ᠫᠦ᠊ · ᠦᠯᠵᠡᠢ | | ᠳᠡᠭᠡᠷ᠎ᠡ ᠵᠠᠭᠤᠨ ᠤ ᠰᠡᠬᠦᠯᠴᠢ ᠪᠠᠷ ᠨᠠᠶᠢᠳᠠᠯᠠᠨ ᠭᠡᠷᠡᠭᠵᠢᠬᠦᠯᠤᠭ᠍ᠰᠡᠨ ︽ᠰᠤᠷᠭᠠᠨ ᠬᠦᠮᠤᠵᠢᠯ ᠤᠨ | ᠦᠭᠡᠷᠡᠴᠢᠯᠡᠯᠳᠡ ᠶᠢ ᠬᠦᠨᠵᠡᠭᠡᠶᠢᠷᠡᠬᠦᠯᠵᠤ ᠭᠡᠪ ᠴᠢᠨᠠᠷ ᠤᠨ ᠰᠤᠷᠭᠠᠨ ᠬᠦᠮᠤᠵᠢᠯ ᠢ ᠪᠦᠬᠦ ᠳᠠᠯ᠎ᠠ ᠪᠠᠷ ᠶᠠᠪᠤᠭᠳᠠᠭᠤᠯᠬᠤ | ᠳᠤᠬᠠᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠦᠪ ᠬᠤᠷᠢᠶ᠎ᠠ᠂ ᠳᠦᠷᠤ ᠶᠢᠨ ᠶᠠᠪᠤᠳᠠᠯ ᠤᠨ ᠬᠤᠷᠢᠶᠠᠨ ᠤ | ᠰᠶᠢᠳᠪᠤᠷᠢ︾ ᠳᠤ ︽ᠭᠢᠴᠢᠶᠠᠯ ᠤᠨ ᠰᠢᠰᠲ᠋ᠧᠮ ᠤᠨ ᠪᠦᠳᠤᠴᠠ᠂ ᠠᠭᠤᠯᠭ᠎ᠠ ᠳᠤ ᠳᠤᠭᠢᠷᠠᠭᠤᠯᠤᠯᠳᠠ ᠭᠢᠬᠦ ᠪᠤᠶᠤ | ᠦᠭᠡᠷᠡᠴᠢᠯᠡᠵᠤ᠂ ᠰᠠᠭᠤᠷᠢ ᠰᠤᠷᠭᠠᠨ ᠬᠦᠮᠤᠵᠢᠯ ᠤᠨ ᠰᠢᠨ᠎ᠡ ᠰᠢᠰᠲ᠋ᠧᠮ ᠪᠠᠶᠢᠭᠤᠯᠵᠤ᠂ ᠤᠯᠤᠰ ᠠᠴᠠ | ᠳᠤᠭᠳᠠᠭᠠᠭᠰᠠᠨ ᠭᠢᠴᠢᠶᠠᠯ᠂ ᠭᠠᠵᠠᠷ ᠤᠷᠤᠨ ᠠᠴᠠ ᠳᠤᠭᠳᠠᠭᠠᠭᠰᠠᠨ ᠭᠢᠴᠢᠶᠠᠯ ᠪᠠ ᠰᠤᠷᠭᠠᠭᠤᠯᠢ ᠠᠴᠠ | ᠳᠤᠭᠳᠠᠭᠠᠭᠰᠠᠨ ᠭᠢᠴᠢᠶᠠᠯ ᠢ ᠳᠤᠷᠰᠢᠨ ᠭᠡᠷᠡᠭᠵᠢᠬᠦᠯᠤᠨ᠎ᠡ︾ ᠭᠡᠵᠤ ᠳᠤᠭᠳᠠᠭᠠᠭᠰᠠᠨ ᠪᠠᠶᠢᠳᠠᠭ᠃ ᠳᠤᠰ ︽ | ᠰᠶᠢᠳᠪᠤᠷᠢ︾ ᠶᠢ ᠦᠢᠯᠡᠳᠤᠯᠭᠡᠵᠢᠬᠦᠯᠵᠤ᠂ ᠭᠡᠪ ᠴᠢᠨᠠᠷ ᠤᠨ ᠰᠤᠷᠭᠠᠨ ᠬᠦᠮᠤᠵᠢᠯ ᠤᠨ ᠦᠭᠡᠷᠡᠴᠢᠯᠡᠯᠳᠡ | ᠬᠦᠨᠵᠡᠭᠡᠶᠢᠷᠡᠯᠳᠡ ᠶᠢ ᠳᠠᠭᠠᠯᠳᠤᠨ ᠠᠯᠠᠱᠠ ᠶᠢᠨ ᠡᠯ᠎ᠡ ᠮᠤᠩᠭᠤᠯ ᠦᠨᠳᠤᠰᠤᠳᠡᠨ ᠤ ᠳᠤᠮᠳᠠᠳᠤ ᠪᠠᠭ᠎ᠠ ᠰᠤᠷᠭᠠᠭᠤᠯᠢ | ᠴᠠᠭᠠᠰᠢᠯᠠᠨ ᠵᠠᠷᠢᠮ ᠭᠡᠤᠭᠡᠳ ᠤᠨ ᠴᠡᠴᠡᠷᠯᠢᠭ ᠴᠤ ᠰᠤᠷᠭᠠᠭᠤᠯᠢ ᠶᠢᠨ ᠰᠤᠷᠬᠤ ᠪᠢᠴᠢᠭ ᠤᠨ ᠪᠠᠶᠢᠭᠤᠯᠤᠯᠳᠠ ᠶᠢ | ᠴᠢᠬᠤᠯᠠᠴᠢᠯᠠᠨ ᠦᠵᠡᠵᠤ ᠵᠤᠭᠢᠬᠤ ᠠᠮᠵᠢᠯᠳᠠ ᠤᠯᠤᠭᠰᠠᠨ ᠪᠠᠶᠢᠨ᠎ᠠ᠃ | ᠨᠢᠭᠡ᠂ ᠰᠤᠷᠬᠤ ᠪᠢᠴᠢᠭ ᠤᠨ ᠪᠠᠶᠢᠭᠤᠯᠤᠯᠳᠠ ᠶᠢᠨ ᠦᠨᠳᠤᠰᠤᠨ ᠪᠠᠶᠢᠳᠠᠯ | ᠠᠯᠠᠱᠠ ᠶᠢᠨ ᠡᠯ᠎ᠡ ᠮᠤᠩᠭᠤᠯ ᠳᠤᠮᠳᠠᠳᠤ ᠪᠠᠭ᠎ᠠ ᠰᠤᠷᠭᠠᠭᠤᠯᠢ ᠳᠤᠰ ᠵᠠᠭᠤᠨ ᠤ ᠡᠭᠢᠨ ᠠᠴᠠ ᠡᠭᠢᠯᠡᠨ | ᠦᠨᠳᠤᠰᠤᠳᠡᠨ ᠤ ᠪᠠᠨ ᠳᠡᠤᠭᠡ ᠰᠤᠶᠤᠯ ᠢ ᠦᠪᠯᠠᠨ ᠤᠯᠠᠮᠵᠢᠯᠠᠬᠤ᠂ ᠨᠤᠳᠤᠭ ᠤᠷᠤᠨ ᠤ ᠪᠠᠨ ᠵᠠᠩ ᠢᠷᠭᠡᠨᠰᠢᠯ ᠢ | ᠰᠤᠷᠳᠠᠯᠴᠢᠯᠠᠨ ᠤᠬᠠᠭᠤᠯᠬᠤ ᠪᠠᠷ ᠭᠤᠤᠯ ᠵᠤᠷᠢᠯᠭ᠎ᠠ ᠪᠤᠯᠭᠠᠭᠰᠠᠨ᠂ ᠰᠤᠷᠭᠠᠭᠤᠯᠢ ᠶᠢᠨ ᠢᠶᠠᠨ ᠤᠨᠴᠠᠯᠢᠭ ᠰᠢᠨᠵᠢ ᠶᠢ | ᠬᠠᠷᠠᠭᠤᠯᠵᠤ ᠴᠢᠳᠠᠬᠤᠶᠢᠴᠠ ᠰᠤᠷᠭᠠᠭᠤᠯᠢ ᠶᠢᠨ ᠰᠤᠷᠬᠤ ᠪᠢᠴᠢᠭ ᠢ ᠨᠠᠶᠢᠷᠠᠭᠤᠯᠬᠤ᠂ ᠭᠡᠪᠯᠡᠬᠦ᠂ ᠠᠰᠢᠭᠯᠠᠬᠤ ᠠᠵᠢᠯ ᠢ | ᠬᠦᠨᠳᠤᠳᠭᠡᠨ ᠠᠳᠬᠤᠵᠤ᠂ ᠤᠳᠤ ᠪᠤᠯᠬᠤ ᠳᠤ ᠰᠤᠷᠭᠠᠭᠤᠯᠢ ᠪᠦᠬᠦᠨ ᠦᠪᠡᠷ ᠤᠨ ᠭᠡᠰᠡᠨ ᠰᠤᠷᠬᠤ ᠪᠢᠴᠢᠭ ᠲᠠᠢ | ᠪᠤᠯᠤᠭᠰᠠᠨ ᠪᠤᠶᠤ ᠵᠠᠷᠢᠮ ᠬᠤᠰᠢᠭᠤ ᠨᠢ ᠪᠦᠬᠦ ᠬᠤᠰᠢᠭᠤ ᠪᠠᠷ ᠢᠶᠠᠨ ᠨᠢᠭᠡᠳᠤᠯᠳᠠᠢ ᠭᠡᠷᠡᠭᠯᠡᠬᠦ ᠰᠤᠷᠬᠤ ᠪᠢᠴᠢᠭ ᠲᠠᠢ | ᠪᠤᠯᠵᠡᠢ᠃ | 2003 ᠤᠨ ᠤ ᠨᠠᠮᠤᠷ᠂ ᠡᠵᠡᠨ᠎ᠡ ᠬᠤᠰᠢᠭᠤᠨ ᠤ ᠮᠤᠩᠭᠤᠯ ᠦᠨᠳᠤᠰᠤᠳᠡᠨ ᠤ ᠴᠤᠮᠤᠷᠯᠢᠭ ᠪᠠᠭ᠎ᠠ | ᠰᠤᠷᠭᠠᠭᠤᠯᠢ ︵ᠤᠳᠤ ᠶᠢᠨ ᠡᠵᠡᠨ᠎ᠡ ᠬᠤᠰᠢᠭᠤᠨ ᠤ ᠮᠤᠩᠭᠤᠯ ᠰᠤᠷᠭᠠᠭᠤᠯᠢ︶ ᠶᠢᠨ ᠳᠡᠳ᠋ ᠵᠠᠭᠢᠷᠤᠯ ᠳ᠋ᠠᠰᠢᠪᠠᠯ ᠪᠠ | ᠪᠠᠭᠰᠢ ᠭᠡᠷᠡᠯ᠂ ᠴᠡᠭᠴᠤᠭᠡᠢ᠂ ᠮᠠᠨᠳᠤᠯ᠎ᠠ ᠨᠠᠷ ᠢᠶᠠᠷ ᠪᠦᠷᠢᠯᠳᠤᠭ᠍ᠰᠡᠨ ᠰᠤᠷᠭᠠᠭᠤᠯᠢ ᠶᠢᠨ ᠰᠤᠷᠬᠤ ᠪᠢᠴᠢᠭ ᠢ | ᠨᠠᠶᠢᠷᠠᠭᠤᠯᠬᠤ ᠺᠤᠮᠢᠰ ᠢ ᠵᠤᠭᠢᠶᠠᠨ ᠪᠠᠶᠢᠭᠤᠯᠵᠤ᠂ ︽ᠰᠤᠷᠭᠠᠭᠤᠯᠢ ᠶᠢᠨ ᠭᠢᠴᠢᠶᠡᠯᠯᠡᠭᠡ︾ ᠭᠡᠰᠡᠨ ᠨᠢᠭᠡᠳᠤᠯᠳᠠᠢ | ᠨᠡᠷ᠎ᠡ ᠶᠢᠨ ᠳᠤᠤᠷ᠎ᠠ ᠤᠨ ᠢᠶᠠᠷ ᠨᠢᠭᠡᠴᠢᠯᠡᠨ ︽ᠵᠦᠢᠷ ᠰᠡᠴᠡᠨ ᠦᠭᠡ᠂ ᠤᠨᠢᠰᠤᠭ᠎ᠠ︾᠂ ︽ᠮᠤᠩᠭᠤᠯ ᠠᠷᠠᠳ ᠤᠨ | ᠠᠮᠠᠨ ᠦᠯᠢᠭᠡᠷ︾᠂ ︽ᠮᠢᠨᠤ ᠮᠤᠩᠭᠤᠯ︾᠂ ︽ᠡᠩᠬᠦᠷᠡᠢ ᠬᠠᠶᠢᠷᠠᠳᠤ ᠡᠵᠡᠨ᠎ᠡ ᠮᠢᠨᠢ︾᠂ ︽ᠡᠵᠡᠨ᠎ᠡ ᠨᠤᠳᠤᠭ ᠤᠨ | ᠳᠠᠭᠤᠤ︾᠂ ︽ᠳᠡᠮᠡᠭᠡᠨ ᠰᠤᠶᠤᠯ ᠤᠨ ᠳᠤᠬᠠᠢ︾ ᠭᠡᠬᠦ ᠵᠡᠷᠭᠡ ᠵᠢᠷᠭᠤᠭᠠᠨ ᠳᠡᠪᠳᠡᠷ ᠨᠤᠮ ᠨᠠᠶᠢᠷᠠᠭᠤᠯᠵᠤ᠂ 2005 | ᠤᠨ ᠤ ᠨᠠᠮᠤᠷ ᠤᠨ ᠬᠤᠭᠤᠴᠠᠭ᠎ᠠ ᠠᠴᠠ ᠡᠭᠢᠯᠡᠨ ᠵᠢᠭᠠᠨ ᠰᠤᠷᠭᠠᠯᠳᠠ ᠳᠤ ᠠᠰᠢᠭᠯᠠᠵᠠᠢ᠃ | ᠠᠯᠠᠱᠠ ᠪᠠᠷᠠᠭᠤᠨ ᠬᠤᠰᠢᠭᠤᠨ ᠤ ᠮᠤᠩᠭᠤᠯ ᠳᠤᠮᠳᠠᠳᠤ ᠰᠤᠷᠭᠠᠭᠤᠯᠢ 2003 ᠤᠨ ᠳᠤ ᠵᠠᠭᠢᠷᠤᠯ ᠬᠦᠸᠧ | ᠪᠦᠷᠢᠨᠪᠠᠶᠠᠷ ᠢᠶᠠᠷ ᠡᠷᠭᠢᠯᠡᠭᠴᠢ ᠪᠤᠯᠭᠠᠭᠰᠠᠨ ᠰᠤᠷᠭᠠᠭᠤᠯᠢ ᠶᠢᠨ ᠭᠢᠴᠢᠶᠠᠯ ᠨᠠᠶᠢᠷᠠᠭᠤᠯᠬᠤ ᠳᠤᠭᠤᠶᠢᠯᠠᠩ ᠢ ᠵᠤᠭᠢᠶᠠᠨ | ᠪᠠᠶᠢᠭᠤᠯᠵᠤ᠂ ᠵᠠᠮᠰᠤ᠂ ᠤᠳᠤᠨᠭᠡᠷᠡᠯ᠂ ᠬᠦᠭᠵᠢᠯᠳᠤ᠂ ᠰᠧᠷᠡᠩᠨᠢᠮᠠ ᠨᠠᠷ ᠤᠨ ᠭᠤᠤᠯᠯᠠᠨ ᠨᠠᠶᠢᠷᠠᠭᠤᠯᠤᠭᠰᠠᠨ ︽ᠦᠩ | ᠦᠷᠭᠡᠨ ᠠᠯᠠᠱᠠ︾ ᠭᠡᠰᠡᠨ ᠨᠢᠭᠡᠳᠤᠯᠳᠠᠢ ᠨᠡᠷ᠎ᠡ ᠪᠦᠬᠦᠢ ᠭᠤᠷᠪᠠᠨ ᠳᠡᠪᠳᠡᠷ ᠰᠤᠷᠭᠠᠭᠤᠯᠢ ᠶᠢᠨ ᠰᠤᠷᠬᠤ ᠪᠢᠴᠢᠭ ᠢ | ᠠᠩᠬ᠎ᠠ ᠨᠢᠭᠡ ᠠᠴᠠ ᠠᠩᠬ᠎ᠠ ᠭᠤᠷᠪᠠ ᠶᠢᠨ ᠰᠤᠷᠤᠭᠴᠢᠳ ᠤᠨ ᠵᠢᠭᠠᠨ ᠰᠤᠷᠭᠠᠯᠳᠠ ᠳᠤ ᠭᠡᠷᠡᠭᠯᠡᠵᠤ︔ ᠠᠯᠠᠱᠠ | ᠪᠠᠷᠠᠭᠤᠨ ᠬᠤᠰᠢᠭᠤᠨ ᠤ ᠮᠤᠩᠭᠤᠯ ᠦᠨᠳᠤᠰᠤᠳᠡᠨ ᠤ ᠪᠠᠭ᠎ᠠ ᠰᠤᠷᠭᠠᠭᠤᠯᠢ ᠨᠢᠭᠡᠳᠤᠭᠡᠷ ᠤᠨ ᠠᠴᠠ ᠵᠢᠷᠭᠤᠳᠤᠭᠠᠷ | ᠤᠨ ᠬᠦᠷᠳᠡᠯᠡᠭᠢ ᠰᠤᠷᠤᠭᠴᠢ ᠶᠢᠨ ᠨᠠᠰᠤᠨ ᠤ ᠤᠨᠴᠠᠯᠢᠭ ᠲᠤ ᠵᠤᠭᠢᠴᠠᠭᠤᠯᠤᠨ ︽ᠦᠪ ᠰᠤᠶᠤᠯ︾ ᠭᠡᠰᠡᠨ | ᠨᠢᠭᠡᠳᠤᠯᠳᠠᠢ ᠨᠡᠷ᠎ᠡ ᠪᠠᠷ ᠪᠠᠳᠤᠰᠦ᠋ᠭᠡ᠂ ᠭᠠᠯᠪᠠᠳᠤ᠂ ᠵᠢᠠᠬᠤᠸᠠ ᠵᠡᠷᠭᠡ ᠪᠠᠭᠰᠢ ᠨᠠᠷ ᠢ ᠵᠤᠭᠢᠶᠠᠨ ᠪᠠᠶᠢᠭᠤᠯᠵᠤ | ᠨᠠᠶᠢᠷᠠᠭᠤᠯᠤᠭᠰᠠᠨ ᠵᠢᠷᠭᠤᠭᠠᠨ ᠳᠡᠪᠳᠡᠷ ᠰᠤᠷᠭᠠᠭᠤᠯᠢ ᠶᠢᠨ ᠰᠤᠷᠬᠤ ᠪᠢᠴᠢᠭ ᠨᠢ 2005 ᠤᠨ ᠳᠤ ᠵᠢᠭᠠᠨ | ᠰᠤᠷᠭᠠᠯᠳᠠ ᠳᠤ ᠠᠰᠢᠭᠯᠠᠭᠳᠠᠵᠤ ᠡᠭᠢᠯᠡᠭᠰᠡᠨ ᠶᠤᠮ᠃ | ᠠᠯᠠᠱᠠ ᠵᠡᠬᠦᠨ ᠬᠤᠰᠢᠭᠤᠨ ᠤ ᠮᠤᠩᠭᠤᠯ ᠦᠨᠳᠤᠰᠤᠳᠡᠨ ᠤ ᠨᠢᠭᠡᠳᠤᠭᠡᠷ ᠳᠤᠷᠰᠢᠯᠳᠠ ᠶᠢᠨ ᠪᠠᠭ᠎ᠠ | ᠰᠤᠷᠭᠠᠭᠤᠯᠢ ︵ᠤᠳᠤ ᠶᠢᠨ ᠠᠯᠠᠱᠠ ᠵᠡᠬᠦᠨ ᠬᠤᠰᠢᠭᠤᠨ ᠤ ᠮᠤᠩᠭᠤᠯ ᠰᠤᠷᠭᠠᠭᠤᠯᠢ︶ 2004 ᠤᠨ ᠳᠤ ︽ | ᠮᠤᠩᠭᠤᠯ ᠦᠨᠳᠤᠰᠤᠳᠡᠨ ᠤ ᠵᠠᠩ ᠳᠠᠳᠬᠠᠯ ᠶᠤᠰᠤ ᠰᠤᠷᠳᠠᠬᠤᠨ ᠤ ᠬᠦᠮᠤᠵᠢᠯ ᠤᠨ ᠮᠡᠳᠡᠯᠭᠡ︾ ᠭᠡᠰᠡᠨ ᠬᠤᠶᠠᠷ | ᠳᠡᠪᠳᠡᠷ ᠨᠤᠮ ᠢ ᠰᠤᠷᠭᠠᠨ ᠬᠦᠮᠤᠵᠢᠯ ᠤᠨ ᠵᠢᠳᠬᠦᠯᠳᠡᠨ᠂ ᠳᠡᠤᠭᠡ ᠰᠤᠶᠤᠯ ᠤᠨ ᠡᠷᠳᠡᠮᠳᠡᠨ ᠳᠤᠤ · ᠡᠷᠳᠡᠨᠢᠪᠠᠳᠤ | ᠠᠪᠤᠭᠠᠢ ᠳᠤ ᠨᠠᠶᠢᠳᠠᠨ ᠪᠢᠴᠢᠬᠦᠯᠵᠤ᠂ ᠰᠤᠷᠭᠠᠭᠤᠯᠢ ᠳᠤ ᠪᠠᠨ ᠠᠰᠢᠭᠯᠠᠨ᠂ ᠠᠯᠠᠱᠠ ᠵᠡᠬᠦᠨ ᠬᠤᠰᠢᠭᠤᠨ ᠤ ᠮᠤᠩᠭᠤᠯ | ᠦᠨᠳᠤᠰᠤᠳᠡᠨ ᠤ ᠬᠤᠶᠠᠳᠤᠭᠠᠷ ᠳᠤᠷᠰᠢᠯᠳᠠ ᠶᠢᠨ ᠪᠠᠭ᠎ᠠ ᠰᠤᠷᠭᠠᠭᠤᠯᠢ ︵ᠤᠳᠤ ᠶᠢᠨ ᠠᠯᠠᠱᠠ ᠵᠡᠬᠦᠨ ᠬᠤᠰᠢᠭᠤᠨ ᠤ | ᠮᠤᠩᠭᠤᠯ ᠦᠨᠳᠤᠰᠤᠳᠡᠨ ᠤ ᠳᠤᠷᠰᠢᠯᠳᠠ ᠶᠢᠨ ᠪᠠᠭ᠎ᠠ ᠰᠤᠷᠭᠠᠭᠤᠯᠢ︶ ᠨᠢ ᠢᠷᠠᠭᠤ ᠨᠠᠶᠢᠷᠠᠭᠴᠢ᠂ ᠤᠷᠠᠨ | ᠵᠤᠭᠢᠶᠠᠯ ᠤᠨ ᠰᠢᠬᠦᠮᠵᠢᠯᠡᠭᠴᠢ᠂ ᠤᠷᠴᠢᠭᠤᠯᠤᠭᠴᠢ ᠮ᠊ · ᠼᠠᠳᠠᠨᠪᠠᠯ ᠢ ᠤᠨᠴᠠ ᠤᠷᠢᠭᠰᠠᠨ ᠨᠠᠶᠢᠷᠠᠭᠤᠯᠤᠭᠴᠢ ᠪᠠᠷ | ᠤᠷᠢᠵᠤ᠂ ᠵᠠᠭᠢᠷᠤᠯ ᠤᠷᠠᠨᠴᠢᠮᠡᠭ ᠶᠡᠷᠤᠩᠭᠡᠶᠢᠯᠡᠨ ᠳᠦᠰᠤᠪᠯᠡᠵᠤ᠂ ᠤᠳᠤᠨᠴᠢᠮᠡᠭ᠂ ᠬᠠᠰᠴᠡᠴᠡᠭ᠂ ᠨᠠᠪᠴᠢᠠᠬᠤᠸᠠᠷ | ᠵᠡᠷᠭᠡ ᠪᠠᠭᠰᠢ ᠶᠢ ᠵᠤᠭᠢᠶᠠᠨ ᠪᠠᠶᠢᠭᠤᠯᠤᠨ᠂ ᠪᠠᠭ᠎ᠠ ᠰᠤᠷᠭᠠᠭᠤᠯᠢ ᠶᠢᠨ ᠭᠡᠤᠭᠡᠳ ᠤᠨ ᠰᠡᠳᠭᠢᠬᠦᠢ᠂ ᠮᠡᠳᠡᠯᠭᠡ ᠬᠦᠯᠢᠶᠡᠬᠦ | ᠴᠢᠳᠠᠪᠤᠷᠢ ᠳᠤ ᠵᠤᠭᠢᠴᠠᠭᠤᠯᠤᠨ ᠠᠭᠤᠯᠭ᠎ᠠ ᠶᠢᠨ ᠦᠷᠭᠡᠴᠠ ᠬᠦᠨᠳᠤᠴᠠ᠂ ᠬᠦᠴᠢᠷᠳᠡᠯᠭᠡ ᠶᠢ ᠠᠩᠬᠠᠷᠤᠨ ᠮᠦᠨ | 2004 ᠤᠨ ᠳᠤ ︽ᠮᠤᠩᠭᠤᠯ ᠵᠠᠩ ᠦᠢᠯᠡ︾ ᠭᠡᠰᠡᠨ ᠨᠢᠭᠡᠳᠤᠯᠳᠠᠢ ᠨᠡᠷ᠎ᠡ ᠪᠠᠷ ᠵᠢᠷᠭᠤᠭᠠᠨ ᠳᠡᠪᠳᠡᠷ ᠨᠤᠮ ᠢ | ᠨᠠᠶᠢᠷᠠᠭᠤᠯᠤᠨ ᠨᠢᠭᠡ ᠠᠴᠠ ᠵᠢᠷᠭᠤᠳᠤᠭᠠᠷ ᠤᠨ ᠳᠤ ᠠᠰᠢᠭᠯᠠᠭᠰᠠᠨ ᠪᠠᠶᠢᠨ᠎ᠠ᠃ | ᠠᠯᠠᠱᠠ ᠮᠤᠩᠭᠤᠯ ᠦᠨᠳᠤᠰᠤᠳᠡᠨ ᠤ ᠪᠦᠷᠢᠨ ᠳᠤᠮᠳᠠᠳᠤ ᠰᠤᠷᠭᠠᠭᠤᠯᠢ 2010 ᠤᠨ ᠳᠤ ᠰᠤᠷᠭᠠᠭᠤᠯᠢ ᠶᠢᠨ | ᠵᠠᠭᠢᠷᠤᠯ ᠠᠯᠳᠠᠨ᠋ᠧᠴᠢᠷ ᠢᠶᠠᠷ ᠡᠷᠭᠢᠯᠡᠭᠴᠢ ᠪᠤᠯᠭᠠᠭᠰᠠᠨ ᠤᠷᠤᠨ ᠨᠤᠳᠤᠭ ᠤᠨ ᠰᠤᠶᠤᠯ ᠳᠡᠤᠭᠡ ᠶᠢᠨ ᠵᠢᠭᠠᠬᠤ | ᠮᠠᠲ᠋ᠧᠷᠢᠶᠠᠯ ᠨᠠᠶᠢᠷᠠᠭᠤᠯᠬᠤ ᠺᠤᠮᠢᠰ ᠢ ᠪᠠᠶᠢᠭᠤᠯᠵᠤ᠂ ᠦᠯᠵᠡᠢ᠂ ᠪᠤᠶᠠᠨᠪᠠᠳᠤ᠂ ᠤᠶᠤᠩᠭᠡᠷᠡᠯ᠂ ᠰᠧ · ᠳᠤᠶᠠᠭ᠎ᠠ᠂ | ᠰᠠᠷᠠᠩᠬᠤᠸᠠᠷ᠂ ᠤᠶᠤᠠᠬᠤᠸᠠᠷ ᠵᠡᠷᠭᠡ ᠤᠯᠤᠰ ᠳᠦᠷᠤ᠂ ᠳᠡᠤᠭᠡ᠂ ᠭᠠᠵᠠᠷ ᠵᠦᠢ ᠶᠢᠨ ᠪᠠᠭᠰᠢ ᠨᠠᠷ ᠭᠠᠷᠳᠠᠨ᠂ ᠳᠤᠰ | ᠰᠤᠷᠭᠠᠭᠤᠯᠢ ᠶᠢᠨ ᠳᠡᠤᠭᠡᠨ ᠳᠤ ᠬᠢ ᠠᠩᠬᠠᠨ ᠤ ᠰᠤᠷᠭᠠᠭᠤᠯᠢ ᠶᠢᠨ ᠰᠤᠷᠬᠤ ᠪᠢᠴᠢᠭ ᠪᠤᠯᠬᠤ ︽ᠠᠮᠢᠨ ᠬᠠᠶᠢᠷᠠᠳᠠᠢ | ᠨᠤᠳᠤᠭ ᠤᠰᠤᠨ︾ ᠢ ᠨᠠᠶᠢᠷᠠᠭᠤᠯᠤᠨ ᠠᠰᠢᠭᠯᠠᠯᠳᠠ ᠳᠤ ᠤᠷᠤᠭᠤᠯᠵᠤ᠂ ᠡ᠊ᠨᠡ ᠰᠠᠭᠤᠷᠢᠨ ᠲᠡᠭᠡᠷ᠎ᠠ 2016 | ᠤᠨ ᠳᠤ ᠵᠠᠭᠢᠷᠤᠯ ᠯᠦᠸᠧ · ᠮᠠᠩᠯᠠᠶᠢᠬᠦᠦ᠂ ᠱᠦᠵᠢ ᠤᠶᠠᠩᠭ᠎ᠠ ︽ᠦᠢᠷᠡᠳ ᠮᠤᠩᠭᠤᠯ︾᠂ ︽ᠮᠢᠨᠤ ᠯᠠ ᠠᠯᠠᠱᠠ︾ | ᠪᠤᠯᠤᠨ ︽ᠬᠦᠳᠡᠭᠡ ᠰᠡᠶᠢᠬᠠᠨ︾ ᠭᠡᠰᠡᠨ ᠦᠰᠦᠭ ᠪᠢᠴᠢᠭ ᠪᠠ ᠭᠡᠷᠡᠯ ᠵᠢᠷᠤᠭ ᠬᠠᠪᠰᠤᠷᠭᠠᠭᠰᠠᠨ ᠴᠤᠪᠤᠷᠠᠯ ᠰᠤᠷᠬᠤ | ᠪᠢᠴᠢᠭ ᠨᠠᠶᠢᠷᠠᠭᠤᠯᠤᠨ ᠭᠠᠷᠭᠠᠵᠤ᠂ ᠪᠠᠰᠠ ᠪᠠᠢ · ᠪᠠᠭᠠᠳᠤᠷ ᠤᠨ ᠨᠠᠶᠢᠷᠠᠭᠤᠯᠤᠭᠰᠠᠨ ︽ᠦᠢᠷᠡᠳ ᠮᠤᠩᠭᠤᠯ ᠤᠨ | ᠳᠡᠤᠭᠡᠳᠤ ᠬᠦᠮᠤᠰ︾᠂ ︽ᠦᠢᠷᠡᠳ ᠮᠤᠩᠭᠤᠯ ᠤᠨ ᠠᠶᠢᠮᠠᠭ ᠤᠭᠰᠠᠭᠠᠳᠠᠨ ᠤ ᠦᠶ᠎ᠡ ᠵᠠᠯᠭᠠᠮᠵᠢ︾᠂ ︽ᠦᠢᠷᠡᠳ | ᠮᠤᠩᠭᠤᠯ ᠤᠨ ᠴᠢᠬᠤᠯᠠ ᠭᠡᠷᠡᠭ ᠶᠠᠪᠤᠳᠠᠯ ᠤᠨ ᠳᠡᠮᠳᠡᠭᠯᠡᠯ︾᠂ ︽ᠠᠯᠠᠱᠠ ᠡᠵᠡᠨ᠎ᠡ ᠶᠢᠨ ᠴᠢᠬᠤᠯᠠ ᠭᠡᠷᠡᠭ | ᠶᠠᠪᠤᠳᠠᠯ ᠤᠨ ᠳᠡᠮᠳᠡᠭᠯᠡᠯ︾ ᠵᠡᠷᠭᠡ ᠨᠤᠮ ᠮᠦᠨ ᠰᠤᠷᠭᠠᠭᠤᠯᠢ ᠶᠢᠨ ᠰᠤᠷᠬᠤ ᠪᠢᠴᠢᠭ ᠢᠶᠠᠷ ᠭᠡᠪᠯᠡᠭᠳᠡᠵᠠᠢ᠃ ᠡ᠊ᠨᠡ | ᠪᠦᠬᠦᠨ ᠨᠢ ᠨᠠᠶᠢᠳᠠ ᠮᠤᠩᠭᠤᠯ᠂ ᠦᠢᠷᠡᠳ ᠮᠤᠩᠭᠤᠯ᠂ ᠠᠯᠠᠱᠠ ᠬᠤᠱᠤᠳ᠂ ᠡᠵᠡᠨ᠎ᠡ ᠳᠤᠷᠭᠤᠳ ᠤᠨ ᠳᠡᠤᠭᠡ | ᠰᠤᠶᠤᠯ ᠤᠨ ᠠᠭᠤᠯᠭ᠎ᠠ ᠶᠢ ᠨᠠᠯᠢᠶᠠᠳ ᠦᠷᠭᠡᠨ ᠭᠡᠪᠴᠢᠶᠠᠨ ᠳᠤ ᠬᠠᠮᠤᠷᠴᠤ᠂ ᠳᠤᠰ ᠰᠤᠷᠭᠠᠭᠤᠯᠢ ᠶᠢᠨ ︽ᠨᠤᠳᠤᠭ | ᠰᠤᠶᠤᠯ︾ ᠤᠨ ᠭᠢᠴᠢᠶᠠᠯ ᠵᠢᠭᠠᠬᠤ ᠪᠠᠭᠰᠢ ᠳᠤ ᠬᠠᠩᠭᠠᠮᠵᠢᠳᠠᠢ ᠯᠠᠪᠯᠠᠨ ᠠᠰᠢᠭᠯᠠᠬᠤ ᠮᠠᠲ᠋ᠧᠷᠢᠶᠠᠯ ᠪᠤᠯᠤᠭᠰᠠᠨ ᠢᠶᠠᠷ | ᠪᠠᠷᠠᠬᠤ ᠦᠭᠡᠢ ᠰᠤᠷᠤᠭᠴᠢᠳ ᠤᠨ ᠵᠤᠭᠢᠬᠤ ᠴᠠᠷᠠᠭ᠎ᠠ ᠳᠤ ᠭᠢᠴᠢᠶᠠᠯ ᠳᠡᠭᠡᠷ᠎ᠡ ᠰᠤᠷᠬᠤ᠂ ᠭᠢᠴᠢᠶᠠᠯ ᠤᠨ ᠭᠠᠳᠠᠭᠤᠷ | ᠦᠨᠳᠤᠰᠤᠳᠡᠨ ᠤ ᠪᠤᠶᠤ ᠤᠷᠤᠨ ᠨᠤᠳᠤᠭ ᠤᠨ ᠳᠡᠤᠭᠡ ᠰᠤᠶᠤᠯ ᠢᠶᠠᠨ ᠤᠩᠰᠢᠨ ᠦᠢᠯᠠᠭᠠᠬᠤ ᠳᠤ ᠨᠢ | ᠳᠤᠰᠠᠯᠠᠮᠵᠢ ᠶᠢᠨ ᠦᠢᠯᠡᠳᠤᠯ ᠦᠵᠡᠬᠦᠯᠵᠤ ᠴᠢᠳᠠᠭᠰᠠᠨ ᠶᠤᠮ᠃ | ᠠᠯᠠᠱᠠ ᠵᠡᠬᠦᠨ ᠬᠤᠰᠢᠭᠤᠨ ᠤ ᠮᠤᠩᠭᠤᠯ ᠦᠨᠳᠤᠰᠤᠳᠡᠨ ᠤ ᠬᠤᠶᠠᠳᠤᠭᠠᠷ ᠭᠡᠤᠭᠡᠳ ᠤᠨ ᠴᠡᠴᠡᠷᠯᠢᠭ 2011 | ᠤᠨ ᠳᠤ ︽ᠴᠡᠴᠡᠭᠡᠰ ᠠᠴᠠ ᠳᠡᠬᠦᠭᠰᠡᠨ ᠰᠢᠬᠦᠳᠡᠷᠢ︾ ᠭᠡᠰᠡᠨ ᠮᠤᠩᠭᠤᠯ ᠵᠠᠩ ᠦᠢᠯᠡ᠂ ᠨᠠᠭᠠᠳᠤᠮ ᠳᠤᠭᠯᠠᠭᠠᠮ᠂ | ᠬᠤᠪᠴᠠᠰᠤ ᠵᠠᠰᠠᠯ᠂ ᠠᠯᠠᠱᠠ ᠶᠢᠨ ᠳᠡᠤᠭᠡᠳᠤ ᠬᠦᠮᠤᠨ᠂ ᠦᠵᠡᠮᠵᠢᠳᠤ ᠤᠷᠤᠨ᠂ ᠳᠡᠮᠡᠭᠡ ᠮᠠᠯᠵᠢᠯ ᠤᠨ ᠰᠤᠶᠤᠯ᠂ | ᠨᠤᠳᠤᠭ ᠤᠨ ᠭᠠᠷᠤᠯᠳᠠ ᠵᠢᠴᠢ ᠭᠡᠤᠭᠡᠳ ᠤᠨ ᠦᠯᠢᠭᠡᠷ᠂ ᠰᠢᠯᠦᠭ᠂ ᠳᠠᠭᠤᠤ ᠵᠡᠷᠭᠡ ᠠᠭᠤᠯᠭ᠎ᠠ ᠪᠦᠬᠦᠢ | ᠴᠡᠴᠡᠷᠯᠢᠭ ᠤᠨ ᠰᠤᠷᠬᠤ ᠪᠢᠴᠢᠭ ᠢ ᠨᠠᠶᠢᠷᠠᠭᠤᠯᠵᠤ ᠠᠰᠢᠭᠯᠠᠭᠰᠠᠨ ᠨᠢ ᠪᠦᠬᠦ ᠠᠶᠢᠮᠠᠭ ᠤᠨ ᠭᠡᠪᠴᠢᠶᠠᠨ ᠳᠤ | ᠦᠨᠳᠤᠰᠤᠳᠡᠨ ᠤ ᠵᠠᠩ ᠵᠠᠩᠰᠢᠯ᠂ ᠰᠤᠶᠤᠯ ᠢᠷᠭᠡᠨᠰᠢᠯ ᠢ ᠭᠡᠤᠭᠡᠳ ᠠᠴᠠ ᠡᠭᠢᠯᠡᠨ ᠠᠳᠬᠤᠬᠤ ᠶᠢᠨ ᠳᠤᠷᠰᠢᠯᠳᠠ | ᠪᠤᠯᠵᠤ᠂ ᠳᠤᠰ ᠰᠤᠷᠬᠤ ᠪᠢᠴᠢᠭ ᠢ ᠴᠡᠴᠡᠷᠯᠢᠭ ᠤᠨ ᠳᠠᠷᠤᠭ᠎ᠠ ᠶᠢᠨ · ᠳᠤᠶᠠᠭ᠎ᠠ ᠵᠢᠴᠢ ᠯᠢ · ᠴᠢᠮᠡᠭ᠂ ᠬᠦᠪᠤᠳᠡᠢ ᠨᠠᠷ | ᠨᠠᠶᠢᠷᠠᠭᠤᠯᠤᠭᠰᠠᠨ ᠪᠠᠶᠢᠨ᠎ᠠ᠃ | ᠢᠯᠠᠩᠭᠤᠶ᠎ᠠ᠂ 2015 ᠤᠨ ᠳᠤ ᠠᠯᠠᠱᠠ ᠵᠡᠬᠦᠨ ᠬᠤᠰᠢᠭᠤᠨ ᠤ ᠰᠤᠷᠭᠠᠨ ᠬᠦᠮᠤᠵᠢᠯ ᠪᠠᠶ᠎ᠠ ᠳᠠᠮᠢᠷ ᠤᠨ | ᠳᠤᠪᠴᠢᠶ᠎ᠠ ᠪᠦᠬᠦ ᠬᠤᠰᠢᠭᠤᠨ ᠤ ᠡᠯ᠎ᠡ ᠰᠤᠷᠭᠠᠭᠤᠯᠢ ᠶᠢᠨ ᠦᠩᠭᠡᠷᠡᠭᠰᠡᠨ ᠤ ᠰᠤᠷᠭᠠᠭᠤᠯᠢ ᠶᠢᠨ ᠰᠤᠷᠬᠤ ᠪᠢᠴᠢᠭ ᠤᠨ | ᠪᠠᠶᠢᠭᠤᠯᠤᠯᠳᠠ ᠶᠢᠨ ᠳᠤᠷᠰᠢᠯᠭ᠎ᠠ ᠶᠢ ᠳ᠋ᠦᠩᠨᠡᠵᠦ᠂ ᠪᠦᠬᠦ ᠬᠤᠰᠢᠭᠤᠨ ᠳᠤ ᠨᠢᠭᠡᠳᠤᠯᠳᠠᠢ ᠭᠡᠷᠡᠭᠯᠡᠬᠦ ᠰᠤᠷᠭᠠᠭᠤᠯᠢ ᠶᠢᠨ | ᠰᠤᠷᠬᠤ ᠪᠢᠴᠢᠭ ᠢ ᠨᠠᠶᠢᠷᠠᠭᠤᠯᠬᠤ ᠠᠵᠢᠯ ᠢ ᠭᠠᠷᠳᠠᠵᠤ᠂ ᠳᠤᠪᠴᠢᠶᠠᠨ ᠳᠠᠷᠤᠭ᠎ᠠ ᠨᠠᠴᠢᠨ ᠢᠶᠠᠷ ᠡᠷᠭᠢᠯᠡᠭᠴᠢ | ᠪᠤᠯᠭᠠᠭᠰᠠᠨ ᠨᠠᠶᠢᠷᠠᠭᠤᠯᠬᠤ ᠺᠤᠮᠢᠰ ᠪᠠᠶᠢᠭᠤᠯᠵᠤ᠂ ᠮᠤᠩᠭᠤᠯ ᠶᠤᠰᠤ ᠵᠠᠩᠰᠢᠯ᠂ ᠤᠷᠤᠨ ᠰᠠᠭᠤᠴᠠ᠂ ᠢᠳᠡᠭᠡᠨ | ᠤᠮᠳᠠᠭᠠᠨ᠂ ᠴᠡᠭᠡᠷ ᠬᠤᠷᠢᠭ᠎ᠠ᠂ ᠦᠭᠡ ᠭᠡᠯᠡᠨ ᠤ ᠪᠤᠯᠪᠠᠰᠤᠷᠠᠯ᠂ ᠠᠯᠠᠱᠠ ᠶᠢᠨ ᠳᠡᠤᠭᠡ ᠰᠤᠶᠤᠯ ᠵᠡᠷᠭᠡ ᠨᠠᠯᠢᠶᠠᠳ | ᠦᠷᠭᠡᠨ ᠳᠡᠯᠭᠡᠷ ᠠᠭᠤᠯᠭ᠎ᠠ ᠶᠢ ᠬᠠᠮᠤᠷᠤᠭᠰᠠᠨ ︽ᠤᠬᠠᠭᠠᠷᠠᠵᠤ ᠠᠮᠢᠳᠤᠷᠠᠬᠤ ᠶᠤᠰᠤᠨ︾ ᠭᠡᠬᠦ ᠰᠢᠷᠢᠰ ᠨᠤᠮ | ᠨᠠᠶᠢᠷᠠᠭᠤᠯᠵᠤ᠂ ᠡ᠊ᠨᠡ ᠬᠦ ᠰᠢᠷᠢᠰ ᠨᠤᠮ ᠨᠢ ᠭᠡᠤᠭᠡᠳ ᠤᠨ ᠴᠡᠴᠡᠷᠯᠢᠭ ᠲᠤ ᠭᠡᠷᠡᠭᠯᠡᠬᠦ ᠨᠢᠭᠡ ᠳᠡᠪᠳᠡᠷ᠂ ᠪᠠᠭ᠎ᠠ | ᠰᠤᠷᠭᠠᠭᠤᠯᠢ ᠳᠤ ᠭᠡᠷᠡᠭᠯᠡᠬᠦ ᠭᠤᠷᠪᠠᠨ ᠳᠡᠪᠳᠡᠷ᠂ ᠠᠩᠬ᠎ᠠ ᠳᠤᠮᠳᠠᠳᠤ ᠳᠤ ᠭᠡᠷᠡᠭᠯᠡᠬᠦ ᠨᠢᠭᠡ ᠳᠡᠪᠳᠡᠷ ᠵᠡᠷᠭᠡ ᠪᠠᠷ | ᠪᠦᠷᠢᠯᠳᠤᠵᠤ ᠰᠤᠪᠤᠳ᠂ ᠰᠡᠴᠡᠩᠭᠤᠸ᠎ᠠ᠂ ᠬᠦᠪᠤᠳᠡᠢ᠂ ᠬᠤ᠋ · ᠰᠦᠮᠪᠤᠷ᠂ ᠨᠠᠪᠴᠢᠠᠬᠤᠸᠠᠷ᠂ ᠡᠷᠳᠡᠨᠢᠡᠤᠷᠭᠢᠯ ᠨᠠᠷ | ᠨᠠᠶᠢᠷᠠᠭᠤᠯᠬᠤ ᠠᠵᠢᠯ ᠢ ᠬᠦᠢᠴᠡᠳᠭᠡᠵᠤ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠭᠠᠨ | ᠬᠦᠮᠤᠵᠢᠯ ᠤᠨ ᠳᠢᠩᠭᠢᠮ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠢᠨᠠᠯᠳᠠ ᠶᠢ ᠬᠦᠯᠢᠶᠡᠵᠦ᠂ 2016 ᠤᠨ ᠤ | ᠨᠠᠮᠤᠷ ᠦᠪᠤᠷ ᠮᠤᠩᠭᠤᠯ ᠤᠨ ᠰᠤᠷᠭᠠᠨ ᠬᠦᠮᠤᠵᠢᠯ ᠤᠨ ᠭᠡᠪᠯᠡᠯ ᠤᠨ ᠬᠤᠷᠢᠶ᠎ᠠ ᠠᠴᠠ ᠢᠯᠠ ᠪᠠᠷ ᠭᠡᠪᠯᠡᠭᠳᠡᠨ | ᠠᠰᠢᠭᠯᠠᠭᠳᠠᠪᠠ᠃ ᠳᠤᠰ ᠰᠢᠷᠢᠰ ᠰᠤᠷᠭᠠᠭᠤᠯᠢ ᠶᠢᠨ ᠰᠤᠷᠬᠤ ᠪᠢᠴᠢᠭ ᠤᠨ ᠢᠯᠡ ᠭᠡᠪᠯᠡᠭᠳᠡᠭᠰᠡᠨ ᠶᠠᠪᠤᠳᠠᠯ ᠪᠤᠯ | ᠠᠯᠠᠱᠠ ᠶᠢᠨ ᠰᠤᠷᠭᠠᠨ ᠬᠦᠮᠤᠵᠢᠯ ᠤᠨ ᠳᠡᠤᠭᠡᠨ ᠳᠤ ᠬᠢ ᠠᠩᠬᠠᠳᠠᠭᠴᠢ ᠪᠤᠯᠬᠤ ᠪᠠᠷ ᠪᠠᠷᠠᠬᠤ ᠦᠭᠡᠢ ᠦᠪᠤᠷ | ᠮᠤᠩᠭᠤᠯ ᠤᠷᠤᠨ ᠳᠤ ᠴᠤ ᠢᠯᠡ ᠭᠡᠪᠯᠡᠭᠳᠡᠭᠰᠡᠨ ᠲᠤᠭ᠎ᠠ ᠲᠠᠢ ᠭᠡᠳᠤᠭᠡᠨ ᠰᠤᠷᠭᠠᠭᠤᠯᠢ ᠶᠢᠨ ᠰᠤᠷᠬᠤ ᠪᠢᠴᠢᠭ ᠤᠨ | ᠨᠢᠭᠡ ᠨᠢ ᠪᠤᠯᠵᠤ᠂ ᠳᠠᠷᠠᠴᠢᠯᠠᠨ ᠨᠢᠭᠡ ᠶᠤᠰᠤᠨ ᠳᠤ ᠤᠷᠤᠨ ᠨᠤᠳᠤᠭ ᠤᠨ ᠴᠢᠨᠠᠷᠳᠠᠢ ᠰᠤᠷᠬᠤ ᠪᠢᠴᠢᠭ ᠪᠤᠯᠤᠭᠰᠠᠨ | ᠶᠤᠮ᠃ | ᠬᠤᠶᠠᠷ᠂ ᠰᠤᠷᠭᠠᠭᠤᠯᠢ ᠶᠢᠨ ᠰᠤᠷᠬᠤ ᠪᠢᠴᠢᠭ ᠤᠨ ᠳᠡᠤᠭᠡᠨ ᠠᠴᠢ ᠬᠤᠯᠪᠤᠭᠳᠠᠯ | ᠭᠡᠪ ᠴᠢᠨᠠᠷ ᠤᠨ ᠰᠤᠷᠭᠠᠨ ᠬᠦᠮᠤᠵᠢᠯ ᠤᠨ ᠦᠭᠡᠷᠡᠴᠢᠯᠡᠯᠳᠡ ᠳᠤ ᠵᠤᠭᠢᠴᠠᠭᠤᠯᠤᠨ ᠠᠯᠠᠱᠠ ᠶᠢᠨ ᠮᠤᠩᠭᠤᠯ | ᠦᠨᠳᠤᠰᠤᠳᠡᠨ ᠤ ᠳᠤᠮᠳᠠᠳᠤ ᠪᠠᠭ᠎ᠠ ᠰᠤᠷᠭᠠᠭᠤᠯᠢ ᠨᠤᠭᠤᠳ ᠰᠤᠷᠭᠠᠭᠤᠯᠢ ᠶᠢᠨ ᠰᠤᠷᠬᠤ ᠪᠢᠴᠢᠭ ᠢ ᠨᠠᠶᠢᠷᠠᠭᠤᠯᠤᠨ | ᠵᠢᠭᠠᠨ ᠰᠤᠷᠭᠠᠯᠳᠠ ᠳᠤ ᠠᠰᠢᠭᠯᠠᠵᠤ ᠤᠳᠤᠬᠠᠨ ᠤ ᠬᠤᠳᠠᠴᠢᠯᠠᠯᠳᠠ ᠳᠠᠶᠠᠭᠠᠷᠴᠢᠯᠠᠯᠳᠠ ᠶᠢᠨ ᠠᠬᠤᠢ ᠤᠷᠴᠢᠨ ᠳᠤ | ᠡᠯ᠎ᠡ ᠰᠤᠷᠭᠠᠭᠤᠯᠢ ᠨᠢ ᠭᠠᠷᠠᠭ ᠪᠦᠷᠢ ᠳᠤᠰᠬᠠᠢ ᠨᠢᠭᠡ ᠴᠠᠭ ᠭᠠᠷᠭᠠᠵᠤ᠂ ᠳᠤᠰᠬᠠᠢ ᠪᠠᠭᠰᠢ ᠳᠤᠭᠢᠷᠠᠭᠤᠯᠤᠨ | ᠭᠢᠴᠢᠶᠡᠯᠯᠡᠬᠦ ᠶᠢ ᠪᠠᠷᠢᠮᠳᠠᠯᠠᠭᠰᠠᠨ ᠠᠴᠠ ᠦᠨᠳᠤᠰᠤᠳᠡᠨ ᠤ ᠪᠠᠨ ᠳᠡᠤᠭᠡ ᠰᠤᠶᠤᠯ ᠢᠶᠠᠨ ᠦᠪᠯᠡᠬᠦ᠂ ᠤᠯᠠᠮᠵᠢᠯᠠᠬᠤ᠂ | ᠵᠠᠯᠭᠠᠮᠵᠢᠯᠠᠬᠤ ᠳᠤ ᠠᠯᠤᠰ ᠭᠡᠳᠤ ᠶᠢᠨ ᠠᠬᠤᠶᠢᠴᠢ ᠠᠴᠢ ᠬᠤᠯᠪᠤᠭᠳᠠᠯ ᠲᠠᠢ ᠦᠢᠯᠡ ᠠᠵᠢᠯᠯᠠᠭ᠎ᠠ ᠪᠤᠯᠤᠭᠰᠠᠨ ᠪᠠᠶᠢᠨ᠎ᠠ | ᠃ | 1. ᠰᠤᠷᠤᠭᠴᠢᠳ ᠤᠨ ᠤᠷᠤᠨ ᠨᠤᠳᠤᠭ ᠢᠶᠠᠨ ᠳᠠᠨᠢᠵᠤ ᠦᠢᠯᠠᠭᠠᠬᠤ ᠳᠤ ᠲᠤᠩ ᠴᠢᠬᠤᠯᠠ ᠦᠢᠯᠡᠳᠤᠯ | ᠦᠵᠡᠬᠦᠯᠪᠠ᠃ ᠰᠤᠷᠭᠠᠭᠤᠯᠢ ᠶᠢᠨ ᠰᠤᠷᠬᠤ ᠪᠢᠴᠢᠭ ᠤᠨ ᠠᠰᠢᠭᠯᠠᠯᠳᠠ ᠨᠢ ᠰᠤᠷᠤᠭᠴᠢᠳ ᠤᠨ ︽ | ᠰᠤᠷᠭᠠᠭᠤᠯᠢ ᠳᠤ ᠪᠠᠨ ᠰᠠᠭᠤᠭᠠᠳ ᠰᠤᠷᠭᠠᠭᠤᠯᠢ ᠪᠠᠨ ᠦᠢᠯᠠᠭᠠᠬᠤ ᠦᠭᠡᠢ︾᠂ ︽ᠨᠤᠳᠤᠭ ᠲᠠᠭᠠᠨ ᠪᠠᠶᠢᠭᠠᠳ | ᠨᠤᠳᠤᠭ ᠢᠶᠠᠨ ᠦᠢᠯᠠᠭᠠᠵᠤ ᠮᠡᠳᠡᠬᠦ ᠦᠭᠡᠢ︾ ᠪᠠᠶᠢᠳᠠᠯ ᠢ ᠬᠤᠪᠢᠷᠠᠭᠤᠯᠬᠤ ᠳᠤ ᠴᠢᠬᠤᠯᠠ ᠦᠢᠯᠡᠳᠤᠯ ᠦᠵᠡᠬᠦᠯᠤᠭ᠍ᠰᠡᠨ | ᠶᠤᠮ᠃ ᠦᠭᠡᠷ᠎ᠡ ᠪᠠᠷ ᠭᠡᠯᠡᠪᠡᠯ᠂ ᠰᠤᠷᠭᠠᠭᠤᠯᠢ ᠶᠢᠨ ᠰᠤᠷᠬᠤ ᠪᠢᠴᠢᠭ ᠤᠨ ᠪᠠᠶᠢᠭᠤᠯᠤᠯᠳᠠ ᠪᠠᠷ ᠳᠠᠮᠵᠢᠨ | ᠭᠢᠴᠢᠶᠠᠯ ᠤᠨ ᠪᠢᠴᠢᠭ ᠠᠴᠠ ᠤᠭᠳᠤ ᠤᠯᠵᠤ ᠬᠠᠷᠠᠬᠤ ᠦᠭᠡᠢ ᠠᠯᠠᠱᠠ ᠡᠵᠡᠨ᠎ᠡ ᠶᠢᠨ ᠳᠡᠤᠭᠡᠨ ᠢᠷᠡᠯᠳᠡ᠂ ᠭᠠᠵᠠᠷ | ᠵᠦᠢ ᠶᠢᠨ ᠪᠠᠶᠢᠷᠢᠰᠢᠯ᠂ ᠨᠤᠳᠤᠭ ᠳᠡᠪᠢᠰᠭᠡᠷ᠂ ᠵᠠᠰᠠᠭ ᠵᠠᠭᠢᠷᠭᠠᠨ ᠤ ᠬᠤᠪᠢᠶᠠᠷᠢᠯᠠᠯ᠂ ᠦᠯᠢᠭᠡᠷ ᠳᠡᠤᠭᠡᠳᠤ ᠬᠦᠮᠤᠨ᠂ | ᠳᠤᠮᠤᠭᠳᠤ ᠨᠤᠳᠤᠭ ᠤᠰᠤ᠂ ᠳᠡᠮᠡᠭᠡ ᠮᠠᠯᠵᠢᠯ ᠤᠨ ᠰᠤᠶᠤᠯ᠂ ᠦᠷᠡᠰ ᠨᠠᠶᠢᠷ᠂ ᠮᠤᠷᠢᠨ ᠨᠤᠮᠤ᠂ ᠱᠠᠯᠪᠤᠷ ᠪᠦᠭᠡ | ᠵᠡᠷᠭᠡ ᠨᠠᠭᠠᠳᠤᠮ ᠳᠤᠭᠯᠠᠭᠠᠮ᠂ ᠭᠡᠭᠡᠷ᠎ᠡ ᠶᠢᠨ ᠠᠮᠢᠳᠠᠨ ᠤᠷᠭᠤᠮᠠᠯ᠂ ᠠᠭᠤᠷᠬᠠᠢ ᠶᠢᠨ ᠪᠤᠯᠠᠭᠳᠠᠴᠠ ᠁ | ᠭᠡᠬᠦᠴᠢᠯᠡᠨ ᠤᠷᠤᠨ ᠨᠤᠳᠤᠭ ᠤᠨ ᠦᠪᠡᠷᠮᠢᠴᠠ ᠤᠨᠴᠠᠯᠢᠭ ᠪᠦᠬᠦᠢ ᠳᠡᠤᠭᠡᠨ ᠦᠢᠯᠡ ᠭᠡᠷᠡᠭ᠂ ᠰᠤᠶᠤᠯ ᠤᠨ ᠦᠪ | ᠬᠦᠷᠤᠩᠭᠡ᠂ ᠭᠠᠵᠠᠷ ᠵᠦᠢ ᠶᠢᠨ ᠪᠠ ᠠᠮᠢᠳᠤ ᠪᠤᠳᠠᠰ ᠤᠨ ᠮᠡᠳᠡᠯᠭᠡ ᠵᠠᠷᠭᠡ ᠶᠢ ᠳᠠᠨᠢᠯᠴᠠᠭᠤᠯᠵᠤ᠂ ᠳᠡᠳᠡᠨ ᠤ ᠨᠤᠳᠤᠭ | ᠤᠷᠤᠨ ᠢᠶᠠᠨ ᠦᠢᠯᠠᠭᠠᠵᠤ᠂ ᠨᠤᠳᠤᠭ ᠤᠷᠤᠨ ᠳᠤ ᠪᠠᠨ ᠡᠵᠡᠨ ᠪᠤᠯᠬᠤ ᠳᠤ ᠨᠢᠭᠡ ᠶᠤᠰᠤᠨ ᠤ ᠢᠳᠡᠪᠭᠢ ᠦᠢᠯᠡᠳᠤᠯ | ᠦᠵᠡᠬᠦᠯᠤᠭ᠍ᠰᠡᠨ ᠪᠠᠶᠢᠨ᠎ᠠ᠃ | 2. ᠰᠤᠷᠤᠭᠴᠢᠳ ᠤᠨ ᠦᠨᠳᠤᠰᠤᠳᠡᠨ ᠤ ᠪᠠᠨ ᠵᠠᠩ ᠳᠠᠳᠬᠠᠯ ᠲᠠᠢ ᠳᠠᠨᠢᠯᠴᠠᠬᠤ ᠳᠤ ᠵᠠᠪᠰᠢᠶᠠᠨ ᠬᠠᠩᠭᠠᠪᠠ᠃ | ᠮᠤᠩᠭᠤᠯ ᠦᠨᠳᠤᠰᠤᠳᠡᠨ ᠪᠤᠯ ᠤᠷᠳᠤ ᠤᠳᠠᠭᠠᠨ ᠳᠡᠤᠭᠡ ᠲᠠᠢ᠂ ᠡᠷᠭᠢᠮ ᠪᠤᠯᠪᠠᠰᠤᠨ ᠵᠠᠩ ᠳᠠᠳᠬᠠᠯ ᠲᠠᠢ | ᠦᠨᠳᠤᠰᠤᠳᠡᠨ ᠪᠤᠯᠬᠤ ᠶᠤᠮ᠃ ᠰᠡᠬᠦᠯᠴᠢ ᠶᠢᠨ ᠦᠶ᠎ᠡ ᠳᠤ ᠬᠤᠳᠠᠴᠢᠯᠠᠯᠳᠠ ᠳᠠᠶᠠᠭᠠᠷᠴᠢᠯᠠᠯᠳᠠ ᠶᠢᠨ ᠰᠢᠷᠤᠬᠦᠨ | ᠳᠠᠭᠠᠷᠢᠯᠳᠠ᠂ ᠰᠢᠯᠭᠠᠯᠳᠠ ᠶᠢ ᠠᠷᠭᠠᠴᠠᠭᠠᠬᠤ ᠰᠤᠷᠭᠠᠨ ᠬᠦᠮᠤᠵᠢᠯ ᠤᠨ ᠭᠡᠮ ᠰᠤᠭᠤᠭ᠂ ᠭᠡᠷ ᠪᠦᠯᠢ ᠶᠢᠨ | ᠬᠦᠮᠤᠵᠢᠯ ᠤᠨ ᠴᠠᠯᠠᠭᠠᠶᠢᠳᠠᠯ ᠵᠡᠷᠭᠡ ᠪᠠᠶᠠᠴᠢ ᠪᠠ ᠪᠤᠰᠤᠳᠴᠢ ᠰᠢᠯᠳᠠᠭᠠᠨ ᠠᠴᠠ ᠪᠤᠯᠵᠤ ᠠᠯᠢ ᠤᠯᠠᠨ ᠪᠤᠯᠪᠠᠰᠤᠨ | ᠰᠡᠶᠢᠬᠠᠨ ᠶᠤᠰᠤ ᠵᠠᠩᠰᠢᠯ ᠤᠮᠳᠤᠭᠠᠶᠢᠯᠠᠭᠳᠠᠭᠰᠠᠨ ᠪᠠᠶᠢᠳᠠᠭ᠂ ᠡᠶᠢᠮᠤᠷᠬᠦᠤ ᠪᠠᠶᠢᠳᠠᠯ ᠳᠤ ᠰᠤᠷᠭᠠᠭᠤᠯᠢ ᠶᠢᠨ ᠰᠤᠷᠬᠤ | ᠪᠢᠴᠢᠭ ᠢ ᠨᠠᠶᠢᠷᠠᠭᠤᠯᠤᠨ ᠭᠢᠴᠢᠶᠡᠯᠯᠡᠭᠰᠡᠨ ᠶᠠᠪᠤᠳᠠᠯ ᠨᠢ ᠠᠮᠤᠷ ᠮᠠᠨᠳᠤ ᠠᠰᠠᠭᠤᠬᠤ᠂ ᠠᠬᠠᠮᠠᠳ ᠨᠠᠰᠤᠳᠠᠨ ᠢᠶᠠᠨ | ᠬᠦᠨᠳᠤᠯᠡᠬᠦ᠂ ᠪᠤᠰᠤᠳ ᠲᠤ ᠳᠠᠯᠠᠷᠬᠠᠯ ᠳᠡᠪᠰᠢᠬᠦᠯᠬᠦ᠂ ᠰᠢᠨᠡᠯᠡᠬᠦ᠂ ᠪᠢᠳᠡᠬᠦᠯᠡᠬᠦ ᠶᠤᠰᠤ ᠵᠠᠩᠰᠢᠯ᠂ ᠬᠠᠳᠠᠭᠯᠠᠵᠤ | ᠬᠦᠬᠦᠷ ᠰᠤᠯᠢᠯᠴᠠᠬᠤ ᠶᠤᠰᠤ᠂ ᠢᠳᠡᠭᠡᠨ ᠤᠮᠳᠠᠭᠠᠨ ᠤ ᠵᠠᠩᠰᠢᠯ ᠵᠢᠴᠢ ᠴᠡᠭᠡᠷ ᠬᠤᠷᠢᠭ᠎ᠠ᠂ ᠠᠭᠤᠯᠠ ᠬᠠᠶᠢᠷᠬᠠᠨ | ᠤᠰᠤ ᠮᠦᠷᠡᠨ ᠢᠶᠠᠨ ᠳᠡᠭᠡᠳᠤᠯᠡᠬᠦ᠂ ᠡᠪᠡᠰᠤ ᠤᠷᠭᠤᠮᠠᠯ ᠴᠢᠯᠠᠭᠤ ᠮᠤᠳᠤ ᠪᠠᠨ ᠬᠠᠶᠢᠷᠠᠯᠠᠨ ᠬᠠᠮᠠᠭᠠᠯᠠᠬᠤ ᠵᠡᠷᠭᠡ | ᠦᠷᠭᠡᠨ ᠴᠠᠷᠠᠭ᠎ᠠ ᠳᠤ ᠶᠤᠰᠤ ᠤᠯᠠᠮᠵᠢᠯᠠᠨ ᠮᠤᠷᠠᠯ ᠰᠤᠷᠳᠠᠯᠴᠢᠯᠠᠵᠤ᠂ ᠵᠠᠯᠠᠭᠤᠴᠤᠳ ᠪᠠᠭᠠᠴᠤᠳ ᠤᠨ | ᠦᠨᠳᠤᠰᠤᠳᠡᠨ ᠤ ᠪᠠᠨ ᠪᠣᠯᠪᠠᠰᠤᠨ ᠰᠤᠶᠤᠯ ᠢ ᠦᠪᠯᠡᠵᠤ᠂ ᠪᠤᠯᠪᠠᠰᠤᠨ ᠵᠠᠩ ᠳᠠᠳᠬᠠᠯ ᠢ ᠡᠷᠭᠢᠮᠯᠡᠬᠦ ᠳᠤ ᠢᠳᠡᠪᠭᠢ | ᠦᠢᠯᠡᠳᠤᠯ ᠦᠵᠡᠬᠦᠯᠵᠤ᠂ ᠭᠡᠷ ᠪᠦᠯᠢ᠂ ᠨᠠᠶᠢᠭᠡᠮ ᠨᠠᠶᠢᠳᠠ ᠶᠢᠨ ᠮᠠᠭᠳᠠᠭᠠᠯ ᠰᠡᠶᠢᠰᠢᠶᠡᠯ ᠢ ᠤᠯᠵᠤ ᠪᠠᠶᠢᠨ᠎ᠠ᠃ | 3. ᠰᠤᠷᠤᠭᠴᠢᠳ ᠤᠨ ᠦᠨᠳᠤᠰᠤᠳᠡᠨ ᠤ ᠳᠡᠤᠭᠡ ᠪᠠᠨ ᠮᠡᠳᠡᠵᠦ ᠦᠢᠯᠠᠭᠠᠬᠤ ᠳᠤ ᠠᠩᠬᠠᠨ ᠤ ᠵᠠᠮᠴᠢ ᠪᠤᠯᠪᠠ᠃ | ᠤᠯᠤᠰ ᠤᠨ ᠰᠤᠷᠬᠤ ᠪᠢᠴᠢᠭ ᠲᠤ ᠮᠤᠩᠭᠤᠯ ᠳᠡᠤᠭᠡ ᠶᠢᠨ ᠠᠭᠤᠯᠭ᠎ᠠ ᠪᠠᠶᠢᠳᠠᠭ ᠪᠤᠯᠪᠠᠴᠤ ᠬᠠᠭᠤᠳᠠᠰᠤ ᠶᠢᠨ | ᠭᠢᠵᠠᠭᠠᠷᠯᠠᠯ ᠠᠴᠠ ᠪᠤᠯᠵᠤ ᠬᠦᠨᠴᠠ ᠲᠠᠢ᠂ ᠦᠷᠭᠡᠨ ᠳᠡᠯᠭᠡᠷ ᠳᠠᠨᠢᠯᠴᠠᠭᠤᠯᠬᠤ ᠪᠤᠯᠤᠯᠴᠠᠭ᠎ᠠ ᠦᠭᠡᠢ ᠶᠤᠮ᠃ | ᠰᠤᠷᠭᠠᠭᠤᠯᠢ ᠶᠢᠨ ᠰᠤᠷᠬᠤ ᠪᠢᠴᠢᠭ᠂ ᠡᠭᠦᠨ ᠢ ᠵᠤᠭᠢᠬᠤ ᠭᠡᠮᠵᠢᠶᠠᠨ ᠳᠤ ᠨᠦᠭᠦᠪᠤᠷᠢᠯᠡᠵᠡᠢ᠂ ᠡᠳᠡᠭᠡᠷ ᠢ ᠮᠤᠩᠭᠤᠯ | ᠦᠨᠳᠤᠰᠤᠳᠡᠨ ᠤ ᠡᠬᠦᠰᠤᠯ ᠭᠠᠷᠤᠯ ᠢ ᠦᠬᠦᠯᠡᠭᠰᠡᠨ᠂ ᠶᠡᠭᠡ ᠮᠤᠩᠭᠤᠯ ᠤᠯᠤᠰ ᠤᠨ ᠬᠠᠭᠠᠳ ᠢ ᠳᠠᠨᠢᠯᠴᠠᠭᠤᠯᠤᠭᠰᠠᠨ᠂ | ᠮᠤᠩᠭᠤᠯ ᠦᠨᠳᠤᠰᠤᠳᠡᠨ ᠤ ᠠᠷᠪᠠᠨ ᠶᠡᠭᠡ ᠰᠢᠨᠵᠢᠯᠡᠬᠦ ᠤᠬᠠᠭᠠᠨᠳᠠᠨ ᠳᠤ ᠳᠠᠨᠢᠯᠴᠠᠭᠤᠯᠭ᠎ᠠ ᠭᠢᠭᠰᠡᠨ ᠵᠡᠷᠭᠡ ᠠᠴᠠ | ᠮᠡᠳᠡᠵᠤ ᠪᠤᠯᠤᠨ᠎ᠠ᠃ ᠭᠡᠯᠡᠯᠭᠡᠨ ᠦᠭᠡᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠵᠤᠷᠢᠭᠤᠯᠤᠭᠰᠠᠨ | ᠰᠤᠷᠭᠠᠭᠤᠯᠢ ᠶᠢᠨ ᠰᠤᠷᠬᠤ ᠪᠢᠴᠢᠭ ᠪᠤᠯᠤᠭᠰᠠᠨ ᠤ ᠬᠤᠪᠢ ᠳᠤ ᠮᠤᠩᠭᠤᠯ ᠤᠨ ᠳᠡᠤᠭᠡ ᠶᠢ ᠪᠦᠬᠦ ᠳᠠᠯ᠎ᠠ ᠪᠠᠷ᠂ | ᠰᠢᠰᠲ᠋ᠧᠮ ᠲᠠᠢ ᠳᠠᠨᠢᠯᠴᠠᠭᠤᠯᠵᠤ ᠪᠠᠰᠠ ᠴᠢᠳᠠᠭᠰᠠᠨ ᠦᠭᠡᠢ᠃ ᠭᠡᠪᠡᠴᠦ ᠵᠠᠯᠠᠭᠤᠴᠤᠳ ᠪᠠᠭᠠᠴᠤᠳ ᠤᠨ | ᠦᠨᠳᠤᠰᠤᠳᠡᠨ ᠤ ᠪᠠᠨ ᠳᠡᠤᠭᠡ ᠲᠠᠢ ᠳᠠᠨᠢᠯᠴᠠᠬᠤ ᠳᠤ᠂ ᠦᠨᠳᠤᠰᠤᠳᠡᠨ ᠢᠶᠠᠨ ᠪᠠᠭ᠋ᠠᠷᠬᠠᠬᠤ ᠰᠡᠳᠭᠢᠯᠭᠡ ᠶᠢ | ᠬᠦᠮᠤᠵᠢᠬᠦᠯᠬᠦ ᠳᠤ ᠤᠮᠳᠤᠭᠠᠶᠢᠯᠠᠵᠤ ᠪᠤᠯᠤᠰᠢ ᠦᠭᠡᠢ ᠦᠢᠯᠡᠳᠦᠯ ᠦᠵᠡᠭᠦᠯᠦᠭᠰᠡᠨ ᠪᠢᠯᠡ᠃ | 4. ᠰᠤᠷᠤᠭᠴᠢᠳ ᠤᠨ ᠰᠤᠶᠤᠯ ᠢᠶᠠᠨ ᠦᠢᠯᠠᠭᠠᠬᠤ ᠳᠤ ᠳᠤᠰᠠᠯᠠᠮᠵᠢ ᠪᠤᠯᠪᠠ᠃ ᠠᠯᠠᠱᠠ ᠶᠢᠨ ᠮᠤᠩᠭᠤᠯ | ᠦᠨᠳᠤᠰᠤᠳᠡᠨ ᠤ ᠳᠤᠮᠳᠠᠳᠤ ᠪᠠᠭ᠎ᠠ ᠰᠤᠷᠭᠠᠭᠤᠯᠢ ᠨᠤᠭᠤᠳ ᠰᠤᠷᠭᠠᠭᠤᠯᠢ ᠶᠢᠨ ᠰᠤᠷᠬᠤ ᠪᠢᠴᠢᠭ ᠢ ᠨᠠᠶᠢᠷᠠᠭᠤᠯᠤᠨ | ᠠᠰᠢᠭᠯᠠᠯᠳᠠ ᠳᠤ ᠤᠷᠤᠭᠤᠯᠤᠭᠰᠠᠨ ᠶᠠᠪᠤᠳᠠᠯ ᠨᠢ ᠰᠤᠷᠤᠭᠴᠢᠳ ᠤᠨ ᠦᠨᠳᠤᠰᠤᠳᠡᠨ ᠤ ᠪᠠᠨ ᠳᠡᠤᠭᠡ ᠶᠢ ᠰᠤᠷᠴᠤ | ᠮᠡᠳᠡᠬᠦ ᠳᠤ ᠵᠠᠮᠴᠢ ᠶᠢᠨ ᠦᠢᠯᠡᠳᠤᠯ ᠦᠵᠡᠬᠦᠯᠤᠭ᠍ᠰᠡᠨ ᠢᠶᠠᠷ ᠪᠠᠷᠠᠬᠤ ᠦᠭᠡᠢ ᠳᠠᠯᠠᠢ ᠪᠠᠶᠠᠨ ᠦᠪ ᠰᠤᠶᠤᠯ ᠢᠶᠠᠨ | ᠦᠢᠯᠠᠭᠠᠬᠤ ᠳᠤ ᠴᠤ ᠳᠤᠰᠠᠯᠠᠮᠵᠢ ᠪᠤᠯᠪᠠ᠃ ᠤᠳᠤᠬᠠᠨ ᠤ ᠮᠤᠩᠭᠤᠯ ᠰᠤᠶᠤᠯ ᠭᠡᠭᠡᠭᠳᠡᠵᠦ ᠤᠷᠭᠢᠭᠳᠠᠵᠤ ᠪᠠᠶᠢᠭ᠎ᠠ | ᠪᠠᠶᠢᠳᠠᠯ ᠳᠤ ᠴᠢᠭᠯᠡᠬᠦᠯᠤᠨ ᠡᠯ᠎ᠡ ᠰᠤᠷᠭᠠᠭᠤᠯᠢ ᠰᠤᠷᠬᠤ ᠪᠢᠴᠢᠭ ᠲᠤ ᠪᠠᠨ ᠮᠤᠩᠭᠤᠯ ᠭᠡᠷ ᠤᠨ ᠰᠤᠶᠤᠯ᠂ ᠭᠠᠯ | ᠭᠤᠯᠤᠮᠳᠠ ᠶᠢᠨ ᠰᠤᠶᠤᠯ᠂ ᠮᠠᠯᠵᠢᠯ ᠰᠤᠶᠤᠯ᠂ ᠤᠪᠤᠭᠠᠨ ᠰᠤᠶᠤᠯ᠂ ᠴᠠᠭᠠᠨ ᠢᠳᠡᠭᠡᠨ ᠤ ᠰᠤᠶᠤᠯ᠂ ᠤᠯᠠᠭᠠᠨ | ᠢᠳᠡᠭᠡᠨ ᠤ ᠰᠤᠶᠤᠯ᠂ ᠱᠠᠭ᠎ᠠ ᠶᠢᠨ ᠰᠤᠶᠤᠯ ᠁ ᠵᠡᠷᠭᠡ ᠶᠢ ᠠᠳᠠᠯᠢ ᠪᠤᠰᠤ ᠵᠤᠭᠰᠤᠴᠠ ᠪᠤᠶᠤ ᠬᠠᠷᠠᠭᠠᠰᠤ ᠠᠴᠠ | ᠳᠠᠨᠢᠯᠴᠠᠭᠤᠯᠤᠭᠰᠠᠨ ᠨᠢ ᠰᠤᠷᠤᠭᠴᠢᠳ ᠤᠨ ᠦᠨᠳᠤᠰᠤᠳᠡᠨ ᠤ ᠪᠠᠨ ᠰᠤᠶᠤᠯ ᠲᠠᠢ ᠨᠠᠯᠢᠶᠠᠳ ᠦᠷᠭᠡᠨ ᠭᠡᠪᠴᠢᠶᠠᠨ ᠳᠤ | ᠳᠠᠨᠢᠯᠴᠠᠬᠤ ᠳᠤ ᠳᠤᠰᠠᠯᠠᠮᠵᠢ ᠪᠣᠯᠵᠤ ᠴᠢᠳᠠᠵᠠᠢ᠃ | 5. ᠰᠤᠷᠤᠭᠴᠢᠳ ᠤᠨ ᠬᠡᠯᠡ ᠶᠢ ᠪᠠᠶᠠᠯᠢᠬᠵᠢᠭᠤᠯᠪᠠ᠃ ᠰᠤᠷᠭᠠᠭᠤᠯᠢ ᠶᠢ ᠳᠦᠪᠯᠡᠷᠡᠬᠦᠯᠤᠨ ᠡᠷᠭᠢᠯᠡᠬᠦ ᠪᠠ | ᠬᠤᠳᠠᠴᠢᠯᠠᠯᠳᠠ ᠠᠴᠠ ᠪᠤᠯᠵᠤ ᠭᠡᠤᠭᠡᠳ ᠤᠨ ᠭᠡᠯᠡᠨ ᠤ ᠮᠡᠳᠡᠷᠡᠮᠵᠢ ᠮᠠᠭᠤᠳᠠᠵᠤ᠂ ᠴᠡᠪᠡᠷ ᠮᠤᠩᠭᠤᠯ ᠭᠡᠯ᠎ᠠ ᠲᠠᠢ | ᠭᠡᠤᠭᠡᠳ ᠴᠦᠭᠡᠷᠡᠭᠦ ᠬᠠᠨᠳᠤᠰᠢ ᠲᠠᠢ ᠪᠤᠯᠤᠭᠰᠠᠨ ᠪᠠᠶᠢᠨ᠎ᠠ᠃ ᠡ᠊ᠨᠡ ᠬᠦ ᠪᠤᠳᠠᠳᠤ ᠪᠠᠶᠢᠳᠠᠯ ᠳᠤ ᠬᠠᠨᠳᠤᠵᠤ᠂ | ᠰᠤᠷᠭᠠᠭᠤᠯᠢ ᠶᠢᠨ ᠰᠤᠷᠬᠤ ᠪᠢᠴᠢᠭ ᠨᠠᠶᠢᠷᠠᠭᠤᠯᠬᠤ ᠳᠤ ᠪᠠᠨ ᠠᠷᠠᠳ ᠤᠨ ᠠᠮᠠᠨ ᠵᠤᠭᠢᠶᠠᠯ ᠤᠨ ᠦᠪ ᠢ | ᠴᠢᠬᠤᠯᠠᠴᠢᠯᠠᠵᠤ᠂ ᠵᠦᠢᠷ ᠰᠡᠴᠡᠨ ᠦᠭᠡ᠂ ᠤᠨᠢᠰᠤᠭ᠎ᠠ ᠳᠠᠭᠠᠪᠤᠷᠢ᠂ ᠠᠮᠠᠨ ᠦᠯᠢᠭᠡᠷ᠂ ᠠᠷᠠᠳ ᠤᠨ ᠳᠠᠭᠤᠤ᠂ | ᠭᠡᠯ᠎ᠠ ᠵᠦᠭᠰᠢᠷᠡᠬᠦᠯᠬᠦ ᠦᠭᠡ᠂ ᠳᠠᠭᠠᠷᠢᠯᠴᠠᠭ᠎ᠠ ᠵᠡᠷᠭᠡ ᠶᠢ ᠵᠤᠭᠢᠬᠤ ᠭᠡᠮᠵᠢᠶ᠎ᠠ ᠪᠠᠷ ᠰᠤᠩᠭᠤᠯᠳᠠ ᠲᠠᠢ ᠪᠠᠷ ᠤᠷᠤᠭᠤᠯᠤᠨ | ᠵᠢᠭᠠᠨ ᠰᠤᠷᠭᠠᠯᠳᠠ ᠳᠤ ᠠᠰᠢᠭᠯᠠᠭᠰᠠᠨ ᠶᠠᠪᠤᠳᠠᠯ ᠨᠢ ᠰᠤᠷᠤᠭᠴᠢᠳ ᠤᠨ ᠭᠡᠯᠡ ᠰᠤᠶᠤᠯ ᠢᠶᠠᠨ ᠳᠡᠭᠡᠳᠤᠯᠡᠬᠦ᠂ | ᠦᠭᠡᠰ ᠤᠨ ᠰᠠᠩ ᠢᠶᠠᠨ ᠪᠠᠶᠠᠯᠢᠬᠵᠢᠭᠤᠯᠬᠤ᠂ ᠠᠷᠠᠳ ᠤᠨ ᠠᠮᠠᠨ ᠶᠠᠷᠢᠶᠠᠨ ᠤ ᠰᠤᠶᠤᠯ ᠢ ᠰᠤᠷᠤᠯᠴᠠᠵᠤ ᠭᠡᠯᠡᠨ ᠤ | ᠮᠠᠳᠠᠷᠠᠮᠵᠢ ᠪᠠᠨ ᠳᠡᠭᠡᠭᠰᠢᠯᠡᠬᠦᠯᠬᠦ ᠳᠤ ᠴᠢᠬᠤᠯᠠ ᠦᠢᠯᠡᠳᠤᠯ ᠦᠵᠡᠬᠦᠯᠬᠦ ᠪᠤᠯᠤᠭᠰᠠᠨ ᠪᠠᠶᠢᠨ᠎ᠠ᠃ | 6. ᠰᠤᠷᠭᠠᠭᠤᠯᠢ ᠶᠢᠨ ᠰᠤᠷᠬᠤ ᠪᠢᠴᠢᠭ ᠪᠤᠯᠤᠨ ᠬᠤᠶᠠᠳᠤᠭᠠᠷ ᠭᠢᠴᠢᠶᠠᠯ ᠤᠨ ᠳᠠᠩᠭᠢᠮ ᠤᠨ ᠠᠵᠢᠯᠯᠠᠭ᠎ᠠ | ᠬᠠᠷᠢᠯᠴᠠᠨ ᠠᠭᠤᠰᠤᠯᠴᠠᠵᠤ᠂ ᠦᠨᠳᠤᠰᠤᠳᠡᠨ ᠤ ᠰᠤᠶᠤᠯ ᠢᠶᠠᠨ ᠦᠪᠯᠡᠬᠦ ᠶᠢ ᠠᠭᠢᠭᠤᠯᠪᠠ᠃ ᠦᠢᠷ᠎ᠡ ᠳᠤ᠂ ᠵᠢᠯ | ᠳᠤᠳᠤᠮ ᠶᠠᠪᠤᠭᠳᠠᠬᠤ ᠪᠤᠯᠤᠭᠰᠠᠨ ᠠᠯᠠᠱᠠ ᠪᠠᠷᠠᠭᠤᠨ ᠬᠤᠰᠢᠭᠤᠨ ᠤ ᠮᠤᠩᠭᠤᠯ ᠳᠤᠮᠳᠠᠳᠤ ᠰᠤᠷᠭᠠᠭᠤᠯᠢ ᠶᠢᠨ ︽ | ᠮᠤᠩᠭᠤᠯ ᠤᠨ ᠨᠢᠭᠤᠴᠠ ᠳᠤᠪᠴᠢᠶᠠᠨ︾ ᠤ ᠤᠷᠠᠨ ᠳᠤᠳᠤ ᠤᠩᠰᠢᠯᠭ᠎ᠠ ᠶᠢᠨ ᠤᠷᠤᠯᠳᠤᠭᠠᠨ᠂ ᠠᠯᠠᠱᠠ ᠵᠠᠬᠦᠨ | ᠬᠤᠰᠢᠭᠤᠨ ᠤ ᠮᠤᠩᠭᠤᠯ ᠰᠤᠷᠭᠠᠭᠤᠯᠢ ᠶᠢᠨ ︽ᠮᠦᠩᠬᠦᠨ ᠳᠦᠷᠤᠭᠡ︾ ᠰᠢᠯᠦᠭ ᠤᠨ ᠤᠷᠤᠯᠳᠤᠭᠠᠨ᠂ ᠠᠯᠠᠱᠠ | ᠮᠤᠩᠭᠤᠯ ᠦᠨᠳᠤᠰᠤᠳᠡᠨ ᠤ ᠪᠦᠷᠢᠨ ᠳᠤᠮᠳᠠᠳᠤ ᠰᠤᠷᠭᠠᠭᠤᠯᠢ ᠶᠢᠨ ︽ᠳᠠᠩᠰᠤᠭ ᠭᠡᠯᠡᠨ ᠤ ᠴᠤᠤᠷᠢᠶ᠎ᠠ︾ | ᠬᠦᠳᠤᠯᠤᠭ᠍ᠴᠢ ᠨᠡᠪᠳᠡᠷᠡᠬᠦᠯᠤᠭ᠍ᠴᠢ ᠶᠢᠨ ᠤᠷᠤᠯᠳᠤᠭᠠᠨ᠂ ᠡᠵᠡᠨ᠎ᠡ ᠬᠤᠰᠢᠭᠤᠨ ᠤ ᠮᠤᠩᠭᠤᠯ ᠰᠤᠷᠭᠠᠭᠤᠯᠢ ᠶᠢᠨ ︽ | ᠶᠤᠰᠤ ᠲᠠᠢ ᠮᠤᠩᠭᠤᠯ︾ ᠵᠠᠩ ᠦᠢᠯᠡ ᠶᠢᠨ ᠦᠵᠡᠬᠦᠯᠭᠡ ᠪᠤᠯᠤᠨ ᠤᠷᠤᠯᠳᠤᠭᠠᠨ ᠵᠡᠷᠭᠡ ᠠᠯᠢ ᠤᠯᠠᠨ | ᠦᠨᠳᠤᠰᠤᠳᠡᠨ ᠤ ᠤᠨᠴᠠᠯᠢᠭ᠂ ᠤᠷᠤᠨ ᠨᠤᠳᠤᠭ ᠤᠨ ᠤᠨᠴᠠᠯᠢᠭ ᠪᠠ ᠰᠤᠷᠭᠠᠭᠤᠯᠢ ᠶᠢᠨ ᠤᠨᠴᠠᠯᠢᠭ ᠪᠦᠬᠦᠢ | ᠬᠤᠶᠠᠳᠤᠭᠠᠷ ᠭᠢᠴᠢᠶᠠᠯ ᠤᠨ ᠳᠠᠩᠭᠢᠮ ᠤᠨ ᠠᠵᠢᠯᠯᠠᠭ᠎ᠠ ᠨᠢ ᠰᠤᠷᠭᠠᠭᠤᠯᠢ ᠶᠢᠨ ᠰᠤᠷᠬᠤ ᠪᠢᠴᠢᠭ ᠲᠠᠢ ᠤᠷᠭᠠᠨᠢᠭ ᠢᠶᠠᠷ | ᠤᠶᠠᠯᠳᠤᠵᠤ᠂ ᠵᠠᠯᠠᠭᠤᠴᠤᠳ ᠪᠠᠭᠠᠴᠤᠳ ᠤᠨ ᠦᠨᠳᠤᠰᠤᠳᠡᠨ ᠤ ᠪᠠᠨ ᠰᠤᠶᠤᠯ ᠳᠡᠤᠭᠡ ᠲᠠᠢ ᠳᠠᠨᠢᠯᠴᠠᠬᠤ ᠶᠢ | ᠠᠭᠢᠭᠤᠯᠤᠭᠰᠠᠨ ᠪᠠᠶᠢᠨ᠎ᠠ᠃ ᠢᠯᠠᠩᠭᠤᠶ᠎ᠠ ᠰᠤᠷᠭᠠᠭᠤᠯᠢ ᠶᠢᠨ ᠰᠤᠷᠬᠤ ᠪᠢᠴᠢᠭ ᠤᠨ ᠠᠭᠤᠯᠭ᠎ᠠ ᠨᠢ ᠠᠯᠠᠱᠠ | ᠨᠤᠳᠤᠭ ᠲᠤ 2005 ᠤᠨ ᠠᠴᠠ ᠡᠭᠢᠯᠡᠨ ᠤᠷᠢᠳ ᠬᠤᠵᠢᠳ ᠵᠤᠭᠢᠶᠠᠨ ᠪᠠᠶᠢᠭᠤᠯᠤᠭᠳᠠᠵᠤ᠂ ᠪᠦᠬᠦ ᠠᠶᠢᠮᠠᠭ ᠤᠨ | ᠮᠤᠩᠭᠤᠯ ᠳᠤᠮᠳᠠᠳᠤ ᠪᠠᠭ᠎ᠠ ᠰᠤᠷᠭᠠᠭᠤᠯᠢ᠂ ᠭᠡᠤᠭᠡᠳ ᠤᠨ ᠴᠡᠴᠡᠷᠯᠢᠭ ᠤᠨ ᠰᠤᠷᠤᠭᠴᠢᠳ ᠤᠨ ᠳᠤᠮᠳᠠ ᠪᠠᠶᠢᠩᠭᠤ | ᠶᠠᠪᠤᠭᠳᠠᠬᠤ ᠪᠤᠯᠤᠭᠰᠠᠨ ︽ᠠᠯᠠᠱᠠ ᠠᠶᠠᠯᠭᠤ︾ ᠬᠤᠨᠳᠠᠭᠠᠳᠤ ᠠᠷᠠᠳ ᠤᠨ ᠳᠠᠭᠤᠤ᠂ ︽ᠱᠠᠯᠪᠢᠩ︾ ᠨᠠᠷᠠᠮᠵᠢᠳᠤ | ᠱᠠᠯᠪᠤᠷ ᠪᠦᠭᠡ᠂ ︽ᠰᠦᠮᠪᠤᠷ ᠤᠪᠤᠭ᠎ᠠ︾ ᠬᠤᠨᠳᠠᠭᠠᠳᠤ ᠮᠤᠩᠭᠤᠯ ᠪᠦᠭᠡ᠂ ︽ᠪᠤᠳᠤᠭᠤᠨ ᠪᠦᠢᠯᠠᠭᠠ︾ | ᠠᠷᠠᠳ ᠤᠨ ᠠᠮᠠᠨ ᠵᠤᠭᠢᠶᠠᠯ᠂ ︽ᠬᠠᠨ ᠭᠡᠰᠢᠭ︾ ᠢᠷᠤᠭᠡᠯ ᠮᠠᠭᠳᠠᠭᠠᠯ᠂ ︽ᠳᠡᠭᠷᠢ ᠠᠴᠠ ᠰᠤᠶᠤᠷᠬᠠᠯᠳᠤ︾ | ᠬᠤᠨᠳᠠᠭᠠᠳᠤ ᠳᠤᠪᠰᠢᠭᠤᠷ᠂ ︽ᠬᠦᠯᠦᠭ︾ ᠬᠤᠨᠳᠠᠭᠠᠳᠤ ᠮᠤᠩᠭᠤᠯ ᠰᠢᠳᠠᠷ᠎ᠠ᠂ ︽ᠳ᠋ᠠᠨᠳᠠᠷ︾ ᠨᠡᠷᠡᠮᠵᠢᠳᠤ | ᠰᠢᠯᠦᠭ ᠤᠨ ᠤᠷᠠᠨ ᠤᠩᠰᠢᠯᠭ᠎ᠠ ᠵᠡᠷᠭᠡ ᠨᠡᠢᠮᠠᠨ ᠳᠦᠷᠤᠯ ᠤᠨ ᠤᠷᠤᠯᠳᠤᠭᠠᠨ ᠲᠠᠢ ᠨᠢᠭᠳᠠ ᠠᠭᠤᠰᠤᠯᠴᠠᠨ᠂ | ᠰᠤᠷᠤᠭᠴᠢᠳ ᠤᠨ ᠦᠨᠳᠤᠰᠤᠳᠡᠨ ᠤ ᠪᠠᠨ ᠰᠤᠶᠤᠯ ᠢᠶᠠᠨ ᠳᠡᠭᠡᠳᠤᠯᠡᠨ ᠦᠪᠯᠡᠬᠦ᠂ ᠵᠠᠯᠭᠠᠮᠵᠢᠯᠠᠨ ᠪᠠᠳᠠᠷᠠᠭᠤᠯᠬᠤ | ᠤᠬᠠᠮᠰᠠᠷ ᠢ ᠬᠦᠮᠤᠵᠢᠬᠦᠯᠤᠨ ᠳᠠᠶᠢᠴᠢᠯᠠᠬᠤ ᠳᠤ ᠢᠳᠡᠪᠭᠢ ᠦᠢᠯᠡᠳᠤᠯ ᠦᠵᠡᠬᠦᠯᠵᠤ ᠪᠠᠶᠢᠨ᠎ᠠ᠃ | ᠰᠤᠷᠭᠠᠭᠤᠯᠢ ᠶᠢᠨ ᠰᠤᠷᠬᠤ ᠪᠢᠴᠢᠭ ᠤᠨ ᠪᠠᠶᠢᠭᠤᠯᠤᠯᠳᠠ ᠨᠢ ᠵᠠᠯᠠᠭᠤᠴᠤᠳ ᠪᠠᠭᠠᠴᠤᠳ ᠤᠨ | ᠦᠨᠳᠤᠰᠤᠳᠡᠨ ᠤ ᠪᠠᠨ ᠳᠡᠤᠭᠡ ᠰᠤᠶᠤᠯ ᠢ ᠦᠢᠯᠠᠭᠠᠵᠤ ᠮᠡᠳᠡᠬᠦ ᠳᠤ ᠨᠡᠯᠢᠶᠡᠳ ᠦᠷᠭᠡᠨ ᠪᠤᠯᠤᠮᠵᠢ ᠶᠢ ᠬᠠᠩᠭᠠᠭᠰᠠᠨ | ᠢᠳᠡᠪᠭᠢ ᠳᠠᠯ᠎ᠠ ᠪᠠᠶᠢᠬᠤ ᠠᠴᠠ ᠭᠠᠳᠠᠨ᠎ᠠ ᠰᠤᠷᠬᠤ ᠪᠢᠴᠢᠭ ᠢᠶᠠᠨ ᠴᠠᠭᠠᠰᠢᠳᠠ ᠳᠡᠬᠦᠯᠳᠡᠷᠵᠢᠬᠦᠯᠤᠨ ᠰᠢᠰᠲ᠋ᠧᠮᠵᠢᠬᠦᠯᠬᠦ᠂ | ᠭᠢᠴᠢᠶᠡᠯᠯᠡᠬᠦ ᠴᠠᠭ ᠢ ᠪᠠᠳᠤᠯᠠᠬᠤ᠂ ᠳᠤᠰᠬᠠᠢ ᠪᠠᠭᠰᠢ ᠳᠤᠭᠢᠷᠠᠭᠤᠯᠬᠤ᠂ ᠦᠨᠳᠤᠰᠤᠳᠡᠨ ᠤ ᠳᠡᠤᠭᠡ ᠰᠤᠶᠤᠯ ᠤᠨ | ᠠᠭᠤᠯᠭ᠎ᠠ ᠶᠢ ᠪᠤᠰᠤᠳ ᠭᠢᠴᠢᠶᠠᠯ ᠳᠦᠷᠤᠯ ᠳᠤ ᠠᠭᠤᠰᠬᠠᠬᠤ ᠵᠡᠷᠭᠡ ᠳᠠᠯ᠎ᠠ ᠪᠠᠷ ᠠᠩᠬᠠᠷᠤᠨ ᠰᠦᠪᠡᠭᠴᠢᠯᠡᠯᠳᠡ ᠭᠢᠬᠦ | ᠴᠢᠬᠤᠯᠠᠳᠠᠢ ᠪᠠᠶᠢᠭ᠎ᠠ ᠶᠢ ᠳᠤᠷᠠᠳᠬᠤ ᠳᠤ ᠢᠯᠡᠬᠦᠳᠡᠬᠦ ᠤᠴᠢᠷ ᠦᠭᠡᠢ᠃ | ᠭᠤᠷᠪᠠ᠂ ᠰᠤᠷᠬᠤ ᠪᠢᠴᠢᠭ ᠤᠨ ᠨᠡᠶᠢᠭᠡᠮ ᠳᠤ ᠬᠢ ᠨᠦᠯᠤᠭᠡ ᠳᠤᠰᠬᠠᠯ | ᠠᠯᠠᠱᠠ ᠶᠢᠨ ᠮᠤᠩᠭᠤᠯ ᠰᠤᠷᠭᠠᠭᠤᠯᠢ ᠨᠤᠭᠤᠳ ᠰᠤᠷᠭᠠᠭᠤᠯᠢ ᠶᠢᠨ ᠰᠤᠷᠬᠤ ᠪᠢᠴᠢᠭ ᠤᠨ ᠪᠠᠶᠢᠭᠤᠯᠤᠯᠳᠠ ᠶᠢ | ᠬᠦᠨᠳᠤᠳᠭᠡᠵᠤ᠂ ᠬᠦᠮᠤᠨ ᠤ ᠬᠦᠴᠤ᠂ ᠡᠳ᠋ ᠤᠨ ᠬᠦᠴᠤ ᠶᠢ ᠳᠤᠭᠢᠷᠠᠭᠤᠯᠤᠨ ᠦᠨᠳᠤᠰᠤᠳᠡᠨ ᠤ ᠤᠨᠴᠠᠯᠢᠭ᠂ ᠤᠷᠤᠨ | ᠨᠤᠳᠤᠭ ᠤᠨ ᠤᠨᠴᠠᠯᠢᠭ ᠪᠠ ᠰᠤᠷᠭᠠᠭᠤᠯᠢ ᠶᠢᠨ ᠪᠤᠳᠠᠳᠤ ᠪᠠᠶᠢᠳᠠᠯ ᠳᠤ ᠨᠡᠶᠢᠴᠡᠭᠰᠡᠨ ᠰᠤᠷᠬᠤ ᠪᠢᠴᠢᠭ ᠢ | ᠨᠠᠶᠢᠷᠠᠭᠤᠯᠵᠤ ᠠᠰᠢᠭᠯᠠᠯᠳᠠ ᠳᠤ ᠤᠷᠤᠭᠤᠯᠤᠭᠰᠠᠨ ᠶᠠᠪᠤᠳᠠᠯ ᠨᠢ ᠦᠨᠳᠤᠰᠤᠳᠡᠨ ᠤ ᠪᠠᠨ ᠳᠡᠤᠭᠡ ᠰᠤᠶᠤᠯ ᠢ | ᠤᠯᠠᠮᠵᠢᠯᠠᠨ ᠦᠪᠯᠡᠬᠦᠯᠵᠤ᠂ ᠰᠤᠷᠳᠠᠯᠴᠢᠯᠠᠨ ᠬᠠᠮᠠᠭᠠᠯᠠᠬᠤ ᠳᠤ ᠢᠳᠡᠪᠭᠢ ᠦᠢᠯᠡᠳᠤᠯ ᠦᠵᠡᠬᠦᠯᠤᠭ᠍ᠰᠡᠨ ᠢᠶᠠᠷ ᠪᠠᠷᠠᠬᠤ | ᠦᠭᠡᠢ ᠨᠡᠶᠢᠭᠡᠮ ᠨᠠᠶᠢᠳᠠ᠂ ᠭᠡᠷ ᠪᠦᠯᠢ ᠶᠢᠨ ᠬᠢᠨ ᠤ ᠬᠠᠯᠠᠭᠤᠨ ᠬᠦᠷᠢᠶᠡᠯᠡᠯ᠂ ᠬᠦᠴᠤᠳᠤ ᠳᠡᠮᠵᠢᠯᠭᠡ᠂ ᠮᠠᠭᠳᠠᠭᠠᠯ | ᠰᠡᠶᠢᠰᠢᠶᠠᠯ ᠢ ᠤᠯᠤᠭᠰᠠᠭᠠᠷ ᠢᠷᠡᠵᠤ᠂ ᠵᠠᠷᠢᠮ ᠨᠤᠮ ᠵᠢᠱᠢᠶᠡᠯᠡᠪᠡᠯ᠄ ︽ᠠᠮᠢᠨ ᠬᠠᠶᠢᠷᠠᠳᠠᠢ ᠨᠤᠳᠤᠭ ᠤᠰᠤᠨ︾᠂ ︽ | ᠤᠬᠠᠭᠠᠷᠠᠵᠤ ᠠᠮᠢᠳᠤᠷᠠᠬᠤ ᠶᠤᠰᠤᠨ︾ ᠵᠡᠷᠭᠡ ᠨᠢ ᠭᠡᠪᠯᠡᠭᠳᠡᠮᠡᠭᠴᠠ ᠵᠦᠪᠭᠡᠨ ᠰᠤᠷᠭᠠᠭᠤᠯᠢ ᠶᠢᠨ ᠵᠢᠭᠠᠨ | ᠰᠤᠷᠭᠠᠯᠳᠠ ᠳᠤ ᠦᠢᠯᠡᠴᠢᠯᠡᠭᠰᠡᠨ ᠳᠡᠳᠤᠢ ᠪᠢᠰᠢ᠂ ᠬᠠᠷᠢᠨ ᠨᠠᠶᠢᠭᠡᠮ ᠤᠨ ᠬᠦᠮᠤᠰ ᠤᠨ ᠠᠩᠬᠠᠷᠤᠯ ᠳᠤ ᠴᠤ | ᠬᠦᠷᠤᠭ᠍ᠰᠡᠨ ᠪᠠᠶᠢᠳᠠᠭ᠃ | ᠢᠯᠠᠩᠭᠤᠶ᠎ᠠ᠂ 2017 ᠤᠨ ᠤ ᠡᠭᠢᠨ ᠳᠤ ᠪᠤᠯᠤᠭᠰᠠᠨ ᠪᠦᠬᠦ ᠤᠷᠤᠨ ᠤ ᠰᠤᠷᠭᠠᠭᠤᠯᠢ ᠶᠢᠨ ᠰᠤᠷᠬᠤ | ᠪᠢᠴᠢᠭ ᠤᠨ ᠠᠳᠠᠯᠢᠳᠬᠠᠨ ᠰᠢᠯᠭᠠᠷᠠᠭᠤᠯᠤᠯᠳᠠ ᠳᠤᠮᠳᠠ ︽ᠤᠬᠠᠭᠠᠷᠠᠵᠤ ᠠᠮᠢᠳᠤᠷᠠᠬᠤ ᠶᠤᠰᠤᠨ︾᠂ ︽ᠦᠢᠷᠡᠳ | ᠮᠤᠩᠭᠤᠯ︾᠂ ︽ᠮᠢᠨᠤ ᠠᠯᠠᠱᠠ︾ ᠵᠡᠷᠭᠡ ᠨᠢ ᠨᠢᠭᠡᠳᠤᠭᠡᠷ ᠳᠡᠰ ᠲᠤ᠂ ︽ᠠᠮᠢᠨ ᠬᠠᠶᠢᠷᠠᠳᠠᠢ ᠨᠤᠳᠤᠭ ᠤᠰᠤᠨ︾ | ᠨᠢ ᠭᠤᠷᠪᠠᠳᠤᠭᠠᠷ ᠳᠠᠰ ᠲᠤ ᠳᠤᠳᠤᠷᠠᠵᠤ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠷᠭᠠᠨ | ᠬᠦᠮᠤᠵᠢᠯ ᠤᠨ ᠰᠢᠨᠵᠢᠯᠡᠭᠡᠨ ᠤ ᠨᠡᠶᠢᠭᠡᠮᠯᠢᠭ ᠪᠤᠯᠤᠨ ᠦᠪᠤᠷ ᠮᠤᠩᠭᠤᠯ ᠤᠨ ᠴᠤᠸᠠᠩ ᠰᠢᠨ ᠰᠤᠷᠭᠠᠨ ᠬᠦᠮᠤᠵᠢᠯ ᠤᠨ | ᠡᠭᠢ ᠪᠠᠶᠠᠯᠢᠭ ᠤᠨ ᠨᠡᠭᠡᠭᠡᠯᠳᠡ ᠶᠢᠨ ᠰᠤᠳᠤᠯᠬᠤ ᠬᠦᠷᠢᠶᠡᠯᠡᠩ ᠤᠨ ᠬᠦᠭᠢᠬᠦᠯᠤᠯ ᠢ ᠬᠦᠷᠳᠡᠭᠰᠡᠨ ᠶᠠᠪᠤᠳᠠᠯ ᠨᠢ | ᠠᠯᠠᠱᠠ ᠶᠢᠨ ᠮᠤᠩᠭᠤᠯ ᠰᠤᠷᠭᠠᠭᠤᠯᠢ ᠨᠤᠭᠤᠳ ᠤᠨ ᠰᠤᠷᠬᠤ ᠪᠢᠴᠢᠭ ᠨᠡᠶᠢᠭᠡᠮ ᠨᠠᠶᠢᠳᠠ ᠶᠢᠨ ᠦᠨᠡᠯᠡᠯᠳᠡ ᠶᠢ | ᠤᠯᠤᠭᠰᠠᠨ ᠢ ᠨᠢᠭᠡ ᠶᠤᠰᠤᠨ ᠳᠤ ᠬᠠᠷᠠᠭᠤᠯᠵᠤ ᠪᠠᠶᠢᠭ᠎ᠠ ᠭᠡᠷᠡᠭ ᠪᠤᠯᠬᠤ ᠶᠤᠮ᠃ | ᠬᠠᠶ᠋ᠢᠬ᠄ ᠠᠯᠠᠱᠠ ᠮᠤᠩᠭᠤᠯ ᠦᠨᠳᠤᠰᠤᠳᠡᠨ ᠤ ᠪᠦᠷᠢᠨ ᠳᠤᠮᠳᠠᠳᠤ ᠰᠤᠷᠭᠠᠭᠤᠯᠢ | ︵ᠦᠨᠡᠨᠪᠠᠳᠤ ᠨᠠᠶᠢᠷᠠᠭᠤᠯᠪᠠ︶ | 2018 ᠣᠨ ᠤ 10 ᠳ᠋ᠤᠭᠠᠷ ᠬᠤᠭᠤᠴᠠᠭ᠎ᠠ |