ᠡᠷᠬᠡ ᠶᠢᠨ ᠨᠡᠷᠡᠶᠢᠳᠦᠯ᠄ ᠲᠣᠭᠲᠠᠭᠠᠯ ᠢ ᠵᠦᠷᠢᠴᠡᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠦᠭᠬᠦ | ᠰᠢᠢᠳᠭᠡᠯ | ᠡᠷᠬᠡ ᠶᠢᠨ ᠲᠥᠷᠥᠯ ᠵᠦᠢᠯ᠄ ᠵᠠᠰᠠᠭ ᠵᠠᠬᠢᠷᠭᠠᠨ ᠤ ᠰᠢᠢᠳᠭᠡᠯ | ᠬᠠᠷᠢᠭᠤᠴᠠᠯᠭ᠎ᠠ ᠶᠢᠨ ᠪᠡᠶᠡᠴᠢ ᠴᠣᠭᠴᠠ ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ | ᠲᠦᠯᠦᠪᠯᠡᠨ ᠲᠣᠭᠲᠠᠭᠠᠬᠤ ᠦᠨᠳᠦᠰᠦᠯᠡᠯ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠶᠢᠨ ᠵᠢᠷᠠᠨ ᠬᠤᠶᠠᠳᠤᠭᠠᠷ ᠵᠥᠢᠯ | ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠳᠤᠤᠷ᠎ᠠ ᠵᠢᠭᠰᠠᠭᠠᠭᠰᠠᠨ ᠤᠢᠢᠯᠡ ᠠᠵᠢᠯᠯᠠᠭ᠎ᠠ ᠵᠢᠨᠠᠯᠢ ᠨᠢᠭᠡ ᠶᠢ | ᠬᠢᠭᠰᠡᠨ ᠪᠠᠶᠢᠪᠠᠯ᠂ ᠬᠢᠨᠠᠨ ᠵᠦᠪᠰᠢᠶᠡᠷᠡᠬᠦ ᠪᠠᠶᠢᠭᠤᠯᠭ᠎ᠠ ᠪᠤᠶᠤ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ | ᠵᠠᠷᠯᠢᠭᠳᠠᠵᠤ ᠪᠠᠶᠢᠭᠠᠳ ᠬᠤᠭᠤᠴᠠᠭ᠎ᠠ ᠳᠤᠭᠳᠠᠭᠠᠨ ᠵᠠᠯᠠᠷᠠᠭᠤᠯᠤᠭᠤᠯᠬᠤ ᠶᠢᠨ ᠬᠠᠮᠳᠤ ᠲᠤᠩᠭᠤᠳᠤᠨ᠎ᠠ︔ ᠬᠠᠤᠯᠢ | ᠪᠣᠰᠦ ᠤᠯᠵᠠ ᠠᠰᠢᠭ ᠪᠠᠶᠢᠪᠠᠯ᠂ ᠬᠤᠷᠢᠶᠠᠭᠰᠠᠨ ᠵᠠᠷᠤᠳᠠᠯ ᠢ ᠨᠢ ᠪᠤᠴᠠᠭᠠᠯᠭᠠᠭᠰᠠᠨ ᠤ ᠳᠠᠷᠠᠭ᠎ᠠ᠂ ᠬᠠᠤᠯᠢ ᠪᠣᠰᠦ | ᠤᠯᠵᠠ ᠠᠰᠢᠭ ᠢ ᠨᠢ ᠬᠤᠷᠢᠶᠠᠵᠦ ᠠᠪᠤᠨ᠎ᠠ︔ ᠤᠢᠢᠯᠡ ᠪᠠᠶᠢᠳᠠᠯ ᠨᠢ ᠬᠦᠨᠳᠤ ᠨᠤᠴᠢᠳᠠᠢ ᠪᠠᠶᠢᠪᠠᠯ᠂ ᠰᠤᠷᠤᠭᠴᠢ | ᠡᠯᠰᠡᠬᠦ ᠶᠢ ᠨᠢ ᠵᠠᠷᠯᠢᠭᠳᠠᠨ ᠵᠤᠭᠰᠤᠭᠠᠵᠦ᠂ ᠰᠤᠷᠭᠠᠭᠤᠯᠢ ᠡᠷᠬᠢᠯᠡᠬᠦ ᠵᠦᠪᠰᠢᠶᠡᠷᠡᠯ ᠤᠨ ᠦᠨᠡᠮᠯᠡᠯ ᠢ ᠨᠢ ᠬᠤᠷᠢᠶᠠᠨ | ᠠᠪᠴᠦ ᠬᠦᠴᠦᠨ ᠦᠭᠡᠢ ᠪᠤᠯᠭᠠᠨ᠎ᠠ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ | ᠬᠠᠷᠢᠭᠤᠴᠠᠯᠭ᠎ᠠ ᠨᠡᠭᠡᠮᠵᠢᠯᠡᠨ᠎ᠡ᠄ ︵ᠨᠢᠭᠡ︶ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠳᠤᠷ᠎ᠠ ᠪᠠᠷ ᠢᠶᠠᠨ | ᠰᠠᠯᠭᠠᠭᠰᠠᠨ ᠪᠤᠶᠤ ᠨᠡᠶᠢᠯᠡᠬᠦᠯᠦᠭᠰᠡᠨ︔ ︵ᠬᠤᠶᠠᠷ︶ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠨᠡᠷᠡᠶᠢᠳᠤᠯ᠂ | ᠳᠡᠰ ᠳᠠᠪᠬᠤᠷᠭ᠎ᠠ᠂ ᠳᠦᠷᠦᠯ ᠵᠥᠢᠯ ᠪᠠ ᠡᠷᠬᠢᠯᠡᠨ ᠪᠠᠶᠢᠭᠤᠯᠤᠭᠴᠢ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ︔ ︵ | ᠭᠤᠷᠪᠠ︶ ᠰᠤᠷᠤᠭᠴᠢ ᠡᠯᠰᠡᠬᠦ ᠬᠤᠳᠠᠯ ᠬᠠᠭᠤᠷᠮᠠᠭ ᠳᠤᠪᠴᠢ ᠳᠦᠷᠢᠮ ᠪᠤᠶᠤ ᠵᠠᠷ ᠨᠡᠶᠢᠳᠡᠯᠡᠵᠦ᠂ ᠡᠳ᠋ ᠮᠦᠡᠭᠬᠦ | ᠮᠡᠭᠡᠯᠡᠨ ᠠᠪᠤᠭᠰᠠᠨ︔ ︵ᠳᠦᠷᠪᠡ︶ ᠰᠤᠷᠤᠯᠭ᠎ᠠ ᠶᠢᠨ ᠨᠠᠮᠳᠠᠷ ᠤᠨ ᠦᠨᠡᠮᠯᠡᠯ᠂ ᠰᠤᠷᠤᠯᠭ᠎ᠠ ᠳᠡᠬᠦᠰᠦᠭᠰᠡᠨ ᠦᠨᠡᠮᠯᠡᠯ᠂ | ᠪᠤᠯᠪᠠᠰᠤᠷᠠᠯ ᠤᠨ ᠦᠨᠡᠮᠯᠡᠯ᠂ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠢ ᠬᠠᠤᠯᠢ ᠪᠤᠰᠤ ᠪᠠᠷ ᠤᠯᠭᠤᠭᠰᠠᠨ | ᠪᠤᠶᠤ ᠬᠠᠭᠤᠷᠮᠠᠭᠯᠠᠨ ᠤᠢᠢᠯᠡᠳᠦᠭᠰᠡᠨ︔ ︵ᠳᠠᠪᠤ︶ ᠬᠠᠮᠢᠶᠠᠷᠤᠯᠳᠠ ᠨᠢ ᠡᠮᠬᠢ ᠵᠠᠮᠪᠠᠷᠠᠭ᠎ᠠ ᠦᠭᠡᠢ ᠪᠤᠯᠤᠭᠰᠠᠨ ᠤ | ᠤᠯᠠᠮ ᠠᠴᠠ ᠰᠤᠷᠭᠠᠨ ᠬᠦᠮᠦᠵᠢᠯ ᠵᠢᠭᠠᠨ ᠰᠤᠷᠭᠠᠯᠳᠠ ᠶᠢ ᠬᠦᠨᠳᠤ ᠨᠤᠴᠢᠳᠠᠢ ᠨᠦᠯᠦᠭᠡᠯᠡᠵᠦ᠂ ᠨᠡᠶᠢᠭᠡᠮ ᠳᠡᠭᠡᠷ᠎ᠡ | ᠮᠠᠭᠤ ᠨᠦᠯᠦᠭᠡ ᠭᠠᠷᠭᠠᠭᠰᠠᠨ︔ ︵ᠵᠢᠷᠭᠤᠭ᠎ᠠ︶ ᠬᠤᠳᠠᠯ ᠬᠠᠭᠤᠷᠮᠠᠭ ᠭᠡᠷᠡᠴᠢᠯᠡᠬᠦ ᠪᠢᠴᠢᠭ ᠮᠠᠲ᠋ᠧᠷᠢᠶᠠᠯ ᠳᠤᠰᠢᠶᠠᠬᠤ | ᠪᠤᠶᠤ ᠪᠤᠰᠤᠳ ᠮᠡᠭᠡᠯᠡᠬᠦ ᠠᠷᠭ᠎ᠠ ᠪᠠᠷᠢᠯ ᠢᠶᠠᠷ ᠴᠢᠬᠤᠯᠠ ᠪᠤᠳᠠᠳᠤ ᠭᠡᠷᠡᠭ ᠢ ᠨᠢᠭᠤᠨ ᠳᠠᠯᠳᠠᠯᠠᠵᠦ ᠪᠠᠶᠢᠭᠠᠳ | ᠰᠤᠷᠭᠠᠭᠤᠯᠢ ᠡᠷᠬᠢᠯᠡᠬᠦ ᠵᠦᠪᠰᠢᠶᠡᠷᠡᠯ ᠤᠨ ᠦᠨᠡᠮᠯᠡᠯ ᠢ ᠮᠡᠭᠡᠯᠡᠨ ᠠᠪᠤᠭᠰᠠᠨ︔ ︵ᠳᠤᠯᠤᠭ᠎ᠠ︶ ᠰᠤᠷᠭᠠᠭᠤᠯᠢ ᠡᠷᠬᠢᠯᠡᠭᠦ | ᠵᠦᠪᠰᠢᠶᠡᠷᠡᠯ ᠤᠨ ᠦᠨᠡᠮᠯᠡᠯ ᠢ ᠬᠠᠭᠤᠷᠮᠠᠭᠯᠠᠨ ᠵᠤᠬᠢᠶᠠᠭᠰᠠᠨ᠂ ᠬᠤᠪᠢᠷᠠᠭᠤᠯᠤᠨ ᠵᠤᠬᠢᠶᠠᠭᠰᠠᠨ᠂ ᠬᠤᠳᠠᠯᠳᠤᠭᠠᠯᠠᠭᠰᠠᠨ᠂ | ᠳᠦᠷᠢᠶᠡᠰᠦᠯᠡᠬᠦᠯᠦᠭᠰᠡᠨ᠂ ᠵᠢᠭᠡᠯᠡᠬᠦᠯᠦᠭᠰᠡᠨ︔ ︵ᠨᠠᠢᠮᠠ︶ ᠮᠠᠭᠤ ᠰᠠᠨᠠᠭ᠎ᠠ ᠪᠠᠷ ᠰᠤᠷᠭᠠᠭᠤᠯᠢ ᠡᠷᠬᠢᠯᠡᠭᠦ ᠪᠠᠨ | ᠵᠤᠭᠰᠤᠭᠰᠠᠨ᠂ ᠪᠡᠯᠡ ᠮᠦᠡᠭᠬᠦ ᠪᠠᠨ ᠲᠠᠲᠠᠨ ᠠᠪᠴᠦ ᠰᠢᠯᠵᠢᠭᠦᠯᠦᠭᠰᠡᠨ ᠪᠤᠶᠤ ᠰᠤᠷᠭᠠᠭᠤᠯᠢ ᠡᠷᠬᠢᠯᠡᠭᠦ ᠵᠠᠷᠤᠳᠠᠯ ᠢ | ᠰᠢᠯᠵᠢᠬᠦᠯᠦᠨ ᠭᠡᠷᠡᠭᠯᠡᠭᠰᠡᠨ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ | ᠠᠬᠢᠭᠤᠯᠬᠤ ᠬᠠᠤᠯᠢ ᠶᠢ ᠬᠡᠷᠡᠭᠵᠢᠭᠦᠯᠬᠦ ᠲᠦᠷᠢᠮ︾ ᠤᠨ ᠳᠥᠴᠢ ᠶᠢᠰᠦᠳᠦᠭᠡᠷ ᠵᠥᠢᠯ ᠳᠣᠣᠷ᠎ᠠ ᠵᠢᠭᠰᠠᠭᠠᠭᠰᠠᠨ | ᠪᠠᠶᠢᠳᠠᠯ ᠤᠨ ᠠᠯᠢ ᠨᠢᠭᠡ ᠨᠢ ᠪᠠᠶᠢᠪᠠᠯ᠂ ᠬᠢᠨᠠᠨ ᠵᠥᠪᠰᠢᠶᠡᠷᠡᠬᠦ ᠪᠠᠶᠢᠭᠤᠯᠭ᠎ᠠ ᠠᠴᠠ ᠪᠡᠯᠡ ᠮᠦᠩᠬᠦ ᠭᠠᠷᠭᠠᠭᠴᠢ ᠶᠢᠨ | ᠣᠯᠣᠭᠰᠠᠨ ᠬᠠᠷᠢᠭᠤ ᠣᠯᠭᠤᠮᠵᠢ ᠶᠢ ᠬᠤᠷᠢᠶᠠᠨ ᠠᠪᠴᠤ᠂ ᠰᠤᠷᠤᠭᠴᠢ ᠡᠯᠰᠡᠬᠦ ᠶᠢ ᠨᠢ ᠵᠠᠷᠯᠢᠭᠳᠠᠨ ᠵᠣᠭᠰᠣᠭᠠᠨ᠎ᠠ︔ | ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠨᠢ | ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ︔ ᠶᠠᠯ᠎ᠠ ᠳᠤ ᠬᠦᠷᠦᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠲᠦᠷᠢᠮ ᠳᠤ ᠪᠡᠯᠡ ᠮᠦᠩᠬᠦ ᠭᠠᠷᠭᠠᠭᠴᠢ ᠵᠦᠢ ᠵᠣᠬᠢᠰᠲᠠᠶ | ᠬᠠᠷᠢᠭᠤ ᠣᠯᠭᠤᠮᠵᠢ ᠤᠯᠬᠤ ᠱᠠᠭᠠᠷᠳᠠᠯᠭ᠎ᠠ ᠶᠢ ᠲᠣᠭᠲᠠᠭᠠᠭᠰᠠᠨ ᠦᠭᠡᠢ ᠪᠠᠶᠢᠬᠤ ᠳᠤ᠂ ᠪᠡᠯᠡ ᠮᠦᠩᠬᠦ ᠭᠠᠷᠭᠠᠭᠴᠢ | ᠳᠤᠷ᠎ᠠ ᠪᠠᠷ ᠢᠶᠠᠨ ᠬᠠᠷᠢᠭᠤ ᠣᠯᠭᠤᠮᠵᠢ ᠠᠪᠤᠭᠰᠠᠨ ᠪᠠᠶᠢᠬᠤ︔ ︵ᠬᠤᠶᠠᠷ︶ ᠲᠤᠰ ᠳᠥᠷᠢᠮ ᠤᠨ ᠳᠥᠴᠢᠨ | ᠳᠣᠯᠣᠳᠤᠭᠠᠷ ᠵᠥᠢᠯ ᠤᠨ ᠲᠣᠭᠲᠠᠭᠠᠯ ᠢ ᠵᠥᠷᠢᠴᠡᠵᠦ᠂ ᠬᠠᠷᠢᠭᠤ ᠣᠯᠭᠤᠮᠵᠢ ᠣᠯᠵᠤ ᠪᠣᠯᠬᠤ ᠦᠭᠡᠢ ᠪᠠᠶᠢᠲᠠᠯ᠎ᠠ | ᠬᠠᠷᠢᠭᠤ ᠣᠯᠭᠤᠮᠵᠢ ᠤᠯᠬᠤ︔ ︵ᠭᠤᠷᠪᠠ︶ ᠪᠡᠯᠡ ᠮᠦᠩᠬᠦ ᠭᠠᠷᠭᠠᠭᠴᠢ ᠰᠤᠷᠭᠠᠭᠤᠯᠢ ᠡᠷᠭᠢᠯᠡᠭᠡᠳ ᠣᠯᠤᠭᠰᠠᠨ | ᠦᠯᠡᠳᠡᠪᠦᠷᠢ ᠠᠴᠠ ᠪᠢᠰᠢ᠂ ᠬᠠᠷᠢᠨ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠪᠤᠰᠤᠳ ᠵᠠᠷᠤᠳᠠᠯ | ᠳᠣᠲᠣᠷ᠎ᠠ ᠠᠴᠠ ᠬᠠᠷᠢᠭᠤ ᠣᠯᠭᠤᠮᠵᠢ ᠠᠪᠬᠤ︔ ︵ᠲᠦᠷᠪᠡ︶ ᠲᠤᠰ ᠲᠦᠷᠢᠮ ᠤᠨ ᠲᠣᠭᠲᠠᠭᠠᠯ ᠢ ᠵᠢᠷᠤᠮᠯᠠᠬᠤ | ᠦᠭᠡᠢ ᠪᠠᠷ ᠰᠤᠷᠭᠠᠭᠤᠯᠢ ᠡᠷᠭᠢᠯᠡᠭᠡᠳ ᠣᠯᠬᠤ ᠦᠯᠡᠳᠡᠪᠦᠷᠢ ᠶᠢ ᠪᠤᠳᠤᠬᠤ ᠪᠤᠶᠤ ᠬᠠᠷᠢᠭᠤ ᠬᠥᠯᠥᠰᠥ ᠣᠯᠭᠤᠮᠵᠢ | ᠤᠯᠬᠤ ᠬᠠᠷᠢᠴᠠᠯ ᠢ ᠲᠣᠭᠲᠠᠭᠠᠬᠤ︔ ︵ᠲᠠᠪᠤ︶ ᠪᠡᠯᠡ ᠮᠦᠩᠬᠦ ᠭᠠᠷᠭᠠᠭᠴᠢ ᠰᠤᠷᠭᠠᠭᠤᠯᠢ ᠡᠷᠭᠢᠯᠡᠭᠡᠳ ᠣᠯᠤᠭᠰᠠᠨ | ᠦᠯᠡᠳᠡᠪᠦᠷᠢ ᠠᠴᠠ ᠠᠪᠤᠭᠰᠠᠨ ᠬᠠᠷᠢᠭᠤ ᠣᠯᠭᠤᠮᠵᠢ ᠶᠢᠨ ᠬᠠᠷᠢᠴᠠᠯ ᠭᠡᠳᠤ ᠥᠨᠳᠥᠷ ᠪᠠᠶᠢᠵᠤ᠂ ᠨᠡᠶᠢᠭᠡᠮ ᠳᠡᠭᠡᠷ᠎ᠡ | ᠮᠠᠭᠤ ᠨᠥᠯᠥᠭᠡ ᠭᠠᠷᠭᠠᠭᠰᠠᠨ᠃ ᠲᠠᠪᠢᠳᠤᠭᠠᠷ ᠵᠥᠢᠯ ᠠᠷᠠᠳ ᠠᠴᠠ ᠡᠷᠬᠢᠯᠡᠭᠰᠡᠨ ᠰᠤᠷᠭᠠᠭᠤᠯᠢ ᠲᠤᠰ | ᠳᠦᠷᠢᠮ ᠤᠨ ᠲᠣᠭᠲᠠᠭᠠᠯ ᠢ ᠵᠢᠷᠤᠮᠯᠠᠬᠤ ᠦᠭᠡᠢ ᠪᠠᠷ ᠪᠡᠯᠡ ᠮᠦᠩᠬᠦ ᠭᠠᠷᠭᠠᠭᠴᠢ ᠶᠢᠨ ᠬᠠᠷᠢᠭᠤ ᠬᠥᠯᠥᠰᠥ ᠣᠯᠭᠤᠮᠵᠢ | ᠤᠯᠬᠤ ᠬᠠᠷᠢᠴᠠᠯ ᠤᠨ ᠲᠣᠭᠲᠠᠭᠠᠯ ᠪᠣᠯᠣᠨ ᠲᠡᠭᠦᠨ ᠤ ᠨᠡᠶᠢᠭᠡᠮ ᠨᠡᠶᠢᠲᠡ ᠳᠤ ᠨᠡᠶᠢᠲᠡᠯᠡᠭᠰᠡᠨ ᠰᠤᠷᠭᠠᠭᠤᠯᠢ ᠡᠷᠭᠢᠯᠡᠬᠦ | ᠬᠢᠷᠢ ᠬᠡᠮᠵᠢᠶ᠎ᠡ ᠪᠣᠯᠤᠨ ᠰᠤᠷᠭᠠᠨ ᠬᠥᠮᠦᠵᠢᠯ ᠤᠨ ᠶᠠᠰᠤ ᠴᠢᠨᠠᠷ ᠲᠠᠢ ᠬᠤᠯᠪᠣᠭᠳᠠᠯ ᠪᠦᠬᠦᠢ ᠮᠠᠲ᠋ᠧᠷᠢᠶᠠᠯ᠂ ᠡᠳ᠋ ᠤᠨ | ᠶᠠᠪᠤᠳᠠᠯ ᠤᠨ ᠪᠠᠶᠢᠳᠠᠯ ᠢ ᠬᠢᠨᠠᠨ ᠵᠥᠪᠰᠢᠶᠡᠷᠡᠬᠦ ᠪᠠᠶᠢᠭᠤᠯᠭ᠎ᠠ ᠳᠤ ᠮᠡᠳᠡᠭᠦᠯᠵᠦ ᠳᠠᠩᠰᠠᠯᠠᠭᠤᠯᠬᠤ ᠪᠤᠶᠤ ᠬᠢᠨᠠᠨ | ᠵᠥᠪᠰᠢᠶᠡᠷᠡᠬᠦ ᠪᠠᠶᠢᠭᠤᠯᠭ᠎ᠠ ᠳᠤ ᠳᠠᠩᠰᠠᠯᠠᠭᠤᠯᠤᠭᠰᠠᠨ ᠮᠠᠲ᠋ᠧᠷᠢᠶᠠᠯ ᠨᠢ ᠦᠨᠡᠨ ᠪᠣᠳᠠᠲᠠᠶ ᠪᠢᠰᠢ ᠪᠠᠶᠢᠪᠠᠯ᠂ ᠬᠢᠨᠠᠨ | ᠵᠥᠪᠰᠢᠶᠡᠷᠡᠬᠦ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠡᠷᠡᠮᠵᠢ ᠥᠭᠭᠦᠨ᠎ᠡ︔ ᠬᠠᠤᠯᠢ ᠪᠣᠰᠤ ᠣᠯᠵᠠ | ᠠᠰᠢᠭ ᠣᠯᠤᠭᠰᠠᠨ ᠪᠠᠶᠢᠪᠠᠯ᠂ ᠬᠠᠤᠯᠢ ᠪᠣᠰᠤ ᠣᠯᠵᠠ ᠠᠰᠢᠭ ᠢ ᠨᠢ ᠬᠤᠷᠢᠶᠡᠨ ᠠᠪᠤᠨ᠎ᠠ︔ ᠤᠢᠢᠯᠡ ᠪᠠᠶᠢᠳᠠᠯ ᠨᠢ | ᠬᠦᠨᠳᠦ ᠨᠣᠴᠢᠲᠠᠶ ᠪᠠᠶᠢᠪᠠᠯ᠂ ᠰᠤᠷᠤᠭᠴᠢ ᠡᠯᠰᠡᠬᠦ ᠶᠢ ᠨᠢ ᠵᠠᠷᠯᠢᠭᠳᠠᠨ ᠵᠣᠭᠰᠣᠭᠠᠵᠤ᠂ ᠰᠤᠷᠭᠠᠭᠤᠯᠢ ᠡᠷᠬᠢᠯᠡᠬᠦ | ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ ᠃ ᠲᠠᠪᠢᠨ ᠨᠢᠭᠡᠳᠦᠭᠡᠷ ᠵᠥᠢᠯ | ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠠᠮᠢᠶᠠᠷᠤᠯᠲᠠ ᠨᠢ ᠡᠮᠬᠢ ᠵᠠᠮᠪᠠᠷᠠᠭ᠎ᠠ ᠦᠭᠡᠢ ᠠᠴᠠ ᠰᠤᠷᠭᠠᠨ | ᠬᠥᠮᠦᠵᠢᠯ ᠵᠢᠭᠠᠨ ᠰᠤᠷᠭᠠᠯᠲᠠ ᠶᠢ ᠬᠦᠨᠳᠦ ᠨᠣᠴᠢᠲᠠᠶ ᠨᠥᠯᠥᠭᠡᠯᠡᠵᠦ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠠᠯᠢ | ᠨᠢᠭᠡ ᠨᠢ ᠪᠠᠶᠢᠪᠠᠯ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ ᠶᠢᠨ ᠵᠢᠷᠠᠨ | ᠬᠤᠶᠠᠳᠤᠭᠠᠷ ᠵᠥᠢᠯ ᠤᠨ ᠲᠣᠭᠲᠠᠭᠠᠯ ᠶᠣᠰᠣᠭᠠᠷ ᠰᠢᠳᠬᠡᠨ᠎ᠡ᠄ ︵ᠨᠢᠭᠡ︶ ᠬᠡᠷᠡᠭ ᠡᠷᠬᠢᠯᠡᠭᠴᠢᠳ ᠤᠨ ᠬᠤᠷᠠᠯ᠂ | ᠬᠡᠷᠡᠭ ᠮᠡᠳᠡᠭᠴᠢᠳ ᠤᠨ ᠬᠤᠷᠠᠯ ᠪᠤᠶᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠪᠤᠰᠤᠳ ᠬᠡᠯᠪᠡᠷᠢ ᠶᠢᠨ | ᠪᠠᠶᠢᠭᠤᠯᠤᠮᠵᠢ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠠᠶᠢᠬᠤ︔ ︵ᠬᠤᠶᠠᠷ︶ | ᠵᠢᠭᠠᠨ ᠰᠤᠷᠭᠠᠬᠤ ᠨᠥᠬᠦᠴᠡᠯ ᠨᠢ ᠵᠢᠭᠠᠨ ᠰᠤᠷᠭᠠᠯᠲᠠ ᠶᠢᠨ ᠱᠠᠭᠠᠷᠳᠠᠯᠭ᠎ᠠ ᠶᠢ ᠢᠯᠡᠷᠬᠡᠶ ᠬᠠᠩᠭᠠᠵᠤ ᠴᠢᠳᠠᠬᠤ | ᠦᠭᠡᠢ ᠂ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠶᠠᠰᠤ ᠴᠢᠨᠠᠷ ᠨᠢ ᠳᠣᠣᠷ᠎ᠠ᠂ ᠴᠠᠭ ᠲᠤᠬᠠᠶ ᠳᠤ ᠨᠢ ᠠᠷᠭ᠎ᠠ | ᠬᠡᠮᠵᠢᠶ᠎ᠡ ᠠᠪᠤᠭᠰᠠᠨ ᠦᠭᠡᠢ ᠪᠠᠶᠢᠬᠤ︔ ︵ᠭᠤᠷᠪᠠ︶ ᠰᠣᠷᠭᠠᠭᠤᠯᠢ ᠶᠢᠨ ᠪᠠᠶᠢᠷᠢ ᠪᠤᠶᠤ ᠪᠤᠰᠤᠳ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠲᠤᠨᠤᠭ ᠲᠥᠬᠦᠭᠡᠷᠦᠮᠵᠢ ᠳᠤ ᠨᠢ ᠬᠦᠨᠳᠦ ᠨᠣᠴᠢᠲᠠᠢ ᠠᠮᠤᠷ ᠲᠦᠪᠰᠢᠨ ᠤ | ᠲᠠᠯᠳᠠ ᠭᠡᠮ ᠣᠷᠣᠰᠢᠵᠤ᠂ ᠴᠠᠭ ᠲᠤᠬᠠᠶ ᠳᠤ ᠨᠢ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠬᠤ︔ ︵ᠲᠦᠷᠪᠡ︶ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠢᠭᠲᠠᠯᠠᠨ ᠪᠤᠳᠤᠬᠤ ᠠᠵᠢᠯ ᠤᠨ ᠬᠠᠤᠯᠢ︾ ᠪᠠ | ᠤᠯᠤᠰ ᠤᠨ ᠨᠢᠭᠡᠲᠦᠯᠲᠡᠢ ᠨᠢᠭᠲᠠᠯᠠᠨ ᠪᠤᠳᠤᠬᠤ ᠠᠵᠢᠯ ᠤᠨ ᠳᠦᠷᠢᠮ ᠶᠣᠰᠣᠭᠠᠷ ᠨᠢᠭᠲᠠᠯᠠᠨ ᠪᠤᠳᠤᠬᠤ ᠲᠣᠭᠠᠴᠠᠭ᠎ᠠ | ᠪᠠ ᠡᠳ᠋ ᠤᠨ ᠶᠠᠪᠤᠳᠠᠯ ᠤᠨ ᠨᠢᠭᠲᠠᠯᠠᠨ ᠪᠤᠳᠤᠯᠳᠠ ᠶᠢᠨ ᠮᠡᠳᠡᠭᠦᠯᠦᠯᠲᠡ ᠬᠢᠵᠦ ᠬᠦᠢᠴᠡᠳᠭᠡᠭᠰᠡᠨ ᠦᠭᠡᠢ᠂ ᠡᠳ᠋ ᠤᠨ | ᠶᠠᠪᠤᠳᠠᠯ᠂ ᠡᠳ᠋ ᠬᠦᠷᠦᠩᠭᠡ ᠶᠢᠨ ᠬᠠᠮᠢᠶᠠᠷᠤᠯᠲᠠ ᠨᠢ ᠡᠮᠬᠢ ᠵᠠᠮᠪᠠᠷᠠᠭ᠎ᠠ ᠦᠭᠡᠢ ᠪᠠᠶᠢᠬᠤ︔ ︵ᠲᠠᠪᠤ︶ ᠰᠤᠷᠭᠠᠨ | ᠬᠥᠮᠦᠵᠢᠯ ᠬᠦᠷᠳᠡᠭᠴᠢ ᠶᠢᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ᠂ ᠬᠦᠨᠳᠦ ᠨᠣᠴᠢᠲᠠᠢ ᠨᠡᠶᠢᠭᠡᠮ ᠤᠨ | ᠨᠥᠯᠥᠭᠡ ᠭᠠᠷᠭᠠᠭᠰᠠᠨ ᠪᠠᠶᠢᠬᠤ︔ ︵ᠵᠢᠷᠭᠤᠭ᠎ᠠ︶ ᠤᠯᠤᠰ ᠤᠨ ᠲᠣᠭᠲᠠᠭᠠᠯ ᠢ ᠵᠥᠷᠢᠴᠡᠵᠦ ᠪᠠᠭᠰᠢ ᠶᠢ ᠣᠷᠢᠵᠤ | ᠬᠡᠷᠡᠭᠯᠡᠬᠦ ᠪᠣᠶᠤ ᠣᠷᠢᠵᠤ ᠬᠡᠷᠡᠭᠯᠡᠬᠦ ᠪᠠᠨ ᠪᠣᠯᠢᠭᠰᠠᠨ᠃ ︽ᠲᠤᠰᠠᠭᠠᠷ ᠳᠡᠭᠡᠳᠦ ᠰᠤᠷᠭᠠᠭᠤᠯᠢ ᠪᠠᠶᠢᠭᠤᠯᠬᠤ ᠪᠠ | ᠬᠠᠮᠢᠶᠠᠷᠬᠤ ᠠᠷᠭ᠎ᠠ︾ ᠶᠢᠨ ᠲᠠᠪᠢᠨ ᠲᠠᠪᠤᠳᠤᠭᠠᠷ ᠵᠥᠢᠯ᠂ ᠲᠠᠪᠢᠨ ᠵᠢᠷᠭᠤᠳᠤᠭᠠᠷ ᠵᠥᠢᠯ | ᠬᠠᠷᠢᠭᠤᠴᠠᠯᠭ᠎ᠠ ᠶᠢᠨ ᠵᠣᠶᠢᠯ᠄ | 1 . ᠬᠡᠷᠡᠭ ᠪᠣᠯᠭᠠᠨ ᠳᠠᠩᠰᠠᠯᠠᠬᠤ ᠬᠠᠷᠢᠭᠤᠴᠠᠯᠭ᠎ᠠ᠄ ᠠᠷᠠᠳ ᠠᠴᠠ ᠡᠷᠬᠢᠯᠡᠭᠰᠡᠨ ᠰᠤᠷᠤᠯᠭ᠎ᠠ ᠶᠢᠨ ᠨᠠᠮᠲᠠᠷ ᠤᠨ | ᠪᠤᠰᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠪᠠᠶᠢᠭᠤᠯᠤᠮᠵᠢ ᠪᠣᠯᠤᠨ ᠰᠤᠷᠭᠠᠭᠤᠯᠢ ᠶᠢᠨ ᠨᠡᠷ᠎ᠡ ᠳᠤ ᠨᠢ ︽ | ᠥᠪᠥᠷ ᠮᠣᠩᠭᠤᠯ︾ ᠭᠡᠰᠡᠨ ᠦᠰᠥᠭ ᠲᠠᠢ ᠠᠷᠠᠳ ᠠᠴᠠ ᠡᠷᠬᠢᠯᠡᠭᠰᠡᠨ ᠳᠤᠮᠳᠠᠳᠤ ᠵᠡᠷᠭᠡ ᠶᠢᠨ ᠲᠤᠰᠬᠠᠶ | ᠮᠡᠷᠭᠡᠵᠢᠯ ᠤᠨ ᠰᠤᠷᠭᠠᠭᠤᠯᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ︵ᠪᠤᠶᠤ ᠪᠤᠰᠤᠳ ᠠᠷᠭ᠎ᠠ | ᠵᠠᠮ ᠢᠶᠠᠷ ᠰᠢᠯᠵᠢᠭᠦᠯᠦᠨ ᠬᠦᠷᠭᠡᠭᠰᠡᠨ ᠬᠠᠤᠯᠢ ᠪᠣᠰᠤ ᠬᠡᠷᠡᠭ ᠣᠴᠢᠷ ᠵᠡᠷᠭᠡ︶ ᠶᠢ ᠢᠯᠡᠷᠡᠭᠦᠯᠵᠦ᠂ ᠬᠢᠨᠠᠨ | ᠪᠠᠶᠢᠴᠠᠭᠠᠵᠤ᠂ ᠬᠡᠷᠡᠭ ᠪᠣᠯᠭᠠᠨ ᠳᠠᠩᠰᠠᠯᠠᠬᠤ ᠡᠰᠡᠬᠦ ᠶᠢ ᠲᠣᠭᠲᠠᠭᠠᠨ᠎ᠠ᠃ | 2 . ᠪᠠᠶᠢᠴᠠᠭᠠᠬᠤ ᠬᠠᠷᠢᠭᠤᠴᠠᠯᠭ᠎ᠠ᠄ ᠳᠠᠩᠰᠠᠯᠠᠭᠰᠠᠨ ᠬᠡᠷᠡᠭ ᠲᠤ᠂ ᠲᠤᠰᠬᠠᠶ ᠬᠥᠮᠦᠨ ᠲᠣᠭᠲᠠᠭᠠᠨ | ᠬᠠᠷᠢᠴᠠᠭᠤᠯᠵᠤ᠂ ᠴᠠᠭ ᠲᠤᠬᠠᠶ ᠳᠤ ᠨᠢ ᠪᠠᠶᠢᠴᠠᠭᠠᠯᠲᠠ ᠬᠢᠵᠦ ᠭᠡᠷᠡᠴᠢ ᠠᠪᠬᠤ ᠠᠵᠢᠯ ᠢ ᠵᠣᠬᠢᠶᠠᠨ ᠪᠠᠶᠢᠭᠤᠯᠣᠨ᠎ᠠ᠂ | ᠰᠢᠭᠤᠳ ᠠᠰᠢᠭ ᠬᠤᠣᠷ ᠤᠨ ᠬᠠᠷᠢᠴᠠᠭ᠎ᠠ ᠲᠠᠢ ᠬᠡᠷᠡᠭ ᠲᠤ ᠬᠤᠯᠪᠤᠭᠳᠠᠬᠤ ᠬᠥᠮᠦᠨ ᠪᠠᠶᠢᠪᠠᠯ ᠵᠠᠶᠢᠯᠠᠭᠤᠯᠪᠠᠯ ᠵᠣᠬᠢᠨ᠎ᠠ᠃ | ᠬᠠᠤᠯᠢ ᠬᠡᠷᠡᠭᠵᠢᠭᠦᠯᠦᠭᠴᠢ ᠨᠢ ᠬᠤᠶᠠᠷ ᠬᠦᠮᠦᠨ ᠠᠴᠠ ᠴᠦᠬᠡᠨ ᠪᠠᠶᠢᠵᠤ ᠪᠣᠯᠬᠤ ᠦᠭᠡᠢ᠂ ᠪᠠᠶᠢᠴᠠᠭᠠᠯᠲᠠ | ᠬᠢᠬᠦ ᠳᠤ ᠪᠠᠨ ᠬᠠᠤᠯᠢ ᠬᠡᠷᠡᠭᠵᠢᠭᠦᠯᠬᠦ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠶ᠂ ᠬᠡᠷᠡᠭ ᠲᠤ ᠬᠤᠯᠪᠤᠭᠳᠠᠬᠤ | ᠬᠥᠮᠦᠨ ᠤ ᠮᠠᠷᠭᠤᠨ ᠵᠦᠪᠳᠥᠭᠡᠬᠦ ᠲᠣᠭᠠᠴᠢᠯᠲᠠ ᠶᠢ ᠰᠣᠨᠣᠰᠬᠤ ᠶᠢᠨ ᠬᠠᠮᠲᠤ ᠲᠡᠮᠳᠡᠭᠯᠡᠯ ᠬᠢᠨ᠎ᠡ᠃ ᠬᠠᠤᠯᠢ | ᠬᠡᠷᠡᠭᠵᠢᠭᠦᠯᠦᠭᠴᠢ ᠨᠢ ᠬᠤᠯᠪᠣᠭᠳᠠᠯ ᠪᠦᠬᠦᠢ ᠨᠢᠭᠤᠴᠠ ᠶᠢ ᠬᠠᠮᠠᠭᠠᠯᠠᠬᠤ ᠬᠡᠷᠡᠭᠲᠡᠶ᠃ | 3 . ᠬᠢᠨᠠᠨ ᠪᠠᠶᠢᠴᠠᠭᠠᠬᠤ ᠬᠠᠷᠢᠭᠤᠴᠠᠯᠭ᠎ᠠ᠄ ᠬᠡᠷᠡᠭ ᠢ ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ | ᠪᠠᠶᠢᠴᠠᠭᠠᠵᠤ᠂ ᠬᠠᠤᠯᠢ ᠠᠴᠠ ᠵᠥᠷᠢᠴᠡᠭᠰᠡᠨ ᠪᠣᠳᠠᠲᠤ ᠬᠡᠷᠡᠭ ᠂ ᠭᠡᠷᠡᠴᠢ ᠪᠠᠷᠢᠮᠲᠠ᠂ ᠪᠠᠶᠢᠴᠠᠭᠠᠯᠲᠠ ᠬᠢᠵᠦ ᠭᠡᠷᠡᠴᠢ | ᠴᠤᠭᠯᠠᠭᠤᠯᠤᠭᠰᠠᠨ ᠶᠠᠪᠤᠴᠠ᠂ ᠬᠠᠤᠯᠢ ᠴᠠᠭᠠᠵᠠ ᠶᠢᠨ ᠬᠡᠷᠡᠭᠯᠡᠭᠡᠨ᠂ ᠰᠢᠢᠳᠭᠡᠯ ᠤᠨ ᠲᠥᠷᠥᠯ ᠵᠥᠢᠯ ᠪᠣᠯᠤᠨ | ᠦᠷᠭᠡᠴᠡ᠂ ᠬᠡᠷᠡᠭ ᠲᠤ ᠬᠤᠯᠪᠤᠭᠳᠠᠭᠰᠠᠨ ᠬᠥᠮᠦᠨ ᠤ ᠲᠣᠭᠠᠴᠢᠯᠲᠠ ᠪᠠ ᠵᠥᠪᠲᠦᠭᠡᠬᠦ ᠤᠴᠢᠷ ᠰᠢᠯᠲᠠᠭᠠᠨ ᠵᠡᠷᠭᠡ | ᠲᠠᠯ᠎ᠠ ᠪᠠᠷ ᠬᠢᠨᠠᠨ ᠪᠠᠶᠢᠴᠠᠭᠠᠵᠤ᠂ ᠰᠢᠢᠳᠪᠦᠷᠢᠯᠡᠬᠦ ᠰᠠᠨᠠᠯ ᠢᠶᠠᠨ ᠳᠣᠷᠠᠳᠣᠨ᠎ᠠ ︵ᠭᠤᠣᠯ ᠭᠡᠷᠡᠴᠢ ᠪᠠᠷᠢᠮᠲᠠ ᠨᠢ | ᠭᠦᠢᠴᠡᠳ ᠪᠤᠰᠤ ᠦᠶ᠎ᠡ ᠳᠤ᠂ ᠵᠦᠢ ᠵᠣᠬᠢᠰᠲᠠᠶ ᠠᠷᠭ᠎ᠠ ᠬᠡᠯᠪᠡᠷᠢ ᠪᠠᠷ ᠨᠥᠬᠦᠪᠥᠷᠢᠯᠡᠨ ᠪᠠᠶᠢᠴᠠᠭᠠᠨ᠎ᠠ︶᠃ | 4 . ᠮᠡᠳᠡᠭᠳᠡᠬᠦ ᠬᠠᠷᠢᠭᠤᠴᠠᠯᠭ᠎ᠠ᠄ ᠵᠠᠰᠠᠭ ᠵᠠᠬᠢᠷᠭᠠᠨ ᠤ ᠰᠢᠢᠳᠭᠡᠯ ᠥᠭᠬᠦ ᠲᠣᠭᠲᠠᠭᠠᠯ ᠭᠠᠷᠭᠠᠬᠤ ᠠᠴᠠ ᠪᠠᠨ | ᠡᠮᠦᠨ᠎ᠡ ︽ᠵᠠᠰᠠᠭ ᠵᠠᠬᠢᠷᠭᠠᠨ ᠤ ᠰᠢᠢᠳᠭᠡᠯ ᠥᠭᠬᠦ ᠮᠡᠳᠡᠭᠳᠡᠯ ᠤᠨ ᠪᠢᠴᠢᠭ︾ ᠢ ᠬᠡᠷᠡᠭ ᠲᠤ ᠬᠤᠯᠪᠤᠭᠳᠠᠭᠰᠠᠨ | ᠬᠦᠮᠦᠨ ᠳᠤ ᠬᠦᠷᠭᠡᠵᠦ ᠦᠭᠬᠦ ᠬᠡᠷᠡᠭᠲᠡᠶ᠂ ᠬᠠᠤᠯᠢ ᠶᠢ ᠵᠥᠷᠢᠴᠡᠭᠰᠡᠨ ᠪᠣᠳᠠᠲᠤ ᠬᠡᠷᠡᠭ ᠵᠢᠴᠢ ᠲᠡᠭᠦᠨ ᠤ ᠡᠳ᠋ᠯᠡᠬᠦ | ᠶᠣᠰᠣᠲᠠᠶ ᠲᠣᠭᠠᠴᠢᠯᠲᠠ ᠬᠢᠬᠦ᠂ ᠵᠥᠪᠲᠦᠭᠡᠨ ᠲᠣᠳᠣᠷᠬᠠᠶᠢᠯᠠᠬᠤ ᠡᠷᠬᠡ ᠲᠠᠢ ᠪᠠᠶᠢᠬᠤ ᠶᠢ ᠮᠡᠳᠡᠭᠳᠡᠨ᠎ᠡ᠃ ᠭᠡᠷᠡᠴᠢᠯᠡᠭᠡ | ᠰᠣᠨᠣᠰᠬᠤ ᠲᠣᠭᠲᠠᠭᠠᠯ ᠳᠤ ᠨᠡᠶᠢᠴᠡᠪᠡᠯ ︽ᠵᠠᠰᠠᠭ ᠵᠠᠬᠢᠷᠭᠠᠨ ᠤ ᠰᠢᠢᠳᠭᠡᠯ ᠤᠨ ᠭᠡᠷᠡᠴᠢᠯᠡᠭᠡ ᠰᠣᠨᠣᠰᠬᠤ | ᠮᠡᠳᠡᠭᠳᠡᠯ ᠤᠨ ᠪᠢᠴᠢᠭ︾ ᠢ ᠨᠠᠶᠢᠷᠠᠭᠤᠯᠤᠨ ᠪᠢᠴᠢᠵᠦ ᠬᠦᠷᠭᠡᠨ᠎ᠡ᠃ | 5 . ᠰᠢᠢᠳᠪᠦᠷᠢ ᠲᠣᠭᠲᠠᠭᠠᠬᠤ ᠬᠠᠷᠢᠭᠤᠴᠠᠯᠭ᠎ᠠ᠄ ᠵᠠᠰᠠᠭ ᠵᠠᠬᠢᠷᠭᠠᠨ ᠤ ᠬᠦᠨᠳᠦ ᠶᠡᠭᠡ ᠰᠢᠢᠳᠭᠡᠯ ᠢ | ᠲᠣᠭᠲᠠᠭᠠᠬᠤ ᠳᠤ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ ᠬᠠᠮᠲᠤ ᠪᠠᠷ ᠶᠠᠷᠢᠯᠴᠠᠵᠤ᠂ ᠰᠢᠳᠭᠡᠨ | ᠲᠣᠷᠭᠤᠭᠠᠬᠤ ᠪᠣᠳᠠᠲᠠᠶ ᠠᠭᠤᠯᠭ᠎ᠠ ᠪᠦᠬᠦᠢ ᠰᠢᠢᠳᠪᠦᠷᠢ ᠭᠠᠷᠭᠠᠨ᠎ᠠ᠃ | 6 .ᠲᠠᠰᠤᠯᠬᠤ ᠬᠠᠷᠢᠭᠤᠴᠠᠯᠭ᠎ᠠ᠄ ᠵᠠᠰᠠᠭ ᠵᠠᠬᠢᠷᠭᠠᠨ ᠤ ᠰᠢᠢᠳᠭᠡᠯ ᠤᠨ ᠲᠠᠰᠤᠯᠬᠤ ᠪᠢᠴᠢᠭ ᠢ ᠭᠠᠷᠭᠠᠵᠤ᠂ | ᠲᠣᠲᠤᠷᠬᠠᠢ ᠲᠡᠮᠲᠡᠭᠯᠡᠭᠰᠡᠨ ᠵᠠᠰᠠᠭ ᠵᠠᠬᠢᠷᠭᠠᠨ ᠤ ᠰᠢᠢᠳᠭᠡᠯ ᠤᠨ ᠮᠡᠳᠡᠭᠳᠡᠯ᠂ ᠬᠡᠷᠡᠭ ᠲᠤ ᠬᠤᠯᠪᠤᠭᠳᠠᠭᠰᠠᠨ ᠬᠥᠮᠦᠨ ᠤ | ᠵᠥᠪᠲᠦᠭᠡᠨ ᠲᠣᠭᠠᠴᠢᠯᠲᠠ ᠪᠤᠶᠤ ᠭᠡᠷᠡᠴᠢᠯᠡᠭᠡ ᠰᠣᠨᠤᠰᠤᠭᠰᠠᠨ ᠪᠠᠶᠢᠳᠠᠯ ᠵᠡᠷᠭᠡ ᠠᠭᠤᠯᠭ᠎ᠠ ᠶᠢ ᠲᠣᠳᠤᠷᠬᠠᠢ ᠲᠠᠰᠤᠯᠬᠤ | ᠬᠡᠷᠡᠭᠲᠡᠢ᠃ | 7 . ᠬᠦᠷᠭᠡᠵᠦ ᠲᠣᠰᠢᠶᠠᠬᠤ ᠬᠠᠷᠢᠭᠤᠴᠠᠯᠭ᠎ᠠ᠄ ᠵᠠᠰᠠᠭ ᠵᠠᠬᠢᠷᠭᠠᠨ ᠤ ᠰᠢᠢᠳᠭᠡᠯ ᠤᠨ ᠲᠠᠰᠣᠯᠠᠬᠤ ᠪᠢᠴᠢᠭ ᠢ | ᠬᠠᠤᠯᠢ ᠴᠠᠭᠠᠵᠠ ᠶᠢᠨ ᠲᠣᠭᠲᠠᠭᠠᠯ ᠶᠣᠰᠤᠭᠠᠷ ᠬᠡᠷᠡᠭ ᠲᠤ ᠬᠤᠯᠪᠤᠭᠳᠠᠭᠰᠠᠨ ᠬᠥᠮᠦᠨ ᠳᠤ ᠬᠦᠷᠭᠡᠵᠦ ᠲᠣᠰᠢᠶᠠᠨ᠎ᠠ᠃ | 8 . ᠭᠦᠢᠴᠡᠳᠬᠡᠬᠦ ᠬᠠᠷᠢᠭᠤᠴᠠᠯᠭ᠎ᠠ᠄ ᠬᠦᠴᠦᠨ ᠲᠠᠢ ᠪᠣᠯᠤᠭᠰᠠᠨ ᠵᠠᠰᠠᠭ ᠵᠠᠬᠢᠷᠭᠠᠨ ᠤ ᠰᠢᠢᠳᠭᠡᠯ ᠤᠨ | ᠲᠣᠭᠲᠠᠭᠠᠯ ᠶᠣᠰᠣᠭᠠᠷ᠂ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ ᠃ ᠡᠭᠦᠨ ᠤ ᠬᠠᠮᠲᠤ ᠰᠡᠷᠡᠮᠵᠢ ᠥᠭᠭᠦᠨ᠎ᠡ︔ | ᠬᠠᠤᠯᠢ ᠪᠣᠰᠤ ᠠᠰᠢᠭ ᠣᠯᠵᠠᠪᠤᠷᠢ ᠲᠠᠢ ᠪᠠᠶᠢᠪᠠᠯ᠂ ᠬᠤᠷᠢᠶᠠᠭᠰᠠᠨ ᠵᠠᠷᠤᠳᠠᠯ ᠢ ᠨᠢ ᠪᠤᠴᠠᠭᠠᠯᠭᠠᠭᠰᠠᠨ ᠤ ᠳᠠᠷᠠᠭ᠎ᠠ᠂ | ᠬᠠᠤᠯᠢ ᠪᠣᠰᠤ ᠠᠰᠢᠭ ᠣᠯᠵᠠᠪᠤᠷᠢ ᠶᠢ ᠨᠢ ᠬᠤᠷᠢᠶᠠᠵᠤ ᠠᠪᠤᠨ᠎ᠠ︔ ᠤᠢᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ | ᠰᠤᠷᠤᠭᠴᠢ ᠡᠯᠰᠡᠬᠦ ᠶᠢ ᠨᠢ ᠵᠠᠷᠯᠢᠭᠳᠠᠨ ᠵᠣᠭᠰᠣᠭᠠᠵᠤ᠂ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠨᠢ | ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠃ | 9 . ᠪᠤᠰᠤᠳ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ | ᠭᠦᠢᠴᠡᠳᠭᠡᠬᠦ ᠶᠣᠰᠣᠲᠠᠢ ᠬᠠᠷᠢᠭᠤᠴᠠᠯᠭ᠎ᠠ᠃ | ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦ ᠪᠠᠷᠢᠮᠲᠠ᠄ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ | ᠠᠬᠢᠭᠤᠯᠬᠤ ᠬᠠᠤᠯᠢ︾ ᠶᠢᠨ ᠵᠢᠷᠠᠨ ᠭᠤᠷᠪᠠᠳᠤᠭᠠᠷ ᠵᠥᠢᠯ ᠬᠢᠨᠠᠨ ᠵᠦᠪᠰᠢᠶᠡᠷᠡᠬᠦ ᠪᠠᠶᠢᠭᠤᠯᠭ᠎ᠠ ᠪᠤᠯᠤᠨ ᠪᠤᠰᠤᠳ | ᠬᠤᠯᠪᠤᠭᠳᠠᠯ ᠪᠦᠬᠦᠢ ᠰᠠᠯᠠᠭ᠎ᠠ ᠮᠦᠴᠢᠷ ᠳᠤᠤᠷ᠎ᠠ ᠵᠢᠭᠰᠠᠭᠠᠭᠰᠠᠨ ᠤᠢᠢᠯᠡ ᠠᠵᠢᠯᠯᠠᠭ᠎ᠠ ᠶᠢᠨ ᠠᠯᠢ ᠨᠢᠭᠡ ᠶᠢ ᠬᠢᠭᠰᠡᠨ | ᠪᠠᠶᠢᠪᠠᠯ᠂ ᠳᠡᠭᠡᠳᠤ ᠱᠠᠳᠤᠨ ᠤ ᠪᠠᠶᠢᠭᠤᠯᠭ᠎ᠠ ᠠᠴᠠ ᠵᠠᠷᠯᠢᠭᠳᠠᠵᠦ ᠵᠠᠯᠠᠷᠠᠭᠤᠯᠤᠭᠤᠯᠤᠨ᠎ᠠ︔ ᠤᠢᠢᠯᠡ ᠪᠠᠶᠢᠳᠠᠯ ᠨᠢ | ᠬᠦᠨᠳᠤ ᠨᠤᠴᠢᠳᠠᠢ ᠪᠠᠶᠢᠪᠠᠯ᠂ ᠰᠢᠭᠤᠳ ᠬᠠᠷᠢᠭᠤᠴᠠᠵᠦ ᠪᠠᠶᠢᠭ᠎ᠠ ᠭᠤᠣᠯᠯᠠᠨ ᠬᠠᠮᠢᠶᠠᠷᠤᠭᠴᠢ ᠪᠤᠯᠤᠨ ᠰᠢᠭᠤᠳ | ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠦᠭᠬᠦᠨ᠎ᠡ︔ ᠠᠵᠦ | ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠤᠰᠤᠭᠠᠷ ᠳᠦᠯᠦᠬᠦ ᠬᠠᠷᠢᠭᠤᠴᠠᠯᠭ᠎ᠠ ᠡᠬᠦᠷᠭᠡᠯᠡᠬᠦᠯᠦᠨᠡ︔ | ᠶᠠᠯ᠎ᠠ ᠳᠤ ᠬᠦᠷᠦᠭᠰᠡᠨ ᠪᠣᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠄ ︵ᠨᠢᠭᠡ︶ | ᠪᠠᠶᠢᠭᠤᠯᠬᠤ ᠭᠤᠶᠤᠴᠢᠯᠠᠯ ᠢ ᠬᠦᠯᠢᠶᠡᠨ ᠠᠪᠤᠭᠠᠳ᠂ ᠬᠤᠭᠤᠴᠠᠭ᠎ᠠ ᠭᠡᠳᠤᠷᠡᠲᠡᠯᠠ ᠬᠠᠷᠢᠭᠤᠯᠳᠠ ᠦᠯᠦ ᠦᠭᠬᠦᠭᠰᠡᠨ︔ | ︵ᠬᠤᠶᠠᠷ︶ ᠳᠤᠰ ᠬᠠᠤᠯᠢ ᠳᠤ ᠳᠤᠭᠳᠠᠭᠠᠭᠰᠠᠨ ᠨᠦᠬᠦᠴᠡᠯ ᠳᠤ ᠦᠯᠦ ᠨᠡᠶᠢᠴᠡᠬᠦ ᠭᠤᠶᠤᠴᠢᠯᠠᠯ ᠢ | ᠵᠦᠪᠰᠢᠶᠡᠷᠡᠭᠰᠡᠨ︔ ︵ᠭᠤᠷᠪᠠ︶ ᠬᠠᠮᠢᠶᠠᠷᠤᠯᠳᠠ ᠪᠠᠨ ᠤᠮᠳᠤᠭᠠᠢᠢᠯᠠᠭᠰᠠᠨ ᠤ ᠤᠯᠠᠮ ᠠᠴᠠ ᠬᠦᠨᠳᠤ ᠨᠤᠴᠢᠳᠠᠢ | ᠦᠷ᠎ᠡ ᠳ᠋ᠦᠩ ᠳᠤ ᠬᠦᠷᠦᠭᠰᠡᠨ︔ ︵ᠳᠦᠷᠪᠡ︶ ᠤᠯᠤᠰ ᠤᠨ ᠬᠤᠯᠪᠤᠭᠳᠠᠯ ᠪᠦᠬᠦᠢ ᠳᠤᠭᠳᠠᠭᠠᠯ ᠢ ᠵᠦᠷᠢᠴᠡᠵᠦ | ᠵᠠᠷᠤᠳᠠᠯ ᠬᠤᠷᠢᠶᠠᠭᠰᠠᠨ︔ ︵ᠳᠠᠪᠤ︶ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ᠬᠠᠤᠯᠢ ᠶᠤᠰᠤᠨ ᠤ ᠡᠷᠭᠡ | ᠠᠰᠢᠭ ᠲᠤ ᠬᠠᠯᠳᠠᠭᠰᠠᠨ︔ ︵ᠵᠢᠷᠭᠤᠭ᠎ᠠ︶ ᠡᠷᠭᠡ ᠳᠤᠰᠢᠶᠠᠯ ᠢ ᠳᠤᠷ᠎ᠠ ᠪᠠᠷ ᠭᠡᠷᠡᠭᠯᠡᠵᠦ᠂ ᠬᠠᠤᠯᠢ ᠶᠤᠰᠤ ᠶᠢ | ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠤᠨ ᠬᠠᠤᠯᠢ︾ ᠶᠢᠨ | ᠲᠠᠪᠢᠨ ᠲᠠᠪᠤᠳᠤᠭᠠᠷ ᠵᠥᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠰᠢᠢᠳᠭᠡᠯ ᠢ | ᠬᠡᠷᠡᠭᠵᠢᠬᠦᠯᠬᠦ ᠳᠤ ᠪᠠᠨ ᠲᠤᠤᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠳᠡᠭᠡᠳᠦ ᠱᠠᠳᠣᠨ ᠤ ᠵᠠᠰᠠᠭ | ᠵᠠᠬᠢᠷᠭᠠᠨ ᠤ ᠪᠠᠶᠢᠭᠤᠯᠭ᠎ᠠ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ | ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠭᠴᠢ ᠳᠤ ᠬᠠᠤᠯᠢ ᠶᠤᠰᠣᠭᠠᠷ | ᠵᠠᠰᠠᠭ ᠵᠠᠬᠢᠷᠭᠠᠨ ᠤ ᠰᠢᠢᠳᠭᠡᠯ ᠦᠭᠴᠤ ᠪᠤᠯᠤᠨ᠎ᠠ᠄ ︵ᠨᠢᠭᠡ︶ ᠬᠠᠤᠯᠢ ᠪᠠᠷ ᠲᠤᠭᠳᠠᠭᠠᠭᠰᠠᠨ ᠵᠠᠰᠠᠭ ᠵᠠᠬᠢᠷᠭᠠᠨ ᠤ | ᠰᠢᠢᠳᠭᠡᠯ ᠤᠨ ᠦᠨᠳᠤᠰᠤᠯᠡᠯ ᠪᠠᠶᠢᠬᠤ ᠦᠭᠡᠢ︔ | ︵ᠬᠤᠶᠠᠷ︶ ᠵᠠᠰᠠᠭ ᠵᠠᠬᠢᠷᠭᠠᠨ ᠤ ᠰᠢᠢᠳᠭᠡᠯ ᠤᠨ ᠲᠦᠷᠦᠯ ᠵᠥᠢᠯ᠂ ᠦᠷᠭᠡᠴᠡ ᠶᠢ ᠲᠤᠷ᠎ᠠ ᠪᠠᠷ ᠢᠶᠠᠨ | ᠬᠤᠪᠢᠷᠠᠭᠤᠯᠤᠭᠰᠠᠨ︔ | ︵ᠭᠤᠷᠪᠠ︶ ᠬᠠᠤᠯᠢ ᠪᠠᠷ ᠲᠤᠭᠳᠠᠭᠠᠭᠰᠠᠨ ᠵᠠᠰᠠᠭ ᠵᠠᠬᠢᠷᠭᠠᠨ ᠤ ᠰᠢᠢᠳᠭᠡᠯ ᠤᠨ ᠶᠠᠪᠤᠴᠠ ᠶᠢ ᠵᠦᠷᠢᠴᠡᠭᠰᠡᠨ︔ ︵ | ᠲᠦᠷᠪᠡ︶ ᠲᠤᠰ ᠬᠠᠤᠯᠢ ᠶᠢᠨ ᠠᠷᠪᠠᠨ ᠨᠠᠢᠮᠠᠳᠤᠭᠠᠷ ᠵᠥᠢᠯ ᠤᠨ ᠨᠠᠶᠢᠳᠠᠵᠤ ᠰᠢᠢᠳᠭᠡᠯ ᠦᠭᠬᠦ ᠲᠤᠬᠠᠢ ᠲᠤᠭᠳᠠᠭᠠᠯ ᠢ | ᠵᠦᠷᠢᠴᠡᠭᠰᠡᠨ᠃ | ᠵᠡᠬᠦᠯᠳᠠ᠄ |