ᠡᠷᠬᠡ ᠶᠢᠨ ᠨᠡᠷᠡᠶᠢᠳᠦᠯ᠄ ᠳᠤᠮᠳᠠᠳᠤ ᠪᠠᠭ᠎ᠠ ᠰᠤᠷᠭᠠᠭᠤᠯᠢ ᠶᠢᠨ ᠣᠨᠴᠠ ᠳᠡᠰ ᠤᠨ ᠪᠠᠭᠰᠢ ᠶᠢ ᠰᠢᠯᠭᠠᠷᠠᠭᠤᠯᠬᠤ | | ᠡᠷᠬᠡ ᠶᠢᠨ ᠲᠥᠷᠥᠯ ᠵᠦᠢᠯ᠄ ᠵᠠᠰᠠᠭ ᠵᠠᠬᠢᠷᠭᠠᠨ ᠤ ᠬᠥᠬᠢᠭᠦᠯᠦᠯ | ᠬᠠᠷᠢᠭᠤᠴᠠᠯᠭ᠎ᠠ ᠶᠢᠨ ᠪᠡᠶᠡᠴᠢ ᠴᠣᠭᠴᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ | ᠲᠦᠯᠦᠪᠯᠡᠨ ᠲᠣᠭᠲᠠᠭᠠᠬᠤ ᠦᠨᠳᠦᠰᠦᠯᠡᠯ᠄ ᠤᠯᠤᠰ ᠤᠨ ᠰᠤᠷᠭᠠᠨ ᠬᠥᠮᠦᠵᠢᠯ ᠤᠨ ᠵᠦᠪᠯᠡᠯ᠂ ᠬᠦᠮᠦᠨ ᠤ | ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ ᠤ ︽︿ᠣᠨᠴᠠ ᠳᠡᠰ ᠤᠨ ᠪᠠᠭᠰᠢ ᠶᠢ ᠰᠢᠯᠭᠠᠷᠠᠭᠤᠯᠬᠤ | ᠲᠣᠭᠲᠠᠭᠠᠯ﹀ ᠢ ᠲᠠᠷᠬᠠᠭᠠᠬᠤ ᠲᠣᠬᠠᠢ ᠮᠡᠳᠡᠭᠳᠡᠯ︾ ︵ᠰᠤᠷᠭᠠᠨ ᠬᠥᠮᠦᠨ ﹇1993﹈ 38 ᠳ᠋ᠤᠭᠠᠷ ᠲᠣᠭᠠᠲᠤ︶ | ᠬᠠᠷᠢᠭᠤᠴᠠᠯᠭ᠎ᠠ ᠶᠢᠨ ᠵᠥᠢᠯ᠄ | 1 . ᠪᠡᠯᠡᠳᠬᠡᠯ ᠱᠠᠲᠤᠨ ᠳᠤ ᠬᠢ ᠬᠠᠷᠢᠭᠤᠴᠠᠯᠭ᠎ᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠤᠨ ᠰᠦᠯᠵᠢᠶ᠎ᠡ ᠪᠠᠷ ᠳᠠᠮᠵᠢᠭᠤᠯᠤᠨ᠂ ᠲᠣᠰ ᠵᠢᠯ ᠤᠨ ᠳᠤᠮᠳᠠᠳᠤ ᠪᠠᠭ᠎ᠠ | ᠰᠤᠷᠭᠠᠭᠤᠯᠢ ᠶᠢᠨ ᠣᠨᠴᠠ ᠳᠡᠰ ᠤᠨ ᠪᠠᠭᠰᠢ ᠶᠢ ᠰᠢᠯᠭᠠᠷᠠᠭᠤᠯᠬᠤ ᠠᠵᠢᠯ ᠤᠨ ᠡᠬᠢᠯᠡᠵᠦ ᠳᠠᠭᠤᠰᠬᠤ ᠡᠳᠦᠷ | ᠬᠤᠭᠤᠴᠠᠭ᠎ᠠ ᠪᠠ ᠠᠵᠢᠯ ᠤᠨ ᠳᠤᠬᠢᠷᠠᠭᠤᠯᠤᠯᠳᠠ ᠶᠢ ᠨᠡᠶᠢᠲᠡᠯᠡᠨ᠎ᠡ᠃ | 2. ᠬᠢᠨᠠᠨ ᠪᠠᠶᠢᠴᠠᠭᠠᠬᠤ ᠱᠠᠲᠤᠨ ᠳᠤ ᠬᠢ ᠬᠠᠷᠢᠭᠤᠴᠠᠯᠭ᠎ᠠ᠄ ᠮᠡᠳᠡᠭᠦᠯᠦᠨ ᠳᠡᠪᠰᠢᠭᠦᠯᠦᠭᠰᠡᠨ ᠬᠦᠮᠦᠨ ᠤ | ᠬᠢᠷᠢ ᠬᠡᠮ ᠢ ᠬᠢᠨᠠᠨ ᠬᠠᠷᠭᠤᠭᠤᠯᠬᠤ ᠬᠡᠷᠡᠭᠲᠡᠶ᠃ ᠬᠢᠷᠢ ᠬᠡᠮ ᠤᠨ ᠬᠢᠨᠠᠯᠲᠠ ᠳᠤ ᠬᠢᠷᠢ ᠬᠦᠷᠦᠭᠰᠡᠳ ᠤᠨ | ᠮᠡᠳᠡᠭᠦᠯᠦᠭᠰᠡᠨ ᠮᠠᠲ᠋ᠧᠷᠢᠶᠠᠯ ᠢ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠳᠤᠭᠤᠶᠢᠯᠠᠩ ᠬᠢᠨᠠᠨ ᠲᠣᠭᠲᠠᠭᠠᠨ᠎ᠠ᠃ | | 3 . ᠨᠡᠶᠢᠲᠡᠯᠡᠬᠦ᠂ ᠮᠡᠳᠡᠭᠡᠯᠡᠬᠦ ᠱᠠᠲᠤᠨ ᠳᠤ ᠬᠢ ᠬᠠᠷᠢᠭᠤᠴᠠᠯᠭ᠎ᠠ᠄ ᠬᠢᠨᠠᠨ ᠲᠣᠭᠲᠠᠭᠠᠬᠤ ᠺᠣᠮᠢᠰ ᠠᠴᠠ ᠬᠢᠨᠠᠨ | ᠲᠣᠭᠲᠠᠭᠠᠬᠤ ᠳᠤᠭᠤᠶᠢᠯᠠᠩ ᠤᠨ ᠳᠤᠷᠠᠳᠤᠭᠰᠠᠨ ᠵᠢᠱᠢᠭᠳᠡᠭᠴᠢ ᠪᠠᠭᠰᠢ ᠤᠨ ᠨᠡᠷᠡᠰ ᠢ ᠬᠢᠨᠠᠨ ᠰᠢᠯᠭᠠᠷᠠᠭᠤᠯᠵᠤ᠂ | ᠱᠠᠩᠨᠠᠨ ᠬᠥᠬᠢᠭᠦᠯᠬᠦ ᠪᠠᠭᠰᠢ ᠨᠠᠷ ᠤᠨ ᠨᠡᠷᠡᠰ ᠢ ᠲᠣᠭᠲᠠᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠰᠦᠯᠵᠢᠶᠡᠨ ᠳᠡᠭᠡᠷ᠎ᠡ ᠨᠡᠶᠢᠲᠡᠯᠡᠨ᠎ᠡ᠃ ᠨᠡᠶᠢᠲᠡᠯᠡᠵᠦ ᠥᠩᠭᠡᠷᠡᠭᠰᠡᠨ | ᠱᠠᠩᠨᠠᠨ ᠬᠥᠬᠢᠭᠦᠯᠬᠦ ᠪᠠᠭᠰᠢ ᠨᠠᠷ ᠤᠨ ᠨᠡᠷᠡᠰ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠳᠤ ᠮᠡᠳᠡᠭᠦᠯᠦᠨ ᠵᠥᠪᠰᠢᠶᠡᠷᠡᠭᠦᠯᠦᠨ᠎ᠡ᠃ | 4 . ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠄ ᠬᠤᠶᠢᠰᠢᠳᠠ ᠶᠢᠨ | ᠶᠠᠪᠤᠴᠠ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ ᠃ | 5 . ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠭᠦᠢᠴᠡᠳᠭᠡᠬᠦ ᠶᠣᠰᠣᠲᠠᠢ ᠬᠠᠷᠢᠭᠤᠴᠠᠯᠭ᠎ᠠ ᠃ | ᠬᠠᠷᠢᠭᠤᠴᠠᠯᠭ᠎ᠠ ᠨᠡᠬᠡᠮᠵᠢᠯᠡᠬᠦ ᠪᠠᠶᠢᠳᠠᠯ ᠵᠢᠴᠢ ᠬᠠᠷᠢᠭᠤᠴᠠᠯᠭ᠎ᠠ ᠨᠡᠬᠡᠮᠵᠢᠯᠡᠬᠦ ᠦᠨᠳᠦᠰᠦ ᠪᠠᠷᠢᠮᠲᠠ᠄ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠶᠢᠨ ᠶᠢᠰᠦᠳᠦᠭᠡᠷ ᠪᠦᠯᠦᠭ ᠤᠨ | ᠲᠠᠪᠢᠨ ᠭᠤᠷᠪᠠᠳᠤᠭᠠᠷ ᠵᠥᠢᠯ | ︵ᠨᠢᠭᠡ︶ ᠤᠯᠤᠰ ᠤᠨ ᠨᠡᠷ᠎ᠡ ᠲᠦᠷᠦ ᠲᠠᠢ ᠬᠠᠯᠳᠠᠭᠰᠠᠨ ᠴᠣᠣᠷᠬᠠᠯ ᠲᠠᠷᠬᠠᠭᠠᠵᠤ᠂ ᠤᠯᠤᠰ ᠢ ᠡᠰᠡᠷᠭᠦᠴᠡᠬᠦ | ᠵᠤᠷᠢᠯᠭ᠎ᠠ ᠲᠠᠢ ᠬᠤᠷᠠᠯ ᠴᠤᠭᠯᠠᠭ᠎ᠠ ᠬᠢᠬᠦ᠂ ᠵᠢᠭᠰᠠᠭᠠᠯ ᠶᠠᠪᠤᠭᠤᠯᠬᠤ᠂ ᠰᠦᠷ ᠦᠵᠡᠭᠦᠯᠭᠦ ᠵᠡᠷᠬᠡ ᠠᠵᠢᠯᠯᠠᠭ᠎ᠠ ᠶᠢ | ᠵᠤᠬᠢᠶᠠᠨ ᠪᠠᠶᠢᠭᠤᠯᠬᠤ ᠪᠤᠶᠤ ᠲᠡᠭᠦᠨ ᠳᠤ ᠣᠷᠤᠯᠴᠠᠭᠰᠠᠨ︔ | ︵ᠬᠤᠶᠠᠷ︶ ᠬᠠᠤᠯᠢ ᠪᠤᠰᠤ ᠵᠤᠬᠢᠶᠠᠨ ᠪᠠᠶᠢᠭᠤᠯᠤᠯᠳᠠ ᠶᠢ ᠵᠤᠬᠢᠶᠠᠨ ᠪᠠᠶᠢᠭᠤᠯᠬᠤ ᠪᠤᠶᠤ ᠲᠡᠭᠦᠨ ᠳᠤ | ᠣᠷᠤᠯᠴᠠᠬᠤ᠂ ᠠᠵᠢᠯ ᠬᠠᠶᠠᠯᠳᠠ ᠶᠢ ᠵᠤᠬᠢᠶᠠᠨ ᠪᠠᠶᠢᠭᠤᠯᠬᠤ ᠪᠤᠶᠤ ᠲᠡᠭᠦᠨ ᠳᠤ ᠣᠷᠤᠯᠴᠠᠭᠰᠠᠨ︔ | ︵ᠭᠤᠷᠪᠠ︶ ᠠᠯᠪᠠᠨ ᠲᠤᠰᠢᠶᠠᠯ ᠳᠤ ᠠᠯᠮᠠᠶᠢᠷᠠᠨ ᠣᠰᠣᠯᠳᠣᠵᠣ᠂ ᠠᠵᠢᠯ ᠶᠠᠪᠤᠳᠠᠯ ᠢ ᠰᠠᠭᠠᠲᠠᠭᠰᠠᠨ︔ | ︵ᠲᠦᠷᠪᠡ︶ ᠲᠡᠭᠡᠳᠦ ᠱᠠᠳᠣᠨ ᠤ ᠬᠠᠤᠯᠢ ᠶᠤᠰᠤᠭᠠᠷ ᠲᠤᠭᠳᠠᠭᠠᠭᠰᠠᠨ ᠲᠤᠭᠳᠠᠭᠠᠯ ᠪᠠ ᠵᠢᠭᠠᠪᠤᠷᠢ ᠶᠢ | ᠭᠡᠷᠡᠭᠵᠢᠭᠦᠯᠬᠦ ᠶᠢ ᠲᠡᠪᠴᠢᠭᠰᠡᠨ︔ | ︵ᠲᠠᠪᠤ︶ ᠰᠢᠭᠦᠮᠵᠢᠯᠡᠯ ᠢ ᠡᠰᠡᠷᠭᠦᠴᠡᠵᠦ᠂ ᠴᠣᠬᠢᠯᠳᠠ ᠦᠭᠴᠦ ᠬᠠᠷᠢᠭᠤ ᠠᠪᠤᠭᠰᠠᠨ ︔ | ︵ᠵᠢᠷᠭᠤᠭ᠎ᠠ︶ ᠤᠪ ᠮᠡᠭᠡ ᠭᠠᠷᠭᠠᠵᠤ ᠂ ᠤᠳᠤᠷᠢᠳᠤᠯᠭ᠎ᠠ ᠪᠠ ᠤᠯᠠᠨ ᠲᠦᠮᠡᠨ ᠢ ᠪᠤᠷᠤᠭᠤ ᠪᠠᠷ | ᠬᠦᠲᠦᠯᠦᠭᠰᠡᠨ ᠪᠡ ᠮᠡᠬᠡᠯᠡᠭᠰᠡᠨ︔ | ︵ᠲᠤᠯᠤᠭ᠎ᠠ︶ ᠱᠠᠮᠰᠢᠨ ᠪᠦᠷᠢᠯᠭᠡᠵᠦ᠂ ᠭᠡᠭᠡᠯᠢ ᠬᠠᠭ᠋ᠤᠤᠯᠢ ᠲᠦᠯᠬᠢᠨ᠂ ᠬᠡᠬᠡᠯᠢ ᠬᠠᠭ᠋ᠤᠤᠯᠢ ᠢᠳᠡᠵᠦ᠂ | ᠲᠤᠰᠢᠶᠠᠯ ᠢᠶᠠᠨ ᠠᠰᠢᠭᠯᠠᠨ ᠬᠤᠪᠢᠨ ᠳᠤ ᠪᠠᠨ ᠪᠤᠶᠤ ᠪᠤᠰᠤᠳ ᠲᠤ ᠠᠰᠢᠭ ᠬᠤᠨᠵᠢᠶ᠎ᠡ ᠣᠯᠭᠤᠬᠤ ᠶᠢ | ᠬᠦᠭᠡᠭᠡᠴᠡᠯᠳᠦᠭᠰᠡᠨ︔ | ︵ᠨᠠᠢᠮᠠ︶ ᠡᠳ᠋ ᠤᠨ ᠵᠠᠰᠠᠭ ᠤᠨ ᠰᠠᠬᠢᠯᠭ᠎ᠠ ᠪᠠᠳᠣ ᠶᠢ ᠵᠦᠷᠢᠴᠡᠵᠦ᠂ ᠤᠯᠤᠰ ᠤᠨ ᠡᠳ᠋ ᠮᠦᠩᠬᠦ ᠶᠢ | ᠪᠦᠷᠢᠯᠭᠡᠭᠰᠡᠨ︔ | ︵ᠶᠢᠰᠦ︶ ᠡᠷᠭᠡ ᠲᠤᠰᠢᠶᠠᠯ ᠢᠶᠠᠨ ᠲᠤᠷ᠎ᠠ ᠪᠠᠷ ᠭᠡᠷᠡᠭᠯᠡᠨ ᠡᠷᠭᠡᠳᠦ ᠠᠷᠠᠳ᠂ ᠬᠠᠤᠯᠢ ᠶᠢᠨ ᠡᠷᠬᠡᠲᠡᠨ ᠪᠤᠶᠤ | ᠪᠤᠰᠤᠳ ᠵᠤᠬᠢᠶᠠᠨ ᠪᠠᠶᠢᠭᠤᠯᠤᠯᠳᠠ ᠶᠢᠨ ᠬᠠᠤᠯᠢ ᠶᠤᠰᠤᠨ ᠤ ᠡᠷᠭᠡ ᠠᠰᠢᠭ ᠲᠤ ᠬᠠᠯᠳᠠᠭᠰᠠᠨ︔ | ︵ᠠᠷᠪᠠ︶ ᠣᠯᠣᠰ ᠤᠨ ᠨᠢᠭᠤᠴᠠ ᠪᠤᠶᠤ ᠠᠵᠢᠯ ᠤᠨ ᠨᠢᠭᠤᠴᠠ ᠶᠢ ᠵᠠᠳᠠᠷᠠᠭᠤᠯᠤᠭᠰᠠᠨ︔ | ︵ᠠᠷᠪᠠᠨ ᠨᠢᠭᠡ︶ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠳᠤ ᠤᠯᠤᠰ ᠤᠨ ᠨᠡᠷ᠎ᠡ ᠲᠦᠷᠦ ᠪᠠ ᠠᠰᠢᠭ | ᠲᠤᠰᠠ ᠶᠢ ᠬᠤᠬᠢᠷᠠᠭᠤᠯᠤᠭᠰᠠᠨ︔ | ︵ᠠᠷᠪᠠᠨ ᠬᠤᠶᠠᠷ︶ ᠱᠠᠯᠢᠭ ᠵᠠᠪᠬᠠᠢ᠂ ᠬᠤᠤᠷ ᠲᠠᠳᠠᠬᠤ᠂ ᠵᠤᠭᠤᠰ ᠮᠦᠷᠦ᠋ᠢᠴᠡᠬᠦ᠂ ᠮᠤᠬᠤᠷ ᠰᠦᠰᠦᠭ | ᠵᠡᠷᠭᠡ ᠠᠵᠢᠯᠯᠠᠭ᠎ᠠ ᠳᠤ ᠣᠷᠤᠯᠴᠠᠭᠰᠠᠨ ᠪᠤᠶᠤ ᠲᠡᠭᠦᠨ ᠢ ᠳᠡᠮᠵᠢᠭᠰᠡᠨ︔ | ︵ᠠᠷᠪᠠᠨ ᠭᠤᠷᠪᠠ︶ ᠠᠵᠢᠯ ᠤᠨ ᠶᠤᠰᠤ ᠮᠤᠷᠠᠯ᠂ ᠨᠡᠶᠢᠭᠡᠮ ᠨᠡᠶᠢᠳᠡ ᠶᠢᠨ ᠶᠤᠰᠤ ᠰᠤᠷᠳᠠᠬᠤᠨ ᠠᠴᠠ | ᠵᠦᠷᠢᠴᠡᠭᠰᠡᠨ︔ | ︵ᠠᠷᠪᠠᠨ ᠲᠦᠷᠪᠡ︶ ᠠᠰᠢᠭ ᠬᠤᠨᠵᠢᠪᠤᠷᠢ ᠶᠢᠨ ᠴᠢᠨᠡᠷᠳᠡᠢ ᠠᠵᠢᠯᠯᠠᠭᠠᠨ ᠶᠢ ᠡᠷᠬᠢᠯᠡᠬᠦ ᠪᠤᠶᠤ ᠣᠷᠤᠯᠴᠠᠵᠤ᠂ | ᠠᠵᠤ ᠠᠬᠤᠶᠢᠯᠠᠯ ᠪᠤᠶᠤ ᠪᠤᠰᠤᠳ ᠠᠰᠢᠭ ᠬᠤᠨᠵᠢᠪᠤᠷᠢ ᠶᠢᠨ ᠴᠢᠨᠡᠷᠳᠡᠢ ᠵᠤᠬᠢᠶᠠᠨ ᠪᠠᠶᠢᠭᠤᠯᠤᠯᠳᠠ ᠳᠤ ᠲᠤᠰᠢᠶᠠᠯ | ᠬᠠᠪᠰᠣᠷᠭᠠᠨ ᠡᠭᠦᠷᠭᠡᠯᠡᠭᠰᠡᠨ︔ | ︵ᠠᠷᠪᠠᠨ ᠲᠠᠪᠤ︶ ᠠᠵᠢᠯ ᠰᠠᠭᠠᠳᠠᠭᠰᠠᠨ ᠪᠤᠶᠤ ᠠᠯᠪᠠᠨ ᠭᠡᠷᠡᠭ ᠢᠶᠠᠷ ᠭᠠᠳᠠᠭᠰᠢ ᠭᠠᠷᠬᠤ᠂ ᠴᠢᠯᠦᠭᠡ | ᠭᠤᠶᠤᠭᠰᠠᠨ ᠬᠤᠭᠤᠴᠠᠭ᠎ᠠ ᠨᠢ ᠲᠤᠯᠤᠭᠰᠠᠨ ᠪᠠᠶᠢᠬᠤ ᠳᠤ ᠵᠦᠢ ᠶᠤᠰᠤᠨ ᠤ ᠤᠴᠢᠷ ᠰᠢᠯᠳᠠᠭᠠᠨ ᠦᠭᠡᠢ ᠪᠠᠷ | ᠲᠤᠭᠳᠠᠭᠰᠠᠨ ᠬᠤᠭᠤᠴᠠᠭᠠᠨ ᠳᠤ ᠪᠠᠨ ᠦᠯᠦ ᠪᠤᠴᠠᠭᠰᠠᠳ︔ | ︵ᠠᠷᠪᠠᠨ ᠵᠢᠷᠭᠤᠭ᠎ᠠ︶ ᠰᠠᠬᠢᠯᠭ᠎ᠠ ᠪᠠᠳᠣ ᠶᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃ | ᠵᠡᠬᠦᠯᠳᠠ᠄ |