ᠭᠦᠰᠠᠯᠠᠩ

ᠠᠨᠭ᠌ᠬᠢ ᠨᠢᠭᠡᠴᠢ᠎ᠨᠢ ᠠᠩᠭᠢ ᠵᠢᠨ ᠺᠠᠳ᠋ᠷ᠎ᠠᠴᠠ ᠰᠠᠯᠵᠤ ᠴᠢᠳᠠᠭ᠍ᠤ ᠦᠭᠡᠢ᠂ ᠠᠩᠭᠢ ᠵᠢᠨ ᠺᠠᠳ᠋ᠷ᠎ᠨᠢ ᠪᠦᠬᠦᠶ ᠯᠡ ᠠᠩᠭᠢ ᠵᠢᠨ ᠠᠩᠭᠢ ᠵᠢᠨ ᠰᠤᠷᠲᠠᠯ ᠪᠠ ᠰᠤᠷᠤᠯᠴᠠᠭ᠍ᠤ ᠰᠤᠷᠲᠠᠯ᠎ᠢ ᠰᠢᠭᠤᠳ ᠨᠥᠯᠥᠭᠡᠯᠡᠵᠦ᠂ ᠠᠩᠭᠢ ᠵᠢᠨ ᠠ᠋ᠷᠬᠢᠯᠡᠭᠴᠢ ᠵᠢᠨ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠴᠦ᠍ ᠰᠢᠭᠤᠳ ᠨᠥᠯᠥᠭᠡᠯᠡᠳᠡᠭ᠃ ᠠᠩᠭᠢ ᠵᠢᠨ ᠺᠠᠳ᠋ᠷ᠎ᠢ ᠬᠥᠮᠥᠵᠢᠭᠦᠯᠬᠦ᠎ᠨᠢ ᠠᠩᠭᠢ ᠵᠢᠨ ᠠ᠋ᠷᠬᠢᠯᠡᠭᠴᠢ ᠠ᠋ᠨᠡ ᠬᠦ᠌ ᠬᠠᠮᠳᠤᠷᠠᠯᠢ ᠬᠡᠷᠬᠢᠨ ᠰᠠᠶ᠋ᠢᠲᠤᠷ ᠬᠠᠮᠢᠶᠠᠷᠬᠤ᠎ᠳᠤ ᠮᠠᠰᠢ ᠴᠢᠬᠤᠯᠠ ᠦᠢ᠍ᠯᠡᠳᠦᠯ ᠦᠵᠡᠭᠦᠯᠳᠡᠭ᠃ ᠴᠢᠳᠠᠪᠤᠷᠢ᠎ᠲᠠᠢ ᠠᠩᠭᠢ ᠵᠢᠨ ᠺᠠᠳ᠋ᠷ᠎ᠢ ᠰᠠᠶ᠋ᠢᠲᠤᠷ ᠬᠥᠮᠥᠵᠢᠭᠦᠯᠬᠦ᠎ᠨᠢ ᠠᠩᠭᠢ ᠵᠢᠨ ᠠ᠋ᠷᠬᠢᠯᠡᠭᠴᠢ ᠵᠢᠨ ᠬᠠᠮᠢᠶᠠᠷᠤᠯᠲᠠ ᠵᠢᠨ ᠳᠤᠮᠳᠠᠬᠢ ᠮᠠᠰᠢ ᠴᠢᠬᠤᠯᠠ ᠵᠦᠢ᠍ᠯ ᠪᠣᠯᠬᠤ ᠶᠤᠮ᠃
ᠠᠩᠭᠢ ᠵᠢᠨ ᠺᠠᠳ᠋ᠷ ᠪᠣᠯ ᠠᠩᠭᠢ ᠵᠢᠨ ᠠ᠋ᠷᠬᠢᠯᠡᠭᠴᠢ ᠵᠢᠨ ᠰᠠᠶ᠋ᠢᠨ ᠬᠠᠪᠰᠤᠷᠤᠭᠴᠢ᠃ ᠠᠩᠭᠢ ᠵᠢᠨ ᠺᠠᠳ᠋ᠷ ᠬᠡᠷᠪᠡ ᠥᠪᠡᠷ᠎ᠤᠨ ᠪᠡᠶ᠎ᠡ᠎ᠪᠠᠨ ᠳᠠᠭ᠋ᠠᠭ᠋ᠠᠭᠰᠠᠨ ᠦᠵᠡᠯ ᠪᠣᠳᠤᠯ᠎ᠲᠠᠢ ᠪᠣᠯ ᠠᠨᠭ᠌ᠬᠢ ᠨᠢᠭᠡᠴᠢ ᠵᠢᠨ ᠵᠶ᠋ᠠᠨ ᠮᠡᠳᠡᠭᠡ ᠵᠠᠩᠭᠢ ᠵᠢ ᠴᠠᠭ ᠲᠤᠬᠠᠢᠳᠤᠨᠢ ᠬᠠᠷᠢᠭᠤ ᠲᠤᠰᠬᠠᠬᠤ ᠵᠢᠨ ᠬᠠᠮᠲᠤ ᠵᠦᠢ ᠵᠣᠬᠢᠰᠲᠠᠢ ᠰᠠᠨᠠᠭᠤᠯᠭ᠎ᠠ ᠥᠭᠲᠡᠭ᠃ ᠠ᠋ᠨᠡ᠎ᠨᠢ ᠠᠨᠭ᠌ᠬᠢ ᠨᠢᠭᠡᠴᠢ ᠵᠢᠨ ᠳᠣᠲᠣᠷᠠᠬᠢ ᠪᠠᠶ᠋ᠢᠳᠠᠯ᠎ᠢ ᠠᠩᠭᠢ ᠵᠢᠨ ᠠ᠋ᠷᠭᠢᠯᠡᠭᠴᠢ ᠴᠠᠭ ᠲᠤᠬᠠᠢᠳᠤᠨᠢ ᠡᠵᠡᠮᠰᠢᠵᠦ᠂ ᠠᠵᠢᠯ᠎ᠤᠨ ᠵᠶ᠋ᠠᠨ ᠠ᠋ᠬᠢ ᠵᠠᠬ᠎ᠠ ᠵᠢ ᠨᠡᠩ ᠦᠷ᠎ᠡ ᠪᠦᠲᠦᠮᠵᠢ᠎ᠲᠠᠢ ᠪᠣᠯᠭ᠋ᠠᠬᠤ᠎ᠳᠤ ᠳᠤᠰᠠᠯᠠᠳᠠᠭ᠃ ᠲᠡᠭᠡᠪᠡᠯ ᠶᠠᠭ᠋ᠠᠬᠢᠪᠠᠯ ᠰᠠᠶᠢ ᠬᠦᠴᠦᠨ ᠲᠡᠭᠦᠯᠳᠡᠷ ᠠᠩᠭᠢ ᠵᠢᠨ ᠺᠠᠳ᠋ᠷ᠎ᠤᠨ ᠠ᠋ᠨᠭ᠌ᠨᠡᠭᠡ ᠵᠢ ᠪᠠᠶ᠋ᠢᠭᠤᠯᠵᠤ ᠴᠢᠳᠠᠭ᠍ᠤ ᠪᠣᠢ?
ᠨᠢᠭᠡ᠂ ᠠᠩᠭᠢ ᠵᠢᠨ ᠺᠠᠳ᠋ᠷ᠎ᠢ ᠰᠢᠯᠢᠨ ᠰᠣᠩᠭᠤᠬᠤ
ᠰᠠᠶ᠋ᠢᠨ ᠠ᠋ᠬᠢᠯᠡᠯᠲᠡ᠎ᠨᠢ ᠠᠮᠵᠢᠯᠲᠠ ᠵᠢᠨ ᠬᠠᠭ᠋ᠠᠰ ᠭᠡᠵᠦ ᠬᠡᠯᠡᠳᠡᠭ᠃ ᠠᠩᠭᠢ ᠵᠢᠨ ᠠ᠋ᠷᠬᠢᠯᠡᠭᠴᠢ ᠠᠨᠭ᠌ᠬ᠎ᠠ ᠨᠢᠭᠡᠨ ᠰᠢᠨ᠎ᠡ ᠠᠩᠭᠢ ᠵᠢᠨ ᠬᠠᠮᠲᠤ ᠨᠡᠶ᠋ᠢᠲᠡ ᠵᠢ ᠬᠦᠯᠢᠶᠡᠨ ᠠᠪᠬᠤ᠎ᠳᠤ᠎ᠪᠠᠨ ᠵᠠᠪᠠᠯ ᠪᠢᠯᠢᠭ᠎ᠤᠨ ᠨᠢᠳᠦ᠎ᠲᠠᠢ ᠪᠠᠶ᠋ᠢᠵᠤ᠂ ᠬᠠᠷᠠᠮ ᠦᠭᠡᠢ ᠵᠢᠳᠭᠦᠳᠡᠭ᠂ ᠪᠡᠶ᠎ᠡ᠎ᠪᠠᠨ ᠴᠢᠩᠭ᠎ᠠ ᠱᠠᠭ᠋ᠠᠷᠳᠠᠳᠠᠭ᠂ ᠰᠤᠷᠬᠤ᠎ᠳᠤ ᠴᠠᠭ᠋ᠠᠷᠠᠭᠰᠠᠨ ᠰᠢᠯᠢᠳᠡᠭ ᠰᠤᠷᠤᠭᠴᠢ ᠵᠢ ᠣᠯᠵᠤ ᠬᠠᠷᠠᠭ᠍ᠣ ᠬᠡᠷᠡᠭᠲᠡᠢ᠃ ᠨᠠᠷᠢᠨ ᠠᠵᠢᠭᠯᠠᠵᠤ᠂ ᠠ᠋ᠬᠢᠨ᠎ᠤ ᠬᠡᠳᠦᠨ ᠠ᠋ᠳᠦᠷ᠎ᠲᠤ ᠬᠢᠴᠢᠶᠡᠯ᠎ᠤᠨ ᠭᠡᠷ᠎ᠲᠤ ᠢᠯᠡᠭᠦᠬᠡᠨ ᠣᠴᠢᠵᠤ ᠰᠠᠭᠤᠨ᠂ ᠰᠤᠷᠤᠭᠴᠢᠳ᠎ᠲᠠᠢ ᠢᠯᠡᠭᠦᠬᠡᠨ ᠶᠠᠷᠢᠯᠴᠠᠵᠤ᠂ ᠰᠠᠨᠠᠭ᠋ᠠᠴᠢᠯᠠᠭ᠎ᠠ᠎ᠲᠠᠢ᠎ᠪᠠᠷ ᠨᠢᠭᠡ ᠬᠤᠶᠠᠷ ᠤᠳᠠᠭ᠋ᠠᠨ᠎ᠤ ᠬᠥᠳᠡᠯᠭᠡᠭᠡᠨ ᠪᠤᠶᠤ ᠶᠠᠷᠢᠯᠴᠠᠭ᠋ᠠᠨ᠎ᠤ ᠬᠤᠷᠠᠯ᠎ᠢ ᠵᠣᠬᠢᠶᠠᠨ ᠪᠠᠶ᠋ᠢᠭᠤᠯᠳᠠᠭ ᠯᠠ ᠶᠤᠮ ᠪᠣᠯ ᠰᠢᠯᠢᠳᠡᠭ ᠠᠨᠭ᠌ᠬᠢ ᠵᠢᠨ ᠺᠠᠳ᠋ᠷ᠎ᠢ ᠠᠮᠠᠷᠬᠠᠨ ᠠ᠋ᠷᠢᠵᠦ ᠣᠯᠣᠨ᠎ᠠ ᠭᠡᠳᠡᠭ᠎ᠢ ᠲᠠ ᠣᠯᠵᠤ ᠮᠡᠳᠡᠬᠦ ᠶᠤᠮ᠃ ᠭᠡᠪᠡᠴᠦ ᠪᠢᠳᠡ ᠶᠠᠭ᠋ᠠᠬᠢᠭᠰᠠᠨ ᠴᠤ᠌ ᠶᠠᠭ᠋ᠠᠷᠠᠵᠤ ᠪᠣᠯᠬᠤ ᠦᠭᠡᠢ᠃ ᠬᠡᠲᠦ ᠵᠢ ᠣᠯᠵᠤ ᠮᠡᠳᠡᠪᠡᠯ ᠬᠡᠲᠦ ᠵᠢ ᠬᠡᠷᠡᠭᠯᠡᠬᠦ ᠬᠡᠷᠡᠭᠲᠡᠢ᠃ ᠣᠷᠣᠨ ᠪᠠᠶ᠋ᠢᠷᠢ᠎ᠪᠠᠨ ᠳᠦᠭᠦᠷᠭᠡᠬᠦ ᠵᠢᠨ ᠲᠥᠯᠥᠭᠡ ᠢᠯᠡᠭᠦᠦ ᠰᠣᠩᠭᠤᠭᠰᠠᠨ᠎ᠤ ᠬᠡᠷᠡᠭ ᠦᠭᠡᠢ᠂ ᠰᠣᠩᠭᠤᠵᠤ ᠭᠠᠷᠭ᠋ᠠᠭᠰᠠᠨ ᠬᠡᠲᠦ᠎ᠪᠠᠨ ᠠᠩᠭᠢ ᠵᠢᠨ ᠵᠶ᠋ᠠᠨ ᠲᠣᠬᠢᠷᠠᠮᠵᠢᠲᠠᠢ ᠪᠠᠶ᠋ᠢᠷᠢᠨ᠎ᠳᠤ ᠲᠠᠯᠪᠢᠵᠤ᠂ ᠵᠣᠬᠢᠬᠤ ᠵᠢᠯᠣᠭᠤᠳᠤᠯᠭ᠎ᠠ ᠥᠭᠴᠦ᠂ ᠲᠤᠰ ᠲᠤᠰ᠎ᠤᠨ ᠬᠢᠨᠢ ᠣᠨᠴᠠ ᠴᠢᠳᠠᠪᠤᠷᠢ ᠪᠠ ᠴᠢᠳᠠᠮᠠᠭ᠋ᠠᠢ ᠴᠢᠨᠠᠷ᠎ᠢ ᠪᠠᠳᠠᠷᠠᠭᠤᠯᠪᠠᠯ ᠲᠡᠳᠡ ᠯᠠᠪᠲᠠᠢ ᠣᠬᠤᠷᠬᠠᠨ ᠬᠤᠭᠤᠴᠠᠭ᠋ᠠᠨ᠎ᠳᠤ ᠴᠢᠨᠦ ᠳᠠᠭ᠋ᠠᠭ᠋ᠠᠯᠭ᠋ᠠᠭᠰᠠᠨ ᠬᠦᠨᠳᠦ ᠠ᠋ᠭᠦᠷᠭᠡ᠎ᠳᠤ ᠵᠣᠬᠢᠴᠠᠭ᠍ᠤ ᠵᠢᠨ ᠬᠠᠮᠲᠤ ᠲᠡᠭᠦᠨ᠎ᠢ ᠠ᠋ᠭᠦᠷᠭᠡᠯᠡᠵᠦ ᠴᠢᠳᠠᠭ᠍ᠤ ᠶᠤᠮ᠃
ᠬᠤᠶᠠᠷ᠂ ᠠᠩᠭᠢ ᠵᠢᠨ ᠺᠠᠳ᠋ᠷ᠎ᠤᠨ ᠠᠵᠢᠯ᠎ᠤᠨ ᠵᠣᠬᠢᠴᠠᠭᠤᠯᠭ᠎ᠠ
ᠪᠠᠭᠰᠢ᠎ᠠᠴᠠ ᠰᠣᠩᠭᠤᠭᠰᠠᠨ ᠬᠡᠳᠦᠨ ᠠᠩᠭᠢ ᠵᠢᠨ ᠺᠠᠳ᠋ᠷ᠎ᠤᠨ ᠵᠶ᠋ᠠᠨ ᠬᠤᠭᠤᠷᠣᠨᠳᠣᠬᠢ ᠠᠵᠢᠯ᠎ᠢ ᠵᠣᠬᠢᠴᠠᠭᠤᠯᠬᠤ ᠬᠡᠷᠡᠭᠲᠡᠢ᠃ ᠠᠩᠭᠢ ᠵᠢᠨ ᠵᠶ᠋ᠠᠨ ᠴᠢᠬᠤᠯᠠ ᠶᠡᠭᠡ ᠬᠡᠷᠡᠭ ᠶᠠᠪᠤᠳᠠᠯ ᠪᠣᠯᠣᠨ ᠰᠤᠷᠭ᠋ᠠᠭᠤᠯᠢ ᠵᠢᠨ ᠳᠣᠲᠣᠭ᠋ᠠᠳᠤ ᠵᠢᠨ ᠠᠵᠢᠯᠯᠠᠭ᠎ᠠ ᠵᠢ ᠬᠠᠮᠵᠢᠯᠴᠠᠨ ᠪᠡᠶᠡᠯᠡᠭᠦᠯᠵᠦ᠂ ᠵᠠᠶ᠋ᠢᠯᠠᠭᠤᠯᠵᠤ ᠪᠣᠯᠣᠰᠢ ᠦᠭᠡᠢ ᠵᠦᠢ ᠶᠣᠰᠣᠨ᠎ᠤ ᠬᠠᠮᠲᠤ ᠵᠢᠨ ᠢᠷᠠᠭᠤ ᠠᠯᠳᠠᠷ᠎ᠤᠨ ᠲᠥᠯᠥᠭᠡ ᠶᠠᠮᠠᠷ ᠴᠤ᠌ ᠶᠠᠪᠤᠳᠠᠯ᠎ᠢ ᠪᠦᠷ ᠵᠠᠪᠳᠤᠨ ᠬᠢᠵᠦ᠂ ᠲᠦᠪᠡᠭ᠎ᠲᠠᠢ ᠶᠠᠪᠤᠳᠠᠯ ᠲᠣᠬᠢᠶᠠᠯᠳᠤᠬᠤ ᠦᠶ᠎ᠡ᠎ᠳᠤ ᠬᠡᠳᠦᠨ ᠠᠩᠭᠢ ᠵᠢᠨ ᠺᠠᠳ᠋ᠷ ᠬᠠᠮᠲᠤ᠎ᠪᠠᠷ ᠠᠷᠭ᠎ᠠ ᠪᠤᠳᠤᠵᠤ᠂ ᠬᠠᠮᠲᠤ᠎ᠪᠠᠷ ᠠᠷᠭ᠎ᠠ ᠤᠬᠠᠭ᠋ᠠᠨ ᠭᠠᠷᠭ᠋ᠠᠵᠤ᠂ ᠬᠠᠮᠲᠤ᠎ᠪᠠᠷ ᠠ᠋ᠭᠦᠷᠭᠡᠯᠡᠨ᠂ ᠬᠠᠮᠲᠤ᠎ᠪᠠᠷ ᠰᠢᠢ᠍ᠳᠪᠦᠷᠢᠯᠡᠬᠦ ᠬᠡᠷᠡᠭᠲᠡᠢ᠃ ᠭᠠᠭᠴᠠ ᠬᠦ᠌ ᠲᠡᠳᠡᠨ᠎ᠳᠤ ᠢᠩᠭᠢᠵᠦ ᠬᠡᠯᠡᠵᠦ ᠥᠭᠴᠦ᠂ ᠲᠡᠳᠡᠨ᠎ᠢ ᠬᠥᠲᠥᠯᠥᠨ ᠵᠢᠯᠣᠭᠤᠳᠪᠠᠯ ᠰᠠᠶᠢ ᠠᠩᠭᠢ ᠵᠢᠨ ᠺᠠᠳ᠋ᠷᠴᠤᠳ ᠤᠷᠢᠳ ᠵᠶ᠋ᠠᠷ ᠪᠦᠯᠬᠦᠮᠳᠡᠵᠡᠭᠡᠵᠦ᠂ ᠰᠡᠳᠬᠢᠯ ᠰᠠᠨᠠᠭ᠎ᠠ᠎ᠪᠠᠨ ᠨᠢᠭᠡ ᠱᠤᠭᠤᠮ ᠳᠡᠭᠡᠷ᠎ᠡ ᠲᠠᠯᠪᠢᠵᠤ᠂ ᠬᠦᠴᠦ᠎ᠪᠠᠨ ᠬᠠᠮᠲᠤᠳᠬᠠᠨ ᠬᠠᠮᠲᠤ ᠨᠡᠶ᠋ᠢᠲᠡ ᠵᠢ ᠬᠥᠲᠥᠯᠥᠨ ᠵᠢᠯᠤᠭᠤᠳᠴᠤ ᠵᠢᠩᠬᠢᠨᠢ ᠠᠩᠭᠢ ᠵᠢᠨ ᠰᠤᠷᠲᠠᠯ᠂ ᠰᠤᠷᠤᠯᠴᠠᠭ᠍ᠤ ᠰᠤᠷᠲᠠᠯ᠎ᠢ ᠪᠤᠢ ᠪᠣᠯᠭ᠋ᠠᠵᠤ ᠴᠢᠳᠠᠨ᠎ᠠ᠃
ᠭᠤᠷᠪᠠ᠂ ᠠᠩᠭᠢ ᠵᠢᠨ ᠺᠠᠳ᠋ᠷ᠎ᠤᠨ ᠢᠷᠠᠭᠤ ᠠᠯᠳᠠᠷᠲᠤ ᠳᠦᠷᠢ ᠲᠥᠷᠬᠦ ᠵᠢ ᠪᠤᠢ ᠪᠣᠯᠭ᠋ᠠᠬᠤ
ᠬᠠᠮᠲᠤ ᠵᠢᠨ ᠠᠵᠢᠯᠯᠠᠭ᠎ᠠ ᠪᠠ ᠠ᠋ᠳᠦᠷ ᠲᠤᠳᠤᠮ᠎ᠤᠨ ᠬᠠᠮᠢᠶᠠᠷᠤᠯᠲᠠ ᠵᠢᠨ ᠲᠠᠯ᠎ᠠ᠎ᠪᠠᠷ ᠦᠷ᠎ᠡ ᠪᠦᠲᠦᠭᠡᠯ ᠣᠯᠣᠭᠰᠠᠨ ᠦᠶ᠎ᠡ᠎ᠳᠤ᠂ ᠵᠠᠪᠰᠢᠶᠠᠨ᠎ᠢ ᠠᠰᠢᠭᠯᠠᠨ ᠠᠩᠭᠢ ᠵᠢᠨ ᠺᠠᠳ᠋ᠷ᠎ᠤᠨ ᠦᠢ᠍ᠯᠡᠳᠦᠯ ᠪᠠ ᠳᠦᠷᠢ ᠲᠥᠷᠬᠦ ᠵᠢ ᠪᠤᠢ ᠪᠣᠯᠭ᠋ᠠᠵᠤ᠂ ᠪᠤᠰᠤᠳ ᠬᠠᠮᠲᠤ ᠰᠤᠷᠤᠭᠴᠢᠳ᠎ᠤᠨ ᠰᠡᠳᠬᠢᠯ ᠵᠢᠷᠦᠬᠡᠨ᠎ᠳᠠᠬᠢ ᠲᠡᠳᠡᠨ᠎ᠤ ᠪᠠᠶ᠋ᠢᠷᠢ ᠰᠠᠭᠤᠷᠢ ᠵᠢ ᠳᠡᠭᠡᠭᠰᠢᠯᠡᠭᠦᠯᠵᠦ᠂ ᠲᠡᠳᠡᠨ᠎ᠤ ᠰᠢᠯᠢᠳᠡᠭ᠂ ᠠ᠋ᠷᠬᠢᠮ ᠳᠡᠭᠡᠳᠦ ᠳᠦᠷᠢ ᠲᠥᠷᠬᠦ ᠵᠢ ᠱᠤᠭᠤᠬᠤ ᠬᠡᠷᠡᠭᠲᠡᠢ᠃ ᠢᠩᠭᠢᠪᠡᠯ ᠠᠩᠭᠢ ᠵᠢᠨ ᠺᠠᠳ᠋ᠷᠴᠤᠳ᠎ᠤᠨ ᠥᠪᠡᠷ᠎ᠤᠨ ᠪᠡᠶ᠎ᠡ᠎ᠳᠤᠨᠢ ᠠᠮᠵᠢᠯᠲᠠ ᠪᠦᠲᠦᠮᠵᠢ᠎ᠲᠠᠢ᠂ ᠳᠠᠪᠠᠭᠤᠯᠢᠭ ᠲᠥᠷᠥᠭᠳᠡᠯ᠎ᠲᠠᠢ ᠪᠣᠯᠵᠤ᠂ ᠠᠩᠭᠢ ᠵᠢᠨ ᠴᠣᠭᠴᠠ᠎ᠳᠤ ᠠᠵᠢᠯ ᠶᠠᠪᠤᠳᠠᠯ ᠬᠢᠵᠦ᠂ ᠠᠩᠭᠢ ᠵᠢᠨ ᠴᠣᠭᠴᠠ᠎ᠳᠤ ᠳᠤᠷᠠᠲᠠᠢ᠍ᠢ᠍ᠶᠠ ᠦᠢ᠍ᠯᠡᠴᠢᠯᠡᠬᠦ᠎ᠳᠤ ᠨᠠᠩ ᠢᠲᠡᠭᠡᠯ᠎ᠲᠠᠢ᠂ ᠪᠦᠬᠦ ᠠᠩᠭᠢ ᠵᠢᠨ ᠰᠤᠷᠤᠭᠴᠢ ᠲᠡᠳᠡᠨ᠎ᠢ ᠪᠢᠰᠢᠷᠡᠬᠦ ᠰᠡᠳᠬᠢᠯᠭᠡ᠎ᠲᠠᠢ ᠪᠤᠯᠤᠨ᠎ᠠ᠃ ᠭᠠᠭᠴᠠ ᠬᠦ᠌ ᠰᠤᠷᠤᠭᠴᠢᠳ ᠠ᠋ᠶ᠋ᠢᠮᠦ ᠪᠣᠳᠣᠯ ᠪᠠ ᠲᠠᠨᠢᠯᠲᠠ᠎ᠲᠠᠢ ᠪᠣᠯᠪᠠᠯ ᠰᠠᠶᠢ ᠬᠦᠴᠢᠷ ᠠᠰᠠᠭᠤᠳᠠᠯ ᠲᠤᠯᠭ᠋ᠠᠷᠠᠭ᠍ᠤ ᠦᠶ᠎ᠡ᠎ᠳᠤ ᠴᠠᠭ ᠲᠤᠬᠠᠢᠳᠤᠨᠢ ᠠᠩᠭᠢ ᠵᠢᠨ ᠺᠠᠳ᠋ᠷᠴᠤᠳ᠎ᠢ ᠠ᠋ᠷᠢᠨ ᠨᠡᠪᠲᠡᠷᠡᠯᠴᠡᠵᠦ᠂ ᠠᠩᠭᠢ ᠵᠢᠨ ᠺᠠᠳ᠋ᠷᠴᠤᠳ᠎ᠲᠤ ᠪᠠᠶ᠋ᠢᠳᠠᠯ᠎ᠢ ᠲᠤᠰᠬᠠᠵᠤ᠂ ᠰᠤᠷᠤᠭᠴᠢᠳ᠎ᠤᠨ ᠰᠡᠳᠬᠢᠯ᠎ᠳᠤ ᠵᠣᠬᠢᠬᠤ ᠬᠡᠮᠵᠢᠶᠡᠨ᠎ᠤ ᠲᠦᠰᠢᠭ ᠲᠤᠯᠭ᠋ᠠᠭᠤᠷᠢ᠎ᠲᠠᠢ ᠪᠣᠯᠵᠤ᠂ ᠶᠠᠮᠠᠷ ᠤᠴᠢᠷ ᠲᠤᠯᠭ᠋ᠠᠷᠠᠪᠠᠯ ᠬᠡᠨ᠎ᠢ ᠠ᠋ᠷᠢᠵᠦ ᠰᠢᠢ᠍ᠳᠪᠦᠷᠢᠯᠡᠭᠦᠯᠪᠡᠯ ᠵᠣᠬᠢᠬᠤ ᠵᠢ ᠮᠡᠳᠡᠬᠦ ᠪᠤᠯᠤᠨ᠎ᠠ᠃ ᠢᠩᠭᠢᠪᠡᠯ ᠠᠨᠭ᠌ᠬᠢ ᠨᠢᠭᠡᠴᠢ ᠵᠢ ᠨᠡᠩ ᠪᠦᠯᠬᠦᠮᠳᠡᠯ᠎ᠲᠠᠢ᠂ ᠨᠡᠩ ᠨᠢᠭᠲᠠᠷᠠᠯ᠎ᠤᠨ ᠬᠦᠴᠦᠨ᠎ᠲᠠᠢ ᠪᠣᠯᠭ᠋ᠠᠨ᠎ᠠ᠃ ᠠᠩᠭᠢ ᠵᠢᠨ ᠺᠠᠳ᠋ᠷ᠎ᠤᠨ ᠤᠷᠢᠶᠠᠯᠠᠭ᠍ᠤ ᠬᠦᠴᠦᠨ ᠴᠤ᠌ ᠨᠡᠮᠡᠭᠳᠡᠨ᠎ᠡ᠃
ᠳᠥᠷᠪᠡ᠂ ᠰᠢᠨ᠎ᠡ ᠠᠩᠭᠢ᠎ᠳᠤ ᠠᠩᠭᠢ ᠵᠢᠨ ᠺᠠᠳ᠋ᠷ ᠠ᠋ᠯᠰᠡᠬᠦ
ᠬᠥᠮᠥᠨ᠎ᠤ ᠲᠤᠭ᠎ᠠ ᠵᠢ ᠬᠡᠲᠦᠷᠬᠡᠢ ᠣᠯᠠᠨ ᠪᠠᠶ᠋ᠢᠯᠭ᠋ᠠᠵᠤ ᠪᠣᠯᠬᠤ ᠦᠭᠡᠢ᠃ ᠲᠡᠳᠡᠨ᠎ᠳᠤ ᠥᠷᠢᠰᠦᠯᠳᠦᠭᠡᠨ᠎ᠤ ᠠᠭᠤᠷ ᠠᠮᠢᠰᠬᠤᠯ᠎ᠢ ᠪᠣᠢ ᠪᠤᠯᠭ᠋ᠠᠵᠣ᠂ ᠠᠩᠭᠢ ᠵᠢᠨ ᠺᠠᠳ᠋ᠷ᠎ᠤᠨ ᠣᠷᠣᠨ ᠪᠠᠶ᠋ᠢᠷᠢ ᠣᠨᠴᠠᠭ᠋ᠠᠶ ᠴᠢᠬᠤᠯᠠ᠂ ᠬᠡᠨ ᠴᠦ᠍ ᠭᠡᠳ ᠠ᠋ᠭᠦᠷᠭᠡᠯᠡᠵᠦ ᠳᠡᠶ᠋ᠢᠯᠬᠦ ᠬᠢᠯᠪᠠᠷ ᠠᠵᠢᠯ ᠪᠢᠰᠢ ᠭᠡᠳᠡᠭ᠎ᠢ ᠮᠡᠳᠡᠭᠦᠯᠬᠦ ᠬᠡᠷᠡᠭᠲᠡᠢ᠃ ᠰᠣᠩᠭᠤᠭᠳᠠᠭᠰᠠᠨ ᠰᠤᠷᠤᠭᠴᠢ ᠵᠢ ᠭᠦᠢ᠍ᠴᠡᠳ ᠳᠠᠪᠠᠭᠤᠯᠢᠭ ᠰᠡᠳᠬᠢᠯᠭᠡ᠎ᠲᠠᠢ ᠪᠣᠯᠭ᠋ᠠᠬᠤ ᠮᠥᠷᠲᠡᠭᠡᠨ ᠰᠣᠩᠭᠤᠭᠳᠠᠭᠰᠠᠨ ᠦᠭᠡᠢ ᠰᠤᠷᠤᠭᠴᠢ ᠵᠢ ᠴᠤ᠌ ᠲᠡᠳᠦᠢ ᠶᠡᠭᠡ ᠭᠤᠲᠤᠷᠠᠩᠭᠤᠢ ᠰᠡᠳᠬᠢᠯᠭᠡ᠎ᠲᠠᠢ ᠪᠣᠯᠭ᠋ᠠᠬᠤ ᠦᠭᠡᠢ ᠪᠠᠶ᠋ᠢᠬᠤ ᠵᠢ ᠠᠩᠬᠠᠷᠤᠨ᠎ᠠ᠃ ᠨᠢᠭᠡᠨᠲᠡ ᠪᠠᠶ᠋ᠢᠭ᠎ᠠ ᠠᠩᠭᠢ ᠵᠢᠨ ᠺᠠᠳ᠋ᠷᠴᠤᠳ᠎ᠲᠠᠢ᠎ᠪᠠᠨ ᠦᠵᠡᠯ ᠰᠠᠨᠠᠭ᠎ᠠ᠎ᠪᠠᠨ ᠨᠢᠭᠡᠳᠬᠡᠵᠦ᠂ ᠬᠡᠵᠢᠶ᠎ᠡ ᠴᠦ᠍ ᠭᠡᠰᠡᠨ ᠠᠳᠠᠯᠢ ᠨᠢᠭᠡᠨ ᠹᠷᠣᠨᠲ ᠳᠡᠭᠡᠷ᠎ᠡ ᠵᠣᠭᠰᠣᠵᠤ᠂ ᠵᠣᠷᠢᠭᠲᠠᠢ᠎ᠪᠠᠷ ᠬᠠᠨᠳᠤᠵᠤ᠂ ᠵᠣᠷᠢᠭᠲᠠᠢ᠎ᠪᠠᠷ ᠠᠵᠢᠯ ᠵᠶ᠋ᠠᠨ ᠦᠷᠨᠢᠭᠦᠯᠬᠦ ᠬᠡᠷᠡᠭᠲᠡᠢ ᠭᠡᠳᠡᠭ᠎ᠢ ᠲᠣᠳᠣᠷᠬᠠᠢ ᠵᠢᠭ᠋ᠠᠵᠤ ᠥᠭᠬᠦ ᠬᠡᠷᠡᠭᠲᠡᠢ᠃ ᠲᠡᠳᠡ ᠪᠣᠯ ᠬᠠᠮᠢᠶᠠᠷᠤᠭᠴᠢ ᠮᠥᠷᠲᠡᠭᠡᠨ ᠦᠢ᠍ᠯᠡᠴᠢᠯᠡᠭᠴᠢ᠃ ᠢᠩᠭᠢᠪᠡᠯ ᠰᠠᠶᠢ ᠰᠣᠩᠭᠤᠭᠳᠠᠭᠰᠠᠨ ᠠᠩᠭᠢ ᠵᠢᠨ ᠺᠠᠳ᠋ᠷ ᠵᠶ᠋ᠠᠨ ᠠᠩᠭᠢ ᠵᠢᠨ ᠺᠠᠳ᠋ᠷ᠎ᠤᠨ ᠠ᠋ᠨᠭ᠌ᠨᠡᠭᠡ᠎ᠳᠤ ᠰᠠᠶᠢᠬᠠᠨ ᠣᠷᠣᠬᠤ᠎ᠳᠤ ᠲᠣᠳᠣᠷᠬᠠᠢ ᠬᠠᠷᠠᠯᠲᠠ᠎ᠲᠠᠢ ᠪᠣᠯᠭ᠋ᠠᠵᠤ ᠴᠢᠳᠠᠨ᠎ᠠ᠃
ᠬᠡᠪᠡᠴᠦ ᠮᠠᠰᠢ ᠣᠯᠠᠨ ᠪᠠᠭᠰᠢ ᠨᠠᠷ ᠠᠩᠭᠢ ᠵᠢᠨ ᠺᠠᠳ᠋ᠷ᠎ᠢ ᠰᠠᠶᠢᠬᠠᠨ ᠲᠤᠰᠢᠶᠠᠯ᠎ᠳᠤ ᠲᠣᠮᠢᠯᠠᠭ᠍ᠤ ᠰᠡᠳᠬᠢᠴᠡ ᠵᠢ ᠣᠮᠲᠣᠭ᠋ᠠᠶ᠋ᠢᠯᠠᠳᠠᠭ᠃ ᠠᠩᠭᠢ ᠵᠢᠨ ᠺᠠᠳ᠋ᠷ ᠨᠢᠭᠡ ᠪᠦᠷᠢ ᠮᠠᠰᠢ ᠶᠡᠭᠡ ᠳᠠᠪᠠᠭᠤᠯᠢᠭ ᠰᠡᠳᠬᠢᠯᠭᠡ᠎ᠲᠠᠢ ᠲᠤᠯᠠ ᠪᠠᠭᠰᠢ ᠪᠣᠯᠣᠭᠰᠠᠳ ᠲᠡᠳᠡᠨ᠎ᠳᠤ ᠠ᠋ᠭᠦᠷᠭᠡ ᠬᠠᠷᠢᠭᠤᠴᠠᠯᠭ᠎ᠠ ᠳᠠᠭ᠋ᠠᠭ᠋ᠠᠯᠭ᠋ᠠᠬᠤ ᠬᠡᠷᠡᠭᠲᠡᠢ᠃ ᠲᠡᠳᠡᠨ᠎ᠳᠤ ᠠᠮᠵᠢᠯᠲᠠ ᠵᠢᠨ ᠪᠠᠶᠠᠷ ᠪᠠᠭ᠍ᠠᠳᠤᠯ᠎ᠢ ᠣᠶ᠋ᠢᠯᠠᠭ᠋ᠠᠭᠤᠯᠵᠤ ᠴᠢᠳᠠᠭ᠍ᠤ ᠦᠬᠡᠢ ᠣᠮᠲᠣᠭ᠋ᠠᠶ᠋ᠢᠯᠠᠪᠠᠯ ᠰᠢᠨ᠎ᠡ ᠠᠩᠭᠢ ᠵᠢᠨ ᠺᠠᠳ᠋ᠷ᠎ᠤᠨ ᠬᠠᠯᠠᠭᠤᠨ ᠰᠡᠳᠬᠢᠯᠭᠡ ᠵᠢ ᠶᠡᠭᠡ᠎ᠪᠠᠷ ᠨᠥᠯᠥᠭᠡᠯᠡᠨ᠎ᠡ᠃ ᠰᠢᠨ᠎ᠡ ᠠᠩᠭᠢ ᠵᠢᠨ ᠺᠠᠳ᠋ᠷ ᠰᠢᠯᠢᠭᠳᠡᠭᠰᠡᠨ ᠶᠠᠪᠤᠳᠠᠯ᠎ᠨᠢ ᠠᠨᠭ᠌ᠬᠢ ᠨᠢᠭᠡᠴᠢ ᠵᠢᠨ ᠺᠠᠳ᠋ᠷ᠎ᠤᠨ ᠠ᠋ᠨᠭ᠌ᠨᠡᠭᠡ ᠵᠢ ᠤᠯᠠᠮ᠎ᠠᠴᠠ ᠤᠯᠠᠮ ᠬᠦᠴᠦᠷᠬᠡᠭᠵᠢᠭᠦᠯᠵᠦ᠂ ᠨᠥᠯᠥᠭᠡᠯᠡᠬᠦ ᠬᠡᠪᠴᠢᠶ᠎ᠡ᠎ᠨᠢ ᠴᠦ᠍ ᠤᠯᠠᠮ᠎ᠠᠴᠠ ᠤᠯᠠᠮ ᠶᠡᠭᠡ ᠪᠣᠯᠵᠤ᠂ ᠠᠩᠭᠢ ᠵᠢᠨ ᠬᠠᠮᠲᠤ ᠨᠡᠶ᠋ᠢᠲᠡ ᠵᠢᠨ ᠦᠵᠡᠯ ᠰᠠᠨᠠᠭ᠎ᠠ ᠵᠢ ᠨᠢᠭᠡᠳᠬᠡᠬᠦ ᠪᠠ ᠪᠣᠶ ᠪᠦᠬᠦᠢ ᠬᠠᠮᠲᠤ ᠰᠤᠷᠤᠭᠴᠢᠳ᠎ᠲᠠᠢ ᠪᠦᠯᠬᠦᠮᠳᠡᠬᠦ᠎ᠳᠤ ᠨᠠᠩ ᠠᠰᠢᠭᠲᠠᠢ ᠪᠣᠯᠵᠤ᠂ ᠠᠩᠭᠢ ᠵᠢᠨ ᠬᠠᠮᠲᠤ ᠨᠡᠶ᠋ᠢᠲᠡ ᠵᠢᠨ ᠪᠣᠳᠠᠲᠤ ᠬᠦᠴᠦᠨ᠎ᠢ ᠳᠠᠶ᠋ᠢᠴᠢᠯᠠᠨ᠂ ᠨᠠᠩ ᠬᠦᠴᠦᠷᠬᠡᠭ᠂ ᠨᠠᠩ ᠲᠡᠭᠦᠯᠳᠡᠷ ᠪᠣᠯᠭ᠋ᠠᠵᠤ᠂ ᠰᠣᠷᠣᠭᠴᠢ ᠵᠢᠨ ᠥᠪᠡᠷ᠎ᠢ᠎ᠪᠠᠨ ᠬᠠᠮᠢᠶᠠᠷᠴᠤ᠂ ᠥᠪᠡᠷ᠎ᠢ᠎ᠪᠠᠨ ᠳᠡᠭᠡᠭᠰᠢᠯᠡᠭᠦᠯᠬᠦ ᠵᠢ ᠦᠨᠡᠨ ᠬᠦ᠌ ᠪᠡᠶᠡᠯᠡᠭᠦᠯᠵᠦ᠂ ᠠᠩᠭᠢ ᠵᠢᠨ ᠠ᠋ᠷᠬᠢᠯᠡᠭᠴᠢ ᠵᠢᠨ ᠠᠵᠢᠯ᠎ᠤᠨ ᠳᠠᠷᠤᠭ᠋ᠠᠰᠣ ᠵᠢ ᠶᠡᠭᠡ᠎ᠪᠠᠷ ᠪᠠᠭ᠋ᠠᠰᠬᠠᠵᠤ᠂ ᠠ᠋ᠶ᠎ᠡ ᠵᠣᠬᠢᠴᠠᠯ᠎ᠲᠠᠢ ᠠᠩᠭᠢ ᠵᠢᠨ ᠬᠠᠮᠲᠤ ᠨᠡᠶ᠋ᠢᠲᠡ ᠵᠢ ᠪᠠᠶ᠋ᠢᠭᠤᠯᠬᠤ᠎ᠳᠤ ᠳᠤᠲᠠᠭᠳᠠᠵᠤ ᠪᠣᠯᠣᠰᠢ ᠦᠭᠡᠢ ᠨᠥᠬᠦᠴᠡᠯ᠎ᠢ ᠪᠦᠷᠢᠯᠳᠦᠭᠦᠯᠵᠦ ᠥᠭᠬᠦ ᠪᠣᠯᠣᠨ᠎ᠠ᠃
ᠠᠵᠢᠯᠯᠠᠵᠤ ᠪᠠᠢ᠍ᠢ᠍ᠭ᠎ᠠ ᠪᠠᠢ᠍ᠢ᠍ᠭᠤᠯᠭ᠎ᠠ᠄ ᠬᠡᠰᠢᠭᠲᠡᠨ ᠬᠤᠰᠢᠭᠤᠨ᠎ᠤ
ᠪᠠᠶᠠᠩᠭᠤᠤᠯ ᠪᠠᠭ᠎ᠠ ᠰᠤᠷᠭ᠋ᠠᠭᠤᠯᠢ
(ᠠᠯᠳᠠᠨᠰᠦᠢ᠍ᠭᠡ ᠨᠠᠢ᠍ᠢ᠍ᠷᠠᠭᠤᠯᠪᠠ)