ᠨᠢᠭᠡ᠂ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠭᠡᠳᠦ | ᠵᠡᠷᠭᠡ ᠶᠢᠨ ᠰᠤᠷᠭᠠᠭᠤᠯᠢ ᠶᠢᠨ ᠠᠵᠢᠯ ᠤᠨ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠡᠭᠦᠷᠭᠡ ᠬᠠᠷᠢᠭᠤᠴᠠᠯᠭ᠎ᠠ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠣᠯ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠣᠨ᠎ᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ | ᠵᠡᠷᠭᠡ ᠶᠢᠨ ᠰᠤᠷᠭᠠᠭᠤᠯᠢ ᠶᠢᠨ ᠠᠵᠢᠯ ᠤᠨ ᠬᠤᠷᠢᠶ᠎ᠠ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠲᠣᠮᠢᠯᠠᠭᠰᠠᠨ ᠪᠠᠶᠢᠭᠤᠯᠤᠮᠵᠢ ᠮᠦᠨ ᠪᠦᠭᠡᠳ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠯᠦᠭᠡ ᠬᠤᠶᠠᠷ ᠫᠠᠶᠢᠰᠠ ᠲᠠᠢ ᠨᠢᠭᠡ ᠪᠠᠶᠢᠭᠤᠯᠤᠮᠵᠢ ᠪᠣᠯᠬᠤ ᠶᠤᠮ᠃ | ︵ᠨᠢᠭᠡ︶ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ | ᠪᠠ ᠬᠠᠤᠯᠢ ᠴᠠᠭᠠᠵᠠ᠂ ᠳᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠣᠯᠣᠨ ᠰᠤᠷᠭᠠᠨ | ᠬᠥᠮᠦᠵᠢᠯ ᠤᠨ ᠦᠢᠯᠡᠰ ᠢ ᠬᠥᠭᠵᠢᠭᠦᠯᠬᠦ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠰᠣᠳᠣᠯᠣᠨ ᠲᠤᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠣᠨ ᠬᠢᠨᠠᠯᠲᠠ ᠲᠠᠯᠪᠢᠵᠤ ᠬᠡᠷᠡᠭᠵᠢᠭᠦᠯᠥᠨ᠎ᠡ᠃ | ︵ᠬᠤᠶᠠᠷ︶ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠬᠦ ᠪᠠ | ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠵᠣ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠣᠮᠳᠠᠲᠤ | ᠵᠡᠷᠭᠡ ᠂ ᠠᠩᠬ᠎ᠠ ᠵᠡᠷᠭᠡ ᠶᠢᠨ ᠰᠤᠷᠭᠠᠨ ᠬᠥᠮᠦᠵᠢᠯ ᠤᠨ ᠡᠯ᠎ᠡ ᠲᠦᠷᠦᠯ ᠤᠨ ᠰᠤᠷᠭᠠᠭᠤᠯᠢ ᠪᠠᠶᠢᠭᠤᠯᠬᠤ ᠪᠠᠷᠢᠮᠵᠢᠶ᠎ᠠ ᠶᠢ | ᠰᠤᠳᠤᠯᠤᠨ ᠲᠣᠭᠲᠠᠭᠠᠨ᠎ᠠ︔ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢ ᠵᠢᠯᠣᠭᠤᠳᠣᠨ᠎ᠠ᠃ | ︵ᠭᠤᠷᠪᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠦᠭᠵᠢᠬᠦ ᠶᠢ ᠲᠦᠯᠬᠢᠨ | ᠠᠬᠢᠭᠤᠯᠬᠤ ᠪᠠ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠬᠤ ᠶᠢ ᠬᠠᠷᠢᠭᠤᠴᠠᠨ᠎ᠠ᠂ ᠥᠨᠳᠥᠷ ᠬᠢᠷᠢ | ᠬᠡᠮᠵᠢᠶ᠎ᠡ ᠪᠠ ᠴᠢᠨᠠᠷ ᠴᠢᠨᠰᠠᠭ᠎ᠠ ᠲᠠᠢ ᠪᠠᠷ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ | ᠲᠦᠭᠡᠮᠡᠯᠵᠢᠭᠦᠯᠬᠦ ᠠᠵᠢᠯ ᠢ ᠵᠣᠬᠢᠶᠠᠨ ᠪᠠᠶᠢᠭᠤᠯᠥᠨ ᠶᠠᠪᠣᠭᠳᠠᠭᠤᠯᠵᠤ᠂ ᠡᠩ ᠤᠨ ᠳᠡᠭᠡᠲᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠨ ᠬᠥᠮᠦᠵᠢᠯ ᠂ ᠬᠡᠦᠬᠡᠳ ᠤᠨ ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠠᠭᠤᠷᠢ | ᠰᠤᠷᠭᠠᠨ ᠬᠥᠮᠦᠵᠢᠯ ᠪᠠ ᠣᠨᠴᠬᠭᠠᠢ ᠰᠤᠷᠭᠠᠨ ᠬᠥᠮᠦᠵᠢᠯ ᠤᠨ ᠠᠵᠢᠯ ᠢ ᠵᠢᠭᠠᠨ ᠵᠢᠯᠣᠭᠤᠳᠣᠨ᠎ᠠ︔ ᠰᠠᠭᠤᠷᠢ | ᠰᠤᠷᠭᠠᠨ ᠬᠥᠮᠦᠵᠢᠯ ᠤᠨ ᠵᠢᠭᠠᠨ ᠰᠤᠷᠭᠠᠬᠤ ᠦᠨᠳᠦᠰᠦᠨ ᠱᠠᠭᠠᠷᠳᠠᠯᠭ᠎ᠠ ᠪᠠ ᠵᠢᠭᠠᠨ ᠰᠤᠷᠭᠠᠬᠤ ᠦᠨᠳᠦᠰᠦᠨ ᠪᠢᠴᠢᠭ | ᠮᠠᠲ᠋ᠧᠷᠢᠶᠠᠯ ᠢ ᠲᠣᠭᠲᠠᠭᠠᠵᠤ᠂ ᠳᠣᠮᠳᠠᠲᠤ ᠵᠡᠷᠭᠡ ᠪᠠ ᠠᠩᠬ᠎ᠠ ᠵᠡᠷᠭᠡ ᠶᠢᠨ ᠣᠷᠣᠨ ᠨᠤᠲᠤᠭ ᠤᠨ ᠬᠢᠴᠢᠶᠡᠯ ᠪᠣᠯᠤᠨ | ᠰᠤᠷᠭᠠᠭᠤᠯᠢ ᠶᠢᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠬᠢᠨᠠᠨ ᠲᠣᠭᠲᠠᠭᠠᠬᠤ ᠶᠢ ᠵᠣᠬᠢᠶᠠᠨ ᠪᠠᠶᠢᠭᠤᠯᠤᠨ᠎ᠠ︔ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠪᠠ ᠠᠮᠤᠷ ᠲᠦᠪᠰᠢᠨ ᠤ | ᠬᠠᠮᠢᠶᠠᠷᠤᠯᠲᠠ ᠶᠢ ᠵᠢᠯᠥᠭᠤᠳᠴᠥ᠂ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠥᠨ᠎ᠡ ᠃ | ︵ᠲᠦᠷᠪᠡ︶ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ | ᠪᠠᠶᠢᠭᠤᠯᠵᠤ᠂ ᠳᠤᠮᠳᠠᠳᠤ ᠵᠡᠷᠭᠡ ᠶᠢᠨ ᠪᠠ ᠳᠤᠮᠳᠠᠳᠤ ᠵᠡᠷᠭᠡ ᠠᠴᠠ ᠳᠣᠷᠣᠭᠰᠢᠬᠢ ᠰᠤᠷᠭᠠᠨ ᠬᠥᠮᠦᠵᠢᠯ᠂ ᠵᠠᠯᠠᠭᠤ | ᠢᠳᠡᠷᠴᠦᠳ ᠤᠨ ᠰᠣᠶᠣᠯ ᠤᠨ ᠪᠠᠯᠠᠢ ᠶᠢ ᠠᠷᠢᠯᠭᠠᠬᠤ ᠠᠵᠢᠯ ᠢ ᠬᠢᠨᠠᠨ ᠵᠢᠯᠣᠭᠤᠳᠴᠤ ᠦᠨᠡᠯᠡᠨ ᠵᠢᠱᠢᠬᠦ ᠪᠠ | ᠪᠠᠶᠢᠴᠠᠭᠠᠨ ᠰᠢᠯᠭᠠᠬᠤ ᠠᠵᠢᠯ ᠢ ᠬᠠᠷᠢᠭᠤᠴᠠᠨ᠎ᠠ︔ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ | ᠲᠦᠪᠰᠢᠨ ᠪᠠ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠰᠤᠷᠭᠠᠨ | ᠬᠥᠮᠦᠵᠢᠯ ᠤᠨ ᠬᠢᠨᠠᠨ ᠵᠢᠯᠣᠭᠤᠳᠣᠭᠰᠠᠨ ᠮᠡᠳᠡᠭᠦᠯᠦᠯᠲᠡ ᠶᠢ ᠨᠡᠶᠢᠲᠡᠯᠡᠨ᠎ᠡ᠃ | ︵ᠲᠠᠪᠤ︶ ᠠᠵᠢᠯ ᠣᠯᠭᠤᠬᠤ ᠪᠠᠷ ᠤᠳᠤᠷᠢᠳᠤᠮᠵᠢ ᠪᠣᠯᠭᠠᠭᠰᠠᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠥᠭᠵᠢᠯᠲᠡ ᠪᠠ ᠥᠭᠡᠷᠡᠴᠢᠯᠡᠯᠲᠡ ᠶᠢ ᠵᠢᠯᠣᠭᠤᠳᠴᠤ᠂ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠵᠢᠯᠣᠭᠤᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠪᠠ ᠵᠢᠭᠠᠨ | ᠰᠤᠷᠭᠠᠯᠲᠠ ᠶᠢ ᠦᠨᠡᠯᠡᠨ ᠵᠢᠱᠢᠬᠦ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠥᠨ ᠬᠡᠷᠡᠭᠵᠢᠭᠦᠯᠥᠨ᠎ᠡ︔ | ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ | ᠬᠥᠮᠦᠵᠢᠯ ᠤᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠵᠢᠯᠥᠭᠤᠳᠴᠥ᠂ ᠣᠷᠣᠨ ᠨᠤᠲᠤᠭ ᠤᠨ ᠵᠢᠭᠠᠬᠤ | ᠮᠠᠲ᠋ᠧᠷᠢᠶᠠᠯ ᠢ ᠬᠢᠨᠠᠨ ᠲᠣᠭᠲᠠᠭᠠᠬᠤ ᠪᠣᠯᠤᠨ ᠠᠵᠢᠯ ᠮᠡᠷᠭᠡᠵᠢᠯ ᠤᠨ ᠵᠢᠭᠠᠨ ᠵᠢᠯᠣᠭᠤᠨᠬᠤ ᠠᠵᠢᠯ ᠢ ᠶᠠᠪᠤᠭᠳᠠᠭᠤᠯᠬᠤ ᠶᠢ | ᠵᠣᠬᠢᠶᠠᠨ ᠪᠠᠶᠢᠭᠤᠯᠤᠨ᠎ᠠ︔ ᠠᠷᠠᠳ ᠠᠴᠠ ᠡᠷᠬᠢᠯᠡᠭᠰᠡᠨ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ᠂ ᠠᠵᠢᠯᠳᠠᠨ ᠠᠵᠢᠯᠴᠢᠨ ᠤ ᠰᠤᠷᠭᠠᠨ ᠬᠥᠮᠦᠵᠢᠯ᠂ ᠮᠠᠯᠴᠢᠨ ᠲᠠᠷᠢᠶᠠᠴᠢᠨ ᠤ ᠰᠤᠷᠭᠠᠨ ᠬᠥᠮᠦᠵᠢᠯ᠂ | ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠬᠢᠭᠡᠳ ᠡᠯ᠎ᠡ ᠲᠦᠷᠦᠯ ᠤᠨ ᠨᠠᠰᠤᠨ ᠳᠤ ᠬᠦᠷᠦᠭᠰᠡᠳ ᠤᠨ ᠰᠤᠷᠭᠠᠨ | ᠬᠥᠮᠦᠵᠢᠯ ᠢ ᠵᠢᠯᠣᠭᠤᠳᠣᠨ᠎ᠠ᠃ | ︵ᠵᠢᠷᠭᠤᠭ᠎ᠠ︶ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠳᠡᠭᠡᠳᠦ ᠵᠡᠷᠭᠡ ᠶᠢᠨ | ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠬᠥᠭᠵᠢᠯᠲᠡ ᠪᠠ ᠥᠭᠡᠷᠡᠴᠢᠯᠡᠯᠲᠡ ᠶᠢ ᠵᠢᠯᠣᠭᠤᠳᠬᠤ ᠶᠢᠨ | ᠬᠠᠮᠲᠦ ᠬᠠᠷᠢᠭᠤᠴᠠᠨ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ᠂ | ᠠᠵᠢᠯ ᠤᠨ ᠲᠣᠬᠢᠷᠠᠭᠤᠯᠤᠯᠲᠠ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ︔ | ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠂ ᠰᠤᠷᠭᠠᠨ ᠬᠥᠮᠦᠵᠢᠯ ᠤᠨ ᠮᠡᠷᠭᠡᠵᠢᠯ ᠲᠣᠨᠣᠭᠯᠠᠯ ᠪᠣᠯᠣᠨ ᠮᠡᠳᠡᠭᠡ | ᠵᠠᠩᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠣᠨ᠎ᠠ︔ ᠳᠡᠭᠡᠳᠦ ᠵᠡᠷᠭᠡ ᠶᠢᠨ ᠰᠤᠷᠭᠠᠭᠤᠯᠢ ᠶᠢᠨ | ᠰᠤᠷᠭᠠᠭᠤᠯᠢ ᠡᠷᠭᠢᠯᠡᠬᠦ ᠬᠢᠷᠢ ᠲᠦᠪᠰᠢᠨ ᠪᠠ ᠰᠤᠷᠭᠠᠨ ᠬᠥᠮᠦᠵᠢᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ᠂ | ᠪᠠᠶᠢᠴᠠᠭᠠᠬᠤ᠂ ᠦᠨᠡᠯᠡᠨ ᠵᠢᠱᠢᠬᠦ ᠠᠵᠢᠯ ᠪᠣᠯᠣᠨ ᠰᠤᠷᠭᠠᠭᠤᠯᠢ ᠶᠢᠨ ᠬᠠᠷᠢᠶᠠᠯᠠᠯ᠂ ᠰᠤᠷᠤᠯᠭ᠎ᠠ ᠶᠢᠨ ᠨᠠᠮᠲᠠᠷ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠳᠡᠭᠡᠳᠦ ᠵᠡᠷᠭᠡ ᠶᠢᠨ ᠰᠤᠷᠭᠠᠭᠤᠯᠢ ᠶᠢᠨ ᠬᠢᠴᠢᠶᠡᠯ ᠲᠦᠷᠦᠯ ᠤᠨ | ᠪᠠᠶᠢᠭᠤᠯᠤᠯᠲᠠ᠂ ᠡᠷᠳᠡᠮ ᠤᠨ ᠴᠣᠯᠠ ᠪᠠ ᠰᠤᠳᠤᠯᠬᠤ ᠰᠣᠷᠣᠭᠴᠢ ᠶᠢᠨ ᠰᠤᠷᠭᠠᠨ ᠬᠥᠮᠦᠵᠢᠯ ᠤᠨ ᠠᠵᠢᠯ ᠢ | ᠵᠢᠯᠣᠭᠤᠳᠬᠤ ᠪᠠ ᠬᠠᠮᠢᠶᠠᠷᠣᠨ᠎ᠠ᠃ | ︵ᠳᠤᠯᠤᠭ᠎ᠠ︶ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠ ᠵᠢᠯᠥᠭᠤᠳᠴᠥ᠂ ᠦᠨᠳᠦᠰᠦᠲᠡᠨ ᠤ ᠰᠤᠷᠭᠠᠨ ᠬᠥᠮᠦᠵᠢᠯ ᠤᠨ ᠬᠦᠭᠵᠢᠯᠲᠡ ᠥᠭᠡᠷᠡᠴᠢᠯᠡᠯᠲᠡ ᠶᠢᠨ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠤᠭᠲᠠᠭᠠᠬᠤ ᠶᠢᠨ ᠬᠠᠮᠲᠦ ᠵᠣᠬᠢᠶᠠᠨ ᠪᠠᠶᠢᠭᠤᠯᠵᠤ ᠬᠢᠨᠠᠯᠲᠠ | ᠲᠠᠯᠪᠢᠨ ᠬᠡᠷᠡᠭᠵᠢᠭᠦᠯᠥᠨ᠎ᠡ︔ ᠦᠨᠳᠦᠰᠦᠲᠡᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ᠂ | ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠲᠦᠯᠦᠪᠵᠢᠭᠦᠯᠬᠦ ᠶᠢᠨ | ᠬᠠᠮᠲᠤ ᠵᠢᠭᠠᠨ ᠵᠢᠯᠣᠭᠤᠳᠣᠨ᠎ᠠ︔ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠤᠨ | ᠬᠥᠮᠦᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠳᠦᠷᠢᠮᠵᠢᠭᠦᠯᠬᠦ ᠠᠵᠢᠯ ᠢ | ᠵᠢᠯᠣᠭᠤᠳᠥᠨᠠ᠃ | ︵ᠨᠠᠢᠮᠠ︶ ᠲᠤᠰ ᠰᠠᠯᠠᠭ᠎ᠠ ᠮᠥᠴᠢᠷ ᠤᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠶ ᠲᠦᠯᠦᠪᠯᠡᠨ | ᠬᠠᠮᠢᠶᠠᠷᠬᠤ ᠶᠢ ᠬᠠᠷᠢᠭᠤᠴᠠᠨ᠂ ᠰᠤᠷᠭᠠᠨ ᠬᠥᠮᠦᠵᠢᠯ ᠤᠨ ᠵᠠᠷᠤᠳᠠᠯ ᠴᠤᠭᠯᠠᠭᠤᠯᠬᠤ᠂ ᠰᠤᠷᠭᠠᠨ ᠬᠥᠮᠦᠵᠢᠯ ᠤᠨ | ᠵᠣᠭᠤᠰ ᠮᠥᠩᠬᠦ ᠦᠭᠬᠦ᠂ ᠰᠤᠷᠭᠠᠨ ᠬᠥᠮᠦᠵᠢᠯ ᠤᠨ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ︔ ᠰᠤᠷᠭᠠᠨ | ᠬᠥᠮᠦᠵᠢᠯ ᠤᠨ ᠵᠠᠷᠤᠳᠠᠯ ᠢ ᠬᠡᠷᠡᠭᠯᠡᠭᠰᠡᠨ ᠪᠠᠶᠢᠳᠠᠯ ᠢ ᠬᠢᠨᠠᠨ ᠬᠡᠮᠵᠢᠵᠦ᠂ ᠪᠦᠬᠦ ᠣᠷᠣᠨ ᠤ ᠰᠤᠷᠭᠠᠨ ᠬᠥᠮᠦᠵᠢᠯ ᠤᠨ | ᠵᠠᠷᠤᠳᠠᠯ ᠤᠨ ᠣᠷᠣᠭᠤᠯᠤᠯᠲᠠ ᠶᠢᠨ ᠪᠠᠶᠢᠳᠠᠯ ᠢ ᠪᠦᠷᠢᠳᠭᠡᠬᠦ ᠳᠤ ᠬᠠᠷᠢᠭᠤᠴᠠᠨ᠎ᠠ ᠃ | ︵ᠶᠢᠰᠦ︶ ᠳᠡᠭᠡᠳᠦ ᠵᠡᠷᠭᠡ ᠶᠢᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠠᠵᠢᠯ᠂ ᠲᠣᠭᠲᠠᠭᠤᠨ | ᠪᠠᠶᠢᠯᠭᠠᠬᠤ ᠠᠵᠢᠯ ᠪᠠ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠦᠷᠦ ᠶᠢᠨ ᠠᠵᠢᠯ ᠢ ᠵᠢᠯᠣᠭᠤᠳᠣᠨ᠎ᠠ︔ ᠡᠯ᠎ᠡ ᠲᠥᠷᠥᠯ ᠤᠨ ᠰᠤᠷᠭᠠᠭᠤᠯᠢ ᠶᠢᠨ ᠮᠣᠷᠠᠯ ᠤᠨ ᠬᠥᠮᠦᠵᠢᠯ᠂ ᠪᠡᠶ᠎ᠡ | ᠲᠠᠮᠢᠷ᠂ ᠡᠷᠡᠭᠦᠯ ᠬᠠᠮᠠᠭᠠᠯᠠᠯ᠂ ᠤᠷᠠᠯᠢᠭ ᠤᠨ ᠬᠥᠮᠦᠵᠢᠯ ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠤᠨ ᠠᠵᠢᠯ ᠢ ᠵᠢᠯᠣᠭᠤᠳᠣᠨ᠎ᠠ︔ ᠬᠠᠮᠢᠶ᠎ᠠ ᠪᠦᠬᠦᠢ ᠲᠣᠭᠲᠠᠭᠠᠯ ᠶᠣᠰᠣᠭᠠᠷ ᠳᠡᠭᠡᠳᠦ ᠰᠤᠷᠭᠠᠭᠤᠯᠢ ᠶᠢᠨ | ᠺᠠᠳ᠋ᠷ ᠤᠨ ᠠᠵᠢᠯ ᠢ ᠬᠠᠮᠢᠶᠠᠷᠣᠨ᠎ᠠ᠃ | ︵ᠠᠷᠪᠠ︶ ᠪᠥᠬᠦ ᠣᠷᠣᠨ ᠤ ᠪᠠᠭᠰᠢ ᠶᠢᠨ ᠠᠵᠢᠯ ᠢ ᠭᠤᠣᠯᠯᠠᠨ ᠬᠠᠮᠢᠶᠠᠷᠴᠦ᠂ ᠡᠯ᠎ᠡ ᠱᠠᠲᠤᠨ ᠤ ᠡᠯ᠎ᠡ | ᠲᠦᠷᠦᠯ ᠤᠨ ᠰᠤᠷᠭᠠᠭᠤᠯᠢ ᠶᠢᠨ ᠪᠠᠭᠰᠢ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠣᠯᠤᠨ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠣᠨ᠎ᠠ︔ | ᠪᠠᠭᠰᠢ ᠶᠢᠨ ᠬᠢᠷᠢ ᠬᠡᠮ ᠤᠨ ᠲᠦᠷᠢᠮ ᠪᠣᠯᠣᠨ ᠪᠠᠭᠰᠢ ᠶᠢᠨ ᠦᠷᠬᠦᠯᠵᠢᠯᠡᠭᠰᠡᠨ ᠰᠣᠷᠭᠠᠨ ᠬᠦᠮᠦᠵᠢᠯ ᠤᠨ ᠠᠵᠢᠯ ᠢ | ᠵᠢᠯᠣᠭᠤᠳᠬᠤ ᠶᠢᠨ ᠬᠠᠮᠲᠦ ᠵᠣᠬᠢᠶᠠᠨ ᠪᠠᠶᠢᠭᠤᠯᠣᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢᠨ | ᠪᠠᠷᠢᠮᠵᠢᠶ᠎ᠠ ᠶᠢ ᠲᠣᠭᠲᠠᠭᠠᠬᠤ ᠳᠤ ᠳᠣᠷᠠᠳᠣᠯᠭ᠎ᠠ ᠭᠠᠷᠭᠠᠨ᠎ᠠ᠃ | ︵ᠠᠷᠪᠠᠨ ᠨᠢᠭᠡ︶ ᠡᠯ᠎ᠡ ᠲᠦᠷᠦᠯ ᠤᠨ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ | ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠬᠢᠬᠦ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠡᠯ᠎ᠡ ᠲᠦᠷᠦᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ | ᠲᠥᠯᠥᠪᠯᠡᠭᠡ ᠶᠢ ᠲᠣᠭᠲᠠᠭᠠᠨ᠎ᠠ︔ ᠡᠩ ᠤᠨ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ ᠠᠵᠢᠯ | ᠣᠯᠭᠤᠬᠤ ᠶᠢᠨ ᠲᠦᠷᠦ ᠪᠤᠳᠤᠯᠭ᠎ᠠ ᠶᠢ ᠲᠣᠭᠲᠠᠭᠠᠬᠤ ᠳᠤ ᠣᠷᠣᠯᠴᠠᠵᠤ᠂ ᠡᠩ ᠤᠨ ᠳᠡᠭᠡᠳᠦ ᠰᠤᠷᠭᠠᠭᠤᠯᠢ ᠶᠢᠨ | ᠤᠶᠤᠲᠠᠳ ᠤᠨ ᠰᠤᠷᠭᠠᠭᠤᠯᠢ ᠠᠴᠠ ᠰᠠᠯᠬᠤ ᠠᠴᠠ ᠡᠮᠦᠨᠡᠬᠢ ᠠᠵᠢᠯ ᠣᠯᠬᠤ ᠪᠠ ᠦᠢᠯᠡᠴᠢᠯᠡᠭᠡᠨ ᠤ ᠠᠵᠢᠯ ᠢ | ᠦᠷᠨᠢᠭᠦᠯᠬᠦ ᠶᠢ ᠵᠢᠯᠣᠭᠤᠳᠣᠨ᠎ᠠ︔ ᠡᠩ ᠤᠨ ᠶᠡᠭᠡ ᠳᠡᠭᠡᠳᠦ ᠰᠤᠷᠭᠠᠭᠤᠯᠢ᠂ ᠳᠣᠮᠳᠠᠲᠤ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠶᠢᠨ ᠰᠤᠷᠤᠯᠭ᠎ᠠ ᠶᠢᠨ ᠲᠡᠳᠬᠦᠮᠵᠢ ᠶᠢᠨ ᠠᠵᠢᠯ ᠢ ᠵᠢᠭᠠᠨ | ᠵᠢᠯᠣᠭᠤᠳᠬᠤ ᠶᠢᠨ ᠬᠠᠮᠲᠦ ᠵᠣᠬᠢᠶᠠᠨ ᠪᠠᠶᠢᠭᠤᠯᠤᠨ ᠦᠷᠨᠢᠭᠦᠯᠦᠨ᠎ᠡ ᠃ | ︵ᠠᠷᠪᠠᠨ ᠬᠤᠶᠠᠷ︶ ᠳᠡᠭᠡᠳᠦ ᠰᠤᠷᠭᠠᠭᠤᠯᠢ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠪᠠ ᠭᠦᠨ ᠤᠬᠠᠭᠠᠨ᠂ | ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠢ ᠲᠦᠯᠦᠪᠵᠢᠭᠦᠯᠬᠦ ᠶᠢᠨ ᠬᠠᠮᠲᠦ ᠵᠢᠭᠠᠨ ᠵᠢᠯᠣᠭᠤᠳᠴᠤ᠂ | ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭᠯᠡᠭᠡᠨ ᠤ ᠰᠤᠳᠤᠯᠭᠠᠨ ᠪᠠ | ᠳᠡᠯᠭᠡᠷᠡᠭᠦᠯᠦᠯᠲᠡ᠂ ᠰᠢᠨᠵᠢᠯᠡᠭᠡ ᠰᠤᠳᠤᠯᠭᠠᠨ ᠤ ᠦᠷ᠎ᠡ ᠪᠦᠲᠦᠭᠡᠯ ᠤᠨ ᠬᠤᠪᠢᠰᠬᠠᠬᠤ ᠪᠠ ︽ᠦᠢᠯᠡᠳᠪᠦᠷᠢᠯᠡᠯ | ᠰᠤᠷᠭᠠᠨ ᠬᠦᠮᠦᠵᠢᠯ ᠰᠤᠳᠤᠯᠭᠠᠨ︾ ᠢ ᠣᠶᠠᠯᠳᠣᠭᠤᠯᠬᠤ ᠠᠵᠢᠯ ᠢ ᠵᠢᠯᠣᠭᠤᠳᠣᠨ᠎ᠠ︔ ᠳᠡᠭᠡᠳᠦ ᠰᠤᠷᠭᠠᠭᠤᠯᠢ ᠶᠢᠨ | ᠡᠭᠦᠷᠭᠡᠯᠡᠵᠣ ᠪᠦᠬᠦᠢ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠤ | ᠰᠤᠳᠤᠯᠭᠠᠨ ᠤ ᠲᠥᠷᠥᠯ ᠵᠥᠢᠯ ᠤᠨ ᠬᠡᠷᠡᠭᠵᠢᠭᠦᠯᠦᠯᠲᠡ ᠪᠠ ᠰᠤᠷᠭᠠᠨ ᠬᠥᠮᠦᠵᠢᠯ ᠤᠨ ᠮᠡᠳᠡᠭᠡ ᠵᠠᠩᠬᠢᠴᠢᠯᠠᠬᠤ | ᠪᠠᠶᠢᠭᠤᠯᠤᠯᠲᠠ ᠶᠢᠨ ᠠᠵᠢᠯ ᠢ ᠵᠣᠬᠢᠴᠠᠭᠤᠯᠬᠤ ᠪᠠ ᠵᠢᠯᠣᠭᠤᠳᠣᠨ᠎ᠠ︔ ᠳᠡᠭᠡᠳᠦ ᠵᠡᠷᠭᠡ ᠶᠢᠨ ᠰᠤᠷᠭᠠᠭᠤᠯᠢ ᠶᠢᠨ | ᠪᠠᠶᠢᠭᠤᠯᠣᠭᠰᠠᠨ ᠤᠯᠤᠰ ᠪᠣᠶᠤ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠤᠷᠰᠢᠯᠲᠠ ᠶᠢᠨ ᠲᠠᠰᠤᠭ᠂ | ᠢᠨᠵᠧᠨᠧᠷᠢᠩ ᠤᠨ ᠰᠤᠳᠤᠯᠭᠠᠨ ᠤ ᠲᠥᠪ᠂ ᠬᠥᠮᠦᠨ ᠨᠡᠶᠢᠭᠡᠮ ᠤᠨ ᠰᠢᠨᠵᠢᠯᠡᠬᠦ ᠤᠬᠠᠭᠠᠨ ᠤ ᠴᠢᠬᠤᠯᠠ ᠶᠡᠭᠡ | ᠰᠤᠳᠤᠯᠭᠠᠨ ᠤ ᠰᠠᠭᠤᠷᠢᠨ ᠭᠠᠵᠠᠷ ᠪᠣᠯᠣᠨ ᠨᠣᠮ ᠤᠨ ᠰᠠᠩ ᠤᠨ ᠪᠦᠲᠦᠭᠡᠨ ᠪᠠᠶᠢᠭᠤᠯᠣᠯᠲᠠ ᠶᠢ ᠵᠢᠯᠣᠭᠤᠳᠣᠨ᠎ᠠ᠃ | ︵ᠠᠷᠪᠠᠨ ᠭᠤᠷᠪᠠ︶ ᠰᠤᠷᠭᠠᠨ ᠬᠥᠮᠦᠵᠢᠯ ᠤᠨ ᠲᠠᠯ᠎ᠠ ᠪᠠᠷ ᠬᠢ ᠣᠯᠠᠨ ᠤᠯᠤᠰ ᠤᠨ ᠬᠤᠭᠤᠷᠣᠨᠳᠣᠬᠢ | ᠬᠠᠮᠵᠢᠯᠴᠠᠭ᠎ᠠ ᠪᠣᠯᠤᠨ ᠰᠣᠯᠢᠯᠴᠠᠭ᠎ᠠ ᠪᠠ ᠭᠠᠳᠠᠭᠠᠳᠤ ᠤᠬᠠᠭᠤᠯᠭ᠎ᠠ ᠶᠢᠨ ᠠᠵᠢᠯ ᠢ ᠵᠢᠯᠣᠭᠤᠳᠴᠤ ᠵᠣᠬᠢᠶᠠᠨ | ᠪᠠᠶᠢᠭᠤᠯᠣᠨ᠎ᠠ᠃ | ︵ᠠᠷᠪᠠᠨ ᠳᠥᠷᠪᠡ︶ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ᠂ | ᠲᠦᠷᠦ ᠶᠢᠨ ᠪᠤᠳᠤᠯᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠢᠲᠠᠳ | ᠦᠭᠡ ᠬᠡᠯᠡ ᠦᠰᠦᠭ ᠪᠢᠴᠢᠭ ᠤᠨ ᠠᠵᠢᠯ ᠤᠨ ᠳᠣᠮᠳᠠ ᠤᠷᠳᠤ ᠬᠤᠭᠤᠴᠠᠭᠠᠨ ᠤ ᠲᠥᠯᠥᠪᠵᠢᠭᠦᠯᠭᠡ ᠶᠢ | ᠨᠠᠶᠢᠷᠠᠭᠤᠯᠤᠨ ᠲᠣᠭᠲᠠᠭᠠᠨ᠎ᠠ︔ ᠰᠠᠯᠠᠭ᠎ᠠ ᠮᠥᠴᠢᠷ᠂ ᠠᠵᠢᠯ ᠲᠥᠷᠥᠯ ᠤᠨ ᠬᠢᠲᠠᠳ ᠦᠭᠡ ᠬᠡᠯᠡ ᠦᠰᠦᠭ | ᠪᠢᠴᠢᠭ ᠤᠨ ᠠᠵᠢᠯ ᠢ ᠵᠢᠯᠤᠭᠤᠳᠣᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠪᠠᠶᠢᠴᠠᠭᠠᠨ᠎ᠠ︔ ᠨᠡᠶᠢᠲᠡᠯᠢᠭ ᠬᠡᠯᠡ ᠶᠢ | ᠳᠡᠯᠭᠡᠷᠡᠭᠦᠯᠬᠦ ᠪᠠ ᠨᠡᠶᠢᠲᠡᠯᠢᠭ ᠬᠡᠯᠡᠨ ᠤ ᠪᠠᠭᠰᠢ ᠶᠢᠨ ᠪᠣᠯᠪᠠᠰᠤᠷᠠᠯ ᠤᠨ ᠠᠵᠢᠯ ᠢ ᠵᠢᠯᠣᠭᠤᠳᠥᠨᠠ᠃ | ︵ᠠᠷᠪᠠᠨ ᠲᠠᠪᠤ︶ ᠡᠷᠳᠡᠮ ᠤᠨ ᠴᠣᠯᠠ ᠶᠢᠨ ᠠᠵᠢᠯ ᠢ ᠨᠢᠭᠡᠳᠦᠯᠲᠡᠶ ᠲᠦᠯᠦᠪᠯᠡᠨ ᠬᠠᠮᠢᠶᠠᠷᠴᠤ᠂ ᠡᠷᠳᠡᠮ ᠤᠨ | ᠴᠣᠯᠠ ᠣᠯᠭᠤᠬᠤ ᠨᠢᠭᠡᠴᠢ ᠨᠡᠮᠡᠵᠦ ᠲᠣᠬᠢᠷᠠᠭᠤᠯᠬᠤ ᠪᠠ ᠡᠷᠳᠡᠮ ᠤᠨ ᠴᠣᠯᠠ ᠣᠯᠭᠤᠬᠤ ᠡᠷᠬᠡ ᠪᠦᠬᠦᠢ ᠬᠢᠴᠢᠶᠡᠯ | ᠲᠦᠷᠦᠯ ᠂ ᠲᠤᠰᠬᠠᠶ ᠮᠡᠷᠭᠡᠵᠢᠯ ᠨᠡᠮᠡᠵᠦ ᠲᠣᠬᠢᠷᠠᠭᠤᠯᠬᠤ ᠶᠢᠨ ᠮᠡᠳᠡᠭᠦᠯᠦᠨ ᠵᠥᠪᠰᠢᠶᠡᠷᠡᠭᠦᠯᠬᠦ᠂ ᠬᠢᠨᠠᠨ ᠬᠠᠷᠭᠤᠭᠤᠯᠬᠤ | ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠷᠠᠳ ᠤᠨ ᠵᠠᠰᠠᠭ ᠤᠨ | ᠣᠷᠳᠣᠨ ᠤ ᠲᠤᠰᠢᠶᠠᠭᠰᠠᠨ ᠪᠤᠰᠤᠳ ᠵᠥᠢᠯ ᠤᠨ ᠶᠠᠪᠤᠳᠠᠯ ᠢ ᠳᠠᠭᠠᠭᠠᠨ ᠬᠢᠨ᠎ᠡ᠃ | ᠬᠤᠶᠠᠷ᠂ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠭᠡᠳᠦ | ᠵᠡᠷᠭᠡ ᠶᠢᠨ ᠰᠤᠷᠭᠠᠭᠤᠯᠢ ᠶᠢᠨ ᠠᠵᠢᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠪᠠᠶᠢᠭᠤᠯᠤᠮᠵᠢ ᠶᠢᠨ ᠲᠣᠬᠢᠷᠠᠭᠤᠯᠣᠯᠲᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠠᠵᠢᠯ ᠤᠨ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠲᠣᠲᠤᠭᠠᠲᠤ ᠳᠤ ᠪᠠᠨ 20 | ᠡᠭᠦᠷᠭᠡ ᠴᠢᠳᠠᠪᠤᠷᠢ ᠪᠦᠬᠦᠢ ᠭᠠᠵᠠᠷ ᠲᠠᠰᠤᠭ ᠢ ᠲᠣᠬᠢᠷᠠᠭᠤᠯᠪᠠ ᠳᠠᠷᠤᠢ᠄ ᠠᠯᠪᠠᠨ ᠭᠡᠷ᠂ ᠳᠡᠭᠡᠳᠦ ᠵᠡᠷᠭᠡ ᠶᠢᠨ | ᠰᠤᠷᠭᠠᠭᠤᠯᠢ ᠶᠢᠨ ᠠᠵᠢᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ︵ᠰᠤᠷᠭᠠᠨ ᠬᠥᠮᠦᠵᠢᠯ ᠤᠨ | ᠲᠢᠩᠬᠢᠮ ᠤᠨ ᠠᠵᠢᠯᠳᠠᠨ ᠤ ᠶᠠᠪᠤᠳᠠᠯ ᠤᠨ ᠭᠠᠵᠠᠷ︶᠂ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶᠠᠨ ᠤ ᠦᠵᠡᠯ | ᠰᠠᠨᠠᠭ᠎ᠠ ᠤᠯᠤᠰ ᠳᠦᠷᠦ ᠪᠠ ᠰᠣᠷᠣᠭᠴᠢ ᠶᠢᠨ ᠠᠵᠢᠯ ᠤᠨ ᠬᠡᠯᠲᠡᠰ ︵ᠰᠤᠷᠭᠠᠨ ᠬᠥᠮᠦᠵᠢᠯ ᠤᠨ ᠲᠢᠩᠬᠢᠮ ᠤᠨ | ᠦᠵᠡᠯ ᠰᠠᠨᠠᠭ᠎ᠠ ᠤᠯᠤᠰ ᠳᠦᠷᠦ ᠪᠠ ᠰᠣᠷᠣᠭᠴᠢ ᠶᠢᠨ ᠠᠵᠢᠯ ᠤᠨ ᠭᠠᠵᠠᠷ︶᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ | ᠬᠦᠭᠵᠢᠭᠦᠯᠦᠯᠲᠡ ᠲᠥᠯᠥᠪᠵᠢᠭᠦᠯᠭᠡ ᠶᠢᠨ ᠭᠠᠵᠠᠷ᠂ ᠲᠦᠷᠦ ᠶᠢᠨ ᠪᠤᠳᠤᠯᠭ᠎ᠠ ᠬᠠᠤᠯᠢ ᠳᠦᠷᠢᠮ ᠪᠣᠯᠤᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠰᠤᠳᠤᠯᠬᠤ ᠲᠠᠰᠤᠭ᠂ ᠪᠠᠭᠰᠢ ᠶᠢᠨ ᠠᠵᠢᠯ ᠤᠨ ᠭᠠᠵᠠᠷ᠂ ᠡᠳ᠋ ᠤᠨ | ᠶᠠᠪᠤᠳᠠᠯ ᠤᠨ ᠭᠠᠵᠠᠷ᠂ ᠰᠢᠨᠵᠢᠯᠡᠭᠡ ᠮᠡᠷᠭᠡᠵᠢᠯ ᠪᠣᠯᠤᠨ ᠰᠤᠷᠭᠠᠨ ᠬᠥᠮᠦᠵᠢᠯ ᠤᠨ ᠮᠡᠳᠡᠭᠡ ᠵᠠᠩᠬᠢᠴᠢᠯᠠᠯᠲᠠ ᠶᠢᠨ ᠭᠠᠵᠠᠷ᠂ | ᠭᠠᠳᠠᠭᠠᠳᠤ ᠲᠠᠢ ᠬᠠᠮᠵᠢᠯᠴᠠᠬᠤ ᠪᠠ ᠰᠣᠯᠢᠯᠴᠠᠬᠤ ᠭᠠᠵᠠᠷ᠂ ᠪᠡᠶ᠎ᠡ ᠲᠠᠮᠢᠷ ᠡᠷᠡᠭᠦᠯ ᠬᠠᠮᠠᠭᠠᠯᠠᠯ ᠬᠢᠭᠡᠳ ᠤᠷᠠᠯᠢᠭ ᠤᠨ | ᠬᠥᠮᠦᠵᠢᠯ ᠤᠨ ᠭᠠᠵᠠᠷ᠂ ᠬᠢᠨᠠᠨ ᠵᠢᠯᠣᠭᠤᠳᠬᠤ ᠲᠠᠰᠤᠭ ︵ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠬᠡᠷ︶᠂ ᠰᠤᠷᠭᠠᠭᠤᠯᠢ ᠶᠢᠨ ᠠᠮᠤᠷ ᠲᠦᠪᠰᠢᠨ ᠤ | ᠬᠠᠮᠢᠶᠠᠷᠤᠯᠲᠠ ᠶᠢᠨ ᠭᠠᠵᠠᠷ᠂ ᠬᠢᠲᠠᠳ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠬᠠᠮᠢᠶᠠᠷᠤᠯᠲᠠ ᠶᠢᠨ ᠭᠠᠵᠠᠷ᠂ | ᠦᠨᠳᠦᠰᠦᠲᠡᠨ ᠤ ᠰᠤᠷᠭᠠᠨ ᠬᠥᠮᠦᠵᠢᠯ ᠤᠨ ᠭᠠᠵᠠᠷ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠭᠠᠵᠠᠷ᠂ | ᠡᠷᠳᠡᠮ ᠤᠨ ᠴᠣᠯᠠ ᠬᠠᠮᠢᠶᠠᠷᠬᠤ ᠪᠠ ᠰᠣᠳᠣᠯᠠᠬᠤ ᠰᠣᠷᠣᠭᠴᠢ ᠶᠢᠨ ᠰᠤᠷᠭᠠᠨ ᠬᠥᠮᠦᠵᠢᠯ ᠤᠨ ᠭᠠᠵᠠᠷ ︵ᠥᠪᠡᠷᠲᠡᠭᠡᠨ | ᠵᠠᠰᠠᠬᠤ ᠣᠷᠣᠨ ᠤ ᠡᠷᠳᠡᠮ ᠤᠨ ᠴᠣᠯᠠ ᠶᠢᠨ ᠵᠦᠪᠯᠡᠯ ᠤᠨ ᠠᠯᠪᠠᠨ ᠬᠡᠷ︶᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠪᠣᠯᠤᠨ ᠨᠠᠰᠤᠨ ᠳᠤ ᠬᠦᠷᠦᠭᠰᠡᠳ ᠤᠨ ᠰᠣᠷᠭᠠᠨ ᠬᠥᠮᠦᠵᠢᠯ ᠤᠨ ᠭᠠᠵᠠᠷ᠂ ᠰᠠᠭᠤᠷᠢ ᠰᠤᠷᠭᠠᠨ | ᠬᠥᠮᠦᠵᠢᠯ ᠤᠨ ᠭᠠᠵᠠᠷ᠂ ᠠᠵᠢᠯ ᠠᠴᠠ ᠪᠠᠨ ᠠᠮᠠᠷᠠᠭᠰᠠᠳ ᠤᠨ ᠠᠵᠢᠯ ᠤᠨ ᠭᠠᠵᠠᠷ ᠵᠡᠷᠭᠡ ᠪᠣᠯᠣᠨ᠎ᠠ᠃ | |