ᠣᠶᠢᠷ᠎ᠠ ᠳᠤ᠂ ᠰᠤᠷᠭᠠᠨ ᠬᠥᠮᠥᠵᠢᠯ ᠤᠨ ᠶᠠᠮᠤᠨ ᠤ ᠠᠯᠪᠠᠨ ᠲᠢᠩᠬᠢᠮ᠂ ᠠᠷᠠᠳ ᠤᠨ ᠶᠠᠪᠤᠳᠠᠯ ᠤᠨ ᠶᠠᠮᠤᠨ ᠤ | ᠠᠯᠪᠠᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ | ᠲᠢᠩᠬᠢᠮ᠂ ᠤᠯᠤᠰ ᠤᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ ᠶᠢᠨ ᠠᠯᠪᠠᠨ ᠲᠢᠩᠬᠢᠮ ᠬᠠᠮᠲᠤᠷᠠᠨ ︽ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠬᠢᠴᠢᠶᠡᠯ ᠤᠨ ᠭᠠᠳᠠᠨᠠᠬᠢ ᠳᠠᠷᠤᠭᠠᠰᠤ ᠶᠢ ᠦᠨᠡᠨ ᠬᠦ ᠬᠥᠩᠭᠡᠷᠡᠭᠦᠯᠵᠦ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠤᠰᠬᠠᠢ ᠵᠦᠢᠯ ᠤᠨ ᠵᠠᠰᠠᠯᠲᠠ ᠴᠡᠭᠴᠡᠯᠡᠯᠲᠡ ᠬᠢᠬᠦ ᠠᠵᠢᠯᠯᠠᠭ᠎ᠠ | ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠰᠤᠷᠭᠠᠨ ᠬᠥᠮᠥᠵᠢᠯ ᠤᠨ ᠶᠠᠮᠤᠨ ᠵᠡᠷᠭᠡ ᠳᠥᠷᠪᠡᠨ | ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠠᠮᠢᠶ᠎ᠠ ᠪᠦᠬᠦᠢ ᠠᠰᠠᠭᠤᠳᠠᠯ ᠳᠤ ᠰᠤᠷᠪᠤᠯᠵᠢᠯᠠᠭᠴᠢ | ᠶᠢᠨ ᠠᠰᠠᠭᠤᠯᠲᠠ ᠶᠢ ᠬᠠᠷᠢᠭᠤᠯᠤᠭᠰᠠᠨ ᠪᠠᠶᠢᠨ᠎ᠠ᠃ | ᠨᠢᠭᠡ᠂ ᠲᠤᠰᠬᠠᠢ ᠵᠦᠢᠯ ᠤᠨ ᠵᠠᠰᠠᠯᠲᠠ ᠴᠡᠭᠴᠡᠯᠡᠯᠲᠡ ᠶᠢᠨ ᠠᠵᠢᠯᠯᠠᠭᠠᠨ ᠥᠷᠨᠢᠭᠦᠯᠬᠦ ᠵᠣᠷᠢᠯᠭ᠎ᠠ ᠪᠠ ᠠᠴᠢ | ᠬᠤᠯᠪᠣᠭᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠬᠠᠷᠢᠭᠤᠯᠲᠠ᠄ ᠣᠶᠢᠷ᠎ᠠ ᠶᠢᠨ ᠵᠢᠯ ᠤᠳ ᠲᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠬᠥᠭᠵᠢᠯᠲᠡ ᠮᠠᠰᠢ ᠲᠦᠷᠭᠡᠨ ᠪᠠᠶᠢᠵᠤ᠂ ᠬᠡᠰᠡᠭ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠰᠤᠷᠤᠯᠴᠠᠯᠭ᠎ᠠ ᠶᠢᠨ ᠨᠥᠬᠦᠪᠦᠷᠢᠯᠡᠬᠦ ᠴᠢᠨᠠᠷᠲᠠᠢ ᠬᠡᠷᠡᠭᠴᠡᠭᠡ ᠱᠠᠭᠠᠷᠳᠠᠯᠭ᠎ᠠ ᠶᠢ ᠵᠣᠬᠢᠬᠤ | ᠬᠡᠮᠵᠢᠶ᠎ᠡ ᠪᠠᠷ ᠬᠠᠩᠭᠠᠪᠠ᠃ ᠭᠡᠲᠡᠯ᠎ᠡ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠣᠳᠣᠬᠢ ᠪᠠᠶᠢᠳᠠᠯ ᠨᠢ | ᠬᠠᠷᠢᠨ ᠳᠦᠷᠢᠮᠵᠢᠯ ᠢᠶᠠᠷ ᠭᠦᠢᠴᠡᠳ ᠦᠭᠡᠢ ᠪᠠᠶᠢᠵᠤ᠂ ᠵᠠᠷᠢᠮ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ︽ | ᠰᠢᠯᠭᠠᠯᠲᠠ ᠶᠢ ᠠᠷᠭᠠᠴᠠᠭᠠᠬᠤ︾ ᠪᠠᠷ ᠤᠳᠤᠷᠢᠳᠤᠮᠵᠢ ᠪᠣᠯᠭᠠᠭᠰᠠᠨ ᠪᠣᠯᠪᠠᠰᠤᠷᠠᠭᠤᠯᠤᠯ ᠢ ᠥᠷᠨᠢᠭᠦᠯᠵᠦ᠂ ᠰᠤᠷᠭᠠᠨ | ᠬᠥᠮᠥᠵᠢᠯ ᠤᠨ ᠵᠢᠮ᠎ᠡ ᠶᠣᠰᠣ ᠪᠠ ᠵᠠᠯᠠᠭᠤᠴᠤᠳ ᠪᠠᠭᠠᠴᠤᠳ ᠤᠨ ᠪᠣᠶᠢᠵᠢᠯᠲᠠ ᠬᠥᠭᠵᠢᠯᠲᠡ ᠶᠢᠨ ᠵᠢᠮ᠎ᠡ ᠶᠣᠰᠣ ᠶᠢ | ᠵᠥᠷᠢᠴᠡᠨ᠂ ᠰᠤᠷᠭᠠᠭᠤᠯᠢ ᠶᠢᠨ ᠬᠡᠪ ᠤᠨ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠡᠮᠬᠢ ᠳᠢᠭᠯᠢᠮ ᠢ | ᠨᠥᠯᠥᠭᠡᠯᠡᠵᠦ᠂ ᠰᠤᠷᠤᠭᠴᠢᠳ ᠤᠨ ᠬᠢᠴᠢᠶᠡᠯ ᠤᠨ ᠭᠠᠳᠠᠨᠠᠬᠢ ᠳᠠᠷᠤᠭᠠᠰᠤ ᠶᠢ ᠬᠡᠲᠦᠷᠬᠡᠢ ᠬᠦᠨᠳᠦᠷᠡᠭᠦᠯᠵᠦ᠂ ᠭᠡᠷ | ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠨᠡᠮᠡᠭᠳᠡᠭᠦᠯᠦᠭᠰᠡᠨ ᠠᠴᠠ ᠨᠡᠶᠢᠭᠡᠮ ᠳᠡᠭᠡᠷ᠎ᠡ ᠴᠢᠩᠭ᠎ᠠ ᠰᠢᠷᠦᠭᠦᠨ | ᠳᠣᠰᠬᠠᠯ ᠭᠠᠷᠪᠠ᠃ | ᠣᠳᠣᠬᠠᠨ ᠤ ᠲᠣᠪᠣᠶᠢᠮ᠎ᠠ ᠠᠰᠠᠭᠤᠳᠠᠯ ᠢ ᠲᠦᠷᠭᠡᠨ ᠵᠣᠭᠰᠣᠭᠠᠬᠤ ᠶᠢᠨ ᠲᠥᠯᠥᠭᠡ᠂ ︽ᠰᠤᠷᠭᠠᠨ | ᠬᠥᠮᠥᠵᠢᠯ ᠤᠨ ᠬᠠᠤᠯᠢ︾᠂ ︽ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠬᠠᠤᠯᠢ︾᠂ ︽ᠠᠷᠠᠳ ᠠᠴᠠ | ᠡᠷᠬᠢᠯᠡᠭᠰᠡᠨ ᠰᠤᠷᠭᠠᠨ ᠬᠥᠮᠥᠵᠢᠯ ᠢ ᠠᠬᠢᠭᠤᠯᠬᠤ ᠬᠠᠤᠯᠢ︾ ᠵᠡᠷᠭᠡ ᠬᠠᠤᠯᠢ ᠴᠠᠭᠠᠵᠠ ᠶᠢᠨ ᠲᠣᠭᠲᠠᠭᠠᠯ ᠪᠠ | ᠤᠯᠤᠰ ᠤᠨ ᠬᠢᠴᠢᠶᠡᠯ ᠤᠨ ᠲᠥᠰᠥᠯ᠂ ᠬᠢᠴᠢᠶᠡᠯ ᠤᠨ ᠪᠠᠷᠢᠮᠵᠢᠶ᠎ᠠ ᠶᠢ ᠦᠨᠳᠦᠰᠦᠯᠡᠵᠦ᠂ ᠰᠤᠷᠭᠠᠨ ᠬᠥᠮᠥᠵᠢᠯ ᠤᠨ | ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠶᠠᠮᠤᠨ᠂ ᠤᠯᠤᠰ ᠤᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠶᠡᠷᠦᠩᠬᠡᠢ | ᠲᠣᠪᠴᠢᠶ᠎ᠠ ᠠᠴᠠ ᠲᠤᠰᠬᠠᠢ ᠵᠦᠢᠯ ᠤᠨ ᠵᠠᠰᠠᠯᠲᠠ ᠶᠢᠨ ᠠᠵᠢᠯᠯᠠᠭᠠᠨ ᠢ ᠬᠠᠮᠲᠤᠷᠠᠨ ᠥᠷᠨᠢᠭᠦᠯᠵᠦ᠂ ᠰᠤᠷᠤᠭᠴᠢᠳ ᠤᠨ | ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠂ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠵᠢᠮ᠎ᠡ ᠶᠣᠰᠣ ᠪᠠ | ᠵᠠᠯᠠᠭᠤᠴᠤᠳ ᠪᠠᠭᠠᠴᠤᠳ ᠤᠨ ᠪᠣᠶᠢᠵᠢᠯᠲᠠ ᠬᠥᠭᠵᠢᠯᠲᠡ ᠶᠢᠨ ᠵᠢᠮ᠎ᠡ ᠶᠣᠰᠣ ᠶᠢ ᠵᠥᠷᠢᠴᠡᠭᠰᠡᠨ ᠠᠵᠢᠯᠯᠠᠭ᠎ᠠ ᠳᠤ | ᠡᠷᠡᠰ ᠲᠠᠰᠤ ᠵᠠᠰᠠᠯᠲᠠ ᠴᠡᠭᠴᠡᠯᠡᠯᠲᠡ ᠬᠢᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠡᠳᠦ | ᠬᠦᠨᠳᠦ ᠪᠠᠶᠢᠭ᠎ᠠ ᠬᠢᠴᠢᠶᠡᠯ ᠤᠨ ᠭᠠᠳᠠᠨᠠᠬᠢ ᠬᠡᠲᠦ ᠬᠦᠨᠳᠦ ᠳᠠᠷᠤᠭᠠᠰᠤ ᠶᠢᠨ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠪᠣᠶᠢᠵᠢᠯᠲᠠ ᠶᠢ ᠪᠠᠲᠤᠯᠠᠬᠤ ᠪᠠᠷ | ᠲᠣᠭᠲᠠᠭᠰᠠᠨ ᠪᠠᠶᠢᠨ᠎ᠠ᠃ | ᠬᠤᠶᠠᠷ᠂ ᠡᠯ᠎ᠡ ᠭᠠᠵᠠᠷ ᠤᠨ ᠬᠢᠨ ᠵᠠᠰᠠᠯᠲᠠ ᠴᠡᠭᠴᠡᠯᠡᠯᠲᠡ ᠬᠢᠬᠦ ᠲᠠᠯ᠎ᠠ ᠪᠠᠷ ᠶᠠᠮᠠᠷ ᠶᠠᠮᠠᠷ ᠥᠪᠡᠷᠮᠢᠴᠡ | ᠲᠤᠷᠰᠢᠯᠭ᠎ᠠ ᠪᠠ ᠠᠷᠭ᠎ᠠ ᠬᠢᠳᠡᠯ ᠪᠠᠶᠢᠬᠤ ᠪᠣᠢ︖ | ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠤᠨ ᠬᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢ ᠳᠦᠷᠢᠮᠵᠢᠭᠦᠯᠬᠦ ᠲᠠᠯ᠎ᠠ ᠪᠠᠷ ᠢᠳᠡᠪᠬᠢᠲᠡᠢ ᠰᠦᠪᠡᠭᠴᠢᠯᠡᠯᠲᠡ ᠬᠢᠭᠰᠡᠨ ᠪᠠ ᠦᠢᠯᠡᠳᠦᠯᠭᠡᠵᠢᠭᠦᠯᠵᠦ᠂ | ᠵᠣᠬᠢᠬᠤ ᠠᠰᠢᠭᠲᠠᠢ ᠲᠤᠷᠰᠢᠯᠭ᠎ᠠ ᠪᠠ ᠠᠷᠭ᠎ᠠ ᠠᠪᠴᠢᠯ ᠢ ᠬᠤᠷᠠᠮᠳᠤᠭᠤᠯᠪᠠ᠃ | ︵ᠨᠢᠭᠡ︶ ᠱᠠᠩᠬᠠᠢ ᠬᠤᠲᠠ ᠶᠢᠨ ᠠᠷᠭ᠎ᠠ ᠠᠪᠴᠢᠯ᠃ ᠠᠵᠢᠯ ᠤᠨ ᠲᠣᠭᠲᠠᠴᠠ ᠶᠢ ᠪᠠᠶᠢᠭᠤᠯᠵᠤ᠂ ︽ᠱᠠᠩᠬᠠᠢ | ᠬᠤᠲᠠ ᠶᠢᠨ ᠰᠤᠷᠭᠠᠨ ᠬᠥᠮᠥᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠠ ᠵᠠᠬ᠎ᠠ ᠳᠡᠯᠭᠡᠭᠦᠷ ᠤᠨ ᠡᠮᠬᠢ | ᠳᠢᠭᠯᠢᠮ ᠢ ᠳᠦᠷᠢᠮᠵᠢᠭᠦᠯᠬᠦ ᠠᠵᠢᠯ ᠤᠨ ᠲᠥᠰᠥᠯ︾ ᠢ ᠲᠣᠭᠲᠠᠭᠠᠨ᠂ ︽ᠬᠤᠶᠠᠷ ᠱᠠᠲᠤᠨ ᠤ ᠵᠠᠰᠠᠭ ᠤᠨ ᠣᠷᠳᠣᠨ | ᠭᠤᠷᠪᠠᠨ ᠱᠠᠲᠤ ᠪᠠᠷ ᠬᠠᠮᠢᠶᠠᠷᠬᠤ︾ ᠬᠠᠮᠢᠶᠠᠷᠤᠯᠲᠠ ᠶᠢᠨ ᠲᠣᠭᠲᠠᠴᠠ ᠪᠠ ︽ᠰᠠᠯᠠᠭ᠎ᠠ ᠮᠥᠴᠢᠷ ᠤᠳ ᠬᠤᠯᠪᠣᠭᠠᠯᠠᠨ | ᠬᠥᠳᠡᠯᠦᠯᠴᠡᠬᠦ᠂ ᠬᠤᠲᠠ ᠲᠣᠭᠤᠷᠢᠭ ᠬᠤᠯᠪᠣᠭᠠᠯᠠᠨ ᠬᠥᠳᠡᠯᠦᠯᠴᠡᠬᠦ᠂ ᠲᠣᠭᠤᠷᠢᠭ ᠤᠳ ᠤᠨ ᠬᠤᠭᠤᠷᠣᠨᠳᠤ ᠪᠠᠨ | ᠬᠤᠯᠪᠣᠭᠠᠯᠠᠨ ᠬᠥᠳᠡᠯᠦᠯᠴᠡᠬᠦ︾ ᠠᠵᠢᠯ ᠤᠨ ᠲᠣᠭᠲᠠᠯᠴᠠᠭ᠎ᠠ ᠶᠢ ᠪᠠᠶᠢᠭᠤᠯᠪᠠ︔ ᠮᠡᠳᠡᠭᠡ ᠵᠠᠩᠭᠢ ᠴᠤᠭᠯᠠᠭᠤᠯᠬᠤ | ᠲᠠᠪᠴᠠᠩ ᠢ ᠨᠡᠭᠡᠭᠡᠨ ᠠᠰᠢᠭᠯᠠᠵᠤ᠂ ᠬᠤᠲᠠ ᠲᠣᠭᠤᠷᠢᠭ ᠬᠤᠶᠠᠷ ᠱᠠᠲᠤᠨ ᠤ ᠠᠵᠢᠯ ᠢ ᠲᠤᠰᠬᠠᠶᠢᠯᠠᠨ ᠮᠡᠳᠡᠭᠦᠯᠬᠦ | ᠳᠦᠷᠢᠮ ᠢ ᠪᠠᠶᠢᠭᠤᠯᠵᠠᠢ᠃ ᠳᠦᠷᠢᠮ ᠤᠨ ᠰᠢᠰᠲ᠋ᠧᠮ ᠢ ᠪᠠᠶᠢᠭᠤᠯᠵᠤ᠂ ︽ᠱᠠᠩᠬᠠᠢ ᠬᠤᠲᠠ ᠶᠢᠨ ᠠᠷᠠᠳ ᠠᠴᠠ | ᠡᠷᠬᠢᠯᠡᠭᠰᠡᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠣᠬᠢᠷᠠᠭᠤᠯᠬᠤ ᠪᠠᠷᠢᠮᠵᠢᠶ᠎ᠠ︾᠂ ︽ᠱᠠᠩᠬᠠᠢ ᠬᠤᠲᠠ ᠶᠢᠨ | ᠠᠰᠢᠭ ᠬᠤᠨᠵᠢᠪᠦᠷᠢ ᠶᠢᠨ ᠴᠢᠨᠠᠷᠲᠠᠢ ᠠᠷᠠᠳ ᠠᠴᠠ ᠡᠷᠬᠢᠯᠡᠭᠰᠡᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ | ᠬᠠᠮᠢᠶᠠᠷᠬᠤ ᠠᠷᠭ᠎ᠠ︾᠂ ︽ᠱᠠᠩᠬᠠᠢ ᠬᠤᠲᠠ ᠶᠢᠨ ᠠᠰᠢᠭ ᠬᠤᠨᠵᠢᠪᠦᠷᠢ ᠶᠢᠨ ᠪᠤᠰᠤ ᠴᠢᠨᠠᠷᠲᠠᠢ ᠠᠷᠠᠳ ᠠᠴᠠ | ᠡᠷᠬᠢᠯᠡᠭᠰᠡᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠮᠢᠶᠠᠷᠬᠤ ᠠᠷᠭ᠎ᠠ︾ ᠵᠡᠷᠭᠡ ᠶᠢ ᠨᠡᠶᠢᠲᠡᠯᠡᠵᠦ᠂ ᠰᠠᠯᠠᠭ᠎ᠠ | ᠮᠥᠴᠢᠷ ᠤᠳ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠴᠡᠭᠴᠡᠯᠡᠨ᠂ ᠬᠤᠲᠠ ᠶᠢᠨ ᠳᠡᠰ ᠲᠤ | ᠶᠡᠷᠦᠩᠬᠡᠶᠢᠯᠡᠨ ᠬᠢᠨᠠᠵᠤ ᠬᠠᠮᠢᠶᠠᠷᠬᠤ ᠲᠣᠭᠲᠠᠯᠴᠠᠭ᠎ᠠ ᠪᠠ ᠪᠠᠶᠢᠴᠠᠭᠠᠵᠤ ᠬᠢᠨᠠᠨ ᠵᠢᠯᠤᠭᠤᠳᠬᠤ ᠳᠦᠷᠢᠮ ᠢ ᠪᠠᠶᠢᠭᠤᠯᠵᠠᠢ︔ | ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠵᠣᠬᠢᠰᠲᠠᠢ ᠲᠣᠬᠢᠷᠠᠭᠤᠯᠵᠤ᠂ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠰᠤᠷᠭᠠᠭᠤᠯᠢ ᠡᠷᠬᠢᠯᠡᠬᠦ ᠴᠤᠪᠤᠷᠠᠯ᠂ ᠨᠡᠷᠡᠶᠢᠳᠦᠯ ᠤᠨ ᠲᠣᠬᠢᠷᠠᠭᠤᠯᠤᠯᠲᠠ᠂ ᠲᠠᠯᠠᠪᠤᠷ ᠤᠨ ᠲᠠᠯᠠᠪᠠᠢ᠂ | ᠪᠠᠭᠰᠢ ᠶᠢᠨ ᠡᠩᠨᠡᠭᠡ᠂ ᠭᠠᠯ ᠢ ᠰᠡᠷᠭᠡᠶᠢᠯᠡᠬᠦ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠵᠢᠭᠠᠬᠤ | ᠮᠠᠲ᠋ᠧᠷᠢᠶᠠᠯ ᠤᠨ ᠬᠡᠷᠡᠭᠯᠡᠯᠲᠡ᠂ ᠵᠢᠭᠠᠨ ᠰᠤᠷᠭᠠᠯᠲᠠ ᠶᠢᠨ ᠴᠡᠭ ᠤᠨ ᠲᠣᠬᠢᠷᠠᠭᠤᠯᠤᠯᠲᠠ᠂ ᠰᠦᠢᠳᠬᠡᠯ ᠬᠤᠷᠢᠶᠠᠬᠤ | ᠬᠠᠮᠢᠶᠠᠷᠤᠯᠲᠠ ᠵᠡᠷᠭᠡ ᠳᠤ ᠨᠠᠷᠢᠯᠢᠭᠵᠢᠭᠤᠯᠤᠭᠰᠠᠨ ᠲᠣᠭᠲᠠᠭᠠᠯ ᠭᠠᠷᠭᠠᠪᠠ︔ ᠴᠠᠭᠠᠵᠠᠲᠤ ᠴᠢᠨᠠᠷᠲᠠᠢ ᠱᠠᠭᠠᠷᠳᠠᠯᠭ᠎ᠠ ᠶᠢ | ᠳᠤᠷᠠᠳᠴᠤ᠂ ᠵᠢᠭᠠᠨ ᠰᠤᠷᠭᠠᠯᠲᠠ ᠶᠢᠨ ᠱᠠᠭᠠᠷᠳᠠᠯᠭ᠎ᠠ ᠶᠢ ᠬᠡᠳᠤ ᠳᠡᠭᠡᠭᠰᠢᠯᠡᠭᠦᠯᠬᠦ᠂ ᠵᠢᠭᠠᠨ ᠰᠤᠷᠭᠠᠯᠲᠠ ᠶᠢᠨ | ᠠᠬᠢᠴᠠ ᠶᠢ ᠠᠮᠵᠢᠭᠤᠯᠤᠨ ᠣᠷᠢᠳᠴᠢᠯᠠᠬᠤ᠂ ᠵᠢᠭᠠᠨ ᠰᠤᠷᠭᠠᠯᠲᠠ ᠶᠢᠨ ᠬᠦᠴᠢᠷᠳᠡᠯ ᠢ ᠨᠡᠮᠡᠭᠳᠡᠭᠦᠯᠬᠦ ᠶᠢ ᠴᠢᠩᠭ᠎ᠠ | ᠴᠠᠭᠠᠵᠢᠯᠠᠬᠤ᠂ ᠪᠠᠭ᠎ᠠ ᠰᠤᠷᠭᠠᠭᠤᠯᠢ ᠶᠢᠨ ᠰᠤᠷᠤᠭᠴᠢᠳ ᠢᠶᠠᠷ ᠤᠷᠤᠯᠳᠤᠭᠠᠨ ᠳᠤ ᠣᠷᠣᠯᠴᠠᠭᠤᠯᠬᠤ ᠡᠲᠡᠭᠡᠳ | ᠪᠣᠯᠭᠠᠭᠰᠠᠨ ᠬᠡᠯᠡ ᠪᠢᠴᠢᠭ᠂ ᠲᠣᠭᠠᠨ ᠤ ᠤᠬᠠᠭᠠᠨ᠂ ᠭᠠᠳᠠᠭᠠᠳᠤ ᠬᠡᠯᠡ ᠵᠡᠷᠭᠡ ᠠᠩᠭᠢ ᠳᠠᠪᠰᠢᠬᠤ ᠪᠤᠶᠤ | ᠰᠢᠯᠭᠠᠯᠲᠠ ᠲᠠᠢ ᠬᠠᠮᠢᠶ᠎ᠠ ᠪᠦᠬᠦᠢ ᠬᠢᠴᠢᠶᠡᠯ ᠬᠥᠮᠥᠵᠢᠯ ᠵᠢᠴᠢ ᠰᠤᠩᠭᠠᠯᠲᠠ ᠶᠢᠨ ᠲᠥᠷᠥᠯ ᠤᠨ ᠣᠷᠤᠯᠳᠤᠭᠠᠨ ᠤ | ᠠᠵᠢᠯᠯᠠᠭ᠎ᠠ ᠡᠷᠬᠢᠯᠡᠵᠦ ᠪᠣᠯᠬᠤ ᠦᠭᠡᠢ᠃ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠂ ᠶᠡᠷᠦᠩᠬᠡᠶᠢᠯᠡᠨ ᠬᠢᠨᠠᠵᠤ ᠬᠠᠮᠢᠶᠠᠷᠬᠤ ᠲᠣᠭᠲᠠᠴᠠ ᠶᠢ ᠪᠦᠷᠢᠨᠰᠢᠭᠦᠯᠦᠨ᠂ ᠬᠤᠲᠠ᠂ ᠲᠣᠭᠤᠷᠢᠭ᠂ | ᠵᠡᠭᠡᠯᠢ ᠭᠤᠳᠤᠮᠵᠢ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠵᠦ ᠶᠡᠷᠦᠩᠬᠡᠶᠢᠯᠡᠨ ᠬᠢᠨᠠᠵᠤ ᠬᠠᠮᠢᠶᠠᠷᠪᠠ︔ ᠮᠡᠳᠡᠭᠡ | ᠵᠠᠩᠭᠢ ᠶᠢᠨ ᠢᠲᠡᠭᠡᠮᠵᠢ ᠶᠢᠨ ᠳᠦᠷᠢᠮ ᠢ ᠪᠠᠶᠢᠭᠤᠯᠵᠤ᠂ ᠬᠢᠨᠠᠨ ᠬᠠᠮᠢᠶᠠᠷᠬᠤ ᠠᠷᠭ᠎ᠠ ᠪᠠᠷᠢᠯ ᠢ ᠤᠯᠠᠮ ᠨᠢᠭᠡ ᠠᠯᠬᠤᠮ | ᠪᠠᠶᠠᠯᠢᠭᠵᠢᠭᠤᠯᠤᠭᠰᠠᠨ ᠪᠠᠶᠢᠨ᠎ᠠ᠃ | ︵ᠬᠤᠶᠠᠷ︶ ᠴᠧᠩᠳᠦ᠋ ᠬᠤᠲᠠ ᠶᠢᠨ ᠠᠷᠭ᠎ᠠ ᠠᠪᠴᠢᠯ᠃ ᠬᠠᠷᠠᠯᠲᠠᠲᠤ ᠬᠠᠮᠢᠶᠠᠷᠤᠯᠲᠠ ᠶᠢ ᠴᠢᠩᠭᠠᠳᠬᠠᠵᠤ᠂ | ᠬᠤᠲᠠ ᠶᠢᠨ ᠵᠠᠰᠠᠭ ᠤᠨ ᠣᠷᠳᠣᠨ ᠠᠴᠠ ᠬᠤᠲᠠ ᠡᠴᠡᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢ | ᠴᠢᠩᠭᠠᠳᠬᠠᠬᠤ ᠰᠠᠨᠠᠯ ᠢ ᠨᠡᠶᠢᠲᠡᠯᠡᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ︽ | ᠭᠠᠵᠠᠷ ᠣᠷᠤᠨ ᠳᠤᠨᠢ ᠬᠠᠮᠢᠶᠠᠷᠤᠭᠤᠯᠬᠤ︾ ᠵᠠᠷᠴᠢᠮ ᠢ ᠲᠣᠳᠣᠷᠬᠠᠶᠢᠯᠠᠪᠠ︔ ᠬᠤᠲᠠ ᠶᠢᠨ ᠵᠠᠰᠠᠭ ᠤᠨ ᠣᠷᠳᠣᠨ ᠤ | ᠰᠤᠷᠭᠠᠨ ᠬᠥᠮᠥᠵᠢᠯ ᠢ ᠬᠢᠨᠠᠨ ᠵᠢᠯᠤᠭᠤᠳᠬᠤ ᠪᠦᠯᠬᠦᠮ ᠤᠨ ᠬᠢᠨ ᠪᠣᠯᠪᠠᠰᠤᠷᠠᠭᠤᠯᠤᠯ ᠤᠨ ᠵᠠᠬ᠎ᠠ ᠳᠡᠯᠭᠡᠭᠦᠷ ᠢ ᠵᠠᠰᠠᠬᠤ | ᠪᠠ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ ᠪᠠᠶᠢᠭᠤᠯᠬᠤ ᠵᠡᠷᠭᠡ ᠱᠠᠭᠠᠷᠳᠠᠯᠭ᠎ᠠ ᠶᠢ ᠬᠤᠲᠠ ︵ | ᠲᠣᠭᠤᠷᠢᠭ︶ ᠰᠢᠶᠠᠨ ᠤ ᠰᠤᠷᠭᠠᠨ ᠬᠥᠮᠥᠵᠢᠯ ᠤᠨ ᠠᠵᠢᠯ ᠤᠨ ᠬᠠᠷᠠᠯᠲᠠ ᠳᠤ ᠵᠢᠭᠰᠠᠭᠠᠨ ᠣᠷᠣᠭᠤᠯᠪᠠ︔ | ᠬᠤᠲᠠ ᠶᠢᠨ ᠨᠠᠮ ᠤᠨ ᠬᠤᠷᠢᠶ᠎ᠠ ᠶᠢᠨ ᠬᠢᠨᠠᠨ ᠪᠠᠶᠢᠴᠠᠭᠠᠬᠤ ᠲᠠᠰᠤᠭ ᠤᠨ ᠬᠢᠨ ᠪᠣᠯᠪᠠᠰᠤᠷᠠᠭᠤᠯᠤᠯ ᠤᠨ | ᠪᠠᠶᠢᠭᠤᠯᠤᠮᠵᠢ ᠳᠠᠬᠢ ᠬᠢᠨᠠᠯᠲᠠ ᠬᠠᠮᠢᠶᠠᠷᠤᠯᠲᠠ ᠶᠢ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠠᠵᠢᠯ ᠤᠨ ᠬᠠᠷᠠᠯᠲᠠ ᠳᠤ ᠣᠷᠣᠭᠤᠯᠪᠠ︔ ᠬᠤᠲᠠ ᠶᠢᠨ ᠵᠠᠰᠠᠭ ᠤᠨ ᠣᠷᠳᠣᠨ ᠤ ᠰᠤᠷᠭᠠᠨ | ᠬᠥᠮᠥᠵᠢᠯ ᠢ ᠬᠢᠨᠠᠨ ᠵᠢᠯᠤᠭᠤᠳᠬᠤ ᠪᠦᠯᠬᠦᠮ ᠤᠨ ᠬᠢᠨ ᠠᠷᠠᠳ ᠠᠴᠠ ᠡᠷᠬᠢᠯᠡᠭᠰᠡᠨ ᠪᠣᠯᠪᠠᠰᠤᠷᠠᠭᠤᠯᠤᠯ ᠤᠨ | ᠪᠠᠶᠢᠭᠤᠯᠤᠮᠵᠢ ᠳᠤ ᠲᠤᠰᠬᠠᠢ ᠵᠦᠢᠯ ᠤᠨ ᠵᠠᠰᠠᠯᠲᠠ ᠴᠡᠭᠴᠡᠯᠡᠯᠲᠡ ᠬᠢᠬᠦ ᠪᠠᠷ ᠭᠤᠣᠯᠳᠠᠯᠭ᠎ᠠ ᠪᠣᠯᠭᠠᠨ ︽ᠡᠷᠭᠢᠵᠦ | ᠪᠤᠴᠠᠵᠤ ᠦᠵᠡᠬᠦ︾ ᠠᠵᠢᠯᠯᠠᠭ᠎ᠠ ᠶᠢ ᠥᠷᠨᠢᠭᠦᠯᠵᠦ᠂ ᠵᠠᠰᠠᠯᠲᠠ ᠶᠢᠨ ᠠᠵᠢᠯ ᠢ ᠪᠦᠬᠦ ᠲᠠᠯ᠎ᠠ ᠪᠠᠷ᠂ ᠡᠮᠬᠢ ᠵᠢᠷᠦᠮ | ᠲᠠᠢ ᠪᠠᠷ ᠠᠬᠢᠭᠤᠯᠤᠭᠰᠠᠨ ᠪᠠᠶᠢᠨ᠎ᠠ᠃ ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠲᠤᠰᠬᠠᠢ ᠵᠦᠢᠯ ᠤᠨ | ᠴᠡᠭᠴᠡᠯᠡᠨ ᠵᠠᠰᠠᠬᠤ ᠭᠠᠷᠠᠭ ᠤᠨ ᠮᠡᠳᠡᠭᠦᠯᠦᠯᠲᠡ ᠶᠢᠨ ᠳᠦᠷᠢᠮ ᠢ ᠲᠡᠷᠢᠭᠦᠯᠡᠨ ᠪᠠᠶᠢᠭᠤᠯᠵᠤ᠂ ᠭᠠᠷᠠᠭ ᠪᠦᠷᠢ ᠨᠢᠭᠡ | ᠬᠤᠭᠤᠴᠠᠭᠠᠨ ᠤ ᠬᠢᠨᠠᠨ ᠪᠠᠶᠢᠴᠠᠭᠠᠭᠰᠠᠨ ᠲᠣᠪᠴᠢ ᠮᠡᠳᠡᠭᠡ ᠨᠡᠶᠢᠲᠡᠯᠡᠵᠦ ᠭᠠᠷᠭᠠᠨ᠂ ᠠᠬᠢᠭᠤᠯᠤᠭᠰᠠᠨ ᠢᠶᠠᠷ ᠬᠦᠴᠦᠨ | ᠦᠭᠡᠢ ᠲᠣᠭᠤᠷᠢᠭ ︵ᠬᠤᠲᠠ︶ ᠰᠢᠶᠠᠨ ᠳᠤ ︽ᠰᠡᠷᠡᠮᠵᠢ ᠶᠢᠨ ᠳ᠋ᠧᠩ ᠠᠰᠠᠭᠠᠬᠤ︾ ᠳᠣᠩᠭᠤᠳᠤᠯᠭᠠ | ᠬᠡᠷᠡᠭᠵᠢᠭᠦᠯᠵᠡᠢ᠃ ᠰᠠᠯᠠᠭ᠎ᠠ ᠮᠥᠴᠢᠷ ᠤᠳ ᠤᠨ ᠬᠠᠮᠵᠢᠯᠴᠠᠭ᠎ᠠ ᠶᠢ ᠠᠬᠢᠭᠤᠯᠪᠠ᠃ ᠬᠤᠲᠠ ᠶᠢᠨ ᠰᠤᠷᠭᠠᠨ | ᠬᠥᠮᠥᠵᠢᠯ ᠤᠨ ᠲᠣᠪᠴᠢᠶ᠎ᠠ ᠲᠦᠷᠦᠭᠦᠯᠡᠭᠰᠡᠨ 21 ᠲᠣᠪᠴᠢᠶ᠎ᠠ ᠵᠥᠪᠯᠡᠯ ᠤᠨ ᠬᠢᠨ ᠬᠤᠲᠠ ᠶᠢᠨ ᠱᠠᠲᠤᠨ ᠤ | ᠠᠷᠠᠳ ᠠᠴᠠ ᠡᠷᠬᠢᠯᠡᠭᠰᠡᠨ ᠰᠤᠷᠭᠠᠨ ᠬᠥᠮᠥᠵᠢᠯ ᠤᠨ ᠠᠵᠢᠯ ᠤᠨ ᠬᠤᠯᠪᠣᠭᠠᠲᠤ ᠬᠤᠷᠠᠯ ᠤᠨ ᠳᠦᠷᠢᠮ ᠢ ᠪᠠᠶᠢᠭᠤᠯᠵᠤ᠂ | ᠴᠤᠭ ᠢᠶᠠᠷ ᠠᠳᠬᠤᠵᠤ ᠬᠠᠮᠲᠤ ᠪᠠᠷ ᠬᠠᠮᠢᠶᠠᠷᠬᠤ ᠵᠠᠰᠠᠯᠲᠠ ᠶᠢᠨ ᠲᠣᠭᠲᠠᠯᠴᠠᠭ᠎ᠠ ᠶᠢ ᠪᠦᠷᠢᠯᠳᠦᠭᠦᠯᠵᠡᠢ︔ ᠵᠢᠷᠭᠤᠭᠠᠨ | ᠰᠠᠯᠠᠭ᠎ᠠ ᠮᠥᠴᠢᠷ ᠢ ᠳᠠᠭᠠᠭᠤᠯᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠲᠣᠬᠢᠷᠠᠭᠤᠯᠬᠤ ᠵᠢᠯᠣᠭᠤᠳᠤᠯᠭ᠎ᠠ ᠶᠢᠨ | ᠪᠠᠷᠢᠮᠵᠢᠶ᠎ᠠ ᠶᠢ ᠳᠠᠷᠤᠮᠠᠯᠯᠠᠨ ᠲᠠᠷᠬᠠᠭᠠᠵᠤ ᠂ ᠵᠥᠪᠰᠢᠶᠡᠷᠡᠨ ᠣᠷᠣᠭᠤᠯᠬᠤ ᠱᠠᠭᠠᠷᠳᠠᠯᠭ᠎ᠠ ᠶᠢ ᠳᠦᠷᠢᠮᠵᠢᠭᠦᠯᠪᠡ︔ | ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠥᠴᠢᠷ ᠲᠠᠢ | ᠰᠠᠨᠠᠭᠠᠴᠢᠯᠠᠭ᠎ᠠ ᠠᠴᠠ ᠪᠠᠨ ᠬᠤᠯᠪᠣᠭᠠᠯᠠᠨ ᠠᠯᠪᠠᠨ ᠵᠠᠷ ᠨᠡᠶᠢᠲᠡᠯᠡᠵᠦ᠂ ᠭᠡᠷᠡᠴᠢ ᠦᠨᠡᠮᠯᠡᠯ ᠦᠭᠡᠢ ᠪᠠᠷ ᠰᠤᠷᠭᠠᠭᠤᠯᠢ | ᠡᠷᠬᠢᠯᠡᠬᠦ᠂ ᠬᠤᠳᠠᠯ ᠬᠠᠭᠤᠷᠮᠠᠭ ᠤᠬᠠᠭᠤᠯᠭ᠎ᠠ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠳᠠᠯᠳᠠ ᠭᠡᠮ ᠰᠣᠭᠤᠭ᠂ | ᠲᠣᠭᠲᠠᠭᠠᠯ ᠢ ᠵᠥᠷᠢᠴᠡᠭᠰᠡᠨ ᠣᠷᠤᠯᠳᠤᠭᠠᠨ ᠤ ᠶᠠᠪᠤᠳᠠᠯ ᠵᠡᠷᠭᠡ ᠳᠣᠯᠣᠭᠠᠨ ᠲᠠᠯ᠎ᠠ ᠶᠢᠨ ᠠᠭᠤᠯᠭ᠎ᠠ ᠳᠤ ᠲᠤᠰᠬᠠᠢ | ᠵᠦᠢᠯ ᠤᠨ ᠵᠠᠰᠠᠯᠲᠠ ᠴᠡᠭᠴᠡᠯᠡᠯᠲᠡ ᠶᠢ ᠲᠥᠪᠯᠡᠷᠡᠭᠦᠯᠦᠨ ᠥᠷᠨᠢᠭᠦᠯᠪᠡ︔ ᠳᠣᠲᠣᠭᠠᠳᠤ ᠶᠢ ᠬᠠᠮᠠᠭᠠᠯᠠᠬᠤ᠂ | ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠬᠠᠮᠲᠤᠷᠠᠵᠤ ᠣᠷᠤᠯᠳᠤᠭᠠᠨ ᠢ | ᠴᠠᠭᠠᠵᠠᠯᠠᠵᠤ ᠭᠤᠷᠪᠠᠨ ᠵᠤᠷᠪᠤᠰ ᠵᠠᠷᠯᠢᠭ ᠢ ᠨᠡᠶᠢᠲᠡᠯᠡᠵᠦ᠂ ᠰᠤᠷᠭᠠᠨ ᠬᠥᠮᠥᠵᠢᠯ ᠤᠨ ᠠᠮᠢ ᠠᠬᠤᠢ ᠶᠢ | ᠰᠢᠯᠢᠳᠡᠭᠵᠢᠭᠦᠯᠪᠡ︔ ᠲᠣᠭᠤᠷᠢᠭ ︵ᠬᠤᠲᠠ︶ ᠰᠢᠶᠠᠨ ᠤ ᠵᠠᠰᠠᠭ ᠤᠨ ᠣᠷᠳᠣᠨ ᠢ ᠵᠢᠯᠣᠭᠤᠳᠤᠨ ᠦᠨᠳᠦᠰᠦᠨ | ᠱᠠᠲᠤᠨ ᠤ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ ᠠᠩᠬ᠎ᠠ ᠠᠯᠬᠤᠮ ᠪᠠᠶᠢᠭᠤᠯᠵᠤ᠂ ᠲᠣᠣᠷᠴᠢᠯᠠᠭᠰᠠᠨ | ᠬᠢᠨᠠᠨ ᠬᠠᠮᠢᠶᠠᠷᠤᠯᠲᠠ ᠪᠠ ᠰᠤᠭᠤᠴᠢᠵᠤ ᠪᠠᠶᠢᠴᠠᠭᠠᠬᠤ ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠵᠤ᠂ ᠪᠠᠯᠭᠠᠰᠤ | ᠵᠡᠭᠡᠯᠢ ᠨᠡᠶᠢᠭᠡᠮ ᠲᠣᠭᠤᠷᠢᠭ ᠢ ᠠᠰᠢᠭᠯᠠᠨ ᠬᠡᠪᠢᠰᠯᠡᠬᠦ ᠮᠠᠶ᠋ᠢᠭ ᠤᠨ ᠵᠢᠭᠰᠠᠭᠠᠨ ᠪᠠᠶᠢᠴᠠᠭᠠᠯᠲᠠ ᠪᠠ ᠪᠦᠬᠦ ᠲᠠᠯ᠎ᠠ ᠶᠢᠨ | ᠴᠡᠪᠡᠷᠯᠡᠯᠲᠡ ᠥᠷᠨᠢᠭᠦᠯᠦᠭᠰᠡᠨ ᠪᠠᠶᠢᠨ᠎ᠠ᠃ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠳᠦᠷᠢᠮᠵᠢᠭᠦᠯᠪᠡ᠃ ᠠᠷᠠᠳ ᠠᠴᠠ | ᠡᠷᠬᠢᠯᠡᠭᠰᠡᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠵᠢᠷᠤᠮᠵᠢᠭᠤᠯᠤᠨ ᠠᠷᠠᠳ ᠠᠴᠠ ᠡᠷᠬᠢᠯᠡᠭᠰᠡᠨ | ᠰᠤᠷᠭᠠᠨ ᠬᠥᠮᠥᠵᠢᠯ ᠤᠨ ᠬᠥᠭᠵᠢᠯᠲᠡ ᠶᠢ ᠠᠬᠢᠭᠤᠯᠬᠤ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ ︽ᠵᠢᠷᠭᠤᠭ᠎ᠠ ᠶᠢ | ᠠᠪᠴᠤ ᠨᠠᠢᠮᠠ ᠶᠢ ᠥᠯᠥ ᠵᠥᠪᠰᠢᠶᠡᠷᠡᠬᠦ︾ ᠱᠠᠭᠠᠷᠳᠠᠯᠭ᠎ᠠ ᠶᠢ ᠳᠤᠷᠠᠳᠴᠠᠢ︔ ᠪᠦᠬᠦ ᠬᠤᠲᠠ ᠶᠢᠨ ᠠᠷᠠᠳ ᠠᠴᠠ | ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠡᠯᠰᠡᠬᠦ ᠤᠬᠠᠭᠤᠯᠭ᠎ᠠ ᠶᠢᠨ ᠠᠵᠢᠯ ᠤᠨ ᠬᠠᠮᠢᠶᠠᠷᠤᠯᠲᠠ ᠶᠢ | ᠴᠢᠩᠭᠠᠳᠬᠠᠬᠤ ᠲᠤᠬᠠᠢ ᠮᠡᠳᠡᠭᠳᠡᠯ ᠢ ᠨᠡᠶᠢᠲᠡᠯᠡᠵᠦ᠂ ᠤᠬᠠᠭᠤᠯᠭ᠎ᠠ ᠶᠢᠨ ᠵᠠᠷ ᠪᠠ ᠰᠤᠷᠤᠭᠴᠢ ᠡᠯᠰᠡᠬᠦ ᠳᠦᠷᠢᠮ ᠤᠨ | ᠠᠭᠤᠯᠭ᠎ᠠ ᠪᠠ ᠵᠢᠷᠦᠮ ᠢ ᠳᠦᠷᠢᠮᠵᠢᠭᠦᠯᠪᠡ︔ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠡᠯᠰᠡᠵᠦ | ᠪᠦᠷᠢᠳᠬᠡᠨ ᠳᠠᠩᠰᠠᠯᠠᠭᠰᠠᠨ ᠮᠡᠳᠡᠭᠡ ᠵᠠᠩᠭᠢ ᠶᠢ ᠵᠠᠷᠯᠠᠨ ᠨᠡᠶᠢᠲᠡᠯᠡᠬᠦ ᠮᠡᠳᠡᠭᠳᠡᠯ ᠢ ᠨᠡᠶᠢᠲᠡᠯᠡᠵᠦ᠂ ᠠᠷᠠᠳ ᠠᠴᠠ | ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠡᠯᠰᠡᠬᠦ ᠲᠤᠭ᠎ᠠ᠂ ᠵᠢᠷᠦᠮ᠂ ᠰᠦᠢᠳᠬᠡᠯ ᠬᠤᠷᠢᠶᠠᠬᠤ ᠪᠠᠷᠢᠮᠵᠢᠶ᠎ᠠ᠂ | ᠰᠦᠢᠳᠬᠡᠯ ᠪᠤᠴᠠᠭᠠᠬᠤ ᠠᠷᠭ᠎ᠠ ᠵᠡᠷᠭᠡ ᠶᠢ ᠪᠦᠬᠦ ᠲᠠᠯ᠎ᠠ ᠪᠠᠷ ᠢᠯᠡ ᠪᠣᠯᠭᠠᠪᠠ︔ ᠵᠢᠯ ᠤᠨ ᠪᠠᠶᠢᠴᠠᠭᠠᠯᠲᠠ ᠶᠢᠨ | ᠠᠵᠢᠯ ᠤᠨ ᠮᠡᠳᠡᠭᠳᠡᠯ ᠢ ᠨᠡᠶᠢᠲᠡᠯᠡᠵᠦ᠂ ᠢᠯᠡᠴᠢᠯᠡᠨ ᠮᠡᠳᠡᠭᠦᠯᠬᠦ ᠤᠲᠠᠰᠤ ᠰᠢᠤᠳᠠᠨ ᠬᠠᠶᠢᠷᠴᠠᠭ ᠪᠠ ᠠᠷᠠᠳ ᠠᠴᠠ | ᠡᠷᠬᠢᠯᠡᠭᠰᠡᠨ ᠰᠤᠷᠭᠠᠭᠤᠯᠢ ᠶᠢᠨ ᠨᠡᠷᠡᠰ ᠤᠨ ᠵᠢᠭᠰᠠᠭᠠᠯᠲᠠ ᠵᠢᠴᠢ ᠡᠯᠧᠺᠲᠷᠣᠨ ᠭᠠᠵᠠᠷ ᠤᠨ ᠵᠢᠷᠤᠭ ᠢ ᠵᠠᠷᠯᠠᠨ | ᠨᠡᠶᠢᠲᠡᠯᠡᠵᠡᠢ︔ ᠬᠤᠲᠠ ᠶᠢᠨ ᠠᠷᠠᠳ ᠤᠨ ᠠᠵᠢᠭᠯᠠᠭᠴᠢ ᠶᠢ ᠴᠤᠭᠯᠠᠭᠤᠯᠵᠤ᠂ ᠲᠣᠭᠲᠠᠭᠠᠯ ᠢ ᠵᠥᠷᠢᠴᠡᠭᠰᠡᠨ | ᠠᠷᠠᠳ ᠠᠴᠠ ᠡᠷᠬᠢᠯᠡᠭᠰᠡᠨ ᠰᠤᠷᠭᠠᠭᠤᠯᠢ ᠲᠠᠢ ᠪᠣᠯᠵᠣᠨ ᠶᠠᠷᠢᠯᠴᠠᠬᠤ ᠶᠢᠨ ᠬᠠᠮᠲᠤ ᠬᠤᠭᠤᠴᠠᠭ᠎ᠠ ᠲᠣᠭᠲᠠᠭᠠᠨ | ᠴᠡᠭᠴᠡᠯᠡᠨ ᠵᠠᠰᠠᠭᠤᠯᠵᠤ᠂ ᠴᠡᠭᠴᠡᠯᠡᠨ ᠵᠠᠰᠠᠭᠰᠠᠨ ᠨᠢ ᠬᠢᠷᠢ ᠲᠡᠩᠴᠡᠭᠰᠡᠨ ᠦᠭᠡᠢ ᠶᠢ ᠨᠢ ᠮᠡᠳᠡᠭᠡ ᠵᠠᠩᠭᠢ ᠶᠢᠨ ︽ | ᠬᠠᠷ᠎ᠠ ᠳᠠᠩᠰᠠ︾ ᠳᠤ ᠣᠷᠣᠭᠤᠯᠪᠠ︔ ᠲᠣᠭᠲᠠᠭᠠᠯ ᠢ ᠵᠥᠷᠢᠴᠡᠨ ᠰᠤᠷᠤᠭᠴᠢ ᠡᠯᠰᠡᠭᠰᠡᠨ ᠠᠷᠠᠳ ᠠᠴᠠ | ᠡᠷᠬᠢᠯᠡᠭᠰᠡᠨ ᠰᠤᠷᠭᠠᠭᠤᠯᠢ ᠪᠠ ᠭᠤᠣᠯᠯᠠᠨ ᠬᠠᠮᠢᠶᠠᠷᠬᠤ ᠰᠤᠷᠭᠠᠨ ᠬᠥᠮᠥᠵᠢᠯ ᠤᠨ ᠲᠣᠪᠴᠢᠶ᠎ᠠ ᠶᠢ ᠫᠦᠷᠲ᠋ᠧᠯ | ᠰᠦᠯᠵᠢᠶ᠎ᠡ ᠳᠤ ᠵᠠᠷᠯᠠᠨ ᠰᠢᠭᠦᠮᠵᠢᠯᠡᠬᠦ ᠶᠢᠨ ᠬᠠᠮᠲᠤ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠨ᠎ᠡ᠃ | ︵ᠭᠤᠷᠪᠠ︶ ᠨᠠᠨᠴᠠᠩ ᠬᠤᠲᠠ ᠶᠢᠨ ᠠᠷᠭ᠎ᠠ ᠠᠪᠴᠢᠯ᠃ ᠳᠦᠷᠢᠮ ᠭᠤᠷᠢᠮ ᠲᠣᠭᠲᠠᠭᠠᠵᠤ᠂ ︽ᠨᠠᠨᠴᠠᠩ | ᠬᠤᠲᠠ ᠶᠢᠨ ᠳᠤᠮᠳᠠ ᠳᠡᠰ ᠬᠢᠭᠡᠳ ᠳᠤᠮᠳᠠ ᠠᠴᠠ ᠳᠣᠷᠣᠭᠰᠢ ᠳᠡᠰ ᠤᠨ ᠠᠷᠠᠳ ᠠᠴᠠ ᠡᠷᠬᠢᠯᠡᠭᠰᠡᠨ ᠰᠤᠷᠭᠠᠨ | ᠬᠥᠮᠥᠵᠢᠯ ᠤᠨ ᠪᠠᠶᠢᠭᠤᠯᠤᠮᠵᠢ ᠶᠢ ᠬᠢᠨᠠᠨ ᠵᠥᠪᠰᠢᠶᠡᠷᠡᠬᠦ ᠵᠢᠴᠢ ᠬᠠᠮᠢᠶᠠᠷᠬᠤ ᠵᠦᠢᠯᠡᠰ ᠤᠨ ᠮᠡᠳᠡᠭᠳᠡᠯ︾ ᠢ ᠨᠡᠶᠢᠲᠡᠯᠡᠵᠦ᠂ | ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ᠂ ᠬᠢᠨᠠᠨ ᠵᠥᠪᠰᠢᠶᠡᠷᠡᠬᠦ ᠵᠢᠷᠦᠮ᠂ ᠭᠤᠶᠤᠴᠢᠯᠠᠨ ᠭᠦᠢᠴᠡᠳᠬᠡᠬᠦ | ᠮᠠᠲ᠋ᠧᠷᠢᠶᠠᠯ᠂ ᠭᠤᠶᠤᠴᠢᠯᠠᠨ ᠮᠡᠳᠡᠭᠦᠯᠬᠦ ᠴᠢᠬᠤᠯᠠ ᠭᠦᠢᠴᠡᠳᠬᠡᠯ ᠲᠤᠭ᠎ᠠ ᠵᠡᠷᠭᠡ ᠶᠢ ᠲᠣᠳᠣᠷᠬᠠᠶᠢᠯᠠᠪᠠ᠃ ︽ᠨᠠᠨᠴᠠᠩ | ᠬᠤᠲᠠ ᠶᠢᠨ ᠠᠷᠠᠳ ᠠᠴᠠ ᠡᠷᠬᠢᠯᠡᠭᠰᠡᠨ ᠰᠤᠷᠤᠯᠭ᠎ᠠ ᠶᠢᠨ ᠦᠨᠡᠮᠯᠡᠯ ᠪᠤᠰᠤ ᠰᠤᠷᠭᠠᠨ ᠬᠥᠮᠥᠵᠢᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠢᠭᠠᠨ ᠰᠤᠷᠭᠠᠯᠲᠠ ᠶᠢᠨ ᠴᠡᠭ ᠢ ᠲᠣᠬᠢᠷᠠᠭᠤᠯᠬᠤ ᠬᠤᠯᠪᠣᠭᠳᠠᠯ ᠪᠦᠬᠦᠢ | ᠪᠠᠶᠢᠳᠠᠯ ᠤᠨ ᠮᠡᠳᠡᠭᠳᠡᠯ︾ ᠢ ᠲᠠᠷᠬᠠᠭᠠᠵᠤ᠂ ᠵᠢᠭᠠᠨ ᠰᠤᠷᠭᠠᠯᠲᠠ ᠶᠢᠨ ᠴᠡᠭ ᠤᠨ ᠬᠤᠭᠤᠷᠣᠨᠳᠤᠬᠢ ᠵᠠᠢ ᠪᠠ | ᠰᠤᠷᠭᠠᠭᠤᠯᠢ ᠡᠷᠬᠢᠯᠡᠬᠦ ᠬᠡᠪᠴᠢᠶ᠎ᠡ ᠶᠣᠰᠣᠭᠠᠷ ᠵᠢᠭᠠᠨ ᠰᠤᠷᠭᠠᠯᠲᠠ ᠶᠢᠨ ᠴᠡᠭ ᠢ ᠵᠣᠬᠢᠰᠲᠠᠢ ᠲᠣᠬᠢᠷᠠᠭᠤᠯᠵᠤ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠠᠷᠬᠠᠯᠲᠠ ᠶᠢᠨ ᠴᠡᠭ ᠪᠠ ᠣᠷᠣᠨ ᠪᠦᠰᠡ | ᠠᠯᠤᠰᠯᠠᠨ ᠲᠣᠬᠢᠷᠠᠭᠤᠯᠬᠤ ᠵᠡᠷᠭᠡ ᠶᠢ ᠳᠦᠷᠢᠮᠵᠢᠭᠦᠯᠵᠡᠢ᠃ ︽ᠨᠠᠨᠴᠠᠩ ᠬᠤᠲᠠ ᠶᠢᠨ ᠠᠷᠠᠳ ᠠᠴᠠ ᠡᠷᠬᠢᠯᠡᠭᠰᠡᠨ | ᠳᠤᠮᠳᠠᠳᠤ ᠵᠡᠷᠭᠡ ᠶᠢᠨ ᠰᠤᠷᠭᠠᠨ ᠬᠥᠮᠥᠵᠢᠯ᠂ ᠠᠩᠬ᠎ᠠ ᠵᠡᠷᠭᠡ ᠶᠢᠨ ᠰᠤᠷᠭᠠᠨ ᠬᠥᠮᠥᠵᠢᠯ᠂ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠥᠵᠢᠯ᠂ ᠰᠤᠷᠤᠯᠭ᠎ᠠ ᠶᠢᠨ ᠦᠨᠡᠮᠯᠡᠯ ᠪᠤᠰᠤ ᠰᠤᠷᠭᠠᠨ ᠬᠥᠮᠥᠵᠢᠯ ᠤᠨ | ᠪᠠᠶᠢᠭᠤᠯᠤᠮᠵᠢ ᠶᠢ ᠲᠣᠬᠢᠷᠠᠭᠤᠯᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠨᠡᠶᠢᠲᠡᠯᠡᠵᠦ᠂ ᠰᠤᠷᠤᠯᠭ᠎ᠠ ᠶᠢᠨ | ᠦᠨᠡᠮᠯᠡᠯ ᠪᠤᠰᠤ ᠰᠤᠷᠭᠠᠨ ᠬᠥᠮᠥᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠪᠠᠶᠢᠷᠢᠯᠠᠭᠤᠯᠬᠤ ᠭᠠᠵᠠᠷ ᠤᠨ | ᠰᠣᠩᠭᠤᠯᠲᠠ᠂ ᠲᠥᠯᠥᠪᠵᠢᠭᠦᠯᠭᠡ ᠲᠥᠯᠥᠪᠯᠡᠭᠡ᠂ ᠪᠠᠷᠢᠯᠭ᠎ᠠ ᠶᠢᠨ ᠬᠡᠷᠡᠭᠯᠡᠬᠦ ᠭᠠᠵᠠᠷ᠂ ᠠᠮᠤᠷ ᠲᠦᠪᠰᠢᠨ ᠣᠷᠴᠢᠨ | ᠲᠣᠭᠤᠷᠢᠨ ᠤ ᠬᠠᠮᠠᠭᠠᠯᠠᠯᠲᠠ᠂ ᠰᠤᠷᠭᠠᠭᠤᠯᠢ ᠡᠷᠬᠢᠯᠡᠬᠦ ᠭᠤᠣᠯ ᠴᠣᠭᠴᠠ᠂ ᠪᠠᠶᠢᠭᠤᠯᠤᠮᠵᠢ ᠶᠢᠨ ᠲᠣᠬᠢᠷᠠᠭᠤᠯᠤᠯᠲᠠ᠂ | ᠪᠠᠭᠰᠢ ᠶᠢᠨ ᠲᠣᠬᠢᠷᠠᠭᠤᠯᠤᠯᠲᠠ ᠪᠡᠯᠡᠳᠬᠡᠯ᠂ ᠲᠣᠨᠣᠭᠯᠠᠯ ᠪᠡᠯᠡᠳᠬᠡᠮᠵᠢ᠂ ᠡᠳ᠋ ᠬᠥᠷᠥᠩᠭᠡ ᠶᠢᠨ ᠬᠠᠮᠢᠶᠠᠷᠤᠯᠲᠠ᠂ | ᠰᠤᠷᠭᠠᠭᠤᠯᠢ ᠡᠷᠬᠢᠯᠡᠬᠦ ᠦᠨᠳᠦᠰᠦᠨ ᠬᠡᠪᠴᠢᠶ᠎ᠡ ᠪᠠ ᠰᠤᠷᠤᠭᠴᠢ ᠶᠢᠨ ᠢᠷᠡᠯᠲᠡ ᠶᠢᠨ ᠱᠠᠭᠠᠷᠳᠠᠯᠭ᠎ᠠ ᠵᠡᠷᠭᠡ ᠲᠠᠯ᠎ᠠ ᠪᠠᠷ | ᠲᠣᠭᠲᠠᠭᠠᠯ ᠭᠠᠷᠭᠠᠪᠠ᠃ ᠭᠤᠣᠯᠳᠠᠯᠭ᠎ᠠ ᠶᠢ ᠲᠣᠪᠣᠶᠢᠯᠭᠠᠵᠤ᠂ ︽ᠨᠠᠨᠴᠠᠩ ᠬᠤᠲᠠ ᠶᠢᠨ ᠠᠷᠠᠳ ᠠᠴᠠ ᠡᠷᠬᠢᠯᠡᠭᠰᠡᠨ | ᠰᠤᠷᠭᠠᠨ ᠬᠥᠮᠥᠵᠢᠯ ᠤᠨ ᠪᠠᠶᠢᠭᠤᠯᠤᠮᠵᠢ ᠶᠢᠨ ᠰᠤᠷᠤᠯᠭ᠎ᠠ ᠠᠴᠠ ᠵᠣᠭᠰᠣᠵᠤ ᠰᠦᠢᠳᠬᠡᠯ ᠪᠤᠴᠠᠭᠠᠬᠤ | ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠵᠦ᠂ ᠰᠤᠷᠤᠭᠴᠢᠳ ᠤᠨ ᠰᠤᠷᠭᠠᠭᠤᠯᠢ ᠳᠤ ᠰᠤᠷᠤᠯᠴᠠᠭᠰᠠᠨ ᠴᠠᠭ | ᠬᠤᠭᠤᠴᠠᠭᠠᠨ ᠤ ᠶᠣᠰᠣᠭᠠᠷ ᠰᠦᠢᠳᠬᠡᠯ ᠪᠤᠴᠠᠭᠠᠬᠤ ᠬᠠᠷᠢᠴᠠᠯ ᠢ ᠬᠠᠷᠠᠭᠠᠯᠵᠠᠭᠤᠯᠤᠨ ᠲᠣᠬᠢᠷᠠᠭᠤᠯᠵᠤ᠂ ᠵᠢᠯ | ᠠᠯᠤᠰᠯᠠᠭᠤᠯᠤᠨ ᠰᠦᠢᠳᠬᠡᠯ ᠬᠤᠷᠢᠶᠠᠬᠤ ᠶᠢ ᠡᠷᠡᠰ ᠬᠤᠷᠢᠭᠯᠠᠪᠠ᠃ ᠲᠤᠰᠬᠠᠢ ᠵᠦᠢᠯ ᠤᠨ ᠵᠠᠰᠠᠯᠲᠠ ᠴᠡᠭᠴᠡᠯᠡᠯᠲᠡ | ᠬᠢᠵᠦ᠂ ᠨᠠᠨᠴᠠᠩ ᠬᠤᠲᠠ ᠶᠢᠨ ᠵᠠᠰᠠᠭ ᠤᠨ ᠣᠷᠳᠣᠨ ᠲᠦᠷᠦᠭᠦᠯᠡᠵᠦ ᠬᠡᠳᠦᠨ ᠠᠷᠪᠠᠨ ᠬᠠᠮᠢᠶ᠎ᠠ ᠪᠦᠬᠦᠢ ᠡᠭᠦᠷᠭᠡ | ᠴᠢᠳᠠᠪᠬᠢᠲᠤ ᠰᠠᠯᠠᠭ᠎ᠠ ᠮᠥᠴᠢᠷ ᠬᠤᠯᠪᠣᠭᠠᠯᠠᠭᠰᠠᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠥᠪᠯᠡᠷᠡᠭᠦᠯᠦᠨ | ᠴᠡᠪᠡᠷᠯᠡᠵᠦ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ︽ᠢᠯᠭᠠᠷᠠᠭᠤᠯᠤᠨ ᠴᠡᠭᠴᠡᠯᠡᠬᠦ ᠠᠵᠢᠯ ᠤᠨ ᠲᠣᠪᠴᠢ | ᠮᠡᠳᠡᠭᠡ︾ ᠶᠢ ᠪᠦᠷᠢᠯᠳᠦᠭᠦᠯᠦᠭᠰᠡᠨ ᠤ ᠬᠠᠮᠲᠤ᠂ ᠵᠠᠰᠠᠭ ᠤᠨ ᠣᠷᠳᠣᠨ ᠤ ᠰᠦᠯᠵᠢᠶ᠎ᠡ ᠪᠠ ᠠᠯᠪᠠᠨ ᠤ ᠵᠠᠭᠤᠴᠢᠯᠠᠭᠤᠷ | ᠳᠡᠭᠡᠷ᠎ᠡ ᠬᠠᠤᠯᠢ ᠶᠣᠰᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠨᠡᠷᠡᠰ ᠤᠨ | ᠵᠢᠭᠰᠠᠭᠠᠯᠲᠠ ᠶᠢ ᠴᠠᠭ ᠲᠤᠬᠠᠢ ᠳᠤ ᠨᠢ ᠵᠠᠷᠯᠠᠨ ᠨᠡᠶᠢᠲᠡᠯᠡᠵᠦ᠂ ᠰᠤᠷᠤᠭᠴᠢ ᠶᠢᠨ ᠭᠡᠷ ᠤᠨ ᠠᠬᠠᠮᠠᠳ ᠤᠨ ᠬᠠᠶᠢᠵᠤ | ᠯᠠᠪᠠᠯᠬᠤ ᠳᠤ ᠳᠥᠭᠦᠮ ᠪᠣᠯᠭᠠᠭᠰᠠᠨ ᠪᠠᠶᠢᠨ᠎ᠠ᠃ | ᠭᠤᠷᠪᠠ᠂ ᠲᠤᠰᠬᠠᠢ ᠵᠦᠢᠯ ᠤᠨ ᠵᠠᠰᠠᠯᠲᠠ ᠴᠡᠭᠴᠡᠯᠡᠯᠲᠡ ᠶᠢᠨ ᠠᠵᠢᠯᠯᠠᠭ᠎ᠠ ᠨᠢ ᠶᠠᠮᠠᠷ ᠶᠠᠮᠠᠷ ᠲᠣᠪᠣᠶᠢᠮ᠎ᠠ | ᠠᠰᠠᠭᠤᠳᠠᠯ ᠢ ᠴᠢᠷᠮᠠᠶᠢᠨ ᠰᠢᠢᠳᠪᠦᠷᠢᠯᠡᠬᠦ ᠪᠣᠢ︖ | ᠬᠠᠷᠢᠭᠤᠯᠲᠠ᠄ ᠲᠤᠰᠬᠠᠢ ᠵᠦᠢᠯ ᠤᠨ ᠵᠠᠰᠠᠯᠲᠠ ᠴᠡᠭᠴᠡᠯᠡᠯᠲᠡ ᠶᠢᠨ ᠠᠵᠢᠯᠯᠠᠭ᠎ᠠ ᠨᠢ ᠵᠢᠷᠭᠤᠭᠠᠨ ᠲᠥᠷᠥᠯ ᠤᠨ | ᠳᠦᠷᠢᠮᠵᠢᠯ ᠦᠭᠡᠢ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠭᠤᠯᠢ ᠡᠷᠬᠢᠯᠡᠬᠦ ᠳᠠᠯᠳᠠ ᠭᠡᠮ | ᠰᠣᠭᠤᠭ ᠪᠠ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ ᠢ ᠬᠠᠮᠲᠤ ᠳᠤ ᠨᠢ ᠵᠠᠰᠠᠵᠤ᠂ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠪᠠ ᠰᠤᠷᠭᠠᠭᠤᠯᠢ ᠶᠢᠨ ᠲᠣᠲᠤᠷᠠᠬᠢ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢ | ᠬᠠᠮᠲᠤ ᠳᠤ ᠨᠢ ᠵᠠᠰᠠᠵᠤ᠂ ︽ᠬᠠᠮ ᠠᠷᠭ᠎ᠠ ᠪᠣᠳᠣᠯᠭ᠎ᠠ︾ ᠶᠢ ᠬᠡᠷᠡᠭᠯᠡᠬᠦ ᠪᠠᠷ ᠳᠠᠮᠵᠢᠭᠤᠯᠤᠨ ᠠᠰᠠᠭᠤᠳᠠᠯ ᠢ ᠰᠢᠰᠲ᠋ᠧᠮ | ᠲᠠᠢ ᠰᠢᠢᠳᠪᠦᠷᠢᠯᠡᠨ᠎ᠡ᠃ ᠡᠭᠦᠨ ᠳᠤ 3 ᠲᠠᠯ᠎ᠠ ᠪᠠᠷ ᠬᠤᠷᠢᠶᠠᠩᠭᠤᠶᠢᠯᠠᠵᠤ ᠪᠣᠯᠣᠨ᠎ᠠ᠄ | ᠨᠢᠭᠡ ᠳᠤ᠂ ᠬᠢᠷᠢ ᠭᠡᠮ ᠦᠭᠡᠢ ᠪᠠ ᠠᠮᠤᠷ ᠲᠦᠪᠰᠢᠨ ᠤ ᠳᠠᠯᠳᠠ ᠰᠣᠭᠤᠭ ᠲᠠᠢ ᠪᠣᠯᠪᠠᠰᠤᠷᠠᠭᠤᠯᠤᠯ ᠤᠨ | ᠪᠠᠶᠢᠭᠤᠯᠤᠮᠵᠢ ᠳᠤ ᠵᠠᠰᠠᠯᠲᠠ ᠴᠡᠭᠴᠡᠯᠡᠯᠲᠡ ᠬᠢᠵᠦ᠂ ᠰᠤᠷᠤᠭᠴᠢᠳ ᠤᠨ ᠠᠮᠤᠷ ᠲᠦᠪᠰᠢᠨ ᠢ ᠪᠠᠲᠤᠯᠠᠬᠤ ᠶᠢ | ᠲᠡᠷᠢᠭᠦᠨ ᠴᠢᠬᠤᠯᠠ ᠪᠠᠶᠢᠷᠢᠨ ᠳᠤ ᠲᠠᠯᠪᠢᠨ᠎ᠠ᠃ ᠬᠦᠨᠳᠦ ᠶᠡᠭᠡ ᠠᠮᠤᠷ ᠲᠦᠪᠰᠢᠨ ᠤ ᠳᠠᠯᠳᠠ ᠬᠡᠮ ᠰᠣᠭᠤᠭ | ᠣᠷᠣᠰᠢᠵᠤ ᠪᠠᠶᠢᠭ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠡᠷᠡ ᠳᠠᠷᠤᠢ ᠳᠤ ᠨᠢ | ᠡᠷᠬᠢᠯᠡᠬᠦ ᠶᠢ ᠨᠢ ᠵᠣᠭᠰᠣᠭᠠᠵᠤ ᠵᠠᠰᠠᠨ ᠴᠡᠭᠴᠡᠯᠡᠬᠦ ᠬᠡᠷᠡᠭᠲᠡᠢ᠃ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠭᠡᠷᠡᠴᠢ | ᠣᠯᠤᠭ᠎ᠠ ᠦᠭᠡᠢ ᠮᠥᠷᠲᠡᠭᠡᠨ ᠡᠵᠡᠩᠨᠡᠯᠲᠡ ᠶᠢᠨ ᠦᠨᠡᠮᠯᠡᠯ ︵ᠠᠵᠢᠯ ᠦᠢᠯᠡᠰ ᠤᠨ ᠨᠢᠭᠡᠴᠢ ᠶᠢᠨ ᠬᠠᠤᠯᠢ ᠶᠢᠨ | ᠡᠷᠬᠡᠲᠡᠨ ᠤ ᠦᠨᠡᠮᠯᠡᠯ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠳᠠᠩᠰᠠᠯᠠᠭᠤᠯᠤᠭᠰᠠᠨ | ᠦᠨᠡᠮᠯᠡᠯ︶ ᠣᠯᠤᠭ᠎ᠠ ᠦᠭᠡᠢ ᠪᠣᠯᠪᠠᠴᠤ ᠦᠨᠡᠮᠯᠡᠯ ᠭᠦᠢᠴᠡᠳᠬᠡᠬᠦ ᠨᠥᠬᠦᠴᠡᠯ ᠪᠦᠷᠢᠳᠦᠭᠦᠯᠦᠭᠰᠡᠨ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ᠂ ᠬᠠᠤᠯᠢ ᠶᠣᠰᠣᠭᠠᠷ ᠬᠠᠮᠢᠶ᠎ᠠ ᠪᠦᠬᠦᠢ ᠦᠨᠡᠮᠯᠡᠯ ᠭᠦᠢᠴᠡᠳᠬᠡᠬᠦ | ᠵᠢᠯᠣᠭᠤᠳᠤᠯᠭ᠎ᠠ ᠬᠢᠬᠦ ᠬᠡᠷᠡᠭᠲᠡᠢ︔ ᠦᠨᠡᠮᠯᠡᠯ ᠭᠦᠢᠴᠡᠳᠬᠡᠬᠦ ᠨᠥᠬᠦᠴᠡᠯ ᠳᠤ ᠨᠡᠶᠢᠴᠡᠬᠦ ᠦᠭᠡᠢ ᠪᠣᠯ᠂ ᠬᠠᠤᠯᠢ | ᠶᠣᠰᠣᠭᠠᠷ ᠵᠠᠷᠯᠢᠭᠳᠠᠵᠤ ᠰᠤᠷᠭᠠᠭᠤᠯᠢ ᠡᠷᠬᠢᠯᠡᠬᠦ ᠶᠢ ᠨᠢ ᠵᠣᠭᠰᠣᠭᠠᠬᠤ ᠶᠢᠨ ᠬᠠᠮᠲᠤ ᠪᠣᠯᠪᠠᠰᠤᠷᠠᠭᠤᠯᠤᠯ ᠳᠤ | ᠣᠷᠣᠯᠴᠠᠭᠰᠠᠨ ᠰᠤᠷᠤᠭᠴᠢᠳ ᠢ ᠵᠣᠬᠢᠰᠲᠠᠢ ᠲᠣᠬᠢᠷᠠᠭᠤᠯᠬᠤ ᠬᠡᠷᠡᠭᠲᠡᠢ᠃ ᠡᠵᠡᠩᠨᠡᠯᠲᠡ ᠶᠢᠨ ᠦᠨᠡᠮᠯᠡᠯ ︵ᠠᠵᠢᠯ | ᠦᠢᠯᠡᠰ ᠤᠨ ᠨᠢᠭᠡᠴᠢ ᠶᠢᠨ ᠬᠠᠤᠯᠢ ᠶᠢᠨ ᠡᠷᠬᠡᠲᠡᠨ ᠤ ᠦᠨᠡᠮᠯᠡᠯ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ | ᠪᠤᠰᠤ ᠨᠢᠭᠡᠴᠢ ᠶᠢᠨ ᠳᠠᠩᠰᠠᠯᠠᠭᠤᠯᠤᠭᠰᠠᠨ ᠦᠨᠡᠮᠯᠡᠯ︶ ᠠᠪᠤᠭᠰᠠᠨ ᠪᠣᠯᠪᠠᠴᠤ ᠰᠤᠷᠭᠠᠭᠤᠯᠢ ᠡᠷᠬᠢᠯᠡᠬᠦ | ᠵᠥᠪᠰᠢᠶᠡᠷᠡᠯ ᠤᠨ ᠭᠡᠷᠡᠴᠢ ᠬᠠᠷᠠᠬᠠᠨ ᠣᠯᠣᠭᠠᠳᠤᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠨᠢ ᠭᠡᠷᠡᠴᠢ ᠭᠦᠢᠴᠡᠳᠬᠡᠬᠦ ᠨᠥᠬᠦᠴᠡᠯ ᠪᠦᠷᠢᠳᠦᠭᠦᠯᠦᠭᠰᠡᠨ ᠪᠣᠯ ᠲᠡᠭᠦᠨ ᠢ ᠵᠢᠯᠣᠭᠤᠳᠤᠨ ᠭᠡᠷᠡᠴᠢ | ᠭᠦᠢᠴᠡᠳᠬᠡᠯᠭᠡᠬᠦ ᠬᠡᠷᠡᠭᠲᠡᠢ︔ ᠭᠡᠷᠡᠴᠢ ᠭᠦᠢᠴᠡᠳᠬᠡᠬᠦ ᠨᠥᠬᠦᠴᠡᠯ ᠢ ᠪᠦᠷᠢᠳᠦᠭᠦᠯᠦᠭᠡ ᠦᠭᠡᠢ ᠪᠣᠯ ᠲᠡᠭᠦᠨ ᠤ | ᠡᠵᠡᠩᠨᠡᠯᠲᠡ ︵ᠲᠤᠬᠠᠶᠢᠯᠠᠭᠰᠠᠨ ᠠᠵᠢᠯ︶ ᠶᠢᠨ ᠬᠡᠪᠴᠢᠶᠡᠨ ᠳᠣᠲᠣᠷ᠎ᠠ ᠪᠠᠨ ᠲᠤᠬᠠᠶᠢᠯᠠᠭᠰᠠᠨ ᠠᠵᠢᠯ ᠢᠶᠠᠨ | ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠡᠷᠬᠢᠯᠡᠵᠦ ᠪᠣᠯᠬᠤ ᠦᠭᠡᠢ ᠭᠡᠵᠦ ᠵᠠᠷᠯᠢᠭᠳᠠᠬᠤ ᠬᠡᠷᠡᠭᠲᠡᠢ᠃ | ᠬᠤᠶᠠᠷ ᠲᠤ᠂ ᠲᠣᠭᠠᠨ ᠤ ᠤᠬᠠᠭᠠᠨ᠂ ᠬᠡᠯᠡ ᠪᠢᠴᠢᠭ ᠵᠡᠷᠭᠡ ᠬᠢᠴᠢᠶᠡᠯ ᠬᠥᠮᠥᠵᠢᠯ ᠤᠨ ᠲᠥᠷᠥᠯ ᠢ | ᠬᠥᠲᠥᠯᠪᠦᠷᠢ ᠠᠴᠠ ᠳᠠᠪᠠᠭᠤᠯᠤᠨ ᠵᠢᠭᠠᠬᠤ᠂ ᠬᠡᠲᠦᠷᠬᠡᠢ ᠤᠷᠢᠳᠴᠢᠯᠠᠭᠤᠯᠤᠨ ᠰᠤᠷᠬᠤ ᠵᠡᠷᠭᠡ ︽ᠰᠢᠯᠭᠠᠯᠲᠠ ᠶᠢ | ᠠᠷᠭᠠᠴᠠᠭᠠᠬᠤ︾ ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠠᠰᠠᠵᠤ᠂ ᠰᠤᠷᠤᠭᠴᠢᠳ ᠤᠨ ᠰᠤᠷᠭᠠᠭᠤᠯᠢ ᠶᠢᠨ | ᠭᠠᠳᠠᠨᠠᠬᠢ ᠳᠠᠷᠤᠭᠠᠰᠤ ᠶᠢ ᠬᠥᠩᠭᠡᠷᠡᠭᠦᠯᠬᠦ ᠶᠢ ᠬᠠᠮᠤᠭ ᠤᠨ ᠲᠣᠪᠣᠶᠢᠮ᠎ᠠ ᠪᠠᠶᠢᠷᠢᠨ ᠳᠤ ᠲᠠᠯᠪᠢᠨ᠎ᠠ᠃ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠴᠢᠶᠡᠯ ᠬᠥᠮᠥᠵᠢᠯ ᠤᠨ ᠲᠥᠷᠥᠯ ᠤᠨ ᠪᠣᠯᠪᠠᠰᠤᠷᠠᠭᠤᠯᠤᠯ ︵ | ᠭᠤᠣᠯᠳᠠᠭᠤ ᠬᠡᠯᠡ ᠪᠢᠴᠢᠭ᠂ ᠲᠣᠭᠠᠨ ᠤ ᠤᠬᠠᠭᠠᠨ ᠵᠡᠷᠭᠡ ᠶᠢ ᠵᠢᠭᠠᠨ᠎ᠠ︶ ᠥᠷᠨᠢᠭᠦᠯᠬᠦ ᠶᠠᠪᠤᠴᠠ ᠳᠤ ᠢᠯᠡᠷᠡᠭᠰᠡᠨ ︽ | ᠬᠥᠲᠥᠯᠪᠦᠷᠢ ᠠᠴᠠ ᠳᠠᠪᠠᠭᠰᠠᠨ ᠵᠢᠭᠠᠨ ᠰᠤᠷᠭᠠᠯᠲᠠ︾᠂ ︽ᠤᠷᠢᠳᠴᠢᠯᠠᠭᠤᠯᠤᠭᠰᠠᠨ ᠵᠢᠭᠠᠨ ᠰᠤᠷᠭᠠᠯᠲᠠ︾᠂ ︽ | ᠰᠢᠯᠭᠠᠯᠲᠠ ᠶᠢ ᠠᠷᠭᠠᠴᠠᠭᠠᠬᠤ ᠶᠢ ᠴᠢᠩᠭᠠᠷᠠᠭᠤᠯᠬᠤ︾ ᠵᠡᠷᠭᠡ ᠡᠷᠡᠭᠦᠯ ᠪᠤᠰᠤ ᠠᠵᠢᠯᠯᠠᠭ᠎ᠠ ᠶᠢ ᠡᠷᠡᠰ ᠵᠠᠯᠠᠷᠠᠭᠤᠯᠤᠨ᠎ᠠ︔ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨ ᠬᠢᠴᠢᠶᠡᠯ ᠬᠥᠮᠥᠵᠢᠯ ᠤᠨ | ᠪᠣᠯᠪᠠᠰᠤᠷᠠᠭᠤᠯᠤᠯ ᠥᠷᠨᠢᠭᠦᠯᠬᠦ ᠠᠩᠭᠢ ᠤᠳᠠᠭ᠎ᠠ᠂ ᠠᠭᠤᠯᠭ᠎ᠠ᠂ ᠡᠯᠰᠡᠭᠦᠯᠬᠦ ᠡᠲᠡᠭᠡᠳ᠂ ᠬᠢᠴᠢᠶᠡᠯ ᠣᠷᠣᠬᠤ ᠴᠠᠭ | ᠵᠡᠷᠭᠡ ᠪᠠᠨ ᠪᠠᠶᠢᠭ᠎ᠠ ᠭᠠᠵᠠᠷ ᠤᠨ ᠢᠶᠠᠨ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ | ᠲᠡᠮᠳᠡᠭᠯᠡᠭᠦᠯᠦᠨ ᠳᠠᠩᠰᠠᠯᠠᠭᠤᠯᠬᠤ ᠶᠢᠨ ᠬᠠᠮᠲᠤ ᠨᠡᠶᠢᠭᠡᠮ ᠳᠤ ᠵᠠᠷᠯᠠᠨ ᠨᠡᠶᠢᠲᠡᠯᠡᠬᠦ ᠬᠡᠷᠡᠭᠲᠡᠢ᠃ ᠰᠤᠷᠭᠠᠭᠤᠯᠢ ᠶᠢᠨ | ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠢ | ᠵᠣᠬᠢᠶᠠᠨ ᠪᠠᠶᠢᠭᠤᠯᠵᠤ ᠵᠡᠷᠭᠡ ᠳᠡᠰ ᠤᠨ ᠰᠢᠯᠭᠠᠯᠲᠠ ᠵᠢᠴᠢ ᠣᠷᠤᠯᠳᠤᠭᠠᠨ ᠶᠠᠪᠤᠭᠤᠯᠬᠤ ᠶᠢ ᠴᠢᠩᠭ᠎ᠠ ᠬᠢᠵᠠᠭᠠᠷᠯᠠᠵᠤ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠣᠯᠪᠠᠰᠤᠷᠠᠭᠤᠯᠤᠭᠰᠠᠨ ᠦᠷ᠎ᠡ ᠳ᠋ᠦᠩ | ᠬᠢᠭᠡᠳ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠨ ᠰᠤᠷᠭᠠᠭᠤᠯᠢ ᠳᠤ ᠣᠷᠣᠬᠤ ᠲᠠᠢ | ᠬᠤᠯᠪᠣᠭᠳᠠᠭᠤᠯᠬᠤ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ ᠬᠤᠯᠪᠣᠭᠳᠠᠯ ᠪᠦᠬᠦᠢ ᠪᠠᠶᠢᠭᠤᠯᠤᠮᠵᠢ ᠪᠠ | ᠬᠤᠯᠪᠣᠭᠳᠠᠯ ᠪᠦᠬᠦᠢ ᠬᠥᠮᠥᠰ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠭᠤᠷᠪᠠ ᠳᠤ᠂ ᠰᠤᠷᠭᠠᠭᠤᠯᠢ ᠪᠠ ᠪᠠᠭᠰᠢ ᠶᠢᠨ ᠳᠤᠮᠳᠠ ᠣᠷᠣᠰᠢᠵᠤ ᠪᠠᠶᠢᠭ᠎ᠠ ᠡᠷᠡᠭᠦᠯ ᠪᠤᠰᠤ ᠰᠤᠷᠭᠠᠨ | ᠬᠥᠮᠥᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠴᠡᠭᠴᠡᠯᠡᠨ ᠵᠠᠰᠠᠵᠤ᠂ ᠰᠤᠷᠭᠠᠭᠤᠯᠢ ᠪᠠ ᠪᠠᠭᠰᠢ ᠶᠢᠨ | ᠬᠠᠮᠢᠶᠠᠷᠤᠯᠲᠠ ᠶᠢ ᠴᠢᠩᠭᠠᠳᠬᠠᠬᠤ ᠶᠢ ᠨᠡᠩ ᠴᠢᠬᠤᠯᠠ ᠪᠠᠶᠢᠷᠢᠨ ᠳᠤ ᠲᠠᠯᠪᠢᠨ᠎ᠠ᠃ ᠬᠠᠤᠯᠢ ᠶᠣᠰᠣᠭᠠᠷ ᠰᠤᠷᠭᠠᠨ | ᠬᠥᠮᠥᠵᠢᠯ ᠢ ᠴᠢᠩᠭ᠎ᠠ ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠵᠠᠷᠢᠮ ᠳᠤᠮᠳᠠᠳᠤ ᠪᠠᠭ᠎ᠠ ᠰᠤᠷᠭᠠᠭᠤᠯᠢ ᠳᠤ ᠣᠷᠣᠰᠢᠵᠤ | ᠪᠠᠶᠢᠭ᠎ᠠ ︽ᠡᠬᠢᠯᠡᠯᠲᠡ ᠶᠢᠨ ᠪᠤᠰᠤ ᠵᠢᠭᠠᠨ ᠰᠤᠷᠭᠠᠯᠲᠠ︾ ᠶᠢᠨ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠵᠦ᠂ | ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ︔ ᠠᠵᠢᠯ ᠤᠨ ᠪᠠᠶᠢᠷᠢ ᠳᠤ | ᠪᠠᠶᠢᠭ᠎ᠠ ᠣᠨᠴᠠ ᠵᠠᠷᠢᠮ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠴᠢᠶᠡᠯ ᠳᠡᠭᠡᠷ᠎ᠡ ᠶᠠᠷᠢᠬᠤ ᠦᠭᠡᠢ ᠬᠠᠷᠢᠨ | ᠬᠢᠴᠢᠶᠡᠯ ᠤᠨ ᠳᠠᠷᠠᠭ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠣᠴᠢᠵᠤ | ᠶᠠᠷᠢᠬᠤ ᠶᠢᠨ ᠬᠠᠮᠲᠤ᠂ ᠰᠤᠷᠤᠭᠴᠢᠳ ᠢ ᠥᠳᠥᠭᠡᠬᠦ ᠪᠤᠶᠤ ᠰᠢᠬᠠᠮᠳᠠᠭᠤᠯᠵᠤ ᠪᠠᠶᠢᠭᠠᠳ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠪᠣᠯᠪᠠᠰᠤᠷᠠᠭᠤᠯᠤᠯ ᠳᠤ ᠣᠷᠣᠯᠴᠠᠭᠤᠯᠬᠤ ᠠᠵᠢᠯᠯᠠᠭ᠎ᠠ ᠶᠢ ᠡᠷᠡᠰ | ᠪᠠᠶᠢᠴᠠᠭᠠᠨ ᠰᠢᠢᠳᠪᠦᠷᠢᠯᠡᠵᠦ᠂ ᠪᠠᠶᠢᠴᠠᠭᠠᠨ ᠲᠣᠳᠣᠯᠠᠭᠰᠠᠨ ᠤ ᠳᠠᠷᠠᠭ᠎ᠠ᠂ ᠪᠦᠬᠦᠨ ᠢ ᠬᠠᠤᠯᠢ ᠶᠣᠰᠣᠭᠠᠷ ᠴᠢᠩᠭ᠎ᠠ | ᠰᠢᠳᠭᠡᠵᠦ᠂ ᠴᠢᠨᠠᠭᠰᠢᠯᠠᠪᠠᠯ ᠪᠠᠭᠰᠢ ᠶᠢᠨ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃ | ᠳᠥᠷᠪᠡ᠂ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢᠨ ᠠᠵᠢᠯᠯᠠᠭ᠎ᠠ ᠶᠢᠨ ᠠᠵᠢᠯ ᠤᠨ ᠬᠤᠪᠢᠶᠠᠷᠢᠯᠠᠯ | ᠪᠠ ᠠᠯᠬᠤᠮ ᠳᠠᠷᠠᠭ᠎ᠠ ᠨᠢ ᠶᠠᠮᠠᠷ ᠪᠣᠢ︖ | ᠬᠠᠷᠢᠭᠤᠯᠲᠠ᠄ ᠲᠤᠰᠬᠠᠢ ᠵᠦᠢᠯ ᠤᠨ ᠵᠠᠰᠠᠯᠲᠠ ᠶᠢᠨ ᠠᠵᠢᠯ ᠢ ᠡᠯ᠎ᠡ ᠱᠠᠲᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠲᠦᠷᠦᠭᠦᠯᠡᠵᠦ᠂ ᠳᠥᠷᠪᠡᠨ ᠰᠠᠯᠠᠭ᠎ᠠ ᠮᠥᠴᠢᠷ ᠬᠠᠮᠲᠤᠷᠠᠨ ᠠᠵᠢᠯ ᠤᠨ ᠲᠣᠭᠲᠠᠯᠴᠠᠭ᠎ᠠ ᠶᠢ ᠪᠠᠶᠢᠭᠤᠯᠤᠨ᠂ ᠰᠢᠶᠠᠨ ᠤ | ᠱᠠᠲᠤᠨ ᠠᠴᠠ ᠪᠣᠳᠠᠲᠠᠢ ᠵᠠᠰᠠᠯᠲᠠ ᠬᠢᠵᠦ᠂ ᠳᠤᠮᠳᠠᠳᠤ ᠪᠠᠭ᠎ᠠ ᠰᠤᠷᠭᠠᠭᠤᠯᠢ ᠢᠳᠡᠪᠬᠢᠲᠡᠢ ᠬᠠᠮᠵᠢᠯᠴᠠᠬᠤ ᠠᠷᠭ᠎ᠠ | ᠬᠡᠯᠪᠡᠷᠢ ᠪᠠᠷ ᠠᠬᠢᠭᠤᠯᠤᠨ᠎ᠠ᠃ ᠪᠣᠳᠠᠲᠠᠢ ᠪᠠᠷ ᠭᠤᠷᠪᠠᠨ ᠱᠠᠲᠤ ᠬᠤᠪᠢᠶᠠᠨ ᠶᠠᠪᠤᠭᠤᠯᠤᠨ᠎ᠠ᠄ | ᠨᠢᠭᠡᠳᠦᠭᠡᠷ ᠱᠠᠲᠤ᠂ ᠪᠦᠬᠦ ᠲᠠᠯ᠎ᠠ ᠪᠠᠷ ᠪᠠᠶᠢᠷᠢᠯᠠᠭᠤᠯᠬᠤ ᠪᠠ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠨ᠎ᠠ᠃ | ᠡᠯ᠎ᠡ ᠭᠠᠵᠠᠷ ᠤᠨ ᠬᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠰᠤᠷᠭᠠᠨ | ᠬᠥᠮᠥᠵᠢᠯ᠂ ᠠᠷᠠᠳ ᠤᠨ ᠶᠠᠪᠤᠳᠠᠯ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ | ᠦᠢᠯᠡᠳᠪᠦᠷᠢ ᠬᠤᠳᠠᠯᠳᠤᠭ᠎ᠠ ᠪᠠ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠵᠡᠷᠭᠡ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠣᠷᠣᠯᠴᠠᠭᠰᠠᠨ ᠮᠤᠵᠢ᠂ ᠬᠤᠲᠠ᠂ ᠰᠢᠶᠠᠨ ᠭᠤᠷᠪᠠᠨ ᠱᠠᠲᠤᠨ ᠤ ᠠᠵᠢᠯ ᠤᠨ ᠲᠣᠭᠲᠠᠯᠴᠠᠭ᠎ᠠ ᠶᠢ | ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ᠂ ᠭᠠᠯ ᠢ ᠰᠡᠷᠭᠡᠶᠢᠯᠡᠬᠦ᠂ ᠬᠤᠲᠠ ᠶᠢᠨ ᠬᠠᠮᠢᠶᠠᠷᠤᠯᠲᠠ ᠪᠠ ᠰᠢᠶᠠᠩ | ᠪᠠᠯᠭᠠᠰᠤ ︵ᠵᠡᠭᠡᠯᠢ ᠭᠤᠳᠤᠮᠵᠢ︶ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠣᠷ ᠲᠠᠲᠠᠬᠤ | ᠮᠠᠶ᠋ᠢᠭ ᠤᠨ ᠵᠢᠭᠰᠠᠭᠠᠨ ᠪᠠᠶᠢᠴᠠᠭᠠᠯᠲᠠ ᠶᠢ ᠪᠠᠶᠢᠷᠢᠯᠠᠭᠤᠯᠤᠨ ᠥᠷᠨᠢᠭᠦᠯᠵᠦ᠂ ᠴᠣᠬᠤᠮ ᠪᠠᠶᠢᠳᠠᠯ ᠢ ᠣᠶᠢᠯᠠᠭᠠᠨ | ᠲᠣᠳᠣᠯᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠰᠤᠷᠤᠭᠴᠢ ᠨᠢᠭᠡᠪᠦᠷᠢ ᠶᠢᠨ ᠰᠤᠷᠭᠠᠭᠤᠯᠢ ᠶᠢᠨ ᠭᠠᠳᠠᠨᠠᠬᠢ | ᠬᠢᠴᠢᠶᠡᠯ ᠬᠥᠮᠥᠵᠢᠯ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠨᠡᠷ᠎ᠡ ᠮᠡᠳᠡᠭᠦᠯᠦᠨ ᠣᠷᠣᠯᠴᠠᠭᠰᠠᠨ | ᠪᠠᠶᠢᠳᠠᠯ ᠢ ᠪᠦᠬᠦ ᠲᠠᠯ᠎ᠠ ᠪᠠᠷ ᠨᠡᠶᠢᠳᠡᠮ ᠳᠤ ᠨᠢ ᠳᠠᠩᠰᠠᠯᠠᠨ ᠲᠡᠮᠳᠡᠭᠯᠡᠵᠦ᠂ ᠲᠤᠰᠬᠠᠢ ᠵᠦᠢᠯ ᠤᠨ ᠵᠠᠰᠠᠯᠲᠠ | ᠴᠡᠭᠴᠡᠯᠡᠯᠲᠡ ᠶᠢᠨ ᠠᠵᠢᠯᠯᠠᠭ᠎ᠠ ᠳᠤ ᠰᠠᠭᠤᠷᠢ ᠲᠣᠭᠠᠨ ᠤ ᠯᠠᠪᠯᠠᠯᠲᠠ ᠬᠠᠩᠭᠠᠨ᠎ᠠ᠃ 2018 ᠣᠨ ᠤ 6 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | ᠬᠤᠶᠠᠳᠤᠭᠠᠷ ᠱᠠᠲᠤ᠂ ᠰᠠᠯᠠᠭ᠎ᠠ ᠮᠥᠴᠢᠷ ᠤᠳ ᠬᠤᠯᠪᠣᠭᠠᠯᠠᠵᠤ ᠲᠥᠪᠯᠡᠷᠡᠭᠦᠯᠦᠭᠰᠡᠨ ᠵᠠᠰᠠᠯᠲᠠ ᠴᠡᠭᠴᠡᠯᠡᠯᠲᠡ | ᠥᠷᠨᠢᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠬᠢᠨ ᠬᠠᠮᠵᠢᠯᠴᠠᠨ ᠲᠥᠪᠯᠡᠷᠡᠭᠦᠯᠦᠭᠰᠡᠨ ᠵᠠᠰᠠᠯᠲᠠ ᠴᠡᠭᠴᠡᠯᠡᠯᠲᠡ | ᠥᠷᠨᠢᠭᠦᠯᠵᠦ᠂ ᠵᠢᠷᠭᠤᠭᠠᠨ ᠲᠥᠷᠥᠯ ᠤᠨ ᠡᠷᠡᠭᠦᠯ ᠪᠤᠰᠤ ᠠᠵᠢᠯᠯᠠᠭ᠎ᠠ ᠶᠢ ᠪᠦᠬᠦ ᠲᠠᠯ᠎ᠠ ᠪᠠᠷ ᠵᠠᠰᠠᠨ ᠵᠠᠯᠠᠷᠠᠭᠤᠯᠤᠨ᠎ᠠ᠃ | ᠰᠢᠶᠠᠨ ᠤ ᠱᠠᠲᠤᠨ ᠤ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠰᠤᠷᠤᠭᠴᠢᠳ ᠤᠨ | ᠬᠢᠴᠢᠶᠡᠯ ᠤᠨ ᠭᠠᠳᠠᠨᠠᠬᠢ ᠳᠠᠷᠤᠭᠠᠰᠤ ᠶᠢ ᠨᠡᠮᠡᠭᠳᠡᠭᠦᠯᠵᠦ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠪᠠ ᠪᠠᠭᠰᠢ ᠲᠠᠢ | ᠬᠤᠯᠪᠣᠭᠳᠠᠯ ᠪᠦᠬᠦᠢ ᠡᠷᠡᠭᠦᠯ ᠪᠤᠰᠤ ᠠᠵᠢᠯᠯᠠᠭ᠎ᠠ ᠳᠤ ᠵᠠᠰᠠᠯᠲᠠ ᠬᠢᠬᠦ ᠶᠢ ᠬᠠᠷᠢᠭᠤᠴᠠᠨ᠎ᠠ᠃ 2018 ᠣᠨ ᠤ | ᠡᠴᠦᠰ ᠠᠴᠠ ᠡᠮᠦᠨ᠎ᠡ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | ᠭᠤᠷᠪᠠᠳᠤᠭᠠᠷ ᠱᠠᠲᠤ᠂ ᠵᠠᠰᠠᠯᠲᠠ ᠴᠡᠭᠴᠡᠯᠡᠯᠲᠡ ᠬᠢᠭᠰᠡᠨ ᠦᠷ᠎ᠡ ᠪᠦᠲᠦᠮᠵᠢ ᠶᠢ ᠪᠠᠲᠤᠳᠬᠠᠨ᠎ᠠ᠃ ᠬᠠᠷ᠎ᠠ | ᠴᠠᠭᠠᠨ ᠳᠠᠩᠰᠠ ᠶᠢᠨ ᠳᠦᠷᠢᠮ ᠢ ᠪᠠᠶᠢᠭᠤᠯᠤᠨ᠎ᠠ᠃ ᠰᠢᠶᠠᠨ ᠤ ᠱᠠᠲᠤᠨ ᠤ ᠰᠤᠷᠭᠠᠨ ᠬᠥᠮᠥᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠦᠷᠦᠭᠦᠯᠡᠨ ︽ᠴᠠᠭᠠᠨ ᠳᠠᠩᠰᠠ︾ ᠪᠠᠶᠢᠭᠤᠯᠵᠤ᠂ ᠡᠷᠡᠭᠦᠯ ᠪᠤᠰᠤ ᠠᠵᠢᠯᠯᠠᠭ᠎ᠠ ᠲᠠᠢ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠨᠡᠷᠡᠰ ᠢ ᠵᠠᠷᠯᠠᠨ ᠨᠡᠶᠢᠲᠡᠯᠡᠵᠦ᠂ ︽ᠬᠠᠷ᠎ᠠ | ᠳᠠᠩᠰᠠ︾ ᠪᠠᠶᠢᠭᠤᠯᠤᠨ᠂ ᠠᠮᠤᠷ ᠲᠦᠪᠰᠢᠨ ᠤ ᠳᠠᠯᠳᠠ ᠬᠡᠮ ᠰᠣᠭᠤᠭ ᠲᠠᠢ᠂ ᠬᠢᠷᠢ ᠭᠡᠮ ᠦᠭᠡᠢ ᠪᠠ ᠡᠷᠡᠭᠦᠯ | ᠪᠤᠰᠤ ᠠᠵᠢᠯᠯᠠᠭ᠎ᠠ ᠦᠭᠡᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠨᠡᠷᠡᠰ ᠢ ᠵᠠᠷᠯᠠᠨ | ᠨᠡᠶᠢᠲᠡᠯᠡᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠬᠠᠮᠲᠤᠷᠠᠨ ᠡᠯ᠎ᠡ ᠮᠤᠵᠢ ᠳᠤ᠂ ᠡᠯ᠎ᠡ ᠮᠤᠵᠢ ᠶᠢᠨ ᠵᠣᠬᠢᠶᠠᠨ ᠪᠠᠶᠢᠭᠤᠯᠤᠯᠲᠠ ᠶᠢᠨ ᠬᠢᠨ ᠭᠠᠵᠠᠷ ᠬᠤᠲᠠ | ᠰᠢᠶᠠᠨ ᠤ ᠠᠵᠢᠯ ᠤᠨ ᠦᠷ᠎ᠡ ᠪᠦᠲᠦᠮᠵᠢ ᠳᠤ ᠰᠤᠭᠤᠴᠢᠨ ᠪᠠᠶᠢᠴᠠᠭᠠᠯᠲᠠ ᠬᠢᠵᠦ᠂ 2019 ᠣᠨ ᠤ 6 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ | ᠲᠠᠪᠤ᠂ ᠲᠤᠰᠬᠠᠢ ᠵᠦᠢᠯ ᠤᠨ ᠵᠠᠰᠠᠯᠲᠠ ᠴᠡᠭᠴᠡᠯᠡᠯᠲᠡ ᠶᠢᠨ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠶᠢ | ᠬᠡᠷᠬᠢᠨ ᠪᠠᠲᠤᠯᠠᠬᠤ ᠪᠣᠢ︖ | ᠬᠠᠷᠢᠭᠤᠯᠲᠠ᠄ ᠲᠤᠰᠬᠠᠢ ᠵᠦᠢᠯ ᠤᠨ ᠵᠠᠰᠠᠯᠲᠠ ᠴᠡᠭᠴᠡᠯᠡᠯᠲᠡ ᠶᠢᠨ ᠠᠵᠢᠯᠯᠠᠭ᠎ᠠ ᠶᠢ ᠥᠷᠨᠢᠭᠦᠯᠬᠦ ᠨᠢ ᠬᠦᠨᠳᠦ | ᠴᠢᠬᠤᠯᠠ ᠪᠠᠶᠢᠵᠤ᠂ ᠲᠦᠮᠡ ᠮᠢᠩᠭᠠᠨ ᠵᠦᠢᠯ ᠲᠠᠢ ᠬᠤᠯᠪᠣᠭᠳᠠᠵᠤ ᠪᠠᠶᠢᠳᠠᠭ ᠪᠣᠯᠬᠤᠷ᠂ ᠡᠷᠬᠡᠪᠰᠢ ᠨᠠᠷᠢᠨ ᠨᠢᠭᠲᠠ᠂ | ᠯᠠᠪᠳᠠᠭᠤᠨ ᠪᠠᠲᠤᠲᠠᠢ ᠪᠠᠷ ᠠᠬᠢᠭᠤᠯᠬᠤ ᠬᠡᠷᠡᠭᠲᠡᠢ᠃ ᠡᠯ᠎ᠡ ᠭᠠᠵᠠᠷ ᠤᠨ ᠬᠢᠨ ᠲᠠᠪᠤᠨ ᠲᠠᠯ᠎ᠠ ᠠᠴᠠ ᠠᠵᠢᠯ ᠢᠶᠠᠨ | ᠰᠠᠶᠢᠲᠤᠷ ᠬᠢᠬᠦ ᠬᠡᠷᠡᠭᠲᠡᠢ᠄ | ᠨᠢᠭᠡ ᠳᠤ᠂ ᠲᠤᠰᠬᠠᠢ ᠵᠦᠢᠯ ᠤᠨ ᠵᠠᠰᠠᠯᠲᠠ ᠴᠡᠭᠴᠡᠯᠡᠯᠲᠡ ᠶᠢᠨ ᠠᠵᠢᠯ ᠤᠨ ᠲᠥᠰᠥᠯ ᠢ ᠬᠢᠨᠠᠮᠠᠭᠠᠢ | ᠲᠣᠭᠲᠠᠭᠠᠵᠤ᠂ ᠬᠢᠨᠠᠨ ᠵᠥᠪᠰᠢᠶᠡᠷᠡᠬᠦ᠂ ᠪᠦᠷᠢᠳᠬᠡᠨ ᠳᠠᠩᠰᠠᠯᠠᠬᠤ᠂ ᠲᠡᠮᠳᠡᠭᠯᠡᠬᠦ ᠵᠡᠷᠭᠡ ᠪᠠᠷᠢᠮᠵᠢᠶ᠎ᠠ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠵᠦ᠂ ᠵᠠᠰᠠᠯᠲᠠ ᠴᠡᠭᠴᠡᠯᠡᠯᠲᠡ ᠬᠢᠬᠦ ᠠᠯᠬᠤᠮ ᠳᠠᠷᠠᠭ᠎ᠠ ᠶᠢ ᠲᠣᠳᠣᠷᠬᠠᠶᠢᠯᠠᠨ᠂ ᠠᠵᠢᠯ ᠤᠨ | ᠬᠤᠪᠢᠶᠠᠷᠢᠯᠠᠯ ᠢ ᠨᠠᠷᠢᠯᠢᠭᠵᠢᠭᠤᠯᠵᠤ᠂ ᠰᠠᠯᠠᠭ᠎ᠠ ᠮᠥᠴᠢᠷ ᠤᠳ ᠤᠨ ᠬᠠᠷᠢᠭᠤᠴᠠᠯᠭ᠎ᠠ ᠶᠢ ᠪᠣᠳᠠᠲᠠᠢ ᠪᠠᠷ ᠲᠣᠭᠲᠠᠭᠠᠵᠤ᠂ | ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠬᠤᠶᠠᠷ ᠲᠤ᠂ ᠰᠠᠯᠠᠭ᠎ᠠ ᠮᠥᠴᠢᠷ ᠤᠳ ᠤᠨ ᠠᠵᠢᠯ ᠤᠨ ᠬᠤᠯᠪᠣᠭᠠᠯᠠᠯ᠂ ᠴᠠᠭ ᠤᠨ ᠪᠠᠶᠢᠳᠠᠯ ᠤᠨ | ᠰᠤᠳᠤᠯᠤᠯᠲᠠ ᠮᠠᠭᠠᠳᠯᠠᠯᠲᠠ ᠪᠠ ᠪᠠᠴᠢᠮ ᠪᠠᠶᠢᠳᠠᠯ ᠢ ᠠᠷᠭᠠᠴᠠᠭᠠᠵᠤ ᠬᠠᠷᠢᠭᠤ ᠲᠤᠰᠬᠠᠬᠤ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠢ ᠵᠣᠬᠢᠰᠲᠠᠢ ᠰᠢᠢᠳᠪᠦᠷᠢᠯᠡᠨ᠂ ᠨᠡᠶᠢᠭᠡᠮ ᠤᠨ ᠲᠣᠭᠲᠠᠭᠤᠨ ᠢ | ᠬᠠᠮᠠᠭᠠᠯᠠᠬᠤ ᠬᠡᠷᠡᠭᠲᠡᠢ᠃ | ᠭᠤᠷᠪᠠ ᠳᠤ᠂ ᠣᠯᠠᠨ ᠲᠦᠮᠡᠨ ᠤ ᠢᠯᠡᠴᠢᠯᠡᠨ ᠲᠤᠰᠬᠠᠬᠤ ᠠᠷᠭ᠎ᠠ ᠵᠠᠮ ᠢ ᠰᠠᠭᠠᠳ ᠦᠭᠡᠢ ᠪᠣᠯᠭᠠᠵᠤ᠂ ᠡᠯ᠎ᠡ | ᠱᠠᠲᠤᠨ ᠤ ᠰᠤᠷᠭᠠᠨ ᠬᠥᠮᠥᠵᠢᠯ ᠤᠨ ᠰᠠᠯᠠᠭ᠎ᠠ ᠮᠥᠴᠢᠷ ᠤᠨ ᠲᠤᠰᠬᠠᠢ ᠵᠦᠢᠯ ᠤᠨ ᠵᠠᠰᠠᠯᠲᠠ ᠴᠡᠭᠴᠡᠯᠡᠯᠲᠡ | ᠴᠡᠭᠴᠡᠯᠡᠯᠲᠡ ᠶᠢᠨ ᠢᠯᠡᠴᠢᠯᠡᠨ ᠮᠡᠳᠡᠭᠦᠯᠬᠦ ᠤᠲᠠᠰᠤ ᠪᠠ ᠵᠠᠬᠢᠳᠠᠯ ᠤᠨ ᠬᠠᠶᠢᠷᠴᠠᠭ ᠢ ᠵᠠᠷᠯᠠᠨ ᠨᠡᠶᠢᠲᠡᠯᠡᠬᠦ ᠶᠢᠨ ᠬᠠᠮᠲᠤ᠂ | ᠳᠡᠭᠡᠳᠦ ᠱᠠᠲᠤᠨ ᠤ ᠰᠤᠷᠭᠠᠨ ᠬᠥᠮᠥᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠪᠦᠷᠢᠳᠬᠡᠨ | ᠳᠠᠩᠰᠠᠯᠠᠭᠤᠯᠬᠤ ᠬᠡᠷᠡᠭᠲᠡᠢ᠃ | ᠳᠥᠷᠪᠡ ᠳᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠭᠡᠷ ᠤᠨ ᠠᠬᠠᠮᠠᠳ ᠤᠨ ᠵᠥᠪ | ᠰᠤᠷᠭᠠᠨ ᠬᠥᠮᠥᠵᠢᠯ ᠤᠨ ᠦᠵᠡᠯᠲᠡ ᠶᠢ ᠪᠣᠢ ᠪᠣᠯᠭᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠦᠢᠯᠡᠳᠦᠯ ᠳᠤ ᠤᠬᠠᠭᠠᠯᠢᠭ ᠢᠶᠠᠷ ᠬᠠᠨᠳᠤᠭᠤᠯᠵᠤ᠂ ᠰᠣᠬᠤᠷ ᠪᠠᠯᠠᠢ ᠪᠠᠷ ᠠᠲᠠᠭᠠᠷᠬᠠᠨ ᠠᠳᠠᠯᠢᠳᠬᠠᠬᠤ ᠦᠭᠡᠢ᠂ | ᠦᠷ᠎ᠡ ᠬᠡᠦᠬᠡᠳ ᠤᠨ ᠢᠶᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠳᠠᠷᠤᠭᠠᠰᠤ ᠶᠢ ᠦᠨᠡᠨ ᠬᠦ | ᠬᠥᠩᠭᠡᠷᠡᠭᠦᠯᠬᠦ ᠶᠢ ᠬᠥᠲᠥᠯᠥᠨ ᠵᠢᠯᠣᠭᠤᠳᠬᠤ ᠬᠡᠷᠡᠭᠲᠡᠢ᠃ | ᠲᠠᠪᠤ ᠳᠤ᠂ ᠳᠦᠷᠢᠮ ᠭᠤᠷᠢᠮ ᠢ ᠪᠠᠶᠢᠭᠤᠯᠵᠤ᠂ ᠥᠭᠡᠷᠡᠴᠢᠯᠡᠯᠲᠡ ᠶᠢᠨ ᠲᠤᠷᠰᠢᠯᠭ᠎ᠠ ᠶᠢ ᠴᠠᠭ ᠲᠤᠬᠠᠢ ᠳᠤ ᠨᠢ | ᠳ᠋ᠦᠩᠨᠡᠨ᠂ ᠡᠯ᠎ᠡ ᠭᠠᠵᠠᠷ ᠤᠨ ᠪᠦᠲᠦᠮᠵᠢᠲᠡᠢ ᠲᠤᠷᠰᠢᠯᠭ᠎ᠠ ᠬᠢᠳᠡᠯ ᠪᠠ ᠠᠷᠭ᠎ᠠ ᠠᠪᠴᠢᠯ ᠢ ᠳᠡᠯᠭᠡᠷᠡᠭᠦᠯᠵᠦ᠂ ᠡᠯ᠎ᠡ | ᠵᠦᠢᠯ ᠤᠨ ᠳᠦᠷᠢᠮ ᠢ ᠲᠡᠭᠦᠯᠳᠡᠷᠵᠢᠭᠦᠯᠦᠨ᠂ ᠤᠷᠲᠤ ᠬᠤᠭᠤᠴᠠᠭᠠᠨ ᠤ ᠦᠷ᠎ᠡ ᠪᠦᠲᠦᠮᠵᠢᠲᠡᠢ ᠲᠣᠭᠲᠠᠯᠴᠠᠭ᠎ᠠ ᠶᠢ | ᠲᠦᠷᠭᠡᠬᠡᠨ ᠪᠠᠶᠢᠭᠤᠯᠬᠤ ᠬᠡᠷᠡᠭᠲᠡᠢ᠃ | ᠵᠢᠷᠭᠤᠭ᠎ᠠ᠂ ᠲᠤᠰᠬᠠᠢ ᠵᠦᠢᠯ ᠤᠨ ᠵᠠᠰᠠᠯᠲᠠ ᠴᠡᠭᠴᠡᠯᠡᠯᠲᠡ ᠶᠢᠨ ᠠᠵᠢᠯᠯᠠᠭ᠎ᠠ ᠶᠢᠨ ᠳᠠᠷᠠᠭ᠎ᠠ᠂ ᠳᠠᠷᠠᠭᠠᠴᠢ ᠶᠢᠨ | ᠠᠯᠬᠤᠮ ᠳᠤ ᠶᠠᠮᠠᠷ ᠶᠠᠮᠠᠷ ᠠᠵᠢᠯ ᠤᠨ ᠪᠣᠳᠣᠯᠬᠢᠯᠠᠯ ᠪᠠᠶᠢᠬᠤ ᠪᠣᠢ︖ | ᠬᠠᠷᠢᠭᠤᠯᠲᠠ᠄ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠯᠲᠠ ᠳᠤ ᠵᠠᠰᠠᠯᠲᠠ | ᠴᠡᠭᠴᠡᠯᠡᠯᠲᠡ ᠴᠡᠭᠴᠡᠯᠡᠯᠲᠡ ᠬᠢᠬᠦ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠣᠯᠣᠨ᠎ᠠ᠂ ᠲᠤᠰ ᠤᠳᠠᠭᠠᠨ ᠤ | ᠲᠤᠰᠬᠠᠢ ᠵᠦᠢᠯ ᠤᠨ ᠵᠠᠰᠠᠯᠲᠠ ᠴᠡᠭᠴᠡᠯᠡᠯᠲᠡ ᠶᠢᠨ ᠠᠵᠢᠯᠯᠠᠭ᠎ᠠ ᠪᠣᠯ ᠪᠦᠬᠦ ᠲᠠᠯ᠎ᠠ ᠶᠢᠨ ᠵᠠᠰᠠᠯᠲᠠ ᠴᠡᠭᠴᠡᠯᠡᠯᠲᠡ ᠶᠢᠨ | ᠡᠬᠢᠯᠡᠯᠲᠡ ᠪᠠᠶᠢᠵᠤ᠂ ᠥᠩᠭᠡᠨ ᠲᠠᠯ᠎ᠠ ᠶᠢ ᠴᠡᠭᠴᠡᠯᠡᠨ ᠵᠠᠰᠠᠬᠤ ᠮᠦᠷᠲᠡᠭᠡᠨ᠂ ᠦᠨᠳᠦᠰᠦᠨ ᠠᠴᠠ ᠨᠢ ᠵᠠᠰᠠᠬᠤ ᠶᠢ | ᠣᠨᠢᠯᠠᠪᠠ᠃ ᠳᠠᠷᠠᠭᠠᠴᠢ ᠶᠢᠨ ᠠᠯᠬᠤᠮ ᠳᠤ᠂ ᠰᠤᠷᠭᠠᠨ ᠬᠥᠮᠥᠵᠢᠯ ᠤᠨ ᠶᠠᠮᠤᠨ ᠠᠴᠠ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ᠂ ᠨᠠᠮ ᠤᠨ ᠰᠤᠷᠭᠠᠨ ᠬᠥᠮᠥᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠳᠦᠷᠢᠮᠵᠢᠭᠦᠯᠬᠦ ᠪᠠᠷ | ᠰᠤᠷᠭᠠᠨ ᠬᠥᠮᠥᠵᠢᠯ ᠤᠨ ᠪᠠᠶᠢᠭᠤᠯᠤᠯ ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ | ᠠᠭᠤᠯᠭ᠎ᠠ ᠪᠣᠯᠭᠠᠵᠤ᠂ ︽ᠥᠩᠭᠡᠨ ᠲᠠᠯ᠎ᠠ ᠪᠠ ᠦᠨᠳᠦᠰᠦ ᠶᠢ ᠨᠢ ᠬᠠᠮᠲᠤ ᠳᠤ ᠨᠢ ᠵᠠᠰᠠᠬᠤ᠂ ᠳᠣᠲᠣᠷ᠎ᠠ | ᠭᠠᠳᠠᠷ ᠠᠴᠠ ᠬᠤᠯᠪᠣᠭᠠᠯᠠᠨ ᠬᠥᠳᠡᠯᠦᠯᠴᠡᠬᠦ᠂ ᠪᠥᠭᠯᠡᠬᠦ ᠲᠠᠷᠬᠠᠭᠠᠬᠤ ᠶᠢ ᠤᠶᠠᠯᠳᠤᠭᠤᠯᠬᠤ᠂ ᠢᠳᠡᠪᠬᠢᠲᠡᠢ ᠮᠥᠷᠲᠡᠭᠡᠨ | ᠯᠠᠪᠳᠠᠭᠤᠨ ᠪᠠᠲᠤᠲᠠᠢ ᠬᠢᠬᠦ︾ ᠵᠠᠷᠴᠢᠮ ᠶᠣᠰᠣᠭᠠᠷ᠂ ︽ᠬᠠᠮ ᠠᠷᠭ᠎ᠠ ᠪᠣᠳᠣᠯᠭ᠎ᠠ︾ ᠶᠢ ᠰᠠᠶᠢᠲᠤᠷ ᠬᠡᠷᠡᠭᠵᠢᠭᠦᠯᠦᠨ᠎ᠡ᠃ | | ᠨᠢᠭᠡ ᠳᠤ᠂ ᠰᠤᠷᠤᠭᠴᠢ ᠡᠯᠰᠡᠨ ᠠᠪᠬᠤ ᠲᠠᠢ ᠬᠤᠯᠪᠣᠭᠳᠠᠭᠤᠯᠬᠤ ᠶᠢ ᠦᠭᠡᠶᠢᠰᠬᠡᠨ᠎ᠡ᠃ ᠰᠠᠶ᠋ᠢᠬᠠᠨ | ᠳᠠᠷᠤᠮᠠᠯᠯᠠᠨ ᠲᠠᠷᠬᠠᠭᠠᠭᠰᠠᠨ ︽ᠰᠤᠷᠭᠠᠨ ᠬᠥᠮᠥᠵᠢᠯ ᠤᠨ ᠶᠠᠮᠤᠨ ᠤ ᠠᠯᠪᠠᠨ ᠲᠢᠩᠬᠢᠮ ᠤᠨ 2018 ᠣᠨ ᠤ | ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠨ ᠠᠪᠬᠤ ᠠᠵᠢᠯ ᠢ ᠰᠠᠶᠢᠲᠤᠷ ᠬᠢᠬᠦ ᠲᠤᠬᠠᠢ | ᠮᠡᠳᠡᠭᠳᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠤᠭᠴᠢ ᠡᠯᠰᠡᠨ ᠰᠤᠷᠭᠠᠭᠤᠯᠢ ᠳᠤ ᠣᠷᠣᠬᠤ ᠡᠮᠬᠢ | ᠳᠢᠭᠯᠢᠮ ᠢ ᠵᠢᠷᠤᠮᠵᠢᠭᠤᠯᠤᠨ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠬᠢᠭᠡᠳ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠶᠢᠨ ᠬᠤᠭᠤᠷᠣᠨᠳᠤᠬᠢ ᠬᠠᠷᠢᠴᠠᠭ᠎ᠠ ᠶᠢ ᠤᠯᠠᠮ ᠨᠢᠭᠡ | ᠠᠯᠬᠤᠮ ᠲᠠᠰᠤᠯᠤᠨ᠎ᠠ᠃ | ᠬᠤᠶᠠᠷ ᠲᠤ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠯᠴᠠᠭ᠎ᠠ ᠶᠢ ᠪᠠᠶᠢᠭᠤᠯᠤᠨ᠎ᠠ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠡᠮᠬᠢ ᠵᠢᠷᠦᠮ ᠲᠠᠢ ᠬᠦᠭᠵᠢᠬᠦ ᠶᠢ | ᠠᠬᠢᠭᠤᠯᠬᠤ ᠰᠠᠨᠠᠯ ᠢ ᠰᠤᠳᠤᠯᠤᠨ ᠲᠣᠭᠲᠠᠭᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠬᠠᠮᠢᠶᠠᠷᠤᠯᠲᠠ ᠶᠢ ᠳᠦᠷᠢᠮᠵᠢᠭᠦᠯᠬᠦ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠯᠴᠠᠭ᠎ᠠ ᠶᠢ | ᠲᠦᠷᠭᠡᠳᠬᠡᠨ ᠪᠠᠶᠢᠭᠤᠯᠤᠨ᠎ᠠ᠃ ᠡᠭᠦᠨ ᠳᠤ᠄ ᠲᠣᠬᠢᠷᠠᠭᠤᠯᠬᠤ ᠪᠠᠷᠢᠮᠵᠢᠶ᠎ᠠ ᠶᠢ ᠲᠣᠳᠣᠷᠬᠠᠶᠢᠯᠠᠬᠤ᠂ ᠬᠢᠨᠠᠨ | ᠵᠥᠪᠰᠢᠶᠡᠷᠡᠯ ᠪᠠ ᠳᠠᠩᠰᠠᠯᠠᠭᠤᠯᠤᠯᠲᠠ ᠶᠢ ᠳᠦᠷᠢᠮᠵᠢᠭᠦᠯᠬᠦ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ | ᠬᠠᠮᠢᠶᠠᠷᠤᠯᠲᠠ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠶᠢ ᠪᠠᠭᠲᠠᠭᠠᠭᠰᠠᠨ | ᠬᠡᠪ ᠤᠨ ᠪᠠᠶᠢᠳᠠᠯ ᠤᠨ ᠵᠠᠰᠠᠯᠲᠠ ᠴᠡᠭᠴᠡᠯᠡᠯᠲᠡ ᠶᠢᠨ ᠰᠢᠰᠲ᠋ᠧᠮ ᠤᠨ ᠠᠭᠤᠯᠭ᠎ᠠ ᠪᠠᠭᠲᠠᠵᠤ ᠪᠠᠶᠢᠨ᠎ᠠ᠃ | ᠭᠤᠷᠪᠠ ᠳᠤ᠂ ᠳᠠᠷᠤᠭᠠᠰᠤ ᠶᠢ ᠬᠥᠩᠭᠡᠷᠡᠭᠦᠯᠵᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠯᠪᠠᠨ ᠵᠢᠷᠤᠮ ᠤᠨ | ᠰᠤᠷᠭᠠᠨ ᠬᠥᠮᠥᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠪᠠ ᠡᠩ ᠤᠨ ᠳᠡᠭᠡᠲᠤ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠥᠮᠥᠨ ᠬᠥᠮᠥᠵᠢᠭᠦᠯᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ | ᠬᠤᠯᠪᠣᠭᠳᠠᠯ ᠪᠦᠬᠦᠢ ᠰᠠᠨᠠᠯ ᠢ ᠤᠯᠠᠮ ᠨᠢᠭᠡ ᠠᠯᠬᠤᠮ ᠰᠤᠳᠤᠯᠤᠨ ᠲᠣᠭᠲᠠᠭᠠᠵᠤ᠂ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠭᠠᠨ ᠬᠥᠮᠥᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠰᠤᠷᠭᠠᠭᠤᠯᠢ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠨ᠂ ᠰᠤᠷᠭᠠᠭᠤᠯᠢ ᠶᠢᠨ ᠬᠥᠮᠥᠨ | ᠬᠥᠮᠥᠵᠢᠭᠦᠯᠬᠦ ᠴᠢᠳᠠᠪᠬᠢ ᠶᠢ ᠴᠢᠩᠭᠠᠷᠠᠭᠤᠯᠵᠤ᠂ ᠥᠷᠭᠡᠨ ᠣᠯᠠᠨ ᠰᠤᠷᠤᠭᠴᠢ ᠪᠠ ᠭᠡᠷ ᠤᠨ ᠠᠬᠠᠮᠠᠳ ᠤᠨ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠳᠤ ᠲᠦᠰᠢᠭᠯᠡᠨ ᠨᠠᠶᠢᠳᠠᠬᠤ ᠶᠢ ᠨᠠᠮᠳᠠᠭᠤᠯᠤᠨ᠎ᠠ᠃ | | |