ᠱᠠᠨᠳᠦ᠋ᠩ ᠮᠤᠵᠢ ᠶᠢᠨ ︽ᠰᠢᠶᠠᠨ ᠠᠴᠠ ᠰᠤᠷᠭᠠᠭᠤᠯᠢ ᠶᠢᠨ ᠤᠷᠢᠵᠤ ᠬᠡᠷᠡᠭᠯᠡᠬᠦ ᠶᠢ ᠬᠠᠮᠢᠶᠠᠷᠬᠤ︾᠎ ᠨᠢ ᠪᠠᠭᠰᠢ ᠎ ᠶᠢᠨ ᠢᠳᠡᠪᠬᠢᠵᠢᠯ ᠢ ᠬᠦᠭᠵᠢᠭᠡᠵᠦ ᠪᠠᠶᠢᠨ᠎ᠠ
ᠨᠡᠶᠢᠲᠡᠯᠡᠭᠰᠡᠨ ᠴᠠᠭ᠄
2019/1/9
     ᠪᠠᠭᠰᠢ ᠳᠠᠬᠢᠭᠠᠳ ︽ᠨᠢᠭᠡ ᠰᠤᠷᠭᠠᠭᠤᠯᠢ ᠳᠤ ᠨᠠᠰᠤᠨ ᠲᠤᠷᠰᠢ ᠶᠢᠨ ᠬᠤᠪᠢ ᠵᠠᠶᠠᠭ᠎ᠠ ᠪᠠᠨ ᠲᠣᠭᠲᠠᠭᠠᠬᠤ︾ ᠪᠢᠰᠢ᠂ ᠬᠠᠷᠢᠨ ︽ᠰᠤᠷᠭᠠᠭᠤᠯᠢ ᠬᠠᠮᠢᠶᠠᠷᠬᠤ︾᠎ ᠠᠴᠠ ︽ᠰᠢᠶᠠᠨ ᠬᠠᠮᠢᠶᠠᠷᠬᠤ︾ ᠪᠣᠯᠵᠤ᠂ ᠨᠢᠭᠡᠳᠦᠯᠲᠡᠶ ᠬᠠᠮᠢᠶᠠᠷᠬᠤ ᠎ ᠶᠢ ᠪᠡᠶᠡᠯᠡᠭᠦᠯᠪᠡ︔ ᠰᠤᠷᠭᠠᠭᠤᠯᠢ ᠶᠢᠨ ᠵᠠᠬᠢᠷᠤᠯ ᠨᠢ ᠵᠠᠰᠠᠭ ᠵᠠᠬᠢᠷᠭᠠᠨ ᠤ ᠲᠡᠰ ᠤᠨ ᠬᠢᠵᠠᠭᠠᠷᠯᠠᠯ ᠢ ᠬᠦᠷᠲᠡᠬᠦ ᠦᠬᠡᠢ ᠪᠣᠯᠵᠤ᠂ ᠬᠠᠷᠢᠨ ᠤᠯᠠᠨ ᠡᠰᠢᠵᠢᠭᠰᠡᠨ ᠠᠷᠭ᠎ᠠ ᠵᠠᠮ ᠢᠶᠠᠷ ᠰᠠᠭᠠᠳ ᠦᠭᠡᠢ ᠠᠵᠢᠯ ᠤᠨ ᠪᠠᠶᠢᠷᠢ ᠶᠢ ᠡᠭᠡᠯᠵᠢᠯᠡᠭᠦᠯᠦᠨ ᠰᠣᠯᠢᠯᠴᠠᠬᠤ ᠶᠢ ᠪᠡᠶᠡᠯᠡᠭᠦᠯᠪᠡ᠃ ᠤᠢᠢᠷ᠎ᠠ ᠶᠢᠨ ᠵᠢᠯ ᠠᠴᠠ᠂ ᠱᠠᠨᠳᠦ᠋ᠩ ᠮᠤᠵᠢ ᠶᠢᠨ ᠽᠢ ᠪᠦᠸᠧ ᠬᠤᠳᠠ ᠶᠢᠨ ᠵᠠᠩ ᠳ᠋ᠢᠶᠠᠨ ᠲᠣᠭᠤᠷᠢᠭ ᠨᠢ ︽ᠰᠢᠶᠠᠨ ᠠᠴᠠ ᠰᠤᠷᠭᠠᠭᠤᠯᠢ ᠶᠢᠨ ᠤᠷᠢᠵᠤ ᠬᠡᠷᠡᠭᠯᠡᠬᠦ ᠶᠢ ᠬᠠᠮᠢᠶᠠᠷᠬᠤ︾᠎ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠷᠢᠴᠠᠭ᠎ᠠ ᠶᠢ ᠵᠣᠬᠢᠴᠠᠭᠤᠯᠤᠨ᠂ ᠠᠷᠭ᠎ᠠ ᠵᠠᠮ ᠢ ᠰᠢᠯᠤᠭᠤᠬᠠᠨ ᠨᠡᠪᠲᠡᠷᠡᠭᠦᠯᠵᠦ᠂ ᠴᠢᠨᠠᠷ ᠰᠠᠶᠢᠲᠠᠶ ᠡᠬᠢ ᠪᠠᠶᠠᠯᠢᠭ ᠤᠨ ᠨᠥᠯᠥᠭᠡᠯᠡᠬᠦ ᠬᠦᠴᠦᠨ ᠢ ᠢᠯᠡᠳᠲᠡ ᠴᠢᠩᠭᠠᠳᠬᠠᠵᠤ᠂ ᠪᠥᠬᠦ ᠣᠷᠣᠨ ᠤ ᠬᠤᠲᠠ ᠬᠥᠳᠡᠭᠡ ᠶᠢᠨ ᠰᠤᠷᠭᠠᠨ ᠬᠥᠮᠦᠵᠢᠯ ᠢ ᠨᠢᠭᠡ ᠴᠤᠬᠴᠠᠵᠢᠭᠤᠯᠤᠨ ᠬᠥᠭᠵᠢᠭᠦᠯᠬᠦ  ᠶᠡᠷᠦᠩᠬᠡᠢ ᠪᠠᠶᠢᠳᠠᠯ ᠬᠦᠭᠵᠢᠩᠭᠦᠢ ᠪᠣᠯᠪᠠ᠃      2015 ᠣᠨ ᠠᠴᠠ ᠡᠬᠢᠯᠡᠨ᠂ ᠱᠠᠨᠳᠦ᠋ᠩ ᠮᠤᠵᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠳᠤ ︽ᠰᠢᠶᠠᠨ ᠠᠴᠠ ᠰᠤᠷᠭᠠᠭᠤᠯᠢ ᠶᠢᠨ ᠣᠷᠢᠵᠤ ᠬᠡᠷᠡᠭᠯᠡᠬᠦ ᠶᠢ ᠬᠠᠮᠢᠶᠠᠷᠬᠤ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠭᠰᠢ ᠶᠢᠨ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠰᠢᠶᠠᠨ ᠤ ᠬᠡᠪᠴᠢᠶᠡᠨ ᠤ ᠨᠢᠭᠡᠳᠦᠯᠲᠡᠶ ᠲᠦᠯᠦᠪᠯᠡᠭᠡ ᠶᠢ ᠴᠢᠩᠭᠠᠳᠬᠠᠵᠤ᠂ ᠪᠠᠭᠰᠢ ᠶᠢ ᠠᠯᠬᠤᠮ ᠠᠯᠬᠤᠮ ᠢᠶᠠᠷ ︽ᠰᠤᠷᠭᠠᠭᠤᠯᠢ ᠶᠢᠨ ᠬᠥᠮᠦᠨ︾᠎ ᠠᠴᠠ ︽ᠰᠢᠰᠲ᠋ᠧᠮ ᠤᠨ ᠬᠥᠮᠦᠨ︾ ᠪᠣᠯᠭᠠᠨ ᠬᠤᠪᠢᠷᠠᠭᠤᠯᠵᠤ᠂ ᠪᠠᠭᠰᠢ ᠶᠢᠨ ᠡᠬᠢ ᠪᠠᠶᠠᠯᠢᠭ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠶᠢᠬᠤ ᠶᠢ  ᠠᠬᠢᠭᠤᠯᠪᠠ᠃ ᠱᠠᠨᠳᠦ᠋ᠩ ᠮᠤᠵᠢ ᠶᠢᠨ ᠡᠯ᠎ᠡ ᠭᠠᠵᠠᠷ ᠣᠷᠣᠨ ᠥᠭᠡᠷᠡᠴᠢᠯᠡᠯᠲᠡ ᠶᠢ ᠢᠳᠡᠪᠬᠢᠲᠡᠶ ᠲᠦᠯᠭᠢᠨ ᠠᠬᠢᠭᠤᠯᠵᠤ᠂ ᠪᠠᠭᠰᠢ ᠶᠢᠨ ᠡᠩᠨᠡᠭᠡᠨ ᠤ ᠬᠠᠮᠢᠶᠠᠷᠤᠯᠲᠠ ᠶᠢᠨ ᠰᠢᠨ᠎ᠡ ᠲᠣᠭᠲᠠᠴᠠ ᠶᠢ ᠬᠠᠶᠢᠨ ᠰᠦᠪᠡᠭᠴᠢᠯᠡᠵᠦ᠂ ᠡᠷᠬᠢᠮ ᠨᠠᠨᠳᠢᠨ ᠲᠤᠷᠰᠢᠯᠭ᠎ᠠ ᠪᠠ ᠮᠡᠳᠡᠭᠳᠡᠬᠦ᠋ᠢᠴᠡ ᠦᠷ᠎ᠡ ᠪᠦᠲᠦᠮᠵᠢ ᠶᠢ ᠣᠯᠵᠠᠶ᠃       ᠵᠠᠩ ᠳ᠋ᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠠᠭᠰᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢ ᠠᠳᠬᠤᠵᠤ᠂ ︽ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠬᠤᠳᠠ ᠬᠥᠳᠡᠭᠡ ᠶᠢ ᠨᠢᠭᠡᠳᠦᠯᠲᠡᠶ ᠲᠦᠯᠦᠪᠵᠢᠭᠦᠯᠬᠦ᠂ ᠪᠦᠲᠦᠴᠡ ᠳᠤ ᠲᠣᠬᠢᠷᠠᠭᠤᠯᠤᠯᠲᠠ ᠬᠢᠬᠦ᠂ ᠨᠡᠮᠡᠭᠳᠡᠯ ᠲᠠᠢ ᠬᠠᠰᠤᠭᠳᠠᠯ ᠲᠠᠢ ᠪᠠᠶᠢᠬᠤ︾ ᠵᠠᠷᠴᠢᠮ ᠶᠣᠰᠤᠭᠠᠷ᠂ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢ ᠨᠢ ︽ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠬᠥᠳᠡᠯᠦᠩᠭᠦᠢ ᠪᠠᠷ ᠡᠵᠡᠮᠰᠢᠨ ᠳᠤᠬᠢᠷᠠᠭᠤᠯᠬᠤ︾ ᠲᠣᠭᠲᠠᠯᠴᠠᠭ᠎ᠠ᠂ ᠳᠤᠮᠳᠠᠳᠤ ᠪᠠᠭ᠎ᠠ ᠰᠤᠷᠭᠠᠭᠤᠯᠢ ᠶᠢᠨ ᠠᠵᠢᠯ ᠤᠨ ᠪᠠᠶᠢᠷᠢ ᠶᠢᠨ ᠲᠣᠭᠲᠠᠭᠠᠯᠲᠠ ᠶᠢᠨ ᠬᠥᠳᠡᠯᠦᠩᠭᠦᠶ ᠲᠣᠬᠢᠷᠠᠭᠤᠯᠬᠤ ᠲᠣᠭᠲᠠᠯᠴᠠᠭ᠎ᠠ ᠂ ᠲᠣᠭᠤᠷᠢᠭ ᠤᠨ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠦᠯᠦᠪᠯᠡᠪᠡ᠃ ︽ᠬᠥᠳᠡᠯᠦᠩᠭᠦᠶ ᠲᠣᠬᠢᠷᠠᠭᠤᠯᠤᠯᠲᠠ ᠨᠢ ᠰᠤᠷᠭᠠᠭᠤᠯᠢ ᠶᠢᠨ ᠲᠦᠷ ᠴᠠᠭ ᠤᠨ ᠴᠢᠨᠠᠷᠲᠠᠶ ᠬᠦᠮᠦᠨ ᠳᠣᠲᠠᠭᠳᠠᠬᠤ ᠡᠨᠡ ᠬᠦ ᠪᠠᠴᠢᠮ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ︾᠃  ᠵᠠᠩ ᠳ᠋ᠢᠶᠠᠨ ᠲᠣᠭᠤᠷᠢᠭ ᠤᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠠᠬᠢᠷᠤᠯ ᠰᠥᠩ ᠭᠠᠩ ᠬᠡᠯᠡᠭᠰᠡᠨ ᠨᠢ᠂ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠡᠮᠡᠭᠲᠡᠶ ᠪᠠᠭᠰᠢ ᠶᠢᠨ ᠬᠠᠷᠢᠴᠠᠯ ᠨᠢ ᠡᠷᠡᠭᠲᠡᠶ ᠪᠠᠭᠰᠢ ᠠᠴᠠ ᠬᠤᠯᠠ ᠥᠨᠳᠥᠷ᠂ ᠬᠥᠩᠭᠡᠵᠢᠬᠦ ᠨᠠᠰᠤᠨ ᠤ ᠡᠮᠡᠭᠲᠡᠶ ᠪᠠᠭᠰᠢ ᠨᠢ ᠨᠡᠯᠢᠶᠡᠳ ᠠᠷᠪᠢᠨ ᠪᠣᠯᠬᠤᠷ᠂ ᠡᠮᠡᠭᠲᠡᠶ ᠪᠠᠭᠰᠢ ᠶᠢᠨ ︽ ᠬᠦᠩᠬᠡᠵᠢᠯ ᠤᠨ ᠴᠢᠨᠠᠷᠲᠠᠶ ᠣᠷᠣᠨ ᠲᠤᠭ᠎ᠠ ᠬᠦᠷᠦᠯᠴᠡᠬᠦ ᠥᠬᠡᠶ ᠪᠠᠶᠢᠬᠤ︾ ᠠᠰᠠᠭᠤᠳᠠᠯ ᠨᠡᠩ ᠲᠤᠪᠤᠶᠢᠮ᠎ᠠ ᠪᠤᠯᠵᠤ᠂ ︽ᠲᠦᠷ ᠴᠠᠭ ᠤᠨ ᠣᠷᠣᠨ ᠲᠣᠭᠠᠨ ᠤ ᠡᠷᠭᠢᠯᠲᠡ ᠨᠢ ᠰᠤᠷᠭᠠᠭᠤᠯᠢ ᠶᠢᠨ ᠲᠤᠯᠭᠠᠮ᠎ᠠ ᠪᠠᠶᠢᠳᠠᠯ ᠢ ᠰᠢᠢᠳᠪᠦᠷᠢᠯᠡᠪᠡ︾᠃ ᠣᠷᠴᠢᠮ ᠤᠨ 3 ᠵᠢᠯ ᠳᠤ ᠱᠠᠨᠳᠦ᠋ᠩ ᠮᠤᠵᠢ ᠶᠢᠨ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠪᠠᠭᠰᠢ ᠶᠢᠨ ᠲᠤᠭ᠎ᠠ 9.98 ᠲᠦᠮᠡᠨ ᠬᠥᠮᠦᠨ ᠤᠳᠠᠭ᠎ᠠ ᠳᠤ ᠬᠦᠷᠴᠦ᠂ ᠢᠯᠡᠭᠦᠳᠡᠭᠰᠡᠨ ᠪᠠᠭᠰᠢ᠂  ᠲᠣᠰᠠᠯᠠᠭᠴᠢ ᠪᠠᠭᠰᠢ 4.46 ᠲᠦᠮᠡᠨ ᠬᠦᠮᠦᠨ ᠢ ᠲᠠᠷᠬᠠᠨ ᠲᠣᠬᠢᠷᠠᠭᠤᠯᠵᠤ᠂ ᠬᠤᠲᠠ ᠬᠥᠳᠡᠭᠡ ᠶᠢᠨ ᠰᠤᠷᠭᠠᠭᠤᠯᠢ ᠶᠢᠨ ᠬᠤᠭᠤᠷᠣᠨᠳᠣᠬᠢ ᠬᠠᠮᠢᠶᠠᠷᠤᠯᠲᠠ ᠶᠢᠨ ᠬᠢᠷᠢ ᠲᠦᠪᠰᠢᠨ ᠪᠠ ᠪᠠᠭᠰᠢ ᠠᠵᠢᠯᠲᠠᠨ ᠤ ᠨᠥᠬᠦᠴᠡᠯ ᠤᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠪᠠ᠃      ᠱᠠᠨᠳᠦ᠋ᠩ ᠮᠤᠵᠢ ᠶᠢᠨ ᠪᠠᠷᠠᠭᠤᠨ ᠡᠮᠦᠨᠡᠲᠦ ᠬᠡᠰᠡᠭ ᠲᠤ  ᠪᠠᠶᠢᠭ᠎ᠠ ᠵᠢᠨᠢᠩ ᠬᠤᠲᠠ ᠶᠢᠨ ᠶᠢᠨ ᠰᠢᠶᠠᠩ ᠰᠢᠶᠠᠨ ᠎ ᠨᠢ ᠬᠤᠲᠠ ᠬᠦᠳᠡᠭᠡ ᠬᠤᠤᠰᠯᠠᠨ ᠬᠤᠯᠪᠤᠭᠠᠯᠠᠬᠤ᠂ ᠰᠤᠷᠭᠠᠭᠤᠯᠢ ᠬᠤᠯᠪᠤᠭᠠᠯᠠᠬᠤ᠂ ᠰᠤᠷᠭᠠᠭᠤᠯᠢ ᠶᠢᠨ ᠲᠣᠭᠤᠷᠢᠭ ᠲᠤ ᠰᠤᠷᠭᠠᠭᠤᠯᠢ ᠡᠷᠬᠢᠯᠡᠬᠦ᠂ ᠨᠡᠷᠡᠲᠦ ᠰᠤᠷᠭᠠᠭᠤᠯᠢ ᠳᠤ ᠨᠠᠶᠢᠳᠠᠨ ᠬᠠᠮᠢᠶᠠᠷᠤᠭᠤᠯᠬᠤ ᠵᠡᠷᠭᠡ ᠠᠷᠭ᠎ᠠ ᠮᠠᠶ᠋ᠢᠭ ᠢᠶᠠᠷ ᠰᠤᠷᠭᠠᠭᠤᠯᠢ ᠶᠢᠨ ᠬᠤᠭᠤᠷᠣᠨᠳᠣᠬᠢ ᠰᠣᠯᠢᠯᠴᠠᠭ᠎ᠠ ᠶᠢ ᠴᠢᠩᠭᠠᠳᠬᠠᠵᠤ᠂ ᠨᠥᠬᠦᠴᠡᠯ ᠪᠠᠷᠤᠭᠲᠠᠶ ᠰᠤᠷᠭᠠᠭᠤᠯᠢ ᠪᠠ ᠬᠥᠳᠡᠭᠡ ᠲᠣᠰᠬᠤᠨ ᠤ ᠰᠤᠷᠭᠠᠭᠤᠯᠢ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠮᠡᠷᠭᠡᠵᠢᠯ ᠤᠨ ᠴᠣᠯᠠ ᠶᠢᠨ ᠦᠨᠡᠯᠡᠨ ᠲᠣᠭᠲᠠᠭᠠᠯᠲᠠ᠂ ᠪᠠᠭᠰᠢ ᠶᠢᠨ ᠢᠷᠠᠭᠤ ᠠᠯᠳᠠᠷ ᠵᠡᠷᠭᠡ ᠲᠠᠯ᠎ᠠ ᠪᠠᠷ ᠬᠥᠳᠡᠭᠡ ᠲᠣᠰᠬᠤᠨ ᠤ ᠪᠠᠭᠰᠢ ᠳᠠᠰᠢ ᠬᠡᠯᠪᠡᠶᠢᠭᠰᠡᠨ ᠪᠠᠶᠢᠨ᠎ᠠ᠃ 2017 ᠣᠨ ᠳᠤ ᠶᠢᠨ ᠰᠢᠶᠠᠩ ᠰᠢᠶᠠᠨ ᠨᠢ ᠬᠤᠲᠠ ᠰᠢᠶᠠᠨ ᠤ ᠬᠡᠪᠴᠢᠶᠡᠨ ᠳᠣᠲᠤᠷ᠎ᠠ 410  ᠨᠡᠷᠡᠰ ᠪᠠᠭᠰᠢ ᠶᠢ ᠰᠣᠯᠢᠯᠴᠠᠭᠤᠯᠵᠤ᠂ ᠪᠦᠬᠦ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠲᠤᠰᠬᠠᠶ ᠪᠠᠭᠰᠢ ᠶᠢᠨ 10%᠎ ᠠᠴᠠ ᠬᠡᠲᠦᠷᠡᠭᠰᠡᠨ ᠪᠠᠶᠢᠨ᠎ᠠ᠃      ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠳᠡᠰ ᠤᠨ ᠥᠭᠡᠷᠡᠴᠢᠯᠡᠯᠲᠡ ᠴᠦ ᠱᠠᠨᠳᠦ᠋ᠩ ᠮᠤᠵᠢ ᠳᠤ ᠪᠦᠬᠦ ᠲᠠᠯ᠎ᠠ ᠪᠠᠷ ᠬᠡᠷᠡᠭᠵᠢᠭᠦᠯᠥᠭᠳᠡᠪᠡ᠃ ᠪᠦᠬᠦ ᠮᠤᠵᠢ ᠶᠢᠨ 17 ᠬᠤᠲᠠ ᠨᠢᠭᠡᠨᠲᠡ ᠰᠤᠷᠭᠠᠭᠤᠯᠢ ᠶᠢᠨ ᠵᠠᠬᠢᠷᠤᠯ ᠤᠨ ᠳᠡᠰ ᠤᠨ ᠲᠤᠰᠢᠶᠠᠯ ᠤᠨ ᠮᠠᠭᠠᠳᠯᠠᠨ ᠲᠣᠭᠲᠠᠭᠠᠯᠲᠠ ᠶᠢ ᠪᠦᠬᠦ ᠲᠠᠯ᠎ᠠ ᠪᠠᠷ ᠪᠡᠶᠡᠯᠡᠭᠦᠯᠦᠨ᠂ ᠡᠯ᠎ᠡ ᠰᠢᠶᠠᠨ ︵ᠬᠤᠲᠠ᠂ ᠲᠣᠭᠤᠷᠢᠭ︶ ᠎ ᠤ ᠵᠡᠷᠭᠡ ᠳᠡᠰ ᠤᠨ ᠴᠠᠯᠢᠩ ᠬᠥᠯᠥᠰᠥ ᠶᠢ ᠨᠢᠭᠡᠨᠲᠡ ᠪᠠᠭᠤᠯᠭᠠᠨ ᠦᠭᠭᠦᠭᠰᠡᠨ ᠪᠤᠶᠤ ᠨᠢᠭᠡᠨᠲᠡ 2018 ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠭᠰᠠᠨ ᠪᠠᠶᠢᠨ᠎ᠠ᠃ ᠪᠦᠬᠦ ᠮᠤᠵᠢ ᠳᠤᠮᠳᠠᠳᠤ ᠪᠠᠭ᠎ᠠ ᠰᠤᠷᠭᠠᠭᠤᠯᠢ ᠪᠠ ᠰᠤᠷᠭᠠᠭᠤᠯᠢ ᠶᠢᠨ ᠵᠠᠬᠢᠷᠤᠯ ᠤᠨ ᠵᠠᠰᠠᠭ  ᠵᠠᠬᠢᠷᠭᠠᠨ ᠤ ᠵᠡᠷᠭᠡ ᠳᠡᠰ ᠢ ᠬᠦᠴᠦᠨ ᠦᠭᠡᠢ ᠪᠣᠯᠭᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠲᠤᠰᠢᠶᠠᠯ ᠤᠨ ᠳᠡᠰ ᠤᠨ ᠳᠦᠷᠢᠮ ᠢᠶᠠᠷ ᠭᠤᠣᠯ ᠪᠣᠯᠭᠠᠭᠰᠠᠨ ᠰᠤᠷᠭᠠᠭᠤᠯᠢ ᠶᠢᠨ ᠵᠠᠬᠢᠷᠤᠯ ᠤᠨ ᠬᠠᠮᠢᠶᠠᠷᠤᠯᠲᠠ ᠶᠢᠨ ᠪᠠᠶᠢᠭᠤᠯᠤᠯ ᠢ ᠠᠩᠬ᠎ᠠ ᠠᠯᠬᠤᠮ ᠪᠠᠶᠢᠭᠤᠯᠪᠠ᠃ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠪᠦᠬᠦ ᠮᠤᠵᠢ ᠳᠤ ᠨᠡᠶᠢᠲᠡ1.07 ᠲᠦᠮᠡᠨ ᠰᠠᠭᠤᠷᠢ ᠳᠤᠮᠳᠠᠳᠤ ᠪᠠᠭ᠎ᠠ ᠰᠤᠷᠭᠠᠭᠤᠯᠢ ᠶᠢ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠡᠰ ᠤᠨ ᠥᠭᠡᠷᠡᠴᠢᠯᠡᠯᠲᠡ ᠶᠢᠨ ᠬᠡᠪᠴᠢᠶᠡᠨ ᠳᠤ ᠣᠷᠣᠭᠤᠯᠵᠤ᠂ 1.14 ᠲᠦᠮᠡᠨ ᠨᠡᠷᠡᠰ ᠰᠤᠷᠭᠠᠭᠤᠯᠢ ᠶᠢᠨ ᠵᠠᠬᠢᠷᠤᠯ ᠤᠳ ᠲᠤ ︵ᠳᠡᠳ᠋ ᠵᠠᠬᠢᠷᠤᠯ ᠪᠠᠭᠲᠠᠨ᠎ᠠ︶ ᠲᠤᠰᠢᠶᠠᠯ ᠤᠨ ᠲᠡᠰ ᠤᠨ ᠬᠠᠮᠢᠶᠠᠷᠤᠯᠲᠠ ᠶᠢ ᠬᠡᠷᠡᠭᠵᠢᠭᠦᠯᠵᠦ᠂ 1.45 ᠲᠦᠮᠡᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠤᠷᠭᠠᠭᠤᠯᠢ ᠶᠢᠨ ᠵᠠᠬᠢᠷᠤᠯ ᠤᠨ ᠴᠢᠳᠠᠪᠤᠷᠢᠲᠠᠨ ᠤ ᠬᠥᠮᠥᠷᠭᠡ ᠶᠢᠨ ᠬᠠᠮᠢᠶᠠᠷᠤᠯᠲᠠ ᠳᠤ ᠣᠷᠣᠭᠤᠯᠤᠭᠰᠠᠨ ᠪᠠᠶᠢᠨ᠎ᠠ᠃      ︽ᠤᠢᠢᠷ᠎ᠠ ᠶᠢᠨ ᠵᠢᠯ ᠠᠴᠠ᠂ ᠱᠠᠨᠳᠦ᠋ᠩ ᠮᠤᠵᠢ ᠪᠠᠭᠰᠢ ᠶᠢᠨ ᠠᠵᠢᠯ ᠤᠨ ᠲᠥᠷᠥ ᠶᠢᠨ ᠪᠣᠳᠣᠯᠭ᠎ᠠ ᠶᠢᠨ  ᠲᠣᠭᠲᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠨᠢᠭᠡ ᠪᠦᠯᠦᠭ ᠴᠢᠬᠤᠯᠠ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠪᠠᠶᠢᠨ᠎ᠠ︾᠃ ᠱᠠᠨᠳᠦ᠋ᠩ ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ ᠤᠨ ᠪᠠᠭᠰᠢ ᠶᠢᠨ ᠠᠵᠢᠯ ᠤᠨ ᠭᠠᠵᠠᠷ ᠤᠨ ᠬᠤᠯᠪᠣᠭᠳᠠᠯ ᠪᠦᠭᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠮᠤᠵᠢ ᠶᠢᠨ ᠰᠤᠷᠭᠠᠨ ᠬᠥᠮᠦᠵᠢᠯ ᠤᠨ ᠲᠢᠩᠬᠢᠮ᠂ ᠣᠷᠣᠨ ᠲᠤᠭ᠎ᠠ ᠶᠢᠨ ᠵᠦᠪᠯᠡᠯ ᠤᠨ ᠠᠯᠪᠠᠨ ᠬᠡᠷ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠤᠨ ᠪᠠᠶᠢᠷᠢ ᠶᠢ ᠡᠭᠡᠯᠵᠢᠯᠡᠭᠦᠯᠦᠨ ᠰᠣᠯᠢᠯᠴᠠᠬᠤ᠂ ︽ ᠰᠢᠶᠠᠨ ᠠᠴᠠ ᠰᠤᠷᠭᠠᠭᠤᠯᠢ ᠶᠢᠨ ᠤᠷᠢᠵᠤ ᠬᠡᠷᠡᠭᠯᠡᠬᠦ ᠶᠢ ᠬᠠᠮᠢᠶᠠᠷᠬᠤ︾ ᠥᠭᠡᠷᠡᠴᠢᠯᠡᠯᠲᠡ᠂ ᠪᠠᠭᠰᠢ ᠶᠢ ᠰᠢᠯᠭᠠᠨ ᠬᠢᠨᠠᠬᠤ᠂ ᠠᠯᠪᠠᠨ ᠵᠠᠷᠤᠳᠠᠯ ᠢᠶᠠᠷ ᠪᠠᠭᠰᠢ ᠶᠢᠨ ᠮᠡᠷᠭᠡᠵᠢᠯ ᠤᠨ ᠰᠣᠷᠣᠭᠴᠢ ᠬᠥᠮᠦᠵᠢᠭᠦᠯᠬᠦ᠂ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢᠨ ᠬᠠᠮᠢᠶᠠᠷᠤᠯᠲᠠ ᠵᠡᠷᠭᠡ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠨᠡᠶᠢᠲᠡᠯᠡᠪᠡ᠃ ᠬᠡᠦᠬᠡᠳ ᠤᠨ ᠴᠡᠴᠡᠷᠯᠢᠭ  ᠂ ᠳᠤᠮᠳᠠᠳᠤ ᠪᠠᠭ᠎ᠠ ᠰᠤᠷᠭᠠᠭᠤᠯᠢ᠂ ᠣᠨᠴᠠᠭᠠᠶ ᠰᠤᠷᠭᠠᠨ ᠬᠥᠮᠦᠵᠢᠯ  ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠭᠰᠢ ᠶᠢᠨ ᠣᠷᠣᠨ ᠲᠤᠭ᠎ᠠ ᠶᠢᠨ ᠪᠠᠷᠢᠮᠵᠢᠶ᠎ᠠ ᠨᠢ ᠴᠥᠮ ᠨᠢᠭᠡᠨᠲᠡ ᠨᠡᠶᠢᠲᠡᠯᠡᠭᠳᠡᠵᠦ᠂ ᠪᠠᠭᠰᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠪᠦᠷᠢᠨ ᠲᠡᠭᠦᠯᠳᠡᠷᠵᠢᠪᠡ︔ ᠪᠠᠭᠰᠢ ᠨᠠᠷ ᠲᠠᠩᠭᠠᠷᠢᠭᠯᠠᠬᠤ᠂ ᠰᠦᠢᠳᠭᠡᠯ ᠬᠤᠷᠢᠶᠠᠵᠤ ᠬᠢᠴᠢᠶᠡᠯ ᠨᠦᠬᠦᠭᠦ ᠶᠢ ᠡᠷᠡᠰ ᠬᠤᠷᠢᠭᠯᠠᠬᠤ ᠵᠡᠷᠭᠡ ᠪᠠᠭᠰᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢᠨ ᠣᠷᠳᠣ ᠬᠤᠭᠤᠴᠠᠭ᠎ᠠ ᠬᠦᠴᠦᠨ ᠲᠠᠢ ᠪᠠᠶᠢᠬᠤ ᠲᠣᠭᠲᠠᠯᠴᠠᠭ᠎ᠠ ᠶᠢ ᠦᠨᠳᠦᠰᠦᠨ ᠳᠡᠭᠡᠨ ᠪᠠᠶᠢᠭᠤᠯᠪᠠ︔ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠡᠯᠰᠡᠵᠦ ᠣᠷᠢᠵᠤ ᠬᠡᠷᠡᠭᠯᠡᠬᠦ ᠬᠡᠯᠪᠡᠷᠢ ᠶᠢ ᠲᠡᠰᠦᠷᠡᠯᠳᠠ ᠤᠢᠭᠡᠢ ᠲᠡᠭᠦᠯᠳᠡᠷᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠤᠨ ᠲᠦᠷᠢᠮ ᠢ ᠦᠨᠳᠦᠰᠦᠨ ᠳᠡᠭᠡᠨ ᠪᠠᠶᠢᠭᠤᠯᠪᠠ︔ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠣᠯᠠ ᠶᠢ ᠰᠢᠯᠭᠠᠷᠠᠭᠤᠯᠤᠨ ᠲᠣᠭᠲᠠᠭᠠᠵᠤ ᠤᠷᠢᠨ ᠬᠡᠷᠡᠭᠯᠡᠬᠦ ᠡᠷᠬᠡ ᠶᠢ ᠳᠣᠷᠣᠭᠰᠢ ᠪᠠᠭᠤᠯᠭᠠᠵᠤ ᠠᠵᠢᠯ ᠤᠨ ᠪᠠᠶᠢᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠪᠠᠭᠰᠢ ᠶᠢᠨ ᠳᠡᠭᠡᠳᠦ ᠵᠡᠷᠭᠡ ᠶᠢᠨ ᠠᠵᠢᠯ ᠤᠨ ᠪᠠᠶᠢᠷᠢ ᠶᠢ ᠲᠣᠭᠲᠠᠭᠠᠬᠤ ᠬᠠᠷᠢᠴᠠᠯ ᠢ ᠳᠡᠭᠡᠭᠰᠢᠯᠡᠭᠦᠯᠪᠡ︔ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠳᠡᠰ ᠢᠶᠠᠷ ᠤᠷᠢᠵᠤ ᠲᠣᠮᠢᠯᠠᠬᠤ ᠲᠦᠷᠢᠮ ᠢ ᠰᠦᠪᠡᠭᠴᠢᠯᠡᠨ ᠪᠠᠶᠢᠭᠤᠯᠪᠠ︔ ᠪᠠᠭᠰᠢ ᠶᠢᠨ ᠮᠣᠷᠠᠯ᠂ ᠴᠢᠳᠠᠪᠤᠷᠢ᠂ ᠠᠮᠵᠢᠯᠲᠠ ᠪᠦᠲᠦᠮᠵᠢ᠂ ᠬᠤᠪᠢ ᠨᠡᠮᠡᠷᠢ ᠦᠵᠡᠭᠦᠯᠬᠦ ᠶᠢ ᠴᠢᠬᠤᠯᠠᠴᠢᠯᠠᠭᠰᠠᠨ᠂ ᠤᠯᠠᠨ ᠲᠠᠯ᠎ᠠ ᠶᠢᠨ ᠤᠷᠤᠯᠴᠠᠭ᠎ᠠ ᠲᠠᠢ ᠪᠠᠭᠰᠢ ᠶᠢ ᠰᠢᠯᠭᠠᠨ ᠦᠨᠡᠯᠡᠬᠦ ᠠᠷᠭ᠎ᠠ ᠶᠢ ᠲᠣᠭᠲᠠᠭᠠᠪᠠ᠃      ︵ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ  ᠵᠣᠣ ᠴᠢᠦ ᠯᠢ   ᠯᠢ ᡁᠢ ᠴᠧᠨ  ︶    
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号