ᠵᠦᠪᠯᠡᠯᠲᠦ ᠬᠤᠯᠪᠣᠭ᠋ᠠᠲᠦ ᠣᠯᠣᠰ ᠵᠠᠳᠠᠷᠠᠭᠰᠠᠨᠤ ᠲᠠᠷᠠᠭ᠎ᠠ᠂ ᠨᠡᠶ᠋ᠢᠭᠡᠮ᠎ᠤᠨ ᠣᠯᠣᠰ ᠲᠦᠷᠦ ᠠᠵᠦ ᠠᠬᠤᠢ ᠵᠢᠨ ᠪᠠᠶ᠋ᠢᠭᠤᠯᠣᠯᠢ ᠣᠷᠴᠢᠨ ᠲᠣᠭᠤᠷᠢᠨ᠎ᠳᠤ ᠵᠣᠬᠢᠴᠠᠭᠤᠯᠬᠤ ᠵᠢᠨ ᠲᠦᠯᠦᠭᠡ᠂ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢ ᠲᠡᠭᠡᠭᠰᠢᠯᠡᠭᠦᠯᠬᠦ᠎ᠳᠤ ᠣᠷᠣᠰ᠎ᠤᠨ᠎ᠬᠢᠨ ᠴᠠᠭ ᠦᠶ᠎ᠡ ᠵᠢᠨ ᠬᠦᠭᠵᠢᠯᠲᠡ᠎ᠲᠠᠢ ᠵᠣᠬᠢᠴᠠᠯᠳᠣᠭᠰᠠᠨ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢᠨ ᠪᠠᠳᠣᠯᠠᠭ᠎ᠠ ᠵᠢᠨ ᠰᠢᠰᠲᠸᠮ᠎ᠢ ᠪᠠᠢ᠍ᠢ᠍ᠭᠤᠯᠬᠤ ᠵᠢ ᠲᠣᠯᠭ᠋ᠠᠮ ᠱᠠᠭ᠋ᠠᠷᠳᠠᠪᠠ᠃ ᠠ᠋ᠶ᠋ᠢᠮᠦ᠎ᠠᠴᠠ ᠰᠢᠨ᠎ᠡ ᠪᠠᠶ᠋ᠢᠭᠤᠯᠣᠯᠤᠨ ᠣᠷᠴᠢᠨ ᠨᠦᠭᠦᠴᠡᠯ ᠲᠣᠣᠷ᠎ᠠ᠂ ᠣᠷᠣᠰ ᠨᠢᠭᠡ ᠲᠠᠯ᠎ᠠ᠎ᠪᠠᠷ ᠣᠣᠯ᠎ᠤᠨ ᠵᠦᠪᠯᠡᠯᠲᠦ ᠬᠤᠯᠪᠣᠭ᠋ᠠᠲᠦ ᠣᠯᠣᠰ᠎ᠠᠴᠠ ᠲᠡᠭᠡᠳᠦ ᠰᠣᠷᠭ᠋ᠠᠭᠤᠯᠢ ᠵᠢᠨ ᠲᠣᠳᠣᠭ᠋ᠠᠲᠦ ᠵᠢᠨ ᠴᠢᠨᠠᠷ ᠴᠢᠨᠰᠠᠭ᠎ᠠ ᠵᠢᠨ ᠪᠠᠲᠣᠯᠠᠭ᠎ᠠ ᠵᠢ ᠴᠢᠬᠤᠯᠠᠴᠢᠯᠠᠭ᠍ᠣ ᠣᠯᠠᠮᠵᠢᠯᠠᠯᠢ ᠵᠠᠯᠭ᠋ᠠᠮᠵᠢᠯᠠᠵᠣ᠂ ᠨᠦᠭᠦᠭᠡ ᠲᠠᠯ᠎ᠠ᠎ᠪᠠᠷ ᠵᠠᠬ᠎ᠠ ᠲᠡᠯᠭᠡᠭᠦᠷ᠎ᠤᠨ ᠰᠢᠨ᠎ᠡ ᠣᠷᠴᠢᠨ ᠲᠣᠭᠤᠷᠢᠨ᠎ᠳᠤ ᠰᠠᠭᠤᠷᠢᠯᠠᠵᠦ᠂ ᠬᠤᠯᠪᠣᠭ᠋ᠠᠨ᠎ᠤ ᠵᠠᠰᠠᠭ᠎ᠤᠨ ᠣᠷᠳᠣᠨ᠎ᠤ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠳᠤ ᠦᠵᠡᠭᠦᠯᠬᠦ ᠬᠤᠷᠸ᠎ᠠ ᠲᠣᠬᠢᠷᠠᠭᠤᠯᠭ᠎ᠠ ᠵᠢᠨ ᠦᠢ᠍ᠯᠡᠳᠦᠯ᠎ᠢ ᠭᠦᠢ᠍ᠴᠠᠳ ᠪᠠᠳᠠᠷᠠᠭᠤᠯᠣᠨ᠂ 《ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠣᠯᠣᠰ᠎ᠤᠨ ᠰᠣᠷᠭ᠋ᠠᠨ ᠬᠦᠮᠦᠵᠢᠯ᠎ᠤᠨ ᠪᠠᠷᠢᠮᠵᠢᠶ᠎ᠡ》 ᠵᠢ ᠲᠣᠭᠲᠠᠭ᠋ᠠᠵᠦ᠂ ᠲᠡᠭᠡᠳᠦ ᠰᠣᠷᠭ᠋ᠠᠭᠤᠯᠢ ᠵᠢᠨ ᠶᠡᠷᠦᠩᠬᠡᠶ᠋ᠢᠯᠡᠭᠰᠡᠨ ᠦᠨᠡᠯᠡᠨ ᠵᠢᠱ᠌ᠢᠬᠦ ᠰᠢᠨ᠎ᠡ ᠵᠠᠭᠪᠣᠷᠢ ᠬᠡᠷᠡᠭᠵᠢᠭᠦᠯᠦᠨ᠂ ᠲᠡᠭᠡᠳᠦ ᠰᠣᠷᠭ᠋ᠠᠭᠤᠯᠢ ᠵᠢᠨ ᠨᠡᠷᠡᠰ᠎ᠤᠨ ᠵᠢᠭᠰᠠᠭ᠋ᠠᠯᠲᠠ ᠵᠢ ᠲᠦᠷᠢᠮᠵᠢᠭᠦᠯᠬᠦ ᠵᠡᠷᠭᠡ ᠠᠷᠭ᠎ᠠ ᠬᠡᠮᠵᠢᠶ᠎ᠡ᠎ᠪᠠᠷ ᠲᠠᠮᠵᠢᠭᠤᠯᠣᠨ᠂ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢᠨ ᠭᠠᠳᠠᠭ᠋ᠠᠳᠦ ᠪᠠᠲᠣᠯᠠᠭ᠎ᠠ ᠵᠢᠨ ᠲᠣᠭᠲᠠᠴᠠ ᠵᠢ ᠲᠠᠰᠣᠷᠠᠯᠲᠠ ᠦᠭᠡᠢ ᠲᠡᠭᠦᠯᠳᠡᠷᠵᠢᠭᠦᠯᠪᠡ᠃
ᠨᠢᠭᠡ᠂ ᠣᠷᠣᠰ᠎ᠤᠨ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ
ᠴᠢᠨᠰᠠᠭ᠎ᠠ ᠵᠢᠨ ᠭᠠᠳᠠᠭ᠋ᠠᠳᠦ ᠪᠠᠲᠣᠯᠠᠭ᠎ᠠ ᠵᠢᠨ ᠰᠢᠰᠲᠸᠮ
ᠣᠷᠣᠰ᠎ᠤᠨ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢᠨ ᠪᠠᠲᠣᠯᠠᠭ᠎ᠠ ᠵᠢᠨ ᠰᠢᠰᠲᠸᠮ ᠪᠣᠯ ᠬᠤᠯᠪᠣᠭ᠋ᠠᠨ᠎ᠤ ᠵᠠᠰᠠᠭ᠎ᠤᠨ ᠣᠷᠳᠣᠨ᠎ᠤ ᠲᠡᠭᠡᠳᠦ ᠰᠣᠷᠭ᠋ᠠᠭᠤᠯᠢ ᠵᠢᠨ ᠭᠠᠳᠠᠭ᠋ᠠᠲᠦ ᠴᠢᠨᠠᠷ᠎ᠤᠨ ᠪᠠᠲᠣᠯᠠᠭ᠎ᠠ ᠪᠠ ᠲᠡᠭᠡᠳᠦ ᠰᠣᠷᠭ᠋ᠠᠭᠤᠯᠢ ᠵᠢᠨ ᠲᠣᠳᠣᠭ᠋ᠠᠳᠣ ᠴᠢᠨᠠᠷ᠎ᠤᠨ ᠪᠠᠳᠣᠯᠠᠭ᠎ᠠ᠎ᠪᠠᠷ ᠪᠦᠷᠢᠯᠳᠦᠵᠡᠢ᠃ ᠠ᠋ᠭᠦᠨ᠎ᠳᠤ ᠬᠤᠯᠪᠣᠭ᠋ᠠᠨ᠎ᠤ ᠵᠠᠰᠠᠭ᠎ᠤᠨ ᠣᠷᠳᠣᠨ᠎ᠤ ᠲᠡᠭᠡᠳᠦ ᠰᠣᠷᠭ᠋ᠠᠭᠤᠯᠢ᠎ᠳᠤ ᠦᠵᠡᠭᠦᠯᠬᠦ ᠭᠠᠳᠠᠭ᠋ᠠᠳᠦ ᠴᠢᠨᠠᠷ ᠴᠢᠨᠰᠠᠭ᠎ᠠ ᠵᠢᠨ ᠪᠠᠲᠣᠯᠠᠭ᠎ᠠ᠎ᠨᠢ ᠭᠤᠣᠯᠳᠠᠭᠤ ᠬᠤᠯᠪᠣᠭ᠋ᠠᠨ᠎ᠤ ᠵᠠᠰᠠᠭ᠎ᠤᠨ ᠣᠷᠳᠣᠨ᠎ᠠᠴᠠ 《ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠣᠯᠣᠰ᠎ᠤᠨ ᠰᠣᠷᠭ᠋ᠠᠨ ᠬᠦᠮᠦᠵᠢᠯ᠎ᠤᠨ ᠪᠠᠷᠢᠮᠵᠢᠶ᠎ᠡ》 ᠲᠣᠭᠲᠠᠭ᠋ᠠᠬᠤ᠎ᠪᠠᠷ ᠲᠠᠮᠵᠢᠭᠤᠯᠣᠨ᠂ ᠲᠡᠭᠡᠳᠦ ᠰᠣᠷᠭ᠋ᠠᠭᠤᠯᠢ ᠵᠢᠨ ᠶᠡᠷᠦᠩᠬᠡᠶ᠋ᠢᠯᠡᠭᠰᠡᠨ ᠦᠨᠡᠯᠡᠨ ᠵᠢᠱ᠌ᠢᠯᠲᠡ ᠵᠢ ᠬᠡᠷᠡᠭᠵᠢᠭᠦᠯᠦᠨ᠂ ᠲᠡᠭᠡᠳᠦ ᠰᠣᠷᠭ᠋ᠠᠭᠤᠯᠢ ᠵᠢᠨ ᠨᠡᠷᠡᠰ᠎ᠤᠨ ᠵᠢᠭᠰᠠᠭ᠋ᠠᠯᠲᠠ ᠵᠢ ᠲᠦᠷᠢᠮᠵᠢᠭᠦᠯᠵᠦ᠂ ᠲᠡᠭᠡᠳᠦ ᠰᠣᠷᠭ᠋ᠠᠭᠤᠯᠢ ᠵᠢᠨ ᠬᠦᠭᠵᠢᠯᠲᠡ ᠵᠢᠨ ᠬᠢᠨᠠᠨ ᠡᠵᠡᠮᠳᠡᠬᠦ ᠰᠢᠰᠲᠸᠮ᠎ᠢ ᠪᠠᠶ᠋ᠢᠭᠤᠯᠬᠤ ᠵᠡᠷᠭᠡ᠎ᠪᠠᠷ ᠪᠡᠶᠡᠯᠡᠭᠦᠯᠦᠨ᠎ᠡ᠃
ᠭᠠᠳᠠᠭ᠋ᠠᠳᠦ ᠴᠢᠨᠠᠷ ᠴᠢᠨᠰᠠᠭ᠎ᠠ ᠵᠢᠨ ᠪᠠᠲᠣᠯᠠᠭ᠎ᠠ ᠪᠣᠯ ᠣᠷᠣᠰ᠎ᠤᠨ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢᠨ ᠪᠠᠲᠦᠯᠠᠭ᠎ᠠ ᠵᠢᠨ ᠰᠢᠰᠲᠸᠮ᠎ᠤᠨ ᠪᠠᠶ᠋ᠢᠭᠤᠯᠣᠯᠲᠠ ᠵᠢᠨ ᠴᠦᠮ᠎ᠡ ᠪᠣᠯᠣᠨ᠎ᠠ᠂ ᠮᠦᠨ ᠴᠣ᠌ ᠣᠶ᠋ᠢᠷ᠎ᠠ ᠵᠢᠨ ᠵᠢᠯ᠎ᠤᠨ ᠲᠣᠷᠰᠢ ᠣᠷᠣᠰ᠎ᠤᠨ ᠬᠤᠯᠪᠣᠭ᠋ᠠᠨ᠎ᠤ ᠵᠠᠰᠠᠭ᠎ᠤᠨ ᠣᠷᠳᠣᠨ᠎ᠤ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢᠨ ᠪᠠᠳᠣᠯᠠᠭ᠎ᠠ ᠵᠢᠨ ᠰᠢᠰᠲᠸᠮ᠎ᠢ ᠲᠡᠭᠦᠯᠳᠡᠷᠵᠢᠭᠦᠯᠬᠦ ᠵᠢᠨ ᠭᠤᠣᠯᠳᠠᠯᠭ᠎ᠠ ᠮᠦᠨ᠃
1. 《ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠣᠯᠣᠰ᠎ᠤᠨ ᠰᠣᠷᠭ᠋ᠠᠨ ᠬᠦᠮᠦᠵᠢᠯ᠎ᠤᠨ ᠪᠠᠷᠢᠮᠵᠢᠶ᠎ᠡ》 ᠵᠢ ᠲᠣᠭᠲᠠᠭ᠋ᠠᠭᠰᠠᠨ
20 ᠳ᠋ᠣᠭ᠋ᠠᠷ ᠵᠠᠭᠤᠨ᠎ᠤ ᠶᠡᠷᠡᠭᠡᠳ ᠣᠨ᠎ᠤ ᠠ᠋ᠬᠢᠨ᠎ᠤ ᠦᠶ᠎ᠡ᠎ᠳᠤ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠬᠡᠪᠴᠢᠶ᠎ᠡ ᠵᠢ ᠦᠷᠭᠡᠳᠭᠡᠬᠦ ᠪᠠ ᠰᠣᠷᠭ᠋ᠠᠨ ᠬᠦᠮᠦᠵᠢᠯ᠎ᠢ ᠬᠤᠪᠢᠷᠠᠭᠤᠯᠬᠤ ᠦᠭᠡᠷᠡᠴᠢᠯᠡᠯᠲᠡ ᠵᠢᠨ ᠲᠠᠰᠣᠷᠠᠯᠲᠠ ᠦᠭᠡᠢ ᠭᠦᠨᠵᠡᠭᠡᠶ᠋ᠢᠷᠡᠬᠦ᠎ᠠᠴᠠ ᠪᠣᠯᠵᠦ᠂ ᠣᠷᠣᠰ᠎ᠤᠨ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠪᠠᠭᠤᠷᠠᠭ᠍ᠣ ᠠᠰᠠᠭᠤᠳᠠᠯ ᠠ᠋ᠳᠦᠷ ᠢᠷᠡᠬᠦᠶ᠎ᠡ ᠲᠣᠪᠣᠶ᠋ᠢᠮ᠎ᠠ ᠪᠣᠯᠵᠦ᠂ ᠣᠶᠣᠳᠠᠳᠢ ᠬᠦᠮᠦᠵᠢᠭᠦᠯᠬᠦ ᠴᠢᠨᠠᠷ ᠴᠢᠨᠰᠠᠭ᠎ᠠ ᠪᠠ ᠬᠢᠷᠢ ᠲᠦᠪᠰᠢᠨ᠎ᠨᠢ ᠨᠡᠶ᠋ᠢᠭᠡᠮ᠎ᠤᠨ ᠡᠯ᠎ᠠ ᠠ᠋ᠲᠡᠭᠡᠳᠤᠨᠬᠢᠨᠤ ᠵᠢᠮᠡᠯᠡᠯᠢ ᠣᠯᠣᠭᠰᠠᠨ ᠪᠠᠶ᠋ᠢᠨ᠎ᠠ᠃ ᠲᠡᠭᠡᠭᠡᠳ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢ ᠲᠡᠭᠡᠭᠰᠢᠯᠡᠭᠦᠯᠬᠦ ᠵᠢᠨ ᠲᠦᠯᠦᠭᠡ 1994 ᠣᠨ᠎ᠤ 8 ᠰᠠᠷ᠎ᠠ᠎ᠳᠤ ᠣᠷᠣᠰ᠎ᠤᠨ ᠬᠤᠯᠪᠣᠭ᠋ᠠᠨ᠎ᠤ ᠵᠠᠰᠠᠭ᠎ᠤᠨ ᠣᠷᠳᠣᠨ᠎ᠠᠴᠠ 《ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠣᠯᠣᠰ᠎ᠤᠨ ᠰᠣᠷᠭ᠋ᠠᠨ ᠬᠦᠮᠦᠵᠢᠯ᠎ᠤᠨ ᠪᠠᠷᠢᠮᠵᠢᠶ᠎ᠡ》 ᠵᠢ ᠨᠠᠶ᠋ᠢᠲᠠᠯᠠᠵᠦ᠂ 《ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢᠨ ᠬᠠᠮᠢᠶᠠᠷᠦᠯᠲᠠ᠎ᠳᠤ ᠬᠠᠣᠯᠢ ᠴᠠᠭ᠋ᠠᠵᠠ ᠵᠢᠨ ᠦᠨᠳᠦᠰᠦᠯᠡᠯ ᠬᠠᠩᠭ᠋ᠠᠵᠦ᠂ ᠲᠡᠭᠦᠨ᠎ᠢ ᠪᠠᠶ᠋ᠢᠪᠠᠰᠦ ᠵᠣᠬᠢᠬᠤ ᠬᠢᠷᠢ ᠲᠦᠪᠰᠢᠨ ᠲᠡᠭᠡᠷ᠎ᠡ ᠪᠠᠶ᠋ᠢᠯᠭ᠋ᠠᠵᠦ᠂ ᠪᠦᠬᠦ ᠣᠷᠣᠰ᠎ᠤᠨ ᠬᠡᠪᠴᠢᠶᠡᠨ᠎ᠳᠤ ᠨᠢᠭᠡᠳᠦᠯᠲᠡᠢ ᠰᠣᠷᠭ᠋ᠠᠨ ᠬᠦᠮᠦᠵᠢᠯ᠎ᠤᠨ ᠣᠷᠣᠨ ᠵᠠᠢ ᠵᠢ ᠪᠠᠲᠣᠯᠠᠭ᠍ᠣ ᠪᠠ ᠪᠠᠬᠢᠵᠢᠭᠦᠯᠬᠦ᠎ᠳᠤ ᠨᠦᠭᠦᠴᠡᠯ ᠪᠦᠷᠢᠯᠳᠦᠭᠦᠯᠦᠨ᠂ ᠠ᠋ᠭᠦᠨ᠎ᠤ ᠣᠯᠠᠮ᠎ᠠᠴᠠ ᠣᠶᠣᠲᠠᠳ᠎ᠤᠨ ᠰᠣᠷᠣᠯᠴᠠᠭ᠍ᠣ ᠬᠤᠭᠤᠴᠠᠭ᠋ᠠᠨ᠎ᠳᠤ᠎ᠬᠢ ᠬᠡᠳᠦ ᠬᠡᠮᠵᠢᠶᠡᠨ᠎ᠤ ᠬᠦᠳᠡᠯᠦᠩᠭᠦᠢ ᠴᠢᠨᠠᠷ ᠪᠠ ᠲᠡᠭᠦᠰᠬᠦ ᠰᠣᠷᠣᠭᠴᠢᠳ᠎ᠤᠨ ᠬᠦᠳᠡᠯᠮᠦᠷᠢ ᠵᠢᠨ ᠵᠠᠬ᠎ᠠ ᠲᠡᠯᠭᠡᠭᠦᠷ᠎ᠲᠤ᠎ᠬᠢ ᠬᠦᠳᠡᠯᠦᠩᠭᠦᠢ ᠴᠢᠨᠠᠷ᠎ᠢ ᠪᠠᠳᠣᠯᠠᠬᠤ》 ᠵᠢ ᠵᠤᠷᠢᠪᠠ᠃ ᠲᠣᠰ ᠪᠠᠷᠢᠮᠵᠢᠶ᠎ᠡ᠎ᠨᠢ ᠣᠯᠣᠰ᠎ᠤᠨ ᠡᠯ᠎ᠡ ᠴᠢᠭᠯᠡᠯ ᠪᠠ ᠲᠣᠰᠬᠠᠢ ᠮᠡᠷᠭᠡᠵᠢᠯ᠎ᠤᠨ ᠲᠡᠭᠦᠰᠬᠦ ᠰᠣᠷᠣᠭᠴᠢᠳ᠎ᠢ ᠬᠦᠮᠦᠵᠢᠭᠦᠯᠬᠦ ᠠᠭᠤᠯᠭ᠎ᠠ ᠪᠠ ᠬᠢᠷᠢ ᠲᠦᠪᠰᠢᠨ᠎ᠤ ᠬᠠᠮᠤᠭ᠎ᠤᠨ ᠲᠣᠣᠷ᠎ᠠ ᠱᠠᠭ᠋ᠠᠷᠳᠠᠯᠭ᠎ᠠ ᠵᠢ ᠲᠣᠰᠬᠠᠵᠦ᠂ ᠬᠤᠯᠪᠣᠭ᠋ᠠᠨ᠎ᠤ ᠵᠠᠰᠠᠭ᠎ᠤᠨ ᠣᠷᠳᠣᠨ᠎ᠤ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢᠨ ᠭᠠᠳᠠᠭ᠋ᠠᠳᠦ ᠪᠠᠲᠣᠯᠠᠭ᠎ᠠ ᠪᠣᠯᠵᠠᠢ᠃ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠲᠡᠯᠡᠬᠡᠶ᠋ᠢᠵᠢᠯᠲᠡ ᠪᠠ ᠲᠡᠯᠡᠬᠡᠶ᠋ᠢᠵᠢᠯᠲᠡ ᠵᠢᠨ ᠬᠡᠷᠡᠭᠴᠡᠭᠡ᠎ᠳᠤ ᠵᠣᠬᠢᠴᠠᠭᠤᠯᠬᠤ ᠵᠢᠨ ᠲᠦᠯᠦᠭᠡ ᠣᠷᠣᠰ᠎ᠠᠴᠠ 2000 ᠣᠨ ᠪᠠ 2007 ᠣᠨ᠎ᠳᠤ 《ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠣᠯᠣᠰ᠎ᠤᠨ ᠰᠣᠷᠭ᠋ᠠᠨ ᠬᠦᠮᠦᠵᠢᠯ᠎ᠤᠨ ᠪᠠᠷᠢᠮᠵᠢᠶ᠎ᠡ》 ᠵᠢ ᠲᠠᠬᠢᠨ ᠵᠠᠰᠠᠨ ᠲᠣᠭᠲᠠᠭ᠋ᠠᠵᠦ᠂ ᠣᠯᠠᠨ ᠣᠯᠣᠰ᠎ᠤᠨ ᠰᠣᠷᠭ᠋ᠠᠨ ᠬᠦᠮᠦᠵᠢᠯ᠎ᠤᠨ ᠦᠢ᠍ᠯᠡᠴᠢᠯᠡᠭᠡᠨ᠎ᠤ ᠵᠠᠬ᠎ᠠ ᠲᠡᠯᠭᠡᠭᠦᠷ᠎ᠲᠤ᠎ᠬᠢ ᠤᠷᠤᠰ᠎ᠤᠨ ᠳᠡᠭᠡᠳᠤ ᠵᠡᠷᠭᠡ ᠵᠢᠨ ᠰᠤᠷᠭ᠋ᠠᠨ ᠭᠦᠮᠦᠵᠢᠯ᠎ᠤᠨ ᠦᠷᠢᠰᠦᠯᠳᠦᠬᠦ ᠬᠦᠴᠦᠨ᠎ᠢ ᠲᠡᠭᠡᠭᠰᠢᠯᠡᠭᠦᠯᠵᠦ᠂ ᠣᠷᠣᠰ᠎ᠤᠨ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢ ᠦᠨᠡᠯᠡᠬᠦ ᠪᠠ ᠰᠢᠯᠭ᠋ᠠᠨ ᠪᠠᠶ᠋ᠢᠴᠠᠭ᠋ᠠᠬᠤ᠎ᠳᠤ ᠬᠠᠣᠯᠢ ᠴᠠᠭ᠋ᠠᠵᠠ ᠵᠢᠨ ᠦᠨᠳᠦᠰᠦᠯᠡᠯ ᠬᠠᠩᠭ᠋ᠠᠪᠠ᠃
2. ᠲᠡᠭᠡᠳᠦ ᠰᠣᠷᠭ᠋ᠠᠭᠤᠯᠢ ᠵᠢᠨ ᠶᠡᠷᠦᠩᠬᠡᠶ᠋ᠢᠯᠡᠭᠰᠡᠨ ᠦᠨᠡᠯᠡᠯᠲᠡ ᠵᠢ ᠬᠡᠷᠡᠭᠵᠢᠭᠦᠯᠦᠭᠰᠡᠨ
ᠴᠢᠨᠠᠷ ᠴᠢᠬᠰᠠᠭᠠ ᠵᠢ ᠦᠨᠡᠯᠡᠬᠦ ᠪᠣᠯ ᠣᠷᠣᠰ᠎ᠤᠨ ᠬᠤᠯᠪᠣᠭ᠋ᠠᠨ᠎ᠤ ᠵᠠᠰᠠᠭ᠎ᠤᠨ ᠣᠷᠳᠣᠨ᠎ᠠᠴᠠ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢ ᠬᠠᠮᠢᠶᠠᠷᠬᠤ ᠴᠢᠬᠤᠯᠠ ᠠᠷᠭ᠎ᠠ ᠪᠠᠷᠢᠯ ᠪᠣᠯᠣᠨ᠎ᠠ᠃ ᠲᠡᠭᠡᠳᠦ ᠰᠣᠷᠭ᠋ᠠᠭᠤᠯᠢ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢ ᠲᠡᠭᠡᠭᠰᠢᠯᠡᠭᠦᠯᠬᠦ ᠵᠢᠨ ᠲᠦᠯᠦᠭᠡ ᠣᠷᠣᠰ᠎ᠤᠨ ᠰᠣᠷᠭ᠋ᠠᠨ ᠬᠦᠮᠦᠵᠢᠯ᠎ᠤᠨ ᠶᠠᠮᠣᠨ 1999 ᠣᠨ᠎ᠠᠴᠠ ᠠ᠋ᠬᠢᠯᠡᠨ ᠲᠡᠭᠡᠳᠦ ᠰᠣᠷᠭ᠋ᠠᠭᠤᠯᠢ ᠵᠢᠨ ᠶᠡᠷᠦᠩᠬᠡᠶ᠋ᠢᠯᠡᠭᠰᠡᠨ ᠦᠨᠡᠯᠡᠯᠲᠡ ᠵᠢᠨ ᠵᠠᠭᠪᠣᠷᠢ ᠬᠡᠷᠡᠭᠵᠢᠭᠦᠯᠪᠠ᠂ ᠲᠣᠬᠠᠶ᠋ᠢᠯᠠᠪᠠᠯ ᠰᠣᠷᠭ᠋ᠠᠨ ᠬᠦᠮᠦᠵᠢᠯ᠎ᠤᠨ ᠶᠠᠮᠣᠨ ᠪᠣᠢ ᠪᠦᠬᠦᠢ ᠲᠡᠭᠡᠳᠦ ᠰᠣᠷᠭ᠋ᠠᠭᠤᠯᠢ᠎ᠳᠤ ᠵᠦᠪᠰᠢᠶᠡᠷᠡᠬᠦ᠂ ᠰᠢᠯᠭ᠋ᠠᠨ ᠲᠣᠭᠲᠠᠭ᠋ᠠᠬᠤ ᠪᠠ ᠣᠯᠣᠰ᠎ᠤᠨ ᠬᠢᠨᠠᠨ ᠲᠣᠭᠲᠠᠭ᠋ᠠᠯᠲᠠ ᠵᠢ ᠬᠡᠷᠡᠭᠵᠢᠭᠦᠯᠦᠨ᠎ᠡ᠃ ᠠ᠋ᠭᠦᠨ᠎ᠳᠤ ᠵᠦᠪᠰᠢᠶᠡᠷᠡᠬᠦ ᠭᠡᠳᠡᠭ᠎ᠨᠢ ᠰᠣᠷᠭ᠋ᠠᠨ ᠬᠦᠮᠦᠵᠢᠯ᠎ᠤᠨ ᠶᠠᠮᠣᠨ᠎ᠤ ᠵᠦᠪᠰᠢᠶᠡᠷᠡᠯ ᠵᠶ᠋ᠠᠷ ᠬᠢᠨᠠᠨ ᠲᠣᠭᠲᠠᠭ᠋ᠠᠬᠤ ᠺᠣᠮᠢᠰ᠎ᠤᠨ ᠲᠡᠭᠡᠳᠦ ᠰᠣᠷᠭ᠋ᠠᠭᠤᠯᠢ᠎ᠠᠴᠠ ᠬᠠᠩᠭ᠋ᠠᠭᠰᠠᠨ ᠰᠣᠷᠭ᠋ᠠᠨ ᠬᠦᠮᠦᠵᠢᠯ᠎ᠤᠨ ᠨᠦᠭᠦᠴᠡᠯ ᠬᠢᠭᠡᠳ ᠣᠯᠣᠰ ᠪᠠ ᠣᠷᠣᠨ ᠨᠣᠲᠤᠭ᠎ᠤᠨ 《ᠦᠨᠳᠦᠰᠦᠨ ᠪᠦᠳᠦᠭᠡᠨ ᠪᠠᠶ᠋ᠢᠭᠤᠯᠣᠯᠲᠠ ᠵᠢᠨ ᠪᠠᠷᠢᠮᠵᠢᠶ᠎ᠡ ᠪᠠ ᠬᠠᠣᠯᠢ ᠲᠣᠭᠲᠠᠭ᠋ᠠᠯ᠂ ᠠ᠋ᠷᠡᠭᠦᠯ ᠬᠠᠮᠠᠭ᠋ᠠᠯᠠᠯ᠎ᠤᠨ ᠪᠠᠷᠢᠮᠵᠢᠶ᠎ᠡ᠂ ᠪᠠᠭᠰᠢ ᠰᠣᠷᠣᠭᠴᠢᠳ᠎ᠤᠨ ᠠ᠋ᠷᠡᠭᠦᠯᠵᠢᠯ᠂ ᠵᠢᠭ᠋ᠠᠨ ᠰᠣᠷᠭ᠋ᠠᠯᠲᠠ ᠵᠢᠨ ᠲᠠᠯᠠᠪᠣᠷ ᠬᠢᠭᠡᠳ ᠲᠦᠭᠦᠭᠡᠷᠦᠮᠵᠢ᠂ ᠪᠠᠭᠰᠢ ᠵᠢᠨ ᠬᠢᠷᠢ ᠭᠡᠮ ᠬᠢᠭᠡᠳ ᠠᠵᠢᠯᠲᠠᠨ᠎ᠤ ᠣᠷᠣᠨ ᠲᠤᠭ᠎ᠠ》 ᠵᠢᠨ ᠱᠠᠭ᠋ᠠᠷᠳᠠᠯᠭ᠎ᠠ᠎ᠲᠠᠢ ᠨᠠᠶ᠋ᠢᠴᠡᠭᠰᠠᠨ ᠬᠡᠮᠵᠢᠶ᠎ᠡ ᠵᠢ ᠵᠢᠭ᠋ᠠᠵᠦ ᠪᠣᠢ; ᠬᠢᠨᠠᠨ ᠲᠣᠭᠲᠠᠭ᠋ᠠᠬᠤ ᠪᠣᠯ ᠣᠯᠣᠰ᠎ᠤᠨ ᠬᠢᠨᠠᠨ ᠵᠢᠯᠦᠭᠤᠳᠬᠤ ᠵᠣᠷᠭ᠋ᠠᠨᠠᠴᠠ ᠲᠡᠭᠡᠳᠦ ᠰᠣᠷᠭ᠋ᠠᠭᠤᠯᠢ ᠲᠡᠭᠦᠰᠦᠭᠰᠡᠳ᠎ᠢ ᠬᠦᠮᠦᠵᠢᠭᠦᠯᠬᠦ ᠴᠢᠨᠠᠷ ᠴᠢᠨᠰᠠᠭ᠎ᠠ᠂ ᠬᠦᠮᠦᠵᠢᠭᠦᠯᠬᠦ ᠬᠢᠷᠢ ᠲᠦᠪᠰᠢᠨ᠂ ᠬᠦᠮᠦᠵᠢᠭᠦᠯᠬᠦ ᠠᠭᠤᠯᠭ᠎ᠠ᠎ᠨᠢ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠣᠯᠣᠰ᠎ᠤᠨ ᠰᠣᠷᠭ᠋ᠠᠨ ᠬᠦᠮᠦᠵᠢᠯ᠎ᠤᠨ ᠪᠠᠷᠢᠮᠵᠢᠶ᠎ᠡ᠎ᠳᠤ ᠲᠣᠬᠢᠷᠠᠭ᠍ᠣ ᠬᠡᠮᠵᠢᠶ᠎ᠡ ᠵᠢ ᠨᠣᠲᠠᠯᠠᠨ᠎ᠠ᠃ ᠠ᠋ᠨᠡ᠎ᠨᠢ ᠲᠡᠭᠡᠳᠦ ᠰᠣᠷᠭ᠋ᠠᠭᠤᠯᠢ ᠵᠢᠨ ᠣᠯᠣᠰ᠎ᠤᠨ ᠬᠢᠨᠠᠨ ᠲᠣᠭᠲᠠᠭ᠋ᠠᠬᠤ ᠶᠠᠪᠣᠴᠠ᠎ᠳᠤ ᠣᠷᠣᠬᠤ ᠴᠢᠬᠤᠯᠠ ᠨᠦᠭᠦᠴᠡᠯ ᠪᠣᠯᠣᠨ᠎ᠠ; ᠣᠯᠣᠰ᠎ᠤᠨ ᠬᠢᠨᠠᠨ ᠲᠣᠭᠲᠠᠭ᠋ᠠᠯᠲᠠ ᠪᠣᠯ ᠬᠢᠨᠠᠨ ᠲᠣᠭᠲᠠᠭ᠋ᠠᠬᠤ ᠵᠦᠪᠯᠡᠯ᠎ᠠᠴᠠ ᠬᠠᠣᠯᠢ ᠶᠣᠰᠣᠭ᠋ᠠᠷ ᠠᠳᠠᠯᠢ ᠪᠣᠰᠣ ᠲᠦᠷᠦᠯ ᠵᠦᠢ᠍ᠯ ᠪᠠ ᠠᠩᠭᠢᠯᠠᠯ᠎ᠤᠨ ᠲᠡᠭᠡᠳᠦ ᠰᠣᠷᠭ᠋ᠠᠭᠤᠯᠢ ᠵᠢᠨ ᠣᠯᠣᠰ᠎ᠤᠨ ᠪᠠᠶ᠋ᠢᠷᠢ ᠰᠠᠭᠤᠷᠢ ᠵᠢ ᠨᠣᠲᠠᠯᠠᠵᠦ᠂ ᠬᠢᠨᠠᠨ ᠲᠣᠭᠲᠠᠭ᠋ᠠᠭᠰᠠᠨ ᠦᠷ᠎ᠡ ᠳ᠋ᠦᠩ᠎ᠢ ᠦᠨᠳᠦᠰᠦᠯᠡᠨ ᠲᠡᠭᠡᠳᠦ ᠰᠣᠷᠭ᠋ᠠᠭᠤᠯᠢ᠎ᠳᠤ ᠵᠣᠬᠢᠬᠤ ᠬᠡᠮᠵᠢᠶᠡᠨ᠎ᠤ ᠠ᠋ᠷᠬᠡ ᠮᠡᠳᠡᠯ ᠣᠯᠭᠤᠨ᠎ᠠ᠃ ᠲᠡᠭᠡᠳᠦ ᠰᠣᠷᠭ᠋ᠠᠭᠤᠯᠢ ᠵᠢᠨ ᠶᠡᠷᠦᠩᠬᠡᠶ᠋ᠢᠯᠡᠭᠰᠡᠨ ᠦᠨᠡᠯᠡᠯᠲᠡ᠎ᠳᠤ᠂ ᠲᠡᠭᠡᠳᠦ ᠰᠣᠷᠭ᠋ᠠᠭᠤᠯᠢ᠎ᠨᠢ ᠵᠦᠪᠰᠢᠶᠡᠷᠡᠯ᠎ᠢ ᠪᠠᠳᠣᠯᠠᠪᠠᠯ ᠰᠠᠶᠢ ᠰᠣᠷᠭ᠋ᠠᠭᠤᠯᠢ ᠠ᠋ᠷᠬᠢᠯᠡᠬᠦ ᠵᠦᠪᠰᠢᠶᠡᠷᠡᠯ᠎ᠢ ᠣᠯᠬᠤ ᠵᠢᠨ ᠬᠠᠮᠲᠦ ᠰᠢᠯᠭ᠋ᠠᠨ ᠲᠣᠭᠲᠠᠭ᠋ᠠᠬᠤ ᠶᠠᠪᠣᠴᠠ᠎ᠳᠤ ᠣᠷᠣᠵᠦ ᠴᠢᠳᠠᠨ᠎ᠠ; ᠬᠡᠷᠪᠡ ᠲᠡᠭᠡᠳᠦ ᠰᠣᠷᠭ᠋ᠠᠭᠤᠯᠢ ᠰᠢᠯᠭ᠋ᠠᠨ ᠲᠣᠭᠲᠠᠭ᠋ᠠᠯᠲᠠ ᠬᠢᠭᠰᠡᠨ ᠦᠭᠡᠢ ᠪᠣᠯ ᠣᠯᠣᠰ᠎ᠤᠨ ᠰᠢᠯᠭ᠋ᠠᠨ ᠲᠣᠭᠲᠠᠭ᠋ᠠᠯᠲᠠ ᠵᠢᠨ ᠶᠠᠪᠣᠴᠠ᠎ᠳᠤ ᠣᠷᠣᠵᠦ ᠲᠡᠶ᠋ᠢᠯᠬᠦ ᠦᠭᠡᠢ; ᠲᠡᠭᠡᠳᠦ ᠰᠣᠷᠭ᠋ᠠᠭᠤᠯᠢ ᠵᠦᠪᠬᠡᠨ ᠣᠯᠣᠰ᠎ᠤᠨ ᠬᠢᠨᠠᠨ ᠲᠣᠭᠳᠠᠭ᠋ᠠᠯᠲᠠ ᠵᠢ ᠦᠩᠭᠡᠷᠡᠭᠡᠪᠡᠯ ᠰᠠᠶᠢ ᠲᠡᠭᠦᠰᠬᠦ ᠰᠣᠷᠣᠭᠴᠢᠳ᠎ᠲᠤ ᠣᠯᠣᠰ᠎ᠠᠴᠠ ᠮᠡᠳᠡᠷᠡᠭᠰᠡᠨ ᠲᠡᠭᠦᠰᠬᠦ ᠦᠨᠡᠮᠯᠡᠯ᠎ᠢ ᠣᠯᠭᠤᠬᠤ ᠠ᠋ᠷᠬᠡ᠎ᠲᠠᠢ ᠮᠦᠷᠲᠡᠬᠡᠨ ᠠ᠋ᠳ᠋᠎ᠤᠨ ᠵᠠᠰᠠᠭ᠎ᠠᠴᠠ ᠮᠦᠩᠭᠦ ᠭᠠᠷᠭ᠋ᠠᠬᠤ ᠪᠠ ᠪᠣᠰᠣᠳ ᠬᠠᠷᠠᠭ᠋ᠠᠯᠵᠠᠯ᠎ᠤᠨ ᠲᠦᠷᠦ ᠵᠢᠨ ᠪᠣᠳᠣᠯᠭ᠎ᠠ ᠵᠢ ᠬᠦᠷᠲᠡᠨ᠎ᠡ᠃ ᠠ᠋ᠶ᠋ᠢᠮᠦᠷᠬᠦᠦ ᠦᠨᠡᠯᠡᠨ ᠵᠢᠱ᠌ᠢᠭᠰᠡᠨ ᠦᠷ᠎ᠡ ᠳ᠋ᠦᠩ᠎ᠢ ᠦᠨᠳᠦᠰᠦᠯᠡᠨ ᠨᠣᠲᠠᠯᠠᠭᠰᠠᠨ ᠳᠡᠭᠡᠳᠦ ᠰᠣᠷᠭ᠋ᠠᠭᠤᠯᠢ ᠵᠢᠨ ᠪᠠᠶ᠋ᠢᠷᠢ ᠰᠠᠭᠤᠷᠢ ᠵᠢᠨ ᠴᠢᠨᠠᠷ ᠴᠢᠨᠰᠠᠭ᠎ᠠ ᠵᠢ ᠦᠨᠡᠯᠡᠨ ᠵᠢᠱ᠌ᠢᠭᠰᠡᠨ ᠬᠡᠪ ᠵᠠᠭᠪᠣᠷ᠎ᠨᠢ ᠣᠯᠠᠩᠭᠢ ᠣᠯᠣᠰ᠎ᠲᠤ ᠣᠳᠣᠬᠠᠨ᠎ᠳᠤ ᠵᠢᠱ᠌ᠢᠶ᠎ᠡ ᠦᠭᠡᠢ᠂ ᠣᠷᠣᠰ᠎ᠤᠨ ᠳᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠭᠠᠳᠠᠭ᠋ᠠᠳᠦ ᠴᠢᠨᠠᠷ ᠴᠢᠨᠰᠠᠭ᠎ᠠ ᠵᠢ ᠪᠠᠲᠣᠯᠠᠭ᠍ᠣ ᠲᠣᠭᠲᠠᠴᠠ ᠵᠢᠨ ᠨᠢᠭᠡ ᠶᠡᠭᠡ ᠣᠨᠴᠠᠯᠢᠭ ᠪᠣᠯᠵᠠᠢ᠃
3. ᠲᠡᠭᠡᠳᠦ ᠰᠣᠷᠭ᠋ᠠᠭᠤᠯᠢ ᠵᠢᠨ ᠨᠡᠷᠡᠰ᠎ᠤᠨ ᠵᠢᠭᠰᠠᠭ᠋ᠠᠯᠲᠠ ᠵᠢ ᠲᠦᠷᠢᠮᠵᠢᠭᠦᠯᠦᠭᠰᠡᠨ
ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢ ᠪᠠᠲᠣᠯᠠᠭ᠍ᠣ ᠵᠢᠨ ᠲᠦᠯᠦᠭᠡ ᠣᠷᠣᠰ᠎ᠤᠨ ᠰᠣᠷᠭ᠋ᠠᠨ ᠬᠦᠮᠦᠵᠢᠯ᠎ᠤᠨ ᠶᠠᠮᠣᠨ ᠦᠨᠡᠯᠡᠨ ᠵᠢᠱ᠌ᠢᠬᠦ ᠠᠷᠭ᠎ᠠ᠎ᠪᠠᠷ ᠲᠡᠭᠡᠳᠦ ᠰᠣᠷᠭ᠋ᠠᠭᠤᠯᠢ ᠵᠢ ᠬᠠᠮᠢᠶᠠᠷᠬᠤ᠎ᠪᠠᠷ ᠪᠠᠷᠠᠭ᠍ᠣ ᠦᠭᠡᠢ ᠪᠠᠰᠠ ᠲᠡᠭᠡᠳᠦ ᠰᠣᠷᠭ᠋ᠠᠭᠤᠯᠢ ᠵᠢᠨ ᠨᠡᠷᠡᠰ᠎ᠤᠨ ᠵᠢᠭᠰᠠᠭ᠋ᠠᠯᠲᠠ ᠵᠢ ᠲᠦᠷᠢᠮᠵᠢᠭᠦᠯᠬᠦ ᠠᠷᠭ᠎ᠠ ᠮᠠᠶᠢᠭ ᠵᠶ᠋ᠠᠷ ᠲᠠᠮᠵᠢᠭᠤᠯᠣᠨ ᠲᠡᠭᠡᠳᠦ ᠰᠣᠷᠭ᠋ᠠᠭᠤᠯᠢ ᠵᠢᠨ ᠲᠣᠰ ᠪᠡᠶ᠎ᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢ ᠲᠡᠭᠡᠭᠰᠢᠯᠡᠭᠦᠯᠬᠦ ᠵᠢ ᠵᠣᠷᠢᠬ᠍ᠵᠢᠭᠤᠯᠣᠨ᠎ᠠ᠃ ᠲᠡᠭᠡᠳᠦ ᠰᠣᠷᠭ᠋ᠠᠭᠤᠯᠢ ᠵᠢᠨ ᠨᠡᠷᠡᠰ᠎ᠤᠨ ᠵᠢᠭᠰᠠᠭ᠋ᠠᠯᠲᠠ ᠭᠡᠳᠡᠭ᠎ᠨᠢ ᠵᠣᠬᠢᠬᠤ ᠦᠨᠡᠯᠡᠯᠲᠡ ᠵᠢᠨ ᠭᠦᠢ᠍ᠴᠡᠳᠭᠡᠯ ᠲᠤᠭ᠎ᠠ ᠵᠢᠨ ᠰᠢᠰᠲᠸᠮ ᠶᠣᠰᠣᠭ᠋ᠠᠷ ᠲᠡᠭᠡᠳᠦ ᠰᠣᠷᠭ᠋ᠠᠭᠤᠯᠢ᠎ᠳᠤ ᠬᠤᠪᠢ ᠲᠣᠭᠲᠠᠭ᠋ᠠᠵᠦ᠂ ᠬᠤᠪᠢ ᠵᠢᠨ ᠭᠡᠮᠵᠢᠶ᠎ᠡ᠎ᠪᠠᠷ ᠲᠡᠭᠡᠳᠦ ᠰᠣᠷᠭ᠋ᠠᠭᠤᠯᠢ᠎ᠳᠤ ᠨᠡᠷᠡᠰ᠎ᠤᠨ ᠵᠢᠭᠰᠠᠭ᠋ᠠᠯᠲᠠ ᠬᠢᠬᠦ ᠵᠢ ᠵᠢᠭ᠋ᠠᠵᠦ ᠪᠠᠶ᠋ᠢᠨ᠎ᠠ᠃ 1990 ᠣᠨ᠎ᠠᠴᠠ ᠠ᠋ᠬᠢᠯᠡᠨ᠂ ᠣᠷᠣᠰ᠎ᠤᠨ ᠰᠣᠷᠭ᠋ᠠᠨ ᠬᠦᠮᠦᠵᠢᠯ᠎ᠤᠨ ᠶᠠᠮᠣᠨ᠎ᠠᠴᠠ ᠳᠡᠭᠡᠳᠦ ᠰᠣᠷᠭ᠋ᠠᠭᠤᠯᠢ ᠵᠢᠨ ᠨᠡᠷᠡᠰ᠎ᠤᠨ ᠵᠢᠭᠰᠠᠭ᠋ᠠᠯᠲᠠ ᠵᠢᠨ ᠠᠷᠭ᠎ᠠ ᠵᠢ ᠠ᠋ᠬᠢᠯᠡᠨ ᠰᠣᠳᠣᠯᠣᠨ ᠦᠢ᠍ᠯᠡᠳᠴᠦ᠂ 2000 ᠣᠨ᠎ᠠᠴᠠ ᠠ᠋ᠬᠢᠯᠡᠨ ᠬᠡᠷᠡᠭᠵᠢᠭᠦᠯᠪᠡ᠃ ᠪᠣᠲᠠᠲᠠᠢ᠎ᠪᠠᠷ ᠬᠡᠯᠡᠪᠡᠯ᠂ ᠣᠷᠣᠰ᠎ᠤᠨ ᠰᠣᠷᠭ᠋ᠠᠨ ᠬᠦᠮᠦᠵᠢᠯ᠎ᠤᠨ ᠶᠠᠮᠣᠨ᠎ᠠᠴᠠ ᠵᠣᠬᠢᠶᠠᠨ ᠪᠠᠶ᠋ᠢᠭᠤᠯᠣᠭᠰᠠᠨ ᠳᠡᠭᠡᠳᠦ ᠰᠣᠷᠭ᠋ᠠᠭᠤᠯᠢ ᠵᠢᠨ ᠨᠡᠷᠡᠰ᠎ᠤᠨ ᠵᠢᠭᠰᠠᠭ᠋ᠠᠯᠲᠠ ᠵᠢᠨ ᠦᠨᠡᠯᠡᠬᠦ ᠭᠦᠢ᠍ᠴᠡᠳᠭᠡᠯ ᠲᠤᠭ᠎ᠠ ᠵᠢᠨ ᠰᠢᠰᠲᠸᠮ᠎ᠨᠢ ᠭᠤᠣᠯᠳᠠᠭᠤ ᠲᠠᠯᠳᠠ ᠬᠦᠴᠦᠨ ᠪᠠ ᠢᠳᠡᠪᠬᠢᠵᠢᠯ ᠬᠤᠶᠠᠷ ᠲᠠᠯ᠎ᠠ ᠵᠢ ᠪᠠᠭᠲᠠᠭ᠋ᠠᠨ᠎ᠠ᠂ ᠠ᠋ᠭᠦᠨ᠎ᠳᠤ ᠲᠠᠯᠳᠠ ᠬᠦᠴᠦᠨ᠎ᠤ ᠭᠦᠢ᠍ᠴᠡᠳᠭᠡᠯ ᠲᠣᠭ᠋ᠠᠨ᠎ᠳᠤ ᠣᠶᠣᠨ ᠴᠢᠳᠠᠪᠦᠷᠢ ᠵᠢᠨ ᠲᠠᠯᠳᠠ ᠬᠦᠴᠦᠨ (ᠪᠠᠭᠰᠢ ᠵᠢᠨ ᠪᠦᠲᠦᠴᠡ ᠪᠠ ᠬᠢᠷᠢ ᠬᠡᠮᠵᠢᠶ᠎ᠡ)᠂ ᠪᠣᠳᠠᠰ᠎ᠤᠨ ᠮᠡᠳᠡᠭᠡ ᠵᠠᠩᠭᠢ ᠵᠢᠨ ᠰᠠᠭᠤᠷᠢ (ᠵᠢᠭ᠋ᠠᠨ ᠰᠣᠷᠭ᠋ᠠᠯᠲᠠ ᠵᠢᠨ ᠲᠣᠷᠰᠢᠯᠲᠠ ᠵᠢᠨ ᠰᠠᠭᠤᠷᠢᠨ ᠭᠠᠵᠠᠷ᠂ ᠵᠢᠭ᠋ᠠᠨ ᠰᠣᠷᠭ᠋ᠠᠯᠲᠠ ᠵᠢᠨ ᠬᠡᠮᠵᠢᠭᠦᠷᠯᠢᠭ᠎ᠤᠨ ᠪᠠᠲᠣᠯᠠᠭ᠎ᠠ᠂ ᠨᠣᠮ ᠪᠢᠴᠢᠭ᠎ᠤᠨ ᠠ᠋ᠬᠢ ᠪᠠᠶᠠᠯᠢᠭ ᠵᠡᠷᠭᠡ) ᠬᠢᠭᠡᠳ ᠨᠡᠶ᠋ᠢᠭᠡᠮ᠎ᠤᠨ ᠰᠣᠶᠣᠯ᠎ᠤᠨ ᠰᠠᠭᠤᠷᠢ (ᠪᠠᠶ᠋ᠢᠷᠢ ᠵᠢᠨ ᠨᠦᠭᠦᠴᠡᠯ᠂ ᠢᠳᠡᠭᠡᠨ ᠣᠮᠳᠠᠭ᠋ᠠᠨᠤ ᠪᠠᠲᠣᠯᠠᠭ᠎ᠠ᠂ ᠲᠠᠮᠢᠷ᠎ᠤᠨ ᠲᠠᠯᠠᠪᠣᠷ᠎ᠤᠨ ᠲᠦᠭᠦᠭᠡᠷᠦᠮᠵᠢ ᠵᠡᠷᠭᠡ) ᠵᠢ ᠪᠠᠭᠲᠠᠭ᠋ᠠᠨ᠎ᠠ; ᠢᠳᠡᠪᠬᠢᠵᠢᠯ᠎ᠤᠨ ᠭᠦᠢ᠍ᠴᠡᠳᠭᠡᠯ ᠲᠤᠭ᠎ᠠ᠎ᠨᠢ ᠴᠢᠳᠠᠪᠦᠷᠢᠲᠠᠨ᠎ᠢ ᠬᠦᠮᠦᠵᠢᠭᠦᠯᠬᠦ ᠴᠢᠨᠠᠷ ᠴᠢᠨᠰᠠᠭ᠎ᠠ (ᠦᠨᠳᠦᠰᠦᠨ ᠠᠩᠭᠢ᠎ᠠᠴᠠ ᠲᠡᠭᠦᠰᠦᠭᠰᠡᠨ ᠰᠣᠷᠣᠭᠴᠢ ᠪᠠ ᠠᠰᠫᠢᠷᠠᠨᠲ ᠬᠦᠮᠦᠵᠢᠭᠦᠯᠬᠦ ᠴᠢᠨᠠᠷ ᠴᠢᠨᠰᠠᠭ᠎ᠠ᠂ ᠲᠡᠭᠡᠳᠦ ᠮᠡᠷᠭᠡᠵᠢᠯ᠎ᠤᠨ ᠬᠢᠷᠢ ᠲᠦᠪᠰᠢᠨ᠎ᠲᠠᠢ ᠴᠢᠳᠠᠪᠦᠷᠢᠲᠡᠨ ᠬᠦᠮᠦᠵᠢᠭᠦᠯᠬᠦ ᠴᠢᠨᠠᠷ ᠴᠢᠨᠰᠠᠭ᠎ᠠ)᠂ ᠠ᠋ᠷᠳᠡᠮ ᠰᠢᠨᠵᠢᠯᠡᠭᠡᠨ᠎ᠤ ᠦᠷ᠎ᠡ ᠪᠦᠳᠦᠭᠡᠯ᠎ᠤᠨ ᠬᠡᠷᠡᠴᠢᠯᠡᠯ ᠪᠠ ᠬᠡᠷᠡᠭᠯᠡᠯᠲᠡ ᠵᠡᠷᠭᠡ ᠵᠢ ᠪᠠᠭᠳᠠᠭ᠋ᠠᠨ᠎ᠠ᠃ ᠲᠡᠭᠡᠷᠡᠬᠢ ᠲᠣᠷᠠᠳᠣᠭᠰᠠᠨ ᠣᠷᠣᠰ᠎ᠤᠨ ᠰᠣᠷᠭ᠋ᠠᠨ ᠬᠦᠮᠦᠵᠢᠯ᠎ᠤᠨ ᠶᠠᠮᠣᠨ᠎ᠤ ᠲᠣᠭᠳᠠᠭ᠋ᠠᠭᠰᠠᠨ ᠲᠡᠭᠡᠳᠦ ᠰᠣᠷᠭ᠋ᠠᠭᠤᠯᠢ ᠵᠢᠨ ᠨᠡᠷᠡᠰ᠎ᠤᠨ ᠭᠦᠢ᠍ᠴᠡᠳᠭᠡᠯ ᠲᠣᠭ᠋ᠠᠨ᠎ᠤ ᠰᠢᠰᠲᠸᠮ᠎ᠠᠴᠠ ᠮᠡᠳᠡᠵᠦ ᠪᠣᠯᠬᠤ᠎ᠨᠢ ᠰᠣᠷᠭ᠋ᠠᠨ ᠬᠦᠮᠦᠵᠢᠯ᠎ᠤᠨ ᠶᠠᠮᠣᠨ᠎ᠤ ᠵᠣᠬᠢᠶᠠᠨ ᠪᠠᠶ᠋ᠢᠭᠤᠯᠣᠭᠰᠠᠨ ᠲᠡᠭᠡᠳᠦ ᠰᠣᠷᠭ᠋ᠠᠭᠤᠯᠢ ᠵᠢᠨ ᠨᠡᠷᠡᠰ᠎ᠤᠨ ᠵᠢᠭᠰᠠᠭ᠋ᠠᠯᠲᠠ᠎ᠨᠢ ᠪᠣᠰᠣᠳᠴᠢ᠂ ᠪᠦᠬᠦ ᠲᠠᠯ᠎ᠠ ᠵᠢᠨ ᠪᠠᠶ᠋ᠢᠵᠦ᠂ ᠠᠭᠤᠯᠭ᠎ᠠ᠎ᠨᠢ ᠲᠡᠭᠡᠳᠦ ᠰᠣᠷᠭ᠋ᠠᠭᠤᠯᠢ ᠵᠢᠨ ᠪᠠᠭᠰᠢ ᠵᠢᠨ ᠬᠢᠷᠢ ᠲᠦᠪᠰᠢᠨ᠂ ᠪᠣᠳᠠᠰ᠎ᠤᠨ ᠨᠦᠭᠦᠴᠡᠯ ᠪᠠ ᠰᠣᠷᠣᠭᠴᠢ ᠵᠢ ᠬᠦᠮᠦᠵᠢᠭᠦᠯᠬᠦ ᠴᠢᠨᠠᠷ ᠴᠢᠨᠰᠠᠭ᠎ᠠ ᠵᠡᠷᠭᠡ ᠣᠯᠠᠨ ᠲᠠᠯ᠎ᠠ᠎ᠳᠤ ᠬᠤᠯᠪᠣᠭᠳᠠᠨ᠎ᠠ᠃
4. ᠲᠡᠭᠡᠳᠦ ᠰᠣᠷᠭ᠋ᠠᠭᠤᠯᠢ ᠵᠢᠨ ᠬᠦᠭᠵᠢᠯᠲᠡ ᠵᠢᠨ ᠬᠢᠨᠠᠨ ᠡᠵᠡᠮᠳᠡᠬᠦ ᠰᠢᠰᠲᠸᠮ᠎ᠢ ᠪᠠᠶ᠋ᠢᠭᠤᠯᠣᠭᠰᠠᠨ
ᠲᠡᠭᠡᠳᠦ ᠰᠣᠷᠭ᠋ᠠᠭᠤᠯᠢ ᠵᠢᠨ ᠬᠦᠭᠵᠢᠯᠲᠡ ᠵᠢᠨ ᠣᠳᠣᠬᠢ ᠪᠠᠶ᠋ᠢᠳᠠᠯ ᠬᠢᠭᠡᠳ ᠣᠷᠣᠰᠢᠵᠦ ᠪᠠᠶ᠋ᠢᠭ᠎ᠠ ᠠᠰᠠᠭᠤᠳᠠᠯ᠎ᠢ ᠪᠦᠬᠦ ᠲᠠᠯ᠎ᠠ᠎ᠪᠠᠷ ᠣᠶ᠋ᠢᠯᠠᠭ᠋ᠠᠬᠤ ᠵᠢᠨ ᠲᠦᠯᠦᠭᠡ ᠲᠡᠭᠡᠳᠦ ᠰᠣᠷᠭ᠋ᠠᠭᠤᠯᠢ ᠵᠢᠨ ᠴᠢᠨᠠᠷ ᠴᠢᠨᠰᠠᠭ᠎ᠠ ᠵᠢ ᠣᠯᠠᠮ ᠨᠢᠭᠡ ᠠᠯᠬᠤᠮ ᠲᠡᠭᠡᠭᠰᠢᠯᠡᠭᠦᠯᠵᠦ᠂ ᠣᠷᠣᠰ᠎ᠠᠴᠠ ᠲᠡᠭᠡᠳᠦ ᠰᠣᠷᠭ᠋ᠠᠭᠤᠯᠢ ᠵᠢᠨ ᠬᠦᠭᠵᠢᠯᠲᠡ ᠵᠢᠨ ᠬᠢᠨᠠᠨ ᠡᠵᠡᠮᠳᠡᠬᠦ ᠰᠢᠰᠲᠸᠮ᠎ᠢ ᠪᠠᠶ᠋ᠢᠭᠤᠯᠵᠦ᠂ ᠲᠣᠰ ᠰᠢᠰᠲᠸᠮ᠎ᠳᠤ ᠬᠤᠯᠪᠣᠭ᠋ᠠᠳᠦ ᠣᠯᠣᠰ᠂ ᠣᠷᠣᠨ ᠨᠤᠳᠤᠬ ᠪᠠ ᠲᠡᠭᠡᠳᠦ ᠰᠣᠷᠭ᠋ᠠᠭᠤᠯᠢ ᠵᠢᠨ ᠬᠠᠮᠢᠶᠠᠷᠦᠯᠲᠠ ᠵᠢᠨ ᠬᠢᠷᠢ ᠬᠡᠮᠵᠢᠶ᠎ᠡ ᠵᠢ ᠪᠠᠭᠲᠠᠭ᠋ᠠᠵᠦ᠂ ᠴᠦᠮ ᠲᠡᠭᠡᠳᠦ ᠰᠣᠷᠭ᠋ᠠᠭᠤᠯᠢ᠎ᠪᠠᠷ ᠰᠣᠶᠣᠯ᠎ᠤᠨ ᠬᠢᠨᠠᠨ ᠡᠵᠡᠮᠳᠡᠬᠦ ᠲᠦᠪ ᠪᠣᠯᠭ᠋ᠠᠵᠦ ᠪᠣᠢ᠂ ᠣᠷᠣᠰ᠎ᠤᠨ ᠬᠤᠯᠪᠣᠭ᠋ᠠᠨ᠎ᠤ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢ ᠬᠢᠨᠠᠨ ᠡᠵᠡᠮᠳᠡᠬᠦ ᠰᠢᠰᠲᠸᠮ᠎ᠢ ᠪᠠᠶ᠋ᠢᠭᠤᠯᠵᠦ᠂ ᠠ᠋ᠭᠦᠨ᠎ᠤ ᠣᠯᠠᠮ᠎ᠠᠴᠠ ᠣᠷᠣᠰ᠎ᠤᠨ ᠰᠣᠷᠭ᠋ᠠᠨ ᠬᠦᠮᠦᠵᠢᠯ᠎ᠤᠨ ᠰᠢᠰᠲᠸᠮ᠎ᠤᠨ ᠠᠮᠢ ᠠᠬᠤᠢ᠂ ᠠᠵᠦ ᠠᠬᠤᠢ ᠪᠠ ᠨᠡᠶ᠋ᠢᠭᠡᠮ᠎ᠤᠨ ᠦᠷ᠎ᠡ ᠠᠰᠢᠭ᠎ᠢ ᠲᠡᠭᠡᠭᠰᠢᠯᠡᠭᠦᠯᠦᠨ᠎ᠡ᠃ ᠠ᠋ᠨᠡ᠎ᠨᠢ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠬᠦᠭᠵᠢᠯᠲᠡ ᠵᠢᠨ ᠪᠠᠶ᠋ᠢᠳᠠᠯ᠎ᠢ ᠠᠵᠢᠭᠯᠠᠭ᠍ᠣ᠂ ᠵᠠᠳᠠᠯᠬᠤ᠂ ᠣᠨᠣᠰᠢᠯᠠᠭ᠍ᠣ ᠪᠠ ᠲᠦᠰᠦᠭᠡᠯᠡᠬᠦ ᠲᠦᠷᠢᠮ᠎ᠤᠨ ᠪᠠᠲᠣᠯᠠᠭ᠎ᠠ ᠵᠢᠨ ᠠᠷᠭ᠎ᠠ ᠭᠡᠮᠵᠢᠶ᠎ᠡ ᠪᠣᠯᠣᠭᠰᠠᠨ᠎ᠤ ᠬᠤᠪᠢ᠎ᠳᠤ᠂ ᠣᠷᠣᠰ᠎ᠠᠴᠠ ᠲᠡᠭᠡᠳᠦ ᠰᠣᠷᠭ᠋ᠠᠭᠤᠯᠢ ᠵᠢᠨ ᠬᠦᠭᠵᠢᠯᠲᠡ ᠵᠢᠨ ᠬᠢᠨᠠᠨ ᠡᠵᠡᠮᠳᠡᠬᠦ ᠰᠢᠰᠲᠸᠮᠵᠢ ᠵᠢ ᠪᠠᠶ᠋ᠢᠭᠤᠯᠬᠤ ᠵᠢᠨ ᠵᠣᠷᠢᠯᠭ᠎ᠠ ᠪᠣᠯ ᠴᠢᠨᠠᠷ ᠴᠢᠨᠰᠠᠭ᠎ᠠ ᠵᠢᠨ ᠲᠦᠯᠦᠪᠵᠢᠭᠦᠯᠭᠡ ᠵᠢᠨ ᠬᠠᠷᠠᠭ᠋ᠠᠰᠦᠨᠢ ᠲᠡᠭᠡᠳᠦ ᠰᠣᠷᠭ᠋ᠠᠭᠤᠯᠢ ᠵᠢᠨ ᠬᠦᠭᠵᠢᠯᠲᠡ ᠵᠢᠨ ᠣᠳᠣᠬᠢ ᠪᠠᠶ᠋ᠢᠳᠠᠯ ᠪᠣᠯᠣᠨ ᠬᠠᠨᠳᠣᠰᠢ ᠵᠢ ᠦᠨᠡᠯᠡᠨ ᠵᠢᠱ᠌ᠢᠵᠦ᠂ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢᠨ ᠬᠠᠮᠢᠶᠠᠷᠦᠯᠲᠠ ᠵᠢᠨ ᠪᠠᠶ᠋ᠢᠷᠢ ᠲᠣᠭᠲᠠᠭ᠋ᠠᠯᠲᠠ ᠵᠢ ᠴᠢᠩᠭ᠋ᠠᠳᠬᠠᠬᠤ ᠵᠢᠨ ᠲᠦᠯᠦᠭᠡ ᠶᠣᠮ᠃ ᠶᠡᠷᠦᠩᠬᠡᠢ᠎ᠳᠤ᠎ᠨᠢ ᠠᠪᠴᠦ ᠬᠡᠯᠡᠪᠡᠯ᠂ ᠣᠷᠣᠰ᠎ᠤᠨ ᠲᠡᠭᠡᠳᠦ ᠰᠣᠷᠭ᠋ᠠᠭᠤᠯᠢ ᠵᠢᠨ ᠬᠦᠭᠵᠢᠯᠲᠡ ᠵᠢᠨ ᠬᠢᠨᠠᠨ ᠡᠵᠡᠮᠳᠡᠬᠦ ᠭᠦᠢ᠍ᠴᠡᠳᠭᠡᠯ ᠲᠣᠭ᠋ᠠᠨ᠎ᠳᠤ ᠭᠤᠣᠯᠳᠠᠭᠤ ᠲᠣᠰᠬᠠᠢ ᠮᠡᠷᠭᠡᠵᠢᠯᠲᠡᠨ (ᠣᠷᠣᠰ᠎ᠤᠨ ᠦᠨᠳᠦᠰᠦᠨ ᠠᠩᠭᠢ ᠵᠢᠨ ᠰᠣᠷᠣᠭᠴᠢ ᠲᠡᠭᠦᠰᠦᠭᠰᠡᠨ᠎ᠤ ᠲᠠᠷᠠᠭ᠎ᠠ 《ᠲᠣᠰᠬᠠᠢ ᠮᠡᠷᠭᠡᠵᠢᠯᠲᠡᠨ》 ᠰᠣᠷᠣᠯᠭ᠎ᠠ ᠲᠡᠭᠦᠰᠦᠭᠰᠡᠨ ᠦᠨᠡᠮᠯᠡᠯ ᠣᠯᠬᠤ)᠎ᠢ ᠬᠦᠮᠦᠵᠢᠭᠦᠯᠬᠦ ᠴᠢᠨᠠᠷ ᠴᠢᠨᠰᠠᠭ᠎ᠠ᠂ ᠵᠢᠭ᠋ᠠᠨ ᠰᠣᠷᠭ᠋ᠠᠯᠲᠠ ᠵᠢᠨ ᠪᠣᠳᠠᠰ᠎ᠤᠨ ᠰᠠᠭᠤᠷᠢ ᠪᠠᠲᠣᠯᠠᠭ᠎ᠠ᠂ ᠫᠷᠦᠹᠸᠰᠰᠦᠷᠤᠨ ᠬᠢᠷᠢ ᠲᠦᠪᠰᠢᠨ᠂ ᠨᠡᠶ᠋ᠢᠭᠡᠮ᠎ᠤᠨ ᠳᠡᠭᠡᠳᠦ ᠰᠣᠷᠭ᠋ᠠᠭᠤᠯᠢ ᠲᠡᠭᠦᠰᠦᠭᠰᠡᠳ᠎ᠤᠨ ᠬᠡᠷᠡᠭᠴᠡᠭᠡ ᠱᠠᠭ᠋ᠠᠷᠳᠠᠯᠭ᠎ᠠ ᠵᠡᠷᠭᠡ ᠪᠠᠭᠲᠠᠨ᠎ᠠ᠃
ᠬᠤᠶᠠᠷ᠂ ᠣᠷᠣᠰ᠎ᠤᠨ ᠲᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ
ᠲᠣᠳᠣᠭ᠋ᠠᠳᠦ ᠵᠢᠨ ᠴᠢᠨᠠᠷ ᠴᠢᠨᠰᠠᠭ᠎ᠠ ᠵᠢ ᠪᠠᠲᠣᠯᠠᠭ᠍ᠣ ᠠᠷᠭ᠎ᠠ ᠪᠣᠳᠣᠯᠭ᠎ᠠ
ᠣᠷᠣᠰ᠎ᠲᠤ ᠳᠡᠭᠡᠳᠦ ᠵᠡᠷᠭᠡ ᠵᠢᠨ ᠰᠣᠷᠭ᠋ᠠᠭᠤᠯᠢ ᠵᠢᠨ ᠲᠣᠳᠣᠭ᠋ᠠᠳᠦ ᠵᠢᠨ ᠴᠢᠨᠠᠷ ᠴᠢᠨᠰᠠᠭ᠎ᠠ ᠵᠢᠨ ᠪᠠᠲᠣᠯᠠᠭ᠎ᠠ᠎ᠨᠢ ᠭᠤᠣᠯᠳᠠᠭᠤ ᠳᠡᠭᠡᠳᠦ ᠰᠣᠷᠭ᠋ᠠᠭᠤᠯᠢ᠎ᠨᠤᠭᠤᠳ ᠲᠣᠳᠣᠭ᠋ᠠᠳᠦ ᠵᠢᠨ ᠴᠢᠨᠠᠷ ᠴᠢᠨᠰᠠᠭ᠎ᠠ ᠵᠢᠨ ᠪᠠᠲᠣᠯᠠᠭ᠎ᠠ ᠪᠠ ᠬᠠᠮᠢᠶᠠᠷᠦᠯᠲᠠ ᠵᠢᠨ ᠰᠢᠰᠲᠸᠮ᠎ᠢ ᠪᠠᠶ᠋ᠢᠭᠤᠯᠬᠤ᠂ ᠵᠢᠭ᠋ᠠᠨ ᠰᠣᠷᠭ᠋ᠠᠯᠲᠠ ᠵᠢᠨ ᠴᠢᠨᠠᠷ ᠴᠢᠨᠰᠠᠭ᠎ᠠ ᠵᠢ ᠴᠢᠩᠭ᠋ᠠᠳᠬᠠᠬᠤ ᠪᠠ ᠰᠣᠷᠣᠭᠴᠢᠳ᠎ᠤᠨ ᠰᠣᠷᠣᠯᠭ᠎ᠠ ᠵᠢᠨ ᠬᠢᠷᠢ ᠪᠦᠲᠦᠮᠵᠢ ᠵᠢ ᠦᠨᠡᠯᠡᠬᠦ ᠵᠡᠷᠭᠡ ᠠᠷᠭ᠎ᠠ ᠬᠡᠮᠵᠢᠶ᠎ᠡ ᠵᠢ ᠪᠠᠭᠳᠠᠭ᠋ᠠᠪᠠ᠃ ᠳᠡᠭᠡᠳᠦ ᠰᠣᠷᠭ᠋ᠠᠭᠤᠯᠢ ᠵᠢᠨ ᠳᠣᠳᠣᠭ᠋ᠠᠳᠦ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢᠨ ᠪᠠᠲᠣᠯᠠᠭ᠎ᠠ ᠵᠢ ᠭᠤᠣᠯᠴᠢᠯᠠᠭ᠍ᠣ ᠪᠣᠯ ᠣᠷᠣᠰ᠎ᠤᠨ ᠳᠡᠭᠡᠳᠦ ᠰᠣᠷᠭ᠋ᠠᠭᠤᠯᠢ ᠵᠢᠨ ᠣᠣᠯ᠎ᠤᠨ ᠣᠯᠠᠮᠵᠢᠯᠠᠯᠲᠦ ᠠᠷᠭ᠎ᠠ ᠪᠣᠯᠣᠨ᠎ᠠ᠃ ᠰᠢᠨ᠎ᠡ ᠴᠠᠭ ᠦᠶ᠎ᠡ ᠵᠢᠨ ᠣᠷᠣᠰ᠎ᠤᠨ ᠳᠡᠭᠡᠳᠦ ᠰᠣᠷᠭ᠋ᠠᠭᠤᠯᠢ ᠵᠢᠨ ᠴᠢᠨᠠᠷ ᠴᠢᠨᠰᠠᠭ᠎ᠠ ᠵᠢᠨ ᠪᠠᠲᠣᠯᠠᠭ᠎ᠠ ᠵᠢᠨ ᠰᠢᠰᠲᠸᠮ ᠨᠢᠭᠡᠨᠲᠡ ᠳᠦᠷᠢᠮᠵᠢᠭᠰᠡᠨ ᠪᠦᠳᠦᠴᠡ ᠪᠣᠯᠵᠦ᠂ ᠡᠯ᠎ᠡ ᠳᠡᠭᠡᠳᠦ ᠰᠣᠷᠭ᠋ᠠᠭᠤᠯᠢ ᠴᠦᠮ ᠲᠣᠳᠣᠭ᠋ᠠᠳᠦ ᠵᠢᠨ ᠴᠢᠨᠠᠷ ᠴᠢᠨᠰᠠᠭ᠎ᠠ ᠵᠢᠨ ᠪᠠᠲᠣᠯᠠᠭ᠎ᠠ ᠵᠢᠨ ᠰᠢᠰᠲᠸᠮ ᠪᠠ ᠬᠠᠮᠢᠶᠠᠷᠦᠯᠲᠠ ᠵᠢᠨ ᠰᠢᠰᠲᠸᠮ᠎ᠢ ᠪᠠᠶ᠋ᠢᠭᠤᠯᠬᠤ᠎ᠪᠠᠷ ᠴᠢᠷᠮᠠᠶ᠋ᠢᠬᠤ ᠵᠢᠨ ᠬᠠᠮᠲᠦ ᠵᠢᠭ᠋ᠠᠨ ᠰᠣᠷᠭ᠋ᠠᠯᠲᠠ ᠵᠢᠨ ᠴᠢᠨᠠᠷ ᠴᠢᠨᠰᠠᠭ᠎ᠠ ᠬᠢᠭᠡᠳ ᠰᠣᠷᠣᠭᠴᠢᠳ᠎ᠤᠨ ᠰᠣᠷᠣᠯᠭ᠎ᠠ ᠵᠢᠨ ᠬᠢᠷᠢ ᠪᠦᠲᠦᠮᠵᠢ ᠵᠢᠨ ᠦᠨᠡᠯᠡᠯᠲᠡ ᠵᠢ ᠴᠢᠩᠭ᠋ᠠᠳᠬᠠᠪᠠ᠃
1. ᠳᠡᠭᠡᠳᠦ ᠰᠣᠷᠭ᠋ᠠᠭᠤᠯᠢ ᠵᠢᠨ ᠲᠣᠳᠣᠭ᠋ᠠᠳᠦ ᠵᠢᠨ ᠴᠢᠨᠠᠷ ᠴᠢᠨᠰᠠᠭ᠎ᠠ ᠵᠢᠨ ᠪᠠᠳᠣᠯᠠᠭ᠎ᠠ ᠵᠢᠨ ᠰᠢᠰᠲᠸᠮ᠎ᠢ ᠠ᠋ᠭᠦᠳᠦᠨ ᠪᠠᠶ᠋ᠢᠭᠤᠯᠣᠭᠰᠠᠨ
ᠣᠷᠣᠰ᠎ᠤᠨ ᠳᠡᠭᠡᠳᠦ ᠰᠣᠷᠭ᠋ᠠᠭᠤᠯᠢ ᠵᠢᠨ ᠳᠣᠲᠣᠭ᠋ᠠᠳᠣ ᠵᠢᠨ ᠴᠢᠨᠠᠷ ᠴᠢᠨᠰᠠᠭ᠎ᠠ ᠵᠢ ᠪᠠᠲᠣᠯᠠᠭ᠍ᠣ ᠰᠢᠰᠲᠸᠮ᠎ᠳᠤ ᠠᠪᠴᠦ ᠬᠡᠯᠡᠪᠡᠯ᠂ ᠨᠢᠭᠡ ᠲᠠᠯ᠎ᠠ᠎ᠪᠠᠷ ᠲᠡᠷᠡ᠎ᠨᠢ ᠳᠡᠭᠡᠳᠦ ᠰᠣᠷᠭ᠋ᠠᠭᠤᠯᠢ ᠵᠢᠨ ᠰᠣᠷᠭ᠋ᠠᠨ ᠬᠦᠮᠦᠵᠢᠯ᠎ᠤᠨ ᠠᠵᠢᠯᠯᠠᠭ᠎ᠠ ᠠ᠋ᠷᠬᠡᠪᠰᠢ ᠣᠯᠣᠰ᠎ᠤᠨ ᠰᠣᠷᠭ᠋ᠠᠨ ᠬᠦᠮᠦᠵᠢᠯ᠎ᠤᠨ ᠪᠠᠷᠢᠮᠵᠢᠶ᠎ᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠂ ᠳᠡᠭᠡᠳᠦ ᠰᠣᠷᠭ᠋ᠠᠭᠤᠯᠢ ᠵᠢ ᠵᠦᠪᠰᠢᠶᠡᠷᠡᠬᠦ᠂ ᠰᠢᠯᠭ᠋ᠠᠨ ᠲᠣᠭᠲᠠᠭ᠋ᠠᠬᠤ ᠪᠠ ᠣᠯᠣᠰ᠎ᠤᠨ ᠬᠢᠨᠠᠨ ᠲᠣᠭᠲᠠᠭ᠋ᠠᠬᠤ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃ ᠨᠦᠭᠦᠭᠡ ᠲᠠᠯ᠎ᠠ᠎ᠪᠠᠷ ᠳᠡᠭᠡᠳᠦ ᠰᠣᠷᠭ᠋ᠠᠭᠤᠯᠢ ᠵᠢᠨ ᠬᠦᠳᠡᠯᠭᠡᠭᠡᠨ᠎ᠨᠢ ᠬᠦᠳᠡᠯᠮᠦᠷᠢ ᠬᠦᠴᠦᠨ᠎ᠤ ᠵᠠᠬ᠎ᠠ ᠲᠡᠯᠭᠡᠭᠦᠷ᠎ᠤᠨ ᠬᠡᠷᠡᠭᠴᠡᠭᠡᠨ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠢ᠃ ᠣᠳᠣᠬᠠᠨ᠎ᠳᠤ ᠣᠷᠣᠰ᠎ᠤᠨ ᠳᠡᠭᠡᠳᠦ ᠰᠣᠷᠭ᠋ᠠᠭᠤᠯᠢ ᠵᠢᠨ ᠳᠣᠳᠣᠭ᠋ᠠᠳᠣ ᠵᠢᠨ ᠴᠢᠨᠠᠷ ᠴᠢᠨᠰᠠᠭ᠎ᠠ ᠵᠢᠨ ᠪᠠᠳᠣᠯᠠᠭ᠎ᠠ ᠵᠢᠨ ᠰᠢᠰᠲᠸᠮ᠎ᠨᠢ ᠭᠤᠣᠯᠳᠠᠭᠤ ᠴᠢᠨᠠᠷ ᠴᠢᠨᠰᠠᠭ᠎ᠠ ᠵᠢᠨ ᠲᠦᠯᠦᠪᠵᠢᠭᠦᠯᠭᠡ᠂ ᠴᠢᠨᠠᠷ ᠴᠢᠨᠰᠠᠭ᠎ᠠ ᠵᠢᠨ ᠪᠠᠳᠣᠯᠠᠭ᠎ᠠ᠂ ᠴᠢᠨᠠᠷ ᠴᠢᠨᠰᠠᠭ᠎ᠠ ᠵᠢᠨ ᠬᠠᠮᠢᠶᠠᠷᠦᠯᠲᠠ ᠪᠠ ᠴᠢᠨᠠᠷ ᠴᠢᠨᠰᠠᠭ᠎ᠠ ᠵᠢᠨ ᠲᠡᠭᠡᠭᠰᠢᠯᠡᠯᠲᠡ ᠵᠡᠷᠭᠡ᠎ᠪᠠᠷ ᠪᠦᠷᠢᠯᠳᠦᠵᠡᠢ᠃
2. ᠳᠡᠭᠡᠳᠦ ᠰᠣᠷᠭ᠋ᠠᠭᠤᠯᠢ ᠵᠢᠨ ᠳᠣᠳᠣᠭ᠋ᠠᠳᠦ ᠵᠢᠨ ᠴᠢᠨᠠᠷ ᠴᠢᠨᠰᠠᠭ᠎ᠠ ᠵᠢᠨ ᠬᠠᠮᠢᠶᠠᠷᠦᠯᠲᠠ ᠵᠢᠨ ᠰᠢᠰᠲᠸᠮ᠎ᠢ ᠪᠦᠷᠢᠨᠰᠢᠭᠦᠯᠦᠭᠰᠡᠨ
ᠣᠷᠣᠰ᠎ᠤᠨ ᠰᠣᠷᠭ᠋ᠠᠨ ᠬᠦᠮᠦᠵᠢᠯ᠎ᠤᠨ ᠶᠠᠮᠣᠨ 2000 ᠣᠨ᠎ᠠᠴᠠ ᠠ᠋ᠬᠢᠯᠡᠨ 《ᠳᠡᠭᠡᠳᠦ ᠰᠣᠷᠭ᠋ᠠᠭᠤᠯᠢ ᠵᠢᠨ ᠳᠣᠳᠣᠭ᠋ᠠᠳᠦ ᠵᠢᠨ ᠲᠣᠰᠬᠠᠢ ᠮᠡᠷᠭᠡᠵᠢᠯᠲᠡᠨ ᠬᠦᠮᠦᠵᠢᠭᠦᠯᠬᠦ ᠴᠢᠨᠠᠷ ᠴᠢᠨᠰᠠᠭ᠎ᠠ ᠵᠢᠨ ᠪᠠᠳᠣᠯᠠᠭ᠎ᠠ ᠵᠢᠨ ᠰᠢᠰᠲᠸᠮᠵᠢ》 ᠵᠢᠨ ᠣᠷᠣᠯᠳᠣᠭ᠋ᠠᠨ᠎ᠢ ᠦᠷᠨᠢᠭᠦᠯᠵᠦ᠂ ᠠ᠋ᠭᠦᠨ ᠵᠶ᠋ᠠᠷ ᠳᠡᠭᠡᠳᠦ ᠰᠣᠷᠭ᠋ᠠᠭᠤᠯᠢ ᠵᠢ ᠦᠪᠡᠷ᠎ᠤᠨ ᠳᠣᠳᠣᠭ᠋ᠠᠳᠣ ᠵᠢᠨ ᠴᠢᠨᠠᠷ ᠴᠢᠨᠰᠠᠭ᠎ᠠ ᠵᠢᠨ ᠬᠠᠮᠢᠶᠠᠷᠦᠯᠲᠠ ᠵᠢᠨ ᠰᠢᠰᠲᠸᠮ᠎ᠢ ᠪᠠᠶ᠋ᠢᠭᠤᠯᠵᠦ ᠲᠡᠭᠦᠯᠳᠡᠷᠵᠢᠭᠦᠯᠬᠦ ᠵᠢ ᠠᠬᠢᠭᠤᠯᠪᠠ᠃ ᠣᠷᠣᠰ᠎ᠤᠨ ᠦᠨᠳᠦᠰᠦᠲᠡᠨ᠎ᠤ ᠠᠷᠠᠯᠵᠢᠶᠠᠨ᠎ᠤ ᠳᠡᠭᠡᠳᠦ ᠰᠣᠷᠭ᠋ᠠᠭᠤᠯᠢ᠎ᠪᠠᠷ ᠵᠢᠱ᠌ᠢᠶᠡᠯᠡᠪᠡᠯ᠂ ᠲᠣᠰ ᠰᠣᠷᠭ᠋ᠠᠭᠤᠯᠢ᠎ᠨᠢ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ᠎ᠪᠠᠷ ᠭᠤᠣᠯ ᠪᠣᠯᠭ᠋ᠠᠵᠦ᠂ ᠨᠡᠯᠢᠶᠡᠳ ᠪᠦᠷᠢᠨ ᠲᠡᠭᠦᠯᠳᠡᠷ ᠳᠡᠭᠡᠳᠦ ᠰᠣᠷᠭ᠋ᠠᠭᠤᠯᠢ ᠵᠢᠨ ᠳᠣᠳᠣᠭ᠋ᠠᠳᠣ ᠵᠢᠨ ᠴᠢᠨᠠᠷ ᠴᠢᠨᠰᠠᠭ᠎ᠠ ᠵᠢᠨ ᠬᠠᠮᠢᠶᠠᠷᠦᠯᠲᠠ ᠵᠢᠨ ᠰᠢᠰᠲᠸᠮ᠎ᠢ ᠪᠠᠶ᠋ᠢᠭᠤᠯᠪᠠ᠃ ᠲᠡᠭᠦᠨ᠎ᠤ ᠪᠦᠲᠦᠴᠡ᠎ᠳᠤ ᠭᠤᠣᠯᠳᠠᠭᠤ ᠭᠤᠷᠪᠠᠨ ᠰᠢᠰᠲᠸᠮ ᠪᠠᠭᠲᠠᠨ᠎ᠠ᠄ ᠨᠢᠭᠡ᠎ᠳᠤ᠂ ᠬᠤᠪᠢᠶᠠᠷᠢ ᠰᠢᠰᠲᠸᠮ᠎ᠢ ᠬᠢᠨᠠᠨ ᠬᠡᠮᠵᠢᠵᠦ ᠲᠦᠷᠢᠮᠵᠢᠭᠦᠯᠬᠦ; ᠬᠤᠶᠠᠷ᠎ᠲᠤ᠂ ᠰᠣᠷᠭ᠋ᠠᠨ ᠬᠦᠮᠦᠵᠢᠯ᠎ᠤᠨ ᠶᠠᠪᠣᠴᠠ ᠵᠢ ᠵᠣᠬᠢᠶᠠᠨ ᠪᠠᠶ᠋ᠢᠭᠤᠯᠬᠤ ᠪᠠ ᠰᠣᠷᠭ᠋ᠠᠨ ᠬᠦᠮᠦᠵᠢᠯ᠎ᠤᠨ ᠦᠢ᠍ᠯᠡᠴᠢᠯᠡᠭᠡ ᠬᠠᠩᠭ᠋ᠠᠬᠤ; ᠭᠤᠷᠪᠠ᠎ᠳᠤ᠂ ᠰᠣᠷᠭ᠋ᠠᠨ ᠬᠦᠮᠦᠵᠢᠯ᠎ᠤᠨ ᠶᠠᠪᠣᠴᠠ ᠵᠢᠨ ᠲᠦᠯᠦᠪᠵᠢᠭᠦᠯᠭᠡ ᠬᠢᠭᠡᠳ ᠴᠢᠨᠠᠷ ᠴᠢᠨᠰᠠᠭ᠎ᠠ ᠵᠢᠨ ᠬᠠᠮᠢᠶᠠᠷᠦᠯᠲᠠ ᠵᠢᠨ ᠬᠤᠪᠢᠶᠠᠷᠢ ᠰᠢᠰᠲᠸᠮ ᠪᠣᠯᠣᠨ᠎ᠠ᠃ ᠴᠢᠨᠠᠷ ᠴᠢᠨᠰᠠᠭ᠎ᠠ ᠵᠢᠨ ᠬᠠᠮᠢᠶᠠᠷᠦᠯᠲᠠ ᠵᠢᠨ ᠬᠤᠪᠢᠶᠠᠷᠢ ᠰᠢᠰᠲᠸᠮ᠎ᠳᠤ ᠲᠦᠰᠢᠭᠯᠡᠨ᠂ ᠣᠷᠣᠰ᠎ᠤᠨ ᠦᠨᠳᠦᠰᠦᠲᠡᠨ᠎ᠤ ᠠᠷᠠᠯᠵᠢᠶᠠᠨ᠎ᠤ ᠳᠡᠭᠡᠳᠦ ᠰᠣᠷᠭ᠋ᠠᠭᠤᠯᠢ ᠴᠢᠨᠠᠷ ᠴᠢᠨᠰᠠᠭ᠎ᠠ ᠵᠢᠨ ᠬᠠᠮᠢᠶᠠᠷᠦᠯᠲᠠ ᠪᠠ ᠴᠢᠨᠠᠷ ᠴᠢᠨᠰᠠᠭ᠎ᠠ ᠵᠢᠨ ᠲᠦᠯᠦᠪᠵᠢᠭᠦᠯᠭᠡ ᠵᠢ ᠣᠶᠠᠯᠳᠣᠭᠤᠯᠣᠭᠰᠠᠨ ᠬᠠᠮᠢᠶᠠᠷᠦᠯᠲᠠ ᠵᠢᠨ ᠠᠷᠭ᠎ᠠ ᠪᠣᠳᠣᠯᠭ᠎ᠠ ᠵᠢ ᠲᠣᠭᠲᠠᠭ᠋ᠠᠭᠰᠠᠨ ᠪᠦᠭᠡᠳ 《ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢᠨ ᠬᠠᠮᠢᠶᠠᠷᠦᠯᠲᠠ ᠵᠢᠨ ᠪᠠᠶ᠋ᠢᠯᠳᠦᠬᠤ ᠪᠣᠳᠣᠯᠭ᠎ᠠ ᠪᠠ ᠬᠠᠷᠠᠯᠲᠠ ᠵᠢ ᠲᠣᠭᠲᠠᠭ᠋ᠠᠵᠦ᠂ ᠠᠵᠢᠯᠳᠡᠨ᠎ᠤ ᠲᠠᠯᠳᠠ ᠬᠦᠴᠦᠨ᠎ᠤ ᠴᠢᠨᠠᠷ ᠴᠢᠨᠰᠠᠭ᠎ᠠ᠂ ᠰᠣᠷᠭ᠋ᠠᠨ ᠬᠦᠮᠦᠵᠢᠯ᠎ᠤᠨ ᠠᠭᠤᠯᠭ᠎ᠠ ᠵᠢᠨ ᠴᠢᠨᠠᠷ ᠴᠢᠨᠰᠠᠭ᠎ᠠ᠂ ᠰᠣᠷᠭ᠋ᠠᠨ ᠬᠦᠮᠦᠵᠢᠯ᠎ᠤᠨ ᠶᠠᠪᠣᠴᠠ ᠵᠢᠨ ᠰᠣᠷᠠᠭ ᠵᠠᠩᠭᠢ ᠵᠢᠨ ᠠᠷᠭ᠎ᠠ ᠵᠢᠨ ᠪᠠᠳᠣᠯᠠᠭ᠎ᠠ᠂ ᠴᠢᠨᠠᠷ ᠴᠢᠨᠰᠠᠭ᠎ᠠ ᠵᠢᠨ ᠦᠨᠡᠯᠡᠯᠲᠡ》᠎ᠪᠠᠷ ᠲᠠᠮᠵᠢᠭᠤᠯᠣᠨ ᠰᠣᠷᠭ᠋ᠠᠨ ᠬᠦᠮᠦᠵᠢᠯ ᠵᠢᠭ᠋ᠠᠨ ᠰᠣᠷᠭ᠋ᠠᠯᠲᠠ ᠵᠢᠨ ᠠᠵᠢᠯᠯᠠᠭ᠎ᠠ ᠬᠠᠩᠭ᠋ᠠᠬᠤ᠂ ᠴᠠᠭ ᠲᠣᠬᠠᠢᠳᠤᠨᠢ ᠬᠠᠷᠢᠭᠤ ᠲᠣᠰᠬᠠᠬᠤ ᠮᠡᠳᠡᠭᠡ ᠵᠠᠩᠭᠢ ᠵᠡᠷᠭᠡ ᠠᠷᠭ᠎ᠠ ᠬᠡᠮᠵᠢᠶ᠎ᠡ ᠵᠢ ᠬᠡᠷᠡᠭᠯᠡᠨ᠂ ᠲᠡᠭᠦᠨ᠎ᠤ ᠴᠢᠨᠠᠷ ᠴᠢᠨᠰᠠᠭ᠎ᠠ ᠵᠢᠨ ᠬᠠᠮᠢᠶᠠᠷᠦᠯᠲᠠ ᠵᠢ ᠴᠢᠨᠠᠷ ᠴᠢᠨᠰᠠᠭ᠎ᠠ ᠵᠢᠨ ᠪᠠᠳᠣᠯᠠᠭ᠎ᠠ ᠵᠢᠨ ᠠ᠋ᠩ᠎ᠤᠨ ᠲᠦᠷᠢᠮ᠎ᠤᠨ ᠬᠡᠯᠪᠡᠷᠢ ᠪᠣᠯᠭ᠋ᠠᠪᠠ᠃ ᠠ᠋ᠭᠦᠨ᠎ᠠᠴᠠ ᠦᠵᠡᠪᠡᠯ᠂ ᠣᠷᠣᠰ᠎ᠤᠨ ᠳᠡᠭᠡᠳᠦ ᠰᠣᠷᠭ᠋ᠠᠭᠤᠯᠢ ᠵᠢᠨ ᠳᠣᠳᠣᠭ᠋ᠠᠳᠦ ᠵᠢᠨ ᠴᠢᠨᠠᠷ ᠴᠢᠨᠰᠠᠭ᠎ᠠ ᠵᠢᠨ ᠬᠠᠮᠢᠶᠠᠷᠦᠯᠲᠠ ᠵᠢᠨ ᠰᠢᠰᠲᠸᠮ᠎ᠨᠢ ᠴᠢᠳᠠᠪᠦᠷᠢᠲᠡᠨ᠎ᠢ ᠬᠦᠮᠦᠵᠢᠭᠦᠯᠬᠦ ᠬᠠᠷᠠᠯᠲᠠ᠂ ᠰᠣᠷᠭ᠋ᠠᠨ ᠬᠦᠮᠦᠵᠢᠯ ᠵᠢᠭ᠋ᠠᠨ ᠰᠣᠷᠭ᠋ᠠᠯᠲᠠ ᠵᠢᠨ ᠶᠠᠪᠣᠴᠠ᠎ᠠᠴᠠ ᠰᠣᠷᠭ᠋ᠠᠨ ᠬᠦᠮᠦᠵᠢᠯ᠎ᠤᠨ ᠦᠷ᠎ᠡ ᠳ᠋ᠦᠩ ᠬᠦᠷᠲᠡᠯᠡᠬᠢ ᠪᠦᠬᠦ ᠲᠠᠯ᠎ᠠ ᠵᠢᠨ ᠴᠢᠨᠠᠷ ᠴᠢᠨᠰᠠᠭ᠎ᠠ ᠵᠢᠨ ᠬᠢᠨᠠᠨ ᠬᠡᠮᠵᠢᠯᠲᠡ ᠵᠢ ᠴᠢᠬᠤᠯᠠᠴᠢᠯᠠᠨ ᠦᠷᠨᠢᠭᠦᠯᠵᠦ᠂ ᠳᠡᠭᠡᠳᠦ ᠰᠣᠷᠭ᠋ᠠᠭᠤᠯᠢ ᠵᠢᠨ ᠰᠣᠷᠭ᠋ᠠᠨ ᠬᠦᠮᠦᠵᠢᠯ ᠵᠢᠭ᠋ᠠᠨ ᠰᠣᠷᠭ᠋ᠠᠯᠲᠠ ᠵᠢᠨ ᠠᠵᠢᠯᠯᠠᠭ᠎ᠠ᠎ᠨᠢ ᠣᠷᠣᠰ᠎ᠤᠨ ᠨᠡᠶ᠋ᠢᠭᠡᠮ ᠪᠠ ᠣᠯᠣᠰ᠎ᠤᠨ ᠬᠡᠷᠡᠭᠴᠡᠭᠡ ᠵᠢ ᠨᠡᠩ ᠰᠠᠶ᠋ᠢᠨ ᠬᠠᠩᠭ᠋ᠠᠬᠤ ᠬᠡᠷᠡᠭᠲᠡᠢ᠃
3. ᠵᠢᠭ᠋ᠠᠨ ᠰᠣᠷᠭ᠋ᠠᠯᠲᠠ ᠵᠢᠨ ᠴᠢᠨᠠᠷ ᠴᠢᠨᠰᠠᠭ᠎ᠠ ᠬᠢᠭᠡᠳ ᠰᠣᠷᠣᠭᠴᠢ ᠵᠢᠨ ᠰᠣᠷᠣᠯᠭ᠎ᠠ ᠵᠢᠨ ᠬᠢᠷᠢ ᠪᠦᠳᠦᠮᠵᠢ ᠵᠢᠨ ᠦᠨᠡᠯᠡᠯᠲᠡ ᠵᠢ ᠴᠢᠩᠭ᠋ᠠᠷᠠᠭᠤᠯᠤᠭᠰᠠᠨ
ᠳᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢ ᠲᠡᠭᠡᠭᠰᠢᠯᠡᠭᠦᠯᠬᠦ ᠵᠢᠨ ᠵᠠᠩᠭᠢᠯᠠᠭ᠎ᠠ᠎ᠨᠢ ᠭᠤᠣᠯᠳᠠᠭᠤ ᠳᠡᠭᠡᠳᠦ ᠰᠣᠷᠭ᠋ᠠᠭᠤᠯᠢ ᠵᠢᠨ ᠳᠣᠳᠣᠭ᠋ᠠᠳᠦ ᠵᠢᠨ ᠴᠢᠨᠠᠷ ᠴᠢᠨᠰᠠᠭ᠎ᠠ ᠵᠢᠨ ᠪᠠᠲᠣᠯᠠᠭ᠎ᠠ ᠵᠢᠨ ᠠᠵᠢᠯᠯᠠᠭ᠎ᠠ ᠵᠢ ᠦᠷᠨᠢᠭᠦᠯᠬᠦ᠎ᠳᠤ ᠪᠣᠢ᠂ ᠲᠡᠷᠡ᠎ᠨᠢ ᠳᠡᠭᠡᠳᠦ ᠰᠣᠷᠭ᠋ᠠᠭᠤᠯᠢ ᠵᠢᠨ ᠵᠢᠭ᠋ᠠᠨ ᠰᠣᠷᠭ᠋ᠠᠯᠲᠠ ᠵᠢᠨ ᠴᠢᠨᠠᠷ ᠴᠢᠨᠰᠠᠭ᠎ᠠ᠂ ᠰᠣᠷᠣᠭᠴᠢ ᠵᠢᠨ ᠰᠣᠷᠣᠯᠭ᠎ᠠ ᠵᠢᠨ ᠬᠢᠷᠢ ᠪᠦᠳᠦᠮᠵᠢ ᠵᠡᠷᠭᠡ᠎ᠲᠠᠢ ᠨᠢᠭᠲᠠ ᠬᠤᠯᠪᠣᠭᠳᠠᠵᠤ ᠪᠠᠶ᠋ᠢᠳᠠᠭ᠃ ᠣᠷᠣᠰ᠎ᠤᠨ ᠳᠡᠭᠡᠳᠦ ᠰᠣᠷᠭ᠋ᠠᠭᠤᠯᠢ ᠲᠡᠭᠦᠰᠬᠦ ᠰᠣᠷᠣᠭᠴᠢᠳ᠎ᠢ ᠬᠦᠮᠦᠵᠢᠭᠦᠯᠬᠦ ᠴᠢᠨᠠᠷ ᠴᠢᠨᠰᠠᠭ᠎ᠠ ᠵᠢ ᠠᠩᠬᠠᠷᠬᠤ᠎ᠪᠠᠷ ᠪᠠᠷᠠᠭ᠍ᠣ ᠦᠭᠡᠢ᠂ ᠵᠢᠭ᠋ᠠᠨ ᠰᠣᠷᠭ᠋ᠠᠯᠲᠠ ᠵᠢᠨ ᠴᠢᠨᠠᠷ ᠴᠢᠨᠰᠠᠭ᠎ᠠ ᠵᠢᠨ ᠪᠠᠲᠣᠯᠠᠭ᠎ᠠ ᠵᠢ ᠨᠡᠩ ᠢᠯᠡᠭᠦᠦ ᠠᠩᠬᠠᠷᠣᠨ᠎ᠠ᠃ ᠣᠷᠣᠰ᠎ᠤᠨ ᠦᠨᠳᠦᠰᠦᠲᠡᠨ᠎ᠤ ᠠᠷᠠᠯᠵᠢᠶᠠᠨ᠎ᠤ ᠳᠡᠭᠡᠳᠦ ᠰᠣᠷᠭ᠋ᠠᠭᠤᠯᠢ᠎ᠪᠠᠷ ᠵᠢᠱ᠌ᠢᠶᠡᠯᠡᠪᠡᠯ᠂ ᠲᠣᠰ ᠰᠣᠷᠭ᠋ᠠᠭᠤᠯᠢ᠎ᠨᠢ ᠵᠢᠭ᠋ᠠᠨ ᠰᠣᠷᠭ᠋ᠠᠯᠲᠠ ᠵᠢᠨ ᠴᠢᠨᠠᠷ ᠴᠢᠨᠰᠠᠭ᠎ᠠ ᠵᠢ ᠬᠡᠮᠵᠢᠬᠦ ᠭᠦᠢ᠍ᠴᠡᠳᠭᠡᠯ ᠲᠣᠭ᠋ᠠᠨ᠎ᠳᠤ ᠭᠤᠣᠯᠳᠠᠭᠤ ᠵᠢᠭ᠋ᠠᠨ ᠰᠣᠷᠭ᠋ᠠᠬᠤ ᠶᠠᠪᠣᠴᠠ ᠵᠢᠨ ᠲᠠᠯᠳᠠ ᠬᠦᠴᠦᠨ ᠪᠠ ᠵᠢᠭ᠋ᠠᠨ ᠰᠣᠷᠭ᠋ᠠᠬᠤ ᠶᠠᠪᠣᠴᠠ᠎ᠳᠤ ᠣᠷᠣᠯᠴᠠᠭᠰᠠᠳ᠎ᠤᠨ ᠢᠳᠡᠪᠬᠢᠵᠢᠯ ᠭᠡᠬᠦ ᠬᠤᠶᠠᠷ ᠲᠠᠯ᠎ᠠ ᠵᠢ ᠪᠠᠭᠲᠠᠭ᠋ᠠᠳᠠᠭ᠃ ᠠ᠋ᠭᠦᠨ᠎ᠳᠤ ᠵᠢᠭ᠋ᠠᠨ ᠰᠣᠷᠭ᠋ᠠᠬᠤ ᠶᠠᠪᠣᠴᠠ ᠵᠢᠨ ᠲᠠᠯᠳᠠ ᠬᠦᠴᠦᠨ᠎ᠤ ᠭᠦᠢ᠍ᠴᠡᠳᠭᠡᠯ ᠲᠣᠭ᠋ᠠᠨ᠎ᠳᠤ ᠪᠠᠭᠰᠢ ᠵᠢᠨ ᠲᠠᠯᠳᠠ ᠬᠦᠴᠦᠨ᠂ ᠰᠣᠷᠣᠭᠴᠢᠳ᠎ᠤᠨ ᠳᠠᠯᠳᠠ ᠬᠦᠴᠦᠨ᠂ ᠮᠡᠳᠡᠭᠡ ᠵᠠᠩᠭᠢ ᠵᠢᠨ ᠠᠷᠭ᠎ᠠ ᠵᠢᠨ ᠳᠠᠯᠳᠠ ᠬᠦᠴᠦᠨ᠂ ᠵᠠᠷᠣᠳᠠᠯ᠎ᠤᠨ ᠪᠠᠶ᠋ᠢᠳᠠᠯ ᠵᠡᠷᠭᠡ ᠪᠠᠭᠲᠠᠨ᠎ᠠ; ᠵᠢᠭ᠋ᠠᠨ ᠰᠣᠷᠭ᠋ᠠᠯᠲᠠ ᠵᠢᠨ ᠶᠠᠪᠣᠴᠠ᠎ᠳᠤ ᠣᠷᠣᠯᠴᠠᠭᠴᠢ ᠵᠢᠨ ᠢᠳᠡᠪᠬᠢᠵᠢᠯ᠎ᠤᠨ ᠭᠦᠢ᠍ᠴᠡᠳᠭᠡᠯ ᠲᠣᠭ᠋ᠠᠨ᠎ᠳᠤ ᠴᠢᠨᠠᠷ ᠴᠢᠨᠰᠠᠭ᠎ᠠ ᠵᠢᠨ ᠬᠠᠮᠢᠶᠠᠷᠦᠯᠲᠠ ᠵᠢᠨ ᠪᠠᠶ᠋ᠢᠭᠤᠯᠣᠮᠵᠢ ᠵᠢᠨ ᠢᠳᠡᠪᠬᠢᠵᠢᠯ᠂ ᠪᠠᠭᠰᠢ ᠵᠢᠨ ᠢᠳᠡᠪᠬᠢᠵᠢᠯ᠂ ᠰᠣᠷᠣᠭᠴᠢ ᠵᠢᠨ ᠢᠳᠡᠪᠬᠢᠵᠢᠯ ᠪᠠᠭᠲᠠᠨ᠎ᠠ᠃
ᠭᠤᠷᠪᠠ᠂ ᠣᠷᠣᠰ᠎ᠤᠨ ᠳᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ
ᠴᠢᠨᠠᠷ ᠴᠢᠨᠰᠠᠭ᠎ᠠ ᠵᠢᠨ ᠪᠠᠲᠣᠯᠠᠭ᠎ᠠ ᠵᠢᠨ ᠰᠢᠰᠲᠸᠮ᠎ᠤᠨ ᠣᠨᠴᠠᠯᠢᠭ
ᠣᠷᠣᠰ᠎ᠤᠨ ᠳᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢᠨ ᠪᠠᠲᠣᠯᠠᠭ᠎ᠠ ᠵᠢᠨ ᠰᠢᠰᠲᠸᠮ᠎ᠤᠨ ᠣᠨᠴᠠᠯᠢᠭ᠎ᠨᠢ ᠬᠤᠯᠪᠣᠭ᠋ᠠᠨ᠎ᠤ ᠵᠠᠰᠠᠭ᠎ᠤᠨ ᠣᠷᠳᠣᠨ ᠵᠶ᠋ᠠᠷ ᠣᠳᠣᠷᠢᠳᠣᠮᠵᠢ ᠪᠣᠯᠭ᠋ᠠᠵᠦ᠂ 《ᠳᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠣᠯᠣᠰ᠎ᠤᠨ ᠰᠣᠷᠭ᠋ᠠᠨ ᠬᠦᠮᠦᠵᠢᠯ᠎ᠤᠨ ᠪᠠᠷᠢᠮᠵᠢᠶ᠎ᠡ》᠎ᠪᠠᠷ ᠲᠦᠰᠢᠭ ᠪᠠ ᠬᠠᠣᠯᠢ ᠵᠢᠨ ᠦᠨᠳᠦᠰᠦ ᠪᠠᠷᠢᠮᠲᠠ ᠪᠣᠯᠭ᠋ᠠᠨ᠂ ᠭᠠᠳᠠᠭ᠋ᠠᠳᠦ ᠴᠢᠨᠠᠷ ᠴᠢᠨᠨᠰᠠᠭᠠ ᠪᠠ ᠳᠣᠳᠣᠭ᠋ᠠᠳᠦ ᠴᠢᠨᠠᠷ ᠴᠢᠨᠰᠠᠭ᠎ᠠ ᠵᠢᠨ ᠪᠠᠳᠣᠯᠠᠭ᠎ᠠ ᠵᠢ ᠵᠡᠷᠭᠡ᠎ᠪᠠᠷ ᠴᠢᠬᠤᠯᠠᠴᠢᠯᠠᠵᠦ᠂ ᠵᠠᠬ᠎ᠠ ᠳᠡᠯᠭᠡᠭᠦᠷ᠂ ᠦᠨᠳᠦᠷ ᠪᠦᠲᠦᠮᠵᠢᠲᠡᠢ ᠪᠠ ᠵᠠᠰᠠᠭ᠎ᠤᠨ ᠣᠷᠳᠣᠨ᠎ᠤ ᠬᠠᠮᠲᠣᠷᠠᠨ ᠬᠦᠳᠡᠯᠦᠯᠴᠡᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠵᠦ᠂ ᠳᠡᠭᠡᠳᠦ ᠰᠣᠷᠭ᠋ᠠᠭᠤᠯᠢ ᠵᠢᠨ ᠶᠡᠷᠦᠩᠬᠡᠶ᠋ᠢᠯᠡᠭᠰᠡᠨ ᠦᠨᠡᠯᠡᠯᠲᠡ ᠵᠢᠨ ᠣᠨᠴᠠᠯᠢᠭ᠎ᠢ ᠲᠣᠪᠣᠶ᠋ᠢᠯᠭ᠋ᠠᠨᠠ᠃
1. ᠵᠠᠰᠠᠭ᠎ᠤᠨ ᠣᠷᠳᠣᠨ ᠵᠶ᠋ᠠᠷ ᠭᠤᠣᠯᠯᠠᠭᠤᠯᠵᠦ᠂ ᠬᠠᠣᠯᠢ ᠲᠦᠷᠢᠮᠵᠢᠭᠦᠯᠬᠦ ᠪᠠ ᠪᠠᠷᠢᠮᠵᠢᠶᠠᠵᠢᠭᠤᠯᠬᠤ
ᠣᠷᠣᠰ᠎ᠤᠨ ᠳᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢᠨ ᠪᠠᠲᠣᠯᠠᠭ᠎ᠠ ᠵᠢᠨ ᠠᠵᠢᠯᠯᠠᠭ᠋ᠠᠨ᠎ᠤ ᠪᠦᠬᠦᠶ᠋ᠢᠯᠡ ᠶᠠᠪᠣᠴᠠ᠎ᠨᠢ ᠪᠦᠷ ᠬᠤᠯᠪᠣᠭ᠋ᠠᠨ᠎ᠤ ᠵᠠᠰᠠᠭ᠎ᠤᠨ ᠣᠷᠳᠣᠨ᠎ᠤ ᠭᠤᠣᠯᠯᠠᠭ᠍ᠣ ᠦᠢ᠍ᠯᠡᠳᠦᠯ᠎ᠢ ᠢᠯᠡᠷᠡᠭᠦᠯᠵᠡᠢ᠃ ᠲᠠᠷᠦᠢ ᠬᠠᠣᠯᠢ ᠴᠠᠭ᠋ᠠᠵᠠ ᠵᠢᠨ ᠪᠢᠴᠢᠭ ᠨᠡᠶ᠋ᠢᠲᠡᠯᠡᠬᠦ ᠠᠷᠭ᠎ᠠ ᠮᠠᠶᠢᠭ ᠵᠶ᠋ᠠᠷ ᠬᠤᠷᠸ᠎ᠠ ᠲᠣᠬᠢᠷᠠᠭᠤᠯᠭ᠎ᠠ ᠡᠵᠡᠮᠳᠡᠯ ᠬᠢᠵᠦ᠂ ᠨᠢᠭᠡᠨᠲᠡ ᠨᠢᠭᠡ ᠵᠦᠢ᠍ᠯ᠎ᠤᠨ ᠬᠠᠣᠯᠢ ᠲᠦᠷᠢᠮᠵᠢᠭᠦᠯᠬᠦ ᠪᠠ ᠪᠠᠷᠢᠮᠵᠢᠶᠠᠵᠢᠭᠤᠯᠬᠤ ᠠᠵᠢᠯᠯᠠᠭ᠎ᠠ ᠪᠣᠯᠵᠦ ᠬᠦᠭᠵᠢᠨ᠂ ᠲᠡᠭᠦᠨ᠎ᠤ ᠳᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢᠨ ᠪᠠᠳᠣᠯᠠᠭ᠎ᠠ ᠵᠢᠨ ᠪᠠᠷᠢᠮᠵᠢᠶ᠎ᠠ ᠵᠢ 《ᠣᠷᠣᠰ᠎ᠤᠨ ᠳᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠣᠯᠣᠰ᠎ᠤᠨ ᠰᠣᠷᠭ᠋ᠠᠨ ᠬᠦᠮᠦᠵᠢᠯ᠎ᠤᠨ ᠪᠠᠷᠢᠮᠵᠢᠶ᠎ᠡ》 《ᠣᠷᠣᠰ᠎ᠤᠨ ᠬᠤᠯᠪᠣᠭ᠋ᠠᠨ᠎ᠤ ᠰᠣᠷᠭ᠋ᠠᠨ ᠬᠦᠮᠦᠵᠢᠯ᠎ᠤᠨ ᠬᠠᠣᠯᠢ》 《ᠣᠷᠣᠰ᠎ᠤᠨ ᠬᠤᠯᠪᠣᠭ᠋ᠠᠨ᠎ᠤ ᠳᠡᠭᠡᠳᠦ ᠵᠡᠷᠭᠡ ᠵᠢᠨ ᠶᠡᠭᠡ ᠰᠣᠷᠭ᠋ᠠᠭᠤᠯᠢ ᠵᠢᠨ ᠲᠠᠷᠠᠭ᠋ᠠᠬᠢ ᠠᠵᠢᠯ ᠮᠡᠷᠭᠡᠵᠢᠯ᠎ᠤᠨ ᠰᠣᠷᠭ᠋ᠠᠨ ᠬᠦᠮᠦᠵᠢᠯ᠎ᠤᠨ ᠬᠠᠣᠯᠢ》 ᠵᠡᠷᠭᠡ ᠠᠯᠢ ᠣᠯᠠᠨ ᠬᠠᠣᠯᠢ ᠲᠣᠭᠲᠠᠭ᠋ᠠᠯ᠎ᠤᠨ ᠪᠢᠴᠢᠭ ᠮᠠᠲᠸᠷᠢᠶᠠᠯ᠎ᠳᠤ ᠨᠢᠭᠡᠨᠲᠡ ᠲᠣᠲᠣᠷᠬᠠᠢ ᠲᠣᠭᠲᠠᠭ᠋ᠠᠯ ᠭᠠᠷᠭ᠋ᠠᠪᠠ᠃ ᠲᠡᠭᠦᠨ᠎ᠤ ᠪᠠᠲᠦ ᠪᠠᠬᠢ ᠬᠠᠣᠯᠢ ᠴᠠᠭ᠋ᠠᠵᠠ ᠵᠢᠨ ᠰᠠᠭᠤᠷᠢᠨ᠎ᠢ ᠣᠷᠣᠰ᠎ᠤᠨ ᠳᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢᠨ ᠪᠠᠲᠣᠯᠠᠭ᠎ᠠ ᠵᠢᠨ ᠰᠢᠰᠲᠸᠮ᠎ᠤᠨ ᠬᠦᠭᠵᠢᠯᠲᠡ᠎ᠳᠤ ᠬᠦᠴᠦᠲᠡᠢ ᠲᠦᠰᠢᠭ ᠲᠣᠯᠭ᠋ᠠᠭᠤᠷᠢ ᠬᠠᠩᠭ᠋ᠠᠵᠦ᠂ ᠳᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢᠨ ᠪᠠᠲᠣᠯᠠᠭ᠎ᠠ ᠵᠢᠨ ᠰᠢᠰᠲᠸᠮ᠎ᠤᠨ ᠠᠵᠢᠯᠯᠠᠭ᠎ᠠ ᠵᠢ ᠨᠡᠩ ᠲᠦᠷᠢᠮᠵᠢᠭᠰᠡᠨ ᠪᠠ ᠠ᠋ᠷᠬᠡ ᠰᠦᠷᠲᠦ ᠴᠢᠨᠠᠷᠲᠠᠢ ᠲᠦᠷᠢᠮ᠎ᠤᠨ ᠣᠷᠴᠢᠨ ᠲᠣᠭᠤᠷᠢᠨ᠎ᠳᠤ ᠣᠷᠣᠭᠤᠯᠵᠠᠢ᠃
2. ᠳᠣᠲᠣᠭ᠋ᠠᠳᠣ ᠭᠠᠳᠠᠭ᠋ᠠᠳᠦ ᠵᠢᠨ ᠴᠢᠨᠠᠷ ᠴᠢᠨᠰᠠᠭ᠎ᠠ ᠵᠢ ᠬᠠᠮᠲᠦ᠎ᠳᠤᠨᠢ ᠬᠠᠷᠠᠭ᠋ᠠᠯᠵᠠᠭᠰᠠᠨ
ᠵᠦᠪᠯᠡᠯᠲᠦ ᠬᠤᠯᠪᠣᠭ᠋ᠠᠳᠦ ᠣᠯᠣᠰ ᠵᠠᠳᠠᠷᠠᠭᠰᠠᠨᠤ ᠲᠠᠷᠠᠭ᠎ᠠ᠂ ᠳᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢᠨ ᠲᠣᠭᠲᠠᠭᠤᠨ ᠵᠶ᠋ᠠᠷ ᠲᠡᠭᠡᠭᠰᠢᠯᠡᠬᠦ ᠵᠢ ᠦᠨᠡᠨ ᠬᠦ᠌ ᠪᠠᠳᠣᠯᠠᠭ᠍ᠣ ᠵᠢᠨ ᠲᠦᠯᠦᠭᠡ ᠣᠷᠣᠰ᠎ᠠᠴᠠ ᠳᠡᠭᠡᠳᠦ ᠰᠣᠷᠭ᠋ᠠᠭᠤᠯᠢ ᠵᠢᠨ ᠳᠣᠲᠣᠭ᠋ᠠᠳᠦ ᠴᠢᠨᠠᠷ ᠴᠢᠨᠰᠠᠭ᠎ᠠ ᠵᠢᠨ ᠪᠠᠲᠣᠯᠠᠭ᠎ᠠ ᠵᠢ ᠴᠢᠬᠤᠯᠠᠴᠢᠯᠠᠭᠰᠠᠨ᠎ᠤ ᠰᠠᠭᠤᠷᠢᠨ ᠲᠡᠭᠡᠷ᠎ᠡ᠂ ᠢᠯᠠᠩᠭᠤᠶ᠎ᠠ ᠳᠡᠭᠡᠳᠦ ᠰᠣᠷᠭ᠋ᠠᠭᠤᠯᠢ ᠵᠢᠨ ᠭᠠᠳᠠᠭ᠋ᠠᠳᠦ ᠴᠢᠨᠠᠷ ᠴᠢᠨᠰᠠᠭ᠎ᠠ ᠵᠢᠨ ᠪᠠᠲᠣᠯᠠᠭ᠎ᠠ ᠵᠢ ᠴᠢᠬᠤᠯᠠᠴᠢᠯᠠᠭ᠍ᠣ ᠵᠢᠨ ᠬᠠᠮᠲᠦ ᠳᠡᠭᠡᠳᠦ ᠰᠣᠷᠭ᠋ᠠᠭᠤᠯᠢ ᠵᠢᠨ ᠶᠡᠷᠦᠩᠬᠡᠶ᠋ᠢᠯᠡᠭᠰᠡᠨ ᠦᠨᠡᠯᠡᠨ ᠵᠢᠱ᠌ᠢᠬᠦ ᠰᠢᠨ᠎ᠡ ᠵᠠᠭᠪᠣᠷᠢ ᠲᠣᠷᠰᠢᠨ ᠬᠡᠷᠡᠭᠵᠢᠭᠦᠯᠵᠦ᠂ ᠳᠡᠭᠡᠳᠦ ᠰᠣᠷᠭ᠋ᠠᠭᠤᠯᠢ ᠵᠢᠨ ᠬᠦᠭᠵᠢᠯᠲᠡ ᠵᠢᠨ ᠬᠢᠨᠡᠨ ᠡᠵᠡᠮᠳᠡᠬᠦ ᠰᠢᠰᠲᠸᠮ᠎ᠢ ᠪᠠᠶ᠋ᠢᠭᠤᠯᠵᠦ᠂ ᠳᠡᠭᠡᠳᠦ ᠰᠣᠷᠭ᠋ᠠᠭᠤᠯᠢ ᠵᠢᠨ ᠨᠡᠷᠡᠰ᠎ᠤᠨ ᠵᠢᠭᠰᠠᠭ᠋ᠠᠯᠲᠠ ᠵᠢ ᠲᠦᠷᠢᠮᠵᠢᠭᠦᠯᠵᠡᠢ᠃ ᠠ᠋ᠶ᠋ᠢᠮᠦᠷᠬᠦᠦ ᠳᠡᠭᠡᠳᠦ ᠰᠣᠷᠭ᠋ᠠᠭᠤᠯᠢ ᠵᠢᠨ ᠳᠣᠳᠣᠭ᠋ᠠᠳᠦ ᠭᠠᠳᠠᠭ᠋ᠠᠳᠦ ᠴᠢᠨᠠᠷ ᠴᠢᠨᠰᠠᠭ᠎ᠠ ᠵᠢ ᠬᠠᠮᠳᠣ᠎ᠳᠤᠨᠢ ᠬᠠᠷᠠᠭ᠋ᠠᠯᠵᠠᠭ᠍ᠣ ᠪᠠᠲᠣᠯᠠᠭ᠎ᠠ ᠵᠢᠨ ᠲᠣᠭᠲᠠᠴᠠ᠎ᠨᠢ ᠣᠳᠣᠬᠠᠨ᠎ᠤ ᠨᠡᠶ᠋ᠢᠭᠡᠮ᠎ᠤᠨ ᠬᠦᠭᠵᠢᠯᠲᠡ᠂ ᠣᠷᠣᠰ᠎ᠤᠨ ᠳᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢᠨ ᠬᠡᠷᠡᠭᠴᠡᠭᠡ᠎ᠳᠤ ᠨᠡᠩ ᠢᠯᠡᠭᠦᠦ ᠨᠡᠶ᠋ᠢᠴᠡᠵᠦ᠂ ᠣᠷᠣᠰ᠎ᠤᠨ ᠳᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢ ᠦᠷᠭᠦᠯᠵᠢᠯᠡᠨ ᠲᠡᠭᠡᠭᠰᠢᠯᠡᠭᠦᠯᠬᠦ᠎ᠳᠤ ᠴᠢᠬᠤᠯᠠ ᠪᠠᠲᠣᠯᠠᠭ᠎ᠠ ᠵᠢᠨ ᠦᠢ᠍ᠯᠡᠳᠦᠯ᠎ᠢ ᠦᠵᠡᠭᠦᠯᠵᠤ ᠪᠠᠢ᠍ᠢ᠍ᠳᠠᠬ ᠰᠠᠨ᠃
3. ᠵᠠᠰᠠᠭ᠎ᠤᠨ ᠣᠷᠳᠣᠨ᠂ ᠵᠠᠬ᠎ᠠ ᠳᠡᠯᠭᠡᠭᠦᠷ ᠬᠢᠭᠡᠳ ᠳᠡᠭᠡᠳᠦ ᠰᠣᠷᠭ᠋ᠠᠭᠤᠯᠢ ᠵᠢᠨ ᠬᠠᠮᠲᠣᠷᠠᠨ ᠬᠦᠳᠡᠯᠦᠯᠴᠡᠬᠦ ᠦᠢ᠍ᠯᠡᠳᠦᠯ᠎ᠢ ᠭᠦᠢ᠍ᠴᠡᠳ ᠪᠠᠳᠠᠷᠠᠭᠤᠯᠣᠭᠰᠠᠨ
ᠳᠡᠭᠡᠳᠦ ᠵᠡᠷᠭᠡ ᠵᠢᠨ ᠰᠣᠷᠭ᠋ᠠᠨ ᠬᠦᠮᠦᠵᠢᠯ᠎ᠤᠨ ᠴᠢᠨᠠᠷ ᠴᠢᠨᠰᠠᠭ᠎ᠠ ᠵᠢ ᠪᠠᠲᠣᠯᠠᠭ᠍ᠣ ᠠᠵᠢᠯᠯᠠᠭ᠎ᠠ ᠲᠣᠮᠳᠠ᠂ ᠣᠷᠣᠰ᠎ᠠᠴᠠ ᠵᠠᠰᠠᠭ᠎ᠤᠨ ᠣᠷᠳᠣᠨ᠂ ᠳᠡᠭᠡᠳᠦ ᠰᠣᠷᠭ᠋ᠠᠭᠤᠯᠢ ᠬᠢᠭᠡᠳ ᠵᠠᠬ᠎ᠠ ᠳᠡᠯᠭᠡᠭᠦᠷ᠎ᠤᠨ ᠬᠤᠭᠤᠷᠣᠨᠳᠣᠬᠢ ᠬᠠᠮᠵᠢᠯᠴᠠᠭ᠍ᠣ ᠦᠢ᠍ᠯᠡᠳᠦᠯ᠎ᠢ ᠮᠠᠰᠢ ᠴᠢᠬᠤᠯᠠᠴᠢᠯᠠᠳᠠᠭ᠃
4. ᠳᠡᠭᠡᠳᠦ ᠰᠣᠷᠭ᠋ᠠᠭᠤᠯᠢ ᠵᠢᠨ ᠶᠡᠷᠦᠩᠬᠡᠶ᠋ᠢᠯᠡᠭᠰᠡᠨ ᠦᠨᠡᠯᠡᠯᠲᠡ ᠵᠢᠨ ᠣᠨᠴᠠᠯᠢᠭ᠎ᠢ ᠳᠣᠪᠣᠶ᠋ᠢᠯᠭ᠋ᠠᠭᠰᠠᠨ
ᠣᠷᠣᠰ᠎ᠤᠨ ᠳᠡᠭᠡᠳᠦ ᠰᠣᠷᠭ᠋ᠠᠭᠤᠯᠢ ᠵᠢᠨ ᠶᠡᠷᠦᠩᠬᠡᠶ᠋ᠢᠯᠡᠨ ᠦᠨᠡᠯᠡᠬᠦ ᠶᠠᠪᠣᠴᠠ᠎ᠠᠴᠠ ᠮᠡᠳᠡᠵᠦ ᠪᠣᠯᠬᠤ᠎ᠨᠢ ᠠ᠋ᠨᠡ ᠪᠣᠯ ᠨᠢᠭᠡ ᠵᠦᠢ᠍ᠯ᠎ᠤᠨ ᠴᠢᠨᠠᠷ ᠴᠢᠨᠰᠠᠭ᠎ᠠ ᠵᠢᠨ ᠦᠨᠡᠯᠡᠯᠲᠡ ᠪᠠ ᠴᠢᠨᠠᠷ ᠴᠢᠨᠰᠠᠭ᠎ᠠ ᠵᠢᠨ ᠭᠡᠷᠡᠴᠢᠯᠡᠯ᠎ᠤᠨ ᠲᠣᠭᠲᠠᠴᠠ ᠵᠢ ᠣᠶᠠᠯᠳᠣᠭᠤᠯᠣᠭᠰᠠᠨ ᠰᠢᠨ᠎ᠡ ᠬᠡᠯᠪᠡᠷᠢ ᠵᠢᠨ ᠦᠨᠡᠯᠡᠯᠲᠡ ᠵᠢᠨ ᠵᠠᠭᠪᠣᠷ ᠮᠦᠨ᠃ ᠬᠤᠯᠪᠣᠭ᠋ᠠᠨ᠎ᠤ ᠵᠠᠰᠠᠭ᠎ᠤᠨ ᠣᠷᠳᠣᠨ᠎ᠠᠴᠠ ᠳᠡᠭᠡᠳᠦ ᠰᠣᠷᠭ᠋ᠠᠭᠤᠯᠢ ᠵᠢᠨ ᠦᠨᠡᠯᠡᠨ ᠵᠢᠱ᠌ᠢᠭᠰᠡᠨ ᠦᠷ᠎ᠡ ᠳ᠋ᠦᠩ᠎ᠢ ᠦᠨᠳᠦᠰᠦᠯᠡᠨ ᠳᠡᠭᠡᠳᠦ ᠰᠣᠷᠭ᠋ᠠᠭᠤᠯᠢ᠎ᠳᠤ ᠠᠵᠢᠯ᠎ᠤᠨ ᠠᠮᠵᠢᠯᠲᠡ ᠪᠦᠳᠦᠮᠵᠢ᠎ᠪᠠᠷ ᠵᠠᠷᠣᠳᠠᠯ ᠣᠯᠭᠤᠬᠤ ᠵᠢ ᠬᠡᠷᠡᠭᠵᠢᠭᠦᠯᠵᠦ᠂ ᠳᠡᠭᠡᠳᠦ ᠰᠣᠷᠭ᠋ᠠᠭᠤᠯᠢ ᠵᠢᠨ ᠣᠯᠣᠰ᠎ᠤᠨ ᠪᠠᠶ᠋ᠢᠷᠢ ᠰᠠᠭᠤᠷᠢ (ᠲᠦᠷᠦᠯ ᠢᠯᠭ᠋ᠠᠯ ᠪᠠ ᠲᠦᠷᠦᠯ ᠬᠡᠯᠪᠡᠷᠢ) ᠵᠢ ᠣᠯᠠᠮ ᠨᠢᠭᠡ ᠠᠯᠬᠤᠮ ᠨᠣᠲᠠᠯᠠᠨ᠎ᠠ᠃ ᠲᠣᠰ ᠦᠨᠡᠯᠡᠨ ᠵᠢᠱ᠌ᠢᠬᠦ ᠵᠠᠭᠪᠣᠷ᠎ᠨᠢ ᠣᠷᠣᠰ᠎ᠤᠨ ᠠᠯᠢᠪᠠ ᠣᠯᠣᠰ᠎ᠤᠨ ᠪᠣᠯᠣᠨ ᠣᠯᠣᠰ᠎ᠤᠨ ᠪᠣᠰᠣ ᠳᠡᠭᠡᠳᠦ ᠰᠣᠷᠭ᠋ᠠᠭᠤᠯᠢ ᠵᠢᠨ ᠬᠤᠭᠤᠷᠣᠨᠳᠣᠬᠢ ᠦᠷᠢᠰᠦᠯᠳᠦᠭᠡᠨ᠎ᠢ ᠣᠷᠮᠠᠰᠢᠭᠤᠯᠵᠦ᠂ ᠣᠷᠣᠰ᠎ᠤᠨ ᠳᠡᠭᠡᠳᠦ ᠰᠣᠷᠭ᠋ᠠᠭᠤᠯᠢ ᠵᠢᠨ ᠪᠦᠬᠦᠯᠢ ᠴᠣᠭᠴᠠ ᠵᠢᠨ ᠪᠣᠳᠠᠳᠦ ᠬᠦᠴᠦᠨ᠎ᠢ ᠳᠡᠭᠡᠭᠰᠢᠯᠡᠭᠦᠯᠬᠦ᠎ᠳᠤ ᠠᠰᠢᠭᠲᠠᠢ ᠪᠤᠯᠵᠠᠢ᠃
《ᠲᠣᠮᠳᠠᠳᠦ ᠣᠯᠣᠰ᠎ᠤᠨ ᠳᠡᠭᠡᠳᠦ ᠵᠡᠷᠭᠡ ᠵᠢᠨ ᠰᠣᠷᠭ᠋ᠠᠨ ᠬᠦᠮᠦᠵᠢᠯ》 ᠰᠡᠳᠭᠦᠯ᠎ᠤᠨ
2016 ᠣᠨ᠎ᠤ 10 ᠳ᠋ᠣᠭ᠋ᠠᠷ ᠬᠤᠭᠤᠴᠠᠭ᠎ᠠ᠎ᠠᠴᠠ ᠬᠠᠰᠭᠡᠷᠡᠯ ᠪᠠᠭᠤᠯᠭ᠋ᠠᠨ ᠣᠷᠴᠢᠭᠤᠯᠪᠠ
ᠬᠠᠶᠢᠬ᠄ ᠦᠪᠦᠷ ᠮᠣᠩᠭᠤᠯ᠎ᠤᠨ ᠦᠪᠡᠷᠲᠡᠭᠡᠨ ᠵᠠᠰᠠᠭ᠍ᠣ ᠣᠷᠣᠨ᠎ᠤ ᠳᠡᠭᠡᠳᠦ ᠰᠣᠷᠭ᠋ᠠᠭᠤᠯᠢ
ᠳᠣᠮᠳᠠᠳᠦ ᠵᠡᠷᠭᠡ ᠵᠢᠨ ᠲᠣᠰᠬᠠᠢ ᠮᠡᠷᠭᠡᠵᠢᠯ᠎ᠤᠨ ᠰᠣᠷᠭ᠋ᠠᠭᠤᠯᠢ ᠵᠢᠨ ᠮᠣᠩᠭᠤᠯ
ᠵᠢᠭ᠋ᠠᠬᠤ ᠮᠠᠲᠸᠷᠢᠶᠡᠯ ᠨᠠᠶ᠋ᠢᠷᠠᠭᠤᠯᠵᠦ ᠬᠢᠨᠠᠭ᠍ᠣ ᠺᠣᠮᠢᠰ᠎ᠤᠨ ᠠᠯᠪᠠᠨ ᠭᠡᠷ
(ᠠᠯᠳᠠᠨᠰᠦᠢ᠍ᠭᠡ ᠨᠠᠢ᠍ᠢ᠍ᠷᠠᠭᠤᠯᠪᠠ)
2020 ᠣᠨ᠎ᠤ 5 ᠳ᠋ᠤᠭ᠋ᠠᠷ ᠬᠤᠭᠤᠴᠠᠭ᠎ᠠ