◆ ᠵᠢᠶᠠ ᠯᠢ ᠵᠢᠶᠦ᠋ᠨ | [ ᠰᠢᠨᠬᠤᠸᠠ ᠬᠤᠷᠢᠶᠠᠨ ᠤ ᠬᠥᠭᠡᠬᠤᠳᠠ ᠳᠠᠬᠢ 7 ᠰᠠᠷ᠎ᠠ ᠶᠢᠨ 8 ᠤ ᠡᠳᠦᠷ ᠤᠨ ᠮᠡᠳᠡᠭᠡ ]200 | ᠮᠧᠲᠷ ᠤᠨ ᠬᠥᠶᠥᠯᠳᠡ ᠶᠢᠨ ᠵᠠᠮ ᠳᠤ ᠬᠥᠷᠢᠶᠡᠯᠡᠭᠳᠡᠭᠰᠡᠨ ᠬᠥᠯ ᠪᠥᠮᠪᠥᠭᠡᠨ ᠲᠠᠯᠠᠪᠣᠷ ᠲᠤ᠂ ᠪᠥᠯᠥᠭ ᠪᠠᠭᠠᠴᠣᠳ ᠶᠠᠭ | ᠰᠠᠶᠢᠬᠠᠨ ᠬᠥᠴᠥ ᠰᠣᠷᠢᠵᠤ ᠪᠥᠮᠪᠦᠭᠡ ᠢᠰᠬᠦᠯᠥᠨ ᠣᠷᠣᠯᠳᠣᠵᠣ ᠪᠠᠶᠢᠪᠠ᠃ ᠡ᠊ᠨᠡ ᠪᠣᠯ ᠥᠪᠥᠷ ᠮᠣᠩᠭᠤᠯ ᠤᠨ | ᠪᠣᠭᠤᠳᠣ ᠬᠤᠳᠠ ᠶᠢᠨ ᠴᠢᠩ ᠱᠠᠨ ᠲᠣᠭᠤᠷᠢᠭ ᠲᠠᠬᠢ ᠬᠠᠳᠠ ᠵᠠᠮ ᠤᠨ ᠪᠠᠭ᠎ᠠ ᠰᠣᠷᠭᠠᠭᠤᠯᠢ ᠶᠢᠨ ᠬᠥᠯ | ᠪᠥᠮᠪᠦᠭᠡ ᠶᠢᠨ ᠠᠩᠭᠢ ᠶᠢᠨ ᠬᠢᠨ ᠤ ᠡᠳᠦᠷ ᠲᠣᠳᠣᠮ ᠤᠨ ᠪᠣᠯᠪᠠᠰᠣᠷᠠᠯ ᠤᠨ ᠬᠢᠴᠢᠶᠡᠯ ᠪᠣᠯᠣᠨ᠎ᠠ᠃ | ᠬᠠᠳᠠ ᠵᠠᠮ ᠤᠨ ᠪᠠᠭ᠎ᠠ ᠰᠣᠷᠭᠠᠭᠤᠯᠢ ᠶᠢᠨ ᠵᠠᠬᠢᠷᠣᠯ ᠴᠣᠣ ᠳ᠋ᠧᠦ ᠵᠢᠶᠧ ᠠᠴᠠ᠄ ︽ᠪᠥᠬᠦ ᠰᠣᠷᠭᠠᠭᠤᠯᠢ ᠶᠢᠨ | 26 ᠠᠩᠭᠢ᠂ 1490 ᠨᠡᠷ᠎ᠡ ᠰᠣᠷᠣᠭᠴᠢ ᠶᠢᠨ ᠲᠣᠮᠳᠠ 520 ᠨᠡᠷ᠎ᠡ ᠬᠦᠯ ᠪᠥᠮᠪᠦᠭᠡ ᠶᠢᠨ ᠲᠠᠮᠢᠷᠴᠢᠨ ᠲᠠᠢ | ᠪᠠᠶᠢᠵᠣ᠂ ᠠᠩᠭᠢ ᠪᠥᠷᠢ ᠳᠤ ᠴᠦᠮ ᠡᠷᠡᠭᠳᠡᠢ ᠶᠢᠨ ᠲᠣᠭᠤᠢᠢᠯᠠᠩ᠂ ᠡᠮᠡᠭᠳᠡᠢ ᠶᠢᠨ ᠲᠣᠭᠤᠢᠢᠯᠠᠩ ᠲᠠᠢ᠂ | ᠰᠣᠷᠭᠠᠭᠤᠯᠢ ᠶᠢᠨ ᠬᠤᠪᠢ ᠳᠤ ᠪᠠᠰᠠ 60 ᠬᠥᠮᠥᠨ ᠤ ᠡᠷᠡᠭᠳᠡᠢ ᠡᠮᠡᠭᠳᠡᠢ ᠶᠢᠨ ᠬᠥᠯ ᠪᠥᠮᠪᠦᠭᠡ ᠶᠢᠨ ᠰᠣᠷᠭᠠᠭᠤᠯᠢ ᠶᠢᠨ | ᠠᠩᠭᠢ ᠲᠠᠢ︾ ᠭᠡᠵᠥ ᠶᠠᠷᠢᠯ᠎ᠠ᠃ | ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ 2017 ᠣᠨ ᠤ ᠰᠣᠷᠭᠠᠭᠤᠯᠢ ᠶᠢᠨ ᠬᠦᠷᠢᠶᠡᠨ ᠤ | ᠬᠥᠯ ᠪᠥᠮᠪᠦᠭᠡ ᠶᠢᠨ ᠠᠵᠢᠯ ᠤᠨ ᠲᠣᠬᠠᠢ ᠶᠢᠨ ᠲᠠᠯᠠᠪᠣᠷ ᠤᠨ ᠬᠤᠷᠠᠯ ᠠᠴᠠ ᠰᠣᠷᠪᠣᠯᠵᠢᠯᠠᠭᠴᠢ ᠶᠢᠨ | ᠣᠢᠢᠯᠠᠭᠠᠭᠰᠠᠨ ᠢᠶᠠᠷ᠂ 2014 ᠣᠨ ᠳᠤ ᠣᠯᠣᠰ ᠤᠨ ᠶᠠᠪᠣᠳᠠᠯ ᠤᠨ ᠬᠤᠷᠢᠶ᠎ᠠ ᠪᠠ ᠰᠣᠷᠭᠠᠨ ᠬᠥᠮᠥᠵᠢᠯ ᠤᠨ | ᠶᠠᠮᠣᠨ ᠠᠴᠠ ᠥᠪᠥᠷ ᠮᠣᠩᠭᠤᠯ ᠢ ᠪᠥᠬᠦ ᠣᠯᠣᠰ ᠤᠨ ᠬᠥᠯ ᠪᠥᠮᠪᠦᠭᠡ ᠶᠢᠨ ᠥᠭᠡᠷᠡᠴᠢᠯᠡᠯᠳᠡ ᠬᠥᠭᠵᠢᠬᠦᠯᠥᠯᠳᠡ ᠶᠢᠨ | ᠲᠣᠷᠰᠢᠯᠳᠠ ᠶᠢᠨ ᠣᠷᠣᠨ ᠪᠠ ᠵᠠᠯᠠᠭᠤᠴᠣᠳ ᠪᠠᠭᠠᠴᠣᠳ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ | ᠥᠭᠡᠷᠡᠴᠢᠯᠡᠯᠳᠡ ᠶᠢᠨ ᠲᠣᠷᠰᠢᠯᠳᠠ ᠶᠢᠨ ᠣᠷᠣᠨ ᠢᠶᠠᠷ ᠲᠣᠭᠳᠠᠭᠠᠭᠰᠠᠨ ᠠᠴᠠ ᠠᠪᠣᠭᠠᠳ᠂ ᠥᠪᠡᠷᠳᠡᠭᠡᠨ ᠵᠠᠰᠠᠬᠤ | ᠣᠷᠣᠨ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠣᠳᠠᠯ ᠤᠨ ᠬᠤᠷᠢᠶᠠᠨ ᠤ ᠰᠢᠢᠳᠪᠦᠷᠢ ᠪᠠᠶᠢᠷᠢᠯᠠᠭᠤᠯᠳᠠ ᠶᠢ | ᠭᠦᠨᠵᠡᠭᠡᠶᠢᠷᠡᠨ ᠬᠡᠷᠡᠭᠵᠢᠭᠦᠯᠵᠦ᠂ ᠬᠦᠴᠦᠲᠡᠢ ᠠᠬᠢᠭᠤᠯᠵᠣ᠂ ᠪᠥᠬᠦ ᠣᠷᠣᠨ ᠤ ᠵᠠᠯᠠᠭᠤᠴᠣᠳ ᠪᠠᠭᠠᠴᠣᠳ ᠤᠨ | ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠦᠢᠯᠡᠰ ᠢ ᠪᠥᠬᠦ ᠲᠠᠯ᠎ᠠ ᠪᠠᠷ ᠲᠥᠯᠬᠢᠨ ᠠᠬᠢᠭᠤᠯᠵᠤ᠂ ᠥᠷᠨᠢᠨ | ᠬᠥᠭᠵᠢᠵᠥ ᠪᠠᠶᠢᠭ᠎ᠠ ᠪᠠᠶᠢᠳᠠᠯ ᠢ ᠪᠣᠢ ᠪᠣᠯᠭᠠᠭᠰᠠᠨ ᠪᠠᠶᠢᠨ᠎ᠠ᠃ | 3 ᠵᠢᠯ ᠤᠨ ᠲᠣᠷᠰᠢ᠂ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠬᠥᠯ ᠪᠥᠮᠪᠦᠭᠡ ᠦᠢᠯᠡᠰ ᠤᠨ | ᠲᠣᠰᠬᠠᠢ ᠵᠠᠷᠣᠳᠠᠯ ᠳᠤ 45 ᠳ᠋ᠦᠡᠭᠰᠢᠭᠤᠷ ᠲᠥᠬᠦᠷᠢᠭ᠂ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ | ᠲᠣᠰᠬᠠᠢ ᠵᠠᠷᠣᠳᠠᠯ ᠳᠤ 15 ᠳ᠋ᠦᠡᠭᠰᠢᠭᠤᠷ ᠲᠥᠬᠦᠷᠢᠭ ᠵᠠᠷᠣᠴᠠᠭᠤᠯᠵᠣ᠂ ᠪᠥᠬᠦ ᠣᠷᠣᠨ ᠤ ᠬᠥᠯ ᠪᠥᠮᠪᠦᠭᠡ ᠶᠢᠨ | ᠲᠠᠯᠠᠪᠣᠷ ᠢ 2100 ᠪᠣᠯᠭᠠᠨ ᠨᠡᠮᠡᠭᠳᠡᠬᠦᠯᠵᠥ᠂ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠠᠯᠠᠪᠣᠷ ᠢ | 600 ᠢᠯᠡᠬᠦᠥ ᠨᠡᠮᠡᠭᠳᠡᠬᠦᠯᠥᠭᠰᠡᠨ ᠪᠠᠶᠢᠨ᠎ᠠ᠃ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠬᠳᠣ | ᠰᠣᠷᠭᠠᠭᠤᠯᠢ ᠶᠢ 1650 ᠰᠠᠭᠤᠷᠢ ᠪᠥᠳᠥᠭᠡᠨ ᠪᠠᠶᠢᠭᠤᠯᠵᠣ᠂ ᠪᠥᠬᠦ ᠣᠷᠣᠨ ᠤ ᠲᠣᠮᠳᠠᠳᠣ ᠪᠠᠭ᠎ᠠ ᠰᠣᠷᠭᠠᠭᠤᠯᠢ ᠶᠢᠨ | ᠬᠠᠭᠠᠰ ᠠᠴᠠ ᠲᠡᠭᠡᠭᠰᠢᠬᠢ ᠲᠤᠭ᠎ᠠ ᠶᠢ ᠡᠵᠡᠯᠡᠵᠥ᠂ ᠡᠬᠦᠨ ᠤ ᠲᠣᠳᠣᠷ᠎ᠠ ᠰᠣᠷᠭᠠᠨ ᠬᠥᠮᠥᠵᠢᠯ ᠤᠨ ᠶᠠᠮᠣᠨ ᠠᠴᠠ ᠬᠢᠨᠠᠨ | ᠲᠣᠭᠳᠠᠭᠠᠭᠰᠠᠨ ᠣᠯᠣᠰ ᠤᠨ ᠲᠡᠰ ᠤᠨ ᠣᠨᠴᠠᠯᠢᠬᠳᠣ ᠰᠣᠷᠭᠠᠭᠤᠯᠢ ᠨᠢ 743 ᠰᠠᠭᠤᠷᠢ ᠪᠣᠯᠪᠠ᠃ ᠥᠪᠡᠷᠳᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ︽ᠲᠡᠷᠢᠬᠦᠯᠡᠭᠴᠢ ᠬᠤᠨᠳᠠᠭᠠᠳᠣ︾᠂ ᠡᠯ᠎ᠡ ᠠᠶᠢᠮᠠᠭ ᠬᠤᠳᠠ ᠶᠢᠨ ︽ | ᠬᠤᠳᠠ ᠶᠢᠨ ᠲᠠᠷᠤᠭ᠎ᠠ ᠬᠤᠨᠳᠠᠭᠠᠳᠣ︾ ᠪᠠ ︽ᠬᠤᠰᠢᠭᠤᠨ ᠲᠠᠷᠤᠭ᠎ᠠ ᠬᠤᠨᠳᠠᠭᠠᠳᠣ︾᠂ ︽ᠵᠠᠬᠢᠷᠣᠯ ᠬᠤᠨᠳᠠᠭᠠᠳᠣ︾ | ᠣᠷᠣᠯᠳᠣᠭᠠᠨ ᠤ ᠲᠥᠯᠬᠢᠴᠡ ᠲᠣᠣᠷ᠎ᠠ᠂ ᠥᠨᠳᠦᠰᠦᠨ ᠳᠤ ᠪᠠᠨ ᠰᠣᠷᠭᠠᠭᠤᠯᠢ ᠪᠥᠷᠢ ᠨᠢ ᠬᠥᠯ ᠪᠥᠮᠪᠦᠭᠡ ᠶᠢᠨ | ᠠᠩᠭᠢ ᠲᠠᠢ ᠪᠣᠯᠵᠣ᠂ ᠬᠤᠳᠠ ᠶᠢᠨ ᠲᠡᠬᠦᠷᠭᠡ᠂ ᠬᠥᠳᠡᠭᠡ ᠲᠣᠰᠬᠤᠨ ᠤ ᠣᠯᠠᠩᠭᠢ ᠲᠣᠮᠳᠠᠳᠣ ᠪᠠᠭ᠎ᠠ | ᠰᠣᠷᠭᠠᠭᠤᠯᠢ ᠶᠢᠨ ᠬᠥᠷᠢᠶᠡᠨ ᠳᠤ ᠴᠦ ᠬᠡᠥᠭᠡᠳ ᠤᠳ ᠤᠨ ᠬᠥᠯ ᠪᠥᠮᠪᠦᠭᠡ ᠢᠰᠬᠦᠯᠥᠨ ᠨᠠᠭᠠᠳᠴᠣ ᠪᠠᠶᠢᠭ᠎ᠠ ᠬᠥᠷ | ᠬᠥᠭᠵᠢᠶᠡᠨᠲᠦ ᠪᠠᠶᠢᠳᠠᠯ ᠬᠠᠷᠠᠭᠳᠠᠬᠤ ᠪᠣᠯᠪᠠ᠃ | ︽ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠪᠣᠯ ᠰᠣᠷᠭᠠᠭᠤᠯᠢ ᠶᠢᠨ ᠪᠡᠶ᠎ᠡ ᠶᠢᠨ ᠲᠠᠮᠢᠷ ᠤᠨ ᠴᠢᠬᠤᠯᠠ | ᠪᠥᠷᠢᠯᠳᠥᠬᠦᠨ ᠬᠡᠰᠡᠭ ᠮᠥᠨ᠂ ᠪᠣᠯᠪᠠᠰᠣᠷᠠᠯ ᠤᠨ ᠥᠨ᠎ᠡ ᠥᠷᠳᠡᠭ ᠥᠨᠳᠥᠷ᠂ ᠬᠠᠮᠳᠣ ᠨᠡᠶᠢᠲᠡ ᠶᠢᠨ ᠣᠬᠠᠮᠰᠠᠷ ᠲᠠᠢ᠂ | ᠣᠷᠣᠯᠴᠠᠬᠤ ᠬᠡᠪᠴᠢᠶ᠎ᠡ ᠥᠷᠭᠡᠨ᠂ ᠠᠩᠬᠠᠷᠣᠯ ᠢ ᠲᠠᠳᠠᠬᠤ ᠬᠥᠴᠥᠨ ᠲᠠᠢ ᠪᠠᠷ ᠢᠶᠠᠨ ᠬᠡᠥᠭᠡᠳ ᠤᠨ ᠲᠣᠷ᠎ᠠ | ᠰᠣᠨᠢᠷᠬᠠᠯ ᠢ ᠪᠣᠯᠢᠶᠠᠵᠣ ᠴᠢᠳᠠᠵᠠᠢ︾ ᠭᠡᠵᠥ ᠼᠣᠣ ᠳ᠋ᠧᠦ ᠵᠢᠶᠧ ᠵᠠᠬᠢᠷᠣᠯ ᠠᠴᠠ ᠶᠠᠷᠢᠭᠰᠠᠨ ᠪᠠᠶᠢᠨ᠎ᠠ᠃ ᠲᠣᠰ ᠪᠠᠭ᠎ᠠ | ᠰᠣᠷᠭᠠᠭᠤᠯᠢ ᠨᠢ ᠣᠯᠣᠰ ᠤᠨ ᠲᠡᠰ ᠤᠨ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠬᠳᠣ | ᠰᠣᠷᠭᠠᠭᠤᠯᠢ ᠪᠠᠶᠢᠵᠤ᠂ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯᠯᠠᠭᠠᠨ ᠨᠢ ᠨᠢᠭᠡᠨᠳᠡ ᠡᠳᠦᠷ | ᠲᠣᠳᠣᠮ ᠤᠨ ᠬᠡᠯᠪᠡᠷᠢ ᠪᠣᠯᠵᠣ᠂ ᠰᠣᠷᠭᠠᠭᠤᠯᠢ ᠠᠴᠠ ᠠᠩᠭᠢ ᠪᠣᠯᠭᠠᠨ ᠤ ᠭᠠᠷᠠᠭ ᠪᠥᠷᠢ ᠶᠢᠨ 3 ᠤᠳᠠᠭ᠎ᠠ ᠶᠢᠨ | ᠲᠠᠮᠢᠷ ᠤᠨ ᠬᠢᠴᠢᠶᠡᠯ ᠤᠨ 1 ᠤᠳᠠᠭ᠎ᠠ ᠶᠢᠨ ᠬᠢᠴᠢᠶᠡᠯ ᠢ ᠨᠢ ᠬᠥᠯ ᠪᠥᠮᠪᠦᠭᠡ ᠶᠢᠨ ᠲᠣᠰᠬᠠᠢ ᠬᠢᠴᠢᠶᠡᠯ ᠪᠣᠯᠭᠠᠵᠣ᠂ | 20 ᠭᠠᠷᠣᠢ ᠵᠥᠢᠯ ᠤᠨ ᠬᠥᠯ ᠪᠥᠮᠪᠦᠭᠡ ᠶᠢᠨ ᠲᠣᠭᠯᠠᠭᠠᠮ ᠵᠣᠬᠢᠶᠠᠨ ᠶᠠᠪᠣᠭᠳᠠᠭᠤᠯᠵᠣ᠂ ᠬᠡᠥᠭᠡᠳ ᠤᠨ ᠣᠷᠮᠠᠰᠢᠯ ᠢ | ᠬᠥᠭᠵᠢᠬᠦᠯᠵᠥ ᠪᠠᠶᠢᠨ᠎ᠠ︔ ᠡᠬᠦᠨ ᠤ ᠬᠠᠮᠳᠣ ︽ᠵᠠᠬᠢᠷᠣᠯ ᠬᠤᠨᠳᠠᠭᠠᠳᠣ︾ ᠬᠤᠯᠪᠣᠭᠠᠳᠣ ᠣᠷᠣᠯᠳᠣᠭᠠᠨ | ᠶᠠᠪᠣᠭᠳᠠᠭᠤᠯᠣᠨ᠂ ᠲᠠᠯᠠᠪᠣᠷ ᠲᠤ ᠣᠷᠣᠬᠤ᠂ ᠬᠢᠨᠠᠭᠴᠢ ᠣᠷᠢᠬᠤ᠂ ᠬᠤᠪᠢ ᠲᠡᠮᠳᠡᠭᠯᠡᠬᠦ᠂ ᠰᠦᠷ ᠨᠡᠮᠡᠵᠥ ᠣᠷᠢᠶ᠎ᠠ | ᠬᠠᠰᠬᠢᠷᠬᠤ ᠁ ᠮᠡᠲᠦ ᠪᠠᠷ ᠬᠥᠯ ᠪᠥᠮᠪᠦᠭᠡ ᠶᠢᠨ ᠰᠣᠶᠣᠯ ᠢ ᠨᠡᠪᠴᠢᠬᠦᠯᠥᠨ ᠢᠯᠡᠷᠡᠬᠦᠯᠵᠥ᠂ ᠰᠣᠷᠣᠭᠴᠢᠳ ᠢ | ᠵᠢᠯᠣᠭᠤᠳᠣᠨ ᠦᠷᠢᠰᠦᠯᠳᠦᠭᠴᠢ ᠡᠳᠡᠭᠡᠳ ᠢᠶᠠᠨ ᠬᠥᠨᠳᠥᠳᠭᠡᠬᠦ᠂ ᠬᠢᠨᠠᠭᠴᠢ ᠶᠢ ᠬᠥᠨᠳᠥᠳᠭᠡᠬᠦ᠂ ᠢᠯᠠᠯᠳᠠ ᠪᠠ | ᠢᠯᠠᠭᠳᠠᠯ ᠳᠤ ᠵᠥᠪ ᠢᠶᠠᠷ ᠬᠠᠨᠳᠣᠬᠤ ᠶᠢ ᠵᠢᠭᠠᠨ᠂ ︽ᠬᠥᠯ ᠪᠥᠮᠪᠦᠭᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠣ᠂ | ᠥᠪᠡᠷ ᠢ ᠪᠠᠨ ᠢᠯᠠᠨ ᠲᠠᠪᠠᠵᠣ᠂ ᠪᠠᠶᠠᠷ ᠪᠠᠶᠠᠰᠤᠯᠠᠩᠲᠤ ᠪᠠᠭᠠᠴᠣᠳ ᠪᠣᠯᠬᠤ ᠪᠠᠷ ᠴᠢᠷᠮᠠᠶᠢᠬᠤ︾ ᠪᠠ ︽ᠲᠥᠷᠢᠮ ᠢ | ᠵᠢᠷᠣᠮᠯᠠᠵᠣ᠂ ᠦᠷᠢᠰᠦᠯᠳᠦᠭᠴᠢ ᠡᠳᠡᠭᠡᠳ ᠢᠶᠠᠨ ᠬᠥᠨᠳᠥᠳᠭᠡᠨ᠂ ᠬᠠᠷᠢᠭᠤᠴᠠᠯᠭ᠎ᠠ ᠶᠢ ᠡᠬᠦᠷᠭᠡᠯᠡᠬᠦ︾ ᠮᠡᠲᠦ ᠶᠢᠨ | ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠰᠣᠶᠣᠯ ᠤᠨ ᠣᠢᠢᠯᠠᠭᠠᠭᠳᠠᠬᠤᠨ ᠢ ᠣᠯᠠᠮᠵᠢᠯᠠᠨ ᠲᠡᠯᠭᠡᠷᠡᠬᠦᠯᠵᠥ | ᠪᠠᠶᠢᠬᠤ ᠶᠣᠮ᠃ | ᠬᠠᠳᠠ ᠵᠠᠮ ᠤᠨ ᠪᠠᠭ᠎ᠠ ᠰᠣᠷᠭᠠᠭᠤᠯᠢ ᠨᠢ ᠪᠡᠶ᠎ᠡ ᠶᠢᠨ ᠲᠠᠮᠢᠷ ᠤᠨ ᠬᠢᠴᠢᠶᠡᠯ ᠲᠡᠭᠡᠷ᠎ᠡ ᠰᠣᠷᠣᠭᠴᠢᠳ ᠲᠤ ᠬᠥᠯ | ᠪᠥᠮᠪᠦᠭᠡ ᠶᠢᠨ ᠥᠨᠳᠥᠰᠥᠨ ᠮᠡᠷᠭᠡᠵᠢᠯ ᠵᠢᠭᠠᠵᠣ ᠪᠣᠯᠪᠠᠰᠣᠷᠠᠭᠤᠯᠬᠤ ᠪᠠᠷ ᠪᠠᠷᠠᠬᠤ ᠥᠭᠡᠢ᠂ ᠬᠥᠯ ᠪᠥᠮᠪᠦᠭᠡ ᠶᠢᠨ | ᠬᠠᠮᠢᠶ᠎ᠠ ᠪᠥᠬᠦᠢ ᠣᠷᠠᠨ ᠵᠣᠬᠢᠶᠠᠯ ᠢ ᠣᠩᠰᠢᠭᠤᠯᠵᠦ᠂ ᠬᠥᠯ ᠪᠥᠮᠪᠦᠭᠡ ᠶᠢᠨ ᠲᠡᠥᠭᠡ ᠪᠠ ᠬᠥᠭᠵᠢᠯᠳᠡ ᠶᠢᠨ ᠪᠠᠶᠢᠳᠠᠯ ᠢ | ᠣᠢᠢᠯᠠᠭᠠᠭᠤᠯᠣᠨ᠂ ᠲᠠᠭᠤᠣ ᠬᠦᠭᠵᠢᠮ ᠤᠨ ᠬᠢᠴᠢᠶᠡᠯ ᠲᠡᠭᠡᠷ᠎ᠡ ᠥᠪᠡᠷᠳᠡᠭᠡᠨ ᠵᠣᠬᠢᠶᠠᠵᠣ ᠨᠠᠶᠢᠷᠠᠭᠤᠯᠣᠭᠰᠠᠨ ᠬᠥᠯ | ᠪᠦᠮᠪᠦᠭᠡ ᠶᠢᠨ ᠬᠠᠮᠢᠶ᠎ᠠ ᠪᠥᠬᠦᠢ ᠲᠠᠭᠤᠣ ᠪᠥᠵᠢᠭ ᠢ ᠨᠢ ᠲᠣᠭᠯᠠᠭᠤᠯᠵᠣ᠂ ᠬᠥᠯ ᠪᠥᠮᠪᠦᠭᠡ ᠢᠰᠬᠦᠯᠵᠥ᠂ ᠬᠥᠯ | ᠪᠥᠮᠪᠦᠭᠡ ᠶᠢ ᠲᠠᠭᠤᠯᠠᠨ᠂ ᠬᠥᠯ ᠪᠥᠮᠪᠦᠭᠡ ᠶᠢ ᠪᠢᠴᠢᠵᠥ᠂ ᠬᠥᠯ ᠪᠥᠮᠪᠦᠭᠡ ᠶᠢ ᠵᠢᠷᠣᠬᠤ ᠮᠡᠳᠦ ᠶᠢᠨ ᠬᠥᠯ | ᠪᠥᠮᠪᠦᠭᠡ ᠶᠢᠨ ᠰᠣᠶᠣᠯ ᠢ ᠬᠢᠴᠢᠶᠡᠯ ᠳᠤ ᠠᠭᠤᠰᠬᠠᠨ᠂ ᠬᠥᠯ ᠪᠥᠮᠪᠦᠭᠡ ᠵᠢ᠊ ᠲᠠᠮᠢᠷᠴᠢᠨ ᠢ ᠬᠥᠮᠥᠵᠢᠬᠦᠯᠬᠦ | ᠲᠠᠯ᠎ᠠ ᠪᠠᠷ ᠬᠢ ᠴᠢᠳᠠᠪᠣᠷᠢ ᠶᠢ ᠨᠢ ᠪᠠᠳᠠᠷᠠᠭᠤᠯᠵᠣ ᠪᠠᠶᠢᠨ᠎ᠠ᠃ | ᠲᠦᠷᠦᠭᠦᠬᠡᠨ᠂ ᠬᠠᠳᠠ ᠵᠠᠮ ᠤᠨ ᠪᠠᠭ᠎ᠠ ᠰᠣᠷᠭᠠᠭᠤᠯᠢ ᠨᠢ 2017 ᠣᠨ ᠤ ᠥᠪᠥᠷ ᠮᠣᠩᠭᠤᠯ ᠤᠨ | ᠦᠪᠡᠷᠳᠡᠭᠡᠨ ᠵᠠᠰᠠᠬᠤ ᠣᠷᠣᠨ ᠤ ︽ᠲᠡᠷᠢᠬᠦᠯᠡᠭᠴᠢ ᠬᠤᠨᠳᠠᠭᠠᠳᠣ︾ ᠰᠣᠷᠭᠠᠭᠤᠯᠢ ᠶᠢᠨ ᠬᠦᠷᠢᠶᠡᠨ ᠤ ᠬᠥᠯ | ᠪᠥᠮᠪᠦᠭᠡ ᠶᠢᠨ ᠲᠦᠷᠪᠡᠨ ᠳᠡᠰ ᠤᠨ ᠬᠤᠯᠪᠣᠭᠠᠳᠣ ᠣᠷᠣᠯᠳᠣᠭᠠᠨ ᠤ ᠪᠠᠭ᠎ᠠ ᠰᠣᠷᠭᠠᠭᠤᠯᠢ ᠶᠢᠨ ᠲᠣᠭᠤᠢᠢᠯᠠᠩ ᠤᠨ | ᠲᠡᠷᠢᠬᠦᠨ ᠪᠠ 2017 ᠣᠨ ᠤ ᠪᠥᠬᠦ ᠣᠯᠣᠰ ᠤᠨ ᠵᠠᠯᠠᠭᠤᠴᠣᠳ ᠪᠠᠭᠠᠴᠣᠳ ᠤᠨ ︽ᠬᠥᠯ ᠪᠥᠮᠪᠦᠭᠡ ᠶᠢᠨ ᠲᠡᠷᠢᠬᠦᠨ | ᠬᠤᠨᠳᠠᠭᠠᠳᠣ ᠶᠢᠨ ᠣᠷᠣᠯᠳᠣᠭᠠᠨ︾ ᠤ ᠲᠠᠪᠣᠳᠣᠭᠠᠷ ᠨᠡᠷ᠎ᠡ ᠶᠢᠨ ᠥᠨᠳᠥᠷ ᠬᠢᠷᠢ ᠪᠥᠳᠥᠮᠵᠢ ᠣᠯᠣᠭᠰᠠᠨ ᠶᠣᠮ᠃ ︽ | ᠬᠡᠥᠭᠡᠳ ᠤᠳ ᠤᠨ ᠪᠠᠶᠠᠷᠯᠠᠭᠰᠠᠨ ᠢ ᠥᠬᠦᠯᠡᠬᠦ ᠶᠢᠨ ᠠᠷᠭ᠎ᠠ ᠥᠭᠡᠢ︾ ᠭᠡᠵᠥ ᠼᠣᠣ ᠳ᠋ᠧᠦ ᠵᠢᠧ ᠶᠠᠷᠢᠭᠰᠠᠨ ᠪᠦᠭᠡᠳ | ︽ᠰᠣᠷᠭᠠᠭᠤᠯᠢ ᠶᠢᠨ ᠬᠥᠷᠢᠶᠡᠨ ᠤ ᠡᠳᠦᠷ ᠲᠣᠳᠣᠮ ᠤᠨ ᠣᠷᠣᠯᠳᠣᠭᠠᠨ ᠠᠴᠠ ᠴᠦ ᠰᠣᠷᠣᠭᠴᠢᠳ ᠬᠥᠮᠥᠨ ᠤ | ᠠᠮᠢᠳᠣᠷᠠᠯ ᠤᠨ ᠣᠯᠠᠨ ᠶᠣᠰᠣ ᠵᠥᠢ ᠶᠢ ᠣᠬᠠᠵᠣ᠂ ᠨᠥᠬᠦᠳ ᠬᠤᠭᠤᠷᠣᠨᠳᠣ ᠪᠠᠨ ᠣᠯᠠᠮ ᠣᠢᠢᠷᠠᠳᠣᠯᠴᠠᠨ᠂ | ᠪᠥᠯᠬᠦᠮᠳᠡᠨ ᠨᠢᠬᠳᠠᠷᠠᠬᠤ ᠵᠣᠷᠢᠭ ᠰᠠᠨᠠᠭ᠎ᠠ ᠨᠢ ᠴᠢᠩᠭᠠᠷᠠᠵᠣ᠂ ᠡᠬᠦᠨ ᠤ ᠣᠯᠠᠮ ᠠᠴᠠ ᠣᠯᠠᠨ ᠨᠡᠶᠢᠲᠡ ᠶᠢᠨ | ᠠᠵᠢᠯᠯᠠᠭᠠᠨ ᠳᠤ ᠣᠷᠣᠯᠴᠠᠨ᠂ ᠣᠯᠠᠨ ᠨᠡᠶᠢᠳᠡ ᠳᠤ ᠬᠥᠴᠥᠨ ᠨᠡᠮᠡᠷᠢᠯᠡᠬᠦ ᠶᠢᠨ ᠢᠷᠠᠭᠤ ᠠᠯᠳᠠᠷ ᠢ ᠣᠢᠢᠯᠠᠭᠠᠨ᠂ ︿ | ᠢᠯᠠᠪᠠᠯ ᠬᠠᠮᠳᠣ ᠪᠠᠷ ᠪᠠᠶᠠᠷᠯᠠᠵᠣ᠂ ᠢᠯᠠᠭᠳᠠᠪᠠᠯ ᠬᠠᠮᠳᠤ ᠪᠠᠷ ᠲᠣᠭᠤᠯᠬᠤ﹀ ᠵᠣᠷᠢᠭ ᠰᠠᠨᠠᠭ᠎ᠠ ᠨᠢ ᠪᠠᠭᠰᠢ | ᠰᠣᠷᠣᠭᠴᠢᠳ ᠢ ᠨᠢᠭᠡᠨᠳᠡ ᠬᠥᠨ ᠠᠴᠠ ᠬᠥᠨ ᠨᠥᠯᠥᠭᠡᠯᠡᠭᠰᠡᠨ ᠮᠥᠷᠳᠡᠭᠡᠨ ᠣᠷᠣᠯᠳᠣᠭᠠᠨ ᠤ ᠶᠠᠪᠣᠴᠠ ᠳᠤ | ᠢᠯᠡᠷᠡᠭᠰᠡᠨ ᠬᠡᠥᠭᠡᠳ ᠤᠨ ᠬᠥᠴᠥᠯᠡᠨ ᠴᠢᠷᠮᠠᠶᠢᠬᠤ ᠵᠣᠷᠢᠭ ᠰᠠᠨᠠᠭ᠎ᠠ ᠪᠠ ᠬᠠᠮᠳᠣᠷᠠᠨ ᠬᠠᠮᠵᠢᠯᠴᠠᠬᠤ ᠣᠬᠠᠭᠠᠨ | ᠪᠣᠳᠣᠯ ᠨᠢ ᠶᠠᠭ ᠲᠡᠳᠡᠨᠣᠰ ᠢ ᠮᠠᠰᠢ ᠰᠠᠶᠢᠨ ᠰᠤᠷᠭᠠᠨ ᠬᠥᠮᠥᠵᠢᠬᠦᠯᠵᠥ ᠪᠣᠯᠬᠤ ᠶᠣᠮ︾ ᠭᠡᠪᠡ᠃ | ᠬᠠᠳᠠ ᠵᠠᠮ ᠤᠨ ᠪᠠᠭ᠎ᠠ ᠰᠣᠷᠭᠠᠭᠤᠯᠢ ᠶᠢᠨ ᠪᠠᠶᠢᠳᠠᠯ ᠨᠢ ᠵᠥᠪᠬᠡᠨ ᠥᠪᠥᠷ ᠮᠣᠩᠭᠤᠯ ᠣᠷᠣᠨ ᠤ ᠮᠢᠩᠭ᠎ᠠ | ᠢᠯᠡᠬᠦᠥ ᠰᠠᠭᠤᠷᠢ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠬᠳᠣ ᠰᠣᠷᠭᠠᠭᠤᠯᠢ ᠶᠢᠨ | ᠪᠠᠶᠢᠳᠠᠯ ᠤᠨ ᠲᠦᠪᠯᠡᠷᠡᠩᠭᠦᠢ ᠳᠣᠰᠬᠠᠯ ᠲᠡᠳᠥᠢ᠃ 3 ᠵᠢᠯ ᠤᠨ ᠲᠣᠷᠰᠢ᠂ ᠥᠪᠥᠷ ᠮᠣᠩᠭᠤᠯ ᠨᠢ ︽3+2︾᠂ ︽ | 5+2︾ ᠶᠢᠨ ᠴᠢᠳᠠᠪᠣᠷᠢᠳᠠᠨ ᠢ ᠬᠥᠮᠥᠵᠢᠬᠦᠯᠬᠦ ᠬᠡᠯᠪᠡᠷᠢ ᠶᠢ ᠰᠦᠪᠡᠭᠴᠢᠯᠡᠨ ᠰᠢᠨᠵᠢᠯᠡᠵᠦ᠂ ᠪᠠᠰᠠ ᠦᠪᠦᠷ | ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠡᠭᠡᠳᠦ ᠰᠣᠷᠭᠠᠭᠤᠯᠢ ᠶᠢ | ᠪᠠᠶᠢᠭᠤᠯᠣᠨ᠂ ᠬᠠᠶᠢᠨᠠᠨ ᠮᠣᠵᠢ ᠶᠢᠨ ᠪᠣᠣ ᠲᠢᠩ ᠰᠢᠶᠠᠨ ᠳᠤ ᠦᠪᠡᠷᠳᠡᠭᠡᠨ ᠵᠠᠰᠠᠬᠤ ᠣᠷᠣᠨ ᠤ ᠵᠠᠯᠠᠭᠤᠴᠣᠳ | ᠪᠠᠭᠠᠴᠣᠳ ᠤᠨ ᠬᠥᠯ ᠪᠥᠮᠪᠦᠭᠡ ᠶᠢᠨ ᠡᠮᠦᠨᠡᠲᠦ ᠣᠷᠣᠨ ᠤ ᠪᠣᠯᠪᠠᠰᠣᠷᠠᠯ ᠤᠨ ᠰᠠᠭᠤᠷᠢᠨ ᠭᠠᠵᠠᠷ ᠢ ᠪᠠᠶᠢᠭᠤᠯᠵᠣ᠂ | ᠭᠧᠷᠮᠠᠨ᠂ ᠠᠩᠭ᠍ᠯᠢ ᠵᠡᠷᠭᠡ ᠬᠥᠯ ᠪᠥᠮᠪᠦᠭᠡ ᠬᠥᠭᠵᠢᠭᠰᠡᠨ ᠣᠯᠣᠰ ᠲᠠᠢ ᠬᠠᠮᠵᠢᠯᠴᠠᠭᠠᠨ ᠤ ᠲᠣᠭᠳᠠᠯᠴᠠᠭ᠎ᠠ | ᠪᠠᠶᠢᠭᠤᠯᠣᠭᠰᠠᠨ ᠶᠣᠮ᠃ | ᠣᠳᠣᠬᠠᠨ ᠳᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠣᠷᠭᠠᠭᠤᠯᠢ ᠨᠢ ᠨᠢᠭᠡᠨᠳᠡ 465 ᠨᠡᠷᠡᠰ | ᠪᠡᠶ᠎ᠡ ᠶᠢᠨ ᠲᠠᠮᠢᠷ᠂ ᠠᠩᠭ᠍ᠯᠢ ᠬᠡᠯᠡ ᠪᠠ ᠰᠣᠷᠭᠠᠭᠤᠯᠢ ᠠᠴᠠ ᠡᠮᠥᠨᠡᠬᠢ ᠰᠣᠷᠭᠠᠨ ᠬᠥᠮᠥᠵᠢᠯ ᠤᠨ ᠲᠣᠰᠬᠠᠢ | ᠮᠡᠷᠭᠡᠵᠢᠯ ᠤᠨ ᠰᠣᠷᠭᠠᠭᠤᠯᠢ ᠳᠤ ᠰᠠᠭᠤᠭ᠎ᠠ ᠣᠶᠣᠳᠠᠳ ᠢ ᠬᠥᠯ ᠪᠥᠮᠪᠦᠭᠡ ᠶᠢᠨ ᠴᠢᠭᠯᠡᠯ ᠢᠶᠠᠷ ᠲᠠᠭᠠᠭᠤᠯᠣᠨ | ᠵᠢᠯᠣᠭᠤᠳᠬᠤ ᠪᠣᠯᠪᠠᠰᠣᠷᠠᠯ ᠢ ᠬᠥᠢᠴᠡᠳᠭᠡᠨ ᠪᠡᠶᠡᠯᠡᠬᠦᠯᠵᠥ᠂ ᠥᠪᠥᠷ ᠮᠣᠩᠭᠤᠯ ᠤᠨ ᠥᠨᠳᠥᠰᠥᠳᠡᠨ ᠤ ᠶᠡᠭᠡ | ᠰᠣᠷᠭᠠᠭᠤᠯᠢ ᠪᠠ ᠪᠣᠭᠤᠳᠣ ᠶᠢᠨ ᠪᠠᠭᠰᠢ ᠶᠢᠨ ᠲᠡᠭᠡᠳᠦ ᠰᠣᠷᠭᠠᠭᠤᠯᠢ ᠶᠢᠨ ᠲᠠᠰᠬᠠᠯᠵᠢᠭᠤᠯᠣᠭᠴᠢ ᠶᠢᠨ ᠴᠢᠭᠯᠡᠯ ᠪᠠ | ᠬᠢᠨᠠᠭᠴᠢ ᠶᠢᠨ ᠴᠢᠭᠯᠡᠯ ᠢᠶᠠᠷ ᠲᠠᠭᠠᠭᠤᠯᠣᠨ ᠵᠢᠯᠣᠭᠤᠳᠬᠤ ᠪᠣᠯᠪᠠᠰᠣᠷᠠᠯ ᠴᠦ ᠣᠳᠠᠯ ᠥᠭᠡᠢ ᠡᠬᠢᠯᠡᠬᠦ ᠪᠠᠷ ᠪᠠᠶᠢᠨ᠎ᠠ᠃ | ᠳᠡᠭᠡᠷ᠎ᠡ ᠳᠣᠷᠠᠳᠤᠭᠰᠠᠨ ᠮᠡᠷᠭᠡᠵᠢᠯ ᠤᠨ ᠣᠶᠣᠳᠠᠳ ᠣᠨᠴᠠᠯᠢᠭᠳᠣ ᠰᠣᠷᠭᠠᠭᠤᠯᠢ ᠪᠠ ᠬᠡᠥᠭᠡᠳ ᠤᠨ ᠴᠡᠴᠡᠷᠯᠢᠭ ᠲᠤ | ᠣᠷᠢᠳᠠᠪᠡᠷ ᠠᠵᠢᠯᠯᠠᠬᠤ ᠪᠠᠭᠰᠢᠯᠠᠬᠤ ᠠᠵᠠ ᠲᠣᠬᠢᠶᠠᠯ ᠣᠯᠤᠭᠰᠠᠨ ᠪᠠᠶᠢᠨ᠎ᠠ᠃ ᠥᠨᠥ ᠵᠢᠯ ᠤᠨ ᠲᠡᠭᠡᠳᠦ ᠬᠠᠭᠠᠰ | ᠵᠢᠯ ᠳᠤ᠂ ᠣᠯᠣᠰ ᠤᠨ ᠬᠡᠪᠴᠢᠶᠡᠨ ᠲᠣᠳᠣᠷ᠎ᠠ ᠥᠪᠥᠷ ᠮᠣᠩᠭᠤᠯ ᠨᠢ ᠬᠠᠮᠤᠭ ᠤᠨ ᠣᠷᠢᠳᠠᠪᠡᠷ U ᠰᠢᠷᠢᠰ | ᠣᠷᠣᠯᠳᠣᠭᠠᠨ ᠢ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠳᠤ ᠣᠷᠣᠭᠤᠯᠵᠣ᠂ U13᠂ U15᠂ U17᠂ | U19 ᠭᠡᠬᠦ ᠲᠥᠷᠪᠡᠨ ᠨᠠᠰᠣ ᠵᠢᠯ ᠳᠤ ᠬᠠᠮᠢᠶᠠᠷᠤᠭᠳᠠᠬᠤ ᠰᠣᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ | ᠰᠢᠯᠭᠠᠷᠠᠭᠰᠠᠨ ᠠᠩᠭᠢ ᠨᠤᠭᠤᠳ ᠢ ᠪᠣᠢ ᠪᠣᠯᠭᠠᠪᠠ᠃ | ᠣᠳᠣᠬᠠᠨ᠎ᠠ᠂ ᠬᠥᠯ ᠪᠥᠮᠪᠦᠭᠡ ᠶᠢᠨ ᠰᠫᠣᠷᠲ ᠨᠢ ᠥᠪᠥᠷ ᠮᠣᠩᠭᠤᠯ ᠤᠨ ᠲᠣᠮᠳᠠᠳᠣ ᠪᠠᠭ᠎ᠠ ᠰᠣᠷᠭᠠᠭᠤᠯᠢ ᠶᠢᠨ | ᠬᠠᠮᠤᠭ ᠤᠨ ᠴᠢᠬᠤᠯᠠ ᠠᠵᠢᠯᠯᠠᠭᠠᠨ ᠪᠣᠯᠵᠣ᠂ ᠵᠠᠯᠠᠭᠤᠴᠣᠳ ᠪᠠᠭᠠᠴᠣᠳ ᠤᠨ ᠰᠣᠷᠭᠠᠭᠤᠯᠢ ᠶᠢᠨ ᠬᠦᠷᠢᠶᠡᠨ ᠤ ᠬᠥᠯ | ᠪᠥᠮᠪᠦᠭᠡ ᠶᠢᠨ ᠥᠢᠯᠡᠰ ᠨᠢ ᠲᠠᠯ᠎ᠠ ᠨᠣᠳᠤᠭ ᠲᠤ ︽ᠪᠥᠬᠦ ᠲᠠᠯ᠎ᠠ ᠪᠠᠷ ᠴᠡᠴᠡᠭᠯᠡᠨ ᠲᠡᠯᠭᠡᠷᠡᠵᠥ︾ ᠪᠠᠶᠢᠭ᠎ᠠ ᠶᠣᠮ᠃ | | | | | | |