ᠯᠢ ᠰᠢᠶᠠᠩ ᠶᠤᠤ

ᠬᠤᠪᠢᠰᠤᠩᠭᠤᠢ ᠪᠣᠳᠠᠰᠴᠢ ᠦᠵᠡᠯ᠎ᠨᠢ ᠬᠡᠷᠡᠭ ᠪᠣᠳᠠᠰ ᠪᠣᠯ ᠬᠤᠯᠪᠣᠭ᠎ᠠ᠎ᠲᠠᠢ᠂ ᠬᠡᠷᠡᠭ ᠪᠣᠳᠠᠰ᠎ᠤᠨ ᠬᠤᠯᠪᠣᠭ᠎ᠠ ᠪᠣᠯ ᠲᠦᠭᠡᠮᠡᠯ᠂ ᠪᠤᠰᠤᠳᠴᠢ ᠪᠥᠭᠡᠳ ᠰᠢᠰᠲ᠋ᠧᠮ᠎ᠤᠨ ᠬᠤᠪᠢ᠎ᠪᠠᠷ ᠣᠷᠣᠰᠢᠵᠤ ᠪᠠᠶ᠋ᠢᠳᠠᠭ ᠭᠡᠵᠦ ᠦᠵᠡᠳᠡᠭ᠃ ᠰᠢᠰᠲ᠋ᠧᠮ ᠭᠡᠳᠡᠭ᠎ᠨᠢ ᠳᠠᠷᠤᠢ ᠶᠠᠮᠠᠷᠪᠠ ᠬᠡᠷᠡᠭ ᠪᠣᠳᠠᠰ᠎ᠨᠢ ᠪᠤᠰᠤᠳ ᠬᠡᠷᠡᠭ ᠪᠣᠳᠠᠰ᠎ᠲᠠᠢ ᠬᠠᠷᠢᠯᠴᠠᠨ ᠬᠤᠯᠪᠣᠭ᠎ᠠ᠎ᠲᠠᠢ ᠪᠠᠶ᠋ᠢᠳᠠᠭ ᠵᠶ᠋ᠠᠷ ᠪᠠᠷᠠᠭ᠍ᠤ ᠦᠭᠡᠢ᠂ ᠬᠡᠷᠡᠭ ᠪᠣᠳᠠᠰ᠎ᠤᠨ ᠳᠣᠲᠣᠭ᠋ᠠᠳᠤ ᠵᠢᠨ ᠠ᠋ᠯᠧᠮᠧᠨ᠋ᠲᠤᠳᠤᠨ ᠬᠤᠭᠤᠷᠣᠨᠳᠤ᠎ᠪᠠᠨ ᠴᠥᠮ ᠬᠠᠷᠢᠯᠴᠠᠨ ᠬᠤᠯᠪᠣᠭ᠎ᠠ᠎ᠲᠠᠢ ᠪᠠᠶ᠋ᠢᠳᠠᠭ᠎ᠤᠨ ᠤᠯᠠᠮ᠎ᠠᠴᠠ ᠨᠢᠭᠡᠨ ᠣᠷᠭ᠋ᠠᠨᠢᠭ ᠪᠦᠬᠦᠯᠢ ᠴᠣᠭᠴᠠ ᠵᠢ ᠪᠦᠷᠢᠯᠳᠦᠭᠦᠯᠬᠦ ᠵᠢ ᠬᠡᠯᠡᠵᠦ ᠪᠠᠶ᠋ᠢᠨ᠎ᠠ᠃ ᠰᠤᠷᠭ᠋ᠠᠭᠤᠯᠢ ᠪᠣᠯ ᠨᠢᠭᠡᠨ ᠣᠷᠭ᠋ᠠᠨᠢᠭ ᠪᠦᠬᠦᠯᠢ ᠴᠣᠭᠴᠠ᠂ ᠨᠢᠭᠡᠨ ᠰᠢᠰᠲ᠋ᠧᠮ ᠮᠥᠨ᠃ ᠠᠩᠭᠢ ᠪᠣᠯ ᠰᠤᠷᠭ᠋ᠠᠭᠤᠯᠢ ᠵᠢᠨ ᠠ᠋ᠨᠡ ᠬᠦ᠌ ᠰᠢᠰᠲ᠋ᠧᠮ᠎ᠳᠠᠬᠢ ᠦᠨᠳᠦᠰᠦᠨ ᠠ᠋ᠯᠧᠮᠧᠨ᠋ᠲ᠂ ᠰᠤᠷᠭ᠋ᠠᠭᠤᠯᠢ᠎ᠲᠠᠢ ᠬᠠᠷᠢᠴᠠᠭᠤᠯᠪᠠᠯ ᠨᠢᠭᠡᠨ ᠵᠢᠵᠢᠭ ᠪᠦᠬᠦᠯᠢ ᠴᠣᠭᠴᠠ ᠮᠥᠨ᠂ ᠬᠤᠪᠢᠶᠠᠷᠢ ᠰᠢᠰᠲ᠋ᠧᠮ ᠮᠥᠨ᠃ ᠰᠤᠷᠤᠭᠴᠢᠳ ᠪᠣᠯ ᠠᠩᠭᠢ ᠵᠢᠨ ᠰᠢᠰᠲ᠋ᠧᠮ᠎ᠤᠨ ᠠ᠋ᠯᠧᠮᠧᠨ᠋ᠲ ᠮᠥᠨ᠃ ᠲᠡᠭᠡᠪᠡᠯ ᠠᠩᠭᠢ ᠵᠢᠨ ᠠ᠋ᠷᠬᠢᠯᠡᠭᠴᠢ᠎ᠨᠢ ᠮᠥᠨ ᠴᠦ᠍ ᠠᠩᠭᠢ ᠵᠢᠨ ᠰᠢᠰᠲ᠋ᠧᠮ᠎ᠤᠨ ᠠ᠋ᠯᠧᠮᠧᠨ᠋ᠲ ᠮᠥᠨ ᠤᠤ? ᠠᠩᠭᠢ ᠪᠣᠯ ᠰᠤᠷᠭ᠋ᠠᠭᠤᠯᠢ᠎ᠠᠴᠠ ᠰᠤᠷᠤᠭᠴᠢᠳ᠎ᠲᠤ ᠵᠣᠷᠢᠭᠤᠯᠤᠭᠰᠠᠨ ᠨᠢᠭᠡ ᠵᠦᠢ᠍ᠯ᠎ᠤᠨ ᠲᠣᠬᠢᠷᠠᠭᠤᠯᠤᠯᠲᠠ ᠮᠥᠨ᠃ ᠠᠩᠭᠢ ᠵᠢᠨ ᠠ᠋ᠷᠬᠢᠯᠡᠭᠴᠢ ᠪᠣᠯ ᠪᠠᠭᠰᠢ ᠮᠥᠨ ᠪᠣᠯᠬᠤᠷ ᠰᠤᠷᠤᠭᠴᠢᠳ᠎ᠲᠠᠢ ᠬᠤᠳᠬᠤᠯᠳᠤᠭᠤᠯᠵᠤ ᠪᠣᠯᠬᠤ ᠦᠭᠡᠢ ᠭᠡᠳᠡᠭ ᠪᠣᠯ ᠵᠣᠭᠰᠣᠩᠭᠢ᠂ ᠭᠠᠭᠴᠠᠭ᠋ᠠᠷᠳᠠᠮᠠᠯ᠂ ᠥᠷᠥᠭᠡᠰᠦᠯ ᠦᠵᠡᠯᠲᠡ ᠮᠥᠨ᠃ ᠠᠩᠭᠢ ᠵᠢᠨ ᠠ᠋ᠷᠬᠢᠯᠡᠭᠴᠢ᠎ᠨᠢ ᠠᠩᠭᠢ ᠵᠢᠨ ᠰᠢᠰᠲ᠋ᠧᠮ᠎ᠤᠨ ᠨᠢᠭᠡ ᠠ᠋ᠯᠧᠮᠧᠨ᠋ᠲ ᠪᠣᠯᠬᠤ᠎ᠪᠠᠷ ᠪᠠᠷᠠᠭ᠍ᠤ ᠦᠭᠡᠢ ᠤᠨᠴᠠ ᠴᠢᠬᠤᠯᠠ ᠠ᠋ᠯᠧᠮᠧᠨ᠋ᠲ᠂ ᠠᠩᠭᠢ ᠵᠢᠨ ᠬᠠᠮᠢᠶᠠᠷᠤᠯᠲᠠ ᠵᠢᠨ ᠭᠤᠣᠯ ᠴᠣᠭᠴᠠ ᠪᠣᠯᠣᠨ᠎ᠠ᠃
ᠠᠩᠭᠢ ᠵᠢᠨ ᠬᠠᠮᠢᠶᠠᠷᠤᠯᠲᠠ ᠭᠡᠳᠡᠭ᠎ᠨᠢ ᠠᠩᠭᠢ ᠵᠢᠨ ᠳᠣᠲᠣᠷᠠᠬᠢ ᠬᠠᠮᠢᠶᠠᠷᠤᠯᠲᠠ ᠵᠢᠨ ᠪᠡᠶᠡᠴᠢ ᠴᠣᠭᠴᠠ᠎ᠠᠴᠠ ᠬᠠᠮᠢᠶᠠᠷᠤᠯᠲᠠ ᠵᠢᠨ ᠪᠤᠰᠤᠳᠴᠢ ᠴᠣᠭᠴᠠ ᠵᠢ ᠵᠣᠬᠢᠴᠠᠭᠤᠯᠬᠤ ᠪᠠ ᠵᠣᠬᠢᠶᠠᠨ ᠪᠠᠶ᠋ᠢᠭᠤᠯᠵᠤ᠂ ᠬᠤᠯᠪᠣᠭᠳᠠᠯ ᠪᠦᠬᠦᠢ ᠠ᠋ᠬᠢ ᠪᠠᠶᠠᠯᠢᠭ᠎ᠢ ᠰᠢᠯᠢᠳᠡᠭᠵᠢᠭᠦᠯᠦᠨ ᠬᠡᠷᠡᠭᠯᠡᠵᠦ᠂ ᠬᠠᠮᠲᠤ ᠵᠢᠨ ᠵᠣᠷᠢᠯᠭ᠎ᠠ᠎ᠳᠤ᠎ᠪᠠᠨ ᠬᠦᠷᠬᠦ ᠶᠠᠪᠤᠴᠠ ᠵᠢ ᠵᠢᠭ᠋ᠠᠵᠤ ᠪᠠᠶ᠋ᠢᠨ᠎ᠠ᠃ ᠬᠠᠮᠢᠶᠠᠷᠤᠯᠲᠠ ᠵᠢᠨ ᠪᠡᠶᠡᠴᠢ ᠴᠣᠭᠴᠠ ᠭᠡᠳᠡᠭ᠎ᠨᠢ ᠵᠣᠬᠢᠬᠤ ᠬᠠᠮᠢᠶᠠᠷᠤᠯᠲᠠ ᠵᠢᠨ ᠴᠢᠳᠠᠪᠤᠷᠢ᠎ᠲᠠᠢ᠂ ᠵᠣᠬᠢᠴᠠᠩᠭᠤᠢ ᠠ᠋ᠷᠬᠡ ᠰᠦᠷ ᠪᠠ ᠬᠠᠷᠢᠭᠤᠴᠠᠯᠭ᠎ᠠ᠎ᠲᠠᠢ᠂ ᠪᠣᠳᠠᠲᠠᠢ ᠬᠠᠮᠢᠶᠠᠷᠤᠯᠲᠠ ᠵᠢᠨ ᠠᠵᠢᠯᠯᠠᠭ᠎ᠠ ᠬᠢᠳᠡᠭ ᠬᠥᠮᠥᠨ᠎ᠢ ᠵᠢᠭ᠋ᠠᠵᠤ ᠪᠠᠶ᠋ᠢᠨ᠎ᠠ᠃ ᠳᠠᠷᠤᠢ ᠮᠠᠨ᠎ᠤ ᠶᠡᠷᠦᠳᠡ ᠵᠢᠨ ᠬᠡᠯᠡᠳᠡᠭ 《ᠬᠠᠮᠢᠶᠠᠷᠤᠭᠴᠢ》 ᠵᠢ ᠵᠢᠭ᠋ᠠᠵᠤ ᠪᠠᠶ᠋ᠢᠨ᠎ᠠ᠃ ᠠᠩᠭᠢ ᠵᠢᠨ ᠬᠠᠮᠢᠶᠠᠷᠤᠯᠲᠠ᠎ᠳᠤ ᠠᠩᠭᠢ ᠵᠢᠨ ᠠ᠋ᠷᠬᠢᠯᠡᠭᠴᠢ᠎ᠨᠢ ᠠᠩᠭᠢ ᠵᠢ ᠵᠣᠬᠢᠶᠠᠨ ᠪᠠᠶ᠋ᠢᠭᠤᠯᠬᠤ᠂ ᠰᠤᠷᠭ᠋ᠠᠨ ᠬᠥᠮᠥᠵᠢᠭᠦᠯᠬᠦ᠂ ᠬᠠᠮᠢᠶᠠᠷᠬᠤ ᠠ᠋ᠷᠬᠡ ᠲᠠᠢ; ᠰᠤᠷᠤᠭᠴᠢᠳ᠎ᠲᠤ ᠤᠯᠤᠰ ᠲᠦᠷᠦ ᠦᠵᠡᠯ ᠰᠠᠨᠠᠭ᠋ᠠᠨ᠎ᠤ ᠬᠥᠮᠦᠵᠢᠯ ᠬᠢᠬᠦ ᠠ᠋ᠷᠬᠡ᠎ᠲᠠᠢ᠂ ᠰᠤᠷᠤᠭᠴᠢᠳ᠎ᠤᠨ ᠰᠤᠷᠤᠯᠭ᠎ᠠ᠂ ᠠᠮᠢᠳᠤᠷᠠᠯ᠂ ᠰᠠᠬᠢᠯᠭ᠎ᠠ ᠪᠠᠲᠤ ᠵᠢ ᠵᠢᠯᠤᠭᠤᠳᠴᠤ᠂ ᠬᠢᠨᠠᠯᠲᠠ ᠲᠠᠯᠪᠢᠬᠤ ᠠ᠋ᠷᠬᠡ᠎ᠲᠠᠢ; ᠰᠤᠷᠤᠭᠴᠢᠳ᠎ᠲᠤ ᠱᠠᠩᠨᠠᠯ ᠣᠯᠭᠤᠬᠤ ᠪᠠ ᠰᠢᠢ᠍ᠳᠬᠡᠯ ᠥᠭᠬᠦ ᠵᠢ ᠠᠩᠬ᠎ᠠ ᠠᠯᠬᠤᠮ ᠲᠣᠭᠲᠠᠭ᠋ᠠᠬᠤ ᠠ᠋ᠷᠬᠡ᠎ᠲᠠᠢ; ᠰᠤᠷᠤᠭᠴᠢᠳ᠎ᠤᠨ ᠵᠠᠩ ᠰᠤᠷᠲᠠᠯ ᠢ ᠦᠨᠡᠯᠡᠬᠦ ᠠ᠋ᠷᠬᠡ᠎ᠲᠠᠢ; ᠬᠠᠮᠲᠤ ᠵᠢᠨ ᠴᠢᠬᠤᠯᠠ ᠶᠡᠭᠡ ᠠᠰᠠᠭᠤᠳᠠᠯ᠎ᠤᠨ ᠲᠤᠬᠠᠢ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠡᠷᠭᠡ ᠠ᠋ᠷᠬᠡ᠎ᠲᠠᠢ᠃ ᠠ᠋ᠲᠡᠭᠡᠷᠨᠢ ᠠᠩᠭᠢ ᠵᠢᠨ ᠠ᠋ᠷᠬᠢᠯᠡᠭᠴᠢ ᠪᠣᠯ ᠠᠩᠭᠢ ᠵᠢᠨ ᠬᠠᠮᠢᠶᠠᠷᠤᠯᠲᠠ ᠵᠢᠨ ᠭᠤᠣᠯ ᠴᠣᠭᠴᠠ ᠪᠣᠯᠬᠤ ᠵᠢ ᠲᠣᠳᠣᠷᠬᠠᠢ ᠬᠠᠷᠠᠭᠤᠯᠵᠤ ᠪᠠᠶ᠋ᠢᠨ᠎ᠠ᠃
ᠬᠠᠮᠢᠶᠠᠷᠤᠯᠲᠠ ᠵᠢᠨ ᠠᠵᠢᠯᠯᠠᠭ᠎ᠠ ᠪᠣᠯ ᠨᠢᠭᠡᠨ ᠤᠯᠠᠨ ᠲᠡᠰ ᠳᠠᠪᠬᠤᠷᠭ᠎ᠠ ᠵᠢᠨ ᠶᠡᠷᠦᠩᠬᠡᠶ᠋ᠢᠯᠡᠭᠰᠡᠨ ᠠᠵᠢᠯᠯᠠᠭ᠎ᠠ᠃ ᠬᠠᠮᠢᠶᠠᠷᠤᠯᠲᠠ ᠵᠢᠨ ᠭᠤᠣᠯ ᠴᠣᠭᠴᠠ᠎ᠨᠢ ᠶᠡᠷᠦ᠎ᠳᠤ ᠪᠠᠨ ᠮᠠᠰᠢ ᠤᠯᠠᠨ ᠬᠤᠪᠢ ᠬᠥᠮᠥᠨ᠎ᠤ ᠵᠣᠬᠢᠬᠤ ᠬᠡᠯᠪᠡᠷᠢ᠎ᠪᠠᠷ ᠵᠣᠬᠢᠶᠠᠨ ᠪᠠᠶ᠋ᠢᠭᠤᠯᠤᠭᠳᠠᠭᠰᠠᠨ ᠪᠦᠬᠦᠯᠢ ᠴᠣᠭᠴᠠ ᠪᠣᠯᠣᠨ᠎ᠠ᠃ ᠠ᠋ᠶ᠋ᠢᠮᠦᠷᠬᠦᠦ ᠬᠠᠮᠢᠶᠠᠷᠤᠯᠲᠠ ᠵᠢᠨ ᠭᠤᠣᠯ ᠴᠣᠭᠴᠠ ᠵᠢᠨ ᠴᠢᠳᠠᠮᠵᠢ ᠵᠢ ᠠ᠋ᠭᠦᠷᠭᠡᠯᠡᠵᠦ ᠪᠠᠶ᠋ᠢᠭ᠎ᠠ ᠪᠦᠬᠦᠯᠢ ᠴᠣᠭᠴᠠ ᠪᠣᠯ ᠳᠠᠷᠤᠢ ᠬᠠᠮᠢᠶᠠᠷᠤᠯᠲᠠ ᠵᠢᠨ ᠭᠤᠣᠯ ᠴᠣᠭᠴᠠ ᠵᠢᠨ ᠰᠢᠰᠲ᠋ᠧᠮ ᠪᠣᠯᠣᠨ᠎ᠠ᠃ ᠨᠢᠭᠡ ᠠᠩᠭᠢ ᠵᠢᠨ ᠬᠠᠮᠢᠶᠠᠷᠤᠯᠲᠠ ᠵᠢᠨ ᠪᠡᠶᠡᠴᠢ ᠴᠣᠭᠴᠠ᠎ᠨᠢ ᠠᠩᠭᠢ ᠵᠢᠨ ᠠ᠋ᠷᠬᠢᠯᠡᠭᠴᠢ᠎ᠠᠴᠠ ᠭᠠᠳᠠᠨ᠎ᠠ ᠪᠠᠰᠠ ᠠᠩᠭᠢ ᠵᠢᠨ ᠺᠠᠳ᠋ᠷ᠂ ᠳᠤᠭᠤᠶ᠋ᠢᠯᠠᠩ᠎ᠤᠨ ᠳᠠᠷᠤᠭ᠎ᠠ᠂ ᠬᠢᠴᠢᠶᠡᠯ ᠲᠦᠷᠦᠯ᠎ᠤᠨ ᠲᠥᠯᠥᠭᠡᠯᠡᠭᠴᠢ ᠵᠡᠷᠭᠡ ᠪᠠᠶ᠋ᠢᠳᠠᠭ᠃ ᠠ᠋ᠲᠡᠭᠡᠷ ᠨᠢ ᠠᠩᠭᠢ ᠵᠢᠨ ᠬᠠᠮᠢᠶᠠᠷᠤᠯᠲᠠ ᠵᠢᠨ ᠪᠡᠶᠡᠴᠢ ᠴᠣᠭᠴᠠ ᠵᠢᠨ ᠰᠢᠰᠲ᠋ᠧᠮ᠎ᠢ ᠪᠦᠷᠢᠯᠳᠦᠭᠦᠯᠦᠭᠰᠡᠨ ᠪᠠᠶ᠋ᠢᠳᠠᠭ᠃ ᠬᠠᠮᠢᠶᠠᠷᠤᠯᠲᠠ ᠵᠢᠨ ᠪᠤᠰᠤᠳᠴᠢ ᠴᠣᠭᠴᠠ ᠭᠡᠳᠡᠭ᠎ᠨᠢ ᠬᠠᠮᠢᠶᠠᠷᠤᠯᠲᠠ ᠵᠢᠨ ᠪᠡᠶᠡᠴᠢ ᠴᠣᠭᠴᠠ ᠵᠢᠨ ᠠᠵᠢᠯᠯᠠᠭ᠋ᠠᠨ᠎ᠤ ᠬᠦᠷᠢᠶᠡᠨ᠎ᠳᠤ ᠣᠷᠣᠭᠰᠠᠨ ᠪᠥᠭᠡᠳ ᠬᠠᠮᠢᠶᠠᠷᠤᠯᠲᠠ ᠵᠢᠨ ᠪᠡᠶᠡᠴᠢ ᠴᠣᠭᠴᠠ ᠵᠢᠨ ᠵᠣᠬᠢᠴᠠᠭᠤᠯᠬᠤ ᠪᠠ ᠵᠣᠬᠢᠶᠠᠨ ᠪᠠᠶ᠋ᠢᠭᠤᠯᠬᠤ ᠦᠢ᠍ᠯᠡᠳᠦᠯ᠎ᠢ ᠬᠦᠯᠢᠶᠡᠨ ᠠᠪᠴᠤ᠂ ᠬᠥᠮᠥᠨ ᠵᠶ᠋ᠠᠷ ᠭᠤᠣᠯ ᠪᠣᠯᠭ᠋ᠠᠭᠰᠠᠨ ᠪᠤᠰᠤᠳᠴᠢ ᠠ᠋ᠲᠡᠭᠡᠳ᠎ᠤᠨ ᠰᠢᠰᠲ᠋ᠧᠮ᠎ᠢ ᠵᠢᠭ᠋ᠠᠵᠤ ᠪᠠᠶ᠋ᠢᠨ᠎ᠠ᠃ ᠬᠠᠮᠢᠶᠠᠷᠤᠯᠲᠠ ᠵᠢᠨ ᠪᠤᠰᠤᠳᠴᠢ ᠴᠣᠭᠴᠠ ᠵᠢᠨ ᠰᠢᠰᠲ᠋ᠧᠮ᠎ᠨᠢ ᠭᠤᠣᠯᠳᠠᠭᠤ ᠬᠥᠮᠥᠨ᠂ ᠵᠣᠭᠤᠰ᠂ ᠪᠣᠳᠠᠰ᠎ᠢ ᠵᠢᠭ᠋ᠠᠳᠠᠭ᠃ ᠠᠩᠭᠢ ᠵᠢᠨ ᠬᠠᠮᠢᠶᠠᠷᠤᠯᠲᠠ ᠵᠢᠨ ᠪᠤᠰᠤᠳᠴᠢ ᠴᠣᠭᠴᠠ ᠵᠢᠨ ᠰᠢᠰᠲ᠋ᠧᠮ ᠭᠡᠳᠡᠭ᠎ᠨᠢ ᠰᠤᠷᠤᠭᠴᠢ᠂ ᠠᠩᠭᠢ ᠵᠢᠨ ᠠ᠋ᠳ᠋ ᠬᠥᠷᠥᠩᠭᠡ᠂ ᠠᠩᠭᠢ ᠵᠢᠨ ᠠ᠋ᠳ᠋ ᠪᠤᠲᠠᠰ᠎ᠢ ᠬᠡᠯᠡᠨ᠎ᠡ᠃
ᠠᠩᠭᠢ ᠵᠢᠨ ᠬᠠᠮᠢᠶᠠᠷᠤᠯᠲᠠ ᠵᠢᠨ ᠭᠤᠣᠯ ᠴᠣᠭᠴᠠ ᠪᠠ ᠬᠠᠮᠢᠶᠠᠷᠤᠯᠲᠠ ᠵᠢᠨ ᠪᠤᠰᠤᠳᠴᠢ ᠴᠣᠭᠴᠠ᠎ᠨᠢ ᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠤᠨ ᠪᠣᠳᠠᠲᠤ ᠴᠣᠭᠴᠠ ᠵᠢᠨ ᠪᠦᠲᠦᠴᠡ ᠵᠢᠨ ᠬᠤᠶᠠᠷ ᠲᠤᠶ᠋ᠢᠯ᠎ᠢ ᠪᠦᠷᠢᠯᠳᠦᠭᠦᠯᠵᠦ᠂ ᠲᠡᠳᠡᠭᠡᠷ᠎ᠤᠨ ᠬᠤᠭᠤᠷᠣᠨᠳᠣᠬᠢ ᠬᠠᠷᠢᠯᠴᠠᠭ᠎ᠠ ᠪᠠ ᠦᠢ᠍ᠯᠡᠳᠦᠯᠴᠡᠯ᠎ᠨᠢ ᠠᠩᠭᠢ ᠵᠢᠨ ᠬᠠᠮᠢᠶᠠᠷᠤᠯᠲᠠ ᠵᠢᠨ ᠰᠢᠰᠲ᠋ᠧᠮ ᠵᠢᠴᠢ ᠲᠡᠭᠦᠨ᠎ᠤ ᠵᠥᠷᠢᠴᠡᠯ᠎ᠤᠨ ᠬᠥᠳᠡᠯᠭᠡᠭᠡᠨ᠎ᠢ ᠪᠦᠷᠢᠯᠳᠦᠭᠦᠯᠵᠦ᠂ ᠬᠠᠮᠢᠶᠠᠷᠤᠯᠲᠠ ᠵᠢᠨ ᠭᠤᠣᠯ ᠴᠣᠭᠴᠠ ᠪᠠ ᠬᠠᠮᠢᠶᠠᠷᠤᠯᠲᠠ ᠵᠢᠨ ᠪᠤᠰᠤᠳᠴᠢ ᠴᠣᠭᠴᠠ᠎ᠨᠢ ᠠ᠋ᠰᠡᠷᠭᠦ ᠲᠡᠰᠡᠷᠭᠦ ᠮᠦᠷᠳᠡᠭᠡᠨ ᠨᠢᠭᠡᠳᠦᠯᠲᠠᠢ ᠪᠠᠢ᠍ᠢ᠍ᠵᠤ᠂ ᠵᠣᠬᠢᠬᠤ ᠨᠥᠬᠦᠴᠡᠯ᠎ᠤᠨ ᠳᠣᠣᠷ᠎ᠠ ᠬᠠᠷᠢᠯᠴᠠᠨ ᠤᠯᠠᠷᠢᠨ ᠰᠢᠯᠵᠢᠳᠡᠭ᠃ ᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠳᠤ᠂ ᠵᠣᠬᠢᠬᠤ ᠨᠥᠬᠦᠴᠡᠯ᠎ᠤᠨ ᠳᠣᠣᠷ᠎ᠠ᠂ ᠪᠡᠶᠡᠴᠢ ᠴᠣᠭᠴᠠ ᠪᠠ ᠪᠤᠰᠤᠳᠴᠢ ᠴᠣᠭᠴᠠ ᠵᠢ ᠬᠤᠳᠬᠤᠯᠳᠤᠭᠤᠯᠵᠤ ᠪᠣᠯᠬᠤ ᠦᠭᠡᠢ᠂ ᠪᠡᠶᠡᠴᠢ ᠴᠣᠭᠴᠠ᠎ᠨᠢ ᠳᠠᠷᠤᠢ ᠪᠡᠶᠡᠴᠢ ᠴᠣᠭᠴᠠ ᠪᠣᠯᠵᠤ᠂ ᠪᠤᠰᠤᠳᠴᠢ ᠴᠣᠭᠴᠠ᠎ᠨᠢ ᠳᠠᠷᠤᠢ ᠪᠤᠰᠤᠳᠴᠢ ᠴᠣᠭᠴᠠ ᠪᠣᠯᠵᠤ᠂ ᠪᠡᠶᠡᠴᠢ ᠴᠣᠭᠴᠠ᠎ᠨᠢ ᠬᠠᠮᠢᠶᠠᠷᠤᠯᠲᠠ ᠵᠢᠨ ᠠ᠋ᠷᠬᠡ᠎ᠪᠠᠨ ᠶᠠᠪᠤᠭᠤᠯᠵᠤ᠂ ᠪᠤᠰᠤᠳᠴᠢ ᠴᠣᠭᠴᠠ᠎ᠨᠢ ᠬᠠᠮᠢᠶᠠᠷᠤᠭᠳᠠᠭ᠍ᠤ᠂ ᠬᠠᠮᠢᠶᠠᠷᠴᠤ ᠪᠣᠯᠬᠤ ᠪᠠᠶ᠋ᠢᠷᠢᠨ᠎ᠳᠤ ᠣᠷᠣᠰᠢᠵᠤ ᠪᠠᠶ᠋ᠢᠳᠠᠭ᠃ ᠬᠡᠷᠪᠡ ᠠ᠋ᠭᠦᠨ᠎ᠢ ᠲᠣᠳᠣᠷᠬᠠᠢ ᠪᠣᠯᠭ᠋ᠠᠬᠤ ᠦᠭᠡᠢ ᠪᠣᠯ ᠬᠠᠮᠢᠶᠠᠷᠤᠯᠲᠠ ᠵᠢᠨ ᠠᠵᠢᠯᠯᠠᠭ᠎ᠠ᠎ᠪᠠᠨ ᠦᠷᠭᠦᠯᠵᠢᠯᠡᠭᠦᠯᠬᠦ ᠵᠢᠨ ᠠᠷᠭ᠎ᠠ ᠦᠭᠡᠢ ᠪᠣᠯᠣᠨ᠎ᠠ᠃
ᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠳᠤ᠂ ᠬᠠᠮᠢᠶᠠᠷᠤᠯᠲᠠ ᠵᠢᠨ ᠪᠡᠶᠡᠴᠢ ᠴᠣᠭᠴᠠ ᠪᠠ ᠬᠠᠮᠢᠶᠠᠷᠤᠯᠲᠠ ᠵᠢᠨ ᠪᠤᠰᠤᠳᠴᠢ ᠴᠣᠭᠴᠠ ᠪᠣᠯ ᠵᠥᠷᠢᠴᠡᠯ᠎ᠤᠨ ᠬᠤᠶᠠᠷ ᠲᠠᠯ᠎ᠠ ᠪᠣᠯᠣᠨ᠎ᠠ᠂ ᠬᠤᠶᠠᠭᠤᠯᠠ᠎ᠪᠠᠨ ᠬᠠᠷᠢᠯᠴᠠᠨ ᠤᠷᠢᠲᠠᠯ ᠪᠣᠯᠭ᠋ᠠᠵᠤ᠂ ᠬᠠᠷᠢᠯᠴᠠᠨ ᠨᠥᠬᠦᠴᠡᠯ ᠪᠣᠯᠭ᠋ᠠᠵᠤ᠂ ᠬᠠᠷᠢᠯᠴᠠᠨ ᠲᠦᠰᠢᠭᠯᠡᠯᠴᠡᠵᠦ ᠪᠠᠶ᠋ᠢᠳᠠᠭ᠃ ᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠳᠤ ᠬᠠᠮᠢᠶᠠᠷᠤᠯᠲᠠ ᠵᠢᠨ ᠪᠡᠶᠡᠴᠢ ᠴᠣᠭᠴᠠ ᠪᠠ ᠬᠠᠮᠢᠶᠠᠷᠤᠯᠲᠠ ᠵᠢᠨ ᠪᠤᠰᠤᠳᠴᠢ ᠴᠣᠭᠴᠠ ᠨᠢ ᠬᠠᠮᠢᠶᠠᠷᠤᠯᠲᠠ ᠵᠢᠨ ᠠᠵᠢᠯᠯᠠᠭ᠋ᠠᠨ᠎ᠤ ᠳᠤᠮᠳᠠ ᠲᠣᠰ ᠲᠣᠰ ᠵᠣᠬᠢᠬᠤ ᠨᠥᠬᠦᠴᠡᠯ᠎ᠢ ᠦᠨᠳᠦᠰᠦᠯᠡᠵᠦ᠂ ᠥᠪᠡᠷ᠎ᠤᠨ ᠪᠠᠶ᠋ᠢᠷᠢ ᠰᠠᠭᠤᠷᠢ᠎ᠪᠠᠨ ᠠ᠋ᠰᠡᠷᠭᠦ ᠲᠠᠯ᠎ᠠ ᠵᠦᠭ ᠵᠶ᠋ᠠᠨ ᠬᠤᠪᠢᠷᠠᠭᠤᠯᠳᠠᠭ᠃ ᠠ᠋ᠶ᠋ᠢᠮᠦ ᠬᠤᠪᠢᠷᠠᠯᠲᠠ ᠵᠢᠨ ᠭᠤᠣᠯ ᠢᠯᠡᠷᠡᠯ ᠭᠡᠪᠡᠯ᠂ ᠨᠢᠭᠡ᠎ᠳᠤ ᠳᠦᠷᠢ ᠵᠢᠨ ᠬᠤᠪᠢᠷᠠᠯᠲᠠ᠂ ᠠ᠋ᠨᠡ᠎ᠨᠢ ᠲᠡᠭᠦᠨ᠎ᠤ ᠦᠢ᠍ᠯᠡ ᠠᠵᠢᠯᠯᠠᠭ᠋ᠠᠨ᠎ᠤ ᠬᠤᠪᠢᠷᠠᠯᠲᠠ᠎ᠠᠴᠠ ᠠ᠋ᠭᠦᠰᠦᠭᠰᠡᠨ᠂ ᠬᠤᠶᠠᠷ᠎ᠲᠤ ᠥᠪᠡᠷ᠎ᠤᠨ ᠪᠡᠶ᠎ᠡ ᠵᠢᠨ ᠬᠤᠪᠢᠷᠠᠯᠲᠠ᠂ ᠠ᠋ᠨᠡ᠎ᠨᠢ ᠲᠡᠭᠦᠨ᠎ᠤ ᠥᠪᠡᠷ᠎ᠤᠨ ᠤᠬᠠᠮᠰᠠᠷ᠎ᠤᠨ ᠬᠤᠪᠢᠷᠠᠯᠲᠠ᠎ᠠᠴᠠ ᠠ᠋ᠭᠦᠰᠦᠭᠰᠡᠨ ᠶᠤᠮ᠃
ᠬᠠᠮᠢᠶᠠᠷᠤᠯᠲᠠ ᠵᠢᠨ ᠪᠡᠶᠡᠴᠢ ᠴᠣᠭᠴᠠ ᠪᠠ ᠬᠠᠮᠢᠶᠠᠷᠤᠯᠲᠠ ᠵᠢᠨ ᠪᠤᠰᠤᠳᠴᠢ ᠴᠣᠭᠴᠠ ᠵᠢᠨ ᠳᠦᠷᠢ ᠵᠢ ᠬᠤᠪᠢᠷᠠᠭᠤᠯᠬᠤ᠎ᠳᠤ ᠠᠩᠭᠢ ᠵᠢᠨ ᠳᠣᠲᠣᠷᠠᠬᠢ ᠨᠢᠭᠡ ᠰᠣᠷᠣᠭᠴᠢ ᠬᠡᠷᠪᠡ ᠬᠠᠮᠲᠤ ᠰᠤᠷᠤᠯᠭ᠋ᠠᠲᠠᠳ᠎ᠲᠤ᠎ᠪᠠᠨ ᠠᠩᠭᠢ ᠵᠢᠨ ᠺᠠᠳ᠋ᠷ ᠵᠶ᠋ᠠᠷ ᠰᠣᠩᠭᠤᠭᠳᠠᠪᠠᠯ ᠠᠩᠭᠢ ᠵᠢᠨ ᠬᠠᠮᠢᠶᠠᠷᠤᠯᠲᠠ ᠵᠢᠨ ᠳᠤᠮᠳᠠ ᠬᠠᠮᠢᠶᠠᠷᠤᠯᠲᠠ ᠵᠢᠨ ᠪᠤᠰᠤᠳᠴᠢ ᠴᠣᠭᠴᠠ ᠪᠠᠶ᠋ᠢᠭᠰᠠᠨ᠎ᠠᠴᠠ᠎ᠪᠠᠨ ᠬᠠᠮᠢᠶᠠᠷᠤᠯᠲᠠ ᠵᠢᠨ ᠪᠡᠶᠡᠴᠢ ᠴᠣᠭᠴᠠ ᠪᠣᠯᠵᠤ ᠬᠤᠪᠢᠷᠠᠳᠠᠭ᠃ ᠬᠡᠷᠪᠡ ᠲᠡᠷᠡ ᠠᠩᠭᠢ ᠵᠢᠨ ᠺᠠᠳ᠋ᠷ᠎ᠤᠨ ᠲᠤᠰᠢᠶᠠᠯ᠎ᠢ ᠠ᠋ᠭᠦᠷᠭᠡᠯᠡᠬᠦ᠎ᠪᠠᠨ ᠪᠣᠯᠢᠪᠠᠯ᠂ ᠬᠠᠮᠢᠶᠠᠷᠤᠯᠲᠠ ᠵᠢᠨ ᠪᠡᠶᠡᠴᠢ ᠴᠣᠭᠴᠠ᠎ᠠᠴᠠ᠎ᠪᠠᠨ ᠬᠠᠮᠢᠶᠠᠷᠤᠯᠲᠠ ᠵᠢᠨ ᠪᠤᠰᠤᠳᠴᠢ ᠴᠣᠭᠴᠠ᠎ᠳᠤ ᠰᠢᠯᠵᠢᠳᠡᠭ᠃ ᠠᠩᠭᠢ ᠵᠢᠨ ᠠ᠋ᠷᠬᠢᠯᠡᠭᠴᠢ᠎ᠨᠢ ᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠳᠤ ᠬᠠᠮᠢᠶᠠᠷᠤᠯᠲᠠ ᠵᠢᠨ ᠪᠡᠶᠡᠴᠢ ᠴᠣᠭᠴᠠ ᠪᠥᠭᠡᠳ ᠬᠡᠷᠪᠡ ᠠᠩᠭᠢ ᠵᠢᠨ ᠵᠶ᠋ᠠᠨ ᠶᠠᠮᠠᠷ ᠨᠢᠭᠡᠨ ᠠᠵᠢᠯᠯᠠᠭ᠋ᠠᠨ᠎ᠤ ᠳᠤᠮᠳᠠ ᠰᠤᠷᠤᠭᠴᠢᠳ᠎ᠲᠠᠢ᠎ᠪᠠᠨ ᠨᠢᠭᠡ ᠳᠤᠭᠤᠶ᠋ᠢᠯᠠᠩ᠎ᠳᠤ ᠬᠤᠪᠢᠶᠠᠭᠳᠠᠨ ᠤᠷᠤᠪᠠᠯ ᠬᠠᠮᠢᠶᠠᠷᠤᠯᠲᠠ ᠵᠢᠨ ᠪᠤᠰᠤᠳᠴᠢ ᠴᠣᠭᠴᠠ ᠪᠣᠯᠵᠤ ᠬᠤᠪᠢᠷᠠᠳᠠᠭ᠃ ᠬᠥᠮᠥᠨ᠎ᠤ ᠲᠤᠰ ᠪᠡᠶ᠎ᠡ ᠪᠣᠯ ᠳᠠᠷᠤᠢ ᠬᠠᠮᠢᠶᠠᠷᠤᠯᠲᠠ ᠵᠢᠨ ᠪᠡᠶᠡᠴᠢ ᠴᠣᠭᠴᠠ ᠪᠠ ᠬᠠᠮᠢᠶᠠᠷᠤᠯᠲᠠ ᠵᠢᠨ ᠪᠤᠰᠤᠳᠴᠢ ᠴᠣᠭᠴᠠ ᠵᠢᠨ ᠨᠢᠭᠡᠳᠦᠮᠡᠯ ᠴᠣᠭᠴᠠ ᠮᠥᠨ᠃ ᠬᠠᠮᠢᠶᠠᠷᠤᠯᠲᠠ ᠵᠢᠨ ᠪᠡᠶᠡᠴᠢ ᠴᠣᠭᠴᠠ ᠪᠣᠯᠤᠭᠰᠠᠨ ᠬᠥᠮᠥᠨ ᠥᠪᠡᠷ᠎ᠤᠨ ᠪᠡᠶᠡᠴᠢ ᠴᠣᠭᠴᠠ ᠵᠢᠨ ᠪᠠᠶ᠋ᠢᠷᠢ ᠰᠠᠭᠤᠷᠢ᠎ᠪᠠᠨ ᠲᠣᠭᠲᠠᠭ᠋ᠠᠬᠤ ᠵᠢᠨ ᠲᠥᠯᠥᠭᠡ ᠠ᠋ᠷᠬᠡᠪᠰᠢ ᠥᠪᠡᠷ᠎ᠢ᠎ᠪᠠᠨ ᠲᠠᠨᠢᠬᠤ᠂ ᠦᠨᠡᠯᠡᠬᠦ ᠪᠠ ᠥᠭᠡᠷᠡᠴᠢᠯᠡᠬᠦ ᠬᠡᠷᠡᠭᠲᠡᠢ᠃ ᠳᠠᠷᠣᠢ ᠥᠪᠡᠷ᠎ᠢ᠎ᠪᠠᠨ ᠬᠠᠮᠢᠶᠠᠷᠤᠯᠲᠠ ᠵᠢᠨ ᠪᠤᠰᠤᠳᠴᠢ ᠴᠣᠭᠴᠠ ᠪᠣᠯᠭ᠋ᠠᠵᠤ᠂ ᠥᠪᠡᠷ᠎ᠤᠨ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠬᠠᠮᠢᠶᠠᠷᠬᠤ ᠬᠡᠷᠡᠭᠲᠡᠢ᠃ ᠠ᠋ᠨᠡ᠎ᠨᠢ ᠪᠡᠶᠡᠴᠢ ᠴᠣᠭᠴᠠ᠎ᠠᠴᠠ᠎ᠪᠠᠨ ᠪᠤᠰᠤᠳᠴᠢ ᠴᠣᠭᠴᠠ ᠪᠣᠯᠵᠤ ᠬᠤᠪᠢᠷᠠᠭ᠍ᠤ ᠶᠠᠪᠤᠳᠠᠯ ᠪᠣᠯᠣᠨ᠎ᠠ᠃ ᠬᠠᠮᠢᠶᠠᠷᠤᠯᠲᠠ ᠵᠢᠨ ᠪᠤᠰᠤᠳᠴᠢ ᠴᠣᠭᠴᠠ ᠪᠣᠯᠤᠭᠰᠠᠨ ᠪᠠᠶ᠋ᠢᠪᠠᠯ ᠥᠪᠡᠷ᠎ᠤᠨ ᠥᠪᠡᠷᠮᠢᠴᠡ ᠣᠨᠴᠠᠯᠢᠭ᠎ᠠᠴᠠ᠎ᠪᠠᠨ ᠪᠣᠯᠵᠤ᠂ ᠬᠠᠮᠢᠶᠠᠷᠤᠯᠲᠠ ᠵᠢ ᠬᠦᠯᠢᠶᠡᠬᠦ ᠵᠢᠨ ᠬᠠᠮᠲᠤ ᠪᠠᠰᠠ ᠠ᠋ᠷᠬᠡᠪᠰᠢ ᠥᠪᠡᠷ᠎ᠤᠨ ᠪᠡᠶᠡᠴᠢ ᠴᠢᠳᠠᠮᠠᠭ᠋ᠠᠢ ᠴᠢᠨᠠᠷ ᠵᠶ᠋ᠠᠨ ᠪᠠᠳᠠᠷᠠᠭᠤᠯᠵᠤ ᠪᠣᠳᠠᠲᠠᠢ ᠠᠵᠢᠯᠯᠠᠭ᠎ᠠ᠎ᠳᠤ ᠤᠷᠤᠯᠴᠠᠵᠣ ᠪᠠᠶ᠋ᠢᠮᠠᠨᠵᠢᠨ ᠰᠠᠶᠢ ᠬᠠᠮᠢᠶᠠᠷᠤᠯᠲᠠ ᠵᠢᠨ ᠠᠵᠢᠯᠯᠠᠭ᠎ᠠ᠎ᠳᠠᠬᠢ ᠪᠡᠶᠡᠴᠢ ᠴᠣᠭᠴᠠ ᠪᠣᠯᠬᠤ ᠬᠡᠷᠡᠭᠲᠡᠢ᠃
ᠬᠠᠮᠢᠶᠠᠷᠤᠯᠲᠠ ᠵᠢᠨ ᠪᠡᠶᠡᠴᠢ ᠴᠣᠭᠴᠠ ᠪᠠ ᠬᠠᠮᠢᠶᠠᠷᠤᠯᠲᠠ ᠵᠢᠨ ᠪᠤᠰᠤᠳᠴᠢ ᠴᠣᠭᠴᠠ ᠵᠢᠨ ᠥᠪᠡᠷ᠎ᠢ᠎ᠪᠠᠨ ᠬᠤᠪᠢᠷᠠᠭᠤᠯᠬᠤ᠎ᠨᠢ ᠲᠤᠶ᠋ᠢᠯ᠎ᠤᠨ ᠴᠢᠬᠤᠯᠠ ᠶᠤᠮ᠃ ᠠᠩᠭᠢ ᠵᠢᠨ ᠬᠠᠮᠢᠶᠠᠷᠤᠯᠲᠠ ᠵᠢᠨ ᠠᠵᠢᠯᠯᠠᠭ᠋ᠠᠨ᠎ᠤ ᠳᠤᠮᠳᠠ ᠠᠩᠭᠢ ᠵᠢᠨ ᠠ᠋ᠷᠬᠢᠯᠡᠭᠴᠢ ᠰᠤᠷᠤᠭᠴᠢᠳ᠎ᠤᠨ ᠵᠶ᠋ᠠᠨ ᠭᠤᠣᠯ ᠴᠣᠭᠴᠠ ᠵᠢᠨ ᠪᠠᠶ᠋ᠢᠷᠢ ᠰᠠᠭᠤᠷᠢ ᠵᠢ ᠳᠣᠪᠤᠶ᠋ᠢᠯᠭ᠋ᠠᠬᠤ ᠵᠢ ᠠᠩᠬᠠᠷᠴᠤ᠂ ᠲᠡᠳᠡᠨ᠎ᠤ ᠪᠡᠶ᠎ᠡ᠎ᠪᠠᠨ ᠳᠠᠭ᠋ᠠᠭ᠋ᠠᠬᠤ ᠴᠢᠨᠠᠷ᠎ᠢ ᠭᠦᠢ᠍ᠴᠡᠳ ᠪᠠᠳᠠᠷᠠᠭᠤᠯᠤᠨ᠂ ᠪᠦᠲᠦᠭᠡᠯᠴᠢ ᠴᠢᠨᠠᠷᠲᠠᠢ ᠠᠵᠢᠯᠯᠠᠭ᠋ᠠᠨ᠎ᠤ ᠡᠵᠡᠨ ᠮᠡᠳᠡᠭᠴᠢ ᠪᠣᠯᠭ᠋ᠠᠵᠤ᠂ ᠠ᠋ᠭᠦᠨ᠎ᠤ ᠤᠯᠠᠮ ᠵᠶ᠋ᠠᠷ 《ᠪᠤᠰᠤᠳ ᠵᠶ᠋ᠠᠷ ᠬᠠᠮᠢᠶᠠᠷᠤᠭᠤᠯᠵᠤ》 ᠪᠠᠶ᠋ᠢᠭᠰᠠᠨ᠎ᠠᠴᠠ᠎ᠪᠠᠨ 《ᠥᠪᠡᠷ ᠵᠶ᠋ᠠᠨ ᠬᠠᠮᠢᠶᠠᠷᠬᠤ》 ᠳᠠᠢ᠍ᠢ᠍ᠰᠢ ᠳᠠᠪᠰᠢᠬᠤ ᠵᠢ ᠠᠬᠢᠭᠤᠯᠬᠤ ᠬᠡᠷᠡᠭᠲᠡᠢ᠃ ᠠ᠋ᠳᠦᠢ ᠲᠡᠳᠦᠢ ᠠ᠋ᠯᠧᠮᠧᠨ᠋ᠲᠤᠳ ᠨᠢᠭᠡ ᠰᠢᠰᠲ᠋ᠧᠮ ᠪᠣᠯᠣᠨ ᠤᠶᠠᠯᠳᠤᠬᠤ ᠦᠶ᠎ᠡ᠎ᠳᠤ ᠲᠡᠳᠡᠭᠡᠷ᠎ᠤᠨ ᠴᠢᠳᠠᠪᠤᠷᠢ᠎ᠨᠢ ᠴᠦ᠍ ᠬᠠᠷᠢᠯᠴᠠᠨ ᠤᠶᠠᠯᠳᠤᠳᠠᠭ᠃ ᠠ᠋ᠶ᠋ᠢᠮᠦ ᠤᠶᠠᠯᠳᠤᠯ᠎ᠨᠢ ᠪᠦᠬᠦᠯᠢ ᠴᠣᠭᠴᠠ ᠵᠢᠨ ᠴᠢᠳᠠᠪᠤᠷᠢ ᠵᠢ ᠡᠯ᠎ᠡ ᠬᠡᠰᠡᠭ᠎ᠤᠨ ᠴᠢᠳᠠᠪᠤᠷᠢ ᠵᠢᠨ ᠨᠡᠶ᠋ᠢᠯᠡᠪᠦᠷᠢ᠎ᠠᠴᠠ ᠶᠡᠭᠡ ᠪᠣᠯᠭ᠋ᠠᠵᠤ ᠮᠡᠳᠡᠬᠦ ᠪᠥᠭᠡᠳ ᠲᠡᠭᠦᠨ᠎ᠠᠴᠠ ᠪᠠᠭ᠎ᠠ ᠪᠤᠯᠭ᠋ᠠᠵᠤ ᠴᠤ᠌ ᠮᠡᠳᠡᠬᠦ ᠶᠤᠮ᠃
ᠪᠦᠬᠦᠯᠢ ᠴᠣᠭᠴᠠ ᠵᠢᠨ ᠴᠢᠳᠠᠮᠵᠢ ᠵᠢ ᠡᠯ᠎ᠡ ᠬᠡᠰᠡᠭ᠎ᠤᠨ ᠴᠢᠳᠠᠮᠵᠢ ᠵᠢᠨ ᠨᠡᠶ᠋ᠢᠯᠡᠪᠦᠷᠢ᠎ᠠᠴᠠ ᠶᠡᠭᠡ ᠪᠠᠶ᠋ᠢᠯᠭ᠋ᠠᠶᠠ ᠭᠡᠪᠡᠯ ᠠ᠋ᠯᠧᠮᠧᠨ᠋ᠲᠤᠨ ᠤᠶᠠᠯᠳᠤᠯ᠎ᠢ ᠬᠡᠵᠢᠶᠡᠳᠡ ᠰᠢᠯᠢᠳᠡᠭᠵᠢᠭᠦᠯᠬᠦ ᠴᠢᠭᠯᠡᠯ ᠵᠶ᠋ᠠᠷ ᠲᠣᠬᠢᠷᠠᠭᠤᠯᠬᠤ ᠬᠡᠷᠡᠭᠲᠡᠢ᠃ ᠰᠢᠰᠲ᠋ᠧᠮᠲᠦ ᠦᠵᠡᠯᠲᠡ ᠵᠢᠨ ᠰᠢᠯᠢᠳᠡᠭᠵᠢᠭᠦᠯᠦᠯᠲᠡ ᠵᠢᠨ ᠬᠠᠨᠳᠤᠯᠭ᠋ᠠᠲᠤ ᠴᠢᠨᠠᠷ᠎ᠨᠢ ᠮᠠᠨ᠎ᠤ ᠠᠩᠭᠢ ᠵᠢᠨ ᠬᠠᠮᠢᠶᠠᠷᠤᠯᠲᠠ ᠵᠢᠨ ᠠᠵᠢᠯ᠎ᠳᠤ ᠲᠣᠳᠣᠷᠬᠠᠢ ᠱᠠᠭ᠋ᠠᠷᠳᠠᠯᠭ᠎ᠠ ᠪᠠ ᠴᠢᠭᠯᠡᠯ᠎ᠢ ᠳᠤᠷᠠᠳᠤᠨ ᠭᠠᠷᠭ᠋ᠠᠵᠠᠢ᠃ ᠲᠡᠷᠡ᠎ᠨᠢ ᠡᠯ᠎ᠡ ᠠ᠋ᠯᠧᠮᠧᠨ᠋ᠲᠤᠨ ᠤᠶᠠᠯᠳᠤᠯ᠎ᠢ ᠰᠢᠯᠢᠳᠡᠭᠵᠢᠭᠦᠯᠵᠦ᠂ ᠪᠦᠬᠦᠯᠢ ᠴᠣᠭᠴᠠ ᠵᠢᠨ ᠬᠥᠭᠵᠢᠯᠲᠡ ᠵᠢ ᠠᠬᠢᠭᠤᠯᠤᠨ᠎ᠠ᠃ ᠠ᠋ᠶ᠋ᠢᠮᠦ᠎ᠠᠴᠠ ᠠᠩᠭᠢ ᠵᠢᠨ ᠬᠠᠮᠢᠶᠠᠷᠤᠯᠲᠠ ᠵᠢᠨ ᠠᠵᠢᠯ᠎ᠤᠨ ᠳᠤᠮᠳᠠ ᠪᠦᠬᠦᠯᠢ ᠴᠣᠭᠴᠠ ᠵᠢ ᠴᠢᠩᠭ᠋ᠠᠳᠬᠠᠬᠤ᠎ᠪᠠᠷ ᠵᠣᠷᠢᠯᠭ᠎ᠠ ᠪᠣᠯᠭ᠋ᠠᠵᠤ᠂ ᠪᠣᠳᠠᠲᠠᠢ ᠪᠠᠶ᠋ᠢᠳᠠᠯ ᠪᠠ ᠱᠠᠭ᠋ᠠᠷᠳᠠᠯᠭ᠎ᠠ ᠵᠢ ᠦᠨᠳᠦᠰᠦᠯᠡᠨ ᠰᠢᠯᠢᠳᠡᠭᠵᠢᠭᠦᠯᠦᠨ ᠵᠣᠬᠢᠶᠠᠨ ᠪᠠᠶ᠋ᠢᠭᠤᠯᠬᠤ ᠬᠡᠷᠡᠭᠲᠡᠢ᠃
ᠠᠵᠢᠯᠯᠠᠵᠤ ᠪᠠᠢ᠍ᠢ᠍ᠭ᠎ᠠ ᠪᠠᠢ᠍ᠢ᠍ᠭᠤᠯᠭ᠎ᠠ᠄ ᠬᠡᠰᠢᠭᠲᠡᠨ ᠬᠤᠰᠢᠭᠤᠨ᠎ᠤ ᠪᠠᠶᠠᠩᠭᠤᠤᠯ ᠪᠠᠭ᠎ᠠ ᠰᠤᠷᠭ᠋ᠠᠭᠤᠯᠢ
(ᠠᠯᠳᠠᠨᠰᠦᠢ᠍ᠭᠡ ᠨᠠᠢ᠍ᠢ᠍ᠷᠠᠭᠤᠯᠪᠠ)