ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠤᠷ᠎ᠤᠨ ᠲᠠᠪᠴᠠᠩ   -   ᠠᠩᠭᠢ᠎ᠶᠢᠨ ᠠᠵᠢᠯ
ᠠᠩᠭᠢ ᠵᠢᠨ ᠠ᠋ᠷᠬᠢᠯᠡᠭᠴᠢ ᠵᠢᠨ ᠠᠵᠢᠯ᠎ᠤᠨ ᠲᠣᠬᠠᠢ ᠮᠦᠴᠢᠳ ᠣᠶ᠋ᠢᠯᠠᠭ᠋ᠠᠯᠲᠠ
ᠨᠡᠶ᠋ᠢᠲᠡᠯᠡᠭᠰᠡᠨ ᠴᠠᠭ᠄ 2024-08-05

                    ᠨᠠᠷᠡᠨᠲᠣᠶᠠᠭ᠎ᠠ

班主任工作3.png

 

      ᠠᠩᠬᠢ ᠵᠢᠨ ᠠ᠋ᠷᠬᠢᠯᠡᠭᠴᠢ ᠪᠣᠯ ᠰᠣᠷᠣᠭᠴᠢ ᠵᠢᠨ ᠪᠦᠬᠦ ᠲᠠᠯ᠎ᠠ ᠵᠢᠨ ᠠᠵᠢᠯ᠎ᠢ ᠵᠤᠬᠢᠴᠠᠭᠤᠯᠳᠠᠭ ᠪᠦᠭᠡᠳ ᠰᠤᠷᠤᠭᠴᠢᠳ᠎ᠤᠨ ᠦᠵᠡᠯ ᠰᠠᠨᠠᠭ᠎ᠠ᠂ ᠰᠤᠷᠤᠯᠴᠠᠯᠭ᠎ᠠ᠂ ᠠᠮᠢᠳᠤᠷᠠᠯ ᠵᠡᠷᠭᠡ ᠠᠵᠢᠯ᠎ᠢ ᠪᠦᠬᠦ ᠲᠠᠯ᠎ᠠ᠎ᠪᠠᠷ ᠬᠠᠷᠢᠭᠤᠴᠠᠳᠠᠭ ᠪᠠᠭᠰᠢ ᠪᠣᠯᠤᠨ᠎ᠠ᠃ ᠪᠢ ᠠᠩᠭᠢ ᠵᠢᠨ ᠠ᠋ᠷᠬᠢᠯᠡᠭᠴᠢ ᠪᠣᠯᠤᠭᠰᠠᠨ᠎ᠤ ᠬᠤᠪᠢ᠎ᠳᠤ᠂ ᠥᠪᠡᠷ᠎ᠤᠨ ᠦᠭᠡ ᠶᠠᠷᠢᠶ᠎ᠠ ᠦᠢ᠍ᠯᠡ ᠠᠵᠢᠯᠯᠠᠭ᠋ᠠᠨ᠎ᠤ᠎ᠪᠠᠨ ᠰᠤᠷᠤᠭᠴᠢᠳ᠎ᠲᠤ ᠦᠵᠡᠭᠦᠯᠬᠦ ᠨᠥᠯᠥᠭᠡ ᠬᠢᠷᠢ ᠵᠡᠷᠭᠡ ᠭᠡᠳᠡᠭ᠎ᠢ ᠣᠶ᠋ᠢᠯᠠᠭ᠋ᠠᠳᠠᠭ ᠪᠥᠭᠡᠳ ᠰᠤᠷᠤᠭᠴᠢᠳ᠎ᠲᠤ ᠦᠭᠡ ᠶᠠᠷᠢᠶ᠎ᠠ ᠦᠢ᠍ᠯᠡ ᠠᠵᠢᠯᠯᠠᠭ᠎ᠠ᠎ᠪᠠᠷ ᠵᠶ᠋ᠠᠨ ᠵᠢᠭ᠋ᠠᠨ ᠰᠤᠷᠭ᠋ᠠᠬᠤ᠂ ᠦᠯᠦ ᠮᠡᠳᠡᠭᠳᠡᠬᠦ ᠦᠢ᠍ᠯᠡᠳᠦᠯ ᠦᠵᠡᠭᠦᠯᠬᠦ ᠵᠢ ᠠᠩᠬᠠᠷᠳᠠᠭ᠃ ᠳᠠᠷᠠᠭ᠎ᠠ᠎ᠨᠢ ᠪᠢ ᠦᠪᠡᠷ᠎ᠤᠨ ᠠᠩᠭᠢ ᠵᠢᠨ ᠠ᠋ᠷᠬᠢᠯᠡᠭᠴᠢ ᠵᠢᠨ ᠠᠵᠢᠯ᠎ᠤᠨ ᠪᠤᠳᠠᠲᠦ ᠦᠢ᠍ᠯᠡᠳᠦᠯᠭᠡ᠎ᠪᠠᠨ ᠦᠨᠳᠦᠰᠦᠯᠡᠵᠦ᠂ ᠠᠩᠭᠢ ᠵᠢᠨ ᠠ᠋ᠷᠬᠢᠯᠡᠭᠴᠢ ᠵᠢᠨ ᠠᠵᠢᠯ᠎ᠤᠨ ᠲᠣᠬᠠᠢ ᠲᠤᠷᠰᠢᠯᠭ᠎ᠠ ᠪᠠ ᠲᠥᠷᠥᠭᠳᠡᠯ ᠵᠶ᠋ᠠᠨ ᠳᠡᠯᠭᠡᠶ᠎ᠡ᠃
      ᠨᠢᠭᠡ᠂ ᠠᠩᠬᠢ ᠵᠢᠨ ᠺᠠᠳ᠋ᠷ᠎ᠢ ᠵᠦᠪ ᠰᠣᠩᠭᠤᠬᠤ᠎ᠨᠢ ᠠᠩᠬᠢ ᠵᠢᠨ ᠠᠵᠢᠯ᠎ᠤᠨ ᠢᠯᠭᠤᠮ ᠶᠠᠪᠤᠭᠳᠠᠬᠤ ᠵᠢ ᠠᠬᠢᠭᠤᠯᠬᠤ
      ᠰᠢᠯᠢᠳᠡᠭ ᠠᠩᠬᠢ ᠨᠢᠭᠡᠴᠢ ᠵᠢ ᠪᠦᠷᠢᠯᠳᠦᠭᠦᠯᠬᠦ᠎ᠳᠤ ᠠ᠋ᠷᠬᠡᠪᠰᠢ ᠠᠩᠬᠢ ᠵᠢᠨ ᠠ᠋ᠷᠬᠢᠯᠡᠭᠴᠢ  ᠵᠢ ᠬᠠᠪᠰᠣᠷᠣᠨ ᠪᠦᠬᠦ ᠠᠩᠬᠢ ᠵᠢᠨ ᠰᠣᠷᠣᠭᠴᠢᠳ᠎ᠢ ᠣᠳᠣᠷᠢᠳᠣᠨ᠂ ᠬᠠᠮᠲᠣ᠎ᠪᠠᠷ ᠲᠡᠮᠡᠴᠡᠬᠦ ᠬᠠᠷᠠᠯᠲᠠ ᠵᠢ ᠪᠡᠶᠡᠯᠡᠭᠦᠯᠬᠦ᠎ᠪᠠᠷ ᠲᠡᠮᠡᠴᠡᠭᠰᠡᠨ ᠠᠩᠬᠢ ᠵᠢᠨ ᠺᠠᠳ᠋ᠷ᠎ᠤᠨ ᠪᠦᠷᠢᠯᠲᠦᠭᠦᠨ ᠪᠠᠶ᠋ᠢᠬᠤ ᠬᠡᠷᠡᠭᠲᠡᠢ᠃ ᠠ᠋ᠶ᠋ᠢᠮᠦ᠎ᠠᠴᠠ ᠠᠩᠬᠢ ᠵᠢᠨ ᠠ᠋ᠷᠬᠢᠯᠡᠭᠴᠢ ᠲᠣᠰ ᠠᠩᠬᠢ ᠵᠢᠨ ᠰᠣᠷᠣᠭᠴᠢᠳ ᠵᠶ᠋ᠠᠨ ᠨᠢᠭᠡ ᠨᠢᠭᠡ᠎ᠪᠠᠷ ᠨᠠᠷᠢᠨ ᠰᠢᠷᠢᠨ ᠣᠶ᠋ᠢᠯᠠᠭ᠋ᠠᠭᠰᠠᠨ ᠰᠠᠭᠤᠷᠢᠨ ᠳᠡᠭᠡᠷ᠎ᠡ ᠲᠣᠰ ᠠᠩᠬᠢ᠎ᠳᠤ ᠳᠠᠭᠤᠷᠢᠶᠠᠯ ᠪᠤᠯᠵᠤ ᠲᠡᠶ᠋ᠢᠯᠬᠦ᠂ ᠬᠠᠮᠲᠣ ᠨᠦᠬᠦᠳ᠎ᠤᠨ ᠵᠶ᠋ᠠᠨ ᠳᠣᠮᠳᠠ ᠲᠣᠭᠲᠠᠭᠰᠠᠨ ᠬᠡᠮᠵᠢᠶᠡᠨ᠎ᠤ ᠢᠲᠡᠭᠡᠯ᠎ᠲᠠᠢ᠂ ᠵᠤᠬᠢᠬᠤ ᠠᠵᠢᠯ᠎ᠤᠨ ᠴᠢᠳᠠᠪᠣᠷᠢ᠎ᠲᠠᠢ ᠮᠦᠷᠲᠡᠭᠡᠨ ᠣᠯᠠᠨ᠎ᠤ ᠳᠣᠮᠳᠠ᠎ᠪᠠᠨ ᠬᠦᠷᠢᠶᠡᠯᠡᠯ᠎ᠲᠠᠢ ᠰᠣᠷᠣᠭᠴᠢ ᠵᠢ ᠠᠷᠠᠳᠴᠢᠯᠠᠯ ᠵᠶ᠋ᠠᠷ ᠰᠣᠩᠭᠤᠨ ᠭᠠᠷᠭ᠋ᠠᠬᠤ ᠬᠡᠷᠡᠭᠲᠡᠢ᠃ ᠰᠢᠯᠢᠳᠡᠭ ᠰᠠᠶ᠋ᠢᠨ ᠠᠩᠬᠢ ᠵᠢᠨ ᠺᠠᠳ᠋ᠷ᠎ᠤᠨ ᠠ᠋ᠩᠨᠡᠭᠡ ᠵᠢ ᠪᠠᠶ᠋ᠢᠭᠤᠯᠴᠢᠬᠠᠪᠠᠯ᠂ ᠪᠠᠭᠰᠢ ᠰᠣᠷᠣᠭᠴᠢ ᠵᠢᠨ ᠬᠤᠭᠤᠷᠤᠨᠳᠣᠬᠢ ᠨᠢᠭᠲᠠᠷᠠᠯᠴᠠᠭ᠎ᠠ ᠤᠯᠠᠮ ᠰᠠᠶ᠋ᠢᠨ ᠪᠤᠯᠬᠤ ᠪᠦᠭᠡᠳ ᠠᠩᠬᠢ ᠵᠢᠨ ᠪᠦᠯᠬᠦᠮᠳᠡᠯ ᠪᠠ ᠬᠠᠮᠲᠦ ᠵᠢᠨ ᠬᠦᠴᠦᠨ ᠠᠶᠠᠨᠳᠠᠭ᠋ᠠᠨ ᠪᠤᠢ ᠪᠤᠯᠬᠤ ᠶᠤᠮ᠃
      ᠬᠣᠶᠠᠷ᠂ ᠲᠤᠭᠳᠠᠭᠰᠠᠨ ᠴᠠᠭ᠎ᠲᠤ ᠠᠩᠬᠢ ᠵᠢᠨ ᠬᠤᠷᠠᠯ ᠬᠤᠷᠠᠯᠳᠤᠵᠦ ᠲᠡᠭᠦᠨ᠎ᠢ᠎ᠪᠠᠨ ᠳᠠᠳᠬᠠᠯ ᠪᠤᠯᠭ᠋ᠠᠬᠤ
      ᠭᠠᠷᠠᠭ ᠪᠤᠯᠭ᠋ᠠᠨ᠎ᠤ ᠲᠤᠭᠳᠠᠭᠰᠠᠨ ᠴᠠᠭ᠎ᠲᠤ ᠠᠩᠬᠢ ᠵᠢᠨ ᠬᠣᠷᠠᠯ ᠬᠤᠷᠠᠯᠳᠣᠭᠣᠯᠵᠦ᠂ ᠠᠩᠬᠢ᠎ᠳᠤ ᠣᠷᠣᠰᠢᠵᠣ ᠪᠠᠶ᠋ᠢᠭ᠎ᠠ ᠠᠰᠠᠭᠤᠳᠠᠯ ᠵᠢᠴᠢ ᠰᠣᠷᠣᠭᠴᠢᠳ᠎ᠤᠨ ᠠᠮᠢᠳᠣᠷᠠᠯ ᠰᠣᠷᠣᠯᠭ᠎ᠠ᠂ ᠵᠠᠩ ᠠᠭ᠋ᠠᠯᠢ ᠵᠡᠷᠭᠡ ᠲᠠᠯ᠎ᠠ᠎ᠪᠠᠷ ᠣᠯᠠᠮ ᠨᠢᠭᠡ ᠠᠯᠬᠤᠮ ᠣᠶ᠋ᠢᠯᠠᠭ᠋ᠠᠵᠣ᠂ ᠲᠠᠳᠠᠨ᠎ᠤ ᠳᠠᠪᠰᠢᠯᠲᠠ᠎ᠲᠠᠢ ᠲᠠᠯ᠎ᠠ ᠵᠢ᠎ᠨᠢ ᠮᠠᠭᠲᠠᠨ ᠰᠠᠶ᠋ᠢᠰᠢᠶᠠᠵᠤ᠂ ᠬᠦᠷᠦᠯᠴᠡᠬᠦ ᠦᠭᠡᠢ ᠲᠠᠯ᠎ᠠ ᠵᠢ᠎ᠨᠢ ᠰᠡᠩᠬᠡᠷᠡᠭᠦᠯᠵᠦ ᠬᠦᠮᠦᠵᠢᠭᠦᠯᠬᠦ ᠬᠡᠷᠡᠭᠲᠡᠢ᠃
      ᠠᠩᠬᠢ ᠵᠢᠨ ᠬᠣᠷᠠᠯ᠎ᠢ ᠪᠠᠭᠰᠢ᠎ᠠᠴᠠ ᠵᠢᠭ᠋ᠠᠨ ᠵᠢᠯᠤᠭᠤᠳᠴᠦ᠂ ᠭᠠᠷᠠᠭ ᠪᠣᠯᠭ᠋ᠠᠨ ᠭᠣᠷᠪᠠᠨ ᠰᠣᠷᠣᠭᠴᠢ ᠵᠢ ᠲᠣᠰ ᠭᠠᠷᠠᠭ᠎ᠤᠨ ᠬᠤᠷᠠᠯ᠎ᠢ ᠵᠤᠬᠢᠶᠠᠨ ᠪᠠᠶ᠋ᠢᠭᠤᠯᠵᠦ᠂ ᠠᠩᠬᠢ᠎ᠳᠤ ᠣᠷᠣᠰᠢᠵᠦ ᠪᠠᠶ᠋ᠢᠭ᠎ᠠ ᠠᠰᠠᠭᠤᠳᠠᠯ᠎ᠢ ᠢᠯᠡᠷᠡᠭᠦᠯᠬᠦ ᠵᠢᠨ ᠬᠠᠮᠲᠦ ᠠᠩᠬᠢ ᠵᠢᠨ ᠳᠦᠷᠢᠮ ᠳᠣᠭᠲᠠᠭ᠋ᠠᠯ ᠶᠣᠰᠣ᠎ᠪᠠᠷ ᠰᠢᠢ᠍ᠳᠪᠦᠷᠢᠯᠡᠵᠦ᠂ ᠰᠠᠮᠪᠠᠷ᠎ᠠ ᠳᠡᠭᠡᠷ᠎ᠡ ᠲᠣᠰ ᠭᠠᠷᠠᠭ᠎ᠤᠨ ᠣᠳᠣᠨ ᠰᠣᠷᠣᠭᠴᠢ ᠪᠠ ᠪᠣᠯᠪᠠᠰᠣᠨ ᠰᠣᠷᠣᠭᠴᠢ ᠵᠢ ᠰᠢᠯᠭ᠋ᠠᠷᠠᠭᠤᠯᠵᠦ ᠰᠠᠶ᠋ᠢᠰᠢᠶᠠᠨ ᠬᠦᠬᠢᠭᠦᠯᠵᠦ᠂ ᠳᠠᠷᠠᠭ᠎ᠠ ᠠ᠋ᠭᠡᠯᠵᠢ  ᠵᠢᠨ ᠭᠤᠷᠪᠠᠨ ᠰᠣᠷᠣᠭᠴᠢ᠎ᠳᠤ ᠠᠵᠢᠯ ᠵᠶ᠋ᠠᠨ ᠲᠣᠰᠢᠶᠠᠳᠠᠭ᠃ ᠢᠩᠭᠢᠵᠦ ᠠ᠋ᠭᠡᠯᠵᠢ ᠳᠠᠷᠠᠭ᠎ᠠ ᠎ᠪᠠᠷ ᠬᠦᠮᠦᠨ ᠪᠦᠷᠢ ᠨᠢᠭᠡ ᠣᠳᠠᠭ᠋ᠠᠨ᠎ᠤ ᠠᠩᠬᠢ ᠵᠢᠨ ᠠᠵᠢᠯ᠎ᠢ ᠪᠦᠬᠦ ᠲᠠᠯ᠎ᠠ᠎ᠪᠠᠷ ᠬᠠᠮᠢᠶᠠᠷᠴᠦ᠂ ᠪᠡᠶ᠎ᠡ᠎ᠪᠠᠨ ᠳᠠᠭ᠋ᠠᠭ᠋ᠠᠬᠤ ᠴᠢᠳᠠᠪᠦᠷᠢ᠂ 《ᠦᠪᠡᠷ ᠵᠶ᠋ᠠᠨ ᠦᠪᠡᠷ᠎ᠢ᠎ᠪᠠᠨ ᠢᠯᠠᠨ ᠲᠠᠪᠠᠭ᠍ᠣ》 ᠰᠠᠶ᠋ᠢᠬᠠᠨ ᠦᠵᠡᠯ ᠣᠬᠠᠮᠰᠠᠷ᠎ᠢ ᠪᠣᠢ ᠪᠤᠯᠭ᠋ᠠᠵᠦ᠂ ᠦᠭᠡᠳᠡᠯᠡᠨ ᠳᠠᠪᠰᠢᠬᠤ᠎ᠳᠤ᠎ᠨᠢ ᠵᠣᠷᠢᠬ᠍ᠵᠢᠭᠤᠯᠤᠯ ᠳᠦᠯᠬᠢᠴᠡ ᠬᠦᠴᠦᠨ ᠪᠤᠯᠵᠦ ᠪᠦᠬᠦ ᠲᠠᠯ᠎ᠠ᠎ᠪᠠᠷ ᠬᠦᠮᠦᠵᠢᠭᠳᠡᠭᠰᠡᠨ ᠰᠢᠯᠢᠳᠡᠭ ᠰᠣᠷᠣᠭᠴᠢ ᠵᠢ ᠬᠦᠮᠦᠵᠢᠭᠦᠯᠬᠦ᠎ᠪᠠᠷ ᠵᠣᠷᠢᠪᠠ᠃ ᠠ᠋ᠭᠦᠨ᠎ᠤ ᠬᠠᠮᠲᠦ ᠰᠠᠷ᠎ᠠ ᠪᠤᠯᠭ᠋ᠠᠨ ᠨᠢᠭᠡ ᠣᠳᠠᠭ᠋ᠠᠨ᠎ᠤ ᠭᠤᠣᠯ ᠰᠡᠳᠦᠪᠲᠦ ᠠᠩᠬᠢ ᠵᠢᠨ ᠬᠤᠷᠠᠯ᠎ᠢ ᠰᠣᠷᠣᠭᠴᠢ ᠦᠪᠡᠷᠰᠠᠳ ᠵᠶ᠋ᠠᠨ ᠵᠣᠬᠢᠶᠠᠨ ᠪᠠᠶ᠋ᠢᠭᠤᠯᠬᠤ᠎ᠨᠢ ᠰᠣᠷᠣᠭᠴᠢᠳ᠎ᠤᠨ ᠶᠣᠰᠣ ᠰᠣᠷᠲᠠᠭ᠍ᠣᠨ᠂ ᠣᠶᠣᠨ ᠤᠬᠠᠭ᠋ᠠᠨ᠂ ᠪᠡᠶ᠎ᠡ ᠮᠠᠭ᠍ᠠᠪᠣᠳ ᠵᠡᠷᠭᠡ ᠪᠦᠬᠦ ᠲᠠᠯ᠎ᠠ᠎ᠪᠠᠷ ᠬᠦᠭᠵᠢᠬᠦ᠎ᠳᠤ᠎ᠨᠢ ᠠᠰᠢᠭᠲᠠᠢ ᠶᠣᠮ᠃ ᠪᠠᠰᠠ ᠬᠢᠴᠢᠶᠡᠯ᠎ᠤᠨ ᠭᠠᠳᠠᠨᠠᠬᠢ ᠦᠢ᠍ᠯᠡᠳᠦᠯᠬᠡ ᠵᠢᠨ ᠠᠵᠢᠯ᠎ᠳᠤ ᠣᠷᠣᠯᠴᠠᠭ᠍ᠣ ᠵᠢ ᠤᠷᠢᠶᠠᠯᠠᠵᠦ᠂ ᠠᠵᠢᠯ ᠬᠦᠳᠡᠯᠮᠦᠷᠢ᠎ᠳᠤ ᠣᠷᠣᠯᠴᠠᠵᠦ᠂ ᠦᠢ᠍ᠯᠡᠳᠦᠯᠭᠡ ᠮᠡᠷᠭᠡᠰᠢᠯ᠎ᠳᠤ ᠣᠶ᠋ᠢᠷᠠᠲᠤᠭᠤᠯᠪᠡ᠃
      ᠭᠤᠷᠪᠠ᠂ ᠠᠩᠭᠢ ᠵᠢᠨ ᠠ᠋ᠷᠬᠢᠯᠡᠭᠴᠢ ᠰᠠᠨᠠᠭ᠋ᠠᠴᠢᠯᠠᠭ᠎ᠠ᠎ᠠᠴᠠ᠎ᠪᠠᠨ ᠬᠢᠴᠢᠶᠡᠯᠯᠡᠭᠴᠢ ᠪᠠᠭᠰᠢ᠎ᠲᠠᠢ᠎ᠪᠠᠨ ᠬᠠᠷᠢᠯᠴᠠᠭ᠎ᠠ᠎ᠪᠠᠨ ᠴᠢᠩᠭ᠋ᠠᠳᠬᠠᠬᠤ
      ᠠᠩᠭᠢ ᠵᠢᠨ ᠠ᠋ᠷᠬᠢᠯᠡᠭᠴᠢ ᠪᠣᠯᠤᠭᠰᠠᠨ᠎ᠤ ᠬᠤᠪᠢ᠎ᠳᠤ ᠴᠠᠭ ᠲᠤᠬᠠᠶ᠎ᠳᠤ᠎ᠨᠢ ᠬᠢᠴᠢᠶᠡᠯ᠎ᠤᠨ ᠪᠠᠭᠰᠢ ᠨᠠᠷ᠎ᠲᠠᠢ ᠬᠠᠷᠢᠯᠴᠠᠭ᠍ᠣ ᠬᠡᠷᠡᠭᠲᠠᠢ᠃ ᠠᠩᠭᠢ ᠵᠢᠨ ᠵᠶ᠋ᠠᠨ ᠡᠯ᠎ᠡ ᠲᠥᠷᠥᠯ᠎ᠤᠨ ᠬᠢᠴᠢᠶᠡᠯ᠎ᠢ ᠬᠠᠮᠲᠤ᠎ᠳᠤ᠎ᠨᠢ ᠬᠠᠷᠠᠭ᠋ᠠᠯᠵᠠᠵᠤ᠂ ᠠᠩᠭᠢ ᠵᠢᠨ ᠵᠶ᠋ᠠᠨ ᠰᠤᠷᠤᠯᠭ᠎ᠠ ᠵᠢᠨ ᠪᠠᠶ᠋ᠢᠳᠠᠯ᠎ᠢ ᠴᠠᠭ ᠲᠤᠬᠠᠶ᠎ᠳᠤ᠎ᠨᠢ ᠣᠶ᠋ᠢᠯᠠᠭ᠋ᠠᠵᠤ᠂ ᠵᠠᠷᠢᠮ ᠰᠤᠷᠤᠭᠴᠢ ᠵᠢᠨ ᠬᠢᠴᠢᠶᠡᠯ ᠰᠣᠷᠣᠯᠭ᠎ᠠ᠎ᠳᠤ᠎ᠪᠠᠨ ᠰᠢᠮᠳᠠᠬᠤ ᠦᠭᠡᠢ ᠰᠡᠳᠬᠢᠯ ᠲᠠᠯᠪᠢᠨ ᠬᠢᠴᠢᠶᠡᠯ ᠰᠣᠨᠣᠰᠬᠤ ᠦᠭᠡᠢ᠂ ᠳᠠᠰᠬᠠᠯ ᠳᠠᠭ᠋ᠠᠭ᠋ᠠᠯᠭ᠋ᠠᠪᠤᠷᠢ᠎ᠪᠠᠨ ᠳᠣᠰᠢᠶᠠᠬᠣ ᠦᠭᠡᠢ᠂ ᠰᠠᠭᠤᠷᠢ ᠮᠡᠳᠡᠯᠭᠡ ᠨᠡᠯᠢᠶᠡᠳ ᠪᠠᠭᠤᠷᠠᠶ ᠵᠡᠷᠭᠡ ᠠᠰᠠᠭᠤᠳᠠᠯ᠎ᠤᠳ᠎ᠲᠤ ᠴᠢᠭᠯᠡᠭᠦᠯᠦᠨ᠂ ᠵᠣᠬᠢᠬᠤ ᠰᠢᠢ᠍ᠳᠪᠦᠷᠢᠯᠡᠬᠦ ᠠᠷᠭ᠎ᠠ ᠵᠢ ᠳᠤᠷᠠᠳᠤᠨ ᠭᠠᠷᠭ᠋ᠠᠬᠤ ᠪᠥᠭᠡᠳ ᠬᠢᠴᠢᠶᠡᠯ᠎ᠤᠨ ᠪᠠᠭᠰᠢ ᠨᠠᠷ᠎ᠲᠠᠢ ᠬᠠᠮᠲᠤ᠎ᠪᠠᠷ ᠠᠰᠠᠭᠤᠳᠠᠯ᠎ᠢ ᠴᠠᠭ ᠲᠤᠬᠠᠶ᠎ᠳᠤ᠎ᠨᠢ ᠰᠢᠢ᠍ᠳᠪᠦᠷᠢᠯᠡᠬᠦ᠎ᠪᠠᠷ ᠴᠢᠷᠮᠠᠶ᠋ᠢᠳᠠᠭ᠃ ᠬᠠᠷᠢᠯᠴᠠᠨ ᠬᠠᠪᠰᠤᠷᠴᠤ ᠬᠠᠷᠢᠯᠴᠠᠨ ᠰᠤᠷᠤᠯᠴᠠᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ ᠰᠤᠷᠤᠯᠭ᠎ᠠ ᠵᠢᠨ ᠲᠠᠯ᠎ᠠ᠎ᠪᠠᠷ ᠰᠠᠶ᠋ᠢᠨ ᠰᠤᠷᠤᠭᠴᠢ᠎ᠪᠠᠷ ᠰᠤᠷᠤᠯᠭ᠎ᠠ᠎ᠳᠤ᠎ᠪᠠᠨ ᠬᠦᠴᠢᠷᠲᠡᠶ ᠰᠤᠷᠤᠭᠴᠢ ᠵᠢ ᠳᠠᠶ᠋ᠢᠴᠢᠯᠠᠭᠤᠯᠬᠤ ᠭᠡᠷᠡᠭᠳᠠᠢ᠃ ᠵᠢᠱ᠌ᠢᠶᠡᠯᠡᠪᠡᠯ᠂ ᠳᠠᠰᠬᠠᠯ ᠳᠠᠭ᠋ᠠᠭ᠋ᠠᠯᠭ᠋ᠠᠪᠤᠷᠢ ᠵᠢ ᠤᠳᠠᠭ᠋ᠠᠰᠢᠷᠠᠭᠤᠯᠬᠤ ᠦᠵᠡᠭᠳᠡᠯ ᠨᠡᠯᠢᠶᠡᠳ ᠤᠯᠠᠨ ᠪᠠᠢ᠍ᠢ᠍ᠳᠠᠯ᠎ᠳᠤ ᠴᠢᠭᠯᠡᠭᠦᠯᠦᠨ᠂ ᠨᠠᠷᠢᠨ ᠬᠢᠨᠠᠮᠠᠭ᠋ᠠᠶ ᠬᠠᠷᠢᠭᠤᠴᠠᠵᠤ ᠪᠠᠢ᠍ᠢ᠍ᠭ᠎ᠠ ᠬᠡᠳᠦᠨ ᠰᠤᠷᠤᠭᠴᠢ ᠵᠢ ᠲᠣᠮᠢᠯᠠᠵᠤ᠂ ᠬᠦᠨᠳᠦ ᠨᠣᠴᠢᠲᠠᠢ ᠤᠳᠠᠭ᠋ᠠᠰᠢᠷᠠᠭᠤᠯᠬᠤ ᠦᠵᠡᠭᠳᠡᠯ᠎ᠲᠠᠢ ᠰᠤᠷᠤᠭᠴᠢᠳ᠎ᠲᠤ ᠨᠢᠭᠡ ᠨᠢᠭᠡ᠎ᠪᠠᠷ ᠪᠠᠶ᠋ᠢᠴᠠᠭ᠋ᠠᠯᠲᠠ ᠬᠢᠵᠦ᠂ ᠤᠳᠠᠭ᠋ᠠᠰᠢᠷᠠᠭᠤᠯᠤᠭᠰᠠᠨ ᠰᠢᠯᠲᠠᠭ᠋ᠠᠨ᠎ᠢ᠎ᠨᠢ ᠠ᠋ᠷᠢᠵᠦ ᠣᠯᠤᠨ᠎ᠠ᠃ ᠤᠳᠠᠭ᠋ᠠᠰᠢᠷᠠᠭᠤᠯᠬᠤ ᠠᠰᠠᠭᠤᠳᠠᠯ᠎ᠢ ᠰᠢᠢ᠍ᠳᠪᠦᠷᠢᠯᠡᠬᠦ ᠠᠷᠭ᠎ᠠ ᠵᠠᠮ᠎ᠢ ᠠ᠋ᠷᠢᠨ ᠣᠯᠵᠤ᠂ ᠲᠡᠳᠡᠨ ᠵᠶ᠋ᠠᠷ ᠠ᠋ᠳᠡᠭᠡᠷ ᠬᠠᠮᠲᠤ ᠰᠤᠷᠤᠯᠭ᠋ᠠᠲᠠᠨ᠎ᠢ ᠬᠠᠪᠰᠤᠷᠤᠨ ᠳᠠᠰᠬᠠᠯ ᠵᠶ᠋ᠠᠨ ᠴᠠᠭ ᠲᠤᠬᠠᠢ᠎ᠳᠤ᠎ᠨᠢ ᠪᠡᠶᠡᠯᠡᠭᠦᠯᠬᠦ ᠵᠡᠷᠭᠡ ᠠᠵᠢᠯ᠎ᠢ ᠬᠢᠯᠭᠡᠨ᠎ᠡ᠃
      ᠳᠦᠷᠪᠠ᠂ ᠠᠩᠭᠢ ᠵᠢᠨ ᠠ᠋ᠷᠬᠢᠯᠡᠭᠴᠢ ᠲᠦᠷ ᠬᠣᠴᠣᠷᠤᠩᠭᠤᠶ ᠰᠤᠷᠤᠭᠴᠢ ᠵᠢ ᠬᠤᠪᠢᠷᠠᠭᠤᠯᠬᠤ ᠠᠵᠢᠯ᠎ᠢ ᠰᠠᠶ᠋ᠢᠲᠤᠷ ᠬᠢᠬᠦ ᠵᠢ ᠠᠩᠭᠢ ᠵᠢᠨ ᠬᠠᠮᠢᠶᠠᠷᠤᠯᠲᠠ ᠵᠢᠨ ᠠᠵᠢᠯ᠎ᠤᠨ ᠴᠢᠬᠤᠯᠠ ᠎ᠠᠴᠠ ᠴᠢᠬᠤᠯᠠ ᠵᠦᠢ᠍ᠯ ᠪᠣᠯᠭ᠋ᠠᠬᠤ
      ᠠᠩᠭᠢ ᠵᠢᠨ ᠠ᠋ᠷᠬᠢᠯᠡᠭᠴᠢ ᠵᠢᠨ ᠠᠵᠢᠯ᠎ᠤᠨ ᠳᠤᠮᠳᠠ᠂ ᠬᠣᠴᠤᠷᠤᠨᠭ᠌ᠭᠤᠢ ᠰᠤᠷᠤᠭᠴᠢᠳ᠎ᠢ ᠬᠤᠪᠢᠷᠠᠭᠤᠯᠬᠤ ᠠᠵᠢᠯ᠎ᠢ ᠠᠮᠵᠢᠯᠲᠠ᠎ᠲᠠᠢ ᠬᠢᠭᠰᠡᠨ ᠠ᠋ᠰᠡᠬᠦ᠎ᠨᠢ ᠠᠩᠭᠢ ᠵᠢᠨ ᠰᠤᠷᠲᠠᠯ ᠡᠴᠦᠰ᠎ᠲᠤ᠎ᠪᠠᠨ ᠰᠠᠶ᠋ᠢᠵᠢᠷᠠᠵᠤ ᠴᠢᠳᠠᠬᠤ ᠠ᠋ᠰᠡᠬᠦ ᠵᠢ ᠲᠣᠭᠲᠠᠭ᠋ᠠᠵᠤ ᠪᠠᠶ᠋ᠢᠳᠠᠭ᠃ ᠠᠩᠬ᠎ᠠ ᠵᠡᠷᠭᠡ  ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢᠳ᠎ᠤᠨ ᠣᠨᠴᠠᠯᠢᠭ᠎ᠢ ᠦᠨᠳᠦᠰᠦᠯᠡᠨ᠂ ᠰᠣᠷᠣᠭᠴᠢᠳ᠎ᠤᠨ ᠦᠵᠡᠯ ᠰᠠᠨᠠᠭ᠋ᠠᠨ᠎ᠤ ᠠᠵᠢᠯ᠎ᠢ ᠰᠠᠢ᠍ᠢ᠍ᠳᠤᠷ ᠬᠢᠵᠦ᠂ 《ᠰᠡᠳᠬᠢᠯᠭᠡ ᠵᠢ᠎ᠨᠢ ᠬᠥᠳᠡᠯᠭᠡᠵᠦ᠂ ᠶᠣᠰᠣ ᠵᠢ᠎ᠨᠢ ᠤᠶ᠋ᠢᠯᠠᠭ᠋ᠠᠭᠤᠯᠵᠣ》᠂ ᠲᠡᠳᠡᠨ᠎ᠤ ᠰᠡᠳᠬᠢᠯ᠎ᠢ ᠢᠯᠡᠭᠦᠬᠡᠨ ᠣᠷᠮᠠᠰᠢᠭᠤᠯᠤᠨ ᠳᠣᠭᠳᠣᠯᠣᠭᠣᠯᠬᠣ ᠬᠡᠷᠡᠭᠲᠡᠶ᠃ ᠲᠡᠳᠡᠨ᠎ᠤ ᠣᠯᠠᠩᠬᠢ᠎ᠨᠢ ᠣᠯᠠᠨ᠎ᠤ ᠠ᠋ᠮᠦᠨ᠎ᠡ ᠰᠢᠭᠦᠮᠵᠢᠯᠡᠬᠦ᠎ᠳᠤ ᠳᠣᠷ᠎ᠠ ᠦᠭᠡᠶ᠋ᠢᠴᠡᠳᠡᠭ ᠪᠦᠭᠡᠳ ᠴᠠᠭ ᠢᠮᠠᠭᠲᠠ ᠲᠡᠳᠡᠨ᠎ᠤ ᠪᠡᠶ᠎ᠡ᠎ᠪᠠᠨ ᠬᠦᠨᠳᠦᠳᠬᠡᠬᠦ ᠰᠡᠳᠬᠢᠯ᠎ᠢ ᠬᠠᠮᠠᠭ᠋ᠠᠯᠠᠵᠤ᠂ ᠲᠡᠳᠡᠨ᠎ᠳᠤ ᠪᠠᠭᠰᠢ᠎ᠨᠢ ᠲᠡᠳᠡᠨ᠎ᠢ ᠬᠦᠨᠳᠦᠳᠬᠡᠳᠡᠭ ᠭᠡᠳᠡᠭ᠎ᠢ ᠮᠡᠳᠡᠭᠦᠯᠬᠦ ᠬᠡᠷᠡᠭᠲᠡᠶ᠃ ᠳᠡᠳᠡᠨ᠎ᠳᠤ ᠨᠠᠷᠢᠨ ᠬᠢᠨᠠᠮᠠᠭ᠋ᠠᠢ᠂ ᠬᠦᠯᠢᠴᠡᠩᠭᠦᠢ ᠬᠥᠮᠦᠵᠢᠯ ᠬᠢᠵᠦ᠂ ᠳᠠᠰᠤᠷᠠᠯᠳᠠ ᠦᠭᠡᠢ ᠵᠣᠷᠢᠬ᠍ᠵᠢᠭᠤᠯᠬᠤ ᠭᠡᠷᠡᠭᠳᠠᠢ᠃ ᠪᠠᠭᠰᠢ ᠵᠢᠨ ᠴᠢᠩ           ᠦᠨᠡᠨᠴᠢ ᠰᠡᠳᠬᠢᠯ᠎ᠨᠢ ᠬᠡᠵᠢᠶ᠎ᠡ ᠨᠢᠭᠡᠨ ᠠ᠋ᠳᠦᠷ ᠲᠡᠳᠡᠨ᠎ᠢ ᠳᠣᠭᠳᠣᠯᠤᠭᠤᠯᠤᠨ᠎ᠠ ᠭᠡᠳᠡᠭ᠎ᠢ ᠢᠲᠡᠭᠡᠵᠦ ᠪᠠᠶ᠋ᠢᠬᠤ᠎ᠨᠢ ᠵᠦᠢ᠍ᠲᠠᠢ᠃ ᠠᠩᠭᠢ ᠵᠢᠨ ᠠ᠋ᠷᠬᠢᠯᠡᠭᠴᠢ ᠠ᠋ᠩ᠎ᠤᠨ ᠦᠶ᠎ᠡ᠎ᠳᠤ ᠰᠤᠷᠤᠭᠴᠢᠳ᠎ᠲᠤ ᠢᠯᠡᠭᠦᠬᠡᠨ ᠪᠡᠶ᠎ᠡ᠎ᠪᠠᠨ ᠳᠠᠭ᠋ᠠᠭ᠋ᠠᠬᠤ᠂ ᠥᠪᠡᠷ᠎ᠢ᠎ᠪᠠᠨ ᠬᠦᠴᠦᠷᠬᠡᠭᠵᠢᠭᠦᠯᠬᠦ ᠬᠥᠮᠦᠵᠢᠯ ᠬᠢᠵᠦ᠂ ᠰᠤᠷᠤᠭᠴᠢᠳ᠎ᠤᠨ ᠳᠠᠪᠠᠭᠤᠯᠢᠭ ᠲᠠᠯ᠎ᠠ ᠵᠢ ᠴᠠᠭ ᠲᠤᠬᠠᠶ᠎ᠳᠤ᠎ᠨᠢ ᠪᠠᠷᠢᠵᠤ᠂ ᠪᠠᠶ᠋ᠢᠳᠠᠯ᠎ᠢ᠎ᠨᠢ ᠦᠵᠡᠵᠦ ᠬᠥᠲᠥᠯᠥᠨ ᠵᠢᠯᠣᠭᠣᠳᠴᠤ᠂ ᠲᠡᠳᠡᠨ᠎ᠢ ᠢᠳᠡᠪᠬᠢᠲᠡᠶ ᠰᠡᠳᠬᠢᠯᠭᠡ᠎ᠲᠠᠢ ᠪᠣᠯᠭ᠋ᠠᠵᠤ᠂ ᠠ᠋ᠭᠦᠨ᠎ᠤ ᠤᠯᠠᠮ᠎ᠠᠴᠠ ᠤᠯᠠᠨ ᠰᠣᠷᠣᠭᠴᠢ ᠵᠢ ᠲᠠᠢ᠍ᠢ᠍ᠴᠢᠯᠠᠵᠦ ᠪᠦᠬᠦ ᠲᠠᠯ᠎ᠠ᠎ᠪᠠᠷ ᠳᠠᠪᠰᠢᠭᠤᠯᠤᠨ᠎ᠠ᠃
      ᠲᠠᠪᠤ᠂ ᠠᠩᠭᠢ ᠵᠢᠨ ᠠ᠋ᠷᠬᠢᠯᠡᠭᠴᠢ ᠦᠷᠭᠦᠯᠵᠢ ᠰᠣᠷᠣᠭᠴᠢ ᠵᠢᠨ ᠬᠡᠷ᠎ᠤᠨ ᠠᠬᠠᠮᠠᠳ᠎ᠲᠠᠢ ᠬᠠᠷᠢᠯᠴᠠᠵᠤ ᠪᠠᠶ᠋ᠢᠬᠤ ᠵᠢ ᠪᠠᠷᠢᠮᠲᠠᠯᠠᠬᠤ
      ᠭᠡᠷ᠎ᠤᠨ ᠰᠣᠷᠪᠣᠯᠵᠢᠯᠠᠭ᠎ᠠ ᠵᠢ ᠬᠦᠨᠳᠦᠳᠬᠡᠵᠦ᠂ ᠰᠣᠷᠣᠭᠴᠢᠳ᠎ᠤᠨ ᠭᠡᠷ ᠵᠶ᠋ᠠᠷ ᠲᠤᠭᠤᠷᠢᠨ ᠰᠣᠷᠪᠣᠯᠵᠢᠯᠠᠵᠦ᠂ ᠭᠡᠷ᠎ᠤᠨ ᠠᠬᠠᠮᠠᠳ᠎ᠲᠠᠢ ᠨᠢᠭᠤᠷᠳᠠᠨ ᠶᠠᠷᠢᠯᠴᠠᠵᠣ᠂ ᠰᠠᠨᠠᠭ᠎ᠠ ᠰᠡᠳᠬᠢᠯ ᠵᠶ᠋ᠠᠨ ᠰᠣᠯᠢᠯᠴᠠᠭ᠍ᠣ ᠬᠡᠷᠡᠭᠲᠡᠢ᠃ ᠭᠡᠷ᠎ᠲᠤ᠎ᠨᠢ ᠲᠣᠭᠤᠷᠢᠨ ᠰᠣᠷᠪᠣᠯᠵᠢᠯᠠᠪᠠᠯ ᠰᠣᠷᠣᠭᠴᠢ ᠵᠢᠨ ᠭᠡᠷ᠎ᠲᠤ᠎ᠪᠠᠨ ᠪᠠᠶ᠋ᠢᠬᠤ ᠢᠯᠡᠷᠡᠯ᠂ ᠭᠡᠷ᠎ᠤᠨ ᠠᠵᠤ ᠠᠬᠤᠢ ᠵᠢᠨ ᠪᠠᠶ᠋ᠢᠳᠠᠯ ᠵᠡᠷᠭᠡ ᠵᠢ ᠣᠶ᠋ᠢᠯᠠᠭ᠋ᠠᠵᠣ ᠪᠣᠯᠣᠨ᠎ᠠ᠃ ᠮᠦᠨ ᠴᠦ᠍ ᠠᠪᠤ ᠡᠵᠢ᠎ᠲᠠᠢ᠎ᠨᠢ ᠵᠣᠭᠤᠭᠳᠠᠭ᠍ᠣ ᠵᠢᠨ ᠳᠣᠮᠳᠠ ᠰᠣᠷᠣᠭᠴᠢ ᠵᠢᠨ ᠬᠤᠪᠢᠷᠠᠯᠲᠠ᠂ ᠭᠡᠷ᠎ᠤᠨ ᠠᠬᠠᠮᠠᠳ᠂ ᠰᠣᠷᠭ᠋ᠠᠭᠤᠯᠢ ᠪᠠ ᠠᠩᠬᠢ ᠵᠢᠨ ᠠ᠋ᠷᠬᠢᠯᠡᠭᠴᠢ ᠵᠢᠨ ᠰᠠᠨᠠᠭᠤᠯᠭ᠎ᠠ ᠵᠢ ᠶᠠᠷᠢᠶᠠᠨ᠎ᠤ ᠳᠣᠮᠳᠠ᠎ᠠᠴᠠ ᠣᠯᠵᠣ ᠮᠡᠳᠡᠨ᠎ᠡ᠃ ᠢᠩᠭᠢᠵᠦ ᠬᠢᠬᠦ᠎ᠨᠢ ᠰᠣᠷᠭ᠋ᠠᠭᠤᠯᠢ ᠪᠠ ᠨᠡᠶ᠋ᠢᠭᠡᠮ᠎ᠤᠨ ᠬᠤᠭᠤᠷᠣᠨᠳᠣᠬᠢ ᠬᠠᠷᠢᠴᠠᠭ᠎ᠠ ᠵᠢ ᠭᠦᠨᠵᠡᠭᠡᠶ᠋ᠢᠷᠡᠭᠦᠯᠳᠡᠭ ᠪᠣᠯᠬᠤᠷ ᠭᠡᠷ᠎ᠤᠨ ᠰᠣᠷᠪᠣᠯᠵᠢᠯᠠᠭ᠎ᠠ᠎ᠨᠢ ᠰᠣᠷᠣᠭᠴᠢ ᠵᠢ ᠬᠦᠮᠦᠵᠢᠭᠦᠯᠬᠦ ᠰᠠᠶ᠋ᠢᠨ ᠠᠷᠭ᠎ᠠ ᠠᠪᠴᠠᠯ ᠪᠤᠯᠤᠨ᠎ᠠ᠃
      ᠣᠳᠣ ᠵᠢᠨ ᠰᠤᠷᠤᠭᠴᠢᠳ᠎ᠤᠨ ᠣᠯᠠᠩᠬᠢ᠎ᠨᠢ ᠬᠥᠮᠦᠨ᠎ᠤ ᠭᠠᠭᠴᠠ ᠬᠡᠦᠬᠡᠳ ᠶᠤᠮ᠃ ᠰᠤᠷᠭ᠋ᠠᠨ ᠬᠥᠮᠦᠵᠢᠯ᠎ᠤᠨ ᠠᠰᠠᠭᠤᠳᠠᠯ ᠨᠡᠩ ᠲᠣᠪᠣᠶ᠋ᠢᠮ᠎ᠠ ᠪᠣᠯᠵᠤ᠂ ᠵᠠᠷᠢᠮ ᠭᠡᠷ᠎ᠤᠨ ᠠᠬᠠᠮᠠᠳ ᠵᠥᠪᠬᠡᠨ ᠬᠡᠦᠬᠡᠳ ᠵᠶ᠋ᠠᠨ ᠬᠡᠲᠦᠷᠬᠡᠶ ᠬᠠᠶ᠋ᠢᠷᠠᠯᠠᠬᠤ ᠵᠢ ᠯᠠ ᠮᠡᠳᠡᠨ᠎ᠡ᠃ ᠭᠡᠲᠡᠯ᠎ᠡ ᠵᠠᠷᠢᠮ ᠭᠡᠷ᠎ᠤᠨ ᠠᠬᠠᠮᠠᠳ ᠬᠡᠦᠬᠡᠳ᠎ᠢ ᠬᠡᠲᠦᠷᠬᠡᠢ ᠴᠢᠩᠭ᠎ᠠ ᠰᠢᠭᠦᠮᠵᠢᠯᠠᠳᠡᠭ᠃ ᠭᠡᠷ᠎ᠤᠨ ᠠᠬᠠᠮᠠᠳ᠎ᠨᠢ ᠰᠤᠷᠭ᠋ᠠᠭᠤᠯᠢ᠎ᠲᠠᠢ ᠬᠠᠮᠵᠢᠯᠴᠠᠨ ᠰᠤᠷᠤᠭᠴᠢᠳ᠎ᠤᠨ ᠰᠤᠷᠭ᠋ᠠᠨ ᠬᠥᠮᠦᠵᠢᠯ᠎ᠤᠨ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ ᠴᠢᠯᠥᠭᠡ ᠵᠠᠪ ᠵᠶ᠋ᠠᠷ ᠵᠶ᠋ᠠᠨ ᠭᠡᠷ ᠪᠦᠯᠢ ᠵᠢᠨ ᠰᠤᠷᠪᠤᠯᠵᠢᠯᠠᠭ᠎ᠠ ᠬᠢᠬᠦ ᠪᠤᠶᠤ ᠭᠡᠷ᠎ᠤᠨ ᠠᠬᠠᠮᠠᠳ ᠵᠶ᠋ᠠᠨ ᠵᠠᠯᠠᠵᠤ ᠰᠤᠷᠭ᠋ᠠᠭᠤᠯᠢ᠎ᠳᠤ ᠣᠴᠢᠭᠤᠯᠪᠠᠯ ᠨᠡᠩ ᠰᠠᠶ᠋ᠢᠨ ᠪᠠᠶ᠋ᠢᠳᠠᠭ᠃ ᠠ᠋ᠰᠡᠬᠦᠯ᠎ᠡ ᠭᠠᠷ ᠣᠲᠠᠰᠣ᠂ ᠰᠦᠯᠵᠢᠶ᠎ᠡ ᠵᠡᠷᠭᠡ ᠣᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠭᠡᠷ᠎ᠤᠨ ᠠᠬᠠᠮᠠᠳ᠎ᠲᠠᠢ ᠬᠠᠷᠢᠯᠴᠠᠵᠤ᠂ ᠰᠤᠷᠭ᠋ᠠᠨ ᠬᠥᠮᠦᠵᠢᠯ᠎ᠤᠨ ᠠᠵᠢᠯ᠎ᠢ ᠬᠠᠮᠲᠤ᠎ᠪᠠᠷ ᠰᠤᠳᠤᠯᠤᠨ ᠶᠠᠷᠢᠯᠴᠠᠵᠤ᠂ ᠬᠤᠭᠤᠴᠠᠭ᠎ᠠ ᠪᠦᠷᠢ ᠵᠢᠨ ᠭᠡᠷ᠎ᠤᠨ ᠠᠬᠠᠮᠠᠳ᠎ᠤᠨ ᠬᠤᠷᠠᠯ᠎ᠢ ᠮᠠᠰᠢ ᠴᠢᠬᠤᠯᠠᠴᠢᠯᠠᠨ ᠦᠵᠡᠵᠦ᠂ ᠬᠤᠷᠠᠯ᠎ᠠᠴᠠ ᠠ᠋ᠮᠦᠨ᠎ᠡ ᠶᠡᠬᠡ ᠬᠡᠮᠵᠢᠶᠡᠨ᠎ᠤ ᠪᠡᠯᠡᠳᠬᠡᠯ ᠠᠵᠢᠯ ᠬᠢᠬᠦ ᠭᠡᠷᠡᠭᠳᠠᠢ᠃ ᠨᠢᠭᠡ ᠰᠤᠷᠤᠯᠭ᠎ᠠ ᠵᠢᠨ ᠬᠤᠭᠤᠴᠠᠭ᠋ᠠᠨ᠎ᠤ ᠠᠵᠢᠯ᠎ᠤᠨ ᠲᠥᠯᠥᠪᠯᠡᠭᠡ᠂ ᠠᠵᠢᠯ᠎ᠤᠨ ᠲᠣᠬᠢᠷᠠᠭᠤᠯᠤᠯᠲᠠ᠎ᠪᠠᠨ ᠭᠡᠷ᠎ᠤᠨ ᠠᠬᠠᠮᠠᠳ᠎ᠲᠤ ᠬᠠᠷᠢᠭᠤ ᠮᠡᠳᠡᠭᠦᠯᠵᠦ᠂ ᠭᠡᠷ᠎ᠤᠨ ᠠᠬᠠᠮᠠᠳ ᠵᠶ᠋ᠠᠷ ᠬᠠᠮᠵᠢᠯᠴᠠᠭᠤᠯᠬᠤ ᠬᠡᠷᠡᠭᠲᠡᠶ᠂ ᠢᠯᠡᠳᠲᠡ ᠳᠠᠪᠰᠢᠭᠰᠠᠨ ᠰᠤᠷᠤᠭᠴᠢᠳ᠎ᠢ ᠰᠠᠶ᠋ᠢᠰᠢᠶᠠᠨ ᠬᠥᠬᠢᠭᠦᠯᠵᠦ᠂ ᠤᠬᠤᠷᠢᠯᠲᠠ ᠶᠡᠬᠡ ᠰᠤᠷᠤᠭᠴᠢ ᠵᠢᠨ ᠭᠡᠷ᠎ᠤᠨ ᠠᠬᠠᠮᠠᠳ᠎ᠲᠠᠢ ᠬᠠᠮᠲᠤ ᠰᠢᠯᠲᠠᠭ᠋ᠠᠨ᠎ᠢ᠎ᠨᠢ ᠵᠠᠳᠠᠯᠵᠤ᠂ ᠠᠷᠭ᠎ᠠ ᠬᠡᠮᠵᠢᠶ᠎ᠡ ᠲᠣᠭᠲᠠᠭ᠋ᠠᠬᠤ ᠵᠢ ᠠᠩᠬᠠᠷᠤᠨ᠎ᠠ᠃ ᠭᠡᠷ᠎ᠤᠨ ᠠᠬᠠᠮᠠᠳ᠎ᠤᠨ ᠬᠤᠷᠠᠯ ᠵᠶ᠋ᠠᠷ ᠳᠠᠮᠵᠢᠨ᠂ ᠭᠡᠷ᠎ᠤᠨ ᠠᠬᠠᠮᠠᠳ᠎ᠲᠤ ᠬᠡᠦᠬᠡᠳ᠎ᠤᠨ ᠰᠤᠷᠭ᠋ᠠᠭᠤᠯᠢ᠎ᠳᠤ ᠪᠠᠢ᠍ᠢ᠍ᠭ᠎ᠠ ᠦᠶ᠎ᠠ ᠵᠢᠨ ᠪᠣᠳᠠᠲᠦ ᠪᠠᠶ᠋ᠢᠳᠠᠯ᠎ᠢ ᠣᠶ᠋ᠢᠯᠠᠭ᠋ᠠᠭᠤᠯᠵᠤ᠂ ᠠᠯᠢ ᠠᠯᠢ ᠲᠠᠯ᠎ᠠ᠎ᠪᠠᠷ ᠰᠤᠷᠭ᠋ᠠᠭᠤᠯᠢ᠎ᠲᠠᠢ ᠬᠠᠮᠵᠢᠯᠴᠠᠨ ᠬᠡᠦᠬᠡᠳ᠎ᠢ ᠬᠥᠮᠦᠵᠢᠭᠦᠯᠪᠡᠯ ᠨᠡᠩ ᠰᠠᠶ᠋ᠢᠨ ᠰᠤᠷᠭ᠋ᠠᠨ ᠬᠥᠮᠦᠵᠢᠯ᠎ᠤᠨ ᠦᠷ᠎ᠡ ᠪᠦᠲᠦᠮᠵᠢ ᠣᠯᠬᠤ ᠵᠢ ᠲᠣᠳᠣᠷᠬᠠᠶ᠋ᠢᠯᠠᠵᠤ ᠦᠭᠪᠡᠯ ᠲᠠᠭ᠋ᠠᠷᠠᠨ᠎ᠠ᠃
      ᠵᠢᠷᠭᠤᠭ᠎ᠠ᠂ ᠰᠢᠯᠭ᠋ᠠᠯᠲᠠ ᠪᠣᠯᠪᠠᠰᠣᠷᠠᠯ᠎ᠤᠨ ᠶᠠᠰᠣ ᠴᠢᠨᠠᠷ᠎ᠤᠨ ᠵᠠᠳᠠᠯᠣᠯᠲᠠ ᠵᠢ ᠣᠷᠠᠯᠢᠭ ᠵᠶ᠋ᠠᠷ ᠬᠢᠬᠦ
      ᠤᠳᠠᠭ᠎ᠠ ᠪᠤᠯᠭ᠋ᠠᠨ᠎ᠤ ᠰᠢᠯᠭ᠋ᠠᠯᠲᠠ ᠵᠢᠨ ᠲᠠᠷᠠᠭ᠎ᠠ ᠠᠩᠬᠢ ᠵᠢᠨ ᠠ᠋ᠷᠬᠢᠯᠡᠭᠴᠢ ᠵᠣᠬᠢᠶᠠᠨ ᠪᠠᠶ᠋ᠢᠭᠤᠯᠵᠦ᠂ ᠪᠦᠬᠦ ᠰᠣᠷᠣᠭᠴᠢ ᠪᠠ ᠬᠢᠴᠢᠶᠡᠯᠯᠡᠭᠴᠢ ᠪᠠᠭᠰᠢ ᠵᠢᠨ ᠤᠷᠤᠯᠴᠠᠭᠰᠠᠨ ᠨᠢᠭᠡᠨ ᠤᠳᠠᠭ᠋ᠠᠨ᠎ᠤ ᠶᠠᠰᠣ ᠴᠢᠨᠠᠷ᠎ᠤᠨ ᠵᠠᠳᠠᠯᠣᠯᠲᠠ ᠵᠢᠨ ᠬᠤᠷᠠᠯ ᠬᠢᠵᠦ᠂ ᠣᠨᠴᠠ ᠰᠢᠯᠢᠳᠡᠭ ᠰᠣᠷᠣᠭᠴᠢ᠂ ᠰᠢᠯᠢᠳᠡᠭ ᠰᠣᠷᠣᠯᠭ᠋ᠠᠲᠠᠨ᠂ ᠣᠨᠴᠠ ᠳᠠᠪᠰᠢᠯᠲᠠ᠎ᠲᠠᠢ᠂ ᠪᠣᠯᠪᠠᠰᠣᠨ ᠰᠣᠷᠣᠭᠴᠢ ᠵᠢ ᠰᠠᠶ᠋ᠢᠰᠢᠶᠠᠨ ᠬᠦᠬᠢᠭᠦᠯᠵᠦ ᠣᠷᠮᠠᠰᠢᠭᠤᠯᠤᠨ ᠵᠣᠷᠢᠬ᠍ᠵᠢᠭᠤᠯᠬᠤ ᠪᠠ ᠬᠢᠴᠢᠶᠡᠯ ᠲᠦᠷᠦᠯ᠎ᠤᠨ ᠪᠠᠭᠰᠢ ᠪᠣᠯᠭ᠋ᠠᠨ᠎ᠠᠴᠠ ᠣᠷᠣᠰᠢᠵᠦ ᠪᠠᠶ᠋ᠢᠭ᠎ᠠ ᠠᠰᠠᠭᠤᠳᠠᠯ᠎ᠤᠨ ᠲᠠᠯ᠎ᠡ᠎ᠳᠤ ᠨᠠᠷᠢᠯᠢᠬ ᠵᠠᠳᠠᠯᠣᠯᠲᠠ ᠬᠢᠵᠦ᠂ ᠶᠠᠭ᠋ᠠᠬᠢᠵᠦ ᠰᠣᠷᠣᠯᠴᠠᠭ᠍ᠣ ᠶᠠᠭ᠋ᠠᠬᠢᠵᠦ ᠳᠠᠪᠲᠠᠭ᠍ᠣ ᠠᠷᠭ᠎ᠠ ᠮᠠᠶᠢᠭ᠎ᠤᠨ ᠲᠠᠯ᠎ᠠ᠎ᠳᠤ ᠵᠢᠯᠤᠭᠤᠳᠤᠯᠭ᠎ᠠ ᠦᠭᠬᠦ ᠵᠢᠨ ᠳᠠᠭ᠋ᠠᠤ ᠬᠦᠮᠦᠨ ᠪᠤᠯᠬᠣ ᠵᠢᠨ ᠬᠦᠮᠦᠵᠢᠯ᠎ᠢ ᠰᠠᠢ᠍ᠢ᠍ᠲᠣᠷ ᠬᠢᠵᠦ᠂ ᠰᠣᠷᠬᠤ ᠠᠷᠭ᠎ᠠ᠂ ᠰᠣᠷᠬᠤ ᠣᠷᠮ᠎ᠠ ᠵᠣᠷᠢᠭ᠎ᠢ᠎ᠨᠢ ᠳᠠᠶ᠋ᠢᠴᠢᠯᠠᠨ ᠳᠠᠭ᠋ᠠᠭᠤᠯᠬᠤ ᠬᠡᠷᠡᠭᠲᠡᠢ᠃ ᠠ᠋ᠭᠦᠨ᠎ᠤ ᠬᠠᠮᠲᠦ ᠴᠠᠭ ᠢᠮᠠᠭᠲᠠ ᠬᠢᠴᠢᠶᠡᠯᠯᠡᠭᠴᠢ ᠪᠠᠭᠰᠢ᠎ᠲᠠᠢ᠎ᠪᠠᠨ ᠨᠢᠭᠲᠠ ᠬᠠᠷᠢᠯᠴᠠᠨ ᠰᠣᠷᠣᠭᠴᠢ ᠪᠤᠯᠭ᠋ᠠᠨ᠎ᠤ ᠠᠰᠠᠭᠤᠳᠠᠯ᠎ᠢ ᠨᠠᠷᠢᠯᠢᠬ ᠣᠶ᠋ᠢᠯᠠᠭ᠋ᠠᠨ ᠵᠠᠳᠠᠯᠣᠨ ᠣᠷᠣᠰᠢᠵᠦ ᠪᠠᠶ᠋ᠢᠭ᠎ᠠ ᠠᠰᠠᠭᠤᠳᠠᠯ᠎ᠢ ᠵᠦᠪ ᠵᠶ᠋ᠠᠷ ᠬᠠᠯᠠᠨ ᠰᠠᠶ᠋ᠢᠵᠢᠷᠠᠭᠤᠯᠵᠦ ᠬᠢᠴᠢᠶᠡᠯ ᠰᠣᠷᠣᠯᠭ᠎ᠠ ᠵᠢᠨ ᠲᠠᠯ᠎ᠠ᠎ᠳᠤ ᠢᠯᠡᠭᠦᠬᠡᠨ ᠬᠦᠴᠦ ᠲᠠᠯᠪᠢᠵᠦ᠂ ᠰᠡᠭᠦᠯᠴᠢ ᠵᠢᠨ ᠠᠵᠢᠯ᠎ᠤᠨ ᠲᠠᠯ᠎ᠠ᠎ᠳᠤ ᠲᠦᠯᠦᠪᠯᠡᠭᠡ ᠲᠣᠭᠳᠠᠭ᠋ᠠᠵᠤ᠂ ᠳᠠᠷᠠᠭ᠋ᠠᠴᠢ ᠵᠢᠨ ᠰᠢᠯᠭ᠋ᠠᠯᠲᠠ᠎ᠳᠤ᠎ᠪᠠᠨ ᠬᠠᠮᠲᠦ ᠵᠢᠨ ᠲᠡᠮᠡᠴᠡᠬᠦ ᠬᠠᠷᠠᠯᠲᠠ᠎ᠲᠠᠢ ᠪᠠᠢ᠍ᠢ᠍ᠬᠣ ᠵᠢ ᠠ᠋ᠷᠬᠢᠮᠯᠡᠪᠡᠯ ᠵᠤᠬᠢᠨ᠎ᠠ᠃
      ᠠᠩᠭᠢ ᠵᠢᠨ ᠠ᠋ᠷᠬᠢᠯᠡᠭᠴᠢ ᠪᠣᠯᠤᠭᠰᠠᠨ᠎ᠤ ᠬᠤᠪᠢ᠎ᠳᠤ᠂ ᠭᠠᠭᠴᠠ ᠭᠦ᠌ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠠᠩᠭᠢ ᠵᠢᠨ ᠬᠠᠮᠢᠶᠠᠷᠤᠯᠲᠠ ᠵᠢᠨ ᠠᠵᠢᠯ᠎ᠳᠤ ᠴᠢᠷᠮᠠᠶ᠋ᠢᠵᠣ᠂ ᠰᠤᠷᠤᠭᠴᠢᠳ᠎ᠲᠤ ᠬᠠᠶ᠋ᠢᠷ᠎ᠠ ᠰᠡᠳᠬᠢᠯᠭᠡ ᠵᠢ ᠣᠶ᠋ᠢᠯᠠᠭ᠋ᠠᠨ ᠮᠡᠳᠡᠭᠦᠯᠵᠦ᠂ ᠰᠤᠷᠤᠭᠴᠢᠳ᠎ᠲᠤ ᠨᠡᠩ ᠭᠦᠨ ᠬᠠᠶ᠋ᠢᠷ᠎ᠠ ᠬᠠᠯᠠᠮᠵᠢ᠎ᠪᠠᠨ ᠭᠦᠷᠳᠡᠭᠡᠪᠡᠯ ᠰᠤᠷᠤᠭᠴᠢᠳ᠎ᠤᠨ ᠰᠤᠷᠤᠯᠭ᠎ᠠ ᠵᠢᠨ ᠬᠢᠷᠢ ᠪᠦᠲᠦᠮᠵᠢ ᠶᠡᠬᠡ ᠳᠡᠭᠡᠭᠰᠢᠯᠡᠬᠦ᠎ᠪᠠᠷ ᠪᠠᠷᠠᠬᠤ ᠦᠭᠡᠶ ᠨᠡᠶ᠋ᠢᠭᠡᠮ ᠨᠠᠶ᠋ᠢᠲᠠ᠎ᠳᠤ ᠠᠴᠢ ᠲᠤᠰᠠ᠎ᠲᠠᠢ ᠬᠦᠮᠦᠨ ᠪᠤᠯᠵᠤ ᠬᠦᠮᠦᠵᠢᠭᠳᠡᠨ᠎ᠡ᠃
      ᠠᠵᠢᠯᠯᠠᠵᠤ ᠪᠠᠢ᠍ᠢ᠍ᠭ᠎ᠠ ᠪᠠᠢ᠍ᠢ᠍ᠭᠤᠯᠭ᠎ᠠ᠄ ᠠᠷᠣ ᠬᠤᠷᠴᠢᠨ ᠬᠤᠰᠢᠭᠤᠨ᠎ᠤ ᠴᠢᠪᠠᠭ᠎ᠠ ᠮᠤᠩᠭᠤᠯ 
                                ᠦᠨᠳᠦᠰᠦᠲᠡᠨ᠎ᠤ ᠳᠣᠮᠳᠠᠳᠣ ᠰᠣᠷᠭ᠋ᠠᠭᠤᠯᠢ
                                (ᠠᠯᠳᠠᠨᠰᠦᠢ᠍ᠭᠡ ᠨᠠᠢ᠍ᠢ᠍ᠷᠠᠭᠤᠯᠪᠠ)


 

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠦᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠠᠩᠭᠢ ᠵᠢᠨ ᠬᠠᠮᠢᠶᠠᠷᠤᠯᠲᠠ ᠵᠢᠨ ᠲᠤᠬᠠᠢ ᠦᠭᠦᠯᠡᠬᠦ᠎ᠨᠢ
ᠠᠩᠬᠢ ᠵᠢᠨ ᠠ᠋ᠷᠬᠢᠯᠡᠭᠴᠢ ᠬᠡᠷᠬᠢᠨ ᠰᠣᠷᠣᠭᠴᠢᠳ᠎ᠢ ᠤᠷᠮᠠᠰᠢᠭᠤᠯᠵᠤ ᠰᠤᠷᠤᠯᠴᠠᠭ᠍ᠤ ᠢᠳᠡᠪᠬᠢᠵᠢᠯ᠎ᠢ᠎ᠨᠢ ᠲᠠᠶ᠋ᠢᠴᠢᠯᠠᠭ᠍ᠤ ᠲᠣᠬᠠᠢ ᠦᠬᠦᠯᠡᠬᠦ᠎ᠨᠢ
ᠠᠩᠭᠢ ᠵᠢᠨ ᠺᠠᠳ᠋ᠷ᠎ᠢ ᠬᠡᠷᠬᠢᠨ ᠬᠥᠮᠥᠵᠢᠭᠦᠯᠬᠦ ᠲᠤᠬᠠᠢ ᠦᠬᠦᠯᠡᠬᠦ᠎ᠨᠢ
ᠠᠩᠬᠢ ᠵᠢᠨ ᠠ᠋ᠷᠬᠢᠯᠡᠭᠴᠢ ᠰᠤᠷᠤᠭᠴᠢᠳ᠎ᠤᠨ ᠰᠡᠳᠬᠢᠯ᠎ᠤᠨ ᠨᠠᠶ᠋ᠢᠵᠠ ᠪᠤᠯᠬᠤ ᠲᠤᠬᠠᠢ
ᠠᠩᠬᠢ ᠵᠢᠨ ᠠ᠋ᠷᠬᠢᠯᠡᠭᠴᠢ ᠵᠢᠨ ᠠᠵᠢᠯ᠎ᠢ ᠬᠡᠷᠬᠢᠨ ᠬᠢᠬᠦ ᠲᠤᠬᠠᠢ
 
             蒙ICP备05000248号