| — ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠭᠡᠲᠦ ᠰᠣᠷᠭᠠᠭᠤᠯᠢ ᠶᠢᠨ ᠠᠵᠢᠯ ᠤᠨ | ᠬᠤᠷᠢᠶᠠᠨ ᠤ ᠱᠦᠵᠢ᠂ ᠰᠣᠷᠭᠠᠨ ᠬᠦᠮᠦᠵᠢᠯ ᠤᠨ ᠲᠢᠩᠬᠢᠮ ᠤᠨ ᠳᠠᠷᠤᠭ᠎ᠠ ᠡᠾᠸᠤ ᠶᠣᠸᠠᠨ ᠢ ᠰᠣᠷᠪᠣᠯᠵᠢᠯᠠᠭᠰᠠᠨ ᠨᠢ | | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ | ᠲᠦᠷᠪᠡᠳᠤᠭᠡᠷ ᠤᠳᠠᠭ᠎ᠠ ᠶᠢᠨ ᠪᠦᠬᠦ ᠬᠡᠰᠢᠬᠦᠳ ᠤᠨ ᠬᠤᠷᠠᠯ ᠠᠴᠠ ᠬᠢᠨᠠᠨ ᠵᠦᠪᠯᠡᠵᠥ ᠪᠠᠳᠤᠯᠠᠭᠰᠠᠠ ︽ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠯᠤᠰ ᠠᠷᠠᠳ ᠤᠨ ᠠᠵᠥ ᠠᠬᠤᠢ ᠪᠤᠯᠤᠨ | ᠨᠡᠶᠢᠭᠡᠮ ᠤᠨ ᠬᠦᠭᠵᠢᠯᠳᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠥᠪᠵᠢᠬᠦᠯᠬᠡ ᠶᠢ ᠲᠤᠭᠳᠠᠭᠠᠬᠤ ᠲᠤᠬᠠᠢ | ᠰᠠᠨᠠᠭᠤᠯᠭ᠎ᠠ︾ ᠳᠤ ︽ᠰᠤᠷᠭᠠᠨ ᠬᠦᠮᠥᠵᠢᠯ ᠤᠨ ᠶᠠᠰᠤ ᠴᠢᠨᠠᠷ ᠢ ᠲᠡᠭᠡᠭᠰᠢᠯᠡᠬᠦᠯᠬᠦ︾ ᠶᠢ ᠬᠦᠭᠵᠢᠯᠳᠡ ᠶᠢ ᠬᠠᠮᠳᠤᠪᠡᠷ | ᠡᠳ᠋ᠯᠡᠬᠦ ᠶᠢ ᠪᠠᠷᠢᠮᠲᠠᠯᠠᠵᠤ᠂ ᠠᠷᠠᠳ ᠲᠦᠮᠡᠨ ᠤ ᠪᠤᠶᠠᠨ ᠵᠢᠷᠭᠠᠯ ᠢ ᠲᠡᠭᠡᠭᠰᠢᠯᠡᠬᠦᠯᠬᠦ ᠨᠢᠬᠡ ᠵᠦᠢᠯ ᠤᠨ ᠴᠢᠬᠤᠯᠠ | ᠡᠬᠦᠷᠬᠡ ᠪᠤᠯᠭᠠᠨ᠎ᠠ ᠬᠡᠵᠥ ᠲᠤᠷᠠᠳᠪᠠ᠃ ᠤᠢᠢᠷ᠎ᠠ ᠶᠢᠨ ᠡᠳᠤᠷ᠂ ᠰᠤᠷᠪᠤᠯᠵᠢᠯᠠᠭᠴᠢ ᠪᠦᠬᠦ ᠬᠡᠰᠢᠬᠦᠳ ᠤᠨ ᠬᠤᠷᠠᠯ ᠤᠨ | ᠵᠤᠷᠢᠭ ᠰᠠᠨᠠᠭ᠎ᠠ ᠶᠢ ᠬᠡᠷᠬᠢᠨ ᠰᠠᠶᠢᠳᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠰᠤᠷᠭᠠᠨ ᠬᠦᠮᠥᠵᠢᠯ ᠤᠨ ᠶᠠᠰᠤ | ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠭᠤᠤᠯ ᠰᠡᠳᠤᠪ ᠤᠨ ᠲᠣᠭᠤᠷᠢᠨ ᠳᠤ᠂ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠬᠤᠭᠤᠴᠠᠭᠠᠨ ᠳᠤ ᠮᠠᠨ ᠤ ᠤᠷᠤᠨ ᠤ ᠰᠤᠷᠭᠠᠨ ᠬᠦᠮᠥᠵᠢᠯ ᠤᠨ ᠰᠢᠨᠵᠢᠯᠡᠬᠦ ᠤᠬᠠᠭᠠᠨᠴᠢ ᠬᠦᠭᠵᠢᠯᠳᠡ ᠶᠢ | ᠬᠡᠷᠬᠢᠨ ᠠᠬᠢᠭᠤᠯᠬᠤ ᠲᠤᠬᠠᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠭᠡᠳᠤ ᠰᠤᠷᠭᠠᠭᠤᠯᠢ ᠶᠢᠨ | ᠠᠵᠢᠯ ᠤᠨ ᠬᠤᠷᠢᠶᠠᠨ ᠤ ᠱᠦᠵᠢ᠂ ᠰᠤᠷᠭᠠᠨ ᠬᠦᠮᠥᠵᠢᠯ ᠤᠨ ᠲᠢᠩᠬᠢᠮ ᠤᠨ ᠲᠠᠷᠤᠭ᠎ᠠ ᠡᡁᠸᠥ ᠶᠤᠸᠠᠨ ᠢ | ᠰᠤᠷᠪᠤᠯᠵᠢᠯᠠᠪᠠ᠃ | ᠰᠤᠷᠪᠤᠯᠵᠢᠯᠠᠭᠴᠢ᠄ ᠤᠳᠤᠬᠠᠨ ᠤ ᠪᠠ ᠬᠤᠶᠢᠰᠢᠳᠠ ᠶᠢᠨ ᠨᠢᠬᠡ ᠬᠡᠰᠡᠭ ᠬᠤᠭᠤᠴᠠᠭᠠᠨ ᠳᠤ᠂ ᠦᠪᠡᠷᠳᠡᠭᠡᠨ | ᠵᠠᠰᠠᠬᠤ ᠤᠷᠤᠨ ᠤ ᠰᠤᠷᠭᠠᠨ ᠬᠦᠮᠥᠵᠢᠯ ᠤᠨ ᠰᠢᠰᠲ᠋ᠧᠮ ᠤᠨ ᠬᠢᠨ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠲᠦᠷᠪᠡᠳᠤᠭᠡᠷ ᠤᠳᠠᠭ᠎ᠠ ᠶᠢᠨ ᠪᠦᠬᠦ ᠬᠡᠰᠢᠬᠦᠳ ᠤᠨ ᠬᠤᠷᠠᠯ ᠤᠨ | ᠵᠤᠷᠢᠭ ᠰᠠᠨᠠᠭ᠎ᠠ ᠶᠢ ᠬᠡᠷᠬᠢᠨ ᠰᠤᠷᠤᠯᠴᠠᠵᠥ ᠲᠤᠭᠤᠰᠢᠯᠠᠭᠤᠯᠬᠤ ᠪᠤᠢ︖ | ᠡᡁᠸᠥ ᠶᠤᠸᠠᠨ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ | ᠠᠷᠪᠠᠨ ᠳᠥᠷᠪᠡᠳᠦᠭᠡᠷ ᠤᠳᠠᠭ᠎ᠠ ᠶᠢᠨ ᠪᠦᠭᠦ ᠭᠡᠰᠢᠭᠦᠳ ᠤᠨ ᠬᠤᠷᠠᠯ ᠨᠢ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠰᠤᠷᠤᠯᠴᠠᠨ ᠲᠤᠭᠤᠰᠢᠯᠠᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠠᠬᠢᠭᠤᠯᠬᠤ ᠰᠢᠢᠳᠪᠦᠷᠢᠲᠦ | ᠱᠠᠲᠤᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠂ ᠡᠨᠡ ᠨᠢ ᠰᠢᠨ᠎ᠡ ᠲᠡᠦᠬᠡᠨ | ᠡᠬᠢᠯᠡᠯᠲᠡ ᠶᠢᠨ ᠴᠡᠭ ᠳᠡᠭᠡᠷ᠎ᠡ ᠣᠳᠣᠬᠢᠴᠢᠯᠠᠭᠰᠠᠨ ᠥᠪᠥᠷ ᠮᠣᠩᠭᠤᠯ ᠢ ᠪᠦᠳᠦᠭᠡᠨ ᠪᠠᠶᠢᠭᠤᠯᠬᠤ ᠶᠢ ᠲᠦᠷᠭᠡᠳᠬᠡᠬᠦ ᠂ | ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠳᠦᠭᠡᠨ ᠪᠠᠶᠢᠭᠤᠯᠬᠤ ᠳᠤ | ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠲᠦ ᠶᠢᠨ ᠲᠡᠦᠬᠡᠲᠦ ᠠᠴᠢ ᠬᠤᠯᠪᠣᠭᠳᠠᠯ ᠲᠠᠢ ᠶᠤᠮ᠃ | ᠪᠦᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠰᠠᠨᠠᠭᠤᠯᠭ᠎ᠠ︾ ᠨᠢ ︽ᠲᠠᠪᠤᠨ ᠶᠡᠭᠡ | ᠬᠥᠭᠵᠢᠯᠲᠡ ᠶᠢᠨ ᠣᠶᠢᠯᠠᠭᠠᠭᠳᠠᠬᠤᠨ︾ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠣᠷᠣᠨ ᠤ ᠪᠣᠳᠠᠲᠤ ᠪᠠᠶᠢᠳᠠᠯ ᠪᠠ | ᠣᠨᠴᠠᠯᠢᠭ ᠢ ᠣᠨᠣᠪᠴᠢᠲᠠᠶ ᠡᠵᠡᠮᠰᠢᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ | ᠮᠠᠨ ᠤ ᠣᠷᠣᠨ ᠤ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠬᠠᠷᠠᠯᠲᠠ | ᠱᠠᠭᠠᠷᠳᠠᠯᠭ᠎ᠠ᠂ ᠦᠨᠳᠦᠰᠦᠨ ᠣᠶᠢᠯᠠᠭᠠᠭᠳᠠᠬᠤᠨ ᠪᠣᠯᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠵᠤ᠂ ᠥᠪᠥᠷ ᠮᠣᠩᠭᠤᠯ ᠤᠨ ᠢᠷᠡᠭᠡᠳᠦᠢ ᠶᠢᠨ 5 ᠵᠢᠯ ᠤᠨ ᠬᠥᠭᠵᠢᠯᠲᠡ ᠶᠢᠨ ᠰᠢᠨ᠎ᠡ | ᠪᠣᠷᠣ ᠲᠥᠰᠦᠪ᠂ ᠢᠷᠡᠭᠡᠳᠦᠶ ᠶᠢᠨ ᠰᠢᠨ᠎ᠡ ᠵᠢᠷᠤᠭ ᠢ ᠵᠢᠷᠤᠭᠯᠠᠵᠤ᠂ ᠰᠤᠷᠭᠠᠨ ᠬᠥᠮᠦᠵᠢᠯ ᠤᠨ ᠠᠵᠢᠯ ᠢ ᠰᠠᠶᠢᠲᠤᠷ | ᠬᠢᠬᠦ ᠴᠢᠭᠯᠡᠯ ᠢ ᠲᠣᠳᠣᠷᠬᠠᠢ ᠵᠢᠭᠠᠨ ᠭᠠᠷᠭᠠᠭᠰᠠᠨ ᠪᠠᠶᠢᠨ᠎ᠠ᠃ ︽ᠰᠠᠨᠠᠭᠤᠯᠭ᠎ᠠ︾ ᠳᠤ ᠳᠤᠷᠠᠳᠤᠨ ᠭᠠᠷᠭᠠᠭᠰᠠᠨ ᠨᠢ᠂ | ᠡᠷᠬᠡᠪᠰᠢ ︽ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ︾ ᠪᠠᠷ ᠭᠤᠤᠯ ᠰᠡᠳᠦᠪ ᠪᠣᠯᠭᠠᠵᠤ᠂ ᠰᠤᠷᠭᠠᠨ | ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠳᠡᠭᠡᠲᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠢᠷᠢ | ᠲᠦᠪᠰᠢᠨ ᠪᠠ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠡᠨᠡ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠶᠢᠰᠦᠳᠦᠭᠡᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠪᠦᠭᠦ ᠭᠡᠰᠢᠭᠦᠳ ᠤᠨ ᠬᠤᠷᠠᠯ ᠠᠴᠠ ᠮᠠᠨ ᠤ | ᠣᠷᠣᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠬᠥᠭᠵᠢᠯᠲᠡ ᠶᠢᠨ ᠪᠦᠬᠦ ᠲᠠᠯ᠎ᠠ ᠶᠢᠨ | ᠦᠨᠳᠤᠷᠴᠡ ᠠᠴᠠ ᠰᠤᠷᠭᠠᠨ ᠬᠥᠮᠦᠵᠢᠯ ᠤᠨ ᠠᠵᠢᠯ ᠤᠨ ᠲᠤᠬᠠᠶ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ ᠪᠠᠶᠢᠬᠤ ᠪᠠ ᠴᠢᠩ ᠦᠨᠡᠨᠴᠢ ᠬᠦᠰᠡᠯ ᠡᠷᠡᠮᠡᠯᠵᠡᠯ ᠲᠠᠯᠪᠢᠵᠤ ᠪᠠᠶᠢᠬᠤ ᠶᠢ ᠢᠯᠡᠷᠡᠭᠦᠯᠵᠦ | ᠪᠠᠶᠢᠨ᠎ᠠ ᠃ | ᠡᡁᠸᠥ ᠶᠤᠸᠠᠨ᠄ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ | ᠠᠷᠪᠠᠨ ᠲᠦᠷᠪᠡᠳᠤᠭᠡᠷ ᠤᠳᠠᠭ᠎ᠠ ᠶᠢᠨ ᠪᠦᠬᠦ ᠬᠡᠰᠢᠬᠦᠳ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠪᠤᠯ ᠰᠤᠷᠭᠠᠨ ᠬᠦᠮᠥᠵᠢᠯ ᠤᠨ ᠰᠢᠰᠲ᠋ᠧᠮ ᠤᠨ ᠤᠳᠤᠬᠠᠨ ᠤ ᠪᠠ ᠬᠤᠶᠢᠰᠢᠳᠠ ᠶᠢᠨ ᠨᠢᠬᠡ ᠬᠡᠰᠡᠭ | ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠬᠦᠷᠬᠡ ᠮᠦᠨ᠃ ᠪᠢᠳᠡ ︽ᠲᠦᠷᠪᠡᠨ ᠤᠨᠤᠪᠴᠢᠳᠠᠢ | ᠡᠵᠡᠮᠰᠢᠬᠦ︾ ᠶᠢ ᠬᠦᠢᠴᠡᠳᠭᠡᠵᠥ᠂ ᠦᠵᠡᠯ ᠰᠠᠨᠠᠭ᠎ᠠ ᠪᠠᠨ ᠦᠨᠡᠨᠬᠦ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠡ ᠲᠡᠭᠡᠷ᠎ᠡ ᠨᠢᠬᠡᠳᠭᠡᠬᠦ ᠬᠡᠷᠡᠭᠳᠡᠢ᠃ ᠨᠢᠬᠡ ᠳᠤ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠳᠠᠬᠢ ᠮᠠᠨ ᠤ ᠤᠷᠤᠨ ᠤ ᠬᠦᠭᠵᠢᠯᠳᠡ ᠶᠢᠨ ᠪᠠᠶᠢᠳᠠᠯ ᠤᠨ ᠲᠤᠬᠠᠢ ᠴᠢᠬᠤᠯᠠ ᠶᠡᠭᠡ ᠮᠠᠭᠠᠳᠯᠠᠯᠳᠠ ᠶᠢ | ᠵᠦᠪ ᠡᠵᠡᠮᠰᠢᠵᠥ᠂ ︽ᠲᠦᠷᠪᠡᠨ ᠴᠢᠬᠤᠯᠠ ᠶᠡᠭᠡ ᠠᠵᠠ ᠲᠤᠬᠢᠶᠠᠯ︾᠂ ︽ᠵᠢᠷᠭᠤᠭᠠᠨ ᠶᠡᠭᠡ ᠬᠠᠳᠠᠭᠤᠵᠢᠯᠳᠠᠢ | ᠬᠦᠨᠳᠦ ᠡᠬᠦᠷᠬᠡ︾ ᠵᠡᠷᠬᠡ ᠰᠢᠨᠵᠢᠯᠡᠬᠦ ᠤᠬᠠᠭᠠᠨᠴᠢ ᠮᠠᠭᠠᠳᠯᠠᠯᠳᠠ ᠶᠢ ᠬᠦᠨᠵᠡᠬᠡᠢ ᠤᠢᠢᠯᠠᠭᠠᠵᠥ᠂ ︽ᠵᠢᠷᠭᠤᠭ᠎ᠠ ᠶᠢ | ᠪᠠᠷᠢᠮᠳᠠᠯᠠᠬᠤ︾ ᠵᠠᠷᠴᠢᠮ ᠶᠤᠰᠤᠭᠠᠷ᠂ ᠰᠤᠷᠭᠠᠨ ᠬᠦᠮᠥᠵᠢᠯ ᠢ ᠦᠪᠤᠷ ᠮᠤᠩᠭᠤᠯ ᠤᠨ ᠠᠵᠢᠯ ᠤᠨ ᠶᠡᠭᠡ ᠲᠠᠯ᠎ᠠ ᠳᠤ | ᠤᠷᠤᠭᠤᠯᠤᠨ ᠠᠬᠢᠭᠤᠯᠵᠥ᠂ ᠦᠭᠡᠷᠡᠴᠢᠯᠡᠯᠳᠡ ᠬᠦᠭᠵᠢᠯᠳᠡ ᠶᠢᠨ ᠲᠡᠤᠬᠡ ᠶᠢᠨ ᠶᠠᠪᠤᠴᠠ ᠳᠤ ᠤᠷᠤᠭᠤᠯᠤᠨ | ᠪᠤᠳᠤᠯᠬᠢᠯᠠᠬᠤ ᠬᠡᠷᠡᠭᠳᠡᠢ᠃ ᠬᠤᠶᠠᠷ ᠲᠤ᠂ ᠦᠪᠡᠷᠳᠡᠭᠡᠨ ᠵᠠᠰᠠᠬᠤ ᠤᠷᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠬᠤ ᠲᠡᠮᠡᠴᠡᠯ ᠤᠨ ᠬᠠᠷᠠᠯᠳᠡ ᠶᠢ ᠵᠦᠪ ᠡᠵᠡᠮᠰᠢᠵᠥ᠂ ︽ᠰᠢᠨ᠎ᠡ ᠶᠢ ᠡᠬᠦᠳᠬᠦ᠂ ᠵᠤᠬᠢᠴᠠᠩᠭᠤᠢ᠂ ᠪᠤᠬᠢᠷᠳᠤᠯ | ᠦᠭᠡᠢ᠂ ᠨᠡᠭᠡᠭᠡᠯᠳᠡᠳᠤ᠂ ᠬᠠᠮᠳᠤᠪᠡᠷ ᠡᠳ᠋ᠯᠡᠬᠦ︾ ᠬᠦᠭᠵᠢᠯᠳᠡ ᠶᠢᠨ ᠤᠢᠢᠯᠠᠭᠠᠭᠳᠠᠬᠤᠨ ᠢ ᠪᠠᠷᠢᠮᠳᠠᠯᠠᠵᠥ᠂ ᠬᠦᠭᠵᠢᠬᠦᠯᠬᠦ | ᠪᠤᠯ ᠲᠡᠷᠢᠬᠦᠨ ᠴᠢᠬᠤᠯᠠ ᠡᠬᠦᠷᠬᠡ ᠭᠡᠳᠡᠭ ᠢ ᠪᠠᠷᠢᠮᠳᠠᠯᠠᠵᠥ᠂ ᠬᠦᠭᠵᠢᠯᠳᠡ ᠶᠢᠨ ᠶᠠᠰᠤ ᠴᠢᠨᠠᠷ ᠪᠤᠯᠤᠨ ᠦᠷ᠎ᠡ ᠠᠰᠢᠭ ᠢ | ᠲᠡᠭᠡᠭᠰᠢᠯᠡᠬᠦᠯᠬᠦ ᠪᠠᠷ ᠭᠤᠤᠯ ᠪᠤᠯᠭᠠᠵᠥ᠂ ᠰᠤᠷᠭᠠᠨ ᠬᠦᠮᠥᠵᠢᠯ ᠤᠨ ᠬᠦᠭᠵᠢᠯᠳᠡ ᠶᠢᠨ ᠲᠤᠳᠠᠭᠤᠳᠠᠯ ᠢ ᠬᠦᠴᠦᠯᠡᠨ | ᠨᠦᠬᠦᠪᠦᠷᠢᠯᠡᠵᠥ᠂ ᠲᠤᠭᠳᠠᠭᠰᠠᠠ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ | ᠰᠤᠷᠭᠠᠨ ᠬᠦᠮᠥᠵᠢᠯ ᠤᠨ ᠰᠠᠭᠤᠷᠢ ᠴᠢᠨᠠᠷᠳᠠᠢ᠂ ᠤᠷᠢᠲᠠᠴᠢ ᠴᠢᠨᠠᠷᠳᠠᠢ᠂ ᠪᠦᠬᠦ ᠲᠠᠯ᠎ᠠ ᠶᠢᠨ ᠴᠢᠨᠠᠷᠳᠠᠢ ᠦᠢᠯᠡᠳᠦᠯ ᠢ | ᠪᠠᠳᠠᠷᠠᠭᠤᠯᠬᠤ ᠬᠡᠷᠡᠭᠳᠡᠢ᠃ ᠭᠤᠷᠪᠠ ᠳᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠡᠨᠡᠬᠦ ᠦᠨᠳᠦᠰᠦᠨ | ᠪᠠᠳᠤᠯᠠᠭ᠎ᠠ ᠶᠢ ᠵᠦᠪ ᠡᠵᠡᠮᠰᠢᠵᠥ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠲᠦᠷᠢᠮ ᠲᠣᠭᠲᠠᠭᠠᠯ ᠢᠶᠠᠷ ᠨᠠᠮ ᠢ | ᠵᠠᠰᠠᠬᠤ ᠶᠢ ᠪᠠᠷᠢᠮᠳᠠᠯᠠᠵᠥ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠡᠬᠦᠳᠦᠨ ᠪᠦᠳᠦᠭᠡᠬᠦ ᠬᠦᠴᠦᠨ᠂ ᠨᠢᠬᠳᠠᠷᠠᠯ ᠤᠨ | ᠬᠦᠴᠦᠨ᠂ ᠲᠠᠶᠢᠴᠢᠨ ᠬᠦᠴᠦᠨ ᠢ ᠲᠠᠰᠤᠷᠠᠯᠳᠡ ᠦᠭᠡᠢ ᠲᠡᠭᠡᠭᠰᠢᠯᠡᠬᠦᠯᠵᠥ᠂ ᠦᠪᠡᠷᠳᠡᠭᠡᠨ ᠵᠠᠰᠠᠬᠤ ᠤᠷᠤᠨ ᠤ | ᠰᠤᠷᠭᠠᠨ ᠬᠦᠮᠥᠵᠢᠯ ᠤᠨ ᠦᠢᠯᠡᠰ ᠤᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠠᠷᠠᠯᠳᠡ ᠶᠢ ᠪᠡᠶᠡᠯᠡᠬᠦᠯᠬᠦ ᠳᠤ | ᠦᠨᠳᠦᠰᠦᠨ ᠤᠯᠤᠰ ᠲᠦᠷᠦ ᠶᠢᠨ ᠪᠠᠳᠤᠯᠠᠭ᠎ᠠ ᠬᠠᠩᠭᠠᠬᠤ ᠬᠡᠷᠡᠭᠳᠡᠢ᠃ ᠲᠦᠷᠪᠡ ᠳᠤ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠳᠣᠷᠠᠳᠤᠨ ᠭᠠᠷᠭᠠᠭᠰᠠᠠ ︽ᠰᠤᠷᠭᠠᠨ ᠬᠦᠮᠥᠵᠢᠯ ᠤᠨ ᠶᠠᠰᠤ ᠴᠢᠨᠠᠷ ᠢ | ᠲᠡᠭᠡᠭᠰᠢᠯᠡᠬᠦᠯᠬᠦ︾ ᠴᠢᠬᠤᠯᠠ ᠶᠡᠭᠡ ᠪᠠᠶᠢᠷᠢᠯᠠᠭᠤᠯᠤᠯᠳᠠ ᠶᠢ ᠵᠦᠪ ᠡᠵᠡᠮᠰᠢᠵᠥ᠂ ᠶᠤᠰᠤ ᠰᠤᠷᠳᠠᠬᠤᠨ ᠢᠶᠠᠷ ᠬᠦᠮᠥᠨ ᠢ | ᠬᠦᠮᠥᠵᠢᠬᠦᠯᠬᠦ ᠦᠨᠳᠦᠰᠦᠨ ᠡᠬᠦᠷᠬᠡ ᠶᠢ ᠨᠠᠶᠢᠳᠠᠪᠤᠷᠢᠵᠢᠭᠤᠯᠵᠥ᠂ ᠡᠷᠬᠡ ᠲᠡᠭᠰᠢ ᠶᠢ ᠠᠬᠢᠭᠤᠯᠬᠤ ᠪᠠᠷ ᠦᠨᠳᠦᠰᠦᠨ | ᠡᠬᠦᠷᠬᠡ ᠪᠤᠯᠭᠠᠵᠥ᠂ ᠪᠦᠳᠦᠴᠡ ᠶᠢ ᠰᠢᠯᠢᠳᠡᠭᠵᠢᠬᠦᠯᠬᠦ ᠪᠠᠷ ᠭᠤᠤᠯ ᠰᠢᠪᠳᠤᠯᠬᠤ ᠴᠢᠭᠯᠡᠯ ᠪᠤᠯᠭᠠᠵᠥ᠂ | ᠦᠭᠡᠷᠡᠴᠢᠯᠡᠯᠳᠡ ᠶᠢ ᠬᠦᠨᠵᠡᠬᠡᠶᠢᠷᠡᠬᠦᠯᠬᠦ ᠪᠠᠷ ᠦᠨᠳᠦᠰᠦᠨ ᠬᠦᠳᠡᠯᠭᠡᠬᠦ ᠬᠦᠴᠦᠨ ᠪᠤᠯᠭᠠᠵᠥ᠂ ᠰᠤᠷᠭᠠᠨ ᠬᠦᠮᠥᠵᠢᠯ ᠤᠨ | ᠶᠠᠰᠤ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠬᠡᠷᠡᠭᠳᠡᠢ᠃ | ᠰᠤᠷᠪᠤᠯᠵᠢᠯᠠᠭᠴᠢ᠄ ︽ᠰᠠᠨᠠᠭᠤᠯᠭ᠎ᠠ︾ ᠳᠤ᠂ ︽ᠰᠤᠷᠭᠠᠨ ᠬᠦᠮᠥᠵᠢᠯ ᠤᠨ ᠶᠠᠰᠤ ᠴᠢᠨᠠᠷ ᠢ ᠲᠡᠭᠡᠭᠰᠢᠯᠡᠬᠦᠯᠬᠦ︾ | ᠪᠠᠷ ᠭᠤᠤᠯ ᠰᠡᠳᠤᠪ ᠪᠤᠯᠭᠠᠵᠥ᠂ ᠰᠤᠷᠭᠠᠨ ᠬᠦᠮᠥᠵᠢᠯ ᠢ ᠤᠷᠢᠳᠠᠪᠡᠷ ᠬᠦᠭᠵᠢᠬᠦᠯᠬᠦ ᠶᠢ ᠪᠠᠷᠢᠮᠳᠠᠯᠠᠵᠥ᠂ ᠶᠤᠰᠤ | ᠰᠤᠷᠳᠠᠬᠤᠨ ᠢᠶᠠᠷ ᠬᠦᠮᠥᠨ ᠢ ᠬᠦᠮᠥᠵᠢᠬᠦᠯᠬᠦ ᠦᠨᠳᠦᠰᠦᠨ ᠡᠬᠦᠷᠬᠡ ᠶᠢ ᠨᠠᠶᠢᠳᠠᠪᠤᠷᠢᠵᠢᠭᠤᠯᠵᠥ᠂ ᠠᠯᠪᠠᠨ ᠵᠢᠷᠤᠮ ᠤᠨ | ᠰᠤᠷᠭᠠᠨ ᠬᠦᠮᠥᠵᠢᠯ ᠤᠨ ᠲᠡᠩᠴᠡᠬᠦᠷᠢᠳᠡᠢ ᠬᠦᠭᠵᠢᠯᠳᠡ ᠶᠢ ᠠᠬᠢᠭᠤᠯᠵᠥ᠂ ᠲᠡᠭᠡᠳᠤ ᠰᠤᠷᠭᠠᠭᠤᠯᠢ ᠶᠢᠨ ᠵᠢᠭᠠᠨ | ᠰᠤᠷᠭᠠᠯᠳᠡ ᠶᠢᠨ ᠲᠦᠪᠰᠢᠨ ᠪᠤᠯᠤᠨ ᠰᠢᠨ᠎ᠡ ᠶᠢ ᠡᠬᠦᠳᠬᠦ ᠴᠢᠳᠠᠪᠤᠷᠢ ᠶᠢ ᠲᠡᠭᠡᠭᠰᠢᠯᠡᠬᠦᠯᠵᠥ᠂ ᠰᠤᠷᠭᠠᠨ ᠬᠦᠮᠥᠵᠢᠯ | ᠵᠢᠭᠠᠨ ᠰᠤᠷᠭᠠᠯᠳᠡ ᠶᠢᠨ ᠦᠭᠡᠷᠡᠴᠢᠯᠡᠯᠳᠡ ᠶᠢ ᠬᠦᠨᠵᠡᠬᠡᠶᠢᠷᠡᠬᠦᠯᠥᠨ᠎ᠡ ᠬᠡᠵᠥ ᠲᠤᠷᠠᠳᠪᠠ᠃ ᠲᠠ ᠮᠠᠨ ᠤ ᠤᠷᠤᠨ ᠤ | ᠰᠤᠷᠭᠠᠨ ᠬᠦᠮᠥᠵᠢᠯ ᠤᠨ ᠠᠵᠢᠯ ᠲᠠᠢ ᠤᠶᠠᠯᠳᠤᠭᠤᠯᠵᠥ ᠪᠠᠶᠢᠭᠠᠳ ᠨᠠᠶᠢᠳᠠᠪᠤᠷᠢᠵᠢᠭᠤᠯᠤᠯᠳᠠ ᠶᠢ ᠬᠡᠷᠬᠢᠨ ᠠᠬᠢᠭᠤᠯᠬᠤ | ᠲᠤᠬᠠᠢ ᠶᠠᠷᠢᠭᠠᠳ ᠦᠭᠬᠦᠨ᠎ᠡ ᠤᠤ︖ | ᠡᡁᠸᠥ ᠶᠤᠸᠠᠨ᠄ ᠪᠦᠬᠦ ᠤᠷᠤᠨ ᠤ ᠰᠤᠷᠭᠠᠨ ᠬᠦᠮᠥᠵᠢᠯ ᠤᠨ ᠰᠢᠰᠲ᠋ᠧᠮ ᠤᠨ ᠬᠢᠨ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠠᠷᠪᠠᠨ ᠲᠦᠷᠪᠡᠳᠤᠭᠡᠷ ᠤᠳᠠᠭ᠎ᠠ ᠶᠢᠨ ᠪᠦᠬᠦ | ᠬᠡᠰᠢᠬᠦᠳ ᠤᠨ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠠᠭᠠᠨ ︽ᠰᠢᠨ᠎ᠡ ᠶᠢ | ᠡᠬᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠬᠡᠬᠡᠯᠳᠡᠳᠤ᠂ ᠬᠠᠮᠳᠤᠪᠡᠷ ᠡᠳ᠋ᠯᠡᠬᠦ︾ ᠬᠦᠭᠵᠢᠯᠳᠡ ᠶᠢᠨ | ᠤᠢᠢᠯᠠᠭᠠᠬᠳᠠᠬᠤᠨ ᠢ ᠪᠠᠷᠢᠮᠳᠠᠯᠠᠵᠥ᠂ ᠰᠤᠷᠭᠠᠨ ᠬᠦᠮᠥᠵᠢᠯ ᠢ ᠤᠷᠢᠳᠡᠪᠡᠷ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ | ᠪᠠᠷᠢᠮᠳᠠᠯᠠᠵᠥ᠂ ᠶᠤᠰᠤ ᠰᠤᠷᠳᠠᠬᠤᠨ ᠢᠶᠠᠷ ᠬᠦᠮᠥᠨ ᠢ ᠬᠦᠮᠥᠵᠢᠬᠦᠯᠬᠦ ᠦᠨᠳᠦᠰᠦᠨ ᠡᠬᠦᠷᠬᠡ ᠶᠢ ᠪᠠᠷᠢᠮᠳᠠᠯᠠᠵᠥ᠂ ︽ | 2020 ᠤᠨ ᠳᠤ ᠰᠤᠷᠭᠠᠨ ᠬᠦᠮᠥᠵᠢᠯ ᠤᠨ ᠤᠳᠤᠬᠢᠴᠢᠯᠠᠯᠳᠡ ᠶᠢ ᠦᠨᠳᠦᠰᠦᠨ ᠳᠡᠭᠡᠨ ᠪᠡᠶᠡᠯᠡᠬᠦᠯᠬᠦ︾ ᠡᠨᠡᠬᠦ | ᠶᠡᠷᠤᠩᠬᠡᠢ ᠬᠠᠷᠠᠯᠳᠡ ᠶᠢᠨ ᠲᠤᠭᠤᠷᠢᠨ ᠳᠤ᠂ ᠰᠤᠷᠭᠠᠨ ᠬᠦᠮᠥᠵᠢᠯ ᠤᠨ ᠦᠢᠯᠡᠰ ᠤᠨ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠦᠯᠥᠪᠵᠢᠬᠦᠯᠬᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠵᠥ᠂ ᠦᠪᠡᠷᠳᠡᠭᠡᠨ ᠵᠠᠰᠠᠬᠤ | ᠤᠷᠤᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠰᠤᠷᠭᠠᠨ ᠬᠦᠮᠥᠵᠢᠯ ᠤᠨ ᠦᠢᠯᠡᠴᠢᠯᠡᠬᠦ | ᠴᠢᠳᠠᠪᠤᠷᠢ ᠶᠢ ᠤᠯᠠᠮ ᠴᠢᠨᠠᠭᠰᠢᠳᠠ ᠲᠡᠭᠡᠭᠰᠢᠯᠡᠬᠦᠯᠵᠥ᠂ ᠮᠠᠨ ᠤ ᠤᠷᠤᠨ ᠤ ᠰᠤᠷᠭᠠᠨ ᠬᠦᠮᠥᠵᠢᠯ ᠤᠨ ᠦᠢᠯᠡᠰ ᠤᠨ | ᠬᠦᠭᠵᠢᠯᠳᠡ ᠶᠢᠨ ᠰᠢᠨ᠎ᠡ ᠪᠠᠶᠢᠳᠠᠯ ᠢ ᠴᠢᠷᠮᠠᠶᠢᠨ ᠡᠬᠦᠳᠬᠦ ᠬᠡᠷᠡᠭᠳᠡᠢ᠃ | ᠪᠢᠳᠡ ᠰᠤᠷᠭᠠᠨ ᠬᠦᠮᠥᠵᠢᠯ ᠤᠨ ᠶᠠᠰᠤ ᠴᠢᠨᠠᠷ ᠢ ᠲᠡᠭᠡᠭᠰᠢᠯᠡᠬᠦᠯᠬᠦ ᠪᠠᠷ ᠭᠤᠤᠯ ᠰᠡᠳᠤᠪ ᠪᠤᠯᠭᠠᠵᠥ᠂ ᠲᠤᠤᠷᠠᠬᠢ | ᠶᠢᠰᠦᠨ ᠲᠠᠯ᠎ᠠ ᠶᠢᠨ ᠠᠵᠢᠯ ᠢ ᠰᠠᠶᠢᠳᠤᠷ ᠬᠢᠨ᠎ᠠ᠃ ᠨᠢᠭᠡ ᠳᠤ᠂ ᠵᠠᠩᠬᠢᠯᠠᠭ᠎ᠠ ᠶᠢᠨ ᠭᠤᠭᠴᠤᠭ᠎ᠠ ᠪᠠᠷ ᠭᠤᠤᠯᠳᠠᠭᠤᠯᠵᠥ᠂ | ᠰᠤᠷᠭᠠᠨ ᠬᠦᠮᠥᠵᠢᠯ ᠤᠨ ᠬᠦᠷᠢᠶᠡᠨ ᠤ ᠶᠡᠷᠤᠩᠬᠡᠶᠢᠯᠡᠭᠰᠡᠡ ᠦᠭᠡᠷᠡᠴᠢᠯᠡᠯᠳᠡ ᠶᠢ ᠪᠦᠬᠦ ᠲᠠᠯ᠎ᠠ ᠪᠠᠷ | ᠬᠦᠨᠵᠡᠬᠡᠶᠢᠷᠡᠬᠦᠯᠥᠨ᠎ᠡ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠨᠢᠭᠡᠳᠦᠯᠲᠡᠢ ᠪᠠᠶᠢᠷᠢᠯᠠᠭᠤᠯᠤᠯᠲᠠ ᠶᠢᠨ ᠶᠣᠰᠤᠭᠠᠷ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠳᠤᠲᠠᠭᠤᠳᠠᠯ ᠢᠶᠠᠨ ᠨᠥᠬᠦᠪᠦᠷᠢᠯᠡᠬᠦ ᠳᠤ ᠰᠠᠭᠤᠷᠢᠯᠠᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ | ᠰᠢᠰᠲ᠋ᠧᠮ ᠲᠠᠢ ᠰᠦᠪᠡᠭᠴᠢᠯᠡᠬᠦ ᠪᠠ ᠠᠬᠢᠭᠤᠯᠤᠨ᠎ᠠ᠃ ᠰᠢᠯᠭᠠᠯᠲᠠ ᠪᠠᠷ ᠰᠣᠷᠣᠭᠴᠢ ᠡᠯᠰᠡᠬᠦ ᠲᠦᠷᠢᠮ ᠤᠨ | ᠥᠭᠡᠷᠡᠴᠢᠯᠡᠯᠲᠡ ᠭᠡᠬᠦ ᠡᠨᠡ ᠬᠦ ᠲᠣᠯᠣᠭᠠᠶᠢᠯᠠᠭᠴᠢ ᠶᠢ ᠠᠳᠬᠤᠵᠤ᠂ ᠡᠯ᠎ᠡ ᠵᠦᠢᠯ ᠤᠨ ᠲᠥᠬᠦᠷᠴᠢᠯᠡᠭᠰᠡᠨ ᠲᠦᠷᠦ ᠶᠢᠨ | ᠪᠤᠳᠤᠯᠭ᠎ᠠ ᠶᠢ ᠲᠡᠭᠦᠯᠳᠡᠷᠵᠢᠭᠦᠯᠦᠨ᠎ᠡ᠃ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠬᠢᠷᠢ | ᠬᠡᠮᠵᠢᠶ᠎ᠡ ᠶᠢ ᠠᠩᠬᠠᠷᠤᠨ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ | ᠪᠥᠮᠪᠦᠭᠡ ᠶᠢᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ | ᠬᠤᠶᠠᠷ ᠲᠤ᠂ ᠰᠤᠷᠭᠠᠭᠤᠯᠢ ᠶᠢᠨ ᠨᠠᠰᠤᠨ ᠠᠴᠠ ᠡᠮᠤᠨᠡᠬᠢ ᠰᠤᠷᠭᠠᠨ ᠬᠦᠮᠥᠵᠢᠯ ᠤᠨ ᠲᠦᠬᠡᠮᠡᠯᠵᠢᠯ ᠤᠨ ᠲᠦᠪᠰᠢᠨ ᠢ | ᠤᠯᠠᠮ ᠴᠢᠨᠠᠭᠰᠢᠳᠠ ᠲᠡᠭᠡᠭᠰᠢᠯᠡᠬᠦᠯᠥᠨ᠎ᠡ᠃ ︽ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠵᠢᠴᠢ | ᠪᠤᠰᠤᠳ ᠬᠤᠯᠪᠣᠭᠳᠠᠯ ᠪᠦᠬᠦᠢ ᠢᠨᠵᠧᠨᠧᠷᠢᠩ ᠤᠨ ᠵᠦᠢᠯ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ | ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ | ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ | ᠥᠷᠭᠡᠳᠬᠡᠨ᠎ᠡ᠃ ᠭᠤᠷᠪᠠ ᠳᠤ᠂ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠦᠮᠥᠵᠢᠯ ᠢ ᠲᠡᠩᠴᠡᠬᠦᠷᠢᠳᠡᠢ | ᠬᠦᠭᠵᠢᠬᠦᠯᠬᠦ ᠠᠯᠬᠤᠮ ᠢ ᠲᠦᠷᠭᠡᠳᠭᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ | ᠰᠢᠯᠢᠳᠡᠭᠵᠢᠭᠦᠯᠦᠨ ᠲᠣᠬᠢᠷᠠᠭᠤᠯᠵᠤ᠂ ︽ᠠᠷᠪᠠ ᠶᠢ ᠪᠥᠷᠬᠦᠭᠦᠯᠬᠦ︾ ᠢᠨᠵᠧᠨᠧᠷᠢᠩ ᠢᠶᠠᠷ ᠴᠢᠬᠤᠯᠠ ᠭᠠᠷᠳᠠᠴᠠ | ᠪᠣᠯᠭᠠᠵᠤ᠂ ᠤᠯᠤᠰ ᠤᠨ ︽ᠪᠦᠬᠦ ᠲᠠᠯ᠎ᠠ ᠪᠠᠷ ᠪᠠᠭᠤᠷᠠᠢ ᠶᠢ ᠥᠭᠡᠷᠡᠴᠢᠯᠡᠬᠦ ᠲᠥᠯᠥᠪᠯᠡᠭᠡ︾ ᠪᠣᠯᠤᠨ ᠥᠪᠡᠷᠲᠡᠭᠡᠨ | ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠠᠯᠪᠠᠨ ᠠᠴᠠ ᠡᠷᠬᠢᠯᠡᠭᠰᠡᠨ | ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠵᠡᠷᠭᠡ ᠲᠦᠷᠦᠯ ᠵᠦᠢᠯ ᠢ ᠨᠢᠭᠡᠳᠦᠯᠲᠡᠶ ᠲᠥᠯᠥᠪᠯᠡᠨ | ᠠᠬᠢᠭᠤᠯᠵᠤ᠂ ᠬᠤᠳᠠ ᠬᠥᠳᠡᠭᠡ᠂ ᠣᠷᠣᠨ ᠨᠤᠲᠤᠭ᠂ ᠰᠤᠷᠭᠠᠭᠤᠯᠢ ᠶᠢᠨ ᠬᠤᠭᠤᠷᠣᠨᠳᠣᠬᠢ ᠰᠤᠷᠭᠠᠭᠤᠯᠢ ᠡᠷᠬᠢᠯᠡᠬᠦ | ᠨᠥᠬᠦᠴᠡᠯ ᠤᠨ ᠵᠥᠷᠢᠶ᠎ᠡ ᠶᠢ ᠲᠦᠷᠭᠡᠳᠭᠡᠨ ᠪᠠᠭᠠᠰᠬᠠᠵᠤ᠂ 2020 ᠣᠨ ᠠᠴᠠ ᠡᠮᠦᠨ᠎ᠡ ᠪᠦᠬᠦ ᠲᠠᠯ᠎ᠠ ᠪᠠᠷ ᠰᠢᠶᠠᠨ ᠤ | ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠶ ᠪᠣᠯᠭᠠᠬᠤ ᠶᠢ ᠦᠨᠡᠨ | ᠬᠦ ᠪᠠᠲᠤᠯᠠᠬᠤ ᠳᠤ ᠰᠠᠭᠤᠷᠢ ᠲᠠᠯᠪᠢᠵᠤ ᠥᠭᠬᠦ ᠬᠡᠷᠡᠭᠲᠡᠶ᠃ ᠲᠦᠷᠪᠡ ᠳᠤ᠂ ᠡᠩ ᠤᠨ ᠲᠡᠭᠡᠳᠤ ᠲᠤᠮᠳᠠᠳᠤ ᠶᠢᠨ | ᠰᠤᠷᠭᠠᠨ ᠬᠦᠮᠥᠵᠢᠯ ᠤᠨ ᠤᠯᠠᠨ ᠶᠠᠩᠵᠤᠲᠤ ᠣᠨᠴᠠᠯᠢᠭᠲᠤ ᠬᠦᠭᠵᠢᠯᠳᠡ ᠶᠢ ᠠᠬᠢᠭᠤᠯᠤᠨ᠎ᠠ᠃ ᠨᠢᠭᠡᠲᠤᠯᠲᠡᠢ | ᠱᠠᠭᠠᠷᠳᠠᠯᠭ᠎ᠠ ᠪᠠ ᠤᠯᠠᠨ ᠶᠠᠩᠵᠤᠲᠤ ᠬᠥᠭᠵᠢᠯᠲᠡ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠤᠯᠤᠰ ᠠᠴᠠ | ᠲᠣᠭᠲᠠᠭᠠᠭᠰᠠᠨ ᠬᠢᠴᠢᠶᠡᠯ ᠢ ᠪᠦᠷᠢᠨ ᠰᠠᠶᠢᠲᠤᠷ ᠨᠡᠭᠡᠭᠡᠵᠦ᠂ ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠠᠳᠠᠯᠢ ᠪᠤᠰᠤ ᠨᠢᠭᠤᠭᠳᠠᠮᠠᠯ ᠴᠢᠨᠠᠷ ᠲᠠᠢ ᠰᠤᠷᠤᠭᠴᠢᠳ ᠲᠤ ᠲᠣᠬᠢᠷᠠᠯᠴᠠᠭᠰᠠᠨ᠂ ᠠᠳᠠᠯᠢ ᠪᠤᠰᠤ ᠰᠤᠷᠤᠭᠴᠢᠳ ᠤᠨ | ᠦᠰᠦᠨ ᠪᠤᠶᠢᠵᠢᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠴᠢᠳᠠᠬᠤ ᠴᠢᠳᠠᠪᠤᠷᠢᠲᠠᠨ ᠢ ᠬᠥᠮᠦᠵᠢᠭᠦᠯᠬᠦ ᠬᠡᠪ | ᠵᠠᠭᠪᠤᠷ ᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠲᠠᠪᠤ ᠳᠤ᠂ ᠠᠵᠢᠯ ᠮᠡᠷᠬᠡᠵᠢᠯ ᠤᠨ ᠰᠤᠷᠭᠠᠨ ᠬᠦᠮᠥᠵᠢᠯ ᠤᠨ | ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ᠎ᠠ᠃ ᠳᠣᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠵᠣᠬᠢᠴᠠᠩᠭᠤᠶ | ᠬᠥᠭᠵᠢᠯᠲᠡ ᠶᠢ ᠠᠬᠢᠭᠤᠯᠵᠤ᠂ ︽3 + 2︾᠂ ︽3 + 3︾ ᠶᠢᠨ ᠳᠤᠮᠳᠠ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠨᠢᠭᠡ ᠴᠤᠭᠴᠠᠵᠢᠭᠤᠯᠤᠭᠰᠠᠨ ᠴᠢᠳᠠᠪᠤᠷᠢᠲᠠᠨ ᠤ ᠬᠦᠮᠦᠵᠢᠯ ᠢ ᠲᠦᠯᠬᠢᠨ ᠣᠷᠣᠭᠰᠢᠯᠠᠭᠤᠯᠤᠨ᠎ᠠ᠃ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ | ᠠᠭᠤᠰᠤᠯᠴᠠᠯ᠂ ᠪᠦᠯᠦᠭᠯᠡᠯ ᠤᠨ ᠰᠤᠷᠭᠠᠭᠤᠯᠢ ᠡᠷᠭᠢᠯᠡᠬᠦ ᠶᠢ ᠳᠡᠮᠵᠢᠬᠦ ᠶᠢ ᠭᠦᠨᠵᠡᠭᠡᠶᠢᠷᠡᠭᠦᠯᠵᠦ᠂ ︽ᠬᠤᠣᠰ ᠡᠰᠢᠲᠦ | ᠳᠦᠷᠢᠮ︾ ᠪᠣᠯᠤᠨ ︽ᠣᠳᠣ ᠦᠶ᠎ᠡ ᠶᠢᠨ ᠱᠠᠪᠢᠯᠠᠬᠤ ᠲᠦᠷᠢᠮ︾ ᠤᠨ ᠲᠤᠷᠰᠢᠯᠲᠠ ᠶᠢᠨ ᠬᠦᠷᠢᠶ᠎ᠡ ᠬᠡᠪᠴᠢᠶ᠎ᠡ ᠶᠢ | ᠥᠷᠭᠡᠳᠬᠡᠵᠦ᠂ ᠰᠤᠷᠤᠭᠴᠢᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠵᠣᠷᠢᠭ ᠰᠠᠨᠠᠭ᠎ᠠ ᠪᠠ | ᠦᠢᠯᠡᠳᠦᠯᠭᠡ ᠶᠢᠨ ᠴᠢᠳᠠᠪᠤᠷᠢ ᠶᠢ ᠬᠥᠮᠦᠵᠢᠭᠦᠯᠬᠦ ᠶᠢ ᠨᠡᠩ ᠴᠢᠬᠤᠯᠠᠴᠢᠯᠠᠬᠤ ᠬᠡᠷᠡᠭᠲᠡᠶ᠃ ᠵᠢᠷᠭᠤᠭ᠎ᠠ ᠳᠤ᠂ ᠲᠡᠭᠡᠳᠤ | ᠰᠤᠷᠭᠠᠭᠤᠯᠢ ᠶᠢᠨ ᠵᠢᠭᠠᠨ ᠰᠤᠷᠭᠠᠯᠳᠡ ᠶᠢᠨ ᠬᠢᠷᠢ ᠲᠦᠪᠰᠢᠨ ᠪᠤᠯᠤᠨ ᠰᠢᠨ᠎ᠡ ᠶᠢ ᠡᠬᠦᠳᠬᠦ ᠴᠢᠳᠠᠪᠤᠷᠢ ᠶᠢ | ᠲᠡᠭᠡᠭᠰᠢᠯᠡᠬᠦᠯᠥᠨ᠎ᠡ᠃ ᠳᠡᠭᠡᠳᠦ ᠰᠤᠷᠭᠠᠭᠤᠯᠢ ᠶᠢᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠰᠤᠷᠭᠠᠨ ᠬᠥᠮᠦᠵᠢᠯ | ᠢ ᠲᠦᠯᠬᠢᠨ ᠠᠬᠢᠭᠤᠯᠵᠤ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠬᠢᠴᠢᠶᠡᠯ ᠤᠨ | ᠪᠠᠶᠢᠭᠤᠯᠤᠯᠲᠠ ᠶᠢ ᠴᠢᠩᠭᠠᠳᠬᠠᠵᠤ᠂ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠪᠣᠯᠪᠠᠰᠤᠷᠠᠯ ᠤᠨ | ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ︽ᠢᠨᠲ᠋ᠧᠷ ᠰᠦᠯᠵᠢᠶ᠎ᠡ +︾ ᠤᠶᠤᠲᠠᠳ ᠤᠨ ᠰᠢᠨ᠎ᠡ ᠶᠢ ᠡᠭᠦᠳᠦᠨ | ᠦᠢᠯᠡᠰ ᠴᠣᠭᠴᠠᠯᠠᠬᠤ ᠤᠷᠤᠯᠳᠤᠭᠠᠨ ᠢ ᠰᠠᠶᠢᠲᠤᠷ ᠡᠷᠬᠢᠯᠡᠨ᠎ᠡ᠃ ᠳᠡᠯᠡᠬᠡᠶ ᠶᠢᠨ ᠲᠡᠷᠢᠭᠦᠨ ᠲᠠᠰ ᠤᠨ ᠶᠡᠭᠡ | ᠰᠤᠷᠭᠠᠭᠤᠯᠢ ᠪᠠ ᠲᠡᠷᠢᠭᠦᠨ ᠲᠠᠰ ᠤᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠴᠢᠩᠭᠠᠳᠬᠠᠵᠤ᠂ ᠳᠡᠭᠡᠳᠦ ᠳᠡᠰ ᠤᠨ ᠰᠤᠷᠭᠠᠨ ᠬᠥᠮᠦᠵᠢᠯ ᠤᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠡᠰᠡᠭ ᠡᠩ ᠤᠨ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠶᠢᠨ ᠬᠡᠷᠡᠭᠯᠡᠭᠡᠨ ᠤ ᠬᠡᠯᠪᠡᠷᠢ ᠲᠡᠶᠢᠰᠢ ᠬᠤᠪᠢᠷᠠᠬᠤ ᠶᠢ | ᠵᠣᠷᠢᠭᠵᠢᠭᠤᠯᠵᠤ᠂ ᠠᠵᠤ ᠦᠢᠯᠡᠰ ᠰᠤᠷᠭᠠᠨ ᠬᠥᠮᠦᠵᠢᠯ ᠤᠨ ᠠᠭᠤᠰᠤᠯᠴᠠᠨ ᠬᠠᠮᠵᠢᠯᠴᠠᠵᠤ ᠬᠥᠮᠦᠨ ᠢ | ᠬᠥᠮᠦᠵᠢᠭᠦᠯᠬᠦ ᠶᠢ ᠲᠦᠯᠬᠢᠨ ᠠᠬᠢᠭᠤᠯᠤᠨ᠎ᠠ᠃ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ᠂ ᠬᠦᠮᠦᠵᠢᠭᠦᠯᠬᠦ᠂ | ᠦᠢᠯᠡᠰ ᠴᠣᠭᠴᠠᠯᠠᠨ ᠠᠵᠢᠯ ᠣᠯᠭᠤᠬᠤ ᠬᠤᠯᠪᠣᠭᠠᠯᠠᠨ ᠬᠥᠳᠡᠯᠦᠯᠴᠡᠬᠦ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ | ᠤᠶᠤᠲᠠᠳ ᠤᠨ ᠦᠢᠯᠡᠰ ᠴᠣᠭᠴᠠᠯᠠᠨ ᠠᠵᠢᠯ ᠤᠯᠬᠤ ᠴᠢᠳᠠᠪᠤᠷᠢ ᠤᠨ ᠬᠥᠮᠦᠵᠢᠭᠦᠯᠬᠦ ᠶᠢ ᠴᠢᠩᠭᠠᠳᠬᠠᠬᠤ ᠬᠡᠷᠡᠭᠲᠡᠶ᠃ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ | ᠪᠤᠳᠤᠯᠭ᠎ᠠ ᠪᠠ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠯᠤᠭ᠎ᠠ | ᠠᠭᠤᠰᠤᠯᠴᠠᠬᠤ ᠶᠢ ᠲᠦᠯᠬᠢᠨ ᠠᠬᠢᠭᠤᠯᠵᠤ᠂ ᠳᠡᠭᠡᠳᠦ ᠰᠤᠷᠭᠠᠭᠤᠯᠢ ᠶᠢᠨ ᠣᠷᠣᠰ ᠮᠣᠩᠭᠤᠯ ᠯᠤᠭ᠎ᠠ ᠬᠠᠮᠲᠤᠷᠠᠨ | ᠰᠤᠷᠭᠠᠭᠤᠯᠢ ᠡᠷᠬᠢᠯᠡᠬᠦ ᠪᠠ ᠬᠠᠷᠢᠯᠴᠠᠨ ᠪᠠᠭᠰᠢ ᠲᠣᠮᠢᠯᠠᠬᠤ ᠵᠢᠴᠢ ᠭᠠᠳᠠᠭᠠᠳᠤ ᠳᠤ ᠰᠤᠷᠤᠯᠴᠠᠬᠤ ᠰᠤᠷᠤᠬᠴᠢ ᠶᠢᠨ | ᠬᠡᠪᠴᠢᠶ᠎ᠡ ᠶᠢ ᠦᠷᠭᠡᠳᠭᠡᠨ᠎ᠡ᠃ ᠲᠤᠯᠤᠭ᠎ᠠ ᠳᠤ᠂ ᠦᠨᠳᠦᠰᠦᠳᠡᠨ ᠤ ᠰᠤᠷᠭᠠᠨ ᠬᠦᠮᠥᠵᠢᠯ ᠢ ︽ᠤᠷᠢᠳᠡᠪᠡᠷ | ᠭᠤᠤᠯᠳᠠᠯᠭ᠎ᠠ ᠲᠠᠢ︾ ᠬᠦᠭᠵᠢᠬᠦᠯᠥᠨ᠎ᠡ᠃ ᠪᠦᠬᠦ ᠤᠯᠤᠰ᠂ ᠪᠦᠬᠦ ᠣᠷᠣᠨ ᠤ ᠦᠨᠳᠦᠰᠦᠲᠡᠨ ᠤ ᠰᠤᠷᠭᠠᠨ | ᠬᠥᠮᠦᠵᠢᠯ ᠤᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ︽ᠬᠤᠣᠰ ᠬᠡᠯᠡᠨ ᠤ | ᠰᠤᠷᠭᠠᠨ ᠬᠥᠮᠦᠵᠢᠯ︾ ᠤᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠪᠣᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢᠶᠠᠷ ᠭᠤᠣᠯᠳᠠᠯᠭ᠎ᠠ ᠪᠣᠯᠭᠠᠨ᠂ ᠦᠨᠳᠦᠰᠦᠲᠡᠨ ᠤ | ᠰᠤᠷᠭᠠᠨ ᠬᠥᠮᠦᠵᠢᠯ ᠤᠨ ᠲᠦᠷᠭᠡᠨ ᠬᠥᠭᠵᠢᠯᠲᠡ ᠶᠢ ᠲᠦᠯᠬᠢᠨ ᠣᠷᠣᠭᠰᠢᠯᠠᠭᠤᠯᠤᠨ᠎ᠠ᠃ ︽ᠦᠨᠳᠦᠰᠦᠲᠡᠨ ᠤ | ᠰᠤᠷᠭᠠᠨ ᠬᠥᠮᠦᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ︾ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠮᠣᠩᠭᠤᠯ ᠬᠡᠯᠡ ᠪᠠᠷ ᠬᠢᠴᠢᠶᠡᠯᠯᠡᠬᠦ ᠤᠶᠤᠲᠠᠳ ᠤᠨ ᠠᠵᠢᠯ ᠤᠯᠬᠤ ᠪᠠ ᠦᠢᠯᠡᠰ ᠴᠣᠭᠴᠠᠯᠠᠬᠤ | ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ᠃ ᠨᠠᠢᠮᠠ ᠳᠤ᠂ ᠤᠨᠴᠠᠭᠠᠢ ᠰᠤᠷᠭᠠᠨ ᠬᠦᠮᠥᠵᠢᠯ ᠤᠨ | ᠬᠦᠭᠵᠢᠯᠳᠡ ᠶᠢ ᠴᠢᠬᠤᠯᠠᠴᠢᠯᠠᠨ᠎ᠡ᠃ ︽ᠣᠨᠴᠠᠭᠠᠢ ᠰᠤᠷᠭᠠᠨ ᠬᠥᠮᠦᠵᠢᠯ ᠢ ᠳᠡᠭᠡᠭᠰᠢᠯᠡᠭᠦᠯᠬᠦ ᠲᠥᠯᠥᠪᠯᠡᠭᠡ ︵2014 | — 2016︶︾ ᠶᠢ ᠦᠷᠬᠦᠯᠵᠢᠯᠡᠨ ᠬᠡᠷᠡᠭᠵᠢᠭᠦᠯᠵᠦ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠣᠨᠴᠠᠭᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ | ᠥᠷᠭᠡᠳᠬᠡᠵᠦ᠂ ᠣᠨᠴᠠᠭᠠᠶ ᠰᠤᠷᠭᠠᠨ ᠬᠥᠮᠦᠵᠢᠯ ᠤᠨ ᠲᠦᠭᠡᠮᠡᠯᠵᠢᠯᠲᠡ ᠶᠢᠨ ᠬᠢᠷᠢ ᠬᠡᠮᠵᠢᠶ᠎ᠡ ᠪᠣᠯᠤᠨ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ ᠶᠢᠰᠦ ᠳᠤ᠂ ᠰᠤᠷᠭᠠᠨ ᠬᠦᠮᠥᠵᠢᠯ ᠢᠶᠠᠷ ᠶᠠᠳᠠᠭᠤ ᠶᠢ ᠲᠡᠳᠬᠦᠬᠦ ᠠᠵᠢᠯ ᠢ | ᠴᠢᠩᠭᠠᠳᠬᠠᠨ᠎ᠠ᠃ ᠲᠥᠪ ᠬᠤᠷᠢᠶᠠᠨ ᠤ ︽ᠰᠤᠷᠭᠠᠨ ᠬᠦᠮᠦᠵᠢᠯ ᠢᠶᠠᠷ ᠨᠢᠭᠡ ᠪᠦᠯᠦᠭ ᠢ ᠶᠠᠳᠠᠭᠤ ᠠᠴᠠ | ᠠᠩᠭᠢᠵᠢᠷᠠᠭᠤᠯᠬᠤ︾ ᠱᠠᠭᠠᠷᠳᠠᠯᠭ᠎ᠠ ᠶᠣᠰᠣᠭᠠᠷ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠠᠬ᠎ᠠ | ᠳᠡᠯᠭᠡᠭᠦᠷ ᠤᠨ ᠬᠡᠷᠡᠭᠴᠡᠭᠡ ᠳᠤ ᠵᠣᠬᠢᠴᠠᠭᠰᠠᠨ ᠣᠨᠴᠠᠯᠢᠭ ᠲᠠᠢ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ | ᠴᠢᠩᠭᠠᠳᠬᠠᠵᠤ᠂ ᠤᠷ᠎ᠠ ᠮᠡᠷᠭᠡᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠲᠦᠯᠬᠢᠨ ᠠᠬᠢᠭᠤᠯᠤᠨ᠎ᠠ᠃ ᠶᠠᠳᠠᠭᠤ | ᠬᠦᠴᠢᠷᠳᠡᠯᠲᠡᠶ ᠭᠡᠷ ᠪᠦᠯᠢ ᠶᠢᠨ ᠰᠤᠷᠭᠠᠭᠤᠯᠢ ᠲᠡᠭᠦᠰᠦᠭᠡᠳ ᠠᠵᠢᠯ ᠣᠯᠤᠭᠠᠳᠤᠶ ᠳᠡᠭᠡᠳᠦ ᠰᠤᠷᠭᠠᠭᠤᠯᠢ ᠠᠴᠠ | ᠲᠡᠭᠦᠰᠦᠭᠰᠡᠳ ᠲᠤ ᠲᠠᠩᠰᠠ ᠡᠪᠬᠡᠮᠡᠯ ᠪᠠᠶᠢᠭᠤᠯᠤᠨ ᠺᠠᠷᠲ ᠵᠣᠬᠢᠶᠠᠵᠤ᠂ ᠨᠠᠷᠢᠯᠢᠭ ᠤᠨᠤᠴᠠᠳᠤ ᠠᠵᠢᠯ | ᠣᠯᠭᠤᠯᠲᠠ ᠶᠢᠨ ᠳᠡᠮᠵᠢᠯᠭᠡ ᠶᠢ ᠬᠠᠩᠭᠠᠬᠤ ᠬᠡᠷᠡᠭᠲᠡᠶ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠬᠡᠷ ᠪᠦᠯᠢ ᠶᠢᠨ ᠦᠷ᠎ᠡ ᠬᠡᠦᠬᠡᠳ ᠤᠨ ᠡᠩ ᠤᠨ ᠳᠡᠭᠡᠳᠦ ᠰᠤᠷᠭᠠᠭᠤᠯᠢ ᠳᠤ ᠣᠷᠣᠬᠤ ᠶᠢ ᠲᠡᠳᠭᠦᠨ | ᠲᠤᠰᠠᠯᠠᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠡᠯ᠎ᠡ ᠱᠠᠲᠤᠨ ᠤ ᠡᠯ᠎ᠡ ᠲᠦᠷᠦᠯ ᠤᠨ | ᠰᠤᠷᠭᠠᠨ ᠬᠥᠮᠦᠵᠢᠯ ᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠲᠡᠳᠬᠦᠨ ᠳᠡᠮᠵᠢᠬᠦ | ᠲᠣᠭᠲᠠᠯᠴᠠᠭ᠎ᠠ ᠢ ᠲᠡᠭᠦᠯᠳᠡᠷᠵᠢᠭᠦᠯᠦᠨ᠎ᠡ᠃ | ᠪᠠᠭᠰᠢ ᠶᠢᠨ ᠡᠩᠨᠡᠭᠡ ᠤᠨᠴᠠᠭᠠᠢᠢᠯᠠᠨ ᠬᠦᠳᠡᠭᠡ ᠲᠤᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠳᠠ ᠶᠢ | ᠴᠢᠩᠭᠠᠳᠬᠠᠵᠥ᠂ ᠤᠨᠴᠠᠭᠠᠢ ᠠᠵᠢᠯ ᠤᠨ ᠪᠠᠶᠢᠷᠢ ᠶᠢᠨ ᠲᠦᠯᠥᠪᠯᠡᠭᠡ᠂ ᠤᠯᠤᠰ ᠠᠴᠠ ᠬᠦᠮᠥᠵᠢᠬᠦᠯᠬᠦ ᠲᠦᠯᠥᠪᠯᠡᠭᠡ ᠶᠢ | ᠶᠠᠳᠠᠭᠤ ᠬᠦᠴᠢᠷᠳᠡᠯᠳᠡᠢ ᠭᠠᠵᠠᠷ ᠤᠷᠤᠨ ᠲᠡᠶᠢᠰᠢ ᠬᠡᠯᠪᠠᠶᠢᠯᠬᠡᠨ᠎ᠡ᠃ ᠪᠦᠬᠦ ᠣᠷᠣᠨ ᠤ ᠰᠤᠷᠭᠠᠨ ᠬᠥᠮᠦᠵᠢᠯ ᠤᠨ | ᠰᠢᠰᠲ᠋ᠧᠮ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ | ᠠᠷᠪᠠᠨ ᠳᠥᠷᠪᠡᠳᠦᠭᠡᠷ ᠤᠳᠠᠭ᠎ᠠ ᠶᠢᠨ ᠪᠥᠬᠦ ᠭᠡᠰᠢᠭᠦᠳ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠲᠤᠭᠤᠰᠢᠯᠠᠭᠤᠯᠵᠤ᠂ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠲᠠ ᠶᠢᠨ ᠶᠣᠰᠤᠭᠠᠷ᠂ ᠥᠪᠡᠷᠲᠡᠭᠡᠨ ᠵᠠᠰᠠᠬᠤ ᠣᠷᠣᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠳᠤ ᠦᠢᠯᠡᠴᠢᠯᠡᠬᠦ ᠪᠠᠷ ᠬᠠᠷᠠᠯᠲᠠ ᠪᠠᠨ ᠪᠣᠯᠭᠠᠵᠤ᠂ ᠰᠤᠷᠭᠠᠨ ᠬᠥᠮᠦᠵᠢᠯ ᠤᠨ ᠰᠢᠰᠲ᠋ᠧᠮ ᠤᠨ | ᠨᠠᠮ ᠤᠨ ᠪᠠᠶᠢᠭᠤᠯᠤᠯᠲᠠ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠬᠤ᠂ ᠰᠤᠷᠭᠠᠨ ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ᠂ ᠰᠤᠷᠭᠠᠨ | ᠬᠥᠮᠦᠵᠢᠯ ᠤᠨ ᠵᠠᠩᠬᠢᠴᠢᠯᠠᠯᠲᠠ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ᠂ ᠰᠤᠷᠭᠠᠨ ᠬᠥᠮᠦᠵᠢᠯ ᠤᠨ | ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠᠷ ᠪᠠᠲᠤᠯᠠᠭ᠎ᠠ ᠪᠠᠨ ᠪᠣᠯᠭᠠᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠢᠷ ᠪᠡᠷᠬᠡᠰᠢᠶᠡᠯ ᠢ ᠲᠤᠭᠤᠯᠤᠨ ᠳᠠᠪᠠᠵᠤ ᠰᠤᠷᠭᠠᠨ ᠬᠥᠮᠦᠵᠢᠯ ᠤᠨ | ᠰᠢᠰᠲ᠋ᠧᠮ ᠤᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠴᠣᠭᠴᠠᠯᠠᠬᠤ ᠳᠤ ᠬᠢᠪᠡᠰᠦ ᠵᠣᠬᠢᠬᠤ ᠰᠢᠨ᠎ᠡ | ᠬᠤᠪᠢ ᠨᠡᠮᠡᠷᠢ ᠪᠠᠨ ᠡᠷᠭᠦᠬᠦ ᠬᠡᠷᠡᠭᠲᠡᠶ᠃ | ︵ᠰᠤᠷᠪᠤᠯᠵᠢᠯᠠᠭᠴᠢ ᠵᠠᠩ ᠺᠦᠶ︶ | | |