︽ᠨᠢᠭᠡ ᠪᠦᠰᠡ ᠨᠢᠭᠡ ᠵᠠᠮ︾᠎ ᠤᠨ ᠰᠠᠨᠠᠭᠠᠴᠢᠯᠠᠭ᠎ᠠ ᠲᠤᠤᠷᠠᠬᠢ ᠡᠷᠢᠶᠡᠨ ᠬᠤᠲᠠ ᠳᠤ ᠰᠤᠷᠤᠯᠴᠠᠵᠦ ᠪᠠᠶᠢᠬᠤ ᠮᠤᠩᠭᠤᠯ ᠤᠯᠤᠰ ᠤᠨ ᠰᠤᠷᠤᠭᠴᠢᠳ ᠤᠨ ᠵᠢᠭᠠᠨ ᠰᠤᠷᠭᠠᠬᠤ ᠠᠵᠢᠯ ᠤᠨ ᠲᠤᠬᠠᠢ ᠪᠠᠶᠢᠴᠠᠭᠠᠨ ᠵᠠᠳᠠᠯᠤᠯᠲᠠ
ᠨᠡᠶᠢᠲᠡᠯᠡᠭᠰᠡᠨ ᠴᠠᠭ᠄
2019/1/11
                                                              ᠤᠷᠠᠨ᠎ᠠ      ᠤᠷᠴᠢᠮ ᠤᠨ ᠵᠢᠯ ᠳᠤ ︽ᠨᠢᠭᠡ ᠪᠦᠰᠡ ᠨᠢᠭᠡ ᠵᠠᠮ︾᠎ ᠤᠨ ᠰᠠᠨᠠᠭᠠᠴᠢᠯᠠᠭ᠎ᠠ ᠲᠤᠤᠷ᠎ᠠ᠂ ᠳᠤᠮᠳᠠᠳᠤ ᠮᠣᠩᠭᠤᠯ ᠬᠤᠶᠠᠷ ᠤᠯᠤᠰ ᠤᠨ ᠠᠵᠦ ᠠᠬᠤᠢ᠂ ᠰᠤᠶᠤᠯ᠂ ᠰᠤᠷᠭᠠᠨ ᠬᠦᠮᠦᠵᠢᠯ᠂ ᠡᠷᠳᠡᠮ ᠰᠢᠨᠵᠢᠯᠡᠭᠡ ᠵᠡᠷᠭᠡ ᠡᠯ᠎ᠡ ᠲᠠᠯ᠎ᠠ ᠶᠢᠨ ᠬᠠᠷᠢᠯᠴᠠᠭ᠎ᠠ ᠨᠢᠭᠲᠠᠷᠠᠵᠤ᠂ ᠮᠤᠩᠭᠤᠯ ᠤᠯᠣᠰ ᠤᠨ ᠨᠡᠩ ᠤᠯᠠᠨ ᠠᠷᠠᠳ ᠢᠷᠭᠡᠳ ᠳᠤᠮᠳᠠᠳᠤ ᠤᠯᠤᠰ ᠲᠤ ᠢᠷᠡᠵᠦ ᠬᠢᠳᠠᠳ ᠬᠡᠯᠡ ᠰᠤᠷᠤᠯᠴᠠᠨ᠂ ᠠᠵᠢᠯ ᠮᠡᠷᠭᠡᠵᠢᠯ ᠤᠨ ᠳᠣᠰᠬᠠᠢ ᠪᠤᠯᠪᠠᠰᠤᠷᠠᠯ ᠬᠦᠷᠳᠡᠬᠦ ᠪᠠᠷ ᠲᠠᠮᠵᠢᠨ ᠨᠡᠩ ᠰᠠᠶᠢᠨ ᠠᠵᠢᠯᠯᠠᠵᠣ ᠰᠣᠷᠣᠯᠴᠠᠬᠤ ᠠᠵᠠ ᠲᠣᠬᠢᠶᠠᠯ ᠲᠠᠢ ᠪᠣᠯᠵᠠᠢ᠃ ᠡᠷᠢᠶᠡᠨ ᠬᠤᠲᠠ ᠪᠣᠯ ᠲᠤᠮᠳᠠᠳᠤ ᠤᠯᠤᠰ ᠤᠨ ᠤᠮᠠᠷᠠᠳᠦ ᠬᠢᠯᠢ ᠳᠤ ᠪᠠᠶᠢᠷᠢᠯᠠᠵᠦ᠂ ᠮᠠᠨ ᠤ ᠤᠯᠤᠰ ᠤᠨ ᠮᠤᠩᠭᠤᠯ ᠤᠯᠤᠰ ᠲᠠᠢ ᠨᠡᠪᠳᠡᠷᠡᠯᠴᠡᠵᠦ ᠪᠠᠶᠢᠭ᠎ᠠ ᠬᠠᠮᠤᠭ ᠤᠨ ᠶᠡᠭᠡ ᠬᠠᠭᠤᠷᠠᠢ ᠶᠢᠨ ᠪᠤᠭᠤᠮᠲᠠ ᠮᠦᠨ᠃ ᠠᠷᠪᠠᠨ ᠬᠡᠳᠦᠨ ᠵᠢᠯ ᠤᠨ ᠬᠦᠭᠵᠢᠯᠲᠡ ᠪᠠᠷ ᠲᠠᠮᠵᠢᠨ ᠦᠨᠦ ᠨᠢᠭᠡᠨᠳᠡ ᠰᠣᠷᠭᠠᠭᠤᠯᠢ ᠶᠢᠨ ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠠᠴᠠ ᠲᠡᠭᠡᠳᠦ ᠵᠡᠷᠭᠡ ᠶᠢᠨ ᠰᠤᠷᠭᠠᠨ ᠬᠦᠮᠦᠵᠢᠯ ᠬᠦᠷᠲᠡᠯᠡᠬᠢ ᠵᠢᠭᠠᠨ ᠰᠤᠷᠭᠠᠬᠤ ᠰᠢᠰᠲ᠋ᠧᠮ ᠢ ᠪᠦᠷᠢᠯᠳᠦᠭᠦᠯᠵᠦ᠂ ᠳᠤᠮᠳᠠᠳᠤ ᠮᠤᠩᠭᠤᠯ ᠬᠤᠶᠠᠷ ᠤᠯᠤᠰ ᠤᠨ ᠬᠠᠷᠢᠯᠴᠠᠭ᠎ᠠ ᠶᠢ ᠬᠦᠨᠵᠡᠭᠡᠶᠢᠷᠡᠬᠦᠯᠬᠦ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃      ᠨᠢᠭᠡ᠂ ᠡᠷᠢᠶᠡᠨ ᠬᠤᠲᠠ ᠳᠤ ᠰᠤᠷᠤᠯᠴᠠᠵᠦ ᠪᠠᠶᠢᠭ᠎ᠠ ᠮᠤᠩᠭᠤᠯ ᠤᠯᠤᠰ ᠤᠨ ᠰᠤᠷᠤᠭᠴᠢᠳ ᠤᠨ ᠲᠦᠢᠮᠦ ᠪᠠᠶᠢᠳᠠᠯ      ᠡᠷᠢᠶᠡᠨ ᠬᠤᠲᠠ ᠪᠤᠯ ᠲᠥᠷᠥ ᠶᠢᠨ ᠶᠠᠪᠤᠳᠠᠯ ᠤᠨ ᠬᠤᠷᠢᠶᠠᠨ ᠠᠴᠠ ᠵᠦᠪᠰᠢᠶᠡᠷᠡᠭᠰᠡᠨ ᠠᠩᠬᠠᠳᠠᠭᠴᠢ ᠠᠷᠪᠠᠨ ᠭᠤᠷᠪᠠᠨ ᠭᠠᠳᠠᠭᠰᠢ ᠨᠡᠭᠡᠭᠡᠭᠰᠡᠨ ᠬᠤᠳᠠ ᠶᠢᠨ ᠨᠢᠭᠡ ᠮᠦᠨ᠂ ᠮᠦᠨ ᠴᠦ ᠮᠤᠩᠭᠤᠯ ᠤᠯᠤᠰ ᠯᠤᠭ᠎ᠠ ᠬᠠᠷᠢᠯᠴᠠᠵᠦ ᠪᠠᠶᠢᠬᠤ ᠴᠤᠷ ᠤᠨ ᠭᠠᠭᠴᠠ ᠲᠡᠮᠦᠷ ᠵᠠᠮ ᠤᠨ ᠪᠤᠭᠤᠮᠲᠠ ᠪᠣᠯᠣᠨ᠎ᠠ᠃ ᠲᠡᠷᠡ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠢᠯᠢ ᠶᠢᠨ ᠭᠤᠤᠯ ᠠᠶᠢᠮᠠᠭ ᠤᠨ ᠪᠠᠷᠠᠭᠤᠨ ᠭᠡᠰᠡᠭ ᠲᠤ ᠪᠠᠶᠢᠷᠢᠰᠢᠵᠦ᠂ ᠳᠤᠮᠳᠠᠳᠤ ᠤᠯᠤᠰ ᠤᠨ ᠤᠮᠠᠷᠠᠳᠦ ᠬᠢᠯᠢ ᠳᠤ ᠮᠤᠩᠭᠤᠯ ᠤᠯᠤᠰ ᠤᠨ ᠵᠠᠮ ᠤᠨ ᠡᠭᠦᠳᠡ ᠪᠤᠭᠤᠮᠲᠠ ᠲᠠᠢ ᠬᠢᠯᠢ ᠨᠡᠶᠢᠯᠡᠵᠦ᠂ ᠤᠮᠠᠷᠠᠰᠢ ᠡᠸᠦ᠋ᠷᠤᠫᠡ ᠠᠽᠢᠶ᠎ᠠ ᠲᠢᠪ ᠢ ᠬᠤᠯᠪᠤᠭᠰᠠᠨ ᠬᠠᠮᠤᠭ ᠤᠨ ᠤᠬᠤᠷ ᠬᠦᠭᠦᠷᠭᠡ ᠶᠤᠮ᠃ ᠤᠷᠴᠢᠮ ᠤᠨ ᠵᠢᠯ ᠳᠤ ᠬᠢᠯᠢ ᠲᠠᠪᠠᠨ ᠠᠷᠠᠯᠵᠢᠶ᠎ᠠ ᠬᠢᠬᠦ᠂ ᠵᠤᠭᠠᠴᠠᠨ ᠠᠶᠠᠯᠠᠬᠤ᠂ ᠰᠤᠷᠤᠯᠴᠠᠵᠦ ᠪᠠᠶᠢᠭ᠎ᠠ ᠮᠣᠩᠭᠤᠯ ᠤᠯᠤᠰ ᠤᠨ ᠬᠦᠮᠦᠨ ᠤ ᠶᠡᠷᠦᠩᠬᠡᠢ ᠲᠤᠭ᠎ᠠ 80 ᠲᠦᠮᠡ ᠶᠢ ᠲᠠᠪᠠᠵᠦ᠂ ᠨᠡᠩ ᠢᠯᠠᠩᠭᠤᠶ᠎ᠠ ᠰᠤᠷᠤᠯᠴᠠᠬᠤ ᠪᠠᠷ ᠢᠷᠡᠵᠦ ᠪᠠᠶᠢᠬᠤ ᠰᠤᠷᠤᠭᠴᠢ ᠶᠢᠨ ᠲᠤᠭ᠎ᠠ ᠵᠢᠯ ᠠᠴᠠ ᠵᠢᠯ ᠨᠡᠮᠡᠭᠳᠡᠵᠦ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ 2006 ᠤᠨ ᠠᠴᠠ ᠬᠤᠶᠢᠰᠢ ᠡᠷᠢᠶᠡᠨ ᠬᠤᠲᠠ ᠶᠢᠨ ᠡᠯ᠎ᠡ ᠰᠤᠷᠭᠠᠨ ᠬᠦᠮᠦᠵᠢᠯ ᠤᠨ ᠪᠠᠶᠢᠭᠤᠯᠤᠮᠵᠢ ᠳᠤ ᠤᠷᠢᠳ ᠬᠤᠵᠢᠳ 4200 ᠭᠠᠷᠣᠢ ᠮᠤᠩᠭᠤᠯ ᠤᠨ ᠰᠤᠷᠤᠭᠴᠢ ᠢᠷᠡᠵᠦ ᠰᠤᠷᠤᠯᠴᠠᠨ᠂ ᠡᠭᠦᠨ ᠤ ᠲᠤᠲᠤᠷ᠎ᠠ ᠨᠢᠭᠡᠨᠳᠡ ᠳᠡᠭᠦᠰᠦᠭᠰᠡᠨ ᠪᠤᠶᠤ ᠪᠤᠰᠤᠳ ᠰᠤᠷᠭᠠᠭᠤᠯᠢ ᠳᠤ ᠲᠠᠪᠰᠢᠨ ᠰᠤᠷᠤᠯᠴᠠᠭᠰᠠᠨ ᠨᠢ 3500 ᠭᠠᠷᠤᠢ ᠪᠠᠶᠢᠵᠦ᠂ ᠲᠤᠰ ᠭᠠᠵᠠᠷ ᠲᠤ ᠦᠷᠭᠦᠯᠵᠢᠯᠠᠨ ᠰᠤᠷᠤᠯᠴᠠᠵᠦ ᠪᠠᠶᠢᠬᠤ ᠨᠢ 732 ᠨᠡᠷᠡᠰ ᠪᠠᠶᠢᠳᠠᠭ᠃ ᠤᠨᠴᠠᠭᠠᠶᠢᠯᠠᠨ ︽ᠨᠢᠭᠡ ᠪᠦᠰᠡ ᠨᠢᠭᠡ ᠵᠠᠮ︾᠎ ᠤᠨ ᠰᠠᠨᠠᠭᠠᠴᠢᠯᠠᠭ᠎ᠠ ᠲᠤᠤᠷ᠎ᠠ ᠡᠷᠢᠶᠡᠨ ᠬᠤᠲᠠ ᠳᠤ ᠰᠤᠷᠤᠯᠴᠠᠬᠤ ᠪᠠᠷ ᠢᠷᠡᠵᠦ ᠪᠠᠶᠢᠬᠤ ᠰᠤᠷᠤᠭᠴᠢ ᠶᠢᠨ ᠲᠤᠭ᠎ᠠ ᠵᠢᠯ ᠪᠦᠷᠢ ᠨᠡᠮᠡᠭᠳᠡᠵᠦ ᠪᠠᠶᠢᠨ᠎ᠠ᠃ ᠪᠠᠶᠢᠴᠠᠭᠠᠯᠲᠠ ᠶᠢ ᠦᠨᠳᠦᠰᠦᠯᠡᠪᠡᠯ᠂ 2014 ᠤᠨ ᠳᠤ 278 ᠰᠤᠷᠤᠭᠴᠢ ᠢᠷᠡᠵᠦ᠂ 2015 ᠤᠨ ᠳᠤ 433 ᠰᠤᠷᠤᠭᠴᠢ ᠢᠷᠡᠵᠦ᠂ 2016 ᠤᠨ ᠳᠤ ᠰᠤᠷᠭᠠᠭᠤᠯᠢ ᠳᠤ ᠰᠠᠭᠤᠭ᠎ᠠ ᠰᠤᠷᠤᠭᠴᠢ ᠨᠡᠮᠡᠭᠳᠡᠭᠡᠳ ᠨᠢᠭᠡᠨᠳᠡ 821 ᠨᠡᠷᠡᠰ ᠪᠤᠯᠪᠠ᠃ ᠡᠳᠡᠭᠡᠷ ᠰᠤᠷᠤᠭᠴᠢ ᠶᠢᠨ ᠵᠠᠷᠢᠮ ᠨᠢ ᠡᠷᠢᠶᠡᠨ ᠬᠤᠲᠠ ᠳᠤ ᠤᠷᠲᠤ ᠬᠤᠭᠤᠴᠠᠭ᠎ᠠ ᠠᠮᠢᠳᠤᠷᠠᠨ ᠰᠠᠭᠤᠷᠢᠰᠢᠵᠦ᠂ ᠦᠨᠦ ᠨᠢᠭᠡᠨᠳᠡ ᠬᠤᠶᠠᠷ ᠣᠯᠤᠰ ᠤᠨ ᠬᠠᠷᠢᠴᠠᠭ᠎ᠠ ᠶᠢ ᠨᠢᠭᠳᠠᠷᠠᠭᠤᠯᠬᠤ ᠴᠢᠬᠤᠯᠠ ᠬᠦᠴᠦᠨ ᠪᠤᠯᠵᠦ ᠪᠠᠶᠢᠨ᠎ᠠ᠃      ᠬᠤᠶᠠᠷ᠂ ᠮᠤᠩᠭᠤᠯ ᠤᠯᠤᠰ ᠤᠨ ᠰᠤᠷᠤᠭᠴᠢᠳ ᠤᠨ ᠰᠤᠷᠭᠠᠨ ᠬᠦᠮᠦᠵᠢᠯ ᠵᠢᠭᠠᠨ ᠰᠤᠷᠭᠠᠯᠲᠠ ᠳᠤ ᠬᠡᠷᠡᠭᠵᠢᠭᠦᠯᠦᠭᠰᠡᠨ ᠭᠤᠤᠯ ᠠᠷᠭ᠎ᠠ ᠬᠡᠮᠵᠢᠶ᠎ᠡ      ᠡᠷᠢᠶᠡᠨ ᠬᠤᠲᠠ ᠶᠢᠨ ᠡᠯ᠎ᠡ ᠰᠤᠷᠭᠠᠨ ᠬᠦᠮᠦᠵᠢᠯ ᠤᠨ ᠪᠠᠶᠢᠭᠤᠯᠤᠮᠵᠢ ᠨᠤᠭᠤᠳ ︽ᠨᠢᠭᠡ ᠪᠦᠰᠡ ᠨᠢᠭᠡ ᠵᠠᠮ︾᠎ ᠤᠨ ᠰᠠᠨᠠᠭᠠᠴᠢᠯᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠮᠤᠩᠭᠤᠯ ᠤᠯᠤᠰ ᠠᠴᠠ ᠢᠷᠡᠭᠰᠡᠨ ᠰᠤᠷᠤᠭᠴᠢᠳ ᠲᠤ ᠰᠢᠯᠢᠳᠡᠭ ᠰᠠᠶᠢᠨ ᠰᠤᠷᠭᠠᠨ ᠬᠦᠮᠦᠵᠢᠯ ᠬᠦᠷᠳᠡᠭᠡᠬᠦ ᠶᠢᠨ ᠲᠦᠯᠦᠭᠡ᠂ ᠰᠢᠯᠢᠳᠡᠭ ᠪᠠᠭᠰᠢ ᠰᠤᠩᠭᠤᠨ ᠲᠤᠬᠢᠷᠠᠭᠤᠯᠬᠤ ᠠᠴᠠ ᠠᠪᠤᠭᠠᠳ ᠵᠢᠭᠠᠨ ᠰᠤᠷᠭᠠᠬᠤ ᠠᠷᠭ᠎ᠠ ᠮᠠᠶ᠋ᠢᠭ ᠲᠤ ᠦᠭᠡᠷᠡᠴᠢᠯᠡᠯᠲᠡ ᠬᠢᠬᠦ ᠵᠡᠷᠭᠡ ᠤᠯᠠᠨ ᠠᠷᠭ᠎ᠠ ᠬᠡᠮᠵᠢᠶ᠎ᠡ ᠠᠪᠴᠤ᠂ ᠤᠬᠢ ᠰᠢᠯᠢᠳᠡᠭ ᠵᠢᠭᠠᠨ ᠰᠤᠷᠭᠠᠬᠤ ᠶᠠᠰᠤ ᠴᠢᠨᠠᠷ ᠢᠶᠠᠷ ᠢᠶᠠᠨ ᠰᠤᠷᠤᠭᠴᠢᠳ ᠤᠨ ᠰᠠᠶᠢᠨ ᠦᠨᠡᠯᠡᠯᠲᠡ ᠶᠢ ᠤᠯᠪᠠ᠃ ᠮᠠᠨ ᠤ ᠰᠤᠳᠤᠯᠭᠠᠨ ᠤ ᠲᠦᠰᠦᠯ ᠤᠨ ᠲᠤᠭᠤᠶᠢᠯᠠᠩ ᠠᠴᠠ ᠠᠩᠬ᠎ᠠ ᠲᠤᠮᠳᠠᠳᠦ᠂ ᠳᠡᠭᠡᠳᠦ ᠲᠤᠮᠳᠠᠲᠤ᠂ ᠶᠡᠭᠡ ᠰᠤᠷᠭᠠᠭᠤᠯᠢ ᠠᠴᠠ ᠲᠤᠰ ᠲᠤᠰ 30 ᠰᠤᠷᠤᠭᠴᠢ ᠰᠢᠯᠢᠵᠦ᠂ ᠰᠤᠩᠭᠤᠨ ᠪᠠᠶᠢᠴᠠᠭᠠᠯᠲᠠ ᠶᠢᠨ ᠬᠡᠯᠪᠡᠷᠢ ᠪᠠᠷ ᠰᠤᠷᠭᠠᠭᠤᠯᠢ ᠶᠢᠨ ᠲᠤᠨᠤᠭ ᠲᠦᠭᠦᠭᠡᠷᠤᠮᠵᠢ᠂ ᠵᠢᠭᠠᠨ ᠰᠤᠷᠭᠠᠬᠤ ᠶᠠᠰᠤ ᠴᠢᠨᠠᠷ᠂ ᠬᠢᠴᠢᠶᠡᠯ ᠤᠨ ᠲᠤᠬᠢᠷᠠᠭᠤᠯᠤᠯᠲᠠ ᠵᠡᠷᠭᠡ ᠶᠢ ᠬᠠᠮᠤᠷᠤᠭᠰᠠᠨ 35 ᠠᠰᠠᠭᠤᠯᠲᠠ ᠭᠠᠷᠭᠠᠨ ᠮᠣᠩᠭᠤᠯ ᠤᠯᠤᠰ ᠤᠨ ᠰᠤᠷᠤᠭᠴᠢᠳ ᠲᠤ ᠪᠠᠶᠢᠴᠠᠭᠠᠯᠲᠠ ᠬᠢᠪᠡ᠃ ᠪᠠᠶᠢᠴᠠᠭᠠᠯᠲᠠ ᠶᠢᠨ ᠦᠷ᠎ᠡ ᠳ᠋ᠦᠩ ᠳᠤ 90%᠎ ᠶᠢᠨ ᠰᠤᠷᠤᠭᠴᠢ ᠬᠠᠨᠤᠮᠵᠢᠲᠠᠢ ᠪᠠᠶᠢᠨ᠎ᠠ ᠭᠡᠰᠡᠨ ᠰᠠᠶᠢᠨ ᠦᠷ᠎ᠡ ᠳ᠋ᠦᠩ ᠤᠯᠪᠠ᠃ ᠪᠤᠲᠠᠲᠠᠢ ᠬᠡᠷᠡᠭᠵᠢᠭᠦᠯᠦᠭᠰᠡᠨ ᠠᠷᠭ᠎ᠠ ᠬᠡᠮᠵᠢᠶ᠎ᠡ ᠬᠡᠪᠡᠯ᠄      ︵ᠨᠢᠭᠡ︶ ᠳᠡᠰ ᠬᠤᠪᠢᠶᠠᠨ ᠵᠢᠭᠠᠨ ᠰᠤᠷᠭᠠᠬᠤ ᠬᠡᠯᠪᠡᠷᠢ ᠶᠢ ᠬᠡᠷᠡᠭᠵᠢᠭᠦᠯᠪᠠ᠃ ᠠᠮᠢᠳᠣᠷᠠᠯ ᠤᠨ ᠤᠷᠴᠢᠨ ᠲᠤᠭᠤᠷᠢᠨ ᠪᠠ ᠰᠤᠷᠭᠠᠨ ᠬᠦᠮᠦᠵᠢᠯ ᠤᠨ ᠣᠷᠴᠢᠨ ᠲᠤᠭᠤᠷᠢᠨ ᠠᠳᠠᠯᠢ ᠪᠤᠰᠤ ᠠᠴᠠ ᠪᠤᠯᠵᠦ᠂ ᠠᠩᠬ᠎ᠠ ᠡᠯᠰᠡᠭᠳᠡᠵᠦ ᠢᠷᠡᠭᠰᠡᠨ ᠮᠤᠩᠭᠤᠯ ᠤᠯᠤᠰ ᠤᠨ ᠰᠤᠷᠤᠭᠴᠢᠳ ᠤᠨ ᠬᠢᠳᠠᠳ ᠬᠡᠯᠡᠨ ᠤ ᠬᠢᠷᠢ ᠬᠡᠮᠵᠢᠶ᠎ᠡ ᠨᠢ ᠲᠤᠩ ᠶᠡᠭᠡ ᠵᠦᠷᠢᠶᠡᠨ ᠲᠠᠢ ᠪᠠᠶᠢᠵᠠᠢ᠃ ᠡᠨᠡ ᠬᠦ ᠪᠠᠶᠢᠳᠠᠯ ᠳᠤ ᠴᠢᠭᠯᠡᠭᠦᠯᠦᠨ ᠰᠤᠷᠭᠠᠭᠤᠯᠢ ᠠᠴᠠ ᠠᠳᠠᠯᠢ ᠪᠤᠰᠤ ᠳᠡᠰ ᠤᠨ ᠵᠢᠭᠠᠨ ᠰᠤᠷᠭᠠᠬᠤ ᠠᠩᠭᠢ ᠪᠠᠶᠢᠭᠤᠯᠵᠦ᠂ ᠦᠪᠡᠷᠮᠢᠴᠡ ᠤᠨᠴᠠᠯᠢᠭ ᠲᠠᠢ ᠵᠢᠭᠠᠨ ᠰᠤᠷᠭᠠᠬᠤ ᠲᠦᠯᠦᠪᠯᠡᠭᠡ ᠶᠢ ᠬᠡᠷᠡᠭᠵᠢᠭᠦᠯᠪᠡ᠃ ᠨᠢᠭᠡ ᠰᠤᠷᠤᠯᠭ᠎ᠠ ᠶᠢᠨ ᠬᠤᠭᠤᠴᠠᠭ᠎ᠠ ᠳᠠᠭᠤᠰᠤᠭᠰᠠᠨ ᠤ ᠲᠠᠷᠠᠭ᠎ᠠ᠂ ᠰᠣᠷᠭᠠᠭᠤᠯᠢ ᠠᠴᠠ ᠰᠢᠯᠭᠠᠯᠲᠠ ᠪᠠᠷ ᠲᠠᠮᠵᠢᠨ ᠰᠤᠷᠤᠭᠴᠢᠳ ᠤᠨ ᠬᠢᠳᠠᠳ ᠬᠡᠯᠡᠨ ᠤ ᠬᠢᠷᠢ ᠬᠡᠮᠵᠢᠶ᠎ᠡ ᠶᠢ ᠲᠠᠬᠢᠨ ᠪᠠᠶᠢᠴᠠᠭᠠᠨ ᠦᠨᠡᠯᠡᠵᠦ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠳᠤ ᠲᠠᠬᠢᠨ ᠰᠢᠨ᠎ᠡ ᠪᠠᠷ ᠳᠡᠰ ᠬᠤᠪᠢᠶᠠᠨ᠂ ᠪᠤᠳᠠᠳᠠᠢ ᠪᠠᠶᠢᠳᠠᠯ ᠳᠤ ᠨᠡᠶᠢᠴᠡᠭᠰᠡᠨ ᠵᠢᠭᠠᠨ ᠰᠤᠷᠭᠠᠬᠤ ᠲᠦᠯᠦᠪᠯᠡᠭᠡ ᠶᠢ ᠬᠡᠷᠡᠭᠵᠢᠭᠦᠯᠪᠠ᠃ ᠡᠶᠢᠮᠦᠷᠭᠦᠦ ᠵᠢᠭᠠᠨ ᠰᠤᠷᠭᠠᠬᠤ ᠬᠡᠯᠪᠡᠷᠢ ᠶᠢ ᠬᠡᠷᠡᠭᠵᠢᠭᠦᠯᠦᠭᠰᠡᠨ ᠤ ᠲᠠᠷᠠᠭ᠎ᠠ᠂ ᠰᠤᠷᠤᠭᠴᠢᠳ ᠤᠨ ᠬᠢᠳᠠᠳ ᠬᠡᠯᠡᠨ ᠤ ᠬᠢᠷᠢ ᠬᠡᠮᠵᠢᠶ᠎ᠡ ᠶᠡᠬᠡᠳᠡ ᠳᠡᠭᠡᠭᠰᠢᠯᠡᠵᠦ᠂ ᠦᠷᠭᠦᠯᠵᠢᠯᠠᠨ ᠳᠠᠪᠰᠢᠨ ᠰᠤᠷᠤᠯᠴᠠᠬᠤ ᠳᠤ ᠪᠠᠲᠤ ᠪᠠᠬᠢ ᠬᠡᠯᠡᠨ ᠤ ᠰᠠᠭᠤᠷᠢ ᠶᠢ ᠲᠠᠯᠪᠢᠵᠠᠢ᠃ ᠪᠠᠶᠢᠴᠠᠭᠠᠯᠲᠠ ᠶᠢ ᠦᠨᠳᠦᠰᠦᠯᠡᠪᠡᠯ᠂ ᠳᠡᠰ ᠬᠤᠪᠢᠶᠠᠨ ᠵᠢᠭᠠᠨ ᠰᠤᠷᠭᠠᠬᠤ ᠬᠡᠯᠪᠡᠷᠢ ᠶᠢ ᠬᠡᠷᠡᠭᠵᠢᠭᠦᠯᠦᠭᠰᠡᠨ ᠤ ᠲᠠᠷᠠᠭ᠎ᠠ᠂ ᠵᠢᠯ ᠪᠤᠯᠭᠠᠨ ᠤ ᠤᠯᠤᠰ ᠤᠨ ᠬᠢᠳᠠᠳ ᠬᠡᠯᠡᠨ ᠤ ᠬᠢᠷᠢ ᠬᠡᠮᠵᠢᠶ᠎ᠡ ᠶᠢ ᠦᠨᠡᠯᠡᠬᠦ ᠰᠢᠯᠭᠠᠯᠳᠠ ︵HSK︶᠎ ᠶᠢᠨ ᠲᠠᠪᠤᠳᠤᠭᠠᠷ ᠳᠡᠰ ᠠᠴᠠ ᠳᠡᠭᠡᠭᠰᠢᠬᠢ ᠰᠢᠯᠭᠠᠯᠲᠠ ᠳᠤ ᠤᠷᠤᠯᠴᠠᠬᠤ ᠨᠤᠷᠮ᠎ᠠ 90%᠎ ᠠᠴᠠ ᠳᠡᠭᠡᠭᠰᠢᠬᠢ ᠶᠢ ᠪᠠᠲᠤᠯᠠᠭᠰᠠᠨ ᠪᠦᠭᠡᠳ ᠡᠭᠦᠨ ᠢᠶᠠᠷ ᠰᠤᠷᠭᠠᠭᠤᠯᠢ ᠶᠢᠨ ᠵᠢᠭᠠᠨ ᠰᠤᠷᠭᠠᠬᠤ ᠶᠠᠰᠤ ᠴᠢᠨᠠᠷ ᠢ ᠰᠢᠯᠭᠠᠨ ᠪᠠᠶᠢᠴᠠᠭᠠᠬᠤ ᠴᠢᠬᠤᠯᠠ ᠪᠠᠷᠢᠮᠵᠢᠶ᠎ᠠ ᠪᠤᠯᠭᠠᠪᠠ᠃      ︵ᠬᠤᠶᠠᠷ︶ ᠰᠤᠷᠭᠠᠭᠤᠯᠢ ᠡᠷᠬᠢᠯᠡᠬᠦ ᠰᠢᠨ᠎ᠡ ᠬᠡᠯᠪᠡᠷᠢ ᠶᠢ ᠡᠭᠦᠳᠪᠡ᠃ ᠡᠷᠢᠶᠡᠨ ᠬᠤᠲᠠ ᠶᠢᠨ ᠡᠯ᠎ᠡ ᠵᠢᠭᠠᠨ ᠰᠤᠷᠭᠠᠬᠤ ᠨᠢᠭᠡᠴᠢ ᠨᠢ ᠲᠤᠰ ᠭᠠᠵᠠᠷ ᠤᠷᠤᠨ ᠤ ᠠᠵᠦ ᠠᠬᠤᠢ ᠶᠢᠨ ᠬᠦᠭᠵᠢᠯᠲᠡ ᠵᠢᠴᠢ ᠨᠡᠶᠢᠭᠡᠮ ᠤᠨ ᠬᠦᠭᠵᠢᠯᠲᠠ ᠶᠢᠨ ᠪᠤᠳᠠᠳᠠᠢ ᠪᠠᠶᠢᠳᠠᠯ ᠳᠤ ᠵᠤᠬᠢᠴᠠᠭᠤᠯᠤᠨ ︽ᠤᠷᠢᠵᠤ ᠠᠪᠴᠢᠷᠠᠬᠤ ᠪᠠ ᠭᠠᠳᠠᠭᠰᠢ ᠭᠠᠷᠭᠠᠬᠤ︾ ᠤᠶᠠᠯᠳᠤᠭᠰᠠᠨ ᠰᠢᠨ᠎ᠡ ᠬᠡᠯᠪᠡᠷᠢ ᠶᠢᠨ ᠰᠤᠷᠭᠠᠭᠤᠯᠢ ᠡᠷᠬᠢᠯᠡᠬᠦ ᠬᠡᠯᠪᠡᠷᠢ ᠶᠢ ᠡᠭᠦᠳᠦᠨ᠂ ᠵᠢᠭᠠᠨ ᠰᠤᠷᠭᠠᠬᠤ ᠶᠠᠰᠤ ᠴᠢᠨᠠᠷ ᠢᠶᠠᠨ ᠲᠠᠰᠤᠷᠠᠯᠲᠠ ᠦᠭᠡᠢ ᠲᠡᠭᠡᠭᠰᠢᠯᠡᠭᠦᠯᠵᠠᠢ᠃ ᠲᠡᠳᠡ ᠨᠢᠭᠡ ᠲᠠᠯ᠎ᠠ ᠪᠠᠷ ᠮᠤᠩᠭᠤᠯ ᠤᠯᠤᠰ ᠠᠴᠠ ᠰᠤᠷᠤᠭᠴᠢ ᠡᠯᠰᠡᠬᠦ ᠶᠢᠨ ᠲᠠᠭᠠᠤ ᠨᠦᠭᠦᠭᠡ ᠲᠠᠯ᠎ᠠ ᠪᠠᠷ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠲᠠᠢ ᠬᠠᠮᠳᠤᠷᠠᠨ᠂ ᠤᠷᠤᠰ ᠮᠤᠩᠭᠤᠯ ᠵᠡᠷᠭᠡ ᠤᠯᠤᠰ ᠤᠨ ᠶᠡᠭᠡ ᠰᠤᠷᠭᠠᠭᠤᠯᠢ ᠲᠠᠢ ᠬᠠᠮᠳᠤᠷᠠᠭᠰᠠᠨ 2+2 ᠮᠠᠶ᠋ᠢᠭ ᠤᠨ ᠰᠤᠷᠭᠠᠭᠤᠯᠢ ᠡᠷᠬᠢᠯᠡᠬᠦ ᠰᠢᠨ᠎ᠡ ᠬᠡᠯᠪᠡᠷᠢ ᠶᠢ ᠡᠭᠦᠳᠦᠨ᠂ ᠰᠤᠷᠤᠭᠴᠢ ᠰᠤᠯᠢᠯᠴᠠᠬᠤ ᠬᠡᠯᠪᠡᠷᠢ ᠪᠠᠷ ᠮᠤᠩᠭᠤᠯ ᠤᠯᠤᠰ ᠲᠤ 2015 ᠣᠨ ᠳᠤ 79 ᠨᠡᠷᠡᠰ᠂ 2016 ᠤᠨ ᠳᠤ 46 ᠨᠡᠷᠡᠰ ᠰᠤᠷᠤᠭᠴᠢ ᠲᠤᠮᠢᠯᠠᠨ ᠰᠤᠷᠤᠯᠴᠠᠭᠤᠯᠵᠠᠢ᠃      ︵ᠭᠤᠷᠪᠠ︶ ᠠᠭᠤᠯᠤᠭᠳᠠᠬᠤᠨ ᠤ ᠪᠦᠳᠦᠭᠡᠨ ᠪᠠᠶᠢᠭᠤᠯᠤᠯᠲᠠ ᠶᠢ ᠲᠠᠰᠦᠷᠠᠯᠲᠠ ᠦᠭᠡᠢ ᠴᠢᠩᠭᠠᠳᠬᠠᠪᠠ᠃ ᠡᠷᠢᠶᠡᠨ ᠬᠤᠲᠠ ᠶᠢᠨ ᠡᠯ᠎ᠡ ᠵᠢᠭᠠᠨ ᠰᠤᠷᠭᠠᠬᠤ ᠨᠢᠭᠡᠴᠢ ᠨᠢ ᠰᠤᠷᠭᠠᠨ ᠬᠦᠮᠦᠵᠢᠯ ᠤᠨ ᠶᠠᠰᠤ ᠴᠢᠨᠠᠷ ᠢᠶᠠᠨ ᠨᠡᠩ ᠳᠡᠭᠡᠭᠰᠢᠯᠡᠭᠦᠯᠬᠦ ᠶᠢᠨ ᠲᠦᠯᠦᠭᠡ᠂ ᠠᠭᠤᠯᠤᠭᠳᠠᠬᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠤᠯᠠᠨ ᠠᠷᠭ᠎ᠠ ᠵᠠᠮ ᠢ ᠰᠦᠪᠡᠭᠴᠢᠯᠡᠵᠡᠢ᠃ ᠨᠢᠭᠡ ᠳᠤ᠂ ᠪᠠᠭᠰᠢ ᠶᠢᠨ ᠡᠩᠨᠡᠭᠡ ᠶᠢ ᠲᠡᠭᠦᠯᠳᠡᠷᠵᠢᠭᠦᠯᠵᠦ᠂ ᠤᠷᠢᠳ ᠬᠤᠵᠢᠳ ᠤᠷᠤᠨ ᠤ ᠲᠤᠳᠤᠭᠠᠳᠦ ᠭᠠᠳᠠᠭᠠᠳᠦ ᠶᠢᠨ ᠨᠡᠷᠡᠳᠦ ᠲᠡᠭᠡᠳᠦ ᠰᠤᠷᠭᠠᠭᠤᠯᠢ ᠠᠴᠠ ᠮᠤᠩᠭᠤᠯ ᠬᠢᠳᠠᠳ ᠬᠤᠤᠰ ᠬᠡᠯᠡᠨ ᠤ ᠲᠤᠰᠬᠠᠢ ᠮᠡᠷᠭᠡᠵᠢᠯ ᠪᠤᠶᠤ ᠬᠢᠳᠠᠳ ᠬᠡᠯᠡᠨ ᠤ ᠲᠤᠰᠬᠠᠢ ᠮᠡᠷᠭᠡᠵᠢᠯ ᠠᠴᠠ ᠲᠡᠭᠦᠰᠦᠭᠰᠡᠨ ᠤᠶᠤᠳᠠᠳ ᠢ ᠡᠯᠰᠡᠵᠦ᠂ ᠵᠢᠭᠠᠨ ᠰᠤᠷᠭᠠᠬᠤ ᠨᠢᠭᠡᠳᠦᠭᠡᠷ ᠹᠷᠤᠨᠲ ᠲᠤ ᠠᠵᠢᠯᠯᠠᠭᠤᠯᠪᠠ᠃ ᠬᠤᠶᠠᠷ ᠲᠤ᠂ ᠪᠡᠭᠡᠵᠢᠩ ᠶᠡᠭᠡ ᠰᠤᠷᠭᠠᠭᠤᠯᠢ ᠵᠡᠷᠭᠡ ᠨᠡᠷᠡᠳᠦ ᠶᠡᠭᠡ ᠰᠤᠷᠭᠠᠭᠤᠯᠢ ᠶᠢᠨ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠨ᠂ ᠰᠤᠷᠤᠭᠴᠢᠳ ᠲᠤ ᠲᠡᠷᠢᠭᠦᠨ ᠳᠡᠰ ᠤᠨ ᠬᠢᠳᠠᠳ ᠬᠡᠯᠡᠨ ᠤ ᠰᠤᠷᠭᠠᠨ ᠬᠦᠮᠦᠵᠢᠯ ᠬᠦᠷᠳᠡᠬᠦ ᠵᠠᠪᠰᠢᠶᠠᠨ ᠤᠯᠭᠤᠪᠠ᠃ ᠭᠤᠷᠪᠠ ᠳᠤ᠂ ᠡᠷᠬᠡᠪᠰᠢ ᠰᠤᠷᠬᠤ ᠬᠢᠴᠢᠶᠡᠯ ᠪᠠ ᠰᠤᠩᠭᠤᠨ ᠰᠤᠷᠬᠤ ᠬᠢᠴᠢᠶᠡᠯ ᠢ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠪᠠᠷ ᠬᠢᠴᠢᠶᠡᠯ ᠢᠶᠠᠨ ᠲᠤᠬᠢᠷᠠᠭᠤᠯᠵᠦ᠂ ᠬᠢᠲᠠᠳ ᠤᠷᠠᠨ ᠪᠢᠴᠢᠯᠭᠡ᠂ ᠳᠠᠭᠤᠤ ᠬᠦᠭᠵᠢᠮ ᠤᠨ ᠲᠤᠷ᠎ᠠ ᠰᠤᠨᠢᠷᠬᠠᠯ ᠤᠨ ᠲᠤᠭᠤᠶᠢᠯᠠᠩ ᠪᠠᠶᠢᠭᠤᠯᠬᠤ ᠵᠡᠷᠭᠡ ᠤᠯᠠᠨ ᠠᠷᠭ᠎ᠠ ᠰᠦᠪᠡᠭᠴᠢᠯᠡᠵᠦ᠂ ᠲᠤᠮᠳᠠᠳᠤ ᠶᠢᠨ ᠦᠨᠳᠦᠰᠦᠳᠡᠨ ᠤ ᠰᠢᠯᠢᠳᠡᠭ ᠤᠯᠠᠮᠵᠢᠯᠠᠯᠲᠦ ᠰᠤᠶᠤᠯ ᠢᠶᠠᠷ ᠰᠤᠷᠤᠭᠴᠢᠳ ᠢ ᠨᠦᠯᠦᠭᠡᠯᠡᠨ᠂ ᠲᠡᠳᠡᠨ ᠤ ᠰᠣᠷᠣᠯᠴᠠᠬᠤ ᠤᠷᠮᠠᠰᠢᠯ ᠢ ᠳᠡᠭᠡᠭᠰᠢᠯᠡᠭᠦᠯᠵᠡᠢ      ᠭᠤᠷᠪᠠ᠂ ᠵᠢᠭᠠᠨ ᠰᠤᠷᠭᠠᠬᠤ ᠠᠵᠢᠯ ᠤᠨ ᠲᠤᠮᠳᠠ ᠲᠤᠯᠭᠠᠷᠠᠵᠦ ᠪᠠᠶᠢᠭ᠎ᠠ ᠬᠦᠴᠢᠷᠳᠡᠯ      ︵ᠨᠢᠭᠡ︶ ᠰᠤᠷᠤᠯᠭ᠎ᠠ ᠶᠢᠨ ᠦᠨᠡᠮᠯᠡᠯ ᠢ ᠬᠠᠷᠢᠯᠴᠠᠨ ᠮᠡᠳᠡᠷᠡᠬᠦ ᠦᠭᠡᠢ ᠪᠠᠶᠢᠬᠤ ᠠᠰᠠᠭᠤᠳᠠᠯ᠄ ᠲᠤᠮᠳᠠᠳᠤ ᠮᠤᠩᠭᠤᠯ ᠬᠤᠶᠠᠷ ᠤᠯᠤᠰ ᠤᠨ ᠰᠤᠷᠭᠠᠨ ᠬᠦᠮᠦᠵᠢᠯ ᠤᠨ ᠰᠢᠰᠲ᠋ᠧᠮ ᠠᠳᠠᠯᠢ ᠪᠤᠰᠤ ᠠᠴᠠ ᠪᠤᠯᠵᠦ᠂ ᠮᠤᠩᠭᠤᠯ ᠤᠯᠤᠰ ᠠᠴᠠ ᠲᠤᠮᠳᠠᠳᠤ ᠣᠯᠤᠰ ᠤᠨ ᠶᠢᠰᠦᠨ ᠵᠢᠯ ᠤᠨ ᠠᠩᠬ᠎ᠠ ᠲᠤᠮᠳᠠᠳᠤ ᠶᠢᠨ ᠰᠤᠷᠭᠠᠨ ᠬᠦᠮᠦᠵᠢᠯ ᠪᠠ ᠠᠷᠪᠠᠨ ᠬᠤᠶᠠᠷ ᠵᠢᠯ ᠤᠨ ᠳᠡᠭᠡᠳᠦ ᠲᠤᠮᠳᠠᠳᠤ ᠶᠢᠨ ᠰᠤᠷᠭᠠᠨ ᠬᠦᠮᠦᠵᠢᠯ ᠤᠨ ᠦᠨᠡᠮᠯᠡᠯ ᠢ ᠮᠡᠳᠡᠷᠡᠬᠦ ᠦᠭᠡᠢ᠃ ᠡᠭᠦᠨ ᠤ ᠦᠷ᠎ᠡ ᠳ᠋ᠦᠩ ᠳᠤ ᠡᠷᠢᠶᠡᠨ ᠬᠤᠲᠠ ᠳᠤ ᠰᠤᠷᠤᠯᠴᠠᠭᠰᠠᠨ ᠮᠣᠩᠭᠤᠯ ᠤᠨ ᠨᠢᠭᠡ ᠭᠡᠰᠡᠭ ᠰᠤᠷᠤᠭᠴᠢ ᠤᠯᠤᠰ ᠲᠤ ᠪᠠᠨ ᠪᠤᠴᠠᠭᠰᠠᠨ ᠤ ᠲᠠᠷᠠᠭ᠎ᠠ ᠲᠠᠬᠢᠨ ᠲᠡᠭᠡᠳᠦ ᠰᠤᠷᠭᠠᠭᠤᠯᠢ ᠳᠤ ᠲᠠᠪᠰᠢᠨ ᠰᠢᠯᠭᠠᠬᠤ ᠵᠠᠪᠰᠢᠶᠠᠨ ᠢ ᠠᠯᠳᠠᠵᠦ᠂ ᠴᠢᠨᠠᠭᠰᠢᠲᠠ ᠰᠤᠷᠤᠯᠴᠠᠬᠤ ᠶᠢ ᠨᠢ ᠨᠦᠯᠦᠭᠡᠯᠡᠵᠠᠢ᠃ ᠡᠶᠢᠮᠦ ᠠᠴᠠ ᠳᠤᠮᠳᠠᠳᠤ ᠮᠤᠩᠭᠤᠯ ᠬᠤᠶᠠᠷ ᠤᠯᠤᠰ ᠤᠨ ᠰᠤᠶᠤᠯ ᠤᠨ ᠬᠠᠷᠢᠯᠴᠠᠭ᠎ᠠ ᠶᠢ ᠨᠡᠩ ᠦᠷᠭᠡᠳᠬᠡᠭᠦ ᠶᠢᠨ ᠲᠦᠯᠦᠭᠡ᠂ ᠬᠤᠶᠠᠷ ᠤᠯᠤᠰ ᠤᠨ ᠵᠠᠰᠠᠭ ᠤᠨ ᠣᠷᠳᠣᠨ ᠠᠴᠠ ᠴᠢᠷᠮᠠᠶᠢᠵᠦ ᠪᠠᠶᠢᠭᠠᠳ᠂ ᠬᠤᠶᠠᠷ ᠤᠯᠤᠰ ᠤᠨ ᠡᠯ᠎ᠡ ᠱᠠᠳᠤᠨ ᠤ ᠰᠤᠷᠭᠠᠨ ᠬᠦᠮᠦᠵᠢᠯ ᠤᠨ ᠦᠨᠡᠮᠯᠡᠯ ᠢ ᠬᠠᠷᠢᠯᠴᠠᠨ ᠮᠡᠳᠡᠷᠡᠬᠦ ᠲᠤᠬᠠᠢ ᠭᠡᠷ᠎ᠡ ᠲᠤᠭᠳᠠᠨ᠂ ᠮᠤᠩᠭᠤᠯ ᠤᠨ ᠰᠤᠷᠤᠭᠴᠢ ᠶᠢᠨ ᠰᠤᠷᠭᠠᠨ ᠬᠦᠮᠦᠵᠢᠯ ᠤᠨ ᠶᠠᠪᠤᠴᠠ ᠶᠢ ᠲᠤᠮᠳᠠᠳᠤ ᠶᠢᠨ ᠰᠤᠷᠤᠯᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠳᠤ ᠤᠷᠤᠭᠤᠯᠪᠠᠯ᠂ ᠬᠤᠶᠠᠷ ᠤᠯᠤᠰ ᠤᠨ ᠰᠤᠷᠤᠯᠭ᠎ᠠ ᠶᠢᠨ ᠦᠨᠡᠮᠯᠡᠯ ᠢ ᠬᠠᠷᠢᠯᠴᠠᠨ ᠮᠡᠳᠡᠷᠡᠬᠦ ᠳᠤ ᠲᠦᠯᠬᠢᠨ ᠠᠬᠢᠭᠤᠯᠬᠤ ᠦᠢᠯᠡᠳᠦᠯ ᠦᠵᠡᠭᠦᠯᠬᠦ ᠶᠤᠮ᠃      ︵ᠬᠤᠶᠠᠷ︶ ᠰᠤᠷᠭᠠᠭᠤᠯᠢ ᠡᠷᠬᠢᠯᠡᠬᠦ ᠪᠡᠯᠡ ᠮᠦᠩᠭᠦ ᠶᠢᠨ ᠠᠰᠠᠭᠤᠳᠠᠯ᠄ ᠡᠷᠢᠶᠡᠨ ᠬᠤᠲᠠ 1998 ᠤᠨ ᠠᠴᠠ ᠮᠤᠩᠭᠤᠯ ᠤᠯᠤᠰ ᠠᠴᠠ ᠰᠤᠷᠤᠭᠴᠢ ᠡᠯᠰᠡᠵᠦ ᠡᠬᠢᠯᠡᠪᠡ᠃ ᠮᠤᠩᠭᠤᠯ ᠤᠨ ᠰᠤᠷᠤᠭᠴᠢᠳ ᠲᠤ ᠠᠵᠦ ᠠᠬᠤᠢ ᠶᠢᠨ ᠲᠠᠯ᠎ᠠ ᠪᠠᠷ ᠲᠤᠰᠠᠯᠠᠮᠵᠢ ᠦᠭᠬᠦ ᠶᠢᠨ ᠲᠦᠯᠦᠭᠡ ︽ᠮᠤᠩᠭᠤᠯ ᠤᠯᠤᠰ ᠤᠨ ᠰᠤᠷᠤᠭᠴᠢ ᠳᠤ ᠰᠤᠷᠤᠯᠭ᠎ᠠ ᠶᠢᠨ ᠱᠠᠩᠨᠠᠯ ᠤᠨ ᠮᠦᠩᠭᠦ ᠬᠦᠷᠳᠡᠭᠡᠬᠦ ᠠᠷᠭ᠎ᠠ︾᠎ ᠶᠢ ᠬᠡᠷᠡᠭᠵᠢᠭᠦᠯᠵᠠᠢ᠃ ᠡᠨᠡ ᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠠᠩᠬᠠᠨ ᠤ ᠬᠤᠭᠤᠴᠠᠭᠠᠨ ᠳᠤ ᠰᠤᠷᠤᠭᠴᠢ ᠶᠢᠨ ᠲᠤᠭ᠎ᠠ ᠴᠦᠬᠡᠨ ᠲᠤᠯᠠ ᠡᠳ᠋ ᠤᠨ ᠵᠠᠰᠠᠭ ᠤᠨ ᠲᠠᠷᠤᠯᠲᠠ ᠬᠦᠨᠳᠦ ᠪᠢᠰᠢ ᠪᠠᠶᠢᠵᠠᠢ᠃ ᠭᠡᠪᠡᠴᠦ ᠰᠣᠷᠣᠭᠴᠢ ᠶᠢᠨ ᠲᠤᠭ᠎ᠠ ᠡᠳᠦᠷ ᠳᠤᠰᠤᠮ ᠨᠡᠮᠡᠭᠳᠡᠬᠦ ᠶᠢ ᠲᠠᠭᠠᠯᠳᠤᠨ᠂ ᠵᠦᠪᠬᠡᠨ ᠲᠤᠰ ᠭᠠᠵᠠᠷ ᠤᠷᠤᠨ ᠤ ᠡᠳ᠋ ᠤᠨ ᠵᠠᠰᠠᠭ ᠤᠨ ᠤᠷᠤᠯᠭ᠎ᠠ ᠶᠢ ᠲᠦᠰᠢᠭᠯᠡᠨ ᠰᠤᠷᠭᠠᠭᠤᠯᠢ ᠡᠷᠬᠢᠯᠡᠬᠦ ᠳᠤ ᠨᠢᠭᠡᠨᠳᠡ ᠬᠦᠴᠢᠷᠳᠡᠯ ᠲᠤᠯᠭᠠᠷᠠᠵᠠᠢ᠃ 2007 ᠤᠨ ᠠᠴᠠ ᠡᠬᠢᠯᠡᠨ ᠬᠡᠳᠦ᠋ᠢᠪᠡᠷ ᠲᠦᠪ ᠪᠤᠯᠤᠨ ᠦᠪᠡᠷᠳᠡᠭᠡᠨ ᠵᠠᠰᠠᠬᠤ ᠤᠷᠤᠨ ᠠᠴᠠ 600 ᠭᠠᠷᠤᠢ ᠲᠦᠮᠡᠨ ᠲᠦᠭᠦᠷᠢᠭ ᠤᠨ ᠲᠡᠮᠵᠢᠯᠭᠡ ᠶᠢᠨ ᠮᠦᠩᠭᠦ ᠶᠢ ᠬᠠᠨᠭ᠍ᠭᠠᠭᠰᠠᠨ ᠪᠤᠯᠪᠠᠴᠤ ᠤᠳᠤ ᠶᠢᠨ ᠰᠤᠷᠭᠠᠭᠤᠯᠢ ᠡᠷᠬᠢᠯᠡᠬᠦ ᠬᠦᠷᠢᠶ᠎ᠡ ᠬᠡᠪᠴᠢᠶ᠎ᠡ ᠶᠢ ᠪᠠᠳᠤᠳᠬᠠᠬᠤ ᠳᠤ ᠮᠦᠨ ᠴᠦ ᠬᠦᠷᠦᠯᠴᠡᠬᠦ ᠦᠭᠡᠢ ᠪᠠᠶᠢᠭᠰᠠᠭᠠᠷ᠃      ᠳᠦᠷᠪᠡ᠂ ︽ᠨᠢᠭᠡ ᠪᠦᠰᠡ ᠨᠢᠭᠡ ᠵᠠᠮ︾᠎ ᠤᠨ ᠰᠠᠨᠠᠭᠠᠴᠢᠯᠠᠭ᠎ᠠ ᠲᠤᠤᠷᠠᠬᠢ ᠬᠦᠭᠵᠢᠯᠲᠡ ᠶᠢᠨ ᠵᠠᠪᠰᠢᠶᠠᠨ      ᠮᠤᠩᠭᠤᠯ ᠤᠯᠤᠰ ᠠᠴᠠ ᠳᠤᠷᠤᠨᠠᠭᠤᠪᠢ ᠠᠶᠢᠮᠠᠭ ᠤᠨ ᠰᠠᠶᠢᠨ ᠱᠠᠩᠳᠠ ᠬᠤᠲᠠ ᠳᠤ ᠪᠠᠶᠢᠭᠤᠯᠵᠦ ᠪᠠᠶᠢᠭ᠎ᠠ ᠠᠵᠦ ᠠᠬᠤᠢ ᠶᠢᠨ ᠬᠦᠷᠢᠶᠡᠯᠡᠩ ᠪᠤᠯ ᠨᠡᠭᠦᠷᠡᠰᠦ᠂ ᠲᠡᠮᠦᠷ᠂ ᠭᠠᠤᠯᠢ᠂ ᠴᠢᠯᠠᠭᠤᠨ ᠲᠤᠰᠤ ᠪᠤᠯᠪᠠᠰᠣᠷᠠᠭᠤᠯᠬᠤ ᠪᠠᠷ ᠭᠤᠤᠯ ᠪᠤᠯᠭᠠᠭᠰᠠᠨ ᠠᠵᠦ ᠦᠢᠯᠡᠳᠪᠤᠷᠢ ᠶᠢᠨ ᠬᠦᠷᠢᠶᠡᠯᠡᠩ ᠮᠦᠨ᠃ ᠲᠤᠰ ᠬᠦᠷᠢᠶᠡᠯᠡᠩ ᠪᠠᠶᠢᠭᠤᠯᠤᠭᠳᠠᠭᠰᠠᠨ ᠤ ᠲᠠᠷᠠᠭ᠎ᠠ᠂ ᠬᠠᠮᠤᠭ ᠤᠨ ᠪᠠᠭ᠎ᠠ ᠳᠤ ᠪᠠᠨ 18 ᠲᠦᠮᠡᠨ ᠮᠡᠷᠭᠡᠵᠢᠯ ᠤᠨ ᠠᠵᠢᠯᠴᠢᠨ ᠬᠡᠷᠡᠭᠰᠡᠨ᠎ᠡ᠂ ᠡᠭᠦᠨ ᠠᠴᠠ ᠭᠠᠳᠠᠨ᠎ᠠ ᠵᠢᠯ ᠪᠦᠷᠢ ᠲᠤᠮᠳᠠᠳᠤ ᠤᠯᠤᠰ ᠤᠨ ᠡᠷᠢᠶᠡᠨ ᠪᠤᠭᠤᠮᠲᠠ ᠠᠴᠠ ᠬᠢᠯᠢ ᠲᠠᠪᠠᠨ ᠣᠷᠤᠰ᠂ ᠮᠤᠩᠭᠤᠯ ᠬᠤᠶᠠᠷ ᠤᠯᠤᠰ ᠲᠤ ᠠᠵᠢᠯᠯᠠᠵᠦ ᠪᠠᠶᠢᠬᠤ ᠠᠵᠢᠯᠲᠠᠨ 3 ᠲᠦᠮᠡ ᠪᠠᠶᠢᠵᠦ᠂ ᠪᠠᠷᠤᠭ 2000 ᠭᠠᠷᠤᠢ ᠮᠤᠩᠭᠤᠯ ᠣᠯᠤᠰ ᠤᠨ ᠲᠤᠰᠠᠭᠠᠷ ᠠᠵᠦ ᠠᠬᠤᠶᠢᠯᠠᠯ ᠪᠠ ᠳᠤᠮᠳᠠᠳᠤ ᠮᠤᠩᠭᠤᠯ ᠬᠤᠶᠠᠷ ᠣᠯᠤᠰ ᠤᠨ ᠬᠠᠮᠳᠤᠷᠠᠨ ᠡᠷᠬᠢᠯᠡᠭᠰᠡᠨ ᠠᠵᠦ ᠠᠬᠤᠶᠢᠯᠠᠯ ᠳᠤ ᠪᠠᠰᠠ ᠶᠡᠭᠡ ᠬᠡᠮᠵᠢᠶᠠᠨ ᠤ ᠤᠷᠴᠢᠭᠤᠯᠤᠭᠴᠢ ᠬᠡᠷᠡᠭᠰᠡᠨ᠎ᠡ᠃ ᠡᠶᠢᠮᠦ ᠠᠴᠠ ᠳᠡᠯᠡᠬᠡᠢ ᠶᠢᠨ ᠴᠢᠨᠠᠷ ᠲᠠᠢ ᠳᠤᠰᠬᠠᠢ ᠮᠡᠷᠭᠡᠵᠢᠯ ᠤᠨ ᠪᠤᠯᠪᠠᠰᠤᠷᠠᠯ ᠤᠨ ᠠᠵᠢᠯ ᠦᠢᠯᠡᠰ ᠦᠷᠭᠡᠨ ᠠᠭᠤᠳᠠᠮ ᠬᠦᠭᠵᠢᠯᠲᠡ ᠶᠢᠨ ᠵᠠᠬ᠎ᠠ ᠲᠡᠯᠭᠡᠭᠦᠷ ᠲᠠᠢ᠃ ᠤᠷᠴᠢᠮ ᠤᠨ ᠵᠢᠯ ᠳᠤ᠂ ᠡᠷᠢᠶᠡᠨ ᠬᠤᠲᠠ ᠶᠢᠨ ᠣᠯᠠᠨ ᠤᠯᠤᠰ ᠤᠨ ᠰᠤᠷᠭᠠᠭᠤᠯᠢ ᠠᠴᠠ ︽ᠮᠤᠩᠭᠤᠯ ᠣᠯᠤᠰ ᠤᠨ ᠲᠤᠮᠳᠠᠳᠤ ᠪᠠᠭ᠎ᠠ ᠬᠡᠪᠴᠢᠶᠡᠨ ᠤ ᠠᠵᠦ ᠠᠬᠤᠶᠢᠯᠠᠯ ᠢ ᠲᠡᠳᠬᠦᠬᠦ ᠲᠦᠪ︾᠂ ᠮᠤᠩᠭᠤᠯ ᠤᠯᠤᠰ ᠤᠨ ᠲᠦᠪ ᠮᠤᠵᠢ ᠵᠢᠴᠢ ᠤᠯᠠᠭᠠᠨᠪᠠᠭᠠᠳᠤᠷ ᠵᠡᠷᠭᠡ ᠤᠯᠠᠨ ᠠᠶᠢᠮᠠᠭ ᠬᠤᠲᠠ ᠶᠢᠨ ᠰᠤᠷᠭᠠᠨ ᠬᠦᠮᠦᠵᠢᠯ ᠤᠨ ᠪᠠᠶᠢᠭᠤᠯᠤᠮᠵᠢ ᠲᠠᠢ ᠬᠤᠷᠰᠢᠨ ᠠᠵᠢᠯᠯᠠᠬᠤ ᠭᠡᠷ᠎ᠡ ᠪᠠᠶᠢᠭᠤᠯᠵᠦ᠂ ᠤᠷᠢᠳ ᠬᠤᠵᠢᠳ 3500 ᠬᠦᠮᠦᠨ ᠳᠤ ᠰᠢᠨ᠎ᠡ ᠮᠤᠩᠭᠤᠯ ᠦᠰᠦᠭ᠂ ᠤᠷᠤᠰ ᠬᠡᠯᠡᠨ ᠤ ᠤᠷᠴᠢᠭᠤᠯᠭ᠎ᠠ᠂ ᠠᠶᠠᠯᠠᠯ ᠵᠤᠭᠠᠴᠠᠯ᠂ ᠢᠳᠡᠭᠡᠨ ᠤᠮᠳᠠᠭᠠᠨ ᠤ ᠦᠢᠯᠡᠴᠢᠯᠡᠭᠡ ᠂ ᠬᠡᠦᠬᠡᠳ ᠤᠨ ᠴᠡᠴᠡᠷᠯᠢᠭ ᠵᠢᠴᠢ ᠪᠠᠭᠠᠴᠤᠳ ᠤᠨ ᠪᠠᠭᠰᠢ ᠶᠢᠨ ᠬᠦᠮᠦᠵᠢᠯ ᠵᠡᠷᠭᠡ ᠤᠯᠠᠨ ᠲᠦᠷᠦᠯ ᠤᠨ ᠪᠤᠯᠪᠠᠰᠤᠷᠠᠯ ᠤᠨ ᠠᠩᠭᠢ ᠡᠷᠬᠢᠯᠡᠨ᠂ ᠲᠤᠰᠬᠠᠢ ᠮᠡᠷᠭᠡᠵᠢᠯ ᠤᠨ ᠪᠤᠯᠪᠠᠰᠤᠷᠠᠯ ᠬᠦᠷᠳᠡᠭᠡᠵᠠᠢ᠃ ᠡᠳᠦᠭᠡ ᠡᠷᠢᠶᠡᠨ ᠬᠤᠲᠠ ᠳᠤ ᠨᠢᠭᠡᠨᠳᠡ ᠲᠡᠯᠡᠬᠡᠢ ᠶᠢᠨ ᠴᠢᠨᠠᠷ ᠲᠠᠢ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠨᠦᠬᠦᠴᠡᠯ ᠪᠦᠷᠢᠳᠦᠨ᠂ ᠢᠷᠡᠭᠡᠳᠦᠢ ᠳᠤ ᠭᠠᠳᠠᠭᠠᠳᠦ ᠳᠤ ᠰᠣᠷᠣᠯᠴᠠᠬᠤ ᠰᠤᠷᠤᠭᠴᠢᠳ ᠲᠤ ᠵᠤᠷᠢᠭᠤᠯᠤᠭᠰᠠᠨ ᠰᠠᠭᠤᠷᠢ ᠰᠤᠷᠭᠠᠨ ᠬᠦᠮᠦᠵᠢᠯ᠂ ᠲᠡᠭᠡᠳᠦ ᠵᠡᠷᠭᠡ ᠶᠢᠨ ᠰᠤᠷᠭᠠᠨ ᠬᠦᠮᠦᠵᠢᠯ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠨᠢᠭᠡᠳᠦᠭᠰᠡᠨ ᠬᠠᠷᠢᠯᠴᠠᠨ ᠬᠠᠪᠰᠤᠷᠤᠯᠴᠠᠭᠰᠠᠨ ᠰᠤᠷᠭᠠᠨ ᠬᠦᠮᠦᠵᠢᠯ ᠤᠨ ᠰᠢᠰᠲ᠋ᠧᠮ ᠢ ᠪᠠᠶᠢᠭᠤᠯᠵᠦ᠂ ︽ᠨᠢᠭᠡ ᠪᠦᠰᠡ ᠨᠢᠭᠡ ᠵᠠᠮ︾᠎ ᠤᠨ ᠰᠠᠨᠠᠭᠠᠴᠢᠯᠠᠭ᠎ᠠ ᠶᠢ ᠴᠢᠨᠠᠭᠰᠢᠲᠠ ᠲᠦᠯᠬᠢᠨ ᠠᠬᠢᠭᠤᠯᠬᠤ ᠤᠮᠠᠷᠠᠲᠤ ᠶᠢᠨ ᠭᠤᠤᠯ ᠹᠷᠤᠨᠲ ᠪᠤᠯᠬᠤ ᠪᠣᠯᠣᠮᠵᠢ ᠶᠢ ᠪᠥᠷᠢᠳᠥᠬᠦᠯᠵᠥ ᠪᠠᠶᠢᠭ᠎ᠠ᠃     ᠵᠡᠭᠦᠯᠲᠡ᠄      ᠲᠤᠰ ᠥᠭᠦᠯᠡᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠦᠪᠯᠡᠯ ᠤᠨ 2017 ᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠰᠤᠳᠤᠯᠭᠠᠨ ᠤ ᠲᠤᠰᠠᠯᠠᠮᠵᠢᠲᠤ ᠰᠡᠳᠦᠪ ︽︿ᠨᠢᠭᠡ ᠪᠦᠰᠡ ᠨᠢᠭᠡ ᠵᠠᠮ﹀᠎ ᠤᠨ ᠰᠠᠨᠠᠭᠠᠴᠢᠯᠠᠭ᠎ᠠ ᠳᠤᠤᠷᠠᠬᠢ ᠰᠢᠯᠢ ᠶᠢᠨ ᠭᠤᠣᠯ ᠣᠷᠣᠨ ᠳᠤ ᠬᠢ ᠳᠤᠮᠳᠠᠳᠤ ᠳᠤ ᠢᠷᠡᠵᠦ ᠰᠤᠷᠤᠯᠴᠠᠵᠤ ᠪᠠᠶᠢᠭ᠎ᠠ ᠭᠠᠳᠠᠭᠠᠳᠤ ᠶᠢᠨ ᠰᠤᠷᠤᠭᠴᠢᠳ ᠤᠨ ᠦᠭᠡ ᠬᠡᠯᠡ ᠦᠰᠦᠭ ᠪᠢᠴᠢᠭ ᠤᠨ ᠬᠦᠮᠦᠵᠢᠭᠦᠯᠦᠯ ᠤᠨ ᠰᠢᠰᠲ᠋ᠧᠮ ᠤᠨ ᠰᠤᠳᠤᠯᠤᠯ︾᠎ ᠤᠨ ᠨᠢᠭᠡ ᠬᠡᠰᠡᠭ ᠪᠤᠯᠤᠨ᠎ᠠ᠃ ᠵᠥᠪᠰᠢᠶᠡᠷᠡᠭᠰᠡᠨ ᠳ᠋ᠣᠭᠠᠷ᠄ MW-YDYL-2017012      ᠬᠠᠶ᠋ᠢᠬ᠄ ᠰᠢᠯᠢ ᠶᠢᠨ ᠭᠤᠣᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ               ︵ᠡᠾᠦ᠋ᠩ ᠮᠸᠢ ᠨᠠᠶᠢᠷᠠᠭᠤᠯᠪᠠ︶               2018 ᠣᠨ ᠤ 2 ᠳ᠋ᠤᠭᠠᠷ ᠬᠤᠭᠤᠴᠠᠭ᠎ᠠ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号