ᠠᠵᠠ᠎ᠲᠠᠢ
ᠤᠳᠤᠬᠠᠨ᠎ᠳᠤ᠂ ᠶᠡᠭᠡ ᠲᠡᠭᠡᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠬᠥᠭᠵᠢᠯᠲᠡ ᠵᠢ ᠳᠠᠭ᠋ᠠᠯᠳᠤᠨ᠂ ᠤᠶᠤᠲᠠᠳ᠎ᠤᠨ ᠲᠤᠭ᠎ᠠ ᠤᠯᠠᠰᠢᠷᠠᠨ᠂ ᠰᠤᠷᠭ᠋ᠠᠭᠤᠯᠢ ᠲᠡᠭᠦᠰᠦᠭᠰᠡᠳ᠎ᠤᠨ ᠠᠵᠢᠯ ᠤᠯᠭᠤᠯᠳᠠ ᠵᠢᠨ ᠠᠰᠠᠭᠤᠳᠠᠯ ᠠ᠋ᠳᠦᠷ ᠢᠷᠡᠬᠦᠶ᠎ᠡ ᠲᠤᠪᠤᠶ᠋ᠢᠮ᠎ᠠ ᠪᠣᠯᠵᠤ᠂ ᠤᠯᠠᠨ ᠲᠠᠯ᠎ᠠ ᠵᠢᠨ ᠬᠦᠴᠢᠷᠳᠡᠯ ᠢᠯᠡᠷᠡᠵᠤ ᠪᠠᠶ᠋ᠢᠨ᠎ᠠ᠃ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠤᠶᠤᠲᠠᠳ᠎ᠤᠨ ᠠᠵᠢᠯ ᠤᠯᠭᠤᠯᠳᠠ᠎ᠳᠤ ᠨᠠᠩ ᠣᠯᠠᠨ ᠠᠰᠠᠭᠤᠳᠠᠯ ᠲᠤᠯᠭ᠋ᠠᠷᠠᠭ᠍ᠤ ᠪᠤᠯᠪᠠᠴᠤ᠂ ᠠ᠋ᠭᠦᠨ᠎ᠤ ᠬᠠᠮᠲᠤ ᠨᠡᠶ᠋ᠢᠭᠡᠮ᠎ᠤᠨ ᠥᠭᠡᠷᠡᠴᠢᠯᠡᠯᠲᠡ ᠬᠥᠭᠵᠢᠯᠲᠡ᠎ᠠᠴᠠ ᠠ᠋ᠭᠦᠰᠦᠭᠰᠡᠨ ᠠᠵᠠ ᠲᠣᠬᠢᠶᠠᠯ ᠴᠤ᠌ ᠤᠯᠠᠨ ᠪᠤᠯᠬᠤ ᠶᠤᠮ ᠭᠡᠳᠡᠭ᠎ᠢ ᠪᠢᠳᠡ ᠪᠦᠬᠦᠨ ᠮᠡᠳᠡᠷᠡᠬᠦ ᠬᠡᠷᠡᠭᠳᠠᠢ᠃
ᠨᠢᠭᠡ᠂ ᠤᠶᠤᠲᠠᠳ᠎ᠤᠨ ᠠᠵᠢᠯ ᠤᠯᠭᠤᠯᠳᠠ ᠵᠢᠨ ᠣᠳᠣᠬᠢ ᠪᠠᠢ᠍ᠢ᠍ᠳᠠᠯ
ᠬᠤᠯᠪᠣᠭᠳᠠᠯ ᠪᠦᠬᠦᠢ ᠪᠦᠷᠢᠳᠬᠡᠯ᠎ᠢ ᠦᠨᠳᠦᠰᠦᠯᠡᠪᠡᠯ᠂ 2009 ᠣᠨ᠎ᠠᠴᠠ ᠨᠠᠭ᠋ᠠᠰᠢ᠂ ᠮᠠᠨ᠎ᠤ ᠤᠯᠤᠰ᠎ᠤᠨ ᠵᠢᠯ ᠪᠦᠷᠢ ᠵᠢᠨ ᠶᠡᠭᠡ ᠲᠡᠭᠡᠳᠤ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠤᠭᠰᠠᠨ ᠬᠥᠮᠦᠨ᠎ᠤ ᠲᠤᠭ᠎ᠠ ᠴᠥᠮ 600 ᠲᠦᠮᠡ᠎ᠠᠴᠠ ᠲᠡᠭᠡᠭᠰᠢ ᠪᠣᠯᠤᠭᠰᠠᠨ ᠪᠥᠭᠡᠳ ᠵᠢᠯ ᠳᠠᠷᠠᠭ᠋ᠠᠯᠠᠨ ᠨᠡᠮᠡᠭᠳᠡᠵᠦ ᠪᠠᠶ᠋ᠢᠨ᠎ᠠ᠃ 2014 ᠣᠨ᠎ᠳᠤ ᠶᠡᠭᠡ ᠲᠡᠭᠡᠳᠤ ᠰᠤᠷᠭ᠋ᠠᠭᠤᠯᠢ ᠲᠡᠭᠦᠰᠦᠭᠰᠡᠨ ᠰᠤᠷᠤᠭᠴᠢ ᠵᠢᠨ ᠲᠤᠭ᠎ᠠ 727 ᠲᠦᠮᠡ ᠪᠣᠯᠵᠤ᠂ 2015 ᠣᠨ᠎ᠳᠤ 749 ᠲᠦᠮᠡ᠎ᠳᠤ ᠭᠦᠷᠴᠦ᠂ ᠵᠢᠯ ᠪᠦᠷᠢ 《ᠲᠡᠤᠬᠡ ᠵᠢᠨ ᠲᠡᠮᠳᠡᠭᠯᠡᠯ》᠎ᠢ ᠠ᠋ᠭᠦᠳᠤᠨ᠂ ᠠᠷᠪᠠᠨ ᠭᠤᠷᠪᠠᠳᠤᠭ᠋ᠠᠷ ᠲᠠᠪᠤᠨ ᠵᠢᠯ᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠦᠷᠭᠦᠯᠵᠢᠯᠡᠨ ᠨᠡᠮᠡᠭᠳᠡᠵᠦ᠂ ᠵᠢᠯ ᠪᠦᠷᠢ ᠳᠤᠮᠳᠠᠴᠢ᠎ᠪᠠᠷ 770 ᠲᠦᠮᠡ ᠣᠷᠴᠢᠮ ᠰᠤᠷᠤᠭᠴᠢ ᠶᠡᠭᠡ ᠲᠡᠭᠡᠳᠤ ᠰᠤᠷᠭ᠋ᠠᠭᠤᠯᠢ ᠲᠡᠭᠦᠰᠭᠦ ᠪᠤᠯᠤᠨ᠎ᠠ᠃ ᠵᠠᠬ᠎ᠠ ᠳᠡᠯᠭᠡᠭᠦᠷ ᠳᠡᠭᠡᠷ᠎ᠡ ᠲᠤᠬᠢᠷᠠᠮᠵᠢᠳᠠᠢ ᠠᠵᠢᠯ᠎ᠤᠨ ᠪᠠᠶ᠋ᠢᠷᠢ ᠭᠦᠢ᠍ᠴᠡᠳ ᠦᠭᠡᠢ ᠪᠠᠶ᠋ᠢᠬᠤ ᠵᠢᠴᠢ ᠠᠵᠤ ᠠᠬᠤᠶ᠋ᠢᠯᠠᠯ᠎ᠤᠨ ᠤᠷᠢᠵᠤ ᠬᠡᠷᠡᠭᠯᠡᠬᠦ ᠬᠦᠰᠡᠯ ᠱᠠᠭ᠋ᠠᠷᠳᠠᠯᠭ᠎ᠠ ᠵᠤᠬᠢᠬᠤ ᠬᠡᠮᠵᠢᠶ᠎ᠡ᠎ᠪᠠᠷ ᠪᠠᠭᠤᠷᠠᠨ᠂ ᠲᠡᠭᠡᠳᠤ ᠰᠤᠷᠭ᠋ᠠᠭᠤᠯᠢ ᠲᠡᠭᠦᠰᠦᠭᠰᠡᠨ ᠰᠤᠷᠤᠭᠴᠢᠳ᠎ᠤᠨ ᠰᠤᠷᠭ᠋ᠠᠨ ᠬᠥᠮᠦᠵᠢᠯ᠎ᠤᠨ ᠪᠦᠲᠦᠴᠡ᠂ ᠠᠵᠢᠯ ᠣᠯᠬᠤ ᠦᠵᠡᠯᠲᠡ ᠬᠢᠭᠡᠳ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠰᠠᠯᠤᠩᠭᠢᠷᠠᠭᠰᠠᠨ ᠪᠦᠲᠦᠴᠡ ᠵᠢᠨ ᠴᠢᠨᠠᠷᠲᠠᠶ ᠵᠥᠷᠢᠴᠡᠯ ᠮᠥᠨ ᠬᠦ᠌ ᠲᠤᠪᠤᠶ᠋ᠢᠮ᠎ᠠ ᠪᠠᠶ᠋ᠢᠬᠤ᠎ᠨᠢ ᠠᠵᠢᠯ ᠣᠯᠭᠤᠯᠲᠠ ᠵᠢᠨ ᠳᠠᠷᠤᠯᠲᠠ ᠵᠢ ᠬᠦᠨᠳᠦᠷᠡᠭᠦᠯᠦᠭᠰᠡᠨ ᠵᠶ᠋ᠠᠷ ᠪᠠᠷᠠᠭ᠍ᠤ ᠦᠭᠡᠢ᠂ ᠨᠠᠩ ᠴᠤ᠌ ᠣᠯᠠᠨ ᠲᠠᠯ᠎ᠠ ᠵᠢᠨ ᠠᠰᠠᠭᠤᠳᠠᠯ᠎ᠢ ᠪᠣᠢ ᠪᠣᠯᠭ᠋ᠠᠵᠠᠶ᠃
1. ᠰᠤᠷᠭ᠋ᠠᠭᠤᠯᠢ ᠲᠡᠭᠦᠰᠦᠭᠰᠡᠨ ᠲᠤᠬᠠᠶ ᠵᠢᠨ ᠵᠢᠯ᠎ᠳᠤ᠎ᠪᠠᠨ ᠠᠵᠢᠯ ᠤᠯᠤᠭᠰᠠᠨ ᠥᠬᠡᠶ ᠣᠶᠤᠲᠠᠳ᠎ᠤᠨ ᠲᠤᠭ᠋ᠠᠨ᠎ᠤ ᠬᠠᠷᠢᠴᠠᠯ ᠨᠡᠯᠢᠶᠡᠳ ᠶᠡᠭᠡ ᠪᠠᠢ᠍ᠢ᠍ᠬᠤ᠄ ᠰᠤᠷᠭ᠋ᠠᠭᠤᠯᠢ ᠲᠡᠭᠦᠰᠦᠭᠰᠡᠨ ᠤᠶᠤᠳᠠᠳ᠎ᠤᠨ ᠤᠯᠠᠰᠢᠷᠠᠬᠤ ᠵᠢ ᠳᠠᠭ᠋ᠠᠯᠳᠤᠨ᠂ ᠶᠡᠭᠡ ᠰᠤᠷᠭ᠋ᠠᠭᠤᠯᠢ ᠵᠢᠨ ᠣᠶᠤᠲᠠᠨ ᠭᠡᠬᠦ ᠮᠡᠲᠦ ᠵᠢᠨ ᠣᠨᠴᠠᠭ᠋ᠠᠢ ᠠᠵᠢᠯ᠎ᠤᠨ ᠬᠥᠮᠦᠰ᠎ᠤᠨ ᠬᠡᠷᠡᠭᠴᠡᠭᠡ ᠨᠡᠮᠡᠭᠳᠡᠬᠦ᠎ᠨᠢ ᠬᠢᠵᠠᠭ᠋ᠠᠷ᠎ᠲᠠᠢ ᠪᠣᠯᠵᠤ᠂ ᠠᠵᠢᠯ ᠣᠯᠭᠤᠯᠲᠠ ᠵᠢᠨ ᠯᠤᠲᠤ ᠶᠡᠭᠡ ᠳᠠᠷᠤᠯᠲᠠ ᠵᠢ ᠪᠤᠢ ᠪᠤᠯᠭ᠋ᠠᠵᠤ᠂ ᠵᠢᠯ ᠪᠦᠷᠢ ᠲᠡᠭᠦᠰᠬᠦ ᠰᠤᠷᠤᠭᠴᠢᠳ᠎ᠤᠨ ᠠᠵᠢᠯ ᠣᠯᠬᠤ ᠬᠠᠷᠢᠴᠠᠯ ᠲᠤᠷᠤᠭᠰᠢᠯᠠᠵᠤ ᠪᠠᠶ᠋ᠢᠨ᠎ᠠ᠃
2. ᠤᠶᠤᠲᠠᠳ᠎ᠤᠨ ᠠᠵᠢᠯ ᠣᠯᠭᠤᠯᠲᠠ ᠵᠢᠨ ᠥᠪᠡᠷ᠎ᠤᠨ ᠥᠷᠲᠡᠭ᠎ᠤᠨ ᠨᠡᠮᠡᠭᠳᠡᠯ᠄ ᠣᠳᠣᠬᠠᠨ᠎ᠳᠤ ᠤᠶᠤᠲᠠᠳ᠎ᠤᠨ ᠠᠵᠢᠯ ᠠ᠋ᠷᠢᠬᠦ᠎ᠳᠤ ᠬᠡᠷᠡᠭᠯᠡᠬᠦ ᠵᠠᠷᠤᠳᠠᠯ ᠨᠡᠮᠡᠭᠳᠡᠵᠤ ᠪᠠᠶ᠋ᠢᠨ᠎ᠠ᠂ ᠠ᠋ᠨᠡ ᠬᠦ᠌ ᠦᠵᠡᠭᠳᠡᠯ᠎ᠢ ᠪᠣᠢ ᠪᠣᠯᠭ᠋ᠠᠭᠰᠠᠨ ᠭᠤᠣᠯ ᠰᠢᠯᠲᠠᠭ᠋ᠠᠨ ᠪᠣᠯ ᠠᠵᠢᠯ ᠣᠯᠭᠤᠯᠲᠠ ᠵᠢᠨ ᠳᠠᠷᠤᠯᠲᠠ ᠨᠡᠮᠡᠭᠳᠡᠭᠰᠡᠨ᠎ᠠᠴᠠ ᠬᠥᠮᠦᠰ᠎ᠤᠨ ᠰᠠᠨᠠᠭ᠋ᠠᠨ᠎ᠳᠤ ᠳᠠᠭ᠋ᠠᠷᠠᠭᠰᠠᠨ ᠠᠵᠢᠯ ᠣᠯᠬᠤ ᠵᠢᠨ ᠲᠥᠯᠥᠭᠡ ᠭᠠᠷᠭ᠋ᠠᠬᠤ ᠦᠨ᠎ᠡ ᠥᠷᠲᠡᠭ᠎ᠨᠢ ᠳᠡᠭᠡᠭᠰᠢᠯᠡᠭᠰᠡᠨ᠎ᠠᠴᠠ ᠪᠣᠯᠤᠭᠰᠠᠨ ᠶᠤᠮ᠃
3. ᠨᠡᠶ᠋ᠢᠭᠡᠮ᠎ᠤᠨ ᠣᠷᠴᠢᠨ ᠲᠣᠭᠤᠷᠢᠨ᠎ᠤ ᠬᠤᠪᠢᠷᠠᠯᠲᠠ ᠵᠢᠨ ᠠᠵᠢᠯ ᠣᠯᠭᠤᠯᠲᠠ᠎ᠳᠤ ᠦᠵᠡᠭᠦᠯᠬᠦ ᠨᠥᠯᠥᠭᠡ᠄ ᠤᠳᠤᠬᠠᠨ᠎ᠤ ᠨᠡᠶ᠋ᠢᠭᠡᠮ᠎ᠨᠢ ᠬᠤᠷᠴᠠ ᠰᠢᠷᠦᠭᠦᠨ ᠬᠤᠪᠢᠰᠤᠯᠲᠠ ᠵᠢᠨ ᠬᠤᠭᠤᠴᠠᠭ᠋ᠠᠨ᠎ᠳᠤ ᠣᠷᠣᠰᠢᠵᠤ᠂ ᠡᠯ᠎ᠡ ᠠᠵᠢᠯ᠎ᠤᠨ ᠪᠠᠶ᠋ᠢᠷᠢ ᠵᠢᠨ ᠲᠣᠬᠢᠷᠠᠭᠤᠯᠤᠯᠲᠠ ᠨᠡᠯᠢᠶᠡᠳ ᠶᠡᠭᠡ ᠪᠠᠶ᠋ᠢᠬᠤ᠎ᠨᠢ ᠠᠵᠢᠯ ᠣᠯᠭᠤᠯᠲᠠ᠎ᠳᠤ ᠵᠣᠬᠢᠬᠤ ᠨᠥᠯᠥᠭᠡ᠎ᠲᠠᠢ ᠪᠠᠶ᠋ᠢᠳᠠᠭ᠃ ᠵᠢᠱ᠌ᠢᠶᠡᠯᠡᠪᠡᠯ᠂ ᠦᠢ᠍ᠯᠡᠴᠢᠯᠡᠭᠡᠨ᠎ᠤ ᠦᠢ᠍ᠯᠡᠰ᠎ᠤᠨ ᠤᠯᠤᠰ ᠠᠷᠠᠳ᠎ᠤᠨ ᠠᠵᠤ ᠠᠬᠤᠶ᠎ᠳᠤ ᠡᠵᠡᠯᠡᠬᠦ ᠬᠤᠪᠢ ᠵᠢᠨ ᠵᠢᠩ ᠨᠡᠮᠡᠭᠳᠡᠬᠦ᠂ ᠰᠢᠨ᠎ᠡ᠎ᠪᠠᠷ ᠬᠥᠭᠵᠢᠭᠰᠡᠨ ᠠ᠋ᠨᠧᠷᠭᠢ ᠵᠢᠨ ᠰᠤᠷᠪᠤᠯᠵᠢ ᠵᠢᠨ ᠠᠵᠤ ᠦᠢ᠍ᠯᠡᠰ᠂ ᠨᠡᠶ᠋ᠢᠭᠡᠮ᠎ᠤᠨ ᠳᠠᠭ᠋ᠠᠳᠬᠠᠯ᠎ᠤᠨ ᠳᠦᠷᠢᠮ᠎ᠢ ᠲᠡᠭᠦᠯᠳᠡᠷᠵᠢᠭᠦᠯᠬᠦ ᠵᠡᠷᠭᠡ᠎ᠨᠢ ᠠᠵᠢᠯ ᠣᠯᠭᠤᠯᠲᠠ ᠵᠢᠨ ᠠᠵᠢᠯ᠎ᠤᠨ ᠪᠠᠶ᠋ᠢᠷᠢ᠎ᠶᠢ ᠵᠠᠶ᠋ᠢᠯᠠᠰᠢ ᠦᠭᠡᠢ ᠨᠡᠮᠡᠭᠳᠡᠭᠦᠯᠬᠦ ᠪᠤᠯᠪᠠᠴᠤ ᠤᠯᠠᠮᠵᠢᠯᠠᠯᠲᠤ ᠠᠵᠤ ᠦᠢ᠍ᠯᠡᠰ᠎ᠤᠨ ᠰᠢᠯᠵᠢᠯᠳᠠ ᠲᠠᠪᠰᠢᠯᠳᠠ᠎ᠨᠢ ᠪᠠᠰᠠ ᠠᠵᠢᠯ᠎ᠤᠨ ᠪᠠᠶ᠋ᠢᠷᠢ ᠵᠢᠨ ᠲᠤᠭ᠎ᠠ ᠬᠡᠮᠵᠢᠶ᠎ᠡ ᠵᠢ ᠬᠠᠰᠤᠭᠳᠠᠭᠤᠯᠬᠤ ᠪᠣᠯᠤᠨ᠎ᠠ᠃
4. ᠤᠶᠤᠲᠠᠳ᠎ᠤᠨ ᠠᠵᠢᠯ ᠣᠯᠭᠤᠯᠲᠠ ᠵᠢᠨ ᠴᠢᠨᠠᠷ ᠴᠢᠨᠰᠠᠭ᠎ᠠ ᠥᠨᠳᠥᠷ ᠪᠢᠰᠢ ᠪᠠᠢ᠍ᠢ᠍ᠬᠤ᠄ ᠬᠡᠰᠡᠭ ᠰᠤᠷᠤᠭᠴᠢᠳ ᠠᠵᠢᠯ ᠣᠯᠬᠤ ᠵᠢᠨ ᠲᠥᠯᠥᠭᠡ ᠬᠦᠰᠡᠵᠤ ᠲᠥᠯᠥᠪᠯᠡᠭᠰᠡᠨ ᠠᠵᠢᠯ ᠣᠯᠬᠤ ᠪᠤᠳᠤᠯ ᠱᠠᠭ᠋ᠠᠷᠳᠠᠯᠭ᠎ᠠ᠎ᠪᠠᠨ ᠲᠠᠶᠠᠭᠳᠠᠵᠤ᠂ ᠪᠠᠰᠠ ᠵᠠᠷᠢᠮ᠎ᠨᠢ ᠠᠵᠢᠯ ᠣᠯᠤᠭᠰᠠᠨ᠎ᠤ ᠳᠠᠷᠠᠭ᠎ᠠ ᠠᠵᠢᠯ᠎ᠳᠤ᠎ᠪᠠᠨ ᠬᠠᠨᠤᠮᠵᠢ ᠦᠭᠡᠢ ᠪᠠᠶ᠋ᠢᠵᠤ᠂ ᠪᠠᠶ᠋ᠢᠨ ᠳᠠᠬᠢᠨ ᠠᠵᠢᠯ ᠰᠣᠯᠢᠵᠤ ᠪᠠᠶ᠋ᠢᠳᠠᠭ᠃
5. ᠤᠶᠤᠲᠠᠳ᠎ᠤᠨ ᠠᠵᠢᠯ ᠣᠯᠬᠤ᠎ᠳᠤ ᠲᠤᠯᠭ᠋ᠠᠷᠠᠵᠤ ᠮᠡᠳᠡᠬᠦ ᠭᠤᠣᠯᠴᠢ ᠪᠤᠰᠤ ᠪᠠᠶ᠋ᠢᠳᠠᠯ᠄ ᠠᠵᠢᠯ ᠣᠯᠬᠤ ᠦᠶ᠎ᠠ᠎ᠳᠤ ᠬᠡᠰᠡᠭ ᠰᠤᠷᠤᠭᠴᠢᠳ ᠠ᠋ᠷᠦᠬᠡ ᠠᠮᠠ ᠵᠢᠨ ᠬᠠᠷᠢᠶ᠎ᠠ ᠵᠢᠨ ᠲᠦᠷᠢᠮ᠂ ᠬᠦᠮᠦᠨ᠎ᠤ ᠶᠠᠪᠤᠳᠠᠯ᠎ᠤᠨ ᠳᠦᠷᠢᠮ ᠪᠣᠯᠤᠨ ᠵᠠᠬ᠎ᠠ ᠳᠡᠯᠭᠡᠭᠦᠷ᠎ᠤᠨ ᠠᠵᠢᠯ ᠣᠯᠭᠤᠯᠲᠠ ᠵᠢᠨ ᠲᠤᠭᠳᠠᠯᠴᠠᠭ᠎ᠠ ᠵᠡᠷᠭᠡ ᠲᠠᠯ᠎ᠠ ᠵᠢᠨ ᠬᠢᠵᠠᠭ᠋ᠠᠷᠯᠠᠯ᠎ᠢ ᠬᠦᠯᠢᠶᠡᠬᠦ ᠪᠣᠯᠤᠨ᠎ᠠ᠃
ᠤᠶᠤᠲᠠᠳ᠎ᠤᠨ ᠠᠵᠢᠯ ᠣᠯᠭᠤᠯᠲᠠ ᠵᠢᠨ ᠪᠠᠶ᠋ᠢᠳᠠᠯ ᠭᠦᠴᠢᠷᠳᠠᠯᠲᠠᠢ ᠪᠠᠶ᠋ᠢᠬᠤ ᠪᠣᠯ ᠮᠠᠷᠭᠤᠰᠢ ᠦᠭᠡᠢ ᠪᠣᠳᠠᠲᠤ ᠬᠡᠷᠡᠭ ᠮᠥᠨ᠂ ᠠ᠋ᠶ᠋ᠢᠮᠦᠷᠬᠦᠤ ᠪᠣᠳᠠᠲᠤ ᠪᠠᠶ᠋ᠢᠳᠠᠯ᠎ᠨᠢ ᠨᠢᠭᠡᠨᠲᠡ ᠲᠡᠭᠡᠳᠤ ᠵᠡᠷᠭᠡ ᠵᠢᠨ ᠰᠤᠷᠭ᠋ᠠᠨ ᠬᠥᠮᠦᠵᠢᠯ᠂ ᠴᠠᠭ᠋ᠠᠰᠢᠯᠠᠪᠠᠯ ᠪᠦᠬᠦ᠋ᠢ᠍ᠯᠡ ᠨᠡᠶ᠋ᠢᠭᠡᠮ᠎ᠳᠤ ᠨᠥᠯᠥᠭᠡ ᠦᠵᠡᠭᠦᠯᠦᠭᠰᠡᠨ᠎ᠤ ᠬᠠᠮᠲᠤ ᠪᠠᠰᠠ ᠲᠡᠭᠡᠳᠤ ᠵᠡᠷᠭᠡ ᠵᠢᠨ ᠰᠤᠷᠭ᠋ᠠᠨ ᠬᠥᠮᠦᠵᠢᠯ᠎ᠤᠨ ᠬᠥᠭᠵᠢᠯᠲᠡ᠎ᠳᠤ ᠠᠵᠠ ᠲᠣᠬᠢᠶᠠᠯ ᠪᠠ ᠥᠷᠢᠰᠥᠯᠳᠦᠭᠡᠨ᠎ᠢ ᠬᠠᠩᠭ᠋ᠠᠭᠰᠠᠨ ᠪᠠᠶ᠋ᠢᠨ᠎ᠠ᠂ ᠲᠡᠭᠦᠨ᠎ᠤ ᠨᠡᠶ᠋ᠢᠭᠡᠮ᠎ᠤᠨ ᠨᠥᠯᠥᠭᠡ ᠵᠢ ᠠ᠋ᠷᠬᠡᠪᠰᠢ ᠲᠡᠭᠡᠳᠤ ᠬᠡᠮᠵᠢᠶ᠎ᠡ᠎ᠪᠠᠷ ᠴᠢᠬᠤᠯᠠᠴᠢᠯᠠᠨ ᠦᠵᠡᠪᠡᠯ ᠵᠤᠬᠢᠨ᠎ᠠ᠃
ᠬᠤᠶᠠᠷ᠂ ᠤᠶᠤᠳᠠᠳ ᠮᠡᠳᠡᠯᠭᠡ ᠴᠢᠳᠠᠪᠤᠷᠢ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠳᠠᠢ
ᠤᠶᠤᠳᠠᠳ᠎ᠤᠨ ᠠᠵᠢᠯ ᠤᠯᠭᠤᠯᠳᠠ ᠵᠢᠨ ᠪᠠᠶ᠋ᠢᠳᠠᠯ᠎ᠳᠤ ᠴᠢᠭᠯᠡᠭᠦᠯᠵᠤ᠂ ᠤᠯᠤᠰ᠎ᠤᠨ ᠰᠤᠷᠭ᠋ᠠᠨ ᠬᠥᠮᠦᠵᠢᠯ᠎ᠤᠨ ᠶᠠᠮᠤᠨ᠎ᠠᠴᠠ ᠲᠤᠤᠷᠠᠬᠢ ᠮᠡᠳᠤ ᠳᠣᠯᠣᠭ᠋ᠠᠨ ᠵᠤᠶ᠋ᠢᠯ᠎ᠤᠨ ᠠᠷᠭ᠎ᠠ ᠬᠡᠮᠵᠢᠶ᠎ᠡ ᠵᠢ ᠨᠡᠶ᠋ᠢᠳᠡᠯᠡᠪᠡ᠄
(ᠨᠢᠭᠡ) ᠰᠤᠷᠭ᠋ᠠᠨ ᠬᠥᠮᠦᠵᠢᠯ᠎ᠤᠨ ᠰᠢᠰᠲ᠋ᠧᠮ᠎ᠤᠨ᠎ᠬᠢᠨ ᠦᠳᠲᠡᠷ ᠲᠦᠷᠭᠡᠨ ᠬᠥᠳᠡᠯᠦᠯᠴᠡᠵᠦ᠂ ᠬᠠᠷᠢᠭᠤᠴᠠᠯᠭ᠎ᠠ ᠵᠢ ᠱᠠᠲᠤ ᠳᠠᠷᠠᠭ᠋ᠠᠯᠠᠨ ᠨᠠᠶ᠋ᠢᠳᠠᠪᠤᠷᠢᠵᠢᠭᠤᠯᠵᠤ᠂ ᠰᠤᠷᠤᠭᠴᠢ ᠨᠢᠭᠡᠪᠦᠷᠢ ᠵᠢᠨ ᠠᠵᠢᠯ ᠣᠯᠭᠤᠯᠲᠠ ᠵᠢ ᠬᠠᠯᠠᠮᠵᠢᠯᠠᠨ ᠬᠠᠪᠰᠤᠷᠬᠤ ᠬᠡᠷᠡᠭᠲᠡᠶ᠃
(ᠬᠤᠶᠠᠷ) ᠠᠷᠭ᠎ᠠ ᠪᠦᠬᠦᠨ᠎ᠢ ᠰᠦᠪᠡᠭᠴᠢᠯᠡᠵᠦ ᠪᠠᠶ᠋ᠢᠭ᠋ᠠᠳ ᠰᠤᠷᠭ᠋ᠠᠭᠤᠯᠢ ᠲᠡᠭᠦᠰᠦᠭᠰᠡᠳ᠎ᠲᠤ᠂ ᠢᠯᠠᠩᠭᠤᠶ᠎ᠠ ᠠᠵᠤ ᠠᠬᠤᠢ ᠵᠢᠨ ᠪᠠᠶ᠋ᠢᠳᠠᠯ᠎ᠤᠨ ᠨᠥᠯᠥᠭᠡ ᠵᠢ ᠨᠡᠯᠢᠶᠡᠳ ᠶᠡᠭᠡ ᠬᠦᠷᠳᠡᠭᠰᠡᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠲᠡᠭᠦᠰᠦᠭᠰᠡᠳ᠎ᠲᠤ ᠠᠵᠢᠯ᠎ᠤᠨ ᠪᠠᠶ᠋ᠢᠷᠢ ᠵᠢᠨ ᠮᠡᠳᠡᠭᠡ ᠵᠠᠩᠭᠢ ᠴᠤᠭᠯᠠᠭᠤᠯᠵᠤ ᠥᠭᠬᠦ ᠬᠡᠷᠡᠭᠲᠡᠶ᠃
(ᠭᠤᠷᠪᠠ) ᠠᠵᠢᠯᠲᠠᠨ ᠤᠷᠢᠬᠤ ᠰᠢᠷᠢᠰ ᠠᠵᠢᠯᠯᠠᠭ᠎ᠠ ᠵᠢ ᠠ᠋ᠷᠬᠢᠯᠡᠵᠦ᠂ ᠠᠵᠢᠯ ᠣᠯᠭᠤᠬᠤ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃
(ᠳᠥᠷᠪᠡ) ᠦᠢ᠍ᠯᠡᠰ ᠪᠤᠰᠬᠠᠬᠤ ᠵᠢ ᠳᠡᠮᠵᠢᠬᠦ ᠠ᠋ᠷᠴᠢᠮ᠎ᠢ ᠪᠥᠬᠦ ᠲᠠᠯ᠎ᠠ᠎ᠪᠠᠷ ᠴᠢᠩᠭ᠋ᠠᠷᠠᠭᠤᠯᠵᠤ᠂ ᠲᠡᠭᠦᠰᠬᠦ ᠰᠤᠷᠤᠭᠴᠢᠳ᠎ᠤᠨ ᠪᠡᠶ᠎ᠡ᠎ᠪᠠᠨ ᠳᠠᠭ᠋ᠠᠭ᠋ᠠᠵᠤ ᠦᠢ᠍ᠯᠡᠰ ᠪᠤᠰᠬᠠᠬᠤ ᠵᠢ ᠶᠡᠬᠡᠪᠡᠷ ᠲᠦᠯᠬᠢᠨ ᠠᠬᠢᠭᠤᠯᠤᠨ᠎ᠠ᠃
(ᠲᠠᠪᠤ) ᠴᠢᠭᠯᠡᠭᠦᠯᠬᠦ ᠴᠢᠨᠠᠷᠲᠠᠶ ᠠᠵᠢᠯ ᠣᠯᠭᠤᠬᠤ ᠵᠢᠯᠣᠭᠤᠳᠤᠯᠭ᠎ᠠ ᠦᠢ᠍ᠯᠡᠴᠢᠯᠡᠭᠡᠨ᠎ᠢ ᠢᠳᠡᠪᠬᠢᠲᠡᠢ ᠥᠷᠨᠢᠭᠦᠯᠵᠦ᠂ ᠠᠵᠢᠯ ᠣᠯᠬᠤ᠎ᠳᠤ ᠬᠦᠴᠢᠷᠳᠡᠯᠲᠡᠶ ᠲᠡᠭᠦᠰᠦᠭᠰᠡᠳ᠎ᠢ ᠭᠤᠤᠯᠳᠠᠯᠭ᠎ᠠ᠎ᠲᠠᠢ ᠬᠠᠪᠰᠤᠷᠤᠨ ᠲᠡᠳᠬᠦᠨ᠎ᠡ᠃
(ᠵᠢᠷᠭᠤᠭ᠎ᠠ) ᠳᠠᠳᠤᠯᠭ᠎ᠠ ᠦᠢ᠍ᠯᠡᠳᠦᠯᠭᠡ ᠵᠢ ᠥᠷᠭᠡᠨ ᠵᠶ᠋ᠠᠷ ᠵᠣᠬᠢᠶᠠᠨ ᠪᠠᠶ᠋ᠢᠭᠤᠯᠵᠤ᠂ ᠲᠡᠭᠦᠰᠬᠦ ᠰᠤᠷᠤᠭᠴᠢᠳ᠎ᠤᠨ ᠠᠵᠢᠯ ᠤᠯᠭᠤᠯᠳᠠ ᠵᠢᠨ ᠦᠷᠢᠰᠦᠯᠳᠤᠭᠡᠨ᠎ᠢ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ᠃
(ᠳᠣᠯᠤᠭ᠎ᠠ) ᠦᠵᠡᠯ ᠰᠠᠨᠠᠭ᠎ᠠ ᠤᠯᠤᠰ ᠲᠥᠷᠥ ᠵᠢᠨ ᠬᠥᠮᠦᠵᠢᠯ᠎ᠢ ᠭᠦᠨᠵᠡᠭᠡᠶ ᠥᠷᠨᠢᠭᠦᠯᠬᠦ ᠵᠢ ᠱᠠᠭ᠋ᠠᠷᠳᠠᠨ᠎ᠠ᠃
ᠤᠳᠤ ᠦᠶ᠎ᠡ ᠵᠢᠨ ᠣᠶᠤᠲᠠᠨ ᠰᠡᠬᠡᠭᠡᠲᠡᠳ ᠳᠡᠭᠡᠷᠡᠬᠢ ᠠᠷᠭ᠎ᠠ ᠬᠡᠮᠵᠢᠶᠡᠨ᠎ᠳᠤ ᠰᠠᠭᠤᠷᠢᠯᠠᠵᠤ᠂ ᠠᠰᠠᠭᠤᠳᠠᠯ᠎ᠢ ᠰᠢᠢ᠍ᠳᠪᠤᠷᠢᠯᠡᠬᠦ ᠰᠡᠳᠬᠢᠬᠦᠶ ᠪᠤᠯᠤᠨ ᠴᠢᠳᠠᠪᠤᠷᠢ ᠵᠢ ᠪᠦᠷᠢᠯᠳᠤᠭᠦᠯᠵᠤ᠂ ᠠᠵᠢᠯ ᠣᠯᠭᠤᠯᠲᠠ ᠵᠢ ᠨᠢᠭᠡ ᠵᠦᠢ᠍ᠯ᠎ᠤᠨ ᠥᠷᠢᠰᠥᠯᠳᠦᠭᠡᠨ ᠵᠶ᠋ᠠᠷ ᠦᠵᠡᠵᠦ᠂ ᠥᠪᠡᠷ᠎ᠢ᠎ᠪᠠᠨ ᠴᠣᠯᠭᠤᠷᠠᠭᠤᠯᠬᠤ᠎ᠪᠠᠷ ᠴᠢᠷᠮᠠᠶ᠋ᠢᠬᠤ ᠬᠡᠷᠡᠭᠲᠡᠶ᠃
ᠠ᠋ᠩ ᠲᠡᠷᠢᠭᠦᠨ᠎ᠳᠤ᠂ ᠲᠤᠰ ᠪᠡᠶ᠎ᠡ ᠵᠢᠨ ᠬᠡᠪ ᠪᠤᠯᠪᠠᠰᠤᠷᠠᠯ ᠵᠶ᠋ᠠᠨ ᠦᠨᠳᠤᠰᠤᠯᠡᠨᠡ᠃ ᠤᠳᠤᠬᠠᠨ᠎ᠳᠤ ᠶᠡᠭᠡ ᠲᠡᠭᠡᠳᠤ ᠰᠤᠷᠭ᠋ᠠᠭᠤᠯᠢ᠎ᠨᠢ ᠲᠡᠭᠷᠢ ᠵᠢᠨ ᠤᠳᠤ ᠰᠢᠬ ᠤᠯᠠᠰᠢᠷᠠᠵᠤ᠂ ᠨᠢᠭᠡᠨ ᠨᠠᠷᠠᠲᠤ ᠶᠡᠭᠡ ᠰᠤᠷᠭ᠋ᠠᠭᠤᠯᠢ᠎ᠳᠤ ᠰᠢᠯᠭ᠋ᠠᠨ ᠣᠷᠣᠬᠤ᠎ᠨᠢ ᠢᠷᠡᠭᠡᠳᠦᠶ ᠵᠢᠨ ᠵᠠᠮ᠎ᠢ ᠲᠤᠭᠳᠠᠭ᠋ᠠᠬᠤ ᠵᠢᠨ ᠠᠷᠭ᠎ᠠ ᠦᠭᠡᠢ ᠪᠣᠯᠵᠠᠶ᠃ ᠵᠢᠯ ᠪᠦᠷᠢ ᠵᠢᠨ ᠲᠡᠭᠦᠰᠬᠦ ᠰᠤᠷᠤᠭᠴᠢ ᠨᠡᠮᠡᠭᠳᠡᠭᠦ ᠵᠢ ᠲᠠᠭ᠋ᠠᠯᠳᠤᠨ᠂ ᠠᠵᠢᠯᠳᠠᠨ ᠤᠷᠢᠵᠤ ᠠ᠋ᠯᠰᠡᠬᠦ ᠲᠠᠷᠤᠭ᠋ᠠᠰᠤ ᠶᠡᠭᠡᠰᠴᠦ᠂ ᠠ᠋ᠩ᠎ᠤᠨ ᠨᠢᠭᠡᠨ ᠠᠵᠢᠯ᠎ᠤᠨ ᠪᠠᠶ᠋ᠢᠷᠢ ᠵᠢ ᠮᠠᠰᠢ ᠤᠯᠠᠨ ᠭᠦᠮᠦᠨ ᠪᠤᠯᠢᠶᠠᠯᠳᠤᠬᠤ ᠪᠤᠯᠪᠠ᠃ ᠠ᠋ᠢ᠍ᠢ᠍ᠮᠦ᠎ᠠᠴᠠ ᠬᠤᠷᠴᠠ ᠰᠢᠷᠦᠭᠦᠨ ᠥᠷᠢᠰᠥᠯᠳᠦᠭᠡᠨ ᠪᠦᠭᠦᠢ ᠠᠵᠢᠯ ᠣᠯᠭᠤᠯᠲᠠ ᠵᠢᠨ ᠵᠠᠬ᠎ᠠ ᠳᠡᠯᠭᠡᠭᠦᠷ᠎ᠲᠤ ᠥᠪᠡᠷ᠎ᠢ᠎ᠪᠠᠨ ᠬᠡᠷᠬᠢᠨ ᠴᠤᠯᠭᠤᠷᠠᠭᠤᠯᠬᠤ ᠪᠣᠶ ᠭᠡᠳᠡᠭ᠎ᠢ ᠪᠤᠳᠤᠯᠬᠢᠯᠠᠭᠤᠰᠢᠲᠠᠢ ᠶᠤᠮ᠃
ᠶᠡᠭᠡ ᠰᠤᠷᠭ᠋ᠠᠭᠤᠯᠢ ᠪᠣᠯ ᠨᠢᠭᠡᠨ ᠮᠡᠳᠡᠯᠭᠡ ᠡᠵᠡᠮᠰᠢᠬᠦ ᠭᠠᠵᠠᠷ ᠮᠥᠨ᠃ ᠡ᠊ᠨᠳᠡ ᠬᠡᠯᠡᠵᠦ ᠪᠠᠶ᠋ᠢᠭ᠎ᠠ ᠮᠡᠳᠡᠯᠭᠡ᠎ᠨᠢ ᠲᠤᠰᠬᠠᠶ ᠮᠡᠷᠭᠡᠵᠢᠯ᠎ᠤᠨ ᠮᠡᠳᠡᠯᠭᠡ ᠪᠠ ᠶᠡᠷᠤᠩᠬᠡᠶ᠋ᠢᠯᠡᠭᠰᠡᠨ ᠬᠡᠪ ᠴᠢᠨᠠᠷ᠎ᠢ ᠪᠠᠭᠳᠠᠭ᠋ᠠᠵᠤ ᠪᠠᠶ᠋ᠢᠨ᠎ᠠ᠃ ᠤᠶᠤᠳᠠᠳ ᠴᠥᠮ ᠦᠪᠡᠷ ᠥᠪᠡᠷ᠎ᠤᠨ ᠰᠣᠷᠣᠭᠰᠠᠨ ᠲᠤᠰᠬᠠᠶ ᠮᠡᠷᠭᠡᠵᠢᠯ᠎ᠲᠠᠢ ᠪᠠᠶ᠋ᠢᠳᠠᠭ᠎ᠨᠢ ᠢᠷᠡᠭᠡᠳᠦᠶ ᠵᠢᠨ ᠴᠢᠳᠠᠪᠤᠷᠢᠲᠠᠨ᠎ᠤ ᠲᠤᠰᠬᠠᠶ᠋ᠢᠵᠢᠭᠰᠠᠨ ᠬᠢᠷᠢ ᠲᠦᠪᠰᠢᠨ᠎ᠢ ᠥᠨᠳᠥᠷ ᠪᠠᠶ᠋ᠢᠯᠭ᠋ᠠᠬᠤ ᠬᠠᠷᠠᠯᠲᠠ ᠵᠢ ᠪᠡᠶᠡᠯᠡᠭᠦᠯᠬᠦ ᠵᠢᠨ ᠲᠥᠯᠥᠭᠡ ᠶᠤᠮ᠃ ᠶᠡᠭᠡ ᠰᠤᠷᠭ᠋ᠠᠭᠤᠯᠢ ᠵᠢᠨ ᠰᠤᠷᠤᠭᠴᠢ ᠠ᠋ᠩ ᠲᠡᠷᠢᠭᠦᠨ᠎ᠳᠤ ᠥᠪᠡᠷ᠎ᠤᠨ ᠲᠤᠰᠬᠠᠶ ᠮᠡᠷᠭᠡᠵᠢᠯ᠎ᠤᠨ ᠮᠡᠳᠡᠯᠭᠡ᠎ᠪᠠᠨ ᠰᠠᠶ᠋ᠢᠨ ᠰᠤᠷᠴᠤ᠂ ᠥᠨᠳᠥᠷ ᠬᠢᠷᠢ ᠲᠦᠪᠰᠢᠨ ᠪᠦᠬᠦᠢ ᠲᠤᠰᠬᠠᠶ ᠮᠡᠷᠭᠡᠵᠢᠯ ᠵᠶ᠋ᠠᠷ ᠪᠤᠰᠤᠳ᠎ᠲᠠᠢ ᠥᠷᠢᠰᠦᠯᠳᠦᠬᠦ ᠬᠡᠷᠡᠭᠲᠡᠶ᠃ ᠲᠠᠬᠢᠭ᠋ᠠᠳ ᠬᠡᠯᠡᠪᠡᠯ᠂ ᠶᠡᠷᠦᠩᠬᠡᠶ᠋ᠢᠯᠡᠭᠰᠡᠨ ᠬᠡᠪ ᠴᠢᠨᠠᠷ ᠴᠦ᠍ ᠮᠠᠰᠢ ᠴᠢᠬᠤᠯᠠ ᠪᠠᠶ᠋ᠢᠳᠠᠭ᠃ ᠶᠡᠷᠦᠩᠬᠡᠶ᠋ᠢᠯᠡᠭᠰᠡᠨ ᠬᠡᠪ ᠴᠢᠨᠠᠷ᠎ᠲᠤ ᠶᠡᠷᠦᠩᠬᠡᠶ᠋ᠢᠯᠡᠭᠰᠡᠨ ᠮᠡᠳᠡᠯᠭᠡ ᠵᠢᠨ ᠬᠢᠷᠢ ᠲᠦᠪᠰᠢᠨ ᠵᠢᠴᠢ ᠲᠤᠰ ᠪᠡᠶ᠎ᠡ ᠵᠢᠨ ᠶᠣᠰᠣ ᠰᠤᠷᠳᠠᠭ᠍ᠤᠨ᠎ᠤ ᠪᠣᠯᠪᠠᠰᠤᠷᠠᠯ᠂ ᠰᠡᠳᠬᠢᠬᠦᠢ ᠵᠢᠨ ᠠ᠋ᠷᠡᠬᠦᠯ ᠮᠡᠨᠳᠤ ᠵᠢᠨ ᠬᠡᠪ ᠴᠢᠨᠠᠷ ᠵᠢᠴᠢ ᠲᠤᠰᠬᠠᠶ ᠮᠡᠷᠭᠡᠵᠢᠯ᠎ᠤᠨ ᠭᠠᠳᠠᠨᠠᠬᠢ ᠪᠤᠰᠤᠳ ᠤᠷ᠎ᠠ ᠴᠢᠳᠠᠪᠤᠷᠢ ᠵᠢ ᠪᠠᠭᠳᠠᠭ᠋ᠠᠨ᠎ᠠ᠃
ᠠᠵᠢᠯᠲᠠᠨ ᠤᠷᠢᠵᠤ ᠠ᠋ᠯᠰᠡᠬᠦ ᠲᠠᠯ᠎ᠠ ᠵᠢᠨ᠎ᠬᠢᠨ ᠵᠠᠬ᠎ᠠ ᠳᠡᠯᠭᠡᠭᠦᠷ᠎ᠢ ᠡᠵᠡᠮᠳᠡᠭᠰᠡᠨ ᠤᠷᠢᠲᠠᠯ ᠳᠣᠤᠷ᠎ᠠ᠂ ᠲᠠᠳᠡ ᠠᠵᠢᠯ ᠠ᠋ᠷᠢᠬᠦ ᠭᠤᠶᠤᠴᠢᠯᠠᠯ ᠭᠠᠷᠭ᠋ᠠᠭᠰᠠᠨ ᠦᠶ ᠣᠯᠠᠨ ᠤᠶᠤᠳᠠᠳ᠎ᠤᠨ ᠳᠤᠮᠳᠠ᠎ᠠᠴᠠ ᠬᠠᠮᠤᠭ᠎ᠤᠨ ᠰᠢᠯᠢᠳᠡᠭ᠎ᠢ᠎ᠨᠢ ᠰᠣᠩᠭᠤᠬᠤ᠎ᠨᠢ ᠶᠠᠷᠢᠶᠠᠨ ᠥᠬᠡᠶ᠃ ᠠ᠋ᠨᠡ ᠦᠶ᠎ᠠ᠎ᠳᠤ᠂ ᠲᠤᠰᠬᠠᠶ ᠮᠡᠷᠭᠡᠵᠢᠯ᠎ᠤᠨ ᠬᠢᠷᠢ ᠲᠦᠪᠰᠢᠨ ᠥᠨᠳᠥᠷ ᠪᠢᠰᠢ ᠪᠤᠯ ᠠᠩᠬᠠᠨ᠎ᠤ ᠪᠦᠯᠦᠭ᠎ᠲᠤ ᠰᠢᠭᠰᠢᠭᠳᠡᠬᠦ ᠪᠣᠯᠤᠨ᠎ᠠ᠂ ᠳᠠᠬᠢᠭ᠋ᠠᠳ ᠬᠡᠯᠡᠪᠡᠯ᠂ ᠬᠥᠮᠦᠨ ᠪᠣᠯ ᠨᠡᠶ᠋ᠢᠭᠡᠮᠴᠢ ᠴᠢᠨᠠᠷᠲᠠᠢ ᠲᠤᠯᠠ ᠶᠣᠰᠣ ᠰᠤᠷᠳᠠᠭ᠍ᠤᠨ᠎ᠤ ᠬᠢᠷᠢ ᠲᠦᠪᠰᠢᠨ ᠬᠠᠷᠢᠴᠠᠨᠭ᠌ᠭᠤᠢ ᠠᠨᠠᠢ ᠪᠠᠶ᠋ᠢᠪᠠᠯ ᠯᠠᠪᠲᠠᠶ ᠪᠦᠯᠬᠦᠮ ᠨᠡᠶ᠋ᠢᠲᠡ ᠵᠢᠨ ᠬᠠᠮᠲᠤᠷᠠᠯᠴᠠᠭ᠎ᠠ᠎ᠳᠤ᠎ᠬᠢ ᠬᠠᠷᠢᠴᠠᠭ᠎ᠠ ᠵᠢ ᠰᠠᠶ᠋ᠢᠲᠤᠷ ᠰᠢᠢ᠍ᠳᠪᠤᠷᠢᠯᠡᠵᠤ ᠴᠢᠳᠠᠭ᠍ᠤ ᠦᠭᠡᠢ ᠲᠤᠯᠠ ᠳᠠᠬᠢᠨ ᠰᠢᠭᠰᠢᠭᠳᠡᠭᠦᠯᠬᠦ ᠪᠣᠯᠤᠨ᠎ᠠ᠃ ᠬᠠᠮᠤᠭ᠎ᠤᠨ ᠡᠴᠦᠰ᠎ᠲᠤ᠂ ᠠ᠋ᠯᠰᠡᠵᠤ ᠬᠡᠷᠡᠭᠯᠡᠬᠦ ᠠᠵᠢᠯ᠎ᠤᠨ ᠪᠠᠶ᠋ᠢᠷᠢ᠎ᠨᠢ ᠬᠢᠵᠠᠭ᠋ᠠᠷ᠎ᠲᠠᠢ ᠪᠠᠶ᠋ᠢᠬᠤ ᠤᠷᠢᠲᠠᠯ ᠳᠣᠤᠷ᠎ᠠ ᠯᠠᠪᠲᠠᠶ ᠰᠢᠯᠢᠳᠡᠭ᠎ᠤᠨ ᠰᠣᠩᠭᠤᠯᠲᠠ ᠬᠢᠬᠦ ᠶᠤᠮ᠂ ᠠ᠋ᠶ᠋ᠢᠮᠦ᠎ᠠᠴᠠ ᠶᠡᠷᠦᠩᠬᠡᠶ᠋ᠢᠯᠡᠭᠰᠡᠨ ᠬᠡᠪ ᠴᠢᠨᠠᠷ ᠥᠨᠳᠥᠷ ᠣᠶᠤᠲᠠᠳ ᠵᠣᠬᠢᠬᠤ ᠬᠡᠮᠵᠢᠶᠡᠨ᠎ᠤ ᠪᠡᠶᠡᠴᠢ ᠲᠠᠯ᠎ᠠ ᠵᠢᠨ ᠳᠠᠪᠠᠭᠤᠯᠢᠭ᠎ᠲᠠᠢ ᠪᠠᠶ᠋ᠢᠳᠠᠭ᠃
ᠶᠡᠷᠦᠩᠬᠡᠶ᠋ᠢᠯᠡᠭᠰᠡᠨ ᠬᠡᠪ ᠴᠢᠨᠠᠷ ᠭᠡᠳᠡᠭ᠎ᠲᠤ ᠰᠡᠳᠬᠢᠬᠦᠢ ᠵᠢᠨ ᠠ᠋ᠷᠡᠬᠦᠯ ᠮᠡᠨᠳᠤ ᠵᠢᠨ ᠬᠡᠪ ᠴᠢᠨᠠᠷ᠎ᠢ ᠪᠠᠭᠳᠠᠭ᠋ᠠᠬᠤ ᠶᠤᠮ᠃ ᠠᠵᠢᠯ ᠣᠯᠭᠤᠯᠲᠠ ᠵᠢᠨ ᠶᠡᠭᠡ ᠵᠢᠭᠰᠠᠭ᠋ᠠᠯ᠎ᠤᠨ ᠦᠢ᠍ᠮᠡᠭᠡᠨ ᠲᠡᠪᠵᠢᠶᠡᠨ᠎ᠳᠤ᠂ ᠮᠠᠰᠢ ᠣᠯᠠᠨ ᠶᠡᠭᠡ ᠲᠡᠭᠡᠳᠤ ᠰᠤᠷᠭ᠋ᠠᠭᠤᠯᠢ ᠵᠢᠨ ᠤᠶᠤᠳᠠᠳ ᠠᠵᠢᠯ ᠣᠯᠭᠤᠯᠲᠠ ᠵᠢᠨ ᠳᠠᠷᠤᠯᠲᠠ ᠵᠢ ᠳᠠᠭ᠋ᠠᠭ᠋ᠠᠵᠤ ᠴᠢᠳᠠᠭ᠍ᠤ ᠦᠭᠡᠢ ᠪᠠᠶ᠋ᠢᠵᠤ᠂ ᠪᠡᠶ᠎ᠡ᠎ᠪᠠᠨ ᠭᠤᠯᠣᠬᠤ᠂ ᠲᠤᠯᠤᠭ᠋ᠠᠢ ᠪᠦᠬᠦᠶ᠋ᠢᠬᠦ᠂ ᠴᠠᠭ᠋ᠠᠰᠢᠯᠠᠪᠠᠯ ᠠᠮᠢ ᠨᠠᠰᠤ᠎ᠪᠠᠨ ᠡᠴᠦᠰᠯᠡᠭᠦᠯᠬᠦ ᠵᠡᠷᠭᠡ ᠭᠤᠨᠢᠭᠲᠤ ᠵᠠᠮ ᠵᠶ᠋ᠠᠷ ᠶᠠᠪᠤᠳᠠᠭ ᠴᠦ᠍ ᠪᠤᠢ᠃ ᠨᠢᠭᠡᠨ ᠵᠢᠩᠬᠢᠨᠢ ᠰᠢᠯᠢᠳᠡᠭ ᠣᠶᠤᠲᠠᠨ ᠪᠣᠯ ᠨᠡᠯᠢᠶᠡᠳ ᠥᠨᠳᠥᠷ ᠶᠡᠷᠦᠩᠬᠡᠶ᠋ᠢᠯᠡᠭᠰᠡᠨ ᠬᠡᠪ ᠴᠢᠨᠠᠷ᠎ᠢ ᠪᠦᠷᠢᠯᠳᠤᠭᠦᠯᠦᠨ᠂ ᠬᠦᠴᠢᠷ ᠪᠡᠷᠬᠡᠰᠢᠶᠡᠯ ᠥᠷᠢᠰᠥᠯᠳᠦᠭᠡᠨ᠎ᠢ ᠤᠭᠳᠤᠵᠤ ᠢᠯᠡᠪᠠᠯ ᠵᠤᠬᠢᠨ᠎ᠠ᠂ ᠬᠠᠷᠢᠨ ᠨᠤᠭᠤᠷᠠᠯ ᠪᠦᠳᠦᠷᠢᠯ᠎ᠤᠨ ᠠ᠋ᠮᠦᠨ᠎ᠡ ᠨᠤᠭᠤᠷᠠᠨ ᠲᠤᠷᠤᠶ᠋ᠢᠳᠠᠭ᠍ᠤ ᠪᠢᠰᠢ ᠶᠤᠮ᠃ ᠠ᠋ᠶ᠋ᠢᠮᠦ᠎ᠠᠴᠠ ᠠᠵᠢᠯ ᠣᠯᠭᠤᠯᠲᠠ ᠵᠢᠨ ᠬᠦᠨᠳᠦ ᠬᠡᠴᠡᠭᠦᠤ ᠪᠠᠶ᠋ᠢᠳᠠᠯ᠎ᠤᠨ ᠳᠣᠤᠷ᠎ᠠ᠂ ᠰᠡᠳᠬᠢᠴᠡ ᠵᠢᠨ ᠬᠡᠪ ᠴᠢᠨᠠᠷ᠎ᠢ ᠳᠡᠭᠡᠭᠰᠢᠯᠡᠭᠦᠯᠬᠦ᠎ᠨᠢ ᠪᠠᠰᠠ ᠴᠤ᠌ ᠴᠢᠬᠤᠯᠠ ᠨᠢᠭᠡ ᠲᠠᠯ᠎ᠠ ᠪᠣᠯᠤᠨ᠎ᠠ᠃
ᠠ᠋ᠭᠦᠨ᠎ᠠᠴᠠ ᠭᠠᠳᠠᠨ᠎ᠠ᠂ ᠮᠠᠰᠢ ᠣᠯᠠᠨ ᠣᠶᠤᠲᠠᠳ ᠢᠷᠡᠭᠡᠳᠦᠶ ᠵᠢᠨ ᠠᠵᠢᠯ ᠮᠡᠷᠭᠡᠵᠢᠯ ᠵᠢᠴᠢ ᠴᠠᠯᠢᠩ ᠤᠯᠭᠤᠮᠵᠢ᠎ᠳᠤ ᠨᠡᠯᠢᠶᠡᠳ ᠥᠨᠳᠥᠷ ᠣᠷᠣᠨ ᠲᠤᠭᠳᠠᠭ᠋ᠠᠯ ᠬᠢᠵᠤ᠂ ᠮᠥᠩᠭᠦᠨ ᠭᠦᠢ᠍ᠯᠭᠡᠭᠡᠨ᠎ᠤ ᠬᠢᠮᠤᠷᠠᠯ᠂ ᠠᠵᠢᠯ᠎ᠤᠨ ᠪᠠᠶ᠋ᠢᠷᠢ ᠵᠢᠨ ᠴᠥᠭᠡᠨ ᠪᠠᠶ᠋ᠢᠬᠤ ᠵᠡᠷᠭᠡ ᠤᠯᠠᠨ ᠲᠠᠯ᠎ᠠ ᠵᠢᠨ ᠨᠦᠬᠦᠴᠡᠯ ᠪᠠᠶ᠋ᠢᠳᠠᠯ᠎ᠠᠴᠠ ᠪᠤᠯᠵᠤ᠂ ᠤᠷᠢᠵᠤ ᠬᠡᠷᠡᠭᠯᠡᠬᠦ ᠲᠠᠯ᠎ᠠ ᠵᠢᠨ ᠬᠠᠩᠭ᠋ᠠᠭᠰᠠᠨ ᠠᠵᠢᠯ᠎ᠤᠨ ᠪᠠᠶ᠋ᠢᠷᠢ ᠵᠢᠴᠢ ᠴᠠᠯᠢᠩ ᠤᠯᠭᠤᠮᠵᠢ᠎ᠨᠢ ᠤᠶᠤᠲᠠᠳ᠎ᠤᠨ ᠬᠦᠰᠡᠯ ᠠ᠋ᠷᠡᠮᠡᠯᠵᠡᠯ᠎ᠳᠤ ᠬᠤᠯᠠ ᠬᠦᠷᠬᠦ ᠦᠭᠡᠢ ᠪᠠᠶ᠋ᠢᠳᠠᠯ ᠢᠯᠡᠷᠡᠳᠡᠭ᠃ ᠠ᠋ᠨᠡ ᠦᠶᠠᠰ᠂ ᠣᠶᠤᠲᠠᠳ ᠠᠵᠢᠯ ᠣᠯᠭᠤᠯᠲᠠ ᠵᠢᠨ ᠲᠤᠬᠠᠢ ᠱᠠᠭ᠋ᠠᠷᠳᠠᠯᠭ᠎ᠠ ᠵᠢ ᠵᠤᠬᠢᠬᠤ ᠬᠡᠮᠵᠢᠶ᠎ᠡ᠎ᠪᠠᠷ ᠲᠤᠷᠤᠭᠰᠢᠯᠠᠭᠤᠯᠤᠨ᠂ ᠤᠷᠢᠳ ᠵᠶ᠋ᠠᠷ ᠠᠵᠢᠯ ᠣᠯᠵᠤ ᠳᠠᠷᠠᠭ᠎ᠠ᠎ᠨᠢ ᠠᠵᠢᠯ᠎ᠢ ᠰᠤᠩᠭᠤᠨ᠂ ᠠᠵᠢᠯ ᠣᠯᠤᠭᠰᠠᠨ᠎ᠤ ᠳᠠᠷᠠᠭ᠎ᠠ ᠲᠤᠷᠰᠢᠯᠭ᠎ᠠ ᠬᠤᠷᠠᠮᠳᠤᠭᠤᠯᠵᠤ᠂ ᠳᠠᠬᠢᠨ ᠠᠯᠬᠤᠮ ᠠᠯᠬᠤᠮ ᠵᠶ᠋ᠠᠷ ᠬᠦᠰᠡᠨ ᠠ᠋ᠷᠡᠮᠡᠯᠵᠡᠭᠰᠡᠨ ᠠᠵᠢᠯ ᠦᠢ᠍ᠯᠡᠰ᠎ᠤᠨ ᠵᠦᠭ ᠴᠢᠷᠮᠠᠶ᠋ᠢᠨ ᠲᠡᠮᠡᠤᠯᠡᠪᠡᠯ ᠵᠤᠬᠢᠨ᠎ᠠ᠃ ᠤᠶᠤᠳᠠᠳ ᠥᠪᠡᠷ᠎ᠢ᠎ᠪᠠᠨ ᠲᠡᠭᠦᠯᠳᠡᠷᠵᠢᠭᠦᠯᠬᠦ᠎ᠠᠴᠠ ᠭᠠᠳᠠᠨ᠎ᠠ᠂ ᠲᠤᠤᠷᠠᠬᠢ ᠮᠡᠳᠤ ᠵᠠᠮ᠎ᠢ ᠴᠦ᠍ ᠰᠣᠩᠭᠤᠵᠤ ᠪᠤᠯᠬᠤ ᠶᠤᠮ᠃
1. ᠰᠤᠳᠤᠯᠬᠤ ᠰᠤᠷᠤᠭᠴᠢ ᠰᠢᠯᠭ᠋ᠠᠭᠤᠯᠵᠤ᠂ ᠠᠵᠢᠯ ᠣᠯᠭᠤᠯᠲᠠ ᠵᠢᠨ ᠶᠡᠭᠡ ᠵᠢᠭᠰᠠᠭ᠋ᠠᠯ᠎ᠠᠴᠠ ᠲᠦᠷ ᠴᠠᠭ ᠵᠠᠶ᠋ᠢᠯᠠᠰᠬᠢᠨ᠂ ᠨᠠᠩ ᠥᠨᠳᠥᠷ ᠬᠢᠷᠢ ᠲᠦᠪᠰᠢᠨ ᠪᠦᠬᠦᠢ ᠮᠡᠳᠡᠯᠭᠡ ᠮᠡᠷᠭᠡᠰᠢᠯ᠎ᠢ ᠭᠦᠨᠵᠡᠭᠡᠶ᠋ᠢᠷᠡᠨ ᠰᠤᠷᠤᠯᠴᠠᠵᠤ᠂ ᠥᠪᠡᠷ᠎ᠤᠨ ᠥᠷᠢᠰᠦᠯᠳᠦᠬᠦ ᠬᠦᠴᠦᠨ ᠵᠶ᠋ᠠᠨ ᠲᠡᠭᠡᠭᠰᠢᠯᠡᠭᠦᠯᠦᠨ᠎ᠡ᠃
2. ᠠᠯᠪᠠᠲᠠᠨ᠎ᠤ ᠰᠢᠯᠭ᠋ᠠᠯᠳᠠ᠎ᠳᠤ ᠤᠷᠤᠯᠴᠠᠨ᠂ ᠤᠯᠤᠰ᠎ᠠᠴᠠ ᠬᠠᠩᠭ᠋ᠠᠭᠰᠠᠨ ᠲᠤᠰᠢᠶᠠᠯ᠎ᠤᠨ ᠪᠠᠶ᠋ᠢᠷᠢ᠎ᠳᠤ ᠰᠢᠯᠭ᠋ᠠᠭᠤᠯᠤᠨᠠ᠃
3. ᠪᠡᠶ᠎ᠡ᠎ᠪᠠᠨ ᠳᠠᠭ᠋ᠠᠭ᠋ᠠᠵᠤ ᠦᠢ᠍ᠯᠡᠰ ᠪᠤᠰᠬᠠᠨ᠎ᠠ᠃ ᠰᠢᠨ᠎ᠡ ᠵᠢ ᠠ᠋ᠭᠦᠳᠤᠨ ᠦᠢ᠍ᠯᠡᠰ ᠪᠤᠰᠬᠠᠬᠤ ᠲᠠᠯ᠎ᠠ᠎ᠪᠠᠷ᠂ ᠡᠯ᠎ᠡ ᠭᠠᠵᠠᠷ᠎ᠤᠨ᠎ᠬᠢᠨ ᠠᠳᠠᠯᠢ ᠪᠤᠰᠤ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ᠎ᠲᠠᠢ ᠪᠠᠶ᠋ᠢᠵᠤ᠂ ᠥᠪᠡᠷ᠎ᠤᠨ ᠪᠡᠶ᠎ᠡ᠎ᠳᠤ᠎ᠪᠠᠨ ᠠᠵᠢᠯ ᠤᠯᠭᠤᠵᠤ ᠠᠵᠢᠯ᠎ᠤᠨ ᠪᠠᠶ᠋ᠢᠷᠢ ᠬᠠᠩᠭ᠋ᠠᠬᠤ᠎ᠨᠢ ᠪᠠᠰᠠ ᠴᠤ᠌ ᠨᠢᠭᠡᠨ ᠰᠤᠩᠭᠤᠭᠤᠰᠢᠲᠠᠢ ᠵᠠᠮ ᠪᠣᠯᠬᠤ ᠶᠤᠮ᠃
ᠭᠤᠷᠪᠠ᠂ ᠤᠶᠤᠳᠠᠳ ᠠᠵᠢᠯ ᠮᠡᠷᠭᠡᠵᠢᠯ᠎ᠤᠨ ᠲᠦᠯᠦᠪᠵᠢᠭᠦᠯᠭᠡ ᠬᠢᠵᠤ ᠴᠢᠳᠠᠭ᠍ᠤ ᠬᠡᠷᠡᠭᠲᠠᠢ
(ᠨᠢᠭᠡ) ᠥᠪᠡᠷ᠎ᠢ᠎ᠪᠠᠨ ᠵᠦᠪ ᠦᠨᠡᠯᠡᠵᠦ᠂ ᠠᠵᠢᠯ ᠮᠡᠷᠭᠡᠵᠢᠯ᠎ᠤᠨ ᠲᠥᠯᠥᠪᠵᠢᠭᠦᠯᠭᠡ ᠵᠢ ᠰᠠᠶ᠋ᠢᠲᠤᠷ ᠬᠢᠬᠦ ᠬᠡᠷᠡᠭᠲᠡᠶ᠃
ᠠᠵᠢᠯ ᠰᠣᠩᠭᠤᠬᠤ᠎ᠨᠢ ᠤᠶᠤᠳᠠᠳ᠎ᠲᠤ ᠠᠪᠴᠤ ᠬᠡᠯᠡᠪᠡᠯ᠂ ᠠᠮᠢᠳᠤᠷᠠᠬᠤᠢ ᠵᠢᠨ ᠨᠢᠭᠡᠨ ᠲᠣᠮᠣ ᠶᠠᠪᠤᠳᠠᠯ ᠪᠣᠯᠤᠨ᠎ᠠ᠃ ᠠᠵᠢᠯ ᠵᠶ᠋ᠠᠨ ᠵᠥᠪ ᠰᠣᠩᠭᠤᠶ᠎ᠠ ᠭᠡᠪᠡᠯ ᠠ᠋ᠩ ᠲᠡᠷᠢᠭᠦᠨ᠎ᠳᠤ ᠥᠪᠡᠷ᠎ᠢ᠎ᠪᠠᠨ ᠵᠥᠪ ᠣᠶ᠋ᠢᠯᠠᠭ᠋ᠠᠬᠤ ᠬᠡᠷᠡᠭᠲᠡᠶ᠄ ᠨᠢᠭᠡ ᠲᠠᠯ᠎ᠠ᠎ᠪᠠᠷ ᠵᠠᠩ ᠴᠢᠨᠠᠷ ᠵᠡᠷᠭᠡ ᠣᠨᠴᠠᠯᠢᠭ ᠵᠶ᠋ᠠᠨ ᠲᠣᠳᠣᠷᠬᠠᠶ ᠮᠡᠳᠡᠵᠦ᠂ ᠨᠥᠭᠦᠭᠡ ᠲᠠᠯ᠎ᠠ᠎ᠪᠠᠷ ᠬᠢᠬᠦ ᠭᠡᠵᠦ ᠪᠠᠶ᠋ᠢᠭ᠎ᠠ ᠠᠵᠢᠯ ᠲᠥᠷᠥᠯ᠎ᠤᠨ ᠵᠶ᠋ᠠᠨ ᠱᠠᠭ᠋ᠠᠷᠳᠠᠯᠭ᠎ᠠ ᠵᠢ ᠲᠣᠳᠣᠷᠬᠠᠶ ᠮᠡᠳᠡᠵᠦ᠂ ᠲᠤᠰ ᠠᠵᠢᠯ᠎ᠳᠤ ᠲᠣᠬᠢᠷᠠᠭ᠍ᠤ ᠠ᠋ᠰᠡᠬᠦ᠎ᠪᠠᠨ ᠵᠠᠳᠠᠯᠤᠨ ᠰᠢᠨᠵᠢᠯᠡᠬᠦ ᠬᠡᠷᠡᠭᠲᠡᠶ᠃ ᠬᠦᠮᠦᠰ ᠥᠪᠡᠷ᠎ᠤᠨ ᠰᠠᠨᠠᠭ᠋ᠠᠨ᠎ᠳᠤ ᠦᠯᠦ ᠨᠡᠶ᠋ᠢᠴᠡᠬᠦ᠂ ᠥᠪᠡᠷ᠎ᠤᠨ ᠪᠡᠶ᠎ᠡ᠎ᠳᠤ ᠦᠯᠦ ᠲᠣᠬᠢᠷᠠᠭ᠍ᠤ ᠠᠵᠢᠯ᠎ᠢ ᠬᠢᠬᠦ ᠳᠤᠷ᠎ᠠ ᠦᠭᠡᠢ᠂ ᠠ᠋ᠶ᠋ᠢᠮᠦ᠎ᠠᠴᠠ ᠰᠣᠩᠭᠤᠬᠤ ᠪᠣᠯᠤᠮᠵᠢ᠎ᠲᠠᠢ ᠣᠢ᠍ᠶ᠎ᠠ᠎ᠳᠤ᠂ ᠵᠠᠪᠠᠯ ᠠᠵᠢᠯ ᠮᠡᠷᠭᠡᠵᠢᠯ᠎ᠤᠨ ᠲᠥᠯᠥᠪᠵᠢᠭᠦᠯᠭᠡ ᠵᠢ ᠰᠠᠶ᠋ᠢᠲᠤᠷ ᠬᠢᠵᠦ᠂ ᠲᠥᠯᠥᠪᠵᠢᠭᠦᠯᠭᠡ ᠵᠢᠨ ᠵᠶ᠋ᠠᠨ ᠴᠢᠭᠯᠡᠯ ᠵᠦᠭ ᠴᠢᠷᠮᠠᠶ᠋ᠢᠬᠤ ᠬᠡᠷᠡᠭᠲᠡᠶ᠃ ᠳᠠᠷᠠᠭ᠎ᠠ᠎ᠳᠤ᠎ᠨᠢ᠂ ᠶᠡᠭᠡ ᠰᠤᠷᠭ᠋ᠠᠭᠤᠯᠢ ᠵᠢᠨ ᠬᠤᠭᠤᠴᠠᠭ᠋ᠠᠨ᠎ᠳᠤ᠎ᠬᠢ ᠶᠡᠷᠦᠩᠬᠡᠶ ᠢᠯᠡᠷᠡᠯ ᠪᠠ ᠴᠢᠳᠠᠪᠤᠷᠢ᠎ᠪᠠᠨ ᠦᠨᠳᠦᠰᠦᠯᠡᠨ᠂ ᠠᠵᠢᠯ ᠣᠯᠬᠤ ᠤᠬ ᠰᠠᠨᠠᠭ᠎ᠠ ᠵᠢ ᠲᠤᠬᠢᠷᠠᠮᠵᠢᠲᠠᠢ ᠪᠠᠶ᠋ᠢᠯᠭ᠋ᠠᠨ᠎ᠠ᠃ ᠤᠬ ᠰᠠᠨᠠᠭ᠎ᠠ ᠬᠡᠲᠦ ᠥᠨᠳᠥᠷ ᠪᠣᠯᠪᠠᠯ ᠤᠳᠠᠭ᠎ᠠ ᠳᠠᠷᠠᠭ᠋ᠠᠯᠠᠨ ᠬᠠᠳᠠᠭ᠋ᠠᠰᠤ ᠮᠥᠷᠭᠦᠵᠦ᠂ ᠴᠣᠬᠢᠯᠲᠠ ᠣᠯᠵᠤ ᠮᠡᠳᠡᠨ᠎ᠡ᠃ ᠤᠬ ᠰᠠᠨᠠᠭ᠎ᠠ ᠬᠡᠲᠦᠷᠬᠡᠢ ᠳᠣᠣᠷ᠎ᠠ ᠪᠣᠯ᠂ ᠤᠬᠤᠷᠢᠵᠤ ᠲᠠᠳᠠᠭ᠋ᠠᠯᠵᠠᠨ᠂ ᠵᠤᠷᠢᠭ ᠮᠤᠬᠤᠵᠤ᠂ ᠠᠵᠠ ᠵᠠᠪᠰᠢᠶᠠᠨ᠎ᠢ ᠠᠯᠳᠠᠵᠤ ᠮᠡᠳᠡᠨ᠎ᠡ᠃ ᠠ᠋ᠳᠡᠭᠡᠷ᠎ᠨᠢ ᠠᠵᠢᠯ ᠰᠣᠩᠭᠤᠬᠤ᠎ᠳᠤ ᠠᠪᠴᠤ ᠬᠡᠯᠡᠪᠡᠯ ᠴᠥᠮ ᠠᠰᠢᠭ ᠦᠭᠡᠢ ᠶᠤᠮ᠃ ᠭᠤᠷᠪᠠᠳᠤᠭ᠋ᠠᠷ ᠲᠤ᠂ ᠥᠪᠡᠷ᠎ᠤᠨ ᠠᠵᠢᠯ ᠰᠣᠩᠭᠤᠬᠤ ᠪᠠᠷᠢᠮᠵᠢᠶ᠎ᠠ ᠵᠢ ᠤᠶ᠋ᠢᠯᠠᠭ᠋ᠠᠨᠠ᠃ ᠠᠵᠢᠯᠯᠠᠭ᠍ᠤ ᠭᠠᠵᠠᠷ᠎ᠨᠢ ᠴᠢᠬᠤᠯᠠ ᠶᠤᠮ ᠤᠤ᠂ ᠬᠤᠪᠢ ᠬᠥᠮᠦᠨ᠎ᠤ ᠬᠥᠭᠵᠢᠯᠲᠡ᠂ ᠠ᠋ᠰᠡᠬᠦᠯ᠎ᠡ ᠴᠠᠯᠢᠩ ᠤᠯᠭᠤᠮᠵᠢ ᠨᠡᠩ ᠴᠢᠬᠤᠯᠠ ᠶᠤᠮ ᠤᠤ ᠭᠡᠬᠦ ᠲᠠᠯ᠎ᠠ᠎ᠪᠠᠷ ᠯᠠᠪᠳᠠᠭᠤᠨ ᠲᠤᠳᠤᠷᠬᠠᠢ ᠦᠵᠡᠯᠳᠡ ᠲᠠᠨᠢᠯᠳᠠ᠎ᠲᠠᠢ ᠪᠠᠶ᠋ᠢᠪᠠᠯ ᠵᠤᠬᠢᠨ᠎ᠠ᠃
(ᠬᠤᠶᠠᠷ) ᠢᠳᠡᠭᠡᠯ ᠵᠤᠷᠢᠭ ᠪᠠ ᠬᠦᠴᠢᠷ ᠠᠮᠰᠠᠭ᠍ᠤ ᠦᠵᠡᠯ ᠰᠠᠨᠠᠭ᠋ᠠᠨ᠎ᠤ ᠪᠡᠯᠡᠳᠬᠡᠯ ᠪᠠᠶ᠋ᠢᠬᠤ ᠬᠡᠷᠡᠭᠲᠡᠶ᠃
《ᠰᠠᠯᠬᠢ ᠪᠣᠷᠣᠭ᠋ᠠᠨ᠎ᠢ ᠥᠩᠭᠡᠷᠡᠭᠦᠯᠬᠦ ᠦᠭᠡᠢ᠎ᠪᠠᠷ ᠦᠩᠭᠡᠲᠤ ᠰᠣᠯᠣᠩᠭ᠎ᠠ ᠵᠢ ᠬᠡᠷᠬᠢᠨ ᠣᠯᠵᠤ ᠦᠵᠡᠬᠦ ᠪᠤᠢ》 ᠭᠡᠳᠡᠭ ᠵᠶ᠋ᠠᠷ ᠶᠠᠮᠠᠷ ᠠᠵᠢᠯ᠎ᠢ ᠬᠢᠭᠰᠡᠨ ᠴᠦ᠍ ᠪᠦᠷ ᠬᠠᠮᠤᠭ᠎ᠤᠨ ᠬᠦᠴᠢᠷ ᠬᠠᠮᠤᠭ᠎ᠤᠨ ᠦᠨᠳᠤᠰᠤ᠎ᠠᠴᠠ᠎ᠨᠢ ᠭᠠᠷᠳᠠᠨ ᠪᠡᠶᠡᠯᠡᠭᠦᠯᠵᠤ᠂ ᠰᠠᠭᠤᠷᠢ ᠵᠢ ᠪᠠᠳᠤᠳᠬᠠᠨ ᠲᠤᠷᠰᠢᠯᠭ᠎ᠠ ᠬᠤᠷᠠᠮᠳᠤᠭᠤᠯᠵᠤ᠂ ᠲᠤᠰ ᠠᠵᠢᠯ᠎ᠢ ᠰᠠᠢ᠍ᠢ᠍ᠨ ᠬᠢᠵᠦ ᠲᠡᠢ᠍ᠢ᠍ᠯᠭᠦ ᠬᠢᠷᠢ ᠭᠡᠮ᠎ᠲᠠᠢ ᠪᠤᠯᠪᠠᠯ ᠵᠤᠬᠢᠨ᠎ᠠ᠃ ᠠᠵᠢᠯ ᠠ᠋ᠷᠢᠬᠦ ᠶᠠᠪᠤᠴᠠ᠎ᠳᠤ ᠢᠲᠡᠭᠡᠯ ᠵᠣᠷᠢᠭ ᠲᠤᠩ ᠴᠢᠬᠤᠯᠠ᠂ ᠵᠥᠪᠬᠡᠨ ᠥᠪᠡᠷ᠎ᠤᠨ ᠳᠤᠲᠠᠭᠳᠠᠯ ᠵᠶ᠋ᠠᠨ ᠬᠠᠷᠠᠭ᠋ᠠᠳ᠂ ᠳᠠᠪᠠᠭᠤᠯᠢᠭ ᠲᠠᠯ᠎ᠠ᠎ᠪᠠᠨ ᠳᠠᠷᠤᠵᠤ ᠪᠣᠯᠬᠤ ᠦᠭᠡᠢ᠃ ᠠᠵᠢᠯ ᠠ᠋ᠷᠢᠬᠦ ᠶᠠᠪᠤᠴᠠ᠎ᠳᠤ᠂ ᠠᠯᠬᠤᠮ ᠨᠢᠭᠡᠪᠦᠷᠢ ᠵᠢ ᠨᠠᠷᠢᠯᠢᠬ ᠲᠦᠰᠦᠪᠯᠡᠵᠤ᠂ ᠠᠵᠢᠭᠯᠠᠵᠤ ᠰᠠᠭᠤᠭ᠋ᠠᠳ ᠭᠠᠷ ᠬᠥᠳᠡᠯᠬᠦ ᠦᠭᠡᠢ ᠪᠠᠶ᠋ᠢᠵᠤ ᠪᠣᠯᠬᠤ ᠦᠭᠡᠢ᠂ ᠠ᠋ᠷᠬᠡᠪᠰᠢ ᠦᠢ᠍ᠯᠡᠳᠤᠯᠭᠡ᠎ᠳᠤ ᠤᠷᠤᠯᠴᠠᠪᠠᠯ ᠰᠠᠶᠢ ᠬᠦᠴᠢᠷ ᠪᠡᠷᠬᠡᠰᠢᠶᠡᠯ᠎ᠲᠠᠢ ᠦᠶᠡᠰ ᠲᠠᠯᠪᠢᠭᠤᠨ ᠪᠠᠶ᠋ᠢᠵᠤ᠂ ᠠᠮᠵᠢᠯᠲᠠ ᠣᠯᠵᠤ ᠴᠢᠳᠠᠨ᠎ᠠ᠃ ᠠᠵᠢᠯ ᠰᠣᠩᠭᠤᠨ ᠠᠮᠵᠢᠯᠲᠠ ᠣᠯᠬᠤ ᠵᠢᠨ ᠵᠠᠩᠭᠢᠯᠠᠭ᠎ᠠ᠎ᠨᠢ ᠥᠪᠡᠷ᠎ᠤᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠵᠦ᠂ ᠠᠮᠢᠳᠤᠯᠢᠭ ᠰᠣᠩᠭᠤᠬᠤ᠎ᠳᠤ ᠤᠷᠤᠰᠢᠨ᠎ᠠ᠃ ᠶᠠᠭ᠋ᠠᠬᠢᠭᠰᠠᠨ ᠴᠤ᠌ ᠣᠮᠣᠷᠬᠠᠭᠯᠠᠨ ᠪᠠᠷᠳᠠᠮᠨᠠᠵᠤ ᠪᠣᠯᠬᠤ ᠦᠭᠡᠢ᠃ ᠤᠴᠢᠷ᠎ᠨᠢ ᠥᠪᠡᠷ᠎ᠤᠨ ᠪᠡᠶ᠎ᠡ᠂ ᠭᠡᠷ ᠪᠦᠯᠢ᠂ ᠨᠡᠶ᠋ᠢᠭᠡᠮ᠎ᠤᠨ ᠠᠯᠢ ᠲᠠᠯ᠎ᠠ᠎ᠪᠠᠷ ᠪᠤᠳᠤᠯᠬᠢᠯᠠᠭᠰᠠᠨ ᠴᠦ᠍ ᠠ᠋ᠷᠲᠡᠬᠡᠨ ᠠᠵᠢᠯ ᠣᠯᠬᠤ᠎ᠨᠢ ᠴᠢᠬᠤᠯᠠ ᠪᠠᠶ᠋ᠢᠳᠠᠬ᠃ ᠦᠨᠡᠨ᠎ᠳᠤ᠎ᠪᠠᠨ᠂ ᠲᠤᠰᠬᠠᠢ ᠮᠡᠷᠭᠡᠵᠢᠯ ᠵᠶ᠋ᠠᠨ ᠠᠮᠵᠢᠯᠳᠠ᠎ᠲᠠᠢ ᠰᠤᠷᠤᠯᠴᠠᠵᠤ ᠲᠡᠭᠦᠰᠬᠡᠭᠰᠡᠨ ᠤᠶᠤᠳᠠᠨ ᠪᠦᠬᠦᠨ᠎ᠳᠤ ᠰᠠᠶ᠋ᠢᠨ ᠰᠠᠶ᠋ᠢᠬᠠᠨ ᠠᠵᠢᠯ ᠤᠯᠭ᠍ᠤ ᠠᠵᠠ ᠲᠤᠬᠢᠶᠠᠯ ᠮᠠᠰᠢ ᠤᠯᠠᠨ ᠪᠠᠶ᠋ᠢᠳᠠᠭ᠃ ᠠ᠋ᠶ᠋ᠢᠮᠤ᠎ᠠᠴᠠ ᠤᠶᠤᠳᠠᠳ ᠨᠢᠳᠦᠨ ᠠ᠋ᠮᠦᠨᠡᠬᠢ ᠠᠵᠢᠯ ᠰᠤᠷᠤᠯᠴᠠᠯᠭ᠎ᠠ ᠠ᠋ᠭᠦᠷᠭᠡ ᠬᠠᠷᠢᠭᠤᠴᠠᠯᠭ᠎ᠠ ᠪᠦᠬᠦᠨ ᠵᠶ᠋ᠠᠨ ᠰᠠᠶ᠋ᠢᠲᠤᠷ ᠭᠦᠢ᠍ᠴᠡᠳᠬᠡᠵᠤ᠂ ᠬᠤᠢ᠍ᠢ᠍ᠰᠢᠳᠠ ᠵᠢᠨ ᠠᠵᠢᠯ ᠤᠯᠬᠤ᠎ᠳᠤ᠎ᠪᠠᠨ ᠰᠠᠭᠤᠷᠢ ᠲᠠᠯᠪᠢᠪᠠᠯ ᠵᠤᠬᠢᠨ᠎ᠠ᠃
ᠬᠠᠶᠢᠭ᠄ ᠦᠪᠤᠷ ᠮᠤᠨᠭ᠌ᠭᠤᠯ᠎ᠤᠨ ᠶᠠᠭᠡ ᠰᠤᠷᠭ᠋ᠠᠭᠤᠯᠢ ᠵᠢᠨ ᠮᠤᠨᠭ᠌ᠭᠤᠯ ᠰᠤᠳᠤᠯᠤᠯ᠎ᠤᠨ ᠲᠡᠭᠡᠳᠤ
ᠰᠤᠷᠭ᠋ᠠᠭᠤᠯᠢ ᠵᠢᠨ ᠮᠤᠨᠭ᠌ᠭᠤᠯ ᠲᠡᠦᠭᠡ ᠵᠢᠨ ᠤᠬᠠᠭ᠋ᠠᠨ᠎ᠤ ᠰᠠᠯᠪᠤᠷᠢ
(ᠪᠠᠭ᠋ᠠᠨ᠎ᠠ ᠨᠠᠢ᠍ᠢ᠍ᠷᠠᠭᠤᠯᠪᠠ)
2019 ᠣᠨ᠎ᠤ 12 ᠳ᠋ᠤᠭ᠋ᠠᠷ ᠬᠤᠭᠤᠴᠠᠭ᠎ᠠ