ᠰᠣᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠬᠤ
ᠨᠡᠶᠢᠲᠡᠯᠡᠭᠰᠡᠨ ᠴᠠᠭ᠄
2019/1/9
         — ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠮᠠᠨ ᠤ ᠤᠯᠤᠰ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠲᠤᠬᠠᠶ ᠦᠭᠦᠯᠡᠨ ᠲᠣᠭᠠᠴᠢᠯᠲᠠ · ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠬᠠᠭᠤᠳᠠᠰᠤ            2017 ᠣᠨ ᠳᠤ᠂ ᠮᠠᠨ ᠤ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠴᠡᠴᠡᠷᠯᠢᠭ ᠲᠤ ᠤᠷᠤᠭᠰᠠᠨ ᠪᠣᠷᠣ ᠨᠣᠷᠮ᠎ᠠ 79.6%᠎ ᠳᠤ ᠬᠦᠷᠴᠤ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠤᠷᠮ᠎ᠠ 93.8%᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠤᠷᠤᠭᠰᠠᠨ ᠪᠣᠷᠣ ᠨᠤᠷᠮ᠎ᠠ 88.3%᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠭᠠᠭᠤᠯᠢ ᠳᠤ ᠤᠷᠤᠭᠰᠠᠨ ᠪᠣᠷᠣ ᠨᠤᠷᠮ᠎ᠠ 45.7%᠂ ᠰᠤᠷᠭᠠᠨ ᠬᠥᠮᠦᠵᠢᠯ ᠤᠨ ᠶᠡᠷᠦᠩᠬᠡᠶ ᠬᠥᠭᠵᠢᠯᠲᠡ ᠶᠢᠨ ᠬᠢᠷᠢ ᠲᠦᠪᠰᠢᠨ ᠨᠢ ᠳᠡᠯᠡᠬᠡᠶ ᠶᠢᠨ ᠳᠤᠮᠳᠠ ᠳᠡᠭᠡᠷ᠎ᠡ ᠡᠩᠨᠡᠭᠡᠨ ᠳᠤ ᠣᠷᠣᠪᠠ᠃      ᠡᠮᠦᠨᠡᠬᠡᠨ᠂ ᠰᠤᠷᠭᠠᠨ ᠬᠥᠮᠦᠵᠢᠯ ᠤᠨ ᠶᠠᠮᠤᠨ ᠠᠴᠠ ︽2017 ᠣᠨ ᠤ ᠪᠦᠬᠦ ᠤᠯᠤᠰ ᠤᠨ ᠰᠤᠷᠭᠠᠨ ᠬᠥᠮᠦᠵᠢᠯ ᠎ ᠤᠨ ᠦᠢᠯᠡᠰ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ︾᠎ ᠶᠢ ᠨᠡᠶᠢᠲᠡᠯᠡᠨ᠂ ᠳᠡᠭᠡᠷᠡᠬᠢ ᠮᠡᠲᠦ ᠨᠢᠭᠡᠨ ᠰᠠᠶᠢᠬᠠᠨ ᠬᠢᠷᠢ ᠪᠦᠲᠦᠮᠵᠢ ᠶᠢᠨ ᠪᠦᠷᠢᠳᠭᠡᠯ ᠶᠢ ︽ᠢᠯᠡ︾ ᠦᠵᠡᠭᠦᠯᠦᠭᠰᠡᠨ ᠪᠠᠶᠢᠨ᠎ᠠ᠃      ᠡᠨᠡ ᠬᠦ ᠭᠢᠯᠠᠯᠵᠠᠮ᠎ᠠ ᠬᠢᠷᠢ ᠪᠦᠲᠦᠮᠵᠢ ᠶᠢᠨ ᠠᠷᠤ ᠳᠤ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠎ ᠠᠴᠠ ᠨᠠᠰᠢᠬᠢ ᠮᠠᠨ ᠤ ᠤᠯᠤᠰ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠣᠯᠤᠭᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠪᠠᠶᠢᠬᠤ ᠶᠤᠮ᠄ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠲᠠᠪᠠᠯᠳᠠᠳᠤ ᠬᠥᠭᠵᠢᠯᠲᠡ ᠶᠢ  ᠪᠡᠶᠡᠯᠡᠭᠦᠯᠵᠦ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠦᠭᠰᠡᠨ ᠦᠷ᠎ᠡ  ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠦᠨ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠡᠯᠡᠬᠡᠶ ᠳᠡᠭᠡᠷ᠎ᠡ ᠥᠷᠢᠰᠥᠯᠳᠦᠬᠦ ᠬᠦᠴᠦᠨ ᠮᠡᠳᠡᠭᠳᠡᠬᠦ᠋ᠢᠴᠡ ᠳᠡᠭᠡᠭᠰᠢᠯᠡᠨ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠣᠭᠲᠠᠯᠴᠠᠭ᠎ᠠ ᠠᠩᠬ᠎ᠠ ᠠᠯᠬᠤᠮ ᠪᠠᠶᠢᠭᠤᠯᠤᠭᠳᠠᠵᠤ᠂ ᠰᠤᠷᠭᠠᠨ ᠬᠥᠮᠦᠵᠢᠯ ᠤᠨ ᠮᠡᠳᠡᠭᠡ ᠵᠠᠩᠭᠢᠴᠢᠯᠠᠬᠤ ᠪᠦᠳᠦᠭᠡᠨ ᠪᠠᠶᠢᠭᠤᠯᠤᠯᠲᠠ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠪᠠ ᠁      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠄ ︽ᠰᠤᠷᠭᠠᠨ ᠬᠥᠮᠦᠵᠢᠯ ᠤᠨ ᠬᠦᠴᠦᠷᠬᠡᠭ ᠤᠯᠤᠰ  ᠢ ᠪᠦᠳᠦᠬᠡᠨ ᠪᠠᠶᠢᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠰᠠᠭᠤᠷᠢ ᠢᠨᠵᠧᠨᠧᠷᠢᠩ ᠮᠥᠨ᠂ ᠰᠤᠷᠭᠠᠨ ᠬᠥᠮᠦᠵᠢᠯ ᠤᠨ ᠦᠢᠯᠡᠰ ᠢ ᠡᠷᠬᠡᠪᠰᠢ ᠤᠷᠢᠳᠠᠪᠠᠷ ᠬᠥᠭᠵᠢᠭᠦᠯᠬᠦ ᠪᠠᠶᠢᠷᠢᠨ ᠳᠤ ᠲᠠᠯᠪᠢᠬᠤ ᠬᠡᠷᠡᠭᠲᠡᠶ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠶ︾  ᠭᠡᠵᠦ ᠵᠢᠭᠠᠨ ᠭᠠᠷᠭᠠᠵᠠᠢ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠳᠦᠬᠡᠨ ᠪᠠᠶᠢᠭᠤᠯᠬᠤ ᠳᠤ ᠡᠷᠬᠡᠪᠰᠢ ᠰᠤᠷᠭᠠᠨ ᠬᠥᠮᠦᠵᠢᠯ ᠤᠨ ᠣᠳᠣᠬᠢᠴᠢᠯᠠᠯᠲᠠ ᠳᠤ ᠲᠦᠰᠢᠭᠯᠡᠬᠦ ᠬᠡᠷᠡᠭᠲᠡᠶ᠃ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠭᠡᠭᠦ ᠨᠢ ᠬᠥᠮᠦᠨ ᠠᠮᠠ ᠶᠢᠨ ᠣᠳᠣᠬᠢᠴᠢᠯᠠᠯᠲᠠ ᠬᠢᠭᠡᠳ ᠤᠯᠤᠰ ᠣᠷᠣᠨ ᠤ ᠣᠳᠣᠬᠢᠴᠢᠯᠠᠯᠲᠠ ᠳᠤ ᠰᠠᠭᠤᠷᠢᠯᠠᠬᠤ ᠴᠢᠨᠠᠷ ᠪᠠ ᠤᠳᠤᠷᠢᠳᠤᠮᠵᠢ ᠶᠢᠨ ᠴᠢᠨᠠᠷ ᠪᠦᠬᠦᠢ ᠦᠢᠯᠡᠳᠦᠯ ᠲᠠᠢ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠲᠡᠤᠬᠡᠲᠦ ᠴᠢᠨᠠᠷᠲᠠᠶ ᠠᠮᠵᠢᠯᠲᠠ ᠣᠯᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠳᠦᠬᠡᠨ ᠪᠠᠶᠢᠭᠤᠯᠬᠤ ᠪᠠᠶᠢᠯᠳᠤᠬᠤ ᠪᠤᠲᠤᠯᠭ᠎ᠠ ᠶᠢᠨ ᠬᠠᠷᠠᠯᠲᠠ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃     ᠰᠤᠷᠭᠠᠨ ᠬᠥᠮᠦᠵᠢᠯ ᠤᠨ ᠮᠡᠳᠡᠭᠡ  ᠵᠠᠩᠬᠢᠴᠢᠯᠠᠯᠲᠠ ᠪᠠᠷ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ      2013 ᠣᠨ ᠤ 6 ᠳ᠋ᠤᠭᠠᠷ ᠰᠠᠷ᠎ᠠ ᠶᠢᠨ 20᠎ ᠤ ᠡᠳᠦᠷ᠂ ᠡᠮᠡᠭᠲᠡᠶ ᠰᠠᠨᠰᠠᠷᠴᠢᠨ ᠸᠠᠩ ᠶᠠ ᠫᠢᠩ ︽ᠰᠠᠨᠰᠠᠷ ᠤᠨ ᠵᠢᠵᠢᠭ ᠪᠥᠮᠪᠦᠭᠡ︾᠎ ᠶᠢ ᠲᠣᠭᠤᠷᠢᠭ ᠬᠥᠳᠡᠯᠭᠡᠭᠡᠨ ᠬᠢᠯᠭᠡᠬᠦ ᠦᠶ᠎ᠡ ᠳᠤ᠂ 300 ᠭᠠᠷᠤᠶ ᠺᠢᠯᠣᠮᠧᠲᠷ ᠵᠠᠶᠢᠲᠠᠶ ᠪᠠᠶᠢᠭ᠎ᠠ ᠳᠡᠯᠡᠬᠡᠶ ᠶᠢᠨ ᠪᠥᠮᠪᠥᠷᠴᠡᠭ ᠳᠡᠭᠡᠷ᠎ᠡ᠂ ᠳᠤᠮᠳᠠᠳᠤ ᠤᠯᠤᠰ ᠤᠨ 8 ᠲᠦᠮᠡᠨ ᠳᠣᠮᠳᠠᠲᠣ ᠰᠤᠷᠭᠠᠭᠤᠯᠢ ᠶᠢᠨ 6000 ᠭᠠᠷᠤᠶ ᠲᠦᠮᠡᠨ ᠪᠠᠭᠰᠢ ᠰᠤᠷᠤᠬᠴᠢ ᠶᠢᠨ ᠠᠯᠠᠭ᠎ᠠ ᠲᠠᠰᠢᠬᠤ ᠲᠠᠭᠤᠨ ᠨᠢᠵᠢᠬᠢᠨᠡᠭᠰᠡᠨ ᠶᠤᠮ᠃      ᠡᠨᠡ ᠪᠣᠯ ᠮᠠᠷᠲᠠᠭᠳᠠᠰᠢ ᠦᠭᠡᠶ ᠲᠡᠦᠬᠡᠲᠦ ᠬᠤᠷᠣᠮᠬᠠᠨ ᠴᠠᠭ ᠮᠥᠴᠡ ᠶᠤᠮ᠃ ᠰᠠᠨᠰᠠᠷ ᠤᠨ ᠬᠢᠴᠢᠶᠡᠯ ᠣᠷᠣᠬᠤ ᠬᠠᠷᠠᠭᠠᠨ ᠳᠠᠪᠲᠠᠮᠵᠢ ᠶᠢᠨ ᠳᠣᠬᠢᠶ᠎ᠠ ᠨᠢ ᠣᠷᠴᠢᠯᠠᠩ ᠤᠨ ᠵᠠᠢ ᠳᠤ ᠳᠠᠮᠵᠢᠭᠳᠠᠨ᠂ ᠤᠯᠤᠰ ᠤᠨ ᠣᠳᠣᠬᠢᠴᠢᠯᠠᠯᠲᠠ ᠶᠢᠨ ᠠᠬᠢᠴᠠ ᠲᠠᠢ ᠵᠠᠯᠭᠠᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠬᠠᠶᠢᠨ ᠰᠦᠪᠡᠭᠴᠢᠯᠡᠯᠲᠡ ᠯᠦᠭᠡ ᠬᠠᠮᠲᠤᠪᠠᠷ ᠤᠷᠤᠭᠰᠢᠯᠠᠵᠤ ᠪᠠᠶᠢᠨ᠎ᠠ᠂ ᠡᠨᠡ ᠨᠢ ᠮᠥᠨ ᠴᠦ ᠮᠠᠨ ᠤ ᠤᠯᠤᠰ ᠤᠨ ᠰᠤᠷᠭᠠᠨ ᠬᠥᠮᠦᠵᠢᠯ ᠤᠨ ᠮᠡᠳᠡᠭᠡ ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠦᠳᠲᠡᠷ ᠲᠦᠷᠭᠡᠨ ᠬᠥᠭᠵᠢᠵᠦ ᠪᠠᠶᠢᠬᠤ ᠎ ᠶᠢᠨ ᠨᠢᠭᠡᠨ ᠪᠡᠯᠭᠡ ᠲᠡᠮᠲᠡᠭ ᠪᠣᠯᠤᠨ᠎ᠠ᠃      ᠰᠤᠷᠭᠠᠨ ᠬᠥᠮᠦᠵᠢᠯ ᠤᠨ ᠮᠡᠳᠡᠭᠡ ᠵᠠᠩᠬᠢᠴᠢᠯᠠᠯᠲᠠ ᠪᠣᠯ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠦᠨᠳᠦᠰᠦᠨ ᠠᠭᠤᠯᠤᠭᠳᠠᠬᠤᠨ ᠪᠠ ᠳᠣᠪᠣᠶᠢᠮ᠎ᠠ ᠣᠨᠴᠠᠯᠢᠭ ᠮᠥᠨ᠂ ᠮᠡᠳᠡᠭᠡ ᠵᠠᠩᠭᠢ ᠶᠢᠨ ᠴᠠᠭ ᠦᠶ᠎ᠡ ᠳᠠᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠂ ᠲᠡᠷᠡ ᠨᠢ ᠣᠷᠣᠯᠠᠭᠤᠯᠵᠤ ᠪᠣᠯᠤᠰᠢ ᠦᠭᠡᠢ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠨᠢᠭᠡᠨᠲᠡ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠬᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠲᠦᠯᠬᠢᠨ ᠤᠷᠤᠭᠰᠢᠯᠠᠭᠤᠯᠬᠤ ᠬᠦᠴᠦᠲᠡᠢ ᠭᠠᠷᠳᠠᠴᠠ ᠪᠠ ᠪᠦᠲᠦᠮᠵᠢᠲᠡᠶ ᠠᠷᠭ᠎ᠠ ᠪᠠᠷᠢᠯ ᠪᠣᠯᠪᠠ᠃      ᠵᠢᠶᠠᠩᠰᠢ ᠮᠤᠵᠢ ᠶᠢᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ ᠪᠠᠶᠢᠭ᠎ᠠ ᠱᠠᠩ ᠷᠣᠣ ᠰᠢᠶᠠᠨ ᠤ ᠠᠭᠯᠠᠭ ᠬᠥᠳᠡᠭᠡ ᠲᠣᠰᠬᠤᠨ ᠳᠠᠬᠢ ᠲᠡᠪᠢ ᠭᠠᠷᠤᠶ ᠨᠠᠰᠤᠲᠠᠶ  ᠪᠠᠭᠰᠢ ᠭᠤᠸᠠᠨ ᠶᠢᠨ ᠬᠤᠸᠠ᠂ ᠣᠶᠢᠷ᠎ᠠ ᠶᠢᠨ ᠵᠢᠯ ᠳᠤ ᠰᠢᠨ᠎ᠡ ᠵᠠᠭᠤᠴᠢᠯᠠᠭᠤᠷ  ᠢ ᠰᠤᠷᠤᠯᠴᠠᠬᠤ ᠤᠷᠮ᠎ᠠ ᠵᠣᠷᠢᠭ ᠨᠢ ᠣᠷᠭᠢᠯᠤᠭᠰᠠᠨ ᠶᠤᠮ᠃      ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠢᠨ ᠭᠤᠣᠯᠳᠠᠯᠭ᠎ᠠ ᠪᠣᠯᠬᠤ ᠱᠠᠩ ᠷᠤᠤ ᠰᠢᠶᠠᠨ ᠲᠤᠰᠬᠠᠶ ᠮᠡᠳᠡᠭᠡ ᠵᠠᠩᠬᠢᠴᠢᠯᠠᠯᠲᠠ ᠶᠢᠨ ᠠᠷᠭ᠎ᠠ ᠪᠠᠷᠢᠯ ᠢ ᠠᠰᠢᠭᠯᠠᠨ᠂ ᠬᠥᠭᠵᠢᠭᠰᠡᠨ ᠭᠠᠵᠠᠷ ᠣᠷᠣᠨ ᠤ ᠰᠤᠷᠭᠠᠨ ᠬᠥᠮᠦᠵᠢᠯ ᠯᠦᠭᠡ ᠶᠢᠨ ᠬᠤᠭᠤᠷᠣᠨᠳᠣᠬᠢ ︽ ᠵᠠᠭᠠᠭ︾᠎ ᠢ ᠲᠠᠰᠤᠷᠠᠯᠲᠠ ᠦᠭᠡᠢ ᠨᠥᠬᠦᠪᠥᠷᠢᠯᠡᠵᠦ ᠪᠠᠶᠢᠨ᠎ᠠ᠃ 2017 ᠣᠨ ᠪᠣᠯᠲᠠᠯ᠎ᠠ᠂ ᠪᠦᠬᠦ ᠰᠢᠶᠠᠨ ᠤ 390 ᠰᠠᠭᠤᠷᠢ ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠪᠣᠯᠭᠠᠨ ᠳᠤ ᠨᠡᠪᠲᠡᠷᠡᠬᠦ ᠰᠢᠰᠲ᠋ᠧᠮ᠂ ᠣᠶᠣᠨᠴᠢ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠵᠡᠷᠭᠡ ᠶᠢ ᠲᠣᠬᠢᠷᠠᠭᠤᠯᠣᠨ ᠨᠠᠶᠢᠳᠠᠪᠤᠷᠢᠵᠢᠭᠤᠯᠪᠠ᠂ 1000 ᠺᠢᠯᠣ᠋ ᠮᠧᠭ᠎ᠠ ᠰᠤᠷᠭᠠᠨ ᠬᠥᠮᠦᠵᠢᠯ ᠤᠨ ᠬᠠᠷᠠᠭᠠᠨ ᠳᠠᠪᠲᠠᠮᠵᠢ ᠶᠢᠨ ᠡᠬᠢ ᠪᠠᠶᠠᠯᠢᠭ ᠤᠨ ᠲᠠᠪᠴᠠᠩ ᠢ ᠨᠡᠪᠲᠡᠷᠡᠭᠦᠯᠵᠦ᠂ 36 ᠲᠦᠮᠡᠨ ᠳᠡᠪᠲᠡᠷ ᠡᠯᠧᠺᠲᠷᠣᠨ ᠨᠣᠮ ᠤᠨ ᠰᠠᠩ ᠪᠠᠶᠢᠭᠤᠯᠵᠤ᠂ ᠭᠤᠣᠯ ᠪᠠᠭ᠎ᠠ ᠰᠤᠷᠭᠠᠭᠤᠯᠢ ᠠᠴᠠ ᠳᠡᠭᠡᠭᠰᠢᠬᠢ ᠰᠤᠷᠭᠠᠭᠤᠯᠢ ᠳᠤ 10 ᠮᠧᠭ᠎ᠠ ᠎ ᠶᠢᠨ ᠬᠤᠷᠳᠤᠴᠠ ᠲᠠᠢ ᠬᠡᠷᠡᠯ ᠰᠢᠷᠬᠡᠭ ᠵᠠᠯᠭᠠᠨ ᠣᠷᠣᠭᠤᠯᠪᠠ᠃      ᠡᠭᠦᠨ ᠢᠶᠠᠷ ᠰᠠᠭᠤᠷᠢ ᠪᠣᠯᠭᠠᠨ᠂ ᠱᠠᠩ ᠷᠣᠣ ᠰᠢᠶᠠᠨ ᠨᠢ ᠰᠤᠷᠤᠭᠴᠢᠳ ᠤᠨ ᠰᠦᠯᠵᠢᠶᠡᠨ ᠳᠡᠭᠡᠷ᠎ᠡ ᠰᠣᠷᠣᠯᠴᠠᠬᠤ᠂ ᠪᠠᠭᠰᠢ ᠰᠦᠯᠵᠢᠶᠡᠨ ᠳᠡᠭᠡᠷ᠎ᠡ ᠵᠢᠭᠠᠨ ᠰᠤᠳᠤᠯᠬᠤ᠂ ᠭᠡᠷ ᠪᠦᠯᠢ ᠪᠣᠯᠤᠨ ᠰᠤᠷᠭᠠᠭᠤᠯᠢ ᠶᠢᠨ ᠰᠦᠯᠵᠢᠶᠡᠨ ᠳᠡᠭᠡᠷ᠎ᠡ ᠨᠡᠪᠲᠡᠷᠡᠯᠴᠡᠬᠦ ᠣᠳᠣᠬᠢᠴᠢᠯᠠᠭᠰᠠᠨ ᠰᠤᠷᠭᠠᠨ ᠬᠥᠮᠦᠵᠢᠯ ᠤᠨ ᠪᠠᠶᠢᠳᠠᠯ ᠢ ᠪᠣᠢ ᠪᠣᠯᠭᠠᠵᠤ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠮᠡᠳᠡᠭᠡ ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠳᠣᠳᠣᠷᠬᠠᠶᠢᠯᠠᠨ ᠲᠠᠶᠢᠯᠪᠤᠷᠢᠯᠠᠬᠤ ᠨᠢᠭᠡᠨ ᠬᠤᠷᠢᠶᠠᠩᠭᠤᠢ ᠳᠦᠷᠰᠦ  ᠪᠣᠯᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ︽ᠭᠤᠷᠪᠠ ᠶᠢ ᠨᠡᠪᠲᠡᠷᠡᠭᠦᠯᠬᠦ ᠬᠤᠶᠠᠷ ᠲᠠᠪᠴᠠᠩ︾᠎ ᠤᠨ ᠪᠠᠶᠢᠭᠤᠯᠤᠯᠲᠠ ᠬᠢᠭᠡᠳ ᠬᠡᠷᠡᠭᠯᠡᠭᠡᠨ ᠢ ᠲᠦᠷᠭᠡᠳᠬᠡᠨ ᠠᠬᠢᠭᠤᠯᠵᠤ᠂ ᠡᠯ᠎ᠠ ᠵᠦᠢᠯ ᠤᠨ ᠭᠦᠢᠴᠡᠳᠬᠡᠬᠦ ᠲᠤᠭ᠎ᠠ ᠶᠢ ᠦᠨᠳᠦᠰᠦᠨ ᠳᠡᠭᠡᠨ ᠳᠠᠬᠢᠨ ᠢᠶᠠᠷ ᠨᠡᠮᠡᠭᠳᠡᠬᠦ ᠶᠢ ᠪᠡᠶᠡᠯᠡᠭᠦᠯᠵᠦ᠂ ᠰᠣᠷᠭᠠᠨ ᠬᠥᠮᠦᠵᠢᠯ ᠤᠨ ᠮᠡᠳᠡᠭᠡ ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠠᠯᠢ ᠤᠯᠠᠨ ᠦᠷ᠎ᠡ ᠪᠦᠲᠦᠭᠡᠯ ᠣᠯᠤᠭᠰᠠᠨ ᠪᠠᠶᠢᠨ᠎ᠠ᠃      2017 ᠣᠨ ᠪᠣᠯᠲᠠᠯ᠎ᠠ᠂ ᠮᠠᠨ ᠤ ᠤᠯᠤᠰ ᠤᠨ ︽ᠥᠷᠭᠡᠨ ᠪᠦᠰᠡᠲᠦ ᠰᠦᠯᠵᠢᠶ᠎ᠡ ᠶᠢ ᠰᠤᠷᠭᠠᠭᠤᠯᠢ ᠪᠣᠯᠭᠠᠨ ᠳᠤ ᠨᠡᠪᠲᠡᠷᠡᠭᠦᠯᠬᠦ︾᠎ ᠨᠢ ᠲᠦᠷᠭᠡᠨ ᠬᠥᠭᠵᠢᠵᠦ᠂ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠢᠨᠲ᠋ᠧᠷᠨᠧᠲ ᠰᠦᠯᠵᠢᠶ᠎ᠡ ᠵᠠᠯᠭᠠᠵᠤ ᠣᠷᠣᠭᠤᠯᠤᠭᠰᠠᠨ ᠨᠤᠷᠮ᠎ᠠ 25% ᠪᠠᠶᠢᠭᠰᠠᠨ ᠠᠴᠠ ᠪᠠᠨ ᠳᠡᠭᠡᠭᠰᠢᠯᠡᠭᠡᠳ 90%᠎ ᠠᠴᠠ ᠳᠠᠪᠠᠵᠤ᠂ ᠣᠯᠠᠨ ᠵᠠᠭᠤᠴᠢᠳᠤ ᠬᠢᠴᠢᠶᠡᠯ ᠤᠨ ᠬᠡᠷ ᠤᠨ ᠬᠠᠷᠢᠴᠠᠯ 40% ᠭᠦᠷᠭᠦ ᠦᠭᠡᠢ ᠪᠠᠶᠢᠭᠰᠠᠨ ᠠᠴᠠ ᠪᠠᠨ 83% ᠪᠣᠯᠲᠠᠯ᠎ᠠ  ᠨᠡᠮᠡᠭᠳᠡᠪᠡ︔ ︽ᠰᠢᠯᠢᠳᠡᠭ ᠡᠬᠢ ᠪᠠᠶᠠᠯᠢᠭ ᠠᠩᠭᠢ ᠪᠣᠯᠭᠠᠨ ᠳᠤ ᠨᠡᠪᠲᠡᠷᠡᠬᠦ︾᠎ ᠶᠢ ᠲᠠᠰᠤᠷᠠᠯᠲᠠ ᠦᠭᠡᠢ ᠲᠦᠭᠡᠮᠡᠯᠵᠢᠭᠦᠯᠦᠨ ᠬᠦᠨᠵᠡᠭᠡᠶᠢᠷᠡᠭᠦᠯᠵᠦ᠂  ︽ᠬᠢᠴᠢᠶᠡᠯ ᠤᠨ ᠲᠠᠩᠬᠢᠮ ᠳᠤ ᠬᠡᠷᠡᠭᠯᠡᠬᠦ᠂ ᠪᠠᠶᠢᠩᠭᠤ ᠬᠡᠷᠡᠭᠯᠡᠬᠦ᠂ ᠨᠡᠶᠢᠳᠡᠮ ᠬᠡᠷᠡᠭᠯᠡᠬᠦ︾ ᠮᠡᠳᠡᠭᠡ ᠵᠠᠩᠬᠢᠴᠢᠯᠠᠯᠲᠠ ᠶᠢᠨ ᠵᠢᠭᠠᠨ ᠰᠤᠷᠭᠠᠬᠤ ᠰᠢᠨ᠎ᠡ ᠬᠡᠪ ᠪᠠᠶᠢᠳᠠᠯ ᠠᠩᠬ᠎ᠠ ᠠᠯᠬᠤᠮ ᠪᠦᠷᠢᠯᠳᠦᠪᠡ︔ ︽ᠰᠦᠯᠵᠢᠶ᠎ᠡ ᠳᠡᠭᠡᠷ᠎ᠡ ᠰᠤᠷᠤᠯᠴᠠᠬᠤ ᠣᠷᠣᠨ ᠵᠠᠶ ᠶᠢ ᠬᠥᠮᠦᠨ ᠨᠢᠭᠡᠪᠦᠷᠢ ᠳᠤ ᠣᠯᠭᠤᠬᠤ︾ ᠲᠠᠪᠠᠯᠳᠠᠳᠤ ᠬᠥᠭᠵᠢᠯᠲᠡ ᠲᠠᠢ ᠪᠣᠯᠪᠠ︔ ︽ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ︾ ᠠᠩᠬ᠎ᠠ ᠪᠦᠷᠢᠯᠳᠦᠨ ᠲᠣᠭᠲᠠᠪᠠ︔ 1000 ᠲᠦᠮᠡ ᠰᠢᠬᠠᠮ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ᠂ 10 ᠲᠦᠮᠡ ᠭᠠᠷᠤᠶ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ 20 ᠲᠦᠮᠡ ᠭᠠᠷᠤᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠪᠣᠯᠪᠠᠰᠤᠷᠠᠯ ᠬᠦᠷᠲᠡᠵᠦ᠂ ᠮᠡᠳᠡᠭᠡ ᠵᠠᠩᠭᠢ ᠶᠢᠨ ᠲᠤᠬᠠᠶ ᠬᠡᠪ ᠪᠣᠯᠪᠠᠰᠤᠷᠠᠯ ᠨᠢ ᠪᠦᠲᠦᠮᠵᠢᠲᠡᠶ ᠳᠡᠭᠡᠭᠰᠢᠯᠡᠪᠡ  ᠃       ᠶᠠᠷᠢᠶᠠᠨ ᠦᠭᠡᠢ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠠᠶᠠᠨ ᠵᠠᠮ ᠳᠤ ᠵᠥᠪᠬᠡᠨ ᠰᠤᠷᠭᠠᠨ ᠬᠥᠮᠦᠵᠢᠯ ᠤᠨ ᠮᠡᠳᠡᠭᠡ ᠵᠠᠩᠬᠢᠴᠢᠯᠠᠯᠲᠠ ᠶᠢ ᠲᠦᠷᠭᠡᠨ ᠠᠬᠢᠭᠤᠯᠤᠭᠠᠳ ᠪᠣᠯᠬᠤ ᠦᠭᠡᠢ᠂ ᠪᠠᠰᠠ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠨᠥᠬᠦᠴᠡᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠠᠶᠠᠷᠯᠠᠭᠤᠰᠢᠲᠠᠶ ᠵᠥᠢᠯ ᠭᠡᠪᠡᠯ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠰᠤᠷᠭᠠᠨ ᠬᠥᠮᠦᠵᠢᠯ ᠨᠢ ᠲᠦᠭᠡᠮᠡᠯᠵᠢᠭᠦᠯᠬᠦ ᠨᠣᠷᠮ᠎ᠠ᠂ ᠰᠤᠷᠭᠠᠭᠤᠯᠢ ᠡᠷᠬᠢᠯᠡᠬᠦ ᠨᠥᠬᠦᠴᠡᠯ᠂ ᠪᠠᠭᠰᠢ ᠶᠢᠨ ᠡᠩᠨᠡᠭᠡ᠂ ᠵᠠᠷᠤᠳᠠᠯ ᠤᠨ ᠪᠠᠲᠤᠯᠠᠭ᠎ᠠ ᠵᠡᠷᠭᠡ ᠲᠠᠯ᠎ᠠ ᠪᠠᠷ ᠴᠥᠮ ᠰᠢᠪᠲᠤᠯᠤᠯᠲᠠ ᠶᠢᠨ ᠴᠢᠨᠠᠷᠲᠠᠶ ᠠᠮᠵᠢᠯᠲᠠ ᠣᠯᠤᠭᠰᠠᠨ ᠪᠠᠶᠢᠨ᠎ᠠ᠃       ᠰᠣᠷᠭᠠᠨ ᠬᠥᠮᠦᠵᠢᠯ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠪᠠᠰᠠ ᠨᠢᠭᠡᠨ ᠴᠢᠬᠤᠯᠠ ᠭᠦᠢᠴᠡᠳᠬᠡᠬᠦ ᠪᠠᠷᠢᠮᠵᠢᠶ᠎ᠠ ᠪᠠᠶᠢᠨ᠎ᠠ᠂ ᠡᠨᠡ ᠨᠢ ᠳᠠᠷᠤᠶ ᠰᠤᠷᠭᠠᠨ ᠬᠥᠮᠦᠵᠢᠯ ᠤᠨ ᠳᠡᠯᠡᠬᠡᠶᠢᠴᠢᠯᠡᠯᠲᠡ ᠶᠢᠨ ᠬᠢᠷᠢ ᠲᠦᠪᠰᠢᠨ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠭᠠᠳᠠᠭᠠᠳᠤ ᠲᠠᠢ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠬᠢᠬᠦ ᠠᠵᠢᠯᠯᠠᠭ᠎ᠠ ᠡᠳᠦᠷ ᠢᠷᠡᠬᠦᠶ᠎ᠡ ᠥᠷᠭᠡᠨ ᠳᠡᠯᠭᠡᠷ ᠭᠦᠨᠵᠡᠭᠡᠶᠢᠷᠡᠵᠦ᠂ ᠳᠡᠯᠡᠬᠡᠶᠢᠵᠢᠭᠦᠯᠬᠦ ᠬᠥᠭᠵᠢᠯᠲᠡ ᠶᠢᠨ ᠠᠯᠬᠤᠮ ᠢᠶᠠᠨ ᠬᠤᠷᠳᠤᠳᠬᠠᠪᠠ᠃ ᠰᠤᠷᠭᠠᠨ ᠬᠥᠮᠦᠵᠢᠯ ᠤᠨ ᠶᠠᠮᠤᠨ ᠤ ᠪᠠᠲᠤᠲᠠᠢ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠣᠳᠣᠬᠠᠨ ᠳᠤ᠂ ᠮᠠᠨ ᠤ ᠤᠯᠤᠰ ᠨᠢᠭᠡᠨᠲᠡ ᠳᠡᠯᠡᠬᠡᠶ ᠳᠡᠭᠡᠷᠡᠬᠢ188 ᠤᠯᠤᠰ ᠪᠠ ᠭᠠᠵᠠᠷ ᠣᠷᠣᠨ ᠲᠠᠢ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠬᠢᠬᠦ ᠬᠠᠷᠢᠴᠠᠭ᠎ᠠ ᠪᠠᠶᠢᠭᠤᠯᠵᠤ᠂ ᠨᠢᠭᠡᠨᠲᠡ ᠳᠡᠯᠡᠬᠡᠢ ᠳᠡᠭᠡᠷᠡᠬᠢ ᠬᠠᠮᠤᠭ ᠤᠨ ᠶᠡᠭᠡ ᠭᠠᠳᠠᠭᠠᠳᠤ ᠳᠤ ᠰᠤᠷᠤᠯᠴᠠᠬᠤ ᠰᠤᠷᠤᠭᠴᠢᠳ ᠤᠨ ᠢᠷᠡᠯᠲᠡ ᠲᠠᠢ ᠤᠯᠤᠰ᠂ ᠠᠽᠢᠶ᠎ᠠ ᠲᠢᠪ ᠤᠨ ᠬᠠᠮᠤᠭ ᠤᠨ ᠶᠡᠭᠡ ᠭᠠᠳᠠᠭᠠᠳᠤ ᠳᠤ ᠰᠤᠷᠤᠯᠴᠠᠬᠤ ᠰᠤᠷᠤᠬᠴᠢ ᠶᠢᠨ ᠬᠠᠷᠠᠯᠲᠠᠲᠤ ᠤᠯᠤᠰ ᠪᠣᠯᠪᠠ᠃      ᠪᠠᠭᠰᠢ ᠶᠢᠨ ᠡᠩᠨᠡᠭᠡ ᠶᠢᠨ ᠣᠳᠣᠬᠢᠴᠢᠯᠠᠯᠲᠠ ᠪᠠᠷ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠲᠦᠰᠢᠭ ᠲᠤᠯᠭᠠᠭᠤᠷᠢ ᠪᠣᠯᠭᠠᠬᠤ      ᠪᠠᠭᠰᠢ ᠪᠣᠯ ᠰᠤᠷᠭᠠᠨ ᠬᠥᠮᠦᠵᠢᠯ ᠡᠷᠬᠢᠯᠡᠬᠦ ᠶᠢᠨ ᠦᠨᠳᠦᠰᠦ᠂ ᠰᠤᠷᠭᠠᠨ ᠬᠥᠮᠦᠵᠢᠯ ᠢ ᠮᠠᠨᠳᠤᠭᠤᠯᠬᠤ ᠶᠢᠨ ᠡᠬᠢ ᠰᠤᠷᠪᠤᠯᠵᠢ ᠮᠥᠨ᠃ ᠰᠤᠷᠭᠠᠨ ᠬᠥᠮᠦᠵᠢᠯ ᠡᠷᠬᠢᠯᠡᠬᠦ ᠪᠠ ᠰᠤᠷᠭᠠᠨ ᠬᠥᠮᠦᠵᠢᠯ ᠢ ᠮᠠᠨᠳᠤᠭᠤᠯᠬᠤ ᠶᠢ ᠦᠨᠳᠦᠰᠦᠨ ᠠᠴᠠ ᠨᠢ ᠠᠪᠴᠤ ᠬᠡᠯᠡᠪᠡᠯ᠂ ᠪᠠᠭᠰᠢ ᠨᠠᠷ ᠤᠨ ᠵᠢᠭᠠᠨ ᠰᠤᠷᠭᠠᠬᠤ ᠣᠶᠢᠯᠠᠭᠠᠭᠳᠠᠬᠤᠨ ᠪᠠ ᠰᠤᠷᠭᠠᠨ ᠬᠥᠮᠦᠵᠢᠯ ᠤᠨ ᠲᠤᠬᠠᠶ ᠦᠵᠡᠯᠲᠡ ᠳᠤ  ᠲᠦᠰᠢᠭᠯᠡᠬᠦ ᠶᠠᠪᠤᠳᠠᠯ ᠪᠣᠯᠤᠨ᠎ᠠ᠃ ᠰᠤᠷᠭᠠᠨ ᠬᠥᠮᠦᠵᠢᠯ ᠤᠨ ᠣᠳᠣᠬᠢᠴᠢᠯᠠᠯᠲᠠ ᠨᠢ ᠪᠠᠭᠰᠢ ᠨᠠᠷ ᠤᠨ ᠣᠳᠣᠬᠢᠴᠢᠯᠠᠯᠲᠠ ᠠᠴᠠ ᠰᠠᠯᠵᠤ ᠴᠢᠳᠠᠬᠤ ᠦᠭᠡᠢ᠂ ᠣᠨᠴᠠᠭᠠᠶᠢᠯᠠᠨ ᠲᠡᠭᠦᠨ ᠤ ᠵᠢᠭᠠᠨ ᠰᠤᠷᠭᠠᠬᠤ ᠣᠶᠢᠯᠠᠭᠠᠭᠳᠠᠬᠤᠨ ᠪᠠ ᠰᠤᠷᠭᠠᠨ ᠬᠥᠮᠦᠵᠢᠯ ᠤᠨ ᠲᠤᠬᠠᠶ ᠦᠵᠡᠯᠲᠡ ᠶᠢ ᠣᠳᠣᠬᠢᠴᠢᠯᠠᠬᠤ ᠠᠴᠠ ᠰᠠᠯᠵᠤ ᠴᠢᠳᠠᠬᠤ ᠦᠭᠡᠢ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠳᠣᠪᠣᠶᠢᠮ᠎ᠠ ᠠᠮᠵᠢᠯᠲᠠ ᠪᠦᠲᠦᠮᠵᠢ ᠤᠯᠪᠠ᠃ ︽ᠬᠥᠳᠡᠭᠡ ᠲᠣᠰᠬᠤᠨ ᠤ ᠪᠠᠭᠰᠢ ᠶᠢ ᠳᠡᠮᠵᠢᠬᠦ ᠲᠥᠯᠥᠪᠯᠡᠭᠡ ︵2015 — 2020 ᠣᠨ︶︾᠎ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠪᠠᠭᠰᠢ ᠶᠢ ︽ᠪᠠᠭᠤᠵᠤ ᠳᠡᠶᠢᠯᠬᠦ  ᠂ ᠦᠯᠡᠳᠡᠭᠡᠵᠦ ᠴᠢᠳᠠᠬᠤ᠂ ᠰᠠᠶᠢᠨ ᠵᠢᠭᠠᠨ ᠰᠤᠷᠭᠠᠵᠤ ᠴᠢᠳᠠᠬᠤ ᠪᠣᠯᠭᠠᠵᠤ︾︔ ᠠᠯᠢ ᠣᠯᠠᠨ ᠣᠯᠭᠤᠮᠵᠢ ᠪᠠᠲᠤᠯᠠᠭ᠎ᠠ ᠪᠠ ᠤᠯᠤᠰ ᠤᠨ ᠲᠠᠰ ᠤᠨ ᠱᠠᠩᠨᠠᠵᠤ ᠬᠦᠬᠢᠭᠦᠯᠬᠦ ᠲᠦᠷᠦ ᠶᠢᠨ ᠪᠣᠳᠤᠯᠭ᠎ᠠ ᠨᠢ ᠪᠠᠭᠰᠢ ᠶᠢᠨ ᠠᠵᠢᠯ ᠮᠡᠷᠭᠡᠵᠢᠯ ᠤᠨ ᠲᠠᠲᠠᠬᠤ ᠬᠦᠴᠦᠨ ᠢ ᠴᠢᠩᠭᠠᠳᠬᠠᠵᠤ ᠪᠠᠶᠢᠨ᠎ᠠ︔ ᠬᠠᠮᠢᠶᠠᠷᠤᠯᠲᠠ ᠶᠢᠨ ᠲᠣᠭᠲᠠᠯᠴᠠᠭ᠎ᠠ ᠶᠢᠨ ᠲᠡᠭᠦᠯᠳᠡᠷᠵᠢᠭᠦᠯᠦᠯᠲᠡ᠂ ᠮᠡᠷᠭᠡᠵᠢᠯ ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠨᠢ ᠪᠠᠭᠰᠢ ᠶᠢᠨ ᠡᠩᠨᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ ᠪᠠᠶᠢᠨ᠎ᠠ᠃ ᠣᠨᠴᠠᠭᠠᠶᠢᠯᠠᠨ ᠡᠨᠡ ᠵᠢᠯ ᠤᠨ ᠡᠬᠢ ᠪᠠᠷ ︽ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠠᠨᠠᠯ︾᠎ ᠢ ᠨᠡᠶᠢᠲᠡᠯᠡᠭᠰᠡᠨ ᠨᠢ᠂ ᠮᠠᠨ ᠤ ᠤᠯᠤᠰ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠰᠢᠨ᠎ᠡ ᠠᠶᠠᠨ ᠵᠠᠮ ᠢ ᠡᠬᠢᠯᠡᠭᠦᠯᠬᠦ ᠶᠢᠨ ᠪᠡᠯᠭᠡ ᠲᠡᠮᠳᠡᠭ ᠪᠣᠯᠣᠭᠰᠠᠨ ᠪᠠᠶᠢᠨ᠎ᠠ᠃      ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠨᠢ ᠶᠠᠰᠤ ᠴᠢᠨᠠᠷ ᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠶ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠪᠠᠭᠰᠢ ᠶᠢ ᠬᠥᠮᠦᠵᠢᠭᠦᠯᠦᠨ ᠪᠣᠯᠪᠠᠰᠤᠷᠠᠭᠤᠯᠬᠤ ᠲᠦᠷᠢᠮ ᠳᠤ ᠲᠠᠰᠤᠷᠠᠯᠲᠠ ᠦᠭᠡᠢ ᠥᠭᠡᠷᠡᠴᠢᠯᠡᠯᠲᠡ ᠬᠢᠵᠦ᠂ ᠪᠠᠭᠰᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠪᠡ᠃ ᠰᠤᠷᠭᠠᠨ ᠬᠥᠮᠦᠵᠢᠯ ᠤᠨ ᠶᠠᠮᠤᠨ ᠡᠩ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠲᠦᠷᠦᠯ ᠤᠨ ᠲᠤᠰᠬᠠᠢ ᠮᠡᠷᠭᠡᠵᠢᠯ ᠤᠨ ᠭᠡᠷᠡᠴᠢᠯᠡᠯ ᠢ ᠬᠡᠷᠡᠭᠵᠢᠭᠦᠯᠬᠦ ᠠᠷᠭ᠎ᠠ ᠶᠢ ᠨᠡᠶᠢᠲᠡᠯᠡᠵᠦ᠂ ᠪᠠᠭᠰᠢ ᠶᠢᠨ ᠮᠡᠷᠭᠡᠵᠢᠯ ᠤᠨ ᠰᠣᠷᠣᠭᠴᠢ ᠎ ᠶᠢᠨ ᠰᠤᠷᠭᠠᠨ ᠬᠥᠮᠦᠵᠢᠯ ᠤᠨ ᠠᠯᠪᠠᠨ ᠰᠦᠢᠳᠭᠡᠯ ᠤᠨ ᠲᠦᠷᠢᠮ ᠢ ᠨᠠᠶᠢᠳᠠᠪᠤᠷᠢᠵᠢᠭᠤᠯᠪᠠ︔ ᠡᠯ᠎ᠡ ᠱᠠᠲᠤᠨ ᠤ ᠪᠠᠭᠰᠢ ᠶᠢᠨ ᠪᠣᠯᠪᠠᠰᠤᠷᠠᠭᠤᠯᠤᠯ ᠤᠨ ᠲᠣᠭᠲᠠᠯᠴᠠᠭ᠎ᠠ ᠶᠢ ᠪᠠᠶᠢᠭᠤᠯᠤᠨ ᠪᠦᠷᠬᠦᠭᠦᠯᠵᠦ᠂ 2012 ᠣᠨ ᠠᠴᠠ 2016 ᠣᠨ ᠪᠣᠯᠲᠠᠯ᠎ᠠ ︽ᠤᠯᠤᠰ ᠤᠨ ᠲᠠᠰ ᠤᠨ ᠪᠣᠯᠪᠠᠰᠤᠷᠠᠭᠤᠯᠤᠯ ᠤᠨ ᠲᠥᠯᠥᠪᠯᠡᠭᠡ︾᠎ ᠶᠢᠨ ᠵᠢᠱᠢᠶ᠎ᠡ ᠦᠵᠡᠭᠦᠯᠬᠦ ᠴᠢᠨᠠᠷᠲᠠᠶ ᠲᠥᠷᠥᠯ ᠵᠦᠢᠯ᠂ ᠳᠤᠮᠳᠠ ᠪᠠᠷᠠᠭᠤᠨ ᠬᠡᠰᠡᠭ ᠤᠨ ᠲᠦᠷᠦᠯ ᠵᠦᠢᠯ ᠪᠠ ᠬᠡᠤᠬᠡᠳ ᠤᠨ ᠴᠡᠴᠡᠷᠯᠢᠭ ᠤᠨ ᠪᠠᠭᠰᠢ ᠶᠢᠨ ᠤᠯᠤᠰ ᠤᠨ ᠲᠠᠰ ᠤᠨ ᠪᠣᠯᠪᠠᠰᠤᠷᠠᠭᠤᠯᠤᠯ ᠤᠨ ᠲᠥᠷᠥᠯ ᠵᠦᠢᠯ ᠳᠤ ᠨᠡᠶᠢᠲᠡ 93.5 ᠳ᠋ᠦᠩᠰᠢᠭᠤᠷ ᠲᠥᠭᠦᠷᠢᠭ ᠪᠡᠯᠡ ᠮᠥᠩᠭᠦ ᠣᠷᠣᠭᠤᠯᠵᠤ᠂ ᠳᠤᠮᠳᠠᠳᠤ ᠪᠠᠭ᠎ᠠ ᠰᠤᠷᠭᠠᠭᠤᠯᠢ ᠪᠣᠯᠤᠨ ᠬᠡᠦᠬᠡᠳ ᠤᠨ ᠴᠡᠴᠡᠷᠯᠢᠭ ᠤᠨ ᠪᠠᠭᠰᠢ᠂ ᠰᠤᠷᠭᠠᠭᠤᠯᠢ ᠶᠢᠨ ᠵᠠᠬᠢᠷᠤᠯ ᠢ 957 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠪᠠ︔ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂  ᠪᠠᠭᠰᠢ ᠨᠠᠷ ᠢ 940 ᠲᠦᠮᠡ ᠢᠯᠡᠭᠦᠦ ᠬᠥᠮᠦᠨ ᠤᠳᠠᠭ᠎ᠠ ᠪᠣᠯᠪᠠᠰᠤᠷᠠᠭᠤᠯᠪᠠ︔ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠲᠥᠪ ᠤᠨ ᠡᠳ᠋ ᠤᠨ ᠵᠠᠰᠠᠭ ᠠᠴᠠ ᠵᠢᠯ ᠪᠦᠷᠢ 7 ᠳ᠋ᠦᠩᠰᠢᠭᠤᠷ ᠲᠥᠭᠦᠷᠢᠭ ᠰᠢᠬᠠᠮ ᠣᠷᠣᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ 25 ᠲᠦᠮᠡᠨ ᠪᠠᠭᠰᠢ ᠶᠢ ᠵᠣᠬᠢᠶᠠᠨ ᠪᠠᠶᠢᠭᠤᠯᠵᠤ ᠪᠣᠯᠪᠠᠰᠤᠷᠠᠯ ᠬᠦᠷᠲᠡᠭᠡᠪᠡ᠃      ᠡᠭᠦᠨ ᠤ ᠬᠠᠮᠲᠤ᠂ ᠪᠠᠭᠰᠢ ᠶᠢᠨ ᠡᠩᠨᠡᠭᠡ ᠳᠤ ᠣᠷᠣᠬᠤ ᠬᠢᠨᠠᠯᠲᠠ ᠰᠢᠯᠭᠠᠯᠲᠠ ᠶᠢ ᠴᠢᠩᠭ᠎ᠠ ᠪᠣᠯᠭᠠᠵᠤ᠂ ᠪᠠᠭᠰᠢ ᠶᠢᠨ ᠡᠩᠨᠡᠭᠡᠨ ᠎ ᠤ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠡᠢ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠪᠠ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠣᠲᠣ ᠪᠣᠯᠬᠤ ᠳᠤ ᠪᠦᠬᠦ ᠤᠯᠤᠰ ᠤᠨ 28 ᠮᠤᠵᠢ ᠣᠷᠣᠨ ᠴᠥᠮ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠪᠠ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠳᠤ ᠣᠷᠣᠯᠴᠠᠪᠠ  ᠃ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠶᠢ ᠠᠬᠢᠭᠤᠯᠵᠤ᠂ ᠣᠳᠣᠬᠠᠨ ᠳᠤ ᠪᠥᠬᠦ ᠤᠯᠤᠰ ᠲᠤ ᠨᠢᠭᠡᠨᠲᠡ 30 ᠮᠤᠵᠢ ︵ᠣᠷᠣᠨ᠂  ᠬᠤᠲᠠ︶᠎ ᠶᠢᠨ ᠰᠤᠷᠭᠠᠭᠤᠯᠢ ᠶᠢᠨ ᠵᠠᠬᠢᠷᠤᠯ ᠪᠠᠭᠰᠢ ᠶᠢᠨ ᠠᠵᠢᠯ ᠤᠨ ᠪᠠᠶᠢᠷᠢ ᠶᠢ ᠡᠭᠡᠯᠵᠢᠯᠡᠭᠦᠯᠦᠨ ᠰᠣᠯᠢᠯᠴᠠᠬᠤ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠪᠡ᠃ ᠳᠤᠮᠳᠠᠳᠤ ᠪᠠᠭ᠎ᠠ ᠰᠤᠷᠭᠠᠭᠤᠯᠢ ᠶᠢᠨ ᠤᠳᠤᠷᠢᠳᠬᠤ ᠬᠥᠮᠦᠰ ᠤᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠡᠰ ᠤᠨ ᠲᠦᠷᠢᠮ ᠢ ᠲᠤᠷᠰᠢᠨ ᠬᠡᠷᠡᠭᠵᠢᠭᠦᠯᠵᠦ᠂ ᠰᠤᠷᠭᠠᠭᠤᠯᠢ ᠶᠢᠨ ᠵᠠᠬᠢᠷᠤᠯ ᠤᠨ ᠵᠠᠰᠠᠭ ᠵᠠᠬᠢᠷᠭᠠᠨ ᠤ ᠵᠡᠷᠭᠡ ᠳᠡᠰ ᠢ ᠬᠦᠴᠦᠨ ᠦᠭᠡᠶ ᠪᠣᠯᠭᠠᠬᠤ᠂ ᠰᠤᠷᠭᠠᠭᠤᠯᠢ ᠶᠢᠨ ᠵᠠᠬᠢᠷᠤᠯ ᠢ ᠡᠷᠳᠡᠮᠲᠡᠨ ᠤ ᠬᠡᠯᠪᠡᠷᠢ ᠶᠢᠨ ᠲᠤᠰᠬᠠᠢ ᠮᠡᠷᠭᠡᠵᠢᠯᠲᠡᠨ ᠤ ᠬᠡᠯᠪᠡᠷᠢ ᠶᠢᠨ ᠰᠤᠷᠭᠠᠭᠤᠯᠢ ᠶᠢᠨ ᠵᠠᠬᠢᠷᠤᠯ ᠪᠣᠯᠬᠤ ᠶᠢ ᠵᠣᠷᠢᠭᠵᠢᠭᠤᠯᠤᠨ᠎ᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂  ᠪᠠᠭᠰᠢ ᠶᠢᠨ ᠪᠠᠶᠢᠷᠢ ᠰᠠᠭᠤᠷᠢ᠂ ᠬᠠᠷᠠᠭᠠᠯᠵᠠᠯ ᠪᠠ ᠲᠤᠬᠠᠶᠢᠯᠠᠭᠰᠠᠨ ᠠᠵᠢᠯ ᠤᠨ ᠲᠠᠲᠠᠬᠤ ᠬᠦᠴᠦᠨ ᠢ ᠳᠡᠭᠡᠭᠰᠢᠯᠡᠭᠦᠯᠬᠦ ᠶᠢᠨ ᠲᠦᠯᠦᠭᠡ᠂ ᠤᠯᠤᠰ ᠤᠨ ᠳᠦᠷᠦ ᠶᠢᠨ ᠪᠤᠳᠤᠯᠭ᠎ᠠ ᠵᠠᠯᠭᠠᠯᠳᠤᠭ᠎ᠠ ᠪᠠᠷ ᠨᠡᠶᠢᠲᠡᠯᠡᠭᠳᠡᠪᠡ᠄ ᠤᠯᠤᠰ ᠤᠨ ᠲᠠᠰ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠱᠠᠩᠨᠠᠯ ᠤᠨ ᠰᠢᠯᠭᠠᠷᠠᠭᠤᠯᠤᠯᠲᠠ᠂ ᠤᠯᠤᠰ ᠤᠨ ︽ᠲᠦᠮᠡᠨ ᠬᠥᠮᠦᠨ ᠤ ᠲᠥᠯᠥᠪᠯᠡᠭᠡ︾᠎ ᠶᠢᠨ ᠵᠢᠭᠠᠨ ᠰᠤᠷᠭᠠᠯᠲᠠ ᠶᠢᠨ ᠨᠠᠷᠠᠲᠤ ᠪᠠᠭᠰᠢ ᠶᠢᠨ ᠰᠢᠯᠢᠨ ᠰᠣᠩᠭᠤᠯᠲᠠ ᠵᠡᠷᠭᠡ ᠤᠯᠤᠰ ᠤᠨ ᠳᠡᠰ ᠤᠨ ᠱᠠᠩᠨᠠᠯ ᠬᠦᠬᠢᠭᠦᠯᠦᠯ ᠢ ᠥᠷᠨᠢᠭᠦᠯᠬᠦ ᠪᠠᠷ ᠳᠠᠮᠵᠢᠭᠤᠯᠤᠨ᠂ ᠪᠠᠭᠰᠢ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠤᠷᠮᠠᠰᠢᠭᠤᠯᠤᠨ᠎ᠠ︔ ᠪᠠᠭᠰᠢ ᠶᠢᠨ ᠴᠠᠯᠢᠩ ᠣᠯᠭᠤᠮᠵᠢ ᠶᠢ ᠪᠠᠲᠤᠯᠠᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠠᠭᠰᠢ ᠶᠢᠨ ᠳᠤᠮᠳᠠᠴᠢ ᠴᠠᠯᠢᠩ ᠤᠨ ᠬᠢᠷᠢ ᠬᠡᠮᠵᠢᠶ᠎ᠡ ᠶᠢ ᠲᠤᠬᠠᠶ ᠶᠢᠨ ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ ᠬᠢᠷᠢ ᠬᠡᠮᠵᠢᠶ᠎ᠡ ᠠᠴᠠ ᠳᠣᠤᠷ᠎ᠠ ᠥᠬᠡᠶ ᠪᠤᠶᠤ ᠦᠨᠳᠦᠷ ᠪᠠᠶᠢᠯᠭᠠᠬᠤ ᠶᠢ ᠬᠠᠤᠯᠢ ᠶᠣᠰᠣᠭᠠᠷ ᠪᠠᠲᠤᠯᠠᠵᠤ᠂ ᠡᠮ ᠡᠮᠨᠡᠯᠭᠡ ᠨᠠᠰᠤᠵᠢᠯ ᠵᠡᠷᠭᠡ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠦᠨ᠎ᠡ᠃      ᠡᠳᠦᠭᠡ᠂ ᠤᠯᠤᠰ ᠤᠨ ᠳᠡᠰ ᠳᠠᠪᠬᠤᠷᠭ᠎ᠠ ᠠᠴᠠ ᠡᠶᠢᠮᠦᠷᠬᠦᠦ ᠨᠢᠭᠡᠨ ᠢᠳᠡᠪᠬᠢᠲᠡᠶ ᠳᠣᠬᠢᠶ᠎ᠠ ᠥᠭᠴᠦ ᠪᠠᠶᠢᠨ᠎ᠠ᠄ ᠪᠠᠭᠰᠢ ᠶᠢᠨ ᠠᠵᠢᠯ ᠨᠢ ᠣᠳᠤ ᠶᠠᠭ ᠬᠥᠮᠦᠨ ᠪᠦᠬᠦᠨ ᠪᠢᠰᠢᠷᠡᠨ ᠬᠦᠷᠢᠶᠡᠯᠡᠬᠦ ᠠᠵᠢᠯ ᠮᠡᠷᠭᠡᠵᠢᠯ ᠪᠣᠯᠵᠤ ᠪᠠᠶᠢᠭ᠎ᠠ ᠶᠤᠮ ᠃ ᠨᠢᠭᠡᠨ ᠰᠠᠯᠠᠭ᠎ᠠ ᠳᠡᠭᠡᠳᠦ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢᠨ ᠲᠦᠰᠢᠭ ᠲᠤᠯᠭᠠᠭᠤᠷᠢ ᠲᠠᠢ ᠪᠣᠯᠪᠡᠯ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠵᠠᠮ ᠶᠠᠪᠤᠬᠤ ᠲᠤᠳᠤᠮ ᠥᠷᠭᠡᠨ ᠪᠣᠯᠤᠨ᠎ᠠ᠃       ᠬᠦᠮᠦᠨ ᠤ ᠣᠳᠣᠬᠢᠴᠢᠯᠠᠯᠲᠠ ᠶᠢ ᠪᠡᠶᠡᠯᠡᠭᠦᠯᠬᠦ ᠪᠠᠷ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠬᠥᠲᠥᠯᠥᠨ ᠳᠠᠭᠠᠭᠤᠯᠬᠤ      ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠯᠤᠭ᠎ᠠ ᠬᠤᠯᠪᠣᠭᠳᠠᠬᠤ᠂ ᠴᠠᠭ ᠦᠶ᠎ᠡ ᠶᠢ ᠵᠠᠭᠠᠭᠯᠠᠭᠰᠠᠨ ᠣᠳᠬ᠎ᠠ ᠠᠭᠤᠯᠭ᠎ᠠ ᠲᠠᠢ ᠤᠯᠤᠰ ᠤᠨ ᠪᠠᠶᠢᠯᠳᠤᠬᠤ ᠪᠤᠳᠤᠯᠭ᠎ᠠ ᠮᠥᠨ᠃ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠭᠡᠬᠦ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠨᠢ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠮᠥᠨ ᠴᠢᠨᠠᠷ ᠲᠤ ᠦᠨᠳᠦᠰᠦᠯᠡᠨ᠎ᠡ᠂ ᠳᠠᠷᠤᠢ ᠬᠥᠮᠦᠨ ᠤ ᠣᠳᠣᠬᠢᠴᠢᠯᠠᠯᠲᠠ ᠪᠣᠯᠤᠨ᠎ᠠ᠃ ᠪᠦᠬᠦ ᠳᠡᠯᠡᠬᠡᠢ ᠶᠢᠨ ᠣᠳᠣᠬᠢᠴᠢᠯᠠᠯᠲᠠ ᠶᠢᠨ ᠲᠡᠦᠬᠡᠨ ᠶᠠᠪᠤᠴᠠ ᠳᠤᠮᠳᠠ᠂ ᠣᠳᠣᠬᠢᠴᠢᠯᠠᠯᠲᠠ ᠶᠢ ᠣᠷᠢᠳ ᠢᠶᠠᠷ  ᠶᠠᠪᠤᠭᠤᠯᠤᠭᠰᠠᠨ ᠤᠯᠤᠰ ᠴᠥᠮ ᠬᠥᠮᠦᠨ ᠤ ᠣᠳᠣᠬᠢᠴᠢᠯᠠᠯᠲᠠ ᠶᠢ ᠴᠢᠬᠤᠯᠠ ᠪᠠᠶᠢᠯᠳᠤᠬᠤ ᠪᠤᠳᠤᠯᠭ᠎ᠠ ᠶᠢᠨ ᠪᠠᠶᠢᠷᠢᠨ ᠳᠤ ᠲᠠᠯᠪᠢᠵᠤ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠷ ᠳᠠᠮᠵᠢᠨ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠵᠤ᠂ ᠬᠥᠮᠦᠨ ᠤ ᠣᠳᠣᠬᠢᠴᠢᠯᠠᠯᠲᠠ ᠶᠢ ᠪᠡᠶᠡᠯᠡᠭᠦᠯᠦᠨ᠂ ᠤᠯᠤᠰ ᠣᠷᠣᠨ ᠤ ᠣᠳᠣᠬᠢᠴᠢᠯᠠᠯᠲᠠ ᠶᠢ ᠪᠦᠳᠦᠭᠡᠨ ᠪᠠᠶᠢᠭᠤᠯᠬᠤ ᠳᠤ ᠤᠷᠢᠲᠠᠯ ᠨᠥᠬᠦᠴᠡᠯ ᠪᠠ ᠪᠠᠶᠢᠯᠳᠤᠬᠤ ᠪᠤᠳᠤᠯᠭ᠎ᠠ ᠶᠢᠨ ᠰᠠᠭᠤᠷᠢ ᠲᠠᠯᠪᠢᠪᠠ᠃        ᠣᠳᠣᠬᠠᠨ ᠳᠤ᠂ ᠮᠠᠨ ᠤ ᠤᠯᠤᠰ ᠶᠠᠭ ᠳᠤᠮᠳᠠᠳᠤ ᠤᠯᠤᠰ ᠤᠨ  ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠲᠡᠦᠬᠡᠨ ᠶᠠᠪᠤᠴᠠ ᠳᠤ ᠪᠣᠢ᠂ ᠰᠤᠷᠭᠠᠨ ᠬᠥᠮᠦᠵᠢᠯ ‍ᠤᠨ‌ᠣᠳᠣᠬᠢᠴᠢᠯᠠᠯᠲᠠ ᠨᠢ ᠬᠥᠮᠦᠨ ᠤ ᠣᠳᠣᠬᠢᠴᠢᠯᠠᠯᠲᠠ ᠳᠤ ᠦᠢᠯᠡᠴᠢᠯᠡᠵᠦ᠂ ᠳᠤᠮᠳᠠᠳᠤ ᠤᠯᠤᠰ ᠤᠨ ᠣᠨᠴᠠᠯᠢᠭᠲᠤ ᠨᠡᠶᠢᠭᠡᠮ ᠵᠢᠷᠤᠮ ᠤᠨ  ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠲᠠᠢ ᠵᠣᠬᠢᠴᠠᠵᠤ ᠂ ᠣᠳᠣᠬᠢᠴᠢᠯᠠᠯᠲᠠ ᠶᠢᠨ ᠬᠡᠪ ᠪᠣᠯᠪᠠᠰᠤᠷᠠᠯ ᠢ ᠪᠦᠷᠢᠯᠳᠦᠭᠦᠯᠦᠭᠰᠡᠨ᠂ ᠣᠳᠣᠬᠢᠴᠢᠯᠠᠭᠰᠠᠨ ᠤᠯᠤᠰ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ ᠳᠡᠶᠢᠯᠬᠦ ︽ᠢᠷᠡᠭᠡᠳᠦᠶ ᠶᠢᠨ ᠬᠦᠮᠦᠨ︾᠎ ᠢ ᠬᠦᠮᠦᠵᠢᠭᠦᠯᠬᠦ ᠬᠡᠷᠡᠭᠲᠡᠢ᠃      2014 ᠣᠨ ᠤ 9 ᠳ᠋ᠦ᠋ᠭᠡᠷ ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ︽ᠰᠢᠯᠭᠠᠯᠲᠠ ᠪᠠᠷ ᠰᠣᠷᠣᠭᠴᠢ ᠡᠯᠰᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾᠎ ᠢ ᠨᠡᠶᠢᠲᠡᠯᠡᠵᠦ᠂ ᠰᠢᠯᠭᠠᠯᠲᠠ ᠪᠠᠷ ᠰᠣᠷᠣᠭᠴᠢ ᠡᠯᠰᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠪᠦᠬᠦ ᠲᠠᠯ᠎ᠠ ᠶᠢᠨ ᠪᠠᠶᠢᠷᠢᠯᠠᠭᠤᠯᠤᠯᠲᠠ ᠪᠠ ᠰᠢᠰᠲ᠋ᠧᠮ ᠲᠠᠢ ᠲᠥᠯᠥᠪᠯᠡᠭᠡ ᠬᠢᠵᠦ᠂ ᠮᠠᠨ ᠤ ᠤᠯᠤᠰ ᠤᠨ ᠰᠢᠨ᠎ᠡ ᠨᠢᠭᠡ ᠡᠭᠡᠯᠵᠢ ᠶᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢᠨ ᠪᠦᠷᠢᠶ᠎ᠡ ᠶᠢ ᠬᠠᠩᠭᠢᠨᠠᠭᠤᠯᠤᠭᠰᠠᠨ ᠪᠠᠶᠢᠨ᠎ᠠ᠃  ᠨᠡᠶᠢᠭᠡᠮ ᠤᠨ ᠪᠠ ᠪᠠᠶᠢᠭᠠᠯᠢ ᠶᠢᠨ ᠰᠢᠨᠵᠢᠯᠡᠬᠦ ᠣᠬᠠᠭᠠᠨ ᠭᠡᠵᠦ ᠦᠯᠤ ᠬᠤᠪᠢᠶᠠᠬᠤ᠂ ᠣᠨᠴᠠᠯᠢᠭ ᠴᠢᠳᠠᠪᠤᠷᠢ ᠳᠤᠷ᠎ᠠ ᠰᠣᠨᠢᠷᠬᠠᠯ ᠎ ᠢ ᠦᠨᠳᠦᠰᠦᠯᠡᠨ ᠬᠢᠴᠢᠶᠡᠯ ᠰᠣᠩᠭᠤᠬᠤ᠂ ᠤᠯᠠᠨ ᠪᠠᠷᠢᠮᠵᠢᠶ᠎ᠠ ᠪᠠᠷ ᠴᠢᠳᠠᠪᠤᠷᠢᠲᠠᠨ ᠢ ᠰᠢᠯᠢᠨ ᠰᠣᠩᠭᠤᠬᠤ ᠵᠡᠷᠭᠡ ᠠᠯᠢ ᠤᠯᠠᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠰᠢᠨ᠎ᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠪᠦᠬᠦ ᠲᠠᠯ᠎ᠠ ᠶᠢᠨ ᠮᠦᠷᠲᠡᠭᠡᠨ ᠥᠪᠡᠷᠮᠢᠴᠡ ᠣᠨᠴᠠᠯᠢᠭ ᠲᠠᠢ ᠂ ᠣᠳᠣᠬᠢᠴᠢᠯᠠᠭᠰᠠᠨ ᠤᠯᠤᠰ ᠤᠨ ᠪᠦᠳᠦᠭᠡᠨ ᠪᠠᠶᠢᠭᠤᠯᠤᠯᠲᠠ ᠳᠤ ᠦᠢᠯᠡᠴᠢᠯᠡᠵᠦ ᠴᠢᠳᠠᠬᠤ ᠴᠢᠳᠠᠪᠤᠷᠢᠲᠠᠨ ᠢ ᠬᠥᠮᠦᠵᠢᠭᠦᠯᠬᠦ ᠳᠤ ᠠᠰᠢᠭᠲᠠᠶ ᠶᠤᠮ᠃      ᠴᠢᠳᠠᠪᠤᠷᠢᠲᠠᠨ ᠢ ᠬᠥᠮᠦᠵᠢᠭᠦᠯᠬᠦ ᠠᠷᠭ᠎ᠠ ᠮᠠᠶ᠋ᠢᠭ ᠤᠨ ᠬᠤᠪᠢᠰᠤᠯᠲᠠ ᠨᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠱᠠᠲᠤᠨ ᠳᠤ ᠲᠥᠪᠯᠡᠷᠡᠩᠭᠦᠶ ᠢᠯᠡᠷᠡᠵᠦ ᠪᠠᠶᠢᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ2015 ᠣᠨ ᠤ 4 ᠳ᠋ᠦ᠋ᠭᠡᠷ ᠰᠠᠷ᠎ᠠ ᠳᠤ ᠨᠡᠶᠢᠲᠡᠯᠡᠭᠰᠡᠨ ︽ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾᠎ ᠳᠤ ᠪᠦᠬᠦ ᠰᠤᠷᠤᠭᠴᠢᠳ ᠲᠤ ᠬᠠᠨᠳᠤᠭᠤᠯᠤᠭᠰᠠᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠲᠤᠰᠬᠠᠶ  ᠬᠢᠴᠢᠶᠡᠯᠯᠡᠭᠡ ᠶᠢᠨ ᠪᠦᠯᠦᠭ ᠢ ᠪᠠᠶᠢᠭᠤᠯᠣᠨ᠎ᠠ ᠭᠡᠵᠦ ᠳᠤᠷᠠᠳᠤᠭᠰᠠᠨ ᠪᠠᠶᠢᠨ᠎ᠠ᠃ ᠲᠤᠰ ᠵᠢᠯ ᠤᠨ 10 ᠳ᠋ᠤᠭᠠᠷ ᠰᠠᠷ᠎ᠠ ᠳᠤ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ︽ ᠢᠨᠲ᠋ᠧᠷᠨᠧᠲ +︾ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠨᠢ ᠭᠢᠷᠢᠨ ᠶᠡᠭᠡ ᠰᠤᠷᠭᠠᠭᠤᠯᠢ ᠳᠤ ᠶᠠᠪᠤᠭᠳᠠᠵᠤ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠨᠢ ᠶᠡᠭᠡ ᠰᠤᠷᠭᠠᠭᠤᠯᠢ ᠶᠢᠨ ᠬᠦᠷᠢᠶᠡᠨ ᠤ ᠰᠢᠨ᠎ᠡ ᠬᠠᠯᠠᠮᠰᠢᠯ ᠪᠣᠯᠪᠠ᠃      ᠡᠷᠡᠮᠡᠬᠡᠶᠢᠯᠡᠨ ᠤᠷᠤᠭᠰᠢᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠎ᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠴᠢᠳᠠᠪᠤᠷᠢᠲᠠᠨ ᠢ ᠬᠥᠮᠦᠵᠢᠭᠦᠯᠬᠦ ᠪᠠᠷᠢᠮᠵᠢᠶ᠎ᠠ ᠳᠤ ᠲᠠᠰᠤᠷᠠᠯᠲᠠ ᠥᠬᠡᠶ ᠵᠠᠰᠠᠪᠤᠷᠢ ᠣᠷᠤᠭᠤᠯᠣᠨ᠂ ᠵᠢᠭᠠᠨ ᠰᠤᠷᠭᠠᠵᠤ ᠬᠥᠮᠦᠨ ᠢ ᠬᠥᠮᠦᠵᠢᠭᠦᠯᠬᠦ ᠲᠣᠭᠲᠠᠴᠠ ᠳᠤ ᠥᠭᠡᠷᠡᠴᠢᠯᠡᠯᠲᠡ ᠬᠢᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠦᠢᠯᠡᠰ ᠪᠤᠰᠬᠠᠬᠤ ᠦᠢᠯᠡᠳᠦᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠦᠢᠯᠡᠰ ᠴᠣᠭᠴᠠᠯᠠᠬᠤ ᠶᠢ ᠬᠠᠪᠰᠤᠷᠤᠨ ᠲᠡᠳᠬᠦᠬᠦ ᠲᠣᠭᠲᠠᠯᠴᠠᠭ᠎ᠠ ᠶᠢ ᠪᠠᠶᠢᠭᠤᠯᠵᠤ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠰᠤᠷᠭᠠᠨ ᠬᠥᠮᠦᠵᠢᠯ ᠪᠠ ᠲᠤᠰᠬᠠᠶ ᠮᠡᠷᠭᠡᠵᠢᠯ ᠤᠨ ᠰᠤᠷᠭᠠᠨ ᠬᠥᠮᠦᠵᠢᠯ ᠢ ᠣᠷᠭᠠᠨᠢᠭ ᠢᠶᠠᠷ ᠠᠭᠤᠰᠣᠯᠴᠠᠭᠤᠯᠬᠤ ᠶᠢ ᠠᠬᠢᠭᠤᠯᠵᠤ᠂ ᠨᠡᠪᠴᠢᠭᠦᠯᠬᠦ ᠲᠠᠪᠴᠠᠩ ᠢ ᠲᠠᠰᠤᠷᠠᠯᠲᠠ ᠦᠭᠡᠢ ᠴᠢᠩᠭᠠᠳᠬᠠᠵᠤ᠂  ᠦᠢᠯᠡᠰ ᠴᠣᠭᠴᠠᠯᠠᠬᠤ ᠰᠠᠭᠤᠷᠢ ᠮᠥᠩᠭᠦ᠂ ᠠᠵᠢᠯ ᠲᠥᠷᠥᠯ ᠤᠨ ᠵᠢᠯᠣᠭᠤᠳᠣᠭᠴᠢ ᠪᠠᠭᠰᠢ  ᠶᠢᠨ ᠬᠥᠮᠥᠷᠭᠡ ᠵᠡᠷᠭᠡ ᠲᠤᠯᠭᠠᠭᠤᠷᠢᠯᠠᠬᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠪᠠ᠃      ︽ᠡᠨᠡ ᠪᠣᠯ ᠨᠢᠭᠡᠨ ᠦᠵᠡᠯ ᠰᠠᠨᠠᠭ᠎ᠠ ᠲᠠᠢ᠂ ᠬᠠᠶᠢᠷ᠎ᠠ ᠰᠡᠳᠬᠢᠯᠭᠡ  ᠎ ᠲᠠᠢ᠂ ᠢᠷᠡᠭᠡᠳᠦᠶ ᠲᠠᠢ ᠺᠣᠮᠫᠠᠨᠢ ᠮᠦᠨ︾᠃ 2017 ᠣᠨ ᠤ 9 ᠳ᠋ᠦ᠋ᠭᠡᠷ ᠰᠠᠷ᠎ᠠ ᠳᠤ ᠶᠠᠪᠤᠭᠳᠠᠭᠰᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ︽ᠢᠨᠲ᠋ᠧᠷᠨᠧᠲ +︾ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠤᠷᠤᠯᠳᠤᠭᠠᠨ ᠳᠡᠭᠡᠷ᠎ᠡ᠂ ᠱᠧᠨᠵᠧᠨ ᠤ ᠳ᠋ᠠ ᠰᠢ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠺᠣᠮᠫᠠᠨᠢ ᠶᠢᠨ ᠪᠡᠯᠡ ᠣᠷᠣᠭᠤᠯᠤᠭᠴᠢ ᠭᠤᠣ ᠢᠦᠢ ᠬᠤ᠋ ᠠᠴᠠ ︽ᠥᠴᠦᠬᠡᠨ ᠳᠦᠭᠦᠷᠡᠩ ᠠᠮᠤ ᠪᠤᠳᠠᠭᠠᠨ ᠤ ᠬᠥᠮᠥᠷᠭᠡ︾ ᠵᠢᠨ‌‍ᠲ᠋ᠦ᠋ᠷᠦᠯ ᠵᠦᠢᠯ ᠢ ᠢᠩᠭᠢᠵᠦ ᠦᠨᠡᠯᠡᠭᠰᠡᠨ ᠪᠠᠶᠢᠨ᠎ᠠ᠃      ︽ᠥᠴᠦᠬᠡᠨ ᠳᠦᠭᠦᠷᠡᠩ ᠠᠮᠤ ᠪᠤᠳᠠᠭᠠᠨ ᠤ ᠬᠥᠮᠥᠷᠭᠡ︾᠎ ᠨᠢ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭ᠎ᠠ ᠳᠤ ᠬᠦᠴᠦᠯᠡᠨ ᠴᠢᠷᠮᠠᠶᠢᠵᠤ᠂ ᠲᠠᠷᠢᠶᠠᠴᠢᠨ ᠡᠷᠦᠬᠡ ᠪᠠᠷ ᠳᠠᠮᠵᠢᠵᠤ ᠵᠠᠯᠭᠠᠨ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠬᠤ ᠠᠰᠠᠭᠤᠳᠠᠯ ᠢ ᠬᠠᠪᠰᠤᠷᠤᠨ ᠰᠢᠢᠳᠪᠦᠷᠢᠯᠡᠬᠦ ᠶᠢ ᠴᠢᠷᠮᠠᠶᠢᠳᠠᠭ᠃ ᠲᠦᠷᠦᠯ ᠵᠦᠢᠯ ᠤᠨ ᠬᠠᠷᠢᠭᠤᠴᠠᠯᠭᠠᠲᠠᠨ ᠵᠠᠩ ᠸᠠᠩ᠂ ᠰᠢ ᠠᠨ ᠤ ᠡᠯᠧᠺᠲᠷᠣᠨ ᠰᠢᠨᠵᠢᠯᠡᠭᠡ ᠮᠡᠷᠭᠡᠵᠢᠯ ᠤᠨ ᠶᠡᠭᠡ ᠰᠤᠷᠭᠠᠭᠤᠯᠢ ᠠᠴᠠ ᠲᠡᠭᠦᠰᠴᠦ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ︽ ᠢᠨᠲ᠋ᠧᠷᠨᠧᠲ +︾ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠤᠷᠤᠯᠳᠤᠭᠠᠨ ᠤ ︽ᠤᠷᠢ ᠵᠠᠯᠠᠭᠤ ᠨᠠᠰᠤᠨ ᠤ ᠬᠤᠪᠢᠰᠬᠠᠯ ᠤᠨ ᠬᠥᠮᠦᠵᠢᠯ ᠤᠨ ᠬᠦᠰᠡᠯ ᠢᠶᠠᠨ ᠲᠡᠷᠭᠡᠯᠰᠢᠭᠦᠯᠬᠦ ᠠᠶᠠᠨ︾ ᠦᠢᠯᠡᠳᠦᠯᠭᠡ ᠶᠢᠨ ᠪᠦᠯᠬᠦᠮ ᠤᠨ ᠶᠡᠷᠦᠩᠬᠡᠶ ᠱᠦᠵᠢ ᠰᠢ ᠶᠢᠨ ᠫᠢᠩ ᠳᠤ ᠵᠠᠬᠢᠳᠠᠯ ᠪᠢᠴᠢᠬᠦ ᠶᠢ ᠰᠠᠨᠠᠭᠠᠴᠢᠯᠠᠭᠴᠢ ᠶᠢᠨ ᠨᠢᠭᠡ ᠨᠢ ᠪᠠᠶᠢᠵᠤ᠂ ᠶᠡᠷᠦᠩᠬᠡᠶ ᠱᠦᠵᠢ ᠶᠢᠨ ᠬᠠᠷᠢᠭᠤ ᠵᠠᠬᠢᠳᠠᠯ ᠳᠤ ᠵᠠᠯᠠᠭᠤ ᠨᠢᠭᠡ ᠦᠶ᠎ᠡ ᠶᠢᠨ ᠬᠢᠨ ᠳᠤ ᠲᠠᠯᠪᠢᠵᠤ ᠪᠠᠶᠢᠭ᠎ᠠ ᠵᠠᠯᠠᠭᠤ ᠨᠠᠰᠤ ᠪᠣᠯᠣᠨ ᠡᠭᠦᠷᠭᠡ ᠬᠠᠷᠢᠭᠤᠴᠠᠯᠭ᠎ᠠ ᠳᠠᠭᠠᠨ ᠦᠯᠦ ᠣᠰᠣᠯᠳᠠᠬᠤ ᠨᠠᠨᠳᠢᠨ ᠬᠦᠰᠡᠯ ᠨᠠᠶᠢᠳᠠᠯᠭ᠎ᠠ ᠨᠢ ᠲᠡᠭᠦᠨ ᠳᠤ ᠮᠠᠰᠢ ᠶᠡᠭᠡ ᠵᠣᠷᠢᠭᠵᠢᠭᠤᠯᠤᠯ ᠪᠣᠯᠵᠠᠢ᠃      ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢ ᠪᠡᠶᠡᠯᠡᠭᠦᠯᠵᠦ  ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠦᠯᠦᠭ ᠪᠦᠯᠦᠭ ᠮᠣᠷᠠᠯ ᠴᠢᠳᠠᠪᠤᠷᠢ ᠬᠤᠣᠰᠯᠠᠭᠰᠠᠨ ᠠᠮᠵᠢᠯᠲᠠ ᠪᠦᠲᠦᠮᠵᠢᠲᠡᠢ ᠴᠢᠳᠠᠪᠤᠷᠢᠲᠡᠳ ᠲᠡᠭᠦᠨ ᠤ ᠲᠥᠯᠥᠭᠡ ᠲᠡᠮᠡᠴᠡᠬᠦ ᠴᠢᠬᠤᠯᠠᠲᠠᠢ︾ ᠭᠡᠬᠦ ᠶᠡᠷᠦᠩᠬᠡᠢ ᠱᠦᠵᠢ ᠰᠢ ᠶᠢᠨ ᠫᠢᠩ ᠤᠨ ᠦᠭᠡ ᠎ ᠨᠢ ᠬᠥᠮᠥᠰ ᠢ ᠭᠦᠨ ᠰᠡᠩᠬᠡᠷᠡᠭᠦᠯᠦᠭᠰᠡᠨ ᠶᠤᠮ᠃      ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠬᠦᠰᠡᠯ ᠤᠨ ᠵᠠᠮ ᠳᠡᠭᠡᠷ᠎ᠡ ᠣᠷᠤᠭᠰᠢᠯᠠᠵᠤ ᠪᠠᠶᠢᠭ᠎ᠠ ᠳᠤᠮᠳᠠᠳᠤ ᠤᠯᠤᠰ᠂ ᠴᠢᠳᠠᠪᠤᠷᠢᠲᠠᠨ ᠢ ᠬᠦᠰᠡᠨ ᠡᠷᠡᠮᠡᠯᠵᠡᠵᠦ ᠪᠠᠶᠢᠬᠤ ᠨᠢ ᠠᠯᠢ ᠴᠤ ᠦᠶ᠎ᠡ ᠶᠢᠨ ᠬᠢ ᠠᠴᠠ ᠪᠦᠷ ᠴᠢᠩᠭ᠎ᠠ ᠲᠤᠯᠭᠠᠮ᠎ᠠ ᠪᠠᠶᠢᠨ᠎ᠠ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠠᠵᠢᠯ ᠦᠢᠯᠡᠰ ᠢ ᠪᠦᠲᠦᠭᠡᠬᠦ ᠣᠷᠣᠨ ᠵᠠᠶ ᠨᠢ ᠠᠯᠢ ᠴᠤ ᠦᠶ᠎ᠡ ᠠᠴᠠ ᠪᠦᠷ ᠥᠷᠭᠡᠨ ᠠᠭᠤᠳᠠᠮ ᠪᠠᠶᠢᠨ᠎ᠠ᠃      ︵ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢᠦ ᠢ ᠹᠠᠨ᠂ ᠼᠠᠢ ᠵᠢᠶ ᠯᠧ︶    
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号