ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ 
ᠨᠡᠶᠢᠲᠡᠯᠡᠭᠰᠡᠨ ᠴᠠᠭ᠄
2019/2/24
      ᠭᠤᠣᠯ ᠡᠭᠦᠷᠭᠡ ᠬᠠᠷᠢᠭᠤᠴᠠᠯᠭ᠎ᠠ᠄ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠪᠠᠷ ᠰᠤᠷᠤᠭᠴᠢ ᠡᠯᠰᠡᠬᠦ ᠠᠵᠢᠯ ᠤᠨ ᠬᠠᠤᠯᠢ ᠴᠠᠭᠠᠵᠠ ᠬᠠᠤᠯᠢ ᠳᠦᠷᠢᠮ᠂ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠢᠯᠭᠠᠯᠲᠠ ᠪᠠᠷ ᠰᠤᠷᠤᠭᠴᠢ ᠡᠯᠰᠡᠬᠦ ᠠᠵᠢᠯ ᠤᠨ ᠪᠣᠳᠠᠲᠠᠶ ᠠᠷᠭ᠎ᠠ ᠬᠡᠮᠵᠢᠶ᠎ᠡ᠂ ᠠᠷᠭ᠎ᠠ ᠪᠣᠳᠤᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠬᠤ ᠳᠤ ᠣᠷᠣᠯᠴᠠᠨ᠎ᠠ︔ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ᠂ ᠰᠣᠳᠤᠯᠬᠤ ᠰᠤᠷᠤᠭᠴᠢ ᠡᠯᠰᠡᠬᠦ ᠰᠢᠯᠭᠠᠯᠲᠠ᠂ ᠨᠠᠰᠤᠨ ᠳᠤ ᠬᠦᠷᠦᠭᠰᠡᠳ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠰᠦᠪᠡᠨ ᠰᠤᠷᠴᠤ ᠰᠢᠯᠭᠠᠭᠤᠯᠬᠤ ᠰᠢᠯᠭᠠᠯᠲᠠ᠂ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠪᠥᠲᠦᠮᠵᠢ ᠶᠢᠨ ᠰᠢᠯᠭᠠᠯᠲᠠ ᠪᠣᠯᠤᠨ ᠣᠯᠠᠨ ᠵᠦᠢᠯ ᠤᠨ ᠰᠤᠷᠭᠠᠨ ᠬᠥᠮᠦᠵᠢᠯ ᠤᠨ ᠲᠥᠷᠥᠯ ᠤᠨ ᠨᠡᠶᠢᠭᠡᠮ ᠤᠨ ᠰᠢᠯᠭᠠᠯᠲᠠ ᠶᠢᠨ ᠶᠠᠪᠤᠳᠠᠯ᠂ ᠰᠤᠷᠤᠭᠴᠢ ᠡᠯᠰᠡᠬᠦ ᠵᠡᠷᠭᠡ ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠠᠵᠢᠯ ᠢ ᠬᠠᠷᠢᠭᠤᠴᠠᠨ᠎ᠠ︔ ᠪᠦᠬᠦ ᠣᠷᠣᠨ ᠤ ᠡᠩ ᠤᠨ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠪᠥᠲᠦᠮᠵᠢ ᠶᠢᠨ ᠰᠢᠯᠭᠠᠯᠲᠠ ᠶᠢᠨ ᠰᠡᠳᠦᠪ ᠭᠠᠷᠭᠠᠬᠤ᠂ ᠰᠢᠨᠵᠢᠯᠡᠬᠦ ᠤᠬᠠᠭᠠᠨ ᠤ ᠰᠣᠳᠤᠯᠭᠠᠨ ᠪᠣᠯᠤᠨ ᠦᠨᠡᠯᠡᠨ ᠵᠢᠱᠢᠬᠦ ᠵᠡᠷᠭᠡ ᠬᠤᠯᠪᠤᠭᠳᠠᠬᠤ ᠡᠭᠦᠷᠭᠡ ᠶᠢ ᠵᠣᠬᠢᠶᠠᠨ ᠪᠠᠶᠢᠭᠤᠯᠤᠨ ᠶᠠᠪᠤᠭᠳᠠᠭᠤᠯᠤᠨ᠎ᠠ︔ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠬᠤᠯᠪᠤᠭᠳᠠᠬᠤ ᠬᠢᠴᠢᠶᠡᠯ ᠲᠥᠷᠥᠯ ᠤᠨ ᠰᠢᠯᠭᠠᠯᠲᠠ ᠶᠢᠨ ᠬᠥᠲᠥᠯᠪᠦᠷᠢ ︵ᠰᠢᠯᠭᠠᠯᠲᠠ ᠶᠢᠨ ᠲᠣᠳᠣᠷᠬᠠᠶᠢᠯᠠᠯᠲᠠ︶ ᠶᠢ ᠲᠣᠭᠲᠠᠭᠠᠬᠤ ᠠᠵᠢᠯ ᠢ ᠬᠠᠷᠢᠭᠤᠴᠠᠨ᠎ᠠ︔ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠨ ᠤ ᠰᠤᠷᠭᠠᠨ ᠬᠥᠮᠥᠵᠢᠯ ᠲᠠᠢ ᠬᠤᠯᠪᠤᠭᠳᠠᠬᠤ ᠦᠨᠡᠨᠴᠢ ᠢᠲᠡᠭᠡᠮᠵᠢ ᠶᠢᠨ ᠠᠵᠢᠯ ᠢ ᠰᠠᠶᠢᠲᠤᠷ ᠬᠢᠵᠦ᠂ ᠰᠣᠷᠣᠭᠴᠢ ᠡᠯᠰᠡᠬᠦ ᠰᠢᠯᠭᠠᠯᠲᠠ ᠳᠤ ᠰᠠᠬᠢᠯᠭ᠎ᠠ ᠪᠠᠲᠤ ᠲᠦᠷᠢᠮ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠰᠢᠢᠳᠪᠦᠷᠢᠯᠡᠨ᠎ᠡ︔ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠤᠨ ᠳᠡᠮᠵᠢᠯᠭᠡ ᠶᠢ ᠬᠠᠷᠢᠭᠤᠴᠠᠵᠤ᠂ ᠪᠠᠷᠢᠮᠵᠢᠶᠠᠵᠢᠭᠰᠠᠨ ᠰᠢᠯᠭᠠᠯᠲᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠤᠨ᠂ ᠰᠢᠯᠭᠠᠯᠲᠠ ᠶᠢᠨ ᠰᠡᠳᠦᠪ ᠬᠢᠨᠠᠬᠤ᠂ ᠬᠢᠷᠢ ᠪᠦᠲᠦᠮᠵᠢ ᠶᠢ ᠬᠠᠮᠢᠶᠠᠷᠬᠤ ᠪᠠ ᠰᠣᠷᠣᠭᠴᠢ ᠡᠯᠰᠡᠬᠦ ᠲᠠᠢ ᠬᠤᠯᠪᠤᠭᠳᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠺᠣᠮᠢᠰ ᠤᠨ ᠡᠳᠦᠷ ᠲᠤᠲᠤᠮ  ᠤᠨ ᠬᠤᠯᠪᠤᠭᠳᠠᠬᠤ ᠠᠵᠢᠯ ᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠳᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠪᠡᠶᠡᠯᠡᠭᠦᠯᠦᠨ᠎ᠡ᠃      ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠵᠡᠭᠦᠨ ᠵᠡᠭᠡᠯᠢ ᠶᠢᠨ ᠬᠥᠬᠡ 81 ᠳ᠋ᠦ᠋ᠭᠡᠷ ᠨᠣᠮᠧᠷ      ᠰᠢᠤᠳᠠᠨ ᠨᠣᠮᠧᠷ᠄ 010000      ᠠᠵᠢᠯᠯᠠᠬᠤ ᠴᠠᠭ᠄ ᠠᠵᠢᠯ ᠤᠨ ᠡᠳᠦᠷ ᠤᠨ 9:00—12:00 14:00—17:30      ᠬᠠᠷᠢᠯᠴᠠᠬᠤ ᠤᠲᠠᠰᠤ᠄ ᠰᠢᠯᠭᠠᠯᠲᠠ ᠶᠢᠨ ᠲᠥᠪ ᠤᠨ ᠤᠲᠠᠰᠤ᠄ 0471-3261717᠂ 3261100                        ᠵᠦᠪᠯᠡᠯᠭᠡ ᠥᠭᠬᠦ ᠦᠢᠯᠡᠴᠢᠯᠡᠭᠡᠨ ᠤ ᠤᠲᠠᠰᠤ᠄ 0471 - 3261111      ᠬᠠᠷᠢᠭᠤᠴᠠᠯᠭᠠᠲᠠᠨ᠄ ᠠᠨ ᠯᠢ ᠮᠢᠨ
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号