ᠤᠯᠠᠭᠠᠨᠴᠠᠪ ᠬᠤᠲᠠ ᠣᠨᠴᠠᠭᠠᠢ ᠰᠤᠷᠭᠠᠨ ᠬᠥᠮᠦᠵᠢᠯ ᠤᠨ ᠪᠦᠬᠦᠨ ᠢ ᠬᠠᠮᠤᠷᠬᠤ ᠰᠤᠷᠭᠠᠨ ᠬᠥᠮᠦᠵᠢᠯ ᠢ | ᠬᠡᠷᠡᠭᠵᠢᠭᠦᠯᠦᠨ᠂ ᠪᠥᠬᠦ ᠬᠤᠳᠠ ᠶᠢᠨ 11 ᠬᠤᠰᠢᠭᠤ ᠰᠢᠶᠠᠨ ᠬᠤᠲᠠ ᠲᠣᠭᠤᠷᠢᠭ ᠲᠤ ᠴᠥᠮ ᠡᠬᠢ ᠪᠠᠶᠠᠯᠢᠭ ᠤᠨ | ᠬᠢᠴᠢᠶᠡᠯ ᠤᠨ ᠬᠡᠷ ᠲᠠᠢ ᠪᠣᠯᠵᠤ᠂ ᠪᠦᠬᠦᠨ ᠢ ᠵᠡᠮᠳᠡᠭ ᠬᠡᠤᠬᠡᠳ ᠤᠨ ᠡᠷᠡᠭᠦᠯᠵᠢᠭᠦᠯᠬᠦ ᠰᠤᠷᠭᠠᠭᠤᠯᠢᠯᠠᠯ ᠳᠤ ᠬᠡᠷᠡᠭᠯᠡᠪᠡ᠃ | ᠬᠥᠩᠭᠡᠪᠲᠦᠷ ᠵᠡᠮᠳᠡᠭ ᠰᠣᠷᠣᠭᠴᠢ ᠠᠩᠭᠢ ᠲᠠᠭᠠᠨ ᠰᠤᠷᠤᠯᠴᠠᠵᠤ᠂ ᠰᠤᠷᠭᠠᠭᠤᠯᠢ ᠳᠤ ᠬᠦᠷᠴᠦ ᠴᠢᠳᠠᠬᠤ ᠦᠭᠡᠢ | ᠬᠦᠨᠳᠦ ᠵᠡᠮᠳᠡᠭ ᠰᠤᠷᠤᠭᠴᠢᠳ ᠲᠤ ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ ᠦᠢᠯᠡᠴᠢᠯᠡᠭᠡ ᠬᠢᠵᠦ᠂ ᠣᠨᠴᠠᠭᠠᠢ | ᠰᠤᠷᠭᠠᠨ ᠬᠥᠮᠦᠵᠢᠯ ᠤᠨ ᠪᠦᠷᠢᠨ ᠪᠦᠷᠬᠦᠴᠡ ᠶᠢ ᠪᠡᠶᠡᠯᠡᠭᠦᠯᠪᠡ᠃ ︽ᠭᠤᠷᠪᠠ ᠵᠡᠮᠳᠡᠭ︾ ᠬᠡᠦᠬᠡᠳ ᠤᠨ | ᠰᠤᠷᠭᠠᠭᠤᠯᠢ ᠳᠤ ᠣᠷᠣᠭᠰᠠᠨ ᠨᠤᠷᠮ᠎ᠠ 87.87% ᠳᠤ ᠬᠦᠷᠴᠡᠢ᠃ ᠳᠠᠩᠰᠠ ᠺᠠᠷᠲ ᠲᠠᠢ ︽ᠭᠤᠷᠪᠠ ᠵᠡᠮᠳᠡᠭ︾ | ᠬᠡᠦᠬᠡᠳ ᠲᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠠᠰᠠᠷᠠᠨ ᠬᠥᠮᠦᠵᠢᠭᠦᠯᠬᠦ ᠵᠠᠷᠤᠳᠠᠯ ᠢ | ᠬᠡᠯᠲᠦᠷᠢᠭᠦᠯᠦᠨ᠂ ᠠᠮᠢᠳᠤᠷᠠᠯ ᠤᠨ ᠵᠠᠷᠤᠳᠠᠯ ᠤᠨ ᠨᠥᠬᠦᠪᠥᠷᠢ ᠥᠭᠬᠦ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ | ᠠᠪᠴᠤ᠂ ︽ᠨᠢᠭᠡ ᠬᠥᠮᠦᠨ ᠳᠤ ᠨᠢᠭᠡ ᠳᠠᠩᠰᠠ ᠪᠠᠶᠢᠭᠤᠯᠬᠤ︾ ᠲᠠᠩᠰᠠ ᠡᠪᠬᠡᠮᠡᠯ ᠤᠨ ᠬᠠᠮᠢᠶᠠᠷᠤᠯᠲᠠ ᠶᠢ | ᠬᠡᠷᠡᠭᠵᠢᠭᠦᠯᠪᠡ᠂ ᠡᠭᠦᠨ ᠳᠤ 2016 ᠣᠨ ᠳᠤ 117 ᠬᠥᠮᠥᠨ ᠪᠠᠶᠢᠭᠰᠠᠨ ᠠᠴᠠ 12 ᠬᠥᠮᠥᠨ ᠨᠢᠭᠡᠨᠲᠡ | ᠶᠠᠳᠠᠭᠤ ᠠᠴᠠ ᠠᠩᠭᠢᠵᠢᠷᠠᠪᠠ᠃ 2017 ᠣᠨ ᠳᠤ 133 ᠬᠥᠮᠦᠨ ᠪᠠᠶᠢᠭᠰᠠᠨ ᠠᠴᠠ 25 ᠬᠥᠮᠥᠨ ᠨᠢᠭᠡᠨᠲᠡ | ᠶᠠᠳᠠᠭᠤ ᠠᠴᠠ ᠠᠩᠭᠢᠵᠢᠷᠠᠪᠠ᠃ 2018 ᠣᠨ ᠳᠤ 123 ᠬᠥᠮᠦᠨ ᠪᠠᠶᠢᠭᠰᠠᠨ ᠠᠴᠠ 27 ᠬᠥᠮᠥᠨ ᠨᠢᠭᠡᠨᠲᠡ | ᠶᠠᠳᠠᠭᠤ ᠠᠴᠠ ᠠᠩᠭᠢᠵᠢᠷᠠᠪᠠ᠃ | | |