| — ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠪᠥᠬᠦ ᠤᠯᠤᠰ ᠤᠨ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠤᠭᠰᠠᠨ ᠪᠣᠳᠠᠲᠤ | ᠲᠡᠮᠳᠡᠭᠯᠡᠯ | | ᠬᠤᠶᠠᠷ ᠬᠡᠤᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠨᠡᠶᠢᠳᠡᠮ ᠬᠡᠷᠡᠭᠵᠢᠭᠦᠯᠦᠭᠰᠡᠨ ᠤ ᠳᠠᠷᠠᠭ᠎ᠠ ︽ | ᠴᠡᠴᠡᠷᠯᠢᠭ ᠲᠤ ᠣᠷᠣᠬᠤ ᠬᠦᠴᠢᠷᠳᠡᠯ︾ ᠨᠡᠩ ᠢᠯᠡᠷᠬᠡᠶ ᠪᠣᠯᠣᠭᠰᠠᠨ ᠳᠤ ᠴᠢᠭᠯᠡᠭᠦᠯᠦᠨ᠂ ᠲᠦᠷᠦ ᠶᠢᠨ ᠶᠠᠪᠤᠳᠠᠯ ᠤᠨ | ᠬᠤᠷᠢᠶ᠎ᠠ ᠵᠠᠯᠭᠠᠭ᠎ᠠ ᠪᠠᠷ 3 ᠬᠤᠭᠤᠴᠠᠭᠠᠨ ᠤ ︽ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠲᠣᠭᠲᠠᠭᠠᠵᠤ᠂ ᠶᠡᠷᠦᠩᠬᠡᠶ ᠬᠡᠮᠵᠢᠶ᠎ᠡ ᠶᠢ ᠦᠷᠭᠡᠳᠭᠡᠨ᠂ | ᠪᠦᠲᠦᠴᠡ ᠳᠤ ᠲᠤᠬᠢᠷᠠᠭᠤᠯᠤᠯᠲᠠ ᠬᠢᠵᠦ᠂ ᠲᠣᠭᠲᠠᠯᠴᠠᠭ᠎ᠠ ᠶᠢ ᠪᠠᠶᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠪᠡ᠃ | ᠲᠥᠪ ᠤᠨ ᠡᠳ᠋ ᠤᠨ ᠵᠠᠰᠠᠭ ᠠᠴᠠ ᠲᠤᠰᠬᠠᠶ ᠵᠦᠢᠯ ᠤᠨ ᠪᠡᠯᠡ ᠮᠥᠩᠭᠦ 1000 ᠭᠠᠷᠤᠶ ᠳ᠋ᠦᠩᠰᠢᠭᠤᠷ ᠲᠥᠭᠦᠷᠢᠭ | ᠣᠷᠣᠭᠤᠯᠵᠤ᠂ ᠳᠤᠮᠳᠠᠳᠤ ᠬᠡᠰᠡᠭ ᠪᠠ ᠪᠠᠷᠠᠭᠤᠨ ᠬᠡᠰᠡᠭ ᠤᠨ ᠬᠥᠳᠡᠭᠡ ᠲᠣᠰᠬᠤᠨ ᠤ ᠭᠠᠵᠠᠷ ᠣᠷᠣᠨ ᠳᠤ | ᠬᠡᠤᠬᠡᠳ ᠤᠨ ᠴᠡᠴᠡᠷᠯᠢᠭ ᠥᠷᠭᠡᠳᠬᠡᠨ ᠪᠠᠶᠢᠭᠤᠯᠬᠤ ᠶᠢ ᠲᠤᠰᠠᠯᠠᠨ᠂ ᠲᠦᠭᠡᠮᠡᠯ ᠬᠠᠷᠠᠭᠠᠯᠵᠠᠯᠲᠤ ᠠᠷᠠᠳ ᠠᠴᠠ | ᠡᠷᠬᠢᠯᠡᠭᠰᠡᠨ ᠬᠡᠦᠬᠡᠳ ᠤᠨ ᠴᠡᠴᠡᠷᠯᠢᠭ ᠢ ᠲᠡᠳᠭᠦᠨ ᠳᠠᠮᠵᠢᠵᠤ᠂ ᠮᠠᠨ ᠤ ᠤᠯᠤᠰ ᠤᠨ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠠᠪᠠᠯᠳᠠᠳᠤ ᠬᠥᠭᠵᠢᠯᠲᠡ ᠶᠢ ᠪᠡᠶᠡᠯᠡᠭᠦᠯᠪᠡ᠃ ︽ | ᠰᠤᠷᠤᠯᠴᠠᠬᠤ ᠠᠴᠠ ᠰᠤᠷᠭᠠᠭᠤᠯᠢ ᠪᠠᠶᠢᠬᠤ︾ ᠠᠴᠠ ︽ᠰᠠᠶᠢᠨ ᠰᠤᠷᠭᠠᠭᠤᠯᠢ ᠳᠤ ᠰᠤᠷᠤᠯᠴᠠᠬᠤ︾ ᠪᠣᠯᠵᠤ᠂ ︽ | ᠰᠤᠷᠭᠠᠭᠤᠯᠢ ᠳᠤ ᠰᠠᠭᠤᠬᠤ ᠳᠤ ᠪᠡᠷᠬᠡ︾ ᠠᠴᠠ ︽ᠭᠡᠷ ᠤᠨ ᠡᠭᠦᠳᠡᠨ ᠳᠠᠬᠢ ᠪᠠᠲᠤᠯᠠᠭ᠎ᠠ ᠲᠠᠢ ᠴᠡᠴᠡᠷᠯᠢᠭ ᠲᠤ | ᠰᠠᠭᠤᠬᠤ︾ ᠪᠣᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠨᠢᠭᠡ ᠨᠢᠭᠡ ᠠᠯᠬᠤᠮ ᠢᠶᠠᠷ | ᠣᠷᠣᠭᠰᠢᠯᠠᠵᠤ᠂ ᠠᠷᠠᠳ ᠢᠷᠭᠡᠳ ᠤᠨ ᠬᠦᠰᠡᠯ ᠡᠷᠡᠮᠡᠯᠵᠡᠯ ᠠᠯᠬᠤᠮ ᠠᠯᠬᠤᠮ ᠢᠶᠠᠷ ᠪᠣᠳᠠᠲᠤ ᠠᠬᠤᠶ ᠪᠣᠯᠤᠨ | ᠬᠤᠪᠢᠷᠠᠵᠤ ᠪᠠᠶᠢᠨ᠎ᠠ᠃ | ᠳᠤᠮᠳᠠᠳᠤ ᠤᠯᠤᠰ ᠤᠨ ᠬᠡᠦᠬᠡᠳ ᠤᠨ ᠰᠤᠷᠭᠠᠨ ᠬᠥᠮᠦᠵᠢᠯ ᠤᠨ ᠣᠨ ᠤ ᠬᠤᠷᠠᠯ ᠤᠨ ᠨᠠᠷᠢᠨ ᠪᠢᠴᠢᠭ ᠤᠨ | ᠳᠠᠷᠤᠭ᠎ᠠ ᠰᠦᠨ ᠭᠠᠩ ᠰᠤᠷᠪᠤᠯᠵᠢᠯᠠᠭᠴᠢ ᠳᠤ ᠬᠡᠯᠡᠭᠰᠡᠨ ᠨᠢ᠂ 2012 ᠣᠨ ᠳᠤ ᠮᠠᠨ ᠤ ᠤᠯᠤᠰ ᠤᠨ ᠬᠡᠦᠬᠡᠳ ᠤᠨ | ᠴᠡᠴᠡᠷᠯᠢᠭ ᠤᠨ ᠶᠡᠷᠦᠩᠬᠡᠶ ᠲᠤᠭ᠎ᠠ 18.13 ᠲᠦᠮᠡᠨ ᠰᠠᠭᠤᠷᠢ᠂ ᠴᠡᠴᠡᠷᠯᠢᠭ ᠲᠤ ᠪᠠᠶᠢᠭ᠎ᠠ ᠬᠡᠤᠬᠡᠳ ᠤᠨ | ᠶᠡᠷᠦᠩᠬᠡᠶ ᠲᠤᠭ᠎ᠠ 3686 ᠲᠦᠮᠡᠨ ᠬᠥᠮᠦᠨ᠂ ᠴᠡᠴᠡᠷᠯᠢᠭ ᠲᠤ ᠣᠷᠣᠬᠤ ᠪᠣᠷᠣ ᠨᠤᠷᠮ᠎ᠠ ᠨᠢ 64.6% ᠪᠠᠶᠢᠵᠤ᠂ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠵᠠᠷᠤᠴᠠᠭᠤᠯᠤᠭᠰᠠᠨ ᠶᠡᠷᠦᠩᠬᠡᠶ ᠵᠠᠷᠤᠳᠠᠯ | 1503 ᠳ᠋ᠦᠩᠰᠢᠭᠤᠷ ᠲᠥᠭᠦᠷᠢᠭ ᠪᠣᠯᠤᠨ᠎ᠠ᠃ 2017 ᠣᠨ ᠪᠣᠯᠬᠤ ᠳᠤ᠂ ᠬᠡᠦᠬᠡᠳ ᠤᠨ ᠴᠡᠴᠡᠷᠯᠢᠭ ᠤᠨ | ᠶᠡᠷᠦᠩᠬᠡᠶ ᠲᠤᠭ᠎ᠠ 25.20 ᠲᠦᠮᠡᠨ ᠰᠠᠭᠤᠷᠢ ᠪᠣᠯᠲᠠᠯ᠎ᠠ ᠳᠡᠭᠡᠭᠰᠢᠯᠡᠪᠡ᠃ ᠴᠡᠴᠡᠷᠯᠢᠭ ᠲᠤ ᠪᠠᠶᠢᠭ᠎ᠠ ᠬᠡᠤᠬᠡᠳ ᠤᠨ | ᠶᠡᠷᠦᠩᠬᠡᠶ ᠲᠤᠭ᠎ᠠ 4600 ᠲᠦᠮᠡᠨ ᠬᠥᠮᠦᠨ ᠬᠦᠷᠴᠦ᠂ ᠴᠡᠴᠡᠷᠯᠢᠭ ᠲᠤ ᠣᠷᠣᠬᠤ ᠪᠣᠷᠣ ᠨᠣᠷᠮ᠎ᠠ 79.6% | ᠪᠣᠯᠵᠣ᠂ ᠪᠥᠬᠦ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠵᠠᠷᠤᠴᠠᠭᠤᠯᠤᠭᠰᠠᠨ | ᠶᠡᠷᠦᠩᠬᠡᠶ ᠵᠠᠷᠤᠳᠠᠯ 3255 ᠳ᠋ᠦᠩᠰᠢᠭᠤᠷ ᠲᠥᠭᠦᠷᠢᠭ ᠲᠤ ᠬᠦᠷᠪᠡ᠃ | ᠳᠠᠰᠤᠷᠠᠯᠳᠠ ᠦᠬᠡᠢ ᠨᠡᠮᠡᠭᠳᠡᠵᠦ ᠪᠠᠶᠢᠭ᠎ᠠ ᠲᠤᠭ᠎ᠠ ᠪᠠᠷᠢᠮᠲᠠ ᠶᠢᠨ ᠠᠷᠤ ᠳᠤ ᠨᠢ ᠭᠡᠷ ᠪᠦᠯᠢ ᠶᠢᠨ ᠲᠠᠶᠢᠪᠤᠭᠤ | ᠰᠡᠳᠭᠢᠯ᠂ ᠬᠡᠦᠬᠡᠳ ᠤᠨ ᠢᠨᠢᠶᠡᠮᠰᠦᠩᠭᠦᠶ ᠴᠢᠷᠠᠢ ᠲᠣᠨᠤᠷᠠᠬᠤ ᠶᠤᠮ᠃ ᠶᠡᠭᠡ ᠬᠡᠮᠵᠢᠶᠡᠨ ᠤ ᠰᠢᠨ᠎ᠡ ᠪᠠᠷ | ᠪᠠᠶᠢᠭᠤᠯᠤᠭᠰᠠᠨ ᠬᠡᠦᠬᠡᠳ ᠤᠨ ᠴᠡᠴᠡᠷᠯᠢᠭ ᠪᠣᠯ ᠰᠠᠭᠤᠷᠢ ᠲᠤᠯᠭᠠᠭᠤᠷᠢ ᠮᠦᠨ᠂ ᠡᠭᠦᠨ ᠤ ᠳᠣᠲᠣᠷᠠᠬᠢ ᠵᠣᠩᠬᠢᠯᠠᠬᠤ | ᠤᠯᠠᠨ ᠲᠤᠭ᠎ᠠ ᠨᠢ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠪᠣᠯᠣᠨ᠎ᠠ᠂ ᠡᠳ᠋ ᠤᠨ ᠵᠠᠰᠠᠭ ᠠᠴᠠ ᠮᠦᠩᠭᠦ | ᠪᠠᠭᠤᠯᠭᠠᠨ᠂ ᠵᠠᠰᠠᠭ ᠤᠨ ᠣᠷᠳᠣᠨ ᠨᠥᠬᠦᠪᠥᠷᠢ ᠦᠭᠴᠦ᠂ ᠴᠡᠴᠡᠷᠯᠢᠭ ᠡᠷᠬᠢᠯᠡᠬᠦ ᠥᠪᠡᠷ ᠤᠨ ᠦᠷᠳᠡᠭ ᠢ | ᠪᠠᠭᠤᠷᠠᠭᠤᠯᠤᠨ᠂ ᠠᠰᠠᠷᠠᠨ ᠬᠥᠮᠦᠵᠢᠭᠦᠯᠬᠦ ᠵᠠᠷᠤᠳᠠᠯ ᠢ ᠪᠠᠭᠤᠷᠠᠭᠤᠯᠤᠭᠰᠠᠨ ᠠᠴᠠ ᠠᠷᠠᠳ ᠢᠷᠭᠡᠳ ᠲᠤ ᠦᠨᠡᠨ ᠬᠦ | ᠠᠰᠢᠭ ᠲᠤᠰᠠ ᠬᠦᠷᠲᠡᠭᠡᠪᠡ᠃ | 2017 ᠣᠨ ᠤ 4 ᠰᠠᠷ᠎ᠠ ᠳᠤ᠂ ᠰᠤᠷᠭᠠᠨ ᠬᠥᠮᠦᠵᠢᠯ ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠤᠨ | ᠪᠠᠭᠤᠯᠭᠠᠵᠤ ᠲᠠᠷᠬᠠᠭᠠᠭᠰᠠᠨ ︽ᠭᠤᠷᠪᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠬᠦ ᠲᠤᠬᠠᠶ ᠰᠠᠨᠠᠯ︾ ᠳᠤ ᠳᠤᠷᠠᠳᠤᠭᠰᠠᠨ ᠨᠢ᠄ 2020 | ᠣᠨ ᠪᠣᠯᠬᠤ ᠳᠤ ᠥᠷᠭᠡᠨ ᠬᠡᠪᠴᠢᠶ᠎ᠡ ᠪᠠᠷ ᠬᠠᠮᠤᠷᠬᠤ᠂ ᠦᠨᠳᠦᠰᠦᠨ ᠵᠦᠢᠯ ᠢ ᠪᠠᠲᠤᠯᠠᠬᠤ᠂ ᠴᠢᠨᠠᠷ ᠰᠠᠶᠢᠲᠠᠶ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ᠃ ᠪᠥᠬᠦ ᠤᠯᠤᠰ ᠤᠨ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠭᠤᠷᠪᠠᠨ ᠵᠢᠯ ᠤᠨ ᠴᠡᠴᠡᠷᠯᠢᠭ ᠲᠤ ᠣᠷᠣᠬᠤ ᠪᠣᠷᠣ ᠨᠣᠷᠮ᠎ᠠ ᠶᠢ 85% ᠳᠤ ᠬᠦᠷᠭᠡᠵᠤ᠂ ᠲᠦᠭᠡᠮᠡᠯ ᠬᠠᠷᠠᠭᠠᠯᠵᠠᠯᠲᠤ | ᠴᠡᠴᠡᠷᠯᠢᠭ ᠤᠨ ᠬᠠᠮᠤᠷᠬᠤ ᠨᠣᠷᠮ᠎ᠠ ᠶᠢ 80% ᠣᠷᠴᠢᠮ ᠳᠤ ᠬᠦᠷᠭᠡᠨ᠎ᠡ ᠭᠡᠵᠡᠢ᠃ | ᠡᠯ᠎ᠡ ᠮᠤᠵᠢ᠂ ᠬᠤᠲᠠ ︵ᠥᠪᠡᠷᠲᠡᠭᠡᠨ ᠵᠠᠰᠠᠬᠤ ᠣᠷᠣᠨ︶ ᠦᠳᠲᠡᠷ ᠲᠦᠷᠭᠡᠨ ᠬᠦᠳᠡᠯᠦᠯᠴᠡᠪᠡ᠃ ᠡᠨᠡ | ᠵᠢᠯ ᠤᠨ ᠡᠬᠢᠨ ᠳᠤ᠂ ᠪᠡᠭᠡᠵᠢᠩ ᠬᠤᠲᠠ ︽ᠡᠯ᠎ᠡ ᠵᠡᠭᠡᠯᠢ ᠭᠤᠳᠤᠮᠵᠢ ᠶᠢᠨ ᠬᠢᠨ ᠴᠥᠮ ᠨᠢᠭᠡᠨ ᠰᠠᠭᠤᠷᠢ ᠲᠦᠭᠡᠮᠡᠯ | ᠬᠠᠷᠠᠭᠠᠯᠵᠠᠯᠲᠤ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠨ᠎ᠠ︾ ᠭᠡᠵᠦ ᠳᠣᠷᠠᠳᠤᠪᠠ᠂ ᠴᠦᠩᠴᠢᠩ ᠬᠤᠲᠠ | ᠡᠨᠡ ᠵᠢᠯ ᠤᠨ ᠡᠴᠦᠰ ᠪᠣᠯᠲᠠᠯ᠎ᠠ᠂ ᠲᠦᠭᠡᠮᠡᠯ ᠬᠠᠷᠠᠭᠠᠯᠵᠠᠯᠲᠤ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ | ᠰᠢᠨ᠎ᠡ ᠪᠠᠷ 50 ᠰᠠᠭᠤᠷᠢ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠰᠢᠨ᠎ᠡ ᠪᠠᠷ 332 ᠰᠠᠭᠤᠷᠢ | ᠪᠠᠶᠢᠭᠤᠯᠤᠨ᠎ᠠ ᠭᠡᠵᠤ ᠱᠠᠭᠠᠷᠳᠠᠪᠠ᠂ ᠵᠧᠵᠢᠶᠠᠩ ᠮᠤᠵᠢ 2020 ᠣᠨ ᠪᠣᠯᠬᠤ ᠳᠤ ᠲᠦᠭᠡᠮᠡᠯ ᠬᠠᠷᠠᠭᠠᠯᠵᠠᠯᠲᠤ | ᠴᠡᠴᠡᠷᠯᠢᠭ ᠤᠨ ᠬᠠᠷᠢᠴᠠᠯ ᠢ 83% ᠪᠣᠯᠭᠠᠨ᠎ᠠ ᠭᠡᠵᠤ ᠲᠣᠳᠣᠷᠬᠠᠶᠢᠯᠠᠪᠠ᠃ | ᠡᠭᠦᠨ ᠳᠤ ᠬᠡᠦᠬᠡᠳ ᠤᠨ ᠴᠡᠴᠡᠷᠯᠢᠭ ᠤᠨ ᠡᠷᠳᠡᠮ ᠤᠨ ᠴᠣᠯᠠ ᠪᠠᠶᠢᠬᠤ ᠪᠠᠷ ᠪᠠᠷᠠᠬᠤ ᠦᠭᠡᠢ ᠪᠠᠰᠠ ᠲᠤᠰᠬᠠᠶ | ᠲᠤᠰᠢᠶᠠᠯ ᠲᠠᠢ ᠪᠠᠭᠰᠢ ᠨᠡᠮᠡᠭᠳᠡᠭᠰᠡᠨ ᠪᠠᠶᠢᠨ᠎ᠠ᠃ ᠡᠯ᠎ᠡ ᠭᠠᠵᠠᠷ ᠨᠢ ᠢᠯᠡ ᠪᠠᠷ ᠰᠢᠯᠭᠠᠨ ᠡᠯᠰᠡᠬᠦ᠂ ᠰᠦᠢᠳᠭᠡᠯ | ᠬᠤᠷᠢᠶᠠᠬᠤ ᠦᠭᠡᠢ ᠪᠠᠭᠰᠢ ᠶᠢᠨ ᠮᠡᠷᠭᠡᠵᠢᠯ ᠤᠨ ᠣᠶᠣᠲᠠᠳ᠂ ᠣᠷᠣᠨ ᠲᠤᠭ᠎ᠠ ᠶᠢ ᠬᠢᠨᠠᠨ ᠲᠣᠭᠲᠠᠭᠠᠨ ᠵᠠᠰᠠᠭ ᠤᠨ | ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠬᠡᠤᠬᠡᠳ ᠤᠨ | ᠴᠡᠴᠡᠷᠯᠢᠭ ᠤᠨ ᠪᠠᠭᠰᠢ ᠶᠢ ᠭᠦᠢᠴᠡᠳ ᠨᠥᠬᠦᠪᠥᠷᠢᠯᠡᠬᠦ ᠪᠠ ᠲᠣᠬᠢᠷᠠᠭᠤᠯᠤᠭᠰᠠᠨ ᠪᠠᠶᠢᠨ᠎ᠠ᠃ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠰᠬᠠᠶ ᠪᠠᠭᠰᠢ ᠶᠢᠨ ᠲᠤᠭ᠎ᠠ 2012 ᠣᠨ ᠳᠤ147.9 | ᠲᠦᠮᠡᠨ ᠬᠥᠮᠦᠨ ᠪᠠᠶᠢᠭᠰᠠᠨ ᠠᠴᠠ 2017 ᠣᠨ ᠪᠣᠯᠬᠤ ᠳᠤ 243.2 ᠲᠦᠮᠡᠨ ᠬᠥᠮᠦᠨ ᠪᠣᠯᠵᠤ᠂ 64% ᠪᠠᠷ | ᠨᠡᠮᠡᠭᠳᠡᠪᠡ᠃ | ᠬᠤᠸᠠᠨᠠᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠴᠡᠴᠡᠷᠯᠢᠭ ᠤᠨ ᠵᠠᠬᠢᠷᠤᠯ ᠡᠦ | ᠳ᠋ᠦᠩ ᠮᠧᠢ ᠬᠡᠯᠡᠭᠰᠡᠨ ᠨᠢ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯᠲᠠᠨ | ᠪᠣᠯᠣᠭᠰᠠᠨ ᠤ ᠬᠤᠪᠢ ᠳᠤ᠂ ᠡᠨᠡ ᠬᠡᠳᠦᠨ ᠵᠢᠯ ᠳᠤ ᠲᠡᠭᠦᠨ ᠤ ᠬᠠᠮᠤᠭ ᠤᠨ ᠶᠡᠭᠡ ᠰᠡᠷᠡᠭᠳᠡᠯ ᠭᠡᠪᠡᠯ᠂ ᠨᠢᠭᠡ | ᠬᠡᠦᠬᠡᠳ ᠤᠨ ᠴᠡᠴᠡᠷᠯᠢᠭ ᠤᠨ ᠰᠠᠶᠢᠨ ᠮᠠᠭᠤ ᠶᠢ ᠦᠨᠡᠯᠡᠬᠦ ᠳᠤ᠂ ᠪᠣᠳᠠᠰ ᠤᠨ ᠣᠷᠴᠢᠨ ᠠᠬᠤᠶ ᠶᠢ ᠴᠢᠬᠤᠯᠠᠴᠢᠯᠠᠵᠤ | ᠪᠠᠶᠢᠭᠰᠠᠨ ᠠᠴᠠ ᠪᠠᠨ ᠬᠤᠪᠢᠷᠠᠭᠠᠳ ᠪᠠᠭᠰᠢ ᠶᠢᠨ ᠡᠩᠨᠡᠭᠡ᠂ ᠴᠡᠴᠡᠷᠯᠢᠭ ᠤᠨ ᠰᠣᠶᠣᠯ ᠪᠣᠯᠪᠠᠰᠤᠨ᠂ ᠬᠡᠦᠬᠡᠳ ᠤᠨ | ᠴᠡᠴᠡᠷᠯᠢᠭ ᠡᠷᠬᠢᠯᠡᠬᠦ ᠣᠶᠢᠯᠠᠭᠠᠭᠳᠠᠬᠤᠨ ᠵᠡᠷᠭᠡ ᠬᠥᠮᠦᠨ ᠢ ᠬᠥᠮᠦᠵᠢᠭᠦᠯᠬᠦ ᠣᠷᠴᠢᠨ ᠲᠣᠭᠤᠷᠢᠨ ᠤ ᠲᠤᠬᠠᠶ ᠠᠩᠬᠠᠷᠤᠯ | ᠲᠠᠯᠪᠢᠬᠤ ᠪᠣᠯᠤᠭᠰᠠᠨ ᠪᠠᠶᠢᠨ᠎ᠠ ᠭᠡᠵᠡᠢ᠃ | ᠰᠦᠨ ᠭᠠᠩ ᠪᠠᠰᠠ ᠠᠳᠠᠯᠢ ᠲᠦᠷᠦᠭᠳᠡᠯ ᠲᠠᠢ᠄ ︽ᠥᠩᠭᠡᠷᠡᠭᠰᠡᠨ ᠳᠤ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠬᠦᠷᠢᠶᠡᠨ ᠳᠤ ᠨᠡᠯᠢᠶᠡᠳ ᠬᠦᠯᠢᠴᠡᠩᠭᠦᠶ ᠪᠤᠰᠤ ᠪᠠᠶᠢᠳᠠᠯ ᠲᠠᠢ ᠪᠠᠶᠢᠵᠠᠢ᠃ ᠵᠠᠷᠢᠮ | ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠴᠢᠮᠡᠭᠯᠡᠯ ᠣᠨᠴᠠ ᠬᠡᠭᠡᠨᠴᠢᠷ ᠭᠤᠶᠣ ᠪᠠᠶᠢᠵᠤ᠂ | ᠭᠠᠳᠠᠭᠠᠲᠤ ᠶᠢᠨ ᠵᠠᠷᠢᠮ ᠰᠤᠷᠭᠠᠨ ᠬᠥᠮᠦᠵᠢᠯ ᠤᠨ ᠤᠬᠠᠭᠳᠠᠬᠤᠨ ᠢ ᠭᠤᠶᠤᠯᠠᠵᠤ ᠴᠢᠮᠡᠭᠡᠳ ᠲᠡᠭᠦᠨ ᠢᠶᠠᠨ ᠭᠡᠷ ᠤᠨ | ᠠᠬᠠᠮᠠᠳ ᠢᠶᠠᠷ ᠮᠡᠳᠡᠷᠡᠨ ᠵᠦᠪᠰᠢᠶᠡᠷᠡᠭᠦᠯᠦᠨ᠂ ᠡᠭᠦᠨ ᠤ ᠤᠯᠠᠮ ᠠᠴᠠ ᠦᠯᠡᠮᠵᠢ ᠠᠷᠪᠢᠨ ᠰᠤᠷᠤᠯᠭ᠎ᠠ ᠶᠢᠨ | ᠰᠦᠢᠳᠬᠡᠯ ᠬᠤᠷᠢᠶᠠᠵᠤ ᠪᠠᠶᠢᠪᠠ︾᠃ | ᠡᠦ ᠳ᠋ᠦᠩ ᠮᠧᠢ᠄ ︽ᠬᠡᠳᠦᠨ ᠵᠢᠯ ᠤᠨ ᠡᠮᠦᠨ᠎ᠡ᠂ ᠵᠠᠰᠠᠯ ᠴᠢᠮᠡᠭᠯᠡᠯ ᠲᠠᠩᠰᠤᠭ ᠬᠡᠭᠡᠨᠴᠢᠷ᠂ ᠪᠡᠯᠡᠳᠬᠡᠮᠵᠢ | ᠲᠥᠬᠦᠭᠡᠷᠦᠮᠵᠢ ᠣᠬᠢ ᠰᠠᠶᠢᠨ ᠪᠠᠶᠢᠬᠤ ᠬᠡᠦᠬᠡᠳ ᠤᠨ ᠴᠡᠴᠡᠷᠯᠢᠭ ᠨᠢ ᠨᠢᠭᠡ ᠵᠦᠢᠯ ᠤᠨ ᠴᠠᠭ ᠤᠨ ᠣᠷᠤᠰᠬᠠᠯ ᠪᠠᠶᠢᠪᠠ᠃ | ᠣᠶᠢᠷ᠎ᠠ ᠶᠢᠨ ᠵᠢᠯ ᠠᠴᠠ ᠨᠠᠭᠠᠰᠢ᠂ ᠤᠯᠤᠰ ᠠᠴᠠ ᠦᠷᠭᠦᠯᠵᠢ ︿ᠰᠤᠷᠭᠠᠭᠤᠯᠢ ᠶᠢᠨ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠶᠢᠨ ᠤᠬᠠᠭᠤᠯᠭ᠎ᠠ ᠶᠢᠨ ᠰᠠᠷ᠎ᠠ ﹀ ᠶᠢᠨ ᠠᠵᠢᠯᠯᠠᠭ᠎ᠠ ᠶᠢ ᠦᠷᠨᠢᠭᠦᠯᠦᠭᠰᠡᠨ ᠠᠴᠠ ᠨᠡᠶᠢᠭᠡᠮ ᠤᠨ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠤᠬᠠᠢ ᠲᠠᠨᠢᠨ ᠮᠡᠳᠡᠬᠦᠶ ᠶᠢᠨ ᠬᠢᠷᠢ | ᠲᠦᠪᠰᠢᠨ ᠨᠢ ᠲᠠᠰᠤᠷᠠᠯᠳᠠ ᠦᠭᠡᠢ ᠳᠡᠭᠡᠭᠰᠢᠯᠡᠵᠦ᠂ ᠬᠠᠷᠢᠨ ᠡᠬᠢᠯᠡᠭᠡᠳ ᠲᠡᠳᠡᠨᠦᠰ ᠤᠨ ᠨᠠᠰᠤᠨ ᠲᠤᠷᠰᠢ ᠦᠰᠦᠨ | ᠪᠤᠶᠢᠵᠢᠬᠤ ᠳᠤ ᠠᠰᠢᠭᠲᠠᠶ ᠬᠡᠦᠬᠡᠳ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠡᠬᠢᠯᠡᠭᠡᠳ ᠲᠠᠬᠢᠨ ᠬᠢᠨᠠᠨ | ᠦᠵᠡᠬᠦ ᠪᠠᠷ ᠪᠣᠯᠪᠠ᠃ ᠤᠳᠤ ᠬᠡᠦᠬᠡᠳ ᠤᠨ ᠴᠡᠴᠡᠷᠯᠢᠭ ᠡᠷᠬᠢᠯᠡᠬᠦ ᠳᠠᠷᠤᠯᠲᠠ ᠨᠢ ᠨᠢᠭᠡᠨᠲᠡ ᠠᠵᠤ ᠠᠬᠤᠶ ᠶᠢᠨ | ᠲᠠᠯ᠎ᠠ ᠠᠴᠠ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠲᠡᠶᠢᠰᠢ ᠬᠤᠪᠢᠷᠠᠪᠠ᠂ ᠪᠢᠳᠠ ᠲᠦᠭᠡᠮᠡᠯ ᠬᠠᠷᠠᠭᠠᠯᠵᠠᠯᠲᠤ | ᠴᠡᠴᠡᠷᠯᠢᠭ ᠢ ᠦᠨᠡᠨ ᠬᠦ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠪᠣᠯᠭᠠᠨ᠎ᠠ︾ ᠭᠡᠵᠦ ᠬᠡᠯᠡᠵᠦ | ᠪᠠᠶᠢᠨ᠎ᠠ᠃ | ᠦᠵᠡᠯᠲᠡ ᠶᠢᠨ ᠲᠠᠯ᠎ᠠ ᠪᠠᠷ ᠬᠥᠲᠥᠯᠥᠨ ᠳᠠᠭᠠᠭᠤᠯᠬᠤ ᠠᠴᠠ ᠭᠠᠳᠠᠨ᠎ᠠ᠂ ᠤᠯᠤᠰ ᠠᠴᠠ ᠬᠡᠦᠬᠡᠳ ᠤᠨ | ᠴᠡᠴᠡᠷᠯᠢᠭ ᠤᠨ ᠪᠠᠶᠢᠭᠤᠯᠤᠯᠲᠠ ᠶᠢ ᠬᠠᠪᠰᠤᠷᠤᠨ ᠲᠡᠳᠬᠦᠬᠦ ᠪᠠᠰᠠ ᠨᠢᠭᠡᠨ ᠪᠦᠷᠢᠨ ᠲᠦᠬᠦᠷ ᠠᠷᠭ᠎ᠠ ᠬᠡᠮᠵᠢᠶ᠎ᠡ ᠪᠠᠶᠢᠬᠤ | ᠶᠤᠮ᠃ | ᠴᠦᠩᠴᠢᠩ ᠬᠤᠲᠠ ᠶᠢᠨ ᠳ᠋ᠠ ᠳ᠋ᠦ᠋ ᠺᠧᠦ ᠲᠣᠭᠤᠷᠢᠭ ᠲᠤ ᠪᠠᠶᠢᠭ᠎ᠠ ᠳ᠋ᠥᠸᠧ ᠯᠠᠢ ᠮᠢ ᠬᠡᠦᠬᠡᠳ ᠤᠨ | ᠴᠡᠴᠡᠷᠯᠢᠭ ᠪᠣᠯ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠᠶᠢᠵᠤ᠂ ᠰᠢᠨ᠎ᠡ ᠲᠦᠷᠦ ᠶᠢᠨ ᠪᠤᠳᠤᠯᠭ᠎ᠠ ᠶᠢᠨ | ᠵᠢᠯᠤᠭᠤᠳᠤᠯᠭ᠎ᠠ ᠳᠣᠣᠷ᠎ᠠ᠂ ᠲᠦᠭᠡᠮᠡᠯ ᠬᠠᠷᠠᠭᠠᠯᠵᠠᠯᠲᠤ ᠬᠡᠦᠬᠡᠳ ᠤᠨ ᠴᠡᠴᠡᠷᠯᠢᠭ ᠤᠨ ᠡᠩᠨᠡᠭᠡ ᠳᠤ ᠣᠷᠣᠪᠠ᠃ | ᠵᠠᠰᠠᠭ ᠤᠨ ᠣᠷᠳᠣᠨ ᠤ ᠵᠢᠯ ᠪᠦᠷᠢ ᠲᠠᠰᠤᠷᠠᠯᠲᠠ ᠦᠭᠡᠢ ᠨᠡᠮᠡᠭᠳᠡᠭᠦᠯᠵᠦ ᠪᠠᠶᠢᠭ᠎ᠠ ᠰᠤᠷᠤᠭᠴᠢᠳ ᠲᠤ ᠲᠡᠭᠰᠢᠳᠬᠡᠭᠰᠡᠨ | ᠨᠡᠶᠢᠲᠡ ᠶᠢᠨ ᠬᠡᠷᠡᠭᠯᠡᠭᠡᠨ ᠤ ᠵᠠᠷᠤᠳᠠᠯ ᠂ ᠲᠤᠰᠬᠠᠶ ᠵᠦᠢᠯ ᠤᠨ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠲᠣᠰ | ᠬᠡᠦᠬᠡᠳ ᠤᠨ ᠴᠡᠴᠡᠷᠯᠢᠭ ᠤᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠲᠣᠨᠤᠭ ᠲᠥᠬᠦᠭᠡᠷᠦᠮᠵᠢ ᠪᠠ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢ ᠦᠷᠭᠡᠳᠭᠡᠬᠦ ᠳᠤ ᠬᠡᠷᠡᠭᠯᠡᠵᠡᠢ᠃ ᠴᠡᠴᠡᠷᠯᠢᠭ ᠤᠨ ᠵᠠᠬᠢᠷᠤᠯ ᠶᠠᠩ ᠹᠧᠢ ᠶᠠᠨ | ᠬᠡᠯᠡᠭᠰᠡᠨ ᠨᠢ᠂ ᠳ᠋ᠥᠸᠧ ᠯᠠᠢ ᠮᠢ ᠬᠡᠦᠬᠡᠳ ᠤᠨ ᠴᠡᠴᠡᠷᠯᠢᠭ ᠨᠢ 80 ᠭᠠᠷᠤᠶ ᠰᠤᠷᠤᠭᠴᠢᠳ ᠤᠨ | ᠪᠠᠶᠢᠭᠰᠠᠨ ᠠᠴᠠ ᠪᠠᠨ ᠤᠳᠦ ᠪᠣᠯᠲᠠᠯᠠᠬᠢ ᠭᠤᠷᠪᠠᠨ ᠰᠠᠭᠤᠷᠢ ᠬᠡᠦᠬᠡᠳ ᠤᠨ ᠴᠡᠴᠡᠷᠯᠢᠭ ︵ᠬᠤᠶᠠᠷ ᠲᠦᠭᠡᠮᠡᠯ | ᠬᠠᠷᠠᠭᠠᠯᠵᠠᠯᠲᠤ ᠴᠡᠴᠡᠷᠯᠢᠭ ᠪᠣᠯᠤᠨ ᠨᠢᠭᠡ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ︶ ᠨᠡᠶᠢᠲᠡ 600 | ᠬᠡᠦᠬᠡᠳ ᠲᠠᠢ ᠪᠣᠯᠵᠤ ᠬᠦᠭᠵᠢᠵᠡᠢ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ | ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠠᠬᠢᠭᠤᠯᠬᠤ ᠶᠠᠪᠤᠴᠠ ᠳᠤᠮᠳᠠ᠂ ᠳ᠋ᠠ ᠳ᠋ᠦ᠋ ᠺᠧᠦ ᠲᠣᠭᠤᠷᠢᠭ ᠤᠨ | ᠰᠤᠷᠭᠠᠨ ᠬᠥᠮᠦᠵᠢᠯ ᠤᠨ ᠠᠵᠢᠯ ᠤᠨ ᠬᠤᠷᠢᠶ᠎ᠠ ᠨᠢ ᠠᠯᠪᠠᠨ ᠠᠴᠠ ᠡᠷᠭᠢᠯᠡᠭᠰᠡᠨ ᠵᠢᠱᠢᠶ᠎ᠡ ᠦᠵᠡᠭᠦᠯᠬᠦ ᠴᠡᠴᠡᠷᠯᠢᠭ ᠳ᠋ᠠ | ᠳ᠋ᠦ᠋ ᠺᠧᠦ ᠬᠡᠦᠬᠡᠳ ᠤᠨ ᠴᠡᠴᠡᠷᠯᠢᠭ ᠲᠤ ᠲᠦᠰᠢᠭᠯᠡᠨ ᠳ᠋ᠠ ᠳ᠋ᠦ᠋ ᠺᠧᠦ ᠲᠣᠭᠤᠷᠢᠭ ᠤᠨ ᠰᠤᠷᠭᠠᠭᠤᠯᠢ ᠶᠢᠨ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠵᠢᠭᠠᠨ ᠵᠢᠯᠣᠭᠤᠳᠬᠤ ᠲᠥᠪ ᠢ ᠪᠠᠶᠢᠭᠤᠯᠵᠤ᠂ | ᠰᠢᠨ᠎ᠡ ᠪᠠᠭᠰᠢ ᠶᠢᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ᠂ ᠭᠤᠣᠯᠯᠠᠭᠴᠢ ᠪᠠᠭᠰᠢ ᠨᠠᠷ ᠢ ᠳᠡᠭᠡᠭᠰᠢᠯᠡᠭᠦᠯᠬᠦ | ᠪᠣᠯᠪᠠᠰᠤᠷᠠᠭᠤᠯᠤᠯ᠂ ᠠᠰᠠᠷᠠᠭᠴᠢ ᠶᠢᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠵᠡᠷᠭᠡ ᠣᠯᠠᠨ ᠵᠦᠢᠯ ᠤᠨ | ᠬᠥᠮᠦᠵᠢᠭᠦᠯᠦᠨ ᠪᠣᠯᠪᠠᠰᠤᠷᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠤᠳᠠᠯ ᠦᠭᠡᠢ ᠠᠵᠢᠯ ᠤᠨ ᠪᠠᠶᠢᠷᠢ ᠳᠤ | ᠭᠠᠷᠬᠤ ᠪᠠᠭᠰᠢ᠂ ᠠᠰᠠᠷᠠᠭᠴᠢ ᠶᠢ ᠬᠠᠪᠰᠤᠷᠴᠤ ᠠᠵᠢᠯ ᠤᠨ ᠪᠠᠶᠢᠷᠢ ᠶᠢᠨ ᠡᠭᠦᠷᠭᠡ ᠲᠤᠰᠢᠶᠠᠯ ᠪᠠ ᠠᠵᠢᠯ ᠤᠨ | ᠳᠦᠷᠢᠮᠵᠢᠯ ᠢ ᠨᠢ ᠲᠣᠳᠣᠷᠬᠠᠶᠢᠯᠠᠵᠤ ᠥᠭᠭᠦᠭᠰᠡᠨ ᠪᠠᠶᠢᠨ᠎ᠠ᠃ | ᠡᠦ ᠳ᠋ᠦᠩ ᠮᠧᠢ ᠬᠡᠯᠡᠭᠰᠡᠨ ᠨᠢ᠄ ︽ᠥᠩᠭᠡᠷᠡᠭᠰᠡᠨ ᠳᠤ ᠬᠡᠦᠬᠡᠳ ᠤᠨ ᠴᠡᠴᠡᠷᠯᠢᠭ ᠤᠨ ᠪᠠᠭᠰᠢ ᠭᠡᠪᠡᠯ | ᠵᠥᠪᠬᠡᠨ ᠳᠠᠭᠤᠯᠠᠵᠤ ᠪᠦᠵᠢᠭᠯᠡᠭᠡᠳ᠂ ᠬᠡᠦᠬᠡᠳ ᠲᠤ ᠬᠠᠨᠢ ᠪᠣᠯᠵᠤ ᠨᠠᠭᠠᠳᠬᠤ ᠭᠡᠵᠦ ᠪᠣᠳᠣᠳᠠᠭ᠂ ᠬᠠᠷᠢᠨ | ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠭᠰᠢ ᠨᠢ ᠴᠦ ᠲᠤᠰᠬᠠᠶ ᠮᠡᠷᠭᠡᠵᠢᠯ ᠤᠨ ᠪᠠᠭᠰᠢ | ᠭᠡᠳᠡᠭ ᠢ ᠣᠮᠳᠤᠭᠠᠶᠢᠯᠠᠳᠠᠭ︾᠃ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠪᠠᠷ ᠵᠢᠱᠢᠶᠡᠯᠡᠪᠡᠯ᠂ | ᠥᠩᠭᠡᠷᠡᠭᠰᠡᠨ ᠳᠤ ᠬᠡᠦᠬᠡᠳ ᠤᠨ ᠴᠡᠴᠡᠷᠯᠢᠭ ᠤᠨ ᠪᠠᠭᠰᠢ ᠶᠢᠨ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠨᠢ | ᠰᠠᠭᠤᠷᠢ ᠰᠤᠷᠭᠠᠨ ᠬᠥᠮᠦᠵᠢᠯ ᠤᠨ ᠲᠦᠷᠦᠯ ᠳᠤ ᠬᠠᠷᠢᠶᠠᠯᠠᠭᠳᠠᠵᠤ᠂ ᠳᠡᠭᠡᠳᠦ ᠮᠡᠷᠭᠡᠵᠢᠯ ᠤᠨ ᠴᠣᠯᠠ ᠨᠢ ᠵᠦᠪᠬᠡᠨ | ᠬᠡᠦᠬᠡᠳ ᠤᠨ ᠴᠡᠴᠡᠷᠯᠢᠭ ᠤᠨ ᠳᠡᠭᠡᠳᠦ ᠵᠡᠷᠭᠡ ᠶᠢᠨ ᠪᠠᠭᠰᠢ ᠳᠤ ᠬᠦᠷᠴᠦ᠂ ᠳᠡᠭᠡᠳᠦ ᠵᠡᠷᠭᠡ ᠶᠢᠨ ᠳᠡᠳ᠋ ᠮᠡᠷᠭᠡᠵᠢᠯ ᠤᠨ | ᠴᠣᠯᠠ ᠨᠢ ᠳᠤᠮᠳᠠᠳᠤ ᠰᠤᠷᠭᠠᠭᠤᠯᠢ ᠪᠤᠶᠤ ᠪᠠᠭ᠎ᠠ ᠰᠤᠷᠭᠠᠭᠤᠯᠢ ᠶᠢᠨ ᠮᠡᠷᠭᠡᠵᠢᠯ ᠤᠨ ᠴᠣᠯᠠ ᠶᠢᠨ ᠰᠢᠷᠢᠰ ᠲᠤ | ᠲᠦᠰᠢᠭᠯᠡᠳᠡᠭ ᠪᠠᠶᠢᠪᠠ᠃ ︽ᠥᠨᠥ᠂ ᠪᠢᠳᠡ ᠬᠡᠦᠬᠡᠳ ᠤᠨ ᠰᠤᠷᠭᠠᠨ ᠬᠥᠮᠦᠵᠢᠯ ᠤᠨ ᠥᠪᠡᠷ ᠤᠨ ᠮᠡᠷᠭᠡᠵᠢᠯ ᠤᠨ | ᠴᠣᠯᠠ ᠶᠢᠨ ᠰᠢᠷᠢᠰ ᠲᠠᠢ ᠪᠣᠯᠪᠠ᠂ ᠬᠡᠦᠬᠡᠳ ᠤᠨ ᠴᠡᠴᠡᠷᠯᠢᠭ ᠤᠨ ᠭᠤᠷᠪᠠᠳᠤᠭᠠᠷ ᠳᠡᠰ ᠤᠨ ᠪᠠᠭᠰᠢ ᠠᠴᠠ ᠡᠬᠢᠯᠡᠵᠦ᠂ | ᠬᠡᠦᠬᠡᠳ ᠤᠨ ᠴᠡᠴᠡᠷᠯᠢᠭ ᠤᠨ ᠵᠢᠩᠬᠢᠨᠢ ᠳᠡᠭᠡᠲᠤ ᠳᠡᠰ ᠬᠦᠷᠲᠡᠯ᠎ᠡ᠂ ᠮᠡᠷᠭᠡᠵᠢᠯ ᠤᠨ ᠴᠣᠯᠠ ᠶᠢᠨ ᠰᠢᠷᠢᠰ ᠢ ᠪᠦᠷᠢᠨ | ᠪᠦᠲᠦᠨ ᠪᠦᠷᠢᠯᠳᠦᠭᠦᠯᠪᠡ︾ ᠭᠡᠵᠡᠢ᠃ | ᠨᠦᠬᠦᠭᠡ ᠨᠢᠭᠡ ᠬᠤᠪᠢᠷᠠᠯᠲᠠ ᠨᠢ ᠬᠢᠴᠢᠶᠡᠯᠯᠡᠭᠡ ᠶᠢᠨ ᠥᠭᠡᠷᠡᠴᠢᠯᠡᠯᠲᠡ ᠠᠴᠠ ᠢᠷᠡᠯᠲᠡᠢ᠃ ︽2010 | ᠣᠨ ᠠᠴᠠ ᠡᠮᠦᠨ᠎ᠡ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠢᠭᠡᠳᠦᠯᠲᠡᠶ | ᠬᠢᠴᠢᠶᠡᠯ ᠤᠨ ᠪᠠᠷᠢᠮᠵᠢᠶ᠎ᠠ ᠪᠠ ᠦᠨᠡᠯᠡᠬᠦ ᠲᠣᠭᠲᠠᠯᠴᠠᠭ᠎ᠠ ᠭᠡᠵᠦ ᠦᠭᠡᠢ᠂ ᠨᠢᠭᠡᠨ ᠬᠡᠦᠬᠡᠳ ᠤᠨ ᠴᠡᠴᠡᠷᠯᠢᠭ ᠤᠨ | ᠬᠢᠴᠢᠶᠡᠯ ᠤᠨ ᠴᠢᠭᠯᠡᠯ ᠨᠢ ᠴᠡᠴᠡᠷᠯᠢᠭ ᠤᠨ ᠳᠠᠷᠤᠭ᠎ᠠ ᠶᠢᠨ ᠬᠤᠪᠢ ᠬᠥᠮᠦᠨ ᠤ ᠰᠤᠷᠭᠠᠨ ᠬᠥᠮᠦᠵᠢᠯ ᠤᠨ | ᠦᠵᠡᠯᠲᠡ ᠠᠴᠠ ᠲᠣᠭᠲᠠᠭᠠᠭᠳᠠᠨ᠎ᠠ᠃ ᠲᠡᠶᠢᠮᠦ ᠮᠦᠷᠲᠡᠭᠡᠨ ᠬᠡᠦᠬᠡᠳ ᠤᠨ ᠴᠡᠴᠡᠷᠯᠢᠭ ᠤᠨ ᠵᠥᠪᠰᠢᠶᠡᠷᠡᠨ | ᠣᠷᠣᠭᠤᠯᠬᠤ ᠪᠠᠷᠢᠮᠵᠢᠶ᠎ᠠ ᠨᠢ ᠳᠣᠤᠷ᠎ᠠ᠂ ᠵᠠᠷᠢᠮ ᠬᠡᠦᠬᠡᠳ ᠤᠨ ᠴᠡᠴᠡᠷᠯᠢᠭ ᠨᠢ ᠬᠡᠦᠬᠡᠳ ᠤᠨ ᠪᠡᠶ᠎ᠡ ᠰᠡᠳᠬᠢᠯ ᠤᠨ | ᠬᠥᠭᠵᠢᠯᠲᠡ ᠶᠢᠨ ᠵᠢᠮ᠎ᠡ ᠶᠣᠰᠣ ᠶᠢ ᠥᠯᠥ ᠬᠠᠶᠢᠬᠤᠷᠤᠨ᠂ ᠰᠢᠭᠤᠳ ᠤᠩᠰᠢᠵᠤ ᠪᠢᠴᠢᠬᠦ ᠪᠤᠳᠤᠬᠤ ᠵᠡᠷᠭᠡ ᠪᠠᠭ᠎ᠠ | ᠰᠤᠷᠭᠠᠭᠤᠯᠢ ᠶᠢᠨ ᠬᠡᠯᠪᠡᠷᠢ ᠶᠢᠨ ᠬᠢᠴᠢᠶᠡᠯ ᠢ ᠵᠢᠭᠠᠳᠠᠭ︾᠃ ᠡᠳᠦᠭᠡ᠂ ᠱᠠᠭᠠᠷᠳᠠᠯᠭ᠎ᠠ ᠶᠣᠰᠣᠭᠠᠷ᠂ ᠪᠥᠬᠦ | ᠤᠯᠤᠰ ᠤᠨ ᠡᠯ᠎ᠡ ᠮᠤᠵᠢ ᠬᠤᠲᠠ ᠬᠡᠦᠬᠡᠳ ᠤᠨ ᠣᠨᠴᠠᠯᠢᠭ ᠢ ᠦᠨᠳᠦᠰᠦᠯᠡᠵᠦ ᠬᠤᠯᠪᠣᠭᠳᠠᠯ ᠪᠦᠬᠦᠢ ᠰᠤᠷᠭᠠᠨ | ᠬᠥᠮᠦᠵᠢᠯ ᠤᠨ ᠪᠠᠷᠢᠮᠵᠢᠶ᠎ᠠ ᠶᠢ ᠲᠣᠭᠲᠠᠭᠠᠭᠰᠠᠨ ᠪᠠᠶᠢᠨ᠎ᠠ᠃ ︽ᠤᠯᠤᠰ ᠪᠠ ᠮᠤᠵᠢ ᠶᠢᠨ ᠪᠠᠷᠢᠮᠵᠢᠶ᠎ᠠ ᠠᠴᠠ ᠭᠠᠳᠠᠨ᠎ᠠ᠂ | ᠪᠢᠳᠡ ᠪᠠᠰᠠ ᠨᠤᠲᠤᠭ ᠤᠨ ᠬᠠᠶᠢᠷ᠎ᠠ ᠰᠡᠳᠭᠢᠯᠭᠡ᠂ ᠴᠡᠴᠡᠷᠯᠢᠭ ᠤᠨ ᠬᠠᠶᠢᠷ᠎ᠠ ᠰᠡᠳᠭᠢᠯᠭᠡ ᠳᠤ ᠰᠠᠭᠤᠷᠢᠯᠠᠵᠤ᠂ | ᠥᠪᠡᠷᠮᠢᠴᠡ ᠣᠨᠴᠠᠯᠢᠭ ᠪᠦᠬᠦᠢ ᠴᠡᠴᠡᠷᠯᠢᠭ ᠤᠨ ᠬᠢᠴᠢᠶᠡᠯ ᠢ ᠨᠡᠭᠡᠭᠡᠵᠦ᠂ ᠳᠤᠮᠳᠠᠳᠤ ᠤᠯᠤᠰ ᠤᠨ ᠨᠤᠲᠤᠭ | ᠤᠰᠤᠨ ᠤ ᠬᠢᠴᠢᠶᠡᠯᠯᠡᠭᠡ ᠶᠢᠨ ᠪᠠᠶᠢᠭᠤᠯᠤᠯᠲᠠ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠎ᠠ︾ ᠭᠡᠵᠦ ᠡᠦ ᠳ᠋ᠦᠩ ᠮᠧᠢ | ᠬᠡᠯᠡᠵᠡᠢ᠃ | ︵ᠠᠷᠠᠳ ᠤᠨ ᠡᠳᠦᠷ ᠤᠨ ᠰᠣᠨᠢᠨ ᠤ ᠰᠤᠷᠪᠤᠯᠵᠢᠯᠠᠭᠴᠢ ᠶᠣᠣ ᠰᠢᠶᠥᠥ ᠳ᠋ᠠᠨ︶ | |