ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠰᠤᠷᠭᠠᠨ ᠬᠦᠮᠦᠵᠢᠯ᠎ᠤᠨ ᠬᠠᠨᠲᠤᠯᠭ᠎ᠠ
ᠰᠣᠨᠤᠷ᠎ᠤᠨ ᠲᠠᠪᠴᠠᠩ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠤᠷ᠎ᠤᠨ ᠲᠠᠪᠴᠠᠩ   -   ᠰᠣᠨᠣᠷ᠎ᠤᠨ ᠰᠠᠴᠣᠷᠠᠭ
ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠤᠨ ᠤᠷᠢᠬᠠᠨ ᠬᠠᠪᠤᠷ ᠢᠷᠡᠴᠢᠭᠡᠭᠰᠡᠨ ᠭᠡᠵᠢ ᠤᠤ
ᠨᠡᠶ᠋ᠢᠲᠡᠯᠡᠭᠰᠡᠨ ᠴᠠᠭ᠄ 2021-04-28


                                      ᠶᠠᠩ ᠯᠤ᠌


      ᠨᠢᠳᠤᠨᠤᠨ ᠪᠤᠯ ᠠᠷᠪᠠᠨ ᠵᠢᠯ᠎ᠤᠨ ᠲᠤᠷᠰᠢᠬᠢ ᠲᠡᠭᠡᠳᠤ ᠰᠤᠷᠭ᠋ᠠᠭᠤᠯᠢ᠎ᠳᠤ ᠰᠢᠯᠭ᠋ᠠᠭᠤᠯᠤᠭᠰᠠᠳ᠎ᠤᠨ ᠭᠦᠮᠦᠨ᠎ᠤ ᠲᠤᠭ᠎ᠠ ᠠᠨᠭ᠌ᠬ᠎ᠠ ᠤᠳᠠᠭ᠎ᠠ ᠮᠢᠨᠭ᠌ᠭ᠋ᠠᠨ ᠲᠦᠮᠡ ᠵᠢ ᠲᠠᠪᠠᠭᠰᠠᠨ ᠵᠢᠯ ᠪᠤᠯᠤᠨ᠎ᠠ᠃ ᠮᠢᠨᠭ᠌ᠭ᠋ᠠᠨ ᠲᠦᠮᠠᠨ ᠰᠢᠯᠭ᠋ᠠᠭᠤᠯᠤᠭᠰᠠᠳ᠎ᠤᠨ ᠲᠤᠳᠤᠷ᠎ᠠ ᠨᠠᠯᠢᠶᠠᠳ ᠲᠤᠭ᠋ᠠᠨ᠎ᠤ ᠰᠤᠷᠤᠭᠴᠢ ᠲᠡᠭᠡᠳᠤ ᠵᠡᠷᠭᠡ ᠵᠢᠨ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ ᠭᠦᠷᠳᠠᠭᠦ ᠪᠤᠯᠤᠨ᠎ᠠ᠃
      ᠭᠡᠪᠴᠢᠶ᠎ᠠ᠎ᠠᠴᠠ᠎ᠨᠢ ᠦᠵᠠᠪᠠᠯ ᠲᠤᠮᠳᠠᠳᠤ ᠤᠯᠤᠰ ᠪᠤᠯ ᠲᠡᠯᠡᠭᠡᠢ ᠳᠡᠭᠡᠷᠡᠬᠢ ᠬᠠᠮᠤᠭ᠎ᠤᠨ ᠶᠡᠭᠡ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠤᠨ ᠰᠢᠰᠲᠸᠮ᠎ᠲᠠᠢ ᠤᠯᠤᠰ ᠪᠤᠯᠤᠨ᠎ᠠ᠃ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ ᠪᠤᠯ ᠨᠡᠢ᠍ᠢ᠍ᠭᠡᠮ᠎ᠳᠤ ᠠ᠋ᠭᠦᠳᠦᠨ ᠪᠦᠳᠦᠭᠡᠭᠦ ᠦᠷᠳᠡᠭ ᠪᠦᠭᠦᠢ ᠲᠡᠭᠡᠳᠤ ᠭᠡᠪ ᠪᠤᠯᠪᠠᠰᠤᠷᠠᠯ᠎ᠲᠠᠢ ᠭᠦᠳᠠᠯᠮᠤᠷᠢᠴᠢᠨ ᠪᠠ ᠲᠤᠰᠬᠠᠢ ᠮᠠᠷᠭᠡᠵᠢᠯ᠎ᠤᠨ ᠴᠢᠳᠠᠪᠤᠷᠢᠳᠠᠨ᠎ᠢ ᠰᠢᠭᠤᠳ ᠭᠦᠮᠦᠵᠢᠭᠦᠯᠭᠦ ᠰᠤᠷᠭ᠋ᠠᠨ ᠭᠦᠮᠦᠵᠢᠯ ᠪᠤᠯᠤᠨ᠎ᠠ᠃ ᠠᠵᠢᠯ ᠮᠠᠷᠭᠡᠵᠢᠯ᠎ᠤᠨ ᠰᠤᠷᠭ᠋ᠠᠭᠤᠯᠢ᠎ᠠᠴᠠ ᠲᠡᠭᠦᠰᠦᠭᠰᠡᠨ ᠰᠤᠷᠤᠭᠴᠢᠳ ᠲᠤᠮᠳᠠ ᠪᠠᠭ᠎ᠠ ᠠᠵᠤ ᠠᠬᠤᠢ᠍ᠢ᠍ᠯᠠᠯ᠎ᠤᠨ ᠲᠦᠪᠯᠠᠷᠠᠨ ᠭᠦᠭᠵᠢᠭᠦ᠎ᠳᠤ ᠲᠤᠯᠭ᠋ᠠᠭᠤᠷᠢ ᠭᠦᠴᠦᠨ ᠪᠤᠯᠵᠤ ᠤᠷᠤᠨ ᠪᠦᠰᠠ ᠵᠢᠨ ᠠᠵᠢᠯ ᠦᠢ᠍ᠯᠠᠰ᠎ᠢ ᠲᠤᠮᠳᠠ ᠲᠡᠭᠡᠳᠤ ᠲᠠᠰ᠎ᠤᠨ ᠠᠵᠢᠯ ᠦᠢ᠍ᠯᠠᠰ ᠵᠦᠭ ᠠᠬᠢᠭᠤᠯᠬᠤ ᠠᠮᠢᠳᠤ ᠭᠦᠴᠦᠨ ᠴᠡᠷᠢᠭ ᠪᠤᠯᠤᠨ᠎ᠠ᠃
      ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠤᠨ ᠴᠢᠬᠤᠯᠠ ᠴᠢᠨᠠᠷ᠎ᠢ ᠦᠭᠡᠢ᠍ᠢ᠍ᠰᠭᠡᠭᠦ ᠭᠦᠮᠦᠨ ᠪᠠᠷᠤᠬ ᠪᠠᠢ᠍ᠢ᠍ᠬᠤ ᠦᠭᠡᠢ ᠪᠤᠯᠪᠠᠴᠤ ᠪᠤᠳᠠᠳᠤ ᠠᠮᠢᠳᠤᠷᠠᠯ ᠲᠤᠮᠳᠠ ᠭᠦᠮᠦᠰ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠳᠤ ᠭᠡᠯᠪᠡᠢ᠍ᠢ᠍ᠭᠦᠤ ᠦᠵᠠᠯᠳᠠ᠎ᠲᠠᠢ ᠪᠠᠢ᠍ᠢ᠍ᠳᠠᠬ᠃ ᠦᠢ᠍ᠯᠠᠳᠪᠤᠷᠢᠯᠠᠯ ᠵᠢᠭ᠋ᠠᠨ ᠰᠤᠷᠭ᠋ᠠᠯᠳᠠ ᠤᠶᠠᠯᠳᠤᠵᠤ ᠴᠢᠳᠠᠬᠤ ᠦᠭᠡᠢ᠂ ᠠᠵᠢᠯ ᠤᠯᠬᠤ ᠨᠤᠷᠮ᠎ᠠ᠎ᠨᠢ ᠲᠤᠤᠷ᠎ᠠ ᠪᠠᠢ᠍ᠢ᠍ᠳᠠᠬ ᠵᠡᠷᠭᠡ᠎ᠨᠢ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠤᠨ ᠭᠦᠭᠵᠢᠯᠳᠠ ᠵᠢ ᠨᠦᠯᠦᠭᠡᠯᠡᠭᠰᠡᠭᠡᠷ ᠪᠠᠢ᠍ᠢ᠍ᠭ᠎ᠠ ᠭᠦᠴᠢᠷ ᠠᠰᠠᠭᠤᠳᠠᠯ᠎ᠤᠳ ᠪᠤᠯᠤᠨ᠎ᠠ᠃ ᠠ᠋ᠳᠡᠭᠡᠷ ᠠᠰᠠᠭᠤᠳᠠᠯ᠎ᠢ ᠢᠯᠠᠨ ᠲᠠᠪᠠᠶ᠎ᠠ ᠭᠡᠪᠡᠯ ᠴᠢᠳᠠᠪᠤᠷᠢᠳᠠᠨ ᠭᠦᠮᠦᠵᠢᠭᠦᠯᠭᠦ ᠤᠯᠠᠮᠵᠢᠯᠠᠯᠳᠤ ᠭᠡᠯᠪᠠᠷᠢ ᠵᠢ ᠦᠨᠳᠤᠰᠤᠨ᠎ᠠᠴᠠ᠎ᠨᠢ ᠡᠪᠳᠠᠭᠦ ᠭᠡᠷᠡᠭᠳᠠᠢ᠃
      ᠨᠢᠭᠡ᠂ ᠠᠵᠢᠯ ᠮᠠᠷᠭᠡᠵᠢᠯ᠎ᠤᠨ ᠰᠤᠷᠭ᠋ᠠᠭᠤᠯᠢ᠎ᠳᠤ ᠤᠷᠤᠭ᠋ᠠᠳ ᠶᠠᠭᠤ ᠰᠤᠷᠬᠤ ᠪᠤᠢ
      ᠴᠢᠳᠠᠪᠤᠷᠢ ᠬᠢᠭᠡᠳ ᠰᠤᠷᠤᠯᠭ᠎ᠠ ᠵᠢᠨ ᠨᠠᠮᠳᠠᠷ᠂ ᠠ᠋ᠭᠦᠳᠠ ᠠ᠋ᠷᠦᠭᠡ ᠭᠢᠭᠡᠳ ᠠᠵᠠ ᠵᠠᠪᠰᠢᠶᠠᠨ ᠴᠤᠬᠤᠮ ᠠᠯᠢ ᠨᠢᠭᠡ᠎ᠨᠢ ᠨᠢᠭᠡ ᠭᠦᠮᠦᠨ᠎ᠤ ᠢᠷᠡᠭᠡᠳᠤᠢ ᠵᠢᠨ ᠠᠵᠢᠯ ᠦᠢ᠍ᠯᠠᠰ᠎ᠤᠨ ᠭᠦᠭᠵᠢᠯᠳᠠ ᠵᠢ ᠰᠢᠢ᠍ᠳᠪᠤᠷᠢᠯᠠᠵᠤ ᠪᠠᠢ᠍ᠢ᠍ᠳᠠᠬ ᠪᠤᠢ? ᠭᠤᠸᠠᠨᠭ᠌ᠳᠦᠢ᠍ᠩ ᠮᠤᠵᠢ ᠵᠢᠨ ᠮᠸᠢ ᠵᠸᠤ ᠵᠢᠨ ᠶᠠᠳᠠᠭᠤ ᠠᠢ᠍ᠢ᠍ᠯ᠎ᠤᠨ ᠭᠦᠤ ᠢᠤᠢ ᠺᠦᠨ ᠵᠠᠩ᠎ᠳᠤ ᠠᠪᠴᠤ ᠭᠡᠯᠡᠪᠡᠯ ᠶᠠᠭᠡ ᠰᠤᠷᠭ᠋ᠠᠭᠤᠯᠢ᠎ᠳᠤ ᠤᠷᠤᠭᠰᠠᠨ᠎ᠨᠢ ᠳᠠᠷᠤᠢ ᠠᠵᠠ ᠵᠢᠷᠭ᠋ᠠᠯ ᠪᠤᠯᠤᠨ᠎ᠠ᠃ ᠲᠠᠷᠠ ᠭᠤᠸᠠᠨᠭ᠌ᠳᠦᠢ᠍ᠩ᠎ᠤᠨ ᠪᠢ ᠭᠦᠢ ᠶᠤᠸᠠᠨ ᠠᠵᠢᠯ ᠮᠠᠷᠭᠡᠵᠢᠯ᠎ᠤᠨ ᠲᠡᠭᠡᠳᠤ ᠰᠤᠷᠭ᠋ᠠᠭᠤᠯᠢ ᠲᠡᠭᠦᠰᠦᠭᠡᠳ ᠬᠤᠶᠠᠷ ᠵᠢᠯ ᠪᠤᠯᠤᠭᠰᠠᠨ᠎ᠤ ᠳᠠᠷᠠᠭ᠎ᠠ ᠺᠤᠮᠫᠠᠨᠢ᠎ᠳᠤ᠎ᠪᠠᠨ ᠨᠢᠭᠡᠨᠳᠠ ᠤᠷᠤᠨ ᠪᠦᠰᠠ ᠵᠢᠨ ᠲᠠᠭ᠋ᠠᠭ᠋ᠠᠮᠠᠯ ᠪᠤᠯᠴᠢᠬᠠᠭᠰᠠᠨ ᠶᠤᠮ᠃
      ᠦᠨᠭᠭᠡᠷᠡᠭᠰᠡᠨ᠎ᠳᠤ ᠡᠪᠦᠭᠡ ᠵᠢᠨ ᠦᠴᠦᠭᠡᠨ ᠲᠠᠳᠤᠢ ᠲᠡᠳᠭᠦᠪᠤᠷᠢ ᠵᠢᠨ ᠮᠦᠨᠭᠭᠦ᠎ᠪᠠᠷ ᠲᠠᠪᠤᠨ ᠠᠮᠠ ᠭᠦᠮᠦᠨ ᠠᠮᠢᠳᠤᠷᠠᠵᠤ ᠪᠠᠢ᠍ᠢ᠍ᠭᠰᠠᠨ᠎ᠢ ᠪᠤᠳᠤᠪᠠᠯ ᠤᠳᠤ ᠲᠠᠷᠠ ᠲᠦᠮᠡ ᠢᠯᠠᠭᠦᠦ ᠲᠦᠭᠦᠷᠢᠭ᠎ᠤᠨ ᠴᠠᠯᠢᠩ ᠤᠯᠳᠠᠬ ᠪᠤᠯᠤᠭᠰᠠᠨ ᠵᠶ᠋ᠠᠷ ᠨᠢᠭᠡᠨᠳᠠ ᠦᠨᠭᠭᠡᠷᠡᠭᠰᠡᠨ᠎ᠤ ᠲᠠᠷᠠ ᠭᠦ᠌ ᠶᠠᠳᠠᠭᠤ ᠵᠦᠳᠡᠭᠦᠦ ᠲᠠᠷᠢᠶᠠᠴᠢᠨ ᠠᠢ᠍ᠢ᠍ᠯ᠎ᠤᠨ ᠭᠡᠤᠭᠡᠳ ᠪᠢᠰᠢ ᠪᠤᠯᠵᠠᠢ᠃ ᠲᠡᠭᠡᠳᠤ ᠵᠡᠷᠭᠡ ᠵᠢᠨ ᠠᠵᠢᠯ ᠮᠠᠷᠭᠡᠵᠢᠯ᠎ᠤᠨ ᠰᠤᠷᠭ᠋ᠠᠭᠤᠯᠢ ᠲᠡᠭᠦᠰᠦᠭᠰᠡᠨ᠎ᠤ ᠲᠠᠷᠠᠭ᠋ᠠᠬᠢ ᠬᠤᠶᠠᠷᠬᠠᠨ ᠵᠢᠯ᠎ᠤᠨ ᠲᠤᠳᠤᠷ᠎ᠠ ᠢᠤᠢ ᠺᠦᠨ ᠵᠠᠩ᠎ᠤᠨ ᠤᠷᠤᠯᠭ᠎ᠠ ᠨᠢᠭᠡᠨᠳᠠ ᠮᠠᠰᠢ ᠤᠯᠠᠨ ᠦᠨᠳᠤᠰᠤᠨ ᠠᠨᠭ᠌ᠬᠢ ᠵᠢᠨ ᠲᠡᠭᠦᠰᠦᠭᠰᠡᠨ ᠰᠤᠷᠤᠭᠴᠢᠳ᠎ᠠᠴᠠ ᠬᠤᠯᠠ ᠦᠨᠳᠤᠷ ᠪᠤᠯᠵᠠᠢ᠃ ᠠ᠋ᠢ᠍ᠢ᠍ᠮᠦ ᠵᠢᠱ᠌ᠢᠶ᠎ᠠ ᠤᠯᠠᠨ ᠪᠢᠰᠢ ᠶᠤᠮ᠃ ᠭᠡᠷᠡᠭ ᠳᠡᠭᠡᠷ᠎ᠡ᠎ᠪᠠᠨ ᠠᠵᠢᠯ ᠮᠠᠷᠭᠡᠵᠢᠯ᠎ᠤᠨ ᠲᠡᠭᠡᠳᠤ ᠰᠤᠷᠭ᠋ᠠᠭᠤᠯᠢ ᠲᠡᠭᠦᠰᠦᠭᠰᠡᠨ ᠤᠯᠠᠨᠭ᠌ᠬᠢ ᠰᠤᠷᠤᠭᠴᠢ ᠪᠠᠰᠠ ᠯᠠ ᠰᠠᠷ᠎ᠠ ᠵᠢᠨ ᠴᠡᠯᠢᠩ ᠬᠤᠶᠠᠷ ᠭᠤᠷᠪᠠᠨ ᠮᠢᠨᠭ᠌ᠭ᠋ᠠᠨ ᠲᠦᠭᠦᠷᠢᠭ ᠤᠯᠬᠤ ᠲᠤᠤᠷ᠎ᠠ ᠲᠠᠰ᠎ᠤᠨ ᠮᠠᠷᠭᠡᠵᠢᠯ᠎ᠤᠨ ᠪᠠᠢ᠍ᠢ᠍ᠷᠢᠨ ᠳᠡᠭᠡᠷ᠎ᠡ ᠲᠠᠯᠴᠢᠯᠠᠵᠤ ᠪᠠᠢ᠍ᠢ᠍ᠭ᠎ᠠ ᠪᠢᠯᠡ᠃
      ᠤᠷᠴᠢᠮ᠎ᠤᠨ ᠵᠢᠯ᠎ᠤᠳ᠎ᠠᠴᠠ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠢ ᠶᠡᠭᠡᠪᠠᠷ ᠭᠦᠨᠳᠤᠳᠭᠡᠵᠦ ᠪᠠᠢ᠍ᠢ᠍ᠭ᠎ᠠ ᠪᠤᠯᠪᠠᠴᠤ ᠠᠵᠢᠯ ᠮᠠᠷᠭᠡᠵᠢᠯ᠎ᠤᠨ ᠰᠤᠷᠭ᠋ᠠᠭᠤᠯᠢ᠎ᠨᠢ ᠢᠯᠠᠷᠭᠡᠢ᠍ᠢ᠍ᠶ᠎ᠠ ᠭᠦᠮᠦᠰ᠎ᠤᠨ ᠲᠠᠷᠢᠭᠦᠨ ᠰᠤᠨᠭ᠌ᠭᠤᠯᠳᠠ ᠪᠤᠯᠵᠤ ᠴᠢᠳᠠᠭ᠋ᠠᠳᠤᠢ ᠪᠠᠢ᠍ᠢ᠍ᠨ᠎ᠠ᠃ ᠠᠵᠢᠯ ᠮᠠᠷᠭᠡᠵᠢᠯ᠎ᠤᠨ ᠰᠤᠷᠭ᠋ᠠᠭᠤᠯᠢ᠎ᠳᠤ ᠤᠷᠤᠭ᠋ᠠᠳ ᠵᠢᠨᠭᠬᠢᠨᠢ ᠴᠢᠳᠠᠪᠤᠷᠢ ᠰᠤᠷᠴᠤ ᠲᠠᠢ᠍ᠢ᠍ᠯᠭᠦ ᠦᠭᠡᠢ ᠭᠡᠳᠡᠭ᠎ᠨᠢ ᠮᠠᠰᠢ ᠤᠯᠠᠨ ᠭᠡᠷ᠎ᠤᠨ ᠠᠬᠠᠮᠠᠳ᠎ᠤᠨ ᠰᠠᠨᠠᠭ᠋ᠠᠰᠢᠷᠠᠯ ᠪᠤᠯᠵᠤ ᠪᠠᠢ᠍ᠢ᠍ᠨ᠎ᠠ᠃ ᠠ᠋ᠢ᠍ᠢ᠍ᠮᠦᠷᠭᠦᠦ ᠰᠠᠨᠠᠭ᠋ᠠᠰᠢᠷᠠᠯ᠎ᠨᠢ ᠵᠤᠬᠢᠬᠤ ᠭᠡᠮᠵᠢᠶᠡᠨ᠎ᠳᠤ ᠲᠡᠭᠡᠳᠤ ᠵᠡᠷᠭᠡ ᠵᠢᠨ ᠠᠵᠢᠯ ᠮᠠᠷᠭᠡᠵᠢᠯ᠎ᠤᠨ ᠰᠤᠷᠭ᠋ᠠᠭᠤᠯᠢ ᠵᠢᠨ ᠭᠦᠭᠵᠢᠯᠳᠠ᠎ᠳᠤ᠎ᠬᠢ ᠭᠦᠴᠢᠷᠳᠠᠯ᠎ᠢ ᠲᠤᠰᠬᠠᠵᠤ ᠪᠠᠢ᠍ᠢ᠍ᠨ᠎ᠠ᠃ ᠲᠤᠮᠳᠠᠳᠤ ᠵᠡᠷᠭᠡ ᠵᠢᠨ ᠠᠵᠢᠯ ᠮᠠᠷᠭᠡᠵᠢᠯ᠎ᠤᠨ ᠰᠤᠷᠭ᠋ᠠᠭᠤᠯᠢ᠎ᠲᠠᠢ ᠵᠦᠷᠢᠶ᠎ᠠ ᠭᠠᠷᠭ᠋ᠠᠬᠤ ᠵᠢᠨ ᠲᠦᠯᠦᠭᠡ ᠴᠦᠭᠡᠨ ᠪᠤᠰᠤ ᠲᠠᠭᠡᠳᠤ ᠵᠡᠷᠭᠡ ᠵᠢᠨ ᠠᠵᠢᠯ ᠮᠠᠷᠭᠡᠵᠢᠯ᠎ᠤᠨ ᠰᠤᠷᠭ᠋ᠠᠭᠤᠯᠢ ᠭᠤᠤᠯᠳᠠᠯᠭ᠎ᠠ᠎ᠪᠠᠨ 《ᠦᠨᠳᠤᠰᠤᠨ ᠠᠨᠭ᠌ᠬᠢ᠎ᠳᠤ ᠤᠷᠤᠭᠤᠯᠬᠤ》 ᠪᠤᠶᠤ ᠰᠤᠷᠤᠭᠴᠢ ᠵᠢᠨ ᠤᠨᠤᠯ᠎ᠤᠨ ᠰᠤᠷᠤᠯᠴᠠᠯᠭ᠎ᠠ᠎ᠳᠤ ᠲᠠᠯᠪᠢᠵᠤ᠂ ᠬᠠᠷᠢᠨ 《ᠠᠵᠢᠯ ᠮᠠᠷᠭᠡᠵᠢᠯ》 ᠭᠡᠳᠡᠭ᠎ᠢ ᠤᠮᠳᠤᠭ᠋ᠠᠢ᠍ᠢ᠍ᠯᠠᠭᠰᠠᠨ᠎ᠠᠴᠠ ᠨᠡᠢ᠍ᠢ᠍ᠭᠡᠮ᠎ᠳᠤ ᠵᠤᠬᠢᠴᠠᠬᠤ ᠲᠠᠭᠡᠳᠤ ᠮᠡᠷᠭᠡᠵᠢᠯ ᠴᠢᠳᠠᠪᠤᠷᠢᠳᠠᠢ ᠠᠵᠢᠯ ᠮᠠᠷᠭᠡᠵᠢᠯ᠎ᠤᠨ ᠰᠤᠷᠤᠭᠴᠢ ᠵᠢ ᠭᠦᠮᠦᠵᠢᠭᠦᠯᠵᠦ ᠴᠢᠳᠠᠬᠤ ᠦᠭᠡᠢ ᠪᠤᠯᠵᠠᠢ᠃
      ᠤᠷᠴᠢᠮ᠎ᠤᠨ ᠠ᠋ᠳᠦᠷ ᠰᠤᠷᠭ᠋ᠠᠨ ᠭᠦᠮᠦᠵᠢᠯ᠎ᠤᠨ ᠶᠠᠮᠤᠨ᠎ᠤ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ ᠬᠢᠭᠡᠳ ᠲᠤᠮᠤᠴᠤᠤᠯ᠎ᠤᠨ ᠰᠤᠷᠭ᠋ᠠᠨ ᠭᠦᠮᠦᠵᠢᠯ᠎ᠤᠨ ᠵᠤᠷᠭ᠋ᠠᠨ᠎ᠤ ᠳᠠᠷᠤᠭ᠎ᠠ ᠸᠠᠩ ᠵᠢᠢ ᠫᠢᠩ᠄ 《ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ ᠦᠭᠡᠷᠡᠴᠢᠯᠠᠯᠳᠠ ᠵᠢᠨ ᠵᠠᠮ ᠵᠶ᠋ᠠᠷ ᠶᠠᠪᠤᠬᠤ᠎ᠠᠴᠠ ᠪᠢᠰᠢ ᠰᠤᠷᠤᠯᠭ᠎ᠠ ᠵᠢᠨ ᠨᠠᠮᠳᠠᠷ ᠲᠡᠭᠡᠭᠰᠢᠯᠡᠭᠦᠯᠭᠦ ᠵᠠᠮ ᠵᠶ᠋ᠠᠷ ᠶᠠᠪᠤᠬᠤ ᠪᠢᠰᠢ》 ᠭᠡᠵᠦ ᠲᠤᠷᠠᠳᠪᠠ᠃ ᠮᠠᠨ᠎ᠤ ᠤᠯᠤᠰ᠎ᠤᠨ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ ᠦᠨᠦᠳᠤᠷ ᠪᠤᠯᠳᠠᠯ᠎ᠠ ᠭᠦᠭᠵᠢᠭᠦ᠎ᠳᠤ᠎ᠪᠠᠨ ᠵᠠᠷᠢᠮ ᠰᠤᠷᠭ᠋ᠠᠭᠤᠯᠢ᠎ᠨᠢ ᠢᠯᠠ ᠲᠤᠳᠤ ᠵᠡᠷᠭᠡ ᠲᠠᠰ ᠵᠶ᠋ᠠᠨ ᠲᠡᠭᠡᠭᠰᠢᠯᠠᠭᠦᠯᠭᠦ ᠪᠤᠶᠤ ᠰᠤᠷᠤᠯᠭ᠎ᠠ ᠵᠢᠨ ᠨᠠᠮᠳᠠᠷ ᠲᠡᠭᠡᠭᠰᠢᠯᠡᠭᠦᠯᠭᠦ ᠵᠤᠷᠢᠯᠳᠠ᠎ᠲᠠᠢ ᠪᠠᠢ᠍ᠢ᠍ᠨ᠎ᠠ᠃ ᠭᠡᠷᠪᠡ ᠴᠠᠭ ᠲᠤᠬᠠᠢ᠎ᠳᠤ᠎ᠨᠢ ᠭᠦᠳᠤᠯᠵᠤ ᠵᠠᠯᠠᠷᠠᠭᠤᠯᠬᠤ ᠦᠭᠡᠢ ᠪᠤᠯ ᠠ᠋ᠩ᠎ᠤᠨ ᠲᠡᠭᠡᠳᠤ ᠰᠤᠷᠭ᠋ᠠᠭᠤᠯᠢ᠎ᠲᠠᠢ ᠢᠵᠢᠯᠢᠰᠢᠭᠦ ᠵᠠᠮ᠎ᠳᠤ ᠤᠷᠤᠬᠤ ᠠᠶᠤᠯᠳᠠᠢ ᠭᠡᠵᠦ ᠸᠠᠩ ᠵᠢᠢ ᠫᠢᠩ ᠦᠵᠠᠵᠤ ᠪᠠᠢ᠍ᠢ᠍ᠨ᠎ᠠ᠃
      ᠲᠤᠮᠳᠠᠳᠤ ᠤᠯᠤᠰ᠎ᠤᠨ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠢ ᠭᠦᠮᠦᠰ᠎ᠤᠨ ᠪᠠᠬᠠᠷᠬᠠᠯ᠎ᠳᠤ ᠭᠦᠷᠭᠡᠭᠦ᠎ᠳᠤ ᠬᠠᠭᠤᠴᠢᠨ ᠵᠠᠮ ᠵᠶ᠋ᠠᠷ ᠵᠶ᠋ᠠᠨ ᠶᠠᠪᠤᠵᠤ ᠪᠤᠯᠬᠤ ᠦᠭᠡᠢ ᠠ᠋ᠷᠭᠡᠪᠰᠢ ᠦᠭᠡᠷᠡᠴᠢᠯᠠᠯᠳᠠ ᠵᠢᠨ ᠵᠠᠮ ᠵᠶ᠋ᠠᠷ ᠶᠠᠪᠤᠬᠤ ᠭᠡᠷᠡᠭᠳᠠᠢ᠃ ᠠᠵᠢᠯ ᠮᠠᠷᠭᠡᠵᠢᠯ᠎ᠤᠨ ᠰᠤᠷᠭ᠋ᠠᠭᠤᠯᠢ ᠵᠢᠨ ᠬᠠᠮᠤᠭ ᠲᠦᠷᠦᠭᠦᠦ ᠬᠢᠭᠦ ᠠᠵᠢᠯ ᠪᠤᠯ ᠬᠢᠴᠢᠶᠡᠯ ᠭᠦᠮᠦᠵᠢᠯ᠎ᠤᠨ ᠦᠨ᠎ᠠ ᠦᠷᠳᠡᠭ᠎ᠢ ᠲᠡᠭᠡᠭᠰᠢᠯᠡᠭᠦᠯᠵᠤ᠂ ᠲᠤᠰᠬᠠᠢ ᠮᠠᠷᠭᠡᠵᠢᠯ᠎ᠤᠨ ᠪᠠᠢ᠍ᠢ᠍ᠷᠢᠯᠠᠭᠤᠯᠤᠯᠳᠠ᠂ ᠬᠢᠴᠢᠶᠡᠯ ᠭᠦᠮᠦᠵᠢᠯ᠎ᠤᠨ ᠢᠵᠢ ᠪᠦᠷᠢᠳᠤᠭᠦᠯᠭᠦ ᠲᠠᠯ᠎ᠠ᠎ᠪᠠᠷ ᠦᠢ᠍ᠯᠠᠳᠤᠯᠭᠡ᠎ᠲᠠᠢ ᠨᠢᠭᠳᠠ ᠤᠶᠠᠯᠳᠤᠭᠤᠯᠬᠤ ᠭᠡᠷᠡᠭᠳᠠᠢ᠃ ᠭᠦᠮᠦᠨ᠎ᠳᠤ ᠮᠠᠷᠭᠡᠵᠢᠯ ᠡᠵᠡᠮᠰᠢᠭᠦᠯᠵᠤ ᠴᠢᠳᠠᠬᠤ ᠦᠭᠡᠢ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠨᠢ ᠨᠠᠢ᠍ᠢ᠍ᠭᠡᠮ᠎ᠤᠨ ᠭᠦᠨᠳᠤᠳᠭᠡᠯ᠎ᠢ ᠤᠯᠬᠤ᠎ᠳᠤ ᠪᠡᠷᠭᠡ ᠶᠤᠮ᠃
      ᠵᠢᠱ᠌ᠢᠶᠡᠯᠡᠪᠡᠯ᠂ ᠵᠤᠴᠢᠳ᠎ᠤᠨ ᠪᠠᠭᠤᠳᠠᠯ᠎ᠤᠨ ᠬᠠᠮᠢᠶᠠᠷᠤᠯᠳᠠ ᠵᠢᠨ ᠲᠤᠰᠬᠠᠢ ᠮᠠᠷᠭᠡᠵᠢᠯ᠎ᠳᠤ ᠲᠤᠮᠳᠠᠳᠤ ᠵᠡᠷᠭᠡ ᠵᠢᠨ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ ᠭᠡᠷᠪᠡ ᠦᠢ᠍ᠯᠠᠴᠢᠯᠡᠭᠴᠢ ᠵᠢᠨ ᠠᠵᠢᠯ᠎ᠤᠨ ᠪᠠᠢ᠍ᠢ᠍ᠷᠢ ᠵᠢ ᠠ᠋ᠭᠦᠷᠭᠡᠯᠡᠵᠦ ᠲᠠᠢ᠍ᠢ᠍ᠯᠭᠦ ᠴᠢᠳᠠᠪᠤᠷᠢᠳᠠᠨ᠎ᠢ ᠭᠦᠮᠦᠵᠢᠭᠦᠯᠵᠦ ᠴᠢᠳᠠᠬᠤ᠎ᠳᠤ ᠭᠦᠷᠪᠡᠯ ᠲᠡᠭᠡᠳᠤ ᠵᠡᠷᠭᠡ ᠵᠢᠨ ᠠᠵᠢᠯ ᠮᠠᠷᠭᠡᠵᠢᠯ᠎ᠤᠨ ᠰᠤᠷᠭ᠋ᠠᠭᠤᠯᠢ ᠪᠤᠶᠤ ᠦᠨᠳᠤᠰᠤᠨ ᠠᠨᠭ᠌ᠬᠢ ᠵᠢᠨ ᠲᠡᠭᠡᠳᠤ ᠰᠤᠷᠭ᠋ᠠᠭᠤᠯᠢ ᠵᠢᠨ ᠭᠦᠮᠦᠵᠢᠭᠦᠯᠵᠦ ᠭᠠᠷᠭ᠋ᠠᠭᠰᠠᠨ ᠰᠤᠷᠤᠭᠴᠢ᠎ᠨᠢ ᠶᠠᠭᠤᠨ᠎ᠳᠤ ᠦᠢ᠍ᠯᠠᠴᠢᠯᠡᠭᠴᠢ ᠵᠢᠨ ᠠᠵᠢᠯ᠎ᠤᠨ ᠪᠠᠢ᠍ᠢ᠍ᠷᠢ᠎ᠠᠴᠠ ᠠ᠋ᠬᠢᠯᠠᠵᠤ ᠠᠵᠢᠯ ᠤᠯᠬᠤ ᠪᠤᠢ? ᠭᠡᠵᠦ ᠭᠤᠸᠠᠨᠭ᠌ᠳᠦᠢ᠍ᠩ᠎ᠤᠨ ᠪᠢ ᠭᠦᠢ ᠶᠤᠸᠠᠨ ᠠᠵᠢᠯ ᠮᠠᠷᠭᠡᠵᠢᠯ᠎ᠤᠨ ᠲᠠᠭᠡᠳᠤ ᠰᠤᠷᠭ᠋ᠠᠭᠤᠯᠢ ᠵᠢᠨ ᠵᠠᠬᠢᠷᠤᠯ ᠯᠢᠤ ᠬᠤᠢ ᠵᠢᠶᠠᠨ ᠲᠤᠷᠠᠳᠤᠭᠰᠠᠨ ᠪᠠᠢ᠍ᠢ᠍ᠨ᠎ᠠ᠃ ᠤᠳᠤ ᠲᠤᠮᠳᠠᠳᠤ ᠵᠡᠷᠭᠡ ᠵᠢᠨ ᠠᠵᠢᠯ ᠮᠠᠷᠭᠡᠵᠢᠯ᠎ᠤᠨ ᠰᠤᠷᠭ᠋ᠠᠭᠤᠯᠢ ᠪᠠ ᠲᠡᠭᠡᠳᠤ ᠵᠡᠷᠭᠡ ᠵᠢᠨ ᠠᠵᠢᠯ ᠮᠠᠷᠭᠡᠵᠢᠯ᠎ᠤᠨ ᠰᠤᠷᠭ᠋ᠠᠭᠤᠯᠢ ᠲᠤᠰᠬᠠᠢ ᠮᠠᠷᠭᠡᠵᠢᠯ᠎ᠤᠨ ᠲᠠᠯ᠎ᠠ᠎ᠪᠠᠷ ᠲᠠᠪᠬᠤᠴᠠᠵᠤ ᠢᠵᠢᠯᠢᠰᠢᠵᠤ ᠪᠠᠢ᠍ᠢ᠍ᠭ᠎ᠠ ᠦᠵᠡᠭᠳᠡᠯ ᠲᠦᠢ᠍ᠯ᠎ᠤᠨ ᠭᠦᠨᠳᠤ ᠨᠤᠴᠢᠳᠠᠢ ᠤᠷᠤᠰᠢᠵᠤ ᠪᠠᠢ᠍ᠢ᠍ᠨ᠎ᠠ᠃ ᠲᠤᠰᠬᠠᠢ ᠮᠠᠷᠭᠡᠵᠢᠯ᠎ᠤᠨ ᠨᠠᠷ᠎ᠠ᠎ᠨᠢ ᠠᠳᠠᠯᠢ᠎ᠪᠠᠷ ᠪᠠᠷᠠᠬᠤ ᠦᠭᠡᠢ ᠲᠤᠰᠬᠠᠢ ᠮᠠᠷᠭᠡᠵᠢᠯ᠎ᠤᠨ ᠬᠢᠴᠢᠶᠡᠯ᠎ᠤᠨ ᠰᠢᠰᠲᠸᠮ᠎ᠨᠢ ᠴᠦ᠍ ᠠᠳᠠᠯᠢ ᠪᠠᠢ᠍ᠢ᠍ᠵᠤ ᠵᠢᠭ᠋ᠠᠬᠤ ᠠᠭᠤᠯᠭ᠎ᠠ᠎ᠨᠢ ᠴᠦ᠍ ᠶᠡᠭᠡ ᠭᠡᠮᠵᠢᠶ᠎ᠡ᠎ᠪᠠᠷ ᠲᠠᠪᠬᠤᠴᠠᠵᠤ ᠪᠠᠢ᠍ᠢ᠍ᠨ᠎ᠠ᠃
      ᠠᠳᠠᠯᠢ ᠪᠤᠰᠤ ᠲᠠᠪᠬᠤᠷᠭ᠋ᠠᠨ᠎ᠤ ᠲᠡᠭᠡᠳᠤ ᠰᠤᠷᠭ᠋ᠠᠭᠤᠯᠢ᠎ᠨᠤᠭᠤᠳ ᠴᠢᠳᠠᠪᠤᠷᠢᠳᠠᠨ᠎ᠢ ᠭᠦᠮᠦᠵᠢᠭᠦᠯᠭᠦ ᠲᠠᠯ᠎ᠠ᠎ᠪᠠᠷ ᠴᠦ᠍ ᠵᠠᠪᠠᠯ ᠠᠳᠠᠯᠢ ᠪᠤᠰᠤ ᠲᠤᠭᠳᠠᠴᠠ᠎ᠲᠠᠢ ᠪᠠᠢ᠍ᠢ᠍ᠪᠠᠯ ᠵᠤᠬᠢᠨ᠎ᠠ᠃ ᠪᠢ ᠭᠦᠢ ᠶᠤᠸᠠᠨ ᠠᠵᠢᠯ ᠮᠠᠷᠭᠡᠵᠢᠯ᠎ᠤᠨ ᠲᠠᠬᠡᠳᠤ ᠰᠤᠷᠭ᠋ᠠᠭᠤᠯᠢ ᠰᠤᠷᠭ᠋ᠠᠭᠤᠯᠢ ᠠ᠋ᠷᠬᠢᠯᠡᠭᠦ᠎ᠳᠤ᠎ᠪᠠᠨ ᠠᠵᠤ ᠠᠬᠤᠢ ᠵᠢᠨ ᠶᠠᠭᠡ ᠤᠷᠤᠰᠬᠠᠯ᠎ᠳᠤ᠎ᠬᠢ ᠬᠤᠸᠠᠩ ᠫᠦ᠋ ᠴᠡᠷᠢᠭ᠎ᠤᠨ ᠰᠤᠷᠭ᠋ᠠᠭᠤᠯᠢ᠎ᠪᠠᠷ ᠵᠢᠱ᠌ᠢᠶ᠎ᠠ ᠪᠤᠯᠭ᠋ᠠᠵᠤ 《ᠴᠡᠷᠢᠭ》 ᠭᠦᠮᠦᠵᠢᠭᠦᠯᠭᠦ ᠦᠭᠡᠢ ᠬᠠᠷᠢᠨ ᠦᠨᠳᠤᠰᠤᠨ ᠱᠠᠳᠤᠨ᠎ᠤ ᠠ᠋ᠮᠦᠨ᠎ᠠ ᠹᠷᠤᠨᠲ᠎ᠲᠤ᠎ᠬᠢ ᠬᠠᠮᠢᠶᠠᠷᠤᠯᠳᠠ ᠵᠢᠨ ᠺᠠᠳ᠋ᠷ ᠪᠠ ᠮᠡᠷᠭᠡᠵᠢᠯ᠎ᠤᠨ ᠭᠤᠤᠯᠯᠠᠭᠴᠢ ᠭᠦᠴᠦᠨ᠎ᠢ ᠭᠦᠮᠦᠵᠢᠭᠦᠯᠦᠨ᠎ᠠ ᠭᠡᠵᠦ ᠲᠤᠭᠳᠠᠭ᠋ᠠᠵᠠᠢ᠃
      ᠪᠦᠭᠦ ᠤᠯᠤᠰ᠎ᠤᠨ ᠭᠡᠪᠴᠢᠶᠡᠨ᠎ᠳᠤ ᠠ᠋ᠨᠡ ᠰᠤᠷᠭ᠋ᠠᠭᠤᠯᠢ ᠪᠤᠯ ᠲᠤᠭᠳᠠᠴᠠ᠎ᠪᠠᠨ ᠵᠤᠷᠢᠭᠳᠠᠢ ᠲᠤᠭᠳᠠᠭ᠋ᠠᠭᠰᠠᠨ ᠠᠨᠭ᠌ᠬᠠᠨ᠎ᠤ ᠰᠤᠷᠭ᠋ᠠᠭᠤᠯᠢ ᠪᠤᠯᠤᠨ᠎ᠠ᠃ 《ᠲᠦᠮᠠᠨ ᠰᠤᠷᠭ᠋ᠠᠭᠤᠯᠢ ᠵᠢᠨ ᠲᠦᠷᠰᠦ᠎ᠨᠢ ᠨᠢᠭᠡ᠂ ᠮᠢᠨᠭ᠌ᠭ᠋ᠠᠨ ᠰᠤᠷᠭ᠋ᠠᠭᠤᠯᠢ ᠵᠢᠨ ᠮᠠᠶᠢᠬ᠎ᠨᠢ ᠨᠢᠭᠡ ᠪᠤᠯᠬᠤ》 ᠪᠠ ᠴᠢᠳᠠᠪᠤᠷᠢᠳᠠᠨ᠎ᠤ ᠭᠠᠷᠭ᠋ᠠᠯᠳᠠ᠎ᠨᠢ ᠠᠵᠤ ᠠᠬᠤᠢ᠍ᠢ᠍ᠯᠠᠯ᠎ᠤᠨ ᠪᠤᠳᠠᠳᠤ ᠱᠠᠭ᠋ᠠᠷᠳᠠᠯᠭ᠎ᠠ᠎ᠠᠴᠠ ᠰᠠᠯᠤᠨᠭ᠌ᠬᠢᠷᠠᠬᠤ ᠵᠡᠷᠭᠡ ᠠᠰᠠᠭᠤᠳᠠᠯ᠎ᠢ ᠰᠢᠢ᠍ᠳᠪᠤᠷᠢᠯᠡᠭᠦ ᠵᠢᠨ ᠲᠦᠯᠦᠭᠡ ᠯᠢᠤ ᠬᠤᠢ ᠵᠢᠶᠠᠨ ᠬᠢᠴᠢᠶᠡᠯ ᠭᠦᠮᠦᠵᠢᠯ᠎ᠤᠨ ᠦᠭᠡᠷᠡᠴᠢᠯᠠᠯᠳᠠ ᠵᠢ ᠵᠤᠷᠢᠭᠳᠠᠢ ᠬᠢᠵᠤ ᠰᠤᠷᠭ᠋ᠠᠭᠤᠯᠢ ᠵᠢᠨ ᠬᠤᠶᠠᠷ ᠵᠢᠯ ᠬᠠᠭ᠋ᠠᠰ᠎ᠤᠨ ᠬᠢᠴᠢᠶᠡᠯ ᠪᠠ ᠪᠤᠳᠠᠳᠤ ᠤᠷᠤᠯᠳᠤᠯᠭ᠎ᠠ ᠵᠢ ᠨᠢᠭᠡ ᠵᠢᠯ ᠬᠠᠭ᠋ᠠᠰ ᠪᠤᠯᠭ᠋ᠠᠵᠤ ᠬᠠᠮᠤᠭ᠎ᠤᠨ ᠤᠬᠢ ᠰᠢᠯᠢᠳᠡᠭ ᠵᠦᠢ᠍ᠯ᠎ᠢ᠎ᠨᠢ ᠦᠯᠠᠳᠠᠭᠡᠵᠡᠢ᠃
      ᠦᠭᠡᠷᠡᠴᠢᠯᠠᠯᠳᠠ ᠵᠢᠨ ᠲᠤᠮᠳᠠ ᠲᠠᠳᠠ ᠶᠡᠭᠡ ᠭᠡᠮᠵᠢᠶᠡᠨ᠎ᠤ ᠬᠢᠴᠢᠶᠡᠯ᠎ᠤᠨ ᠠᠭᠤᠯᠭ᠎ᠠ᠎ᠨᠢ ᠰᠤᠷᠤᠭᠴᠢ ᠵᠢᠨ ᠢᠷᠡᠭᠡᠳᠤᠢ ᠵᠢᠨ ᠲᠤᠰᠬᠠᠢ ᠮᠠᠷᠭᠡᠵᠢᠯ᠎ᠳᠤ᠎ᠨᠢ ᠶᠠᠮᠠᠷ ᠴᠦ᠍ ᠭᠡᠷᠡᠭ ᠦᠭᠡᠢ ᠵᠦᠢ᠍ᠯ ᠪᠤᠯᠬᠤ ᠵᠢ ᠮᠠᠳᠡᠭᠡᠳ ᠯᠢᠤ ᠬᠤᠢ ᠵᠢᠶᠠᠨ ᠰᠤᠷᠤᠭᠴᠢ ᠵᠢᠨ ᠭᠤᠷᠪᠠᠨ ᠵᠢᠯ ᠰᠤᠷᠬᠤ ᠪᠤᠢ ᠪᠦᠭᠦᠢ ᠬᠢᠴᠢᠶᠡᠯ ᠪᠠ ᠠᠵᠢᠯᠯᠠᠭ᠎ᠠ ᠵᠢ ᠭᠤᠤᠯᠯᠠᠭᠴᠢ ᠴᠢᠳᠠᠪᠤᠷᠢᠳᠠᠨ᠎ᠢ ᠱᠠᠭ᠋ᠠᠷᠳᠠᠬᠤ ᠭᠡᠪ ᠴᠢᠨᠠᠷ᠎ᠤᠨ ᠮᠠᠳᠠᠯᠭᠡ ᠪᠠ ᠴᠢᠳᠠᠪᠤᠷᠢ ᠳᠡᠭᠡᠷ᠎ᠡ ᠲᠦᠪᠯᠠᠷᠠᠭᠦᠯᠵᠠᠢ᠃ ᠠᠵᠢᠯ ᠮᠠᠷᠭᠡᠵᠢᠯ᠎ᠤᠨ ᠰᠤᠷᠭ᠋ᠠᠭᠤᠯᠢ ᠵᠢᠨ ᠶᠠᠭᠤᠨ᠎ᠤ ᠠ᠋ᠮᠦᠨ᠎ᠠ ᠬᠢᠭᠦ ᠵᠦᠢ᠍ᠯ ᠪᠤᠯ ᠬᠢᠴᠢᠶᠡᠯ ᠭᠦᠮᠦᠵᠢᠯ᠎ᠤᠨ ᠦᠷᠳᠡᠭ᠎ᠢ ᠲᠡᠭᠡᠭᠰᠢᠯᠡᠭᠦᠯᠵᠦ᠂ ᠲᠤᠰᠬᠠᠢ ᠮᠠᠷᠭᠡᠵᠢᠯ᠎ᠤᠨ ᠪᠠᠢ᠍ᠢ᠍ᠷᠢᠯᠠᠭᠤᠯᠤᠯᠳᠠ᠂ ᠬᠢᠴᠢᠶᠡᠯ ᠭᠦᠮᠦᠵᠢᠯ᠎ᠤᠨ ᠢᠵᠢ ᠪᠦᠷᠢᠳᠤᠭᠦᠯᠭᠦ ᠲᠠᠯ᠎ᠠ ᠬᠢᠭᠡᠳ ᠦᠢ᠍ᠯᠠᠳᠤᠯᠭᠡ ᠵᠢ ᠭᠦᠨᠵᠡᠭᠡᠢ ᠤᠶᠠᠯᠳᠤᠭᠤᠯᠬᠤ ᠶᠠᠪᠤᠳᠠᠯ ᠪᠤᠯᠤᠨ᠎ᠠ᠃
      ᠪᠢ ᠭᠦᠢ ᠶᠤᠸᠠᠨ ᠰᠤᠷᠭ᠋ᠠᠭᠤᠯᠢ ᠭᠤᠷᠪᠠᠨ ᠱᠠᠳᠤ᠎ᠪᠠᠷ ᠵᠤᠬᠢᠶᠠᠨ ᠪᠠᠢ᠍ᠢ᠍ᠭᠤᠯᠤᠨ ᠭᠦᠮᠦᠵᠢᠭᠦᠯᠭᠦ ᠭᠡᠯᠪᠠᠷᠢ ᠵᠢ ᠭᠡᠷᠡᠭᠵᠢᠭᠦᠯᠵᠠᠢ᠃ ᠨᠢᠭᠡᠳᠤᠭᠡᠷ ᠵᠢᠯ᠎ᠳᠤ ᠲᠤᠰᠬᠠᠢ ᠮᠠᠷᠭᠡᠵᠢᠯ᠎ᠤᠨ ᠤᠨᠤᠯ ᠬᠢᠭᠡᠳ ᠮᠠᠳᠠᠯᠭᠡ ᠵᠢ ᠰᠤᠷᠤᠯᠴᠠᠨ᠎ᠠ᠃ ᠬᠤᠶᠠᠳᠤᠭ᠋ᠠᠷ ᠵᠢᠯ᠎ᠳᠤ ᠭᠤᠤᠯᠳᠠᠭᠤ ᠦᠢ᠍ᠯᠠᠳᠤᠯᠭᠡ ᠵᠢᠨ ᠴᠢᠳᠠᠪᠤᠷᠢ ᠵᠢᠨ ᠭᠦᠮᠦᠵᠢᠯ ᠬᠢᠵᠤ᠂ ᠭᠤᠷᠪᠠᠳᠤᠭ᠋ᠠᠷ ᠵᠢᠯ᠎ᠳᠤ ᠠᠵᠤ ᠠᠬᠤᠢ᠍ᠢ᠍ᠯᠠᠯ᠎ᠤᠨ ᠦᠢ᠍ᠯᠠᠳᠤᠯᠭᠡ ᠵᠢᠨ ᠰᠤᠷᠤᠯᠴᠠᠯᠭ᠎ᠠ᠎ᠳᠤ᠎ᠪᠠᠨ ᠪᠠᠯᠡᠳᠭᠡᠯ ᠬᠢᠨ᠎ᠠ᠃ ᠲᠦᠰᠦᠪ᠎ᠤᠨ ᠲᠤᠮᠳᠠ᠎ᠪᠠᠨ ᠤᠨᠤᠯ ᠬᠢᠭᠡᠳ ᠦᠢ᠍ᠯᠠᠳᠤᠯᠭᠡ ᠵᠢ ᠭᠦᠢ᠍ᠴᠡᠳ ᠤᠶᠠᠯᠳᠤᠭᠤᠯᠵᠤ᠂ ᠲᠡᠭᠦᠰᠦᠭᠰᠡᠨ᠎ᠤ ᠲᠠᠷᠠᠭ᠋ᠠᠬᠢ ᠠᠵᠢᠯ᠎ᠲᠠᠢ᠎ᠪᠠᠨ ᠠᠪᠴᠠᠯᠳᠤᠭᠤᠯᠵᠤ᠂ ᠲᠡᠭᠦᠰᠦᠮᠡᠭᠴᠡ ᠳᠠᠷᠤᠢ ᠠᠵᠢᠯ ᠤᠯᠬᠤ ᠵᠢ ᠪᠠᠶᠠᠯᠠᠭᠦᠯᠵᠠᠢ᠃
      ᠬᠤᠶᠠᠷ᠂ ᠦᠢ᠍ᠯᠠᠳᠪᠤᠷᠢᠯᠠᠯ ᠵᠢᠭ᠋ᠠᠨ ᠰᠤᠷᠭ᠋ᠠᠯᠳᠠ ᠵᠢ ᠠᠭᠤᠰᠤᠯᠴᠠᠭᠤᠯᠬᠤ᠎ᠨᠢ ᠬᠤᠭᠤᠰᠤᠨ ᠦᠭᠡ ᠪᠢᠰᠢ ᠶᠤᠮ
      ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠢ ᠲᠤᠷᠠᠳᠬᠤ᠎ᠳᠤ ᠭ᠋ᠸᠷᠮᠨᠨ ᠤᠯᠤᠰ᠎ᠢ ᠲᠤᠷᠠᠳᠬᠤ ᠦᠭᠡᠢ ᠪᠠᠢ᠍ᠢ᠍ᠬᠤ ᠵᠢᠨ ᠠᠷᠭ᠎ᠠ ᠦᠭᠡᠢ ᠶᠤᠮ᠃ ᠭᠧᠷᠮᠠᠨ᠎ᠤ ᠬᠤᠤᠰ ᠠ᠋ᠰᠢᠳᠤ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ ᠪᠤᠯ ᠤᠳᠤ ᠦᠶ᠎ᠠ ᠵᠢᠨ ᠠᠵᠢᠯ ᠮᠡᠷᠭᠡᠵᠢᠯ᠎ᠤᠨ ᠰᠤᠷᠭ᠋ᠠᠨ ᠭᠦᠮᠦᠵᠢᠯ᠎ᠤᠨ 《ᠪᠡᠯᠭᠡ ᠲᠠᠮᠳᠡᠭ》 ᠪᠠ 《ᠱᠤᠰᠢᠭ᠎ᠠ》 ᠪᠤᠯᠤᠨ᠎ᠠ᠃ ᠲᠠᠷᠠ ᠪᠤᠯ ᠠᠵᠤ ᠠᠬᠤᠢ᠍ᠢ᠍ᠯᠠᠯ᠎ᠤᠨ ᠪᠤᠯᠪᠠᠰᠤᠷᠠᠯ ᠪᠠ ᠦᠢ᠍ᠯᠠᠳᠤᠯᠭᠡ᠎ᠪᠠᠷ ᠭᠤᠤᠯ ᠪᠤᠯᠭ᠋ᠠᠭᠰᠠᠨ ᠰᠤᠷᠭ᠋ᠠᠨ ᠭᠦᠮᠦᠵᠢᠭᠦᠯᠭᠦ ᠭᠡᠯᠪᠠᠷᠢ ᠶᠤᠮ᠃ ᠭᠧᠷᠮᠠᠨ᠎ᠤ ᠤᠤᠯ᠎ᠤᠨ ᠶᠡᠷᠦᠨᠭᠭᠡᠢ᠍ᠢ᠍ᠯᠡᠭᠴᠢ ᠠ᠋ᠾᠸᠽᠦᠢ᠍ᠲ 《ᠠᠵᠤ ᠠᠬᠤᠢ ᠵᠢᠨ ᠦᠷᠢᠰᠤᠯᠳᠤᠭᠡᠨ᠎ᠢ ᠪᠠᠳᠤᠯᠠᠬᠤ ᠵᠢᠨ ᠲᠦᠯᠦᠭᠡ ᠭᠧᠷᠮᠠᠨ᠎ᠤ ᠱᠠᠭ᠋ᠠᠷᠳᠠᠵᠤ ᠪᠠᠢ᠍ᠢ᠍ᠭ᠎ᠠ᠎ᠨᠢ ᠨᠡᠩ ᠤᠯᠠᠨ ᠳ᠋ᠤᠺᠲ᠋ᠤᠷ ᠪᠢᠰᠢ ᠬᠠᠷᠢᠨ ᠨᠡᠩ ᠤᠯᠠᠨ ᠲᠸᠭᠨᠢᠭᠴᠢ ᠪᠤᠯᠤᠨ᠎ᠠ》 ᠭᠡᠵᠦ ᠭᠡᠯᠡᠵᠦ ᠦᠨᠭᠭᠡᠷᠡᠭᠰᠡᠨ ᠶᠤᠮ᠃
      ᠬᠤᠤᠰ ᠠ᠋ᠰᠢᠳᠤ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠤᠨ ᠲᠦᠷᠪᠡᠨ᠎ᠤ ᠭᠤᠷᠪᠠ ᠵᠢ᠎ᠨᠢ ᠠᠵᠤ ᠠᠬᠤᠢ᠍ᠢ᠍ᠯᠠᠯ ᠪᠡᠶᠡᠯᠡᠭᠦᠯᠳᠡᠭ᠃ ᠭᠧᠷᠮᠠᠨ ᠭᠦᠮᠦᠰ᠎ᠤᠨ ᠨᠢᠳᠤᠨ᠎ᠳᠤ ᠬᠤᠤᠰ ᠠ᠋ᠰᠢᠳᠤ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠨᠢ ᠭᠡᠪ ᠴᠢᠨᠠᠷ ᠵᠶ᠋ᠠᠷ ᠲᠤᠤᠷ᠎ᠠ ᠰᠤᠷᠤᠭᠴᠢ ᠵᠢ ᠠᠪᠤᠷᠠᠬᠤ ᠨᠢᠭᠡ ᠵᠦᠢ᠍ᠯ᠎ᠤᠨ ᠭᠡᠯᠪᠠᠷᠢ ᠪᠢᠰᠢ ᠬᠠᠷᠢᠨ ᠭᠧᠷᠮᠠᠨ᠎ᠤ ᠦᠢ᠍ᠯᠠᠳᠪᠤᠷᠢᠯᠠᠯ᠎ᠢ ᠲᠤᠯᠭ᠋ᠠᠭᠤᠷᠢᠯᠠᠬᠤ 《ᠠᠵᠤ ᠦᠢ᠍ᠯᠠᠳᠪᠤᠷᠢᠯᠡᠯ᠎ᠤᠨ ᠲᠸᠭᠨᠢᠭᠴᠢ》 ᠵᠢ ᠭᠦᠮᠦᠵᠢᠭᠦᠯᠭᠦ ᠶᠠᠪᠤᠳᠠᠯ ᠪᠤᠯᠤᠨ᠎ᠠ᠃ ᠭᠡᠳᠤᠨ ᠵᠢᠯ᠎ᠤᠨ ᠠ᠋ᠮᠦᠨ᠎ᠠ ᠯᠢᠤ ᠬᠤᠢ ᠵᠢᠶᠠᠨ ᠭᠧᠷᠮᠠᠨ᠎ᠤ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠢ ᠪᠠᠢ᠍ᠢ᠍ᠴᠠᠭ᠋ᠠᠬᠤ ᠦᠶ᠎ᠠ᠎ᠳᠤ ᠠ᠋ᠷᠳᠠᠮ ᠰᠢᠨᠵᠢᠯᠡᠭᠡᠨ᠎ᠤ ᠭᠡᠯᠪᠠᠷᠢᠳᠤ ᠲᠡᠭᠡᠳᠤ ᠲᠤᠮᠳᠠᠳᠤ ᠴᠦ᠍ ᠲᠠᠷᠠ ᠠ᠋ᠰᠡᠭᠦᠯ᠎ᠡ ᠠᠵᠢᠯ᠎ᠤᠨ ᠰᠤᠷᠭ᠋ᠠᠨ ᠭᠦᠮᠦᠵᠢᠯ᠎ᠤᠨ ᠭᠡᠯᠪᠠᠷᠢᠳᠤ ᠮᠠᠷᠭᠡᠵᠢᠯ᠎ᠤᠨ ᠰᠤᠷᠭ᠋ᠠᠭᠤᠯᠢ ᠴᠦ᠍ ᠲᠠᠷᠠ ᠪᠦᠷ ᠠᠳᠠᠯᠢ ᠪᠤᠰᠤ ᠲᠠᠪᠬᠤᠷᠭ᠋ᠠᠨ᠎ᠤ ᠭᠦᠮᠤᠰ᠎ᠤᠨ ᠰᠤᠷᠭ᠋ᠠᠨ ᠭᠦᠮᠦᠵᠢᠯ᠎ᠳᠠᠬᠢ ᠰᠤᠨᠭ᠌ᠭᠤᠯᠳᠠ ᠵᠢ ᠬᠢᠯᠭᠡᠭᠦ ᠵᠢᠨ ᠬᠠᠮᠳᠤ ᠭᠧᠷᠮᠠᠨ᠎ᠤ ᠠᠵᠤ ᠠᠬᠤᠢ᠍ᠢ᠍ᠯᠠᠯ᠎ᠤᠨ ᠵᠠᠬ᠎ᠠ ᠵᠠᠭᠡᠯᠢ᠎ᠳᠠᠬᠢ ᠬᠤᠷᠴᠠ ᠰᠢᠷᠦᠭᠦᠨ ᠦᠷᠢᠰᠤᠯᠳᠤᠭᠡᠨ᠎ᠤ ᠱᠠᠭ᠋ᠠᠷᠳᠠᠯᠭ᠎ᠠ ᠵᠢ ᠬᠠᠨᠭ᠌ᠭ᠋ᠠᠭᠰᠠᠨ ᠪᠠᠢ᠍ᠢ᠍ᠳᠠᠬ᠎ᠢ ᠮᠠᠳᠠᠵᠠᠢ᠃
      ᠲᠤᠮᠳᠠᠳᠤ ᠤᠯᠤᠰ᠎ᠲᠤ ᠠᠪᠴᠤ ᠦᠵᠡᠭᠰᠡᠨ ᠴᠦ᠍ ᠠᠳᠠᠯᠢᠬᠠᠨ ᠶᠤᠮ᠃ ᠠᠳᠠᠯᠢ ᠪᠤᠰᠤ ᠲᠦᠷᠦᠯ᠎ᠤᠨ ᠴᠢᠳᠠᠪᠤᠷᠢᠳᠠᠨ ᠬᠠᠷᠢᠯᠴᠠᠨ ᠨᠦᠭᠦᠪᠤᠷᠢᠯᠠᠵᠤ ᠠᠯᠢ᠎ᠨᠢ ᠴᠦ᠍ ᠲᠤᠳᠠᠭᠳᠠᠵᠤ ᠪᠤᠯᠬᠤ ᠦᠭᠡᠢ ᠶᠤᠮ᠃ ᠠᠵᠢᠯ ᠮᠡᠷᠭᠡᠵᠢᠯ᠎ᠤᠨ ᠰᠤᠷᠭ᠋ᠠᠨ ᠭᠦᠮᠦᠵᠢᠯ᠎ᠤᠨ ᠭᠦᠭᠵᠢᠯᠳᠠ ᠵᠢᠨ ᠭᠡᠪᠴᠢᠶ᠎ᠠ᠎ᠠᠴᠠ ᠦᠵᠠᠪᠠᠯ ᠤᠳᠤᠬᠠᠨ᠎ᠳᠤ ᠳᠡᠭᠡᠳᠤ ᠵᠡᠷᠭᠡ ᠵᠢᠨ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ ᠨᠢᠭᠡᠨᠳᠠ ᠲᠡᠭᠡᠳᠤ ᠵᠡᠷᠭᠡ ᠵᠢᠨ ᠰᠤᠷᠭ᠋ᠠᠨ ᠭᠦᠮᠦᠵᠢᠯ᠎ᠤᠨ ᠬᠠᠭ᠋ᠠᠰ ᠪᠠᠢ᠍ᠢ᠍ᠷᠢ ᠵᠢ ᠡᠵᠡᠯᠡᠵᠡᠢ᠃ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠨᠢ ᠤᠳᠤ ᠦᠶ᠎ᠠ ᠵᠢᠨ ᠤᠯᠤᠰ ᠠᠷᠠᠳ᠎ᠤᠨ ᠰᠤᠷᠭ᠋ᠠᠨ ᠭᠦᠮᠦᠵᠢᠯ᠎ᠤᠨ ᠰᠢᠰᠲᠸᠮ᠎ᠤᠨ ᠴᠢᠬᠤᠯᠠ ᠪᠦᠷᠢᠯᠳᠤᠭᠦᠨ ᠭᠡᠰᠡᠭ ᠪᠤᠯᠤᠭᠰᠠᠨ᠎ᠤ ᠬᠤᠪᠢ᠎ᠳᠤ ᠰᠢᠨᠵᠢᠯᠠᠭᠦ ᠤᠬᠠᠭ᠋ᠠᠨ ᠰᠤᠷᠭ᠋ᠠᠨ ᠭᠦᠮᠦᠵᠢᠯ ᠵᠶ᠋ᠠᠷ ᠤᠯᠤᠰ ᠵᠶ᠋ᠠᠨ ᠮᠠᠨᠳᠤᠭᠤᠯᠬᠤ ᠪᠠᠢ᠍ᠢ᠍ᠯᠳᠤᠬᠤ ᠪᠤᠳᠤᠯᠭ᠎ᠠ ᠵᠢ ᠭᠡᠷᠡᠭᠵᠢᠭᠦᠯᠭᠦ᠎ᠳᠤ ᠤᠨᠴᠠᠭ᠋ᠠᠢ ᠪᠠᠢ᠍ᠢ᠍ᠷᠢ ᠰᠠᠭᠤᠷᠢ᠎ᠲᠠᠢ ᠶᠤᠮ᠃
      ᠭᠡᠷᠡᠭ ᠳᠡᠭᠡᠷ᠎ᠠ᠎ᠪᠠᠨ ᠲᠤᠮᠳᠠᠳᠤ ᠤᠯᠤᠰ ᠬᠤᠷᠢ ᠭᠠᠷᠤᠢ ᠵᠢᠯ᠎ᠤᠨ ᠠ᠋ᠮᠦᠨ᠎ᠠ ᠦᠢ᠍ᠯᠠᠳᠪᠤᠷᠢᠯᠡᠯ ᠬᠢᠴᠢᠶᠡᠯ ᠭᠦᠮᠦᠵᠢᠯ᠎ᠢ ᠠᠭᠤᠰᠤᠯᠴᠠᠭᠤᠯᠬᠤ ᠰᠤᠷᠭ᠋ᠠᠭᠤᠯᠢ ᠠ᠋ᠷᠬᠢᠯᠡᠭᠦ ᠭᠡᠯᠪᠠᠷᠢ ᠵᠢ ᠭᠡᠷᠡᠭᠵᠢᠭᠦᠯᠵᠦ ᠭᠧᠷᠮᠠᠨ᠎ᠤ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠤᠨ ᠰᠢᠰᠲᠸᠮ᠎ᠢ ᠰᠤᠷᠤᠯᠴᠠᠭᠰᠠᠨ ᠪᠤᠯᠪᠠᠴᠤ ᠠᠮᠵᠢᠯᠳᠠ ᠤᠯᠵᠤ ᠴᠢᠳᠠᠭ᠎ᠠ ᠦᠭᠡᠢ᠃ ᠠᠵᠤ ᠠᠬᠤᠢ᠍ᠢ᠍ᠯᠠᠯ᠎ᠨᠢ ᠬᠠᠮᠵᠢᠯᠴᠠᠬᠤ ᠰᠤᠷᠭ᠋ᠠᠭᠤᠯᠢ᠎ᠠᠴᠠ ᠠ᠋ᠯᠪᠡᠭ ᠪᠠᠶᠠᠯᠢᠬ ᠭᠦᠳᠠᠯᠮᠤᠷᠢ ᠵᠢᠨ ᠠ᠋ᠬᠢ ᠪᠠᠶᠠᠯᠢᠬ᠎ᠢ ᠤᠯᠬᠤ ᠭᠦᠰᠠᠯ᠎ᠲᠠᠢ ᠪᠠᠢ᠍ᠢ᠍ᠭᠰᠠᠨ ᠴᠦ᠍ ᠰᠤᠷᠤᠭᠴᠢ ᠵᠢᠨ ᠲᠤᠷᠰᠢᠯᠭ᠎ᠠ᠎ᠨᠢ ᠬᠢᠵᠠᠭ᠋ᠠᠷᠳᠠᠢ ᠪᠠᠢ᠍ᠢ᠍ᠵᠤ ᠠᠵᠤ ᠠᠬᠤᠢ᠍ᠢ᠍ᠯᠠᠯ᠎ᠳᠤ ᠬᠠᠨᠭ᠌ᠭ᠋ᠠᠬᠤ ᠮᠠᠷᠭᠡᠵᠢᠯ᠎ᠤᠨ ᠲᠡᠮᠵᠢᠯᠭᠡ᠎ᠨᠢ ᠴᠦ᠍ ᠬᠢᠵᠠᠭ᠋ᠠᠷᠳᠠᠢ ᠪᠠᠢ᠍ᠢ᠍ᠵᠠᠢ᠃ ᠠ᠋ᠭᠦᠨ᠎ᠤ ᠬᠠᠮᠳᠤ ᠰᠤᠷᠭ᠋ᠠᠭᠤᠯᠢ᠎ᠨᠢ ᠪᠠᠰᠠ ᠠᠵᠤ ᠠᠬᠤᠢ᠍ᠢ᠍ᠯᠠᠯ᠎ᠤᠨ ᠨᠡᠩ ᠶᠡᠭᠡ ᠪᠠᠯᠠ ᠤᠷᠤᠭᠤᠯᠬᠤ ᠪᠠ ᠬᠤᠯᠪᠤᠭᠳᠠᠯ ᠪᠦᠭᠦᠢ ᠲᠤᠰᠬᠠᠢ ᠮᠠᠷᠭᠡᠵᠢᠯ᠎ᠤᠨ ᠪᠦᠳᠦᠭᠡᠨ ᠪᠠᠢ᠍ᠢ᠍ᠭᠤᠯᠤᠯᠳᠠ ᠵᠢ ᠴᠢᠨᠭ᠌ᠭ᠋ᠠᠳᠬᠠᠵᠤ ᠠᠵᠤ ᠠᠬᠤᠢ᠍ᠢ᠍ᠯᠠᠯ᠎ᠠᠴᠠ ᠨᠡᠩ ᠶᠡᠭᠡ ᠠ᠋ᠬᠢ ᠪᠠᠶᠠᠯᠢᠬ ᠤᠯᠬᠤ ᠵᠢ ᠭᠦᠰᠡᠭᠰᠡᠨ ᠪᠤᠯᠪᠠᠴᠤ ᠠᠵᠤ ᠠᠬᠤᠢ᠍ᠢ᠍ᠯᠠᠯ᠎ᠳᠤ ᠠᠪᠴᠤ ᠭᠡᠯᠡᠪᠡᠯ ᠵᠤᠬᠢᠴᠠᠭᠤᠯᠬᠤ ᠦᠷᠳᠡᠭ᠎ᠨᠢ ᠴᠦ᠍ ᠲᠤᠩ ᠦᠨᠳᠤᠷ ᠪᠤᠯᠵᠠᠢ᠃
      ᠠ᠋ᠨᠡ ᠪᠤᠯ ᠬᠤᠶᠠᠷ ᠲᠠᠯ᠎ᠠ ᠵᠢᠨ ᠵᠦᠷᠢᠴᠡᠯ ᠪᠤᠯᠤᠨ᠎ᠠ᠃ ᠭᠡᠳᠤᠢ᠍ᠢ᠍ᠪᠠᠷ ᠲᠡᠭᠡᠳᠤ ᠵᠡᠷᠭᠡ ᠵᠢᠨ ᠠᠵᠢᠯ ᠮᠠᠷᠭᠡᠵᠢᠯ᠎ᠤᠨ ᠰᠤᠷᠭ᠋ᠠᠭᠤᠯᠢ᠎ᠨᠤᠭᠤᠳ ᠪᠦᠷ ᠰᠤᠷᠭ᠋ᠠᠭᠤᠯᠢ ᠬᠢᠭᠡᠳ ᠠᠵᠤ ᠠᠬᠤᠢ᠍ᠢ᠍ᠯᠠᠯ᠎ᠤᠨ ᠬᠠᠮᠳᠤᠷᠠᠯᠴᠠᠭ᠎ᠠ ᠵᠢ ᠤᠷᠢᠶᠠᠯᠠᠵᠤ ᠪᠠᠢ᠍ᠢ᠍ᠭ᠎ᠠ ᠪᠤᠯᠪᠠᠴᠤ ᠦᠢ᠍ᠯᠠᠳᠤᠯᠭᠡ ᠵᠢᠨ ᠭᠤᠤᠯ ᠲᠤᠭᠯᠠᠭᠴᠢ ᠪᠤᠯᠬᠤ ᠠᠵᠤ ᠠᠬᠤᠢ᠍ᠢ᠍ᠯᠠᠯ᠎ᠨᠢ ᠬᠠᠷᠢᠨ ᠠ᠋ᠨᠡ ᠠᠰᠠᠭᠤᠳᠠᠯ᠎ᠳᠤ ᠨᠠᠵᠠᠭ᠋ᠠᠢ ᠤᠪᠤᠷ᠎ᠲᠠᠢ ᠪᠠᠢ᠍ᠢ᠍ᠨ᠎ᠠ᠃
      ᠭᠡᠪᠡᠴᠤ ᠭᠤᠸᠠᠨᠭ᠌ᠳᠦᠢ᠍ᠩ᠎ᠤᠨ ᠪᠢ ᠭᠦᠢ ᠶᠤᠸᠠᠨ ᠠᠵᠢᠯ ᠮᠠᠷᠭᠡᠵᠢᠯ᠎ᠤᠨ ᠲᠡᠭᠡᠳᠤ ᠰᠤᠷᠭ᠋ᠠᠭᠤᠯᠢ ᠵᠢ ᠪᠤᠰᠤᠳ ᠰᠤᠷᠭ᠋ᠠᠭᠤᠯᠢ᠎ᠲᠠᠢ ᠬᠠᠷᠢᠴᠠᠭᠤᠯᠪᠠᠯ ᠬᠠᠮᠤᠭ᠎ᠤᠨ ᠶᠡᠭᠡ ᠲᠠᠪᠠᠭᠤᠯᠢᠬ ᠲᠠᠯ᠎ᠠ᠎ᠨᠢ ᠭᠡᠪᠡᠯ ᠪᠢ ᠭᠦᠢ ᠶᠤᠸᠠᠨ ᠪᠦᠯᠦᠭᠯᠡᠯ᠎ᠤᠨ ᠡᠯ᠎ᠠ ᠺᠤᠮᠫᠠᠨᠢ᠎ᠨᠢ ᠪᠦᠷ ᠪᠢ ᠭᠦᠢ ᠶᠤᠸᠠᠨ ᠪᠦᠯᠦᠭᠯᠡᠯ᠎ᠳᠤ ᠬᠠᠷᠢᠶᠠᠯᠠᠭᠳᠠᠬᠤ ᠪᠤᠯᠬᠤᠷ ᠦᠢ᠍ᠯᠠᠳᠪᠤᠷᠢᠯᠡᠯ᠎ᠤᠨ ᠠ᠋ᠷᠭᠡ ᠵᠢᠨ ᠬᠠᠷᠢᠴᠠᠭ᠎ᠠ᠎ᠨᠢ ᠨᠢᠭᠡᠳᠤᠯᠳᠠᠢ᠂ ᠰᠤᠷᠭ᠋ᠠᠭᠤᠯᠢ ᠬᠢᠭᠡᠳ ᠺᠤᠮᠫᠠᠨᠢ᠎ᠨᠢ ᠵᠤᠷᠢᠯᠳᠠ ᠨᠢᠭᠡᠳᠤᠯᠳᠠᠢ ᠬᠠᠮᠳᠤ ᠵᠢᠨ ᠴᠤᠭᠴᠠ ᠪᠤᠯᠤᠭᠰᠠᠨ ᠪᠠᠢ᠍ᠢ᠍ᠨ᠎ᠠ᠃ ᠪᠠᠰᠠ ᠨᠢᠭᠡ ᠴᠢᠬᠤᠯᠠ ᠵᠦᠢ᠍ᠯ ᠭᠡᠪᠡᠯ ᠭᠡᠷᠡᠭ ᠮᠡᠳᠡᠭᠴᠢ ᠵᠢᠨ ᠳᠠᠷᠤᠭ᠎ᠠ᠎ᠨᠢ ᠪᠦᠭᠦ ᠪᠦᠯᠦᠭᠯᠡᠯ᠎ᠤᠨ ᠠ᠋ᠬᠢ ᠪᠠᠶᠠᠯᠢᠬ᠎ᠢ ᠡᠵᠡᠮᠰᠢᠵᠤ ᠴᠢᠳᠠᠬᠤ᠎ᠳᠤ ᠤᠷᠤᠰᠢᠨ᠎ᠠ᠃
      ᠴᠢᠨᠭᠭ᠎ᠠ ᠭᠦᠴᠤᠳᠠᠢ ᠠ᠋ᠷᠭᠡ ᠮᠠᠳᠡᠯ᠎ᠤᠨ ᠲᠤᠭᠳᠠᠯᠴᠠᠭ᠎ᠠ ᠲᠤᠤᠷ᠎ᠠ ᠪᠦᠭᠦᠢ᠍ᠢ᠍ᠯᠡ ᠪᠦᠯᠦᠭᠯᠡᠯ᠎ᠤᠨ ᠠ᠋ᠬᠢ ᠪᠠᠶᠠᠯᠢᠬ᠎ᠢ ᠪᠦᠷ ᠲᠠᠢ᠍ᠢ᠍ᠴᠢᠯᠠᠵᠤ ᠴᠢᠳᠠᠭᠰᠠᠨ ᠪᠠᠢ᠍ᠢ᠍ᠨ᠎ᠠ᠃ ᠵᠢᠱ᠌ᠢᠶᠡᠯᠡᠪᠡᠯ᠂ ᠰᠤᠷᠤᠭᠴᠢ᠎ᠨᠢ ᠰᠤᠷᠭ᠋ᠠᠨ ᠭᠦᠮᠦᠵᠢᠯ᠎ᠤᠨ ᠶᠠᠮᠤᠨ᠎ᠠᠴᠠ ᠠ᠋ᠷᠬᠢᠯᠡᠭᠰᠡᠨ ᠪᠦᠭᠦ ᠤᠯᠤᠰ᠎ᠤᠨ ᠠᠵᠢᠯ ᠮᠠᠷᠭᠡᠵᠢᠯ᠎ᠤᠨ ᠴᠢᠳᠠᠪᠤᠷᠢ ᠵᠢᠨ ᠤᠷᠤᠯᠳᠤᠭ᠋ᠠᠨ᠎ᠳᠤ ᠤᠷᠤᠯᠴᠠᠨ᠎ᠠ᠃ ᠪᠠᠭᠰᠢ ᠵᠢᠨ ᠭᠦᠴᠦᠨ᠎ᠨᠢ ᠭᠦᠷᠤᠯᠴᠠᠭᠦ ᠦᠭᠡᠢ ᠪᠤᠯ ᠵᠤᠬᠢᠴᠠᠭᠤᠯᠬᠤ᠎ᠪᠠᠷ ᠲᠠᠮᠵᠢᠨ ᠠᠵᠤ ᠠᠬᠤᠢ᠍ᠢ᠍ᠯᠠᠯ᠎ᠤᠨ ᠲᠡᠭᠡᠳᠤ ᠲᠠᠰ᠎ᠤᠨ ᠬᠠᠷᠢᠭᠤᠴᠠᠯᠭ᠋ᠠᠳᠠᠨ᠎ᠢ ᠵᠢᠯᠤᠭᠤᠳᠬᠤ ᠠ᠋ᠨᠭ᠌ᠨᠡᠭᠡ᠎ᠳᠤ ᠤᠷᠤᠯᠴᠠᠭᠤᠯᠤᠨ᠎ᠠ᠃ ᠬᠢᠴᠢᠶᠡᠯ ᠭᠦᠮᠦᠵᠢᠯ ᠦᠢ᠍ᠯᠡᠳᠤᠯᠭᠡ ᠵᠢᠨ ᠲᠠᠯ᠎ᠠ᠎ᠪᠠᠷ ᠴᠦ᠍ ᠠ᠋ᠢ᠍ᠢ᠍ᠮᠦ ᠪᠠᠢ᠍ᠢ᠍ᠳᠠᠬ᠃ ᠶᠡᠭᠡ ᠰᠤᠷᠭ᠋ᠠᠭᠤᠯᠢ ᠵᠢᠨ ᠭᠤᠷᠪᠠᠳᠤᠭ᠋ᠠᠷ ᠤᠨ᠎ᠤ ᠱᠠᠳᠤᠨ᠎ᠳᠤ ᠰᠤᠷᠤᠭᠴᠢᠳ᠎ᠲᠤ ᠲᠤᠰᠬᠠᠢ ᠮᠠᠷᠭᠡᠵᠢᠯ᠂ ᠦᠢ᠍ᠯᠠᠳᠤᠯᠭᠡ ᠵᠢᠨ ᠪᠠᠭᠰᠢ ᠲᠤᠬᠢᠷᠠᠭᠤᠯᠵᠤ 《ᠤᠨᠤᠪᠴᠢᠳᠠᠢ ᠠᠵᠢᠯ᠎ᠤᠨ ᠪᠠᠢ᠍ᠢ᠍ᠷᠢ᠎ᠳᠤ ᠭᠠᠷᠭ᠋ᠠᠵᠤ᠂ ᠤᠨᠤᠪᠴᠢᠳᠠᠢ ᠲᠤᠰᠢᠶᠠᠯ ᠠ᠋ᠭᠦᠷᠭᠡᠯᠡᠭᠦ》 ᠵᠢ ᠪᠡᠶᠡᠯᠡᠭᠦᠯᠦᠭᠰᠡᠨ ᠪᠠᠢ᠍ᠢ᠍ᠨ᠎ᠠ᠃ ᠠ᠋ᠭᠦᠨ᠎ᠠᠴᠠ ᠦᠢ᠍ᠯᠠᠳᠪᠤᠷᠢᠯᠡᠯ ᠬᠢᠴᠢᠶᠡᠯ ᠭᠦᠮᠦᠵᠢᠯ᠎ᠢ ᠠᠭᠤᠰᠤᠯᠴᠠᠭᠤᠯᠬᠤ ᠵᠢᠨ ᠵᠠᠨᠭ᠌ᠬᠢᠯᠠᠭ᠎ᠠ᠎ᠨᠢ ᠨᠠᠢ᠍ᠢ᠍ᠳᠠᠪᠤᠷᠢᠵᠢᠭᠤᠯᠬᠤ᠎ᠳᠤ ᠪᠠᠢ᠍ᠢ᠍ᠨ᠎ᠠ ᠭᠡᠳᠡᠭ᠎ᠢ ᠮᠠᠳᠠᠵᠤ ᠪᠤᠯᠤᠨ᠎ᠠ᠃
      ᠤᠳᠤᠬᠠᠨ᠎ᠳᠤ ᠲᠤᠮᠳᠠᠳᠤ ᠤᠯᠤᠰ᠎ᠤᠨ ᠦᠢ᠍ᠯᠡᠳᠭᠦ ᠦᠢ᠍ᠯᠠᠰ᠂ ᠠᠵᠤ ᠦᠢ᠍ᠯᠡᠳᠪᠤᠷᠢᠯᠡᠯ᠎ᠤᠨ 4.0᠎ᠤᠨ ᠴᠠᠬ ᠦᠶ᠎ᠠ᠎ᠳᠤ ᠰᠢᠯᠵᠢᠵᠤ ᠪᠠᠢ᠍ᠢ᠍ᠨ᠎ᠠ᠃ ᠪᠢ ᠭᠦᠢ ᠶᠤᠸᠠᠨ ᠪᠦᠯᠦᠭᠯᠡᠯ ᠴᠦ᠍ 2018 ᠤᠨ᠎ᠤ 7 ᠳ᠋ᠤᠭ᠋ᠠᠷ ᠰᠠᠷ᠎ᠠ᠎ᠳᠤ ᠵᠢᠨᠭᠬᠢᠨᠢ᠎ᠪᠠᠷ ᠮᠠᠰᠢᠨ ᠭᠦᠮᠦᠨ ᠦᠢ᠍ᠯᠠᠳᠭᠦ ᠵᠦᠭ ᠰᠢᠯᠵᠢᠭᠰᠡᠨ ᠪᠠᠢ᠍ᠢ᠍ᠨ᠎ᠠ᠃ ᠠ᠋ᠨᠡ ᠵᠢᠯ ᠪᠢ ᠭᠦᠢ ᠶᠤᠸᠠᠨ ᠠᠵᠢᠯ ᠮᠠᠷᠭᠡᠵᠢᠯ᠎ᠤᠨ ᠲᠡᠭᠡᠳᠤ ᠰᠤᠷᠭ᠋ᠠᠭᠤᠯᠢ᠎ᠨᠢ ᠤᠯᠤᠰ ᠬᠢᠭᠡᠳ ᠪᠦᠯᠦᠭᠯᠡᠯ᠎ᠤᠨ ᠵᠶ᠋ᠠᠨ ᠠᠵᠤ ᠠᠬᠤᠢ᠍ᠢ᠍ᠯᠠᠯ᠎ᠤᠨ ᠪᠦᠳᠦᠴᠡ ᠵᠢᠨ ᠲᠠᠭᠡᠭᠰᠢᠯᠠᠯᠳᠠ ᠵᠢᠨ ᠱᠠᠭ᠋ᠠᠷᠳᠠᠯᠭ᠎ᠠ ᠵᠢ ᠲᠠᠭ᠋ᠠᠵᠤ ᠤᠳᠤᠬᠠᠨ᠎ᠤ ᠪᠠᠢ᠍ᠢ᠍ᠭ᠎ᠠ ᠪᠠᠷᠢᠯᠭ᠎ᠠ᠂ ᠬᠠᠮᠢᠶᠠᠷᠤᠯᠳᠠ᠂ ᠰᠤᠷᠭ᠋ᠠᠨ ᠭᠦᠮᠦᠵᠢᠯ ᠵᠡᠷᠭᠡ ᠲᠠᠪᠠᠭᠤᠯᠢᠬ ᠲᠤᠰᠬᠠᠢ ᠮᠠᠷᠭᠡᠵᠢᠯ᠎ᠤᠨ ᠰᠠᠭᠤᠷᠢᠨ ᠳᠡᠭᠡᠷ᠎ᠡ ᠤᠶᠤᠨᠴᠢ ᠡᠵᠡᠮᠰᠢᠯ᠎ᠤᠨ ᠮᠠᠷᠭᠡᠵᠢᠯ (ᠮᠠᠰᠢᠨ ᠭᠦᠮᠦᠨ᠎ᠤ ᠮᠠᠷᠭᠡᠵᠢᠯ ᠭᠡᠷᠡᠭᠯᠠᠯᠳᠠ)᠎ᠤᠨ ᠲᠤᠰᠬᠠᠢ ᠮᠠᠷᠭᠡᠵᠢᠯ᠎ᠢ ᠨᠡᠮᠡᠵᠤ ᠭᠠᠷᠭ᠋ᠠᠵᠠᠢ᠃ ᠠ᠋ᠨᠡ᠎ᠨᠢ ᠲᠡᠭᠦᠰᠭᠦ ᠰᠤᠷᠤᠭᠴᠢᠳ᠎ᠲᠤ ᠨᠡᠩ ᠤᠯᠠᠨ ᠰᠤᠨᠭ᠌ᠭᠤᠯᠳᠠ ᠬᠢᠭᠡᠳ ᠪᠤᠯᠤᠯᠴᠠᠭ᠎ᠠ ᠵᠢ ᠠ᠋ᠭᠦᠳᠦᠨ ᠦᠭᠭᠦᠭᠰᠡᠨ ᠪᠠᠢ᠍ᠢ᠍ᠨ᠎ᠠ᠃
      ᠭᠤᠷᠪᠠ᠂ ᠠᠵᠢᠯ ᠮᠠᠷᠭᠡᠵᠢᠯ᠎ᠤᠨ ᠭᠦᠮᠦᠵᠢᠯ ᠪᠤᠯ ᠮᠦᠨ ᠴᠦ᠍ ᠴᠢᠳᠠᠪᠤᠷᠢᠳᠠᠨ ᠪᠤᠯᠬᠤ ᠵᠠᠮ ᠶᠤᠮ
      ᠨᠢᠭᠡᠨ ᠠᠵᠤ ᠠᠬᠤᠢ᠍ᠢ᠍ᠯᠠᠯ᠎ᠳᠤ ᠠᠪᠴᠤ ᠭᠡᠯᠡᠪᠡᠯ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠢ ᠬᠢᠭᠦ᠎ᠨᠢ ᠲᠦᠢ᠍ᠯ᠎ᠤᠨ ᠠᠵᠠ᠎ᠲᠠᠢ ᠶᠠᠪᠤᠳᠠᠯ ᠪᠤᠯᠬᠤ ᠶᠤᠮ᠃ ᠲᠠᠷᠠ᠎ᠨᠢ ᠠᠵᠤ ᠠᠬᠤᠢ᠍ᠢ᠍ᠯᠠᠯ᠎ᠤᠨ ᠬᠠᠷᠢᠭᠤᠴᠠᠯᠭ᠎ᠠ ᠪᠠ ᠨᠠᠢ᠍ᠢ᠍ᠭᠡᠮ᠎ᠤᠨ ᠦᠷᠳᠡᠭ᠎ᠢ ᠪᠦᠷ ᠠᠭᠤᠰᠬᠠᠨ ᠢᠯᠠᠷᠠᠭᠦᠯᠵᠦ ᠴᠢᠳᠠᠬᠤ ᠶᠤᠮ᠃ ᠭᠤᠸᠠᠨᠭ᠌ᠳᠦᠢ᠍ᠩ᠎ᠤᠨ ᠪᠢ ᠭᠦᠢ ᠶᠤᠸᠠᠨ ᠠᠵᠢᠯ ᠮᠠᠷᠭᠡᠵᠢᠯ᠎ᠤᠨ ᠲᠡᠭᠡᠳᠤ ᠰᠤᠷᠭ᠋ᠠᠭᠤᠯᠢ᠎ᠨᠢ ᠶᠠᠳᠠᠭᠤ ᠭᠦᠴᠢᠷᠳᠠᠢ ᠭᠡᠷ ᠪᠦᠯᠢ ᠵᠢᠨ ᠰᠤᠷᠤᠭᠴᠢᠳ᠎ᠢ ᠵᠠᠷᠤᠳᠠᠯ ᠬᠤᠷᠢᠶᠠᠬᠤ ᠦᠭᠡᠢ᠎ᠪᠠᠷ ᠰᠤᠷᠤᠯᠴᠠᠭᠤᠯᠵᠤ ᠪᠠᠢ᠍ᠢ᠍ᠨ᠎ᠠ᠃ ᠰᠤᠷᠭ᠋ᠠᠨ ᠭᠦᠮᠦᠵᠢᠯ ᠵᠶ᠋ᠠᠷ ᠶᠠᠳᠠᠭᠤ ᠵᠢ ᠲᠡᠳᠭᠦᠭᠦ ᠪᠤᠯ ᠦᠶ᠎ᠠ ᠤᠯᠠᠷᠢᠭᠰᠠᠨ ᠶᠠᠳᠠᠭᠤ ᠵᠢ ᠦᠭᠡᠢ᠍ᠢ᠍ᠰᠭᠡᠭᠦ ᠴᠢᠬᠤᠯᠠ ᠠᠷᠭ᠎ᠠ ᠵᠠᠮ ᠪᠤᠯᠤᠨ᠎ᠠ᠃ ᠠ᠋ᠨᠡ᠎ᠨᠢ ᠶᠠᠳᠠᠭᠤ ᠭᠦᠴᠢᠷᠳᠠᠢ ᠰᠤᠷᠤᠭᠴᠢᠳ᠎ᠤᠨ ᠰᠤᠷᠤᠯᠭ᠎ᠠ᠎ᠪᠠᠨ ᠢᠯᠭᠤᠮ ᠪᠠᠶᠠᠯᠠᠭᠦᠯᠭᠦ ᠵᠢ ᠲᠤᠰᠠᠯᠠᠬᠤ᠎ᠪᠠᠷ ᠪᠠᠷᠠᠬᠤ ᠦᠭᠡᠢ ᠨᠡᠩ ᠴᠢᠬᠤᠯᠠ᠎ᠨᠢ ᠰᠤᠷᠤᠭᠴᠢᠳ᠎ᠢ ᠦᠨᠳᠤᠷ ᠴᠠᠯᠢᠩ᠎ᠲᠠᠢ ᠠᠵᠢᠯ᠎ᠢ ᠠ᠋ᠭᠦᠷᠭᠡᠯᠡᠵᠦ ᠴᠢᠳᠠᠬᠤ ᠴᠢᠳᠠᠪᠤᠷᠢᠳᠠᠨ ᠪᠤᠯᠭ᠋ᠠᠨ ᠭᠦᠮᠦᠵᠢᠭᠦᠯᠭᠦ ᠪᠤᠯᠤᠨ᠎ᠠ᠃ ᠦᠢ᠍ᠯᠠᠳᠪᠤᠷᠢᠯᠡᠯ ᠬᠢᠴᠢᠶᠡᠯ ᠭᠦᠮᠦᠵᠢᠯ᠎ᠢ ᠠᠭᠤᠰᠬᠠᠬᠤ᠎ᠪᠠᠷ ᠲᠠᠮᠵᠢᠭᠤᠯᠤᠨ ᠰᠤᠷᠤᠭᠴᠢᠳ᠎ᠲᠤ ᠲᠦᠮᠡᠨ ᠲᠦᠭᠦᠷᠢᠭ᠎ᠤᠨ ᠰᠠᠷ᠎ᠠ ᠵᠢᠨ ᠴᠠᠯᠢᠩ ᠤᠯᠵᠤ ᠴᠢᠳᠠᠬᠤ ᠠᠵᠢᠯ᠎ᠤᠨ ᠪᠠᠢ᠍ᠢ᠍ᠷᠢ ᠵᠢ ᠠ᠋ᠬᠦᠷᠬᠡᠯᠡᠵᠦ ᠴᠢᠳᠠᠬᠤ ᠭᠡᠪ ᠴᠢᠨᠠᠷ᠂ ᠮᠠᠷᠭᠡᠵᠢᠯ ᠬᠢᠭᠡᠳ ᠴᠢᠳᠠᠪᠤᠷᠢ ᠵᠢ ᠡᠵᠡᠮᠰᠢᠭᠦᠯᠭᠦ᠎ᠨᠢ ᠰᠠᠢ᠍ᠢ᠍ᠨ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ ᠭᠦᠷᠳᠡᠭᠰᠡᠨ ᠭᠦᠮᠦᠨ ᠰᠠᠢ᠍ᠢ᠍ᠨ ᠠᠵᠢᠯ᠎ᠢ ᠤᠯᠵᠤ ᠰᠠᠢ᠍ᠢ᠍ᠬᠠᠨ ᠠᠮᠢᠳᠤᠷᠠᠯ᠎ᠢ ᠠ᠋ᠳ᠋ᠯᠡᠵᠦ ᠴᠢᠳᠠᠨ᠎ᠠ ᠭᠡᠳᠡᠭ᠎ᠢ ᠨᠠᠢ᠍ᠢ᠍ᠭᠡᠮ᠎ᠳᠤ ᠮᠠᠳᠠᠭᠦᠯᠵᠤ ᠴᠢᠳᠠᠨ᠎ᠠ᠃
     2019 ᠤᠨ᠎ᠤ 3 ᠳ᠋ᠤᠭ᠋ᠠᠷ ᠰᠠᠷ᠎ᠠ ᠵᠢᠨ 5᠎ᠤ ᠠ᠋ᠳᠦᠷ ᠯᠢ ᠺᠧ ᠴᠢᠶᠠᠩ ᠶᠡᠷᠦᠨᠭᠭᠡᠢ ᠰᠠᠢ᠍ᠢ᠍ᠳ ᠵᠠᠰᠠᠭ᠎ᠤᠨ ᠤᠷᠳᠤᠨ᠎ᠤ ᠮᠠᠳᠠᠭᠦᠯᠤᠯᠳᠠ᠎ᠳᠤ ᠠᠵᠢᠯ ᠮᠠᠷᠭᠡᠵᠢᠯ᠎ᠤᠨ ᠲᠡᠭᠡᠳᠤ ᠰᠤᠷᠭ᠋ᠠᠭᠤᠯᠢ ᠵᠢᠨ ᠰᠢᠯᠭ᠋ᠠᠯᠳᠠ ᠬᠢᠵᠤ ᠰᠤᠷᠤᠬ᠍ᠴᠢ ᠠ᠋ᠯᠰᠡᠭᠦ ᠠᠷᠭ᠎ᠠ ᠵᠢ ᠦᠭᠡᠷᠡᠴᠢᠯᠠᠡ ᠰᠠᠢ᠍ᠢ᠍ᠵᠢᠷᠠᠭᠤᠯᠵᠤ ᠨᠡᠩ ᠤᠯᠠᠨ ᠲᠡᠭᠡᠳᠤ ᠲᠤᠮᠳᠠᠳᠤ ᠲᠡᠭᠦᠰᠦᠭᠰᠡᠨ ᠰᠤᠷᠤᠭᠴᠢ ᠪᠠ ᠴᠡᠷᠢᠭ᠎ᠠᠴᠠ ᠬᠠᠯᠠᠭᠳᠠᠭᠰᠠᠳ᠂ ᠠᠵᠢᠯ ᠵᠶ᠋ᠠᠨ ᠠᠯᠳᠠᠭᠰᠠᠨ ᠠᠵᠢᠯᠳᠠᠨ᠂ ᠲᠠᠷᠢᠶᠠᠴᠢᠨ ᠠᠵᠢᠯᠴᠢᠨ ᠵᠡᠷᠭᠡ ᠭᠦᠮᠦᠰ᠎ᠤᠨ ᠨᠡᠷ᠎ᠠ ᠮᠠᠳᠠᠭᠦᠯᠦᠨ ᠰᠢᠯᠭ᠋ᠠᠬᠤ ᠵᠢ ᠵᠤᠷᠢᠬ᠍ᠵᠢᠭᠤᠯᠵᠤ ᠠ᠋ᠨᠡ ᠵᠢᠯ 100 ᠲᠦᠮᠠᠨ ᠭᠦᠮᠦᠨ ᠪᠤᠯᠭ᠋ᠠᠵᠤ᠂ ᠦᠷᠭᠡᠳᠭᠡᠨ ᠠ᠋ᠯᠰᠡᠨ᠎ᠠ ᠭᠡᠵᠦ ᠲᠤᠳᠤᠷᠬᠠᠢ ᠲᠤᠷᠠᠳᠴᠠᠢ᠃ ᠠ᠋ᠨᠡ ᠤᠳᠠᠭ᠋ᠠᠨ᠎ᠤ ᠵᠠᠰᠠᠭ᠎ᠤᠨ ᠤᠷᠳᠤᠨ᠎ᠤ ᠮᠠᠳᠠᠭᠦᠯᠤᠯᠳᠠ᠎ᠳᠤ ᠪᠠᠰᠠ 《ᠠᠵᠤ ᠠᠬᠤᠢ᠍ᠢ᠍ᠯᠠᠯ ᠪᠠ ᠨᠠᠢ᠍ᠢ᠍ᠭᠡᠮ᠎ᠤᠨ ᠭᠦᠴᠦᠨ᠎ᠤ ᠠᠵᠢᠯ ᠮᠠᠷᠭᠡᠵᠢᠯ᠎ᠤᠨ ᠰᠤᠷᠭ᠋ᠠᠨ ᠬᠦᠮᠦᠵᠢᠯ ᠠ᠋ᠷᠬᠢᠯᠡᠭᠦ ᠵᠢ ᠵᠤᠷᠢᠬ᠍ᠵᠢᠭᠤᠯᠤᠨ ᠲᠠᠮᠵᠢᠨ᠎ᠠ》 ᠭᠡᠵᠦ ᠲᠤᠰᠬᠠᠢ᠍ᠢ᠍ᠯᠠᠨ ᠲᠤᠷᠠᠳᠴᠠᠢ᠃
      ᠠᠵᠢᠯ ᠮᠠᠷᠭᠡᠵᠢᠯ᠎ᠤᠨ ᠰᠤᠷᠤᠭᠴᠢ ᠵᠢ ᠶᠠᠭᠡ ᠭᠡᠮᠵᠢᠶ᠎ᠡ᠎ᠪᠠᠷ ᠦᠷᠭᠡᠳᠭᠡᠨ ᠠ᠋ᠯᠰᠠᠭᠦ ᠪᠤᠯᠤᠭᠰᠠᠨ ᠶᠠᠪᠤᠳᠠᠯ᠎ᠨᠢ ᠤᠯᠤᠰ᠎ᠠᠴᠠ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠢ ᠭᠦᠨᠳᠤᠳᠭᠡᠵᠦ ᠪᠠᠢ᠍ᠢ᠍ᠭ᠎ᠠ ᠤᠪᠤᠷ᠎ᠢ ᠬᠠᠷᠠᠭᠤᠯᠵᠤ ᠪᠠᠢ᠍ᠢ᠍ᠨ᠎ᠠ᠃ ᠠ᠋ᠨᠡ᠎ᠨᠢ ᠤᠳᠤ ᠦᠶ᠎ᠠ ᠵᠢᠨ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠢ ᠲᠦᠷᠭᠡᠳᠭᠡᠨ ᠭᠦᠭᠵᠢᠭᠦᠯᠭᠦ ᠵᠤᠷᠢᠭ ᠰᠠᠨᠠᠭ᠎ᠠ᠎ᠲᠠᠢ ᠨᠠᠢ᠍ᠢ᠍ᠴᠠᠵᠤ ᠪᠠᠢ᠍ᠢ᠍ᠭ᠎ᠠ ᠮᠦᠷᠳᠡᠭᠡᠨ ᠮᠦᠨ ᠴᠦ᠍ ᠮᠠᠨ᠎ᠤ ᠤᠯᠤᠰ᠎ᠤᠨ ᠠᠵᠤ ᠠᠬᠤᠢ ᠵᠢᠨ ᠰᠢᠯᠵᠢᠯᠳᠠ᠂ ᠠᠵᠤ ᠠᠬᠤᠢ᠍ᠢ᠍ᠯᠠᠯ᠎ᠤᠨ ᠲᠡᠭᠡᠭᠰᠢᠯᠠᠯᠳᠠ᠎ᠲᠠᠢ ᠲᠤᠬᠢᠷᠠᠭᠰᠠᠨ ᠲᠡᠭᠡᠳᠤ ᠲᠠᠰ᠎ᠤᠨ ᠴᠢᠳᠠᠪᠤᠷᠢᠳᠠᠨ ᠲᠤᠳᠠᠭᠳᠠᠵᠤ ᠪᠠᠢ᠍ᠢ᠍ᠭ᠎ᠠ ᠪᠠᠢ᠍ᠢ᠍ᠳᠠᠯ᠎ᠢ ᠰᠢᠢ᠍ᠳᠪᠤᠷᠢᠯᠡᠭᠦ ᠪᠠᠢ᠍ᠢ᠍ᠯᠳᠤᠬᠤ ᠪᠤᠳᠤᠯᠭ᠎ᠠ ᠵᠢᠨ ᠠᠵᠢᠯᠯᠠᠭ᠎ᠠ ᠮᠦᠨ᠃ ᠮᠦᠨ ᠴᠦ᠍ ᠴᠠᠭ ᠦᠶ᠎ᠠ ᠵᠢᠨ ᠱᠠᠭ᠋ᠠᠷᠳᠠᠯᠭ᠎ᠠ᠎ᠳᠤ ᠲᠤᠬᠢᠷᠠᠭᠰᠠᠨ ᠠᠵᠢᠯ ᠮᠠᠷᠭᠡᠵᠢᠯ᠎ᠤᠨ ᠴᠢᠳᠠᠪᠤᠷᠢᠳᠠᠨ᠎ᠤ ᠬᠠᠮᠤᠭ᠎ᠤᠨ ᠰᠠᠢ᠍ᠢ᠍ᠨ ᠭᠦᠮᠦᠵᠢᠯ ᠭᠦᠷᠳᠠᠭᠦ ᠠᠵᠠ ᠵᠠᠪᠰᠢᠶᠠᠨ ᠪᠤᠯᠤᠨ᠎ᠠ᠃
      ᠠᠵᠢᠯ ᠮᠠᠷᠭᠡᠵᠢᠯ᠎ᠤᠨ ᠲᠡᠭᠡᠳᠤ ᠰᠤᠷᠭ᠋ᠠᠭᠤᠯᠢ ᠵᠢᠨ ᠦᠷᠭᠡᠨ ᠭᠡᠪᠴᠢᠶ᠎ᠠ᠎ᠪᠠᠷ ᠰᠤᠷᠤᠭᠴᠢ ᠠ᠋ᠯᠰᠠᠭᠦ ᠲᠤᠮᠳᠠ ᠶᠠᠰᠤ ᠴᠢᠨᠠᠷ᠎ᠢ ᠬᠡᠷᠬᠢᠨ ᠪᠠᠳᠤᠯᠠᠬᠤ ᠠᠰᠠᠭᠤᠳᠠᠯ᠎ᠳᠤ ᠪᠢ ᠭᠦᠢ ᠶᠤᠸᠠᠨ ᠠᠵᠢᠯ ᠮᠠᠷᠭᠡᠵᠢᠯ᠎ᠤᠨ ᠲᠡᠭᠡᠳᠤ ᠰᠤᠷᠭ᠋ᠠᠭᠤᠯᠢ ᠵᠢᠨ ᠭᠦᠭᠵᠢᠯᠳᠠ ᠵᠢᠨ ᠵᠠᠮ᠎ᠨᠢ 《ᠦᠢ᠍ᠯᠠᠳᠪᠤᠷᠢᠯᠡᠯ᠂ ᠬᠢᠴᠢᠶᠡᠯ ᠭᠦᠮᠦᠵᠢᠯ᠎ᠢ ᠠᠭᠤᠰᠤᠯᠴᠠᠭᠤᠯᠬᠤ》 ᠦᠭᠡᠷᠡᠴᠢᠯᠠᠯᠳᠠ ᠵᠢᠨ ᠲᠤᠷᠰᠢᠯᠭ᠎ᠠ ᠵᠢ ᠬᠠᠨᠭ᠌ᠭ᠋ᠠᠭᠰᠠᠨ ᠪᠠᠢ᠍ᠢ᠍ᠨ᠎ᠠ᠃ ᠨᠠᠢ᠍ᠢ᠍ᠭᠡᠮ᠎ᠤᠨ ᠦᠷᠳᠡᠭ ᠬᠢᠭᠡᠳ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ᠎ᠤᠨ ᠤᠶᠠᠯᠳᠤᠯ᠎ᠨᠢ ᠠ᠋ᠷᠭᠡ ᠮᠠᠳᠠᠯ᠎ᠤᠨ ᠠᠵᠢᠯᠯᠠᠭ᠎ᠠ ᠵᠢᠨ ᠲᠤᠭᠳᠠᠯᠴᠠᠭ᠎ᠠ ᠵᠢᠨ ᠠ᠋ᠭᠦᠳᠤᠯᠳᠠ ᠲᠤᠤᠷ᠎ᠠ ᠰᠠᠢ᠍ᠢ᠍ᠨ ᠰᠠᠢ᠍ᠢ᠍ᠬᠠᠨ ᠤᠷᠴᠢᠯ ᠪᠠ ᠬᠠᠮᠳᠤ ᠵᠢᠨ ᠠᠮᠵᠢᠯᠳᠠ᠎ᠳᠤ ᠭᠦᠷᠴᠤ ᠴᠢᠳᠠᠨ᠎ᠠ᠃ ᠠ᠋ᠨᠡ ᠪᠤᠯ ᠳᠠᠷᠤᠢ ᠴᠠᠭ ᠦᠶ᠎ᠠ ᠵᠢᠨ ᠱᠠᠭ᠋ᠠᠷᠳᠠᠬᠤ ᠰᠤᠷᠭ᠋ᠠᠨ ᠭᠦᠮᠦᠵᠢᠯ ᠪᠤᠯᠤᠨ᠎ᠠ᠃ ᠲᠠᠷᠠ᠎ᠨᠢ ᠭᠦᠮᠦᠰ᠎ᠲᠤ ᠠᠵᠢᠯ ᠮᠠᠷᠭᠡᠵᠢᠯ᠎ᠤᠨ ᠰᠤᠷᠭ᠋ᠠᠨ ᠭᠦᠮᠦᠵᠢᠯ ᠴᠦ᠍ ᠭᠡᠷᠡᠯ ᠰᠠᠴᠤᠷᠠᠨᠭ᠌ᠭᠤᠢ ᠢᠷᠡᠭᠡᠳᠤᠢ᠎ᠲᠠᠢ ᠴᠢᠳᠠᠪᠤᠷᠢᠳᠠᠨ ᠪᠤᠯᠬᠤ ᠵᠠᠮ ᠪᠤᠯᠤᠨ᠎ᠠ ᠭᠡᠳᠡᠭ᠎ᠢ ᠲᠠᠨᠢᠭᠤᠯᠬᠤ ᠶᠤᠮ᠃


            (《ᠪᠠᠭᠰᠢ ᠵᠢᠨ ᠬᠤᠷᠸ᠎ᠠ》 ᠰᠡᠳᠭᠦᠯ᠎ᠤᠨ 2019 ᠤᠨ᠎ᠤ 10 ᠳ᠋ᠤᠭ᠋ᠠᠷ
            ᠬᠤᠭᠤᠴᠠᠭ᠎ᠠ᠎ᠠᠴᠠ ᠰᠠᠢ᠍ᠢ᠍ᠨᠪᠤᠶᠠᠨ ᠤᠷᠴᠢᠭᠤᠯᠤᠨ ᠪᠠᠭᠤᠯᠭ᠋ᠠᠪᠠ)
                  2020 ᠣᠨ᠎ᠤ 8 ᠳ᠋ᠤᠭ᠋ᠠᠷ ᠬᠤᠭᠤᠴᠠᠭ᠎ᠠ


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠤᠨ᠎ᠤ ᠰᠤᠷᠭ᠋ᠠᠨ ᠬᠥᠮᠦᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠲᠤᠮᠳᠠᠳᠤ ᠤᠯᠤᠰ᠎ᠤᠨ ᠭᠦᠮᠦᠨ ᠲᠤᠭ᠋ᠠᠨ᠎ᠤ ᠤᠬᠠᠭ᠋ᠠᠨ᠎ᠳᠤ᠎ᠪᠠᠨ ᠦᠨᠡᠭᠡᠷ ᠰᠠᠢ᠍ᠢ᠍ᠨ ᠤᠤ
ᠵᠦᠪ ᠰᠤᠷᠭ᠋ᠠᠨ ᠭᠦᠮᠦᠵᠢᠯ᠎ᠤᠨ ᠵᠠᠷᠴᠢᠮ᠎ᠢ ᠦᠭᠦᠯᠡᠭᠦ᠎ᠨᠢ
ᠵᠢᠨᠭᠬᠢᠨᠢ ᠰᠤᠷᠤᠯᠴᠠᠬᠤ ᠠᠷᠭ᠎ᠠ ᠭᠡᠳᠡᠭ ᠶᠠᠭᠤ ᠪᠤᠢ
《ᠠ᠋ᠸᠤᠢ᠍ᠺᠯᠢᠳ᠋᠎ᠤᠨ ᠤᠭ ᠪᠢᠴᠢᠭ》 ᠬᠢᠭᠡᠳ ᠮᠥᠩᠬᠡ ᠬᠠᠭ᠋ᠠᠨ
 
             蒙ICP备05000248号