— ᠬᠦᠯᠦᠨ ᠪᠤᠶᠢᠷ ᠬᠤᠳᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ | ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠣᠥ ᠢᠤᠢ ᠯᠢᠶᠠᠨ | ᠪᠠᠭᠰᠢ ᠶᠢᠨ ᠦᠢᠯᠨ ᠠᠵᠢᠯᠯᠠᠭ᠎ᠠ ᠠᠴᠠ | | | ᠵᠢᠷᠭᠠᠯᠲᠦ | | | ᠶᠠᠮᠠᠷᠪᠠ ᠬᠡᠷᠡᠭ ᠪᠤᠳᠠᠰ ᠪᠤᠯ ᠪᠦᠷ ᠲᠠᠰᠤᠷᠠᠯᠳᠠ ᠦᠬᠡᠢ ᠬᠤᠪᠢᠷᠠᠯ ᠬᠦᠭᠵᠢᠯ ᠤᠨ ᠲᠤᠮᠳ᠋ᠨ ᠤᠷᠤᠰᠢᠵᠤ | ᠪᠠᠶᠢᠳᠠᠭ᠃ ᠦᠬᠡᠷᠡᠴᠢᠯᠡᠯᠳ᠋ᠨ ᠬᠢᠬᠦ ᠨᠢ ᠬᠡᠷᠡᠭ ᠪᠤᠳᠠᠰ ᠤᠨ ᠬᠤᠪᠢᠷᠠᠯ ᠢ ᠲᠦᠷᠭᠡᠳᠭᠡᠵᠦ᠂ ᠨᠡᠩ ᠲᠦᠷᠭᠡᠨ ᠢᠶᠠᠷ | ᠬᠦᠭᠵᠢᠯᠳ᠋ᠨ ᠶᠢᠨ ᠨᠤᠶᠠᠨ ᠤᠷᠬᠢᠯ ᠳᠤ ᠬᠦᠷᠭᠡᠵᠦ ᠴᠢᠳᠠᠨ᠎ᠠ᠃ ᠰᠣᠷᠭᠠᠨ ᠬᠦᠮᠦᠵᠢᠯ ᠪᠤᠯ ᠨᠢᠭᠡ ᠣᠯᠣᠰ | ᠦᠨᠳᠦᠰᠦᠳᠡᠨ ᠤ ᠬᠦᠭᠵᠢᠯᠳ᠋ᠨ ᠶᠢᠨ ᠦᠨᠳᠦᠰᠦ᠂ ᠭᠠᠭᠴᠠ ᠭᠦ ᠰᠣᠷᠭᠠᠨ ᠬᠦᠮᠦᠵᠢᠯ ᠢ ᠴᠢᠩᠭ᠎ᠠ ᠠᠳᠬᠤᠪᠠᠯ ᠰᠠᠶ᠋ᠢ | ᠨᠢᠭᠡᠨ ᠤᠯᠤᠰ ᠦᠨᠳᠦᠰᠦᠳᠡᠨ ᠤ ᠲᠤᠭᠲᠠᠭᠤᠨ ᠬᠦᠭᠵᠢᠯᠳ᠋ᠨ ᠶᠢ ᠪᠠᠲᠤᠯᠠᠵᠤ ᠴᠢᠳᠠᠨ᠎ᠠ᠃ ᠵᠦᠪ ᠰᠠᠶᠢᠨ | ᠦᠬᠡᠷᠡᠴᠢᠯᠡᠯᠳ᠋ᠨ ᠪᠠᠷ ᠲᠠᠮᠵᠢᠨ ᠰᠤᠷᠭᠠᠨ ᠬᠦᠮᠦᠵᠢᠯ ᠨᠢ ᠰᠠᠶ᠋ᠢ ᠬᠦᠭᠵᠢᠯᠳ᠋ᠨ ᠪᠠᠨ ᠤᠯᠵᠤ᠂ ᠰᠢᠨᠵᠢᠯᠡᠬᠦ ᠤᠬᠠᠭᠠᠨ᠂ | ᠨᠡᠶᠢᠭᠡᠮ᠂ ᠤᠯᠤᠰ ᠤᠨ ᠶᠠᠷᠤᠩᠭᠡᠶᠢᠯᠡᠭᠰᠡᠨ ᠭᠦᠴᠦᠨ ᠤ ᠬᠦᠭᠵᠢᠯᠳ᠋ᠨ ᠶᠢ ᠠᠬᠢᠭᠤᠯᠬᠤ ᠳᠤ ᠵᠠᠩᠬᠢᠯᠠᠭ᠎ᠠ ᠶᠢᠨ | ᠤᠶᠢᠯᠡᠳᠦᠯ ᠢᠶᠠᠨ ᠪᠠᠳᠠᠷᠠᠭᠤᠯᠵᠦ ᠴᠢᠳᠠᠬᠤ ᠶᠤᠮ᠃ | ᠤᠯᠤᠰ ᠤᠨ ᠰᠤᠷᠭᠠᠨ ᠬᠦᠮᠦᠵᠢᠯ ᠤᠨ ᠦᠬᠡᠷᠡᠴᠢᠯᠡᠯᠳ᠋ᠨ ᠶᠢ ᠲᠠᠭᠠᠯᠳᠤᠨ ᠦᠨᠳᠦᠰᠦᠳᠡᠨ ᠤ ᠰᠣᠷᠭᠠᠨ | ᠬᠦᠮᠦᠵᠢᠯ ᠴᠤ ᠦᠪᠡᠷ ᠤᠨ ᠤᠨᠴᠠᠯᠢᠭ ᠲᠤ ᠪᠠᠨ ᠲᠤᠬᠢᠷᠠᠭᠰᠠᠨ ᠦᠬᠡᠷᠡᠴᠢᠯᠡᠯᠳ᠋ᠨ ᠶᠢᠨ ᠠᠷᠭ᠎ᠠ ᠬᠡᠮᠵᠢᠶ᠎ᠡ ᠶᠢ ᠠᠪᠴᠣ | ᠪᠤᠢ᠃ ᠬᠡᠪᠰᠢᠮᠠᠯ ᠬᠢᠴᠢᠶᠠᠯ ᠤᠨ ᠲᠠᠩᠬᠢᠮ ᠤᠨ ᠵᠢᠭᠠᠨ ᠰᠤᠷᠭᠠᠯᠳ᠋ᠨ ︵ᠪᠠᠭᠰᠢ ᠶᠢᠨ ᠶᠠᠷᠢᠬᠤ ᠪᠠᠷ ᠭᠤᠤᠯᠯᠠᠭᠰᠠᠨ | ᠵᠢᠭᠠᠨ ᠰᠣᠷᠭᠠᠯᠳ᠋ᠨ︶ ᠶᠢᠨ ᠬᠡᠯᠪᠡᠷᠢ ᠠᠴᠠ ᠰᠤᠷᠤᠭᠴᠢ ᠪᠠᠷ ᠭᠤᠣᠯ ᠴᠣᠭᠴᠠ ᠪᠣᠯᠭᠠᠭᠰᠠᠨ᠂ ᠰᠣᠷᠣᠭᠴᠢ | ᠦᠪᠡᠷᠳᠡᠭᠡᠨ ᠡᠵᠡᠨ ᠮᠡᠳᠡᠨ ᠰᠣᠷᠣᠯᠴᠠᠬᠤ᠂ ᠬᠤᠷᠰᠢᠨ ᠰᠣᠷᠣᠯᠴᠠᠬᠤ᠂ ᠰᠦᠪᠡᠭᠴᠢᠯᠡᠨ ᠰᠣᠷᠣᠯᠴᠠᠬᠤ᠂ ᠪᠠᠭᠰᠢ ᠠᠴᠠ | ᠰᠡᠩᠭᠡᠷᠡᠭᠦᠯᠦᠨ ᠵᠢᠯᠤᠭᠤᠳᠬᠤ ᠬᠡᠯᠪᠡᠷᠢ ᠳᠤ ᠠᠶᠠᠨᠳᠠᠭᠠᠨ ᠰᠢᠯᠵᠢᠬᠦ ᠰᠢᠯᠵᠢᠯᠳᠡ ᠶᠢ ᠴᠢᠷᠮᠠᠶᠢᠨ ᠪᠡᠶᠡᠯᠡᠬᠦᠯᠵᠦ ᠪᠤᠢ᠃ | ᠡᠶᠢᠮᠦᠷᠬᠦᠤ ᠦᠬᠡᠷᠡᠴᠢᠯᠡᠯᠳ᠋ᠨ ᠳᠤ ᠵᠠᠯᠠᠭᠤ ᠢᠳᠡᠷ ᠪᠠᠭᠰᠢ ᠨᠠᠷ ᠢᠳᠡᠪᠬᠢᠳᠠᠢ ᠭᠠᠪᠰᠢᠭᠠᠶᠢᠯᠠᠵᠦ᠂ ᠰᠣᠷᠭᠠᠨ | ᠬᠦᠮᠦᠵᠢᠯ ᠤᠨ ᠦᠬᠡᠷᠡᠴᠢᠯᠡᠯᠳ᠋ᠨ ᠶᠢᠨ ᠲᠡᠷᠢᠬᠦᠨ ᠤ ᠬᠤᠰᠢᠭᠤᠴᠢ ᠡᠩᠨᠡᠭᠡ ᠪᠤᠯᠵᠤ ᠪᠦᠷᠢᠯᠳᠦᠵᠦ ᠪᠤᠢ᠃ | ᠬᠦᠯᠦᠨ ᠪᠤᠶᠢᠷ ᠬᠤᠳᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠪᠤᠤ ᠢᠤᠢ ᠯᠢᠶᠠᠨ ᠪᠠᠭᠰᠢ ᠪᠤᠯ ᠶᠠᠭ ᠡᠨᠡ ᠬᠦ ᠬᠤᠰᠢᠭᠤᠴᠢ ᠡᠩᠨᠡᠭᠡᠨ ᠳᠤ ᠤᠷᠦ᠋ᠢᠯᠠᠵᠦ ᠪᠠᠶᠢᠭ᠎ᠠ | ᠵᠠᠯᠠᠭᠤ ᠪᠠᠭᠰᠢ ᠪᠤᠯᠬᠤ ᠶᠤᠮ᠃ ᠲᠡᠷᠨ ᠪᠠᠷ 2016 ᠤᠨ ᠠᠴᠠ ᠡᠬᠢᠯᠡᠨ ᠪᠦᠬᠦ ᠤᠷᠤᠨ ᠤ ᠬᠡᠪᠴᠢᠶᠡᠨ ᠳᠤ | ᠶᠠᠪᠤᠭᠳᠠᠭᠤᠯᠵᠤ ᠪᠠᠶᠢᠭ᠎ᠠ ᠳᠣᠮᠳᠠᠲᠣ ᠰᠣᠷᠭᠠᠭᠤᠯᠢ ᠶᠢᠨ ᠪᠠᠶᠢᠭᠠᠯᠢ ᠶᠢᠨ ᠰᠢᠨᠵᠢᠯᠡᠬᠦ ᠣᠬᠠᠭᠠᠨ ᠤ ᠬᠢᠴᠢᠶᠡᠯ | ᠲᠦᠷᠦᠯ ᠤᠨ ︽ᠣᠷᠤᠯᠳᠤᠯᠭ᠎ᠠ ᠪᠠᠷ ᠲᠦᠷᠢ ᠪᠦᠲᠦᠭᠡᠬᠦ︾ ᠵᠢᠭᠠᠬᠤ ᠠᠷᠭ᠎ᠠ ᠲᠠᠢ ᠠᠩᠬ᠎ᠠ ᠲᠠᠨᠢᠯᠴᠠᠭᠰᠠᠨ ᠠᠴᠠ ᠪᠠᠨ | ᠤᠳᠤ ᠪᠤᠯᠳᠠᠯ᠎ᠠ ᠤᠯᠠᠨ ᠤᠳᠠᠭ᠎ᠠ ᠪᠦᠬᠦ ᠣᠷᠣᠨ ᠤ ᠪᠠᠶᠢᠭᠠᠯᠢ ᠶᠢᠨ ᠬᠢᠴᠢᠶᠡᠯ ᠲᠦᠷᠦᠯ ᠤᠨ ᠪᠠᠭᠰᠢ ᠶᠢᠨ | ᠪᠤᠯᠪᠠᠰᠤᠷᠠᠯ ᠳᠤ ᠤᠷᠤᠯᠴᠠᠬᠤ ᠶᠢᠨ ᠬᠠᠮᠳᠦ ᠪᠦᠬᠦ ᠤᠷᠤᠨ ᠤ ᠪᠠᠭᠰᠢ ᠶᠢᠨ ᠪᠤᠯᠪᠠᠰᠤᠷᠠᠯ᠂ ᠬᠦᠯᠦᠨ ᠪᠤᠶᠢᠷ | ᠬᠤᠲᠠ ᠶᠢᠨ ᠪᠠᠭᠰᠢ ᠶᠢᠨ ᠪᠤᠯᠪᠠᠰᠤᠷᠠᠯ᠂ ᠪᠠᠷᠠᠭᠤᠨ ᠪᠠᠷᠭᠤ ᠬᠤᠰᠢᠭᠤᠨ ᠤ ᠪᠠᠭᠰᠢ ᠶᠢᠨ ᠪᠤᠯᠪᠠᠰᠤᠷᠠᠯ ᠳᠤ ︽ | ᠣᠷᠤᠯᠳᠤᠯᠭ᠎ᠠ ᠪᠠᠷ ᠳᠦᠷᠢ ᠪᠦᠲᠦᠭᠡᠬᠦ︾ ᠵᠢᠭᠠᠨ ᠰᠤᠷᠭᠠᠬᠤ ᠠᠷᠭ᠎ᠠ ᠶᠢᠨ ᠲᠤᠬᠠᠢ ᠶᠠᠷᠢᠶ᠎ᠠ ᠲᠠᠶᠢᠯᠣᠮᠵᠢ ᠪᠠ | ᠲᠠᠭᠤᠷᠢᠶᠠᠯ ᠤᠨ ᠬᠢᠴᠢᠶᠡᠯ ᠢ ᠤᠯᠠᠨᠳᠠ ᠬᠢᠵᠦ᠂ ᠲᠣᠰᠬᠠᠢ ᠮᠡᠷᠭᠡᠵᠢᠯᠳᠡᠳ ᠪᠠ ᠪᠠᠭᠰᠢ ᠨᠠᠷ ᠤᠨ ᠥᠨᠳᠦᠷ | ᠦᠨᠡᠯᠡᠯᠳ᠋ᠨ ᠶᠢ ᠤᠯᠵᠠᠢ᠃ ᠲᠡᠬᠦᠨ ᠤ ︽ᠤᠷᠤᠯᠳᠤᠯᠭ᠎ᠠ ᠪᠠᠷ ᠳᠦᠷᠢ ᠪᠦᠳᠦᠭᠡᠬᠦ︾ ᠵᠢᠭᠠᠬᠤ ᠠᠷᠭ᠎ᠠ ᠶᠢ | ᠤᠶᠢᠯᠡᠳᠦᠯᠭᠡᠵᠢᠬᠦᠯᠦᠭᠰᠡᠨ ᠪᠠᠶᠢᠳᠠᠯ ᠢ ᠤᠯᠠᠨ ᠪᠠᠭᠰᠢ ᠨᠠᠷ ᠲᠤ ᠪᠠᠨ ᠲᠠᠨᠢᠯᠴᠠᠭᠤᠯᠤᠶ᠎ᠠ᠃ | ᠨᠢᠭᠡ᠂ ᠬᠢᠴᠢᠶᠡᠯ ᠲᠦᠷᠦᠯ ᠤᠨ ᠵᠢᠭᠠᠨ ᠰᠤᠷᠭᠠᠯᠳᠠ ᠳᠤ ᠪᠠᠨ ︽ᠤᠷᠤᠯᠳᠤᠯᠭ᠎ᠠ ᠪᠠᠷ ᠳᠦᠷᠢ ᠪᠦᠳᠦᠭᠡᠭᠦ︾ | ᠵᠢᠭᠠᠬᠤ ᠠᠷᠭ᠎ᠠ ᠶᠢ ᠬᠡᠷᠡᠭᠵᠢᠭᠦᠯᠦᠭᠰᠡᠨ ᠪᠠᠶᠢᠳᠠᠯ | ︵ᠨᠢᠭᠡ︶ ᠰᠤᠳᠤᠯᠤᠭᠳᠠᠬᠤᠨ | ᠬᠦᠯᠦᠨ ᠪᠤᠶᠢᠷ ᠬᠤᠳᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠶᠢᠰᠦᠳᠦᠭᠡᠷ ᠣᠨ ᠤ ᠲᠠᠪᠤᠳᠤᠭᠠᠷ ᠠᠩᠭᠢ ᠪᠠ ᠵᠢᠷᠭᠤᠳᠤᠭᠠᠷ ᠠᠩᠭᠢ ᠶᠢ ᠰᠤᠩᠭᠤᠵᠦ | ᠰᠤᠳᠤᠯᠤᠭᠳᠠᠬᠤᠨ ᠪᠤᠯᠭᠠᠵᠠᠢ᠃ ᠡᠬᠦᠨ ᠳᠤ ᠶᠢᠰᠦᠳᠦᠭᠡᠷ ᠤᠨ ᠤ ᠵᠢᠷᠭᠤᠳᠤᠭᠠᠷ ᠠᠩᠬᠢ ᠳᠤ ︽ᠣᠷᠤᠯᠳᠤᠯᠭ᠎ᠠ ᠪᠠᠷ | ᠲᠦᠷᠢ ᠪᠦᠲᠦᠭᠡᠬᠦ︾ ᠵᠢᠭᠠᠬᠤ ᠠᠷᠭ᠎ᠠ ᠶᠢ ᠬᠡᠷᠡᠭᠯᠡᠵᠦ᠂ ᠶᠢᠰᠦᠳᠦᠭᠡᠷ ᠤᠨ ᠤ ᠲᠠᠪᠤᠳᠤᠭᠠᠷ ᠠᠩᠭᠢ ᠳᠤ | ᠣᠯᠠᠮᠵᠢᠯᠠᠯᠳᠣ ᠵᠢᠭᠠᠨ ᠰᠣᠷᠭᠠᠯᠳᠠ ᠶᠢᠨ ᠬᠡᠯᠪᠡᠷᠢ ᠶᠢ ᠬᠡᠷᠡᠭᠵᠢᠭᠦᠯᠦᠨ ᠬᠠᠷᠢᠴᠠᠭᠤᠯᠤᠭᠴᠢ ᠠᠩᠭᠢ ᠪᠤᠯᠭᠠᠵᠦ᠂ ᠵᠢᠭᠠᠬᠤ | ᠠᠭᠤᠯᠭ᠎ᠠ ᠪᠠ ᠠᠬᠢᠴᠠ ᠶᠢ ᠢᠵᠢᠯᠢ ᠠᠯᠬᠤᠮ ᠢᠶᠠᠷ ᠶᠠᠪᠤᠭᠳᠠᠭᠤᠯᠬᠤ ᠶᠢ ᠠᠩᠬᠠᠷᠤᠪᠠ᠃ ᠶᠢᠰᠦᠳᠦᠭᠡᠷ ᠤᠨ ᠤ | ᠵᠢᠷᠭᠤᠳᠤᠭᠠᠷ ᠠᠩᠬᠢ ᠶᠢᠨ ᠠᠩᠬᠢ ᠶᠢᠨ ᠡᠷᠬᠢᠯᠡᠭᠴᠢ ᠲᠠᠢ ᠬᠠᠮᠵᠢᠯᠴᠠᠨ ᠰᠤᠷᠤᠭᠴᠢ ᠶᠢᠨ ᠰᠤᠷᠤᠯᠴᠠᠯᠭ᠎ᠠ ᠶᠢᠨ | ᠳᠤᠭᠤᠢᠢᠯᠠᠩ ᠪᠠᠶᠢᠭᠤᠯᠵᠦ᠂ ᠲᠤᠭᠤᠶᠢᠯᠠᠩ ᠪᠦᠷᠢ ᠳᠤ ᠳᠥᠷᠪᠡᠨ ᠰᠤᠷᠤᠭᠴᠢ ᠬᠤᠪᠢᠶᠠᠵᠤ᠂ ᠰᠤᠷᠤᠯᠭ᠎ᠠ ᠶᠢᠨ ᠬᠢᠷᠢ | ᠪᠦᠲᠦᠮᠵᠢ ᠪᠠᠷ ᠭᠤᠷᠪᠠᠨ ᠲᠡᠰ ᠬᠤᠪᠢᠶᠠᠨ᠂ ᠨᠢᠭᠡ ᠳᠤᠭᠤᠶᠢᠯᠠᠩ ᠳᠤ ᠳᠡᠰ ᠪᠦᠷᠢ ᠶᠢᠨ ᠰᠤᠷᠤᠭᠴᠢ ᠶᠢ ᠪᠠᠭᠳᠠᠭᠠᠵᠦ᠂ | ᠬᠤᠪᠢᠶᠠᠬᠤ ᠳᠤ ᠪᠠᠨ ᠴᠢᠨᠠᠷ ᠤᠨ ᠢᠯᠭᠠᠯ ᠂ ᠵᠠᠩ ᠠᠭᠠᠯᠢ᠂ ᠠᠪᠢᠶᠠᠰ ᠴᠢᠳᠠᠪᠦᠷᠢ᠂ ᠣᠶᠤᠨ ᠤ ᠪᠤᠰᠤ ᠲᠠᠯ᠎ᠠ | ᠵᠡᠷᠭᠡ ᠶᠢ ᠠᠩᠬᠠᠷᠴᠠᠢ᠃ ᠡᠭᠦᠨ ᠳᠤ ᠳᠤᠭᠤᠶᠢᠯᠠᠩ ᠤᠨ ᠬᠤᠭᠤᠷᠤᠨᠳᠤ ᠬᠦᠮᠦᠨ ᠤ ᠲᠤᠭ᠎ᠠ ᠲᠡᠩᠴᠡᠬᠦᠤ᠂ | ᠳᠤᠭᠤᠶᠢᠯᠠᠩ ᠤᠨ ᠭᠡᠰᠢᠭᠦᠳ ᠬᠤᠭᠤᠷᠤᠨᠳᠤ ᠪᠠᠨ ᠢᠯᠭᠠᠭ᠎ᠠ ᠲᠠᠢ ᠪᠠᠶᠢᠬᠤ ᠶᠢ ᠪᠠᠷᠢᠮᠳᠠᠯᠠᠵᠤ᠂ ᠳᠤᠭᠤᠶᠢᠯᠠᠩ ᠤᠨ | ᠨᠡᠷ᠎ᠡ᠂ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠭᠡᠰᠢᠭᠦᠨ ᠪᠦᠷᠢ ᠶᠢᠨ ᠡᠭᠦᠷᠭᠡ ᠬᠠᠷᠢᠭᠤᠴᠠᠯᠭ᠎ᠠ᠂ | ᠳᠤᠭᠤᠶᠢᠯᠠᠩ ᠤᠨ ᠤᠷᠢᠶ᠎ᠠ᠂ ᠳᠤᠭᠤᠶᠢᠯᠠᠩ ᠤᠨ ᠬᠠᠷᠠᠯᠲᠠ᠂ ᠳᠤᠭᠤᠶᠢᠯᠠᠩ ᠤᠨ ᠳᠠᠭᠤᠤ᠂ ᠳᠤᠭᠤᠶᠢᠯᠠᠩ ᠤᠨ | ᠲᠦᠷᠢᠮ ᠭᠠᠷᠭᠠᠵᠤ᠂ ᠰᠤᠷᠤᠯᠭ᠎ᠠ ᠶᠢ ᠬᠠᠮᠢᠶᠠᠷᠬᠤ ᠪᠠ ᠰᠠᠬᠢᠯᠭ᠎ᠠ ᠪᠠᠳᠤ ᠶᠢ ᠬᠠᠮᠢᠶᠠᠷᠬᠤ ᠳᠤᠭᠤᠶᠢᠯᠠᠩ ᠤᠨ ᠲᠠᠷᠤᠭ᠎ᠠ | ᠬᠤᠶᠠᠷ ᠰᠤᠷᠤᠭᠴᠢ ᠶᠢ ᠲᠤᠰ ᠲᠤᠰ ᠰᠤᠩᠭᠤᠨ ᠭᠠᠷᠭᠠᠵᠤ᠂ ᠳᠤᠭᠤᠶᠢᠯᠠᠩ ᠤᠨ ᠰᠤᠷᠤᠯᠭ᠎ᠠ ᠪᠠ ᠮᠤᠷᠠᠯ ᠤᠨ ᠠᠵᠢᠯ ᠢ | ᠬᠠᠷᠢᠭᠤᠴᠠᠭᠤᠯᠵᠠᠢ᠃ ᠬᠢᠴᠢᠶᠡᠯᠯᠡᠭᠡ ᠶᠢᠨ ᠶᠠᠪᠤᠴᠠ ᠳᠤ ︽ᠣᠷᠤᠯᠳᠤᠯᠭ᠎ᠠ ᠪᠠᠷ ᠳᠦᠷᠢ ᠪᠦᠲᠦᠭᠡᠬᠦ︾ ᠵᠢᠭᠠᠬᠤ | ᠠᠷᠭ᠎ᠠ ᠪᠠᠨ ᠤᠷᠭᠠᠨᠢᠭ ᠢᠶᠠᠷ ᠬᠡᠷᠡᠭᠯᠡᠵᠦ᠂ 45 ᠮᠢᠨᠦ᠋ᠲ ᠤᠨ ᠬᠢᠴᠢᠶᠡᠯᠯᠡᠭᠡ ᠶᠢᠨ ᠶᠠᠪᠤᠴᠠ ᠪᠠᠨ ᠵᠤᠬᠢᠰᠳᠠᠢ | ᠲᠤᠬᠢᠷᠠᠭᠤᠯᠬᠤ ᠶᠢ ᠪᠠᠷᠢᠮᠳᠠᠯᠠᠵᠠᠢ᠃ | ︵ᠬᠤᠶᠠᠷ︶ ᠲᠤᠷᠰᠢᠯᠳᠠ ᠶᠠᠪᠤᠭᠳᠠᠭᠤᠯᠤᠭᠰᠠᠨ ᠠᠷᠭ᠎ᠠ ᠬᠡᠯᠪᠡᠷᠢ | ᠶᠢᠰᠦᠳᠦᠭᠡᠷ ᠤᠨ ᠤ ᠲᠠᠪᠤᠳᠤᠭᠠᠷ ᠠᠩᠭᠢ ᠳᠤ ᠤᠤᠯ ᠶᠤᠰᠤᠭᠠᠷ ᠪᠠᠭᠰᠢ ᠠᠴᠠ ᠬᠢᠴᠢᠶᠡᠯ ᠲᠠᠶᠢᠯᠪᠦᠷᠢᠯᠠᠵᠦ᠂ | ᠰᠤᠷᠤᠭᠴᠢ ᠰᠤᠨᠤᠰᠬᠤ ᠠᠷᠭ᠎ᠠ ᠬᠡᠯᠪᠡᠷᠢ ᠪᠠᠨ ᠪᠠᠷᠢᠮᠳᠠᠯᠠᠵᠦ᠂ ᠵᠢᠱᠢᠶ᠎ᠡ ᠰᠡᠲᠣᠪ ᠪᠣᠶᠣ ᠬᠤᠯᠪᠣᠭᠳᠠᠯ ᠪᠦᠬᠦᠢ | ᠳᠠᠪᠳᠠᠯᠭ᠎ᠠ ᠬᠢᠯᠭᠡᠵᠦ᠂ ᠬᠢᠴᠢᠶᠡᠯ ᠤᠨ ᠲᠠᠷᠠᠭ᠎ᠠ ᠪᠠᠳᠣᠳᠬᠠᠯ ᠪᠣᠯᠪᠠᠰᠣᠷᠠᠯ ᠢ ᠴᠠᠭ ᠲᠣᠬᠠᠢ ᠳᠤ ᠨᠢ ᠪᠡᠶᠡᠯᠡᠬᠦᠯᠬᠦ ᠪᠠ | ᠤᠶᠢᠯᠠᠭᠠᠭᠰᠠᠨ ᠦᠭᠡᠢ ᠵᠦᠢᠯ ᠢᠶᠠᠨ ᠪᠠᠭᠰᠢ ᠪᠠᠨ ᠡᠷᠢᠵᠣ ᠠᠰᠠᠭᠤᠬᠤ ᠵᠡᠷᠭᠡ ᠠᠯᠬᠤᠮ ᠲᠠᠷᠠᠭ᠎ᠠ ᠪᠠᠷ ᠶᠠᠪᠤᠭᠳᠠᠭᠤᠯᠵᠠᠢ | ᠃ ᠶᠢᠰᠦᠳᠦᠭᠡᠷ ᠤᠨ ᠤ ᠵᠢᠷᠭᠤᠳᠤᠭᠠᠷ ᠠᠩᠭᠢ ᠳᠤ ︽ᠣᠷᠤᠯᠳᠤᠯᠭ᠎ᠠ ᠪᠠᠷ ᠲᠦᠷᠢ ᠪᠦᠲᠦᠭᠡᠬᠦ︾ ᠵᠢᠭᠠᠨ ᠰᠣᠷᠭᠠᠬᠤ | ᠠᠷᠭ᠎ᠠ ᠶᠢ ᠬᠡᠷᠡᠭᠵᠢᠬᠦᠯᠵᠥ᠂ ᠪᠠᠭᠰᠢ ᠠᠴᠠ ᠠᠰᠠᠭᠤᠳᠠᠯ ᠤᠨ ᠣᠷᠴᠢᠨ ᠢ ᠲᠦᠰᠦᠪᠯᠡᠨ᠂ ᠪᠦᠳᠦᠮᠵᠢᠳᠣ ᠵᠢᠭᠠᠨ | ᠰᠣᠷᠭᠠᠯᠳᠠ ᠶᠢᠨ ᠡᠬᠢ ᠪᠡᠶᠠᠯᠢᠭ ᠢ ᠬᠠᠩᠭᠠᠨ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠲᠣᠷᠠᠳᠬᠤ᠂ | ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠬᠦ ᠪᠠᠷ ᠭᠤᠣᠯ ᠰᠢᠵᠢᠮ ᠪᠣᠯᠭᠠᠵᠣ᠂ ᠪᠠᠭᠰᠢ ᠶᠢᠨ | ᠵᠢᠯᠣᠭᠤᠳᠣᠯᠭ᠎ᠠ ᠲᠣᠣᠷ᠎ᠡ᠂ ᠰᠣᠷᠣᠭᠴᠢᠳ ᠬᠤᠷᠰᠢᠨ ᠰᠦᠪᠡᠭᠴᠢᠯᠡᠵᠦ ᠰᠣᠷᠣᠯᠴᠠᠬᠤ ᠪᠠᠷ ᠲᠠᠮᠵᠢᠨ᠂ ᠣᠣᠯ ᠤᠨ | ᠮᠡᠳᠡᠯᠭᠡ ᠲᠣᠷᠰᠢᠯᠭ᠎ᠠ ᠶᠢᠨ ᠢᠶᠠᠨ ᠰᠠᠭᠤᠷᠢᠨ ᠲᠡᠭᠡᠷ᠎ᠡ ᠰᠢᠨ᠎ᠡ ᠮᠡᠳᠡᠯᠭᠡ ᠲᠣᠷᠰᠢᠯᠭ᠎ᠠ ᠶᠢᠨ ᠰᠢᠰᠲ᠋ᠧᠮ ᠢ ᠪᠦᠲᠦᠭᠡᠵᠦ᠂ | ᠰᠦᠪᠡᠭᠴᠢᠯᠡᠨ ᠰᠣᠷᠣᠯᠴᠠᠬᠤ ᠪᠠᠷ ᠭᠤᠣᠯ ᠰᠣᠷᠣᠯᠴᠠᠬᠤ ᠠᠷᠭ᠎ᠠ ᠪᠣᠯᠭᠠᠨ᠂ ᠰᠣᠷᠣᠭᠴᠢ ᠶᠢᠨ ᠣᠣᠯ ᠳᠦᠷᠢ ᠶᠢ | ᠢᠵᠢᠯᠢᠰᠢᠬᠦᠯᠬᠦ ᠪᠣᠶᠣ ᠵᠣᠬᠢᠴᠠᠭᠤᠯᠵᠣ᠂ ᠣᠣᠯ ᠲᠡᠩᠴᠡᠭᠦᠷᠢ ᠶᠢ ᠡᠪᠳᠡᠵᠣ᠂ ᠰᠢᠨ᠎ᠠ ᠳᠦᠷᠢ ᠶᠢ ᠪᠦᠳᠦᠭᠡᠬᠦ ᠶᠢ | ᠵᠣᠷᠢᠨ ᠬᠢᠴᠢᠶᠡᠯᠯᠡᠵᠠᠢ᠃ | ᠲᠣᠷᠰᠢᠯᠳᠠ ᠶᠢᠨ ᠡᠬᠢᠨ ᠤ ᠨᠢᠭᠡ ᠰᠠᠷ᠎ᠠ ᠳᠤ ᠬᠢᠷᠢ ᠪᠦᠳᠦᠮᠵᠢ ᠲᠡᠶᠢᠮᠦ ᠶᠡᠭᠡ ᠬᠤᠪᠢᠷᠠᠯᠳᠠ ᠭᠠᠷᠣᠭᠰᠠᠨ | ᠦᠭᠡᠢ ᠪᠤᠯᠪᠠᠴᠦ ᠶᠢᠰᠦᠳᠦᠭᠡᠷ ᠤᠨ ᠤ ᠵᠢᠷᠭᠤᠳᠤᠭᠠᠷ ᠠᠩᠬᠢ ᠶᠢᠨ ᠰᠣᠷᠣᠭᠴᠢᠳ ᠤᠨ ᠬᠢᠴᠢᠶᠡᠯᠯᠡᠬᠦ ᠣᠷᠮ᠎ᠠ ᠪᠠᠬ᠎ᠠ | ᠮᠡᠳᠡᠭᠳᠡᠮ᠎ᠠ ᠲᠡᠭᠡᠭᠰᠢᠯᠡᠯᠳᠠ ᠲᠠᠢ ᠪᠤᠯᠪᠠ᠃ ᠬᠤᠭᠤᠴᠠᠭᠠᠨ ᠡᠴᠦᠰ ᠪᠤᠯᠬᠤ ᠳᠤ ᠬᠤᠶᠠᠷ ᠠᠩᠬᠢ ᠶᠢᠨ ᠶᠡᠷᠦᠩᠭᠡᠢ ᠬᠢᠷᠢ | ᠭᠡᠮᠵᠢᠶ᠎ᠡ ᠳᠤ ᠴᠦ ᠢᠯᠡᠷᠭᠡᠢ ᠬᠤᠪᠢᠷᠠᠯᠳᠠ ᠭᠠᠷᠴᠠᠢ᠃ | 1. ᠲᠤᠷᠰᠢᠯᠳᠠ ᠶᠢᠨ ᠶᠠᠪᠤᠴᠠ ᠳᠤ ᠪᠠᠭᠰᠢ ᠶᠢᠨ ᠲᠠᠯ᠎ᠠ ᠠᠴᠠ ᠪᠡᠶᠡᠯᠡᠭᠦᠯᠦᠭᠰᠡᠨ ᠠᠵᠢᠯ | ︵1︶ ᠰᠤᠷᠤᠯᠴᠠᠯᠭ᠎ᠠ ᠪᠠᠨ ᠴᠢᠩᠭᠠᠳᠬᠠᠨ᠂ ᠰᠤᠳᠤᠯᠭᠠᠨ ᠤ ᠴᠢᠳᠠᠪᠦᠷᠢ ᠪᠠᠨ ᠳᠡᠭᠡᠭᠰᠢᠯᠡᠬᠦᠯᠵᠦ᠂ | ᠤᠨᠤᠯ ᠤᠨ ᠰᠠᠭᠤᠷᠢ ᠪᠠᠨ ᠪᠠᠳᠤᠳᠬᠠᠪᠠ᠃ ︽ᠣᠷᠤᠯᠳᠤᠯᠭ᠎ᠠ ᠪᠠᠷ ᠳᠦᠷᠢ ᠪᠦᠲᠦᠭᠡᠬᠦ︾ ᠵᠢᠭᠠᠬᠤ ᠠᠷᠭ᠎ᠠ ᠶᠢᠨ | ᠲᠤᠷᠰᠢᠯᠳᠠ ᠶᠢᠨ ᠶᠠᠪᠤᠴᠠ ᠳᠤ ᠪᠠᠨ᠂ ᠲᠤᠰ ᠪᠠᠭᠰᠢ ᠠᠴᠠ ᠦᠪᠡᠷ ᠤᠨ ᠤᠨᠤᠯ ᠤᠨ ᠰᠤᠷᠤᠯᠴᠠᠯᠭ᠎ᠠ ᠪᠠᠨ | ᠴᠢᠩᠭᠠᠳᠬᠠᠪᠠ᠃ ᠡᠬᠦᠨ ᠳᠤ ︽ᠣᠷᠣᠯᠳᠣᠯᠭ᠎ᠠ ᠪᠠᠷ ᠲᠥᠷᠢ ᠪᠦᠲᠥᠭᠡᠬᠦ︾ ᠵᠢᠭᠠᠬᠤ ᠠᠷᠭ᠎ᠠ ᠵᠢᠴᠢ ᠬᠢᠮᠢ ᠶᠢᠨ | ᠬᠢᠴᠢᠶᠡᠯ ᠤᠨ ︽ᠰᠢᠨ᠎ᠡ ᠬᠢᠴᠢᠶᠡᠯ ᠤᠨ ᠪᠠᠷᠢᠮᠵᠢᠶ᠎ᠠ︾ ᠶᠢᠨ ᠬᠠᠷᠢᠴᠠᠭᠠᠨ ᠤ ᠲᠤᠬᠠᠢ᠂ ︽ᠣᠷᠤᠯᠳᠤᠯᠭ᠎ᠠ ᠪᠠᠷ ᠳᠦᠷᠢ | ᠪᠦᠲᠦᠭᠡᠬᠦ︾ ᠵᠢᠭᠠᠬᠤ ᠠᠷᠭ᠎ᠠ ᠶᠢᠨ ᠤᠨᠤᠯ ᠤᠨ ᠰᠠᠭᠤᠷᠢ᠂ ︽ᠤᠷᠤᠯᠳᠤᠯᠭ᠎ᠠ ᠪᠠᠷ ᠲᠥᠷᠢ ᠪᠦᠳᠥᠭᠡᠬᠦ︾ ᠵᠢᠭᠠᠬᠤ | ᠠᠷᠭ᠎ᠠ ᠪᠠ ᠮᠤᠩᠭᠤᠯ ᠦᠨᠳᠦᠰᠦᠳᠡᠨ ᠤ ᠤᠯᠠᠮᠵᠢᠯᠠᠯᠲᠦ ᠰᠤᠶᠤᠯ ᠯᠤᠭ᠎ᠠ ᠶᠢᠨ ᠬᠠᠷᠢᠴᠠᠭ᠎ᠠ ᠵᠡᠷᠭᠡ ᠶᠢ ᠬᠦᠨᠵᠡᠭᠡᠢ | ᠰᠤᠳᠤᠯᠪᠠ᠃ | ︵2︶ ᠰᠤᠳᠤᠯᠭᠠᠨ ᠤ ᠠᠵᠢᠯ ᠤᠨ ᠬᠠᠮᠢᠶᠠᠷᠤᠯᠳᠠ ᠪᠠᠨ ᠴᠢᠩᠭᠠᠳᠬᠠᠨ᠂ ᠲᠦᠷᠢᠮᠵᠢᠬᠦᠯᠦᠯᠳ᠋ᠨ ᠶᠢᠨ ᠠᠵᠢᠯ ᠢ | ᠴᠢᠩᠭᠠᠳᠬᠠᠪᠠ᠃ ᠰᠤᠷᠭᠠᠭᠤᠯᠢ ᠶᠢᠨ ᠵᠠᠰᠠᠭ ᠤᠨ ᠲᠠᠯ᠎ᠠ ᠠᠴᠠ ᠪᠠᠶᠢᠭᠠᠯᠢ ᠶᠢᠨ ᠰᠢᠨᠵᠢᠯᠡᠭᠡᠨ ᠤ ᠬᠢᠴᠢᠶᠡᠯ ᠲᠥᠷᠦᠯ ᠤᠨ | ︽ᠣᠷᠤᠯᠳᠤᠯᠭ᠎ᠠ ᠪᠠᠷ ᠳᠦᠷᠢ ᠪᠦᠲᠦᠭᠡᠬᠦ︾ ᠵᠢᠭᠠᠬᠤ ᠠᠷᠭ᠎ᠠ ᠶᠢᠨ ᠰᠤᠳᠤᠯᠭᠠᠨ ᠤ ᠠᠵᠢᠯ ᠢ ᠪᠦᠬᠦ ᠲᠠᠯ᠎ᠠ ᠶᠢᠨ | ᠠᠵᠢᠯ ᠤᠨ ᠢᠶᠠᠨ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠨ ᠠᠳᠬᠤᠵᠦ᠂ ᠡᠳᠦᠷ ᠲᠤᠳᠤᠮ ᠤᠨ ᠠᠯᠢᠪᠠ ᠵᠠᠷᠤᠳᠠᠯ | ᠮᠦᠡᠭᠬᠦ ᠪᠠ ᠬᠦᠮᠦᠨ ᠤ ᠬᠦᠴᠦᠨ ᠢ ᠭᠦᠢᠴᠡᠳ ᠬᠠᠩᠭᠠᠵᠠᠢ᠃ ᠡᠭᠦᠨ ᠳᠤ᠂ ᠰᠠᠷ᠎ᠠ ᠪᠦᠷᠢ ᠨᠢᠬᠡ ᠤᠳᠠᠭ᠎ᠠ ᠪᠦᠬᠦ | ᠰᠤᠷᠭᠠᠭᠤᠯᠢ ᠶᠢᠨ ᠬᠡᠪᠴᠢᠶᠡᠨ ᠳᠤ ᠰᠤᠳᠤᠯᠭᠠᠨ ᠤ ᠬᠦᠳᠡᠯᠭᠡᠭᠡᠨ ᠢ ᠵᠤᠬᠢᠶᠠᠨ ᠪᠠᠶᠢᠭᠤᠯᠤᠨ ᠦᠷᠨᠢᠭᠦᠯᠵᠦ᠂ | ᠵᠢᠭᠠᠬᠤ ᠶᠢ ᠰᠤᠳᠤᠯᠬᠤ ᠳᠤᠭᠤᠶᠢᠯᠠᠩ ᠨᠢ ᠭᠠᠷᠠᠭ ᠪᠦᠷᠢ ᠠᠳᠠᠭ ᠲᠤ ᠪᠠᠨ ᠨᠢᠭᠡ ᠤᠳᠠᠭᠠᠨ ᠤ ᠬᠠᠮᠳᠦ ᠶᠢᠨ | ᠬᠦᠳᠡᠯᠭᠡᠭᠡᠨ ᠢ ᠵᠤᠬᠢᠶᠠᠨ ᠪᠠᠶᠢᠭᠤᠯᠵᠦ᠂ ᠲᠤᠷᠰᠢᠯᠭ᠎ᠠ ᠰᠤᠯᠢᠯᠴᠠᠬᠤ ᠠᠵᠢᠯ ᠢ ᠭᠤᠤᠯᠴᠢᠯᠠᠨ ᠠᠳᠬᠤᠵᠦ᠂ ᠡᠳᠡᠭᠡᠷ | ᠬᠦᠳᠡᠯᠭᠡᠭᠡᠨ ᠢ ᠰᠤᠷᠭᠠᠭᠤᠯᠢ ᠠᠴᠠ ᠵᠢᠭᠠᠨ ᠰᠤᠷᠭᠠᠯᠲᠠ ᠶᠢᠨ ᠰᠤᠳᠤᠯᠭᠠᠨ ᠰᠢᠨᠵᠢᠯᠡᠭᠡᠨ ᠤ ᠬᠠᠮᠢᠶᠠᠷᠤᠯᠳᠠ ᠶᠢᠨ | ᠳᠦᠷᠢᠮ ᠳᠤᠭᠳᠠᠭᠠᠯ ᠳᠤ ᠤᠷᠤᠭᠤᠯᠵᠦ᠂ ᠲᠤᠰᠬᠠᠢ ᠬᠦᠮᠦᠨ ᠬᠠᠷᠢᠭᠤᠴᠠᠨ᠂ ᠲᠤᠰᠬᠠᠢ ᠦᠵᠡᠭᠦᠯᠦᠯᠭᠡ ᠶᠢᠨ ᠦᠷᠦᠭᠡ | ᠪᠠᠶᠢᠭᠤᠯᠵᠦ᠂ ᠲᠠᠩᠰᠠ ᠡᠪᠬᠡᠮᠡᠯ᠂ ᠮᠠᠲ᠋ᠧᠷᠢᠶᠠᠯ ᠤᠨ ᠴᠤᠭᠯᠠᠭᠤᠯᠬᠤ᠂ ᠲᠡᠮᠳᠡᠭᠯᠡᠬᠦ᠂ ᠲᠠᠷᠤᠮᠠᠯᠯᠠᠬᠤ᠂ ᠬᠠᠳᠠᠬᠤ᠂ | ᠲᠠᠩᠰᠠᠯᠠᠬᠤ ᠵᠠᠷᠭᠡ ᠲᠠᠯ᠎ᠠ ᠳᠤ ᠲᠦᠬᠦᠮ ᠦᠵᠡᠬᠦᠯᠵᠦ᠂ ᠳᠦᠷᠢᠮᠵᠢᠭᠦᠯᠦᠯᠳ᠋ᠨ ᠲᠠᠷᠤᠮᠠᠯᠯᠠᠬᠤ ᠬᠠᠮᠢᠶᠠᠷᠤᠯᠳᠠ ᠪᠠᠨ | ᠴᠢᠩᠭᠠᠳᠬᠠᠭᠰᠠᠨ ᠪᠠᠶᠢᠨ᠎ᠠ᠃ | ︵3︶ ᠲᠠᠪᠰᠢᠭᠰᠠᠨ ᠣᠷᠣᠨ ᠤ ᠵᠢᠭᠠᠨ ᠰᠣᠷᠭᠠᠯᠳᠠ ᠶᠢᠨ ᠲᠣᠷᠰᠢᠯᠭ᠎ᠠ᠂ ︽ᠣᠷᠤᠯᠳᠤᠯᠭ᠎ᠠ ᠪᠠᠷ ᠲᠦᠷᠢ | ᠪᠦᠲᠦᠭᠡᠬᠦ︾ ᠵᠢᠭᠠᠬᠤ ᠠᠷᠭ᠎ᠠ ᠶᠢᠨ ᠲᠤᠬᠠᠢ ᠣᠷᠣᠨ᠂ ᠬᠤᠳᠠ᠂ ᠬᠤᠰᠢᠭᠤᠨ ᠠᠴᠠ ᠡᠷᠭᠢᠯᠡᠭᠰᠡᠨ ᠰᠣᠷᠣᠯᠴᠠᠯᠭ᠎ᠠ | ᠪᠣᠯᠪᠠᠰᠣᠷᠠᠯ ᠳᠤ ᠢᠳᠡᠪᠭᠢᠳᠡᠢ ᠤᠷᠤᠯᠴᠠᠭᠰᠠᠨ ᠪᠠᠶᠢᠨ᠎ᠠ᠃ ᠪᠦᠬᠦ ᠣᠷᠣᠨ ᠤ ︽ᠣᠷᠣᠯᠳᠣᠯᠭ᠎ᠠ ᠪᠠᠷ ᠳᠦᠷᠢ | ᠪᠦᠳᠦᠭᠡᠬᠦ︾ ᠵᠢᠭᠠᠬᠤ ᠠᠷᠭ᠎ᠠ ᠶᠢᠨ ᠶᠠᠷᠢᠯᠴᠠᠨ ᠰᠣᠳᠣᠯᠬᠤ ᠬᠤᠷᠠᠯ᠂ ᠪᠦᠬᠦ ᠣᠷᠣᠨ ᠤ ᠭᠤᠣᠯᠯᠠᠭᠴᠢ ᠪᠠᠭᠰᠢ ᠶᠢᠨ | ᠦᠨᠳᠣᠷ ᠲᠡᠰ ᠤᠨ ᠰᠣᠳᠣᠯᠭᠠᠨ ᠤ ᠪᠤᠯᠪᠠᠰᠣᠷᠠᠯ ᠤᠨ ᠬᠤᠷᠠᠯ᠂ ᠪᠦᠬᠦ ᠣᠷᠣᠨ ᠤ ᠮᠣᠩᠭᠤᠯ ᠢᠶᠠᠷ ᠬᠢᠴᠢᠶᠡᠯᠯᠡᠬᠦ | ᠠᠩᠬ᠎ᠠ ᠲᠣᠮᠳᠠᠳᠣ ᠶᠢᠨ ᠹᠢᠽᠢᠺ᠂ ᠬᠢᠮᠢ᠂ ᠠᠮᠢᠳᠣ ᠪᠣᠳᠠᠰ ᠤᠨ ᠪᠠᠭᠰᠢ ᠶᠢᠨ ᠪᠣᠯᠪᠠᠰᠣᠷᠠᠯ᠂ ᠪᠦᠬᠦ ᠣᠷᠣᠨ ᠤ | ᠮᠣᠩᠭᠤᠯ ᠢᠶᠠᠷ ᠬᠢᠴᠢᠶᠡᠯᠯᠡᠬᠦ ᠲᠣᠮᠳᠠᠳᠣ ᠪᠠᠭ᠎ᠠ ᠰᠣᠷᠭᠠᠭᠤᠯᠢ ᠶᠢᠨ ︽ᠨᠡᠷᠡᠳᠦ ᠪᠠᠭᠰᠢ ᠶᠢᠨ ᠠᠵᠢᠯ ᠤᠨ ᠬᠠᠮᠳᠣᠯᠢᠭ︾ | ᠤᠨ ᠡᠷᠬᠢᠯᠡᠭᠴᠢ ᠶᠢᠨ ᠠᠵᠢᠯ ᠤᠨ ᠬᠤᠷᠠᠯ᠂ ᠪᠦᠬᠦ ᠣᠷᠣᠨ ᠤ ︽ᠨᠡᠷᠡᠲᠦ ᠪᠠᠭᠰᠢ ᠶᠢᠨ ᠬᠠᠮᠲᠣᠯᠢᠭ︾ ᠤᠨ | ᠡᠷᠬᠢᠯᠡᠭᠴᠢ ᠶᠢᠨ ᠬᠤᠷᠠᠯ᠂ ᠪᠦᠬᠦ ᠣᠷᠣᠨ ᠤ ᠮᠣᠩᠭᠤᠯ ᠢᠶᠠᠷ ᠬᠢᠴᠢᠶᠡᠯᠯᠡᠬᠦ ᠠᠩᠬ᠎ᠠ ᠲᠣᠮᠳᠠᠳᠣ ᠶᠢᠨ ᠹᠢᠽᠢᠺ᠂ ᠬᠢᠮᠢ᠂ | ᠠᠮᠢᠳᠣ ᠪᠣᠳᠠᠰ ᠤᠨ ᠬᠢᠴᠢᠶᠡᠯ ᠲᠥᠷᠦᠯ ᠤᠨ ᠪᠠᠭᠰᠢ ᠶᠢᠨ ᠪᠣᠯᠪᠠᠰᠣᠷᠠᠯ᠂ ᠪᠦᠬᠦ ᠣᠷᠣᠨ ᠤ ᠮᠣᠩᠭᠤᠯ ᠢᠶᠠᠷ | ᠬᠢᠴᠢᠶᠡᠯᠯᠡᠬᠦ ᠠᠩᠬ᠎ᠠ ᠲᠣᠮᠳᠠᠳᠣ ᠶᠢᠨ ᠪᠠᠶᠢᠭᠠᠯᠢ ᠶᠢᠨ ᠬᠢᠴᠢᠶᠡᠯ ᠲᠥᠷᠦᠯ ᠤᠨ ︽ᠣᠷᠣᠯᠳᠣᠯᠭ᠎ᠠ ᠪᠠᠷ ᠳᠦᠷᠢ | ᠪᠦᠳᠦᠭᠡᠬᠦ︾ ᠵᠢᠭᠠᠬᠤ ᠠᠷᠭ᠎ᠠ ᠶᠢᠨ ᠰᠢᠯᠢᠳᠡᠭ ᠵᠢᠭᠠᠨ ᠰᠤᠷᠭᠠᠬᠤ ᠲᠥᠰᠦᠪᠯᠡᠯ ᠤᠨ ᠴᠤᠪᠤᠷᠠᠯ ᠪᠢᠴᠢᠭ ᠢ | ᠨᠠᠶᠢᠷᠠᠭᠤᠯᠬᠤ ᠰᠤᠳᠤᠯᠭᠠᠨ ᠤ ᠲᠤᠬᠠᠢ ᠪᠣᠯᠪᠠᠰᠤᠷᠠᠯ᠂ ᠪᠦᠬᠦ ᠣᠷᠤᠨ ᠤ ᠮᠣᠩᠭᠤᠯ ᠢᠶᠠᠷ ᠬᠢᠴᠢᠶᠡᠯᠯᠡᠬᠦ ᠠᠩᠬ᠎ᠠ | ᠲᠣᠮᠳᠠᠲᠣ ᠶᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠢᠴᠢᠶᠡᠯ ᠤᠨ ᠪᠠᠭᠰᠢ ᠶᠢᠨ ᠪᠢᠴᠢᠯ ᠬᠢᠴᠢᠶᠡᠯ ᠢ | ᠲᠥᠰᠦᠪᠯᠡᠵᠦ ᠬᠢᠬᠦ ᠵᠢᠴᠢ ᠵᠢᠭᠠᠨ ᠰᠣᠷᠭᠠᠯᠳ᠋ᠨ ᠳᠤ ᠬᠢ ᠬᠡᠷᠡᠭᠯᠡᠯᠳᠡ ᠶᠢᠨ ᠲᠤᠬᠠᠢ ᠪᠣᠯᠪᠠᠰᠤᠷᠠᠯ ᠂ ᠥᠪᠦᠷ | ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠮᠣᠩᠭᠤᠯ ᠢᠶᠠᠷ ᠬᠢᠴᠢᠶᠡᠯᠯᠡᠬᠦ ᠲᠤᠮᠳᠠᠳᠣ ᠰᠤᠷᠭᠠᠭᠤᠯᠢ ᠶᠢᠨ | ᠪᠠᠶᠢᠭᠠᠯᠢ ᠶᠢᠨ ᠰᠢᠨᠵᠢᠯᠡᠭᠡᠨ ᠤ ᠭᠤᠣᠯᠯᠠᠭᠴᠢ ᠪᠠᠭᠰᠢ ᠶᠢᠨ ᠲᠡᠭᠡᠳᠦ ᠵᠡᠷᠭᠡ ᠶᠢᠨ ᠪᠣᠯᠪᠠᠰᠤᠷᠠᠯ ᠵᠡᠷᠭᠡ ᠤᠯᠠᠨ | ᠣᠳᠠᠭᠠᠨ ᠤ ᠪᠣᠯᠪᠠᠰᠣᠷᠠᠯ ᠳᠤ ᠤᠷᠤᠯᠴᠠᠵᠦ᠂ ᠰᠤᠳᠤᠯᠭᠠᠨ ᠤ ᠴᠢᠳᠠᠪᠦᠷᠢ ᠮᠡᠷᠭᠡᠵᠢᠯ ᠤᠨ ᠳᠡᠭᠡᠭᠰᠢᠯᠡᠯᠳᠡ ᠪᠠᠨ | ᠪᠠᠳᠤᠯᠠᠵᠠᠢ᠃ | ︵4︶ ᠰᠤᠷᠭᠠᠭᠤᠯᠢ ᠶᠢᠨ ᠲᠤᠷᠰᠢᠯᠳᠠ ᠶᠢᠨ ᠲᠠᠰᠤᠭ ᠤᠨ ᠲᠤᠨᠤᠭ ᠲᠦᠬᠦᠭᠡᠷᠦᠮᠵᠢ᠂ ᠲᠤᠷᠰᠢᠯᠳᠠ ᠶᠢᠨ ᠡᠮ | ᠵᠡᠷᠭᠡ ᠶᠢ ᠪᠦᠷᠢᠨᠰᠢᠬᠦᠯᠵᠦ᠂ ᠰᠣᠷᠣᠭᠴᠢ ᠦᠪᠡᠷᠳᠡᠭᠡᠨ ᠡᠵᠡᠨ ᠮᠡᠳᠡᠨ ᠰᠣᠷᠣᠯᠴᠠᠬᠤ᠂ ᠬᠤᠷᠰᠢᠨ ᠰᠣᠷᠣᠯᠴᠠᠬᠤ᠂ | ᠰᠦᠪᠡᠭᠴᠢᠯᠡᠨ ᠰᠣᠷᠣᠯᠴᠠᠬᠤ ᠳᠤ ᠭᠦᠢᠴᠡᠳ ᠨᠦᠬᠦᠴᠡᠯ ᠢ ᠬᠠᠩᠭᠠᠵᠦ ᠦᠭᠬᠦ ᠶᠢ ᠬᠢᠴᠢᠶᠡᠵᠠᠢ᠃ ︽ | ᠤᠷᠤᠯᠳᠤᠯᠭ᠎ᠠ ᠪᠠᠷ ᠳᠦᠷᠢ ᠪᠦᠳᠦᠭᠡᠬᠦ︾ ᠵᠢᠭᠠᠬᠤ ᠠᠷᠭ᠎ᠠ ᠶᠢᠨ ᠶᠠᠪᠤᠴᠠ ᠶᠢᠨ ᠳᠤᠮᠳᠠᠬᠢ ᠰᠦᠪᠡᠭᠴᠢᠯᠡᠯᠳᠡ ᠶᠢᠨ | ᠴᠢᠳᠠᠪᠦᠷᠢ᠂ ᠲᠤᠷᠰᠢᠯᠳᠠ ᠶᠢᠨ ᠴᠢᠳᠠᠪᠤᠷᠢ ᠶᠢ ᠬᠦᠮᠦᠵᠢᠭᠦᠯᠬᠦ ᠲᠣᠷᠰᠢᠯᠳᠠ ᠶᠢ ᠪᠦᠷᠢᠨ ᠨᠡᠭᠡᠭᠡᠬᠦ ᠶᠢ ᠪᠠᠳᠤᠯᠠᠵᠦ᠂ | ᠰᠦᠪᠡᠭᠴᠢᠯᠡᠯ ᠤᠨ ᠲᠣᠷᠰᠢᠯᠳᠠ ᠶᠢᠨ ᠮᠡᠳᠡᠭᠦᠯᠦᠯᠳᠡ ᠪᠢᠴᠢᠬᠦ ᠶᠢ ᠱᠠᠭᠠᠷᠳᠠᠭᠰᠠᠨ ᠪᠠᠶᠢᠨ᠎ᠠ᠃ | ︵5︶ ᠰᠤᠷᠤᠭᠴᠢ ᠶᠢᠨ ᠲᠤᠷᠰᠢᠯᠲᠠ ᠶᠢᠨ ᠪᠠᠭᠠᠵᠢ ᠳᠦᠬᠦᠬᠡᠷᠦᠮᠵᠢ ᠶᠢ ᠲᠠᠨᠢᠬᠤ ᠪᠠ ᠳᠦᠷᠢᠮᠵᠢᠬᠦᠨ ᠵᠢᠷᠤᠬᠤ | ᠤᠷᠤᠯᠳᠤᠭᠠᠨ ᠢ ᠵᠣᠬᠢᠶᠠᠨ ᠪᠠᠶᠢᠭᠤᠯᠵᠣ᠂ ᠰᠣᠷᠣᠭᠴᠢᠳ ᠤᠨ ᠠᠵᠢᠭᠯᠠᠬᠤ ᠴᠢᠳᠠᠪᠤᠷᠢ᠂ ᠲᠣᠷᠰᠢᠨ ᠤᠷᠣᠯᠳᠣᠬᠤ | ᠴᠢᠳᠠᠪᠤᠷᠢ ᠪᠠ ᠰᠤᠷᠤᠭᠰᠠᠨ ᠮᠡᠳᠡᠯᠭᠡ ᠪᠠᠷ ᠢᠶᠠᠨ ᠪᠣᠳᠠᠳᠤ ᠠᠰᠠᠭᠤᠳᠠᠯ ᠢ ᠰᠢᠢᠳᠪᠦᠷᠢᠯᠡᠬᠦ ᠴᠢᠳᠠᠪᠣᠷᠢ ᠶᠢ | ᠬᠦᠮᠦᠵᠢᠭᠦᠯᠬᠦ ᠬᠢᠴᠢᠶᠡᠯ ᠤᠨ ᠭᠠᠳᠠᠭᠤᠷᠬᠢ ᠲᠤᠷᠰᠢᠯᠲᠠ ︽ᠦᠪᠡᠰᠦᠪᠡᠨ ᠲᠦᠬᠦᠮᠬᠡᠨ ᠤᠰᠤ ᠴᠡᠪᠡᠷᠰᠢᠭᠦᠯᠦᠦᠷ | ᠦᠢᠯᠡᠳᠬᠦ︾ ᠭᠡᠬᠦ ᠮᠡᠳᠦ ᠶᠢᠨ ᠭᠡᠷ ᠤᠨ ᠪᠠᠭ᠎ᠠ ᠲᠤᠷᠰᠢᠯᠲᠠ ᠶᠢᠨ ᠱᠠᠩᠨᠠᠯᠳᠦ ᠤᠷᠤᠯᠲᠤᠭᠠᠨ ᠢ ᠵᠤᠬᠢᠶᠠᠨ ᠪᠠᠶᠢᠭᠤᠯᠵᠥ | ᠂ ᠬᠢᠮᠢ ᠰᠤᠷᠬᠤ ᠤᠷᠮᠠᠰᠢᠯ ᠢ ᠲᠠᠶᠢᠴᠢᠯᠠᠵᠥ᠂ ᠬᠤᠶᠠᠳᠤᠭᠠᠷ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠢ | ᠬᠦᠭᠵᠢᠭᠡᠨ᠂ ᠦᠷᠢᠰᠦᠯᠳᠦᠠ ᠰᠣᠷᠣᠯᠴᠠᠬᠤ ᠵᠣᠷᠢᠭ ᠰᠠᠨᠠᠭ᠎ᠠ ᠶᠢ ᠬᠦᠮᠦᠵᠢᠭᠦᠯᠵᠠᠢ᠃ | ︵6︶ ᠴᠠᠬᠢᠯᠭᠠᠨᠵᠢᠭᠰᠠᠨ ᠵᠢᠭᠠᠨ ᠰᠣᠷᠭᠠᠯᠳᠠ ᠶᠢᠨ ᠠᠷᠭ᠎ᠠ ᠶᠢ ᠬᠡᠷᠡᠭᠯᠡᠨ ᠬᠤᠶᠠᠷ ᠲᠡᠪᠲᠡᠷ ᠤᠨ | ᠺᠤᠣᠷᠰᠸᠠᠶᠢᠷ ᠢ ᠵᠤᠬᠢᠶᠠᠨ ᠦᠢᠯᠡᠳᠦᠭᠰᠡᠨ ᠮᠥᠷᠲᠡᠭᠡᠨ ᠠᠭᠤᠯᠭ᠎ᠠ ᠪᠦᠷᠢ ᠶᠢᠨ ᠺᠤᠣᠷᠰᠸᠠᠶᠢᠷ ᠢ ᠰᠢᠭᠤᠳ | ᠬᠢᠴᠢᠶᠡᠯᠯᠡᠭᠡ ᠳᠤ ᠠᠰᠢᠭᠯᠠᠭᠰᠠᠨ ᠪᠠᠶᠢᠨ᠎ᠠ᠃ ︽ᠣᠷᠤᠯᠳᠤᠯᠭ᠎ᠠ ᠪᠠᠷ ᠳᠦᠷᠢ ᠪᠦᠲᠦᠭᠡᠬᠦ︾ ᠵᠢᠭᠠᠬᠤ ᠠᠷᠭ᠎ᠠ ᠪᠠᠷ | ᠬᠢᠮᠢ ᠶᠢᠨ ᠶᠢᠰᠦᠳᠦᠭᠡᠷ ᠣᠨ ᠤ ᠲᠡᠭᠡᠲᠦ ᠲᠣᠣᠷᠠᠳᠣ ᠬᠤᠶᠠᠷ ᠲᠡᠪᠲᠡᠷ ᠤᠨ ᠠᠭᠤᠯᠭ᠎ᠠ ᠶᠢᠨ ᠵᠢᠭᠠᠨ ᠰᠤᠷᠭᠠᠬᠤ | ᠲᠥᠰᠦᠪ ᠢ 108 ᠬᠤᠪᠢ ᠪᠢᠴᠢᠵᠣ᠂ ᠬᠢᠴᠢᠶᠡᠯ ᠪᠦᠬᠦᠨ ᠳᠤ ᠡᠷᠬᠢᠴᠡᠬᠦᠯᠦᠯ ᠪᠢᠴᠢᠵᠦ᠂ ᠲᠣᠰᠬᠠᠢ ᠡᠮᠬᠢᠯᠡᠨ ᠲᠠᠩᠰᠠ | ᠡᠪᠬᠡᠮᠡᠯ ᠳᠤ ᠪᠠᠨ ᠤᠷᠤᠭᠤᠯᠵᠠᠢ᠃ | ︵7︶ ᠰᠤᠳᠤᠯᠭᠠᠨ ᠤ ᠶᠠᠪᠤᠴᠠ ᠳᠤ ᠪᠠᠨ᠂ ᠬᠤᠰᠢᠭᠤ᠂ ᠬᠤᠳ᠋ᠨ ᠶᠢᠨ ᠬᠡᠪᠴᠢᠶᠡᠨ ᠤ ︽ᠣᠷᠤᠯᠳᠤᠯᠭ᠎ᠠ ᠪᠠᠷ | ᠳᠦᠷᠢ ᠪᠦᠲᠦᠭᠡᠬᠦ︾ ᠵᠢᠭᠠᠬᠤ ᠠᠷᠭ᠎ᠠ ᠶᠢᠨ ᠲᠤᠬᠠᠢ ᠲᠠᠶᠢᠯᠤᠮᠵᠢ ᠬᠢᠵᠦ᠂ ᠤᠯᠠᠨ ᠰᠤᠷᠭᠠᠭᠤᠯᠢ ᠶᠢᠨ ᠪᠠᠭᠰᠢ | ᠨᠠᠷ ᠲᠠᠢ ᠬᠠᠮᠳᠣ ᠪᠠᠷ ᠬᠢᠴᠢᠶᠡᠯ ᠪᠡᠯᠡᠳᠬᠡᠨ᠂ ᠳᠤᠭᠤᠶᠢᠯᠠᠩ ᠪᠠ ᠪᠦᠬᠦ ᠰᠣᠷᠭᠠᠭᠤᠯᠢ ᠶᠢᠨ ᠬᠡᠪᠴᠢᠶᠡᠨ ᠳᠤ | ᠦᠵᠡᠭᠦᠯᠭᠡ ᠶᠢᠨ ᠬᠢᠴᠢᠶᠡᠯ ᠪᠠ ᠲᠠᠭᠤᠷᠢᠶᠠᠯ ᠬᠢᠴᠢᠶᠡᠯ ᠤᠯᠠᠨ ᠤᠳᠠᠭ᠎ᠠ ᠤᠷᠤᠵᠠᠢ᠃ | 2. ᠰᠣᠷᠣᠭᠴᠢ ᠶᠢᠨ ᠲᠠᠯ᠎ᠠ ᠠᠴᠠ ᠪᠡᠶᠡᠯᠡᠭᠦᠯᠦᠭᠰᠡᠨ ᠠᠵᠢᠯ | ︵1︶ ᠰᠣᠷᠣᠭᠴᠢᠳ ᠰᠣᠷᠣᠭᠰᠠᠨ ᠠᠭᠤᠯᠭ᠎ᠠ ᠪᠠᠨ ᠪᠤᠳᠠᠳᠠᠶᠢᠵᠢᠭᠤᠯᠣᠨ ᠪᠠᠳᠣᠳᠬᠠᠵᠣ᠂ ᠪᠡᠶ᠎ᠡ ᠪᠠᠨ | ᠲᠠᠭᠠᠭᠠᠨ ᠰᠡᠳᠬᠢᠨ ᠪᠤᠳᠣᠯᠬᠢᠯᠠᠵᠣ᠂ ᠵᠣᠷᠢᠭᠳᠠᠢ ᠪᠠᠷ ᠰᠢᠨ᠎ᠡ ᠶᠢ ᠡᠭᠦᠳᠬᠦ ᠬᠠᠶᠢᠨ ᠰᠦᠪᠡᠭᠴᠢᠯᠡᠯᠳᠡ ᠬᠢᠵᠦ᠂ | ᠲᠣᠤᠷᠠᠬᠢ ᠮᠡᠳᠤ ᠪᠠᠭᠠᠵᠢ ᠦᠢᠯᠡᠳᠭᠦ ᠪᠠ ᠬᠡᠷ ᠤᠨ ᠪᠠᠭ᠎ᠠ ᠲᠣᠷᠰᠢᠯᠳᠠ ᠬᠢᠵᠠᠢ᠃ | ︽ᠯᠠ ᠰᠢᠲᠠᠬᠤ ᠶᠢ ᠠᠵᠢᠭᠯᠠᠬᠤ︾᠂ ︽ᠲᠦᠭᠡᠭᠡᠯ ᠣᠰᠣᠨ ᠤ ᠬᠠᠳᠠᠭᠤᠴᠨ ᠶᠢ ᠢᠯᠭᠠᠨ ᠲᠠᠨᠢᠬᠤ︾᠂ ︽ᠪᠠᠯ | ᠴᠢᠯᠠᠭᠤᠨ ᠤ ᠴᠠᠬᠢᠯᠭᠠᠨ ᠲᠠᠮᠵᠢᠭᠤᠯᠬᠤ ᠲᠤᠷᠰᠢᠯᠲᠠ︾᠂ ︽ᠢᠲᠡᠪᠬᠢᠵᠢᠭᠦᠯᠦᠭᠰᠡᠨ ᠨᠡᠭᠦᠷᠡᠰᠦ ᠪᠠᠷ | ᠭᠦᠯᠲᠡᠭᠡᠭᠦᠷ ᠲᠤ ᠬᠢ ᠦᠨᠦᠷ ᠢ ᠠᠷᠢᠯᠭᠠᠬᠤ︾᠂ ︽ᠦᠪᠡᠰᠦᠪᠡᠨ ᠴᠢᠱᠦ᠋ᠢ ᠬᠢᠬᠦ︾᠂ ︽ᠨᠠᠪᠴᠢᠨ ᠰᠣᠳᠠᠰᠣᠨ | ᠪᠢᠴᠢᠭ ᠤᠨ ᠱᠤᠰᠢᠭ᠎ᠠ ᠶᠢ ᠬᠢᠬᠦ︾᠂ ︽ᠦᠨᠳᠡᠭᠡᠨ ᠬᠠᠯᠢᠰᠤᠨ ᠤ ᠬᠡᠮᠬᠡᠳᠡᠭ ᠢ ᠼᠣᠣ ᠶᠢᠨ ᠤᠬᠢ ᠳᠤ ᠠᠭᠤᠰᠬᠠᠬᠤ︾ | ᠂ ︽ᠢᠲᠡᠭᠡᠨ ᠤ ᠼᠣᠣ ᠪᠠᠷ ᠭᠤᠯᠢᠷ ᠪᠠ ᠪᠠᠭ᠎ᠠ ᠰᠤᠲᠠ ᠶᠢ ᠢᠯᠭᠠᠬᠤ︾᠂ ︽ᠢᠲᠡᠭᠡᠨ ᠤ ᠼᠣᠣ ᠪᠠᠷ ᠨᠠᠩᠬᠤ ᠶᠢᠨ | ᠤᠰᠤᠨ ᠬᠠᠭ ᠢ ᠠᠷᠢᠯᠭᠠᠬᠤ︾᠂ ︽ᠲᠡᠮᠦᠷᠯᠢᠭ ᠤᠨ ᠢᠳᠡᠭᠳᠡᠯ ᠪᠠ ᠬᠠᠮᠠᠭᠠᠯᠠᠯᠳ᠋ᠨ︾᠂ ︽ᠭᠦᠩᠭᠡᠨᠴᠠᠭᠠᠨ ᠡᠳ᠋ᠯᠡᠯ | ᠭᠡᠷᠡᠭᠰᠡᠯ ᠤᠨ ᠭᠠᠲᠠᠷᠭᠤ ᠶᠢ ᠴᠡᠪᠡᠷᠯᠡᠭᠦ ᠪᠦᠮᠪᠦᠭᠡ ᠪᠠᠷ ᠠᠷᠴᠢᠵᠥ ᠪᠤᠯᠬᠤ ᠦᠭᠡᠢ︾᠂ ︽ᠲᠣᠩᠭᠠᠯᠠᠭ ᠪᠠᠶᠢᠪᠠᠩ ᠤᠨ | ᠲᠠᠯᠠᠰᠲᠦ ᠶᠢ ᠭᠠᠷᠭᠠᠨ ᠠᠪᠬᠤ︾᠂ ︽ᠬᠤᠭᠤᠯᠠᠨ ᠤ ᠰᠠᠪᠠ ᠬᠡᠷᠡᠭᠰᠡᠯ ᠢ ᠤᠬᠢᠶᠠᠨ ᠴᠡᠪᠡᠷᠯᠡᠬᠦ︾᠂ ︽ᠭᠦᠪᠤᠩ᠂ | ᠬᠤᠨᠢᠨ ᠨᠤᠤᠰᠦ᠂ ᠨᠡᠶᠢᠯᠡᠯᠭᠡ ᠰᠢᠷᠭᠡᠭ ᠢ ᠢᠯᠭᠠᠨ ᠲᠠᠨᠢᠬᠤ︾ ᠵᠡᠷᠭᠡ ᠲᠤᠷᠰᠢᠯᠳᠠ ᠶᠢ ᠲᠦᠰᠦᠪᠯᠡᠨ ᠬᠦᠢᠴᠡᠳᠭᠡᠪᠡ᠃ | | ︵2︶ ᠵᠢᠵᠢᠭ ᠦᠭᠦᠯᠡᠯ᠂ ᠡᠷᠬᠢᠴᠡᠬᠦᠯᠦᠯ ᠪᠠ ᠲᠦᠷᠦᠭᠳᠡᠯ ᠪᠢᠴᠢᠬᠦ ᠬᠦᠳᠡᠯᠭᠡᠭᠡᠨ ᠢ ᠵᠤᠬᠢᠶᠠᠨ ᠪᠠᠶᠢᠭᠤᠯᠵᠦ᠂ | ᠬᠢᠮᠢ ᠶᠢᠨ ᠬᠢᠴᠢᠶᠡᠯ ᠤᠨ ᠰᠣᠨᠢᠷᠬᠠᠯᠳᠤ ᠴᠢᠨᠠᠷ ᠪᠠ ᠬᠢᠮᠢ ᠶᠢ ᠬᠡᠷᠬᠢᠨ ᠰᠠᠶᠢᠨ ᠰᠣᠷᠬᠤ ᠲᠤᠬᠠᠢ ᠦᠪᠡᠷ ᠤᠨ ᠪᠤᠳᠤᠯ | ᠳᠦᠷᠦᠭᠳᠡᠯ ᠢᠶᠠᠨ ᠵᠤᠷᠢᠭᠳᠠᠢ ᠢᠯᠡᠳᠭᠡᠵᠤ᠂ ᠡᠳᠦᠷ ᠲᠤᠳᠤᠮ ᠤᠨ ᠠᠮᠢᠳᠣᠷᠠᠯ ᠲᠣᠮᠳᠠᠬᠢ ᠬᠠᠶᠠᠭᠳᠠᠮᠠᠯ ᠡᠳ᠋ ᠪᠤᠳᠠᠰ ᠢ | ᠬᠢᠴᠢᠶᠡᠯ ᠳᠤ ᠪᠠᠨ ᠠᠰᠢᠭᠯᠠᠨ᠂ ᠬᠢᠮᠢ ᠪᠤᠯᠤᠨ ᠠᠮᠢᠳᠣᠷᠠᠯ ᠤᠨ ᠤᠷᠤᠨ ᠵᠠᠢ ᠶᠢ ᠤᠯᠠᠮ ᠢᠶᠠᠷ ᠤᠶᠢᠷᠠᠳᠤᠭᠤᠯᠤᠨ᠂ | ᠰᠢᠨᠵᠢᠯᠡᠬᠦ ᠣᠬᠠᠭᠠᠨ ᠪᠠ ᠨᠡᠶᠢᠭᠡᠮ᠂ ᠰᠢᠨᠵᠢᠯᠡᠬᠦ ᠣᠬᠠᠭᠠᠨ ᠪᠠ ᠡᠳᠦᠷ ᠲᠤᠳᠤᠮ ᠤᠨ ᠠᠮᠢᠳᠤᠷᠠᠯ ᠯᠤᠭ᠎ᠠ ᠶᠢᠨ | ᠬᠠᠷᠢᠴᠠᠭᠠᠨ ᠳᠤ ᠪᠤᠳᠠᠳᠦ ᠤᠶᠢᠯᠠᠭᠠᠯᠳᠠ ᠬᠢᠵᠠᠢ᠃ | ︵3︶ ᠰᠤᠷᠤᠭᠴᠢᠳ ᠬᠤᠭᠤᠷᠤᠨᠲᠦ ᠪᠠᠨ ᠰᠠᠶᠢᠨ ᠰᠠᠶᠢᠬᠠᠨ ᠰᠣᠷᠤᠯᠴᠠᠬᠤ ᠠᠷᠭ᠎ᠠ ᠪᠠᠨ ᠬᠠᠷᠢᠯᠴᠠᠨ ᠬᠠᠷᠠᠮ | ᠦᠭᠡᠢ ᠲᠠᠨᠢᠯᠴᠠᠭᠤᠯᠵᠦ᠂ ᠬᠠᠷᠢᠯᠴᠠᠨ ᠵᠤᠷᠢᠬᠵᠢᠭᠤᠯᠵᠦ᠂ ᠬᠢᠷᠢ ᠪᠦᠳᠦᠮᠵᠢ ᠠᠨᠠᠢ ᠰᠣᠷᠤᠭᠴᠢᠳ ᠦᠪᠡᠷ ᠤᠨ | ᠰᠤᠷᠤᠯᠴᠠᠯᠭ᠎ᠠ ᠶᠢᠨ ᠲᠤᠮᠳᠠ ᠣᠷᠤᠰᠢᠵᠣ ᠪᠠᠶᠢᠭ᠎ᠠ ᠠᠰᠠᠭᠤᠳᠠᠯ ᠳᠤ ᠪᠠᠨ ᠵᠣᠷᠢᠭᠳᠠᠢ ᠪᠠᠷ ᠵᠠᠳᠠᠯᠣᠯᠳᠠ ᠬᠢᠵᠤ | ᠵᠤᠷᠢᠭ ᠢᠶᠠᠨ ᠢᠯᠡᠳᠭᠡᠳᠡᠭ ᠪᠥᠭᠡᠳ ᠵᠠᠷᠢᠮ ᠦᠶ᠎ᠡ ᠳᠤ ᠬᠢᠴᠢᠶᠡᠯᠯᠡᠭᠡ ᠶᠢᠨ ᠶᠠᠪᠤᠴᠠ ᠳᠤ ᠲᠣᠭᠯᠠᠭᠠᠮ ᠬᠠᠪᠰᠤᠷᠭᠠᠬᠤ | ᠠᠷᠭ᠎ᠠ ᠪᠠᠷ ᠬᠢᠴᠢᠶᠡᠯ ᠤᠨ ᠠᠭᠤᠯᠭ᠎ᠠ ᠪᠠᠨ ᠪᠠᠳᠤᠳᠬᠠᠪᠠ᠃ | ︵ᠭᠤᠷᠪᠠ︶ ︽ᠣᠷᠤᠯᠳᠤᠯᠭ᠎ᠠ ᠪᠠᠷ ᠲᠦᠷᠢ ᠪᠦᠲᠦᠭᠡᠬᠦ︾ ᠵᠢᠭᠠᠨ ᠰᠣᠷᠭᠠᠬᠤ ᠠᠷᠭ᠎ᠠ ᠶᠢ ᠦᠢᠯᠡᠳᠦᠯᠭᠡ ᠳᠤ | ᠬᠡᠷᠡᠭᠵᠢᠭᠦᠯᠦᠭᠰᠡᠨ ᠦᠷ᠎ᠡ ᠳ᠋ᠦᠩ | ᠲᠤᠷᠰᠢᠯᠳᠠ ᠶᠢᠨ ᠡᠬᠢᠨ ᠤ ᠦᠶ᠎ᠡ ᠳᠤ ᠲᠣᠰ ᠬᠤᠶᠠᠷ ᠠᠩᠬᠢ ᠶᠢᠨ ᠬᠢᠮᠢ ᠶᠢᠨ ᠬᠢᠴᠢᠶᠡᠯ ᠤᠨ ᠬᠢᠷᠢ | ᠪᠦᠲᠦᠮᠵᠢ ᠳᠤ ᠠᠳᠠᠯᠢᠳᠬᠠᠯ ᠬᠢᠬᠦ ᠳᠤ᠂ ᠶᠢᠰᠦ ᠶᠢᠨ ᠲᠠᠪᠤ ᠶᠢᠨ ᠬᠢᠷᠢ ᠪᠦᠳᠦᠮᠵᠢ ᠨᠢ ᠬᠠᠷᠢᠴᠠᠩᠭᠤᠢ ᠦᠨᠲᠦᠷ ᠰᠢᠭ | ᠪᠠᠶᠢᠪᠠ᠃ | ︽ᠤᠷᠤᠯᠳᠤᠯᠭ᠎ᠠ ᠪᠠᠷ ᠳᠦᠷᠢ ᠪᠦᠲᠦᠭᠡᠬᠦ︾ ᠵᠢᠭᠠᠬᠤ ᠠᠷᠭ᠎ᠠ ᠶᠢ ᠬᠡᠷᠡᠭᠵᠢᠭᠦᠯᠤᠭ᠍ᠰᠡᠨ ᠤ ᠲᠠᠷᠠᠭ᠎ᠠ ᠨᠢᠭᠡ | ᠬᠤᠭᠤᠴᠠᠭ᠎ᠠ ᠲᠤᠷᠰᠢᠨ ᠶᠠᠪᠤᠭᠳᠠᠭᠤᠯᠬᠤ ᠪᠠᠷ ᠲᠠᠮᠵᠢᠭᠠᠳ ᠪᠠᠭᠰᠢ ᠪᠠ ᠰᠤᠷᠤᠭᠴᠢ᠂ ᠬᠤᠶᠠᠷ ᠠᠩᠬᠢ ᠶᠢᠨ ᠶᠡᠷᠦᠩᠭᠡᠢ | ᠬᠢᠷᠢ ᠪᠦᠳᠦᠮᠵᠢ ᠵᠡᠷᠭᠡ ᠲᠠᠯ᠎ᠠ ᠪᠠᠷ ᠮᠠᠰᠢ ᠶᠡᠭᠡ ᠬᠤᠪᠢᠷᠠᠯᠳᠠ ᠭᠠᠷᠴᠠᠢ᠃ ᠳᠠᠷᠠᠭᠠᠬᠢ ᠪᠦᠷᠢᠳᠭᠡᠯ ᠪᠤᠯ ᠨᠢᠬᠡ | ᠬᠤᠭᠤᠴᠠᠭᠠᠨ ᠤ ᠲᠦᠷᠪᠡ ᠤᠳᠠᠭᠠᠨ ᠤ ᠰᠣᠷᠢᠯᠳ᠋ᠨ ᠶᠢᠨ ᠰᠢᠯᠭᠠᠯᠳᠠ ᠶᠢᠨ ᠬᠢᠷᠢ ᠪᠦᠲᠦᠮᠵᠢ ᠶᠢᠨ ᠪᠦᠷᠢᠳᠬᠡᠯ ᠪᠤᠯᠬᠤ | ᠶᠤᠮ᠃ ᠡᠬᠦᠨ ᠠᠴᠠ ᠪᠢᠳᠠ ᠦᠵᠡᠵᠦ ᠭᠠᠷᠬᠤ ᠨᠢ ᠶᠢᠰᠦᠳᠦᠭᠡᠷ ᠤᠨ ᠤ ᠵᠢᠷᠭᠤᠳᠤᠭᠠᠷ ᠠᠩᠭᠢ ᠶᠢᠨ ᠬᠢᠷᠢ ᠪᠦᠲᠦᠮᠵᠢ | 10 ᠳ᠋ᠣᠭᠠᠷ ᠰᠠᠷ᠎ᠠ ᠠᠴᠠ ᠡᠬᠢᠯᠡᠨ ᠢᠯᠡᠷᠬᠡᠢ ᠳᠡᠭᠡᠭᠰᠢᠯᠡᠯᠳᠡ ᠲᠠᠢ ᠪᠤᠯᠵᠦ᠂ ᠬᠠᠷᠢᠨ ᠶᠢᠰᠦᠳᠦᠭᠡᠷ ᠤᠨ ᠤ | ᠲᠠᠪᠤᠳᠤᠭᠠᠷ ᠠᠩᠭᠢ ᠶᠢᠨ ᠬᠢᠷᠢ ᠪᠦᠲᠦᠮᠵᠢ 10 ᠳ᠋ᠣᠭᠠᠷ ᠰᠠᠷ᠎ᠠ ᠠᠴᠠ ᠪᠠᠨ ᠢᠯᠡᠷᠬᠡᠢ ᠬᠤᠪᠢᠷᠠᠯᠳ᠋ᠨ ᠭᠠᠷᠣᠭᠰᠠᠨ | ᠦᠬᠡᠢ ᠪᠠᠶᠢᠨ᠎ᠠ᠃ ᠪᠦᠷᠢᠳᠭᠡᠯ ᠳᠤ ᠬᠢ ᠡᠮᠦᠨᠡᠬᠢ ᠨᠢ ᠶᠢᠰᠦᠳᠦᠭᠡᠷ ᠤᠨ ᠤ ᠲᠠᠪᠤᠳᠤᠭᠠᠷ ᠠᠩᠭᠢ ︵9.5︶ ᠶᠢ | ᠲᠥᠯᠦᠭᠡᠯᠡᠵᠦ᠂ ᠬᠤᠶᠢᠨᠠᠬᠢ ᠨᠢ ᠶᠢᠰᠦᠳᠦᠭᠡᠷ ᠤᠨ ᠤ ᠵᠢᠷᠭᠤᠳᠤᠭᠠᠷ ᠠᠩᠭᠢ ︵9.6︶ ᠶᠢ ᠲᠥᠯᠦᠭᠡᠯᠡᠨ᠎ᠡ᠃ | ᠶᠢᠰᠦᠳᠤᠭᠡᠷ ᠤᠨ ᠤ ᠵᠢᠷᠭᠤᠳᠤᠭᠠᠷ ᠠᠩᠬᠢ ᠶᠢᠨ ᠬᠤᠪᠢᠷᠠᠯᠳᠠ ᠶᠢ ᠨᠢ ᠳᠠᠷᠠᠭᠠᠯᠠᠨ ᠲᠤᠭᠠᠴᠢᠪᠠᠯ᠄ ᠨᠢᠭᠡ ᠳᠤ᠂ | ᠰᠤᠷᠤᠭᠴᠢᠳ ᠤᠨ ᠰᠤᠷᠤᠯᠭ᠎ᠠ ᠬᠢᠴᠢᠶᠡᠯ ᠳᠤ ᠲᠤᠷ᠎ᠠ ᠦᠭᠡᠶᠢᠴᠡᠬᠦ ᠦᠵᠡᠭᠳᠡᠯ ᠮᠡᠳᠡᠭᠳᠡᠮ᠎ᠠ ᠴᠦᠬᠡᠷᠡᠵᠦ᠂ | ᠬᠢᠴᠢᠶᠡᠯᠯᠡᠭᠡ ᠳᠤ ᠦᠨᠳᠤᠰᠤᠨ ᠳᠤ ᠪᠠᠨ ᠪᠦᠬᠦᠨ ᠢᠶᠠᠷ ᠢᠶᠠᠨ ᠤᠷᠤᠯᠴᠠᠵᠤ᠂ ᠦᠪᠡᠷ ᠢ ᠪᠠᠨ ᠢᠯᠡᠷᠡᠭᠦᠯᠬᠦ | ᠵᠠᠪᠰᠢᠶᠠᠨ ᠲᠠᠢ ᠪᠤᠯᠵᠦ᠂ ᠪᠡᠶ᠎ᠡ ᠳᠤ ᠪᠠᠨ ᠢᠳᠡᠭᠡᠬᠦ᠂ ᠵᠤᠷᠢᠭᠳᠠᠢ ᠪᠠᠷ ᠶᠠᠷᠢᠵᠦ ᠢᠯᠡᠳᠭᠡᠬᠦ᠂ ᠤᠷᠤᠯᠳᠤᠨ ᠲᠤᠷᠰᠢᠬᠤ᠂ | ᠵᠣᠬᠢᠶᠠᠨ ᠪᠠᠶᠢᠭᠤᠯᠬᠤ᠂ ᠬᠤᠷᠰᠢᠨ ᠰᠤᠷᠤᠯᠴᠠᠬᠤ ᠣᠪᠤᠷ ᠰᠤᠷᠲᠠᠯ ᠨᠢ ᠢᠯᠡᠳᠳᠡ ᠰᠠᠶᠢᠵᠢᠷᠠᠵᠦ᠂ ᠠᠰᠠᠭᠤᠳᠠᠯ | ᠳᠤᠷᠠᠳᠬᠤ ᠤᠬᠠᠮᠰᠠᠷ ᠲᠠᠢ ᠰᠤᠷᠤᠭᠴᠢ ᠣᠯᠠᠰᠢᠷᠠᠨ᠂ ᠰᠡᠵᠢᠭᠯᠡᠬᠦ ᠰᠡᠳᠬᠢᠬᠦ ᠳᠠᠳᠬᠠᠯ ᠪᠣᠢ ᠪᠣᠯᠵᠤ᠂ ᠬᠠᠮᠳᠤ | ᠨᠡᠶᠢᠳ᠋ᠨ ᠶᠢᠨ ᠤᠬᠠᠮᠰᠠᠷ ᠵᠢᠴᠢ ᠦᠷᠢᠰᠦᠯᠳᠦᠨ ᠳᠠᠪᠰᠢᠬᠤ ᠦᠵᠡᠯ ᠰᠠᠨᠠᠭ᠎ᠠ ᠲᠠᠢ ᠪᠤᠯᠵᠦ᠂ ᠵᠦᠪ ᠦᠷᠲᠡᠭ ᠤᠨ | ᠦᠵᠡᠯᠲᠡ ᠠᠭᠠᠵᠢᠮ ᠢᠶᠠᠷ ᠪᠦᠷᠢᠯᠳᠦᠵᠦ ᠪᠠᠶᠢᠨ᠎ᠠ᠃ ᠬᠤᠶᠠᠷ ᠲᠤ᠂ ︽ᠤᠷᠤᠯᠳᠤᠯᠭ᠎ᠠ ᠪᠠᠷ ᠳᠦᠷᠢ ᠪᠦᠲᠦᠭᠡᠬᠦ︾ | ᠵᠢᠭᠠᠬᠤ ᠠᠷᠭ᠎ᠠ ᠶᠢᠨ ᠲᠠᠪᠤᠨ ᠭᠤᠭᠴᠤᠭ᠎ᠠ ᠶᠢ ᠠᠮᠢᠳᠤᠷᠠᠯ ᠰᠤᠷᠤᠯᠴᠠᠯᠭ᠎ᠠ ᠶᠢᠨ ᠳᠤᠮᠳᠠ ᠪᠠᠨ ᠬᠡᠷᠡᠭᠯᠡᠵᠦ ᠠᠰᠠᠭᠤᠳᠠᠯ | ᠰᠢᠢᠳᠪᠦᠷᠢᠯᠡᠵᠤ ᠪᠠᠶᠢᠭ᠎ᠠ ᠪᠠᠶᠢᠳᠠᠯ ᠪᠣᠢ ᠪᠣᠯᠵᠣ ᠪᠣᠢ᠃ ᠭᠤᠷᠪᠠ ᠳᠤ᠂ ᠠᠩᠭᠢ ᠨᠢᠭᠡᠴᠢ ᠪᠠ ᠳᠤᠭᠤᠶᠢᠯᠠᠩ ᠤᠨ | ᠴᠤᠭᠴᠠᠯᠠᠯᠲᠠ ᠶᠢᠨ ᠵᠣᠬᠢᠶᠠᠨ ᠪᠠᠶᠢᠭᠤᠯᠤᠯᠳᠠ ᠲᠢᠭᠯᠢᠮ ᠲᠠᠢ ᠪᠤᠯᠵᠦ᠂ ᠠᠩᠭᠢ ᠶᠢᠨ ᠬᠢᠷᠢ ᠪᠦᠲᠦᠮᠵᠢ ᠢᠯᠡᠷᠬᠡᠢ | ᠳᠡᠭᠡᠭᠰᠢᠯᠡᠵᠦ ᠡᠬᠢᠯᠡᠪᠡ᠃ ᠭᠠᠷ ᠬᠦᠳᠡᠯᠦᠨ ᠤᠷᠤᠯᠳᠤᠬᠤ ᠴᠢᠳᠠᠪᠦᠷᠢ ᠳᠡᠭᠡᠭᠰᠢᠯᠡᠵᠦ ᠲᠤᠷᠰᠢᠯᠲᠡ ᠶᠢᠨ ᠬᠢᠴᠢᠶᠡᠯ ᠳᠤ | ᠳᠤᠷ᠎ᠠ ᠪᠠᠬ᠎ᠠ ᠲᠠᠢ ᠪᠤᠯᠤᠭᠰᠠᠨ ᠢᠶᠠᠷ ᠪᠠᠷᠠᠬᠤ ᠦᠭᠡᠢ ᠲᠤᠷᠰᠢᠯᠲᠠ ᠶᠢᠨ ᠬᠤᠷᠳᠤᠴᠠ᠂ ᠤᠨᠤᠪᠴᠢ ᠶᠢᠨ ᠬᠡᠮᠵᠢᠶ᠎ᠡ | ᠴᠦᠮ ᠳᠡᠭᠡᠭᠰᠢᠯᠡᠵᠦ ᠡᠬᠢᠯᠡᠵᠡᠢ᠃ ᠳᠦᠷᠪᠡ ᠳᠤ᠂ ᠰᠤᠷᠤᠭᠴᠢ ᠪᠠᠭᠰᠢ ᠶᠢᠨ ᠬᠠᠷᠢᠴᠠᠭ᠎ᠠ ᠤᠯᠠᠮ ᠡᠶ᠎ᠡ ᠨᠠᠶᠢᠷᠳᠠᠢ | ᠪᠣᠯᠵᠤ᠂ ᠬᠢᠴᠢᠶᠡᠯ ᠳᠤ ᠤᠨᠲᠠᠬᠤ ᠰᠤᠷᠤᠭᠴᠢ᠂ ᠰᠤᠯᠨ ᠦᠭᠡ ᠶᠠᠷᠢᠬᠤ ᠰᠤᠷᠤᠭᠴᠢ ᠦᠭᠡᠢ ᠪᠤᠯᠵᠠᠢ᠃ ᠲᠠᠪᠤ ᠳᠤ᠂ | ᠨᠢᠭᠳᠠᠷᠠᠯ ᠪᠦᠯᠬᠦᠮᠳᠡᠯ ᠤᠨ ᠬᠦᠴᠦᠨ ᠴᠢᠳᠠᠯ ᠢ ᠤᠶᠢᠯᠠᠭᠠᠵᠦ᠂ ᠬᠠᠮᠳᠦ ᠶᠢᠨ ᠤᠬᠠᠮᠰᠠᠷ ᠨᠢ ᠳᠡᠭᠡᠭᠰᠢᠯᠡᠪᠡ᠃ | ᠵᠢᠷᠭᠤᠭ᠎ᠠ ᠳᠤ᠂ ᠨᠤᠮ ᠪᠢᠴᠢᠭ ᠢ ᠤᠩᠰᠢᠨ ᠤᠶᠢᠯᠠᠭᠠᠬᠤ ᠴᠢᠳᠠᠪᠦᠷᠢ ᠨᠢ ᠳᠡᠭᠡᠭᠰᠢᠯᠡᠵᠦ᠂ ᠪᠡᠶ᠎ᠡ ᠳᠤ ᠪᠠᠨ | ᠲᠤᠬᠢᠷᠠᠭᠰᠠᠨ ᠰᠤᠷᠬᠤ ᠠᠷᠭ᠎ᠠ ᠶᠢ ᠡᠷᠢᠵᠦ ᠬᠠᠶᠢᠬᠤ ᠪᠤᠯᠪᠠ᠃ ᠳᠣᠯᠤᠭ᠎ᠠ ᠳᠤ᠂ ᠪᠠᠭᠰᠢ ᠪᠠ ᠰᠤᠷᠤᠭᠴᠢ ᠶᠢᠨ | ᠪᠠᠶᠢᠷᠢ ᠶᠢᠨ ᠬᠤᠪᠢᠷᠠᠯᠳᠠ ᠭᠠᠷᠪᠠ᠃ ᠪᠠᠭᠰᠢ ᠶᠢᠨ ᠡᠵᠡᠨ ᠪᠡᠶ᠎ᠡ ᠶᠢᠨ ᠪᠠᠶᠢᠷᠢ ᠰᠠᠭᠤᠷᠢ ᠨᠢ ᠵᠤᠬᠢᠶᠠᠨ ᠪᠠᠶᠢᠭᠤᠯᠤᠭᠴᠢ᠂ | ᠰᠡᠩᠬᠡᠷᠡᠭᠦᠯᠤᠭ᠍ᠴᠢ᠂ ᠤᠷᠤᠯᠴᠠᠭᠴᠢ ᠪᠠᠷ ᠰᠤᠯᠢᠭᠳᠠᠨ᠂ ᠰᠤᠷᠤᠭᠴᠢ ᠨᠢ ᠬᠦᠯᠢᠶᠡᠨ ᠠᠪᠤᠭᠴᠢ᠂ ᠰᠤᠨᠤᠰᠤᠭᠴᠢ᠂ | ᠴᠡᠭᠡᠵᠢᠯᠡᠭᠴᠢ ᠪᠠᠶᠢᠭᠰᠠᠨ ᠠᠴᠠ ᠪᠠᠨ ᠤᠷᠤᠯᠴᠠᠭᠴᠢ᠂ ᠰᠦᠪᠡᠭᠴᠢᠯᠡᠭᠴᠢ᠂ ᠳ᠋ᠦᠩᠨᠡᠭᠴᠢ᠂ ᠦᠨᠡᠯᠡᠭᠴᠢ ᠶᠢᠨ | ᠪᠠᠶᠢᠷᠢᠨ ᠳᠤ ᠰᠢᠯᠵᠢᠪᠡ᠃ | ︽ᠴᠢᠷᠮᠠᠶᠢᠯᠭ᠎ᠠ ᠬᠦᠮᠦᠨ ᠢ ᠭᠤᠮᠤᠳᠠᠭᠠᠬᠤ ᠦᠭᠡᠢ︾ ᠭᠡᠭᠦ ᠰᠠᠶᠢᠬᠠᠨ ᠦᠭᠡ ᠪᠠᠶᠢᠳᠠᠭ ᠰᠠᠨ᠃ ᠪᠤᠤ ᠢᠤᠢ | ᠯᠢᠶᠠᠨ ᠪᠠᠭᠰᠢ ᠶᠢᠨ ᠰᠢᠷᠭᠠᠭᠤ ᠴᠢᠷᠮᠠᠶᠢᠯᠭ᠎ᠠ ᠨᠢ ᠬᠤᠶᠠᠷ ᠵᠢᠯ ᠰᠢᠬᠠᠮ ᠤᠨ ᠤᠬᠤᠷᠬᠠᠨ ᠬᠤᠭᠤᠴᠠᠭᠠᠨ ᠳᠤ ᠪᠤᠳᠠᠳᠦ | ᠦᠷ᠎ᠡ ᠳ᠋ᠦᠩ ᠤᠯᠵᠦ᠂ ᠢᠳᠡᠷ ᠵᠠᠯᠠᠭᠤ ᠪᠠᠭᠰᠢ ᠨᠠᠷ ᠤᠨ ᠳᠤᠮᠳᠠ ᠤᠶᠢᠯᠡ ᠠᠵᠢᠯᠯᠠᠭ᠎ᠠ ᠪᠠᠷ ᠢᠶᠠᠨ ᠤᠷᠦ᠋ᠢᠯᠠᠨ | ᠴᠤᠯᠭᠤᠷᠠᠭᠰᠠᠨ ᠶᠤᠮ᠃ ᠲᠤᠰ ᠪᠠᠭᠰᠢ ᠠᠴᠠ ︽ᠣᠷᠤᠯᠳᠤᠯᠭ᠎ᠠ ᠪᠠᠷ ᠲᠦᠷᠢ ᠪᠦᠲᠦᠭᠡᠬᠦ︾ ᠵᠢᠭᠠᠬᠤ ᠠᠷᠭ᠎ᠠ ᠶᠢ | ᠰᠣᠷᠣᠭᠴᠢᠳ ᠲᠤ ᠵᠤᠷᠢᠭᠲᠠᠢ ᠪᠠᠷ ᠬᠢᠵᠦ᠂ ᠰᠣᠷᠣᠭᠴᠢ ᠶᠢᠨ ᠡᠵᠡᠨ ᠪᠡᠶ᠎ᠡ ᠶᠢᠨ ᠪᠠᠶᠢᠷᠢ ᠶᠢ ᠪᠠᠲᠤᠯᠠᠨ᠂ | ᠰᠤᠷᠤᠭᠴᠢᠳ ᠢ ᠪᠡᠶ᠎ᠡ ᠪᠠᠨ ᠲᠠᠭᠠᠭᠠᠨ ᠰᠣᠳᠣᠯᠣᠯᠳ᠋ᠨ ᠲᠠᠢ ᠰᠣᠷᠣᠯᠴᠠᠬᠤ᠂ ᠬᠠᠮᠳᠣᠷᠠᠨ ᠰᠣᠷᠣᠯᠴᠠᠵᠤ ᠰᠢᠨ᠎ᠡ ᠶᠢ | ᠡᠬᠦᠳᠬᠦ ᠵᠠᠮ ᠳᠤ ᠬᠦᠳᠦᠯᠦᠭᠰᠡᠨ ᠠᠴᠠ ᠰᠣᠷᠣᠭᠴᠢᠳ ᠤᠨ ᠰᠣᠷᠬᠤ ᠣᠷᠮᠠᠰᠢᠯ᠂ ᠬᠢᠮᠢ ᠶᠢᠨ ᠬᠢᠴᠢᠶᠡᠯ ᠤᠨ ᠬᠢᠷᠢ | ᠪᠦᠳᠦᠮᠵᠢ ᠪᠠᠶᠠᠷᠯᠠᠭᠤᠰᠢᠳᠠᠢ ᠦᠷ᠎ᠠ ᠳ᠋ᠦᠩ ᠳᠤ ᠬᠦᠷᠴᠦ ᠴᠢᠳᠠᠭᠰᠠᠨ ᠢᠶᠠᠷ ᠪᠠᠷᠠᠬᠤ ᠦᠭᠡᠢ᠂ ᠳᠡᠷᠡ ᠪᠠᠰᠠ | ᠦᠪᠡᠷ ᠤᠨ ᠣᠷᠣᠯᠳᠣᠯᠭ᠎ᠠ ᠪᠠᠨ ᠦᠬᠦᠯᠡᠯ ᠪᠤᠯᠭᠠᠨ ᠪᠢᠴᠢᠵᠤ᠂ ᠤᠷᠤᠨ ᠤ ᠳᠤᠳᠤᠨ᠎ᠠ ᠭᠠᠳᠠᠨᠠᠬᠢ ᠨᠡᠯᠢᠶᠡᠳ ᠤᠯᠠᠨ | ᠰᠡᠳᠭᠦᠯ ᠳᠤ ᠨᠡᠶᠢᠳᠡᠯᠡᠬᠦᠯᠵᠠᠢ᠃ ᠮᠦᠨᠴᠦ ᠰᠣᠳᠣᠯᠬᠤ ᠰᠣᠷᠣᠭᠴᠢ ᠶᠢᠨ ᠲᠡᠭᠦᠰᠬᠦ ᠦᠬᠦᠯᠡᠯ ᠢᠶᠠᠨ ︽ | ᠣᠷᠤᠯᠳᠤᠯᠭ᠎ᠠ ᠪᠠᠷ ᠲᠦᠷᠢ ᠪᠦᠲᠦᠭᠡᠬᠦ︾ ᠵᠢᠭᠠᠬᠤ ᠠᠷᠭ᠎ᠠ ᠶᠢᠨ ᠰᠤᠳᠤᠯᠭᠠᠨ ᠢᠶᠠᠷ ᠰᠡᠳᠦᠪᠯᠡᠵᠦ ᠪᠢᠴᠢᠭᠰᠡᠨ ᠠᠴᠠ | ᠵᠢᠯᠤᠭᠤᠳᠤᠭᠴᠢ ᠪᠠᠭᠰᠢ ᠶᠢᠨ ᠦᠨᠳᠦᠷ ᠦᠨᠡᠯᠡᠯᠳ᠋ᠨ ᠶᠢ ᠬᠦᠷᠳᠡᠭᠰᠡᠨ ᠪᠠᠶᠢᠨ᠎ᠠ᠃ | 2016 ᠣᠨ ᠤ 5 ᠰᠠᠷ᠎ᠠ ᠳᠤ ᠪᠦᠬᠦ ᠬᠤᠲᠠ ᠶᠢᠨ ᠮᠣᠩᠭᠤᠯ ᠢᠶᠠᠷ ᠬᠢᠴᠢᠶᠡᠯᠯᠡᠬᠦ ᠠᠩᠬ᠎ᠠ ᠲᠣᠮᠳᠠᠳᠣ ᠶᠢᠨ | ᠬᠢᠮᠢ ᠶᠢᠨ ᠤᠶᠤᠨ ᠤ ᠤᠷᠤᠯᠳᠤᠭᠠᠨ ᠳᠤ ᠲᠡᠬᠦᠨ ᠤ ᠵᠢᠯᠤᠭᠤᠳᠤᠭᠰᠠᠨ ᠰᠤᠷᠤᠭᠴᠢ ᠵᠤᠤ ᠰᠢᠨ ᠯᠧᠢ ᠬᠤᠪᠢ | ᠬᠥᠮᠦᠨ ᠤ ᠲᠡᠷᠢᠭᠦᠨ ᠤ ᠱᠠᠩᠨᠠᠯ ᠢ ᠬᠦᠷᠲᠡᠵᠦ᠂ ᠰᠣᠷᠣᠭᠴᠢ ᠢᠷᠠᠭᠤ ᠬᠤᠶᠠᠳᠤᠭᠠᠷ ᠲᠡᠰ ᠤᠨ ᠱᠠᠩᠨᠠᠯ ᠢ ᠤᠯᠪᠠ᠃ | 2016 ᠣᠨ ᠳᠤ ᠡᠷᠬᠢᠯᠡᠭᠰᠡᠨ ᠠᠩᠭᠢ ᠶᠢᠨ ᠬᠢᠮᠢ ᠶᠢᠨ ᠬᠢᠴᠢᠶᠡᠯ ᠲᠥᠷᠦᠯ ᠤᠨ ᠲᠡᠭᠰᠢᠳᠭᠡᠯ ᠬᠤᠪᠢ ᠪᠠ ᠬᠢᠷᠢ | ᠲᠡᠩᠴᠡᠯᠳ᠋ᠨ ᠶᠢᠨ ᠨᠤᠷᠮ᠎ᠠ ᠪᠦᠬᠦ ᠬᠤᠳ᠋ᠨ ᠳᠤ ᠪᠠᠨ ᠲᠡᠷᠢᠬᠦᠯᠡᠵᠦ᠂ ᠰᠤᠷᠤᠭᠴᠢ ᠵᠣᠣ ᠰᠢᠨ ᠯᠧᠢ᠂ ᠢᠷᠠᠭᠤ ᠰᠢᠯᠢᠳᠡᠭ | ᠬᠢᠷᠢ ᠪᠦᠲᠦᠮᠵᠢ ᠪᠠᠷ ᠬᠥᠬᠡᠬᠤᠲᠠ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠮᠳᠠᠳᠣ | ᠰᠤᠷᠭᠠᠭᠤᠯᠢ ᠳᠤ ᠰᠢᠯᠭᠠᠨ ᠣᠷᠤᠵᠤ᠂ ᠺᠠᠩ ᠱᠣᠣ ᠵᠢᠶᠦ᠋ᠨ᠂ ᠪᠤᠤ ᠵᠢᠶᠦ᠋ᠨ ᠵᠢᠶᠧ᠂ ᠰᠠᠴᠣᠷᠨ᠂ ᠴᠢ ᠾᠦᠢ᠂ | ᠲᠢᠩ ᠲᠢᠩ᠂ ᠴᠢ ᠶᠠᠨ ᠲᠢᠩ᠂ ᠵᠢᠩ ᠵᠢᠩ ᠵᠡᠷᠭᠡ ᠳᠣᠯᠤᠭᠠᠨ ᠰᠤᠷᠤᠭᠴᠢ ᠬᠠᠶᠢᠯᠠᠷ ᠨᠢᠭᠡᠳᠦᠭᠡᠷ ᠲᠤᠮᠳᠠᠳᠣ | ᠰᠤᠷᠭᠠᠭᠤᠯᠢ ᠶᠢᠨ ᠲᠣᠷᠰᠢᠯᠳ᠋ᠨ ᠶᠢᠨ ᠠᠩᠭᠢ ᠳᠤ ᠰᠢᠯᠭᠠᠨ ᠣᠷᠤᠵᠤ᠂ ᠡᠷᠬᠢᠯᠡᠭᠰᠡᠨ ᠠᠩᠬᠢ ᠨᠢ ᠬᠤᠰᠢᠭᠤᠨ ᠲᠠᠰ ᠤᠨ | ᠰᠢᠯᠢᠳᠡᠭ ᠠᠩᠬᠢ ᠨᠢᠬᠡᠴᠢ ᠪᠠ ᠬᠤᠰᠢᠭᠤᠨ ᠲᠡᠰ ᠤᠨ ᠪᠤᠯᠪᠠᠰᠤᠨ ᠠᠩᠭᠢ ᠨᠢᠭᠡᠴᠢ ᠪᠠᠷ ᠰᠤᠩᠭᠤᠭᠳᠠᠵᠤ᠂ | ᠰᠤᠷᠤᠭᠴᠢ ᠴᠢ ᠾᠦᠢ ᠬᠤᠰᠢᠭᠤᠨ ᠲᠡᠰ ᠤᠨ ︽ᠰᠢᠯᠢᠳᠡᠭ ᠰᠤᠷᠤᠭᠴᠢ︾ ᠪᠤᠯᠵᠤ᠂ ᠰᠤᠷᠤᠭᠴᠢ ᠰᠦᠶᠦᠭᠡ | ᠬᠤᠰᠢᠭᠤᠨ ᠲᠡᠰ ᠤᠨ ︽ᠰᠢᠯᠢᠳᠡᠭ ᠠᠩᠬᠢ ᠶᠢᠨ ᠺᠠᠳ᠋ᠷ︾᠂ ᠰᠤᠷᠤᠭᠴᠢ ᠵᠤᠤ ᠰᠢᠨ ᠯᠸᠢ ᠬᠤᠳ᠋ᠨ ᠶᠢᠨ ᠲᠡᠰ ᠤᠨ ︽ | ᠰᠢᠯᠢᠳᠡᠭ ᠰᠤᠷᠤᠭᠴᠢ︾ ᠢᠶᠠᠷ ᠲᠤᠰ ᠪᠦᠷᠢ ᠬᠦᠬᠢᠬᠦᠯᠦᠭᠳᠡᠭᠰᠡᠨ ᠪᠠᠶᠢᠨ᠎ᠠ᠃ 2017 ᠣᠨ ᠤ 5 ᠰᠠᠷ᠎ᠠ ᠳᠤ ᠪᠦᠬᠦ | ᠬᠤᠲᠠ ᠶᠢᠨ ᠮᠣᠩᠭᠤᠯ ᠢᠶᠠᠷ ᠬᠢᠴᠢᠶᠡᠯᠯᠡᠬᠦ ᠠᠩᠬ᠎ᠠ ᠲᠣᠮᠳᠠᠳᠣ ᠶᠢᠨ ᠬᠢᠮᠢ ᠶᠢᠨ ᠤᠶᠤᠨ ᠤ ᠤᠷᠤᠯᠳᠤᠭᠠᠨ ᠳᠤ | ᠰᠤᠷᠤᠭᠴᠢ ᠯᠢᠶᠠᠩ ᠸᠧᠨ ᠵᠢᠶᠤᠸᠠᠨ ᠬᠤᠪᠢ ᠬᠥᠮᠦᠨ ᠤ ᠲᠡᠷᠢᠭᠦᠨ ᠤ ᠱᠠᠩᠨᠠᠯ ᠢ ᠬᠦᠷᠳᠡᠪᠡ᠃ 2018 ᠣᠨ ᠤ | ᠪᠦᠬᠦ ᠬᠤᠲᠠ ᠶᠢᠨ ᠳᠣᠮᠳᠠᠲᠣ ᠰᠢᠯᠭᠠᠯᠲᠠ ᠳᠤ ᠲᠡᠭᠦᠨ ᠤ ᠲᠡᠭᠦᠰᠭᠡᠭᠰᠡᠨ ᠠᠩᠭᠢ ᠶᠢᠨ ᠬᠢᠮᠢ ᠶᠢᠨ ᠲᠡᠭᠰᠢᠳᠭᠡᠭᠰᠡᠨ | ᠬᠢᠷᠢ ᠪᠦᠲᠦᠮᠵᠢ ᠨᠢ ᠬᠤᠲᠠ ᠳᠤ ᠪᠠᠨ ᠲᠡᠷᠢᠭᠦᠯᠡᠭᠰᠡᠨ ᠪᠠᠶᠢᠨ᠎ᠠ᠃ | ᠳᠡᠭᠡᠷ᠎ᠡ ᠶᠠᠷᠢᠭᠰᠠᠨ ᠠᠭᠤᠯᠭ᠎ᠠ ᠪᠤᠯ ᠪᠤᠤ ᠢᠤᠢ ᠯᠢᠶᠠᠨ ᠪᠠᠭᠰᠢ ᠶᠢᠨ ᠪᠤᠳᠠᠳᠦ ᠵᠢᠭᠠᠨ ᠰᠤᠷᠭᠠᠯᠳᠠ ᠲᠤᠮᠳᠠ | ︽ᠤᠷᠤᠯᠳᠤᠯᠭ᠎ᠠ ᠪᠠᠷ ᠲᠦᠷᠢ ᠪᠦᠳᠦᠭᠡᠬᠦ︾ ᠵᠢᠭᠠᠬᠤ ᠠᠷᠭ᠎ᠠ ᠶᠢ ᠬᠢᠮᠢ ᠶᠢᠨ ᠬᠢᠴᠢᠶᠡᠯᠯᠡᠭᠡ ᠳᠤ ᠪᠠᠨ | ᠬᠡᠷᠡᠭᠵᠢᠬᠦᠯᠦᠭᠰᠡᠨ ᠪᠠᠶᠢᠳᠠᠯ ᠤᠨ ᠲᠤᠬᠠᠢ ᠲᠤᠭᠠᠴᠢᠯᠳᠠ ᠪᠤᠯᠤᠨ᠎ᠠ᠃ | ᠬᠤᠶᠠᠷ᠂ ︽ᠣᠷᠤᠯᠳᠤᠯᠭ᠎ᠠ ᠪᠠᠷ ᠲᠦᠷᠢ ᠪᠦᠲᠦᠭᠡᠬᠦ︾ ᠵᠢᠭᠠᠨ ᠰᠣᠷᠭᠠᠬᠤ ᠠᠷᠭ᠎ᠠ ᠶᠢ ᠦᠢᠯᠡᠳᠦᠯᠭᠡ ᠳᠤ | ᠬᠡᠷᠡᠭᠵᠢᠬᠦᠯᠬᠦ ᠶᠠᠪᠤᠴᠨ ᠳᠤ ᠤᠷᠤᠰᠢᠵᠤ ᠪᠠᠶᠢᠭ᠎ᠠ ᠠᠰᠠᠭᠤᠳᠠᠯ | ᠪᠦᠬᠦ ᠤᠷᠤᠨ ᠤ ᠬᠡᠪᠴᠢᠶᠡᠨ ᠳᠤ᠂ ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠳᠤᠮᠳᠠᠳᠦ ᠰᠤᠷᠭᠠᠭᠤᠯᠢ ᠶᠢᠨ | ᠪᠠᠶᠢᠭᠠᠯᠢ ᠶᠢᠨ ᠰᠢᠨᠵᠢᠯᠡᠭᠡᠨ ᠤ ᠬᠢᠴᠢᠶᠡᠯ ᠲᠦᠷᠦᠯ ᠤᠨ ᠵᠢᠭᠠᠨ ᠰᠤᠷᠭᠠᠯᠳᠠ ᠳᠤ ︽ᠤᠷᠤᠯᠳᠤᠯᠭ᠎ᠠ ᠪᠠᠷ ᠲᠦᠷᠢ | ᠪᠦᠳᠦᠭᠡᠬᠦ︾ ᠵᠢᠭᠠᠬᠤ ᠠᠷᠭ᠎ᠠ ᠶᠢ ᠬᠡᠷᠡᠭᠯᠡᠭᠡᠳ ᠬᠤᠶᠠᠷ ᠵᠢᠯ ᠭᠠᠷᠤᠢ ᠪᠤᠯᠵᠦ ᠪᠠᠶᠢᠨ᠎ᠠ᠃ ᠡᠨᠡ ᠬᠦ ᠬᠤᠭᠤᠴᠠᠭᠠᠨ ᠳᠤ | ︽ᠤᠷᠤᠯᠳᠤᠯᠭ᠎ᠠ ᠪᠠᠷ ᠳᠦᠷᠢ ᠪᠦᠳᠦᠭᠡᠬᠦ︾ ᠵᠢᠭᠠᠬᠤ ᠠᠷᠭ᠎ᠠ ᠶᠢᠨ ᠰᠤᠳᠤᠯᠭᠠᠨ ᠤ ᠠᠵᠢᠯ ᠨᠢ ᠲᠦᠰᠦᠪᠯᠡᠭᠰᠡᠨ | ᠶᠤᠰᠤᠭᠠᠷ ᠠᠮᠵᠢᠯᠳᠠ ᠪᠦᠳᠦᠮᠵᠢ ᠲᠠᠢ ᠶᠠᠪᠤᠭᠳᠠᠭᠰᠠᠨ ᠪᠠᠶᠢᠨ᠎ᠠ᠃ ᠬᠡᠪᠡᠴᠦ ᠪᠠᠰᠠ ᠵᠤᠬᠢᠬᠤ ᠬᠡᠮᠵᠢᠶᠡᠨ ᠳᠤ | ᠠᠰᠠᠭᠤᠳᠠᠯ ᠤᠷᠤᠰᠢᠭᠰᠠᠭᠠᠷ ᠪᠦᠭᠡᠳ ᠪᠢᠳᠠ ᠨᠠᠷ ᠦᠷᠬᠦᠯᠵᠢᠯᠡᠨ ᠦᠭᠡᠷᠡᠴᠢᠯᠡᠨ ᠰᠠᠶᠢᠵᠢᠷᠠᠭᠤᠯᠬᠤ ᠴᠢᠬᠤᠯᠠ ᠲᠠᠢ | ᠪᠢᠯᠡ᠃ | ︵ᠨᠢᠭᠡ︶ ᠪᠠᠭᠰᠢ ᠨᠠᠷ ᠤᠨ ᠪᠤᠯᠪᠠᠰᠤᠷᠠᠯ ᠳᠤᠳᠠᠮᠠᠭ᠂ ᠤᠶᠢᠯᠠᠭᠠᠯᠳ᠋ᠨ ᠳᠠᠨᠢᠯᠳᠠ ᠬᠦᠢᠴᠡᠳ ᠪᠤᠰᠤ | ᠪᠦᠬᠦ ᠤᠷᠤᠨ ᠤ ᠬᠡᠪᠴᠢᠶᠡᠨ ᠳᠤ᠂ ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠳᠤᠮᠳᠠᠳᠦ ᠰᠤᠷᠭᠠᠭᠤᠯᠢ ᠶᠢᠨ | ᠪᠠᠶᠢᠭᠠᠯᠢ ᠶᠢᠨ ᠰᠢᠨᠵᠢᠯᠡᠭᠡᠨ ᠤ ᠬᠢᠴᠢᠶᠡᠯ ᠲᠦᠷᠦᠯ ᠤᠨ ᠪᠠᠭᠰᠢ ᠨᠡᠶᠢᠳᠡ 2952 ᠪᠠᠶᠢᠵᠦ᠂ ᠬᠤᠶᠠᠷ ᠵᠢᠯ | ᠭᠠᠷᠤᠢ ᠶᠢᠨ ᠬᠤᠭᠤᠴᠠᠭᠠᠨ ᠳᠤ ︽ᠤᠷᠤᠯᠳᠤᠯᠭ᠎ᠠ ᠪᠠᠷ ᠳᠦᠷᠢ ᠪᠦᠳᠦᠭᠡᠬᠦ︾ ᠵᠢᠭᠠᠬᠤ ᠠᠷᠭ᠎ᠠ ᠶᠢᠨ ᠪᠤᠯᠪᠠᠰᠤᠷᠠᠯ ᠳᠤ | ᠤᠷᠤᠯᠴᠠᠭᠰᠠᠳ 1600 ᠬᠦᠮᠦᠨ ᠣᠳᠠᠭ᠎ᠠ ᠬᠦᠷᠴᠦ᠂ ︽ᠤᠷᠤᠯᠳᠤᠯᠭ᠎ᠠ ᠪᠠᠷ ᠳᠦᠷᠢ ᠪᠦᠳᠦᠭᠡᠬᠦ︾ ᠵᠢᠭᠠᠬᠤ | ᠠᠷᠭ᠎ᠠ ᠶᠢ ᠵᠢᠩᠬᠢᠨᠢ ᠡᠵᠡᠮᠰᠢᠭᠡᠳ ᠪᠣᠲᠠᠲᠠᠢ ᠵᠢᠭᠠᠨ ᠰᠣᠷᠭᠠᠯᠲᠠ ᠳᠤ ᠪᠠᠨ ᠦᠨᠡᠨᠬᠦ ᠬᠡᠷᠡᠭᠵᠢᠭᠦᠯᠵᠦ ᠪᠠᠶᠢᠭ᠎ᠠ ᠪᠠᠭᠰᠢ | ᠣᠯᠠᠩᠬᠢ ᠲᠤᠭ᠎ᠠ ᠶᠢ ᠡᠵᠡᠯᠡᠵᠦ ᠪᠠᠶᠢᠨ᠎ᠠ᠂ ᠭᠡᠪᠡᠴᠦ ᠪᠠᠰᠠ ᠴᠦᠬᠡᠨ ᠲᠣᠭᠠᠨ ᠤ ᠪᠠᠭᠰᠢ ᠲᠣᠰ ᠠᠷᠭ᠎ᠠ ᠶᠢ | ᠪᠦᠷᠢᠮᠦᠰᠦᠨ ᠡᠵᠡᠮᠰᠢᠵᠦ ᠴᠢᠳᠠᠭᠠᠳᠣᠢ᠂ ᠠᠷᠭ᠎ᠠ ᠮᠡᠷᠭᠡᠵᠢᠯ ᠤᠨ ᠲᠠᠯ᠎ᠠ ᠪᠠᠷ ᠪᠦᠷᠢᠮᠦᠰᠦᠨ ᠰᠢᠨᠡᠴᠢᠯᠡᠭᠳᠡᠵᠦ | ᠴᠢᠳᠠᠭᠠᠳᠤᠢ ᠪᠠᠶᠢᠭᠰᠠᠭᠠᠷ᠃ ᠵᠢᠭᠠᠨ ᠰᠤᠷᠭᠠᠯᠳᠠ ᠶᠢᠨ ᠳᠤᠮᠳᠠ ᠪᠠᠭᠰᠢ ᠰᠤᠷᠤᠭᠴᠢ ᠶᠢᠨ ᠪᠠᠶᠢᠷᠢ ᠶᠢᠨ ᠰᠤᠯᠢᠭᠳᠠᠯ ᠨᠢ | ᠤᠳᠠᠭᠠᠨ ᠪᠠᠶᠢᠵᠦ᠂ ᠤᠯᠠᠮᠵᠢᠯᠠᠯᠳᠦ ᠵᠢᠭᠠᠨ ᠰᠤᠷᠭᠠᠯᠳᠠ ᠶᠢᠨ ᠬᠦᠷᠢᠶᠡᠨ ᠠᠴᠠ ᠭᠦᠢᠴᠡᠳ ᠭᠠᠷᠴᠦ ᠴᠢᠳᠠᠭᠠᠳᠤᠢ᠃ | ᠰᠢᠨ᠎ᠡ ᠬᠢᠴᠢᠶᠡᠯ ᠤᠨ ᠦᠭᠡᠷᠡᠴᠢᠯᠡᠯᠳᠡ ᠳᠤ ᠬᠡᠷᠬᠢᠨ ᠠᠵᠢᠯᠯᠠᠪᠠᠯ ᠰᠠᠶ᠋ᠢ ︽ᠣᠷᠤᠯᠳᠤᠯᠭ᠎ᠠ ᠪᠠᠷ ᠲᠦᠷᠢ ᠪᠦᠲᠦᠭᠡᠬᠦ︾ | ᠵᠢᠭᠠᠬᠤ ᠠᠷᠭ᠎ᠠ ᠳᠠᠰᠤᠷᠠᠯᠳᠠ ᠦᠭᠡᠢ ᠦᠢᠯᠡᠳᠦᠯᠭᠡᠵᠢᠭᠦᠯᠭᠦ ᠶᠢᠨ ᠬᠠᠮᠳᠤ ᠠᠮᠢᠵᠢᠷᠠᠯ ᠤᠨ ᠬᠦᠴᠦᠨ ᠨᠢ ᠭᠦᠢᠴᠡᠳ | ᠢᠯᠡᠷᠡᠭᠦ ᠠᠰᠠᠭᠤᠳᠠᠯ ᠨᠢ ᠬᠤᠶᠢᠰᠢᠳᠠ ᠤᠯᠠᠮ ᠨᠢᠭᠡ ᠠᠯᠬᠤᠮ ᠰᠤᠳᠤᠯᠤᠭᠤᠰᠢᠳᠠᠢ ᠠᠰᠠᠭᠤᠳᠠᠯ ᠪᠤᠯᠤᠨ ᠪᠢᠳᠠᠨ ᠤ | ᠡᠮᠦᠨ᠎ᠡ ᠲᠠᠯᠪᠢᠭᠳᠠᠵᠦ ᠪᠠᠶᠢᠨ᠎ᠠ᠃ ᠦᠨᠡᠨ ᠳᠤ ᠪᠠᠨ ᠵᠠᠬᠢᠷᠤᠯ ᠪᠤᠯᠤᠨ ᠪᠠᠭᠰᠢ ᠨᠠᠷ ᠤᠨ ᠦᠵᠡᠯᠳᠡ ᠲᠠᠨᠢᠯᠳᠠ ᠪᠠᠨ | ᠬᠤᠪᠢᠷᠠᠭᠤᠯᠬᠤ ᠠᠰᠠᠭᠤᠳᠠᠯ ᠪᠤᠯ ᠰᠢᠨ᠎ᠡ ᠬᠢᠴᠢᠶᠡᠯᠯᠡᠭᠡ ᠶᠢᠨ ᠦᠭᠡᠷᠡᠴᠢᠯᠡᠯᠳᠡ ᠶᠢᠨ ᠵᠤᠷᠢᠯᠭ᠎ᠠ ᠳᠤ ᠬᠦᠷᠬᠦ | ᠬᠠᠮᠤᠭ ᠤᠨ ᠴᠢᠬᠤᠯᠠ ᠭᠤᠭᠴᠤᠭ᠎ᠠ ᠪᠤᠯᠤᠨ᠎ᠠ᠃ ᠤᠴᠢᠷ ᠨᠢ ᠦᠵᠡᠯᠳᠡ ᠪᠤᠯ ᠦᠢᠯᠨ ᠠᠵᠢᠯᠯᠠᠭᠠᠨ ᠤ ᠰᠦᠭ | ᠰᠦᠨᠡᠰᠦ ᠶᠤᠮ᠃ ᠪᠠᠭᠰᠢ ᠶᠢᠨ ᠦᠵᠡᠯᠳᠡ ᠳᠠᠨᠢᠯᠳᠠ ᠨᠢ ᠵᠢᠭᠠᠨ ᠰᠤᠷᠭᠠᠯᠳᠠ ᠲᠣᠮᠳ᠋ᠨ ᠰᠤᠷᠤᠭᠴᠢᠳ ᠤᠨ | ᠰᠤᠷᠤᠯᠴᠠᠬᠤ ᠶᠢ ᠰᠢᠭᠤᠳ ᠨᠦᠯᠦᠭᠡᠯᠡᠳᠡᠭ᠃ | ︵ᠬᠤᠶᠠᠷ︶ ᠦᠨᠳᠦᠰᠦᠨ ᠱᠠᠳᠤᠨ ᠤ ᠰᠤᠷᠭᠠᠭᠤᠯᠢ ᠶᠢᠨ ᠪᠡᠯᠡᠳᠬᠡᠯ ᠲᠦᠬᠦᠬᠡᠷᠦᠮᠵᠢ ᠪᠦᠷᠢᠨ ᠪᠤᠰᠤ | ᠪᠤᠶᠢᠳᠠ ᠪᠦᠭᠯᠡᠬᠦᠦ ᠭᠠᠵᠠᠷ ᠤᠷᠤᠨ ᠤ ᠦᠨᠳᠦᠰᠦᠨ ᠱᠠᠳᠤᠨ ᠤ ᠰᠤᠷᠭᠠᠭᠤᠯᠢ ᠨᠤᠭᠤᠳ ᠬᠤᠳᠠ ᠠᠴᠠ ᠵᠠᠶᠢᠳᠠᠢ᠂ | ᠡᠯ᠎ᠡ ᠳᠠᠯ᠎ᠠ ᠶᠢᠨ ᠨᠦᠬᠦᠴᠡᠯ ᠪᠤᠯᠤᠮᠵᠢ ᠬᠠᠷᠢᠴᠠᠩᠭᠤᠢ ᠠᠨᠠᠢ ᠪᠠᠶᠢᠳᠠᠭ ᠠᠴᠠ ᠪᠡᠯᠡᠳᠬᠡᠯ ᠳᠦᠬᠦᠬᠡᠷᠦᠮᠵᠢ ᠶᠢᠨ | ᠨᠦᠬᠦᠴᠡᠯ ᠭᠦᠢᠴᠠᠳ ᠪᠤᠰᠤ ᠪᠠᠶᠢᠭᠰᠠᠭᠠᠷ᠃ ᠡᠶᠢᠮᠦᠷᠬᠦᠤ ᠦᠵᠡᠭᠳᠡᠯ ᠨᠢ ᠵᠤᠬᠢᠬᠤ ᠭᠡᠮᠵᠢᠶᠡᠨ ᠳᠤ ᠰᠤᠷᠭᠠᠭᠤᠯᠢ ᠶᠢᠨ | ᠵᠢᠭᠠᠨ ᠰᠤᠷᠭᠠᠯᠳᠠ ᠶᠢᠨ ᠶᠠᠰᠤ ᠴᠢᠨᠠᠷ ᠢ ᠨᠦᠯᠦᠬᠡᠯᠡᠬᠦ ᠪᠠᠰᠠ ᠨᠢᠭᠡᠨ ᠡᠯᠧᠮᠧᠨ᠋ᠲ ᠪᠤᠯᠵᠤ ᠪᠠᠶᠢᠭ᠎ᠠ ᠶᠤᠮ᠃ ᠲᠤᠭ᠎ᠠ᠂ | ᠬᠢᠮᠢ᠂ ᠹᠢᠽᠢᠺ᠂ ᠠᠮᠢᠳᠦ ᠪᠤᠳᠠᠰ ᠤᠨ ᠬᠢᠴᠢᠶᠡᠯ ᠲᠦᠷᠦᠯ ᠤᠨ ᠤᠨᠴᠠᠯᠢᠭ ᠠᠴᠠ ᠠᠪᠴᠦ ᠭᠡᠯᠡᠪᠡᠯ᠂ ᠪᠦᠷᠢᠨ ᠲᠦᠬᠦᠷ | ᠪᠠᠭᠠᠵᠢ ᠬᠡᠷᠡᠭᠰᠡᠯ᠂ ᠲᠤᠨᠤᠭ ᠲᠦᠬᠦᠭᠡᠷᠦᠮᠵᠢ᠂ ᠲᠤᠷᠰᠢᠯᠳᠠ ᠶᠢᠨ ᠲᠠᠰᠤᠭ ᠵᠡᠷᠭᠡ ᠶᠢᠨ ᠨᠦᠬᠦᠴᠡᠯ ᠨᠢ ︽ | ᠣᠷᠤᠯᠳᠤᠯᠭ᠎ᠠ ᠪᠠᠷ ᠲᠦᠷᠢ ᠪᠦᠲᠦᠭᠡᠬᠦ︾ ᠵᠢᠭᠠᠬᠤ ᠠᠷᠭ᠎ᠠ ᠶᠢ ᠠᠮᠵᠢᠯᠳᠠᠳᠠᠢ ᠶᠠᠪᠤᠭᠳᠠᠭᠤᠯᠬᠤ ᠳᠤ ᠳᠤᠳᠠᠭᠳᠠᠵᠤ | ᠪᠤᠯᠬᠤ ᠦᠭᠡᠢ ᠬᠦᠴᠦᠨ ᠵᠦᠢᠯ ᠪᠤᠯᠵᠦ ᠪᠠᠶᠢᠳᠠᠭ᠃ | ᠭᠤᠷᠪᠠ᠂ ︽ᠣᠷᠤᠯᠳᠤᠯᠭ᠎ᠠ ᠪᠠᠷ ᠳᠦᠷᠢ ᠪᠦᠲᠦᠭᠡᠬᠦ︾ ᠵᠢᠭᠠᠬᠤ ᠠᠷᠭ᠎ᠠ ᠶᠢ ᠲᠦᠭᠡᠮᠡᠯᠵᠢᠬᠦᠯᠬᠦ ᠠᠷᠭ᠎ᠠ ᠪᠠ | ᠠᠩᠬᠠᠷᠬᠤ ᠵᠦᠢᠯ | ᠵᠢᠭᠠᠨ ᠰᠤᠷᠭᠠᠯᠳᠠ ᠶᠢᠨ ᠦᠭᠡᠷᠡᠴᠢᠯᠡᠯᠳᠡ ᠨᠢ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠶᠢ | ᠱᠠᠭᠠᠷᠳᠠᠳᠠᠭ᠃ ᠵᠠᠩᠭᠢᠯᠠᠭ᠎ᠠ ᠶᠢᠨ ᠴᠢᠳᠠᠪᠦᠷᠢ ᠶᠢ ᠪᠦᠷᠢᠯᠳᠦᠭᠦᠯᠦᠭᠰᠡᠨ᠂ ᠵᠦᠪ ᠶᠢᠷᠳᠢᠨᠴᠤ ᠶᠢᠨ ᠦᠵᠡᠯᠳᠡ᠂ | ᠠᠮᠢᠳᠦᠷᠠᠬᠤᠢ ᠶᠢᠨ ᠦᠵᠡᠯᠳᠡ᠂ ᠦᠷᠳᠡᠭ ᠤᠨ ᠦᠵᠡᠯᠳᠡ ᠲᠠᠢ ᠰᠤᠷᠤᠭᠴᠢᠳ ᠢ ᠬᠦᠮᠦᠵᠢᠬᠦᠯᠬᠦ ᠳᠤ ᠴᠠᠭ ᠦᠶ᠎ᠡ ᠶᠢᠨ | ᠠᠯᠬᠤᠭ᠎ᠠ ᠲᠠᠢ ᠨᠡᠶᠢᠴᠡᠭᠰᠡᠨ ᠵᠢᠭᠠᠬᠤ ᠠᠷᠭ᠎ᠠ ᠭᠡᠷᠡᠭᠳᠠᠢ ᠪᠠᠶᠢᠳᠠᠭ᠃ ᠳᠤᠮᠳᠠᠳᠤ ᠰᠤᠷᠭᠠᠭᠤᠯᠢ ᠶᠢᠨ ᠰᠤᠷᠤᠭᠴᠢᠳ | ᠪᠤᠯ ᠶᠠᠭ ᠰᠠᠶᠢᠬᠠᠨ ᠵᠠᠩᠭᠢᠯᠠᠭ᠎ᠠ ᠶᠢᠨ ᠴᠢᠳᠠᠪᠦᠷᠢ ᠶᠢ ᠪᠦᠷᠢᠯᠳᠦᠭᠦᠯᠬᠦ᠂ ᠶᠢᠷᠳᠢᠨᠴᠤ ᠶᠢᠨ ᠦᠵᠡᠯᠳᠡ᠂ ᠦᠷᠳᠡᠭ ᠤᠨ | ᠦᠵᠡᠯᠳᠡ᠂ ᠠᠮᠢᠳᠦᠷᠠᠬᠤᠢ ᠶᠢᠨ ᠦᠵᠡᠯᠳᠡ ᠲᠦᠯᠦᠪᠰᠢᠷᠡᠬᠦ ᠵᠠᠩᠬᠢᠯᠠᠭ᠎ᠠ ᠶᠢᠨ ᠨᠠᠰᠤᠨ ᠤ ᠰᠤᠷᠤᠭᠴᠢᠳ ᠶᠤᠮ᠃ ᠡᠨᠡ | ᠱᠠᠳᠤ ᠦᠶ᠎ᠡ ᠳᠤ ᠵᠢᠭᠠᠨ ᠰᠤᠷᠭᠠᠯᠳᠠ ᠶᠢᠨ ᠬᠦᠩᠭᠡᠪᠴᠢᠯᠡᠯ ᠠᠴᠠ ᠪᠤᠯᠵᠤ᠂ ᠵᠠᠩᠭᠢᠯᠠᠭ᠎ᠠ ᠶᠢᠨ ᠴᠢᠳᠠᠪᠦᠷᠢ ᠶᠢ | ᠪᠦᠷᠢᠯᠳᠦᠭᠦᠯᠬᠦ᠂ ᠰᠤᠷᠤᠭᠴᠢᠳ ᠤᠨ ᠦᠷᠳᠡᠭ ᠤᠨ ᠦᠵᠡᠯᠳᠡ᠂ ᠠᠮᠢᠳᠣᠷᠠᠬᠤᠢ ᠶᠢᠨ ᠦᠵᠡᠯᠳᠡ᠂ ᠶᠢᠷᠳᠢᠨᠴᠤ ᠶᠢᠨ | ᠦᠵᠡᠯᠳᠡ ᠶᠢᠨ ᠪᠦᠷᠢᠯᠳᠦᠯ ᠳᠤ ᠨᠠᠵᠠᠭᠠᠢ ᠨᠦᠯᠦᠭᠡ ᠦᠵᠡᠭᠦᠯᠪᠡᠯ ᠨᠠᠰᠤᠨ ᠳᠤᠷᠰᠢᠳᠠ ᠵᠠᠯᠠᠷᠠᠭᠤᠯᠬᠤᠶᠠ ᠪᠡᠷᠬᠡ | ᠪᠤᠯᠳᠠᠭ᠃ ᠡᠶᠢᠮᠦ ᠠᠴᠠ ᠬᠢᠴᠢᠶᠡᠯ ᠲᠥᠷᠦᠯ ᠤᠨ ᠦᠭᠡᠷᠡᠴᠢᠯᠡᠯᠳᠡ ᠨᠢ ᠤᠯᠠᠮᠵᠢᠯᠠᠯᠳᠤ ᠮᠠᠶ᠋ᠢᠭ ᠤᠨ ᠪᠠᠭᠰᠢ ᠠᠴᠠ | ᠮᠡᠳᠡᠯᠭᠡ ᠴᠢᠳᠬᠤᠳᠠᠭ ᠪᠠᠶᠢᠳᠠᠯ ᠢ ᠦᠭᠡᠷᠡᠴᠢᠯᠡᠵᠦ᠂ ᠤᠯᠠᠨ ᠲᠦᠷᠦᠯ ᠤᠨ ᠡᠯᠪᠡᠭ ᠪᠠᠶᠠᠯᠢᠭ ᠠᠭᠤᠯᠭ᠎ᠠ ᠲᠠᠢ | ᠬᠢᠴᠢᠶᠡᠯᠯᠡᠭᠡ ᠪᠠᠷ ᠳᠠᠮᠵᠢᠨ ᠰᠤᠷᠤᠭᠴᠢᠳ ᠤᠨ ᠵᠦᠪ ᠶᠢᠷᠳᠢᠨᠴᠦ ᠶᠢᠨ ᠦᠵᠡᠯᠳᠡ ᠶᠢᠨ ᠪᠦᠷᠢᠯᠳᠦᠬᠦ ᠶᠢ ᠠᠬᠢᠭᠤᠯᠬᠤ | ᠵᠤᠷᠢᠯᠭ᠎ᠠ ᠪᠠᠨ ᠡᠷᠭᠡᠪᠰᠢ ᠪᠠᠷᠢᠮᠳᠠᠯᠠᠬᠤ ᠭᠡᠷᠡᠭᠳᠠᠢ᠃ ᠪᠢᠳᠡ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠳᠠ | ᠳᠤᠮᠳᠠ ︽ᠤᠷᠤᠯᠳᠤᠯᠭ᠎ᠠ ᠪᠠᠷ ᠳᠦᠷᠢ ᠪᠦᠳᠦᠭᠡᠭᠦ︾ ᠵᠢᠭᠠᠬᠤ ᠠᠷᠭ᠎ᠠ ᠶᠢ ᠬᠡᠷᠡᠭᠵᠢᠭᠦᠯᠵᠦ ᠪᠠᠶᠢᠭ᠎ᠠ ᠨᠢ ︽ | ᠤᠷᠤᠯᠳᠤᠯᠭ᠎ᠠ ᠪᠠᠷ ᠲᠥᠷᠢ ᠪᠦᠳᠥᠭᠡᠬᠦ︾ ᠵᠢᠭᠠᠬᠤ ᠠᠷᠭ᠎ᠠ ᠪᠤᠯ ᠵᠢᠭᠠᠨ ᠰᠤᠷᠭᠠᠯᠲᠠ ᠶᠢᠨ ᠶᠤᠰᠤ ᠵᠦᠢ ᠳᠤ | ᠨᠡᠶᠢᠴᠡᠭᠰᠡᠨ᠂ ᠬᠡᠣᠬᠡᠳ ᠤᠨ ᠦᠰᠦᠨ ᠪᠤᠶᠢᠵᠢᠯᠲᠠ ᠶᠢᠨ ᠵᠢᠮ᠎ᠡ ᠬᠠᠣᠯᠢ ᠲᠠᠢ ᠨᠡᠶᠢᠴᠡᠭᠰᠡᠨ᠂ ᠰᠤᠷᠤᠭᠴᠢ ᠶᠢᠨ | ᠪᠤᠳᠠᠳᠤ ᠪᠠᠶᠢᠳᠠᠯ ᠳᠤ ᠵᠤᠬᠢᠴᠠᠭᠰᠠᠨ᠂ ᠣᠯᠣᠰ ᠤᠨ ᠬᠢᠴᠢᠶᠡᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠲᠣᠬᠢᠷᠠᠭᠰᠠᠨ᠂ | ᠰᠤᠷᠤᠭᠴᠢ ᠶᠢᠨ ᠬᠦᠭᠵᠢᠯᠲᠡ ᠶᠢᠨ ᠭᠤᠣᠯᠯᠠᠭᠴᠢ ᠬᠡᠪ ᠪᠣᠯᠪᠠᠰᠣᠷᠠᠯ ᠢ ᠬᠦᠮᠦᠵᠢᠭᠦᠯᠵᠣ᠂ ᠰᠣᠷᠣᠭᠴᠢ ᠶᠢ ᠪᠦᠬᠦ | ᠲᠠᠯ᠎ᠠ ᠪᠠᠷ ᠬᠦᠭᠵᠢᠭᠦᠯᠬᠦ ᠪᠠᠷ ᠤᠷᠢᠳᠠᠯ ᠪᠤᠯᠭᠠᠭᠰᠠᠨ ᠦᠷ᠎ᠡ ᠠᠰᠢᠭᠲᠤ ᠵᠢᠭᠠᠨ ᠰᠤᠷᠭᠠᠯᠲᠠ ᠶᠢᠨ ᠠᠷᠭ᠎ᠠ ᠪᠤᠯᠬᠤ ᠳᠤ | ᠤᠷᠤᠰᠢᠨ᠎ᠠ᠃ | ᠳᠤᠮᠳᠠᠳᠤ ᠰᠤᠷᠭᠠᠭᠤᠯᠢ ᠶᠢᠨ ᠪᠠᠶᠢᠭᠠᠯᠢ ᠶᠢᠨ ᠰᠢᠨᠵᠢᠯᠡᠭᠡᠨ ᠤ ᠬᠢᠴᠢᠶᠡᠯ ᠲᠦᠷᠦᠯ ᠤᠨ ᠵᠢᠭᠠᠨ ᠰᠤᠷᠭᠠᠯᠳᠠ | ᠳᠤᠮᠳᠠ ︽ᠤᠷᠤᠯᠳᠤᠯᠭ᠎ᠠ ᠪᠠᠷ ᠳᠦᠷᠢ ᠪᠦᠳᠦᠭᠡᠭᠦ︾ ᠵᠢᠭᠠᠬᠤ ᠠᠷᠭ᠎ᠠ ᠶᠢ ᠳᠦᠭᠡᠮᠡᠯᠵᠢᠭᠦᠯᠵᠦ ᠬᠡᠷᠡᠭᠵᠢᠭᠦᠯᠬᠦ ᠳᠤ | ᠪᠠᠭᠰᠢ ᠨᠠᠷ ᠵᠢᠴᠢ ᠬᠠᠮᠢᠶ᠎ᠠ ᠪᠦᠬᠦᠢ ᠮᠡᠷᠭᠡᠵᠢᠯᠳᠡᠳ ᠠᠴᠠ ᠨᠠᠷᠢᠨ ᠰᠤᠳᠤᠯᠵᠤ᠂ ᠦᠷ᠎ᠡ ᠠᠰᠢᠭ ᠢ ᠳᠠᠰᠤᠷᠠᠯᠳᠠ ᠦᠭᠡᠢ | ᠰᠢᠨᠡᠴᠢᠯᠡᠵᠦ᠂ ᠨᠡᠩ ᠤᠯᠠᠨ ᠰᠤᠷᠭᠠᠭᠤᠯᠢ᠂ ᠨᠡᠩ ᠤᠯᠠᠨ ᠪᠠᠭᠰᠢ ᠨᠠᠷ᠂ ᠰᠤᠷᠤᠭᠴᠢᠳ ᠲᠤ ᠳᠠᠨᠢᠭᠤᠯᠬᠤ ᠬᠡᠷᠡᠭᠳᠡᠢ | ᠶᠤᠮ᠃ | ᠪᠠᠭᠰᠢ ᠨᠠᠷ ᠤᠨ ᠳᠤᠮᠳᠠ ᠳᠤᠭᠳᠠᠭᠰᠠᠨ ᠬᠤᠭᠤᠴᠠᠭ᠎ᠠ ᠲᠠᠢ ︽ᠤᠷᠤᠯᠳᠤᠯᠭ᠎ᠠ ᠪᠠᠷ ᠳᠦᠷᠢ ᠪᠦᠳᠦᠭᠡᠭᠦ︾ | ᠵᠢᠭᠠᠬᠤ ᠠᠷᠭ᠎ᠠ ᠶᠢᠨ ᠲᠤᠬᠠᠢ ᠪᠤᠯᠪᠠᠰᠤᠷᠠᠯ ᠡᠷᠬᠢᠯᠡᠨ᠎ᠡ᠃ ︽ᠤᠷᠤᠯᠳᠤᠯᠭ᠎ᠠ ᠪᠠᠷ ᠳᠦᠷᠢ ᠪᠦᠳᠦᠭᠡᠭᠦ︾ ᠵᠢᠭᠠᠬᠤ | ᠠᠷᠭ᠎ᠠ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠤᠶ᠎ᠠ ᠭᠡᠪᠡᠯ᠂ ᠡᠩ ᠲᠡᠷᠢᠬᠦᠨ ᠳᠤ ᠪᠠᠭᠰᠢ ᠨᠠᠷ ᠤᠨ ᠦᠵᠡᠯᠳᠡ | ᠳᠠᠨᠢᠯᠳᠠ ᠶᠢ ᠳᠡᠭᠡᠭᠰᠢᠯᠡᠭᠦᠯᠬᠦ ᠪᠤᠯᠪᠠᠰᠤᠷᠠᠯ ᠢ ᠡᠷᠬᠢᠯᠡᠬᠦ ᠨᠢ ᠵᠠᠩᠬᠢᠯᠠᠭ᠎ᠠ ᠪᠤᠯᠬᠤ ᠶᠤᠮ᠃ ᠪᠤᠯᠪᠠᠰᠤᠷᠠᠯ ᠡᠷᠬᠢᠯᠡᠬᠦ ᠳᠤ | ᠳᠤᠤᠷᠠᠬᠢ ᠬᠡᠳᠦᠨ ᠳᠠᠯ᠎ᠠ ᠶᠢ ᠠᠩᠬᠠᠷᠬᠤ ᠬᠡᠷᠡᠭᠳᠡᠢ᠃ | ᠪᠤᠯᠪᠠᠰᠤᠷᠠᠯ ᠳᠤ ᠤᠷᠤᠯᠴᠠᠵᠤ ᠪᠠᠶᠢᠭ᠎ᠠ ᠪᠠᠭᠰᠢ ᠨᠠᠷ ᠢᠶᠠᠷ ︽ᠤᠷᠤᠯᠳᠤᠯᠭ᠎ᠠ ᠪᠠᠷ ᠳᠦᠷᠢ ᠪᠦᠳᠦᠭᠡᠭᠦ︾ | ᠵᠢᠭᠠᠬᠤ ᠠᠷᠭ᠎ᠠ ᠶᠢᠨ ᠳᠤᠬᠠᠢ ᠦᠵᠡᠯᠳᠡ ᠳᠠᠨᠢᠯᠳᠠ ᠶᠢ ᠨᠢ ᠰᠤᠯᠢᠯᠴᠠᠭᠤᠯᠬᠤ ᠶᠢᠨ ᠬᠠᠮᠳᠤ ᠪᠠᠭᠰᠢ ᠨᠠᠷ ᠤᠨ ︽ | ᠤᠷᠤᠯᠳᠤᠯᠭ᠎ᠠ ᠪᠠᠷ ᠳᠦᠷᠢ ᠪᠦᠳᠦᠭᠡᠭᠦ︾ ᠵᠢᠭᠠᠬᠤ ᠠᠷᠭ᠎ᠠ ᠶᠢᠨ ᠵᠢᠭᠠᠨ ᠰᠤᠷᠭᠠᠬᠤ ᠲᠦᠰᠦᠪ ᠢ ᠳᠡᠯᠭᠡᠨ ᠦᠵᠡᠬᠦᠯᠵᠦ | ᠂ ᠠᠳᠠᠯᠢᠳᠬᠠᠯ ᠰᠢᠯᠭᠠᠷᠠᠭᠤᠯᠤᠯᠳᠠ ᠶᠠᠪᠤᠭᠳᠠᠭᠤᠯᠵᠦ ᠪᠤᠯᠤᠨ᠎ᠠ᠃ ᠢᠩᠬᠢᠬᠦ ᠨᠢ ᠬᠠᠷᠢᠯᠴᠠᠨ ᠰᠤᠷᠤᠯᠴᠠᠵᠤ᠂ | ᠬᠠᠮᠳᠦ ᠪᠠᠷ ᠳᠡᠭᠡᠭᠰᠢᠯᠡᠬᠦ ᠳᠤ ᠠᠰᠢᠭᠳᠠᠢ ᠶᠤᠮ᠃ | ᠡᠯ᠎ᠡ ᠰᠤᠷᠭᠠᠭᠤᠯᠢ ᠨᠤᠭᠤᠳ ᠤᠷᠤᠨ᠂ ᠠᠶᠢᠮᠠᠭ᠂ ᠬᠤᠰᠢᠭᠤᠨ ᠤ ᠬᠤᠯᠪᠤᠭᠳᠠᠯ ᠪᠦᠬᠦᠢ ᠰᠠᠯᠠᠭ᠎ᠠ | ᠮᠦᠴᠢᠷ ᠠᠴᠠ ᠡᠷᠬᠢᠯᠡᠭᠰᠡᠨ ᠡᠯ᠎ᠡ ᠲᠡᠰ ᠤᠨ ᠪᠤᠯᠪᠠᠰᠤᠷᠠᠯ ᠳᠤ ᠪᠠᠭᠰᠢ ᠨᠠᠷ ᠢ ᠪᠠᠨ ᠢᠳᠡᠪᠬᠢᠳᠠᠢ ᠤᠷᠤᠯᠴᠠᠭᠤᠯᠵᠦ᠂ | ᠰᠢᠨ᠎ᠡ ᠪᠠᠶᠢᠳᠠᠯ᠂ ᠰᠢᠨ᠎ᠡ ᠠᠷᠭ᠎ᠠ ᠶᠢ ᠴᠠᠭ ᠲᠤᠬᠠᠢ ᠳᠤ ᠨᠢ ᠡᠵᠡᠮᠰᠢᠵᠦ᠂ ᠰᠢᠨ᠎ᠡ ᠪᠠᠶᠢᠳᠠᠯ ᠳᠤ ᠦᠳᠳᠠᠷ ᠲᠦᠷᠬᠡᠨ | ᠲᠠᠳᠬᠠᠯᠵᠢᠬᠤ ᠳᠤ ᠨᠢ ᠨᠦᠬᠦᠴᠡᠯ ᠪᠤᠯᠤᠮᠵᠢ ᠶᠢ ᠬᠦᠢᠴᠡᠳ ᠬᠠᠩᠭᠠᠬᠤ ᠴᠢᠬᠤᠯᠠ ᠲᠠᠢ ᠪᠠᠶᠢᠨ᠎ᠠ᠃ | ︽ᠣᠷᠤᠯᠳᠤᠯᠭ᠎ᠠ ᠪᠠᠷ ᠳᠦᠷᠢ ᠪᠦᠲᠦᠭᠡᠬᠦ︾ ᠵᠢᠭᠠᠬᠤ ᠠᠷᠭ᠎ᠠ ᠨᠢ ᠤᠳᠤᠬᠠᠨ ᠤ ᠵᠢᠭᠠᠨ ᠰᠤᠷᠭᠠᠯᠳᠠ ᠶᠢᠨ | ᠴᠢᠬᠤᠯᠠ ᠨᠢᠭᠡᠨ ᠬᠠᠨᠳᠤᠰᠢ ᠪᠤᠯᠵᠤ᠂ ᠪᠠᠭᠰᠢ ᠰᠤᠷᠤᠭᠴᠢᠳ ᠤᠨ ᠳᠤᠮᠳᠠ ᠦᠷᠭᠡᠨ ᠬᠡᠷᠡᠭᠯᠡᠭᠳᠡᠬᠦ ᠪᠠᠶᠢᠳᠠᠯ ᠲᠠᠢ | ᠪᠤᠯᠤᠭᠰᠠᠨ ᠶᠤᠮ᠃ ᠪᠠᠭᠰᠢ ᠰᠤᠷᠤᠭᠴᠢᠳ ᠡᠳᠦᠷ ᠠᠴᠠ ᠡᠳᠦᠷ ︽ᠣᠷᠤᠯᠳᠤᠯᠭ᠎ᠠ ᠪᠠᠷ ᠳᠦᠷᠢ ᠪᠦᠲᠦᠭᠡᠬᠦ︾ | ᠵᠢᠭᠠᠬᠤ ᠠᠷᠭ᠎ᠠ ᠶᠢᠨ ᠠᠴᠢ ᠬᠤᠯᠪᠤᠭᠳᠠᠯ ᠢ ᠳᠠᠨᠢᠵᠤ᠂ ᠡᠬᠢᠯᠡᠨ ᠬᠡᠷᠡᠭᠵᠢᠭᠦᠯᠵᠦ ᠪᠠᠶᠢᠭ᠎ᠠ ᠨᠢ ᠵᠢᠭᠠᠨ ᠰᠤᠷᠭᠠᠯᠳᠠ ᠶᠢᠨ | ᠬᠦᠭᠵᠢᠯᠳᠡ ᠭᠡᠵᠦ ᠦᠵᠡᠵᠦ ᠪᠤᠯᠤᠨ᠎ᠠ᠃ ᠪᠠᠶᠢᠭᠠᠯᠢ ᠶᠢᠨ ᠰᠢᠨᠵᠢᠯᠡᠭᠡᠨ ᠤ ᠬᠢᠴᠢᠶᠡᠯ ᠨᠢ ᠳᠤᠮᠳᠠᠳᠤ ᠰᠤᠷᠭᠠᠭᠤᠯᠢ ᠶᠢᠨ | ᠱᠠᠳᠤᠨ ᠳᠤ ᠠᠪᠴᠤ ᠬᠡᠯᠡᠪᠡᠯ ᠭᠤᠤᠯᠳᠠᠯᠭᠠᠳᠤ ᠬᠢᠴᠢᠶᠡᠯ ᠪᠣᠯᠬᠤ ᠪᠦᠭᠡᠳ ᠬᠦᠴᠢᠷᠳᠡᠯᠭᠡ ᠲᠠᠢ ᠬᠢᠴᠢᠶᠡᠯ ᠳᠤ | ᠪᠠᠭᠳᠠᠳᠠᠭ᠃ ᠡᠶᠢᠮᠦ ᠪᠠᠶᠢᠳᠠᠯ ᠳᠤᠤᠷ᠎ᠠ ᠪᠠᠶᠢᠭᠠᠯᠢ ᠶᠢᠨ ᠰᠢᠨᠵᠢᠯᠡᠭᠡᠨ ᠤ ᠵᠢᠭᠠᠨ ᠰᠤᠷᠭᠠᠯᠳᠠ ᠳᠤᠮᠳᠠ ︽ | ᠣᠷᠤᠯᠳᠤᠯᠭ᠎ᠠ ᠪᠠᠷ ᠳᠦᠷᠢ ᠪᠦᠲᠦᠭᠡᠬᠦ︾ ᠵᠢᠭᠠᠬᠤ ᠠᠷᠭ᠎ᠠ ᠶᠢ ᠲᠦᠬᠡᠮᠡᠯᠵᠢᠬᠦᠯᠬᠦ ᠨᠢ ᠳᠤᠮᠳᠠᠳᠤ ᠰᠤᠷᠭᠠᠭᠤᠯᠢ ᠶᠢᠨ | ᠪᠠᠶᠢᠭᠠᠯᠢ ᠶᠢᠨ ᠰᠢᠨᠵᠢᠯᠡᠭᠡᠨ ᠤ ᠬᠢᠴᠢᠶᠡᠯ ᠲᠦᠷᠦᠯ ᠤᠨ ᠵᠢᠭᠠᠨ ᠰᠤᠷᠭᠠᠯᠳᠠ ᠶᠢᠨ ᠠᠮᠵᠢᠯᠳᠠ ᠤᠯᠬᠤ ᠳᠤ | ᠳᠤᠳᠠᠭᠳᠠᠵᠤ ᠪᠤᠯᠤᠰᠢ ᠦᠭᠡᠢ ᠶᠤᠮ᠃ | ᠤᠳᠤᠬᠠᠨ ᠳᠤ ᠵᠠᠷᠢᠮ ᠪᠠᠭᠰᠢ ᠨᠠᠷ ︽ᠣᠷᠤᠯᠳᠤᠯᠭ᠎ᠠ ᠪᠠᠷ ᠳᠦᠷᠢ ᠪᠦᠲᠦᠭᠡᠬᠦ︾ ᠵᠢᠭᠠᠬᠤ ᠠᠷᠭ᠎ᠠ ᠶᠢ | ᠭᠦᠢᠴᠡᠳ ᠡᠵᠡᠮᠰᠢᠵᠦ ᠴᠢᠳᠠᠭ᠎ᠠ ᠦᠭᠡᠢ ᠪᠤᠯᠬᠤᠷ ︽ᠣᠷᠤᠯᠳᠤᠯᠭ᠎ᠠ ᠪᠠᠷ ᠳᠦᠷᠢ ᠪᠦᠲᠦᠭᠡᠬᠦ︾ ᠵᠢᠭᠠᠬᠤ ᠠᠷᠭ᠎ᠠ ᠶᠢ | ᠢᠯᠭᠤᠮ ᠤᠷᠤᠭᠰᠢᠳᠠᠢ ᠶᠠᠪᠤᠭᠳᠠᠭᠤᠯᠵᠤ ᠴᠢᠳᠠᠭ᠎ᠠ ᠦᠭᠡᠢ ᠪᠠᠶᠢᠭ᠎ᠠ ᠶᠤᠮ᠃ ᠡᠶᠢᠮᠦ ᠪᠠᠶᠢᠳᠠᠯ ᠳᠤᠤᠷ᠎ᠠ ᠰᠤᠷᠭᠠᠭᠤᠯᠢ | ᠪᠠ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠪᠠᠶᠢᠭᠠᠯᠢ ᠶᠢᠨ ᠬᠢᠴᠢᠶᠡᠯ ᠲᠥᠷᠦᠯ ᠤᠨ ᠪᠠᠭᠰᠢ ᠨᠠᠷ ᠲᠤ ᠬᠠᠨᠳᠤᠭᠤᠯᠤᠨ | ︽ᠣᠷᠤᠯᠳᠤᠯᠭ᠎ᠠ ᠪᠠᠷ ᠳᠦᠷᠢ ᠪᠦᠲᠦᠭᠡᠬᠦ︾ ᠵᠢᠭᠠᠬᠤ ᠠᠷᠭ᠎ᠠ ᠶᠢᠨ ᠲᠤᠬᠠᠢ ᠪᠤᠯᠪᠠᠰᠤᠷᠠᠯ ᠤᠨ ᠠᠩᠬᠢ ᠡᠷᠬᠢᠯᠡᠵᠦ᠂ | ᠳᠡᠳᠡᠨ ᠤ ︽ᠣᠷᠤᠯᠳᠤᠯᠭ᠎ᠠ ᠪᠠᠷ ᠳᠦᠷᠢ ᠪᠦᠲᠦᠭᠡᠬᠦ︾ ᠵᠢᠭᠠᠬᠤ ᠠᠷᠭ᠎ᠠ ᠶᠢᠨ ᠳᠤᠬᠠᠢ ᠦᠵᠡᠯᠳᠡ ᠳᠠᠨᠢᠯᠳᠠ ᠶᠢ | ᠳᠡᠭᠡᠭᠰᠢᠯᠡᠭᠦᠯᠬᠦ ᠬᠡᠷᠡᠭᠳᠡᠢ ᠪᠦᠭᠡᠳ ᠴᠢᠳᠠᠪᠤᠷᠢ ᠶᠢᠨ ᠪᠤᠯᠪᠠᠰᠤᠷᠠᠯ ᠬᠦᠷᠳᠡᠭᠡᠬᠦ ᠬᠡᠷᠡᠭᠳᠡᠢ ᠶᠤᠮ᠃ ᠮᠦᠨ | ᠰᠤᠷᠤᠭᠴᠢᠳ ᠤᠨ ᠢᠳᠡᠪᠬᠢᠵᠢᠯ᠂ ᠤᠷᠮ᠎ᠠ ᠪᠠᠬ᠎ᠠ ᠶᠢ ᠳᠠᠶᠢᠴᠢᠯᠠᠬᠤ ᠠᠵᠢᠯ ᠢ ᠦᠷᠭᠦᠯᠵᠢᠯᠡᠨ ᠬᠢᠵᠦ᠂ ᠰᠤᠷᠤᠭᠴᠢ ᠪᠠᠷ | ᠭᠤᠤᠯ ᠴᠣᠭᠴᠠ ᠪᠤᠯᠭᠠᠬᠤ ᠵᠢᠭᠠᠨ ᠰᠤᠷᠭᠠᠯᠳᠠ ᠶᠢᠨ ᠦᠵᠡᠯᠳᠡ ᠪᠠᠨ ᠪᠠᠷᠢᠮᠳᠠᠯᠠᠬᠤ ᠬᠡᠷᠡᠭᠳᠡᠢ᠃ ᠡᠯ᠎ᠡ | ᠰᠤᠷᠭᠠᠭᠤᠯᠢ ᠶᠢᠨ ᠨᠦᠬᠦᠴᠡᠯ ᠪᠠᠶᠢᠳᠠᠯ ᠠᠳᠠᠯᠢ ᠦᠭᠡᠢ ᠠᠴᠠ ᠪᠤᠯᠵᠤ᠂ ︽ᠣᠷᠤᠯᠳᠤᠯᠭ᠎ᠠ ᠪᠠᠷ ᠳᠦᠷᠢ ᠪᠦᠲᠦᠭᠡᠬᠦ︾ | ᠵᠢᠭᠠᠬᠤ ᠠᠷᠭ᠎ᠠ ᠶᠢ ᠬᠡᠷᠡᠭᠵᠢᠭᠦᠯᠬᠦ ᠪᠠᠶᠢᠳᠠᠯ ᠴᠦ ᠠᠳᠠᠯᠢ ᠦᠭᠡᠢ ᠪᠠᠶᠢᠳᠠᠭ᠃ ᠡᠭᠦᠨ ᠳᠤ ᠳᠤᠯᠭᠠᠷᠠᠬᠤ ᠠᠰᠠᠭᠤᠳᠠᠯ | ᠴᠦ ᠠᠳᠠᠯᠢ ᠦᠭᠡᠢ ᠪᠠᠶᠢᠵᠤ᠂ ᠡᠯ᠎ᠡ ᠰᠤᠷᠭᠠᠭᠤᠯᠢ ᠨᠢ ᠦᠪᠡᠷ ᠦᠪᠡᠷ ᠤᠨ ᠤᠨᠴᠠᠯᠢᠭ ᠲᠤ ᠪᠠᠨ ᠳᠤᠬᠢᠷᠠᠭᠰᠠᠨ | ᠠᠷᠭ᠎ᠠ ᠬᠡᠮᠵᠢᠶ᠎ᠡ ᠶᠢ ᠠᠪᠬᠤ ᠬᠡᠷᠡᠭᠳᠡᠢ ᠶᠤᠮ᠃ ︽ᠬᠠᠭᠤᠴᠢᠨ ᠨᠢ ᠤᠯᠠ᠂ ᠰᠢᠨ᠎ᠡ ᠨᠢ ᠵᠤᠯᠠ︾ ᠪᠣᠯᠤᠭᠰᠠᠨ | ᠲᠦᠷᠭᠡᠨ ᠬᠥᠭᠵᠢᠯᠲᠡ ᠶᠢᠨ ᠴᠠᠭ ᠦᠶ᠎ᠡ ᠳᠤ᠂ ᠮᠡᠳᠡᠯᠭᠡ ᠮᠡᠷᠭᠡᠰᠢᠯ ᠤᠨ ᠬᠠᠭᠤᠴᠢᠷᠠᠯ ᠪᠠ ᠬᠠᠶᠠᠭᠳᠠᠯ ᠨᠢ ᠬᠥᠮᠦᠨ | ᠲᠦᠷᠥᠯᠬᠢᠳᠡᠨ ᠳᠤ ᠶᠠᠭᠠᠬᠢᠬᠤ ᠶᠢᠨ ᠠᠷᠭ᠎ᠠ ᠦᠭᠡᠢ ᠥᠷᠢᠰᠦᠯᠳᠦᠭᠡᠨ ᠢ ᠠᠪᠴᠢᠷᠠᠬᠤ ᠬᠡᠮᠵᠢᠶᠡᠨ ᠳᠤ ᠬᠦᠷᠴᠠᠢ᠃ ︽ | ᠮᠡᠳᠡᠯᠭᠡ ᠪᠣᠯ ᠬᠦᠴᠦᠨ︾ ᠭᠡᠬᠦ ᠠᠴᠠ ︽ᠪᠦᠯᠬᠦᠮᠳᠡᠯ ᠪᠣᠯ ᠬᠦᠴᠦᠨ︾ ᠭᠡᠬᠦ ᠶᠢ ᠡᠷᠬᠢᠮᠯᠡᠬᠦ ᠨᠢ ᠨᠡᠩ ᠴᠢᠬᠤᠯᠠ | ᠪᠣᠯᠵᠠᠢ᠃ ᠡᠶᠢᠨᠬᠦ ︽ᠬᠤᠷᠳᠤᠨ ᠶᠠᠪᠤᠶ᠎ᠠ ᠭᠡᠪᠡᠯ ᠭᠠᠭᠴᠠᠭᠠᠷ ᠶᠠᠪᠤ᠂ ᠬᠤᠯᠠ ᠶᠠᠪᠤᠶ᠎ᠠ ᠭᠡᠪᠡᠯ ᠬᠠᠮᠳᠤ ᠪᠠᠷ ᠶᠠᠪᠤ︾ | ᠭᠡᠳᠡᠭᠴᠢᠯᠡᠨ ᠬᠡᠷᠡᠭ ᠪᠣᠳᠠᠰ ᠤᠨ ᠲᠠᠨᠢᠯᠲᠠ ᠶᠢᠨ ᠲᠦᠪᠰᠢᠨ ᠢ ᠬᠦᠨᠵᠡᠬᠡᠶᠢᠷᠡᠬᠦᠯᠦᠨ ᠪᠠᠳᠤᠳᠬᠠᠬᠤ ᠬᠠᠮᠤᠭ ᠤᠨ ᠰᠠᠶᠢᠨ | ᠠᠷᠭ᠎ᠠ ᠪᠣᠯ ᠬᠠᠮᠳᠤ ᠪᠠᠷ ᠪᠦᠯᠭᠦᠮᠳᠡᠬᠦ ᠠᠵᠢᠯᠯᠠᠭᠠᠨ ᠶᠤᠮ᠃ ᠪᠢᠳᠠ ᠤᠯᠠᠨ ᠪᠦᠬᠦᠳᠡᠭᠡᠷ ᠪᠦᠯᠬᠦᠮᠳᠡᠨ ᠨᠢᠭᠡᠳᠴᠦ᠂ | ᠵᠢᠭᠠᠨ ᠰᠤᠷᠭᠠᠯᠳᠠ ᠶᠢᠨ ᠠᠵᠢᠯ ᠢᠶᠠᠨ ᠠᠬᠢᠨ ᠨᠢᠭᠡ ᠦᠨᠳᠦᠷ ᠲᠦᠪᠰᠢᠨ ᠳᠤ ᠬᠦᠷᠭᠡᠬᠦ ᠪᠠᠷ ᠴᠢᠷᠮᠠᠶᠢᠵᠠᠭᠠᠶ᠎ᠠ᠃ | | ᠬᠠᠶ᠋ᠢᠬ᠄ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠵᠢᠭᠠᠬᠤ ᠶᠢ ᠰᠤᠳᠤᠯᠬᠤ ᠲᠠᠰᠤᠬ | 2018 ᠣᠨ ᠤ 8 ᠳ᠋ᠤᠭᠠᠷ ᠬᠤᠭᠤᠴᠠᠭ᠎ᠠ |