ᠵᠤᠤ ᠶᠦᠨ ᠫᠢᠩ

ᠪᠠᠭ᠎ᠠ ᠰᠤᠷᠭ᠋ᠠᠭᠤᠯᠢ ᠪᠠ ᠠᠩᠬ᠎ᠠ ᠳᠤᠮᠳᠠᠳᠤ ᠵᠢᠨ ᠰᠤᠷᠤᠭᠴᠢᠳ᠎ᠲᠠᠢ ᠬᠠᠷᠢᠴᠠᠭᠤᠯᠪᠠᠯ᠂ ᠳᠡᠭᠡᠳᠤ ᠳᠤᠮᠳᠠᠳᠤ ᠵᠢᠨ ᠰᠤᠷᠤᠭᠴᠢᠳ᠎ᠤᠨ ᠰᠤᠷᠭ᠋ᠠᠭᠤᠯᠢ ᠳᠡᠪᠰᠢᠬᠦ ᠳᠠᠷᠤᠯᠲᠠ᠎ᠨᠢ ᠲᠤᠩ ᠶᠡᠬᠡ ᠮᠥᠷᠲᠡᠭᠡᠨ ᠰᠤᠷᠬᠤ ᠠᠭᠤᠯᠭ᠎ᠠ᠎ᠨᠢ ᠪᠠᠰᠠ ᠬᠠᠷᠢᠴᠠᠩᠭᠤᠢ᠎ᠪᠠᠷ ᠬᠦᠴᠢᠷ ᠪᠣᠯᠤᠭᠰᠠᠨ ᠶᠤᠮ᠂ ᠠ᠋ᠢ᠍ᠢ᠍ᠮᠦ᠎ᠠᠴᠠ ᠵᠠᠷᠢᠮ ᠳᠣᠲᠤᠭ᠋ᠠᠳᠤ ᠰᠡᠳᠭᠢᠯ ᠬᠦᠴᠦᠷᠬᠡᠭ ᠪᠤᠰᠤ ᠰᠤᠷᠤᠭᠴᠢᠳ ᠥᠪᠡᠷ᠎ᠤᠨ ᠰᠤᠷᠤᠯᠭ᠎ᠠ ᠠᠮᠢᠳᠤᠷᠠᠯ᠎ᠳᠤ᠎ᠪᠠᠨ ᠢᠲᠡᠭᠡᠯ ᠦᠭᠡᠢ᠂ ᠪᠠᠴᠢᠮᠳᠠᠯ ᠵᠣᠪᠠᠨᠢᠯ᠂ ᠨᠡᠩ ᠴᠢᠨᠠᠭᠰᠢᠯᠠᠪᠠᠯ ᠣᠶᠤᠨ ᠮᠡᠳᠡᠷᠡᠯ᠎ᠨᠢ ᠬᠡᠪ᠎ᠤᠨ ᠪᠠᠢ᠍ᠢ᠍ᠳᠠᠯ ᠵᠶ᠋ᠠᠨ ᠠᠯᠳᠠᠬᠤ ᠦᠵᠡᠭᠳᠡᠯ ᠢᠯᠡᠷᠡᠨ᠎ᠡ᠂ ᠠ᠋ᠨᠡ᠎ᠨᠢ ᠲᠡᠳᠡᠨ᠎ᠤ ᠠ᠋ᠷᠡᠭᠦᠯ ᠵᠶ᠋ᠠᠷ ᠦᠰᠦᠨ ᠪᠣᠢ᠍ᠢ᠍ᠵᠢᠬᠤᠳᠤ ᠮᠠᠰᠢ ᠠᠰᠢᠭ ᠦᠭᠡᠢ᠃ ᠠ᠋ᠢ᠍ᠢ᠍ᠮᠦ᠎ᠠᠴᠠ ᠠᠩᠭᠢ ᠵᠢᠨ ᠠ᠋ᠷᠬᠢᠯᠡᠭᠴᠢ ᠪᠠᠭᠰᠢ ᠳᠡᠭᠡᠳᠤ ᠳᠤᠮᠳᠠᠳᠤ ᠵᠢᠨ ᠰᠤᠷᠤᠭᠴᠢᠳ᠎ᠤᠨ ᠰᠡᠳᠭᠢᠴᠡ ᠵᠢᠨ ᠠ᠋ᠷᠡᠭᠦᠯ ᠮᠡᠨᠳᠦ ᠵᠢᠨ ᠬᠥᠮᠦᠵᠢᠯ᠎ᠢ ᠵᠠᠪᠡᠯ ᠴᠢᠬᠤᠯᠠᠴᠢᠯᠠᠵᠤ ᠦᠵᠡᠬᠦ ᠬᠡᠷᠡᠭᠲᠡᠢ᠃
ᠨᠢᠭᠡ᠂ ᠰᠤᠷᠤᠭᠴᠢᠳ᠎ᠲᠤ ᠰᠡᠳᠭᠢᠴᠡ ᠵᠢᠨ ᠠ᠋ᠷᠡᠭᠦᠯ ᠮᠡᠨᠳᠦ ᠵᠢᠨ ᠬᠥᠮᠦᠵᠢᠯ ᠬᠢᠬᠦ᠎ᠨᠢ ᠠᠩᠭᠢ ᠵᠢᠨ ᠠ᠋ᠷᠬᠢᠯᠡᠭᠴᠢ ᠪᠠᠭᠰᠢ ᠵᠢᠨ ᠬᠠᠷᠢᠭᠤᠴᠠᠯᠭ᠎ᠠ
ᠠᠩᠭᠢ ᠵᠢᠨ ᠠ᠋ᠷᠬᠢᠯᠡᠭᠴᠢ ᠪᠠᠭᠰᠢ ᠪᠣᠯ ᠨᠢᠭᠡᠨ ᠴᠢᠬᠤᠯᠠ ᠮᠥᠷᠲᠡᠭᠡᠨ ᠣᠨᠴᠠᠭ᠋ᠠᠢ ᠪᠠᠢ᠍ᠢ᠍ᠷᠢ᠎ᠳᠤ ᠪᠠᠢ᠍ᠢ᠍ᠭ᠎ᠠ ᠬᠥᠮᠦᠰ ᠶᠤᠮ᠂ ᠠᠩᠭᠢ ᠵᠢᠨ ᠪᠠᠭᠰᠢ ᠵᠢᠨ ᠲᠡᠷᠢᠭᠦᠨ ᠴᠢᠬᠤᠯᠠ ᠠ᠋ᠭᠦᠷᠭᠡ ᠪᠣᠯ ᠳᠠᠷᠤᠢ ᠰᠤᠷᠤᠭᠴᠢᠳ᠎ᠲᠤ ᠶᠣᠰᠤ ᠰᠤᠷᠲᠠᠬᠤᠨ᠎ᠤ ᠬᠥᠮᠦᠵᠢᠯ ᠬᠢᠨ᠎ᠡ᠂ ᠠ᠋ᠭᠦᠨ᠎ᠳᠤ ᠬᠠᠮᠤᠭ ᠤᠨ ᠦᠨᠳᠦᠰᠦᠨ ᠠ᠋ᠭᠦᠷᠭᠡ ᠪᠣᠯ ᠰᠤᠷᠤᠭᠴᠢᠳ᠎ᠤᠨ ᠠ᠋ᠷᠡᠭᠦᠯ ᠵᠶ᠋ᠠᠷ ᠦᠰᠦᠨ ᠪᠣᠢ᠍ᠢ᠍ᠵᠢᠬᠤ ᠵᠢ ᠠᠬᠢᠭᠤᠯᠬᠤ ᠶᠠᠪᠤᠳᠠᠯ ᠪᠣᠯᠤᠨ᠎ᠠ᠃ ᠰᠢᠯᠢᠳᠡᠭ ᠠᠩᠭᠢ ᠵᠢᠨ ᠠ᠋ᠷᠬᠢᠯᠡᠭᠴᠢ ᠪᠠᠭᠰᠢ ᠪᠦᠷ ᠰᠤᠷᠤᠭᠴᠢᠳ᠎ᠢ ᠠᠵᠢᠭᠯᠠᠬᠤ᠎ᠳᠤ᠎ᠪᠠᠨ ᠴᠢᠳᠠᠮᠠᠭ᠋ᠠᠢ ᠪᠥᠭᠡᠳ ᠰᠤᠷᠤᠭᠴᠢᠳ᠎ᠤᠨ ᠦᠵᠡᠯ ᠰᠠᠨᠠᠭ᠋ᠠᠨ᠎ᠤ ᠬᠠᠨᠳᠤᠰᠢ ᠵᠢ ᠲᠠᠭ᠋ᠠᠮᠠᠭᠯᠠᠨ ᠮᠡᠳᠡᠵᠦ ᠲᠡᠢ᠍ᠢ᠍ᠯᠭᠦ ᠨᠠᠢ᠍ᠢ᠍ᠳᠠ ᠵᠢᠨ ᠣᠨᠴᠠᠯᠢᠭ᠎ᠲᠠᠢ᠂ ᠭᠡᠬᠦ᠎ᠳᠤ᠎ᠪᠠᠨ ᠰᠤᠷᠤᠭᠴᠢ ᠵᠢᠨ ᠪᠤᠰᠤᠳᠴᠢ ᠪᠤᠳᠠᠳᠤ ᠪᠠᠢ᠍ᠢ᠍ᠳᠠᠯ᠎ᠢ ᠦᠨᠳᠦᠰᠦᠯᠡᠵᠦ ᠬᠥᠮᠦᠵᠢᠭᠦᠯᠵᠦ ᠵᠢᠯᠤᠭᠤᠳᠤᠨ᠎ᠠ᠃
ᠠᠩᠭᠢ ᠵᠢᠨ ᠠ᠋ᠷᠬᠢᠯᠡᠭᠴᠢ ᠪᠠᠭᠰᠢ᠎ᠠᠴᠠ ᠠ᠋ᠳᠦᠷ ᠳᠤᠲᠤᠮ᠎ᠤᠨ ᠬᠠᠮᠢᠶᠠᠷᠤᠯᠲᠠ ᠵᠢᠨ ᠠᠵᠢᠯ ᠵᠶ᠋ᠠᠨ ᠰᠡᠳᠭᠢᠴᠡ ᠵᠢᠨ ᠠ᠋ᠷᠡᠭᠦᠯ ᠮᠡᠨᠳᠦ ᠵᠢᠨ ᠬᠥᠮᠦᠵᠢᠯ᠎ᠲᠠᠢ ᠣᠷᠭ᠋ᠠᠨᠢᠭ ᠵᠶ᠋ᠠᠷ ᠤᠶᠠᠯᠳᠤᠭᠤᠯᠵᠦ᠂ ᠠᠩᠭᠢ ᠵᠢᠨ ᠰᠢᠨ᠎ᠡ ᠪᠠᠢ᠍ᠢ᠍ᠳᠠᠯ ᠪᠠ ᠰᠤᠷᠤᠭᠴᠢᠳ᠎ᠤᠨ ᠪᠣᠳᠤᠯᠭ᠎ᠠ ᠵᠢᠨ ᠬᠠᠨᠳᠤᠰᠢ ᠵᠢ ᠴᠠᠭ ᠲᠤᠬᠠᠢᠳᠤᠨᠢ ᠡᠵᠡᠮᠰᠢᠪᠡᠯ ᠵᠣᠬᠢᠨ᠎ᠠ᠃ ᠠᠩᠭᠢ ᠨᠢᠭᠡᠴᠢ᠎ᠪᠠᠨ ᠰᠠᠢ᠍ᠢ᠍ᠨ ᠬᠠᠮᠢᠶᠠᠷᠤᠶ᠎ᠠ ᠭᠡᠪᠡᠯ ᠠᠩᠭᠢ ᠵᠢᠨ ᠠ᠋ᠷᠬᠢᠯᠡᠭᠴᠢ ᠪᠠᠭᠰᠢ ᠵᠠᠪᠡᠯ ᠥᠪᠡᠷ᠎ᠤᠨ ᠣᠶᠤᠨ ᠲᠠᠷᠢᠬᠢ᠎ᠪᠠᠨ ᠨᠣᠮ ᠪᠢᠴᠢᠭ ᠵᠶ᠋ᠠᠷ ᠵᠡᠪᠰᠡᠭᠯᠡᠵᠦ᠂ ᠣᠨᠴᠠᠭ᠋ᠠᠢ᠍ᠢ᠍ᠯᠠᠨ ᠰᠤᠷᠭ᠋ᠠᠨ ᠬᠥᠮᠦᠵᠢᠭᠦᠯᠬᠦ ᠤᠬᠠᠭ᠋ᠠᠨ ᠪᠠ ᠰᠡᠳᠭᠢᠴᠡ ᠵᠢᠨ ᠵᠦᠢ ᠵᠢᠨ ᠲᠤᠬᠠᠢ ᠨᠣᠮᠤᠳᠢ ᠨᠠᠷᠢᠨ ᠬᠢᠨᠠᠮᠠᠭ᠋ᠠᠢ ᠰᠤᠳᠤᠯᠵᠦ᠂ ᠰᠤᠷᠭ᠋ᠠᠨ ᠬᠥᠮᠦᠵᠢᠭᠦᠯᠬᠦ ᠤᠬᠠᠭ᠋ᠠᠨ᠎ᠤ ᠤᠭ ᠶᠣᠰᠤ ᠪᠠ ᠰᠡᠳᠭᠢᠴᠡ ᠵᠢᠨ ᠵᠦᠢ ᠵᠢᠨ ᠤᠭ ᠶᠣᠰᠤ ᠵᠢ ᠦᠨᠳᠦᠰᠦᠯᠡᠨ ᠪᠦᠲᠦᠭᠡᠯᠴᠢ ᠴᠢᠨᠡᠷ᠎ᠲᠠᠢ ᠬᠠᠮᠢᠶᠠᠷᠤᠯᠲᠠ ᠵᠢᠨ ᠠᠷᠭ᠎ᠠ ᠬᠡᠯᠪᠡᠷᠢ ᠵᠢ ᠵᠢᠷᠤᠵᠦ ᠲᠥᠯᠦᠪᠯᠡᠨ᠂ ᠣᠳᠣᠬᠢ ᠨᠠᠢ᠍ᠢ᠍ᠭᠡᠮ᠎ᠤᠨ ᠱᠠᠭ᠋ᠠᠷᠳᠠᠯᠭ᠎ᠠ᠎ᠳᠤ ᠨᠡᠢ᠍ᠢ᠍ᠴᠡᠭᠰᠡᠨ ᠰᠢᠨ᠎ᠡ ᠰᠣᠷᠭᠤᠭ ᠪᠥᠭᠡᠳ ᠪᠦᠲᠦᠮᠵᠢᠲᠡᠢ ᠬᠠᠮᠢᠶᠠᠷᠤᠯᠲᠠ ᠵᠢᠨ ᠠᠷᠭ᠎ᠠ ᠵᠢ ᠭᠠᠷᠭ᠋ᠠᠨ᠂ ᠠᠩᠭᠢ ᠵᠢᠨ ᠬᠠᠮᠢᠶᠠᠷᠤᠯᠲᠠ᠎ᠪᠠᠨ ᠰᠠᠢ᠍ᠢ᠍ᠵᠢᠷᠠᠭᠤᠯᠤᠨ᠂ ᠠᠩᠭᠢ ᠵᠢᠨ ᠬᠠᠮᠢᠶᠠᠷᠤᠯᠲᠠ ᠵᠢᠨ ᠦᠷ᠎ᠡ ᠠᠰᠢᠭᠯᠠᠮᠵᠢ ᠵᠢ ᠳᠡᠭᠡᠭᠰᠢᠯᠡᠭᠦᠯᠬᠦ᠎ᠪᠠᠷ ᠪᠠᠷᠠᠬᠤ ᠦᠭᠡᠢ ᠪᠠᠰᠠ ᠰᠤᠷᠤᠭᠴᠢᠳ᠎ᠤᠨ ᠠ᠋ᠷᠡᠭᠦᠯ ᠰᠠᠷᠠᠭᠤᠯ ᠰᠡᠳᠭᠢᠴᠡ ᠵᠢᠨ ᠬᠡᠪ ᠴᠢᠨᠡᠷ᠎ᠢ ᠬᠥᠮᠦᠵᠢᠭᠦᠯᠦᠨ᠎ᠡ᠃
ᠬᠤᠶᠠᠷ᠂ ᠠᠩᠭᠢ ᠵᠢᠨ ᠠ᠋ᠷᠬᠢᠯᠡᠭᠴᠢ ᠪᠠᠭᠰᠢ ᠪᠣᠯ ᠰᠤᠷᠭ᠋ᠠᠭᠤᠯᠢ ᠪᠠ ᠭᠡᠷ ᠪᠦᠯᠢ ᠵᠢᠨ ᠰᠡᠳᠭᠢᠴᠡ ᠵᠢᠨ ᠠ᠋ᠷᠡᠭᠦᠯ ᠮᠡᠨᠳᠦ ᠵᠢᠨ ᠬᠥᠮᠦᠵᠢᠯ᠎ᠤᠨ ᠵᠣᠬᠢᠴᠠᠭᠤᠯᠤᠭᠴᠢ ᠮᠥᠨ
ᠰᠤᠷᠤᠭᠴᠢ ᠵᠢᠨ ᠰᠡᠳᠭᠢᠴᠡ ᠵᠢᠨ ᠠᠰᠠᠭᠤᠳᠠᠯ ᠪᠣᠯ ᠶᠡᠷᠤ᠎ᠨᠢ ᠭᠡᠷ ᠪᠦᠯᠢ ᠵᠢᠨ ᠠᠰᠠᠭᠤᠳᠠᠯ᠎ᠤᠨ ᠳᠤᠰᠬᠠᠯ ᠪᠣᠯᠤᠨ᠎ᠠ᠃ ᠭᠡᠷ ᠪᠦᠯᠢ ᠵᠢᠨ ᠠᠮᠢᠳᠤᠷᠠᠯ᠎ᠤᠨ ᠣᠷᠴᠢᠨ ᠪᠠ ᠭᠡᠷ᠎ᠤᠨ ᠠᠬᠠᠮᠠᠳ᠎ᠤᠨ ᠰᠤᠷᠭ᠋ᠠᠨ ᠬᠥᠮᠦᠵᠢᠭᠦᠯᠬᠦ ᠠᠷᠭ᠎ᠠ ᠮᠠᠶᠢᠬ᠎ᠨᠢ ᠬᠡᠦᠬᠡᠳ᠎ᠤᠨ ᠰᠡᠳᠭᠢᠴᠡ ᠵᠢᠨ ᠠ᠋ᠷᠡᠭᠦᠯ ᠴᠢᠭᠢᠷᠠᠭ᠎ᠲᠠᠢ ᠰᠢᠭᠤᠳ ᠬᠠᠷᠢᠴᠠᠭ᠎ᠠ᠎ᠲᠠᠢ᠃ ᠠ᠋ᠢ᠍ᠢ᠍ᠮᠦ᠎ᠠᠴᠠ ᠰᠤᠷᠤᠭᠴᠢᠳ᠎ᠤᠨ ᠰᠡᠳᠭᠢᠴᠡ ᠵᠢᠨ ᠠᠰᠠᠭᠤᠳᠠᠯ᠎ᠢ ᠰᠢᠢ᠍ᠳᠪᠦᠷᠢᠯᠡᠬᠦ᠎ᠳᠤ ᠵᠠᠪᠡᠯ ᠭᠡᠷ᠎ᠤᠨ ᠠᠬᠠᠮᠠᠳ᠎ᠤᠨ ᠬᠠᠮᠵᠢᠯᠴᠠᠭ᠎ᠠ ᠪᠠᠢ᠍ᠢ᠍ᠬᠤ ᠬᠡᠷᠡᠭᠲᠡᠢ᠃ ᠭᠡᠷ᠎ᠤᠨ ᠠᠬᠠᠮᠠᠳ ᠦᠷ᠎ᠡ ᠬᠡᠦᠬᠡᠳ ᠵᠶ᠋ᠠᠨ ᠴᠢᠳᠠᠪᠤᠷᠢᠲᠠᠨ ᠪᠣᠯᠬᠤ ᠵᠢ ᠬᠦᠰᠡᠵᠦ᠂ ᠦᠷᠭᠦᠯᠵᠢ ᠠᠩᠭᠢ ᠵᠢᠨ ᠠ᠋ᠷᠬᠢᠯᠡᠭᠴᠢ᠎ᠲᠠᠢ ᠬᠠᠷᠢᠯᠴᠠᠬᠤ ᠪᠣᠯᠬᠣᠷ ᠠᠩᠭᠢ ᠵᠢᠨ ᠠ᠋ᠷᠬᠢᠯᠡᠭᠴᠢ ᠵᠢ ᠣᠨᠴᠠᠭ᠋ᠠᠢ ᠢᠲᠡᠭᠡᠵᠦ᠂ ᠴᠠᠭ ᠲᠤᠬᠠᠢᠳᠤᠨᠢ ᠬᠠᠷᠢᠯᠴᠠᠬᠤ᠎ᠪᠠᠷ ᠳᠠᠮᠵᠢᠨ ᠠᠩᠭᠢ ᠵᠢᠨ ᠠ᠋ᠷᠬᠢᠯᠡᠭᠴᠢ᠎ᠳᠤ ᠰᠤᠷᠤᠭᠴᠢᠳ᠎ᠤᠨ ᠦᠵᠡᠯ ᠰᠠᠨᠠᠭ᠎ᠠ ᠦᠢ᠍ᠯᠡ ᠠᠵᠢᠯᠯᠠᠭ᠎ᠠ ᠵᠢᠴᠢ ᠲᠡᠭᠦᠨ᠎ᠤ ᠰᠡᠳᠬᠢᠴᠡ ᠵᠢᠨ ᠬᠠᠨᠳᠤᠰᠢ ᠵᠢ ᠣᠢ᠍ᠢ᠍ᠯᠠᠭ᠋ᠠᠭᠤᠯᠳᠠᠭ᠃ ᠠ᠋ᠭᠦᠨ᠎ᠤ ᠬᠠᠮᠲᠤ ᠭᠡᠷ᠎ᠤᠨ ᠠᠬᠠᠮᠠᠳ᠎ᠢ ᠬᠠᠪᠰᠤᠷᠤᠨ ᠵᠠᠯᠠᠭᠤ ᠪᠠᠭ᠋ᠠᠴᠤᠳ᠎ᠤᠨ ᠬᠤᠭᠤᠴᠠᠭ᠋ᠠᠨ᠎ᠤ ᠰᠤᠷᠤᠭᠴᠢᠳ᠎ᠤᠨ ᠪᠡᠶ᠎ᠡ ᠮᠠᠬᠠᠪᠣᠳ ᠪᠠ ᠰᠡᠳᠬᠢᠴᠡ ᠵᠢᠨ ᠬᠤᠪᠢᠷᠠᠯᠲᠠ ᠵᠢ ᠤᠢ᠍ᠢ᠍ᠯᠡᠭ᠋ᠠᠭᠤᠯᠵᠦ᠂ ᠠ᠋ᠨᠡ ᠬᠤᠭᠤᠴᠠᠭ᠋ᠠᠨ᠎ᠤ ᠰᠤᠷᠭ᠋ᠠᠨ ᠬᠥᠮᠦᠵᠢᠭᠦᠯᠬᠦ ᠠᠭᠤᠯᠭ᠎ᠠ ᠪᠠ ᠠᠷᠭ᠎ᠠ ᠵᠢ ᠤᠢ᠍ᠢ᠍ᠯᠡᠭ᠋ᠠᠭᠤᠯᠦᠠ᠂ ᠰᠢᠨᠵᠢᠯᠡᠬᠦ ᠤᠬᠠᠭ᠋ᠠᠨᠴᠢ ᠰᠤᠷᠭ᠋ᠠᠨ ᠬᠥᠮᠦᠵᠢᠭᠦᠯᠬᠦ ᠠᠷᠭ᠎ᠠ ᠵᠢ ᠰᠠᠨᠠᠭ᠋ᠠᠴᠢᠯᠠᠵᠤ᠂ ᠰᠤᠷᠤᠭᠴᠢᠳ᠎ᠤᠨ ᠠ᠋ᠷᠡᠭᠦᠯ ᠵᠶ᠋ᠠᠷ ᠦᠰᠦᠨ ᠪᠣᠶ᠋ᠢᠵᠢᠬᠤ᠎ᠳᠤ ᠰᠡᠢ᠍ᠢ᠍ᠠ ᠰᠠᠶ᠋ᠢᠬᠠᠨ ᠭᠡᠷ ᠪᠦᠯᠢ ᠵᠢᠨ ᠠᠭᠤᠷ ᠠᠮᠢᠰᠬᠤᠯ᠎ᠢ ᠪᠤᠢ ᠪᠣᠯᠭ᠋ᠠᠬᠤ᠎ᠪᠠᠷ ᠴᠢᠷᠮᠠᠢ᠍ᠢ᠍ᠵᠦ᠂ ᠪᠠᠰᠠ ᠭᠡᠷ ᠪᠦᠯᠢ ᠵᠢᠨ ᠰᠤᠷᠭ᠋ᠠᠨ ᠬᠥᠮᠦᠵᠢᠯ᠎ᠢ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠯᠦᠭᠡ ᠦᠨᠡᠨ ᠬᠦ᠌ ᠢᠵᠢᠯ ᠠᠯᠬᠤᠮ᠎ᠲᠠᠢ ᠪᠠᠶ᠋ᠢᠯᠭ᠋ᠠᠵᠤ᠂ ᠨᠡᠶ᠋ᠢᠯᠡᠯ ᠬᠦᠴᠦᠨ᠎ᠢ ᠪᠦᠷᠢᠯᠳᠦᠭᠦᠯᠬᠦ᠎ᠪᠠᠷ ᠳᠠᠮᠵᠢᠨ ᠭᠡᠷ ᠪᠦᠯᠢ ᠵᠢᠨ ᠰᠡᠳᠬᠢᠴᠡ ᠵᠢᠨ ᠬᠠᠪᠰᠤᠷᠤᠨ ᠵᠢᠯᠦᠭᠤᠳᠦᠯᠭ᠎ᠠ ᠵᠢ ᠪᠦᠲᠦᠮᠵᠢᠲᠡᠢ ᠬᠡᠷᠡᠭᠵᠢᠭᠦᠯᠦᠨ᠎ᠡ᠃
ᠭᠤᠷᠪᠠ᠂ ᠲᠡᠭᠡᠳᠤ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠲᠤ ᠦᠷᠭᠦᠯᠵᠢ ᠲᠣᠬᠢᠶᠠᠯᠳᠤᠳᠠᠭ ᠰᠡᠳᠬᠢᠴᠡ ᠵᠢᠨ ᠠᠰᠠᠭᠤᠳᠠᠯ ᠵᠢᠴᠢ ᠰᠢᠢ᠍ᠳᠪᠦᠷᠢᠯᠡᠬᠦ ᠠᠷᠭ᠎ᠠ
(1) ᠰᠤᠷᠬᠤ᠎ᠠᠴᠠ ᠬᠠᠰᠢᠷᠠᠬᠤ ᠰᠡᠳᠬᠢᠴᠡ
ᠰᠤᠷᠬᠤ᠎ᠠᠴᠠ ᠬᠠᠰᠢᠷᠠᠬᠤ ᠰᠢᠯᠲᠠᠭ᠋ᠠᠨ ᠮᠠᠰᠢ ᠪᠤᠳᠤᠯᠢᠶᠠᠨᠲᠠᠶ ᠪᠠᠢ᠍ᠢ᠍ᠳᠠᠠᠭ᠃ ᠠ᠋ᠢ᠍ᠢ᠍ᠮᠦ᠎ᠠᠴᠠ ᠠᠩᠭᠢ ᠵᠢᠨ ᠠ᠋ᠷᠬᠢᠯᠡᠭᠴᠢ ᠪᠠᠭᠰᠢ ᠪᠣᠯᠤᠭᠰᠠᠨ᠎ᠤ ᠬᠤᠪᠢ᠎ᠳᠤ ᠰᠤᠷᠤᠭᠴᠢᠳ᠎ᠤᠨ ᠰᠤᠷᠤᠯᠭ᠎ᠠ᠎ᠠᠴᠠ ᠬᠠᠰᠢᠷᠠᠬᠤ ᠵᠢᠨ ᠦᠨᠳᠦᠰᠦ ᠰᠤᠷᠪᠤᠯᠵᠢ ᠵᠢ ᠠ᠋ᠷᠢᠨ ᠤᠯᠵᠦ᠂ ᠳᠠᠬᠢᠨ ᠰᠤᠷᠤᠭᠴᠢᠳ ᠲᠤ ᠰᠡᠳᠬᠢᠴᠡ ᠵᠢᠨ ᠬᠠᠪᠰᠤᠷᠤᠨ ᠵᠢᠯᠦᠭᠤᠳᠦᠯᠭ᠎ᠠ ᠬᠢᠨ᠎ᠡ᠃ ᠰᠤᠷᠤᠭᠴᠢᠳ ᠪᠠᠭᠰᠢ ᠵᠢᠨ ᠵᠶ᠋ᠠᠨ ᠴᠢᠩ ᠦᠨᠡᠨᠴᠢ ᠬᠠᠯᠠᠮᠵᠢᠯᠠᠯ᠂ ᠢᠲᠡᠭᠡᠯ᠂ ᠬᠦᠰᠡᠯ ᠠ᠋ᠷᠡᠮᠡᠯᠵᠡᠯ᠎ᠢ ᠣᠶ᠋ᠢᠯᠠᠭ᠋ᠠᠮᠠᠭᠴᠠ ᠢᠳᠡᠪᠬᠢᠲᠡᠢ ᠰᠠᠨᠠᠭ᠋ᠠᠴᠢᠯᠠᠭ᠎ᠠ᠎ᠲᠠᠢ ᠰᠤᠷᠤᠯᠴᠠᠬᠤ ᠦᠢ᠍ᠯᠡ ᠠᠵᠢᠯᠯᠠᠭ᠎ᠠ ᠵᠢ ᠳᠠᠬᠢᠨᠲᠠ ᠪᠤᠢ ᠪᠣᠯᠭ᠋ᠠᠳᠠᠭ᠃ ᠠ᠋ᠭᠦᠨ᠎ᠠᠴᠠ ᠭᠠᠳᠠᠨ᠎ᠠ ᠠᠩᠭᠢ ᠵᠢᠨ ᠠ᠋ᠷᠬᠢᠯᠡᠭᠴᠢ ᠪᠠᠰᠠ ᠭᠣᠣᠯ ᠰᠡᠳᠦᠪᠲᠦ ᠠᠩᠭᠢ ᠵᠢᠨ ᠬᠤᠷᠠᠯ᠎ᠢ ᠵᠣᠬᠢᠶᠠᠨ ᠪᠠᠶ᠋ᠢᠭᠤᠯᠵᠤ᠂ ᠨᠦᠭᠦᠳ ᠵᠠᠭᠤᠷ᠎ᠠ᠎ᠪᠠᠨ ᠶᠠᠷᠢᠯᠴᠠᠬᠤ ᠪᠤᠶᠤ ᠨᠡᠷᠡᠲᠦ ᠬᠥᠮᠦᠰ᠎ᠢ ᠰᠤᠷᠪᠦᠯᠵᠢᠯᠠᠭᠰᠠᠨ ᠫᠷᠥᠭᠷᠠᠮᠢ ᠦᠵᠡᠭᠦᠯᠬᠦ ᠵᠡᠷᠭᠡ ᠠᠷᠭ᠎ᠠ᠎ᠪᠠᠷ ᠰᠤᠷᠤᠯᠴᠠᠬᠤ ᠵᠢᠨ ᠬᠤᠪᠢ ᠬᠥᠮᠦᠨ᠎ᠤ ᠬᠥᠭᠵᠢᠯᠲᠡ᠂ ᠠᠵᠢᠯ ᠦᠢ᠍ᠯᠡᠰ᠎ᠤᠨ ᠠᠮᠵᠢᠯᠲᠠ᠂ ᠨᠡᠶ᠋ᠢᠭᠡᠮ ᠤᠯᠤᠰ᠎ᠤᠨ ᠬᠥᠭᠵᠢᠯᠲᠡ᠎ᠳᠠᠬᠢ ᠴᠢᠬᠤᠯᠠ ᠦᠢ᠍ᠯᠡᠳᠦᠯ᠎ᠢ ᠲᠣᠳᠣᠷᠬᠠᠶ᠋ᠢᠯᠠᠬᠤ ᠬᠡᠷᠡᠭᠲᠡᠢ᠃ ᠲᠡᠳᠡᠭᠡᠷ ᠰᠤᠷᠤᠯᠴᠠᠬᠤ ᠤᠷᠮ᠎ᠠ ᠪᠠᠬ᠎ᠠ ᠦᠨᠳᠤᠷ᠂ ᠢᠳᠡᠪᠬᠢᠵᠢᠯ ᠰᠠᠢ᠍ᠢ᠍ᠨ ᠰᠤᠷᠤᠭᠴᠢ᠎ᠪᠠᠷ ᠲᠥᠷᠥᠭᠳᠡᠯ ᠪᠠ ᠲᠤᠷᠰᠢᠯᠭ᠎ᠠ ᠵᠢ᠎ᠨᠢ ᠶᠠᠷᠢᠭᠤᠯᠵᠤ᠂ ᠰᠤᠷᠤᠭᠴᠢᠳ᠎ᠤᠨ ᠬᠠᠵᠠᠭᠤ᠎ᠳᠠᠬᠢ ᠰᠡᠷᠡᠵᠦ ᠮᠡᠳᠡᠵᠦ ᠲᠡᠢ᠍ᠢ᠍ᠯᠭᠦ ᠬᠥᠮᠦᠨ ᠪᠠ ᠤᠴᠢᠷ ᠶᠠᠪᠤᠳᠠᠯ ᠵᠶ᠋ᠠᠷ ᠰᠤᠷᠤᠭᠴᠢ ᠵᠢ ᠤᠬᠠᠭ᠋ᠠᠷᠠᠭᠤᠯᠤᠨ ᠬᠥᠮᠦᠵᠢᠭᠦᠯᠦᠨ᠎ᠡ᠃
(2) ᠢᠨᠠᠭᠯᠠᠬᠤ ᠠᠰᠠᠭᠤᠳᠠᠯ
ᠪᠣᠳᠠᠲᠠᠢ ᠠᠬᠤᠢ ᠪᠠᠶ᠋ᠢᠳᠠᠯ᠎ᠠᠴᠠ ᠵᠠᠳᠠᠯᠤᠯᠲᠠ ᠬᠢᠪᠡᠯ᠂ ᠳᠡᠭᠡᠳᠦ ᠳᠤᠮᠳᠠᠳᠤ ᠵᠢᠨ ᠰᠤᠷᠤᠭᠴᠢᠳ᠎ᠤᠨ ᠠ᠋ᠷᠲᠡ ᠢᠨᠠᠭᠯᠠᠬᠤ ᠦᠵᠡᠭᠳᠡᠯ᠎ᠨᠢ ᠲᠦᠭᠡᠮᠡᠯ ᠴᠢᠨᠠᠷᠲᠠᠢ ᠪᠠᠶ᠋ᠢᠳᠠᠭ᠃ ᠠ᠋ᠷᠲᠡ ᠢᠨᠠᠭᠯᠠᠬᠤ᠎ᠨᠢ ᠬᠡᠪ᠎ᠤᠨ ᠰᠤᠷᠤᠯᠭ᠎ᠠ ᠵᠢ ᠨᠥᠯᠥᠭᠡᠯᠡᠬᠦ ᠮᠥᠷᠲᠡᠭᠡᠨ ᠰᠡᠳᠬᠢᠴᠡ ᠵᠢᠨ ᠠ᠋ᠷᠡᠭᠦᠯ ᠮᠡᠨᠳᠦ ᠵᠢ ᠪᠠᠰᠠ ᠬᠣᠬᠢᠷᠠᠭᠤᠯᠤᠨᠠ᠃ ᠠ᠋ᠶ᠋ᠢᠮᠦ᠎ᠠᠴᠠ ᠠᠩᠭᠢ ᠵᠢᠨ ᠠ᠋ᠷᠬᠢᠯᠡᠭᠴᠢ ᠵᠠᠪᠡᠯ ᠰᠤᠷᠤᠭᠴᠢᠢ ᠵᠥᠪ ᠴᠢᠭᠯᠡᠯ ᠥᠭᠡᠳᠡ ᠬᠥᠲᠥᠯᠥᠨ ᠵᠢᠯᠤᠭᠤᠳᠴᠤ᠂ ᠦᠵᠡᠯ ᠰᠠᠨᠠᠭ᠋ᠠᠨ᠎ᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃
ᠠᠩᠭᠢ ᠵᠢᠨ ᠠ᠋ᠷᠬᠢᠯᠡᠭᠴᠢ ᠪᠠᠭᠰᠢ ᠪᠣᠯᠤᠭᠰᠠᠨ᠎ᠤ ᠬᠤᠪᠢ᠎ᠳᠤ᠂ ᠰᠤᠷᠤᠭᠴᠢᠳ᠎ᠤᠨ ᠢᠨᠠᠭᠯᠠᠬᠤ ᠠᠰᠠᠭᠤᠳᠠᠯ᠎ᠳᠤ ᠵᠠᠪᠡᠯ ᠵᠥᠪ ᠲᠠᠨᠢᠯᠲᠠ᠎ᠲᠠᠢ ᠪᠠᠢ᠍ᠢ᠍ᠬᠤ ᠬᠡᠷᠡᠭᠲᠡᠶ᠃ ᠳᠡᠭᠡᠳᠦ ᠳᠤᠮᠳᠠᠳᠤ ᠵᠢᠨ ᠰᠤᠷᠤᠭᠴᠢᠳ᠎ᠤᠨ ᠢᠨᠠᠭᠯᠠᠯ ᠪᠣᠯ ᠨᠢᠭᠡ ᠬᠡᠪ᠎ᠤᠨ ᠦᠵᠡᠭᠳᠡᠯ ᠮᠥᠷᠲᠡᠭᠡᠨ ᠰᠤᠷᠤᠭᠴᠢᠳ᠎ᠤᠨ ᠪᠡᠶ᠎ᠡ ᠮᠠᠬᠠᠪᠣᠳ ᠪᠠ ᠰᠡᠳᠬᠢᠴᠡ ᠵᠢᠨ ᠬᠥᠭᠵᠢᠯᠲᠡ ᠵᠢᠨ ᠵᠠᠶ᠋ᠢᠯᠠᠰᠢ ᠥᠬᠡᠶ ᠦᠷ᠎ᠡ ᠳ᠋ᠦᠩ᠂ ᠠ᠋ᠢ᠍ᠢ᠍ᠮᠦ᠎ᠠᠴᠠ 《ᠮᠠᠭᠤ ᠰᠣᠷᠣᠭᠴᠢ》 ᠪᠤᠶᠤ 《ᠮᠠᠭᠤ ᠦᠢ᠍ᠯᠡ ᠠᠵᠢᠯᠯᠠᠭ᠎ᠠ》 ᠭᠡᠵᠦ ᠦᠵᠡᠵᠦ ᠪᠣᠯᠬᠤ ᠥᠬᠡᠶ᠃ ᠠ᠋ᠭᠦᠨ᠎ᠳᠤ ᠭᠡᠷ᠎ᠤᠨ ᠠᠬᠠᠮᠠᠳ ᠪᠠ ᠠᠩᠭᠢ ᠵᠢᠨ ᠠ᠋ᠷᠬᠢᠯᠡᠭᠴᠢ 《ᠵᠢᠯᠣᠭᠣᠳᠬᠤ》᠎ᠪᠠᠷ ᠠᠵᠢᠯ᠎ᠤᠨ ᠵᠠᠷᠴᠢᠮ ᠪᠠ ᠭᠣᠣᠯ ᠦᠵᠡᠯ ᠰᠠᠨᠠᠭ᠎ᠠ᠎ᠪᠠᠨ ᠪᠤᠯᠭ᠋ᠠᠵᠦ᠂ ᠰᠢᠬᠠᠮᠳᠠᠭᠤᠯᠬᠤ ᠪᠤᠶᠤ ᠬᠠᠰᠢᠨ ᠬᠣᠷᠢᠭᠯᠠᠬᠤ ᠵᠢ ᠠᠨᠭ᠌ᠬᠠᠷᠤᠨ᠎ᠠ᠃
(3) ᠭᠤᠲᠤᠷᠠᠩᠭᠤᠢ ᠰᠡᠳᠬᠢᠴᠡ
ᠬᠥᠮᠦᠨ ᠪᠦᠬᠦᠨ᠎ᠳᠤ ᠴᠥᠮ ᠭᠤᠲᠤᠷᠠᠩᠭᠤᠢ ᠰᠡᠳᠬᠢᠴᠡ ᠪᠠᠶ᠋ᠢᠳᠠᠭ᠂ ᠵᠥᠪᠬᠡᠨ ᠬᠢᠷᠢ ᠬᠡᠮᠵᠢᠶᠡᠨ᠎ᠤ ᠢᠯᠭ᠋ᠠᠭ᠎ᠠ᠎ᠲᠠᠢ ᠲᠡᠳᠦᠢ᠃ ᠠᠩᠭᠢ ᠵᠢᠨ ᠠ᠋ᠷᠬᠢᠯᠡᠭᠴᠢ ᠰᠤᠷᠤᠭᠴᠢᠳ ᠵᠶ᠋ᠠᠨ ᠬᠠᠪᠰᠤᠷᠤᠨ ᠥᠪᠡᠷ᠎ᠢ᠎ᠪᠠᠨ ᠵᠥᠪ ᠣᠨᠣᠪᠴᠢᠲᠠᠢ ᠲᠠᠨᠢᠨ ᠮᠡᠳᠡᠵᠦ᠂ ᠰᠤᠷᠤᠭᠴᠢᠳ᠎ᠲᠤ ᠥᠪᠡᠷᠤᠨᠬᠢᠨᠢ ᠳᠠᠪᠠᠭᠤᠯᠢᠭ ᠲᠠᠯ᠎ᠠ ᠵᠢ᠎ᠨᠢ ᠲᠣᠳᠣᠷᠬᠠᠢ ᠲᠠᠨᠢᠭᠤᠯᠬᠤ ᠬᠡᠷᠡᠭᠲᠡᠢ᠃ ᠪᠤᠰᠤᠳᠴᠢ ᠪᠣᠳᠠᠲᠤ ᠪᠠᠢ᠍ᠢ᠍ᠳᠠᠯ᠎ᠳᠤ᠂ ᠪᠠᠶ᠎ᠡ᠎ᠨᠢ ᠵᠢᠭ᠋ᠠᠬᠠᠨ ᠵᠡᠮᠳᠡᠭ ᠪᠤᠶᠤ ᠠᠯᠳᠠᠭ᠎ᠠ ᠪᠤᠷᠤᠭᠤ ᠭᠠᠷᠭ᠋ᠠᠭᠰᠠᠨ᠎ᠳᠤ᠎ᠪᠠᠨ ᠵᠥᠪ ᠵᠶ᠋ᠠᠷ ᠬᠠᠨᠳᠤᠵᠤ᠂ ᠰᠡᠳᠬᠢᠯ ᠰᠠᠨᠠᠭ᠎ᠠ᠎ᠪᠠᠨ ᠠᠭᠤᠵᠢᠭᠤ ᠲᠠᠯᠪᠢᠭᠤ ᠪᠠᠶ᠋ᠢᠯᠭ᠋ᠠᠵᠤ᠂ ᠳᠠᠷᠠᠭ᠋ᠠᠴᠢ᠎ᠪᠠᠷ ᠠᠩᠬᠠᠷᠤᠨ ᠬᠢᠴᠢᠶᠡᠬᠦ ᠵᠢ ᠱᠠᠭ᠋ᠠᠷᠳᠠᠨ᠎ᠠ᠃ ᠠ᠋ᠭᠦᠨ᠎ᠠᠴᠠ ᠭᠠᠳᠠᠨ᠎ᠠ᠂ ᠠᠩᠭᠢ ᠵᠢᠨ ᠠ᠋ᠷᠬᠢᠯᠡᠭᠴᠢ ᠰᠤᠷᠤᠭᠴᠢᠳ᠎ᠲᠤ᠎ᠪᠠᠨ ᠵᠠᠷᠢᠮ ᠪᠣᠯᠪᠠᠰᠤᠷᠠᠭᠤᠯᠬᠤ ᠠᠷᠭ᠎ᠠ ᠵᠢ ᠵᠢᠭ᠋ᠠᠬᠤ᠎ᠪᠠᠷ ᠳᠠᠮᠵᠢᠨ ᠰᠤᠷᠤᠭᠴᠢᠳ᠎ᠤᠨ ᠢᠲᠡᠭᠡᠯ᠎ᠢ ᠬᠥᠮᠦᠵᠢᠭᠦᠯᠵᠦ ᠪᠣᠯᠤᠨ᠎ᠠ᠂ ᠵᠢᠱ᠌ᠢᠶᠡᠯᠡᠪᠡᠯ᠂ ᠵᠣᠷᠢᠭᠲᠠᠢ᠎ᠪᠠᠷ ᠬᠥᠮᠦᠨ᠎ᠤ ᠠ᠋ᠮᠦᠨ᠎ᠡ ᠵᠣᠭᠰᠤᠬᠤ᠂ ᠬᠥᠮᠦᠨ᠎ᠲᠠᠢ ᠬᠠᠷᠢᠯᠴᠠᠬᠤ᠎ᠳᠤ᠎ᠪᠠᠨ ᠠᠯᠢ ᠴᠢᠳᠠᠬᠤ᠎ᠪᠠᠷ ᠠ᠋ᠰᠡᠷᠭᠦ ᠠ᠋ᠲᠡᠭᠡᠳ᠎ᠤᠨ ᠵᠶ᠋ᠠᠨ ᠨᠢᠳᠦ ᠵᠢ ᠵᠥᠪ ᠬᠠᠷᠠᠬᠤ᠂ ᠦᠷᠭᠦᠯᠵᠢ ᠢᠨᠢᠶᠡᠮᠰᠦᠭᠯᠡᠬᠦ᠂ ᠤᠯᠠᠨ᠎ᠤ ᠠ᠋ᠮᠦᠨ᠎ᠡ ᠦᠭᠡ ᠬᠡᠯᠡᠬᠦ᠂ ᠳᠠᠭᠤᠤ ᠳᠠᠭᠤᠯᠠᠬᠤ᠂ ᠶᠠᠷᠢᠶ᠎ᠠ ᠢᠯᠡᠳᠭᠡᠯ ᠬᠢᠬᠦ ᠵᠡᠷᠭᠡ᠃ ᠪᠠᠰᠠ ᠰᠤᠷᠤᠭᠴᠢᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠨᠦᠭᠦᠳ ᠬᠣᠭᠣᠷᠣᠨᠳᠣᠬᠢ ᠵᠢᠨ ᠶᠠᠪᠤᠯᠴᠠᠭ᠎ᠠ ᠬᠠᠷᠢᠴᠠᠭ᠎ᠠ ᠵᠢ ᠴᠢᠩᠭ᠋ᠠᠳᠬᠠᠵᠤ᠂ ᠰᠤᠷᠤᠭᠴᠢᠳ᠎ᠢ ᠤᠯᠠᠨ ᠨᠠᠢ᠍ᠢ᠍ᠳᠠ ᠵᠢᠨ ᠳᠤᠮᠳᠠ ᠠᠭᠤᠰᠬᠠᠨ ᠣᠷᠣᠭᠤᠯᠤᠨ᠎ᠠ᠃ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠨᠢ ᠬᠥᠮᠦᠰ᠎ᠢ ᠠᠮᠵᠢᠯᠲᠠ ᠪᠠ ᠰᠢᠯᠢᠳᠡᠭ ᠲᠥᠷᠥᠭᠳᠡᠯ᠎ᠲᠠᠢ ᠪᠣᠯᠭ᠋ᠠᠨ᠎ᠠ᠂ ᠠ᠋ᠢ᠍ᠢ᠍ᠮᠦ᠎ᠠᠴᠠ ᠰᠤᠷᠤᠭᠴᠢᠳ᠎ᠢ ᠵᠣᠬᠢᠬᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠤᠷᠤᠯᠴᠠᠬᠤ ᠵᠢ ᠵᠤᠷᠢᠬ᠍ᠵᠢᠭᠤᠯᠤᠨ ᠱᠠᠭ᠋ᠠᠷᠳᠠᠨ᠎ᠠ᠃
(4) ᠰᠢᠯᠭ᠋ᠠᠯᠲᠠ᠎ᠳᠤ ᠬᠡᠲᠦᠷᠬᠡᠶ ᠰᠠᠨᠠᠭ᠎ᠠ ᠵᠣᠪᠠᠬᠤ
ᠰᠠᠨᠠᠭ᠎ᠠ ᠵᠣᠪᠠᠬᠤ᠎ᠨᠢ ᠰᠢᠯᠭ᠋ᠠᠯᠲᠠ᠎ᠳᠤ ᠠᠳᠠᠯᠢ ᠪᠤᠰᠤ ᠨᠥᠯᠥᠭᠡ᠎ᠲᠠᠢ᠃ ᠵᠣᠪᠠᠨᠢᠯ᠎ᠤᠨ ᠬᠡᠮᠵᠢᠶ᠎ᠡ ᠵᠣᠬᠢᠰᠲᠠᠶ ᠪᠣᠯ ᠳᠠᠪᠲᠠᠯᠭ᠎ᠠ ᠵᠢ ᠠᠬᠢᠭᠤᠯᠵᠦ᠂ ᠰᠢᠯᠭ᠋ᠠᠯᠳᠠ᠎ᠳᠤ ᠰᠠᠶ᠋ᠢᠨ ᠪᠦᠳᠤᠮᠵᠢ ᠤᠯᠬᠤ᠎ᠳᠤ ᠠᠰᠢᠭᠲᠠᠶ᠃ ᠵᠣᠪᠠᠨᠢᠯ᠎ᠤᠨ ᠬᠡᠮᠵᠢᠶ᠎ᠡ ᠬᠡᠲᠦᠷᠬᠡᠶ ᠳᠤᠤᠷ᠎ᠠ ᠪᠣᠯ ᠰᠤᠷᠤᠭᠴᠢᠳ ᠰᠢᠯᠭ᠋ᠠᠯᠲᠠ ᠵᠢ ᠬᠦᠨᠳᠦᠳᠭᠡᠵᠦ ᠦᠵᠡᠬᠦ ᠦᠭᠡᠢ᠂ ᠣᠮᠣᠷᠬᠠᠭ ᠪᠠᠷᠳᠠᠮ᠂ ᠬᠠᠰᠢ ᠶᠠᠰᠢ᠎ᠠᠴᠠ ᠪᠤᠯᠵᠦ ᠰᠠᠶ᠋ᠢᠨ ᠬᠢᠷᠢ ᠪᠦᠲᠦᠮᠵᠢ ᠣᠯᠵᠤ ᠲᠡᠢ᠍ᠢ᠍ᠯᠭᠦ ᠦᠭᠡᠢ᠃ ᠵᠣᠪᠠᠨᠢᠯ ᠠᠬᠠᠳᠠᠪᠠᠯ ᠰᠤᠷᠤᠭᠴᠢᠳ ᠰᠠᠭᠤᠵᠤ ᠲᠣᠭᠲᠠᠬᠤ᠎ᠪᠠᠨ ᠪᠠᠢ᠍ᠢ᠍ᠵᠤ᠂ ᠲᠣᠯᠣᠭ᠋ᠠᠢ ᠡᠪᠡᠳᠴᠦ ᠨᠢᠳᠤ ᠠ᠋ᠷᠢᠶᠠᠯᠵᠢᠨ᠂ ᠠᠩᠬᠠᠷᠤᠯ ᠵᠶ᠋ᠠᠨ ᠲᠥᠪᠯᠡᠷᠡᠭᠦᠯᠬᠦ ᠵᠢᠨ ᠠᠷᠭ᠎ᠠ ᠦᠭᠡᠢ ᠪᠣᠯᠵᠤ᠂ ᠰᠡᠳᠬᠢᠬᠦᠢ᠎ᠨᠢ ᠠ᠋ᠮᠬᠢ ᠵᠠᠮᠪᠠᠷᠠᠭ᠎ᠠ ᠦᠭᠡᠢ ᠪᠣᠯᠵᠤ᠂ ᠰᠡᠳᠦᠪ ᠵᠶ᠋ᠠᠨ ᠲᠣᠳᠣᠷᠬᠠᠢ ᠬᠢᠨᠠᠵᠦ ᠲᠡᠢ᠍ᠢ᠍ᠯᠭᠦ ᠦᠭᠡᠢ᠂ ᠰᠡᠳᠦᠪ ᠵᠠᠳᠠᠯᠬᠤ᠎ᠳᠤ ᠠᠮᠠᠷᠬᠠᠨ ᠪᠤᠷᠤᠭᠤ ᠭᠠᠷᠴᠤ᠂ ᠰᠢᠯᠭ᠋ᠠᠯᠲᠠ᠎ᠳᠤ ᠬᠡᠪ᠎ᠤᠨ ᠬᠢᠷᠢ ᠬᠡᠮᠵᠢᠶ᠎ᠡ᠎ᠪᠠᠨ ᠪᠠᠳᠠᠷᠠᠭᠤᠯᠵᠤ ᠴᠢᠳᠠᠬᠤ ᠦᠭᠡᠢ ᠪᠣᠯᠳᠠᠭ᠃ ᠠ᠋ᠢ᠍ᠢ᠍ᠮᠦ᠎ᠠᠴᠠ ᠰᠤᠷᠤᠭᠴᠢᠳ᠎ᠤᠨ ᠬᠡᠲᠦᠷᠬᠡᠶ ᠰᠡᠳᠬᠢᠴᠡ ᠵᠢᠨ ᠵᠣᠪᠠᠨᠢᠯ᠎ᠢ ᠵᠢᠯᠤᠭᠤᠳᠤᠨ ᠠᠷᠢᠯᠭ᠋ᠠᠬᠤ ᠪᠣᠯ ᠠᠩᠭᠢ ᠵᠢᠨ ᠠ᠋ᠷᠬᠢᠯᠡᠭᠴᠢ ᠪᠠᠭᠰᠢ ᠵᠢᠨ ᠠ᠋ᠩ ᠲᠡᠷᠢᠭᠦᠨ᠎ᠳᠤ ᠬᠢᠬᠦ ᠠᠵᠢᠯ ᠪᠣᠯᠤᠨ᠎ᠠ᠃ ᠰᠤᠷᠤᠭᠴᠢᠳ᠎ᠢ ᠵᠢᠯᠣᠭᠣᠳᠤᠨ ᠰᠢᠯᠭ᠋ᠠᠯᠲᠠ᠎ᠠᠴᠠ ᠠ᠋ᠮᠦᠨ᠎ᠡ ᠰᠤᠯᠠᠳᠬᠠᠬᠤ ᠪᠣᠯᠪᠠᠰᠤᠷᠠᠯ ᠬᠢᠯᠭᠡᠵᠦ᠂ ᠰᠤᠷᠤᠭᠴᠢᠳ᠎ᠢ ᠤᠷᠠᠨ ᠰᠠᠶ᠋ᠢᠬᠠᠨ᠂ ᠪᠡᠶ᠎ᠡ ᠵᠢᠨ ᠲᠠᠮᠢᠷ᠎ᠤᠨ ᠬᠥᠳᠡᠯᠭᠡᠭᠡᠨ ᠵᠢᠴᠢ ᠰᠣᠨᠢᠷᠬᠠᠯᠲᠠᠢ ᠬᠢᠴᠢᠶᠡᠯ᠎ᠤᠨ ᠭᠠᠳᠠᠨᠠᠬᠢ ᠬᠥᠳᠡᠯᠭᠡᠭᠡᠨ᠎ᠳᠤ ᠵᠣᠬᠢᠬᠤ ᠬᠡᠮᠵᠢᠶ᠎ᠡ᠎ᠪᠠᠷ ᠣᠷᠣᠯᠴᠠᠬᠤ ᠵᠢ ᠱᠠᠭ᠋ᠠᠷᠳᠠᠨ᠂ ᠠᠩᠬᠠᠷᠤᠯ᠎ᠢ᠎ᠨᠢ ᠰᠢᠯᠵᠢᠭᠦᠯᠵᠦ᠂ ᠰᠡᠳᠬᠢᠴᠡ ᠵᠢᠨ ᠳᠠᠷᠤᠯᠲᠠ ᠵᠢ᠎ᠨᠢ ᠬᠥᠩᠭᠡᠷᠡᠭᠦᠯᠦᠨ᠎ᠡ᠃ ᠠ᠋ᠭᠦᠨ᠎ᠠᠴᠠ ᠭᠠᠳᠠᠨ᠎ᠠ ᠰᠤᠷᠤᠭᠴᠢᠳ᠎ᠤᠨ ᠬᠡᠲᠦᠷᠬᠡᠢ ᠵᠣᠪᠠᠨᠢᠵᠤ ᠪᠠᠶ᠋ᠢᠭ᠎ᠠ ᠪᠠᠶ᠋ᠢᠳᠠᠯ᠎ᠳᠤ ᠴᠢᠭᠯᠡᠭᠦᠯᠦᠨ᠂ ᠯᠠᠪᠳᠠᠭᠤᠨ ᠬᠢᠨᠠᠮᠠᠭ᠋ᠠᠢ ᠣᠶᠤᠨᠴᠢ ᠵᠠᠳᠠᠯᠤᠯᠲᠠ ᠪᠠ ᠢᠲᠡᠭᠡᠯ ᠵᠣᠷᠢᠭ᠎ᠤᠨ ᠪᠣᠯᠪᠠᠰᠤᠷᠠᠯ ᠬᠢᠯᠭᠡᠵᠦ᠂ ᠰᠡᠳᠬᠢᠯ ᠰᠠᠨᠠᠭ᠎ᠠ ᠵᠢ᠎ᠨᠢ ᠲᠣᠭᠲᠠᠭᠤᠨ ᠪᠣᠯᠭ᠋ᠠᠨ᠎ᠠ᠃ ᠪᠠᠰᠠ ᠰᠤᠷᠤᠭᠴᠢᠳ᠎ᠲᠤ ᠥᠪᠡᠷ᠎ᠢ᠎ᠪᠠᠨ ᠢᠳᠡᠪᠬᠢᠲᠡᠢ ᠲᠤᠬᠢᠷᠠᠭᠤᠯᠬᠤ ᠠᠷᠭ᠎ᠠ᠂ ᠪᠡᠶᠡᠴᠢᠯᠡᠨ ᠣᠶ᠋ᠢᠯᠠᠭ᠋ᠠᠬᠤ ᠠᠷᠭ᠎ᠠ ᠵᠡᠷᠭᠡ ᠵᠢ ᠵᠢᠭ᠋ᠠᠨ ᠦᠭᠴᠤ᠂ ᠰᠢᠯᠭ᠋ᠠᠯᠲᠠ᠎ᠠᠴᠠ ᠠ᠋ᠮᠤᠨ᠎ᠡ ᠳᠠᠬᠢᠨ ᠳᠠᠪᠲᠠᠨ ᠪᠣᠯᠪᠠᠰᠤᠷᠠᠭᠤᠯᠤᠨ᠎ᠠ᠃
ᠰᠤᠷᠤᠭᠴᠢᠳ᠎ᠤᠨ ᠠᠯᠢ ᠤᠯᠠᠨ ᠨᠡᠯᠢᠶᠡᠳ ᠬᠦᠨᠳᠦ ᠨᠣᠴᠢᠲᠠᠢ ᠰᠡᠳᠬᠢᠴᠡ ᠵᠢᠨ ᠠᠰᠠᠭᠤᠳᠠᠯ᠎ᠳᠤ᠂ ᠠᠩᠬᠢ ᠵᠢᠨ ᠠ᠋ᠷᠬᠢᠯᠡᠭᠴᠢ ᠪᠠᠭᠰᠢ ᠵᠠᠪᠡᠯ ᠦᠵᠡᠯᠲᠡ ᠪᠠ ᠠᠷᠭ᠎ᠠ ᠪᠠᠷᠢᠯ᠎ᠤᠨ ᠲᠠᠯ᠎ᠠ᠎ᠪᠠᠷ ᠭᠦᠢ᠍ᠴᠡᠳ ᠪᠡᠯᠡᠳᠬᠡᠯ ᠬᠢᠵᠦ᠂ ᠬᠠᠮᠲᠤ ᠵᠢᠨ ᠰᠤᠷᠭ᠋ᠠᠨ ᠬᠥᠮᠦᠵᠢᠯ ᠪᠠ ᠬᠤᠪᠢ ᠬᠥᠮᠦᠨ᠎ᠤ ᠰᠤᠷᠭ᠋ᠠᠨ ᠬᠥᠮᠦᠵᠢᠯ᠎ᠢ ᠤᠶᠠᠯᠳᠤᠭᠤᠯᠵᠤ᠂ ᠭᠣᠣᠯᠳᠠᠯᠭ᠎ᠠ᠎ᠪᠠᠨ ᠰᠤᠷᠤᠭᠴᠢᠳ᠎ᠤᠨ ᠰᠡᠳᠬᠢᠴᠡ ᠵᠢᠨ ᠡᠪᠡᠳᠴᠢᠨ᠎ᠢ ᠤᠷᠢᠳᠴᠢᠯᠠᠨ ᠰᠡᠷᠭᠡᠶ᠋ᠢᠯᠡᠬᠦ ᠳᠡᠭᠡᠷ᠎ᠡ ᠲᠠᠯᠪᠢᠵᠤ᠂ ᠨᠡᠩ ᠣᠯᠠᠨ ᠨᠡᠩ ᠳᠠᠪᠰᠢᠩᠭᠤᠶ ᠰᠡᠳᠬᠢᠴᠡ ᠵᠢᠨ ᠬᠥᠮᠦᠵᠢᠯ᠎ᠤᠨ ᠠᠷᠭ᠎ᠠ ᠵᠠᠮ ᠪᠣᠯᠤᠨ ᠬᠡᠯᠪᠡᠷᠢ ᠮᠠᠶᠢᠬ᠎ᠢ ᠴᠢᠷᠮᠠᠶ᠋ᠢᠨ ᠰᠦᠪᠡᠭᠴᠢᠯᠡᠪᠡᠯ ᠵᠣᠬᠢᠨ᠎ᠠ᠃
ᠠᠵᠢᠯᠯᠠᠵᠤ ᠪᠠᠢ᠍ᠢ᠍ᠭ᠎ᠠ ᠪᠠᠢ᠍ᠢ᠍ᠭᠤᠯᠭ᠎ᠠ᠄ ᠬᠥᠬᠡᠬᠣᠲᠠ ᠵᠢᠨ ᠮᠣᠩᠭᠤᠯ ᠦᠨᠳᠦᠰᠦᠲᠡᠨ᠎ᠤ ᠰᠤᠷᠭ᠋ᠠᠭᠤᠯᠢ
(ᠠᠯᠳᠠᠨᠰᠦᠢ᠍ᠭᠡ ᠨᠠᠢ᠍ᠢ᠍ᠷᠠᠭᠤᠯᠪᠠ)
2023.2 ᠳ᠋ᠤᠭ᠋ᠠᠷ ᠬᠤᠭᠤᠴᠠᠭ᠎ᠠ