◆ ᠣᠯᠠᠭᠠᠨᠬᠠᠳᠠ ᠬᠤᠳᠠ ᠶᠢᠨ ᠪᠠᠭᠠᠷᠢᠨ ᠪᠠᠷᠠᠭᠤᠨ ᠬᠤᠰᠢᠭᠤᠨ ᠤ | ᠳ᠋ᠠᠪᠠᠨ ᠮᠣᠩᠭᠤᠯ ᠲᠣᠮᠳᠠᠳᠣ ᠰᠣᠷᠭᠠᠭᠤᠯᠢ ᠣᠷᠢᠬᠠᠨ | | | ᠦᠡᠭᠭᠡᠷᠡᠭᠰᠡᠨ ᠳᠤ ᠥᠪᠥᠷ ᠮᠣᠩᠭᠤᠯ ᠤᠨ ᠦᠷᠭᠡᠨ ᠠᠭᠤᠳᠠᠮ ᠲᠠᠯ᠎ᠠ ᠨᠣᠳᠤᠭ ᠲᠡᠭᠡᠷ᠎ᠡ ᠬᠥᠮᠥᠰ ᠬᠥᠯ | ᠪᠦᠮᠪᠦᠭᠡ ᠶᠢ ᠲᠣᠷᠠᠳᠬᠤ ᠪᠠᠨ ᠪᠠᠶᠢᠵᠣ᠂ ᠬᠥᠯ ᠪᠦᠮᠪᠦᠭᠡ ᠢᠰᠬᠦᠯᠬᠦ ᠬᠡᠥᠭᠡᠳ ᠤᠳ ᠴᠦ ᠣᠯᠠᠮ ᠠᠴᠠ ᠣᠯᠠᠮ | ᠴᠦᠭᠡᠷᠡᠵᠥ᠂ ᠡ᠊ᠨᠡ ᠬᠦ ᠬᠥᠳᠡᠯᠭᠡᠭᠡᠨ ᠨᠢ ᠪᠠᠷᠤᠭ ᠨᠦᠢᠷᠰᠣᠭᠰᠠᠨ ᠪᠠᠶᠢᠳᠠᠯ ᠳᠤ ᠣᠷᠣᠵᠠᠢ᠂ ᠣᠯᠣᠰ ᠤᠨ ᠲᠥᠷᠥ ᠶᠢᠨ | ᠪᠣᠳᠣᠯᠭ᠎ᠠ ᠡ᠊ᠨᠡ ᠬᠦ ᠨᠠᠮ ᠵᠢᠮ ᠲᠠᠭᠤᠳᠠᠨ ᠰᠡᠷᠢᠭᠡᠭᠰᠡᠨ ᠠᠴᠠ ᠬᠥᠯ ᠪᠦᠮᠪᠦᠭᠡ ᠨᠢ ᠰᠣᠷᠭᠠᠭᠤᠯᠢ ᠶᠢᠨ ᠬᠥᠷᠢᠶᠡᠨ ᠳᠤ | ᠳᠠᠷᠬᠠᠨ ᠲᠡᠯᠭᠡᠷᠡᠭᠰᠡᠨ ᠴᠢᠬᠤᠯᠠ ᠨᠢᠭᠡᠨ ᠬᠥᠳᠡᠯᠭᠡᠭᠡᠨ ᠪᠣᠯᠣᠭᠰᠠᠨ ᠪᠠᠶᠢᠨ᠎ᠠ᠃ | ᠪᠢ ᠪᠣᠯ ᠣᠷᠢᠬᠠᠨ᠂ ᠭᠤᠴᠢ ᠭᠠᠷᠴᠤ ᠪᠠᠶᠢᠨ᠎ᠠ᠂ ᠮᠣᠩᠭᠤᠯ ᠲᠣᠮᠳᠠᠳᠣ ᠰᠣᠷᠭᠠᠭᠤᠯᠢ ᠶᠢᠨ ᠲᠠᠮᠢᠷ ᠤᠨ ᠪᠠᠭᠰᠢ᠃ | ᠪᠢ ᠬᠠᠷᠠᠬᠠᠨ ᠪᠠᠭ᠎ᠠ ᠠᠴᠠ ᠪᠠᠨ ᠬᠥᠯ ᠪᠦᠮᠪᠦᠭᠡᠨ ᠤ ᠬᠥᠳᠡᠯᠭᠡᠭᠡᠨ ᠳᠤ ᠬᠠᠯᠠᠮᠰᠢᠵᠣ᠂ ᠪᠠᠰᠠ ᠬᠥᠯ ᠪᠦᠮᠪᠦᠭᠡᠨ ᠳᠤ | ᠪᠠᠭ᠋ᠠᠳᠠᠢ ᠪᠠᠭᠠᠴᠣᠳ ᠠᠴᠠ ᠪᠥᠷᠢᠯᠳᠥᠭᠰᠡᠨ ︽ᠥᠨᠢᠳᠡ︾ ᠬᠥᠯ ᠪᠦᠮᠪᠦᠭᠡ ᠶᠢᠨ ᠠᠩᠭᠢ ᠶᠢ ᠵᠣᠬᠢᠶᠠᠨ ᠪᠠᠶᠢᠭᠤᠯᠵᠣ᠂ | ᠣᠯᠠᠨ ᠣᠳᠠᠭ᠎ᠠ ᠬᠤᠳᠠ ᠠᠴᠠ ᠡᠷᠬᠢᠯᠡᠨ ᠶᠠᠪᠣᠭᠳᠠᠭᠤᠯᠣᠭᠰᠠᠨ ᠪᠠᠭᠠᠴᠣᠳ ᠤᠨ ᠬᠥᠯ ᠪᠦᠮᠪᠦᠭᠡ ᠶᠢᠨ | ᠣᠷᠣᠯᠳᠣᠭᠠᠨ ᠳᠤ ᠣᠷᠣᠯᠴᠠᠵᠣ᠂ ᠰᠢᠯᠢᠳᠡᠭ ᠬᠢᠷᠢ ᠪᠥᠳᠥᠮᠵᠢ ᠬᠥᠷᠳᠡᠨ ᠱᠠᠩᠨᠠᠯ ᠬᠥᠬᠢᠬᠦᠯᠥᠯ ᠣᠯᠣᠭᠰᠠᠨ ᠪᠠᠶᠢᠨ᠎ᠠ᠃ | ᠠᠩᠬ᠎ᠠ ᠲᠣᠮᠳᠠᠳᠣ ᠪᠠᠨ ᠲᠡᠬᠦᠰᠥᠭᠰᠡᠨ ᠤ ᠲᠠᠷᠠᠭ᠎ᠠ ᠬᠥᠯ ᠪᠦᠮᠪᠦᠭᠡ ᠶᠢᠨ ᠬᠥᠰᠡᠯ ᠡᠪᠦᠷᠯᠡᠭᠰᠡᠨ ᠪᠢ ᠭᠠᠭᠴᠠᠭᠠᠷ | ᠪᠡᠭᠡᠵᠢᠩ ᠶᠢᠨ ᠺᠣᠸᠠᠨ ᠯᠢ ᠬᠥᠯ ᠪᠦᠮᠪᠦᠭᠡ ᠶᠢᠨ ᠺᠯᠦ᠋ᠪ ᠲᠤ ᠢᠷᠡᠵᠥ ᠬᠥᠯ ᠪᠦᠮᠪᠦᠭᠡ ᠶᠢᠨ ᠲᠣᠰᠬᠠᠢ ᠮᠡᠷᠭᠡᠵᠢᠯ ᠤᠨ | ᠪᠣᠯᠪᠠᠰᠣᠷᠠᠯ ᠬᠥᠷᠳᠡᠭᠰᠡᠨ ᠪᠠᠶᠢᠨ᠎ᠠ᠃ ᠡ᠊ᠩ ᠤᠨ ᠴᠠᠭ ᠲᠤ ᠰᠢᠷᠭᠠᠭᠤ ᠬᠠᠳᠠᠭᠤᠵᠢᠯᠳᠠᠢ ᠪᠣᠯᠪᠠᠰᠣᠷᠠᠭᠰᠠᠨ ᠠᠴᠠ ᠮᠢᠨᠥ | ᠥᠨᠳᠥᠰᠥᠨ ᠮᠡᠷᠭᠡᠵᠢᠯ ᠣᠬᠤᠷᠬᠠᠨ ᠬᠤᠭᠤᠴᠠᠭᠠᠨ ᠳᠤ ᠲᠡᠭᠡᠭᠰᠢᠯᠡᠭᠰᠡᠨ ᠮᠥᠷᠳᠡᠭᠡᠨ ᠲᠠᠰᠬᠠᠯᠵᠢᠭᠤᠯᠣᠭᠴᠢ ᠶᠢᠨ | ᠪᠠᠭ᠋ᠠᠷᠬᠠᠯ ᠢ ᠣᠯᠵᠣ᠂ ᠺᠣᠸᠠᠨ ᠯᠢ ᠬᠥᠯ ᠪᠦᠮᠪᠦᠭᠡ ᠶᠢᠨ ᠺᠯᠦ᠋ᠪ ᠤᠨ ᠨᠢᠭᠡᠳᠦᠭᠡᠷ ᠱᠣᠭᠤᠮ ᠤᠨ ᠬᠥᠯ ᠪᠦᠮᠪᠦᠭᠡ ᠶᠢᠨ | ᠲᠣᠭᠤᠢᠢᠯᠠᠩ ᠳᠤ ᠲᠠᠨᠢᠯᠴᠠᠭᠤᠯᠣᠭᠳᠠᠪᠠ᠃ ᠭᠡᠳᠡᠯ᠎ᠡ ᠮᠢᠨᠤ ᠬᠥᠯ ᠪᠦᠮᠪᠦᠭᠡ ᠶᠢᠨ ᠵᠠᠮᠨᠡᠯ ᠨᠢ ᠴᠢᠷᠮᠠᠶᠢᠭᠰᠠᠨ | ᠴᠢᠷᠮᠠᠶᠢᠯᠳᠠ ᠲᠠᠢ ᠲᠡᠩᠴᠡᠬᠦᠥ ᠪᠣᠰᠣ ᠪᠠᠶᠢᠵᠣ᠂ ᠭᠤᠷᠪᠠᠨ ᠵᠢᠯ ᠤᠨ ᠲᠠᠷᠠᠭ᠎ᠠ᠂ ᠡᠯ᠎ᠡ ᠵᠥᠢᠯ ᠤᠨ ᠭᠠᠳᠠᠭᠠᠳᠣ | ᠰᠢᠯᠳᠠᠭᠠᠨ ᠠᠴᠠ ᠪᠣᠯᠵᠣ᠂ ᠪᠢ ᠨᠣᠳᠤᠭ ᠲᠤ ᠪᠠᠨ ᠬᠠᠷᠢᠵᠣ ᠪᠢᠴᠢᠭ ᠵᠢᠭᠠᠬᠤ ᠪᠠᠷ ᠪᠣᠯᠵᠣ᠂ ᠪᠠᠭ᠎ᠠ ᠠᠴᠠ | ᠪᠠᠷᠢᠮᠳᠠᠯᠠᠭᠰᠠᠨ ᠬᠥᠯ ᠪᠦᠮᠪᠦᠭᠡ ᠶᠢᠨ ᠬᠥᠰᠡᠯ ᠮᠢᠨᠢ ᠡ᠊ᠨᠳᠡ ᠬᠥᠷᠥᠭᠡᠳ ᠨᠢᠭᠡ ᠬᠡᠰᠡᠭ ᠥᠨᠳᠥᠷᠯᠡᠬᠦ ᠪᠣᠯᠣᠭᠰᠠᠨ | ᠪᠠᠶᠢᠨ᠎ᠠ᠃ | ︽ᠴᠢᠷᠮᠠᠶᠢᠯᠭ᠎ᠠ ᠬᠥᠮᠥᠨ ᠢ ᠭᠤᠮᠣᠳᠠᠭᠠᠳᠠᠭ ᠥᠭᠡᠢ︾ ᠭᠡᠳᠡᠭ ᠢᠶᠠᠷ 2014 ᠣᠨ ᠳᠤ ᠥᠪᠥᠷ | ᠮᠣᠩᠭᠤᠯ ᠤᠨ ᠥᠪᠡᠷᠳᠡᠭᠡᠨ ᠵᠠᠰᠠᠬᠤ ᠣᠷᠣᠨ ᠨᠢ ᠰᠣᠷᠭᠠᠭᠤᠯᠢ ᠶᠢᠨ ᠬᠥᠯ ᠪᠦᠮᠪᠦᠭᠡ ᠪᠡ ᠨᠡᠶᠢᠭᠡᠮ ᠤᠨ ᠬᠥᠯ | ᠪᠦᠮᠪᠦᠭᠡ ᠶᠢ ᠶᠡᠭᠡ ᠪᠠᠷ ᠲᠡᠯᠭᠡᠷᠡᠬᠦᠯᠬᠦ ᠪᠥᠬᠦ ᠣᠯᠣᠰ ᠤᠨ ᠬᠥᠯ ᠪᠦᠮᠪᠦᠭᠡ ᠶᠢᠨ ᠥᠭᠡᠷᠡᠴᠢᠯᠡᠨ ᠬᠥᠭᠵᠢᠬᠦᠯᠬᠦ | ᠠᠩᠬᠠᠳᠠᠭᠴᠢ ᠲᠣᠷᠰᠢᠯᠳᠠ ᠶᠢᠨ ᠣᠷᠣᠨ ᠢᠶᠠᠷ ᠲᠣᠭᠳᠠᠭᠠᠭᠳᠠᠪᠠ᠃ ᠡ᠊ᠨᠡ ᠬᠦ ᠣᠯᠣᠰ ᠤᠨ ᠲᠥᠷᠥ ᠶᠢᠨ | ᠪᠣᠳᠣᠯᠭ᠎ᠠ ᠨᠢ ᠮᠢᠨᠥ ᠰᠡᠳᠬᠢᠯ ᠤᠨ ᠵᠣᠯᠠ ᠶᠢ ᠲᠠᠬᠢᠨᠳᠠ ᠠᠰᠠᠭᠠᠭᠰᠠᠨ ᠪᠠᠶᠢᠨ᠎ᠠ᠃ 2009 ᠣᠨ ᠳᠤ | ᠰᠣᠷᠭᠠᠭᠤᠯᠢ ᠶᠢᠨ ᠬᠦᠷᠢᠶᠡᠨ ᠤ ᠬᠥᠯ ᠪᠦᠮᠪᠦᠭᠡ ᠨᠢ ᠨᠡᠶᠢᠭᠡᠮ ᠳᠤ ᠠᠩᠬᠠᠷᠣᠭᠳᠠᠬᠤ ᠠᠴᠠ ᠡᠮᠥᠨ᠎ᠡ ᠪᠢ ᠮᠣᠩᠭᠤᠯ | ᠲᠣᠮᠳᠠᠳᠣ ᠰᠣᠷᠭᠠᠭᠤᠯᠢ ᠠᠴᠠ ᠨᠢᠭᠡ ᠪᠥᠯᠥᠭ ᠬᠥᠯ ᠪᠦᠮᠪᠦᠭᠡᠨ ᠳᠤ ᠪᠠᠭ᠋ᠠᠳᠠᠢ ᠰᠣᠷᠣᠭᠴᠢᠳ ᠢ ᠰᠣᠩᠭᠤᠵᠣ᠂ ᠬᠥᠯ | ᠪᠦᠮᠪᠦᠭᠡ ᠶᠢ ᠠᠩᠭᠢ ᠵᠣᠬᠢᠶᠠᠨ ᠪᠠᠶᠢᠭᠤᠯᠵᠣ᠂ ᠥᠷᠯᠥᠭᠡ ᠪᠣᠶᠣ ᠬᠢᠴᠢᠶᠡᠯ ᠤᠨ ᠵᠠᠪᠰᠠᠷᠯᠠᠭ᠎ᠠ ᠤᠨ ᠴᠠᠭ ᠢ ᠠᠰᠢᠭᠯᠠᠨ | ᠲᠡᠳᠡᠨ ᠳᠤ ᠥᠨᠳᠥᠰᠥᠨ ᠮᠡᠷᠭᠡᠵᠢᠯ ᠵᠢᠭᠠᠨ ᠦᠭᠴᠦ ᠪᠣᠯᠪᠠᠰᠣᠷᠠᠭᠤᠯᠳᠠᠭ᠃ ᠬᠡᠳᠦ᠋ᠢᠪᠡᠷ ᠲᠣᠷ᠎ᠠ ᠪᠠᠬ᠎ᠠ ᠲᠠᠢ ᠠᠴᠠ | ᠪᠣᠯᠵᠣ ᠶᠠᠮᠠᠷ ᠴᠣ᠋ ᠵᠣᠷᠢᠯᠭ᠎ᠠ᠂ ᠥᠷᠢᠰᠥᠯᠳᠥᠭᠡᠨ ᠥᠭᠡᠢ ᠪᠠᠷ ᠪᠣᠯᠪᠠᠰᠣᠷᠠᠯ ᠬᠢᠳᠡᠭ ᠪᠣᠯᠪᠠᠴᠣ ᠥᠡᠭᠭᠡᠷᠡᠭᠰᠡᠨ ᠳᠤ ᠮᠢᠨᠥ | ᠪᠦᠮᠪᠦᠭᠡ ᠶᠢᠨ ᠲᠣᠭᠤᠢᠢᠯᠠᠩ ᠠᠴᠠ ᠶᠡᠭᠡ ᠰᠣᠷᠭᠠᠭᠤᠯᠢ ᠳᠤ ᠰᠢᠯᠭᠠᠨ ᠣᠷᠣᠭᠰᠠᠨ ᠰᠣᠷᠣᠭᠴᠢᠳ ᠪᠦᠷ ᠶᠡᠭᠡ | ᠰᠣᠷᠭᠠᠭᠤᠯᠢ ᠶᠢᠨ ᠬᠤᠯᠪᠣᠭᠠᠳᠣ ᠣᠷᠣᠯᠳᠣᠭᠠᠨ ᠳᠤ ᠣᠷᠣᠯᠴᠠᠵᠣ ᠰᠢᠯᠢᠳᠡᠭ ᠬᠢᠷᠢ ᠪᠥᠳᠥᠮᠵᠢ ᠣᠯᠣᠭᠰᠠᠨ ᠪᠠᠶᠢᠨ᠎ᠠ᠃ | ᠣᠳᠠᠭ᠎ᠠ ᠪᠥᠷᠢ ᠡᠶᠢᠮᠥᠷᠬᠦᠥ ᠴᠢᠮᠡᠭᠡ ᠶᠢ ᠰᠣᠨᠣᠰᠬᠤ ᠳᠤ ᠰᠡᠳᠬᠢᠯ ᠳᠤ ᠶᠡᠭᠡ ᠲᠠᠭᠠᠯᠠᠮᠵᠢᠳᠠᠢ ᠪᠠᠶᠢᠳᠠᠭ᠃ | 2015 ᠣᠨ ᠤ ᠨᠠᠮᠣᠷ᠂ ᠪᠢ ᠰᠣᠷᠣᠭᠴᠢ ᠶᠢᠨ ᠬᠥᠯ ᠪᠦᠮᠪᠦᠭᠡ ᠶᠢᠨ ᠲᠣᠭᠤᠢᠢᠯᠠᠩ ᠢ ᠲᠠᠭᠠᠭᠤᠯᠵᠣ᠂ | ᠠᠩᠬ᠎ᠠ ᠣᠳᠠᠭ᠎ᠠ ᠬᠤᠳᠠ ᠶᠢᠨ ᠰᠣᠷᠭᠠᠨ ᠬᠥᠮᠥᠵᠢᠯ ᠤᠨ ᠲᠣᠪᠴᠢᠶᠠᠨ ᠠᠴᠠ ᠡᠷᠬᠢᠯᠡᠨ ᠶᠠᠪᠣᠭᠳᠠᠭᠤᠯᠣᠭᠰᠠᠨ | ᠠᠩᠬᠠᠳᠠᠭᠴᠢ ᠬᠤᠭᠤᠴᠠᠭᠠᠨ ᠤ ︽ᠬᠤᠳᠠ ᠶᠢᠨ ᠲᠠᠷᠤᠭ᠎ᠠ ᠬᠤᠨᠳᠠᠭᠠᠳᠣ︾ ᠰᠣᠷᠭᠠᠭᠤᠯᠢ ᠶᠢᠨ ᠬᠦᠷᠢᠶᠡᠨ ᠤ ᠬᠥᠯ | ᠪᠦᠮᠪᠦᠭᠡ ᠶᠢᠨ ᠬᠤᠯᠪᠣᠭᠠᠳᠣ ᠣᠷᠣᠯᠳᠣᠭᠠᠨ ︵ᠠᠩᠬ᠎ᠠ ᠲᠣᠮᠳᠠᠳᠣ ᠶᠢᠨ ᠲᠣᠭᠤᠢᠢᠯᠠᠩ︶ ᠳᠤ ᠣᠷᠣᠯᠴᠠᠵᠣ᠂ | ᠡᠷᠡᠭᠳᠡᠢ ᠶᠢᠨ ᠲᠠᠪᠣᠳᠣᠭᠠᠷ᠂ ᠡᠮᠡᠭᠳᠡᠢ ᠶᠢᠨ ᠲᠡᠷᠢᠬᠦᠨ ᠳᠤ ᠣᠷᠤᠭᠰᠠᠨ ᠰᠠᠶᠢᠨ ᠬᠢᠷᠢ ᠪᠥᠳᠥᠮᠵᠢ ᠣᠯᠣᠭᠰᠠᠨ ᠪᠠᠶᠢᠨ᠎ᠠ᠃ | ᠡᠬᠦᠨ ᠠᠴᠠ ᠡᠬᠢᠯᠡᠨ᠂ ᠮᠣᠩᠭᠤᠯ ᠲᠣᠮᠳᠠᠳᠣ ᠰᠣᠷᠭᠠᠭᠤᠯᠢ ᠶᠢᠨ ᠬᠦᠷᠢᠶᠡᠨ ᠤ ᠬᠥᠯ ᠪᠦᠮᠪᠦᠭᠡ ᠶᠢᠨ ᠲᠣᠭᠤᠢᠢᠯᠠᠩ ᠨᠢ | ᠡᠯ᠎ᠡ ᠵᠥᠢᠯ ᠤᠨ ᠣᠷᠣᠯᠳᠣᠭᠠᠨ ᠳᠤ ᠣᠷᠣᠯᠴᠠᠵᠣ᠂ ᠪᠢ ᠲᠠᠰᠬᠠᠯᠵᠢᠭᠤᠯᠣᠭᠴᠢ ᠪᠣᠯᠣᠭᠰᠠᠨ ᠤ ᠬᠤᠪᠢ ᠳᠤ ᠪᠠᠰᠠ | ᠦᠪᠡᠷ ᠢ ᠪᠠᠨ ᠲᠠᠰᠤᠷᠤᠯᠲᠠ ᠦᠭᠡᠢ ᠲᠡᠭᠦᠯᠳᠡᠷᠵᠢᠭᠦᠯᠦᠨ ᠪᠣᠯᠪᠠᠰᠣᠷᠠᠯ ᠳᠤ ᠣᠷᠣᠯᠴᠠᠵᠣ᠂ ᠪᠦᠮᠪᠦᠭᠡ ᠶᠢᠨ | ᠠᠩᠭᠢ ᠪᠠᠨ ᠲᠠᠭᠠᠭᠤᠯᠣᠨ ᠬᠤᠰᠢᠭᠤ᠂ ᠬᠤᠳᠠ᠂ ᠣᠷᠣᠨ ᠤ ᠡᠷᠬᠢᠯᠡᠨ ᠶᠠᠪᠣᠭᠳᠠᠭᠤᠯᠣᠭᠰᠠᠨ ᠣᠯᠠᠨ | ᠣᠷᠤᠯᠳᠤᠭᠠᠨ ᠳᠤ ᠣᠷᠤᠯᠴᠠᠭᠰᠠᠨ ᠪᠠ ᠴᠢᠨᠠᠭᠰᠢᠯᠠᠨ ᠲᠣᠮᠳᠠᠳᠣ᠂ ᠮᠣᠩᠭᠤᠯ᠂ ᠣᠷᠣᠰ ᠭᠤᠷᠪᠠᠨ ᠣᠯᠣᠰ ᠤᠨ | ᠵᠠᠯᠠᠭᠤᠴᠣᠳ ᠪᠠᠭᠠᠴᠣᠳ ᠤᠨ ᠬᠥᠯ ᠪᠦᠮᠪᠦᠭᠡ ᠶᠢᠨ ᠣᠷᠣᠯᠳᠣᠭᠠᠨ ᠳᠤ ᠴᠤ ᠣᠷᠣᠯᠴᠠᠭᠰᠠᠨ ᠪᠠᠶᠢᠨ᠎ᠠ᠃ 2016 | ᠣᠨ ᠳᠤ ᠬᠤᠳᠠ ᠶᠢᠨ ᠰᠣᠷᠭᠠᠨ ᠬᠥᠮᠥᠵᠢᠯ ᠤᠨ ᠲᠣᠪᠴᠢᠶᠠᠨ ᠠᠴᠠ ᠡᠷᠬᠢᠯᠡᠨ ᠶᠠᠪᠣᠭᠳᠠᠭᠤᠯᠣᠭᠰᠠᠨ ᠬᠤᠶᠠᠳᠣᠭᠠᠷ | ᠬᠤᠭᠤᠴᠠᠭᠠᠨ ᠤ ︽ᠬᠤᠳᠠ ᠶᠢᠨ ᠲᠠᠷᠤᠭ᠎ᠠ ᠬᠤᠨᠳᠠᠭᠠᠳᠣ︾ ᠰᠣᠷᠭᠠᠭᠤᠯᠢ ᠶᠢᠨ ᠬᠦᠷᠢᠶᠡᠨ ᠤ ᠬᠥᠯ ᠪᠦᠮᠪᠦᠭᠡ ᠶᠢᠨ | ᠬᠤᠯᠪᠣᠭᠠᠳᠣ ᠣᠷᠣᠯᠳᠣᠭᠠᠨ ︵ᠠᠩᠬ᠎ᠠ ᠲᠣᠮᠳᠠᠳᠣ ᠶᠢᠨ ᠲᠣᠭᠤᠢᠢᠯᠠᠩ︶ ᠳᠤ ᠣᠷᠣᠯᠴᠠᠵᠣ᠂ ᠡᠷᠡᠭᠳᠡᠢ ᠶᠢᠨ ᠭᠤᠳᠠᠭᠠᠷ᠂ | ᠡᠮᠡᠭᠳᠡᠢ ᠶᠢᠨ ᠲᠡᠷᠢᠬᠦᠨ ᠤ ᠰᠠᠶᠢᠨ ᠬᠢᠷᠢ ᠪᠥᠳᠥᠮᠵᠢ ᠣᠯᠵᠣ᠂ ᠡᠷᠡᠭᠳᠡᠢ ᠡᠮᠡᠭᠳᠡᠢ ᠬᠥᠯ ᠪᠦᠮᠪᠦᠭᠡ ᠶᠢᠨ ᠠᠩᠭᠢ ᠨᠢ | ᠣᠷᠣᠨ ᠤ ᠡᠷᠬᠢᠯᠡᠨ ᠶᠠᠪᠣᠭᠳᠠᠭᠤᠯᠣᠭᠰᠠᠨ ︽ᠲᠡᠷᠢᠬᠦᠯᠡᠭᠴᠢ ᠬᠤᠨᠳᠠᠭᠠᠳᠣ︾ ᠵᠠᠯᠠᠭᠤᠴᠣᠳ ᠪᠠᠭᠠᠴᠣᠳ ᠤᠨ | ᠰᠣᠷᠭᠠᠭᠤᠯᠢ ᠶᠢᠨ ᠬᠦᠷᠢᠶᠡᠨ ᠤ ᠬᠥᠯ ᠪᠦᠮᠪᠦᠭᠡ ᠶᠢᠨ ᠣᠷᠣᠯᠳᠣᠭᠠᠨ ᠳᠤ ᠣᠷᠣᠯᠴᠠᠵᠣ᠂ ᠡᠮᠡᠭᠳᠡᠢ ᠶᠢᠨ ᠭᠤᠳᠠᠭᠠᠷ | ᠨᠡᠷ᠎ᠡ ᠶᠢᠨ ᠰᠢᠯᠢᠳᠡᠭ ᠬᠢᠷᠢ ᠪᠥᠳᠥᠮᠵᠢ ᠣᠯᠣᠭᠰᠠᠨ ᠪᠠᠶᠢᠨ᠎ᠠ᠃ 2017 ᠣᠨ ᠳᠤ ᠭᠤᠷᠪᠠᠳᠣᠭᠠᠷ ᠬᠤᠭᠤᠴᠠᠭᠠᠨ ᠤ | ︽ᠬᠤᠳᠠ ᠶᠢᠨ ᠲᠠᠷᠤᠭ᠎ᠠ ᠬᠤᠨᠳᠠᠭᠠᠳᠣ︾ ᠰᠣᠷᠭᠠᠭᠤᠯᠢ ᠶᠢᠨ ᠬᠦᠷᠢᠶᠡᠨ ᠤ ᠬᠥᠯ ᠪᠦᠮᠪᠦᠭᠡ ᠶᠢᠨ ᠬᠤᠯᠪᠣᠭᠠᠳᠣ | ᠣᠷᠣᠯᠳᠣᠭᠠᠨ ︵ᠠᠩᠬ᠎ᠠ ᠲᠣᠮᠳᠠᠳᠣ ᠶᠢᠨ ᠲᠣᠭᠤᠢᠢᠯᠠᠩ︶ ᠳᠤ ᠣᠷᠣᠯᠴᠠᠵᠣ᠂ ᠡᠷᠡᠭᠳᠡᠢ ᠶᠢᠨ ᠲᠡᠷᠢᠬᠦᠨ᠂ | ᠡᠮᠡᠭᠳᠡᠢ ᠶᠢᠨ ᠲᠡᠳ᠋ ᠨᠡᠷ᠎ᠡ ᠳᠤ ᠣᠷᠤᠭᠰᠠᠨ ᠰᠢᠯᠢᠳᠡᠭ ᠬᠢᠷᠢ ᠪᠥᠳᠥᠮᠵᠢ ᠣᠯᠵᠣ᠂ ᠵᠠᠯᠭᠠᠭᠠᠳ ᠣᠷᠣᠨ ᠤ ︽ | ᠲᠡᠷᠢᠬᠦᠯᠡᠭᠴᠢ ᠬᠤᠨᠳᠠᠭᠠᠳᠣ︾ ᠵᠠᠯᠠᠭᠤᠴᠣᠳ ᠪᠠᠭᠠᠴᠣᠳ ᠤᠨ ᠬᠥᠯ ᠪᠦᠮᠪᠦᠭᠡ ᠶᠢᠨ ᠣᠷᠣᠯᠳᠣᠭᠠᠨ ᠳᠤ ᠴᠤ ᠡᠷᠡᠭᠳᠡᠢ᠂ | ᠡᠮᠡᠭᠳᠡᠢ ᠲᠣᠭᠤᠢᠢᠯᠠᠩ ᠴᠦᠮ ᠣᠷᠣᠯᠴᠠᠪᠠ᠃ ᠡᠬᠦᠨ ᠠᠴᠠ ᠭᠠᠳᠠᠨ᠎ᠠ ᠪᠠᠰᠠ 2015 ᠣᠨ᠂ 2016 ᠣᠨ ᠳᠤ | ᠬᠤᠳᠠ ᠶᠢᠨ ᠪᠡᠶ᠎ᠡ ᠶᠢᠨ ᠲᠠᠮᠢᠷ ᠤᠨ ᠲᠣᠪᠴᠢᠶᠠᠨ ᠠᠴᠠ ᠡᠷᠬᠢᠯᠡᠨ ᠶᠠᠪᠣᠭᠳᠠᠭᠤᠯᠣᠭᠰᠠᠨ U16 ᠵᠠᠯᠠᠭᠤᠴᠣᠳ | ᠪᠠᠭᠠᠴᠣᠳ ᠤᠨ ᠬᠥᠯ ᠪᠦᠮᠪᠦᠭᠡ ᠶᠢᠨ ᠣᠷᠣᠯᠳᠣᠭᠠᠨ ᠳᠤ ᠣᠷᠣᠯᠴᠠᠵᠣ᠂ ᠡᠷᠡᠭᠳᠡᠢ ᠡᠮᠡᠭᠳᠡᠢ ᠶᠢᠨ ᠬᠤᠣᠰ ᠲᠡᠷᠢᠬᠦᠨ ᠤ | ᠰᠠᠶᠢᠨ ᠬᠢᠷᠢ ᠪᠥᠳᠥᠮᠵᠢ ᠣᠯᠵᠠᠢ᠃ 2017 ᠣᠨ ᠤ U14 ᠵᠠᠯᠠᠭᠤᠴᠣᠳ ᠪᠠᠭᠠᠴᠣᠳ ᠤᠨ ᠬᠥᠯ ᠪᠦᠮᠪᠦᠭᠡᠨ | ᠣᠷᠣᠯᠳᠣᠭᠠᠨ ᠳᠤ ᠡᠷᠡᠭᠳᠡᠢ ᠶᠢᠨ ᠭᠤᠳᠠᠭᠠᠷ᠂ ᠡᠮᠡᠭᠳᠡᠢ ᠶᠢᠨ ᠲᠡᠷᠢᠬᠦᠨ ᠤ ᠰᠠᠶᠢᠨ ᠬᠢᠷᠢ ᠪᠥᠳᠥᠮᠵᠢ ᠣᠯᠵᠠᠢ᠃ | 2015 ᠣᠨ ᠳᠤ ᠮᠠᠨᠵᠣᠣᠷ ᠬᠤᠳᠠ ᠳᠤ ᠪᠣᠯᠣᠭᠰᠠᠨ ᠥᠪᠡᠷᠳᠡᠭᠡᠨ ᠵᠠᠰᠠᠬᠤ ᠣᠷᠣᠨ ᠤ ᠵᠠᠯᠠᠭᠤᠴᠣᠳ | ᠪᠠᠭᠠᠴᠣᠳ ᠤᠨ ᠡᠮᠡᠭᠳᠡᠢ ᠶᠢᠨ ᠬᠥᠯ ᠪᠦᠮᠪᠦᠭᠡᠨ ᠤ ᠮᠠᠩᠯᠠᠢ ᠰᠢᠯᠭᠠᠷᠠᠭᠤᠯᠬᠤ ᠣᠷᠣᠯᠳᠣᠭᠠᠨ ᠳᠤ ᠭᠤᠳᠠᠭᠠᠷ ᠲᠤ | ᠲᠣᠳᠣᠷᠠᠵᠣ᠂ 2017 ᠣᠨ ᠳᠤ ᠡᠷᠢᠶᠡᠨ ᠬᠤᠳᠠ ᠠᠴᠠ ᠡᠷᠬᠢᠯᠡᠨ ᠶᠠᠪᠣᠭᠳᠠᠭᠤᠯᠣᠭᠰᠠᠨ ︽ᠡᠷᠢᠶᠡᠨ — ᠵᠠᠮ ᠤᠨ | ᠡᠬᠦᠳᠡ︾ ᠬᠤᠨᠳᠠᠭᠠᠳᠣ ᠣᠯᠠᠨ ᠣᠯᠣᠰ ᠤᠨ ᠵᠠᠯᠠᠭᠤᠴᠣᠳ ᠪᠠᠭᠠᠴᠤᠳ ᠤᠨ ᠬᠥᠯ ᠪᠦᠮᠪᠦᠭᠡ ᠶᠢᠨ ᠣᠷᠢᠯᠭ᠎ᠠ ᠶᠢᠨ | ᠣᠷᠣᠯᠳᠣᠭᠠᠨ ᠳᠤ ᠡᠮᠡᠭᠳᠡᠢ ᠶᠢᠨ ᠲᠡᠳ᠋ ᠨᠡᠷ᠎ᠡ ᠳᠤ ᠣᠷᠤᠭᠰᠠᠨ ᠰᠠᠶᠢᠨ ᠪᠥᠳᠥᠮᠵᠢ ᠣᠯᠵᠠᠢ᠃ 2016 ᠣᠨ ᠳᠤ | ᠬᠠᠶᠢᠨᠠᠨ ᠤ ᠪᠣᠯᠪᠠᠰᠣᠷᠠᠯ ᠤᠨ ᠰᠠᠭᠤᠷᠢᠨ ᠭᠠᠵᠠᠷ ᠲᠤ ᠶᠠᠪᠣᠭᠳᠠᠭᠰᠠᠨ ᠥᠪᠥᠷ ᠮᠣᠩᠭᠤᠯ ᠤᠨ ᠣᠯᠠᠨ ᠣᠯᠣᠰ ᠤᠨ | ᠵᠠᠯᠠᠭᠤᠴᠣᠳ ᠪᠠᠭᠠᠴᠣᠳ ᠤᠨ ᠰᠣᠷᠭᠠᠭᠤᠯᠢ ᠶᠢᠨ ᠬᠦᠷᠢᠶᠡᠨ ᠤ ᠬᠥᠯ ᠪᠦᠮᠪᠦᠭᠡ ᠶᠢᠨ ᠡᠪᠦᠯ ᠤᠨ ᠠᠮᠠᠷᠠᠯᠳᠠ ᠶᠢᠨ | ᠭᠠᠵᠠᠷ ᠤᠨ ︽ᠮᠧᠩ ᠼᠣᠣ ᠬᠤᠨᠳᠠᠭᠠᠳᠣ︾ ᠣᠷᠣᠯᠳᠣᠭᠠᠨ ᠳᠤ ᠡᠮᠡᠭᠳᠡᠢ ᠶᠢᠨ ᠲᠡᠷᠢᠬᠦᠨ ᠤ ᠰᠠᠶᠢᠨ ᠬᠢᠷᠢ | ᠪᠥᠳᠥᠮᠵᠢ ᠶᠢ ᠣᠯᠵᠠᠢ᠃ | ᠶᠠᠮᠠᠷ ᠴᠤ ᠰᠠᠭᠤᠷᠢ ᠪᠣᠯᠪᠠᠰᠤᠷᠠᠯ ᠦᠭᠡᠢ ᠨᠢᠭᠡ ᠪᠦᠮᠪᠦᠭᠡ ᠶᠢᠨ ᠠᠩᠭᠢ ᠶᠢᠨ ᠬᠡᠰᠢᠬᠦᠳ ᠤᠨ | ᠣᠷᠣᠯᠳᠣᠭᠠᠨ ᠳᠤ ᠲᠡᠷᠢᠬᠦᠯᠡᠬᠦ ᠭᠡᠭᠴᠢ ᠬᠢᠯᠪᠠᠷ ᠪᠢᠰᠢ ᠪᠠᠶᠢᠳᠠᠭ᠃ ᠡ᠊ᠨᠡ ᠬᠡᠳᠦᠨ ᠵᠢᠯ ᠳᠤ ᠪᠢ ᠦᠪᠡᠷ ᠤᠨ | ᠪᠡᠶ᠎ᠡ ᠳᠤ ᠪᠠᠨ ᠴᠢᠩᠭ᠎ᠠ ᠱᠠᠭᠠᠷᠳᠠᠯᠭ᠎ᠠ ᠲᠠᠯᠪᠢᠬᠤ ᠪᠠᠨ ᠶᠡᠷᠦ ᠠᠴᠠ ᠰᠣᠯᠠᠷᠠᠭᠤᠯᠣᠭᠰᠠᠨ ᠥᠭᠡᠢ᠂ ᠣᠳᠠᠭ᠎ᠠ ᠪᠣᠯᠭᠠᠨ ᠤ | ᠪᠣᠯᠪᠠᠰᠣᠷᠠᠯ ᠳᠤ ᠣᠷᠣᠯᠴᠠᠵᠣ ᠲᠠᠭᠤᠰᠣᠭᠰᠠᠨ ᠤ ᠲᠠᠷᠠᠭ᠎ᠠ ᠨᠠᠷᠢᠨ ᠬᠢᠨᠠᠮᠠᠭᠠᠢ ᠳ᠋ᠦᠩᠨᠡᠯᠲᠡ ᠬᠢᠵᠣ᠂ ᠣᠯᠵᠣ | ᠰᠣᠷᠣᠭᠰᠠᠨ ᠵᠥᠢᠯ ᠢᠶᠠᠨ ᠪᠣᠳᠠᠳᠠᠢ ᠪᠣᠯᠪᠠᠰᠣᠷᠠᠯ ᠲᠣᠮᠳᠠ ᠵᠠᠷᠣᠵᠣ᠂ ᠣᠨᠣᠯ ᠪᠣᠯᠣᠨ ᠥᠢᠯᠡᠳᠥᠯᠭᠡ ᠶᠢ ᠦᠨᠡᠨ ᠬᠦ | ᠣᠶᠠᠯᠳᠣᠭᠤᠯᠣᠨ᠂ ᠭᠡᠰᠢᠬᠦᠳ ᠤᠨ ᠢᠶᠠᠨ ᠮᠡᠷᠭᠡᠵᠢᠯ ᠢ ᠥᠳᠳᠡᠷ ᠲᠦᠷᠭᠡᠨ ᠳᠡᠭᠡᠭᠰᠢᠯᠡᠭᠦᠯᠬᠦ ᠶᠢ ᠵᠣᠷᠢᠵᠠᠢ᠃ 2017 | ᠣᠨ ᠤ ᠡᠬᠢᠨ ᠳᠤ ᠪᠢ ᠥᠪᠥᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠰᠣᠷᠭᠠᠨ ᠬᠥᠮᠥᠵᠢᠯ ᠤᠨ | ᠲᠢᠩᠭᠢᠮ ᠤᠨ ᠵᠣᠬᠢᠶᠠᠨ ᠪᠠᠶᠢᠭᠤᠯᠣᠭᠰᠠᠨ ᠰᠣᠷᠭᠠᠭᠤᠯᠢ ᠶᠢᠨ ᠬᠦᠷᠢᠶᠡᠨ ᠤ ᠬᠥᠯ ᠪᠦᠮᠪᠦᠭᠡ ᠶᠢᠨ | ᠲᠠᠰᠬᠠᠯᠵᠢᠭᠤᠯᠣᠭᠴᠢ ᠶᠢᠨ ᠠᠩᠭ᠍ᠯᠢ ᠳᠤ ᠪᠣᠯᠤᠭᠰᠠᠨ ᠰᠣᠷᠭᠠᠨ ᠬᠥᠮᠥᠵᠢᠯ ᠬᠥᠷᠳᠡᠬᠦ ᠪᠣᠯᠪᠠᠰᠣᠷᠠᠯ ᠳᠤ ᠣᠷᠣᠯᠴᠠᠵᠣ᠂ | ᠭᠠᠳᠠᠭᠠᠳᠣ ᠶᠢᠨ ᠵᠠᠯᠠᠭᠤᠴᠣᠳ ᠪᠠᠭᠠᠴᠣᠳ ᠨᠢ ᠬᠡᠷᠬᠢᠨ ᠪᠦᠮᠪᠦᠭᠡ ᠢᠰᠬᠦᠯᠬᠦ᠂ ᠭᠠᠳᠠᠭᠠᠳᠣ ᠶᠢᠨ | ᠲᠠᠰᠬᠠᠯᠵᠢᠭᠤᠯᠣᠭᠴᠢ ᠨᠢ ᠬᠡᠷᠬᠢᠨ ᠵᠢᠭᠠᠨ ᠰᠣᠷᠭᠠᠵᠣ ᠪᠠᠶᠢᠭ᠎ᠠ ᠶᠢ ᠥᠪᠡᠷ ᠤᠨ ᠨᠢᠳᠦ ᠪᠠᠷ ᠢᠶᠠᠨ ᠦᠵᠡᠨ | ᠰᠣᠷᠣᠯᠴᠠᠵᠣ᠂ ᠲᠥᠬᠦᠷᠡᠩ ᠣᠯᠣᠯᠳᠠ ᠲᠠᠢ ᠬᠠᠷᠢᠵᠣ ᠢᠷᠡᠭᠰᠡᠨ ᠪᠠᠶᠢᠨ᠎ᠠ᠃ | ᠪᠢ ᠵᠠᠰᠠᠭ ᠤᠨ ᠣᠷᠳᠣᠨ ᠪᠣᠯᠣᠨ ᠬᠠᠮᠢᠶ᠎ᠠ ᠪᠥᠬᠦᠢ ᠪᠠᠶᠢᠭᠤᠯᠭ᠎ᠠ ᠨᠢ ᠬᠥᠯ ᠪᠦᠮᠪᠦᠭᠡ ᠶᠢᠨ ᠠᠩᠭᠢ ᠶᠢᠨ | ᠬᠡᠥᠭᠡᠳ ᠤᠳ ᠤᠨ ᠢᠷᠡᠭᠡᠳᠥᠢ ᠶᠢᠨ ᠰᠣᠷᠭᠠᠭᠤᠯᠢ ᠲᠠᠪᠰᠢᠬᠤ ᠠᠰᠠᠭᠤᠳᠠᠯ ᠪᠣᠯᠣᠨ ᠬᠤᠵᠢᠮ ᠤᠨ ᠬᠥᠭᠵᠢᠯᠳᠡ ᠶᠢᠨ | ᠠᠰᠠᠭᠤᠳᠠᠯ ᠢ ᠴᠢᠬᠤᠯᠠᠴᠢᠯᠠᠨ ᠦᠵᠡᠵᠦ ᠪᠠᠶᠢᠭ᠎ᠠ ᠡ᠊ᠨᠡ ᠬᠦ ᠠᠰᠠᠭᠤᠳᠠᠯ ᠳᠤ ᠴᠢᠭᠯᠡᠬᠦᠯᠥᠨ᠂ ᠬᠠᠮᠢᠶ᠎ᠠ ᠪᠥᠬᠦᠢ | ᠳᠦᠷᠢᠮ ᠲᠣᠭᠲᠠᠭᠠᠯ ᠲᠣᠭᠳᠠᠭᠠᠵᠣ᠂ ᠡᠳᠡᠭᠡᠷ ᠬᠥᠯ ᠪᠦᠮᠪᠦᠭᠡᠨ ᠳᠤ ᠠᠪᠢᠶᠠᠰ ᠲᠠᠢ ᠬᠡᠥᠭᠡᠳ ᠤᠳ ᠲᠤ ᠲᠥᠳᠡ ᠵᠠᠮ | ᠨᠡᠭᠡᠭᠡᠨ ᠦᠭᠬᠦ ᠪᠠᠷ ᠴᠢᠷᠮᠠᠶᠢᠵᠠᠢ᠂ ᠬᠠᠮᠤᠭ ᠤᠨ ᠰᠡᠭᠦᠯ ᠳᠤ ᠲᠡᠳᠡᠨ ᠤ ᠬᠥᠯ ᠪᠦᠮᠪᠦᠭᠡ ᠶᠢᠨ ᠵᠠᠮ ᠢᠶᠠᠷ ᠣᠯᠠᠮ | ᠬᠤᠯᠠ ᠶᠠᠪᠣᠬᠤ ᠶᠢ ᠵᠣᠷᠢᠬᠵᠢᠭᠤᠯᠬᠤ ᠶᠢ ᠬᠥᠰᠡᠨ ᠵᠥᠡᠭᠨᠡᠶᠡ᠃ | | |