— ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠮᠠᠨ ᠤ ᠤᠯᠤᠰ ᠤᠨ ᠰᠤᠷᠭᠠᠨ | ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠲᠤᠬᠠᠶ ᠦᠭᠦᠯᠡᠨ ᠲᠣᠭᠠᠴᠢᠯᠲᠠ · ᠰᠤᠷᠭᠠᠨ ᠬᠥᠮᠦᠵᠢᠯ ᠤᠨ | ᠣᠳᠣᠬᠢᠴᠢᠯᠠᠯᠲᠠ ᠶᠢᠨ ᠬᠠᠭᠤᠳᠠᠰᠤ | | 2017 ᠣᠨ ᠳᠤ᠂ ᠮᠠᠨ ᠤ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠦᠮᠦᠵᠢᠯ ᠤᠨ ᠴᠡᠴᠡᠷᠯᠢᠭ ᠲᠤ ᠤᠷᠤᠭᠰᠠᠨ ᠪᠣᠷᠣ ᠨᠣᠷᠮ᠎ᠠ 79.6% ᠳᠤ ᠬᠦᠷᠴᠤ᠂ ᠶᠢᠰᠦᠨ ᠵᠢᠯ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠤᠷᠮ᠎ᠠ 93.8%᠂ ᠳᠡᠭᠡᠳᠦ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠤᠷᠤᠭᠰᠠᠨ ᠪᠣᠷᠣ ᠨᠤᠷᠮ᠎ᠠ 88.3%᠂ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠰᠤᠷᠭᠠᠭᠤᠯᠢ ᠳᠤ ᠤᠷᠤᠭᠰᠠᠨ ᠪᠣᠷᠣ ᠨᠤᠷᠮ᠎ᠠ 45.7%᠂ ᠰᠤᠷᠭᠠᠨ ᠬᠥᠮᠦᠵᠢᠯ ᠤᠨ | ᠶᠡᠷᠦᠩᠬᠡᠶ ᠬᠥᠭᠵᠢᠯᠲᠡ ᠶᠢᠨ ᠬᠢᠷᠢ ᠲᠦᠪᠰᠢᠨ ᠨᠢ ᠳᠡᠯᠡᠬᠡᠶ ᠶᠢᠨ ᠳᠤᠮᠳᠠ ᠳᠡᠭᠡᠷ᠎ᠡ ᠡᠩᠨᠡᠭᠡᠨ ᠳᠤ ᠣᠷᠣᠪᠠ᠃ | ᠡᠮᠦᠨᠡᠬᠡᠨ᠂ ᠰᠤᠷᠭᠠᠨ ᠬᠥᠮᠦᠵᠢᠯ ᠤᠨ ᠶᠠᠮᠤᠨ ᠠᠴᠠ ︽2017 ᠣᠨ ᠤ ᠪᠦᠬᠦ ᠤᠯᠤᠰ ᠤᠨ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ︾ ᠶᠢ ᠨᠡᠶᠢᠲᠡᠯᠡᠨ᠂ | ᠳᠡᠭᠡᠷᠡᠬᠢ ᠮᠡᠲᠦ ᠨᠢᠭᠡᠨ ᠰᠠᠶᠢᠬᠠᠨ ᠬᠢᠷᠢ ᠪᠦᠲᠦᠮᠵᠢ ᠶᠢᠨ ᠪᠦᠷᠢᠳᠭᠡᠯ ᠶᠢ ︽ᠢᠯᠡ︾ ᠦᠵᠡᠭᠦᠯᠦᠭᠰᠡᠨ ᠪᠠᠶᠢᠨ᠎ᠠ᠃ | ᠡᠨᠡ ᠬᠦ ᠭᠢᠯᠠᠯᠵᠠᠮ᠎ᠠ ᠬᠢᠷᠢ ᠪᠦᠲᠦᠮᠵᠢ ᠶᠢᠨ ᠠᠷᠤ ᠳᠤ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ | ᠠᠴᠠ ᠨᠠᠰᠢᠬᠢ ᠮᠠᠨ ᠤ ᠤᠯᠤᠰ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠣᠯᠤᠭᠰᠠᠨ ᠲᠡᠦᠬᠡᠲᠦ ᠴᠢᠨᠠᠷᠲᠠᠶ | ᠠᠮᠵᠢᠯᠲᠠ ᠪᠦᠲᠦᠮᠵᠢ ᠪᠠᠶᠢᠬᠤ ᠶᠤᠮ᠄ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠲᠠᠪᠠᠯᠳᠠᠳᠤ | ᠬᠥᠭᠵᠢᠯᠲᠡ ᠶᠢ ᠪᠡᠶᠡᠯᠡᠭᠦᠯᠵᠦ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ | ᠲᠦᠭᠡᠮᠡᠯᠵᠢᠭᠦᠯᠦᠭᠰᠡᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠦᠨ᠂ ᠳᠡᠭᠡᠳᠦ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠲᠦᠪᠰᠢᠨ ᠢ ᠲᠠᠰᠤᠷᠠᠯᠲᠠ | ᠥᠬᠡᠶ ᠳᠡᠭᠡᠭᠰᠢᠯᠡᠭᠦᠯᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠳᠡᠯᠡᠬᠡᠶ ᠳᠡᠭᠡᠷ᠎ᠡ ᠥᠷᠢᠰᠥᠯᠳᠦᠬᠦ ᠬᠦᠴᠦᠨ | ᠮᠡᠳᠡᠭᠳᠡᠬᠦ᠋ᠢᠴᠡ ᠳᠡᠭᠡᠭᠰᠢᠯᠡᠨ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠣᠭᠲᠠᠯᠴᠠᠭ᠎ᠠ | ᠠᠩᠬ᠎ᠠ ᠠᠯᠬᠤᠮ ᠪᠠᠶᠢᠭᠤᠯᠤᠭᠳᠠᠵᠤ᠂ ᠰᠤᠷᠭᠠᠨ ᠬᠥᠮᠦᠵᠢᠯ ᠤᠨ ᠮᠡᠳᠡᠭᠡ ᠵᠠᠩᠭᠢᠴᠢᠯᠠᠬᠤ ᠪᠦᠳᠦᠭᠡᠨ ᠪᠠᠶᠢᠭᠤᠯᠤᠯᠲᠠ | ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠪᠠ ᠁ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠄ ︽ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠦᠳᠦᠬᠡᠨ ᠪᠠᠶᠢᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠰᠠᠭᠤᠷᠢ ᠢᠨᠵᠧᠨᠧᠷᠢᠩ ᠮᠥᠨ᠂ ᠰᠤᠷᠭᠠᠨ ᠬᠥᠮᠦᠵᠢᠯ ᠤᠨ ᠦᠢᠯᠡᠰ ᠢ ᠡᠷᠬᠡᠪᠰᠢ ᠤᠷᠢᠳᠠᠪᠠᠷ ᠬᠥᠭᠵᠢᠭᠦᠯᠬᠦ | ᠪᠠᠶᠢᠷᠢᠨ ᠳᠤ ᠲᠠᠯᠪᠢᠬᠤ ᠬᠡᠷᠡᠭᠲᠡᠶ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ | ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ | ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠶ︾ ᠭᠡᠵᠦ ᠵᠢᠭᠠᠨ ᠭᠠᠷᠭᠠᠵᠠᠢ᠃ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠦᠳᠦᠬᠡᠨ ᠪᠠᠶᠢᠭᠤᠯᠬᠤ ᠳᠤ ᠡᠷᠬᠡᠪᠰᠢ ᠰᠤᠷᠭᠠᠨ ᠬᠥᠮᠦᠵᠢᠯ ᠤᠨ ᠣᠳᠣᠬᠢᠴᠢᠯᠠᠯᠲᠠ ᠳᠤ ᠲᠦᠰᠢᠭᠯᠡᠬᠦ | ᠬᠡᠷᠡᠭᠲᠡᠶ᠃ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠭᠡᠭᠦ ᠨᠢ ᠬᠥᠮᠦᠨ ᠠᠮᠠ ᠶᠢᠨ ᠣᠳᠣᠬᠢᠴᠢᠯᠠᠯᠲᠠ | ᠬᠢᠭᠡᠳ ᠤᠯᠤᠰ ᠣᠷᠣᠨ ᠤ ᠣᠳᠣᠬᠢᠴᠢᠯᠠᠯᠲᠠ ᠳᠤ ᠰᠠᠭᠤᠷᠢᠯᠠᠬᠤ ᠴᠢᠨᠠᠷ ᠪᠠ ᠤᠳᠤᠷᠢᠳᠤᠮᠵᠢ ᠶᠢᠨ ᠴᠢᠨᠠᠷ ᠪᠦᠬᠦᠢ | ᠦᠢᠯᠡᠳᠦᠯ ᠲᠠᠢ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠰᠤᠷᠭᠠᠨ ᠬᠥᠮᠦᠵᠢᠯ ᠤᠨ | ᠥᠭᠡᠷᠡᠴᠢᠯᠡᠯᠲᠡ ᠬᠥᠭᠵᠢᠯᠲᠡ ᠲᠡᠤᠬᠡᠲᠦ ᠴᠢᠨᠠᠷᠲᠠᠶ ᠠᠮᠵᠢᠯᠲᠠ ᠣᠯᠵᠤ᠂ ᠰᠤᠷᠭᠠᠨ ᠬᠥᠮᠦᠵᠢᠯ ᠤᠨ | ᠣᠳᠣᠬᠢᠴᠢᠯᠠᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ᠂ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠦᠳᠦᠬᠡᠨ ᠪᠠᠶᠢᠭᠤᠯᠬᠤ ᠪᠠᠶᠢᠯᠳᠤᠬᠤ ᠪᠤᠲᠤᠯᠭ᠎ᠠ ᠶᠢᠨ ᠬᠠᠷᠠᠯᠲᠠ ᠳᠤ ᠪᠠᠲᠤ ᠪᠠᠬᠢ ᠰᠠᠭᠤᠷᠢ ᠶᠢ ᠲᠠᠯᠪᠢᠵᠤ | ᠥᠭᠴᠡᠶ᠃ | ᠰᠤᠷᠭᠠᠨ ᠬᠥᠮᠦᠵᠢᠯ ᠤᠨ ᠮᠡᠳᠡᠭᠡ ᠵᠠᠩᠬᠢᠴᠢᠯᠠᠯᠲᠠ ᠪᠠᠷ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠪᠦᠬᠦ | ᠲᠠᠯ᠎ᠠ ᠪᠠᠷ ᠲᠦᠯᠬᠢᠨ ᠠᠬᠢᠭᠤᠯᠬᠤ | 2013 ᠣᠨ ᠤ 6 ᠳ᠋ᠤᠭᠠᠷ ᠰᠠᠷ᠎ᠠ ᠶᠢᠨ 20 ᠤ ᠡᠳᠦᠷ᠂ ᠡᠮᠡᠭᠲᠡᠶ ᠰᠠᠨᠰᠠᠷᠴᠢᠨ ᠸᠠᠩ ᠶᠠ ᠫᠢᠩ ︽ | ᠰᠠᠨᠰᠠᠷ ᠤᠨ ᠵᠢᠵᠢᠭ ᠪᠥᠮᠪᠦᠭᠡ︾ ᠶᠢ ᠲᠣᠭᠤᠷᠢᠭ ᠬᠥᠳᠡᠯᠭᠡᠭᠡᠨ ᠬᠢᠯᠭᠡᠬᠦ ᠦᠶ᠎ᠡ ᠳᠤ᠂ 300 ᠭᠠᠷᠤᠶ ᠺᠢᠯᠣᠮᠧᠲᠷ | ᠵᠠᠶᠢᠲᠠᠶ ᠪᠠᠶᠢᠭ᠎ᠠ ᠳᠡᠯᠡᠬᠡᠶ ᠶᠢᠨ ᠪᠥᠮᠪᠥᠷᠴᠡᠭ ᠳᠡᠭᠡᠷ᠎ᠡ᠂ ᠳᠤᠮᠳᠠᠳᠤ ᠤᠯᠤᠰ ᠤᠨ 8 ᠲᠦᠮᠡᠨ ᠳᠣᠮᠳᠠᠲᠣ | ᠰᠤᠷᠭᠠᠭᠤᠯᠢ ᠶᠢᠨ 6000 ᠭᠠᠷᠤᠶ ᠲᠦᠮᠡᠨ ᠪᠠᠭᠰᠢ ᠰᠤᠷᠤᠬᠴᠢ ᠶᠢᠨ ᠠᠯᠠᠭ᠎ᠠ ᠲᠠᠰᠢᠬᠤ ᠲᠠᠭᠤᠨ ᠨᠢᠵᠢᠬᠢᠨᠡᠭᠰᠡᠨ | ᠶᠤᠮ᠃ | ᠡᠨᠡ ᠪᠣᠯ ᠮᠠᠷᠲᠠᠭᠳᠠᠰᠢ ᠦᠭᠡᠶ ᠲᠡᠦᠬᠡᠲᠦ ᠬᠤᠷᠣᠮᠬᠠᠨ ᠴᠠᠭ ᠮᠥᠴᠡ ᠶᠤᠮ᠃ ᠰᠠᠨᠰᠠᠷ ᠤᠨ ᠬᠢᠴᠢᠶᠡᠯ | ᠣᠷᠣᠬᠤ ᠬᠠᠷᠠᠭᠠᠨ ᠳᠠᠪᠲᠠᠮᠵᠢ ᠶᠢᠨ ᠳᠣᠬᠢᠶ᠎ᠠ ᠨᠢ ᠣᠷᠴᠢᠯᠠᠩ ᠤᠨ ᠵᠠᠢ ᠳᠤ ᠳᠠᠮᠵᠢᠭᠳᠠᠨ᠂ ᠤᠯᠤᠰ ᠤᠨ | ᠣᠳᠣᠬᠢᠴᠢᠯᠠᠯᠲᠠ ᠶᠢᠨ ᠠᠬᠢᠴᠠ ᠲᠠᠢ ᠵᠠᠯᠭᠠᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠬᠠᠶᠢᠨ | ᠰᠦᠪᠡᠭᠴᠢᠯᠡᠯᠲᠡ ᠯᠦᠭᠡ ᠬᠠᠮᠲᠤᠪᠠᠷ ᠤᠷᠤᠭᠰᠢᠯᠠᠵᠤ ᠪᠠᠶᠢᠨ᠎ᠠ᠂ ᠡᠨᠡ ᠨᠢ ᠮᠥᠨ ᠴᠦ ᠮᠠᠨ ᠤ ᠤᠯᠤᠰ ᠤᠨ ᠰᠤᠷᠭᠠᠨ | ᠬᠥᠮᠦᠵᠢᠯ ᠤᠨ ᠮᠡᠳᠡᠭᠡ ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠦᠳᠲᠡᠷ ᠲᠦᠷᠭᠡᠨ ᠬᠥᠭᠵᠢᠵᠦ ᠪᠠᠶᠢᠬᠤ | ᠶᠢᠨ ᠨᠢᠭᠡᠨ ᠪᠡᠯᠭᠡ ᠲᠡᠮᠲᠡᠭ ᠪᠣᠯᠤᠨ᠎ᠠ᠃ | ᠰᠤᠷᠭᠠᠨ ᠬᠥᠮᠦᠵᠢᠯ ᠤᠨ ᠮᠡᠳᠡᠭᠡ ᠵᠠᠩᠬᠢᠴᠢᠯᠠᠯᠲᠠ ᠪᠣᠯ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ | ᠦᠨᠳᠦᠰᠦᠨ ᠠᠭᠤᠯᠤᠭᠳᠠᠬᠤᠨ ᠪᠠ ᠳᠣᠪᠣᠶᠢᠮ᠎ᠠ ᠣᠨᠴᠠᠯᠢᠭ ᠮᠥᠨ᠂ ᠮᠡᠳᠡᠭᠡ ᠵᠠᠩᠭᠢ ᠶᠢᠨ ᠴᠠᠭ ᠦᠶ᠎ᠡ ᠳᠠᠬᠢ | ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠂ ᠲᠡᠷᠡ ᠨᠢ | ᠣᠷᠣᠯᠠᠭᠤᠯᠵᠤ ᠪᠣᠯᠤᠰᠢ ᠦᠭᠡᠢ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠨᠢᠭᠡᠨᠲᠡ ᠰᠤᠷᠭᠠᠨ ᠬᠥᠮᠦᠵᠢᠯ ᠤᠨ | ᠭᠤᠣᠯᠴᠢ ᠪᠠᠶᠢᠬᠤ ᠶᠢ ᠠᠬᠢᠭᠤᠯᠬᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠰᠤᠷᠭᠠᠨ | ᠬᠥᠮᠦᠵᠢᠯ ᠤᠨ ᠥᠭᠡᠷᠡᠴᠢᠯᠡᠯᠲᠡ ᠶᠢ ᠲᠦᠯᠬᠢᠨ ᠤᠷᠤᠭᠰᠢᠯᠠᠭᠤᠯᠬᠤ ᠬᠦᠴᠦᠲᠡᠢ ᠭᠠᠷᠳᠠᠴᠠ ᠪᠠ ᠪᠦᠲᠦᠮᠵᠢᠲᠡᠶ ᠠᠷᠭ᠎ᠠ | ᠪᠠᠷᠢᠯ ᠪᠣᠯᠪᠠ᠃ | ᠵᠢᠶᠠᠩᠰᠢ ᠮᠤᠵᠢ ᠶᠢᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ ᠪᠠᠶᠢᠭ᠎ᠠ ᠱᠠᠩ ᠷᠣᠣ ᠰᠢᠶᠠᠨ ᠤ ᠠᠭᠯᠠᠭ | ᠬᠥᠳᠡᠭᠡ ᠲᠣᠰᠬᠤᠨ ᠳᠠᠬᠢ ᠲᠡᠪᠢ ᠭᠠᠷᠤᠶ ᠨᠠᠰᠤᠲᠠᠶ ᠪᠠᠭᠰᠢ ᠭᠤᠸᠠᠨ ᠶᠢᠨ ᠬᠤᠸᠠ᠂ ᠣᠶᠢᠷ᠎ᠠ ᠶᠢᠨ ᠵᠢᠯ ᠳᠤ ᠰᠢᠨ᠎ᠡ | ᠵᠠᠭᠤᠴᠢᠯᠠᠭᠤᠷ ᠢ ᠰᠤᠷᠤᠯᠴᠠᠬᠤ ᠤᠷᠮ᠎ᠠ ᠵᠣᠷᠢᠭ ᠨᠢ ᠣᠷᠭᠢᠯᠤᠭᠰᠠᠨ ᠶᠤᠮ᠃ | ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠢᠨ ᠭᠤᠣᠯᠳᠠᠯᠭ᠎ᠠ ᠪᠣᠯᠬᠤ ᠱᠠᠩ ᠷᠤᠤ ᠰᠢᠶᠠᠨ | ᠲᠤᠰᠬᠠᠶ ᠮᠡᠳᠡᠭᠡ ᠵᠠᠩᠬᠢᠴᠢᠯᠠᠯᠲᠠ ᠶᠢᠨ ᠠᠷᠭ᠎ᠠ ᠪᠠᠷᠢᠯ ᠢ ᠠᠰᠢᠭᠯᠠᠨ᠂ ᠬᠥᠭᠵᠢᠭᠰᠡᠨ ᠭᠠᠵᠠᠷ ᠣᠷᠣᠨ ᠤ ᠰᠤᠷᠭᠠᠨ | ᠬᠥᠮᠦᠵᠢᠯ ᠯᠦᠭᠡ ᠶᠢᠨ ᠬᠤᠭᠤᠷᠣᠨᠳᠣᠬᠢ ︽ ᠵᠠᠭᠠᠭ︾ ᠢ ᠲᠠᠰᠤᠷᠠᠯᠲᠠ ᠦᠭᠡᠢ ᠨᠥᠬᠦᠪᠥᠷᠢᠯᠡᠵᠦ ᠪᠠᠶᠢᠨ᠎ᠠ᠃ 2017 | ᠣᠨ ᠪᠣᠯᠲᠠᠯ᠎ᠠ᠂ ᠪᠦᠬᠦ ᠰᠢᠶᠠᠨ ᠤ 390 ᠰᠠᠭᠤᠷᠢ ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠪᠣᠯᠭᠠᠨ ᠳᠤ | ᠨᠡᠪᠲᠡᠷᠡᠬᠦ ᠰᠢᠰᠲ᠋ᠧᠮ᠂ ᠣᠶᠣᠨᠴᠢ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ ᠵᠡᠷᠭᠡ ᠶᠢ ᠲᠣᠬᠢᠷᠠᠭᠤᠯᠣᠨ | ᠨᠠᠶᠢᠳᠠᠪᠤᠷᠢᠵᠢᠭᠤᠯᠪᠠ᠂ 1000 ᠺᠢᠯᠣ᠋ ᠮᠧᠭ᠎ᠠ ᠰᠤᠷᠭᠠᠨ ᠬᠥᠮᠦᠵᠢᠯ ᠤᠨ ᠬᠠᠷᠠᠭᠠᠨ ᠳᠠᠪᠲᠠᠮᠵᠢ ᠶᠢᠨ ᠡᠬᠢ | ᠪᠠᠶᠠᠯᠢᠭ ᠤᠨ ᠲᠠᠪᠴᠠᠩ ᠢ ᠨᠡᠪᠲᠡᠷᠡᠭᠦᠯᠵᠦ᠂ 36 ᠲᠦᠮᠡᠨ ᠳᠡᠪᠲᠡᠷ ᠡᠯᠧᠺᠲᠷᠣᠨ ᠨᠣᠮ ᠤᠨ ᠰᠠᠩ ᠪᠠᠶᠢᠭᠤᠯᠵᠤ᠂ | ᠭᠤᠣᠯ ᠪᠠᠭ᠎ᠠ ᠰᠤᠷᠭᠠᠭᠤᠯᠢ ᠠᠴᠠ ᠳᠡᠭᠡᠭᠰᠢᠬᠢ ᠰᠤᠷᠭᠠᠭᠤᠯᠢ ᠳᠤ 10 ᠮᠧᠭ᠎ᠠ ᠶᠢᠨ ᠬᠤᠷᠳᠤᠴᠠ ᠲᠠᠢ ᠬᠡᠷᠡᠯ | ᠰᠢᠷᠬᠡᠭ ᠵᠠᠯᠭᠠᠨ ᠣᠷᠣᠭᠤᠯᠪᠠ᠃ | ᠡᠭᠦᠨ ᠢᠶᠠᠷ ᠰᠠᠭᠤᠷᠢ ᠪᠣᠯᠭᠠᠨ᠂ ᠱᠠᠩ ᠷᠣᠣ ᠰᠢᠶᠠᠨ ᠨᠢ ᠰᠤᠷᠤᠭᠴᠢᠳ ᠤᠨ ᠰᠦᠯᠵᠢᠶᠡᠨ ᠳᠡᠭᠡᠷ᠎ᠡ | ᠰᠣᠷᠣᠯᠴᠠᠬᠤ᠂ ᠪᠠᠭᠰᠢ ᠰᠦᠯᠵᠢᠶᠡᠨ ᠳᠡᠭᠡᠷ᠎ᠡ ᠵᠢᠭᠠᠨ ᠰᠤᠳᠤᠯᠬᠤ᠂ ᠭᠡᠷ ᠪᠦᠯᠢ ᠪᠣᠯᠤᠨ ᠰᠤᠷᠭᠠᠭᠤᠯᠢ ᠶᠢᠨ | ᠰᠦᠯᠵᠢᠶᠡᠨ ᠳᠡᠭᠡᠷ᠎ᠡ ᠨᠡᠪᠲᠡᠷᠡᠯᠴᠡᠬᠦ ᠣᠳᠣᠬᠢᠴᠢᠯᠠᠭᠰᠠᠨ ᠰᠤᠷᠭᠠᠨ ᠬᠥᠮᠦᠵᠢᠯ ᠤᠨ ᠪᠠᠶᠢᠳᠠᠯ ᠢ ᠪᠣᠢ ᠪᠣᠯᠭᠠᠵᠤ᠂ | ᠮᠠᠨ ᠤ ᠤᠯᠤᠰ ᠤᠨ ᠰᠤᠷᠭᠠᠨ ᠬᠥᠮᠦᠵᠢᠯ ᠤᠨ ᠮᠡᠳᠡᠭᠡ ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠳᠣᠳᠣᠷᠬᠠᠶᠢᠯᠠᠨ ᠲᠠᠶᠢᠯᠪᠤᠷᠢᠯᠠᠬᠤ ᠨᠢᠭᠡᠨ ᠬᠤᠷᠢᠶᠠᠩᠭᠤᠢ ᠳᠦᠷᠰᠦ ᠪᠣᠯᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ︽ᠭᠤᠷᠪᠠ ᠶᠢ ᠨᠡᠪᠲᠡᠷᠡᠭᠦᠯᠬᠦ | ᠬᠤᠶᠠᠷ ᠲᠠᠪᠴᠠᠩ︾ ᠤᠨ ᠪᠠᠶᠢᠭᠤᠯᠤᠯᠲᠠ ᠬᠢᠭᠡᠳ ᠬᠡᠷᠡᠭᠯᠡᠭᠡᠨ ᠢ ᠲᠦᠷᠭᠡᠳᠬᠡᠨ ᠠᠬᠢᠭᠤᠯᠵᠤ᠂ ᠡᠯ᠎ᠠ ᠵᠦᠢᠯ ᠤᠨ | ᠭᠦᠢᠴᠡᠳᠬᠡᠬᠦ ᠲᠤᠭ᠎ᠠ ᠶᠢ ᠦᠨᠳᠦᠰᠦᠨ ᠳᠡᠭᠡᠨ ᠳᠠᠬᠢᠨ ᠢᠶᠠᠷ ᠨᠡᠮᠡᠭᠳᠡᠬᠦ ᠶᠢ ᠪᠡᠶᠡᠯᠡᠭᠦᠯᠵᠦ᠂ ᠰᠣᠷᠭᠠᠨ ᠬᠥᠮᠦᠵᠢᠯ ᠤᠨ | ᠮᠡᠳᠡᠭᠡ ᠵᠠᠩᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠠᠯᠢ ᠤᠯᠠᠨ ᠦᠷ᠎ᠡ ᠪᠦᠲᠦᠭᠡᠯ ᠣᠯᠤᠭᠰᠠᠨ ᠪᠠᠶᠢᠨ᠎ᠠ᠃ | 2017 ᠣᠨ ᠪᠣᠯᠲᠠᠯ᠎ᠠ᠂ ᠮᠠᠨ ᠤ ᠤᠯᠤᠰ ᠤᠨ ︽ᠥᠷᠭᠡᠨ ᠪᠦᠰᠡᠲᠦ ᠰᠦᠯᠵᠢᠶ᠎ᠡ ᠶᠢ ᠰᠤᠷᠭᠠᠭᠤᠯᠢ | ᠪᠣᠯᠭᠠᠨ ᠳᠤ ᠨᠡᠪᠲᠡᠷᠡᠭᠦᠯᠬᠦ︾ ᠨᠢ ᠲᠦᠷᠭᠡᠨ ᠬᠥᠭᠵᠢᠵᠦ᠂ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ | ᠢᠨᠲ᠋ᠧᠷᠨᠧᠲ ᠰᠦᠯᠵᠢᠶ᠎ᠡ ᠵᠠᠯᠭᠠᠵᠤ ᠣᠷᠣᠭᠤᠯᠤᠭᠰᠠᠨ ᠨᠤᠷᠮ᠎ᠠ 25% ᠪᠠᠶᠢᠭᠰᠠᠨ ᠠᠴᠠ ᠪᠠᠨ ᠳᠡᠭᠡᠭᠰᠢᠯᠡᠭᠡᠳ | 90% ᠠᠴᠠ ᠳᠠᠪᠠᠵᠤ᠂ ᠣᠯᠠᠨ ᠵᠠᠭᠤᠴᠢᠳᠤ ᠬᠢᠴᠢᠶᠡᠯ ᠤᠨ ᠬᠡᠷ ᠤᠨ ᠬᠠᠷᠢᠴᠠᠯ 40% ᠭᠦᠷᠭᠦ ᠦᠭᠡᠢ | ᠪᠠᠶᠢᠭᠰᠠᠨ ᠠᠴᠠ ᠪᠠᠨ 83% ᠪᠣᠯᠲᠠᠯ᠎ᠠ ᠨᠡᠮᠡᠭᠳᠡᠪᠡ︔ ︽ᠰᠢᠯᠢᠳᠡᠭ ᠡᠬᠢ ᠪᠠᠶᠠᠯᠢᠭ ᠠᠩᠭᠢ ᠪᠣᠯᠭᠠᠨ ᠳᠤ ᠨᠡᠪᠲᠡᠷᠡᠬᠦ︾ | ᠶᠢ ᠲᠠᠰᠤᠷᠠᠯᠲᠠ ᠦᠭᠡᠢ ᠲᠦᠭᠡᠮᠡᠯᠵᠢᠭᠦᠯᠦᠨ ᠬᠦᠨᠵᠡᠭᠡᠶᠢᠷᠡᠭᠦᠯᠵᠦ᠂ ︽ᠬᠢᠴᠢᠶᠡᠯ ᠤᠨ ᠲᠠᠩᠬᠢᠮ ᠳᠤ ᠬᠡᠷᠡᠭᠯᠡᠬᠦ᠂ | ᠪᠠᠶᠢᠩᠭᠤ ᠬᠡᠷᠡᠭᠯᠡᠬᠦ᠂ ᠨᠡᠶᠢᠳᠡᠮ ᠬᠡᠷᠡᠭᠯᠡᠬᠦ︾ ᠮᠡᠳᠡᠭᠡ ᠵᠠᠩᠬᠢᠴᠢᠯᠠᠯᠲᠠ ᠶᠢᠨ ᠵᠢᠭᠠᠨ ᠰᠤᠷᠭᠠᠬᠤ ᠰᠢᠨ᠎ᠡ ᠬᠡᠪ ᠪᠠᠶᠢᠳᠠᠯ | ᠠᠩᠬ᠎ᠠ ᠠᠯᠬᠤᠮ ᠪᠦᠷᠢᠯᠳᠦᠪᠡ︔ ︽ᠰᠦᠯᠵᠢᠶ᠎ᠡ ᠳᠡᠭᠡᠷ᠎ᠡ ᠰᠤᠷᠤᠯᠴᠠᠬᠤ ᠣᠷᠣᠨ ᠵᠠᠶ ᠶᠢ ᠬᠥᠮᠦᠨ ᠨᠢᠭᠡᠪᠦᠷᠢ ᠳᠤ | ᠣᠯᠭᠤᠬᠤ︾ ᠲᠠᠪᠠᠯᠳᠠᠳᠤ ᠬᠥᠭᠵᠢᠯᠲᠡ ᠲᠠᠢ ᠪᠣᠯᠪᠠ︔ ︽ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ︾ ᠠᠩᠬ᠎ᠠ ᠪᠦᠷᠢᠯᠳᠦᠨ ᠲᠣᠭᠲᠠᠪᠠ︔ 1000 ᠲᠦᠮᠡ ᠰᠢᠬᠠᠮ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ᠂ 10 ᠲᠦᠮᠡ ᠭᠠᠷᠤᠶ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ | 20 ᠲᠦᠮᠡ ᠭᠠᠷᠤᠢ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠪᠣᠯᠪᠠᠰᠤᠷᠠᠯ ᠬᠦᠷᠲᠡᠵᠦ᠂ ᠮᠡᠳᠡᠭᠡ | ᠵᠠᠩᠭᠢ ᠶᠢᠨ ᠲᠤᠬᠠᠶ ᠬᠡᠪ ᠪᠣᠯᠪᠠᠰᠤᠷᠠᠯ ᠨᠢ ᠪᠦᠲᠦᠮᠵᠢᠲᠡᠶ ᠳᠡᠭᠡᠭᠰᠢᠯᠡᠪᠡ ᠃ | ᠶᠠᠷᠢᠶᠠᠨ ᠦᠭᠡᠢ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠠᠶᠠᠨ | ᠵᠠᠮ ᠳᠤ ᠵᠥᠪᠬᠡᠨ ᠰᠤᠷᠭᠠᠨ ᠬᠥᠮᠦᠵᠢᠯ ᠤᠨ ᠮᠡᠳᠡᠭᠡ ᠵᠠᠩᠬᠢᠴᠢᠯᠠᠯᠲᠠ ᠶᠢ ᠲᠦᠷᠭᠡᠨ ᠠᠬᠢᠭᠤᠯᠤᠭᠠᠳ ᠪᠣᠯᠬᠤ ᠦᠭᠡᠢ᠂ | ᠪᠠᠰᠠ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠨᠥᠬᠦᠴᠡᠯ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠪᠠᠶᠠᠷᠯᠠᠭᠤᠰᠢᠲᠠᠶ ᠵᠥᠢᠯ ᠭᠡᠪᠡᠯ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ | ᠰᠤᠷᠭᠠᠨ ᠬᠥᠮᠦᠵᠢᠯ ᠨᠢ ᠲᠦᠭᠡᠮᠡᠯᠵᠢᠭᠦᠯᠬᠦ ᠨᠣᠷᠮ᠎ᠠ᠂ ᠰᠤᠷᠭᠠᠭᠤᠯᠢ ᠡᠷᠬᠢᠯᠡᠬᠦ ᠨᠥᠬᠦᠴᠡᠯ᠂ ᠪᠠᠭᠰᠢ ᠶᠢᠨ ᠡᠩᠨᠡᠭᠡ᠂ | ᠵᠠᠷᠤᠳᠠᠯ ᠤᠨ ᠪᠠᠲᠤᠯᠠᠭ᠎ᠠ ᠵᠡᠷᠭᠡ ᠲᠠᠯ᠎ᠠ ᠪᠠᠷ ᠴᠥᠮ ᠰᠢᠪᠲᠤᠯᠤᠯᠲᠠ ᠶᠢᠨ ᠴᠢᠨᠠᠷᠲᠠᠶ ᠠᠮᠵᠢᠯᠲᠠ ᠣᠯᠤᠭᠰᠠᠨ ᠪᠠᠶᠢᠨ᠎ᠠ᠃ | | ᠰᠣᠷᠭᠠᠨ ᠬᠥᠮᠦᠵᠢᠯ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠪᠠᠰᠠ ᠨᠢᠭᠡᠨ ᠴᠢᠬᠤᠯᠠ ᠭᠦᠢᠴᠡᠳᠬᠡᠬᠦ | ᠪᠠᠷᠢᠮᠵᠢᠶ᠎ᠠ ᠪᠠᠶᠢᠨ᠎ᠠ᠂ ᠡᠨᠡ ᠨᠢ ᠳᠠᠷᠤᠶ ᠰᠤᠷᠭᠠᠨ ᠬᠥᠮᠦᠵᠢᠯ ᠤᠨ ᠳᠡᠯᠡᠬᠡᠶᠢᠴᠢᠯᠡᠯᠲᠡ ᠶᠢᠨ ᠬᠢᠷᠢ ᠲᠦᠪᠰᠢᠨ ᠪᠣᠯᠣᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠭᠠᠳᠠᠭᠠᠳᠤ ᠲᠠᠢ ᠰᠤᠷᠭᠠᠨ | ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠬᠢᠬᠦ ᠠᠵᠢᠯᠯᠠᠭ᠎ᠠ ᠡᠳᠦᠷ ᠢᠷᠡᠬᠦᠶ᠎ᠡ ᠥᠷᠭᠡᠨ ᠳᠡᠯᠭᠡᠷ ᠭᠦᠨᠵᠡᠭᠡᠶᠢᠷᠡᠵᠦ᠂ | ᠳᠡᠯᠡᠬᠡᠶᠢᠵᠢᠭᠦᠯᠬᠦ ᠬᠥᠭᠵᠢᠯᠲᠡ ᠶᠢᠨ ᠠᠯᠬᠤᠮ ᠢᠶᠠᠨ ᠬᠤᠷᠳᠤᠳᠬᠠᠪᠠ᠃ ᠰᠤᠷᠭᠠᠨ ᠬᠥᠮᠦᠵᠢᠯ ᠤᠨ ᠶᠠᠮᠤᠨ ᠤ ᠪᠠᠲᠤᠲᠠᠢ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠣᠳᠣᠬᠠᠨ ᠳᠤ᠂ ᠮᠠᠨ ᠤ ᠤᠯᠤᠰ ᠨᠢᠭᠡᠨᠲᠡ ᠳᠡᠯᠡᠬᠡᠶ ᠳᠡᠭᠡᠷᠡᠬᠢ188 | ᠤᠯᠤᠰ ᠪᠠ ᠭᠠᠵᠠᠷ ᠣᠷᠣᠨ ᠲᠠᠢ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠬᠢᠬᠦ ᠬᠠᠷᠢᠴᠠᠭ᠎ᠠ | ᠪᠠᠶᠢᠭᠤᠯᠵᠤ᠂ ᠨᠢᠭᠡᠨᠲᠡ ᠳᠡᠯᠡᠬᠡᠢ ᠳᠡᠭᠡᠷᠡᠬᠢ ᠬᠠᠮᠤᠭ ᠤᠨ ᠶᠡᠭᠡ ᠭᠠᠳᠠᠭᠠᠳᠤ ᠳᠤ ᠰᠤᠷᠤᠯᠴᠠᠬᠤ ᠰᠤᠷᠤᠭᠴᠢᠳ ᠤᠨ | ᠢᠷᠡᠯᠲᠡ ᠲᠠᠢ ᠤᠯᠤᠰ᠂ ᠠᠽᠢᠶ᠎ᠠ ᠲᠢᠪ ᠤᠨ ᠬᠠᠮᠤᠭ ᠤᠨ ᠶᠡᠭᠡ ᠭᠠᠳᠠᠭᠠᠳᠤ ᠳᠤ ᠰᠤᠷᠤᠯᠴᠠᠬᠤ ᠰᠤᠷᠤᠬᠴᠢ ᠶᠢᠨ | ᠬᠠᠷᠠᠯᠲᠠᠲᠤ ᠤᠯᠤᠰ ᠪᠣᠯᠪᠠ᠃ | ᠪᠠᠭᠰᠢ ᠶᠢᠨ ᠡᠩᠨᠡᠭᠡ ᠶᠢᠨ ᠣᠳᠣᠬᠢᠴᠢᠯᠠᠯᠲᠠ ᠪᠠᠷ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠲᠦᠰᠢᠭ | ᠲᠤᠯᠭᠠᠭᠤᠷᠢ ᠪᠣᠯᠭᠠᠬᠤ | ᠪᠠᠭᠰᠢ ᠪᠣᠯ ᠰᠤᠷᠭᠠᠨ ᠬᠥᠮᠦᠵᠢᠯ ᠡᠷᠬᠢᠯᠡᠬᠦ ᠶᠢᠨ ᠦᠨᠳᠦᠰᠦ᠂ ᠰᠤᠷᠭᠠᠨ ᠬᠥᠮᠦᠵᠢᠯ ᠢ ᠮᠠᠨᠳᠤᠭᠤᠯᠬᠤ ᠶᠢᠨ | ᠡᠬᠢ ᠰᠤᠷᠪᠤᠯᠵᠢ ᠮᠥᠨ᠃ ᠰᠤᠷᠭᠠᠨ ᠬᠥᠮᠦᠵᠢᠯ ᠡᠷᠬᠢᠯᠡᠬᠦ ᠪᠠ ᠰᠤᠷᠭᠠᠨ ᠬᠥᠮᠦᠵᠢᠯ ᠢ ᠮᠠᠨᠳᠤᠭᠤᠯᠬᠤ ᠶᠢ | ᠦᠨᠳᠦᠰᠦᠨ ᠠᠴᠠ ᠨᠢ ᠠᠪᠴᠤ ᠬᠡᠯᠡᠪᠡᠯ᠂ ᠪᠠᠭᠰᠢ ᠨᠠᠷ ᠤᠨ ᠵᠢᠭᠠᠨ ᠰᠤᠷᠭᠠᠬᠤ ᠣᠶᠢᠯᠠᠭᠠᠭᠳᠠᠬᠤᠨ ᠪᠠ ᠰᠤᠷᠭᠠᠨ | ᠬᠥᠮᠦᠵᠢᠯ ᠤᠨ ᠲᠤᠬᠠᠶ ᠦᠵᠡᠯᠲᠡ ᠳᠤ ᠲᠦᠰᠢᠭᠯᠡᠬᠦ ᠶᠠᠪᠤᠳᠠᠯ ᠪᠣᠯᠤᠨ᠎ᠠ᠃ ᠰᠤᠷᠭᠠᠨ ᠬᠥᠮᠦᠵᠢᠯ ᠤᠨ | ᠣᠳᠣᠬᠢᠴᠢᠯᠠᠯᠲᠠ ᠨᠢ ᠪᠠᠭᠰᠢ ᠨᠠᠷ ᠤᠨ ᠣᠳᠣᠬᠢᠴᠢᠯᠠᠯᠲᠠ ᠠᠴᠠ ᠰᠠᠯᠵᠤ ᠴᠢᠳᠠᠬᠤ ᠦᠭᠡᠢ᠂ ᠣᠨᠴᠠᠭᠠᠶᠢᠯᠠᠨ | ᠲᠡᠭᠦᠨ ᠤ ᠵᠢᠭᠠᠨ ᠰᠤᠷᠭᠠᠬᠤ ᠣᠶᠢᠯᠠᠭᠠᠭᠳᠠᠬᠤᠨ ᠪᠠ ᠰᠤᠷᠭᠠᠨ ᠬᠥᠮᠦᠵᠢᠯ ᠤᠨ ᠲᠤᠬᠠᠶ ᠦᠵᠡᠯᠲᠡ ᠶᠢ | ᠣᠳᠣᠬᠢᠴᠢᠯᠠᠬᠤ ᠠᠴᠠ ᠰᠠᠯᠵᠤ ᠴᠢᠳᠠᠬᠤ ᠦᠭᠡᠢ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠳᠣᠪᠣᠶᠢᠮ᠎ᠠ ᠠᠮᠵᠢᠯᠲᠠ ᠪᠦᠲᠦᠮᠵᠢ ᠤᠯᠪᠠ᠃ ︽ᠬᠥᠳᠡᠭᠡ ᠲᠣᠰᠬᠤᠨ ᠤ ᠪᠠᠭᠰᠢ ᠶᠢ ᠳᠡᠮᠵᠢᠬᠦ | ᠲᠥᠯᠥᠪᠯᠡᠭᠡ ︵2015 — 2020 ᠣᠨ︶︾ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠪᠠᠭᠰᠢ ᠶᠢ ︽ | ᠪᠠᠭᠤᠵᠤ ᠳᠡᠶᠢᠯᠬᠦ ᠂ ᠦᠯᠡᠳᠡᠭᠡᠵᠦ ᠴᠢᠳᠠᠬᠤ᠂ ᠰᠠᠶᠢᠨ ᠵᠢᠭᠠᠨ ᠰᠤᠷᠭᠠᠵᠤ ᠴᠢᠳᠠᠬᠤ ᠪᠣᠯᠭᠠᠵᠤ︾︔ ᠠᠯᠢ ᠣᠯᠠᠨ | ᠣᠯᠭᠤᠮᠵᠢ ᠪᠠᠲᠤᠯᠠᠭ᠎ᠠ ᠪᠠ ᠤᠯᠤᠰ ᠤᠨ ᠲᠠᠰ ᠤᠨ ᠱᠠᠩᠨᠠᠵᠤ ᠬᠦᠬᠢᠭᠦᠯᠬᠦ ᠲᠦᠷᠦ ᠶᠢᠨ ᠪᠣᠳᠤᠯᠭ᠎ᠠ ᠨᠢ ᠪᠠᠭᠰᠢ ᠶᠢᠨ | ᠠᠵᠢᠯ ᠮᠡᠷᠭᠡᠵᠢᠯ ᠤᠨ ᠲᠠᠲᠠᠬᠤ ᠬᠦᠴᠦᠨ ᠢ ᠴᠢᠩᠭᠠᠳᠬᠠᠵᠤ ᠪᠠᠶᠢᠨ᠎ᠠ︔ ᠬᠠᠮᠢᠶᠠᠷᠤᠯᠲᠠ ᠶᠢᠨ ᠲᠣᠭᠲᠠᠯᠴᠠᠭ᠎ᠠ ᠶᠢᠨ | ᠲᠡᠭᠦᠯᠳᠡᠷᠵᠢᠭᠦᠯᠦᠯᠲᠡ᠂ ᠮᠡᠷᠭᠡᠵᠢᠯ ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠨᠢ ᠪᠠᠭᠰᠢ ᠶᠢᠨ ᠡᠩᠨᠡᠭᠡᠨ ᠤ | ᠠᠮᠢᠵᠢᠷᠠᠯ ᠤᠨ ᠬᠦᠴᠦᠨ ᠢ ᠬᠥᠭᠵᠢᠭᠡᠵᠦ ᠪᠠᠶᠢᠨ᠎ᠠ᠃ ᠣᠨᠴᠠᠭᠠᠶᠢᠯᠠᠨ ᠡᠨᠡ ᠵᠢᠯ ᠤᠨ ᠡᠬᠢ ᠪᠠᠷ ︽ᠰᠢᠨ᠎ᠡ ᠴᠠᠭ | ᠦᠶ᠎ᠡ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠲᠤᠬᠠᠢ ᠰᠠᠨᠠᠯ︾ ᠢ ᠨᠡᠶᠢᠲᠡᠯᠡᠭᠰᠡᠨ ᠨᠢ᠂ ᠮᠠᠨ ᠤ ᠤᠯᠤᠰ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠰᠢᠨ᠎ᠡ | ᠠᠶᠠᠨ ᠵᠠᠮ ᠢ ᠡᠬᠢᠯᠡᠭᠦᠯᠬᠦ ᠶᠢᠨ ᠪᠡᠯᠭᠡ ᠲᠡᠮᠳᠡᠭ ᠪᠣᠯᠣᠭᠰᠠᠨ ᠪᠠᠶᠢᠨ᠎ᠠ᠃ | ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠨᠢ ᠶᠠᠰᠤ ᠴᠢᠨᠠᠷ ᠢ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠶ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠪᠠᠭᠰᠢ ᠶᠢ ᠬᠥᠮᠦᠵᠢᠭᠦᠯᠦᠨ | ᠪᠣᠯᠪᠠᠰᠤᠷᠠᠭᠤᠯᠬᠤ ᠲᠦᠷᠢᠮ ᠳᠤ ᠲᠠᠰᠤᠷᠠᠯᠲᠠ ᠦᠭᠡᠢ ᠥᠭᠡᠷᠡᠴᠢᠯᠡᠯᠲᠡ ᠬᠢᠵᠦ᠂ ᠪᠠᠭᠰᠢ ᠶᠢᠨ ᠰᠤᠷᠭᠠᠨ | ᠬᠥᠮᠦᠵᠢᠯ ᠤᠨ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠪᠡ᠃ ᠰᠤᠷᠭᠠᠨ ᠬᠥᠮᠦᠵᠢᠯ ᠤᠨ ᠶᠠᠮᠤᠨ ᠡᠩ ᠤᠨ ᠳᠡᠭᠡᠳᠦ | ᠰᠤᠷᠭᠠᠭᠤᠯᠢ ᠶᠢᠨ ᠪᠠᠭᠰᠢ ᠶᠢᠨ ᠲᠦᠷᠦᠯ ᠤᠨ ᠲᠤᠰᠬᠠᠢ ᠮᠡᠷᠭᠡᠵᠢᠯ ᠤᠨ ᠭᠡᠷᠡᠴᠢᠯᠡᠯ ᠢ ᠬᠡᠷᠡᠭᠵᠢᠭᠦᠯᠬᠦ ᠠᠷᠭ᠎ᠠ ᠶᠢ | ᠨᠡᠶᠢᠲᠡᠯᠡᠵᠦ᠂ ᠪᠠᠭᠰᠢ ᠶᠢᠨ ᠮᠡᠷᠭᠡᠵᠢᠯ ᠤᠨ ᠰᠣᠷᠣᠭᠴᠢ ᠶᠢᠨ ᠰᠤᠷᠭᠠᠨ ᠬᠥᠮᠦᠵᠢᠯ ᠤᠨ ᠠᠯᠪᠠᠨ ᠰᠦᠢᠳᠭᠡᠯ ᠤᠨ | ᠲᠦᠷᠢᠮ ᠢ ᠨᠠᠶᠢᠳᠠᠪᠤᠷᠢᠵᠢᠭᠤᠯᠪᠠ︔ ᠡᠯ᠎ᠡ ᠱᠠᠲᠤᠨ ᠤ ᠪᠠᠭᠰᠢ ᠶᠢᠨ ᠪᠣᠯᠪᠠᠰᠤᠷᠠᠭᠤᠯᠤᠯ ᠤᠨ ᠲᠣᠭᠲᠠᠯᠴᠠᠭ᠎ᠠ ᠶᠢ | ᠪᠠᠶᠢᠭᠤᠯᠤᠨ ᠪᠦᠷᠬᠦᠭᠦᠯᠵᠦ᠂ 2012 ᠣᠨ ᠠᠴᠠ 2016 ᠣᠨ ᠪᠣᠯᠲᠠᠯ᠎ᠠ ︽ᠤᠯᠤᠰ ᠤᠨ ᠲᠠᠰ ᠤᠨ | ᠪᠣᠯᠪᠠᠰᠤᠷᠠᠭᠤᠯᠤᠯ ᠤᠨ ᠲᠥᠯᠥᠪᠯᠡᠭᠡ︾ ᠶᠢᠨ ᠵᠢᠱᠢᠶ᠎ᠡ ᠦᠵᠡᠭᠦᠯᠬᠦ ᠴᠢᠨᠠᠷᠲᠠᠶ ᠲᠥᠷᠥᠯ ᠵᠦᠢᠯ᠂ ᠳᠤᠮᠳᠠ ᠪᠠᠷᠠᠭᠤᠨ | ᠬᠡᠰᠡᠭ ᠤᠨ ᠲᠦᠷᠦᠯ ᠵᠦᠢᠯ ᠪᠠ ᠬᠡᠤᠬᠡᠳ ᠤᠨ ᠴᠡᠴᠡᠷᠯᠢᠭ ᠤᠨ ᠪᠠᠭᠰᠢ ᠶᠢᠨ ᠤᠯᠤᠰ ᠤᠨ ᠲᠠᠰ ᠤᠨ | ᠪᠣᠯᠪᠠᠰᠤᠷᠠᠭᠤᠯᠤᠯ ᠤᠨ ᠲᠥᠷᠥᠯ ᠵᠦᠢᠯ ᠳᠤ ᠨᠡᠶᠢᠲᠡ 93.5 ᠳ᠋ᠦᠩᠰᠢᠭᠤᠷ ᠲᠥᠭᠦᠷᠢᠭ ᠪᠡᠯᠡ ᠮᠥᠩᠭᠦ ᠣᠷᠣᠭᠤᠯᠵᠤ᠂ | ᠳᠤᠮᠳᠠᠳᠤ ᠪᠠᠭ᠎ᠠ ᠰᠤᠷᠭᠠᠭᠤᠯᠢ ᠪᠣᠯᠤᠨ ᠬᠡᠦᠬᠡᠳ ᠤᠨ ᠴᠡᠴᠡᠷᠯᠢᠭ ᠤᠨ ᠪᠠᠭᠰᠢ᠂ ᠰᠤᠷᠭᠠᠭᠤᠯᠢ ᠶᠢᠨ ᠵᠠᠬᠢᠷᠤᠯ ᠢ | 957 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠪᠠ︔ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠶᠢᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠪᠠᠭᠰᠢ ᠨᠠᠷ ᠢ 940 ᠲᠦᠮᠡ ᠢᠯᠡᠭᠦᠦ ᠬᠥᠮᠦᠨ ᠤᠳᠠᠭ᠎ᠠ ᠪᠣᠯᠪᠠᠰᠤᠷᠠᠭᠤᠯᠪᠠ︔ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠶᠢ | ᠬᠡᠷᠡᠭᠵᠢᠭᠦᠯᠵᠦ᠂ ᠲᠥᠪ ᠤᠨ ᠡᠳ᠋ ᠤᠨ ᠵᠠᠰᠠᠭ ᠠᠴᠠ ᠵᠢᠯ ᠪᠦᠷᠢ 7 ᠳ᠋ᠦᠩᠰᠢᠭᠤᠷ ᠲᠥᠭᠦᠷᠢᠭ ᠰᠢᠬᠠᠮ ᠣᠷᠣᠭᠤᠯᠤᠨ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ 25 ᠲᠦᠮᠡᠨ ᠪᠠᠭᠰᠢ ᠶᠢ ᠵᠣᠬᠢᠶᠠᠨ ᠪᠠᠶᠢᠭᠤᠯᠵᠤ ᠪᠣᠯᠪᠠᠰᠤᠷᠠᠯ | ᠬᠦᠷᠲᠡᠭᠡᠪᠡ᠃ | ᠡᠭᠦᠨ ᠤ ᠬᠠᠮᠲᠤ᠂ ᠪᠠᠭᠰᠢ ᠶᠢᠨ ᠡᠩᠨᠡᠭᠡ ᠳᠤ ᠣᠷᠣᠬᠤ ᠬᠢᠨᠠᠯᠲᠠ ᠰᠢᠯᠭᠠᠯᠲᠠ ᠶᠢ ᠴᠢᠩᠭ᠎ᠠ ᠪᠣᠯᠭᠠᠵᠤ᠂ | ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠡᠢ᠃ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠪᠠ ᠲᠣᠭᠲᠠᠮᠠᠯ ᠬᠤᠭᠤᠴᠠᠭ᠎ᠠ ᠲᠠᠢ ᠪᠠᠷ ᠳᠠᠩᠰᠠᠯᠠᠬᠤ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠣᠲᠣ ᠪᠣᠯᠬᠤ ᠳᠤ ᠪᠦᠬᠦ ᠤᠯᠤᠰ ᠤᠨ 28 | ᠮᠤᠵᠢ ᠣᠷᠣᠨ ᠴᠥᠮ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠪᠠ ᠲᠣᠭᠲᠠᠮᠠᠯ | ᠬᠤᠭᠤᠴᠠᠭ᠎ᠠ ᠲᠠᠢ ᠪᠠᠷ ᠳᠠᠩᠰᠠᠯᠠᠬᠤ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠳᠤ ᠣᠷᠣᠯᠴᠠᠪᠠ ᠃ | ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠬᠤ ᠶᠢ ᠠᠬᠢᠭᠤᠯᠵᠤ᠂ | ᠣᠳᠣᠬᠠᠨ ᠳᠤ ᠪᠥᠬᠦ ᠤᠯᠤᠰ ᠲᠤ ᠨᠢᠭᠡᠨᠲᠡ 30 ᠮᠤᠵᠢ ︵ᠣᠷᠣᠨ᠂ ᠬᠤᠲᠠ︶ ᠶᠢᠨ ᠰᠤᠷᠭᠠᠭᠤᠯᠢ ᠶᠢᠨ ᠵᠠᠬᠢᠷᠤᠯ | ᠪᠠᠭᠰᠢ ᠶᠢᠨ ᠠᠵᠢᠯ ᠤᠨ ᠪᠠᠶᠢᠷᠢ ᠶᠢ ᠡᠭᠡᠯᠵᠢᠯᠡᠭᠦᠯᠦᠨ ᠰᠣᠯᠢᠯᠴᠠᠬᠤ ᠬᠤᠯᠪᠣᠭᠳᠠᠯ ᠪᠦᠬᠦᠢ ᠲᠦᠷᠦ ᠶᠢᠨ | ᠪᠤᠳᠤᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠪᠡ᠃ ᠳᠤᠮᠳᠠᠳᠤ ᠪᠠᠭ᠎ᠠ ᠰᠤᠷᠭᠠᠭᠤᠯᠢ ᠶᠢᠨ ᠤᠳᠤᠷᠢᠳᠬᠤ | ᠬᠥᠮᠦᠰ ᠤᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠵᠠᠬᠢᠷᠤᠯ ᠤᠨ | ᠲᠤᠰᠢᠶᠠᠯ ᠤᠨ ᠲᠡᠰ ᠤᠨ ᠲᠦᠷᠢᠮ ᠢ ᠲᠤᠷᠰᠢᠨ ᠬᠡᠷᠡᠭᠵᠢᠭᠦᠯᠵᠦ᠂ ᠰᠤᠷᠭᠠᠭᠤᠯᠢ ᠶᠢᠨ ᠵᠠᠬᠢᠷᠤᠯ ᠤᠨ ᠵᠠᠰᠠᠭ | ᠵᠠᠬᠢᠷᠭᠠᠨ ᠤ ᠵᠡᠷᠭᠡ ᠳᠡᠰ ᠢ ᠬᠦᠴᠦᠨ ᠦᠭᠡᠶ ᠪᠣᠯᠭᠠᠬᠤ᠂ ᠰᠤᠷᠭᠠᠭᠤᠯᠢ ᠶᠢᠨ ᠵᠠᠬᠢᠷᠤᠯ ᠢ ᠡᠷᠳᠡᠮᠲᠡᠨ ᠤ ᠬᠡᠯᠪᠡᠷᠢ ᠶᠢᠨ | ᠲᠤᠰᠬᠠᠢ ᠮᠡᠷᠭᠡᠵᠢᠯᠲᠡᠨ ᠤ ᠬᠡᠯᠪᠡᠷᠢ ᠶᠢᠨ ᠰᠤᠷᠭᠠᠭᠤᠯᠢ ᠶᠢᠨ ᠵᠠᠬᠢᠷᠤᠯ ᠪᠣᠯᠬᠤ ᠶᠢ ᠵᠣᠷᠢᠭᠵᠢᠭᠤᠯᠤᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠠᠭᠰᠢ ᠶᠢᠨ ᠪᠠᠶᠢᠷᠢ ᠰᠠᠭᠤᠷᠢ᠂ | ᠬᠠᠷᠠᠭᠠᠯᠵᠠᠯ ᠪᠠ ᠲᠤᠬᠠᠶᠢᠯᠠᠭᠰᠠᠨ ᠠᠵᠢᠯ ᠤᠨ ᠲᠠᠲᠠᠬᠤ ᠬᠦᠴᠦᠨ ᠢ ᠳᠡᠭᠡᠭᠰᠢᠯᠡᠭᠦᠯᠬᠦ ᠶᠢᠨ ᠲᠦᠯᠦᠭᠡ᠂ ᠤᠯᠤᠰ ᠤᠨ | ᠳᠦᠷᠦ ᠶᠢᠨ ᠪᠤᠳᠤᠯᠭ᠎ᠠ ᠵᠠᠯᠭᠠᠯᠳᠤᠭ᠎ᠠ ᠪᠠᠷ ᠨᠡᠶᠢᠲᠡᠯᠡᠭᠳᠡᠪᠡ᠄ ᠤᠯᠤᠰ ᠤᠨ ᠲᠠᠰ ᠤᠨ ᠵᠢᠭᠠᠨ ᠰᠤᠷᠭᠠᠯᠲᠠ ᠶᠢᠨ ᠦᠷ᠎ᠡ | ᠪᠦᠲᠦᠭᠡᠯ ᠤᠨ ᠱᠠᠩᠨᠠᠯ ᠤᠨ ᠰᠢᠯᠭᠠᠷᠠᠭᠤᠯᠤᠯᠲᠠ᠂ ᠤᠯᠤᠰ ᠤᠨ ︽ᠲᠦᠮᠡᠨ ᠬᠥᠮᠦᠨ ᠤ ᠲᠥᠯᠥᠪᠯᠡᠭᠡ︾ ᠶᠢᠨ ᠵᠢᠭᠠᠨ | ᠰᠤᠷᠭᠠᠯᠲᠠ ᠶᠢᠨ ᠨᠠᠷᠠᠲᠤ ᠪᠠᠭᠰᠢ ᠶᠢᠨ ᠰᠢᠯᠢᠨ ᠰᠣᠩᠭᠤᠯᠲᠠ ᠵᠡᠷᠭᠡ ᠤᠯᠤᠰ ᠤᠨ ᠳᠡᠰ ᠤᠨ ᠱᠠᠩᠨᠠᠯ ᠬᠦᠬᠢᠭᠦᠯᠦᠯ ᠢ | ᠥᠷᠨᠢᠭᠦᠯᠬᠦ ᠪᠠᠷ ᠳᠠᠮᠵᠢᠭᠤᠯᠤᠨ᠂ ᠪᠠᠭᠰᠢ ᠶᠢᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠲᠠᠰᠤᠷᠠᠯᠲᠠ | ᠦᠭᠡᠢ ᠳᠡᠭᠡᠭᠰᠢᠯᠡᠭᠦᠯᠬᠦ ᠶᠢ ᠤᠷᠮᠠᠰᠢᠭᠤᠯᠤᠨ᠎ᠠ︔ ᠪᠠᠭᠰᠢ ᠶᠢᠨ ᠴᠠᠯᠢᠩ ᠣᠯᠭᠤᠮᠵᠢ ᠶᠢ ᠪᠠᠲᠤᠯᠠᠬᠤ ᠲᠣᠭᠲᠠᠴᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠠᠭᠰᠢ ᠶᠢᠨ ᠳᠤᠮᠳᠠᠴᠢ ᠴᠠᠯᠢᠩ ᠤᠨ ᠬᠢᠷᠢ ᠬᠡᠮᠵᠢᠶ᠎ᠡ ᠶᠢ ᠲᠤᠬᠠᠶ ᠶᠢᠨ | ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ ᠬᠢᠷᠢ ᠬᠡᠮᠵᠢᠶ᠎ᠡ ᠠᠴᠠ ᠳᠣᠤᠷ᠎ᠠ ᠥᠬᠡᠶ ᠪᠤᠶᠤ ᠦᠨᠳᠦᠷ | ᠪᠠᠶᠢᠯᠭᠠᠬᠤ ᠶᠢ ᠬᠠᠤᠯᠢ ᠶᠣᠰᠣᠭᠠᠷ ᠪᠠᠲᠤᠯᠠᠵᠤ᠂ ᠡᠮ ᠡᠮᠨᠡᠯᠭᠡ ᠨᠠᠰᠤᠵᠢᠯ ᠵᠡᠷᠭᠡ ᠨᠡᠶᠢᠭᠡᠮ ᠤᠨ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠦᠨ᠎ᠡ᠃ | ᠡᠳᠦᠭᠡ᠂ ᠤᠯᠤᠰ ᠤᠨ ᠳᠡᠰ ᠳᠠᠪᠬᠤᠷᠭ᠎ᠠ ᠠᠴᠠ ᠡᠶᠢᠮᠦᠷᠬᠦᠦ ᠨᠢᠭᠡᠨ ᠢᠳᠡᠪᠬᠢᠲᠡᠶ ᠳᠣᠬᠢᠶ᠎ᠠ ᠥᠭᠴᠦ ᠪᠠᠶᠢᠨ᠎ᠠ᠄ | ᠪᠠᠭᠰᠢ ᠶᠢᠨ ᠠᠵᠢᠯ ᠨᠢ ᠣᠳᠤ ᠶᠠᠭ ᠬᠥᠮᠦᠨ ᠪᠦᠬᠦᠨ ᠪᠢᠰᠢᠷᠡᠨ ᠬᠦᠷᠢᠶᠡᠯᠡᠬᠦ ᠠᠵᠢᠯ ᠮᠡᠷᠭᠡᠵᠢᠯ ᠪᠣᠯᠵᠤ ᠪᠠᠶᠢᠭ᠎ᠠ ᠶᠤᠮ | ᠃ ᠨᠢᠭᠡᠨ ᠰᠠᠯᠠᠭ᠎ᠠ ᠳᠡᠭᠡᠳᠦ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢᠨ ᠲᠦᠰᠢᠭ ᠲᠤᠯᠭᠠᠭᠤᠷᠢ ᠲᠠᠢ ᠪᠣᠯᠪᠡᠯ᠂ | ᠮᠠᠨ ᠤ ᠤᠯᠤᠰ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠵᠠᠮ ᠶᠠᠪᠤᠬᠤ ᠲᠤᠳᠤᠮ ᠥᠷᠭᠡᠨ ᠪᠣᠯᠤᠨ᠎ᠠ᠃ | ᠬᠦᠮᠦᠨ ᠤ ᠣᠳᠣᠬᠢᠴᠢᠯᠠᠯᠲᠠ ᠶᠢ ᠪᠡᠶᠡᠯᠡᠭᠦᠯᠬᠦ ᠪᠠᠷ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ | ᠬᠥᠲᠥᠯᠥᠨ ᠳᠠᠭᠠᠭᠤᠯᠬᠤ | ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠵᠦ᠂ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠦᠳᠦᠭᠡᠨ ᠪᠠᠶᠢᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠯᠤᠭ᠎ᠠ | ᠬᠤᠯᠪᠣᠭᠳᠠᠬᠤ᠂ ᠴᠠᠭ ᠦᠶ᠎ᠡ ᠶᠢ ᠵᠠᠭᠠᠭᠯᠠᠭᠰᠠᠨ ᠣᠳᠬ᠎ᠠ ᠠᠭᠤᠯᠭ᠎ᠠ ᠲᠠᠢ ᠤᠯᠤᠰ ᠤᠨ ᠪᠠᠶᠢᠯᠳᠤᠬᠤ ᠪᠤᠳᠤᠯᠭ᠎ᠠ | ᠮᠥᠨ᠃ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠭᠡᠬᠦ ᠪᠠᠶᠢᠯᠳᠤᠬᠤ ᠪᠤᠳᠤᠯᠭ᠎ᠠ ᠶᠢᠨ ᠠᠴᠢ | ᠬᠤᠯᠪᠣᠭᠳᠠᠯ ᠨᠢ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠮᠥᠨ ᠴᠢᠨᠠᠷ ᠲᠤ ᠦᠨᠳᠦᠰᠦᠯᠡᠨ᠎ᠡ᠂ ᠳᠠᠷᠤᠢ | ᠬᠥᠮᠦᠨ ᠤ ᠣᠳᠣᠬᠢᠴᠢᠯᠠᠯᠲᠠ ᠪᠣᠯᠤᠨ᠎ᠠ᠃ ᠪᠦᠬᠦ ᠳᠡᠯᠡᠬᠡᠢ ᠶᠢᠨ ᠣᠳᠣᠬᠢᠴᠢᠯᠠᠯᠲᠠ ᠶᠢᠨ ᠲᠡᠦᠬᠡᠨ ᠶᠠᠪᠤᠴᠠ ᠳᠤᠮᠳᠠ᠂ | ᠣᠳᠣᠬᠢᠴᠢᠯᠠᠯᠲᠠ ᠶᠢ ᠣᠷᠢᠳ ᠢᠶᠠᠷ ᠶᠠᠪᠤᠭᠤᠯᠤᠭᠰᠠᠨ ᠤᠯᠤᠰ ᠴᠥᠮ ᠬᠥᠮᠦᠨ ᠤ ᠣᠳᠣᠬᠢᠴᠢᠯᠠᠯᠲᠠ ᠶᠢ ᠴᠢᠬᠤᠯᠠ | ᠪᠠᠶᠢᠯᠳᠤᠬᠤ ᠪᠤᠳᠤᠯᠭ᠎ᠠ ᠶᠢᠨ ᠪᠠᠶᠢᠷᠢᠨ ᠳᠤ ᠲᠠᠯᠪᠢᠵᠤ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠪᠠᠷ | ᠳᠠᠮᠵᠢᠨ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠵᠤ᠂ ᠬᠥᠮᠦᠨ ᠤ ᠣᠳᠣᠬᠢᠴᠢᠯᠠᠯᠲᠠ ᠶᠢ | ᠪᠡᠶᠡᠯᠡᠭᠦᠯᠦᠨ᠂ ᠤᠯᠤᠰ ᠣᠷᠣᠨ ᠤ ᠣᠳᠣᠬᠢᠴᠢᠯᠠᠯᠲᠠ ᠶᠢ ᠪᠦᠳᠦᠭᠡᠨ ᠪᠠᠶᠢᠭᠤᠯᠬᠤ ᠳᠤ ᠤᠷᠢᠲᠠᠯ ᠨᠥᠬᠦᠴᠡᠯ ᠪᠠ | ᠪᠠᠶᠢᠯᠳᠤᠬᠤ ᠪᠤᠳᠤᠯᠭ᠎ᠠ ᠶᠢᠨ ᠰᠠᠭᠤᠷᠢ ᠲᠠᠯᠪᠢᠪᠠ᠃ | ᠣᠳᠣᠬᠠᠨ ᠳᠤ᠂ ᠮᠠᠨ ᠤ ᠤᠯᠤᠰ ᠶᠠᠭ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠲᠡᠦᠬᠡᠨ ᠶᠠᠪᠤᠴᠠ ᠳᠤ ᠪᠣᠢ᠂ ᠰᠤᠷᠭᠠᠨ | ᠬᠥᠮᠦᠵᠢᠯ ᠤᠨᠣᠳᠣᠬᠢᠴᠢᠯᠠᠯᠲᠠ ᠨᠢ ᠬᠥᠮᠦᠨ ᠤ ᠣᠳᠣᠬᠢᠴᠢᠯᠠᠯᠲᠠ ᠳᠤ ᠦᠢᠯᠡᠴᠢᠯᠡᠵᠦ᠂ ᠳᠤᠮᠳᠠᠳᠤ ᠤᠯᠤᠰ ᠤᠨ | ᠣᠨᠴᠠᠯᠢᠭᠲᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠲᠠᠢ | ᠵᠣᠬᠢᠴᠠᠵᠤ ᠂ ᠣᠳᠣᠬᠢᠴᠢᠯᠠᠯᠲᠠ ᠶᠢᠨ ᠬᠡᠪ ᠪᠣᠯᠪᠠᠰᠤᠷᠠᠯ ᠢ ᠪᠦᠷᠢᠯᠳᠦᠭᠦᠯᠦᠭᠰᠡᠨ᠂ ᠣᠳᠣᠬᠢᠴᠢᠯᠠᠭᠰᠠᠨ ᠤᠯᠤᠰ ᠤᠨ | ᠪᠦᠲᠦᠭᠡᠨ ᠪᠠᠶᠢᠭᠤᠯᠤᠯᠲᠠ ᠳᠤ ᠣᠷᠣᠯᠴᠠᠵᠤ ᠳᠡᠶᠢᠯᠬᠦ ︽ᠢᠷᠡᠭᠡᠳᠦᠶ ᠶᠢᠨ ᠬᠦᠮᠦᠨ︾ ᠢ ᠬᠦᠮᠦᠵᠢᠭᠦᠯᠬᠦ ᠬᠡᠷᠡᠭᠲᠡᠢ᠃ | 2014 ᠣᠨ ᠤ 9 ᠳ᠋ᠦ᠋ᠭᠡᠷ ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠠᠴᠠ ︽ᠰᠢᠯᠭᠠᠯᠲᠠ ᠪᠠᠷ | ᠰᠣᠷᠣᠭᠴᠢ ᠡᠯᠰᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ | ᠨᠡᠶᠢᠲᠡᠯᠡᠵᠦ᠂ ᠰᠢᠯᠭᠠᠯᠲᠠ ᠪᠠᠷ ᠰᠣᠷᠣᠭᠴᠢ ᠡᠯᠰᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ | ᠪᠦᠬᠦ ᠲᠠᠯ᠎ᠠ ᠶᠢᠨ ᠪᠠᠶᠢᠷᠢᠯᠠᠭᠤᠯᠤᠯᠲᠠ ᠪᠠ ᠰᠢᠰᠲ᠋ᠧᠮ ᠲᠠᠢ ᠲᠥᠯᠥᠪᠯᠡᠭᠡ ᠬᠢᠵᠦ᠂ ᠮᠠᠨ ᠤ ᠤᠯᠤᠰ ᠤᠨ ᠰᠢᠨ᠎ᠡ ᠨᠢᠭᠡ | ᠡᠭᠡᠯᠵᠢ ᠶᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢᠨ ᠪᠦᠷᠢᠶ᠎ᠡ ᠶᠢ | ᠬᠠᠩᠭᠢᠨᠠᠭᠤᠯᠤᠭᠰᠠᠨ ᠪᠠᠶᠢᠨ᠎ᠠ᠃ ᠨᠡᠶᠢᠭᠡᠮ ᠤᠨ ᠪᠠ ᠪᠠᠶᠢᠭᠠᠯᠢ ᠶᠢᠨ ᠰᠢᠨᠵᠢᠯᠡᠬᠦ ᠣᠬᠠᠭᠠᠨ ᠭᠡᠵᠦ ᠦᠯᠤ ᠬᠤᠪᠢᠶᠠᠬᠤ᠂ | ᠣᠨᠴᠠᠯᠢᠭ ᠴᠢᠳᠠᠪᠤᠷᠢ ᠳᠤᠷ᠎ᠠ ᠰᠣᠨᠢᠷᠬᠠᠯ ᠢ ᠦᠨᠳᠦᠰᠦᠯᠡᠨ ᠬᠢᠴᠢᠶᠡᠯ ᠰᠣᠩᠭᠤᠬᠤ᠂ ᠤᠯᠠᠨ ᠪᠠᠷᠢᠮᠵᠢᠶ᠎ᠠ ᠪᠠᠷ | ᠴᠢᠳᠠᠪᠤᠷᠢᠲᠠᠨ ᠢ ᠰᠢᠯᠢᠨ ᠰᠣᠩᠭᠤᠬᠤ ᠵᠡᠷᠭᠡ ᠠᠯᠢ ᠤᠯᠠᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠰᠢᠯᠭᠠᠯᠲᠠ ᠶᠢᠨ ᠰᠢᠨ᠎ᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠨᠢ ᠪᠦᠬᠦ ᠲᠠᠯ᠎ᠠ ᠶᠢᠨ ᠮᠦᠷᠲᠡᠭᠡᠨ ᠥᠪᠡᠷᠮᠢᠴᠡ | ᠣᠨᠴᠠᠯᠢᠭ ᠲᠠᠢ ᠂ ᠣᠳᠣᠬᠢᠴᠢᠯᠠᠭᠰᠠᠨ ᠤᠯᠤᠰ ᠤᠨ ᠪᠦᠳᠦᠭᠡᠨ ᠪᠠᠶᠢᠭᠤᠯᠤᠯᠲᠠ ᠳᠤ ᠦᠢᠯᠡᠴᠢᠯᠡᠵᠦ ᠴᠢᠳᠠᠬᠤ | ᠴᠢᠳᠠᠪᠤᠷᠢᠲᠠᠨ ᠢ ᠬᠥᠮᠦᠵᠢᠭᠦᠯᠬᠦ ᠳᠤ ᠠᠰᠢᠭᠲᠠᠶ ᠶᠤᠮ᠃ | ᠴᠢᠳᠠᠪᠤᠷᠢᠲᠠᠨ ᠢ ᠬᠥᠮᠦᠵᠢᠭᠦᠯᠬᠦ ᠠᠷᠭ᠎ᠠ ᠮᠠᠶ᠋ᠢᠭ ᠤᠨ ᠬᠤᠪᠢᠰᠤᠯᠲᠠ ᠨᠢ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠱᠠᠲᠤᠨ ᠳᠤ ᠲᠥᠪᠯᠡᠷᠡᠩᠭᠦᠶ ᠢᠯᠡᠷᠡᠵᠦ ᠪᠠᠶᠢᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ2015 ᠣᠨ ᠤ 4 ᠳ᠋ᠦ᠋ᠭᠡᠷ ᠰᠠᠷ᠎ᠠ ᠳᠤ ᠨᠡᠶᠢᠲᠡᠯᠡᠭᠰᠡᠨ ︽ᠳᠡᠭᠡᠳᠦ ᠵᠡᠷᠭᠡ ᠶᠢᠨ ᠰᠤᠷᠭᠠᠭᠤᠯᠢ ᠶᠢᠨ | ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠲᠤᠬᠠᠶ ᠬᠡᠷᠡᠭᠵᠢᠭᠦᠯᠬᠦ ᠰᠠᠨᠠᠯ︾ ᠳᠤ ᠪᠦᠬᠦ ᠰᠤᠷᠤᠭᠴᠢᠳ ᠲᠤ ᠬᠠᠨᠳᠤᠭᠤᠯᠤᠭᠰᠠᠨ ᠰᠢᠨ᠎ᠡ ᠶᠢ ᠡᠭᠦᠳᠦᠨ ᠦᠢᠯᠡᠰ | ᠴᠣᠭᠴᠠᠯᠠᠬᠤ ᠰᠤᠷᠭᠠᠨ ᠬᠥᠮᠦᠵᠢᠯ ᠤᠨ ᠲᠤᠰᠬᠠᠶ ᠬᠢᠴᠢᠶᠡᠯᠯᠡᠭᠡ ᠶᠢᠨ ᠪᠦᠯᠦᠭ ᠢ ᠪᠠᠶᠢᠭᠤᠯᠣᠨ᠎ᠠ ᠭᠡᠵᠦ ᠳᠤᠷᠠᠳᠤᠭᠰᠠᠨ | ᠪᠠᠶᠢᠨ᠎ᠠ᠃ ᠲᠤᠰ ᠵᠢᠯ ᠤᠨ 10 ᠳ᠋ᠤᠭᠠᠷ ᠰᠠᠷ᠎ᠠ ᠳᠤ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ︽ | ᠢᠨᠲ᠋ᠧᠷᠨᠧᠲ +︾ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠤᠷᠤᠯᠳᠤᠭᠠᠨ ᠤ ᠰᠢᠢᠳᠪᠦᠷᠢᠲᠦ | ᠤᠷᠤᠯᠳᠤᠭᠠᠨ ᠨᠢ ᠭᠢᠷᠢᠨ ᠶᠡᠭᠡ ᠰᠤᠷᠭᠠᠭᠤᠯᠢ ᠳᠤ ᠶᠠᠪᠤᠭᠳᠠᠵᠤ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠨᠢ | ᠶᠡᠭᠡ ᠰᠤᠷᠭᠠᠭᠤᠯᠢ ᠶᠢᠨ ᠬᠦᠷᠢᠶᠡᠨ ᠤ ᠰᠢᠨ᠎ᠡ ᠬᠠᠯᠠᠮᠰᠢᠯ ᠪᠣᠯᠪᠠ᠃ | ᠡᠷᠡᠮᠡᠬᠡᠶᠢᠯᠡᠨ ᠤᠷᠤᠭᠰᠢᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠎ᠡ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ | ᠴᠢᠳᠠᠪᠤᠷᠢᠲᠠᠨ ᠢ ᠬᠥᠮᠦᠵᠢᠭᠦᠯᠬᠦ ᠪᠠᠷᠢᠮᠵᠢᠶ᠎ᠠ ᠳᠤ ᠲᠠᠰᠤᠷᠠᠯᠲᠠ ᠥᠬᠡᠶ ᠵᠠᠰᠠᠪᠤᠷᠢ ᠣᠷᠤᠭᠤᠯᠣᠨ᠂ ᠵᠢᠭᠠᠨ ᠰᠤᠷᠭᠠᠵᠤ | ᠬᠥᠮᠦᠨ ᠢ ᠬᠥᠮᠦᠵᠢᠭᠦᠯᠬᠦ ᠲᠣᠭᠲᠠᠴᠠ ᠳᠤ ᠥᠭᠡᠷᠡᠴᠢᠯᠡᠯᠲᠡ ᠬᠢᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ᠂ ᠦᠢᠯᠡᠰ ᠪᠤᠰᠬᠠᠬᠤ ᠦᠢᠯᠡᠳᠦᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠦᠢᠯᠡᠰ ᠴᠣᠭᠴᠠᠯᠠᠬᠤ ᠶᠢ | ᠬᠠᠪᠰᠤᠷᠤᠨ ᠲᠡᠳᠬᠦᠬᠦ ᠲᠣᠭᠲᠠᠯᠴᠠᠭ᠎ᠠ ᠶᠢ ᠪᠠᠶᠢᠭᠤᠯᠵᠤ᠂ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠰᠤᠷᠭᠠᠨ | ᠬᠥᠮᠦᠵᠢᠯ ᠪᠠ ᠲᠤᠰᠬᠠᠶ ᠮᠡᠷᠭᠡᠵᠢᠯ ᠤᠨ ᠰᠤᠷᠭᠠᠨ ᠬᠥᠮᠦᠵᠢᠯ ᠢ ᠣᠷᠭᠠᠨᠢᠭ ᠢᠶᠠᠷ ᠠᠭᠤᠰᠣᠯᠴᠠᠭᠤᠯᠬᠤ ᠶᠢ ᠠᠬᠢᠭᠤᠯᠵᠤ᠂ | ᠨᠡᠪᠴᠢᠭᠦᠯᠬᠦ ᠲᠠᠪᠴᠠᠩ ᠢ ᠲᠠᠰᠤᠷᠠᠯᠲᠠ ᠦᠭᠡᠢ ᠴᠢᠩᠭᠠᠳᠬᠠᠵᠤ᠂ ᠦᠢᠯᠡᠰ ᠴᠣᠭᠴᠠᠯᠠᠬᠤ ᠰᠠᠭᠤᠷᠢ ᠮᠥᠩᠭᠦ᠂ | ᠠᠵᠢᠯ ᠲᠥᠷᠥᠯ ᠤᠨ ᠵᠢᠯᠣᠭᠤᠳᠣᠭᠴᠢ ᠪᠠᠭᠰᠢ ᠶᠢᠨ ᠬᠥᠮᠥᠷᠭᠡ ᠵᠡᠷᠭᠡ ᠲᠤᠯᠭᠠᠭᠤᠷᠢᠯᠠᠬᠤ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠪᠠ᠃ | ︽ᠡᠨᠡ ᠪᠣᠯ ᠨᠢᠭᠡᠨ ᠦᠵᠡᠯ ᠰᠠᠨᠠᠭ᠎ᠠ ᠲᠠᠢ᠂ ᠬᠠᠶᠢᠷ᠎ᠠ ᠰᠡᠳᠬᠢᠯᠭᠡ ᠲᠠᠢ᠂ ᠢᠷᠡᠭᠡᠳᠦᠶ ᠲᠠᠢ ᠺᠣᠮᠫᠠᠨᠢ ᠮᠦᠨ︾ | ᠃ 2017 ᠣᠨ ᠤ 9 ᠳ᠋ᠦ᠋ᠭᠡᠷ ᠰᠠᠷ᠎ᠠ ᠳᠤ ᠶᠠᠪᠤᠭᠳᠠᠭᠰᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ︽ | ᠢᠨᠲ᠋ᠧᠷᠨᠧᠲ +︾ ᠤᠶᠤᠲᠠᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠤᠷᠤᠯᠳᠤᠭᠠᠨ ᠳᠡᠭᠡᠷ᠎ᠡ᠂ | ᠱᠧᠨᠵᠧᠨ ᠤ ᠳ᠋ᠠ ᠰᠢ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠺᠣᠮᠫᠠᠨᠢ ᠶᠢᠨ ᠪᠡᠯᠡ ᠣᠷᠣᠭᠤᠯᠤᠭᠴᠢ | ᠭᠤᠣ ᠢᠦᠢ ᠬᠤ᠋ ᠠᠴᠠ ︽ᠥᠴᠦᠬᠡᠨ ᠳᠦᠭᠦᠷᠡᠩ ᠠᠮᠤ ᠪᠤᠳᠠᠭᠠᠨ ᠤ ᠬᠥᠮᠥᠷᠭᠡ︾ ᠵᠢᠨᠲ᠋ᠦ᠋ᠷᠦᠯ ᠵᠦᠢᠯ ᠢ ᠢᠩᠭᠢᠵᠦ | ᠦᠨᠡᠯᠡᠭᠰᠡᠨ ᠪᠠᠶᠢᠨ᠎ᠠ᠃ | ︽ᠥᠴᠦᠬᠡᠨ ᠳᠦᠭᠦᠷᠡᠩ ᠠᠮᠤ ᠪᠤᠳᠠᠭᠠᠨ ᠤ ᠬᠥᠮᠥᠷᠭᠡ︾ ᠨᠢ ᠲᠠᠷᠢᠶᠠᠯᠠᠩ ᠤᠨ ᠪᠦᠲᠦᠭᠡᠭᠳᠡᠬᠦᠨ ᠤ | ᠡᠯᠧᠺᠲᠷᠣᠨ ᠬᠤᠳᠠᠯᠳᠤᠭ᠎ᠠ ᠳᠤ ᠬᠦᠴᠦᠯᠡᠨ ᠴᠢᠷᠮᠠᠶᠢᠵᠤ᠂ ᠲᠠᠷᠢᠶᠠᠴᠢᠨ ᠡᠷᠦᠬᠡ ᠪᠠᠷ ᠳᠠᠮᠵᠢᠵᠤ ᠵᠠᠯᠭᠠᠨ᠂ | ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠬᠤ ᠠᠰᠠᠭᠤᠳᠠᠯ ᠢ ᠬᠠᠪᠰᠤᠷᠤᠨ ᠰᠢᠢᠳᠪᠦᠷᠢᠯᠡᠬᠦ ᠶᠢ ᠴᠢᠷᠮᠠᠶᠢᠳᠠᠭ᠃ | ᠲᠦᠷᠦᠯ ᠵᠦᠢᠯ ᠤᠨ ᠬᠠᠷᠢᠭᠤᠴᠠᠯᠭᠠᠲᠠᠨ ᠵᠠᠩ ᠸᠠᠩ᠂ ᠰᠢ ᠠᠨ ᠤ ᠡᠯᠧᠺᠲᠷᠣᠨ ᠰᠢᠨᠵᠢᠯᠡᠭᠡ ᠮᠡᠷᠭᠡᠵᠢᠯ ᠤᠨ ᠶᠡᠭᠡ | ᠰᠤᠷᠭᠠᠭᠤᠯᠢ ᠠᠴᠠ ᠲᠡᠭᠦᠰᠴᠦ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ︽ ᠢᠨᠲ᠋ᠧᠷᠨᠧᠲ +︾ | ᠤᠶᠤᠲᠠᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠤᠷᠤᠯᠳᠤᠭᠠᠨ ᠤ ︽ᠤᠷᠢ ᠵᠠᠯᠠᠭᠤ ᠨᠠᠰᠤᠨ ᠤ | ᠬᠤᠪᠢᠰᠬᠠᠯ ᠤᠨ ᠬᠥᠮᠦᠵᠢᠯ ᠤᠨ ᠬᠦᠰᠡᠯ ᠢᠶᠠᠨ ᠲᠡᠷᠭᠡᠯᠰᠢᠭᠦᠯᠬᠦ ᠠᠶᠠᠨ︾ ᠦᠢᠯᠡᠳᠦᠯᠭᠡ ᠶᠢᠨ ᠪᠦᠯᠬᠦᠮ ᠤᠨ ᠶᠡᠷᠦᠩᠬᠡᠶ | ᠱᠦᠵᠢ ᠰᠢ ᠶᠢᠨ ᠫᠢᠩ ᠳᠤ ᠵᠠᠬᠢᠳᠠᠯ ᠪᠢᠴᠢᠬᠦ ᠶᠢ ᠰᠠᠨᠠᠭᠠᠴᠢᠯᠠᠭᠴᠢ ᠶᠢᠨ ᠨᠢᠭᠡ ᠨᠢ ᠪᠠᠶᠢᠵᠤ᠂ ᠶᠡᠷᠦᠩᠬᠡᠶ ᠱᠦᠵᠢ ᠶᠢᠨ | ᠬᠠᠷᠢᠭᠤ ᠵᠠᠬᠢᠳᠠᠯ ᠳᠤ ᠵᠠᠯᠠᠭᠤ ᠨᠢᠭᠡ ᠦᠶ᠎ᠡ ᠶᠢᠨ ᠬᠢᠨ ᠳᠤ ᠲᠠᠯᠪᠢᠵᠤ ᠪᠠᠶᠢᠭ᠎ᠠ ᠵᠠᠯᠠᠭᠤ ᠨᠠᠰᠤ ᠪᠣᠯᠣᠨ ᠡᠭᠦᠷᠭᠡ | ᠬᠠᠷᠢᠭᠤᠴᠠᠯᠭ᠎ᠠ ᠳᠠᠭᠠᠨ ᠦᠯᠦ ᠣᠰᠣᠯᠳᠠᠬᠤ ᠨᠠᠨᠳᠢᠨ ᠬᠦᠰᠡᠯ ᠨᠠᠶᠢᠳᠠᠯᠭ᠎ᠠ ᠨᠢ ᠲᠡᠭᠦᠨ ᠳᠤ ᠮᠠᠰᠢ ᠶᠡᠭᠡ | ᠵᠣᠷᠢᠭᠵᠢᠭᠤᠯᠤᠯ ᠪᠣᠯᠵᠠᠢ᠃ | ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠨᠡᠶᠢᠭᠡᠮ | ᠵᠢᠷᠤᠮᠲᠤ ᠣᠳᠣᠬᠢᠴᠢᠯᠠᠯᠲᠠ ᠶᠢ ᠪᠡᠶᠡᠯᠡᠭᠦᠯᠵᠦ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠳᠤ ᠪᠦᠯᠦᠭ ᠪᠦᠯᠦᠭ ᠮᠣᠷᠠᠯ ᠴᠢᠳᠠᠪᠤᠷᠢ ᠬᠤᠣᠰᠯᠠᠭᠰᠠᠨ ᠠᠮᠵᠢᠯᠲᠠ ᠪᠦᠲᠦᠮᠵᠢᠲᠡᠢ | ᠴᠢᠳᠠᠪᠤᠷᠢᠲᠡᠳ ᠲᠡᠭᠦᠨ ᠤ ᠲᠥᠯᠥᠭᠡ ᠲᠡᠮᠡᠴᠡᠬᠦ ᠴᠢᠬᠤᠯᠠᠲᠠᠢ︾ ᠭᠡᠬᠦ ᠶᠡᠷᠦᠩᠬᠡᠢ ᠱᠦᠵᠢ ᠰᠢ ᠶᠢᠨ ᠫᠢᠩ ᠤᠨ ᠦᠭᠡ | ᠨᠢ ᠬᠥᠮᠥᠰ ᠢ ᠭᠦᠨ ᠰᠡᠩᠬᠡᠷᠡᠭᠦᠯᠦᠭᠰᠡᠨ ᠶᠤᠮ᠃ | ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠬᠦᠰᠡᠯ ᠤᠨ ᠵᠠᠮ ᠳᠡᠭᠡᠷ᠎ᠡ | ᠣᠷᠤᠭᠰᠢᠯᠠᠵᠤ ᠪᠠᠶᠢᠭ᠎ᠠ ᠳᠤᠮᠳᠠᠳᠤ ᠤᠯᠤᠰ᠂ ᠴᠢᠳᠠᠪᠤᠷᠢᠲᠠᠨ ᠢ ᠬᠦᠰᠡᠨ ᠡᠷᠡᠮᠡᠯᠵᠡᠵᠦ ᠪᠠᠶᠢᠬᠤ ᠨᠢ ᠠᠯᠢ ᠴᠤ | ᠦᠶ᠎ᠡ ᠶᠢᠨ ᠬᠢ ᠠᠴᠠ ᠪᠦᠷ ᠴᠢᠩᠭ᠎ᠠ ᠲᠤᠯᠭᠠᠮ᠎ᠠ ᠪᠠᠶᠢᠨ᠎ᠠ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ | ᠣᠳᠣᠬᠢᠴᠢᠯᠠᠯᠲᠠ ᠶᠢᠨ ᠠᠵᠢᠯ ᠦᠢᠯᠡᠰ ᠢ ᠪᠦᠲᠦᠭᠡᠬᠦ ᠣᠷᠣᠨ ᠵᠠᠶ ᠨᠢ ᠠᠯᠢ ᠴᠤ ᠦᠶ᠎ᠡ ᠠᠴᠠ ᠪᠦᠷ ᠥᠷᠭᠡᠨ | ᠠᠭᠤᠳᠠᠮ ᠪᠠᠶᠢᠨ᠎ᠠ᠃ | ︵ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢᠦ ᠢ ᠹᠠᠨ᠂ ᠼᠠᠢ ᠵᠢᠶ ᠯᠧ︶ | |