ᠭᠦᠨ᠎ᠠᠴᠠ ᠪᠢ ᠶᠡᠭᠡ ᠰᠡᠩᠭᠡᠷᠡᠭᠦᠯᠦᠯ ᠣᠯᠤᠭᠰᠠᠨ ᠶᠤᠮ᠃ ᠲᠡᠳᠡᠨ᠎ᠢ ᠨᠠᠰᠤ ᠪᠠᠭ᠎ᠠ ᠴᠢᠰᠤ ᠰᠢᠩᠭᠡᠨ ᠶᠠᠭᠤ ᠴᠦ᠍ ᠮᠡᠳᠡᠬᠦ ᠦᠭᠡᠢ᠂ ᠬᠠᠭᠤᠷᠬᠤ᠎ᠳᠤ ᠠᠮᠠᠷᠬᠠᠨ ᠭᠡᠵᠦ ᠪᠤᠳᠤᠵᠤ ᠪᠣᠯᠬᠤ ᠦᠭᠡᠢ᠃ ᠲᠡᠳᠡᠨ᠎ᠤ ᠨᠢᠳᠦᠨ᠎ᠳᠤ ᠲᠡᠳᠡᠨ᠎ᠤ ᠰᠡᠳᠬᠢᠯ᠎ᠳᠤ ᠮᠠᠨ᠎ᠤ ᠪᠠᠭᠰᠢ ᠪᠣᠯ ᠶᠠᠮᠠᠷ ᠣᠪᠤᠷ ᠪᠠᠶ᠋ᠢᠳᠠᠯ ᠲᠠᠢ? ᠠᠭ᠋ᠠᠰᠢ ᠵᠠᠩ᠎ᠨᠢ ᠶᠠᠮᠠᠷ ᠰᠢᠦ ᠪᠠᠶ᠋ᠢᠳᠠᠭ? ᠤᠴᠢᠷ ᠶᠠᠪᠤᠳᠠᠯ᠎ᠢ ᠶᠠᠭ᠋ᠠᠬᠢᠵᠦ ᠰᠢᠢ᠍ᠳᠪᠦᠷᠢᠯᠡᠵᠦ ᠪᠠᠶ᠋ᠢᠬᠤ? ᠶᠠᠭ᠋ᠠᠬᠢᠵᠦ ᠰᠢᠢ᠍ᠳᠪᠦᠷᠢᠯᠡᠭᠰᠡᠨ ᠪᠣᠯ ᠵᠤᠬᠢᠰᠲᠠᠢ ᠪᠠᠶ᠋ᠢᠬᠤ? ᠢᠩᠭᠢᠵᠦ ᠰᠢᠢ᠍ᠳᠪᠦᠷᠢᠯᠡᠬᠦ᠎ᠨᠢ ᠲᠡᠳᠡᠨ᠎ᠤ ᠰᠠᠨᠠᠭ᠋ᠠᠨ᠎ᠳᠤ ᠨᠡᠶ᠋ᠢᠴᠡᠵᠦ ᠪᠠᠶ᠋ᠢᠨ᠎ᠠ ᠦᠦ? ᠦᠭᠡᠢ ᠦᠦ? ᠁ ᠭᠡᠬᠦ ᠮᠡᠲᠦ᠎ᠪᠠᠷ ᠲᠡᠳᠡᠨ᠎ᠤ ᠪᠣᠳᠤᠯ ᠰᠡᠳᠬᠢᠯ᠎ᠳᠤ ᠲᠣᠪ ᠲᠤᠳᠤᠷᠬᠠᠢ ᠳᠠᠩᠰᠠ ᠲᠡᠮᠳᠡᠭᠯᠡᠯ᠎ᠲᠠᠢ ᠭᠡᠳᠡᠭ᠎ᠢ ᠤᠶ᠋ᠢᠯᠠᠭ᠋ᠠᠵᠤ ᠮᠡᠳᠡᠭᠰᠡᠨ ᠶᠤᠮ᠃ ᠠ᠋ᠶ᠋ᠢᠮᠦ᠎ᠠᠴᠠ ᠠᠩᠭᠢ ᠵᠢᠨ ᠪᠠᠭᠰᠢ ᠰᠤᠷᠤᠭᠴᠢ ᠵᠢᠨ ᠵᠶ᠋ᠠᠨ ᠨᠢᠳᠦᠨ᠎ᠳᠤ ᠦᠨᠡᠨ ᠳᠦᠷᠢ᠎ᠪᠠᠷ ᠵᠶ᠋ᠠᠨ ᠬᠠᠷᠠᠭᠳᠠᠵᠤ ᠤᠴᠢᠷ ᠶᠠᠪᠤᠳᠠᠯ ᠪᠦᠬᠦᠨ᠎ᠳᠤ ᠲᠥᠪ ᠭᠤᠣᠯᠴᠢ᠂ ᠠ᠋ᠷᠬᠡ ᠲᠡᠭᠰᠢ᠂ ᠢᠯᠡ ᠲᠣᠳᠤᠷᠬᠠᠢ᠂ ᠨᠠᠷᠢᠨ ᠬᠢᠨᠠᠮᠠᠭ᠋ᠠᠢ ᠪᠠᠶ᠋ᠢᠬᠤ ᠬᠡᠷᠡᠭᠳᠡᠢ᠃ ᠮᠠᠨᠳᠤ ᠠᠪᠴᠤ ᠬᠡᠯᠡᠪᠡᠯ ᠬᠡᠦᠬᠡᠳ᠎ᠤᠨ ᠬᠤᠭᠤᠷᠤᠨᠳᠤᠬᠢ ᠶᠠᠯᠢᠮ ᠦᠬᠡᠢ ᠵᠢᠭ᠋ᠠᠬᠠᠨ ᠤᠴᠢᠷ᠎ᠨᠢ ᠲᠡᠳᠡᠨ᠎ᠳᠤ᠎ᠪᠠᠨ ᠪᠣᠯ ᠶᠡᠭᠡ ᠤᠴᠢᠷ ᠪᠣᠯᠳᠠᠭ᠃ ᠬᠡᠷᠪᠡ ᠲᠣᠯᠭ᠋ᠠᠷᠠᠭᠰᠠᠨ ᠠᠰᠠᠭᠤᠳᠠᠯ᠎ᠢ ᠬᠠᠰᠢ ᠶᠠᠰᠢ ᠵᠤᠬᠢᠰ ᠦᠬᠡᠢ᠎ᠪᠠᠷ ᠰᠢᠢ᠍ᠳᠪᠦᠷᠢᠯᠡᠬᠦ ᠳᠤ ᠬᠦᠷᠪᠡᠯ ᠪᠠᠭᠰᠢ ᠵᠢᠨ ᠶᠠᠯᠢᠮ ᠦᠭᠡᠢ ᠨᠢᠭᠡ ᠦᠭᠡ᠂ ᠨᠢᠭᠡ ᠰᠢᠢ᠍ᠳᠪᠦᠷᠢ᠎ᠨᠢ ᠰᠤᠷᠤᠭᠴᠢ ᠵᠢᠨ ᠰᠡᠳᠬᠢᠯ᠎ᠳᠤ ᠭᠦᠨ ᠰᠢᠷᠬ᠎ᠠ ᠦᠯᠡᠳᠡᠭᠡᠨ ᠨᠠᠰᠤᠨ ᠲᠤᠷᠰᠢ᠎ᠳᠤᠨᠢ ᠨᠥᠯᠦᠭᠡᠯᠡᠵᠦ ᠲᠡᠳᠡᠨ᠎ᠳᠤ ᠦᠵᠡᠯ ᠰᠠᠨᠠᠭ᠋ᠠᠨ᠎ᠤ ᠳᠠᠷᠤᠭ᠋ᠠᠰᠤ᠎ᠲᠠᠢ ᠪᠣᠯᠵᠤ ᠮᠡᠳᠡᠨ᠎ᠡ᠃ ᠨᠡᠩ ᠴᠢᠨᠠᠭᠰᠢᠯᠠᠪᠠᠯ ᠣᠶᠤᠨ ᠰᠠᠨᠠᠭ᠋ᠠᠨ᠎ᠳᠤ᠎ᠨᠢ ᠴᠣᠬᠢᠯᠲᠠ ᠪᠣᠯᠵᠤ ᠰᠡᠳᠬᠢᠯ ᠰᠠᠨᠠᠭ᠋ᠠᠨ᠎ᠳᠤ᠎ᠨᠢ ᠰᠡᠬᠦᠳᠡᠷ ᠦᠯᠡᠳᠡᠭᠡᠵᠦ ᠴᠦ᠍ ᠮᠡᠳᠡᠬᠦ ᠶᠤᠮ᠃ ᠠ᠋ᠶ᠋ᠢᠮᠦ᠎ᠠᠴᠠ ᠤᠴᠢᠷ ᠶᠠᠪᠤᠳᠠᠯ ᠪᠦᠬᠦᠨ᠎ᠳᠤ ᠨᠠᠷᠢᠨ ᠬᠢᠨᠠᠮᠠᠭ᠋ᠠᠢ ᠪᠠᠶ᠋ᠢᠵᠣ᠂ ᠰᠤᠷᠤᠭᠴᠢ ᠪᠣᠯᠭ᠋ᠠᠨ᠎ᠳᠤ ᠠ᠋ᠷᠬᠡ ᠲᠡᠭᠰᠢ ᠬᠠᠨᠳᠤᠵᠤ᠂ ᠠᠰᠠᠭᠤᠳᠠᠯ᠎ᠢ ᠰᠢᠢ᠍ᠳᠪᠦᠷᠢᠯᠡᠬᠦ᠎ᠳᠤ᠎ᠪᠠᠨ ᠶᠤᠰᠤ᠎ᠪᠠᠷ ᠪᠢᠰᠢᠷᠡᠬᠦᠯᠬᠦ ᠵᠢ ᠠ᠋ᠷᠬᠢᠮᠯᠡᠬᠦ ᠬᠡᠷᠡᠭᠳᠡᠢ᠃ ᠠᠳᠠᠯᠢ ᠪᠤᠰᠤ ᠰᠤᠷᠤᠭᠴᠢ ᠵᠢᠨ ᠠᠯᠳᠠᠭ᠎ᠠ᠎ᠳᠤ ᠠᠳᠠᠯᠢᠬᠠᠨ ᠣᠪᠤᠷ ᠵᠶ᠋ᠠᠷ ᠬᠠᠨᠳᠤᠪᠠᠯ ᠵᠣᠬᠢᠨ᠎ᠠ᠃ ᠢᠩᠭᠢᠪᠡᠯ ᠰᠠᠶᠢ ᠰᠤᠷᠤᠭᠴᠢᠳ᠎ᠲᠤ᠎ᠪᠠᠨ ᠢᠲᠡᠭᠡᠯ ᠬᠦᠨᠳᠦ᠎ᠲᠠᠢ ᠪᠣᠯᠵᠤ ᠴᠢᠳᠠᠨ᠎ᠠ᠃ ᠪᠠᠭᠰᠢ ᠰᠤᠷᠤᠭᠴᠢ ᠢᠩᠭᠢᠵᠦ ᠢᠲᠡᠭᠡᠯ ᠰᠡᠳᠬᠢᠯ ᠵᠶ᠋ᠠᠨ ᠲᠦᠰᠢᠯᠴᠡᠵᠦ ᠪᠠᠶ᠋ᠢᠭᠰᠠᠨ ᠴᠠᠭ᠎ᠲᠤ ᠠᠩᠭᠢ ᠵᠢᠨ ᠠᠵᠢᠯ ᠢᠯᠭᠤᠮ ᠤᠷᠤᠭᠰᠢᠲᠠᠢ ᠶᠠᠪᠤᠭᠳᠠᠵᠤ ᠴᠢᠳᠠᠨ᠎ᠠ ᠭᠡᠳᠡᠭ᠎ᠢ ᠣᠯᠵᠤ ᠮᠡᠳᠡᠷᠡᠭᠰᠡᠨ ᠶᠤᠮ᠃
ᠬᠤᠶᠠᠷ᠂ ᠠᠩᠭᠢ ᠵᠢᠨ ᠠ᠋ᠷᠬᠢᠯᠡᠭᠴᠢ ᠪᠠᠭᠰᠢ᠎ᠠᠴᠠ ᠠᠩᠭᠢ ᠵᠢᠨ ᠺᠠᠳ᠋ᠷ᠎ᠢ ᠬᠤᠭᠤᠴᠠᠭ᠎ᠠ ᠬᠤᠪᠢᠶᠠᠨ ᠰᠤᠩᠭᠤᠵᠤ ᠬᠡᠷᠡᠭᠯᠡᠬᠦ
ᠠᠩᠭᠢ ᠵᠢᠨ ᠠ᠋ᠷᠬᠢᠯᠡᠭᠴᠢ ᠠᠷᠠᠳᠴᠢᠯᠠᠯ᠎ᠢ ᠠ᠋ᠷᠬᠢᠮᠯᠡᠵᠦ ᠠᠷᠠᠳᠴᠢᠯᠠᠯ᠎ᠤᠨ ᠬᠠᠮᠢᠶᠠᠷᠤᠯᠲᠠ ᠶᠠᠪᠤᠭᠤᠯᠬᠤ ᠬᠡᠷᠡᠭᠲᠡᠢ᠃ ᠳᠠᠷᠤᠢ ᠰᠤᠷᠤᠭᠴᠢ ᠪᠣᠯᠭ᠋ᠠᠨ᠎ᠳᠤ ᠠᠩᠭᠢ ᠵᠢᠨ ᠺᠠᠳ᠋ᠷ ᠪᠣᠯᠬᠤ ᠵᠠᠪᠰᠢᠶᠠᠨ᠎ᠢ ᠬᠦᠷᠲᠡᠭᠡᠬᠦ ᠬᠡᠷᠡᠭᠳᠡᠢ᠃ ᠵᠢᠱ᠌ᠢᠶᠡᠯᠡᠪᠡᠯ᠂ ᠠᠩᠭᠢ ᠵᠢᠨ ᠰᠤᠷᠤᠭᠴᠢ ᠵᠢᠨ ᠬᠠᠮᠢᠶᠠᠷᠤᠯᠲᠠ᠎ᠳᠤ᠎ᠪᠠᠨ ᠳᠡᠰ ᠬᠤᠪᠢᠶᠠᠨ ᠬᠠᠮᠢᠶᠠᠷᠬᠤ ᠠᠷᠭ᠎ᠠ ᠵᠢ ᠬᠡᠷᠡᠭᠯᠡᠵᠦ᠂ ᠰᠠᠷ᠎ᠠ ᠪᠦᠷᠢ ᠪᠣᠶᠤ ᠬᠤᠭᠤᠴᠠᠭ᠎ᠠ ᠪᠦᠷᠢ ᠬᠠᠮᠢᠶᠠᠷᠤᠯᠲᠠ ᠵᠢᠨ ᠠᠵᠢᠯ ᠵᠶ᠋ᠠᠨ ᠠ᠋ᠭᠡᠯᠵᠢᠯᠡᠨ ᠰᠤᠯᠢᠯᠴᠠᠵᠤ ᠬᠢᠬᠦ ᠳᠦᠷᠢᠮ᠎ᠢ ᠬᠡᠷᠡᠭᠵᠢᠬᠦᠯᠵᠦ ᠪᠣᠯᠤᠨ᠎ᠠ᠃ ᠠᠩᠭᠢ ᠵᠢᠨ ᠺᠠᠳ᠋ᠷ᠂ ᠬᠢᠴᠢᠶᠡᠯ᠎ᠤᠨ ᠲᠥᠯᠦᠭᠡᠯᠡᠭᠴᠢ ᠵᠡᠷᠭᠡ ᠬᠡᠳᠦᠨ ᠳᠡᠰ᠎ᠤᠨ ᠳᠠᠷᠤᠭ᠎ᠠ ᠲᠤᠭᠲᠠᠭ᠋ᠠᠵᠣ᠂ ᠠᠩᠭᠢ ᠵᠢᠨ ᠪᠦᠬᠦ ᠪᠠᠶ᠋ᠢᠳᠠᠯ᠂ ᠠ᠋ᠷᠡᠭᠦᠯ ᠬᠠᠮᠠᠭ᠋ᠠᠯᠠᠯ᠂ ᠬᠢᠴᠢᠶᠡᠯ ᠰᠤᠷᠤᠯᠭ᠎ᠠ᠂ ᠰᠠᠬᠢᠯᠭ᠎ᠠ ᠪᠠᠲᠤ ᠵᠡᠷᠭᠡ ᠵᠢ ᠰᠠᠯᠭ᠋ᠠᠨ ᠬᠠᠮᠢᠶᠠᠷᠴᠤ᠂ ᠲᠤᠰ ᠲᠤᠰᠲᠤᠨᠢ ᠳᠠᠭ᠋ᠠᠭ᠋ᠠᠴᠢᠯᠠᠭᠤᠯᠤᠨ ᠬᠠᠮᠢᠶᠠᠷᠤᠭᠤᠯᠬᠤ᠎ᠨᠢ ᠨᠡᠯᠢᠶᠡᠳ ᠰᠠᠶ᠋ᠢᠨ ᠦᠷ᠎ᠡ ᠳ᠋ᠦᠩ᠎ᠲᠠᠢ ᠶᠤᠮ᠃
ᠠᠩᠭᠢ ᠵᠢᠨ ᠠ᠋ᠷᠬᠢᠯᠡᠭᠴᠢ ᠪᠠᠭᠰᠢ ᠠᠩᠭᠢ ᠵᠢᠨ ᠠᠵᠢᠯ᠎ᠤᠨ ᠲᠠᠯ᠎ᠠ᠎ᠪᠠᠷ ᠶᠠᠭᠤ ᠪᠦᠬᠦᠨ᠎ᠢ ᠭᠠᠭᠴᠠᠭ᠋ᠠᠷ ᠬᠢᠬᠦ᠎ᠨᠢ ᠠᠮᠠᠷ ᠦᠬᠡᠢ᠃ ᠠᠩᠭᠢ ᠵᠢᠨ ᠺᠠᠳ᠋ᠷ᠎ᠢ ᠰᠠᠶ᠋ᠢᠬᠠᠨ ᠰᠤᠩᠭᠤᠵᠣ ᠬᠡᠷᠡᠭᠯᠡᠬᠡᠳ ᠰᠤᠷᠤᠭᠴᠢ ᠨᠥᠬᠦᠳ᠎ᠢ ᠬᠤᠭᠤᠷᠤᠨᠳᠦ᠎ᠨᠢ ᠬᠠᠮᠵᠢᠯᠴᠠᠭᠤᠯᠵᠤ ᠲᠡᠳᠡᠨ᠎ᠤ ᠬᠢᠵᠦ ᠳᠡᠶ᠋ᠢᠯᠬᠦ ᠠᠵᠢᠯ᠎ᠢ᠎ᠨᠢ ᠲᠡᠳᠡᠨ ᠵᠶ᠋ᠠᠷ ᠬᠢᠯᠭᠡᠨ᠎ᠡ᠃ ᠰᠤᠷᠤᠭᠴᠢᠳ᠎ᠲᠤ ᠠᠪᠴᠤ ᠬᠡᠯᠡᠪᠡᠯ ᠠᠩᠭᠢ ᠵᠢᠨ ᠺᠠᠳ᠋ᠷ ᠪᠣᠯᠬᠤ᠎ᠨᠢ ᠢᠷᠠᠭᠤ ᠠᠯᠳᠠᠷᠲᠠᠢ ᠮᠥᠷᠲᠡᠭᠡᠨ ᠲᠣᠮᠣ ᠶᠡᠭᠡ ᠵᠡᠷᠭᠡ ᠬᠡᠷᠭᠡᠮ ᠣᠯᠤᠭᠰᠠᠨ᠎ᠲᠠᠢ ᠲᠡᠩᠴᠡᠨ᠎ᠡ᠃ ᠠ᠋ᠶ᠋ᠢᠮᠦ᠎ᠠᠴᠠ ᠰᠤᠷᠤᠭᠴᠢ ᠪᠣᠯᠭ᠋ᠠᠨ᠎ᠳᠤ ᠺᠠᠳ᠋ᠷ ᠪᠣᠯᠬᠤ ᠳᠤᠬᠢᠶᠠᠯ ᠣᠯᠭᠤᠨ᠎ᠠ᠃ ᠢᠩᠭᠢᠪᠡᠯ ᠵᠠᠷᠢᠮ ᠰᠤᠷᠤᠭᠴᠢ ᠵᠢ ᠪᠠᠰᠠ ᠠᠮᠠᠷᠬᠠᠨ ᠬᠤᠪᠢᠷᠠᠭᠤᠯᠵᠤ ᠪᠣᠯᠳᠠᠭ᠃ ᠵᠢᠱ᠌ᠢᠶᠡᠯᠡᠪᠡᠯ᠂ ᠰᠤᠷᠤᠯᠭ᠎ᠠ ᠮᠠᠭᠤ᠂ ᠰᠤᠷᠲᠠᠯ ᠮᠠᠭᠤ᠂ ᠠᠯᠢᠶ᠎ᠠ ᠳᠡᠭᠵᠢᠨ᠂ ᠠᠯᠵᠠᠭᠤ ᠬᠤᠶ᠋ᠢᠷᠭᠤ ᠁ ᠭᠡᠬᠦ ᠮᠡᠲᠦ᠎ᠪᠠᠷ ᠬᠡᠦᠬᠡᠳ᠎ᠤᠨ ᠪᠡᠶ᠎ᠡ᠎ᠳᠤ ᠣᠷᠤᠰᠢᠵᠣ ᠪᠠᠶ᠋ᠢᠭ᠎ᠠ ᠳᠤᠲᠠᠭᠳᠠᠯ᠎ᠲᠠᠢ ᠲᠠᠯ᠎ᠠ ᠪᠣᠶᠤ ᠬᠦᠷᠦᠯᠴᠡᠬᠦ ᠦᠬᠡᠢ ᠲᠠᠯ᠎ᠠ ᠵᠢ᠎ᠨᠢ ᠥᠪᠡᠷ ᠵᠶ᠋ᠠᠷ᠎ᠨᠢ ᠬᠠᠯᠠᠵᠤ ᠰᠠᠶ᠋ᠢᠵᠢᠷᠠᠭᠤᠯᠬᠤ ᠳᠤᠬᠢᠶᠠᠯ ᠣᠯᠭᠤᠨ᠎ᠠ᠃ ᠺᠠᠳ᠋ᠷ ᠪᠣᠯᠪᠠᠯ ᠠᠶᠠᠨᠳᠠᠭ᠋ᠠᠨ ᠥᠪᠡᠷ᠎ᠤᠨ ᠪᠡᠶ᠎ᠡ᠎ᠳᠤ᠎ᠪᠠᠨ ᠱᠠᠭ᠋ᠠᠷᠳᠠᠯᠭ᠎ᠠ ᠲᠠᠯᠪᠢᠨ᠎ᠠ ᠭᠡᠰᠡᠨ ᠦᠭᠡ᠃ ᠬᠦᠮᠦᠰ ᠶᠠᠮᠠᠷ ᠨᠢᠭᠡ ᠵᠦᠢ᠍ᠯ᠎ᠤᠨ ᠶᠠᠭᠤᠮᠠᠨ᠎ᠳᠤ ᠳᠤᠷ᠎ᠠ ᠰᠣᠨᠢᠷᠬᠠᠯᠲᠠᠢ ᠪᠣᠯᠬᠤ ᠦᠶ᠎ᠡ᠎ᠳᠤ ᠲᠡᠬᠦᠨ᠎ᠢ ᠪᠠᠭ᠍ᠠᠷᠬᠠᠬᠤ ᠪᠤᠶᠤ ᠬᠦᠭᠡᠭᠡᠴᠡᠯᠳᠦᠬᠦ ᠪᠠᠶ᠋ᠢᠳᠠᠯ᠎ᠳᠤ ᠣᠷᠤᠳᠠᠭ᠎ᠲᠠᠢ ᠠᠳᠠᠯᠢ ᠬᠡᠦᠭᠡᠳ ᠴᠦ᠍ ᠭᠡᠰᠡᠨ ᠠᠩᠭᠢ ᠵᠢᠨ ᠺᠠᠳ᠋ᠷ ᠪᠣᠶᠤ ᠬᠢᠴᠢᠶᠡᠯ ᠤᠨ ᠲᠦᠯᠦᠭᠡᠯᠡᠭᠴᠢ ᠪᠣᠯᠤᠭ᠋ᠠᠳ ᠠᠵᠢᠯ ᠵᠶ᠋ᠠᠨ ᠰᠠᠶ᠋ᠢᠨ ᠬᠢᠶ᠎ᠡ ᠭᠡᠰᠡᠨ ᠪᠤᠳᠤᠯ ᠢᠲᠡᠭᠡᠯ᠎ᠲᠠᠢ ᠪᠣᠯᠵᠤ ᠲᠡᠷᠡ ᠠᠵᠢᠯ ᠵᠶ᠋ᠠᠨ ᠳᠠᠷᠤᠭ᠋ᠠᠰᠤ ᠭᠡᠵᠦ ᠦᠵᠡᠬᠦ ᠦᠬᠡᠢ ᠬᠠᠷᠢᠨ ᠨᠢᠭᠡ ᠵᠦᠢ᠍ᠯ᠎ᠤᠨ ᠬᠠᠪᠤ ᠴᠡᠩᠭᠡᠯ ᠵᠶ᠋ᠠᠷ ᠦᠵᠡᠳᠡᠭ ᠪᠣᠯᠬᠤᠷ ᠪᠡᠶ᠎ᠡ᠎ᠳᠤ᠎ᠪᠠᠨ ᠢᠲᠡᠭᠡᠯ᠎ᠲᠠᠢ᠂ ᠪᠠᠭᠰᠢ᠎ᠳᠤ᠎ᠪᠠᠨ ᠢᠲᠡᠭᠡᠯ᠎ᠲᠠᠢ ᠪᠠᠶ᠋ᠢᠵᠦ᠂ ᠬᠠᠮᠳᠤ ᠨᠥᠬᠦᠳ ᠵᠶ᠋ᠠᠨ ᠲᠠᠶ᠋ᠢᠴᠢᠯᠠᠵᠦ ᠳᠠᠭ᠋ᠠᠭᠤᠯᠬᠤ ᠤᠷᠮ᠎ᠠ ᠵᠣᠷᠢᠭᠲᠠᠢ ᠪᠣᠯᠳᠠᠭ᠃
ᠭᠤᠷᠪᠠ᠂ ᠠᠩᠭᠢ ᠵᠢᠨ ᠠ᠋ᠷᠬᠢᠯᠡᠭᠴᠢ ᠪᠠᠭᠰᠢ᠎ᠠᠴᠠ ᠭᠠᠷᠠᠭ ᠪᠣᠯᠭ᠋ᠠᠨ ᠠᠩᠭᠢ ᠵᠢᠨ ᠬᠤᠷᠠᠯ᠎ᠢ ᠵᠤᠬᠢᠶᠠᠨ ᠪᠠᠶ᠋ᠢᠭᠤᠯᠵᠤ ᠬᠢᠬᠦ
ᠰᠤᠷᠭ᠋ᠠᠭᠤᠯᠢ ᠴᠤᠭᠯᠠᠭᠰᠠᠨ ᠠ᠋ᠳᠦᠷ — ᠭᠠᠷᠠᠭ᠎ᠤᠨ ᠨᠢᠭᠡᠨ ᠪᠣᠯᠭ᠋ᠠᠨ᠎ᠤ ᠨᠢᠭᠡᠳᠦᠭᠡᠷ ᠬᠢᠴᠢᠶᠡᠯ᠎ᠳᠤ ᠠᠩᠭᠢ ᠵᠢᠨ ᠬᠤᠷᠠᠯ ᠬᠢᠵᠦ ᠰᠤᠷᠤᠭᠴᠢᠳ᠎ᠲᠤ ᠦᠵᠡᠯ ᠰᠠᠨᠠᠭ᠎ᠠ᠂ ᠵᠠᠩ ᠮᠤᠷᠠᠯ᠎ᠤᠨ ᠬᠦᠮᠦᠵᠢᠯ ᠬᠢᠬᠦ ᠵᠢ ᠴᠢᠬᠤᠯᠠᠴᠢᠯᠠᠨ ᠠᠳᠬᠤᠳᠠᠬ᠂ ᠠ᠋ᠭᠦᠨ᠎ᠢ ᠪᠢ ᠭᠤᠴᠢ ᠰᠢᠬᠠᠮ ᠵᠢᠯ ᠪᠠᠷᠢᠮᠲᠠᠯᠠᠵᠤ ᠢᠷᠡᠪᠡ᠃
ᠠᠩᠭᠢ ᠵᠢᠨ ᠬᠤᠷᠠᠯ᠎ᠤᠨ ᠠᠭᠤᠯᠭ᠎ᠠ᠄
(1) ᠠᠮᠤᠷ ᠲᠦᠪᠰᠢᠨ ᠠ᠋ᠷᠡᠬᠦᠯ ᠮᠡᠨᠳᠦ ᠵᠢᠨ ᠲᠠᠯ᠎ᠠ᠎ᠪᠠᠷ᠄
ᠳᠡᠭᠡᠷ᠎ᠡ ᠨᠢᠭᠡ ᠭᠠᠷᠠᠭ᠎ᠲᠤ ᠣᠷᠤᠰᠢᠵᠦ ᠪᠠᠶ᠋ᠢᠭ᠎ᠠ ᠪᠠᠶ᠋ᠢᠳᠠᠯ
(2) ᠰᠠᠬᠢᠯᠭ᠎ᠠ ᠪᠠᠲᠤ ᠶᠤᠰᠤ ᠮᠤᠷᠠᠯ᠎ᠤᠨ ᠲᠠᠯ᠎ᠠ᠎ᠪᠠᠷ᠄
ᠳᠡᠭᠡᠷ᠎ᠡ ᠨᠢᠭᠡ ᠭᠠᠷᠠᠭ᠎ᠲᠤ ᠣᠷᠤᠰᠢᠵᠦ ᠪᠠᠶ᠋ᠢᠭ᠎ᠠ ᠪᠠᠶ᠋ᠢᠳᠠᠯ
(3) ᠬᠢᠴᠢᠶᠡᠯ ᠰᠤᠷᠤᠯᠭ᠎ᠠ ᠵᠢᠨ ᠲᠠᠯ᠎ᠠ᠎ᠪᠠᠷ᠄
ᠳᠡᠭᠡᠷ᠎ᠡ ᠨᠢᠭᠡ ᠭᠠᠷᠠᠭ᠎ᠲᠤ ᠣᠷᠤᠰᠢᠵᠦ ᠪᠠᠶ᠋ᠢᠭ᠎ᠠ ᠪᠠᠶ᠋ᠢᠳᠠᠯ
(4) ᠲᠤᠰ ᠭᠠᠷᠠᠭ᠎ᠤᠨ ᠠᠵᠢᠯ᠎ᠤᠨ ᠲᠣᠬᠢᠷᠠᠭᠤᠯᠤᠯᠲᠠ
ᠳᠡᠭᠡᠷᠡᠬᠢ ᠶᠠᠷᠢᠭᠰᠠᠨ ᠠᠭᠤᠯᠭ᠎ᠠ᠎ᠪᠠᠨ ᠬᠤᠷᠢᠶᠠᠩᠭᠤᠶ᠋ᠢᠯᠠᠵᠦ ᠠ᠋ᠨᠡ ᠠ᠋ᠳᠦᠷ᠎ᠠᠴᠠ ᠠ᠋ᠬᠢᠯᠡᠵᠦ ᠬᠦᠮᠦᠨ ᠪᠦᠬᠦᠨ ᠥᠪᠡᠷ᠎ᠤᠨ ᠪᠡᠶ᠎ᠡ᠎ᠳᠤ᠎ᠪᠠᠨ ᠡᠯ᠎ᠡ ᠲᠠᠯ᠎ᠠ᠎ᠪᠠᠷ ᠴᠢᠷᠮᠠᠶ᠋ᠢᠯᠲᠠ ᠳᠠᠪᠰᠢᠯᠲᠠ᠎ᠲᠠᠢ ᠪᠠᠶ᠋ᠢᠬᠤ ᠵᠢ ᠱᠠᠭ᠋ᠠᠷᠳᠠᠨ᠎ᠠ᠃ ᠲᠤᠬᠠᠢ ᠵᠢᠨ ᠦᠶ᠎ᠡ᠎ᠳᠤ ᠪᠤᠳᠠᠳᠠᠢ ᠪᠠᠶ᠋ᠢᠳᠠᠯ᠎ᠢ᠎ᠨᠢ ᠦᠵᠡᠵᠦ ᠱᠠᠭ᠋ᠠᠷᠳᠠᠯᠭ᠎ᠠ ᠲᠠᠯᠪᠢᠨ᠎ᠠ᠃ ᠢᠩᠭᠢᠵᠦ ᠰᠤᠷᠭ᠋ᠠᠭᠤᠯᠢ᠎ᠳᠤ ᠢᠷᠡᠭᠰᠡᠭᠡᠷ ᠰᠤᠷᠤᠭᠴᠢᠳ ᠵᠶ᠋ᠠᠨ ᠲᠢᠭᠯᠡᠵᠦ ᠠᠪᠤᠪᠠᠯ ᠠ᠋ᠨᠡ ᠨᠢᠭᠡ ᠭᠠᠷᠠᠭ᠎ᠤᠨ ᠠᠵᠢᠯ ᠪᠠᠰᠠ ᠠ᠋ᠮᠬᠢ ᠳᠢᠭᠯᠢᠮ᠎ᠲᠠᠢ ᠶᠠᠪᠤᠭᠳᠠᠳᠠᠭ ᠶᠤᠮ᠃ ᠠ᠋ᠶ᠋ᠢᠮᠦ᠎ᠠᠴᠠ ᠪᠢ ᠠᠩᠭᠢ ᠵᠢᠨ ᠬᠤᠷᠠᠯ᠎ᠤᠨ ᠴᠠᠭ᠎ᠢ ᠰᠦᠢ᠍ᠳᠭᠡᠳᠡᠭ ᠦᠬᠡᠢ᠃ ᠨᠡᠩ ᠳᠠᠰᠬᠠᠯ ᠪᠣᠯᠪᠠᠰᠤᠷᠠᠯ ᠬᠢᠯᠭᠡᠳᠡᠭ ᠦᠬᠡᠢ᠃
ᠠᠩᠭᠢ ᠵᠢᠨ ᠬᠤᠷᠠᠯ ᠳᠡᠭᠡᠷ᠎ᠡ ᠰᠤᠷᠤᠭᠴᠢ ᠵᠢᠨ ᠵᠶ᠋ᠠᠨ ᠰᠠᠶ᠋ᠢᠨᠲᠠᠢ ᠲᠠᠯ᠎ᠠ᠂ ᠳᠠᠪᠰᠢᠯᠲᠠ᠎ᠲᠠᠢ ᠵᠦᠢ᠍ᠯ᠂ ᠮᠠᠭᠲᠠᠭᠤᠰᠢᠲᠠᠢ ᠤᠴᠢᠷ᠎ᠢ᠎ᠨᠢ ᠳᠤᠷᠠᠳᠤᠨ ᠰᠠᠶ᠋ᠢᠰᠢᠶᠠᠨ ᠵᠣᠷᠢᠬ᠍ᠵᠢᠭᠤᠯᠤᠭ᠋ᠠᠳ ᠢᠷᠡᠬᠦ᠎ᠳᠤ ᠲᠡᠳᠡᠨ ᠴᠢᠨᠢ ᠪᠠᠰᠠ ᠨᠡᠷ᠎ᠡ ᠨᠢᠭᠤᠷ᠎ᠲᠤ᠎ᠪᠠᠨ ᠬᠠᠶ᠋ᠢᠷᠠᠲᠠᠢ ᠰᠢᠦ᠃ ᠠ᠋ᠷᠭᠢᠬᠡᠳ ᠪᠠᠭᠰᠢ ᠵᠢᠨ ᠬᠡᠯᠡᠵᠦ ᠶᠠᠷᠢᠵᠦ ᠪᠠᠶ᠋ᠢᠭ᠎ᠠ ᠴᠢᠨᠢ ᠪᠦᠷ ᠦᠨᠡᠨ ᠪᠤᠳᠠᠳᠠᠢ ᠤᠴᠢᠷ ᠲᠤᠬᠠᠢ᠍ᠢ᠍ᠯᠠᠪᠠᠯ᠂ ᠰᠤᠷᠤᠯᠭ᠎ᠠ ᠰᠠᠶ᠋ᠢᠨ ᠰᠤᠷᠤᠭᠴᠢ ᠵᠢᠵᠢᠭᠦᠷ ᠴᠡᠪᠡᠷᠯᠡᠭᠡ ᠬᠢᠭᠰᠡᠨ ᠦᠬᠡᠢ ᠶᠤᠮ ᠦᠦ? ᠠ᠋ᠰᠡᠪᠡᠯ ᠰᠤᠷᠤᠯᠭ᠎ᠠ ᠮᠠᠭᠤ ᠪᠣᠯᠪᠠᠴᠤ ᠠᠵᠢᠯ ᠬᠥᠳᠡᠯᠮᠥᠷᠢ᠎ᠳᠤ ᠢᠳᠡᠪᠬᠢᠲᠡᠢ ᠣᠷᠤᠯᠴᠠᠳᠠᠭ᠂ ᠨᠥᠬᠦᠳ ᠵᠶ᠋ᠠᠨ ᠬᠠᠪᠰᠤᠷᠳᠠᠭ ᠪᠠᠭᠰᠢ᠎ᠪᠠᠨ ᠬᠠᠪᠰᠤᠷᠴᠤ ᠰᠢᠯ ᠵᠦᠯᠭᠦᠭᠰᠡᠨ ᠭᠡᠭᠦ ᠮᠡᠲᠦ᠎ᠪᠠᠷ ᠤᠴᠢᠷ ᠪᠦᠬᠦᠨ᠎ᠢ ᠦᠨᠡᠨ ᠮᠦᠨ ᠵᠶ᠋ᠠᠷ᠎ᠨᠢ ᠬᠡᠯᠡᠵᠦ ᠪᠠᠶ᠋ᠢᠭ᠎ᠠ ᠪᠣᠯᠬᠤᠷ ᠲᠡᠳᠡᠭᠡᠷ ᠮᠠᠭᠲᠠᠭᠳᠠᠵᠤ ᠪᠠᠶ᠋ᠢᠭ᠎ᠠ ᠰᠤᠷᠤᠭᠴᠢ ᠪᠠᠶᠠᠷ ᠬᠦᠷ᠎ᠲᠠᠢ ᠪᠠᠶ᠋ᠢᠬᠤ᠎ᠳᠤ᠂ ᠭᠡᠮ᠎ᠲᠠᠢ ᠬᠡᠦᠬᠡᠳ᠎ᠤᠳ ᠪᠣᠯ ᠢᠴᠢᠵᠦ ᠵᠣᠪᠠᠵᠤ ᠠᠶᠤᠬᠤᠳᠤᠪᠠᠨ ᠵᠢᠷᠦᠬᠡ᠎ᠪᠠᠨ ᠭᠠᠷ᠎ᠲᠤ᠎ᠪᠠᠨ ᠪᠠᠷᠢᠵᠦ ᠶᠠᠭᠤ ᠶᠠᠭ᠋ᠠᠬᠢᠬᠤ᠎ᠪᠠᠨ ᠣᠯᠬᠤ ᠦᠭᠡᠢ ᠪᠣᠯᠳᠠᠭ᠃ ᠢᠩᠭᠢᠵᠦ ᠬᠠᠵᠠᠭᠤ ᠬᠠᠪᠢᠷᠭ᠎ᠠ ᠵᠢᠨ ᠬᠦᠮᠦᠰ᠎ᠢ ᠤᠷᠮᠠᠰᠢᠭᠤᠯᠵᠣ ᠵᠣᠷᠢᠬ᠍ᠵᠢᠭᠤᠯᠬᠤ ᠠᠷᠭ᠎ᠠ᠎ᠪᠠᠷ ᠪᠦᠬᠦ ᠰᠤᠷᠤᠭᠴᠢ᠎ᠪᠠᠨ ᠳᠠᠶ᠋ᠢᠴᠢᠯᠠᠵᠤ ᠦᠭᠡ ᠶᠠᠷᠢᠶ᠎ᠠ ᠦᠢ᠍ᠯᠡ ᠠᠵᠢᠯᠯᠠᠭ᠎ᠠ ᠪᠣᠯᠪᠠᠰᠤᠨ ᠶᠤᠰᠤᠷᠬᠠᠭ ᠪᠠᠶ᠋ᠢᠬᠤ ᠵᠢ ᠴᠠᠭ ᠢᠮᠠᠭᠲᠠ ᠰᠠᠨᠠᠭᠤᠯᠵᠤ ᠱᠠᠭ᠋ᠠᠷᠳᠠᠳᠠᠭ᠃ ᠠ᠋ᠶ᠋ᠢᠮᠦ᠎ᠠᠴᠠ ᠠᠩᠭᠢ ᠵᠢᠨ ᠬᠤᠷᠠᠯ᠎ᠤᠨ ᠴᠠᠭ᠎ᠲᠤ ᠪᠣᠯ ᠳᠠᠰᠬᠠᠯ ᠪᠣᠯᠪᠠᠰᠤᠷᠠᠯ ᠬᠢᠯᠭᠡᠳᠡᠭ ᠦᠬᠡᠢ᠃ ᠳᠠᠰᠬᠠᠯ ᠬᠢᠬᠦ᠎ᠨᠢ ᠴᠢᠬᠤᠯᠠ ᠪᠢᠰᠢ᠂ ᠬᠦᠮᠦᠨ ᠪᠣᠯᠬᠤ ᠶᠤᠰᠤ ᠵᠢ ᠰᠤᠷᠭ᠋ᠠᠨ ᠬᠦᠮᠦᠵᠢᠬᠦᠯᠬᠦ᠎ᠨᠢ ᠴᠢᠬᠤᠯᠠ ᠶᠤᠮ᠃ ᠵᠥᠪ ᠦᠵᠡᠯ ᠪᠤᠳᠤᠯ᠎ᠲᠠᠢ᠂ ᠵᠦᠪ ᠰᠡᠳᠬᠢᠬᠦᠢ᠎ᠲᠠᠢ᠂ ᠵᠥᠪ ᠠ᠋ᠷᠡᠭᠦᠯ ᠠ᠋ᠨ᠋ᠸᠷᠭᠢᠲᠠᠢ ᠬᠦᠮᠦᠨ ᠪᠣᠯᠭ᠋ᠠᠨ ᠬᠦᠮᠦᠵᠢᠬᠦᠯᠴᠢᠬᠡᠪᠡᠯ ᠲᠡᠳᠡᠭᠡᠷ ᠠᠮᠢᠳᠤᠷᠠᠯ᠎ᠤᠨ ᠳᠤᠮᠳᠠᠬᠢ ᠪᠤᠢ ᠪᠦᠬᠦᠢ 《ᠳᠠᠰᠬᠠᠯ ᠪᠣᠯᠪᠠᠰᠤᠷᠠᠯ》᠎ᠢ ᠬᠡᠦᠬᠡᠳ᠎ᠤᠳ ᠠᠶᠠᠨᠳᠠᠭ᠋ᠠᠨ ᠰᠠᠶ᠋ᠢᠨ ᠰᠠᠶ᠋ᠢᠬᠠᠨ ᠪᠡᠶᠡᠯᠡᠬᠦᠯᠴᠢᠬᠡᠬᠦ ᠶᠤᠮ᠃
ᠳᠥᠷᠪᠡ᠂ ᠠᠩᠭᠢ ᠵᠢᠨ ᠠ᠋ᠷᠬᠢᠯᠡᠭᠴᠢ ᠪᠠᠭᠰᠢ᠎ᠠᠴᠠ ᠭᠡᠷ᠎ᠤᠨ ᠠᠬᠠᠮᠠᠳ᠎ᠲᠠᠢ ᠨᠢᠭᠲᠠ ᠬᠠᠮᠵᠢᠯᠴᠠᠵᠤ ᠬᠡᠦᠬᠡᠳ᠎ᠢ ᠰᠤᠷᠭ᠋ᠠᠨ ᠬᠦᠮᠦᠵᠢᠬᠦᠯᠬᠦ
ᠭᠡᠷ᠎ᠤᠨ ᠠᠬᠠᠮᠠᠳ᠎ᠲᠠᠢ ᠵᠥᠪ ᠬᠠᠮᠵᠢᠯᠴᠠᠭ᠍ᠤ ᠪᠣᠯ ᠠᠩᠭᠢ ᠵᠢᠨ ᠠ᠋ᠷᠬᠢᠯᠡᠭᠴᠢ ᠵᠢᠨ ᠠᠵᠢᠯ᠎ᠤᠨ ᠴᠢᠬᠤᠯᠠ ᠱᠠᠭ᠋ᠠᠷᠳᠠᠯᠭ᠎ᠠ ᠮᠥᠨ᠃ ᠰᠤᠷᠭ᠋ᠠᠭᠤᠯᠢ᠂ ᠭᠡᠷ ᠪᠦᠯᠢ᠂ ᠨᠡᠶ᠋ᠢᠭᠡᠮ ᠬᠠᠮᠵᠢᠯᠴᠠᠭᠰᠠᠨ ᠰᠤᠷᠭ᠋ᠠᠨ ᠬᠦᠮᠦᠵᠢᠯ ᠪᠣᠯ ᠰᠠᠶᠢ ᠨᠢᠭᠡᠨ ᠪᠦᠷᠢᠨ ᠪᠦᠲᠦᠨ ᠰᠤᠷᠭ᠋ᠠᠨ ᠬᠦᠮᠦᠵᠢᠯ ᠶᠤᠮ᠃ ᠣᠳᠤᠬᠠᠨ᠎ᠳᠤ ᠶᠡᠭᠡ ᠬᠦᠭᠵᠢᠯᠲᠡ ᠵᠢ ᠳᠠᠭ᠋ᠠᠯᠳᠤᠭ᠋ᠠᠳ ᠨᠡᠶ᠋ᠢᠭᠡᠮ᠎ᠤᠨ ᠰᠤᠷᠭ᠋ᠠᠨ ᠬᠦᠮᠦᠵᠢᠯ᠎ᠤᠨ ᠠ᠋ᠰᠡᠷᠬᠦ ᠨᠥᠯᠦᠭᠡ ᠶᠡᠬᠡᠳᠡᠭᠰᠡᠨ᠂ ᠭᠡᠷ᠎ᠤᠨ ᠬᠦᠮᠦᠵᠢᠯ ᠰᠤᠯᠠᠷᠠᠭᠰᠠᠨ ᠵᠡᠷᠭᠡ ᠰᠢᠯᠲᠠᠭ᠋ᠠᠨ᠎ᠠᠴᠠ ᠪᠣᠯᠵᠤ ᠰᠤᠷᠭ᠋ᠠᠭᠤᠯᠢ ᠵᠢᠨ ᠰᠤᠷᠭ᠋ᠠᠨ ᠬᠦᠮᠦᠵᠢᠬᠦᠯᠬᠦ ᠠ᠋ᠭᠦᠷᠭᠡ ᠬᠦᠨᠳᠦᠷᠡᠵᠦ ᠪᠠᠶ᠋ᠢᠨ᠎ᠠ᠃ ᠶᠠᠭ ᠠ᠋ᠶ᠋ᠢᠮᠦ ᠤᠴᠢᠷ᠎ᠠᠴᠠ ᠭᠡᠷ᠎ᠤᠨ ᠠᠬᠠᠮᠠᠳ᠎ᠲᠠᠢ ᠰᠠᠶ᠋ᠢᠲᠤᠷ ᠬᠠᠮᠵᠢᠯᠴᠠᠭ᠍ᠤ ᠪᠣᠯ ᠠᠩᠭᠢ ᠵᠢᠨ ᠠ᠋ᠷᠬᠢᠯᠡᠭᠴᠢ ᠵᠢᠨ ᠠᠵᠢᠯ᠎ᠳᠠᠬᠢ ᠭᠤᠣᠯ ᠴᠢᠬᠤᠯᠠ ᠠᠭᠤᠯᠭ᠎ᠠ ᠪᠣᠯᠤᠨ᠎ᠠ᠃ ᠭᠡᠷ ᠪᠦᠯᠢ᠎ᠳᠤ᠎ᠪᠠᠨ ᠶᠠᠩᠵᠤ ᠵᠢᠨ ᠰᠤᠷᠭ᠋ᠠᠯ᠎ᠲᠠᠢ ᠠᠪᠤ ᠵᠢᠨ ᠬᠡᠦᠬᠡᠳ᠎ᠤᠳ ᠨᠢᠭᠡᠨ ᠳᠣᠣᠷ᠎ᠠ ᠴᠤᠭᠯᠠᠷᠠᠵᠤ ᠨᠢᠭᠡᠳᠦᠯᠳᠡᠢ ᠰᠤᠷᠭ᠋ᠠᠨ ᠬᠦᠮᠦᠵᠢᠯ ᠬᠦᠷᠲᠡᠬᠦ᠎ᠳᠤ ᠣᠯᠠᠨ ᠵᠥᠷᠢᠶ᠎ᠡ ᠢᠯᠡᠷᠡᠨ᠎ᠡ᠃ ᠠ᠋ᠨᠡ ᠵᠥᠷᠢᠶ᠎ᠡ ᠵᠢ ᠬᠠᠷᠠᠭ᠋ᠠᠯᠵᠠᠭ᠍ᠤ᠎ᠳᠤ ᠭᠡᠷ᠎ᠤᠨ ᠠᠬᠠᠮᠠᠳ᠎ᠲᠠᠢ ᠴᠠᠭ ᠢᠮᠠᠭᠲᠠ ᠬᠠᠷᠢᠴᠠᠵᠤ ᠪᠤᠳᠠᠳᠠᠢ ᠪᠠᠶ᠋ᠢᠳᠠᠯ᠎ᠳᠤᠨᠢ ᠲᠣᠬᠢᠷᠠᠭᠤᠯᠤᠨ ᠵᠢᠭ᠋ᠠᠵᠤ ᠵᠢᠯᠤᠭᠤᠳᠬᠤ ᠴᠢᠬᠤᠯᠠᠲᠠᠢ᠃ 《ᠬᠡᠦᠬᠡᠳ ᠪᠣᠯ ᠭᠡᠷ᠎ᠤᠨ ᠬᠦᠮᠦᠵᠢᠯ᠎ᠢ ᠲᠤᠰᠬᠠᠬᠤ ᠲᠣᠯᠢ》᠃ ᠶᠠᠭ ᠠ᠋ᠶ᠋ᠢᠮᠦ ᠪᠣᠯᠬᠤᠷ ᠬᠡᠦᠬᠡᠳ᠎ᠤᠨ ᠨᠠᠵᠠᠭ᠋ᠠᠢ ᠲᠠᠯ᠎ᠠ ᠵᠢ ᠵᠠᠰᠠᠭ᠍ᠤ᠎ᠳᠤ ᠭᠡᠷ᠎ᠤᠨ ᠠᠬᠠᠮᠠᠳ᠎ᠤᠨ ᠡᠪ ᠳᠡᠮ᠎ᠢ ᠣᠯᠵᠤ ᠵᠦᠪ ᠰᠠᠨᠠᠭᠤᠯᠭ᠎ᠠ ᠥᠭᠬᠦ ᠮᠥᠷᠲᠡᠭᠡᠨ ᠬᠡᠦᠬᠡᠳ᠎ᠤᠨ ᠳᠠᠪᠰᠢᠯᠲᠠ᠎ᠲᠠᠢ ᠲᠠᠯ᠎ᠠ᠂ ᠳᠠᠪᠠᠭᠤᠯᠢᠭ ᠲᠠᠯ᠎ᠠ ᠵᠢ᠎ᠨᠢ ᠮᠠᠭᠲᠠᠵᠤ ᠰᠠᠶ᠋ᠢᠰᠢᠶᠠᠨ᠂ ᠳᠤᠲᠠᠭᠳᠠᠯ᠎ᠲᠠᠢ ᠲᠠᠯ᠎ᠠ ᠵᠢ᠎ᠨᠢ ᠤᠳᠠᠭ᠎ᠠ ᠪᠣᠯᠭ᠋ᠠᠨ ᠨᠢᠭᠡ ᠨᠢᠭᠡ ᠵᠤᠷᠪᠤᠰ ᠵᠶ᠋ᠠᠷ ᠳᠤᠷᠠᠳᠤᠨ ᠢᠳᠡᠭ ᠢᠳᠡᠭ ᠵᠶ᠋ᠠᠷ ᠵᠠᠰᠠᠭ᠍ᠤ ᠵᠢ ᠠᠩᠬᠠᠷᠤᠨ᠎ᠠ᠃
ᠬᠦᠮᠦᠰ᠎ᠤᠨ ᠠᠮᠢᠳᠤᠷᠠᠯ᠎ᠤᠨ ᠳᠤᠮᠳᠠ ᠭᠠᠷ ᠤᠲᠠᠰᠤ ᠲᠤᠳᠠᠭᠳᠠᠵᠤ ᠪᠣᠯᠣᠰᠢ ᠦᠬᠡᠢ ᠬᠡᠷᠡᠭᠴᠡᠭᠡ ᠦᠢ᠍ᠯᠡᠳᠦᠯ᠎ᠲᠠᠢ ᠪᠣᠯᠤᠭᠰᠠᠨ ᠥᠨᠥᠳᠦᠷ ᠮᠠᠨ᠎ᠤ ᠵᠠᠷᠢᠮ ᠭᠡᠷ᠎ᠤᠨ ᠠᠬᠠᠮᠠᠳ ᠪᠤᠶᠤ ᠵᠠᠷᠢᠮ ᠰᠤᠷᠤᠭᠴᠢ ᠭᠠᠷ ᠤᠲᠠᠰᠤᠨ᠎ᠤ ᠬᠡᠷᠡᠭᠴᠡᠭᠡ ᠦᠢ᠍ᠯᠡᠳᠦᠯ᠎ᠢ ᠪᠤᠷᠤᠭᠤ ᠲᠡᠶ᠋ᠢᠰᠢ ᠠᠰᠢᠭᠯᠠᠵᠤ ᠬᠡᠷᠡᠭᠯᠡᠭᠡᠳ ᠮᠠᠭᠤ ᠨᠦᠯᠦᠭᠡ ᠲᠤᠰᠬᠠᠯ ᠠᠪᠴᠢᠷᠠᠵᠤ ᠪᠠᠶ᠋ᠢᠳᠠᠭ᠃ ᠭᠠᠷᠠᠭ᠎ᠤᠨ ᠠᠮᠠᠷᠠᠯᠲᠠ᠂ ᠡᠪᠦᠯ ᠵᠣᠨ᠎ᠤ ᠠᠮᠠᠷᠠᠯᠲᠠ᠎ᠳᠤ ᠬᠡᠦᠬᠡᠳ᠎ᠤᠳ ᠨᠣᠮ ᠪᠢᠴᠢᠭ ᠪᠢᠷ ᠳᠠᠰᠬᠠᠯ᠎ᠲᠠᠢ ᠤᠶ᠋ᠢᠷᠠᠳᠬᠤᠪᠠᠨ ᠪᠠᠶ᠋ᠢᠵᠤ ᠠ᠋ᠳᠦᠷᠵᠢᠨ ᠰᠥᠨᠢᠵᠢᠨ ᠭᠠᠷ ᠤᠲᠠᠰᠤ᠎ᠪᠠᠷ ᠬᠠᠨᠢ᠎ᠪᠠᠨ ᠪᠣᠯᠭ᠋ᠠᠵᠤ ᠭᠠᠳᠠᠨ᠎ᠠ ᠲᠤᠳᠤᠨ᠎ᠠ ᠵᠢᠨ ᠠᠵᠢᠯ ᠬᠥᠳᠡᠯᠮᠥᠷᠢ᠎ᠳᠤ ᠣᠷᠤᠯᠴᠠᠭ᠍ᠤ ᠪᠠᠶ᠋ᠢᠳᠤᠭ᠋ᠠᠢ ᠭᠠᠷ ᠵᠶ᠋ᠠᠨ ᠬᠥᠳᠡᠯᠭᠡᠵᠦ ᠬᠤᠭᠤᠯᠠ ᠪᠤᠳᠠᠭ᠎ᠠ ᠢᠳᠡᠬᠦ᠎ᠪᠠᠨ ᠴᠦ᠍ ᠮᠡᠳᠡᠬᠦ ᠦᠭᠡᠢ ᠪᠣᠯᠵᠤ ᠰᠦᠯᠵᠢᠶᠡᠨ ᠲᠤᠭᠯᠠᠭ᠋ᠠᠮ᠎ᠳᠤ ᠰᠢᠨᠤᠵᠤ ᠨᠢᠳᠦ ᠮᠠᠭᠤᠳᠠᠭ᠍ᠤ᠂ ᠨᠤᠶ᠋ᠢᠷ ᠠᠯᠳᠠᠭ᠍ᠤ᠂ ᠰᠢᠮ᠎ᠡ ᠲᠡᠵᠢᠭᠡᠯ ᠲᠤᠲᠠᠭᠳᠠᠭ᠍ᠤ᠂ ᠰᠡᠳᠬᠢᠯ ᠰᠠᠨᠠᠭ᠎ᠠ ᠪᠤᠬᠢᠨᠢᠲᠤᠬᠤ ᠁ ᠵᠡᠷᠭᠡ ᠬᠡᠦᠬᠡᠳ᠎ᠤᠨ ᠪᠡᠶ᠎ᠡ ᠮᠠᠭ᠍ᠠᠪᠤᠳ᠎ᠤᠨ ᠥᠰᠥᠨ ᠪᠤᠶ᠋ᠢᠵᠢᠯᠲᠠ᠎ᠳᠤ ᠰᠦᠭᠡᠷᠬᠦ ᠨᠥᠯᠦᠭᠡ ᠦᠵᠡᠬᠦᠯᠵᠦ ᠠ᠋ᠯᠳᠡᠪ᠎ᠤᠨ ᠮᠠᠭᠤ ᠡᠪᠡᠳᠴᠢᠨ᠎ᠳᠤ ᠨᠡᠷᠪᠡᠭᠳᠡᠵᠦ ᠪᠠᠶ᠋ᠢᠳᠠᠭ ᠵᠢᠱ᠌ᠢᠶ᠎ᠡ ᠣᠯᠠᠨ ᠣᠯᠠᠨ ᠬᠠᠷᠠᠭᠳᠠᠵᠤ ᠪᠠᠶ᠋ᠢᠳᠠᠭ᠃ ᠠ᠋ᠬᠦᠨ᠎ᠳᠤ ᠪᠠᠭᠰᠢ ᠪᠣᠯᠤᠨ ᠭᠡᠷ ᠤᠨ ᠠᠬᠠᠮᠠᠳ ᠰᠠᠶ᠋ᠢᠳᠤᠷ ᠬᠠᠮᠵᠢᠯᠴᠠᠨ ᠠ᠋ᠨᠡ ᠬᠦ᠌ ᠦᠵᠡᠭᠳᠡᠯ᠎ᠢ ᠳᠠᠷᠤᠢ᠎ᠳᠤ᠎ᠨᠢ ᠲᠦᠷᠭᠡᠨ ᠰᠢᠢ᠍ᠳᠪᠦᠷᠢᠯᠡᠬᠦ᠎ᠨᠢ ᠮᠠᠰᠢ ᠴᠢᠬᠤᠯᠠ ᠪᠣᠯᠤᠨ᠎ᠠ᠃ ᠭᠡᠲᠡᠯ᠎ᠡ ᠵᠠᠷᠢᠮ ᠠ᠋ᠲᠡᠭᠡᠳ ᠵᠦᠷᠢᠭᠦᠦ᠂ ᠤᠬᠠᠭ᠋ᠠᠨ ᠰᠠᠨᠠᠭ᠎ᠠ ᠪᠢᠳᠠᠭᠤ᠂ ᠦᠵᠡᠯ ᠤᠬᠠᠮᠰᠠᠷ ᠲᠤᠤᠷ᠎ᠠ᠂ ᠦᠷ᠎ᠡ ᠬᠡᠦᠬᠡᠳ ᠵᠶ᠋ᠠᠨ ᠥᠮᠦᠭᠡᠷᠡᠳᠡᠭ ᠭᠡᠷ᠎ᠤᠨ ᠠᠬᠠᠮᠠᠳ᠎ᠲᠠᠢ ᠬᠠᠷᠢᠴᠠᠭ᠍ᠤᠳᠤᠪᠠᠨ ᠡᠪ᠎ᠢ᠎ᠨᠢ ᠦᠵᠡᠵᠦ ᠤᠷᠠᠨ ᠠᠷᠭ᠎ᠠ᠎ᠪᠠᠷ ᠶᠠᠷᠢᠯᠴᠠᠵᠤ ᠵᠥᠪᠲᠡᠬᠦ ᠵᠢ ᠠᠩᠬᠠᠷᠤᠨ᠎ᠠ᠃ ᠳᠤᠤᠷ᠎ᠠ ᠨᠢᠭᠡ ᠵᠢᠱ᠌ᠢᠶ᠎ᠡ ᠲᠤᠷᠠᠳᠤᠶ᠎ᠠ᠄
2019 ᠣᠨ᠎ᠳᠤ ᠲᠤᠬᠠᠢ ᠵᠢᠨ ᠦᠶ᠎ᠡ᠎ᠳᠤ ᠮᠠᠨ᠎ᠤ ᠳᠦᠷᠪᠡᠳᠦᠭᠡᠷ ᠣᠨ᠎ᠳᠤ ᠠᠷᠪᠠᠨ ᠶᠢᠰᠦᠨ ᠰᠤᠷᠤᠭᠴᠢ᠎ᠲᠠᠢ᠃ ᠰᠤᠷᠤᠯᠭ᠎ᠠ ᠮᠤᠷᠠᠯ᠎ᠤᠨ ᠲᠠᠯ᠎ᠠ᠎ᠪᠠᠷ ᠨᠡᠯᠢᠶᠡᠳ ᠰᠠᠶ᠋ᠢᠨ ᠪᠠᠶ᠋ᠢᠵᠤ ᠬᠤᠲᠠ ᠬᠤᠰᠢᠭᠤ ᠲᠡᠰ᠎ᠤᠨ ᠪᠤᠯᠪᠠᠰᠤᠨ ᠠᠩᠭᠢ ᠨᠢᠭᠡᠴᠢ ᠵᠢᠨ ᠢᠷᠡᠭᠤ ᠠᠯᠳᠠᠷ᠎ᠢ ᠬᠦᠷᠳᠡᠵᠦ ᠶᠠᠪᠤᠭᠰᠠᠨ ᠤᠳᠠᠭ᠎ᠠ᠎ᠲᠠᠢ᠃ ᠪᠠᠭᠰᠢ ᠰᠤᠷᠤᠭᠴᠢ ᠭᠡᠷ᠎ᠤᠨ ᠠᠬᠠᠮᠠᠳ᠎ᠤᠨ ᠬᠠᠷᠢᠯᠴᠠᠭ᠎ᠠ ᠤᠶᠠᠯᠳᠤᠯ ᠮᠠᠰᠢ ᠰᠠᠶ᠋ᠢᠨ ᠪᠠᠶ᠋ᠢᠳᠠᠭ᠃ ᠭᠡᠲᠡᠯ᠎ᠡ ᠣᠨ᠎ᠤ ᠨᠡᠮᠡᠭᠳᠡᠬᠦ ᠵᠢ ᠳᠠᠭ᠋ᠠᠯᠳᠤᠨ ᠰᠤᠷᠤᠭᠴᠢᠳ᠎ᠤᠨ ᠰᠤᠷᠤᠯᠴᠠᠭ᠍ᠤ ᠢᠳᠡᠪᠬᠢᠵᠢᠯ ᠤᠷᠮ᠎ᠠ ᠪᠠᠬ᠎ᠠ ᠮᠡᠳᠡᠭᠳᠡᠮ᠎ᠡ ᠲᠤᠷᠤᠭᠰᠢᠯᠠᠵᠤ ᠪᠠᠶ᠋ᠢᠭ᠎ᠠ ᠪᠠᠶ᠋ᠢᠳᠠᠯ᠎ᠢ ᠣᠯᠵᠤ ᠮᠡᠳᠡᠮᠡᠭᠴᠡ ᠪᠢ ᠰᠤᠷᠤᠭᠴᠢᠳ᠎ᠤᠨ ᠭᠡᠷ᠎ᠤᠨ ᠠᠬᠠᠮᠠᠳ᠎ᠲᠠᠢ ᠠᠰᠤᠨ ᠱᠤᠭᠤᠮ ᠵᠶ᠋ᠠᠷ ᠬᠠᠷᠢᠴᠠᠵᠤ ᠨᠢᠭᠡ ᠨᠢᠭᠡ ᠰᠤᠷᠤᠭᠴᠢ᠎ᠪᠠᠷ ᠪᠤᠲᠠᠲᠠᠢ ᠪᠠᠶ᠋ᠢᠳᠠᠯ᠎ᠢ᠎ᠨᠢ ᠠᠰᠠᠭᠤᠨ ᠯᠠᠪᠯᠠᠭ᠍ᠤᠳᠤ ᠮᠠᠨ᠎ᠤ ᠰᠤᠷᠤᠭᠴᠢᠳ ᠬᠠᠷᠢᠨ ᠬᠤᠭᠤᠷᠤᠨᠳᠤ᠎ᠪᠠᠨ ᠰᠦᠯᠵᠢᠶ᠎ᠡ ᠬᠤᠯᠪᠤᠭ᠎ᠠ ᠪᠠᠶ᠋ᠢᠭᠤᠯᠵᠤ ᠭᠠᠷ ᠤᠲᠠᠰᠤᠨ᠎ᠤ ᠲᠤᠭᠯᠠᠭ᠋ᠠᠮ᠎ᠤᠨ ᠰᠢᠨᠤᠯᠲᠠᠢ ᠪᠤᠯᠤᠭᠰᠠᠨ᠎ᠢ ᠣᠯᠵᠣ ᠮᠡᠳᠡᠪᠡ᠃ ᠠ᠋ᠭᠦᠨ᠎ᠤ ᠬᠠᠮᠲᠤ ᠭᠠᠷᠠᠭ᠎ᠤᠨ ᠠᠮᠠᠷᠠᠯᠲᠠ᠎ᠳᠤ ᠰᠢᠭᠤᠳ ᠠ᠋ᠷᠦᠬᠡ᠎ᠳᠤ ᠬᠦᠷᠴᠦ ᠭᠡᠷ᠎ᠤᠨ ᠠᠬᠠᠮᠠᠳ ᠤᠨ ᠰᠤᠷᠪᠤᠯᠵᠢᠯᠠᠭ᠎ᠠ ᠬᠢᠵᠦ ᠬᠡᠨ᠎ᠤ ᠬᠡᠦᠬᠡᠳ ᠲᠤᠰ ᠬᠤᠯᠪᠤᠭ᠎ᠠ ᠵᠢ ᠠ᠋ᠬᠢᠯᠡᠵᠦ ᠪᠠᠶ᠋ᠢᠭᠤᠯᠤᠭᠰᠠᠨ᠂ ᠲᠠᠨ᠎ᠤ ᠬᠡᠦᠬᠡᠳ᠎ᠢ ᠬᠡᠵᠢᠶ᠎ᠡ ᠬᠤᠯᠪᠤᠭ᠋ᠠᠨ᠎ᠳᠤ ᠲᠠᠳᠠᠵᠣ ᠣᠷᠤᠭᠤᠯᠤᠭᠰᠠᠨ᠂ ᠬᠤᠯᠪᠤᠭ᠋ᠠᠨ᠎ᠳᠤ ᠣᠷᠤᠭᠰᠠᠨ᠎ᠤ ᠳᠠᠷᠠᠭ᠎ᠠ ᠶᠠᠭᠤ ᠬᠡᠯᠡᠵᠦ ᠶᠠᠭᠤ ᠬᠢᠳᠡᠭᠢ ᠮᠥᠷᠳᠡᠨ ᠪᠠᠶ᠋ᠢᠴᠠᠭ᠋ᠠᠵᠤ ᠲᠤᠰ ᠬᠤᠯᠪᠤᠭ᠎ᠠ ᠵᠢ ᠳᠠᠷᠤᠢ ᠲᠦᠷᠭᠡᠨ ᠲᠠᠷᠬᠠᠭ᠋ᠠᠬᠤ ᠵᠢ ᠰᠠᠨᠠᠭᠤᠯᠪᠠ᠃ ᠳᠡᠬᠢᠨ ᠭᠠᠷᠠᠭ᠎ᠤᠨ ᠨᠢᠭᠡᠨ᠎ᠳᠤ ᠰᠤᠷᠭ᠋ᠠᠭᠤᠯᠢ ᠴᠤᠭᠯᠠᠮᠠᠭᠴᠠ ᠰᠤᠷᠤᠭᠴᠢᠳ᠎ᠲᠤ᠎ᠪᠠᠨ ᠭᠠᠷ ᠤᠲᠠᠰᠤᠨ᠎ᠤ ᠠᠰᠢᠭ ᠬᠤᠤᠷ᠎ᠤᠨ ᠲᠤᠬᠠᠢ ᠲᠤᠰᠬᠠᠢ ᠰᠡᠳᠦᠪᠳᠦ ᠠᠩᠭᠢ ᠵᠢᠨ ᠬᠤᠷᠠᠯ ᠬᠢᠵᠦ ᠪᠦᠬᠦ ᠰᠤᠷᠤᠭᠴᠢ᠎ᠳᠤ ᠦᠵᠡᠯ ᠰᠠᠨᠠᠭ᠋ᠠᠨ᠎ᠤ ᠬᠦᠮᠦᠵᠢᠯ ᠬᠦᠷᠲᠡᠭᠡᠪᠡ᠃ ᠠ᠋ᠬᠦᠨ᠎ᠤ ᠳᠠᠷᠠᠭ᠎ᠠ᠎ᠪᠠᠷ ᠰᠤᠷᠤᠭᠴᠢᠳ᠎ᠤᠨ ᠢᠯᠡᠷᠡᠯ ᠣᠨᠴᠠ ᠰᠠᠶ᠋ᠢᠨ᠂ ᠭᠡᠷ᠎ᠤᠨ ᠠᠬᠠᠮᠠᠳ᠎ᠤᠨ ᠲᠤᠰᠬᠠᠯ ᠮᠠᠰᠢ ᠰᠠᠶ᠋ᠢᠨ ᠪᠠᠶ᠋ᠢᠵᠤ ᠰᠤᠷᠤᠭᠴᠢᠳ ᠬᠢᠴᠢᠶᠡᠯ ᠰᠤᠷᠤᠯᠭ᠎ᠠ᠎ᠳᠤ᠎ᠪᠠᠨ ᠰᠢᠮᠳᠠᠨ ᠨᠣᠮ ᠪᠢᠴᠢᠭ᠎ᠲᠠᠢ ᠬᠠᠨᠢᠯᠠᠵᠤ ᠳᠠᠰᠬᠠᠯ ᠪᠣᠯᠪᠠᠰᠤᠷᠠᠯ ᠵᠶ᠋ᠠᠨ ᠨᠠᠷᠢᠨ ᠨᠢᠮᠪᠠᠢ ᠬᠦᠢ᠍ᠴᠡᠳᠭᠡᠬᠦ ᠪᠣᠯᠤᠭᠰᠠᠨ᠎ᠠᠴᠠ 2021 ᠣᠨ᠎ᠳᠤ ᠮᠠᠨ᠎ᠤ ᠰᠤᠷᠤᠭᠴᠢᠳ ᠪᠠᠭ᠎ᠠ ᠰᠤᠷᠭ᠋ᠠᠭᠤᠯᠢ᠎ᠪᠠᠨ ᠰᠢᠯᠢᠳᠡᠭ ᠬᠢᠷᠢ ᠪᠦᠲᠦᠮᠵᠢ᠎ᠲᠠᠢ ᠲᠡᠭᠦᠰᠭᠡᠭᠰᠡᠨ ᠶᠤᠮ᠃ ᠠ᠋ᠳᠡᠭᠡᠷ ᠠᠮᠵᠢᠯᠲᠠ ᠪᠦᠲᠦᠮᠵᠢ᠎ᠨᠢ ᠪᠠᠭᠰᠢ ᠪᠣᠯᠤᠨ ᠭᠡᠷ᠎ᠤᠨ ᠠᠬᠠᠮᠠᠳ᠎ᠤᠨ ᠬᠠᠮᠳᠤᠷᠠᠨ ᠴᠢᠷᠮᠠᠶ᠋ᠢᠭᠰᠠᠨᠤ ᠦᠷ᠎ᠡ ᠳ᠋ᠦᠩ ᠪᠣᠯᠤᠨ᠎ᠠ᠃ 《ᠳᠡᠮ ᠳᠡᠮᠳᠤᠪᠠᠨ ᠳᠡᠭᠡᠰᠦ ᠠ᠋ᠷᠴᠢᠮᠳᠤᠪᠠᠨ》 ᠭᠡᠳᠡᠭ ᠵᠶ᠋ᠠᠷ ᠪᠠᠭᠰᠢ᠎ᠠᠴᠠ ᠴᠠᠭ ᠢᠮᠠᠭᠲᠠ ᠭᠡᠷ᠎ᠤᠨ ᠠᠬᠠᠮᠠᠳ᠎ᠲᠠᠢ ᠨᠢᠭᠲᠠ ᠬᠠᠮᠵᠢᠯᠴᠠᠵᠤ ᠣᠷᠤᠰᠢᠵᠦ ᠪᠠᠶ᠋ᠢᠭ᠎ᠠ ᠠᠰᠠᠭᠤᠳᠠᠯ᠎ᠢ ᠴᠠᠭ ᠲᠤᠬᠠᠢᠳᠤᠨᠢ ᠰᠢᠢ᠍ᠳᠪᠦᠷᠢᠯᠡᠭᠰᠡᠨ᠎ᠠᠴᠠ ᠰᠤᠷᠤᠭᠴᠢᠳ᠎ᠤᠨ ᠰᠤᠷᠤᠯᠭ᠎ᠠ ᠠᠮᠢᠳᠤᠷᠠᠯ᠎ᠳᠤ ᠦᠨᠡᠨ ᠬᠦ᠌ ᠲᠤᠰᠠ ᠪᠣᠯᠤᠭᠰᠠᠨ ᠪᠠᠶ᠋ᠢᠨ᠎ᠠ᠃
ᠬᠤᠷᠢᠶᠠᠩᠭᠤᠶ᠋ᠢᠯᠠᠪᠠᠯ᠂ ᠠᠩᠭᠢ ᠵᠢᠨ ᠠ᠋ᠷᠬᠢᠯᠡᠭᠴᠢ ᠵᠢᠨ ᠠᠵᠢᠯ᠎ᠨᠢ ᠪᠠᠭᠰᠢ ᠪᠠ ᠰᠣᠷᠣᠭᠴᠢ ᠵᠢᠨ ᠣᠶᠠᠯᠳᠣᠯ ᠪᠤᠯᠣᠨ᠎ᠠ᠃ ᠪᠠᠭ᠎ᠠ ᠰᠤᠷᠭ᠋ᠠᠭᠤᠯᠢ ᠵᠢᠨ ᠰᠤᠷᠭ᠋ᠠᠨ ᠬᠦᠮᠦᠵᠢᠯ ᠪᠣᠯ ᠬᠡᠦᠬᠡᠳ᠎ᠤᠨ ᠬᠤᠵᠢᠮ᠎ᠤᠨ ᠰᠤᠷᠭ᠋ᠠᠨ ᠬᠦᠮᠦᠵᠢᠯ ᠬᠦᠷᠲᠡᠬᠦ ᠵᠢᠨ ᠰᠠᠭᠤᠷᠢᠨ ᠭᠠᠵᠠᠷ ᠮᠥᠨ᠃ ᠬᠡᠦᠬᠡᠳ᠎ᠤᠳ ᠠᠩᠬ᠎ᠠ ᠰᠣᠷᠭ᠋ᠠᠭᠤᠯᠢ᠎ᠳᠤ ᠣᠷᠣᠵᠣ ᠨᠢᠬᠡᠨ ᠰᠠᠶ᠋ᠢᠨ ᠠᠩᠬᠢ ᠵᠢᠨ ᠪᠠᠭᠰᠢ᠎ᠲᠠᠢ ᠣᠴᠠᠷᠠᠭ᠍ᠣᠨᠢ ᠮᠦᠨ ᠴᠦ᠍ ᠨᠢᠬᠡᠨ ᠠᠵᠠ ᠵᠠᠪᠰᠢᠶᠠᠨ ᠪᠤᠯᠳᠠᠭ᠃ ᠪᠢ ᠪᠣᠯ ᠶᠠᠭ ᠠ᠋ᠶ᠋ᠢᠮᠦ ᠨᠢᠭᠡᠨ ᠠᠵᠠ ᠪᠤᠶᠠᠨ᠎ᠢ ᠣᠯᠵᠤ ᠬᠦᠷᠳᠡᠭᠰᠡᠨ ᠬᠦᠮᠦᠨ ᠭᠡᠵᠦ ᠬᠡᠯᠡᠵᠦ ᠪᠣᠯᠤᠨ᠎ᠠ᠃ ᠨᠠᠳᠠ᠎ᠳᠤ ᠣᠯᠠᠨ ᠪᠠᠭᠰᠢ᠎ᠲᠠᠢ ᠪᠠᠶ᠋ᠢᠳᠠᠭ᠃ ᠰᠤᠷᠭ᠋ᠠᠭᠤᠯᠢ ᠰᠤᠶᠤᠯ᠎ᠤᠨ ᠮᠥᠷ᠎ᠢ ᠬᠦᠭᠡᠭᠡᠬᠦ ᠶᠠᠪᠤᠴᠠ᠎ᠳᠤ ᠪᠢ ᠪᠠᠭ᠎ᠠ ᠰᠤᠷᠭ᠋ᠠᠭᠤᠯᠢ᠎ᠳᠤ᠎ᠪᠠᠨ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠎ᠳᠤ᠂ ᠪᠠᠭᠰᠢ ᠵᠢᠨ ᠰᠤᠷᠭ᠋ᠠᠭᠤᠯᠢ᠎ᠳᠤ ᠰᠤᠷᠤᠯᠴᠠᠵᠤ ᠪᠠᠶ᠋ᠢᠬᠤ᠎ᠳᠤ ᠪᠦᠷ ᠬᠠᠷᠢᠭᠤᠴᠠᠯᠭ᠎ᠠ᠎ᠲᠠᠢ ᠰᠠᠶ᠋ᠢᠨ ᠪᠠᠭᠰᠢ ᠨᠠᠷ᠎ᠲᠠᠢ ᠤᠴᠠᠷᠠᠭᠰᠠᠨ ᠶᠤᠮ᠃ ᠢᠩᠭᠢᠭᠡᠳ ᠬᠤᠵᠢᠮ᠎ᠨᠢ ᠪᠢ ᠠᠵᠢᠯ᠎ᠤᠨ ᠪᠠᠶ᠋ᠢᠷᠢᠨ᠎ᠳᠤ ᠭᠠᠷᠴᠤ ᠪᠠᠭᠰᠢ ᠵᠢᠨ ᠠᠵᠢᠯ ᠵᠶ᠋ᠠᠨ ᠠ᠋ᠭᠦᠷᠭᠡᠯᠡᠵᠦ ᠶᠠᠪᠤᠬᠤ ᠶᠠᠪᠤᠴᠠ᠎ᠳᠤ ᠠ᠋ᠳᠡᠭᠡᠷ ᠪᠠᠭᠰᠢ ᠨᠠᠷ᠎ᠤᠨ ᠬᠠᠶ᠋ᠢᠷ᠎ᠠ ᠬᠠᠷᠢᠭᠤᠴᠠᠯᠭ᠎ᠠ ᠨᠠᠳᠠ᠎ᠳᠤ ᠮᠠᠰᠢ ᠭᠦᠨ ᠭᠦᠨᠵᠡᠭᠡᠢ ᠨᠥᠯᠥᠭᠡ ᠲᠤᠰᠬᠠᠯ ᠪᠤᠯᠤᠭᠰᠠᠨ ᠶᠤᠮ᠃ ᠥᠨᠥᠳᠥᠷ ᠠ᠋ᠶ᠋ᠢᠮᠦ ᠰᠠᠶ᠋ᠢᠬᠠᠨ ᠪᠠᠭᠰᠢ ᠵᠢᠨ ᠠᠵᠢᠯ᠎ᠢ ᠠ᠋ᠭᠦᠷᠭᠡᠯᠡᠵᠦ ᠶᠠᠪᠤᠭ᠎ᠠ ᠬᠤᠪᠢ ᠵᠠᠶᠠᠭ᠎ᠠ ᠵᠢ ᠠ᠋ᠳᠡᠭᠡᠷ ᠪᠠᠭᠰᠢ ᠨᠠᠷ ᠮᠢᠨᠢ ᠨᠠᠳᠠ᠎ᠳᠤ ᠣᠯᠭᠤᠭᠰᠠᠨ ᠪᠣᠯᠬᠤᠷ ᠪᠠᠭᠰᠢ ᠪᠣᠯᠤᠭᠰᠠᠨ ᠲᠡᠷᠡ ᠴᠠᠭ᠎ᠠᠴᠠ ᠠ᠋ᠬᠢᠯᠡᠵᠦ ᠪᠢ ᠢᠩᠭᠢᠵᠦ ᠪᠤᠳᠤᠳᠠᠭ — ᠬᠡᠦᠬᠡᠳ᠎ᠤᠨ ᠢᠷᠡᠬᠡᠳᠦᠢ ᠪᠠᠭᠰᠢ ᠵᠢᠨ ᠭᠠᠷ᠎ᠲᠤ ᠪᠠᠶ᠋ᠢᠳᠠᠭ᠃ ᠨᠠᠩ ᠠᠩᠬᠢ ᠵᠢᠨ ᠠ᠋ᠷᠬᠢᠯᠡᠭᠴᠢ ᠪᠤᠯᠣᠭᠰᠠᠨ ᠮᠢᠨᠦ ᠭᠠᠷ᠎ᠲᠤ ᠪᠠᠶ᠋ᠢᠨ᠎ᠠ ᠬᠡᠵᠦ ᠪᠢ ᠲᠡᠩᠳᠡ ᠪᠡᠶ᠎ᠡ᠎ᠳᠤ᠎ᠪᠠᠨ ᠰᠠᠨᠠᠭᠤᠯᠵᠣ ᠵᠠᠬᠢᠵᠦ ᠱᠠᠭ᠋ᠠᠷᠳᠠᠵᠦ ᠶᠠᠪᠤᠳᠠᠭ ᠶᠤᠮ᠃ ᠪᠠᠭᠰᠢ ᠪᠣᠯ ᠰᠤᠷᠤᠭᠴᠢ ᠵᠢᠨ ᠢᠷᠡᠭᠡᠳᠦᠢ ᠵᠢ ᠥᠭᠡᠷᠡᠴᠢᠯᠡᠭᠴᠢ ᠬᠤᠪᠢ ᠵᠠᠶᠠᠭ᠎ᠠ ᠵᠢ ᠬᠤᠪᠢᠷᠠᠭᠤᠯᠤᠭᠴᠢ ᠭᠡᠵᠦ ᠦᠵᠡᠵᠦ ᠪᠤᠯᠤᠨ᠎ᠠ᠃ ᠨᠡᠩ ᠪᠠᠭ᠎ᠠ ᠰᠤᠷᠭ᠋ᠠᠭᠤᠯᠢ ᠵᠢᠨ ᠪᠠᠭᠰᠢ ᠪᠣᠯᠤᠭᠰᠠᠨ᠎ᠤ ᠬᠤᠪᠢ᠎ᠳᠤ 《ᠤᠭ ᠰᠠᠨᠠᠭ᠎ᠠ᠎ᠪᠠᠨ ᠦᠯᠦ ᠮᠠᠷᠲᠠᠨ ᠠ᠋ᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ》 ᠨᠡᠩ ᠣᠯᠠᠨ ᠬᠡᠦᠬᠡᠳ ᠪᠠᠭ᠋ᠠᠴᠤᠳ᠎ᠤᠨ ᠢᠷᠡᠭᠡᠳᠦᠢ ᠵᠢ ᠥᠭᠡᠷᠡᠴᠢᠯᠡᠵᠦ ᠬᠤᠪᠢ ᠵᠠᠶᠠᠭ᠎ᠠ ᠵᠢ ᠬᠤᠪᠢᠷᠠᠭᠤᠯᠤᠨ ᠰᠠᠶ᠋ᠢᠨ ᠰᠠᠶ᠋ᠢᠬᠠᠨ ᠠᠵᠢᠯ ᠦᠢ᠍ᠯᠡᠰ᠎ᠢ ᠠ᠋ᠷᠬᠢᠯᠡᠬᠦᠯᠵᠦ ᠨᠡᠶ᠋ᠢᠭᠡᠮ ᠨᠡᠶ᠋ᠢᠲᠡ᠎ᠳᠤ ᠬᠡᠷᠡᠭᠴᠡᠭᠡ᠎ᠲᠠᠢ ᠬᠦᠮᠦᠨ ᠪᠣᠯᠭ᠋ᠠᠨ ᠬᠦᠮᠦᠵᠢᠬᠦᠯᠬᠦ᠎ᠪᠠᠷ ᠬᠠᠶ᠋ᠢᠷ᠎ᠠ ᠬᠠᠷᠢᠭᠤᠴᠠᠯᠭ᠎ᠠ᠎ᠲᠠᠢ ᠴᠢᠷᠮᠠᠶ᠋ᠢᠳᠠᠭ ᠯᠠ ᠪᠣᠯ ᠠᠮᠵᠢᠯᠲᠠ ᠪᠦᠬᠦᠨ ᠠᠯᠠᠭ᠋ᠠᠨ ᠳᠡᠭᠡᠷ᠎ᠡ ᠴᠢᠨᠢ ᠲᠣᠳᠤᠷᠠᠭ᠍ᠤ ᠶᠤᠮ ᠭᠡᠳᠡᠭ᠎ᠲᠤ ᠪᠠᠲᠤ ᠢᠲᠡᠭᠡᠯ᠎ᠲᠠᠢ ᠪᠠᠶ᠋ᠢᠨ᠎ᠠ᠃ ᠠ᠋ᠳᠡᠭᠡᠷ ᠪᠣᠯ ᠮᠢᠨᠦ ᠭᠤᠴᠢᠨ ᠵᠢᠯ ᠤᠨ ᠲᠤᠷᠰᠢ ᠠᠩᠭᠢ ᠠ᠋ᠷᠬᠢᠯᠡᠭᠰᠡᠨ ᠠᠵᠢᠯ᠎ᠤᠨ ᠲᠤᠷᠰᠢᠯᠭ᠎ᠠ᠎ᠠᠴᠠ ᠬᠤᠷᠠᠮᠳᠤᠭᠤᠯᠤᠭᠰᠠᠨ ᠥᠴᠦᠬᠡᠨ ᠠᠮᠵᠢᠯᠲᠠ ᠪᠣᠯᠤᠨ᠎ᠠ᠃
ᠠᠵᠢᠯᠯᠠᠵᠤ ᠪᠠᠢ᠍ᠢ᠍ᠭ᠎ᠠ ᠪᠠᠢ᠍ᠢ᠍ᠭᠤᠯᠭ᠎ᠠ᠄ ᠪᠠᠭ᠋ᠠᠷᠢᠨ ᠪᠠᠷᠠᠭᠤᠨ ᠬᠤᠰᠢᠭᠤᠨ᠎ᠤ ᠪᠠᠶᠠᠨᠲᠠᠯ᠎ᠠ
ᠰᠣᠮᠣ ᠵᠢᠨ ᠭᠤᠣᠯ ᠪᠠᠭ᠎ᠠ ᠰᠤᠷᠭ᠋ᠠᠭᠤᠯᠢ
(ᠠᠯᠳᠠᠨᠰᠦᠢ᠍ᠭᠡ ᠨᠠᠢ᠍ᠢ᠍ᠷᠠᠭᠤᠯᠪᠠ)
2023.1 ᠳ᠋ᠦ᠍ᠭᠡᠷ ᠬᠤᠭᠤᠴᠠᠭ᠎ᠠ